ᠣᠶ᠋ᠢᠷ᠎ᠠ᠎ᠳᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠭᠠᠵᠠᠷ᠎ᠤᠨ ᠠᠩᠬᠠᠷᠤᠯ᠎ᠢ ᠲᠠᠲᠠᠭᠰᠠᠨ ᠪᠠᠶ᠋ᠢᠨ᠎ᠠ᠃ ᠥᠪᠥᠷ ᠮᠣᠩᠭᠤᠯ ᠪᠣᠯ ᠤᠰᠤ ᠬᠦᠨᠳᠦ ᠨᠣᠴᠢᠲᠠᠶ ᠳᠤᠲᠠᠭᠳᠠᠵᠤ ᠪᠠᠶ᠋ᠢᠭ᠎ᠠ ᠭᠠᠵᠠᠷ ᠣᠷᠣᠨ ᠮᠥᠨ᠂ 《ᠬᠥᠮᠥᠰ᠎ᠢ ᠠᠵᠢᠯᠴᠢ ᠠᠷᠪᠢᠴᠢ᠎ᠪᠠᠷ ᠠᠷᠪᠢᠯᠠᠨ ᠭᠠᠮᠨᠠᠬᠤ ᠵᠢ ᠰᠠᠨᠠᠭᠤᠯᠵᠤ᠂ ᠬᠢᠯᠪᠠᠷ ᠪᠤᠰᠤ᠎ᠪᠠᠷ ᠢᠷᠡᠭᠰᠡᠨ ᠡᠳ᠋ ᠪᠣᠳᠠᠰ᠎ᠢ ᠨᠠᠨᠳᠢᠩᠨᠠᠬᠤ》 ᠰᠡᠳᠬᠢᠬᠦᠶ᠎ᠪᠠᠷ ᠤᠰᠤᠨ᠎ᠤ ᠡᠬᠢ ᠪᠠᠶᠠᠯᠢᠭ᠎ᠤᠨ ᠬᠡᠷᠡᠭᠯᠡᠯᠲᠡ ᠵᠢ ᠦᠵᠡᠵᠦ᠂ ᠤᠰᠤ ᠠᠷᠪᠢᠯᠠᠬᠤ ᠳᠣᠲᠣᠭ᠋ᠠᠳᠤ ᠬᠥᠳᠡᠯᠭᠡᠬᠦ ᠬᠦᠴᠦᠨ᠎ᠢ ᠬᠥᠭᠵᠢᠭᠡᠵᠦ᠂ ᠪᠥᠬᠦ ᠨᠡᠶ᠋ᠢᠭᠡᠮ ᠵᠶ᠋ᠠᠷ ᠵᠶ᠋ᠠᠨ ᠤᠰᠤ ᠵᠢ ᠠᠷᠪᠢᠯᠠᠨ ᠬᠡᠷᠡᠭᠯᠡᠬᠦ ᠵᠢ ᠠᠬᠢᠭᠤᠯᠬᠤ ᠬᠡᠷᠡᠭᠲᠡᠢ᠃
ᠤᠰᠤ ᠠᠷᠪᠢᠯᠠᠬᠤ ᠠᠵᠢᠯᠯᠠᠭ᠎ᠠ᠎ᠨᠢ ᠦᠢ᠍ᠯᠡᠳᠪᠦᠷᠢᠯᠡᠯ᠂ ᠠᠮᠢᠳᠤᠷᠠᠯ᠂ ᠠᠮᠢ ᠠᠬᠤᠢ ᠵᠢᠨ ᠤᠰᠤ ᠬᠡᠷᠡᠭᠯᠡᠬᠦ ᠵᠢ ᠨᠢᠭᠡᠳᠦᠯᠲᠡᠢ ᠲᠥᠯᠥᠪᠵᠢᠭᠦᠯᠵᠦ᠂ ᠭᠤᠣᠯ᠎ᠢ᠎ᠨᠢ ᠠᠳᠬᠤᠵᠤ᠂ ᠭᠤᠣᠯᠳᠠᠯᠭ᠎ᠠ᠎ᠲᠠᠢ ᠭᠠᠵᠠᠷ ᠣᠷᠣᠨ᠂ ᠵᠠᠩᠭᠢᠯᠠᠭ᠎ᠠ ᠵᠢᠨ ᠭᠤᠭᠴᠤᠭ᠎ᠠ ᠵᠢ ᠠᠳᠬᠤᠵᠤ᠂ ᠡᠯ᠎ᠡ ᠬᠦᠷᠢᠶ᠎ᠡ᠂ ᠡᠯ᠎ᠡ ᠠᠵᠢᠯ ᠲᠦᠷᠦᠯ᠎ᠤᠨ ᠤᠰᠤ ᠬᠡᠷᠡᠭᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠪᠦᠬᠦ ᠠᠷᠠᠳ᠎ᠤᠨ ᠤᠰᠤ ᠠᠷᠪᠢᠯᠠᠬᠤ ᠤᠬᠠᠮᠰᠠᠷ᠎ᠢ ᠳᠡᠭᠡᠭᠰᠢᠯᠡᠭᠦᠯᠬᠦ ᠶᠠᠪᠤᠳᠠᠯ ᠪᠣᠯᠤᠨ᠎ᠠ᠃ ᠤᠰᠤ ᠵᠢ ᠪᠦᠳᠦᠭᠦᠯᠢᠭ ᠵᠶ᠋ᠠᠷ ᠬᠡᠷᠡᠭᠯᠡᠬᠦ ᠠᠷᠭ᠎ᠠ ᠮᠠᠶᠢᠭ᠎ᠠᠴᠠ ᠡᠷᠴᠢᠮᠵᠢᠭᠦᠯᠦᠨ ᠬᠡᠷᠡᠭᠯᠡᠬᠦ ᠠᠷᠭ᠎ᠠ ᠮᠠᠶᠢᠭ ᠲᠡᠢ᠌ᠰᠢ ᠬᠤᠪᠢᠷᠠᠭᠤᠯᠬᠤ ᠵᠢ ᠲᠦᠷᠭᠡᠳᠬᠡᠨ ᠠᠬᠢᠭᠤᠯᠵᠤ᠂ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠴᠢᠳᠠᠪᠤᠷᠢ ᠵᠢ ᠲᠠᠰᠤᠷᠠᠯᠲᠠ ᠤᠢ᠍ᠭᠡᠢ ᠳᠡᠭᠡᠭᠰᠢᠯᠡᠭᠦᠯᠬᠦ ᠬᠡᠷᠡᠭᠲᠡᠶ᠃
ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ᠎ᠳᠤ ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ᠂ ᠲᠠᠷᠢᠶᠠᠯᠠᠩ᠎ᠤᠨ ᠮᠡᠷᠭᠡᠵᠢᠯ᠎ᠤᠨ ᠤᠰᠤ ᠠᠷᠪᠢᠯᠠᠬᠤ ᠢᠵᠢ ᠪᠦᠷᠢᠳᠦᠭᠦᠯᠦᠯᠲᠡ᠂ ᠲᠠᠷᠢᠶᠠᠯᠠᠩ᠎ᠤᠨ ᠤᠰᠤᠨ᠎ᠤ ᠦᠨ᠎ᠡ ᠵᠢᠨ ᠥᠭᠡᠷᠡᠴᠢᠯᠡᠯᠲᠡ ᠵᠢᠨ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠬᠦ ᠬᠡᠷᠡᠭᠲᠡᠢ᠃ ᠠᠵᠤ ᠦᠢ᠍ᠯᠡᠳᠪᠦᠷᠢ ᠵᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠵᠢ ᠠᠬᠢᠭᠤᠯᠬᠤ᠎ᠳᠤ ᠠᠵᠤ ᠦᠢ᠍ᠯᠡᠳᠪᠦᠷᠢ ᠵᠢᠨ 《ᠤᠰᠤᠨ᠎ᠤ ᠬᠡᠮᠵᠢᠶ᠎ᠡ᠎ᠪᠠᠷ ᠦᠢ᠍ᠯᠡᠳᠪᠦᠷᠢᠯᠡᠯ᠎ᠢ ᠲᠤᠭᠲᠠᠭ᠋ᠠᠬᠤ》 ᠵᠢ ᠬᠡᠷᠡᠭᠵᠢᠭᠦᠯᠵᠦ᠂ ᠬᠦᠷᠢᠶᠡᠯᠡᠩ ᠲᠣᠭᠤᠷᠢᠭ᠂ ᠠᠵᠤ ᠠᠬᠤᠶ᠋ᠢᠯᠠᠯ᠎ᠤᠨ ᠲᠥᠰᠦᠪ᠎ᠤᠨ ᠬᠠᠮᠢᠶᠠᠷᠤᠯᠲᠠ ᠵᠢ ᠰᠠᠶ᠋ᠢᠲᠤᠷ ᠰᠢᠢ᠍ᠳᠪᠦᠷᠢᠯᠡᠬᠦ ᠬᠡᠷᠡᠭᠲᠡᠢ; ᠬᠤᠲᠠ ᠪᠠᠯᠭ᠋ᠠᠰᠤᠨ᠎ᠤ ᠤᠰᠤ ᠠᠷᠪᠢᠯᠠᠵᠤ ᠬᠤᠬᠢᠷᠠᠯ᠎ᠢ ᠪᠠᠭ᠋ᠠᠰᠬᠠᠬᠤ ᠵᠢ ᠠᠬᠢᠭᠤᠯᠬᠤ᠎ᠳᠤ᠂ ᠬᠤᠲᠠ ᠵᠢᠨ ᠣᠯᠠᠨ ᠨᠡᠶ᠋ᠢᠲᠡ ᠵᠢᠨ ᠤᠰᠤ ᠬᠠᠩᠭ᠋ᠠᠬᠤ ᠬᠤᠭᠤᠯᠠᠶ ᠵᠢᠨ ᠲᠣᠤᠷ᠎ᠤᠨ 《ᠬᠡᠢ ᠭᠠᠷᠴᠦ ᠰᠢᠩᠭᠡᠨ ᠭᠤᠭᠤᠵᠢᠬᠤ》 ᠵᠢ ᠰᠠᠶ᠋ᠢᠲᠤᠷ ᠰᠢᠢ᠍ᠳᠪᠦᠷᠢᠯᠡᠵᠦ᠂ ᠬᠤᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠤᠰᠤ ᠬᠡᠷᠡᠭᠯᠡᠬᠦ ᠱᠠᠲᠤᠯᠢᠭ ᠤᠰᠤᠨ᠎ᠤ ᠦᠨ᠎ᠡ᠂ ᠰᠠᠭᠤᠭ᠋ᠠᠯᠢ ᠠᠷᠠᠳ᠎ᠤᠨ ᠪᠤᠰᠤ ᠬᠡᠷᠡᠭᠯᠡᠬᠦ ᠤᠰᠤᠨ᠎ᠤ ᠲᠣᠭᠲᠠᠭᠰᠠᠨ ᠨᠤᠷᠮ᠎ᠠ᠎ᠠᠴᠠ ᠬᠡᠲᠦᠷᠡᠭᠦᠯᠦᠨ ᠠᠬᠢᠭᠤᠯᠤᠨ ᠪᠤᠳᠤᠵᠤ ᠦᠨ᠎ᠡ ᠨᠡᠮᠡᠬᠦ ᠲᠦᠷᠢᠮ᠎ᠢ ᠰᠠᠶ᠋ᠢᠲᠤᠷ ᠬᠡᠷᠡᠭᠵᠢᠭᠦᠯᠬᠦ ᠬᠡᠷᠡᠭᠲᠡᠶ᠃
ᠤᠰᠤᠨ᠎ᠤ ᠡᠬᠢ ᠪᠠᠶᠠᠯᠢᠭ᠎ᠢ ᠡᠷᠴᠢᠮᠵᠢᠭᠦᠯᠦᠨ ᠠᠷᠪᠢᠯᠠᠬᠤ ᠬᠠᠲᠠᠭᠤ ᠬᠢᠵᠠᠭ᠋ᠠᠷᠯᠠᠯ᠎ᠢ ᠦᠨᠡᠨ ᠬᠦ᠌ ᠴᠢᠩᠭ᠋ᠠᠳᠬᠠᠵᠤ᠂ ᠲᠦᠷᠢᠮ᠎ᠢ ᠲᠤᠬᠳᠠᠭ᠋ᠠᠵᠤ᠂ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠵᠤ᠂ ᠬᠠᠮᠢᠶᠠᠷᠤᠯᠲᠠ ᠵᠢ ᠲᠠᠭ᠋ᠠᠵᠤ᠂ ᠴᠢᠳᠠᠬᠤ ᠵᠢᠨ ᠬᠢᠷᠢ᠎ᠪᠠᠷ ᠤᠰᠤ ᠠᠷᠪᠢᠯᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ᠃