ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠠᠷᠠᠳ᠎ᠤᠨ ᠡᠳᠦᠷ᠎ᠤᠨ ᠰᠣᠨᠢᠨ᠄ ᠱᠠᠨᠳᠦᠢ᠍ᠩ᠎ᠤᠨ ᠣᠳᠣ ᠦᠶ᠎ᠡ ᠵᠢᠨ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ᠎ᠳᠤ ᠤᠯᠤᠰ᠎ᠤᠨ ᠵᠢᠭᠡᠯᠡᠯᠭᠡ ᠵᠢ ᠨᠡᠮᠡᠵᠦ ᠲᠠᠷᠬᠠᠭ᠋ᠠᠵᠤ ᠤᠰᠤᠨ ᠠᠰᠢᠭᠯᠠᠯᠲᠠ ᠵᠢᠨ 120 ᠲᠦᠰᠦᠯ᠎ᠢ ᠳᠡᠮᠵᠢᠪᠡ
ᠨᠡᠶ᠋ᠢᠲᠡᠯᠡᠭᠰᠡᠨ ᠴᠠᠭ᠄ 2024-05-28

   ᠤᠰᠤᠨ ᠴᠥᠭᠦᠷᠥᠮ᠎ᠤᠨ ᠪᠦᠲᠦᠭᠡᠨ ᠪᠠᠶ᠋ᠢᠭᠤᠯᠤᠯᠲᠠ ᠵᠢᠨ ᠲᠤᠬᠠᠢ ᠵᠢᠨ ᠲᠠᠯᠠᠪᠠᠢ᠎ᠳᠤ ᠬᠦᠷ ᠬᠥᠭᠵᠢᠶᠡᠨ᠎ᠲᠠᠢ ᠪᠠᠶ᠋ᠢᠵᠤ᠂ ᠲᠠᠲᠠᠪᠤᠷᠢᠯᠠᠨ ᠨᠡᠭᠦᠯᠭᠡᠵᠦ ᠲᠥᠪᠬᠢᠨᠡᠭᠦᠯᠬᠦ ᠨᠥᠬᠦᠪᠦᠷᠢ ᠵᠢ ᠤᠷᠤᠭᠰᠢᠲᠠᠢ ᠠᠬᠢᠭᠤᠯᠵᠤ᠂ ᠤᠰᠤᠯᠠᠯᠲᠠ ᠵᠢᠨ ᠣᠷᠣᠨ᠎ᠤ ᠣᠳᠣᠬᠢᠴᠢᠯᠠᠯᠲᠠ ᠵᠢᠨ ᠥᠭᠡᠷᠡᠴᠢᠯᠡᠯᠲᠡ ᠵᠢ 《ᠰᠢᠨ᠎ᠡ》 ᠲᠡᠶ᠋ᠢᠰᠢ ᠬᠦᠴᠦᠯᠡᠵᠦ᠂ ᠤᠰᠤᠨ᠎ᠳᠤ ᠡᠪᠳᠡᠭᠳᠡᠭᠰᠡᠨ ᠲᠥᠬᠦᠭᠡᠷᠦᠮᠵᠢ ᠵᠢ ᠰᠡᠯᠪᠢᠨ ᠵᠠᠰᠠᠬᠤ ᠬᠤᠷᠳᠤᠴᠠ ᠵᠢ ᠲᠦᠷᠭᠡᠳᠬᠡᠪᠡ ᠁ ᠴᠢ ᠯᠦ᠍ ᠡᠬᠡ ᠭᠠᠵᠠᠷ᠂ ᠵᠤᠨ᠎ᠤ ᠨᠣᠭᠣᠭ᠋ᠠᠨ ᠠᠩᠬ᠎ᠠ ᠪᠦᠷᠢᠯᠳᠦᠵᠦ᠂ ᠲᠦᠮᠡᠨ ᠪᠣᠳᠠᠰ ᠬᠥᠭᠵᠢᠨ ᠪᠠᠳᠠᠷᠠᠵᠤ᠂ ᠤᠯᠤᠰ᠎ᠤᠨ ᠵᠢᠭᠡᠯᠡᠯᠭᠡ ᠵᠢᠨ ᠤᠰᠤᠨ ᠠᠰᠢᠭᠯᠠᠯᠲᠠ ᠵᠢᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠶᠠᠭ ᠠᠮᠵᠢᠯᠲᠠ ᠣᠯᠵᠤ᠂ ᠱᠠᠨᠳᠦ᠋ᠩ᠎ᠤᠨ ᠣᠳᠣ ᠦᠶ᠎ᠡ ᠵᠢᠨ ᠤᠰᠤᠨ ᠲᠣᠣᠷ᠎ᠢ ᠲᠦᠷᠭᠡᠳᠭᠡᠨ ᠪᠠᠢ᠌ᠭᠤᠯᠬᠤ᠎ᠳᠤ ᠬᠦᠴᠦᠨ ᠨᠡᠮᠡᠷᠢᠯᠡᠵᠡᠢ᠃

  2023 ᠣᠨ᠎ᠤ ᠳᠥᠷᠪᠡᠳᠦᠭᠡᠷ ᠤᠯᠠᠷᠢᠯ᠎ᠳᠤ᠂ ᠲᠥᠪ᠎ᠤᠨ ᠡᠳ᠋᠎ᠤᠨ ᠵᠠᠰᠠᠭ᠎ᠠᠴᠠ 1 ᠲᠦᠮᠡᠨ ᠳ᠋ᠦᠩᠰᠢᠭᠤᠷ ᠤᠯᠤᠰ᠎ᠤᠨ ᠵᠢᠭᠡᠯᠡᠯᠭᠡ ᠵᠢ ᠨᠡᠮᠡᠨ ᠣᠯᠭᠤᠵᠤ᠂ ᠭᠠᠮᠰᠢᠭ᠎ᠤᠨ ᠳᠠᠷᠠᠭ᠋ᠠᠬᠢ ᠰᠡᠷᠭᠦᠭᠡᠵᠦ ᠳᠠᠬᠢᠨ ᠪᠦᠲᠦᠭᠡᠨ ᠪᠠᠶ᠋ᠢᠭᠤᠯᠬᠤ ᠵᠢ ᠳᠡᠮᠵᠢᠬᠦ ᠪᠠ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠴᠢᠳᠠᠪᠤᠷᠢ᠎ᠪᠠᠨ ᠳᠡᠭᠡᠭᠰᠢᠯᠡᠭᠦᠯᠬᠦ᠎ᠳᠤ ᠲᠤᠰᠬᠠᠶ ᠵᠦᠢ᠍ᠯ ᠵᠶ᠋ᠠᠷ ᠬᠡᠷᠡᠭᠯᠡᠨ᠎ᠡ᠃ ᠱᠠᠨᠳᠦᠢ᠍ᠩ᠎ᠤᠨ ᠲᠤᠰ ᠡᠭᠡᠯᠵᠢ ᠵᠢᠨ ᠤᠯᠤᠰ᠎ᠤᠨ ᠵᠢᠭᠡᠯᠡᠯᠭᠡ ᠵᠢ 157.3 ᠳ᠋ᠦᠩᠰᠢᠭᠤᠷ ᠲᠦᠭᠦᠷᠢᠭ ᠨᠡᠮᠡᠨ ᠲᠠᠷᠬᠠᠭ᠋ᠠᠵᠤ᠂ ᠤᠰᠤᠨ ᠠᠰᠢᠭᠯᠠᠯᠲᠠ ᠵᠢᠨ ᠲᠥᠷᠥᠯ ᠵᠦᠢ᠍ᠯ 120 ᠵᠢ       ᠣᠷᠣᠭᠤᠯᠤᠨ᠂ ᠲᠣᠮᠣ ᠳᠤᠮᠳᠠ ᠬᠡᠯᠪᠡᠷᠢ ᠵᠢᠨ ᠤᠰᠤᠨ ᠴᠥᠭᠥᠷᠥᠮ᠎ᠤᠨ ᠪᠠᠶ᠋ᠢᠭᠤᠯᠤᠯᠲᠠ᠂ ᠤᠰᠤᠯᠠᠯᠲᠠ ᠵᠢᠨ ᠣᠷᠣᠨ᠎ᠤ ᠣᠳᠣᠬᠢᠴᠢᠯᠠᠭᠰᠠᠨ ᠥᠭᠡᠷᠡᠴᠢᠯᠡᠯᠲᠡ᠂ ᠤᠰᠤᠨ᠎ᠳᠤ ᠡᠪᠳᠡᠭᠳᠡᠭᠰᠡᠨ ᠲᠥᠬᠥᠭᠡᠷᠦᠮᠵᠢ ᠵᠢ ᠵᠠᠰᠠᠵᠤ ᠰᠡᠷᠭᠦᠭᠡᠬᠦ ᠵᠡᠷᠭᠡ ᠨᠠᠢ᠍ᠮᠠᠨ ᠶᠡᠬᠡ ᠲᠥᠷᠥᠯ᠎ᠳᠤ ᠬᠣᠯᠪᠣᠭᠳᠠᠵᠠᠶ᠃

   ᠠᠭᠤᠯᠠ ᠵᠢᠨ ᠤᠰᠤᠯᠠᠯᠲᠠ ᠵᠢᠨ ᠣᠷᠣᠨ᠎ᠳᠤ ᠪᠠᠢ᠌ᠷᠢᠯᠠᠵᠤ᠂ ᠭᠤᠷᠪᠠᠨ ᠭᠤᠣᠯ ᠰᠤᠪᠠᠭ᠎ᠤᠨ ᠤᠰᠤᠨ᠎ᠳᠤ ᠡᠪᠳᠡᠭᠳᠡᠬᠦ ᠵᠢ ᠵᠠᠰᠠᠨ ᠰᠡᠷᠭᠦᠭᠡᠬᠦ ᠢᠨᠵᠧᠨᠧᠷᠢᠩ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠨᠢᠭᠡᠨᠲᠡ ᠦᠨᠳᠦᠰᠦᠨ᠎ᠳᠡᠭᠡᠨ ᠪᠡᠶᠡᠯᠡᠭᠦᠯᠪᠡ; ᠯᠢᠶᠣᠣ ᠴᠧᠩ ᠭᠤᠸᠠᠨ ᠰᠢᠶᠠᠨ᠎ᠳᠤ᠂ ᠳ᠋ᠠ ᠱᠠ ᠾᠧ ᠤᠰᠤᠨ ᠴᠥᠭᠦᠷᠥᠮ᠎ᠤᠨ ᠭᠠᠵᠠᠷ ᠰᠢᠷᠣᠶ ᠵᠢ ᠲᠠᠲᠠᠪᠤᠷᠢᠯᠠᠬᠤ ᠠᠵᠢᠯ᠎ᠢ ᠶᠠᠭ ᠲᠦᠷᠭᠡᠳᠬᠡᠨ ᠠᠬᠢᠭᠤᠯᠵᠤ ᠪᠠᠶ᠋ᠢᠨ᠎ᠠ; ᠳ᠋ᠧ ᠵᠧᠤ ᠵᠢᠨ ᠯᠧ ᠯᠢᠩ᠎ᠳᠤ ᠴᠣᠬᠤᠯᠠᠪᠤᠷᠢ ᠪᠠ ᠳᠠᠭ᠋ᠠᠭ᠋ᠠᠴᠢᠯᠠᠯᠲᠠ ᠵᠠᠷᠯᠠᠬᠤ ᠪᠠᠷᠢᠯᠭ᠎ᠠ ᠵᠢ ᠶᠠᠭ ᠠᠯᠬᠤᠮ ᠠᠯᠬᠤᠮ ᠵᠶ᠋ᠠᠷ ᠠᠬᠢᠭᠤᠯᠵᠤ ᠪᠠᠶ᠋ᠢᠨ᠎ᠠ; ᠪᠢᠨ ᠵᠧᠦ᠎ᠳᠤ ᠬᠠᠰᠢᠵᠤ᠂ ᠴᠤᠤᠶᠠᠩ᠎ᠤᠨ ᠤᠷᠤᠰᠬᠠᠯ᠎ᠢ ᠬᠤᠷᠢᠭᠯᠠᠬᠤ ᠬᠠᠭ᠋ᠠᠯᠲᠠ ᠵᠢᠨ ᠪᠠᠷᠢᠯᠭ᠎ᠠ ᠵᠢ ᠨᠢᠭᠡᠨᠲᠡ ᠤᠷᠤᠭᠰᠢᠲᠠᠶ ᠡᠬᠢᠯᠡᠭᠦᠯᠪᠡ ᠁ ᠱᠠᠨᠳᠦᠢ᠍ᠩ᠎ᠤᠨ 16 ᠲᠤᠰᠬᠠᠶ ᠣᠷᠣᠨ ᠬᠣᠲᠠ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠵᠤ᠂ 5  ᠳ᠋ᠤᠭ᠋ᠠᠷ  ᠰᠠᠷ᠎ᠠ ᠵᠢᠨ 15᠎ᠤ ᠡᠳᠦᠷ ᠪᠣᠯᠲᠠᠯ᠎ᠠ᠂ ᠪᠥᠬᠥ ᠮᠤᠵᠢ ᠵᠢᠨ 120 ᠤᠯᠤᠰ᠎ᠤᠨ ᠵᠢᠭᠡᠯᠡᠯᠭᠡ ᠵᠢᠨ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠤᠯᠤᠰ᠎ᠤᠨ ᠵᠢᠭᠡᠯᠡᠯᠭᠡ ᠵᠢᠨ ᠪᠡᠯᠡ ᠮᠥᠩᠭᠥ ᠵᠢᠨ ᠪᠡᠯᠡ ᠣᠷᠣᠭᠤᠯᠤᠯᠲᠠ ᠵᠢᠨ ᠪᠡᠶᠡᠯᠡᠭᠦᠯᠦᠭᠰᠡᠨ ᠨᠤᠷᠮ᠎ᠠ 31%᠎ᠳᠤ ᠬᠦ᠍ᠷᠴᠡᠶ᠃

   

ᠢᠷᠡᠯᠲᠡ᠄ ᠠᠷᠠᠳ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠠᠷᠠᠳ᠎ᠤᠨ ᠡᠳᠦᠷ᠎ᠤᠨ ᠰᠣᠨᠢᠨ᠄ ᠱᠤ᠌ ᠵᠢᠨ ᠤᠰᠤ ᠵᠢ ᠵᠡᠭᠦᠨᠰᠢ ᠲᠠᠲᠠᠬᠤ ᠢᠨᠵᠧᠨᠧᠷᠢᠩ᠎ᠨᠢ ᠱᠠᠨᠳᠦ᠋ᠩ ᠮᠣᠵᠢ ᠵᠢᠨ ᠿᠢ ᠵᠣᠣ ᠵᠢᠨ ᠪᠠᠴᠢᠮ ᠪᠠᠢ᠌ᠳᠠᠯ᠎ᠢ ᠠᠷᠭ᠋ᠠᠴᠠᠬᠤ 2450 ᠲᠦᠮᠡᠨ ᠪᠤᠰᠤᠭ᠎ᠠ ᠳᠦᠷᠪᠡᠯᠵᠢᠨ ᠮᠧᠲᠷ ᠤᠰᠤ ᠲᠠᠲᠠᠵᠦ ᠤᠰᠤᠨ᠎ᠤ ᠬᠠᠩᠭ᠋ᠠᠯᠲᠠ ᠵᠢᠨ ᠪᠠᠴᠢᠮ ᠪᠠᠢ᠌ᠳᠠᠯ᠎ᠢ ᠪᠦᠲᠦᠮᠵᠢᠲᠡᠢ ᠨᠠᠮᠳᠠᠭᠤᠯᠪᠠ
ᠰᠢᠨᠬᠤᠸᠠ ᠬᠤᠷᠢᠶ᠎ᠠ᠄ ᠤᠰᠤᠨ ᠠᠰᠢᠭᠯᠠᠯᠲᠠ ᠵᠢᠨ ᠶᠠᠮᠤᠨ 8 ᠮᠤᠵᠢ᠎ᠳᠤ ᠴᠢᠭᠯᠡᠭᠦᠯᠦᠨ ᠭᠠᠩ ᠬᠠᠭᠰᠠᠷᠭ᠋ᠠᠨ᠎ᠢ ᠰᠡᠷᠭᠡᠶ᠋ᠢᠯᠡᠬᠦ Ⅳ ᠲᠠᠰ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠵᠢ ᠬᠡᠷᠡᠭᠵᠢᠭᠦᠯᠪᠡ
ᠰᠢᠨᠬᠤᠸᠠ ᠬᠤᠷᠢᠶ᠎ᠠ᠄ ᠭᠤᠷᠪᠠᠨ ᠶᠡᠭᠡ ᠰᠠᠪᠠ ᠭᠠᠵᠠᠷ᠎ᠤᠨ ᠡᠵᠡᠮᠰᠢᠯ᠎ᠤᠨ ᠴᠢᠨᠠᠷᠲᠠᠶ ᠤᠰᠤᠨ ᠴᠥᠭᠦᠷᠥᠮ᠎ᠢ ᠭᠠᠩ ᠬᠠᠭᠰᠠᠷᠠᠭ᠋ᠠᠨ᠎ᠲᠠᠢ ᠲᠡᠮᠡᠴᠡᠬᠦ ᠲᠣᠬᠢᠷᠠᠭᠤᠯᠤᠯᠲᠠ ᠵᠢᠨ ᠵᠠᠭᠪᠤᠷ᠎ᠲᠤ ᠪᠥᠬᠦ ᠲᠠᠯ᠎ᠠ᠎ᠪᠠᠷ ᠣᠷᠣᠭᠤᠯᠪᠠ
 
            