ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠤᠰᠤᠨ ᠠᠰᠢᠭᠯᠠᠯᠲᠠ ᠵᠢᠨ ᠶᠠᠮᠤᠨ᠄ ᠠᠭᠤᠯᠠᠨ ᠦᠶᠡᠷ᠎ᠤᠨ ᠭᠠᠮᠰᠢᠭ᠎ᠤᠨ ᠠᠶᠤᠯ ᠲᠦᠭᠰᠢᠭᠦᠷᠢ ᠵᠢ ᠪᠥᠬᠥ ᠬᠦᠴᠦᠨ ᠵᠶ᠋ᠠᠷ ᠵᠶ᠋ᠠᠨ ᠰᠡᠷᠭᠡᠶ᠋ᠢᠯᠡᠨ ᠠᠷᠢᠯᠭ᠋ᠠᠨ᠎ᠠ
ᠨᠡᠶ᠋ᠢᠲᠡᠯᠡᠭᠰᠡᠨ ᠴᠠᠭ᠄ 2023-05-25

   ᠠᠷᠠᠳ᠎ᠤᠨ ᠰᠦᠯᠵᠢᠶ᠎ᠡ ᠵᠢᠨ ᠪᠡᠭᠡᠵᠢᠩ᠎ᠤᠨ 5 ᠳ᠋ᠤᠭ᠋ᠠᠷ ᠰᠠᠷ᠎ᠠ ᠵᠢᠨ 20᠎ᠤ ᠡᠳᠦᠷ᠎ᠤᠨ ᠮᠡᠳᠡᠭᠡ (ᠡᠸᠤ ᠶᠠᠩ ᠢ ᠵᠢᠶᠠ)

   ᠣᠶ᠋ᠢᠷ᠎ᠠ᠎ᠳᠤ᠂ ᠤᠰᠤᠨ ᠠᠰᠢᠭᠯᠠᠯᠲᠠ ᠵᠢᠨ ᠶᠠᠮᠤᠨ ᠠᠭᠤᠯᠠᠨ ᠦᠶᠡᠷ᠎ᠤᠨ ᠭᠠᠮᠰᠢᠭ᠎ᠢ ᠰᠡᠷᠭᠡᠶ᠋ᠢᠯᠡᠬᠦ ᠠᠵᠢᠯ᠎ᠤᠨ ᠸᠢᠳᠢᠣ᠋ ᠬᠤᠷᠠᠯ ᠬᠤᠷᠠᠯᠳᠤᠭᠤᠯᠵᠤ᠂ 2022 ᠣᠨ᠎ᠤ ᠠᠭᠤᠯᠠᠨ ᠦᠶᠡᠷ᠎ᠤᠨ ᠭᠠᠮᠰᠢᠭ᠎ᠢ ᠰᠡᠷᠭᠡᠶ᠋ᠢᠯᠡᠬᠦ ᠠᠵᠢᠯ᠎ᠢ ᠳᠠᠬᠢᠨ ᠳᠠᠪᠲᠠᠨ ᠳ᠋ᠦᠩᠨᠡᠵᠦ᠂ ᠣᠳᠣᠬᠠᠨ᠎ᠤ ᠪᠠᠶ᠋ᠢᠳᠠᠯ ᠪᠠ ᠡᠭᠦᠷᠭᠡ ᠵᠢ ᠵᠠᠳᠠᠯᠵᠤ᠂ 2023 ᠣᠨ᠎ᠤ ᠠᠭᠤᠯᠠᠨ ᠦᠶᠡᠷ᠎ᠤᠨ ᠭᠠᠮᠰᠢᠭ᠎ᠢ ᠰᠡᠷᠭᠡᠶ᠋ᠢᠯᠡᠬᠦ ᠭᠤᠤᠯᠳᠠᠯᠭ᠎ᠠ᠎ᠲᠠᠢ ᠠᠵᠢᠯ᠎ᠢ ᠲᠤᠰᠬᠠᠶ ᠰᠡᠳᠦᠪ ᠵᠶ᠋ᠠᠷ ᠪᠠᠶ᠋ᠢᠷᠢᠯᠠᠭᠤᠯᠵᠤ᠂ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠨ᠎ᠬᠢᠨ ᠠᠭᠤᠯᠠᠨ ᠦᠶᠡᠷ᠎ᠤᠨ ᠭᠠᠮᠰᠢᠭ᠎ᠤᠨ ᠠᠶᠤᠯ ᠲᠦᠭᠰᠢᠭᠦᠷᠢ ᠵᠢ ᠪᠥᠬᠥ ᠬᠦᠴᠦᠨ ᠵᠶ᠋ᠠᠷ ᠵᠶ᠋ᠠᠨ ᠰᠡᠷᠭᠡᠶ᠋ᠢᠯᠡᠨ ᠠᠷᠢᠯᠭ᠋ᠠᠬᠤ ᠬᠡᠷᠡᠭᠲᠡᠶ ᠭᠡᠵᠦ      ᠴᠢᠬᠤᠯᠠᠴᠢᠯᠠᠪᠠ᠃

   ᠣᠶ᠋ᠢᠷ᠎ᠠ ᠵᠢᠨ ᠵᠢᠯ᠎ᠤᠨ ᠲᠤᠷᠰᠢ᠂ ᠮᠠᠨ᠎ᠤ ᠤᠯᠤᠰ᠎ᠤᠨ ᠠᠭᠤᠷ ᠠᠮᠢᠰᠬᠤᠯ᠎ᠤᠨ ᠬᠡᠪ᠎ᠤᠨ ᠪᠤᠰᠤ ᠴᠢᠨᠠᠷ᠂ ᠭᠡᠨᠡᠳᠲᠡ ᠵᠢᠨ ᠴᠢᠨᠠᠷ ᠪᠠ ᠤᠷᠢᠳᠴᠢᠯᠠᠨ ᠮᠡᠳᠡᠰᠢ ᠥᠬᠡᠶ ᠴᠢᠨᠠᠷ ᠡᠳᠦᠷ ᠢᠷᠡᠬᠦᠶ᠎ᠡ ᠲᠣᠪᠣᠶ᠋ᠢᠮ᠎ᠠ ᠪᠣᠯᠵᠣ᠂ ᠡᠯ᠎ᠡ ᠵᠦᠢ᠍ᠯ᠎ᠤᠨ ᠨᠢᠭᠤᠭᠳᠠᠮᠠᠯ᠂ ᠬᠥᠳᠡᠯᠦᠩᠭᠦᠶ ᠪᠠᠶ᠋ᠢᠳᠠᠯ᠂ ᠲᠥᠰᠦᠭᠡᠯᠡᠬᠦᠶ᠎ᠡ ᠪᠡᠷᠬᠡ ᠭᠠᠮᠰᠢᠭ ᠡᠭᠦᠰᠬᠦ ᠬᠦᠴᠦᠨ ᠵᠦᠢ᠍ᠯ ᠡᠳᠦᠷ ᠢᠷᠡᠬᠦᠶ᠎ᠡ ᠨᠡᠮᠡᠭᠳᠡᠵᠦ᠂ ᠠᠭᠤᠯᠠᠨ ᠦᠶᠡᠷ᠎ᠤᠨ ᠭᠠᠮᠰᠢᠭ᠎ᠢ ᠰᠡᠷᠭᠡᠶ᠋ᠢᠯᠡᠬᠦ ᠰᠢᠰᠲ᠋ᠧᠮᠵᠢ᠎ᠳᠤ ᠮᠥᠨ ᠯᠡ ᠬᠢᠨᠠᠨ ᠬᠡᠮᠵᠢᠬᠦ ᠥᠷᠲᠡᠭᠡ ᠲᠤᠤᠷ᠎ᠤᠨ ᠪᠠᠶ᠋ᠢᠷᠢᠰᠢᠭᠤᠯᠤᠯᠲᠠ᠎ᠨᠢ ᠪᠠᠯᠠᠶ ᠣᠷᠣᠨ᠎ᠲᠠᠢ᠂ ᠬᠡᠰᠡᠭ ᠭᠠᠵᠠᠷ᠎ᠤᠨ ᠲᠤᠶ᠋ᠢᠯ᠎ᠤᠨ ᠰᠢᠷᠦᠭᠦᠨ ᠪᠣᠷᠣᠭ᠋ᠠᠨ᠎ᠢ ᠤᠷᠢᠳᠴᠢᠯᠠᠨ ᠮᠡᠳᠡᠭᠡᠯᠡᠬᠦ᠎ᠨᠢ ᠣᠨᠣᠪᠴᠢᠲᠠᠶ ᠪᠢᠰᠢ᠂ ᠤᠷᠢᠳᠴᠢᠯᠠᠨ ᠰᠡᠷᠡᠮᠵᠢᠯᠡᠭᠦᠯᠬᠦ ᠬᠡᠪᠴᠢᠶ᠎ᠡ ᠬᠡᠮᠵᠢᠭᠳᠡᠯ᠎ᠢ ᠬᠥᠳᠡᠯᠦᠩᠭᠦᠶ᠎ᠪᠠᠷ ᠲᠣᠬᠢᠷᠠᠭᠤᠯᠤᠭᠰᠠᠨ᠎ᠨᠢ ᠴᠠᠭ ᠲᠤᠬᠠᠶ᠎ᠳᠤᠨᠢ ᠪᠢᠰᠢ᠂ ᠦᠨᠳᠦᠰᠦᠨ ᠱᠠᠲᠤᠨ᠎ᠤ ᠪᠡᠯᠡᠳᠬᠡᠯ ᠲᠥᠰᠦᠯ᠎ᠤᠨ ᠬᠠᠨᠳᠤᠯᠭ᠋ᠠᠲᠤ ᠴᠢᠨᠠᠷ᠎ᠨᠢ ᠴᠢᠩᠭ᠎ᠠ ᠪᠢᠰᠢ᠂ ᠤᠷᠢᠳᠴᠢᠯᠠᠨ ᠰᠡᠷᠡᠮᠵᠢᠯᠡᠭᠦᠯᠬᠦ 《ᠳᠠᠭᠤᠳᠠᠬᠤ》 ᠲᠣᠭᠲᠠᠴᠠ ᠵᠢ ᠨᠠᠶ᠋ᠢᠳᠠᠪᠤᠷᠢᠵᠢᠭᠤᠯᠤᠭᠰᠠᠨ ᠵᠶ᠋ᠠᠷ ᠬᠦᠷᠦᠯᠴᠡᠬᠦ ᠥᠬᠡᠶ ᠵᠡᠷᠭᠡ ᠳᠤᠲᠠᠭᠤᠳᠠᠯ ᠪᠠ ᠪᠠᠭᠤᠷᠠᠶ ᠲᠠᠯ᠎ᠠ ᠣᠷᠣᠰᠢᠵᠤ᠂ ᠠᠭᠤᠯᠠᠨ ᠦᠶᠡᠷ᠎ᠤᠨ ᠭᠠᠮᠰᠢᠭ᠎ᠢ ᠰᠡᠷᠭᠡᠶ᠋ᠢᠯᠡᠬᠦ ᠡᠭᠦᠷᠭᠡ ᠬᠦᠨᠳᠦ ᠵᠠᠮ ᠬᠣᠯᠠ ᠪᠠᠶ᠋ᠢᠨ᠎ᠠ᠃

   ᠬᠤᠷᠠᠯ᠎ᠠᠴᠠ ᠴᠢᠬᠤᠯᠠᠴᠢᠯᠠᠭᠰᠠᠨ᠎ᠨᠢ᠂ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ ᠳᠤᠤᠷᠠᠬᠢ ᠰᠡᠷᠭᠡᠶ᠋ᠢᠯᠡᠬᠦ ᠠᠵᠢᠯ᠎ᠢ ᠰᠠᠶ᠋ᠢᠲᠤᠷ ᠬᠢᠵᠦ᠂ ᠠᠭᠤᠯᠠᠨ ᠦᠶᠡᠷ᠎ᠤᠨ ᠭᠠᠮᠰᠢᠭ᠎ᠤᠨ ᠠᠶᠤᠯ ᠲᠦᠭᠰᠢᠭᠦᠷᠢ ᠵᠢ ᠪᠥᠬᠥ ᠬᠦᠴᠦᠨ ᠵᠶ᠋ᠠᠷ ᠵᠶ᠋ᠠᠨ ᠰᠡᠷᠭᠡᠶ᠋ᠢᠯᠡᠨ ᠠᠷᠢᠯᠭ᠋ᠠᠬᠤ ᠬᠡᠷᠡᠭᠲᠡᠶ᠃ ᠨᠢᠭᠡ᠎ᠳᠤ᠂ ᠦᠵᠡᠯ ᠰᠠᠨᠠᠭ᠎ᠠ ᠲᠠᠨᠢᠯᠲᠠ᠎ᠪᠠᠨ ᠭᠦᠨᠵᠡᠭᠡᠶ᠋ᠢᠷᠡᠭᠦᠯᠵᠦ᠂ ᠤᠯᠤᠰ ᠲᠥᠷᠥ ᠵᠢᠨ ᠬᠠᠷᠢᠭᠤᠴᠠᠯᠭ᠎ᠠ᠎ᠪᠠᠨ ᠪᠠᠲᠤ ᠡᠭᠦᠷᠭᠡᠯᠡᠨ᠎ᠡ᠃ ᠠᠭᠤᠯᠠᠨ ᠦᠶᠡᠷ᠎ᠤᠨ ᠭᠠᠮᠰᠢᠭ᠎ᠢ ᠰᠡᠷᠭᠡᠶ᠋ᠢᠯᠡᠨ ᠬᠣᠷᠢᠭᠯᠠᠬᠤ ᠵᠢ ᠵᠠᠶ᠋ᠢᠯᠠᠭᠤᠯᠵᠤ ᠪᠣᠯᠤᠰᠢ ᠥᠬᠡᠶ ᠤᠯᠤᠰ ᠲᠥᠷᠥ ᠵᠢᠨ ᠬᠠᠷᠢᠭᠤᠴᠠᠯᠭ᠎ᠠ ᠪᠣᠯᠭ᠋ᠠᠵᠤ᠂ ᠢᠮᠠᠭᠲᠠ 《ᠴᠠᠭ ᠢᠮᠠᠭᠲᠠ ᠰᠡᠳᠬᠢᠯ ᠠᠮᠤᠷ ᠪᠠᠶ᠋ᠢᠬᠤ ᠦᠭᠡᠢ》 ᠬᠠᠷᠢᠭᠤᠴᠠᠯᠭ᠋ᠠᠲᠤ ᠰᠡᠳᠬᠢᠯᠭᠡ᠎ᠪᠠᠷ ᠡᠯ᠎ᠡ ᠵᠦᠢ᠍ᠯ᠎ᠤᠨ ᠰᠡᠷᠭᠡᠶ᠋ᠢᠯᠡᠨ ᠬᠣᠷᠢᠭᠯᠠᠬᠤ ᠠᠷᠭ᠎ᠠ ᠬᠡᠮᠵᠢᠶ᠎ᠡ ᠵᠢ ᠪᠥᠬᠥ ᠬᠡᠯᠬᠢᠶ᠎ᠡ᠂ ᠪᠥᠬᠥ ᠲᠠᠯ᠎ᠠ᠂ ᠪᠥᠬᠥ ᠶᠠᠪᠤᠴᠠ᠎ᠳᠤ ᠨᠠᠶ᠋ᠢᠳᠠᠪᠤᠷᠢᠵᠢᠭᠤᠯᠵᠤ᠂ ᠰᠡᠷᠭᠡᠶ᠋ᠢᠯᠡᠨ ᠬᠣᠷᠢᠭᠯᠠᠬᠤ ᠠᠷᠭ᠎ᠠ ᠬᠡᠮᠵᠢᠶ᠎ᠡ ᠵᠢᠨ ᠲᠣᠭᠲᠠᠭ᠋ᠠᠯᠲᠤ ᠴᠢᠨᠠᠷ ᠵᠶ᠋ᠠᠷ ᠠᠭᠤᠯᠠᠨ ᠦᠶᠡᠷ᠎ᠤᠨ ᠭᠠᠮᠰᠢᠭ᠎ᠤᠨ ᠲᠣᠭᠲᠠᠪᠤᠷᠢ ᠥᠬᠡᠶ ᠴᠢᠨᠠᠷ᠎ᠢ ᠠᠷᠭ᠋ᠠᠴᠠᠪᠠ᠃

   ᠬᠣᠶᠠᠷ᠎ᠲᠤ᠂ ᠠᠶᠤᠯ ᠲᠦᠭᠰᠢᠭᠦᠷᠢ ᠵᠢᠨ ᠳᠠᠯᠳᠠ ᠬᠡᠮ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠦᠷᠭᠦᠯᠵᠢᠯᠡᠨ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠰᠠᠢ᠌ᠵᠢᠷᠠᠭᠤᠯᠤᠨ᠎ᠠ᠃ ᠪᠠᠭᠤᠷᠠᠶ ᠭᠣᠭᠴᠣᠭ᠎ᠠ ᠪᠠ ᠠᠶᠤᠯ ᠲᠦᠭᠰᠢᠭᠦᠷᠢ᠎ᠲᠠᠢ ᠣᠷᠣᠨ ᠪᠦᠰᠡ ᠵᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠵᠢᠨ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠬᠤ ᠪᠠᠷᠢᠮᠵᠢᠶ᠎ᠠ ᠪᠠ ᠠᠭᠤᠯᠤᠭᠳᠠᠬᠤᠨ᠎ᠢ ᠲᠣᠳᠣᠷᠬᠠᠶ᠋ᠢᠯᠠᠨ᠂ ᠭᠤᠤ ᠰᠤᠪᠠᠭ᠎ᠤᠨ ᠨᠦᠯᠦᠵᠦ ᠪᠥᠭᠯᠡᠬᠦ᠂ ᠪᠥᠭᠯᠡᠷᠡᠵᠦ ᠰᠦᠢ᠍ᠷᠡᠬᠦ᠂ ᠬᠤᠪᠠᠬᠠᠶ᠋ᠢᠷᠠᠭᠰᠠᠨ ᠮᠣᠳᠣ ᠬᠤᠪᠠᠬᠠᠶ᠋ᠢᠷᠠᠭᠰᠠᠨ ᠰᠠᠯᠠᠭ᠎ᠠ ᠮᠥᠴᠢᠷ ᠬᠥᠭᠥᠷᠭᠡ ᠵᠢᠨ ᠤᠰᠤ ᠵᠢ ᠬᠠᠰᠢᠬᠤ᠂ ᠦᠶᠡᠷ᠎ᠤᠨ ᠤᠰᠤ ᠵᠠᠮ᠎ᠢ ᠦᠭᠡᠷᠡᠴᠢᠯᠡᠬᠦ ᠵᠡᠷᠭᠡ ᠲᠤᠶ᠋ᠢᠯ᠎ᠤᠨ ᠬᠡᠴᠡᠭᠦᠦ ᠪᠠᠶ᠋ᠢᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠭᠤᠯᠠᠨ ᠦᠶᠡᠷ᠎ᠤᠨ ᠠᠶᠤᠯ ᠲᠦᠭᠰᠢᠭᠦᠷᠢ ᠵᠢᠨ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠠᠶᠤᠯ ᠲᠦᠭᠰᠢᠭᠦᠷᠢ᠎ᠲᠠᠢ ᠣᠷᠣᠨ᠎ᠤ ᠬᠠᠮᠢᠶᠠᠷᠤᠯᠲᠠ ᠵᠢᠨ ᠨᠠᠷᠢᠨ ᠲᠠᠩᠰᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠶ᠃

   ᠭᠤᠷᠪᠠ᠎ᠳᠤ᠂ 《ᠳᠥᠷᠪᠡᠨ ᠪᠡᠯᠡᠳᠬᠡᠯ》᠎ᠤᠨ ᠠᠷᠭ᠎ᠠ ᠬᠡᠮᠵᠢᠶ᠎ᠡ ᠵᠢ ᠴᠢᠩᠭ᠋ᠠᠳᠬᠠᠵᠤ᠂ ᠪᠥᠬᠥ ᠬᠦᠴᠦᠨ ᠵᠶ᠋ᠠᠷ ᠵᠶ᠋ᠠᠨ ᠰᠡᠷᠭᠡᠶ᠋ᠢᠯᠡᠨ ᠠᠷᠭ᠋ᠠᠴᠠᠨ᠎ᠠ᠃ ᠠᠭᠤᠯᠠᠨ ᠦᠶᠡᠷ᠎ᠤᠨ ᠠᠶᠤᠯ ᠲᠦᠭᠰᠢᠭᠦᠷᠢ ᠵᠢ ᠤᠷᠢᠳᠴᠢᠯᠠᠨ ᠮᠡᠳᠡᠭᠡᠯᠡᠬᠦ ᠵᠢ ᠴᠢᠩᠭ᠋ᠠᠳᠬᠠᠵᠤ᠂ ᠣᠯᠠᠨ ᠱᠠᠲᠤ ᠦᠶ᠎ᠡ ᠣᠯᠠᠨ ᠠᠷᠭ᠎ᠠ ᠬᠡᠯᠪᠡᠷᠢ᠎ᠪᠠᠷ ᠤᠷᠢᠳᠴᠢᠯᠠᠨ ᠰᠡᠷᠡᠮᠵᠢᠯᠡᠭᠦᠯᠬᠦ ᠵᠢ ᠭᠦᠨᠵᠡᠭᠡᠶ ᠠᠬᠢᠭᠤᠯᠵᠤ᠂ ᠤᠷᠢᠳᠴᠢᠯᠠᠨ ᠰᠡᠷᠡᠮᠵᠢᠯᠡᠭᠦᠯᠬᠦ 《ᠳᠠᠭᠤᠳᠠᠬᠤ》 ᠠᠷᠭ᠎ᠠ ᠬᠡᠮᠵᠢᠶ᠎ᠡ ᠵᠢ ᠪᠠᠲᠤᠳᠬᠠᠵᠤ᠂ ᠦᠨᠳᠦᠰᠦᠨ ᠱᠠᠲᠤᠨ᠎ᠤ᠎ᠬᠢᠨ᠎ᠢ ᠱᠠᠯᠠᠪᠳᠠᠭᠤᠯᠤᠨ ᠵᠢᠯᠣᠭᠣᠳᠴᠤ ᠪᠠᠶ᠋ᠢᠭ᠋ᠠᠳ ᠰᠢᠯᠵᠢᠭᠦᠯᠦᠨ ᠠᠶᠤᠯ᠎ᠠᠴᠠ ᠵᠠᠶ᠋ᠢᠯᠠᠭᠤᠯᠬᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠣᠷᠢᠯᠲᠠ ᠵᠢ ᠥᠷᠭᠡᠨ ᠵᠶ᠋ᠠᠷ ᠥᠷᠨᠢᠭᠦᠯᠵᠦ᠂ ᠰᠡᠷᠭᠡᠶ᠋ᠢᠯᠡᠨ ᠬᠣᠷᠢᠭᠯᠠᠬᠤ ᠪᠡᠯᠡᠳᠬᠡᠯ ᠲᠥᠰᠦᠯ᠎ᠢ ᠪᠥᠬᠥ ᠲᠠᠯ᠎ᠠ᠎ᠪᠠᠷ ᠪᠠᠶ᠋ᠢᠴᠠᠭ᠋ᠠᠨ ᠦᠵᠡᠬᠦ ᠵᠢᠨ ᠬᠠᠮᠲᠤ ᠴᠠᠭ ᠲᠤᠬᠠᠶ᠎ᠳᠤᠨᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠠᠭᠤᠯᠠᠨ ᠦᠶᠡᠷ᠎ᠢ ᠰᠡᠷᠭᠡᠶ᠋ᠢᠯᠡᠨ ᠬᠣᠷᠢᠭᠯᠠᠬᠤ ᠰᠠᠨᠠᠭ᠋ᠠᠴᠢᠯᠠᠭ᠋ᠠᠲᠤ ᠡᠷᠬᠡ ᠵᠢ ᠪᠠᠲᠤ ᠡᠵᠡᠮᠳᠡᠬᠦ ᠬᠡᠷᠡᠭᠲᠡᠶ᠃

   ᠳᠥᠷᠪᠡ᠎ᠳᠤ᠂ ᠶᠡᠷᠦᠩᠬᠡᠶ᠋ᠢᠯᠡᠨ ᠵᠠᠳᠠᠯᠵᠤ ᠰᠤᠳᠤᠯᠤᠨ ᠮᠠᠭ᠋ᠠᠳᠯᠠᠵᠤ᠂ ᠠᠶᠤᠯ᠎ᠠᠴᠠ ᠴᠠᠭ ᠲᠤᠬᠠᠶ᠎ᠳᠤᠨᠢ ᠵᠠᠢ᠌ᠯᠠᠭᠤᠯᠬᠤ ᠬᠡᠷᠡᠭᠲᠡᠶ᠃ ᠣᠬᠣᠷᠬᠠᠨ ᠬᠤᠭᠤᠴᠠᠭ᠋ᠠᠨ᠎ᠤ ᠰᠢᠷᠦᠭᠦᠨ ᠪᠣᠷᠣᠭ᠋ᠠᠨ ᠣᠷᠣᠬᠤ ᠶᠠᠪᠤᠴᠠ ᠪᠣᠯᠤᠨ ᠤᠰᠤ ᠪᠥᠭᠯᠡᠷᠡᠬᠦ ᠠᠶᠤᠯ ᠲᠦᠭᠰᠢᠭᠦᠷᠢ ᠣᠷᠣᠰᠢᠵᠤ ᠪᠠᠶ᠋ᠢᠭ᠎ᠠ ᠭᠠᠵᠠᠷ ᠲᠠᠯᠠᠪᠤᠷ᠎ᠢ ᠨᠢᠭᠲᠠ ᠬᠢᠨᠠᠨ ᠠᠵᠢᠭᠯᠠᠵᠤ᠂ ᠤᠷᠢᠳᠴᠢᠯᠠᠨ ᠰᠡᠷᠡᠮᠵᠢᠯᠡᠭᠦᠯᠬᠦ ᠪᠤᠱ᠌ᠤᠭ᠎ᠠ ᠬᠡᠮᠵᠢᠭᠳᠡᠯ᠎ᠳᠤ ᠬᠦᠷᠬᠦ ᠦᠶ᠎ᠡ᠎ᠳᠤ ᠡᠷᠡᠰ ᠰᠢᠯᠵᠢᠭᠦᠯᠬᠦ᠂ ᠲᠦᠭᠰᠢᠭᠦᠷᠢ ᠵᠢᠨ ᠪᠠᠶ᠋ᠢᠳᠠᠯ᠎ᠢ ᠣᠯᠵᠤ ᠮᠡᠳᠡᠪᠡᠯ ᠡᠷᠡᠰ ᠰᠢᠯᠵᠢᠭᠦᠯᠬᠦ᠂ ᠲᠦᠭᠰᠢᠭᠦᠷᠢ ᠵᠢᠨ ᠪᠠᠶ᠋ᠢᠳᠠᠯ᠎ᠢ ᠣᠨᠣᠪᠴᠢᠲᠠᠶ ᠮᠠᠭ᠋ᠠᠳᠯᠠᠵᠤ ᠳᠡᠶ᠋ᠢᠯᠬᠦ ᠦᠭᠡᠶ ᠦᠶ᠎ᠡ᠎ᠳᠤ ᠡᠷᠡᠰ ᠰᠢᠯᠵᠢᠭᠦᠯᠬᠦ ᠵᠢ ᠪᠡᠶᠡᠯᠡᠭᠦᠯᠵᠦ᠂ ᠣᠯᠠᠨ ᠲᠦᠮᠡᠨ᠎ᠢ ᠲᠣᠬᠢᠲᠠᠶ ᠲᠥᠪᠬᠢᠨᠡᠭᠦᠯᠦᠨ᠂ ᠬᠠᠮᠢᠶᠠᠷᠤᠨ ᠡᠵᠡᠮᠳᠡᠬᠦ᠎ᠪᠠᠨ ᠴᠢᠩᠭ᠋ᠠᠳᠬᠠᠵᠤ᠂ ᠳᠤᠷ᠎ᠠ᠎ᠪᠠᠷ ᠵᠶ᠋ᠠᠨ ᠪᠤᠴᠠᠵᠤ ᠢᠷᠡᠬᠦ ᠵᠢ ᠴᠢᠩᠭ᠎ᠠ ᠰᠡᠷᠭᠡᠶ᠋ᠢᠯᠡᠬᠦ ᠬᠡᠷᠡᠭᠲᠡᠶ᠃

   ᠲᠠᠪᠤ᠎ᠳᠤ᠂ ᠰᠠᠬᠢᠯᠭ᠎ᠠ ᠪᠠᠲᠤ ᠵᠢᠨ ᠬᠠᠷᠢᠭᠤᠴᠠᠯᠭ᠎ᠠ ᠵᠢ ᠴᠢᠩᠳᠠᠯᠠᠵᠤ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠠᠭᠤᠯᠠᠨ ᠦᠶᠡᠷ᠎ᠤᠨ ᠭᠠᠮᠰᠢᠭ᠎ᠢ ᠰᠡᠷᠭᠡᠶ᠋ᠢᠯᠡᠬᠦ ᠬᠠᠷᠢᠭᠤᠴᠠᠯᠭ᠎ᠠ ᠵᠢᠨ ᠲᠣᠭᠲᠠᠴᠠ᠂ ᠳᠠᠶ᠋ᠢᠴᠢᠯᠠᠬᠤ ᠲᠣᠭᠲᠠᠴᠠ᠂ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠲᠣᠭᠲᠠᠴᠠ ᠵᠢ ᠪᠦᠷᠢᠨᠰᠢᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠬᠤ ᠵᠢᠵᠢᠭᠦᠷᠯᠡᠨ ᠰᠠᠬᠢᠬᠤ ᠪᠠ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠵᠢ ᠴᠢᠩᠭ᠋ᠠᠷᠠᠭᠤᠯᠤᠨ᠂ ᠠᠭᠤᠯᠠᠨ ᠦᠶᠡᠷ᠎ᠤᠨ ᠭᠠᠮᠰᠢᠭ ᠡᠭᠦᠰᠪᠡᠯ ᠴᠠᠭ ᠲᠤᠬᠠᠶ᠎ᠳᠤᠨᠢ ᠪᠦᠲᠦᠮᠵᠢᠲᠡᠶ ᠰᠢᠢ᠍ᠳᠪᠦᠷᠢᠯᠡᠨ᠎ᠡ᠃ ᠠᠭᠤᠯᠠᠨ ᠦᠶᠡᠷ᠎ᠤᠨ ᠭᠠᠮᠰᠢᠭ᠎ᠤᠨ ᠬᠡᠷᠡᠭ᠎ᠢ ᠴᠠᠭ ᠲᠤᠬᠠᠶ᠎ᠳᠤᠨᠢ ᠳᠠᠬᠢᠨ ᠳᠠᠪᠳᠠᠨ ᠪᠠᠶ᠋ᠢᠴᠠᠭ᠋ᠠᠨ ᠦᠵᠡᠵᠦ᠂ ᠲᠤᠷᠰᠢᠯᠭ᠎ᠠ ᠰᠤᠷᠭ᠋ᠠᠮᠵᠢ᠎ᠪᠠᠨ ᠳ᠋ᠦᠩᠨᠡᠨ᠂ 《ᠬᠠᠭᠤᠴᠢᠨ ᠵᠠᠮ ᠵᠶ᠋ᠠᠷ ᠵᠶ᠋ᠠᠨ ᠳᠠᠬᠢᠨ ᠶᠠᠪᠤᠬᠤ》᠎ᠠᠴᠠ ᠡᠷᠡᠰ ᠵᠠᠶ᠋ᠢᠯᠠᠰᠬᠢᠬᠦ ᠬᠡᠷᠡᠭᠲᠡᠶ᠃

   ᠵᠢᠷᠭᠤᠭ᠎ᠠ᠎ᠳᠤ᠂ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠬᠠᠮᠢᠶᠠᠷᠤᠯᠲᠠ ᠵᠢ ᠴᠢᠩᠭ᠎ᠠ ᠠᠳᠬᠤᠵᠤ᠂ ᠳᠤᠲᠠᠭᠤᠳᠠᠯ᠎ᠢ ᠲᠦᠷᠭᠡᠨ ᠨᠥᠬᠥᠪᠥᠷᠢᠯᠡᠨ᠎ᠡ᠃ ᠬᠡᠷᠡᠭᠴᠡᠭᠡ ᠱᠠᠭ᠋ᠠᠷᠳᠠᠯᠭ᠎ᠠ᠎ᠪᠠᠷ ᠬᠥᠲᠥᠯᠥᠨ ᠳᠠᠭ᠋ᠠᠭᠤᠯᠬᠤ᠂ ᠬᠡᠷᠡᠭᠯᠡᠬᠦ᠎ᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ ᠨᠢᠭᠡᠨᠲᠡ ᠲᠣᠭᠲᠠᠭ᠋ᠠᠭᠰᠠᠨ ᠲᠣᠬᠢᠷᠠᠭᠤᠯᠤᠯᠲᠠ ᠶᠣᠰᠣᠭ᠋ᠠᠷ᠂ ᠪᠥᠲᠥᠭᠡᠨ ᠪᠠᠶ᠋ᠢᠭᠤᠯᠬᠤ ᠴᠤᠪᠤᠷᠠᠯ᠎ᠢ ᠰᠢᠯᠢᠳᠡᠭᠵᠢᠭᠦᠯᠵᠦ᠂ ᠠᠬᠢᠴᠠ ᠵᠢ ᠡᠵᠡᠮᠳᠡᠬᠦ ᠵᠢ ᠴᠢᠩᠭ᠋ᠠᠳᠬᠠᠨ᠂ ᠠᠭᠤᠯᠠᠨ ᠦᠶᠡᠷ᠎ᠤᠨ ᠭᠠᠮᠰᠢᠭ᠎ᠢ ᠰᠡᠷᠭᠡᠶ᠋ᠢᠯᠡᠨ ᠵᠠᠰᠠᠬᠤ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠥᠨᠳᠥᠷ ᠪᠦᠲᠦᠮᠵᠢᠲᠡᠶ ᠡᠮᠬᠢ ᠵᠢᠷᠤᠮ᠎ᠲᠠᠢ ᠠᠬᠢᠭᠤᠯᠵᠤ᠂ ᠰᠡᠷᠭᠡᠶ᠋ᠢᠯᠡᠨ ᠬᠣᠷᠢᠭᠯᠠᠬᠤ ᠴᠢᠳᠠᠪᠤᠷᠢ᠎ᠪᠠᠨ ᠲᠦᠷᠭᠡᠳᠬᠡᠨ ᠳᠡᠭᠡᠭᠰᠢᠯᠡᠭᠦᠯᠦᠨ᠎ᠡ᠃

 

ᠢᠷᠡᠯᠲᠡ᠄ ᠠᠷᠠᠳ᠎ᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢᠨᠬᠤᠸᠠ ᠰᠦᠯᠵᠢᠶ᠎ᠡ᠄ ᠡᠨᠡ ᠵᠢᠯ᠎ᠠᠴᠠ ᠨᠠᠭ᠋ᠠᠰᠢ ᠮᠠᠨ᠎ᠤ ᠤᠯᠤᠰ᠎ᠤᠨ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ 15 ᠵᠦᠢ᠍ᠯ᠎ᠢ ᠰᠢᠨ᠎ᠡ᠎ᠪᠠᠷ ᠠᠵᠢᠯ ᠡᠬᠢᠯᠡᠭᠦᠯᠵᠦ ᠨᠢᠭᠡ ᠪᠦᠯᠦᠭ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠰᠢᠨ᠎ᠡ ᠠᠬᠢᠯᠲᠠ᠎ᠲᠠᠢ ᠪᠣᠯᠪᠠ
ᠰᠢᠨᠬᠤᠸᠠ ᠬᠣᠷᠢᠶ᠎ᠠ᠄ ᠡᠷᠬᠡ ᠰᠦᠷᠲᠦ ᠲᠦᠷᠭᠡᠨ ᠰᠣᠨᠢᠨ — ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ 《ᠤᠯᠤᠰ᠎ᠤᠨ ᠤᠰᠤᠨ ᠠᠰᠢᠭᠯᠠᠯᠲᠠ ᠵᠢᠨ ᠲᠣᠣᠷ᠎ᠤᠨ ᠪᠦᠲᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢᠨ ᠬᠥᠲᠥᠯᠪᠦᠷᠢ》 ᠵᠢ ᠳᠠᠷᠤᠮᠠᠯᠯᠠᠨ ᠲᠠᠷᠬᠠᠭ᠋ᠠᠪᠠ
ᠠᠷᠠᠳ᠎ᠤᠨ ᠰᠦᠯᠵᠢᠶ᠎ᠡ᠄ 《ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢᠨ ᠲᠥᠰᠦᠯ》᠎ᠤᠨ 2022 ᠣᠨ᠎ᠤ ᠵᠠᠩᠭᠢᠯᠠᠭ᠎ᠠ ᠵᠢᠨ ᠴᠡᠭ᠎ᠲᠠᠬᠢ ᠭᠤᠤᠯ ᠬᠠᠷᠠᠯᠲᠠ ᠵᠢ ᠪᠥᠬᠥ ᠲᠠᠯ᠎ᠠ᠎ᠪᠠᠷ ᠪᠡᠶᠡᠯᠡᠭᠦᠯᠪᠡ
ᠠᠷᠠᠳ᠎ᠤᠨ ᠰᠦᠯᠵᠢᠶ᠎ᠡ᠄ 3 ᠳ᠋ᠤᠭ᠋ᠠᠷ ᠰᠠᠷ᠎ᠠ ᠵᠢᠨ 24᠎ᠤ ᠡᠳᠦᠷ ᠦᠶᠡᠷᠯᠡᠬᠦ ᠬᠤᠭᠤᠴᠠᠭ᠋ᠠᠨ᠎ᠳᠤ ᠣᠷᠣᠵᠤ᠂ ᠣᠯᠠᠨ ᠵᠢᠯ᠎ᠤᠨ ᠳᠤᠮᠳᠠᠴᠢ ᠦᠶᠡᠷᠯᠡᠬᠦ ᠬᠤᠭᠤᠴᠠᠭ᠎ᠠ᠎ᠲᠠᠢ ᠬᠠᠷᠢᠴᠠᠭᠤᠯᠪᠠᠯ 8 ᠡᠳᠦᠷ ᠡᠷᠲᠡᠯᠡᠪᠡ
ᠠᠷᠠᠳ᠎ᠤᠨ ᠰᠦᠯᠵᠢᠶ᠎ᠡ᠄ ᠤᠰᠤᠨ ᠠᠰᠢᠭᠯᠠᠯᠲᠠ ᠵᠢᠨ ᠶᠠᠮᠤᠨ᠎ᠤ ᠰᠠᠶ᠋ᠢᠳ ᠯᠢ ᠭᠦᠸᠧ ᠶᠢᠩ ᠪᠦᠯᠬᠦᠮ ᠳᠠᠭ᠋ᠠᠭᠤᠯᠤᠨ ᠣᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠤᠰᠤᠨ᠎ᠤ ᠶᠠᠪᠤᠳᠠᠯ᠎ᠤᠨ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ
 
            