《ᠠᠷᠠᠳ᠎ᠤᠨ ᠡᠳᠦᠷ᠎ᠤᠨ ᠰᠣᠨᠢᠨ》 (2023 ᠣᠨ᠎ᠤ 7 ᠳ᠋ᠤᠭ᠋ᠠᠷ ᠰᠠᠷ᠎ᠠ ᠵᠢᠨ 4᠎ᠤ ᠡᠳᠦᠷ᠎ᠤᠨ ᠬᠡᠪᠯᠡᠯ᠎ᠤᠨ 14 ᠳ᠋ᠦ᠍ᠭᠡᠷ ᠨᠢᠭᠤᠷ)
ᠠᠷᠠᠳ᠎ᠤᠨ ᠡᠳᠦᠷ᠎ᠤᠨ ᠰᠣᠨᠢᠨ᠎ᠤ ᠪᠡᠭᠡᠵᠢᠩ᠎ᠤᠨ 7 ᠳ᠋ᠤᠭ᠋ᠠᠷ ᠰᠠᠷ᠎ᠠ ᠵᠢᠨ 3᠎ᠤ ᠡᠳᠦᠷ᠎ᠤᠨ ᠮᠡᠳᠡᠭᠡ (ᠰᠤᠷᠪᠤᠯᠵᠢᠯᠠᠭᠴᠢ ᠸᠠᠩ ᠬᠤᠤ) ᠰᠤᠷᠪᠤᠯᠵᠢᠯᠠᠭᠴᠢ ᠤᠰᠤᠨ ᠠᠰᠢᠭᠯᠠᠯᠲᠠ ᠵᠢᠨ ᠶᠠᠮᠤᠨ᠎ᠠᠴᠠ ᠣᠶ᠋ᠢᠯᠠᠭ᠋ᠠᠭᠰᠠᠨ ᠵᠶ᠋ᠠᠷ᠄ ᠦᠶᠡᠷ᠎ᠤᠨ ᠬᠤᠭᠤᠴᠠᠭ᠋ᠠᠨ᠎ᠳᠤ ᠤᠷᠤᠭᠰᠠᠨ᠎ᠠᠴᠠ ᠨᠠᠭ᠋ᠠᠰᠢ 7 ᠳ᠋ᠤᠭ᠋ᠠᠷ ᠰᠠᠷ᠎ᠠ ᠵᠢᠨ 3᠎ᠤ ᠡᠳᠦᠷ ᠪᠣᠯᠲᠠᠯ᠎ᠠ᠂ ᠨᠡᠶ᠋ᠢᠲᠡ 189 ᠭᠤᠤᠯ ᠮᠥᠷᠡᠨ ᠰᠡᠷᠡᠮᠵᠢ ᠵᠢᠨ ᠱᠤᠭᠤᠮ᠎ᠠᠴᠠ ᠳᠠᠪᠠᠭᠰᠠᠨ ᠦᠶᠡᠷ ᠭᠠᠷᠴᠠᠶ᠃
7 ᠳ᠋ᠤᠭ᠋ᠠᠷ ᠰᠠᠷ᠎ᠠ ᠵᠢᠨ 2᠎ᠤᠨ ᠡᠳᠦᠷ᠎ᠤᠨ 8 ᠴᠠᠭ᠎ᠠᠴᠠ 3᠎ᠤ ᠡᠳᠦᠷ᠎ᠤᠨ 14 ᠴᠠᠭ ᠪᠣᠯᠲᠠᠯ᠎ᠠ᠂ ᠭᠠᠨᠰᠦ ᠵᠢᠨ ᠪᠠᠷᠠᠭᠤᠨ ᠡᠮᠦᠨᠡᠲᠦ ᠬᠡᠰᠡᠭ᠂ ᠰᠸᠴᠤᠸᠠᠨ᠎ᠤ ᠵᠡᠭᠦᠨ ᠬᠣᠶ᠋ᠢᠲᠤ ᠬᠡᠰᠡᠭ᠂ ᠱᠠᠨᠰᠢ ᠵᠢᠨ ᠡᠮᠦᠨᠡᠲᠦ ᠬᠡᠰᠡᠭ᠂ ᠾᠧᠨᠠᠨ᠎ᠤ ᠳᠤᠮᠳᠠ ᠪᠠᠷᠠᠭᠤᠨ ᠬᠡᠰᠡᠭ᠂ ᠬᠤᠪᠸᠢ ᠵᠢᠨ ᠳᠤᠮᠳᠠ ᠬᠣᠶ᠋ᠢᠲᠤ ᠬᠡᠰᠡᠭ᠂ ᠠᠨᠾᠦᠢ᠍ᠢ ᠵᠢᠨ ᠵᠡᠭᠦᠨ ᠬᠣᠶ᠋ᠢᠲᠤ ᠬᠡᠰᠡᠭ᠂ ᠵᠢᠶᠠᠩᠰᠦ ᠵᠢᠨ ᠶᠡᠬᠡᠩᠬᠢ ᠬᠡᠰᠡᠭ ᠵᠢᠴᠢ ᠭᠤᠸᠠᠩᠰᠢ ᠵᠢᠨ ᠹᠠᠩ ᠴᠧᠩ ᠭᠠᠩ᠂ ᠭᠤᠸᠠᠩᠳᠦ᠋ᠩ᠎ᠤᠨ ᠶᠠᠩ ᠵᠢᠶᠠᠩ ᠵᠡᠷᠭᠡ ᠭᠠᠵᠠᠷ᠎ᠤᠨ ᠬᠡᠰᠡᠭ ᠭᠠᠵᠠᠷ᠎ᠲᠤ 3070 ᠮᠢᠯᠢᠮᠧᠲᠷ᠎ᠤᠨ ᠪᠣᠷᠣᠭ᠋ᠠᠨ ᠣᠷᠣᠨ᠎ᠠ᠃ ᠲᠡᠭᠦᠨ᠎ᠤ ᠨᠥᠯᠥᠭᠡ᠎ᠪᠠᠷ᠂ ᠰᠸᠴᠤᠸᠠᠨ᠎ᠤ ᠵᠢᠶᠠ ᠯᠢᠩ ᠵᠢᠶᠠᠩ ᠮᠥᠷᠡᠨ᠎ᠤ ᠰᠠᠯᠪᠤᠷᠢ ᠤᠷᠤᠰᠬᠠᠯ ᠪᠣᠯᠬᠤ ᠯᠦᠸᠸ ᠰᠢ ᠾᠧ ᠭᠣᠣᠯ᠂ ᠶᠸᠤ ᠰᠢ ᠾᠧ ᠭᠣᠣᠯ ᠵᠢᠴᠢ ᠴᠢᠦᠢ ᠵᠢᠶᠠᠩ ᠮᠥᠷᠡᠨ᠎ᠤ ᠰᠠᠯᠪᠤᠷᠢ ᠤᠷᠤᠰᠬᠠᠯ ᠪᠣᠯᠬᠤ ᠵᠠᠢ ᠪᠠ ᠾᠧ ᠭᠣᠣᠯ᠂ ᠴᠦᠩᠴᠢᠩ᠎ᠤᠨ ᠵᠢᠶᠠ ᠯᠢᠩ ᠵᠢᠶᠠᠩ ᠮᠥᠷᠡᠨ᠎ᠤ ᠰᠠᠯᠪᠤᠷᠢ ᠤᠷᠤᠰᠬᠠᠯ ᠪᠣᠯᠬᠤ ᠾᠸᠢ ᠱᠦᠢ ᠲᠠᠨ ᠭᠣᠣᠯ᠂ ᠱᠠᠨᠰᠢ ᠵᠢᠨ ᠬᠠᠨ ᠵᠢᠶᠠᠩ ᠮᠥᠷᠡᠨ᠎ᠤ ᠰᠠᠯᠪᠤᠷᠢ ᠤᠷᠤᠰᠬᠠᠯ ᠪᠣᠯᠬᠤ ᠶᠸᠤ ᠱᠦᠢ ᠾᠧ ᠭᠣᠣᠯ ᠵᠢᠴᠢ ᠸᠧᠢ ᠾᠧ ᠭᠣᠣᠯ᠎ᠤᠨ ᠰᠠᠯᠪᠤᠷᠢ ᠤᠷᠤᠰᠬᠠᠯ ᠪᠣᠯᠬᠤ ᠹᠸᠩ ᠾᠧ ᠭᠣᠣᠯ ᠵᠡᠷᠭᠡ 12 ᠵᠤᠷᠪᠤᠰ ᠳᠤᠮᠳᠠ ᠪᠠᠭ᠎ᠠ ᠭᠣᠣᠯ ᠮᠥᠷᠡᠨ᠎ᠳᠤ ᠰᠡᠷᠡᠮᠵᠢ ᠵᠢᠨ ᠱᠤᠭᠤᠮ᠎ᠠᠴᠠ ᠳᠡᠭᠡᠭᠰᠢᠬᠢ ᠦᠶᠡᠷ ᠭᠠᠷᠴᠤ᠂ ᠬᠠᠮᠤᠭ᠎ᠤᠨ ᠶᠡᠬᠡ ᠦᠶᠡᠷ ᠭᠠᠷᠤᠭᠰᠠᠨ ᠬᠡᠮᠵᠢᠶ᠎ᠡ᠎ᠨᠢ 0.03 —1.08 ᠮᠧᠲᠷ᠎ᠲᠤ ᠬᠦᠷᠴᠡᠢ᠂ ᠡᠭᠦᠨ᠎ᠳᠤ ᠯᠦᠸᠸ ᠰᠢ ᠾᠧ ᠭᠣᠣᠯ 0.58 ᠮᠧᠲᠷ᠎ᠢ ᠬᠡᠲᠦᠷᠡᠲᠡᠯ᠎ᠡ ᠬᠠᠮᠠᠭ᠋ᠠᠯᠠᠭᠰᠠᠨ ᠪᠠᠶ᠋ᠢᠨ᠎ᠠ᠃
ᠵᠢᠱ᠌ᠢᠯᠲᠡ᠎ᠪᠠᠷ 7 ᠳ᠋ᠤᠭ᠋ᠠᠷ ᠰᠠᠷ᠎ᠠ ᠵᠢᠨ 3᠎ᠤ ᠡᠳᠦᠷ᠎ᠤᠨ 8 ᠴᠠᠭ᠎ᠠᠴᠠ 4᠎ᠤ ᠡᠳᠦᠷ᠎ᠤᠨ 8 ᠴᠠᠭ ᠪᠣᠯᠲᠠᠯ᠎ᠠ᠂ ᠪᠠᠷᠠᠭᠤᠨ ᠬᠣᠶ᠋ᠢᠲᠤ ᠣᠷᠣᠨ᠎ᠤ ᠵᠡᠭᠦᠨ ᠡᠮᠦᠨᠡᠲᠦ ᠬᠡᠰᠡᠭ᠂ ᠪᠠᠷᠠᠭᠤᠨ ᠡᠮᠦᠨᠡᠲᠦ ᠣᠷᠣᠨ᠎ᠤ ᠵᠡᠭᠦᠨ ᠬᠣᠶ᠋ᠢᠲᠤ ᠬᠡᠰᠡᠭ᠂ ᠬᠠᠲᠤᠨ ᠭᠤᠤᠯ ᠬᠤᠸᠠᠶ᠋ᠢᠾᠧ ᠭᠤᠤᠯ᠎ᠤᠨ ᠶᠡᠬᠡᠩᠬᠢ ᠬᠡᠰᠡᠭ ᠵᠢᠴᠢ ᠬᠤᠪᠧᠶ ᠵᠢᠨ ᠪᠠᠷᠠᠭᠤᠨ ᠬᠣᠶ᠋ᠢᠲᠤ ᠬᠡᠰᠡᠭ ᠵᠡᠷᠭᠡ ᠭᠠᠵᠠᠷ ᠣᠷᠣᠨ᠎ᠳᠤ ᠶᠡᠬᠡ ᠪᠣᠷᠣᠭ᠋ᠠᠨ ᠣᠷᠣᠵᠤ᠂ ᠡᠭᠦᠨ᠎ᠳᠤ ᠰᠸᠴᠤᠸᠠᠨ᠎ᠤ ᠵᠡᠭᠦᠨ ᠡᠮᠦᠨᠡᠲᠦ ᠬᠡᠰᠡᠭ᠂ ᠴᠦᠩᠴᠢᠩ᠎ᠤᠨ ᠬᠣᠶ᠋ᠢᠲᠤ ᠬᠡᠰᠡᠭ᠂ ᠾᠧᠨᠠᠨ᠎ᠤ ᠪᠠᠷᠠᠭᠤᠨ ᠡᠮᠦᠨᠡᠲᠦ ᠬᠡᠰᠡᠭ᠂ ᠱᠠᠨᠳᠦ᠋ᠩ᠎ᠤᠨ ᠵᠡᠭᠦᠨ ᠡᠮᠦᠨᠡᠲᠦ ᠬᠡᠰᠡᠭ ᠵᠡᠷᠭᠡ ᠭᠠᠵᠠᠷ ᠣᠷᠣᠨ᠎ᠳᠤ ᠶᠡᠬᠡ ᠪᠣᠷᠣᠭ᠋ᠠᠨ ᠣᠷᠣᠨ᠎ᠠ᠃ ᠲᠡᠭᠦᠨ᠎ᠤ ᠨᠥᠯᠥᠭᠡ᠎ᠪᠠᠷ᠂ ᠵᠢᠱ᠌ᠢᠯᠲᠡ᠎ᠪᠠᠷ ᠬᠥᠬᠡᠮᠥ᠋ᠷᠡᠨ᠎ᠤ ᠳᠡᠭᠡᠳᠦ ᠤᠷᠤᠰᠬᠠᠯ᠎ᠤᠨ ᠰᠠᠯᠪᠤᠷᠢ ᠤᠷᠤᠰᠬᠠᠯ ᠪᠣᠯᠬᠤ ᡂᠢ ᠱᠦᠶ ᠾᠧ ᠭᠤᠤᠯ ᠵᠢᠴᠢ ᠵᠢᠶᠠ ᠯᠢᠩ ᠵᠢᠶᠠᠩ ᠮᠥᠷᠡᠨ᠂ ᠳᠤᠮᠳᠠᠳᠤ ᠤᠷᠤᠰᠬᠠᠯ᠎ᠤᠨ ᠰᠠᠯᠪᠤᠷᠢ ᠤᠷᠤᠰᠬᠠᠯ ᠪᠣᠯᠬᠤ ᠬᠠᠨ ᠵᠢᠶᠠᠩ ᠮᠥᠷᠡᠨ᠂ ᠬᠠᠲᠤᠨ ᠭᠤᠤᠯ᠎ᠤᠨ ᠳᠤᠮᠳᠠᠳᠤ ᠤᠷᠤᠰᠬᠠᠯ᠎ᠤᠨ ᠰᠠᠯᠪᠤᠷᠢ ᠤᠷᠤᠰᠬᠠᠯ ᠪᠣᠯᠬᠤ ᠸᠧᠶ ᠾᠧ ᠭᠤᠤᠯ᠂ ᠢ ᠯᠦᠸᠧ ᠾᠧ ᠭᠤᠤᠯ᠂ ᠬᠤᠸᠠᠶ᠋ᠢᠾᠧ ᠭᠤᠤᠯ᠎ᠤᠨ ᠳᠡᠭᠡᠳᠦ ᠤᠷᠤᠰᠬᠠᠯ᠎ᠤᠨ ᠰᠠᠯᠪᠤᠷᠢ ᠤᠷᠤᠰᠬᠠᠯ ᠪᠣᠯᠬᠤ ᠱᠠ ᠶᠢᠩ ᠾᠧ ᠭᠤᠤᠯ᠂ ᠬᠣᠩ ᠷᠦ᠋ ᠾᠧ ᠭᠤᠤᠯ᠂ ᠢ ᠱᠤ᠌ ᠰᠧ ᠰᠢᠰᠲᠸᠮ᠎ᠤᠨ ᠢ ᠭᠤᠤᠯ᠂ ᠱᠤ᠌ ᠭᠤᠤᠯ ᠵᠡᠷᠭᠡ ᠭᠤᠤᠯ ᠪᠣᠯᠬᠤ ᠭᠤᠤᠯ ᠮᠥᠷᠡᠨ᠎ᠳᠤ ᠢᠯᠡᠳᠲᠡ ᠤᠰᠤ ᠥᠰᠬᠦ ᠶᠠᠪᠤᠴᠠ ᠢᠯᠡᠷᠡᠵᠦ᠂ ᠰᠢᠷᠦᠭᠦᠨ ᠪᠣᠷᠣᠭ᠋ᠠᠨ᠎ᠤ ᠣᠷᠣᠨ᠎ᠤ ᠳᠣᠲᠣᠷᠠᠬᠢ ᠬᠡᠰᠡᠭ ᠳᠤᠮᠳᠠ ᠵᠢᠵᠢᠭ ᠭᠤᠤᠯ ᠮᠥᠷᠡᠨ᠎ᠳᠤ ᠰᠡᠷᠡᠮᠵᠢ ᠵᠢᠨ ᠱᠤᠭᠤᠮ᠎ᠠᠴᠠ ᠳᠠᠪᠠᠭᠰᠠᠨ ᠦᠶᠡᠷ ᠭᠠᠷᠴᠤ ᠮᠡᠳᠡᠨ᠎ᠡ᠃
ᠤᠰᠤᠨ ᠠᠰᠢᠭᠯᠠᠯᠲᠠ ᠵᠢᠨ ᠶᠠᠮᠤᠨ ᠰᠢᠷᠦᠭᠦᠨ ᠪᠣᠷᠣᠭ᠋ᠠᠨ ᠣᠷᠣᠬᠤ ᠶᠠᠪᠤᠴᠠ ᠵᠢ ᠦᠷᠭᠦᠯᠵᠢᠯᠡᠨ ᠠᠩᠬᠠᠷᠴᠤ᠂ ᠵᠢᠵᠢᠭᠦᠷᠯᠡᠨ ᠰᠠᠬᠢᠬᠤ ᠪᠠ ᠬᠠᠮᠲᠤᠷᠠᠨ ᠵᠥᠪᠳᠡᠯᠴᠡᠵᠦ ᠰᠤᠳᠤᠯᠤᠨ ᠮᠠᠭ᠋ᠠᠳᠯᠠᠬᠤ᠎ᠪᠠᠨ ᠴᠢᠩᠭ᠋ᠠᠳᠬᠠᠵᠤ᠂ ᠬᠣᠯᠪᠣᠭᠳᠠᠯ ᠪᠥᠬᠥᠶ ᠭᠠᠵᠠᠷ ᠣᠷᠣᠨ᠎ᠢ ᠵᠢᠯᠣᠭᠣᠳᠤᠨ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ᠂ ᠤᠰᠤᠨ᠎ᠤ ᠢᠨᠵᠧᠨᠧᠷᠢᠩ᠎ᠢ ᠲᠣᠬᠢᠷᠠᠭᠤᠯᠬᠤ᠂ ᠤᠰᠤᠨ ᠴᠥᠭᠥᠷᠥᠮ᠎ᠤᠨ ᠦᠶᠡᠷ᠎ᠤᠨ ᠬᠤᠭᠤᠴᠠᠭ᠎ᠠ ᠵᠢ ᠠᠮᠤᠷ ᠲᠦᠪᠰᠢᠨ ᠵᠶ᠋ᠠᠷ ᠥᠩᠭᠡᠷᠡᠭᠦᠯᠬᠦ᠂ ᠠᠭᠤᠯᠠᠨ ᠦᠶᠡᠷ᠎ᠤᠨ ᠭᠠᠮᠰᠢᠭ᠎ᠢ ᠰᠡᠷᠭᠡᠶ᠋ᠢᠯᠡᠬᠦ ᠵᠢᠴᠢ ᠭᠠᠩ ᠬᠠᠭᠰᠠᠷᠠᠭ᠋ᠠᠨ᠎ᠲᠠᠢ ᠲᠡᠮᠡᠴᠡᠵᠦ ᠭᠠᠮᠰᠢᠭ᠎ᠢ ᠪᠠᠭ᠋ᠠᠰᠬᠠᠬᠤ ᠵᠡᠷᠭᠡ ᠠᠵᠢᠯ᠎ᠢ ᠰᠠᠶ᠋ᠢᠲᠤᠷ ᠬᠢᠵᠦ᠂ ᠦᠶᠡᠷ᠎ᠢ ᠰᠡᠷᠭᠡᠶ᠋ᠢᠯᠡᠬᠦ ᠠᠮᠤᠷ ᠲᠦᠪᠰᠢᠨ ᠪᠠ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠤᠰᠤ ᠬᠠᠩᠭ᠋ᠠᠬᠤ ᠠᠮᠤᠷ ᠲᠦᠪᠰᠢᠨ᠎ᠢ ᠪᠥᠬᠥ ᠬᠦᠴᠦᠨ ᠵᠶ᠋ᠠᠷ ᠵᠶ᠋ᠠᠨ ᠪᠠᠲᠤᠯᠠᠨ᠎ᠠ᠃
ᠡᠨᠡ ᠵᠢᠯ᠎ᠤᠨ ᠦᠶᠡᠷ᠎ᠤᠨ ᠬᠤᠭᠤᠴᠠᠭ᠋ᠠᠨ᠎ᠳᠤ ᠬᠥᠬᠡᠮᠥ᠋ᠷᠡᠨ᠎ᠤ ᠰᠠᠪᠠ ᠭᠠᠵᠠᠷ᠎ᠤᠨ ᠠᠭᠤᠷ ᠠᠮᠢᠰᠬᠤᠯ᠎ᠤᠨ ᠵᠢᠯ᠎ᠤᠨ ᠦᠵᠡᠮᠵᠢ ᠶᠡᠷᠦᠩᠬᠡᠶ᠎ᠳᠡᠭᠡᠨ ᠠᠨᠠᠶ ᠪᠠᠶ᠋ᠢᠵᠤ᠂ ᠭᠠᠩ ᠬᠠᠭᠰᠠᠷᠠᠭ᠋ᠠᠨ᠎ᠨᠢ ᠤᠰᠤᠲᠤᠯ᠎ᠠᠴᠠ ᠬᠦᠨᠳᠦ ᠪᠠᠶ᠋ᠢᠨ᠎ᠠ; ᠭᠣᠣᠯ ᠦᠶᠡᠷ᠎ᠤᠨ ᠬᠤᠭᠤᠴᠠᠭ᠋ᠠᠨ᠎ᠳᠤ ᠬᠥᠬᠡ ᠮᠥᠷᠡᠨ᠎ᠤ ᠰᠠᠪᠠ ᠭᠠᠵᠠᠷ᠎ᠤᠨ ᠲᠤᠨᠳᠠᠰᠤ ᠪᠠᠭ᠎ᠠ᠂ ᠪᠣᠷᠣᠭ᠋ᠠᠨ ᠠᠷᠪᠢᠨ ᠣᠷᠣᠨ᠎ᠨᠢ ᠭᠣᠣᠯᠳᠠᠭᠤ ᠬᠥᠬᠡ ᠮᠥᠷᠡᠨ᠎ᠤ ᠳᠡᠭᠡᠳᠦ ᠤᠷᠤᠰᠬᠠᠯ᠎ᠤᠨ ᠪᠠᠷᠠᠭᠤᠨ ᠡᠮᠦᠨᠡᠲᠦ ᠬᠡᠰᠡᠭ᠂ ᠬᠣᠶᠠᠷ ᠨᠠᠭᠤᠷ᠎ᠤᠨ ᠤᠰᠤᠨ ᠰᠢᠰᠲ᠋ᠧᠮ᠎ᠤᠨ ᠡᠮᠦᠨᠡᠲᠦ ᠬᠡᠰᠡᠭ᠎ᠲᠤ ᠣᠷᠣᠰᠢᠵᠤ᠂ ᠬᠥᠬᠡ ᠮᠥᠷᠡᠨ᠎ᠤ ᠳᠤᠮᠳᠠᠳᠤ ᠤᠷᠤᠰᠬᠠᠯ᠎ᠤᠨ ᠭᠣᠣᠯ ᠤᠷᠤᠰᠬᠠᠯ᠎ᠤᠨ ᠣᠷᠴᠢᠮ ᠲᠤᠨᠳᠠᠰᠤ ᠢᠯᠡᠳᠲᠡ ᠪᠠᠭ᠎ᠠ ᠪᠠᠶ᠋ᠢᠳᠠᠭ᠃ 7 ᠳ᠋ᠤᠭ᠋ᠠᠷ ᠰᠠᠷ᠎ᠠ᠎ᠳᠤ ᠲᠤᠨᠳᠠᠰᠤᠨ᠎ᠤ ᠬᠡᠮᠵᠢᠶ᠎ᠡ ᠪᠠᠭ᠎ᠠ᠂ ᠡᠭᠦᠨ᠎ᠳᠤ ᠬᠥᠬᠡᠮᠥ᠋ᠷᠡᠨ᠎ᠤ ᠳᠡᠭᠡᠳᠦ ᠤᠷᠤᠰᠬᠠᠯ ᠬᠡᠪ᠎ᠤᠨ ᠪᠠᠶ᠋ᠢᠳᠠᠯ ᠵᠶ᠋ᠠᠷ ᠪᠠᠭ᠎ᠠ᠂ ᠳᠤᠮᠳᠠᠳᠤ ᠳᠤᠤᠷᠠᠳᠤ ᠤᠷᠤᠰᠬᠠᠯ᠎ᠤᠨ ᠲᠤᠨᠳᠠᠰᠤᠨ᠎ᠤ ᠬᠡᠮᠵᠢᠶ᠎ᠡ ᠪᠠᠭ᠎ᠠ ᠪᠣᠯᠬᠣᠷ ᠬᠥᠬᠡᠮᠥ᠋ᠷᠡᠨ᠎ᠤ ᠳᠤᠮᠳᠠᠳᠤ ᠳᠤᠤᠷᠠᠳᠤ ᠤᠷᠤᠰᠬᠠᠯ᠎ᠤᠨ ᠭᠠᠩ ᠬᠠᠭᠰᠠᠷᠠᠭ᠋ᠠᠨ᠎ᠲᠠᠢ ᠲᠡᠮᠡᠴᠡᠬᠦ ᠵᠢ ᠰᠡᠷᠡᠮᠵᠢᠯᠡᠬᠦ ᠬᠡᠷᠡᠭᠲᠡᠶ᠃
ᠣᠳᠣᠬᠠᠨ᠎ᠳᠤ ᠡᠮᠦᠨᠡᠲᠦ ᠣᠷᠣᠨ᠎ᠤ ᠪᠣᠷᠣᠭ᠋ᠠᠨ᠎ᠤ ᠪᠦᠰᠡ ᠬᠥᠬᠡᠮᠥ᠋ᠷᠡᠨ᠎ᠤ ᠡᠮᠦᠨ᠎ᠡ ᠤᠮᠠᠷ᠎ᠠ᠎ᠪᠠᠷ ᠰᠠᠵᠢᠯᠠᠵᠤ᠂ ᠬᠡᠰᠡᠭ ᠭᠠᠵᠠᠷ ᠣᠷᠣᠨ᠎ᠳᠤ ᠲᠥᠪᠯᠡᠷᠡᠩᠭᠦᠶ ᠰᠢᠷᠦᠭᠦᠨ ᠪᠣᠷᠣᠭ᠋ᠠᠨ ᠣᠷᠣᠵᠤ᠂ ᠪᠣᠷᠣᠭ᠋ᠠᠨ ᠣᠷᠣᠬᠤ ᠣᠷᠣᠨ ᠪᠦᠰᠡ ᠵᠢᠨ ᠣᠯᠠᠩᠬᠢ᠎ᠨᠢ ᠳᠠᠪᠬᠤᠷᠳᠠᠵᠤ᠂ ᠬᠡᠰᠡᠭ ᠭᠠᠵᠠᠷ᠎ᠤᠨ ᠦᠶᠡᠷ ᠤᠰᠤᠲᠤᠯ᠎ᠤᠨ ᠭᠠᠮᠰᠢᠭ᠎ᠢ ᠲᠤᠶ᠋ᠢᠯ᠎ᠤᠨ ᠠᠮᠠᠷᠬᠠᠨ ᠪᠣᠶ ᠪᠣᠯᠭ᠋ᠠᠳᠠᠭ᠂ ᠬᠥᠬᠡᠮᠥ᠋ᠷᠡᠨ᠎ᠤ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠶᠡᠷᠦᠩᠬᠡᠶ ᠵᠢᠯᠣᠭᠣᠳᠬᠤ ᠭᠠᠵᠠᠷ᠂ ᠤᠰᠤᠨ ᠠᠰᠢᠭᠯᠠᠯᠲᠠ ᠵᠢᠨ ᠶᠠᠮᠤᠨ᠎ᠤ ᠬᠥᠬᠡᠮᠥ᠋ᠷᠡᠨ᠎ᠤ ᠤᠰᠤᠨ ᠠᠰᠢᠭᠯᠠᠯᠲᠠ ᠵᠢᠨ ᠵᠥᠪᠯᠡᠯ ᠬᠡᠰᠡᠭ ᠭᠠᠵᠠᠷ᠎ᠲᠤ ᠰᠢᠷᠦᠭᠦᠨ ᠪᠣᠷᠣᠭ᠋ᠠᠨ ᠣᠷᠣᠵᠤ ᠮᠡᠳᠡᠬᠦ ᠮᠤᠵᠢ᠎ᠳᠤ ᠴᠢᠭᠯᠡᠭᠦᠯᠦᠨ 7 ᠳ᠋ᠤᠭ᠋ᠠᠷ ᠰᠠᠷ᠎ᠠ ᠵᠢᠨ 3᠎ᠤ ᠡᠳᠦᠷ᠎ᠤᠨ 12 ᠴᠠᠭ᠎ᠲᠤ ᠦᠶᠡᠷ᠎ᠢ ᠰᠡᠷᠭᠡᠶ᠋ᠢᠯᠡᠬᠦ ᠲᠠᠰ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠠᠵᠢᠯᠯᠠᠭ᠎ᠠ ᠪᠠ ᠦᠶᠡᠷ᠎ᠢ ᠰᠡᠷᠭᠡᠶ᠋ᠢᠯᠡᠬᠦ ᠲᠠᠰ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠠᠵᠢᠯᠯᠠᠭ᠎ᠠ ᠵᠢ ᠲᠣᠰ ᠲᠣᠰ ᠡᠬᠢᠯᠡᠭᠦᠯᠪᠡ᠃ ᠵᠠᠯᠭ᠋ᠠᠭ᠋ᠠᠳ ᠬᠥᠬᠡᠮᠥ᠋ᠷᠡᠨ᠎ᠤ ᠨᠠᠮ᠎ᠤᠨ ᠬᠣᠷᠢᠶ᠎ᠠ ᠦᠶᠡᠷ ᠤᠰᠤᠲᠤᠯ ᠭᠠᠩ ᠬᠠᠭᠰᠠᠷᠠᠭ᠋ᠠᠨ᠎ᠢ ᠵᠡᠷᠭᠡ᠎ᠪᠠᠷ ᠰᠡᠷᠭᠡᠶ᠋ᠢᠯᠡᠬᠦ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠭᠤᠷᠪᠠᠨ ᠬᠠᠪᠴᠢᠯ᠎ᠤᠨ ᠤᠰᠤᠨ ᠴᠥᠭᠥᠷᠥᠮ᠂ ᠵᠢᠨ ᠱᠠ ᠵᠢᠶᠠᠩ ᠮᠥᠷᠡᠨ᠎ᠤ ᠱᠠᠲᠤᠯᠢᠭ ᠤᠰᠤᠨ ᠴᠥᠭᠥᠷᠥᠮ᠂ ᠳ᠋ᠠᠨ ᠵᠢᠶᠠᠩ ᠺᠸᠦ ᠤᠰᠤᠨ ᠴᠥᠭᠥᠷᠥᠮ ᠵᠡᠷᠭᠡ ᠵᠢᠨ ᠦᠶᠡᠷ᠎ᠤᠨ ᠣᠷᠭᠢᠯ᠎ᠢ ᠠᠷᠢᠯᠭ᠋ᠠᠨ᠂ ᠳᠤᠤᠷᠠᠳᠤ ᠤᠷᠤᠰᠬᠠᠯ᠎ᠤᠨ ᠦᠶᠡᠷ᠎ᠢ ᠰᠡᠷᠭᠡᠶ᠋ᠢᠯᠡᠬᠦ ᠳᠠᠷᠤᠯᠲᠠ ᠵᠢ ᠬᠥᠩᠭᠡᠷᠡᠭᠦᠯᠬᠦ ᠪᠣᠯᠤᠨ᠎ᠠ᠃
ᠣᠳᠣᠬᠠᠨ᠎ᠳᠤ᠂ ᠬᠤᠸᠠᠶ᠋ᠢᠾᠧ ᠭᠤᠤᠯ᠎ᠤᠨ ᠰᠠᠪᠠ ᠭᠠᠵᠠᠷ ᠬᠦᠢ᠍ᠯᠡᠰᠦᠨ ᠪᠣᠷᠣᠭ᠋ᠠᠨ᠎ᠤ ᠬᠤᠭᠤᠴᠠᠭ᠋ᠠᠨ᠎ᠳᠤ ᠣᠷᠣᠵᠤ᠂ ᠬᠡᠰᠡᠭ ᠭᠠᠵᠠᠷ ᠣᠷᠣᠨ᠎ᠳᠤ ᠰᠢᠷᠦᠭᠦᠨ ᠪᠣᠷᠣᠭ᠋ᠠᠨ᠎ᠤ ᠬᠦᠴᠦᠯᠡᠴᠡ ᠶᠡᠬᠡ ᠪᠠᠶ᠋ᠢᠵᠤ᠂ ᠣᠳᠣᠬᠠᠨ᠎ᠳᠤ ᠬᠡᠰᠡᠭ ᠭᠠᠵᠠᠷ᠎ᠲᠤ ᠮᠥᠨ ᠬᠦ᠌ ᠪᠣᠷᠣᠭ᠋ᠠᠨ ᠣᠷᠣᠵᠤ᠂ ᠦᠶᠡᠷ᠎ᠢ ᠰᠡᠷᠭᠡᠶ᠋ᠢᠯᠡᠬᠦ ᠠᠵᠢᠯ ᠵᠠᠩᠭᠢᠯᠠᠭ᠎ᠠ ᠵᠢᠨ ᠬᠤᠭᠤᠴᠠᠭ᠋ᠠᠨ᠎ᠳᠤ ᠣᠷᠣᠪᠠ᠃ ᠤᠰᠤᠨ ᠠᠰᠢᠭᠯᠠᠯᠲᠠ ᠵᠢᠨ ᠶᠠᠮᠤᠨ᠎ᠤ ᠬᠤᠸᠠᠶ᠋ᠢᠾᠧ ᠭᠤᠤᠯ᠎ᠤᠨ ᠤᠰᠤᠨ ᠠᠰᠢᠭᠯᠠᠯᠲᠠ ᠵᠢᠨ ᠵᠥᠪᠯᠡᠯ ᠰᠢᠷᠦᠭᠦᠨ ᠪᠣᠷᠣᠭ᠋ᠠᠨ᠎ᠢ ᠰᠡᠷᠭᠡᠶ᠋ᠢᠯᠡᠬᠦ ᠠᠵᠢᠯ᠎ᠢ ᠦᠷᠭᠦᠯᠵᠢᠯᠡᠨ ᠵᠥᠪᠳᠡᠯᠴᠡᠨ ᠪᠠᠶ᠋ᠢᠷᠢᠯᠠᠭᠤᠯᠪᠠ᠃ 6 ᠳ᠋ᠤᠭ᠋ᠠᠷ ᠰᠠᠷ᠎ᠠ ᠵᠢᠨ 28᠎ᠤ ᠡᠳᠦᠷ᠎ᠠᠴᠠ 7 ᠳ᠋ᠤᠭ᠋ᠠᠷ ᠰᠠᠷ᠎ᠠ ᠵᠢᠨ 3᠎ᠤ ᠡᠳᠦᠷ ᠪᠣᠯᠲᠠᠯ᠎ᠠ᠂ ᠬᠤᠸᠠᠶ᠋ᠢᠾᠧ ᠭᠣᠣᠯ᠎ᠤᠨ ᠤᠰᠤᠨ ᠰᠢᠰᠲ᠋ᠧᠮ᠎ᠤᠨ ᠶᠡᠬᠡᠩᠬᠢ ᠬᠡᠰᠡᠭ᠂ ᠢ ᠱᠤ᠌ ᠾᠧ ᠭᠣᠣᠯ᠎ᠤᠨ ᠤᠰᠤᠨ ᠰᠢᠰᠲ᠋ᠧᠮ᠂ ᠨᠠᠨ ᠰᠧ ᠬᠤ᠌ ᠨᠠᠭᠤᠷ᠎ᠤᠨ ᠪᠠᠷᠠᠭᠤᠨ ᠬᠡᠰᠡᠭ᠂ ᠱᠠᠨᠳᠦ᠋ᠩ ᠬᠣᠶ᠋ᠢᠭ᠎ᠲᠤ ᠨᠡᠶ᠋ᠢᠳᠡᠮ ᠶᠡᠬᠡ ᠪᠣᠷᠣᠭ᠋ᠠᠨ ᠣᠷᠣᠵᠤ᠂ ᠠᠭ᠋ᠠᠳᠠᠷ ᠪᠣᠷᠣᠭ᠋ᠠᠨ ᠣᠷᠣᠨ᠎ᠠ᠃ ᠠᠭ᠋ᠠᠳᠠᠷ ᠪᠣᠷᠣᠭ᠋ᠠᠨ᠎ᠤ ᠨᠥᠯᠥᠭᠡ᠎ᠪᠠᠷ ᠬᠤᠸᠠᠶ᠋ᠢᠾᠧ ᠭᠤᠤᠯ᠎ᠤᠨ ᠭᠤᠤᠯ ᠤᠷᠤᠰᠬᠠᠯ ᠪᠣᠯᠤᠨ ᠤᠮᠠᠷᠠᠲᠤ ᠬᠡᠰᠡᠭ᠎ᠤᠨ ᠰᠠᠯᠪᠤᠷᠢ ᠤᠷᠤᠰᠬᠠᠯ ᠪᠠᠭ᠎ᠠ ᠬᠡᠮᠵᠢᠶ᠎ᠡ᠎ᠪᠠᠷ ᠤᠰᠤ ᠥᠰᠴᠡᠶ᠃ ᠬᠤᠸᠠᠶ᠋ᠢᠾᠧ ᠭᠤᠤᠯ᠎ᠤᠨ ᠤᠰᠤᠨ ᠠᠰᠢᠭᠯᠠᠯᠲᠠ ᠵᠢᠨ ᠵᠥᠪᠯᠡᠯ ᠴᠠᠭ ᠲᠤᠬᠠᠶ᠎ᠳᠤᠨᠢ ᠾᠧᠨᠠᠨ᠂ ᠠᠨᠾᠦ᠋ᠢ᠂ ᠵᠢᠶᠠᠩᠰᠦ᠂ ᠱᠠᠨᠳᠦ᠋ᠩ ᠮᠤᠵᠢ ᠵᠢᠨ ᠤᠰᠤᠨ ᠠᠰᠢᠭᠯᠠᠯᠲᠠ ᠵᠢᠨ ᠲᠢᠩᠬᠢᠮ ᠪᠣᠯᠤᠨ ᠬᠤᠸᠠᠶ᠋ᠢᠾᠧ ᠭᠤᠤᠯ᠎ᠤᠨ ᠨᠠᠮ᠎ᠤᠨ ᠬᠣᠷᠢᠶᠠᠨ᠎ᠤ ᠢ ᠱᠦ᠍ ᠰᠧ ᠲᠣᠪᠴᠢᠶ᠎ᠠ᠎ᠳᠤ ᠮᠡᠳᠡᠭᠳᠡᠯ ᠪᠠᠭᠤᠯᠭ᠋ᠠᠵᠤ᠂ ᠤᠷᠢᠳᠴᠢᠯᠠᠨ ᠵᠢᠱ᠌ᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠤᠰᠤᠨ᠎ᠤ ᠢᠨᠵᠧᠨᠧᠷᠢᠩ᠎ᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠵᠤ᠂ ᠤᠰᠤᠨ ᠴᠥᠭᠥᠷᠥᠮ᠎ᠤᠨ ᠦᠶᠡᠷ᠎ᠤᠨ ᠬᠤᠭᠤᠴᠠᠭ᠎ᠠ ᠵᠢ ᠠᠮᠤᠷ ᠲᠦᠪᠰᠢᠨ ᠵᠶ᠋ᠠᠷ ᠥᠩᠭᠡᠷᠡᠭᠦᠯᠬᠦ ᠠᠵᠢᠯ᠎ᠢ ᠲᠣᠪᠣᠶ᠋ᠢᠮ᠎ᠠ ᠰᠠᠶ᠋ᠢᠲᠤᠷ ᠬᠢᠵᠦ᠂ ᠠᠭᠤᠯᠠᠨ ᠦᠶᠡᠷ᠎ᠤᠨ ᠭᠠᠮᠰᠢᠭ᠎ᠢ ᠰᠡᠷᠭᠡᠶ᠋ᠢᠯᠡᠨ ᠬᠣᠷᠢᠭᠯᠠᠬᠤ ᠠᠵᠢᠯ᠎ᠢ ᠭᠤᠤᠯᠳᠠᠯᠭ᠎ᠠ᠎ᠲᠠᠢ ᠰᠠᠶ᠋ᠢᠲᠤᠷ ᠬᠢᠵᠦ᠂ ᠪᠠᠶ᠋ᠢᠭᠤᠯᠵᠤ ᠪᠠᠶ᠋ᠢᠭ᠎ᠠ ᠪᠠᠷᠢᠯᠭ᠎ᠠ ᠵᠢᠨ ᠦᠶᠡᠷ᠎ᠤᠨ ᠬᠤᠭᠤᠴᠠᠭ᠎ᠠ ᠵᠢ ᠠᠮᠤᠷ ᠲᠦᠪᠰᠢᠨ ᠵᠶ᠋ᠠᠷ ᠥᠩᠭᠡᠷᠡᠭᠦᠯᠬᠦ ᠠᠵᠢᠯ᠎ᠢ ᠰᠠᠶ᠋ᠢᠲᠤᠷ ᠬᠢᠵᠦ᠂ ᠬᠣᠲᠠ ᠵᠢᠨ ᠦᠶᠡᠷ᠎ᠢ ᠰᠡᠷᠭᠡᠶ᠋ᠢᠯᠡᠬᠦ ᠪᠠ ᠣᠷᠣᠨ ᠪᠦᠰᠡ ᠵᠢᠨ ᠦᠶᠡᠷ᠎ᠢ ᠰᠡᠷᠭᠡᠶ᠋ᠢᠯᠡᠬᠦ ᠠᠵᠢᠯ᠎ᠢ ᠰᠠᠶ᠋ᠢᠲᠤᠷ ᠬᠢᠵᠦ᠂ ᠵᠢᠵᠢᠭᠦᠷᠯᠡᠨ ᠰᠠᠬᠢᠬᠤ ᠪᠠ ᠮᠡᠳᠡᠭᠡ ᠵᠠᠩᠭᠢ ᠮᠡᠳᠡᠭᠦᠯᠦᠨ ᠬᠦᠷᠭᠡᠬᠦ ᠠᠵᠢᠯ᠎ᠢ ᠴᠢᠩᠭ᠋ᠠᠳᠬᠠᠵᠤ᠂ ᠰᠢᠷᠦᠭᠦᠨ ᠪᠣᠷᠣᠭ᠋ᠠᠨ᠎ᠢ ᠰᠡᠷᠭᠡᠶ᠋ᠢᠯᠡᠬᠦ ᠡᠯ᠎ᠡ ᠵᠦᠢ᠍ᠯ᠎ᠤᠨ ᠠᠵᠢᠯ᠎ᠢ ᠦᠨᠡᠨ ᠬᠦ᠌ ᠰᠠᠶ᠋ᠢᠲᠤᠷ ᠬᠢᠬᠦ ᠬᠡᠷᠡᠭᠲᠡᠶ ᠭᠡᠵᠦ ᠱᠠᠭ᠋ᠠᠷᠳᠠᠪᠠ᠃
6 ᠳ᠋ᠤᠭ᠋ᠠᠷ ᠰᠠᠷ᠎ᠠ ᠵᠢᠨ 18᠎ᠤ ᠡᠳᠦᠷ᠎ᠠᠴᠠ 26᠎ᠤ ᠡᠳᠦᠷ ᠪᠣᠯᠲᠠᠯ᠎ᠠ᠂ ᠵᠦᠵᠢᠶᠠᠩ ᠮᠥᠷᠡᠨ᠎ᠤ ᠰᠠᠪᠠ ᠭᠠᠵᠠᠷ᠎ᠲᠤ ᠡᠨᠡ ᠵᠢᠯ᠎ᠤᠨ ᠦᠷᠭᠦᠯᠵᠢᠯᠡᠭᠰᠡᠨ ᠴᠠᠭ ᠵᠶ᠋ᠠᠷ ᠬᠠᠮᠤᠭ᠎ᠤᠨ ᠣᠷᠳᠣ᠂ ᠨᠥᠯᠥᠭᠡᠯᠡᠬᠦ ᠬᠡᠪᠴᠢᠶ᠎ᠡ᠎ᠪᠠᠷ ᠬᠠᠮᠤᠭ᠎ᠤᠨ ᠥᠷᠭᠡᠨ᠂ ᠬᠦᠴᠦᠯᠡᠴᠡ᠎ᠪᠠᠷ ᠬᠠᠮᠤᠭ᠎ᠤᠨ ᠶᠡᠬᠡ ᠪᠣᠷᠣᠭ᠋ᠠᠨ ᠣᠷᠣᠬᠤ ᠶᠠᠪᠤᠴᠠ ᠢᠯᠡᠷᠡᠪᠡ᠃ ᠤᠰᠤᠨ ᠠᠰᠢᠭᠯᠠᠯᠲᠠ ᠵᠢᠨ ᠶᠠᠮᠤᠨ᠎ᠤ ᠵᠦᠵᠢᠶᠠᠩ ᠮᠥᠷᠡᠨ᠎ᠤ ᠤᠰᠤᠨ ᠠᠰᠢᠭᠯᠠᠯᠲᠠ ᠵᠢᠨ ᠵᠥᠪᠯᠡᠯ 3200 ᠭᠠᠷᠤᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠴᠠᠭ ᠲᠤᠬᠠᠢᠳᠤᠨᠢ ᠳᠠᠮᠵᠢᠭᠤᠯᠵᠤ᠂ ᠬᠣᠯᠪᠣᠭᠳᠠᠯ ᠪᠦᠬᠦᠢ ᠭᠠᠵᠠᠷ ᠣᠷᠣᠨ᠎ᠢ ᠦᠶᠡᠷ᠎ᠢ ᠰᠡᠷᠭᠡᠶ᠋ᠢᠯᠡᠬᠦ᠂ ᠤᠰᠤᠨ ᠴᠥᠭᠥᠷᠥᠮ᠎ᠤᠨ ᠦᠶᠡᠷ᠎ᠤᠨ ᠬᠤᠭᠤᠴᠠᠭ᠎ᠠ ᠵᠢ ᠠᠮᠤᠷ ᠲᠦᠪᠰᠢᠨ ᠵᠶ᠋ᠠᠷ ᠥᠩᠭᠡᠷᠡᠭᠦᠯᠬᠦ ᠪᠠ ᠠᠭᠤᠯᠠᠨ ᠦᠶᠡᠷ᠎ᠤᠨ ᠭᠠᠮᠰᠢᠭ᠎ᠢ ᠰᠡᠷᠭᠡᠶ᠋ᠢᠯᠡᠬᠦ ᠵᠡᠷᠭᠡ ᠠᠵᠢᠯ᠎ᠢ ᠰᠠᠶ᠋ᠢᠲᠤᠷ ᠬᠢᠬᠦ ᠵᠢ ᠰᠠᠨᠠᠭᠤᠯᠪᠠ; ᠤᠰᠤᠨ ᠴᠥᠭᠥᠷᠥᠮ᠎ᠤᠨ ᠰᠦᠷᠦᠭ᠎ᠢ ᠬᠠᠮᠲᠤᠷᠠᠨ ᠲᠣᠬᠢᠷᠠᠭᠤᠯᠬᠤ ᠵᠢ ᠰᠢᠨᠵᠢᠯᠡᠬᠦ ᠤᠬᠠᠭ᠋ᠠᠨᠴᠢ᠎ᠪᠠᠷ ᠬᠡᠷᠡᠭᠵᠢᠭᠦᠯᠵᠦ᠂ ᠰᠢᠵᠢᠶᠠᠩ᠎ᠤᠨ ᠳᠤᠮᠳᠠ ᠳᠡᠭᠡᠳᠦ ᠤᠷᠤᠰᠬᠠᠯ᠎ᠤᠨ ᠤᠰᠤᠨ ᠴᠥᠭᠥᠷᠥᠮ᠎ᠤᠨ ᠰᠦᠷᠦᠭ᠎ᠢ ᠲᠣᠬᠢᠷᠠᠭᠤᠯᠤᠨ 17.39 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠦᠶᠡᠷ᠎ᠤᠨ ᠤᠰᠤ ᠵᠢ ᠬᠠᠰᠢᠵᠤ ᠬᠠᠳᠠᠭ᠋ᠠᠯᠠᠭᠤᠯᠪᠠ᠃ ᠣᠳᠣᠬᠠᠨ᠎ᠳᠤ ᠵᠦᠵᠢᠶᠠᠩ ᠮᠥᠷᠡᠨ᠎ᠤ ᠰᠠᠪᠠ ᠭᠠᠵᠠᠷ᠎ᠤᠨ ᠭᠣᠣᠯ ᠮᠥᠷᠡᠨ ᠨᠢᠭᠡᠨᠲᠡ ᠤᠰᠤ ᠲᠠᠲᠠᠷᠠᠬᠤ ᠱᠠᠲᠤᠨ᠎ᠳᠤ ᠣᠷᠣᠰᠢᠵᠤ᠂ ᠦᠶᠡᠷ᠎ᠢ ᠰᠡᠷᠭᠡᠶ᠋ᠢᠯᠡᠬᠦ ᠪᠠᠶ᠋ᠢᠳᠠᠯ ᠲᠣᠭᠲᠠᠭᠤᠨ ᠪᠤᠯᠵᠤ ᠪᠠᠶ᠋ᠢᠨ᠎ᠠ᠃
ᠣᠶ᠋ᠢᠷ᠎ᠠ᠎ᠳᠤ᠂ 《2023 ᠣᠨ᠎ᠤ ᠦᠶᠡᠷ᠎ᠤᠨ ᠬᠤᠭᠤᠴᠠᠭ᠋ᠠᠨ᠎ᠤ ᠵᠦᠵᠢᠶᠠᠩ ᠮᠥᠷᠡᠨ᠎ᠤ ᠰᠠᠪᠠ ᠭᠠᠵᠠᠷ᠎ᠤᠨ ᠤᠰᠤᠨ ᠴᠥᠭᠥᠷᠥᠮ᠎ᠢ ᠬᠠᠮᠲᠤᠷᠠᠨ ᠲᠣᠬᠢᠷᠠᠭᠤᠯᠤᠨ ᠬᠡᠷᠡᠭᠯᠡᠬᠦ ᠲᠥᠯᠥᠪᠯᠡᠭᠡ》᠎ᠨᠢ ᠤᠰᠤᠨ ᠠᠰᠢᠭᠯᠠᠯᠲᠠ ᠵᠢᠨ ᠶᠠᠮᠤᠨ᠎ᠤ ᠴᠣᠬᠣᠯᠠᠪᠤᠷᠢ ᠵᠢ ᠣᠯᠵᠤ᠂ ᠰᠢᠵᠢᠶᠠᠩ᠂ ᠪᠧᠶ᠋ᠢᠵᠢᠶᠠᠩ᠂ ᠳ᠋ᠦᠩᠵᠢᠶᠠᠩ ᠵᠡᠷᠭᠡ 27 ᠤᠰᠤᠨ ᠴᠥᠭᠥᠷᠥᠮ᠎ᠢ 2023 ᠣᠨ᠎ᠤ ᠦᠶᠡᠷ᠎ᠤᠨ ᠬᠤᠭᠤᠴᠠᠭ᠋ᠠᠨ᠎ᠤ ᠬᠠᠮᠲᠤᠷᠠᠨ ᠲᠣᠬᠢᠷᠠᠭᠤᠯᠬᠤ ᠬᠡᠪᠴᠢᠶᠡᠨ᠎ᠳᠤ ᠣᠷᠣᠭᠤᠯᠪᠠ᠃ ᠭᠣᠣᠯ᠎ᠤᠨ ᠰᠢᠰᠲ᠋ᠧᠮ᠂ ᠭᠣᠣᠯ᠎ᠤᠨ ᠬᠡᠰᠡᠭ ᠭᠡᠵᠦ ᠬᠤᠪᠢᠶᠠᠨ᠂ ᠵᠠᠩᠭᠢᠯᠠᠭ᠎ᠠ ᠵᠢᠨ ᠴᠡᠭ᠎ᠢ ᠦᠨᠳᠦᠰᠦᠯᠡᠵᠦ᠂ ᠰᠢ ᠵᠢᠶᠠᠩ ᠮᠥᠷᠡᠨ᠎ᠤ ᠭᠣᠣᠯ ᠤᠷᠤᠰᠬᠠᠯ᠂ ᠯᠢᠦ ᠵᠢᠶᠠᠩ ᠮᠥᠷᠡᠨ᠂ ᠢᠦᠢ ᠵᠢᠶᠠᠩ ᠮᠥᠷᠡᠨ᠂ ᠾᠧ ᠵᠢᠶᠠᠩ ᠮᠥᠷᠡᠨ᠂ ᠪᠧᠢ ᠵᠢᠶᠠᠩ ᠮᠥᠷᠡᠨ᠎ᠤ ᠳᠤᠮᠳᠠᠳᠤ ᠳᠡᠭᠡᠳᠦ ᠤᠷᠤᠰᠬᠠᠯ᠂ ᠰᠢ ᠪᠧᠢ ᠵᠢᠶᠠᠩ ᠮᠥᠷᠡᠨ᠎ᠤ ᠳᠣᠣᠷᠠᠳᠤ ᠤᠷᠤᠰᠬᠠᠯ ᠵᠢᠴᠢ ᠲᠡᠭᠦᠨ᠎ᠤ ᠭᠤᠷᠪᠠᠯᠵᠢᠨ ᠬᠣᠶ᠋ᠢᠭ᠂ ᠳ᠋ᠦᠩ ᠵᠢᠶᠠᠩ ᠮᠥᠷᠡᠨ᠎ᠳᠤ ᠲᠣᠰ ᠲᠣᠰ ᠭᠣᠣᠯ ᠬᠠᠮᠠᠭ᠋ᠠᠯᠠᠬᠤ ᠡᠲᠡᠭᠡᠳ ᠪᠠ ᠦᠶᠡᠷ᠎ᠢ ᠰᠡᠷᠭᠡᠶ᠋ᠢᠯᠡᠬᠦ ᠬᠠᠷᠠᠯᠲᠠ ᠵᠢ ᠲᠣᠭᠲᠠᠭ᠋ᠠᠨ᠎ᠠ᠃ ᠰᠠᠪᠠ ᠭᠠᠵᠠᠷ᠎ᠤᠨ ᠭᠤᠤᠯ ᠤᠷᠤᠰᠬᠠᠯ ᠰᠠᠯᠪᠤᠷᠢ ᠤᠷᠤᠰᠬᠠᠯ᠎ᠤᠨ ᠤᠰᠤᠨ ᠴᠥᠭᠥᠷᠥᠮ᠎ᠤᠨ ᠰᠦᠷᠦᠭ᠎ᠢ ᠬᠠᠮᠲᠤᠷᠠᠨ ᠲᠣᠬᠢᠷᠠᠭᠤᠯᠬᠤ ᠲᠥᠰᠦᠯ᠎ᠢ ᠲᠣᠭᠲᠠᠭ᠋ᠠᠵᠤ᠂ ᠤᠰᠤᠨ ᠴᠥᠭᠥᠷᠥᠮ᠎ᠤᠨ ᠰᠦᠷᠦᠭ᠎ᠤᠨ ᠶᠡᠷᠦᠩᠬᠡᠶ ᠲᠣᠬᠢᠷᠠᠭᠤᠯᠬᠤ ᠴᠥᠭᠥᠷᠥᠮ᠎ᠤᠨ ᠪᠠᠭᠲᠠᠭ᠋ᠠᠮᠵᠢ 346.52 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠂ ᠦᠶᠡᠷ᠎ᠢ ᠰᠡᠷᠭᠡᠶ᠋ᠢᠯᠡᠬᠦ ᠶᠡᠷᠦᠩᠬᠡᠶ ᠴᠥᠭᠥᠷᠥᠮ᠎ᠤᠨ ᠪᠠᠭᠲᠠᠭ᠋ᠠᠮᠵᠢ 139.97 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠪᠣᠯᠵᠠᠶ᠃