ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠠᠷᠠᠳ᠎ᠤᠨ ᠰᠦᠯᠵᠢᠶ᠎ᠡ ᠄ ᠠᠮᠤ ᠪᠤᠳᠠᠭ᠋ᠠᠨ᠎ᠤ ᠠᠮᠤᠷ ᠲᠦᠪᠰᠢᠨ ᠎ᠢ ᠦᠷᠭᠦᠯᠵᠢᠯᠡᠨ ᠪᠠᠲᠤᠯᠠᠬᠤ  ᠬᠤᠪᠸᠢ ᠵᠢᠨ ᠪᠠᠰᠠ ᠨᠢᠭᠡᠨ ᠴᠢᠬᠤᠯᠠ ᠶᠡᠭᠡ ᠤᠰᠤᠯᠠᠯᠲᠠ ᠵᠢᠨ ᠤᠷᠤᠨ᠎ᠤ ᠲᠦᠷᠦᠯ ᠵᠦᠢ᠍ᠯ᠎ᠢ ᠡᠬᠢᠯᠡᠨ ᠪᠠᠶ᠋ᠢᠭᠤᠯᠪᠠ
ᠨᠡᠶ᠋ᠢᠲᠡᠯᠡᠭᠰᠡᠨ ᠴᠠᠭ᠄ 2023-05-31

   ᠠᠷᠠᠳ᠎ᠤᠨ ᠰᠦᠯᠵᠢᠶ᠎ᠡ ᠵᠢᠨ ᠪᠡᠭᠡᠵᠢᠩ᠎ᠤᠨ 5  ᠳ᠋ᠤᠭ᠋ᠠᠷ ᠰᠠᠷ᠎ᠠ ᠵᠢᠨ 29᠎ᠤ ᠡᠳᠦᠷ᠎ᠤᠨ ᠴᠠᠬᠢᠯᠭ᠋ᠠᠨ ᠮᠡᠳᠡᠭᠡ (ᠧᠦ ᠶᠠᠩ ᠢ ᠵᠢᠶᠠ) ᠤᠢ᠌ᠷ᠎ᠠ ᠵᠢᠨ ᠡᠳᠦᠷ᠂  ᠤᠰᠤᠨ ᠠᠰᠢᠭᠯᠠᠯᠲᠠ ᠵᠢᠨ ᠶᠠᠮᠤᠨ 2023  ᠤᠨ᠎ᠳᠤ ᠡᠮᠤᠨᠡᠬᠢ ᠬᠤᠭᠤᠴᠠᠭ᠋ᠠᠨ᠎ᠤ ᠠᠵᠢᠯ᠎ᠢ ᠭᠤᠤᠯᠳᠠᠯᠠᠭ᠎ᠠ᠎ᠲᠠᠢ ᠠᠬᠢᠭᠤᠯᠤᠭᠰᠠᠨ ᠴᠢᠬᠤᠯᠠ ᠶᠡᠬᠡ  ᠤᠰᠤᠨ ᠠᠰᠢᠭᠯᠠᠯᠲᠠ ᠵᠢᠨ ᠢᠨᠵᠧᠨᠧᠷᠢᠩ — ᠵᠢᠩᠵᠸᠤ  ᠬᠤᠳᠠ ᠵᠢᠨ᠎ᠲᠠᠢ ᠬᠤ᠌ ᠭᠠᠷᠠᠮ᠎ᠤᠨ ᠤᠰᠤᠯᠠᠯᠲᠠ ᠵᠢᠨ ᠣᠷᠣᠨ ᠵᠢᠩᠬᠢᠨᠢ᠎ᠪᠠᠷ ᠠᠵᠢᠯ ᠵᠶ᠋ᠠᠨ ᠡᠬᠢᠯᠡᠭᠦᠯᠵᠦ᠂ ᠬᠤᠪᠧᠢ ᠮᠣᠵᠢ ᠵᠢᠨ ᠪᠠᠰᠠ ᠨᠢᠭᠡᠨ ᠴᠢᠬᠤᠯᠠ ᠤᠰᠤᠯᠠᠯᠲᠠ ᠵᠢᠨ ᠣᠷᠣᠨ᠎ᠤ ᠲᠥᠷᠥᠯ ᠵᠦᠢ᠍ᠯ ᠬᠡᠷᠡᠭᠵᠢᠭᠦᠯᠬᠦ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠢ᠌ᠨ᠎ᠠ᠃

   ᠵᠢᠩᠵᠸᠤ  ᠬᠤᠳᠠ ᠵᠢᠨ᠎ᠲᠠᠢ ᠬᠤ᠌ ᠭᠠᠷᠠᠮ᠎ᠤᠨ ᠤᠰᠤᠯᠠᠯᠲᠠ ᠵᠢᠨ ᠣᠷᠣᠨ ᠪᠣᠯ ᠬᠠᠳᠠᠭ᠋ᠠᠯᠠᠬᠤ᠂ ᠲᠠᠲᠠᠬᠤ᠂ ᠳᠡᠭᠡᠭᠰᠢᠯᠡᠭᠦᠯᠬᠦ ᠵᠢ ᠤᠶᠠᠯᠳᠤᠭᠤᠯᠤᠨ ᠬᠠᠮᠲᠤᠷᠠᠨ ᠬᠡᠷᠡᠭᠯᠡᠭᠰᠡᠨ ᠲᠣᠮᠣ ᠬᠡᠯᠪᠡᠷᠢ ᠵᠢᠨ ᠤᠰᠤᠯᠠᠯᠲᠠ ᠵᠢᠨ ᠣᠷᠣᠨ ᠪᠣᠯᠤᠨ᠎ᠠ᠂ ᠤᠤᠯ᠎ᠤᠨ ᠲᠥᠯᠥᠪᠯᠡᠭᠰᠡᠨ ᠤᠰᠤᠯᠠᠯᠲᠠ ᠵᠢᠨ ᠲᠠᠯᠠᠪᠠᠢ᠎ᠨᠢ 32 ᠲᠦᠮᠡᠨ ᠮᠦ᠍ ᠪᠠᠢ᠌ᠵᠤ᠂ ᠪᠦᠲᠦᠭᠡᠨ ᠪᠠᠢ᠌ᠭᠤᠯᠬᠤ ᠠᠭᠤᠯᠭ᠎ᠠ᠎ᠳᠤ ᠭᠣᠣᠯᠳᠠᠭᠤ ᠤᠰᠤᠨ᠎ᠤ ᠡᠬᠢ ᠰᠤᠷᠪᠤᠯᠵᠢ ᠵᠢᠨ ᠪᠠᠷᠢᠯᠭ᠎ᠠ ᠵᠢ ᠪᠡᠬᠢᠵᠢᠭᠦᠯᠵᠦ᠂ ᠤᠰᠤᠯᠠᠬᠤ᠂ ᠤᠰᠤ ᠵᠠᠯᠠᠬᠤ ᠰᠤᠪᠠᠭ᠎ᠤᠨ ᠳᠤᠳᠤᠷᠯᠠᠬᠤ ᠵᠢᠴᠢ ᠮᠠᠯᠲᠠᠬᠤ᠂ ᠪᠠᠷᠢᠯᠭ᠎ᠠ ᠵᠢ ᠳᠠᠬᠢᠨ (ᠰᠢᠨ᠎ᠡ) ᠪᠠᠢ᠌ᠭᠤᠯᠬᠤ ᠵᠢᠴᠢ ᠢᠵᠢ ᠪᠦᠷᠢᠳᠦᠭᠦᠯᠦᠨ ᠎ᠢ ᠴᠡᠭᠴᠡᠯᠡᠨ ᠵᠠᠰᠠᠬᠤ ᠵᠡᠷᠭᠡ ᠪᠣᠯᠤᠨ᠎ᠠ᠃ ᠣᠶ᠋ᠢᠯᠠᠭ᠋ᠠᠭᠰᠠᠨ ᠵᠶ᠋ᠠᠷ᠂ ᠲᠥᠷᠥᠯ ᠵᠦᠢ᠍ᠯ᠎ᠢ ᠬᠡᠷᠡᠭᠵᠢᠭᠦᠯᠦᠭᠰᠡᠨ᠎ᠤ ᠳᠠᠷᠠᠭ᠎ᠠ᠂ ᠤᠰᠤᠯᠠᠯᠲᠠ ᠵᠢᠨ ᠣᠷᠣᠨ᠎ᠤ ᠤᠰᠤᠯᠠᠯᠲᠠ ᠵᠢᠨ ᠲᠠᠯᠠᠪᠠᠶ ᠵᠢ 41.37 ᠲᠦᠮᠡᠨ ᠮᠥ᠍ ᠬᠦᠷᠲᠡᠯ᠎ᠡ ᠥᠷᠭᠡᠳᠬᠡᠵᠦ᠂ ᠠᠰᠢᠭ ᠭᠥᠷᠳᠡᠬᠦ ᠬᠡᠪᠴᠢᠶᠡᠨ᠎ᠳᠤ ᠵᠢᠩᠵᠧᠦ ᠲᠣᠭᠤᠷᠢᠭ᠎ᠤᠨ 6 ᠰᠢᠶᠠᠩ ᠪᠠᠯᠭ᠋ᠠᠰᠤ ᠵᠡᠭᠡᠯᠢ ᠵᠢᠨ ᠠᠯᠪᠠᠨ ᠬᠡᠷ᠂ ᠵᠢᠶ ᠨᠠᠨ ᠰᠣᠶᠣᠯ ᠵᠢᠭᠤᠯᠴᠢᠯᠠᠯ᠎ᠤᠨ ᠲᠣᠭᠤᠷᠢᠭ ᠪᠠ ᠡᠯᠡᠰᠦᠨ ᠬᠤᠲᠠ ᠲᠣᠭᠤᠷᠢᠭ᠎ᠤᠨ 4 ᠰᠢᠶᠠᠩ ᠪᠠᠯᠭ᠋ᠠᠰᠤᠨ᠎ᠤ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠠᠯᠪᠠᠨ ᠬᠡᠷ ᠪᠠᠭᠲᠠᠵᠤ᠂ ᠡᠭᠦᠨ᠎ᠤ ᠬᠠᠮᠲᠤ ᠴᠠᠩ ᠬᠤ᠌᠎ᠳᠤ ᠠᠮᠢ ᠠᠬᠤᠶ ᠵᠢᠨ ᠤᠰᠤ ᠨᠥᠬᠦᠪᠥᠷᠢᠯᠡᠬᠦ ᠵᠢ ᠬᠡᠷᠡᠭᠵᠢᠭᠦᠯᠵᠦ᠂ ᠵᠢᠩ ᠮᠧᠨ᠂ ᠮᠥᠷᠡᠨ ᠲᠠᠭ᠋ᠠᠭᠰᠠᠨ ᠡᠯ᠎ᠡ ᠭᠠᠵᠠᠷ᠎ᠲᠤ ᠠᠰᠢᠭ ᠬᠦᠷᠲᠡᠭᠡᠨ᠎ᠡ᠃ ᠵᠢᠩᠵᠸᠤ  ᠬᠤᠳᠠ ᠵᠢᠨ᠎ᠲᠠᠢ ᠬᠤ᠌ ᠭᠠᠩ ᠤᠰᠤᠯᠠᠯᠲᠠ ᠵᠢᠨ ᠣᠷᠣᠨ᠎ᠢ ᠰᠢᠨ᠎ᠡ᠎ᠪᠠᠷ ᠪᠠᠢ᠌ᠭᠤᠯᠬᠤ ᠪᠠ ᠥᠷᠭᠡᠳᠭᠡᠨ ᠪᠠᠢ᠌ᠭᠤᠯᠬᠤ ᠢᠨᠵᠧᠨᠧᠷᠢᠩ᠎ᠤᠨ ᠶᠡᠷᠦᠩᠬᠡᠢ ᠪᠡᠯᠡ ᠣᠷᠣᠭᠤᠯᠤᠯᠲᠠ᠎ᠨᠢ 8.5 ᠳ᠋ᠦᠩᠰᠢᠭᠤᠷ ᠲᠥᠭᠥᠷᠢᠭ᠎ᠲᠤ ᠬᠦᠷᠴᠦ᠂ ᠶᠡᠷᠦᠩᠬᠡᠢ ᠠᠵᠢᠯ᠎ᠤᠨ ᠬᠤᠭᠤᠴᠠᠭ᠎ᠠ᠎ᠨᠢ 48 ᠰᠠᠷ᠎ᠠ ᠪᠣᠯᠤᠨ᠎ᠠ᠂ ᠪᠠᠷᠢᠯᠭ᠎ᠠ ᠳᠠᠭᠤᠰᠤᠭᠰᠠᠨ᠎ᠤ ᠳᠠᠷᠠᠭ᠎ᠠ ᠣᠷᠣᠨ ᠪᠦᠰᠡ ᠵᠢᠨ ᠳᠣᠲᠣᠷᠠᠬᠢ ᠠᠮᠤ ᠪᠤᠳᠠᠭ᠋ᠠᠨ᠎ᠤ ᠶᠡᠷᠦᠩᠬᠡᠢ᠍ᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠲᠦᠢ᠍ᠯ᠎ᠤᠨ ᠶᠡᠬᠡ᠎ᠪᠠᠷ ᠳᠡᠭᠡᠭᠰᠢᠯᠡᠭᠦᠯᠵᠤ᠂ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠪᠠ ᠲᠤᠬᠠᠢ ᠵᠢᠨ ᠭᠠᠵᠠᠷ᠎ᠤᠨ ᠠᠷᠠᠳ᠎ᠤᠨ ᠠᠮᠢᠳᠤᠷᠠᠯ᠎ᠤᠨ ᠨᠥᠬᠥᠴᠡᠯ᠎ᠢ ᠰᠠᠢ᠌ᠵᠢᠷᠠᠭᠤᠯᠵᠤ᠂ ᠬᠥᠳᠡᠭᠡ ᠲᠣᠰᠭᠣᠨ᠎ᠤ ᠤᠰᠤᠨ ᠠᠰᠢᠭᠯᠠᠯᠲᠠ ᠵᠢᠨ ᠰᠠᠭᠤᠷᠢ ᠪᠡᠯᠡᠳᠭᠡᠮᠵᠢ ᠵᠢᠨ ᠲᠣᠣᠷ ᠰᠦᠯᠵᠢᠶ᠎ᠡ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠥᠳᠡᠭᠡ ᠲᠣᠰᠭᠣᠨ᠎ᠤ ᠤᠰᠤᠨ᠎ᠤ ᠠᠮᠤᠷ ᠳᠦᠪᠰᠢᠨ᠎ᠢ ᠪᠠᠲᠤᠯᠠᠵᠤ᠂ ᠬᠥᠳᠡᠭᠡ ᠳᠤᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦ ᠨᠡᠮᠡᠷᠢᠯᠡᠪᠡ᠃

   ᠪᠦᠬᠦ ᠤᠯᠤᠰ᠎ᠤᠨ ᠠᠮᠤ ᠪᠤᠳᠠᠭ᠋ᠠᠨ᠎ᠤ ᠭᠤᠤᠯ ᠭᠠᠷᠤᠯᠲᠠ ᠵᠢᠨ ᠮᠤᠵᠢ ᠪᠣᠯᠤᠭᠰᠠᠨ᠎ᠤ ᠬᠤᠪᠢ᠎ᠳᠤ᠂ ᠪᠠᠰᠠ ᠴᠤ᠌ ᠪᠦᠬᠦ ᠤᠯᠤᠰ᠎ᠤᠨ ᠠᠩᠬᠠᠳᠠᠭᠴᠢ ᠪᠦᠯᠦᠭ ᠮᠤᠵᠢ ᠵᠢᠨ ᠲᠡᠰ᠎ᠤᠨ ᠤᠰᠤᠨ ᠠᠰᠢᠭᠯᠠᠯᠲᠠ ᠵᠢᠨ ᠲᠣᠣᠷ᠎ᠤᠨ ᠬᠤᠰᠢᠭᠤᠴᠢ ᠣᠷᠣᠨ ᠪᠣᠯᠤᠨ᠎ᠠ᠂ ᠬᠤᠪᠧᠶ ᠶᠠᠭ ᠤᠰᠤᠯᠠᠯᠲᠠ ᠵᠢᠨ ᠣᠷᠣᠨ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠵᠢᠨ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢ ᠪᠦᠬᠦ ᠬᠦᠴᠦᠨ ᠵᠶ᠋ᠠᠷ ᠵᠶ᠋ᠠᠨ ᠲᠦᠷᠭᠡᠳᠬᠡᠨ ᠠᠬᠢᠭᠤᠯᠵᠤ᠂ ᠵᠠᠩ ᠾᠧ ᠵᠡᠷᠭᠡ 9 ᠭᠠᠵᠠᠷ᠎ᠤᠨ ᠲᠤᠮᠤ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠣᠳᠣᠬᠢᠴᠢᠯᠠᠯᠲᠠ ᠵᠢᠨ ᠥᠭᠡᠷᠡᠴᠢᠯᠡᠯᠲᠡ ᠪᠣᠯᠤᠨ ᠴᠢ ᠱᠦᠢ᠂ ᠦ᠋ ᠰᠢᠦᠸᠠᠢ ᠪᠧᠢ᠂ ᠹᠦ᠋ ᠴᠢᠶᠣᠤ ᠾᠧ᠂ ᠎ᠲᠠᠢ ᠬᠤ᠌ ᠭᠠᠷᠠᠮ ᠵᠡᠷᠭᠡ ᠵᠢ ᠰᠢᠨ᠎ᠡ᠎ᠪᠠᠷ ᠪᠠᠶ᠋ᠢᠭᠤᠯᠵᠤ ᠥᠷᠭᠡᠳᠬᠡᠨ ᠪᠠᠶ᠋ᠢᠭᠤᠯᠵᠤ ᠪᠠᠶ᠋ᠢᠭ᠎ᠠ ᠲᠤᠮᠤ ᠬᠡᠯᠪᠡᠷᠢ ᠵᠢᠨ ᠤᠰᠤᠯᠠᠯᠲᠠ ᠵᠢᠨ ᠣᠷᠣᠨ᠎ᠢ ᠶᠠᠭ ᠯᠠᠪᠳᠠᠭᠤᠨ ᠵᠶ᠋ᠠᠷ ᠬᠡᠷᠡᠭᠵᠢᠭᠦᠯᠵᠦ ᠪᠠᠶ᠋ᠢᠨ᠎ᠠ᠂ ᠨᠢᠭᠡ ᠪᠦᠯᠦᠭ ᠤᠰᠤᠯᠠᠯᠲᠠ ᠵᠢᠨ ᠣᠷᠣᠨ᠎ᠤ ᠲᠦᠷᠦᠯ ᠵᠦᠢ᠍ᠯ᠎ᠢ ᠬᠡᠷᠡᠭᠵᠢᠭᠦᠯᠬᠦ᠎ᠨᠢ ᠬᠤᠪᠸᠢ ᠮᠤᠵᠢ ᠵᠢᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠂ ᠪᠦᠬᠦ ᠤᠯᠤᠰ᠎ᠤᠨ ᠰᠢᠨ᠎ᠡ ᠬᠦᠭᠵᠢᠯᠲᠡ ᠵᠢᠨ ᠪᠠᠢ᠌ᠷᠢᠰᠢᠯ᠎ᠤᠨ ᠤᠷᠢᠳ ᠵᠶ᠋ᠠᠷ ᠬᠡᠷᠡᠭᠵᠢᠭᠦᠯᠬᠦ ᠤᠷᠤᠨ᠎ᠢ ᠪᠠᠢ᠌ᠭᠤᠯᠬᠤ᠎ᠳᠤ ᠬᠦᠴᠦᠨ ᠨᠡᠮᠡᠷᠢᠯᠡᠵᠤ᠂ ᠪᠠᠳᠤ ᠪᠡᠬᠢ ᠤᠰᠤᠨ ᠠᠰᠢᠭᠯᠠᠯᠲᠠ ᠵᠢᠨ ᠲᠤᠯᠭ᠋ᠠᠭᠤᠷᠢᠯᠠᠯ ᠬᠠᠩᠭ᠋ᠠᠨ᠎ᠠ᠃

 

ᠢᠷᠡᠯᠲᠡ᠄ ᠠᠷᠠᠳ᠎ᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢᠨᠬᠤᠸᠠ ᠬᠣᠷᠢᠶ᠎ᠠ᠄ ᠰᠢᠨᠬᠤᠸᠠ ᠴᠠᠭ᠎ᠤᠨ ᠪᠠᠢ᠌ᠳᠠᠯ᠎ᠤᠨ ᠰᠢᠭᠦᠮᠵᠢ — ᠤᠯᠤᠰ᠎ᠤᠨ ᠤᠰᠤᠨ᠎ᠤ ᠲᠣᠣᠷ᠎ᠤᠨ ᠪᠦᠲᠦᠭᠡᠨ ᠪᠠᠢ᠌ᠭᠤᠯᠤᠯᠲᠠ ᠵᠢ ᠴᠢᠨᠠᠷ ᠰᠠᠢ᠌ᠲᠠᠢ ᠠᠬᠢᠭᠤᠯᠤᠨ᠎ᠠ
ᠠᠷᠠᠳ᠎ᠤᠨ ᠰᠦᠯᠵᠢᠶ᠎ᠡ᠄ ᠣᠯᠠᠨ ᠰᠢᠪᠠᠭᠤᠳ ᠵᠢᠷᠭᠢᠨ ᠪᠥᠵᠢᠭᠯᠡᠵᠦ᠂ ᠳᠤᠯᠭᠢᠶᠠᠨ ᠭᠡᠷᠡᠯ ᠲᠣᠯᠭᠢᠶᠠᠯᠠᠵᠦ 《ᠪᠣᠭᠣᠮᠲᠠ ᠵᠢᠨ ᠭᠠᠳᠠᠨᠠᠬᠢ ᠭᠡᠷᠡᠯᠲᠦ ᠰᠤᠪᠤᠳ》 ᠤᠯᠠᠭ᠋ᠠᠨᠰᠤᠬᠠᠢ ᠬᠡᠷᠡᠯ ᠭᠢᠯᠪᠠᠭ᠎ᠠ ᠰᠠᠴᠤᠷᠠᠨ᠎ᠠ
ᠠᠷᠠᠳ᠎ᠤᠨ ᠡᠳᠦᠷ᠎ᠤᠨ ᠰᠣᠨᠢᠨ᠄ ᠲᠦᠷᠦᠭᠦᠦ 5 ᠰᠠᠷ᠎ᠠ᠎ᠳᠤ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 32.1 %᠎ᠪᠠᠷ ᠨᠡᠮᠡᠭᠳᠡᠪᠡ (ᠰᠢᠨ᠎ᠡ ᠲᠣᠭ᠎ᠠ ᠪᠠᠷᠢᠮᠲᠠ ᠰᠢᠨ᠎ᠡ ᠬᠢᠯᠠᠰᠵᠢᠯ)᠂ ᠤᠰᠤᠨ ᠠᠰᠢᠭᠯᠠᠯᠲᠠ ᠵᠢᠨ ᠲᠥᠷᠥᠯ ᠵᠦᠢ᠍ᠯ᠎ᠤᠨ ᠪᠠᠷᠢᠯᠭ᠎ᠠ ᠪᠠᠷᠢᠬᠤ᠎ᠳᠤ ᠠᠵᠢᠯ ᠣᠯᠭᠣᠭᠰᠠᠨ ᠬᠦᠮᠦᠨ᠎ᠤ ᠲᠣᠭ᠎ᠠ120 ᠲᠦᠮᠡ ᠵᠢ ᠳᠠᠪᠠᠵᠠᠢ
ᠠᠷᠠᠳ᠎ᠤᠨ ᠰᠦᠯᠵᠢᠶ᠎ᠡ᠄ 2023 ᠣᠨ᠎ᠤ ᠤᠰᠤᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ 《ᠯᠠᠨ ᠽᠠᠩ ᠵᠢᠶᠠᠩ ᠮᠥᠷᠡᠨ ᠮᠸᠢᠢ᠍ᠭᠤᠩ ᠮᠥᠷᠡᠨ᠎ᠤ ᠭᠠᠷᠠᠭ》᠎ᠤᠨ ᠠᠵᠢᠯᠯᠠᠭ᠎ᠠ ᠪᠡᠭᠡᠵᠢᠩ᠎ᠳᠤ ᠶᠠᠪᠤᠭᠳᠠᠪᠠ
ᠰᠢᠨᠬᠤᠸᠠ ᠬᠣᠷᠢᠶ᠎ᠠ᠄ ᠤᠰᠤᠨ ᠠᠰᠢᠭᠯᠠᠯᠲᠠ ᠵᠢᠨ ᠶᠠᠮᠤᠨ ᠳᠠᠯᠠᠢ ᠵᠢᠨ ᠶᠠᠪᠤᠳᠠᠯ᠎ᠤᠨ ᠵᠥᠪᠯᠡᠯ ᠬᠠᠰᠢᠯᠭ᠎ᠠ ᠵᠢ ᠡᠪᠳᠡᠭᠰᠡᠨ 63 ᠠᠭᠤᠶ ᠵᠢᠨ ᠰᠦᠷᠦᠭ᠎ᠢ ᠴᠡᠭᠴᠡᠯᠡᠨ ᠵᠠᠰᠠᠪᠠ
 
            