ᠤᠢ᠌ᠷ᠎ᠠ᠎ᠳᠤ᠂ ᠤᠰᠤᠨ ᠠᠰᠢᠭᠯᠠᠯᠲᠠ ᠵᠢᠨ ᠶᠠᠮᠤᠨ 《ᠲᠠᠢ ᠬᠤ᠌ ᠨᠠᠭᠤᠷ᠎ᠤᠨ ᠰᠠᠪᠠ ᠭᠠᠵᠠᠷ᠎ᠤᠨ ᠴᠢᠬᠤᠯᠠ ᠪᠤᠯᠬᠤ ᠭᠤᠤᠯ ᠮᠦᠷᠡᠨ ᠨᠠᠭᠤᠷ ᠴᠦᠬᠦᠷᠦᠮ᠎ᠤᠨ ᠡᠷᠭᠢ ᠳᠠᠭ᠋ᠠᠤ ᠵᠢ ᠬᠠᠮᠠᠭ᠋ᠠᠯᠠᠬᠤ ᠪᠠ ᠠᠰᠢᠭᠯᠠᠬᠤ ᠳᠦᠯᠦᠪᠵᠢᠭᠦᠯᠬᠡ》 (ᠳᠤᠷᠤᠭᠰᠢ 《ᠲᠥᠯᠥᠪᠵᠢᠭᠦᠯᠭᠡ》 ᠭᠡᠵᠦ ᠲᠣᠪᠴᠢᠯᠠᠨ᠎ᠠ) ᠵᠢ ᠳᠠᠷᠤᠮᠠᠯᠯᠠᠨ ᠲᠠᠷᠬᠠᠭ᠋ᠠᠪᠠ᠃ 《ᠲᠥᠯᠥᠪᠵᠢᠭᠦᠯᠭᠡ》᠎ᠨᠢ ᠢᠷᠡᠭᠡᠳᠦᠶ ᠵᠢᠨ ᠬᠡᠰᠡᠭ ᠬᠤᠭᠤᠴᠠᠭ᠋ᠠᠨ᠎ᠤ ᠳᠣᠲᠣᠷᠠᠬᠢ ᠵᠢᠨ᠎ᠲᠠᠢ ᠬᠤ᠌ ᠨᠠᠭᠤᠷ᠎ᠤᠨ ᠰᠠᠪᠠ ᠭᠠᠵᠠᠷ᠎ᠤᠨ ᠴᠢᠬᠤᠯᠠ ᠪᠤᠯᠬᠤ ᠭᠤᠤᠯ ᠮᠦᠷᠡᠨ ᠨᠠᠭᠤᠷ ᠴᠦᠬᠦᠷᠦᠮ᠎ᠤᠨ ᠡᠷᠭᠢ ᠳᠠᠭ᠋ᠠᠤ ᠵᠢ ᠬᠠᠮᠠᠭ᠋ᠠᠯᠠᠬᠤ᠂ ᠨᠡᠭᠡᠭᠡᠨ ᠠᠰᠢᠭᠯᠠᠬᠤ ᠵᠢᠴᠢ ᠬᠠᠮᠢᠶᠠᠷᠬᠤ᠎ᠳᠤ ᠴᠢᠬᠤᠯᠠ ᠦᠨᠳᠦᠰᠦᠯᠡᠯ ᠬᠠᠩᠭ᠋ᠠᠪᠠ᠃
ᠭᠤᠣᠯ ᠮᠥᠷᠡᠨ ᠨᠠᠭᠤᠷ ᠴᠥᠭᠦᠷᠥᠮ᠎ᠤᠨ ᠡᠷᠭᠢ ᠵᠢᠨ ᠳᠠᠭ᠋ᠠᠤ ᠵᠢ ᠨᠡᠭᠡᠭᠡᠨ ᠠᠰᠢᠭᠯᠠᠬᠤ᠎ᠨᠢ ᠦᠶᠡᠷ᠎ᠢ ᠰᠡᠷᠭᠡᠶ᠋ᠢᠯᠡᠬᠦ᠂ ᠤᠰᠤ ᠬᠠᠩᠭ᠋ᠠᠬᠤ ᠵᠢᠴᠢ ᠤᠰᠤᠨ᠎ᠤ ᠠᠮᠢ ᠠᠬᠤᠶ᠂ ᠤᠰᠤᠨ᠎ᠤ ᠣᠷᠴᠢᠨ ᠲᠣᠭᠤᠷᠢᠨ᠎ᠤ ᠬᠠᠮᠠᠭ᠋ᠠᠯᠠᠯᠲᠠ᠎ᠲᠠᠢ ᠨᠢᠭᠲᠠ ᠬᠤᠯᠪᠣᠭ᠎ᠠ᠎ᠲᠠᠢ ᠶᠤᠮ᠃ 《ᠨᠢᠭᠡ ᠨᠠᠭᠤᠷ ᠭᠤᠷᠪᠠᠨ ᠭᠤᠣᠯ》 (ᠲᠠᠢ ᠬᠤ᠌ ᠨᠠᠭᠤᠷ᠂ ᠸᠠᠩ ᠢᠦᠢ ᠭᠤᠣᠯ᠂ᠲᠠᠢ ᠫᠦ᠋ ᠭᠤᠣᠯ᠂ ᠰᠢᠨ ᠮᠧᠩ ᠭᠤᠣᠯ) ᠪᠣᠯ᠎ᠲᠠᠢ ᠬᠤ᠌ ᠨᠠᠭᠤᠷ᠎ᠤᠨ ᠰᠠᠪᠠ ᠭᠠᠵᠠᠷ᠎ᠤᠨ ᠴᠢᠬᠤᠯᠠ ᠭᠤᠣᠯ ᠮᠥᠷᠡᠨ ᠪᠣᠯᠤᠨ᠎ᠠ᠂ ᠵᠠᠰᠠᠭ ᠵᠠᠬᠢᠷᠭ᠋ᠠᠨ᠎ᠤ ᠣᠷᠣᠨ ᠪᠣᠯ ᠱᠠᠩᠬᠠᠢ ᠬᠤᠳᠠ᠂ ᠵᠢᠶᠠᠩᠰᠦ ᠮᠤᠵᠢ ᠪᠣᠯᠤᠨ ᠵᠧᠵᠢᠶᠠᠩ ᠮᠤᠵᠢ᠎ᠳᠤ ᠬᠤᠯᠪᠣᠭᠳᠠᠨ᠎ᠠ᠃ 《ᠲᠥᠯᠥᠪᠵᠢᠭᠦᠯᠭᠡ》᠎ᠨᠢ 《ᠨᠢᠭᠡ ᠨᠠᠭᠤᠷ ᠭᠤᠷᠪᠠᠨ ᠭᠤᠣᠯ》᠎ᠤᠨ ᠡᠷᠭᠢ ᠵᠢᠨ ᠬᠠᠮᠠᠭ᠋ᠠᠯᠠᠯᠲᠠ ᠵᠢᠨ ᠣᠷᠣᠨ᠂ ᠬᠡᠪ ᠵᠶ᠋ᠠᠷ ᠪᠠᠶ᠋ᠢᠯᠭ᠋ᠠᠬᠤ ᠣᠷᠣᠨ᠂ ᠨᠡᠭᠡᠭᠡᠨ ᠠᠰᠢᠭᠯᠠᠬᠤ ᠣᠷᠣᠨ᠂ ᠨᠡᠭᠡᠭᠡᠨ ᠠᠰᠢᠭᠯᠠᠬᠤ ᠣᠷᠣᠨ᠎ᠢ ᠬᠤᠪᠢᠶᠠᠷᠢᠯᠠᠵᠤ᠂ ᠡᠭᠦᠨ᠎ᠳᠤ ᠬᠠᠮᠠᠭ᠋ᠠᠯᠠᠯᠲᠠ ᠵᠢᠨ ᠣᠷᠣᠨ ᠪᠠ ᠬᠡᠪ ᠵᠶ᠋ᠠᠷ ᠪᠠᠶ᠋ᠢᠯᠭ᠋ᠠᠬᠤ ᠣᠷᠣᠨ᠎ᠤ ᠤᠷᠲᠤ ᠵᠢᠨ ᠬᠡᠮᠵᠢᠶ᠎ᠡ ᠵᠢᠨ ᠡᠵᠡᠯᠡᠬᠦ ᠬᠠᠷᠢᠴᠠᠯ᠎ᠨᠢ 71.7%᠎ᠳᠤ ᠬᠦᠷᠴᠦ᠂ ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ᠂ ᠡᠮᠬᠢ ᠵᠢᠷᠤᠮ᠎ᠲᠠᠢ᠎ᠪᠠᠷ ᠠᠰᠢᠭᠯᠠᠬᠤ ᠵᠠᠷᠴᠢᠮ᠎ᠢ ᠭᠦᠢ᠍ᠴᠡᠳ ᠢᠯᠡᠷᠡᠭᠦᠯᠪᠡ᠃