ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠰᠢᠨᠬᠤᠸᠠ ᠬᠣᠷᠢᠶ᠎ᠠ᠄ ᠵᠦᠵᠢᠶᠠᠩ ᠮᠦᠷᠡᠨ᠎ᠤ ᠰᠠᠪᠠ ᠭᠠᠵᠠᠷ᠎ᠤᠨ ᠪᠧᠶ᠋ᠢᠵᠢᠶᠠᠩ᠎ᠳᠤ 2 ᠳ᠋ᠤᠭ᠋ᠠᠷ ᠨᠣᠮᠧᠷᠲᠤ ᠦᠶᠡᠷ᠎ᠤᠨ ᠤᠰᠤ ᠡᠭᠦᠰᠴᠡᠶ
ᠨᠡᠶ᠋ᠢᠲᠡᠯᠡᠭᠰᠡᠨ ᠴᠠᠭ᠄ 2024-04-24

   ᠤᠰᠤᠨ ᠠᠰᠢᠭᠯᠠᠯᠲᠠ ᠵᠢᠨ ᠶᠠᠮᠤᠨ ᠦᠶᠡᠷ᠎ᠤᠨ ᠪᠠᠶ᠋ᠢᠳᠠᠯ᠎ᠤᠨ ᠮᠡᠳᠡᠭᠡᠯᠡᠯ᠎ᠢ ᠨᠡᠶ᠋ᠢᠲᠡᠯᠡᠵᠦ᠂ 20᠎ᠤ ᠡᠳᠦᠷ᠎ᠤᠨ 20 ᠴᠠᠭ 45 ᠮᠢᠨᠦᠢ᠍ᠲ᠎ᠲᠤ ᠵᠦᠵᠢᠶᠠᠩ ᠮᠥᠷᠡᠨ᠎ᠤ ᠰᠠᠪᠠ ᠭᠠᠵᠠᠷ᠎ᠤᠨ ᠪᠧᠶ᠋ᠢᠵᠢᠶᠠᠩ ᠮᠥᠷᠡᠨ᠎ᠤ ᠭᠣᠣᠯ ᠤᠷᠤᠰᠬᠠᠯ᠎ᠤᠨ ᠱ᠌ᠢ ᠵᠢᠶᠣᠣ ᠤᠰᠤᠨ ᠰᠢᠨᠵᠢᠯᠡᠭᠡᠨ᠎ᠤ ᠥᠷᠲᠡᠭᠡ ᠵᠢᠨ ᠤᠷᠤᠰᠬᠠᠯ᠎ᠤᠨ ᠬᠡᠮᠵᠢᠶ᠎ᠡ ᠨᠡᠮᠡᠭᠳᠡᠭᠡᠳ ᠰᠧᠺᠦ᠋ᠨ᠋ᠳ᠋ ᠪᠦᠷᠢ᠎ᠳᠤ 12000 ᠪᠣᠰᠣᠭ᠎ᠠ ᠳᠥᠷᠪᠡᠯᠵᠢᠨ ᠮᠧᠲᠷ ᠪᠣᠯᠵᠤ᠂ ᠪᠧᠶ᠋ᠢᠵᠢᠶᠠᠩ ᠮᠥᠷᠡᠨ᠎ᠳᠤ 2024 ᠣᠨ᠎ᠤ 2 ᠳ᠋ᠤᠭ᠋ᠠᠷ ᠨᠣᠮᠧᠷᠲᠤ ᠦᠶᠡᠷ᠎ᠤᠨ ᠤᠰᠤ ᠭᠠᠷᠴᠠᠢ᠃

   ᠣᠶ᠋ᠢᠷ᠎ᠠ ᠵᠢᠨ ᠡᠳᠦᠷ ᠰᠢᠷᠦᠭᠦᠨ ᠪᠣᠷᠣᠭ᠋ᠠᠨ᠎ᠤ ᠨᠥᠯᠥᠭᠡ᠎ᠪᠠᠷ ᠵᠦᠵᠢᠶᠠᠩ ᠮᠥᠷᠡᠨ᠎ᠤ ᠰᠠᠪᠠ ᠭᠠᠵᠠᠷ᠎ᠤᠨ  ᠤᠮᠠᠷᠠᠲᠤ ᠮᠥᠷᠡᠨ᠎ᠳᠤ ᠮᠡᠳᠡᠭᠳᠡᠮ᠎ᠡ ᠦᠶᠡᠷ᠎ᠤᠨ ᠤᠰᠤ ᠣᠷᠣᠭᠰᠠᠨ ᠪᠠᠶ᠋ᠢᠨ᠎ᠠ᠃ ᠤᠰᠤᠨ ᠠᠰᠢᠭᠯᠠᠯᠲᠠ ᠵᠢᠨ ᠶᠠᠮᠤᠨ ᠲᠤᠰ ᠡᠳᠦᠷ ᠦᠶᠡᠷ᠎ᠢ ᠰᠡᠷᠭᠡᠢ᠌ᠯᠡᠵᠤ ᠵᠥᠪᠳᠡᠯᠴᠡᠬᠦ ᠬᠤᠷᠠᠯ ᠬᠢᠵᠦ᠂ ᠲᠦᠷᠦᠭᠦᠬᠡᠨ ᠡᠬᠢᠯᠡᠭᠦᠯᠦᠭᠰᠡᠨ ᠦᠶᠡᠷ᠎ᠤᠨ ᠰᠡᠷᠭᠡᠢ᠌ᠯᠡᠯᠲᠡ ᠵᠢᠨ Ⅳ  ᠳᠡᠰ᠎ᠤᠨ ᠪᠠᠴᠢᠮ ᠪᠠᠢ᠌ᠳᠠᠯ᠎ᠢ ᠠᠷᠭ᠋ᠠᠴᠠᠬᠤ ᠵᠢᠨ ᠬᠠᠮᠲᠤ ᠭᠤᠸᠠᠩᠳᠦ᠋ᠩ ᠮᠣᠵᠢ ᠵᠢᠨ ᠤᠰᠤᠨ ᠠᠰᠢᠭᠯᠠᠯᠲᠠ ᠵᠢᠨ ᠲᠢᠩᠬᠢᠮ᠎ᠳᠤ ᠮᠡᠳᠡᠭᠳᠡᠯ ᠭᠠᠷᠭ᠋ᠠᠵᠤ᠂ ᠪᠧᠶ᠋ᠢᠵᠢᠶᠠᠩ᠎ᠤᠨ ᠳᠤᠭᠰᠢᠨ ᠪᠣᠷᠣᠭ᠋ᠠᠨ ᠦᠶᠡᠷ᠎ᠤᠨ ᠤᠰᠤ ᠵᠢ ᠰᠡᠷᠭᠡᠢ᠌ᠯᠡᠬᠦ ᠠᠵᠢᠯ᠎ᠢ ᠪᠠᠢ᠌ᠷᠢᠯᠠᠭᠤᠯᠵᠠᠢ᠃

   ᠤᠰᠤᠨ ᠠᠰᠢᠭᠯᠠᠯᠲᠠ ᠵᠢᠨ ᠶᠠᠮᠤᠨ᠎ᠤ ᠵᠦᠵᠢᠶᠠᠩ ᠮᠥᠷᠡᠨ᠎ᠤ ᠤᠰᠤᠨ ᠠᠰᠢᠭᠯᠠᠯᠲᠠ ᠵᠢᠨ ᠵᠥᠪᠯᠡᠯ᠎ᠨᠢ 20᠎ᠤ ᠡᠳᠦᠷ᠎ᠤᠨ 17 ᠴᠠᠭ᠎ᠲᠤ ᠦᠶᠡᠷ᠎ᠤᠨ ᠭᠠᠮᠰᠢᠭ᠎ᠢ ᠰᠡᠷᠭᠡᠢ᠌ᠯᠡᠬᠦ Ⅳ ᠳᠡᠰ᠎ᠤᠨ ᠪᠠᠴᠢᠮ ᠪᠠᠢ᠌ᠳᠠᠯ᠎ᠢ ᠠᠷᠭ᠋ᠠᠴᠠᠬᠤ ᠵᠢ Ⅲ  ᠳᠡᠰ ᠪᠣᠯᠭ᠋ᠠᠨ ᠳᠡᠭᠡᠭᠰᠢᠯᠡᠭᠦᠯᠵᠦ᠂ ᠭᠤᠸᠠᠩᠳᠦ᠋ᠩ ᠮᠣᠵᠢ ᠵᠢᠨ ᠤᠰᠤᠨ ᠠᠰᠢᠭᠯᠠᠯᠲᠠ ᠵᠢᠨ ᠲᠢᠩᠬᠢᠮ ᠵᠡᠷᠭᠡ ᠬᠣᠯᠪᠣᠭᠳᠠᠯ ᠪᠦᠬᠦᠢ ᠨᠢᠭᠡᠴᠢ ᠪᠣᠯᠤᠨ ᠰᠠᠯᠠᠭ᠎ᠠ ᠮᠥᠴᠢᠷ᠎ᠲᠠᠢ ᠬᠠᠮᠲᠤᠷᠠᠨ ᠤᠮᠠᠷᠠᠲᠤ ᠮᠥᠷᠡᠨ᠎ᠤ ᠳᠡᠭᠡᠳᠦ ᠤᠷᠤᠰᠬᠠᠯ᠎ᠤᠨ ᠤᠰᠤᠨ ᠴᠥᠭᠥᠷᠥᠮ᠎ᠤᠨ ᠦᠶᠡᠷ᠎ᠢ ᠬᠣᠷᠢᠭᠯᠠᠬᠤ᠂ ᠣᠷᠭᠢᠯ᠎ᠢ ᠠᠷᠢᠯᠭ᠋ᠠᠬᠤ᠂ ᠣᠷᠭᠢᠯ᠎ᠢ ᠵᠥᠷᠢᠭᠦᠯᠬᠦ ᠶᠠᠪᠤᠳᠠᠯ᠎ᠢ ᠲᠣᠬᠢᠷᠠᠭᠤᠯᠵᠤ᠂ ᠵᠠᠮ ᠳᠠᠭ᠋ᠠᠤ ᠡᠯ᠎ᠡ ᠭᠠᠵᠠᠷ᠎ᠤᠨ᠎ᠬᠢᠨ ᠲᠣᠭᠣᠷᠢᠨ ᠪᠠᠢ᠌ᠴᠠᠭ᠋ᠠᠵᠤ ᠰᠡᠷᠭᠡᠢ᠌ᠯᠡᠬᠦ ᠵᠢ ᠴᠢᠩᠭ᠋ᠠᠳᠬᠠᠨ᠂ ᠪᠧᠶ᠋ᠢᠵᠢᠶᠠᠩ᠎ᠤᠨ ᠭᠣᠣᠯ ᠤᠷᠤᠰᠬᠠᠯ᠎ᠤᠨ ᠦᠶᠡᠷ᠎ᠢ ᠰᠡᠷᠭᠡᠢ᠌ᠯᠡᠬᠦ ᠳᠠᠷᠤᠯᠲᠠ ᠵᠢ ᠪᠦᠬᠦ ᠬᠦᠴᠦᠨ ᠵᠶ᠋ᠠᠷ ᠵᠶ᠋ᠠᠨ᠂ ᠦᠶᠡᠷ ᠶᠠᠪᠤᠭᠤᠯᠬᠤ ᠠᠮᠤᠷ ᠲᠦᠪᠰᠢᠨ᠎ᠢ ᠦᠨᠡᠨᠬᠦ ᠪᠠᠲᠤᠯᠠᠬᠤ ᠬᠡᠷᠡᠭᠲᠡᠢ᠃

  4 ᠳ᠋ᠦ᠍ᠭᠡᠷ ᠰᠠᠷ᠎ᠠ ᠵᠢᠨ 7᠎ᠤ ᠡᠳᠦᠷ᠎ᠤᠨ 6 ᠴᠠᠭ 35 ᠮᠢᠨᠦ᠋ᠲ᠎ᠲᠤ᠂ ᠪᠧᠶ᠋ᠢᠵᠢᠶᠠᠩ᠎ᠳᠤ 2024 ᠣᠨ᠎ᠤ 1 ᠳ᠋ᠤᠭᠡᠷ ᠲᠣᠭ᠋ᠠᠲᠤ ᠦᠶᠡᠷ ᠭᠠᠷᠪᠠ᠂ ᠡᠨᠡ ᠪᠣᠯ ᠮᠠᠨ᠎ᠤ ᠤᠯᠤᠰ᠎ᠤᠨ ᠡᠨᠡ ᠵᠢᠯ᠎ᠤᠨ ᠭᠤᠤᠯ ᠮᠥᠷᠡᠨ᠎ᠳᠤ ᠠᠩᠬ᠎ᠠ ᠤᠳᠠᠭ᠎ᠠ ᠳ᠋ᠤᠭ᠋ᠠᠷᠯᠠᠭᠰᠠᠨ ᠦᠶᠡᠷ ᠪᠣᠯᠤᠨ᠎ᠠ᠂ ᠮᠥᠨ ᠴᠦ᠍ 1998 ᠣᠨ᠎ᠳᠤ ᠪᠥᠬᠦ ᠤᠯᠤᠰ᠎ᠲᠤ ᠳ᠋ᠤᠭ᠋ᠠᠷᠯᠠᠭᠰᠠᠨ ᠦᠶᠡᠷ᠎ᠤᠨ ᠭᠠᠮᠰᠢᠭ᠎ᠤᠨ ᠪᠦᠷᠢᠳᠬᠡᠯ᠎ᠢ ᠦᠨᠳᠦᠰᠦᠯᠡᠪᠡᠯ᠂ ᠬᠠᠮᠤᠭ᠎ᠤᠨ ᠡᠷᠲᠡ ᠡᠭᠦᠰᠦᠭᠰᠡᠨ ᠨᠢᠭᠡ ᠤᠳᠠᠭ᠎ᠠ ᠪᠣᠯᠤᠨ᠎ᠠ᠃

 

ᠢᠷᠡᠯᠲᠡ᠄ ᠰᠢᠨᠬᠤᠸᠠ ᠬᠤᠷᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠡᠳᠦᠷ᠎ᠤᠨ ᠰᠣᠨᠢᠨ᠄ ᠱᠠᠨᠳᠦᠢ᠍ᠩ᠎ᠤᠨ ᠣᠳᠣ ᠦᠶ᠎ᠡ ᠵᠢᠨ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ᠎ᠳᠤ ᠤᠯᠤᠰ᠎ᠤᠨ ᠵᠢᠭᠡᠯᠡᠯᠭᠡ ᠵᠢ ᠨᠡᠮᠡᠵᠦ ᠲᠠᠷᠬᠠᠭ᠋ᠠᠵᠤ ᠤᠰᠤᠨ ᠠᠰᠢᠭᠯᠠᠯᠲᠠ ᠵᠢᠨ 120 ᠲᠦᠰᠦᠯ᠎ᠢ ᠳᠡᠮᠵᠢᠪᠡ
ᠠᠷᠠᠳ᠎ᠤᠨ ᠡᠳᠦᠷ᠎ᠤᠨ ᠰᠣᠨᠢᠨ᠄ ᠱᠤ᠌ ᠵᠢᠨ ᠤᠰᠤ ᠵᠢ ᠵᠡᠭᠦᠨᠰᠢ ᠲᠠᠲᠠᠬᠤ ᠢᠨᠵᠧᠨᠧᠷᠢᠩ᠎ᠨᠢ ᠱᠠᠨᠳᠦ᠋ᠩ ᠮᠣᠵᠢ ᠵᠢᠨ ᠿᠢ ᠵᠣᠣ ᠵᠢᠨ ᠪᠠᠴᠢᠮ ᠪᠠᠢ᠌ᠳᠠᠯ᠎ᠢ ᠠᠷᠭ᠋ᠠᠴᠠᠬᠤ 2450 ᠲᠦᠮᠡᠨ ᠪᠤᠰᠤᠭ᠎ᠠ ᠳᠦᠷᠪᠡᠯᠵᠢᠨ ᠮᠧᠲᠷ ᠤᠰᠤ ᠲᠠᠲᠠᠵᠦ ᠤᠰᠤᠨ᠎ᠤ ᠬᠠᠩᠭ᠋ᠠᠯᠲᠠ ᠵᠢᠨ ᠪᠠᠴᠢᠮ ᠪᠠᠢ᠌ᠳᠠᠯ᠎ᠢ ᠪᠦᠲᠦᠮᠵᠢᠲᠡᠢ ᠨᠠᠮᠳᠠᠭᠤᠯᠪᠠ
ᠰᠢᠨᠬᠤᠸᠠ ᠬᠤᠷᠢᠶ᠎ᠠ᠄ ᠤᠰᠤᠨ ᠠᠰᠢᠭᠯᠠᠯᠲᠠ ᠵᠢᠨ ᠶᠠᠮᠤᠨ 8 ᠮᠤᠵᠢ᠎ᠳᠤ ᠴᠢᠭᠯᠡᠭᠦᠯᠦᠨ ᠭᠠᠩ ᠬᠠᠭᠰᠠᠷᠭ᠋ᠠᠨ᠎ᠢ ᠰᠡᠷᠭᠡᠶ᠋ᠢᠯᠡᠬᠦ Ⅳ ᠲᠠᠰ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠵᠢ ᠬᠡᠷᠡᠭᠵᠢᠭᠦᠯᠪᠡ
ᠰᠢᠨᠬᠤᠸᠠ ᠬᠤᠷᠢᠶ᠎ᠠ᠄ ᠭᠤᠷᠪᠠᠨ ᠶᠡᠭᠡ ᠰᠠᠪᠠ ᠭᠠᠵᠠᠷ᠎ᠤᠨ ᠡᠵᠡᠮᠰᠢᠯ᠎ᠤᠨ ᠴᠢᠨᠠᠷᠲᠠᠶ ᠤᠰᠤᠨ ᠴᠥᠭᠦᠷᠥᠮ᠎ᠢ ᠭᠠᠩ ᠬᠠᠭᠰᠠᠷᠠᠭ᠋ᠠᠨ᠎ᠲᠠᠢ ᠲᠡᠮᠡᠴᠡᠬᠦ ᠲᠣᠬᠢᠷᠠᠭᠤᠯᠤᠯᠲᠠ ᠵᠢᠨ ᠵᠠᠭᠪᠤᠷ᠎ᠲᠤ ᠪᠥᠬᠦ ᠲᠠᠯ᠎ᠠ᠎ᠪᠠᠷ ᠣᠷᠣᠭᠤᠯᠪᠠ
 
            