ᠰᠢᠨᠬᠤᠸᠠ ᠬᠣᠷᠢᠶᠠᠨ᠎ᠤ ᠪᠡᠭᠡᠵᠢᠩ᠎ᠤᠨ 3 ᠳ᠋ᠤᠭ᠋ᠠᠷ ᠰᠠᠷ᠎ᠠ ᠵᠢᠨ 24᠎ᠤ ᠡᠳᠦᠷ᠎ᠤᠨ ᠮᠡᠳᠡᠭᠡ (ᠰᠤᠷᠪᠤᠯᠵᠢᠯᠠᠭᠴᠢ ᠯᠢᠦ ᠱ᠌ᠢ ᠫᠢᠩ) ᠤᠰᠤᠨ ᠠᠰᠢᠭᠯᠠᠯᠲᠠ ᠵᠢᠨ ᠶᠠᠮᠤᠨ ᠦᠶᠡᠷ᠎ᠤᠨ ᠪᠠᠶ᠋ᠢᠳᠠᠯ᠎ᠤᠨ ᠲᠤᠬᠠᠶ ᠵᠠᠷᠯᠠᠯ ᠨᠡᠶ᠋ᠢᠲᠡᠯᠡᠵᠦ᠂ ᠮᠠᠨ᠎ᠤ ᠤᠯᠤᠰ᠎ᠤᠨ ᠦᠶᠡᠷ᠎ᠤᠨ ᠬᠤᠭᠤᠴᠠᠭ᠋ᠠᠨ᠎ᠳᠤ ᠣᠷᠣᠬᠤ ᠡᠳᠦᠷ ᠬᠤᠭᠤᠴᠠᠭ᠎ᠠ᠎ᠳᠤ ᠲᠣᠭᠲᠠᠭ᠋ᠠᠭᠰᠠᠨ ᠬᠣᠯᠪᠣᠭᠳᠠᠯ ᠪᠥᠬᠥᠶ ᠪᠠᠷᠢᠮᠵᠢᠶ᠎ᠠ ᠵᠢ ᠦᠨᠳᠦᠰᠦᠯᠡᠨ᠂ 24᠎ᠤ ᠡᠳᠦᠷ ᠮᠠᠨ᠎ᠤ ᠤᠯᠤᠰ ᠦᠶᠡᠷ᠎ᠤᠨ ᠬᠤᠭᠤᠴᠠᠭ᠋ᠠᠨ᠎ᠳᠤ ᠣᠷᠣᠵᠤ᠂ ᠨᠡᠯᠢᠶᠡᠳ ᠣᠯᠠᠨ ᠵᠢᠯ᠎ᠤᠨ ᠳᠤᠮᠳᠠᠴᠢ ᠦᠶᠡᠷ᠎ᠤᠨ ᠬᠤᠭᠤᠴᠠᠭ᠋ᠠᠨ᠎ᠳᠤ ᠣᠷᠣᠬᠤ ᠡᠳᠦᠷ ᠬᠤᠭᠤᠴᠠᠭ᠎ᠠ (4 ᠳ᠋ᠦ᠍ᠭᠡᠷ ᠰᠠᠷ᠎ᠠ ᠵᠢᠨ 1᠎ᠤ ᠡᠳᠦᠷ)᠎ᠨᠢ 8 ᠡᠳᠦᠷ ᠡᠷᠲᠡ ᠪᠣᠯᠵᠠᠶ᠂ ᠡᠮᠦᠨᠡᠲᠦ ᠣᠷᠣᠨ᠎ᠤ ᠬᠡᠰᠡᠭ ᠭᠠᠵᠠᠷ ᠣᠷᠣᠨ᠎ᠤ᠎ᠬᠢᠨ ᠰᠢᠷᠦᠭᠦᠨ ᠪᠣᠷᠣᠭ᠋ᠠᠨ ᠦᠶᠡᠷ ᠤᠰᠤᠲᠤᠯ᠎ᠢ ᠰᠡᠷᠭᠡᠶ᠋ᠢᠯᠡᠨ ᠬᠣᠷᠢᠭᠯᠠᠬᠤ ᠠᠵᠢᠯ᠎ᠢ ᠡᠷᠬᠡᠪᠰᠢ ᠰᠠᠶ᠋ᠢᠲᠤᠷ ᠬᠢᠬᠦ ᠬᠡᠷᠡᠭᠲᠡᠶ ᠭᠡᠪᠡ᠃
ᠣᠶ᠋ᠢᠷ᠎ᠠ ᠵᠢᠨ ᠬᠤᠭᠤᠴᠠᠭ᠋ᠠᠨ᠎ᠳᠤ᠂ ᠮᠠᠨ᠎ᠤ ᠤᠯᠤᠰ᠎ᠤᠨ ᠡᠮᠦᠨᠡᠲᠦ ᠣᠷᠣᠨ᠎ᠤ ᠬᠡᠰᠡᠭ ᠭᠠᠵᠠᠷ ᠣᠷᠣᠨ᠎ᠳᠤ ᠣᠯᠠᠨ ᠤᠳᠠᠭ᠎ᠠ ᠪᠣᠷᠣᠭ᠋ᠠᠨ ᠣᠷᠣᠵᠤ᠂ 3 ᠳ᠋ᠤᠭ᠋ᠠᠷ ᠰᠠᠷ᠎ᠠ ᠵᠢᠨ 21᠎ᠤ ᠡᠳᠦᠷ᠎ᠤᠨ 8 ᠴᠠᠭ᠎ᠠᠴᠠ 24᠎ᠤ ᠡᠳᠦᠷ᠎ᠤᠨ 8 ᠴᠠᠭ ᠪᠣᠯᠲᠠᠯ᠎ᠠ᠂ 3᠎ᠤ ᠡᠳᠦᠷ᠎ᠤᠨ ᠲᠤᠨᠤᠳᠠᠰᠤᠨᠤ ᠬᠡᠮᠵᠢᠶ᠎ᠡ᠎ᠨᠢ 50 ᠮᠢᠯᠢᠮᠧᠲᠷ᠎ᠠᠴᠠ ᠳᠡᠭᠡᠭᠰᠢᠬᠢ ᠪᠣᠷᠣᠭ᠋ᠠᠨ᠎ᠤ ᠣᠷᠣᠨ᠎ᠤ ᠪᠦᠷᠬᠦᠴᠡ ᠵᠢᠨ ᠲᠠᠯᠠᠪᠠᠶ᠎ᠨᠢ 37.1 ᠲᠦᠮᠡᠨ ᠲᠡᠭᠰᠢ ᠳᠥᠷᠪᠡᠯᠵᠢᠨ ᠺᠢᠯᠣᠮᠧᠲᠷ᠎ᠲᠤ ᠬᠦᠷᠴᠦ᠂ ᠬᠠᠮᠤᠭ᠎ᠤᠨ ᠶᠡᠬᠡ ᠲᠤᠨᠤᠳᠠᠰᠤᠨᠤ ᠬᠡᠮᠵᠢᠶ᠎ᠡ᠎ᠨᠢ ᠵᠢᠶᠠᠩᠰᠢ ᠵᠢᠨ ᠨᠠᠨᠴᠠᠩ᠎ᠤᠨ ᠨᠠᠨ ᠵᠢᠶ ᠥᠷᠲᠡᠭᠡ᠎ᠠᠴᠠ 194 ᠮᠢᠯᠢᠮᠧᠲᠷ᠎ᠲᠤ ᠬᠦᠷᠴᠡᠶ᠃ ᠪᠣᠷᠣᠭ᠋ᠠᠨ᠎ᠤ ᠨᠥᠯᠥᠭᠡ᠎ᠪᠠᠷ ᠹᠦᠵᠢᠶᠠᠨ᠎ᠤ ᠱᠠ ᠰᠢ ᠰᠠᠯᠪᠤᠷᠢ ᠤᠷᠤᠰᠬᠠᠯ᠎ᠤᠨ ᠪᠠᠷᠠᠭᠤᠨ ᠤᠷᠤᠰᠬᠠᠯ ᠰᠠᠯᠪᠤᠷᠢ᠎ᠳᠤ ᠰᠡᠷᠡᠮᠵᠢ ᠵᠢᠨ ᠲᠤᠬᠢᠶᠠᠨ᠎ᠠᠴᠠ ᠬᠡᠲᠦᠷᠡᠭᠰᠡᠨ ᠪᠠᠭ᠎ᠠ ᠬᠡᠮᠵᠢᠶᠠᠨ᠎ᠤ ᠦᠶᠡᠷ ᠭᠠᠷᠴᠠᠢ᠃
ᠤᠰᠤᠨ ᠠᠰᠢᠭᠯᠠᠯᠲᠠ ᠵᠢᠨ ᠶᠠᠮᠤᠨ ᠲᠤᠬᠠᠶ ᠵᠢᠨ ᠡᠳᠦᠷ ᠦᠶᠡᠷ᠎ᠢ ᠰᠡᠷᠭᠡᠶ᠋ᠢᠯᠡᠬᠦ ᠵᠥᠪᠳᠡᠯᠴᠡᠭᠡᠨ᠎ᠤ ᠬᠤᠷᠠᠯ ᠬᠤᠷᠠᠯᠳᠤᠭᠤᠯᠵᠤ᠂ ᠣᠶ᠋ᠢᠷ᠎ᠠ ᠵᠢᠨ ᠬᠤᠭᠤᠴᠠᠭ᠋ᠠᠨ᠎ᠤ ᠡᠮᠦᠨᠡᠲᠦ ᠣᠷᠣᠨ᠎ᠤ ᠪᠣᠷᠣᠭ᠋ᠠᠨ᠎ᠤ ᠪᠠᠶ᠋ᠢᠳᠠᠯ᠂ ᠤᠰᠤᠨ᠎ᠤ ᠪᠠᠶ᠋ᠢᠳᠠᠯ᠎ᠢ ᠰᠤᠳᠤᠯᠤᠨ ᠮᠠᠭ᠋ᠠᠳᠯᠠᠵᠤ᠂ ᠰᠢᠷᠦᠭᠦᠨ ᠪᠣᠷᠣᠭ᠋ᠠᠨ᠎ᠢ ᠰᠡᠷᠭᠡᠶ᠋ᠢᠯᠡᠬᠦ ᠠᠵᠢᠯ᠎ᠢ ᠪᠠᠶ᠋ᠢᠷᠢᠯᠠᠭᠤᠯᠵᠤ᠂ ᠬᠣᠯᠪᠣᠭᠳᠠᠯ ᠪᠥᠬᠥᠶ ᠭᠠᠵᠠᠷ ᠣᠷᠣᠨ᠎ᠢ ᠵᠢᠵᠢᠭᠦᠷᠯᠡᠨ ᠰᠠᠬᠢᠬᠤ᠎ᠪᠠᠨ ᠴᠢᠩᠭ᠋ᠠᠳᠬᠠᠵᠤ᠂ ᠳᠤᠮᠳᠠ ᠪᠠᠭ᠎ᠠ ᠭᠤᠤᠯ ᠮᠥᠷᠡᠨ᠎ᠤ ᠦᠶᠡᠷ ᠪᠣᠯᠤᠨ ᠠᠭᠤᠯᠠᠨ ᠦᠶᠡᠷ᠎ᠤᠨ ᠭᠠᠮᠰᠢᠭ᠎ᠢ ᠰᠡᠷᠭᠡᠶ᠋ᠢᠯᠡᠬᠦ᠂ ᠳᠤᠮᠳᠠ ᠪᠠᠭ᠎ᠠ ᠬᠡᠯᠪᠡᠷᠢ ᠵᠢᠨ ᠤᠰᠤᠨ ᠴᠥᠭᠥᠷᠥᠮ᠎ᠤᠨ ᠦᠶᠡᠷ᠎ᠢ ᠰᠡᠷᠭᠡᠶ᠋ᠢᠯᠡᠬᠦ ᠠᠮᠤᠷ ᠲᠦᠪᠰᠢᠨ᠎ᠢ ᠪᠠᠲᠤᠯᠠᠬᠤ᠎ᠪᠠᠷ ᠭᠤᠤᠯᠳᠠᠯᠭ᠎ᠠ ᠪᠣᠯᠭ᠋ᠠᠵᠤ᠂ ᠰᠢᠷᠦᠭᠦᠨ ᠪᠣᠷᠣᠭ᠋ᠠᠨ ᠦᠶᠡᠷ ᠤᠰᠤ ᠵᠢ ᠰᠡᠷᠭᠡᠶ᠋ᠢᠯᠡᠬᠦ ᠠᠵᠢᠯ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ ᠬᠡᠷᠡᠭᠲᠡᠶ ᠭᠡᠵᠦ ᠱᠠᠭ᠋ᠠᠷᠳᠠᠪᠠ᠃
ᠤᠰᠤᠨ ᠠᠰᠢᠭᠯᠠᠯᠲᠠ ᠵᠢᠨ ᠶᠠᠮᠤᠨ᠎ᠤ ᠬᠠᠮᠢᠶ᠎ᠠ ᠪᠥᠬᠥᠶ ᠬᠠᠷᠢᠭᠤᠴᠠᠯᠭ᠋ᠠᠲᠠᠨ ᠢᠯᠡᠷᠬᠡᠶ᠋ᠢᠯᠡᠬᠦ᠎ᠳᠡᠭᠡᠨ᠂ ᠤᠰᠤᠨ ᠠᠰᠢᠭᠯᠠᠯᠲᠠ ᠵᠢᠨ ᠶᠠᠮᠤᠨ ᠨᠢᠭᠡᠨᠲᠡ 24 ᠴᠠᠭ᠎ᠤᠨ ᠦᠶᠡᠷ ᠤᠰᠤᠲᠤᠯ ᠭᠠᠩ ᠬᠠᠭᠰᠠᠷᠠᠭ᠋ᠠᠨ᠎ᠤ ᠭᠠᠮᠰᠢᠭ᠎ᠢ ᠰᠡᠷᠭᠡᠶ᠋ᠢᠯᠡᠬᠦ ᠵᠢᠵᠢᠭᠦᠷ᠎ᠢ ᠡᠬᠢᠯᠡᠭᠦᠯᠵᠦ᠂ ᠦᠶᠡᠷ᠎ᠤᠨ ᠬᠤᠭᠤᠴᠠᠭ᠋ᠠᠨ᠎ᠤ ᠠᠵᠢᠯ᠎ᠤᠨ ᠪᠠᠶ᠋ᠢᠳᠠᠯ᠎ᠳᠤ ᠣᠷᠣᠪᠠ᠃
ᠡᠭᠦᠨ᠎ᠠᠴᠠ ᠭᠠᠳᠠᠨ᠎ᠠ ᠵᠢᠱ᠌ᠢᠯᠲᠡ ᠵᠢ ᠦᠨᠳᠦᠰᠦᠯᠡᠪᠡᠯ᠂ ᠡᠨᠡ ᠵᠢᠯ᠎ᠤᠨ ᠮᠠᠨ᠎ᠤ ᠤᠯᠤᠰ᠎ᠤᠨ ᠦᠶᠡᠷ᠎ᠤᠨ ᠬᠤᠭᠤᠴᠠᠭ᠋ᠠᠨ᠎ᠤ ᠣᠷᠣᠨ ᠪᠦᠰᠡ ᠵᠢᠨ ᠴᠢᠨᠠᠷᠲᠠᠶ᠂ ᠱᠠᠲᠤ ᠦᠶ᠎ᠡ ᠵᠢᠨ ᠴᠢᠨᠠᠷᠲᠠᠶ ᠭᠠᠩ ᠬᠠᠭᠰᠠᠷᠠᠭ᠋ᠠᠨ ᠪᠠ ᠤᠰᠤᠲᠤᠯ᠎ᠨᠢ ᠡᠩ᠎ᠤᠨ ᠵᠢᠯ᠎ᠠᠴᠠ ᠬᠦᠨᠳᠦ ᠪᠠᠶ᠋ᠢᠵᠤ᠂ ᠲᠤᠶ᠋ᠢᠯ᠎ᠤᠨ ᠦᠶᠡᠷ ᠤᠰᠤᠲᠤᠯ ᠭᠠᠩ ᠬᠠᠭᠰᠠᠷᠠᠭ᠋ᠠᠨ᠎ᠤ ᠬᠡᠷᠡᠭ ᠶᠠᠪᠤᠳᠠᠯ ᠣᠯᠠᠨ ᠡᠭᠦᠰᠴᠦ ᠮᠡᠳᠡᠨ᠎ᠡ᠃ ᠬᠠᠲᠤᠨ ᠭᠤᠤᠯ᠎ᠤᠨ ᠳᠤᠮᠳᠠᠳᠤ ᠳᠤᠤᠷᠠᠳᠤ ᠤᠷᠤᠰᠬᠠᠯ᠂ ᠬᠠᠶ᠋ᠢᠾᠧ ᠭᠤᠤᠯ᠎ᠤᠨ ᠰᠠᠪᠠ ᠭᠠᠵᠠᠷ᠂ ᠰᠤᠩᠭ᠋ᠠᠷᠢ ᠮᠥᠷᠡᠨ ᠯᠢᠶᠣᠤᠾᠧ ᠭᠤᠤᠯ᠎ᠤᠨ ᠰᠠᠪᠠ ᠭᠠᠵᠠᠷ᠂ ᠵᠦᠵᠢᠶᠠᠩ ᠮᠥᠷᠡᠨ᠎ᠤ ᠰᠠᠪᠠ ᠭᠠᠵᠠᠷ ᠵᠡᠷᠭᠡ ᠦᠶᠡᠷ᠎ᠤᠨ ᠪᠠᠶ᠋ᠢᠳᠠᠯ ᠬᠡᠴᠡᠭᠦᠳᠡᠵᠦ ᠮᠡᠳᠡᠨ᠎ᠡ᠂ ᠬᠥᠬᠡᠮᠥ᠋ᠷᠡᠨ ᠬᠤᠸᠠᠶ᠋ᠢᠾᠧ ᠭᠤᠤᠯ᠂ ᠵᠢᠶᠠᠩᠨᠠᠨ ᠵᠡᠷᠭᠡ ᠭᠠᠵᠠᠷ᠎ᠲᠤ ᠱᠠᠲᠤ ᠦᠶ᠎ᠡ ᠵᠢᠨ ᠴᠢᠨᠠᠷᠲᠠᠶ ᠭᠠᠩ ᠬᠠᠭᠰᠠᠷᠠᠭ᠋ᠠᠨ ᠡᠭᠦᠰᠴᠦ ᠮᠡᠳᠡᠨ᠎ᠡ᠃