ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠰᠢᠨᠬᠤᠸᠠ ᠰᠦᠯᠵᠢᠶ᠎ᠡ᠄ ᠤᠰᠤᠨ ᠠᠰᠢᠭᠯᠠᠯᠲᠠ ᠵᠢᠨ ᠶᠠᠮᠤᠨ᠎ᠠᠴᠠ 2024 ᠣᠨ᠎ᠤ ᠤᠰᠤᠨ ᠴᠥᠭᠦᠷᠥᠮ᠎ᠤᠨ ᠦᠶᠡᠷ᠎ᠢ ᠠᠮᠤᠷ ᠲᠦᠪᠰᠢᠨ ᠵᠶ᠋ᠠᠷ ᠥᠩᠭᠡᠷᠡᠭᠦᠯᠬᠦ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠪᠠ
ᠨᠡᠶ᠋ᠢᠲᠡᠯᠡᠭᠰᠡᠨ ᠴᠠᠭ᠄ 2024-04-18

   ᠣᠶ᠋ᠢᠷ᠎ᠠ᠎ᠳᠤ᠂ ᠤᠰᠤᠨ ᠠᠰᠢᠭᠯᠠᠯᠲᠠ ᠵᠢᠨ ᠶᠠᠮᠤᠨ ᠤᠰᠤᠨ ᠴᠥᠭᠦᠷᠥᠮ᠎ᠤᠨ ᠦᠶᠡᠷ᠎ᠢ ᠠᠮᠤᠷ ᠲᠦᠪᠰᠢᠨ ᠵᠶ᠋ᠠᠷ ᠥᠩᠭᠡᠷᠡᠭᠦᠯᠬᠦ ᠸᠢᠳᠢᠤ᠋ ᠬᠤᠷᠠᠯ ᠬᠤᠷᠠᠯᠳᠤᠭᠤᠯᠵᠤ᠂ ᠤᠰᠤᠨ ᠴᠥᠭᠦᠷᠥᠮ᠎ᠤᠨ ᠦᠶᠡᠷ᠎ᠢ ᠠᠮᠤᠷ ᠲᠦᠪᠰᠢᠨ ᠵᠶ᠋ᠠᠷ ᠥᠩᠭᠡᠷᠡᠭᠦᠯᠬᠦ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠪᠠ᠃ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠶᠡᠷᠦᠩᠬᠡᠢ ᠵᠢᠯᠤᠭᠤᠳᠤᠬ᠍ᠴᠢ᠂ ᠤᠰᠤᠨ ᠠᠰᠢᠬᠯᠠᠯᠲᠠ ᠵᠢᠨ ᠶᠠᠮᠤᠨ᠎ᠤ ᠰᠠᠶ᠋ᠢᠳ ᠯᠢ ᠭᠦᠸᠧ ᠶᠢᠩ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠎ᠤ ᠳᠡᠳ᠋ ᠰᠠᠶ᠋ᠢᠳ᠂ ᠤᠰᠤᠨ ᠠᠰᠢᠬᠯᠠᠯᠲᠠ ᠵᠢᠨ ᠶᠠᠮᠤᠨ᠎ᠤ ᠳᠡᠳ᠋ ᠰᠠᠶ᠋ᠢᠳ ᠸᠠᠩ ᠳ᠋ᠤᠤ ᠰᠢ ᠬᠤᠷᠠᠯ᠎ᠳᠤ ᠣᠷᠣᠯᠴᠠᠵᠤ᠂ ᠤᠰᠤᠨ ᠠᠰᠢᠬᠯᠠᠯᠲᠠ ᠵᠢᠨ ᠶᠠᠮᠤᠨ᠎ᠤ ᠳᠡᠳ᠋ ᠰᠠᠶ᠋ᠢᠳ ᠯᠢᠦ ᠸᠧᠢ ᠫᠢᠩ ᠬᠤᠷᠠᠯ᠎ᠢ ᠡᠷᠬᠢᠯᠡᠪᠡ᠃

   ᠬᠤᠷᠠᠯ᠎ᠠᠴᠠ ᠴᠢᠬᠤᠯᠠᠴᠢᠯᠠᠭᠰᠠᠨ᠎ᠨᠢ᠂ ᠤᠰᠤᠨ ᠴᠥᠭᠦᠷᠥᠮ᠎ᠤᠨ ᠦᠶᠡᠷ᠎ᠢ ᠠᠮᠤᠷ ᠲᠦᠪᠰᠢᠨ ᠵᠶ᠋ᠠᠷ ᠥᠩᠭᠡᠷᠡᠭᠦᠯᠬᠦ᠎ᠨᠢ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ ᠵᠢᠨ ᠠᠮᠤᠷ ᠲᠦᠪᠰᠢᠨ᠎ᠲᠠᠢ ᠬᠤᠯᠪᠣᠭᠳᠠᠨ᠎ᠠ᠂ ᠬᠠᠷᠢᠭᠤᠴᠠᠯᠭ᠎ᠠ ᠲᠦᠢ᠍ᠯ᠎ᠤᠨ ᠬᠦᠨᠳᠦ ᠶᠡᠭᠡ ᠪᠣᠯᠬᠤᠷ ᠡᠷᠬᠡᠪᠰᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠤᠷᠣᠮᠬᠠᠨ ᠵᠠᠭᠤᠷ᠎ᠠ ᠴᠤ᠌ ᠰᠤᠯᠠᠷᠠᠭᠤᠯᠵᠤ ᠪᠣᠯᠬᠤ ᠦᠭᠡᠢ᠃  ᠭᠠᠮᠰᠢᠭ᠎ᠢ ᠰᠡᠷᠭᠡᠶ᠋ᠢᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ ᠪᠠ ᠤᠰᠤᠨ ᠴᠥᠭᠦᠷᠥᠮ᠎ᠤᠨ ᠠᠮᠤᠷ ᠲᠦᠪᠰᠢᠨ᠎ᠤ ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠶᠤᠯ ᠲᠦᠭᠰᠢᠭᠦᠷᠢ ᠵᠢᠨ ᠤᠬᠠᠮᠰᠠᠷ᠂ ᠰᠠᠨᠠᠭ᠋ᠠᠰᠢᠷᠠᠨ ᠵᠣᠪᠠᠨᠢᠬᠤ ᠤᠬᠠᠮᠰᠠᠷ ᠵᠶ᠋ᠠᠨ ᠦᠨᠡᠨ ᠬᠦ᠌ ᠴᠢᠩᠭ᠋ᠠᠳᠬᠠᠵᠤ᠂ ᠬᠤᠷᠢᠭ᠎ᠠ ᠱᠤᠭᠤᠮ᠎ᠤᠨ ᠰᠡᠳᠬᠢᠬᠦᠢ᠂ ᠲᠤᠶ᠋ᠢᠯᠰᠢᠷᠠᠯ᠎ᠤᠨ ᠰᠡᠳᠬᠢᠬᠦᠢ ᠵᠢ ᠪᠠᠲᠤ ᠪᠤᠢ ᠪᠣᠯᠭ᠋ᠠᠵᠤ᠂ ᠴᠢᠨᠠᠷ ᠰᠠᠶ᠋ᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢ ᠨᠢᠭᠡᠳᠦᠯᠲᠡᠢ        ᠲᠥᠯᠥᠪᠵᠢᠭᠦᠯᠵᠦ᠂ ᠤᠰᠤᠨ ᠴᠥᠭᠦᠷᠥᠮ᠎ᠤᠨ ᠦᠶᠡᠷ᠎ᠢ ᠠᠮᠤᠷ ᠲᠦᠪᠰᠢᠨ ᠵᠶ᠋ᠠᠷ ᠥᠩᠭᠡᠷᠡᠭᠦᠯᠬᠦ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ 《ᠴᠠᠭ ᠢᠮᠠᠭᠲᠠ ᠰᠡᠳᠬᠢᠯ ᠠᠮᠤᠷ ᠦᠭᠡᠢ ᠪᠠᠶ᠋ᠢᠬᠤ》 ᠬᠠᠷᠢᠭᠤᠴᠠᠯᠭ᠋ᠠᠲᠤ ᠰᠡᠳᠬᠢᠯᠭᠡ ᠵᠢ 《ᠶᠠᠪᠤᠳᠠᠯ ᠪᠦᠬᠦᠨ᠎ᠳᠤ ᠳᠤᠳᠤᠷ᠎ᠠ᠎ᠪᠠᠨ ᠲᠣᠭ᠎ᠠ᠎ᠲᠠᠢ ᠪᠠᠢ᠌ᠬᠤ》 ᠠᠵᠢᠯᠯᠠᠭ᠋ᠠᠨ᠎ᠤ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠵᠤ᠂ ᠤᠰᠤᠨ ᠴᠥᠭᠦᠷᠥᠮ᠎ᠤᠨ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠡᠷᠡᠰ ᠪᠠᠲᠤ ᠰᠠᠬᠢᠵᠤ᠂ ᠤᠰᠤᠨ ᠴᠥᠭᠦᠷᠥᠮ᠎ᠤᠨ ᠦᠶᠡᠷ᠎ᠢ ᠠᠮᠤᠷ ᠲᠦᠪᠰᠢᠨ ᠵᠶ᠋ᠠᠷ ᠥᠩᠭᠡᠷᠡᠭᠦᠯᠬᠦ ᠵᠢ ᠦᠨᠡᠨ ᠬᠦ᠌ ᠪᠠᠲᠤᠯᠠᠵᠤ᠂ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠵᠡᠢ᠃

   ᠬᠤᠷᠠᠯ᠎ᠠᠴᠠ ᠱᠠᠭ᠋ᠠᠷᠳᠠᠭᠰᠠᠨ᠎ᠨᠢ᠂ ᠤᠰᠤᠨ ᠴᠥᠭᠦᠷᠥᠮ᠎ᠳᠤ ᠪᠦᠬᠦᠨ᠎ᠢ ᠬᠠᠮᠤᠷᠤᠭᠰᠠᠨ᠂ ᠪᠦᠬᠦ ᠡᠯᠧᠮᠧᠨ᠋ᠲ᠂ ᠪᠦᠬᠦᠯᠢ ᠡᠳᠦᠷ᠎ᠤᠨ᠂ ᠪᠦᠬᠦ ᠦᠶᠡᠯᠡᠯ᠎ᠤᠨ ᠬᠤᠭᠤᠴᠠᠭ᠋ᠠᠨ᠎ᠤ ᠬᠠᠮᠢᠶᠠᠷᠤᠯᠲᠠ ᠵᠢ ᠬᠡᠷᠡᠭᠵᠢᠭᠦᠯᠵᠦ᠂ ᠪᠠᠶ᠋ᠢᠭᠤᠯᠤᠯ᠂ ᠲᠣᠭᠲᠠᠴᠠ᠂ ᠬᠠᠥᠯᠢ᠎ᠪᠠᠷ ᠵᠠᠰᠠᠬᠤ᠂ ᠬᠠᠷᠢᠭᠤᠴᠠᠯᠭ᠎ᠠ ᠵᠢᠨ ᠲᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠤᠷᠢᠳᠴᠢᠯᠠᠨ ᠮᠡᠳᠡᠭᠡᠯᠡᠬᠦ᠂  ᠤᠷᠢᠳᠴᠢᠯᠠᠨ ᠰᠡᠷᠡᠮᠵᠢᠯᠡᠭᠦᠯᠬᠦ᠂ ᠪᠡᠯᠡᠳᠬᠡᠯ ᠲᠥᠰᠦᠯ᠎ᠤᠨ ᠠᠷᠭ᠎ᠠ ᠬᠡᠮᠵᠢᠶ᠎ᠡ ᠵᠢ ᠴᠢᠩᠭ᠋ᠠᠳᠬᠠᠵᠤ᠂ ᠠᠶᠤᠯ᠎ᠢ ᠠᠷᠢᠯᠭ᠋ᠠᠬᠤ᠂ ᠪᠡᠶ᠎ᠡ ᠵᠢᠨ ᠪᠠᠶ᠋ᠢᠴᠠᠭ᠋ᠠᠯᠲᠠ᠂ ᠬᠠᠮᠠᠭ᠋ᠠᠯᠠᠯᠲᠠ᠂ ᠠᠮᠤᠷ ᠲᠦᠪᠰᠢᠨ᠎ᠤ ᠠᠵᠢᠯ᠎ᠢ ᠴᠢᠩᠭ᠋ᠠᠳᠬᠠᠵᠤ᠂ ᠣᠳᠣᠬᠢᠴᠢᠯᠠᠭᠰᠠᠨ ᠤᠰᠤᠨ ᠴᠥᠭᠦᠷᠥᠮ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠡᠩᠨᠡᠭᠡ ᠵᠢ ᠲᠦᠷᠭᠡᠨ ᠪᠠᠶ᠋ᠢᠭᠤᠯᠵᠤ᠂ ᠤᠰᠤᠨ ᠴᠥᠭᠦᠷᠥᠮ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢ ᠨᠠᠷᠢᠯᠢᠭᠵᠢᠭᠤᠯᠬᠤ᠂ ᠮᠡᠳᠡᠭᠡ ᠵᠠᠩᠭᠢᠴᠢᠯᠠᠯᠲᠠ᠂ ᠣᠳᠣᠬᠢᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃  ᠤᠰᠤᠨ ᠴᠥᠭᠦᠷᠥᠮ᠎ᠤᠨ ᠦᠶᠡᠷ᠎ᠢ ᠠᠮᠤᠷ ᠲᠦᠪᠰᠢᠨ ᠵᠶ᠋ᠠᠷ ᠥᠩᠭᠡᠷᠡᠭᠦᠯᠬᠦ ᠬᠠᠷᠢᠭᠤᠴᠠᠯᠭ᠎ᠠ ᠵᠢ ᠴᠢᠩᠭ᠎ᠠ         ᠨᠠᠶ᠋ᠢᠳᠠᠪᠤᠷᠢᠵᠢᠭᠤᠯᠵᠤ᠂ ᠦᠶᠡᠷ᠎ᠤᠨ ᠡᠮᠦᠨᠡᠬᠢ᠂ ᠦᠶᠡᠷ᠎ᠤᠨ ᠳᠤᠮᠳᠠ᠂ ᠦᠶᠡᠷ᠎ᠤᠨ ᠳᠠᠷᠠᠭ᠋ᠠᠬᠢ ᠪᠠᠶ᠋ᠢᠴᠠᠭ᠋ᠠᠯᠲᠠ ᠵᠢᠨ ᠲᠣᠭᠲᠠᠴᠠ ᠵᠢ ᠪᠦᠷᠢᠨᠰᠢᠭᠦᠯᠵᠦ᠂ ᠤᠰᠤᠨ ᠴᠥᠭᠦᠷᠥᠮ᠎ᠤᠨ ᠶᠡᠭᠡ ᠬᠠᠰᠢᠯᠭ᠎ᠠ᠂ ᠦᠶᠡᠷ ᠵᠠᠯᠠᠬᠤ ᠵᠠᠮ᠂ ᠬᠡᠢ ᠲᠠᠯᠪᠢᠬᠤ ᠪᠡᠯᠡᠳᠬᠡᠮᠵᠢ ᠵᠢᠴᠢ ᠨᠦᠯᠦᠮᠡᠯ ᠭᠠᠵᠠᠷ᠎ᠤᠨ ᠬᠠᠰᠢᠯᠭ᠎ᠠ ᠵᠡᠷᠭᠡ ᠵᠠᠩᠭᠢᠯᠠᠭ᠎ᠠ ᠵᠢᠨ ᠬᠡᠰᠡᠭ᠎ᠤᠨ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ᠎ᠪᠠᠨ ᠴᠢᠩᠭ᠋ᠠᠳᠬᠠᠬᠤ ᠬᠡᠷᠡᠭᠲᠡᠶ᠃  ᠠᠶᠤᠯ ᠭᠡᠮ᠎ᠲᠠᠢ ᠤᠰᠤᠨ ᠴᠥᠭᠦᠷᠥᠮ᠎ᠤᠨ ᠠᠶᠤᠯ᠎ᠢ ᠠᠷᠢᠯᠭ᠋ᠠᠨ ᠪᠠᠬᠢᠵᠢᠭᠦᠯᠬᠦ ᠵᠢ ᠲᠦᠷᠭᠡᠳᠬᠡᠨ ᠠᠬᠢᠭᠤᠯᠵᠤ᠂ ᠤᠰᠤᠨ ᠴᠥᠭᠦᠷᠥᠮ᠎ᠤᠨ ᠳᠠᠯᠳᠠ ᠭᠡᠮ᠎ᠢ ᠵᠠᠰᠠᠬᠤ ᠠᠵᠢᠯ᠎ᠢ ᠪᠠᠶ᠋ᠢᠩᠭᠤᠵᠢᠭᠤᠯᠤᠨ ᠥᠷᠨᠢᠭᠦᠯᠵᠦ᠂ ᠠᠶᠤᠯ ᠭᠡᠮ᠎ᠲᠠᠢ ᠤᠰᠤᠨ ᠴᠥᠭᠦᠷᠥᠮ᠎ᠢ ᠬᠢᠵᠠᠭ᠋ᠠᠷᠯᠠᠨ ᠬᠡᠷᠡᠭᠯᠡᠬᠦ᠂ ᠦᠶᠡᠷ᠎ᠢ ᠠᠮᠤᠷ ᠲᠦᠪᠰᠢᠨ ᠵᠶ᠋ᠠᠷ ᠥᠩᠭᠡᠷᠡᠭᠦᠯᠬᠦ ᠠᠷᠭ᠎ᠠ ᠬᠡᠮᠵᠢᠶ᠎ᠡ ᠪᠠ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠶ᠃  ᠤᠰᠤᠨ ᠴᠥᠭᠦᠷᠥᠮ᠎ᠤᠨ ᠪᠠᠭᠲᠠᠭ᠋ᠠᠮᠵᠢ ᠵᠢᠨ ᠬᠠᠮᠢᠶᠠᠷᠤᠯᠲᠠ ᠵᠢ ᠪᠥᠬᠦ ᠲᠠᠯ᠎ᠠ᠎ᠪᠠᠷ ᠴᠢᠩᠭ᠋ᠠᠳᠬᠠᠵᠤ᠂ ᠭᠤᠤᠯ ᠮᠥᠷᠡᠨ ᠨᠠᠭᠤᠷ ᠴᠥᠭᠦᠷᠥᠮ᠎ᠤᠨ 《ᠳᠤᠷ᠎ᠠ᠎ᠪᠠᠷ ᠦᠢ᠍ᠯᠡᠳᠬᠦ ᠳᠥᠷᠪᠡ ᠵᠢ ᠴᠡᠪᠡᠷᠯᠡᠬᠦ》 ᠵᠢ ᠪᠠᠶ᠋ᠢᠩᠭᠤᠵᠢᠭᠤᠯᠤᠨ ᠵᠢᠷᠤᠮᠵᠢᠭᠤᠯᠬᠤ ᠵᠢ ᠭᠦᠨᠵᠡᠭᠡᠶ ᠠᠬᠢᠭᠤᠯᠵᠤ᠂ ᠴᠥᠭᠦᠷᠥᠮ᠎ᠤᠨ ᠣᠷᠣᠨ᠎ᠤ ᠪᠥᠲᠥᠭᠡᠨ ᠪᠠᠶ᠋ᠢᠭᠤᠯᠤᠯᠲᠠ ᠬᠠᠮᠢᠶᠠᠷᠤᠯᠲᠠ ᠵᠢᠨ ᠠᠵᠢᠯᠯᠠᠭ᠎ᠠ ᠵᠢ ᠲᠣᠭᠲᠠᠭ᠋ᠠᠯ᠎ᠠᠴᠠ ᠵᠥᠷᠢᠴᠡᠨ ᠦᠶᠡᠷ᠎ᠢ ᠰᠡᠷᠭᠡᠶ᠋ᠢᠯᠡᠬᠦ ᠴᠥᠭᠦᠷᠥᠮ᠎ᠤᠨ ᠪᠠᠭᠲᠠᠭ᠋ᠠᠮᠵᠢ ᠵᠢ ᠬᠡᠷᠡᠭᠯᠡᠬᠦ ᠵᠢ ᠴᠢᠩᠭ᠎ᠠ ᠴᠠᠭ᠋ᠠᠵᠠᠯᠠᠵᠤ᠂ ᠤᠰᠤᠨ ᠴᠥᠭᠦᠷᠥᠮ᠎ᠤᠨ ᠪᠠᠭᠲᠠᠭ᠋ᠠᠮᠵᠢ ᠵᠢᠨ ᠮᠤᠷᠤᠢ ᠱᠤᠭᠤᠮ᠎ᠢ ᠳᠠᠬᠢᠨ ᠬᠢᠨᠠᠬᠤ ᠵᠢ ᠲᠦᠷᠭᠡᠳᠬᠡᠨ᠂ ᠤᠰᠤᠨ ᠴᠥᠭᠦᠷᠥᠮ᠎ᠤᠨ ᠪᠠᠭᠲᠠᠭ᠋ᠠᠮᠵᠢ ᠵᠢᠨ ᠠᠮᠤᠷ ᠲᠦᠪᠰᠢᠨ᠂ ᠶᠡᠭᠡ ᠬᠠᠰᠢᠯᠭ᠎ᠠ ᠵᠢᠨ ᠠᠮᠤᠷ ᠲᠦᠪᠰᠢᠨ᠂ ᠭᠤᠤᠯ᠎ᠤᠨ ᠵᠠᠮ᠎ᠤᠨ ᠠᠮᠤᠷ ᠲᠦᠪᠰᠢᠨ᠎ᠢ ᠡᠷᠡᠰ ᠬᠠᠮᠠᠭ᠋ᠠᠯᠠᠬᠤ ᠬᠡᠷᠡᠭᠲᠡᠶ᠃  ᠤᠰᠤᠨ ᠴᠥᠭᠦᠷᠥᠮ᠎ᠤᠨ ᠦᠶᠡᠷ᠎ᠢ ᠰᠡᠷᠭᠡᠶ᠋ᠢᠯᠡᠬᠦ 《ᠳᠥᠷᠪᠡᠨ ᠤᠷᠢᠳᠴᠢᠯᠠᠭᠰᠠᠨ》 ᠠᠷᠭ᠎ᠠ ᠬᠡᠮᠵᠢᠶ᠎ᠡ ᠵᠢ ᠬᠦᠴᠦᠯᠡᠨ ᠴᠢᠩᠭ᠋ᠠᠳᠬᠠᠵᠤ᠂ ᠪᠣᠷᠣᠭ᠋ᠠᠨ᠎ᠤ ᠤᠰᠤᠨ᠎ᠤ ᠪᠠᠶ᠋ᠢᠳᠠᠯ᠎ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ 《ᠭᠤᠷᠪᠠᠨ ᠰᠡᠷᠭᠡᠶ᠋ᠢᠯᠡᠯᠲᠡ ᠵᠢᠨ ᠱᠤᠭᠤᠮ》᠎ᠢ ᠲᠦᠷᠭᠡᠳᠬᠡᠨ ᠪᠠᠶ᠋ᠢᠭᠤᠯᠵᠤ᠂ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠲᠣᠭᠲᠠᠴᠠ ᠵᠢ ᠲᠡᠭᠦᠯᠳᠡᠷᠵᠢᠭᠦᠯᠦᠨ᠂ ᠲᠣᠭ᠋ᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠤᠨ ᠵᠢᠯᠣᠭᠤᠳᠬᠤ᠎ᠳᠤ ᠳᠡᠮᠵᠢᠯᠭᠡ ᠬᠠᠩᠭ᠋ᠠᠬᠤ ᠬᠡᠷᠡᠭᠲᠡᠶ᠃ ᠤᠰᠤᠨ ᠴᠥᠭᠦᠷᠥᠮ᠎ᠤᠨ ᠦᠶᠡᠷ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠲᠣᠬᠢᠷᠠᠭᠤᠯᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠬᠡᠷᠡᠭᠵᠢᠭᠦᠯᠵᠦ᠂ ᠰᠠᠪᠠ ᠭᠠᠵᠠᠷ᠎ᠤᠨ ᠤᠰᠤᠨ ᠴᠥᠭᠦᠷᠥᠮ᠎ᠤᠨ ᠤᠯᠠᠨ ᠲᠦᠮᠡᠨ᠎ᠢ ᠨᠢᠭᠡᠳᠦᠯᠲᠡᠢ ᠲᠤᠬᠢᠷᠠᠭᠤᠯᠬᠤ᠂ ᠬᠤᠯᠪᠣᠭ᠋ᠠᠯᠠᠨ ᠲᠤᠬᠢᠷᠠᠭᠤᠯᠬᠤ᠂ ᠤᠨᠢᠨ ᠳᠡᠭᠡᠷ᠎ᠡ᠎ᠨᠢ ᠲᠤᠬᠢᠷᠠᠭᠤᠯᠬᠤ ᠵᠢ ᠴᠢᠩᠭ᠋ᠠᠳᠬᠠᠵᠤ᠂ ᠦᠶᠡᠷ᠎ᠤᠨ ᠤᠰᠤᠨ ᠲᠦᠪᠰᠢᠨ᠎ᠢ ᠬᠢᠵᠠᠭ᠋ᠠᠷᠯᠠᠬᠤ ᠰᠦᠯᠵᠢᠶᠡᠨ ᠳᠡᠭᠡᠷᠡᠬᠢ ᠬᠢᠨᠠᠯᠲᠠ ᠬᠠᠮᠢᠶᠠᠷᠤᠯᠲᠠ ᠵᠢ ᠦᠷᠭᠦᠯᠵᠢᠯᠡᠨ ᠥᠷᠨᠢᠭᠦᠯᠵᠦ᠂ ᠭᠤᠣᠯ ᠦᠶᠡᠷ᠎ᠤᠨ ᠬᠤᠭᠤᠴᠠᠭ᠋ᠠᠨ᠎ᠤ ᠡᠮᠵᠡᠭ ᠠᠶᠤᠯ᠎ᠲᠠᠢ ᠤᠰᠤᠨ ᠴᠥᠭᠦᠷᠥᠮ᠎ᠢ ᠵᠠᠷᠴᠢᠮ ᠳᠡᠭᠡᠷ᠎ᠡ᠎ᠪᠠᠨ ᠴᠥᠮ ᠬᠤᠭᠤᠰᠤᠨ ᠪᠣᠯᠭ᠋ᠠᠬᠤ ᠬᠡᠷᠡᠭᠲᠡᠢ᠃ ᠪᠠᠷᠢᠮᠵᠢᠶ᠎ᠠ᠎ᠠᠴᠠ ᠬᠡᠲᠦᠷᠡᠭᠦᠯᠦᠨ ᠦᠶᠡᠷ᠎ᠢ ᠰᠡᠷᠭᠡᠶ᠋ᠢᠯᠡᠬᠦ ᠪᠡᠯᠡᠳᠬᠡᠯ᠎ᠢ ᠪᠦᠲᠦᠮᠵᠢᠲᠡᠶ ᠰᠠᠶ᠋ᠢᠲᠤᠷ ᠬᠢᠵᠦ᠂ ᠤᠰᠤᠨ ᠴᠥᠭᠦᠷᠥᠮ᠎ᠤᠨ ᠪᠠᠷᠢᠮᠵᠢᠶ᠎ᠠ᠎ᠠᠴᠠ ᠬᠡᠲᠦᠷᠡᠭᠦᠯᠦᠨ ᠦᠶᠡᠷ᠎ᠢ ᠰᠡᠷᠭᠡᠶ᠋ᠢᠯᠡᠬᠦ ᠪᠡᠯᠡᠳᠬᠡᠯ ᠲᠥᠰᠦᠯ᠎ᠢ ᠨᠢᠭᠡᠳ ᠨᠢᠭᠡ᠎ᠪᠠᠷ ᠲᠡᠭᠦᠯᠳᠡᠷᠵᠢᠭᠦᠯᠵᠦ᠂ ᠤᠰᠤᠨ ᠴᠥᠭᠦᠷᠥᠮ᠎ᠢ ᠲᠣᠭᠤᠷᠢᠨ ᠪᠠᠶ᠋ᠢᠴᠠᠭ᠋ᠠᠵᠤ ᠠᠶᠤᠯ᠎ᠠᠴᠠ ᠠᠪᠤᠷᠠᠬᠤ ᠵᠢ ᠴᠢᠩᠭ᠋ᠠᠳᠬᠠᠵᠤ᠂ ᠠᠶᠤᠯ᠎ᠠᠴᠠ ᠠᠪᠤᠷᠠᠬᠤ ᠠᠵᠢᠯᠲᠠᠨ᠂ ᠮᠠᠲ᠋ᠧᠷᠢᠶᠠᠯ᠂ ᠲᠥᠬᠦᠭᠡᠷᠦᠮᠵᠢ ᠵᠢ ᠤᠷᠢᠳᠴᠢᠯᠠᠨ ᠲᠣᠬᠢᠷᠠᠭᠤᠯᠵᠤ᠂ ᠤᠰᠤᠨ ᠴᠥᠭᠦᠷᠥᠮ᠎ᠤᠨ ᠬᠠᠰᠢᠯᠭ᠎ᠠ ᠨᠤᠷᠠᠬᠤ ᠵᠢ ᠡᠷᠡᠰ ᠰᠡᠷᠭᠡᠶ᠋ᠢᠯᠡᠬᠦ ᠬᠡᠷᠡᠭᠲᠡᠶ ᠭᠡᠵᠡᠢ᠃

   ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠂ ᠤᠰᠤᠨ ᠠᠰᠢᠭᠯᠠᠯᠲᠠ ᠵᠢᠨ ᠶᠠᠮᠤᠨ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠶᠠᠮᠤᠨ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠂ ᠤᠯᠤᠰ᠎ᠤᠨ ᠡᠨᠧᠷᠭᠢ ᠵᠢᠨ ᠲᠣᠪᠴᠢᠶᠠᠨ᠎ᠤ ᠬᠤᠯᠪᠣᠭᠳᠠᠯ ᠪᠦᠬᠦᠢ ᠵᠤᠷᠭ᠋ᠠᠨ ᠲᠣᠪᠴᠢᠶᠠᠨ᠎ᠤ ᠬᠠᠷᠢᠭᠤᠴᠠᠯᠭ᠋ᠠᠲᠠᠨ᠂ ᠤᠯᠤᠰ᠎ᠤᠨ ᠴᠠᠬᠢᠯᠭ᠋ᠠᠨ ᠲᠣᠣᠷ᠂ ᠳᠤᠮᠳᠠᠳᠤ ᠤᠯᠤᠰ᠎ᠤᠨ ᠬᠤᠸᠠ ᠨᠧᠩ᠂ ᠳᠤᠮᠳᠠᠳᠤ ᠤᠯᠤᠰ᠎ᠤᠨ ᠳ᠋ᠠ ᠲᠠᠩ᠂ ᠳᠤᠮᠳᠠᠳᠤ ᠤᠯᠤᠰ᠎ᠤᠨ ᠬᠤᠸᠠ ᠳ᠋ᠢᠶᠠᠨ᠂ ᠤᠯᠤᠰ᠎ᠤᠨ ᠴᠠᠬᠢᠯᠭ᠋ᠠᠨ ᠬᠦᠴᠦᠨ᠎ᠤ ᠪᠡᠯᠡ ᠣᠷᠣᠭᠤᠯᠤᠯᠲᠠ᠂ ᠤᠯᠤᠰ᠎ᠤᠨ ᠡᠨᠧᠷᠭᠢ ᠵᠢᠨ ᠪᠦᠯᠦᠭᠯᠡᠯ ᠵᠡᠷᠭᠡ ᠨᠢᠭᠡᠴᠢ ᠵᠢᠨ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ ᠭᠤᠣᠯ ᠬᠤᠷᠠᠯ᠎ᠤᠨ ᠲᠠᠯᠠᠪᠠᠢ᠎ᠳᠤ ᠬᠤᠷᠠᠯ᠎ᠳᠤ ᠣᠷᠣᠯᠴᠠᠵᠠᠢ᠃  ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠤᠰᠤᠨ ᠠᠰᠢᠭᠯᠠᠯᠲᠠ (ᠤᠰᠤᠨ᠎ᠤ ᠶᠠᠪᠤᠳᠠᠯ) ᠵᠢᠨ ᠲᠢᠩᠬᠢᠮ (ᠲᠣᠪᠴᠢᠶ᠎ᠠ)᠂ ᠰᠢᠨᠵᠢᠶᠠᠩ᠎ᠤᠨ ᠦᠢ᠍ᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠤᠰᠤᠨ ᠠᠰᠢᠭᠯᠠᠯᠲᠠ ᠵᠢᠨ ᠲᠣᠪᠴᠢᠶ᠎ᠠ᠂ ᠡᠯ᠎ᠡ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠪᠠ ᠰᠢᠶᠤᠤ ᠯᠠᠩ ᠳ᠋ᠢ ᠤᠰᠤᠨ ᠠᠰᠢᠭᠯᠠᠯᠲᠠ ᠵᠢᠨ ᠬᠦᠢ᠍ᠰᠦ ᠵᠢᠨ ᠬᠠᠮᠢᠶᠠᠷᠤᠯᠲᠠ ᠵᠢᠨ ᠲᠥᠪ᠎ᠤᠨ ᠬᠠᠷᠢᠭᠤᠴᠠᠯᠭ᠋ᠠᠲᠠᠨ ᠨᠥᠬᠦᠳ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ᠎ᠤᠨ ᠠᠵᠢᠯᠲᠠᠨ᠂ ᠳᠤᠮᠳᠠᠳᠤ ᠤᠯᠤᠰ᠎ᠤᠨ ᠭᠤᠷᠪᠠᠨ ᠬᠠᠪᠴᠢᠯ᠎ᠤᠨ ᠪᠦᠯᠦᠭᠯᠡᠯ᠂ ᠡᠮᠦᠨᠡᠲᠦ ᠣᠷᠣᠨ᠎ᠤ ᠴᠠᠬᠢᠯᠭ᠋ᠠᠨ ᠲᠣᠤᠷ᠎ᠤᠨ ᠬᠠᠷᠢᠭᠤᠴᠠᠯᠭ᠋ᠠᠲᠠᠨ ᠡᠯ᠎ᠡ ᠭᠠᠵᠠᠷ᠎ᠤᠨ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃

 

ᠢᠷᠡᠯᠲᠡ᠄ ᠰᠢᠨᠬᠤᠸᠠ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢᠨᠬᠤᠸᠠ ᠬᠣᠷᠢᠶ᠎ᠠ᠄ ᠵᠦᠵᠢᠶᠠᠩ ᠮᠦᠷᠡᠨ᠎ᠤ ᠰᠠᠪᠠ ᠭᠠᠵᠠᠷ᠎ᠤᠨ ᠪᠧᠶ᠋ᠢᠵᠢᠶᠠᠩ᠎ᠳᠤ 2 ᠳ᠋ᠤᠭ᠋ᠠᠷ ᠨᠣᠮᠧᠷᠲᠤ ᠦᠶᠡᠷ᠎ᠤᠨ ᠤᠰᠤ ᠡᠭᠦᠰᠴᠡᠶ
ᠠᠷᠠᠳ᠎ᠤᠨ ᠡᠳᠦᠷ᠎ᠤᠨ ᠰᠣᠨᠢᠨ᠄ ᠱᠠᠨᠳᠦᠢ᠍ᠩ᠎ᠤᠨ ᠣᠳᠣ ᠦᠶ᠎ᠡ ᠵᠢᠨ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ᠎ᠳᠤ ᠤᠯᠤᠰ᠎ᠤᠨ ᠵᠢᠭᠡᠯᠡᠯᠭᠡ ᠵᠢ ᠨᠡᠮᠡᠵᠦ ᠲᠠᠷᠬᠠᠭ᠋ᠠᠵᠤ ᠤᠰᠤᠨ ᠠᠰᠢᠭᠯᠠᠯᠲᠠ ᠵᠢᠨ 120 ᠲᠦᠰᠦᠯ᠎ᠢ ᠳᠡᠮᠵᠢᠪᠡ
ᠠᠷᠠᠳ᠎ᠤᠨ ᠡᠳᠦᠷ᠎ᠤᠨ ᠰᠣᠨᠢᠨ᠄ ᠱᠤ᠌ ᠵᠢᠨ ᠤᠰᠤ ᠵᠢ ᠵᠡᠭᠦᠨᠰᠢ ᠲᠠᠲᠠᠬᠤ ᠢᠨᠵᠧᠨᠧᠷᠢᠩ᠎ᠨᠢ ᠱᠠᠨᠳᠦ᠋ᠩ ᠮᠣᠵᠢ ᠵᠢᠨ ᠿᠢ ᠵᠣᠣ ᠵᠢᠨ ᠪᠠᠴᠢᠮ ᠪᠠᠢ᠌ᠳᠠᠯ᠎ᠢ ᠠᠷᠭ᠋ᠠᠴᠠᠬᠤ 2450 ᠲᠦᠮᠡᠨ ᠪᠤᠰᠤᠭ᠎ᠠ ᠳᠦᠷᠪᠡᠯᠵᠢᠨ ᠮᠧᠲᠷ ᠤᠰᠤ ᠲᠠᠲᠠᠵᠦ ᠤᠰᠤᠨ᠎ᠤ ᠬᠠᠩᠭ᠋ᠠᠯᠲᠠ ᠵᠢᠨ ᠪᠠᠴᠢᠮ ᠪᠠᠢ᠌ᠳᠠᠯ᠎ᠢ ᠪᠦᠲᠦᠮᠵᠢᠲᠡᠢ ᠨᠠᠮᠳᠠᠭᠤᠯᠪᠠ
ᠰᠢᠨᠬᠤᠸᠠ ᠬᠤᠷᠢᠶ᠎ᠠ᠄ ᠤᠰᠤᠨ ᠠᠰᠢᠭᠯᠠᠯᠲᠠ ᠵᠢᠨ ᠶᠠᠮᠤᠨ 8 ᠮᠤᠵᠢ᠎ᠳᠤ ᠴᠢᠭᠯᠡᠭᠦᠯᠦᠨ ᠭᠠᠩ ᠬᠠᠭᠰᠠᠷᠭ᠋ᠠᠨ᠎ᠢ ᠰᠡᠷᠭᠡᠶ᠋ᠢᠯᠡᠬᠦ Ⅳ ᠲᠠᠰ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠵᠢ ᠬᠡᠷᠡᠭᠵᠢᠭᠦᠯᠪᠡ
ᠰᠢᠨᠬᠤᠸᠠ ᠬᠤᠷᠢᠶ᠎ᠠ᠄ ᠭᠤᠷᠪᠠᠨ ᠶᠡᠭᠡ ᠰᠠᠪᠠ ᠭᠠᠵᠠᠷ᠎ᠤᠨ ᠡᠵᠡᠮᠰᠢᠯ᠎ᠤᠨ ᠴᠢᠨᠠᠷᠲᠠᠶ ᠤᠰᠤᠨ ᠴᠥᠭᠦᠷᠥᠮ᠎ᠢ ᠭᠠᠩ ᠬᠠᠭᠰᠠᠷᠠᠭ᠋ᠠᠨ᠎ᠲᠠᠢ ᠲᠡᠮᠡᠴᠡᠬᠦ ᠲᠣᠬᠢᠷᠠᠭᠤᠯᠤᠯᠲᠠ ᠵᠢᠨ ᠵᠠᠭᠪᠤᠷ᠎ᠲᠤ ᠪᠥᠬᠦ ᠲᠠᠯ᠎ᠠ᠎ᠪᠠᠷ ᠣᠷᠣᠭᠤᠯᠪᠠ
 
            