ᠲᠦᠷᠦᠭᠦᠬᠡᠨ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ᠎ᠤᠨ ᠬᠤᠷᠠᠯᠳᠤᠭᠤᠯᠤᠭᠰᠠᠨ ᠪᠥᠬᠦ ᠣᠷᠣᠨ᠎ᠤ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠤᠨ ᠦᠷ᠎ᠡ ᠪᠦᠲᠦᠮᠵᠢ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠠᠴᠠ ᠣᠶ᠋ᠢᠯᠠᠭ᠋ᠠᠭᠰᠠᠨ ᠵᠶ᠋ᠠᠷ᠂ 2023 ᠣᠨ᠎ᠳᠤ᠂ ᠮᠠᠨ᠎ᠤ ᠣᠷᠣᠨ ᠤᠰᠤᠨ ᠠᠰᠢᠭᠯᠠᠯᠲᠠ ᠵᠢᠨ ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢ ᠪᠥᠬᠦ ᠬᠦᠴᠦᠨ ᠵᠶ᠋ᠠᠷ ᠵᠶ᠋ᠠᠨ ᠲᠦᠷᠭᠡᠳᠬᠡᠵᠦ᠂ ᠠᠷᠠᠳ᠎ᠤᠨ ᠠᠮᠢᠳᠤᠷᠠᠯ᠎ᠢ ᠦᠷᠭᠦᠯᠵᠢᠯᠡᠨ ᠰᠠᠶ᠋ᠢᠵᠢᠷᠠᠭᠤᠯᠬᠤ᠂ ᠠᠵᠤ ᠠᠬᠤᠶ ᠵᠢ ᠦᠷᠭᠦᠯᠵᠢᠯᠡᠨ ᠰᠠᠶ᠋ᠢᠵᠢᠷᠠᠭᠤᠯᠬᠤ ᠵᠡᠷᠭᠡ ᠲᠠᠯ᠎ᠠ᠎ᠪᠠᠷ ᠴᠢᠬᠤᠯᠠ ᠦᠢ᠍ᠯᠡᠳᠦᠯ ᠦᠵᠡᠭᠦᠯᠵᠦ᠂ ᠢᠯᠡᠳᠲᠡ ᠦᠷ᠎ᠡ ᠪᠦᠲᠦᠮᠵᠢ ᠤᠯᠪᠠ᠃
ᠪᠠᠶ᠋ᠢᠭᠤᠯᠵᠤ ᠪᠠᠶ᠋ᠢᠭ᠎ᠠ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠲᠣᠭ᠎ᠠ ᠬᠡᠮᠵᠢᠶ᠎ᠡ ᠪᠠ ᠪᠡᠯᠡ ᠣᠷᠣᠭᠤᠯᠤᠯᠲᠠ ᠵᠢᠨ ᠬᠡᠪᠴᠢᠶ᠎ᠡ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ᠃ ᠪᠥᠬᠦ ᠣᠷᠣᠨ᠎ᠤ ᠪᠠᠶ᠋ᠢᠭᠤᠯᠵᠤ ᠪᠠᠶ᠋ᠢᠭ᠎ᠠ ᠤᠰᠤᠨ ᠠᠰᠢᠭᠯᠠᠯᠲᠠ ᠵᠢᠨ ᠲᠥᠷᠥᠯ ᠵᠦᠢ᠍ᠯ 1234 ᠪᠣᠯᠵᠤ᠂ ᠡᠭᠦᠨ᠎ᠳᠤ ᠰᠢᠨ᠎ᠡ᠎ᠪᠠᠷ ᠠᠵᠢᠯ ᠡᠬᠢᠯᠡᠭᠦᠯᠦᠭᠰᠡᠨ ᠲᠥᠷᠥᠯ ᠵᠦᠢ᠍ᠯ 1171 ᠪᠠᠶ᠋ᠢᠵᠤ᠂ ᠶᠡᠷᠦᠩᠬᠡᠶ ᠪᠡᠯᠡ ᠣᠷᠣᠭᠤᠯᠤᠯᠲᠠ᠎ᠨᠢ 658 ᠳ᠋ᠦᠩᠰᠢᠭᠤᠷ ᠲᠥᠭᠦᠷᠢᠭ᠎ᠲᠤ ᠬᠦᠷᠴᠦ᠂ ᠴᠤᠤᠯ ᠭᠤᠣᠯ᠎ᠤᠨ ᠤᠰᠤ ᠵᠢ ᠲᠠᠲᠠᠵᠤ ᠯᠢᠶᠤᠤᠾᠸ ᠭᠤᠣᠯ᠎ᠳᠤ ᠨᠡᠮᠡᠷᠢᠯᠡᠬᠦ᠂ ᠴᠤᠤᠯ ᠭᠤᠣᠯ᠎ᠤᠨ ᠤᠰᠤ ᠵᠢ ᠲᠠᠲᠠᠵᠤ ᠯᠢᠶᠤᠤᠾᠸ ᠭᠤᠣᠯ᠎ᠳᠤ ᠨᠡᠮᠡᠷᠢᠯᠡᠬᠦ ᠬᠤᠶᠠᠳᠤᠭ᠋ᠠᠷ ᠬᠤᠭᠤᠴᠠᠭ᠎ᠠ᠂ ᠥᠪᠥᠷ ᠮᠣᠩᠭᠤᠯ᠎ᠤᠨ ᠰᠠᠯᠪᠤᠷᠢ ᠱᠤᠭᠤᠮ᠂ ᠳ᠋ᠦᠩ ᠲᠠᠶ᠋ᠢᠽᠢ ᠤᠰᠤᠨ ᠴᠥᠭᠦᠷᠥᠮ᠂ ᠪᠣᠷᠣᠳᠣᠬᠤᠢ ᠵᠢᠨ ᠤᠰᠤᠯᠠᠯᠲᠠ ᠵᠢᠨ ᠣᠷᠣᠨ᠎ᠤ ᠦᠷᠭᠦᠯᠵᠢᠯᠡᠨ ᠪᠠᠶ᠋ᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ ᠵᠡᠷᠭᠡ ᠨᠢᠭᠡ ᠪᠦᠯᠦᠭ ᠴᠢᠬᠤᠯᠠ ᠶᠡᠭᠡ ᠤᠰᠤᠨ ᠠᠰᠢᠭᠯᠠᠯᠲᠠ ᠵᠢᠨ ᠲᠥᠷᠥᠯ ᠵᠦᠢ᠍ᠯ᠎ᠢ ᠬᠠᠮᠲᠤᠳᠤᠨᠢ ᠪᠦᠲᠦᠭᠡᠨ ᠪᠠᠶ᠋ᠢᠭᠤᠯᠬᠤ ᠵᠢ ᠲᠦᠯᠬᠢᠨ ᠠᠬᠢᠭᠤᠯᠵᠤ᠂ ᠪᠠᠶ᠋ᠢᠭᠤᠯᠵᠤ ᠪᠠᠶ᠋ᠢᠭ᠎ᠠ ᠴᠢᠬᠤᠯᠠ ᠶᠡᠭᠡ ᠤᠰᠤᠨ ᠠᠰᠢᠭᠯᠠᠯᠲᠠ ᠵᠢᠨ ᠪᠠᠷᠢᠯᠭ᠎ᠠ ᠵᠢ 7 ᠵᠦᠢ᠍ᠯ᠎ᠳᠤ ᠬᠦᠷᠦᠭᠦᠯᠵᠦ᠂ ᠪᠡᠯᠡ ᠣᠷᠣᠭᠤᠯᠤᠯᠲᠠ ᠵᠢᠨ ᠬᠡᠪᠴᠢᠶ᠎ᠡ ᠵᠢ 452 ᠳ᠋ᠦᠩᠰᠢᠭᠤᠷ ᠲᠥᠭᠦᠷᠢᠭ᠎ᠠᠴᠠ ᠳᠠᠪᠠᠭᠤᠯᠵᠤ᠂ ᠴᠢᠬᠤᠯᠠ ᠶᠡᠭᠡ ᠤᠰᠤᠨ ᠠᠰᠢᠭᠯᠠᠯᠲᠠ ᠵᠢᠨ ᠲᠥᠷᠥᠯ ᠵᠦᠢ᠍ᠯ᠎ᠤᠨ ᠪᠠᠶ᠋ᠢᠭᠤᠯᠵᠤ ᠪᠠᠶ᠋ᠢᠭ᠎ᠠ ᠲᠤᠭ᠎ᠠ ᠬᠡᠮᠵᠢᠶ᠎ᠡ᠂ ᠪᠡᠯᠡ ᠣᠷᠣᠭᠤᠯᠤᠯᠲᠠ ᠵᠢᠨ ᠬᠡᠪᠴᠢᠶ᠎ᠡ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ᠃
ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠪᠡᠯᠡ ᠣᠷᠤᠭᠤᠯᠤᠯᠲᠠ ᠵᠢ ᠶᠡᠬᠡᠪᠡᠷ ᠨᠡᠮᠡᠭᠳᠡᠭᠦᠯᠦᠨ᠎ᠡ᠃ ᠲᠥᠪ᠎ᠤᠨ ᠪᠠᠯᠠ ᠮᠥᠩᠭᠦ ᠵᠢ ᠲᠡᠮᠡᠴᠡᠨ ᠤᠯᠬᠤ ᠪᠠ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠣᠷᠣᠭᠤᠯᠤᠯᠲᠠ ᠵᠢ ᠨᠡᠮᠡᠭᠳᠡᠭᠦᠯᠬᠦ᠎ᠪᠠᠷ ᠢᠳᠡᠪᠬᠢᠲᠡᠶ ᠴᠢᠷᠮᠠᠶ᠋ᠢᠵᠤ᠂ ᠪᠥᠬᠦ ᠤᠯᠤᠰ᠎ᠲᠤ ᠠᠶ᠋ᠢᠮᠠᠭ ᠬᠤᠲᠠ ᠬᠤᠰᠢᠭᠤ ᠰᠢᠶᠠᠨ᠎ᠤ ᠲᠥᠪ᠎ᠤᠨ ᠤᠰᠤᠨ ᠠᠰᠢᠭᠯᠠᠯᠲᠠ ᠵᠢᠨ ᠲᠥᠷᠥᠯ ᠵᠦᠢ᠍ᠯ᠎ᠤᠨ ᠢᠵᠢ ᠪᠥᠷᠢᠳᠦᠭᠦᠯᠬᠦ ᠪᠠᠯᠠ ᠮᠥᠩᠭᠦ ᠵᠢ ᠤᠷᠢᠳᠠᠪᠠᠷ ᠬᠦᠴᠦᠨ ᠥᠬᠡᠶ ᠪᠣᠯᠭ᠋ᠠᠵᠤ᠂ ᠦᠨᠳᠦᠰᠦᠨ ᠱᠠᠲᠤᠨ᠎ᠤ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠦᠨ᠎ᠡ᠃ 2023 ᠣᠨ᠎ᠳᠤ ᠤᠰᠤᠨ ᠠᠰᠢᠭᠯᠠᠯᠲᠠ ᠵᠢᠨ ᠪᠡᠯᠡ ᠣᠷᠣᠭᠤᠯᠤᠯᠲᠠ ᠵᠢ 182 ᠳ᠋ᠦᠩᠰᠢᠭᠤᠷ ᠲᠥᠭᠦᠷᠢᠭ ᠨᠠᠶ᠋ᠢᠳᠠᠪᠤᠷᠢᠵᠢᠭᠤᠯᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 34.8%᠎ᠪᠠᠷ ᠨᠡᠮᠡᠭᠳᠡᠪᠡ᠃
ᠪᠡᠯᠡ ᠣᠷᠣᠭᠤᠯᠤᠯᠲᠠ ᠵᠢᠨ ᠲᠥᠯᠥᠪᠯᠡᠭᠡ ᠵᠢ ᠪᠡᠶᠡᠯᠡᠭᠦᠯᠦᠭᠰᠡᠨ ᠪᠠᠶ᠋ᠢᠳᠠᠯ ᠲᠡᠦᠬᠡ ᠵᠢᠨ ᠬᠠᠮᠤᠭ᠎ᠤᠨ ᠥᠨᠳᠥᠷ ᠲᠡᠮᠳᠡᠭᠯᠡᠯ᠎ᠢ ᠡᠭᠦᠳᠪᠡ᠃ ᠡᠳ᠋᠎ᠤᠨ ᠵᠠᠰᠠᠭ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠯᠦᠭᠡ ᠵᠢᠨ ᠨᠡᠪᠲᠡᠷᠡᠯᠴᠡᠭᠡ ᠵᠣᠯᠭ᠋ᠠᠯᠴᠠᠭ᠎ᠠ᠎ᠪᠠᠨ ᠴᠢᠩᠭ᠋ᠠᠳᠬᠠᠵᠤ᠂ ᠤᠯᠤᠰ᠎ᠤᠨ ᠤᠰᠤᠨ ᠠᠰᠢᠭᠯᠠᠯᠲᠠ ᠵᠢᠨ ᠪᠠᠯᠠ ᠣᠷᠣᠭᠤᠯᠤᠯᠲᠠ ᠵᠢᠨ ᠲᠥᠯᠥᠪᠯᠡᠭᠡ ᠵᠢ ᠴᠠᠭ ᠲᠤᠬᠠᠶ᠎ᠳᠤᠨᠢ ᠵᠠᠳᠠᠯᠤᠨ ᠪᠠᠭᠤᠯᠭ᠋ᠠᠵᠤ᠂ ᠪᠠᠯᠠ ᠣᠷᠣᠭᠤᠯᠤᠯᠲᠠ ᠵᠢᠨ ᠲᠥᠯᠥᠪᠯᠡᠭᠡ ᠵᠢ ᠬᠡᠷᠡᠭᠵᠢᠭᠦᠯᠬᠦ ᠵᠢ ᠠᠬᠢᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠂ 2023 ᠣᠨ᠎ᠳᠤ ᠪᠥᠬᠦ ᠣᠷᠣᠨ᠎ᠤ ᠲᠥᠪ᠎ᠤᠨ ᠪᠠᠯᠠ ᠣᠷᠣᠭᠤᠯᠤᠯᠲᠠ ᠵᠢ ᠪᠡᠶᠡᠯᠡᠭᠦᠯᠦᠭᠰᠡᠨ ᠨᠣᠷᠮ᠎ᠠ 98.05%᠎ᠳᠤ ᠬᠦᠷᠴᠦ᠂ ᠨᠢᠳᠤᠨᠤᠨ᠎ᠤ᠎ᠬᠢ᠎ᠠᠴᠠ ᠵᠠᠭᠤᠨ᠎ᠤ 3.5 ᠬᠤᠪᠢ ᠨᠡᠮᠡᠭᠳᠡᠵᠦ᠂ ᠡᠭᠦᠨ᠎ᠳᠤ ᠴᠢᠬᠤᠯᠠ ᠶᠡᠭᠡ ᠢᠨᠵᠧᠨᠧᠷᠢᠩ᠎ᠢ ᠪᠡᠶᠡᠯᠡᠭᠦᠯᠦᠭᠰᠡᠨ ᠨᠣᠷᠮ᠎ᠠ 98.57%᠎ᠳᠤ ᠬᠦᠷᠴᠦ᠂ ᠪᠤᠰᠤᠳ ᠢᠨᠵᠧᠨᠧᠷᠢᠩ᠎ᠢ ᠪᠡᠶᠡᠯᠡᠭᠦᠯᠦᠭᠰᠡᠨ ᠨᠣᠷᠮ᠎ᠠ 97.12%᠎ᠳᠤ ᠬᠦᠷᠴᠦ᠂ ᠣᠨ᠎ᠤ ᠬᠠᠷᠠᠯᠲᠠ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠪᠡ᠃
ᠴᠢᠬᠤᠯᠠ ᠶᠡᠭᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠪᠦᠬᠦ ᠲᠠᠯ᠎ᠠ᠎ᠪᠠᠷ ᠲᠦᠷᠭᠡᠳᠪᠡ᠃ ᠴᠤᠤᠯ ᠭᠤᠣᠯ᠎ᠤᠨ ᠤᠰᠤ ᠵᠢ ᠲᠠᠲᠠᠵᠤ ᠯᠢᠶᠤᠤᠾᠸ ᠭᠤᠣᠯ᠎ᠳᠤ ᠤᠷᠤᠭᠤᠯᠬᠤ ᠢᠨᠵᠧᠨᠧᠷᠢᠩ᠎ᠤᠨ ᠤᠰᠤ ᠳᠠᠮᠵᠢᠭᠤᠯᠬᠤ ᠢᠨᠵᠧᠨᠧᠷᠢᠩ᠎ᠤᠨ ᠨᠦᠬᠡᠨ ᠵᠠᠮ᠎ᠢ ᠪᠦᠬᠦ ᠱᠤᠭᠤᠮ ᠵᠶ᠋ᠠᠷ ᠨᠡᠪᠲᠡᠷᠡᠭᠦᠯᠵᠦ᠂ ᠦᠨᠳᠡᠭᠡᠨ ᠤᠰᠤᠨ ᠠᠰᠢᠭᠯᠠᠯᠲᠠ ᠵᠢᠨ ᠬᠦᠢ᠍ᠰᠦ ᠵᠢᠨ ᠳᠣᠣᠷᠠᠳᠤ ᠬᠠᠭ᠋ᠠᠯᠲᠠ᠎ᠪᠠᠷ ᠤᠰᠤ ᠬᠠᠳᠠᠭ᠋ᠠᠯᠠᠬᠤ᠂ ᠡᠬᠢᠨ᠎ᠤ ᠬᠤᠭᠤᠴᠠᠭ᠋ᠠᠨ᠎ᠤ ᠦᠷ᠎ᠡ ᠠᠰᠢᠭ᠎ᠢ ᠪᠠᠳᠠᠷᠠᠭᠤᠯᠵᠤ᠂ ᠳ᠋ᠦᠩ ᠲᠠᠶ᠋ᠢᠽᠢ ᠤᠰᠤᠨ ᠴᠥᠭᠦᠷᠥᠮ᠎ᠤᠨ ᠪᠠᠷᠢᠯᠭ᠎ᠠ ᠭᠤᠣᠯ ᠴᠣᠭᠴᠠ ᠵᠢᠨ ᠪᠠᠷᠢᠯᠭ᠎ᠠ ᠵᠢᠨ ᠠᠵᠢᠯ᠎ᠢ ᠦᠨᠳᠦᠰᠦᠨ᠎ᠳᠡᠭᠡᠨ ᠪᠡᠶᠡᠯᠡᠭᠦᠯᠵᠦ᠂ ᠴᠤᠤᠯ ᠭᠤᠣᠯ᠎ᠤᠨ ᠤᠰᠤ ᠵᠢ ᠲᠠᠲᠠᠵᠤ ᠯᠢᠶᠤᠤᠾᠸ ᠭᠤᠣᠯ᠎ᠳᠤ ᠨᠡᠮᠡᠷᠢᠯᠡᠬᠦ ᠬᠤᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠂ ᠥᠪᠥᠷ ᠮᠣᠩᠭᠤᠯ᠎ᠤᠨ ᠰᠠᠯᠪᠤᠷᠢ ᠱᠤᠭᠤᠮ᠎ᠤᠨ ᠤᠰᠤ ᠬᠠᠩᠭ᠋ᠠᠬᠤ ᠢᠨᠵᠧᠨᠧᠷᠢᠩ᠎ᠤᠨ ᠣᠨ᠎ᠤ ᠪᠦᠲᠦᠭᠡᠨ ᠪᠠᠶ᠋ᠢᠭᠤᠯᠤᠯᠲᠠ ᠵᠢᠨ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃ ᠪᠣᠷᠣᠲᠣᠬᠤᠶ᠂ ᠳ᠋ᠧᠩᠺᠸᠦ ᠵᠡᠷᠭᠡ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠪᠠ ᠣᠳᠣᠬᠢᠴᠢᠯᠠᠯᠲᠠ ᠵᠢᠨ ᠥᠭᠡᠷᠡᠴᠢᠯᠡᠯᠲᠡ ᠵᠢ ᠲᠦᠷᠭᠡᠳᠬᠡᠵᠦ᠂ ᠤᠰᠤᠯᠠᠯᠲᠠ ᠵᠢᠨ ᠲᠠᠯᠠᠪᠠᠢ ᠵᠢ 198.3 ᠲᠦᠮᠡᠨ ᠮᠦ᠍ ᠰᠠᠶ᠋ᠢᠵᠢᠷᠠᠭᠤᠯᠵᠤ ᠪᠣᠯᠤᠨ᠎ᠠ᠃
ᠪᠤᠰᠤᠳ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ᠃ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠰᠢᠰᠲ᠋ᠧᠮᠵᠢ ᠵᠢ ᠶᠡᠬᠡᠪᠡᠷ ᠲᠡᠭᠦᠯᠳᠡᠷᠵᠢᠭᠦᠯᠦᠨ᠂ 4.81 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠵᠤ᠂ 531 ᠲᠥᠪᠯᠡᠷᠡᠩᠭᠦᠶ ᠤᠰᠤ ᠬᠠᠩᠭ᠋ᠠᠬᠤ ᠢᠨᠵᠧᠨᠧᠷᠢᠩ᠂ 909 ᠲᠠᠷᠠᠬᠠᠶ ᠪᠤᠲᠠᠷᠬᠠᠶ ᠮᠠᠶᠢᠭ᠎ᠤᠨ ᠤᠰᠤᠨ ᠰᠤᠷᠪᠤᠯᠵᠢ ᠵᠢᠨ ᠢᠨᠵᠧᠨᠧᠷᠢᠩ᠎ᠢ ᠰᠢᠨ᠎ᠡ᠎ᠪᠠᠷ ᠪᠠᠶ᠋ᠢᠭᠤᠯᠤᠨ ᠥᠷᠭᠡᠳᠬᠡᠨ ᠪᠠᠶ᠋ᠢᠭᠤᠯᠵᠤ᠂ 32 ᠲᠦᠮᠡᠨ ᠲᠠᠷᠢᠶᠠᠴᠢᠨ ᠮᠠᠯᠴᠢᠨ ᠠᠰᠢᠭ ᠬᠦᠷᠲᠡᠵᠦ᠂ ᠬᠢᠯᠢ ᠵᠢᠨ ᠮᠠᠯᠵᠢᠬᠤ ᠣᠷᠣᠨ᠎ᠤ 1.4 ᠲᠦᠮᠡᠨ ᠲᠠᠷᠢᠶᠠᠴᠢᠨ ᠮᠠᠯᠴᠢᠳ᠎ᠤᠨ ᠤᠰᠤ ᠲᠠᠲᠠᠬᠤ ᠵᠠᠶ ᠵᠢ ᠪᠣᠭᠣᠨᠢᠰᠬᠠᠭ᠋ᠠᠳ 5 ᠺᠢᠯᠣᠮᠧᠲᠷ᠎ᠤᠨ ᠳᠣᠲᠣᠷ᠎ᠠ ᠪᠣᠯᠭ᠋ᠠᠪᠠ᠃ 《ᠰᠢᠨ᠎ᠡ ᠴᠠᠭ ᠦᠶ᠎ᠡ ᠵᠢᠨ ᠤᠰᠤ ᠰᠢᠷᠣᠶ ᠵᠢ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠲᠥᠰᠦᠯ》᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠵᠢᠷᠭᠤᠭ᠋ᠠᠨ ᠲᠥᠷᠥᠯ᠎ᠤᠨ ᠢᠨᠵᠧᠨᠧᠷᠢᠩ᠎ᠤᠨ 175 ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠬᠡᠷᠡᠭᠵᠢᠭᠦᠯᠵᠦ᠂ ᠤᠰᠤ ᠰᠢᠷᠣᠶ ᠵᠢᠨ ᠢᠳᠡᠭᠳᠡᠯ᠎ᠢ ᠶᠡᠷᠦᠩᠬᠡᠶ᠋ᠢᠯᠡᠨ ᠵᠠᠰᠠᠬᠤ ᠵᠢ ᠯᠠᠪᠳᠠᠭᠤᠨ ᠵᠶ᠋ᠠᠷ ᠳᠥᠯᠭᠢᠨ ᠠᠬᠢᠭᠤᠯᠵᠤ᠂ 54 ᠵᠢᠵᠢᠭ ᠰᠠᠪᠠ ᠭᠠᠵᠠᠷ᠎ᠢ ᠵᠠᠰᠠᠵᠤ᠂ 779 ᠵᠤᠷᠪᠤᠰ ᠭᠤᠤ ᠰᠤᠪᠠᠭ᠎ᠢ ᠢᠳᠡᠭᠳᠡᠭᠦᠯᠵᠦ᠂ 1.75 ᠲᠦᠮᠡᠨ ᠮᠦ᠍ ᠠᠭᠤᠯᠠᠨ ᠬᠠᠰᠢᠯᠭ᠎ᠠ ᠵᠢ ᠰᠢᠨ᠎ᠡ᠎ᠪᠠᠷ ᠪᠠᠶ᠋ᠢᠭᠤᠯᠵᠤ᠂ 29 ᠰᠠᠭᠤᠷᠢ ᠠᠶᠤᠯ᠎ᠢ ᠠᠷᠢᠯᠭ᠋ᠠᠨ ᠪᠠᠬᠢᠯᠡᠵᠦ᠂ 62 ᠰᠠᠭᠤᠷᠢ ᠡᠯᠡᠰᠦ ᠵᠢ ᠬᠠᠰᠢᠨ ᠵᠠᠰᠠᠵᠤ᠂ ᠤᠰᠤ ᠰᠢᠷᠣᠶ ᠵᠢᠨ ᠢᠳᠡᠭᠳᠡᠯ᠎ᠢ ᠶᠡᠷᠦᠩᠬᠡᠶ᠋ᠢᠯᠡᠨ ᠵᠠᠰᠠᠬᠤ ᠲᠠᠯᠠᠪᠠᠶ ᠵᠢ 1163 ᠲᠦᠮᠡᠨ ᠮᠥ᠍ ᠪᠡᠶᠡᠯᠡᠭᠦᠯᠪᠡ᠃ ᠠᠷᠪᠠᠨ ᠶᠡᠭᠡ ᠨᠦᠬᠡ ᠵᠢ ᠶᠡᠷᠦᠩᠬᠡᠶ᠋ᠢᠯᠡᠨ ᠵᠠᠰᠠᠬᠤ ᠵᠢ ᠲᠦᠷᠭᠡᠳᠭᠡᠨ ᠠᠬᠢᠭᠤᠯᠵᠤ᠂ ᠬᠢᠯᠠᠰ ᠴᠡᠭ᠎ᠲᠦ ᠢᠨᠵᠧᠨᠧᠷᠢᠩ᠎ᠢ ᠪᠣᠢ ᠪᠣᠯᠭ᠋ᠠᠵᠤ᠂ ᠤᠰᠤ ᠬᠦᠷᠦᠰᠦᠨ᠎ᠤ ᠢᠳᠡᠭᠳᠡᠯ᠎ᠢ ᠵᠠᠰᠠᠭᠰᠠᠨ ᠲᠠᠯᠠᠪᠠᠢ 162 ᠲᠡᠭᠰᠢ ᠳᠦᠷᠪᠡᠯᠵᠢᠨ ᠺᠢᠯᠤᠮᠸᠲᠸᠷ ᠪᠤᠯᠤᠨ᠎ᠠ᠃
ᠤᠰᠤᠨ᠎ᠤ ᠠᠮᠢ ᠠᠬᠤᠢ ᠵᠢᠨ ᠬᠠᠮᠠᠭ᠋ᠠᠯᠠᠯᠲᠠ ᠵᠠᠰᠠᠯᠲᠠ ᠵᠢ ᠦᠷᠭᠦᠯᠵᠢᠯᠡᠨ ᠠᠬᠢᠭᠤᠯᠪᠠ᠃ ᠭᠠᠵᠠᠷ ᠳᠣᠤᠷᠠᠬᠢ ᠤᠰᠤ ᠵᠢ ᠬᠡᠲᠦᠷᠡᠲᠡᠯ᠎ᠡ ᠲᠠᠲᠠᠭᠰᠠᠨ᠎ᠢ ᠶᠡᠷᠦᠩᠬᠡᠶ᠋ᠢᠯᠡᠨ ᠵᠠᠰᠠᠬᠤ ᠵᠢ ᠶᠡᠬᠡᠪᠡᠷ ᠠᠬᠢᠭᠤᠯᠵᠤ᠂ 《ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠭᠤᠤᠯᠳᠠᠯᠭ᠎ᠠ᠎ᠲᠠᠢ ᠣᠷᠣᠨ ᠪᠦᠰᠡ ᠵᠢᠨ ᠭᠠᠵᠠᠷ ᠳᠣᠤᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠣᠷᠣᠨ᠎ᠢ ᠶᠡᠷᠦᠩᠬᠡᠶ᠋ᠢᠯᠡᠨ ᠵᠠᠰᠠᠬᠤ ᠬᠡᠷᠡᠭᠵᠢᠭᠦᠯᠬᠦ ᠲᠥᠰᠦᠯ》᠎ᠢ ᠵᠣᠬᠢᠶᠠᠨ ᠪᠠᠶ᠋ᠢᠭᠤᠯᠤᠨ ᠲᠣᠭᠲᠠᠭ᠋ᠠᠨ᠎ᠠ᠃ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠳᠦᠷᠢᠮ᠎ᠤᠨ ᠠᠵᠢᠯ᠎ᠢ ᠲᠠᠰᠤᠷᠠᠯᠲᠠ ᠦᠭᠡᠢ ᠭᠦᠨᠵᠡᠭᠡᠶ᠋ᠢᠷᠡᠭᠦᠯᠦᠨ᠎ᠡ᠃ ᠪᠥᠬᠦ ᠣᠷᠣᠨ᠎ᠤ ᠭᠤᠤᠯ᠎ᠤᠨ ᠵᠠᠮ᠎ᠤᠨ ᠦᠶᠡᠷ ᠵᠠᠯᠠᠬᠤ ᠵᠢ ᠬᠠᠷᠰᠢᠯᠠᠵᠤ ᠪᠠᠶ᠋ᠢᠭ᠎ᠠ ᠲᠣᠪᠤᠶ᠋ᠢᠮ᠎ᠠ ᠠᠰᠠᠭᠤᠳᠠᠯ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠠᠵᠢᠯ᠎ᠢ ᠨᠢᠭᠡᠳᠦᠯᠲᠡᠶ ᠲᠥᠯᠥᠪᠯᠡᠨ ᠰᠠᠶ᠋ᠢᠲᠤᠷ ᠠᠳᠬᠤᠵᠤ᠂ 625 ᠠᠰᠠᠭᠤᠳᠠᠯ᠎ᠢ ᠵᠢᠭᠰᠠᠭ᠋ᠠᠨ ᠪᠠᠶ᠋ᠢᠴᠠᠭ᠋ᠠᠵᠤ᠂ 1 ᠠᠰᠠᠭᠤᠳᠠᠯ᠎ᠢ ᠨᠢᠭᠡᠨᠲᠡ ᠬᠤᠶ᠋ᠢᠰᠢᠯᠠᠭᠤᠯᠤᠭᠰᠠᠨᠠᠴᠠ ᠭᠠᠳᠠᠨ᠎ᠠ᠂ ᠪᠤᠰᠤᠳ 624 ᠠᠰᠠᠭᠤᠳᠠᠯ᠎ᠢ ᠴᠥᠮ ᠴᠡᠭᠴᠡᠯᠡᠨ ᠰᠠᠶ᠋ᠢᠵᠢᠷᠠᠭᠤᠯᠪᠠ᠃ ᠭᠤᠣᠯ ᠮᠥᠷᠡᠨ ᠨᠠᠭᠤᠷ ᠴᠥᠭᠦᠷᠥᠮ᠎ᠤᠨ 《ᠳᠥᠷᠪᠡᠨ ᠰᠠᠮᠠᠭᠤᠨ᠎ᠢ ᠠᠷᠢᠯᠭ᠋ᠠᠬᠤ》 ᠵᠢ ᠪᠠᠶ᠋ᠢᠩᠭᠤᠵᠢᠭᠤᠯᠬᠤ ᠵᠢ ᠦᠷᠭᠦᠯᠵᠢᠯᠡᠨ ᠠᠬᠢᠭᠤᠯᠵᠤ᠂ ᠪᠥᠬᠦ ᠣᠷᠣᠨ᠎ᠳᠤ ᠡᠯ᠎ᠡ ᠲᠥᠷᠥᠯ᠎ᠤᠨ ᠭᠤᠤᠯ ᠮᠥᠷᠡᠨ ᠨᠠᠭᠤᠷ ᠴᠥᠭᠦᠷᠥᠮ᠎ᠤᠨ ᠠᠰᠠᠭᠤᠳᠠᠯ᠎ᠢ ᠨᠡᠶ᠋ᠢᠲᠡ 1016 ᠵᠢᠭᠰᠠᠭ᠋ᠠᠨ ᠪᠠᠶ᠋ᠢᠴᠠᠭ᠋ᠠᠵᠤ᠂ ᠨᠢᠭᠡᠨᠲᠡ ᠪᠦᠬᠦᠨ᠎ᠢ ᠴᠡᠭᠴᠡᠯᠡᠨ ᠰᠠᠶ᠋ᠢᠵᠢᠷᠠᠭᠤᠯᠪᠠ; 2023 ᠣᠨ᠎ᠤ ᠬᠠᠲᠤᠨ ᠭᠤᠣᠯ᠎ᠤᠨ ᠲᠠᠩ ᠭᠠᠵᠠᠷ᠎ᠤᠨ 770 ᠡᠷᠦᠬᠡ᠂ 1853 ᠬᠥᠮᠦᠨ᠎ᠢ ᠨᠡᠭᠦᠯᠭᠡᠨ ᠪᠠᠶ᠋ᠢᠭᠤᠯᠬᠤ ᠡᠭᠦᠷᠭᠡ ᠵᠢ ᠤᠷᠢᠳᠴᠢᠯᠠᠨ ᠪᠡᠶᠡᠯᠡᠭᠦᠯᠵᠦ᠂ ᠨᠡᠶ᠋ᠢᠲᠡ 1687 ᠡᠷᠦᠬᠡ᠂ 4213 ᠬᠥᠮᠦᠨ᠎ᠢ ᠨᠡᠭᠦᠯᠭᠡᠨ ᠭᠠᠷᠭ᠋ᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠨᠡᠭᠦᠯᠭᠡᠨ ᠪᠠᠶ᠋ᠢᠭᠤᠯᠬᠤ ᠡᠭᠦᠷᠭᠡ ᠵᠢ ᠪᠦᠬᠦᠨ᠎ᠢ ᠪᠡᠶᠡᠯᠡᠭᠦᠯᠪᠡ᠃ ᠬᠥᠯᠥᠨ ᠨᠠᠭᠤᠷ᠎ᠤᠨ ᠠᠮᠢ ᠠᠬᠤᠢ ᠵᠢᠨ ᠤᠰᠤ ᠨᠥᠬᠦᠪᠥᠷᠢᠯᠡᠬᠦ ᠠᠵᠢᠯ᠎ᠢ ᠢᠳᠡᠪᠬᠢᠲᠡᠢ ᠰᠠᠶ᠋ᠢᠲᠤᠷ ᠬᠢᠵᠦ᠂ ᠬᠠᠲᠤᠨ ᠭᠤᠣᠯ᠎ᠤᠨ ᠰᠦᠩ ᠬᠠᠯᠢᠶ᠎ᠠ ᠵᠢ ᠰᠠᠯᠭ᠋ᠠᠬᠤ᠂ ᠤᠰᠤᠯᠠᠯᠲᠠ ᠵᠢᠨ ᠬᠤᠭᠤᠴᠠᠭ᠎ᠠ ᠵᠢ ᠠᠰᠢᠭᠯᠠᠨ ᠤᠯᠠᠭ᠋ᠠᠨᠰᠤᠬᠠᠢ᠎ᠠᠴᠠ 4.87 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠤᠰᠤ ᠨᠥᠬᠦᠪᠦᠷᠢᠯᠡᠵᠦ᠂ ᠳᠠᠭ᠎ᠠ ᠵᠢᠨ ᠨᠠᠭᠤᠷ᠎ᠤᠨ ᠠᠮᠢ ᠠᠬᠤᠢ ᠵᠢᠨ ᠪᠠᠴᠢᠮ ᠪᠠᠶ᠋ᠢᠳᠠᠯ᠎ᠢ ᠠᠷᠭ᠋ᠠᠴᠠᠵᠤ ᠤᠰᠤ ᠨᠥᠬᠦᠪᠥᠷᠢᠯᠡᠬᠦ ᠢᠨᠵᠧᠨᠧᠷᠢᠩ ᠡᠨᠡ ᠵᠢᠯ ᠨᠢᠭᠡᠨᠲᠡ 2651 ᠲᠦᠮᠡᠨ ᠪᠣᠰᠤᠭ᠎ᠠ ᠳᠥᠷᠪᠡᠯᠵᠢᠨ ᠮᠸᠲᠷ ᠤᠰᠤ ᠨᠥᠬᠦᠪᠥᠷᠢᠯᠡᠪᠡ᠃ ᠪᠠᠷᠠᠭᠤᠨ ᠯᠢᠶᠣᠤᠾᠧ ᠭᠤᠤᠯ᠎ᠤᠨ 《ᠤᠰᠤᠨ᠎ᠤ ᠬᠡᠮᠵᠢᠶ᠎ᠡ᠎ᠪᠠᠷ ᠵᠢᠭᠤᠯᠴᠢᠯᠠᠬᠤ》 ᠵᠢ ᠭᠦᠨᠵᠡᠭᠡᠶ ᠠᠬᠢᠭᠤᠯᠵᠤ᠂ 《ᠥᠪᠥᠷ ᠮᠣᠩᠭᠤᠯ᠎ᠤᠨ ᠪᠠᠷᠠᠭᠤᠨ ᠯᠢᠶᠤᠤᠾᠸ ᠭᠤᠤᠯ᠎ᠤᠨ ᠰᠠᠪᠠ ᠭᠠᠵᠠᠷ᠎ᠤᠨ 《ᠤᠰᠤᠨ᠎ᠤ ᠬᠡᠮᠵᠢᠶ᠎ᠡ᠎ᠪᠠᠷ ᠶᠠᠪᠤᠬᠤ》 ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠪᠠᠷᠠᠭᠤᠨ ᠯᠢᠶᠤᠤᠾᠸ ᠭᠤᠤᠯ᠎ᠤᠨ ᠰᠠᠪᠠ ᠭᠠᠵᠠᠷ᠎ᠤᠨ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠠᠵᠢᠯ᠎ᠢ ᠰᠠᠶ᠋ᠢᠲᠤᠷ ᠬᠢᠵᠦ᠂ 2023 ᠣᠨ᠎ᠳᠤ ᠪᠠᠷᠠᠭᠤᠨ ᠯᠢᠶᠤᠤᠾᠸ ᠭᠤᠤᠯ᠎ᠤᠨ ᠭᠤᠤᠯ ᠤᠷᠤᠰᠬᠠᠯ᠎ᠤᠨ ᠳᠣᠷᠣᠭᠰᠢ ᠤᠷᠤᠰᠬᠤ ᠤᠰᠤᠨ᠎ᠤ ᠬᠡᠮᠵᠢᠶ᠎ᠡ ᠵᠢ ᠨᠡᠶ᠋ᠢᠲᠡ 1 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠪᠣᠯᠭ᠋ᠠᠨ᠎ᠠ᠃