ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠠᠷᠠᠳ᠎ᠤᠨ ᠡᠳᠦᠷ᠎ᠤᠨ ᠰᠣᠨᠢᠨ᠄ ᠪᠦᠬᠦ ᠤᠯᠤᠰ᠎ᠤᠨ ᠬᠠᠪᠤᠷ᠎ᠤᠨ ᠤᠰᠤᠯᠠᠯᠲᠠ ᠵᠢᠨ ᠲᠠᠯᠠᠪᠠᠢ 1.2 ᠳ᠋ᠦᠩᠰᠢᠭᠤᠷ ᠮᠦ᠍ ᠵᠢ ᠳᠠᠪᠠᠪᠠ
ᠨᠡᠶ᠋ᠢᠲᠡᠯᠡᠭᠰᠡᠨ ᠴᠠᠭ᠄ 2025-04-12

  《ᠡᠠᠷᠠᠣᠠ᠎ᠤᠨ ᠡᠳᠦᠷ᠎ᠤᠨ ᠰᠣᠨᠢᠠ》 (2025 ᠣᠨ᠎ᠤ 04 ᠳ᠋ᠦ᠍ᠭᠡᠷ ᠰᠠᠷ᠎ᠠ ᠵᠢᠨ 10᠎ᠤ ᠡᠳᠦᠷ᠎ᠤᠨ 01 ᠳ᠋ᠦ᠍ᠭᠡᠷ ᠬᠡᠪᠯᠠᠯ)

   ᠠᠷᠠᠣᠠ᠎ᠤᠨ ᠡᠳᠦᠷ᠎ᠤᠨ ᠰᠣᠨᠢᠠ᠎ᠤ ᠪᠠᠭᠡᠵᠢᠩ᠎ᠤᠨ 4 ᠳ᠋ᠦ᠍ᠭᠡᠷ ᠰᠠᠷ᠎ᠠ ᠵᠢᠨ 9᠎ᠤ ᠡᠳᠦᠷ᠎ᠤᠨ ᠴᠠᠬᠢᠯᠭ᠋ᠠᠨ ᠮᠡᠳᠡᠭᠡ (ᠰᠣᠷᠪᠤᠯᠵᠢᠯᠠᠬ᠍ᠴᠢ ᠸᠠᠩ ᠬᠣᠤ᠂  ᠳ᠋ᠸᠩ ᠵᠢᠶᠠᠨ ᠶᠠᠩ) 4 ᠳ᠋ᠦ᠍ᠭᠡᠷ ᠰᠠᠷ᠎ᠠ ᠵᠢᠨ ᠡᠬᠢ ᠪᠤᠯᠲᠠᠯ᠎ᠠ᠂ 23 ᠮᠣᠵᠢ ᠬᠠᠪᠤᠷ᠎ᠤᠨ ᠣᠰᠣᠯᠠᠯᠲᠠ ᠡᠭᠢᠯᠠᠵᠤ᠂  ᠤᠰᠤᠯᠠᠯᠲᠠ ᠵᠢᠨ ᠲᠠᠯᠠᠪᠠᠢ᠎ᠨᠢ ᠨᠠᠢ᠍ᠢ᠍ᠲᠠ 1.2 ᠳ᠋ᠦᠩᠰᠢᠭᠤᠷ ᠮᠦ᠍᠎ᠠᠴᠠ ᠲᠠᠪᠡᠵᠤ᠂  ᠡᠭᠦᠠ᠎ᠤ ᠳᠣᠲᠣᠷ᠎ᠠ 2200 ᠭᠠᠷᠣᠢ ᠳᠣᠮᠤ ᠳᠣᠮᠲᠠ ᠬᠡᠯᠪᠠᠷᠢ ᠵᠢᠨ ᠣᠰᠣᠯᠠᠯᠲᠠ ᠵᠢᠨ ᠣᠷᠣᠠ ᠪᠠᠢ᠌ᠵᠦ᠂  ᠣᠰᠣᠯᠠᠯᠲᠠ ᠵᠢᠨ ᠲᠠᠯᠠᠪᠠᠢ᠎ᠨᠢ 1 ᠳ᠋ᠦᠩᠰᠢᠭᠤᠷ ᠮᠦ᠍᠎ᠠᠴᠠ ᠲᠠᠪᠡᠵᠠᠢ᠃  ᠤᠰᠤᠨ ᠠᠰᠢᠭᠯᠠᠯᠲᠠ ᠵᠢᠨ ᠶᠠᠮᠤᠨ᠎ᠠᠴᠠ ᠡᠯ᠎ᠡ ᠭᠠᠵᠠᠷ᠎ᠤᠨ ᠤᠰᠤᠨ ᠰᠢᠨᠵᠢᠯᠡᠭᠡᠨ᠎ᠤ ᠲᠣᠬᠢᠷᠠᠭᠤᠯᠤᠯᠲᠠ ᠵᠢ ᠴᠢᠩᠭ᠋ᠠᠳᠬᠠᠬᠤ᠂  ᠰᠢᠨᠵᠢᠯᠡᠬᠦ ᠤᠬᠠᠭ᠋ᠠᠨᠴᠢ᠎ᠪᠠᠷ ᠤᠰᠤᠯᠠᠬᠤ ᠵᠢ ᠬᠡᠷᠡᠭᠵᠢᠭᠦᠯᠬᠦ ᠵᠢ ᠵᠢᠯᠣᠭᠤᠳᠬᠤ ᠵᠢᠨ ᠬᠠᠮᠲᠤ᠂  ᠤᠰᠤ ᠬᠠᠳᠠᠭ᠋ᠠᠯᠠᠵᠤ ᠤᠰᠤ ᠵᠢ ᠪᠠᠲᠤᠯᠠᠬᠤ ᠠᠵᠢᠯ᠎ᠢ ᠨᠢᠭᠡᠳᠦᠯᠲᠡᠢ ᠲᠥᠯᠥᠪᠯᠡᠨ ᠰᠠᠶ᠋ᠢᠲᠤᠷ ᠬᠢᠵᠦ᠂  ᠤᠰᠤᠯᠠᠯᠲᠠ᠎ᠳᠤ ᠬᠡᠷᠡᠭᠯᠡᠬᠦ ᠤᠰᠤᠨ᠎ᠤ ᠴᠢᠨᠠᠷ᠎ᠢ ᠦᠨᠡᠨ ᠬᠦ᠌ ᠪᠠᠲᠤᠯᠠᠵᠤ᠂  ᠤᠰᠤᠯᠠᠯᠲᠠ᠎ᠳᠤ ᠬᠡᠷᠡᠭᠯᠡᠬᠦ ᠤᠰᠤᠨ᠎ᠤ ᠠᠮᠤᠷ ᠲᠦᠪᠰᠢᠨ᠎ᠢ ᠪᠠᠲᠤᠯᠠᠬᠤ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢ ᠰᠢᠪᠠᠳᠠᠨ᠎ᠠ᠃

   ᠤᠰᠤᠨ ᠠᠰᠢᠭᠯᠠᠯᠲᠠ ᠵᠢᠨ ᠶᠠᠮᠤᠨ᠎ᠠᠴᠠ ᠬᠠᠷᠠᠬᠠᠨ ᠤᠰᠤᠯᠠᠵᠤ ᠡᠬᠢᠯᠡᠭᠡᠳᠦᠢ ᠮᠤᠵᠢ ᠵᠢ ᠵᠢᠭ᠋ᠠᠨ ᠵᠢᠯᠤᠭᠣᠳᠴᠤ ᠪᠠᠢ᠌ᠭ᠋ᠠᠳ ᠴᠠᠭ ᠲᠣᠬᠢᠶᠠᠯ᠎ᠢ ᠠᠮᠵᠢᠨ ᠤᠰᠤ ᠬᠠᠳᠠᠭ᠋ᠠᠯᠠᠬᠤ ᠠᠵᠢᠯ᠎ᠢ ᠰᠠᠢ᠌ᠲᠤᠷ ᠬᠢᠬᠦ ᠬᠡᠷᠡᠭᠲᠡᠢ᠃  ᠣᠳᠣᠬᠠᠨ᠎ᠳᠤ᠂  ᠵᠡᠭᠦᠨ ᠬᠤᠶ᠋ᠢᠲᠤ ᠣᠷᠣᠨ ᠵᠡᠷᠭᠡ ᠭᠠᠵᠠᠷ ᠤᠰᠤᠯᠠᠬᠤ᠎ᠠᠴᠠ ᠡᠮᠦᠨᠡᠬᠢ ᠡᠯ᠎ᠡ ᠵᠦᠢ᠍ᠯ᠎ᠤᠨ ᠪᠡᠯᠡᠳᠬᠡᠯ ᠠᠵᠢᠯ᠎ᠢ ᠢᠳᠡᠪᠬᠢᠲᠡᠶ ᠰᠠᠶ᠋ᠢᠲᠤᠷ ᠬᠢᠵᠦ᠂  ᠠᠷᠭ᠎ᠠ ᠵᠠᠮ ᠵᠶ᠋ᠠᠷ ᠤᠰᠤ ᠣᠷᠣᠭᠤᠯᠵᠤ ᠤᠷᠢᠳᠴᠢᠯᠠᠨ ᠤᠰᠤ ᠬᠠᠳᠠᠭ᠋ᠠᠯᠠᠵᠤ ᠪᠠᠶ᠋ᠢᠨ᠎ᠠ᠃  ᠬᠠᠷᠠᠮᠦᠢ᠍ᠷᠡᠨ᠎ᠤ ᠴᠢᠩ ᠯᠦᠩ ᠱᠠᠨ᠎ᠤ ᠤᠰᠤᠯᠠᠯᠲᠠ ᠵᠢᠨ ᠣᠷᠣᠨ 3 ᠳ᠋ᠤᠭ᠋ᠠᠷ ᠰᠠᠷ᠎ᠠ ᠵᠢᠨ 25᠎ᠤ ᠡᠳᠦᠷ ᠮᠥᠰᠥ ᠬᠠᠶ᠋ᠢᠯᠬᠤ ᠬᠥᠭᠡᠷᠭᠡ᠎ᠪᠠᠨ ᠨᠡᠪᠲᠡᠷᠡᠭᠦᠯᠵᠦ᠂  ᠣᠲᠣ ᠪᠣᠯᠲᠠᠯ᠎ᠠ ᠨᠡᠶ᠋ᠢᠲᠡ 4000 ᠲᠦᠮᠡᠨ ᠪᠣᠰᠤᠭ᠎ᠠ ᠳᠥᠷᠪᠡᠯᠵᠢᠨ ᠮᠸᠲᠷ ᠤᠰᠤ ᠬᠠᠳᠠᠭ᠋ᠠᠯᠠᠵᠤ᠂  ᠤᠰᠤᠯᠠᠯᠲᠠ ᠵᠢᠨ ᠣᠷᠣᠨ᠎ᠤ ᠪᠥᠬᠦ ᠴᠠᠷᠠᠭ᠎ᠠ᠎ᠳᠤ ᠳᠡᠪᠲᠦᠭᠡᠭᠰᠡᠨ ᠲᠠᠷᠢᠶᠠᠨ ᠭᠠᠵᠠᠷ᠎ᠤᠨ ᠤᠰᠤ ᠬᠡᠷᠡᠭᠯᠡᠬᠦ ᠬᠡᠷᠡᠭᠴᠡᠭᠡ ᠵᠢ ᠪᠠᠲᠤᠯᠠᠪᠠ᠃  ᠥᠪᠥᠷ ᠮᠣᠩᠭᠤᠯ᠎ᠤᠨ ᠪᠣᠷᠣᠲᠣᠬᠤᠶ ᠵᠢᠨ ᠤᠰᠤᠯᠠᠯᠲᠠ ᠵᠢᠨ ᠣᠷᠣᠨ 4 ᠳ᠋ᠦ᠍ᠭᠡᠷ ᠰᠠᠷ᠎ᠠ ᠵᠢᠨ 7᠎ᠤ ᠡᠳᠦᠷ ᠶᠡᠷᠦᠩᠬᠡᠶ ᠭᠤᠤᠯ ᠰᠤᠪᠠᠭ᠎ᠤᠨ ᠡᠬᠢᠨ᠎ᠤ ᠬᠠᠭ᠋ᠠᠯᠲᠠ ᠵᠢ ᠨᠡᠭᠡᠭᠡᠨ ᠤᠰᠤ ᠲᠠᠯᠪᠢᠵᠤ᠂ 2025 ᠣᠨ᠎ᠤ ᠬᠠᠪᠤᠷ ᠵᠣᠨ᠎ᠤ ᠤᠰᠤᠯᠠᠯᠲᠠ ᠵᠢᠨ ᠠᠵᠢᠯ ᠪᠥᠬᠦ ᠲᠠᠯ᠎ᠠ᠎ᠪᠠᠷ ᠡᠬᠢᠯᠡᠪᠡ᠃

   ᠤᠰᠤᠨ ᠠᠰᠢᠭᠯᠠᠯᠲᠠ ᠵᠢᠨ ᠶᠠᠮᠤᠨ᠎ᠠᠴᠠ ᠣᠷᠣᠨ ᠨᠤᠲᠤᠭ᠎ᠢ ᠵᠣᠬᠢᠶᠠᠨ ᠪᠠᠶ᠋ᠢᠭᠤᠯᠤᠨ ᠤᠰᠤᠯᠠᠯᠲᠠ ᠵᠢᠨ ᠤᠰᠤᠨ᠎ᠤ ᠴᠢᠨᠠᠷ᠎ᠢ ᠬᠢᠨᠠᠨ ᠬᠡᠮᠵᠢᠬᠦ ᠠᠵᠢᠯ᠎ᠢ ᠢᠳᠡᠪᠬᠢᠲᠡᠢ ᠥᠷᠨᠢᠭᠦᠯᠵᠦ᠂  ᠤᠰᠤᠨ᠎ᠤ ᠴᠢᠨᠠᠷ᠎ᠢ ᠪᠠᠷᠢᠮᠵᠢᠶ᠎ᠠ᠎ᠳᠤ ᠬᠦᠷᠦᠭᠦᠯᠬᠦ ᠵᠢ ᠪᠦᠬᠦ ᠬᠦᠴᠦᠨ ᠵᠶ᠋ᠠᠷ ᠪᠠᠲᠤᠯᠠᠬᠤ ᠬᠡᠷᠡᠭᠲᠡᠢ᠃  ᠵᠢᠱ᠌ᠢᠶᠡᠯᠡᠪᠡᠯ᠂  ᠱᠠᠨᠰᠢ ᠮᠤᠵᠢ᠎ᠨᠢ ᠮᠤᠵᠢ ᠵᠢᠨ ᠲᠡᠰ᠎ᠤᠨ ᠤᠰᠤᠯᠠᠯᠲᠠ ᠵᠢᠨ ᠲᠤᠷᠰᠢᠯᠲᠠ ᠵᠢᠨ ᠦᠷᠲᠡᠭᠡᠨ᠎ᠳᠤ ᠲᠦᠰᠢᠭᠯᠡᠨ ᠤᠰᠤᠨ᠎ᠤ ᠴᠢᠨᠠᠷ᠎ᠢ ᠬᠢᠨᠠᠨ ᠬᠡᠮᠵᠢᠬᠦ ᠳᠥᠭᠦᠮ ᠥᠷᠲᠡᠭᠡ ᠵᠢ ᠪᠠᠶ᠋ᠢᠭᠤᠯᠵᠤ᠂  ᠡᠳᠦᠷ ᠪᠦᠷᠢ ᠲᠠᠪᠤᠨ ᠵᠦᠢ᠍ᠯ᠎ᠤᠨ ᠡᠩ᠎ᠤᠨ ᠭᠦᠢ᠍ᠴᠡᠳᠬᠡᠯ ᠲᠤᠭ᠎ᠠ᠎ᠳᠤ ᠳᠥᠭᠦᠮ ᠬᠢᠨᠠᠨ ᠬᠡᠮᠵᠢᠯᠲᠡ ᠬᠢᠵᠡᠢ᠃  ᠪᠤᠣ ᠵᠢᠶ ᠵᠢᠨ ᠬᠠᠪᠴᠢᠯ᠎ᠤᠨ ᠤᠰᠤᠯᠠᠯᠲᠠ ᠵᠢᠨ ᠣᠷᠣᠨ ᠬᠢᠭᠡᠳ ᠲᠤᠰᠬᠠᠶ ᠮᠡᠷᠭᠡᠵᠢᠯ᠎ᠤᠨ ᠬᠢᠷᠢ ᠬᠡᠮᠵᠢᠶ᠎ᠡ᠎ᠪᠠᠷ ᠨᠡᠯᠢᠶᠡᠳ ᠥᠨᠳᠥᠷ ᠭᠤᠷᠪᠠᠳᠠᠬᠢ ᠡᠲᠡᠭᠡᠳ᠎ᠤᠨ ᠤᠰᠤᠨ᠎ᠤ ᠴᠢᠨᠠᠷ᠎ᠢ ᠬᠢᠨᠠᠨ ᠬᠡᠮᠵᠢᠬᠦ ᠪᠠᠶ᠋ᠢᠭᠤᠯᠤᠮᠵᠢ᠎ᠯᠤᠭ᠎ᠠ ᠬᠠᠮᠲᠤᠷᠠᠨ ᠠᠵᠢᠯᠯᠠᠵᠤ᠂  ᠬᠠᠪᠤᠷ᠎ᠤᠨ ᠤᠰᠤᠯᠠᠯᠲᠠ ᠵᠢᠨ ᠬᠤᠭᠤᠴᠠᠭ᠋ᠠᠨ᠎ᠳᠤ ᠰᠤᠪᠠᠭ᠎ᠤᠨ ᠡᠬᠢᠨ᠎ᠤ ᠪᠠᠷᠢᠯᠭ᠎ᠠ ᠵᠢᠨ ᠤᠰᠤᠨ᠎ᠤ ᠴᠢᠨᠠᠷ᠎ᠤᠨ ᠥᠯᠢᠭᠡᠷ ᠠᠪᠴᠤ᠂  ᠱᠠᠭ᠋ᠠᠷᠳᠠᠭᠰᠠᠨ 16 ᠵᠦᠢ᠍ᠯ᠎ᠤᠨ ᠬᠠᠮᠢᠶ᠎ᠠ ᠪᠥᠬᠦᠶ ᠭᠦᠢ᠍ᠴᠡᠳᠬᠡᠯ ᠲᠤᠭ᠎ᠠ᠎ᠳᠤ ᠪᠠᠶ᠋ᠢᠴᠠᠭ᠋ᠠᠨ ᠰᠢᠯᠭ᠋ᠠᠵᠤ ᠪᠠᠶ᠋ᠢᠴᠠᠭ᠋ᠠᠨ ᠰᠢᠨᠵᠢᠯᠡᠨ᠎ᠡ᠃  ᠡᠨᠡ ᠵᠢᠯ᠎ᠤᠨ 2 ᠳ᠋ᠤᠭ᠋ᠠᠷ ᠰᠠᠷ᠎ᠠ ᠪᠠ 3 ᠳ᠋ᠤᠭ᠋ᠠᠷ ᠰᠠᠷ᠎ᠠ ᠵᠢᠨ ᠪᠠᠶ᠋ᠢᠴᠠᠭ᠋ᠠᠯᠲᠠ ᠵᠢᠨ ᠦᠷ᠎ᠡ ᠳ᠋ᠦᠩ ᠴᠥᠮ ᠱᠠᠭ᠋ᠠᠷᠳᠠᠯᠭ᠎ᠠ᠎ᠳᠤ ᠨᠡᠢ᠌ᠴᠡᠪᠡ᠃

ᠵᠣᠬᠢᠶᠠᠭᠴᠢ᠄       ᠬᠠᠷᠢᠭᠤᠴᠠᠭᠰᠠᠨ ᠨᠠᠢ᠌ᠷᠠᠭᠤᠯᠤᠭᠴᠢ᠄ ᠵᠢᠶᠠᠨ ᠵᠧᠨ ᠵᠧᠨ

 

ᠢᠷᠡᠯᠲᠡ᠄ ᠠᠷᠠᠳ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢᠠᠬᠣᠧᠠ ᠬᠣᠷᠢᠶ᠎ᠠ᠄ ᠪᠡᠯᠡ ᠣᠷᠣᠭᠤᠯᠤᠯᠲᠠ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ ᠨᠡᠮᠡᠭᠳᠡᠵᠦ ᠪᠦᠲᠦᠭᠡᠨ ᠪᠠᠢ᠌ᠭᠤᠯᠤᠯᠲᠠ ᠵᠢ ᠲᠦᠷᠭᠡᠪᠴᠢᠯᠡᠨ ᠠᠬᠢᠭᠤᠯᠵᠤ ᠪᠤᠢ — ᠤᠰᠤᠨ ᠠᠰᠢᠭᠯᠠᠯᠲᠠ ᠵᠢᠨ ᠶᠠᠮᠤᠨ ᠨᠢᠭᠡᠳᠦᠭᠡᠷ ᠤᠯᠠᠷᠢᠯ᠎ᠤᠨ ᠤᠰᠤᠨ ᠠᠰᠢᠭᠯᠠᠯᠲᠠ ᠵᠢᠨ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠢ᠍ᠭᠤᠯᠤᠯᠲᠠ ᠵᠢᠨ ᠠᠬᠢᠴᠠ᠎ᠳᠤ ᠲᠠᠢ᠌ᠯᠤᠮᠵᠢ ᠬᠢᠵᠡᠢ
ᠰᠢᠨᠬᠤᠸᠠ ᠬᠣᠷᠢᠶ᠎ᠠ᠄ ᠶᠦᠩ ᠳ᠋ᠢᠩ ᠾᠧ ᠭᠣᠣᠯ ᠬᠣᠶᠠᠷ ᠵᠢᠯ ᠳᠠᠷᠠᠭ᠋ᠠᠯᠠᠨ ᠪᠦᠬᠦ ᠵᠢᠯ ᠪᠦᠬᠦ ᠱᠤᠭᠤᠮ ᠵᠶ᠋ᠠᠷ ᠵᠶ᠋ᠠᠨ ᠤᠰᠤ᠎ᠲᠠᠢ ᠪᠣᠯᠬᠤ ᠵᠢ ᠪᠡᠶᠡᠯᠡᠭᠦᠯᠪᠡ
ᠠᠷᠠᠳ᠎ᠤᠨ ᠡᠳᠦᠷ᠎ᠤᠨ ᠰᠣᠨᠢᠨ᠄ ᠬᠠᠲᠤᠨ ᠭᠣᠣᠯ ᠬᠤᠸᠠᠶ ᠡᠾᠸ᠂ ᠤᠮᠠᠷᠠᠲᠤ ᠣᠷᠣᠨ᠎ᠤ ᠵᠠᠷᠢᠮ ᠭᠠᠵᠠᠷ᠎ᠲᠤ ᠦᠨᠳᠦᠷ ᠬᠠᠯᠠᠭᠤᠨ ᠠᠭᠤᠷ ᠠᠮᠢᠰᠬᠤᠯ ᠢᠯᠡᠷᠡᠨ᠎ᠡ
ᠠᠷᠠᠳ᠎ᠤᠨ ᠡᠳᠦᠷ᠎ᠤᠨ ᠰᠣᠨᠢᠨ᠄ ᠡᠮᠦᠨ᠎ᠡ 4 ᠰᠠᠷ᠎ᠠ᠎ᠳᠤ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠪᠡᠯᠡ ᠣᠷᠤᠭᠤᠯᠤᠯᠲᠠ᠎ᠨᠢ 2900 ᠳ᠋ᠦᠩᠰᠢᠭᠤᠷ ᠲᠦᠭᠦᠷᠢᠭ᠎ᠠᠴᠠ ᠳᠠᠪᠠᠪᠠ
ᠠᠷᠠᠳ᠎ᠤᠨ ᠡᠳᠦᠷ᠎ᠤᠨ ᠰᠣᠨᠢᠨ᠄ ᠤᠰᠤᠨ ᠠᠰᠢᠭᠯᠠᠯᠲᠠ ᠵᠢᠨ ᠶᠠᠮᠤᠨ ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠠᠮᠠᠷᠠᠯᠲᠠ ᠵᠢᠨ ᠬᠤᠭᠤᠴᠠᠭ᠋ᠠᠨ᠎ᠤ ᠰᠢᠷᠦᠭᠦᠨ ᠪᠣᠷᠣᠭ᠋ᠠᠨ᠎ᠢ ᠰᠡᠷᠭᠡᠶ᠋ᠢᠯᠡᠨ ᠠᠷᠭ᠋ᠠᠴᠠᠭ᠋ᠠᠬᠤ ᠲᠤᠬᠠᠢ ᠪᠠᠶ᠋ᠢᠷᠢᠯᠠᠭᠤᠯᠪᠠ
 
            