ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠳᠤᠮᠳᠠᠳᠤ ᠤᠯᠤᠰ᠎ᠤᠨ ᠰᠣᠨᠢᠨ ᠮᠡᠳᠡᠭᠡᠨ᠎ᠤ ᠰᠦᠯᠵᠢᠶ᠎ᠡ᠄ ᠥᠪᠥᠷ ᠮᠣᠩᠭᠤᠯ᠄ 2025 ᠣᠨ᠎ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ 196.3 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠤᠨ ᠳᠣᠲᠣᠷ᠎ᠠ ᠬᠢᠵᠠᠭ᠋ᠠᠷᠯᠠᠨ᠎ᠠ
ᠨᠡᠶ᠋ᠢᠲᠡᠯᠡᠭᠰᠡᠨ ᠴᠠᠭ᠄ 2025-02-20

   ᠳᠤᠮᠳᠠᠳᠤ ᠤᠯᠤᠰ᠎ᠤᠨ ᠰᠣᠨᠢᠨ ᠮᠡᠳᠡᠭᠡᠨ᠎ᠤ ᠰᠦᠯᠵᠢᠶᠡᠨ᠎ᠤ ᠬᠥᠬᠡᠬᠣᠲᠠ ᠵᠢᠨ 2 ᠳ᠋ᠤᠭ᠋ᠠᠷ ᠰᠠᠷ᠎ᠠ ᠵᠢᠨ 20᠎ᠤ ᠡᠳᠦᠷ᠎ᠤᠨ ᠴᠠᠬᠢᠯᠭ᠋ᠠᠨ ᠮᠡᠳᠡᠭᠡ (ᠰᠤᠷᠪᠤᠯᠵᠢᠯᠠᠭᠴᠢ ᠯᠢ ᠠᠢ ᠫᠢᠩ) ᠰᠤᠷᠪᠤᠯᠵᠢᠯᠠᠭᠴᠢ 20᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠠᠴᠠ ᠣᠢ᠌ᠯᠠᠭ᠋ᠠᠭᠰᠠᠨ ᠵᠶ᠋ᠠᠷ᠂ 2025 ᠣᠨ᠎ᠳᠤ᠂  ᠥᠪᠥᠷ ᠮᠣᠩᠭᠣᠯ᠎ᠤᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠵᠢ 196.3 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠤᠨ ᠳᠣᠲᠣᠷ᠎ᠠ ᠬᠢᠵᠠᠭ᠋ᠠᠷᠯᠠᠨ᠎ᠠ᠃

   ᠲᠦᠷᠦᠭᠦᠬᠡᠨ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠢᠯᠯᠠᠭ᠎ᠠ ᠵᠢᠨ ᠬᠡᠷᠡᠭᠵᠢᠭᠦᠯᠬᠦ       ᠲᠥᠰᠥᠯ》 (《ᠲᠥᠰᠥᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠂  ᠲᠣᠰ ᠲᠥᠰᠥᠯ᠎ᠢ ᠠᠵᠢᠯ ᠲᠥᠷᠥᠯ᠎ᠤᠨ᠎ᠬᠢᠨ ᠥᠪᠥᠷ ᠮᠣᠩᠭᠣᠯ᠎ᠤᠨ ᠲᠡᠦᠬᠡᠨ᠎ᠳᠠᠬᠢ ᠬᠠᠮᠤᠭ᠎ᠤᠨ ᠴᠢᠩᠭ᠎ᠠ ᠤᠰᠤ ᠠᠷᠪᠢᠯᠠᠬᠤ ᠲᠥᠰᠥᠯ ᠭᠡᠳᠡᠭ᠃

   ᠲᠣᠰ 《ᠲᠥᠰᠦᠯ》᠎ᠤᠨ ᠱᠠᠭ᠋ᠠᠷᠳᠠᠯᠭ᠎ᠠ ᠶᠣᠰᠣᠭ᠋ᠠᠷ᠂ 2025 ᠣᠨ᠎ᠳᠤ᠂  ᠥᠪᠥᠷ ᠮᠣᠩᠭᠤᠯ᠎ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ 196.3 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠤᠨ ᠳᠣᠲᠣᠷ᠎ᠠ ᠬᠢᠵᠠᠭ᠋ᠠᠷᠯᠠᠵᠤ᠂  ᠲᠦᠮᠡᠨ ᠲᠥᠭᠦᠷᠢᠭ᠎ᠤᠨ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ ᠵᠢ 2020 ᠣᠨ᠎ᠤ᠎ᠬᠢ᠎ᠠᠴᠠ 12%᠎ᠠᠴᠠ ᠳᠡᠭᠡᠭᠰᠢ ᠪᠠᠭᠤᠷᠠᠭᠤᠯᠪᠠ; ᠲᠠᠷᠢᠶᠠᠯᠠᠩ᠎ᠤᠨ ᠤᠰᠤ ᠠᠷᠪᠢᠯᠠᠬᠤ ᠴᠢᠳᠠᠪᠤᠷᠢ ᠵᠢ 2.7 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠵᠦ᠂  ᠲᠠᠷᠢᠶᠠᠨ ᠭᠠᠵᠠᠷ᠎ᠤᠨ ᠤᠰᠤᠯᠠᠯᠲᠠ ᠵᠢᠨ ᠤᠰᠤᠨ᠎ᠤ ᠪᠦᠲᠦᠮᠵᠢᠲᠡᠶ ᠠᠰᠢᠭᠯᠠᠯᠲᠠ ᠵᠢᠨ ᠢᠯᠡᠳᠬᠡᠮᠵᠢ ᠵᠢ 0.59᠎ᠠᠴᠠ ᠳᠡᠭᠡᠭᠰᠢ᠎ᠳᠤ ᠬᠦᠷᠦᠭᠦᠯᠦᠨ᠎ᠡ; ᠠᠵᠤ ᠦᠢ᠍ᠯᠡᠳᠪᠦᠷᠢ ᠵᠢᠨ ᠲᠦᠮᠡᠨ ᠲᠥᠭᠥᠷᠢᠭ᠎ᠤᠨ ᠨᠡᠮᠡᠭᠳᠡᠯ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ ᠵᠢ 2020 ᠣᠨ᠎ᠤ᠎ᠬᠢ᠎ᠠᠴᠠ 13%᠎ᠠᠴᠠ ᠳᠡᠭᠡᠭᠰᠢ ᠪᠠᠭᠤᠷᠠᠭᠤᠯᠤᠨ᠎ᠠ; ᠬᠣᠲᠠ ᠵᠢᠨ ᠣᠯᠠᠨ ᠨᠡᠶ᠋ᠢᠲᠡ ᠵᠢᠨ ᠤᠰᠤ ᠬᠠᠩᠭ᠋ᠠᠬᠤ ᠬᠣᠭᠣᠯᠠᠢ ᠵᠢᠨ ᠲᠣᠣᠷ᠎ᠤᠨ ᠭᠣᠭᠣᠵᠢᠭᠰᠠᠨ ᠬᠣᠬᠢᠷᠠᠯ᠎ᠤᠨ ᠨᠣᠷᠮ᠎ᠠ ᠵᠢ 9% ᠵᠢᠨ ᠳᠣᠲᠣᠷ᠎ᠠ ᠬᠢᠵᠠᠭ᠋ᠠᠷᠯᠠᠵᠤ᠂  ᠳᠠᠬᠢᠯᠲᠠ ᠤᠰᠤᠨ᠎ᠤ ᠠᠰᠢᠭᠯᠠᠯᠲᠠ ᠵᠢᠨ ᠨᠣᠷᠮ᠎ᠠ ᠵᠢ 48%᠎ᠠᠴᠠ ᠳᠡᠭᠡᠭᠰᠢ᠎ᠳᠤ ᠬᠦᠷᠦᠭᠦᠯᠦᠨ᠎ᠡ; ᠬᠡᠪ᠎ᠤᠨ ᠪᠤᠰᠤ ᠤᠰᠤᠨ ᠰᠤᠷᠪᠤᠯᠵᠢ ᠵᠢᠨ ᠠᠰᠢᠭᠯᠠᠯᠲᠠ ᠵᠢᠨ ᠬᠡᠮᠵᠢᠶ᠎ᠡ ᠵᠢ 7.68 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠠᠴᠠ ᠳᠡᠭᠡᠭᠰᠢ᠎ᠳᠤ ᠬᠦᠷᠭᠡᠨ᠎ᠡ᠃

   ᠲᠣᠰ 《ᠲᠥᠰᠦᠯ》᠎ᠳᠤ ᠵᠢᠭ᠋ᠠᠵᠤ ᠭᠠᠷᠭ᠋ᠠᠭᠰᠠᠨ᠎ᠨᠢ᠂  ᠥᠪᠥᠷ ᠮᠣᠩᠭᠤᠯ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠢ ᠴᠢᠩᠭ᠋ᠠᠳᠬᠠᠵᠤ᠂  ᠠᠵᠢᠯ ᠲᠥᠷᠥᠯ ᠬᠤᠪᠢᠶᠠᠨ ᠤᠰᠤ ᠠᠷᠪᠢᠯᠠᠬᠤ ᠭᠦᠢ᠍ᠴᠡᠳᠬᠡᠯ ᠲᠤᠭ᠎ᠠ ᠵᠢ ᠲᠣᠭᠲᠠᠭ᠋ᠠᠵᠤ᠂  ᠠᠶ᠋ᠢᠮᠠᠭ ᠬᠤᠲᠠ ᠬᠤᠪᠢᠶᠠᠨ ᠤᠰᠤ ᠠᠷᠪᠢᠯᠠᠬᠤ ᠬᠠᠷᠠᠯᠲᠠ ᠵᠢ ᠲᠣᠭᠲᠠᠭ᠋ᠠᠵᠤ᠂  ᠤᠰᠤ ᠲᠠᠲᠠᠵᠤ ᠬᠡᠷᠡᠭᠯᠡᠬᠦ ᠶᠡᠷᠦᠩᠬᠡᠢ ᠬᠡᠮᠵᠢᠶ᠎ᠡ᠎ᠨᠢ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠵᠢᠨ ᠬᠠᠮᠢᠶᠠᠷᠤᠨ ᠡᠵᠡᠮᠳᠡᠬᠦ ᠭᠦᠢ᠍ᠴᠡᠳᠬᠡᠯ ᠲᠣᠭ᠎ᠠ᠎ᠳᠤ ᠬᠦᠷᠦᠭᠰᠡᠨ ᠪᠤᠶᠤ ᠲᠡᠭᠦᠨ᠎ᠠᠴᠠ ᠳᠠᠪᠠᠭᠰᠠᠨ ᠪᠠᠢ᠌ᠪᠠᠯ᠂  ᠭᠠᠵᠠᠷ ᠳᠣᠤᠷᠠᠬᠢ ᠤᠰᠤᠨ᠎ᠤ ᠬᠠᠮᠢᠶᠠᠷᠤᠯᠲᠠ ᠵᠢᠨ ᠨᠢᠭᠡᠴᠢ ᠵᠢᠨ ᠭᠦᠢ᠍ᠴᠡᠳᠬᠡᠯ ᠲᠤᠭ᠎ᠠ᠎ᠳᠤ ᠬᠢᠷᠢ ᠲᠡᠩᠴᠡᠭᠰᠡᠨ ᠥᠬᠡᠶ ᠭᠠᠵᠠᠷ ᠣᠷᠣᠨ᠎ᠳᠤ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠠᠮᠢᠳᠤᠷᠠᠯ᠎ᠳᠤ ᠬᠡᠷᠡᠭᠯᠡᠬᠦ ᠤᠰᠤ ᠪᠤᠶᠤ ᠢᠯᠴᠢ ᠬᠠᠩᠭ᠋ᠠᠬᠤ ᠬᠤᠭᠤᠯᠠᠶ ᠵᠢᠨ ᠲᠣᠤᠷ᠎ᠲᠤ ᠤᠰᠤ ᠨᠥᠬᠦᠪᠥᠷᠢᠯᠡᠬᠦ ᠵᠡᠷᠭᠡ ᠣᠨᠴᠠᠭ᠋ᠠᠶ ᠪᠠᠶ᠋ᠢᠳᠠᠯ᠎ᠠᠴᠠ ᠭᠠᠳᠠᠨ᠎ᠠ᠂  ᠲᠣᠰ ᠭᠠᠵᠠᠷ ᠣᠷᠣᠨ᠎ᠤ ᠤᠰᠤ ᠲᠠᠲᠠᠵᠤ ᠬᠡᠷᠡᠭᠯᠡᠬᠦ ᠰᠢᠨ᠎ᠡ᠎ᠪᠠᠷ ᠨᠡᠮᠡᠭᠳᠡᠬᠦ ᠵᠢ ᠬᠢᠨᠠᠨ ᠵᠥᠪᠰᠢᠶᠡᠷᠡᠬᠦ ᠵᠢ ᠲᠦᠷ ᠵᠣᠭᠰᠣᠭ᠋ᠠᠨ᠎ᠠ᠃

   ᠰᠤᠷᠪᠤᠯᠵᠢᠯᠠᠭᠴᠢ ᠵᠢᠨ ᠣᠶ᠋ᠢᠯᠠᠭ᠋ᠠᠭᠰᠠᠨ ᠵᠶ᠋ᠠᠷ᠂  ᠠᠮᠢ ᠠᠬᠤᠶ ᠵᠢᠨ ᠤᠰᠤ ᠠᠷᠪᠢᠯᠠᠬᠤ ᠲᠠᠯ᠎ᠠ᠎ᠪᠠᠷ᠂  ᠥᠪᠥᠷ ᠮᠣᠩᠭᠤᠯ ᠳᠠᠬᠢᠯᠲᠠ ᠤᠰᠤ ᠵᠢ ᠬᠤᠲᠠ ᠵᠢᠨ ᠨᠣᠭᠤᠭ᠋ᠠᠷᠠᠭᠤᠯᠤᠯᠲᠠ᠎ᠳᠤ ᠤᠷᠢᠳ ᠵᠶ᠋ᠠᠷ ᠬᠡᠷᠡᠭᠯᠡᠵᠦ᠂  ᠭᠠᠵᠠᠷ ᠳᠣᠤᠷᠠᠬᠢ ᠤᠰᠤ ᠵᠢ ᠬᠤᠲᠠ ᠵᠢᠨ ᠤᠰᠤᠨ᠎ᠤ ᠦᠵᠡᠮᠵᠢ᠂  ᠤᠰᠤᠨ᠎ᠤ ᠳᠡᠭᠡᠷᠡᠬᠢ ᠵᠤᠭ᠎ᠠ ᠴᠡᠩᠭᠡᠯ᠎ᠤᠨ ᠲᠥᠷᠥᠯ ᠵᠦᠢ᠍ᠯ᠎ᠳᠤ ᠬᠡᠷᠡᠭᠯᠡᠬᠦ ᠵᠢ ᠴᠢᠩᠭ᠎ᠠ ᠴᠠᠭ᠋ᠠᠵᠠᠯᠠᠵᠤ᠂  ᠳᠠᠬᠢᠯᠲᠠ ᠤᠰᠤᠨ᠎ᠤ ᠬᠤᠭᠤᠯᠠᠶ ᠵᠢᠨ ᠲᠣᠤᠷ᠎ᠤᠨ ᠬᠠᠮᠤᠷᠬᠤ ᠬᠡᠪᠴᠢᠶᠡᠨ ᠳᠣᠲᠣᠷᠠᠬᠢ ᠨᠣᠭᠤᠭ᠋ᠠᠷᠠᠭᠤᠯᠤᠯᠲᠠ ᠵᠢᠨ ᠤᠰᠤᠨ᠎ᠤ ᠡᠬᠢ ᠰᠤᠷᠪᠤᠯᠵᠢ ᠵᠢᠨ ᠬᠤᠳᠳᠤᠭ᠎ᠢ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ; ᠡᠩ᠎ᠤᠨ ᠪᠤᠰᠤ ᠤᠰᠤᠨ ᠠᠰᠢᠭᠯᠠᠯᠲᠠ ᠵᠢᠨ ᠬᠡᠷᠡᠭᠯᠡᠭᠡᠨ᠎ᠤ ᠲᠠᠯ᠎ᠠ᠎ᠪᠠᠷ᠂  ᠥᠪᠥᠷ ᠮᠣᠩᠭᠤᠯ ᠳᠠᠬᠢᠯᠲᠠ ᠤᠰᠤ ᠵᠢ ᠶᠡᠷᠦᠩᠬᠡᠶ᠋ᠢᠯᠡᠨ ᠠᠰᠢᠭᠯᠠᠬᠤ ᠠᠷᠭ᠎ᠠ ᠬᠡᠮᠵᠢᠶ᠎ᠡ᠎ᠨᠦᠭᠦᠳ᠎ᠢ ᠲᠣᠭᠲᠠᠭ᠋ᠠᠨ ᠨᠡᠶ᠋ᠢᠲᠡᠯᠡᠵᠦ᠂  ᠬᠠᠲᠤᠨ ᠭᠤᠣᠯ᠎ᠤᠨ ᠰᠠᠪᠠ ᠭᠠᠵᠠᠷ᠎ᠤᠨ ᠳᠠᠬᠢᠯᠲᠠ ᠤᠰᠤᠨ᠎ᠤ ᠠᠰᠢᠭᠯᠠᠯᠲᠠ ᠵᠢᠨ ᠨᠣᠷᠮ᠎ᠠ ᠵᠢ 60%᠎ᠠᠴᠠ ᠳᠡᠭᠡᠭᠰᠢ᠎ᠳᠤ ᠬᠦᠷᠦᠭᠦᠯᠬᠦ᠎ᠪᠠᠷ ᠴᠢᠷᠮᠠᠶ᠋ᠢᠨ᠎ᠠ; ᠥᠪᠥᠷ ᠮᠣᠩᠭᠤᠯ ᠪᠠᠰᠠ ᠤᠰᠤ ᠵᠢ ᠬᠠᠮᠠᠭ᠋ᠠᠯᠠᠵᠤ ᠨᠡᠭᠦᠷᠡᠰᠦ ᠮᠠᠯᠲᠠᠬᠤ ᠤᠷ᠎ᠠ ᠮᠡᠷᠭᠡᠵᠢᠯ᠎ᠢ ᠳᠡᠯᠭᠡᠷᠡᠭᠦᠯᠵᠦ᠂ 2025 ᠣᠨ᠎ᠤ ᠡᠴᠦᠰ ᠪᠣᠯᠬᠤ᠎ᠳᠤ ᠠᠭᠤᠷᠬᠠᠢ ᠵᠢᠨ ᠬᠤᠳᠳᠤᠭ᠎ᠤᠨ ᠤᠰᠤ ᠵᠢ ᠶᠡᠷᠦᠩᠬᠡᠶ᠋ᠢᠯᠡᠨ ᠠᠰᠢᠭᠯᠠᠬᠤ ᠨᠣᠷᠮ᠎ᠠ ᠵᠢ 60%᠎ᠠᠴᠠ ᠳᠡᠭᠡᠭᠰᠢ᠎ᠳᠤ ᠬᠦᠷᠦᠭᠦᠯᠬᠦ᠎ᠪᠠᠷ ᠴᠢᠷᠮᠠᠶ᠋ᠢᠨ᠎ᠠ᠃ (ᠳᠠᠭᠤᠰᠪᠠ)

 

ᠢᠷᠡᠯᠲᠡ᠄ ᠳᠤᠮᠳᠠᠳᠤ ᠤᠯᠤᠰ᠎ᠤᠨ ᠰᠣᠨᠢᠨ ᠮᠡᠳᠡᠭᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠡᠳᠦᠷ᠎ᠤᠨ ᠰᠣᠨᠢᠨ᠎ᠤ ᠭᠠᠳᠠᠭ᠋ᠠᠳᠤ᠎ᠳᠤ ᠵᠣᠷᠢᠭᠤᠯᠤᠭᠰᠠᠨ ᠬᠡᠪᠯᠡᠯ᠄ ᠥᠪᠥᠷ ᠮᠣᠩᠭᠤᠯ ᠣᠯᠠᠨ ᠠᠷᠭ᠎ᠠ ᠬᠡᠮᠵᠢᠶ᠎ᠡ ᠠᠪᠴᠤ ᠪᠥᠬᠦ ᠣᠷᠣᠨ ᠪᠦᠰᠡ ᠵᠢᠨ 《ᠤᠰᠤ ᠠᠷᠪᠢᠯᠠᠬᠤ ᠨᠡᠭᠡᠯᠡᠭᠡᠢ》 ᠵᠢ ᠴᠢᠩᠭ᠋ᠠᠷᠠᠭᠤᠯᠪᠠ
ᠴᠢᠳᠠᠬᠤ ᠵᠢᠨ ᠬᠢᠷᠢ᠎ᠪᠠᠷ ᠤᠰᠤ ᠵᠢ ᠭᠠᠮᠨᠠᠨ ᠬᠡᠷᠡᠭᠯᠡᠶ᠎ᠡ
ᠥᠪᠥᠷ ᠮᠣᠩᠭᠤᠯ᠎ᠤᠨ ᠡᠳᠦᠷ᠎ᠤᠨ ᠰᠣᠨᠢᠨ᠄ ᠥᠪᠥᠷ ᠮᠣᠩᠭᠤᠯ ᠲᠠᠷᠢᠶᠠᠯᠠᠩ᠎ᠤᠨ ᠤᠰᠤ ᠠᠷᠪᠢᠯᠠᠬᠤ 《ᠲᠠᠪᠤ ᠵᠢ ᠳᠡᠭᠡᠭᠰᠢᠯᠡᠭᠦᠯᠬᠦ》 ᠵᠠᠭᠪᠤᠷ᠎ᠢ ᠡᠬᠢᠯᠡᠭᠦᠯᠪᠡ
ᠠᠷᠠᠳ᠎ᠤᠨ ᠡᠳᠦᠷ᠎ᠤᠨ ᠰᠤᠨᠢᠨ᠄ ᠬᠤᠶᠠᠳᠤᠭ᠋ᠠᠷ ᠲᠠᠯᠠᠪᠠᠢ ᠵᠢᠨ ᠬᠡᠯᠲᠡᠰ᠎ᠤᠨ ᠳᠠᠷᠤᠭ᠎ᠠ ᠵᠢᠨ ᠨᠡᠪᠲᠡᠷᠡᠯ ᠵᠠᠮ᠂ ᠦᠵᠡᠯᠲᠡ᠎ᠪᠠᠨ ᠶᠠᠷᠢᠬᠤ ᠵᠢᠨ ᠬᠠᠮᠲᠤ ᠠᠷᠭ᠎ᠠ᠎ᠪᠠᠨ ᠴᠤ᠌ ᠶᠠᠷᠢᠨ᠎ᠠ (ᠠᠬᠤᠢ ᠲᠠᠯᠠᠪᠠᠢ · ᠬᠡᠯᠲᠡᠰ᠎ᠤᠨ ᠳᠠᠷᠤᠭ᠎ᠠ ᠵᠢᠨ ᠨᠡᠪᠲᠡᠷᠡᠯ ᠵᠠᠮ)
ᠠᠷᠠᠳ᠎ᠤᠨ ᠡᠳᠦᠷ᠎ᠤᠨ ᠰᠣᠨᠢᠨ᠄ 3 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ ᠡᠬᠢᠯᠡᠨ ᠮᠠᠨ᠎ᠤ ᠤᠯᠤᠰ ᠵᠢᠩᠬᠢᠨᠢ᠎ᠪᠠᠷ ᠦᠶᠡᠷ᠎ᠤᠨ ᠬᠤᠭᠤᠴᠠᠭ᠋ᠠᠨ᠎ᠳᠤ ᠣᠷᠣᠪᠠ
 
            