ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠡᠨᠡ ᠬᠦ᠌ ᠬᠢᠷᠢ ᠪᠦᠲᠦᠮᠵᠢ ᠵᠢᠨ ᠬᠠᠭᠤᠳᠠᠰᠤ ᠵᠢ ᠪᠣᠯ ᠬᠢᠯᠪᠠᠷ ᠪᠤᠰᠤ᠎ᠪᠠᠷ ᠣᠯᠣᠭᠰᠠᠨ ᠶᠤᠮ (ᠥᠨᠥᠳᠥᠷ᠎ᠤᠨ ᠶᠠᠷᠢᠯᠴᠠᠭ᠎ᠠ)
ᠨᠡᠶ᠋ᠢᠲᠡᠯᠡᠭᠰᠡᠨ ᠴᠠᠭ᠄ 2025-01-21

  2024 ᠣᠨ᠎ᠳᠤ ᠮᠠᠨ᠎ᠤ ᠤᠯᠤᠰ᠎ᠤᠨ ᠠᠵᠤ ᠠᠬᠤᠢ ᠵᠢᠨ ᠶᠡᠷᠦᠩᠬᠡᠢ ᠬᠡᠮᠵᠢᠶ᠎ᠡ 134.9 ᠲᠦᠮᠡᠨ ᠳ᠋ᠦᠩᠰᠢᠭᠤᠷ ᠲᠥᠭᠦᠷᠢᠭ᠎ᠢ ᠳᠠᠪᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 5.0% ᠵᠶ᠋ᠡᠷ ᠨᠡᠮᠡᠭᠳᠡᠪᠡ᠃ ᠥᠨᠳᠥᠷ ᠰᠠᠭᠤᠷᠢ ᠲᠣᠭ᠎ᠠ ᠳᠡᠭᠡᠷ᠎ᠡ ᠲᠡᠦᠬᠡᠲᠦ ᠴᠢᠨᠠᠷᠲᠠᠢ ᠳᠠᠪᠰᠢᠯᠲᠠ ᠵᠢ ᠪᠡᠶᠡᠯᠡᠭᠦᠯᠪᠡ᠂ ᠡᠨᠡ ᠬᠦ᠌ ᠬᠢᠷᠢ ᠪᠦᠲᠦᠮᠵᠢ ᠵᠢᠨ ᠬᠠᠭᠤᠳᠠᠰᠤ ᠵᠢ ᠪᠣᠯ ᠬᠢᠯᠪᠠᠷ ᠪᠤᠰᠤ᠎ᠪᠠᠷ ᠣᠯᠣᠭᠰᠠᠨ ᠶᠤᠮ᠃

  2012 ᠣᠨ᠎ᠳᠤ 50 ᠲᠦᠮᠡᠨ ᠳ᠋ᠦᠩᠰᠢᠭᠤᠷ ᠲᠥᠭᠥᠷᠢᠭ᠎ᠢ ᠳᠠᠪᠠᠭᠰᠠᠨ᠎ᠠᠴᠠ ᠨᠠᠭ᠋ᠠᠰᠢ᠂ ᠮᠠᠨ᠎ᠤ ᠤᠯᠤᠰ᠎ᠤᠨ ᠠᠵᠤ ᠠᠬᠤᠶ ᠵᠢᠨ ᠵᠢᠯ ᠪᠦᠷᠢ ᠵᠢᠨ ᠨᠡᠮᠡᠭᠳᠡᠯ᠎ᠨᠢ ᠳᠤᠮᠳᠠ ᠵᠡᠷᠭᠡ ᠵᠢᠨ ᠤᠯᠤᠰ᠎ᠤᠨ ᠠᠵᠤ ᠠᠬᠤᠶ ᠵᠢᠨ ᠪᠠᠶ᠋ᠢᠳᠠᠯ᠎ᠲᠠᠢ ᠲᠡᠩᠴᠡᠵᠦ᠂ ᠰᠠᠭᠤᠷᠢ᠎ᠨᠢ ᠲᠣᠭᠲᠠᠭᠤᠨ᠂ ᠬᠥᠳᠡᠯᠭᠡᠬᠦ ᠬᠦᠴᠦᠨ᠎ᠨᠢ ᠭᠦᠢ᠍ᠴᠡᠳ᠂ 《ᠦᠷᠭᠦᠯᠵᠢᠯᠡᠨ ᠠᠶᠠᠯᠠᠬᠤ ᠴᠢᠳᠠᠪᠤᠷᠢ》᠎ᠨᠢ ᠴᠢᠩᠭ᠎ᠠ ᠬᠦᠴᠦᠲᠡᠶ ᠪᠠᠢ᠌ᠨ᠎ᠠ᠃

   ᠥᠨᠳᠥᠷ ᠥᠷᠢᠰᠥᠯᠳᠦᠭᠡᠨ᠎ᠤ ᠳᠣᠣᠷ᠎ᠠ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠬᠦ᠎ᠳᠤ ᠬᠤᠪᠤᠷ ᠨᠠᠨᠳᠢᠨ ᠶᠤᠮ᠃ ᠨᠢᠳᠤᠨᠤᠨ᠎ᠤ ᠭᠠᠳᠠᠭ᠋ᠠᠳᠤ ᠳᠠᠷᠤᠯᠲᠠ ᠶᠡᠬᠡᠰᠴᠦ᠂ ᠳᠣᠲᠣᠭ᠋ᠠᠳᠤ ᠵᠢᠨ ᠬᠦᠴᠢᠷᠳᠡᠯ ᠨᠡᠮᠡᠭᠳᠡᠵᠦ ᠪᠠᠶ᠋ᠢᠭ᠎ᠠ ᠪᠠᠶ᠋ᠢᠳᠠᠯ ᠳᠣᠤᠷ᠎ᠠ᠂ ᠮᠠᠨ᠎ᠤ ᠤᠯᠤᠰ᠎ᠤᠨ ᠡᠩ᠎ᠤᠨ ᠨᠢᠭᠡᠨ ᠡᠳᠦᠷ᠂ ᠳᠠᠷᠤᠢ 8 ᠲᠦᠮᠡ ᠭᠠᠷᠤᠶ ᠮᠠᠰᠢᠨ ᠲᠡᠷᠭᠡ ᠤᠳᠠᠰᠦᠨ᠎ᠳᠤ ᠭᠠᠷᠴᠦ᠂ 340 ᠲᠦᠮᠡᠨ ᠣᠶᠤᠨᠴᠢ ᠭᠠᠷ ᠤᠲᠠᠰᠤ ᠦᠢ᠍ᠯᠡᠳᠪᠦᠷᠢ᠎ᠠᠴᠠ ᠭᠠᠷᠴᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠯᠤᠭᠰᠢᠯᠲᠠ᠂ ᠰᠢᠨ᠎ᠡ ᠬᠡᠷᠡᠭᠯᠡᠭᠡᠨ᠎ᠤ ᠬᠠᠮᠲᠤᠯᠢᠭ᠎ᠤᠨ ᠬᠥᠭᠵᠢᠯᠲᠡ ᠵᠢ ᠢᠯᠡᠷᠡᠭᠦᠯᠵᠦ᠂ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠢᠯᠡᠷᠡᠭᠦᠯᠪᠡ᠃

   ᠵᠣᠷᠢᠭᠲᠠᠢ᠎ᠪᠠᠷ ᠬᠦᠴᠢᠷ ᠪᠡᠷᠬᠡᠰᠢᠶᠡᠯ᠎ᠳᠤ ᠵᠥᠪ ᠵᠶ᠋ᠠᠷ ᠬᠠᠨᠳᠤᠵᠤ᠂ ᠵᠣᠷᠢᠭᠲᠠᠢ᠎ᠪᠠᠷ ᠬᠦᠴᠢᠷ᠎ᠢ ᠰᠥᠷᠥᠨ ᠤᠷᠤᠭᠰᠢᠯᠠᠵᠤ᠂ ᠬᠦᠴᠢᠷ᠎ᠢ ᠲᠤᠭᠤᠯᠤᠨ ᠪᠡᠷᠬᠡ ᠵᠢ ᠳᠠᠪᠠᠭ᠍ᠤ᠎ᠳᠠᠭᠠᠨ ᠴᠢᠳᠠᠮᠠᠭ᠋ᠠᠢ ᠪᠠᠶ᠋ᠢᠳᠠᠭ᠂ ᠡᠨᠡ ᠪᠣᠯ ᠶᠠᠭ ᠳᠤᠮᠳᠠᠳᠤ ᠤᠯᠤᠰ᠎ᠤᠨ ᠠᠵᠤ ᠠᠬᠤᠢ ᠵᠢᠨ ᠡᠷᠴᠢ ᠵᠣᠷᠢᠭ ᠪᠠ ᠢᠲᠡᠭᠡᠯ ᠵᠣᠷᠢᠭ ᠮᠥᠨ᠃

   ᠥᠩᠭᠡᠷᠡᠭᠰᠡᠨ᠎ᠤ ᠶᠠᠪᠤᠳᠠᠯ ᠪᠦᠬᠦᠨ ᠴᠥᠮ ᠣᠷᠣᠰᠢᠯ ᠪᠣᠯᠣᠨ᠎ᠠ᠃ 2025 ᠣᠨ᠎ᠤ ᠰᠢᠨ᠎ᠡ ᠬᠠᠭᠤᠳᠠᠰᠤ ᠨᠢᠭᠡᠨᠲᠡ ᠡᠬᠢᠯᠡᠪᠡ᠃

   ᠰᠢᠨ᠎ᠡ ᠵᠢᠯ ᠰᠢᠨ᠎ᠡ ᠠᠭᠤᠷ ᠠᠮᠢᠰᠬᠤᠯ᠃ ᠦᠢ᠍ᠯᠡᠳᠪᠦᠷᠢᠯᠡᠯ᠎ᠢ ᠦᠵᠡᠬᠦ᠂ ᠠᠵᠤ ᠠᠬᠤᠢ᠌ᠯᠠᠯ᠎ᠤᠨ ᠦᠢ᠍ᠯᠡᠳᠪᠦᠷᠢ ᠵᠢᠨ ᠲᠠᠰᠤᠭ᠎ᠤᠨ ᠵᠠᠬᠢᠶᠠᠯᠠᠭ᠎ᠠ ᠵᠢᠨ ᠬᠠᠭᠤᠳᠠᠰᠤ ᠵᠢ ᠪᠦᠬᠦ ᠲᠠᠯ᠎ᠠ᠎ᠪᠠᠷ ᠨᠡᠭᠡᠭᠡᠵᠦ᠂ 《ᠰᠠᠢ᠌ᠨ ᠡᠬᠢᠯᠡᠯᠲᠡ》᠎ᠲᠠᠢ ᠪᠣᠯᠬᠤ᠎ᠪᠠᠷ ᠬᠦᠴᠦᠯᠡᠨ ᠴᠢᠷᠮᠠᠢ᠌ᠨ᠎ᠠ᠃ ᠬᠡᠷᠡᠭᠯᠡᠭᠡ ᠵᠢ ᠦᠵᠡᠬᠦ᠂ ᠴᠠᠭ᠋ᠠᠨ ᠰᠠᠷ᠎ᠠ ᠵᠢ ᠪᠠᠷᠠᠭ᠎ᠠ ᠬᠤᠳᠠᠯᠳᠤᠨ ᠠᠪᠬᠤ᠂ ᠮᠦᠰᠦᠨ᠎ᠳᠤ ᠭᠤᠯᠭᠤᠨ ᠨᠠᠭ᠋ᠠᠳᠬᠤ᠂ ᠰᠢᠨ᠎ᠡ ᠪᠦᠲᠦᠭᠡᠭᠳᠡᠬᠦᠨ᠎ᠢ ᠠᠮᠲᠠᠯᠠᠵᠤ᠂ ᠮᠥᠰᠥ ᠴᠠᠰᠤᠨ᠎ᠤ ᠠᠵᠤ ᠠᠬᠤᠶ᠂ ᠠᠩᠬ᠎ᠠ ᠲᠠᠷᠬᠠᠭ᠋ᠠᠬᠤ ᠠᠵᠤ ᠠᠬᠤᠶ ᠬᠥᠷ ᠬᠥᠭᠵᠢᠶᠡᠨ᠎ᠲᠠᠢ ᠁

   ᠠᠭᠤᠯᠠ᠎ᠨᠢ ᠨᠡᠩ ᠥᠨᠳᠥᠷ᠂ ᠵᠠᠮ᠎ᠨᠢ ᠨᠡᠩ ᠪᠠᠷᠲᠠᠭ᠎ᠠ᠎ᠲᠠᠢ᠂ ᠭᠡᠪᠡᠴᠦ ᠴᠠᠭ ᠪᠤᠯᠤᠨ ᠪᠠᠢ᠌ᠳᠠᠯ ᠮᠦᠨ ᠬᠦ᠌ ᠮᠢᠨᠤ ᠪᠡᠶ᠎ᠡ᠎ᠳᠤ ᠪᠤᠢ᠃ ᠰᠠᠯᠬᠢ ᠡᠶᠡᠪᠡᠷᠭᠦᠦ ᠨᠡᠷᠡᠨ᠎ᠤ ᠤᠴᠢᠷ᠎ᠠᠴᠠ ᠠᠯᠤᠰ᠎ᠤᠨ ᠵᠠᠮ᠎ᠢ ᠰᠣᠩᠭᠣᠭᠰᠠᠨ ᠪᠢᠰᠢ᠂ ᠬᠠᠷᠢᠨ ᠵᠣᠷᠢᠭ ᠰᠢᠭᠤᠳᠤᠨ ᠤᠷᠤᠭᠰᠢᠯᠠᠭ᠋ᠠᠳ ᠰᠠᠶᠢ ᠡᠩᠬᠦᠯ ᠳᠤᠩᠬᠤᠯ ᠵᠠᠮ᠎ᠢ ᠲᠤᠭᠤᠯᠤᠭᠰᠠᠨ ᠶᠤᠮ᠃  ᠠᠵᠢᠯᠯᠠᠬᠤ ᠵᠢ ᠲᠡᠷᠢᠭᠦᠨ᠎ᠳᠤ ᠲᠠᠯᠪᠢᠵᠤ᠂ ᠪᠣᠳᠠᠲᠠᠢ ᠠᠵᠢᠯᠯᠠᠬᠤ᠎ᠪᠠᠷ ᠭᠤᠣᠯᠳᠠᠯᠭ᠎ᠠ ᠪᠣᠯᠭ᠋ᠠᠵᠤ᠂ ᠠᠯᠢᠪᠠ ᠰᠢᠷᠭ᠋ᠠᠭᠤ ᠬᠠᠲᠠᠭᠤᠵᠢᠯᠲᠠᠢ ᠴᠢᠷᠮᠠᠶ᠋ᠢᠯᠭ᠎ᠠ᠎ᠨᠢ ᠦᠷᠭᠦᠯᠵᠢᠯᠡᠨ ᠬᠦᠨᠳᠦ ᠶᠡᠭᠡ ᠣᠯᠤᠯᠲᠠ ᠪᠣᠯᠤᠨ᠎ᠠ᠃

 

ᠢᠷᠡᠯᠲᠡ᠄ ᠠᠷᠠᠳ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ 《ᠳᠥᠷᠪᠡᠨ ᠬᠥᠨᠳᠡᠯᠡᠨ ᠠᠷᠪᠠᠨ ᠬᠤᠶᠠᠷ ᠭᠤᠯᠳᠤ》 ᠶᠡᠷᠦᠩᠬᠡᠶ᠋ᠢᠯᠡᠭᠰᠡᠨ ᠵᠠᠮ ᠬᠠᠷᠢᠯᠴᠠᠭ᠋ᠠᠨ᠎ᠤ ᠭᠤᠤᠯ ᠨᠢᠷᠤᠭᠤᠪᠴᠢ ᠵᠢ ᠪᠠᠢ᠌ᠭᠤᠯᠵᠤ ᠳᠠᠭᠤᠰᠬᠠᠭᠰᠠᠨ ᠨᠣᠷᠮ᠎ᠠ᠎ᠨᠢ 84.3%᠎ᠳᠤ ᠬᠥᠷᠪᠡ
ᠡᠨᠡ ᠬᠦ᠌ ᠬᠢᠷᠢ ᠪᠦᠲᠦᠮᠵᠢ ᠵᠢᠨ ᠬᠠᠭᠤᠳᠠᠰᠤ ᠵᠢ ᠪᠣᠯ ᠬᠢᠯᠪᠠᠷ ᠪᠤᠰᠤ᠎ᠪᠠᠷ ᠣᠯᠣᠭᠰᠠᠨ ᠶᠤᠮ (ᠥᠨᠥᠳᠥᠷ᠎ᠤᠨ ᠶᠠᠷᠢᠯᠴᠠᠭ᠎ᠠ)
ᠡᠠᠷᠠᠣᠠ᠎ᠤᠨ ᠡᠳᠦᠷ᠎ᠤᠨ ᠰᠣᠨᠢᠠ᠄ ᠲᠤᠭ᠋ᠠᠨ᠎ᠤ ᠤᠶᠤᠨᠴᠢᠯᠠᠯᠲᠠ᠎ᠪᠠᠷ ᠨᠠᠷᠢᠯᠢᠭ ᠠᠵᠢᠯ ᠬᠢᠨ᠎ᠡ (ᠴᠠᠭ᠋ᠠᠨ ᠰᠠᠷ᠎ᠠ ᠦᠨᠲᠦᠰᠦᠨ ᠱᠠᠲᠤᠨ᠎ᠳᠤ ᠶᠠᠪᠤᠬᠤ · ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠰᠤᠷᠪᠤᠯᠵᠢᠯᠠᠬᠤ)
ᠡᠠᠷᠠᠣᠠ᠎ᠤᠨ ᠡᠳᠦᠷ᠎ᠤᠨ ᠰᠣᠨᠢᠠ᠄    ᠴᠠᠭ᠋ᠠᠨ ᠰᠠᠷ᠎ᠠ ᠵᠢᠨ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠭᠢᠯᠠᠰ ᠴᠡᠭ ᠣᠯᠠᠨ ᠠᠮᠢᠵᠢᠷᠠᠯ᠎ᠤᠨ ᠬᠦᠴᠦᠨ ᠵᠶ᠋ᠡᠷ ᠲᠡᠭᠦᠯᠳᠡᠷ (ᠴᠠᠭ᠋ᠠᠨ ᠰᠠᠷ᠎ᠠ ᠵᠢᠨ ᠠᠮᠠᠷᠠᠯᠲᠠ ᠵᠢᠨ ᠬᠤᠭᠤᠴᠠᠭ᠎ᠠ)
ᠠᠷᠠᠳ᠎ᠤᠨ ᠡᠳᠦᠷ᠎ᠤᠨ ᠰᠣᠨᠢᠨ᠄ ᠴᠠᠭ᠋ᠠᠨ ᠰᠠᠷ᠎ᠠ ᠵᠢᠨ ᠠᠵᠤ ᠠᠬᠤᠢ᠎ᠨᠢ ᠳᠤᠮᠳᠠᠳᠤ ᠤᠯᠤᠰ᠎ᠤᠨ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠢᠯᠡᠷᠡᠭᠦᠯᠪᠡ
 
            