ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠠᠷᠠᠳ᠎ᠤᠨ ᠡᠳᠦᠷ᠎ᠤᠨ ᠰᠣᠨᠢᠨ᠄  ᠡᠨᠡ ᠵᠢᠯ ᠮᠢᠩᠭ᠎ᠠ᠎ᠠᠴᠠ ᠳᠡᠭᠡᠭᠰᠢ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠢ ᠥᠭᠡᠷᠡᠴᠢᠯᠡᠨ ᠲᠠᠰ ᠳᠡᠪᠰᠢᠭᠦᠯᠵᠦ᠂ ᠵᠢᠱ᠌ᠢᠯᠲᠡ᠎ᠪᠠᠷ ᠰᠡᠷᠭᠦᠭᠡᠨ ᠰᠠᠶ᠋ᠢᠵᠢᠷᠠᠭᠤᠯᠤᠭᠰᠠᠨ ᠤᠰᠤᠯᠠᠯᠲᠠ ᠵᠢᠨ ᠲᠠᠯᠠᠪᠠᠶ 5000 ᠲᠦᠮᠡᠨ ᠮᠥ᠍ ᠵᠢ ᠳᠠᠪᠠᠬᠤ ᠪᠣᠯᠤᠨ᠎ᠠ
ᠨᠡᠶ᠋ᠢᠲᠡᠯᠡᠭᠰᠡᠨ ᠴᠠᠭ᠄ 2024-03-01

   ᠣᠶ᠋ᠢᠷ᠎ᠠ ᠵᠢᠨ ᠬᠤᠭᠤᠴᠠᠭ᠋ᠠᠨ᠎ᠳᠤ᠂ ᠤᠰᠤᠨ ᠠᠰᠢᠭᠯᠠᠯᠲᠠ ᠵᠢᠨ ᠶᠠᠮᠤᠨ ᠡᠯ᠎ᠡ ᠭᠠᠵᠠᠷ᠎ᠤᠨ ᠲᠠᠷᠢᠶᠠᠯᠠᠩ᠎ᠳᠤ ᠬᠡᠷᠡᠭᠯᠡᠬᠦ ᠤᠰᠤᠨ᠎ᠤ ᠬᠠᠮᠢᠶᠠᠷᠤᠯᠲᠠ᠎ᠪᠠᠨ ᠦᠨᠡᠨ ᠬᠦ᠌ ᠴᠢᠩᠭ᠋ᠠᠳᠬᠠᠵᠤ᠂ ᠬᠠᠪᠤᠷ᠎ᠤᠨ ᠤᠰᠤᠯᠠᠯᠲᠠ ᠵᠢ ᠵᠣᠬᠢᠶᠠᠨ ᠪᠠᠶ᠋ᠢᠭᠤᠯᠬᠤ᠂ ᠵᠣᠬᠢᠴᠠᠭᠤᠯᠬᠤ᠂ ᠵᠢᠯᠣᠭᠤᠳᠬᠤ ᠪᠠ ᠲᠣᠬᠢᠷᠠᠭᠤᠯᠬᠤ ᠠᠵᠢᠯ᠎ᠢ ᠰᠠᠶ᠋ᠢᠲᠤᠷ ᠬᠢᠵᠦ᠂ ᠤᠰᠤᠯᠠᠯᠲᠠ ᠵᠢᠨ ᠲᠠᠯᠠᠪᠠᠶ ᠵᠢ ᠲᠣᠭᠲᠠᠪᠤᠷᠢᠵᠢᠭᠤᠯᠤᠨ᠂ ᠤᠰᠤᠯᠠᠬᠤ ᠶᠣᠰᠣᠲᠠᠶ ᠵᠢ᠎ᠨᠢ ᠪᠦᠬᠦᠨ᠎ᠢ ᠤᠰᠤᠯᠠᠬᠤ ᠵᠢ ᠪᠡᠶᠡᠯᠡᠭᠦᠯᠬᠦ ᠠᠵᠢᠯ᠎ᠢ ᠪᠠᠶ᠋ᠢᠷᠢᠯᠠᠭᠤᠯᠪᠠ᠃  ᠣᠳᠣᠬᠠᠨ᠎ᠳᠤ᠂ ᠡᠯ᠎ᠡ ᠭᠠᠵᠠᠷ᠎ᠤᠨ᠎ᠬᠢᠨ ᠬᠠᠪᠤᠷ᠎ᠤᠨ ᠤᠰᠤᠯᠠᠯᠲᠠ ᠵᠢᠨ ᠪᠡᠯᠡᠳᠬᠡᠯ ᠠᠵᠢᠯ᠎ᠢ ᠨᠢᠭᠡᠨᠲᠡ ᠰᠠᠶ᠋ᠢᠲᠤᠷ ᠬᠢᠵᠦ᠂ ᠱᠠᠨ ᠰᠢ᠂ ᠱᠠᠨᠰᠢ ᠵᠡᠷᠭᠡ ᠭᠠᠵᠠᠷ᠎ᠤᠨ ᠬᠠᠲᠤᠨ ᠭᠤᠤᠯ᠎ᠤᠨ ᠤᠰᠤᠯᠠᠯᠲᠠ ᠵᠢᠨ ᠣᠷᠣᠨ᠎ᠢ ᠲᠠᠲᠠᠵᠤ ᠪᠠᠶ᠋ᠢᠨ᠎ᠠ᠂ ᠾᠧᠪᠧᠶ ᠵᠢᠨ ᠯᠤᠸᠠᠨ ᠰᠢᠶᠠ ᠤᠰᠤᠯᠠᠯᠲᠠ ᠵᠢᠨ ᠣᠷᠣᠨ ᠵᠡᠷᠭᠡ ᠣᠨᠴᠠ ᠵᠠᠷᠢᠮ ᠤᠰᠤᠯᠠᠯᠲᠠ ᠵᠢᠨ ᠣᠷᠣᠨ᠎ᠢ ᠨᠢᠭᠡᠨᠲᠡ ᠤᠰᠤᠯᠠᠵᠤ᠂ ᠱᠠᠨᠳᠦ᠋ᠩ᠎ᠤᠨ 193 ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠳᠤ ᠬᠠᠪᠤᠷ᠎ᠤᠨ ᠤᠰᠤᠯᠠᠯᠲᠠ ᠵᠢᠨ ᠲᠥᠯᠥᠪᠯᠡᠭᠡ ᠵᠢ ᠲᠣᠭᠲᠠᠭ᠋ᠠᠵᠤ᠂ 27.2 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠤᠰᠤ ᠲᠠᠲᠠᠬᠤ᠎ᠪᠠᠷ ᠲᠥᠯᠥᠪᠯᠡᠵᠦ᠂ ᠤᠰᠤᠯᠠᠯᠲᠠ ᠵᠢᠨ ᠲᠠᠯᠠᠪᠠᠶ᠎ᠨᠢ 3266 ᠲᠦᠮᠡᠨ ᠮᠥ᠍ ᠪᠠᠶ᠋ᠢᠵᠤ᠂ ᠪᠥᠬᠦ ᠮᠤᠵᠢ ᠵᠢᠨ ᠤᠰᠤᠯᠠᠯᠲᠠ ᠵᠢᠨ ᠲᠠᠯᠠᠪᠠᠶ ᠵᠢᠨ 41.5% ᠵᠢ ᠡᠵᠡᠯᠡᠵᠦ ᠪᠠᠶ᠋ᠢᠨ᠎ᠠ᠃ ᠵᠢᠱ᠌ᠢᠯᠲᠡ᠎ᠪᠠᠷ 3 ᠳ᠋ᠤᠭ᠋ᠠᠷ ᠰᠠᠷ᠎ᠠ ᠵᠢᠨ ᠡᠬᠢ᠎ᠪᠠᠷ ᠬᠠᠪᠤᠷ᠎ᠤᠨ ᠤᠰᠤᠯᠠᠯᠲᠠ ᠵᠢᠨ ᠠᠵᠢᠯ ᠵᠠᠯᠭ᠋ᠠᠭ᠎ᠠ᠎ᠪᠠᠷ ᠶᠠᠪᠤᠭᠳᠠᠬᠤ ᠪᠣᠯᠤᠨ᠎ᠠ᠃

   ᠤᠰᠤᠨ ᠠᠰᠢᠭᠯᠠᠯᠲᠠ ᠪᠤᠯ ᠲᠠᠷᠢᠶᠠᠯᠠᠩ᠎ᠤᠨ ᠠᠮᠢᠨ ᠰᠤᠳᠠᠰᠤ᠃ ᠡᠨᠡ ᠵᠢᠯ ᠤᠰᠤᠨ ᠠᠰᠢᠭᠯᠠᠯᠲᠠ ᠵᠢᠨ ᠶᠠᠮᠤᠨ᠎ᠠᠴᠠ ᠣᠳᠣᠬᠢᠴᠢᠯᠠᠭᠰᠠᠨ ᠤᠰᠤᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠥᠭᠡᠷᠡᠴᠢᠯᠡᠯᠲᠡ ᠵᠢ ᠲᠦᠷᠭᠡᠳᠬᠡᠵᠦ᠂ 1000 ᠭᠠᠷᠤᠢ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠢ ᠥᠭᠡᠷᠡᠴᠢᠯᠡᠨ ᠳᠡᠰ ᠳᠡᠪᠰᠢᠭᠦᠯᠬᠦ ᠵᠢ ᠬᠡᠷᠡᠭᠵᠢᠭᠦᠯᠵᠦ᠂ ᠵᠢᠱ᠌ᠢᠯᠲᠡ᠎ᠪᠠᠷ ᠰᠢᠨ᠎ᠡ᠎ᠪᠠᠷ ᠨᠡᠮᠡᠭᠳᠡᠭᠰᠡᠨ ᠤᠰᠤᠯᠠᠯᠲᠠ ᠵᠢᠨ ᠲᠠᠯᠠᠪᠠᠢ ᠵᠢ 5000 ᠲᠦᠮᠡᠨ ᠮᠦ᠍᠎ᠠᠴᠠ ᠳᠡᠭᠡᠭᠰᠢ ᠰᠡᠷᠭᠦᠭᠡᠵᠦ᠂ 49 ᠲᠣᠭ᠋ᠠᠴᠢᠯᠠᠭᠰᠠᠨ ᠢᠬᠢᠷ᠎ᠡ ᠤᠰᠤᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠭᠦᠨᠵᠡᠭᠡᠢ ᠠᠬᠢᠭᠤᠯᠵᠤ᠂ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠠᠵᠢᠯᠯᠠᠭ᠋ᠠᠨ᠎ᠤ ᠲᠣᠭᠲᠠᠴᠠ ᠪᠠ ᠲᠥᠷᠥ ᠵᠢᠨ ᠪᠣᠳᠣᠯᠭ᠎ᠠ ᠵᠢᠨ ᠪᠠᠷᠢᠮᠵᠢᠶ᠎ᠠ ᠵᠢ ᠪᠦᠷᠢᠨᠰᠢᠭᠦᠯᠵᠦ᠂ ᠲᠠᠷᠢᠶᠠᠨ ᠭᠠᠵᠠᠷ᠎ᠤᠨ ᠤᠰᠤᠯᠠᠯᠲᠠ ᠵᠢ ᠠᠦ᠋ᠲ᠋ᠣᠴᠢᠯᠠᠬᠤ᠂ ᠤᠰᠤᠯᠠᠯᠲᠠ ᠵᠢᠨ ᠠᠷᠭ᠎ᠠ ᠮᠠᠶᠢᠭ᠎ᠢ ᠥᠨᠳᠥᠷ ᠦᠷ᠎ᠡ ᠪᠦᠲᠦᠮᠵᠢᠲᠡᠶ ᠪᠣᠯᠭ᠋ᠠᠬᠤ᠂ ᠤᠰᠤ ᠬᠡᠷᠡᠭᠯᠡᠬᠦ ᠬᠡᠮᠵᠢᠯᠲᠡ ᠵᠢ ᠨᠠᠷᠢᠯᠢᠭ ᠣᠨᠣᠴᠠᠲᠠᠢ ᠪᠣᠯᠭ᠋ᠠᠬᠤ᠂ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢ ᠤᠶᠤᠨᠵᠢᠭᠤᠯᠬᠤ ᠵᠢ ᠠᠬᠢᠭᠤᠯᠤᠨ᠎ᠠ᠃  ᠤᠰᠤᠨ ᠠᠰᠢᠭᠯᠠᠯᠲᠠ ᠵᠢᠨ ᠶᠠᠮᠤᠨ᠎ᠠᠴᠠ ᠲᠠᠷᠢᠶᠠᠯᠠᠩ᠎ᠤᠨ ᠤᠰᠤ ᠠᠷᠪᠢᠯᠠᠬᠤ ᠤᠰᠤ ᠬᠠᠩᠭ᠋ᠠᠬᠤ ᠬᠠᠮᠢᠶᠠᠷᠤᠯᠲᠠ ᠵᠢ ᠴᠢᠩᠭ᠋ᠠᠷᠠᠭᠤᠯᠵᠤ᠂ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠳᠤ ᠤᠰᠤ ᠠᠪᠬᠤ ᠵᠥᠪᠰᠢᠶᠡᠷᠡᠯ᠎ᠤᠨ ᠬᠠᠮᠢᠶᠠᠷᠤᠯᠲᠠ ᠵᠢ ᠴᠢᠩᠭ᠋ᠠᠳᠬᠠᠨ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ᠂ ᠨᠣᠷᠮ᠎ᠠ ᠲᠣᠭᠲᠠᠭ᠋ᠠᠨ ᠬᠠᠮᠢᠶᠠᠷᠬᠤ ᠵᠢ ᠨᠠᠶ᠋ᠢᠳᠠᠪᠤᠷᠢᠵᠢᠭᠤᠯᠤᠨ᠎ᠠ; ᠤᠰᠤ᠎ᠪᠠᠷ ᠭᠠᠵᠠᠷ᠎ᠢ ᠲᠣᠭᠲᠠᠭ᠋ᠠᠬᠤ ᠵᠢ ᠴᠢᠩᠭ᠋ᠠᠷᠠᠭᠤᠯᠵᠤ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠳᠤ ᠤᠰᠤ ᠬᠡᠷᠡᠭᠯᠡᠬᠦ ᠵᠦᠢ ᠵᠣᠬᠢᠰᠲᠠᠶ ᠬᠡᠷᠡᠭᠴᠡᠭᠡ ᠱᠠᠭ᠋ᠠᠷᠳᠠᠯᠭ᠎ᠠ ᠵᠢᠨ ᠲᠣᠭᠤᠷᠢᠨ᠎ᠳᠤ᠂ ᠤᠰᠤᠯᠠᠯᠲᠠ ᠵᠢᠨ ᠤᠰᠤ ᠬᠠᠩᠭ᠋ᠠᠬᠤ ᠤᠰᠤ ᠬᠡᠷᠡᠭᠯᠡᠬᠦ ᠲᠥᠯᠥᠪᠯᠡᠭᠡ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠬᠠᠳᠠᠭ᠋ᠠᠯᠠᠵᠤ ᠲᠠᠲᠠᠨ ᠲᠣᠬᠢᠷᠠᠭᠤᠯᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠤᠰᠤᠯᠠᠯᠲᠠ ᠵᠢᠨ ᠤᠰᠤ ᠬᠡᠷᠡᠭᠯᠡᠬᠦ ᠲᠣᠬᠢᠷᠠᠭᠤᠯᠤᠯᠲᠠ ᠵᠢ ᠰᠢᠯᠢᠳᠡᠭᠵᠢᠭᠦᠯᠵᠦ᠂ ᠤᠰᠤᠯᠠᠯᠲᠠ ᠵᠢᠨ ᠤᠰᠤ ᠬᠠᠩᠭ᠋ᠠᠬᠤ ᠪᠠᠲᠤᠯᠠᠭ᠎ᠠ ᠵᠢᠨ ᠬᠡᠮᠵᠢᠶ᠎ᠡ ᠵᠢ ᠲᠠᠰᠤᠷᠠᠯᠲᠠ ᠤᠢ᠍ᠭᠡᠢ ᠳᠡᠭᠡᠭᠰᠢᠯᠡᠭᠦᠯᠦᠨ᠎ᠡ᠃ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠨᠢᠭᠡᠳᠦᠭᠡᠷ ᠪᠦᠯᠦᠭ᠎ᠤᠨ ᠲᠤᠷᠰᠢᠯᠲᠠ ᠵᠢᠨ ᠴᠡᠭ᠎ᠤᠨ ᠠᠵᠢᠯ᠎ᠢ ᠭᠦᠨᠵᠡᠭᠡᠶ ᠳᠥᠯᠭᠢᠨ ᠠᠬᠢᠭᠤᠯᠵᠤ᠂ 《ᠥᠪᠡᠷ᠎ᠤᠨ ᠥᠷᠲᠡᠭ᠎ᠢ ᠵᠦᠶ ᠵᠣᠬᠢᠰᠲᠠᠶ ᠠᠰᠢᠭ ᠭᠥᠷᠳᠡᠬᠦ》 ᠤᠰᠤᠨ᠎ᠤ ᠦᠨ᠎ᠡ ᠬᠠᠩᠰᠢ ᠵᠢᠨ ᠲᠣᠭᠲᠠᠴᠠ ᠵᠢ ᠪᠥᠬᠦ ᠲᠠᠯ᠎ᠠ᠎ᠪᠠᠷ ᠪᠠᠶ᠋ᠢᠭᠤᠯᠵᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠳᠣᠭᠢᠷᠠᠭᠤᠯᠤᠨ ᠲᠠᠷᠢᠶᠠᠯᠠᠩ᠎ᠤᠨ ᠤᠰᠤ ᠬᠡᠷᠡᠭᠯᠡᠬᠦ ᠡᠷᠬᠡ ᠵᠢ ᠬᠥᠳᠡᠭᠡ ᠲᠣᠰᠬᠤᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ᠂ ᠲᠠᠷᠢᠶᠠᠴᠢᠳ᠎ᠤᠨ ᠤᠰᠤ ᠬᠡᠷᠡᠭᠯᠡᠬᠦ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ᠂ ᠲᠠᠷᠢᠶᠠᠴᠢᠨ ᠡᠷᠦᠬᠡ ᠵᠡᠷᠭᠡ ᠤᠰᠤ ᠬᠡᠷᠡᠭᠯᠡᠬᠦ ᠭᠤᠤᠯ ᠴᠣᠭᠴᠠ᠎ᠳᠤ ᠨᠠᠷᠢᠯᠢᠬ᠍ᠵᠢᠭᠤᠯᠤᠨ ᠵᠠᠳᠠᠯᠵᠤ᠂ ᠤᠰᠤᠨ᠎ᠤ ᠡᠷᠬᠡ ᠵᠢᠨ ᠠᠷᠠᠯᠵᠢᠶ᠎ᠠ ᠵᠢ ᠢᠳᠡᠪᠬᠢᠲᠡᠶ ᠥᠷᠨᠢᠭᠦᠯᠦᠨ᠎ᠡ᠃

 

ᠢᠷᠡᠯᠲᠡ᠄ ᠠᠷᠠᠳ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠠᠷᠠᠳ᠎ᠤᠨ ᠡᠳᠦᠷ᠎ᠤᠨ ᠰᠣᠨᠢᠨ᠄ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠪᠠ (ᠰᠢᠨ᠎ᠡ ᠴᠠᠭ ᠦᠶ᠎ᠡ ᠵᠢᠨ ᠵᠢᠷᠤᠭ)
ᠰᠢᠨᠬᠤᠸᠠ ᠬᠤᠷᠢᠶ᠎ᠠ᠄ ᠯᠢ ᠭᠦᠸᠧ ᠶᠢᠩ᠄ 2023 ᠤᠨ᠎ᠤ ᠤᠰᠤᠨ ᠠᠰᠢᠬᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠠᠬᠢᠴᠠ ᠪᠥᠬᠦ ᠲᠠᠯ᠎ᠠ᠎ᠪᠠᠷ ᠲᠦᠷᠭᠡᠳᠬᠡᠪᠡ
ᠰᠢᠨᠬᠤᠸᠠ ᠬᠣᠷᠢᠶ᠎ᠠ ᠄ ᠬᠣᠶᠠᠷ ᠬᠤᠷᠠᠯ᠎ᠤᠨ ᠠᠬᠤᠶ ᠲᠠᠯᠠᠪᠠᠶ — ᠤᠰᠤᠨ ᠠᠰᠢᠭᠯᠠᠯᠲᠠ ᠵᠢᠨ ᠪᠡᠯᠡ ᠮᠥᠩᠭᠥ ᠵᠢ ᠬᠠᠮᠢᠭ᠎ᠠ ᠤᠷᠤᠭᠤᠯᠤᠭᠰᠠᠨ ᠪᠣᠯ? ᠤᠯᠤᠰ᠎ᠤᠨ ᠤᠰᠤᠨ ᠠᠰᠢᠭᠯᠠᠯᠲᠠ ᠵᠢᠨ ᠳᠣᠣᠷ᠎ᠢ ᠶᠠᠭ᠋ᠠᠬᠢᠵᠤ ᠪᠠᠶ᠋ᠢᠭᠤᠯᠤᠭᠰᠠᠨ ᠪᠣᠯ? — ᠤᠰᠤᠨ ᠠᠰᠢᠭᠯᠠᠯᠲᠠ ᠵᠢᠨ ᠶᠠᠮᠤᠨ᠎ᠤ ᠰᠠᠶ᠋ᠢᠳ ᠯᠢ ᠭᠦᠸᠧ ᠶᠢᠩ 《ᠰᠠᠶ᠋ᠢᠳ ᠨᠠᠷ᠎ᠤᠨ ᠨᠡᠪᠲᠡᠷᠡᠬᠦ ᠵᠠᠮ》 ᠭᠡᠬᠦ ᠤᠰᠤᠨ᠎ᠤ ᠲᠤᠬᠠᠢ ᠶᠠᠷᠢᠶ᠎ᠠ ᠲᠠᠯᠪᠢᠪᠠ
ᠰᠢᠨᠬᠤᠸᠠ ᠬᠣᠷᠢᠶ᠎ᠠ᠄ ᠪᠥᠬᠥ ᠤᠯᠤᠰ᠎ᠲᠤ 2000 ᠭᠠᠷᠤᠶ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ ᠬᠠᠪᠤᠷ᠎ᠤᠨ ᠤᠰᠤᠯᠠᠯᠲᠠ ᠵᠢ ᠶᠡᠬᠡᠪᠡᠷ ᠥᠷᠨᠢᠭᠦᠯᠪᠡ
ᠰᠢᠨᠬᠤᠸᠠ ᠰᠦᠯᠵᠢᠶ᠎ᠡ᠄ ᠤᠰᠤᠨ ᠠᠰᠢᠭᠯᠠᠯᠲᠠ ᠵᠢᠨ ᠶᠠᠮᠤᠨ᠎ᠠᠴᠠ 2024 ᠣᠨ᠎ᠤ ᠤᠰᠤᠨ ᠴᠥᠭᠦᠷᠥᠮ᠎ᠤᠨ ᠦᠶᠡᠷ᠎ᠢ ᠠᠮᠤᠷ ᠲᠦᠪᠰᠢᠨ ᠵᠶ᠋ᠠᠷ ᠥᠩᠭᠡᠷᠡᠭᠦᠯᠬᠦ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠪᠠ
 
            