ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠰᠢᠨᠬᠤᠸᠠ ᠬᠣᠷᠢᠶ᠎ᠠ᠄ ᠤᠰᠤᠨ ᠠᠰᠢᠭᠯᠠᠯᠲᠠ ᠵᠢᠨ ᠶᠠᠮᠤᠨ ᠣᠳᠣᠬᠢᠴᠢᠯᠠᠭᠰᠠᠨ ᠤᠰᠤᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠲᠤᠷᠰᠢᠯᠲᠠ ᠵᠢ ᠢᠳᠡᠪᠬᠢᠲᠡᠢ᠎ᠪᠠᠷ ᠠᠬᠢᠭᠤᠯᠤᠨ᠎ᠠ
ᠨᠡᠶ᠋ᠢᠲᠡᠯᠡᠭᠰᠡᠨ ᠴᠠᠭ᠄ 2023-05-09

   ᠰᠢᠨᠬᠤᠸᠠ ᠬᠤᠷᠢᠶᠠᠨ᠎ᠤ ᠺᠦᠨᠮᠢᠩ᠎ᠤᠨ 5 ᠳ᠋ᠤᠭ᠋ᠠᠷ ᠰᠠᠷ᠎ᠠ ᠵᠢᠨ 6᠎ᠤ ᠡᠳᠦᠷ᠎ᠤᠨ ᠴᠠᠬᠢᠯᠭ᠋ᠠᠨ ᠮᠡᠳᠡᠭᠡ (ᠰᠤᠷᠪᠤᠯᠵᠢᠯᠠᠭᠴᠢ ᠯᠢᠦ ᠱ᠌ᠢ ᠫᠢᠩ᠂ ᠶᠠᠩ ᠵᠢᠩ) ᠤᠰᠤᠨ ᠠᠰᠢᠭᠯᠠᠯᠲᠠ ᠵᠢᠨ ᠶᠠᠮᠤᠨ᠎ᠤ ᠰᠠᠶ᠋ᠢᠳ ᠯᠢ ᠭᠦᠸᠧ ᠶᠢᠩ 6᠎ᠤ ᠡᠳᠦᠷ ᠬᠡᠯᠡᠬᠦ᠎ᠳᠡᠭᠡᠨ᠂ ᠣᠳᠣᠬᠢᠴᠢᠯᠠᠭᠰᠠᠨ ᠤᠰᠤᠯᠠᠯᠲᠠ ᠵᠢᠨ ᠣᠷᠣᠨ᠎ᠤ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ ᠪᠣᠯ ᠤᠰᠤᠯᠠᠯᠲᠠ ᠵᠢᠨ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠵᠢᠨ ᠵᠠᠶ᠋ᠢᠯᠠᠰᠢ ᠥᠬᠡᠶ ᠶᠠᠪᠤᠬᠤ ᠵᠠᠮ ᠮᠥᠨ᠂ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ 《ᠵᠠᠩᠭᠢᠯᠠᠭ᠎ᠠ》 ᠵᠢ ᠠᠳᠬᠤᠵᠤ᠂ ᠣᠳᠣᠬᠢᠴᠢᠯᠠᠭᠰᠠᠨ ᠤᠰᠤᠯᠠᠯᠲᠠ ᠵᠢᠨ ᠣᠷᠣᠨ᠎ᠤ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠣᠳᠣᠬᠢᠴᠢᠯᠠᠭᠰᠠᠨ ᠤᠰᠤᠯᠠᠯᠲᠠ ᠵᠢᠨ ᠣᠷᠣᠨ᠎ᠤ ᠪᠥᠲᠥᠭᠡᠨ ᠪᠠᠶ᠋ᠢᠭᠤᠯᠤᠯᠲᠠ ᠵᠢᠨ ᠲᠤᠷᠰᠢᠯᠲᠠ ᠵᠢᠨ ᠴᠡᠭ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ ᠭᠡᠵᠡᠶ᠃

   ᠯᠢ ᠭᠦᠸᠧ ᠶᠢᠩ ᠶᠦᠨᠨᠠᠨ ᠮᠤᠵᠢ ᠵᠢᠨ ᠶᠤᠸᠠᠨ ᠮᠧᠦ ᠰᠢᠶᠠᠨ᠎ᠳᠤ ᠶᠠᠪᠤᠭᠳᠠᠭᠰᠠᠨ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠣᠳᠣᠬᠢᠴᠢᠯᠠᠭᠰᠠᠨ ᠤᠰᠤᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠲᠤᠬᠠᠶ ᠵᠢᠨ ᠲᠠᠯᠠᠪᠠᠶ ᠵᠢᠨ ᠬᠤᠷᠠᠯ ᠳᠡᠭᠡᠷ᠎ᠡ ᠬᠡᠯᠡᠬᠦ᠎ᠳᠡᠭᠡᠨ᠂ ᠪᠠᠶ᠋ᠢᠭ᠋ᠠᠯᠢ ᠵᠢᠨ ᠳᠠᠪᠠᠭᠤᠯᠢᠭ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠠᠶ᠋ᠢᠳᠠᠯ᠎ᠢ ᠦᠨᠳᠦᠰᠦᠯᠡᠨ᠂ ᠤᠰᠤᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠴᠠᠭ᠂ ᠤᠰᠤ ᠠᠪᠬᠤ ᠠᠷᠭ᠎ᠠ ᠬᠡᠯᠪᠡᠷᠢ᠂ ᠲᠠᠷᠢᠮᠠᠯ᠎ᠤᠨ ᠪᠦᠲᠦᠴᠡ ᠵᠡᠷᠭᠡ ᠶᠣᠰᠣᠭ᠋ᠠᠷ ᠤᠰᠤᠯᠠᠯᠲᠠ ᠵᠢᠨ ᠣᠷᠣᠨ᠎ᠳᠤ ᠰᠢᠨᠵᠢᠯᠡᠬᠦ ᠤᠬᠠᠭ᠋ᠠᠨᠴᠢ᠎ᠪᠠᠷ ᠲᠥᠷᠥᠯ ᠬᠤᠪᠢᠶᠠᠵᠤ᠂ ᠨᠡᠶ᠋ᠢᠲᠡᠯᠢᠭ ᠴᠢᠨᠠᠷ ᠪᠠ ᠲᠥᠯᠥᠭᠡᠯᠡᠬᠦ ᠴᠢᠨᠠᠷᠲᠠᠶ ᠤᠰᠤᠯᠠᠯᠲᠠ ᠵᠢᠨ ᠣᠷᠣᠨ᠎ᠢ ᠲᠥᠷᠥᠯ ᠳᠠᠷᠠᠭ᠋ᠠᠯᠠᠨ ᠪᠦᠯᠦᠭ ᠬᠤᠪᠢᠶᠠᠨ ᠰᠣᠩᠭᠤᠵᠤ᠂ ᠪᠥᠬᠦ ᠤᠯᠤᠰ᠎ᠤᠨ ᠣᠳᠣᠬᠢᠴᠢᠯᠠᠭᠰᠠᠨ ᠤᠰᠤᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠲᠤᠷᠰᠢᠯᠲᠠ ᠵᠢᠨ ᠴᠡᠭ ᠪᠣᠯᠭ᠋ᠠᠵᠤ᠂ ᠠᠯᠬᠤᠮ ᠠᠯᠬᠤᠮ ᠵᠶ᠋ᠠᠷ ᠣᠳᠣᠬᠢᠴᠢᠯᠠᠭᠰᠠᠨ ᠤᠰᠤᠯᠠᠯᠲᠠ ᠵᠢᠨ ᠣᠷᠣᠨ᠎ᠢ ᠪᠠᠶ᠋ᠢᠭᠤᠯᠤᠨ᠎ᠠ᠃

   ᠤᠰᠤᠨ ᠠᠰᠢᠭᠯᠠᠯᠲᠠ ᠵᠢᠨ ᠶᠠᠮᠤᠨ ᠣᠢ᠍ᠷ᠎ᠠ᠎ᠳᠤ  ᠠᠩᠬᠠᠳᠤᠭ᠋ᠠᠷ  ᠪᠦᠯᠦᠭ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠢ᠍ᠯᠡᠭᠰᠡᠨ ᠥᠭᠡᠷᠡᠴᠢᠯᠡᠯᠲᠡ ᠵᠢ ᠭᠦᠨᠵᠡᠭᠡᠢ᠍ᠷᠡᠭᠦᠯᠵᠦ ᠣᠳᠣᠬᠢᠴᠢᠯᠠᠭᠰᠠᠨ ᠤᠰᠤᠯᠠᠯᠲᠠ ᠵᠢᠨ ᠣᠷᠣᠨ᠎ᠤ ᠪᠦᠲᠦᠭᠡᠨ  ᠪᠠᠢ᠌ᠭᠤᠯᠤᠯᠲᠠ ᠵᠢ  ᠠᠬᠢᠭᠤᠯᠬᠤ ᠲᠤᠷᠰᠢᠯᠲᠠ ᠵᠢᠨ ᠴᠡᠭ᠎ᠤᠨ ᠨᠡᠷᠡᠰ᠎ᠢ ᠨᠡᠢ᠍ᠲᠡᠯᠡᠵᠦ᠂ ᠾᠧᠪᠧᠢ ᠵᠢᠨ ᠶᠠᠩ ᠾᠧ ᠬᠣᠶᠠᠳᠤᠭ᠋ᠠᠷ ᠤᠰᠤᠯᠠᠯᠲᠠ ᠵᠢᠨ ᠣᠷᠣᠨ᠂ ᠶᠦᠨᠨᠠᠨ᠎ᠤ ᠮᠢ ᠯᠦ᠍ ᠤᠰᠤᠯᠠᠯᠲᠠ ᠵᠢᠨ ᠣᠷᠣᠨ ᠵᠡᠷᠭᠡ 11 ᠲᠤᠷᠰᠢᠯᠲᠠ ᠵᠢᠨ ᠤᠰᠤᠯᠠᠯᠲᠠ ᠵᠢᠨ ᠣᠷᠣᠨ ᠪᠠ ᠱᠠᠨ ᠰᠢ ᠵᠢᠨ ᠷᠦᠢ ᠴᠧᠩ ᠵᠡᠷᠭᠡ 10 ᠲᠤᠷᠰᠢᠯᠲᠠ ᠵᠢᠨ ᠰᠢᠶᠠᠩ  ᠲᠣᠭᠣᠷᠢᠭ ᠰᠣᠩᠭᠣᠭᠳᠠᠪᠠ᠃ ᠤᠰᠤᠨ ᠠᠰᠢᠭᠯᠠᠯᠲᠠ ᠵᠢᠨ ᠶᠠᠮᠤᠨ᠎ᠠᠴᠠ᠂ ᠲᠤᠷᠰᠢᠯᠲᠠ ᠵᠢᠨ ᠴᠢᠭ᠎ᠢ ᠯᠠᠪᠳᠠᠭᠤᠨ ᠪᠠᠲᠤᠲᠠᠶ ᠠᠬᠢᠭᠤᠯᠵᠤ᠂ 2᠎ᠠᠴᠠ 3 ᠵᠢᠯ᠎ᠤᠨ ᠬᠤᠭᠤᠴᠠᠭ᠎ᠠ ᠵᠢ ᠬᠡᠷᠡᠭᠯᠡᠵᠦ ᠲᠣᠯᠢ ᠪᠣᠯᠭ᠋ᠠᠵᠤ᠂ ᠳᠡᠯᠭᠡᠷᠡᠭᠦᠯᠵᠦ ᠪᠣᠯᠬᠤ ᠨᠡᠶ᠋ᠢᠲᠡᠯᠢᠭ ᠲᠤᠷᠰᠢᠯᠭ᠎ᠠ ᠵᠢ ᠬᠠᠶ᠋ᠢᠨ ᠰᠦᠪᠡᠭᠴᠢᠯᠡᠬᠦ ᠬᠡᠷᠡᠭᠲᠡᠶ ᠭᠡᠵᠦ ᠱᠠᠭ᠋ᠠᠷᠳᠠᠪᠠ᠃

   ᠯᠢ ᠭᠦᠸᠧ ᠶᠢᠩ ᠢᠯᠡᠷᠬᠡᠶ᠋ᠢᠯᠡᠬᠦ᠎ᠳᠡᠭᠡᠨ᠂ ᠤᠰᠤᠨ ᠠᠰᠢᠭᠯᠠᠯᠲᠠ ᠵᠢᠨ ᠶᠠᠮᠤᠨ ᠲᠤᠷᠰᠢᠯᠲᠠ ᠵᠢᠨ ᠶᠠᠪᠤᠴᠠ ᠵᠢ ᠴᠢᠩᠭ᠎ᠠ ᠠᠩᠬᠠᠷᠴᠤ᠂ ᠡᠴᠦᠰ᠎ᠲᠤᠨᠢ ᠲᠤᠯᠲᠠᠯ᠎ᠠ ᠠᠳᠬᠤᠵᠤ᠂ ᠦᠷ᠎ᠡ ᠪᠦᠲᠦᠮᠵᠢ ᠭᠠᠷᠭ᠋ᠠᠨ᠎ᠠ ᠭᠡᠵᠡᠶ᠃ ᠡᠯ᠎ᠡ ᠮᠤᠵᠢ ᠵᠢᠨ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠲᠤᠷᠰᠢᠯᠲᠠ ᠵᠢᠨ ᠴᠢᠭ᠎ᠤᠨ ᠠᠵᠢᠯ᠎ᠤᠨ ᠪᠦᠬᠦ ᠶᠠᠪᠤᠴᠠ ᠵᠢ ᠮᠥᠷᠳᠡᠨ ᠰᠢᠮᠳᠠᠭᠤᠯᠤᠨ ᠵᠢᠯᠣᠭᠣᠳᠬᠤ᠎ᠪᠠᠨ ᠴᠢᠩᠭ᠋ᠠᠳᠬᠠᠬᠤ ᠬᠡᠷᠡᠭᠲᠡᠶ᠃ ᠡᠯ᠎ᠡ ᠮᠤᠵᠢ ᠣᠷᠣᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠲᠤᠰ ᠮᠤᠵᠢ ᠵᠢᠨ ᠣᠳᠣᠬᠢᠴᠢᠯᠠᠭᠰᠠᠨ ᠤᠰᠤᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠲᠤᠷᠰᠢᠯᠲᠠ ᠵᠢ ᠥᠷᠨᠢᠭᠦᠯᠵᠦ ᠪᠣᠯᠤᠨ᠎ᠠ᠃

  《ᠤᠰᠤᠯᠠᠯᠲᠠ ᠵᠢᠨ ᠣᠷᠣᠨ᠎ᠤ ᠣᠨᠴᠠᠯᠢᠭ᠎ᠢ ᠦᠨᠳᠦᠰᠦᠯᠡᠨ᠂ ᠤᠰᠤᠯᠠᠯᠲᠠ ᠵᠢᠨ ᠣᠷᠣᠨ ᠳᠠᠷᠠᠭ᠋ᠠᠯᠠᠨ ᠲᠤᠷᠰᠢᠯᠲᠠ ᠵᠢᠨ ᠴᠢᠭ᠎ᠤᠨ ᠲᠥᠰᠦᠯ ᠲᠣᠭᠲᠠᠭ᠋ᠠᠵᠤ᠂ ᠣᠳᠣᠬᠢᠴᠢᠯᠠᠭᠰᠠᠨ ᠤᠰᠤᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠬᠠᠷᠠᠯᠲᠠ᠂ ᠠᠷᠭ᠎ᠠ ᠬᠡᠮᠵᠢᠶ᠎ᠡ᠂ ᠠᠷᠭ᠎ᠠ ᠵᠠᠮ᠎ᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠯᠡᠨ᠂ ᠨᠢᠭᠡ ᠵᠢ ᠪᠠᠶ᠋ᠢᠭᠤᠯᠪᠠᠯ ᠨᠢᠭᠡ ᠵᠢ ᠪᠦᠲᠦᠭᠡᠬᠦ ᠵᠢ ᠦᠨᠡᠨ ᠬᠦ᠌  ᠪᠠᠲᠤᠯᠠᠬᠤ ᠬᠡᠷᠡᠭᠲᠡᠶ》᠃ ᠯᠢ ᠭᠦᠸᠧ ᠶᠢᠩ᠂ ᠲᠤᠷᠰᠢᠯᠲᠠ ᠵᠢᠨ ᠴᠡᠭ᠎ᠢ ᠠᠬᠢᠭᠤᠯᠬᠤ ᠶᠠᠪᠤᠴᠠ᠎ᠳᠤ᠂ ᠪᠦᠲᠦᠭᠡᠯᠴᠢ ᠴᠢᠨᠠᠷᠲᠠᠢ᠎ᠪᠠᠷ ᠠᠵᠢᠯ ᠵᠶ᠋ᠠᠨ ᠥᠷᠨᠢᠭᠦᠯᠬᠦ ᠬᠡᠷᠡᠭᠲᠡᠢ᠃ ᠦᠢ᠍ᠯᠡᠳᠦᠯᠭᠡ ᠵᠢᠨ ᠰᠢᠯᠭ᠋ᠠᠨ ᠪᠠᠶ᠋ᠢᠴᠠᠭ᠋ᠠᠯᠲᠠ᠎ᠪᠠᠷ ᠳᠠᠮᠵᠢᠨ ᠲᠤᠷᠰᠢᠯᠲᠠ ᠵᠢᠨ ᠴᠠᠭ᠎ᠤᠨ ᠲᠤᠷᠰᠢᠯᠭ᠎ᠠ ᠵᠢ ᠴᠠᠭ ᠲᠤᠬᠠᠢ᠎ᠳᠤᠨᠢ ᠢᠳᠡᠪᠬᠢᠲᠡᠢ ᠳᠡᠯᠭᠡᠷᠡᠭᠦᠯᠵᠦ᠂ ᠲᠤᠷᠰᠢᠯᠲᠠ ᠵᠢᠨ ᠴᠠᠭ᠎ᠤᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ᠂ ᠣᠳᠣᠬᠢᠴᠢᠯᠠᠭᠰᠠᠨ ᠤᠰᠤᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠳᠠᠶ᠋ᠢᠴᠢᠯᠠᠨ ᠲᠠᠰᠤᠷᠠᠯᠲᠠ ᠦᠭᠡᠢ ᠰᠢᠨ᠎ᠡ ᠰᠢᠪᠲᠤᠯᠤᠯᠲᠠ᠎ᠲᠠᠢ ᠪᠣᠯᠭ᠋ᠠᠵᠤ᠂ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ᠃
    

 

ᠢᠷᠡᠯᠲᠡ᠄ ᠰᠢᠨᠬᠤᠸᠠ ᠬᠤᠷᠢᠶ᠎ᠠ
          
ᠬᠠᠮᠢᠶ᠎ᠡ ᠪᠦᠬᠦᠢ ᠰᠣᠨᠢᠨ
ᠤᠰᠤᠨ ᠠᠰᠢᠭᠯᠠᠯᠲᠠ ᠵᠢᠨ ᠶᠠᠮᠤᠨ᠄ ᠠᠭᠤᠯᠠᠨ ᠦᠶᠡᠷ᠎ᠤᠨ ᠭᠠᠮᠰᠢᠭ᠎ᠤᠨ ᠠᠶᠤᠯ ᠲᠦᠭᠰᠢᠭᠦᠷᠢ ᠵᠢ ᠪᠥᠬᠥ ᠬᠦᠴᠦᠨ ᠵᠶ᠋ᠠᠷ ᠵᠶ᠋ᠠᠨ ᠰᠡᠷᠭᠡᠶ᠋ᠢᠯᠡᠨ ᠠᠷᠢᠯᠭ᠋ᠠᠨ᠎ᠠ
ᠰᠢᠨᠬᠤᠸᠠ ᠰᠦᠯᠵᠢᠶ᠎ᠡ᠄ ᠡᠨᠡ ᠵᠢᠯ᠎ᠠᠴᠠ ᠨᠠᠭ᠋ᠠᠰᠢ ᠮᠠᠨ᠎ᠤ ᠤᠯᠤᠰ᠎ᠤᠨ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ 15 ᠵᠦᠢ᠍ᠯ᠎ᠢ ᠰᠢᠨ᠎ᠡ᠎ᠪᠠᠷ ᠠᠵᠢᠯ ᠡᠬᠢᠯᠡᠭᠦᠯᠵᠦ ᠨᠢᠭᠡ ᠪᠦᠯᠦᠭ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠰᠢᠨ᠎ᠡ ᠠᠬᠢᠯᠲᠠ᠎ᠲᠠᠢ ᠪᠣᠯᠪᠠ
ᠰᠢᠨᠬᠤᠸᠠ ᠬᠣᠷᠢᠶ᠎ᠠ᠄ ᠡᠷᠬᠡ ᠰᠦᠷᠲᠦ ᠲᠦᠷᠭᠡᠨ ᠰᠣᠨᠢᠨ — ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ 《ᠤᠯᠤᠰ᠎ᠤᠨ ᠤᠰᠤᠨ ᠠᠰᠢᠭᠯᠠᠯᠲᠠ ᠵᠢᠨ ᠲᠣᠣᠷ᠎ᠤᠨ ᠪᠦᠲᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢᠨ ᠬᠥᠲᠥᠯᠪᠦᠷᠢ》 ᠵᠢ ᠳᠠᠷᠤᠮᠠᠯᠯᠠᠨ ᠲᠠᠷᠬᠠᠭ᠋ᠠᠪᠠ
ᠠᠷᠠᠳ᠎ᠤᠨ ᠰᠦᠯᠵᠢᠶ᠎ᠡ᠄ 《ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢᠨ ᠲᠥᠰᠦᠯ》᠎ᠤᠨ 2022 ᠣᠨ᠎ᠤ ᠵᠠᠩᠭᠢᠯᠠᠭ᠎ᠠ ᠵᠢᠨ ᠴᠡᠭ᠎ᠲᠠᠬᠢ ᠭᠤᠤᠯ ᠬᠠᠷᠠᠯᠲᠠ ᠵᠢ ᠪᠥᠬᠥ ᠲᠠᠯ᠎ᠠ᠎ᠪᠠᠷ ᠪᠡᠶᠡᠯᠡᠭᠦᠯᠪᠡ
ᠠᠷᠠᠳ᠎ᠤᠨ ᠰᠦᠯᠵᠢᠶ᠎ᠡ᠄ 3 ᠳ᠋ᠤᠭ᠋ᠠᠷ ᠰᠠᠷ᠎ᠠ ᠵᠢᠨ 24᠎ᠤ ᠡᠳᠦᠷ ᠦᠶᠡᠷᠯᠡᠬᠦ ᠬᠤᠭᠤᠴᠠᠭ᠋ᠠᠨ᠎ᠳᠤ ᠣᠷᠣᠵᠤ᠂ ᠣᠯᠠᠨ ᠵᠢᠯ᠎ᠤᠨ ᠳᠤᠮᠳᠠᠴᠢ ᠦᠶᠡᠷᠯᠡᠬᠦ ᠬᠤᠭᠤᠴᠠᠭ᠎ᠠ᠎ᠲᠠᠢ ᠬᠠᠷᠢᠴᠠᠭᠤᠯᠪᠠᠯ 8 ᠡᠳᠦᠷ ᠡᠷᠲᠡᠯᠡᠪᠡ
 
            