ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠠᠷᠠᠳ᠎ᠤᠨ ᠡᠳᠦᠷ᠎ᠤᠨ ᠰᠣᠨᠢᠨ᠎ᠤ ᠭᠠᠳᠠᠭ᠋ᠠᠳᠤ᠎ᠳᠤ ᠵᠣᠷᠢᠭᠤᠯᠤᠭᠰᠠᠨ ᠬᠡᠪᠯᠡᠯ᠄ ᠥᠪᠥᠷ ᠮᠣᠩᠭᠤᠯ ᠣᠯᠠᠨ ᠠᠷᠭ᠎ᠠ ᠬᠡᠮᠵᠢᠶ᠎ᠡ ᠠᠪᠴᠤ ᠪᠥᠬᠦ ᠣᠷᠣᠨ ᠪᠦᠰᠡ ᠵᠢᠨ 《ᠤᠰᠤ ᠠᠷᠪᠢᠯᠠᠬᠤ ᠨᠡᠭᠡᠯᠡᠭᠡᠢ》 ᠵᠢ ᠴᠢᠩᠭ᠋ᠠᠷᠠᠭᠤᠯᠪᠠ
ᠨᠡᠶ᠋ᠢᠲᠡᠯᠡᠭᠰᠡᠨ ᠴᠠᠭ᠄ 2025-02-22

   ᠰᠢᠨᠬᠤᠸᠠ ᠬᠣᠷᠢᠶᠠᠨ᠎ᠤ ᠬᠥᠬᠡᠬᠣᠲᠠ ᠵᠢᠨ 2 ᠳ᠋ᠤᠭ᠋ᠠᠷ ᠰᠠᠷ᠎ᠠ ᠵᠢᠨ 21᠎ᠤ ᠡᠳᠦᠷ᠎ᠤᠨ ᠴᠠᠬᠢᠯᠭ᠋ᠠᠨ ᠮᠡᠳᠡᠭᠡ (ᠰᠤᠷᠪᠤᠯᠵᠢᠯᠠᠭᠴᠢ ᠡᠸᠨ ᠬᠣᠣ) ᠰᠤᠷᠪᠤᠯᠵᠢᠯᠠᠭᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠠᠴᠠ ᠣᠢ᠌ᠯᠠᠭ᠋ᠠᠭᠰᠠᠨ ᠵᠶ᠋ᠠᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ》᠎ᠢ ᠲᠦᠷᠦᠭᠦᠬᠡᠨ ᠵᠢᠩᠬᠢᠨᠢ᠎ᠪᠠᠷ ᠳᠠᠷᠤᠮᠠᠯᠯᠠᠨ ᠲᠠᠷᠬᠠᠭ᠋ᠠᠵᠤ᠂  ᠲᠥᠰᠦᠯ᠎ᠨᠢ ᠥᠪᠥᠷ ᠮᠣᠩᠭᠣᠯ᠎ᠤᠨ ᠤᠰᠤᠨ᠎ᠤ ᠡᠬᠢ ᠪᠠᠶᠠᠯᠢᠭ᠎ᠢ ᠠᠰᠢᠭᠯᠠᠬᠤ ᠣᠳᠣᠬᠢ ᠪᠠᠢ᠌ᠳᠠᠯ᠎ᠳᠤ ᠰᠠᠭᠤᠷᠢᠯᠠᠵᠤ᠂  ᠣᠯᠠᠨ ᠠᠷᠭ᠎ᠠ ᠬᠡᠮᠵᠢᠶ᠎ᠡ ᠠᠪᠴᠤ ᠪᠠᠢ᠌ᠭ᠋ᠠᠳ ᠤᠰᠤᠨ᠎ᠤ ᠡᠬᠢ ᠪᠠᠶᠠᠯᠢᠭ᠎ᠢ ᠠᠷᠪᠢᠲᠠᠢ ᠡᠷᠴᠢᠮᠯᠢᠭ ᠠᠰᠢᠭᠯᠠᠬᠤ ᠬᠢᠷᠢ ᠲᠦᠪᠰᠢᠨ᠎ᠢ ᠳᠡᠭᠡᠭᠰᠢᠯᠡᠭᠦᠯᠪᠡ᠃

   ᠲᠥᠰᠦᠯ᠎ᠳᠤ ᠳᠤᠷᠠᠳᠤᠭᠰᠠᠨ᠎ᠨᠢ᠂  ᠲᠠᠷᠢᠶᠠᠯᠠᠩ᠎ᠤᠨ ᠤᠰᠤ ᠠᠷᠪᠢᠯᠠᠬᠤ ᠲᠠᠯ᠎ᠠ᠎ᠪᠠᠷ᠂  ᠲᠠᠷᠢᠶᠠᠯᠠᠩ᠎ᠤᠨ ᠤᠰᠤ ᠠᠷᠪᠢᠯᠠᠬᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ᠂ 《ᠶᠡᠭᠡ ᠤᠰᠤ᠎ᠪᠠᠷ ᠨᠡᠯᠦᠶ᠋ᠢᠲᠡᠯ᠎ᠡ ᠤᠰᠤᠯᠠᠬᠤ》 ᠠᠰᠠᠭᠤᠳᠠᠯ᠎ᠢ ᠭᠦᠨᠵᠡᠭᠡᠶ ᠰᠢᠢ᠍ᠳᠪᠦᠷᠢᠯᠡᠬᠦ᠂  ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂  ᠲᠠᠷᠢᠶᠠᠯᠠᠩ᠎ᠤᠨ ᠤᠰᠤ ᠠᠷᠪᠢᠯᠠᠬᠤ ᠴᠢᠳᠠᠪᠤᠷᠢ ᠵᠢ 2.5 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠰᠢᠨ᠎ᠡ᠎ᠪᠠᠷ ᠨᠡᠮᠡᠭᠳᠡᠭᠦᠯᠦᠨ᠎ᠡ; ᠠᠵᠤ ᠦᠢ᠍ᠯᠡᠳᠪᠦᠷᠢ ᠵᠢᠨ ᠤᠰᠤ ᠠᠷᠪᠢᠯᠠᠬᠤ ᠲᠠᠯ᠎ᠠ᠎ᠪᠠᠷ᠂  ᠭᠤᠤᠯᠳᠠᠯᠭ᠎ᠠ᠎ᠲᠠᠢ ᠠᠵᠢᠯ ᠲᠥᠷᠥᠯ᠎ᠤᠨ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠵᠢ ᠠᠬᠢᠭᠤᠯᠵᠤ᠂  ᠠᠵᠤ ᠦᠢ᠍ᠯᠡᠳᠪᠦᠷᠢ ᠵᠢᠨ ᠲᠦᠮᠡᠨ ᠲᠥᠭᠦᠷᠢᠭ᠎ᠤᠨ ᠨᠡᠮᠡᠭᠳᠡᠯ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ ᠵᠢ 2020 ᠣᠨ᠎ᠤ᠎ᠬᠢ᠎ᠠᠴᠠ 13%᠎ᠠᠴᠠ ᠳᠡᠭᠡᠭᠰᠢ ᠪᠠᠭᠤᠷᠠᠭᠤᠯᠤᠨ᠎ᠠ;  ᠬᠣᠲᠠ ᠬᠥᠳᠡᠭᠡ ᠵᠢᠨ ᠤᠰᠤ ᠠᠷᠪᠢᠯᠠᠬᠤ ᠲᠠᠯ᠎ᠠ᠎ᠪᠠᠷ᠂  ᠬᠣᠲᠠ ᠵᠢᠨ ᠣᠯᠠᠨ ᠨᠡᠶ᠋ᠢᠲᠡ ᠵᠢᠨ ᠤᠰᠤ ᠬᠠᠩᠭ᠋ᠠᠬᠤ ᠬᠣᠭᠣᠯᠠᠶ ᠵᠢᠨ ᠲᠣᠤᠷ᠎ᠤᠨ ᠭᠣᠭᠣᠵᠢᠵᠤ ᠬᠣᠬᠢᠷᠠᠬᠤ ᠨᠣᠷᠮ᠎ᠠ ᠵᠢ 9% ᠵᠢᠨ ᠳᠣᠲᠣᠷ᠎ᠠ ᠬᠢᠵᠠᠭ᠋ᠠᠷᠯᠠᠵᠤ᠂  ᠳᠡᠭᠢᠯᠳᠡ ᠤᠰᠤᠨ᠎ᠤ ᠠᠰᠢᠭᠯᠠᠯᠲᠠ ᠵᠢᠨ ᠨᠣᠷᠮ᠎ᠠ ᠵᠢ 48%᠎ᠠᠴᠠ ᠳᠡᠭᠡᠭᠰᠢ᠎ᠳᠤ ᠬᠦᠷᠦᠭᠦᠯᠦᠨ᠎ᠡ᠃

 

ᠢᠷᠡᠯᠲᠡ᠄ ᠠᠷᠠᠳ᠎ᠤᠨ ᠡᠳᠦᠷ᠎ᠤᠨ ᠰᠣᠨᠢᠨ᠎ᠤ ᠭᠠᠳᠠᠭ᠋ᠠᠲᠤ᠎ᠳᠤ ᠵᠣᠷᠢᠭᠤᠯᠤᠭᠰᠠᠨ ᠬᠡᠪᠯᠡᠯ
          
ᠬᠠᠮᠢᠶ᠎ᠡ ᠪᠦᠬᠦᠢ ᠰᠣᠨᠢᠨ
ᠴᠢᠳᠠᠬᠤ ᠵᠢᠨ ᠬᠢᠷᠢ᠎ᠪᠠᠷ ᠤᠰᠤ ᠵᠢ ᠭᠠᠮᠨᠠᠨ ᠬᠡᠷᠡᠭᠯᠡᠶ᠎ᠡ
ᠥᠪᠥᠷ ᠮᠣᠩᠭᠤᠯ᠎ᠤᠨ ᠡᠳᠦᠷ᠎ᠤᠨ ᠰᠣᠨᠢᠨ᠄ ᠥᠪᠥᠷ ᠮᠣᠩᠭᠤᠯ ᠲᠠᠷᠢᠶᠠᠯᠠᠩ᠎ᠤᠨ ᠤᠰᠤ ᠠᠷᠪᠢᠯᠠᠬᠤ 《ᠲᠠᠪᠤ ᠵᠢ ᠳᠡᠭᠡᠭᠰᠢᠯᠡᠭᠦᠯᠬᠦ》 ᠵᠠᠭᠪᠤᠷ᠎ᠢ ᠡᠬᠢᠯᠡᠭᠦᠯᠪᠡ
ᠠᠷᠠᠳ᠎ᠤᠨ ᠡᠳᠦᠷ᠎ᠤᠨ ᠰᠤᠨᠢᠨ᠄ ᠬᠤᠶᠠᠳᠤᠭ᠋ᠠᠷ ᠲᠠᠯᠠᠪᠠᠢ ᠵᠢᠨ ᠬᠡᠯᠲᠡᠰ᠎ᠤᠨ ᠳᠠᠷᠤᠭ᠎ᠠ ᠵᠢᠨ ᠨᠡᠪᠲᠡᠷᠡᠯ ᠵᠠᠮ᠂ ᠦᠵᠡᠯᠲᠡ᠎ᠪᠠᠨ ᠶᠠᠷᠢᠬᠤ ᠵᠢᠨ ᠬᠠᠮᠲᠤ ᠠᠷᠭ᠎ᠠ᠎ᠪᠠᠨ ᠴᠤ᠌ ᠶᠠᠷᠢᠨ᠎ᠠ (ᠠᠬᠤᠢ ᠲᠠᠯᠠᠪᠠᠢ · ᠬᠡᠯᠲᠡᠰ᠎ᠤᠨ ᠳᠠᠷᠤᠭ᠎ᠠ ᠵᠢᠨ ᠨᠡᠪᠲᠡᠷᠡᠯ ᠵᠠᠮ)
ᠠᠷᠠᠳ᠎ᠤᠨ ᠡᠳᠦᠷ᠎ᠤᠨ ᠰᠣᠨᠢᠨ᠄ 3 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ ᠡᠬᠢᠯᠡᠨ ᠮᠠᠨ᠎ᠤ ᠤᠯᠤᠰ ᠵᠢᠩᠬᠢᠨᠢ᠎ᠪᠠᠷ ᠦᠶᠡᠷ᠎ᠤᠨ ᠬᠤᠭᠤᠴᠠᠭ᠋ᠠᠨ᠎ᠳᠤ ᠣᠷᠣᠪᠠ
ᠠᠷᠠᠳ᠎ᠤᠨ ᠰᠦᠯᠵᠢᠶ᠎ᠠ᠄ ᠰᠢᠶᠠᠩᠭ᠋ᠠᠩ᠎ᠤᠨ ᠤᠨᠴᠠᠭ᠋ᠠᠢ ᠤᠷᠤᠨ᠎ᠤ ᠵᠠᠰᠠᠭ᠎ᠤᠨ ᠤᠷᠳᠤᠨ ᠪᠤᠯᠤᠨ ᠤᠰᠤᠨ ᠠᠰᠢᠭᠯᠠᠯᠳᠠ ᠵᠢᠨ ᠶᠠᠮᠤᠨ ᠬᠠᠮᠳᠤᠷᠠᠯᠴᠠᠭ᠋ᠠᠨ᠎ᠤ ᠵᠦᠪᠯᠡᠯᠴᠡᠬᠡᠷ ᠳᠤᠭᠳᠠᠵᠤ ᠶᠡᠭᠡ ᠪᠤᠯᠤᠩ᠎ᠤᠨ ᠤᠷᠤᠨ᠎ᠤ ᠤᠰᠤ᠎ᠲᠠᠢ ᠬᠤᠯᠪᠤᠬᠳᠠᠬᠤ ᠶᠠᠪᠤᠳᠠᠯ᠎ᠤᠨ ᠬᠠᠮᠳᠤᠷᠠᠯᠴᠠᠭ᠎ᠠ ᠵᠢ ᠴᠢᠩᠭ᠋ᠠᠳᠬᠠᠪᠠ
 
            