ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠰᠢᠨᠬᠤᠸᠠ ᠬᠤᠷᠢᠶ᠎ᠠ᠄ ᠤᠰᠤᠨ ᠠᠰᠢᠭᠯᠠᠯᠲᠠ ᠵᠢᠨ ᠶᠠᠮᠤᠨ 8 ᠮᠤᠵᠢ᠎ᠳᠤ ᠴᠢᠭᠯᠡᠭᠦᠯᠦᠨ ᠭᠠᠩ ᠬᠠᠭᠰᠠᠷᠭ᠋ᠠᠨ᠎ᠢ ᠰᠡᠷᠭᠡᠶ᠋ᠢᠯᠡᠬᠦ Ⅳ ᠲᠠᠰ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠵᠢ ᠬᠡᠷᠡᠭᠵᠢᠭᠦᠯᠪᠡ
ᠨᠡᠶ᠋ᠢᠲᠡᠯᠡᠭᠰᠡᠨ ᠴᠠᠭ᠄ 2024-06-14

   ᠤᠰᠤᠨ ᠠᠰᠢᠭᠯᠠᠯᠲᠠ ᠵᠢᠨ ᠶᠠᠮᠤᠨ 12᠎ᠤ ᠡᠲᠦᠷ᠎ᠤᠨ 14 ᠴᠠᠭ᠎ᠲᠤ ᠡᠾᠸᠪᠸᠢ᠂ ᠱᠠᠨ ᠰᠢ᠂ ᠵᠢᠶᠠᠩᠰᠦ᠂ ᠠᠨᠾᠦ᠋ᠢ᠂ ᠱᠠᠨᠲᠦᠢ᠍ᠩ᠂ ᠡᠾᠸᠨᠠᠨ᠂ ᠱᠠᠨᠰᠢ ᠪᠤᠯᠤᠨ ᠭᠠᠨᠰᠦ ᠮᠤᠵᠢ ᠭᠠᠩ ᠬᠠᠭᠰᠠᠷᠭ᠋ᠠᠨ᠎ᠢ ᠰᠡᠷᠭᠡᠢ᠌ᠯᠡᠬᠦ Ⅳ  ᠲᠡᠰ᠎ᠤᠨ ᠪᠠᠴᠢᠮ ᠪᠠᠶ᠋ᠢᠲᠠᠯ᠎ᠢ ᠠᠷᠭ᠋ᠠᠴᠠᠬᠤ ᠠᠵᠢᠯᠯᠠᠭ᠎ᠠ ᠡᠭᠢᠯᠡᠪᠡ᠃

  5 ᠳ᠋ᠤᠭ᠋ᠠᠷ ᠰᠠᠷ᠎ᠠ᠎ᠠᠴᠠ ᠨᠠᠭ᠋ᠠᠰᠢ᠂ ᠤᠮᠠᠷᠠᠲᠤ ᠣᠷᠣᠨ᠂ ᠬᠠᠲᠤᠨ ᠭᠣᠣᠯ᠂ ᠬᠤᠸᠠᠢ ᠾᠧ ᠭᠣᠣᠯ᠂ ᠵᠢᠶᠠᠩ ᠬᠤᠸᠠᠢ ᠵᠡᠷᠭᠡ ᠭᠠᠵᠠᠷ᠎ᠤᠨ ᠬᠡᠰᠡᠭ ᠭᠠᠵᠠᠷ ᠣᠷᠣᠨ᠎ᠳᠤ ᠬᠤᠷ᠎ᠠ ᠲᠤᠨᠳᠠᠰᠤ ᠪᠠᠭ᠎ᠠ ᠪᠥᠭᠡᠳ ᠤᠢ᠌ᠷ᠎ᠠ ᠵᠢᠨ ᠬᠤᠭᠤᠴᠠᠭ᠋ᠠᠨ᠎ᠳᠤ ᠥᠨᠳᠥᠷ ᠳᠤᠯᠠᠭ᠋ᠠᠨ ᠠᠭᠤᠷ ᠠᠮᠢᠰᠬᠤᠯ ᠪᠠᠢ᠌ᠵᠤ᠂ ᠵᠠᠷᠢᠮ ᠭᠠᠵᠠᠷ ᠣᠷᠣᠨ᠎ᠳᠤ ᠲᠠᠷᠢᠬᠤ᠎ᠪᠠᠷ ᠪᠠᠢ᠌ᠭ᠎ᠠ ᠲᠠᠷᠢᠶᠠᠨ ᠭᠠᠵᠠᠷ᠎ᠤᠨ ᠴᠢᠭᠢᠭᠯᠢᠭ ᠭᠠᠵᠠᠷ ᠪᠠ ᠨᠢᠭᠡᠨᠲᠡ ᠲᠠᠷᠢᠵᠤ ᠪᠠᠢ᠌ᠭ᠎ᠠ ᠲᠠᠷᠢᠮᠠᠯ ᠭᠠᠩᠳᠠᠭᠰᠠᠨ ᠪᠠᠢ᠌ᠳᠠᠯ ᠢᠯᠡᠷᠡᠪᠡ᠃ ᠤᠰᠤᠨ ᠠᠰᠢᠭᠯᠠᠯᠲᠠ ᠵᠢᠨ ᠶᠠᠮᠤᠨ ᠵᠢᠱ᠌ᠢᠯᠲᠡ᠎ᠪᠠᠷ᠂ ᠢᠷᠡᠬᠦ 10 ᠡᠳᠦᠷ᠎ᠲᠤ ᠲᠤᠰ ᠣᠷᠣᠨ ᠪᠦᠰᠡ ᠮᠥᠨ ᠯᠡ ᠥᠨᠳᠥᠷ ᠳᠤᠯᠠᠭ᠋ᠠᠨ ᠬᠤᠷ᠎ᠠ ᠪᠣᠷᠣᠭ᠋ᠠᠨ ᠪᠠᠭ᠎ᠠ ᠠᠭᠤᠷ ᠠᠮᠢᠰᠬᠤᠯ᠎ᠢ ᠪᠠᠲᠤᠯᠠᠵᠦ᠂ ᠭᠠᠩ ᠬᠠᠭᠰᠠᠷᠠᠭ᠋ᠠᠨ᠎ᠤ ᠪᠠᠢ᠌ᠳᠠᠯ ᠦᠷᠭᠦᠯᠵᠢᠯᠡᠬᠦ ᠪᠤᠶᠤ ᠤᠯᠠᠮ ᠨᠢᠭᠡ ᠠᠯᠬᠤᠮ ᠬᠦᠭᠵᠢᠬᠦ ᠪᠤᠯᠤᠯᠴᠠᠭ᠎ᠠ᠎ᠲᠠᠢ ᠭᠡᠵᠡᠢ᠃

   ᠤᠰᠤᠨ ᠠᠰᠢᠭᠯᠠᠯᠲᠠ ᠵᠢᠨ ᠶᠠᠮᠤᠨ ᠲᠤᠰ ᠡᠳᠦᠷ ᠵᠥᠪᠳᠡᠯᠴᠡᠬᠦ ᠬᠤᠷᠠᠯ ᠬᠤᠷᠠᠯᠳᠤᠭᠤᠯᠵᠤ᠂ ᠭᠠᠩ ᠬᠠᠭᠰᠠᠷᠠᠭ᠋ᠠᠨ᠎ᠤ ᠪᠠᠶ᠋ᠢᠳᠠᠯ᠎ᠢ ᠵᠠᠳᠠᠯᠵᠤ ᠰᠤᠳᠤᠯᠤᠨ ᠮᠠᠭ᠋ᠠᠳᠯᠠᠵᠤ᠂ ᠭᠠᠩ ᠬᠠᠭᠰᠠᠷᠠᠭ᠋ᠠᠨ᠎ᠤ ᠰᠡᠷᠡᠮᠵᠢ ᠨᠡᠶ᠋ᠢᠲᠡᠯᠡᠪᠡ᠃

   ᠤᠰᠤᠨ ᠠᠰᠢᠭᠯᠠᠯᠲᠠ ᠵᠢᠨ ᠶᠠᠮᠤᠨ᠎ᠤ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠵᠤᠷᠭ᠋ᠠᠨ᠎ᠤ ᠬᠠᠮᠢᠶ᠎ᠠ ᠪᠦᠬᠦᠢ ᠬᠠᠷᠢᠭᠤᠴᠠᠯᠭ᠋ᠠᠲᠠᠨ ᠢᠯᠡᠷᠬᠡᠶ᠋ᠢᠯᠡᠬᠦ᠎ᠳᠡᠭᠡᠨ᠂ ᠤᠰᠤᠨ ᠠᠰᠢᠭᠯᠠᠯᠲᠠ ᠵᠢᠨ ᠶᠠᠮᠤᠨ᠎ᠠᠴᠠ ᠭᠠᠩ᠎ᠤᠨ ᠪᠠᠶ᠋ᠢᠳᠠᠯ᠎ᠤᠨ ᠬᠤᠪᠢᠷᠠᠯᠲᠠ ᠵᠢ ᠨᠢᠭᠲᠠ ᠠᠩᠬᠠᠷᠴᠤ᠂ ᠬᠠᠮᠢᠶ᠎ᠠ ᠪᠦᠬᠦᠢ ᠭᠠᠵᠠᠷ ᠣᠷᠣᠨ᠎ᠢ ᠵᠢᠯᠣᠭᠤᠳᠤᠨ ᠤᠰᠤ ᠬᠠᠩᠭ᠋ᠠᠬᠤ ᠪᠠᠶ᠋ᠢᠳᠠᠯ᠎ᠤᠨ ᠵᠠᠳᠠᠯᠤᠯᠲᠠ ᠵᠢ ᠴᠢᠩᠭ᠋ᠠᠳᠬᠠᠵᠤ᠂ ᠰᠠᠪᠠ ᠭᠠᠵᠠᠷ᠎ᠤᠨ ᠭᠤᠣᠯᠯᠠᠭᠴᠢ ᠤᠰᠤᠨ᠎ᠤ ᠢᠨᠵᠧᠨᠧᠷᠢᠩ᠎ᠢ ᠰᠢᠨᠵᠢᠯᠡᠬᠦ ᠤᠬᠠᠭ᠋ᠠᠨᠴᠢ᠎ᠪᠠᠷ ᠣᠨᠣᠪᠴᠢᠲᠠᠶ ᠲᠣᠬᠢᠷᠠᠭᠤᠯᠵᠤ᠂ ᠬᠠᠲᠤᠨ ᠭᠤᠣᠯ᠎ᠤᠨ ᠭᠤᠣᠯ ᠤᠷᠤᠰᠬᠠᠯ᠎ᠤᠨ ᠭᠠᠩ ᠬᠠᠭᠰᠠᠷᠠᠭ᠋ᠠᠨ᠎ᠲᠠᠢ ᠲᠡᠮᠡᠴᠡᠬᠦ ᠤᠰᠤᠨ᠎ᠤ ᠬᠡᠮᠵᠢᠶ᠎ᠡ ᠵᠢᠨ ᠲᠣᠬᠢᠷᠠᠭᠤᠯᠤᠯᠲᠠ ᠵᠢ ᠴᠢᠩᠭ᠋ᠠᠳᠬᠠᠵᠤ᠂ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠭᠠᠩ ᠬᠠᠭᠰᠠᠷᠠᠭ᠋ᠠᠨ᠎ᠲᠠᠢ ᠲᠡᠮᠡᠴᠡᠬᠦ ᠭᠤᠣᠯ ᠬᠦᠴᠦᠨ᠎ᠤ ᠦᠢ᠍ᠯᠡᠳᠦᠯ᠎ᠢ ᠪᠠᠳᠠᠷᠠᠭᠤᠯᠵᠤ᠂ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠪᠠᠴᠢᠮ ᠪᠠᠶ᠋ᠢᠳᠠᠯ᠎ᠢ ᠠᠷᠭ᠋ᠠᠴᠠᠵᠤ ᠤᠰᠤ ᠲᠣᠬᠢᠷᠠᠭᠤᠯᠬᠤ᠂ ᠬᠤᠳᠳᠤᠭ ᠮᠠᠯᠲᠠᠵᠤ ᠤᠰᠤ ᠠᠪᠬᠤ ᠵᠡᠷᠭᠡ ᠠᠷᠭ᠎ᠠ ᠬᠡᠮᠵᠢᠶ᠎ᠡ ᠠᠪᠴᠤ᠂ ᠤᠰᠤᠯᠠᠯᠲᠠ ᠵᠢᠨ ᠤᠰᠤ ᠵᠢ ᠪᠦᠬᠦ ᠬᠦᠴᠦᠨ ᠵᠶ᠋ᠠᠷ ᠵᠶ᠋ᠠᠨ ᠪᠠᠲᠤᠯᠠᠵᠤ᠂ ᠣᠯᠠᠨ ᠲᠦᠮᠡᠨ᠎ᠤ ᠤᠤᠭᠤᠬᠤ ᠤᠰᠤᠨ᠎ᠤ ᠠᠮᠤᠷ ᠲᠦᠪᠰᠢᠨ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠪᠠ ᠪᠣᠳᠠ ᠮᠠᠯ᠎ᠤᠨ ᠤᠰᠤ ᠬᠡᠷᠡᠭᠯᠡᠬᠦ ᠠᠮᠤᠷ ᠲᠦᠪᠰᠢᠨ᠎ᠢ ᠦᠨᠡᠨ ᠬᠦ᠌ ᠪᠠᠲᠤᠯᠠᠨ᠎ᠠ ᠭᠡᠵᠡᠢ᠃

 

ᠢᠷᠡᠯᠲᠡ᠄ ᠰᠢᠨᠬᠤᠸᠠ ᠬᠣᠷᠢᠶ᠎ᠠ
          
ᠬᠠᠮᠢᠶ᠎ᠡ ᠪᠦᠬᠦᠢ ᠰᠣᠨᠢᠨ
ᠰᠢᠨᠬᠤᠸᠠ ᠬᠤᠷᠢᠶ᠎ᠠ᠄ ᠭᠤᠷᠪᠠᠨ ᠶᠡᠭᠡ ᠰᠠᠪᠠ ᠭᠠᠵᠠᠷ᠎ᠤᠨ ᠡᠵᠡᠮᠰᠢᠯ᠎ᠤᠨ ᠴᠢᠨᠠᠷᠲᠠᠶ ᠤᠰᠤᠨ ᠴᠥᠭᠦᠷᠥᠮ᠎ᠢ ᠭᠠᠩ ᠬᠠᠭᠰᠠᠷᠠᠭ᠋ᠠᠨ᠎ᠲᠠᠢ ᠲᠡᠮᠡᠴᠡᠬᠦ ᠲᠣᠬᠢᠷᠠᠭᠤᠯᠤᠯᠲᠠ ᠵᠢᠨ ᠵᠠᠭᠪᠤᠷ᠎ᠲᠤ ᠪᠥᠬᠦ ᠲᠠᠯ᠎ᠠ᠎ᠪᠠᠷ ᠣᠷᠣᠭᠤᠯᠪᠠ
 
            