ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠰᠢᠨᠬᠤᠸᠠ ᠬᠣᠷᠢᠶ᠎ᠠ᠄ ᠤᠰᠤᠨ ᠠᠰᠢᠭᠯᠠᠯᠲᠠ ᠵᠢᠨ ᠶᠠᠮᠤᠨ᠄ ᠲᠠᠪᠤᠨ ᠲᠠᠯ᠎ᠠ᠎ᠪᠠᠷ ᠲᠣᠭ᠋ᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠨ᠎ᠠ
ᠨᠡᠶ᠋ᠢᠲᠡᠯᠡᠭᠰᠡᠨ ᠴᠠᠭ᠄ 2023-07-04

ᠰᠢᠨᠬᠤᠸᠠ ᠬᠣᠷᠢᠶᠠᠨ᠎ᠤ ᠵᠧᠩᠵᠧᠦ ᠵᠢᠨ 6  ᠳ᠋ᠤᠭ᠋ᠠᠷ ᠰᠠᠷ᠎ᠠ ᠵᠢᠨ 20᠎ᠤ ᠴᠠᠬᠢᠯᠭ᠋ᠠᠨ ᠮᠡᠳᠡᠭᠡ (ᠰᠤᠷᠪᠤᠯᠵᠢᠯᠠᠭᠴᠢ ᠯᠢᠦ ᠱ᠌ᠢ ᠫᠢᠩ)

   ᠤᠰᠤᠨ ᠠᠰᠢᠭᠯᠠᠯᠲᠠ ᠵᠢᠨ ᠶᠠᠮᠤᠨ᠎ᠤ ᠰᠠᠶ᠋ᠢᠳ ᠯᠢ ᠭᠦᠸᠧ ᠶᠢᠩ 20᠎ᠤ ᠡᠳᠦᠷ ᠢᠯᠡᠷᠬᠡᠶ᠋ᠢᠯᠡᠬᠦ᠎ᠳᠡᠭᠡᠨ᠂ ᠲᠣᠭ᠋ᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢ ᠶᠡᠬᠡ᠎ᠪᠠᠷ ᠠᠬᠢᠭᠤᠯᠵᠤ᠂ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠤᠷᠢᠳᠴᠢᠯᠠᠨ ᠲᠣᠭᠯᠠᠬᠤ᠂ ᠪᠡᠯᠡᠳᠬᠡᠯ ᠲᠥᠰᠦᠯ᠎ᠤᠨ ᠴᠢᠳᠠᠮᠵᠢ ᠵᠢ ᠪᠡᠶᠡᠯᠡᠭᠦᠯᠵᠦ᠂ ᠤᠰᠤᠨ ᠠᠰᠢᠭᠯᠠᠯᠲᠠ ᠵᠢᠨ ᠰᠢᠢ᠍ᠳᠪᠦᠷᠢᠲᠦ ᠪᠣᠳᠣᠯᠭ᠎ᠠ ᠵᠢᠨ ᠬᠠᠮᠢᠶᠠᠷᠤᠯᠲᠠ᠎ᠳᠤ ᠪᠠᠷᠠᠭ᠋ᠠᠯᠬᠢᠯᠠᠯ᠎ᠤᠨ ᠴᠢᠨᠠᠷᠲᠠᠶ᠂ ᠰᠢᠨᠵᠢᠯᠡᠬᠦ ᠤᠬᠠᠭ᠋ᠠᠨᠴᠢ ᠴᠢᠨᠠᠷᠲᠠᠶ᠂ ᠣᠨᠣᠪᠴᠢᠲᠤ ᠴᠢᠨᠠᠷᠲᠠᠶ᠂ ᠠᠮᠤᠷ ᠲᠦᠪᠰᠢᠨ᠎ᠤ ᠴᠢᠨᠠᠷᠲᠠᠶ ᠳᠡᠮᠵᠢᠯᠭᠡ ᠬᠠᠩᠭ᠋ᠠᠨ᠎ᠠ ᠭᠡᠵᠡᠶ᠃

   ᠯᠢ ᠭᠦᠸᠧ ᠶᠢᠩ ᠬᠠᠲᠤᠨ ᠭᠣᠣᠯ᠎ᠤᠨ ᠰᠢᠶᠤᠤ ᠯᠠᠩ ᠳ᠋ᠢ ᠤᠰᠤᠨ ᠠᠰᠢᠭᠯᠠᠯᠲᠠ ᠵᠢᠨ ᠬᠦᠢ᠍ᠰᠦ᠎ᠳᠤ ᠬᠤᠷᠠᠯᠳᠤᠭᠤᠯᠤᠭᠰᠠᠨ ᠲᠣᠭ᠋ᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠲᠤᠬᠠᠢ ᠵᠢᠨ ᠲᠠᠯᠠᠪᠠᠢ ᠵᠢᠨ ᠬᠤᠷᠠᠯ ᠳᠡᠭᠡᠷ᠎ᠡ᠂ ᠤᠰᠤᠨ ᠠᠰᠢᠭᠯᠠᠯᠲᠠ ᠵᠢᠨ ᠶᠠᠮᠤᠨ ᠲᠠᠪᠤᠨ ᠲᠠᠯ᠎ᠠ᠎ᠪᠠᠷ ᠲᠣᠭ᠋ᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢ ᠶᠡᠬᠡ᠎ᠪᠠᠷ ᠠᠬᠢᠭᠤᠯᠪᠠ᠄

  — ᠲᠣᠭ᠋ᠠᠴᠢᠯᠠᠭᠰᠠᠨ ᠢᠬᠡᠷ᠎ᠡ ᠰᠠᠪᠠ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠶᠡᠬᠡᠪᠡᠷ ᠲᠦᠯᠬᠢᠨ ᠠᠬᠢᠭᠤᠯᠤᠨ᠎ᠠ᠃ ᠰᠠᠪᠠ ᠭᠠᠵᠠᠷ᠎ᠢ ᠨᠢᠭᠡᠳᠦᠯᠲᠡᠶ ᠲᠥᠯᠥᠪᠵᠢᠭᠦᠯᠬᠦ᠂ ᠨᠢᠭᠡᠳᠦᠯᠲᠡᠶ ᠵᠠᠰᠠᠬᠤ᠂ ᠨᠢᠭᠡᠳᠦᠯᠲᠡᠶ ᠲᠣᠬᠢᠷᠠᠭᠤᠯᠬᠤ᠂ ᠨᠢᠭᠡᠳᠦᠯᠲᠡᠶ ᠬᠠᠮᠢᠶᠠᠷᠬᠤ ᠬᠠᠷᠠᠯᠲᠠ ᠵᠢ ᠪᠥᠬᠥ ᠲᠠᠯ᠎ᠠ᠎ᠪᠠᠷ ᠲᠤᠯᠭ᠋ᠠᠭᠤᠷᠢᠯᠠᠵᠤ᠂ ᠪᠤᠳᠤᠬᠤ ᠪᠠᠷᠢᠮᠲᠠ ᠵᠢ ᠪᠠᠶᠠᠯᠢᠭᠵᠢᠭᠤᠯᠤᠨ᠂ ᠪᠤᠳᠤᠬᠤ ᠠᠷᠭ᠎ᠠ ᠵᠢ ᠰᠢᠯᠢᠳᠡᠭᠵᠢᠭᠦᠯᠵᠦ᠂ ᠪᠤᠳᠤᠬᠤ ᠴᠢᠳᠠᠪᠤᠷᠢ ᠵᠢ ᠳᠡᠭᠡᠭᠰᠢᠯᠡᠭᠦᠯᠦᠨ᠂ ᠹᠢᠽᠢᠺ᠎ᠤᠨ ᠰᠠᠪᠠ ᠭᠠᠵᠠᠷ᠎ᠤᠨ ᠪᠥᠬᠥ ᠬᠦᠴᠦᠨ ᠵᠦᠢ᠍ᠯ ᠪᠠ ᠤᠰᠤᠨ ᠠᠰᠢᠭᠯᠠᠯᠲᠠ ᠵᠢᠨ ᠵᠠᠰᠠᠯᠲᠠ ᠬᠠᠮᠢᠶᠠᠷᠤᠯᠲᠠ ᠵᠢᠨ ᠪᠥᠬᠥ ᠶᠠᠪᠤᠴᠠ ᠵᠢᠨ ᠲᠣᠭ᠋ᠠᠴᠢᠯᠠᠯᠲᠠ ᠵᠢᠨ ᠲᠤᠰᠬᠠᠯ᠂ ᠤᠶᠤᠨᠴᠢᠯᠠᠯᠲᠠ ᠵᠢᠨ ᠳᠠᠭᠤᠷᠢᠶᠠᠮᠠᠯ᠂ ᠪᠠᠷᠠᠭ᠋ᠠᠯᠬᠢᠯᠠᠯ᠎ᠤᠨ ᠴᠢᠨᠠᠷᠲᠠᠶ ᠤᠷᠢᠳᠴᠢᠯᠠᠭᠰᠠᠨ ᠰᠣᠷᠢᠯᠲᠠ ᠵᠢ ᠲᠦᠷᠭᠡᠳᠬᠡᠨ ᠪᠡᠶᠡᠯᠡᠭᠦᠯᠦᠨ᠎ᠡ᠃

  — ᠲᠣᠭ᠋ᠠᠴᠢᠯᠠᠭᠰᠠᠨ ᠢᠬᠡᠷ᠎ᠡ ᠤᠰᠤᠨ ᠲᠤᠤᠷ᠎ᠤᠨ ᠪᠥᠲᠥᠭᠡᠨ ᠪᠠᠶ᠋ᠢᠭᠤᠯᠤᠯᠲᠠ ᠵᠢ ᠶᠡᠬᠡᠪᠡᠷ ᠠᠬᠢᠭᠤᠯᠤᠨ᠎ᠠ᠃ 《ᠰᠢᠰᠲ᠋ᠧᠮ᠎ᠨᠢ ᠪᠦᠷᠢᠨ ᠲᠡᠭᠦᠯᠳᠡᠷ᠂ ᠠᠮᠤᠷ ᠲᠦᠪᠰᠢᠨ᠎ᠨᠢ ᠨᠠᠶ᠋ᠢᠳᠠᠪᠤᠷᠢᠲᠠᠶ᠂ ᠡᠷᠴᠢᠮᠯᠢᠭ ᠪᠥᠭᠡᠳ ᠥᠨᠳᠥᠷ ᠪᠦᠲᠦᠮᠵᠢᠲᠡᠶ᠂ ᠪᠣᠬᠢᠷᠲᠤᠯ ᠥᠬᠡᠶ ᠪᠥᠭᠡᠳ ᠣᠶᠤᠨᠴᠢ᠂ ᠡᠷᠭᠢᠯᠲᠡ᠎ᠨᠢ ᠰᠠᠭ᠋ᠠᠳ ᠥᠬᠡᠶ᠂ ᠲᠣᠬᠢᠷᠠᠭᠤᠯᠤᠯ ᠡᠵᠡᠮᠳᠡᠯ᠎ᠨᠢ ᠡᠮᠬᠢ ᠵᠢᠷᠤᠮ᠎ᠲᠠᠢ》 ᠤᠯᠤᠰ᠎ᠤᠨ ᠤᠰᠤᠨ ᠲᠤᠤᠷ᠎ᠢ ᠪᠠᠶ᠋ᠢᠭᠤᠯᠬᠤ ᠬᠠᠷᠠᠯᠲᠠ᠎ᠪᠠᠷ ᠭᠤᠤᠯᠯᠠᠭᠤᠯᠤᠨ᠂ ᠢᠨᠵᠧᠨᠧᠷᠢᠩ᠎ᠤᠨ ᠠᠮᠤᠷ ᠲᠦᠪᠰᠢᠨ᠂ ᠤᠰᠤ ᠬᠠᠩᠭ᠋ᠠᠬᠤ ᠵᠢᠨ ᠠᠮᠤᠷ ᠲᠦᠪᠰᠢᠨ᠂ ᠤᠰᠤᠨ᠎ᠤ ᠴᠢᠨᠠᠷ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂ ᠲᠣᠭ᠋ᠠᠴᠢᠯᠠᠭᠰᠠᠨ ᠢᠬᠡᠷ᠎ᠡ ᠤᠰᠤᠨ ᠲᠤᠤᠷ ᠬᠢᠭᠡᠳ ᠹᠢᠽᠢᠺ᠎ᠤᠨ ᠤᠰᠤᠨ ᠲᠤᠤᠷ᠎ᠢ ᠵᠡᠷᠭᠡ᠎ᠪᠠᠷ ᠪᠠᠶ᠋ᠢᠭᠤᠯᠬᠤ ᠵᠢ ᠳᠥᠯᠭᠢᠨ ᠠᠬᠢᠭᠤᠯᠵᠤ᠂ ᠹᠢᠽᠢᠺ᠎ᠤᠨ ᠤᠰᠤᠨ ᠲᠤᠤᠷ᠎ᠯᠤᠭ᠎ᠠ ᠵᠡᠷᠭᠡ᠎ᠪᠠᠷ ᠳᠠᠭᠤᠷᠢᠶᠠᠨ ᠠᠵᠢᠯᠯᠠᠭᠤᠯᠬᠤ᠂ ᠬᠡᠶ᠋ᠢᠰᠪᠦᠷᠢ ᠪᠣᠳᠠᠲᠠᠶ ᠰᠣᠯᠪᠢᠴᠠᠬᠤ᠂ ᠳᠠᠪᠬᠤᠴᠠᠨ ᠰᠢᠯᠢᠳᠡᠭᠵᠢᠭᠦᠯᠬᠦ ᠵᠢ ᠪᠡᠶᠡᠯᠡᠭᠦᠯᠦᠨ᠎ᠡ᠃

  — ᠲᠣᠭ᠋ᠠᠨ᠎ᠤ ᠢᠬᠡᠷ᠎ᠡ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠶᠡᠬᠡᠪᠡᠷ ᠲᠦᠯᠬᠢᠨ ᠠᠬᠢᠭᠤᠯᠤᠨ᠎ᠠ᠃ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠠᠮᠤᠷ ᠲᠦᠪᠰᠢᠨ᠂ ᠦᠷ᠎ᠡ ᠠᠰᠢᠭ᠎ᠢ ᠭᠦᠢ᠍ᠴᠡᠳ ᠪᠠᠳᠠᠷᠠᠭᠤᠯᠬᠤ ᠵᠢ ᠪᠠᠲᠤᠯᠠᠬᠤ ᠬᠠᠷᠠᠯᠲᠠ ᠵᠢ ᠲᠣᠭᠲᠠᠭ᠋ᠠᠵᠤ᠂ ᠪᠠᠷᠢᠯᠭ᠎ᠠ ᠵᠢᠨ ᠮᠡᠳᠡᠭᠡ ᠵᠠᠩᠭᠢ ᠵᠢᠨ ᠵᠠᠭᠪᠤᠷ᠎ᠤᠨ ᠮᠡᠷᠭᠡᠵᠢᠯ᠎ᠢ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠥᠬᠥ ᠠᠮᠢ ᠨᠠᠰᠤᠨ᠎ᠤ ᠦᠶᠡᠯᠡᠯ᠎ᠳᠤ ᠬᠡᠷᠡᠭᠯᠡᠬᠦ ᠵᠢ ᠲᠦᠷᠭᠡᠳᠬᠡᠨ ᠠᠬᠢᠭᠤᠯᠵᠤ᠂ ᠹᠢᠽᠢᠺ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠰᠦᠯᠵᠢᠶᠡᠨ ᠳᠡᠭᠡᠷ᠎ᠡ ᠬᠢᠨᠠᠨ ᠰᠢᠨᠵᠢᠬᠦ᠂ ᠲᠥᠰᠦᠯ᠎ᠢ ᠤᠷᠢᠳᠴᠢᠯᠠᠨ ᠲᠣᠭᠯᠠᠬᠤ᠂ ᠠᠰᠠᠭᠤᠳᠠᠯ᠎ᠢ ᠢᠯᠡᠷᠡᠭᠦᠯᠬᠦ᠂ ᠰᠢᠯᠢᠳᠡᠭᠵᠢᠭᠦᠯᠦᠨ ᠲᠣᠬᠢᠷᠠᠭᠤᠯᠬᠤ᠂ ᠠᠮᠤᠷ ᠲᠦᠪᠰᠢᠨ᠎ᠤ ᠪᠠᠲᠤᠯᠠᠭ᠎ᠠ ᠵᠢ ᠪᠡᠶᠡᠯᠡᠭᠦᠯᠦᠨ᠎ᠡ᠃

  — ᠲᠤᠬᠠᠶ᠋ᠢᠯᠠᠭᠰᠠᠨ ᠠᠵᠢᠯ᠎ᠤᠨ ᠬᠡᠷᠡᠭᠯᠡᠭᠡᠨ᠎ᠤ ᠰᠢᠰᠲᠸᠮᠵᠢ ᠵᠢᠨ ᠪᠠᠶ᠋ᠢᠭᠤᠯᠤᠯᠲᠠ ᠵᠢ ᠶᠡᠬᠡᠪᠡᠷ ᠲᠦᠯᠬᠢᠨ ᠠᠬᠢᠭᠤᠯᠤᠨ᠎ᠠ᠃ ᠲᠤᠬᠠᠶ᠋ᠢᠯᠠᠭᠰᠠᠨ ᠠᠵᠢᠯ᠎ᠤᠨ ᠬᠡᠷᠡᠭᠴᠡᠭᠡ ᠱᠠᠭ᠋ᠠᠷᠳᠠᠯᠭ᠎ᠠ᠎ᠪᠠᠷ ᠵᠢᠯᠣᠭᠣᠳᠤᠮᠵᠢ ᠪᠣᠯᠭ᠋ᠠᠵᠤ᠂ ᠲᠣᠭ᠋ᠠᠴᠢᠯᠠᠭᠰᠠᠨ ᠢᠬᠡᠷ᠎ᠡ ᠰᠠᠪᠠ ᠭᠠᠵᠠᠷ᠂ ᠲᠣᠭ᠋ᠠᠴᠢᠯᠠᠭᠰᠠᠨ ᠢᠬᠡᠷ᠎ᠡ ᠤᠰᠤᠨ᠎ᠤ ᠲᠤᠤᠷ᠂ ᠲᠣᠭ᠋ᠠᠴᠢᠯᠠᠭᠰᠠᠨ ᠢᠬᠡᠷ᠎ᠡ ᠢᠨᠵᠧᠨᠧᠷᠢᠩ᠎ᠲᠠᠢ ᠬᠣᠯᠪᠣᠵᠤ᠂ ᠲᠤᠬᠠᠶ᠋ᠢᠯᠠᠭᠰᠠᠨ ᠠᠵᠢᠯ᠎ᠤᠨ ᠬᠡᠰᠡᠭ ᠵᠶ᠋ᠠᠨ ᠦᠷᠭᠦᠯᠵᠢᠯᠡᠨ ᠳᠠᠪᠬᠤᠴᠠᠭᠤᠯᠤᠨ ᠰᠢᠯᠢᠳᠡᠭᠵᠢᠭᠦᠯᠵᠦ᠂ ᠤᠰᠤᠨ ᠠᠰᠢᠭᠯᠠᠯᠲᠠ ᠵᠢᠨ ᠲᠤᠬᠠᠶ᠋ᠢᠯᠠᠭᠰᠠᠨ ᠠᠵᠢᠯ᠎ᠤᠨ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠤᠷᠢᠳᠴᠢᠯᠠᠨ ᠲᠣᠭᠯᠠᠬᠤ ᠪᠡᠯᠡᠳᠬᠡᠯ ᠲᠥᠰᠦᠯ᠎ᠤᠨ ᠴᠢᠳᠠᠪᠤᠷᠢ ᠵᠢ       ᠳᠡᠭᠡᠭᠰᠢᠯᠡᠭᠦᠯᠦᠨ᠎ᠡ᠃

  — ᠰᠦᠯᠵᠢᠶᠡᠨ᠎ᠤ ᠠᠮᠤᠷ ᠲᠦᠪᠰᠢᠨ᠎ᠤ ᠢᠨᠵᠧᠨᠧᠷᠢᠩ᠎ᠤᠨ ᠪᠠᠶ᠋ᠢᠭᠤᠯᠤᠯᠲᠠ ᠵᠢ ᠶᠡᠬᠡ᠎ᠪᠠᠷ ᠠᠬᠢᠭᠤᠯᠤᠨ᠎ᠠ᠃ ᠤᠰᠤᠨ ᠠᠰᠢᠭᠯᠠᠯᠲᠠ ᠵᠢᠨ ᠰᠦᠯᠵᠢᠶᠡᠨ᠎ᠤ ᠠᠮᠤᠷ ᠲᠦᠪᠰᠢᠨ᠎ᠤ ᠪᠠᠶ᠋ᠢᠳᠠᠯ᠎ᠢ ᠮᠡᠳᠡᠷᠡᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠠᠶᠤᠯ ᠲᠦᠭᠰᠢᠭᠦᠷᠢ ᠵᠢ ᠦᠨᠡᠯᠡᠨ ᠵᠢᠱ᠌ᠢᠬᠦ᠂ ᠬᠡᠷᠡᠭ᠎ᠢ ᠰᠢᠢ᠍ᠳᠪᠦᠷᠢᠯᠡᠬᠦ ᠵᠢ ᠴᠢᠩᠭ᠋ᠠᠳᠬᠠᠵᠤ᠂ ᠴᠢᠬᠤᠯᠠ ᠲᠣᠭ᠎ᠠ ᠪᠠᠷᠢᠮᠲᠠ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ        ᠴᠢᠩᠭ᠋ᠠᠳᠬᠠᠵᠤ᠂ ᠤᠰᠤᠨ ᠠᠰᠢᠭᠯᠠᠯᠲᠠ ᠵᠢᠨ ᠰᠦᠯᠵᠢᠶᠡᠨ᠎ᠤ ᠠᠮᠤᠷ ᠲᠦᠪᠰᠢᠨ ᠪᠠ ᠲᠣᠭ᠎ᠠ ᠪᠠᠷᠢᠮᠲᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠨ᠎ᠠ᠃

 

ᠢᠷᠡᠯᠲᠡ᠄ ᠰᠢᠨᠬᠤᠸᠠ ᠬᠣᠷᠢᠶ᠎ᠠ
          
ᠬᠠᠮᠢᠶ᠎ᠡ ᠪᠦᠬᠦᠢ ᠰᠣᠨᠢᠨ
ᠠᠷᠠᠳ᠎ᠤᠨ ᠡᠳᠦᠷ᠎ᠤᠨ ᠰᠣᠨᠢᠨ᠄ ᠦᠶᠡᠷ᠎ᠤᠨ ᠬᠤᠭᠤᠴᠠᠭ᠋ᠠᠨ᠎ᠳᠤ ᠤᠷᠤᠭᠰᠠᠨ᠎ᠠᠴᠠ ᠨᠠᠭ᠋ᠠᠰᠢ 189 ᠭᠤᠤᠯ ᠮᠥᠷᠡᠨ ᠰᠡᠷᠡᠮᠵᠢ ᠵᠢᠨ ᠱᠤᠭᠤᠮ᠎ᠠᠴᠠ ᠳᠠᠪᠠᠭᠰᠠᠨ ᠦᠶᠡᠷ ᠭᠠᠷᠪᠠ
ᠠᠷᠠᠳ᠎ᠤᠨ ᠡᠳᠦᠷ᠎ᠤᠨ ᠰᠣᠨᠢᠨ᠄ ᠤᠰᠤᠨ ᠠᠰᠢᠭᠯᠠᠯᠲᠠ ᠵᠢᠨ ᠶᠠᠮᠤᠨ᠎ᠤ ᠲᠣᠭ᠋ᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠲᠤᠬᠠᠶ ᠵᠢᠨ ᠭᠠᠵᠠᠷ᠎ᠤᠨ ᠬᠤᠷᠠᠯ ᠰᠢᠶᠣᠤ ᠯᠠᠩ ᠳ᠋ᠢ ᠤᠰᠤᠨ ᠠᠰᠢᠭᠯᠠᠯᠲᠠ ᠵᠢᠨ ᠵᠠᠩᠭᠢᠯᠠᠭ᠎ᠠ᠎ᠳᠤ ᠬᠤᠷᠠᠯᠳᠤᠪᠠ
ᠠᠷᠠᠳ᠎ᠤᠨ ᠡᠳᠦᠷ᠎ᠤᠨ ᠰᠣᠨᠢᠨ᠄ ᠦᠶᠡᠷ᠎ᠤᠨ ᠡᠮᠦᠨᠡᠬᠢ ᠬᠠᠲᠤᠨ ᠭᠤᠤᠯ᠎ᠤᠨ ᠤᠰᠤ ᠲᠠᠲᠠᠬᠤ ᠡᠯᠡᠰᠦ ᠲᠣᠬᠢᠷᠠᠭᠤᠯᠬᠤ ᠠᠵᠢᠯ ᠡᠬᠢᠯᠡᠪᠡ
ᠠᠷᠠᠳ᠎ᠤᠨ ᠡᠳᠦᠷ᠎ᠤᠨ ᠰᠣᠨᠢᠨ᠄ ᠭᠤᠤᠯ ᠪᠣᠯᠬᠤ ᠭᠤᠤᠯ ᠮᠥᠷᠡᠨ᠎ᠨᠢ ᠤᠰᠤᠨ ᠰᠢᠨᠵᠢᠯᠡᠭᠡᠨ᠎ᠤ ᠥᠷᠲᠡᠭᠡ ᠵᠢᠨ ᠵᠢᠯ᠎ᠤᠨ ᠡᠯᠡᠰᠦ ᠳᠠᠮᠵᠢᠭᠤᠯᠬᠤ ᠶᠡᠷᠦᠩᠬᠡᠶ ᠬᠡᠮᠵᠢᠶ᠎ᠡ ᠵᠢ 3.9 ᠳ᠋ᠦᠩᠰᠢᠭᠤᠷ ᠲᠣᠨ ᠲᠥᠯᠥᠭᠡᠯᠡᠨ᠎ᠡ
ᠠᠷᠠᠳ᠎ᠤᠨ ᠰᠦᠯᠵᠢᠶ᠎ᠡ᠄ 2022 ᠣᠨ᠎ᠳᠤ ᠪᠥᠬᠥ ᠤᠯᠤᠰ᠎ᠤᠨ ᠤᠰᠤ ᠬᠡᠷᠡᠭᠯᠡᠬᠦ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠤᠰᠤ ᠬᠡᠷᠡᠭᠯᠡᠬᠦ ᠪᠦᠲᠦᠴᠡ ᠵᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ
 
            