6 ᠳ᠋ᠤᠭ᠋ᠠᠷ ᠰᠠᠷ᠎ᠠ ᠵᠢᠨ 20᠎ᠤ ᠡᠳᠦᠷ᠂ ᠤᠰᠤᠨ ᠠᠰᠢᠭᠯᠠᠯᠲᠠ ᠵᠢᠨ ᠶᠠᠮᠤᠨ ᠰᠢᠶᠤᠤ ᠯᠠᠩ ᠳ᠋ᠢ ᠤᠰᠤᠨ ᠠᠰᠢᠭᠯᠠᠯᠲᠠ ᠵᠢᠨ ᠬᠦᠢ᠍ᠰᠦ᠎ᠳᠤ ᠲᠣᠭ᠋ᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠲᠤᠬᠠᠶ ᠵᠢᠨ ᠭᠠᠵᠠᠷ᠎ᠤᠨ ᠬᠤᠷᠠᠯ ᠬᠤᠷᠠᠯᠳᠤᠭᠤᠯᠵᠤ᠂ ᠲᠣᠭ᠋ᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠱᠠᠲᠤᠨ᠎ᠤ ᠠᠬᠢᠴᠠ ᠵᠢ ᠪᠠᠶ᠋ᠢᠴᠠᠭ᠋ᠠᠨ ᠦᠵᠡᠵᠦ᠂ ᠲᠠᠷᠠᠭ᠋ᠠᠴᠢ ᠵᠢᠨ ᠠᠯᠬᠤᠮ᠎ᠤᠨ ᠭᠤᠤᠯᠳᠠᠯᠭ᠎ᠠ᠎ᠲᠠᠢ ᠡᠭᠦᠷᠭᠡ ᠵᠢ ᠪᠠᠶ᠋ᠢᠷᠢᠯᠠᠭᠤᠯᠪᠠ᠃ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠰᠠᠶ᠋ᠢᠳ ᠯᠢ ᠭᠦᠸᠧ ᠶᠢᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠶ᠃ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠰᠠᠶ᠋ᠢᠳ ᠸᠠᠩ ᠳ᠋ᠤᠤ ᠰᠢ ᠬᠤᠷᠠᠯ ᠡᠷᠭᠢᠯᠡᠵᠦ᠂ ᠤᠰᠤᠨ ᠠᠰᠢᠭᠯᠠᠯᠲᠠ ᠵᠢᠨ ᠶᠠᠮᠤᠨ᠎ᠤ ᠲᠣᠭ᠋ᠠᠴᠢᠯᠠᠭᠰᠠᠨ ᠢᠬᠡᠷ᠎ᠡ ᠲᠠᠪᠴᠠᠩ ᠵᠢᠴᠢ ᠪᠥᠬᠥ ᠤᠯᠤᠰ᠎ᠤᠨ ᠤᠰᠤᠨ ᠠᠰᠢᠭᠯᠠᠯᠲᠠ ᠵᠢᠨ 2023 ᠳ᠋ᠤᠭ᠋ᠠᠷ ᠨᠢᠭᠤᠷ᠎ᠤᠨ ᠵᠢᠷᠤᠭ᠎ᠢ ᠨᠡᠶ᠋ᠢᠲᠡᠯᠡᠪᠡ᠃
ᠤᠰᠤᠨ ᠠᠰᠢᠭᠯᠠᠯᠲᠠ ᠵᠢᠨ ᠶᠠᠮᠤᠨ᠎ᠤ ᠲᠣᠭ᠋ᠠᠴᠢᠯᠠᠭᠰᠠᠨ ᠢᠬᠡᠷ᠎ᠡ ᠲᠠᠪᠴᠠᠩ (ᠪᠥᠬᠥ ᠤᠯᠤᠰ᠎ᠤᠨ ᠤᠰᠤᠨ ᠠᠰᠢᠭᠯᠠᠯᠲᠠ ᠵᠢᠨ ᠨᠢᠭᠡ ᠬᠠᠭᠤᠳᠠᠰᠤ ᠵᠢᠷᠤᠭ᠎ᠤᠨ 2023 ᠳ᠋ᠤᠭ᠋ᠠᠷ ᠬᠡᠪᠯᠡᠯ)᠎ᠨᠢ ᠲᠣᠭ᠋ᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠵᠢᠨ ᠵᠠᠩᠭᠢᠯᠠᠭ᠎ᠠ ᠪᠣᠯᠤᠭᠰᠠᠨ᠎ᠤ ᠬᠤᠪᠢ᠎ᠳᠤ᠂ ᠡᠮᠬᠢ ᠵᠢᠷᠤᠮ᠎ᠲᠠᠢ ᠡᠮᠬᠢᠯᠡᠨ ᠨᠡᠶ᠋ᠢᠯᠡᠭᠦᠯᠬᠦ᠎ᠪᠠᠷ ᠳᠠᠮᠵᠢᠭᠤᠯᠤᠨ ᠣᠯᠠᠨ ᠡᠭᠦᠰᠦᠯᠳᠦ ᠲᠣᠭ᠎ᠠ ᠪᠠᠷᠢᠮᠲᠠ ᠵᠢ ᠲᠣᠭ᠋ᠠᠵᠢᠭᠤᠯᠵᠤ᠂ ᠣᠯᠠᠨ ᠡᠯᠧᠮᠧᠨ᠋ᠲ᠎ᠤᠨ ᠲᠣᠭ᠋ᠠᠨ᠎ᠤ ᠲᠤᠰᠬᠠᠯ᠎ᠢ ᠪᠡᠶᠡᠯᠡᠭᠦᠯᠦᠨ᠎ᠡ; ᠲᠣᠭ᠋ᠠᠨ᠎ᠤ ᠤᠬᠠᠭ᠋ᠠᠨ᠎ᠤ ᠵᠠᠭᠪᠤᠷ ᠵᠶ᠋ᠠᠷ ᠭᠤᠤᠯ ᠪᠣᠯᠭ᠋ᠠᠨ ᠤᠰᠤᠨ ᠠᠰᠢᠭᠯᠠᠯᠲᠠ ᠵᠢᠨ ᠨᠡᠶ᠋ᠢᠳᠡᠮ ᠬᠡᠷᠡᠭᠯᠡᠬᠦ ᠵᠠᠭᠪᠤᠷ᠎ᠤᠨ ᠲᠠᠪᠴᠠᠩ᠎ᠢ ᠪᠠᠶ᠋ᠢᠭᠤᠯᠵᠤ᠂ ᠹᠢᠽᠢᠺ᠎ᠤᠨ ᠰᠠᠪᠠ ᠭᠠᠵᠠᠷ᠎ᠤᠨ ᠢᠵᠢᠯ ᠠᠯᠬᠤᠮ ᠵᠶ᠋ᠠᠷ ᠳᠠᠭᠤᠷᠢᠶᠠᠨ ᠳᠠᠭᠤᠷᠢᠶᠠᠬᠤ ᠵᠢ ᠪᠡᠶᠡᠯᠡᠭᠦᠯᠦᠨ᠎ᠡ; ᠣᠯᠠᠨ ᠱᠠᠲᠤ ᠳᠠᠪᠬᠤᠷᠭ᠎ᠠ᠂ ᠣᠯᠠᠨ ᠠᠷᠭ᠎ᠠ ᠮᠠᠶᠢᠭ ᠵᠶ᠋ᠠᠷ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ ᠵᠢ ᠤᠯᠠᠮ ᠨᠢᠭᠡ ᠠᠯᠬᠤᠮ ᠠᠬᠢᠭᠤᠯᠵᠤ᠂ ᠰᠠᠪᠠ ᠭᠠᠵᠠᠷ᠎ᠤᠨ ᠦᠶᠡᠷ᠎ᠢ ᠰᠡᠷᠭᠡᠶ᠋ᠢᠯᠡᠬᠦ ᠪᠠ ᠤᠰᠤᠨ᠎ᠤ ᠡᠬᠢ ᠪᠠᠶᠠᠯᠢᠭ᠎ᠢ ᠬᠠᠮᠢᠶᠠᠷᠬᠤ ᠬᠢᠭᠡᠳ ᠲᠣᠬᠢᠷᠠᠭᠤᠯᠬᠤ ᠵᠡᠷᠭᠡ ᠲᠤᠬᠠᠶ᠋ᠢᠯᠠᠭᠰᠠᠨ ᠠᠵᠢᠯ᠎ᠤᠨ ᠬᠦᠷᠢᠶ᠎ᠡ ᠴᠠᠷᠠᠭ᠎ᠠ ᠵᠢᠨ ᠲᠣᠭ᠋ᠠᠴᠢᠯᠠᠭᠰᠠᠨ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠠᠬᠢᠭᠤᠯᠤᠨ᠎ᠠ᠃
ᠣᠶ᠋ᠢᠯᠠᠭ᠋ᠠᠭᠰᠠᠨ ᠵᠶ᠋ᠠᠷ᠂ ᠲᠣᠭ᠋ᠠᠴᠢᠯᠠᠭᠰᠠᠨ ᠢᠬᠡᠷ᠎ᠡ ᠲᠠᠪᠴᠠᠩ᠎ᠢ ᠠᠰᠢᠭᠯᠠᠯᠲᠠ᠎ᠳᠤ ᠣᠷᠣᠭᠤᠯᠤᠭᠰᠠᠨ᠎ᠠᠴᠠ ᠨᠠᠭ᠋ᠠᠰᠢ᠂ ᠡᠩ ᠲᠡᠷᠢᠭᠦᠨ᠎ᠳᠤ ᠰᠠᠪᠠ ᠭᠠᠵᠠᠷ᠎ᠤᠨ ᠦᠶᠡᠷ᠎ᠢ ᠰᠡᠷᠭᠡᠶ᠋ᠢᠯᠡᠬᠦ 《ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠤᠷᠢᠳᠴᠢᠯᠠᠨ ᠲᠣᠭᠯᠠᠬᠤ᠂ ᠪᠡᠯᠡᠳᠬᠡᠯ ᠲᠥᠰᠦᠯ》᠎ᠢ ᠣᠯᠭᠣᠵᠤ᠂ ᠣᠨᠣᠪᠴᠢᠲᠠᠶ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠢ ᠪᠦᠲᠦᠮᠵᠢᠲᠡᠶ ᠲᠤᠯᠭ᠋ᠠᠭᠤᠷᠢᠯᠠᠭᠰᠠᠨᠤ ᠬᠠᠮᠲᠤ ᠤᠰᠤᠨ ᠠᠰᠢᠭᠯᠠᠯᠲᠠ ᠵᠢᠨ ᠠᠵᠢᠯ ᠲᠥᠷᠥᠯ᠎ᠳᠤ ᠥᠷᠭᠡᠨ ᠵᠶ᠋ᠠᠷ ᠦᠢ᠍ᠯᠡᠴᠢᠯᠡᠵᠦ᠂ ᠤᠰᠤᠨ ᠠᠰᠢᠭᠯᠠᠯᠲᠠ ᠵᠢᠨ ᠵᠠᠰᠠᠯᠲᠠ ᠬᠠᠮᠢᠶᠠᠷᠤᠯᠲᠠ ᠵᠢᠨ ᠠᠵᠢᠯᠯᠠᠭ᠎ᠠ ᠵᠢᠨ ᠲᠣᠭ᠋ᠠᠴᠢᠯᠠᠯᠲᠠ᠂ ᠰᠦᠯᠵᠢᠶᠡᠵᠢᠯᠲᠡ᠂ ᠤᠶᠤᠨᠴᠢᠯᠠᠯᠳᠠ ᠵᠢᠨ ᠲᠦᠪᠰᠢᠨ᠎ᠢ ᠬᠦᠴᠦᠲᠡᠶ ᠳᠡᠭᠡᠭᠰᠢᠯᠡᠭᠦᠯᠵᠦ᠂ ᠰᠢᠨ᠎ᠡ ᠱᠠᠲᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠳᠠᠶ᠋ᠢᠴᠢᠯᠠᠨ ᠲᠤᠯᠭ᠋ᠠᠭᠤᠷᠢᠯᠠᠵᠤ᠂ ᠲᠣᠭ᠋ᠠᠴᠢᠯᠠᠭᠰᠠᠨ ᠳᠤᠮᠳᠠᠳᠤ ᠤᠯᠤᠰ᠎ᠤᠨ ᠪᠥᠲᠥᠭᠡᠨ ᠪᠠᠶ᠋ᠢᠭᠤᠯᠤᠯᠲᠠ᠎ᠳᠤ ᠤᠰᠤᠨ ᠠᠰᠢᠭᠯᠠᠯᠲᠠ ᠵᠢᠨ ᠬᠦᠴᠦᠨ ᠴᠢᠳᠠᠯ ᠵᠶ᠋ᠠᠨ ᠡᠷᠭᠦᠪᠡ᠃
ᠯᠢ ᠭᠦᠸᠧ ᠶᠢᠩ ᠵᠢᠭ᠋ᠠᠵᠤ ᠭᠠᠷᠭ᠋ᠠᠭᠰᠠᠨ᠎ᠨᠢ᠂ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠰᠢᠰᠲ᠋ᠧᠮ ᠲᠣᠭ᠋ᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠵᠢᠨ ᠰᠢᠰᠲ᠋ᠧᠮ᠎ᠢ ᠪᠠᠶ᠋ᠢᠭᠤᠯᠵᠤ᠂ ᠲᠣᠭ᠋ᠠᠴᠢᠯᠠᠭᠰᠠᠨ ᠢᠬᠡᠷ᠎ᠡ ᠰᠠᠪᠠ ᠭᠠᠵᠠᠷ᠂ ᠲᠣᠭ᠋ᠠᠴᠢᠯᠠᠭᠰᠠᠨ ᠢᠬᠡᠷ᠎ᠡ ᠤᠰᠤᠨ ᠲᠤᠤᠷ᠂ ᠲᠣᠭ᠋ᠠᠴᠢᠯᠠᠭᠰᠠᠨ ᠢᠬᠡᠷ᠎ᠡ ᠢᠨᠵᠧᠨᠧᠷᠢᠩ᠎ᠳᠤ ᠦᠵᠦ ᠲᠥᠯᠥᠪᠯᠡᠭᠡ ᠬᠢᠵᠡᠶ᠃ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠨᠢ ᠦᠳᠲᠡᠷ ᠲᠦᠷᠭᠡᠨ ᠬᠥᠳᠡᠯᠦᠯᠴᠡᠵᠦ᠂ ᠢᠳᠡᠪᠬᠢᠲᠡᠶ ᠰᠦᠪᠡᠭᠴᠢᠯᠡᠨ᠂ ᠬᠦᠴᠢᠷ᠎ᠢ ᠳᠤᠭᠤᠯᠤᠨ ᠪᠡᠷᠬᠡ ᠵᠢ ᠳᠠᠪᠠᠵᠤ᠂ ᠲᠣᠭ᠋ᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢ ᠯᠠᠪᠳᠠᠭᠤᠨ ᠵᠶ᠋ᠠᠷ ᠡᠬᠢᠯᠡᠭᠦᠯᠬᠦ ᠵᠢ ᠠᠬᠢᠭᠤᠯᠤᠭᠰᠠᠨ᠎ᠤ ᠬᠠᠮᠲᠤ ᠱᠠᠲᠤ ᠦᠶ᠎ᠡ ᠵᠢᠨ ᠴᠢᠨᠠᠷᠲᠠᠶ ᠦᠷ᠎ᠡ ᠪᠦᠲᠦᠮᠵᠢ ᠤᠯᠪᠠ᠃
ᠯᠢ ᠭᠦᠸᠧ ᠶᠢᠩ ᠴᠢᠬᠤᠯᠠᠴᠢᠯᠠᠭᠰᠠᠨ᠎ᠨᠢ᠂ 《ᠬᠡᠷᠡᠭᠴᠡᠭᠡ᠎ᠪᠠᠷ ᠬᠥᠲᠥᠯᠦᠨ ᠳᠠᠭ᠋ᠠᠭᠤᠯᠬᠤ᠂ ᠬᠡᠷᠡᠭᠯᠡᠭᠡᠨ᠎ᠢ ᠳᠡᠭᠡᠳᠦᠯᠡᠬᠦ᠂ ᠲᠣᠭ᠋ᠠᠴᠢᠯᠠᠯᠲᠠ᠎ᠪᠠᠷ ᠴᠢᠳᠠᠮᠵᠢ ᠣᠯᠭᠣᠬᠤ᠂ ᠴᠢᠳᠠᠪᠤᠷᠢ ᠵᠢ ᠳᠡᠭᠡᠭᠰᠢᠯᠡᠭᠦᠯᠬᠦ》 ᠱᠠᠭ᠋ᠠᠷᠳᠠᠯᠭ᠎ᠠ ᠶᠣᠰᠣᠭ᠋ᠠᠷ᠂ ᠲᠣᠭ᠋ᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢ ᠶᠡᠬᠡ᠎ᠪᠠᠷ ᠠᠬᠢᠭᠤᠯᠵᠤ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠤᠷᠢᠳᠴᠢᠯᠠᠨ ᠲᠣᠭᠯᠠᠬᠤ ᠪᠡᠯᠡᠳᠬᠡᠯ ᠲᠥᠰᠦᠯ᠎ᠤᠨ ᠴᠢᠳᠠᠮᠵᠢ ᠵᠢ ᠪᠡᠶᠡᠯᠡᠭᠦᠯᠵᠦ᠂ ᠤᠰᠤᠨ ᠠᠰᠢᠭᠯᠠᠯᠲᠠ ᠵᠢᠨ ᠰᠢᠢ᠍ᠳᠪᠦᠷᠢᠲᠦ ᠪᠣᠳᠣᠯᠭ᠎ᠠ ᠵᠢᠨ ᠬᠠᠮᠢᠶᠠᠷᠤᠯᠲᠠ᠎ᠳᠤ ᠤᠷᠢᠳᠠᠴᠢ ᠴᠢᠨᠠᠷ᠂ ᠰᠢᠨᠵᠢᠯᠡᠬᠦ ᠤᠬᠠᠭ᠋ᠠᠨᠴᠢ ᠴᠢᠨᠠᠷ᠂ ᠣᠨᠣᠪᠴᠢᠲᠤ ᠴᠢᠨᠠᠷ᠂ ᠠᠮᠤᠷ ᠲᠦᠪᠰᠢᠨ᠎ᠤ ᠴᠢᠨᠠᠷ᠎ᠤᠨ ᠳᠡᠮᠵᠢᠯᠭᠡ ᠬᠠᠩᠭ᠋ᠠᠬᠤ ᠬᠡᠷᠡᠭᠲᠡᠶ᠃ ᠨᠢᠭᠡ᠎ᠳᠤ᠂ ᠲᠣᠭ᠋ᠠᠴᠢᠯᠠᠭᠰᠠᠨ ᠢᠬᠡᠷ᠎ᠡ ᠰᠠᠪᠠ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢ ᠶᠡᠬᠡ᠎ᠪᠠᠷ ᠠᠬᠢᠭᠤᠯᠤᠨ᠎ᠠ᠃ ᠡᠷᠬᠡᠪᠰᠢ ᠰᠠᠪᠠ ᠭᠠᠵᠠᠷ᠎ᠢ ᠨᠢᠭᠡᠳᠦᠯᠲᠡᠢ ᠲᠥᠯᠥᠪᠵᠢᠭᠦᠯᠬᠦ᠂ ᠨᠢᠭᠡᠳᠦᠯᠲᠡᠢ ᠵᠠᠰᠠᠬᠤ᠂ ᠨᠢᠭᠡᠳᠦᠯᠲᠡᠢ ᠲᠤᠬᠢᠷᠠᠭᠤᠯᠬᠤ᠂ ᠨᠢᠭᠡᠳᠦᠯᠲᠡᠢ ᠬᠠᠮᠢᠶᠠᠷᠬᠤ ᠬᠠᠷᠠᠯᠲᠠ ᠵᠢ ᠪᠦᠬᠦ ᠲᠠᠯ᠎ᠠ᠎ᠪᠠᠷ ᠲᠤᠯᠭ᠋ᠠᠭᠤᠷᠢᠯᠠᠵᠤ᠂ ᠪᠤᠳᠤᠬᠤ ᠪᠠᠷᠢᠮᠲᠠ ᠵᠢ ᠪᠠᠶᠠᠯᠢᠭᠵᠢᠭᠤᠯᠵᠤ᠂ ᠪᠤᠳᠤᠬᠤ ᠠᠷᠭ᠎ᠠ ᠵᠢ ᠰᠢᠯᠢᠳᠡᠭᠵᠢᠭᠦᠯᠵᠦ᠂ ᠪᠤᠳᠤᠬᠤ ᠴᠢᠳᠠᠪᠤᠷᠢ ᠵᠢ ᠳᠡᠭᠡᠭᠰᠢᠯᠡᠭᠦᠯᠵᠦ᠂ ᠹᠢᠽᠢᠺ᠎ᠤᠨ ᠰᠠᠪᠠ ᠭᠠᠵᠠᠷ᠎ᠤᠨ ᠪᠦᠬᠦ ᠡᠯᠧᠮᠧᠨ᠋ᠲ ᠪᠣᠯᠤᠨ ᠤᠰᠤᠨ ᠠᠰᠢᠭᠯᠠᠯᠲᠠ ᠵᠢᠨ ᠵᠠᠰᠠᠯᠲᠠ ᠬᠠᠮᠢᠶᠠᠷᠤᠯᠲᠠ ᠵᠢᠨ ᠪᠦᠬᠦ ᠶᠠᠪᠤᠴᠠ᠎ᠳᠠᠬᠢ ᠲᠣᠭ᠋ᠠᠴᠢᠯᠠᠭᠰᠠᠨ ᠲᠤᠰᠬᠠᠯ᠂ ᠤᠶᠤᠨᠴᠢᠯᠠᠬᠰᠠᠨ ᠳᠠᠭᠤᠷᠢᠶᠠᠮᠠᠯ᠂ ᠤᠷᠢᠳᠠᠴᠢ ᠴᠢᠨᠠᠷᠲᠠᠢ ᠪᠡᠯᠡᠳᠬᠡᠯ ᠰᠣᠷᠢᠯᠲᠠ ᠵᠢ ᠲᠦᠷᠭᠡᠨ ᠪᠡᠶᠡᠯᠡᠭᠦᠯᠬᠦ ᠬᠡᠷᠡᠭᠲᠡᠢ᠃ ᠬᠣᠶᠠᠷ᠎ᠲᠤ᠂ ᠲᠣᠭ᠋ᠠᠴᠢᠯᠠᠭᠰᠠᠨ ᠢᠬᠡᠷ᠎ᠡ ᠤᠰᠤᠨ᠎ᠤ ᠲᠤᠤᠷ᠎ᠤᠨ ᠪᠥᠲᠥᠭᠡᠨ ᠪᠠᠶ᠋ᠢᠭᠤᠯᠤᠯᠲᠠ ᠵᠢ ᠶᠡᠬᠡ᠎ᠪᠠᠷ ᠠᠬᠢᠭᠤᠯᠤᠨ᠎ᠠ᠃ 《ᠰᠢᠰᠲ᠋ᠧᠮ᠎ᠨᠢ ᠪᠦᠷᠢᠨ ᠲᠡᠭᠦᠯᠳᠡᠷ᠂ ᠠᠮᠤᠷ ᠲᠦᠪᠰᠢᠨ᠎ᠨᠢ ᠨᠠᠶ᠋ᠢᠳᠠᠪᠤᠷᠢᠲᠠᠢ᠂ ᠡᠷᠴᠢᠮᠯᠢᠭ ᠪᠥᠭᠡᠳ ᠥᠨᠳᠥᠷ ᠪᠦᠲᠦᠮᠵᠢᠲᠡᠢ᠂ ᠪᠣᠬᠢᠷᠲᠤᠯ ᠦᠭᠡᠢ ᠪᠥᠭᠡᠳ ᠣᠶᠤᠨᠴᠢ᠂ ᠡᠷᠭᠢᠯᠲᠡ᠎ᠨᠢ ᠰᠠᠭ᠋ᠠᠳ ᠦᠭᠡᠢ᠂ ᠲᠤᠬᠢᠷᠠᠭᠤᠯᠤᠯ ᠡᠵᠡᠮᠳᠡᠯ᠎ᠨᠢ ᠡᠮᠬᠢ ᠵᠢᠷᠤᠮ᠎ᠲᠠᠢ》 ᠤᠯᠤᠰ᠎ᠤᠨ ᠤᠰᠤᠨ ᠲᠣᠣᠷ᠎ᠢ ᠪᠠᠶ᠋ᠢᠭᠤᠯᠬᠤ ᠬᠠᠷᠠᠯᠲᠠ ᠵᠢ ᠲᠣᠭᠲᠠᠭ᠋ᠠᠵᠤ᠂ ᠢᠨᠵᠧᠨᠧᠷᠢᠩ᠎ᠤᠨ ᠠᠮᠤᠷ ᠲᠦᠪᠰᠢᠨ᠂ ᠤᠰᠤᠨ᠎ᠤ ᠬᠠᠩᠭ᠋ᠠᠯᠭ᠎ᠠ ᠵᠢᠨ ᠠᠮᠤᠷ ᠲᠦᠪᠰᠢᠨ᠂ ᠤᠰᠤᠨ᠎ᠤ ᠴᠢᠨᠠᠷ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ᠎ᠲᠠᠢ ᠤᠶᠠᠯᠳᠤᠭᠤᠯᠤᠨ᠂ ᠲᠣᠭ᠋ᠠᠴᠢᠯᠠᠭᠰᠠᠨ ᠢᠬᠡᠷ᠎ᠡ ᠤᠰᠤᠨ ᠲᠣᠣᠷ ᠬᠢᠭᠡᠳ ᠹᠢᠽᠢᠺ᠎ᠤᠨ ᠤᠰᠤᠨ ᠲᠣᠣᠷ᠎ᠢ ᠵᠡᠷᠭᠡ᠎ᠪᠠᠷ ᠪᠠᠶ᠋ᠢᠭᠤᠯᠬᠤ ᠵᠢ ᠲᠦᠯᠬᠢᠨ ᠠᠬᠢᠭᠤᠯᠵᠤ᠂ ᠹᠢᠽᠢᠺ᠎ᠤᠨ ᠤᠰᠤᠨ ᠲᠣᠣᠷ᠎ᠯᠤᠭ᠎ᠠ ᠵᠡᠷᠭᠡ᠎ᠪᠠᠷ ᠳᠠᠭᠤᠷᠢᠶᠠᠨ ᠠᠵᠢᠯᠯᠠᠭᠤᠯᠬᠤ᠂ ᠬᠡᠶ᠋ᠢᠰᠪᠦᠷᠢ ᠪᠣᠳᠠᠲᠠᠢ ᠰᠣᠯᠪᠢᠴᠠᠬᠤ᠂ ᠳᠠᠪᠬᠤᠴᠠᠨ ᠰᠢᠯᠢᠳᠡᠭᠵᠢᠭᠦᠯᠬᠦ ᠵᠢ ᠪᠡᠶᠡᠯᠡᠭᠦᠯᠬᠦ ᠬᠡᠷᠡᠭᠲᠡᠢ᠃ ᠭᠤᠷᠪᠠ᠎ᠳᠤ᠂ ᠲᠣᠭ᠋ᠠᠴᠢᠯᠠᠭᠰᠠᠨ ᠢᠬᠡᠷ᠎ᠡ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠶᠡᠬᠡ᠎ᠪᠠᠷ ᠠᠬᠢᠭᠤᠯᠤᠨ᠎ᠠ᠃ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠮᠤᠷ ᠲᠦᠪᠰᠢᠨ᠂ ᠦᠷ᠎ᠡ ᠠᠰᠢᠭ᠎ᠢ ᠭᠦᠢ᠍ᠴᠡᠳ ᠪᠠᠳᠠᠷᠠᠭᠤᠯᠬᠤ ᠵᠢ ᠪᠠᠲᠤᠯᠠᠬᠤ ᠬᠠᠷᠠᠯᠲᠠ ᠵᠢ ᠲᠣᠭᠲᠠᠭ᠋ᠠᠵᠤ᠂ ᠪᠠᠷᠢᠯᠭ᠎ᠠ ᠵᠢᠨ ᠮᠡᠳᠡᠭᠡ ᠵᠠᠩᠭᠢ ᠵᠢᠨ ᠵᠠᠭᠪᠤᠷ (BIM)᠎ᠤᠨ ᠮᠡᠷᠭᠡᠵᠢᠯ᠎ᠢ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠬᠥ ᠠᠮᠢ ᠨᠠᠰᠤᠨ᠎ᠤ ᠦᠶᠡᠯᠡᠯ᠎ᠳᠤ ᠬᠡᠷᠡᠭᠯᠡᠬᠦ ᠵᠢ ᠲᠦᠷᠭᠡᠳᠬᠡᠨ ᠠᠬᠢᠭᠤᠯᠵᠤ᠂ ᠹᠢᠽᠢᠺ᠎ᠤᠨ ᠤᠰᠤᠨ ᠠᠰᠢᠭᠯᠠᠯᠲᠠ ᠵᠢᠨ ᠢᠨᠵᠧᠨᠧᠷᠢᠩ᠎ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ᠂ ᠲᠥᠰᠦᠯ᠎ᠢ ᠤᠷᠢᠳᠴᠢᠯᠠᠨ ᠲᠣᠭᠯᠠᠬᠤ᠂ ᠠᠰᠠᠭᠤᠳᠠᠯ᠎ᠢ ᠢᠯᠡᠷᠡᠭᠦᠯᠬᠦ᠂ ᠰᠢᠯᠢᠳᠡᠭᠵᠢᠭᠦᠯᠦᠨ ᠲᠣᠬᠢᠷᠠᠭᠤᠯᠬᠤ᠂ ᠠᠮᠤᠷ ᠲᠦᠪᠰᠢᠨ᠎ᠤ ᠪᠠᠲᠤᠯᠠᠭ᠎ᠠ ᠵᠢ ᠪᠡᠶᠡᠯᠡᠭᠦᠯᠬᠦ ᠬᠡᠷᠡᠭᠲᠡᠶ᠃ ᠳᠥᠷᠪᠡ᠎ᠳᠤ᠂ ᠲᠤᠬᠠᠶ᠋ᠢᠯᠠᠭᠰᠠᠨ ᠠᠵᠢᠯ᠎ᠤᠨ ᠬᠡᠷᠡᠭᠯᠡᠭᠡᠨ᠎ᠤ ᠰᠢᠰᠲ᠋ᠧᠮᠵᠢ ᠵᠢᠨ ᠪᠠᠶ᠋ᠢᠭᠤᠯᠤᠯᠲᠠ ᠵᠢ ᠶᠡᠬᠡᠪᠡᠷ ᠲᠦᠯᠬᠢᠨ ᠠᠬᠢᠭᠤᠯᠤᠨ᠎ᠠ᠃ ᠲᠤᠬᠠᠶ᠋ᠢᠯᠠᠭᠰᠠᠨ ᠠᠵᠢᠯ᠎ᠤᠨ ᠬᠡᠷᠡᠭᠴᠡᠭᠡ ᠱᠠᠭ᠋ᠠᠷᠳᠠᠯᠭ᠎ᠠ᠎ᠪᠠᠷ ᠲᠣᠭ᠋ᠠᠴᠢᠯᠠᠭᠰᠠᠨ ᠢᠬᠡᠷ᠎ᠡ ᠰᠠᠪᠠ ᠭᠠᠵᠠᠷ᠂ ᠲᠣᠭ᠋ᠠᠴᠢᠯᠠᠭᠰᠠᠨ ᠢᠬᠡᠷ᠎ᠡ ᠤᠰᠤᠨ᠎ᠤ ᠲᠤᠤᠷ ᠰᠦᠯᠵᠢᠶ᠎ᠡ᠂ ᠲᠣᠭ᠋ᠠᠴᠢᠯᠠᠭᠰᠠᠨ ᠢᠬᠡᠷ᠎ᠡ ᠢᠨᠵᠧᠨᠧᠷᠢᠩ ᠪᠣᠯᠭ᠋ᠠᠵᠤ᠂ ᠲᠤᠬᠠᠶ᠋ᠢᠯᠠᠭᠰᠠᠨ ᠠᠵᠢᠯ᠎ᠤᠨ ᠬᠡᠰᠡᠭ ᠵᠶ᠋ᠠᠨ ᠦᠷᠭᠦᠯᠵᠢᠯᠡᠨ ᠳᠠᠪᠬᠤᠴᠠᠭᠤᠯᠤᠨ ᠰᠢᠯᠢᠳᠡᠭᠵᠢᠭᠦᠯᠵᠦ᠂ ᠤᠰᠤᠨ ᠠᠰᠢᠭᠯᠠᠯᠲᠠ ᠵᠢᠨ ᠲᠤᠬᠠᠶ᠋ᠢᠯᠠᠭᠰᠠᠨ ᠠᠵᠢᠯ᠎ᠢ ᠤᠷᠢᠳᠴᠢᠯᠠᠨ ᠮᠡᠳᠡᠭᠦᠯᠵᠦ ᠤᠷᠢᠳᠴᠢᠯᠠᠨ ᠰᠡᠷᠡᠮᠵᠢᠯᠡᠭᠦᠯᠬᠦ ᠤᠷᠢᠳᠴᠢᠯᠠᠨ ᠲᠣᠭᠯᠠᠬᠤ ᠪᠡᠯᠡᠳᠬᠡᠯ ᠲᠥᠰᠦᠯ᠎ᠤᠨ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠶ᠃ ᠲᠠᠪᠤ᠎ᠳᠤ᠂ ᠰᠦᠯᠵᠢᠶᠡᠨ᠎ᠤ ᠠᠮᠤᠷ ᠲᠦᠪᠰᠢᠨ᠎ᠤ ᠢᠨᠵᠧᠨᠧᠷᠢᠩ᠎ᠤᠨ ᠪᠠᠶ᠋ᠢᠭᠤᠯᠤᠯᠲᠠ ᠵᠢ ᠶᠡᠬᠡ᠎ᠪᠠᠷ ᠠᠬᠢᠭᠤᠯᠤᠨ᠎ᠠ᠃ ᠤᠰᠤᠨ ᠠᠰᠢᠭᠯᠠᠯᠲᠠ ᠵᠢᠨ ᠰᠦᠯᠵᠢᠶᠡᠨ᠎ᠤ ᠠᠮᠤᠷ ᠲᠦᠪᠰᠢᠨ᠎ᠤ ᠪᠠᠶ᠋ᠢᠳᠠᠯ᠎ᠢ ᠮᠡᠳᠡᠷᠡᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠠᠶᠤᠯ ᠲᠦᠭᠰᠢᠭᠦᠷᠢ ᠵᠢ ᠦᠨᠡᠯᠡᠨ ᠵᠢᠱ᠌ᠢᠬᠦ᠂ ᠬᠡᠷᠡᠭ᠎ᠢ ᠰᠢᠢ᠍ᠳᠪᠦᠷᠢᠯᠡᠬᠦ ᠵᠢ ᠴᠢᠩᠭ᠋ᠠᠳᠬᠠᠵᠤ᠂ ᠴᠢᠬᠤᠯᠠ ᠲᠣᠭ᠎ᠠ ᠪᠠᠷᠢᠮᠲᠠ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠤᠰᠤᠨ ᠠᠰᠢᠭᠯᠠᠯᠲᠠ ᠵᠢᠨ ᠰᠦᠯᠵᠢᠶᠡᠨ᠎ᠤ ᠠᠮᠤᠷ ᠲᠦᠪᠰᠢᠨ ᠪᠠ ᠲᠣᠭ᠎ᠠ ᠪᠠᠷᠢᠮᠲᠠ ᠵᠢᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ ᠭᠡᠵᠡᠢ᠃
ᠯᠢ ᠭᠦᠸᠧ ᠶᠢᠩ ᠱᠠᠭ᠋ᠠᠷᠳᠠᠭᠰᠠᠨ᠎ᠨᠢ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠡᠬᠢ ᠪᠠᠶᠠᠯᠢᠭ᠎ᠢ ᠨᠡᠶ᠋ᠢᠳᠬᠡᠬᠦ ᠪᠠ ᠬᠦᠴᠦᠨ᠎ᠤ ᠬᠠᠮᠵᠢᠯᠴᠠᠭ᠎ᠠ ᠵᠢ ᠴᠢᠩᠭ᠋ᠠᠳᠬᠠᠵᠤ᠂ ᠲᠣᠭ᠋ᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠵᠢᠨ ᠪᠦᠳᠦᠭᠡᠨ ᠪᠠᠶ᠋ᠢᠭᠤᠯᠤᠯᠲᠠ ᠵᠢᠨ 《ᠨᠠᠷᠠᠨ᠎ᠳᠤ ᠡᠭᠡᠭᠡᠵᠦ ᠠᠳᠠᠯᠢᠳᠬᠠᠬᠤ ᠵᠢ ᠠᠬᠢᠭᠤᠯᠬᠤ》 ᠵᠢ ᠬᠡᠷᠡᠭᠵᠢᠭᠦᠯᠵᠦ᠂ ᠲᠣᠭ᠋ᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠵᠢᠨ ᠪᠦᠳᠦᠭᠡᠨ ᠪᠠᠶ᠋ᠢᠭᠤᠯᠤᠯᠲᠠ ᠵᠢ ᠴᠢᠨᠠᠷ ᠰᠠᠶ᠋ᠢᠲᠠᠢ ᠠᠬᠢᠭᠤᠯᠬᠤ ᠬᠡᠷᠡᠭᠲᠡᠢ᠃ ᠪᠦᠬᠦᠨ᠎ᠢ ᠬᠠᠮᠤᠷᠤᠭᠰᠠᠨ ᠲᠣᠭ᠋ᠠᠨ᠎ᠤ ᠢᠬᠡᠷ᠎ᠡ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠲᠠᠪᠴᠠᠩ᠎ᠢ ᠪᠠᠶ᠋ᠢᠭᠤᠯᠵᠤ᠂ ᠲᠣᠭ᠎ᠠ ᠪᠠᠷᠢᠮᠲᠠ ᠵᠢᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠦᠨ ᠬᠠᠮᠢᠶᠠᠷᠬᠤ ᠵᠢ ᠴᠢᠩᠭ᠋ᠠᠳᠬᠠᠵᠤ᠂ ᠡᠮᠬᠢᠯᠡᠨ ᠨᠡᠶ᠋ᠢᠯᠡᠭᠦᠯᠵᠦ᠂ ᠬᠠᠮᠲᠤ᠎ᠪᠠᠷ ᠡᠳ᠋ᠯᠡᠵᠦ ᠠᠰᠢᠭᠯᠠᠬᠤ ᠬᠡᠷᠡᠭᠲᠡᠶ᠃ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ᠂ ᠠᠵᠢᠯᠯᠠᠭ᠋ᠠᠨ᠎ᠢ ᠬᠠᠮᠢᠶᠠᠷᠴᠤ ᠬᠠᠮᠠᠭ᠋ᠠᠯᠠᠬᠤ ᠲᠥᠰᠦᠪ᠎ᠠᠴᠠ ᠲᠣᠭ᠋ᠠᠨ᠎ᠤ ᠢᠬᠡᠷ᠎ᠡ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠪᠡᠯᠡ ᠮᠥᠩᠭᠥ ᠲᠣᠬᠢᠷᠠᠭᠤᠯᠬᠤ ᠬᠡᠷᠡᠭᠲᠡᠶ᠃ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠤᠯᠠᠮᠵᠢᠯᠠᠯᠲᠤ ᠮᠡᠷᠭᠡᠵᠢᠯ᠎ᠤᠨ ᠵᠢᠷᠤᠮᠵᠢᠯ᠎ᠤᠨ ᠳᠦᠷᠢᠮ᠎ᠳᠤ ᠪᠦᠬᠦ ᠲᠠᠯ᠎ᠠ᠎ᠪᠠᠷ ᠪᠠᠶ᠋ᠢᠴᠠᠭ᠋ᠠᠨ ᠦᠵᠡᠬᠦ ᠪᠠ ᠵᠠᠰᠠᠪᠤᠷᠢ ᠣᠷᠣᠭᠤᠯᠬᠤ ᠬᠡᠷᠡᠭᠲᠡᠶ᠃ ᠵᠠᠩᠭᠢᠯᠠᠭ᠎ᠠ ᠵᠢᠨ ᠮᠡᠷᠭᠡᠵᠢᠯ᠎ᠤᠨ ᠠᠰᠠᠭᠤᠳᠠᠯ᠎ᠤᠨ ᠰᠤᠳᠤᠯᠭ᠋ᠠᠨ᠎ᠢ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠬᠤ ᠵᠢ ᠲᠦᠷᠭᠡᠳᠬᠡᠬᠦ ᠬᠡᠷᠡᠭᠲᠡᠢ᠃ ᠪᠤᠯᠪᠠᠰᠤᠷᠠᠯ᠎ᠤᠨ ᠡᠷᠴᠢᠮ ᠵᠶ᠋ᠠᠨ ᠴᠢᠩᠭ᠋ᠠᠷᠠᠭᠤᠯᠵᠤ᠂ ᠴᠢᠳᠠᠪᠤᠷᠢᠲᠠᠨ᠎ᠢ ᠬᠥᠮᠦᠵᠢᠭᠦᠯᠵᠦ ᠣᠷᠣᠭᠤᠯᠤᠨ ᠠᠪᠴᠢᠷᠠᠬᠤ ᠪᠠ ᠤᠷᠮᠠᠰᠢᠭᠤᠯᠬᠤ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠶ᠃ ᠲᠣᠭ᠋ᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠬᠢᠨᠠᠯᠲᠠ ᠪᠠᠶ᠋ᠢᠴᠠᠭ᠋ᠠᠯᠲᠠ ᠵᠢᠨ ᠳᠦᠷᠢᠮ᠎ᠤᠨ ᠵᠢᠷᠤᠮᠵᠢᠯ᠎ᠢ ᠲᠡᠭᠦᠯᠳᠡᠷᠵᠢᠭᠦᠯᠬᠦ ᠬᠡᠷᠡᠭᠲᠡᠶ᠃
ᠬᠤᠷᠠᠯ᠎ᠠᠴᠠ ᠰᠢᠶᠤᠤ ᠯᠠᠩ ᠳ᠋ᠢ ᠤᠰᠤᠨ ᠠᠰᠢᠭᠯᠠᠯᠲᠠ ᠵᠢᠨ ᠬᠦᠢ᠍ᠰᠦ ᠬᠠᠰᠢᠯᠭ᠎ᠠ᠂ ᠭᠠᠵᠠᠷ ᠳᠤᠤᠷᠠᠬᠢ ᠦᠢ᠍ᠯᠡᠳᠪᠦᠷᠢ ᠵᠢᠨ ᠬᠡᠷ ᠪᠠᠶ᠋ᠢᠰᠢᠩ᠂ ᠦᠶᠡᠷ ᠵᠠᠯᠠᠬᠤ ᠰᠢᠰᠲ᠋ᠧᠮ᠂ ᠲᠥᠪᠯᠡᠷᠡᠭᠦᠯᠦᠨ ᠡᠵᠡᠮᠳᠡᠬᠦ ᠲᠥᠪ ᠵᠡᠷᠭᠡ ᠠᠵᠢᠯᠯᠠᠭ᠋ᠠᠨ᠎ᠤ ᠪᠠᠶ᠋ᠢᠳᠠᠯ᠎ᠢ ᠲᠤᠬᠠᠶ ᠵᠢᠨ ᠭᠠᠵᠠᠷ᠎ᠲᠤᠨᠢ ᠰᠢᠨᠵᠢᠯᠡᠨ ᠪᠠᠶ᠋ᠢᠴᠠᠭ᠋ᠠᠵᠤ᠂ ᠪᠠᠶ᠋ᠢᠷᠢ ᠵᠢᠨ ᠰᠢᠯᠵᠢᠯᠲᠡ ᠵᠢᠨ ᠳᠦᠷᠰᠦ ᠬᠤᠪᠢᠷᠠᠯᠲᠠ᠂ ᠨᠡᠪᠴᠢᠵᠦ ᠨᠡᠪᠴᠢᠬᠦ ᠳᠠᠷᠤᠯᠲᠠ᠂ ᠬᠤᠪᠢᠷᠠᠭ᠋ᠠᠭᠳᠠᠯᠤᠨ ᠬᠦᠴᠦᠯᠡᠴᠡ ᠵᠢᠨ ᠬᠤᠪᠢᠷᠠᠭ᠋ᠠᠭᠳᠠᠯ᠂ ᠭᠠᠵᠠᠷ ᠬᠥᠳᠡᠯᠦᠯᠲᠡ ᠵᠢᠨ ᠲᠤᠰᠬᠠᠯ᠂ ᠪᠣᠷᠣᠭ᠋ᠠᠨ ᠤᠰᠤᠨ᠎ᠤ ᠪᠠᠶ᠋ᠢᠳᠠᠯ᠂ ᠡᠯᠡᠰᠦ ᠰᠢᠪᠠᠷ᠂ ᠴᠠᠭ᠋ᠠᠨ ᠰᠢᠷᠭᠤᠯᠵᠢ ᠵᠡᠷᠭᠡ ᠵᠢ ᠬᠢᠨᠠᠨ ᠬᠡᠮᠵᠢᠭᠰᠡᠨ ᠪᠠᠶ᠋ᠢᠳᠠᠯ ᠵᠢᠴᠢ ᠵᠢᠯᠣᠭᠣᠴᠢ ᠥᠬᠡᠶ ᠨᠢᠰᠬᠡᠯ᠂ ᠵᠢᠯᠣᠭᠣᠴᠢ ᠥᠬᠡᠶ ᠣᠩᠭᠣᠴᠠ᠂ ᠤᠰᠤᠨ ᠳᠤᠤᠷᠠᠬᠢ ᠮᠠᠰᠢᠨ ᠬᠥᠮᠦᠨ ᠵᠡᠷᠭᠡ ᠰᠡᠷᠡᠵᠦ ᠮᠡᠳᠡᠬᠦ ᠲᠥᠬᠥᠭᠡᠷᠦᠮᠵᠢ ᠵᠢᠨ ᠬᠡᠷᠡᠭᠯᠡᠭᠡᠨ᠎ᠤ ᠪᠠᠶ᠋ᠢᠳᠠᠯ᠎ᠢ ᠣᠶ᠋ᠢᠯᠠᠭ᠋ᠠᠵᠤ᠂ ᠲᠣᠭ᠋ᠠᠴᠢᠯᠠᠭᠰᠠᠨ ᠢᠬᠡᠷ᠎ᠡ ᠠᠮᠢᠳᠤ ᠪᠣᠳᠠᠰ᠎ᠤᠨ ᠪᠥᠲᠥᠭᠡᠨ ᠪᠠᠶ᠋ᠢᠭᠤᠯᠤᠯᠲᠠ ᠵᠢᠨ ᠦᠷ᠎ᠡ ᠪᠦᠲᠦᠭᠡᠯ᠎ᠤᠨ ᠦᠵᠡᠭᠦᠯᠭᠡ ᠵᠢ ᠰᠣᠨᠢᠷᠬᠠᠪᠠ᠃ ᠬᠥᠬᠡᠮᠥ᠋ᠷᠡᠨ᠎ᠤ ᠨᠠᠮ᠎ᠤᠨ ᠬᠤᠷᠢᠶ᠎ᠠ᠂ ᠬᠤᠸᠠᠩ ᠸᠸᠢ ᠰᠢᠶᠠᠨ᠎ᠤ ᠨᠠᠮ᠎ᠤᠨ ᠬᠤᠷᠢᠶ᠎ᠠ᠂ ᠵᠧᠵᠢᠶᠠᠩ᠂ ᠭᠤᠸᠠᠩᠳᠦ᠋ᠩ᠂ ᠰᠢᠶᠤᠤ ᠯᠠᠩ ᠳ᠋ᠢ᠂ ᠳ᠋ᠠ ᠲᠸᠩ ᠬᠠᠪᠴᠢᠯ ᠵᠡᠷᠭᠡ 6 ᠨᠢᠭᠡᠴᠢ ᠰᠠᠨᠠᠯ ᠵᠶ᠋ᠠᠨ ᠰᠣᠯᠢᠯᠴᠠᠬᠤ ᠦᠭᠡ ᠬᠡᠯᠡᠵᠡᠢ᠃ ᠤᠰᠤᠨ ᠠᠰᠢᠭᠯᠠᠯᠲᠠ ᠵᠢᠨ ᠶᠠᠮᠤᠨ᠎ᠤ ᠬᠣᠯᠪᠣᠭᠳᠠᠯ ᠪᠦᠬᠦᠢ ᠵᠤᠷᠭ᠋ᠠᠨ ᠲᠣᠪᠴᠢᠶ᠎ᠠ ᠵᠢᠴᠢ ᠡᠯ᠎ᠡ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠂ ᠬᠣᠯᠪᠣᠭᠳᠠᠯ ᠪᠦᠬᠦᠢ ᠰᠢᠭᠤᠳ ᠬᠠᠷᠢᠶ᠎ᠠ ᠨᠢᠭᠡᠴᠢ᠂ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ) ᠵᠢᠨ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠣᠯᠪᠣᠭᠳᠠᠯ ᠪᠦᠬᠦᠢ ᠲᠣᠭ᠋ᠠᠨ᠎ᠤ ᠢᠬᠡᠷ᠎ᠡ ᠰᠠᠪᠠ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠤᠷᠢᠳᠠᠪᠠᠷ ᠬᠢᠵᠦ ᠤᠷᠢᠳᠠᠪᠠᠷ ᠲᠤᠷᠰᠢᠬᠤ ᠨᠢᠭᠡᠴᠢ ᠵᠢᠨ ᠲᠥᠯᠥᠭᠡᠯᠡᠭᠴᠢ ᠬᠤᠷᠠᠯ᠎ᠳᠤ ᠣᠷᠣᠯᠴᠠᠪᠠ᠃