ᠠᠷᠠᠳ᠎ᠤᠨ ᠰᠦᠯᠵᠢᠶ᠎ᠡ ᠵᠢᠨ ᠪᠡᠭᠡᠵᠢᠩ᠎ᠤᠨ 3 ᠳ᠋ᠤᠭ᠋ᠠᠷ ᠰᠠᠷ᠎ᠠ ᠵᠢᠨ 24᠎ᠤ ᠡᠳᠦᠷ᠎ᠤᠨ ᠮᠡᠳᠡᠭᠡ (ᠡᠸᠤ ᠶᠠᠩ ᠢ ᠵᠢᠶᠠ)
ᠤᠰᠤᠨ ᠠᠰᠢᠭᠯᠠᠯᠲᠠ ᠵᠢᠨ ᠶᠠᠮᠤᠨ᠎ᠤ ᠮᠡᠳᠡᠭᠡ᠂ 3 ᠳ᠋ᠤᠭ᠋ᠠᠷ ᠰᠠᠷ᠎ᠠ ᠵᠢᠨ 21᠎ᠤ ᠡᠳᠦᠷ᠎ᠠᠴᠠ 24᠎ᠤ ᠡᠳᠦᠷ ᠪᠣᠯᠲᠠᠯ᠎ᠠ᠂ ᠮᠠᠨ᠎ᠤ ᠤᠯᠤᠰ᠎ᠤᠨ ᠡᠮᠦᠨᠡᠲᠦ ᠣᠷᠣᠨ᠎ᠳᠤ ᠰᠢᠷᠦᠭᠦᠨ ᠪᠣᠷᠣᠭ᠋ᠠᠨ ᠣᠷᠣᠵᠤ᠂ 3 ᠡᠳᠦᠷ ᠳᠠᠷᠠᠭ᠋ᠠᠯᠠᠨ ᠬᠤᠷᠠᠭᠰᠠᠨ ᠪᠣᠷᠣᠭ᠋ᠠᠨ᠎ᠤ ᠬᠡᠮᠵᠢᠶ᠎ᠡ᠎ᠨᠢ 50 ᠮᠢᠯᠢᠮᠧᠲᠷ᠎ᠠᠴᠠ ᠳᠡᠭᠡᠭᠰᠢ ᠪᠠᠢ᠌ᠵᠦ ᠪᠣᠷᠣᠭ᠋ᠠᠨ᠎ᠤ ᠣᠷᠣᠨ᠎ᠤ ᠪᠦᠷᠬᠦᠴᠡ ᠵᠢᠨ ᠲᠠᠯᠠᠪᠠᠶ᠎ᠨᠢ 37.1 ᠲᠦᠮᠡᠨ ᠲᠡᠭᠰᠢ ᠳᠥᠷᠪᠡᠯᠵᠢᠨ ᠺᠢᠯᠣᠮᠧᠲᠷ᠎ᠲᠤ ᠬᠦᠷᠴᠦ᠂ ᠬᠠᠮᠤᠭ᠎ᠤᠨ ᠶᠡᠬᠡ ᠪᠣᠷᠣᠭ᠋ᠠᠨ᠎ᠤ ᠬᠡᠮᠵᠢᠶ᠎ᠡ᠎ᠨᠢ ᠵᠢᠶᠠᠩᠰᠢ ᠵᠢᠨ ᠨᠠᠨᠴᠠᠩ᠎ᠤᠨ ᠨᠠᠨ ᠵᠢᠢ 194 ᠮᠢᠯᠢᠮᠧᠲᠷ ᠪᠣᠯᠤᠨ᠎ᠠ᠃ ᠤᠰᠤᠨ ᠠᠰᠢᠭᠯᠠᠯᠲᠠ ᠵᠢᠨ ᠶᠠᠮᠤᠨ᠎ᠤ 《ᠮᠠᠨ᠎ᠤ ᠤᠯᠤᠰ᠎ᠤᠨ ᠦᠶᠡᠷ᠎ᠤᠨ ᠬᠤᠭᠤᠴᠠᠭ᠋ᠠᠨ᠎ᠳᠤ ᠣᠷᠣᠬᠤ ᠡᠳᠦᠷ ᠬᠤᠭᠤᠴᠠᠭ᠎ᠠ ᠵᠢ ᠲᠣᠭᠲᠠᠭ᠋ᠠᠬᠤ ᠠᠷᠭ᠎ᠠ》 ᠵᠢᠨ ᠦᠶᠡᠷ᠎ᠤᠨ ᠪᠠᠷᠢᠮᠵᠢᠶ᠎ᠠ᠎ᠳᠤ ᠦᠨᠳᠦᠰᠦᠯᠡᠨ᠂ ᠥᠨᠥᠳᠦᠷ (3 ᠳ᠋ᠤᠭ᠋ᠠᠷ ᠰᠠᠷ᠎ᠠ ᠵᠢᠨ 24᠎ᠤ ᠡᠳᠦᠷ) ᠦᠶᠡᠷ᠎ᠤᠨ ᠬᠤᠭᠤᠴᠠᠭ᠋ᠠᠨ᠎ᠳᠤ ᠣᠷᠣᠵᠤ᠂ ᠣᠯᠠᠨ ᠵᠢᠯ᠎ᠤᠨ ᠦᠶᠡᠷᠯᠡᠬᠦ ᠬᠤᠭᠤᠴᠠᠭ᠋ᠠᠨ᠎ᠳᠤ ᠣᠷᠣᠬᠤ ᠡᠳᠦᠷ ᠬᠤᠭᠤᠴᠠᠭ᠎ᠠ (4 ᠳ᠋ᠦ᠍ᠭᠡᠷ ᠰᠠᠷ᠎ᠠ ᠵᠢᠨ 1᠎ᠤ ᠡᠳᠦᠷ) ᠠᠴᠠ 8 ᠡᠳᠦᠷ ᠡᠷᠲᠡᠯᠡᠪᠡ᠃
ᠵᠢᠱ᠌ᠢᠯᠲᠡ ᠵᠢ ᠦᠨᠳᠦᠰᠦᠯᠡᠪᠡᠯ᠂ ᠡᠨᠡ ᠵᠢᠯ᠎ᠤᠨ ᠦᠶᠡᠷ᠎ᠤᠨ ᠬᠤᠭᠤᠴᠠᠭ᠋ᠠᠨ᠎ᠤ ᠣᠷᠣᠨ ᠪᠦᠰᠡ ᠵᠢᠨ ᠴᠢᠨᠠᠷᠲᠠᠶ᠂ ᠱᠠᠲᠤ ᠦᠶ᠎ᠡ ᠵᠢᠨ ᠴᠢᠨᠠᠷᠲᠠᠶ ᠭᠠᠩ ᠬᠠᠭᠰᠠᠷᠠᠭ᠋ᠠᠨ ᠤᠰᠤᠲᠤᠯ᠎ᠨᠢ ᠡᠩ᠎ᠤᠨ ᠵᠢᠯ᠎ᠠᠴᠠ ᠬᠦᠨᠳᠦ ᠪᠠᠶ᠋ᠢᠵᠤ᠂ ᠲᠤᠶ᠋ᠢᠯ᠎ᠤᠨ ᠦᠶᠡᠷ ᠤᠰᠤᠲᠤᠯ ᠭᠠᠩ ᠬᠠᠭᠰᠠᠷᠠᠭ᠋ᠠᠨ᠎ᠤ ᠭᠠᠮᠰᠢᠭ ᠣᠯᠠᠨ ᠡᠭᠦᠰᠬᠦ ᠪᠣᠯᠤᠨ᠎ᠠ᠃ ᠬᠠᠲᠤᠨ ᠭᠤᠤᠯ᠎ᠤᠨ ᠳᠤᠮᠳᠠᠳᠤ ᠳᠤᠤᠷᠠᠳᠤ ᠤᠷᠤᠰᠬᠠᠯ᠂ ᠬᠠᠶ᠋ᠢᠾᠧ ᠭᠤᠤᠯ᠎ᠤᠨ ᠰᠠᠪᠠ ᠭᠠᠵᠠᠷ᠂ ᠰᠤᠩᠭ᠋ᠠᠷᠢ ᠮᠥᠷᠡᠨ ᠯᠢᠶᠣᠤᠾᠧ ᠭᠤᠤᠯ᠎ᠤᠨ ᠰᠠᠪᠠ ᠭᠠᠵᠠᠷ᠂ ᠵᠦᠵᠢᠶᠠᠩ ᠮᠥᠷᠡᠨ᠎ᠤ ᠰᠠᠪᠠ ᠭᠠᠵᠠᠷ ᠵᠡᠷᠭᠡ ᠦᠶᠡᠷ᠎ᠤᠨ ᠪᠠᠶ᠋ᠢᠳᠠᠯ ᠬᠡᠴᠡᠭᠦᠳᠡᠵᠦ᠂ ᠬᠥᠬᠡᠮᠥ᠋ᠷᠡᠨ ᠬᠤᠸᠠᠶ᠋ᠢᠾᠧ ᠭᠤᠤᠯ᠂ ᠵᠢᠶᠠᠩᠨᠠᠨ ᠵᠡᠷᠭᠡ ᠭᠠᠵᠠᠷ᠎ᠲᠤ ᠱᠠᠲᠤ ᠦᠶ᠎ᠡ ᠵᠢᠨ ᠴᠢᠨᠠᠷᠲᠠᠶ ᠭᠠᠩ ᠬᠠᠭᠰᠠᠷᠠᠭ᠋ᠠᠨ ᠡᠭᠦᠰᠴᠦ ᠮᠡᠳᠡᠨ᠎ᠡ᠃
3 ᠳ᠋ᠤᠭ᠋ᠠᠷ ᠰᠠᠷ᠎ᠠ ᠵᠢᠨ 24᠎ᠤ ᠡᠳᠦᠷ᠂ ᠤᠰᠤᠨ ᠠᠰᠢᠭᠯᠠᠯᠲᠠ ᠵᠢᠨ ᠶᠠᠮᠤᠨ ᠦᠶᠡᠷ᠎ᠢ ᠰᠡᠷᠭᠡᠶ᠋ᠢᠯᠡᠬᠦ ᠵᠥᠪᠳᠡᠯᠴᠡᠭᠡᠨ᠎ᠤ ᠬᠤᠷᠠᠯ ᠬᠤᠷᠠᠯᠳᠤᠭᠤᠯᠵᠤ᠂ ᠦᠶᠡᠷ᠎ᠤᠨ ᠪᠠᠶ᠋ᠢᠳᠠᠯ᠎ᠳᠤ ᠣᠷᠣᠬᠤ ᠪᠠᠶ᠋ᠢᠳᠠᠯ᠎ᠢ ᠵᠠᠳᠠᠯᠤᠨ ᠰᠤᠳᠤᠯᠵᠤ᠂ 《ᠬᠥᠮᠦᠨ ᠬᠠᠷ᠎ᠠ ᠥᠭᠦᠵᠦ ᠰᠢᠷᠬᠠᠲᠤᠬᠤ ᠥᠬᠡᠶ᠂ ᠤᠰᠤᠨ ᠴᠥᠭᠥᠷᠥᠮ ᠬᠠᠰᠢᠯᠭ᠎ᠠ ᠨᠤᠷᠠᠬᠤ ᠥᠬᠡᠶ᠂ ᠴᠢᠬᠤᠯᠠ ᠬᠠᠰᠢᠯᠭ᠎ᠠ ᠰᠡᠳᠡᠷᠡᠬᠦ ᠥᠬᠡᠶ᠂ ᠴᠢᠬᠤᠯᠠ ᠰᠠᠭᠤᠷᠢ ᠲᠥᠬᠥᠭᠡᠷᠦᠮᠵᠢ ᠲᠠᠭ᠋ᠠᠷᠢᠯᠲᠠ᠎ᠳᠤ ᠤᠴᠠᠷᠠᠬᠤ ᠥᠬᠡᠶ》 ᠰᠡᠷᠭᠡᠶ᠋ᠢᠯᠡᠯᠲᠡ ᠵᠢᠨ ᠬᠠᠷᠠᠯᠲᠠ ᠵᠢ ᠲᠣᠭᠲᠠᠭ᠋ᠠᠵᠤ᠂ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠤᠷᠢᠳᠴᠢᠯᠠᠨ ᠲᠣᠭᠯᠠᠬᠤ᠂ ᠪᠡᠯᠡᠳᠬᠡᠯ ᠲᠥᠰᠦᠯ ᠠᠷᠭ᠎ᠠ ᠬᠡᠮᠵᠢᠶ᠎ᠡ ᠵᠢ ᠴᠢᠩᠭ᠋ᠠᠳᠬᠠᠵᠤ᠂ ᠦᠶᠡᠷ ᠭᠠᠩ᠎ᠤᠨ ᠭᠠᠮᠰᠢᠭ᠎ᠢ ᠡᠰᠡᠷᠭᠦᠴᠡᠬᠦ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠴᠣᠭᠴᠠᠯᠠᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠪᠠ᠃