ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠠᠷᠠᠳ᠎ᠤᠨ ᠡᠳᠦᠷ᠎ᠤᠨ ᠰᠣᠨᠢᠨ᠄ ᠲᠦᠷᠦᠭᠦᠦ 5 ᠰᠠᠷ᠎ᠠ᠎ᠳᠤ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 32.1 %᠎ᠪᠠᠷ ᠨᠡᠮᠡᠭᠳᠡᠪᠡ (ᠰᠢᠨ᠎ᠡ ᠲᠣᠭ᠎ᠠ ᠪᠠᠷᠢᠮᠲᠠ ᠰᠢᠨ᠎ᠡ ᠬᠢᠯᠠᠰᠵᠢᠯ)᠂ ᠤᠰᠤᠨ ᠠᠰᠢᠭᠯᠠᠯᠲᠠ ᠵᠢᠨ ᠲᠥᠷᠥᠯ ᠵᠦᠢ᠍ᠯ᠎ᠤᠨ ᠪᠠᠷᠢᠯᠭ᠎ᠠ ᠪᠠᠷᠢᠬᠤ᠎ᠳᠤ ᠠᠵᠢᠯ ᠣᠯᠭᠣᠭᠰᠠᠨ ᠬᠦᠮᠦᠨ᠎ᠤ ᠲᠣᠭ᠎ᠠ120 ᠲᠦᠮᠡ ᠵᠢ ᠳᠠᠪᠠᠵᠠᠢ
ᠨᠡᠶ᠋ᠢᠲᠡᠯᠡᠭᠰᠡᠨ ᠴᠠᠭ᠄ 2023-06-20

《ᠠᠷᠠᠳ᠎ᠤᠨ ᠡᠳᠦᠷ᠎ᠤᠨ ᠰᠣᠨᠢᠨ》 (2023 ᠣᠨ᠎ᠤ 6 ᠳ᠋ᠤᠭ᠋ᠠᠷ ᠰᠠᠷ᠎ᠠ ᠵᠢᠨ 14᠎ᠤ ᠡᠳᠦᠷ᠎ᠤᠨ ᠬᠡᠪᠯᠡᠯ᠎ᠤᠨ 01 ᠳ᠋ᠦ᠍ᠭᠡᠷ ᠨᠢᠭᠤᠷ)

   ᠠᠷᠠᠳ᠎ᠤᠨ ᠡᠳᠦᠷ᠎ᠤᠨ ᠰᠣᠨᠢᠨ᠎ᠤ ᠪᠡᠭᠡᠵᠢᠩ᠎ᠤᠨ 6 ᠳ᠋ᠤᠭ᠋ᠠᠷ ᠰᠠᠷ᠎ᠠ ᠵᠢᠨ 13᠎ᠤ ᠡᠳᠦᠷ᠎ᠤᠨ ᠮᠡᠳᠡᠭᠡ (ᠰᠤᠷᠪᠤᠯᠵᠢᠯᠠᠭᠴᠢ ᠸᠠᠩ ᠬᠤᠤ)

   ᠰᠤᠷᠪᠤᠯᠵᠢᠯᠠᠭᠴᠢ ᠣᠶ᠋ᠢᠷ᠎ᠠ᠎ᠳᠤ ᠤᠰᠤᠨ ᠠᠰᠢᠭᠯᠠᠯᠲᠠ ᠵᠢᠨ ᠶᠠᠮᠤᠨ᠎ᠠᠴᠠ ᠣᠶ᠋ᠢᠯᠠᠭ᠋ᠠᠭᠰᠠᠨ᠎ᠨᠢ᠄ ᠡᠨᠡ ᠵᠢᠯ᠎ᠤᠨ ᠲᠦᠷᠦᠭᠦᠦ 5 ᠰᠠᠷ᠎ᠠ᠎ᠳᠤ᠂ ᠤᠰᠤᠨ ᠠᠰᠢᠭᠯᠠᠯᠲᠠ ᠵᠢᠨ ᠰᠠᠭᠤᠷᠢ ᠲᠥᠬᠥᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ ᠨᠢᠳᠤᠨᠤᠨ᠎ᠤ ᠠᠳᠠᠯᠢ ᠬᠤᠭᠤᠴᠠᠭ᠋ᠠᠨ᠎ᠠᠴᠠ ᠢᠯᠡᠳᠲᠡ ᠰᠠᠶ᠋ᠢᠨ ᠪᠣᠯᠪᠠ᠃ 1 ᠰᠠᠷ᠎ᠠ᠎ᠠᠴᠠ 5 ᠰᠠᠷ᠎ᠠ ᠪᠣᠯᠲᠠᠯ᠎ᠠ᠂ ᠤᠰᠤᠨ ᠠᠰᠢᠭᠯᠠᠯᠲᠠ ᠵᠢᠨ ᠪᠠᠯᠠ ᠣᠷᠣᠭᠤᠯᠤᠯᠲᠠ ᠵᠢ 4106 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 998 ᠳ᠋ᠦᠩᠰᠢᠭᠤᠷ ᠲᠥᠭᠥᠷᠢᠭ ᠨᠡᠮᠡᠭᠳᠡᠵᠦ᠂ ᠨᠡᠮᠡᠭᠳᠡᠯ᠎ᠤᠨ ᠬᠡᠮᠵᠢᠶ᠎ᠡ᠎ᠨᠢ 32.1 %᠎ᠳᠤ ᠬᠦᠷᠴᠡᠶ᠃13 ᠮᠤᠵᠢ 150 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠵᠡᠶ᠂ ᠡᠭᠦᠨ᠎ᠳᠤ ᠭᠤᠸᠠᠩᠳᠦ᠋ᠩ᠂ ᠶᠦᠨᠨᠠᠨ᠂ ᠾᠧᠪᠧᠶ 3 ᠮᠤᠵᠢ 250 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠵᠡᠶ᠃ ᠤᠰᠤᠨ ᠠᠰᠢᠭᠯᠠᠯᠲᠠ ᠵᠢᠨ ᠲᠥᠷᠥᠯ ᠵᠦᠢ᠍ᠯ᠎ᠤᠨ ᠪᠠᠷᠢᠯᠭ᠎ᠠ᠎ᠳᠤ 120.9 ᠲᠦᠮᠡᠨ ᠬᠥᠮᠦᠨ ᠠᠵᠢᠯ ᠣᠯᠵᠤ᠂ ᠡᠭᠦᠨ᠎ᠳᠤ ᠬᠥᠳᠡᠭᠡ ᠲᠣᠰᠬᠣᠨ᠎ᠤ ᠬᠥᠳᠡᠯᠮᠦᠷᠢ ᠬᠦᠴᠦᠨ 89.5 ᠲᠦᠮᠡᠨ ᠬᠥᠮᠦᠨ ᠪᠣᠶ᠃

   ᠤᠰᠤᠨ ᠠᠰᠢᠭᠯᠠᠯᠲᠠ ᠵᠢᠨ ᠶᠠᠮᠤᠨ ᠴᠢᠬᠤᠯᠠ ᠶᠡᠬᠡ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠡᠮᠦᠨᠡᠬᠢ ᠬᠤᠭᠤᠴᠠᠭ᠋ᠠᠨ᠎ᠤ ᠠᠵᠢᠯ ᠵᠶ᠋ᠠᠨ ᠲᠦᠷᠭᠡᠳᠬᠡᠵᠦ᠂ ᠳᠤᠮᠳᠠ ᠵᠢᠵᠢᠭ ᠬᠡᠯᠪᠡᠷᠢ ᠵᠢᠨ ᠤᠰᠤᠨ ᠠᠰᠢᠭᠯᠠᠯᠲᠠ ᠵᠢᠨ ᠵᠦᠢ᠍ᠯᠡᠰ᠎ᠤᠨ ᠪᠦᠲᠦᠭᠡᠨ ᠪᠠᠶ᠋ᠢᠭᠤᠯᠤᠯᠲᠠ ᠵᠢ ᠬᠠᠮᠵᠢᠯᠴᠠᠨ ᠠᠬᠢᠭᠤᠯᠵᠤ᠂ ᠤᠰᠤᠨ ᠠᠰᠢᠭᠯᠠᠯᠲᠠ ᠵᠢᠨ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠬᠡᠪᠴᠢᠶ᠎ᠡ ᠪᠠ ᠠᠬᠢᠴᠠ ᠵᠢ ᠴᠢᠷᠮᠠᠶ᠋ᠢᠨ ᠪᠠᠲᠤᠯᠠᠪᠠ᠃ ᠲᠦᠷᠦᠭᠦᠦ 5 ᠰᠠᠷ᠎ᠠ᠎ᠳᠤ᠂ 17 ᠵᠦᠢ᠍ᠯ᠎ᠤᠨ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠢ ᠰᠢᠨ᠎ᠡ᠎ᠪᠠᠷ ᠠᠵᠢᠯ ᠡᠬᠢᠯᠡᠭᠦᠯᠵᠦ᠂ ᠶᠡᠷᠦᠩᠬᠡᠶ ᠪᠠᠯᠠ ᠣᠷᠣᠭᠤᠯᠤᠯᠲᠠ ᠵᠢᠨ ᠬᠡᠪᠴᠢᠶ᠎ᠡ 971 ᠳ᠋ᠦᠩᠰᠢᠭᠤᠷ ᠲᠥᠭᠥᠷᠢᠭ᠎ᠲᠤ ᠬᠦᠷᠴᠦ᠂ 2022 ᠣᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 5 ᠵᠦᠢ᠍ᠯ ᠢᠯᠡᠭᠦᠦ ᠪᠣᠯᠵᠣ᠂ ᠶᠡᠷᠦᠩᠬᠡᠶ ᠪᠠᠯᠠ ᠣᠷᠣᠭᠤᠯᠤᠯᠲᠠ 252 ᠳ᠋ᠦᠩᠰᠢᠭᠤᠷ ᠲᠥᠭᠥᠷᠢᠭ ᠢᠯᠡᠭᠦᠦ ᠪᠣᠯᠵᠠᠶ᠃ ᠪᠦᠬᠦ ᠤᠯᠤᠰ᠎ᠲᠤ ᠤᠰᠤᠨ ᠠᠰᠢᠭᠯᠠᠯᠲᠠ ᠵᠢᠨ 14680 ᠵᠦᠢ᠍ᠯᠡᠰ᠎ᠢ ᠰᠢᠨ᠎ᠡ᠎ᠪᠠᠷ ᠠᠵᠢᠯ ᠡᠬᠢᠯᠡᠭᠦᠯᠵᠦ᠂ ᠪᠡᠯᠡ ᠣᠷᠣᠭᠤᠯᠤᠯᠲᠠ ᠵᠢᠨ ᠬᠡᠪᠴᠢᠶ᠎ᠡ 6090 ᠳ᠋ᠦᠩᠰᠢᠭᠤᠷ ᠲᠥᠭᠥᠷᠢᠭ ᠰᠢᠨ᠎ᠡ᠎ᠪᠠᠷ ᠨᠡᠮᠡᠭᠳᠡᠵᠦ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 2785 ᠵᠦᠢ᠍ᠯ ᠢᠯᠡᠭᠦᠦ ᠪᠤᠯᠵᠤ᠂ ᠪᠡᠯᠡ ᠣᠷᠣᠭᠤᠯᠤᠯᠲᠠ ᠵᠢᠨ ᠬᠡᠪᠴᠢᠶ᠎ᠡ 1501 ᠳ᠋ᠦᠩᠰᠢᠭᠤᠷ ᠲᠥᠭᠥᠷᠢᠭ ᠰᠢᠨ᠎ᠡ᠎ᠪᠠᠷ ᠨᠡᠮᠡᠭᠳᠡᠪᠡ᠃ ᠲᠦᠷᠦᠭᠦᠦ 5 ᠰᠠᠷ᠎ᠠ᠎ᠳᠤ᠂ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠪᠠᠯᠠ ᠣᠷᠣᠭᠤᠯᠤᠯᠲᠠ ᠵᠢ 6547 ᠳ᠋ᠦᠩᠰᠢᠭᠤᠷ ᠲᠥᠭᠥᠷᠢᠭ ᠨᠠᠶ᠋ᠢᠳᠠᠪᠤᠷᠢᠵᠢᠭᠤᠯᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 486 ᠳ᠋ᠦᠩᠰᠢᠭᠤᠷ ᠲᠥᠭᠥᠷᠢᠭ ᠨᠡᠮᠡᠭᠳᠡᠨ᠂ 8 %᠎ᠪᠠᠷ ᠨᠡᠮᠡᠭᠳᠡᠪᠡ᠃ 11 ᠮᠤᠵᠢ ᠣᠷᠣᠨ 300 ᠳ᠋ᠦᠩᠰᠢᠭᠤᠷ ᠲᠥᠭᠥᠷᠢᠭ᠎ᠤᠨ ᠪᠠᠯᠠ ᠣᠷᠣᠭᠤᠯᠤᠯᠲᠠ ᠵᠢ ᠨᠠᠶ᠋ᠢᠳᠠᠪᠤᠷᠢᠵᠢᠭᠤᠯᠪᠠ᠂ ᠡᠭᠦᠨ᠎ᠳᠤ ᠵᠧᠵᠢᠶᠠᠩ᠂ ᠠᠨᠾᠦ᠋ᠢ᠂ ᠬᠤᠪᠸᠢ᠂ ᠰᠸᠴᠣᠸᠠᠨ ᠵᠡᠷᠭᠡ 4 ᠮᠤᠵᠢ ᠣᠷᠣᠨ 400 ᠳ᠋ᠦᠩᠰᠢᠭᠤᠷ ᠲᠥᠭᠥᠷᠢᠭ᠎ᠢ ᠳᠠᠪᠠᠪᠠ᠃

 

 

ᠢᠷᠡᠯᠲᠡ᠄ ᠠᠷᠠᠳ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠠᠷᠠᠳ᠎ᠤᠨ ᠰᠦᠯᠵᠢᠶ᠎ᠡ᠄ 2023 ᠣᠨ᠎ᠤ ᠤᠰᠤᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ 《ᠯᠠᠨ ᠽᠠᠩ ᠵᠢᠶᠠᠩ ᠮᠥᠷᠡᠨ ᠮᠸᠢᠢ᠍ᠭᠤᠩ ᠮᠥᠷᠡᠨ᠎ᠤ ᠭᠠᠷᠠᠭ》᠎ᠤᠨ ᠠᠵᠢᠯᠯᠠᠭ᠎ᠠ ᠪᠡᠭᠡᠵᠢᠩ᠎ᠳᠤ ᠶᠠᠪᠤᠭᠳᠠᠪᠠ
ᠰᠢᠨᠬᠤᠸᠠ ᠬᠣᠷᠢᠶ᠎ᠠ᠄ ᠤᠰᠤᠨ ᠠᠰᠢᠭᠯᠠᠯᠲᠠ ᠵᠢᠨ ᠶᠠᠮᠤᠨ ᠳᠠᠯᠠᠢ ᠵᠢᠨ ᠶᠠᠪᠤᠳᠠᠯ᠎ᠤᠨ ᠵᠥᠪᠯᠡᠯ ᠬᠠᠰᠢᠯᠭ᠎ᠠ ᠵᠢ ᠡᠪᠳᠡᠭᠰᠡᠨ 63 ᠠᠭᠤᠶ ᠵᠢᠨ ᠰᠦᠷᠦᠭ᠎ᠢ ᠴᠡᠭᠴᠡᠯᠡᠨ ᠵᠠᠰᠠᠪᠠ
ᠰᠢᠨᠬᠤᠸᠠ ᠬᠣᠷᠢᠶ᠎ᠠ᠄ ᠤᠰᠤᠨ ᠠᠰᠢᠭᠯᠠᠯᠲᠠ ᠵᠢᠨ ᠶᠠᠮᠤᠨ᠄ ᠲᠠᠪᠤᠨ ᠲᠠᠯ᠎ᠠ᠎ᠪᠠᠷ ᠲᠣᠭ᠋ᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠨ᠎ᠠ
ᠠᠷᠠᠳ᠎ᠤᠨ ᠡᠳᠦᠷ᠎ᠤᠨ ᠰᠣᠨᠢᠨ᠄ ᠦᠶᠡᠷ᠎ᠤᠨ ᠬᠤᠭᠤᠴᠠᠭ᠋ᠠᠨ᠎ᠳᠤ ᠤᠷᠤᠭᠰᠠᠨ᠎ᠠᠴᠠ ᠨᠠᠭ᠋ᠠᠰᠢ 189 ᠭᠤᠤᠯ ᠮᠥᠷᠡᠨ ᠰᠡᠷᠡᠮᠵᠢ ᠵᠢᠨ ᠱᠤᠭᠤᠮ᠎ᠠᠴᠠ ᠳᠠᠪᠠᠭᠰᠠᠨ ᠦᠶᠡᠷ ᠭᠠᠷᠪᠠ
ᠠᠷᠠᠳ᠎ᠤᠨ ᠡᠳᠦᠷ᠎ᠤᠨ ᠰᠣᠨᠢᠨ᠄ ᠤᠰᠤᠨ ᠠᠰᠢᠭᠯᠠᠯᠲᠠ ᠵᠢᠨ ᠶᠠᠮᠤᠨ᠎ᠤ ᠲᠣᠭ᠋ᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠲᠤᠬᠠᠶ ᠵᠢᠨ ᠭᠠᠵᠠᠷ᠎ᠤᠨ ᠬᠤᠷᠠᠯ ᠰᠢᠶᠣᠤ ᠯᠠᠩ ᠳ᠋ᠢ ᠤᠰᠤᠨ ᠠᠰᠢᠭᠯᠠᠯᠲᠠ ᠵᠢᠨ ᠵᠠᠩᠭᠢᠯᠠᠭ᠎ᠠ᠎ᠳᠤ ᠬᠤᠷᠠᠯᠳᠤᠪᠠ
 
            