ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠰᠢᠨᠬᠤᠸᠠ ᠬᠤᠷᠢᠶ᠎ᠠ᠄ ᠭᠤᠷᠪᠠᠨ ᠶᠡᠭᠡ ᠰᠠᠪᠠ ᠭᠠᠵᠠᠷ᠎ᠤᠨ ᠡᠵᠡᠮᠰᠢᠯ᠎ᠤᠨ ᠴᠢᠨᠠᠷᠲᠠᠶ ᠤᠰᠤᠨ ᠴᠥᠭᠦᠷᠥᠮ᠎ᠢ ᠭᠠᠩ ᠬᠠᠭᠰᠠᠷᠠᠭ᠋ᠠᠨ᠎ᠲᠠᠢ ᠲᠡᠮᠡᠴᠡᠬᠦ ᠲᠣᠬᠢᠷᠠᠭᠤᠯᠤᠯᠲᠠ ᠵᠢᠨ ᠵᠠᠭᠪᠤᠷ᠎ᠲᠤ ᠪᠥᠬᠦ ᠲᠠᠯ᠎ᠠ᠎ᠪᠠᠷ ᠣᠷᠣᠭᠤᠯᠪᠠ
ᠨᠡᠶ᠋ᠢᠲᠡᠯᠡᠭᠰᠡᠨ ᠴᠠᠭ᠄ 2024-06-19

   ᠰᠤᠷᠪᠤᠯᠵᠢᠯᠠᠭᠴᠢ 14᠎ᠤ ᠡᠳᠦᠷ ᠤᠰᠤᠨ ᠠᠰᠢᠭᠯᠠᠯᠲᠠ ᠵᠢᠨ ᠶᠠᠮᠤᠨ᠎ᠠᠴᠠ ᠣᠢ᠌ᠯᠠᠭ᠋ᠠᠭᠰᠠᠨ ᠵᠶ᠋ᠠᠷ᠂ ᠤᠮᠠᠷᠠᠲᠤ ᠣᠷᠣᠨ᠂ ᠬᠠᠲᠤᠨ ᠭᠣᠣᠯ᠂ ᠬᠠᠢ ᠾᠧ ᠭᠣᠣᠯ᠂ ᠬᠤᠸᠠᠢ ᠾᠧ ᠭᠣᠣᠯ ᠵᠡᠷᠭᠡ ᠤᠮᠠᠷᠠᠲᠦ ᠤᠷᠤᠨ᠎ᠤ ᠭᠠᠩ ᠬᠠᠭᠰᠠᠷᠠᠭ᠋ᠠᠨ᠎ᠤ ᠪᠠᠢ᠌ᠳᠠᠯ᠎ᠢ ᠠᠷᠭ᠋ᠠᠴᠠᠬᠤ ᠵᠢᠨ ᠲᠦᠯᠦᠭᠡ᠂ ᠬᠠᠳᠤᠨ ᠭᠣᠣᠯ᠂ ᠬᠠᠢ ᠾᠧ ᠭᠣᠣᠯ᠂ ᠬᠤᠸᠠᠢ ᠾᠧ ᠭᠣᠣᠯ᠎ᠤᠨ ᠰᠠᠪᠠ ᠭᠠᠵᠠᠷ᠎ᠤᠨ ᠡᠵᠡᠮᠳᠡᠯ᠎ᠤᠨ ᠴᠢᠨᠠᠷᠲᠠᠢ ᠤᠰᠤᠨ ᠴᠥᠭᠥᠷᠥᠮ᠎ᠢ ᠭᠠᠩ ᠬᠠᠭᠰᠠᠷᠠᠭ᠋ᠠᠨ᠎ᠲᠠᠢ ᠲᠡᠮᠡᠴᠡᠬᠦ ᠲᠣᠬᠢᠷᠠᠭᠤᠯᠤᠯᠲᠠ ᠵᠢᠨ ᠵᠠᠭᠪᠤᠷ᠎ᠲᠤ ᠪᠦᠬᠦ ᠲᠠᠯ᠎ᠠ᠎ᠪᠠᠷ ᠣᠷᠣᠭᠤᠯᠵᠤ᠂ ᠳᠣᠷᠣᠭᠰᠢ ᠤᠷᠤᠰᠬᠤ ᠤᠷᠤᠰᠬᠠᠯ᠎ᠤᠨ ᠬᠡᠮᠵᠢᠶ᠎ᠡ ᠪᠠ ᠤᠰᠤᠨ᠎ᠤ ᠬᠡᠮᠵᠢᠶ᠎ᠡ ᠵᠢ ᠨᠡᠮᠡᠭᠳᠡᠭᠦᠯᠦᠨ᠂ ᠳᠣᠣᠷᠠᠳᠤ ᠤᠷᠤᠰᠬᠠᠯ᠎ᠤᠨ ᠭᠠᠩᠳᠠᠭᠰᠠᠨ ᠭᠠᠵᠠᠷ ᠣᠷᠣᠨ᠎ᠤ ᠤᠰᠤ ᠬᠡᠷᠡᠭᠯᠡᠬᠦ ᠬᠡᠷᠡᠭᠴᠡᠭᠡ ᠵᠢ ᠪᠠᠲᠤᠯᠠᠪᠠ᠃

  14᠎ᠤ ᠡᠳᠦᠷ᠎ᠤᠨ 20 ᠴᠠᠭ᠎ᠠᠴᠠ ᠡᠬᠢᠯᠡᠨ᠂ ᠤᠰᠤᠨ ᠠᠰᠢᠭᠯᠠᠯᠲᠠ ᠵᠢᠨ ᠶᠠᠮᠤᠨ᠎ᠤ ᠬᠠᠲᠤᠨ ᠭᠣᠣᠯ᠎ᠤᠨ ᠤᠰᠤᠨ ᠠᠰᠢᠭᠯᠠᠯᠲᠠ ᠵᠢᠨ ᠵᠥᠪᠯᠡᠯ᠎ᠠᠴᠠ ᠬᠠᠲᠤᠨ ᠭᠣᠣᠯ᠎ᠤᠨ ᠰᠢᠶᠤᠤ ᠯᠠᠩ ᠳ᠋ᠢ ᠤᠰᠤᠨ ᠴᠥᠭᠥᠷᠥᠮ᠎ᠤᠨ ᠳᠤᠷᠤᠭᠰᠢ ᠤᠷᠤᠰᠬᠤ ᠤᠷᠤᠰᠬᠠᠯ᠎ᠤᠨ ᠬᠡᠮᠵᠢᠶ᠎ᠡ ᠵᠢ ᠰᠸᠺᠦ᠋ᠨ᠋ᠳ᠋ ᠪᠦᠷᠢ 1200 ᠪᠤᠰᠤᠭ᠎ᠠ ᠳᠦᠷᠪᠡᠯᠵᠢᠨ ᠮᠸᠲᠷ᠎ᠠᠴᠠ 1500 ᠪᠤᠰᠤᠭ᠎ᠠ ᠳᠦᠷᠪᠡᠯᠵᠢᠨ ᠮᠸᠲᠷ ᠪᠣᠯᠭ᠋ᠠᠨ ᠨᠡᠮᠡᠭᠳᠡᠭᠦᠯᠵᠦ᠂ ᠬᠠᠲᠤᠨ ᠭᠣᠣᠯ᠎ᠤᠨ ᠳᠤᠮᠳᠠᠳᠦ ᠳᠣᠣᠷᠠᠲᠤ ᠤᠷᠤᠰᠬᠠᠯ᠎ᠤᠨ ᠭᠠᠩ ᠬᠠᠭᠰᠠᠷᠠᠭ᠋ᠠᠨ᠎ᠲᠠᠢ ᠲᠡᠮᠡᠴᠡᠵᠦ ᠤᠰᠤ ᠬᠠᠩᠭ᠋ᠠᠬᠤ ᠵᠢ ᠳᠡᠮᠵᠢᠵᠡᠢ᠃

   ᠤᠢ᠍ᠢ᠍ᠯᠠᠭ᠋ᠠᠭᠰᠠᠠ ᠵᠶ᠋ᠠᠷ᠂ 14᠎ᠤ ᠡᠳᠦᠷ᠎ᠤᠨ 15 ᠴᠠᠭ᠎ᠲᠤ᠂ ᠤᠰᠤᠨ ᠠᠰᠢᠬᠯᠠᠯᠲᠠ ᠵᠢᠨ ᠶᠠᠮᠤᠨ᠎ᠠᠴᠠ ᠾᠧᠨᠠᠨ᠂ ᠡᡁᠧᠪᠸᠢ ᠬᠤᠶᠠᠷ ᠮᠤᠵᠢ ᠵᠢᠨ ᠭᠠᠩ ᠬᠠᠭᠰᠠᠷᠠᠭ᠋ᠠᠨ᠎ᠤ ᠰᠡᠷᠭᠡᠶ᠋ᠢᠯᠡᠯᠲᠡ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢ Ⅳ  ᠲᠠᠰ᠎ᠠᠴᠠ Ⅲ  ᠲᠠᠰ᠎ᠲᠤ ᠬᠦᠷᠭᠡᠪᠡ᠃ 12᠎ᠤᠨ ᠡᠳᠦᠷ᠎ᠤᠨ 14 ᠴᠠᠭ᠎ᠲᠤ᠂ ᠤᠰᠤᠨ ᠠᠰᠢᠭᠯᠠᠯᠲᠠ ᠵᠢᠨ ᠶᠠᠮᠤᠨ ᠾᠧᠪᠸᠢ᠂ ᠱᠠᠨ ᠰᠢ᠂ ᠵᠢᠶᠠᠩᠰᠤ᠂ ᠠᠨᠾᠦ᠋ᠢ᠂ ᠱᠠᠨᠳᠦ᠋ᠩ᠂ ᠾᠧᠨᠠᠨ᠂ ᠱᠠᠨᠰᠢ ᠪᠣᠯᠤᠨ ᠭᠠᠨᠰᠦ ᠮᠤᠵᠢ ᠵᠡᠷᠭᠡ ᠨᠠᠢ᠍ᠮᠠᠨ ᠮᠤᠵᠢ᠎ᠳᠤ ᠴᠢᠭᠯᠡᠭᠦᠯᠦᠨ ᠭᠠᠩ ᠬᠠᠭᠰᠠᠷᠠᠭ᠋ᠠᠨ᠎ᠢ ᠰᠡᠷᠭᠡᠶ᠋ᠢᠯᠡᠬᠦ Ⅳ  ᠲᠠᠰ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠠᠵᠢᠯᠯᠠᠭ᠎ᠠ ᠵᠢ ᠡᠬᠢᠯᠡᠭᠦᠯᠪᠡ᠃

  5 ᠳ᠋ᠤᠭ᠋ᠠᠷ ᠰᠠᠷ᠎ᠠ᠎ᠠᠴᠠ ᠨᠠᠭ᠋ᠠᠰᠢ᠂ ᠤᠮᠠᠷᠠᠲᠤ ᠣᠷᠣᠨ᠂ ᠬᠠᠲᠤᠨ ᠭᠣᠣᠯ ᠬᠤᠸᠠᠢ ᠾᠧ ᠭᠣᠣᠯ᠂ ᠵᠢᠶᠠᠩ ᠬᠤᠸᠠᠢ ᠵᠡᠷᠭᠡ ᠭᠠᠵᠠᠷ᠎ᠤᠨ ᠬᠡᠰᠡᠭ ᠭᠠᠵᠠᠷ ᠣᠷᠣᠨ᠎ᠳᠤ ᠬᠤᠷ᠎ᠠ ᠲᠤᠨᠳᠠᠰᠤ ᠪᠠᠭ᠎ᠠ ᠪᠥᠭᠡᠳ ᠤᠢ᠌ᠷ᠎ᠠ ᠵᠢᠨ ᠬᠤᠭᠤᠴᠠᠭ᠋ᠠᠨ᠎ᠳᠤ ᠥᠨᠳᠥᠷ ᠳᠤᠯᠠᠭ᠋ᠠᠨ ᠠᠭᠤᠷ ᠠᠮᠢᠰᠭᠤᠯ᠂ ᠵᠠᠷᠢᠮ ᠭᠠᠵᠠᠷ᠎ᠲᠤ ᠠᠳᠠᠯᠢ ᠪᠤᠰᠤ ᠬᠡᠮᠵᠢᠶ᠎ᠡ᠎ᠪᠠᠷ ᠭᠠᠩ ᠬᠠᠭᠰᠠᠷᠭ᠋ᠠᠨ ᠪᠣᠯᠵᠠᠢ᠃ ᠤᠰᠤᠨ ᠠᠰᠢᠭᠯᠠᠯᠲᠠ ᠵᠢᠨ ᠶᠠᠮᠤᠨ ᠵᠢᠱ᠌ᠢᠯᠲᠡ᠎ᠪᠠᠷ᠂ ᠢᠷᠡᠬᠦ ᠬᠡᠳᠦᠨ ᠡᠳᠦᠷ᠎ᠲᠤ ᠡᠳᠡᠭᠡᠷ ᠭᠠᠵᠠᠷ ᠣᠷᠣᠨ᠎ᠳᠤ ᠮᠥᠨ ᠯᠡ ᠥᠨᠳᠥᠷ ᠳᠤᠯᠠᠭ᠋ᠠᠨ ᠪᠣᠷᠣᠭ᠋ᠠᠨ ᠪᠠᠭ᠎ᠠ ᠠᠭᠤᠷ ᠠᠮᠢᠰᠭᠤᠯ ᠦᠷᠭᠦᠯᠵᠢᠯᠡᠵᠦ᠂ ᠭᠠᠩ᠎ᠤᠨ ᠪᠠᠢ᠌ᠳᠠᠯ ᠦᠷᠭᠦᠯᠵᠢᠯᠡᠬᠦ ᠪᠤᠶᠤ ᠬᠦᠭᠵᠢᠬᠦ ᠪᠤᠯᠤᠯᠴᠠᠭ᠎ᠠ᠎ᠲᠠᠢ ᠪᠠᠢ᠌ᠵᠦ ᠮᠡᠳᠡᠨ᠎ᠡ ᠭᠡᠵᠡᠢ᠃

 

ᠢᠷᠡᠯᠲᠡ᠄ ᠰᠢᠨᠬᠤᠸᠠ ᠬᠣᠷᠢᠶ᠎ᠠ
          
ᠬᠠᠮᠢᠶ᠎ᠡ ᠪᠦᠬᠦᠢ ᠰᠣᠨᠢᠨ
ᠰᠢᠨᠬᠤᠸᠠ ᠬᠤᠷᠢᠶ᠎ᠠ᠄ ᠤᠰᠤᠨ ᠠᠰᠢᠭᠯᠠᠯᠲᠠ ᠵᠢᠨ ᠶᠠᠮᠤᠨ 8 ᠮᠤᠵᠢ᠎ᠳᠤ ᠴᠢᠭᠯᠡᠭᠦᠯᠦᠨ ᠭᠠᠩ ᠬᠠᠭᠰᠠᠷᠭ᠋ᠠᠨ᠎ᠢ ᠰᠡᠷᠭᠡᠶ᠋ᠢᠯᠡᠬᠦ Ⅳ ᠲᠠᠰ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠵᠢ ᠬᠡᠷᠡᠭᠵᠢᠭᠦᠯᠪᠡ
ᠠᠷᠠᠳ᠎ᠤᠨ ᠡᠳᠦᠷ᠎ᠤᠨ ᠰᠣᠨᠢᠨ᠄ ᠱᠤ᠌ ᠵᠢᠨ ᠤᠰᠤ ᠵᠢ ᠵᠡᠭᠦᠨᠰᠢ ᠲᠠᠲᠠᠬᠤ ᠢᠨᠵᠧᠨᠧᠷᠢᠩ᠎ᠨᠢ ᠱᠠᠨᠳᠦ᠋ᠩ ᠮᠣᠵᠢ ᠵᠢᠨ ᠿᠢ ᠵᠣᠣ ᠵᠢᠨ ᠪᠠᠴᠢᠮ ᠪᠠᠢ᠌ᠳᠠᠯ᠎ᠢ ᠠᠷᠭ᠋ᠠᠴᠠᠬᠤ 2450 ᠲᠦᠮᠡᠨ ᠪᠤᠰᠤᠭ᠎ᠠ ᠳᠦᠷᠪᠡᠯᠵᠢᠨ ᠮᠧᠲᠷ ᠤᠰᠤ ᠲᠠᠲᠠᠵᠦ ᠤᠰᠤᠨ᠎ᠤ ᠬᠠᠩᠭ᠋ᠠᠯᠲᠠ ᠵᠢᠨ ᠪᠠᠴᠢᠮ ᠪᠠᠢ᠌ᠳᠠᠯ᠎ᠢ ᠪᠦᠲᠦᠮᠵᠢᠲᠡᠢ ᠨᠠᠮᠳᠠᠭᠤᠯᠪᠠ
ᠠᠷᠠᠳ᠎ᠤᠨ ᠡᠳᠦᠷ᠎ᠤᠨ ᠰᠣᠨᠢᠨ᠄ ᠱᠠᠨᠳᠦᠢ᠍ᠩ᠎ᠤᠨ ᠣᠳᠣ ᠦᠶ᠎ᠡ ᠵᠢᠨ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ᠎ᠳᠤ ᠤᠯᠤᠰ᠎ᠤᠨ ᠵᠢᠭᠡᠯᠡᠯᠭᠡ ᠵᠢ ᠨᠡᠮᠡᠵᠦ ᠲᠠᠷᠬᠠᠭ᠋ᠠᠵᠤ ᠤᠰᠤᠨ ᠠᠰᠢᠭᠯᠠᠯᠲᠠ ᠵᠢᠨ 120 ᠲᠦᠰᠦᠯ᠎ᠢ ᠳᠡᠮᠵᠢᠪᠡ
ᠰᠢᠨᠬᠤᠸᠠ ᠬᠣᠷᠢᠶ᠎ᠠ᠄ ᠵᠦᠵᠢᠶᠠᠩ ᠮᠦᠷᠡᠨ᠎ᠤ ᠰᠠᠪᠠ ᠭᠠᠵᠠᠷ᠎ᠤᠨ ᠪᠧᠶ᠋ᠢᠵᠢᠶᠠᠩ᠎ᠳᠤ 2 ᠳ᠋ᠤᠭ᠋ᠠᠷ ᠨᠣᠮᠧᠷᠲᠤ ᠦᠶᠡᠷ᠎ᠤᠨ ᠤᠰᠤ ᠡᠭᠦᠰᠴᠡᠶ
ᠰᠢᠨᠬᠤᠸᠠ ᠰᠦᠯᠵᠢᠶ᠎ᠡ᠄ ᠤᠰᠤᠨ ᠠᠰᠢᠭᠯᠠᠯᠲᠠ ᠵᠢᠨ ᠶᠠᠮᠤᠨ᠎ᠠᠴᠠ 2024 ᠣᠨ᠎ᠤ ᠤᠰᠤᠨ ᠴᠥᠭᠦᠷᠥᠮ᠎ᠤᠨ ᠦᠶᠡᠷ᠎ᠢ ᠠᠮᠤᠷ ᠲᠦᠪᠰᠢᠨ ᠵᠶ᠋ᠠᠷ ᠥᠩᠭᠡᠷᠡᠭᠦᠯᠬᠦ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠪᠠ
 
            