ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠰᠢᠨᠬᠤᠸᠠ ᠬᠣᠷᠢᠶ᠎ᠠ᠄ ᠡᠷᠬᠡ ᠰᠦᠷᠲᠦ ᠲᠦᠷᠭᠡᠨ ᠰᠣᠨᠢᠨ — ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ 《ᠤᠯᠤᠰ᠎ᠤᠨ ᠤᠰᠤᠨ ᠠᠰᠢᠭᠯᠠᠯᠲᠠ ᠵᠢᠨ ᠲᠣᠣᠷ᠎ᠤᠨ ᠪᠦᠲᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢᠨ ᠬᠥᠲᠥᠯᠪᠦᠷᠢ》 ᠵᠢ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2023-05-25

  《ᠤᠯᠤᠰ᠎ᠤᠨ ᠤᠰᠤᠨ ᠠᠰᠢᠭᠯᠠᠯᠲᠠ ᠵᠢᠨ ᠲᠤᠤᠷ᠎ᠤᠨ ᠪᠥᠲᠥᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢᠨ ᠬᠥᠲᠥᠯᠪᠦᠷᠢ》 ᠪᠣᠯ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠤᠯᠤᠰ᠎ᠤᠨ ᠤᠰᠤᠨ ᠠᠰᠢᠭᠯᠠᠯᠲᠠ ᠵᠢᠨ ᠲᠤᠤᠷ᠎ᠤᠨ ᠪᠥᠲᠥᠭᠡᠨ ᠪᠠᠶ᠋ᠢᠭᠤᠯᠤᠯᠲᠠ ᠵᠢᠨ ᠴᠢᠬᠤᠯᠠ ᠵᠢᠯᠣᠭᠣᠳᠬᠤ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠂ ᠲᠥᠯᠥᠪᠵᠢᠭᠦᠯᠭᠡ ᠵᠢᠨ ᠬᠤᠭᠤᠴᠠᠭ᠎ᠠ᠎ᠨᠢ 2021 ᠣᠨ᠎ᠠᠴᠠ 2035 ᠣᠨ ᠪᠣᠯᠤᠨ᠎ᠠ᠃

   ᠤᠯᠤᠰ᠎ᠤᠨ ᠤᠰᠤᠨ ᠠᠰᠢᠭᠯᠠᠯᠲᠠ ᠵᠢᠨ ᠲᠣᠣᠷ —

   ᠪᠠᠶ᠋ᠢᠭ᠋ᠠᠯᠢ ᠵᠢᠨ ᠭᠤᠤᠯ ᠮᠥᠷᠡᠨ ᠨᠠᠭᠤᠷ ᠴᠥᠭᠥᠷᠥᠮ ᠵᠶ᠋ᠠᠷ ᠰᠠᠭᠤᠷᠢ ᠪᠣᠯᠭ᠋ᠠᠵᠤ᠂ ᠤᠰᠤ ᠲᠠᠲᠠᠬᠤ  ᠤᠰᠤ ᠵᠠᠯᠠᠬᠤ ᠢᠨᠵᠧᠨᠧᠷᠢᠩ ᠵᠶ᠋ᠠᠷ ᠨᠡᠪᠲᠡᠷᠡᠬᠦ ᠵᠠᠮ ᠪᠣᠯᠭ᠋ᠠᠵᠤ᠂ ᠲᠣᠬᠢᠷᠠᠭᠤᠯᠤᠨ ᠬᠠᠳᠠᠭ᠋ᠠᠯᠠᠬᠤ ᠢᠨᠵᠧᠨᠧᠷᠢᠩ ᠵᠶ᠋ᠠᠷ ᠵᠠᠩᠭᠢᠯᠠᠭ᠎ᠠ ᠴᠡᠭ ᠪᠣᠯᠭ᠋ᠠᠵᠤ᠂ ᠣᠶᠤᠨᠴᠢ᠎ᠪᠠᠷ ᠲᠣᠬᠢᠷᠠᠭᠤᠯᠤᠨ ᠡᠵᠡᠮᠳᠡᠬᠦ᠎ᠪᠠᠷ ᠠᠷᠭ᠎ᠠ ᠪᠠᠷᠢᠯ ᠪᠣᠯᠭ᠋ᠠᠵᠤ᠂ ᠤᠰᠤᠨ᠎ᠤ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ᠂ ᠰᠠᠪᠠ ᠭᠠᠵᠠᠷ᠎ᠤᠨ ᠦᠶᠡᠷ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ᠂ ᠤᠰᠤᠨ᠎ᠤ ᠠᠮᠢ ᠠᠬᠤᠶ ᠵᠢᠨ ᠰᠢᠰᠲ᠋ᠧᠮ᠎ᠢ ᠬᠠᠮᠠᠭ᠋ᠠᠯᠠᠬᠤ ᠵᠡᠷᠭᠡ ᠴᠢᠳᠠᠮᠵᠢ ᠵᠢ ᠨᠢᠭᠡ ᠴᠣᠭᠴᠠᠵᠢᠭᠤᠯᠤᠭᠰᠠᠨ ᠶᠡᠷᠦᠩᠬᠡᠶ᠋ᠢᠯᠡᠭᠰᠡᠨ ᠰᠢᠰᠲ᠋ᠧᠮᠵᠢ ᠵᠢ ᠲᠡᠭᠦᠯᠳᠡᠷᠵᠢᠭᠦᠯᠦᠨ᠎ᠡ᠃

   ᠤᠯᠤᠰ᠎ᠤᠨ ᠤᠰᠤᠨ ᠠᠰᠢᠭᠯᠠᠯᠲᠠ ᠵᠢᠨ ᠲᠣᠣᠷ᠎ᠤᠨ ᠶᠡᠷᠦᠩᠬᠡᠶ ᠪᠠᠶ᠋ᠢᠷᠢᠯᠠᠭᠤᠯᠤᠯᠲᠠ —

   ᠤᠯᠤᠰ᠎ᠤᠨ ᠤᠰᠤᠨ ᠠᠰᠢᠭᠯᠠᠯᠲᠠ ᠵᠢᠨ ᠲᠣᠣᠷ᠎ᠤᠨ ᠭᠣᠣᠯ ᠪᠣᠷᠣ ᠲᠥᠯᠥᠪ᠎ᠢ ᠲᠦᠷᠭᠡᠳᠭᠡᠨ ᠪᠠᠶ᠋ᠢᠭᠤᠯᠵᠤ᠂ ᠤᠯᠤᠰ᠎ᠤᠨ ᠤᠰᠤᠨ ᠠᠰᠢᠭᠯᠠᠯᠲᠠ ᠵᠢᠨ ᠲᠣᠣᠷ᠎ᠤᠨ ᠲᠣᠮᠣ ᠯᠤᠭᠰᠢᠭᠤᠨ ᠰᠤᠳᠠᠯ᠎ᠢ ᠰᠠᠭ᠋ᠠᠳ ᠦᠭᠡᠢ ᠨᠡᠪᠲᠡᠷᠡᠭᠦᠯᠵᠦ᠂ ᠭᠣᠣᠯᠯᠠᠭᠴᠢ ᠤᠰᠤ ᠳᠠᠮᠵᠢᠭᠤᠯᠬᠤ ᠵᠠᠯᠠᠬᠤ ᠵᠠᠮ᠎ᠢ ᠪᠠᠶ᠋ᠢᠭᠤᠯᠤᠨ᠎ᠠ᠃

  2035 ᠣᠨ ᠪᠣᠯᠲᠠᠯ᠎ᠠ —

   ᠤᠯᠤᠰ᠎ᠤᠨ ᠤᠰᠤᠨ ᠠᠰᠢᠭᠯᠠᠯᠲᠠ ᠵᠢᠨ ᠲᠣᠣᠷ᠎ᠤᠨ ᠶᠡᠷᠦᠩᠬᠡᠶ ᠪᠠᠶ᠋ᠢᠷᠢᠰᠢᠯ᠎ᠢ ᠦᠨᠳᠦᠰᠦᠨ᠎ᠳᠡᠭᠡᠨ ᠪᠦᠷᠢᠯᠳᠦᠭᠦᠯᠵᠦ᠂ ᠤᠯᠤᠰ᠎ᠤᠨ ᠤᠰᠤᠨ ᠠᠰᠢᠭᠯᠠᠯᠲᠠ ᠵᠢᠨ ᠲᠣᠣᠷ᠎ᠤᠨ ᠭᠣᠣᠯ ᠴᠣᠭᠴᠠ ᠪᠠ ᠭᠣᠣᠯ ᠯᠤᠭᠰᠢᠭᠤᠨ ᠰᠤᠳᠠᠯ᠎ᠢ ᠠᠯᠬᠤᠮ ᠠᠯᠬᠤᠮ ᠵᠶ᠋ᠠᠷ   ᠪᠠᠢ᠌ᠭᠤᠯᠵᠦ᠂ ᠮᠤᠵᠢ ᠬᠣᠲᠠ ᠰᠢᠶᠠᠨ᠎ᠤ ᠤᠰᠤᠨ ᠠᠰᠢᠭᠯᠠᠯᠲᠠ ᠵᠢᠨ ᠲᠣᠣᠷ᠎ᠢ ᠦᠨᠳᠦᠰᠦᠨ᠎ᠳᠡᠭᠡᠨ ᠲᠡᠭᠦᠯᠳᠡᠷᠵᠢᠭᠦᠯᠵᠦ᠂ ᠨᠡᠶ᠋ᠢᠭᠡᠮ ᠵᠢᠷᠤᠮ᠎ᠤᠨ ᠣᠳᠣᠬᠢᠴᠢᠯᠠᠯᠲᠠ ᠵᠢ ᠦᠨᠳᠦᠰᠦᠨ᠎ᠳᠡᠭᠡᠨ  ᠪᠡᠶᠡᠯᠡᠭᠦᠯᠬᠦ᠎ᠲᠠᠢ ᠵᠣᠬᠢᠴᠠᠯᠳᠤᠭᠰᠠᠨ ᠤᠯᠤᠰ᠎ᠤᠨ ᠤᠰᠤᠨ ᠠᠰᠢᠭᠯᠠᠯᠲᠠ ᠵᠢᠨ ᠠᠮᠤᠷ ᠲᠦᠪᠰᠢᠨ᠎ᠤ ᠪᠠᠲᠤᠯᠠᠭ᠎ᠠ ᠵᠢᠨ ᠰᠢᠰᠲ᠋ᠧᠮ᠎ᠢ ᠪᠠᠶ᠋ᠢᠭᠤᠯᠤᠨ᠎ᠠ᠃

 

ᠢᠷᠡᠯᠲᠡ᠄ ᠰᠢᠨᠬᠤᠸᠠ ᠬᠣᠷᠢᠶ᠎ᠠ
          
ᠬᠠᠮᠢᠶ᠎ᠡ ᠪᠦᠬᠦᠢ ᠰᠣᠨᠢᠨ
ᠠᠷᠠᠳ᠎ᠤᠨ ᠰᠦᠯᠵᠢᠶ᠎ᠡ᠄ 《ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢᠨ ᠲᠥᠰᠦᠯ》᠎ᠤᠨ 2022 ᠣᠨ᠎ᠤ ᠵᠠᠩᠭᠢᠯᠠᠭ᠎ᠠ ᠵᠢᠨ ᠴᠡᠭ᠎ᠲᠠᠬᠢ ᠭᠤᠤᠯ ᠬᠠᠷᠠᠯᠲᠠ ᠵᠢ ᠪᠥᠬᠥ ᠲᠠᠯ᠎ᠠ᠎ᠪᠠᠷ ᠪᠡᠶᠡᠯᠡᠭᠦᠯᠪᠡ
ᠠᠷᠠᠳ᠎ᠤᠨ ᠰᠦᠯᠵᠢᠶ᠎ᠡ᠄ 3 ᠳ᠋ᠤᠭ᠋ᠠᠷ ᠰᠠᠷ᠎ᠠ ᠵᠢᠨ 24᠎ᠤ ᠡᠳᠦᠷ ᠦᠶᠡᠷᠯᠡᠬᠦ ᠬᠤᠭᠤᠴᠠᠭ᠋ᠠᠨ᠎ᠳᠤ ᠣᠷᠣᠵᠤ᠂ ᠣᠯᠠᠨ ᠵᠢᠯ᠎ᠤᠨ ᠳᠤᠮᠳᠠᠴᠢ ᠦᠶᠡᠷᠯᠡᠬᠦ ᠬᠤᠭᠤᠴᠠᠭ᠎ᠠ᠎ᠲᠠᠢ ᠬᠠᠷᠢᠴᠠᠭᠤᠯᠪᠠᠯ 8 ᠡᠳᠦᠷ ᠡᠷᠲᠡᠯᠡᠪᠡ
ᠠᠷᠠᠳ᠎ᠤᠨ ᠰᠦᠯᠵᠢᠶ᠎ᠡ᠄ ᠤᠰᠤᠨ ᠠᠰᠢᠭᠯᠠᠯᠲᠠ ᠵᠢᠨ ᠶᠠᠮᠤᠨ᠎ᠤ ᠰᠠᠶ᠋ᠢᠳ ᠯᠢ ᠭᠦᠸᠧ ᠶᠢᠩ ᠪᠦᠯᠬᠦᠮ ᠳᠠᠭ᠋ᠠᠭᠤᠯᠤᠨ ᠣᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠤᠰᠤᠨ᠎ᠤ ᠶᠠᠪᠤᠳᠠᠯ᠎ᠤᠨ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ
ᠰᠢᠨᠬᠤᠸᠠ ᠬᠤᠷᠢᠶ᠎ᠠ᠄ ᠮᠠᠨ᠎ᠤ ᠤᠯᠤᠰ ᠦᠶᠡᠷ᠎ᠤᠨ ᠬᠤᠭᠤᠴᠠᠭ᠋ᠠᠨ᠎ᠳᠤ ᠣᠷᠣᠪᠠ ᠡᠮᠦᠨᠡᠲᠦ ᠣᠷᠣᠨ᠎ᠤ ᠬᠡᠰᠡᠭ ᠭᠠᠵᠠᠷ ᠣᠷᠣᠨ᠎ᠳᠤ ᠰᠢᠷᠦᠭᠦᠨ ᠪᠣᠷᠣᠭ᠋ᠠᠨ ᠦᠶᠡᠷ᠎ᠤᠨ ᠤᠰᠤ ᠵᠢ ᠰᠡᠷᠭᠡᠶ᠋ᠢᠯᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ
ᠠᠷᠠᠳ᠎ᠤᠨ ᠰᠦᠯᠵᠢᠶ᠎ᠡ ᠄ ᠠᠮᠤ ᠪᠤᠳᠠᠭ᠋ᠠᠨ᠎ᠤ ᠠᠮᠤᠷ ᠲᠦᠪᠰᠢᠨ ᠎ᠢ ᠦᠷᠭᠦᠯᠵᠢᠯᠡᠨ ᠪᠠᠲᠤᠯᠠᠬᠤ  ᠬᠤᠪᠸᠢ ᠵᠢᠨ ᠪᠠᠰᠠ ᠨᠢᠭᠡᠨ ᠴᠢᠬᠤᠯᠠ ᠶᠡᠭᠡ ᠤᠰᠤᠯᠠᠯᠲᠠ ᠵᠢᠨ ᠤᠷᠤᠨ᠎ᠤ ᠲᠦᠷᠦᠯ ᠵᠦᠢ᠍ᠯ᠎ᠢ ᠡᠬᠢᠯᠡᠨ ᠪᠠᠶ᠋ᠢᠭᠤᠯᠪᠠ
 
            