ᠰᠤᠷᠪᠤᠯᠵᠢᠯᠠᠭᠴᠢ ᠤᠰᠤᠨ ᠠᠰᠢᠭᠯᠠᠯᠲᠠ ᠵᠢᠨ ᠶᠠᠮᠤᠨ᠎ᠤ ᠬᠤᠸᠠᠢ ᠾᠧ ᠤᠰᠤᠨ ᠠᠰᠢᠭᠯᠠᠯᠲᠠ ᠵᠢᠨ ᠵᠥᠪᠯᠡᠯ᠎ᠠᠴᠠ ᠣᠢ᠌ᠯᠠᠭ᠋ᠠᠵᠤ ᠮᠡᠳᠡᠭᠰᠡᠨ᠎ᠨᠢ᠄ ᠱᠤ᠌ ᠵᠢᠨ ᠤᠰᠤ ᠵᠢ ᠵᠡᠭᠦᠨᠰᠢ ᠲᠠᠲᠠᠬᠤ ᠢᠨᠵᠧᠨᠧᠷᠢᠩ 4 ᠳ᠋ᠦ᠍ᠭᠡᠷ ᠰᠠᠷ᠎ᠠ ᠵᠢᠨ 29᠎ᠤ ᠡᠳᠦᠷ᠎ᠠᠴᠠ ᠱᠠᠨᠳᠦ᠋ᠩ ᠮᠣᠵᠢ ᠵᠢᠨ ᠿᠢ ᠵᠣᠣ ᠬᠣᠲᠠ᠎ᠳᠤ ᠪᠠᠴᠢᠮ ᠪᠠᠢ᠌ᠳᠠᠯ᠎ᠢ ᠠᠷᠭ᠋ᠠᠴᠠᠬᠤ ᠤᠰᠤ ᠲᠣᠬᠢᠷᠠᠭᠤᠯᠬᠤ ᠵᠢ ᠬᠡᠷᠡᠭᠵᠢᠭᠦᠯᠵᠦ᠂ 6 ᠳ᠋ᠤᠭ᠋ᠠᠷ ᠰᠠᠷ᠎ᠠ ᠵᠢᠨ 10᠎ᠤ ᠡᠳᠦᠷ ᠪᠣᠯᠲᠠᠯ᠎ᠠ ᠨᠡᠢ᠌ᠲᠡ 2450 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠲᠠᠲᠠᠵᠤ᠂ ᠿᠢ ᠵᠣᠣ ᠬᠣᠲᠠ ᠵᠢᠨ ᠬᠣᠲᠠ ᠵᠢᠨ ᠤᠰᠤ ᠬᠠᠩᠭ᠋ᠠᠬᠤ ᠪᠠᠴᠢᠮ ᠪᠠᠢ᠌ᠳᠠᠯ᠎ᠢ ᠪᠦᠲᠦᠮᠵᠢᠲᠡᠢ ᠨᠠᠮᠳᠠᠭᠤᠯᠵᠤ᠂ ᠬᠣᠲᠠ ᠵᠢᠨ ᠰᠠᠭᠤᠭ᠋ᠠᠯᠢ ᠠᠷᠠᠳ᠎ᠤᠨ ᠠᠮᠢᠳᠤᠷᠠᠯ᠂ ᠭᠣᠣᠯᠳᠠᠯᠭ᠎ᠠ᠎ᠲᠠᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠦᠢ᠍ᠯᠡᠳᠪᠦᠷᠢᠯᠡᠯ᠎ᠳᠤ ᠤᠰᠤ ᠬᠡᠷᠡᠭᠯᠡᠬᠦ ᠠᠮᠤᠷ ᠲᠦᠪᠰᠢᠨ᠎ᠢ ᠪᠠᠲᠤᠯᠠᠪᠠ᠃
ᠱᠤ᠌ ᠭᠤᠤᠯ᠎ᠨᠢ ᠱᠠᠨᠳᠦ᠋ᠩ ᠮᠣᠵᠢ ᠵᠢᠨ ᠯᠢᠨ ᠢ ᠬᠣᠲᠠ ᠵᠢᠨ ᠢ ᠱᠦᠢ ᠰᠢᠶᠠᠨ᠎ᠠᠴᠠ ᠡᠭᠦᠰᠦᠯ᠎ᠲᠠᠢ᠂ ᠱᠠᠨᠳᠦ᠋ᠩ᠂ ᠵᠢᠶᠠᠩᠰᠦ ᠬᠣᠶᠠᠷ ᠮᠣᠵᠢ᠎ᠪᠠᠷ ᠤᠷᠤᠰ᠎ᠤᠨ ᠥᠩᠭᠡᠷᠡᠵᠦ᠂ ᠵᠢᠶᠠᠩᠰᠦ ᠮᠣᠵᠢ ᠵᠢᠨ ᠰᠢᠨ ᠢ ᠬᠤᠲᠠ ᠵᠢᠨ ᠰᠢᠨ ᠢ ᠭᠣᠣᠯ᠎ᠳᠤ ᠤᠷᠤᠰ᠎ᠤᠨ ᠤᠷᠤᠨ᠎ᠠ᠃ ᠱᠤ᠌ ᠵᠢᠨ ᠤᠰᠤ ᠵᠢ ᠵᠡᠭᠦᠨᠰᠢ ᠲᠠᠲᠠᠬᠤ ᠢᠨᠵᠧᠨᠧᠷᠢᠩ᠎ᠨᠢ ᠱᠤ᠌ ᠭᠣᠣᠯ᠎ᠤᠨ ᠰᠠᠪᠠ ᠭᠠᠵᠠᠷ᠎ᠲᠤ ᠪᠠᠢ᠌ᠭᠰᠠᠨ ᠴᠢᠩ ᠹᠧᠩ ᠯᠢᠩ᠂ ᠱ᠌ᠢ ᠶᠠᠩ᠂ ᠴᠢᠶᠤᠤ ᠱᠠᠨ ᠵᠡᠷᠭᠡ ᠭᠤᠷᠪᠠᠨ ᠲᠣᠮᠣ ᠳᠤᠮᠳᠠ ᠬᠡᠯᠪᠡᠷᠢ ᠵᠢᠨ ᠴᠥᠭᠥᠷᠥᠮ᠎ᠠᠴᠠ ᠤᠰᠤ ᠲᠠᠲᠠᠵᠤ᠂ ᠢᠨᠵᠧᠨᠧᠷᠢᠩ ᠵᠶ᠋ᠠᠷ ᠳᠠᠮᠵᠢᠭᠤᠯᠤᠨ ᠿᠢ ᠵᠣᠣ ᠤᠰᠤᠨ ᠴᠥᠭᠥᠷᠥᠮ᠎ᠳᠤ ᠣᠷᠣᠭᠤᠯᠵᠤ᠂ ᠿᠢ ᠵᠣᠣ ᠬᠣᠲᠠ ᠵᠢᠨ ᠲᠣᠭᠣᠷᠢᠭ᠎ᠲᠤ ᠤᠰᠤ ᠬᠠᠩᠭ᠋ᠠᠪᠠ᠃ ᠡᠨᠡ ᠵᠢᠯ᠎ᠤᠨ 1 ᠳ᠋ᠦ᠍ᠭᠡᠷ ᠰᠠᠷ᠎ᠠ᠎ᠠᠴᠠ ᠨᠠᠭ᠋ᠠᠰᠢ᠂ ᠪᠣᠷᠣᠭ᠋ᠠᠨ ᠨᠡᠯᠢᠶᠡᠳ ᠪᠠᠭ᠎ᠠ ᠨᠥᠯᠥᠭᠡ᠎ᠪᠠᠷ᠂ ᠿᠢ ᠵᠣᠣ ᠬᠣᠲᠠ ᠵᠢᠨ ᠲᠣᠭᠣᠷᠢᠭ᠎ᠤᠨ ᠭᠣᠣᠯ ᠪᠣᠯᠬᠤ ᠤᠰᠤ ᠬᠠᠩᠭ᠋ᠠᠬᠤ ᠤᠰᠤᠨ ᠰᠤᠷᠪᠤᠯᠵᠢ ᠵᠢᠨ ᠿᠢ ᠵᠣᠣ ᠤᠰᠤᠨ ᠴᠥᠭᠥᠷᠥᠮ᠎ᠤᠨ ᠤᠰᠤᠨ ᠲᠦᠪᠰᠢᠨ ᠦᠷᠭᠦᠯᠵᠢᠯᠡᠨ ᠪᠠᠭᠤᠷᠠᠵᠤ᠂ 4 ᠳ᠋ᠦ᠍ᠭᠡᠷ ᠰᠠᠷ᠎ᠠ ᠵᠢᠨ 21᠎ᠤ ᠡᠳᠦᠷ ᠤᠰᠤ ᠬᠠᠳᠠᠭ᠋ᠠᠯᠠᠬᠤ ᠬᠡᠮᠵᠢᠶ᠎ᠡ ᠬᠡᠪ᠎ᠤᠨ ᠤᠰᠤᠨ ᠲᠦᠪᠰᠢᠨ᠎ᠠᠴᠠ 76% ᠪᠠᠭ᠎ᠠ ᠪᠠᠢ᠌ᠵᠤ᠂ ᠤᠰᠤ ᠬᠠᠩᠭ᠋ᠠᠬᠤ ᠪᠠᠲᠤᠯᠠᠭ᠎ᠠ ᠵᠢᠨ ᠳᠠᠷᠤᠯᠲᠠ ᠶᠡᠬᠡ ᠪᠠᠢ᠌ᠨ᠎ᠠ᠃ ᠬᠤᠸᠠᠢ ᠾᠧ ᠭᠤᠣᠯ᠎ᠤᠨ ᠤᠰᠤᠨ ᠠᠰᠢᠭᠯᠠᠯᠲᠠ ᠵᠢᠨ ᠵᠥᠪᠯᠡᠯ ᠦᠳᠲᠡᠷ ᠲᠦᠷᠭᠡᠨ ᠴᠤᠤᠷᠢᠶᠠᠲᠤᠨ ᠳᠠᠭ᠋ᠠᠵᠤ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠂ ᠤᠰᠤᠨ᠎ᠤ ᠬᠡᠮᠵᠢᠶ᠎ᠡ ᠵᠢ ᠲᠤᠬᠢᠷᠠᠭᠤᠯᠬᠤ᠂ ᠤᠰᠤᠨ᠎ᠤ ᠵᠦᠢ᠍ᠯ᠎ᠢ ᠬᠢᠨᠠᠨ ᠬᠡᠮᠵᠢᠬᠦ ᠵᠡᠷᠭᠡ ᠲᠤᠰᠬᠠᠢ ᠮᠡᠷᠭᠡᠵᠢᠯ᠎ᠤᠨ ᠬᠥᠮᠦᠰ ᠵᠶ᠋ᠠᠷ ᠪᠦᠷᠢᠯᠳᠦᠭᠰᠡᠨ ᠠᠵᠢᠯᠯᠠᠬᠤ ᠳᠤᠭᠤᠶ᠋ᠢᠯᠠᠩ ᠪᠠᠶ᠋ᠢᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠤᠰᠤᠨ᠎ᠤ ᠬᠡᠮᠵᠢᠶ᠎ᠡ ᠵᠢ ᠲᠤᠬᠢᠷᠠᠭᠤᠯᠬᠤ ᠲᠤᠰᠬᠠᠢ ᠰᠡᠳᠦᠪ ᠵᠶ᠋ᠠᠷ ᠤᠯᠠᠨ ᠤᠳᠠᠭ᠎ᠠ ᠵᠥᠪᠳᠡᠯᠴᠡᠵᠦ᠂ 《ᠱᠤ᠌ ᠵᠢᠨ ᠤᠰᠤ ᠵᠢ ᠵᠡᠭᠦᠨᠰᠢ ᠲᠠᠲᠠᠬᠤ ᠢᠨᠵᠧᠨᠧᠷᠢᠩ᠎ᠤᠨ ᠿᠢ ᠵᠤᠤ ᠤᠰᠤᠨ ᠴᠥᠭᠦᠷᠥᠮ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠤᠰᠤ ᠲᠠᠲᠠᠬᠤ ᠠᠵᠢᠯ᠎ᠤᠨ ᠬᠡᠷᠡᠭᠵᠢᠭᠦᠯᠬᠦ ᠲᠥᠰᠦᠯ》᠎ᠢ ᠴᠣᠬᠤᠯᠠᠪᠤᠷᠢᠯᠠᠪᠠ᠃
ᠣᠶ᠋ᠢᠯᠠᠭ᠋ᠠᠭᠰᠠᠨ ᠵᠶ᠋ᠠᠷ᠂ ᠲᠣᠰ ᠤᠳᠠᠭ᠎ᠠ ᠱ᠌ᠢ ᠶᠠᠩ ᠤᠰᠤᠨ ᠴᠥᠭᠦᠷᠥᠮ᠂ ᠴᠢᠶᠤᠤ ᠱᠠᠨ ᠤᠰᠤᠨ ᠴᠥᠭᠦᠷᠥᠮ ᠵᠶ᠋ᠠᠷ ᠭᠤᠤᠯ ᠪᠣᠯᠭ᠋ᠠᠭᠰᠠᠨ ᠤᠰᠤᠨ᠎ᠤ ᠡᠬᠢ ᠰᠤᠷᠪᠤᠯᠵᠢ᠂ ᠴᠢᠩ ᠹᠧᠩ ᠯᠢᠩ ᠤᠰᠤᠨ ᠴᠥᠭᠦᠷᠥᠮ ᠵᠶ᠋ᠠᠷ ᠪᠡᠯᠡᠳᠬᠡᠯ ᠤᠰᠤᠨ᠎ᠤ ᠡᠬᠢ ᠰᠤᠷᠪᠤᠯᠵᠢ ᠪᠣᠯᠭ᠋ᠠᠵᠤ᠂ ᠱᠤ᠌ ᠵᠢᠨ ᠤᠰᠤ ᠵᠢ ᠵᠡᠭᠦᠨᠰᠢ ᠲᠠᠲᠠᠬᠤ ᠢᠨᠵᠧᠨᠧᠷᠢᠩ᠎ᠢ ᠠᠰᠢᠭᠯᠠᠨ ᠿᠢ ᠵᠤᠤ ᠤᠰᠤᠨ ᠴᠥᠭᠦᠷᠥᠮ᠎ᠳᠤ ᠪᠠᠴᠢᠮ ᠪᠠᠶ᠋ᠢᠳᠠᠯ᠎ᠢ ᠠᠷᠭ᠋ᠠᠴᠠᠬᠤ ᠤᠰᠤ ᠲᠣᠬᠢᠷᠠᠭᠤᠯᠬᠤ ᠵᠢ ᠬᠡᠷᠡᠭᠵᠢᠭᠦᠯᠵᠦ ᠪᠠᠶ᠋ᠢᠨ᠎ᠠ᠃ ᠨᠢᠭᠡᠳᠦᠭᠡᠷ ᠱᠠᠲᠤ ᠦᠶ᠎ᠡ 4 ᠳ᠋ᠦ᠍ᠭᠡᠷ ᠰᠠᠷ᠎ᠠ ᠵᠢᠨ 29᠎ᠤ ᠡᠳᠦᠷ᠎ᠠᠴᠠ 5 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ ᠦᠷᠭᠦᠯᠵᠢᠯᠡᠵᠦ᠂ ᠤᠰᠤ ᠲᠠᠲᠠᠬᠤ ᠡᠭᠦᠷᠭᠡ ᠵᠢ ᠨᠢᠭᠡᠨᠲᠡ ᠤᠷᠤᠭᠰᠢᠲᠠᠶ ᠪᠡᠶᠡᠯᠡᠭᠦᠯᠵᠦ᠂ ᠤᠰᠤ ᠲᠠᠲᠠᠬᠤ ᠬᠡᠮᠵᠢᠶ᠎ᠡ ᠵᠢ ᠨᠡᠶ᠋ᠢᠲᠡ 1856 ᠲᠦᠮᠡᠨ ᠪᠣᠰᠤᠭ᠎ᠠ ᠳᠥᠷᠪᠡᠯᠵᠢᠨ ᠮᠸᠲᠷ ᠪᠣᠯᠭ᠋ᠠᠪᠠ᠃ ᠬᠤᠶᠠᠳᠤᠭ᠍ᠠᠷ ᠱᠠᠲᠤᠨ᠎ᠳᠤ ᠪᠤᠳᠠᠲᠤ ᠪᠠᠶ᠋ᠢᠳᠠᠯ᠎ᠢ ᠦᠨᠳᠦᠰᠦᠯᠡᠨ ᠰᠡᠭᠦᠳᠡᠷᠯᠡᠬᠦ ᠮᠠᠰᠢᠨᠳᠤ ᠤᠰᠤ ᠲᠤᠬᠢᠷᠠᠭᠤᠯᠬᠤ ᠵᠢ ᠬᠡᠷᠡᠭᠵᠢᠭᠦᠯᠦᠨ᠎ᠡ᠃ ᠬᠤᠸᠠᠢ ᠾᠧ ᠤᠰᠤᠨ ᠠᠰᠢᠭᠯᠠᠯᠲᠠ ᠵᠢᠨ ᠵᠥᠪᠯᠡᠯ᠎ᠠᠴᠠ ᠪᠠᠴᠢᠮ ᠪᠠᠶ᠋ᠢᠳᠠᠯ᠎ᠢ ᠠᠷᠭ᠋ᠠᠴᠠᠬᠤ ᠤᠰᠤ ᠲᠠᠲᠠᠬᠤ ᠪᠥᠬᠦ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠲᠥᠰᠦᠯ᠎ᠢ ᠦᠷᠭᠦᠯᠵᠢᠯᠡᠨ ᠰᠢᠯᠢᠳᠡᠭᠵᠢᠭᠦᠯᠵᠦ᠂ ᠢᠨᠵᠧᠨᠧᠷᠢᠩ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢ ᠴᠢᠩᠳᠠᠯᠠᠵᠤ᠂ ᠢᠨᠵᠧᠨᠧᠷᠢᠩ᠎ᠢ ᠬᠠᠮᠢᠶᠠᠷᠴᠤ ᠬᠠᠮᠠᠭ᠋ᠠᠯᠠᠬᠤ ᠪᠠ ᠲᠣᠭᠤᠷᠢᠨ ᠪᠠᠶ᠋ᠢᠴᠠᠭ᠋ᠠᠬᠤ ᠵᠢ ᠴᠢᠩᠭ᠋ᠠᠷᠠᠭᠤᠯᠤᠨ᠂ ᠤᠰᠤ ᠲᠠᠲᠠᠬᠤ ᠵᠠᠮ ᠳᠠᠭ᠋ᠠᠤ ᠵᠢᠨ ᠭᠤᠤᠯ ᠪᠣᠯᠬᠤ ᠣᠭᠲᠣᠯᠤᠭ᠋ᠠᠰᠤ ᠵᠢᠨ ᠤᠰᠤᠨ᠎ᠤ ᠬᠡᠮᠵᠢᠶ᠎ᠡ ᠪᠠ ᠤᠰᠤᠨ᠎ᠤ ᠴᠢᠨᠠᠷ᠎ᠢ ᠬᠢᠨᠠᠨ ᠬᠡᠮᠵᠢᠬᠦ ᠵᠢ ᠴᠢᠩᠭ᠋ᠠᠳᠬᠠᠵᠤ᠂ ᠢᠨᠵᠧᠨᠧᠷᠢᠩ᠎ᠤᠨ ᠠᠮᠤᠷ ᠲᠦᠪᠰᠢᠨ᠂ ᠤᠰᠤ ᠬᠠᠩᠭ᠋ᠠᠬᠤ ᠠᠮᠤᠷ ᠲᠦᠪᠰᠢᠨ᠂ ᠤᠰᠤᠨ᠎ᠤ ᠴᠢᠨᠠᠷ᠎ᠤᠨ ᠠᠮᠤᠷ ᠲᠦᠪᠰᠢᠨ᠎ᠢ ᠪᠥᠬᠦ ᠬᠦᠴᠦᠨ ᠵᠶ᠋ᠠᠷ ᠵᠶ᠋ᠠᠨ ᠪᠠᠲᠤᠯᠠᠨ᠎ᠠ᠃ ᠲᠠᠷᠠᠭ᠋ᠠᠴᠢ ᠵᠢᠨ ᠠᠯᠬᠤᠮ᠎ᠳᠤ᠂ ᠬᠤᠸᠠᠢ ᠾᠧ ᠭᠤᠤᠯ᠎ᠤᠨ ᠤᠰᠤᠨ ᠠᠰᠢᠭᠯᠠᠯᠲᠠ ᠵᠢᠨ ᠵᠥᠪᠯᠡᠯ᠎ᠨᠢ ᠰᠠᠪᠠ ᠭᠠᠵᠠᠷ᠎ᠤᠨ ᠪᠣᠷᠣᠭ᠋ᠠᠨ᠎ᠤ ᠪᠠᠶ᠋ᠢᠳᠠᠯ᠎ᠤᠨ ᠬᠤᠪᠢᠷᠠᠯᠲᠠ ᠵᠢ ᠨᠢᠭᠲᠠ ᠠᠩᠬᠠᠷᠴᠤ᠂ ᠰᠠᠪᠠ ᠭᠠᠵᠠᠷ᠎ᠤᠨ ᠤᠰᠤᠨ ᠰᠢᠨᠵᠢᠯᠡᠭᠡ᠂ ᠤᠰᠤ ᠬᠠᠩᠭ᠋ᠠᠬᠤ ᠪᠠᠶ᠋ᠢᠳᠠᠯ᠎ᠢ ᠰᠤᠳᠤᠯᠤᠨ ᠮᠠᠭ᠋ᠠᠳᠯᠠᠬᠤ ᠵᠢ ᠴᠢᠩᠭ᠋ᠠᠳᠬᠠᠵᠤ᠂ ᠬᠤᠶᠠᠳᠤᠭ᠋ᠠᠷ ᠱᠠᠲᠤᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠤᠰᠤ ᠲᠣᠬᠢᠷᠠᠭᠤᠯᠬᠤ ᠠᠵᠢᠯ᠎ᠢ ᠦᠷᠭᠦᠯᠵᠢᠯᠡᠨ ᠵᠣᠬᠢᠶᠠᠨ ᠪᠠᠶ᠋ᠢᠭᠤᠯᠤᠨ ᠵᠢᠯᠣᠭᠤᠳᠴᠤ ᠰᠠᠶ᠋ᠢᠲᠤᠷ ᠬᠢᠵᠦ᠂ ᠿᠢ ᠵᠤᠤ ᠬᠤᠲᠠ ᠵᠢᠨ ᠬᠤᠲᠠ ᠵᠢᠨ ᠤᠰᠤ ᠬᠠᠩᠭ᠋ᠠᠬᠤ ᠠᠮᠤᠷ ᠲᠦᠪᠰᠢᠨ᠎ᠢ ᠦᠨᠡᠨ ᠬᠦ᠌ ᠪᠠᠲᠤᠯᠠᠨ᠎ᠠ᠃