《ᠠᠷᠠᠳ᠎ᠤᠨ ᠡᠳᠦᠷ᠎ᠤᠨ ᠰᠣᠨᠢᠨ᠎ᠤ ᠭᠠᠳᠠᠭ᠋ᠠᠳᠤ ᠬᠡᠪᠯᠡᠯ》 (2024 ᠣᠨ᠎ᠤ 01 ᠳ᠋ᠦ᠍ᠭᠡᠷ ᠰᠠᠷ᠎ᠠ ᠵᠢᠨ 13᠎ᠤ ᠡᠳᠦᠷ 03 ᠳ᠋ᠤᠭ᠋ᠠᠷ ᠬᠡᠪᠯᠡᠯ)
ᠤᠰᠤᠨ ᠠᠰᠢᠭᠯᠠᠯᠲᠠ ᠵᠢᠨ ᠶᠠᠮᠤᠨ᠎ᠤ ᠰᠠᠶ᠋ᠢᠳ ᠯᠢ ᠭᠦᠸᠧ ᠶᠢᠩ 11᠎ᠤ ᠡᠳᠦᠷ 2024 ᠣᠨ᠎ᠤ ᠪᠥᠬᠥ ᠤᠯᠤᠰ᠎ᠤᠨ ᠤᠰᠤᠨ ᠠᠰᠢᠭᠯᠠᠯᠲᠠ ᠵᠢᠨ ᠠᠵᠢᠯ᠎ᠤᠨ ᠬᠤᠷᠠᠯ ᠳᠡᠭᠡᠷ᠎ᠡ ᠢᠯᠡᠷᠬᠡᠶ᠋ᠢᠯᠡᠬᠦ᠎ᠳᠡᠭᠡᠨ᠂ 2023 ᠣᠨ᠎ᠤ ᠪᠥᠬᠥ ᠤᠯᠤᠰ᠎ᠤᠨ ᠬᠥᠳᠡᠭᠡ ᠲᠣᠰᠬᠣᠨ᠎ᠤ ᠲᠦᠭᠡᠭᠡᠯ ᠤᠰᠤᠨ᠎ᠤ ᠲᠦᠭᠡᠮᠡᠯᠵᠢᠭᠦᠯᠦᠯᠲᠡ ᠵᠢᠨ ᠨᠣᠷᠮ᠎ᠠ 90 %᠎ᠳᠤ ᠬᠦᠷᠴᠡᠶ᠃ ᠡᠨᠡ᠎ᠨᠢ ᠪᠦᠬᠦ ᠤᠯᠤᠰ᠎ᠤᠨ ᠬᠥᠳᠡᠭᠡ ᠲᠣᠰᠬᠣᠨ᠎ᠤ ᠲᠦᠭᠡᠭᠡᠯ ᠤᠰᠤᠨ᠎ᠤ ᠲᠦᠭᠡᠮᠡᠯᠵᠢᠭᠰᠡᠨ ᠨᠣᠷᠮ᠎ᠠ 88%᠎ᠳᠤ ᠬᠦᠷᠴᠡᠶ᠃
2021 ᠣᠨ᠎ᠤ 8 ᠳ᠋ᠤᠭ᠋ᠠᠷ ᠰᠠᠷ᠎ᠠ᠎ᠳᠤ᠂ ᠤᠰᠤᠨ ᠠᠰᠢᠭᠯᠠᠯᠲᠠ ᠵᠢᠨ ᠶᠠᠮᠤᠨ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠵᠡᠷᠭᠡ 8 ᠰᠠᠯᠠᠭ᠎ᠠ ᠮᠥᠴᠢᠷ᠎ᠲᠠᠢ ᠬᠠᠮᠲᠤᠷᠠᠨ 《ᠬᠥᠳᠡᠭᠡ ᠲᠣᠰᠬᠣᠨ᠎ᠤ ᠤᠰᠤ ᠬᠠᠩᠭ᠋ᠠᠬᠤ ᠪᠠᠲᠤᠯᠠᠭ᠎ᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠵᠢᠯᠣᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠭᠠᠵᠠᠷ᠎ᠤᠨ᠎ᠬᠢᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠮᠤᠷ ᠲᠦᠪᠰᠢᠨ᠎ᠢ ᠬᠥᠳᠡᠭᠡ ᠲᠣᠰᠬᠣᠨ᠎ᠤ ᠤᠰᠤ ᠬᠠᠩᠭ᠋ᠠᠬᠤ ᠪᠠᠲᠤᠯᠠᠭ᠎ᠠ ᠲᠡᠶ᠋ᠢᠰᠢ ᠬᠤᠪᠢᠷᠠᠭᠤᠯᠬᠤ ᠵᠢ ᠯᠠᠪᠳᠠᠭᠤᠨ ᠵᠶ᠋ᠠᠷ ᠠᠬᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃ ᠪᠥᠬᠥ ᠤᠯᠤᠰ᠎ᠤᠨ ᠬᠥᠳᠡᠭᠡ ᠲᠣᠰᠬᠣᠨ᠎ᠤ ᠲᠦᠭᠡᠭᠡᠯ ᠤᠰᠤᠨ᠎ᠤ ᠲᠦᠭᠡᠮᠡᠯᠵᠢᠯᠲᠡ ᠵᠢᠨ ᠨᠣᠷᠮ᠎ᠠ ᠵᠢ 2025 ᠣᠨ᠎ᠳᠤ 88%᠎ᠳᠤ ᠬᠦᠷᠭᠡᠵᠦ᠂ 2035 ᠣᠨ᠎ᠳᠤ ᠬᠥᠳᠡᠭᠡ ᠲᠣᠰᠬᠣᠨ᠎ᠤ ᠤᠰᠤ ᠬᠠᠩᠭ᠋ᠠᠬᠤ ᠣᠳᠣᠬᠢᠴᠢᠯᠠᠯᠲᠠ ᠵᠢ ᠦᠨᠳᠦᠰᠦᠨ᠎ᠳᠡᠭᠡᠨ ᠪᠡᠶᠡᠯᠡᠭᠦᠯᠦᠨ᠎ᠡ᠃
ᠤᠢ᠍ᠢ᠍ᠷ᠎ᠠ ᠵᠢᠨ ᠵᠢᠯ᠎ᠠᠴᠠ᠂ ᠮᠠᠨ᠎ᠤ ᠤᠯᠤᠰ᠎ᠤᠨ ᠬᠥᠳᠡᠭᠡ ᠲᠣᠰᠬᠣᠨ᠎ᠤ ᠤᠰᠤ ᠬᠠᠩᠭ᠋ᠠᠬᠤ ᠪᠠᠲᠤᠯᠠᠭ᠎ᠠ ᠵᠢᠨ ᠲᠦᠪᠰᠢᠨ ᠲᠣᠭᠲᠠᠭᠤᠨ ᠵᠶ᠋ᠠᠷ ᠳᠡᠭᠡᠭᠰᠢᠯᠡᠵᠦ᠂ ᠬᠥᠳᠡᠭᠡ ᠲᠣᠰᠬᠣᠨ᠎ᠤ ᠲᠦᠭᠡᠭᠡᠯ ᠤᠰᠤᠨ᠎ᠤ ᠲᠦᠭᠡᠮᠡᠯᠵᠢᠯᠲᠡ ᠵᠢᠨ ᠨᠤᠷᠮ᠎ᠠ ᠲᠠᠰᠤᠷᠠᠯᠳᠠ ᠦᠭᠡᠢ ᠳᠡᠭᠡᠭᠰᠢᠯᠡᠪᠡ᠃ ᠤᠰᠤᠨ ᠠᠰᠢᠭᠯᠠᠯᠲᠠ ᠵᠢᠨ ᠶᠠᠮᠤᠨ᠎ᠤ ᠪᠦᠷᠢᠳᠬᠡᠯ᠎ᠠᠴᠠ ᠦᠵᠡᠪᠡᠯ᠂ 2020 ᠣᠨ᠂ 2021 ᠣᠨ ᠪᠠ 2022 ᠣᠨ᠎ᠤ ᠪᠥᠬᠥ ᠤᠯᠤᠰ᠎ᠤᠨ ᠬᠥᠳᠡᠭᠡ ᠲᠣᠰᠬᠣᠨ᠎ᠤ ᠲᠦᠭᠡᠭᠡᠯ ᠤᠰᠤᠨ᠎ᠤ ᠲᠦᠭᠡᠮᠡᠯᠵᠢᠭᠦᠯᠦᠯᠲᠡ ᠵᠢᠨ ᠨᠣᠷᠮ᠎ᠠ ᠲᠣᠰ ᠲᠣᠰ 83 %᠂ 84 % ᠪᠠ 87 % ᠪᠣᠯᠤᠨ᠎ᠠ᠃
ᠯᠢ ᠭᠦᠸᠧ ᠶᠢᠩ ᠢᠯᠡᠷᠬᠡᠶ᠋ᠢᠯᠡᠬᠦ᠎ᠳᠡᠭᠡᠨ᠂ 2024 ᠣᠨ᠎ᠳᠤ᠂ ᠪᠥᠬᠥ ᠤᠯᠤᠰ᠎ᠤᠨ ᠬᠥᠳᠡᠭᠡ ᠲᠣᠰᠬᠣᠨ᠎ᠤ ᠲᠦᠭᠡᠭᠡᠯ ᠤᠰᠤᠨ᠎ᠤ ᠲᠦᠭᠡᠮᠡᠯᠵᠢᠯᠲᠡ ᠵᠢᠨ ᠨᠣᠷᠮ᠎ᠠ 92 % ᠪᠣᠯᠲᠠᠯ᠎ᠠ ᠳᠡᠭᠡᠭᠰᠢᠯᠡᠵᠦ᠂ ᠬᠡᠪᠴᠢᠶᠡᠵᠢᠭᠦᠯᠦᠭᠰᠡᠨ ᠤᠰᠤ ᠬᠠᠩᠭ᠋ᠠᠬᠤ ᠢᠨᠵᠧᠨᠧᠷᠢᠩ᠎ᠤᠨ ᠬᠥᠳᠡᠭᠡ ᠲᠣᠰᠬᠣᠨ᠎ᠤ ᠬᠥᠮᠦᠨ ᠠᠮᠠ ᠵᠢ ᠬᠠᠮᠤᠷᠤᠭᠰᠠᠨ ᠬᠠᠷᠢᠴᠠᠯ 63 %᠎ᠳᠤ ᠬᠥᠷᠬᠥ ᠪᠣᠯᠤᠨ᠎ᠠ᠃