ᠰᠢᠨᠬᠤᠸᠠ ᠬᠣᠷᠢᠶᠠᠨ᠎ᠤ ᠪᠡᠭᠡᠵᠢᠩ᠎ᠤᠨ 5 ᠳ᠋ᠤᠭ᠋ᠠᠷ ᠰᠠᠷ᠎ᠠ ᠵᠢᠨ 26 ᠤ ᠡᠳᠤᠷ᠎ᠤᠨ ᠴᠠᠬᠢᠯᠭ᠋ᠠᠨ ᠰᠡᠳᠤᠪ᠄ ᠤᠯᠤᠰ᠎ᠤᠨ ᠤᠰᠤᠨ ᠠᠰᠢᠭᠯᠠᠯᠲᠠ ᠵᠢᠨ ᠲᠣᠣᠷ᠎ᠤᠨ ᠪᠦᠲᠦᠭᠡᠨ ᠪᠠᠢ᠌ᠭᠤᠯᠤᠯᠲᠠ ᠵᠢ ᠴᠢᠨᠠᠷ ᠰᠠᠢ᠌ᠲᠠᠢ ᠠᠬᠢᠭᠤᠯᠤᠨ᠎ᠠ
ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠯᠢᠦ ᠱ᠌ᠢ ᠫᠢᠩ᠂ ᠸᠠᠩ ᠢᠦᠢ ᠬᠤᠤ
ᠤᠰᠤ ᠵᠢ ᠵᠠᠰᠠᠵᠤ ᠤᠰᠤ ᠵᠢ ᠬᠥᠭᠵᠢᠭᠦᠯᠬᠦ᠎ᠳᠤ ᠮᠢᠩᠭ᠋ᠠᠨ ᠣᠨ᠎ᠤ ᠠᠰᠢᠭ ᠲᠤᠰᠠᠲᠠᠢ᠃ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠣᠷᠴᠢᠮᠬᠠᠨ᠎ᠳᠤ 《 ᠤᠯᠤᠰ᠎ᠤᠨ ᠤᠰᠤᠨ ᠳᠤᠤᠷ᠎ᠤᠨ ᠪᠦᠲᠦᠭᠡᠨ ᠪᠠᠶ᠋ᠢᠭᠤᠯᠤᠯᠲᠠ ᠵᠢᠨ ᠲᠦᠯᠦᠪᠵᠢᠭᠦᠯᠭᠡ ᠵᠢᠨ ᠬᠦᠳᠦᠯᠪᠦᠷᠢ》 ᠡᠨᠡ ᠬᠦ᠌ ᠤᠷᠭᠢᠯ ᠵᠢ ᠤᠯᠤᠰ᠎ᠤᠨ ᠤᠰᠤᠨ ᠠᠰᠢᠭᠯᠠᠯᠲᠠ ᠵᠢᠨ ᠲᠣᠣᠷ᠎ᠤᠨ ᠪᠦᠲᠦᠭᠡᠨ ᠪᠠᠶ᠋ᠢᠭᠤᠯᠤᠯᠲᠠ ᠵᠢᠨ ᠠᠤᠭ᠎ᠠ ᠵᠢᠷᠤᠭ ᠲᠥᠯᠥᠪᠯᠡᠭᠡ ᠵᠢ ᠵᠢᠷᠤᠭᠯᠠᠵᠤ᠂ ᠤᠯᠤᠰ᠎ᠤᠨ ᠤᠰᠤᠨ ᠠᠰᠢᠭᠯᠠᠯᠲᠠ ᠵᠢᠨ ᠲᠣᠣᠷ᠎ᠢ ᠲᠦᠷᠭᠡᠨ ᠪᠠᠶ᠋ᠢᠭᠤᠯᠵᠤ᠂ ᠣᠳᠣᠬᠢᠴᠢᠯᠠᠭᠰᠠᠨ ᠴᠢᠨᠠᠷ ᠰᠠᠶ᠋ᠢᠲᠠᠢ ᠤᠰᠤᠨ ᠠᠰᠢᠭᠯᠠᠯᠲᠠ ᠵᠢᠨ ᠰᠠᠭᠤᠷᠢ ᠲᠥᠬᠦᠭᠡᠷᠦᠮᠵᠢ ᠵᠢᠨ ᠲᠣᠣᠷ᠎ᠢ ᠪᠠᠶ᠋ᠢᠭᠤᠯᠵᠤ᠂ ᠤᠰᠤᠨ᠎ᠤ ᠡᠬᠢ ᠪᠠᠶᠠᠯᠢᠭ᠂ ᠤᠰᠤᠨ᠎ᠤ ᠠᠮᠢ ᠠᠬᠤᠢ᠂ ᠤᠰᠤᠨ᠎ᠤ ᠣᠷᠴᠢᠨ ᠲᠣᠭᠤᠷᠢᠨ᠂ ᠤᠰᠤᠨ᠎ᠤ ᠭᠠᠮᠰᠢᠭ᠎ᠤᠨ ᠠᠰᠠᠭᠤᠳᠠᠯ᠎ᠢ ᠨᠢᠭᠡᠳᠦᠯᠲᠡᠢ ᠲᠥᠯᠥᠪᠵᠢᠭᠦᠯᠦᠨ ᠰᠢᠢ᠍ᠳᠪᠦᠷᠢᠯᠡᠬᠦ ᠬᠡᠷᠡᠭᠲᠡᠢ᠃
ᠤᠯᠤᠰ᠎ᠤᠨ ᠴᠠᠬᠢᠯᠭ᠋ᠠᠨ ᠲᠣᠣᠷ᠂ ᠵᠠᠰᠠᠮᠠᠯ ᠵᠠᠮ᠎ᠤᠨ ᠲᠣᠣᠷ᠂ ᠥᠨᠳᠥᠷ ᠬᠤᠷᠳᠤᠴᠠᠲᠤ ᠲᠡᠮᠦᠷ ᠵᠠᠮ᠎ᠤᠨ ᠲᠣᠣᠷ ᠵᠡᠷᠭᠡ ᠲᠣᠣᠷ᠎ᠲᠠᠢ ᠬᠠᠷᠢᠴᠠᠭᠤᠯᠪᠠᠯ᠂ ᠤᠯᠤᠰ᠎ᠤᠨ ᠤᠰᠤᠨ᠎ᠤ ᠲᠣᠣᠷ᠎ᠨᠢ ᠵᠥᠪᠬᠡᠨ ᠢᠨᠵᠧᠨᠧᠷᠢᠩ᠎ᠤᠨ ᠲᠣᠣᠷ ᠪᠢᠰᠢ᠂ ᠲᠡᠷᠡ᠎ᠨᠢ ᠪᠠᠢ᠌ᠭ᠋ᠠᠯᠢ ᠵᠢᠨ ᠭᠣᠣᠯ ᠮᠥᠷᠡᠨ ᠨᠠᠭᠤᠷ ᠴᠥᠭᠥᠷᠥᠮ ᠵᠶ᠋ᠡᠷ ᠰᠠᠭᠤᠷᠢ ᠪᠣᠯᠭ᠋ᠠᠭᠰᠠᠨ᠂ ᠤᠰᠤ ᠲᠠᠲᠠᠬᠤ ᠤᠰᠤ ᠵᠠᠯᠠᠬᠤ ᠢᠨᠵᠧᠨᠧᠷᠢᠩ ᠵᠶ᠋ᠡᠷ ᠨᠡᠪᠲᠡᠷᠡᠬᠦ ᠵᠠᠮ ᠪᠣᠯᠭ᠋ᠠᠭᠰᠠᠨ᠂ ᠲᠣᠬᠢᠷᠠᠭᠤᠯᠤᠨ ᠬᠠᠳᠠᠭ᠋ᠠᠯᠠᠬᠤ ᠢᠨᠵᠧᠨᠧᠷᠢᠩ ᠵᠶ᠋ᠡᠷ ᠵᠠᠩᠭᠢᠯᠠᠭ᠎ᠠ ᠵᠢᠨ ᠴᠡᠭ ᠪᠣᠯᠭ᠋ᠠᠭᠰᠠᠨ᠂ ᠣᠶᠤᠨᠴᠢ ᠲᠣᠬᠢᠷᠠᠭᠤᠯᠤᠯ ᠡᠵᠡᠮᠳᠡᠯ ᠵᠶ᠋ᠡᠷ ᠠᠷᠭ᠎ᠠ ᠪᠠᠷᠢᠯ ᠪᠣᠯᠭ᠋ᠠᠭᠰᠠᠨ᠂ ᠤᠰᠤᠨ᠎ᠤ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ᠂ ᠰᠠᠪᠠ ᠭᠠᠵᠠᠷ᠎ᠤᠨ ᠦᠶᠡᠷ᠎ᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ᠂ ᠤᠰᠤᠨ᠎ᠤ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠬᠤ ᠵᠡᠷᠭᠡ ᠴᠢᠳᠠᠮᠵᠢ ᠵᠢ ᠨᠢᠭᠡ ᠴᠣᠭᠴᠠᠵᠢᠭᠤᠯᠤᠭᠰᠠᠨ ᠶᠡᠷᠦᠩᠬᠡᠢ᠌ᠯᠡᠭᠰᠡᠨ ᠰᠢᠰᠲ᠋ᠧᠮ ᠪᠣᠯᠣᠨ᠎ᠠ᠃
ᠣᠳᠣᠬᠠᠨ᠎ᠳᠤ᠂ ᠮᠠᠨ᠎ᠤ ᠤᠯᠤᠰ ᠨᠢᠭᠡᠨᠲᠡ ᠳᠡᠯᠡᠬᠡᠢ ᠳᠡᠭᠡᠷ᠎ᠡ ᠬᠡᠪᠴᠢᠶ᠎ᠡ᠎ᠪᠠᠷ ᠬᠠᠮᠤᠭ᠎ᠤᠨ ᠶᠡᠬᠡ᠂ ᠬᠦᠷᠢᠶ᠎ᠡ ᠬᠡᠪᠴᠢᠶ᠎ᠡ᠎ᠪᠠᠷ ᠬᠠᠮᠤᠭ᠎ᠤᠨ ᠥᠷᠭᠡᠨ᠂ ᠠᠰᠢᠭ ᠭᠥᠷᠳᠡᠬᠦ ᠬᠥᠮᠥᠨ ᠠᠮᠠ᠎ᠪᠠᠷ ᠬᠠᠮᠤᠭ᠎ᠤᠨ ᠣᠯᠠᠨ ᠤᠰᠤᠨ ᠠᠰᠢᠭᠯᠠᠯᠲᠠ ᠵᠢᠨ ᠰᠠᠭᠤᠷᠢ ᠲᠥᠬᠦᠭᠡᠷᠦᠮᠵᠢ ᠵᠢᠨ ᠰᠢᠰᠲ᠋ᠧᠮ᠎ᠢ ᠪᠠᠢ᠌ᠭᠤᠯᠤᠭᠰᠠᠨ ᠪᠠᠢ᠌ᠨ᠎ᠠ᠃ ᠭᠡᠪᠡᠴᠦ ᠵᠤᠨ᠎ᠤ ᠦᠶᠡᠷ᠎ᠤᠨ ᠬᠤᠭᠤᠴᠠᠭ᠎ᠠ ᠡᠪᠦᠯ᠎ᠤᠨ ᠬᠠᠲᠠᠩᠭᠢᠷᠠᠯ᠂ ᠤᠮᠠᠷᠠᠳᠤ ᠤᠷᠤᠨ ᠬᠤᠮᠰᠠᠳᠠᠵᠤ ᠡᠮᠤᠨᠡᠳᠤ ᠤᠷᠤᠨ ᠡᠯᠪᠡᠭ᠂ ᠤᠰᠤᠨ᠎ᠤ ᠡᠬᠢ ᠪᠠᠶᠠᠯᠢᠭ᠎ᠤᠨ ᠴᠠᠭ ᠪᠠ ᠣᠷᠣᠨ ᠵᠠᠢ ᠵᠢᠨ ᠲᠠᠷᠬᠠᠯᠲᠠ ᠲᠤᠢ᠌ᠯ᠎ᠤᠨ ᠲᠡᠩᠴᠡᠭᠦᠷᠢ ᠦᠭᠡᠢ ᠪᠠᠢ᠌ᠵᠤ᠂ ᠮᠠᠨ᠎ᠤ ᠤᠯᠤᠰ᠎ᠤᠨ ᠦᠨᠳᠦᠰᠦᠨ ᠤᠰᠤᠨ᠎ᠤ ᠪᠠᠢ᠌ᠳᠠᠯ ᠪᠣᠯᠣᠭᠰᠠᠭ᠋ᠠᠷ ᠢᠷᠡᠭᠰᠡᠨ᠎ᠢ ᠣᠯᠵᠤ ᠬᠠᠷᠠᠬᠤ ᠬᠡᠷᠡᠭᠲᠡᠢ᠃ ᠣᠳᠣᠬᠢᠴᠢᠯᠠᠭᠰᠠᠨ ᠴᠢᠨᠠᠷ ᠰᠠᠢ᠌ᠲᠠᠢ ᠰᠠᠭᠤᠷᠢ ᠲᠥᠬᠦᠭᠡᠷᠦᠮᠵᠢ ᠵᠢᠨ ᠰᠢᠰᠲ᠋ᠧᠮ᠎ᠢ ᠪᠠᠶ᠋ᠢᠭᠤᠯᠬᠤ ᠱᠠᠭ᠋ᠠᠷᠳᠠᠯᠭ᠎ᠠ᠎ᠲᠠᠢ ᠬᠠᠷᠢᠴᠠᠭᠤᠯᠪᠠᠯ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠰᠢᠰᠲ᠋ᠧᠮ᠎ᠳᠤ ᠪᠠᠰᠠ ᠰᠢᠰᠲ᠋ᠧᠮ᠎ᠤᠨ ᠴᠢᠨᠠᠷ ᠵᠶ᠋ᠠᠷ ᠴᠢᠩᠭ᠎ᠠ ᠪᠢᠰᠢ᠂ ᠪᠠᠷᠢᠮᠵᠢᠶ᠎ᠠ ᠥᠨᠳᠥᠷ ᠪᠢᠰᠢ᠂ ᠣᠶᠤᠨᠴᠢᠯᠠᠭᠰᠠᠨ ᠲᠦᠪᠰᠢᠨ᠎ᠢ ᠳᠡᠭᠡᠭᠰᠢᠯᠡᠭᠦᠯᠬᠦ ᠴᠢᠬᠤᠯᠠᠲᠠᠢ ᠵᠡᠷᠭᠡ ᠠᠰᠠᠭᠤᠳᠠᠯ ᠣᠷᠣᠰᠢᠵᠤ ᠪᠠᠢ᠌ᠨ᠎ᠠ᠃
ᠲᠥᠯᠦᠪᠵᠢᠭᠦᠯᠭᠡ ᠵᠢᠨ ᠬᠥᠲᠥᠯᠪᠦᠷᠢ᠎ᠳᠤ ᠳᠤᠷᠠᠳᠤᠭᠰᠠᠨ᠎ᠨᠢ᠂ 2035 ᠣᠨ ᠪᠣᠯᠬᠤ᠎ᠳᠤ ᠤᠯᠤᠰ᠎ᠤᠨ ᠤᠰᠤᠨ᠎ᠤ ᠲᠣᠣᠷ᠎ᠤᠨ ᠶᠡᠷᠦᠩᠬᠡᠢ ᠪᠠᠢ᠌ᠷᠢᠰᠢᠯ᠎ᠢ ᠦᠨᠳᠦᠰᠦᠨ᠎ᠳᠡᠭᠡᠨ ᠪᠦᠷᠢᠯᠳᠦᠭᠦᠯᠵᠦ᠂ ᠤᠯᠤᠰ᠎ᠤᠨ ᠤᠰᠤᠨ᠎ᠤ ᠲᠣᠣᠷ᠎ᠤᠨ ᠭᠣᠣᠯ ᠨᠢᠷᠤᠭᠤᠪᠴᠢ ᠪᠠ ᠭᠣᠣᠯ ᠰᠤᠳᠠᠰᠤ ᠵᠢ ᠠᠯᠬᠤᠮ ᠠᠯᠬᠤᠮ ᠵᠶ᠋ᠠᠷ ᠪᠠᠢ᠌ᠭᠤᠯᠤᠨ ᠪᠦᠲᠦᠭᠡᠵᠦ᠂ ᠮᠤᠵᠢ ᠬᠣᠲᠠ ᠰᠢᠶᠠᠨ᠎ᠤ ᠤᠰᠤᠨ᠎ᠤ ᠲᠣᠣᠷ᠎ᠢ ᠦᠨᠳᠦᠰᠦᠨ᠎ᠳᠡᠭᠡᠨ ᠲ᠋ᠡᠭᠦᠯᠳᠡᠷᠵᠢᠭᠦᠯᠵᠦ᠂ ᠨᠡᠢ᠌ᠭᠡᠮ ᠵᠢᠷᠤᠮ᠎ᠤᠨ ᠣᠳᠣᠬᠢᠴᠢᠯᠠᠯᠲᠠ ᠵᠢ ᠦᠨᠳᠦᠰᠦᠨ᠎ᠳᠡᠭᠡᠨ ᠪᠡᠶᠡᠯᠡᠭᠦᠯᠬᠦ᠎ᠲᠠᠢ ᠵᠣᠬᠢᠴᠠᠯᠳᠤᠭᠰᠠᠨ ᠤᠯᠤᠰ᠎ᠤᠨ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠰᠢᠰᠲ᠋ᠧᠮ᠎ᠢ ᠪᠠᠢ᠌ᠭᠤᠯᠤᠨ᠎ᠠ᠃ ᠡᠨᠡ ᠬᠦ᠌ ᠤᠯᠤᠰ᠎ᠤᠨ ᠤᠰᠤᠨ᠎ᠤ ᠠᠮᠤᠷ ᠲᠦᠪᠰᠢᠨ᠎ᠤ ᠪᠠᠲᠤᠯᠠᠪᠤᠷᠢ ᠵᠢᠨ ᠰᠢᠰᠲ᠋ᠧᠮ᠎ᠢ ᠪᠠᠶ᠋ᠢᠭᠤᠯᠬᠤ᠎ᠳᠤ᠂ ᠤᠯᠤᠰ᠎ᠤᠨ ᠤᠰᠤᠨ᠎ᠤ ᠲᠣᠣᠷ᠎ᠤᠨ ᠪᠠᠢ᠌ᠭᠤᠯᠤᠯᠲᠠ ᠵᠢ ᠴᠢᠨᠠᠷ ᠰᠠᠢ᠌ᠲᠠᠢ ᠠᠬᠢᠭᠤᠯᠬᠤ ᠴᠢᠬᠤᠯᠠᠲᠠᠢ; ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠪᠠ ᠤᠰᠤ ᠬᠠᠩᠭ᠋ᠠᠬᠤ ᠪᠠᠲᠤᠯᠠᠭ᠎ᠠ ᠵᠢᠨ ᠰᠢᠰᠲ᠋ᠧᠮᠵᠢ ᠵᠢ ᠲᠡᠭᠦᠯᠳᠡᠷᠵᠢᠭᠦᠯᠵᠦ᠂ ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠤᠰᠤᠨ᠎ᠤ ᠬᠡᠮᠵᠢᠶ᠎ᠡ ᠵᠢ ᠦᠨᠳᠦᠰᠦᠯᠡᠨ ᠶᠠᠪᠤᠭᠤᠯᠬᠤ᠂ ᠡᠬᠢ ᠰᠤᠷᠪᠤᠯᠵᠢ ᠵᠢ ᠨᠡᠭᠡᠭᠡᠨ ᠤᠷᠤᠰᠬᠠᠯ᠎ᠢ ᠠᠷᠪᠢᠯᠠᠬᠤ ᠵᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠨ᠎ᠠ; ᠰᠠᠪᠠ ᠭᠠᠵᠠᠷ᠎ᠤᠨ ᠦᠶᠡᠷ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠰᠢᠰᠲ᠋ᠧᠮ᠎ᠢ ᠲᠡᠭᠦᠯᠳᠡᠷᠵᠢᠭᠦᠯᠵᠦ ; ᠭᠣᠣᠯ ᠮᠥᠷᠡᠨ ᠨᠠᠭᠤᠷ ᠴᠥᠭᠥᠷᠥᠮ᠎ᠤᠨ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠨ ᠵᠠᠰᠠᠬᠤ ᠰᠢᠰᠲ᠋ᠧᠮ᠎ᠢ ᠲᠡᠭᠦᠯᠳᠡᠷᠵᠢᠭᠦᠯᠦᠨ᠎ᠡ ᠂ ᠠᠮᠢ ᠠᠬᠤᠢ ᠵᠢᠨ ᠪᠣᠯᠪᠠᠰᠤᠨ᠎ᠤ ᠣᠢ᠌ᠯᠠᠭ᠋ᠠᠭᠳᠠᠬᠤᠨ᠎ᠢ ᠪᠠᠲᠤ ᠪᠡᠬᠢ ᠪᠤᠢ ᠪᠣᠯᠭ᠋ᠠᠵᠤ᠂ ᠰᠢᠰᠲ᠋ᠧᠮ᠎ᠲᠠᠢ᠎ᠪᠠᠷ ᠵᠠᠰᠠᠬᠤ᠂ ᠶᠡᠷᠦᠩᠬᠡᠢ᠌ᠯᠡᠨ ᠵᠠᠰᠠᠬᠤ᠂ ᠡᠬᠢ ᠡᠭᠦᠰᠦᠯ᠎ᠠᠴᠠ᠎ᠨᠢ ᠵᠠᠰᠠᠬᠤ ᠵᠢ ᠪᠠᠷᠢᠮᠲᠠᠯᠠᠵᠤ᠂ ᠭᠣᠣᠯ ᠮᠥᠷᠡᠨ ᠨᠠᠭᠤᠷ ᠴᠥᠭᠥᠷᠥᠮ᠎ᠤᠨ ᠠᠮᠢ ᠠᠬᠤᠢ ᠵᠢᠨ ᠣᠷᠴᠢᠨ ᠨᠥᠬᠥᠴᠡᠯ᠎ᠢ ᠲᠦᠷᠭᠡᠨ ᠰᠡᠷᠭᠦᠭᠡᠵᠦ᠂ ᠭᠣᠣᠯ ᠤᠷᠤᠰᠬᠠᠯ᠎ᠤᠨ ᠠᠮᠢ ᠨᠠᠰᠤ ᠵᠢ ᠰᠡᠷᠭᠦᠭᠡᠵᠦ᠂ ᠰᠠᠪᠠ ᠭᠠᠵᠠᠷ᠎ᠤᠨ ᠠᠮᠢᠵᠢᠷᠠᠯ᠎ᠤᠨ ᠬᠦᠴᠦᠨ᠎ᠢ ᠲᠠᠬᠢᠨ ᠢᠯᠡᠷᠡᠭᠦᠯᠦᠨ᠎ᠡ᠃
ᠤᠯᠤᠰ᠎ᠤᠨ ᠤᠰᠤᠨ ᠠᠰᠢᠭᠯᠠᠯᠲᠠ ᠵᠢᠨ ᠲᠣᠣᠷ᠎ᠤᠨ ᠪᠦᠲᠦᠭᠡᠨ ᠪᠠᠢ᠌ᠭᠤᠯᠤᠯᠲᠠ᠎ᠨᠢ ᠳᠤᠮᠳᠠᠳᠤ ᠵᠢᠨ ᠦᠨᠳᠦᠰᠦᠲᠡᠨ᠎ᠤ ᠥᠨᠢᠳᠡ ᠵᠢᠨ ᠦᠷᠭᠦᠯᠵᠢᠯᠡᠬᠦ ᠬᠥᠭᠵᠢᠯᠲᠡ᠎ᠲᠠᠢ ᠬᠣᠯᠪᠣᠭᠳᠠᠨ᠎ᠠ᠃ ᠤᠯᠤᠰ᠎ᠤᠨ ᠤᠰᠤᠨ ᠠᠰᠢᠭᠯᠠᠯᠲᠠ ᠵᠢᠨ ᠲᠣᠣᠷ᠎ᠤᠨ ᠪᠦᠲᠦᠭᠡᠨ ᠪᠠᠢ᠌ᠭᠤᠯᠤᠯᠲᠠ ᠵᠢ ᠴᠢᠨᠠᠷ ᠰᠠᠢ᠌ᠲᠠᠢ ᠠᠬᠢᠭᠤᠯᠵᠤ᠂ ᠰᠦᠯᠵᠢᠶ᠎ᠡ ᠵᠢ ᠬᠣᠯᠪᠣᠬᠤ᠂ ᠰᠦᠯᠵᠢᠶ᠎ᠡ ᠵᠢ ᠨᠥᠬᠥᠪᠦᠷᠢᠯᠡᠬᠦ᠂ ᠬᠡᠯᠬᠢᠶ᠎ᠡ ᠵᠢ ᠴᠢᠩᠭ᠋ᠠᠳᠬᠠᠬᠤ᠎ᠪᠠᠷ ᠳᠠᠮᠵᠢᠭᠤᠯᠤᠨ᠂ ᠤᠯᠤᠰ᠎ᠤᠨ ᠤᠰᠤᠨ ᠠᠰᠢᠭᠯᠠᠯᠲᠠ ᠵᠢᠨ ᠲᠣᠣᠷ᠎ᠤᠨ 《ᠬᠥᠲᠥᠯᠪᠦᠷᠢ》 ᠵᠢ ᠪᠠᠢ᠌ᠭᠤᠯᠵᠤ᠂ ᠤᠯᠤᠰ᠎ᠤᠨ ᠤᠰᠤᠨ ᠠᠰᠢᠭᠯᠠᠯᠲᠠ ᠵᠢᠨ ᠲᠣᠣᠷ᠎ᠤᠨ 《ᠨᠢᠳᠦ》᠎ᠢ ᠨᠢᠭᠲᠠ ᠰᠦᠯᠵᠢᠵᠦ᠂ ᠤᠯᠤᠰ᠎ᠤᠨ ᠤᠰᠤᠨ ᠠᠰᠢᠭᠯᠠᠯᠲᠠ ᠵᠢᠨ ᠲᠣᠣᠷ᠎ᠤᠨ 《ᠵᠠᠩᠭᠢᠯᠠᠭ᠎ᠠ》 ᠵᠢ ᠪᠡᠬᠢᠵᠢᠭᠦᠯᠵᠦ᠂ ᠲᠡᠭᠦᠨ᠎ᠢ 《ᠰᠢᠰᠲ᠋ᠧᠮ᠎ᠨᠢ ᠪᠦᠷᠢᠨ ᠲᠡᠭᠦᠯᠳᠡᠷ᠂ ᠠᠶᠤᠯᠭᠦᠢ ᠪᠥᠭᠡᠳ ᠨᠠᠢ᠌ᠳᠠᠪᠤᠷᠢᠲᠠᠢ᠂ ᠡᠷᠴᠢᠮᠯᠢᠭ ᠪᠥᠭᠡᠳ ᠥᠨᠳᠥᠷ ᠪᠦᠲᠦᠮᠵᠢᠲᠡᠶ᠂ ᠪᠣᠬᠢᠷᠲᠤᠯ ᠦᠭᠡᠢ ᠪᠥᠭᠡᠳ ᠣᠶᠤᠨᠴᠢᠯᠠᠭᠰᠠᠨ᠂ ᠣᠷᠴᠢᠯ᠎ᠨᠢ ᠢᠯᠭᠤᠮ ᠰᠢᠯᠤᠭᠤᠨ᠂ ᠲᠣᠬᠢᠷᠠᠭᠤᠯᠤᠯ ᠡᠵᠡᠮᠳᠡᠯ᠎ᠨᠢ ᠡᠮᠬᠢ ᠵᠢᠷᠤᠮ᠎ᠲᠠᠢ》 ᠤᠯᠤᠰ᠎ᠤᠨ ᠤᠰᠤᠨ ᠠᠰᠢᠭᠯᠠᠯᠲᠠ ᠵᠢᠨ ᠲᠣᠣᠷ ᠪᠣᠯᠭ᠋ᠠᠵᠤ᠂ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠤᠰᠤᠨ᠎ᠤ ᠠᠮᠤᠷ ᠲᠦᠪᠰᠢᠨ᠎ᠤ ᠬᠦᠴᠦᠲᠡᠢ ᠪᠠᠲᠤᠯᠠᠭ᠎ᠠ ᠵᠢ ᠬᠠᠩᠭ᠋ᠠᠨ᠎ᠠ᠃