ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠠᠷᠠᠳ᠎ᠤᠨ ᠰᠦᠯᠵᠢᠶ᠎ᠡ᠄ 《ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢᠨ ᠲᠥᠰᠦᠯ》᠎ᠤᠨ 2022 ᠣᠨ᠎ᠤ ᠵᠠᠩᠭᠢᠯᠠᠭ᠎ᠠ ᠵᠢᠨ ᠴᠡᠭ᠎ᠲᠠᠬᠢ ᠭᠤᠤᠯ ᠬᠠᠷᠠᠯᠲᠠ ᠵᠢ ᠪᠥᠬᠥ ᠲᠠᠯ᠎ᠠ᠎ᠪᠠᠷ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2023-04-01

   ᠠᠷᠠᠳ᠎ᠤᠨ ᠰᠦᠯᠵᠢᠶ᠎ᠡ ᠵᠢᠨ ᠪᠡᠭᠡᠵᠢᠩ᠎ᠤᠨ 3 ᠳ᠋ᠤᠭ᠋ᠠᠷ ᠰᠠᠷ᠎ᠠ ᠵᠢᠨ 29᠎ᠤ ᠡᠳᠦᠷ᠎ᠤᠨ ᠮᠡᠳᠡᠭᠡ (ᠡᠸᠤ ᠶᠠᠩ ᠢ ᠵᠢᠶᠠ) ᠣᠶ᠋ᠢᠷ᠎ᠠ᠎ᠳᠤ᠂ ᠤᠰᠤ ᠵᠢ ᠠᠷᠪᠢᠯᠠᠨ ᠬᠡᠷᠡᠭᠯᠡᠬᠦ ᠠᠵᠢᠯ᠎ᠤᠨ ᠶᠠᠮᠤᠨ᠎ᠤ ᠬᠣᠭᠣᠷᠣᠨᠳᠣᠬᠢ ᠵᠣᠬᠢᠴᠠᠭᠤᠯᠬᠤ ᠲᠣᠭᠲᠠᠴᠠ ᠵᠢᠨ 2023 ᠣᠨ᠎ᠤ ᠪᠥᠬᠥᠳᠡ ᠬᠤᠷᠠᠯ ᠪᠡᠭᠡᠵᠢᠩ᠎ᠳᠤ ᠬᠤᠷᠠᠯᠳᠤᠵᠤ᠂ 2022 ᠣᠨ᠎ᠤ ᠠᠵᠢᠯ᠎ᠤᠨ ᠠᠬᠢᠴᠠ ᠵᠢ ᠳ᠋ᠦᠩᠨᠡᠵᠦ᠂ 2023 ᠣᠨ᠎ᠤ ᠭᠤᠤᠯᠳᠠᠯᠭ᠎ᠠ᠎ᠲᠠᠢ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠪᠠ᠃

   ᠬᠤᠷᠠᠯ᠎ᠠᠴᠠ ᠵᠢᠭ᠋ᠠᠵᠦ ᠭᠠᠷᠭ᠋ᠠᠬᠤ᠎ᠳᠠᠭᠠᠨ᠂ 《ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢᠨ ᠲᠥᠰᠦᠯ》᠎ᠳᠤ ᠲᠣᠭᠲᠠᠭ᠋ᠠᠭᠰᠠᠨ 2022 ᠣᠨ᠎ᠤ ᠵᠠᠩᠭᠢᠯᠠᠭ᠎ᠠ ᠵᠢᠨ ᠴᠡᠭ᠎ᠤᠨ ᠭᠤᠤᠯ ᠬᠠᠷᠠᠯᠲᠠ ᠵᠢ ᠪᠥᠬᠥ ᠲᠠᠯ᠎ᠠ᠎ᠪᠠᠷ ᠪᠡᠶᠡᠯᠡᠭᠦᠯᠪᠡ᠃ 2022 ᠣᠨ᠎ᠳᠤ ᠪᠥᠬᠥ ᠤᠯᠤᠰ᠎ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ 6100 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠤᠨ ᠳᠣᠲᠣᠷ᠎ᠠ ᠬᠢᠵᠠᠭ᠋ᠠᠷᠯᠠᠵᠤ᠂ 2015 ᠣᠨ᠎ᠲᠠᠢ ᠬᠠᠷᠢᠴᠠᠭᠤᠯᠪᠠᠯ᠂ ᠲᠦᠮᠡᠨ ᠲᠥᠭᠥᠷᠢᠭ᠎ᠤᠨ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠪᠥᠬᠥ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ᠂ ᠲᠦᠮᠡᠨ ᠲᠥᠭᠥᠷᠢᠭ᠎ᠤᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ ᠵᠢ ᠲᠣᠰ ᠲᠣᠰ 33.4 %᠂ 50.3 %᠎ᠪᠠᠷ ᠪᠠᠭᠤᠷᠠᠭᠤᠯᠵᠤ᠂ ᠲᠠᠷᠢᠶᠠᠨ ᠭᠠᠵᠠᠷ᠎ᠤᠨ ᠤᠰᠤᠯᠠᠯᠲᠠ ᠵᠢᠨ ᠤᠰᠤᠨ᠎ᠤ ᠪᠦᠲᠦᠮᠵᠢᠲᠡᠶ ᠠᠰᠢᠭᠯᠠᠯᠲᠠ ᠵᠢᠨ ᠢᠯᠡᠳᠬᠡᠮᠵᠢ ᠵᠢ 0.536 ᠪᠠᠶ᠋ᠢᠭᠰᠠᠨ᠎ᠠᠴᠠ 0.572 ᠪᠣᠯᠭ᠋ᠠᠨ ᠳᠡᠭᠡᠭᠰᠢᠯᠡᠭᠦᠯᠵᠦ᠂ ᠬᠡᠪ᠎ᠤᠨ ᠪᠤᠰᠤ ᠤᠰᠤᠨ ᠰᠤᠷᠪᠤᠯᠵᠢ ᠵᠢ ᠠᠰᠢᠭᠯᠠᠬᠤ ᠬᠡᠮᠵᠢᠶ᠎ᠡ ᠵᠢ 68.7 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠪᠠᠶ᠋ᠢᠭᠰᠠᠨ᠎ᠠᠴᠠ 175 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠪᠣᠯᠭ᠋ᠠᠨ ᠥᠷᠭᠡᠳᠬᠡᠵᠦ᠂ ᠤᠰᠤ ᠬᠡᠷᠡᠭᠯᠡᠬᠦ ᠦᠷ᠎ᠡ ᠪᠦᠲᠦᠮᠵᠢ ᠪᠠ ᠦᠷ᠎ᠡ ᠠᠰᠢᠭ᠎ᠢ ᠢᠯᠡᠳᠲᠡ ᠳᠡᠭᠡᠭᠰᠢᠯᠡᠭᠦᠯᠦᠨ᠂ ᠪᠥᠬᠥ ᠨᠡᠶ᠋ᠢᠭᠡᠮ᠎ᠤᠨ ᠤᠰᠤ ᠠᠷᠪᠢᠯᠠᠬᠤ ᠤᠬᠠᠮᠰᠠᠷ᠎ᠢ ᠢᠯᠡᠳᠲᠡ ᠴᠢᠩᠭ᠋ᠠᠷᠠᠭᠤᠯᠪᠠ᠃

   ᠬᠤᠷᠠᠯ᠎ᠠᠴᠠ ᠴᠢᠬᠤᠯᠠᠴᠢᠯᠠᠬᠤ᠎ᠳᠠᠭᠠᠨ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠦᠬᠦ ᠲᠠᠯ᠎ᠠ᠎ᠪᠠᠷ ᠠᠷᠪᠢᠯᠠᠨ ᠭᠠᠮᠨᠠᠬᠤ ᠪᠠᠶ᠋ᠢᠯᠳᠤᠬᠤ ᠪᠤᠳᠤᠯᠭ᠎ᠠ ᠵᠢ ᠡᠷᠡᠰ ᠭᠤᠶ᠋ᠢᠪᠢᠰᠢ ᠦᠭᠡᠢ ᠬᠡᠷᠡᠭᠵᠢᠭᠦᠯᠵᠦ᠂ ᠬᠥᠮᠦᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠦᠨᠳᠦᠷᠴᠡ᠎ᠠᠴᠠ ᠬᠥᠭᠵᠢᠯᠲᠡ ᠵᠢ ᠲᠥᠯᠥᠪᠵᠢᠭᠦᠯᠵᠦ᠂ ᠮᠠᠨ᠎ᠤ ᠤᠯᠤᠰ᠎ᠤᠨ ᠦᠨᠳᠦᠰᠦᠨ ᠤᠯᠤᠰ᠎ᠤᠨ ᠪᠠᠶ᠋ᠢᠳᠠᠯ ᠤᠰᠤᠨ᠎ᠤ ᠪᠠᠶ᠋ᠢᠳᠠᠯ᠎ᠳᠤ ᠰᠠᠭᠤᠷᠢᠯᠠᠵᠤ᠂ ᠦᠵᠡᠯᠲᠡ᠂ ᠤᠬᠠᠮᠰᠠᠷ᠂ ᠠᠷᠭ᠎ᠠ ᠬᠡᠮᠵᠢᠶ᠎ᠡ ᠵᠡᠷᠭᠡ ᠡᠯ᠎ᠡ ᠲᠠᠯ᠎ᠠ᠎ᠪᠠᠷ ᠤᠰᠤ ᠠᠷᠪᠢᠯᠠᠬᠤ ᠵᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠤᠰᠤ᠎ᠪᠠᠷ ᠬᠤᠳᠠ ᠵᠢ ᠲᠣᠭᠲᠠᠭ᠋ᠠᠬᠤ᠂ ᠤᠰᠤ᠎ᠪᠠᠷ ᠭᠠᠵᠠᠷ᠎ᠢ ᠲᠣᠭᠲᠠᠭ᠋ᠠᠬᠤ᠂ ᠤᠰᠤ᠎ᠪᠠᠷ ᠬᠥᠮᠦᠨ᠎ᠢ ᠲᠣᠭᠲᠠᠭ᠋ᠠᠬᠤ᠂ ᠤᠰᠤ᠎ᠪᠠᠷ ᠭᠠᠷᠤᠯᠲᠠ ᠵᠢ ᠲᠣᠭᠲᠠᠭ᠋ᠠᠬᠤ ᠵᠠᠷᠴᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠨᠠᠷᠢᠨ ᠨᠢᠮᠪᠠᠢ ᠪᠤᠳᠤᠵᠤ ᠰᠠᠶ᠋ᠢᠲᠤᠷ ᠬᠡᠷᠡᠭᠯᠡᠨ᠂ ᠤᠰᠤᠨ᠎ᠤ ᠡᠬᠢ ᠪᠠᠶᠠᠯᠢᠭ᠎ᠢ ᠴᠢᠩᠭ᠎ᠠ ᠨᠢᠮᠪᠠᠢ ᠰᠠᠶ᠋ᠢᠲᠤᠷ ᠬᠠᠮᠢᠶᠠᠷᠴᠤ᠂ ᠤᠰᠤᠨ᠎ᠤ ᠡᠬᠢ ᠪᠠᠶᠠᠯᠢᠭ᠎ᠤᠨ ᠶᠡᠷᠦᠩᠬᠡᠢ ᠬᠡᠮᠵᠢᠶᠡᠨ᠎ᠤ ᠬᠠᠮᠢᠶᠠᠷᠤᠯᠲᠠ᠂ ᠰᠢᠨᠵᠢᠯᠡᠬᠦ ᠤᠬᠠᠭ᠋ᠠᠨᠴᠢ᠎ᠪᠠᠷ ᠲᠤᠬᠢᠷᠠᠭᠤᠯᠬᠤ᠂ ᠪᠦᠬᠦ ᠲᠠᠯ᠎ᠠ᠎ᠪᠠᠷ ᠠᠷᠪᠢᠯᠠᠬᠤ᠂ ᠡᠷᠭᠢᠯᠳᠦᠭᠦᠯᠦᠨ ᠠᠰᠢᠭᠯᠠᠬᠤ ᠵᠢ ᠠᠬᠢᠭᠤᠯᠬᠤ ᠬᠡᠷᠡᠭᠲᠡᠢ᠃ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ᠂ ᠠᠵᠤ ᠦᠢ᠍ᠯᠡᠳᠪᠦᠷᠢ ᠵᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠵᠢ ᠪᠠᠭ᠋ᠠᠰᠬᠠᠬᠤ᠂ ᠬᠣᠲᠠ ᠪᠠᠯᠭ᠋ᠠᠰᠤ ᠵᠢᠨ ᠤᠰᠤ ᠠᠷᠪᠢᠯᠠᠵᠤ ᠬᠣᠬᠢᠷᠠᠯ᠎ᠢ ᠪᠠᠭ᠋ᠠᠰᠬᠠᠬᠤ᠎ᠪᠠᠷ ᠭᠣᠣᠯᠳᠠᠯᠭ᠎ᠠ ᠪᠣᠯᠭ᠋ᠠᠨ᠂ ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠵᠦ᠂ ᠣᠨ᠎ᠤ ᠭᠣᠣᠯᠳᠠᠯᠭ᠎ᠠ᠎ᠲᠠᠢ ᠡᠭᠦᠷᠭᠡ ᠵᠢ ᠨᠠᠶ᠋ᠢᠳᠠᠪᠤᠷᠢᠵᠢᠭᠤᠯᠤᠨ ᠨᠠᠷᠢᠯᠢᠭᠵᠢᠭᠤᠯᠵᠤ᠂ ᠠᠵᠢᠯ᠎ᠤᠨ ᠡᠬᠡ ᠳᠠᠩᠰᠠ ᠵᠢ ᠪᠠᠶ᠋ᠢᠭᠤᠯᠤᠨ ᠪᠦᠷᠢᠨᠰᠢᠭᠦᠯᠵᠦ᠂ ᠠᠬᠢᠴᠠ ᠵᠢᠨ ᠪᠠᠶ᠋ᠢᠳᠠᠯ᠎ᠢ ᠬᠥᠳᠡᠯᠦᠩᠭᠦᠶ᠎ᠪᠠᠷ ᠮᠥᠷᠳᠡᠨ᠂ ᠣᠨ᠎ᠤ ᠭᠣᠣᠯᠳᠠᠯᠭ᠎ᠠ᠎ᠲᠠᠢ ᠠᠵᠢᠯ ᠪᠠ ᠲᠥᠰᠦᠯ᠎ᠳᠤ ᠲᠣᠳᠣᠷᠬᠠᠶ᠋ᠢᠯᠠᠭᠰᠠᠨ ᠡᠯ᠎ᠡ ᠵᠦᠢ᠍ᠯ᠎ᠤᠨ ᠬᠠᠷᠠᠯᠲᠠ ᠵᠢᠨ ᠡᠭᠦᠷᠭᠡ᠎ᠪᠠᠨ ᠴᠠᠭ ᠬᠤᠭᠤᠴᠠᠭ᠎ᠠ ᠶᠣᠰᠣᠭ᠋ᠠᠷ ᠶᠠᠰᠤ ᠴᠢᠨᠠᠷ ᠪᠠ ᠲᠣᠭ᠎ᠠ ᠬᠡᠮᠵᠢᠶ᠎ᠡ ᠵᠢ ᠪᠠᠲᠤᠯᠠᠨ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ᠃ ᠲᠦᠷᠢᠮ ᠲᠥᠷᠥ ᠵᠢᠨ ᠪᠣᠳᠣᠯᠭ᠎ᠠ ᠵᠢ ᠪᠦᠷᠢᠨᠰᠢᠬᠦᠯᠵᠤ᠂ ᠮᠡᠷᠭᠡᠵᠢᠯ᠎ᠤᠨ ᠪᠠᠷᠢᠮᠵᠢᠶ᠎ᠠ ᠵᠢ ᠲᠡᠭᠦᠯᠳᠡᠷᠵᠢᠭᠦᠯᠵᠦ᠂ ᠪᠠᠶ᠋ᠢᠭᠤᠯᠤᠮᠵᠢ ᠲᠣᠭᠲᠠᠴᠠ ᠵᠢᠨ ᠬᠠᠥᠯᠢ᠎ᠪᠠᠷ ᠵᠠᠰᠠᠬᠤ ᠬᠠᠮᠢᠶᠠᠷᠤᠯᠲᠠ ᠵᠢ ᠴᠢᠩᠭ᠋ᠠᠳᠬᠠᠵᠤ᠂ ᠤᠰᠤ ᠠᠷᠪᠢᠯᠠᠬᠤ ᠤᠬᠠᠭᠤᠯᠭ᠎ᠠ ᠬᠥᠮᠦᠵᠢᠯ᠎ᠢ ᠲᠠᠰᠤᠷᠠᠯᠲᠠ ᠥᠬᠡᠶ ᠥᠷᠭᠡᠳᠬᠡᠵᠦ᠂ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠵᠢᠭᠦᠯᠦᠨ ᠠᠰᠢᠭᠯᠠᠬᠤ ᠴᠢᠳᠠᠪᠤᠷᠢ ᠪᠣᠯᠤᠨ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠥᠬᠥ ᠲᠠᠯ᠎ᠠ᠎ᠪᠠᠷ ᠠᠬᠢᠭᠤᠯᠬᠤ᠎ᠳᠤ ᠬᠦᠴᠦᠲᠡᠶ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠬᠠᠩᠭ᠋ᠠᠬᠤ ᠬᠡᠷᠡᠭᠲᠡᠶ ᠭᠡᠵᠡᠢ᠃

 

ᠢᠷᠡᠯᠲᠡ᠄ ᠠᠷᠠᠳ᠎ᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠰᠦᠯᠵᠢᠶ᠎ᠡ᠄ 3 ᠳ᠋ᠤᠭ᠋ᠠᠷ ᠰᠠᠷ᠎ᠠ ᠵᠢᠨ 24᠎ᠤ ᠡᠳᠦᠷ ᠦᠶᠡᠷᠯᠡᠬᠦ ᠬᠤᠭᠤᠴᠠᠭ᠋ᠠᠨ᠎ᠳᠤ ᠣᠷᠣᠵᠤ᠂ ᠣᠯᠠᠨ ᠵᠢᠯ᠎ᠤᠨ ᠳᠤᠮᠳᠠᠴᠢ ᠦᠶᠡᠷᠯᠡᠬᠦ ᠬᠤᠭᠤᠴᠠᠭ᠎ᠠ᠎ᠲᠠᠢ ᠬᠠᠷᠢᠴᠠᠭᠤᠯᠪᠠᠯ 8 ᠡᠳᠦᠷ ᠡᠷᠲᠡᠯᠡᠪᠡ
ᠠᠷᠠᠳ᠎ᠤᠨ ᠰᠦᠯᠵᠢᠶ᠎ᠡ᠄ ᠤᠰᠤᠨ ᠠᠰᠢᠭᠯᠠᠯᠲᠠ ᠵᠢᠨ ᠶᠠᠮᠤᠨ᠎ᠤ ᠰᠠᠶ᠋ᠢᠳ ᠯᠢ ᠭᠦᠸᠧ ᠶᠢᠩ ᠪᠦᠯᠬᠦᠮ ᠳᠠᠭ᠋ᠠᠭᠤᠯᠤᠨ ᠣᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠤᠰᠤᠨ᠎ᠤ ᠶᠠᠪᠤᠳᠠᠯ᠎ᠤᠨ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ
ᠰᠢᠨᠬᠤᠸᠠ ᠬᠤᠷᠢᠶ᠎ᠠ᠄ ᠮᠠᠨ᠎ᠤ ᠤᠯᠤᠰ ᠦᠶᠡᠷ᠎ᠤᠨ ᠬᠤᠭᠤᠴᠠᠭ᠋ᠠᠨ᠎ᠳᠤ ᠣᠷᠣᠪᠠ ᠡᠮᠦᠨᠡᠲᠦ ᠣᠷᠣᠨ᠎ᠤ ᠬᠡᠰᠡᠭ ᠭᠠᠵᠠᠷ ᠣᠷᠣᠨ᠎ᠳᠤ ᠰᠢᠷᠦᠭᠦᠨ ᠪᠣᠷᠣᠭ᠋ᠠᠨ ᠦᠶᠡᠷ᠎ᠤᠨ ᠤᠰᠤ ᠵᠢ ᠰᠡᠷᠭᠡᠶ᠋ᠢᠯᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ
ᠠᠷᠠᠳ᠎ᠤᠨ ᠰᠦᠯᠵᠢᠶ᠎ᠡ ᠄ ᠠᠮᠤ ᠪᠤᠳᠠᠭ᠋ᠠᠨ᠎ᠤ ᠠᠮᠤᠷ ᠲᠦᠪᠰᠢᠨ ᠎ᠢ ᠦᠷᠭᠦᠯᠵᠢᠯᠡᠨ ᠪᠠᠲᠤᠯᠠᠬᠤ  ᠬᠤᠪᠸᠢ ᠵᠢᠨ ᠪᠠᠰᠠ ᠨᠢᠭᠡᠨ ᠴᠢᠬᠤᠯᠠ ᠶᠡᠭᠡ ᠤᠰᠤᠯᠠᠯᠲᠠ ᠵᠢᠨ ᠤᠷᠤᠨ᠎ᠤ ᠲᠦᠷᠦᠯ ᠵᠦᠢ᠍ᠯ᠎ᠢ ᠡᠬᠢᠯᠡᠨ ᠪᠠᠶ᠋ᠢᠭᠤᠯᠪᠠ
ᠰᠢᠨᠬᠤᠸᠠ ᠬᠣᠷᠢᠶ᠎ᠠ᠄ ᠰᠢᠨᠬᠤᠸᠠ ᠴᠠᠭ᠎ᠤᠨ ᠪᠠᠢ᠌ᠳᠠᠯ᠎ᠤᠨ ᠰᠢᠭᠦᠮᠵᠢ — ᠤᠯᠤᠰ᠎ᠤᠨ ᠤᠰᠤᠨ᠎ᠤ ᠲᠣᠣᠷ᠎ᠤᠨ ᠪᠦᠲᠦᠭᠡᠨ ᠪᠠᠢ᠌ᠭᠤᠯᠤᠯᠲᠠ ᠵᠢ ᠴᠢᠨᠠᠷ ᠰᠠᠢ᠌ᠲᠠᠢ ᠠᠬᠢᠭᠤᠯᠤᠨ᠎ᠠ
 
            