ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠭᠠᠳᠠᠭ᠋ᠠᠳᠤ ᠠᠷᠠᠯᠵᠢᠶᠠᠨ᠎ᠤ ᠨᠡᠮᠡᠭᠳᠡᠯ᠎ᠢ ᠲᠣᠭᠲᠠᠪᠤᠷᠢᠵᠢᠭᠤᠯᠬᠤ᠎ᠳᠤ ᠬᠦᠴᠦᠨ ᠨᠡᠮᠡᠷᠢᠯᠡᠪᠡ  (   ᠴᠢᠨᠠᠷ ᠰᠠᠶ᠋ᠢᠲᠠᠢ ᠬᠥᠭᠵᠢᠯᠲᠡ ᠵᠢᠨ ᠬᠢᠯᠠᠰ ᠴᠡᠭ᠎ᠢ ᠦᠵᠡᠬᠦ · ᠨᠢᠭᠡᠳᠦᠭᠡᠷ ᠹᠷᠤᠨᠲ ᠵᠶ᠋ᠠᠷ ᠶᠠᠪᠤᠬᠤ)
ᠨᠡᠶ᠋ᠢᠲᠡᠯᠡᠭᠰᠡᠨ ᠴᠠᠭ᠄ 2025-01-15

  2024 ᠣᠨ᠎ᠤ ᠡᠴᠦᠰ᠎ᠲᠤ ᠬᠤᠷᠠᠯᠳᠤᠭᠰᠠᠨ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ 《ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠥᠷᠭᠡᠳᠬᠡᠵᠦ᠂  ᠭᠠᠳᠠᠭ᠋ᠠᠳᠤ ᠠᠷᠠᠯᠵᠢᠶ᠎ᠠ ᠵᠢ ᠲᠣᠭᠲᠠᠪᠤᠷᠢᠵᠢᠭᠤᠯᠵᠤ᠂  ᠭᠠᠳᠠᠭ᠋ᠠᠳᠤ ᠪᠡᠯᠡ ᠵᠢ ᠲᠣᠭᠲᠠᠪᠤᠷᠢᠵᠢᠭᠤᠯᠤᠨ᠎ᠠ》 ᠭᠡᠵᠦ ᠳᠤᠷᠠᠳᠴᠠᠢ᠃  ᠭᠠᠳᠠᠭ᠋ᠠᠳᠤ ᠠᠷᠠᠯᠵᠢᠶᠠᠨ᠎ᠤ ᠲᠣᠭᠲᠠᠭᠤᠨ ᠵᠶ᠋ᠠᠷ ᠨᠡᠮᠡᠭᠳᠡᠬᠦ ᠵᠢ ᠠᠬᠢᠭᠤᠯᠬᠤ ᠵᠢᠨ ᠲᠥᠯᠥᠭᠡ᠂  ᠵᠢᠶᠠᠩᠰᠦ ᠠᠵᠤ ᠠᠬᠤᠶ᠋ᠢᠯᠠᠯ᠎ᠤᠨ ᠪᠡᠯᠡ ᠬᠤᠷᠠᠮᠳᠤᠭᠤᠯᠬᠤ ᠡᠪᠡᠷᠰᠢᠶᠡᠯ᠎ᠢ ᠴᠢᠩᠭ᠎ᠠ ᠠᠩᠬᠠᠷᠴᠤ᠂ 《ᠵᠢᠶᠠᠩᠰᠦ ᠵᠢᠨ ᠠᠷᠠᠯᠵᠢᠶᠠᠨ᠎ᠤ ᠵᠢᠭᠡᠯᠡᠯᠭᠡ》 ᠵᠡᠷᠭᠡ ᠢᠲᠡᠭᠡᠮᠵᠢᠲᠦ ᠵᠢᠭᠡᠯᠡᠯᠭᠡ ᠵᠢᠨ ᠪᠦᠲᠦᠭᠡᠭᠳᠡᠬᠦᠨ᠎ᠢ ᠭᠠᠷᠭ᠋ᠠᠪᠠ; ᠭᠤᠸᠠᠩᠳᠦ᠋ᠩ᠎ᠤᠨ᠎ᠬᠢᠨ 《ᠭᠤᠸᠠᠩᠳᠦ᠋ᠩ ᠰᠢᠶᠠᠩᠭ᠋ᠠᠩ ᠤᠤᠮᠸᠨ᠎ᠤ ᠬᠠᠮ ᠭᠠᠷᠠᠮ》᠎ᠤᠨ ᠵᠠᠭᠪᠤᠷ᠎ᠢ ᠰᠦᠪᠡᠭᠴᠢᠯᠡᠵᠦ᠂  ᠭᠠᠳᠠᠭ᠋ᠠᠳᠤ ᠠᠷᠠᠯᠵᠢᠶᠠᠨ᠎ᠤ ᠠᠵᠤ ᠠᠬᠤᠶ᠋ᠢᠯᠠᠯ᠎ᠤᠨ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠦᠷᠳᠡᠭ᠎ᠢ ᠪᠠᠭᠤᠷᠠᠭᠤᠯᠪᠠ; ᠴᠦᠩᠴᠢᠩ᠎ᠤᠨ ᠪᠣᠭᠤᠮᠲᠠ ᠨᠢᠭᠡ ᠯᠡ ᠥᠷᠲᠡᠭᠡᠨ᠎ᠤ ᠮᠠᠶᠢᠭ᠎ᠤᠨ ᠦᠢ᠍ᠯᠡᠴᠢᠯᠡᠭᠡ ᠬᠠᠩᠭ᠋ᠠᠵᠤ᠂  ᠤᠨᠴᠠᠯᠢᠬᠳᠤ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠳᠠᠭ᠋ᠠᠳᠤ ᠭᠠᠷᠭ᠋ᠠᠯᠲᠠ ᠵᠢ ᠥᠷᠭᠡᠳᠬᠡᠬᠦ᠎ᠳᠤ ᠬᠦᠴᠦᠨ ᠨᠡᠮᠡᠷᠢᠯᠡᠪᠡ ᠁ ᠡᠯ᠎ᠡ ᠭᠠᠵᠠᠷ᠎ᠤᠨ᠎ᠬᠢᠨ ᠴᠥᠮ ᠰᠢᠷᠢᠰ ᠠᠷᠭ᠎ᠠ ᠬᠡᠮᠵᠢᠶ᠎ᠡ ᠠᠪᠴᠤ᠂  ᠭᠠᠳᠠᠭ᠋ᠠᠳᠤ ᠠᠷᠠᠯᠵᠢᠶᠠᠨ᠎ᠤ ᠬᠥᠭᠵᠢᠯᠲᠡ ᠵᠢᠨ ᠬᠥᠳᠡᠯᠭᠡᠬᠦ ᠬᠦᠴᠦᠨ ᠡᠳᠦᠷ ᠢᠷᠡᠬᠦᠶ᠎ᠡ ᠴᠢᠩᠭ᠋ᠠᠷᠠᠪᠠ᠃

  — ᠨᠠᠢ᠌ᠷᠠᠭᠤᠯᠤᠭᠴᠢ᠎ᠠᠴᠠ

  

  2024 ᠣᠨ᠎ᠳᠤ ᠣᠷᠣᠭᠤᠯᠤᠯᠲᠠ ᠵᠢᠨ ᠬᠡᠪᠴᠢᠶ᠎ᠡ 266 ᠳ᠋ᠦᠩᠰᠢᠭᠤᠷ ᠲᠥᠭᠦᠷᠢᠭ᠎ᠢ ᠳᠠᠪᠠᠵᠤ᠂ 《ᠵᠢᠶᠠᠩᠰᠦ ᠵᠢᠨ ᠠᠷᠠᠯᠵᠢᠶᠠᠨ᠎ᠤ ᠵᠢᠭᠡᠯᠡᠯᠭᠡ》᠎ᠨᠢ ᠵᠢᠶᠠᠩᠰᠦ ᠵᠢᠨ ᠭᠠᠳᠠᠭ᠋ᠠᠳᠤ ᠠᠷᠠᠯᠵᠢᠶᠠᠨ᠎ᠤ ᠠᠵᠤ ᠠᠬᠤᠶ᠋ᠢᠯᠠᠯ᠎ᠤᠨ ᠪᠠᠯᠠ ᠲᠣᠬᠢᠷᠠᠭᠤᠯᠬᠤ᠎ᠳᠤ ᠬᠦᠴᠦᠨ ᠨᠡᠮᠡᠷᠢᠯᠡᠪᠡ

   ᠡᠮᠦᠨᠡᠲᠦ ᠠᠮᠧᠷᠢᠺᠠ ᠲᠢᠪ᠎ᠤᠨ ᠮᠢ ᠯᠦ᠍ ᠺᠠᠠ ᠶᠠ ᠡᠸ ᠭᠠᠷᠠᠮ᠎ᠤᠨ ᠨᠢᠭᠡ ᠪᠦᠯᠦᠭ ᠳᠤᠮᠳᠠᠳᠤ ᠤᠯᠤᠰ᠎ᠤᠨ ᠦᠢ᠍ᠯᠡᠳᠪᠦᠷᠢᠯᠡᠭᠰᠡᠨ ᠴᠠᠬᠢᠯᠭ᠋ᠠᠨ ᠬᠡᠮᠵᠢᠭᠦᠷ᠎ᠤᠨ ᠬᠠᠢ᠌ᠷᠴᠠᠭ ᠭᠠᠷᠠᠮ᠎ᠳᠤ ᠪᠠᠷᠠᠭ᠎ᠠ ᠪᠠᠭᠤᠯᠭ᠋ᠠᠵᠠᠢ᠃  ᠡᠨᠡ ᠪᠣᠯ ᠭᠦᠩᠰᠧ ᠠᠩᠬ᠎ᠠ ᠤᠳᠠᠭ᠎ᠠ ᠴᠠᠬᠢᠯᠭ᠋ᠠᠨ ᠬᠡᠮᠵᠢᠭᠦᠷ᠎ᠤᠨ ᠬᠠᠢ᠌ᠷᠴᠠᠭ᠎ᠤᠨ ᠪᠥᠲᠥᠭᠡᠭᠳᠡᠬᠦᠨ᠎ᠢ ᠭᠠᠳᠠᠭ᠋ᠠᠳᠤ᠎ᠳᠤ ᠭᠠᠷᠭ᠋ᠠᠬᠤ᠎ᠪᠠᠷ ᠲᠤᠷᠰᠢᠭᠰᠠᠨ ᠭᠦᠢ᠍ᠯᠡᠭᠡᠭᠡᠨ᠎ᠤ ᠪᠡᠯᠡ ᠮᠥᠩᠭᠥ ᠶᠤᠮ》 ᠭᠡᠵᠦ ᠵᠢᠶᠠᠩᠰᠦ ᠨᠠᠨᠵᠢᠩ᠎ᠤᠨ ᠵᠢᠨ ᠱᠠᠨ ᠬᠢᠮᠢ ᠵᠢᠨ ᠠᠵᠤ ᠦᠢ᠍ᠯᠡᠳᠪᠦᠷᠢ ᠵᠢᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠡᠳ᠋᠎ᠤᠨ ᠶᠠᠪᠤᠳᠠᠯ᠎ᠤᠨ ᠬᠠᠷᠢᠭᠤᠴᠠᠯᠭ᠋ᠠᠲᠠᠨ ᠵᠠᠩ ᠵᠢᠩ ᠴᠢᠦ ᠬᠡᠯᠡᠪᠡ᠃

   ᠡᠮᠦᠨ᠎ᠡ᠎ᠨᠢ ᠲᠤᠰ ᠭᠦᠩᠰᠧ ᠮᠢ ᠯᠦ᠍᠎ᠲᠠᠢ 300 ᠲᠦᠮᠡᠨ ᠳ᠋ᠣᠯᠯᠠᠷ᠎ᠤᠨ ᠦᠨ᠎ᠡ᠎ᠲᠠᠢ ᠴᠠᠬᠢᠯᠭ᠋ᠠᠨ ᠬᠡᠮᠵᠢᠭᠦᠷ᠎ᠤᠨ ᠬᠠᠢ᠌ᠷᠴᠠᠭ᠎ᠤᠨ ᠵᠠᠬᠢᠶᠠᠯᠠᠭ᠎ᠠ ᠵᠢᠨ ᠬᠠᠭᠤᠳᠠᠰᠤᠨ᠎ᠳᠤ ᠭᠠᠷ᠎ᠤᠨ ᠦᠰᠦᠭ ᠵᠢᠷᠤᠵᠠᠢ᠃  ᠳᠦᠷᠢᠮ᠎ᠢ ᠦᠨᠳᠦᠰᠦᠯᠡᠨ᠂  ᠦᠢ᠍ᠯᠡᠳᠬᠦᠨ᠎ᠤ ᠬᠡᠷᠡᠭᠴᠡᠭᠡ ᠵᠢ ᠳᠠᠯᠠᠢ ᠳᠡᠭᠡᠷ᠎ᠡ ᠲᠡᠭᠡᠭᠡᠪᠦᠷᠢᠯᠡᠬᠦ᠂  ᠪᠣᠭᠣᠮᠲᠠ᠎ᠳᠤ ᠮᠡᠳᠡᠭᠦᠯᠬᠦ᠂  ᠰᠢᠯᠭ᠋ᠠᠨ ᠠᠪᠬᠤ ᠵᠢ ᠥᠩᠭᠡᠷᠡᠭᠡᠭᠰᠡᠨ᠎ᠤ ᠳᠠᠷᠠᠭ᠎ᠠ᠂  ᠺᠤᠮᠫᠠᠨᠢ ᠰᠠᠶᠢ ᠳᠠᠩᠰᠠᠨ᠎ᠤ ᠵᠣᠭᠣᠰ᠎ᠢ ᠬᠤᠷᠢᠶᠠᠨ ᠣᠯᠵᠤ ᠴᠢᠳᠠᠨ᠎ᠠ᠃ 《ᠭᠦᠩᠰᠧ᠎ᠠᠴᠠ ᠴᠠᠬᠢᠯᠭ᠋ᠠᠨ ᠬᠡᠮᠵᠢᠭᠦᠷ᠎ᠤᠨ ᠬᠠᠢ᠌ᠷᠴᠠᠭ᠎ᠤᠨ ᠦᠢ᠍ᠯᠡᠳᠪᠦᠷᠢᠯᠡᠯ᠎ᠤᠨ ᠵᠠᠷᠤᠳᠠᠯ ᠪᠣᠯᠣᠨ ᠲᠡᠭᠡᠭᠡᠪᠦᠷᠢ ᠵᠢᠨ ᠵᠠᠷᠤᠳᠠᠯ᠎ᠢ ᠣᠷᠣᠯᠠᠨ ᠲᠥᠯᠥᠬᠦ ᠪᠡᠯᠡ ᠮᠥᠩᠭᠥ ᠵᠢᠨ ᠳᠠᠷᠤᠯᠲᠠ ᠪᠠᠭ᠎ᠠ ᠦᠭᠡᠢ》 ᠶᠤᠮ᠃  ᠵᠠᠩ ᠵᠢᠩ ᠴᠢᠦ᠂  ᠲᠥᠰᠥᠭᠡᠯᠡᠭᠰᠡᠨ ᠵᠶ᠋ᠠᠷ᠂  ᠣᠷᠣᠯᠠᠨ ᠥᠭᠭᠦᠭᠰᠡᠨ ᠪᠡᠯᠡ ᠮᠥᠩᠭᠦ᠎ᠠᠴᠠ ᠵᠠᠬᠢᠶᠠᠯᠠᠭ᠎ᠠ ᠵᠢᠨ ᠬᠠᠭᠤᠳᠠᠰᠤ ᠵᠢ ᠤᠯᠬᠤ ᠬᠦᠷᠲᠡᠯ᠎ᠡ᠂  ᠪᠠᠷᠤᠭ 75 ᠡᠳᠦᠷ᠎ᠤᠨ ᠦᠶᠡᠯᠡᠯ᠎ᠤᠨ ᠬᠤᠭᠤᠴᠠᠭ᠎ᠠ ᠬᠡᠷᠡᠭᠰᠡᠨ᠎ᠡ᠃

  《ᠡᠶ᠋ᠢᠮᠦ ᠶᠡᠭᠡ ᠵᠠᠬᠢᠶᠠᠯᠠᠭ᠎ᠠ ᠵᠢᠨ ᠬᠠᠭᠤᠳᠠᠰᠤ᠎ᠨᠢ ᠯᠠᠪᠲᠠᠢ ᠡᠵᠡᠩᠨᠡᠯᠲᠡ ᠵᠢᠨ ᠣᠷᠣᠯᠭ᠎ᠠ ᠵᠢᠨ ᠶᠡᠭᠡ ᠬᠡᠮᠵᠢᠶ᠎ᠡ᠎ᠪᠠᠷ ᠨᠡᠮᠡᠭᠳᠡᠬᠦ ᠵᠢ ᠳᠠᠶ᠋ᠢᠴᠢᠯᠠᠵᠤ ᠪᠣᠯᠤᠨ᠎ᠠ᠂  ᠭᠡᠪᠡᠴᠦ ᠪᠡᠯᠡ ᠮᠥᠩᠭᠦ ᠵᠢᠨ ᠳᠤᠲᠠᠭᠤᠳᠠᠯ᠎ᠢ ᠬᠡᠷᠬᠢᠨ ᠰᠢᠢ᠍ᠳᠪᠦᠷᠢᠯᠡᠬᠦ ᠪᠣᠯ ᠬᠦᠴᠢᠷ ᠠᠰᠠᠭᠤᠳᠠᠯ ᠪᠣᠯᠵᠤ ᠪᠠᠶ᠋ᠢᠨ᠎ᠠ》᠃  ᠵᠠᠩ ᠵᠢᠩ ᠴᠢᠦ ᠲᠠᠨᠢᠯᠴᠠᠭᠤᠯᠬᠤ᠎ᠳᠠᠭᠠᠨ᠂  ᠺᠣᠮᠫᠠᠨᠢ ᠪᠠᠷᠢᠴᠠᠭ᠋ᠠᠨ᠎ᠤ ᠡᠳ᠋ ᠪᠠᠭ᠎ᠠ ᠪᠣᠯᠬᠤᠷ ᠡᠯ᠎ᠡ ᠪᠠᠩᠬᠢ᠎ᠳᠤ ᠪᠡᠯᠡ ᠲᠣᠬᠢᠷᠠᠭᠤᠯᠭ᠎ᠠ ᠵᠢᠨ ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠨᠡᠯᠢᠶᠡᠳ ᠪᠠᠭ᠎ᠠ ᠪᠠᠶ᠋ᠢᠵᠤ᠂  ᠡᠨᠡ ᠬᠦ᠌ ᠵᠠᠬᠢᠶᠠᠯᠠᠭ᠎ᠠ ᠵᠢᠨ ᠪᠠᠷᠠᠭ᠎ᠠ ᠪᠡᠯᠡᠳᠬᠡᠬᠦ ᠵᠢ ᠨᠥᠯᠥᠭᠡᠯᠡᠪᠡ᠃

   ᠠᠵᠤ ᠠᠬᠤᠶ᠋ᠢᠯᠠᠯ ᠣᠶ᠋ᠢᠯᠠᠭ᠋ᠠᠭᠰᠠᠨ᠎ᠤ ᠳᠠᠷᠠᠭ᠎ᠠ᠂  ᠵᠢᠶᠠᠩᠰᠦ ᠵᠢᠨ ᠪᠠᠩᠭᠢ ᠵᠢᠨ ᠨᠠᠨᠵᠢᠩ᠎ᠤᠨ ᠯᠦᠩ ᠵᠢᠶᠠᠩ ᠰᠠᠯᠪᠤᠷᠢ ᠪᠠᠩᠭᠢ ᠪᠠᠶ᠋ᠢᠴᠠᠭ᠋ᠠᠨ ᠰᠤᠳᠤᠯᠤᠯᠲᠠ ᠬᠢᠭᠰᠡᠨ᠎ᠤ ᠳᠠᠷᠠᠭ᠎ᠠ 《ᠵᠢᠶᠠᠩᠰᠦ ᠵᠢᠨ ᠠᠷᠠᠯᠵᠢᠶᠠᠨ᠎ᠤ ᠵᠢᠭᠡᠯᠡᠯᠭᠡ》 ᠠᠪᠬᠤ ᠦᠢ᠍ᠯᠡᠳᠭᠦᠨ᠎ᠢ ᠲᠠᠨᠢᠯᠴᠠᠭᠤᠯᠵᠠᠶ᠃ 《ᠡᠨᠡ ᠬᠦ᠌ ᠦᠢ᠍ᠯᠡᠳᠬᠦᠨ ᠪᠣᠯ ᠵᠢᠶᠠᠩᠰᠦ ᠮᠤᠵᠢ ᠵᠢᠨ ᠪᠠᠩᠬᠢ ᠪᠣᠯᠤᠨ ᠵᠢᠶᠠᠩᠰᠦ ᠮᠤᠵᠢ ᠵᠢᠨ ᠡᠳ᠋᠎ᠤᠨ ᠵᠠᠰᠠᠭ᠎ᠤᠨ ᠲᠢᠩᠬᠢᠮ᠂  ᠮᠤᠵᠢ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠬᠠᠮᠲᠤᠷᠠᠯᠴᠠᠭ᠎ᠠ ᠮᠥᠨ᠂  ᠪᠥᠬᠦ ᠮᠤᠵᠢ ᠵᠢᠨ ᠳᠤᠮᠳᠠ ᠵᠢᠵᠢᠭ ᠪᠢᠴᠢᠯ ᠭᠠᠳᠠᠭ᠋ᠠᠳᠤ ᠠᠷᠠᠯᠵᠢᠶᠠᠨ᠎ᠤ ᠠᠵᠤ ᠠᠬᠤᠶ᠋ᠢᠯᠠᠯ᠎ᠤᠨ ᠬᠥᠭᠵᠢᠯᠲᠡ ᠵᠢ ᠳᠡᠮᠵᠢᠬᠦ᠎ᠳᠤ ᠣᠬᠤᠷ ᠬᠤᠭᠤᠴᠠᠭ᠋ᠠᠨ᠎ᠤ ᠡᠷᠭᠢᠯᠲᠡ ᠵᠢᠨ ᠪᠠᠯᠠ ᠮᠥᠩᠭᠦ ᠵᠢᠨ ᠵᠢᠭᠡᠯᠡᠯᠭᠡ᠂  ᠣᠯᠠᠨ ᠤᠯᠤᠰ᠎ᠤᠨ ᠠᠷᠠᠯᠵᠢᠶᠠᠨ᠎ᠤ ᠪᠠᠯᠠ ᠲᠣᠬᠢᠷᠠᠭᠤᠯᠭ᠎ᠠ ᠵᠢᠨ ᠦᠢ᠍ᠯᠡᠳᠬᠦᠨ ᠮᠥᠨ᠂  ᠵᠢᠭᠡᠯᠡᠯᠭᠡ ᠵᠢᠨ ᠵᠣᠭᠤᠰ᠎ᠤᠨ ᠲᠤᠭ᠎ᠠ ᠬᠠᠮᠤᠭ᠎ᠤᠨ ᠥᠨᠳᠥᠷ᠎ᠲᠡᠭᠡᠨ 3000 ᠲᠦᠮᠡᠨ ᠲᠥᠭᠦᠷᠢᠭ᠎ᠲᠤ ᠬᠦᠷᠴᠦ ᠪᠣᠯᠤᠨ᠎ᠠ》 ᠭᠡᠵᠡᠶ᠃  ᠯᠦᠩ ᠵᠢᠶᠠᠩ ᠰᠠᠯᠪᠤᠷᠢ ᠪᠠᠩᠭᠢ ᠵᠢᠨ ᠬᠠᠷᠢᠭᠤᠴᠠᠯᠭ᠋ᠠᠲᠠᠨ ᠬᠡᠯᠡᠪᠡ᠃

   ᠵᠠᠬᠢᠶᠠᠯᠠᠭ᠎ᠠ ᠵᠢᠨ ᠪᠠᠶ᠋ᠢᠳᠠᠯ᠎ᠢ ᠦᠨᠳᠦᠰᠦᠯᠡᠨ᠂  ᠠᠵᠤ ᠠᠬᠤᠶ᠋ᠢᠯᠠᠯ ᠠᠮᠵᠢᠯᠲᠠ᠎ᠲᠠᠢ᠎ᠪᠠᠷ 500 ᠲᠦᠮᠡᠨ ᠲᠥᠭᠦᠷᠢᠭ᠎ᠤᠨ ᠢᠲᠡᠭᠡᠮᠵᠢ ᠣᠯᠭᠤᠬᠤ ᠲᠤᠭ᠎ᠠ ᠵᠢ ᠵᠥᠪᠰᠢᠶᠡᠷᠡᠵᠦ᠂  ᠵᠥᠪᠰᠢᠶᠡᠷᠡᠯ ᠣᠯᠤᠭᠰᠠᠨ ᠲᠤᠬᠠᠢ ᠵᠢᠨ ᠡᠳᠦᠷ᠎ᠲᠤ 300 ᠲᠦᠮᠡᠨ ᠲᠥᠭᠦᠷᠢᠭ᠎ᠢ ᠠᠵᠤ ᠠᠬᠤᠶ᠋ᠢᠯᠠᠯ᠎ᠤᠨ ᠡᠮᠦᠨᠡᠬᠢ ᠬᠤᠭᠤᠴᠠᠭ᠋ᠠᠨ᠎ᠤ ᠬᠤᠳᠠᠯᠳᠤᠨ ᠠᠪᠬᠤ ᠣᠷᠣᠯᠠᠨ ᠥᠭᠬᠦ᠎ᠳᠤ ᠬᠡᠷᠡᠭᠯᠡᠵᠦ᠂ 200 ᠲᠦᠮᠡᠨ ᠲᠥᠭᠦᠷᠢᠭ᠎ᠢ ᠰᠢᠯᠭ᠋ᠠᠨ ᠠᠪᠤᠭᠰᠠᠨ᠎ᠤ ᠳᠠᠷᠠᠭ᠋ᠠᠬᠢ ᠪᠡᠯᠡ ᠮᠥᠩᠭᠦ ᠵᠢ ᠡᠭᠡᠭᠦᠯᠦᠨ ᠠᠪᠴᠢᠷᠠᠬᠤ᠎ᠳᠤ ᠬᠡᠷᠡᠭᠯᠡᠪᠡ᠃

   ᠪᠤᠰᠤᠳ ᠮᠦᠩᠭᠦᠨ ᠭᠦᠢ᠍ᠯᠬᠡᠬᠡᠨ᠎ᠤ ᠪᠦᠲᠦᠭᠡᠭᠳᠡᠭᠦᠨ᠎ᠲᠠᠢ ᠬᠠᠷᠢᠴᠠᠭᠤᠯᠪᠠᠯ᠂ 《ᠵᠢᠶᠠᠩᠰᠦ ᠵᠢᠨ ᠠᠷᠠᠯᠵᠢᠶᠠᠨ᠎ᠤ ᠵᠢᠭᠡᠯᠡᠯᠭᠡ》᠎ᠨᠢ ᠭᠠᠲᠠᠭ᠋ᠠᠲᠦ ᠠᠷᠠᠯᠵᠢᠶᠠᠨ᠎ᠤ ᠠᠵᠤ ᠠᠬᠤᠶ᠋ᠢᠯᠠᠯ᠎ᠤᠨ ᠡᠮᠦᠨ᠎ᠡ ᠦᠵᠦᠭᠦᠷ᠎ᠤᠨ ᠪᠠᠯᠠ ᠮᠦᠩᠭᠦᠨ᠎ᠤ ᠬᠡᠯᠭᠢᠶ᠎ᠡ ᠵᠢᠨ ᠰᠠᠭ᠋ᠠᠳ᠎ᠲᠠᠢ ᠠᠰᠠᠭᠤᠲᠠᠯ᠎ᠢ ᠴᠢᠬᠤᠯᠠᠴᠢᠯᠠᠨ ᠠᠩᠬᠠᠷᠬᠤ᠎ᠪᠠᠷ ᠭᠤᠤᠯᠲᠠᠵᠤ ᠪᠠᠶ᠋ᠢᠨ᠎ᠠ᠃  ᠡᠭᠦᠨ᠎ᠠᠴᠠ ᠡᠮᠦᠨ᠎ᠡ ᠪᠢᠳᠡ ᠪᠠᠰᠠ ᠤᠯᠠᠨ ᠵᠦᠢ᠍ᠯ᠎ᠤᠨ ᠬᠡᠯᠪᠡᠷᠢ ᠵᠢᠨ ᠮᠥᠩᠭᠦᠨ ᠭᠦᠢ᠍ᠯᠭᠡᠭᠡᠨ᠎ᠤ ᠦᠢ᠍ᠯᠡᠳᠬᠦᠨ᠎ᠢ ᠲᠤᠷᠰᠢᠵᠤ ᠦᠵᠡᠭᠰᠡᠨ ᠪᠣᠯᠪᠠᠴᠤ ᠵᠣᠩᠬᠢᠯᠠᠬᠤ ᠤᠯᠠᠨ ᠲᠣᠭ᠋ᠠᠨ᠎ᠤ ᠦᠢ᠍ᠯᠡᠳᠬᠦᠨ᠎ᠨᠢ ᠵᠥᠪᠬᠡᠨ ᠠᠵᠤ ᠠᠬᠤᠶ᠋ᠢᠯᠠᠯ᠎ᠤᠨ ᠵᠠᠬᠢᠶᠠᠯᠠᠭ᠎ᠠ᠎ᠪᠠᠷ ᠲᠤᠰᠢᠶᠠᠭᠰᠠᠨ᠎ᠤ ᠰᠡᠭᠦᠯᠴᠢ ᠵᠢᠨ ᠬᠤᠭᠤᠴᠠᠭ᠋ᠠᠨ᠎ᠤ ᠪᠡᠯᠡ ᠮᠥᠩᠭᠦ᠎ᠪᠠᠷ ᠡᠭᠡᠭᠦᠯᠦᠨ ᠬᠤᠷᠢᠶᠠᠵᠤ ᠪᠡᠯᠡ ᠲᠣᠬᠢᠷᠠᠭᠤᠯᠭ᠎ᠠ ᠬᠢᠵᠦ ᠪᠠᠶ᠋ᠢᠵᠠᠢ᠃  ᠵᠠᠩ ᠵᠢᠩ ᠴᠢᠤ ᠵᠢᠨ ᠲᠠᠨᠢᠯᠴᠠᠭᠤᠯᠤᠭᠰᠠᠨ ᠵᠶ᠋ᠠᠷ᠂ 《〈ᠵᠢᠶᠠᠩᠰᠦ ᠵᠢᠨ ᠠᠷᠠᠯᠵᠢᠶᠠᠨ᠎ᠤ ᠵᠢᠭᠡᠯᠡᠯᠭᠡ〉᠎ᠨᠢ ᠠᠵᠤ ᠠᠬᠤᠶ᠋ᠢᠯᠠᠯ᠎ᠤᠨ ᠡᠮᠦᠨ᠎ᠡ ᠬᠡᠰᠡᠭ᠎ᠤᠨ ᠪᠡᠯᠡ ᠮᠥᠩᠭᠦ ᠵᠢᠨ ᠬᠡᠯᠬᠢᠶ᠎ᠡ ᠵᠢ ᠬᠥᠭᠵᠢᠭᠡᠵᠦ᠂  ᠪᠢᠳᠡᠨ᠎ᠤ ᠲᠤᠬᠠᠶ᠋ᠢᠯᠠᠭᠰᠠᠨ ᠠᠵᠢᠯ᠎ᠤᠨ ᠬᠦᠷᠢᠶ᠎ᠡ ᠪᠠ ᠵᠠᠬᠢᠶᠠᠯᠠᠭ᠎ᠠ ᠵᠢᠨ ᠬᠡᠮᠵᠢᠶ᠎ᠡ᠎ᠪᠠᠨ ᠥᠷᠭᠡᠳᠬᠡᠬᠦ᠎ᠳᠤ ᠬᠠᠪᠰᠤᠷᠤᠯᠭ᠎ᠠ ᠦᠵᠡᠭᠦᠯᠪᠡ》 ᠭᠡᠵᠡᠢ᠃

  《〈ᠵᠢᠶᠠᠩᠰᠦ ᠵᠢᠨ ᠠᠷᠠᠯᠵᠢᠶᠠᠨ᠎ᠤ ᠵᠢᠭᠡᠯᠡᠯᠭᠡ〉 ᠪᠣᠯ ᠮᠤᠵᠢ ᠵᠢᠨ ᠫᠦ᠋ ᠬᠤᠢ ᠮᠥᠩᠭᠦᠨ ᠭᠦᠢ᠍ᠯᠭᠡᠭᠡᠨ᠎ᠤ ᠬᠥᠭᠵᠢᠯᠲᠡ ᠵᠢᠨ ᠲᠦᠭᠰᠢᠭᠦᠷᠢ ᠵᠢᠨ ᠨᠥᠬᠦᠪᠥᠷᠢ ᠵᠢᠨ ᠰᠠᠭᠤᠷᠢ ᠮᠥᠩᠭᠦ᠎ᠳᠤ ᠲᠦᠰᠢᠭᠯᠡᠨ ᠪᠠᠶ᠋ᠢᠭᠤᠯᠤᠭᠰᠠᠨ ᠵᠠᠰᠠᠭ ᠪᠠᠩᠬᠢ ᠵᠢᠨ ᠬᠠᠮᠲᠤᠷᠠᠯᠴᠠᠭ᠋ᠠᠨ᠎ᠤ ᠢᠲᠡᠭᠡᠮᠵᠢᠲᠦ ᠵᠢᠭᠡᠯᠡᠯᠭᠡ ᠵᠢᠨ ᠨᠡᠷᠡᠳᠬᠦᠨ ᠪᠣᠯᠤᠨ᠎ᠠ᠂  ᠭᠠᠳᠠᠭ᠋ᠠᠳᠤ ᠭᠠᠷᠭ᠋ᠠᠯᠲᠠ ᠵᠢᠨ ᠢᠲᠡᠭᠡᠮᠵᠢ ᠵᠢᠨ ᠳᠠᠭ᠋ᠠᠳᠬᠠᠯ᠎ᠤᠨ ᠬᠠᠭᠤᠳᠠᠰᠤ ᠵᠢᠨ ᠪᠠᠯᠠ ᠲᠣᠬᠢᠷᠠᠭᠤᠯᠭ᠎ᠠ᠎ᠲᠠᠢ ᠪᠦᠲᠦᠮᠵᠢᠲᠡᠶ ᠤᠶᠠᠯᠳᠤᠭᠤᠯᠵᠤ᠂  ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠬᠥᠲᠥᠯᠦᠨ ᠵᠢᠯᠣᠭᠤᠳᠴᠤ ᠪᠠᠶ᠋ᠢᠭ᠋ᠠᠳ ᠪᠥᠬᠦ ᠮᠤᠵᠢ ᠵᠢᠨ ᠳᠤᠮᠳᠠ ᠵᠢᠵᠢᠭ ᠪᠢᠴᠢᠯ ᠭᠠᠳᠠᠭ᠋ᠠᠳᠤ ᠠᠷᠠᠯᠵᠢᠶᠠᠨ᠎ᠤ ᠠᠵᠤ ᠠᠬᠤᠶ᠋ᠢᠯᠠᠯ᠎ᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂  ᠭᠠᠳᠠᠭ᠋ᠠᠳᠤ ᠠᠷᠠᠯᠵᠢᠶᠠᠨ᠎ᠤ ᠠᠵᠤ ᠠᠬᠤᠶ᠋ᠢᠯᠠᠯ᠎ᠤᠨ ᠪᠠᠯᠠ ᠲᠣᠬᠢᠷᠠᠭᠤᠯᠭ᠎ᠠ ᠵᠢᠨ ᠣᠷᠴᠢᠨ ᠨᠥᠬᠦᠴᠡᠯ᠎ᠢ ᠰᠠᠶ᠋ᠢᠵᠢᠷᠠᠭᠤᠯᠵᠤ᠂  ᠭᠠᠳᠠᠭ᠋ᠠᠳᠤ ᠠᠷᠠᠯᠵᠢᠶᠠᠨ᠎ᠤ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠪᠠ》᠃  ᠵᠢᠶᠠᠩᠰᠦ ᠮᠤᠵᠢ ᠵᠢᠨ ᠡᠳ᠋᠎ᠤᠨ ᠵᠠᠰᠠᠭ᠎ᠤᠨ ᠲᠢᠩᠬᠢᠮ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠤ ᠲᠠᠨᠢᠯᠴᠠᠭᠤᠯᠤᠭᠰᠠᠨ ᠵᠶ᠋ᠠᠷ᠂ 《ᠵᠢᠶᠠᠩᠰᠦ ᠵᠢᠨ ᠠᠷᠠᠯᠵᠢᠶᠠᠨ᠎ᠤ ᠵᠢᠭᠡᠯᠡᠯᠭᠡ》 2024 ᠣᠨ᠎ᠳᠤ ᠲᠠᠯᠪᠢᠭᠰᠠᠨ ᠬᠡᠪᠴᠢᠶ᠎ᠡ᠎ᠨᠢ 266.43 ᠳ᠋ᠦᠩᠰᠢᠭᠤᠷ ᠲᠥᠭᠦᠷᠢᠭ᠎ᠲᠤ ᠬᠦᠷᠴᠦ᠂  ᠠᠳᠠᠯᠢ ᠬᠤᠭᠤᠴᠠᠭ᠋ᠠᠨ᠎ᠤ᠎ᠬᠢ᠎ᠠᠴᠠ 57.2% ᠵᠶ᠋ᠠᠷ ᠨᠡᠮᠡᠭᠳᠡᠵᠦ᠂ 3766 ᠳᠤᠮᠳᠠ ᠵᠢᠵᠢᠭ ᠪᠢᠴᠢᠯ ᠭᠠᠳᠠᠭ᠋ᠠᠳᠤ ᠠᠷᠠᠯᠵᠢᠶᠠᠨ᠎ᠤ ᠠᠵᠤ ᠠᠬᠤᠶ᠋ᠢᠯᠠᠯ᠎ᠳᠤ ᠠᠰᠢᠭ ᠬᠦᠷᠲᠡᠭᠡᠵᠦ᠂  ᠠᠳᠠᠯᠢ ᠬᠤᠭᠤᠴᠠᠭ᠋ᠠᠨ᠎ᠤ᠎ᠬᠢ᠎ᠠᠴᠠ 48%᠎ᠪᠠᠷ ᠨᠡᠮᠡᠭᠳᠡᠪᠡ᠃

   ᠥᠪᠡᠷ᠎ᠤᠨ ᠥᠷᠲᠡᠭ᠎ᠢ ᠨᠡᠶ᠋ᠢᠲᠡ 3 ᠳ᠋ᠦᠩᠰᠢᠭᠤᠷ ᠲᠥᠭᠦᠷᠢᠭ ᠠᠷᠪᠢᠯᠠᠵᠤ᠂  ᠭᠤᠸᠠᠩᠳᠦ᠋ᠩ᠎ᠤᠨ ᠪᠣᠭᠤᠮᠲᠠ᠎ᠪᠠᠷ ᠥᠩᠭᠡᠷᠡᠬᠦ ᠵᠠᠭᠪᠤᠷ᠎ᠢ ᠥᠭᠡᠷᠡᠴᠢᠯᠡᠵᠦ᠂  ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠪᠡ

  《ᠳ᠋ᠢ!》 ᠭᠡᠬᠦ ᠮᠠᠰᠢᠨ᠎ᠤ ᠳᠠᠭᠤᠨ ᠬᠦᠩᠭᠢᠨᠡᠵᠦ᠂  ᠪᠢᠴᠢᠯ ᠳᠣᠯᠭᠢᠶᠠᠨ᠎ᠤ ᠵᠤᠤᠬ᠎ᠠ᠂  ᠠᠶᠠᠭ᠎ᠠ ᠤᠬᠢᠶᠠᠬᠤ ᠮᠠᠰᠢᠨ ᠵᠡᠷᠭᠡ ᠭᠡᠷ᠎ᠤᠨ ᠴᠠᠬᠢᠯᠭ᠋ᠠᠨ ᠬᠡᠷᠡᠭᠰᠡᠯ᠎ᠤᠨ ᠴᠢᠷᠭᠡᠦᠯ ᠣᠩᠭᠣᠴᠠ 《ᠢ ᠬᠠᠩ 12》 ᠭᠤᠸᠠᠩᠳᠦ᠋ᠩ᠎ᠤᠨ ᠹᠦᠸᠸ ᠱᠠᠨ᠎ᠤ ᠪᠧᠢ ᠵᠢᠶᠤᠤ ᠭᠠᠷᠠᠮ᠎ᠠᠴᠠ ᠮᠤᠷᠳᠠᠪᠠ᠃  ᠡᠳᠡᠭᠡᠷ ᠡᠳ᠋ ᠪᠠᠷᠠᠭ᠎ᠠ ᠵᠢᠨ ᠳᠠᠷᠠᠭ᠎ᠠ ᠱᠸᠨᠵᠸᠨ᠎ᠤ ᠱᠸ ᠺᠸᠤ ᠭᠠᠷᠠᠮ᠎ᠳᠤ ᠣᠯᠠᠨ ᠤᠯᠤᠰ᠎ᠤᠨ ᠪᠠᠷᠠᠭ᠋ᠠᠨ᠎ᠤ ᠤᠩᠭᠤᠴᠠᠨ᠎ᠳᠤ ᠰᠠᠭᠤᠵᠤ ᠵᠡᠭᠦᠨ ᠡᠮᠦᠨᠡᠲᠦ ᠠᠽᠢᠶ᠎ᠠ ᠬᠦᠷᠬᠦ ᠪᠤᠯᠤᠨ᠎ᠠ᠃

  《ᠪᠥᠬᠦ ᠶᠠᠪᠤᠴᠠ ᠵᠢ ᠵᠥᠪᠬᠡᠨ ᠪᠧᠢ ᠵᠢᠶᠤᠤ ᠭᠠᠷᠠᠮ᠎ᠳᠤ 〈ᠨᠢᠭᠡ ᠤᠳᠠᠭ᠎ᠠ ᠪᠣᠭᠤᠮᠲᠠ᠎ᠳᠤ ᠮᠡᠳᠡᠭᠦᠯᠪᠡᠯ〉 ᠳᠠᠷᠤᠢ ᠲᠠᠩᠭᠢᠰ᠎ᠲᠤ ᠭᠠᠷᠴᠤ ᠪᠣᠯᠤᠨ᠎ᠠ᠂  ᠮᠥᠷᠡᠨ ᠲᠠᠩᠭᠢᠰ᠎ᠢ ᠬᠤᠯᠪᠣᠭ᠋ᠠᠯᠠᠨ ᠲᠡᠭᠡᠭᠡᠪᠦᠷᠢᠯᠡᠵᠦ ᠪᠠᠶ᠋ᠢᠭ᠎ᠠ ᠪᠠᠷᠠᠭ᠋ᠠᠨ᠎ᠤ ᠭᠦᠢ᠍ᠯᠭᠡᠭᠡᠨ᠎ᠤ ᠬᠦᠴᠦᠨ᠎ᠲᠠᠢ ᠬᠤᠭᠤᠴᠠᠭ᠎ᠠ ᠵᠢ ᠥᠩᠭᠡᠷᠡᠭᠰᠡᠨ᠎ᠤ 5 — 7 ᠡᠳᠦᠷ᠎ᠢ 2 — 3 ᠡᠳᠦᠷ ᠪᠣᠯᠭ᠋ᠠᠨ ᠪᠣᠭᠤᠨᠢᠰᠬᠠᠨ᠎ᠠ》᠃  ᠴᠢᠷᠭ᠎ᠠ ᠴᠢᠷᠦᠭᠦᠯ ᠣᠩᠭᠣᠴᠠ ᠮᠧᠢ ᠳ᠋ᠢ ᠪᠦᠯᠦᠭᠯᠡᠯ᠎ᠤᠨ ᠪᠣᠭᠣᠮᠲᠠ ᠵᠢᠨ ᠶᠠᠪᠤᠳᠠᠯ᠎ᠤᠨ ᠳᠠᠭ᠋ᠠᠭ᠋ᠠᠮᠠᠯ ᠯᠢ ᠬᠤᠢ ᠬᠤᠸᠠ ᠴᠢᠷᠠᠢ ᠳᠦᠭᠦᠷᠡᠩ ᠪᠠᠶᠠᠷᠲᠠᠢ᠂  ᠪᠤᠭᠤᠮᠲᠠ ᠵᠢᠨ ᠪᠠᠶ᠋ᠢᠴᠠᠭ᠋ᠠᠨ ᠰᠢᠯᠭ᠋ᠠᠬᠤ ᠭᠠᠷ ᠭᠦᠢ᠍ᠴᠡᠳᠭᠡᠯ᠎ᠢ ᠬᠢᠭᠦ ᠦᠶ᠎ᠡ᠎ᠳᠤ᠂  ᠯᠢ ᠬᠤᠢ ᠬᠤᠸᠠ ᠨᠢᠬᠡᠨᠲᠡ ᠵᠦᠩ ᠶᠤᠸᠠᠨ ᠲᠠᠯᠠᠢ ᠵᠢᠨ ᠲᠡᠬᠡᠬᠡᠪᠦᠷᠢ ᠵᠢᠨ ᠪᠦᠯᠦᠭᠯᠡᠯ᠎ᠤᠨ ᠤᠯᠠᠨ ᠤᠯᠤᠰ᠎ᠤᠨ ᠪᠠᠷᠠᠭ᠋ᠠᠨ᠎ᠤ ᠣᠩᠭᠤᠴᠠ ᠪᠠ ᠦᠷᠦᠬᠡ ᠵᠢ ᠵᠠᠬᠢᠶᠠᠯᠠᠵᠤ᠂ 《ᠴᠠᠭ᠋ᠠᠨ ᠰᠠᠷ᠎ᠠ ᠤᠳᠠᠯ ᠦᠭᠡᠢ ᠬᠦᠷᠴᠦ ᠢᠷᠡᠭᠦ ᠦᠶ᠎ᠡ᠎ᠳᠤ᠂  ᠭᠠᠲᠠᠭ᠋ᠠᠲᠦ᠎ᠳᠤ ᠭᠠᠷᠭ᠋ᠠᠬᠤ ᠱᠠᠭ᠋ᠠᠷᠲᠠᠯᠭ᠎ᠠ ᠳᠦᠷᠬᠡᠨ ᠵᠶ᠋ᠠᠷ ᠨᠡᠮᠡᠭᠲᠡᠵᠦ᠂  ᠬᠠᠮ ᠭᠠᠷᠠᠮ᠎ᠤᠨ ᠵᠠᠭᠪᠤᠷ ᠵᠶ᠋ᠠᠷ ᠲᠠᠮᠵᠢᠭᠤᠯᠤᠨ ᠪᠠᠷᠠᠭ᠎ᠠ ᠱᠸ ᠺᠸᠤ ᠭᠠᠷᠠᠮ᠎ᠳᠤ ᠬᠦᠷᠦᠭᠰᠡᠨ᠎ᠤ ᠲᠠᠷᠠᠭ᠎ᠠ ᠰᠢᠭᠤᠳ ᠤᠩᠭᠤᠴᠠᠨ᠎ᠳᠤ ᠠᠴᠢᠶᠠᠯᠠᠨ ᠦᠭᠴᠦ ᠪᠤᠯᠤᠨ᠎ᠠ᠂  ᠪᠢᠳᠡᠨ᠎ᠤ ᠣᠩᠭᠣᠴᠠᠨ᠎ᠤ ᠬᠤᠭᠤᠴᠠᠭ᠎ᠠ ᠵᠢ ᠵᠠᠪᠳᠤᠨ ᠠᠳᠬᠤᠬᠤ᠎ᠳᠤ ᠶᠡᠬᠡ ᠬᠠᠪᠰᠤᠷᠤᠯᠭ᠎ᠠ ᠪᠣᠯᠵᠠᠢ》 ᠭᠡᠪᠡ᠃

   ᠭᠠᠳᠠᠭ᠋ᠠᠳᠤ ᠠᠷᠠᠯᠵᠢᠶᠠᠨ᠎ᠤ ᠠᠵᠤ ᠠᠬᠤᠶ᠋ᠢᠯᠠᠯ᠎ᠳᠤ ᠠᠪᠴᠤ ᠬᠡᠯᠡᠪᠡᠯ᠂  ᠪᠣᠭᠤᠮᠲᠠ᠎ᠪᠠᠷ ᠥᠩᠭᠡᠷᠡᠬᠦ ᠵᠠᠭᠪᠤᠷ᠎ᠤᠨ ᠥᠭᠡᠷᠡᠴᠢᠯᠡᠯᠲᠡ᠎ᠨᠢ ᠪᠠᠷᠠᠭ᠋ᠠᠨ᠎ᠤ ᠭᠦᠢ᠍ᠯᠭᠡᠭᠡᠨ᠎ᠤ ᠴᠠᠭ᠎ᠢ ᠨᠠᠩ ᠡᠵᠡᠮᠳᠡᠵᠦ ᠴᠢᠳᠠᠬᠤ᠎ᠪᠠᠷ ᠪᠠᠷᠠᠬᠤ ᠥᠬᠡᠶ᠂  ᠪᠠᠰᠠ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠥᠷᠲᠡᠭ᠎ᠢ ᠶᠡᠭᠡ᠎ᠪᠠᠷ ᠪᠠᠭᠤᠷᠠᠭᠤᠯᠪᠠ᠃  ᠯᠢ ᠬᠤᠢ ᠬᠤᠸᠠ ᠲᠠᠨᠢᠯᠴᠠᠭᠤᠯᠤᠭᠰᠠᠨ᠎ᠨᠢ᠂ 2024 ᠣᠨ᠎ᠤ ᠪᠥᠬᠦ ᠵᠢᠯ᠎ᠳᠤ᠂  ᠮᠧᠶ ᠳ᠋ᠢ ᠪᠦᠯᠦᠭᠯᠡᠯ᠎ᠤᠨ ᠬᠡᠷ᠎ᠤᠨ ᠴᠠᠬᠢᠯᠭ᠋ᠠᠨ ᠬᠡᠷᠡᠭᠰᠡᠯ ᠨᠢᠭᠡᠨᠲᠡ 4.8 ᠲᠦᠮᠡᠨ ᠪᠠᠷᠢᠮᠵᠢᠶᠠᠲᠤ ᠬᠠᠶ᠋ᠢᠷᠴᠠᠭ᠎ᠢ ᠭᠠᠳᠠᠭ᠋ᠠᠳᠤ᠎ᠳᠤ ᠭᠠᠷᠭ᠋ᠠᠵᠤ᠂  ᠴᠥᠮ 《ᠭᠤᠸᠠᠩᠳᠦ᠋ᠩ ᠰᠢᠶᠠᠩᠭ᠋ᠠᠩ ᠤᠤᠮᠸᠨ᠎ᠤ ᠬᠠᠮ ᠭᠠᠷᠠᠮ》᠎ᠤᠨ ᠲᠤᠬᠠᠶ᠋ᠢᠯᠠᠭᠰᠠᠨ ᠠᠵᠢᠯ᠎ᠤᠨ ᠵᠠᠭᠪᠤᠷ᠎ᠢ ᠬᠡᠷᠡᠭᠯᠡᠵᠦ᠂  ᠶᠡᠷᠦᠩᠬᠡᠶ᠋ᠢᠯᠡᠭᠰᠡᠨ ᠥᠪᠡᠷ᠎ᠤᠨ ᠥᠷᠲᠡᠭ᠎ᠢ 120 ᠭᠠᠷᠤᠶ ᠲᠦᠮᠡᠨ ᠲᠥᠭᠦᠷᠢᠭ ᠠᠷᠪᠢᠯᠠᠪᠠ᠃

  《ᠮᠤᠵᠢ ᠵᠢᠨ ᠳᠣᠲᠣᠷᠠᠬᠢ ᠡᠯ᠎ᠡ ᠰᠢᠭᠤᠳ ᠬᠠᠷᠢᠶ᠎ᠠ ᠪᠣᠭᠤᠮᠲᠠ᠎ᠲᠠᠢ ᠬᠠᠮᠵᠢᠯᠴᠠᠨ ᠬᠢᠨᠠᠨ ᠬᠠᠮᠢᠶᠠᠷᠬᠤ᠎ᠪᠠᠷ ᠳᠠᠮᠵᠢᠭᠤᠯᠤᠨ᠂  ᠪᠢᠳᠡ ᠰᠢᠶᠠᠩᠭ᠋ᠠᠩ᠎ᠤᠨ ᠡᠳ᠋ ᠪᠠᠷᠠᠭ᠎ᠠ ᠵᠢᠨ ᠪᠣᠭᠤᠮᠲᠠ᠎ᠳᠤ ᠮᠡᠳᠡᠭᠦᠯᠬᠦ᠂  ᠪᠤᠴᠠᠭ᠋ᠠᠬᠤ ᠬᠠᠶ᠋ᠢᠷᠴᠠᠭ᠎ᠢ ᠲᠤᠰᠢᠶᠠᠬᠤ᠂  ᠪᠣᠭᠤᠮᠲᠠ᠎ᠪᠠᠷ ᠥᠩᠭᠡᠷᠡᠬᠦ ᠵᠢ ᠪᠠᠶ᠋ᠢᠴᠠᠭ᠋ᠠᠨ ᠰᠢᠯᠭ᠋ᠠᠬᠤ ᠵᠡᠷᠭᠡ ᠭᠤᠭᠴᠤᠭ᠎ᠠ ᠵᠢ ᠮᠥᠷᠡᠨ ᠳᠠᠭ᠋ᠠᠤ ᠵᠢᠨ ᠡᠯ᠎ᠡ ᠭᠠᠷᠠᠮ᠎ᠳᠤ ᠬᠦᠷᠲᠡᠯ᠎ᠡ ᠤᠷᠲᠤᠳᠬᠠᠵᠤ᠂  ᠭᠠᠷᠠᠮ᠎ᠤᠨ ᠬᠤᠭᠤᠷᠣᠨᠳᠣ ᠵᠣᠭᠰᠣᠭ᠋ᠠᠬᠤ᠂  ᠣᠪᠣᠭ᠋ᠠᠯᠠᠬᠤ ᠲᠠᠯᠠᠪᠠᠶ᠂  ᠠᠶᠠᠯᠠᠯ᠎ᠤᠨ ᠱᠤᠭᠤᠮ ᠵᠡᠷᠭᠡ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠵᠢ ᠠᠬᠢᠭᠤᠯᠵᠤ᠂  ᠡᠳ᠋ ᠪᠠᠷᠠᠭ᠎ᠠ ᠵᠢ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ᠎ᠤ ᠡᠯ᠎ᠡ ᠭᠠᠷᠠᠮ᠎ᠤᠨ ᠬᠤᠭᠤᠷᠣᠨᠳᠣ 〈ᠪᠦᠬᠦᠯᠢ ᠡᠳᠦᠷ〉᠎ᠤᠨ ᠤᠰᠤᠨ ᠵᠠᠮ᠎ᠤᠨ ᠲᠣᠬᠢᠷᠠᠭᠤᠯᠤᠯᠲᠠ ᠬᠢᠵᠦ᠂  ᠮᠥᠷᠡᠨ ᠲᠠᠩᠭᠢᠰ᠎ᠤᠨ ᠬᠤᠭᠤᠷᠣᠨᠳᠣ ᠵᠠᠪᠰᠠᠷ ᠥᠬᠡᠶ ᠵᠣᠯᠭ᠋ᠠᠭᠤᠯᠬᠤ ᠵᠢ ᠪᠡᠶᠡᠯᠡᠭᠦᠯᠪᠡ᠃  ᠱᠸᠨᠵᠸᠨ᠎ᠤ ᠪᠤᠭᠤᠮᠲᠠ ᠵᠢᠨ ᠬᠢᠨᠠᠨ ᠬᠠᠮᠢᠶᠠᠷᠬᠤ ᠭᠠᠵᠠᠷ᠎ᠤᠨ ᠳᠡᠳ᠋ ᠲᠠᠷᠤᠭ᠎ᠠ ᠯᠢᠨ ᠬᠤᠤ ᠢᠤᠢ ᠬᠡᠯᠡᠭᠦ᠎ᠳᠤ᠎ᠪᠠᠨ᠂  ᠤᠲᠤᠬᠠᠨ᠎ᠳᠤ ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠭᠡ ᠪᠤᠯᠤᠩ᠎ᠤᠨ ᠤᠷᠤᠨ᠎ᠤ ᠲᠤᠲᠤᠷᠠᠭᠢ 9 ᠬᠤᠲᠠ ᠵᠢ ᠪᠦᠭᠦᠨ᠎ᠢ ᠬᠠᠮᠤᠷᠬᠤ ᠵᠢ ᠪᠡᠶᠡᠯᠡᠭᠦᠯᠦᠭᠰᠡᠨ ᠵᠶ᠋ᠠᠷ ᠪᠠᠷᠠᠬᠤ ᠦᠭᠡᠢ᠂  ᠪᠠᠰᠠ ᠰᠠᠴᠣᠷᠠᠯᠲᠠ ᠵᠢᠨ ᠬᠡᠮᠵᠢᠶ᠎ᠠ᠎ᠪᠠᠨ ᠭᠤᠸᠠᠩᠲᠦᠢ᠍ᠩ᠎ᠤᠨ ᠵᠡᠭᠦᠨ ᠬᠡᠰᠡᠭ᠂  ᠭᠤᠸᠠᠩᠲᠦᠢ᠍ᠩ᠎ᠤᠨ ᠪᠠᠷᠠᠭᠤᠨ ᠬᠡᠰᠡᠭ᠎ᠤᠨ ᠭᠠᠵᠠᠷ ᠤᠷᠤᠨ᠎ᠳᠤ ᠬᠦᠷᠲᠡᠯ᠎ᠡ ᠦᠷᠭᠦᠯᠵᠢᠯᠡᠭᠦᠯᠵᠦ᠂ 《ᠱᠸᠨᠵᠸᠨ᠎ᠤ ᠱᠸ ᠺᠸᠤ ᠭᠠᠷᠠᠮ — ᠰᠢᠶᠠᠨ ᠲᠸᠤ ᠭᠤᠸᠠᠩᠳᠦ᠋ᠩ ᠰᠢᠶᠠᠩᠭ᠋ᠠᠩ ᠣᠣᠮᠧᠨ》᠂ 《ᠱᠸᠨᠵᠸᠨ ᠶᠠᠨ ᠲᠢᠶᠠᠨ ᠭᠠᠷᠠᠮ — ᠹᠦᠸᠧ ᠱᠠᠨ ᠪᠸᠢ ᠵᠢᠶᠤᠤ ᠭᠠᠷᠠᠮ》 ᠵᠡᠷᠬᠡ ᠵᠠᠮ ᠱᠤᠭᠤᠮ᠎ᠢ ᠨᠡᠬᠡᠬᠡᠵᠦ᠂  ᠭᠠᠲᠠᠭ᠋ᠠᠲᠦ᠎ᠠᠴᠠ ᠤᠷᠤᠭᠤᠯᠵᠤ ᠭᠠᠲᠠᠭ᠋ᠠᠲᠦ᠎ᠳᠤ ᠭᠠᠷᠭ᠋ᠠᠬᠤ 5000 ᠭᠠᠷᠤᠢ ᠠᠵᠤ ᠠᠬᠤᠶ᠋ᠢᠯᠠᠯ᠎ᠤᠨ ᠦᠪᠡᠷ᠎ᠤᠨ ᠦᠷᠲᠡᠭ᠎ᠨᠢ 3 ᠳ᠋ᠦᠩᠰᠢᠭᠤᠷ ᠳᠦᠭᠦᠷᠢᠭ᠎ᠠᠴᠠ ᠲᠠᠪᠠᠵᠠᠢ᠃

  《ᠭᠤᠸᠠᠩᠳᠦ᠋ᠩ ᠰᠢᠶᠠᠩᠭ᠋ᠠᠩ ᠣᠣᠮᠧᠨ》 ᠎ᠤ ᠬᠡᠪ ᠵᠠᠭᠪᠤᠷ ᠳᠣᠣᠷ᠎ᠠ᠂  ᠮᠸᠢ ᠳ᠋ᠢ ᠪᠦᠯᠦᠭᠯᠡᠯ᠎ᠨᠢ ᠵᠦᠩ ᠶᠤᠸᠠᠨ ᠳᠠᠯᠠᠢ ᠵᠢᠨ ᠲᠡᠭᠡᠭᠡᠪᠦᠷᠢ᠂  ᠳᠤᠮᠳᠠᠳᠤ ᠭᠠᠳᠠᠭ᠋ᠠᠳᠤ ᠵᠢᠨ ᠲᠡᠭᠡᠭᠡᠪᠦᠷᠢ ᠵᠡᠷᠭᠡ ᠤᠰᠤᠨ ᠲᠡᠭᠡᠭᠡᠪᠦᠷᠢ ᠵᠢᠨ ᠠᠵᠤ ᠠᠬᠤᠶ᠋ᠢᠯᠠᠯ᠎ᠲᠠᠢ ᠪᠠᠶ᠋ᠢᠯᠳᠤᠬᠤ ᠪᠤᠳᠤᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠭᠲᠠᠵᠤ᠂  ᠴᠢᠩᠭᠡᠯᠢᠭ᠎ᠤᠨ ᠲᠡᠭᠡᠭᠡᠪᠦᠷᠢ᠂  ᠬᠠᠩᠭ᠋ᠠᠯᠭ᠎ᠠ ᠵᠢᠨ ᠬᠡᠯᠬᠢᠶ᠎ᠡ ᠵᠢᠨ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠴᠢᠯᠡᠭᠡ᠂  ᠪᠠᠷᠠᠭ᠋ᠠᠨ᠎ᠤ ᠭᠦᠢ᠍ᠯᠭᠡᠭᠡᠨ᠎ᠤ ᠠᠦ᠋ᠲ᠋ᠣᠴᠢᠯᠠᠯᠲᠠ ᠵᠡᠷᠭᠡ ᠲᠠᠯ᠎ᠠ᠎ᠪᠠᠷ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂  ᠪᠠᠷᠠᠭ᠋ᠠᠨ᠎ᠤ ᠭᠦᠢ᠍ᠯᠭᠡᠭᠡᠨ᠎ᠤ ᠬᠠᠩᠭ᠋ᠠᠯᠭ᠎ᠠ ᠵᠢᠨ ᠬᠡᠯᠬᠢᠶ᠎ᠡ ᠵᠢᠨ ᠲᠣᠭᠲᠠᠭᠤᠨ ᠪᠠᠶ᠋ᠢᠬᠤ ᠵᠢ ᠪᠠᠲᠤᠯᠠᠪᠠ᠃

   ᠨᠢᠳᠤᠨᠤᠨ᠎ᠤ ᠲᠦᠷᠦᠭᠦᠸ᠋ 11 ᠰᠠᠷ᠎ᠠ᠎ᠳᠤ ᠭᠠᠳᠠᠭ᠋ᠠᠳᠤ᠎ᠳᠤ ᠭᠠᠷᠭ᠋ᠠᠭᠰᠠᠨ ᠲᠠᠷᠢᠶᠠᠯᠠᠩ᠎ᠤᠨ ᠪᠦᠲᠦᠭᠡᠭᠳᠡᠬᠦᠨ 39.4%᠎ᠪᠠᠷ ᠨᠡᠮᠡᠭᠳᠡᠵᠦ᠂  ᠴᠦᠩᠴᠢᠩ ᠳᠠᠪᠠᠭᠤᠯᠢᠭ ᠣᠨᠴᠠᠯᠢᠭᠲᠤ ᠲᠠᠷᠢᠶᠠᠯᠠᠩ᠎ᠤᠨ ᠪᠦᠲᠦᠭᠡᠭᠳᠡᠬᠦᠨ᠎ᠤ 《ᠲᠡᠯᠡᠶ᠎ᠳᠤ ᠭᠠᠷᠬᠤ》 ᠵᠢ ᠲᠦᠷᠭᠡᠳᠬᠡᠪᠡ

   ᠵᠢᠮᠢᠰ ᠤᠬᠢᠶᠠᠬᠤ᠂  ᠢᠯᠭ᠋ᠠᠬᠤ᠂  ᠪᠤᠭᠤᠳᠠᠯᠯᠠᠬᠤ᠎ᠪᠠᠨ ᠳᠦᠷᠬᠡᠳᠬᠡᠪᠡ ᠁ ᠴᠦᠩᠴᠢᠩ ᠬᠤᠲᠠ ᠵᠢᠨ ᠲᠦᠩ ᠨᠠᠨ ᠲᠣᠭᠤᠷᠢᠭ᠎ᠲᠤ ᠪᠠᠶ᠋ᠢᠭ᠎ᠠ ᠯᠸᠢ ᠱᠤ᠌ ᠵᠢᠮᠢᠰ᠎ᠤᠨ ᠬᠢᠵᠠᠭ᠋ᠠᠷᠲᠤ ᠺᠣᠮᠫᠠᠨᠢ᠎ᠳᠤ᠂  ᠨᠢᠭᠡ ᠬᠠᠶ᠋ᠢᠷᠴᠠᠭ ᠰᠢᠨ᠎ᠡ ᠰᠣᠷᠭᠤᠭ ᠨᠢᠮᠪᠡᠭᠡ ᠵᠢ ᠲᠡᠷᠢ ᠲᠡᠭᠰᠢ ᠲᠠᠯᠪᠢᠵᠤ᠂  ᠤᠳᠠᠯ ᠥᠬᠡᠶ ᠲᠡᠭᠡᠭᠡᠪᠦᠷᠢᠯᠡᠨ ᠬᠦᠷᠭᠡᠬᠦ ᠭᠡᠵᠦ ᠪᠠᠶ᠋ᠢᠨ᠎ᠠ᠃ 《ᠨᠢᠳᠤᠨᠤᠨ ᠭᠠᠳᠠᠭ᠋ᠠᠳᠤ ᠭᠠᠷᠭ᠋ᠠᠯᠲᠠ ᠵᠢᠨ ᠪᠠᠶ᠋ᠢᠳᠠᠯ ᠰᠠᠶ᠋ᠢᠨ᠂  ᠪᠢᠳᠡ 240 ᠴᠢᠩᠭᠡᠯᠢᠭ᠂ 6700 ᠭᠠᠷᠤᠢ ᠲᠣᠨ ᠲᠠᠷᠬᠠᠭ᠋ᠠᠵᠠᠶ》 ᠭᠡᠵᠦ ᠺᠤᠮᠫᠠᠨᠢ ᠵᠢᠨ ᠬᠠᠷᠢᠭᠤᠴᠠᠯᠭ᠋ᠠᠲᠠᠨ ᠬᠤ᠌ ᠽᠠᠢ ᠶᠠᠩ ᠲᠠᠨᠢᠯᠴᠠᠭᠤᠯᠪᠠ᠃

   ᠲᠦᠩ ᠨᠠᠨ ᠲᠣᠭᠣᠷᠢᠭ ᠨᠢᠮᠪᠡᠭᠡ ᠶᠡᠬᠡ ᠤᠷᠭᠤᠳᠠᠭ ᠪᠣᠯᠪᠠᠴᠤ ᠵᠢᠮᠢᠰ᠎ᠤᠨ ᠲᠠᠷᠢᠶᠠᠴᠢᠨ ᠪᠣᠯᠤᠨ ᠡᠵᠡᠩᠨᠡᠨ ᠪᠣᠷᠣᠯᠠᠭᠤᠯᠬᠤ ᠬᠤᠳᠠᠯᠳᠤᠭ᠋ᠠᠴᠢᠨ᠎ᠤ ᠲᠤᠷᠰᠢᠯᠭ᠎ᠠ ᠬᠦᠷᠦᠯᠴᠡᠬᠦ ᠦᠭᠡᠢ᠎ᠠᠴᠠ ᠭᠠᠳᠠᠭ᠋ᠠᠳᠤ᠎ᠳᠤ ᠭᠠᠷᠭ᠋ᠠᠬᠤ᠎ᠳᠤ ᠲᠡᠶ᠋ᠢᠮᠦ ᠬᠢᠯᠪᠡᠷ ᠪᠢᠰᠢ᠃  ᠬᠤ᠌ ᠽᠠᠢ ᠶᠠᠩ ᠭᠠᠳᠠᠭ᠋ᠠᠳᠤ᠎ᠳᠤ ᠭᠠᠷᠭ᠋ᠠᠬᠤ ᠦᠶ᠎ᠡ᠎ᠳᠤ ᠬᠠᠯᠠ ᠠᠮᠰᠠᠵᠤ ᠥᠩᠭᠡᠷᠡᠭᠰᠡᠨ ᠶᠤᠮ — ᠨᠢᠮᠪᠡᠭᠡ ᠵᠢ ᠲᠡᠮᠦᠷ ᠵᠠᠮ ᠵᠶ᠋ᠠᠷ ᠭᠠᠳᠠᠭ᠋ᠠᠳᠤ᠎ᠳᠤ ᠵᠥᠭᠡᠭᠡᠪᠦᠷᠢᠯᠡᠨ ᠠᠪᠠᠴᠢᠬᠤ᠎ᠳᠤ᠂  ᠬᠢᠵᠢᠭ ᠪᠠᠢ᠌ᠴᠠᠭ᠋ᠠᠬᠤ ᠭᠠᠷ ᠭᠦᠢ᠍ᠴᠡᠳᠬᠡᠯ᠎ᠨᠢ ᠲᠤᠬᠠᠢ ᠵᠢᠨ ᠭᠠᠵᠠᠷ᠎ᠤᠨ ᠱᠠᠭ᠋ᠠᠷᠳᠠᠯᠭ᠎ᠠ᠎ᠳᠤ ᠨᠡᠢ᠌ᠴᠡᠬᠦ ᠦᠭᠡᠢ᠎ᠠᠴᠠ ᠪᠣᠯᠵᠤ ᠬᠠᠰᠢᠭᠳᠠᠪᠠ᠃

   ᠨᠢᠭᠡ ᠭᠡᠨᠡᠳᠡᠪᠡᠯ ᠨᠢᠭᠡ ᠤᠬᠠᠭ᠋ᠠᠨ ᠣᠷᠣᠳᠠᠭ᠃  ᠬᠤ᠌ ᠽᠠᠢ ᠶᠠᠩ ᠶᠦᠩ ᠴᠤᠸᠠᠨ ᠪᠣᠭᠤᠮᠲᠠ᠎ᠠᠴᠠ ᠲᠤᠰᠠᠯᠠᠮᠵᠢ ᠭᠤᠶᠤᠪᠠ᠂  ᠪᠣᠭᠤᠮᠲᠠ ᠵᠢᠨ ᠪᠠᠶ᠋ᠢᠴᠠᠭ᠋ᠠᠬᠤ ᠰᠠᠯᠠᠭ᠋ᠠᠨ᠎ᠤ ᠳᠠᠷᠤᠭ᠎ᠠ ᠬᠤᠸᠠᠩ ᠮᠧᠩ ᠵᠧᠦ ᠺᠣᠮᠫᠠᠨᠢ᠎ᠳᠤ ᠬᠦᠷᠦᠭᠰᠡᠨ᠎ᠤ ᠳᠠᠷᠠᠭ᠎ᠠ᠂  ᠬᠤᠯᠪᠣᠭᠳᠠᠯ ᠪᠦᠬᠦᠢ ᠤᠯᠤᠰ᠎ᠤᠨ ᠬᠢᠵᠢᠭ᠎ᠤᠨ ᠪᠠᠶ᠋ᠢᠴᠠᠭ᠋ᠠᠯᠲᠠ ᠵᠢᠨ ᠱᠠᠭ᠋ᠠᠷᠳᠠᠯᠭ᠎ᠠ᠂  ᠲᠥᠯᠥᠪᠵᠢᠭᠦᠯᠭᠡ ᠵᠢᠨ ᠮᠡᠳᠡᠭᠦᠯᠬᠦ ᠶᠠᠪᠤᠴᠠ ᠵᠢ ᠴᠤᠭᠯᠠᠭᠤᠯᠤᠨ ᠡᠮᠬᠢᠳᠭᠡᠪᠡ; ᠲᠡᠷᠡᠴᠢᠯᠡᠨ ᠨᠢᠮᠪᠡᠭᠡ ᠰᠣᠷᠭᠤᠭ ᠵᠢᠮᠢᠰ᠎ᠤᠨ ᠰᠢᠨ᠎ᠡ ᠰᠣᠷᠭᠤᠭ᠎ᠢ ᠪᠠᠲᠤᠯᠠᠬᠤ ᠬᠤᠭᠤᠴᠠᠭ᠎ᠠ᠎ᠨᠢ ᠣᠬᠤᠷ᠂  ᠴᠢᠨᠠᠷ᠎ᠢ ᠪᠠᠲᠤᠯᠠᠬᠤ ᠱᠠᠭ᠋ᠠᠷᠳᠠᠯᠭ᠎ᠠ᠎ᠨᠢ ᠥᠨᠳᠥᠷ᠂  ᠲᠡᠭᠡᠭᠡᠪᠦᠷᠢ᠎ᠳᠤ ᠦᠯᠦ ᠵᠣᠬᠢᠴᠠᠬᠤ ᠵᠡᠷᠭᠡ ᠣᠨᠴᠠᠯᠢᠭ᠎ᠲᠤ ᠴᠢᠭᠯᠡᠭᠦᠯᠦᠨ᠂  ᠤᠷᠭᠤᠮᠠᠯ᠎ᠤᠨ ᠬᠢᠵᠢᠭ᠎ᠤᠨ ᠪᠠᠶ᠋ᠢᠴᠠᠭ᠋ᠠᠯᠲᠠ ᠵᠢᠨ ᠲᠤᠰᠬᠠᠶ ᠮᠡᠷᠭᠡᠵᠢᠯᠲᠡᠨ᠎ᠲᠠᠢ ᠬᠠᠷᠢᠯᠴᠠᠵᠤ 《ᠳᠠᠩᠰᠠᠯᠠᠨ ᠲᠡᠮᠳᠡᠭᠯᠡᠬᠦ — ᠪᠣᠭᠤᠮᠲᠠ᠎ᠳᠤ ᠮᠡᠳᠡᠭᠦᠯᠬᠦ — ᠬᠠᠷᠢᠶ᠎ᠠ ᠭᠠᠵᠠᠷ᠎ᠤᠨ ᠪᠠᠶ᠋ᠢᠴᠠᠭ᠋ᠠᠬᠤ — ᠬᠢᠯᠢ ᠵᠢᠨ ᠪᠣᠭᠤᠮᠲᠠ ᠵᠢᠨ ᠪᠣᠭᠤᠮᠲᠠ ᠴᠡᠪᠡᠷᠯᠡᠬᠦ》 ᠨᠢᠭᠡ ᠥᠷᠲᠡᠭᠡᠨ᠎ᠤ ᠮᠠᠶᠢᠭ᠎ᠤᠨ ᠦᠢ᠍ᠯᠡᠴᠢᠯᠡᠭᠡ ᠬᠠᠩᠭ᠋ᠠᠪᠠ ᠁

   ᠠᠯᠢ ᠣᠯᠠᠨ 《ᠬᠠᠮ ᠠᠷᠭ᠎ᠠ》 ᠪᠠᠭᠤᠵᠤ᠂  ᠯᠸᠢ ᠱᠤ᠌ ᠵᠢᠮᠢᠰ᠎ᠤᠨ ᠳᠠᠯᠠᠢ᠎ᠳᠤ ᠭᠠᠷᠬᠤ ᠵᠠᠮ ᠨᠡᠩ ᠰᠢᠯᠤᠭᠤᠳᠬᠠᠨ ᠪᠣᠯᠵᠤ᠂  ᠭᠡᠷ᠎ᠤᠨ ᠡᠭᠦᠳᠡᠨ᠎ᠳᠤ ᠨᠢᠮᠪᠡᠭᠡ ᠵᠢᠨ ᠲᠡᠷᠭᠡ ᠤᠭᠰᠠᠷᠠᠵᠤ᠂  ᠵᠠᠰᠠᠮᠠᠯ ᠵᠠᠮ ᠵᠶ᠋ᠠᠷ 3 ᠡᠳᠦᠷ ᠵᠥᠭᠡᠭᠡᠪᠦᠷᠢᠯᠡᠵᠦ᠂  ᠸᠢᠶᠧᠲᠨᠠᠮ᠎ᠤᠨ ᠵᠠᠰᠠᠮᠠᠯ ᠵᠠᠮ ᠲᠡᠮᠦᠷ ᠵᠠᠮ᠎ᠤᠨ ᠬᠠᠮᠲᠤᠷᠠᠭᠰᠠᠨ ᠲᠡᠭᠡᠭᠡᠪᠦᠷᠢ 7 ᠡᠳᠦᠷ᠎ᠲᠠᠢ ᠤᠯᠤᠰ᠎ᠲᠤ ᠬᠦᠷᠴᠦ ᠪᠣᠯᠤᠨ᠎ᠠ᠃  ᠨᠢᠳᠤᠨᠤᠨ ᠠᠵᠤ ᠠᠬᠤᠶ᠋ᠢᠯᠠᠯ ᠪᠠᠰᠠ ᠮᠠᠯᠠᠶ᠋ᠢᠰᠢᠶ᠎ᠠ ᠵᠢᠨ ᠵᠠᠬ᠎ᠠ ᠳᠡᠯᠭᠡᠭᠦᠷ᠎ᠢ ᠰᠢᠨ᠎ᠡ᠎ᠪᠠᠷ ᠨᠡᠬᠡᠬᠡᠪᠡ᠃ 《ᠰᠢᠨ᠎ᠡ ᠰᠢᠷᠭᠤᠭ ᠨᠢᠮᠪᠡᠭᠡ ᠬᠤᠳᠠᠯᠳᠤᠵᠤ ᠭᠠᠷᠬᠤ ᠦᠭᠡᠢ᠎ᠠᠴᠠ ᠵᠤᠪᠠᠬᠤ ᠬᠡᠷᠡᠭ ᠦᠭᠡᠢ》 ᠭᠡᠵᠦ ᠬᠤ᠌ ᠽᠠᠢ ᠶᠠᠩ ᠬᠡᠯᠡᠪᠡ᠃

   ᠵᠥᠪᠬᠡᠨ ᠯᠧᠢ ᠱᠤ᠌ ᠵᠢᠮᠢᠰ ᠲᠡᠳᠦᠢ ᠪᠢᠰᠢ᠂  ᠲᠦᠩ ᠨᠠᠨ᠎ᠳᠤ᠂  ᠨᠢᠭᠡ ᠪᠦᠯᠦᠭ ᠨᠢᠮᠪᠡᠭᠡ ᠵᠢᠨ ᠠᠵᠤ ᠠᠬᠤᠢ᠌ᠯᠠᠯ ᠳᠠᠯᠠᠢ᠎ᠳᠤ ᠭᠠᠷᠬᠤ ᠵᠠᠮ ᠵᠶ᠋ᠠᠷ ᠵᠠᠮᠨᠠᠪᠠ᠃  ᠶᠦᠩ ᠴᠤᠸᠠᠨ ᠪᠣᠭᠤᠮᠲᠠ ᠵᠢᠨ᠎ᠬᠢᠨ ᠲᠦᠩ ᠨᠠᠨ ᠲᠣᠭᠤᠷᠢᠭ᠎ᠤᠨ ᠣᠲᠣ ᠵᠢᠨ ᠪᠠᠶ᠋ᠢᠭ᠎ᠠ ᠨᠢᠮᠪᠡᠭᠡ ᠳᠠᠷᠢᠬᠤ ᠰᠠᠭᠤᠷᠢᠨ ᠭᠠᠵᠠᠷ᠎ᠢ ᠤᠶ᠋ᠢᠯᠠᠭ᠋ᠠᠨ ᠵᠢᠭᠰᠠᠭ᠋ᠠᠵᠤ᠂ 《ᠳᠠᠷᠤᠶ ᠲᠦᠷᠭᠡᠨ ᠮᠡᠳᠡᠭᠦᠯᠪᠡᠯ ᠳᠠᠷᠤᠢ ᠬᠠᠷᠭᠤᠭᠤᠯᠬᠤ》᠂ 《ᠲᠥᠪᠯᠡᠷᠡᠭᠦᠯᠦᠨ ᠬᠢᠨᠠᠨ ᠰᠢᠯᠭ᠋ᠠᠬᠤ》᠎ᠪᠠᠷ ᠳᠠᠮᠵᠢᠭᠤᠯᠤᠨ᠂ 2024 ᠣᠨ᠎ᠳᠤ ᠰᠢᠨ᠎ᠡ᠎ᠪᠠᠷ ᠨᠡᠮᠡᠭᠳᠡᠭᠰᠡᠨ 12 ᠨᠢᠮᠪᠡᠭᠡ ᠵᠢᠮᠢᠰ᠎ᠤᠨ ᠬᠦᠷᠢᠶᠡᠯᠡᠩ᠎ᠤᠨ ᠭᠠᠳᠠᠭ᠋ᠠᠳᠤ᠎ᠳᠤ ᠭᠠᠷᠭ᠋ᠠᠬᠤ ᠳᠡᠩᠰᠡᠯᠡᠯᠲᠡ ᠵᠢᠨ ᠰᠠᠭᠤᠷᠢᠨ ᠭᠠᠵᠠᠷ᠎ᠢ ᠠᠮᠵᠢᠯᠲᠠ᠎ᠲᠠᠢ ᠠᠬᠢᠭᠤᠯᠵᠤ᠂  ᠨᠢᠮᠪᠡᠭᠡ ᠰᠢᠨ᠎ᠡ ᠰᠣᠷᠭᠤᠭ ᠵᠢᠮᠢᠰ᠎ᠤᠨ ᠬᠠᠩᠭ᠋ᠠᠯᠭ᠎ᠠ ᠵᠢᠨ ᠡᠬᠢ ᠡᠭᠦᠰᠦᠯ᠎ᠢ ᠦᠷᠭᠦᠯᠵᠢᠯᠡᠨ ᠥᠷᠭᠡᠳᠬᠡᠪᠡ; ᠪᠠᠰᠠ ᠨᠢᠮᠪᠡᠭᠡ ᠪᠦᠲᠦᠭᠡᠭᠳᠡᠬᠦᠨ᠎ᠳᠤ ᠵᠦᠷᠢᠶᠡᠴᠢᠯᠡᠭᠰᠡᠨ ᠪᠠᠷᠠᠭ᠋ᠠᠨ᠎ᠤ ᠭᠦᠢ᠍ᠯᠭᠡᠭᠡᠨ᠎ᠤ ᠲᠡᠭᠡᠭᠡᠪᠦᠷᠢ ᠵᠢᠨ ᠲᠥᠰᠦᠯ ᠲᠣᠭᠲᠠᠭ᠋ᠠᠵᠤ᠂  ᠠᠵᠤ ᠠᠬᠤᠶ᠋ᠢᠯᠠᠯ᠎ᠢ ᠬᠥᠲᠥᠯᠦᠨ ᠵᠢᠯᠣᠭᠤᠳᠴᠤ ᠪᠠᠶ᠋ᠢᠭ᠋ᠠᠳ ᠪᠠᠷᠠᠭᠤᠨ ᠣᠷᠣᠨ᠎ᠤ ᠡᠬᠡ ᠬᠠᠭᠤᠷᠠᠶ ᠲᠡᠯᠡᠶ ᠵᠢᠨ ᠰᠢᠨ᠎ᠡ ᠨᠡᠪᠲᠡᠷᠡᠬᠦ ᠵᠠᠮ ᠵᠡᠷᠭᠡ ᠳᠠᠪᠠᠭᠤᠯᠢᠭ ᠨᠡᠪᠲᠡᠷᠡᠬᠦ ᠵᠠᠮ᠎ᠢ ᠭᠦᠢ᠍ᠴᠡᠳ ᠠᠰᠢᠭᠯᠠᠵᠤ᠂  ᠲᠡᠭᠡᠭᠡᠪᠦᠷᠢ ᠵᠢᠨ ᠴᠠᠭ᠎ᠢ ᠪᠦᠲᠦᠮᠵᠢᠲᠡᠶ ᠪᠣᠭᠤᠨᠢᠰᠬᠠᠪᠠ᠃

   ᠣᠳᠣᠬᠠᠨ᠎ᠳᠤ᠂  ᠲᠦᠩ ᠨᠠᠨ ᠲᠣᠭᠣᠷᠢᠭ ᠨᠢᠭᠡᠨᠲᠡ ᠡᠯ᠎ᠡ ᠲᠥᠷᠥᠯ᠎ᠤᠨ ᠨᠢᠮᠪᠡᠭᠡ ᠵᠢᠨ ᠡᠵᠡᠩᠨᠡᠯᠲᠡ ᠵᠢᠨ ᠭᠣᠣᠯ ᠴᠣᠭᠴᠠ ᠵᠢ 360 ᠭᠠᠷᠤᠢ ᠡᠷᠦᠬᠡ ᠪᠣᠢ᠌ᠵᠢᠭᠤᠯᠵᠤ᠂  ᠵᠢᠰᠦ ᠭᠣᠶᠣᠯᠠᠬᠤ ᠠᠷᠠᠰᠤ ᠬᠠᠮᠠᠭ᠋ᠠᠯᠠᠬᠤ ᠡᠳ᠋᠂  ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠲᠠᠪᠤᠨ ᠶᠡᠬᠡ ᠰᠢᠰᠲᠸᠮ᠎ᠤᠨ 350 ᠭᠠᠷᠤᠢ ᠵᠦᠢ᠍ᠯ᠎ᠤᠨ ᠨᠢᠮᠪᠡᠭᠡ ᠵᠢᠨ ᠦᠢ᠍ᠯᠡᠳᠬᠦᠨ᠎ᠢ ᠨᠡᠭᠡᠭᠡᠨ ᠭᠠᠷᠭ᠋ᠠᠵᠤ᠂ 30 ᠭᠠᠷᠤᠢ ᠤᠯᠤᠰ ᠪᠠ ᠭᠠᠵᠠᠷ ᠣᠷᠣᠨ᠎ᠳᠤ ᠪᠣᠷᠣᠯᠠᠭᠤᠯᠵᠤ ᠪᠠᠢ᠌ᠨ᠎ᠠ᠃  ᠨᠢᠮᠪᠡᠭᠡ᠎ᠠᠴᠠ ᠭᠠᠳᠠᠨ᠎ᠠ᠂  ᠰᠢᠦ ᠱᠠᠨ᠎ᠤ ᠵᠦᠷᠵᠢ᠂  ᠦ᠋ ᠱᠠᠨ᠎ᠤ ᠬᠡᠦᠷᠡᠭ ᠵᠦᠷᠵᠢ ᠵᠡᠷᠭᠡ ᠨᠢᠭᠡ ᠪᠦᠯᠦᠭ ᠲᠠᠷᠢᠶᠠᠯᠠᠩ᠎ᠤᠨ ᠪᠦᠲᠦᠭᠡᠭᠳᠡᠬᠦᠨ ᠪᠠᠰᠠ 《ᠳᠠᠯᠠᠢ᠎ᠳᠤ ᠭᠠᠷᠬᠤ》 ᠬᠤᠷᠳᠤᠴᠠ᠎ᠪᠠᠨ ᠲᠦᠷᠭᠡᠳᠭᠡᠪᠡ᠃ 2024 ᠣᠨ᠎ᠤ ᠡᠮᠦᠨ᠎ᠡ 11 ᠳ᠋ᠦ᠍ᠭᠡᠷ ᠰᠠᠷ᠎ᠠ᠎ᠳᠤ᠂  ᠴᠦᠩᠴᠢᠩ᠎ᠤᠨ ᠭᠠᠳᠠᠭ᠋ᠠᠳᠤ᠎ᠳᠤ ᠭᠠᠷᠭ᠋ᠠᠬᠤ ᠲᠠᠷᠢᠶᠠᠯᠠᠩ᠎ᠤᠨ ᠪᠦᠲᠦᠭᠡᠭᠳᠡᠬᠦᠨ᠎ᠨᠢ 39.4%᠎ᠪᠠᠷ ᠨᠡᠮᠡᠭᠳᠡᠪᠡ᠃

 

ᠢᠷᠡᠯᠲᠡ᠄ ᠠᠷᠠᠳ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠡᠨᠡ ᠬᠦ᠌ ᠬᠢᠷᠢ ᠪᠦᠲᠦᠮᠵᠢ ᠵᠢᠨ ᠬᠠᠭᠤᠳᠠᠰᠤ ᠵᠢ ᠪᠣᠯ ᠬᠢᠯᠪᠠᠷ ᠪᠤᠰᠤ᠎ᠪᠠᠷ ᠣᠯᠣᠭᠰᠠᠨ ᠶᠤᠮ (ᠥᠨᠥᠳᠥᠷ᠎ᠤᠨ ᠶᠠᠷᠢᠯᠴᠠᠭ᠎ᠠ)
ᠥᠪᠥᠷ ᠮᠣᠩᠭᠤᠯ᠎ᠤᠨ 《ᠳᠥᠷᠪᠡᠨ ᠬᠥᠨᠳᠡᠯᠡᠨ ᠠᠷᠪᠠᠨ ᠬᠤᠶᠠᠷ ᠭᠤᠯᠳᠤ》 ᠶᠡᠷᠦᠩᠬᠡᠶ᠋ᠢᠯᠡᠭᠰᠡᠨ ᠵᠠᠮ ᠬᠠᠷᠢᠯᠴᠠᠭ᠋ᠠᠨ᠎ᠤ ᠭᠤᠤᠯ ᠨᠢᠷᠤᠭᠤᠪᠴᠢ ᠵᠢ ᠪᠠᠢ᠌ᠭᠤᠯᠵᠤ ᠳᠠᠭᠤᠰᠬᠠᠭᠰᠠᠨ ᠨᠣᠷᠮ᠎ᠠ᠎ᠨᠢ 84.3%᠎ᠳᠤ ᠬᠥᠷᠪᠡ
ᠡᠨᠡ ᠬᠦ᠌ ᠬᠢᠷᠢ ᠪᠦᠲᠦᠮᠵᠢ ᠵᠢᠨ ᠬᠠᠭᠤᠳᠠᠰᠤ ᠵᠢ ᠪᠣᠯ ᠬᠢᠯᠪᠠᠷ ᠪᠤᠰᠤ᠎ᠪᠠᠷ ᠣᠯᠣᠭᠰᠠᠨ ᠶᠤᠮ (ᠥᠨᠥᠳᠥᠷ᠎ᠤᠨ ᠶᠠᠷᠢᠯᠴᠠᠭ᠎ᠠ)
ᠡᠠᠷᠠᠣᠠ᠎ᠤᠨ ᠡᠳᠦᠷ᠎ᠤᠨ ᠰᠣᠨᠢᠠ᠄ ᠲᠤᠭ᠋ᠠᠨ᠎ᠤ ᠤᠶᠤᠨᠴᠢᠯᠠᠯᠲᠠ᠎ᠪᠠᠷ ᠨᠠᠷᠢᠯᠢᠭ ᠠᠵᠢᠯ ᠬᠢᠨ᠎ᠡ (ᠴᠠᠭ᠋ᠠᠨ ᠰᠠᠷ᠎ᠠ ᠦᠨᠲᠦᠰᠦᠨ ᠱᠠᠲᠤᠨ᠎ᠳᠤ ᠶᠠᠪᠤᠬᠤ · ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠰᠤᠷᠪᠤᠯᠵᠢᠯᠠᠬᠤ)
ᠡᠠᠷᠠᠣᠠ᠎ᠤᠨ ᠡᠳᠦᠷ᠎ᠤᠨ ᠰᠣᠨᠢᠠ᠄    ᠴᠠᠭ᠋ᠠᠨ ᠰᠠᠷ᠎ᠠ ᠵᠢᠨ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠭᠢᠯᠠᠰ ᠴᠡᠭ ᠣᠯᠠᠨ ᠠᠮᠢᠵᠢᠷᠠᠯ᠎ᠤᠨ ᠬᠦᠴᠦᠨ ᠵᠶ᠋ᠡᠷ ᠲᠡᠭᠦᠯᠳᠡᠷ (ᠴᠠᠭ᠋ᠠᠨ ᠰᠠᠷ᠎ᠠ ᠵᠢᠨ ᠠᠮᠠᠷᠠᠯᠲᠠ ᠵᠢᠨ ᠬᠤᠭᠤᠴᠠᠭ᠎ᠠ)
 
            