ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠠᠷᠠᠳ᠎ᠤᠨ ᠡᠳᠦᠷ᠎ᠤᠨ ᠰᠣᠨᠢᠨ᠄ ᠵᠣᠭᠤᠰᠣᠨ᠎ᠤ ᠮᠥᠩᠭᠦᠨ ᠭᠦᠢ᠍ᠯᠭᠡᠭᠡᠨ᠎ᠤ ᠰᠠᠶ᠋ᠢᠨ ᠰᠠᠶ᠋ᠢᠬᠠᠨ ᠣᠷᠴᠢᠨ ᠨᠥᠬᠦᠴᠡᠯ᠎ᠢ ᠪᠣᠶ ᠪᠣᠯᠭ᠋ᠠᠬᠤ — ᠣᠳᠣᠬᠠᠨ᠎ᠤ ᠮᠥᠩᠭᠦᠨ ᠭᠦᠢ᠍ᠯᠭᠡᠭᠡᠨ᠎ᠤ ᠠᠵᠢᠯ᠎ᠤᠨ ᠬᠠᠯᠠᠭᠤᠨ ᠴᠡᠭ᠎ᠤᠨ ᠠᠰᠠᠭᠤᠯᠲᠠ ᠬᠠᠷᠢᠭᠤᠯᠲᠠ
ᠨᠡᠶ᠋ᠢᠲᠡᠯᠡᠭᠰᠡᠨ ᠴᠠᠭ᠄ 2025-01-03

   ᠶᠡᠷᠦᠩᠬᠡᠢ ᠱᠦᠵᠢ ᠰᠢ ᠵᠢᠨ ᠫᠢᠩ᠂ 《ᠠᠵᠤ ᠠᠬᠤᠢ ᠪᠣᠯᠤᠨ ᠮᠥᠩᠭᠦᠨ ᠭᠦᠢ᠍ᠯᠭᠡᠭᠡ ᠵᠢ ᠨᠢᠭᠡ ᠬᠥᠯᠭᠡ ᠰᠢᠳᠠᠷ᠎ᠠ ᠮᠡᠲᠦ ᠪᠠᠶ᠋ᠢᠯᠭ᠋ᠠᠬᠤ ᠦᠵᠡᠯ ᠰᠠᠨᠠᠭ᠎ᠠ ᠵᠢ ᠪᠠᠷᠢᠮᠲᠠᠯᠠᠬᠤ》᠂ 《ᠠᠵᠤ ᠠᠬᠤᠢ ᠪᠣᠯᠤᠨ ᠮᠥᠩᠭᠦᠨ ᠭᠦᠢ᠍ᠯᠭᠡᠭᠡᠨ᠎ᠤ ᠴᠢᠨᠠᠷ ᠰᠠᠶ᠋ᠢᠲᠠᠢ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ》 ᠬᠡᠷᠡᠭᠲᠡᠢ ᠭᠡᠵᠦ ᠴᠢᠬᠤᠯᠠᠴᠢᠯᠠᠪᠠ᠃

   ᠲᠦᠷᠦᠭᠦᠬᠡᠨ ᠬᠤᠷᠠᠯᠳᠤᠭᠰᠠᠨ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠨᠢ ᠳᠠᠷᠠᠭ᠎ᠠ ᠵᠢᠯ᠎ᠤᠨ ᠠᠵᠤ ᠠᠬᠤᠢ ᠵᠢᠨ ᠠᠵᠢᠯ᠎ᠢ ᠪᠠᠶ᠋ᠢᠷᠢᠯᠠᠭᠤᠯᠬᠤ᠎ᠳᠤ᠎ᠪᠠᠨ᠄ 《ᠵᠣᠬᠢᠰᠲᠠᠢ ᠠᠭᠤᠵᠢᠭᠤ ᠪᠠᠶ᠋ᠢᠯᠭ᠋ᠠᠬᠤ ᠵᠣᠭᠣᠰᠤᠨ᠎ᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠨ᠎ᠡ᠃  ᠵᠣᠭᠤᠰᠣᠨ᠎ᠤ ᠲᠥᠷᠥ ᠵᠢᠨ ᠪᠣᠳᠣᠯᠭ᠎ᠠ ᠵᠢᠨ ᠪᠠᠭ᠋ᠠᠵᠢ ᠵᠢᠨ ᠶᠡᠷᠦᠩᠬᠡᠶ ᠬᠡᠮᠵᠢᠶ᠎ᠡ ᠪᠠ ᠪᠦᠲᠦᠴᠡ ᠵᠢᠨ ᠳᠠᠪᠬᠤᠷ ᠴᠢᠳᠠᠮᠵᠢ ᠵᠢ ᠰᠠᠶ᠋ᠢᠲᠤᠷ ᠪᠠᠳᠠᠷᠠᠭᠤᠯᠵᠤ᠂  ᠴᠠᠭ ᠲᠤᠬᠠᠢ᠎ᠲᠤᠨᠢ ᠲᠣᠬᠢᠷᠠᠭᠤᠯᠤᠨ ᠬᠦᠦ ᠮᠥᠩᠭᠦ ᠵᠢᠨ ᠨᠤᠷᠮ᠎ᠠ ᠪᠠᠭᠤᠷᠠᠭᠤᠯᠵᠤ᠂  ᠭᠦᠢ᠍ᠯᠭᠡᠭᠡᠨ᠎ᠤ ᠴᠢᠨᠠᠷ᠎ᠤᠨ ᠭᠦᠢ᠍ᠴᠡᠳ ᠪᠠᠶ᠋ᠢᠬᠤ ᠵᠢ ᠪᠠᠲᠤᠯᠠᠵᠤ᠂  ᠨᠡᠶ᠋ᠢᠭᠡᠮ᠎ᠤᠨ ᠪᠡᠯᠡ ᠲᠣᠬᠢᠷᠠᠭᠤᠯᠭ᠎ᠠ ᠵᠢᠨ ᠬᠡᠪᠴᠢᠶ᠎ᠡ᠂  ᠵᠣᠭᠤᠰᠣᠨ᠎ᠤ ᠬᠠᠩᠭ᠋ᠠᠯᠭ᠎ᠠ ᠵᠢᠨ ᠬᠡᠮᠵᠢᠶ᠎ᠡ ᠵᠢ ᠠᠵᠤ ᠠᠬᠤᠶ ᠵᠢᠨ ᠨᠡᠮᠡᠭᠳᠡᠯ᠂  ᠦᠨ᠎ᠡ ᠬᠠᠩᠰᠢ ᠵᠢᠨ ᠶᠡᠷᠦᠩᠬᠡᠶ ᠬᠢᠷᠢ ᠲᠦᠪᠰᠢᠨ᠎ᠤ ᠵᠢᠱ᠌ᠢᠭᠰᠡᠨ ᠬᠠᠷᠠᠯᠲᠠ᠎ᠯᠤᠭ᠎ᠠ ᠬᠠᠷᠢᠯᠴᠠᠨ ᠵᠣᠬᠢᠴᠠᠯᠳᠤᠨ᠎ᠠ》᠃

   ᠡᠨᠡ ᠵᠢᠯ᠂  ᠵᠣᠭᠣᠰᠣᠨ᠎ᠤ ᠲᠥᠷᠥ ᠵᠢᠨ ᠪᠣᠳᠣᠯᠭ᠎ᠠ ᠵᠢ ᠠᠮᠢᠳᠤᠯᠢᠭ ᠪᠥᠭᠡᠳ ᠲᠣᠬᠢᠷᠠᠮᠵᠢᠲᠠᠶ᠂  ᠣᠨᠣᠪᠴᠢᠲᠠᠶ ᠪᠥᠭᠡᠳ ᠪᠦᠲᠦᠮᠵᠢᠲᠡᠶ ᠪᠠᠶ᠋ᠢᠯᠭ᠋ᠠᠵᠤ᠂  ᠦᠶᠡᠯᠡᠯ᠎ᠢ ᠰᠥᠷᠭᠡᠦ ᠲᠣᠬᠢᠷᠠᠭᠤᠯᠬᠤ ᠡᠷᠴᠢᠮ᠎ᠢ ᠴᠢᠩᠭ᠋ᠠᠷᠠᠭᠤᠯᠤᠨ᠂  ᠠᠵᠤ ᠠᠬᠤᠶ ᠵᠢᠨ ᠳᠡᠭᠡᠭᠰᠢᠯᠡᠵᠦ ᠰᠠᠶ᠋ᠢᠵᠢᠷᠠᠬᠤ᠎ᠳᠤ ᠲᠣᠬᠢᠷᠠᠮᠵᠢᠲᠠᠶ ᠵᠣᠭᠣᠰ ᠮᠥᠩᠭᠥᠨ ᠭᠦᠢ᠍ᠯᠭᠡᠭᠡᠨ᠎ᠤ ᠣᠷᠴᠢᠨ ᠠᠬᠤᠶ ᠵᠢ ᠪᠣᠶ ᠪᠣᠯᠭ᠋ᠠᠵᠤ ᠥᠭᠪᠡ᠃  ᠢᠯᠠᠩᠭᠤᠶ᠎ᠠ 9 ᠳ᠋ᠦ᠍ᠭᠡᠷ ᠰᠠᠷ᠎ᠠ᠎ᠠᠴᠠ ᠨᠠᠭ᠋ᠠᠰᠢ᠂  ᠠᠯᠢ ᠣᠯᠠᠨ ᠨᠡᠮᠡᠭᠳᠡᠯ᠎ᠤᠨ ᠲᠥᠷᠥ ᠵᠢᠨ ᠪᠣᠳᠣᠯᠭ᠎ᠠ ᠬᠤᠷᠠᠨ ᠴᠤᠭᠯᠠᠷᠠᠵᠤ᠂  ᠡᠭᠦᠨ᠎ᠳᠤ ᠮᠥᠩᠭᠦᠨ ᠭᠦᠢ᠍ᠯᠭᠡᠭᠡᠨ᠎ᠤ ᠠᠯᠢ ᠣᠯᠠᠨ ᠲᠥᠷᠥ ᠵᠢᠨ ᠪᠣᠳᠣᠯᠭ᠎ᠠ ᠲᠦᠷᠭᠡᠨ ᠵᠶ᠋ᠠᠷ ᠬᠦᠴᠦᠯᠡᠵᠦ ᠦᠷ᠎ᠡ ᠪᠦᠲᠦᠮᠵᠢ ᠣᠯᠵᠤ᠂  ᠪᠥᠬᠦ ᠵᠢᠯ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠭᠤᠤᠯ ᠬᠠᠷᠠᠯᠲᠠ ᠡᠭᠦᠷᠭᠡ ᠵᠢ ᠪᠡᠶᠡᠯᠡᠭᠦᠯᠬᠦ᠎ᠳᠤ ᠬᠥᠳᠡᠯᠭᠡᠬᠦ ᠬᠦᠴᠦᠨ ᠨᠡᠮᠡᠷᠢᠯᠡᠪᠡ᠃

   ᠮᠥᠩᠭᠥᠨ ᠭᠦᠢ᠍ᠯᠭᠡᠭᠡᠨ᠎ᠤ ᠲᠥᠷᠥ ᠵᠢᠨ ᠪᠣᠳᠣᠯᠭ᠎ᠠ ᠵᠢ ᠬᠢᠷᠢ ᠵᠡᠷᠭᠡ ᠨᠠᠶ᠋ᠢᠳᠠᠪᠤᠷᠢᠵᠢᠭᠤᠯᠤᠭᠰᠠᠨ ᠪᠤᠢ? ᠦᠯᠡᠳᠡᠭᠡᠯ ᠲᠥᠷᠥ ᠵᠢᠨ ᠪᠣᠳᠣᠯᠭ᠎ᠠ᠎ᠯᠤᠭ᠎ᠠ ᠬᠡᠷᠬᠢᠨ ᠬᠠᠮᠵᠢᠯᠴᠠᠨ ᠬᠦᠴᠦᠯᠡᠵᠦ ᠪᠣᠳᠠᠲᠤ ᠴᠣᠭᠴᠠ ᠵᠢᠨ ᠠᠵᠤ ᠠᠬᠤᠶ ᠵᠢᠨ ᠬᠥᠭᠵᠢᠯᠲᠡ ᠵᠢ ᠨᠠᠩ ᠰᠠᠶ᠋ᠢᠲᠤᠷ ᠳᠡᠮᠵᠢᠬᠦ ᠪᠣᠶ? ᠳᠠᠷᠠᠭ᠎ᠠ ᠠᠯᠬᠤᠮ᠎ᠤᠨ ᠵᠣᠭᠣᠰᠣᠨ᠎ᠤ ᠲᠥᠷᠥ ᠵᠢᠨ ᠪᠣᠳᠣᠯᠭ᠎ᠠ᠎ᠳᠤ ᠪᠠᠰᠠ ᠬᠡᠳᠦᠢ ᠶᠡᠬᠡ ᠣᠷᠣᠨ ᠵᠠᠢ ᠪᠠᠶ᠋ᠢᠬᠤ ᠪᠤᠢ? ᠡᠯ᠎ᠡ ᠡᠲᠡᠭᠡᠳ᠎ᠤᠨ ᠠᠩᠬᠠᠷᠴᠤ ᠪᠠᠶ᠋ᠢᠭ᠎ᠠ ᠠᠰᠠᠭᠤᠳᠠᠯ᠎ᠳᠤ ᠴᠢᠭᠯᠡᠭᠦᠯᠵᠦ ᠰᠤᠷᠪᠤᠯᠵᠢᠯᠠᠭᠴᠢ ᠰᠤᠷᠪᠤᠯᠵᠢᠯᠠᠭ᠎ᠠ ᠬᠢᠪᠡ᠃

   ᠡᠨᠡ ᠵᠢᠯ᠎ᠠᠴᠠ ᠨᠠᠭ᠋ᠠᠰᠢ ᠮᠠᠨ᠎ᠤ ᠤᠯᠤᠰ᠎ᠤᠨ ᠵᠣᠭᠣᠰᠣᠨ᠎ᠤ ᠪᠣᠳᠣᠯᠭ᠎ᠠ ᠵᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠨᠢ ᠶᠠᠮᠠᠷ ᠪᠤᠢ?

   ᠵᠣᠭᠤᠰᠤᠨ᠎ᠤ ᠲᠦᠷᠦ ᠵᠢᠨ ᠪᠣᠳᠣᠯᠭ᠎ᠠ ᠵᠢ ᠠᠮᠢᠳᠤᠯᠢᠭ ᠪᠦᠭᠡᠳ ᠲᠣᠬᠢᠷᠠᠮᠵᠢᠲᠠᠢ᠂  ᠣᠨᠤᠪᠴᠢᠲᠠᠢ ᠪᠦᠭᠡᠳ ᠪᠦᠲᠦᠮᠵᠢ᠎ᠲᠠᠢ ᠪᠠᠶ᠋ᠢᠯᠭ᠋ᠠᠵᠤ᠂  ᠦᠶᠡᠯᠡᠯ᠎ᠢ ᠰᠥᠷᠭᠡᠦ ᠲᠣᠬᠢᠷᠠᠭᠤᠯᠬᠤ ᠡᠷᠴᠢᠮ ᠵᠶ᠋ᠠᠨ ᠢᠯᠡᠷᠬᠡᠢ ᠴᠢᠩᠭ᠋ᠠᠷᠠᠭᠤᠯᠪᠠ

   ᠡᠨᠡ ᠵᠢᠯ᠎ᠠᠴᠠ ᠨᠠᠭ᠋ᠠᠰᠢ᠂  ᠳᠤᠮᠳᠠᠳᠤ ᠤᠯᠤᠰ᠎ᠤᠨ ᠠᠷᠠᠳ᠎ᠤᠨ ᠪᠠᠩᠭᠢ ᠵᠣᠭᠣᠰᠣᠨ᠎ᠤ ᠲᠤᠬᠠᠢ ᠨᠡᠯᠢᠶᠡᠳ ᠴᠢᠬᠤᠯᠠ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠵᠦ᠂  ᠵᠣᠭᠣᠰᠣᠨ᠎ᠤ ᠲᠤᠬᠠᠢ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠨᠢ ᠶᠠᠮᠠᠷ ᠪᠤᠢ?

   ᠶᠡᠷᠦᠩᠬᠡᠶ᠎ᠳᠤᠨᠢ ᠠᠪᠴᠤ ᠦᠵᠡᠪᠡᠯ᠂  ᠵᠣᠭᠤᠰᠣᠨ᠎ᠤ ᠲᠥᠷᠥ ᠵᠢᠨ ᠪᠣᠳᠣᠯᠭ᠎ᠠ ᠵᠢ ᠠᠮᠢᠳᠤᠯᠢᠭ ᠪᠥᠭᠡᠳ ᠲᠣᠬᠢᠷᠠᠮᠵᠢᠲᠠᠶ ᠪᠠᠶ᠋ᠢᠯᠭ᠋ᠠᠵᠤ᠂  ᠨᠠᠷᠢᠯᠢᠭ ᠣᠨᠣᠴᠠᠲᠠᠶ ᠪᠦᠲᠦᠮᠵᠢᠲᠡᠶ ᠪᠠᠶ᠋ᠢᠯᠭ᠋ᠠᠵᠤ᠂  ᠦᠶᠡᠯᠡᠯ᠎ᠢ ᠰᠥᠷᠭᠡᠦ ᠲᠣᠬᠢᠷᠠᠭᠤᠯᠬᠤ ᠡᠷᠴᠢᠮ᠎ᠢ ᠢᠯᠡᠳᠲᠡ ᠴᠢᠩᠭ᠋ᠠᠷᠠᠭᠤᠯᠪᠠ᠃  ᠵᠣᠭᠤᠰᠣᠨ᠎ᠤ ᠢᠲᠡᠭᠡᠮᠵᠢᠲᠦ ᠵᠢᠭᠡᠯᠡᠯᠭᠡ ᠪᠠ ᠨᠡᠶ᠋ᠢᠭᠡᠮ᠎ᠤᠨ ᠪᠡᠯᠡ ᠲᠣᠬᠢᠷᠠᠭᠤᠯᠭ᠎ᠠ ᠵᠢᠨ ᠬᠡᠪᠴᠢᠶ᠎ᠡ ᠵᠢ ᠵᠦᠢ ᠵᠣᠬᠢᠰᠲᠠᠢ᠎ᠪᠠᠷ ᠨᠡᠮᠡᠭᠳᠡᠭᠦᠯᠵᠦ᠂  ᠶᠡᠷᠦᠩᠬᠡᠶ᠋ᠢᠯᠡᠭᠰᠡᠨ ᠪᠡᠯᠡ ᠲᠣᠬᠢᠷᠠᠭᠤᠯᠭ᠎ᠠ ᠵᠢᠨ ᠥᠪᠡᠷ᠎ᠤᠨ ᠥᠷᠲᠡᠭ᠎ᠢ ᠲᠣᠭᠲᠠᠭᠤᠨ᠎ᠤ ᠳᠤᠮᠳᠠ ᠪᠠᠭᠤᠷᠠᠭᠤᠯᠵᠤ᠂  ᠢᠲᠡᠭᠡᠮᠵᠢᠲᠦ ᠵᠢᠭᠡᠯᠡᠯᠭᠡ ᠵᠢᠨ ᠪᠦᠲᠦᠴᠡ ᠵᠢ ᠲᠠᠰᠤᠷᠠᠯᠲᠠ ᠦᠭᠡᠢ ᠰᠢᠯᠢᠳᠡᠭᠵᠢᠭᠦᠯᠵᠦ᠂  ᠠᠷᠠᠳ᠎ᠤᠨ ᠵᠣᠭᠤᠰ᠎ᠤᠨ ᠭᠤᠪᠢᠭᠤᠯᠭ᠎ᠠ ᠵᠢᠨ ᠨᠣᠷᠮ᠎ᠠ ᠵᠢ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠬᠢᠷᠢ ᠲᠦᠪᠰᠢᠨ᠎ᠳᠤ ᠦᠨᠳᠦᠰᠦᠨ᠎ᠳᠤ᠎ᠪᠠᠨ ᠲᠣᠭᠲᠠᠭᠤᠨ ᠪᠠᠶ᠋ᠢᠯᠭ᠋ᠠᠨ᠎ᠠ᠃

   ᠶᠡᠷᠦᠩᠬᠡᠶ ᠬᠡᠮᠵᠢᠶᠡᠨ᠎ᠠᠴᠠ ᠦᠵᠡᠪᠡᠯ᠂  ᠳᠤᠮᠳᠠᠳᠤ ᠤᠯᠤᠰ᠎ᠤᠨ ᠠᠷᠠᠳ᠎ᠤᠨ ᠪᠠᠩᠬᠢ 2 ᠳ᠋ᠤᠭ᠋ᠠᠷ ᠰᠠᠷ᠎ᠠ᠂ 9 ᠳ᠋ᠦ᠍ᠭᠡᠷ ᠰᠠᠷ᠎ᠠ᠎ᠳᠤ ᠲᠣᠰ ᠲᠣᠰ 0.5 ᠵᠠᠭᠤᠨ᠎ᠤ ᠨᠢᠭᠡᠴᠢ ᠪᠠᠭᠤᠷᠠᠵᠤ᠂  ᠳᠤᠮᠳᠠ ᠣᠷᠳᠣ ᠬᠤᠭᠤᠴᠠᠭ᠋ᠠᠨ᠎ᠤ ᠬᠥᠳᠡᠯᠦᠩᠭᠦᠶ ᠴᠢᠨᠠᠷ᠎ᠢ ᠨᠡᠶ᠋ᠢᠲᠡ 2 ᠲᠦᠮᠡᠨ ᠳ᠋ᠦᠩᠰᠢᠭᠤᠷ ᠲᠥᠭᠦᠷᠢᠭ ᠲᠠᠯᠪᠢᠵᠤ᠂ 7 ᠳ᠋ᠤᠭ᠋ᠠᠷ ᠰᠠᠷ᠎ᠠ᠂ 9 ᠳ᠋ᠦ᠍ᠭᠡᠷ ᠰᠠᠷ᠎ᠠ᠎ᠳᠤ ᠲᠣᠰ ᠲᠣᠰ ᠢᠯᠡ ᠵᠠᠬ᠎ᠠ ᠳᠡᠯᠭᠡᠭᠦᠷ᠎ᠤᠨ 7 ᠡᠳᠦᠷ᠎ᠤᠨ ᠬᠤᠭᠤᠴᠠᠭ᠎ᠠ᠎ᠲᠠᠢ ᠭᠡᠳᠡᠷᠭᠦ ᠬᠤᠳᠠᠯᠳᠤᠨ ᠠᠪᠬᠤ ᠠᠵᠢᠯᠯᠠᠭ᠋ᠠᠨ᠎ᠤ ᠬᠦᠤ ᠮᠥᠩᠭᠦ ᠵᠢᠨ ᠨᠣᠷᠮ᠎ᠠ 10 ᠪᠠ 20 ᠰᠠᠭᠤᠷᠢ ᠴᠡᠭ᠎ᠢ ᠪᠠᠭᠤᠷᠠᠭᠤᠯᠵᠤ᠂  ᠳᠤᠮᠳᠠ ᠬᠤᠭᠤᠴᠠᠭ᠋ᠠᠨ᠎ᠤ ᠵᠢᠭᠡᠯᠡᠯᠭᠡ᠎ᠳᠤ ᠲᠥᠬᠦᠮ ᠦᠵᠡᠭᠦᠯᠬᠦ ᠬᠦᠤ ᠮᠥᠩᠭᠦ ᠵᠢᠨ ᠨᠣᠷᠮ᠎ᠠ᠂  ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠬᠦ ᠬᠦᠤ ᠮᠥᠩᠭᠦ ᠵᠢᠨ ᠨᠣᠷᠮ᠎ᠠ (LPR) ᠵᠡᠷᠭᠡ ᠵᠢ ᠬᠥᠲᠥᠯᠦᠨ ᠵᠢᠯᠣᠭᠤᠳᠴᠤ᠂  ᠮᠥᠩᠭᠦᠨ ᠭᠦᠢ᠍ᠯᠭᠡᠭᠡᠨ᠎ᠤ ᠰᠠᠶ᠋ᠢᠨ ᠰᠠᠶ᠋ᠢᠬᠠᠨ ᠣᠷᠴᠢᠨ ᠲᠣᠭᠤᠷᠢᠨ᠎ᠢ ᠪᠣᠶ ᠪᠣᠯᠭ᠋ᠠᠪᠠ᠃ 11 ᠳ᠋ᠦ᠍ᠭᠡᠷ ᠰᠠᠷ᠎ᠠ ᠵᠢᠨ ᠰᠡᠭᠦᠯᠴᠢ᠎ᠳᠤ᠂  ᠮᠠᠨ᠎ᠤ ᠤᠯᠤᠰ᠎ᠤᠨ ᠠᠷᠠᠳ᠎ᠤᠨ ᠵᠣᠭᠤᠰ᠎ᠤᠨ ᠵᠢᠭᠡᠯᠡᠯᠭᠡ ᠵᠢᠨ ᠦᠯᠡᠳᠡᠪᠦᠷᠢ 254.68 ᠲᠦᠮᠡᠨ ᠳ᠋ᠦᠩᠰᠢᠭᠤᠷ ᠲᠥᠭᠦᠷᠢᠭ᠎ᠲᠤ ᠬᠦᠷᠴᠦ᠂  ᠠᠳᠠᠯᠢ ᠬᠤᠭᠤᠴᠠᠭ᠋ᠠᠨ᠎ᠤ᠎ᠬᠢ᠎ᠠᠴᠠ 7.7%᠎ᠪᠠᠷ ᠨᠡᠮᠡᠭᠳᠡᠪᠡ; ᠨᠡᠶ᠋ᠢᠭᠡᠮ᠎ᠤᠨ ᠪᠡᠯᠡ ᠲᠣᠬᠢᠷᠠᠭᠤᠯᠭ᠎ᠠ ᠵᠢᠨ ᠬᠡᠪᠴᠢᠶ᠎ᠡ ᠵᠢᠨ ᠬᠠᠳᠠᠭ᠋ᠠᠯᠠᠯᠳᠠ 405.6 ᠲᠦᠮᠡᠨ ᠳ᠋ᠦᠩᠰᠢᠭᠤᠷ ᠲᠥᠭᠦᠷᠢᠭ᠎ᠲᠤ ᠬᠦᠷᠴᠦ᠂  ᠠᠳᠠᠯᠢ ᠬᠤᠭᠤᠴᠠᠭ᠋ᠠᠨ᠎ᠤ᠎ᠬᠢ᠎ᠠᠴᠠ 7.8%᠎ᠪᠠᠷ ᠨᠡᠮᠡᠭᠳᠡᠪᠡ᠃

       ᠪᠦᠲᠦᠴᠡ᠎ᠠᠴᠠ᠎ᠨᠢ ᠦᠵᠡᠪᠡᠯ᠂  ᠳᠤᠮᠳᠠᠳᠤ ᠤᠯᠤᠰ᠎ᠤᠨ ᠠᠷᠠᠳ᠎ᠤᠨ ᠪᠠᠩᠭᠢ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠯ᠎ᠠ᠎ᠪᠠᠷ ᠰᠢᠨ᠎ᠡ ᠵᠢ ᠡᠭᠦᠳᠬᠦ ᠪᠠ ᠮᠡᠷᠭᠡᠵᠢᠯ᠎ᠤᠨ ᠲᠠᠯ᠎ᠠ᠎ᠪᠠᠷ ᠰᠢᠨ᠎ᠡ ᠵᠢ ᠡᠭᠦᠳᠬᠦ 5000 ᠳ᠋ᠦᠩᠰᠢᠭᠤᠷ ᠲᠦᠭᠦᠷᠢᠭ᠎ᠤᠨ ᠳᠠᠬᠢᠨ ᠵᠢᠭᠡᠯᠡᠯᠭᠡ ᠲᠠᠯᠪᠢᠵᠤ᠂ 3000 ᠳ᠋ᠦᠩᠰᠢᠭᠤᠷ ᠲᠥᠭᠦᠷᠢᠭ᠎ᠤᠨ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠵᠢᠨ ᠳᠠᠬᠢᠨ ᠵᠢᠭᠡᠯᠡᠯᠭᠡ ᠲᠠᠯᠪᠢᠵᠤ᠂  ᠲᠠᠷᠢᠶᠠᠯᠠᠩ᠎ᠢ ᠳᠡᠮᠵᠢᠬᠦ ᠳᠠᠬᠢᠨ ᠵᠢᠭᠡᠯᠡᠯᠭᠡ ᠵᠢᠨ ᠲᠤᠭ᠎ᠠ ᠵᠢ 1000 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂  ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠬᠥᠲᠥᠯᠥᠨ ᠵᠢᠯᠣᠭᠤᠳᠴᠤ ᠪᠠᠶ᠋ᠢᠭ᠋ᠠᠳ ᠴᠢᠨᠠᠷ ᠰᠠᠶ᠋ᠢᠲᠠᠶ ᠬᠥᠭᠵᠢᠯᠲᠡ ᠵᠢᠨ ᠵᠠᠩᠭᠢᠯᠠᠭ᠎ᠠ ᠵᠢᠨ ᠭᠤᠭᠴᠤᠭ᠎ᠠ᠎ᠳᠤ ᠦᠵᠡᠭᠦᠯᠬᠦ ᠳᠡᠮᠵᠢᠯᠭᠡ ᠵᠢ ᠨᠡᠮᠡᠭᠳᠡᠭᠦᠯᠪᠡ᠃ 11 ᠳ᠋ᠦ᠍ᠭᠡᠷ ᠰᠠᠷ᠎ᠠ ᠵᠢᠨ ᠰᠡᠭᠦᠯᠴᠢ᠂  ᠲᠤᠰᠬᠠᠶ ᠨᠠᠷᠢᠯᠢᠭ ᠣᠨᠴᠠ ᠰᠢᠨ᠎ᠡ ᠠᠵᠤ ᠠᠬᠤᠶ᠋ᠢᠯᠠᠯ᠎ᠤᠨ ᠵᠢᠭᠡᠯᠡᠯᠭᠡ ᠵᠢᠨ ᠦᠯᠡᠳᠡᠪᠦᠷᠢ 4.25 ᠲᠦᠮᠡᠨ ᠳ᠋ᠦᠩᠰᠢᠭᠤᠷ ᠲᠥᠭᠦᠷᠢᠭ᠎ᠲᠤ ᠬᠦᠷᠴᠦ᠂  ᠠᠳᠠᠯᠢ ᠬᠤᠭᠤᠴᠠᠭ᠋ᠠᠨ᠎ᠤ᠎ᠬᠢ᠎ᠠᠴᠠ 13.2% ᠵᠶ᠋ᠠᠷ ᠨᠡᠮᠡᠭᠳᠡᠪᠡ; ᠫᠦ᠋ ᠡᠾᠦ᠋ᠢ ᠵᠢᠵᠢᠭ ᠪᠢᠴᠢᠯ ᠵᠢᠭᠡᠯᠡᠯᠭᠡ ᠵᠢᠨ ᠦᠯᠡᠳᠡᠪᠦᠷᠢ 32.21 ᠲᠦᠮᠡᠨ ᠳ᠋ᠦᠩᠰᠢᠭᠤᠷ ᠲᠥᠭᠦᠷᠢᠭ᠎ᠲᠤ ᠬᠦᠷᠴᠦ᠂  ᠠᠳᠠᠯᠢ ᠬᠤᠭᠤᠴᠠᠭ᠋ᠠᠨ᠎ᠤ᠎ᠬᠢ᠎ᠠᠴᠠ 14.3%᠎ᠪᠠᠷ ᠨᠡᠮᠡᠭᠳᠡᠪᠡ᠃  ᠡᠳᠡᠭᠡᠷ ᠵᠢᠭᠡᠯᠡᠯᠭᠡ ᠵᠢᠨ ᠨᠡᠮᠡᠭᠳᠡᠯ᠎ᠤᠨ ᠬᠤᠷᠳᠤᠴᠠ᠎ᠨᠢ ᠴᠥᠮ ᠠᠳᠠᠯᠢ ᠬᠤᠭᠤᠴᠠᠭ᠋ᠠᠨ᠎ᠤ ᠡᠯ᠎ᠡ ᠵᠦᠢ᠍ᠯ᠎ᠤᠨ ᠵᠢᠭᠡᠯᠡᠯᠭᠡ ᠵᠢᠨ ᠨᠡᠮᠡᠭᠳᠡᠯ᠎ᠤᠨ ᠬᠤᠷᠳᠤᠴᠠ᠎ᠠᠴᠠ ᠥᠨᠳᠥᠷ ᠪᠠᠶ᠋ᠢᠨ᠎ᠠ᠃

   ᠦᠨ᠎ᠡ ᠬᠠᠩᠰᠢ᠎ᠠᠴᠠ᠎ᠨᠢ ᠦᠵᠡᠪᠡᠯ᠂  ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠵᠢᠨ ᠨᠣᠷᠮ᠎ᠠ ᠵᠢᠨ ᠥᠭᠡᠷᠡᠴᠢᠯᠡᠯᠲᠡ ᠪᠠ ᠬᠠᠳᠠᠭ᠋ᠠᠯᠠᠮᠵᠢ ᠵᠢᠨ ᠬᠦᠦ ᠵᠢᠨ ᠨᠣᠷᠮ᠎ᠠ ᠵᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠲᠣᠭᠲᠠᠴᠠ ᠵᠢᠨ ᠬᠦᠴᠦᠨ ᠴᠢᠳᠠᠪᠤᠷᠢ ᠵᠢ ᠪᠦᠲᠦᠮᠵᠢᠲᠡᠶ ᠪᠠᠳᠠᠷᠠᠭᠤᠯᠵᠤ᠂  ᠵᠢᠭᠡᠯᠡᠯᠭᠡ ᠵᠢᠨ ᠬᠦᠦ ᠵᠢᠨ ᠨᠣᠷᠮ᠎ᠠ ᠵᠢ ᠲᠣᠭᠲᠠᠭᠤᠨ ᠪᠠᠶ᠋ᠢᠯᠭ᠋ᠠᠬᠤ ᠵᠢᠨ ᠵᠡᠷᠭᠡ᠎ᠳᠤ ᠪᠠᠭᠤᠷᠠᠭᠤᠯᠬᠤ ᠵᠢ ᠲᠦᠯᠬᠢᠨ ᠠᠬᠢᠭᠤᠯᠤᠨ᠎ᠠ᠃ 11 ᠳ᠋ᠦ᠍ᠭᠡᠷ ᠰᠠᠷ᠎ᠠ᠎ᠳᠤ ᠰᠢᠨ᠎ᠡ᠎ᠪᠠᠷ ᠲᠠᠷᠬᠠᠭ᠋ᠠᠭᠰᠠᠨ ᠠᠵᠤ ᠠᠬᠤᠶ᠋ᠢᠯᠠᠯ᠎ᠤᠨ ᠵᠢᠭᠡᠯᠡᠯᠭᠡ ᠵᠢᠨ ᠨᠡᠮᠡᠭᠦᠷᠢ ᠵᠢᠨ ᠳᠤᠮᠳᠠᠴᠢ ᠬᠦᠦ ᠵᠢᠨ ᠨᠣᠷᠮ᠎ᠠ᠎ᠨᠢ 3.45%᠂  ᠰᠢᠨ᠎ᠡ᠎ᠪᠠᠷ ᠲᠠᠯᠪᠢᠭᠰᠠᠨ ᠬᠤᠪᠢ ᠬᠥᠮᠦᠨ᠎ᠤ ᠣᠷᠣᠨ ᠰᠠᠭᠤᠴᠠ ᠵᠢᠨ ᠵᠢᠭᠡᠯᠡᠯᠭᠡ ᠵᠢᠨ ᠬᠦᠦ ᠵᠢᠨ ᠨᠣᠷᠮ᠎ᠠ᠎ᠨᠢ 3.08%᠂  ᠴᠥᠮ ᠳᠡᠭᠡᠷ᠎ᠡ ᠰᠠᠷ᠎ᠠ ᠵᠢᠨ᠎ᠬᠢ᠎ᠠᠴᠠ ᠪᠠᠭᠤᠷᠠᠬᠤ ᠵᠢᠨ ᠬᠠᠮᠲᠤ ᠲᠡᠦᠬᠡ ᠵᠢᠨ ᠳᠣᠣᠷ᠎ᠠ ᠪᠠᠶ᠋ᠢᠷᠢ᠎ᠳᠤ ᠪᠠᠶ᠋ᠢᠵᠤ᠂  ᠪᠡᠯᠡ ᠲᠣᠬᠢᠷᠠᠭᠤᠯᠭ᠎ᠠ ᠵᠢᠨ ᠥᠪᠡᠷ᠎ᠤᠨ ᠦᠷᠳᠡᠭ᠎ᠢ ᠪᠠᠭᠤᠷᠠᠭᠤᠯᠬᠤ᠂  ᠬᠦᠦ ᠮᠥᠩᠭᠦ ᠵᠢᠨ ᠳᠠᠷᠤᠭ᠋ᠠᠰᠤ ᠵᠢ ᠪᠠᠭ᠋ᠠᠰᠬᠠᠬᠤ᠎ᠳᠤ ᠠᠰᠢᠭᠲᠠᠢ ᠪᠠᠶ᠋ᠢᠳᠠᠭ᠃

  《ᠣᠳᠣᠬᠠᠨ᠎ᠳᠤ ᠮᠥᠩᠭᠦᠨ ᠭᠦᠢ᠍ᠯᠭᠡᠭᠡᠨ᠎ᠤ ᠶᠡᠷᠦᠩᠬᠡᠢ ᠬᠡᠮᠵᠢᠶ᠎ᠡ ᠶᠡᠷᠦᠩᠬᠡᠢ᠎ᠳᠡᠭᠡᠨ ᠲᠣᠭᠲᠠᠭᠤᠨ ᠪᠠᠶ᠋ᠢᠵᠤ᠂  ᠨᠡᠶ᠋ᠢᠭᠡᠮ᠎ᠤᠨ ᠪᠡᠯᠡ ᠲᠣᠬᠢᠷᠠᠭᠤᠯᠭ᠎ᠠ ᠵᠢᠨ ᠬᠡᠪᠴᠢᠶ᠎ᠡ 400 ᠲᠦᠮᠡᠨ ᠳ᠋ᠦᠩᠰᠢᠭᠤᠷ ᠲᠥᠭᠦᠷᠢᠭ᠎ᠢ ᠳᠠᠪᠠᠵᠤ᠂  ᠪᠣᠳᠠᠲᠤ ᠴᠣᠭᠴᠠ ᠵᠢᠨ ᠠᠵᠤ ᠠᠬᠤᠢ ᠵᠢ ᠬᠦᠴᠦᠲᠡᠢ ᠪᠥᠭᠡᠳ ᠪᠦᠲᠦᠮᠵᠢᠲᠡᠢ ᠳᠡᠮᠵᠢᠪᠡ》 ᠭᠡᠵᠦ ᠳᠤᠮᠳᠠᠳᠦ ᠤᠯᠤᠰ᠎ᠤᠨ ᠰᠢᠤᠳᠠᠨ ᠬᠠᠳᠠᠭ᠋ᠠᠯᠠᠮᠵᠢ ᠵᠢᠨ ᠪᠠᠩᠭᠢ ᠵᠢᠨ ᠰᠤᠳᠤᠯᠤᠭᠴᠢ ᠯᠧᠦ ᠹᠧᠢ ᠫᠸᠩ ᠢᠯᠡᠳᠭᠡᠪᠡ᠃

   ᠳᠠᠷᠠᠭ᠎ᠠ ᠠᠯᠬᠤᠮ᠎ᠤᠨ ᠵᠣᠭᠣᠰᠣᠨ᠎ᠤ ᠲᠥᠷᠥ ᠵᠢᠨ ᠪᠣᠳᠣᠯᠭ᠎ᠠ᠎ᠳᠤ ᠪᠠᠰᠠ ᠬᠡᠳᠦᠢ ᠶᠡᠬᠡ ᠣᠷᠣᠨ ᠵᠠᠢ ᠪᠠᠶ᠋ᠢᠬᠤ ᠪᠤᠢ?

   ᠵᠣᠬᠢᠰᠲᠠᠢ᠎ᠪᠠᠷ ᠠᠭᠤᠵᠢᠭᠤ ᠪᠠᠶ᠋ᠢᠯᠭ᠋ᠠᠬᠤ ᠵᠣᠭᠤᠰᠤᠨ᠎ᠤ ᠲᠦᠷᠦ ᠵᠢᠨ ᠪᠣᠳᠣᠯᠭ᠎ᠠ ᠵᠢ ᠬᠡᠷᠡᠭᠵᠢᠭᠦᠯᠵᠦ᠂  ᠪᠡᠯᠡ ᠮᠥᠩᠭᠦ ᠵᠢ ᠨᠡᠩ ᠲᠦᠷᠭᠡᠨ ᠨᠡᠩ ᠣᠯᠠᠨ ᠵᠶ᠋ᠠᠷ ᠪᠤᠳᠠᠲᠤ ᠠᠵᠤ ᠠᠬᠤᠢ ᠲᠡᠢ᠌ᠰᠢ ᠬᠠᠨᠳᠤᠭᠤᠯᠬᠤ ᠵᠢ ᠠᠬᠢᠭᠤᠯᠤᠨ᠎ᠠ

   ᠡᠨᠡ ᠵᠢᠯ᠎ᠤᠨ ᠲᠦᠷᠦᠭᠦᠦ ᠭᠤᠷᠪᠠᠨ ᠤᠯᠠᠷᠢᠯ᠎ᠳᠤ᠂  ᠠᠵᠤ ᠠᠬᠤᠢ ᠵᠢᠨ ᠠᠵᠢᠯᠯᠠᠭ᠋ᠠᠨ ᠶᠡᠷᠦᠩᠬᠡᠢ᠎ᠳᠡᠭᠡᠨ ᠲᠣᠭᠲᠠᠭᠤᠨ ᠪᠠᠶ᠋ᠢᠵᠤ᠂  ᠲᠣᠭᠲᠠᠭᠤᠨ᠎ᠤ ᠳᠤᠮᠳᠠ ᠤᠷᠤᠭᠰᠢᠯᠠᠬᠤ ᠵᠢᠨ ᠬᠠᠮᠲᠤ ᠪᠠᠰᠠ ᠵᠠᠷᠢᠮ ᠰᠢᠨ᠎ᠡ ᠪᠠᠶ᠋ᠢᠳᠠᠯ ᠪᠠ ᠰᠢᠨ᠎ᠡ ᠠᠰᠠᠭᠤᠳᠠᠯ ᠢᠯᠡᠷᠡᠵᠦ᠂  ᠨᠡᠶ᠋ᠢᠭᠡᠮ᠎ᠤᠨ ᠵᠢᠱ᠌ᠢᠯᠲᠡ ᠪᠠᠭᠤᠷᠠᠶ᠂  ᠣᠬᠤᠷ ᠬᠤᠭᠤᠴᠠᠭ᠋ᠠᠨ᠎ᠤ ᠪᠦᠲᠦᠮᠵᠢᠲᠡᠶ ᠪᠠᠯᠠ ᠲᠣᠬᠢᠷᠠᠭᠤᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠬᠦᠷᠦᠯᠴᠡᠬᠦ ᠦᠭᠡᠢ ᠪᠠᠶ᠋ᠢᠨ᠎ᠠ᠃  ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠵᠣᠭᠤᠰᠣᠨ᠎ᠤ ᠲᠥᠷᠥ ᠵᠢᠨ ᠪᠣᠳᠣᠯᠭ᠎ᠠ ᠵᠢ ᠲᠣᠬᠢᠷᠠᠭᠤᠯᠤᠨ ᠡᠵᠡᠮᠳᠡᠬᠦ ᠡᠷᠴᠢᠮ ᠵᠶ᠋ᠠᠨ ᠴᠢᠩᠭ᠋ᠠᠷᠠᠭᠤᠯᠵᠤ᠂  ᠰᠥᠷᠭᠡᠦ ᠦᠶᠡᠯᠡᠯ᠎ᠤᠨ ᠬᠤᠭᠤᠴᠠᠭ᠎ᠠ ᠵᠢ ᠲᠣᠬᠢᠷᠠᠭᠤᠯᠬᠤ ᠡᠷᠴᠢᠮ ᠵᠶ᠋ᠠᠨ ᠴᠢᠩᠭ᠋ᠠᠷᠠᠭᠤᠯᠤᠨ᠂  ᠢᠯᠠᠩᠭᠤᠶ᠎ᠠ 9 ᠳ᠋ᠦ᠍ᠭᠡᠷ ᠰᠠᠷ᠎ᠠ ᠵᠢᠨ ᠬᠤᠷᠢᠳ᠎ᠠᠴᠠ ᠨᠠᠭ᠋ᠠᠰᠢ᠂  ᠨᠠᠮ᠎ᠤᠨ ᠲᠥᠪ ᠬᠤᠷᠢᠶᠠᠨ᠎ᠤ ᠪᠠᠶ᠋ᠢᠷᠢᠯᠠᠭᠤᠯᠤᠯᠲᠠ ᠶᠣᠰᠣᠭ᠋ᠠᠷ᠂  ᠨᠡᠯᠢᠶᠡᠳ ᠶᠡᠭᠡ ᠡᠷᠴᠢᠮ ᠵᠶ᠋ᠠᠷ ᠪᠠᠷᠢᠮᠵᠢᠶ᠎ᠠ ᠵᠢ ᠪᠠᠭᠤᠷᠠᠭᠤᠯᠵᠤ᠂  ᠬᠦᠦ ᠮᠥᠩᠭᠦ ᠵᠢ ᠡᠷᠴᠢᠮ᠎ᠲᠠᠢ᠎ᠪᠠᠷ ᠪᠠᠭᠤᠷᠠᠭᠤᠯᠬᠤ ᠵᠢ ᠬᠡᠷᠡᠭᠵᠢᠭᠦᠯᠬᠦ ᠵᠢᠨ ᠬᠠᠮᠲᠤ ᠲᠡᠮᠳᠡᠭᠲᠦ᠂  ᠰᠠᠭᠤᠷᠢ ᠮᠥᠩᠭᠦ᠂  ᠳᠠᠭ᠋ᠠᠳᠬᠠᠯ᠎ᠤᠨ ᠺᠣᠮᠫᠠᠨᠢ ᠬᠠᠷᠢᠯᠴᠠᠨ ᠳᠥᠭᠦᠮ ᠳᠥᠲᠡ ᠪᠠᠶ᠋ᠢᠬᠤ ᠪᠠ ᠰᠲ᠋ᠣᠺ᠎ᠢ ᠡᠭᠡᠭᠦᠯᠦᠨ ᠬᠤᠳᠠᠯᠳᠤᠨ ᠠᠪᠴᠤ ᠨᠡᠮᠡᠵᠦ ᠠᠪᠬᠤ ᠲᠤᠰᠬᠠᠶ ᠵᠦᠢ᠍ᠯ᠎ᠤᠨ ᠳᠠᠬᠢᠨ ᠵᠢᠭᠡᠯᠡᠯᠭᠡ ᠵᠢᠨ ᠬᠤᠶᠠᠷ ᠵᠦᠢ᠍ᠯ᠎ᠤᠨ ᠪᠠᠭ᠋ᠠᠵᠢ ᠵᠢ ᠪᠣᠶ ᠪᠣᠯᠭ᠋ᠠᠪᠠ᠃

   ᠮᠥᠩᠭᠥᠨ ᠭᠦᠢ᠍ᠯᠭᠡᠭᠡᠨ᠎ᠤ ᠬᠠᠮ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠭᠰᠡᠨ᠎ᠠᠴᠠ ᠨᠠᠭ᠋ᠠᠰᠢ᠂  ᠵᠠᠬ᠎ᠠ ᠳᠡᠯᠭᠡᠭᠦᠷ᠎ᠤᠨ ᠲᠤᠰᠬᠠᠯ ᠢᠳᠡᠪᠬᠢᠲᠡᠶ ᠪᠥᠭᠡᠳ ᠵᠥᠪ ᠪᠣᠯᠵᠤ᠂  ᠨᠡᠶ᠋ᠢᠭᠡᠮ᠎ᠤᠨ ᠵᠢᠱ᠌ᠢᠯᠲᠡ ᠢᠯᠡᠳᠲᠡ ᠰᠠᠶ᠋ᠢᠵᠢᠷᠠᠪᠠ᠃ 10 ᠳ᠋ᠤᠭ᠋ᠠᠷ ᠰᠠᠷ᠎ᠠ᠎ᠳᠤ ᠳᠡᠯᠭᠡᠷᠡᠩᠭᠦᠶ ᠤᠳᠬ᠎ᠠ ᠵᠢᠨ ᠵᠣᠭᠤᠰ (M2) ᠪᠣᠯᠤᠨ ᠢᠪᠴᠤᠤ ᠤᠳᠬ᠎ᠠ ᠵᠢᠨ ᠵᠣᠭᠤᠰ (M1)᠎ᠤᠨ 《ᠬᠠᠶ᠋ᠢᠴᠢ ᠵᠢᠨ ᠵᠥᠷᠢᠶ᠎ᠡ》 ᠪᠠᠭ᠋ᠠᠰᠴᠤ᠂  ᠠᠵᠤ ᠠᠬᠤᠶ ᠵᠢᠨ ᠲᠣᠭᠲᠠᠭᠤᠨ ᠰᠠᠶ᠋ᠢᠵᠢᠷᠠᠭᠰᠠᠨ᠎ᠢ ᠬᠠᠷᠠᠭᠤᠯᠵᠤ ᠪᠠᠶ᠋ᠢᠨ᠎ᠠ᠃  ᠬᠠᠳᠠᠭ᠋ᠠᠯᠠᠮᠵᠢ ᠵᠢᠨ ᠪᠠᠶ᠋ᠢᠰᠢᠩ᠎ᠤᠨ ᠬᠦᠦ ᠵᠢᠨ ᠨᠤᠷᠮ᠎ᠠ ᠵᠢ ᠨᠢᠭᠡᠨᠲᠡ ᠦᠨᠳᠦᠰᠦᠨ᠎ᠲᠡᠭᠡᠨ ᠲᠣᠬᠢᠷᠠᠭᠤᠯᠵᠤ ᠳᠠᠭᠤᠰᠴᠠᠢ᠂  ᠬᠠᠲᠠᠭ᠋ᠠᠯᠠᠮᠵᠢ ᠵᠢᠨ ᠪᠠᠶ᠋ᠢᠰᠢᠩ᠎ᠤᠨ ᠬᠦᠦ ᠵᠢᠨ ᠨᠤᠷᠮ᠎ᠠ ᠵᠢ ᠬᠦᠳᠡᠯᠦᠩᠭᠦᠢ ᠲᠣᠭᠢᠷᠠᠭᠤᠯᠬᠤ ᠲᠣᠭᠲᠠᠴᠠ ᠵᠢ ᠴᠤ᠌ ᠨᠢᠭᠡᠨᠲᠡ ᠵᠢᠩᠭᠢᠨᠢ ᠪᠠᠶ᠋ᠢᠭᠤᠯᠵᠤ ᠳᠠᠭᠤᠰᠭ᠋ᠠᠵᠠᠢ᠃

  《ᠵᠠᠷᠢᠮ ᠨᠡᠮᠡᠭᠳᠡᠯ᠎ᠤᠨ ᠲᠥᠷᠥ ᠵᠢᠨ ᠪᠣᠳᠣᠯᠭ᠎ᠠ ᠵᠢ ᠪᠠᠰᠠ ᠵᠠᠯᠭ᠋ᠠᠭ᠎ᠠ᠎ᠪᠠᠷ ᠨᠠᠶ᠋ᠢᠳᠠᠪᠤᠷᠢᠵᠢᠭᠤᠯᠵᠤ᠂  ᠵᠢᠭᠡᠯᠡᠯᠭᠡ ᠵᠢᠨ ᠬᠢᠨᠠᠨ ᠬᠠᠷᠭᠤᠭᠤᠯᠤᠯᠲᠠ᠂  ᠢᠲᠡᠭᠡᠮᠵᠢ ᠣᠯᠭᠤᠬᠤ᠂  ᠵᠣᠭᠤᠰ ᠭᠠᠷᠭ᠋ᠠᠨ ᠠᠪᠬᠤ ᠵᠡᠷᠭᠡ᠎ᠳᠤ ᠪᠠᠰᠠ ᠨᠢᠭᠡ ᠶᠠᠪᠤᠴᠠ ᠱᠠᠭ᠋ᠠᠷᠳᠠᠭᠳᠠᠨ᠎ᠠ᠂  ᠢᠷᠡᠭᠡᠳᠦᠶ ᠵᠢᠨ ᠲᠥᠷᠥ ᠵᠢᠨ ᠪᠣᠳᠣᠯᠭ᠎ᠠ ᠵᠢᠨ ᠦᠢ᠍ᠯᠡᠳᠦᠯ ᠪᠠᠰᠠ ᠤᠯᠠᠮ ᠨᠢᠭᠡ ᠠᠯᠬᠤᠮ ᠢᠯᠡᠷᠡᠵᠦ᠂  ᠮᠥᠩᠭᠦᠨ ᠭᠦᠢ᠍ᠯᠭᠡᠭᠡᠨ᠎ᠤ ᠪᠣᠳᠠᠲᠤ ᠴᠣᠭᠴᠠ ᠵᠢᠨ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠳᠡᠮᠵᠢᠬᠦ᠎ᠨᠢ ᠨᠠᠩ ᠬᠦᠴᠦᠲᠡᠶ ᠪᠥᠭᠡᠳ ᠪᠦᠲᠦᠮᠵᠢᠲᠡᠶ ᠪᠣᠯᠤᠨ᠎ᠠ》 ᠭᠡᠵᠦ ᠵᠤᠤ ᠯᠢᠶᠠᠨ᠎ᠤ ᠰᠤᠳᠤᠯᠤᠭᠴᠢ ᠳ᠋ᠦᠩ ᠰᠢ ᠮᠢᠶᠣᠤ ᠬᠡᠯᠡᠪᠡ᠃

   ᠡᠨᠡ ᠵᠢᠯ᠎ᠠᠴᠠ ᠨᠠᠭ᠋ᠠᠰᠢ᠂  ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ ᠵᠢᠨ ᠬᠡᠮᠵᠢᠶ᠎ᠡ ᠪᠠᠭ᠎ᠠ ᠪᠤᠰᠤ᠂  ᠢᠷᠡᠭᠡᠳᠦᠶ᠎ᠳᠤ ᠪᠠᠰᠠ ᠬᠡᠳᠦᠶ ᠶᠡᠭᠡ ᠣᠷᠣᠨ ᠵᠠᠶ᠎ᠲᠠᠢ ᠪᠣᠶ?

  《ᠪᠡᠯᠡᠳᠬᠡᠯ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠭᠰᠡᠨ᠎ᠤ ᠳᠠᠷᠠᠭ᠎ᠠ᠂  ᠪᠠᠩᠬᠢ ᠵᠢᠨ ᠦᠢ᠍ᠯᠡᠰ᠎ᠤᠨ ᠳᠤᠮᠳᠠᠴᠢ ᠬᠠᠳᠠᠭ᠋ᠠᠯᠠᠮᠵᠢ ᠵᠢᠨ ᠪᠡᠯᠡᠳᠬᠡᠯ ᠮᠥᠩᠭᠦ ᠵᠢᠨ ᠨᠣᠷᠮ᠎ᠠ᠎ᠨᠢ ᠪᠠᠷᠤᠭ 6.6% ᠪᠠᠶ᠋ᠢᠵᠤ᠂  ᠡᠨᠡ ᠬᠦ᠌ ᠬᠢᠷᠢ ᠬᠡᠮᠵᠢᠶ᠎ᠡ᠎ᠨᠢ ᠳᠡᠯᠡᠬᠡᠶ ᠳᠡᠭᠡᠷᠡᠬᠢ ᠭᠤᠤᠯ ᠪᠣᠯᠬᠤ ᠠᠵᠤ ᠠᠬᠤᠶ ᠵᠢᠨ ᠴᠣᠭᠴᠠ ᠵᠢᠨ ᠲᠥᠪ ᠪᠠᠩᠬᠢ᠎ᠲᠠᠢ ᠬᠠᠷᠢᠴᠠᠭᠤᠯᠪᠠᠯ ᠪᠠᠰᠠ ᠵᠣᠬᠢᠬᠤ ᠣᠷᠣᠨ ᠵᠠᠶ᠎ᠲᠠᠢ ᠪᠠᠶ᠋ᠢᠨ᠎ᠠ》 ᠭᠡᠵᠦ ᠳᠤᠮᠳᠠᠳᠦ ᠤᠯᠤᠰ᠎ᠤᠨ ᠠᠷᠠᠳ᠎ᠤᠨ ᠪᠠᠩᠭᠢ ᠵᠢᠨ ᠳᠠᠷᠤᠭ᠎ᠠ ᠫᠠᠨ ᠭᠦᠩ ᠱᠸᠩ ᠢᠯᠡᠳᠭᠡᠪᠡ᠃

   ᠳᠠᠷᠠᠭ᠋ᠠᠴᠢ ᠵᠢᠨ ᠠᠯᠬᠤᠮ᠎ᠤᠨ ᠲᠦᠷᠦ ᠵᠢᠨ ᠪᠤᠳᠤᠯᠭ᠎ᠠ ᠵᠢᠨ ᠪᠣᠳᠣᠯᠬᠢᠯᠠᠯ᠎ᠢ ᠶᠠᠷᠢᠵᠤ᠂  ᠫᠠᠨ ᠭᠦᠩ ᠱᠧᠩ᠄ 《ᠵᠣᠭᠤᠰᠣᠨ᠎ᠤ ᠲᠦᠷᠦ ᠵᠢᠨ ᠪᠤᠳᠤᠯᠭ᠎ᠠ ᠵᠢ ᠲᠣᠬᠢᠷᠠᠭᠤᠯᠤᠨ ᠡᠵᠡᠮᠳᠡᠬᠦ ᠡᠷᠴᠢᠮ᠎ᠢ ᠴᠢᠩᠭ᠋ᠠᠷᠠᠭᠤᠯᠵᠤ᠂  ᠵᠣᠭᠤᠰᠣᠨ᠎ᠤ ᠲᠦᠷᠦ ᠵᠢᠨ ᠪᠤᠳᠤᠯᠭ᠎ᠠ ᠵᠢ ᠲᠣᠬᠢᠷᠠᠭᠤᠯᠤᠨ ᠡᠵᠡᠮᠳᠡᠬᠦ ᠵᠢᠨ ᠣᠨᠣᠪᠴᠢᠲᠤ ᠴᠢᠨᠠᠷ᠎ᠢ ᠳᠡᠭᠡᠭᠰᠢᠯᠡᠭᠦᠯᠵᠦ᠂  ᠬᠠᠳᠠᠭ᠋ᠠᠯᠠᠯᠲᠠ ᠵᠢᠨ ᠬᠡᠮᠵᠢᠶ᠎ᠡ ᠵᠢᠨ ᠲᠦᠷᠦ ᠵᠢᠨ ᠪᠤᠳᠤᠯᠭ᠎ᠠ ᠵᠢ ᠪᠦᠲᠦᠮᠵᠢᠲᠡᠢ ᠨᠠᠶ᠋ᠢᠳᠠᠪᠤᠷᠢᠵᠢᠭᠤᠯᠵᠤ᠂  ᠨᠡᠮᠡᠭᠳᠡᠯ᠎ᠤᠨ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠬᠦᠴᠦᠯᠡᠨ ᠠᠬᠢᠭᠤᠯᠤᠨ᠎ᠠ》 ᠭᠡᠵᠦ ᠢᠯᠡᠳᠬᠡᠪᠡ᠃

   ᠣᠶ᠋ᠢᠷ᠎ᠠ᠎ᠳᠤ ᠬᠤᠷᠠᠯᠲᠤᠭᠰᠠᠨ ᠳᠦᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠨᠢ 14 ᠵᠢᠯ ᠳᠠᠷᠠᠭ᠋ᠠᠯᠠᠨ ᠬᠡᠷᠡᠭᠵᠢᠭᠦᠯᠦᠭᠰᠡᠨ 《ᠯᠠᠪᠲᠠᠭᠤᠨ ᠵᠤᠭᠤᠰᠤᠨ᠎ᠤ ᠳᠦᠷᠦ ᠵᠢᠨ ᠪᠤᠲᠤᠯᠭ᠎ᠠ》 ᠵᠢ 《ᠵᠤᠭᠢᠰᠲᠠᠢ ᠠᠭᠤᠵᠢᠭᠤ ᠪᠠᠶ᠋ᠢᠯᠭ᠋ᠠᠬᠤ ᠵᠤᠭᠤᠰᠤᠨ᠎ᠤ ᠳᠦᠷᠦ ᠵᠢᠨ ᠪᠤᠲᠤᠯᠭ᠎ᠠ》 ᠪᠣᠯᠭ᠋ᠠᠨ ᠳᠤᠭᠢᠷᠠᠭᠤᠯᠤᠯᠲᠠ ᠬᠢᠵᠦ᠂  ᠢᠲᠡᠪᠭᠢᠲᠠᠢ ᠳᠤᠭᠢᠶ᠎ᠠ ᠲᠠᠮᠵᠢᠭᠤᠯᠵᠠᠢ᠃  ᠳᠣᠢ᠍ᠪ᠎ᠤᠨ ᠡᠳ᠋᠎ᠤᠨ ᠵᠠᠰᠠᠭ᠎ᠤᠨ ᠠᠯᠪᠠᠨ ᠬᠡᠷ᠎ᠤᠨ ᠬᠣᠯᠪᠤᠬᠲᠠᠯ ᠪᠤᠢ᠍ᠭᠦᠢ ᠬᠠᠷᠢᠭᠣᠴᠠᠯᠭ᠋ᠠᠲᠠᠨ ᠨᠣᠢ᠍ᠭᠦᠣᠠ ᠢᠯᠡᠷᠬᠡᠢ᠌ᠯᠡᠭᠰᠡᠨ᠎ᠨᠢ᠂  ᠬᠣᠷᠸ᠎ᠠ ᠳᠣᠭᠢᠷᠠᠭᠣᠯᠣᠯ ᠡᠵᠠᠮᠲᠠᠯ᠎ᠤᠨ ᠭᠦᠨᠵᠡᠭᠡᠢ ᠬᠣᠪᠢᠷᠠᠯᠲᠠ ᠭᠠᠷᠣᠬᠰᠠᠨ ᠶᠠᠪᠤᠲᠠᠯ ᠪᠤᠯ ᠭᠣᠣᠯᠲᠠᠭᠤ ᠣᠲᠣᠬᠠᠨ᠎ᠤ ᠭᠠᠲᠠᠭ᠋ᠠᠲᠤ ᠣᠷᠴᠢᠠ ᠠᠬᠣᠢ ᠵᠢᠨ ᠬᠣᠪᠢᠷᠠᠯᠲᠠ ᠵᠢᠨ ᠪᠤᠢ ᠪᠤᠯᠣᠬᠰᠠᠨ ᠠᠰᠢᠭ ᠣᠢ᠍ᠭᠡᠢ ᠨᠣᠢ᠍ᠯᠣᠭᠡ᠎ᠨᠢ ᠭᠦᠨᠵᠡᠭᠡᠢ᠌ᠷᠡᠵᠦ ᠮᠠᠲᠠᠨ᠎ᠠ᠂  ᠤᠯᠤᠰ᠎ᠤᠨ ᠳᠣᠲᠣᠭ᠋ᠠᠲᠤ ᠵᠢᠨ ᠠᠵᠤ ᠠᠬᠣᠢ ᠵᠢᠨ ᠠᠵᠢᠯᠯᠠᠭ᠋ᠠᠨ᠎ᠳᠤ ᠪᠠᠰᠠ ᠴᠦᠬᠡᠨ ᠪᠤᠰᠤ ᠰᠢᠯᠭ᠋ᠠᠯᠲᠠ ᠳᠣᠯᠭ᠋ᠠᠷᠠᠵᠤ᠂  ᠡᠢ᠍ᠷᠠᠭᠦ ᠵᠢᠯ᠎ᠤᠨ ᠠᠵᠤ ᠠᠬᠣᠢ ᠵᠢᠨ ᠠᠵᠢᠯ᠎ᠢ ᠰᠠᠢ᠍ᠢ᠍ᠲᠣᠷ ᠬᠢᠵᠦ᠂  ᠬᠦᠴᠢᠷ᠎ᠢ ᠰᠥᠷᠦᠨ ᠤᠷᠤᠭᠰᠢᠯᠠᠵᠤ᠂  ᠢᠳᠡᠪᠬᠢᠲᠡᠢ᠎ᠪᠠᠷ ᠠᠵᠢᠯᠯᠠᠵᠤ᠂  ᠡᠭᠦᠨ᠎ᠤ ᠬᠠᠮᠲᠤ᠂  ᠮᠠᠨ᠎ᠤ ᠤᠯᠤᠰ ᠪᠠᠰᠠ ᠰᠥᠷᠭᠡᠦ ᠦᠶᠡᠯᠡᠯ᠎ᠤᠨ ᠬᠤᠭᠤᠴᠠᠭ᠋ᠠᠨ᠎ᠤ ᠲᠣᠬᠢᠷᠠᠭᠤᠯᠭ᠎ᠠ ᠵᠢᠨ ᠡᠷᠴᠢᠮ᠎ᠢ ᠴᠢᠩᠭ᠋ᠠᠷᠠᠭᠤᠯᠬᠤ ᠨᠥᠬᠥᠴᠡᠯ ᠪᠠ ᠣᠷᠣᠨ ᠵᠠᠢ᠎ᠲᠠᠢ ᠪᠠᠢ᠌ᠵᠤ᠂  ᠪᠦᠬᠦ ᠵᠢᠯ᠎ᠤᠨ ᠬᠠᠷᠠᠯᠲᠠ ᠡᠭᠦᠷᠭᠡ ᠵᠢ ᠪᠡᠶᠡᠯᠡᠭᠦᠯᠬᠦ᠎ᠳᠤ ᠴᠢᠩᠭ᠎ᠠ ᠬᠦᠴᠦᠲᠡᠢ ᠲᠦᠷᠦ ᠵᠢᠨ ᠪᠣᠳᠣᠯᠭ᠎ᠠ ᠵᠢᠨ ᠲᠤᠯᠭ᠋ᠠᠭᠤᠷᠢᠯᠠᠯ ᠬᠠᠩᠭ᠋ᠠᠨ᠎ᠠ᠃

  《ᠵᠣᠬᠢᠰᠲᠠᠶ ᠠᠭᠤᠵᠢᠭᠤ ᠪᠠᠶ᠋ᠢᠯᠭ᠋ᠠᠬᠤ ᠵᠣᠭᠤᠰᠣᠨ᠎ᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ᠎ᠨᠢ ᠵᠣᠭᠤᠰᠣᠨ᠎ᠤ ᠲᠥᠷᠥ ᠵᠢᠨ ᠪᠣᠳᠣᠯᠭ᠎ᠠ ᠵᠢᠨ ᠪᠠᠭ᠋ᠠᠵᠢ ᠵᠢᠨ ᠶᠡᠷᠦᠩᠬᠡᠶ ᠬᠡᠮᠵᠢᠶ᠎ᠡ ᠪᠠ ᠪᠦᠲᠦᠴᠡ ᠵᠢᠨ ᠳᠠᠪᠬᠤᠷ ᠴᠢᠳᠠᠮᠵᠢ ᠵᠢ ᠤᠯᠠᠮ ᠨᠢᠭᠡ ᠠᠯᠬᠤᠮ ᠰᠠᠶ᠋ᠢᠲᠤᠷ ᠪᠠᠳᠠᠷᠠᠭᠤᠯᠵᠤ᠂  ᠪᠡᠯᠡ ᠮᠥᠩᠭᠦ ᠵᠢ ᠨᠡᠩ ᠲᠦᠷᠭᠡᠨ ᠨᠡᠩ ᠤᠯᠠᠨ ᠪᠣᠳᠠᠲᠤ ᠴᠣᠭᠴᠠ ᠵᠢᠨ ᠠᠵᠤ ᠠᠬᠤᠢ ᠲᠡᠶ᠋ᠢᠰᠢ ᠬᠤᠪᠢᠷᠠᠭᠤᠯᠬᠤ ᠵᠢ ᠠᠬᠢᠭᠤᠯᠬᠤ ᠪᠣᠯᠤᠨ᠎ᠠ᠃  ᠬᠦᠦ ᠮᠥᠩᠭᠥ ᠵᠢ ᠲᠣᠬᠢᠷᠠᠮᠵᠢᠲᠠᠶ ᠦᠶ᠎ᠡ᠎ᠳᠤ ᠪᠠᠭᠤᠷᠠᠭᠤᠯᠤᠨ ᠳᠣᠷᠣᠭᠰᠢᠯᠠᠭᠤᠯᠵᠤ᠂  ᠬᠥᠳᠡᠯᠦᠩᠭᠦᠶ ᠴᠢᠨᠠᠷ ᠵᠶ᠋ᠠᠷ ᠭᠦᠢ᠍ᠴᠡᠳ ᠪᠠᠶ᠋ᠢᠬᠤ ᠵᠢ ᠪᠠᠲᠤᠯᠠᠨ᠂  ᠨᠡᠶ᠋ᠢᠭᠡᠮ᠎ᠤᠨ ᠪᠡᠯᠡ ᠲᠣᠬᠢᠷᠠᠭᠤᠯᠬᠤ ᠬᠡᠪᠴᠢᠶ᠎ᠡ᠂  ᠵᠣᠭᠣᠰᠣᠨ᠎ᠤ ᠬᠠᠩᠭ᠋ᠠᠯᠭ᠎ᠠ ᠵᠢᠨ ᠬᠡᠮᠵᠢᠶ᠎ᠡ ᠵᠢ ᠠᠵᠤ ᠠᠬᠤᠶ ᠵᠢᠨ ᠨᠡᠮᠡᠭᠳᠡᠯ᠂  ᠦᠨ᠎ᠡ ᠬᠠᠩᠰᠢ ᠵᠢᠨ ᠶᠡᠷᠦᠩᠬᠡᠶ ᠬᠢᠷᠢ ᠬᠡᠮᠵᠢᠶ᠎ᠡ ᠵᠢᠨ ᠵᠢᠱ᠌ᠢᠭᠰᠡᠨ ᠬᠠᠷᠠᠯᠲᠠ᠎ᠯᠤᠭ᠎ᠠ ᠲᠣᠬᠢᠷᠠᠯᠴᠠᠭᠤᠯᠤᠨ᠎ᠠ᠃  ᠠᠷᠠᠳ᠎ᠤᠨ ᠵᠣᠭᠣᠰᠣᠨ᠎ᠤ ᠭᠣᠪᠢᠭᠤᠯᠭ᠎ᠠ ᠵᠢᠨ ᠨᠤᠷᠮ᠎ᠠ ᠵᠢ ᠵᠦᠢ ᠵᠣᠬᠢᠰᠲᠠᠶ ᠪᠥᠭᠡᠳ ᠲᠡᠩᠴᠡᠭᠦᠷᠢᠲᠡᠶ ᠬᠢᠷᠢ ᠬᠡᠮᠵᠢᠶᠡᠨ᠎ᠳᠤ ᠦᠨᠳᠦᠰᠦᠨ᠎ᠳᠡᠭᠡᠨ ᠲᠣᠭᠲᠠᠭᠤᠨ ᠪᠠᠶ᠋ᠢᠯᠭ᠋ᠠᠬᠤ ᠵᠢ ᠪᠠᠲᠤᠯᠠᠨ᠎ᠠ᠃  ᠲᠥᠪ ᠪᠠᠩᠬᠢ ᠵᠢᠨ ᠬᠤᠷᠸ᠎ᠠ ᠲᠠᠯ᠎ᠠ ᠵᠢᠨ ᠬᠢᠨᠠᠭᠤᠷ ᠪᠣᠯᠭᠤᠮᠵᠢᠲᠠᠶ ᠪᠠᠶ᠋ᠢᠬᠤ ᠪᠠ ᠮᠥᠩᠭᠦᠨ ᠭᠦᠢ᠍ᠯᠭᠡᠭᠡᠨ᠎ᠤ ᠲᠣᠭᠲᠠᠭᠤᠨ ᠪᠠᠶ᠋ᠢᠬᠤ ᠴᠢᠳᠠᠮᠵᠢ ᠵᠢ ᠰᠦᠪᠡᠭᠴᠢᠯᠡᠨ ᠥᠷᠭᠡᠳᠬᠡᠵᠦ᠂  ᠮᠥᠩᠭᠦᠨ ᠭᠦᠢ᠍ᠯᠭᠡᠭᠡᠨ᠎ᠤ ᠪᠠᠭ᠋ᠠᠵᠢ ᠵᠢᠨ ᠰᠢᠨ᠎ᠡ ᠵᠢ ᠡᠭᠦᠳᠴᠦ᠂  ᠮᠥᠩᠭᠦᠨ ᠭᠦᠢ᠍ᠯᠭᠡᠭᠡᠨ᠎ᠤ ᠵᠠᠬ᠎ᠠ ᠳᠡᠯᠭᠡᠭᠦᠷ᠎ᠤᠨ ᠲᠣᠭᠲᠠᠭᠤᠨ ᠪᠠᠶ᠋ᠢᠳᠠᠯ᠎ᠢ ᠬᠠᠮᠠᠭ᠋ᠠᠯᠠᠨ᠎ᠠ》 ᠭᠡᠵᠦ ᠲᠥᠪ᠎ᠤᠨ ᠡᠳ᠋᠎ᠤᠨ ᠵᠠᠰᠠᠭ᠎ᠤᠨ ᠠᠯᠪᠠᠨ ᠭᠡᠷ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠢᠯᠡᠳᠭᠡᠪᠡ᠃

   ᠮᠥᠩᠭᠦᠨ ᠭᠦᠢ᠍ᠯᠭᠡᠭᠡᠨ ᠵᠶ᠋ᠠᠷ ᠪᠣᠳᠠᠲᠤ ᠴᠣᠭᠴᠠ ᠵᠢᠨ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠳᠡᠮᠵᠢᠬᠦ ᠲᠤᠬᠠᠢ ᠶᠠᠮᠠᠷ ᠶᠠᠮᠠᠷ ᠪᠣᠳᠠᠲᠠᠢ ᠠᠷᠭ᠎ᠠ ᠪᠠᠶ᠋ᠢᠬᠤ ᠪᠤᠢ?

   ᠵᠢᠵᠢᠭ ᠪᠢᠴᠢᠯ ᠠᠵᠤ ᠠᠬᠤᠶ᠋ᠢᠯᠠᠯ᠎ᠤᠨ ᠪᠡᠯᠡ ᠲᠣᠬᠢᠷᠠᠭᠤᠯᠭ᠎ᠠ ᠵᠢᠨ ᠲᠦᠭᠵᠢᠷᠡᠯ ᠪᠠ ᠬᠤᠷᠢᠭ᠎ᠠ ᠴᠡᠭ᠎ᠢ ᠬᠦᠴᠦ᠎ᠪᠠᠨ ᠬᠠᠮᠲᠤᠳᠬᠠᠨ ᠨᠡᠪᠲᠡᠷᠡᠭᠦᠯᠵᠦ᠂  ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠶ᠋ᠢᠯᠠᠯ᠎ᠳᠤ ᠦᠵᠡᠭᠦᠯᠬᠦ ᠳᠡᠮᠵᠢᠯᠭᠡ᠎ᠪᠠᠨ ᠨᠡᠮᠡᠭᠳᠡᠭᠦᠯᠦᠨ᠎ᠡ

   ᠤᠢ᠌ᠷ᠎ᠠ ᠵᠢᠨ ᠵᠢᠯ᠎ᠳᠤ᠂  ᠵᠢᠵᠢᠭ ᠪᠢᠴᠢᠯ ᠠᠵᠤ ᠠᠬᠤᠶ᠋ᠢᠯᠠᠯ᠎ᠤᠨ ᠪᠡᠯᠡ ᠲᠣᠬᠢᠷᠠᠭᠤᠯᠭ᠎ᠠ᠎ᠨᠢ ᠬᠡᠮᠵᠢᠶ᠎ᠡ ᠵᠢᠨ ᠨᠡᠮᠡᠭᠳᠡᠯ᠎ᠤᠨ ᠬᠡᠪᠴᠢᠶ᠎ᠡ ᠵᠢ ᠨᠡᠮᠡᠭᠳᠡᠭᠦᠯᠵᠦ ᠦᠨ᠎ᠡ ᠵᠢ ᠲᠣᠭᠲᠠᠭᠤᠨ ᠪᠠᠢ᠌ᠯᠭ᠋ᠠᠬᠤ ᠪᠠᠢ᠌ᠳᠠᠯ ᠢᠯᠡᠷᠡᠭᠰᠡᠨ ᠪᠣᠯᠪᠠᠴᠤ ᠬᠡᠰᠡᠭ ᠵᠢᠵᠢᠭ ᠪᠢᠴᠢᠯ ᠠᠵᠤ ᠠᠬᠤᠢ᠌ᠠᠯᠯ᠎ᠳᠤ ᠪᠠᠰᠠ ᠪᠡᠯᠡ ᠲᠣᠬᠢᠷᠠᠭᠤᠯᠭ᠎ᠠ ᠵᠢᠨ ᠲᠦᠭᠵᠢᠷᠡᠯ᠎ᠤᠨ ᠴᠡᠭ ᠪᠠ ᠲᠤᠷᠬᠤ ᠴᠡᠭ ᠤᠷᠤᠰᠢᠵᠦ ᠪᠠᠢ᠌ᠨ᠎ᠠ᠃  ᠣᠶ᠋ᠢᠷ᠎ᠠ ᠵᠢᠨ ᠬᠤᠭᠤᠴᠠᠭ᠋ᠠᠨ᠎ᠳᠤ᠂  ᠠᠯᠢ ᠣᠯᠠᠨ ᠴᠢᠭᠯᠡᠭᠦᠯᠬᠦ ᠴᠢᠨᠠᠷᠲᠠᠶ ᠠᠷᠭ᠎ᠠ ᠬᠡᠮᠵᠢᠶ᠎ᠡ ᠵᠢ ᠨᠡᠶ᠋ᠢᠲᠡᠯᠡᠨ ᠬᠡᠷᠡᠭᠵᠢᠭᠦᠯᠵᠦ᠂  ᠣᠯᠠᠨ ᠲᠠᠯ᠎ᠠ᠎ᠪᠠᠷ ᠬᠠᠮᠵᠢᠯᠴᠠᠨ ᠬᠦᠴᠦᠯᠡᠵᠦ᠂  ᠵᠢᠵᠢᠭ ᠪᠢᠴᠢᠯ ᠠᠵᠤ ᠠᠬᠤᠶ᠋ᠢᠯᠠᠯ᠎ᠤᠨ ᠪᠡᠯᠡ ᠲᠣᠬᠢᠷᠠᠭᠤᠯᠬᠤ ᠦᠢ᠍ᠯᠡᠴᠢᠯᠡᠭᠡᠨ᠎ᠢ ᠰᠠᠶ᠋ᠢᠵᠢᠷᠠᠭᠤᠯᠤᠨ᠎ᠠ᠃

   ᠲᠥᠷᠥ ᠵᠢᠨ ᠪᠣᠳᠣᠯᠭ᠎ᠠ᠎ᠨᠢ ᠵᠢᠵᠢᠭ ᠪᠢᠴᠢᠯ ᠠᠵᠤ ᠠᠬᠤᠶ᠋ᠢᠯᠠᠯ᠎ᠤᠨ ᠠᠰᠢᠭ ᠬᠦᠷᠲᠡᠬᠦ ᠬᠡᠪᠴᠢᠶ᠎ᠡ ᠵᠢ ᠥᠷᠭᠡᠳᠭᠡᠨ᠎ᠡ᠃  ᠳᠤᠮᠳᠠᠳᠤ ᠤᠯᠤᠰ᠎ᠤᠨ ᠠᠷᠠᠳ᠎ᠤᠨ ᠪᠠᠩᠬᠢ ᠫᠦ᠋ ᠡᠾᠦ᠋ᠢ ᠵᠢᠵᠢᠭ ᠪᠢᠴᠢᠯ ᠵᠢᠭᠡᠯᠡᠯᠭᠡ ᠵᠢᠨ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠵᠢ ᠭᠠᠭᠴᠠ ᠡᠷᠦᠬᠡ ᠵᠢᠨ ᠢᠲᠡᠭᠡᠮᠵᠢ ᠣᠯᠭᠤᠬᠤ᠎ᠠᠴᠠ 1000 ᠲᠦᠮᠡᠨ ᠲᠥᠭᠦᠷᠢᠭ᠎ᠠᠴᠠ ᠬᠡᠲᠦᠷᠡᠭᠦᠯᠬᠦ ᠥᠬᠡᠶ ᠪᠠᠶ᠋ᠢᠭᠰᠠᠨ᠎ᠠᠴᠠ᠎ᠨᠢ 2000 ᠲᠦᠮᠡᠨ ᠲᠥᠭᠦᠷᠢᠭ᠎ᠠᠴᠠ ᠳᠠᠪᠠᠭᠤᠯᠬᠤ ᠥᠬᠡᠶ ᠪᠣᠯᠲᠠᠯ᠎ᠠ ᠠᠭᠤᠵᠢᠭᠤ ᠲᠠᠯᠪᠢᠪᠠ᠃  ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠢᠵᠢᠭ ᠪᠢᠴᠢᠯ ᠠᠵᠤ ᠠᠬᠤᠶ᠋ᠢᠯᠠᠯ᠎ᠤᠨ ᠡᠬᠡ ᠮᠥᠩᠭᠦ ᠵᠢ ᠪᠤᠴᠠᠭ᠋ᠠᠬᠤ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠵᠦ᠂  ᠦᠷᠭᠦᠯᠵᠢᠯᠡᠨ ᠵᠢᠭᠡᠯᠡᠯᠭᠡ ᠵᠢᠭᠡᠯᠡᠬᠦ ᠡᠲᠡᠭᠡᠳ᠎ᠢ ᠤᠤᠯ᠎ᠤᠨ ᠬᠡᠰᠡᠭ ᠵᠢᠵᠢᠭ ᠪᠢᠴᠢᠯ ᠠᠵᠤ ᠠᠬᠤᠶ᠋ᠢᠯᠠᠯ᠎ᠠᠴᠠ ᠪᠣᠶ ᠪᠥᠬᠦᠶ ᠵᠢᠵᠢᠭ ᠪᠢᠴᠢᠯ ᠠᠵᠤ ᠠᠬᠤᠶ᠋ᠢᠯᠠᠯ᠎ᠳᠤ ᠬᠦᠷᠲᠡᠯ᠎ᠡ ᠥᠷᠭᠡᠳᠬᠡᠬᠦ ᠵᠢᠨ ᠬᠠᠮᠲᠤ ᠲᠡᠷᠡᠴᠢᠯᠡᠨ ᠱᠠᠲᠤ ᠦᠶ᠎ᠡ ᠵᠢᠨ ᠴᠢᠨᠠᠷᠲᠠᠢ᠎ᠪᠠᠷ ᠳᠤᠮᠳᠠ ᠬᠡᠯᠪᠡᠷᠢ ᠵᠢᠨ ᠠᠵᠤ ᠠᠬᠤᠢ᠌ᠯᠠᠯ᠎ᠳᠤ ᠬᠦᠷᠲᠡᠯ᠎ᠡ ᠦᠷᠭᠡᠳᠭᠡᠪᠡ᠃

   ᠲᠣᠭᠲᠠᠴᠠ᠎ᠨᠢ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ 《ᠬᠠᠮᠤᠭ ᠰᠡᠭᠦᠯᠴᠢ ᠵᠢᠨ ᠨᠢᠭᠡ ᠺᠢᠯᠣᠮᠧᠲᠷ》᠎ᠢ ᠬᠦᠴᠦᠯᠡᠨ ᠨᠡᠪᠲᠡᠷᠡᠭᠦᠯᠪᠡ᠃  ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ᠎ᠠᠴᠠ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠲᠠᠢ ᠬᠠᠮᠲᠤᠷᠠᠨ ᠵᠢᠵᠢᠭ ᠪᠢᠴᠢᠯ ᠠᠵᠤ ᠠᠬᠤᠶ᠋ᠢᠯᠠᠯ᠎ᠢ ᠳᠡᠮᠵᠢᠬᠦ ᠪᠠᠯᠠ ᠲᠣᠬᠢᠷᠠᠭᠤᠯᠭ᠎ᠠ ᠵᠢᠨ ᠵᠣᠬᠢᠴᠠᠭᠤᠯᠬᠤ ᠠᠵᠢᠯ᠎ᠤᠨ ᠲᠣᠭᠲᠠᠴᠠ ᠵᠢ ᠪᠠᠶ᠋ᠢᠭᠤᠯᠵᠤ᠂  ᠦᠨᠳᠦᠰᠦᠨ ᠱᠠᠲᠤᠨ᠎ᠳᠤ ᠬᠠᠮᠤᠭ᠎ᠤᠨ ᠣᠶ᠋ᠢᠷᠠᠲᠤᠬᠤ᠂  ᠠᠵᠤ ᠠᠬᠤᠶ᠋ᠢᠯᠠᠯ᠎ᠢ ᠬᠠᠮᠤᠭ᠎ᠠᠴᠠ ᠣᠶ᠋ᠢᠯᠠᠭ᠋ᠠᠬᠤ ᠲᠣᠭᠤᠷᠢᠭ ᠰᠢᠶᠠᠨ᠎ᠤ ᠳᠠᠪᠬᠤᠷᠭ᠎ᠠ᠎ᠳᠤ ᠠᠵᠢᠯ᠎ᠤᠨ ᠲᠤᠰᠬᠠᠶ ᠠᠩᠭᠢ ᠪᠠᠶ᠋ᠢᠭᠤᠯᠵᠤ᠂  ᠪᠠᠩᠬᠢ ᠪᠠ ᠠᠵᠤ ᠠᠬᠤᠶ᠋ᠢᠯᠠᠯ᠎ᠢ ᠨᠠᠷᠢᠯᠢᠭ ᠣᠨᠣᠴᠠᠲᠠᠶ᠎ᠪᠠᠷ ᠵᠣᠯᠭ᠋ᠠᠭᠤᠯᠬᠤ ᠬᠥᠭᠦᠷᠭᠡ ᠵᠢ ᠪᠠᠶ᠋ᠢᠭᠤᠯᠵᠤ᠂  ᠥᠪᠡᠷ᠎ᠤᠨ ᠥᠷᠲᠡᠭ ᠵᠶ᠋ᠠᠷ ᠳᠣᠤᠷ᠎ᠠ ᠢᠲᠡᠭᠡᠮᠵᠢᠲᠦ ᠵᠢᠭᠡᠯᠡᠯᠭᠡ ᠵᠢᠨ ᠪᠠᠯᠠ ᠮᠥᠩᠭᠦ ᠵᠢ ᠰᠢᠭᠤᠳ ᠦᠨᠳᠦᠰᠦᠨ ᠱᠠᠲᠤᠨ᠎ᠳᠤ ᠬᠦᠷᠭᠡᠬᠦ ᠵᠢ ᠪᠡᠶᠡᠯᠡᠭᠦᠯᠪᠡ᠃

   ᠳᠦᠷᠢᠮ᠎ᠨᠢ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠣᠷᠴᠢᠨ ᠲᠣᠭᠣᠷᠢᠨ᠎ᠢ ᠰᠢᠯᠢᠳᠡᠭᠵᠢᠭᠦᠯᠪᠡ᠃  ᠠᠷᠠᠳ᠎ᠠᠴᠠ ᠡᠵᠡᠩᠨᠡᠭᠰᠡᠨ ᠠᠵᠤ ᠠᠬᠤᠶ ᠵᠢ ᠠᠬᠢᠭᠤᠯᠬᠤ ᠬᠠᠤᠯᠢ ᠵᠢ ᠶᠠᠭ ᠲᠦᠷᠭᠡᠨ ᠠᠬᠢᠭᠤᠯᠵᠤ ᠪᠠᠶ᠋ᠢᠨ᠎ᠠ᠂  ᠲᠥᠰᠦᠯ᠎ᠳᠤ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠵᠢᠵᠢᠭ ᠪᠢᠴᠢᠯ ᠬᠡᠯᠪᠡᠷᠢ ᠵᠢᠨ ᠪᠠ ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ᠎ᠳᠤ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡ ᠬᠠᠩᠭ᠋ᠠᠬᠤ᠎ᠳᠤ ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠠᠪᠤᠭᠤᠯᠵᠤ᠂  ᠵᠦᠢ ᠪᠤᠰᠤ ᠵᠢᠭᠡᠯᠡᠯᠭᠡ ᠵᠢᠨ ᠬᠦᠯᠢᠴᠡᠬᠦ ᠬᠡᠮᠵᠢᠶ᠎ᠡ ᠵᠢ ᠵᠦᠶ ᠵᠣᠬᠢᠰᠲᠠᠶ ᠲᠣᠬᠢᠷᠠᠭᠤᠯᠬᠤ ᠵᠢ ᠵᠥᠪᠰᠢᠶᠡᠷᠡᠨ᠎ᠡ᠃  ᠡᠭᠦᠨ᠎ᠠᠴᠠ ᠭᠠᠳᠠᠨ᠎ᠠ᠂  ᠫᠦ᠋ ᠡᠾᠦ᠋ᠢ ᠢᠲᠡᠭᠡᠮᠵᠢᠲᠦ ᠵᠢᠭᠡᠯᠡᠯᠭᠡ ᠵᠢᠨ ᠲᠤᠰᠢᠶᠠᠯ ᠵᠶ᠋ᠠᠨ ᠭᠦᠢ᠍ᠴᠡᠳᠭᠡᠭᠰᠡᠨ ᠬᠠᠷᠢᠭᠤᠴᠠᠯᠭ᠎ᠠ᠎ᠠᠴᠠ ᠬᠡᠯᠲᠦᠷᠢᠭᠦᠯᠬᠦ ᠳᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂  ᠦᠨᠳᠦᠰᠦᠨ ᠱᠠᠲᠤᠨ᠎ᠤ ᠢᠲᠡᠭᠡᠮᠵᠢᠲᠦ ᠵᠢᠭᠡᠯᠡᠯᠭᠡ ᠵᠢᠨ ᠠᠵᠢᠯᠲᠠᠳ᠎ᠤᠨ ᠬᠦᠯᠢᠶᠡᠰᠦ ᠵᠢ ᠰᠤᠯᠠᠯᠠᠨ ᠳᠠᠷᠤᠭ᠋ᠠᠰᠤ ᠵᠢ ᠬᠥᠩᠭᠡᠷᠡᠭᠦᠯᠵᠦ᠂  ᠲᠤᠰᠢᠶᠠᠯ ᠵᠶ᠋ᠠᠨ ᠭᠦᠢ᠍ᠴᠡᠳᠭᠡᠭᠰᠡᠨ᠎ᠠᠴᠠ ᠬᠠᠷᠢᠭᠤᠴᠠᠯᠭ᠎ᠠ᠎ᠪᠠᠨ ᠬᠡᠯᠲᠦᠷᠢᠭᠦᠯᠬᠦ᠂  ᠬᠠᠷᠢᠭᠤᠴᠠᠯᠭ᠎ᠠ ᠡᠭᠦᠷᠭᠡᠯᠡᠬᠦ ᠵᠢ ᠵᠣᠷᠢᠭᠵᠢᠭᠤᠯᠬᠤ ᠢᠳᠡᠪᠬᠢᠲᠡᠢ ᠠᠭᠤᠷ ᠠᠮᠢᠰᠬᠤᠯ᠎ᠢ ᠪᠤᠢ ᠪᠣᠯᠭ᠋ᠠᠪᠠ᠃

   ᠨᠡᠢ᠌ᠯᠡᠮᠡᠯ ᠬᠦᠴᠦᠨ᠎ᠤ ᠳᠣᠣᠷ᠎ᠠ᠂  ᠨᠡᠩ ᠣᠯᠠᠨ ᠮᠥᠩᠭᠥᠨ ᠭᠦᠢ᠍ᠯᠭᠡᠭᠡᠨ᠎ᠤ ᠦᠢ᠍ᠯᠡᠰ ᠵᠢᠵᠢᠭ ᠪᠢᠴᠢᠯ ᠠᠵᠤ ᠠᠬᠤᠶ᠋ᠢᠯᠠᠯ᠎ᠳᠤ ᠤᠷᠤᠵᠦ᠂ 《ᠵᠢᠵᠢᠭ ᠠᠷᠠᠯᠵᠢᠶ᠎ᠠ》 ᠨᠢᠭᠡᠪᠦᠷᠢ᠎ᠳᠤ ᠬᠦᠴᠦᠨ ᠨᠡᠮᠡᠷᠢᠯᠡᠨ᠎ᠡ᠃ 11 ᠳ᠋ᠦ᠍ᠭᠡᠷ ᠰᠠᠷ᠎ᠠ ᠵᠢᠨ ᠰᠡᠭᠦᠯᠴᠢ᠂  ᠫᠦ᠋ ᠡᠾᠦ᠋ᠢ ᠵᠢᠵᠢᠭ ᠪᠢᠴᠢᠯ ᠵᠢᠭᠡᠯᠡᠯᠭᠡ ᠵᠢᠨ ᠦᠯᠡᠳᠡᠪᠦᠷᠢ 32.21 ᠲᠦᠮᠡᠨ ᠳ᠋ᠦᠩᠰᠢᠭᠤᠷ ᠲᠥᠭᠦᠷᠢᠭ᠎ᠲᠤ ᠬᠦᠷᠴᠦ᠂  ᠠᠳᠠᠯᠢ ᠬᠤᠭᠤᠴᠠᠭ᠋ᠠᠨ᠎ᠤ᠎ᠬᠢ᠎ᠠᠴᠠ 14.3%᠎ᠪᠠᠷ ᠨᠡᠮᠡᠭᠳᠡᠪᠡ᠃ 11 ᠳ᠋ᠦ᠍ᠭᠡᠷ ᠰᠠᠷ᠎ᠠ᠎ᠳᠤ ᠰᠢᠨ᠎ᠡ᠎ᠪᠠᠷ ᠲᠠᠷᠬᠠᠭ᠋ᠠᠭᠰᠠᠨ ᠠᠵᠤ ᠠᠬᠤᠶ᠋ᠢᠯᠠᠯ᠎ᠤᠨ ᠵᠢᠭᠡᠯᠡᠯᠭᠡ ᠵᠢᠨ ᠨᠡᠮᠡᠭᠦᠷᠢ ᠵᠢᠨ ᠳᠤᠮᠳᠠᠴᠢ ᠬᠦᠦ ᠵᠢᠨ ᠨᠣᠷᠮ᠎ᠠ᠎ᠨᠢ 3.45%᠎ᠳᠤ ᠬᠦᠷᠪᠡ᠃

   ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠣᠯ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠭᠤᠣᠯ ᠬᠦᠴᠦᠨ ᠵᠦᠢ᠍ᠯ ᠮᠥᠨ᠃  ᠡᠨᠡ ᠵᠢᠯ᠎ᠠᠴᠠ ᠨᠠᠭ᠋ᠠᠰᠢ᠂  ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠯᠦᠭᠡ ᠲᠣᠬᠢᠷᠠᠯᠴᠠᠭᠰᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠥᠩᠭᠥᠨ ᠭᠦᠢ᠍ᠯᠭᠡᠭᠡᠨ᠎ᠤ ᠪᠠᠶ᠋ᠢᠭᠤᠯᠤᠯ᠎ᠯᠤᠭ᠎ᠠ ᠲᠦᠷᠭᠡᠳᠬᠡᠨ ᠪᠠᠶ᠋ᠢᠭᠤᠯᠵᠤ᠂  ᠤᠯᠤᠰ᠎ᠤᠨ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠭᠦᠷᠭᠡ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠪᠠᠭ᠎ᠠ ᠠᠵᠤ ᠠᠬᠤᠶ᠋ᠢᠯᠠᠯ᠎ᠳᠤ ᠬᠣᠯᠪᠣᠭᠳᠠᠬᠤ ᠮᠥᠩᠭᠥᠨ ᠭᠦᠢ᠍ᠯᠭᠡᠭᠡᠨ᠎ᠤ ᠳᠡᠮᠵᠢᠯᠭᠡ᠎ᠪᠠᠨ ᠴᠢᠩᠭ᠋ᠠᠳᠬᠠᠵᠤ᠂  ᠤᠷᠳᠤ ᠬᠤᠭᠤᠴᠠᠭ᠎ᠠ᠎ᠪᠠᠷ ᠬᠥᠷᠥᠩᠭᠡ ᠵᠢᠨ ᠪᠡᠯᠡ ᠣᠷᠣᠭᠤᠯᠤᠯᠲᠠ ᠵᠢ ᠡᠷᠲᠡ ᠣᠷᠣᠭᠤᠯᠬᠤ᠂  ᠪᠠᠭ᠎ᠠ ᠪᠡᠯᠡ ᠣᠷᠣᠭᠤᠯᠬᠤ᠂  ᠤᠷᠳᠤ ᠬᠤᠭᠤᠴᠠᠭ᠎ᠠ᠎ᠪᠠᠷ ᠪᠡᠯᠡ ᠣᠷᠣᠭᠤᠯᠬᠤ᠂  ᠬᠠᠲᠠᠭᠤ ᠪᠡᠯᠡ ᠣᠷᠣᠭᠤᠯᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠡᠮᠵᠢᠯᠭᠡ ᠵᠢᠨ ᠲᠦᠷᠦ ᠵᠢᠨ ᠪᠣᠳᠣᠯᠭ᠎ᠠ ᠵᠢ ᠲᠡᠭᠦᠯᠳᠡᠷᠵᠢᠭᠦᠯᠪᠡ᠃

  《ᠮᠥᠩᠭᠦᠨ ᠭᠦᠢ᠍ᠯᠭᠡᠭᠡᠨ ᠵᠶ᠋ᠠᠷ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠵᠢ ᠳᠡᠮᠵᠢᠬᠦ ᠲᠥᠷᠥ ᠵᠢᠨ ᠪᠣᠳᠣᠯᠭ᠎ᠠ ᠵᠢᠨ ᠪᠠᠭ᠋ᠠᠵᠢ ᠡᠳᠦᠷ ᠢᠷᠡᠬᠦᠶ᠎ᠡ ᠪᠠᠶᠠᠯᠢᠭᠵᠢᠪᠠ᠃  ᠵᠢᠱ᠌ᠢᠶᠡᠯᠡᠪᠡᠯ᠂  ᠡᠨᠡ ᠵᠢᠯ ᠳᠤᠮᠳᠠᠳᠤ ᠤᠯᠤᠰ᠎ᠤᠨ ᠠᠷᠠᠳ᠎ᠤᠨ ᠪᠠᠩᠬᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠮᠡᠷᠭᠡᠵᠢᠯ᠎ᠤᠨ ᠥᠭᠡᠷᠡᠴᠢᠯᠡᠯᠲᠡ ᠵᠢᠨ ᠳᠠᠬᠢᠨ ᠵᠢᠭᠡᠯᠡᠯᠭᠡ ᠵᠢ 5000 ᠳ᠋ᠦᠩᠰᠢᠭᠤᠷ ᠲᠥᠭᠦᠷᠢᠭ ᠰᠢᠨ᠎ᠡ᠎ᠪᠠᠷ ᠪᠠᠶ᠋ᠢᠭᠤᠯᠵᠤ᠂  ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠬᠥᠲᠥᠯᠥᠨ ᠵᠢᠯᠣᠭᠤᠳᠴᠤ ᠪᠠᠶ᠋ᠢᠭ᠋ᠠᠳ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠶ᠋ᠢᠯᠠᠯ᠂  ᠭᠤᠤᠯᠳᠠᠯᠭ᠎ᠠ᠎ᠲᠠᠢ ᠬᠦᠷᠢᠶᠡᠨ᠎ᠳᠠᠬᠢ ᠮᠡᠷᠭᠡᠵᠢᠯ᠎ᠤᠨ ᠥᠭᠡᠷᠡᠴᠢᠯᠡᠯᠲᠡ ᠪᠠ ᠲᠥᠬᠦᠭᠡᠷᠦᠮᠵᠢ ᠵᠢᠨ ᠰᠢᠨᠡᠴᠢᠯᠡᠯᠲᠡ ᠵᠢᠨ ᠲᠥᠷᠥᠯ ᠵᠦᠢ᠍ᠯ᠎ᠳᠤ ᠮᠥᠩᠭᠦᠨ ᠭᠦᠢ᠍ᠯᠭᠡᠭᠡᠨ᠎ᠤ ᠳᠡᠮᠵᠢᠯᠭᠡ ᠦᠵᠡᠭᠦᠯᠬᠦ ᠡᠷᠴᠢᠮ᠎ᠢ ᠴᠢᠩᠭ᠋ᠠᠷᠠᠭᠤᠯᠤᠨ᠎ᠠ》 ᠭᠡᠵᠦ ᠭᠤᠸᠠᠩ ᠳ᠋ᠠ ᠪᠠᠩᠭᠢ ᠵᠢᠨ ᠮᠥᠩᠭᠥᠨ ᠭᠦᠢ᠍ᠯᠭᠡᠭᠡᠨ᠎ᠤ ᠵᠠᠬ᠎ᠠ ᠳᠡᠯᠭᠡᠭᠦᠷ᠎ᠤᠨ ᠬᠡᠯᠲᠡᠰ᠎ᠤᠨ ᠬᠣᠷᠸ᠎ᠠ ᠲᠤᠬᠢᠷᠠᠭᠤᠯᠬᠤ ᠰᠤᠳᠤᠯᠤᠭᠴᠢ ᠵᠸᠤ ᠮᠤᠤ ᠬᠤᠸᠠ ᠢᠯᠡᠳᠭᠡᠪᠡ᠃

  10 ᠳ᠋ᠤᠭ᠋ᠠᠷ ᠰᠠᠷ᠎ᠠ ᠵᠢᠨ ᠰᠡᠭᠦᠯᠴᠢ᠎ᠪᠠᠷ᠂  ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠶ᠋ᠢᠯᠠᠯ᠎ᠤᠨ ᠵᠢᠭᠡᠯᠡᠯᠭᠡ ᠵᠢᠨ ᠦᠯᠡᠳᠡᠪᠦᠷᠢ 3.17 ᠲᠦᠮᠡᠨ ᠳ᠋ᠦᠩᠰᠢᠭᠤᠷ ᠲᠥᠭᠦᠷᠢᠭ᠎ᠲᠤ ᠬᠦᠷᠴᠦ᠂  ᠠᠳᠠᠯᠢ ᠬᠤᠭᠤᠴᠠᠭ᠋ᠠᠨ᠎ᠤ᠎ᠬᠢ᠎ᠠᠴᠠ 21%᠎ᠪᠠᠷ ᠨᠡᠮᠡᠭᠳᠡᠪᠡ᠃  ᠡᠨᠡ ᠵᠢᠯ᠎ᠤᠨ ᠡᠮᠦᠨ᠎ᠡ 8 ᠰᠠᠷ᠎ᠠ᠎ᠳᠤ᠂  ᠰᠢᠨᠵᠢᠯᠡᠭᠡ ᠮᠡᠷᠭᠡᠵᠢᠯ᠎ᠤᠨ ᠳᠠᠭ᠋ᠠᠳᠬᠠᠯ᠎ᠤᠨ ᠵᠠᠷᠤᠳᠠᠯ 388 ᠳ᠋ᠦᠩᠰᠢᠭᠤᠷ ᠲᠦᠭᠦᠷᠢᠭ᠎ᠲᠤ ᠬᠦᠷᠴᠦ᠂  ᠰᠢᠨᠵᠢᠯᠡᠭᠡ ᠮᠡᠷᠭᠡᠵᠢᠯ᠎ᠤᠨ ᠰᠤᠳᠤᠯᠤᠯᠲᠠ᠂  ᠦᠷ᠎ᠡ ᠪᠦᠲᠦᠭᠡᠯ᠎ᠢ ᠬᠤᠪᠢᠷᠠᠭᠤᠯᠬᠤ ᠪᠠ ᠳᠡᠯᠭᠡᠷᠡᠭᠦᠯᠦᠨ ᠬᠡᠷᠡᠭᠯᠡᠬᠦ ᠵᠡᠷᠭᠡ ᠰᠢᠨᠵᠢᠯᠡᠭᠡ ᠮᠡᠷᠭᠡᠵᠢᠯ᠎ᠤᠨ ᠠᠵᠢᠯᠯᠠᠭ᠋ᠠᠨ᠎ᠳᠤ 7 ᠲᠦᠮᠡᠨ ᠳ᠋ᠦᠩᠰᠢᠭᠤᠷ ᠲᠦᠭᠦᠷᠢᠭ᠎ᠠᠴᠠ ᠳᠠᠪᠠᠵᠠᠶ᠃

   ᠳᠠᠷᠠᠭ᠋ᠠᠴᠢ ᠵᠢᠨ ᠠᠯᠬᠤᠮ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠥᠩᠭᠦᠨ ᠭᠦᠢ᠍ᠯᠭᠡᠭᠡ ᠵᠢ ᠨᠠᠩ ᠰᠠᠶ᠋ᠢᠨ ᠬᠥᠭᠵᠢᠭᠦᠯᠵᠦ᠂  ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠪᠠᠶ᠋ᠢᠷᠢᠯᠠᠭᠤᠯᠤᠯᠲᠠ ᠬᠢᠪᠠ᠄ 《ᠣᠯᠠᠨ ᠳᠡᠰ ᠳᠠᠪᠬᠤᠷᠭ᠎ᠠ ᠵᠢᠨ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠵᠦ᠂  ᠬᠦᠯᠢᠴᠡᠩᠭᠦᠢ ᠬᠦᠷᠦᠩᠭᠡ ᠵᠢ ᠪᠤᠵᠠᠭ᠋ᠠᠶ᠋ᠢᠷᠠᠭᠤᠯᠵᠤ᠂  ᠨᠡᠩ ᠶᠡᠭᠡ ᠡᠷᠴᠢᠮ ᠵᠶ᠋ᠠᠷ ᠨᠡᠶ᠋ᠢᠭᠡᠮ᠎ᠤᠨ ᠪᠡᠯᠡ ᠮᠥᠩᠭᠦ ᠵᠢ ᠲᠠᠲᠠᠵᠤ ᠦᠢ᠍ᠯᠡᠰ ᠴᠣᠭᠴᠠᠯᠠᠬᠤ ᠪᠡᠯᠡ ᠣᠷᠣᠭᠤᠯᠤᠯᠲᠠ᠎ᠳᠤ ᠣᠷᠣᠯᠴᠠᠭᠤᠯᠵᠤ᠂  ᠰᠢᠨ᠎ᠡ ᠵᠢ ᠡᠭᠦᠳᠬᠦ ᠬᠡᠯᠪᠡᠷᠢ ᠵᠢᠨ ᠠᠵᠤ ᠠᠬᠤᠶ᠋ᠢᠯᠠᠯ᠎ᠢ ᠱᠠᠲᠤ ᠱᠠᠲᠤ᠎ᠪᠠᠷ ᠪᠤᠶ᠋ᠢᠵᠢᠭᠤᠯᠬᠤ》 ᠵᠡᠷᠭᠡ ᠲᠠᠯ᠎ᠠ᠎ᠪᠠᠷ ᠪᠠᠶ᠋ᠢᠷᠢᠯᠠᠭᠤᠯᠤᠯᠲᠠ ᠬᠢᠪᠡ᠃

   ᠭᠡᠷ ᠪᠠᠶ᠋ᠢᠰᠢᠩ ᠭᠠᠵᠠᠷ ᠬᠥᠷᠥᠩᠭᠡ ᠵᠢᠨ ᠮᠥᠩᠭᠦᠨ ᠭᠦᠢ᠍ᠯᠭᠡᠭᠡᠨ᠎ᠤ ᠲᠥᠷᠥ ᠵᠢᠨ ᠪᠣᠳᠣᠯᠭ᠎ᠠ ᠵᠢᠨ ᠦᠷ᠎ᠡ ᠪᠦᠲᠦᠮᠵᠢ᠎ᠨᠢ ᠶᠠᠮᠠᠷ ᠵᠡᠷᠭᠡ ᠪᠣᠶ?

   ᠵᠠᠬ᠎ᠠ ᠳᠡᠯᠭᠡᠭᠦᠷ᠎ᠲᠤ ᠢᠳᠡᠪᠬᠢᠲᠡᠢ ᠬᠣᠪᠢᠷᠠᠯᠲᠠ ᠭᠠᠷᠴᠤ᠂  ᠦᠷᠭᠦᠯᠵᠢᠯᠡᠨ ᠪᠠᠭᠤᠷᠠᠬᠤ ᠵᠢ ᠵᠣᠭᠰᠤᠭ᠋ᠠᠬᠤ ᠳᠣᠭᠲᠠᠭᠤᠨ ᠪᠠᠢ᠌ᠳᠠᠯ᠎ᠳᠤ ᠤᠷᠤᠬᠤ ᠪᠤᠯᠤᠮᠵᠢ᠎ᠲᠠᠢ ᠪᠠᠢ᠌ᠨ᠎ᠠ

   ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ᠎ᠤ ᠲᠤᠭ᠎ᠠ ᠪᠠᠷᠢᠮᠲᠠ᠎ᠳᠤ ᠢᠯᠡᠷᠡᠭᠦᠯᠦᠭᠰᠡᠨ ᠵᠶ᠋ᠠᠷ᠂ 10 ᠳ᠋ᠤᠭ᠋ᠠᠷ ᠰᠠᠷ᠎ᠠ᠎ᠳᠤ ᠪᠥᠬᠦ ᠤᠯᠤᠰ᠎ᠤᠨ ᠰᠢᠨ᠎ᠡ᠎ᠪᠠᠷ ᠪᠠᠶ᠋ᠢᠭᠤᠯᠤᠭᠰᠠᠨ ᠲᠠᠸᠠᠷ᠎ᠤᠨ ᠬᠡᠷ ᠪᠠᠶ᠋ᠢᠰᠢᠩ᠎ᠤᠨ ᠰᠦᠯᠵᠢᠶᠡᠨ ᠳᠡᠭᠡᠷ᠎ᠡ ᠭᠡᠷ᠎ᠡ ᠲᠣᠭᠲᠠᠭᠰᠠᠨ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 6.7%᠎ᠪᠠᠷ ᠨᠡᠮᠡᠭᠳᠡᠵᠦ᠂  ᠨᠢᠳᠤᠨᠤᠨ᠎ᠤ 6 ᠳ᠋ᠤᠭ᠋ᠠᠷ ᠰᠠᠷ᠎ᠠ᠎ᠠᠴᠠ ᠬᠤᠶ᠋ᠢᠰᠢ ᠠᠩᠬ᠎ᠠ ᠤᠳᠠᠭ᠎ᠠ ᠡᠶᠡᠷᠭᠦ ᠨᠡᠮᠡᠭᠳᠡᠯ᠎ᠲᠠᠢ ᠪᠣᠯᠪᠠ᠃  ᠭᠠᠷ ᠳᠠᠮᠵᠢᠭᠰᠠᠨ ᠣᠷᠣᠨ ᠰᠠᠭᠤᠴᠠ ᠵᠢᠨ ᠰᠦᠯᠵᠢᠶᠡᠨ ᠳᠡᠭᠡᠷ᠎ᠡ ᠭᠠᠷ᠎ᠤᠨ ᠥᠰᠥᠭ ᠵᠢᠷᠤᠵᠤ ᠠᠷᠠᠯᠵᠢᠶᠠᠯᠠᠭᠰᠠᠨ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 8.9%᠎ᠪᠠᠷ ᠨᠡᠮᠡᠭᠳᠡᠵᠦ᠂ 7 ᠰᠠᠷ᠎ᠠ ᠳᠠᠷᠠᠭ᠋ᠠᠯᠠᠨ ᠠᠳᠠᠯᠢ ᠬᠤᠭᠤᠴᠠᠭ᠋ᠠᠨ᠎ᠤ᠎ᠬᠢ᠎ᠠᠴᠠ ᠨᠡᠮᠡᠭᠳᠡᠪᠡ᠃

  《ᠭᠡᠷ ᠪᠠᠶ᠋ᠢᠰᠢᠩ ᠭᠠᠵᠠᠷ ᠰᠢᠷᠣᠢ ᠵᠢᠨ ᠬᠥᠷᠥᠩᠭᠡ ᠵᠢᠨ ᠵᠠᠬ᠎ᠠ ᠳᠡᠯᠭᠡᠭᠦᠷ᠎ᠲᠤ ᠢᠳᠡᠪᠬᠢᠲᠡᠢ ᠬᠤᠪᠢᠷᠠᠯᠲᠠ ᠭᠠᠷᠴᠠᠢ》᠃  ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠬᠤᠷᠸ᠎ᠠ ᠠᠵᠤ ᠠᠬᠤᠶ ᠵᠢᠨ ᠰᠤᠳᠤᠯᠭ᠋ᠠᠨ᠎ᠤ ᠬᠦᠷᠢᠶᠡᠯᠡᠩ᠎ᠤᠨ ᠰᠤᠳᠤᠯᠤᠭᠴᠢ ᠯᠢᠦ ᠯᠢᠨ᠎ᠠᠴᠠ᠂ 《ᠴᠠᠭ᠋ᠠᠨ ᠲᠠᠩᠰᠠ》 ᠵᠢᠨ ᠵᠢᠭᠡᠯᠡᠯᠭᠡ ᠲᠠᠯᠪᠢᠬᠤ ᠡᠷᠴᠢᠮ᠎ᠢ ᠴᠢᠩᠭ᠋ᠠᠷᠠᠭᠤᠯᠵᠤ᠂  ᠬᠦᠤ ᠮᠥᠩᠭᠦ ᠵᠢᠨ ᠨᠤᠷᠮ᠎ᠠ ᠵᠢ ᠪᠠᠭᠤᠷᠠᠭᠤᠯᠬᠤ᠂  ᠠᠩᠬ᠎ᠠ ᠲᠤᠰᠢᠶᠠᠬᠤ ᠮᠦᠩᠭᠦ ᠵᠢ ᠪᠠᠭᠤᠷᠠᠭᠤᠯᠬᠤ᠂  ᠦᠯᠡᠳᠡᠭᠡᠯ ᠭᠡᠷ ᠪᠠᠶ᠋ᠢᠰᠢᠩ ᠪᠤᠶᠤ ᠭᠠᠵᠠᠷ ᠰᠢᠷᠤᠢ ᠵᠢ ᠡᠭᠡᠭᠦᠯᠦᠨ ᠬᠤᠳᠠᠯᠳᠤᠨ ᠠᠪᠬᠤ ᠪᠤᠶᠤ ᠭᠠᠵᠠᠷ ᠰᠢᠷᠣᠶ᠂  ᠬᠠᠭᠤᠴᠢᠨ ᠵᠣᠭᠤᠰ᠎ᠢ ᠵᠤᠭᠤᠰᠵᠢᠭᠤᠯᠤᠨ ᠲᠥᠪᠬᠢᠨᠡᠭᠦᠯᠬᠦ ᠵᠡᠷᠭᠡ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢᠨ ᠬᠠᠩᠭ᠋ᠠᠯᠭ᠎ᠠ ᠬᠡᠷᠡᠭᠴᠡᠭᠡ ᠵᠢᠨ ᠬᠤᠶᠠᠷ ᠲᠠᠯ᠎ᠠ᠎ᠠᠴᠠ ᠬᠠᠮᠲᠤ ᠵᠢᠨ ᠦᠢ᠍ᠯᠡᠳᠦᠯ᠎ᠢ ᠴᠢᠩᠭ᠋ᠠᠷᠠᠭᠤᠯᠵᠤ᠂  ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠬᠤ ᠲᠦᠷᠦ ᠵᠢᠨ ᠪᠤᠳᠤᠯᠭ᠎ᠠ ᠵᠢᠨ ᠬᠠᠷᠠᠯᠲᠠ ᠲᠣᠳᠣᠷᠬᠠᠢ᠂  ᠡᠷᠴᠢᠮ ᠭᠦᠢ᠍ᠴᠡᠳ ᠪᠠᠶ᠋ᠢᠨ᠎ᠠ ᠭᠡᠵᠦ ᠬᠡᠯᠡᠪᠡ᠃

  9 ᠳ᠋ᠦ᠍ᠭᠡᠷ ᠰᠠᠷ᠎ᠠ ᠵᠢᠨ 26᠎ᠤ ᠡᠳᠦᠷ ᠬᠤᠷᠠᠯᠳᠤᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠤᠷᠠᠯ᠎ᠠᠴᠠ᠂ 《〈ᠴᠠᠭ᠋ᠠᠨ ᠨᠡᠷᠡᠰ᠎ᠤᠨ ᠵᠢᠭᠰᠠᠭ᠋ᠠᠯᠲᠠ〉 ᠵᠢᠨ ᠲᠦᠷᠦᠯ ᠵᠦᠢ᠍ᠯ᠎ᠤᠨ ᠵᠢᠭᠡᠯᠡᠯᠭᠡ ᠲᠠᠯᠪᠢᠬᠤ ᠡᠷᠴᠢᠮ᠎ᠢ ᠴᠢᠩᠭ᠋ᠠᠷᠠᠭᠤᠯᠤᠨ᠎ᠠ》 ᠭᠡᠵᠦ ᠳᠤᠷᠠᠳᠴᠠᠢ᠃ 10 ᠳ᠋ᠤᠭ᠋ᠠᠷ ᠰᠠᠷ᠎ᠠ᠎ᠠᠴᠠ ᠨᠠᠭ᠋ᠠᠰᠢ᠂  ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ᠂  ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ 《ᠴᠠᠭ᠋ᠠᠨ ᠨᠡᠷᠡᠰ᠎ᠤᠨ ᠵᠢᠭᠰᠠᠭ᠋ᠠᠯᠲᠠ》 ᠵᠢᠨ ᠲᠥᠷᠥᠯ ᠵᠦᠢ᠍ᠯ᠎ᠤᠨ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ ᠵᠢ ᠤᠯᠠᠮ ᠨᠢᠭᠡ ᠠᠯᠬᠤᠮ ᠠᠬᠢᠭᠤᠯᠪᠠ᠃ 11 ᠳ᠋ᠦ᠍ᠭᠡᠷ ᠰᠠᠷ᠎ᠠ ᠵᠢᠨ 18᠎ᠤ ᠡᠳᠦᠷ ᠪᠣᠯᠲᠠᠯ᠎ᠠ᠂  ᠬᠤᠳᠠᠯᠳᠤᠭ᠋ᠠᠨ᠎ᠤ ᠪᠠᠩᠬᠢ ᠨᠢᠭᠡᠨᠲᠡ ᠬᠢᠨᠠᠨ ᠵᠥᠪᠰᠢᠶᠡᠷᠡᠵᠦ ᠪᠠᠲᠤᠯᠠᠭᠰᠠᠨ 《ᠴᠠᠭ᠋ᠠᠨ ᠨᠡᠷᠡᠰ᠎ᠤᠨ ᠵᠢᠭᠰᠠᠭ᠋ᠠᠯᠲᠠ》 ᠵᠢᠨ ᠲᠥᠷᠥᠯ ᠵᠦᠢ᠍ᠯ᠎ᠤᠨ ᠵᠢᠭᠡᠯᠡᠯᠭᠡ ᠵᠢᠨ ᠵᠣᠭᠤᠰ᠎ᠤᠨ ᠲᠤᠭ᠎ᠠ 3 ᠲᠦᠮᠡᠨ ᠳ᠋ᠦᠩᠰᠢᠭᠤᠷ ᠲᠥᠭᠦᠷᠢᠭ᠎ᠢ ᠳᠠᠪᠠᠪᠠ᠃

  《ᠡᠯ᠎ᠡ ᠬᠤᠲᠠ ᠵᠢᠨ ᠵᠣᠬᠢᠴᠠᠭᠤᠯᠬᠤ ᠲᠣᠭᠲᠠᠴᠠ᠎ᠠᠴᠠ ᠠᠰᠠᠭᠤᠳᠠᠯ᠎ᠤᠨ ᠲᠥᠷᠥᠯ ᠵᠦᠢ᠍ᠯ᠎ᠢ ᠰᠡᠷᠭᠦᠭᠡᠨ ᠰᠢᠢ᠍ᠳᠪᠦᠷᠢᠯᠡᠬᠦ ᠡᠷᠴᠢᠮ ᠵᠶ᠋ᠠᠨ ᠴᠢᠩᠭ᠋ᠠᠷᠠᠭᠤᠯᠵᠤ᠂  ᠵᠢᠭᠡᠯᠡᠯᠭᠡ ᠲᠠᠯᠪᠢᠬᠤ ᠨᠥᠬᠦᠴᠡᠯ᠎ᠢ ᠨᠠᠶ᠋ᠢᠳᠠᠪᠤᠷᠢᠵᠢᠭᠤᠯᠤᠨ᠂  ᠬᠢᠷᠢ ᠲᠡᠩᠴᠡᠭᠰᠡᠨ ᠲᠥᠷᠥᠯ ᠵᠦᠢ᠍ᠯ᠎ᠢ 〈ᠣᠷᠣᠭᠤᠯᠪᠠᠰᠤ ᠵᠣᠬᠢᠬᠤ ᠵᠢ᠎ᠨᠢ ᠪᠦᠬᠦᠨ᠎ᠢ ᠣᠷᠣᠭᠤᠯᠬᠤ〉; 〈ᠴᠠᠭ᠋ᠠᠨ ᠨᠡᠷᠡᠰ᠎ᠤᠨ ᠵᠢᠭᠰᠠᠭ᠋ᠠᠯᠲᠠ〉 ᠵᠢᠨ ᠲᠥᠷᠥᠯ ᠵᠦᠢ᠍ᠯ᠎ᠳᠤ᠂  ᠬᠤᠳᠠᠯᠳᠤᠭ᠋ᠠᠨ᠎ᠤ ᠪᠠᠩᠬᠢ᠎ᠠᠴᠠ ᠬᠢᠨᠠᠨ ᠵᠥᠪᠰᠢᠶᠡᠷᠡᠬᠦ ᠡᠷᠬᠡ ᠮᠡᠳᠡᠯ᠎ᠢ ᠵᠣᠬᠢᠬᠤ ᠬᠡᠮᠵᠢᠶ᠎ᠡ᠎ᠪᠠᠷ ᠪᠠᠭᠤᠯᠭ᠋ᠠᠵᠤ᠂  ᠬᠢᠨᠠᠨ ᠵᠥᠪᠰᠢᠶᠡᠷᠡᠵᠦ ᠵᠢᠭᠡᠯᠡᠯᠭᠡ ᠲᠠᠯᠪᠢᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ 〈ᠵᠢᠭᠡᠯᠡᠯᠭᠡ ᠲᠠᠯᠪᠢᠪᠠᠰᠤ ᠵᠣᠬᠢᠬᠤ ᠵᠢ᠎ᠨᠢ ᠪᠦᠬᠦᠨ᠎ᠳᠤ ᠵᠢᠭᠡᠯᠡᠯᠭᠡ ᠥᠭᠬᠦ〉》 ᠵᠢ ᠪᠡᠶᠡᠯᠡᠭᠦᠯᠦᠨ᠎ᠡ᠃  ᠮᠥᠩᠭᠥᠨ ᠭᠦᠢ᠍ᠯᠭᠡᠭᠡᠨ᠎ᠤ ᠬᠢᠨᠠᠨ ᠬᠠᠮᠢᠶᠠᠷᠤᠯᠲᠠ ᠵᠢᠨ ᠶᠡᠷᠦᠩᠬᠡᠢ ᠲᠣᠪᠴᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠦᠴᠢᠷ᠎ᠤᠨ ᠬᠠᠷᠢᠭᠤᠴᠠᠯᠭ᠋ᠠᠲᠠᠨ ᠢᠯᠡᠳᠭᠡᠪᠡ᠃

  《〈ᠴᠠᠭ᠋ᠠᠨ ᠨᠡᠷᠡᠰ᠎ᠤᠨ ᠵᠢᠭᠰᠠᠭ᠋ᠠᠯᠲᠠ〉 ᠵᠢᠨ ᠲᠥᠷᠥᠯ ᠵᠦᠢ᠍ᠯ᠎ᠤᠨ ᠬᠦᠷᠢᠶ᠎ᠡ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ᠎ᠨᠢ ᠡᠯ᠎ᠡ ᠵᠦᠢ᠍ᠯ᠎ᠤᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢᠨ ᠦᠢ᠍ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠵᠤ᠂  ᠨᠠᠩ ᠣᠯᠠᠨ ᠣᠷᠣᠨ ᠰᠠᠭᠤᠴᠠ ᠵᠢᠨ ᠲᠥᠷᠥᠯ ᠵᠦᠢ᠍ᠯ᠎ᠢ ᠪᠠᠶ᠋ᠢᠭᠤᠯᠵᠤ ᠳᠠᠭᠤᠰᠬᠠᠨ ᠲᠤᠰᠢᠶᠠᠬᠤ ᠵᠢ ᠠᠬᠢᠭᠤᠯᠵᠤ᠂  ᠡᠯ᠎ᠡ ᠲᠠᠯ᠎ᠠ ᠵᠢᠨ ᠢᠲᠡᠭᠡᠯ ᠵᠣᠷᠢᠭ᠎ᠢ ᠬᠥᠪᠴᠢᠯᠡᠬᠦ᠎ᠳᠤ ᠠᠰᠢᠭᠲᠠᠢ ᠶᠤᠮ᠃  ᠡᠭᠦᠨ᠎ᠤ ᠬᠠᠮᠲᠤ᠂  ᠡᠨᠡ ᠪᠣᠯ ᠬᠤᠳᠠᠯᠳᠤᠭ᠋ᠠᠨ᠎ᠤ ᠪᠠᠩᠬᠢ ᠵᠢᠨ ᠬᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠵᠢᠭᠡᠯᠡᠯᠭᠡ ᠵᠢᠨ ᠪᠥᠬᠦ ᠶᠠᠪᠤᠴᠠ ᠵᠢᠨ ᠬᠠᠮᠢᠶᠠᠷᠤᠯᠲᠠ ᠵᠢ ᠲᠡᠭᠦᠯᠳᠡᠷᠵᠢᠭᠦᠯᠵᠦ᠂  ᠬᠡᠷ ᠪᠠᠶ᠋ᠢᠰᠢᠩ ᠭᠠᠵᠠᠷ ᠬᠥᠷᠥᠩᠭᠡ ᠵᠢᠨ ᠬᠥᠭᠵᠢᠯᠲᠡ ᠵᠢᠨ ᠰᠢᠨ᠎ᠡ ᠵᠠᠭᠪᠤᠷ᠎ᠲᠠᠢ ᠢᠵᠢ ᠪᠥᠷᠢᠳᠦᠭᠰᠡᠨ ᠢᠲᠡᠭᠡᠮᠵᠢᠲᠦ ᠵᠢᠭᠡᠯᠡᠯᠭᠡ ᠵᠢᠨ ᠬᠠᠮᠢᠶᠠᠷᠤᠯᠲᠠ ᠵᠢᠨ ᠲᠣᠭᠲᠠᠴᠠ ᠵᠢ ᠲᠦᠷᠭᠡᠳᠬᠡᠨ ᠪᠠᠶ᠋ᠢᠭᠤᠯᠬᠤ᠎ᠳᠤ ᠠᠰᠢᠭᠲᠠᠶ ᠶᠤᠮ᠃  ᠱᠠᠩᠬᠠᠢ ᠵᠢᠨ ᠮᠥᠩᠭᠥᠨ ᠭᠦᠢ᠍ᠯᠭᠡᠭᠡ ᠪᠣᠯᠤᠨ ᠬᠦᠭᠵᠢᠯᠲᠡ ᠵᠢᠨ ᠲᠤᠷᠰᠢᠯᠲᠠ ᠵᠢᠨ ᠭᠡᠷ᠎ᠤᠨ ᠡᠷᠬᠢᠯᠡᠭᠴᠢ᠂  ᠲᠦᠷᠦᠭᠦᠦ ᠲᠤᠰᠬᠠᠢ ᠮᠡᠷᠭᠡᠵᠢᠯᠲᠡᠨ ᠽᠸᠩ ᠭᠠᠩ ᠬᠡᠯᠡᠪᠡ᠃

   ᠬᠤᠪᠢ ᠬᠥᠮᠦᠨ᠎ᠤ ᠣᠷᠣᠨ ᠰᠠᠭᠤᠴᠠ ᠵᠢᠨ ᠵᠢᠭᠡᠯᠡᠯᠭᠡ ᠵᠢᠨ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ᠎ᠨᠢ ᠬᠡᠷᠡᠭᠯᠡᠭᠴᠢᠳ᠎ᠲᠤ ᠦᠨᠡᠨ ᠪᠣᠳᠠᠲᠠᠢ ᠠᠰᠢᠭ ᠬᠦᠷᠲᠡᠭᠰᠡᠨ ᠲᠥᠷᠥᠭᠳᠡᠯ ᠣᠯᠭᠣᠨ᠎ᠠ᠃  ᠬᠠᠳᠠᠭ᠋ᠠᠯᠠᠭᠳᠠᠵᠤ ᠪᠠᠶ᠋ᠢᠭ᠎ᠠ ᠭᠡᠷ ᠪᠠᠶ᠋ᠢᠰᠢᠩ᠎ᠤᠨ ᠵᠢᠭᠡᠯᠡᠯᠭᠡ ᠵᠢᠨ ᠬᠦᠦ ᠵᠢᠨ ᠨᠤᠷᠮ᠎ᠠ᠎ᠳᠤ ᠲᠣᠬᠢᠷᠠᠭᠤᠯᠤᠯᠲᠠ ᠬᠢᠵᠦ 5000 ᠲᠦᠮᠡᠨ ᠡᠷᠦᠬᠡ ᠭᠡᠷ ᠪᠦᠯᠢ᠎ᠳᠤ ᠠᠰᠢᠭ ᠬᠦᠷᠲᠡᠭᠡᠵᠦ᠂  ᠵᠢᠯ ᠪᠦᠷᠢ ᠭᠡᠷ ᠪᠦᠯᠢ ᠵᠢᠨ ᠬᠦᠦ ᠮᠥᠩᠭᠥ ᠵᠢᠨ ᠵᠠᠷᠤᠯᠭ᠎ᠠ ᠵᠢ ᠪᠠᠷᠤᠭ 1500 ᠳ᠋ᠦᠩᠰᠢᠭᠤᠷ ᠲᠥᠭᠥᠷᠢᠭ ᠪᠠᠭ᠋ᠠᠰᠬᠠᠨ᠎ᠠ᠃ 11 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ᠂  ᠦᠯᠡᠳᠡᠭᠡᠯ ᠣᠷᠣᠨ ᠰᠠᠭᠤᠴᠠ ᠵᠢᠨ ᠵᠢᠭᠡᠯᠡᠯᠭᠡ ᠵᠢᠭᠡᠯᠡᠭᠴᠢ ᠪᠠᠩᠬᠢ᠎ᠯᠤᠭ᠎ᠠ ᠦᠨ᠎ᠡ ᠲᠣᠭᠲᠠᠭ᠋ᠠᠬᠤ ᠦᠶᠡᠯᠡᠯ᠎ᠤᠨ ᠬᠤᠭᠤᠴᠠᠭ᠎ᠠ ᠵᠢ ᠳᠠᠬᠢᠨ ᠪᠣᠯᠵᠣᠨ ᠲᠣᠭᠲᠠᠵᠤ ᠪᠣᠯᠤᠨ᠎ᠠ᠂  ᠰᠢᠨ᠎ᠡ᠎ᠪᠠᠷ ᠲᠠᠷᠬᠠᠭ᠋ᠠᠭᠰᠠᠨ ᠭᠡᠷ ᠪᠠᠶ᠋ᠢᠰᠢᠩ᠎ᠤᠨ ᠵᠢᠭᠡᠯᠡᠯᠭᠡ ᠵᠢᠭᠡᠯᠡᠭᠴᠢ ᠴᠤ᠌ ᠳᠠᠬᠢᠵᠤ ᠦᠨ᠎ᠡ ᠲᠣᠭᠲᠠᠭ᠋ᠠᠬᠤ ᠦᠶᠡᠯᠡᠯ᠎ᠤᠨ ᠬᠤᠭᠤᠴᠠᠭ᠎ᠠ ᠵᠢ ᠡᠵᠡᠨ ᠮᠡᠳᠡᠨ ᠰᠣᠩᠭᠤᠵᠤ ᠪᠣᠯᠤᠨ᠎ᠠ᠃ LPR ᠳᠤᠷᠤᠭᠰᠢᠯᠠᠬᠤ ᠦᠶᠡᠯᠡᠯ᠎ᠤᠨ ᠬᠤᠭᠤᠴᠠᠭ᠋ᠠᠨ᠎ᠳᠤ ᠵᠣᠭᠣᠰ ᠵᠢᠭᠡᠯᠡᠭᠴᠢ ᠬᠦᠦ ᠮᠥᠩᠭᠥ ᠵᠢᠨ ᠨᠣᠷᠮ᠎ᠠ ᠳᠤᠷᠤᠭᠰᠢᠯᠠᠬᠤ 《ᠠᠰᠢᠭ ᠲᠤᠰᠠ》 ᠵᠢ ᠨᠡᠩ ᠲᠦᠷᠭᠡᠨ ᠬᠦᠷᠲᠡᠵᠦ ᠪᠣᠯᠤᠨ᠎ᠠ᠃

   ᠲᠤᠭ᠎ᠠ ᠪᠠᠷᠢᠮᠲᠠ᠎ᠳᠤ ᠢᠯᠡᠷᠡᠭᠦᠯᠦᠭᠰᠡᠨ ᠵᠶ᠋ᠠᠷ᠂ 11 ᠳ᠋ᠤᠭᠡᠷ ᠰᠠᠷ᠎ᠠ᠎ᠳᠤ᠂  ᠰᠢᠨ᠎ᠡ᠎ᠪᠠᠷ ᠬᠤᠪᠢ ᠬᠥᠮᠦᠨ᠎ᠤ ᠣᠷᠣᠨ ᠰᠠᠭᠤᠴᠠ ᠵᠢᠨ ᠵᠢᠭᠡᠯᠡᠯᠭᠡ ᠵᠢᠨ ᠬᠦᠤ ᠮᠥᠩᠭᠦ ᠵᠢᠨ ᠨᠣᠷᠮ᠎ᠠ 3.08% ᠪᠣᠯᠤᠨ᠎ᠠ᠃ 《ᠠᠩᠬ᠎ᠠ ᠲᠤᠰᠢᠶᠠᠬᠤ ᠪᠠ ᠬᠦᠦ ᠵᠢᠨ ᠨᠣᠷᠮ᠎ᠠ ᠵᠡᠷᠭᠡ ᠵᠢᠨ ᠬᠤᠪᠢᠷᠠᠯᠲᠠ᠎ᠨᠢ ᠰᠠᠭᠤᠭ᠋ᠠᠯᠢ ᠠᠷᠠᠳ᠎ᠤᠨ ᠭᠡᠷ ᠪᠠᠶ᠋ᠢᠰᠢᠩ ᠬᠤᠳᠠᠯᠳᠤᠨ ᠠᠪᠬᠤ ᠲᠣᠭ᠋ᠠᠴᠠᠭ᠎ᠠ ᠬᠢᠬᠦ ᠴᠢᠳᠠᠪᠤᠷᠢ ᠵᠢ ᠳᠡᠭᠡᠭᠰᠢᠯᠡᠭᠦᠯᠦᠨ᠎ᠡ》᠃  ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠥᠭᠵᠢᠯᠲᠡ ᠵᠢᠨ ᠰᠤᠳᠤᠯᠭ᠋ᠠᠨ᠎ᠤ ᠲᠥᠪ᠎ᠤᠨ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠰᠤᠳᠤᠯᠭ᠋ᠠᠨ᠎ᠤ ᠭᠠᠵᠠᠷ᠎ᠤᠨ ᠳᠠᠷᠤᠭ᠎ᠠ ᠳ᠋ᠧᠩ ᠢᠦᠶ ᠰᠦᠩ ᠬᠡᠯᠡᠬᠦ᠎ᠳᠡᠭᠡᠨ᠂  ᠵᠠᠬ᠎ᠠ ᠳᠡᠯᠭᠡᠭᠦᠷ᠎ᠤᠨ ᠪᠣᠷᠣᠯᠠᠭᠤᠯᠭ᠎ᠠ ᠵᠢᠨ ᠬᠤᠪᠢᠷᠠᠯᠲᠠ᠎ᠨᠢ ᠬᠡᠷᠡᠭᠯᠡᠭᠴᠢᠳ᠎ᠤᠨ ᠬᠤᠳᠠᠯᠳᠤᠨ ᠠᠪᠬᠤ ᠬᠦᠰᠡᠯ᠎ᠢ ᠲᠤᠰᠬᠠᠵᠠᠶ᠃

   ᠡᠭᠦᠨ᠎ᠠᠴᠠ ᠭᠠᠳᠠᠨ᠎ᠠ᠂  ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠡᠷᠭᠡ ᠮᠥᠩᠭᠦᠨ ᠭᠦᠢ᠍ᠯᠭᠡᠭᠡᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠵᠢᠯᠣᠭᠤᠳᠤᠨ 《ᠮᠥᠩᠭᠦᠨ ᠭᠦᠢ᠍ᠯᠭᠡᠭᠡᠨ᠎ᠤ 16 ᠵᠦᠢ᠍ᠯ》᠂  ᠡᠵᠡᠩᠨᠡᠯᠲᠡ ᠵᠢᠨ ᠴᠢᠨᠠᠷᠲᠠᠶ ᠠᠳᠠᠯ ᠠᠬᠤᠶ ᠵᠢᠨ ᠵᠢᠭᠡᠯᠡᠯᠭᠡ ᠵᠢᠨ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂  ᠬᠤᠯᠪᠣᠭᠳᠠᠯ ᠪᠥᠬᠦᠶ ᠲᠥᠷᠥ ᠵᠢᠨ ᠪᠣᠳᠣᠯᠭ᠎ᠠ ᠵᠢᠨ ᠬᠡᠷᠡᠭᠯᠡᠭᠡᠨ᠎ᠤ ᠬᠤᠭᠤᠴᠠᠭ᠎ᠠ ᠵᠢ ᠤᠷᠲᠤᠳᠬᠠᠨ᠂  ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠵᠢᠨ ᠳᠠᠬᠢᠨ ᠵᠢᠭᠡᠯᠡᠯᠭᠡ ᠵᠡᠷᠭᠡ ᠪᠦᠲᠦᠴᠡ ᠵᠢᠨ ᠴᠢᠨᠠᠷᠲᠠᠶ ᠵᠣᠭᠤᠰᠣᠨ᠎ᠤ ᠲᠥᠷᠥ ᠵᠢᠨ ᠪᠣᠳᠣᠯᠭ᠎ᠠ ᠵᠢᠨ ᠪᠠᠭ᠋ᠠᠵᠢ ᠵᠢ ᠨᠡᠶ᠋ᠢᠲᠡᠯᠡᠵᠦ᠂ 5000 ᠳ᠋ᠦᠩᠰᠢᠭᠤᠷ ᠲᠥᠭᠦᠷᠢᠭ᠎ᠤᠨ ᠪᠠᠷᠢᠴᠠᠭ᠋ᠠᠲᠤ ᠵᠢᠭᠡᠯᠡᠯᠭᠡ ᠵᠢᠨ ᠲᠤᠭ᠎ᠠ ᠬᠡᠮᠵᠢᠶ᠎ᠡ ᠵᠢ ᠰᠢᠨ᠎ᠡ᠎ᠪᠠᠷ ᠨᠡᠮᠡᠭᠳᠡᠭᠦᠯᠦᠨ᠂  ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠵᠡᠷᠭᠡ 《ᠭᠤᠷᠪᠠᠨ ᠶᠡᠭᠡ ᠢᠨᠵᠧᠨᠧᠷᠢᠩ》᠎ᠤᠨ ᠪᠥᠲᠥᠭᠡᠨ ᠪᠠᠶ᠋ᠢᠭᠤᠯᠤᠯᠲᠠ ᠵᠢ ᠳᠡᠮᠵᠢᠵᠦ᠂  ᠣᠷᠣᠨ ᠰᠠᠭᠤᠴᠠ ᠵᠢᠨ ᠲᠦᠷᠢᠶᠡᠰᠦᠯᠡᠯ᠎ᠤᠨ ᠮᠥᠩᠭᠦᠨ ᠭᠦᠢ᠍ᠯᠭᠡᠭᠡᠨ᠎ᠤ ᠲᠥᠷᠥ ᠵᠢᠨ ᠪᠣᠳᠣᠯᠭ᠎ᠠ ᠵᠢᠨ ᠰᠢᠰᠲ᠋ᠧᠮᠵᠢ ᠵᠢ ᠲᠡᠭᠦᠯᠳᠡᠷᠵᠢᠭᠦᠯᠦᠨ᠂  ᠬᠡᠷ ᠪᠠᠶ᠋ᠢᠰᠢᠩ ᠭᠠᠵᠠᠷ ᠬᠥᠷᠥᠩᠭᠡ ᠵᠢᠨ ᠬᠥᠭᠵᠢᠯᠲᠡ ᠵᠢᠨ ᠰᠢᠨ᠎ᠡ ᠵᠠᠭᠪᠤᠷ᠎ᠢ ᠲᠦᠷᠭᠡᠳᠬᠡᠨ ᠪᠠᠶ᠋ᠢᠭᠤᠯᠬᠤ ᠵᠢ ᠠᠬᠢᠭᠤᠯᠪᠠ᠃

   ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠢᠨ ᠬᠠᠮᠤᠭ᠎ᠤᠨ ᠰᠢᠨ᠎ᠡ ᠲᠤᠭ᠎ᠠ ᠪᠠᠷᠢᠮᠲᠠ᠎ᠳᠤ ᠢᠯᠡᠷᠡᠭᠦᠯᠦᠭᠰᠡᠨ ᠵᠶ᠋ᠠᠷ᠂  ᠡᠨᠡ ᠵᠢᠯ᠎ᠤᠨ ᠲᠦᠷᠦᠭᠦᠤ ᠭᠤᠷᠪᠠᠨ ᠤᠯᠠᠷᠢᠯ᠎ᠳᠤ᠂  ᠪᠠᠩᠬᠢ ᠵᠢᠨ ᠦᠢ᠍ᠯᠡᠰ᠎ᠤᠨ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠎ᠠᠴᠠ ᠬᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠵᠢᠭᠡᠯᠡᠯᠭᠡ ᠵᠢ ᠰᠢᠨ᠎ᠡ᠎ᠪᠠᠷ 2.2 ᠲᠦᠮᠡᠨ ᠳ᠋ᠦᠩᠰᠢᠭᠤᠷ ᠲᠥᠭᠦᠷᠢᠭ ᠲᠠᠯᠪᠢᠵᠤ᠂ 9 ᠳ᠋ᠦ᠍ᠭᠡᠷ ᠰᠠᠷ᠎ᠠ ᠵᠢᠨ ᠰᠡᠭᠦᠯᠴᠢ ᠵᠢᠨ ᠦᠯᠡᠳᠡᠪᠦᠷᠢ ᠲᠤᠭ᠎ᠠ᠎ᠨᠢ ᠵᠢᠯ᠎ᠤᠨ ᠡᠬᠢᠨ᠎ᠤ᠎ᠬᠢ᠎ᠠᠴᠠ 4000 ᠳ᠋ᠦᠩᠰᠢᠭᠤᠷ ᠲᠥᠭᠦᠷᠢᠭ ᠨᠡᠮᠡᠭᠳᠡᠪᠡ; ᠪᠠᠷᠢᠴᠠᠭ᠋ᠠᠳᠤ ᠵᠢᠭᠡᠯᠡᠯᠭᠡ᠂  ᠨᠡᠶ᠋ᠢᠯᠡᠭᠦᠯᠦᠨ ᠬᠤᠳᠠᠯᠳᠤᠨ ᠠᠪᠬᠤ ᠵᠢᠭᠡᠯᠡᠯᠭᠡ᠂  ᠡᠵᠡᠩᠨᠡᠯᠲᠡ ᠵᠢᠨ ᠴᠢᠨᠠᠷᠲᠠᠶ ᠠᠳᠠᠯ ᠠᠬᠤᠶ ᠵᠢᠨ ᠵᠢᠭᠡᠯᠡᠯᠭᠡ᠂  ᠣᠷᠣᠨ ᠰᠠᠭᠤᠴᠠ ᠵᠢᠨ ᠲᠦᠷᠢᠶᠡᠰᠦᠯᠡᠯ᠎ᠤᠨ ᠵᠢᠭᠡᠯᠡᠯᠭᠡ ᠵᠢ ᠨᠡᠶ᠋ᠢᠲᠡ 4.8 ᠲᠦᠮᠡᠨ ᠳ᠋ᠦᠩᠰᠢᠭᠤᠷ ᠲᠥᠭᠦᠷᠢᠭ ᠰᠢᠨ᠎ᠡ᠎ᠪᠠᠷ ᠲᠠᠷᠬᠠᠭ᠋ᠠᠪᠠ᠃

   ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯᠳᠤᠭ᠋ᠠᠨ᠎ᠠᠴᠠ ᠢᠷᠡᠬᠦ ᠵᠢᠯ᠎ᠤᠨ ᠭᠡᠷ ᠪᠠᠢ᠌ᠰᠢᠩ ᠭᠠᠵᠠᠷ ᠰᠢᠷᠤᠢ ᠵᠢᠨ ᠬᠥᠷᠥᠩᠭᠡ ᠵᠢᠨ ᠠᠵᠢᠯ᠎ᠳᠤ ᠪᠠᠢ᠌ᠷᠢᠯᠠᠭᠤᠯᠤᠯᠲᠠ ᠬᠢᠵᠦ ᠭᠡᠷ ᠪᠠᠢ᠌ᠰᠢᠩ ᠭᠠᠵᠠᠷ ᠰᠢᠷᠤᠢ ᠵᠢᠨ ᠬᠥᠷᠥᠩᠭᠡ ᠵᠢᠨ ᠵᠠᠬ᠎ᠠ ᠳᠡᠯᠭᠡᠭᠦᠷ᠎ᠤᠨ ᠪᠠᠭᠤᠷᠠᠯᠲᠠ ᠪᠠ ᠲᠣᠭᠲᠠᠭᠤᠨ ᠪᠠᠢ᠌ᠳᠠᠯ᠎ᠢ ᠦᠷᠭᠦᠯᠵᠢᠯᠡᠨ ᠬᠦᠴᠦᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃  ᠲᠥᠪ᠎ᠤᠨ ᠡᠳ᠋᠎ᠤᠨ ᠵᠠᠰᠠᠭ᠎ᠤᠨ ᠠᠯᠪᠠᠨ ᠭᠡᠷ᠎ᠤᠨ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠦᠳ᠎ᠤᠨ ᠦᠵᠡᠬᠦ᠎ᠪᠠᠷ᠂  ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠬᠤ᠎ᠳᠤ ᠭᠤᠷᠪᠠᠨ ᠲᠠᠯ᠎ᠠ ᠵᠢ ᠭᠤᠣᠯᠳᠠᠯᠭ᠎ᠠ᠎ᠲᠠᠢ ᠰᠠᠶ᠋ᠢᠲᠤᠷ ᠡᠵᠡᠮᠳᠡᠬᠦ ᠬᠡᠷᠡᠭᠲᠡᠢ᠄ ᠨᠢᠭᠡ᠎ᠳᠤ᠂  ᠬᠡᠷᠡᠭᠴᠡᠭᠡ ᠱᠠᠭ᠋ᠠᠷᠳᠠᠯᠭ᠎ᠠ ᠵᠢ ᠬᠦᠴᠦᠯᠡᠨ ᠪᠠᠳᠠᠷᠠᠭᠤᠯᠵᠤ᠂  ᠬᠤᠷᠢᠭ᠎ᠠ ᠴᠡᠭ᠎ᠢ ᠪᠥᠭᠯᠡᠬᠦ ᠵᠢ ᠨᠡᠪᠲᠡᠷᠡᠭᠦᠯᠵᠦ᠂  ᠰᠠᠭᠤᠭ᠋ᠠᠯᠢ ᠠᠷᠠᠳ᠎ᠤᠨ ᠵᠠᠶ᠋ᠢᠯᠠᠰᠢ ᠦᠭᠡᠢ ᠴᠢᠨᠠᠷ ᠪᠣᠯᠣᠨ ᠰᠠᠶ᠋ᠢᠵᠢᠷᠠᠭᠤᠯᠬᠤ ᠴᠢᠨᠠᠷᠲᠠᠢ ᠣᠷᠣᠨ ᠰᠠᠭᠤᠴᠠ ᠵᠢᠨ ᠬᠡᠷᠡᠭᠴᠡᠭᠡ ᠵᠢ ᠨᠡᠩ ᠰᠠᠶ᠋ᠢᠲᠤᠷ ᠬᠠᠩᠭ᠋ᠠᠨ᠎ᠠ; ᠬᠤᠶᠠᠷ᠎ᠲᠤ᠂  ᠬᠠᠩᠭ᠋ᠠᠯᠭ᠎ᠠ ᠵᠢ ᠬᠦᠴᠦᠯᠡᠨ ᠰᠠᠶ᠋ᠢᠵᠢᠷᠠᠭᠤᠯᠵᠤ᠂  ᠲᠠᠸᠠᠷ᠎ᠤᠨ ᠭᠡᠷ ᠪᠠᠶ᠋ᠢᠰᠢᠩ᠎ᠤᠨ ᠪᠦᠳᠦᠭᠡᠨ ᠪᠠᠶ᠋ᠢᠭᠤᠯᠤᠯᠲᠠ ᠵᠢᠨ ᠨᠡᠮᠡᠭᠳᠡᠯ᠎ᠤᠨ ᠬᠡᠮᠵᠢᠶ᠎ᠡ ᠵᠢ ᠬᠢᠵᠠᠭ᠋ᠠᠷᠯᠠᠬᠤ᠂  ᠬᠠᠳᠠᠭ᠋ᠠᠯᠠᠯᠲᠠ ᠵᠢᠨ ᠬᠡᠮᠵᠢᠶ᠎ᠡ ᠵᠢ ᠰᠢᠯᠢᠳᠡᠭᠵᠢᠭᠦᠯᠬᠦ᠂  ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ; ᠭᠤᠷᠪᠠ᠎ᠳᠤ᠂  ᠬᠡᠯᠪᠡᠷᠢ᠎ᠪᠠᠨ ᠬᠤᠪᠢᠷᠠᠭᠤᠯᠬᠤ ᠵᠢ ᠬᠦᠴᠦᠯᠡᠨ ᠠᠬᠢᠭᠤᠯᠵᠤ᠂  ᠭᠡᠷ ᠪᠠᠶ᠋ᠢᠰᠢᠩ ᠭᠠᠵᠠᠷ ᠬᠥᠷᠥᠩᠭᠡ ᠵᠢᠨ ᠬᠥᠭᠵᠢᠯᠲᠡ ᠵᠢᠨ ᠰᠢᠨ᠎ᠡ ᠵᠠᠭᠪᠤᠷ᠎ᠢ ᠲᠦᠷᠭᠡᠪᠴᠢᠯᠡᠨ ᠪᠠᠶ᠋ᠢᠭᠤᠯᠵᠤ᠂  ᠤᠯᠠᠮᠵᠢᠯᠠᠯᠲᠤ ᠬᠥᠭᠵᠢᠯᠲᠡ ᠵᠢᠨ ᠵᠠᠭᠪᠤᠷ᠎ᠤᠨ ᠳᠠᠯᠳᠠ ᠭᠡᠮ᠎ᠢ ᠦᠨᠳᠦᠰᠦᠨ᠎ᠠᠴᠠ᠎ᠨᠢ ᠰᠢᠢ᠍ᠳᠪᠦᠷᠢᠯᠡᠵᠦ᠂  ᠭᠡᠷ ᠪᠠᠶ᠋ᠢᠰᠢᠩ ᠭᠠᠵᠠᠷ ᠬᠥᠷᠥᠩᠭᠡ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠤᠨ᠎ᠠ᠃

  《ᠶᠡᠷᠦᠩᠬᠡᠶ᠎ᠳᠤᠨᠢ ᠠᠪᠴᠤ ᠦᠵᠡᠪᠡᠯ᠂  ᠮᠠᠨ᠎ᠤ ᠤᠯᠤᠰ᠎ᠤᠨ ᠬᠡᠷ ᠪᠠᠶ᠋ᠢᠰᠢᠩ ᠭᠠᠵᠠᠷ ᠬᠥᠷᠥᠩᠭᠡ ᠵᠢᠨ ᠠᠰᠠᠭᠤᠳᠠᠯ ᠪᠣᠯ ᠡᠮᠦᠨ᠎ᠡ᠎ᠨᠢ ᠤᠷᠤᠭᠰᠢᠯᠠᠬᠤ ᠳᠤᠮᠳᠠ᠂  ᠬᠡᠯᠪᠡᠷᠢ᠎ᠪᠠᠨ ᠬᠤᠪᠢᠷᠠᠭᠤᠯᠬᠤ ᠳᠤᠮᠳᠠ ᠲᠤᠯᠭ᠋ᠠᠷᠠᠭᠰᠠᠨ ᠠᠰᠠᠭᠤᠳᠠᠯ ᠪᠣᠯᠤᠨ᠎ᠠ᠂  ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠬᠤ ᠵᠢᠨ ᠬᠠᠮᠲᠤ ᠦᠷᠭᠦᠯᠵᠢᠯᠡᠨ ᠬᠦᠴᠦᠯᠡᠬᠦ ᠵᠢ ᠳᠠᠭ᠋ᠠᠯᠳᠤᠨ᠂  ᠵᠠᠬ᠎ᠠ ᠳᠡᠯᠭᠡᠭᠦᠷ ᠤᠯᠠᠮ ᠨᠢᠭᠡ ᠠᠯᠬᠤᠮ ᠲᠣᠭᠲᠠᠭᠤᠨ ᠪᠣᠯᠵᠣ᠂  ᠠᠵᠢᠯ ᠲᠥᠷᠥᠯ ᠲᠦᠷᠭᠡᠨ ᠰᠠᠶ᠋ᠢᠵᠢᠷᠠᠵᠤ᠂  ᠬᠡᠷ ᠪᠠᠶ᠋ᠢᠰᠢᠩ ᠭᠠᠵᠠᠷ ᠬᠥᠷᠥᠩᠭᠡ ᠵᠢᠨ ᠬᠥᠭᠵᠢᠯᠲᠡ ᠵᠢᠨ ᠰᠢᠨ᠎ᠡ ᠵᠠᠭᠪᠤᠷ᠎ᠢ ᠲᠦᠷᠭᠡᠪᠴᠢᠯᠡᠨ ᠪᠠᠶ᠋ᠢᠭᠤᠯᠵᠤ᠂  ᠬᠡᠷ ᠪᠠᠶ᠋ᠢᠰᠢᠩ ᠭᠠᠵᠠᠷ ᠬᠥᠷᠥᠩᠭᠡ ᠵᠢᠨ ᠴᠢᠨᠠᠷ ᠰᠠᠶ᠋ᠢᠲᠠᠶ ᠬᠥᠭᠵᠢᠯᠲᠡ ᠵᠢ ᠴᠤ᠌ ᠠᠯᠬᠤᠮ ᠠᠯᠬᠤᠮ ᠵᠶ᠋ᠠᠷ ᠪᠡᠶᠡᠯᠡᠭᠦᠯᠬᠦ ᠪᠣᠯᠤᠨ᠎ᠠ》 ᠭᠡᠵᠡᠶ᠃  ᠲᠥᠪ᠎ᠤᠨ ᠡᠳ᠋᠎ᠤᠨ ᠵᠠᠰᠠᠭ᠎ᠤᠨ ᠠᠯᠪᠠᠨ ᠭᠡᠷ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠢᠯᠡᠳᠭᠡᠪᠡ᠃

   ᠮᠥᠩᠭᠦᠨ ᠭᠦᠢ᠍ᠯᠭᠡᠭᠡᠨ᠎ᠤ ᠥᠨᠳᠥᠷ ᠲᠦᠪᠰᠢᠨ ᠪᠦᠬᠦᠢ ᠨᠡᠭᠡᠭᠡᠯᠲᠡ ᠵᠢ ᠠᠬᠢᠭᠤᠯᠤᠭ᠋ᠠᠳ ᠶᠠᠮᠠᠷ ᠶᠠᠮᠠᠷ ᠠᠬᠢᠴᠠ᠎ᠲᠠᠢ ᠪᠣᠯᠤᠭᠰᠠᠨ ᠪᠤᠢ?

   ᠭᠠᠳᠠᠭ᠋ᠠᠳᠤ ᠪᠡᠯᠡ ᠵᠢ ᠲᠡᠳᠡᠨ ᠠᠪᠴᠢᠷᠠᠬᠤ ᠪᠠ ᠠᠰᠢᠭᠯᠠᠬᠤ ᠡᠷᠴᠢᠮ ᠵᠶ᠋ᠡᠨ ᠴᠢᠩᠭ᠋ᠠᠷᠠᠭᠤᠯᠵᠤ᠂  ᠪᠠᠷᠠᠭ᠋ᠠᠨ᠎ᠤ ᠠᠷᠠᠯᠵᠢᠶ᠎ᠠ ᠵᠢᠨ ᠠᠷᠠᠳ᠎ᠤᠨ ᠵᠣᠭᠣᠰ᠎ᠤᠨ ᠬᠢᠯᠢ ᠠᠯᠤᠰᠯᠠᠭᠰᠠᠨ ᠣᠷᠣᠯᠭ᠎ᠠ ᠵᠠᠷᠤᠯᠭ᠎ᠠ ᠵᠢᠨ ᠵᠣᠭᠣᠰ᠎ᠤᠨ ᠲᠣᠭ᠎ᠠ ᠨᠡᠯᠢᠶᠡᠳ ᠲᠦᠷᠭᠡᠨ ᠨᠡᠮᠡᠭᠳᠡᠪᠡ

   ᠨᠡᠭᠡᠭᠡᠯᠲᠡ ᠬᠢᠬᠦ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠢᠯᠡ ᠲᠣᠳᠣ ᠲᠡᠮᠳᠡᠭ ᠪᠣᠯᠬᠤ ᠪᠥᠭᠡᠳ ᠪᠠᠰᠠ ᠴᠤ᠌ ᠮᠥᠩᠭᠦᠨ ᠭᠦᠢ᠍ᠯᠭᠡᠭᠡᠨ᠎ᠤ ᠦᠢ᠍ᠯᠡᠰ᠎ᠤᠨ ᠥᠭᠡᠷᠡᠴᠢᠯᠡᠯᠲᠡ ᠬᠥᠭᠵᠢᠯᠲᠡ ᠵᠢᠨ ᠴᠢᠬᠤᠯᠠ ᠬᠥᠳᠡᠯᠭᠡᠬᠦ ᠬᠦᠴᠦᠨ ᠮᠥᠨ᠃  ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ 《ᠲᠣᠭᠲᠠᠭ᠋ᠠᠯ》᠎ᠳᠤ᠂  ᠮᠥᠩᠭᠦᠨ ᠭᠦᠢ᠍ᠯᠭᠡᠭᠡᠨ᠎ᠤ ᠥᠨᠳᠥᠷ ᠲᠦᠪᠰᠢᠨ ᠪᠦᠬᠦᠢ ᠨᠡᠬᠡᠬᠡᠯᠳᠡ ᠵᠢ ᠠᠬᠢᠭᠤᠯᠵᠤ᠂  ᠠᠷᠠᠳ᠎ᠤᠨ ᠵᠣᠭᠤᠰ᠎ᠤᠨ ᠤᠯᠠᠨ ᠤᠯᠤᠰᠴᠢᠯᠠᠯᠳᠠ ᠵᠢ ᠯᠠᠪᠳᠠᠭᠤᠨ ᠪᠣᠯᠭᠤᠮᠵᠢᠲᠠᠢ ᠯᠠᠪᠳᠠᠭᠤᠨ ᠵᠶ᠋ᠠᠷ ᠠᠬᠢᠭᠤᠯᠵᠤ᠂  ᠠᠷᠠᠳ᠎ᠤᠨ ᠵᠣᠭᠤᠰ᠎ᠤᠨ ᠬᠢᠯᠢ ᠵᠢᠨ ᠭᠠᠳᠠᠨᠠᠬᠢ ᠵᠠᠬ᠎ᠠ ᠳᠡᠯᠭᠡᠭᠦᠷ᠎ᠢ ᠬᠥᠭᠵᠢᠭᠦᠯᠦᠨ᠎ᠡ᠃

   ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢᠨ ᠪᠠᠶ᠋ᠢᠭᠤᠯᠤᠯ ᠲᠣᠭᠲᠠᠴᠠ ᠵᠢ ᠲᠡᠭᠦᠯᠳᠡᠷᠵᠢᠭᠦᠯᠵᠦ᠂  ᠳᠦᠷᠢᠮ᠎ᠤᠨ ᠬᠡᠯᠪᠡᠷᠢ ᠵᠢᠨ ᠨᠡᠭᠡᠭᠡᠯᠲᠡ ᠵᠢ ᠯᠠᠪᠳᠠᠭᠤᠨ ᠵᠶ᠋ᠠᠷ ᠥᠷᠭᠡᠳᠬᠡᠨ᠎ᠡ᠃  ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠢᠨ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠵᠤᠷᠭ᠋ᠠᠨ᠎ᠤ ᠬᠤᠯᠪᠣᠭᠳᠠᠯ ᠪᠥᠬᠦᠶ ᠬᠠᠷᠢᠭᠤᠴᠠᠯᠭ᠋ᠠᠲᠠᠨ ᠬᠡᠯᠡᠬᠦ᠎ᠳᠡᠭᠡᠨ᠂  ᠣᠷᠣᠬᠤ ᠵᠢ ᠵᠥᠪᠰᠢᠶᠡᠷᠡᠬᠦ᠎ᠠᠴᠠ ᠡᠮᠦᠨᠡᠬᠢ ᠤᠯᠤᠰ ᠠᠷᠠᠳ᠎ᠤᠨ ᠬᠠᠷᠠᠭ᠋ᠠᠯᠵᠠᠯ ᠳᠡᠭᠡᠷ᠎ᠡ ᠨᠠᠵᠠᠭ᠋ᠠᠢ ᠲᠠᠯ᠎ᠠ ᠵᠢᠨ ᠨᠠᠷᠢᠨ ᠳᠠᠩᠰᠠ ᠨᠡᠮᠡᠬᠦ ᠬᠠᠮᠢᠶᠠᠷᠤᠯᠲᠠ ᠵᠢᠨ ᠵᠠᠭᠪᠤᠷ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂  ᠣᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠶ ᠠᠷᠠᠯᠵᠢᠶᠠᠨ᠎ᠤ ᠬᠡᠯᠡᠯᠴᠡᠭᠡᠷ᠎ᠲᠠᠬᠢ ᠮᠥᠩᠭᠦᠨ ᠭᠦᠢ᠍ᠯᠭᠡᠭᠡᠨ᠎ᠤ ᠬᠦᠷᠢᠶᠡᠨ᠎ᠤ ᠬᠤᠯᠪᠣᠭᠳᠠᠯ ᠪᠥᠬᠦᠶ ᠲᠦᠷᠢᠮ᠎ᠲᠠᠢ ᠬᠠᠷᠢᠴᠠᠭᠤᠯᠤᠨ᠂  ᠭᠠᠳᠠᠭ᠋ᠠᠳᠤ ᠪᠡᠯᠡ ᠵᠢ ᠲᠠᠲᠠᠬᠤ ᠪᠠ ᠠᠰᠢᠭᠯᠠᠬᠤ ᠡᠷᠴᠢᠮ ᠵᠶ᠋ᠠᠨ ᠴᠢᠩᠭ᠋ᠠᠷᠠᠭᠤᠯᠤᠨ᠎ᠠ᠃  ᠡᠨᠡ ᠵᠢᠯ᠎ᠠᠴᠠ ᠨᠠᠭ᠋ᠠᠰᠢ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠨᠡᠭᠡᠭᠡᠯᠲᠡ ᠵᠢᠨ ᠰᠢᠨ᠎ᠡ ᠠᠷᠭ᠎ᠠ ᠬᠡᠮᠵᠢᠶ᠎ᠡ ᠵᠢ ᠢᠳᠡᠪᠬᠢᠲᠡᠶ ᠰᠤᠳᠤᠯᠤᠨ ᠭᠠᠷᠭ᠋ᠠᠵᠤ᠂  ᠬᠢᠯᠢ ᠵᠢᠨ ᠭᠠᠳᠠᠨᠠᠬᠢ ᠪᠠᠶ᠋ᠢᠭᠤᠯᠤᠮᠵᠢ ᠵᠢ ᠮᠥᠩᠭᠥᠨ ᠭᠦᠢ᠍ᠯᠭᠡᠭᠡᠨ᠎ᠤ ᠲᠦᠷᠢᠶᠡᠰᠦᠯᠡᠯ᠎ᠤᠨ ᠺᠣᠮᠫᠠᠨᠢ ᠵᠢᠨ ᠪᠡᠯᠡ ᠭᠠᠷᠭ᠋ᠠᠭᠴᠢ ᠵᠢᠨ ᠵᠥᠪᠰᠢᠶᠡᠷᠡᠨ ᠣᠷᠣᠭᠤᠯᠬᠤ ᠨᠥᠬᠥᠴᠡᠯ ᠵᠡᠷᠭᠡ ᠵᠢ ᠤᠯᠠᠮ ᠨᠢᠭᠡ ᠠᠯᠬᠤᠮ ᠠᠭᠤᠵᠢᠭᠤ ᠲᠠᠯᠪᠢᠵᠠᠢ᠃  9 ᠳ᠋ᠦ᠍ᠭᠡᠷ ᠰᠠᠷ᠎ᠠ ᠵᠢᠨ ᠰᠡᠭᠦᠯᠴᠢ ᠪᠤᠯᠲᠠᠯ᠎ᠠ᠂  ᠭᠠᠲᠠᠭ᠋ᠠᠲᠤ ᠵᠢᠨ ᠪᠠᠯᠠ ᠵᠢᠨ ᠪᠠᠩᠭᠢ᠎ᠨᠢ ᠳᠤᠮᠲᠠᠲᠤ ᠤᠯᠤᠰ᠎ᠲᠤ ᠨᠡᠶ᠋ᠢᠲᠡ 41 ᠭᠠᠲᠠᠭ᠋ᠠᠲᠤ ᠵᠢᠨ ᠪᠡᠯᠡ ᠵᠢᠨ ᠬᠠᠤᠯᠢ ᠵᠢᠨ ᠡᠷᠭᠡᠲᠡᠨ᠎ᠤ ᠪᠠᠩᠭᠢ ᠪᠠ 116 ᠭᠠᠲᠠᠭ᠋ᠠᠲᠤ ᠵᠢᠨ ᠪᠠᠩᠭᠢ ᠵᠢᠨ ᠬᠤᠪᠢᠶᠠᠷᠢ ᠪᠠᠩᠭᠢ ᠵᠢ ᠪᠠᠶ᠋ᠢᠭᠤᠯᠵᠤ᠂  ᠭᠠᠲᠠᠭ᠋ᠠᠲᠤ ᠪᠡᠯᠡ ᠵᠢᠨ ᠪᠠᠩᠭᠢ ᠵᠢᠨ ᠶᠡᠷᠦᠩᠭᠡᠢ ᠡᠳ᠋ ᠬᠦᠷᠦᠩᠬᠡ 3.90 ᠳᠦᠮᠡᠨ ᠳ᠋ᠦᠩᠰᠢᠭᠤᠷ ᠳᠦᠭᠦᠷᠢᠭ᠎ᠲᠤ ᠬᠦᠷᠴᠡᠢ; ᠬᠢᠯᠢ ᠵᠢᠨ ᠭᠠᠲᠠᠨᠠᠭᠢ ᠲᠠᠭ᠋ᠠᠳᠬᠠᠯ᠎ᠤᠨ ᠪᠠᠶ᠋ᠢᠭᠤᠯᠤᠮᠵᠢ ᠳᠤᠮᠲᠠᠲᠤ ᠤᠯᠤᠰ᠎ᠲᠤ ᠨᠡᠶ᠋ᠢᠲᠡ 67 ᠭᠠᠲᠠᠭ᠋ᠠᠲᠤ ᠪᠡᠯᠡ ᠵᠢᠨ ᠲᠠᠭ᠋ᠠᠳᠬᠠᠯ᠎ᠤᠨ ᠪᠠᠶ᠋ᠢᠭᠤᠯᠤᠮᠵᠢ ᠪᠠᠶ᠋ᠢᠭᠤᠯᠵᠤ᠂  ᠶᠡᠷᠦᠩᠭᠡᠢ ᠡᠳ᠋ ᠬᠦᠷᠦᠩᠬᠡ᠎ᠨᠢ 2.82 ᠳᠦᠮᠡᠨ ᠳ᠋ᠦᠩᠰᠢᠭᠤᠷ ᠳᠦᠭᠦᠷᠢᠭ᠎ᠲᠤ ᠬᠦᠷᠴᠡᠢ᠃

   ᠭᠠᠳᠠᠭ᠋ᠠᠳᠤ ᠪᠡᠯᠡ ᠵᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂  ᠳᠤᠮᠳᠠᠳᠤ ᠤᠯᠤᠰ᠎ᠲᠤ ᠪᠠᠶ᠋ᠢᠭ᠎ᠠ ᠭᠠᠳᠠᠭ᠋ᠠᠳᠤ ᠪᠡᠯᠡ ᠵᠢᠨ ᠪᠠᠶ᠋ᠢᠭᠤᠯᠤᠮᠵᠢ ᠵᠢᠨ ᠳᠤᠮᠳᠠᠳᠤ ᠤᠯᠤᠰ᠎ᠤᠨ ᠮᠥᠩᠭᠦᠨ ᠭᠦᠢ᠍ᠯᠭᠡᠭᠡᠨ᠎ᠤ ᠵᠠᠬ᠎ᠠ ᠳᠡᠯᠭᠡᠭᠦᠷ᠎ᠲᠤ ᠨᠡᠩ ᠪᠦᠬᠦ ᠲᠠᠯ᠎ᠠ᠎ᠪᠠᠷ ᠭᠦᠨᠵᠡᠭᠡᠢ ᠣᠷᠣᠯᠴᠠᠬᠤ ᠵᠢ ᠳᠡᠮᠵᠢᠨ᠎ᠡ᠃  ᠭᠠᠳᠠᠭ᠋ᠠᠳᠤ ᠪᠡᠯᠡ ᠵᠢᠨ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠬᠦᠰᠡᠯ ᠱᠠᠭ᠋ᠠᠷᠳᠠᠯᠭ᠎ᠠ᠎ᠳᠤ ᠬᠠᠷᠢᠭᠤᠯᠲᠠ ᠥᠭᠴᠦ᠂  ᠬᠢᠨᠠᠯᠲᠠ ᠬᠠᠮᠢᠶᠠᠷᠤᠯᠲᠠ ᠵᠢᠨ ᠲᠦᠷᠢᠮ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂  ᠵᠣᠬᠢᠬᠤ ᠬᠡᠮᠵᠢᠶᠡᠨ᠎ᠤ ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠵᠢ ᠰᠦᠪᠡᠭᠴᠢᠯᠡᠨ᠎ᠡ᠃  ᠭᠠᠳᠠᠭ᠋ᠠᠳᠤ ᠪᠡᠯᠡ ᠵᠢᠨ ᠪᠠᠩᠬᠢ ᠵᠢ ᠠᠬᠢᠭᠤᠯᠵᠤ᠂  ᠡᠬᠡ ᠪᠠᠩᠬᠢ᠎ᠯᠦᠭᠡ ᠬᠣᠯᠪᠣᠭᠰᠠᠨ ᠳᠠᠪᠠᠭᠤᠯᠢᠭ ᠵᠶ᠋ᠠᠨ ᠨᠡᠩ ᠰᠠᠢ᠍ᠨ ᠪᠠᠳᠠᠷᠠᠭᠤᠯᠵᠤ᠂  ᠪᠣᠳᠠᠲᠤ ᠴᠣᠭᠴᠠ ᠵᠢᠨ ᠠᠵᠤ ᠠᠬᠤᠢ᠎ᠳᠤ ᠦᠢ᠍ᠯᠡᠴᠢᠯᠡᠬᠦ ᠴᠢᠳᠠᠪᠤᠷᠢ᠎ᠪᠠᠨ ᠴᠢᠩᠭ᠋ᠠᠳᠬᠠᠨ᠎ᠠ᠃  ᠨᠥᠬᠥᠴᠡᠯ᠎ᠳᠤ ᠨᠡᠶ᠋ᠢᠴᠡᠬᠦ ᠭᠠᠳᠠᠭ᠋ᠠᠳᠤ ᠪᠡᠯᠡ ᠵᠢᠨ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠮᠥᠩᠭᠥᠨ ᠭᠦᠢ᠍ᠯᠭᠡᠭᠡᠨ᠎ᠤ ᠲᠤᠬᠠᠶ᠋ᠢᠯᠠᠭᠰᠠᠨ ᠠᠵᠢᠯ᠎ᠤᠨ ᠲᠤᠷᠰᠢᠯᠲᠠ᠎ᠳᠤ ᠣᠷᠣᠯᠴᠠᠬᠤ ᠵᠢ ᠳᠡᠮᠵᠢᠨ᠎ᠡ᠃

   ᠠᠷᠠᠳ᠎ᠤᠨ ᠵᠣᠭᠣᠰ᠎ᠢ ᠳᠡᠯᠡᠬᠡᠢ᠌ᠴᠢᠯᠡᠬᠦ ᠶᠠᠪᠤᠳᠠᠯ ᠯᠠᠪᠳᠠᠭᠤᠨ ᠪᠠᠲᠤᠲᠠᠢ ᠶᠠᠪᠤᠭᠳᠠᠵᠤ ᠪᠠᠢ᠌ᠨ᠎ᠠ᠃  ᠳᠣᠮᠲᠠᠲᠤ ᠤᠯᠤᠰ᠎ᠤᠨ ᠠᠷᠠᠣᠠ᠎ᠤᠨ ᠪᠠᠩᠭᠢ ᠵᠢᠨ ᠬᠣᠯᠪᠤᠬᠲᠠᠯ ᠪᠤᠢ᠍ᠭᠦᠢ ᠰᠠᠯᠠᠭ᠎ᠠ ᠮᠣᠢ᠍ᠴᠢᠷ᠎ᠤᠨ ᠬᠠᠷᠢᠭᠣᠴᠠᠯᠭ᠋ᠠᠲᠠᠨ ᠬᠡᠯᠠᠭᠦ᠎ᠳᠤ᠎ᠪᠠᠨ᠂  ᠠᠷᠠᠣᠠ᠎ᠤᠨ ᠵᠣᠭᠣᠰ᠎ᠢ ᠲᠠᠯᠠᠭᠡᠢ᠍ᠢ᠍ᠴᠢᠯᠠᠭᠦ ᠰᠠᠭᠣᠷᠢ ᠳᠣᠢ᠍ᠭᠦᠭᠡᠷᠣᠮᠵᠢ ᠵᠢ ᠲᠠᠭᠦᠯᠲᠠᠷᠵᠢᠭᠦᠯᠣᠠ᠂  ᠢᠯᠭ᠋ᠠᠷᠠᠭᠤᠯᠤᠨ ᠪᠤᠲᠤᠬᠤ ᠪᠠᠩᠭᠢ ᠵᠢᠨ ᠳᠣᠬᠠᠢ ᠳᠣᠢ᠍ᠷᠤ ᠵᠢᠨ ᠪᠤᠲᠣᠯᠭ᠎ᠠ ᠵᠢᠨ ᠲᠠᠮᠵᠢᠯᠭᠡ ᠪᠠ ᠳᠣᠰᠢᠶᠠᠯ ᠵᠶ᠋ᠠᠨ ᠭᠦᠢ᠍ᠴᠡᠳᠭᠡᠬᠦ ᠬᠠᠮᠢᠶᠠᠷᠣᠯᠲᠠ ᠵᠢ ᠴᠢᠩᠭ᠋ᠠᠳᠬᠠᠵᠦ᠂  ᠠᠷᠠᠣᠠ᠎ᠤᠨ ᠵᠣᠭᠣᠰ᠎ᠢ ᠢᠯᠭ᠋ᠠᠷᠠᠭᠤᠯᠤᠨ ᠪᠤᠲᠤᠬᠤ ᠪᠠᠩᠭᠢ ᠵᠢᠨ ᠪᠠᠢ᠍ᠢ᠍ᠷᠢᠯᠠᠭᠣᠯᠣᠯᠲᠠ ᠵᠢ ᠰᠢᠯᠢᠳᠡᠭᠵᠢᠭᠦᠯᠦᠨ᠎ᠡ ᠬᠡᠵᠠᠢ᠃  ᠣᠳᠣ ᠪᠣᠯᠲᠠᠯ᠎ᠠ᠂ 32 ᠤᠯᠤᠰ ᠪᠣᠯᠣᠨ ᠭᠠᠵᠠᠷ ᠣᠷᠣᠨ᠎ᠳᠤ ᠠᠷᠠᠳ᠎ᠤᠨ ᠵᠣᠭᠣᠰ᠎ᠢ ᠢᠯᠭ᠋ᠠᠷᠠᠭᠤᠯᠤᠨ ᠪᠣᠳᠣᠬᠤ ᠪᠠᠩᠬᠢ᠂  ᠪᠥᠮᠪᠥᠷᠴᠡᠭ᠎ᠤᠨ ᠭᠣᠣᠯ ᠮᠥᠩᠭᠥᠨ ᠭᠦᠢ᠍ᠯᠭᠡᠭᠡᠨ᠎ᠤ ᠲᠥᠪ᠎ᠢ ᠬᠠᠮᠤᠷᠴᠠᠶ᠃

   ᠡᠭᠦᠨ᠎ᠠᠴᠠ ᠭᠠᠳᠠᠨ᠎ᠠ᠂  ᠠᠷᠠᠯᠵᠢᠶᠠᠨ᠎ᠤ ᠪᠠᠯᠠ ᠣᠷᠣᠭᠤᠯᠤᠯᠲᠠ ᠵᠢ ᠳᠥᠭᠦᠮᠴᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂  ᠳᠤᠮᠳᠠᠳᠤ ᠤᠯᠤᠰ᠎ᠤᠨ ᠠᠷᠠᠳ᠎ᠤᠨ ᠪᠠᠩᠬᠢ ᠣᠯᠠᠨ ᠵᠦᠢ᠍ᠯ᠎ᠤᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠨᠡᠶ᠋ᠢᠲᠡᠯᠡᠵᠦ᠂  ᠪᠠᠢ᠌ᠩᠭᠤ ᠵᠢᠨ ᠵᠦᠢ᠍ᠯᠡᠰ ᠢᠯᠠᠩᠭᠤᠶ᠎ᠠ ᠪᠠᠷᠠᠭ᠋ᠠᠨ᠎ᠤ ᠠᠷᠠᠯᠵᠢᠶ᠎ᠠ ᠵᠢᠨ ᠠᠷᠠᠳ᠎ᠤᠨ ᠵᠣᠭᠤᠰ᠎ᠤᠨ ᠬᠢᠯᠢ ᠠᠯᠤᠰᠯᠠᠭᠰᠠᠨ ᠤᠷᠤᠯᠭ᠎ᠠ ᠵᠠᠷᠤᠯᠭ᠎ᠠ ᠵᠢᠨ ᠵᠤᠭᠤᠰ᠎ᠤᠨ ᠲᠤᠭ᠎ᠠ ᠨᠡᠯᠢᠶᠡᠳ ᠲᠦᠷᠭᠡᠨ ᠨᠡᠮᠡᠭᠳᠡᠪᠡ᠃  ᠡᠨᠡ ᠵᠢᠯ᠎ᠤᠨ 1 — 10 ᠳ᠋ᠤᠭ᠋ᠠᠷ ᠰᠠᠷ᠎ᠠ᠎ᠳᠤ᠂  ᠪᠠᠷᠠᠭ᠋ᠠᠨ᠎ᠤ ᠠᠷᠠᠯᠵᠢᠶᠠᠨ᠎ᠤ ᠠᠷᠠᠳ᠎ᠤᠨ ᠵᠣᠭᠤᠰ᠎ᠤᠨ ᠬᠢᠯᠢ ᠠᠯᠤᠰᠯᠠᠭᠰᠠᠨ ᠬᠤᠷᠢᠶᠠᠨ ᠥᠭᠭᠦᠭᠰᠡᠨ ᠵᠣᠭᠤᠰ᠎ᠤᠨ ᠲᠤᠭ᠎ᠠ 9.9 ᠲᠦᠮᠡᠨ ᠳ᠋ᠦᠩᠰᠢᠭᠤᠷ ᠲᠥᠭᠦᠷᠢᠭ᠎ᠲᠤ ᠬᠦᠷᠴᠦ᠂  ᠠᠳᠠᠯᠢ ᠬᠤᠭᠤᠴᠠᠭ᠋ᠠᠨ᠎ᠤ᠎ᠬᠢ᠎ᠠᠴᠠ 15%᠎ᠪᠠᠷ ᠨᠡᠮᠡᠭᠳᠡᠨ᠂  ᠠᠳᠠᠯᠢ ᠬᠤᠭᠤᠴᠠᠭ᠋ᠠᠨ᠎ᠤ ᠪᠠᠷᠠᠭ᠋ᠠᠨ᠎ᠤ ᠠᠷᠠᠯᠵᠢᠶᠠᠨ᠎ᠤ ᠭᠠᠳᠠᠭ᠋ᠠᠳᠤ ᠵᠢᠨ ᠵᠣᠭᠤᠰ᠎ᠤᠨ ᠬᠢᠯᠢ ᠠᠯᠤᠰᠯᠠᠭᠰᠠᠨ ᠬᠤᠷᠢᠶᠠᠨ ᠥᠭᠭᠦᠭᠰᠡᠨ ᠵᠣᠭᠤᠰ᠎ᠤᠨ ᠲᠤᠭ᠎ᠠ ᠵᠢᠨ 26.6%᠎ᠳᠤ ᠬᠦᠷᠴᠦ᠂  ᠠᠳᠠᠯᠢ ᠬᠤᠭᠤᠴᠠᠭ᠋ᠠᠨ᠎ᠤ᠎ᠬᠢ᠎ᠠᠴᠠ 2.1 ᠵᠠᠭᠤᠨ᠎ᠤ ᠴᠡᠭ ᠳᠡᠭᠡᠭᠰᠢᠯᠡᠵᠡᠢ᠃

  《ᠠᠷᠠᠳ᠎ᠤᠨ ᠵᠣᠭᠣᠰ᠎ᠤᠨ ᠳᠡᠯᠡᠬᠡᠢ᠌ᠴᠢᠯᠡᠯᠲᠡ ᠵᠢᠨ ᠴᠢᠨᠠᠷ ᠴᠢᠨᠰᠠᠭ᠎ᠠ ᠪᠠ ᠬᠢᠷᠢ ᠲᠦᠪᠰᠢᠨ᠎ᠢ ᠳᠡᠭᠡᠭᠰᠢᠯᠡᠭᠦᠯᠬᠦ ᠵᠢ ᠨᠡᠩ ᠢᠯᠡᠭᠦᠦ ᠴᠢᠬᠤᠯᠠᠴᠢᠯᠠᠵᠤ᠂  ᠠᠷᠠᠳ᠎ᠤᠨ ᠵᠣᠭᠤᠰ᠎ᠤᠨ ᠬᠢᠯᠢ ᠠᠯᠤᠰᠯᠠᠨ ᠬᠡᠷᠡᠭᠯᠡᠬᠦ ᠰᠠᠭᠤᠷᠢ ᠴᠢᠨᠠᠷᠲᠠᠶ ᠲᠦᠷᠢᠮ᠎ᠤᠨ ᠲᠣᠬᠢᠷᠠᠭᠤᠯᠤᠯᠲᠠ ᠪᠠ ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂  ᠡᠯ᠎ᠡ ᠲᠥᠷᠥᠯ᠎ᠤᠨ ᠭᠤᠤᠯ ᠴᠣᠭᠴᠠ ᠵᠢᠨ ᠠᠷᠠᠳ᠎ᠤᠨ ᠵᠣᠭᠤᠰ᠎ᠤᠨ ᠠᠷᠠᠯᠵᠢᠶᠠᠨ᠎ᠤ ᠳ᠋ᠦᠩᠨᠡᠨ ᠪᠤᠳᠤᠬᠤ᠂  ᠪᠠᠯᠠ ᠣᠷᠣᠭᠤᠯᠵᠤ ᠪᠠᠯᠠ ᠲᠣᠬᠢᠷᠠᠭᠤᠯᠬᠤ᠂  ᠲᠦᠭᠰᠢᠭᠦᠷᠢ ᠵᠢᠨ ᠬᠠᠮᠢᠶᠠᠷᠤᠯᠲᠠ ᠵᠡᠷᠭᠡ ᠬᠡᠷᠡᠭᠴᠡᠭᠡ ᠱᠠᠭ᠋ᠠᠷᠳᠠᠯᠭ᠎ᠠ ᠵᠢ ᠨᠠᠩ ᠰᠠᠶ᠋ᠢᠲᠤᠷ ᠬᠠᠩᠭ᠋ᠠᠨ᠎ᠠ》᠃  ᠳᠤᠮᠳᠠᠳᠤ ᠤᠯᠤᠰ᠎ᠤᠨ ᠠᠷᠠᠳ᠎ᠤᠨ ᠪᠠᠩᠭᠢ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠬᠡᠯᠡᠪᠡ᠃

   ᠨᠡᠭᠡᠭᠡᠯᠲᠡᠲᠦ ᠨᠥᠬᠦᠴᠡᠯ ᠳᠣᠣᠷᠠᠬᠢ ᠮᠥᠩᠭᠦᠨ ᠭᠦᠢ᠍ᠯᠭᠡᠭᠡᠨ᠎ᠤ ᠠᠮᠤᠷ ᠲᠦᠪᠰᠢᠨ᠎ᠤ ᠲᠣᠭᠲᠠᠴᠠ ᠵᠢ ᠴᠢᠩᠭ᠋ᠠᠳᠬᠠᠵᠤ᠂  ᠮᠥᠩᠭᠦᠨ ᠭᠦᠢ᠍ᠯᠭᠡᠭᠡᠨ᠎ᠤ ᠨᠡᠭᠡᠭᠡᠯᠲᠡ ᠪᠠ ᠠᠮᠤᠷ ᠲᠦᠪᠰᠢᠨ᠎ᠢ ᠨᠡᠩ ᠰᠠᠶ᠋ᠢᠲᠤᠷ ᠨᠢᠭᠡᠳᠦᠯᠲᠡᠢ ᠲᠥᠯᠥᠪᠵᠢᠭᠦᠯᠦᠨ᠎ᠡ᠃  ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠯᠲᠠ ᠵᠢ ᠢᠳᠡᠪᠬᠢᠲᠡᠶ ᠠᠬᠢᠭᠤᠯᠬᠤ ᠪᠠ ᠬᠠᠮᠠᠭ᠋ᠠᠯᠠᠬᠤ ᠵᠢᠨ ᠬᠠᠮᠲᠤ᠂  ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠨᠡᠭᠡᠭᠡᠯᠲᠡ ᠬᠢᠵᠦ ᠬᠢᠨᠠᠨ ᠬᠠᠮᠢᠶᠠᠷᠬᠤ ᠴᠢᠳᠠᠪᠤᠷᠢ᠎ᠪᠠᠨ ᠬᠦᠴᠦᠯᠡᠨ ᠳᠡᠭᠡᠭᠰᠢᠯᠡᠭᠦᠯᠵᠦ᠂  ᠬᠢᠯᠢ ᠠᠯᠤᠰᠯᠠᠭᠰᠠᠨ ᠲᠦᠭᠰᠢᠭᠦᠷᠢ ᠵᠢ ᠬᠢᠨᠠᠨ ᠬᠡᠮᠵᠢᠬᠦ ᠪᠠ ᠵᠠᠳᠠᠯᠤᠨ ᠰᠢᠨᠵᠢᠯᠡᠵᠦ ᠤᠷᠢᠳᠴᠢᠯᠠᠨ ᠮᠠᠭ᠋ᠠᠳᠯᠠᠬᠤ ᠵᠢ ᠴᠢᠩᠭ᠋ᠠᠳᠬᠠᠵᠤ᠂  ᠲᠦᠭᠰᠢᠭᠦᠷᠢ ᠵᠢ ᠬᠢᠯᠢ ᠠᠯᠤᠰᠯᠠᠨ ᠳᠠᠮᠵᠢᠭᠤᠯᠬᠤ ᠵᠢ ᠨᠢᠭᠲᠠ ᠰᠡᠷᠭᠡᠶ᠋ᠢᠯᠡᠵᠦ᠂  ᠳᠤᠮᠳᠠᠳᠤ ᠤᠯᠤᠰ᠎ᠲᠤ ᠪᠠᠶ᠋ᠢᠭ᠎ᠠ ᠭᠠᠳᠠᠭ᠋ᠠᠳᠤ ᠪᠡᠯᠡ ᠵᠢᠨ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠲᠦᠭᠰᠢᠭᠦᠷᠢ ᠵᠢ ᠠᠷᠭ᠋ᠠᠴᠠᠭ᠋ᠠᠬᠤ ᠪᠡᠯᠡᠳᠬᠡᠯ ᠲᠥᠰᠦᠯ᠎ᠢ ᠲᠣᠭᠲᠠᠭ᠋ᠠᠵᠤ᠂  ᠠᠵᠤ ᠠᠬᠤᠶ ᠮᠥᠩᠭᠦᠨ ᠭᠦᠢ᠍ᠯᠭᠡᠭᠡᠨ᠎ᠤ ᠠᠮᠤᠷ ᠲᠦᠪᠰᠢᠨ᠎ᠢ ᠬᠠᠮᠠᠭ᠋ᠠᠯᠠᠨ᠎ᠠ; ᠳᠤᠮᠳᠠᠳᠤ ᠤᠯᠤᠰ᠎ᠤᠨ ᠪᠡᠯᠡ ᠵᠢᠨ ᠪᠠᠩᠬᠢ ᠵᠢᠨ ᠳᠠᠭ᠋ᠠᠳᠬᠠᠯ᠎ᠤᠨ ᠪᠠᠶ᠋ᠢᠭᠤᠯᠤᠮᠵᠢ ᠵᠢ ᠦᠷᠭᠦᠯᠵᠢᠯᠡᠨ ᠬᠥᠲᠥᠯᠥᠨ ᠵᠢᠯᠣᠭᠤᠳᠴᠤ ᠪᠠᠶ᠋ᠢᠭ᠋ᠠᠳ ᠭᠠᠳᠠᠭ᠋ᠠᠳᠤ᠎ᠳᠤ ᠪᠠᠶ᠋ᠢᠷᠢᠰᠢᠭᠤᠯᠤᠯᠲᠠ ᠬᠢᠯᠭᠡᠵᠦ᠂  ᠮᠥᠩᠭᠦᠨ ᠭᠦᠢ᠍ᠯᠭᠡᠭᠡᠨ᠎ᠤ ᠨᠡᠷᠡᠳᠬᠦᠨ᠎ᠢ ᠪᠠᠶᠠᠯᠢᠭᠵᠢᠭᠤᠯᠵᠤ᠂  ᠲᠣᠭᠲᠠᠭ᠋ᠠᠯ᠎ᠳᠤ ᠨᠡᠶ᠋ᠢᠴᠡᠭᠦᠯᠦᠨ ᠡᠵᠡᠩᠨᠡᠬᠦ ᠪᠠ ᠲᠦᠭᠰᠢᠭᠦᠷᠢ ᠵᠢᠨ ᠬᠠᠮᠢᠶᠠᠷᠤᠯᠲᠠ ᠵᠢ ᠴᠢᠩᠭ᠋ᠠᠷᠠᠭᠤᠯᠵᠤ᠂  ᠲᠦᠭᠰᠢᠭᠦᠷᠢ ᠵᠢᠨ ᠬᠤᠷᠢᠭ᠎ᠠ ᠱᠤᠭᠤᠮ᠎ᠢ ᠪᠠᠲᠤ ᠰᠠᠬᠢᠨ᠎ᠠ᠃

   ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠬᠡᠯᠡᠬᠦ᠎ᠳᠡᠭᠡᠨ᠂  ᠨᠡᠭᠡᠭᠡᠯᠲᠡ᠎ᠲᠠᠢ ᠨᠥᠬᠦᠴᠡᠯ ᠳᠣᠣᠷᠠᠬᠢ ᠮᠥᠩᠭᠦᠨ ᠭᠦᠢ᠍ᠯᠭᠡᠭᠡᠨ᠎ᠤ ᠠᠮᠤᠷ ᠲᠦᠪᠰᠢᠨ᠎ᠤ ᠲᠣᠭᠲᠠᠴᠠ ᠵᠢ ᠴᠢᠩᠭ᠋ᠠᠳᠬᠠᠵᠤ᠂  ᠤᠯᠠᠨ ᠤᠯᠤᠰ᠎ᠤᠨ ᠮᠥᠩᠭᠦᠨ ᠭᠦᠢ᠍ᠯᠭᠡᠭᠡᠨ᠎ᠤ ᠵᠣᠬᠢᠶᠠᠨ ᠪᠠᠶ᠋ᠢᠭᠤᠯᠤᠯᠲᠠ᠂  ᠭᠤᠣᠯ ᠪᠣᠯᠬᠤ ᠠᠵᠤ ᠠᠬᠤᠢ ᠵᠢᠨ ᠴᠣᠭᠴᠠ ᠵᠢᠨ ᠲᠥᠪ ᠪᠠᠩᠬᠢ᠎ᠯᠤᠭ᠎ᠠ ᠵᠢᠨ ᠤᠯᠤᠯᠴᠠᠭ᠎ᠠ ᠬᠠᠮᠲᠤᠷᠠᠯᠴᠠᠭ᠎ᠠ᠎ᠪᠠᠨ ᠦᠷᠭᠦᠯᠵᠢᠯᠡᠨ ᠴᠢᠩᠭ᠋ᠠᠳᠬᠠᠵᠤ᠂  ᠤᠯᠠᠨ ᠤᠯᠤᠰ᠎ᠤᠨ ᠮᠥᠩᠭᠦᠨ ᠭᠦᠢ᠍ᠯᠭᠡᠭᠡᠨ᠎ᠤ ᠵᠠᠰᠠᠯᠲᠠ᠎ᠳᠤ ᠢᠳᠡᠪᠬᠢᠲᠡᠢ ᠣᠷᠣᠯᠴᠠᠵᠤ᠂  ᠤᠯᠠᠨ ᠤᠯᠤᠰ᠎ᠤᠨ ᠬᠠᠮᠲᠤᠷᠠᠯᠴᠠᠭ᠎ᠠ ᠵᠢ ᠥᠷᠭᠡᠳᠬᠡᠬᠦ ᠳᠤᠮᠳᠠ ᠨᠡᠬᠡᠬᠡᠯᠳᠡ ᠬᠢᠬᠦ ᠴᠢᠳᠠᠪᠤᠷᠢ᠎ᠪᠠᠨ ᠳᠡᠭᠡᠭᠰᠢᠯᠡᠭᠦᠯᠵᠦ᠂  ᠮᠥᠩᠭᠦᠨ ᠭᠦᠢ᠍ᠯᠭᠡᠭᠡᠨ᠎ᠤ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠷᠬᠡᠭ ᠶᠡᠭᠡ ᠲᠦᠯᠬᠢᠴᠡ ᠬᠦᠴᠦᠨ ᠪᠠ ᠴᠢᠬᠤᠯᠠ ᠪᠠᠲᠤᠯᠠᠭ᠎ᠠ ᠬᠠᠩᠭ᠋ᠠᠨ᠎ᠠ᠃

 

ᠢᠷᠡᠯᠲᠡ᠄ ᠠᠷᠠᠳ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠠᠷᠠᠳ᠎ᠤᠨ ᠡᠳᠦᠷ᠎ᠤᠨ ᠰᠣᠨᠢᠨ᠄ ᠡᠨᠡ ᠵᠢᠯ ᠬᠣᠲᠠ ᠵᠢᠨ ᠳᠣᠲᠤᠷᠠᠬᠢ ᠲᠣᠰᠬᠤᠨ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶ᠋ᠢᠰᠢᠩ᠎ᠢ ᠦᠭᠡᠷᠡᠴᠢᠯᠡᠨ ᠰᠢᠨᠡᠳᠭᠡᠬᠦ (ᠠᠵᠤ ᠠᠬᠤᠢ ᠵᠢᠨ ᠰᠢᠨ᠎ᠡ ᠣᠷᠣᠨ ᠪᠠᠶ᠋ᠢᠷᠢ) ᠵᠢ ᠬᠦᠴᠦᠯᠡᠨ ᠬᠡᠷᠡᠭᠵᠢᠭᠦᠯᠵᠦ 100 ᠲᠦᠮᠡᠨ ᠢᠵᠢ ᠵᠢ ᠰᠢᠨ᠎ᠡ᠎ᠪᠠᠷ ᠨᠡᠮᠡᠭᠳᠡᠭᠦᠯᠦᠭᠰᠡᠨ ᠰᠠᠭᠤᠷᠢᠨ ᠳᠡᠭᠡᠷ᠎ᠡ ᠬᠡᠪᠴᠢᠶ᠎ᠡ ᠵᠢ ᠦᠷᠭᠦᠯᠵᠢᠯᠡᠨ ᠦᠷᠭᠡᠳᠭᠡᠨ᠎ᠡ
ᠠᠷᠠᠳ᠎ᠤᠨ ᠡᠳᠦᠷ᠎ᠤᠨ ᠰᠣᠨᠢᠨ᠄ ᠠᠵᠤ ᠠᠬᠤᠢ ᠵᠢᠨ ᠤᠬᠠᠭ᠋ᠠᠨᠲᠠᠨ 2024 ᠳᠤᠮᠳᠠᠳᠤ ᠤᠯᠤᠰ᠎ᠤᠨ ᠠᠵᠤ ᠠᠬᠤᠢ ᠵᠢᠨ ᠬᠠᠯᠠᠮᠰᠢᠯ ᠦᠭᠡ ᠵᠢᠨ ᠲᠤᠬᠠᠢ ᠶᠠᠷᠢᠯᠴᠠᠪᠠ
ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠭᠠᠳᠠᠭ᠋ᠠᠳᠤ ᠠᠷᠠᠯᠵᠢᠶᠠᠨ᠎ᠤ ᠨᠡᠮᠡᠭᠳᠡᠯ᠎ᠢ ᠲᠣᠭᠲᠠᠪᠤᠷᠢᠵᠢᠭᠤᠯᠬᠤ᠎ᠳᠤ ᠬᠦᠴᠦᠨ ᠨᠡᠮᠡᠷᠢᠯᠡᠪᠡ  (   ᠴᠢᠨᠠᠷ ᠰᠠᠶ᠋ᠢᠲᠠᠢ ᠬᠥᠭᠵᠢᠯᠲᠡ ᠵᠢᠨ ᠬᠢᠯᠠᠰ ᠴᠡᠭ᠎ᠢ ᠦᠵᠡᠬᠦ · ᠨᠢᠭᠡᠳᠦᠭᠡᠷ ᠹᠷᠤᠨᠲ ᠵᠶ᠋ᠠᠷ ᠶᠠᠪᠤᠬᠤ)
ᠡᠨᠡ ᠬᠦ᠌ ᠬᠢᠷᠢ ᠪᠦᠲᠦᠮᠵᠢ ᠵᠢᠨ ᠬᠠᠭᠤᠳᠠᠰᠤ ᠵᠢ ᠪᠣᠯ ᠬᠢᠯᠪᠠᠷ ᠪᠤᠰᠤ᠎ᠪᠠᠷ ᠣᠯᠣᠭᠰᠠᠨ ᠶᠤᠮ (ᠥᠨᠥᠳᠥᠷ᠎ᠤᠨ ᠶᠠᠷᠢᠯᠴᠠᠭ᠎ᠠ)
ᠥᠪᠥᠷ ᠮᠣᠩᠭᠤᠯ᠎ᠤᠨ 《ᠳᠥᠷᠪᠡᠨ ᠬᠥᠨᠳᠡᠯᠡᠨ ᠠᠷᠪᠠᠨ ᠬᠤᠶᠠᠷ ᠭᠤᠯᠳᠤ》 ᠶᠡᠷᠦᠩᠬᠡᠶ᠋ᠢᠯᠡᠭᠰᠡᠨ ᠵᠠᠮ ᠬᠠᠷᠢᠯᠴᠠᠭ᠋ᠠᠨ᠎ᠤ ᠭᠤᠤᠯ ᠨᠢᠷᠤᠭᠤᠪᠴᠢ ᠵᠢ ᠪᠠᠢ᠌ᠭᠤᠯᠵᠤ ᠳᠠᠭᠤᠰᠬᠠᠭᠰᠠᠨ ᠨᠣᠷᠮ᠎ᠠ᠎ᠨᠢ 84.3%᠎ᠳᠤ ᠬᠥᠷᠪᠡ
 
            