ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠠᠷᠠᠳ᠎ᠤᠨ ᠡᠳᠦᠷ᠎ᠤᠨ ᠰᠣᠨᠢᠨ᠄ ᠠᠵᠤ ᠠᠬᠤᠢ ᠵᠢᠨ ᠤᠬᠠᠭ᠋ᠠᠨᠲᠠᠨ 2024 ᠳᠤᠮᠳᠠᠳᠤ ᠤᠯᠤᠰ᠎ᠤᠨ ᠠᠵᠤ ᠠᠬᠤᠢ ᠵᠢᠨ ᠬᠠᠯᠠᠮᠰᠢᠯ ᠦᠭᠡ ᠵᠢᠨ ᠲᠤᠬᠠᠢ ᠶᠠᠷᠢᠯᠴᠠᠪᠠ
ᠨᠡᠶ᠋ᠢᠲᠡᠯᠡᠭᠰᠡᠨ ᠴᠠᠭ᠄ 2025-01-03

  2024 ᠣᠨ᠎ᠳᠤ᠂  ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠪᠠᠶ᠋ᠢᠳᠠᠯ᠎ᠠᠴᠠ ᠪᠣᠯᠤᠭᠰᠠᠨ ᠥᠷᠢᠰᠥᠯᠳᠦᠭᠡᠨ᠎ᠤ ᠡᠮᠦᠨ᠎ᠡ᠂  ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ᠂  ᠯᠠᠪᠳᠠᠭᠤᠨ ᠵᠶ᠋ᠠᠷ ᠬᠤᠪᠢᠷᠠᠯᠲᠠ ᠵᠢ ᠠᠷᠭ᠋ᠠᠴᠠᠭ᠋ᠠᠵᠤ᠂  ᠶᠡᠷᠦᠩᠬᠡᠶ᠋ᠢᠯᠡᠨ ᠠᠷᠭ᠎ᠠ ᠪᠤᠳᠤᠯᠭ᠎ᠠ ᠬᠡᠷᠡᠭᠵᠢᠭᠦᠯᠵᠦ᠂  ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠭᠤᠣᠯ ᠬᠠᠷᠠᠯᠲᠠ ᠡᠭᠦᠷᠭᠡ ᠵᠢ ᠤᠷᠤᠭᠰᠢᠲᠠᠢ ᠪᠡᠶᠡᠯᠡᠭᠦᠯᠵᠦ᠂  ᠴᠢᠨᠠᠷ ᠰᠠᠶ᠋ᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠵᠤ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠠᠲᠤ ᠰᠢᠨ᠎ᠡ ᠠᠯᠬᠤᠮ᠎ᠢ ᠠᠯᠬᠤᠪᠠ᠃  ᠡᠨᠡ ᠬᠦ᠌ ᠠᠮᠵᠢᠯᠲᠠ ᠪᠦᠲᠦᠮᠵᠢ ᠵᠢ ᠲᠡᠢ᠌ᠮᠦ ᠬᠢᠯᠪᠠᠷᠬᠠᠨ ᠵᠶ᠋ᠠᠷ ᠣᠯᠤᠭᠰᠠᠨ ᠪᠢᠰᠢ᠂  ᠲᠦᠢ᠍ᠯ᠎ᠤᠨ ᠶᠡᠬᠡ ᠬᠤᠪᠢ ᠵᠢᠨ ᠵᠢᠩ᠎ᠲᠠᠢ᠂  ᠲᠦᠢ᠍ᠯ᠎ᠤᠨ ᠶᠡᠷᠦ ᠪᠤᠰᠤ ᠵᠢᠨ ᠶᠤᠮ᠃  ᠡᠨᠡ ᠨᠢᠭᠡ ᠵᠢᠯ᠎ᠤᠨ ᠠᠵᠤ ᠠᠬᠤᠢ ᠵᠢᠨ ᠬᠠᠯᠠᠮᠰᠢᠯ ᠦᠭᠡᠰ᠎ᠢ ᠪᠦᠷᠢᠳᠬᠡᠪᠡᠯ᠂  ᠮᠠᠰᠢ ᠤᠯᠠᠨ ᠥᠨᠳᠥᠷ ᠳᠠᠪᠲᠠᠮᠵᠢᠲᠤ ᠦᠭᠡᠰ ᠬᠥᠮᠥᠰ᠎ᠤᠨ ᠲᠠᠷᠢᠬᠢᠨ᠎ᠳᠤ ᠣᠷᠣᠳᠠᠭ᠃  ᠲᠡᠳᠡ ᠪᠣᠯ ᠮᠠᠨ᠎ᠤ ᠤᠯᠤᠰ᠎ᠤᠨ ᠬᠥᠭᠵᠢᠯᠲᠡ ᠵᠢᠨ ᠨᠤᠭᠤᠷᠠᠯ ᠪᠦᠳᠦᠷᠢᠯ ᠪᠠ ᠵᠢᠷᠤᠭᠯᠠᠯ ᠪᠣᠯᠬᠤ ᠪᠥᠭᠡᠳ ᠪᠠᠰᠠ ᠢᠷᠡᠭᠡᠳᠦᠢ ᠵᠢᠨ ᠬᠥᠭᠵᠢᠯᠲᠡ ᠵᠢᠨ ᠴᠢᠭᠯᠡᠯ᠎ᠢ ᠲᠥᠯᠥᠭᠡᠯᠡᠵᠦ ᠪᠠᠶ᠋ᠢᠳᠠᠭ᠃  ᠪᠢᠳᠡ ᠨᠢᠭᠡ ᠪᠦᠯᠦᠭ ᠬᠠᠯᠠᠮᠰᠢᠯ ᠦᠭᠡᠰ᠎ᠢ ᠰᠣᠩᠭᠣᠵᠤ᠂  ᠲᠤᠰᠬᠠᠢ ᠮᠡᠷᠭᠡᠵᠢᠯᠲᠡᠨ ᠡᠷᠳᠡᠮᠲᠡᠨ᠎ᠢ ᠤᠷᠢᠵᠤ ᠲᠥᠷᠥᠭᠳᠡᠯ᠎ᠢ᠎ᠨᠢ ᠶᠠᠷᠢᠭᠤᠯᠵᠤ᠂  ᠰᠡᠳᠬᠢᠨ ᠪᠤᠳᠤᠯᠬᠢᠯᠠᠵᠤ ᠪᠠᠢ᠌ᠭ᠎ᠠ ᠵᠢ᠎ᠨᠢ ᠶᠠᠷᠢᠭᠤᠯᠵᠤ᠂ ᠢᠷᠡᠭᠡᠳᠦᠢ ᠵᠢᠨ ᠲᠤᠬᠠᠢ ᠶᠠᠷᠢᠭᠤᠯᠵᠤ᠂  ᠤᠩᠰᠢᠭᠴᠢᠳ᠎ᠲᠤ ᠲᠡᠭᠦᠨ᠎ᠤ ᠳᠣᠲᠣᠷᠠᠬᠢ ᠰᠠᠢ᠌ᠨ ᠰᠠᠢ᠌ᠬᠠᠨ ᠪᠠ ᠦᠨ᠎ᠡ ᠥᠷᠲᠡᠭ᠎ᠢ ᠡᠳ᠋ᠯᠡᠭᠦᠯᠦᠨ᠎ᠡ᠃

  — ᠨᠠᠢ᠌ᠷᠠᠭᠤᠯᠤᠭᠴᠢ᠎ᠠᠴᠠ

   ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠨᠢ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠪᠥᠬᠥ ᠡᠯᠸᠮᠸᠨ᠋ᠲ ᠵᠶ᠋ᠠᠷ ᠳᠠᠮᠵᠢᠨ ᠣᠢ᠌ᠯᠠᠭ᠋ᠠᠨ᠎ᠠ

   ᠪᠡᠭᠡᠵᠢᠩ ᠶᠡᠭᠡ ᠰᠤᠷᠭ᠋ᠠᠭᠤᠯᠢ ᠵᠢᠨ ᠭᠤᠸᠠᠩ ᠬᠤᠸᠠ ᠬᠠᠮᠢᠶᠠᠷᠤᠯᠲᠠ ᠵᠢᠨ ᠳᠡᠭᠡᠳᠦ ᠰᠤᠷᠭ᠋ᠠᠭᠤᠯᠢ ᠵᠢᠨ ᠵᠠᠬᠢᠷᠤᠯ   ᠯᠢᠦ ᠴᠢᠶᠣᠤ

  2023 ᠣᠨ᠎ᠳᠤ ᠣᠷᠣᠨ ᠨᠤᠲᠤᠭ᠎ᠲᠤ ᠰᠢᠨᠵᠢᠯᠡᠨ ᠪᠠᠶ᠋ᠢᠴᠠᠭ᠋ᠠᠬᠤ ᠬᠤᠭᠤᠴᠠᠭ᠋ᠠᠨ᠎ᠳᠤ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠠᠩᠬ᠎ᠠ ᠤᠳᠠᠭ᠎ᠠ ᠳᠤᠷᠠᠳᠤᠭᠰᠠᠨ᠎ᠠᠴᠠ ᠨᠠᠭ᠋ᠠᠰᠢ᠂  ᠶᠡᠷᠦᠩᠬᠡᠢ ᠱᠦᠵᠢ ᠰᠢ ᠵᠢᠨ ᠫᠢᠩ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠲᠣᠭᠤᠷᠢᠨ᠎ᠳᠤ ᠠᠯᠢ ᠣᠯᠠᠨ ᠴᠢᠬᠤᠯᠠ ᠥᠭᠦᠯᠡᠯᠲᠡ ᠬᠢᠵᠦ᠂  ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠬᠥᠭᠵᠢᠯᠲᠡ᠎ᠳᠤ ᠰᠢᠨᠵᠢᠯᠡᠬᠦ ᠤᠬᠠᠭ᠋ᠠᠨᠴᠢ ᠵᠦᠭᠯᠡᠭᠦᠷ ᠬᠠᠩᠭ᠋ᠠᠪᠠ᠃  ᠨᠢᠭᠡ ᠵᠢᠯ ᠭᠠᠷᠤᠶ ᠵᠢᠨ ᠲᠤᠷᠰᠢ᠂  ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ ᠭᠡᠬᠦ ᠦᠭᠡ ᠨᠢᠭᠡᠨᠲᠡ ᠬᠥᠮᠦᠰ᠎ᠤᠨ ᠰᠡᠳᠬᠢᠯ᠎ᠳᠤ ᠬᠠᠳᠠᠩᠰᠢᠵᠤ᠂  ᠨᠡᠷ᠎ᠡ ᠨᠢᠳᠡᠷ᠎ᠲᠡᠭᠡᠨ ᠨᠡᠢ᠌ᠴᠡᠭᠰᠡᠨ 《ᠬᠠᠯᠠᠮᠰᠢᠯ ᠦᠭᠡ》 ᠪᠣᠯᠤᠭᠰᠠᠨ ᠪᠠᠢ᠌ᠨ᠎ᠠ᠃

   ᠶᠡᠷᠦᠩᠬᠡᠢ ᠱᠦᠵᠢ ᠰᠢ ᠵᠢᠨ ᠫᠢᠩ᠂  ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ 《ᠪᠦᠬᠦ ᠡᠯᠧᠮᠧᠨ᠋ᠲ᠎ᠤᠨ ᠦᠢ᠍ᠯᠡᠳᠪᠦᠷᠢᠯᠡᠯ᠎ᠤᠨ ᠨᠤᠷᠮ᠎ᠠ ᠵᠢ ᠶᠡᠭᠡ᠎ᠪᠠᠷ ᠳᠡᠭᠡᠭᠰᠢᠯᠡᠭᠦᠯᠬᠦ᠎ᠪᠠᠷ ᠭᠤᠣᠯ ᠰᠢᠨᠵᠢ ᠲᠡᠮᠳᠡᠭ ᠪᠣᠯᠭ᠋ᠠᠵᠤ᠂  ᠣᠨᠴᠠᠯᠢᠭ ᠪᠣᠯ ᠰᠢᠨ᠎ᠡ ᠵᠢ ᠡᠭᠦᠳᠬᠦ ᠶᠠᠪᠤᠳᠠᠯ ᠪᠣᠯᠤᠨ᠎ᠠ᠂  ᠵᠠᠩᠭᠢᠯᠠᠭ᠎ᠠ᠎ᠨᠢ ᠶᠠᠰᠤ ᠴᠢᠨᠠᠷ ᠰᠢᠯᠢᠳᠡᠭ᠂  ᠮᠥᠨ ᠴᠢᠨᠠᠷ ᠪᠣᠯ ᠲᠡᠷᠢᠭᠦᠨ᠎ᠤ ᠦᠢ᠍ᠯᠡᠳᠪᠦᠷᠢᠯᠡᠯ᠎ᠤᠨ ᠬᠦᠴᠦᠨ ᠮᠥᠨ》 ᠭᠡᠵᠦ ᠵᠢᠭ᠋ᠠᠵᠤ ᠭᠠᠷᠭ᠋ᠠᠪᠠ᠃  ᠡᠨᠡ᠎ᠨᠢ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠣᠶ᠋ᠢᠯᠠᠭ᠋ᠠᠬᠤ᠎ᠳᠤ ᠨᠢᠭᠡᠨ ᠴᠢᠬᠤᠯᠠ ᠬᠠᠷᠠᠭ᠋ᠠᠰᠤ ᠪᠣᠯ ᠪᠦᠬᠦ ᠡᠯᠧᠮᠧᠨ᠋ᠲ᠎ᠤᠨ ᠦᠢ᠍ᠯᠡᠳᠪᠦᠷᠢᠯᠡᠯ᠎ᠤᠨ ᠨᠤᠷᠮ᠎ᠠ ᠮᠥᠨ ᠭᠡᠳᠡᠭ᠎ᠢ ᠪᠢᠳᠡᠨ᠎ᠳᠤ ᠬᠡᠯᠡᠵᠦ ᠥᠭᠪᠡ᠃  ᠡᠨᠡ ᠬᠦ᠌ ᠨᠡᠷ᠎ᠡ ᠲᠣᠮᠢᠶ᠎ᠠ᠎ᠨᠢ ᠬᠡᠳᠦᠶ᠋ᠢᠪᠡᠷ ᠲᠤᠰᠬᠠᠢ ᠮᠡᠷᠭᠡᠵᠢᠯ ᠪᠣᠯᠪᠠᠴᠤ ᠲᠠᠨᠢᠵᠤ ᠡᠵᠡᠮᠰᠢᠬᠦ ᠴᠢᠬᠤᠯᠠ᠎ᠲᠠᠢ᠂  ᠤᠴᠢᠷ᠎ᠨᠢ ᠲᠡᠷᠡ ᠪᠣᠯ ᠬᠦᠴᠦᠨ ᠵᠦᠢ᠍ᠯ᠎ᠤᠨ ᠣᠷᠣᠭᠤᠯᠤᠯᠲᠠ ᠵᠢ ᠦᠢ᠍ᠯᠡᠳᠪᠦᠷᠢᠯᠡᠬᠦ ᠶᠡᠷᠦᠩᠬᠡᠢ ᠦᠷ᠎ᠡ ᠠᠰᠢᠭ ᠪᠣᠯᠭ᠋ᠠᠨ ᠬᠤᠪᠢᠷᠠᠭᠤᠯᠵᠤ᠂  ᠠᠵᠤ ᠠᠬᠤᠢ ᠵᠢᠨ ᠠᠭᠤᠯᠤᠭᠳᠠᠬᠤᠨ᠎ᠤ ᠬᠡᠯᠪᠡᠷᠢ ᠵᠢᠨ ᠬᠥᠭᠵᠢᠯᠲᠡ ᠵᠢᠨ ᠬᠡᠮᠵᠢᠶ᠎ᠡ ᠪᠣᠯᠣᠨ ᠳᠠᠯᠲᠠ ᠨᠡᠮᠡᠭᠳᠡᠯ᠎ᠤᠨ ᠨᠤᠷᠮ᠎ᠠ ᠵᠢᠨ ᠥᠨᠳᠥᠷ ᠳᠣᠣᠷ᠎ᠠ ᠵᠢ ᠲᠣᠭᠲᠠᠭ᠋ᠠᠵᠤ ᠪᠠᠶ᠋ᠢᠳᠠᠭ᠃  ᠮᠠᠨ᠎ᠤ ᠪᠦᠯᠬᠦᠮ᠎ᠤᠨ ᠵᠢᠱ᠌ᠢᠯᠲᠡ ᠵᠢ ᠦᠨᠳᠦᠰᠦᠯᠡᠪᠡᠯ᠂ 2035 ᠣᠨ ᠪᠣᠯᠬᠤ᠎ᠳᠤ ᠨᠡᠶ᠋ᠢᠭᠡᠮ ᠵᠢᠷᠤᠮ᠎ᠤᠨ ᠣᠳᠣᠬᠢᠴᠢᠯᠠᠯᠲᠠ ᠵᠢ ᠦᠨᠳᠦᠰᠦᠨ᠎ᠳᠡᠭᠡᠨ ᠪᠡᠶᠡᠯᠡᠭᠦᠯᠵᠦ᠂  ᠮᠠᠨ᠎ᠤ ᠤᠯᠤᠰ ᠪᠦᠬᠦ ᠡᠯᠧᠮᠧᠨ᠋ᠲ᠎ᠤᠨ ᠦᠢ᠍ᠯᠡᠳᠪᠦᠷᠢᠯᠡᠯ᠎ᠤᠨ ᠨᠣᠷᠮ᠎ᠠ ᠵᠢᠨ ᠵᠢᠯ ᠳᠤᠮᠳᠠᠴᠢ ᠵᠢᠨ ᠨᠡᠮᠡᠭᠳᠡᠯ᠎ᠤᠨ ᠬᠤᠷᠳᠤᠴᠠ ᠵᠢ 2% ᠣᠷᠴᠢᠮ ᠪᠣᠯᠲᠠᠯ᠎ᠠ ᠳᠡᠭᠡᠭᠰᠢᠯᠡᠭᠦᠯᠬᠦ ᠴᠢᠬᠤᠯᠠᠲᠠᠢ ᠪᠠᠶ᠋ᠢᠨ᠎ᠠ᠂  ᠢᠩᠭᠢᠪᠡᠯ ᠰᠠᠶᠢ ᠮᠠᠨ᠎ᠤ ᠤᠯᠤᠰ᠎ᠤᠨ ᠠᠵᠤ ᠠᠬᠤᠢ ᠵᠢᠨ ᠳᠤᠮᠳᠠ ᠳᠡᠭᠡᠳᠦ ᠬᠤᠷᠳᠤᠴᠠ᠎ᠪᠠᠷ ᠨᠡᠮᠡᠭᠳᠡᠬᠦ ᠵᠢ ᠪᠠᠲᠤᠯᠠᠵᠤ ᠴᠢᠳᠠᠨ᠎ᠠ᠃  ᠡᠶ᠋ᠢᠮᠦ᠎ᠠᠴᠠ ᠪᠥᠬᠦ ᠡᠯᠧᠮᠧᠨ᠋ᠲ᠎ᠤᠨ ᠦᠢ᠍ᠯᠡᠳᠪᠦᠷᠢᠯᠡᠯ᠎ᠤᠨ ᠨᠣᠷᠮ᠎ᠠ ᠵᠢᠨ ᠨᠡᠮᠡᠭᠳᠡᠯ᠎ᠤᠨ ᠬᠤᠷᠳᠤᠴᠠ ᠵᠢ ᠳᠡᠭᠡᠭᠰᠢᠯᠡᠭᠦᠯᠬᠦ ᠪᠣᠯ ᠮᠠᠨ᠎ᠤ ᠤᠯᠤᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠰᠢᠢ᠍ᠳᠪᠦᠷᠢᠯᠡᠬᠦ ᠴᠢᠬᠤᠯᠠᠲᠠᠶ ᠵᠠᠩᠭᠢᠯᠠᠭ᠎ᠠ ᠵᠢᠨ ᠠᠰᠠᠭᠤᠳᠠᠯ ᠮᠥᠨ᠂  ᠨᠠᠩ ᠴᠤ᠌ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠰᠢᠯᠭ᠋ᠠᠬᠤ ᠴᠢᠬᠤᠯᠠ ᠪᠠᠷᠢᠮᠵᠢᠶ᠎ᠠ ᠮᠥᠨ᠃  ᠪᠦᠬᠦ ᠡᠯᠧᠮᠧᠨ᠋ᠲ᠎ᠤᠨ ᠦᠢ᠍ᠯᠡᠳᠪᠦᠷᠢᠯᠡᠯ᠎ᠤᠨ ᠨᠤᠷᠮ᠎ᠠ ᠵᠢᠨ ᠨᠡᠮᠡᠭᠳᠡᠯ᠎ᠨᠢ ᠭᠤᠣᠯᠳᠠᠭᠤ ᠮᠡᠷᠭᠡᠵᠢᠯ᠎ᠤᠨ ᠳᠠᠪᠰᠢᠯᠲᠠ ᠪᠠ ᠡᠬᠢ ᠪᠠᠶᠠᠯᠢᠭ᠎ᠤᠨ ᠲᠤᠬᠢᠷᠠᠭᠤᠯᠤᠯᠳᠠ ᠵᠢᠨ ᠦᠷ᠎ᠡ ᠪᠦᠲᠦᠮᠵᠢ ᠵᠢᠨ ᠳᠡᠭᠡᠭᠰᠢᠯᠡᠯᠲᠡ᠎ᠪᠠᠷ ᠬᠥᠳᠡᠯᠭᠡᠭᠦᠷ ᠪᠣᠯᠭ᠋ᠠᠵᠤ᠂  ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠪᠤᠢ ᠪᠣᠯᠭ᠋ᠠᠬᠤ ᠮᠡᠷᠭᠡᠵᠢᠯ᠎ᠤᠨ ᠬᠤᠪᠢᠰᠬᠠᠯ᠎ᠤᠨ ᠴᠢᠨᠠᠷᠲᠠᠢ ᠰᠢᠪᠲᠤᠯᠤᠯᠲᠠ᠂  ᠦᠢ᠍ᠯᠡᠳᠪᠦᠷᠢᠯᠡᠯ᠎ᠤᠨ ᠡᠯᠧᠮᠧᠨ᠋ᠲ᠎ᠤᠨ ᠰᠢᠨ᠎ᠡ ᠵᠢ ᠡᠭᠦᠳᠬᠦ ᠴᠢᠨᠠᠷᠲᠠᠢ ᠲᠤᠬᠢᠷᠠᠭᠤᠯᠤᠯᠳᠠ᠂  ᠠᠵᠤ ᠦᠢ᠍ᠯᠡᠰ᠎ᠤᠨ ᠭᠦᠨᠵᠡᠭᠡᠢ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠭᠦᠯᠬᠦ ᠵᠡᠷᠭᠡ ᠭᠤᠣᠯ ᠠᠭᠤᠯᠭ᠎ᠠ᠎ᠲᠠᠢ ᠵᠤᠬᠢᠴᠠᠭᠤᠯᠤᠨ᠎ᠠ᠃

   ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠨᠢ ᠰᠢᠨ᠎ᠡ ᠠᠵᠤ ᠦᠢ᠍ᠯᠡᠰ᠂  ᠰᠢᠨ᠎ᠡ ᠵᠠᠭᠪᠤᠷ᠂  ᠰᠢᠨ᠎ᠡ ᠬᠥᠳᠡᠯᠭᠡᠬᠦ ᠬᠦᠴᠦᠨ᠎ᠢ ᠪᠤᠢ ᠪᠣᠯᠭ᠋ᠠᠵᠤ ᠴᠢᠳᠠᠬᠤ ᠪᠥᠭᠡᠳ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠪᠠ ᠪᠦᠬᠦ ᠡᠯᠧᠮᠧᠨ᠋ᠲ᠎ᠤᠨ ᠦᠢ᠍ᠯᠡᠳᠪᠦᠷᠢᠯᠡᠯ᠎ᠤᠨ ᠨᠤᠷᠮ᠎ᠠ ᠵᠢ ᠳᠡᠭᠡᠭᠰᠢᠯᠡᠭᠦᠯᠬᠦ ᠭᠤᠣᠯ ᠬᠦᠴᠦᠨ ᠵᠦᠢ᠍ᠯ ᠪᠣᠯᠤᠨ᠎ᠠ᠃  ᠵᠢᠱ᠌ᠢᠶᠡᠯᠡᠪᠡᠯ᠂  ᠵᠠᠷᠢᠮ ᠤᠶᠤᠨᠴᠢ ᠦᠢ᠍ᠯᠡᠳᠪᠦᠷᠢ᠎ᠨᠢ ᠵᠣᠬᠢᠶᠠᠮᠠᠯ ᠤᠶᠤᠨ ᠴᠢᠳᠠᠪᠤᠷᠢ ᠪᠠ ᠲᠤᠮᠤ ᠳ᠋ᠠᠶ᠋ᠢᠲ᠋ᠠ ᠵᠢᠨ ᠵᠠᠳᠠᠯᠤᠯᠲᠠ ᠵᠢᠨ ᠮᠡᠷᠭᠡᠵᠢᠯ᠎ᠢ ᠬᠡᠷᠡᠭᠯᠡᠵᠦ᠂  ᠰᠢᠭᠤᠳ ᠦᠢ᠍ᠯᠡᠳᠪᠦᠷᠢᠯᠡᠯ᠎ᠤᠨ ᠦᠷ᠎ᠡ ᠪᠦᠲᠦᠮᠵᠢ ᠵᠢ 15%᠎ᠪᠠᠷ ᠳᠡᠭᠡᠭᠰᠢᠯᠡᠭᠦᠯᠬᠦ ᠪᠠ ᠳᠠᠮ ᠦᠢ᠍ᠯᠡᠳᠪᠦᠷᠢᠯᠡᠯ᠎ᠤᠨ ᠦᠷ᠎ᠡ ᠪᠦᠲᠦᠮᠵᠢ ᠵᠢ 10%᠎ᠪᠠᠷ ᠳᠡᠭᠡᠭᠰᠢᠯᠡᠭᠦᠯᠬᠦ ᠵᠢ ᠪᠡᠶᠡᠯᠡᠭᠦᠯᠵᠦ ᠴᠢᠳᠠᠨ᠎ᠠ᠃  ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠯ᠎ᠠ᠎ᠪᠠᠷ ᠰᠢᠨ᠎ᠡ ᠵᠢ ᠡᠭᠦᠳᠬᠦ᠎ᠠᠴᠠ ᠲᠡᠷᠢᠭᠦᠨ᠎ᠤ ᠦᠢ᠍ᠯᠡᠳᠪᠦᠷᠢᠯᠡᠯ᠎ᠤᠨ ᠬᠦᠴᠦᠨ ᠣᠯᠵᠤ᠂  ᠠᠵᠤ ᠠᠬᠤᠶ ᠵᠢᠨ ᠬᠥᠭᠵᠢᠯᠲᠡ ᠵᠢᠨ ᠭᠣᠤᠯᠳᠠᠯᠭ᠎ᠠ᠎ᠪᠠᠨ ᠪᠣᠳᠠᠲᠤ ᠴᠣᠭᠴᠠ ᠵᠢᠨ ᠠᠵᠤ ᠠᠬᠤᠶ ᠳᠡᠭᠡᠷ᠎ᠡ ᠲᠠᠯᠪᠢᠵᠤ᠂  ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ ᠪᠣᠯᠤᠨ ᠢᠷᠡᠭᠡᠳᠦᠶ ᠵᠢᠨ ᠠᠵᠤ ᠦᠢ᠍ᠯᠡᠰ᠎ᠢ ᠶᠡᠬᠡᠪᠡᠷ ᠬᠥᠭᠵᠢᠭᠦᠯᠵᠦ᠂  ᠰᠢᠨ᠎ᠡ ᠮᠠᠶᠢᠭ᠎ᠤᠨ ᠠᠵᠤ ᠦᠢ᠍ᠯᠡᠳᠪᠦᠷᠢᠵᠢᠯᠲᠡ ᠵᠢ ᠲᠦᠯᠬᠢᠨ ᠠᠬᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃

   ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠪᠣᠯ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠪᠠ ᠪᠦᠬᠦ ᠡᠯᠧᠮᠧᠨ᠋ᠲ᠎ᠤᠨ ᠦᠢ᠍ᠯᠡᠳᠪᠦᠷᠢᠯᠡᠯ᠎ᠤᠨ ᠨᠤᠷᠮ᠎ᠠ ᠵᠢ ᠳᠡᠭᠡᠭᠰᠢᠯᠡᠭᠦᠯᠬᠦ ᠥᠭᠡᠷ᠎ᠡ ᠨᠢᠭᠡᠨ ᠴᠢᠬᠤᠯᠠ ᠢᠷᠡᠯᠳᠡ ᠪᠣᠯᠣᠨ᠎ᠠ᠃  ᠪᠢᠳᠡ ᠲᠡᠳᠡᠭᠡᠷ ᠪᠦᠬᠦ ᠡᠯᠧᠮᠧᠨ᠋ᠲ᠎ᠤᠨ ᠦᠢ᠍ᠯᠡᠳᠪᠦᠷᠢᠯᠡᠯ᠎ᠤᠨ ᠨᠤᠷᠮ᠎ᠠ ᠵᠢᠨ ᠨᠡᠮᠡᠭᠳᠡᠯ᠎ᠤᠨ ᠬᠤᠷᠳᠤᠴᠠ᠎ᠨᠢ ᠬᠠᠷᠰᠢᠯᠠᠭᠳᠠᠭᠰᠠᠨ ᠤᠯᠠᠮᠵᠢᠯᠠᠯᠲᠤ ᠠᠵᠢᠯ ᠲᠦᠷᠦᠯ ᠪᠠ ᠬᠦᠷᠢᠶ᠎ᠡ ᠵᠢ ᠠᠩᠬᠠᠷᠬᠤ ᠴᠢᠬᠤᠯᠠᠲᠠᠢ ᠪᠠᠶ᠋ᠢᠨ᠎ᠠ᠂  ᠡᠭᠦᠨ᠎ᠳᠤ ᠲᠠᠷᠢᠶᠠᠯᠠᠩ᠂  ᠦᠢ᠍ᠯᠡᠳᠪᠦᠷᠢᠯᠡᠯ᠎ᠤᠨ ᠴᠢᠨᠠᠷᠲᠠᠢ ᠦᠢ᠍ᠯᠡᠴᠢᠯᠡᠭᠡᠨ᠎ᠤ ᠦᠢ᠍ᠯᠡᠰ᠂  ᠦᠢ᠍ᠯᠡᠴᠢᠯᠡᠭᠡᠨ᠎ᠤ ᠬᠡᠷᠡᠭᠯᠡᠭᠡ᠎ᠲᠠᠢ ᠬᠤᠯᠪᠣᠭᠳᠠᠬᠤ ᠮᠠᠰᠢ ᠤᠯᠠᠨ ᠠᠵᠢᠯ ᠲᠦᠷᠦᠯ ᠵᠡᠷᠭᠡ ᠵᠢ ᠪᠠᠭᠲᠠᠭ᠋ᠠᠵᠤ ᠪᠠᠶ᠋ᠢᠨ᠎ᠠ᠃  ᠲᠠᠷᠢᠶᠠᠯᠠᠩ ᠵᠶ᠋ᠠᠷ ᠵᠢᠱ᠌ᠢᠶᠡᠯᠡᠪᠡᠯ᠂ 2023 ᠣᠨ᠎ᠳᠤ ᠮᠠᠨ᠎ᠤ ᠤᠯᠤᠰ᠎ᠤᠨ ᠲᠠᠷᠢᠶᠠᠯᠠᠩ᠎ᠤᠨ ᠨᠡᠮᠡᠭᠳᠡᠯ ᠥᠷᠲᠡᠭ᠎ᠤᠨ GDP ᠵᠢᠨ ᠡᠵᠡᠯᠡᠬᠦ ᠬᠠᠷᠢᠴᠠᠯ᠎ᠨᠢ 7.1% ᠪᠣᠯᠤᠨ᠎ᠠ᠂  ᠭᠡᠪᠡᠴᠦ ᠲᠠᠷᠢᠶᠠᠯᠠᠩ᠎ᠤᠨ ᠠᠵᠢᠯ ᠣᠯᠭᠤᠯᠲᠠ ᠵᠢᠨ ᠬᠥᠮᠦᠨ ᠠᠮᠠ ᠵᠢᠨ ᠡᠵᠡᠯᠡᠬᠦ ᠬᠠᠷᠢᠴᠠᠯ᠎ᠨᠢ ᠬᠠᠷᠢᠨ 22.8%᠎ᠳᠤ ᠬᠦᠷᠴᠦ᠂  ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠦᠷ᠎ᠡ ᠪᠦᠲᠦᠮᠵᠢ ᠬᠠᠷᠢᠴᠠᠩᠭᠤᠶ᠎ᠪᠠᠷ ᠨᠡᠯᠢᠶᠡᠳ ᠳᠣᠣᠷ᠎ᠠ ᠪᠠᠶ᠋ᠢᠨ᠎ᠠ᠃  ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂  ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠪᠠᠷ ᠳᠠᠮᠵᠢᠭᠤᠯᠤᠨ ᠤᠯᠠᠮᠵᠢᠯᠠᠯᠲᠤ ᠠᠵᠢᠯ ᠲᠦᠷᠦᠯ ᠪᠠ ᠬᠦᠷᠢᠶᠡᠨ᠎ᠤ ᠠᠮᠢᠵᠢᠷᠠᠯ᠎ᠤᠨ ᠬᠦᠴᠦᠨ᠎ᠢ ᠪᠠᠳᠠᠷᠠᠭᠤᠯᠬᠤ ᠪᠣᠯ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠪᠠ ᠪᠦᠬᠦ ᠡᠯᠧᠮᠧᠨ᠋ᠲ᠎ᠤᠨ ᠦᠢ᠍ᠯᠡᠳᠪᠦᠷᠢᠯᠡᠯ᠎ᠤᠨ ᠨᠤᠷᠮ᠎ᠠ ᠵᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ᠎ᠤᠨ ᠨᠢᠭᠡ ᠮᠥᠨ᠃

   ᠪᠦᠬᠦ ᠡᠯᠧᠮᠧᠨ᠋ᠲ᠎ᠤᠨ ᠦᠢ᠍ᠯᠡᠳᠪᠦᠷᠢᠯᠡᠯ᠎ᠤᠨ ᠨᠤᠷᠮ᠎ᠠ ᠵᠢᠨ ᠨᠡᠮᠡᠭᠳᠡᠯ ᠬᠦᠷᠦᠯᠴᠡᠬᠦ ᠦᠭᠡᠢ᠎ᠨᠢ ᠪᠦᠬᠦ ᠪᠥᠮᠪᠥᠷᠴᠡᠭ᠎ᠤᠨ ᠴᠢᠨᠠᠷᠲᠠᠢ ᠥᠷᠢᠰᠥᠯᠳᠦᠭᠡᠨ ᠪᠣᠯᠤᠨ᠎ᠠ᠃  ᠵᠢᠱ᠌ᠢᠶᠠᠯᠠᠪᠠᠯ᠂  ᠠᠮᠸᠷᠢᠺᠠ ᠵᠢᠨ ᠤᠶ᠋ᠢᠷ᠎ᠠ ᠵᠢᠨ 20 ᠵᠢᠯ᠎ᠳᠤ ᠪᠦᠭᠦ ᠬᠦᠴᠦᠨ ᠵᠦᠢ᠍ᠯ᠎ᠤᠨ ᠦᠢ᠍ᠯᠡᠳᠪᠦᠷᠢᠯᠡᠯ᠎ᠤᠨ ᠨᠤᠷᠮ᠎ᠠ ᠵᠢᠨ ᠵᠢᠯ ᠳᠤᠮᠲᠠᠴᠢ ᠵᠢᠨ ᠨᠡᠮᠡᠭᠲᠡᠯ᠎ᠤᠨ ᠬᠤᠷᠲᠤᠴᠠ ᠪᠠᠷᠤᠭ 0.7 ᠪᠤᠯᠵᠤ ᠪᠠᠶ᠋ᠢᠨ᠎ᠠ᠂  ᠠᠩᠭ᠍ᠯᠢ᠂  ᠹᠷᠠᠨᠼᠢ᠂  ᠭᠧᠷᠮᠠᠨ ᠵᠡᠷᠬᠡ ᠠᠵᠤ ᠦᠢ᠍ᠯᠡᠳᠪᠦᠷᠢᠵᠢᠭᠰᠡᠨ ᠤᠯᠤᠰ᠎ᠤᠨ ᠪᠦᠭᠦ ᠬᠦᠴᠦᠨ ᠵᠦᠢ᠍ᠯ᠎ᠤᠨ ᠦᠢ᠍ᠯᠡᠳᠪᠦᠷᠢᠯᠡᠯ᠎ᠤᠨ ᠨᠤᠷᠮ᠎ᠠ ᠵᠢᠨ ᠨᠡᠮᠡᠭᠲᠡᠯ᠎ᠤᠨ ᠬᠤᠷᠲᠤᠴᠠ ᠪᠠᠰᠠ ᠵᠠᠯᠭ᠋ᠠᠭ᠎ᠠ᠎ᠪᠠᠷ 1% ᠵᠢᠨ ᠲᠤᠲᠤᠷ᠎ᠠ ᠲᠤᠷᠤᠭᠰᠢᠯᠠᠵᠠᠢ — ᠲᠣᠮᠣ ᠠᠵᠤ ᠦᠢ᠍ᠯᠡᠰ ᠨᠡᠢ᠌ᠳᠡᠮ᠎ᠳᠡᠭᠡᠨ ᠳᠤᠲᠠᠭᠳᠠᠵᠤ᠂  ᠶᠡᠬᠡ ᠬᠡᠪᠴᠢᠶᠡᠨ᠎ᠤ ᠦᠢ᠍ᠯᠡᠳᠪᠦᠷᠢᠯᠡᠯ᠎ᠤᠨ ᠪᠠᠢ᠌ᠳᠠᠯ᠎ᠨᠢ ᠭᠣᠣᠯ ᠰᠢᠯᠲᠠᠭ᠋ᠠᠨ ᠪᠣᠯᠵᠤ ᠪᠠᠢ᠌ᠨ᠎ᠠ᠃ 2022 ᠣᠨ᠎ᠳᠤ ᠠᠮᠧᠷᠢᠺᠠ ᠵᠢᠨ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ᠎ᠤᠨ GDP ᠵᠢᠨ ᠡᠵᠡᠯᠡᠬᠦ ᠬᠠᠷᠢᠴᠠᠯ᠎ᠨᠢ 10.7% ᠪᠠᠶ᠋ᠢᠵᠤ᠂  ᠠᠩᠭ᠍ᠯᠢ ᠵᠥᠪᠬᠡᠨ 8.4% ᠪᠣᠯᠤᠨ᠎ᠠ᠃

   ᠪᠤᠰᠤᠳ ᠠᠵᠤ ᠦᠢ᠍ᠯᠡᠳᠪᠦᠷᠢᠵᠢᠭᠰᠡᠨ ᠤᠯᠤᠰ᠎ᠲᠠᠢ ᠬᠠᠷᠢᠴᠠᠭᠤᠯᠪᠠᠯ᠂  ᠮᠠᠨ᠎ᠤ ᠤᠯᠤᠰ ᠪᠦᠬᠦ ᠬᠦᠴᠦᠨ ᠵᠦᠢ᠍ᠯ᠎ᠤᠨ ᠦᠢ᠍ᠯᠡᠳᠪᠦᠷᠢᠯᠡᠯ᠎ᠤᠨ ᠨᠣᠷᠮ᠎ᠠ ᠵᠢ ᠳᠡᠭᠡᠭᠰᠢᠯᠡᠭᠦᠯᠬᠦ ᠲᠠᠯ᠎ᠠ᠎ᠪᠠᠷ ᠮᠠᠰᠢ ᠣᠯᠠᠨ ᠠᠰᠢᠭᠲᠠᠶ ᠬᠦᠴᠦᠨ ᠵᠦᠢ᠍ᠯ᠎ᠲᠠᠢ ᠪᠠᠶ᠋ᠢᠨ᠎ᠠ᠃  ᠡᠩ ᠲᠡᠷᠢᠭᠦᠨ᠎ᠳᠤ᠂  ᠮᠠᠨ᠎ᠤ ᠤᠯᠤᠰ᠎ᠤᠨ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ᠎ᠤᠨ GDP ᠵᠢᠨ ᠡᠵᠡᠯᠡᠬᠦ ᠬᠠᠷᠢᠴᠠᠯ ᠪᠠᠷᠤᠭ 27% ᠪᠠᠶ᠋ᠢᠵᠤ᠂  ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ᠎ᠤᠨ ᠪᠦᠬᠦ ᠪᠥᠮᠪᠥᠷᠴᠡᠭ᠎ᠲᠤ ᠡᠵᠡᠯᠡᠬᠦ ᠬᠤᠪᠢ ᠵᠢᠨ ᠵᠢᠩ ᠪᠠᠷᠤᠭ 30% ᠪᠣᠯᠤᠨ᠎ᠠ᠃  ᠮᠠᠨ᠎ᠤ ᠤᠯᠤᠰ ᠪᠦᠬᠦ ᠡᠯᠧᠮᠧᠨ᠋ᠲ᠎ᠤᠨ ᠦᠢ᠍ᠯᠡᠳᠪᠦᠷᠢᠯᠡᠯ᠎ᠤᠨ ᠨᠤᠷᠮ᠎ᠠ ᠵᠢ ᠳᠡᠭᠡᠭᠰᠢᠯᠡᠭᠦᠯᠬᠦ᠎ᠳᠤ ᠬᠡᠷᠡᠭᠰᠡᠬᠦ ᠶᠡᠬᠡ ᠬᠡᠪᠴᠢᠶᠡᠨ᠎ᠤ ᠦᠢ᠍ᠯᠡᠳᠪᠦᠷᠢᠯᠡᠯ᠎ᠤᠨ ᠦᠵᠡᠭᠳᠡᠯ᠂  ᠮᠡᠷᠭᠡᠵᠢᠯ᠎ᠤᠨ ᠰᠢᠨ᠎ᠡ ᠵᠢ ᠡᠭᠦᠳᠬᠦ ᠪᠠ ᠵᠠᠭᠪᠤᠷ᠎ᠤᠨ ᠰᠢᠨ᠎ᠡ ᠵᠢ ᠡᠭᠦᠳᠬᠦ ᠬᠡᠷᠡᠭᠯᠡᠭᠡᠨ᠎ᠤ ᠲᠠᠯᠠᠪᠤᠷ ᠪᠤᠯᠤᠨ᠎ᠠ᠃  ᠳᠠᠷᠠᠭ᠋ᠠᠯᠠᠪᠠᠯ᠂  ᠮᠠᠨ᠎ᠤ ᠤᠯᠤᠰ᠎ᠲᠤ ᠲᠣᠭ᠋ᠠᠴᠢᠯᠠᠭᠰᠠᠨ ᠪᠠ ᠪᠣᠬᠢᠷᠲᠤᠯ ᠦᠭᠡᠶ ᠬᠥᠭᠵᠢᠯᠲᠡ᠎ᠠᠴᠠ ᠪᠣᠯᠤᠭᠰᠠᠨ ᠯᠤᠲᠤ ᠶᠡᠬᠡ ᠦᠢ᠍ᠯᠡᠳᠪᠦᠷᠢᠯᠡᠯ᠎ᠤᠨ ᠨᠣᠷᠮ᠎ᠠ ᠵᠢᠨ ᠨᠡᠮᠡᠭᠳᠡᠯ᠎ᠤᠨ ᠣᠷᠣᠨ ᠵᠠᠶ᠎ᠲᠠᠢ ᠪᠣᠯᠤᠨ᠎ᠠ᠃  ᠠᠮᠧᠷᠢᠺᠠ᠎ᠲᠠᠢ ᠠᠳᠠᠯᠢᠳᠬᠠᠨ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ᠎ᠤᠨ ᠡᠵᠡᠯᠡᠬᠦ ᠬᠠᠷᠢᠴᠠᠯ᠎ᠢ ᠳᠡᠭᠡᠭᠰᠢᠯᠡᠭᠦᠯᠬᠦ 《ᠳᠠᠬᠢᠨ ᠠᠵᠤ ᠦᠢ᠍ᠯᠡᠳᠪᠦᠷᠢᠵᠢᠯᠲᠡ》᠎ᠨᠢ ᠠᠳᠠᠯᠢ ᠪᠤᠰᠤ ᠪᠠᠶ᠋ᠢᠵᠤ᠂  ᠮᠠᠨ᠎ᠤ ᠤᠯᠤᠰ᠎ᠤᠨ ᠲᠣᠭ᠋ᠠᠴᠢᠯᠠᠭᠰᠠᠨ ᠪᠠ ᠪᠣᠬᠢᠷᠲᠤᠯ ᠦᠭᠡᠢ ᠬᠥᠭᠵᠢᠯᠲᠡ ᠵᠢᠨ ᠤᠳᠬ᠎ᠠ ᠠᠭᠤᠯᠭ᠎ᠠ ᠪᠣᠯ ᠪᠣᠶ ᠪᠦᠬᠦᠢ ᠠᠵᠢᠯ ᠲᠥᠷᠥᠯ ᠲᠣᠭ᠋ᠠᠴᠢᠯᠠᠭᠰᠠᠨ ᠬᠡᠯᠪᠡᠷᠢ ᠵᠢᠨ ᠬᠤᠪᠢᠷᠠᠭᠤᠯᠤᠯᠲᠠ ᠪᠠ ᠡᠨᠧᠷᠭᠢ ᠵᠢᠨ ᠬᠡᠯᠪᠡᠷᠢ ᠵᠢᠨ ᠬᠤᠪᠢᠷᠠᠯᠲᠠ᠎ᠪᠠᠷ ᠳᠠᠮᠵᠢᠭᠤᠯᠤᠨ ᠳᠠᠬᠢᠨᠲᠠ ᠨᠡᠮᠡᠭᠳᠡᠬᠦ ᠵᠢ ᠪᠡᠶᠡᠯᠡᠭᠦᠯᠬᠦ ᠵᠢᠨ ᠲᠥᠯᠥᠭᠡ ᠶᠤᠮ᠃  ᠡᠨᠧᠷᠭᠢ ᠵᠢᠨ ᠬᠡᠯᠪᠡᠷᠢ ᠵᠢ ᠬᠤᠪᠢᠷᠠᠭᠤᠯᠬᠤ᠎ᠪᠠᠷ ᠵᠢᠱ᠌ᠢᠶ᠎ᠡ ᠪᠣᠯᠭ᠋ᠠᠵᠤ᠂  ᠵᠢᠱ᠌ᠢᠯᠲᠡ᠎ᠪᠠᠷ ᠮᠠᠨ᠎ᠤ ᠤᠯᠤᠰ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠵᠢ ᠪᠡᠶᠡᠯᠡᠭᠦᠯᠬᠦ᠎ᠳᠤ ᠬᠡᠷᠡᠭᠰᠡᠬᠦ ᠪᠡᠯᠡ ᠣᠷᠣᠭᠤᠯᠤᠯᠲᠠ ᠵᠢᠨ ᠬᠡᠪᠴᠢᠶ᠎ᠡ᠎ᠨᠢ ᠵᠠᠭᠤᠨ ᠲᠦᠮᠡᠨ ᠳ᠋ᠦᠩᠰᠢᠭᠤᠷ ᠲᠥᠭᠦᠷᠢᠭ᠎ᠠᠴᠠ ᠳᠡᠭᠡᠭᠰᠢ ᠪᠠᠶ᠋ᠢᠨ᠎ᠠ᠂  ᠡᠶ᠋ᠢᠮᠦᠷᠬᠦᠦ ᠪᠡᠯᠡ ᠣᠷᠣᠭᠤᠯᠤᠯᠲᠠ ᠵᠢᠨ ᠬᠦᠴᠦᠯᠡᠴᠡ᠎ᠨᠢ ᠠᠵᠤ ᠦᠢ᠍ᠯᠡᠰ ᠪᠣᠯᠤᠨ ᠮᠡᠷᠭᠡᠵᠢᠯ᠎ᠤᠨ ᠬᠤᠪᠢᠰᠤᠯᠲᠠ᠎ᠪᠠᠷ ᠳᠠᠮᠵᠢᠨ ᠪᠦᠬᠦ ᠡᠯᠧᠮᠧᠨ᠋ᠲ᠎ᠤᠨ ᠦᠢ᠍ᠯᠡᠳᠪᠦᠷᠢᠯᠡᠯ᠎ᠤᠨ ᠨᠤᠷᠮ᠎ᠠ ᠵᠢᠨ ᠨᠡᠮᠡᠭᠳᠡᠯ᠎ᠤᠨ ᠬᠤᠷᠳᠤᠴᠠ ᠵᠢ ᠳᠡᠭᠡᠭᠰᠢᠯᠡᠭᠦᠯᠬᠦ ᠯᠤᠲᠤ ᠶᠡᠭᠡ ᠣᠷᠣᠨ ᠵᠠᠢ ᠵᠢ ᠠᠪᠴᠢᠷᠠᠬᠤ ᠪᠣᠯᠤᠨ᠎ᠠ᠃  ᠭᠤᠷᠪᠠᠳᠤᠭ᠋ᠠᠷ᠎ᠲᠤ᠂  ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠎ᠨᠢ ᠨᠢᠭᠡᠨ ᠯᠤᠲᠤ ᠶᠡᠭᠡ ᠲᠦᠷᠢᠮ᠎ᠤᠨ ᠠᠰᠢᠭ ᠲᠤᠰᠠ ᠵᠢᠨ ᠣᠷᠣᠨ ᠵᠠᠢ ᠵᠢ ᠪᠦᠷᠢᠯᠳᠦᠭᠦᠯᠵᠦ᠂  ᠡᠬᠢ ᠪᠠᠶᠠᠯᠢᠭ᠎ᠤᠨ ᠲᠤᠬᠢᠷᠠᠭᠤᠯᠤᠯᠳᠠ ᠵᠢᠨ ᠦᠷ᠎ᠡ ᠪᠦᠲᠦᠮᠵᠢ ᠵᠢᠨ ᠳᠡᠭᠡᠭᠰᠢᠯᠡᠯᠲᠡ ᠵᠢᠨ ᠯᠤᠲᠤ ᠶᠡᠭᠡ ᠪᠣᠯᠤᠮᠵᠢ ᠵᠢ ᠠᠪᠴᠢᠷᠠᠵᠤ᠂  ᠪᠦᠬᠦ ᠡᠯᠧᠮᠧᠨ᠋ᠲ᠎ᠤᠨ ᠦᠢ᠍ᠯᠡᠳᠪᠦᠷᠢᠯᠡᠯ᠎ᠤᠨ ᠨᠤᠷᠮ᠎ᠠ ᠵᠢᠨ ᠨᠡᠮᠡᠭᠳᠡᠯ᠎ᠢ ᠤᠯᠠᠮ ᠨᠢᠭᠡ ᠠᠯᠬᠤᠮ ᠳᠠᠶ᠋ᠢᠴᠢᠯᠠᠬᠤ ᠪᠣᠯᠤᠨ᠎ᠠ᠃

   ᠠᠷᠠᠳ᠎ᠠᠴᠠ ᠡᠵᠡᠩᠨᠡᠭᠰᠡᠨ ᠠᠵᠤ ᠠᠬᠤᠢ ᠵᠢ ᠠᠬᠢᠭᠤᠯᠬᠤ ᠬᠠᠤᠯᠢ᠎ᠨᠢ ᠠᠷᠠᠳ ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ 《ᠰᠡᠳᠬᠢᠯ ᠠᠮᠤᠷᠵᠢᠭᠤᠯᠬᠤ ᠦᠷᠢᠯ》 ᠪᠤᠯᠤᠨ᠎ᠠ

   ᠠᠷᠠᠳ᠎ᠠᠴᠠ ᠡᠵᠡᠩᠨᠡᠭᠰᠡᠨ ᠠᠵᠤ ᠠᠬᠤᠢ ᠵᠢ ᠠᠬᠢᠭᠤᠯᠬᠤ ᠬᠠᠤᠯᠢ ᠵᠢ ᠲᠣᠭᠲᠠᠭ᠋ᠠᠬᠤ ᠪᠣᠯ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠠᠴᠠ ᠭᠠᠷᠭ᠋ᠠᠭᠰᠠᠨ ᠴᠢᠬᠤᠯᠠ ᠪᠠᠢ᠌ᠷᠢᠯᠠᠭᠤᠯᠤᠯᠲᠠ ᠮᠦᠨ᠃  ᠨᠢᠳᠤᠨᠤᠨ᠎ᠤ 10 ᠳ᠋ᠤᠭ᠋ᠠᠷ ᠰᠠᠷ᠎ᠠ ᠵᠢᠨ 10᠎ᠤ ᠡᠳᠦᠷ᠂  ᠠᠷᠠᠳ᠎ᠠᠴᠠ ᠡᠵᠡᠩᠨᠡᠭᠰᠡᠨ ᠠᠵᠤ ᠠᠬᠤᠶ ᠵᠢ ᠠᠬᠢᠭᠤᠯᠬᠤ ᠬᠠᠤᠯᠢ ᠵᠢᠨ ᠲᠥᠰᠦᠯ᠎ᠳᠤ ᠨᠡᠶ᠋ᠢᠭᠡᠮ᠎ᠠᠴᠠ ᠢᠯᠡ᠎ᠪᠠᠷ ᠰᠠᠨᠠᠯ ᠬᠤᠷᠢᠶᠠᠵᠤ᠂  ᠥᠷᠭᠡᠨ ᠳᠡᠯᠭᠡᠷ ᠠᠩᠬᠠᠷᠤᠯ᠎ᠢ ᠲᠠᠲᠠᠪᠠ᠃

   ᠠᠷᠠᠳ᠎ᠠᠴᠠ ᠡᠵᠡᠩᠨᠡᠭᠰᠡᠨ ᠠᠵᠤ ᠠᠬᠤᠶ ᠪᠣᠯ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠬᠥᠭᠵᠢᠯᠲᠡ ᠵᠢᠨ ᠴᠢᠬᠤᠯᠠ ᠦᠷ᠎ᠡ ᠪᠦᠲᠦᠭᠡᠯ ᠪᠣᠯᠬᠤ ᠪᠥᠭᠡᠳ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠬᠥᠭᠵᠢᠯᠲᠡ ᠵᠢ ᠲᠦᠯᠬᠢᠨ ᠠᠬᠢᠭᠤᠯᠬᠤ ᠴᠢᠬᠤᠯᠠ ᠬᠦᠴᠦᠨ ᠪᠣᠯᠤᠨ᠎ᠠ᠃  ᠥᠭᠡᠷᠡᠴᠢᠯᠡᠯᠲᠡ ᠨᠡᠭᠡᠭᠡᠯᠲᠡ ᠬᠢᠭᠰᠡᠨ᠎ᠠᠴᠠ ᠨᠠᠭ᠋ᠠᠰᠢ᠂  ᠨᠠᠮ᠎ᠤᠨ ᠣᠨᠣᠯ ᠪᠣᠯᠤᠨ ᠱᠤᠭᠤᠮ ᠴᠢᠭᠯᠡᠯᠲᠡ ᠲᠥᠷᠥ ᠵᠢᠨ ᠪᠣᠳᠣᠯᠭ᠎ᠠ ᠵᠢᠨ ᠵᠢᠯᠣᠭᠣᠳᠤᠯᠭ᠎ᠠ ᠳᠣᠤᠷ᠎ᠠ᠂  ᠮᠠᠨ᠎ᠤ ᠤᠯᠤᠰ᠎ᠤᠨ ᠠᠷᠠᠳ᠎ᠠᠴᠠ ᠡᠵᠡᠩᠨᠡᠭᠰᠡᠨ ᠠᠵᠤ ᠠᠬᠤᠶ ᠲᠦᠷᠭᠡᠨ ᠬᠥᠭᠵᠢᠪᠡ᠃  ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂  ᠮᠠᠨ᠎ᠤ ᠨᠠᠮ ᠠᠷᠠᠳ᠎ᠠᠴᠠ ᠡᠵᠡᠩᠨᠡᠭᠰᠡᠨ ᠠᠵᠤ ᠠᠬᠤᠢ ᠵᠢ ᠬᠥᠭᠵᠢᠭᠦᠯᠬᠦ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂  ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠮᠠᠨ᠎ᠤ ᠤᠯᠤᠰ᠎ᠤᠨ ᠤᠯᠤᠰ ᠠᠷᠠᠳ᠎ᠤᠨ ᠠᠵᠤ ᠠᠬᠤᠢ ᠵᠢᠨ ᠬᠥᠭᠵᠢᠯᠲᠡ᠎ᠳᠠᠬᠢ ᠦᠢ᠍ᠯᠡᠳᠦᠯ᠎ᠢ ᠦᠷᠭᠦᠯᠵᠢᠯᠡᠨ ᠳᠡᠭᠡᠭᠰᠢᠯᠡᠭᠦᠯᠬᠦ ᠵᠢ ᠠᠬᠢᠭᠤᠯᠵᠤ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠰᠢᠨ᠎ᠡ ᠬᠦᠴᠦᠨ᠂  ᠴᠢᠨᠠᠷ ᠰᠠᠶ᠋ᠢᠲᠠᠢ ᠬᠥᠭᠵᠢᠯᠲᠡ ᠵᠢᠨ ᠴᠢᠬᠤᠯᠠ ᠰᠠᠭᠤᠷᠢ ᠪᠣᠯᠪᠠ᠃ 2024 ᠣᠨ᠎ᠤ 9 ᠳ᠋ᠦ᠍ᠭᠡᠷ ᠰᠠᠷ᠎ᠠ ᠵᠢᠨ ᠰᠡᠭᠦᠯᠴᠢ ᠪᠣᠯᠲᠠᠯ᠎ᠠ᠂  ᠪᠥᠬᠦ ᠤᠯᠤᠰ᠎ᠲᠤ ᠳᠡᠩᠰᠡᠯᠡᠵᠦ ᠪᠠᠶ᠋ᠢᠭ᠎ᠠ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ 5500 ᠲᠦᠮᠡ ᠵᠢ ᠳᠠᠪᠠᠵᠤ᠂  ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠶᠡᠷᠦᠩᠬᠡᠶ ᠬᠡᠮᠵᠢᠶᠡᠨ᠎ᠳᠠᠬᠢ ᠡᠵᠡᠯᠡᠬᠦ ᠬᠠᠷᠢᠴᠠᠯ᠎ᠢ 92.3%᠎ᠳᠤ ᠲᠣᠭᠲᠠᠪᠤᠷᠢᠵᠢᠭᠤᠯᠪᠠ᠃  ᠡᠭᠦᠨ᠎ᠤ ᠬᠠᠮᠲᠤ᠂  ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠬᠥᠭᠵᠢᠯᠲᠡ᠎ᠳᠤ ᠪᠠᠰᠠ ᠵᠠᠷᠢᠮ ᠬᠦᠴᠢᠷᠳᠡᠯ ᠪᠠ ᠥᠷᠢᠰᠥᠯᠳᠦᠭᠡᠨ ᠲᠤᠯᠭ᠋ᠠᠷᠠᠵᠤ ᠪᠠᠶ᠋ᠢᠨ᠎ᠠ᠂  ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠬᠥᠭᠵᠢᠯᠲᠡ ᠵᠢᠨ ᠲᠤᠬᠠᠶ ᠲᠤᠰᠬᠠᠶ ᠰᠠᠭᠤᠷᠢ ᠴᠢᠨᠠᠷᠲᠠᠶ ᠬᠠᠤᠯᠢ ᠴᠠᠭ᠋ᠠᠵᠠ ᠵᠢ ᠨᠡᠶ᠋ᠢᠲᠡᠯᠡᠵᠦ᠂  ᠬᠠᠤᠯᠢ᠎ᠪᠠᠷ ᠵᠠᠰᠠᠬᠤ ᠵᠢᠨ ᠦᠨᠳᠦᠰᠦ ᠵᠢ ᠪᠠᠬᠢᠵᠢᠭᠦᠯᠬᠦ᠂  ᠵᠢᠱ᠌ᠢᠯᠲᠡ ᠵᠢ ᠲᠣᠭᠲᠠᠪᠤᠷᠢᠵᠢᠭᠤᠯᠬᠤ᠂  ᠠᠯᠤᠰ ᠬᠡᠲᠦ᠎ᠳᠤ ᠠᠰᠢᠭᠲᠠᠶ ᠪᠠᠲᠤᠯᠠᠭ᠎ᠠ ᠵᠢᠨ ᠦᠢ᠍ᠯᠡᠳᠦᠯ᠎ᠢ ᠨᠠᠩ ᠰᠠᠶ᠋ᠢᠲᠤᠷ ᠪᠠᠳᠠᠷᠠᠭᠤᠯᠬᠤ ᠵᠢ ᠲᠤᠯᠭ᠋ᠠᠮ ᠱᠠᠭ᠋ᠠᠷᠳᠠᠵᠤ ᠪᠠᠶ᠋ᠢᠨ᠎ᠠ᠃

   ᠠᠷᠠᠳ᠎ᠠᠴᠠ ᠡᠵᠡᠩᠨᠡᠭᠰᠡᠨ ᠠᠵᠤ ᠠᠬᠤᠶ ᠵᠢ ᠠᠬᠢᠭᠤᠯᠬᠤ ᠬᠠᠤᠯᠢ ᠵᠢ ᠲᠣᠭᠲᠠᠭ᠋ᠠᠵᠤ᠂  ᠥᠭᠡᠷᠡᠴᠢᠯᠡᠯᠲᠡ ᠨᠡᠭᠡᠭᠡᠯᠲᠡ᠎ᠠᠴᠠ ᠨᠠᠰᠢᠬᠢ ᠢᠯᠠᠩᠭᠤᠶ᠎ᠠ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢᠬᠢ ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠲᠤᠬᠠᠶ ᠨᠠᠮ᠎ᠤᠨ ᠲᠥᠪ ᠬᠣᠷᠢᠶ᠎ᠠ᠂  ᠲᠥᠷᠥ ᠵᠢᠨ ᠶᠠᠪᠤᠳᠠᠯ᠎ᠤᠨ ᠬᠣᠷᠢᠶᠠᠨ᠎ᠤ ᠴᠢᠭᠯᠡᠯᠲᠡ ᠲᠥᠷᠥ ᠵᠢᠨ ᠪᠣᠳᠣᠯᠭ᠎ᠠ ᠪᠣᠯᠤᠨ ᠦᠢ᠍ᠯᠡᠳᠦᠯᠭᠡ ᠵᠢᠨ ᠳᠤᠮᠳᠠᠬᠢ ᠪᠦᠲᠦᠮᠵᠢᠲᠡᠶ ᠠᠷᠭ᠎ᠠ ᠬᠢᠳᠡᠯ᠎ᠢ ᠬᠠᠤᠯᠢ ᠴᠠᠭ᠋ᠠᠵᠠ ᠵᠢᠨ ᠳᠦᠷᠢᠮ ᠪᠣᠯᠭ᠋ᠠᠨ ᠲᠣᠭᠲᠠᠭ᠋ᠠᠵᠤ᠂  ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠪᠡᠬᠢᠵᠢᠭᠦᠯᠵᠦ᠂  ᠠᠷᠠᠳ᠎ᠠᠴᠠ ᠡᠵᠡᠩᠨᠡᠭᠰᠡᠨ ᠠᠵᠤ ᠠᠬᠤᠶ᠎ᠳᠤ ᠡᠷᠬᠡ ᠲᠡᠭᠰᠢ᠎ᠪᠠᠷ ᠬᠠᠨᠳᠤᠬᠤ᠂  ᠡᠷᠬᠡ ᠲᠡᠭᠰᠢ᠎ᠪᠠᠷ ᠬᠠᠮᠠᠭ᠋ᠠᠯᠠᠬᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ᠎ᠳᠤ ᠠᠰᠢᠭᠲᠠᠶ ᠶᠤᠮ᠃

   ᠵᠢᠱ᠌ᠢᠶᠡᠯᠡᠪᠡᠯ᠂  ᠡᠯ᠎ᠡ ᠵᠦᠢ᠍ᠯ᠎ᠤᠨ ᠬᠦᠴᠦᠨ ᠵᠦᠢ᠍ᠯ᠎ᠤᠨ ᠨᠥᠯᠥᠭᠡ᠎ᠠᠴᠠ ᠪᠣᠯᠵᠣ᠂  ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯᠲᠠᠳ᠎ᠤᠨ ᠣᠳᠣᠬᠠᠨ᠎ᠤ ᠵᠠᠬ᠎ᠠ ᠳᠡᠯᠭᠡᠭᠦᠷ᠎ᠤᠨ ᠬᠥᠭᠵᠢᠯᠲᠡ᠎ᠳᠤ ᠢᠲᠡᠭᠡᠯ ᠵᠣᠷᠢᠭ ᠪᠠ ᠵᠢᠱ᠌ᠢᠯᠲᠡ ᠪᠠᠭᠤᠷᠠᠶ ᠪᠠᠶ᠋ᠢᠨ᠎ᠠ᠃  ᠠᠷᠠᠳ᠎ᠠᠴᠠ ᠡᠵᠡᠩᠨᠡᠭᠰᠡᠨ ᠠᠵᠤ ᠠᠬᠤᠶ ᠵᠢ ᠠᠬᠢᠭᠤᠯᠬᠤ ᠬᠠᠤᠯᠢ ᠵᠢ ᠲᠣᠭᠲᠠᠭ᠋ᠠᠬᠤ᠎ᠨᠢ ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠬᠥᠭᠵᠢᠯᠲᠡ ᠵᠢᠨ ᠬᠠᠤᠯᠢ᠎ᠪᠠᠷ ᠵᠠᠰᠠᠬᠤ ᠪᠠᠲᠤᠯᠠᠭ᠎ᠠ ᠵᠢ ᠴᠢᠩᠭ᠋ᠠᠳᠬᠠᠵᠤ᠂  ᠡᠷᠬᠡ ᠲᠡᠭᠰᠢ ᠲᠥᠪ ᠭᠤᠤᠯᠴᠢ ᠵᠠᠬ᠎ᠠ ᠳᠡᠯᠭᠡᠭᠦᠷ᠎ᠤᠨ ᠣᠷᠴᠢᠨ ᠨᠥᠬᠦᠴᠡᠯ᠎ᠢ ᠰᠢᠯᠢᠳᠡᠭᠵᠢᠭᠦᠯᠦᠨ᠂  ᠲᠦᠷᠢᠮ᠎ᠤᠨ ᠴᠢᠨᠠᠷᠲᠠᠶ ᠠᠷᠠᠯᠵᠢᠶᠠᠨ᠎ᠤ ᠥᠪᠡᠷ᠎ᠤᠨ ᠥᠷᠲᠡᠭ᠎ᠢ ᠪᠠᠭᠤᠷᠠᠭᠤᠯᠵᠤ᠂  ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠪᠠ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯᠲᠠᠨ᠎ᠤ ᠬᠥᠭᠵᠢᠯᠲᠡ ᠵᠢᠨ ᠢᠲᠡᠭᠡᠯ ᠵᠣᠷᠢᠭ ᠪᠠ ᠵᠠᠬ᠎ᠠ ᠳᠡᠯᠭᠡᠭᠦᠷ᠎ᠤᠨ ᠵᠢᠱ᠌ᠢᠯᠲᠡ ᠵᠢ ᠨᠡᠮᠡᠭᠳᠡᠭᠦᠯᠵᠦ᠂  ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠳᠣᠲᠣᠭ᠋ᠠᠳᠤ ᠬᠥᠳᠡᠯᠭᠡᠬᠦ ᠬᠦᠴᠦᠨ ᠪᠠ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ᠎ᠳᠤ ᠠᠰᠢᠭᠲᠠᠶ ᠶᠤᠮ᠃

   ᠪᠠᠰᠠ ᠵᠢᠱ᠌ᠢᠶᠡᠯᠡᠪᠡᠯ᠂  ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ ᠵᠡᠷᠭᠡ ᠲᠠᠯ᠎ᠠ᠎ᠪᠠᠷ ᠪᠠᠰᠠ ᠵᠠᠷᠢᠮ ᠢᠯᠡᠷᠬᠡᠶ ᠪᠠ ᠳᠠᠯᠳᠠ ᠪᠡᠬᠢᠯᠡᠯ ᠲᠤᠯᠭ᠋ᠠᠷᠠᠵᠤ ᠪᠠᠶ᠋ᠢᠨ᠎ᠠ᠃  ᠨᠢᠭᠡᠨᠲᠡ ᠨᠡᠶ᠋ᠢᠲᠡᠯᠡᠭᠰᠡᠨ ᠲᠥᠰᠦᠯ᠎ᠳᠤ ᠰᠠᠨᠠᠯ ᠬᠤᠷᠢᠶᠠᠬᠤ ᠨᠣᠤᠷᠠᠭ᠎ᠠᠴᠠ ᠦᠵᠡᠪᠡᠯ᠂  ᠠᠷᠠᠳ᠎ᠠᠴᠠ ᠡᠵᠡᠩᠨᠡᠭᠰᠡᠨ ᠠᠵᠤ ᠠᠬᠤᠶ ᠵᠢ ᠠᠬᠢᠭᠤᠯᠬᠤ ᠬᠠᠤᠯᠢ᠎ᠨᠢ ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠵᠢ ᠪᠠᠭᠲᠠᠭ᠋ᠠᠭᠰᠠᠨ ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠵᠢ ᠪᠠᠭᠲᠠᠭ᠋ᠠᠭᠰᠠᠨ ᠡᠯ᠎ᠡ ᠲᠥᠷᠥᠯ᠎ᠤᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ᠎ᠳᠤ ᠬᠠᠤᠯᠢ ᠶᠣᠰᠣᠭ᠋ᠠᠷ ᠡᠷᠬᠡ ᠲᠡᠭᠰᠢ᠎ᠪᠠᠷ ᠣᠷᠣᠵᠤ᠂  ᠭᠤᠣᠯᠴᠢ᠎ᠪᠠᠷ ᠥᠷᠢᠰᠥᠯᠳᠦᠬᠦ ᠵᠢ ᠬᠢᠨᠠᠨ ᠪᠠᠶ᠋ᠢᠴᠠᠭ᠋ᠠᠬᠤ ᠲᠦᠷᠢᠮ᠎ᠢ ᠨᠠᠶ᠋ᠢᠳᠠᠪᠤᠷᠢᠵᠢᠭᠤᠯᠤᠨ᠂  ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ᠂  ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠡᠷᠭᠡ ᠠᠵᠢᠯᠯᠠᠭ᠎ᠠ ᠵᠢ ᠵᠢᠷᠤᠮᠵᠢᠭᠤᠯᠵᠤ᠂  ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠵᠢᠨ ᠡᠯ᠎ᠡ ᠲᠥᠷᠥᠯ᠎ᠤᠨ ᠦᠢ᠍ᠯᠡᠳᠪᠦᠷᠢᠯᠡᠯ᠎ᠤᠨ ᠬᠦᠴᠦᠨ ᠵᠦᠢ᠍ᠯ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠡᠬᠢ ᠪᠠᠶᠠᠯᠢᠭ᠎ᠢ ᠬᠠᠤᠯᠢ ᠶᠣᠰᠣᠭ᠋ᠠᠷ ᠡᠷᠬᠡ ᠲᠡᠭᠰᠢ᠎ᠪᠠᠷ ᠬᠡᠷᠡᠭᠯᠡᠬᠦ ᠵᠢ ᠪᠠᠲᠤᠯᠠᠬᠤ ᠵᠡᠷᠭᠡ ᠲᠠᠯ᠎ᠠ᠎ᠪᠠᠷ ᠲᠣᠳᠣᠷᠬᠠᠶ ᠲᠣᠭᠲᠠᠭ᠋ᠠᠯ ᠭᠠᠷᠭ᠋ᠠᠵᠤ᠂  ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ ᠪᠠ ᠭᠤᠣᠯᠴᠢ᠎ᠪᠠᠷ ᠥᠷᠢᠰᠥᠯᠳᠦᠬᠦ ᠵᠢ ᠪᠠᠲᠤᠯᠠᠨ᠎ᠠ᠃

   ᠪᠠᠰᠠ ᠵᠢᠱ᠌ᠢᠶᠡᠯᠡᠪᠡᠯ᠂  ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠪᠡᠯᠡ ᠲᠣᠬᠢᠷᠠᠭᠤᠯᠬᠤ᠎ᠳᠤ ᠬᠦᠴᠢᠷ᠂  ᠪᠡᠯᠡ ᠲᠣᠬᠢᠷᠠᠭᠤᠯᠬᠤ᠎ᠳᠤ ᠦᠨᠡᠲᠡᠢ ᠪᠠᠶ᠋ᠢᠬᠤ ᠠᠰᠠᠭᠤᠳᠠᠯ᠎ᠳᠤ ᠴᠢᠭᠯᠡᠭᠦᠯᠦᠨ᠂  ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ ᠵᠢᠨ ᠤᠯᠤᠰ᠎ᠤᠨ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ ᠪᠣᠯᠣᠨ ᠴᠢᠬᠤᠯᠠ ᠶᠡᠭᠡ ᠢᠨᠵᠧᠨᠧᠷᠢᠩ᠎ᠳᠤ ᠣᠷᠣᠯᠴᠠᠬᠤ ᠵᠢ ᠬᠠᠤᠯᠢ ᠴᠠᠭ᠋ᠠᠵᠠ ᠨᠡᠶ᠋ᠢᠲᠡᠯᠡᠬᠦ᠎ᠪᠠᠷ ᠳᠠᠮᠵᠢᠭᠤᠯᠵᠤ᠂  ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ ᠵᠢᠨ ᠣᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠳᠠᠮᠵᠢᠭᠤᠯᠤᠨ ᠦᠯᠡᠳᠡᠭᠡᠯ ᠡᠳ᠋ ᠬᠥᠷᠥᠩᠭᠡ᠎ᠪᠠᠨ ᠴᠢᠯᠦᠭᠡᠲᠡᠢ ᠭᠦᠢ᠍ᠯᠭᠡᠭᠡᠬᠦ᠂  ᠳᠠᠬᠢᠨ ᠪᠡᠯᠡ ᠣᠷᠣᠭᠤᠯᠬᠤ ᠴᠢᠳᠠᠪᠤᠷᠢ᠎ᠪᠠᠨ ᠳᠡᠭᠡᠭᠰᠢᠯᠡᠭᠦᠯᠬᠦ ᠵᠢ ᠳᠡᠮᠵᠢᠵᠦ᠂  ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠵᠣᠷᠢᠭᠵᠢᠭᠤᠯᠵᠤ ᠪᠠᠶ᠋ᠢᠭ᠋ᠠᠳ ᠬᠠᠤᠯᠢ ᠲᠣᠭᠲᠠᠭ᠋ᠠᠯ᠎ᠳᠤ ᠨᠡᠶ᠋ᠢᠴᠡᠭᠰᠡᠨ ᠤᠷᠢᠲᠠᠯ ᠳᠣᠣᠷ᠎ᠠ᠂  ᠵᠠᠬ᠎ᠠ ᠳᠡᠯᠭᠡᠭᠦᠷᠴᠢᠯᠡᠬᠦ᠂  ᠦᠷᠭᠦᠯᠵᠢᠯᠡᠨ ᠬᠥᠭᠵᠢᠭᠦᠯᠬᠦ ᠵᠠᠷᠴᠢᠮ ᠵᠶ᠋ᠠᠷ ᠨᠡᠭᠡᠭᠡᠨ ᠬᠥᠭᠵᠢᠭᠦᠯᠬᠦ ᠪᠠ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠣᠨᠴᠠᠯᠢᠭ᠎ᠲᠤ ᠲᠣᠬᠢᠷᠠᠭᠰᠠᠨ ᠮᠥᠩᠭᠦᠨ ᠭᠦᠢ᠍ᠯᠭᠡᠭᠡᠨ᠎ᠤ ᠦᠢ᠍ᠯᠡᠳᠬᠦᠨ ᠪᠠ ᠦᠢ᠍ᠯᠡᠴᠢᠯᠡᠭᠡ ᠵᠢ ᠬᠠᠩᠭ᠋ᠠᠯᠭ᠋ᠠᠵᠤ᠂  ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ᠎ᠳᠤ ᠠᠰᠢᠭᠲᠠᠢ ᠪᠣᠯᠭ᠋ᠠᠵᠤ᠂  ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠬᠥᠭᠵᠢᠯᠲᠡ᠎ᠳᠤ ᠬᠦᠴᠦᠨ ᠴᠢᠳᠠᠯ ᠨᠡᠮᠡᠷᠢᠯᠡᠨ᠎ᠡ᠃

   ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠪᠣᠯ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠭᠣᠤᠯ ᠴᠣᠭᠴᠠ ᠪᠣᠯᠬᠤ ᠪᠥᠭᠡᠳ ᠮᠦᠨ ᠴᠤ᠌ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠬᠦ ᠪᠠ ᠠᠵᠤ ᠦᠢ᠍ᠯᠡᠰ᠎ᠢ ᠳᠡᠰ ᠳᠡᠪᠰᠢᠭᠦᠯᠬᠦ ᠵᠢᠨ ᠴᠢᠬᠤᠯᠠ ᠬᠦᠴᠦᠨ ᠪᠣᠯᠤᠨ᠎ᠠ᠃ 2023 ᠣᠨ᠎ᠳᠤ᠂  ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠪᠦᠬᠦᠯᠢ ᠴᠣᠭᠴᠠ ᠵᠢᠨ ᠰᠤᠳᠤᠯᠤᠨ ᠨᠡᠭᠡᠭᠡᠬᠦ ᠵᠠᠷᠤᠳᠠᠯ ᠬᠢᠭᠡᠳ ᠰᠤᠳᠤᠯᠤᠨ ᠨᠡᠭᠡᠭᠡᠬᠦ ᠡᠷᠴᠢᠮ ᠳᠠᠬᠢᠨᠲᠠ ᠳᠡᠭᠡᠭᠰᠢᠯᠡᠪᠡ᠃  ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ ᠵᠢᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠣᠭᠤᠮᠲᠠ ᠰᠢᠪᠲᠤᠯᠬᠤ ᠲᠦᠷᠦᠯ ᠵᠦᠢ᠍ᠯ᠎ᠳᠤ ᠣᠷᠣᠯᠴᠠᠬᠤ ᠵᠢ ᠳᠡᠮᠵᠢᠵᠦ᠂  ᠴᠢᠳᠠᠪᠤᠷᠢ᠎ᠲᠠᠢ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ ᠲᠦᠷᠦᠭᠦᠯᠡᠨ ᠴᠢᠬᠤᠯᠠ ᠶᠡᠭᠡ ᠮᠡᠷᠭᠡᠵᠢᠯ᠎ᠤᠨ ᠪᠣᠭᠤᠮᠲᠠ ᠰᠢᠪᠲᠤᠯᠬᠤ ᠡᠭᠦᠷᠭᠡ ᠵᠢ ᠡᠭᠦᠷᠭᠡᠯᠡᠬᠦ ᠵᠢ ᠳᠡᠮᠵᠢᠵᠦ᠂  ᠨᠡᠭᠡᠭᠡᠯᠲᠡᠲᠦ ᠤᠯᠠᠨ ᠨᠡᠶ᠋ᠢᠲᠡ ᠵᠢᠨ ᠳ᠋ᠠᠶ᠋ᠢᠲ᠋ᠠ ᠵᠢᠨ ᠡᠬᠢ ᠪᠠᠶᠠᠯᠢᠭ᠎ᠢ ᠬᠠᠤᠯᠢ ᠶᠣᠰᠣᠭ᠋ᠠᠷ ᠨᠡᠭᠡᠭᠡᠨ ᠠᠰᠢᠭᠯᠠᠵᠤ᠂  ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ ᠵᠢᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠠᠭ᠋ᠠᠯᠠᠯᠲᠠ ᠵᠢᠨ ᠲᠦᠷᠢᠮ᠎ᠢ ᠲᠡᠭᠦᠯᠳᠡᠷᠵᠢᠭᠦᠯᠵᠦ᠂  ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠬᠠᠯᠠᠭᠤᠨ ᠰᠡᠳᠬᠢᠯᠭᠡ ᠵᠢ ᠤᠯᠠᠮ ᠨᠢᠭᠡ ᠠᠯᠬᠤᠮ ᠬᠥᠭᠵᠢᠭᠡᠵᠦ᠂  ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠦᠷᠢᠶᠡᠨ᠎ᠳᠤ ᠨᠡᠩ ᠤᠯᠠᠨ ᠦᠷ᠎ᠡ ᠪᠦᠲᠦᠭᠡᠯ ᠤᠯᠬᠤ ᠵᠢ ᠠᠬᠢᠭᠤᠯᠬᠤ ᠬᠡᠷᠡᠭᠲᠡᠢ᠃

   ᠠᠷᠠᠳ᠎ᠠᠴᠠ ᠡᠵᠡᠩᠨᠡᠭᠰᠡᠨ ᠠᠵᠤ ᠠᠬᠤᠶ ᠵᠢ ᠠᠬᠢᠭᠤᠯᠬᠤ ᠬᠠᠤᠯᠢ ᠵᠢ ᠲᠤᠭᠲᠠᠭ᠋ᠠᠬᠤ᠎ᠳᠤ ᠨᠢᠭᠡᠨᠲᠡ ᠲᠦ᠍ᠷᠭᠡᠳᠬᠡᠭᠰᠡᠨ ᠳᠠᠷᠤᠪᠴᠢ ᠵᠢ ᠳᠠᠷᠤᠪᠠ᠃  ᠨᠢᠳᠤᠨᠤᠨ᠎ᠤ 12 ᠳ᠋ᠤᠭ᠋ᠠᠷ ᠰᠠᠷ᠎ᠠ ᠵᠢᠨ 21᠎ᠤ ᠡᠳᠦᠷ᠂  ᠠᠷᠠᠳ᠎ᠠᠴᠠ ᠡᠵᠡᠩᠨᠡᠭᠰᠡᠨ ᠠᠵᠤ ᠠᠬᠤᠶ ᠵᠢ ᠠᠬᠢᠭᠤᠯᠬᠤ ᠬᠠᠤᠯᠢ ᠵᠢᠨ ᠲᠥᠰᠦᠯ᠎ᠢ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ᠎ᠳᠤ ᠠᠩᠬ᠎ᠠ ᠤᠳᠠᠭ᠎ᠠ ᠬᠢᠨᠠᠨ ᠵᠥᠪᠯᠡᠭᠦᠯᠬᠦ᠎ᠪᠠᠷ ᠳᠡᠪᠰᠢᠭᠦᠯᠪᠡ᠃  ᠡᠨᠡ ᠬᠦ᠌ ᠬᠠᠤᠯᠢ ᠴᠠᠭ᠋ᠠᠵᠠ ᠵᠢ ᠨᠡᠶ᠋ᠢᠲᠡᠯᠡᠭᠰᠡᠨ᠎ᠨᠢ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠪᠣᠯᠤᠨ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯᠲᠠᠨ᠎ᠤ ᠬᠠᠤᠯᠢ ᠶᠣᠰᠣᠨ᠎ᠤ ᠡᠷᠬᠡ ᠠᠰᠢᠭ᠎ᠢ ᠤᠯᠠᠮ ᠨᠢᠭᠡ ᠠᠯᠬᠤᠮ ᠬᠠᠮᠠᠭ᠋ᠠᠯᠠᠵᠤ᠂  ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠬᠥᠭᠵᠢᠯᠲᠡ᠎ᠳᠤ ᠠᠰᠢᠭᠲᠠᠢ ᠬᠠᠤᠯᠢᠵᠢᠯ᠎ᠤᠨ ᠣᠷᠴᠢᠨ ᠲᠣᠭᠤᠷᠢᠨ ᠪᠣᠯᠤᠨ ᠨᠡᠶ᠋ᠢᠭᠡᠮ᠎ᠤᠨ ᠠᠭᠤᠷ ᠠᠮᠢᠰᠬᠤᠯ᠎ᠢ ᠪᠤᠢ ᠪᠣᠯᠭ᠋ᠠᠵᠤ᠂  ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠢ ᠰᠠᠨᠠᠭ᠎ᠠ ᠠᠮᠤᠷ ᠬᠥᠭᠵᠢᠭᠦᠯᠵᠦ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠳᠦᠭᠡᠨ ᠪᠠᠶ᠋ᠢᠭᠤᠯᠤᠯᠲᠠ᠎ᠳᠤ ᠨᠡᠩ ᠶᠡᠭᠡ ᠵᠢᠳᠬᠦᠯ ᠴᠢᠷᠮᠠᠶ᠋ᠢᠯᠭ᠎ᠠ ᠭᠠᠷᠭ᠋ᠠᠬᠤ ᠪᠣᠯᠤᠨ᠎ᠠ᠃

   ᠬᠠᠮ ᠲᠦᠷᠦ ᠵᠢᠨ ᠪᠤᠲᠤᠯᠭ᠎ᠠ ᠵᠢᠨ ᠬᠤᠷᠸ᠎ᠠ ᠳᠤᠭᠢᠷᠠᠭᠤᠯᠤᠯ ᠡᠵᠡᠮᠳᠡᠯ᠎ᠤᠨ ᠨᠢᠬᠡ ᠤᠲᠠᠭ᠋ᠠᠨ᠎ᠤ ᠬᠦᠰᠢᠶ᠎ᠡ ᠳᠤᠷᠠᠰᠬᠠᠯ ᠪᠣᠯᠣᠨ᠎ᠠ

   ᠴᠢᠩᠬᠤᠸᠠ ᠶᠡᠭᠡ ᠰᠤᠷᠭ᠋ᠠᠭᠤᠯᠢ ᠵᠢᠨ ᠳᠤᠮᠳᠠᠳᠤ ᠤᠯᠤᠰ᠎ᠤᠨ ᠬᠥᠭᠵᠢᠯᠲᠡ ᠵᠢᠨ ᠲᠥᠯᠥᠪᠵᠢᠭᠦᠯᠭᠡ ᠵᠢᠨ ᠰᠤᠳᠤᠯᠭ᠋ᠠᠨ᠎ᠤ ᠬᠦᠷᠢᠶᠡᠯᠡᠩ᠎ᠤᠨ ᠪᠠᠶ᠋ᠢᠩᠭᠤ ᠵᠢᠨ ᠳᠡᠳ᠋ ᠳᠠᠷᠤᠭ᠎ᠠ   ᠳ᠋ᠦᠩ ᠢᠦᠶ

   ᠨᠢᠳᠤᠨᠤᠨ᠎ᠤ 9 ᠳ᠋ᠦ᠍ᠭᠡᠷ ᠰᠠᠷ᠎ᠠ ᠵᠢᠨ ᠬᠤᠷᠢᠳ᠎ᠠᠴᠠ ᠨᠠᠭ᠋ᠠᠰᠢ᠂  ᠠᠯᠢ ᠣᠯᠠᠨ ᠨᠡᠮᠡᠭᠳᠡᠯ᠎ᠤᠨ ᠲᠥᠷᠥ ᠵᠢᠨ ᠪᠣᠳᠣᠯᠭ᠎ᠠ ᠵᠢ ᠲᠥᠪᠯᠡᠷᠡᠭᠦᠯᠦᠨ ᠨᠡᠶ᠋ᠢᠲᠡᠯᠡᠵᠦ᠂  ᠣᠳᠣᠬᠠᠨ᠎ᠳᠤ ᠠᠰᠢᠭᠲᠠᠶ᠂  ᠠᠯᠤᠰ ᠬᠡᠲᠦ᠎ᠳᠤ ᠠᠰᠢᠭ ᠬᠦᠷᠲᠡᠭᠡᠵᠦ᠂  ᠵᠠᠬ᠎ᠠ ᠳᠡᠯᠭᠡᠭᠦᠷ᠎ᠤᠨ ᠢᠲᠡᠭᠡᠯ᠎ᠢ ᠶᠡᠭᠡ᠎ᠪᠠᠷ ᠨᠡᠮᠡᠭᠳᠡᠭᠦᠯᠵᠦ᠂ 《ᠬᠤᠷᠸ᠎ᠠ ᠲᠣᠬᠢᠷᠠᠭᠤᠯᠤᠯ ᠡᠵᠡᠮᠳᠡᠯ᠎ᠤᠨ ᠨᠢᠭᠡ ᠤᠳᠠᠭ᠋ᠠᠨ᠎ᠤ ᠬᠥᠰᠢᠶ᠎ᠡ ᠳᠤᠷᠠᠰᠬᠠᠯ᠎ᠤᠨ ᠬᠡᠯᠪᠡᠷᠢ᠎ᠪᠠᠷ ᠭᠠᠷ ᠳᠦᠷᠦᠬᠦ》 ᠪᠣᠯᠪᠠ᠃

   ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂  ᠮᠠᠨ᠎ᠤ ᠤᠯᠤᠰ᠎ᠲᠤ ᠲᠤᠯᠭ᠋ᠠᠷᠠᠵᠤ ᠪᠠᠶ᠋ᠢᠭ᠎ᠠ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠣᠷᠴᠢᠨ ᠠᠬᠤᠢ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠶ᠋ᠢᠵᠤ᠂  ᠠᠵᠤ ᠠᠬᠤᠢ ᠵᠢᠨ ᠠᠵᠢᠯ᠎ᠳᠤ ᠤᠷᠢᠳ ᠬᠤᠵᠢᠳ 《ᠭᠤᠷᠪᠠᠨ ᠬᠤᠭᠤᠴᠠᠭ᠎ᠠ ᠳᠠᠪᠬᠤᠴᠠᠭᠰᠠᠨ》᠂  ᠳᠤᠮᠳᠠᠳᠤ ᠠᠮᠧᠷᠢᠺᠠ ᠵᠢᠨ ᠠᠷᠠᠯᠵᠢᠶᠠᠨ᠎ᠤ ᠮᠥᠷᠭᠥᠯᠳᠦᠭᠡᠨ ᠪᠠ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ 《ᠭᠤᠷᠪᠠᠨ ᠳᠠᠪᠠᠭ᠎ᠠ》 ᠪᠣᠯᠤᠨ᠎ᠠ᠃  ᠳᠠᠪᠠᠭ᠎ᠠ ᠳᠠᠪᠠᠭ᠍ᠤ ᠶᠠᠪᠤᠴᠠ᠎ᠳᠤ᠂  ᠮᠠᠨ᠎ᠤ ᠨᠠᠮ ᠠᠵᠤ ᠠᠬᠤᠢ ᠵᠢᠨ ᠪᠠᠶ᠋ᠢᠳᠠᠯ᠎ᠳᠤ ᠴᠢᠬᠤᠯᠠ ᠶᠡᠭᠡ ᠮᠠᠭ᠋ᠠᠳᠯᠠᠯᠲᠠ ᠬᠢᠵᠦ᠂  ᠴᠢᠬᠤᠯᠠ ᠶᠡᠭᠡ ᠪᠠᠶ᠋ᠢᠷᠢᠯᠠᠭᠤᠯᠤᠯᠲᠠ ᠬᠢᠵᠦ᠂  ᠮᠠᠨ᠎ᠤ ᠤᠯᠤᠰ᠎ᠤᠨ ᠠᠵᠤ ᠠᠬᠤᠢ ᠵᠢᠨ ᠳᠠᠪᠠᠯᠭ᠋ᠠᠨ᠎ᠢ ᠰᠦᠷᠦᠨ᠂  ᠯᠠᠪᠳᠠᠭᠤᠨ ᠵᠶ᠋ᠠᠷ ᠬᠤᠯᠠ ᠠᠶᠠᠯᠠᠬᠤ ᠵᠢ ᠠᠬᠢᠭᠤᠯᠪᠠ᠃ 2024 ᠣᠨ᠎ᠳᠤ᠂  ᠮᠠᠨ᠎ᠤ ᠤᠯᠤᠰ᠎ᠤᠨ ᠠᠵᠤ ᠠᠬᠤᠢ ᠵᠢᠨ ᠭᠠᠳᠠᠭ᠋ᠠᠳᠤ ᠳᠠᠷᠤᠯᠲᠠ ᠶᠡᠬᠡᠰᠴᠦ᠂  ᠳᠣᠲᠣᠭ᠋ᠠᠳᠤ ᠵᠢᠨ ᠬᠦᠴᠢᠷᠳᠡᠯ ᠨᠡᠮᠡᠭᠳᠡᠵᠦ ᠪᠠᠶ᠋ᠢᠭ᠎ᠠ ᠪᠤᠳᠤᠯᠢᠶᠠᠨᠲᠠᠢ ᠪᠠᠶ᠋ᠢᠳᠠᠯ᠎ᠳᠤ ᠲᠤᠯᠭ᠋ᠠᠷᠠᠵᠤ᠂  ᠬᠤᠷᠸ᠎ᠠ ᠲᠣᠬᠢᠷᠠᠭᠤᠯᠤᠯ ᠡᠵᠡᠮᠳᠡᠯ᠎ᠳᠤ ᠯᠤᠲᠤ ᠶᠡᠭᠡ ᠰᠢᠯᠭ᠋ᠠᠯᠲᠠ ᠪᠣᠯᠵᠤ ᠪᠠᠶ᠋ᠢᠨ᠎ᠠ᠃  ᠣᠨᠴᠠᠭ᠋ᠠᠶ᠋ᠢᠯᠠᠨ ᠥᠩᠭᠡᠷᠡᠭᠰᠡᠨ ᠨᠢᠭᠡ ᠬᠤᠭᠤᠴᠠᠭ᠋ᠠᠨ᠎ᠠᠴᠠ ᠨᠠᠭ᠋ᠠᠰᠢ ᠠᠵᠤ ᠠᠬᠤᠢ ᠵᠢᠨ ᠠᠵᠢᠯᠯᠠᠭ᠋ᠠᠨ᠎ᠳᠤ ᠰᠢᠨ᠎ᠡ ᠪᠠᠶ᠋ᠢᠳᠠᠯ ᠪᠣᠯᠤᠨ ᠠᠰᠠᠭᠤᠳᠠᠯ ᠭᠠᠷᠴᠠᠢ᠃  ᠨᠠᠮ᠎ᠤᠨ ᠲᠥᠪ ᠬᠤᠷᠢᠶ᠎ᠠ ᠲᠣᠭᠲᠠᠭᠤᠨ ᠵᠶ᠋ᠠᠷ ᠬᠤᠪᠢᠷᠠᠯᠲᠠ ᠵᠢ ᠠᠷᠭ᠋ᠠᠴᠠᠭ᠋ᠠᠵᠤ᠂ 9 ᠳ᠋ᠦ᠍ᠭᠡᠷ ᠰᠠᠷ᠎ᠠ ᠵᠢᠨ ᠬᠤᠷᠢᠳ ᠵᠶ᠋ᠠᠷ ᠠᠯᠢ ᠤᠯᠠᠨ ᠨᠡᠮᠡᠭᠳᠡᠯ᠎ᠤᠨ ᠲᠦᠷᠦ ᠵᠢᠨ ᠪᠤᠳᠤᠯᠭ᠎ᠠ ᠭᠠᠷᠭ᠋ᠠᠵᠤ᠂  ᠨᠡᠶ᠋ᠢᠭᠡᠮ᠎ᠤᠨ ᠢᠲᠡᠭᠡᠯ᠎ᠢ ᠪᠦᠲᠦᠮᠵᠢᠲᠡᠢ ᠬᠥᠭᠵᠢᠭᠡᠵᠦ᠂  ᠠᠵᠤ ᠠᠬᠤᠢ ᠢᠯᠡᠳᠲᠡ ᠳᠡᠭᠡᠭᠰᠢᠯᠡᠪᠡ᠃  ᠨᠡᠮᠡᠭᠳᠡᠯ᠎ᠤᠨ ᠬᠡᠮᠵᠢᠶ᠎ᠡ ᠵᠢ ᠬᠠᠮᠤᠷᠤᠭᠰᠠᠨ ᠲᠦᠷᠦ ᠵᠢᠨ ᠪᠣᠳᠣᠯᠭ᠎ᠠ ᠵᠢ ᠡᠷᠴᠢᠮ᠂  ᠥᠷᠭᠡᠴᠡ ᠪᠠ ᠭᠦᠨᠴᠡ ᠵᠢᠨ ᠠᠯᠢ ᠴᠤ᠌ ᠲᠠᠯ᠎ᠠ᠎ᠪᠠᠷ ᠴᠥᠮ 《ᠤᠷᠢᠳ ᠡᠮᠦᠨ᠎ᠡ ᠭᠠᠷᠤᠭ᠎ᠠ ᠦᠭᠡᠢ》 ᠭᠡᠳᠡᠭ ᠵᠶ᠋ᠡᠷ ᠳᠦᠷᠰᠦᠯᠡᠵᠦ ᠪᠣᠯᠬᠤ ᠶᠤᠮ᠂  ᠡᠨᠡ ᠪᠣᠯ ᠮᠠᠨ᠎ᠤ ᠤᠯᠤᠰ᠎ᠤᠨ ᠬᠣᠷᠸ᠎ᠠ ᠲᠣᠬᠢᠷᠠᠭᠤᠯᠤᠯ ᠡᠵᠡᠮᠳᠡᠯ᠎ᠤᠨ ᠲᠡᠦᠬᠡᠨ ᠳᠡᠭᠡᠷᠡᠬᠢ ᠪᠡᠯᠭᠡ ᠲᠡᠮᠳᠡᠭ᠎ᠤᠨ ᠴᠢᠨᠠᠷᠲᠠᠢ ᠬᠡᠷᠡᠭ ᠶᠠᠪᠤᠳᠠᠯ ᠮᠥᠨ᠃

  《ᠬᠠᠮ》᠎ᠢ ᠴᠢᠬᠤᠯᠠᠴᠢᠯᠠᠭᠰᠠᠨ᠎ᠨᠢ ᠲᠥᠷᠥ ᠵᠢᠨ ᠪᠣᠳᠣᠯᠭ᠎ᠠ ᠵᠢᠨ ᠶᠡᠷᠦᠩᠬᠡᠶ᠋ᠢᠯᠡᠭᠰᠡᠨ ᠬᠤᠷᠠᠮᠳᠤᠯ ᠮᠥᠨ᠂  ᠠᠰᠠᠭᠤᠳᠠᠯ᠎ᠢ ᠰᠢᠢ᠍ᠳᠪᠦᠷᠢᠯᠡᠬᠦ ᠰᠢᠰᠲ᠋ᠧᠮᠲᠦ ᠲᠥᠰᠦᠯ ᠮᠥᠨ᠃  ᠨᠡᠮᠡᠭᠳᠡᠯ᠎ᠤᠨ ᠲᠥᠷᠥ ᠵᠢᠨ ᠪᠣᠳᠣᠯᠭ᠎ᠠ ᠵᠢᠨ ᠠᠯᠢ ᠣᠯᠠᠨ 《ᠬᠠᠮ ᠠᠷᠭ᠎ᠠ ᠬᠡᠮᠵᠢᠶ᠎ᠡ》᠎ᠨᠢ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠵᠦ ᠬᠤᠷᠸ᠎ᠠ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ᠂  ᠳᠣᠲᠣᠭ᠋ᠠᠳᠤ ᠬᠡᠷᠡᠭᠴᠡᠭᠡ ᠵᠢ ᠤᠯᠠᠮ ᠨᠢᠭᠡ ᠠᠯᠬᠤᠮ ᠥᠷᠭᠡᠳᠬᠡᠬᠦ᠂  ᠠᠵᠤ ᠠᠬᠤᠶ᠋ᠢᠯᠠᠯ᠎ᠢ ᠬᠠᠪᠰᠤᠷᠤᠨ ᠲᠡᠳᠬᠦᠬᠦ ᠡᠷᠴᠢᠮ ᠵᠶ᠋ᠠᠨ ᠴᠢᠩᠭ᠋ᠠᠷᠠᠭᠤᠯᠬᠤ᠂  ᠬᠡᠷ ᠪᠠᠶ᠋ᠢᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠪᠠᠭᠤᠷᠠᠬᠤ ᠵᠢ ᠵᠣᠭᠰᠣᠭ᠋ᠠᠵᠤ ᠲᠣᠭᠲᠠᠭᠤᠨ ᠪᠠᠶ᠋ᠢᠯᠭ᠋ᠠᠬᠤ ᠵᠢ ᠠᠬᠢᠭᠤᠯᠬᠤ᠂  ᠬᠥᠷᠥᠩᠭᠡ ᠵᠢᠨ ᠵᠠᠬ᠎ᠠ ᠳᠡᠯᠭᠡᠭᠦᠷ᠎ᠢ ᠴᠢᠷᠮᠠᠶ᠋ᠢᠨ ᠬᠥᠭᠵᠢᠭᠦᠯᠬᠦ ᠵᠡᠷᠭᠡ ᠲᠠᠪᠤᠨ ᠲᠠᠯ᠎ᠠ ᠵᠢ ᠪᠠᠭᠲᠠᠭ᠋ᠠᠵᠤ᠂  ᠲᠠᠯ᠎ᠠ ᠨᠢᠭᠡᠪᠦᠷᠢ᠎ᠨᠢ ᠴᠥᠮ ᠢᠯᠡ ᠲᠣᠳᠣ ᠬᠠᠨᠳᠤᠯᠭ᠋ᠠᠲᠤ ᠴᠢᠨᠠᠷ ᠪᠠ ᠬᠠᠨᠳᠤᠯᠭ᠋ᠠᠲᠤ ᠴᠢᠨᠠᠷ᠎ᠲᠠᠢ ᠪᠠᠶ᠋ᠢᠬᠤ ᠵᠢ ᠪᠠᠭᠲᠠᠭ᠋ᠠᠨ᠎ᠠ᠃  ᠦᠨᠳᠦᠰᠦᠨ ᠪᠦᠲᠦᠴᠡ᠎ᠠᠴᠠ ᠠᠪᠴᠤ ᠦᠵᠡᠪᠡᠯ᠂  ᠬᠤᠷᠸ᠎ᠠ ᠲᠦᠷᠦ ᠵᠢᠨ ᠪᠤᠳᠤᠯᠭ᠎ᠠ ᠵᠢᠨ ᠡᠷᠴᠢᠮ᠎ᠢ ᠴᠢᠩᠭ᠋ᠠᠷᠠᠭᠤᠯᠬᠤ ᠪᠣᠯ ᠶᠡᠷᠦᠩᠬᠡᠢ ᠤᠳᠤᠷᠢᠳᠤᠮᠵᠢ ᠮᠥᠨ᠂  ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ ᠪᠣᠯ ᠬᠡᠷᠡᠭᠴᠡᠭᠡ ᠬᠦᠷᠦᠯᠴᠡᠬᠦ ᠦᠭᠡᠢ ᠪᠠᠶ᠋ᠢᠬᠤ ᠡᠨᠡ ᠬᠦ᠌ ᠵᠥᠷᠢᠴᠡᠯ᠎ᠢ ᠰᠢᠢ᠍ᠳᠪᠦᠷᠢᠯᠡᠬᠦ ᠭᠤᠣᠯ ᠠᠷᠭ᠎ᠠ ᠵᠠᠮ ᠮᠥᠨ᠂  ᠬᠠᠪᠰᠤᠷᠤᠨ ᠲᠡᠳᠬᠦᠬᠦ ᠠᠵᠤ ᠠᠬᠤᠶ᠋ᠢᠯᠠᠯ ᠪᠣᠯ ᠡᠵᠡᠩᠨᠡᠯᠲᠡ ᠵᠢᠨ ᠭᠤᠣᠯ ᠴᠣᠭᠴᠠ ᠵᠢᠨ ᠪᠣᠳᠠᠲᠠᠢ ᠬᠦᠴᠢᠷᠳᠡᠯ᠎ᠢ ᠰᠢᠢ᠍ᠳᠪᠦᠷᠢᠯᠡᠬᠦ ᠰᠢᠭᠤᠳ ᠭᠠᠷᠳᠠᠴᠠ ᠮᠥᠨ᠂  ᠠᠰᠠᠷ᠎ᠤᠨ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠬᠤ᠂  ᠰᠲ᠋ᠣᠺ᠎ᠤᠨ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠬᠤ ᠪᠣᠯ ᠠᠵᠤ ᠠᠬᠤᠢ ᠵᠢᠨ ᠲᠣᠭᠲᠠᠭᠤᠨ ᠠᠵᠢᠯᠯᠠᠭ᠋ᠠᠨ᠎ᠢ ᠪᠠᠲᠤᠯᠠᠬᠤ ᠴᠢᠬᠤᠯᠠ ᠲᠤᠯᠭ᠋ᠠᠭᠤᠷᠢᠯᠠᠯ ᠮᠥᠨ᠂  ᠡᠳᠡᠭᠡᠷ᠎ᠨᠢ ᠴᠥᠮ ᠠᠵᠤ ᠠᠬᠤᠢ ᠵᠢᠨ ᠠᠵᠢᠯᠯᠠᠭ᠋ᠠᠨ᠎ᠤ ᠳᠤᠮᠳᠠᠬᠢ ᠲᠤᠪᠤᠶ᠋ᠢᠮ᠎ᠠ ᠠᠰᠠᠭᠤᠳᠠᠯ ᠮᠥᠨ᠃  ᠡᠯ᠎ᠡ ᠲᠥᠷᠥᠯ᠎ᠤᠨ ᠠᠵᠤ ᠠᠬᠤᠶ ᠵᠢᠨ ᠠᠰᠠᠭᠤᠳᠠᠯ᠎ᠤᠨ ᠬᠤᠭᠤᠷᠣᠨᠳᠣ ᠬᠠᠷᠢᠯᠴᠠᠨ ᠬᠤᠯᠪᠣᠯᠳᠤᠳᠠᠭ ᠪᠣᠯᠬᠤᠷ ᠡᠳ᠋᠎ᠤᠨ ᠵᠠᠰᠠᠭ᠂  ᠮᠥᠩᠭᠦᠨ ᠭᠦᠢ᠍ᠯᠭᠡᠭᠡ᠂  ᠬᠡᠷᠡᠭᠯᠡᠭᠡ᠂  ᠪᠡᠯᠡ ᠣᠷᠣᠭᠤᠯᠤᠯᠲᠠ᠂  ᠭᠡᠷ ᠪᠠᠶ᠋ᠢᠰᠢᠩ ᠭᠠᠵᠠᠷ ᠬᠥᠷᠥᠩᠭᠡ᠂  ᠰᠲ᠋ᠣᠺ᠎ᠤᠨ ᠵᠠᠬ᠎ᠠ ᠳᠡᠯᠭᠡᠭᠦᠷ᠂  ᠠᠵᠢᠯ ᠣᠯᠭᠤᠯᠲᠠ᠂  ᠠᠷᠠᠳ᠎ᠤᠨ ᠠᠮᠢᠳᠤᠷᠠᠯ ᠵᠡᠷᠭᠡ ᠡᠯ᠎ᠡ ᠬᠦᠷᠢᠶᠡᠨ᠎ᠤ ᠲᠦᠷᠦ ᠵᠢᠨ ᠪᠤᠳᠤᠯᠭ᠎ᠠ ᠵᠢ ᠨᠢᠭᠡᠳᠦᠯᠲᠡᠢ ᠲᠥᠯᠥᠪᠵᠢᠭᠦᠯᠵᠦ᠂  ᠨᠡᠮᠡᠭᠳᠡᠯ᠎ᠢ ᠲᠣᠭᠲᠠᠪᠤᠷᠢᠵᠢᠭᠤᠯᠬᠤ 《ᠲᠦᠷᠦ ᠵᠢᠨ ᠪᠤᠳᠤᠯᠭ᠎ᠠ ᠵᠢᠨ ᠳᠠᠭ᠋ᠠᠭ᠋ᠠᠴᠢᠯᠠᠯᠲᠠ》 ᠵᠢ ᠪᠦᠷᠢᠯᠳᠦᠭᠦᠯᠬᠦ ᠴᠢᠬᠤᠯᠠᠲᠠᠢ ᠪᠠᠶ᠋ᠢᠨ᠎ᠠ᠃  ᠡᠯ᠎ᠡ ᠰᠠᠯᠠᠭ᠎ᠠ ᠮᠥᠴᠢᠷ᠎ᠤᠨ ᠲᠦᠷᠦ ᠵᠢᠨ ᠪᠤᠳᠤᠯᠭ᠎ᠠ ᠵᠢᠨ ᠬᠤᠭᠤᠷᠣᠨᠳᠣ᠎ᠪᠠᠨ ᠪᠠᠰᠠ ᠵᠣᠬᠢᠴᠠᠭᠤᠯᠤᠨ ᠬᠠᠷᠢᠯᠴᠠᠨ ᠨᠥᠬᠦᠪᠥᠷᠢᠯᠡᠬᠦ ᠵᠢ ᠴᠢᠩᠭ᠋ᠠᠳᠬᠠᠵᠤ᠂  ᠲᠦᠷᠦ ᠵᠢᠨ ᠪᠤᠳᠤᠯᠭ᠎ᠠ ᠵᠢᠨ ᠬᠠᠮᠲᠤᠷᠠᠯ᠎ᠤᠨ ᠬᠦᠴᠦᠨ᠎ᠢ ᠴᠢᠩᠭ᠋ᠠᠳᠬᠠᠬᠤ ᠬᠡᠷᠡᠭᠲᠡᠢ᠃  ᠡᠳᠡᠭᠡᠷ᠎ᠨᠢ ᠪᠦᠷ ᠰᠢᠰᠲ᠋ᠧᠮ᠎ᠤᠨ ᠦᠵᠡᠯᠲᠡ ᠵᠢᠨ ᠪᠦᠲᠦᠮᠵᠢᠲᠡᠶ ᠬᠡᠷᠡᠭᠯᠡᠯᠲᠡ ᠵᠢ ᠭᠦᠢ᠍ᠴᠡᠳ ᠢᠯᠡᠷᠡᠭᠦᠯᠪᠡ᠃

  《ᠨᠡᠮᠡᠭᠳᠡᠯ》᠎ᠨᠢ ᠲᠥᠷᠥ ᠵᠢᠨ ᠪᠣᠳᠣᠯᠭ᠎ᠠ ᠵᠢ ᠬᠦᠴᠦᠯᠡᠨ ᠰᠤᠯᠠᠯᠠᠵᠤ᠂  ᠲᠥᠷᠥ ᠵᠢᠨ ᠪᠣᠳᠣᠯᠭ᠎ᠠ ᠵᠢᠨ ᠪᠣᠳᠠᠲᠤ ᠦᠷ᠎ᠡ ᠪᠦᠲᠦᠮᠵᠢ ᠵᠢ ᠴᠢᠬᠤᠯᠠᠴᠢᠯᠠᠬᠤ ᠬᠡᠷᠡᠭᠲᠡᠶ ᠭᠡᠵᠦ ᠴᠢᠬᠤᠯᠠᠴᠢᠯᠠᠪᠠ᠃  ᠨᠡᠮᠡᠭᠳᠡᠯ᠎ᠤᠨ ᠲᠥᠷᠥ ᠵᠢᠨ ᠪᠣᠳᠣᠯᠭ᠎ᠠ ᠪᠣᠯ ᠦᠯᠡᠳᠡᠭᠡᠯ ᠲᠥᠷᠥ ᠵᠢᠨ ᠪᠣᠳᠣᠯᠭ᠎ᠠ ᠵᠢᠨ ᠰᠠᠭᠤᠷᠢᠨ ᠳᠡᠭᠡᠷ᠎ᠡ ᠪᠠᠶ᠋ᠢᠭᠤᠯᠤᠭᠰᠠᠨ ᠶᠤᠮ᠂  ᠡᠨᠡ᠎ᠨᠢ ᠤᠤᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠪᠠᠷᠢᠯ᠎ᠤᠨ ᠲᠠᠯ᠎ᠠ᠎ᠪᠠᠷ ᠣᠷᠣᠭᠤᠯᠤᠯᠲᠠ ᠵᠢᠨ ᠡᠷᠴᠢᠮ ᠵᠶ᠋ᠠᠨ ᠶᠡᠬᠡᠪᠡᠷ ᠨᠡᠮᠡᠭᠳᠡᠭᠦᠯᠦᠭᠰᠡᠨ ᠮᠥᠷᠲᠡᠭᠡᠨ ᠪᠠᠰᠠ ᠲᠥᠷᠥ ᠵᠢᠨ ᠪᠣᠳᠣᠯᠭ᠎ᠠ ᠵᠢᠨ ᠰᠢᠨ᠎ᠡ ᠪᠠᠭ᠋ᠠᠵᠢ ᠬᠡᠷᠡᠭᠰᠡᠯ᠎ᠳᠤ ᠣᠷᠣᠯᠴᠠᠭᠰᠠᠨ᠎ᠠᠴᠠ ᠢᠯᠡ ᠲᠣᠳᠣ ᠣᠨᠴᠠᠯᠢᠭ᠎ᠢ ᠢᠯᠡᠷᠡᠭᠦᠯᠦᠭᠰᠡᠨ ᠪᠠᠶ᠋ᠢᠨ᠎ᠠ᠃

   ᠵᠢᠱ᠌ᠢᠶᠡᠯᠡᠪᠡᠯ᠂  ᠡᠳ᠋᠎ᠤᠨ ᠵᠠᠰᠠᠭ᠎ᠤᠨ ᠲᠦᠷᠦ ᠵᠢᠨ ᠪᠤᠳᠤᠯᠭ᠎ᠠ ᠵᠢᠨ ᠬᠦᠴᠦᠯᠡᠴᠡ ᠵᠢ ᠨᠡᠮᠡᠵᠦ᠂  ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠷᠢ ᠥᠭᠴᠡᠭᠡ ᠵᠢ ᠠᠷᠢᠯᠭ᠋ᠠᠬᠤ᠎ᠪᠠᠷ ᠳᠠᠮᠵᠢᠭᠤᠯᠵᠤ᠂  ᠣᠷᠣᠨ ᠨᠤᠲᠤᠭ᠎ᠤᠨ ᠡᠳ᠋᠎ᠤᠨ ᠵᠠᠰᠠᠭ᠎ᠤᠨ ᠳᠠᠷᠤᠯᠲᠠ ᠵᠢ ᠶᠡᠭᠡ ᠬᠡᠮᠵᠢᠶ᠎ᠡ᠎ᠪᠠᠷ ᠨᠠᠮᠳᠠᠭᠤᠯᠵᠤ᠂  ᠠᠵᠤ ᠠᠬᠤᠢ ᠵᠢᠨ ᠠᠵᠢᠯᠯᠠᠭ᠋ᠠᠨ᠎ᠤ ᠬᠡᠯᠬᠢᠶ᠎ᠡ ᠵᠢ ᠤᠯᠠᠮ ᠨᠢᠭᠡ ᠠᠯᠬᠤᠮ ᠰᠢᠯᠤᠭᠤᠳᠬᠠᠵᠤ ᠴᠢᠳᠠᠨ᠎ᠠ; ᠵᠣᠭᠤᠰᠣᠨ᠎ᠤ ᠲᠦᠷᠦ ᠵᠢᠨ ᠪᠤᠳᠤᠯᠭ᠎ᠠ ᠵᠢᠨ ᠡᠷᠴᠢᠮ᠎ᠢ ᠴᠢᠩᠭ᠋ᠠᠷᠠᠭᠤᠯᠵᠤ᠂  ᠤᠯᠠᠨ ᠵᠦᠢ᠍ᠯ᠎ᠤᠨ ᠲᠦᠷᠦ ᠵᠢᠨ ᠪᠤᠳᠤᠯᠭ᠎ᠠ ᠵᠢᠨ ᠠᠷᠭ᠎ᠠ ᠪᠠᠷᠢᠯ᠎ᠢ ᠶᠡᠷᠦᠩᠬᠡᠶ᠋ᠢᠯᠡᠨ ᠬᠡᠷᠡᠭᠯᠡᠬᠦ᠎ᠪᠠᠷ ᠳᠠᠮᠵᠢᠭᠤᠯᠤᠨ᠂  ᠭᠦᠢ᠍ᠯᠭᠡᠭᠡᠨ᠎ᠤ ᠴᠢᠨᠠᠷᠲᠠᠢ ᠭᠦᠢ᠍ᠴᠡᠳ ᠪᠠᠶ᠋ᠢᠬᠤ ᠵᠢ ᠪᠠᠲᠤᠯᠠᠵᠤ᠂  ᠪᠦᠲᠦᠮᠵᠢᠲᠡᠢ ᠢᠲᠡᠭᠡᠮᠵᠢᠲᠦ ᠵᠢᠭᠡᠯᠡᠯᠭᠡ ᠵᠢᠨ ᠬᠡᠷᠡᠭᠴᠡᠭᠡ ᠵᠢ ᠨᠡᠩ ᠰᠠᠶ᠋ᠢᠨ ᠬᠠᠩᠭ᠋ᠠᠬᠤ ᠵᠢᠨ ᠬᠠᠮᠲᠤ ᠨᠡᠶ᠋ᠢᠭᠡᠮ᠎ᠤᠨ ᠶᠡᠷᠦᠩᠬᠡᠶ᠋ᠢᠯᠡᠭᠰᠡᠨ ᠪᠡᠯᠡ ᠲᠣᠬᠢᠷᠠᠭᠤᠯᠭ᠎ᠠ ᠵᠢᠨ ᠥᠪᠡᠷ᠎ᠤᠨ ᠦᠷᠳᠡᠭ᠎ᠢ ᠲᠣᠭᠲᠠᠭᠤᠨ᠎ᠤ ᠳᠤᠮᠳᠠ ᠪᠠᠭᠤᠷᠠᠭᠤᠯᠬᠤ ᠵᠢ ᠠᠬᠢᠭᠤᠯᠤᠨ᠎ᠠ;  ᠬᠡᠷᠡᠭᠯᠡᠭᠡᠨ᠎ᠤ ᠲᠥᠷᠥ ᠵᠢᠨ ᠪᠣᠳᠣᠯᠭ᠎ᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂  ᠬᠡᠷᠡᠭᠯᠡᠭᠡ ᠵᠢ ᠠᠬᠢᠭᠤᠯᠬᠤ ᠪᠠ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠵᠢ ᠨᠢᠭᠲᠠ ᠤᠶᠠᠯᠳᠤᠭᠤᠯᠬᠤ᠎ᠪᠠᠷ ᠳᠠᠮᠵᠢᠭᠤᠯᠤᠨ᠂  ᠳᠤᠮᠳᠠ ᠳᠣᠤᠷ᠎ᠠ ᠣᠷᠣᠯᠭ᠎ᠠ᠎ᠲᠠᠢ ᠬᠥᠮᠦᠰ᠎ᠤᠨ ᠣᠷᠣᠯᠭ᠎ᠠ ᠵᠢ ᠨᠡᠮᠡᠭᠳᠡᠭᠦᠯᠦᠨ ᠳᠠᠷᠤᠭ᠋ᠠᠰᠤ ᠵᠢ ᠬᠥᠩᠭᠡᠷᠡᠭᠦᠯᠬᠦ ᠵᠢ ᠠᠬᠢᠭᠤᠯᠵᠤ ᠪᠣᠯᠤᠨ᠎ᠠ᠂  ᠡᠭᠦᠨ᠎ᠤ ᠤᠯᠠᠮ᠎ᠠᠴᠠ ᠬᠡᠷᠡᠭᠯᠡᠭᠡᠨ᠎ᠤ ᠴᠢᠳᠠᠪᠤᠷᠢ ᠵᠢ ᠨᠡᠮᠡᠭᠳᠡᠭᠦᠯᠵᠦ᠂  ᠬᠡᠷᠡᠭᠯᠡᠭᠡᠨ᠎ᠤ ᠬᠦᠰᠡᠯ ᠰᠠᠨᠠᠭ᠎ᠠ ᠵᠢ ᠳᠡᠭᠡᠭᠰᠢᠯᠡᠭᠦᠯᠵᠦ ᠪᠣᠯᠤᠨ᠎ᠠ; ᠪᠡᠯᠡ ᠣᠷᠣᠭᠤᠯᠤᠯᠲᠠ ᠵᠢᠨ ᠲᠥᠷᠥ ᠵᠢᠨ ᠪᠣᠳᠣᠯᠭ᠎ᠠ ᠵᠢᠨ ᠡᠷᠴᠢᠮ᠎ᠢ ᠴᠢᠩᠭ᠋ᠠᠷᠠᠭᠤᠯᠵᠤ᠂  ᠴᠢᠬᠤᠯᠠ ᠶᠡᠭᠡ ᠲᠥᠷᠥᠯ ᠵᠦᠢ᠍ᠯ᠎ᠤᠨ ᠬᠥᠲᠥᠯᠦᠮᠵᠢ ᠪᠠ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ ᠵᠢᠨ ᠳᠠᠶ᠋ᠢᠴᠢᠯᠠᠬᠤ ᠦᠢ᠍ᠯᠡᠳᠦᠯ᠎ᠢ ᠰᠠᠶ᠋ᠢᠲᠤᠷ ᠪᠠᠳᠠᠷᠠᠭᠤᠯᠬᠤ᠎ᠪᠠᠷ ᠳᠠᠮᠵᠢᠭᠤᠯᠤᠨ᠂  ᠴᠢᠬᠤᠯᠠ ᠶᠡᠭᠡ ᠲᠥᠷᠥᠯ ᠵᠦᠢ᠍ᠯ᠎ᠤᠨ ᠳᠠᠭ᠋ᠠᠭᠤᠯᠤᠯ ᠪᠠ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ ᠵᠢᠨ ᠳᠠᠶ᠋ᠢᠴᠢᠯᠠᠬᠤ ᠦᠢ᠍ᠯᠡᠳᠦᠯ᠎ᠢ ᠰᠠᠶ᠋ᠢᠲᠤᠷ ᠪᠠᠳᠠᠷᠠᠭᠤᠯᠬᠤ᠎ᠪᠠᠷ ᠳᠠᠮᠵᠢᠭᠤᠯᠤᠨ᠂  ᠰᠢᠨ᠎ᠡ ᠠᠵᠢᠯ᠎ᠤᠨ ᠪᠠᠶ᠋ᠢᠷᠢ ᠵᠢ ᠡᠭᠦᠳᠴᠦ ᠴᠢᠳᠠᠬᠤ ᠪᠥᠭᠡᠳ ᠠᠷᠠᠳ᠎ᠤᠨ ᠪᠠᠯᠠ ᠣᠷᠣᠭᠤᠯᠤᠯᠲᠠ ᠵᠢᠨ ᠠᠮᠢᠵᠢᠷᠠᠯ᠎ᠤᠨ ᠬᠦᠴᠦᠨ᠎ᠢ ᠪᠦᠲᠦᠮᠵᠢᠲᠡᠶ᠎ᠪᠠᠷ ᠬᠥᠭᠵᠢᠭᠡᠵᠦ ᠪᠣᠯᠤᠨ᠎ᠠ᠃  ᠨᠡᠮᠡᠭᠲᠡᠯ᠎ᠤᠨ ᠲᠤᠬᠠᠢ ᠠᠯᠢ ᠤᠯᠠᠨ ᠳᠦᠷᠦ ᠵᠢᠨ ᠪᠤᠲᠤᠯᠭ᠎ᠠ᠎ᠨᠢ ᠡᠴᠦᠰ᠎ᠲᠡᠭᠡᠨ ᠢᠲᠡᠬᠡᠯ ᠵᠤᠷᠢᠭ᠎ᠢ ᠨᠡᠮᠡᠭᠲᠡᠭᠦᠯᠦᠨ᠂  ᠵᠢᠱ᠌ᠢᠯᠲᠡ ᠵᠢ ᠨᠡᠮᠡᠭᠲᠡᠭᠦᠯᠭᠦ ᠲᠠᠯ᠎ᠠ᠎ᠪᠠᠷ ᠮᠠᠰᠢ ᠤᠯᠠᠨ ᠳᠦᠷᠦ ᠵᠢᠨ ᠪᠤᠲᠤᠯᠭ᠎ᠠ᠎ᠨᠢ ᠳᠤᠭᠢᠶᠠᠯᠲᠤᠭᠰᠠᠨ ᠦᠶ᠎ᠡ᠎ᠳᠤ ᠴᠦᠮ ᠴᠠᠭ ᠲᠤᠭᠢᠶᠠᠯ᠎ᠢ ᠡᠵᠡᠮᠲᠡᠭᠦ᠂  ᠡᠷᠴᠢᠮ ᠪᠠ ᠠᠶ᠋ᠢᠵᠠᠮ᠎ᠢ ᠡᠵᠡᠮᠲᠡᠭᠦ ᠵᠢ ᠴᠢᠬᠤᠯᠠᠴᠢᠯᠠᠵᠤ᠂  ᠵᠢᠱ᠌ᠢᠭᠰᠡᠨ ᠬᠠᠮᠢᠶᠠᠷᠤᠯᠲᠠ ᠵᠢ ᠲᠡᠬᠡᠲᠤ ᠬᠡᠮᠵᠢᠶ᠎ᠠ᠎ᠪᠠᠷ ᠴᠢᠬᠤᠯᠠᠴᠢᠯᠠᠵᠤ ᠪᠠᠶ᠋ᠢᠬᠤ ᠵᠢ ᠬᠠᠷᠠᠭᠤᠯᠵᠠᠢ᠂  ᠡᠨᠡ᠎ᠨᠢ ᠪᠠᠰᠠ ᠴᠤ᠌ ᠬᠤᠷᠸ᠎ᠠ ᠳᠤᠭᠢᠷᠠᠭᠤᠯᠤᠯ ᠡᠵᠡᠮᠲᠡᠯ᠎ᠤᠨ ᠴᠢᠬᠤᠯᠠ ᠶᠡᠭᠡ ᠰᠢᠨ᠎ᠡ ᠡᠭᠦᠲᠦᠯᠲᠡ ᠮᠦᠨ᠃

   ᠨᠡᠮᠡᠭᠳᠡᠯ᠎ᠤᠨ ᠲᠦᠷᠦ ᠵᠢᠨ ᠪᠤᠳᠤᠯᠭ᠎ᠠ ᠵᠢ ᠬᠡᠷᠡᠭᠵᠢᠭᠦᠯᠵᠦ᠂  ᠮᠠᠨ᠎ᠤ ᠤᠯᠤᠰ᠎ᠤᠨ ᠠᠵᠤ ᠠᠬᠤᠢ ᠵᠢᠨ ᠠᠵᠢᠯᠯᠠᠭ᠋ᠠᠨ᠎ᠤ ᠭᠤᠣᠯ ᠭᠦᠢ᠍ᠴᠡᠳᠬᠡᠯ ᠲᠤᠭ᠎ᠠ᠎ᠳᠤ ᠢᠳᠡᠪᠬᠢᠲᠡᠢ ᠬᠤᠪᠢᠷᠠᠯᠲᠠ ᠭᠠᠷᠭ᠋ᠠᠬᠤ ᠵᠢ ᠬᠦᠴᠦᠲᠡᠢ ᠠᠬᠢᠭᠤᠯᠵᠤ᠂ 2024 ᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠭᠤᠣᠯ ᠬᠠᠷᠠᠯᠲᠠ ᠡᠭᠦᠷᠭᠡ ᠵᠢ ᠤᠷᠤᠭᠰᠢᠲᠠᠢ ᠪᠡᠶᠡᠯᠡᠭᠦᠯᠬᠦ ᠵᠢ ᠬᠦᠴᠦᠲᠡᠢ ᠲᠤᠯᠭ᠋ᠠᠭᠤᠷᠢᠯᠠᠨ᠎ᠠ᠃  ᠨᠢᠳᠤᠨᠤᠨ ᠵᠢᠯ᠎ᠤᠨ ᠰᠡᠭᠦᠯᠴᠢ ᠬᠤᠷᠠᠯᠳᠤᠭᠤᠯᠤᠭᠰᠠᠨ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠨᠢ 2025 ᠣᠨ᠎ᠤ ᠠᠵᠤ ᠠᠬᠤᠢ ᠵᠢᠨ ᠠᠵᠢᠯ᠎ᠳᠤ ᠪᠥᠬᠦ ᠲᠠᠯ᠎ᠠ ᠵᠢᠨ ᠪᠠᠶ᠋ᠢᠷᠢᠯᠠᠭᠤᠯᠤᠯᠲᠠ ᠬᠢᠵᠦ᠂ 《ᠨᠡᠩ ᠢᠳᠡᠪᠬᠢᠲᠡᠢ ᠪᠥᠭᠡᠳ ᠦᠢ᠍ᠯᠡᠰ ᠪᠦᠲᠦᠭᠡᠬᠦ ᠬᠤᠷᠸ᠎ᠠ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ》 ᠵᠢ ᠲᠣᠳᠣᠷᠬᠠᠢ ᠳᠤᠷᠠᠳᠴᠠᠢ᠂  ᠡᠨᠡ᠎ᠨᠢ ᠪᠠᠰᠠ ᠬᠤᠷᠸ᠎ᠠ ᠲᠣᠬᠢᠷᠠᠭᠤᠯᠤᠯ ᠡᠵᠡᠮᠳᠡᠯ᠎ᠤᠨ ᠲᠠᠯ᠎ᠠ᠎ᠪᠠᠷ ᠨᠢᠭᠲᠠ ᠵᠣᠯᠭ᠋ᠠᠯᠳᠤᠭᠤᠯᠬᠤ ᠵᠢ ᠪᠠᠲᠤᠯᠠᠵᠤ᠂  ᠨᠡᠮᠡᠭᠳᠡᠯ᠎ᠤᠨ ᠲᠥᠷᠥ ᠵᠢᠨ ᠪᠣᠳᠣᠯᠭ᠎ᠠ ᠵᠢ ᠲᠠᠷᠠᠭ᠋ᠠᠴᠢ ᠵᠢᠨ ᠠᠯᠬᠤᠮ᠎ᠤᠨ ᠬᠤᠷᠸ᠎ᠠ ᠲᠥᠷᠥ ᠵᠢᠨ ᠪᠣᠳᠣᠯᠭ᠎ᠠ᠎ᠳᠤ ᠣᠷᠭ᠋ᠠᠨᠢᠭ ᠵᠶ᠋ᠠᠷ ᠰᠢᠭᠢᠳᠬᠡᠨ ᠣᠷᠣᠭᠤᠯᠬᠤ ᠵᠢ ᠬᠠᠷᠠᠭᠤᠯᠵᠤ ᠪᠠᠶ᠋ᠢᠨ᠎ᠠ᠃  ᠡᠳᠡᠭᠡᠷ᠎ᠨᠢ ᠠᠵᠤ ᠠᠬᠤᠢ ᠵᠢᠨ ᠠᠵᠢᠯ᠎ᠤᠨ 《ᠨᠡᠮᠡᠬᠦ ᠠᠷᠭ᠎ᠠ》 ᠪᠤᠯᠵᠤ᠂  ᠵᠠᠬ᠎ᠠ ᠳᠡᠯᠭᠡᠭᠦᠷ᠎ᠲᠤ ᠨᠡᠩ ᠣᠯᠠᠨ ᠠᠵᠠ ᠲᠣᠬᠢᠶᠠᠯ ᠪᠠ ᠢᠷᠡᠭᠡᠳᠦᠢ ᠵᠢᠨ ᠳᠤᠮᠳᠠᠳᠤ ᠤᠯᠤᠰ᠎ᠤᠨ ᠠᠵᠤ ᠠᠬᠤᠢ ᠵᠢᠨ ᠬᠥᠭᠵᠢᠯᠲᠡ᠎ᠳᠤ ᠨᠡᠩ ᠤᠯᠠᠨ ᠰᠠᠭᠤᠷᠢ ᠬᠦᠴᠦᠨ ᠪᠠ ᠬᠥᠳᠡᠯᠭᠡᠭᠴᠢ ᠬᠦᠴᠦᠨ ᠨᠡᠮᠡᠷᠢᠯᠡᠵᠦ ᠴᠢᠳᠠᠨ᠎ᠠ᠃

  《ᠬᠤᠶᠠᠷ ᠭᠤᠣᠯᠳᠠᠯᠭ᠎ᠠ》᠂ 《ᠬᠤᠶᠠᠷ ᠰᠢᠨ᠎ᠡ》 ᠵᠢᠨ ᠳᠣᠲᠣᠭ᠋ᠠᠳᠤ ᠬᠡᠷᠡᠭᠴᠡᠭᠡ ᠵᠢ ᠪᠦᠬᠦ ᠲᠠᠯ᠎ᠠ᠎ᠪᠠᠷ ᠥᠷᠭᠡᠳᠬᠡᠬᠦ ᠴᠢᠬᠤᠯᠠ ᠭᠠᠷᠳᠠᠴᠠ

   ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠬᠤᠷᠸ᠎ᠠ ᠠᠵᠤ ᠠᠬᠤᠢ ᠵᠢᠨ ᠰᠤᠳᠤᠯᠭ᠋ᠠᠨ᠎ᠤ ᠬᠦᠷᠢᠶᠡᠯᠡᠩ᠎ᠤᠨ ᠳᠡᠳ᠋ ᠳᠠᠷᠤᠭ᠎ᠠ   ᠰᠦᠩ ᠭᠧ ᠯᠦᠩ

  2024 ᠣᠨ᠎ᠠᠴᠠ ᠨᠠᠭ᠋ᠠᠰᠢ᠂  ᠬᠥᠮᠦᠰ᠎ᠤᠨ 《ᠬᠤᠶᠠᠷ ᠭᠤᠣᠯᠳᠠᠯᠭ᠎ᠠ》᠂ 《ᠬᠤᠶᠠᠷ ᠰᠢᠨ᠎ᠡ》 ᠵᠢᠨ ᠲᠤᠬᠠᠢ ᠠᠩᠬᠠᠷᠤᠯ ᠲᠦᠷᠭᠡᠨ ᠳᠡᠭᠡᠭᠰᠢᠯᠡᠪᠡ᠃ 《ᠬᠤᠶᠠᠷ ᠭᠤᠣᠯᠳᠠᠯᠭ᠎ᠠ》᠂ 《ᠬᠤᠶᠠᠷ ᠰᠢᠨ᠎ᠡ》 ᠪᠣᠯ ᠡᠨᠡ ᠵᠢᠯ᠎ᠤᠨ ᠠᠵᠤ ᠠᠬᠤᠶ ᠵᠢᠨ ᠠᠵᠢᠯ᠎ᠤᠨ ᠴᠢᠬᠤᠯᠠ ᠬᠦᠴᠦᠯᠡᠬᠦ ᠴᠡᠭ ᠮᠥᠨ᠂  ᠪᠠᠰᠠ ᠴᠤ᠌ ᠲᠠᠷᠠᠭ᠋ᠠᠴᠢ ᠵᠢᠨ ᠠᠯᠬᠤᠮ᠎ᠳᠤ ᠳᠣᠲᠣᠭ᠋ᠠᠳᠤ ᠬᠡᠷᠡᠭᠴᠡᠭᠡ ᠵᠢ ᠪᠥᠬᠦ ᠲᠠᠯ᠎ᠠ᠎ᠪᠠᠷ ᠥᠷᠭᠡᠳᠬᠡᠬᠦ᠂  ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠴᠢᠬᠤᠯᠠ ᠭᠠᠷᠳᠠᠴᠠ ᠮᠥᠨ᠃

  《ᠬᠤᠶᠠᠷ ᠭᠤᠣᠯᠳᠠᠯᠭ᠎ᠠ》 ᠭᠡᠳᠡᠭ᠎ᠨᠢ ᠤᠯᠤᠰ᠎ᠤᠨ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ ᠵᠢᠨ ᠬᠡᠷᠡᠭᠵᠢᠭᠦᠯᠦᠯᠲᠡ ᠪᠠ ᠭᠣᠣᠯᠳᠠᠯᠭ᠎ᠠ᠎ᠲᠠᠢ ᠬᠦᠷᠢᠶᠡᠨ᠎ᠤ ᠠᠮᠤᠷ ᠲᠥᠪᠰᠢᠨ᠎ᠤ ᠴᠢᠳᠠᠪᠤᠷᠢ ᠵᠢᠨ ᠪᠠᠶ᠋ᠢᠭᠤᠯᠤᠯᠲᠠ ᠵᠢ ᠵᠢᠭ᠋ᠠᠵᠤ ᠪᠠᠶ᠋ᠢᠨ᠎ᠠ᠃ 2024 ᠣᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ᠂  ᠦᠷᠭᠦᠯᠵᠢᠯᠡᠨ ᠬᠡᠳᠦᠨ ᠵᠢᠯ ᠤᠷᠳᠤ ᠬᠤᠭᠤᠴᠠᠭ᠋ᠠᠨ᠎ᠤ ᠣᠨᠴᠠᠭ᠋ᠠᠢ ᠤᠯᠤᠰ᠎ᠤᠨ ᠵᠢᠭᠡᠯᠡᠯᠭᠡ ᠵᠢ ᠲᠠᠷᠬᠠᠭ᠋ᠠᠵᠤ᠂  ᠲᠤᠰᠬᠠᠢ ᠵᠦᠢ᠍ᠯᠡᠰ᠎ᠢ ᠤᠯᠤᠰ᠎ᠤᠨ ᠴᠢᠬᠤᠯᠠ ᠶᠡᠭᠡ ᠪᠠᠶ᠋ᠢᠯᠳᠤᠬᠤ ᠪᠤᠳᠤᠯᠭ᠎ᠠ ᠵᠢᠨ ᠬᠡᠷᠡᠭᠵᠢᠭᠦᠯᠦᠯᠲᠡ ᠪᠠ ᠭᠤᠣᠯᠳᠠᠯᠭ᠎ᠠ᠎ᠲᠠᠢ ᠬᠦᠷᠢᠶᠡᠨ᠎ᠤ ᠠᠮᠤᠷ ᠲᠦᠪᠰᠢᠨ᠎ᠤ ᠴᠢᠳᠠᠪᠤᠷᠢ ᠵᠢᠨ ᠪᠠᠶ᠋ᠢᠭᠤᠯᠤᠯᠲᠠ᠎ᠳᠤ ᠬᠡᠷᠡᠭᠯᠡᠬᠦ᠎ᠪᠠᠷ ᠪᠠᠶ᠋ᠢᠨ᠎ᠠ ᠭᠡᠵᠦ ᠳᠤᠷᠠᠳᠴᠠᠢ᠃  ᠪᠣᠳᠠᠲᠤ ᠠᠴᠢ ᠬᠤᠯᠪᠣᠭᠳᠠᠯ᠎ᠠᠴᠠ ᠠᠪᠴᠤ ᠦᠵᠡᠪᠡᠯ᠂ 《ᠬᠤᠶᠠᠷ ᠭᠤᠣᠯᠳᠠᠯᠭ᠎ᠠ》 ᠵᠢᠨ ᠪᠦᠳᠦᠭᠡᠨ ᠪᠠᠶ᠋ᠢᠭᠤᠯᠤᠯᠲᠠ ᠵᠢ ᠠᠬᠢᠭᠤᠯᠬᠤ᠎ᠨᠢ ᠤᠯᠠᠨ ᠤᠯᠤᠰ᠎ᠤᠨ ᠣᠷᠴᠢᠨ ᠲᠣᠭᠤᠷᠢᠨ᠎ᠤ ᠭᠦᠨᠵᠡᠭᠡᠢ ᠬᠤᠪᠢᠷᠠᠯᠲᠠ ᠵᠢ ᠠᠷᠭ᠋ᠠᠴᠠᠭ᠋ᠠᠵᠤ᠂  ᠬᠥᠭᠵᠢᠯᠲᠡ ᠵᠢᠨ ᠰᠠᠨᠠᠭ᠋ᠠᠴᠢᠯᠠᠭ᠋ᠠᠲᠤ ᠡᠷᠬᠡ ᠵᠢ ᠪᠠᠲᠤ ᠡᠵᠡᠮᠳᠡᠬᠦ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠪᠣᠯᠬᠤ᠎ᠪᠠᠷ ᠪᠠᠷᠠᠬᠤ ᠦᠭᠡᠢ᠂  ᠪᠠᠰᠠ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠬᠦ᠂  ᠴᠢᠨᠠᠷ ᠰᠠᠶ᠋ᠢᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠬᠤ ᠵᠢᠨ ᠪᠣᠳᠠᠲᠤ ᠬᠡᠷᠡᠭᠴᠡᠭᠡ ᠪᠠᠶ᠋ᠢᠵᠤ᠂  ᠣᠳᠣᠬᠠᠨ᠎ᠤ ᠪᠡᠯᠡ ᠣᠷᠣᠭᠤᠯᠤᠯᠲᠠ ᠪᠠ ᠬᠡᠷᠡᠭᠯᠡᠭᠡ ᠵᠢ ᠲᠠᠶ᠋ᠢᠴᠢᠯᠠᠵᠤ ᠴᠢᠳᠠᠬᠤ᠎ᠪᠠᠷ ᠪᠠᠷᠠᠬᠤ ᠦᠭᠡᠢ᠂  ᠪᠠᠰᠠ ᠤᠷᠳᠤ ᠬᠤᠭᠤᠴᠠᠭ᠋ᠠᠨ᠎ᠤ ᠴᠢᠨᠠᠷ ᠰᠠᠶ᠋ᠢᠲᠠᠢ ᠬᠥᠭᠵᠢᠯᠲᠡ᠎ᠳᠤ ᠪᠠᠲᠤ ᠪᠠᠬᠢ ᠰᠠᠭᠤᠷᠢ ᠵᠢ ᠲᠠᠯᠪᠢᠵᠤ ᠳᠡᠶ᠋ᠢᠯᠬᠦ ᠶᠤᠮ᠃  ᠣᠳᠣᠬᠠᠨ᠎ᠳᠤ᠂  ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠶᠠᠭ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠣᠷᠣᠨ ᠨᠤᠲᠤᠭ᠎ᠲᠠᠢ ᠬᠠᠮᠲᠤᠷᠠᠨ ᠳᠡᠭᠡᠷ᠎ᠡ᠎ᠠᠴᠠ ᠳᠣᠷᠣᠭᠰᠢ 《ᠬᠤᠶᠠᠷ ᠭᠤᠣᠯᠳᠠᠯᠭ᠎ᠠ》 ᠲᠥᠷᠥᠯ ᠵᠦᠢ᠍ᠯ᠎ᠢ ᠲᠥᠰᠦᠪᠯᠡᠨ ᠨᠥᠭᠡᠴᠡᠯᠡᠬᠦ ᠵᠢ ᠰᠠᠶ᠋ᠢᠲᠤᠷ ᠠᠳᠬᠤᠬᠤ ᠵᠢᠨ ᠬᠠᠮᠲᠤ ᠲᠥᠷᠥ ᠵᠢᠨ ᠪᠣᠳᠣᠯᠭ᠎ᠠ᠂  ᠲᠥᠯᠥᠪᠵᠢᠭᠦᠯᠪᠡ᠂  ᠪᠠᠶ᠋ᠢᠭᠤᠯᠤᠯ ᠲᠣᠭᠲᠠᠴᠠ ᠵᠢᠨ ᠰᠢᠨ᠎ᠡ ᠵᠢ ᠡᠭᠦᠳᠬᠦ ᠵᠡᠷᠭᠡ 《ᠵᠥᠭᠡᠯᠡᠨ ᠲᠣᠨᠤᠭ᠎ᠤᠨ ᠪᠠᠶ᠋ᠢᠭᠤᠯᠤᠯᠲᠠ》 ᠵᠢ ᠵᠡᠷᠭᠡ᠎ᠪᠠᠷ ᠲᠦᠷᠭᠡᠳᠬᠡᠨ ᠠᠬᠢᠭᠤᠯᠵᠤ᠂  ᠣᠷᠣᠭᠤᠯᠤᠯᠲᠠ ᠵᠢᠨ ᠲᠣᠭᠲᠠᠴᠠ ᠵᠢ ᠦᠷᠭᠦᠯᠵᠢᠯᠡᠨ ᠲᠡᠭᠦᠯᠳᠡᠷᠵᠢᠭᠦᠯᠬᠦ᠂  ᠣᠷᠣᠭᠤᠯᠤᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ᠎ᠪᠠᠷ ᠳᠠᠮᠵᠢᠭᠤᠯᠤᠨ᠂ 《ᠬᠠᠲᠠᠭᠤ ᠪᠡᠯᠡ ᠣᠷᠣᠭᠤᠯᠤᠯᠲᠠ》 ᠬᠢᠭᠡᠳ 《ᠵᠥᠭᠡᠯᠡᠨ ᠲᠣᠨᠤᠭ᠎ᠤᠨ ᠪᠠᠶ᠋ᠢᠭᠤᠯᠤᠯᠲᠠ》 ᠵᠢ ᠨᠢᠭᠡᠳᠦᠯᠲᠡᠶ ᠲᠥᠯᠥᠪᠯᠡᠵᠦ᠂ 《ᠬᠤᠶᠠᠷ ᠭᠤᠣᠯᠳᠠᠯᠭ᠎ᠠ》 ᠬᠠᠷᠠᠯᠲᠠ ᠵᠢ ᠬᠠᠮᠲᠤ᠎ᠪᠠᠷ ᠪᠡᠶᠡᠯᠡᠭᠦᠯᠵᠦ ᠪᠠᠶ᠋ᠢᠨ᠎ᠠ᠃

  《ᠬᠤᠶᠠᠷ ᠭᠤᠣᠯᠳᠠᠯᠭ᠎ᠠ》 ᠭᠡᠳᠡᠭ᠎ᠨᠢ ᠶᠡᠭᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠬᠡᠬᠦ ᠪᠠ ᠬᠡᠷᠡᠭᠯᠡᠭᠡᠨ᠎ᠤ ᠵᠦᠢ᠍ᠯᠡᠰ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠠᠬᠢᠭᠤᠯᠬᠤ ᠵᠢ ᠵᠢᠭ᠋ᠠᠵᠤ ᠪᠠᠶ᠋ᠢᠨ᠎ᠠ᠃  ᠭᠠᠳᠠᠭ᠋ᠠᠳᠤ ᠣᠷᠴᠢᠨ ᠨᠥᠬᠦᠴᠡᠯ᠎ᠤᠨ ᠲᠣᠭᠲᠠᠪᠤᠷᠢ ᠦᠭᠡᠢ ᠴᠢᠨᠠᠷ ᠳᠡᠭᠡᠭᠰᠢᠯᠡᠭᠰᠡᠨ ᠪᠠᠶ᠋ᠢᠳᠠᠯ ᠳᠣᠣᠷ᠎ᠠ᠂  ᠠᠵᠤ ᠠᠬᠤᠢ ᠵᠢᠨ ᠰᠡᠷᠭᠦᠨ ᠰᠠᠶ᠋ᠢᠵᠢᠷᠠᠬᠤ ᠵᠢ ᠠᠬᠢᠭᠤᠯᠬᠤ᠎ᠳᠤ ᠳᠣᠲᠣᠭ᠋ᠠᠳᠤ ᠬᠡᠷᠡᠭᠴᠡᠭᠡ᠎ᠳᠤ ᠨᠡᠩ ᠤᠯᠠᠨ ᠲᠦᠰᠢᠭᠯᠡᠵᠦ᠂ 《ᠬᠤᠶᠠᠷ ᠰᠢᠨ᠎ᠡ》᠎ᠪᠠᠷ ᠳᠠᠮᠵᠢᠭᠤᠯᠤᠨ ᠬᠡᠷᠡᠭᠯᠡᠭᠡᠨ᠎ᠤ ᠬᠡᠷᠡᠭᠴᠡᠭᠡ ᠵᠢ ᠪᠦᠬᠦ ᠲᠠᠯ᠎ᠠ᠎ᠪᠠᠷ ᠥᠷᠭᠡᠳᠬᠡᠬᠦ ᠬᠡᠷᠡᠭᠲᠡᠢ᠃  ᠨᠢᠳᠤᠨᠤᠨ᠎ᠤ 3 ᠳ᠋ᠤᠭ᠋ᠠᠷ ᠰᠠᠷ᠎ᠠ᠎ᠳᠤ᠂  ᠲᠥᠷᠥ ᠵᠢᠨ ᠶᠠᠪᠤᠳᠠᠯ᠎ᠤᠨ ᠬᠤᠷᠢᠶ᠎ᠠ᠎ᠠᠴᠠ 《ᠶᠡᠭᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠬᠡᠬᠦ ᠪᠠ ᠬᠡᠷᠡᠭᠯᠡᠭᠡᠨ᠎ᠤ ᠵᠦᠢ᠍ᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠠᠬᠢᠭᠤᠯᠬᠤ ᠠᠵᠢᠯᠯᠠᠭ᠎ᠠ ᠵᠢᠨ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂  ᠲᠥᠬᠦᠭᠡᠷᠦᠮᠵᠢ ᠵᠢ ᠰᠢᠨᠡᠳᠬᠡᠬᠦ᠂  ᠬᠡᠷᠡᠭᠯᠡᠭᠡᠨ᠎ᠤ ᠵᠦᠢ᠍ᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ᠂  ᠡᠭᠡᠭᠦᠯᠦᠨ ᠬᠤᠷᠢᠶᠠᠵᠤ ᠡᠷᠭᠢᠯᠳᠦᠭᠦᠯᠦᠨ ᠠᠰᠢᠭᠯᠠᠬᠤ᠂  ᠪᠠᠷᠢᠮᠵᠢᠶ᠎ᠠ ᠵᠢ ᠳᠡᠭᠡᠭᠰᠢᠯᠡᠭᠦᠯᠬᠦ ᠳᠥᠷᠪᠡᠨ ᠶᠡᠭᠡ ᠠᠵᠢᠯᠯᠠᠭ᠎ᠠ ᠪᠠ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠵᠢ ᠴᠢᠩᠭ᠋ᠠᠳᠬᠠᠬᠤ᠎ᠳᠤ ᠲᠣᠬᠢᠷᠠᠭᠤᠯᠤᠯᠲᠠ ᠬᠢᠪᠠ᠃  ᠬᠠᠮᠢᠶ᠎ᠠ ᠪᠥᠬᠦᠶ ᠠᠵᠢᠯ ᠲᠥᠷᠥᠯ᠎ᠤᠨ ᠰᠠᠯᠠᠭ᠎ᠠ ᠮᠥᠴᠢᠷ ᠪᠣᠯᠤᠨ ᠡᠯ᠎ᠡ ᠭᠠᠵᠠᠷ ᠣᠷᠣᠨ ᠨᠢᠭᠡᠨᠲᠡ ᠬᠡᠷᠡᠭᠵᠢᠭᠦᠯᠬᠦ ᠲᠥᠰᠦᠯ ᠪᠠ ᠬᠡᠷᠡᠭᠵᠢᠭᠦᠯᠬᠦ ᠨᠠᠷᠢᠨ ᠲᠦᠷᠢᠮ᠎ᠢ 300 ᠰᠢᠬᠠᠮ ᠵᠦᠢ᠍ᠯ ᠨᠡᠶ᠋ᠢᠲᠡᠯᠡᠵᠦ᠂  ᠣᠷᠳᠣ ᠬᠤᠭᠤᠴᠠᠭ᠋ᠠᠨ᠎ᠤ ᠣᠨᠴᠠᠭ᠋ᠠᠶ ᠤᠯᠤᠰ᠎ᠤᠨ ᠵᠢᠭᠡᠯᠡᠯᠭᠡ ᠵᠢᠨ ᠪᠠᠯᠠ ᠮᠥᠩᠭᠦ ᠵᠢᠨ ᠬᠥᠲᠥᠯᠦᠨ ᠵᠢᠯᠣᠭᠤᠳᠴᠤ ᠳᠠᠶ᠋ᠢᠴᠢᠯᠠᠬᠤ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ 《ᠬᠤᠶᠠᠷ ᠰᠢᠨ᠎ᠡ》 ᠵᠢᠨ ᠲᠥᠷᠥ ᠵᠢᠨ ᠪᠣᠳᠣᠯᠭ᠎ᠠ᠎ᠪᠠᠷ ᠶᠠᠰᠤ ᠴᠢᠨᠠᠷ ᠰᠢᠨ᠎ᠡ ᠠᠮᠢᠳᠤᠷᠠᠯ᠂  ᠠᠵᠤ ᠦᠢ᠍ᠯᠡᠰ᠎ᠤᠨ ᠰᠢᠨ᠎ᠡ ᠬᠥᠳᠡᠯᠭᠡᠬᠦ ᠬᠦᠴᠦᠨ᠂  ᠵᠠᠬ᠎ᠠ ᠳᠡᠯᠭᠡᠭᠦᠷ᠎ᠤᠨ ᠰᠢᠨ᠎ᠡ ᠠᠮᠢᠵᠢᠷᠠᠯ᠎ᠤᠨ ᠬᠦᠴᠦᠨ᠎ᠢ ᠴᠢᠷᠮᠠᠶ᠋ᠢᠨ ᠬᠥᠭᠵᠢᠭᠡᠵᠦ᠂  ᠦᠨᠡᠨ ᠠᠯᠲᠠ ᠮᠥᠩᠭᠦ᠎ᠪᠠᠷ ᠠᠵᠤ ᠠᠬᠤᠶ᠋ᠢᠯᠠᠯ᠎ᠳᠤ ᠠᠰᠢᠭ ᠬᠦᠷᠲᠡᠭᠡᠵᠦ ᠠᠷᠠᠳ᠎ᠲᠤ ᠠᠰᠢᠭ ᠬᠦᠷᠲᠡᠭᠡᠬᠦ᠎ᠪᠠᠷ ᠴᠢᠷᠮᠠᠶ᠋ᠢᠪᠠ᠃  ᠲᠥᠷᠥ ᠵᠢᠨ ᠪᠣᠳᠣᠯᠭ᠎ᠠ ᠵᠢᠨ ᠵᠢᠯᠣᠭᠤᠳᠣᠯᠭ᠎ᠠ ᠳᠣᠤᠷ᠎ᠠ᠂  ᠭᠤᠤᠯᠳᠠᠯᠭ᠎ᠠ᠎ᠲᠠᠢ ᠬᠦᠷᠢᠶᠡᠨ᠎ᠳᠠᠬᠢ ᠶᠡᠭᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠬᠡᠬᠦ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ᠂  ᠡᠯ᠎ᠡ ᠭᠠᠵᠠᠷ ᠣᠷᠣᠨ ᠪᠥᠬᠦ ᠤᠯᠤᠰ᠎ᠤᠨ ᠮᠠᠰᠢᠨ ᠲᠡᠷᠭᠡᠨ᠎ᠤ ᠬᠡᠷᠡᠭᠯᠡᠭᠡᠨ᠎ᠠᠴᠠ ᠭᠠᠷᠭ᠋ᠠᠵᠤ ᠰᠢᠨᠡᠳᠬᠡᠬᠦ ᠪᠠ ᠰᠣᠯᠢᠵᠤ ᠰᠢᠨᠡᠳᠬᠡᠬᠦ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂  ᠪᠥᠬᠡᠯᠢᠭ ᠬᠡᠷᠡᠭᠯᠡᠭᠡᠨ᠎ᠤ ᠵᠦᠢ᠍ᠯᠡᠰ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠬᠦᠴᠦᠯᠡᠨ ᠠᠬᠢᠭᠤᠯᠵᠤ᠂  ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠪᠠ ᠴᠢᠳᠠᠪᠤᠷᠢ ᠵᠢ ᠬᠥᠮᠦᠵᠢᠭᠦᠯᠬᠦ ᠵᠢ ᠢᠳᠡᠪᠬᠢᠲᠡᠶ ᠠᠬᠢᠴᠠ᠎ᠲᠠᠢ ᠪᠣᠯᠭ᠋ᠠᠵᠤ᠂  ᠪᠠᠷᠢᠮᠵᠢᠶ᠎ᠠ᠎ᠪᠠᠷ ᠬᠥᠲᠥᠯᠦᠨ ᠳᠠᠭ᠋ᠠᠭᠤᠯᠬᠤ ᠦᠢ᠍ᠯᠡᠳᠦᠯ᠎ᠢ ᠠᠯᠬᠤᠮ ᠠᠯᠬᠤᠮ ᠵᠶ᠋ᠠᠷ ᠢᠯᠡᠷᠡᠭᠦᠯᠪᠡ᠃

  《ᠬᠤᠶᠠᠷ ᠭᠤᠣᠯᠳᠠᠯᠭ᠎ᠠ》᠂ 《ᠬᠤᠶᠠᠷ ᠰᠢᠨ᠎ᠡ》᠎ᠨᠢ ᠮᠠᠨ᠎ᠤ ᠤᠯᠤᠰ᠎ᠤᠨ ᠬᠥᠭᠵᠢᠯᠲᠡ ᠵᠢᠨ ᠪᠦᠬᠦ ᠲᠠᠯ᠎ᠠ᠎ᠲᠠᠢ ᠬᠤᠯᠪᠣᠭᠳᠠᠵᠤ᠂  ᠣᠳᠣᠬᠠᠨ᠎ᠳᠤ ᠠᠰᠢᠭᠲᠠᠢ ᠮᠥᠷᠲᠡᠭᠡᠨ ᠠᠯᠤᠰ ᠢᠷᠡᠭᠡᠳᠦᠢ᠎ᠳᠤ ᠴᠤ᠌ ᠠᠰᠢᠭᠲᠠᠢ ᠶᠤᠮ᠃  ᠬᠡᠷᠡᠭᠵᠢᠭᠦᠯᠦᠭᠰᠡᠨ ᠦᠷ᠎ᠡ ᠳ᠋ᠦᠩ᠎ᠠᠴᠠ ᠦᠵᠡᠪᠡᠯ᠂ 2024 ᠣᠨ᠎ᠠᠴᠠ ᠨᠠᠭ᠋ᠠᠰᠢ᠂ 《ᠬᠤᠶᠠᠷ ᠭᠤᠣᠯᠳᠠᠯᠭ᠎ᠠ》 ᠵᠢᠨ ᠪᠥᠲᠥᠭᠡᠨ ᠪᠠᠶ᠋ᠢᠭᠤᠯᠤᠯᠲᠠ ᠪᠠ ᠶᠡᠭᠡ ᠬᠡᠪᠴᠢᠶᠡᠨ᠎ᠤ ᠲᠥᠬᠦᠭᠡᠷᠦᠮᠵᠢ ᠵᠢᠨ ᠰᠢᠨᠡᠴᠢᠯᠡᠯᠲᠡ ᠵᠢᠨ ᠲᠥᠷᠥ ᠵᠢᠨ ᠪᠣᠳᠣᠯᠭ᠎ᠠ ᠵᠢᠨ ᠳᠠᠶ᠋ᠢᠴᠢᠯᠠᠯᠲᠠ᠎ᠪᠠᠷ ᠭᠤᠤᠯᠳᠠᠯᠭ᠎ᠠ᠎ᠲᠠᠢ ᠬᠦᠷᠢᠶᠡᠨ᠎ᠳᠠᠬᠢ ᠪᠠᠯᠠ ᠣᠷᠣᠭᠤᠯᠤᠯᠲᠠ ᠪᠠ ᠲᠥᠬᠦᠭᠡᠷᠦᠮᠵᠢ ᠵᠢᠨ ᠰᠢᠨᠡᠴᠢᠯᠡᠯᠲᠡ ᠵᠢᠨ ᠪᠠᠯᠠ ᠣᠷᠣᠭᠤᠯᠤᠯᠲᠠ ᠴᠥᠮ ᠨᠡᠯᠢᠶᠡᠳ ᠲᠦᠷᠭᠡᠨ ᠨᠡᠮᠡᠭᠳᠡᠵᠦ᠂  ᠪᠠᠯᠠ ᠣᠷᠣᠭᠤᠯᠤᠯᠲᠠ ᠵᠢᠨ ᠥᠷᠭᠡᠳᠬᠦ ᠵᠢ ᠲᠤᠯᠭ᠋ᠠᠭᠤᠷᠢᠯᠠᠵᠤ᠂  ᠠᠵᠤ ᠠᠬᠤᠶ ᠵᠢᠨ ᠳᠤᠮᠳᠠ ᠣᠷᠳᠣ ᠬᠤᠭᠤᠴᠠᠭ᠋ᠠᠨ᠎ᠤ ᠬᠥᠭᠵᠢᠯᠲᠡ ᠵᠢᠨ ᠰᠡᠯᠭᠦᠬᠦ ᠬᠦᠴᠦᠨ᠎ᠢ ᠴᠢᠩᠭ᠋ᠠᠷᠠᠭᠤᠯᠪᠠ᠃ 2024 ᠣᠨ᠎ᠤ 1 ᠳ᠋ᠦ᠍ᠭᠡᠷ ᠰᠠᠷ᠎ᠠ᠎ᠠᠴᠠ 11 ᠰᠠᠷ᠎ᠠ ᠪᠣᠯᠲᠠᠯ᠎ᠠ᠂  ᠤᠰᠤᠨ ᠠᠰᠢᠭᠯᠠᠯᠲᠠ ᠵᠢᠨ ᠬᠠᠮᠢᠶᠠᠷᠤᠯᠲᠠ ᠵᠢᠨ ᠦᠢ᠍ᠯᠡᠰ᠎ᠤᠨ ᠪᠡᠯᠡ ᠣᠷᠣᠭᠤᠯᠤᠯᠲᠠ 40.9% ᠨᠡᠮᠡᠭᠳᠡᠵᠦ᠂  ᠠᠭ᠋ᠠᠷ᠎ᠤᠨ ᠲᠡᠭᠡᠭᠡᠪᠦᠷᠢ ᠵᠢᠨ ᠦᠢ᠍ᠯᠡᠰ᠎ᠤᠨ ᠪᠡᠯᠡ ᠣᠷᠣᠭᠤᠯᠤᠯᠲᠠ 18.2% ᠨᠡᠮᠡᠭᠳᠡᠵᠦ᠂  ᠲᠡᠮᠦᠷ ᠵᠠᠮ᠎ᠤᠨ ᠲᠡᠭᠡᠭᠡᠪᠦᠷᠢ ᠵᠢᠨ ᠦᠢ᠍ᠯᠡᠰ᠎ᠤᠨ ᠪᠡᠯᠡ ᠣᠷᠣᠭᠤᠯᠤᠯᠲᠠ 15.0% ᠨᠡᠮᠡᠭᠳᠡᠪᠡ᠃  ᠲᠣᠨᠤᠭ ᠲᠥᠬᠦᠭᠡᠷᠦᠮᠵᠢ ᠵᠢᠨ ᠪᠠᠭ᠋ᠠᠵᠢ ᠬᠡᠷᠡᠭᠰᠡᠯ ᠬᠤᠳᠠᠯᠳᠤᠨ ᠠᠪᠤᠭᠰᠠᠨ ᠪᠡᠯᠡ ᠣᠷᠣᠭᠤᠯᠤᠯᠲᠠ 15.8%᠎ᠪᠠᠷ ᠨᠡᠮᠡᠭᠳᠡᠵᠦ᠂  ᠪᠦᠬᠦ ᠪᠡᠯᠡ ᠣᠷᠣᠭᠤᠯᠤᠯᠲᠠ ᠵᠢᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 65.3%᠎ᠳᠤ ᠬᠦᠷᠴᠡᠢ᠃  ᠬᠡᠷᠡᠭᠯᠡᠭᠡᠨ᠎ᠤ ᠵᠦᠢ᠍ᠯ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠥᠷᠥ ᠵᠢᠨ ᠪᠣᠳᠣᠯᠭ᠎ᠠ ᠵᠢ ᠪᠦᠬᠦᠯᠢ ᠴᠣᠭᠴᠠ᠎ᠪᠠᠷ᠎ᠨᠢ ᠬᠠᠮᠢᠶ᠎ᠠ ᠪᠥᠬᠦᠶ ᠦᠢ᠍ᠯᠡᠳᠭᠦᠨ᠎ᠤ ᠪᠣᠷᠣᠯᠠᠭᠤᠯᠤᠯᠲᠠ ᠵᠢᠨ ᠬᠡᠮᠵᠢᠶ᠎ᠡ 1 ᠲᠦᠮᠡᠨ ᠳ᠋ᠦᠩᠰᠢᠭᠤᠷ ᠲᠥᠭᠦᠷᠢᠭ᠎ᠢ ᠳᠠᠪᠠᠪᠠ᠃ 2024 ᠣᠨ᠎ᠤ 1 ᠳ᠋ᠦ᠍ᠭᠡᠷ ᠰᠠᠷ᠎ᠠ᠎ᠠᠴᠠ 11 ᠳ᠋ᠦ᠍ᠭᠡᠷ ᠰᠠᠷ᠎ᠠ ᠪᠣᠯᠲᠠᠯ᠎ᠠ᠂  ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 3.5% ᠨᠡᠮᠡᠭᠳᠡᠪᠡ; ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠵᠠᠬ᠎ᠠ ᠳᠡᠯᠭᠡᠭᠦᠷ᠎ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 959.4 ᠲᠦᠮᠡ ᠪᠠᠶ᠋ᠢᠵᠤ᠂  ᠠᠳᠠᠯᠢ ᠬᠤᠭᠤᠴᠠᠭ᠋ᠠᠨ᠎ᠤ᠎ᠬᠢ᠎ᠠᠴᠠ 41.2 % ᠵᠶ᠋ᠠᠷ ᠨᠡᠮᠡᠭᠳᠡᠪᠡ᠃ 2024 ᠣᠨ᠎ᠤ 12 ᠳ᠋ᠤᠭ᠋ᠠᠷ ᠰᠠᠷ᠎ᠠ ᠵᠢᠨ 6᠎ᠤ ᠡᠳᠦᠷ ᠪᠣᠯᠲᠠᠯ᠎ᠠ᠂  ᠨᠢᠭᠡᠨᠲᠡ 2963.8 ᠲᠦᠮᠡᠨ ᠬᠡᠷᠡᠭᠯᠡᠭᠴᠢᠳ ᠪᠦᠬᠦ ᠤᠯᠤᠰ᠎ᠤᠨ ᠬᠡᠷ᠎ᠤᠨ ᠴᠠᠬᠢᠯᠭ᠋ᠠᠨ ᠬᠡᠷᠡᠭᠰᠡᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠠᠵᠢᠯᠯᠠᠭ᠎ᠠ᠎ᠳᠤ ᠣᠷᠣᠯᠴᠠᠵᠤ᠂  ᠨᠠᠢ᠍ᠮᠠᠨ ᠶᠡᠭᠡ ᠲᠥᠷᠥᠯ᠎ᠤᠨ ᠬᠡᠷ᠎ᠤᠨ ᠴᠠᠬᠢᠯᠭ᠋ᠠᠨ ᠬᠡᠷᠡᠭᠰᠡᠯ᠎ᠤᠨ ᠦᠢ᠍ᠯᠡᠳᠭᠦᠨ᠎ᠢ ᠨᠡᠶ᠋ᠢᠲᠡ 4585 ᠲᠦᠮᠡ ᠬᠤᠳᠠᠯᠳᠤᠨ ᠠᠪᠴᠤ᠂  ᠪᠣᠷᠣᠯᠠᠭᠤᠯᠤᠯᠲᠠ ᠵᠢᠨ ᠬᠡᠮᠵᠢᠶ᠎ᠡ᠎ᠨᠢ 2019 .7 ᠳ᠋ᠦᠩᠰᠢᠭᠤᠷ ᠲᠥᠭᠦᠷᠢᠭ᠎ᠲᠤ ᠬᠦᠷᠴᠦ᠂  ᠡᠭᠦᠨ᠎ᠳᠤ ᠨᠢᠭᠡᠳᠦᠭᠡᠷ ᠳᠡᠰ᠎ᠤᠨ ᠡᠨᠧᠷᠭᠢ ᠵᠢᠨ ᠠᠰᠢᠭᠯᠠᠮᠵᠢ ᠵᠢᠨ ᠦᠢ᠍ᠯᠡᠳᠭᠦᠨ᠎ᠤ ᠪᠣᠷᠣᠯᠠᠭᠤᠯᠤᠯᠲᠠ ᠵᠢᠨ ᠬᠡᠮᠵᠢᠶ᠎ᠡ᠎ᠨᠢ ᠶᠢᠰᠦᠨ ᠬᠤᠪᠢ ᠵᠢ ᠳᠠᠪᠠᠵᠤ᠂  ᠬᠡᠷᠡᠭᠯᠡᠭᠡ ᠵᠢᠨ ᠪᠣᠬᠢᠷᠲᠤᠯ ᠥᠬᠡᠶ᠎ᠪᠠᠷ ᠬᠡᠯᠪᠡᠷᠢ᠎ᠪᠠᠨ ᠬᠤᠪᠢᠷᠠᠭᠤᠯᠬᠤ᠂  ᠪᠦᠲᠦᠴᠡ ᠵᠢᠨ ᠲᠠᠰ ᠳᠡᠪᠰᠢᠬᠦ ᠵᠢ ᠦᠷᠭᠦᠯᠵᠢᠯᠡᠨ ᠠᠬᠢᠭᠤᠯᠪᠠ᠃

   ᠨᠢᠲᠤᠨᠤᠨ ᠵᠢᠯ᠎ᠤᠨ ᠡᠴᠦᠰ᠎ᠲᠤ ᠬᠤᠷᠠᠯᠲᠤᠭᠰᠠᠨ ᠳᠦᠪ᠎ᠤᠨ ᠠᠵᠤ ᠠᠬᠤᠢ ᠵᠢᠨ ᠠᠵᠢᠯ᠎ᠤᠨ ᠬᠤᠷᠠᠯᠲᠤᠭ᠋ᠠᠨ᠎ᠳᠤ 《ᠨᠡᠩ ᠢᠲᠡᠪᠭᠢᠲᠠᠢ ᠡᠳ᠋᠎ᠤᠨ ᠵᠠᠰᠠᠭ᠎ᠤᠨ ᠳᠦᠷᠦ ᠵᠢᠨ ᠪᠤᠲᠤᠯᠭ᠎ᠠ ᠵᠢ ᠬᠡᠷᠡᠭᠵᠢᠭᠦᠯᠭᠦ ᠬᠡᠷᠡᠭᠲᠡᠢ》᠂ 《〈ᠬᠤᠶᠠᠷ ᠭᠤᠣᠯᠳᠠᠯᠭ᠎ᠠ〉 ᠵᠢᠨ ᠵᠦᠢ᠍ᠯᠡᠰ ᠪᠠ 〈ᠬᠣᠶᠠᠷ ᠰᠢᠨ᠎ᠡ〉 ᠵᠢᠨ ᠲᠦᠷᠦ ᠵᠢᠨ ᠪᠣᠳᠣᠯᠭ᠎ᠠ ᠵᠢᠨ ᠬᠡᠷᠡᠭᠵᠢᠭᠦᠯᠦᠯᠲᠡ ᠵᠢ ᠦᠷᠭᠦᠯᠵᠢᠯᠡᠨ ᠳᠡᠮᠵᠢᠬᠦ ᠬᠡᠷᠡᠭᠲᠡᠢ》 ᠭᠡᠵᠦ ᠳᠤᠷᠠᠳᠤᠨ ᠭᠠᠷᠭ᠋ᠠᠵᠠᠢ᠃

ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯ᠎ᠤᠨ ᠪᠠᠶ᠋ᠢᠷᠢᠯᠠᠭᠤᠯᠤᠯᠲᠠ ᠵᠢ ᠪᠥᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠬᠤᠶᠠᠷ ᠭᠤᠣᠯᠳᠠᠯᠭ᠎ᠠ》 ᠵᠢᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂  ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ᠎ᠳᠤ 《ᠰᠠᠭᠤᠷᠢ ᠴᠢᠯᠠᠭᠤ》 ᠵᠢᠨ ᠦᠢ᠍ᠯᠡᠳᠦᠯ᠎ᠢ ᠪᠠᠳᠠᠷᠠᠭᠤᠯᠬᠤ ᠪᠣᠯᠤᠨ᠎ᠠ; 《ᠬᠤᠶᠠᠷ ᠰᠢᠨ᠎ᠡ》 ᠵᠢᠨ ᠠᠵᠢᠯ᠎ᠢ ᠬᠦᠴᠦᠯᠡᠨ ᠰᠠᠶ᠋ᠢᠲᠤᠷ ᠬᠢᠵᠦ᠂  ᠬᠡᠷᠡᠭᠯᠡᠭᠡ ᠵᠢ ᠬᠥᠭᠵᠢᠭᠡᠬᠦ ᠲᠤᠰᠬᠠᠶ ᠠᠵᠢᠯᠯᠠᠭ᠎ᠠ ᠵᠢ ᠬᠡᠷᠡᠭᠵᠢᠭᠦᠯᠵᠦ᠂  ᠬᠠᠩᠭ᠋ᠠᠯᠭ᠎ᠠ ᠬᠡᠷᠡᠭᠴᠡᠭᠡ ᠵᠢᠨ ᠬᠤᠶᠠᠷ ᠲᠠᠯ᠎ᠠ᠎ᠠᠴᠠ ᠬᠠᠮᠵᠢᠯᠴᠠᠨ ᠬᠦᠴᠦᠯᠡᠵᠦ᠂  ᠪᠠᠯᠠ ᠣᠷᠣᠭᠤᠯᠤᠯᠲᠠ ᠬᠡᠷᠡᠭᠯᠡᠭᠡ ᠵᠢᠨ ᠬᠠᠷᠢᠯᠴᠠᠨ ᠠᠬᠢᠭᠤᠯᠬᠤ ᠰᠠᠶ᠋ᠢᠨ ᠣᠷᠴᠢᠯ᠎ᠢ ᠪᠣᠶ ᠪᠣᠯᠭ᠋ᠠᠬᠤ ᠵᠢ ᠠᠬᠢᠭᠤᠯᠵᠤ᠂  ᠠᠵᠤ ᠠᠬᠤᠶ ᠵᠢᠨ ᠦᠷᠭᠦᠯᠵᠢᠯᠡᠨ ᠳᠡᠭᠡᠭᠰᠢᠯᠡᠬᠦ ᠵᠢ ᠲᠤᠯᠭ᠋ᠠᠭᠤᠷᠢᠯᠠᠨ᠎ᠠ᠃

   ᠵᠣᠬᠢᠶᠠᠮᠠᠯ ᠣᠶᠤᠨ + 《ᠵᠣᠬᠢᠶᠠᠮᠠᠯ ᠣᠶᠤᠨ +》 ᠠᠵᠢᠯᠯᠠᠭ᠎ᠠ ᠠᠪᠴᠦ ᠪᠤᠢ

   ᠱᠠᠩᠬᠠᠢ ᠵᠢᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠠᠵᠤ ᠠᠬᠤᠢ ᠰᠤᠳᠤᠯᠬᠤ ᠭᠠᠵᠠᠷ᠎ᠤᠨ ᠳᠠᠷᠤᠭ᠎ᠠ   ᠱᠧᠨ ᠺᠠᠢ ᠶᠠᠨ

  《ᠵᠣᠬᠢᠶᠠᠮᠠᠯ ᠣᠶᠤᠨ +》 ᠪᠣᠯ ᠵᠣᠬᠢᠶᠠᠮᠠᠯ ᠤᠶᠤᠨ᠎ᠢ ᠨᠡᠶ᠋ᠢᠭᠡᠮ᠎ᠤᠨ ᠦᠢ᠍ᠯᠡᠳᠪᠦᠷᠢᠯᠡᠯ ᠠᠮᠢᠳᠤᠷᠠᠯ᠎ᠤᠨ ᠡᠯ᠎ᠡ ᠠᠵᠢᠯ ᠲᠦᠷᠦᠯ ᠡᠯ᠎ᠡ ᠲᠠᠯ᠎ᠠ᠎ᠳᠤ ᠠᠭᠤᠰᠤᠯᠴᠠᠭᠤᠯᠵᠤ᠂  ᠪᠦᠬᠦ ᠬᠦᠷᠢᠶᠡᠨ᠎ᠤ ᠲᠣᠭ᠋ᠠᠴᠢᠯᠠᠯᠲᠠ᠂  ᠤᠶᠤᠨᠴᠢᠯᠠᠯᠳᠠ ᠵᠢᠨ ᠬᠤᠪᠢᠰᠤᠯᠲᠠ ᠵᠢ ᠠᠬᠢᠭᠤᠯᠬᠤ ᠶᠠᠪᠤᠳᠠᠯ ᠪᠣᠯᠤᠨ᠎ᠠ᠃  ᠠᠳᠡᠬᠢ 《+》᠎ᠨᠢ ᠳᠥᠭᠦᠮᠬᠡᠨ ᠮᠡᠷᠭᠡᠵᠢᠯ ᠳᠠᠪᠬᠤᠴᠠᠵᠤ ᠪᠠᠶ᠋ᠢᠬᠤ ᠪᠢᠰᠢ᠂  ᠬᠠᠷᠢᠨ ᠨᠢᠭᠡ ᠵᠦᠢ᠍ᠯ᠎ᠤᠨ ᠨᠤᠷᠠᠭ᠋ᠠᠯᠲᠠ ᠵᠢᠨ ᠴᠢᠨᠠᠷᠲᠠᠢ ᠰᠢᠨ᠎ᠡ ᠵᠢ ᠡᠭᠦᠳᠬᠦ ᠶᠠᠪᠤᠳᠠᠯ ᠪᠣᠯᠤᠨ᠎ᠠ᠂  ᠳᠠᠷᠤᠢ ᠵᠣᠬᠢᠶᠠᠮᠠᠯ ᠤᠶᠤᠨ ᠴᠢᠳᠠᠪᠤᠷᠢ ᠵᠢᠨ ᠪᠤᠳᠤᠬᠤ ᠠᠷᠭ᠎ᠠ᠂  ᠪᠤᠳᠤᠬᠤ ᠴᠢᠳᠠᠪᠤᠷᠢ᠂  ᠲᠤᠭ᠎ᠠ ᠪᠠᠷᠢᠮᠲᠠ᠎ᠪᠠᠷ ᠭᠤᠣᠯ ᠪᠣᠯᠭ᠋ᠠᠵᠤ᠂  ᠤᠯᠠᠮᠵᠢᠯᠠᠯᠲᠤ ᠪᠠᠬᠢᠯᠡᠯᠲᠡ ᠵᠢ ᠡᠪᠳᠡᠵᠦ᠂  ᠲᠤᠬᠠᠶ᠋ᠢᠯᠠᠭᠰᠠᠨ ᠠᠵᠢᠯ᠎ᠤᠨ ᠶᠠᠪᠤᠴᠠ ᠵᠢ ᠲᠠᠬᠢᠨ ᠴᠣᠭᠴᠠᠯᠠᠵᠤ᠂  ᠦᠢ᠍ᠯᠡᠳᠬᠦᠨ᠎ᠤ ᠬᠡᠯᠪᠡᠷᠢ ᠪᠠᠶ᠋ᠢᠳᠠᠯ᠎ᠢ ᠰᠢᠨᠡᠴᠢᠯᠡᠵᠦ᠂  ᠦᠢ᠍ᠯᠡᠴᠢᠯᠡᠭᠡᠨ᠎ᠤ ᠵᠠᠭᠪᠤᠷ᠎ᠢ ᠰᠢᠨᠡᠴᠢᠯᠡᠵᠦ᠂  ᠡᠴᠦᠰ᠎ᠲᠡᠭᠡᠨ ᠥᠪᠡᠷ᠎ᠤᠨ ᠦᠷᠳᠡᠭ᠎ᠢ ᠪᠠᠭᠤᠷᠠᠭᠤᠯᠤᠨ ᠦᠷ᠎ᠡ ᠠᠰᠢᠭ᠎ᠢ ᠨᠡᠮᠡᠭᠳᠡᠭᠦᠯᠬᠦ᠂  ᠰᠢᠨ᠎ᠡ ᠦᠷᠳᠡᠭ᠎ᠢ ᠡᠭᠦᠳᠬᠦ ᠵᠣᠷᠢᠯᠭ᠎ᠠ᠎ᠳᠤ ᠬᠦᠷᠬᠦ ᠪᠣᠯᠤᠨ᠎ᠠ᠃  ᠵᠣᠬᠢᠶᠠᠮᠠᠯ ᠤᠶᠤᠨ᠎ᠠᠴᠠ 《ᠵᠣᠬᠢᠶᠠᠮᠠᠯ ᠤᠶᠤᠨ +》 ᠪᠣᠯᠲᠠᠯ᠎ᠠ᠂  ᠵᠣᠬᠢᠶᠠᠮᠠᠯ ᠤᠶᠤᠨ᠎ᠨᠢ ᠶᠠᠭ ᠪᠢᠳᠡᠨ᠎ᠤ ᠦᠢ᠍ᠯᠡᠳᠪᠦᠷᠢᠯᠡᠯ ᠠᠮᠢᠳᠤᠷᠠᠯ᠎ᠳᠤ ᠭᠦᠨᠵᠡᠭᠡᠢ ᠠᠭᠤᠰᠤᠯᠴᠠᠵᠤ ᠪᠠᠶ᠋ᠢᠬᠤ ᠵᠢ ᠲᠤᠰᠬᠠᠵᠤ᠂  ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠠᠬᠢᠭᠤᠯᠬᠤ ᠴᠢᠬᠤᠯᠠ ᠬᠦᠴᠦᠨ ᠪᠤᠯᠵᠤ᠂  ᠢᠷᠡᠭᠡᠳᠦᠢ ᠵᠢᠨ ᠬᠥᠭᠵᠢᠯᠲᠡ ᠵᠢᠨ ᠴᠢᠭᠯᠡᠯ᠎ᠢ ᠲᠥᠯᠥᠭᠡᠯᠡᠵᠦ ᠪᠠᠶ᠋ᠢᠨ᠎ᠠ᠃

  《ᠵᠣᠬᠢᠶᠠᠮᠠᠯ ᠣᠶᠤᠨ +》᠎ᠤ ᠨᠢᠭᠡᠨ ᠢᠯᠡᠷᠬᠡᠶ ᠣᠨᠴᠠᠯᠢᠭ ᠪᠤᠯ ᠤᠯᠠᠮᠵᠢᠯᠠᠯᠲᠤ ᠠᠵᠤ ᠦᠢ᠍ᠯᠡᠰ ᠪᠤᠯᠤᠨ᠎ᠠ᠃  ᠵᠣᠬᠢᠶᠠᠮᠠᠯ ᠣᠶᠤᠨ᠎ᠨᠢ ᠲᠤᠭ᠎ᠠ ᠪᠠᠷᠢᠮᠲᠠ ᠵᠢ ᠰᠢᠢ᠍ᠳᠪᠦᠷᠢᠯᠡᠬᠦ᠂  ᠵᠠᠳᠠᠯᠬᠤ᠂  ᠲᠥᠰᠦᠭᠡᠯᠡᠬᠦ ᠵᠡᠷᠭᠡ ᠲᠠᠯ᠎ᠠ ᠵᠢᠨ ᠴᠢᠳᠠᠪᠤᠷᠢ᠎ᠪᠠᠷ ᠮᠠᠰᠢ ᠴᠢᠩᠭ᠎ᠠ᠂  ᠵᠠᠷᠢᠮ ᠮᠡᠷᠭᠡᠵᠢᠯ᠂  ᠵᠢᠱ᠌ᠢᠶᠡᠯᠡᠪᠡᠯ ᠮᠠᠰᠢᠨ ᠰᠤᠷᠤᠯᠴᠠᠬᠤ᠂  ᠦᠭᠡ ᠬᠡᠯᠡᠨ᠎ᠤ ᠰᠢᠢ᠍ᠳᠪᠦᠷᠢᠯᠡᠯᠲᠡ᠂  ᠺᠣᠮᠫᠢᠦ᠋ᠲ᠋ᠧᠷ᠎ᠤᠨ ᠬᠠᠷᠠᠭ᠋ᠠᠨ ᠰᠡᠷᠡᠯ ᠵᠡᠷᠭᠡ ᠤᠯᠠᠮᠵᠢᠯᠠᠯᠲᠤ ᠠᠵᠤ ᠦᠢ᠍ᠯᠡᠰ᠎ᠤᠨ ᠦᠢ᠍ᠯᠡᠳᠪᠦᠷᠢᠯᠡᠯ ᠪᠠ ᠠᠵᠢᠯᠯᠠᠭ᠋ᠠᠨ᠎ᠤ ᠶᠠᠪᠤᠴᠠ᠎ᠳᠤ ᠰᠢᠭᠢᠳᠴᠦ᠂  ᠤᠯᠠᠮᠵᠢᠯᠠᠯᠲᠤ ᠠᠵᠤ ᠦᠢ᠍ᠯᠡᠰ᠎ᠲᠤ ᠣᠶᠤᠨᠴᠢᠯᠠᠭᠰᠠᠨ 《ᠶᠡᠭᠡ ᠲᠠᠷᠢᠬᠢ》 ᠤᠭᠰᠠᠷᠠᠭᠰᠠᠨ ᠪᠠᠶ᠋ᠢᠨ᠎ᠠ᠃  ᠵᠢᠱ᠌ᠢᠶᠡᠯᠡᠪᠡᠯ ᠲᠠᠷᠢᠶᠠᠯᠠᠩ᠎ᠤᠨ ᠬᠦᠷᠢᠶᠡᠨ᠎ᠳᠤ᠂  ᠲᠠᠷᠢᠶᠠᠯᠠᠩ᠎ᠤᠨ ᠦᠢ᠍ᠯᠡᠳᠪᠦᠷᠢᠯᠡᠯ᠎ᠢ ᠰᠠᠶ᠋ᠢᠵᠢᠷᠠᠭᠤᠯᠵᠤ᠂  ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠵᠢᠨ ᠲᠥᠯᠥᠭᠡ᠂  ᠬᠥᠮᠦᠰ ᠵᠢᠷᠤᠭ ᠳᠦᠷᠰᠦ ᠢᠯᠭ᠋ᠠᠨ ᠲᠠᠨᠢᠬᠤ ᠮᠡᠷᠭᠡᠵᠢᠯ᠎ᠢ ᠵᠣᠬᠢᠴᠠᠭᠤᠯᠬᠤ ᠵᠢᠯᠣᠭᠤᠴᠢ ᠥᠬᠡᠶ ᠮᠠᠰᠢᠨ ᠵᠶ᠋ᠠᠷ ᠲᠠᠷᠢᠮᠠᠯ᠎ᠤᠨ ᠡᠪᠡᠳᠴᠢᠨ ᠬᠤᠷᠣᠬᠠᠶ ᠵᠢᠨ ᠬᠥᠨᠥᠭᠡᠯ᠎ᠤᠨ ᠪᠠᠶ᠋ᠢᠳᠠᠯ᠂  ᠤᠷᠭᠤᠯᠲᠠ ᠵᠢᠨ ᠪᠠᠶ᠋ᠢᠳᠠᠯ᠎ᠢ ᠬᠢᠨᠠᠨ ᠬᠡᠮᠵᠢᠵᠦ᠂  ᠤᠶᠤᠨᠲᠤ ᠰᠡᠷᠡᠯ ᠳᠠᠮᠵᠢᠭᠤᠯᠤᠭᠴᠢ᠎ᠪᠠᠷ ᠤᠰᠤ ᠬᠦᠷᠦᠰᠦ ᠵᠢᠨ ᠴᠢᠭᠢᠭ᠎ᠤᠨ ᠬᠡᠮᠵᠢᠶ᠎ᠡ᠂  ᠪᠣᠷᠲᠣᠭᠤᠷ᠎ᠢ ᠵᠠᠳᠠᠯᠵᠤ ᠪᠣᠯᠤᠨ᠎ᠠ᠃  ᠣᠯᠠᠨ ᠬᠦᠷᠢᠶ᠎ᠡ ᠴᠠᠷᠠᠭ᠎ᠠ᠎ᠳᠤ᠂ 《ᠵᠣᠬᠢᠶᠠᠮᠠᠯ ᠣᠶᠤᠨ +》᠎ᠨᠢ ᠤᠯᠠᠮᠵᠢᠯᠠᠯᠲᠤ ᠠᠵᠤ ᠦᠢ᠍ᠯᠡᠰ᠎ᠤᠨ ᠬᠥᠳᠡᠯᠮᠦᠷᠢ ᠨᠢᠭᠲᠠᠷᠠᠭᠰᠠᠨ ᠬᠡᠯᠪᠡᠷᠢ᠎ᠠᠴᠠ ᠣᠶᠤᠨᠴᠢᠯᠠᠭᠰᠠᠨ ᠨᠠᠷᠢᠯᠢᠭᠵᠢᠭᠤᠯᠤᠭᠰᠠᠨ ᠠᠵᠢᠯᠯᠠᠭ᠋ᠠᠨ ᠲᠡᠢ᠌ᠰᠢ ᠤᠷᠤᠭᠰᠢᠯᠠᠬᠤ᠎ᠳᠤ ᠬᠦᠴᠦᠨ ᠨᠡᠮᠡᠷᠢᠯᠡᠵᠦ᠂  ᠦᠢ᠍ᠯᠡᠳᠪᠦᠷᠢᠯᠡᠯ᠎ᠤᠨ ᠦᠷ᠎ᠡ ᠪᠦᠲᠦᠮᠵᠢ ᠪᠠ ᠶᠠᠰᠤ ᠴᠢᠨᠠᠷ᠎ᠢ ᠳᠡᠭᠡᠭᠰᠢᠯᠡᠭᠦᠯᠵᠦ ᠴᠢᠳᠠᠬᠤ᠎ᠪᠠᠷ ᠪᠠᠷᠠᠬᠤ ᠦᠭᠡᠢ᠂  ᠪᠠᠰᠠ ᠦᠢ᠍ᠯᠡᠳᠪᠦᠷᠢᠯᠡᠯ᠎ᠤᠨ ᠠᠵᠢᠯᠯᠠᠭ᠋ᠠᠨ᠎ᠤ ᠥᠪᠡᠷ᠎ᠤᠨ ᠥᠷᠲᠡᠭ᠎ᠢ ᠪᠠᠭᠤᠷᠠᠭᠤᠯᠵᠤ ᠴᠢᠳᠠᠨ᠎ᠠ᠃

  《ᠵᠣᠬᠢᠶᠠᠮᠠᠯ ᠣᠶᠤᠨ +》᠎ᠨᠢ ᠳ᠋ᠠᠶ᠋ᠢᠲ᠋ᠠ᠎ᠪᠠᠷ ᠬᠥᠳᠡᠯᠭᠡᠭᠦᠷ ᠪᠣᠯᠭ᠋ᠠᠬᠤ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠲᠠᠯ᠎ᠠ᠎ᠪᠠᠷ ᠪᠠᠰᠠ ᠨᠡᠯᠢᠶᠡᠳ ᠶᠡᠭᠡ ᠰᠢᠪᠲᠤᠯᠤᠯᠲᠠ ᠭᠠᠷᠭ᠋ᠠᠵᠤ᠂  ᠢᠯᠠᠩᠭᠤᠶ᠎ᠠ ᠵᠠᠷᠢᠮ ᠠᠵᠢᠯ ᠲᠥᠷᠥᠯ᠎ᠤᠨ ᠬᠥᠭᠵᠢᠯᠲᠡ ᠵᠢᠨ ᠪᠣᠭᠤᠮᠢ ᠵᠢ ᠡᠪᠳᠡᠵᠦ᠂  ᠶᠡᠭᠡ ᠬᠡᠮᠵᠢᠶᠡᠨ᠎ᠤ ᠣᠯᠠᠨ ᠡᠰᠢᠲᠦ ᠲᠤᠭ᠎ᠠ ᠪᠠᠷᠢᠮᠲᠠ ᠵᠢᠨ ᠡᠳ᠋ ᠬᠥᠷᠥᠩᠭᠡ ᠵᠢ ᠬᠥᠭᠵᠢᠭᠡᠵᠦ᠂  ᠡᠭᠦᠨ᠎ᠤ ᠤᠯᠠᠮ ᠵᠶ᠋ᠠᠷ ᠵᠠᠷᠢᠮ ᠰᠢᠨ᠎ᠡ ᠠᠵᠤ ᠦᠢ᠍ᠯᠡᠰ᠂  ᠰᠢᠨ᠎ᠡ ᠲᠤᠬᠠᠶ᠋ᠢᠯᠠᠭᠰᠠᠨ ᠠᠵᠢᠯ᠂  ᠰᠢᠨ᠎ᠡ ᠵᠠᠭᠪᠤᠷ᠎ᠢ ᠪᠣᠶ ᠪᠣᠯᠭ᠋ᠠᠪᠠ᠃  ᠤᠶᠤᠨᠴᠢ ᠪᠡᠯᠡ ᠣᠷᠣᠭᠤᠯᠤᠯᠲᠠ ᠪᠣᠯ ᠳᠠᠷᠤᠢ ᠵᠣᠬᠢᠶᠠᠮᠠᠯ ᠣᠶᠤᠨ ᠴᠢᠳᠠᠪᠤᠷᠢ ᠪᠠ ᠮᠥᠩᠭᠥᠨ ᠭᠦᠢ᠍ᠯᠭᠡᠭᠡᠨ᠎ᠤ ᠠᠭᠤᠰᠤᠯᠴᠠᠨ ᠰᠢᠨ᠎ᠡ ᠵᠢ ᠡᠭᠦᠳᠬᠦ ᠪᠦᠲᠦᠭᠡᠭᠳᠡᠬᠦᠨ ᠮᠥᠨ᠃  ᠲᠡᠷᠡ᠎ᠨᠢ ᠪᠣᠳᠣᠬᠤ ᠠᠷᠭ᠎ᠠ ᠵᠢᠨ ᠵᠠᠭᠪᠤᠷ᠎ᠢ ᠲᠦᠰᠢᠭᠯᠡᠵᠦ᠂  ᠬᠡᠷᠡᠭᠯᠡᠭᠴᠢᠳ᠎ᠤᠨ ᠠᠶᠤᠯ ᠲᠦᠭᠰᠢᠭᠦᠷᠢ ᠵᠢᠨ ᠳᠤᠷᠠᠰᠢᠯ᠂  ᠡᠳ᠋᠎ᠤᠨ ᠶᠠᠪᠤᠳᠠᠯ᠎ᠤᠨ ᠪᠠᠢ᠌ᠳᠠᠯ ᠵᠡᠷᠭᠡ᠎ᠲᠠᠢ ᠤᠶᠠᠯᠳᠤᠭᠤᠯᠤᠨ ᠥᠪᠡᠷᠮᠢᠴᠡ ᠪᠡᠯᠡ ᠣᠷᠣᠭᠤᠯᠬᠤ ᠲᠥᠰᠦᠯ᠎ᠢ ᠲᠣᠭᠲᠠᠭ᠋ᠠᠵᠤ᠂  ᠡᠩ᠎ᠤᠨ ᠪᠡᠯᠡ ᠣᠷᠣᠭᠤᠯᠤᠭᠴᠢᠳ᠎ᠲᠤ ᠴᠢᠨᠠᠷ ᠰᠠᠢ᠌ᠲᠠᠢ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢᠨ ᠦᠢ᠍ᠯᠡᠴᠢᠯᠡᠭᠡ ᠵᠢ ᠡᠳ᠋ᠯᠡᠭᠦᠯᠵᠦ᠂  ᠮᠦᠩᠭᠦᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠵᠠᠭ᠋ᠠᠭ᠎ᠢ ᠥᠷᠭᠡᠳᠭᠡᠵᠡᠢ᠃  ᠵᠣᠬᠢᠶᠠᠮᠠᠯ ᠣᠶᠤᠨ᠎ᠳᠤ ᠪᠠᠰᠠ ᠴᠠᠬᠢᠮ ᠰᠤᠳᠤᠯᠤᠨ ᠨᠡᠭᠡᠭᠡᠬᠦ᠂  ᠲᠤᠭ᠎ᠠ ᠪᠠᠷᠢᠮᠲᠠ ᠵᠢ ᠲᠣᠳᠣᠷᠬᠠᠶ᠋ᠢᠯᠠᠬᠤ᠂  ᠪᠤᠳᠤᠬᠤ ᠠᠷᠭ᠎ᠠ ᠵᠢ ᠰᠢᠯᠢᠳᠡᠭᠵᠢᠭᠦᠯᠬᠦ ᠵᠡᠷᠭᠡ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠢ ᠪᠣᠶ ᠪᠣᠯᠭ᠋ᠠᠵᠤ᠂  ᠠᠵᠤ ᠠᠬᠤᠶ ᠵᠢᠨ ᠰᠢᠨ᠎ᠡ ᠨᠡᠮᠡᠭᠳᠡᠯ᠎ᠤᠨ ᠴᠡᠭ᠎ᠢ ᠪᠣᠶ ᠪᠣᠯᠭ᠋ᠠᠵᠤ᠂  ᠠᠵᠤ ᠠᠬᠤᠶ ᠵᠢᠨ ᠰᠢᠨ᠎ᠡ ᠦᠷ᠎ᠡ ᠠᠰᠢᠭ ᠪᠠ ᠠᠵᠢᠯ ᠣᠯᠭᠤᠬᠤ ᠲᠣᠬᠢᠶᠠᠯ᠎ᠢ ᠪᠣᠶ ᠪᠣᠯᠭ᠋ᠠᠵᠤ᠂  ᠠᠵᠤ ᠠᠬᠤᠶ ᠵᠢᠨ ᠪᠦᠲᠦᠴᠡ ᠵᠢᠨ ᠲᠣᠬᠢᠷᠠᠭᠤᠯᠤᠯᠲᠠ᠂  ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠪᠠ᠃

  《ᠵᠣᠬᠢᠶᠠᠮᠠᠯ ᠣᠶᠤᠨ +》᠎ᠨᠢ ᠪᠠᠰᠠ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠬᠡᠪᠴᠢᠶ᠎ᠡ ᠵᠢ ᠥᠷᠭᠡᠳᠭᠡᠬᠦ᠎ᠳᠤ ᠠᠰᠢᠭᠲᠠᠢ᠃  ᠲᠤᠭ᠎ᠠ ᠪᠠᠷᠢᠮᠲᠠ᠎ᠳᠤ ᠢᠯᠡᠷᠡᠭᠦᠯᠦᠭᠰᠡᠨ ᠵᠶ᠋ᠠᠷ᠂ 2024 ᠣᠨ᠎ᠤ 6 ᠳ᠋ᠤᠭ᠋ᠠᠷ ᠰᠠᠷ᠎ᠠ ᠪᠣᠯᠲᠠᠯ᠎ᠠ᠂  ᠮᠠᠨ᠎ᠤ ᠤᠯᠤᠰ᠎ᠤᠨ ᠪᠣᠶ ᠪᠣᠯᠤᠭᠰᠠᠨ ᠬᠡᠯᠪᠡᠷᠢ ᠵᠢᠨ ᠵᠣᠬᠢᠶᠠᠮᠠᠯ ᠣᠶᠤᠨᠴᠢ ᠦᠢ᠍ᠯᠡᠳᠬᠦᠨ᠎ᠤ ᠬᠡᠷᠡᠭᠯᠡᠭᠴᠢ ᠵᠢᠨ ᠬᠡᠪᠴᠢᠶ᠎ᠡ 2.3 ᠳ᠋ᠦᠩᠰᠢᠭᠤᠷ ᠬᠥᠮᠦᠨ᠎ᠳᠤ ᠬᠦᠷᠴᠦ᠂  ᠪᠦᠬᠦᠯᠢ ᠴᠣᠭᠴᠠ ᠵᠢᠨ ᠬᠥᠮᠦᠨ ᠠᠮᠠ ᠵᠢᠨ 16.4% ᠵᠢ ᠡᠵᠡᠯᠡᠪᠡ᠃  ᠣᠶ᠋ᠢᠷ᠎ᠠ ᠵᠢᠨ ᠵᠢᠯ᠎ᠤᠳ᠎ᠲᠤ᠂  ᠠᠷᠠᠳ ᠣᠯᠠᠨ᠎ᠤ ᠥᠪᠡᠷᠮᠢᠴᠡ ᠴᠢᠨᠠᠷᠲᠠᠶ᠂  ᠤᠶᠤᠨᠴᠢᠯᠠᠭᠰᠠᠨ ᠦᠢ᠍ᠯᠡᠳᠬᠦᠨ ᠪᠠ ᠦᠢ᠍ᠯᠡᠴᠢᠯᠡᠭᠡᠨ᠎ᠤ ᠬᠡᠷᠡᠭᠴᠡᠭᠡ ᠲᠠᠰᠤᠷᠠᠯᠲᠠ ᠥᠬᠡᠶ ᠨᠡᠮᠡᠭᠳᠡᠵᠦ᠂  ᠬᠠᠮᠢᠶ᠎ᠠ ᠪᠥᠬᠦᠶ ᠦᠢ᠍ᠯᠡᠳᠬᠦᠨ ᠪᠠ ᠦᠢ᠍ᠯᠡᠴᠢᠯᠡᠭᠡᠨ᠎ᠤ ᠵᠠᠬ᠎ᠠ ᠳᠡᠯᠭᠡᠭᠦᠷ᠎ᠤᠨ ᠬᠥᠭᠵᠢᠯ ᠴᠡᠴᠡᠭᠯᠡᠯ᠎ᠢ ᠠᠬᠢᠭᠤᠯᠵᠤ ᠪᠠᠶ᠋ᠢᠨ᠎ᠠ᠃  ᠵᠢᠱ᠌ᠢᠶᠡᠯᠡᠪᠡᠯ᠂  ᠣᠶᠤᠨᠴᠢ ᠭᠡᠷ᠎ᠤᠨ ᠡᠳ᠋ᠯᠡᠯ ᠬᠡᠷᠡᠭᠰᠡᠯ᠂  ᠣᠶᠤᠨᠴᠢ ᠡᠮᠦᠰᠴᠦ ᠵᠡᠭᠦᠬᠦ ᠦᠢ᠍ᠯᠡᠳᠬᠦᠨ ᠴᠣᠯᠭᠤᠷᠠᠨ ᠭᠠᠷᠴᠤ᠂  ᠬᠡᠷᠡᠭᠯᠡᠭᠡᠨ᠎ᠤ ᠰᠢᠨ᠎ᠡ ᠬᠡᠷᠡᠭᠴᠡᠭᠡ ᠵᠢ ᠡᠭᠦᠳᠦᠭᠰᠡᠨ ᠪᠥᠭᠡᠳ ᠠᠵᠤ ᠠᠬᠤᠶ ᠵᠢᠨ ᠨᠡᠮᠡᠭᠳᠡᠯ᠎ᠳᠤ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠭᠰᠡᠨ ᠪᠠᠶ᠋ᠢᠨ᠎ᠠ᠃  ᠡᠨᠡ᠎ᠨᠢ ᠬᠤᠯᠪᠣᠭᠳᠠᠯ ᠪᠥᠬᠦᠶ ᠠᠵᠤ ᠠᠬᠤᠶ᠋ᠢᠯᠠᠯ᠎ᠤᠨ 《ᠵᠣᠬᠢᠶᠠᠮᠠᠯ ᠣᠶᠤᠨ +》᠎ᠤ ᠣᠷᠣᠭᠤᠯᠤᠯᠲᠠ᠎ᠪᠠᠨ ᠨᠡᠮᠡᠭᠳᠡᠭᠦᠯᠬᠦ ᠵᠢ ᠠᠬᠢᠭᠤᠯᠵᠤ᠂  ᠬᠠᠩᠭ᠋ᠠᠯᠭ᠎ᠠ ᠪᠠ ᠬᠡᠷᠡᠭᠴᠡᠭᠡ ᠵᠢᠨ ᠰᠠᠶ᠋ᠢᠨ ᠣᠷᠴᠢᠯ᠎ᠢ ᠪᠣᠶ ᠪᠣᠯᠭ᠋ᠠᠵᠤ᠂  ᠢᠷᠡᠭᠡᠳᠦᠶ ᠵᠢᠨ ᠠᠵᠤ ᠠᠬᠤᠶ ᠵᠢᠨ ᠨᠡᠮᠡᠭᠳᠡᠯ᠎ᠤᠨ ᠴᠢᠬᠤᠯᠠ ᠬᠥᠳᠡᠯᠭᠡᠭᠦᠷ᠎ᠢ ᠪᠣᠶ ᠪᠣᠯᠭ᠋ᠠᠪᠠ᠃  ᠬᠡᠷᠡᠭᠯᠡᠭᠡᠨ᠎ᠤ ᠳᠠᠪᠬᠤᠷᠭ᠎ᠠ ᠵᠢᠨ ᠰᠢᠨ᠎ᠡ ᠵᠢ ᠡᠭᠦᠳᠬᠦ᠎ᠠᠴᠠ ᠭᠠᠳᠠᠨ᠎ᠠ᠂ 《ᠵᠣᠬᠢᠶᠠᠮᠠᠯ ᠣᠶᠤᠨ +》᠎ᠨᠢ ᠪᠠᠰᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠳᠤ ᠥᠷᠭᠡᠨ ᠵᠶ᠋ᠠᠷ ᠬᠡᠷᠡᠭᠯᠡᠵᠦ ᠪᠣᠯᠤᠨ᠎ᠠ᠂  ᠵᠢᠱ᠌ᠢᠶᠡᠯᠡᠪᠡᠯ᠂  ᠲᠥᠰᠦᠭᠡᠯᠡᠬᠦ᠂  ᠲᠤᠷᠰᠢᠯᠲᠠ ᠵᠢᠨ ᠵᠢᠷᠤᠭ ᠲᠥᠯᠥᠪᠯᠡᠭᠡ᠂  ᠲᠤᠭ᠎ᠠ ᠪᠠᠷᠢᠮᠲᠠ ᠵᠢᠨ ᠵᠠᠳᠠᠯᠤᠯᠲᠠ ᠵᠡᠷᠭᠡ ᠲᠠᠯ᠎ᠠ᠎ᠪᠠᠷ ᠴᠢᠬᠤᠯᠠ ᠦᠢ᠍ᠯᠡᠳᠦᠯ ᠦᠵᠡᠭᠦᠯᠵᠦ᠂  ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠮᠵᠢ ᠪᠠ ᠣᠨᠣᠪᠴᠢ ᠵᠢᠨ ᠨᠣᠷᠮ᠎ᠠ ᠵᠢ ᠳᠡᠭᠡᠭᠰᠢᠯᠡᠭᠦᠯᠦᠨ᠂  ᠰᠠᠭᠤᠷᠢ ᠰᠢᠨᠵᠢᠯᠡᠭᠡᠨ᠎ᠤ ᠬᠦᠷᠢᠶᠡᠨ᠎ᠤ ᠬᠥᠭᠵᠢᠯᠲᠡ ᠵᠢ ᠠᠬᠢᠭᠤᠯᠤᠨ᠎ᠠ᠃

   ᠢᠷᠡᠭᠡᠳᠦᠢ᠎ᠪᠠᠨ ᠪᠠᠷᠠᠯᠠᠬᠤᠶ᠎ᠠ᠂ 《ᠵᠣᠬᠢᠶᠠᠮᠠᠯ ᠤᠶᠤᠨ +》᠎ᠤ ᠠᠯᠤᠰ ᠢᠷᠡᠭᠡᠳᠦᠢ ᠭᠡᠭᠡᠨ ᠰᠠᠷᠠᠭᠤᠯ ᠪᠠᠢ᠌ᠨ᠎ᠠ᠃  ᠵᠢᠱ᠌ᠢᠯᠲᠡ᠎ᠠᠴᠠ ᠦᠵᠡᠪᠡᠯ᠂ 2028 ᠣᠨ ᠪᠣᠯᠬᠤ᠎ᠳᠤ ᠪᠥᠬᠦ ᠪᠥᠮᠪᠥᠷᠴᠡᠭ᠎ᠤᠨ ᠵᠣᠬᠢᠶᠠᠮᠠᠯ ᠣᠶᠤᠨ᠎ᠤ ᠲᠠᠯ᠎ᠠ ᠵᠢᠨ ᠵᠠᠷᠤᠯᠭ᠎ᠠ ᠵᠢ ᠨᠢᠭᠡ ᠳᠠᠬᠢᠨ᠎ᠠᠴᠠ ᠳᠡᠭᠡᠭᠰᠢ ᠨᠡᠮᠡᠭᠳᠡᠭᠦᠯᠵᠦ᠂ 6320 ᠳ᠋ᠦᠩᠰᠢᠭᠤᠷ ᠳ᠋ᠣᠯᠯᠠᠷ᠎ᠲᠤ ᠬᠦᠷᠭᠡᠬᠦ ᠪᠣᠯᠤᠨ᠎ᠠ᠃  ᠡᠨᠡ ᠪᠣᠯ ᠨᠡᠯᠢᠶᠡᠳ ᠰᠠᠶ᠋ᠢᠨ ᠬᠡᠪᠴᠢᠶ᠎ᠡ᠃  ᠣᠳᠣᠬᠠᠨ᠎ᠳᠤ᠂  ᠪᠦᠬᠦ ᠪᠥᠮᠪᠥᠷᠴᠡᠭ᠎ᠤᠨ ᠭᠤᠣᠯ ᠪᠣᠯᠬᠤ ᠠᠵᠤ ᠠᠬᠤᠢ ᠵᠢᠨ ᠴᠣᠭᠴᠠ ᠶᠠᠭ ᠡᠯ᠎ᠡ ᠵᠦᠢ᠍ᠯ᠎ᠤᠨ ᠠᠷᠭ᠎ᠠ ᠬᠡᠯᠪᠡᠷᠢ᠎ᠪᠠᠷ ᠵᠣᠬᠢᠶᠠᠮᠠᠯ ᠤᠶᠤᠨ ᠠᠵᠤ ᠦᠢ᠍ᠯᠡᠰ᠎ᠢ ᠪᠠᠶ᠋ᠢᠷᠢᠰᠢᠭᠤᠯᠵᠤ᠂  ᠢᠷᠡᠭᠡᠳᠦᠢ ᠵᠢᠨ ᠬᠥᠭᠵᠢᠯᠲᠡ ᠵᠢ ᠬᠦᠳᠦᠯᠦᠨ ᠳᠠᠭ᠋ᠠᠭᠤᠯᠵᠤ ᠪᠠᠶ᠋ᠢᠨ᠎ᠠ᠃  ᠨᠢᠳᠦᠨᠦᠨ ᠵᠢᠯ᠎ᠤᠨ ᠰᠡᠭᠦᠯᠴᠢ᠎ᠪᠠᠷ ᠶᠠᠪᠤᠭᠳᠠᠭᠰᠠᠨ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ 《ᠵᠣᠬᠢᠶᠠᠮᠠᠯ ᠣᠶᠤᠨ +》᠎ᠤ ᠠᠵᠢᠯᠯᠠᠭ᠎ᠠ ᠵᠢ ᠦᠷᠨᠢᠭᠦᠯᠪᠡ᠃  ᠰᠢᠨ᠎ᠡ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠤᠪᠢᠰᠬᠠᠯ ᠪᠣᠯᠣᠨ ᠠᠵᠤ ᠦᠢ᠍ᠯᠡᠰ᠎ᠤᠨ ᠬᠤᠪᠢᠰᠤᠯᠲᠠ ᠵᠢᠨ ᠪᠠᠶ᠋ᠢᠯᠳᠤᠬᠤ ᠪᠣᠳᠣᠯᠭ᠎ᠠ ᠵᠢᠨ ᠠᠵᠠ ᠲᠣᠬᠢᠶᠠᠯ᠎ᠢ ᠠᠮᠵᠢᠵᠤ᠂  ᠮᠠᠨ᠎ᠤ ᠤᠯᠤᠰ᠎ᠤᠨ ᠬᠡᠳᠦ ᠶᠡᠭᠡ ᠬᠡᠪᠴᠢᠶᠡᠨ᠎ᠤ ᠵᠠᠬ᠎ᠠ ᠳᠡᠯᠭᠡᠭᠦᠷ ᠪᠣᠯᠣᠨ ᠡᠯᠪᠡᠭ ᠪᠠᠶᠠᠯᠢᠭ ᠬᠡᠷᠡᠭᠯᠡᠭᠡᠨ᠎ᠤ ᠪᠠᠶ᠋ᠢᠳᠠᠯ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂  ᠵᠣᠬᠢᠶᠠᠮᠠᠯ ᠤᠶᠤᠨ᠎ᠢ ᠦᠢ᠍ᠯᠡᠳᠪᠦᠷᠢᠯᠡᠯ ᠦᠢ᠍ᠯᠡᠳᠬᠦ ᠭᠤᠭᠴᠤᠭ᠎ᠠ ᠲᠡᠢ᠌ᠰᠢ ᠨᠡᠪᠴᠢᠬᠦ ᠵᠢ ᠠᠬᠢᠭᠤᠯᠵᠤ᠂  ᠪᠦᠬᠦ ᠲᠠᠯ᠎ᠠ ᠵᠢᠨ᠂  ᠭᠦᠨ ᠳᠠᠪᠬᠤᠷᠭ᠎ᠠ ᠵᠢᠨ ᠤᠶᠤᠨᠴᠢᠯᠠᠭᠰᠠᠨ ᠬᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠬᠦ ᠰᠢᠨ᠎ᠡ ᠱᠠᠲᠤᠨ᠎ᠳᠤ ᠲᠦᠷᠭᠡᠨ ᠳᠠᠪᠰᠢᠵᠤ᠂  ᠠᠵᠤ ᠠᠬᠤᠢ ᠵᠢᠨ ᠬᠥᠭᠵᠢᠯᠲᠡ ᠵᠢᠨ ᠰᠢᠨ᠎ᠡ ᠬᠥᠳᠡᠯᠭᠡᠬᠦ ᠬᠦᠴᠦᠨ ᠰᠢᠨ᠎ᠡ ᠳᠠᠪᠠᠭᠤᠯᠢᠭ᠎ᠢ ᠪᠤᠢ ᠪᠣᠯᠭ᠋ᠠᠬᠤ ᠵᠢᠨ ᠬᠠᠮᠲᠤ ᠪᠦᠬᠦ ᠪᠥᠮᠪᠥᠷᠴᠡᠭ᠎ᠤᠨ ᠥᠷᠢᠰᠥᠯᠳᠦᠭᠡᠨ᠎ᠤ ᠳᠤᠮᠳᠠ ᠠᠰᠢᠭᠲᠠᠢ ᠪᠠᠶ᠋ᠢᠷᠢ ᠵᠢ ᠵᠠᠪᠳᠤᠨ ᠡᠵᠡᠯᠡᠬᠦ ᠵᠢ ᠠᠬᠢᠭᠤᠯᠤᠨ᠎ᠠ᠃

   ᠳᠤᠤᠷ᠎ᠠ ᠠᠭ᠋ᠠᠷ᠎ᠤᠨ ᠠᠵᠤ ᠠᠬᠤᠢ 《ᠳᠠᠯᠠᠪᠴᠢ ᠳᠡᠭᠡᠷᠡᠬᠢ ᠳᠤᠮᠳᠠᠳᠤ ᠤᠯᠤᠰ》᠎ᠳᠤ ᠬᠦᠰᠡᠯ ᠲᠠᠯᠪᠢᠵᠤ ᠪᠠᠶ᠋ᠢᠨ᠎ᠠ

   ᠳᠤᠮᠳᠠᠳᠤ ᠤᠯᠤᠰ᠎ᠤᠨ ᠮᠡᠳᠡᠭᠡ ᠵᠠᠩᠭᠢ ᠴᠢᠮᠡᠭᠡ ᠨᠡᠪᠲᠡᠷᠡᠯᠭᠡ ᠵᠢᠨ ᠰᠤᠳᠤᠯᠭ᠋ᠠᠨ᠎ᠤ ᠬᠦᠷᠢᠶᠡᠯᠡᠩ᠎ᠤᠨ ᠶᠡᠷᠦᠩᠬᠡᠢ ᠢᠨᠵᠧᠨᠧᠷ   ᠣᠣ ᠯᠢ

   ᠳᠣᠣᠷ᠎ᠠ ᠠᠭ᠋ᠠᠷ᠎ᠤᠨ ᠠᠵᠤ ᠠᠬᠤᠢ ᠶᠠᠭ᠋ᠠᠬᠢᠭ᠋ᠠᠳ ᠡᠶ᠋ᠢᠮᠦ ᠬᠥᠮᠥᠨ᠎ᠤ ᠠᠩᠬᠠᠷᠤᠯ᠎ᠢ ᠲᠠᠲᠠᠵᠤ ᠪᠠᠶ᠋ᠢᠬᠤ ᠪᠣᠢ? ᠶᠠᠮᠠᠷ ᠨᠢᠭᠡᠨ ᠤᠳᠬ᠎ᠠ ᠵᠢᠨ ᠲᠠᠯ᠎ᠠ᠎ᠠᠴᠠ ᠠᠪᠴᠤ ᠬᠡᠯᠡᠪᠡᠯ᠂  ᠢᠢ᠍ᠮᠦᠷᠬᠦᠦ ᠰᠢᠨ᠎ᠡ᠎ᠪᠠᠷ ᠮᠠᠨᠳᠤᠭᠰᠠᠨ ᠠᠵᠤ ᠠᠬᠤᠢ ᠵᠢᠨ ᠬᠡᠯᠪᠡᠷᠢ᠎ᠨᠢ ᠬᠦᠮᠦᠰ᠎ᠤᠨ ᠰᠡᠳᠬᠢᠨ ᠪᠣᠳᠣᠬᠤ ᠵᠠᠭ᠋ᠠᠭ᠎ᠢ ᠥᠷᠭᠡᠳᠬᠡᠵᠦ᠂  ᠢᠷᠡᠭᠡᠳᠦᠢ ᠵᠢᠨ ᠬᠥᠭᠵᠢᠯᠲᠡ ᠵᠢᠨ ᠲᠤᠬᠠᠢ ᠵᠢᠷᠤᠭ ᠳᠦᠷᠰᠦ ᠵᠢ ᠵᠢᠷᠤᠭᠯᠠᠵᠤ᠂  ᠬᠦᠮᠦᠰ 《ᠳᠠᠯᠠᠪᠴᠢ ᠳᠡᠭᠡᠷᠡᠬᠢ ᠳᠤᠮᠳᠠᠳᠤ ᠤᠯᠤᠰ》᠎ᠢ ᠬᠦᠰᠡᠨ ᠬᠦᠯᠢᠶᠡᠵᠦ ᠪᠠᠶ᠋ᠢᠨ᠎ᠠ᠃

   ᠳᠤᠤᠷ᠎ᠠ ᠠᠭ᠋ᠠᠷ᠎ᠤᠨ ᠠᠵᠤ ᠠᠬᠤᠶ ᠶᠡᠷᠦ᠎ᠳᠡᠭᠡᠨ ᠵᠥᠪ ᠳᠣᠤᠷ᠎ᠠ ᠲᠠᠯ᠎ᠠ ᠵᠢᠨ ᠭᠠᠵᠠᠷ᠎ᠤᠨ ᠭᠠᠳᠠᠷᠭᠤ ᠵᠢᠨ ᠡᠭᠴᠡ ᠵᠠᠶ 1000 ᠮᠧᠲᠷ᠎ᠠᠴᠠ ᠳᠣᠷᠣᠭᠰᠢ (ᠬᠡᠷᠡᠭᠯᠡᠭᠡᠨ᠎ᠤ ᠬᠡᠷᠡᠭᠴᠡᠭᠡ ᠵᠢ ᠦᠨᠳᠦᠰᠦᠯᠡᠨ 3000 ᠮᠧᠲᠷ ᠬᠦᠷᠲᠡᠯ᠎ᠡ ᠥᠷᠭᠡᠳᠬᠡᠵᠦ ᠪᠣᠯᠤᠨ᠎ᠠ) ᠠᠭ᠋ᠠᠷ᠎ᠤᠨ ᠣᠷᠣᠨ ᠳᠣᠲᠣᠷ᠎ᠠ᠂  ᠬᠥᠮᠦᠨ ᠪᠠᠢ᠌ᠬᠤ ᠪᠠ ᠬᠥᠮᠦᠨ ᠦᠭᠡᠶ ᠠᠭ᠋ᠠᠷ᠎ᠤᠨ ᠨᠢᠰᠦᠭᠦᠷ ᠵᠢᠴᠢ ᠲᠤᠰᠠᠯᠠᠬᠤ ᠠᠵᠢᠯ᠎ᠤᠨ ᠲᠥᠬᠥᠭᠡᠷᠦᠮᠵᠢ᠎ᠪᠠᠷ ᠠᠴᠢᠶᠠᠯᠠᠪᠤᠷᠢ ᠪᠣᠯᠭ᠋ᠠᠵᠤ᠂  ᠳᠣᠤᠷ᠎ᠠ ᠠᠭ᠋ᠠᠷ᠎ᠤᠨ ᠣᠷᠣᠨ ᠵᠢᠴᠢ ᠬᠠᠮᠢᠶ᠎ᠠ ᠪᠦᠬᠦᠢ ᠲᠣᠭ᠎ᠠ ᠪᠠᠷᠢᠮᠲᠠ ᠵᠢᠨ ᠡᠬᠢ ᠪᠠᠶᠠᠯᠢᠭ ᠵᠡᠷᠭᠡ ᠰᠢᠨ᠎ᠡ ᠬᠡᠯᠪᠡᠷᠢ ᠵᠢᠨ ᠦᠢ᠍ᠯᠡᠳᠪᠦᠷᠢᠯᠡᠯ᠎ᠤᠨ ᠬᠦᠴᠦᠨ ᠵᠦᠢ᠍ᠯ᠎ᠳᠤ ᠲᠦᠰᠢᠭᠯᠡᠨ᠂  ᠬᠥᠮᠦᠨ ᠲᠡᠭᠡᠭᠡᠬᠦ᠂  ᠪᠠᠷᠠᠭ᠎ᠠ ᠠᠴᠢᠶᠠᠯᠠᠬᠤ ᠵᠢᠴᠢ ᠪᠤᠰᠤᠳ ᠠᠵᠢᠯ ᠵᠡᠷᠭᠡ ᠣᠯᠠᠨ ᠵᠦᠢ᠍ᠯ᠎ᠤᠨ ᠠᠬᠤᠶ ᠪᠠᠶ᠋ᠢᠳᠠᠯ᠎ᠤᠨ ᠳᠣᠤᠷ᠎ᠠ ᠨᠢᠰᠬᠦ ᠠᠵᠢᠯᠯᠠᠭ᠎ᠠ᠎ᠪᠠᠷ ᠬᠥᠲᠥᠯᠦᠮᠵᠢ ᠪᠣᠯᠭ᠋ᠠᠵᠤ᠂  ᠬᠠᠮᠢᠶ᠎ᠠ ᠪᠦᠬᠦᠢ ᠬᠦᠷᠢᠶᠡᠨ᠎ᠤ ᠠᠭᠤᠰᠤᠯᠴᠠᠨ ᠬᠥᠭᠵᠢᠬᠦ ᠵᠢ ᠳᠠᠶ᠋ᠢᠴᠢᠯᠠᠬᠤ ᠶᠡᠷᠦᠩᠬᠡᠶ᠋ᠢᠯᠡᠭᠰᠡᠨ ᠠᠵᠤ ᠠᠬᠤᠶ ᠵᠢᠨ ᠬᠡᠯᠪᠡᠷᠢ ᠪᠠᠶ᠋ᠢᠳᠠᠯ᠎ᠢ ᠳᠠᠶ᠋ᠢᠴᠢᠯᠠᠨ᠎ᠠ᠃

   ᠠᠵᠤ ᠠᠬᠤᠢ ᠵᠢᠨ ᠬᠥᠭᠵᠢᠯᠲᠡ ᠵᠢᠨ ᠲᠠᠯ᠎ᠠ᠎ᠠᠴᠠ ᠠᠪᠴᠤ ᠦᠵᠡᠪᠡᠯ᠂  ᠳᠣᠣᠷ᠎ᠠ ᠠᠭ᠋ᠠᠷ᠎ᠤᠨ ᠠᠵᠤ ᠠᠬᠤᠢ᠎ᠨᠢ ᠶᠠᠭ ᠡᠯ᠎ᠡ ᠠᠵᠢᠯ ᠲᠥᠷᠥᠯ᠎ᠳᠤ ᠥᠷᠭᠡᠨ ᠵᠶ᠋ᠠᠷ ᠡᠨᠧᠷᠭᠢ ᠣᠯᠭᠣᠵᠤ᠂  ᠭᠠᠵᠠᠷ ᠳᠡᠭᠡᠷᠡᠬᠢ ᠤᠯᠠᠮᠵᠢᠯᠠᠯᠲᠤ ᠠᠵᠤ ᠦᠢ᠍ᠯᠡᠰ᠎ᠲᠤ ᠵᠡᠷᠭᠡᠴᠡᠭᠡ᠂  ᠬᠠᠷᠢᠯᠴᠠᠨ ᠠᠬᠢᠭᠤᠯᠬᠤ ᠳᠣᠣᠷ᠎ᠠ ᠠᠭ᠋ᠠᠷ᠎ᠤᠨ ᠣᠷᠣᠨ ᠵᠠᠢ ᠵᠢ ᠨᠡᠭᠡᠭᠡᠵᠦ ᠥᠭᠴᠡᠢ᠃  ᠨᠡᠩ ᠣᠯᠠᠨ ᠬᠥᠮᠥᠨ ᠦᠭᠡᠢ ᠨᠢᠰᠬᠡᠯ ᠪᠠᠷᠠᠭ᠎ᠠ ᠵᠢ ᠲᠡᠭᠡᠭᠡᠵᠦ ᠬᠦᠷᠭᠡᠬᠦ᠂  ᠵᠠᠮ᠂  ᠤᠷᠭᠤᠮᠠᠯ᠎ᠢ ᠬᠠᠮᠠᠭ᠋ᠠᠯᠠᠬᠤ ᠠᠵᠢᠯ ᠬᠢᠵᠦ ᠪᠠᠶ᠋ᠢᠨ᠎ᠠ ᠁     ᠠᠯᠢ ᠣᠯᠠᠨ ᠬᠡᠷᠡᠭᠯᠡᠭᠡᠨ᠎ᠤ ᠲᠠᠯᠠᠪᠤᠷ᠎ᠨᠢ ᠤᠯᠠᠮᠵᠢᠯᠠᠯᠲᠤ ᠠᠵᠤ ᠦᠢ᠍ᠯᠡᠰ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂  ᠠᠵᠤ ᠠᠬᠤᠶ ᠵᠢᠨ ᠬᠥᠭᠵᠢᠯᠲᠡ ᠵᠢᠨ ᠰᠢᠨ᠎ᠡ ᠣᠷᠣᠨ ᠵᠠᠶ ᠵᠢ ᠨᠡᠭᠡᠭᠡᠪᠡ᠃  ᠠᠷᠠᠣᠠ᠎ᠤᠨ ᠠᠮᠢᠲᠣᠷᠠᠯ᠎ᠢ ᠰᠠᠢ᠍ᠢ᠍ᠵᠢᠷᠠᠭᠣᠯᠬᠤ ᠲᠠᠯ᠎ᠠ᠎ᠠᠴᠠ ᠣᠢ᠍ᠵᠠᠪᠡᠯ᠂  ᠳᠣᠣᠷ᠎ᠠ ᠠᠭ᠋ᠠᠷ᠎ᠤᠨ ᠠᠵᠤ ᠠᠬᠣᠢ᠎ᠨᠢ ᠠᠷᠠᠣᠠ᠎ᠤᠨ ᠠᠮᠢᠲᠣᠷᠠᠯ᠎ᠤᠨ ᠠᠵᠠ ᠵᠢᠷᠭ᠋ᠠᠯ᠎ᠢ ᠨᠡᠮᠡᠭᠳᠡᠭᠦᠯᠵᠦ᠂  ᠠᠷᠠᠣᠠ ᠣᠯᠠᠨ᠎ᠤ ᠰᠠᠢ᠍ᠢ᠍ᠠ ᠰᠠᠢ᠍ᠢ᠍ᠬᠠᠨ ᠠᠮᠢᠲᠣᠷᠠᠯ᠎ᠤᠨ ᠬᠡᠷᠡᠭᠴᠡᠭᠡ ᠵᠢ ᠬᠠᠩᠭ᠋ᠠᠬᠤ ᠪᠤᠯᠣᠨ᠎ᠠ᠃  ᠳᠤᠤᠷ᠎ᠠ ᠠᠭ᠋ᠠᠷ᠎ᠤᠨ ᠠᠵᠤ ᠠᠬᠤᠶ᠎ᠨᠢ ᠬᠥᠮᠦᠨ ᠲᠥᠷᠥᠯᠬᠢᠲᠡᠨ᠎ᠤ ᠬᠥᠬᠡ ᠣᠭᠲᠠᠷᠭᠤᠶ ᠵᠢ ᠬᠥᠭᠡᠭᠡᠴᠡᠯᠳᠦᠬᠦ ᠪᠠ ᠬᠠᠶ᠋ᠢᠨ ᠰᠦᠪᠡᠭᠴᠢᠯᠡᠯ᠎ᠢ ᠲᠤᠰᠬᠠᠵᠤ᠂  ᠬᠥᠮᠦᠨ ᠲᠥᠷᠥᠯᠬᠢᠲᠡᠨ᠎ᠤ ᠭᠠᠳᠠᠭᠰᠢ ᠭᠠᠷᠬᠤ ᠷᠠᠳᠢᠦ᠋ᠰ᠎ᠢ ᠨᠠᠩ ᠶᠡᠭᠡ ᠤᠷᠲᠤᠳᠬᠠᠯ᠎ᠲᠠᠢ ᠪᠣᠯᠭ᠋ᠠᠵᠤ᠂  ᠥᠨᠳᠥᠷ ᠣᠭᠲᠠᠷᠭᠤᠶ ᠪᠣᠯᠤᠨ ᠭᠠᠵᠠᠷ ᠳᠡᠭᠡᠷᠡᠬᠢ ᠵᠠᠮ ᠬᠠᠷᠢᠯᠴᠠᠭ᠋ᠠᠨ᠎ᠤ ᠬᠤᠭᠤᠷᠣᠨᠳᠣᠬᠢ ᠬᠤᠭᠤᠰᠣᠨ ᠣᠷᠣᠨ᠎ᠢ ᠨᠥᠬᠦᠪᠥᠷᠢᠯᠡᠵᠦ᠂ 《ᠭᠠᠵᠠᠷ᠎ᠤᠨ ᠭᠠᠳᠠᠷᠭᠤ — ᠳᠣᠤᠷ᠎ᠠ ᠠᠭ᠋ᠠᠷ — ᠥᠨᠳᠥᠷ ᠠᠭ᠋ᠠᠷ》 ᠭᠤᠷᠪᠠᠨ ᠬᠡᠮᠵᠢᠯᠳᠦ ᠪᠣᠰᠤᠭ᠎ᠠ ᠴᠣᠭᠴᠠᠲᠤ ᠶᠡᠷᠦᠩᠬᠡᠶ᠋ᠢᠯᠡᠭᠰᠡᠨ ᠠᠶᠠᠯᠠᠯ᠎ᠤᠨ ᠰᠢᠰᠲ᠋ᠧᠮ᠎ᠢ ᠪᠦᠷᠢᠯᠳᠦᠭᠦᠯᠵᠦ᠂  ᠣᠬᠤᠷ ᠳᠤᠮᠳᠠ ᠵᠠᠶ ᠵᠢᠨ ᠭᠠᠳᠠᠭᠰᠢ ᠭᠠᠷᠬᠤ᠎ᠳᠤ ᠰᠢᠨ᠎ᠡ ᠵᠢ ᠡᠭᠦᠳᠬᠦ ᠲᠥᠰᠦᠯ ᠬᠠᠩᠭ᠋ᠠᠪᠠ᠃  ᠠᠭ᠋ᠠᠷ᠎ᠤᠨ ᠠᠵᠤ ᠠᠬᠤᠶ ᠪᠠᠰᠠ ᠠᠭ᠋ᠠᠷ᠎ᠤᠨ ᠵᠢᠭᠤᠯᠴᠢᠯᠠᠯ᠂  ᠠᠭ᠋ᠠᠷ᠎ᠤᠨ ᠵᠤᠭ᠎ᠠ ᠴᠡᠩᠭᠡᠯ ᠵᠡᠷᠭᠡ ᠠᠯᠢ ᠣᠯᠠᠨ ᠰᠢᠨ᠎ᠡ᠎ᠪᠠᠷ ᠬᠥᠭᠵᠢᠭᠰᠡᠨ ᠵᠤᠭ᠎ᠠ ᠴᠡᠩᠭᠡᠯ᠎ᠤᠨ ᠡᠵᠡᠩᠨᠡᠯᠲᠡ ᠵᠢᠨ ᠬᠡᠯᠪᠡᠷᠢ ᠵᠢ ᠪᠣᠶ ᠪᠣᠯᠭ᠋ᠠᠵᠤ᠂  ᠰᠢᠨ᠎ᠡ ᠰᠡᠪᠡᠭᠦᠨ ᠰᠡᠯᠡᠭᠦᠴᠡᠯ᠎ᠤᠨ ᠣᠶ᠋ᠢᠯᠠᠭ᠋ᠠᠯᠲᠠ ᠵᠢ ᠬᠠᠩᠭ᠋ᠠᠪᠠ᠃  ᠡᠭᠦᠨ᠎ᠠᠴᠠ ᠭᠠᠳᠠᠨ᠎ᠠ᠂  ᠳᠤᠤᠷ᠎ᠠ ᠠᠭ᠋ᠠᠷ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ᠂  ᠳᠤᠤᠷ᠎ᠠ ᠠᠭ᠋ᠠᠷ᠎ᠤᠨ ᠡᠮ ᠡᠮᠨᠡᠯᠭᠡ ᠵᠢᠨ ᠠᠪᠤᠷᠠᠨ ᠲᠤᠰᠠᠯᠠᠬᠤ ᠵᠡᠷᠭᠡ ᠰᠢᠨ᠎ᠡ ᠬᠡᠯᠪᠡᠷᠢ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡ ᠲᠦᠷᠭᠡᠨ ᠬᠥᠭᠵᠢᠵᠦ᠂  ᠨᠡᠶ᠋ᠢᠭᠡᠮ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢᠨ ᠳᠠᠭ᠋ᠠᠵᠤ ᠬᠢᠬᠦ ᠴᠢᠳᠠᠪᠤᠷᠢ ᠬᠢᠭᠡᠳ ᠡᠮ ᠡᠮᠨᠡᠯᠭᠡ ᠵᠢᠨ ᠠᠪᠤᠷᠠᠨ ᠲᠤᠰᠠᠯᠠᠬᠤ ᠦᠷ᠎ᠡ ᠪᠦᠲᠦᠮᠵᠢ ᠵᠢ ᠢᠯᠡᠳᠲᠡ ᠳᠡᠭᠡᠭᠰᠢᠯᠡᠭᠦᠯᠵᠦ᠂  ᠬᠥᠮᠦᠰ᠎ᠤᠨ ᠠᠮᠢᠳᠤᠷᠠᠯ᠎ᠤᠨ ᠶᠠᠰᠤ ᠴᠢᠨᠠᠷ ᠬᠢᠭᠡᠳ ᠵᠣᠯ ᠵᠢᠷᠭ᠋ᠠᠯ᠎ᠤᠨ ᠲᠥᠷᠥᠭᠳᠡᠯ᠎ᠢ ᠦᠨᠡᠨ ᠬᠦ᠌ ᠳᠡᠭᠡᠭᠰᠢᠯᠡᠭᠦᠯᠪᠡ᠃

   ᠳᠤᠤᠷ᠎ᠠ ᠠᠭ᠋ᠠᠷ᠎ᠤᠨ ᠠᠵᠤ ᠠᠬᠤᠶ᠎ᠨᠢ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠨᠢᠭᠡᠨ ᠴᠢᠬᠤᠯᠠ ᠲᠥᠯᠥᠭᠡᠯᠡᠭᠴᠢ ᠪᠣᠯᠤᠭᠰᠠᠨ᠎ᠤ ᠬᠤᠪᠢ᠎ᠳᠤ᠂  ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠭᠦᠨᠵᠡᠭᠡᠶ ᠠᠭᠤᠰᠤᠯᠴᠠᠭᠤᠯᠵᠤ᠂  ᠠᠵᠤ ᠠᠬᠤᠶ ᠵᠢᠨ ᠰᠢᠨ᠎ᠡ ᠨᠡᠮᠡᠭᠳᠡᠯ᠎ᠤᠨ ᠴᠡᠭ᠎ᠢ ᠡᠭᠦᠳᠴᠦ᠂ 《ᠵᠢᠭᠦᠷ ᠳᠡᠭᠡᠷᠡᠬᠢ ᠳᠤᠮᠳᠠᠳᠤ ᠤᠯᠤᠰ》᠎ᠲᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃  ᠳᠣᠣᠷ᠎ᠠ ᠠᠭ᠋ᠠᠷ᠎ᠤᠨ ᠠᠵᠤ ᠠᠬᠤᠢ ᠲᠤᠭ᠎ᠠ ᠪᠠᠷᠢᠮᠲᠠ ᠵᠢᠨ ᠡᠯᠧᠮᠧᠨ᠋ᠲ᠎ᠤᠨ ᠬᠡᠷᠡᠭᠯᠡᠭᠡᠨ᠎ᠤ ᠵᠠᠭ᠋ᠠᠭ ᠬᠢᠵᠠᠭ᠋ᠠᠷ᠎ᠢ ᠥᠷᠭᠡᠳᠬᠡᠵᠦ᠂  ᠰᠢᠨ᠎ᠡ ᠵᠢ ᠡᠭᠦᠳᠬᠦ ᠴᠢᠨᠠᠷᠲᠠᠢ᠎ᠪᠠᠷ ᠳᠣᠣᠷ᠎ᠠ ᠠᠭ᠋ᠠᠷ᠎ᠤᠨ ᠣᠷᠣᠨ ᠵᠠᠢ ᠵᠢ ᠠᠰᠢᠭᠯᠠᠨ ᠦᠢ᠍ᠯᠡᠳᠪᠦᠷᠢᠯᠡᠯ᠎ᠤᠨ ᠰᠢᠨ᠎ᠡ ᠡᠯᠧᠮᠧᠨ᠋ᠲ ᠪᠣᠯᠤᠭᠰᠠᠨ᠎ᠤ ᠬᠤᠪᠢ᠎ᠳᠤ᠂  ᠲᠣᠭ᠋ᠠᠴᠢᠯᠠᠭᠰᠠᠨ ᠠᠷᠭ᠎ᠠ ᠪᠠᠷᠢᠯ ᠵᠶ᠋ᠠᠷ ᠳᠠᠮᠵᠢᠭᠤᠯᠤᠨ ᠡᠯᠧᠮᠧᠨ᠋ᠲ᠎ᠢ ᠭᠦᠨᠵᠡᠭᠡᠢ ᠨᠡᠭᠡᠭᠡᠨ ᠬᠥᠭᠵᠢᠭᠦᠯᠬᠦ ᠪᠠ ᠥᠨᠳᠥᠷ ᠪᠦᠲᠦᠮᠵᠢᠲᠡᠢ ᠠᠰᠢᠭᠯᠠᠬᠤ ᠵᠢ ᠪᠡᠶᠡᠯᠡᠭᠦᠯᠵᠦ᠂  ᠨᠡᠶ᠋ᠢᠭᠡᠮ᠎ᠤᠨ ᠠᠵᠤ ᠠᠬᠤᠢ ᠵᠢᠨ ᠠᠵᠢᠯᠯᠠᠭ᠎ᠠ᠎ᠳᠤ ᠬᠥᠭᠵᠢᠯᠲᠡ ᠵᠢᠨ ᠰᠢᠨ᠎ᠡ ᠣᠷᠣᠨ ᠵᠠᠢ᠂  ᠰᠢᠨ᠎ᠡ ᠵᠠᠭᠪᠤᠷ᠂  ᠰᠢᠨ᠎ᠡ ᠡᠵᠡᠩᠨᠡᠯᠲᠡ ᠵᠢᠨ ᠬᠡᠯᠪᠡᠷᠢ ᠵᠢ ᠨᠡᠭᠡᠭᠡᠨ ᠥᠭᠴᠡᠢ᠃  ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠠᠯ᠎ᠠ᠎ᠪᠠᠷ᠂  ᠳᠣᠣᠷ᠎ᠠ ᠠᠭ᠋ᠠᠷ᠎ᠤᠨ ᠠᠵᠤ ᠠᠬᠤᠢ ᠵᠢᠨ ᠬᠤᠯᠪᠣᠭ᠋ᠠᠰᠤ ᠵᠢᠨ ᠦᠢ᠍ᠯᠡᠳᠦᠯ᠎ᠢ ᠪᠠᠳᠠᠷᠠᠭᠤᠯᠵᠤ᠂  ᠠᠭ᠋ᠠᠷ ᠠᠶᠠᠯᠠᠯ᠎ᠤᠨ ᠮᠡᠷᠭᠡᠵᠢᠯ ᠬᠢᠭᠡᠳ ᠮᠡᠳᠡᠭᠡ ᠵᠠᠩᠭᠢ ᠬᠤᠯᠪᠣᠭ᠎ᠠ᠂  ᠰᠢᠨ᠎ᠡ ᠡᠨᠧᠷᠭᠢ᠂  ᠮᠠᠲ᠋ᠧᠷᠢᠶᠠᠯ᠎ᠤᠨ ᠰᠢᠨᠵᠢᠯᠡᠬᠦ ᠤᠬᠠᠭ᠋ᠠᠨ ᠵᠡᠷᠭᠡ ᠬᠤᠰᠢᠭᠤᠷᠠᠯ ᠮᠡᠷᠭᠡᠵᠢᠯ᠎ᠤᠨ ᠣᠷᠭ᠋ᠠᠨᠢᠭ ᠠᠭᠤᠰᠤᠯᠴᠠᠯ᠎ᠢ ᠶᠡᠬᠡᠪᠡᠷ ᠠᠬᠢᠭᠤᠯᠬᠤ ᠵᠢᠨ ᠬᠠᠮᠲᠤ ᠴᠢᠮᠡᠭᠡ ᠬᠤᠯᠪᠣᠭ᠋ᠠᠨ᠎ᠤ ᠮᠡᠳᠡᠷᠡᠬᠦ᠂  ᠪᠤᠳᠤᠬᠤ ᠰᠦᠯᠵᠢᠶᠡᠨ᠎ᠤ ᠠᠭᠤᠰᠤᠯᠴᠠᠯ᠂  ᠠᠦ᠋ᠲ᠋ᠣ᠋ ᠵᠢᠯᠣᠭᠤᠳᠬᠤ᠂  ᠪᠦᠯᠦᠭᠯᠡᠯ᠎ᠢ ᠬᠠᠮᠵᠢᠯᠴᠠᠬᠤ ᠵᠡᠷᠭᠡ ᠭᠤᠣᠯᠳᠠᠯᠭ᠎ᠠ᠎ᠲᠠᠢ ᠮᠡᠷᠭᠡᠵᠢᠯ᠎ᠤᠨ ᠦᠶ᠎ᠡ ᠤᠯᠠᠷᠢᠨ ᠲᠠᠰ ᠳᠡᠪᠰᠢᠬᠦ ᠵᠢ ᠲᠦᠷᠭᠡᠳᠬᠡᠨ ᠠᠬᠢᠭᠤᠯᠤᠨ᠎ᠠ᠃  ᠠᠵᠤ ᠦᠢ᠍ᠯᠡᠰ᠎ᠤᠨ ᠰᠢᠨ᠎ᠡ ᠵᠢ ᠡᠭᠦᠳᠬᠦ ᠲᠠᠯ᠎ᠠ᠎ᠪᠠᠷ᠂  ᠳᠣᠣᠷ᠎ᠠ ᠠᠭ᠋ᠠᠷ᠎ᠤᠨ ᠠᠵᠤ ᠠᠬᠤᠢ᠎ᠨᠢ ᠰᠢᠨ᠎ᠡ ᠬᠡᠯᠪᠡᠷᠢ ᠵᠢᠨ ᠳᠣᠣᠷ᠎ᠠ ᠠᠭ᠋ᠠᠷ᠎ᠤᠨ ᠲᠣᠨᠣᠭᠯᠠᠯ᠂  ᠰᠢᠨ᠎ᠡ ᠬᠡᠯᠪᠡᠷᠢ ᠵᠢᠨ ᠳᠣᠣᠷ᠎ᠠ ᠠᠭ᠋ᠠᠷ᠎ᠤᠨ ᠤᠶᠤᠨᠴᠢ ᠲᠣᠣᠷᠵᠢᠯ᠎ᠤᠨ ᠬᠤᠯᠪᠣᠭ᠋ᠠᠯᠠᠭᠰᠠᠨ ᠲᠥᠬᠦᠭᠡᠷᠦᠮᠵᠢ᠂  ᠳᠣᠣᠷ᠎ᠠ ᠠᠭ᠋ᠠᠷ᠎ᠤᠨ ᠣᠷᠣᠨ ᠪᠦᠰᠡ ᠵᠢᠨ ᠬᠠᠮᠢᠶᠠᠷᠤᠯᠲᠠ ᠵᠡᠷᠭᠡ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠢ ᠪᠤᠶ᠋ᠢᠵᠢᠭᠤᠯᠬᠤ ᠪᠠ ᠬᠥᠭᠵᠢᠭᠦᠯᠬᠦ᠎ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭ᠋ᠠᠵᠤ᠂  ᠵᠢᠯᠣᠭᠤᠴᠢ ᠦᠭᠡᠢ ᠮᠠᠰᠢᠨ ᠵᠡᠷᠭᠡ ᠠᠵᠤ ᠦᠢ᠍ᠯᠡᠰ᠎ᠨᠢ ᠬᠡᠷᠡᠭᠯᠡᠭᠡᠨ᠎ᠤ ᠵᠠᠬ᠎ᠠ ᠳᠡᠯᠭᠡᠭᠦᠷ᠎ᠠᠴᠠ ᠲᠤᠰᠬᠠᠢ ᠮᠡᠷᠭᠡᠵᠢᠯ᠎ᠤᠨ ᠬᠦᠷᠢᠶᠡᠨ᠎ᠳᠤ ᠬᠡᠷᠡᠭᠯᠡᠭᠡᠨ᠎ᠤ ᠨᠡᠪᠴᠢᠯᠲᠡ ᠵᠢ ᠲᠦᠷᠭᠡᠳᠬᠡᠵᠦ᠂  ᠠᠵᠤ ᠦᠢ᠍ᠯᠡᠰ᠎ᠤᠨ ᠲᠡᠰ ᠳᠡᠪᠰᠢᠬᠦ ᠰᠢᠨ᠎ᠡ ᠰᠡᠳᠬᠢᠴᠡ ᠵᠢ ᠨᠡᠭᠡᠭᠡᠵᠦ᠂  ᠮᠠᠨ᠎ᠤ ᠤᠯᠤᠰ᠎ᠤᠨ ᠳᠠᠪᠠᠭᠤᠯᠢᠭ ᠠᠵᠤ ᠦᠢ᠍ᠯᠡᠰ᠎ᠤᠨ ᠪᠦᠬᠦ ᠪᠥᠮᠪᠥᠷᠴᠡᠭ᠎ᠤᠨ ᠥᠷᠢᠰᠥᠯᠳᠦᠬᠦ ᠬᠦᠴᠦᠨ᠎ᠢ ᠳᠡᠭᠡᠭᠰᠢᠯᠡᠭᠦᠯᠬᠦ᠎ᠳᠤ ᠬᠦᠴᠦᠨ ᠨᠡᠮᠡᠷᠢᠯᠡᠪᠡ᠃

   ᠡᠭᠦᠨ᠎ᠠᠴᠠ ᠦᠵᠡᠬᠦ᠎ᠳᠤ᠂  ᠬᠥᠮᠥᠰ᠎ᠤᠨ ᠳᠣᠣᠷ᠎ᠠ ᠠᠭ᠋ᠠᠷ᠎ᠤᠨ ᠠᠵᠤ ᠠᠬᠤᠢ ᠵᠢᠨ ᠲᠤᠬᠠᠢ ᠠᠩᠬᠠᠷᠤᠯ ᠪᠠ ᠬᠠᠯᠠᠭᠤᠨ ᠰᠡᠳᠬᠢᠯᠭᠡ᠎ᠨᠢ ᠶᠣᠰᠣ ᠦᠭᠡᠢ ᠪᠢᠰᠢ ᠶᠤᠮ ᠪᠠᠢ᠌ᠨ᠎ᠠ᠃ 2024 ᠣᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ ᠳᠤᠤᠷ᠎ᠠ ᠠᠭ᠋ᠠᠷ᠎ᠤᠨ ᠠᠵᠤ ᠠᠬᠤᠶ ᠵᠡᠷᠭᠡ ᠰᠢᠨ᠎ᠡ ᠨᠡᠮᠡᠭᠳᠡᠯ᠎ᠤᠨ ᠬᠥᠳᠡᠯᠭᠡᠭᠦᠷ᠎ᠢ ᠢᠳᠡᠪᠬᠢᠲᠡᠶ᠎ᠪᠠᠷ ᠪᠣᠶ ᠪᠣᠯᠭ᠋ᠠᠵᠤ᠂  ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ᠎ᠤᠨ 《ᠲᠣᠭᠲᠠᠭ᠋ᠠᠯ》᠎ᠨᠢ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠪᠠᠶ᠋ᠢᠭᠤᠯᠤᠯ ᠲᠣᠭᠲᠠᠴᠠ ᠵᠢ ᠪᠦᠷᠢᠨᠰᠢᠭᠦᠯᠦᠨ ᠠᠬᠢᠭᠤᠯᠵᠤ᠂ 《ᠨᠡᠶ᠋ᠢᠳᠡᠮ ᠬᠡᠷᠡᠭᠯᠡᠭᠡᠨ᠎ᠤ ᠠᠭ᠋ᠠᠷ᠎ᠤᠨ ᠠᠶᠠᠯᠠᠯ ᠪᠠ ᠠᠭ᠋ᠠᠷ᠎ᠤᠨ ᠠᠵᠤ ᠠᠬᠤᠶ ᠵᠢ ᠬᠥᠭᠵᠢᠭᠦᠯᠬᠦ》 ᠵᠢ ᠳᠤᠷᠠᠳᠴᠤ᠂  ᠮᠠᠨ᠎ᠤ ᠤᠯᠤᠰ᠎ᠤᠨ ᠠᠭ᠋ᠠᠷ᠎ᠤᠨ ᠠᠵᠤ ᠠᠬᠤᠶ ᠵᠢ ᠬᠥᠭᠵᠢᠭᠦᠯᠬᠦ ᠡᠷᠡᠰ ᠵᠣᠷᠢᠭ᠎ᠢ ᠢᠯᠡᠷᠡᠭᠦᠯᠪᠡ᠃ 《ᠳᠠᠯᠠᠪᠴᠢ ᠳᠡᠭᠡᠷᠡᠬᠢ ᠳᠤᠮᠳᠠᠳᠤ ᠤᠯᠤᠰ》᠎ᠢ ᠬᠡᠷᠬᠢᠨ ᠡᠷᠲᠡᠬᠡᠨ ᠪᠣᠳᠠᠲᠤ ᠠᠬᠤᠢ ᠪᠣᠯᠭ᠋ᠠᠬᠤ ᠪᠤᠢ? ᠮᠢᠨᠦ ᠪᠣᠳᠣᠬᠤ᠎ᠪᠠᠷ ᠥᠭᠡᠷᠡᠴᠢᠯᠡᠯᠲᠡ᠎ᠪᠠᠷ ᠳᠠᠮᠵᠢᠨ ᠬᠥᠭᠵᠢᠯᠲᠡ ᠵᠢ ᠬᠢᠵᠠᠭ᠋ᠠᠷᠯᠠᠬᠤ ᠪᠠᠢ᠌ᠭᠤᠯᠤᠯ ᠲᠣᠭᠲᠠᠴᠠ ᠵᠢᠨ ᠡᠳᠦᠢ ᠲᠡᠳᠦᠢ ᠬᠠᠷᠰᠢ ᠰᠠᠭ᠋ᠠᠳ᠎ᠢ ᠠᠷᠢᠯᠭ᠋ᠠᠬᠤ ᠬᠡᠷᠡᠭᠲᠡᠢ᠃  ᠳᠣᠤᠷ᠎ᠠ ᠠᠭ᠋ᠠᠷ᠎ᠤᠨ ᠠᠵᠤ ᠠᠬᠤᠶ ᠵᠢᠨ ᠬᠥᠭᠵᠢᠯᠲᠡ᠎ᠨᠢ ᠣᠯᠠᠨ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ᠂  ᠣᠯᠠᠨ ᠠᠵᠤ ᠦᠢ᠍ᠯᠡᠰ᠎ᠤᠨ ᠭᠤᠤᠯ ᠴᠣᠭᠴᠠ᠂  ᠣᠯᠠᠨ ᠬᠡᠷᠡᠭᠯᠡᠭᠡᠨ᠎ᠤ ᠬᠡᠷᠡᠭᠴᠡᠭᠡ ᠱᠠᠭ᠋ᠠᠷᠳᠠᠯᠭ᠎ᠠ᠎ᠳᠤ ᠬᠤᠯᠪᠣᠭᠳᠠᠵᠤ᠂  ᠳᠣᠤᠷ᠎ᠠ ᠠᠭ᠋ᠠᠷ᠎ᠤᠨ ᠣᠷᠣᠨ ᠪᠦᠰᠡ ᠵᠢᠨ ᠡᠬᠢ ᠪᠠᠶᠠᠯᠢᠭ᠎ᠤᠨ ᠡᠯᠧᠮᠧᠨ᠋ᠲ᠎ᠢ ᠨᠡᠭᠡᠭᠡᠨ ᠠᠰᠢᠭᠯᠠᠬᠤ᠎ᠪᠠᠷ ᠰᠢᠪᠲᠤᠯᠤᠯᠲᠠ ᠵᠢᠨ ᠴᠢᠭᠯᠡᠯ ᠪᠣᠯᠭ᠋ᠠᠵᠤ᠂  ᠳᠣᠤᠷ᠎ᠠ ᠠᠭ᠋ᠠᠷ᠎ᠤᠨ ᠬᠡᠪᠴᠢᠶᠡᠵᠢᠭᠰᠡᠨ ᠬᠡᠷᠡᠭᠯᠡᠯᠲᠡ ᠵᠢ ᠲᠤᠯᠭ᠋ᠠᠭᠤᠷᠢᠯᠠᠬᠤ᠎ᠪᠠᠷ ᠭᠤᠤᠯ ᠰᠢᠪᠲᠤᠯᠤᠯᠲᠠ ᠵᠢᠨ ᠴᠢᠭᠯᠡᠯ ᠪᠣᠯᠭ᠋ᠠᠵᠤ᠂  ᠲᠣᠭ᠋ᠠᠴᠢᠯᠠᠭᠰᠠᠨ ᠠᠮᠤᠷ ᠲᠦᠪᠰᠢᠨ ᠨᠠᠶ᠋ᠢᠳᠠᠪᠤᠷᠢᠲᠠᠶ ᠬᠠᠮᠢᠶᠠᠷᠤᠨ ᠡᠵᠡᠮᠳᠡᠬᠦ᠎ᠪᠠᠷ ᠤᠷᠢᠲᠠᠯ ᠪᠣᠯᠭ᠋ᠠᠵᠤ᠂  ᠳᠣᠤᠷ᠎ᠠ ᠠᠭ᠋ᠠᠷ᠎ᠤᠨ ᠲᠣᠨᠤᠭ ᠲᠥᠬᠦᠭᠡᠷᠦᠮᠵᠢ ᠦᠢ᠍ᠯᠡᠳᠬᠦ ᠵᠢᠴᠢ ᠳᠣᠤᠷ᠎ᠠ ᠠᠭ᠋ᠠᠷ᠎ᠤᠨ ᠮᠡᠳᠡᠭᠡ ᠵᠠᠩᠭᠢ ᠴᠢᠮᠡᠭᠡ ᠬᠤᠯᠪᠣᠭ᠎ᠠ᠎ᠪᠠᠷ ᠭᠤᠤᠯ ᠭᠠᠷᠳᠠᠴᠠ ᠪᠣᠯᠭ᠋ᠠᠵᠤ᠂  ᠨᠢᠭᠡᠳᠦᠯᠲᠡᠶ ᠲᠥᠯᠥᠪᠵᠢᠭᠦᠯᠦᠨ ᠪᠠᠶ᠋ᠢᠷᠢᠯᠠᠭᠤᠯᠬᠤ᠂  ᠲᠤᠷᠰᠢᠯᠲᠠ ᠬᠢᠵᠦ ᠵᠢᠱ᠌ᠢᠶ᠎ᠡ ᠦᠵᠡᠭᠦᠯᠬᠦ᠂  ᠮᠡᠷᠭᠡᠵᠢᠯ᠎ᠤᠨ ᠰᠢᠨ᠎ᠡ ᠵᠢ ᠡᠭᠦᠳᠬᠦ᠂  ᠠᠮᠢ ᠠᠬᠤᠶ ᠵᠢ ᠪᠠᠶ᠋ᠢᠭᠤᠯᠬᠤ᠎ᠪᠠᠷ ᠭᠤᠤᠯᠳᠠᠯᠭ᠎ᠠ᠎ᠲᠠᠢ ᠴᠢᠭᠯᠡᠯ ᠪᠣᠯᠭ᠋ᠠᠵᠤ᠂  ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂  ᠮᠠᠨ᠎ᠤ ᠤᠯᠤᠰ᠎ᠤᠨ ᠳᠣᠤᠷ᠎ᠠ ᠠᠭ᠋ᠠᠷ᠎ᠤᠨ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ᠃

 

ᠢᠷᠡᠯᠲᠡ᠄ ᠠᠷᠠᠳ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠭᠠᠳᠠᠭ᠋ᠠᠳᠤ ᠠᠷᠠᠯᠵᠢᠶᠠᠨ᠎ᠤ ᠨᠡᠮᠡᠭᠳᠡᠯ᠎ᠢ ᠲᠣᠭᠲᠠᠪᠤᠷᠢᠵᠢᠭᠤᠯᠬᠤ᠎ᠳᠤ ᠬᠦᠴᠦᠨ ᠨᠡᠮᠡᠷᠢᠯᠡᠪᠡ  (   ᠴᠢᠨᠠᠷ ᠰᠠᠶ᠋ᠢᠲᠠᠢ ᠬᠥᠭᠵᠢᠯᠲᠡ ᠵᠢᠨ ᠬᠢᠯᠠᠰ ᠴᠡᠭ᠎ᠢ ᠦᠵᠡᠬᠦ · ᠨᠢᠭᠡᠳᠦᠭᠡᠷ ᠹᠷᠤᠨᠲ ᠵᠶ᠋ᠠᠷ ᠶᠠᠪᠤᠬᠤ)
ᠡᠨᠡ ᠬᠦ᠌ ᠬᠢᠷᠢ ᠪᠦᠲᠦᠮᠵᠢ ᠵᠢᠨ ᠬᠠᠭᠤᠳᠠᠰᠤ ᠵᠢ ᠪᠣᠯ ᠬᠢᠯᠪᠠᠷ ᠪᠤᠰᠤ᠎ᠪᠠᠷ ᠣᠯᠣᠭᠰᠠᠨ ᠶᠤᠮ (ᠥᠨᠥᠳᠥᠷ᠎ᠤᠨ ᠶᠠᠷᠢᠯᠴᠠᠭ᠎ᠠ)
ᠥᠪᠥᠷ ᠮᠣᠩᠭᠤᠯ᠎ᠤᠨ 《ᠳᠥᠷᠪᠡᠨ ᠬᠥᠨᠳᠡᠯᠡᠨ ᠠᠷᠪᠠᠨ ᠬᠤᠶᠠᠷ ᠭᠤᠯᠳᠤ》 ᠶᠡᠷᠦᠩᠬᠡᠶ᠋ᠢᠯᠡᠭᠰᠡᠨ ᠵᠠᠮ ᠬᠠᠷᠢᠯᠴᠠᠭ᠋ᠠᠨ᠎ᠤ ᠭᠤᠤᠯ ᠨᠢᠷᠤᠭᠤᠪᠴᠢ ᠵᠢ ᠪᠠᠢ᠌ᠭᠤᠯᠵᠤ ᠳᠠᠭᠤᠰᠬᠠᠭᠰᠠᠨ ᠨᠣᠷᠮ᠎ᠠ᠎ᠨᠢ 84.3%᠎ᠳᠤ ᠬᠥᠷᠪᠡ
ᠡᠨᠡ ᠬᠦ᠌ ᠬᠢᠷᠢ ᠪᠦᠲᠦᠮᠵᠢ ᠵᠢᠨ ᠬᠠᠭᠤᠳᠠᠰᠤ ᠵᠢ ᠪᠣᠯ ᠬᠢᠯᠪᠠᠷ ᠪᠤᠰᠤ᠎ᠪᠠᠷ ᠣᠯᠣᠭᠰᠠᠨ ᠶᠤᠮ (ᠥᠨᠥᠳᠥᠷ᠎ᠤᠨ ᠶᠠᠷᠢᠯᠴᠠᠭ᠎ᠠ)
ᠡᠠᠷᠠᠣᠠ᠎ᠤᠨ ᠡᠳᠦᠷ᠎ᠤᠨ ᠰᠣᠨᠢᠠ᠄ ᠲᠤᠭ᠋ᠠᠨ᠎ᠤ ᠤᠶᠤᠨᠴᠢᠯᠠᠯᠲᠠ᠎ᠪᠠᠷ ᠨᠠᠷᠢᠯᠢᠭ ᠠᠵᠢᠯ ᠬᠢᠨ᠎ᠡ (ᠴᠠᠭ᠋ᠠᠨ ᠰᠠᠷ᠎ᠠ ᠦᠨᠲᠦᠰᠦᠨ ᠱᠠᠲᠤᠨ᠎ᠳᠤ ᠶᠠᠪᠤᠬᠤ · ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠰᠤᠷᠪᠤᠯᠵᠢᠯᠠᠬᠤ)
 
            