ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠨᠡ ᠵᠢᠯ᠎ᠤᠨ 1 ᠳ᠋ᠦ᠍ᠭᠡᠷ ᠰᠠᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ ᠬᠠᠮᠲᠤᠷᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠲᠠᠷᠢᠶᠠᠯᠠᠩ᠎ᠤᠨ ᠤᠰᠤ ᠠᠷᠪᠢᠯᠠᠬᠤ ᠵᠢ ᠳᠡᠭᠡᠭᠰᠢᠯᠡᠭᠦᠯᠬᠦ ᠣᠨ〉᠎ᠤ ᠠᠵᠢᠯᠯᠠᠭ᠋ᠠᠨ᠎ᠤ ᠲᠥᠰᠦᠯ》᠎ᠢ ᠨᠡᠶ᠋ᠢᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ᠎ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠬᠥᠭᠵᠢᠯᠲᠡ ᠵᠢ ᠠᠬᠢᠭᠤᠯᠵᠤ᠂ ᠤᠯᠤᠰ᠎ᠤᠨ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠪᠠ᠃
《ᠲᠥᠰᠦᠯ》᠎ᠳᠤ ᠳᠤᠷᠠᠳᠤᠭᠰᠠᠨ᠎ᠨᠢ᠂ ᠥᠪᠥᠷ ᠮᠣᠩᠭᠤᠯ ᠤᠰᠤ ᠠᠷᠪᠢᠯᠠᠬᠤ ᠢᠨᠵᠧᠨᠧᠷᠢᠩ᠂ ᠤᠰᠤ ᠠᠷᠪᠢᠯᠠᠬᠤ ᠲᠥᠬᠦᠭᠡᠷᠦᠮᠵᠢ᠂ ᠤᠰᠤ ᠠᠷᠪᠢᠯᠠᠬᠤ ᠮᠡᠷᠭᠡᠵᠢᠯ᠂ ᠤᠰᠤ ᠠᠷᠪᠢᠯᠠᠬᠤ ᠣᠶ᠋ᠢᠯᠠᠭ᠋ᠠᠭᠳᠠᠬᠤᠨ᠂ ᠤᠰᠤ ᠠᠷᠪᠢᠯᠠᠬᠤ ᠲᠣᠭᠲᠠᠴᠠ ᠵᠡᠷᠭᠡ 5 ᠲᠠᠯ᠎ᠠ᠎ᠠᠴᠠ ᠭᠠᠷᠳᠠᠵᠤ᠂ ᠬᠠᠮᠵᠢᠯᠴᠠᠨ ᠬᠦᠴᠦᠯᠡᠵᠦ᠂ 2025 ᠣᠨ᠎ᠳᠤ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠵᠢᠨ ᠢᠨᠵᠧᠨᠧᠷᠢᠩ᠎ᠢ 200 ᠲᠦᠮᠡᠨ ᠮᠦ᠍᠎ᠠᠴᠠ ᠳᠡᠭᠡᠭᠰᠢ ᠰᠢᠨ᠎ᠡ᠎ᠪᠠᠷ ᠪᠠᠶ᠋ᠢᠭᠤᠯᠵᠤ᠂ 150 ᠲᠦᠮᠡᠨ ᠮᠦ᠍ ᠬᠤᠭᠤᠯᠠᠢ᠎ᠪᠠᠷ ᠤᠰᠤᠯᠠᠬᠤ ᠵᠢ ᠥᠭᠡᠷᠡᠴᠢᠯᠡᠨ ᠰᠠᠶ᠋ᠢᠵᠢᠷᠠᠭᠤᠯᠵᠤ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠦᠨ᠂ 150 ᠲᠦᠮᠡᠨ ᠮᠦ᠍ ᠤᠰᠤ ᠪᠣᠷᠳᠣᠭᠤᠷ᠎ᠢ ᠨᠢᠭᠡ ᠴᠣᠭᠴᠠᠵᠢᠭᠤᠯᠤᠭᠰᠠᠨ ᠲᠠᠯᠠᠪᠠᠶ ᠵᠢ ᠰᠢᠨ᠎ᠡ᠎ᠪᠠᠷ ᠨᠡᠮᠡᠭᠳᠡᠭᠦᠯᠵᠦ᠂ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠵᠢᠯ᠎ᠳᠤ 2.7 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠤᠰᠤ ᠠᠷᠪᠢᠯᠠᠬᠤ ᠴᠢᠳᠠᠪᠤᠷᠢ ᠵᠢ ᠰᠢᠨ᠎ᠡ᠎ᠪᠠᠷ ᠨᠡᠮᠡᠭᠳᠡᠭᠦᠯᠵᠦ᠂ ᠪᠥᠬᠦ ᠣᠷᠣᠨ᠎ᠤ ᠲᠠᠷᠢᠶᠠᠯᠠᠩ᠎ᠤᠨ ᠤᠰᠤ ᠬᠡᠷᠡᠭᠯᠡᠬᠦ ᠠᠷᠭ᠎ᠠ ᠮᠠᠶᠢᠭ᠎ᠢ ᠠᠷᠪᠢᠲᠠᠶ ᠡᠷᠴᠢᠮᠯᠢᠭ ᠪᠣᠯᠭ᠋ᠠᠨ ᠬᠤᠪᠢᠷᠠᠭᠤᠯᠬᠤ ᠵᠢ ᠪᠥᠬᠦ ᠲᠠᠯ᠎ᠠ᠎ᠪᠠᠷ ᠠᠬᠢᠭᠤᠯᠬᠤ ᠬᠡᠷᠡᠭᠲᠡᠢ ᠭᠡᠪᠡ᠃
ᠤᠰᠤ ᠠᠷᠪᠢᠯᠠᠬᠤ ᠢᠨᠵᠧᠨᠧᠷᠢᠩ᠎ᠢ ᠠᠬᠢᠭᠤᠯᠵᠤ ᠤᠰᠤᠯᠠᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ
《ᠤᠰᠤ ᠠᠷᠪᠢᠯᠠᠬᠤ》᠎ᠪᠠᠷ ᠭᠤᠣᠯ ᠪᠣᠯᠭ᠋ᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠳᠦᠭᠡᠨ ᠪᠠᠶ᠋ᠢᠭᠤᠯᠤᠯᠲᠠ ᠵᠢ ᠶᠡᠬᠡ᠎ᠪᠠᠷ ᠲᠦᠯᠬᠢᠨ ᠠᠬᠢᠭᠤᠯᠵᠤ᠂ 《ᠭᠤᠷᠪᠠ ᠵᠢ ᠡᠪᠳᠡᠵᠦ᠂ ᠲᠠᠪᠤ ᠵᠢ ᠨᠢᠭᠡᠳᠬᠡᠵᠦ᠂ ᠨᠢᠭᠡ ᠵᠢ ᠲᠠᠬᠢᠨ ᠬᠤᠪᠢᠶᠠᠷᠢᠯᠠᠬᠤ》 ᠪᠦᠳᠦᠭᠡᠨ ᠪᠠᠶ᠋ᠢᠭᠤᠯᠤᠯᠲᠠ ᠵᠢᠨ ᠵᠠᠭᠪᠤᠷ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠲᠠᠷᠢᠶᠠᠨ ᠭᠠᠵᠠᠷᠴᠢᠯᠠᠭᠰᠠᠨ ᠭᠠᠵᠠᠷ ᠰᠢᠷᠣᠶ ᠵᠢ ᠲᠡᠭᠰᠢᠯᠡᠬᠦ᠂ ᠭᠦᠨ ᠬᠠᠭ᠋ᠠᠯᠪᠤᠷᠢᠯᠠᠵᠤ ᠭᠦᠨ ᠰᠤᠯᠠᠷᠠᠭᠤᠯᠬᠤ᠎ᠪᠠᠷ ᠳᠠᠮᠵᠢᠭᠤᠯᠤᠨ᠂ ᠲᠠᠷᠢᠶᠠᠨ ᠭᠠᠵᠠᠷ᠎ᠤᠨ ᠤᠰᠤ ᠬᠤᠷᠠᠮᠳᠤᠭᠤᠯᠤᠨ ᠴᠢᠭᠢᠭ᠎ᠢ ᠬᠠᠮᠠᠭ᠋ᠠᠯᠠᠬᠤ ᠴᠢᠳᠠᠪᠤᠷᠢ ᠵᠢ ᠳᠡᠭᠡᠭᠰᠢᠯᠡᠭᠦᠯᠵᠦ᠂ ᠤᠰᠤᠯᠠᠯᠲᠠ᠎ᠳᠤ ᠬᠡᠷᠡᠭᠯᠡᠬᠦ ᠤᠰᠤᠨ᠎ᠤ ᠬᠡᠮᠵᠢᠶ᠎ᠡ ᠵᠢ ᠪᠠᠭᠤᠷᠠᠭᠤᠯᠤᠨ᠎ᠠ᠃ ᠣᠳᠣ ᠵᠢᠨ ᠪᠠᠶ᠋ᠢᠭ᠎ᠠ ᠤᠰᠤᠨ᠎ᠤ ᠡᠬᠢ ᠰᠤᠷᠪᠤᠯᠵᠢ ᠵᠢ ᠭᠦᠢ᠍ᠴᠡᠳ ᠠᠰᠢᠭᠯᠠᠵᠤ᠂ ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠤᠰᠤ ᠬᠠᠳᠠᠭ᠋ᠠᠯᠠᠬᠤ ᠬᠥᠭᠡᠷᠭᠡ ᠵᠢᠨ ᠥᠷᠲᠡᠭᠡ ᠵᠢ ᠰᠢᠨ᠎ᠡ᠎ᠪᠠᠷ ᠪᠠᠶ᠋ᠢᠭᠤᠯᠵᠤ᠂ ᠬᠠᠲᠤᠨ ᠭᠤᠣᠯ᠎ᠤᠨ ᠤᠰᠤ ᠵᠢ ᠲᠠᠲᠠᠨ ᠳᠤᠰᠤᠯᠭ᠋ᠠᠨ ᠤᠰᠤᠯᠠᠬᠤ᠂ ᠬᠤᠳᠳᠤᠭ ᠰᠤᠪᠠᠭ᠎ᠤᠨ ᠬᠤᠣᠰ ᠤᠰᠤᠯᠠᠯᠲᠠ ᠵᠡᠷᠭᠡ ᠥᠨᠳᠥᠷ ᠦᠷ᠎ᠡ ᠠᠰᠢᠭᠲᠠᠢ ᠤᠰᠤ ᠠᠷᠪᠢᠯᠠᠬᠤ ᠤᠰᠤᠯᠠᠯᠲᠠ ᠵᠢᠨ ᠢᠨᠵᠧᠨᠧᠷᠢᠩ᠎ᠢ 200 ᠲᠦᠮᠡᠨ ᠮᠦ᠍᠎ᠠᠴᠠ ᠳᠡᠭᠡᠭᠰᠢ ᠪᠠᠶ᠋ᠢᠭᠤᠯᠵᠤ᠂ ᠥᠨᠳᠥᠷ ᠪᠠᠷᠢᠮᠵᠢᠶᠠᠲᠤ ᠤᠰᠤ ᠠᠷᠪᠢᠯᠠᠬᠤ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠤᠷᠢᠭ᠎ᠢ 20 ᠪᠠᠶ᠋ᠢᠭᠤᠯᠤᠨ᠎ᠠ; ᠪᠣᠷᠣᠳᠣᠬᠣᠢ ᠵᠢᠨ ᠤᠰᠤᠯᠠᠯᠲᠠ ᠵᠢᠨ ᠣᠷᠣᠨ᠎ᠳᠤ ᠲᠠᠷᠢᠶᠠᠨ ᠭᠠᠵᠠᠷ᠎ᠤᠨ ᠤᠰᠤᠯᠠᠬᠤ ᠤᠰᠤ ᠵᠠᠯᠠᠬᠤ ᠰᠤᠪᠠᠭ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠤᠰᠤᠨ ᠰᠤᠪᠠᠭ᠎ᠤᠨ ᠳᠣᠲᠣᠷᠯᠠᠨ ᠴᠣᠭᠴᠠᠯᠠᠭᠰᠠᠨ ᠤᠰᠤ ᠠᠷᠪᠢᠯᠠᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠥᠷᠨᠢᠭᠦᠯᠵᠦ᠂ ᠰᠢᠨ᠎ᠡ᠎ᠪᠠᠷ ᠪᠠᠶ᠋ᠢᠭᠤᠯᠤᠭᠰᠠᠨ ᠲᠠᠯᠠᠪᠠᠢ᠎ᠨᠢ 37 ᠲᠦᠮᠡᠨ ᠮᠦ᠍᠎ᠠᠴᠠ ᠪᠠᠭ᠎ᠠ ᠪᠠᠶ᠋ᠢᠵᠤ ᠪᠤᠯᠬᠤ ᠦᠭᠡᠢ; ᠪᠣᠷᠣᠲᠣᠬᠤᠶ᠂ ᠳ᠋ᠸᠩᠺᠸᠤ ᠵᠡᠷᠭᠡ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠢ ᠦᠷᠭᠦᠯᠵᠢᠯᠡᠨ ᠪᠠᠶ᠋ᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ᠂ ᠤᠰᠤᠯᠠᠯᠲᠠ ᠵᠢᠨ ᠲᠠᠯᠠᠪᠠᠢ ᠵᠢ 30 ᠲᠦᠮᠡᠨ ᠮᠦ᠍᠎ᠠᠴᠠ ᠳᠡᠭᠡᠭᠰᠢ ᠰᠠᠶ᠋ᠢᠵᠢᠷᠠᠭᠤᠯᠤᠨ᠎ᠠ᠃
ᠤᠰᠤ ᠠᠷᠪᠢᠯᠠᠬᠤ ᠲᠥᠬᠦᠭᠡᠷᠦᠮᠵᠢ ᠵᠢ ᠰᠢᠨᠡᠳᠬᠡᠵᠦ ᠲᠠᠷᠢᠶᠠᠨ ᠭᠠᠵᠠᠷ᠎ᠤᠨ ᠬᠠᠮᠢᠶᠠᠷᠤᠯᠲᠠ ᠵᠢ ᠴᠢᠩᠭ᠋ᠠᠳᠬᠠᠨ᠎ᠠ
ᠤᠤᠯ᠎ᠤᠨ ᠪᠠᠶ᠋ᠢᠭᠰᠠᠨ ᠬᠠᠭᠤᠴᠢᠨ ᠲᠥᠬᠦᠭᠡᠷᠦᠮᠵᠢ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠰᠢᠨᠡᠳᠬᠡᠵᠦ᠂ ᠰᠠᠭᠤᠷᠢ ᠪᠡᠯᠡᠳᠬᠡᠮᠵᠢ ᠵᠢ ᠲᠡᠭᠦᠯᠳᠡᠷᠵᠢᠭᠦᠯᠦᠨ᠂ ᠭᠠᠵᠠᠷ ᠳᠣᠤᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠣᠷᠣᠨ᠎ᠤ ᠬᠤᠭᠤᠯᠠᠶ ᠵᠢ ᠤᠰᠤᠯᠠᠬᠤ ᠵᠡᠷᠭᠡ ᠵᠢ ᠭᠤᠤᠯᠳᠠᠯᠭ᠎ᠠ᠎ᠲᠠᠢ ᠥᠭᠡᠷᠡᠴᠢᠯᠡᠨ ᠲᠠᠰ ᠳᠡᠪᠰᠢᠭᠦᠯᠵᠦ ᠳᠤᠰᠤᠯᠭ᠋ᠠᠨ ᠤᠰᠤᠯᠠᠬᠤ ᠠᠵᠢᠯ᠎ᠢ ᠥᠷᠨᠢᠭᠦᠯᠵᠦ᠂ ᠤᠰᠤᠨ᠎ᠤ ᠡᠬᠢ ᠰᠤᠷᠪᠤᠯᠵᠢ ᠵᠢ ᠰᠢᠨᠡᠴᠢᠯᠡᠬᠦ ᠵᠢ ᠥᠷᠨᠢᠭᠦᠯᠦᠨ᠂ ᠳᠠᠷᠤᠯᠲᠠ ᠵᠢ ᠬᠠᠮᠠᠭ᠋ᠠᠯᠠᠬᠤ ᠲᠣᠨᠣᠭᠯᠠᠯ᠂ ᠱᠦᠭᠦᠬᠦ ᠲᠣᠨᠣᠭᠯᠠᠯ᠂ ᠪᠣᠷᠳᠣᠭᠤᠷ ᠣᠷᠣᠭᠤᠯᠬᠤ ᠲᠣᠨᠣᠭᠯᠠᠯ᠂ ᠤᠶᠤᠨᠴᠢᠯᠠᠭᠰᠠᠨ ᠡᠵᠡᠮᠰᠢᠯ᠎ᠤᠨ ᠰᠢᠰᠲ᠋ᠧᠮ ᠵᠡᠷᠭᠡ ᠠᠩᠬᠠᠳᠠᠭᠴᠢ ᠬᠦᠢ᠍ᠰᠦ ᠪᠠ ᠤᠷᠤᠰᠬᠠᠯ᠎ᠤᠨ ᠬᠡᠮᠵᠢᠶ᠎ᠡ ᠵᠢ ᠬᠢᠨᠠᠨ ᠬᠡᠮᠵᠢᠬᠦ ᠲᠥᠬᠦᠭᠡᠷᠦᠮᠵᠢ᠂ ᠤᠰᠤ ᠳᠠᠮᠵᠢᠭᠤᠯᠬᠤ ᠪᠠ ᠴᠢᠭᠢᠭ᠎ᠤᠨ ᠪᠠᠶ᠋ᠢᠳᠠᠯ᠎ᠢ ᠬᠢᠨᠠᠨ ᠬᠡᠮᠵᠢᠬᠦ ᠲᠥᠬᠦᠭᠡᠷᠦᠮᠵᠢ ᠵᠡᠷᠭᠡ ᠵᠢ ᠳᠣᠭᠢᠷᠠᠭᠤᠯᠵᠤ᠂ ᠤᠰᠤᠯᠠᠵᠤ ᠪᠣᠷᠳᠣᠭᠤᠷ ᠣᠷᠣᠭᠤᠯᠤᠨ ᠤᠶᠤᠨᠴᠢᠯᠠᠨ ᠡᠵᠡᠮᠳᠡᠬᠦ ᠪᠠ ᠨᠠᠷᠢᠯᠢᠭ ᠣᠨᠣᠴᠠᠲᠠᠢ ᠬᠠᠮᠢᠶᠠᠷᠬᠤ ᠵᠢ ᠪᠡᠶᠡᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠡᠷᠳᠡᠨᠢ ᠰᠢᠰᠢ ᠰᠢᠷ᠎ᠠ ᠪᠤᠷᠴᠠᠭ᠎ᠤᠨ ᠲᠠᠯᠠᠪᠠᠶ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠢᠨᠵᠧᠨᠧᠷᠢᠩ᠎ᠳᠤ ᠲᠦᠰᠢᠭᠯᠡᠨ ᠬᠣᠭᠣᠯᠠᠢ᠎ᠪᠠᠷ ᠤᠰᠤᠯᠠᠬᠤ ᠪᠠᠢ᠌ᠭᠰᠠᠨ᠎ᠢ ᠳᠤᠰᠤᠯᠭ᠋ᠠᠨ ᠤᠰᠤᠯᠠᠬᠤ ᠪᠣᠯᠭ᠋ᠠᠨ ᠥᠭᠡᠷᠡᠴᠢᠯᠡᠬᠦ ᠵᠡᠷᠭᠡ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ᠎ᠢ 150 ᠲᠦᠮᠡᠨ ᠮᠦ᠍ ᠬᠡᠷᠡᠭᠵᠢᠭᠦᠯᠵᠦ᠂ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠣᠷᠣᠨ᠎ᠤ ᠤᠰᠤ ᠠᠷᠪᠢᠯᠠᠬᠤ ᠥᠭᠡᠷᠡᠴᠢᠯᠡᠯᠲᠡ ᠵᠢ ᠦᠨᠡᠨ ᠬᠦ᠌ ᠠᠬᠢᠭᠤᠯᠵᠤ᠂ ᠤᠰᠤ ᠪᠣᠷᠳᠣᠭᠤᠷ᠎ᠤᠨ ᠠᠰᠢᠭᠯᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃
ᠤᠰᠤ ᠠᠷᠪᠢᠯᠠᠬᠤ ᠮᠡᠷᠭᠡᠵᠢᠯ᠎ᠢ ᠳᠡᠯᠭᠡᠷᠡᠭᠦᠯᠵᠦ ᠤᠰᠤ ᠬᠡᠷᠡᠭᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ
ᠲᠠᠷᠢᠶᠠᠯᠠᠩ᠎ᠤᠨ ᠤᠰᠤ ᠠᠷᠪᠢᠯᠠᠬᠤ ᠮᠡᠷᠭᠡᠵᠢᠯ᠎ᠤᠨ ᠬᠦᠴᠢᠷ ᠠᠰᠠᠭᠤᠳᠠᠯ᠎ᠤᠨ ᠲᠣᠭᠤᠷᠢᠨ᠎ᠳᠤ᠂ ᠵᠠᠩᠭᠢᠯᠠᠭ᠎ᠠ ᠵᠢᠨ ᠮᠡᠷᠭᠡᠵᠢᠯ ᠪᠠ ᠴᠢᠬᠤᠯᠠ ᠶᠡᠭᠡ ᠲᠣᠨᠣᠭᠯᠠᠯ᠎ᠤᠨ ᠰᠢᠨ᠎ᠡ ᠵᠢ ᠡᠭᠦᠳᠬᠦ ᠰᠢᠪᠲᠤᠯᠤᠯᠲᠠ ᠵᠢ ᠲᠦᠷᠭᠡᠳᠬᠡᠵᠦ᠂ ᠬᠤᠶᠠᠷ ᠤᠯᠤᠰ᠎ᠤᠨ ᠲᠠᠰ᠎ᠤᠨ ᠮᠡᠷᠭᠡᠵᠢᠯ᠎ᠤᠨ ᠬᠤᠷᠠᠮᠠᠯ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ (ᠬᠠᠩᠭᠢᠨ ᠬᠤᠶ᠋ᠢᠲᠤ ᠬᠤᠰᠢᠭᠤᠨ᠎ᠤ ᠬᠠᠲᠤᠨ ᠭᠤᠤᠯ᠎ᠤᠨ ᠤᠰᠤ ᠵᠢ ᠰᠢᠭᠤᠳ ᠱᠦᠭᠦᠵᠦ ᠤᠰᠤᠯᠠᠬᠤ ᠮᠡᠷᠭᠡᠵᠢᠯ᠎ᠤᠨ ᠬᠤᠷᠠᠮᠠᠯ ᠰᠢᠨ᠎ᠡ ᠵᠢ ᠡᠭᠦᠳᠬᠦ ᠰᠠᠭᠤᠷᠢᠨ ᠭᠠᠵᠠᠷ ᠪᠠ ᠵᠠᠯᠠᠶ᠋ᠢᠳ ᠬᠤᠰᠢᠭᠤᠨ᠎ᠤ ᠤᠰᠤᠨ ᠲᠤᠲᠤᠷᠭ᠎ᠠ ᠵᠢᠨ ᠰᠦᠯᠢᠶᠣᠣ ᠪᠦᠷᠬᠦᠪᠴᠢ ᠵᠢᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ ᠮᠡᠷᠭᠡᠵᠢᠯ᠎ᠤᠨ ᠬᠤᠷᠠᠮᠠᠯ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ)᠎ᠤᠨ ᠴᠢᠳᠠᠮᠵᠢ ᠪᠠ ᠠᠺᠠᠳᠧᠮᠢᠴᠢ ᠵᠢᠨ ᠬᠠᠮᠲᠤᠷᠠᠯᠴᠠᠭ᠋ᠠᠨ᠎ᠤ ᠪᠦᠯᠬᠦᠮ᠎ᠤᠨ ᠮᠡᠷᠭᠡᠵᠢᠯ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠵᠢᠨ ᠮᠡᠷᠭᠡᠵᠢᠯ᠎ᠢ ᠰᠤᠳᠤᠯᠤᠨ ᠨᠡᠭᠡᠭᠡᠵᠦ ᠬᠡᠷᠡᠭᠯᠡᠬᠦ ᠪᠠ ᠰᠢᠨ᠎ᠡ ᠵᠢ ᠡᠭᠦᠳᠬᠦ ᠵᠢ ᠬᠤᠷᠠᠮᠳᠤᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠪᠣᠬᠢᠷᠲᠤᠯ ᠥᠬᠡᠶ ᠥᠨᠳᠥᠷ ᠪᠦᠲᠦᠮᠵᠢᠲᠡᠶ ᠵᠡᠷᠭᠡ ᠭᠤᠤᠯᠳᠠᠯᠭ᠎ᠠ᠎ᠲᠠᠢ ᠲᠥᠷᠥᠯ ᠵᠦᠢ᠍ᠯ᠎ᠳᠤ ᠲᠦᠰᠢᠭᠯᠡᠨ᠂ ᠳᠤᠰᠤᠯᠭ᠋ᠠᠨ ᠤᠰᠤᠯᠠᠬᠤ ᠤᠰᠤ ᠪᠣᠷᠳᠣᠭᠤᠷ᠎ᠢ ᠨᠢᠭᠡ ᠴᠤᠭᠴᠠᠵᠢᠭᠤᠯᠬᠤ᠂ ᠣᠶᠤᠨᠴᠢ ᠨᠠᠷᠢᠯᠢᠭ ᠣᠨᠣᠴᠠᠲᠠᠶ᠎ᠪᠠᠷ ᠤᠰᠤᠯᠠᠬᠤ ᠵᠡᠷᠭᠡ ᠤᠰᠤ ᠠᠷᠪᠢᠯᠠᠬᠤ ᠮᠡᠷᠭᠡᠵᠢᠯ᠎ᠢ ᠳᠡᠯᠭᠡᠷᠡᠭᠦᠯᠵᠦ᠂ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠤᠰᠤ ᠪᠣᠷᠳᠣᠭᠤᠷ᠎ᠤᠨ ᠬᠤᠤᠰ ᠡᠵᠡᠮᠳᠡᠯ᠎ᠤᠨ ᠣᠶᠤᠨᠴᠢ ᠲᠥᠬᠦᠭᠡᠷᠦᠮᠵᠢ ᠵᠢ ᠢᠵᠢ ᠪᠦᠷᠢᠳᠦᠭᠦᠯᠵᠦ᠂ ᠲᠠᠷᠢᠶᠠᠨ ᠭᠠᠵᠠᠷ᠎ᠲᠤ ᠲᠣᠭᠲᠠᠭᠤᠨ ᠤᠰᠤ ᠬᠠᠩᠭ᠋ᠠᠬᠤ ᠪᠠ ᠳᠤᠰᠤᠯᠭ᠋ᠠᠨ ᠤᠰᠤᠯᠠᠬᠤ ᠤᠰᠤ ᠪᠣᠷᠳᠣᠭᠤᠷ᠎ᠢ ᠨᠠᠷᠢᠯᠢᠭ ᠣᠨᠣᠴᠠᠲᠠᠶ᠎ᠪᠠᠷ ᠬᠡᠷᠡᠭᠯᠡᠬᠦ ᠰᠢᠰᠲ᠋ᠧᠮ᠎ᠢ ᠪᠠᠶ᠋ᠢᠭᠤᠯᠵᠤ᠂ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ ᠮᠡᠷᠭᠡᠵᠢᠯ᠎ᠢ 271 ᠲᠦᠮᠡᠨ ᠮᠦ᠍ ᠰᠢᠨ᠎ᠡ᠎ᠪᠠᠷ ᠨᠡᠮᠡᠭᠳᠡᠭᠦᠯᠵᠦ᠂ ᠤᠰᠤ ᠪᠣᠷᠳᠣᠭᠤᠷ᠎ᠢ ᠨᠢᠭᠡ ᠴᠣᠭᠴᠠᠵᠢᠭᠤᠯᠤᠭᠰᠠᠨ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠤᠷᠢᠭ᠎ᠤᠨ ᠪᠦᠲᠦᠭᠡᠨ ᠪᠠᠶ᠋ᠢᠭᠤᠯᠤᠯᠲᠠ ᠵᠢ ᠥᠷᠨᠢᠭᠦᠯᠦᠨ᠂ ᠤᠰᠤ ᠠᠷᠪᠢᠯᠠᠵᠤ ᠠᠮᠤ ᠪᠤᠳᠠᠭ᠎ᠠ ᠵᠢ ᠨᠡᠮᠡᠭᠳᠡᠭᠦᠯᠬᠦ ᠵᠢ ᠠᠬᠢᠭᠤᠯᠬᠤ ᠰᠢᠶᠠᠨ᠎ᠢ20 ᠡᠭᠦᠳᠦᠨ ᠪᠠᠶ᠋ᠢᠭᠤᠯᠤᠨ᠎ᠠ᠃
ᠤᠰᠤ ᠠᠷᠪᠢᠯᠠᠬᠤ ᠤᠶ᠋ᠢᠯᠠᠭ᠋ᠠᠭᠳᠠᠬᠤᠨᠢ ᠤᠬᠠᠭᠤᠯᠵᠤ ᠤᠰᠤ ᠬᠡᠷᠡᠭᠯᠡᠬᠦ ᠤᠶ᠋ᠢᠯᠠᠭ᠋ᠠᠭᠳᠠᠬᠤᠨᠢ ᠬᠤᠪᠢᠷᠠᠭᠤᠯᠤᠨ᠎ᠠ
ᠪᠦᠬᠦ ᠨᠡᠶ᠋ᠢᠭᠡᠮ᠎ᠳᠤ ᠲᠠᠷᠢᠶᠠᠯᠠᠩ᠎ᠤᠨ ᠤᠰᠤ ᠠᠷᠪᠢᠯᠠᠬᠤ ᠰᠠᠨᠠᠭ᠋ᠠᠴᠢᠯᠠᠭ᠎ᠠ ᠵᠢ ᠰᠠᠨᠠᠭ᠋ᠠᠴᠢᠯᠠᠵᠤ᠂ ᠪᠦᠬᠦ ᠣᠷᠣᠨ᠎ᠤ ᠠᠷᠠᠳ ᠲᠦᠮᠡᠨ᠎ᠤ ᠤᠰᠤ ᠠᠷᠪᠢᠯᠠᠬᠤ ᠦᠵᠡᠯ ᠤᠬᠠᠮᠰᠠᠷ ᠪᠣᠯᠤᠨ ᠬᠠᠷᠢᠭᠤᠴᠠᠯᠭ᠋ᠠᠲᠤ ᠰᠡᠳᠬᠢᠯᠭᠡ᠎ᠪᠠᠨ ᠴᠢᠩᠭ᠋ᠠᠳᠬᠠᠬᠤ ᠵᠢ ᠰᠠᠨᠠᠭ᠋ᠠᠴᠢᠯᠠᠵᠤ᠂ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠤᠰᠤ ᠠᠷᠪᠢᠯᠠᠬᠤ ᠠᠭᠤᠷ ᠠᠮᠢᠰᠬᠤᠯ᠎ᠢ ᠪᠤᠢ ᠪᠣᠯᠭ᠋ᠠᠵᠤ᠂ ᠪᠦᠬᠦ ᠣᠷᠣᠨ᠎ᠤ ᠲᠠᠷᠢᠶᠠᠯᠠᠩ᠎ᠤᠨ ᠤᠰᠤ ᠠᠷᠪᠢᠯᠠᠬᠤ ᠨᠢᠭᠲᠠᠷᠠᠯ᠎ᠤᠨ ᠬᠦᠴᠦᠨ᠎ᠢ ᠳᠡᠭᠡᠭᠰᠢᠯᠡᠭᠦᠯᠬᠦ ᠬᠡᠷᠡᠭᠲᠡᠶ᠃ ᠨᠡᠶ᠋ᠢᠭᠡᠮᠴᠢᠯᠡᠭᠰᠡᠨ ᠦᠢ᠍ᠯᠡᠴᠢᠯᠡᠭᠡ᠂ ᠦᠨᠳᠦᠰᠦᠨ ᠱᠠᠲᠤᠨ᠎ᠤ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ ᠰᠢᠰᠲ᠋ᠧᠮᠵᠢ ᠵᠢᠨ ᠪᠠᠶ᠋ᠢᠭᠤᠯᠤᠯᠲᠠ ᠵᠢᠨ ᠪᠣᠯᠪᠠᠰᠤᠷᠠᠯ᠎ᠲᠠᠢ ᠤᠶᠠᠯᠳᠤᠭᠤᠯᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠢ ᠬᠥᠳᠡᠭᠡ ᠪᠠᠭᠤᠯᠭ᠋ᠠᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ 《ᠵᠠᠭᠤ ᠮᠢᠩᠭ᠎ᠠ ᠲᠦᠮᠡᠨ》 ᠠᠵᠢᠯᠯᠠᠭ᠎ᠠ ᠵᠢᠨ ᠱᠠᠭ᠋ᠠᠷᠳᠠᠯᠭ᠎ᠠ ᠶᠣᠰᠣᠭ᠋ᠠᠷ᠂ ᠲᠠᠷᠢᠮᠠᠯ᠎ᠤᠨ ᠲᠣᠮᠣ ᠡᠷᠦᠬᠡ᠂ ᠬᠤᠷᠰᠢᠶ᠎ᠠ ᠵᠡᠷᠭᠡ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠤᠤᠯ ᠴᠣᠭᠴᠠ᠎ᠪᠠᠷ ᠭᠤᠤᠯᠳᠠᠯᠭ᠎ᠠ ᠪᠣᠯᠭ᠋ᠠᠨ᠂ ᠺᠠᠳ᠋ᠷ᠂ ᠮᠡᠷᠭᠡᠵᠢᠯ᠎ᠤᠨ ᠠᠵᠢᠯᠲᠠᠨ ᠪᠠ ᠤᠰᠤ ᠬᠡᠷᠡᠭᠯᠡᠬᠦ ᠭᠤᠤᠯ ᠴᠣᠭᠴᠠ ᠭᠤᠷᠪᠠᠨ ᠱᠠᠲᠤᠨ᠎ᠤ ᠪᠣᠯᠪᠠᠰᠤᠷᠠᠯ᠎ᠢ ᠰᠠᠶ᠋ᠢᠲᠤᠷ ᠬᠢᠵᠦ ᠲᠠᠷᠢᠶᠠᠴᠢᠳ᠎ᠤᠨ ᠤᠰᠤ ᠬᠡᠷᠡᠭᠯᠡᠬᠦ ᠦᠵᠡᠯᠲᠡ ᠵᠢ ᠬᠤᠪᠢᠷᠠᠭᠤᠯᠤᠨ᠎ᠠ᠃
ᠤᠰᠤ ᠠᠷᠪᠢᠯᠠᠬᠤ ᠲᠣᠭᠲᠠᠴᠠ ᠵᠢ ᠪᠠᠢ᠌ᠭᠤᠯᠵᠤ ᠥᠭᠡᠷᠡᠴᠢᠯᠡᠯᠲᠡ ᠵᠢ ᠴᠢᠩᠭ᠋ᠠᠳᠬᠠᠨ᠎ᠠ
ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠨᠢᠭᠡᠨᠲᠡ ᠬᠡᠷᠡᠭᠵᠢᠭᠦᠯᠦᠭᠰᠡᠨ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠭᠠᠵᠠᠷ ᠣᠷᠣᠨ᠎ᠤ 《ᠳᠥᠷᠪᠡᠨ ᠵᠦᠢ᠍ᠯ᠎ᠤᠨ ᠲᠣᠭᠲᠠᠴᠠ》 ᠵᠢᠨ ᠡᠷᠭᠢᠵᠦ ᠬᠠᠷᠠᠬᠤ ᠵᠢ ᠥᠷᠨᠢᠭᠦᠯᠵᠦ᠂ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠲᠠᠯᠠᠪᠠᠶ ᠵᠢ 1000 ᠲᠦᠮᠡᠨ ᠮᠦ᠍᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠵᠦ᠂ ᠪᠣᠰᠣᠭ᠎ᠠ ᠳᠥᠷᠪᠡᠯᠵᠢᠨ ᠮᠧᠲᠷ ᠵᠶ᠋ᠠᠷ ᠰᠦᠢ᠍ᠳᠬᠡᠯ ᠬᠤᠷᠢᠶᠠᠬᠤ᠂ ᠬᠡᠲᠦᠷᠡᠭᠦᠯᠦᠨ ᠬᠡᠷᠡᠭᠯᠡᠭᠡᠳ ᠦᠨ᠎ᠡ ᠨᠡᠮᠡᠬᠦ ᠵᠢ ᠪᠦᠬᠦ ᠲᠠᠯ᠎ᠠ᠎ᠪᠠᠷ ᠬᠡᠷᠡᠭᠵᠢᠭᠦᠯᠵᠦ; ᠰᠢᠨ᠎ᠡ᠎ᠪᠠᠷ ᠪᠠᠶ᠋ᠢᠭᠤᠯᠤᠭᠰᠠᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠵᠢᠨ ᠲᠥᠷᠥᠯ ᠵᠦᠢ᠍ᠯ᠎ᠤᠨ ᠣᠷᠣᠨ᠎ᠳᠤ ᠬᠡᠮᠵᠢᠯᠲᠡ ᠵᠢᠨ ᠪᠡᠯᠡᠳᠬᠡᠮᠵᠢ ᠵᠢ ᠪᠦᠷᠢᠨ ᠪᠥᠷᠬᠦᠭᠦᠯᠬᠦ ᠵᠢ ᠪᠡᠶᠡᠯᠡᠭᠦᠯᠵᠦ᠂ ᠨᠠᠷᠢᠯᠢᠭ ᠣᠨᠣᠴᠠᠲᠠᠢ᠎ᠪᠠᠷ ᠬᠡᠮᠵᠢᠬᠦ ᠪᠠ ᠤᠰᠤ ᠬᠡᠷᠡᠭᠯᠡᠬᠦ ᠰᠦᠢ᠍ᠳᠭᠡᠯ ᠬᠤᠷᠢᠶᠠᠬᠤ᠎ᠪᠠᠷ ᠲᠠᠷᠢᠶᠠᠯᠠᠩ᠎ᠤᠨ ᠭᠦᠨᠴᠡ᠎ᠲᠠᠢ ᠤᠰᠤ ᠠᠷᠪᠢᠯᠠᠬᠤ ᠵᠢ ᠠᠬᠢᠭᠤᠯᠤᠨ᠂ ᠤᠰᠤ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠷᠠᠭᠤᠯᠤᠨ᠎ᠠ᠃ ᠲᠠᠷᠢᠶᠠᠯᠠᠩ᠎ᠤᠨ 《ᠶᠡᠬᠡ ᠤᠰᠤ ᠠᠷᠪᠢᠯᠠᠬᠤ》 ᠲᠣᠭᠲᠠᠴᠠ ᠵᠢ ᠪᠠᠶ᠋ᠢᠭᠤᠯᠵᠤ᠂ ᠤᠰᠤᠨ᠎ᠤ ᠡᠬᠢ ᠪᠠᠶᠠᠯᠢᠭ᠎ᠤᠨ ᠬᠤᠪᠢᠶᠠᠷᠢᠯᠠᠯᠲᠠ᠎ᠲᠠᠢ ᠤᠶᠠᠯᠳᠤᠭᠤᠯᠤᠨ᠂ ᠲᠠᠷᠢᠶᠠᠯᠠᠩ᠎ᠤᠨ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠵᠢ ᠣᠳᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩᠯᠦᠭᠡ ᠬᠠᠷᠢᠯᠴᠠᠨ ᠤᠶᠠᠯᠳᠤᠭᠤᠯᠵᠤ᠂ ᠠᠮᠤ ᠪᠤᠳᠠᠭ᠎ᠠ ᠵᠢ ᠬᠡᠪᠴᠢᠶᠡᠵᠢᠭᠰᠡᠨ ᠦᠢ᠍ᠯᠡᠳᠪᠦᠷᠢᠯᠡᠯ ᠡᠵᠡᠩᠨᠡᠯᠲᠡ᠎ᠲᠠᠢ ᠤᠶᠠᠯᠳᠤᠭᠤᠯᠵᠤ᠂ ᠣᠨᠴᠠᠯᠢᠭᠲᠤ ᠳᠠᠪᠠᠭᠤᠯᠢᠭ ᠠᠵᠤ ᠦᠢ᠍ᠯᠡᠰ᠎ᠢ ᠬᠥᠭᠵᠢᠭᠦᠯᠬᠦ᠎ᠲᠠᠢ ᠤᠶᠠᠯᠳᠤᠭᠤᠯᠵᠤ᠂ ᠤᠰᠤᠨ᠎ᠤ ᠬᠡᠮᠵᠢᠶ᠎ᠡ᠎ᠪᠠᠷ ᠦᠢ᠍ᠯᠡᠳᠪᠦᠷᠢᠯᠡᠯ᠎ᠢ ᠲᠤᠭᠲᠠᠭ᠋ᠠᠬᠤ᠂ ᠠᠵᠤ ᠦᠢ᠍ᠯᠡᠰ᠎ᠤᠨ ᠣᠷᠣᠨ ᠪᠦᠰᠡᠴᠢᠯᠡᠭᠰᠡᠨ ᠪᠠᠶ᠋ᠢᠷᠢᠰᠢᠭᠤᠯᠤᠯᠲᠠ᠂ ᠪᠠᠷᠢᠮᠵᠢᠶᠠᠵᠢᠭᠤᠯᠤᠭᠰᠠᠨ ᠦᠢ᠍ᠯᠡᠳᠪᠦᠷᠢᠯᠡᠯ ᠪᠠ ᠤᠰᠤᠨ᠎ᠤ ᠡᠬᠢ ᠪᠠᠶᠠᠯᠢᠭ᠎ᠤᠨ ᠶᠡᠷᠦᠩᠬᠡᠢ ᠬᠡᠮᠵᠢᠶ᠎ᠡ ᠵᠢᠨ ᠬᠢᠵᠠᠭ᠋ᠠᠷᠯᠠᠯ ᠵᠶ᠋ᠠᠷ ᠲᠠᠷᠢᠶᠠᠯᠠᠩ᠎ᠤᠨ ᠤᠰᠤ ᠠᠷᠪᠢᠯᠠᠬᠤ ᠵᠢ ᠲᠦᠯᠬᠢᠨ ᠠᠬᠢᠭᠤᠯᠤᠨ᠎ᠠ᠃