ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠠᠷᠠᠳ᠎ᠤᠨ ᠡᠳᠦᠷ᠎ᠤᠨ ᠰᠣᠨᠢᠨ᠄ 3 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ ᠡᠬᠢᠯᠡᠨ ᠮᠠᠨ᠎ᠤ ᠤᠯᠤᠰ ᠵᠢᠩᠬᠢᠨᠢ᠎ᠪᠠᠷ ᠦᠶᠡᠷ᠎ᠤᠨ ᠬᠤᠭᠤᠴᠠᠭ᠋ᠠᠨ᠎ᠳᠤ ᠣᠷᠣᠪᠠ
ᠨᠡᠶ᠋ᠢᠲᠡᠯᠡᠭᠰᠡᠨ ᠴᠠᠭ᠄ 2025-03-18

   ᠠᠷᠠᠳ᠎ᠤᠨ ᠡᠲᠦᠷ᠎ᠤᠨ ᠰᠤᠨᠢᠨ᠎ᠤ ᠪᠡᠬᠡᠵᠢᠩ᠎ᠤᠨ 3 ᠳ᠋ᠤᠭ᠋ᠠᠷ ᠰᠠᠷ᠎ᠠ ᠵᠢᠨ 16᠎ᠤ ᠡᠲᠦᠷ᠎ᠤᠨ ᠴᠠᠬᠢᠯᠭ᠋ᠠᠨ ᠮᠡᠲᠡᠬᠡ (ᠰᠤᠷᠪᠤᠯᠵᠢᠯᠠᠭᠴᠢ ᠸᠠᠩ ᠬᠤᠤ) 3 ᠳ᠋ᠤᠭ᠋ᠠᠷ ᠰᠠᠷ᠎ᠠ ᠵᠢᠨ 12᠎ᠤᠨ ᠡᠲᠦᠷ᠎ᠠᠴᠠ 15᠎ᠤ ᠡᠳᠦᠷ ᠪᠤᠯᠲᠠᠯ᠎ᠠ ᠮᠠᠨ᠎ᠤ ᠤᠯᠤᠰ᠎ᠤᠨ ᠵᠢᠶᠠᠩᠰᠢ᠂  ᠹᠦᠵᠢᠶᠠᠨ᠂  ᠵᠸᠵᠢᠶᠠᠩ ᠵᠡᠷᠬᠡ ᠭᠠᠵᠠᠷ᠎ᠲᠤ ᠶᠡᠭᠡ ᠬᠦᠴᠦᠨ᠎ᠲᠠᠢ ᠪᠤᠷᠤᠭ᠋ᠠᠨ ᠤᠷᠤᠵᠦ᠂ 3 ᠡᠳᠦᠷ ᠲᠠᠷᠠᠭ᠋ᠠᠯᠠᠨ ᠤᠷᠤᠭᠰᠠᠨ ᠪᠤᠷᠤᠭ᠋ᠠᠨ᠎ᠤ ᠬᠡᠮᠵᠢᠶ᠎ᠡ᠎ᠨᠢ 50 ᠮᠢᠯᠢᠮᠧᠲᠷ᠎ᠠᠴᠠ ᠳᠡᠭᠡᠭᠰᠢ᠂  ᠪᠤᠷᠤᠭ᠋ᠠᠨᠲᠤ ᠤᠷᠤᠨ᠎ᠤ ᠪᠦᠷᠭᠦᠭᠦ ᠲᠠᠯᠠᠪᠠᠢ᠎ᠨᠢ 17.3 ᠲᠦᠮᠡᠨ ᠲᠡᠭᠰᠢ ᠳᠦᠷᠪᠡᠯᠵᠢᠨ ᠺᠢᠯᠤᠮᠸᠲᠷ᠎ᠲᠤ ᠬᠦᠷᠴᠠᠢ᠃ 《ᠮᠠᠨ᠎ᠤ ᠤᠯᠤᠰ ᠦᠶᠡᠷ᠎ᠤᠨ ᠬᠤᠭᠤᠴᠠᠭ᠋ᠠᠨ᠎ᠳᠤ ᠣᠷᠣᠬᠤ ᠬᠤᠭᠤᠴᠠᠭ᠎ᠠ ᠵᠢ ᠲᠣᠭᠲᠠᠭ᠋ᠠᠬᠤ ᠠᠷᠭ᠎ᠠ ᠵᠢ ᠳᠠᠷᠤᠮᠠᠯᠯᠠᠨ ᠶᠠᠪᠤᠭᠤᠯᠬᠤ ᠲᠤᠬᠠᠶ ᠤᠰᠤᠨ ᠠᠰᠢᠭᠯᠠᠯᠲᠠ ᠵᠢᠨ ᠶᠠᠮᠤᠨ᠎ᠤ ᠮᠡᠳᠡᠭᠳᠡᠯ》᠎ᠢ ᠦᠨᠳᠦᠰᠦᠯᠡᠪᠡᠯ᠂  ᠡᠨᠡ ᠵᠢᠯ᠎ᠤᠨ ᠮᠠᠨ᠎ᠤ ᠤᠯᠤᠰ᠎ᠤᠨ ᠦᠶᠡᠷ᠎ᠤᠨ ᠬᠤᠭᠤᠴᠠᠭ᠋ᠠᠨ᠎ᠳᠤ ᠣᠷᠣᠬᠤ ᠡᠳᠦᠷ ᠬᠤᠭᠤᠴᠠᠭ᠎ᠠ᠎ᠨᠢ 3 ᠳ᠋ᠤᠭ᠋ᠠᠷ ᠰᠠᠷ᠎ᠠ ᠵᠢᠨ 15᠎ᠤ ᠡᠳᠦᠷ ᠪᠤᠯᠤᠨ᠎ᠠ᠂  ᠨᠡᠯᠢᠶᠡᠳ ᠣᠯᠠᠨ ᠵᠢᠯ᠎ᠤᠨ ᠳᠤᠮᠳᠠᠴᠢ ᠦᠶᠡᠷ᠎ᠤᠨ ᠬᠤᠭᠤᠴᠠᠭ᠋ᠠᠨ᠎ᠳᠤ ᠣᠷᠣᠬᠤ ᠡᠳᠦᠷ ᠬᠤᠭᠤᠴᠠᠭ᠎ᠠ᠎ᠠᠴᠠ (4 ᠳ᠋ᠦ᠍ᠭᠡᠷ ᠰᠠᠷ᠎ᠠ ᠵᠢᠨ 1᠎ᠤ ᠡᠳᠦᠷ) ᠡᠷᠲᠡ 17 ᠡᠳᠦᠷ ᠪᠤᠯᠵᠠᠢ᠃

   ᠤᠰᠤᠨ ᠠᠰᠢᠭᠯᠠᠯᠲᠠ ᠵᠢᠨ ᠶᠠᠮᠤᠨ 24 ᠴᠠᠭ ᠵᠶ᠋ᠠᠷ ᠦᠶᠡᠷ᠎ᠢ ᠰᠡᠷᠭᠡᠶ᠋ᠢᠯᠡᠵᠦ ᠵᠢᠵᠢᠭᠦᠷᠯᠡᠨ ᠰᠠᠬᠢᠵᠤ᠂  ᠬᠤᠯᠪᠣᠭᠳᠠᠯ ᠪᠥᠬᠦᠶ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠂  ᠣᠷᠣᠨ ᠨᠤᠲᠤᠭ᠎ᠤᠨ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ ᠬᠠᠮᠢᠶ᠎ᠠ ᠪᠥᠬᠦᠶ ᠲᠣᠭᠲᠠᠭ᠋ᠠᠯ ᠶᠣᠰᠣᠭ᠋ᠠᠷ ᠦᠶᠡᠷ᠎ᠤᠨ ᠬᠤᠭᠤᠴᠠᠭ᠋ᠠᠨ᠎ᠤ ᠠᠵᠢᠯ᠎ᠤᠨ ᠪᠠᠶ᠋ᠢᠳᠠᠯ᠎ᠳᠤ ᠣᠷᠣᠪᠠ᠃  ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠴᠠᠭ ᠠᠭᠤᠷ᠎ᠤᠨ ᠬᠤᠪᠢᠷᠠᠯᠲᠠ ᠵᠢ ᠨᠢᠭᠲᠠ ᠠᠩᠬᠠᠷᠴᠤ᠂  ᠪᠣᠷᠣᠭ᠋ᠠᠨ᠎ᠤ ᠪᠠᠶ᠋ᠢᠳᠠᠯ ᠤᠰᠤᠨ᠎ᠤ ᠪᠠᠶ᠋ᠢᠳᠠᠯ ᠦᠶᠡᠷ᠎ᠤᠨ ᠪᠠᠶ᠋ᠢᠳᠠᠯ᠎ᠤᠨ ᠬᠥᠭᠵᠢᠯᠲᠡ ᠵᠢᠨ ᠬᠠᠨᠳᠤᠰᠢ ᠵᠢ ᠦᠷᠭᠦᠯᠵᠢᠯᠡᠨ ᠬᠢᠨᠠᠨ ᠬᠡᠮᠵᠢᠵᠦ᠂  ᠰᠡᠷᠡᠮᠵᠢᠯᠡᠭᠦᠯᠬᠦ ᠮᠡᠳᠡᠭᠡ ᠵᠠᠩᠭᠢ ᠵᠢ ᠴᠠᠭ ᠲᠤᠬᠠᠶ᠎ᠳᠤᠨᠢ ᠨᠡᠶ᠋ᠢᠲᠡᠯᠡᠵᠦ᠂  ᠰᠡᠷᠭᠡᠶ᠋ᠢᠯᠡᠯᠲᠡ ᠵᠢᠨ ᠨᠢᠭᠡᠳᠦᠭᠡᠷ ᠹᠷᠣᠨᠲ᠎ᠲᠤ ᠰᠢᠭᠤᠳ ᠬᠥᠷᠬᠦ ᠬᠡᠷᠡᠭᠲᠡᠶ; ᠤᠰᠤᠨ ᠴᠥᠭᠦᠷᠥᠮ᠂  ᠬᠠᠰᠢᠯᠭ᠎ᠠ ᠵᠢᠨ ᠠᠮᠤᠷ ᠲᠦᠪᠰᠢᠨ᠎ᠢ ᠬᠢᠨᠠᠨ ᠬᠡᠮᠵᠢᠬᠦ ᠪᠠ ᠬᠤᠷᠢᠭᠯᠠᠬᠤ ᠵᠢ ᠴᠢᠩᠭ᠋ᠠᠳᠬᠠᠵᠤ᠂  ᠳᠤᠮᠳᠠ ᠵᠢᠵᠢᠭ ᠭᠤᠣᠯ ᠮᠥᠷᠡᠨ᠎ᠤ ᠦᠶᠡᠷ᠎ᠤᠨ ᠤᠰᠤ ᠪᠠ ᠠᠭᠤᠯᠠᠨ ᠦᠶᠡᠷ᠎ᠤᠨ ᠭᠠᠮᠰᠢᠭ᠎ᠢ ᠰᠡᠷᠭᠡᠶ᠋ᠢᠯᠡᠬᠦ ᠠᠵᠢᠯ᠎ᠢ ᠰᠠᠶ᠋ᠢᠲᠤᠷ ᠬᠢᠨ᠎ᠠ; ᠦᠶᠡᠷ᠎ᠢ ᠰᠡᠷᠭᠡᠶ᠋ᠢᠯᠡᠬᠦ ᠪᠡᠯᠡᠳᠬᠡᠯ᠎ᠢ ᠴᠢᠩᠭ᠋ᠠᠳᠬᠠᠵᠤ᠂  ᠦᠶᠡᠷ᠎ᠢ ᠰᠡᠷᠭᠡᠶ᠋ᠢᠯᠡᠬᠦ ᠪᠡᠯᠡᠳᠬᠡᠯ ᠲᠥᠰᠦᠯ᠎ᠳᠤ ᠵᠠᠰᠠᠪᠤᠷᠢ ᠣᠷᠣᠭᠤᠯᠬᠤ᠂  ᠦᠶᠡᠷ᠎ᠢ ᠰᠡᠷᠭᠡᠶ᠋ᠢᠯᠡᠬᠦ ᠲᠣᠬᠢᠷᠠᠭᠤᠯᠤᠯᠲᠠ ᠵᠢᠨ ᠰᠣᠷᠢᠯᠲᠠ ᠬᠢᠬᠦ᠂  ᠠᠭᠤᠯᠠᠨ ᠦᠶᠡᠷ᠎ᠤᠨ ᠭᠠᠮᠰᠢᠭ᠎ᠤᠨ ᠲᠦᠭᠰᠢᠭᠦᠷᠢ ᠵᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ᠂  ᠦᠶᠡᠷ᠎ᠢ ᠲᠣᠭᠲᠠᠭ᠋ᠠᠨ ᠬᠠᠳᠠᠭ᠋ᠠᠯᠠᠬᠤ ᠣᠷᠣᠨ᠎ᠤ ᠬᠡᠷᠡᠭᠯᠡᠬᠦ ᠪᠡᠯᠡᠳᠬᠡᠯ᠂  ᠤᠰᠤᠨ᠎ᠳᠤ ᠡᠪᠳᠡᠭᠳᠡᠭᠰᠡᠨ ᠢᠨᠵᠸᠨ᠋ᠸᠷᠢᠩ᠎ᠢ ᠵᠠᠰᠠᠨ ᠰᠡᠷᠭᠦᠭᠡᠬᠦ ᠵᠡᠷᠭᠡ ᠡᠯ᠎ᠡ ᠵᠦᠢ᠍ᠯ᠎ᠤᠨ ᠠᠵᠢᠯ᠎ᠢ ᠲᠦᠷᠭᠡᠳᠬᠡᠨ ᠠᠬᠢᠭᠤᠯᠵᠤ᠂  ᠦᠶᠡᠷ᠎ᠤᠨ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ᠎ᠢ ᠰᠠᠶ᠋ᠢᠲᠤᠷ ᠬᠢᠬᠦ ᠬᠡᠷᠡᠭᠲᠡᠶ᠃

  

   ᠵᠣᠬᠢᠶᠠᠭᠴᠢ᠄       ᠬᠠᠷᠢᠭᠤᠴᠠᠭᠰᠠᠨ ᠨᠠᠢ᠌ᠷᠠᠭᠤᠯᠤᠭᠴᠢ᠄ ᠸᠧᠶ ᠶᠦᠩ ᠵᠢᠩ

 

ᠢᠷᠡᠯᠲᠡ᠄ ᠠᠷᠠᠳ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠠᠷᠠᠳ᠎ᠤᠨ ᠰᠦᠯᠵᠢᠶ᠎ᠠ᠄ ᠰᠢᠶᠠᠩᠭ᠋ᠠᠩ᠎ᠤᠨ ᠤᠨᠴᠠᠭ᠋ᠠᠢ ᠤᠷᠤᠨ᠎ᠤ ᠵᠠᠰᠠᠭ᠎ᠤᠨ ᠤᠷᠳᠤᠨ ᠪᠤᠯᠤᠨ ᠤᠰᠤᠨ ᠠᠰᠢᠭᠯᠠᠯᠳᠠ ᠵᠢᠨ ᠶᠠᠮᠤᠨ ᠬᠠᠮᠳᠤᠷᠠᠯᠴᠠᠭ᠋ᠠᠨ᠎ᠤ ᠵᠦᠪᠯᠡᠯᠴᠡᠬᠡᠷ ᠳᠤᠭᠳᠠᠵᠤ ᠶᠡᠭᠡ ᠪᠤᠯᠤᠩ᠎ᠤᠨ ᠤᠷᠤᠨ᠎ᠤ ᠤᠰᠤ᠎ᠲᠠᠢ ᠬᠤᠯᠪᠤᠬᠳᠠᠬᠤ ᠶᠠᠪᠤᠳᠠᠯ᠎ᠤᠨ ᠬᠠᠮᠳᠤᠷᠠᠯᠴᠠᠭ᠎ᠠ ᠵᠢ ᠴᠢᠩᠭ᠋ᠠᠳᠬᠠᠪᠠ
ᠠᠷᠠᠳ᠎ᠤᠨ ᠡᠳᠦᠷ᠎ᠤᠨ ᠰᠣᠨᠢᠨ᠄ ᠪᠦᠬᠦ ᠤᠯᠤᠰ᠎ᠤᠨ ᠬᠠᠪᠤᠷ᠎ᠤᠨ ᠤᠰᠤᠯᠠᠯᠲᠠ ᠵᠢᠨ ᠲᠠᠯᠠᠪᠠᠢ 1.2 ᠳ᠋ᠦᠩᠰᠢᠭᠤᠷ ᠮᠦ᠍ ᠵᠢ ᠳᠠᠪᠠᠪᠠ
ᠰᠢᠠᠬᠣᠧᠠ ᠬᠣᠷᠢᠶ᠎ᠠ᠄ ᠪᠡᠯᠡ ᠣᠷᠣᠭᠤᠯᠤᠯᠲᠠ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ ᠨᠡᠮᠡᠭᠳᠡᠵᠦ ᠪᠦᠲᠦᠭᠡᠨ ᠪᠠᠢ᠌ᠭᠤᠯᠤᠯᠲᠠ ᠵᠢ ᠲᠦᠷᠭᠡᠪᠴᠢᠯᠡᠨ ᠠᠬᠢᠭᠤᠯᠵᠤ ᠪᠤᠢ — ᠤᠰᠤᠨ ᠠᠰᠢᠭᠯᠠᠯᠲᠠ ᠵᠢᠨ ᠶᠠᠮᠤᠨ ᠨᠢᠭᠡᠳᠦᠭᠡᠷ ᠤᠯᠠᠷᠢᠯ᠎ᠤᠨ ᠤᠰᠤᠨ ᠠᠰᠢᠭᠯᠠᠯᠲᠠ ᠵᠢᠨ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠢ᠍ᠭᠤᠯᠤᠯᠲᠠ ᠵᠢᠨ ᠠᠬᠢᠴᠠ᠎ᠳᠤ ᠲᠠᠢ᠌ᠯᠤᠮᠵᠢ ᠬᠢᠵᠡᠢ
ᠰᠢᠨᠬᠤᠸᠠ ᠬᠣᠷᠢᠶ᠎ᠠ᠄ ᠶᠦᠩ ᠳ᠋ᠢᠩ ᠾᠧ ᠭᠣᠣᠯ ᠬᠣᠶᠠᠷ ᠵᠢᠯ ᠳᠠᠷᠠᠭ᠋ᠠᠯᠠᠨ ᠪᠦᠬᠦ ᠵᠢᠯ ᠪᠦᠬᠦ ᠱᠤᠭᠤᠮ ᠵᠶ᠋ᠠᠷ ᠵᠶ᠋ᠠᠨ ᠤᠰᠤ᠎ᠲᠠᠢ ᠪᠣᠯᠬᠤ ᠵᠢ ᠪᠡᠶᠡᠯᠡᠭᠦᠯᠪᠡ
ᠠᠷᠠᠳ᠎ᠤᠨ ᠡᠳᠦᠷ᠎ᠤᠨ ᠰᠣᠨᠢᠨ᠄ ᠬᠠᠲᠤᠨ ᠭᠣᠣᠯ ᠬᠤᠸᠠᠶ ᠡᠾᠸ᠂ ᠤᠮᠠᠷᠠᠲᠤ ᠣᠷᠣᠨ᠎ᠤ ᠵᠠᠷᠢᠮ ᠭᠠᠵᠠᠷ᠎ᠲᠤ ᠦᠨᠳᠦᠷ ᠬᠠᠯᠠᠭᠤᠨ ᠠᠭᠤᠷ ᠠᠮᠢᠰᠬᠤᠯ ᠢᠯᠡᠷᠡᠨ᠎ᠡ
 
            