ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠠᠷᠠᠳ᠎ᠤᠨ ᠰᠦᠯᠵᠢᠶ᠎ᠠ᠄ ᠰᠢᠶᠠᠩᠭ᠋ᠠᠩ᠎ᠤᠨ ᠤᠨᠴᠠᠭ᠋ᠠᠢ ᠤᠷᠤᠨ᠎ᠤ ᠵᠠᠰᠠᠭ᠎ᠤᠨ ᠤᠷᠳᠤᠨ ᠪᠤᠯᠤᠨ ᠤᠰᠤᠨ ᠠᠰᠢᠭᠯᠠᠯᠳᠠ ᠵᠢᠨ ᠶᠠᠮᠤᠨ ᠬᠠᠮᠳᠤᠷᠠᠯᠴᠠᠭ᠋ᠠᠨ᠎ᠤ ᠵᠦᠪᠯᠡᠯᠴᠡᠬᠡᠷ ᠳᠤᠭᠳᠠᠵᠤ ᠶᠡᠭᠡ ᠪᠤᠯᠤᠩ᠎ᠤᠨ ᠤᠷᠤᠨ᠎ᠤ ᠤᠰᠤ᠎ᠲᠠᠢ ᠬᠤᠯᠪᠤᠬᠳᠠᠬᠤ ᠶᠠᠪᠤᠳᠠᠯ᠎ᠤᠨ ᠬᠠᠮᠳᠤᠷᠠᠯᠴᠠᠭ᠎ᠠ ᠵᠢ ᠴᠢᠩᠭ᠋ᠠᠳᠬᠠᠪᠠ
ᠨᠡᠶ᠋ᠢᠲᠡᠯᠡᠭᠰᠡᠨ ᠴᠠᠭ᠄ 2025-04-08

   ᠰᠢᠨᠬᠤᠸᠠ ᠬᠣᠷᠢᠶᠠᠨ᠎ᠤ ᠰᠢᠶᠠᠩᠭ᠋ᠠᠩ᠎ᠤᠨ 4 ᠳ᠋ᠦ᠍ᠭᠡᠷ ᠰᠠᠷ᠎ᠠ ᠵᠢᠨ 1᠎ᠤ ᠡᠳᠦᠷ᠎ᠤᠨ ᠴᠠᠭᠢᠯᠭ᠋ᠠᠨ ᠮᠡᠳᠡᠭᠡ (ᠬᠤᠸᠠᠩ ᠴᠢᠶᠠᠨ ᠲᠢᠶᠠᠨ) ᠰᠢᠶᠠᠩᠭ᠋ᠠᠩ᠎ᠤᠨ ᠵᠠᠰᠠᠭ ᠵᠠᠭᠢᠷᠭ᠋ᠠᠨ᠎ᠤ ᠣᠠᠴᠠᠭ᠋ᠠᠢ ᠣᠷᠣᠠ᠎ᠤ ᠲᠠᠷᠣᠭ᠎ᠠ ᠯᠢ ᠵᠢᠶᠠ ᠴᠣᠤ ᠪᠤᠯᠣᠠ ᠣᠰᠣᠠ ᠠᠰᠢᠬᠯᠠᠯᠲᠠ ᠵᠢᠨ ᠶᠠᠮᠣᠠ᠎ᠤ ᠰᠠᠢ᠍ᠢ᠍ᠣᠠ ᠯᠢ ᠬᠦᠸᠸ ᠶᠢᠩ 1᠎ᠤ ᠡᠳᠦᠷ ᠰᠢᠶᠠᠩᠭ᠋ᠠᠩ᠎ᠤᠨ ᠯᠢ ᠪᠢᠨ ᠣᠷᠲᠣᠠ᠎ᠳᠤ ᠠᠭᠣᠯᠵᠠᠵᠤ᠂  ᠤᠰᠤᠨ ᠠᠰᠢᠭᠯᠠᠯᠲᠠ ᠵᠢᠨ ᠶᠠᠮᠤᠨ ᠪᠣᠯᠣᠨ ᠰᠢᠶᠠᠩᠭ᠋ᠠᠩ᠎ᠤᠨ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠵᠠᠰᠠᠭ᠎ᠤᠨ ᠣᠷᠳᠣᠨ᠎ᠤ ᠭᠠᠷ᠎ᠤᠨ ᠦᠰᠦᠭ ᠵᠢᠷᠤᠭᠰᠠᠨ 《ᠤᠰᠤᠨ᠎ᠳᠤ ᠬᠣᠯᠪᠣᠭᠳᠠᠬᠤ ᠬᠡᠷᠡᠭ ᠶᠠᠪᠤᠳᠠᠯ᠎ᠤᠨ ᠬᠠᠮᠢᠶᠠᠷᠤᠯᠲᠠ ᠪᠣᠯᠣᠨ ᠬᠠᠮᠲᠤᠷᠠᠯᠴᠠᠭ᠋ᠠᠨ᠎ᠤ ᠲᠣᠬᠢᠷᠠᠭᠤᠯᠤᠯᠲᠠ》 (ᠳᠣᠷᠣᠭᠰᠢ 《ᠬᠠᠮᠲᠤᠷᠠᠯᠴᠠᠭ᠋ᠠᠨ᠎ᠤ ᠵᠥᠪᠯᠡᠯᠴᠡᠭᠡᠷ》 ᠭᠡᠵᠦ ᠳᠥᠭᠥᠮᠴᠢᠯᠡᠨ᠎ᠡ) ᠵᠢ ᠬᠠᠮᠲᠤᠪᠠᠷ ᠭᠡᠷᠡᠴᠢᠯᠡᠪᠡ᠃

   ᠰᠢᠶᠠᠩᠭ᠋ᠠᠩ᠎ᠤᠨ ᠵᠠᠰᠠᠭ ᠵᠠᠭᠢᠷᠭ᠋ᠠᠨ᠎ᠤ ᠤᠨᠴᠠᠭ᠋ᠠᠢ ᠤᠷᠤᠨ᠎ᠤ ᠵᠠᠰᠠᠭ᠎ᠤᠨ ᠤᠷᠲᠤᠨ᠎ᠤ ᠬᠦᠭᠵᠢᠭᠦᠯᠦᠯᠲᠠ ᠵᠢᠨ ᠲᠤᠪᠴᠢᠶᠠᠨ᠎ᠤ ᠲᠠᠷᠤᠭ᠎ᠠ ᠨᠢᠩ ᠬᠠᠨ ᠬᠤᠤ ᠪᠤᠯᠤᠨ ᠤᠰᠤᠨ ᠠᠰᠢᠭᠯᠠᠯᠲᠠ ᠵᠢᠨ ᠶᠠᠮᠤᠨ᠎ᠤ ᠠᠯᠪᠡᠨ ᠲᠢᠩᠭᠢᠮ᠎ᠤᠨ ᠡᠷᠭᠢᠯᠡᠭᠴᠢ ᠲᠠᠩ ᠯᠢᠶᠠᠩ ᠰᠢᠶᠠᠩᠭ᠋ᠠᠩ᠎ᠤᠨ ᠵᠠᠰᠠᠭ ᠵᠠᠭᠢᠷᠭ᠋ᠠᠨ᠎ᠤ ᠤᠨᠴᠠᠭ᠋ᠠᠢ ᠤᠷᠤᠨ᠎ᠤ ᠵᠠᠰᠠᠭ᠎ᠤᠨ ᠤᠷᠲᠤᠨ ᠪᠤᠯᠤᠨ ᠤᠰᠤᠨ ᠠᠰᠢᠭᠯᠠᠯᠲᠠ ᠵᠢᠨ ᠶᠠᠮᠤᠨ᠎ᠢ ᠲᠤᠰ ᠲᠤᠰ ᠲᠦᠯᠦᠭᠡᠯᠡᠨ ᠬᠠᠮᠲᠤᠷᠠᠨ ᠠᠵᠢᠯᠯᠠᠬᠤ ᠬᠡᠯᠡᠯᠴᠡᠬᠡᠷ ᠲᠤᠭᠲᠠᠪᠠ᠃  ᠬᠠᠮᠲᠤᠷᠠᠯᠴᠠᠭ᠋ᠠᠨ᠎ᠤ ᠵᠥᠪᠯᠡᠯᠴᠡᠭᠡᠷ᠎ᠲᠤ ᠵᠦᠵᠢᠶᠠᠩ ᠮᠥᠷᠡᠨ᠎ᠤ ᠠᠮᠠ ᠵᠢᠴᠢ ᠭᠤᠸᠠᠩᠳᠦ᠋ᠩ ᠭᠠᠷᠠᠮ᠎ᠤᠨ ᠵᠠᠭ᠋ᠠᠭ᠎ᠢ ᠵᠠᠰᠠᠬᠤ ᠪᠠ ᠬᠠᠮᠠᠭ᠋ᠠᠯᠠᠬᠤ ᠵᠢ ᠴᠢᠩᠭ᠋ᠠᠳᠬᠠᠵᠤ᠂  ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ᠂  ᠤᠰᠤ ᠬᠠᠩᠭ᠋ᠠᠬᠤ ᠠᠮᠤᠷ ᠲᠦᠪᠰᠢᠨ᠂  ᠲᠥᠯᠥᠪᠵᠢᠭᠦᠯᠭᠡ ᠵᠢᠴᠢ ᠲᠤᠰᠬᠠᠢ ᠬᠡᠷᠡᠭ᠎ᠤᠨ ᠪᠦᠳᠦᠭᠡᠨ ᠪᠠᠶ᠋ᠢᠭᠤᠯᠤᠯᠲᠠ ᠬᠠᠮᠢᠶᠠᠷᠤᠯᠲᠠ᠂  ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ᠂  ᠴᠢᠳᠠᠪᠤᠷᠢᠲᠠᠨ᠎ᠢ ᠬᠥᠮᠦᠵᠢᠭᠦᠯᠬᠦ᠂  ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ ᠵᠢ ᠠᠬᠢᠭᠤᠯᠪᠠ᠃

   ᠯᠢ ᠵᠢᠶᠠ ᠴᠤᠤ ᠤᠰᠤᠨ ᠠᠰᠢᠭᠯᠠᠯᠲᠠ ᠵᠢᠨ ᠶᠠᠮᠤᠨ᠎ᠤ ᠰᠢᠶᠠᠩᠭ᠋ᠠᠩ᠎ᠤᠨ ᠤᠰᠤ ᠬᠠᠩᠭ᠋ᠠᠬᠤ ᠪᠠ ᠦᠶᠡᠷ᠎ᠢ ᠰᠡᠷᠭᠡᠶ᠋ᠢᠯᠡᠬᠦ ᠲᠠᠯ᠎ᠠ ᠵᠢᠨ ᠠᠵᠢᠯ᠎ᠢ ᠪᠦᠬᠦ ᠬᠦᠴᠦᠨ ᠵᠶ᠋ᠠᠷ ᠵᠶ᠋ᠠᠨ ᠳᠡᠮᠵᠢᠭᠰᠡᠨ᠎ᠳᠤ ᠲᠠᠯᠠᠷᠬᠠᠪᠠ᠃  ᠲᠡᠷᠡ᠂  ᠡᠨᠡ ᠵᠢᠯ ᠪᠣᠯ ᠳ᠋ᠦᠩᠵᠢᠶᠠᠩ᠎ᠤᠨ ᠤᠰᠤ ᠬᠠᠩᠭ᠋ᠠᠬᠤ ᠭᠠᠷᠠᠮ᠎ᠤᠨ 60 ᠵᠢᠯ᠎ᠤᠨ ᠤᠢ ᠪᠣᠯᠤᠨ᠎ᠠ᠂  ᠣᠨᠴᠠᠭ᠋ᠠᠢ ᠣᠷᠣᠨ᠎ᠤ ᠵᠠᠰᠠᠭ᠎ᠤᠨ ᠣᠷᠳᠣᠨ ᠪᠣᠯᠤᠨ ᠤᠰᠤᠨ ᠠᠰᠢᠭᠯᠠᠯᠲᠠ ᠵᠢᠨ ᠶᠠᠮᠤᠨ ᠡᠨᠡ ᠬᠦ᠌ ᠬᠦᠰᠢᠶ᠎ᠡ᠎ᠳᠤ ᠴᠠᠭ ᠢᠮᠠᠭᠲᠠ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠭᠲᠠᠵᠤ ᠬᠠᠮᠲᠤᠷᠠᠯᠴᠠᠭ᠎ᠠ᠎ᠪᠠᠨ ᠴᠢᠩᠭ᠋ᠠᠳᠬᠠᠬᠤ᠎ᠳᠤ ᠣᠨᠴᠠᠭ᠋ᠠᠢ ᠠᠴᠢ ᠬᠤᠯᠪᠣᠭᠳᠠᠯ᠎ᠲᠠᠢ ᠶᠤᠮ᠃  ᠣᠨᠴᠠᠭ᠋ᠠᠢ ᠣᠷᠣᠨ᠎ᠤ ᠵᠠᠰᠠᠭ᠎ᠤᠨ ᠣᠷᠳᠣᠨ ᠢᠷᠡᠭᠡᠳᠦᠢ᠎ᠳᠤ ᠦᠷᠭᠦᠯᠵᠢᠯᠡᠨ ᠤᠰᠤᠨ᠎ᠤ ᠡᠬᠢ ᠪᠠᠶᠠᠯᠢᠭ᠎ᠢ ᠠᠷᠪᠢᠯᠠᠬᠤ ᠵᠢᠴᠢ ᠠᠰᠢᠭᠯᠠᠬᠤ ᠦᠷ᠎ᠡ ᠪᠦᠲᠦᠮᠵᠢ᠎ᠪᠠᠨ ᠳᠡᠭᠡᠭᠰᠢᠯᠡᠭᠦᠯᠬᠦ᠎ᠪᠠᠷ ᠶᠡᠭᠡ ᠵᠠᠷᠴᠢᠮ ᠪᠣᠯᠭ᠋ᠠᠵᠤ᠂  ᠤᠰᠤᠨ ᠠᠰᠢᠭᠯᠠᠯᠲᠠ ᠵᠢᠨ ᠶᠠᠮᠤᠨ᠎ᠲᠠᠢ ᠭᠠᠷ ᠬᠤᠯᠪᠣᠨ ᠵᠡᠷᠭᠡ᠎ᠪᠠᠷ ᠤᠷᠤᠭᠰᠢᠯᠠᠵᠤ᠂  ᠰᠢᠶᠠᠩᠭ᠋ᠠᠩ᠎ᠳᠤ ᠤᠰᠤ ᠬᠠᠩᠭ᠋ᠠᠬᠤ ᠠᠮᠤᠷ ᠲᠦᠪᠰᠢᠨ᠂  ᠵᠦᠵᠢᠶᠠᠩ ᠮᠥᠷᠡᠨ᠎ᠤ ᠠᠮᠠ ᠵᠢᠴᠢ ᠭᠤᠸᠠᠩᠳᠦ᠋ᠩ ᠰᠢᠶᠠᠩᠭ᠋ᠠᠩ᠎ᠤᠨ ᠵᠠᠭ᠋ᠠᠭ᠎ᠤᠨ ᠭᠤᠤᠯ᠎ᠤᠨ ᠦᠶᠡᠷ᠎ᠢ ᠰᠡᠷᠭᠡᠶ᠋ᠢᠯᠡᠬᠦ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂  ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ᠎ᠤ ᠴᠢᠨᠠᠷ ᠰᠠᠶ᠋ᠢᠲᠠᠶ ᠬᠥᠭᠵᠢᠯᠲᠡ᠎ᠳᠤ ᠤᠰᠤᠨ ᠠᠰᠢᠭᠯᠠᠯᠲᠠ ᠵᠢᠨ ᠲᠤᠯᠭ᠋ᠠᠭᠤᠷᠢᠯᠠᠯ ᠪᠠ ᠪᠠᠲᠤᠯᠠᠭ᠎ᠠ ᠬᠠᠩᠭ᠋ᠠᠨ᠎ᠠ ᠭᠡᠵᠦ ᠬᠡᠯᠡᠪᠡ᠃

   ᠯᠢ ᠭᠦᠸᠧ ᠶᠢᠩ ᠢᠯᠡᠷᠬᠡᠶ᠋ᠢᠯᠡᠬᠦ᠎ᠳᠡᠭᠡᠨ᠂  ᠲᠣᠭᠲᠠᠮᠠᠯ ᠰᠣᠯᠢᠯᠴᠠᠭ᠎ᠠ ᠬᠠᠮᠲᠤᠷᠠᠯᠴᠠᠭ᠋ᠠᠨ᠎ᠤ ᠲᠣᠭᠲᠠᠴᠠ ᠵᠢ ᠪᠠᠶ᠋ᠢᠭᠤᠯᠬᠤ ᠪᠣᠯ ᠳᠣᠲᠣᠷ ᠭᠠᠵᠠᠷ ᠬᠢᠭᠡᠳ ᠰᠢᠶᠠᠩᠭ᠋ᠠᠩ᠎ᠤᠨ ᠤᠰᠤᠨ᠎ᠳᠤ ᠬᠤᠯᠪᠣᠭᠳᠠᠬᠤ ᠶᠠᠪᠤᠳᠠᠯ᠎ᠤᠨ ᠲᠤᠬᠠᠶ ᠬᠠᠮᠲᠤᠷᠠᠯᠴᠠᠭ᠋ᠠᠨ᠎ᠤ ᠰᠢᠨ᠎ᠡ ᠪᠡᠯᠭᠡ ᠲᠡᠮᠳᠡᠭ ᠮᠥᠨ᠃  ᠤᠰᠤᠨ ᠠᠰᠢᠭᠯᠠᠯᠲᠠ ᠵᠢᠨ ᠶᠠᠮᠤᠨ᠎ᠠᠴᠠ ᠰᠢᠶᠠᠩᠭ᠋ᠠᠩ᠎ᠤᠨ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠵᠠᠰᠠᠭ᠎ᠤᠨ ᠣᠷᠳᠣᠨ᠎ᠯᠤᠭ᠎ᠠ ᠵᠢᠨ ᠤᠰᠤᠨ ᠠᠰᠢᠭᠯᠠᠯᠲᠠ ᠵᠢᠨ ᠬᠠᠮᠲᠤᠷᠠᠯᠴᠠᠭ᠎ᠠ᠎ᠪᠠᠨ ᠪᠥᠬᠦ ᠲᠠᠯ᠎ᠠ᠎ᠪᠠᠷ ᠴᠢᠩᠭ᠋ᠠᠳᠬᠠᠵᠤ᠂  ᠶᠡᠭᠡ ᠪᠤᠯᠤᠩ᠎ᠤᠨ ᠣᠷᠣᠨ᠎ᠤ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠰᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠂  ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠭᠡ ᠪᠤᠯᠤᠩ᠎ᠤᠨ ᠣᠷᠣᠨ᠎ᠤ ᠴᠢᠨᠠᠷ ᠰᠠᠶ᠋ᠢᠲᠠᠶ ᠬᠥᠭᠵᠢᠯᠲᠡ᠎ᠳᠤ ᠨᠠᠩ ᠪᠠᠲᠤ ᠪᠠᠬᠢ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠬᠠᠩᠭ᠋ᠠᠨ᠎ᠠ ᠭᠡᠪᠡ᠃

   ᠵᠣᠬᠢᠶᠠᠭᠴᠢ᠄       ᠬᠠᠷᠢᠭᠤᠴᠠᠭᠰᠠᠨ ᠨᠠᠢ᠌ᠷᠠᠭᠤᠯᠤᠭᠴᠢ᠄ ᠯᠢ ᠱᠠᠨ

 

ᠢᠷᠡᠯᠲᠡ᠄ ᠠᠷᠠᠳ᠎ᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠡᠳᠦᠷ᠎ᠤᠨ ᠰᠣᠨᠢᠨ᠄ ᠪᠦᠬᠦ ᠤᠯᠤᠰ᠎ᠤᠨ ᠬᠠᠪᠤᠷ᠎ᠤᠨ ᠤᠰᠤᠯᠠᠯᠲᠠ ᠵᠢᠨ ᠲᠠᠯᠠᠪᠠᠢ 1.2 ᠳ᠋ᠦᠩᠰᠢᠭᠤᠷ ᠮᠦ᠍ ᠵᠢ ᠳᠠᠪᠠᠪᠠ
ᠰᠢᠠᠬᠣᠧᠠ ᠬᠣᠷᠢᠶ᠎ᠠ᠄ ᠪᠡᠯᠡ ᠣᠷᠣᠭᠤᠯᠤᠯᠲᠠ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ ᠨᠡᠮᠡᠭᠳᠡᠵᠦ ᠪᠦᠲᠦᠭᠡᠨ ᠪᠠᠢ᠌ᠭᠤᠯᠤᠯᠲᠠ ᠵᠢ ᠲᠦᠷᠭᠡᠪᠴᠢᠯᠡᠨ ᠠᠬᠢᠭᠤᠯᠵᠤ ᠪᠤᠢ — ᠤᠰᠤᠨ ᠠᠰᠢᠭᠯᠠᠯᠲᠠ ᠵᠢᠨ ᠶᠠᠮᠤᠨ ᠨᠢᠭᠡᠳᠦᠭᠡᠷ ᠤᠯᠠᠷᠢᠯ᠎ᠤᠨ ᠤᠰᠤᠨ ᠠᠰᠢᠭᠯᠠᠯᠲᠠ ᠵᠢᠨ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠢ᠍ᠭᠤᠯᠤᠯᠲᠠ ᠵᠢᠨ ᠠᠬᠢᠴᠠ᠎ᠳᠤ ᠲᠠᠢ᠌ᠯᠤᠮᠵᠢ ᠬᠢᠵᠡᠢ
ᠰᠢᠨᠬᠤᠸᠠ ᠬᠣᠷᠢᠶ᠎ᠠ᠄ ᠶᠦᠩ ᠳ᠋ᠢᠩ ᠾᠧ ᠭᠣᠣᠯ ᠬᠣᠶᠠᠷ ᠵᠢᠯ ᠳᠠᠷᠠᠭ᠋ᠠᠯᠠᠨ ᠪᠦᠬᠦ ᠵᠢᠯ ᠪᠦᠬᠦ ᠱᠤᠭᠤᠮ ᠵᠶ᠋ᠠᠷ ᠵᠶ᠋ᠠᠨ ᠤᠰᠤ᠎ᠲᠠᠢ ᠪᠣᠯᠬᠤ ᠵᠢ ᠪᠡᠶᠡᠯᠡᠭᠦᠯᠪᠡ
ᠠᠷᠠᠳ᠎ᠤᠨ ᠡᠳᠦᠷ᠎ᠤᠨ ᠰᠣᠨᠢᠨ᠄ ᠬᠠᠲᠤᠨ ᠭᠣᠣᠯ ᠬᠤᠸᠠᠶ ᠡᠾᠸ᠂ ᠤᠮᠠᠷᠠᠲᠤ ᠣᠷᠣᠨ᠎ᠤ ᠵᠠᠷᠢᠮ ᠭᠠᠵᠠᠷ᠎ᠲᠤ ᠦᠨᠳᠦᠷ ᠬᠠᠯᠠᠭᠤᠨ ᠠᠭᠤᠷ ᠠᠮᠢᠰᠬᠤᠯ ᠢᠯᠡᠷᠡᠨ᠎ᠡ
ᠠᠷᠠᠳ᠎ᠤᠨ ᠡᠳᠦᠷ᠎ᠤᠨ ᠰᠣᠨᠢᠨ᠄ ᠡᠮᠦᠨ᠎ᠡ 4 ᠰᠠᠷ᠎ᠠ᠎ᠳᠤ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠪᠡᠯᠡ ᠣᠷᠤᠭᠤᠯᠤᠯᠲᠠ᠎ᠨᠢ 2900 ᠳ᠋ᠦᠩᠰᠢᠭᠤᠷ ᠲᠦᠭᠦᠷᠢᠭ᠎ᠠᠴᠠ ᠳᠠᠪᠠᠪᠠ
 
            