ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠠᠷᠠᠳ᠎ᠤᠨ ᠰᠦᠯᠵᠢᠶ᠎ᠡ᠄ 2023 ᠣᠨ᠎ᠤ ᠤᠰᠤᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ 《ᠯᠠᠨ ᠽᠠᠩ ᠵᠢᠶᠠᠩ ᠮᠥᠷᠡᠨ ᠮᠸᠢᠢ᠍ᠭᠤᠩ ᠮᠥᠷᠡᠨ᠎ᠤ ᠭᠠᠷᠠᠭ》᠎ᠤᠨ ᠠᠵᠢᠯᠯᠠᠭ᠎ᠠ ᠪᠡᠭᠡᠵᠢᠩ᠎ᠳᠤ ᠶᠠᠪᠤᠭᠳᠠᠪᠠ
ᠨᠡᠶ᠋ᠢᠲᠡᠯᠡᠭᠰᠡᠨ ᠴᠠᠭ᠄ 2023-05-31

   ᠠᠷᠠᠳ᠎ᠤᠨ ᠰᠦᠯᠵᠢᠶ᠎ᠡ ᠵᠢᠨ ᠪᠡᠭᠡᠵᠢᠩ᠎ᠤᠨ 5 ᠳ᠋ᠤᠭ᠋ᠠᠷ ᠰᠠᠷ᠎ᠠ ᠵᠢᠨ 27᠎ᠤ ᠡᠳᠦᠷ᠎ᠤᠨ ᠮᠡᠳᠡᠭᠡ (ᠡᠸᠤ ᠶᠠᠩ ᠢ ᠵᠢᠶᠠ) 5 ᠳ᠋ᠤᠭ᠋ᠠᠷ ᠰᠠᠷ᠎ᠠ ᠵᠢᠨ 25᠎ᠤ ᠡᠳᠦᠷ᠎ᠠᠴᠠ 26᠎ᠤ ᠡᠳᠦᠷ ᠪᠣᠯᠲᠠᠯ᠎ᠠ᠂ 《ᠤᠰᠤ ᠵᠢ ᠲᠥᠪᠯᠡᠷᠡᠭᠦᠯᠦᠨ ᠮᠸᠢᠢ᠍ᠭᠤᠩ ᠮᠥᠷᠡᠨ᠎ᠳᠤ ᠠᠰᠢᠭ ᠬᠦᠷᠲᠡᠭᠡᠵᠦ᠂ ᠰᠢᠵᠢᠷ ᠠᠯᠲᠠᠨ ᠲᠠᠪᠤᠨ ᠵᠢᠯ᠎ᠢ ᠡᠬᠢᠯᠡᠭᠦᠯᠦᠶ᠎ᠡ》 ᠭᠡᠬᠦ ᠭᠤᠤᠯ ᠰᠡᠳᠦᠪᠲᠦ 2023 ᠣᠨ᠎ᠤ ᠤᠰᠤᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ 《ᠯᠠᠨ ᠽᠠᠩ ᠵᠢᠶᠠᠩ ᠮᠥᠷᠡᠨ ᠮᠸᠢᠢ᠍ᠭᠤᠩ ᠮᠥᠷᠡᠨ᠎ᠤ ᠭᠠᠷᠠᠭ》᠎ᠤᠨ ᠠᠵᠢᠯᠯᠠᠭ᠎ᠠ ᠪᠡᠭᠡᠵᠢᠩ᠎ᠳᠤ ᠶᠠᠪᠤᠭᠳᠠᠪᠠ᠃ ᠬᠤᠷᠠᠯ᠎ᠳᠤ ᠣᠷᠣᠯᠴᠠᠭᠰᠠᠨ ᠬᠦᠨᠳᠦᠲᠦ ᠵᠣᠴᠢᠳ᠂ ᠣᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ 2030 ᠣᠨ᠎ᠤ ᠦᠷᠭᠦᠯᠵᠢᠯᠡᠬᠦ ᠬᠥᠭᠵᠢᠯᠲᠡ ᠵᠢᠨ ᠵᠥᠪᠯᠡᠬᠦ ᠵᠦᠢ᠍ᠯ᠎ᠤᠨ ᠤᠰᠤᠨ᠎ᠳᠤ ᠬᠣᠯᠪᠣᠭᠳᠠᠬᠤ ᠬᠠᠷᠠᠯᠲᠠ ᠵᠢ ᠨᠠᠶ᠋ᠢᠳᠠᠪᠤᠷᠢᠵᠢᠭᠤᠯᠵᠤ᠂ ᠠᠭᠤᠷ ᠠᠮᠢᠰᠬᠤᠯ᠎ᠤᠨ ᠬᠤᠪᠢᠷᠠᠯᠲᠠ ᠵᠢᠨ ᠥᠷᠢᠰᠥᠯᠳᠦᠭᠡᠨ᠎ᠢ ᠬᠠᠮᠲᠤ᠎ᠪᠠᠷ ᠠᠷᠭ᠋ᠠᠴᠠᠭ᠋ᠠᠵᠤ᠂ ᠤᠰᠤᠨ᠎ᠤ ᠠᠮᠢ ᠠᠬᠤᠶ ᠤᠰᠤᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ᠎ᠳᠤ ᠭᠠᠷ ᠬᠣᠯᠪᠣᠨ ᠬᠠᠮᠲᠤ᠎ᠪᠠᠷ ᠤᠷᠤᠭᠰᠢᠯᠠᠵᠤ᠂ ᠯᠠᠨ ᠽᠠᠩ ᠵᠢᠶᠠᠩ ᠮᠥᠷᠡᠨ ᠮᠸᠢᠢ᠍ᠭᠤᠩ ᠮᠥᠷᠡᠨ᠎ᠤ ᠤᠰᠤᠨ᠎ᠤ ᠡᠬᠢ ᠪᠠᠶᠠᠯᠢᠭ᠎ᠤᠨ ᠬᠠᠮᠲᠤᠷᠠᠯᠴᠠᠭ᠎ᠠ ᠵᠢᠨ ᠭᠦᠨᠵᠡᠭᠡᠶ᠋ᠢᠷᠡᠨ ᠪᠣᠳᠠᠲᠠᠶ᠋ᠢᠵᠢᠬᠤ ᠵᠢ ᠠᠬᠢᠭᠤᠯᠵᠤ᠂ ᠣᠷᠣᠨ ᠪᠦᠰᠡ ᠵᠢᠨ ᠬᠥᠭᠵᠢᠯᠲᠡ ᠪᠣᠯᠤᠨ ᠬᠠᠮᠲᠤ ᠵᠢᠨ ᠬᠥᠭᠵᠢᠯ ᠴᠡᠴᠡᠭᠯᠡᠯ᠎ᠳᠤ ᠤᠰᠤᠨ᠎ᠤ ᠠᠮᠤᠷ ᠲᠦᠪᠰᠢᠨ᠎ᠤ ᠬᠦᠴᠦᠲᠡᠶ ᠪᠠᠲᠤᠯᠠᠭ᠎ᠠ ᠬᠠᠩᠭ᠋ᠠᠵᠤ᠂ ᠰᠢᠨ᠎ᠡ ᠴᠠᠭ ᠦᠶ᠎ᠡ ᠵᠢᠨ ᠯᠠᠨ ᠽᠠᠩ ᠵᠢᠶᠠᠩ ᠮᠥᠷᠡᠨ ᠮᠸᠢᠢ᠍ᠭᠤᠩ ᠮᠥᠷᠡᠨ᠎ᠤ ᠤᠯᠤᠰ᠎ᠤᠳ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ᠎ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠢᠯᠡᠳᠬᠡᠪᠡ᠃

   ᠨᠢᠭᠡ ᠮᠥᠷᠡᠨ᠎ᠤ ᠤᠰᠤ ᠵᠢ ᠬᠠᠮᠲᠤ᠎ᠪᠠᠷ ᠤᠤᠭᠤᠵᠤ᠂ ᠯᠠᠨ ᠽᠠᠩ ᠵᠢᠶᠠᠩ ᠮᠥᠷᠡᠨ ᠮᠸᠢᠢ᠍ᠭᠤᠩ ᠮᠥᠷᠡᠨ ᠨᠢᠭᠡ ᠭᠡᠷ᠎ᠤᠨ ᠬᠥᠮᠦᠨ ᠮᠡᠲᠦ ᠳᠣᠲᠣᠨᠣ᠃ ᠯᠠᠨ ᠽᠠᠩ ᠵᠢᠶᠠᠩ ᠮᠥᠷᠡᠨ ᠮᠸᠢᠢ᠍ᠭᠤᠩ ᠮᠥᠷᠡᠨ᠎ᠤ ᠤᠰᠤᠨ᠎ᠤ ᠡᠬᠢ ᠪᠠᠶᠠᠯᠢᠭ᠎ᠤᠨ ᠬᠠᠮᠲᠤᠷᠠᠯᠴᠠᠭ᠋ᠠᠨ᠎ᠤ ᠲᠥᠪ᠎ᠤᠨ ᠡᠷᠬᠢᠯᠡᠭᠴᠢ ᠬᠤᠤ ᠵᠤᠤ ᠢᠯᠡᠷᠬᠡᠢ᠌ᠯᠡᠬᠦ᠎ᠳᠡᠭᠡᠨ᠂ ᠯᠠᠨ ᠽᠠᠩ ᠵᠢᠶᠠᠩ ᠮᠥᠷᠡᠨ ᠮᠸᠢᠢ᠍ᠭᠤᠩ ᠮᠥᠷᠡᠨ᠎ᠤ ᠬᠠᠮᠲᠤᠷᠠᠯᠴᠠᠭ᠎ᠠ ᠪᠣᠯ ᠰᠠᠪᠠ ᠭᠠᠵᠠᠷ᠎ᠤᠨ ᠤᠯᠤᠰ᠎ᠤᠳ᠎ᠤᠨ ᠬᠠᠮᠲᠤ᠎ᠪᠠᠷ ᠵᠥᠪᠳᠡᠵᠦ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ ᠠᠩᠬᠠᠳᠠᠭᠴᠢ ᠰᠢᠨ᠎ᠡ ᠬᠡᠯᠪᠡᠷᠢ ᠵᠢᠨ ᠳᠡᠳ᠋ ᠣᠷᠣᠨ ᠪᠦᠰᠡ ᠵᠢᠨ ᠬᠠᠮᠲᠤᠷᠠᠯᠴᠠᠭ᠋ᠠᠨ᠎ᠤ ᠲᠣᠭᠲᠠᠴᠠ ᠪᠣᠯᠤᠨ᠎ᠠ᠂ 7 ᠵᠢᠯ᠎ᠤᠨ ᠲᠤᠷᠰᠢᠬᠢ ᠦᠷᠭᠦᠯᠵᠢᠯᠡᠨ ᠥᠨᠳᠥᠷ ᠲᠦᠪᠰᠢᠨ ᠪᠦᠬᠦᠢ ᠬᠥᠭᠵᠢᠯᠲᠡ ᠵᠢ ᠡᠬᠢᠯᠡᠭᠦᠯᠵᠦ᠂ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠨᠢᠭᠡᠨᠲᠡ ᠣᠷᠣᠨ ᠪᠦᠰᠡ ᠵᠢᠨ ᠬᠠᠮᠲᠤᠷᠠᠯᠴᠠᠭ᠋ᠠᠨ᠎ᠤ 《ᠰᠢᠵᠢᠷ ᠠᠯᠳᠠᠨ ᠦᠯᠢᠭᠡᠷ ᠳᠠᠭᠤᠷᠢᠶᠠᠯ》 ᠪᠣᠯᠵᠠᠢ ᠭᠡᠪᠡ᠃ ᠯᠠᠨ ᠽᠠᠩ ᠵᠢᠶᠠᠩ ᠮᠥᠷᠡᠨ ᠮᠸᠢᠢ᠍ᠭᠤᠩ ᠮᠥᠷᠡᠨ᠎ᠤ ᠤᠰᠤᠨ᠎ᠤ ᠡᠬᠢ ᠪᠠᠶᠠᠯᠢᠭ᠎ᠤᠨ ᠬᠠᠮᠲᠤᠷᠠᠯᠴᠠᠭ᠎ᠠ ᠪᠣᠯ ᠯᠠᠨ ᠽᠠᠩ ᠵᠢᠶᠠᠩ ᠮᠥᠷᠡᠨ ᠮᠸᠢᠢ᠍ᠭᠤᠩ ᠮᠥᠷᠡᠨ᠎ᠤ ᠬᠠᠮᠲᠤᠷᠠᠯᠴᠠᠭ᠋ᠠᠨ᠎ᠤ ᠬᠣᠰᠢᠭᠤᠴᠢ ᠬᠦᠷᠢᠶ᠎ᠡ ᠪᠣᠯᠤᠨ᠎ᠠ᠂ ᠯᠠᠨ ᠽᠠᠩ ᠵᠢᠶᠠᠩ ᠮᠥᠷᠡᠨ ᠮᠸᠢᠢ᠍ᠭᠤᠩ ᠮᠥᠷᠡᠨ᠎ᠤ ᠤᠯᠤᠰ᠎ᠤᠳ᠎ᠤᠨ ᠤᠰᠤᠨ᠎ᠤ ᠵᠠᠰᠠᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ᠂ ᠰᠠᠪᠠ ᠭᠠᠵᠠᠷ᠎ᠤᠨ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠠᠬᠢᠭᠤᠯᠬᠤ᠂ ᠯᠠᠨ ᠽᠠᠩ ᠵᠢᠶᠠᠩ ᠮᠥᠷᠡᠨ ᠮᠸᠢᠢ᠍ᠭᠤᠩ ᠮᠥᠷᠡᠨ᠎ᠤ ᠤᠯᠤᠰ᠎ᠤᠳ᠎ᠤᠨ ᠦᠷᠭᠦᠯᠵᠢᠯᠡᠬᠦ ᠬᠥᠭᠵᠢᠯᠲᠡ ᠵᠢ ᠲᠤᠯᠭ᠋ᠠᠭᠤᠷᠢᠯᠠᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ᠃

   ᠤᠰᠤᠨ ᠠᠰᠢᠭᠯᠠᠯᠲᠠ ᠵᠢᠨ ᠶᠠᠮᠤᠨ᠎ᠤ ᠤᠯᠠᠨ ᠤᠯᠤᠰ᠎ᠤᠨ ᠬᠠᠮᠲᠤᠷᠠᠯᠴᠠᠭ᠎ᠠ ᠪᠣᠯᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠤᠷᠭ᠋ᠠᠨ᠎ᠤ ᠳᠠᠷᠤᠭ᠎ᠠ ᠵᠢᠨ ᠬᠠᠢ᠂ ᠯᠠᠨ ᠽᠠᠩ ᠵᠢᠶᠠᠩ ᠮᠥᠷᠡᠨ ᠮᠸᠢᠢ᠍ᠭᠤᠩ ᠮᠥᠷᠡᠨ᠎ᠤ ᠰᠠᠪᠠ ᠭᠠᠵᠠᠷ᠎ᠨᠢ ᠣᠳᠣᠬᠠᠨ᠎ᠤ ᠳᠡᠯᠡᠬᠡᠢ ᠵᠢᠨ ᠠᠵᠤ ᠠᠬᠤᠢ ᠵᠢᠨ ᠬᠥᠭᠵᠢᠯᠲᠡ ᠵᠢᠨ ᠬᠠᠮᠤᠭ᠎ᠤᠨ ᠳᠠᠯᠳᠠ ᠬᠦᠴᠦᠨ᠎ᠲᠠᠢ ᠭᠠᠵᠠᠷ ᠣᠷᠣᠨ᠎ᠤ ᠨᠢᠭᠡ ᠪᠣᠯᠤᠭᠰᠠᠨ᠎ᠤ ᠬᠤᠪᠢ᠎ᠳᠤ᠂ ᠤᠰᠤᠨ᠎ᠤ ᠡᠬᠢ ᠪᠠᠶᠠᠯᠢᠭ᠎ᠤᠨ ᠬᠠᠮᠲᠤᠷᠠᠯᠴᠠᠭ᠎ᠠ᠎ᠨᠢ ᠯᠠᠨ ᠽᠠᠩ ᠵᠢᠶᠠᠩ ᠮᠥᠷᠡᠨ ᠮᠸᠢᠢ᠍ᠭᠤᠩ ᠮᠥᠷᠡᠨ᠎ᠤ ᠣᠷᠣᠨ ᠪᠦᠰᠡ᠎ᠳᠤ ᠠᠭᠤᠷ ᠠᠮᠢᠰᠬᠤᠯ᠎ᠤᠨ ᠤᠶᠠᠨ ᠬᠠᠳᠠᠨ ᠴᠢᠨᠠᠷ᠂ ᠦᠶᠡᠷ ᠭᠠᠩ᠎ᠤᠨ ᠭᠠᠮᠰᠢᠭ᠎ᠢ ᠰᠡᠷᠭᠡᠶ᠋ᠢᠯᠡᠨ ᠡᠵᠡᠮᠳᠡᠬᠦ᠂ ᠠᠮᠤ ᠪᠤᠳᠠᠭ᠋ᠠᠨ᠎ᠤ ᠠᠮᠤᠷ ᠲᠦᠪᠰᠢᠨ᠂ ᠡᠨᠧᠷᠭᠢ ᠵᠢᠨ ᠠᠮᠤᠷ ᠲᠦᠪᠰᠢᠨ᠂ ᠤᠰᠤ ᠬᠠᠩᠭ᠋ᠠᠬᠤ ᠠᠮᠤᠷ ᠲᠦᠪᠰᠢᠨ᠂ ᠠᠮᠢ ᠠᠬᠤᠢ ᠵᠢᠨ ᠬᠠᠮᠠᠭ᠋ᠠᠯᠠᠯᠲᠠ᠂ ᠠᠵᠤ ᠠᠬᠤᠢ ᠨᠡᠶ᠋ᠢᠭᠡᠮ᠎ᠤᠨ ᠦᠷᠭᠦᠯᠵᠢᠯᠡᠬᠦ ᠬᠥᠭᠵᠢᠯᠲᠡ ᠵᠢ ᠲᠤᠯᠭ᠋ᠠᠭᠤᠷᠢᠯᠠᠬᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠳᠤ ᠦᠢ᠍ᠯᠡᠴᠢᠯᠡᠬᠦ ᠵᠡᠷᠭᠡ ᠲᠠᠯ᠎ᠠ᠎ᠪᠠᠷ ᠵᠠᠩᠭᠢᠯᠠᠭ᠎ᠠ ᠵᠢᠨ ᠰᠠᠭᠤᠷᠢ ᠴᠢᠨᠠᠷᠲᠠᠢ ᠦᠢ᠍ᠯᠡᠳᠦᠯ ᠦᠵᠡᠭᠦᠯᠵᠦ ᠪᠠᠶ᠋ᠢᠨ᠎ᠠ ᠭᠡᠵᠦ ᠦᠵᠡᠪᠡ᠃

  《ᠳᠤᠮᠳᠠᠳᠤ ᠤᠯᠤᠰ ᠳᠤᠷᠠᠲᠠᠶ᠎ᠠ ᠰᠠᠪᠠ ᠭᠠᠵᠠᠷ᠎ᠤᠨ ᠡᠯ᠎ᠡ ᠤᠯᠤᠰ᠎ᠲᠠᠢ ᠬᠠᠮᠲᠤ᠎ᠪᠠᠷ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠠᠮᠵᠢᠯᠲᠠ ᠪᠦᠲᠦᠮᠵᠢ᠎ᠪᠠᠷ ᠣᠷᠣᠨ ᠪᠦᠰᠡ ᠵᠢᠨ ᠬᠥᠭᠵᠢᠯᠲᠡ᠎ᠳᠤ ᠰᠢᠨ᠎ᠡ ᠠᠵᠠ ᠲᠣᠬᠢᠶᠠᠯ ᠬᠠᠩᠭ᠋ᠠᠵᠤ᠂ ᠰᠢᠨ᠎ᠡ ᠵᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠦ᠂ ᠬᠠᠮᠲᠤ᠎ᠪᠠᠷ ᠡᠳ᠋ᠯᠡᠬᠦ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠢᠮᠠᠭᠲᠠ ᠪᠠᠷᠢᠮᠲᠠᠯᠠᠵᠤ᠂ ᠯᠠᠨ ᠽᠠᠩ ᠵᠢᠶᠠᠩ ᠮᠥᠷᠡᠨ ᠮᠸᠢᠢ᠍ᠭᠤᠩ ᠮᠥᠷᠡᠨ᠎ᠤ ᠤᠰᠤᠨ᠎ᠤ ᠡᠬᠢ ᠪᠠᠶᠠᠯᠢᠭ᠎ᠤᠨ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠤᠰᠤᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ᠂ ᠤᠰᠤᠨ ᠵᠦᠢ ᠵᠢᠨ ᠮᠡᠳᠡᠭᠡ ᠵᠠᠩᠭᠢ᠂ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ᠂ ᠴᠢᠳᠠᠪᠤᠷᠢ ᠵᠢᠨ ᠪᠠᠶ᠋ᠢᠭᠤᠯᠤᠯᠲᠠ᠂ ᠠᠵᠢᠯᠳᠠᠨ᠎ᠤ ᠪᠣᠯᠪᠠᠰᠤᠷᠠᠯ ᠵᠡᠷᠭᠡ ᠪᠦᠬᠦ ᠰᠠᠪᠠ ᠭᠠᠵᠠᠷ᠎ᠤᠨ ᠵᠠᠰᠠᠯᠲᠠ ᠬᠠᠮᠢᠶᠠᠷᠤᠯᠲᠠ ᠵᠢᠨ ᠤᠯᠠᠨ ᠤᠯᠤᠰ᠎ᠤᠨ ᠰᠣᠯᠢᠯᠴᠠᠭ᠎ᠠ ᠪᠣᠯᠤᠨ ᠬᠠᠮᠲᠤᠷᠠᠯᠴᠠᠭ᠎ᠠ ᠵᠢ ᠢᠳᠡᠪᠬᠢᠲᠡᠢ ᠠᠬᠢᠭᠤᠯᠵᠤ᠂ ᠯᠠᠨ ᠽᠠᠩ ᠵᠢᠶᠠᠩ ᠮᠥᠷᠡᠨ ᠮᠸᠢᠢ᠍ᠭᠤᠩ ᠮᠥᠷᠡᠨ᠎ᠤ ᠰᠠᠪᠠ ᠭᠠᠵᠠᠷ᠎ᠤᠨ ᠠᠷᠠᠳ ᠲᠦᠮᠡᠨ᠎ᠤ ᠠᠮᠤᠷ ᠲᠠᠶ᠋ᠢᠪᠤᠩ ᠠᠵᠤ ᠲᠦᠷᠦᠭᠦ᠂ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠬᠦᠴᠦᠲᠡᠢ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠬᠠᠩᠭ᠋ᠠᠨ᠎ᠠ》 ᠭᠡᠵᠦ ᠵᠢᠨ ᠬᠠᠶ ᠬᠡᠯᠡᠪᠡ᠃

   ᠭᠠᠳᠠᠭ᠋ᠠᠳᠤ ᠶᠠᠪᠤᠳᠠᠯ᠎ᠤᠨ ᠶᠠᠮᠤᠨ᠎ᠤ ᠠᠽᠢᠶ᠎ᠠ ᠲᠢᠪ᠎ᠤᠨ ᠵᠤᠷᠭ᠋ᠠᠨ᠎ᠤ ᠡᠯᠴᠢᠨ ᠰᠠᠶ᠋ᠢᠳ ᠢᠦᠢ ᠬᠣᠩ ᠵᠢᠭ᠋ᠠᠵᠦ ᠭᠠᠷᠭ᠋ᠠᠬᠤ᠎ᠳᠠᠭᠠᠨ᠂ ᠯᠠᠨ ᠽᠠᠩ ᠵᠢᠶᠠᠩ ᠮᠥᠷᠡᠨ ᠮᠸᠢᠢ᠍ᠭᠤᠩ ᠮᠥᠷᠡᠨ᠎ᠤ ᠡᠷᠭᠢ ᠳᠠᠭ᠋ᠠᠤ ᠵᠢᠨ ᠡᠯ᠎ᠡ ᠤᠯᠤᠰ᠎ᠤᠨ ᠬᠠᠮᠲᠤ᠎ᠪᠠᠷ ᠵᠥᠪᠳᠡᠬᠦ᠂ ᠬᠠᠮᠲᠤ᠎ᠪᠠᠷ ᠪᠠᠶ᠋ᠢᠭᠤᠯᠬᠤ᠂ ᠬᠠᠮᠲᠤ᠎ᠪᠠᠷ ᠡᠳ᠋ᠯᠡᠬᠦ ᠠᠩᠬᠠᠳᠠᠭᠴᠢ ᠰᠢᠨ᠎ᠡ ᠬᠡᠯᠪᠡᠷᠢ ᠵᠢᠨ ᠳᠡᠳ᠋ ᠣᠷᠣᠨ ᠪᠦᠰᠡ ᠵᠢᠨ ᠬᠠᠮᠲᠤᠷᠠᠯᠴᠠᠭ᠋ᠠᠨ᠎ᠤ ᠲᠣᠭᠲᠠᠴᠠ ᠪᠣᠯᠤᠨ᠎ᠠ᠂ ᠵᠢᠷᠭᠤᠭ᠋ᠠᠨ ᠤᠯᠤᠰ᠎ᠤᠨ ᠪᠦᠯᠬᠦᠮᠳᠡᠯ ᠬᠠᠮᠵᠢᠯᠴᠠᠭ᠎ᠠ᠂ ᠬᠠᠮᠲᠤ ᠵᠢᠨ ᠴᠢᠷᠮᠠᠶ᠋ᠢᠯᠭ᠎ᠠ᠎ᠪᠠᠷ᠂ ᠨᠢᠭᠡᠨᠲᠡ ᠳᠡᠳ᠋ ᠣᠷᠣᠨ ᠪᠦᠰᠡ ᠵᠢᠨ ᠬᠠᠮᠤᠭ᠎ᠤᠨ ᠠᠮᠢᠵᠢᠷᠠᠯ᠎ᠤᠨ ᠬᠦᠴᠦᠨ᠎ᠲᠠᠢ᠂ ᠬᠠᠮᠤᠭ᠎ᠤᠨ ᠬᠥᠭᠵᠢᠯᠲᠡ ᠵᠢᠨ ᠳᠠᠯᠳᠠ ᠬᠦᠴᠦᠨ᠎ᠲᠠᠢ ᠬᠠᠮᠲᠤᠷᠠᠯᠴᠠᠭ᠋ᠠᠨ᠎ᠤ ᠲᠣᠭᠲᠠᠴᠠ ᠵᠢᠨ ᠨᠢᠭᠡ ᠪᠤᠯᠵᠤ᠂ ᠵᠢᠷᠭᠤᠭ᠋ᠠᠨ ᠤᠯᠤᠰ᠎ᠤᠨ ᠬᠥᠭᠵᠢᠯᠲᠡ᠎ᠳᠤ 《ᠠᠮᠢᠵᠢᠷᠠᠯ᠎ᠤᠨ ᠬᠦᠴᠦᠨ》 ᠨᠡᠮᠡᠷᠢᠯᠡᠵᠦ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ᠎ᠳᠤ ᠦᠯᠢᠭᠡᠷ ᠳᠠᠭᠤᠷᠢᠶᠠᠯ ᠪᠣᠯᠵᠠᠢ ᠭᠡᠪᠡ᠃

  《ᠨᠢᠭᠡ ᠮᠥᠷᠡᠨ᠎ᠤ ᠤᠰᠤ ᠵᠢ ᠤᠮᠳᠠᠯᠠᠵᠤ᠂ ᠬᠤᠪᠢ ᠵᠠᠶᠠᠭ᠎ᠠ᠎ᠪᠠᠨ ᠬᠣᠯᠪᠣᠬᠤ》 ᠪᠣᠯ ᠯᠠᠨ ᠽᠠᠩ ᠵᠢᠶᠠᠩ ᠮᠥᠷᠡᠨ ᠮᠸᠢᠢ᠍ᠭᠤᠩ ᠮᠥᠷᠡᠨ᠎ᠤ ᠬᠠᠮᠲᠤᠷᠠᠯᠴᠠᠭ᠋ᠠᠨ᠎ᠤ ᠥᠨᠢᠳᠡ ᠵᠢᠨ ᠭᠣᠣᠯ ᠰᠡᠳᠦᠪ ᠪᠣᠯᠤᠨ᠎ᠠ᠃ ᠢᠦᠢ ᠬᠣᠩ ᠢᠯᠡᠷᠬᠡᠢ᠌ᠯᠡᠬᠦ᠎ᠳᠡᠭᠡᠨ᠂ ᠳᠡᠯᠡᠬᠡᠢ ᠵᠢᠨ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠵᠢᠨ ᠡᠮᠦᠨ᠎ᠡ᠂ ᠤᠰᠤᠨ᠎ᠤ ᠡᠬᠢ ᠪᠠᠶᠠᠯᠢᠭ᠎ᠤᠨ ᠬᠠᠮᠲᠤᠷᠠᠯᠴᠠᠭ᠎ᠠ᠎ᠨᠢ ᠰᠠᠪᠠ ᠭᠠᠵᠠᠷ᠎ᠤᠨ ᠡᠯ᠎ᠡ ᠤᠯᠤᠰ᠎ᠤᠨ ᠤᠯᠤᠰ᠎ᠤᠨ ᠠᠵᠤ ᠠᠬᠤᠢ ᠠᠷᠠᠳ᠎ᠤᠨ ᠠᠮᠢᠳᠤᠷᠠᠯ᠎ᠲᠠᠢ ᠨᠢᠭᠲᠠ ᠬᠣᠯᠪᠣᠭ᠎ᠠ᠎ᠲᠠᠢ ᠪᠥᠭᠡᠳ ᠯᠠᠨ ᠽᠠᠩ ᠵᠢᠶᠠᠩ ᠮᠥᠷᠡᠨ ᠮᠸᠢᠢ᠍ᠭᠤᠩ ᠮᠥᠷᠡᠨ᠎ᠤ ᠬᠠᠮᠲᠤᠷᠠᠯᠴᠠᠭ᠋ᠠᠨ᠎ᠤ ᠤᠷᠢᠳ ᠵᠶ᠋ᠠᠷ ᠪᠣᠳᠣᠯᠬᠢᠯᠠᠬᠤ ᠬᠦᠷᠢᠶ᠎ᠡ ᠪᠣᠯᠤᠨ᠎ᠠ᠃ ᠳᠤᠮᠳᠠᠳᠤ ᠤᠯᠤᠰ ᠳᠣᠲᠣᠨᠣ ᠦᠨᠡᠨᠴᠢ ᠠᠰᠢᠭᠲᠠᠢ ᠪᠠᠭᠲᠠᠭ᠋ᠠᠮᠵᠢᠲᠠᠢ ᠡᠷᠬᠢᠨ ᠲᠣᠭᠣᠷᠢᠨ᠎ᠤ ᠭᠠᠳᠠᠭ᠋ᠠᠳᠤ ᠬᠠᠷᠢᠯᠴᠠᠭ᠋ᠠᠨ᠎ᠤ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠮᠸᠢᠢ᠍ᠭᠤᠩ ᠮᠥᠷᠡᠨ᠎ᠤ ᠡᠯ᠎ᠡ ᠤᠯᠤᠰ᠎ᠯᠤᠭ᠎ᠠ ᠬᠥᠭᠵᠢᠯᠲᠡ ᠵᠢᠨ ᠠᠰᠢᠭ ᠲᠤᠰᠠ ᠵᠢ ᠬᠤᠪᠢᠶᠠᠯᠴᠠᠵᠤ᠂ ᠬᠠᠮᠲᠤᠷᠠᠯᠴᠠᠭ᠋ᠠᠨ᠎ᠤ ᠶᠡᠬᠡ ᠪᠤᠳᠤᠯᠭ᠎ᠠ ᠵᠢ ᠬᠠᠮᠲᠤ᠎ᠪᠠᠷ ᠵᠥᠪᠳᠡᠯᠴᠡᠵᠦ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠴᠢᠨᠠᠷ ᠰᠠᠶ᠋ᠢᠲᠠᠢ ᠪᠦᠳᠦᠭᠡᠨ ᠪᠠᠶ᠋ᠢᠭᠤᠯᠬᠤ ᠵᠢᠱ᠌ᠢᠶ᠎ᠡ ᠦᠵᠡᠭᠦᠯᠬᠦ ᠣᠷᠣᠨ᠂ ᠪᠦᠬᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ ᠵᠢᠨ ᠬᠣᠰᠢᠭᠤᠴᠢ ᠣᠷᠣᠨ᠂ ᠪᠦᠬᠦ ᠪᠥᠮᠪᠥᠷᠴᠡᠭ᠎ᠤᠨ ᠠᠮᠤᠷ ᠲᠦᠪᠰᠢᠨ᠎ᠤ ᠰᠠᠨᠠᠭ᠋ᠠᠴᠢᠯᠠᠭ᠎ᠠ ᠵᠢᠨ ᠲᠤᠷᠰᠢᠯᠲᠠ ᠵᠢᠨ ᠣᠷᠣᠨ᠂ ᠪᠦᠬᠦ ᠪᠥᠮᠪᠥᠷᠴᠡᠭ᠎ᠤᠨ ᠪᠣᠯᠪᠠᠰᠤᠨ᠎ᠤ ᠰᠠᠨᠠᠭ᠋ᠠᠴᠢᠯᠠᠭ᠎ᠠ ᠵᠢᠨ ᠠᠩᠬᠠᠨ᠎ᠤ ᠰᠠᠢ᠍ᠢ᠍ᠨ ᠣᠷᠣᠨ᠎ᠢ ᠬᠠᠮᠲᠤ᠎ᠪᠠᠷ ᠴᠣᠭᠴᠠᠯᠠᠵᠤ᠂ ᠯᠠᠨ ᠽᠠᠩ ᠵᠢᠶᠠᠩ ᠮᠥᠷᠡᠨ ᠮᠸᠢᠢ᠍ᠭᠤᠩ ᠮᠥᠷᠡᠨ᠎ᠤ ᠤᠯᠤᠰ᠎ᠤᠳ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠤᠨ᠎ᠠ᠃

   ᠠᠵᠢᠯᠯᠠᠭ᠎ᠠ ᠵᠢᠨ ᠬᠤᠭᠤᠴᠠᠭ᠋ᠠᠨ᠎ᠳᠤ᠂ ᠵᠢᠶᠠᠩᠰᠦ ᠮᠤᠵᠢ ᠵᠢᠨ ᠭᠠᠳᠠᠭ᠋ᠠᠳᠤ ᠶᠠᠪᠤᠳᠠᠯ᠎ᠤᠨ ᠠᠯᠪᠠᠨ ᠬᠡᠷ᠎ᠤᠨ ᠲᠥᠯᠥᠭᠡᠯᠡᠭᠴᠢ᠎ᠠᠴᠠ ᠵᠢᠶᠠᠩᠰᠦ ᠮᠤᠵᠢ ᠵᠢᠨ ᠯᠠᠨ ᠽᠠᠩ ᠵᠢᠶᠠᠩ ᠮᠥᠷᠡᠨ ᠮᠸᠢᠢ᠍ᠭᠤᠩ ᠮᠥᠷᠡᠨ᠎ᠤ ᠬᠠᠮᠲᠤᠷᠠᠯᠴᠠᠭ᠎ᠠ᠎ᠳᠤ ᠣᠷᠣᠯᠴᠠᠭᠰᠠᠨ ᠪᠠᠶ᠋ᠢᠳᠠᠯ᠎ᠢ ᠲᠠᠨᠢᠯᠴᠠᠭᠤᠯᠵᠤ᠂ ᠬᠤᠷᠠᠯ᠎ᠳᠤ ᠣᠷᠣᠯᠴᠠᠭᠰᠠᠨ ᠲᠥᠯᠥᠭᠡᠯᠡᠭᠴᠢ ᠪᠠᠰᠠ ᠯᠠᠨ ᠽᠠᠩ ᠵᠢᠶᠠᠩ ᠮᠥᠷᠡᠨ ᠮᠸᠢᠢ᠍ᠭᠤᠩ ᠮᠥᠷᠡᠨ᠎ᠤ ᠤᠰᠤᠨ᠎ᠤ ᠡᠬᠢ ᠪᠠᠶᠠᠯᠢᠭ᠎ᠤᠨ ᠬᠠᠮᠲᠤᠷᠠᠯᠴᠠᠭ᠎ᠠ ᠵᠢᠨ ᠠᠬᠢᠴᠠ ᠵᠢᠨ ᠪᠠᠶ᠋ᠢᠳᠠᠯ ᠵᠢᠴᠢ ᠲᠠᠷᠠᠭ᠋ᠠᠴᠢ ᠵᠢᠨ ᠲᠠᠪᠤᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ ᠵᠢᠨ ᠬᠣᠯᠪᠣᠭᠳᠠᠯ ᠪᠥᠬᠥᠶ ᠰᠠᠨᠠᠭᠤᠯᠭ᠎ᠠ ᠵᠢᠨ ᠲᠤᠬᠠᠶ ᠰᠣᠯᠢᠯᠴᠠᠨ ᠶᠠᠷᠢᠯᠴᠠᠪᠠ᠃

  5 ᠳ᠋ᠤᠭ᠋ᠠᠷ ᠰᠠᠷ᠎ᠠ ᠵᠢᠨ 25᠎ᠤ ᠦᠳᠡ ᠵᠢᠨ ᠬᠣᠶ᠋ᠢᠨ᠎ᠠ᠂ ᠯᠠᠨ ᠽᠠᠩ ᠵᠢᠶᠠᠩ ᠮᠥᠷᠡᠨ ᠮᠸᠢᠢ᠍ᠭᠤᠩ ᠮᠥᠷᠡᠨ᠎ᠤ ᠰᠠᠪᠠ ᠭᠠᠵᠠᠷ᠎ᠲᠤ 《ᠲᠠᠷᠢᠶᠠᠯᠠᠩ᠎ᠢ ᠬᠥᠭᠵᠢᠭᠦᠯᠵᠦ ᠮᠸᠢᠢ᠍ᠭᠤᠩ ᠮᠥᠷᠡᠨ᠎ᠳᠤ ᠠᠰᠢᠭ ᠬᠦᠷᠲᠡᠭᠡᠬᠦ᠄ ᠰᠢᠨ᠎ᠡ ᠲᠠᠪᠤᠨ ᠵᠢᠯ᠂ ᠰᠢᠨ᠎ᠡ ᠡᠭᠦᠷᠭᠡ ᠬᠠᠷᠢᠭᠤᠴᠠᠯᠭ᠎ᠠ》 ᠯᠠᠨ ᠽᠠᠩ ᠵᠢᠶᠠᠩ ᠮᠥᠷᠡᠨ ᠮᠸᠢᠢ᠍ᠭᠤᠩ ᠮᠥᠷᠡᠨ᠎ᠤ ᠵᠠᠯᠠᠭᠤᠴᠤᠳ᠎ᠤᠨ ᠳᠤᠭᠤᠢ ᠰᠢᠷᠡᠭᠡᠨ᠎ᠤ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠪᠠ᠃ ᠡᠾᠸ ᠬᠠᠢ ᠶᠡᠬᠡ ᠰᠤᠷᠭ᠋ᠠᠭᠤᠯᠢ ᠵᠢᠨ ᠮᠸᠢᠢ᠍ᠭᠤᠩ ᠮᠥᠷᠡᠨ᠎ᠳᠠᠬᠢ ᠤᠯᠤᠰ᠎ᠤᠨ ᠭᠠᠳᠠᠭ᠋ᠠᠳᠤ᠎ᠳᠤ ᠰᠤᠷᠤᠯᠴᠠᠬᠤ ᠰᠤᠷᠤᠭᠴᠢᠳ᠎ᠤᠨ ᠲᠥᠯᠥᠭᠡᠯᠡᠭᠴᠢ᠂ ᠳᠤᠮᠳᠠᠳᠤ ᠤᠯᠤᠰ᠎ᠤᠨ ᠤᠰᠤᠨ᠎ᠤ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠴᠢᠩᠬᠤᠸᠠ ᠶᠡᠬᠡ ᠰᠤᠷᠭ᠋ᠠᠭᠤᠯᠢ ᠵᠡᠷᠭᠡ ᠤᠰᠤᠨ ᠠᠰᠢᠭᠯᠠᠯᠲᠠ ᠵᠢᠨ ᠲᠤᠰᠬᠠᠶ ᠮᠡᠷᠭᠡᠵᠢᠯ᠎ᠤᠨ ᠰᠤᠷᠤᠭᠴᠢᠳ᠎ᠤᠨ ᠲᠥᠯᠥᠭᠡᠯᠡᠭᠴᠢ ᠭᠤᠤᠯ ᠰᠡᠳᠦᠪ᠎ᠤᠨ ᠲᠣᠭᠣᠷᠢᠨ᠎ᠳᠤ ᠰᠠᠨᠠᠯ ᠵᠶ᠋ᠠᠨ ᠭᠦᠨᠵᠡᠭᠡᠶ ᠰᠣᠯᠢᠯᠴᠠᠭᠰᠠᠨ ᠪᠥᠭᠡᠳ 《ᠯᠠᠨ ᠽᠠᠩ ᠵᠢᠶᠠᠩ ᠮᠥᠷᠡᠨ ᠮᠸᠢᠢ᠍ᠭᠤᠩ        ᠮᠥᠷᠡᠨ》᠎ᠤ ᠭᠤᠤᠯ ᠠᠵᠢᠯᠯᠠᠭ᠎ᠠ ᠳᠡᠭᠡᠷ᠎ᠡ ᠬᠤᠷᠠᠯ᠎ᠤᠨ ᠭᠤᠤᠯ ᠦᠷ᠎ᠡ ᠪᠦᠲᠦᠭᠡᠯ᠎ᠢ ᠬᠠᠷᠢᠭᠤ ᠮᠡᠳᠡᠭᠦᠯᠪᠡ᠃

 

ᠢᠷᠡᠯᠲᠡ᠄ ᠠᠷᠠᠳ᠎ᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢᠨᠬᠤᠸᠠ ᠬᠣᠷᠢᠶ᠎ᠠ᠄ ᠤᠰᠤᠨ ᠠᠰᠢᠭᠯᠠᠯᠲᠠ ᠵᠢᠨ ᠶᠠᠮᠤᠨ ᠳᠠᠯᠠᠢ ᠵᠢᠨ ᠶᠠᠪᠤᠳᠠᠯ᠎ᠤᠨ ᠵᠥᠪᠯᠡᠯ ᠬᠠᠰᠢᠯᠭ᠎ᠠ ᠵᠢ ᠡᠪᠳᠡᠭᠰᠡᠨ 63 ᠠᠭᠤᠶ ᠵᠢᠨ ᠰᠦᠷᠦᠭ᠎ᠢ ᠴᠡᠭᠴᠡᠯᠡᠨ ᠵᠠᠰᠠᠪᠠ
ᠰᠢᠨᠬᠤᠸᠠ ᠬᠣᠷᠢᠶ᠎ᠠ᠄ ᠤᠰᠤᠨ ᠠᠰᠢᠭᠯᠠᠯᠲᠠ ᠵᠢᠨ ᠶᠠᠮᠤᠨ᠄ ᠲᠠᠪᠤᠨ ᠲᠠᠯ᠎ᠠ᠎ᠪᠠᠷ ᠲᠣᠭ᠋ᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠨ᠎ᠠ
ᠠᠷᠠᠳ᠎ᠤᠨ ᠡᠳᠦᠷ᠎ᠤᠨ ᠰᠣᠨᠢᠨ᠄ ᠦᠶᠡᠷ᠎ᠤᠨ ᠬᠤᠭᠤᠴᠠᠭ᠋ᠠᠨ᠎ᠳᠤ ᠤᠷᠤᠭᠰᠠᠨ᠎ᠠᠴᠠ ᠨᠠᠭ᠋ᠠᠰᠢ 189 ᠭᠤᠤᠯ ᠮᠥᠷᠡᠨ ᠰᠡᠷᠡᠮᠵᠢ ᠵᠢᠨ ᠱᠤᠭᠤᠮ᠎ᠠᠴᠠ ᠳᠠᠪᠠᠭᠰᠠᠨ ᠦᠶᠡᠷ ᠭᠠᠷᠪᠠ
ᠠᠷᠠᠳ᠎ᠤᠨ ᠡᠳᠦᠷ᠎ᠤᠨ ᠰᠣᠨᠢᠨ᠄ ᠤᠰᠤᠨ ᠠᠰᠢᠭᠯᠠᠯᠲᠠ ᠵᠢᠨ ᠶᠠᠮᠤᠨ᠎ᠤ ᠲᠣᠭ᠋ᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠲᠤᠬᠠᠶ ᠵᠢᠨ ᠭᠠᠵᠠᠷ᠎ᠤᠨ ᠬᠤᠷᠠᠯ ᠰᠢᠶᠣᠤ ᠯᠠᠩ ᠳ᠋ᠢ ᠤᠰᠤᠨ ᠠᠰᠢᠭᠯᠠᠯᠲᠠ ᠵᠢᠨ ᠵᠠᠩᠭᠢᠯᠠᠭ᠎ᠠ᠎ᠳᠤ ᠬᠤᠷᠠᠯᠳᠤᠪᠠ
ᠠᠷᠠᠳ᠎ᠤᠨ ᠡᠳᠦᠷ᠎ᠤᠨ ᠰᠣᠨᠢᠨ᠄ ᠦᠶᠡᠷ᠎ᠤᠨ ᠡᠮᠦᠨᠡᠬᠢ ᠬᠠᠲᠤᠨ ᠭᠤᠤᠯ᠎ᠤᠨ ᠤᠰᠤ ᠲᠠᠲᠠᠬᠤ ᠡᠯᠡᠰᠦ ᠲᠣᠬᠢᠷᠠᠭᠤᠯᠬᠤ ᠠᠵᠢᠯ ᠡᠬᠢᠯᠡᠪᠡ
 
            