ᠬᠠᠩᠰᠢ ᠵᠢᠨ ᠡᠳᠦᠷ᠂ ᠬᠠᠪᠤᠷ᠎ᠤᠨ ᠲᠠᠷᠢᠶᠠᠯᠠᠭ᠎ᠠ ᠵᠢᠨ ᠪᠡᠯᠡᠳᠬᠡᠯ ᠬᠤᠷᠳᠤᠴᠠ ᠵᠢ ᠲᠦᠷᠭᠡᠳᠬᠡᠬᠦ ᠵᠢ ᠳᠠᠭ᠋ᠠᠯᠳᠤᠨ᠂ ᠬᠠᠪᠤᠷ᠎ᠤᠨ ᠤᠰᠤᠯᠠᠯᠲᠠ᠎ᠨᠢ ᠪᠦᠬᠦ ᠤᠯᠤᠰ᠎ᠲᠤ ᠶᠡᠭᠡ ᠬᠡᠪᠴᠢᠶ᠎ᠡ᠎ᠪᠠᠷ ᠥᠷᠨᠢᠪᠡ᠃ ᠰᠤᠷᠪᠤᠯᠵᠢᠯᠠᠭᠴᠢ 4᠎ᠤ ᠡᠳᠦᠷ ᠤᠰᠤᠨ ᠠᠰᠢᠭᠯᠠᠯᠲᠠ ᠵᠢᠨ ᠶᠠᠮᠤᠨ᠎ᠠᠴᠠ ᠣᠢ᠌ᠯᠠᠭ᠋ᠠᠭᠰᠠᠨ᠎ᠢᠶᠠᠷ᠂ ᠣᠳᠣᠬᠠᠨ᠎ᠳᠤ ᠪᠦᠬᠦ ᠤᠯᠤᠰ᠎ᠲᠤ ᠨᠢᠭᠡᠨᠲᠡ 2033 ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ ᠬᠠᠪᠤᠷ᠎ᠤᠨ ᠤᠰᠤᠯᠠᠯᠲᠠ ᠵᠢᠨ ᠠᠵᠢᠯ ᠵᠶ᠋ᠠᠨ ᠡᠬᠢᠯᠡᠭᠦᠯᠵᠦ᠂ ᠤᠰᠤᠯᠠᠯᠲᠠ ᠵᠢᠨ ᠬᠡᠮᠵᠢᠶ᠎ᠡ᠎ᠨᠢ 39 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠢ᠌ᠵᠤ᠂ ᠤᠰᠤᠯᠠᠯᠲᠠ ᠵᠢᠨ ᠲᠠᠯᠠᠪᠠᠢ᠎ᠨᠢ 5040 ᠭᠠᠷᠤᠢ ᠲᠦᠮᠡᠨ ᠮᠦ᠍ ᠪᠠᠢ᠌ᠨ᠎ᠠ᠃
ᠤᠰᠤᠨ ᠠᠰᠢᠭᠯᠠᠯᠲᠠ ᠵᠢᠨ ᠶᠠᠮᠤᠨ᠎ᠤ ᠬᠥᠳᠡᠭᠡ ᠲᠣᠰᠬᠤᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠵᠤᠷᠭ᠋ᠠᠨ᠎ᠤ ᠤᠰᠤᠯᠠᠯᠲᠠ ᠵᠢᠨ ᠤᠰᠤ ᠠᠷᠪᠢᠯᠠᠬᠤ ᠭᠠᠵᠠᠷ᠎ᠤᠨ ᠨᠢᠭᠡᠳᠦᠭᠡᠷ ᠳᠡᠰ᠎ᠤᠨ ᠪᠠᠶ᠋ᠢᠴᠠᠭ᠋ᠠᠨ ᠰᠤᠳᠤᠯᠤᠭᠴᠢ ᠵᠠᠩ ᠰᠢᠶᠠᠩ ᠢᠯᠡᠷᠬᠡᠶ᠋ᠢᠯᠡᠬᠦ᠎ᠳᠡᠭᠡᠨ᠂ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠨ᠎ᠬᠢᠨ ᠡᠷᠲᠡᠬᠡᠨ ᠠᠷᠭ᠎ᠠ ᠰᠦᠪᠡᠭᠴᠢᠯᠡᠵᠦ᠂ ᠰᠢᠨᠵᠢᠯᠡᠬᠦ ᠤᠬᠠᠭ᠋ᠠᠨᠴᠢ᠎ᠪᠠᠷ ᠳᠣᠭᠢᠷᠠᠭᠤᠯᠤᠨ᠂ ᠤᠰᠤᠯᠠᠯᠲᠠ ᠵᠢᠨ ᠤᠰᠤ ᠬᠠᠩᠭ᠋ᠠᠬᠤ ᠬᠡᠮᠵᠢᠶ᠎ᠡ ᠵᠢ ᠠᠯᠢ ᠴᠢᠳᠠᠬᠤ᠎ᠪᠠᠷ ᠨᠡᠮᠡᠭᠳᠡᠭᠦᠯᠵᠦ᠂ ᠣᠳᠣᠬᠠᠨ᠎ᠳᠤ ᠪᠥᠬᠦ ᠤᠯᠤᠰ᠎ᠤᠨ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠤᠰᠤᠯᠠᠯᠲᠠ ᠵᠢᠨ ᠤᠰᠤ ᠬᠠᠩᠭ᠋ᠠᠬᠤ ᠠᠬᠢᠴᠠ ᠤᠷᠤᠭᠰᠢᠲᠠᠶ ᠪᠠᠶ᠋ᠢᠨ᠎ᠠ ᠭᠡᠵᠡᠶ᠃
ᠬᠠᠪᠤᠷ᠎ᠤᠨ ᠤᠰᠤᠯᠠᠯᠲᠠ᠎ᠨᠢ ᠬᠠᠪᠤᠷ᠎ᠤᠨ ᠲᠠᠷᠢᠶᠠᠯᠠᠭ᠎ᠠ ᠵᠢᠴᠢ ᠪᠤᠭᠤᠳᠠᠢ ᠵᠡᠷᠭᠡ ᠡᠪᠦᠯᠵᠢᠬᠦ ᠲᠠᠷᠢᠮᠠᠯ᠎ᠢ ᠪᠦᠬᠦᠨ᠎ᠢ ᠤᠰᠤᠯᠠᠬᠤ ᠵᠢ ᠪᠠᠲᠤᠯᠠᠬᠤ ᠵᠢᠨ ᠲᠥᠯᠥᠭᠡ᠂ ᠪᠦᠬᠦ ᠵᠢᠯ᠎ᠤᠨ ᠠᠮᠤ ᠪᠤᠳᠠᠭ᠎ᠠ ᠪᠣᠯᠤᠨ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠤᠨᠠᠯᠲᠠ ᠵᠢ ᠲᠣᠭᠲᠠᠪᠤᠷᠢᠵᠢᠭᠤᠯᠤᠨ ᠬᠠᠩᠭ᠋ᠠᠯᠭ᠎ᠠ ᠵᠢ ᠪᠠᠲᠤᠯᠠᠬᠤ ᠵᠢᠨ ᠵᠠᠩᠭᠢᠯᠠᠭ᠎ᠠ ᠪᠣᠯᠤᠨ᠎ᠠ᠃ ᠡᠨᠠ ᠵᠢᠯ᠎ᠠᠴᠠ ᠨᠠᠭ᠋ᠠᠰᠢ᠂ ᠶᠣᠢ᠍ᠠᠨᠠᠨ᠂ ᠰᠸᠴᠤᠸᠠᠨ ᠵᠠᠷᠭᠡ ᠬᠡᠰᠡᠭ ᠭᠠᠵᠠᠷ᠎ᠲᠤ ᠣᠢ᠍ᠷᠭᠦᠯᠵᠢᠯᠠᠨ ᠭᠠᠩ᠎ᠤᠨ ᠪᠠᠢ᠍ᠢ᠍ᠲᠠᠯ ᠭᠠᠷᠣᠬᠰᠠᠨ᠎ᠠᠴᠠ ᠪᠤᠯᠵᠤ᠂ ᠣᠰᠣᠠ ᠠᠰᠢᠬᠯᠠᠯᠲᠠ ᠵᠢᠨ ᠰᠠᠯᠠᠭ᠎ᠠ ᠮᠣᠢ᠍ᠴᠢᠷᠨᠢ ᠶᠣᠢ᠍ᠠᠨᠠᠨ ᠰᠸᠴᠤᠸᠠᠨ ᠵᠠᠷᠭᠡ ᠭᠠᠵᠠᠷ ᠣᠷᠣᠠ᠎ᠤ ᠭᠠᠩ᠎ᠤᠨ ᠪᠠᠢ᠍ᠢ᠍ᠲᠠᠯ᠎ᠢ ᠡᠢ᠍ᠲᠠᠪᠭᠢᠲᠠᠢᠪᠠᠷ ᠠᠷᠭ᠋ᠠᠴᠠᠵᠤ᠂ ᠬᠣᠯᠪᠤᠬᠲᠠᠯ ᠪᠤᠢ᠍ᠭᠦᠢ ᠰᠠᠯᠠᠭ᠎ᠠ ᠮᠣᠢ᠍ᠴᠢᠷᠲᠠᠢ ᠬᠠᠮᠵᠢᠯᠴᠠᠨ ᠣᠰᠣᠯᠠᠯᠲᠠ ᠵᠢᠨ ᠣᠷᠣᠠ᠎ᠤ ᠣᠰᠤ ᠬᠡᠷᠡᠭᠯᠡᠬᠦ ᠬᠠᠩᠭ᠋ᠠᠯᠭ᠎ᠠ ᠬᠡᠷᠡᠭᠴᠡᠭᠡ ᠵᠢᠨ ᠪᠠᠢ᠍ᠢ᠍ᠲᠠᠯ᠎ᠢ ᠵᠠᠲᠠᠯᠵᠤ ᠰᠣᠲᠣᠯᠵᠤ᠂ ᠬᠠᠮᠲᠣᠷᠠᠨ ᠳᠣᠭᠢᠷᠠᠭᠣᠯᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠶᠦᠨᠨᠠᠨ ᠰᠸᠴᠤᠸᠠᠨ ᠬᠣᠶᠠᠷ ᠮᠣᠵᠢ ᠵᠢᠨ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠬᠠᠪᠤᠷ᠎ᠤᠨ ᠤᠰᠤᠯᠠᠯᠲᠠ ᠵᠢᠨ ᠤᠰᠤ ᠬᠡᠷᠡᠭᠯᠡᠬᠦ ᠶᠡᠷᠦᠩᠬᠡᠢ ᠪᠠᠢ᠌ᠳᠠᠯ᠎ᠨᠢ ᠪᠠᠲᠤᠯᠠᠭ᠎ᠠ᠎ᠲᠠᠢ ᠪᠠᠢ᠌ᠵᠤ᠂ ᠣᠳᠣᠬᠠᠨ᠎ᠳᠤ ᠬᠣᠶᠠᠷ ᠮᠣᠵᠢ ᠵᠢᠨ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠤᠰᠤᠨ᠎ᠤ ᠬᠡᠮᠵᠢᠶ᠎ᠡ᠎ᠨᠢ ᠪᠠᠷᠤᠭ 7.6 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠢ᠌ᠵᠤ᠂ ᠤᠰᠤᠯᠠᠯᠲᠠ ᠵᠢᠨ ᠲᠠᠯᠠᠪᠠᠢ᠎ᠨᠢ 730 ᠭᠠᠷᠤᠢ ᠲᠦᠮᠡᠨ ᠮᠦ᠍ ᠪᠠᠢ᠌ᠨ᠎ᠠ᠃
《ᠡᠨᠡ ᠵᠢᠯ᠎ᠤᠨ ᠬᠠᠪᠤᠷ᠎ᠤᠨ ᠤᠰᠤᠯᠠᠯᠲᠠ ᠵᠢ ᠪᠠᠲᠤᠯᠠᠬᠤ ᠨᠢᠭᠡᠨ ᠰᠢᠨ᠎ᠡ ᠠᠷᠭ᠎ᠠ ᠬᠡᠮᠵᠢᠶ᠎ᠡ ᠪᠣᠯ ᠤᠰᠤᠨ᠎ᠤ ᠨᠥᠬᠦᠴᠡᠯ᠎ᠢ ᠦᠨᠳᠦᠰᠦᠯᠡᠨ ᠲᠠᠷᠢᠮᠠᠯ᠎ᠤᠨ ᠪᠦᠲᠦᠴᠡ᠎ᠳᠤ ᠲᠣᠬᠢᠷᠠᠭᠤᠯᠤᠯᠲᠠ ᠬᠢᠵᠦ᠂ ᠤᠰᠤ᠎ᠪᠠᠷ ᠳᠠᠷᠢᠬᠤ᠎ᠳᠤ ᠲᠣᠬᠢᠷᠠᠮᠵᠢᠲᠠᠶ ᠪᠠᠶ᠋ᠢᠬᠤ ᠵᠢ ᠠᠬᠢᠭᠤᠯᠬᠤ ᠶᠠᠪᠤᠳᠠᠯ ᠪᠣᠯᠤᠨ᠎ᠠ᠃ ᠵᠠᠩ ᠰᠢᠶᠠᠩ ᠬᠡᠯᠡᠭᠰᠡᠨ᠎ᠨᠢ᠂ ᠤᠰᠤᠨ ᠠᠰᠢᠭᠯᠠᠯᠲᠠ ᠵᠢᠨ ᠶᠠᠮᠤᠨ ᠣᠷᠣᠨ ᠨᠤᠲᠤᠭ᠎ᠢ ᠵᠢᠯᠣᠭᠤᠳᠤᠨ ᠬᠠᠪᠤᠷ᠎ᠤᠨ ᠤᠰᠤᠯᠠᠯᠲᠠ᠎ᠠᠴᠠ ᠡᠮᠦᠨ᠎ᠡ᠂ ᠤᠰᠤᠨ ᠰᠤᠷᠪᠤᠯᠵᠢ ᠵᠢᠨ ᠨᠥᠬᠦᠴᠡᠯ᠎ᠢ ᠦᠨᠳᠦᠰᠦᠯᠡᠨ᠂ ᠤᠰᠤᠯᠠᠯᠲᠠ ᠵᠢᠨ ᠣᠷᠣᠨ᠎ᠤ ᠳᠣᠲᠣᠭ᠋ᠠᠳᠤ ᠵᠢᠨ ᠲᠠᠷᠢᠮᠠᠯ᠎ᠤᠨ ᠪᠦᠲᠦᠴᠡ ᠵᠢ ᠬᠥᠳᠡᠯᠦᠩᠭᠦᠶ᠎ᠪᠠᠷ ᠲᠣᠬᠢᠷᠠᠭᠤᠯᠵᠤ᠂ ᠥᠩᠭᠡᠷᠡᠭᠰᠡᠨ᠎ᠤ 《ᠴᠡᠴᠡᠭᠲᠦ ᠲᠠᠷᠢᠶ᠎ᠠ》 ᠵᠢᠨ ᠲᠠᠷᠢᠮᠠᠯ᠎ᠤᠨ ᠠᠷᠭ᠎ᠠ ᠮᠠᠶᠢᠭ᠎ᠢ ᠬᠤᠪᠢᠷᠠᠭᠤᠯᠵᠤ᠂ ᠤᠰᠤᠯᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠪᠡ᠃
ᠲᠠᠨᠢᠯᠴᠠᠭᠤᠯᠤᠭᠰᠠᠨ ᠵᠶ᠋ᠠᠷ᠂ ᠥᠪᠥᠷ ᠮᠣᠩᠭᠤᠯ᠎ᠤᠨ ᠪᠣᠷᠣᠲᠣᠬᠤᠶ ᠵᠢᠨ ᠤᠰᠤᠯᠠᠯᠲᠠ ᠵᠢᠨ ᠣᠷᠣᠨ᠎ᠤ ᠤᠯᠠᠭ᠋ᠠᠨᠪᠤᠬ᠎ᠠ ᠵᠢᠨ ᠤᠰᠤᠯᠠᠯᠲᠠ ᠵᠢᠨ ᠣᠷᠣᠨ᠎ᠳᠤ᠂ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠣᠯᠠᠨ ᠲᠦᠮᠡᠨ᠎ᠢ ᠵᠢᠯᠣᠭᠤᠳᠤᠨ ᠤᠰᠤᠯᠠᠯᠲᠠ ᠵᠢᠨ ᠣᠷᠣᠨ᠎ᠤ ᠲᠠᠷᠢᠮᠠᠯ᠎ᠤᠨ ᠲᠠᠯᠠᠪᠠᠶ᠂ ᠪᠦᠲᠦᠴᠡ ᠪᠠ ᠣᠷᠣᠨ ᠪᠦᠰᠡ ᠵᠢ ᠰᠢᠯᠢᠳᠡᠭᠵᠢᠭᠦᠯᠵᠦ᠂ 60.42 ᠲᠦᠮᠡᠨ ᠮᠥ᠍ ᠪᠤᠭᠤᠳᠠᠶ᠂ 310 ᠲᠦᠮᠡᠨ ᠮᠥ᠍ ᠡᠷᠳᠡᠨᠢ ᠰᠢᠰᠢ ᠵᠢ ᠲᠥᠪᠯᠡᠷᠡᠭᠦᠯᠦᠨ ᠳᠠᠷᠢᠬᠤ ᠵᠢ ᠠᠬᠢᠭᠤᠯᠵᠤ᠂ ᠤᠰᠤᠯᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠶᠡᠷᠦᠩᠬᠡᠶ᠋ᠢᠯᠡᠭᠰᠡᠨ ᠦᠢ᠍ᠯᠡᠳᠪᠦᠷᠢᠯᠡᠯ᠎ᠤᠨ ᠦᠷ᠎ᠡ ᠠᠰᠢᠭ᠎ᠢ ᠪᠠᠳᠠᠷᠠᠭᠤᠯᠪᠠ᠃
ᠵᠠᠩ ᠰᠢᠶᠠᠩ ᠢᠯᠡᠷᠬᠡᠶ᠋ᠢᠯᠡᠭᠰᠡᠨ᠎ᠨᠢ᠂ ᠤᠳᠤᠬᠠᠨ᠎ᠳᠤ ᠪᠦᠬᠦ ᠤᠯᠤᠰ᠎ᠤᠨ ᠳᠤᠮᠤ ᠳᠤᠮᠳᠠ ᠬᠡᠯᠪᠡᠷᠢ ᠵᠢᠨ ᠤᠰᠤᠯᠠᠯᠳᠠ ᠵᠢᠨ ᠤᠷᠤᠨ᠎ᠤ ᠬᠠᠪᠤᠷ᠎ᠤᠨ ᠤᠰᠤᠯᠠᠯᠳᠠ ᠵᠢᠨ ᠠᠵᠢᠯ ᠨᠢᠬᠡᠨᠳᠡ ᠪᠠᠷᠤᠭ ᠬᠤᠶᠠᠷ ᠬᠤᠪᠢ ᠳᠠᠭᠤᠰᠴᠠᠢ᠃ ᠤᠰᠤᠨ ᠠᠰᠢᠭᠯᠠᠯᠲᠠ ᠵᠢᠨ ᠶᠠᠮᠤᠨ ᠦᠷᠭᠦᠯᠵᠢᠯᠡᠨ ᠬᠠᠪᠤᠷ᠎ᠤᠨ ᠲᠠᠷᠢᠶᠠᠯᠠᠭ᠎ᠠ ᠵᠢᠨ ᠡᠯ᠎ᠡ ᠵᠠᠩᠭᠢᠯᠠᠭ᠎ᠠ ᠵᠢᠨ ᠲᠣᠭᠤᠷᠢᠨ᠎ᠳᠤ ᠵᠣᠬᠢᠶᠠᠨ ᠪᠠᠶ᠋ᠢᠭᠤᠯᠤᠯᠲᠠ ᠵᠢᠨ ᠲᠤᠬᠢᠷᠠᠭᠤᠯᠤᠯᠳᠠ᠎ᠪᠠᠨ ᠴᠢᠩᠭ᠋ᠠᠳᠬᠠᠵᠤ᠂ ᠬᠠᠪᠤᠷ᠎ᠤᠨ ᠤᠰᠤᠯᠠᠯᠲᠠ ᠵᠢᠨ ᠡᠮᠬᠢ ᠵᠢᠷᠤᠮ᠎ᠲᠠᠢ ᠬᠡᠷᠡᠭᠵᠢᠭᠦᠯᠦᠭᠳᠡᠬᠦ ᠵᠢ ᠪᠠᠲᠤᠯᠠᠨ᠎ᠠ᠃