ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠠᠷᠠᠳ᠎ᠤᠨ ᠡᠳᠦᠷ᠎ᠤᠨ ᠰᠣᠨᠢᠨ᠄ 《ᠠᠷᠪᠠᠨ ᠳᠥᠷᠪᠡᠳᠦᠭᠡᠷ ᠲᠠᠪᠤᠨ ᠵᠢᠯ》᠎ᠠᠴᠠ ᠨᠠᠭ᠋ᠠᠰᠢᠬᠢ 2.6 ᠲᠦᠮᠡ ᠭᠠᠷᠤᠶ ᠲᠣᠮᠣ ᠬᠠᠰᠢᠯᠭ᠎ᠠ ᠵᠢᠨ ᠠᠮᠤᠷ ᠲᠦᠪᠰᠢᠨ᠎ᠢ ᠬᠢᠨᠠᠨ ᠬᠡᠮᠵᠢᠬᠦ ᠲᠥᠬᠥᠭᠡᠷᠦᠮᠵᠢ ᠵᠢ ᠪᠠᠶ᠋ᠢᠭᠤᠯᠤᠨ ᠠᠰᠢᠭᠯᠠᠯᠲᠠ᠎ᠳᠤ ᠣᠷᠣᠭᠤᠯᠵᠤ ᠤᠰᠤᠨ ᠴᠥᠭᠥᠷᠥᠮ᠎ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠵᠢ ᠬᠦᠴᠦᠲᠡᠶ ᠳᠡᠭᠡᠭᠰᠢᠯᠡᠭᠦᠯᠪᠡ
ᠨᠡᠶ᠋ᠢᠲᠡᠯᠡᠭᠰᠡᠨ ᠴᠠᠭ᠄ 2024-01-08

  《ᠠᠷᠠᠳ᠎ᠤᠨ ᠡᠳᠦᠷ᠎ᠤᠨ ᠰᠣᠨᠢᠨ》 (2024 ᠣᠨ᠎ᠤ 01 ᠳ᠋ᠦ᠍ᠭᠡᠷ ᠰᠠᠷ᠎ᠠ ᠵᠢᠨ 04᠎ᠤ ᠡᠳᠦᠷ 14 ᠳ᠋ᠦ᠍ᠭᠡᠷ ᠬᠡᠪᠯᠡᠯ)

   ᠰᠤᠷᠪᠤᠯᠵᠢᠯᠠᠭᠴᠢ ᠤᠰᠤᠨ ᠠᠰᠢᠭᠯᠠᠯᠲᠠ ᠵᠢᠨ ᠶᠠᠮᠤᠨ᠎ᠠᠴᠠ ᠣᠶ᠋ᠢᠯᠠᠭ᠋ᠠᠭᠰᠠᠨ ᠵᠶ᠋ᠠᠷ᠄ 《ᠠᠷᠪᠠᠨ ᠳᠥᠷᠪᠡᠳᠦᠭᠡᠷ ᠲᠠᠪᠤᠨ ᠵᠢᠯ》᠎ᠠᠴᠠ ᠨᠠᠭ᠋ᠠᠰᠢ᠂ 3.7 ᠲᠦᠮᠡ ᠭᠠᠷᠤᠶ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠪᠣᠷᠣᠭ᠋ᠠᠨ᠎ᠤ ᠪᠠᠶ᠋ᠢᠳᠠᠯ᠎ᠢ ᠬᠡᠮᠵᠢᠨ ᠮᠡᠳᠡᠭᠦᠯᠬᠦ ᠲᠥᠬᠥᠭᠡᠷᠦᠮᠵᠢ᠂ 2.6 ᠲᠦᠮᠡ ᠭᠠᠷᠤᠶ ᠲᠣᠮᠣ ᠬᠠᠰᠢᠯᠭ᠎ᠠ ᠵᠢᠨ ᠠᠮᠤᠷ ᠲᠦᠪᠰᠢᠨ᠎ᠢ ᠬᠢᠨᠠᠨ ᠬᠡᠮᠵᠢᠬᠦ ᠲᠥᠬᠥᠭᠡᠷᠦᠮᠵᠢ ᠵᠢ ᠪᠠᠶ᠋ᠢᠭᠤᠯᠤᠨ ᠪᠦᠲᠦᠭᠡᠭᠰᠡᠨ ᠪᠥᠭᠡᠳ ᠠᠰᠢᠭᠯᠠᠯᠲᠠ᠎ᠳᠤ ᠣᠷᠣᠭᠤᠯᠵᠤ᠂ ᠤᠰᠤᠨ ᠴᠥᠭᠥᠷᠥᠮ᠎ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠵᠢ ᠬᠦᠴᠦᠲᠡᠶ ᠳᠡᠭᠡᠭᠰᠢᠯᠡᠭᠦᠯᠪᠡ᠃ ᠡᠯ᠎ᠡ ᠭᠠᠵᠠᠷ᠎ᠤᠨ 48226 ᠰᠢᠶᠠᠩ ᠪᠠᠯᠭ᠋ᠠᠰᠤ ᠲᠣᠰᠬᠣᠨ ᠳᠤᠭᠤᠶ᠋ᠢᠯᠠᠩ᠎ᠤᠨ ᠲᠠᠷᠠᠬᠠᠶ ᠪᠤᠲᠠᠷᠬᠠᠶ ᠬᠠᠮᠢᠶᠠᠷᠴᠤ ᠪᠠᠶ᠋ᠢᠭ᠎ᠠ ᠵᠢᠵᠢᠭ ᠬᠡᠯᠪᠡᠷᠢ ᠵᠢᠨ ᠤᠰᠤᠨ ᠴᠥᠭᠥᠷᠥᠮ᠎ᠨᠢ ᠲᠤᠰᠬᠠᠶ᠋ᠢᠵᠢᠭᠰᠠᠨ ᠬᠠᠮᠢᠶᠠᠷᠤᠯᠲᠠ ᠬᠠᠮᠠᠭ᠋ᠠᠯᠠᠯᠲᠠ ᠵᠢ ᠪᠦᠷᠢᠨ ᠪᠥᠷᠬᠥᠭᠦᠯᠬᠦ ᠵᠢ ᠪᠡᠶᠡᠯᠡᠭᠦᠯᠵᠦ᠂ ᠤᠰᠤᠨ ᠴᠥᠭᠥᠷᠥᠮ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠰᠠᠭᠤᠷᠢ ᠵᠢ ᠪᠡᠬᠢᠵᠢᠭᠦᠯᠪᠡ᠃

   ᠤᠰᠤᠨ ᠴᠥᠭᠥᠷᠥᠮ ᠪᠣᠯ ᠰᠠᠪᠠ ᠭᠠᠵᠠᠷ᠎ᠤᠨ ᠦᠶᠡᠷ᠎ᠢ ᠰᠡᠷᠭᠡᠶ᠋ᠢᠯᠡᠬᠦ ᠪᠠᠷᠢᠯᠭ᠎ᠠ ᠵᠢᠨ ᠰᠢᠰᠲ᠋ᠧᠮ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠪᠠᠰᠠ ᠴᠤ᠌ ᠤᠯᠤᠰ᠎ᠤᠨ ᠤᠰᠤᠨ ᠲᠣᠣᠷ᠎ᠤᠨ ᠴᠢᠬᠤᠯᠠ ᠵᠠᠩᠭᠢᠶ᠎ᠠ ᠴᠡᠭ ᠮᠥᠨ᠂ ᠲᠡᠷᠡ᠎ᠨᠢ ᠦᠶᠡᠷ᠎ᠢ ᠰᠡᠷᠭᠡᠶ᠋ᠢᠯᠡᠬᠦ᠂ ᠤᠰᠤ ᠬᠠᠩᠭ᠋ᠠᠬᠤ᠂ ᠴᠠᠬᠢᠯᠭ᠋ᠠᠨ ᠭᠠᠷᠭ᠋ᠠᠬᠤ᠂ ᠠᠮᠢ ᠠᠬᠤᠢ ᠵᠡᠷᠭᠡ ᠲᠠᠯ᠎ᠠ᠎ᠪᠠᠷ ᠣᠷᠣᠯᠠᠭᠤᠯᠵᠤ ᠪᠣᠯᠤᠰᠢ ᠦᠭᠡᠢ ᠦᠢ᠍ᠯᠡᠳᠦᠯ ᠦᠵᠡᠭᠦᠯᠵᠦ ᠪᠠᠶ᠋ᠢᠳᠠᠭ᠃ ᠤᠰᠤᠨ ᠠᠰᠢᠭᠯᠠᠯᠲᠠ ᠵᠢᠨ ᠶᠠᠮᠤᠨ ᠠᠶᠤᠯ ᠲᠦᠭᠰᠢᠭᠦᠷᠢ ᠵᠢ ᠠᠷᠢᠯᠭ᠋ᠠᠨ ᠪᠡᠬᠢᠵᠢᠭᠦᠯᠬᠦ ᠵᠢ ᠪᠠᠶ᠋ᠢᠩᠭᠤᠵᠢᠭᠤᠯᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠤᠰᠤᠨ ᠴᠥᠭᠥᠷᠥᠮ᠎ᠤᠨ ᠠᠮᠤᠷ ᠲᠦᠪᠰᠢᠨ᠎ᠤ ᠬᠢᠨᠠᠨ ᠲᠣᠭᠲᠠᠭ᠋ᠠᠯᠲᠠ ᠵᠢ ᠴᠢᠩᠭ᠋ᠠᠳᠬᠠᠨ᠂ ᠠᠶᠤᠯ ᠲᠦᠭᠰᠢᠭᠦᠷᠢ ᠵᠢ ᠠᠷᠢᠯᠭ᠋ᠠᠨ ᠪᠡᠬᠢᠵᠢᠭᠦᠯᠬᠦ᠂ ᠰᠢᠨᠵᠢᠯᠡᠬᠦ ᠤᠬᠠᠭ᠋ᠠᠨᠴᠢ᠎ᠪᠠᠷ ᠪᠠᠭᠤᠷᠠᠭᠤᠯᠬᠤ ᠵᠡᠷᠭᠡ ᠵᠢ ᠬᠡᠷᠡᠭᠯᠡᠭᠡᠨ᠎ᠠᠴᠠ ᠭᠠᠷᠭ᠋ᠠᠬᠤ ᠵᠢ ᠲᠦᠷᠭᠡᠳᠬᠡᠨ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠠᠴᠠ ᠨᠠᠭ᠋ᠠᠰᠢ ᠲᠥᠪ᠎ᠠᠴᠠ ᠨᠢᠭᠡᠨᠲᠡ 11763 ᠤᠰᠤᠨ ᠴᠥᠭᠥᠷᠥᠮ᠎ᠢ ᠠᠶᠤᠯ ᠲᠦᠭᠰᠢᠭᠦᠷᠢ ᠵᠢ ᠠᠷᠢᠯᠭ᠋ᠠᠨ ᠪᠡᠬᠢᠵᠢᠭᠦᠯᠬᠦ᠂ ᠤᠰᠤᠨ ᠴᠥᠭᠥᠷᠥᠮ᠎ᠤᠨ ᠪᠠᠭᠤᠷᠠᠯᠲᠠ ᠵᠡᠷᠭᠡ ᠵᠢ ᠬᠡᠷᠡᠭᠯᠡᠭᠡᠨ᠎ᠠᠴᠠ ᠭᠠᠷᠭ᠋ᠠᠬᠤ᠎ᠪᠠᠷ ᠲᠣᠬᠢᠷᠠᠭᠤᠯᠪᠠ᠃ ᠤᠰᠤᠨ ᠠᠰᠢᠭᠯᠠᠯᠲᠠ ᠵᠢᠨ ᠶᠠᠮᠤᠨ ᠣᠳᠣᠬᠢᠴᠢᠯᠠᠭᠰᠠᠨ ᠤᠰᠤᠨ ᠴᠥᠭᠥᠷᠥᠮ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠵᠢᠭᠰᠠᠭ᠋ᠠᠯ᠎ᠤᠨ ᠪᠠᠶ᠋ᠢᠭᠤᠯᠤᠯᠲᠠ ᠵᠢ ᠢᠳᠡᠪᠬᠢᠲᠡᠶ ᠠᠬᠢᠭᠤᠯᠵᠤ᠂ ᠤᠰᠤᠨ ᠴᠥᠭᠥᠷᠥᠮ᠎ᠤᠨ ᠨᠠᠷᠢᠯᠢᠭ ᠣᠨᠣᠴᠠᠲᠠᠶ᠂ ᠮᠡᠳᠡᠭᠡ ᠵᠠᠩᠭᠢᠵᠢᠯᠲᠠ᠂ ᠣᠳᠣᠬᠢᠴᠢᠯᠠᠭᠰᠠᠨ ᠬᠠᠮᠢᠶᠠᠷᠤᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ 2025 ᠣᠨ ᠪᠣᠯᠬᠤ᠎ᠳᠤ ᠤᠷᠢᠳ ᠵᠶ᠋ᠠᠷ ᠬᠢᠵᠦ ᠤᠷᠢᠳ ᠵᠶ᠋ᠠᠷ ᠲᠤᠷᠰᠢᠬᠤ ᠠᠵᠢᠯ᠎ᠢ ᠪᠥᠬᠥ ᠲᠠᠯ᠎ᠠ᠎ᠪᠠᠷ ᠪᠡᠶᠡᠯᠡᠭᠦᠯᠬᠦ᠎ᠪᠠᠷ ᠴᠢᠷᠮᠠᠶ᠋ᠢᠵᠤ᠂ ᠨᠢᠭᠡ ᠪᠦᠯᠦᠭ ᠦᠷ᠎ᠡ ᠪᠦᠲᠦᠮᠵᠢ᠎ᠪᠠᠷ ᠰᠠᠶ᠋ᠢᠨ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠦᠷ᠎ᠡ ᠪᠦᠲᠦᠭᠡᠯ᠎ᠢ ᠳ᠋ᠦᠩᠨᠡᠨ ᠪᠣᠶ ᠪᠣᠯᠭ᠋ᠠᠪᠠ᠃

 

ᠢᠷᠡᠯᠲᠡ᠄ ᠤᠰᠤᠨ ᠠᠰᠢᠭᠯᠠᠯᠲᠠ ᠵᠢᠨ ᠶᠠᠮᠤᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠰᠦᠯᠵᠢᠶ᠎ᠡ᠄ 41 ᠲᠦᠮᠡᠨ ᠮᠥ᠍ ᠲᠠᠷᠢᠶᠠᠨ ᠭᠠᠵᠠᠷ᠎ᠲᠤ ᠤᠰᠤᠯᠠᠯᠲᠠ ᠵᠢᠨ ᠤᠰᠤᠨ ᠰᠤᠷᠪᠤᠯᠵᠢ ᠬᠠᠩᠭ᠋ᠠᠨ᠎ᠠ ᠬᠤᠨᠠᠨ᠎ᠤ ᠵᠢᠨ ᠲᠠᠩ ᠴᠥᠩ ᠤᠰᠤᠨ ᠴᠥᠭᠥᠷᠥᠮ᠎ᠤᠨ ᠭᠤᠤᠯ ᠴᠣᠭᠴᠠ ᠵᠢᠨ ᠪᠠᠷᠢᠯᠭ᠎ᠠ ᠵᠢᠨ ᠠᠵᠢᠯ᠎ᠢ ᠡᠬᠢᠯᠡᠭᠦᠯᠪᠡ
ᠠᠷᠠᠳ᠎ᠤᠨ ᠰᠦᠯᠵᠢᠶ᠎ᠡ᠄ ᠠᠮᠤ ᠪᠤᠳᠠᠭ᠋ᠠᠨ᠎ᠤ ᠠᠮᠤᠷ ᠲᠦᠪᠰᠢᠨ᠎ᠤ 《ᠠᠮᠢᠨ ᠰᠤᠳᠠᠰᠤ》 ᠵᠢ ᠰᠠᠬᠢᠨ ᠬᠠᠮᠠᠭ᠋ᠠᠯᠠᠵᠤ ᠬᠤᠪᠸᠢ ᠵᠢᠨ ᠬᠠᠮᠤᠭ᠎ᠤᠨ ᠶᠡᠬᠡ ᠤᠰᠤᠯᠠᠯᠲᠠ ᠵᠢᠨ ᠣᠷᠣᠨ᠎ᠤ ᠰᠢᠶᠠᠩ ᠱᠦᠶ ᠬᠦᠤᠷᠯᠢᠭ᠌ ᠰᠤᠪᠠᠭ᠎ᠢ ᠠᠮᠵᠢᠯᠲᠠ᠎ᠲᠠᠢ᠎ᠪᠠᠷ ᠡᠷᠭᠢᠭᠦᠯᠦᠨ ᠨᠡᠶ᠋ᠢᠯᠡᠭᠦᠯᠪᠡ
ᠠᠷᠠᠳ᠎ᠤᠨ ᠡᠳᠦᠷ᠎ᠤᠨ ᠰᠣᠨᠢᠨ᠎ᠤ ᠭᠠᠳᠠᠭ᠋ᠠᠳᠤ ᠬᠡᠪᠯᠡᠯ᠄ ᠪᠥᠬᠥ ᠤᠯᠤᠰ᠎ᠤᠨ ᠬᠥᠳᠡᠭᠡ ᠲᠣᠰᠬᠣᠨ᠎ᠤ ᠲᠦᠭᠡᠭᠡᠯ ᠤᠰᠤᠨ᠎ᠤ ᠲᠦᠭᠡᠮᠡᠯᠵᠢᠯᠲᠡ ᠵᠢᠨ ᠨᠣᠷᠮ᠎ᠠ 90 %᠎ᠳᠤ ᠬᠥᠷᠪᠡ
2023 ᠣᠨ᠎ᠳᠤ ᠮᠠᠨ᠎ᠤ ᠤᠯᠤᠰ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢᠨ ᠰᠢᠨ᠎ᠡ ᠲᠡᠮᠳᠡᠭᠯᠡᠯ᠎ᠢ ᠡᠭᠦᠳᠪᠡ
2023 ᠣᠨ᠎ᠳᠤ ᠪᠥᠬᠦ ᠣᠷᠣᠨ᠎ᠤ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ
 
            