ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠰᠢᠠᠬᠣᠧᠠ ᠬᠣᠷᠢᠶ᠎ᠠ᠄ ᠪᠡᠯᠡ ᠣᠷᠣᠭᠤᠯᠤᠯᠲᠠ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ ᠨᠡᠮᠡᠭᠳᠡᠵᠦ ᠪᠦᠲᠦᠭᠡᠨ ᠪᠠᠢ᠌ᠭᠤᠯᠤᠯᠲᠠ ᠵᠢ ᠲᠦᠷᠭᠡᠪᠴᠢᠯᠡᠨ ᠠᠬᠢᠭᠤᠯᠵᠤ ᠪᠤᠢ — ᠤᠰᠤᠨ ᠠᠰᠢᠭᠯᠠᠯᠲᠠ ᠵᠢᠨ ᠶᠠᠮᠤᠨ ᠨᠢᠭᠡᠳᠦᠭᠡᠷ ᠤᠯᠠᠷᠢᠯ᠎ᠤᠨ ᠤᠰᠤᠨ ᠠᠰᠢᠭᠯᠠᠯᠲᠠ ᠵᠢᠨ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠢ᠍ᠭᠤᠯᠤᠯᠲᠠ ᠵᠢᠨ ᠠᠬᠢᠴᠠ᠎ᠳᠤ ᠲᠠᠢ᠌ᠯᠤᠮᠵᠢ ᠬᠢᠵᠡᠢ
ᠨᠡᠶ᠋ᠢᠲᠡᠯᠡᠭᠰᠡᠨ ᠴᠠᠭ᠄ 2025-04-18

   ᠰᠢᠠᠬᠣᠧᠠ ᠬᠣᠷᠢᠶᠠᠨ᠎ᠤ ᠪᠠᠭᠡᠵᠢᠩ᠎ᠤᠨ 4 ᠳ᠋ᠦ᠍ᠭᠡᠷ ᠰᠠᠷ᠎ᠠ ᠵᠢᠨ 17᠎ᠤ ᠡᠳᠦᠷ᠎ᠤᠨ ᠴᠠᠭᠢᠯᠭ᠋ᠠᠨ ᠮᠡᠳᠡᠭᠡ   ᠰᠠᠲᠣᠪ᠄ ᠪᠡᠯᠡ ᠣᠷᠣᠭᠤᠯᠤᠯᠲᠠ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ ᠨᠡᠮᠡᠭᠳᠡᠵᠦ ᠪᠦᠲᠦᠭᠡᠨ ᠪᠠᠢ᠌ᠭᠤᠯᠤᠯᠲᠠ ᠵᠢ ᠲᠦᠷᠭᠡᠪᠴᠢᠯᠡᠨ ᠠᠬᠢᠭᠤᠯᠵᠤ ᠪᠠᠢ᠌ᠨ᠎ᠠ — ᠤᠰᠤᠨ ᠠᠰᠢᠭᠯᠠᠯᠲᠠ ᠵᠢᠨ ᠶᠠᠮᠤᠨ ᠨᠢᠭᠡᠳᠦᠭᠡᠷ ᠤᠯᠠᠷᠢᠯ᠎ᠤᠨ ᠤᠰᠤᠨ ᠠᠰᠢᠭᠯᠠᠯᠲᠠ ᠵᠢᠨ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠢ᠍ᠭᠤᠯᠤᠯᠲᠠ ᠵᠢᠨ ᠠᠬᠢᠴᠠ᠎ᠳᠤ ᠲᠠᠢ᠌ᠯᠤᠮᠵᠢ ᠬᠢᠵᠡᠢ

   ᠰᠢᠠᠬᠣᠧᠠ ᠬᠣᠷᠢᠶᠠᠨ᠎ᠤ ᠰᠣᠷᠪᠤᠯᠵᠢᠯᠠᠬ᠍ᠴᠢ ᠸᠸᠢ ᠾᠦᠩ ᠢ

   ᠰᠠᠭᠤᠷᠢ ᠲᠥᠬᠥᠭᠡᠷᠦᠮᠵᠢ ᠪᠣᠯ ᠠᠵᠤ ᠠᠬᠤᠢ ᠨᠡᠶ᠋ᠢᠭᠡᠮ᠎ᠤᠨ ᠬᠦᠭᠵᠢᠯᠲᠡ ᠵᠢᠨ ᠴᠢᠬᠤᠯᠠ ᠲᠤᠯᠭ᠋ᠠᠭᠤᠷᠢ ᠮᠥᠨ᠃ 17᠎ᠤ ᠡᠳᠦᠷ᠂  ᠤᠰᠤᠨ ᠠᠰᠢᠭᠯᠠᠯᠲᠠ ᠵᠢᠨ ᠶᠠᠮᠤᠨ ᠨᠢᠭᠡᠳᠦᠭᠡᠷ ᠤᠯᠠᠷᠢᠯ᠎ᠤᠨ ᠤᠰᠤᠨ ᠠᠰᠢᠭᠯᠠᠯᠲᠠ ᠵᠢᠨ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠢ᠌ᠭᠤᠯᠤᠯᠲᠠ ᠵᠢᠨ ᠠᠬᠢᠴᠠ ᠪᠠ ᠦᠷ᠎ᠡ ᠪᠦᠲᠦᠮᠵᠢ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠵᠦ᠂  ᠨᠢᠭᠡᠳᠦᠭᠡᠷ ᠤᠯᠠᠷᠢᠯ᠎ᠤᠨ ᠤᠰᠤᠨ ᠠᠰᠢᠭᠯᠠᠯᠲᠠ ᠵᠢᠨ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠢ᠌ᠭᠤᠯᠤᠯᠲᠠ ᠵᠢᠨ ᠠᠬᠢᠴᠠ ᠬᠢᠭᠡᠳ ᠬᠤᠢ᠌ᠨᠠᠬᠢ ᠲᠥᠯᠥᠪᠯᠡᠭᠡ᠎ᠳᠤ ᠲᠠᠢ᠌ᠯᠪᠤᠷᠢᠯᠠᠯᠲᠠ ᠬᠢᠵᠠᠢ᠃

  《ᠡᠨᠡ ᠵᠢᠯ᠎ᠠᠴᠠ ᠨᠠᠭ᠋ᠠᠰᠢ ᠮᠠᠨ᠎ᠤ ᠤᠯᠤᠰ᠎ᠤᠨ ᠰᠢᠨ᠎ᠡ᠎ᠪᠠᠷ ᠠᠵᠢᠯ ᠡᠬᠢᠯᠡᠭᠦᠯᠦᠭᠰᠡᠨ ᠴᠢᠬᠤᠯᠠ ᠶᠡᠭᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ 8 ᠵᠦᠢ᠍ᠯ᠎ᠤᠨ ᠪᠡᠯᠡ ᠣᠷᠣᠭᠤᠯᠤᠯᠲᠠ ᠵᠢᠨ ᠬᠡᠪᠴᠢᠶ᠎ᠡ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ ᠳᠠᠪᠠᠪᠠ》᠃  ᠤᠰᠤᠨ ᠠᠰᠢᠭᠯᠠᠯᠲᠠ ᠵᠢᠨ ᠶᠠᠮᠤᠨ᠎ᠤ ᠳᠡᠳ᠋ ᠰᠠᠶ᠋ᠢᠳ ᠴᠧᠨ ᠮᠢᠨ᠎ᠤ ᠲᠠᠨᠢᠯᠴᠠᠭᠤᠯᠤᠭᠰᠠᠨ ᠵᠶ᠋ᠠᠷ᠂ 1 — 3 ᠳ᠋ᠤᠭ᠋ᠠᠷ ᠰᠠᠷ᠎ᠠ ᠪᠣᠯᠲᠠᠯ᠎ᠠ ᠮᠠᠨ᠎ᠤ ᠤᠯᠤᠰ᠎ᠤᠨ ᠬᠠᠲᠤᠨ ᠭᠤᠣᠯ᠎ᠤᠨ ᠭᠤᠣᠯ ᠤᠷᠤᠰᠬᠠᠯ᠎ᠤᠨ ᠬᠥᠬᠡᠨᠠᠭᠤᠷ᠎ᠤᠨ ᠬᠡᠰᠡᠭ᠎ᠢ ᠵᠠᠰᠠᠬᠤ᠂  ᠭᠤᠸᠠᠩᠰᠢ ᠵᠢᠨ ᠾᠸᠢ ᠱᠦᠢ ᠾᠧ ᠤᠰᠤᠯᠠᠯᠲᠠ ᠵᠢᠨ ᠣᠷᠣᠨ᠂  ᠠᠨᠾᠦ᠋ᠢ ᠮᠤᠵᠢ ᠵᠢᠨ ᠵᠢᠶᠠᠩ ᠰᠢᠶᠠᠩ ᠤᠰᠤᠯᠠᠯᠲᠠ ᠵᠢᠨ ᠣᠷᠣᠨ ᠵᠡᠷᠭᠡ 8 ᠵᠦᠢ᠍ᠯ᠎ᠤᠨ ᠴᠢᠬᠤᠯᠠ ᠶᠡᠭᠡ ᠢᠨᠵᠧᠨᠧᠷᠢᠩ᠎ᠢ ᠰᠢᠨ᠎ᠡ᠎ᠪᠠᠷ ᠠᠵᠢᠯ ᠡᠬᠢᠯᠡᠭᠦᠯᠵᠦ᠂  ᠶᠡᠷᠦᠩᠬᠡᠢ ᠪᠡᠯᠡ ᠣᠷᠣᠭᠤᠯᠤᠯᠲᠠ ᠵᠢᠨ ᠬᠡᠪᠴᠢᠶ᠎ᠡ᠎ᠨᠢ 437.3 ᠳ᠋ᠦᠩᠰᠢᠭᠤᠷ ᠲᠥᠭᠦᠷᠢᠭ᠎ᠲᠤ ᠬᠦᠷᠴᠦ᠂  ᠠᠳᠠᠯᠢ ᠬᠤᠭᠤᠴᠠᠭ᠋ᠠᠨ᠎ᠤ᠎ᠬᠢ᠎ᠠᠴᠠ 27.8%᠎ᠪᠠᠷ ᠨᠡᠮᠡᠭᠳᠡᠪᠡ᠃

   ᠨᠢᠳᠤᠨᠤᠨ᠎ᠤ ᠠᠳᠠᠯᠢ ᠬᠤᠭᠤᠴᠠᠭ᠋ᠠᠨ᠎ᠤ ᠥᠨᠳᠥᠷ ᠰᠠᠭᠤᠷᠢ ᠲᠤᠭ᠎ᠠ ᠵᠢᠨ ᠲᠠᠯ᠎ᠠ᠎ᠪᠠᠷ᠂  ᠨᠢᠭᠡᠳᠦᠭᠡᠷ ᠤᠯᠠᠷᠢᠯ᠎ᠳᠤ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢ ᠲᠣᠭᠲᠠᠭᠤᠨ᠎ᠤ ᠳᠤᠮᠳᠠ ᠨᠡᠮᠡᠭᠳᠡᠭᠦᠯᠪᠡ᠃ 1 — 3 ᠳ᠋ᠤᠭ᠋ᠠᠷ ᠰᠠᠷ᠎ᠠ ᠪᠣᠯᠲᠠᠯ᠎ᠠ᠂  ᠪᠦᠬᠦ ᠤᠯᠤᠰ᠎ᠲᠤ ᠡᠯ᠎ᠡ ᠲᠥᠷᠥᠯ᠎ᠤᠨ ᠤᠰᠤᠨ ᠠᠰᠢᠭᠯᠠᠯᠲᠠ ᠵᠢᠨ ᠲᠥᠷᠥᠯ ᠵᠦᠢ᠍ᠯ᠎ᠢ 2.16 ᠲᠦᠮᠡ ᠬᠡᠷᠡᠭᠵᠢᠭᠦᠯᠵᠦ᠂  ᠡᠭᠦᠨ᠎ᠳᠤ ᠤᠰᠤᠨ ᠠᠰᠢᠭᠯᠠᠯᠲᠠ ᠵᠢᠨ ᠲᠥᠷᠥᠯ ᠵᠦᠢ᠍ᠯ᠎ᠢ 6034 ᠰᠢᠨ᠎ᠡ᠎ᠪᠠᠷ ᠠᠵᠢᠯ ᠡᠬᠢᠯᠡᠭᠦᠯᠪᠡ; ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢ 1988.1 ᠳ᠋ᠦᠩᠰᠢᠭᠤᠷ ᠲᠥᠭᠥᠷᠢᠭ ᠪᠡᠶᠡᠯᠡᠭᠦᠯᠵᠦ᠂  ᠠᠳᠠᠯᠢ ᠬᠤᠭᠤᠴᠠᠭ᠋ᠠᠨ᠎ᠤ᠎ᠬᠢ᠎ᠠᠴᠠ 2.9%᠎ᠪᠠᠷ ᠨᠡᠮᠡᠭᠳᠡᠪᠡ᠃  ᠬᠠᠲᠤᠨ ᠭᠣᠤᠯ᠎ᠤᠨ ᠭᠦ᠋ ᠰᠢᠶᠠᠨ ᠤᠰᠤᠨ ᠠᠰᠢᠭᠯᠠᠯᠲᠠ ᠵᠢᠨ ᠵᠠᠩᠭᠢᠯᠠᠭ᠎ᠠ᠂  ᠬᠦᠬᠡᠮᠦ᠋ᠷᠡᠨ᠎ᠤ ᠤᠰᠤ ᠵᠢ ᠳᠠᠳᠠᠵᠦ ᠬᠠᠨᠵᠢᠶᠠᠩ ᠮᠦᠷᠡᠨ᠎ᠳᠤ ᠨᠡᠮᠡᠷᠢᠯᠡᠬᠦ᠂  ᠤᠮᠠᠷᠠᠲᠤ ᠬᠡᠰᠡᠭ᠎ᠤᠨ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠵᠡᠷᠭᠡ ᠤᠯᠤᠰ᠎ᠤᠨ ᠤᠰᠤᠨ ᠠᠰᠢᠭᠯᠠᠯᠲᠠ ᠵᠢᠨ ᠲᠣᠤᠷ᠎ᠤᠨ ᠭᠣᠤᠯᠯᠠᠬᠤ ᠢᠨᠵᠧᠨᠧᠷᠢᠩ᠎ᠢ ᠲᠦᠷᠭᠡᠳᠬᠡᠨ ᠪᠦᠲᠦᠭᠡᠨ ᠪᠠᠶ᠋ᠢᠭᠤᠯᠬᠤ ᠬᠡᠷᠡᠭᠲᠡᠶ᠃

  《ᠤᠰᠤᠨ ᠠᠰᠢᠭᠯᠠᠯᠲᠠ ᠵᠢᠨ ᠰᠠᠭᠤᠷᠢ ᠲᠥᠬᠦᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢᠨ ᠠᠵᠢᠯ ᠣᠯᠭᠤᠯᠲᠠ ᠵᠢ ᠲᠣᠭᠲᠠᠪᠤᠷᠢᠵᠢᠭᠤᠯᠬᠤ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠤᠨ᠎ᠠ》᠃  ᠴᠧᠨ ᠮᠢᠨ ᠲᠠᠨᠢᠯᠴᠠᠭᠤᠯᠬᠤ᠎ᠳᠠᠭᠠᠨ᠂  ᠨᠢᠭᠡᠳᠦᠭᠡᠷ ᠤᠯᠠᠷᠢᠯ᠎ᠳᠤ ᠪᠠᠶ᠋ᠢᠭᠤᠯᠵᠤ ᠪᠠᠶ᠋ᠢᠭ᠎ᠠ ᠤᠰᠤᠨ ᠠᠰᠢᠭᠯᠠᠯᠲᠠ ᠵᠢᠨ ᠲᠥᠷᠥᠯ ᠵᠦᠢ᠍ᠯ᠎ᠨᠢ 66 ᠲᠦᠮᠡᠨ ᠬᠥᠮᠦᠨ᠎ᠳᠤ ᠠᠵᠢᠯ ᠣᠯᠭᠤᠵᠤ᠂  ᠡᠭᠦᠨ᠎ᠳᠤ ᠬᠥᠳᠡᠭᠡ ᠲᠣᠰᠬᠤᠨ᠎ᠤ ᠬᠥᠳᠡᠯᠮᠦᠷᠢ ᠬᠦᠴᠦᠨ᠎ᠨᠢ 54.3 ᠲᠦᠮᠡ ᠪᠣᠶ; ᠠᠵᠢᠯ ᠣᠯᠤᠭᠰᠠᠳ᠎ᠤᠨ ᠴᠠᠯᠢᠩ᠎ᠢ ᠨᠡᠶ᠋ᠢᠲᠡ 67.5 ᠳ᠋ᠦᠩᠰᠢᠭᠤᠷ ᠲᠥᠭᠦᠷᠢᠭ ᠲᠠᠯᠪᠢᠵᠤ᠂  ᠡᠭᠦᠨ᠎ᠳᠤ ᠬᠥᠳᠡᠭᠡ ᠲᠣᠰᠬᠤᠨ᠎ᠤ ᠬᠥᠳᠡᠯᠮᠦᠷᠢ ᠬᠦᠴᠦᠨ᠎ᠤ ᠴᠠᠯᠢᠩ᠎ᠨᠢ 52.4 ᠳ᠋ᠦᠩᠰᠢᠭᠤᠷ ᠲᠥᠭᠦᠷᠢᠭ᠎ᠲᠤ ᠬᠦᠷᠴᠡᠶ᠃

   ᠤᠰᠤᠯᠠᠯᠲᠠ ᠵᠢᠨ ᠣᠷᠣᠨ ᠪᠣᠯ ᠠᠮᠤ ᠪᠤᠳᠠᠭ᠋ᠠᠨ᠎ᠤ ᠠᠶᠤᠯ ᠦᠭᠡᠶ ᠵᠢᠨ ᠰᠠᠭᠤᠷᠢ ᠪᠠᠲᠤᠯᠠᠭ᠎ᠠ ᠪᠣᠯᠬᠤ ᠪᠥᠭᠡᠳ ᠲᠣᠮᠣ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠬᠢᠭᠡᠳ ᠣᠳᠣᠬᠢᠴᠢᠯᠠᠬᠤ ᠥᠭᠡᠷᠡᠴᠢᠯᠡᠯᠲᠡ ᠪᠣᠯ ᠤᠰᠤᠨ ᠠᠰᠢᠭᠯᠠᠯᠲᠠ ᠵᠢᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠴᠢᠬᠤᠯᠠ ᠨᠢᠭᠡ ᠵᠠᠩᠭᠢᠯᠠᠭ᠎ᠠ ᠪᠣᠯᠤᠨ᠎ᠠ᠃  ᠤᠰᠤᠨ ᠠᠰᠢᠭᠯᠠᠯᠲᠠ ᠵᠢᠨ ᠶᠠᠮᠤᠨ᠎ᠤ ᠲᠥᠯᠥᠪᠵᠢᠭᠦᠯᠪᠡ ᠲᠥᠯᠥᠪᠯᠡᠭᠡ ᠵᠢᠨ ᠵᠤᠷᠭ᠋ᠠᠨ᠎ᠤ ᠳᠠᠷᠤᠭ᠎ᠠ ᠵᠠᠩ ᠰᠢᠶᠠᠩ ᠸᠧᠶ ᠵᠢᠨ ᠲᠠᠨᠢᠯᠴᠠᠭᠤᠯᠤᠭᠰᠠᠨ ᠵᠶ᠋ᠠᠷ᠂  ᠨᠢᠭᠡᠳᠦᠭᠡᠷ ᠤᠯᠠᠷᠢᠯ᠎ᠳᠤ 8 ᠵᠦᠢ᠍ᠯ᠎ᠤᠨ ᠴᠢᠬᠤᠯᠠ ᠶᠡᠭᠡ ᠤᠰᠤᠨ ᠠᠰᠢᠭᠯᠠᠯᠲᠠ ᠵᠢᠨ ᠢᠨᠵᠸᠨ᠋ᠸᠷᠢᠩ᠎ᠢ ᠰᠢᠨ᠎ᠡ᠎ᠪᠠᠷ ᠡᠬᠢᠯᠡᠭᠦᠯᠪᠡ᠂  ᠡᠭᠦᠨ᠎ᠳᠤ ᠲᠣᠮᠣ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠬᠢᠭᠡᠳ ᠣᠳᠣᠬᠢᠴᠢᠯᠠᠭᠰᠠᠨ ᠥᠭᠡᠷᠡᠴᠢᠯᠡᠯᠲᠡ ᠵᠢᠨ ᠲᠥᠷᠥᠯ ᠵᠦᠢ᠍ᠯ᠎ᠨᠢ ᠬᠠᠭ᠋ᠠᠰ᠎ᠢ ᠡᠵᠡᠯᠡᠵᠦ ᠪᠠᠶ᠋ᠢᠨ᠎ᠠ᠃  ᠬᠤᠯᠪᠣᠭᠳᠠᠯ ᠪᠦᠬᠦᠢ ᠢᠨᠵᠧᠨᠧᠷᠢᠩ᠎ᠢ ᠬᠡᠷᠡᠭᠵᠢᠭᠦᠯᠦᠭᠰᠡᠨ᠎ᠨᠢ ᠤᠰᠤᠯᠠᠯᠲᠠ ᠵᠢᠨ ᠲᠠᠯᠠᠪᠠᠢ ᠵᠢ 759 ᠲᠦᠮᠡᠨ ᠮᠦ᠍ ᠰᠢᠨ᠎ᠡ᠎ᠪᠠᠷ ᠨᠡᠮᠡᠭᠳᠡᠭᠦᠯᠬᠦ ᠪᠠ ᠰᠠᠶ᠋ᠢᠵᠢᠷᠠᠭᠤᠯᠵᠤ᠂  ᠲᠠᠷᠢᠶᠠᠯᠠᠩ᠎ᠤᠨ ᠤᠰᠤ ᠬᠡᠷᠡᠭᠯᠡᠬᠦ ᠵᠢ ᠪᠠᠲᠤᠯᠠᠬᠤ ᠴᠢᠳᠠᠪᠤᠷᠢ ᠪᠠ ᠤᠰᠤᠯᠠᠯᠲᠠ ᠵᠢᠨ ᠦᠷ᠎ᠡ ᠠᠰᠢᠭ᠎ᠢ ᠳᠡᠭᠡᠭᠰᠢᠯᠡᠭᠦᠯᠬᠦ ᠪᠣᠯᠤᠨ᠎ᠠ᠃

   ᠡᠨᠡ ᠵᠢᠯ᠎ᠠᠴᠠ ᠨᠠᠭ᠋ᠠᠰᠢ᠂  ᠪᠦᠬᠦ ᠤᠯᠤᠰ᠎ᠤᠨ ᠬᠤᠷ᠎ᠠ ᠲᠤᠨᠤᠳᠠᠰᠤ ᠵᠢᠨ ᠬᠡᠮᠵᠢᠶ᠎ᠡ ᠡᠩ᠎ᠤᠨ ᠵᠢᠯ᠎ᠤᠨ ᠠᠳᠠᠯᠢ ᠬᠤᠭᠤᠴᠠᠭ᠋ᠠᠨ᠎ᠠᠴᠠ ᠪᠠᠷᠤᠭ ᠭᠤᠷᠪᠠᠨ ᠬᠤᠪᠢ ᠪᠠᠭ᠋ᠠᠰᠤᠭᠰᠠᠨ ᠪᠠᠶ᠋ᠢᠨ᠎ᠠ᠃  ᠤᠰᠤᠨ ᠠᠰᠢᠭᠯᠠᠯᠲᠠ ᠵᠢᠨ ᠶᠠᠮᠤᠨ᠎ᠤ ᠬᠥᠳᠡᠭᠡ ᠲᠣᠰᠬᠤᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠵᠤᠷᠭ᠋ᠠᠨ᠎ᠤ ᠳᠡᠳ᠋ ᠳᠠᠷᠤᠭ᠎ᠠ ᠰᠢᠤᠢ ᠳ᠋ᠧ ᡁᠢ᠂  ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠨ᠎ᠬᠢᠨ ᠶᠠᠭ ᠬᠠᠪᠤᠷ᠎ᠤᠨ ᠤᠯᠠᠷᠢᠯ᠎ᠤᠨ ᠤᠰᠤᠯᠠᠯᠲᠠ᠎ᠳᠤ ᠬᠡᠷᠡᠭᠯᠡᠬᠦ ᠤᠰᠤ ᠵᠢ ᠪᠦᠬᠦ ᠬᠦᠴᠦᠨ ᠵᠶ᠋ᠠᠷ ᠵᠶ᠋ᠠᠨ ᠪᠠᠲᠤᠯᠠᠬᠤ᠂  ᠤᠰᠤᠯᠠᠬᠤ ᠤᠰᠤ ᠵᠠᠯᠠᠬᠤ ᠲᠥᠬᠦᠭᠡᠷᠦᠮᠵᠢ ᠵᠢᠨ ᠳᠤᠲᠠᠭᠤᠳᠠᠯ᠎ᠢ ᠲᠦᠷᠭᠡᠨ ᠨᠥᠬᠦᠪᠥᠷᠢᠯᠡᠬᠦ᠂  ᠰᠢᠨᠵᠢᠯᠡᠬᠦ ᠤᠬᠠᠭ᠋ᠠᠨᠴᠢ᠎ᠪᠠᠷ ᠤᠰᠤᠯᠠᠬᠤ ᠵᠢ ᠵᠢᠯᠣᠭᠤᠳᠤᠨ ᠬᠡᠷᠡᠭᠵᠢᠭᠦᠯᠬᠦ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂  ᠤᠰᠤ ᠬᠡᠷᠡᠭᠯᠡᠬᠦ ᠲᠣᠬᠢᠷᠠᠭᠤᠯᠤᠯᠲᠠ ᠵᠢ ᠴᠢᠩᠭ᠋ᠠᠳᠬᠠᠵᠤ᠂  ᠤᠰᠤᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠥᠭᠡᠷᠡᠴᠢᠯᠡᠯᠲᠡ ᠵᠢᠨ ᠲᠥᠷᠥᠯ ᠵᠦᠢ᠍ᠯ᠎ᠤᠨ ᠰᠡᠭᠦᠯ ᠰᠢᠪᠲᠤᠷᠬᠤ ᠪᠠ ᠭᠠᠮᠰᠢᠭ᠎ᠲᠤ ᠡᠪᠳᠡᠭᠳᠡᠭᠰᠡᠨ ᠤᠰᠤᠯᠠᠯᠲᠠ ᠵᠢᠨ ᠢᠨᠵᠧᠨᠧᠷᠢᠩ᠎ᠢ ᠵᠠᠰᠠᠨ ᠰᠡᠷᠭᠦᠭᠡᠬᠦ ᠵᠢ ᠲᠦᠷᠭᠡᠳᠬᠡᠨ ᠪᠡᠶᠡᠯᠡᠭᠦᠯᠵᠦ᠂  ᠠᠮᠤ ᠪᠤᠳᠠᠭ᠋ᠠᠨ᠎ᠤ ᠤᠨᠠᠯᠲᠠ ᠵᠢ ᠲᠣᠭᠲᠠᠪᠤᠷᠢᠵᠢᠭᠤᠯᠵᠤ ᠬᠠᠩᠭ᠋ᠠᠯᠭ᠎ᠠ ᠵᠢ ᠪᠠᠲᠤᠯᠠᠬᠤ ᠵᠢ ᠪᠠᠲᠤᠯᠠᠵᠤ ᠪᠠᠶ᠋ᠢᠨ᠎ᠠ ᠭᠡᠵᠦ ᠢᠯᠡᠳᠬᠡᠪᠡ᠃

  4 ᠳ᠋ᠦ᠍ᠭᠡᠷ ᠰᠠᠷ᠎ᠠ ᠵᠢᠨ ᠳᠤᠮᠳᠠᠴᠢ ᠪᠣᠯᠲᠠᠯ᠎ᠠ᠂  ᠪᠥᠬᠦ ᠤᠯᠤᠰ᠎ᠤᠨ ᠤᠰᠤᠯᠠᠯᠲᠠ ᠵᠢᠨ ᠲᠠᠯᠠᠪᠠᠶ ᠨᠡᠶ᠋ᠢᠲᠡ 2 ᠳ᠋ᠦᠩᠰᠢᠭᠤᠷ ᠮᠥ᠍ ᠵᠢ ᠳᠠᠪᠠᠵᠤ᠂  ᠡᠭᠦᠨ᠎ᠳᠤ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠤᠰᠤᠯᠠᠯᠲᠠ ᠵᠢᠨ ᠲᠠᠯᠠᠪᠠᠶ᠎ᠨᠢ ᠨᠡᠶ᠋ᠢᠲᠡ 1.6 ᠳ᠋ᠦᠩᠰᠢᠭᠤᠷ ᠮᠥ᠍ ᠵᠢ ᠳᠠᠪᠠᠵᠠᠶ᠃  ᠤᠰᠤᠨ ᠠᠰᠢᠭᠯᠠᠯᠲᠠ ᠵᠢᠨ ᠶᠠᠮᠤᠨ᠎ᠤ ᠬᠠᠮᠢᠶ᠎ᠠ ᠪᠦᠬᠦᠢ ᠪᠦᠷᠢᠳᠬᠡᠯ᠎ᠠᠴᠠ ᠦᠵᠡᠪᠡᠯ᠂ 2024 ᠣᠨ᠎ᠤ ᠲᠠᠷᠢᠶᠠᠨ ᠭᠠᠵᠠᠷ᠎ᠤᠨ ᠤᠰᠤᠯᠠᠯᠲᠠ ᠵᠢᠨ ᠲᠠᠯᠠᠪᠠᠶ᠎ᠳᠠᠬᠢ ᠠᠮᠤ ᠪᠤᠳᠠᠭ᠋ᠠᠨ᠎ᠤ ᠤᠨᠠᠯᠲᠠ᠎ᠨᠢ ᠪᠠᠷᠤᠭ ᠪᠥᠬᠦ ᠤᠯᠤᠰ᠎ᠤᠨ ᠶᠡᠷᠦᠩᠬᠡᠶ ᠤᠨᠠᠯᠲᠠ ᠵᠢᠨ 80% ᠵᠢ ᠡᠵᠡᠯᠡᠵᠦ᠂ 2023 ᠣᠨ᠎ᠤ᠎ᠬᠢ᠎ᠠᠴᠠ 3 ᠵᠠᠭᠤᠨ᠎ᠤ ᠴᠡᠭ ᠳᠡᠭᠡᠭᠰᠢᠯᠡᠵᠡᠢ᠃

   ᠤᠰᠤᠨ ᠠᠰᠢᠭᠯᠠᠯᠲᠠ ᠵᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠥᠭᠡᠷᠡᠴᠢᠯᠡᠯᠲᠡ ᠪᠣᠯ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠪᠡᠯᠡ ᠮᠥᠩᠭᠥ ᠵᠢᠨ ᠢᠷᠡᠯᠲᠡ ᠵᠢ ᠥᠷᠭᠡᠳᠬᠡᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃  ᠨᠢᠭᠡᠳᠦᠭᠡᠷ ᠤᠯᠠᠷᠢᠯ᠂  ᠤᠰᠤᠨ ᠠᠰᠢᠭᠯᠠᠯᠲᠠ ᠵᠢᠨ ᠶᠠᠮᠤᠨ᠎ᠠᠴᠠ ᠡᠳ᠋᠎ᠤᠨ ᠵᠠᠰᠠᠭ᠎ᠤᠨ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ᠎ᠳᠠᠬᠢ ᠣᠷᠣᠭᠤᠯᠤᠯᠲᠠ ᠵᠢ ᠣᠯᠬᠤ᠎ᠪᠠᠷ ᠢᠳᠡᠪᠬᠢᠯᠡᠨ ᠴᠢᠷᠮᠠᠶ᠋ᠢᠬᠤ ᠵᠢᠨ ᠬᠠᠮᠲᠤ᠂  ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠶ ᠵᠦᠢ᠍ᠯ᠎ᠤᠨ ᠵᠢᠭᠡᠯᠡᠯᠭᠡ ᠵᠢᠨ ᠲᠡᠮᠳᠡᠭ᠂  ᠮᠥᠩᠭᠥᠨ ᠭᠦᠢ᠍ᠯᠭᠡᠭᠡᠨ᠎ᠤ ᠢᠲᠡᠭᠡᠮᠵᠢᠲᠦ ᠵᠢᠭᠡᠯᠡᠯᠭᠡ᠂  ᠨᠡᠶ᠋ᠢᠭᠡᠮ᠎ᠤᠨ ᠬᠥᠷᠥᠩᠭᠡ ᠵᠢᠨ 《ᠬᠠᠮ ᠠᠷᠭ᠎ᠠ》 ᠵᠢ ᠰᠠᠶ᠋ᠢᠲᠤᠷ ᠬᠢᠵᠦ᠂  ᠪᠦᠲᠦᠭᠡᠨ ᠪᠠᠶ᠋ᠢᠭᠤᠯᠤᠯᠲᠠ ᠵᠢᠨ ᠪᠡᠯᠡ ᠮᠥᠩᠭᠥ ᠵᠢ ᠣᠯᠠᠨ ᠠᠷᠭ᠎ᠠ ᠵᠠᠮ ᠵᠶ᠋ᠠᠷ ᠴᠤᠭᠯᠠᠭᠤᠯᠬᠤ ᠬᠡᠷᠡᠭᠲᠡᠶ᠃

  《ᠡᠩ ᠲᠡᠷᠢᠭᠦᠨ᠎ᠳᠤ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠶ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢᠨ ᠲᠦᠷᠦ ᠵᠢᠨ ᠪᠤᠳᠤᠯᠭ᠎ᠠ ᠵᠢ ᠰᠠᠶ᠋ᠢᠲᠤᠷ ᠬᠡᠷᠡᠭᠯᠡᠪᠡ》᠃  ᠵᠠᠩ ᠰᠢᠶᠠᠩ ᠸᠧᠶ ᠢᠯᠡᠷᠬᠡᠶ᠋ᠢᠯᠡᠬᠦ᠎ᠳᠡᠭᠡᠨ᠂  ᠤᠰᠤᠨ ᠠᠰᠢᠭᠯᠠᠯᠲᠠ ᠵᠢᠨ ᠶᠠᠮᠤᠨ 《ᠬᠤᠶᠠᠷ ᠬᠦᠨᠳᠦ》 ᠵᠢᠨ ᠪᠦᠲᠦᠭᠡᠨ ᠪᠠᠶ᠋ᠢᠭᠤᠯᠤᠯᠲᠠ ᠵᠢᠨ ᠡᠭᠦᠷᠭᠡ᠎ᠲᠠᠢ ᠤᠶᠠᠯᠳᠤᠭᠤᠯᠤᠨ᠂  ᠣᠷᠣᠨ ᠨᠤᠲᠤᠭ᠎ᠢ ᠵᠢᠯᠣᠭᠤᠳᠤᠨ ᠲᠥᠷᠥᠯ ᠵᠦᠢ᠍ᠯ᠎ᠢ ᠤᠷᠢᠳᠴᠢᠯᠠᠨ ᠰᠢᠯᠢᠨ ᠰᠣᠩᠭᠤᠵᠤ᠂  ᠲᠥᠷᠥᠯ ᠵᠦᠢ᠍ᠯ᠎ᠤᠨ ᠬᠡᠷᠡᠭᠵᠢᠭᠦᠯᠬᠦ ᠲᠥᠰᠦᠯ᠎ᠢ ᠰᠠᠶ᠋ᠢᠲᠤᠷ ᠨᠠᠶ᠋ᠢᠷᠠᠭᠤᠯᠤᠨ ᠵᠣᠬᠢᠶᠠᠨ᠎ᠠ᠃  ᠡᠨᠡ ᠵᠢᠯ᠎ᠤᠨ ᠨᠢᠭᠡᠳᠦᠭᠡᠷ ᠤᠯᠠᠷᠢᠯ᠎ᠳᠤ ᠪᠦᠬᠦ ᠤᠯᠤᠰ᠎ᠤᠨ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ᠎ᠨᠢ ᠣᠷᠤᠨ ᠨᠤᠲᠤᠭ᠎ᠤᠨ ᠵᠠᠰᠠᠭ᠎ᠤᠨ ᠣᠷᠳᠤᠨ᠎ᠤ ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭ 288.6 ᠳ᠋ᠦᠩᠰᠢᠭᠤᠷ ᠲᠦᠭᠦᠷᠢᠭ᠎ᠢ ᠨᠠᠶ᠋ᠢᠳᠠᠪᠤᠷᠢᠵᠢᠭᠤᠯᠵᠤ᠂  ᠠᠳᠠᠯᠢ ᠬᠤᠭᠤᠴᠠᠭ᠋ᠠᠨ᠎ᠤ᠎ᠬᠢ᠎ᠠᠴᠠ 37%᠎ᠪᠠᠷ ᠨᠡᠮᠡᠭᠳᠡᠪᠡ᠃

   ᠡᠭᠦᠨ᠎ᠤ ᠬᠠᠮᠲᠤ᠂  ᠪᠠᠩᠬᠢ ᠵᠢᠨ ᠵᠢᠭᠡᠯᠡᠯᠭᠡ ᠪᠠ ᠨᠡᠶ᠋ᠢᠭᠡᠮ᠎ᠤᠨ ᠬᠥᠷᠥᠩᠭᠡ᠎ᠨᠢ ᠴᠦ᠍ ᠦᠷᠭᠦᠯᠵᠢᠯᠡᠨ ᠤᠰᠤᠨ ᠠᠰᠢᠭᠯᠠᠯᠲᠠ ᠵᠢᠨ ᠪᠡᠯᠡ ᠣᠷᠣᠭᠤᠯᠤᠯᠲᠠ᠎ᠳᠤ ᠬᠡᠷᠡᠭᠯᠡᠵᠦ ᠪᠠᠶ᠋ᠢᠨ᠎ᠠ᠃  ᠲᠠᠨᠢᠯᠴᠠᠭᠤᠯᠤᠭᠰᠠᠨ ᠵᠶ᠋ᠠᠷ᠂  ᠤᠰᠤᠨ ᠠᠰᠢᠭᠯᠠᠯᠲᠠ ᠵᠢᠨ ᠶᠠᠮᠤᠨ᠎ᠠᠴᠠ ᠣᠷᠣᠨ ᠨᠤᠲᠤᠭ᠎ᠢ ᠵᠢᠯᠣᠭᠤᠳᠤᠨ ᠢᠲᠡᠭᠡᠮᠵᠢᠲᠦ ᠵᠢᠭᠡᠯᠡᠯᠭᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠨᠠᠷᠢᠯᠢᠭ ᠣᠨᠣᠴᠠᠲᠠᠶ ᠵᠣᠯᠭ᠋ᠠᠭᠤᠯᠵᠤ᠂  ᠵᠢᠭᠡᠯᠡᠯᠭᠡ ᠵᠢᠨ ᠬᠦᠦ ᠵᠢᠨ ᠨᠣᠷᠮ᠎ᠠ᠂  ᠵᠢᠭᠡᠯᠡᠯᠭᠡ ᠵᠢᠨ ᠬᠤᠭᠤᠴᠠᠭ᠎ᠠ᠂  ᠬᠥᠷᠥᠩᠭᠡ ᠮᠥᠩᠭᠦ ᠵᠢᠨ ᠬᠠᠷᠢᠴᠠᠯ ᠵᠡᠷᠭᠡ ᠲᠠᠯ᠎ᠠ ᠵᠢᠨ ᠮᠥᠩᠭᠦᠨ ᠭᠦᠢ᠍ᠯᠭᠡᠭᠡᠨ᠎ᠤ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠰᠠᠶ᠋ᠢᠲᠤᠷ ᠬᠡᠷᠡᠭᠯᠡᠪᠡ; ᠨᠡᠶ᠋ᠢᠭᠡᠮ᠎ᠤᠨ ᠬᠥᠷᠥᠩᠭᠡ ᠵᠢ ᠬᠥᠲᠥᠯᠥᠨ ᠵᠢᠯᠣᠭᠤᠳᠴᠤ ᠪᠠᠶ᠋ᠢᠭ᠋ᠠᠳ ᠰᠲ᠋ᠣᠺ᠎ᠤᠨ ᠡᠷᠬᠡ ᠵᠢᠨ ᠪᠡᠯᠡ ᠣᠷᠣᠭᠤᠯᠤᠯᠲᠠ᠂  ᠣᠨᠴᠠ ᠵᠥᠪᠰᠢᠶᠡᠷᠡᠯ ᠵᠶ᠋ᠠᠷ ᠡᠵᠡᠩᠨᠡᠬᠦ ᠵᠡᠷᠭᠡ ᠵᠠᠭᠪᠤᠷ ᠵᠶ᠋ᠠᠷ ᠳᠠᠮᠵᠢᠭᠤᠯᠤᠨ᠂  ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠲᠣᠣᠷ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯᠯᠠᠭ᠋ᠠᠨ᠎ᠳᠤ ᠣᠷᠣᠯᠴᠠᠭᠤᠯᠤᠨ᠎ᠠ᠃

   ᠡᠨᠡ ᠵᠢᠯ᠎ᠤᠨ ᠨᠢᠬᠡᠲᠦᠭᠡᠷ ᠤᠯᠠᠷᠢᠯ᠎ᠳᠤ᠂  ᠪᠦᠭᠦ ᠤᠯᠤᠰ᠎ᠤᠨ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ᠎ᠨᠢ ᠪᠠᠩᠭᠢ ᠵᠢᠨ ᠵᠢᠬᠡᠯᠡᠯᠬᠡ 414.1 ᠳ᠋ᠦᠩᠰᠢᠭᠤᠷ ᠳᠦᠭᠦᠷᠢᠭ᠎ᠲᠤ ᠬᠦᠷᠴᠦ᠂  ᠠᠲᠠᠯᠢ ᠬᠤᠭᠤᠴᠠᠭ᠋ᠠᠨ᠎ᠤ᠎ᠬᠢ᠎ᠠᠴᠠ 38.5%᠎ᠪᠠᠷ ᠨᠡᠮᠡᠭᠲᠡᠵᠡᠢ᠂  ᠨᠡᠶ᠋ᠢᠬᠡᠮ᠎ᠤᠨ ᠬᠦᠷᠦᠩᠬᠡ᠎ᠨᠢ 372.8 ᠳ᠋ᠦᠩᠰᠢᠭᠤᠷ ᠳᠦᠭᠦᠷᠢᠭ᠎ᠲᠤ ᠬᠦᠷᠴᠦ᠂  ᠠᠲᠠᠯᠢ ᠬᠤᠭᠤᠴᠠᠭ᠋ᠠᠨ᠎ᠤ᠎ᠬᠢ᠎ᠠᠴᠠ 33.3%᠎ᠪᠠᠷ ᠨᠡᠮᠡᠭᠲᠡᠵᠡᠢ᠃ 《ᠢᠯᠠᠩᠭᠤᠶ᠎ᠠ ᠠᠷᠠᠳ᠎ᠠᠴᠠ ᠡᠵᠡᠩᠨᠡᠭᠰᠡᠨ ᠬᠥᠷᠥᠩᠭᠡ ᠵᠢ 31.3 ᠳ᠋ᠦᠩᠰᠢᠭᠤᠷ ᠲᠥᠭᠦᠷᠢᠭ ᠨᠠᠶ᠋ᠢᠳᠠᠪᠤᠷᠢᠵᠢᠭᠤᠯᠪᠠ᠂  ᠡᠨᠡ ᠪᠣᠯ ᠨᠢᠳᠤᠨᠤᠨ᠎ᠤ ᠪᠦᠬᠦ ᠵᠢᠯ᠎ᠳᠤ ᠠᠷᠠᠳ᠎ᠠᠴᠠ ᠡᠵᠡᠩᠨᠡᠭᠰᠡᠨ ᠬᠥᠷᠥᠩᠭᠡ ᠵᠢ ᠣᠷᠣᠭᠤᠯᠤᠨ ᠠᠪᠴᠢᠷᠠᠭᠰᠠᠨ ᠬᠠᠭ᠋ᠠᠰ ᠵᠢᠯ ᠮᠥᠨ》 ᠭᠡᠵᠦ ᠵᠠᠩ ᠰᠢᠶᠠᠩ ᠸᠧᠶ ᠬᠡᠯᠡᠪᠡ᠃

  2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠡᠴᠦᠰ᠎ᠤᠨ ᠵᠢᠯ ᠪᠣᠯᠤᠨ᠎ᠠ᠃  ᠪᠦᠬᠦ ᠵᠢᠯ ᠵᠶ᠋ᠡᠨ ᠪᠠᠷᠠᠯᠠᠬᠤᠶ᠎ᠠ᠂  ᠴᠧᠨ ᠮᠢᠨ ᠢᠯᠡᠷᠬᠡᠶ᠋ᠢᠯᠡᠬᠦ᠎ᠳᠡᠭᠡᠨ᠂ 《ᠬᠤᠶᠠᠷ ᠴᠢᠬᠤᠯᠠ》 ᠤᠰᠤᠨ ᠠᠰᠢᠭᠯᠠᠯᠲᠠ ᠵᠢᠨ ᠲᠥᠷᠥᠯ ᠵᠦᠢ᠍ᠯ ᠵᠶ᠋ᠠᠷ ᠭᠤᠤᠯᠳᠠᠯᠭ᠎ᠠ ᠪᠣᠯᠭ᠋ᠠᠵᠤ᠂  ᠤᠰᠤᠨ ᠠᠰᠢᠭᠯᠠᠯᠲᠠ ᠵᠢᠨ ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ        ᠵᠢᠯ》᠎ᠤᠨ ᠲᠥᠯᠥᠪᠵᠢᠭᠦᠯᠭᠡ ᠵᠢᠨ ᠬᠠᠷᠠᠯᠲᠠ ᠡᠭᠦᠷᠭᠡ ᠵᠢ ᠴᠢᠨᠠᠷ ᠰᠠᠶ᠋ᠢᠲᠠᠶ ᠪᠡᠶᠡᠯᠡᠭᠦᠯᠦᠨ᠎ᠡ ᠭᠡᠵᠡᠶ᠃

  《ᠡᠮᠦᠨᠡᠬᠢ ᠬᠤᠭᠤᠴᠠᠭ᠋ᠠᠨ᠎ᠤ ᠠᠵᠢᠯ᠎ᠤᠨ ᠠᠬᠢᠴᠠ ᠵᠢ ᠦᠨᠳᠦᠰᠦᠯᠡᠨ᠂  ᠬᠤᠶᠠᠳᠤᠭ᠋ᠠᠷ ᠤᠯᠠᠷᠢᠯ᠎ᠳᠤ ᠳᠠᠬᠢᠨ ᠨᠢᠭᠡ ᠪᠦᠯᠦᠭ ᠲᠥᠷᠥᠯ ᠵᠦᠢ᠍ᠯ᠎ᠢ ᠡᠬᠢᠯᠡᠭᠦᠯᠬᠦ᠎ᠪᠠᠷ ᠴᠢᠷᠮᠠᠶ᠋ᠢᠨ᠎ᠠ》 ᠭᠡᠵᠦ ᠬᠡᠯᠡᠪᠡ᠃  ᠴᠧᠨ ᠮᠢᠨ᠎ᠤ ᠲᠠᠨᠢᠯᠴᠠᠭᠤᠯᠤᠭᠰᠠᠨ ᠵᠶ᠋ᠠᠷ᠂ 《ᠬᠤᠸᠠᠢ ᠾᠧ ᠭᠤᠣᠯ᠎ᠤᠨ ᠭᠤᠣᠯ ᠤᠷᠤᠰᠬᠠᠯ᠎ᠤᠨ ᠬᠥᠪᠦᠮᠡᠯ ᠠᠭᠤᠯᠠ᠎ᠠᠴᠠ ᠳᠣᠷᠣᠭᠰᠢᠬᠢ ᠬᠡᠰᠡᠭ᠎ᠤᠨ ᠦᠶᠡᠷ ᠵᠠᠯᠠᠬᠤ ᠣᠷᠣᠨ᠎ᠳᠤ ᠲᠣᠬᠢᠷᠠᠭᠤᠯᠤᠯᠲᠠ ᠬᠢᠬᠦ ᠪᠠ ᠪᠦᠲᠦᠭᠡᠨ ᠪᠠᠶ᠋ᠢᠭᠤᠯᠬᠤ᠂  ᠬᠤᠨᠠᠨ᠎ᠤ ᠳ᠋ᠦᠩ ᠲᠢᠩ ᠬᠤ᠌ ᠲᠣᠭᠤᠷᠢᠭ᠎ᠤᠨ ᠭᠤᠣᠯᠳᠠᠯᠭ᠎ᠠ᠎ᠲᠠᠢ ᠬᠠᠰᠢᠯᠭ᠎ᠠ ᠵᠢ ᠪᠠᠬᠢᠯᠡᠬᠦ ᠬᠤᠶᠠᠳᠤᠭ᠋ᠠᠷ ᠬᠤᠭᠤᠴᠠᠭ᠎ᠠ ᠵᠡᠷᠭᠡ ᠰᠠᠪᠠ ᠭᠠᠵᠠᠷ᠎ᠤᠨ ᠦᠶᠡᠷ᠎ᠢ ᠰᠡᠷᠭᠡᠶ᠋ᠢᠯᠡᠬᠦ ᠠᠮᠤᠷ ᠲᠦᠪᠰᠢᠨ᠎ᠳᠤ ᠬᠤᠯᠪᠣᠭᠳᠠᠬᠤ ᠪᠡᠯᠭᠡ ᠲᠡᠮᠳᠡᠭ᠎ᠤᠨ ᠴᠢᠨᠠᠷᠲᠠᠢ ᠢᠨᠵᠧᠨᠧᠷᠢᠩ》 ᠪᠣᠯᠣᠨ᠎ᠠ᠃

   ᠴᠢᠬᠤᠯᠠ ᠶᠡᠭᠡ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠠᠵᠢᠯᠯᠠᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠬᠦ᠎ᠳᠤ ᠴᠢᠭᠯᠡᠭᠦᠯᠦᠨ᠂  ᠤᠰᠤᠨ ᠠᠰᠢᠭᠯᠠᠯᠲᠠ ᠵᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ᠎ᠨᠢ ᠨᠡᠩ ᠴᠤ᠌ ᠵᠠᠩᠭᠢᠯᠠᠭ᠎ᠠ ᠪᠣᠯᠤᠨ᠎ᠠ᠃ 《ᠬᠡᠳᠦ ᠣᠷᠳᠣ ᠬᠤᠭᠤᠴᠠᠭ᠋ᠠᠨ᠎ᠤ ᠤᠨᠴᠠᠭ᠋ᠠᠢ᠌ᠯᠠᠨ ᠬᠡᠷᠡᠭᠯᠡᠭᠦᠯᠬᠦ ᠤᠯᠤᠰ᠎ᠤᠨ ᠵᠢᠭᠡᠯᠡᠯᠭᠡ ᠵᠢᠨ ᠪᠠᠯᠠ ᠮᠥᠩᠭᠦ ᠵᠡᠷᠭᠡ ᠲᠥᠪ᠎ᠤᠨ ᠪᠡᠯᠡ ᠮᠥᠩᠭᠦ ᠵᠢᠨ ᠳᠠᠶ᠋ᠢᠴᠢᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂  ᠲᠦᠷᠦᠯ ᠵᠦᠢ᠍ᠯ᠎ᠤᠨ ᠠᠰᠢᠭ ᠣᠯᠵᠠᠪᠤᠷᠢ ᠵᠢᠨ ᠳᠠᠯᠳᠠ ᠬᠦᠴᠦᠨ᠎ᠢ ᠭᠦᠨᠵᠡᠭᠡᠢ ᠠᠭᠤᠳᠠᠯᠵᠤ᠂  ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠢ ᠵᠢᠭᠡᠯᠡᠯᠭᠡ ᠵᠢᠨ ᠲᠡᠮᠳᠡᠭᠲᠦ᠂  ᠪᠠᠩᠬᠢ ᠵᠢᠨ ᠵᠢᠭᠡᠯᠡᠯᠭᠡ᠂  ᠲᠥᠪ᠎ᠤᠨ ᠠᠵᠤ ᠠᠬᠤᠶ᠋ᠢᠯᠠᠯ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ ᠠᠷᠠᠳ ᠎ᠠᠴᠠ ᠡᠵᠡᠩᠨᠡᠭᠰᠡᠨ ᠠᠵᠤ ᠠᠬᠤᠶ᠋ᠢᠯᠠᠯ ᠵᠡᠷᠭᠡ ᠵᠢᠨ ᠣᠷᠣᠭᠤᠯᠤᠯᠲᠠ ᠵᠢ ᠨᠡᠩ ᠶᠡᠭᠡ ᠡᠷᠴᠢᠮ ᠵᠶ᠋ᠠᠷ ᠲᠡᠮᠡᠴᠡᠨ ᠣᠯᠵᠤ᠂ REITs᠂  ᠠᠵᠤ ᠠᠬᠤᠶ᠋ᠢᠯᠠᠯ᠎ᠤᠨ ᠵᠢᠭᠡᠯᠡᠯᠭᠡ ᠵᠢᠨ ᠲᠡᠮᠳᠡᠭᠲᠦ ᠵᠡᠷᠭᠡ ᠵᠢ ᠲᠠᠷᠬᠠᠭ᠋ᠠᠬᠤ ᠵᠢ ᠠᠬᠢᠭᠤᠯᠵᠤ᠂  ᠤᠰᠤᠨ ᠠᠰᠢᠭᠯᠠᠯᠲᠠ ᠵᠢᠨ ᠪᠦᠳᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢ ᠤᠯᠠᠨ ᠠᠷᠭ᠎ᠠ ᠵᠠᠮ ᠵᠶ᠋ᠠᠷ ᠨᠠᠶ᠋ᠢᠳᠠᠪᠤᠷᠢᠵᠢᠭᠤᠯᠬᠤ ᠬᠡᠷᠡᠭᠲᠡᠢ》 ᠭᠡᠵᠦ ᠴᠢᠨ ᠮᠢᠩ ᠬᠡᠯᠡᠪᠡ᠃

   ᠵᠣᠬᠢᠶᠠᠭᠴᠢ᠄        ᠬᠠᠷᠢᠭᠤᠴᠠᠭᠰᠠᠨ ᠨᠠᠢ᠌ᠷᠠᠭᠤᠯᠤᠭᠴᠢ᠄ ᠯᠢ ᠱᠠᠨ

 

ᠢᠷᠡᠯᠲᠡ᠄ ᠰᠢᠠᠬᠣᠧᠠ ᠬᠣᠷᠢᠶ᠎ᠠ
          
ᠬᠠᠮᠢᠶ᠎ᠡ ᠪᠦᠬᠦᠢ ᠰᠣᠨᠢᠨ
ᠰᠢᠨᠬᠤᠸᠠ ᠬᠣᠷᠢᠶ᠎ᠠ᠄ ᠶᠦᠩ ᠳ᠋ᠢᠩ ᠾᠧ ᠭᠣᠣᠯ ᠬᠣᠶᠠᠷ ᠵᠢᠯ ᠳᠠᠷᠠᠭ᠋ᠠᠯᠠᠨ ᠪᠦᠬᠦ ᠵᠢᠯ ᠪᠦᠬᠦ ᠱᠤᠭᠤᠮ ᠵᠶ᠋ᠠᠷ ᠵᠶ᠋ᠠᠨ ᠤᠰᠤ᠎ᠲᠠᠢ ᠪᠣᠯᠬᠤ ᠵᠢ ᠪᠡᠶᠡᠯᠡᠭᠦᠯᠪᠡ
ᠠᠷᠠᠳ᠎ᠤᠨ ᠡᠳᠦᠷ᠎ᠤᠨ ᠰᠣᠨᠢᠨ᠄ ᠬᠠᠲᠤᠨ ᠭᠣᠣᠯ ᠬᠤᠸᠠᠶ ᠡᠾᠸ᠂ ᠤᠮᠠᠷᠠᠲᠤ ᠣᠷᠣᠨ᠎ᠤ ᠵᠠᠷᠢᠮ ᠭᠠᠵᠠᠷ᠎ᠲᠤ ᠦᠨᠳᠦᠷ ᠬᠠᠯᠠᠭᠤᠨ ᠠᠭᠤᠷ ᠠᠮᠢᠰᠬᠤᠯ ᠢᠯᠡᠷᠡᠨ᠎ᠡ
ᠠᠷᠠᠳ᠎ᠤᠨ ᠡᠳᠦᠷ᠎ᠤᠨ ᠰᠣᠨᠢᠨ᠄ ᠡᠮᠦᠨ᠎ᠡ 4 ᠰᠠᠷ᠎ᠠ᠎ᠳᠤ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠪᠡᠯᠡ ᠣᠷᠤᠭᠤᠯᠤᠯᠲᠠ᠎ᠨᠢ 2900 ᠳ᠋ᠦᠩᠰᠢᠭᠤᠷ ᠲᠦᠭᠦᠷᠢᠭ᠎ᠠᠴᠠ ᠳᠠᠪᠠᠪᠠ
ᠠᠷᠠᠳ᠎ᠤᠨ ᠡᠳᠦᠷ᠎ᠤᠨ ᠰᠣᠨᠢᠨ᠄ ᠤᠰᠤᠨ ᠠᠰᠢᠭᠯᠠᠯᠲᠠ ᠵᠢᠨ ᠶᠠᠮᠤᠨ ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠠᠮᠠᠷᠠᠯᠲᠠ ᠵᠢᠨ ᠬᠤᠭᠤᠴᠠᠭ᠋ᠠᠨ᠎ᠤ ᠰᠢᠷᠦᠭᠦᠨ ᠪᠣᠷᠣᠭ᠋ᠠᠨ᠎ᠢ ᠰᠡᠷᠭᠡᠶ᠋ᠢᠯᠡᠨ ᠠᠷᠭ᠋ᠠᠴᠠᠭ᠋ᠠᠬᠤ ᠲᠤᠬᠠᠢ ᠪᠠᠶ᠋ᠢᠷᠢᠯᠠᠭᠤᠯᠪᠠ
ᠠᠷᠠᠳ᠎ᠤᠨ ᠰᠦᠯᠵᠢᠶ᠎ᠡ᠄ ᠶᠦᠨᠨᠠᠨ᠎ᠤ ᠨᠦᠵᠢᠶᠠᠩ ᠮᠥᠷᠡᠨ᠎ᠤ ᠠᠭᠤᠯᠠᠨ ᠦᠶᠡᠷ᠎ᠢ ᠣᠨᠣᠪᠴᠢᠲᠠᠢ ᠰᠡᠷᠭᠡᠢ᠌ᠯᠡᠬᠦ᠄ 《1262》 ᠨᠠᠷᠢᠯᠢᠭ ᠤᠷᠢᠳᠴᠢᠯᠠᠭᠰᠠᠨ ᠮᠡᠳᠡᠭᠡ ᠪᠣᠯᠤᠨ ᠴᠤᠤᠷᠢᠶᠠᠳᠤᠨ ᠳᠠᠭ᠋ᠠᠵᠦ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠬᠠᠢ᠌ᠨ ᠰᠦᠪᠡᠭᠴᠢᠯᠡᠨ᠎ᠡ
 
            