ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠠᠷᠠᠳ᠎ᠤᠨ ᠡᠳᠦᠷ᠎ᠤᠨ ᠰᠤᠨᠢᠨ᠄ ᠬᠤᠶᠠᠳᠤᠭ᠋ᠠᠷ ᠲᠠᠯᠠᠪᠠᠢ ᠵᠢᠨ ᠬᠡᠯᠲᠡᠰ᠎ᠤᠨ ᠳᠠᠷᠤᠭ᠎ᠠ ᠵᠢᠨ ᠨᠡᠪᠲᠡᠷᠡᠯ ᠵᠠᠮ᠂ ᠦᠵᠡᠯᠲᠡ᠎ᠪᠠᠨ ᠶᠠᠷᠢᠬᠤ ᠵᠢᠨ ᠬᠠᠮᠲᠤ ᠠᠷᠭ᠎ᠠ᠎ᠪᠠᠨ ᠴᠤ᠌ ᠶᠠᠷᠢᠨ᠎ᠠ (ᠠᠬᠤᠢ ᠲᠠᠯᠠᠪᠠᠢ · ᠬᠡᠯᠲᠡᠰ᠎ᠤᠨ ᠳᠠᠷᠤᠭ᠎ᠠ ᠵᠢᠨ ᠨᠡᠪᠲᠡᠷᠡᠯ ᠵᠠᠮ)
ᠨᠡᠶ᠋ᠢᠲᠡᠯᠡᠭᠰᠡᠨ ᠴᠠᠭ᠄ 2025-03-09

ᠠᠷᠠᠳ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ ᠵᠠᠩ ᠶᠧ   ᠵᠠᠩ ᠸᠧᠨ ᠬᠤᠤ

《ᠡᠠᠷᠠᠣᠠ᠎ᠤᠨ ᠡᠳᠦᠷ᠎ᠤᠨ ᠰᠣᠨᠢᠠ》 (2025 ᠣᠨ᠎ᠤ 03 ᠳ᠋ᠤᠭ᠋ᠠᠷ ᠰᠠᠷ᠎ᠠ ᠵᠢᠨ 9᠎ᠤ ᠡᠳᠦᠷ 10 ᠳ᠋ᠤᠭ᠋ᠠᠷ ᠬᠡᠪᠯᠠᠯ)

  3 ᠳ᠋ᠤᠭ᠋ᠠᠷ ᠰᠠᠷ᠎ᠠ ᠵᠢᠨ 8᠎ᠤ ᠡᠳᠦᠷ᠎ᠤᠨ ᠦᠳᠡ ᠵᠢᠨ ᠡᠮᠦᠨ᠎ᠡ᠂  ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠭᠤᠷᠪᠠᠳᠤᠭ᠋ᠠᠷ ᠬᠤᠷᠠᠯᠳᠤᠭ᠋ᠠᠨ᠎ᠤ ᠬᠤᠶᠠᠳᠤᠭ᠋ᠠᠷ ᠤᠳᠠᠭ᠋ᠠᠨ᠎ᠤ 《ᠬᠡᠯᠲᠡᠰ᠎ᠤᠨ ᠳᠠᠷᠤᠭ᠎ᠠ ᠵᠢᠨ ᠨᠡᠪᠲᠡᠷᠡᠯ ᠵᠠᠮ》 ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠶᠠᠪᠤᠭᠳᠠᠵᠤ᠂ 3 ᠬᠡᠯᠲᠡᠰ᠎ᠤᠨ ᠳᠠᠷᠤᠭ᠎ᠠ ᠰᠤᠷᠪᠤᠯᠵᠢᠯᠠᠭᠴᠢ ᠵᠢᠨ ᠰᠤᠷᠪᠤᠯᠵᠢᠯᠠᠭ᠎ᠠ ᠵᠢ ᠬᠦᠯᠢᠶᠡᠪᠡ᠃

  

   ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠬᠡᠯᠲᠡᠰ᠎ᠤᠨ ᠳᠠᠷᠤᠭ᠎ᠠ ᠬᠤᠸᠠᠩ ᠿᠦᠨ ᠴᠢᠦ —

   ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠭᠡᠢ ᠪᠣᠯ ᠴᠢᠨᠠᠷ ᠰᠠᠢ᠌ᠲᠠᠢ ᠬᠥᠭᠵᠢᠯᠲᠡ ᠵᠢ ᠶᠠᠷᠢᠬᠤ ᠵᠢᠨ ᠠᠷᠭ᠎ᠠ ᠦᠭᠡᠢ

   ᠵᠠᠩᠭᠢᠯᠠᠭ᠎ᠠ ᠵᠢᠨ ᠦᠭᠡ

   ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ

   ᠬᠤᠶᠠᠷ ᠬᠡᠰᠡᠭ 《ᠬᠠᠷ᠎ᠠ ᠴᠠᠭ᠋ᠠᠨ᠎ᠨᠢ ᠲᠤᠳᠤᠷᠬᠠᠢ》 ᠰᠢᠭᠦᠬᠦ ᠪᠦᠷᠬᠦᠪᠴᠢ ᠵᠢ ᠬᠤᠸᠠᠩ ᠷᠦᠨ ᠴᠢᠦ ᠲᠤᠰᠬᠠᠶ᠋ᠢᠯᠠᠨ ᠠᠪᠴᠢᠷᠠᠭᠰᠠᠨ ᠶᠤᠮ᠂  ᠶᠠᠭᠤᠨ᠎ᠤ ᠲᠦᠯᠦᠭᠡ ᠪᠤᠢ?

   ᠲᠡᠳᠡ ᠪᠡᠭᠡᠵᠢᠩ᠎ᠤᠨ ᠠᠭ᠋ᠠᠷ ᠮᠠᠨᠳᠠᠯ᠎ᠤᠨ ᠪᠣᠬᠢᠷᠲᠤᠯ᠎ᠤᠨ ᠵᠠᠰᠠᠯᠲᠠ ᠵᠢᠨ ᠢᠯᠡᠳᠲᠡ ᠦᠷ᠎ᠡ ᠪᠦᠲᠦᠮᠵᠢ ᠵᠢ ᠭᠡᠷᠡᠴᠢᠯᠡᠪᠡ — 2015 ᠣᠨ᠎ᠳᠤ᠂  ᠪᠡᠭᠡᠵᠢᠩ᠎ᠤᠨ PM2.5᠎ᠤ ᠳᠤᠮᠳᠠᠴᠢ ᠥᠳᠭᠡᠴᠡ᠎ᠨᠢ 80.6 ᠮᠢᠺᠷᠥᠭᠷᠠᠮ / ᠺᠦᠪ ᠮᠧᠲᠷ ᠪᠠᠢ᠌ᠵᠦ᠂  ᠪᠦᠬᠦ ᠵᠢᠯ᠎ᠤᠨ 46 ᠡᠳᠦᠷ᠎ᠨᠢ ᠬᠦᠨᠳᠦ ᠪᠣᠬᠢᠷᠲᠤᠯ᠎ᠲᠠᠢ ᠡᠳᠦᠷ ᠪᠠᠢ᠌ᠵᠦ᠂  ᠰᠢᠭᠦᠬᠦ ᠪᠦᠷᠬᠦᠪᠴᠢ᠎ᠨᠢ ᠪᠣᠷᠣ ᠬᠠᠷ᠎ᠠ ᠥᠩᠭᠡ᠎ᠲᠠᠢ; 2024 ᠣᠨ᠎ᠳᠤ᠂ PM2.5᠎ᠤ ᠳᠤᠮᠳᠠᠴᠢ ᠥᠳᠭᠡᠴᠡ᠎ᠨᠢ 30.5 ᠮᠢᠺᠷᠥᠭᠷᠠᠮ / ᠺᠦᠪ ᠮᠧᠲᠷ ᠳᠤᠷᠤᠭᠰᠢᠯᠠᠵᠤ᠂  ᠪᠦᠬᠦ ᠵᠢᠯ᠎ᠤᠨ PM2.5᠎ᠤ ᠬᠦᠨᠳᠦ ᠪᠣᠬᠢᠷᠲᠤᠯ᠎ᠲᠠᠢ ᠡᠳᠦᠷ᠎ᠤᠨ ᠲᠣᠭ᠎ᠠ᠎ᠨᠢ 1 ᠡᠳᠦᠷ ᠪᠠᠢ᠌ᠵᠦ᠂  ᠰᠢᠭᠦᠬᠦ ᠪᠦᠷᠬᠦᠪᠴᠢ᠎ᠨᠢ ᠦᠨᠡᠰᠦᠨ ᠴᠠᠭ᠋ᠠᠨ ᠪᠣᠯᠵᠠᠢ᠃

  《ᠠᠮᠢ ᠠᠬᠤᠶ ᠣᠷᠴᠢᠨ ᠲᠣᠭᠤᠷᠢᠨ᠎ᠤ ᠶᠠᠰᠤ ᠴᠢᠨᠠᠷ ᠰᠢᠨ᠎ᠡ ᠰᠠᠶ᠋ᠢᠵᠢᠷᠠᠯᠲᠠ᠎ᠲᠠᠢ ᠪᠣᠯᠵᠤ᠂  ᠣᠨᠴᠠᠯᠢᠭ᠎ᠢ ᠬᠤᠷᠢᠶᠠᠩᠭᠤᠢ᠌ᠯᠠᠪᠠᠯ 〈ᠳᠣᠷᠣᠭᠰᠢ 30〉᠂ 〈90 ᠵᠢ ᠰᠤᠨᠳᠠᠯᠠᠭᠰᠠᠨ〉》 ᠭᠡᠵᠦ ᠬᠡᠯᠡᠵᠦ ᠪᠣᠯᠤᠨ᠎ᠠ᠃  ᠬᠤᠸᠠᠩ ᠷᠦᠨ ᠴᠢᠤ ᠬᠡᠯᠡᠭᠰᠡᠨ᠎ᠨᠢ᠂ 〈ᠲᠤᠷᠤᠭᠰᠢ 30〉 ᠪᠤᠯ᠂  ᠪᠦᠭᠦ ᠤᠯᠤᠰ᠎ᠤᠨ PM2.5 ᠵᠢᠨ ᠳᠤᠮᠲᠠᠴᠢ ᠦᠳᠬᠡᠴᠡ ᠵᠢᠨ ᠬᠡᠮᠵᠢᠶ᠎ᠠ᠎ᠨᠢ ᠨᠢᠲᠤᠨᠤᠨ 30 ᠮᠢᠺᠷᠥᠭᠷᠠᠮ / ᠺᠦᠪ ᠮᠧᠲᠷ᠎ᠠᠴᠠ ᠲᠤᠷᠤᠭᠰᠢ ᠪᠣᠯᠲᠠᠯ᠎ᠠ ᠪᠠᠭᠤᠷᠠᠪᠠ; 〈90 ᠵᠢ ᠰᠤᠨᠳᠠᠯᠠᠭᠰᠠᠨ〉 ᠪᠤᠯ᠂  ᠭᠠᠵᠠᠷ᠎ᠤᠨ ᠭᠠᠳᠠᠷᠭᠤ ᠵᠢᠨ ᠰᠢᠯᠢᠲᠡᠭ ᠰᠠᠶ᠋ᠢᠨ ᠤᠰᠤᠨ᠎ᠤ ᠴᠢᠨᠠᠷ᠎ᠤᠨ ᠣᠭᠲᠣᠯᠤᠭ᠋ᠠᠰᠤ ᠵᠢᠨ ᠬᠠᠷᠢᠴᠠᠯ᠎ᠨᠢ 90% ᠵᠢᠨ ᠪᠠᠷᠢᠮᠵᠢᠶ᠎ᠠ ᠵᠢ ᠲᠠᠪᠠᠵᠠᠢ᠃ 《ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠭᠡᠢ ᠪᠣᠯ ᠴᠢᠨᠠᠷ ᠰᠠᠢ᠌ᠲᠠᠢ ᠬᠥᠭᠵᠢᠯᠲᠡ ᠵᠢ ᠶᠠᠷᠢᠬᠤ ᠵᠢᠨ ᠠᠷᠭ᠎ᠠ ᠦᠭᠡᠢ》 ᠭᠡᠵᠦ ᠬᠡᠯᠡᠪᠡ᠃  ᠬᠤᠸᠠᠩ ᠷᠦᠨ ᠴᠢᠦ᠂  ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂  ᠮᠠᠨ᠎ᠤ ᠤᠯᠤᠰ᠎ᠤᠨ ᠠᠵᠤ ᠠᠬᠤᠢ ᠵᠢᠨ ᠶᠡᠷᠦᠩᠬᠡᠢ ᠬᠡᠮᠵᠢᠶ᠎ᠡ ᠳᠠᠬᠢᠨ ᠵᠶ᠋ᠠᠷ ᠨᠡᠮᠡᠭᠳᠡᠵᠦ᠂  ᠣᠷᠴᠢᠨ ᠲᠣᠭᠤᠷᠢᠨ᠎ᠤ ᠶᠠᠰᠤ ᠴᠢᠨᠠᠷ ᠴᠤ᠌ ᠦᠷᠭᠦᠯᠵᠢᠯᠡᠨ ᠰᠠᠶ᠋ᠢᠵᠢᠷᠠᠪᠠ᠂  ᠡᠨᠡ ᠪᠣᠯ ᠴᠢᠨᠠᠷ ᠰᠠᠶ᠋ᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠬᠠᠮᠠᠭ᠋ᠠᠯᠠᠯᠲᠠ ᠬᠢᠬᠦ ᠡᠨᠡ ᠬᠦ᠌ ᠬᠠᠷᠢᠴᠠᠭ᠎ᠠ ᠵᠢ ᠵᠥᠪ ᠵᠶ᠋ᠠᠷ ᠰᠢᠢ᠍ᠳᠪᠦᠷᠢᠯᠡᠬᠦ ᠦᠨᠡᠨ ᠪᠣᠳᠠᠲᠠᠢ ᠵᠢᠷᠤᠭᠯᠠᠯ ᠪᠣᠯᠤᠨ᠎ᠠ᠃

   ᠬᠤᠸᠠᠩ ᠷᠦᠨ ᠴᠢᠤ ᠵᠢᠨ ᠲᠠᠨᠢᠯᠴᠠᠭᠤᠯᠤᠭᠰᠠᠨ ᠵᠶ᠋ᠠᠷ᠂  ᠠᠮᠢ ᠠᠬᠤᠶ ᠵᠢᠨ ᠣᠷᠴᠢᠨ ᠲᠣᠭᠤᠷᠢᠨ᠎ᠤ ᠶᠠᠮᠤᠨ᠎ᠠᠴᠠ ᠠᠮᠢ ᠠᠬᠤᠶ ᠵᠢᠨ ᠣᠷᠴᠢᠨ ᠲᠣᠭᠤᠷᠢᠨ᠎ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠵᠢ ᠦᠷᠭᠦᠯᠵᠢᠯᠡᠨ ᠠᠬᠢᠭᠤᠯᠵᠤ᠂  ᠪᠥᠬᠦ ᠤᠯᠤᠰ᠎ᠲᠤ ᠣᠷᠴᠢᠨ ᠲᠣᠭᠤᠷᠢᠨ᠎ᠤ ᠬᠠᠮᠢᠶᠠᠷᠤᠨ ᠡᠵᠡᠮᠳᠡᠬᠦ 4.4 ᠲᠦᠮᠡ ᠭᠠᠷᠤᠶ ᠨᠢᠭᠡᠴᠢ ᠵᠢ ᠵᠠᠭ᠋ᠠᠭᠯᠠᠨ ᠲᠣᠭᠲᠠᠭ᠋ᠠᠵᠤ᠂ 《ᠨᠢᠭᠡ ᠨᠢᠭᠡᠴᠢ᠂  ᠨᠢᠭᠡ ᠨᠠᠷᠢᠨ ᠲᠠᠩᠰᠠ》 ᠵᠢ ᠪᠡᠶᠡᠯᠡᠭᠦᠯᠵᠦ᠂  ᠥᠨᠳᠥᠷ ᠬᠢᠷᠢ ᠲᠦᠪᠰᠢᠨ ᠪᠥᠬᠦᠶ ᠬᠠᠮᠠᠭ᠋ᠠᠯᠠᠯᠲᠠ ᠵᠢᠨ ᠰᠠᠭᠤᠷᠢ ᠲᠦᠷᠢᠮ᠎ᠤᠨ ᠰᠢᠰᠲ᠋ᠧᠮ᠎ᠢ ᠪᠠᠶ᠋ᠢᠭᠤᠯᠪᠠ; ᠠᠯᠢ ᠣᠯᠠᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠵᠠᠯᠭ᠋ᠠᠭ᠎ᠠ᠎ᠪᠠᠷ ᠨᠡᠶ᠋ᠢᠲᠡᠯᠡᠵᠦ᠂  ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠬᠥᠭᠵᠢᠯᠲᠡ ᠵᠢ ᠳᠡᠮᠵᠢᠵᠦ᠂  ᠤᠯᠠᠮᠵᠢᠯᠠᠯᠲᠤ ᠠᠵᠤ ᠦᠢ᠍ᠯᠡᠰ᠎ᠤᠨ ᠪᠣᠬᠢᠷᠲᠤᠯ ᠦᠭᠡᠢ ᠥᠭᠡᠷᠡᠴᠢᠯᠡᠯᠲᠡ ᠵᠢ ᠠᠬᠢᠭᠤᠯᠬᠤ ᠪᠠ ᠭᠡᠳᠡᠷᠭᠦ ᠰᠢᠬᠠᠮᠳᠠᠭᠤᠯᠵᠤ ᠪᠠᠶ᠋ᠢᠭ᠋ᠠᠳ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠵᠢ ᠠᠬᠢᠭᠤᠯᠪᠠ᠃

  《ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠦᠷ᠎ᠡ ᠪᠦᠲᠦᠮᠵᠢ ᠰᠠᠶ᠋ᠢᠨ᠂  ᠬᠠᠤᠯᠢ ᠶᠣᠰᠣᠭ᠋ᠠᠷ ᠲᠦᠷᠢᠮ ᠲᠣᠭᠲᠠᠭ᠋ᠠᠯ᠎ᠢ ᠵᠥᠷᠢᠴᠡᠭᠰᠡᠨ ᠠᠵᠤ ᠠᠬᠤᠶ᠋ᠢᠯᠠᠯ᠎ᠳᠤ ᠪᠢᠳᠡ ᠤᠴᠢᠷ ᠶᠠᠪᠤᠳᠠᠯ ᠦᠭᠡᠢ ᠪᠣᠯ ᠬᠠᠷᠰᠢᠯᠠᠬᠤ ᠦᠭᠡᠢ ᠪᠠᠶ᠋ᠢᠬᠤ ᠵᠢ ᠪᠡᠶᠡᠯᠡᠭᠦᠯᠦᠨ᠎ᠡ᠃  ᠭᠡᠪᠡᠴᠦ ᠪᠢᠳᠡ ᠪᠠᠰᠠ ᠡᠯ᠎ᠡ ᠲᠥᠷᠥᠯ᠎ᠤᠨ ᠳᠥᠭᠦᠮ ᠪᠦᠳᠦᠭᠦᠯᠢᠭ᠂ 〈ᠨᠢᠭᠡ ᠠᠳᠠᠯᠢ〉 ᠮᠠᠶᠢᠭ᠎ᠤᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠵᠠᠰᠠᠯᠲᠠ ᠵᠢ ᠡᠷᠡᠰ ᠡᠰᠡᠷᠭᠦᠴᠡᠨ᠎ᠡ》 ᠭᠡᠵᠦ ᠬᠤᠸᠠᠩ ᠷᠦᠨ ᠴᠢᠣ ᠬᠡᠯᠡᠪᠡ᠃

  

   ᠤᠰᠤᠨ ᠠᠰᠢᠭᠯᠠᠯᠲᠠ ᠵᠢᠨ ᠶᠠᠮᠤᠨ᠎ᠤ ᠬᠡᠯᠲᠡᠰ᠎ᠤᠨ ᠳᠠᠷᠤᠭ᠎ᠠ ᠯᠢ ᠭᠦᠸᠧ ᠶᠢᠩ

   ᠣᠢ᠍ᠢ᠍ᠷ᠎ᠠ ᠵᠢᠨ 10 ᠵᠢᠯ᠎ᠳᠤ ᠪᠤᠢ᠍ᠭᠦ ᠤᠯᠤᠰ᠎ᠤᠨ ᠣᠰᠤ ᠬᠡᠷᠡᠭᠯᠡᠬᠦ ᠪᠤᠢ᠍ᠭᠦ ᠬᠡᠮᠵᠢᠶ᠎ᠡ ᠲᠡᠭ ᠨᠡᠮᠡᠭᠳᠡᠯ᠎ᠢ ᠪᠠᠶᠠᠯᠠᠭᠦᠯᠵᠠᠢ

   ᠵᠠᠩᠭᠢᠯᠠᠭ᠎ᠠ ᠵᠢᠨ ᠦᠭᠡ

   ᠤᠰᠤᠨ᠎ᠤ ᠡᠬᠢ ᠪᠠᠶᠠᠯᠢᠭ᠎ᠢ ᠠᠷᠪᠢᠯᠠᠬᠤ

   ᠣᠶ᠋ᠢᠷ᠎ᠠ ᠵᠢᠨ ᠵᠢᠯ᠎ᠳᠤ᠂  ᠮᠠᠨ᠎ᠤ ᠤᠯᠤᠰ᠎ᠲᠤ ᠲᠤᠶ᠋ᠢᠯ᠎ᠤᠨ ᠰᠢᠷᠦᠭᠦᠨ ᠪᠣᠷᠣᠭ᠋ᠠᠨ ᠦᠶᠡᠷ ᠤᠰᠤᠳᠠᠯ᠎ᠤᠨ ᠭᠠᠮᠰᠢᠭ ᠤᠳᠠᠭ᠎ᠠ ᠳᠠᠷᠠᠭ᠋ᠠᠯᠠᠨ ᠭᠠᠷᠴᠤ ᠪᠠᠶ᠋ᠢᠨ᠎ᠠ᠃  ᠬᠡᠷᠬᠢᠨ ᠰᠢᠢ᠍ᠳᠪᠦᠷᠢᠯᠡᠬᠦ ᠪᠤᠢ?

  《ᠤᠰᠤᠨ ᠠᠰᠢᠭᠯᠠᠯᠲᠠ ᠵᠢᠨ ᠶᠠᠮᠤᠨ᠎ᠠᠴᠠ ᠦᠶᠡᠷ᠎ᠢ ᠰᠡᠷᠭᠡᠶ᠋ᠢᠯᠡᠬᠦ ᠠᠮᠤᠷ ᠲᠦᠪᠰᠢᠨ᠎ᠤ ᠰᠢᠰᠲ᠋ᠧᠮᠵᠢ ᠪᠠ ᠴᠢᠳᠠᠪᠤᠷᠢ ᠵᠢᠨ ᠪᠠᠶ᠋ᠢᠭᠤᠯᠤᠯᠲᠠ ᠵᠢ ᠲᠦᠯᠬᠢᠨ ᠠᠬᠢᠭᠤᠯᠬᠤ ᠬᠠᠷᠠᠯᠲᠠ ᠵᠢ ᠲᠣᠭᠲᠠᠭ᠋ᠠᠵᠤ᠂ 〈ᠭᠤᠷᠪᠠᠨ ᠰᠢᠰᠲ᠋ᠧᠮᠵᠢ〉 ᠵᠢᠨ ᠪᠠᠶ᠋ᠢᠭᠤᠯᠤᠯᠲᠠ ᠵᠢ ᠢᠳᠡᠪᠬᠢᠲᠡᠶ᠎ᠪᠠᠷ ᠲᠦᠯᠬᠢᠨ ᠠᠬᠢᠭᠤᠯᠤᠨ᠎ᠠ》᠃  ᠯᠢ ᠭᠦᠸᠧ ᠶᠢᠩ ᠬᠡᠯᠡᠬᠦ᠎ᠳᠤ᠎ᠪᠠᠨ᠂  ᠨᠢᠭᠡᠳᠦᠭᠡᠷ ᠰᠢᠰᠲ᠋ᠧᠮ ᠪᠣᠯ ᠰᠠᠪᠠ ᠭᠠᠵᠠᠷ᠎ᠤᠨ ᠦᠶᠡᠷ᠎ᠢ ᠰᠡᠷᠭᠡᠶ᠋ᠢᠯᠡᠬᠦ ᠢᠨᠵᠸᠨ᠋ᠸᠷᠢᠩ᠎ᠤᠨ ᠰᠢᠰᠲ᠋ᠧᠮ ᠮᠥᠨ᠂  ᠣᠳᠣᠬᠠᠨ᠎ᠳᠤ᠂  ᠪᠥᠬᠦ ᠤᠯᠤᠰ᠎ᠲᠤ ᠨᠢᠭᠡᠨᠲᠡ ᠡᠯ᠎ᠡ ᠲᠥᠷᠥᠯ᠎ᠤᠨ ᠤᠰᠤᠨ ᠴᠥᠭᠦᠷᠥᠮ᠎ᠢ 9.4 ᠲᠦᠮᠡ ᠭᠠᠷᠤᠶ ᠰᠠᠭᠤᠷᠢ᠂  ᠡᠯ᠎ᠡ ᠲᠥᠷᠥᠯ᠎ᠤᠨ ᠭᠤᠤᠯ᠎ᠤᠨ ᠬᠠᠰᠢᠯᠭ᠎ᠠ ᠵᠢ 32.5 ᠲᠦᠮᠡᠨ ᠺᠢᠯᠤᠮᠸᠲᠷ ᠪᠠᠶ᠋ᠢᠭᠤᠯᠪᠠ; ᠬᠤᠶᠠᠳᠤᠭ᠋ᠠᠷ ᠰᠢᠰᠲ᠋ᠧᠮ ᠪᠣᠯ ᠪᠣᠷᠣᠭ᠋ᠠᠨ᠎ᠤ ᠪᠠᠶ᠋ᠢᠳᠠᠯ᠎ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠰᠢᠰᠲ᠋ᠧᠮ ᠮᠥᠨ᠂  ᠦᠶᠡᠷ᠎ᠢ ᠰᠡᠷᠭᠡᠶ᠋ᠢᠯᠡᠬᠦ ᠵᠢ ᠲᠣᠬᠢᠷᠠᠭᠤᠯᠬᠤ᠎ᠳᠤ ᠪᠣᠷᠣᠭ᠋ᠠᠨ᠎ᠤ ᠤᠰᠤᠨ᠎ᠤ ᠪᠠᠶ᠋ᠢᠳᠠᠯ᠎ᠤᠨ ᠮᠡᠳᠡᠭᠡᠨ᠎ᠤ ᠳᠡᠮᠵᠢᠯᠭᠡ ᠵᠢ ᠬᠠᠩᠭ᠋ᠠᠪᠠ; ᠭᠤᠷᠪᠠᠳᠤᠭ᠋ᠠᠷ ᠰᠢᠰᠲ᠋ᠧᠮ ᠪᠣᠯ ᠰᠡᠷᠭᠡᠶ᠋ᠢᠯᠡᠯᠲᠡ ᠵᠢᠨ ᠠᠵᠢᠯ᠎ᠤᠨ ᠰᠢᠰᠲ᠋ᠧᠮ ᠮᠥᠨ᠂  ᠰᠡᠷᠭᠡᠶ᠋ᠢᠯᠡᠯᠲᠡ ᠵᠢᠨ ᠠᠵᠢᠯ᠎ᠤᠨ ᠬᠦᠴᠦᠲᠡᠶ ᠡᠮᠬᠢ ᠵᠢᠷᠤᠮ᠎ᠲᠠᠢ ᠪᠥᠭᠡᠳ ᠪᠦᠲᠦᠮᠵᠢᠲᠡᠶ ᠪᠠᠶ᠋ᠢᠬᠤ ᠵᠢ ᠪᠠᠲᠤᠯᠠᠪᠠ᠃ 《ᠡᠨᠡ ᠬᠦ᠌ 〈ᠭᠤᠷᠪᠠᠨ       ᠰᠢᠰᠲ᠋ᠧᠮ〉᠎ᠨᠢ ᠨᠢᠳᠤᠨᠤᠨ᠎ᠤ ᠦᠶᠡᠷ᠎ᠢ ᠰᠡᠷᠭᠡᠶ᠋ᠢᠯᠡᠵᠦ ᠦᠶᠡᠷ᠎ᠲᠠᠢ ᠲᠡᠮᠡᠴᠡᠬᠦ ᠳᠤᠮᠳᠠ ᠴᠢᠬᠤᠯᠠ ᠦᠢ᠍ᠯᠡᠳᠦᠯ ᠦᠵᠡᠭᠦᠯᠵᠡᠶ》 ᠭᠡᠪᠡ᠃

   ᠦᠶᠡᠷ᠎ᠢ ᠰᠡᠷᠭᠡᠶ᠋ᠢᠯᠡᠬᠦ ᠠᠮᠤᠷ ᠲᠦᠪᠰᠢᠨ᠎ᠤ ᠰᠢᠰᠲ᠋ᠧᠮ ᠪᠠ ᠴᠢᠳᠠᠪᠤᠷᠢ ᠵᠢ ᠲᠡᠭᠦᠯᠳᠡᠷᠵᠢᠭᠦᠯᠦᠨ ᠳᠡᠭᠡᠭᠰᠢᠯᠡᠭᠦᠯᠬᠦ ᠵᠢᠨ ᠬᠠᠮᠲᠤ ᠤᠰᠤᠨ ᠠᠰᠢᠭᠯᠠᠯᠲᠠ ᠵᠢᠨ ᠶᠠᠮᠤᠨ ᠪᠠᠰᠠ ᠭᠤᠣᠯ ᠮᠥᠷᠡᠨ ᠨᠠᠭᠤᠷ ᠴᠥᠭᠦᠷᠥᠮ᠎ᠤᠨ ᠠᠮᠢ ᠠᠬᠤᠢ ᠵᠢᠨ ᠬᠠᠮᠠᠭ᠋ᠠᠯᠠᠯᠲᠠ ᠵᠠᠰᠠᠯᠲᠠ ᠵᠢ ᠬᠦᠴᠦᠯᠡᠨ ᠴᠢᠩᠭ᠋ᠠᠳᠬᠠᠵᠤ᠂  ᠤᠯᠠᠮ᠎ᠠᠴᠠ ᠤᠯᠠᠮ ᠤᠯᠠᠨ ᠭᠤᠣᠯ ᠮᠥᠷᠡᠨ ᠨᠠᠭᠤᠷ ᠴᠥᠭᠦᠷᠥᠮ᠎ᠤᠨ ᠠᠮᠢ ᠨᠠᠰᠤ ᠵᠢ ᠰᠡᠷᠭᠦᠭᠡᠵᠦ᠂  ᠰᠠᠪᠠ ᠭᠠᠵᠠᠷ᠎ᠤᠨ ᠠᠮᠢᠵᠢᠷᠠᠯ᠎ᠤᠨ ᠬᠦᠴᠦᠨ᠎ᠢ ᠲᠠᠬᠢᠨ ᠢᠯᠡᠷᠡᠭᠦᠯᠪᠡ᠃

  《ᠣᠶ᠋ᠢᠷ᠎ᠠ ᠵᠢᠨ 10 ᠵᠢᠯ᠎ᠳᠤ᠂  ᠪᠦᠬᠦ ᠤᠯᠤᠰ᠎ᠤᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ᠎ᠨᠢ 〈ᠲᠡᠭ ᠨᠡᠮᠡᠭᠳᠡᠯ〉 ᠪᠣᠯᠤᠭᠰᠠᠨ ᠪᠠᠶ᠋ᠢᠨ᠎ᠠ᠃  ᠯᠢ ᠭᠦᠸᠧ ᠶᠢᠩ ᠬᠡᠯᠡᠬᠦ᠎ᠳᠤ᠎ᠪᠠᠨ᠂  ᠮᠠᠨ᠎ᠤ ᠤᠯᠤᠰ᠎ᠤᠨ ᠬᠥᠮᠦᠨ ᠳᠤᠮᠳᠠᠴᠢ ᠵᠢᠨ ᠤᠰᠤᠨ᠎ᠤ ᠡᠬᠢ ᠪᠠᠶᠠᠯᠢᠭ᠎ᠤᠨ ᠡᠵᠡᠯᠡᠬᠦ ᠬᠡᠮᠵᠢᠶ᠎ᠡ᠎ᠨᠢ ᠵᠥᠪᠬᠡᠨ ᠳᠡᠯᠡᠬᠡᠶ ᠵᠢᠨ ᠳᠤᠮᠳᠠᠴᠢ ᠬᠢᠷᠢ ᠲᠦᠪᠰᠢᠨ᠎ᠤ 35% ᠪᠠᠶ᠋ᠢᠵᠤ᠂ 《ᠪᠢᠳᠡ ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ ᠴᠢᠭᠯᠡᠯᠲᠡ ᠵᠢ ᠪᠠᠷᠢᠮᠲᠠᠯᠠᠵᠤ᠂  ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠢ ᠴᠢᠩᠭ᠋ᠠᠳᠬᠠᠵᠤ᠂  ᠤᠰᠤᠨ᠎ᠤ ᠬᠡᠮᠵᠢᠶ᠎ᠡ᠎ᠪᠠᠷ ᠬᠤᠲᠠ ᠵᠢᠨ ᠪᠦᠲᠦᠭᠡᠨ ᠪᠠᠢ᠌ᠭᠤᠯᠤᠯᠲᠠ ᠵᠢ ᠲᠤᠭᠲᠠᠭ᠋ᠠᠵᠤ᠂  ᠤᠰᠤᠨ᠎ᠤ ᠬᠡᠮᠵᠢᠶ᠎ᠡ᠎ᠪᠠᠷ ᠭᠠᠵᠠᠷ ᠲᠠᠷᠢᠶ᠎ᠠ ᠵᠢ ᠲᠤᠭᠲᠠᠭ᠋ᠠᠵᠤ᠂  ᠤᠰᠤᠨ᠎ᠤ ᠬᠡᠮᠵᠢᠶ᠎ᠡ᠎ᠪᠠᠷ ᠬᠦᠮᠦᠨ ᠠᠮᠠ ᠵᠢ ᠲᠤᠭᠲᠠᠭ᠋ᠠᠵᠤ᠂  ᠤᠰᠤᠨ᠎ᠤ ᠬᠡᠮᠵᠢᠶ᠎ᠡ᠎ᠪᠠᠷ ᠦᠢ᠍ᠯᠡᠳᠪᠦᠷᠢᠯᠡᠯ᠎ᠢ ᠲᠤᠭᠲᠠᠭ᠋ᠠᠬᠤ᠂  ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠴᠢᠳᠠᠪᠤᠷᠢ ᠵᠢ ᠶᠡᠭᠡ᠎ᠪᠠᠷ ᠳᠡᠭᠡᠭᠰᠢᠯᠡᠭᠦᠯᠵᠦ᠂  ᠤᠰᠤᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ ᠡᠷᠴᠢᠮ᠎ᠢ ᠭᠤᠤᠯ ᠮᠥᠷᠡᠨ ᠨᠠᠭᠤᠷ ᠴᠥᠭᠦᠷᠥᠮ᠎ᠤᠨ ᠳᠠᠭ᠋ᠠᠭ᠋ᠠᠴᠠ ᠵᠢᠨ ᠴᠢᠳᠠᠪᠤᠷᠢ᠎ᠠᠴᠠ ᠳᠠᠪᠠᠭᠤᠯᠬᠤ ᠥᠬᠡᠶ᠂ 〈ᠤᠰᠤ ᠵᠢ ᠭᠤᠤᠯ᠎ᠳᠤ ᠪᠤᠴᠠᠭ᠋ᠠᠬᠤ〉 ᠵᠢ ᠪᠡᠶᠡᠯᠡᠭᠦᠯᠦᠨ᠎ᠡ》 ᠭᠡᠪᠡ᠃

   ᠵᠢᠩ ᠬᠠᠩ ᠶᠡᠬᠡ ᠲᠠᠲᠠᠮᠠᠯ ᠭᠣᠣᠯ᠎ᠤᠨ ᠤᠷᠤᠰᠬᠠᠯ 100 ᠵᠢᠯ ᠲᠠᠰᠤᠷᠠᠵᠤ᠂  ᠤᠳᠤ ᠨᠢᠭᠡᠨᠲᠡ 3 ᠵᠢᠯ ᠳᠠᠷᠠᠭ᠋ᠠᠯᠠᠨ ᠪᠦᠬᠦ ᠱᠤᠭᠤᠮ ᠵᠶ᠋ᠠᠷ ᠨᠡᠪᠲᠡᠷᠡᠪᠡ; ᠶᠦᠩ ᠳ᠋ᠢᠩ ᠾᠧ ᠭᠣᠣᠯ᠎ᠤᠨ ᠤᠷᠤᠰᠬᠠᠯ 26 ᠵᠢᠯ ᠲᠠᠰᠤᠷᠠᠵᠤ᠂  ᠡᠳᠦᠭᠡ ᠨᠢᠭᠡᠨᠲᠡ 4 ᠵᠢᠯ ᠳᠠᠷᠠᠭ᠋ᠠᠯᠠᠨ ᠪᠦᠬᠦ ᠱᠤᠭᠤᠮ ᠵᠶ᠋ᠠᠷ ᠨᠡᠪᠲᠡᠷᠡᠪᠡ; ᠬᠠᠶ᠋ᠢᠾᠸ ᠭᠣᠣᠯ᠎ᠤᠨ ᠰᠠᠪᠠ ᠭᠠᠵᠠᠷ᠎ᠤᠨ 《ᠭᠣᠣᠯ ᠪᠠᠢ᠌ᠪᠠᠯ ᠪᠦᠷ ᠬᠠᠭᠤᠷᠠᠢ᠂  ᠤᠰᠤ ᠪᠠᠢ᠌ᠪᠠᠯ ᠪᠦᠷ ᠪᠣᠬᠢᠷᠲᠤᠬᠤ》 ᠪᠠᠢ᠌ᠳᠠᠯ᠎ᠢ ᠦᠨᠳᠦᠰᠦᠨ᠎ᠠᠴᠠ᠎ᠨᠢ ᠬᠤᠪᠢᠷᠠᠭᠤᠯᠤᠭᠰᠠᠨ ᠪᠠᠢ᠌ᠨ᠎ᠠ᠃ 《ᠭᠤᠣᠯ ᠮᠥᠷᠡᠨ ᠨᠠᠭᠤᠷ ᠴᠥᠭᠦᠷᠥᠮ᠎ᠤᠨ ᠡᠷᠡᠭᠦᠯ ᠮᠡᠨᠳᠦ ᠵᠢ ᠬᠠᠮᠠᠭ᠋ᠠᠯᠠᠬᠤ᠎ᠳᠤ ᠵᠥᠪᠬᠡᠨ ᠶᠠᠪᠤᠭᠳᠠᠬᠤ ᠴᠠᠭ ᠪᠠᠶ᠋ᠢᠬᠤ᠎ᠠᠴᠠ ᠪᠢᠰᠢ ᠳᠠᠭᠤᠰᠬᠤ ᠴᠠᠭ ᠪᠠᠶ᠋ᠢᠬᠤ ᠦᠭᠡᠢ》 ᠭᠡᠵᠦ ᠯᠢ ᠭᠦᠸᠸ ᠶᠢᠩ ᠬᠡᠯᠡᠪᠡ᠃

  

   ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠎ᠤ ᠬᠡᠯᠲᠡᠰ᠎ᠤᠨ ᠳᠠᠷᠤᠭ᠎ᠠ ᠰᠠᠶ᠋ᠢᠳ ᠬᠠᠨ ᠵᠢᠶᠦ᠋ᠨ —

  1.4 ᠲᠦᠮᠡᠨ ᠳ᠋ᠦᠩᠰᠢᠭᠤᠷ ᠵᠢᠩ ᠬᠠᠷᠠᠯᠲᠠ ᠵᠢ ᠴᠢᠷᠮᠠᠶ᠋ᠢᠨ ᠪᠡᠶᠡᠯᠡᠭᠦᠯᠵᠦ ᠪᠣᠯᠤᠨ᠎ᠠ

   ᠵᠠᠩᠭᠢᠯᠠᠭ᠎ᠠ ᠵᠢᠨ ᠦᠭᠡ

   ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ

  2024 ᠣᠨ᠎ᠳᠤ ᠮᠠᠨ᠎ᠤ ᠤᠯᠤᠰ᠎ᠤᠨ ᠠᠮᠤ ᠪᠤᠳᠠᠭ᠋ᠠᠨ᠎ᠤ ᠤᠨᠠᠯᠲᠠ ᠠᠩᠬ᠎ᠠ ᠤᠳᠠᠭ᠎ᠠ 1.4 ᠲᠦᠮᠡᠨ ᠳ᠋ᠦᠩᠰᠢᠭᠤᠷ ᠵᠢᠩ᠎ᠢ ᠳᠠᠪᠠᠵᠠᠢ᠃  ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠠᠮᠤ ᠪᠤᠳᠠᠭ᠋ᠠᠨ᠎ᠤ ᠤᠨᠠᠯᠲᠠ 1.4 ᠲᠦᠮᠡᠨ ᠳ᠋ᠦᠩᠰᠢᠭᠤᠷ ᠵᠢᠩ ᠣᠷᠴᠢᠮ ᠪᠠᠶ᠋ᠢᠬᠤ ᠵᠢ ᠭᠤᠣᠯ ᠵᠢᠱ᠌ᠢᠭᠰᠡᠨ ᠬᠠᠷᠠᠯᠲᠠ᠎ᠳᠤ᠎ᠪᠠᠨ ᠣᠷᠣᠭᠤᠯᠪᠠ᠃  ᠶᠠᠭ᠋ᠠᠬᠢᠵᠤ ᠦᠵᠡᠬᠦ ᠪᠤᠢ?

  《ᠪᠢ ᠬᠤᠶᠠᠷ ᠲᠠᠷᠢᠶᠠᠯᠠᠩ᠎ᠤᠨ ᠶᠡᠭᠡ ᠮᠤᠵᠢ᠎ᠳᠤ ᠪᠦᠷ ᠠᠵᠢᠯᠯᠠᠵᠤ ᠥᠩᠭᠡᠷᠡᠵᠡᠢ᠂  ᠥᠪᠡᠷ᠎ᠤᠨ ᠪᠡᠶ᠎ᠡ᠎ᠳᠤ ᠠᠪᠴᠤ ᠬᠡᠯᠡᠪᠡᠯ᠂  ᠠᠮᠤ ᠪᠤᠳᠠᠭ᠋ᠠᠨ᠎ᠤ ᠤᠨᠠᠯᠲᠠ ᠵᠢ ᠨᠡᠮᠡᠭᠳᠡᠭᠦᠯᠬᠦ᠎ᠳᠤ ᠮᠠᠰᠢ ᠶᠡᠬᠡ ᠬᠦᠴᠦ ᠣᠷᠣᠭᠤᠯᠬᠤ ᠬᠡᠷᠡᠭᠲᠡᠢ ᠪᠣᠯᠪᠠᠴᠤ ᠲᠡᠭᠦᠨ᠎ᠢ ᠪᠠᠭᠤᠷᠠᠭᠤᠯᠬᠤ᠎ᠳᠤ ᠬᠠᠷᠢᠨ ᠮᠠᠰᠢ ᠠᠮᠠᠷᠬᠠᠨ ᠪᠠᠢ᠌ᠳᠠᠭ》 ᠭᠡᠪᠡ᠃  ᠬᠠᠨ ᠵᠢᠶᠦ᠋ᠨ ᠬᠡᠯᠡᠬᠦ᠎ᠳᠤ᠎ᠪᠠᠨ᠂  ᠮᠠᠨ᠎ᠤ ᠤᠯᠤᠰ᠎ᠤᠨ ᠠᠮᠤ ᠪᠤᠳᠠᠭ᠎ᠠ ᠨᠢᠭᠡᠨᠲᠡ ᠪᠣᠭᠤᠮᠲᠠ ᠥᠩᠭᠡᠷᠡᠬᠦ ᠵᠢ ᠬᠥᠩᠭᠡᠪᠴᠢᠯᠡᠵᠦ ᠪᠣᠯᠬᠤ ᠦᠭᠡᠢ᠂  ᠠᠮᠤ ᠪᠤᠳᠠᠭ᠋ᠠᠨ᠎ᠤ ᠠᠮᠤᠷ ᠲᠦᠪᠰᠢᠨ᠎ᠤ ᠬᠥᠪᠴᠢ ᠵᠢ ᠢᠮᠠᠭᠲᠠ ᠴᠢᠩᠭ᠋ᠠᠯᠠᠬᠤ ᠬᠡᠷᠡᠭᠲᠡᠢ ᠭᠡᠪᠡ᠃

  《ᠨᠢᠳᠤᠨᠤᠨ᠎ᠤ ᠠᠮᠤ ᠪᠤᠳᠠᠭ᠋ᠠᠨ᠎ᠤ ᠤᠨᠠᠯᠲᠠ᠎ᠨᠢ 1.4 ᠲᠦᠮᠡᠨ ᠳ᠋ᠦᠩᠰᠢᠭᠤᠷ ᠵᠢᠩ᠎ᠤᠨ ᠰᠢᠨ᠎ᠡ ᠳᠡᠭᠲᠡᠷ᠎ᠲᠤ ᠭᠠᠷᠴᠤ᠂  ᠮᠡᠷᠭᠡᠵᠢᠯ᠎ᠤᠨ ᠲᠤᠯᠭ᠋ᠠᠭᠤᠷᠢᠯᠠᠯ᠂  ᠣᠷᠣᠭᠤᠯᠤᠯᠲᠠ ᠵᠢᠨ ᠲᠤᠯᠭ᠋ᠠᠭᠤᠷᠢᠯᠠᠯ᠂  ᠲᠦᠷᠦ ᠵᠢᠨ ᠪᠤᠳᠤᠯᠭ᠎ᠠ ᠵᠢᠨ ᠲᠤᠯᠭ᠋ᠠᠭᠤᠷᠢᠯᠠᠯ᠎ᠲᠠᠢ ᠪᠣᠯᠪᠠ᠃  ᠰᠢᠨᠵᠢᠯᠡᠬᠦ ᠤᠬᠠᠭ᠋ᠠᠨᠴᠢ ᠨᠤᠲᠠᠯᠠᠯᠲᠠ᠎ᠪᠠᠷ ᠳᠠᠮᠵᠢᠨ᠂  ᠴᠢᠷᠮᠠᠶ᠋ᠢᠯᠭ᠎ᠠ᠎ᠪᠠᠷ ᠳᠠᠮᠵᠢᠨ ᠪᠡᠶᠡᠯᠡᠭᠦᠯᠵᠦ ᠪᠣᠯᠤᠨ᠎ᠠ᠃  ᠬᠠᠨ ᠵᠢᠶᠦ᠋ᠨ ᠢᠯᠡᠷᠬᠡᠶ᠋ᠢᠯᠡᠭᠰᠡᠨ᠎ᠨᠢ᠂  ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠰᠠᠯᠠᠭ᠎ᠠ ᠮᠥᠴᠢᠷ᠎ᠤᠨ᠎ᠬᠢᠨ ᠭᠤᠣᠯᠳᠠᠭᠤ ᠭᠤᠷᠪᠠᠨ ᠶᠠᠪᠤᠳᠠᠯ᠎ᠢ ᠰᠠᠶ᠋ᠢᠲᠤᠷ ᠬᠢᠬᠦ ᠬᠡᠷᠡᠭᠲᠡᠢ᠄ ᠬᠥᠳᠡᠭᠡ ᠠᠵᠤ ᠠᠬᠤᠢ ᠵᠢᠨ ᠦᠢ᠍ᠯᠡᠳᠪᠦᠷᠢᠯᠡᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂  ᠬᠥᠳᠡᠭᠡ ᠠᠵᠤ ᠠᠬᠤᠢ ᠵᠢᠨ ᠰᠢᠨ᠎ᠡ ᠶᠠᠰᠤ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠪᠤᠢ ᠪᠣᠯᠭ᠋ᠠᠨ᠎ᠠ; ᠲᠠᠷᠢᠶᠠᠯᠠᠩ᠎ᠢ ᠬᠦᠴᠦᠷᠬᠡᠭᠵᠢᠭᠦᠯᠵᠦ ᠲᠠᠷᠢᠶᠠᠴᠢᠳ᠎ᠲᠤ ᠠᠰᠢᠭ ᠬᠦᠷᠲᠡᠭᠡᠵᠦ ᠲᠠᠷᠢᠶᠠᠴᠢᠳ᠎ᠢ ᠪᠠᠶᠠᠵᠢᠭᠤᠯᠬᠤ ᠲᠦᠷᠦ ᠵᠢᠨ ᠪᠤᠳᠤᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠵᠤ᠂  ᠲᠠᠷᠢᠶᠠᠴᠢᠳ᠎ᠤᠨ ᠠᠮᠤ ᠪᠤᠳᠠᠭ᠎ᠠ ᠲᠠᠷᠢᠵᠤ ᠲᠠᠷᠢᠶᠠᠨ ᠠᠵᠢᠯ ᠬᠢᠬᠦ ᠢᠳᠡᠪᠬᠢᠵᠢᠯ᠎ᠢ ᠲᠠᠶ᠋ᠢᠴᠢᠯᠠᠨ᠎ᠠ; ᠬᠠᠷᠢᠭᠤᠴᠠᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠵᠤ᠂  ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠡᠨᠡ ᠬᠦ᠌ ᠲᠡᠷᠢᠭᠦᠨ ᠴᠢᠬᠤᠯᠠ ᠶᠠᠪᠤᠳᠠᠯ᠎ᠢ ᠨᠡᠩ ᠪᠣᠳᠠᠲᠠᠢ ᠠᠳᠬᠤᠬᠤ ᠬᠡᠷᠡᠭᠲᠡᠢ ᠭᠡᠪᠡ᠃

   ᠡᠨᠡ ᠵᠢᠯ ᠪᠣᠯ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠲᠠᠪᠤᠨ ᠵᠢᠯ᠎ᠤᠨ ᠰᠢᠯᠵᠢᠯᠲᠡ ᠵᠢᠨ ᠬᠤᠭᠤᠴᠠᠭ᠋ᠠᠨ᠎ᠤ ᠡᠴᠦᠰ᠎ᠤᠨ ᠨᠢᠭᠡ ᠵᠢᠯ ᠪᠣᠯᠤᠨ᠎ᠠ᠃ 《ᠰᠢᠯᠵᠢᠯᠲᠡ ᠵᠢᠨ ᠬᠤᠭᠤᠴᠠᠭ᠎ᠠ᠎ᠠᠴᠠ ᠨᠠᠭ᠋ᠠᠰᠢ᠂  ᠲᠥᠷᠥ ᠵᠢᠨ ᠪᠣᠳᠣᠯᠭ᠎ᠠ ᠶᠡᠷᠦᠩᠬᠡᠶ᠎ᠳᠡᠭᠡᠨ ᠲᠣᠭᠲᠠᠭᠤᠨ ᠪᠠᠶ᠋ᠢᠬᠤ ᠵᠢ ᠪᠠᠲᠤᠯᠠᠵᠤ᠂  ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ᠎ᠢ ᠪᠦᠲᠦᠮᠵᠢᠲᠡᠶ ᠪᠠᠬᠢᠵᠢᠭᠦᠯᠦᠨ ᠥᠷᠭᠡᠳᠬᠡᠭᠰᠡᠨ》 ᠪᠠᠶ᠋ᠢᠨ᠎ᠠ᠃  ᠬᠠᠨ ᠵᠢᠶᠦ᠋ᠨ ᠢᠯᠡᠷᠬᠡᠶ᠋ᠢᠯᠡᠬᠦ ᠎ᠳᠤ᠎ᠪᠠᠨ᠂  ᠰᠢᠯᠵᠢᠯᠲᠡ ᠵᠢᠨ ᠬᠤᠭᠤᠴᠠᠭ᠋ᠠᠨ᠎ᠳᠤ᠂  ᠳᠠᠬᠢᠨ ᠶᠠᠳᠠᠭᠤᠷᠠᠬᠤ ᠲᠦᠭᠰᠢᠭᠦᠷᠢ ᠢᠯᠡᠳᠲᠡ ᠪᠠᠭᠤᠷᠠᠵᠤ᠂  ᠡᠯ᠎ᠡ ᠲᠠᠯ᠎ᠠ ᠵᠢᠨ ᠦᠷ᠎ᠡ ᠪᠦᠲᠦᠭᠡᠯ ᠦᠨᠡᠨ ᠬᠦ᠌ ᠪᠠᠬᠢᠵᠢᠪᠡ᠃

  《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠨᠢ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠭᠦᠨᠵᠡᠭᠡᠢ ᠠᠬᠢᠭᠤᠯᠬᠤ ᠲᠤᠬᠠᠢ ᠪᠦᠬᠦ ᠲᠠᠯ᠎ᠠ ᠵᠢᠨ ᠪᠠᠶ᠋ᠢᠷᠢᠯᠠᠭᠤᠯᠤᠯᠲᠠ ᠬᠢᠵᠡᠢ᠃  ᠡᠨᠡ ᠬᠦ᠌ ᠠᠵᠢᠯ᠎ᠢ ᠰᠠᠶ᠋ᠢᠲᠤᠷ ᠬᠢᠬᠦ᠎ᠳᠤ ᠬᠥᠳᠡᠭᠡ ᠠᠵᠤ ᠠᠬᠤᠢ ᠬᠥᠳᠡᠭᠡ ᠲᠣᠰᠬᠤᠨ᠎ᠢ ᠤᠷᠢᠳ ᠵᠶ᠋ᠠᠷ ᠬᠥᠭᠵᠢᠭᠦᠯᠬᠦ ᠵᠢ ᠪᠠᠷᠢᠮᠲᠠᠯᠠᠵᠤ᠂  ᠬᠤᠳᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠵᠢ ᠪᠠᠷᠢᠮᠲᠠᠯᠠᠵᠤ᠂  ᠬᠥᠳᠡᠭᠡ ᠲᠣᠰᠬᠤᠨ᠎ᠤ ᠥᠭᠡᠷᠡᠴᠢᠯᠡᠯᠲᠡ ᠵᠢ ᠲᠠᠰᠤᠷᠠᠯᠲᠠ ᠦᠭᠡᠢ ᠭᠦᠨᠵᠡᠭᠡᠶ᠋ᠢᠷᠡᠭᠦᠯᠬᠦ ᠵᠢ ᠪᠠᠷᠢᠮᠲᠠᠯᠠᠬᠤ ᠬᠡᠷᠡᠭᠲᠡᠢ》 ᠭᠡᠵᠡᠢ᠃  ᠬᠠᠨ ᠵᠢᠶᠦ᠋ᠨ ᠬᠡᠯᠡᠭᠰᠡᠨ᠎ᠨᠢ᠂  ᠢᠯᠠᠩᠭᠤᠶ᠎ᠠ 《ᠮᠢᠩᠭ᠎ᠠ ᠲᠦᠮᠡ ᠵᠢᠨ ᠢᠨᠵᠧᠨᠧᠷᠢᠩ》᠎ᠤᠨ ᠲᠤᠷᠰᠢᠯᠭ᠎ᠠ ᠵᠢ ᠰᠤᠷᠤᠯᠴᠠᠨ ᠬᠡᠷᠡᠭᠯᠡᠵᠦ᠂ 《ᠲᠠᠪᠤᠨ ᠶᠡᠭᠡ ᠬᠥᠭᠵᠢᠯ ᠮᠠᠨᠳᠤᠯ》᠎ᠢ ᠨᠢᠭᠡ ᠨᠢᠭᠡ᠎ᠪᠠᠷ ᠪᠣᠳᠠᠲᠠᠶ ᠠᠳᠬᠤᠵᠤ᠂  ᠦᠷ᠎ᠡ ᠪᠦᠲᠦᠮᠵᠢ ᠭᠠᠷᠭ᠋ᠠᠬᠤ ᠬᠡᠷᠡᠭᠲᠡᠶ ᠭᠡᠵᠡᠢ᠃

   ᠵᠣᠬᠢᠶᠠᠭᠴᠢ᠄      ᠬᠠᠷᠢᠭᠤᠴᠠᠭᠰᠠᠨ ᠨᠠᠢ᠌ᠷᠠᠭᠤᠯᠤᠭᠴᠢ᠄ ᠯᠢ ᠱᠠᠨ

 

ᠢᠷᠡᠯᠲᠡ᠄ ᠠᠷᠠᠳ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠠᠷᠠᠳ᠎ᠤᠨ ᠡᠳᠦᠷ᠎ᠤᠨ ᠰᠣᠨᠢᠨ᠄ 3 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ ᠡᠬᠢᠯᠡᠨ ᠮᠠᠨ᠎ᠤ ᠤᠯᠤᠰ ᠵᠢᠩᠬᠢᠨᠢ᠎ᠪᠠᠷ ᠦᠶᠡᠷ᠎ᠤᠨ ᠬᠤᠭᠤᠴᠠᠭ᠋ᠠᠨ᠎ᠳᠤ ᠣᠷᠣᠪᠠ
ᠠᠷᠠᠳ᠎ᠤᠨ ᠰᠦᠯᠵᠢᠶ᠎ᠠ᠄ ᠰᠢᠶᠠᠩᠭ᠋ᠠᠩ᠎ᠤᠨ ᠤᠨᠴᠠᠭ᠋ᠠᠢ ᠤᠷᠤᠨ᠎ᠤ ᠵᠠᠰᠠᠭ᠎ᠤᠨ ᠤᠷᠳᠤᠨ ᠪᠤᠯᠤᠨ ᠤᠰᠤᠨ ᠠᠰᠢᠭᠯᠠᠯᠳᠠ ᠵᠢᠨ ᠶᠠᠮᠤᠨ ᠬᠠᠮᠳᠤᠷᠠᠯᠴᠠᠭ᠋ᠠᠨ᠎ᠤ ᠵᠦᠪᠯᠡᠯᠴᠡᠬᠡᠷ ᠳᠤᠭᠳᠠᠵᠤ ᠶᠡᠭᠡ ᠪᠤᠯᠤᠩ᠎ᠤᠨ ᠤᠷᠤᠨ᠎ᠤ ᠤᠰᠤ᠎ᠲᠠᠢ ᠬᠤᠯᠪᠤᠬᠳᠠᠬᠤ ᠶᠠᠪᠤᠳᠠᠯ᠎ᠤᠨ ᠬᠠᠮᠳᠤᠷᠠᠯᠴᠠᠭ᠎ᠠ ᠵᠢ ᠴᠢᠩᠭ᠋ᠠᠳᠬᠠᠪᠠ
ᠠᠷᠠᠳ᠎ᠤᠨ ᠡᠳᠦᠷ᠎ᠤᠨ ᠰᠣᠨᠢᠨ᠄ ᠪᠦᠬᠦ ᠤᠯᠤᠰ᠎ᠤᠨ ᠬᠠᠪᠤᠷ᠎ᠤᠨ ᠤᠰᠤᠯᠠᠯᠲᠠ ᠵᠢᠨ ᠲᠠᠯᠠᠪᠠᠢ 1.2 ᠳ᠋ᠦᠩᠰᠢᠭᠤᠷ ᠮᠦ᠍ ᠵᠢ ᠳᠠᠪᠠᠪᠠ
ᠰᠢᠠᠬᠣᠧᠠ ᠬᠣᠷᠢᠶ᠎ᠠ᠄ ᠪᠡᠯᠡ ᠣᠷᠣᠭᠤᠯᠤᠯᠲᠠ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ ᠨᠡᠮᠡᠭᠳᠡᠵᠦ ᠪᠦᠲᠦᠭᠡᠨ ᠪᠠᠢ᠌ᠭᠤᠯᠤᠯᠲᠠ ᠵᠢ ᠲᠦᠷᠭᠡᠪᠴᠢᠯᠡᠨ ᠠᠬᠢᠭᠤᠯᠵᠤ ᠪᠤᠢ — ᠤᠰᠤᠨ ᠠᠰᠢᠭᠯᠠᠯᠲᠠ ᠵᠢᠨ ᠶᠠᠮᠤᠨ ᠨᠢᠭᠡᠳᠦᠭᠡᠷ ᠤᠯᠠᠷᠢᠯ᠎ᠤᠨ ᠤᠰᠤᠨ ᠠᠰᠢᠭᠯᠠᠯᠲᠠ ᠵᠢᠨ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠢ᠍ᠭᠤᠯᠤᠯᠲᠠ ᠵᠢᠨ ᠠᠬᠢᠴᠠ᠎ᠳᠤ ᠲᠠᠢ᠌ᠯᠤᠮᠵᠢ ᠬᠢᠵᠡᠢ
ᠰᠢᠨᠬᠤᠸᠠ ᠬᠣᠷᠢᠶ᠎ᠠ᠄ ᠶᠦᠩ ᠳ᠋ᠢᠩ ᠾᠧ ᠭᠣᠣᠯ ᠬᠣᠶᠠᠷ ᠵᠢᠯ ᠳᠠᠷᠠᠭ᠋ᠠᠯᠠᠨ ᠪᠦᠬᠦ ᠵᠢᠯ ᠪᠦᠬᠦ ᠱᠤᠭᠤᠮ ᠵᠶ᠋ᠠᠷ ᠵᠶ᠋ᠠᠨ ᠤᠰᠤ᠎ᠲᠠᠢ ᠪᠣᠯᠬᠤ ᠵᠢ ᠪᠡᠶᠡᠯᠡᠭᠦᠯᠪᠡ
 
            