ᠰᠢᠨᠬᠤᠸᠠ ᠬᠣᠷᠢᠶᠠᠨ᠎ᠤ ᠪᠠᠭᠡᠵᠢᠩ᠎ᠤᠨ 1 ᠳ᠋ᠦ᠍ᠭᠡᠷ ᠰᠠᠷ᠎ᠠ ᠵᠢᠨ 17᠎ᠤ ᠡᠳᠦᠷ᠎ᠤᠨ ᠴᠠᠭᠢᠯᠭ᠋ᠠᠨ ᠮᠡᠳᠡᠭᠡ ᠰᠡᠳᠦᠪ᠄ ᠰᠣᠷᠪᠤᠯᠵᠢᠯᠠᠬ᠍ᠴᠢ ᠵᠢᠨ ᠭᠠᠷᠤᠨ ᠲᠡᠮᠳᠡᠭᠯᠡᠯ᠄ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠵᠢᠨ ᠥᠭᠡᠷᠡᠴᠢᠯᠡᠯᠲᠡ᠎ᠪᠠᠷ ᠤᠰᠤᠨ ᠠᠰᠢᠭᠯᠠᠯᠲᠠ ᠵᠢᠨ ᠬᠥᠭᠵᠢᠯᠲᠡ᠎ᠳᠤ 《ᠠᠮᠢᠳᠤ ᠤᠰᠤ》 ᠨᠡᠮᠡᠷᠢᠯᠡᠨ᠎ᠡ
ᠰᠢᠠᠬᠣᠧᠠ ᠬᠣᠷᠢᠶᠠᠨ᠎ᠤ ᠰᠣᠷᠪᠤᠯᠵᠢᠯᠠᠬ᠍ᠴᠢ ᠸᠸᠢ ᠾᠦᠩ ᠢ
ᠬᠦᠪᠰᠦᠭᠡᠷ ᠵᠥᠭᠡᠯᠡᠨ ᠦᠩ ᠰᠢᠮᠡᠯᠢᠭ ᠬᠠᠷ᠎ᠠ ᠬᠦᠷᠦᠰᠦ ᠵᠢ ᠤᠰᠤᠨ ᠠᠰᠢᠭᠯᠠᠯᠲᠠ ᠵᠢᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠵᠢᠨ ᠰᠢᠨ᠎ᠡ ᠵᠢ ᠡᠭᠦᠳᠬᠦ᠎ᠲᠠᠢ ᠬᠡᠷᠬᠢᠨ ᠬᠤᠯᠪᠤᠬᠤ ᠪᠤᠢ? ᠰᠤᠷᠪᠤᠯᠵᠢᠯᠠᠭᠴᠢ ᠵᠢᠨ ᠣᠶ᠋ᠢᠷ᠎ᠠ ᠵᠢᠨ ᠨᠢᠭᠡ ᠤᠳᠠᠭ᠎ᠠ ᠵᠢᠨ ᠵᠡᠭᠦᠨ ᠬᠤᠢ᠌ᠲᠦ ᠣᠷᠣᠨ᠎ᠳᠠᠬᠢ ᠠᠢ᠌ᠯᠴᠢᠯᠠᠯᠲᠠ᠎ᠳᠤ ᠬᠠᠷᠢᠭᠤᠯᠲᠠ ᠣᠯᠪᠠ᠃
ᠣᠶ᠋ᠢᠷ᠎ᠠ᠎ᠳᠤ᠂ ᠪᠥᠬᠦ ᠤᠯᠤᠰ᠎ᠤᠨ ᠠᠩᠬᠠᠳᠠᠭᠴᠢ ᠬᠠᠷ᠎ᠠ ᠬᠥᠷᠥᠰᠥᠲᠦ ᠣᠷᠣᠨ᠎ᠤ ᠢᠳᠡᠭᠳᠡᠮᠡᠯ ᠭᠤᠤ ᠵᠢ ᠵᠠᠰᠠᠬᠤ ᠢᠨᠵᠧᠨᠧᠷᠢᠩ᠎ᠤᠨ ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ᠎ᠤᠨ ᠭᠦᠢ᠍ᠴᠡᠳᠬᠡᠯ ᠲᠤᠭ᠎ᠠ ᠵᠢᠨ ᠠᠷᠠᠯᠵᠢᠶ᠎ᠠ ᠯᠢᠶᠣᠤᠨᠢᠩ ᠮᠤᠵᠢ ᠵᠢᠨ ᠹᠦᠱ᠌ᠦ᠋ᠨ ᠬᠤᠲᠠ᠎ᠳᠤ ᠭᠡᠷ᠎ᠡ ᠲᠣᠭᠲᠠᠪᠠ᠃ ᠹᠦᠱ᠌ᠦ᠋ᠨ ᠬᠣᠲᠠ ᠵᠢᠨ ᠹᠦᠱ᠌ᠦ᠋ᠨ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠰᠢᠯᠵᠢᠭᠦᠯᠦᠨ ᠥᠭᠭᠦᠭᠰᠡᠨ ᠲᠠᠯ᠎ᠠ ᠵᠢᠨ ᠠᠵᠤ ᠠᠬᠤᠶ᠋ᠢᠯᠠᠯ᠎ᠲᠠᠢ ᠬᠡᠯᠡᠯᠴᠡᠭᠡᠷ ᠲᠣᠭᠲᠠᠵᠤ᠂ ᠹᠦᠱ᠌ᠦ᠋ᠨ ᠰᠢᠶᠠᠨ᠎ᠤ ᠬᠠᠢ ᠯᠠᠩ ᠰᠢᠶᠠᠩ᠎ᠤᠨ ᠶᠠᠩ ᠮᠦ᠍ ᠲᠤᠰᠬᠤᠨ᠂ ᠵᠤᠸᠠᠨ ᠱᠠᠨ ᠲᠤᠰᠬᠤᠨ᠎ᠤ 5 ᠵᠤᠷᠪᠤᠰ ᠢᠳᠡᠭᠳᠡᠮᠡᠯ ᠭᠤᠤ ᠵᠢ ᠵᠠᠰᠠᠭᠰᠠᠨ ᠲᠠᠷᠢᠶᠠᠨ ᠭᠠᠵᠠᠷ᠎ᠤᠨ ᠰᠢᠨ᠎ᠡ᠎ᠪᠠᠷ ᠨᠡᠮᠡᠭᠳᠡᠭᠰᠡᠨ ᠲᠣᠭ᠎ᠠ᠎ᠨᠢ 16.7 ᠮᠦ᠍ ᠪᠠᠶ᠋ᠢᠵᠤ᠂ 167 ᠲᠦᠮᠡᠨ ᠲᠦᠭᠦᠷᠢᠭ᠎ᠲᠤ ᠬᠦᠷᠪᠡ᠃ ᠠᠷᠠᠯᠵᠢᠶᠠᠨ᠎ᠤ ᠪᠡᠯᠡ ᠮᠥᠩᠭᠥ ᠵᠢ ᠭᠣᠤᠯᠳᠠᠭᠤ ᠢᠳᠡᠭᠳᠡᠮᠡᠯ ᠭᠤᠤ ᠵᠢ ᠵᠠᠰᠠᠬᠤ ᠵᠡᠷᠭᠡ ᠤᠰᠤ ᠬᠦᠷᠦᠰᠦ ᠵᠢ ᠬᠠᠮᠠᠭ᠋ᠠᠯᠠᠬᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠴᠢ ᠬᠠᠮᠢᠶᠠᠷᠤᠨ ᠬᠠᠮᠠᠭ᠋ᠠᠯᠠᠬᠤ᠎ᠳᠤ ᠬᠡᠷᠡᠭᠯᠡᠳᠡᠭ᠃
ᠢᠳᠡᠭᠳᠡᠮᠡᠯ ᠭᠤᠤ ᠭᠡᠳᠡᠭ᠎ᠨᠢ ᠭᠠᠵᠠᠷ ᠰᠢᠷᠣᠢ᠎ᠨᠢ ᠭᠤᠤ ᠰᠤᠪᠠᠭ᠎ᠤᠨ ᠢᠳᠡᠭᠳᠡᠯ᠎ᠠᠴᠠ ᠪᠣᠯᠵᠤ ᠡᠭᠦᠰᠦᠭᠰᠡᠨ ᠭᠠᠵᠠᠷ᠎ᠤᠨ ᠪᠠᠶ᠋ᠢᠴᠠ ᠪᠤᠢ ᠪᠣᠯᠵᠤ᠂ ᠲᠡᠷᠡ᠎ᠨᠢ ᠪᠠᠶ᠋ᠢᠭ᠋ᠠᠯᠢ ᠵᠢᠨ ᠨᠥᠯᠥᠭᠡ ᠵᠢ ᠬᠦᠷᠲᠡᠭᠰᠡᠨ ᠮᠥᠷᠲᠡᠭᠡᠨ ᠪᠠᠰᠠ ᠬᠥᠮᠥᠨ᠎ᠤ ᠰᠢᠯᠲᠠᠭ᠋ᠠᠨ᠎ᠠᠴᠠ ᠪᠤᠯᠤᠭᠰᠠᠨ ᠶᠤᠮ᠃ ᠤᠰᠤᠨ ᠠᠰᠢᠭᠯᠠᠯᠲᠠ ᠵᠢᠨ ᠶᠠᠮᠤᠨ᠎ᠤ ᠬᠠᠩᠭ᠋ᠠᠭᠰᠠᠨ ᠲᠤᠭ᠎ᠠ ᠪᠠᠷᠢᠮᠲᠠ᠎ᠠᠴᠠ ᠦᠵᠡᠪᠡᠯ᠂ ᠵᠡᠭᠦᠨ ᠬᠤᠶ᠋ᠢᠲᠤ ᠵᠢᠨ ᠬᠠᠷ᠎ᠠ ᠬᠥᠷᠥᠰᠥᠲᠦ ᠣᠷᠣᠨ᠎ᠤ ᠲᠠᠷᠢᠶᠠᠨ ᠭᠠᠵᠠᠷ᠎ᠤᠨ ᠲᠠᠯᠠᠪᠠᠢ ᠬᠠᠷ᠎ᠠ ᠬᠥᠷᠥᠰᠥᠲᠦ ᠣᠷᠣᠨ᠎ᠤ ᠶᠡᠷᠦᠩᠬᠡᠢ ᠲᠠᠯᠠᠪᠠᠢ ᠵᠢᠨ ᠭᠤᠷᠪᠠᠨ ᠬᠤᠪᠢ ᠵᠢ ᠯᠡ ᠡᠵᠡᠯᠡᠵᠦ ᠪᠤᠢ᠂ ᠬᠠᠷᠢᠨ ᠳᠥᠷᠪᠡᠨ᠎ᠤ ᠭᠤᠷᠪᠠ᠎ᠨᠢ ᠢᠳᠡᠭᠳᠡᠮᠡᠯ ᠭᠤᠤ᠎ᠪᠠᠷ ᠲᠦᠪᠯᠡᠷᠡᠵᠦ᠂ ᠡᠪᠳᠡᠭᠳᠡᠭᠰᠡᠨ ᠲᠠᠷᠢᠶᠠᠨ ᠭᠠᠵᠠᠷ᠎ᠤᠨ ᠲᠠᠯᠠᠪᠠᠢ᠎ᠨᠢ 417.72 ᠲᠦᠮᠡᠨ ᠮᠦ᠍᠎ᠳᠤ ᠬᠦᠷᠴᠡᠢ᠃ ᠤᠰᠤ ᠬᠦᠷᠦᠰᠦ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠵᠢᠨ ᠲᠤᠰᠠᠳᠠ᠂ ᠬᠠᠷ᠎ᠠ ᠬᠥᠷᠥᠰᠥᠲᠦ ᠣᠷᠣᠨ᠎ᠤ ᠢᠳᠡᠭᠳᠡᠮᠡᠯ ᠭᠤᠤ ᠵᠢ ᠵᠠᠰᠠᠬᠤ᠎ᠨᠢ ᠪᠠᠴᠢᠮ ᠲᠤᠯᠭ᠋ᠠᠮ᠎ᠠ ᠶᠠᠪᠤᠳᠠᠯ ᠪᠣᠯᠵᠠᠢ᠃
ᠣᠶ᠋ᠢᠷ᠎ᠠ ᠵᠢᠨ ᠵᠢᠯ᠎ᠤᠳ᠎ᠲᠤ᠂ ᠲᠥᠪ ᠪᠠ ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ ᠦᠷᠭᠦᠯᠵᠢᠯᠡᠨ ᠪᠠᠯᠠ ᠣᠷᠣᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠠᠴᠠ ᠨᠠᠭ᠋ᠠᠰᠢ ᠬᠠᠷ᠎ᠠ ᠬᠥᠷᠥᠰᠥᠲᠦ ᠣᠷᠣᠨ᠎ᠤ ᠢᠳᠡᠭᠳᠡᠮᠡᠯ ᠭᠤᠤ ᠵᠢ ᠨᠡᠶ᠋ᠢᠲᠡ 3.3 ᠲᠦᠮᠡᠨ ᠵᠤᠷᠪᠤᠰ ᠵᠠᠰᠠᠵᠤ᠂ 792 ᠲᠦᠮᠡᠨ ᠮᠥ᠍ ᠲᠠᠷᠢᠶᠠᠨ ᠭᠠᠵᠠᠷ᠎ᠢ ᠬᠠᠮᠠᠭ᠋ᠠᠯᠠᠨ ᠰᠡᠷᠭᠦᠭᠡᠵᠦ᠂ ᠢᠯᠡᠳᠲᠡ ᠦᠷ᠎ᠡ ᠠᠰᠢᠭ ᠣᠯᠤᠭᠰᠠᠨ ᠪᠠᠶ᠋ᠢᠨ᠎ᠠ᠃ ᠯᠢᠶᠤᠤᠨᠢᠩ ᠮᠤᠵᠢ᠎ᠪᠠᠷ ᠵᠢᠱ᠌ᠢᠶᠡᠯᠡᠪᠡᠯ᠂ ᠢᠳᠡᠭᠳᠡᠮᠡᠯ ᠭᠤᠤ ᠵᠢ ᠵᠠᠰᠠᠬᠤ ᠢᠨᠵᠧᠨᠧᠷᠢᠩ᠎ᠢ ᠬᠡᠷᠡᠭᠵᠢᠬᠦᠯᠬᠦ᠎ᠪᠠᠷ ᠳᠠᠮᠵᠢᠨ᠂ ᠪᠦᠬᠦ ᠮᠤᠵᠢ᠎ᠪᠠᠷ ᠵᠶ᠋ᠠᠨ ᠵᠢᠯ ᠪᠦᠷᠢ ᠳᠠᠷᠢᠶᠠᠴᠢᠳ᠎ᠤᠨ ᠤᠷᠤᠯᠭ᠎ᠠ ᠵᠢ 6.6 ᠳ᠋ᠦᠩᠰᠢᠭᠤᠷ ᠲᠦᠭᠦᠷᠢᠭ ᠨᠡᠮᠡᠭᠳᠡᠭᠦᠯᠪᠡ᠃
ᠤᠰᠤ ᠬᠥᠷᠥᠰᠥ ᠵᠢ ᠬᠠᠮᠠᠭ᠋ᠠᠯᠠᠬᠤ᠎ᠳᠤ ᠵᠥᠪᠬᠡᠨ ᠡᠳ᠋᠎ᠤᠨ ᠵᠠᠰᠠᠭ᠎ᠲᠤ ᠨᠠᠢ᠌ᠳᠠᠵᠤ ᠪᠣᠯᠬᠤ ᠦᠭᠡᠢ᠃ 《ᠵᠠᠰᠠᠭ᠎ᠤᠨ ᠣᠷᠳᠣᠨ᠎ᠳᠤ ᠳᠠᠷᠤᠭ᠋ᠠᠰᠤ ᠠᠪᠴᠢᠷᠠᠬᠤ᠎ᠪᠠᠷ ᠪᠠᠷᠠᠬᠤ ᠦᠭᠡᠢ ᠵᠠᠬ᠎ᠠ ᠳᠡᠯᠭᠡᠭᠦᠷ᠎ᠤᠨ ᠡᠬᠢ ᠪᠠᠶᠠᠯᠢᠭ᠎ᠢ ᠭᠦᠢ᠍ᠴᠡᠳ ᠠᠰᠢᠭᠯᠠᠬᠤ ᠵᠢ ᠪᠡᠶᠡᠯᠡᠭᠦᠯᠬᠦ᠎ᠳᠤ ᠴᠦ᠍ ᠪᠡᠷᠬᠡ》᠃ ᠯᠢᠶᠤᠤᠨᠢᠩ ᠮᠤᠵᠢ ᠵᠢᠨ ᠤᠰᠤᠨ ᠠᠰᠢᠭᠯᠠᠯᠲᠠ ᠵᠢᠨ ᠲᠢᠩᠬᠢᠮ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠬᠡᠯᠡᠪᠡ᠃
ᠬᠠᠶ᠋ᠢᠨ ᠰᠦᠪᠡᠭᠴᠢᠯᠡᠬᠦ᠎ᠪᠠᠷ ᠳᠠᠮᠵᠢᠨ᠂ ᠵᠠᠰᠠᠭ᠎ᠤᠨ ᠣᠷᠳᠣᠨ ᠬᠢᠭᠡᠳ ᠠᠵᠤ ᠠᠬᠤᠶ᠋ᠢᠯᠠᠯ᠎ᠤᠨ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠲᠡᠬᠦ ᠢᠳᠡᠭᠳᠡᠮᠡᠯ ᠭᠤᠤ ᠵᠢ ᠵᠠᠰᠠᠬᠤ ᠠᠷᠭ᠎ᠠ ᠵᠠᠮ᠎ᠨᠢ ᠠᠭ᠋ᠠᠵᠢᠮ ᠵᠶ᠋ᠠᠷ ᠪᠦᠷᠢᠯᠳᠦᠪᠡ — ᠠᠵᠤ ᠠᠬᠤᠶ᠋ᠢᠯᠠᠯ᠎ᠨᠢ ᠵᠠᠰᠠᠭ᠎ᠤᠨ ᠣᠷᠳᠣᠨ᠎ᠠᠴᠠ ᠪᠡᠯᠡ ᠮᠥᠩᠭᠦ ᠭᠠᠷᠭ᠋ᠠᠵᠤ᠂ ᠢᠳᠡᠭᠳᠡᠮᠡᠯ ᠭᠤᠤ ᠬᠤᠳᠠᠯᠳᠤᠨ ᠠᠪᠴᠤ ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ᠎ᠤᠨ ᠭᠦᠢ᠍ᠴᠡᠳᠬᠡᠯ ᠲᠤᠭ᠎ᠠ ᠵᠢ ᠨᠥᠬᠦᠪᠦᠷᠢᠯᠡᠵᠦ᠂ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠨᠡᠭᠡᠭᠡᠯᠲᠡ ᠬᠢᠭᠰᠡᠨ᠎ᠠᠴᠠ ᠪᠣᠯᠵᠤ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ᠎ᠤᠨ ᠭᠦᠢ᠍ᠴᠡᠳᠬᠡᠯ ᠲᠤᠭ᠎ᠠ ᠵᠢ ᠨᠥᠬᠦᠪᠦᠷᠢᠯᠡᠵᠦ᠂ ᠣᠷᠣᠨ ᠪᠦᠰᠡ ᠵᠢᠨ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠦᠷᠢᠯᠡᠬᠦ ᠵᠢ ᠲᠡᠩᠴᠡᠭᠦᠷᠢᠲᠡᠢ ᠪᠠᠢ᠌ᠯᠭ᠋ᠠᠬᠤ; ᠵᠠᠰᠠᠭ᠎ᠤᠨ ᠣᠷᠳᠣᠨ᠎ᠠᠴᠠ ᠠᠵᠤ ᠠᠬᠤᠶ᠋ᠢᠯᠠᠯ᠎ᠤᠨ ᠪᠡᠯᠡ ᠮᠥᠩᠭᠦ ᠵᠢ ᠣᠯᠵᠤ᠂ ᠰᠢᠨ᠎ᠡ ᠨᠢᠭᠡ ᠡᠭᠡᠯᠵᠢ ᠵᠢᠨ ᠢᠳᠡᠭᠳᠡᠮᠡᠯ ᠭᠤᠤ ᠰᠤᠪᠠᠭ᠎ᠲᠤ ᠵᠠᠰᠠᠯᠲᠠ ᠣᠷᠣᠭᠤᠯᠪᠠ; ᠵᠠᠰᠠᠵᠤ ᠳᠠᠭᠤᠰᠤᠭᠰᠠᠨ᠎ᠤ ᠳᠠᠷᠠᠭ᠎ᠠ᠂ ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ᠎ᠤᠨ ᠭᠦᠢ᠍ᠴᠡᠳᠬᠡᠯ ᠲᠤᠭ᠎ᠠ ᠵᠢ ᠳᠠᠬᠢᠨᠲᠠ ᠠᠵᠤ ᠠᠬᠤᠶ᠋ᠢᠯᠠᠯ᠎ᠠᠴᠠ ᠪᠡᠯᠡ ᠭᠠᠷᠭ᠋ᠠᠨ ᠬᠤᠳᠠᠯᠳᠤᠨ ᠠᠪᠴᠤ ᠪᠣᠯᠣᠨ᠎ᠠ᠃
ᠨᠢᠭᠡ ᠤᠳᠠᠭ᠎ᠠ ᠵᠢᠨ ᠭᠡᠷ᠎ᠡ ᠲᠣᠭᠲᠠᠭᠰᠠᠨ᠎ᠨᠢ ᠢᠳᠡᠭᠳᠡᠮᠡᠯ ᠭᠤᠤ ᠵᠢᠨ ᠵᠠᠰᠠᠯᠲᠠ ᠵᠢᠨ ᠵᠠᠭᠪᠤᠷ᠎ᠤᠨ ᠬᠤᠪᠢᠷᠠᠯᠲᠠ ᠵᠢᠨ ᠠᠷᠤ᠎ᠳᠤ ᠤᠰᠤᠨ ᠠᠰᠢᠭᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠠᠬᠢ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠵᠢᠨ ᠥᠭᠡᠷᠡᠴᠢᠯᠡᠯᠲᠡ ᠵᠢ ᠲᠣᠭᠲᠠᠭᠤᠨ ᠵᠶ᠋ᠠᠷ ᠠᠬᠢᠭᠤᠯᠤᠭᠰᠠᠨ᠎ᠠᠴᠠ ᠪᠣᠯᠵᠠᠢ᠃
ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠬᠢᠬᠦ᠎ᠳᠤ ᠪᠡᠯᠡ ᠮᠦᠩᠭᠦ ᠦᠭᠡᠢ ᠪᠠᠢ᠌ᠵᠦ ᠪᠣᠯᠬᠤ ᠦᠭᠡᠢ᠃ ᠣᠳᠣᠬᠠᠨ᠎ᠳᠤ᠂ ᠤᠰᠤᠨ ᠠᠰᠢᠭᠯᠠᠯᠲᠠ ᠵᠢᠨ ᠪᠡᠯᠡ ᠣᠷᠣᠭᠤᠯᠤᠯᠲᠠ ᠵᠢᠨ ᠦᠷ᠎ᠡ ᠠᠰᠢᠭ᠎ᠢ ᠳᠡᠭᠡᠭᠰᠢᠯᠡᠭᠦᠯᠬᠦ ᠵᠢᠨ ᠵᠠᠩᠭᠢᠯᠠᠭ᠎ᠠ᠎ᠨᠢ ᠵᠠᠬ᠎ᠠ ᠳᠡᠯᠭᠡᠭᠦᠷ᠎ᠤᠨ ᠲᠣᠭᠲᠠᠴᠠ ᠵᠢ ᠭᠦᠢ᠍ᠴᠡᠳ ᠠᠰᠢᠭᠯᠠᠬᠤ᠎ᠳᠤ ᠪᠠᠶ᠋ᠢᠨ᠎ᠠ᠃
ᠰᠠᠶᠢᠬᠠᠨ ᠥᠩᠭᠡᠷᠡᠭᠰᠡᠨ 2024 ᠣᠨ᠎ᠳᠤ᠂ ᠪᠢᠳᠡ ᠡᠲᠡᠭᠡᠷ ᠬᠢᠯᠠᠰ ᠴᠡᠭ᠎ᠢ ᠡᠷᠢᠵᠦ ᠣᠯᠬᠤ᠎ᠳᠤ ᠬᠦᠴᠢᠷ ᠪᠢᠰᠢ ᠶᠤᠮ᠄ ᠪᠥᠬᠦ ᠤᠯᠤᠰ᠎ᠤᠨ ᠤᠰᠤᠨ ᠠᠰᠢᠭᠯᠠᠯᠲᠠ ᠵᠢᠨ ᠰᠠᠭᠤᠷᠢ ᠲᠥᠬᠦᠭᠡᠷᠦᠮᠵᠢ REITs (ᠥᠯᠥ ᠬᠥᠳᠡᠯᠬᠦ ᠬᠥᠷᠥᠩᠭᠡ ᠵᠢᠨ ᠪᠠᠯᠠ ᠣᠷᠣᠭᠤᠯᠤᠯᠲᠠ ᠵᠢᠨ ᠢᠲᠡᠭᠡᠮᠵᠢᠲᠦ ᠰᠠᠭᠤᠷᠢ ᠮᠥᠩᠭᠦ) ᠵᠢᠨ ᠨᠢᠭᠡᠳᠦᠭᠡᠷ ᠬᠠᠭᠤᠳᠠᠰᠤ ᠵᠢ ᠵᠢᠩᠬᠢᠨᠢ᠎ᠪᠠᠷ ᠨᠠᠶ᠋ᠢᠳᠠᠪᠤᠷᠢᠵᠢᠭᠤᠯᠵᠤ᠂ ᠰᠢᠨ᠎ᠡ᠎ᠪᠠᠷ ᠪᠠᠶ᠋ᠢᠭᠤᠯᠤᠭᠰᠠᠨ ᠤᠰᠤᠨ ᠠᠰᠢᠭᠯᠠᠯᠲᠠ ᠵᠢᠨ ᠲᠥᠷᠥᠯ ᠵᠦᠢ᠍ᠯ᠎ᠳᠤ ᠪᠠᠯᠠ ᠮᠥᠩᠭᠦ ᠴᠤᠭᠯᠠᠭᠤᠯᠪᠠ; ᠪᠥᠬᠦ ᠤᠯᠤᠰ᠎ᠤᠨ ᠣᠯᠠᠨ ᠵᠦᠢ᠍ᠯ᠎ᠤᠨ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠴᠤᠭᠯᠠᠭᠤᠯᠤᠭᠰᠠᠨ ᠪᠡᠯᠡ ᠣᠷᠣᠭᠤᠯᠤᠯᠲᠠ ᠵᠢᠨ ᠪᠥᠲᠥᠭᠡᠨ ᠪᠠᠶ᠋ᠢᠭᠤᠯᠤᠯᠲᠠ ᠬᠠᠮᠢᠶᠠᠷᠤᠯᠲᠠ ᠵᠢ ᠨᠢᠭᠡ ᠴᠤᠭᠴᠠᠵᠢᠭᠤᠯᠤᠭᠰᠠᠨ ᠵᠠᠭᠪᠤᠷ ᠵᠶ᠋ᠠᠷ ᠨᠡᠶ᠋ᠢᠭᠡᠮ᠎ᠤᠨ ᠬᠥᠷᠥᠩᠭᠡ ᠵᠢ ᠣᠷᠣᠭᠤᠯᠤᠨ ᠠᠪᠴᠢᠷᠠᠵᠤ᠂ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠪᠠᠯᠠ ᠮᠥᠩᠭᠦ ᠳᠤᠲᠠᠭᠳᠠᠵᠤ ᠪᠠᠶ᠋ᠢᠭ᠎ᠠ ᠠᠰᠠᠭᠤᠳᠠᠯ᠎ᠢ ᠰᠢᠢ᠍ᠳᠪᠦᠷᠢᠯᠡᠪᠡ; ᠤᠰᠤ ᠬᠦᠷᠦᠰᠦ ᠵᠢ ᠬᠠᠮᠠᠭ᠋ᠠᠯᠠᠬᠤ ᠨᠡᠭᠦᠷᠡᠰᠦᠲᠥ᠋ᠷᠥᠭᠴᠢ ᠵᠢᠨ ᠬᠤᠷᠠᠮᠳᠤᠯ ᠪᠠ ᠠᠮᠢ ᠠᠬᠤᠢ ᠵᠢᠨ ᠪᠦᠲᠦᠭᠡᠭᠳᠡᠬᠦᠨ᠎ᠤ ᠥᠷᠲᠡᠭ᠎ᠢ ᠬᠤᠪᠢᠷᠠᠭᠤᠯᠤᠨ ᠠᠷᠠᠯᠵᠢᠶᠠᠯᠠᠬᠤ ᠵᠢ ᠪᠥᠬᠦ ᠤᠯᠤᠰ᠎ᠤᠨ ᠣᠯᠠᠨ ᠭᠠᠵᠠᠷ᠎ᠲᠤ ᠥᠷᠨᠢᠭᠦᠯᠵᠦ᠂ ᠤᠰᠤ ᠬᠦᠷᠦᠰᠦ ᠵᠢᠨ ᠢᠳᠡᠭᠳᠡᠯ᠎ᠢ ᠵᠠᠰᠠᠬᠤ ᠪᠠ ᠠᠮᠢ ᠠᠬᠤᠢ ᠵᠢᠨ ᠬᠠᠮᠠᠭ᠋ᠠᠯᠠᠯᠲᠠ ᠵᠢ ᠨᠠᠩ ᠥᠨᠳᠥᠷ ᠪᠦᠲᠦᠮᠵᠢᠲᠡᠶ ᠪᠣᠯᠭ᠋ᠠᠪᠠ ᠁
ᠦᠷᠭᠦᠯᠵᠢᠯᠡᠨ ᠬᠠᠶ᠋ᠢᠨ ᠰᠦᠪᠡᠭᠴᠢᠯᠡᠬᠦ᠎ᠪᠠᠷ ᠳᠠᠮᠵᠢᠨ᠂ ᠤᠰᠤᠨ ᠠᠰᠢᠭᠯᠠᠯᠲᠠ ᠵᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠬᠦᠷᠢᠶ᠎ᠡ ᠴᠠᠷᠠᠭ᠎ᠠ᠎ᠳᠤ ᠶᠠᠭ ᠡᠳ᠋᠎ᠤᠨ ᠵᠠᠰᠠᠭ᠎ᠤᠨ ᠪᠡᠯᠡ ᠮᠥᠩᠭᠦ᠂ ᠮᠥᠩᠭᠦᠨ ᠭᠦᠢ᠍ᠯᠭᠡᠭᠡᠨ᠎ᠤ ᠢᠲᠡᠭᠡᠮᠵᠢᠲᠦ ᠵᠢᠭᠡᠯᠡᠯᠭᠡ᠂ ᠨᠡᠶ᠋ᠢᠭᠡᠮ᠎ᠤᠨ ᠬᠥᠷᠥᠩᠭᠡ ᠬᠠᠮᠲᠤ᠎ᠪᠠᠷ ᠣᠷᠣᠯᠴᠠᠭᠰᠠᠨ ᠵᠠᠰᠠᠭ᠎ᠤᠨ ᠣᠷᠳᠣᠨ᠂ ᠵᠠᠬ᠎ᠠ ᠳᠡᠯᠭᠡᠭᠦᠷ᠎ᠤᠨ 《ᠬᠤᠶᠠᠷ ᠲᠠᠯ᠎ᠠ᠎ᠪᠠᠷ ᠬᠦᠴᠦᠯᠡᠬᠦ》 ᠪᠠᠶ᠋ᠢᠷᠢᠰᠢᠯ᠎ᠢ ᠪᠦᠷᠢᠯᠳᠦᠭᠦᠯᠵᠦ ᠪᠠᠶ᠋ᠢᠨ᠎ᠠ᠃ ᠪᠦᠷᠢᠳᠬᠡᠯ᠎ᠢ ᠦᠨᠳᠦᠰᠦᠯᠡᠪᠡᠯ᠂ ᠮᠥᠩᠭᠦᠨ ᠭᠦᠢ᠍ᠯᠭᠡᠭᠡᠨ᠎ᠤ ᠢᠲᠡᠭᠡᠮᠵᠢᠲᠦ ᠵᠢᠭᠡᠯᠡᠯᠭᠡ ᠪᠠ ᠨᠡᠶ᠋ᠢᠭᠡᠮ᠎ᠤᠨ ᠬᠥᠷᠥᠩᠭᠡ ᠮᠥᠩᠭᠦ ᠵᠡᠷᠭᠡ ᠡᠳ᠋᠎ᠤᠨ ᠵᠠᠰᠠᠭ᠎ᠤᠨ ᠪᠤᠰᠤ ᠴᠢᠨᠠᠷᠲᠠᠢ ᠪᠡᠯᠡ ᠮᠥᠩᠭᠦ ᠵᠢ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠬᠤᠭᠤᠴᠠᠭ᠋ᠠᠨ᠎ᠳᠤ ᠵᠢᠯ ᠪᠦᠷᠢ ᠳᠤᠮᠳᠠᠴᠢ᠎ᠪᠠᠷ 2105.5 ᠳ᠋ᠦᠩᠰᠢᠭᠤᠷ ᠲᠥᠭᠦᠷᠢᠭ᠂ ᠵᠢᠯ᠎ᠤᠨ ᠤᠰᠤᠨ ᠠᠰᠢᠭᠯᠠᠯᠲᠠ ᠵᠢᠨ ᠶᠡᠷᠦᠩᠬᠡᠢ ᠪᠡᠯᠡ ᠣᠷᠣᠭᠤᠯᠤᠯᠲᠠ ᠵᠢᠨ 28.4% ᠵᠢ ᠡᠵᠡᠯᠡᠵᠦ᠂ 2023 ᠣᠨ ᠪᠣᠯᠬᠤ᠎ᠳᠤ 5450.6 ᠳ᠋ᠦᠩᠰᠢᠭᠤᠷ ᠲᠥᠭᠦᠷᠢᠭ ᠪᠣᠯᠣᠨ ᠨᠡᠮᠡᠭᠳᠡᠵᠦ᠂ ᠡᠵᠡᠯᠡᠬᠦ ᠬᠠᠷᠢᠴᠠᠯ᠎ᠨᠢ 44.5%᠎ᠳᠤ ᠬᠦᠷᠴᠡᠢ᠃
2024 ᠣᠨ᠎ᠤ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ᠂ ᠡᠳ᠋᠎ᠤᠨ ᠵᠠᠰᠠᠭ ᠪᠣᠯᠤᠨ ᠮᠥᠩᠭᠦᠨ ᠭᠦᠢ᠍ᠯᠭᠡᠭᠡᠨ᠎ᠤ ᠬᠠᠮᠵᠢᠯᠴᠠᠭ᠎ᠠ ᠵᠢ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠪᠠᠷ ᠨᠡᠶ᠋ᠢᠭᠡᠮ᠎ᠤᠨ ᠪᠡᠯᠡ ᠣᠷᠣᠭᠤᠯᠤᠯᠲᠠ ᠵᠢ ᠪᠦᠲᠦᠮᠵᠢᠲᠡᠢ ᠲᠠᠶ᠋ᠢᠴᠢᠯᠠᠨ᠎ᠠ᠃
ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠪᠠᠯᠠ ᠣᠷᠣᠭᠤᠯᠵᠤ ᠪᠠᠯᠠ ᠲᠣᠬᠢᠷᠠᠭᠤᠯᠬᠤ ᠵᠢᠨ ᠰᠦᠪᠡᠭᠴᠢᠯᠡᠯᠲᠡ ᠪᠤᠶᠤ ᠪᠤᠰᠤᠳ ᠠᠵᠢᠯ ᠲᠥᠷᠥᠯ᠎ᠳᠤ ᠯᠠᠪᠯᠠᠯᠲᠠ ᠬᠠᠩᠭ᠋ᠠᠵᠤ ᠪᠣᠯᠤᠨ᠎ᠠ᠄ ᠭᠤᠤᠯᠳᠠᠯᠭ᠎ᠠ᠎ᠲᠠᠢ ᠬᠦᠷᠢᠶ᠎ᠡ ᠪᠠ ᠵᠠᠩᠭᠢᠯᠠᠭ᠎ᠠ ᠵᠢᠨ ᠭᠤᠭᠴᠤᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ ᠵᠢᠨ ᠬᠥᠲᠥᠯᠦᠨ ᠵᠢᠯᠣᠭᠤᠳᠴᠤ ᠳᠠᠶ᠋ᠢᠴᠢᠯᠠᠬᠤ ᠦᠢ᠍ᠯᠡᠳᠦᠯ᠎ᠢ ᠪᠠᠳᠠᠷᠠᠭᠤᠯᠵᠤ᠂ ᠵᠠᠬ᠎ᠠ ᠳᠡᠯᠭᠡᠭᠦᠷ ᠪᠠ ᠵᠢᠳᠬᠦᠯ ᠴᠢᠷᠮᠠᠶ᠋ᠢᠯᠭ᠎ᠠ᠎ᠲᠠᠢ ᠵᠠᠰᠠᠭ᠎ᠤᠨ ᠣᠷᠳᠣᠨ᠎ᠢ ᠨᠠᠩ ᠰᠠᠶ᠋ᠢᠲᠤᠷ ᠨᠢᠭᠡᠳᠦᠯᠲᠡᠶ ᠲᠥᠯᠥᠪᠯᠡᠪᠡᠯ ᠰᠠᠶᠢ ᠴᠢᠨᠠᠷ ᠰᠠᠶ᠋ᠢᠲᠠᠶ ᠬᠥᠭᠵᠢᠯᠲᠡ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠴᠢᠨᠠᠷ ᠰᠠᠶ᠋ᠢᠲᠠᠶ ᠬᠠᠩᠭ᠋ᠠᠯᠭ᠎ᠠ ᠵᠢ ᠲᠠᠰᠤᠷᠠᠯᠲᠠ ᠥᠬᠡᠶ ᠪᠦᠷᠢᠯᠳᠦᠭᠦᠯᠵᠦ ᠴᠢᠳᠠᠨ᠎ᠠ᠃
ᠠᠯᠤᠰ ᠬᠡᠲᠦ᠎ᠠᠴᠠ ᠦᠵᠡᠪᠡᠯ᠂ ᠤᠰᠤᠨ ᠠᠰᠢᠭᠯᠠᠯᠲᠠ ᠵᠢᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠵᠢ ᠵᠠᠬ᠎ᠠ ᠳᠡᠯᠭᠡᠭᠦᠷᠴᠢᠯᠡᠯᠲᠡ ᠵᠢᠨ ᠰᠦᠪᠡᠭᠴᠢᠯᠡᠯᠲᠡ ᠬᠢᠬᠦ᠎ᠳᠤ ᠪᠠᠰᠠ ᠤᠷᠲᠤ ᠬᠤᠭᠤᠴᠠᠭ᠎ᠠ᠎ᠪᠠᠷ ᠪᠠᠷᠢᠮᠲᠠᠯᠠᠬᠤ ᠬᠡᠷᠡᠭᠲᠡᠢ᠃ ᠬᠠᠮᠢᠶ᠎ᠠ ᠪᠦᠬᠦᠢ ᠲᠤᠰᠬᠠᠶ ᠮᠡᠷᠭᠡᠵᠢᠯᠲᠡᠨ ᠵᠠᠰᠠᠭ᠎ᠤᠨ ᠣᠷᠳᠣᠨ ᠪᠣᠯᠤᠨ ᠵᠠᠬ᠎ᠠ ᠳᠡᠯᠭᠡᠭᠦᠷ᠎ᠤᠨ ᠵᠠᠭ᠋ᠠᠭ ᠬᠢᠵᠠᠭ᠋ᠠᠷ᠎ᠢ ᠤᠯᠠᠮ ᠨᠢᠭᠡ ᠠᠯᠬᠤᠮ ᠲᠣᠳᠣᠷᠬᠠᠶ᠋ᠢᠯᠠᠵᠤ᠂ ᠤᠰᠤᠨ ᠠᠰᠢᠭᠯᠠᠯᠲᠠ ᠵᠢᠨ ᠲᠥᠷᠥᠯ ᠵᠦᠢ᠍ᠯ᠎ᠤᠨ ᠣᠯᠠᠨ ᠨᠡᠶ᠋ᠢᠲᠡ ᠵᠢᠨ ᠦᠢ᠍ᠯᠡᠳᠭᠦᠨ᠎ᠤ ᠰᠢᠨᠵᠢ ᠴᠢᠨᠠᠷ᠎ᠢ ᠲᠣᠳᠣᠷᠬᠠᠶ᠋ᠢᠯᠠᠵᠤ᠂ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠲᠥᠷᠥᠯ ᠵᠦᠢ᠍ᠯ᠎ᠤᠨ ᠪᠡᠯᠡ ᠣᠷᠣᠭᠤᠯᠵᠤ ᠲᠣᠬᠢᠷᠠᠭᠤᠯᠬᠤ ᠵᠠᠭᠪᠤᠷ᠎ᠢ ᠲᠥᠷᠥᠯ ᠬᠤᠪᠢᠶᠠᠨ ᠲᠣᠭᠲᠠᠭ᠋ᠠᠵᠤ᠂ ᠡᠯ᠎ᠡ ᠲᠥᠷᠥᠯ᠎ᠤᠨ ᠡᠵᠡᠩᠨᠡᠯᠲᠡ ᠵᠢᠨ ᠭᠤᠤᠯ ᠴᠣᠭᠴᠠ ᠵᠢᠨ ᠤᠰᠤ ᠬᠠᠩᠭ᠋ᠠᠬᠤ᠂ ᠴᠠᠬᠢᠯᠭ᠋ᠠᠨ ᠭᠠᠷᠭ᠋ᠠᠬᠤ ᠵᠡᠷᠭᠡ ᠦᠷ᠎ᠡ ᠠᠰᠢᠭ ᠪᠦᠬᠦᠢ ᠥᠷᠢᠰᠥᠯᠳᠦᠭᠡᠨ᠎ᠤ ᠴᠢᠨᠠᠷᠲᠠᠶ ᠭᠤᠭᠴᠤᠭ᠎ᠠ᠎ᠳᠤ ᠣᠷᠣᠬᠤ ᠵᠢ ᠠᠬᠢᠭᠤᠯᠬᠤ ᠬᠡᠷᠡᠭᠲᠡᠶ ᠭᠡᠵᠦ ᠰᠠᠨᠠᠭᠤᠯᠪᠠ᠃ ᠡᠭᠦᠨ᠎ᠤ ᠬᠠᠮᠲᠤ ᠡᠷᠬᠡ ᠲᠡᠭᠰᠢ ᠡᠮᠬᠢ ᠵᠢᠷᠤᠮ᠎ᠲᠠᠢ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠤ ᠲᠣᠭᠲᠠᠴᠠ ᠵᠢ ᠪᠠᠶ᠋ᠢᠭᠤᠯᠵᠤ᠂ ᠪᠦᠲᠦᠮᠵᠢᠲᠡᠢ ᠵᠠᠬ᠎ᠠ ᠳᠡᠯᠭᠡᠭᠦᠷ ᠪᠣᠯᠤᠨ ᠨᠠᠶ᠋ᠢᠳᠠᠪᠤᠷᠢᠲᠠᠢ ᠵᠠᠰᠠᠭ᠎ᠤᠨ ᠣᠷᠳᠣᠨ᠎ᠤ ᠨᠡᠩ ᠰᠠᠶ᠋ᠢᠨ ᠤᠶᠠᠯᠳᠤᠯ᠎ᠢ ᠠᠬᠢᠭᠤᠯᠬᠤ ᠬᠡᠷᠡᠭᠲᠡᠢ᠃
ᠤᠰᠤᠨ ᠠᠰᠢᠭᠯᠠᠯᠲᠠ ᠵᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠪᠣᠯ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠴᠢᠬᠤᠯᠠ ᠶᠡᠬᠡ ᠠᠵᠠ ᠲᠣᠬᠢᠶᠠᠯ ᠪᠣᠯᠤᠨ᠎ᠠ᠃ ᠤᠯᠠᠨ ᠡᠰᠢᠵᠢᠭᠰᠡᠨ᠂ ᠤᠯᠠᠨ ᠲᠡᠰ ᠳᠠᠪᠬᠤᠷᠭ᠎ᠠ ᠵᠢᠨ᠂ ᠤᠯᠠᠨ ᠠᠷᠭ᠎ᠠ ᠵᠠᠮ᠎ᠤᠨ ᠤᠰᠤᠨ ᠠᠰᠢᠭᠯᠠᠯᠲᠠ ᠵᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠰᠢᠰᠲ᠋ᠧᠮ᠎ᠢ ᠲᠦᠷᠭᠡᠪᠴᠢᠯᠡᠨ ᠪᠠᠶ᠋ᠢᠭᠤᠯᠵᠤ᠂ ᠤᠷᠳᠤ ᠬᠤᠭᠤᠴᠠᠭ᠋ᠠᠨ᠎ᠤ ᠪᠦᠲᠦᠮᠵᠢᠲᠡᠢ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠰᠢᠨ᠎ᠡ ᠴᠠᠭ ᠦᠶ᠎ᠡ ᠵᠢᠨ ᠤᠰᠤ ᠵᠢ ᠵᠠᠰᠠᠵᠤ ᠤᠯᠤᠰ ᠵᠶ᠋ᠠᠨ ᠮᠠᠨᠳᠤᠭᠤᠯᠬᠤ ᠦᠯᠢᠭᠡᠷ ᠨᠡᠩ ᠭᠤᠶ᠋ᠢᠳᠠ ᠰᠠᠶ᠋ᠢᠬᠠᠨ ᠪᠣᠯᠬᠤ ᠪᠣᠯᠤᠨ᠎ᠠ᠃