ᠠᠷᠠᠳ᠎ᠤᠨ ᠰᠦᠯᠵᠢᠶᠡᠨ᠎ᠤ ᠰᠤᠷᠪᠤᠯᠵᠢᠯᠠᠭᠴᠢ ᠸᠠᠩ ᠷᠧᠨ ᠬᠣᠩ
ᠵᠤᠨ᠎ᠤ ᠡᠳᠦᠷ᠎ᠤᠨ ᠤᠯᠠᠭ᠋ᠠᠨᠰᠤᠬᠠᠢ ᠲᠩᠷᠢ᠎ᠨᠢ ᠴᠡᠯᠮᠡᠭ ᠤᠰᠤ᠎ᠨᠢ ᠲᠤᠩᠭ᠋ᠠᠯᠠᠭ᠂ ᠰᠢᠪᠠᠭᠤᠳ ᠵᠢᠷᠭᠢᠨ ᠪᠥᠵᠢᠭᠯᠡᠵᠦ᠂ ᠬᠤᠯᠤᠰᠤ ᠨᠠᠶ᠋ᠢᠭᠤᠨ᠎ᠠ᠂ ᠰᠡᠷᠢᠭᠦᠨ ᠰᠠᠯᠬᠢᠨ᠎ᠤ ᠠᠶᠠᠰ ᠵᠶ᠋ᠠᠷ ᠤᠰᠤ ᠡᠪᠡᠰᠦᠨ᠎ᠤ ᠠᠭᠤᠷ ᠠᠮᠢᠰᠬᠤᠯ᠎ᠢ ᠦᠯᠢᠶᠡᠵᠦ᠂ ᠬᠥᠮᠦᠰ᠎ᠤᠨ ᠴᠡᠭᠡᠵᠢ ᠲᠡᠨᠡᠢ᠌ᠵᠤ ᠰᠡᠳᠬᠢᠯ ᠠᠭᠤᠵᠢᠷᠠᠨ᠎ᠠ᠃ ᠤᠯᠠᠭ᠋ᠠᠨᠰᠤᠬᠠᠢ ᠨᠠᠭᠤᠷ᠎ᠤᠨ ᠡᠨᠡ ᠬᠦ᠌ ᠡᠬᠡ ᠤᠯᠤᠰ᠎ᠤᠨ ᠤᠮᠠᠷᠠᠲᠤ ᠵᠢᠨ 《ᠪᠣᠭᠣᠮᠲᠠ ᠵᠢᠨ ᠭᠠᠳᠠᠨᠠᠬᠢ ᠭᠡᠷᠡᠯᠲᠦ ᠰᠤᠪᠤᠳ》᠎ᠨᠢ ᠬᠡᠷᠡᠯ ᠭᠢᠯᠪᠠᠭ᠎ᠠ᠎ᠪᠠᠨ ᠳᠠᠬᠢᠨᠲᠠ ᠰᠠᠴᠤᠷᠠᠭᠤᠯᠵᠤ ᠪᠠᠶ᠋ᠢᠨ᠎ᠠ᠃
ᠤᠯᠠᠭ᠋ᠠᠨᠰᠤᠬᠠᠢ ᠨᠠᠭᠤᠷ ᠪᠣᠯ ᠬᠠᠲᠤᠨ ᠭᠤᠤᠯ᠎ᠤᠨ 《ᠬᠠᠲᠤᠨ ᠭᠣᠣᠯ᠎ᠤᠨ ᠮᠤᠷᠤᠶ᠋ᠢᠯᠲᠠ》 ᠵᠢᠨ ᠣᠷᠣᠶ᠎ᠳᠤ ᠪᠠᠶ᠋ᠢᠷᠢᠯᠠᠵᠤ᠂ ᠮᠣᠩᠭᠣᠯ ᠵᠶ᠋ᠠᠷ 《ᠤᠯᠠᠭ᠋ᠠᠨ ᠪᠤᠷᠭ᠋ᠠᠰᠤᠨ ᠨᠠᠭᠤᠷ》 ᠭᠡᠰᠡᠨ ᠤᠳᠬ᠎ᠠ᠎ᠲᠠᠢ᠂ ᠪᠥᠬᠥ ᠪᠥᠮᠪᠥᠷᠴᠡᠭ᠎ᠤᠨ ᠬᠡᠪᠴᠢᠶᠡᠨ᠎ᠳᠠᠬᠢ ᠴᠦᠯᠯᠡᠷᠭᠡᠭ ᠭᠠᠵᠠᠷ ᠣᠷᠣᠨ ᠪᠠ ᠬᠠᠭ᠋ᠠᠰ ᠴᠦᠯᠯᠡᠷᠭᠡᠭ ᠭᠠᠵᠠᠷ ᠣᠷᠣᠨ᠎ᠳᠤ ᠲᠤᠶ᠋ᠢᠯ᠎ᠤᠨ ᠴᠥᠭᠡᠨ ᠲᠣᠬᠢᠶᠠᠯᠳᠤᠳᠠᠭ ᠠᠮᠢ ᠠᠬᠤᠶ ᠵᠢᠨ ᠦᠨ᠎ᠡ ᠥᠷᠲᠡᠭ᠎ᠲᠠᠢ ᠲᠣᠮᠣ ᠬᠡᠯᠪᠡᠷᠢ ᠵᠢᠨ ᠣᠯᠠᠨ ᠴᠢᠳᠠᠮᠵᠢᠲᠤ ᠨᠠᠭᠤᠷ ᠪᠣᠯᠤᠨ᠎ᠠ᠃
ᠬᠠᠲᠤᠨ ᠭᠤᠤᠯ᠎ᠤᠨ ᠰᠠᠪᠠ ᠭᠠᠵᠠᠷ᠎ᠤᠨ ᠬᠠᠮᠤᠭ᠎ᠤᠨ ᠶᠡᠬᠡ ᠨᠠᠭᠤᠷ ᠪᠦᠷᠢᠳᠦ ᠨᠤᠭᠤ ᠭᠠᠵᠠᠷ ᠪᠣᠯᠤᠭᠰᠠᠨ᠎ᠤ ᠬᠤᠪᠢ᠎ᠳᠤ᠂ ᠤᠯᠠᠭ᠋ᠠᠨᠰᠤᠬᠠᠢ᠎ᠨᠢ ᠬᠠᠲᠤᠨ ᠭᠤᠤᠯ᠎ᠤᠨ ᠤᠰᠤᠨ᠎ᠤ ᠬᠡᠮᠵᠢᠶ᠎ᠡ ᠵᠢ ᠲᠣᠬᠢᠷᠠᠭᠤᠯᠬᠤ᠂ ᠤᠰᠤᠨ᠎ᠤ ᠴᠢᠨᠠᠷ᠎ᠢ ᠴᠡᠪᠡᠷᠰᠢᠭᠦᠯᠬᠦ᠂ ᠰᠥᠩ ᠦᠶᠡᠷ᠎ᠢ ᠰᠡᠷᠭᠡᠢ᠌ᠯᠡᠬᠦ ᠠᠵᠢᠯ ᠵᠡᠷᠭᠡ ᠴᠢᠬᠤᠯᠠ ᠴᠢᠳᠠᠮᠵᠢ ᠵᠢ ᠡᠭᠦᠷᠭᠡᠯᠡᠵᠦ ᠪᠠᠶ᠋ᠢᠬᠤ᠎ᠪᠠᠷ ᠪᠠᠷᠠᠬᠤ ᠥᠬᠡᠶ᠂ ᠪᠠᠰᠠ ᠴᠤ᠌ ᠮᠠᠨ᠎ᠤ ᠤᠯᠤᠰ᠎ᠤᠨ ᠤᠮᠠᠷᠠᠲᠤ ᠵᠢᠨ ᠣᠯᠠᠨ ᠠᠮᠢ ᠠᠬᠤᠶ ᠵᠢᠨ ᠴᠢᠳᠠᠮᠵᠢ ᠵᠢᠨ ᠠᠭᠤᠯᠵᠠᠷ ᠣᠷᠣᠨ ᠮᠥᠨ᠂ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠤ ᠡᠬᠢ ᠵᠢ ᠡᠵᠡᠮᠳᠡᠬᠦ ᠪᠠᠶ᠋ᠢᠭ᠋ᠠᠯᠢ ᠵᠢᠨ ᠠᠮᠢ ᠠᠬᠤᠶ ᠵᠢᠨ ᠬᠠᠯᠬᠠᠪᠴᠢ ᠮᠥᠨ᠂ ᠬᠠᠲᠤᠨ ᠭᠤᠤᠯ᠎ᠤᠨ ᠠᠮᠢ ᠠᠬᠤᠶ ᠵᠢᠨ ᠠᠮᠤᠷ ᠲᠦᠪᠰᠢᠨ᠎ᠤ 《ᠪᠠᠶ᠋ᠢᠭ᠋ᠠᠯᠢ ᠵᠢᠨ ᠪᠥᠭᠡᠷ᠎ᠡ》 ᠬᠡᠮᠡᠭᠳᠡᠵᠦ᠂ 《ᠪᠣᠭᠣᠮᠲᠠ ᠵᠢᠨ ᠭᠠᠳᠠᠨᠠᠬᠢ ᠭᠡᠷᠡᠯᠲᠦ ᠰᠤᠪᠤᠳ》 ᠭᠡᠰᠡᠨ ᠰᠠᠶ᠋ᠢᠬᠠᠨ ᠠᠯᠳᠠᠷᠲᠠᠶ ᠶᠤᠮ᠃
ᠥᠩᠭᠡᠷᠡᠭᠰᠡᠨ᠎ᠤ ᠤᠯᠠᠭ᠋ᠠᠨᠰᠤᠬᠠᠢ ᠨᠠᠭᠤᠷ᠎ᠤᠨ ᠡᠪᠡᠰᠦ ᠪᠡᠯᠴᠢᠭᠡᠷ ᠲᠠᠩᠰᠤᠭ ᠰᠠᠶ᠋ᠢᠬᠠᠨ᠂ ᠨᠣᠮᠢᠨ ᠳᠣᠯᠭᠢᠶᠠᠨ ᠳᠣᠯᠭᠢᠶᠠᠯᠠᠵᠤ᠂ ᠨᠡᠭᠦᠳᠡᠯ᠎ᠤᠨ ᠰᠢᠪᠠᠭᠤᠳ ᠬᠠᠯᠢᠨ ᠴᠣᠭᠯᠠᠷᠠᠨᠠ᠃ ᠳᠡᠭᠡᠷ᠎ᠡ ᠵᠠᠭᠤᠨ᠎ᠤ ᠶᠡᠷᠡᠭᠡᠳ ᠣᠨ᠎ᠠᠴᠠ ᠨᠠᠭ᠋ᠠᠰᠢ᠂ ᠬᠣᠲᠠ ᠪᠠᠯᠭ᠋ᠠᠰᠤᠨ᠎ᠤ ᠪᠥᠲᠥᠭᠡᠨ ᠪᠠᠶ᠋ᠢᠭᠤᠯᠤᠯᠲᠠ᠂ ᠠᠵᠤ ᠦᠢ᠍ᠯᠡᠳᠪᠦᠷᠢ ᠵᠢᠨ ᠬᠥᠭᠵᠢᠯᠲᠡ᠂ ᠪᠣᠷᠣᠲᠣᠬᠣᠶ ᠵᠢᠨ ᠤᠰᠤᠯᠠᠯᠲᠠ ᠵᠢᠨ ᠣᠷᠣᠨ᠎ᠤ ᠲᠦᠷᠭᠡᠨ ᠨᠡᠭᠡᠭᠡᠯᠲᠡ ᠵᠢ ᠳᠠᠭ᠋ᠠᠯᠳᠤᠨ᠂ ᠲᠠᠷᠢᠶᠠᠨ ᠭᠠᠵᠠᠷ᠎ᠤᠨ ᠤᠰᠤ ᠲᠠᠲᠠᠷᠠᠭᠤᠯᠬᠤ᠂ ᠬᠣᠲᠠ ᠵᠢᠨ ᠪᠣᠬᠢᠷ ᠤᠰᠤ᠂ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ ᠵᠡᠷᠭᠡ ᠵᠢ ᠤᠯᠠᠭ᠋ᠠᠨᠰᠤᠬᠠᠢ ᠨᠠᠭᠤᠷ᠎ᠲᠤ ᠲᠠᠰᠤᠷᠠᠯᠲᠠ ᠥᠬᠡᠶ ᠭᠠᠳᠠᠭᠰᠢᠯᠠᠭᠤᠯᠵᠤ᠂ ᠨᠠᠭᠤᠷ᠎ᠤᠨ ᠣᠷᠣᠨ᠎ᠤ ᠤᠰᠤᠨ᠎ᠤ ᠣᠷᠴᠢᠨ ᠲᠣᠭᠣᠷᠢᠨ ᠨᠢᠭᠡ ᠦᠶ᠎ᠡ ᠮᠠᠭᠤᠳᠠᠵᠤ᠂ ᠬᠠᠲᠤᠨ ᠭᠤᠤᠯ᠎ᠤᠨ ᠤᠰᠤᠨ᠎ᠤ ᠣᠷᠴᠢᠨ ᠲᠣᠭᠣᠷᠢᠨ᠎ᠢ ᠰᠦᠷᠳᠡᠭᠦᠯᠵᠦ᠂ ᠠᠮᠢ ᠠᠬᠤᠶ ᠵᠢᠨ ᠵᠠᠰᠠᠯᠲᠠ ᠪᠠᠴᠢᠮ ᠲᠤᠯᠭ᠋ᠠᠮ ᠪᠣᠯᠪᠠ᠃
ᠨᠠᠭᠤᠷ᠎ᠤᠨ ᠣᠷᠣᠨ᠎ᠤ ᠪᠣᠬᠢᠷᠲᠤᠯ᠎ᠤᠨ ᠠᠰᠠᠭᠤᠳᠠᠯ᠎ᠢ ᠰᠢᠢ᠍ᠳᠪᠦᠷᠢᠯᠡᠬᠦ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤᠯᠠᠭ᠋ᠠᠨᠰᠤᠬᠠᠢ ᠵᠢᠨ ᠠᠮᠢ ᠠᠬᠤᠶ ᠵᠢᠨ ᠠᠰᠠᠭᠤᠳᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠠᠮᠢ ᠠᠬᠤᠶ ᠵᠢᠨ ᠤᠰᠤ ᠨᠥᠬᠥᠪᠥᠷᠢᠯᠡᠬᠦ᠂ ᠤᠰᠤᠨ ᠵᠦᠶ ᠵᠢᠨ ᠬᠢᠨᠠᠨ ᠬᠡᠮᠵᠢᠯᠲᠡ ᠬᠢᠬᠦ᠂ ᠡᠬᠢ ᠡᠭᠦᠰᠦᠯ᠎ᠠᠴᠠ᠎ᠨᠢ ᠵᠠᠰᠠᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠲᠥᠷᠥ ᠵᠢᠨ ᠪᠣᠳᠣᠯᠭ᠎ᠠ᠂ ᠲᠥᠷᠥᠯ ᠵᠦᠢ᠍ᠯ ᠵᠡᠷᠭᠡ ᠲᠠᠯ᠎ᠠ᠎ᠪᠠᠷ ᠭᠤᠤᠯᠳᠠᠯᠭ᠎ᠠ᠎ᠲᠠᠢ ᠳᠡᠮᠵᠢᠯᠭᠡ ᠦᠵᠡᠭᠦᠯᠵᠦ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠤᠯᠠᠭ᠋ᠠᠨᠰᠤᠬᠠᠢ ᠵᠢᠨ ᠤᠰᠤᠨ ᠴᠣᠭᠴᠠ ᠵᠢᠨ ᠵᠠᠰᠠᠯᠲᠠ ᠵᠢ ᠠᠬᠢᠭᠤᠯᠪᠠ᠃
ᠲᠣᠭ᠎ᠠ ᠪᠠᠷᠢᠮᠲᠠ᠎ᠳᠤ ᠢᠯᠡᠷᠡᠭᠦᠯᠦᠭᠰᠡᠨ ᠵᠶ᠋ᠠᠷ᠂ ᠣᠶ᠋ᠢᠷ᠎ᠠ ᠵᠢᠨ ᠭᠤᠷᠪᠠᠨ ᠵᠢᠯ᠎ᠳᠤ᠂ ᠤᠯᠠᠭ᠋ᠠᠨᠰᠤᠬᠠᠢ ᠵᠢᠨ ᠵᠢᠯ ᠳᠤᠮᠳᠠᠴᠢ ᠵᠢᠨ ᠤᠰᠤ ᠨᠥᠬᠥᠪᠥᠷᠢᠯᠡᠬᠦ ᠬᠡᠮᠵᠢᠶ᠎ᠡ᠎ᠨᠢ ᠪᠠᠷᠤᠭ 6 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠪᠠᠶ᠋ᠢᠵᠤ᠂ ᠡᠭᠦᠨ᠎ᠳᠤ 2023 ᠣᠨ᠎ᠳᠤ ᠨᠢᠭᠡᠨᠲᠡ 1.61 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤ ᠨᠥᠬᠥᠪᠥᠷᠢᠯᠡᠵᠦ᠂ ᠤᠰᠤ ᠨᠥᠬᠥᠪᠥᠷᠢᠯᠡᠬᠦ᠎ᠪᠠᠷ ᠳᠠᠮᠵᠢᠭᠤᠯᠤᠨ ᠤᠯᠠᠭ᠋ᠠᠨᠰᠤᠬᠠᠢ ᠵᠢᠨ ᠠᠮᠢ ᠠᠬᠤᠶ ᠵᠢᠨ ᠤᠰᠤ ᠬᠠᠳᠠᠭ᠋ᠠᠯᠠᠬᠤ ᠬᠡᠮᠵᠢᠶ᠎ᠡ ᠵᠢ ᠪᠦᠲᠦᠮᠵᠢᠲᠡᠶ ᠪᠠᠲᠤᠯᠠᠵᠤ᠂ ᠤᠰᠤᠨ᠎ᠤ ᠴᠢᠨᠠᠷ᠎ᠢ ᠰᠠᠶ᠋ᠢᠵᠢᠷᠠᠭᠤᠯᠬᠤ ᠵᠢ ᠠᠬᠢᠭᠤᠯᠪᠠ᠃
ᠡᠬᠢ ᠡᠭᠦᠰᠦᠯ᠎ᠠᠴᠠ᠎ᠨᠢ ᠵᠠᠰᠠᠬᠤ ᠲᠠᠯ᠎ᠠ᠎ᠪᠠᠷ᠂ ᠥᠪᠥᠷ ᠮᠣᠩᠭᠣᠯ ᠤᠯᠠᠭ᠋ᠠᠨᠰᠤᠬᠠᠢ ᠵᠢᠨ ᠰᠠᠪᠠ ᠭᠠᠵᠠᠷ᠎ᠢ ᠰᠢᠰᠲ᠋ᠧᠮ᠎ᠲᠠᠢ ᠵᠠᠰᠠᠬᠤ ᠵᠢ ᠦᠷᠭᠦᠯᠵᠢᠯᠡᠨ ᠠᠬᠢᠭᠤᠯᠵᠤ᠂ ᠲᠣᠮᠣ ᠬᠡᠯᠪᠡᠷᠢ ᠵᠢᠨ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢ ᠪᠠᠶ᠋ᠢᠷᠢᠯᠠᠭᠤᠯᠤᠨ ᠪᠠᠶ᠋ᠢᠭᠤᠯᠵᠤ ᠠᠮᠢᠳᠤᠷᠠᠯ ᠪᠠ ᠦᠢ᠍ᠯᠡᠳᠪᠦᠷᠢᠯᠡᠯ᠎ᠤᠨ ᠪᠣᠬᠢᠷ ᠤᠰᠤ ᠵᠢ ᠴᠡᠪᠡᠷᠰᠢᠭᠦᠯᠦᠨ᠂ ᠪᠣᠬᠢᠷᠲᠤᠯ᠎ᠢ ᠡᠬᠢ ᠡᠭᠦᠰᠦᠯ᠎ᠠᠴᠠ᠎ᠨᠢ ᠬᠣᠷᠢᠭᠯᠠᠪᠠ᠃ ᠡᠭᠦᠨ᠎ᠤ ᠬᠠᠮᠲᠤ ᠲᠤᠤᠷᠴᠢᠯᠠᠭᠰᠠᠨ ᠤᠰᠤᠨ ᠵᠠᠮ᠎ᠤᠨ ᠢᠨᠵᠧᠨᠧᠷᠢᠩ᠎ᠢ ᠪᠠᠶ᠋ᠢᠭᠤᠯᠵᠤ ᠤᠰᠤᠨ ᠴᠣᠭᠴᠠ ᠵᠢᠨ ᠤᠷᠤᠰᠤᠯᠲᠠ ᠵᠢ ᠲᠦᠷᠭᠡᠳᠬᠡᠵᠦ᠂ ᠬᠢᠮᠢ ᠵᠢᠨ ᠪᠤᠷᠳᠤᠭᠤᠷ᠂ ᠲᠠᠷᠢᠶᠠᠨ ᠡᠮ᠂ ᠰᠦᠯᠢᠶᠣᠣ ᠪᠦᠷᠬᠦᠪᠴᠢ ᠬᠡᠷᠡᠭᠯᠡᠬᠦ ᠬᠡᠮᠵᠢᠶ᠎ᠡ ᠵᠢ ᠴᠢᠩᠭ᠎ᠠ ᠬᠢᠵᠠᠭ᠋ᠠᠷᠯᠠᠵᠤ᠂ ᠤᠰᠤ ᠪᠤᠷᠳᠤᠭᠤᠷ᠎ᠢ ᠨᠢᠭᠡ ᠴᠤᠬ᠍ᠴᠠᠵᠢᠭᠤᠯᠬᠤ ᠮᠡᠷᠭᠡᠵᠢᠯ᠎ᠢ ᠳᠡᠯᠭᠡᠷᠡᠭᠦᠯᠵᠦ ᠪᠠᠶ᠋ᠢᠭ᠋ᠠᠳ ᠭᠠᠳᠠᠭ᠋ᠠᠳᠤ ᠰᠤᠷᠪᠤᠯᠵᠢ ᠵᠢᠨ ᠪᠣᠬᠢᠷᠲᠤᠯ᠎ᠢ ᠪᠠᠭ᠋ᠠᠰᠬᠠᠨ᠎ᠠ᠃
ᠠᠯᠢ ᠣᠯᠠᠨ ᠵᠠᠰᠠᠯᠲᠠ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠳᠠᠭ᠋ᠠᠯᠳᠤᠨ᠂ ᠤᠯᠠᠭ᠋ᠠᠨᠰᠤᠬᠠᠢ ᠵᠢᠨ ᠥᠩᠭᠡᠷᠡᠭᠰᠡᠨ᠎ᠤ ᠥᠩᠭᠡ ᠦᠵᠡᠮᠵᠢ ᠳᠠᠬᠢᠨᠲᠠ ᠢᠯᠡᠷᠡᠵᠦ ᠪᠠᠶ᠋ᠢᠨ᠎ᠠ᠃ ᠣᠶ᠋ᠢᠯᠠᠭ᠋ᠠᠭᠰᠠᠨ ᠵᠶ᠋ᠠᠷ᠂ ᠣᠳᠣᠬᠠᠨ᠎ᠳᠤ ᠤᠯᠠᠭ᠋ᠠᠨᠰᠤᠬᠠᠢ ᠵᠢᠨ ᠤᠰᠤᠨ᠎ᠤ ᠴᠢᠨᠠᠷ ᠨᠢᠭᠡᠨᠲᠡ V ᠲᠥᠷᠥᠯ᠎ᠳᠤ ᠲᠣᠭᠲᠠᠪᠤᠷᠢᠵᠢᠵᠤ᠂ ᠬᠡᠰᠡᠭ ᠭᠠᠵᠠᠷ ᠤᠷᠤᠨ᠎ᠨᠢ V ᠲᠥᠷᠥᠯ ᠠᠴᠠ ᠰᠠᠢ᠌ᠨ ᠪᠠᠢ᠌ᠵᠦ᠂ ᠤᠰᠤᠨ᠎ᠤ ᠴᠢᠨᠠᠷ ᠶᠡᠷᠦᠩᠬᠡᠶ᠎ᠳᠡᠭᠡᠨ ᠰᠠᠶ᠋ᠢᠵᠢᠷᠠᠵᠤ᠂ ᠰᠢᠪᠠᠭᠤᠨ᠎ᠤ ᠲᠥᠷᠥᠯ᠂ ᠵᠢᠭ᠋ᠠᠰᠤᠨ᠎ᠤ ᠲᠥᠷᠥᠯ᠎ᠤᠨ ᠲᠣᠭ᠎ᠠ ᠬᠡᠮᠵᠢᠶ᠎ᠡ ᠡᠳᠦᠶ ᠲᠡᠳᠦᠶ ᠨᠡᠮᠡᠭᠳᠡᠵᠦ᠂ ᠨᠠᠭᠤᠷ᠎ᠤᠨ ᠠᠮᠢ ᠠᠬᠤᠶ ᠵᠢᠨ ᠴᠢᠳᠠᠮᠵᠢ ᠠᠯᠬᠤᠮ ᠠᠯᠬᠤᠮ ᠵᠶ᠋ᠠᠷ ᠰᠡᠷᠭᠦᠵᠦ᠂ ᠵᠠᠰᠠᠯᠲᠠ ᠱᠠᠲᠤ ᠦᠶ᠎ᠡ ᠵᠢᠨ ᠴᠢᠨᠠᠷᠲᠠᠶ ᠦᠷ᠎ᠡ ᠪᠦᠲᠦᠭᠡᠯ ᠤᠯᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠱᠸᠩ ᠰᠢᠶᠤᠤ ᠶᠢᠦ ᠢᠯᠡᠷᠬᠡᠢ᠌ᠯᠡᠬᠦ᠎ᠳᠡᠭᠡᠨ᠂ ᠢᠷᠡᠭᠡᠳᠦᠢ᠎ᠳᠤ ᠤᠰᠤᠨ ᠠᠰᠢᠭᠯᠠᠯᠲᠠ ᠵᠢᠨ ᠶᠠᠮᠤᠨ᠂ ᠬᠠᠳᠤᠨ ᠭᠣᠣᠯ᠎ᠤᠨ ᠤᠰᠤᠨ ᠠᠰᠢᠭᠯᠠᠯᠲᠠ ᠵᠢᠨ ᠵᠥᠪᠯᠡᠯ᠎ᠢ ᠦᠷᠭᠦᠯᠵᠢᠯᠡᠨ ᠵᠣᠬᠢᠴᠠᠭᠤᠯᠵᠤ᠂ ᠤᠷᠳᠤ ᠬᠤᠭᠤᠴᠠᠭ᠋ᠠᠨ᠎ᠤ ᠪᠦᠲᠦᠮᠵᠢᠲᠡᠢ ᠤᠰᠤ ᠨᠥᠬᠥᠪᠥᠷᠢᠯᠡᠬᠦ ᠲᠣᠭᠲᠠᠴᠠ ᠵᠢ ᠪᠠᠶ᠋ᠢᠭᠤᠯᠵᠤ᠂ ᠤᠯᠠᠭ᠋ᠠᠨᠰᠤᠬᠠᠢ ᠵᠢᠨ ᠠᠮᠢ ᠠᠬᠤᠢ ᠵᠢᠨ ᠤᠰᠤ ᠨᠥᠬᠥᠪᠥᠷᠢᠯᠡᠬᠦ ᠡᠷᠴᠢᠮ᠎ᠢ ᠴᠢᠩᠭ᠋ᠠᠷᠠᠭᠤᠯᠵᠤ᠂ ᠤᠯᠠᠭ᠋ᠠᠨᠰᠤᠬᠠᠢ ᠵᠢᠨ ᠠᠮᠢ ᠠᠬᠤᠢ ᠵᠢᠨ ᠵᠠᠰᠠᠯᠲᠠ ᠵᠢᠨ ᠠᠵᠢᠯ᠎ᠢ ᠦᠨᠡᠨ ᠬᠦ᠌ ᠴᠢᠩᠭ᠋ᠠᠳᠬᠠᠵᠤ᠂ ᠵᠠᠰᠠᠯᠲᠠ ᠵᠢᠨ ᠦᠷ᠎ᠡ ᠪᠦᠲᠦᠮᠵᠢ ᠵᠢ ᠪᠡᠬᠢᠵᠢᠭᠦᠯᠦᠨ᠎ᠡ ᠭᠡᠵᠦ ᠭᠡᠪᠡ᠃ ᠡᠭᠦᠨ᠎ᠤ ᠬᠠᠮᠲᠤ᠂ ᠤᠯᠠᠭ᠋ᠠᠨᠰᠤᠬᠠᠢ ᠵᠢᠨ ᠤᠰᠤᠨ᠎ᠤ ᠬᠡᠮᠵᠢᠶ᠎ᠡ ᠵᠢ ᠲᠣᠭᠲᠠᠪᠤᠷᠢᠵᠢᠭᠤᠯᠬᠤ᠂ ᠤᠰᠤᠨ᠎ᠤ ᠴᠢᠨᠠᠷ᠎ᠢ ᠰᠠᠶ᠋ᠢᠵᠢᠷᠠᠭᠤᠯᠬᠤ᠎ᠳᠤ ᠠᠰᠢᠭᠲᠠᠶ ᠲᠥᠷᠥᠯ ᠵᠦᠢ᠍ᠯ᠎ᠢ ᠤᠯᠠᠮ ᠨᠢᠭᠡ ᠠᠯᠬᠤᠮ ᠰᠦᠪᠡᠭᠴᠢᠯᠡᠵᠦ᠂ ᠪᠣᠷᠣᠲᠣᠬᠣᠶ ᠵᠢᠨ ᠤᠰᠤᠯᠠᠯᠲᠠ ᠵᠢᠨ ᠣᠷᠣᠨ᠎ᠢ ᠦᠷᠭᠦᠯᠵᠢᠯᠡᠨ ᠪᠠᠶ᠋ᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ ᠵᠢ ᠢᠳᠡᠪᠬᠢᠲᠡᠶ ᠠᠬᠢᠭᠤᠯᠤᠨ᠎ᠠ᠃
《ᠪᠢᠳᠡ ᠪᠠᠶᠠᠨᠨᠠᠭᠤᠷ ᠬᠣᠲᠠ ᠵᠢᠨ ᠤᠯᠤᠰ᠎ᠤᠨ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ᠎ᠳᠠᠬᠢ ᠣᠨᠴᠠᠭ᠋ᠠᠶ ᠴᠢᠬᠤᠯᠠ ᠪᠠᠶ᠋ᠢᠷᠢ ᠰᠠᠭᠤᠷᠢ᠎ᠳᠤ ᠰᠠᠭᠤᠷᠢᠯᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠰᠢᠰᠲ᠋ᠧᠮ᠎ᠲᠠᠢ ᠵᠠᠰᠠᠬᠤ᠂ ᠶᠡᠷᠦᠩᠬᠡᠶ᠋ᠢᠯᠡᠨ ᠵᠠᠰᠠᠬᠤ᠂ ᠡᠬᠢ ᠡᠭᠦᠰᠦᠯ᠎ᠠᠴᠠ᠎ᠨᠢ ᠵᠠᠰᠠᠬᠤ ᠵᠢ ᠪᠥᠬᠥ ᠲᠠᠯ᠎ᠠ᠎ᠪᠠᠷ ᠠᠬᠢᠭᠤᠯᠵᠤ᠂ ᠠᠮᠢ ᠠᠬᠤᠶ ᠵᠢᠨ ᠳᠠᠯᠳᠠ ᠭᠡᠮ᠎ᠢ ᠲᠤᠶ᠋ᠢᠯᠪᠤᠷᠢᠲᠠᠶ ᠠᠷᠢᠯᠭ᠋ᠠᠵᠤ᠂ ᠠᠮᠢ ᠠᠬᠤᠶ ᠵᠢᠨ ᠵᠠᠰᠠᠯᠲᠠ ᠵᠢᠨ ᠲᠦᠪᠰᠢᠨ᠎ᠢ ᠪᠦᠬᠦᠯᠢ ᠴᠣᠭᠴᠠ᠎ᠪᠠᠷ᠎ᠨᠢ ᠳᠡᠭᠡᠭᠰᠢᠯᠡᠭᠦᠯᠵᠦ᠂ ᠪᠣᠬᠢᠷᠲᠤᠯ ᠥᠬᠡᠶ ᠴᠢᠨᠠᠷ ᠰᠠᠶ᠋ᠢᠲᠠᠶ ᠬᠥᠭᠵᠢᠯᠲᠡ᠎ᠳᠤ ᠨᠥᠬᠥᠴᠡᠯ ᠪᠦᠷᠢᠯᠳᠦᠭᠦᠯᠵᠦ᠂ ᠰᠠᠭᠤᠷᠢ ᠵᠢ ᠪᠡᠬᠢᠵᠢᠭᠦᠯᠵᠦ᠂ ᠬᠠᠲᠤᠨ ᠭᠤᠤᠯ᠎ᠢ ᠬᠠᠮᠠᠭ᠋ᠠᠯᠠᠬᠤ᠎ᠳᠤ ᠬᠤᠪᠢ ᠨᠡᠮᠡᠷᠢ ᠦᠵᠡᠭᠦᠯᠬᠦ ᠬᠡᠷᠡᠭᠲᠡᠶ》 ᠭᠡᠵᠦ ᠪᠠᠶᠠᠨᠨᠠᠭᠤᠷ ᠬᠤᠳᠠ ᠵᠢᠨ ᠤᠰᠤᠨ ᠠᠰᠢᠭᠯᠠᠯᠲᠠ ᠵᠢᠨ ᠦᠢ᠍ᠯᠡᠰ᠎ᠤᠨ ᠦᠢ᠍ᠯᠡᠴᠢᠯᠡᠭᠡᠨ᠎ᠤ ᠲᠥᠪ᠎ᠤᠨ ᠳᠡᠳ᠋ ᠡᠷᠬᠢᠯᠡᠭᠴᠢ ᠺᠠᠩ ᠢᠦᠢ ᠹᠸᠢ ᠬᠡᠯᠡᠪᠡ᠃