ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠤᠯᠤᠰ᠎ᠤᠨ ᠬᠠᠣᠯᠢ ᠴᠠᠭᠠᠵᠠ ᠬᠠᠣᠯᠢ ᠲᠥᠷᠢᠮ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠣᠷᠠᠬᠢ ᠤᠰᠤᠨ᠎ᠤ ᠬᠠᠮᠢᠶᠠᠷᠤᠯᠲᠠ ᠵᠢᠨ ᠠᠷᠭ᠎ᠠ
ᠨᠡᠶ᠋ᠢᠲᠡᠯᠡᠭᠰᠡᠨ ᠴᠠᠭ᠄ 2020-12-25

  (2013 ᠣᠨ᠎ᠤ 8 ᠳ᠋ᠣᠭ᠋ᠠᠷ ᠰᠠᠷ᠎ᠠ ᠵᠢᠨ 1᠎ᠤ ᠡᠳᠣᠷ᠎ᠤᠨ ᠦᠪᠡᠷᠳᠡᠭᠡᠨ ᠵᠠᠰᠠᠬᠤ ᠣᠷᠣᠨ᠎ᠤ ᠠᠷᠠᠣᠨ᠎ᠤᠨ ᠵᠠᠰᠠᠭ᠎ᠤᠨ ᠣᠷᠳᠣᠨ᠎ᠤ ᠵᠠᠷᠯᠢᠭ 197 ᠳ᠋ᠣᠭ᠋ᠠᠷ ᠲᠣᠭ᠋ᠠᠳᠣ᠎ᠪᠠᠷ ᠨᠠᠶ᠋ᠢᠳᠡᠯᠠᠪᠠ 2018 ᠣᠨ᠎ᠤ 1 ᠳ᠋ᠣᠭᠡᠷ ᠰᠠᠷ᠎ᠠ ᠵᠢᠨ16᠎ᠤ ᠡᠳᠣᠷ 《ᠵᠠᠰᠠᠭ᠎ᠤᠨ ᠣᠷᠳᠣᠨ᠎ᠤ ᠬᠡᠰᠡᠭ ᠲᠦᠷᠢᠮ ᠲᠣᠭᠳᠠᠭ᠋ᠠᠯ᠎ᠳᠤ ᠵᠠᠰᠠᠪᠣᠷᠢ ᠣᠷᠣᠭᠤᠯᠬᠤ ᠲᠣᠬᠠᠢ ᠦᠪᠣᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠠᠷᠠᠣᠨ᠎ᠤᠨ ᠵᠠᠰᠠᠭ᠎ᠤᠨ ᠣᠷᠣᠨ᠎ᠤ ᠲᠣᠭᠳᠠᠭ᠋ᠠᠯ》᠎ᠢ ᠦᠨᠳᠣᠰᠣᠯᠡᠨ ᠵᠠᠰᠠᠪᠣᠷᠢ ᠣᠷᠣᠭᠤᠯᠪᠠ)

    ᠨᠢᠭᠡᠳᠦᠭᠡᠷ ᠪᠦᠯᠦᠭ     ᠶᠡᠷᠦᠩᠬᠡᠶ ᠳᠦᠷᠢᠮ

    ᠨᠢᠭᠡᠳᠦᠭᠡᠷ ᠵᠦᠢ᠍ᠯ   ᠭᠠᠵᠠᠷ ᠳᠣᠣᠷᠠᠬᠢ ᠤᠰᠤ ᠵᠢ ᠪᠦᠲᠦᠮᠵᠢᠲᠡᠶ ᠬᠠᠮᠠᠭ᠋ᠠᠯᠠᠬᠤ ᠪᠠ ᠵᠦᠢ ᠵᠣᠬᠢᠰᠲᠠᠶ ᠨᠡᠭᠡᠭᠡᠭᠦ ᠵᠢᠨ ᠲᠣᠰᠠᠳᠠ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》᠂ 《ᠤᠰᠤ ᠲᠠᠲᠠᠬᠤ ᠵᠥᠪᠰᠢᠶᠡᠷᠡᠯ ᠪᠠ ᠤᠰᠤᠨ᠎ᠤ ᠡᠬᠢ ᠰᠣᠷᠪᠣᠯᠵᠢ ᠵᠢᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠵᠢᠨ ᠳᠦᠷᠢᠮ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ〉 ᠵᠢ ᠬᠡᠷᠩᠵᠢᠭᠦᠯᠭᠦ ᠠᠷᠭ᠎ᠠ》 ᠵᠡᠷᠭᠡ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠬᠠᠣᠯᠢ ᠲᠣᠭᠳᠠᠭ᠋ᠠᠯ᠎ᠢ ᠦᠨᠳᠣᠰᠣᠯᠡᠵᠣ᠂ ᠥᠪᠡᠷᠲᠡᠭᠡᠨ ᠵᠠᠰᠠᠬᠤ ᠣᠷᠣᠨ᠎ᠤ ᠪᠣᠳᠠᠳᠠᠢ᠎ᠲᠠᠢ ᠤᠶᠠᠯᠳᠤᠭᠤᠯᠤᠨ᠂ ᠲᠤᠰ ᠠᠷᠭ᠎ᠠ ᠵᠢ ᠲᠣᠭᠲᠠᠭ᠋ᠠᠪᠠ᠃

    ᠬᠤᠶᠠᠳᠤᠭ᠋ᠠᠷ ᠵᠦᠢ᠍ᠯ     ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠭᠠᠵᠠᠷ ᠳᠣᠣᠷᠠᠬᠢ ᠤᠰᠣ ᠵᠢ ᠲᠥᠯᠥᠪᠵᠢᠭᠦᠯᠭᠦ᠂ ᠬᠠᠮᠠᠭ᠋ᠠᠯᠠᠬᠤ᠂ ᠠᠰᠢᠭᠯᠠᠬᠤ᠂ ᠬᠢᠨᠠᠨ ᠬᠡᠮᠵᠢᠬᠦ ᠵᠢᠴᠢ ᠬᠢᠨᠠᠯᠲᠠ ᠲᠠᠯᠪᠢᠵᠣ ᠬᠠᠮᠢᠶᠠᠷᠬᠤ᠎ᠳᠤ ᠲᠤᠰ ᠠᠷᠭ᠎ᠠ ᠵᠢ ᠵᠢᠷᠤᠮᠯᠠᠬᠤ ᠬᠡᠷᠡᠭᠲᠡᠶ᠃

    ᠳᠤᠰ ᠠᠷᠭ᠎ᠠ᠎ᠳᠤ ᠬᠡᠯᠡᠵᠦ ᠪᠠᠶ᠋ᠢᠭ᠎ᠠ ᠭᠠᠵᠠᠷ ᠳᠣᠣᠷᠠᠬᠢ ᠤᠰᠤ ᠭᠡᠳᠡᠭ᠎ᠨᠢ ᠭᠠᠵᠠᠷ᠎ᠤᠨ ᠭᠠᠳᠠᠷᠭᠤ᠎ᠠᠴᠠ ᠳᠣᠷᠣᠭᠰᠢᠬᠢ ᠤᠰᠤ ᠠᠭᠤᠯᠵᠤ ᠪᠠᠶ᠋ᠢᠭ᠎ᠠ ᠳᠠᠪᠬᠤᠷᠭ᠎ᠠ᠎ᠳᠤ ᠬᠠᠳᠠᠭ᠋ᠠᠯᠠᠭᠳᠠᠵᠤ ᠪᠠᠶ᠋ᠢᠭ᠎ᠠ ᠤᠰᠤ ᠵᠢ ᠵᠢᠭ᠋ᠠᠵᠤ ᠪᠤᠢ᠃

    ᠭᠤᠷᠪᠠᠳᠤᠭ᠋ᠠᠷ ᠵᠦᠢ᠍ᠯ     ᠭᠠᠵᠠᠷ ᠳᠣᠣᠷᠠᠬᠢ ᠤᠰᠤᠨ᠎ᠤ ᠬᠠᠮᠢᠶᠠᠷᠤᠯᠲᠠ᠎ᠳᠤ ᠬᠠᠮᠠᠭ᠋ᠠᠯᠠᠬᠤ ᠵᠢ ᠲᠡᠷᠢᠭᠦᠨ᠎ᠳᠤ ᠪᠠᠶ᠋ᠢᠯᠭ᠋ᠠᠬᠤ᠂ ᠨᠢᠭᠡᠳᠦᠯᠲᠡᠶ ᠲᠥᠯᠥᠪᠵᠢᠭᠦᠯᠬᠦ᠂ ᠰᠠᠶ᠋ᠢᠲᠤᠷ ᠭᠠᠮᠨᠠᠨ ᠠᠷᠪᠢᠯᠠᠬᠤ᠂ ᠶᠡᠷᠦᠩᠬᠡᠶ᠋ᠢᠯᠡᠨ ᠠᠰᠢᠭᠯᠠᠬᠤ᠂ᠬᠠᠮᠤᠭ᠎ᠤᠨ ᠴᠢᠩᠭ᠎ᠠ ᠬᠠᠮᠢᠶᠠᠷᠬᠤ ᠵᠠᠷᠴᠢᠮ᠎ᠢ ᠵᠢᠷᠤᠮᠯᠠᠬᠤ ᠬᠡᠷᠡᠭᠲᠡᠶ᠃

    ᠳᠥᠷᠪᠡᠳᠦᠭᠡᠷ ᠵᠦᠢ᠍ᠯ   ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠭᠠᠵᠠᠷ ᠳᠣᠣᠷᠠᠬᠢ ᠤᠰᠤ ᠵᠢ ᠬᠠᠮᠠᠭ᠋ᠠᠯᠠᠬᠤ ᠪᠠ ᠬᠠᠮᠢᠶᠠᠷᠬᠤ ᠵᠢᠨ ᠰᠢᠯᠭ᠋ᠠᠨ ᠬᠢᠨᠠᠬᠤ   ᠰᠢᠰᠲ᠋ᠧᠮᠵᠢ ᠵᠢ ᠪᠠᠶ᠋ᠢᠭᠤᠯᠵᠣ᠂ ᠭᠠᠵᠠᠷ ᠳᠣᠣᠷᠠᠬᠢ ᠤᠰᠤ ᠵᠢ ᠣᠷᠣᠯᠠᠭᠤᠯᠬᠤ ᠤᠰᠤᠨ ᠰᠤᠷᠪᠤᠯᠵᠢ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ᠂ ᠭᠠᠵᠠᠷ ᠳᠣᠣᠷᠠᠬᠢ ᠤᠰᠤ ᠵᠢ ᠬᠠᠮᠠᠭ᠋ᠠᠯᠬᠤ ᠪᠠ ᠠᠷᠪᠢᠯᠠᠬᠤ ᠲᠡᠷᠢᠭᠦᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠣᠯ᠂ ᠳᠡᠯᠭᠡᠷᠡᠭᠦᠯᠣᠯᠳᠠ ᠪᠠ ᠬᠡᠷᠡᠭᠯᠡᠯᠳᠠ ᠵᠢ ᠵᠣᠷᠢᠬ᠍ᠵᠢᠭᠤᠯᠤᠨ ᠳᠡᠮᠵᠢᠬᠦ ᠬᠡᠷᠡᠭᠲᠡᠶ᠃

    ᠲᠠᠪᠤᠳᠤᠭ᠋ᠠᠷ ᠵᠦᠢ᠍ᠯ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠠᠮᠤᠭ᠎ᠤᠨ ᠴᠢᠩᠭ᠎ᠠ ᠠᠷᠭ᠎ᠠ ᠬᠡᠮᠵᠢᠶ᠎ᠡ ᠵᠢ ᠠᠪᠴᠤ᠂ ᠠᠮᠢᠳᠤᠷᠠᠯ᠎ᠤᠨ ᠤᠤᠭᠤᠬᠤ ᠤᠰᠤᠨ᠎ᠤ ᠪᠠᠷᠢᠮᠵᠢᠶ᠎ᠠ᠎ᠳᠤ ᠨᠡᠶ᠋ᠢᠴᠡᠭᠰᠡᠨ ᠭᠠᠵᠠᠷ ᠳᠣᠣᠷᠠᠬᠢ ᠤᠰᠤ ᠵᠢ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠠᠮᠢᠳᠤᠷᠠᠯ᠎ᠳᠤ ᠡᠩ ᠲᠡᠷᠢᠭᠦᠨ᠎ᠳᠤ ᠬᠡᠷᠡᠭᠯᠡᠬᠦ ᠣᠰᠣ ᠪᠣᠯᠭ᠋ᠠᠨ ᠬᠡᠷᠡᠭᠯᠡᠭᠦᠯᠭᠦ ᠵᠢ ᠦᠨᠡᠨ ᠬᠦ᠌ ᠪᠠᠲᠤᠯᠠᠬᠤ ᠬᠡᠷᠡᠭᠲᠡᠶ᠃

    ᠵᠢᠷᠭᠤᠳᠤᠭ᠋ᠠᠷ ᠵᠦᠢ᠍ᠯ     ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠱᠠᠳᠤ ᠬᠤᠪᠢᠶᠠᠨ ᠬᠠᠮᠢᠶᠠᠷᠬᠤ ᠡᠷᠬᠡ ᠮᠡᠳᠠᠯ᠎ᠤᠨ ᠶᠣᠰᠣᠭ᠋ᠠᠷ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠲᠣᠳᠣᠷᠠᠬᠢ ᠭᠠᠵᠠᠷ ᠳᠣᠣᠷᠠᠬᠢ ᠤᠰᠤ ᠵᠢ ᠨᠢᠭᠡᠳᠦᠯᠲᠡᠶ ᠬᠠᠮᠢᠶᠠᠷᠬᠤ ᠪᠠ ᠬᠢᠨᠠᠯᠲᠠ ᠲᠠᠯᠪᠢᠬᠤ ᠠᠵᠢᠯ᠎ᠢ ᠬᠠᠷᠢᠭᠤᠴᠠᠨ᠎ᠠ᠃

    ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠣᠷᠴᠢᠨ ᠲ᠋ᠣᠭᠤᠷᠢᠨ᠎ᠤ ᠬᠠᠮᠠᠭ᠋ᠠᠯᠠᠯᠲᠠ᠂ ᠤᠯᠤᠰ᠎ᠤᠨ ᠭᠠᠵᠡᠷ ᠰᠢᠷᠣᠢ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠡᠷᠭᠡ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠊ᠶᠢᠢ᠍ᠡᠨ ᠬᠤᠪᠢᠶᠠᠷᠢᠯᠠᠯ ᠶᠣᠰᠣᠭ᠋ᠠᠷ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠲᠣᠳᠣᠷᠠᠬᠢ ᠭᠠᠵᠠᠷ ᠳᠣᠣᠷᠠᠬᠢ ᠤᠰᠤ ᠵᠢ ᠬᠠᠮᠠᠭ᠋ᠠᠯᠠᠬᠤ ᠪᠠ ᠠᠰᠢᠭᠯᠠᠬᠤ ᠬᠠᠮᠢᠶ᠎ᠠ ᠪᠦᠬᠦᠢ ᠠᠵᠢᠯ᠎ᠢ ᠬᠠᠷᠢᠭᠤᠴᠠᠨ᠎ᠠ᠃

    ᠳᠣᠯᠣᠳᠤᠭ᠋ᠠᠷ ᠵᠦᠢ᠍ᠯ     ᠶᠠᠮᠠᠷᠪᠠ ᠨᠢᠭᠡᠴᠨ ᠪᠠ ᠬᠤᠪᠢ ᠬᠥᠮᠦᠨ ᠴᠥᠮ ᠭᠠᠵᠠᠷ ᠳᠣᠣᠷᠠᠬᠢ ᠤᠰᠤ ᠵᠢ ᠬᠠᠮᠠᠭ᠋ᠠᠯᠬᠤ ᠪᠠ ᠠᠷᠪᠢᠯᠠᠬᠤ ᠡᠭᠦᠷᠭᠡ᠎ᠲᠠᠢ᠂ ᠭᠠᠵᠡᠷ ᠲᠣᠣᠷᠠᠬᠢ ᠣᠰᠣ ᠵᠢ ᠪᠣᠬᠢᠷᠳᠣᠭᠤᠯᠬᠤ᠂ ᠬᠠᠤᠯᠢ᠎ᠠᠴᠠ ᠵᠥᠷᠢᠴᠡᠨ ᠨᠡᠭᠡᠭᠡᠬᠦ᠂ ᠡᠪᠳᠡᠭᠦ ᠪᠠ ᠪᠦᠷᠢᠯᠭᠡᠭᠦ ᠦᠢ᠍ᠯᠨ ᠠᠵᠢᠯᠯᠠᠭ᠎ᠠ᠎ᠳᠤ ᠬᠢᠨᠠᠯᠲᠠ ᠲᠠᠯᠪᠢᠬᠤ ᠪᠠ ᠢᠯᠡᠴᠢᠯᠡᠬᠦ᠊ ᠡᠷᠭᠡ᠎ᠲᠠᠢ᠃

    ᠬᠤᠶᠠᠳᠤᠭ᠋ᠠᠷ ᠪᠦᠯᠦᠭ     ᠭᠠᠵᠠᠷ ᠳᠣᠣᠷᠠᠬᠢ ᠤᠰᠤᠨ᠎ᠤ ᠲᠦᠯᠣᠪᠵᠢᠭᠦᠯᠭᠡ

    ᠨᠠᠢ᠍ᠮᠠᠳᠤᠭ᠋ᠠᠷ ᠵᠦᠢ᠍ᠯ     ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠠᠳᠠᠯᠢ ᠱᠠᠲᠤᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠵᠣ ᠭᠠᠵᠠᠷ ᠳᠣᠣᠷᠠᠬᠢ ᠤᠰᠤᠨ᠎ᠤ ᠡᠬᠢ ᠰᠣᠷᠪᠣᠯᠵᠢ ᠵᠢ ᠪᠠᠶ᠋ᠢᠴᠠᠭ᠋ᠠᠨ ᠦᠨᠡᠯᠡᠭᠦ ᠵᠢ ᠵᠣᠬᠢᠶᠠᠨ ᠪᠠᠶ᠋ᠢᠭᠤᠯᠤᠨ ᠥᠷᠨᠢᠭᠦᠯᠭᠦ ᠬᠡᠷᠩᠳᠠᠢ᠃

    ᠶᠢᠰᠦᠳᠦᠭᠡᠷ ᠵᠦᠢ᠍ᠯ   ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠳᠡᠭᠡᠳᠣ ᠨᠢᠭᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠭᠠᠵᠠᠷ ᠳᠣᠣᠷᠠᠬᠢ ᠤᠰᠤᠨ᠎ᠤ ᠲᠥᠯᠥᠪᠵᠢᠭᠦᠯᠭᠡ ᠵᠢ ᠦᠨᠳᠣᠰᠣᠯᠡᠨ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠭᠠᠵᠠᠷ ᠳᠣᠣᠷᠠᠬᠢ ᠤᠰᠤᠨ᠎ᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠣ᠂ ᠠᠳᠠᠯᠢ ᠱᠠᠲᠤᠨ᠎ᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠭᠰᠠᠨ᠎ᠤ ᠳᠠᠷᠠᠭ᠎ᠠ᠂ ᠳᠡᠭᠡᠳᠣ ᠨᠢᠭᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠡᠷ ᠬᠢᠨᠠᠭᠤᠯᠣᠭ᠋ᠠᠣᠨ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠠᠭᠠᠨ ᠮᠡᠳᠡᠭᠦᠯᠵᠣ ᠵᠥᠪᠰᠢᠶᠡᠷᠡᠭᠦᠯᠦᠭᠰᠡᠨ᠎ᠤ ᠳᠠᠷᠠᠭ᠎ᠠ ᠬᠡᠷᠡᠭᠵᠢᠭᠦᠯᠭᠦ ᠬᠡᠷᠩᠳᠠᠢ᠃

    ᠭᠠᠵᠠᠷ ᠳᠣᠣᠷᠠᠬᠢ ᠤᠰᠤᠨ᠎ᠤ ᠲᠥᠯᠥᠪᠵᠢᠭᠦᠯᠭᠡ᠎ᠨᠢ ᠰᠠᠪᠠ ᠭᠠᠵᠡᠷ᠂ ᠣᠷᠣᠨ ᠪᠦᠰᠡ ᠵᠢᠨ ᠤᠰᠤᠨ᠎ᠤ ᠡᠬᠢ ᠰᠣᠷᠪᠣᠯᠵᠢ ᠵᠢᠨ ᠶᠡᠷᠣᠩᠬᠡᠢ ᠲᠥᠯᠥᠪᠵᠢᠭᠦᠯᠭᠡ ᠵᠢ ᠳᠠᠭ᠋ᠠᠬᠤ ᠵᠢᠨ ᠬᠠᠮᠲᠤ᠂ ᠬᠥᠭᠵᠢᠭᠦᠯᠦᠯᠲᠡ ᠥᠭᠡᠷᠡᠴᠢᠯᠡᠯᠲᠡ᠂ᠣᠷᠴᠢᠨ ᠲᠣᠭᠤᠷᠢᠨ᠎ᠤ ᠬᠠᠮᠠᠭ᠋ᠠᠯᠠᠯᠲᠠ᠂ ᠤᠯᠤᠰ᠎ᠤᠨ ᠭᠠᠵᠡᠷ ᠰᠢᠷᠣᠢ ᠡᠬᠢ ᠪᠠᠶᠠᠯᠢᠭ᠂ ᠣᠷᠣᠨ ᠰᠠᠭᠤᠴᠠ ᠬᠤᠲᠠ ᠬ᠋ᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠡᠷᠭᠡ ᠰᠠᠯᠠᠭ᠎ᠠ ᠮᠥᠴᠢᠷ᠎ᠤᠨ ᠨᠠᠶ᠋ᠢᠷᠠᠭᠤᠯᠤᠨ ᠵᠣᠬᠢᠶᠠᠭᠰᠠᠨ ᠬᠠᠮᠢᠶ᠎ᠠ ᠪᠦᠬᠦᠢ ᠲ᠋ᠥᠯᠥᠪᠵᠢᠭᠦᠯᠭᠡ᠎ᠯᠦᠭᠡ ᠵᠣᠬᠢᠴᠠᠯᠳᠣᠭᠰᠠᠨ ᠪᠠᠶ᠋ᠢᠬᠤ ᠬᠡᠷᠡᠭᠲᠡᠶ᠃

    ᠠᠷᠪᠠᠳᠤᠭ᠋ᠠᠷ ᠵᠦᠢ᠍ᠯ     ᠵᠥᠪᠰᠢᠶᠡᠷᠡᠭᠦᠯᠣᠭ᠌ᠰᠡᠨ ᠭᠠᠵᠠᠷ ᠳᠣᠣᠷᠠᠬᠢ ᠤᠰᠤᠨ᠎ᠤ ᠲᠥᠯᠥᠪᠵᠢᠭᠦᠯᠭᠡ᠎ᠨᠢ ᠭᠠᠵᠠᠷ ᠳᠣᠣᠷᠠᠬᠢ ᠤᠰᠤ ᠵᠢ ᠬᠠᠮᠠᠭ᠋ᠠᠯᠠᠬᠤ᠂ ᠠᠷᠪᠢᠯᠠᠬᠤ᠂ ᠠᠰᠢᠭᠯᠠᠬᠤ ᠪᠠ ᠬᠠᠮᠢᠶᠠᠷᠬᠤ ᠵᠢᠨ ᠦᠨᠳᠦᠰᠦᠯᠡᠯ ᠪᠣᠯᠣᠨ᠎ᠠ᠃ ᠭᠠᠵᠠᠷ ᠳᠣᠣᠷᠠᠬᠢ ᠤᠰᠤᠨ᠎ᠤ ᠲᠥᠯᠥᠪᠵᠢᠭᠦᠯᠭᠡ ᠵᠢ ᠬᠤᠪᠢᠷᠭ᠋ᠠᠬᠤ᠎ᠳᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠭᠰᠠᠨ ᠳᠡᠰ ᠳᠠᠷᠠᠭ᠋ᠠᠯᠠᠯ᠎ᠤᠨ ᠶᠣᠰᠣᠭ᠋ᠠᠷ ᠤᠤᠯ᠎ᠤᠨ ᠬᠢᠨᠠᠨ ᠵᠥᠪᠰᠢᠶᠡᠷᠡᠭᠰᠡᠨ ᠪᠠᠶ᠋ᠢᠭᠤᠯᠭ᠎ᠠ᠎ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃

    ᠠᠷᠪᠠᠨ ᠨᠢᠭᠡᠳᠦᠭᠡᠷ ᠵᠦᠢ᠍ᠯ     ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠠᠳᠠᠯᠢ ᠱᠠᠲᠤᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠵᠣ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠣᠷᠠᠬᠢ ᠤᠰᠤᠨ᠎ᠤ ᠴᠢᠳᠠᠮᠵᠢᠳᠦ ᠣᠷᠣᠨ ᠪᠠ ᠨᠡᠭᠡᠭᠡᠨ ᠮᠠᠯᠲᠠᠬᠤ ᠵᠢ ᠴᠠᠭ᠋ᠠᠵᠠᠯᠠᠬᠤ ᠣᠷᠣᠨ᠂ ᠨᠡᠭᠡᠭᠡᠨ ᠮᠠᠯᠲᠠᠬᠤ ᠵᠢ ᠬᠢᠵᠠᠭ᠋ᠠᠷᠯᠠᠬᠤ ᠣᠷᠣᠨ᠎ᠢ ᠬᠤᠪᠢᠶᠠᠷᠢᠯᠠᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠣ ᠵᠥᠪᠰᠢᠶᠡᠷᠡᠭᠦᠯᠦᠭᠰᠡᠨ᠎ᠤ ᠲᠠᠷᠠᠭ᠎ᠠ ᠬᠡᠷᠡᠭᠵᠢᠭᠦᠯᠬᠦ ᠬᠡᠷᠡᠭᠲᠡᠶ᠃

    ᠭᠠᠵᠠᠷ ᠳᠣᠣᠷᠠᠬᠢ ᠤᠰᠤ ᠵᠢ ᠬᠠᠮᠠᠭ᠋ᠠᠯᠬᠤ ᠪᠠ ᠨᠡᠭᠡᠭᠡᠨ ᠠᠰᠢᠭᠯᠠᠬᠤ ᠶᠠᠪᠣᠳᠠᠯ᠎ᠢ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠣᠷᠠᠬᠢ ᠤᠰᠤᠨ᠎ᠤ ᠴᠢᠳᠠᠮᠵᠢᠳᠦ ᠣᠷᠣᠨ᠎ᠤ ᠬᠤᠪᠢᠶᠠᠷᠢᠯᠠᠯ ᠪᠠ ᠭᠠᠵᠠᠷ ᠳᠣᠣᠷᠠᠬᠢ ᠤᠰᠤ ᠵᠢ ᠬ᠋ᠡᠳᠦ ᠮᠠᠯᠳᠠᠭᠰᠠᠨ ᠭᠠᠵᠠᠷ ᠣᠷᠣᠨ᠎ᠤ ᠬᠠᠮᠢᠶᠠᠷᠤᠯᠲᠠ ᠵᠢᠨ   ᠱᠠᠭ᠋ᠠᠷᠳᠠᠯᠭ᠎ᠠ ᠎ᠳᠤ   ᠨᠡᠶ᠋ᠢᠴᠡᠭᠦᠯᠣᠭ᠌ᠰᠡᠨ   ᠪᠠᠶ᠋ᠢᠬᠤ   ᠬᠡᠷᠡᠭᠲᠡᠶ᠃

    ᠠᠷᠪᠠᠨ ᠬᠤᠶᠠᠳᠤᠭ᠋ᠠᠷ ᠵᠦᠢ᠍ᠯ   ᠭᠠᠵᠠᠷ ᠳᠣᠣᠷᠠᠬᠢ ᠤᠰᠤ ᠵᠢ ᠲᠠᠲᠠᠵᠤ ᠬᠡᠷᠡᠭᠯᠡᠬᠦ᠎ᠳᠤ ᠬᠤᠯᠪᠣᠭᠳᠠᠭᠰᠠᠨ ᠪᠤᠶᠤ ᠭᠠᠵᠠᠷ ᠳᠣᠣᠷᠠᠬᠢ ᠤᠰᠣᠨ᠎ᠤ ᠬᠠᠮᠠᠭ᠋ᠠᠯᠠᠯᠳᠠ᠎ᠳᠤ ᠨᠥᠯᠥᠭᠡ ᠪᠣᠯᠵᠣ ᠮᠡᠳᠡᠬᠦ ᠡᠯ᠎ᠡ ᠳᠦᠷᠦᠯ᠎ᠤᠨ ᠲ᠋ᠥᠯᠥᠪᠵᠢᠭᠦᠯᠭᠡ᠎ᠳᠤ᠂ ᠤᠰᠤᠨ᠎ᠤ ᠡᠬᠢ ᠰᠣᠷᠪᠣᠯᠵᠢ ᠵᠢᠨ ᠨᠤᠲᠠᠯᠠᠯᠲᠠ ᠬᠢᠬᠦ ᠬᠡᠷᠡᠭᠲᠡᠶ᠃

    ᠭᠤᠷᠪᠠᠳᠤᠭ᠋ᠠᠷ ᠪᠦᠯᠦᠭ     ᠭᠠᠵᠠᠷ ᠳᠣᠣᠷᠠᠬᠢ ᠤᠰᠤᠨ᠎ᠤ ᠬᠠᠮᠠᠭ᠋ᠠᠯᠠᠯᠲᠠ

    ᠠᠷᠪᠠᠨ ᠭᠤᠷᠪᠠᠳᠤᠭ᠋ᠠᠷ ᠵᠦᠢ᠍ᠯ     ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠣᠷᠠᠬᠢ ᠤᠰᠤ ᠵᠢ ᠬᠡᠳᠦ ᠮᠠᠯᠳᠠᠭᠰᠠᠨ ᠭᠠᠵᠠᠷ ᠣᠷᠣᠨ᠎ᠢ ᠵᠠᠰᠠᠬᠤ ᠲᠥᠯᠥᠪᠵᠢᠭᠦᠯᠭᠡ ᠪᠠ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠣᠷᠠᠬᠢ ᠤᠰᠤ ᠵᠢ ᠬᠠᠮᠠᠭ᠋ᠠᠯᠬᠤ ᠠᠵᠢᠯᠯᠠᠭ᠎ᠠ ᠵᠢᠨ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠬᠤ ᠵᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ᠂ ᠭᠠᠵᠠᠷ ᠳᠣᠣᠷᠠᠬᠢ ᠤᠰᠤ ᠵᠢ ᠬᠡᠳᠦ ᠮᠠᠯᠳᠠᠭᠰᠠᠨ ᠭᠠᠵᠠᠷ ᠣᠷᠣᠨ᠎ᠤ ᠪᠠᠶ᠋ᠢᠭ᠎ᠠ ᠭᠠᠵᠡᠷ᠎ᠤᠨ ᠠᠶ᠋ᠢᠮᠠᠭ᠎ᠤᠨ ᠵᠠᠬᠢᠷᠭ᠎ᠠ᠂ ᠲᠣᠭᠤᠷᠢᠭ ᠪᠠᠶ᠋ᠢᠭᠤᠯᠣᠭᠰᠠᠨ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠂ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ᠬᠡᠷᠡᠭᠰᠡᠬᠦ ᠵᠠᠷᠤᠳᠠᠯ᠎ᠢ ᠠᠳᠠᠯᠢ ᠱᠠᠲᠤᠨ᠎ᠤ ᠡᠳ᠋᠎ᠤᠨ ᠵᠠᠰᠠᠭ᠎ᠤᠨ ᠲᠥᠰᠦᠪ᠎ᠲᠤ ᠣᠷᠣᠭᠤᠯᠣᠨ᠎ᠠ᠃

    ᠠᠷᠪᠠᠨ ᠳᠥᠷᠪᠡᠳᠦᠭᠡᠷ ᠵᠦᠢ᠍ᠯ     ᠠᠶ᠋ᠢᠮᠠᠭ᠎ᠤᠨ ᠵᠠᠬᠢᠷᠭ᠎ᠠ᠂ ᠲᠣᠭᠤᠷᠢᠭ ᠪᠠᠶ᠋ᠢᠭᠤᠯᠣᠭᠰᠠᠨ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠂ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠲᠣᠳᠣᠷᠠᠬᠢ ᠭᠠᠵᠠᠷ ᠳᠣᠣᠷᠠᠬᠢ ᠤᠰᠣᠨ᠎ᠤ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠭᠠᠵᠡᠷ᠎ᠤᠨ ᠬᠠᠮᠠᠭ᠋ᠠᠯᠠᠯᠳᠠ ᠵᠢᠨ ᠣᠷᠣᠨ᠎ᠢ ᠵᠣᠬᠢᠶᠠᠨ ᠪᠠᠶ᠋ᠢᠭᠤᠯᠣᠨ ᠬᠤᠪᠢᠶᠠᠷᠢᠯᠠᠨ ᠲᠣᠭᠳᠠᠭ᠋ᠠᠵᠣ᠂ᠳᠡᠭᠡᠳᠣ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠠᠭᠠᠨ ᠮᠡᠳᠡᠭᠦᠯᠵᠦ ᠵᠥᠪᠰᠢᠶᠡᠷᠡᠭᠦᠯᠦᠭᠡᠳ ᠬᠡᠷᠡᠭᠵᠢᠭᠦᠯᠭᠦ ᠬᠡᠷᠩᠳᠠᠢ᠃

    ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠭᠠᠵᠠᠷ ᠳᠣᠣᠷᠠᠬᠢ ᠤᠰᠣᠨ᠎ᠤ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠭᠠᠵᠡᠷ᠎ᠤᠨ ᠬᠠᠮᠠᠭ᠋ᠠᠯᠠᠯᠲᠠ ᠵᠢᠨ ᠣᠷᠣᠨ᠎ᠤ ᠵᠠᠭ᠋ᠠᠭ᠎ᠲᠤ ᠭᠠᠵᠠᠷ ᠵᠦᠢ ᠵᠢᠨ ᠵᠠᠭ᠋ᠠᠭ᠎ᠤᠨ ᠳᠡᠮᠳᠡᠭ ᠪᠠ ᠰᠡᠷᠡᠮᠵᠢᠯᠡᠭᠦᠯᠬᠦ ᠳᠡᠮᠳᠡᠭ ᠪᠠᠶ᠋ᠢᠭᠤᠯᠬᠤ ᠬᠡᠷᠡᠭᠲᠡᠶ᠃

    ᠠᠷᠪᠠᠨ ᠲᠠᠪᠤᠳᠤᠭ᠋ᠠᠷ ᠵᠦᠢ᠍ᠯ   ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠲᠦᠭᠡᠭᠡᠯ ᠤᠰᠤᠨ᠎ᠤ ᠬᠤᠭᠤᠯᠠᠶ ᠵᠢᠨ ᠲᠣᠣᠷ᠎ᠤᠨ ᠪᠦᠷᠭᠦᠴᠨ ᠵᠢᠨ ᠣᠷᠣᠨ᠎ᠤ ᠲᠣᠳᠣᠷᠠᠬᠢ ᠥᠪᠡᠷ᠎ᠲᠡᠭᠡᠨ ᠪᠡᠯᠡᠳᠬᠡᠭᠰᠡᠨ ᠬᠤᠳᠳᠤᠭ᠎ᠢ ᠲᠥᠯᠥᠪᠯᠡᠭᠡ᠎ᠲᠠᠢ᠎ᠪᠠᠷ ᠬᠠᠭ᠋ᠠᠬᠤ ᠬᠡᠷᠩᠳᠠᠢ᠃

    ᠤᠰᠤᠨ᠎ᠤ ᠴᠢᠨᠠᠷ᠎ᠲᠤ ᠣᠨᠴᠣᠭᠤᠶ ᠱᠠᠭ᠋ᠠᠷᠳᠠᠯᠭ᠎ᠠ᠎ᠲᠠᠢ ᠠᠵᠤ ᠠᠬᠤᠶ᠋ᠢᠯᠠᠯ᠎ᠤᠳ ᠥᠪᠡᠷ᠎ᠲᠡᠭᠡᠨ ᠪᠡᠯᠡᠳᠬᠡᠭᠰᠡᠨ ᠬᠤᠳᠳᠤᠭ᠎ᠢ ᠬᠡᠷᠡᠭᠯᠡᠬᠦ᠎ᠳᠤ᠂ ᠬᠠᠮᠢᠶᠠᠷᠤᠯᠲᠠ ᠵᠢᠨ ᠡᠷᠬᠡ ᠮᠡᠳᠠᠯ᠎ᠲᠠᠢ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠊ᠶᠢᠢ᠍ᠡᠷ ᠵᠥᠪᠰᠢᠶᠡᠷᠡᠭᠦᠯᠬᠦ ᠬᠡᠷᠡᠭᠲᠡᠶ᠃

    ᠠᠷᠪᠠᠨ ᠵᠢᠷᠭᠤᠳᠤᠭ᠋ᠠᠷ ᠵᠦᠢ᠍ᠯ   ᠭᠠᠵᠠᠷ ᠳᠣᠣᠷᠠᠬᠢ ᠤᠰᠤ ᠵᠢ ᠲᠠᠲᠠᠵᠤ ᠬᠡᠷᠡᠭᠯᠡᠬᠦ ᠪᠤᠶᠤ ᠪᠤᠰᠤᠳ ᠦᠢ᠍ᠯᠡᠳᠪᠦᠷᠢᠯᠡᠵᠦ ᠡᠵᠡᠩᠨᠡᠬᠦ ᠠᠵᠢᠯᠯᠠᠭ᠎ᠠ ᠬᠢᠭᠦ᠎ᠳᠤ᠂ ᠪᠦᠲᠦᠮᠵᠢᠲᠡᠶ ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠠᠪᠴᠤ᠂ᠭᠠᠵᠠᠷ ᠳᠣᠣᠷᠠᠬᠢ ᠤᠰᠤ ᠵᠢ ᠪᠣᠬᠢᠷᠲᠤᠭᠤᠯᠬᠤ᠎ᠠᠴᠠ ᠰᠡᠷᠭᠡᠶ᠋ᠢᠯᠡᠬᠦ ᠬᠡᠷᠡᠭᠲᠡᠶ᠃

    ᠠᠭᠤᠷᠬᠠᠶ ᠵᠢᠨ ᠪᠣᠯᠠᠭᠳᠠᠴᠨ ᠵᠢ ᠨᠡᠭᠡᠭᠡᠨ ᠮᠠᠯᠲᠠᠬᠤ᠂ ᠪᠠᠷᠢᠯᠭ᠎ᠠ ᠪᠠᠷᠢᠬᠤ ᠵᠡᠷᠭᠡ ᠤᠰᠤ ᠠᠭᠤᠯᠵᠣ ᠪᠦᠭᠦ᠎ᠢ ᠲ᠋ᠠᠪᠬᠤᠷᠭ᠎ᠠ᠎ᠳᠤ ᠨᠥᠯᠥᠭᠡ᠎ᠲᠠᠢ ᠦᠢ᠍ᠯᠡᠳᠪᠦᠷᠢᠯᠡᠯ᠎ᠤᠨ ᠠᠵᠢᠯᠯᠠᠭ᠎ᠠ ᠬᠢᠭᠦ᠎ᠳᠤ᠂ ᠬᠠᠮᠠᠭ᠋ᠠᠯᠠᠬᠤ ᠪᠠ ᠨᠦᠭᠦᠪᠣᠷᠢᠯᠡᠵᠣ ᠵᠠᠰᠠᠬᠤ ᠠᠷᠭ᠎ᠠ ᠬᠡᠮᠵᠢᠶ᠎ᠡ ᠠᠪᠴᠤ᠂ ᠭᠠᠵᠠᠷ ᠳᠣᠣᠷᠠᠬᠢ ᠤᠰᠤᠨ᠎ᠳᠤ ᠡᠪᠳᠡᠯᠭᠡ ᠪᠣᠯᠬᠤ ᠵᠢ ᠪᠠᠭ᠋ᠠᠰᠬᠠᠬᠤ ᠬᠡᠷᠡᠭᠲᠡᠶ᠃

    ᠭᠠᠵᠠᠷ ᠳᠣᠣᠷᠠᠬᠢ ᠤᠰᠤ ᠵᠢ ᠨᠡᠭᠡᠭᠡᠨ ᠠᠰᠢᠭᠯᠠᠬᠤ᠎ᠳᠠᠭᠠᠨ ᠤᠰᠤ ᠠᠭᠤᠯᠵᠤ ᠪᠦᠬᠦᠢ ᠠᠳᠠᠯᠢ ᠪᠤᠰᠤ ᠲ᠋ᠠᠪᠬᠤᠷᠭ᠎ᠠ ᠵᠢᠨ ᠤᠰᠤ ᠵᠢ ᠵᠣᠭᠰᠣᠭ᠋ᠠᠬᠤ ᠠᠷᠭ᠎ᠠ ᠬᠡᠮᠵᠢᠶ᠎ᠡ ᠵᠢ ᠰᠠᠶ᠋ᠢᠲᠤᠷ ᠬᠢᠭᠦ ᠬᠡᠷᠩᠳᠠᠢ᠂ ᠤᠯᠠᠨ ᠳᠠᠪᠬᠤᠷᠭ᠎ᠠ ᠵᠢ ᠬᠤᠯᠢᠯᠳᠤᠭᠤᠯᠤᠨ ᠨᠡᠭᠡᠭᠡᠨ ᠮᠠᠯᠲᠠᠵᠤ ᠪᠣᠯᠬᠤ ᠦᠭᠡᠢ᠂ ᠳᠠᠯᠳᠠ ᠤᠰᠤ ᠪᠠ ᠳᠠᠷᠤᠯᠲᠠᠲᠤ ᠤᠰᠤ ᠵᠢ ᠬᠤᠯᠢᠯᠳᠤᠭᠤᠯᠤᠨ ᠨᠡᠭᠡᠭᠡᠨ ᠮᠠᠯᠲᠠᠵᠤ ᠪᠣᠯᠬᠤ ᠦᠭᠡᠢ᠃

    ᠠᠷᠪᠠᠨ ᠳᠣᠯᠣᠳᠤᠭ᠋ᠠᠷ ᠵᠦᠢ᠍ᠯ   ᠨᠢᠭᠡᠴᠨ ᠪᠠ ᠬᠤᠪᠢ ᠬᠥᠮᠦᠨ᠎ᠤ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ᠂ ᠬᠥᠮᠦᠨ᠎ᠤ ᠬᠦᠴᠦ᠎ᠪᠠᠷ ᠡᠭᠡᠭᠦᠯᠦᠨ ᠴᠢᠳᠬᠤᠬᠤ᠂ ᠪᠣᠷᠣᠭ᠋ᠠᠨ᠎ᠤ ᠤᠰᠤ ᠵᠢ ᠨᠡᠪᠴᠢᠭᠦᠯᠬᠦ ᠵᠡᠷᠭᠡ ᠠᠷᠭ᠎ᠠ ᠬᠡᠮᠵᠢᠶ᠎ᠡ ᠵᠢ ᠠᠪᠴᠣ᠂ ᠭᠠᠵᠠᠷ ᠳᠣᠣᠷᠠᠬᠢ ᠤᠰᠣᠨ᠎ᠤ ᠪᠦᠲᠦᠮᠵᠢᠲᠡᠶ ᠨᠥᠬᠦᠪᠥᠷᠢᠯᠡᠯᠳᠠ ᠵᠢ ᠨᠡᠮᠡᠭᠳᠡᠭᠦᠯᠭᠦ ᠵᠢ ᠵᠤᠷᠢᠭᠵᠢᠭᠤᠯᠤᠨ ᠳᠡᠮᠵᠢᠨ᠎ᠠ᠃

    ᠬᠤᠳᠠ ᠬᠥᠳᠡᠭᠡ ᠵᠢᠨ ᠭᠠᠵᠠᠷ᠎ᠤᠨ ᠭᠠᠳᠠᠷᠭᠤ ᠵᠢ ᠬᠠᠳᠠᠭᠤᠷᠠᠭᠤᠯᠬᠤ᠎ᠳᠤ ᠤᠰᠤ ᠨᠡᠪᠲᠡᠷᠡᠬᠦ ᠴᠢᠨᠠᠷ ᠵᠶ᠋ᠠᠷ ᠴᠢᠩᠭ᠎ᠠ ᠪᠠᠷᠢᠯᠭ᠎ᠠ ᠵᠢᠨ ᠮᠠᠲ᠋ᠧᠷᠢᠶᠠᠯ ᠪᠠ ᠪᠦᠲᠦᠴᠡ ᠬᠡᠯᠪᠡᠷᠢ ᠵᠢ ᠬᠡᠷᠩᠯᠡᠨ᠂ ᠪᠣᠷᠣᠭ᠋ᠠᠨ᠎ᠤ ᠤᠰᠣ ᠵᠢ ᠨᠡᠪᠴᠢᠭᠦᠯᠣᠨ ᠭᠠᠵᠠᠷ ᠳᠣᠣᠷᠠᠬᠢ ᠤᠰᠤ ᠵᠢ ᠨᠥᠬᠦᠪᠥᠷᠢᠯᠡᠬᠦ ᠵᠢ ᠨᠡᠮᠡᠭᠳᠡᠭᠦᠯᠬᠦ ᠬᠡᠷᠡᠭᠲᠡᠶ᠃

    ᠠᠷᠪᠠᠨ ᠨᠠᠢ᠍ᠮᠠᠳᠤᠭ᠋ᠠᠷ ᠵᠦᠢ᠍ᠯ   ᠬᠥᠮᠦᠨ᠎ᠤ ᠬᠦᠴᠦ᠎ᠪᠠᠷ ᠡᠭᠡᠭᠦᠯᠦᠨ ᠴᠢᠳᠬᠤᠬᠤ ᠠᠷᠭ᠎ᠠ ᠬᠡᠯᠪᠡᠷᠢ᠎ᠪᠠᠷ ᠭᠠᠵᠠᠷ ᠳᠣᠣᠷᠠᠬᠢ ᠤᠰᠤ ᠵᠢ ᠡᠭᠡᠭᠦᠯᠦᠨ ᠴᠢᠳᠬᠤᠬᠤ᠎ᠳᠤ᠂ ᠡᠭᠡᠭᠦᠯᠦᠨ ᠴᠢᠳᠬᠤᠬᠤ ᠤᠰᠤᠨ᠎ᠤ ᠴᠢᠨᠠᠷ᠎ᠢ ᠤᠰᠤ ᠠᠭᠤᠯᠵᠤ ᠪᠦᠭᠦᠢ ᠳᠠᠪᠬᠤᠷᠭ᠎ᠠ ᠵᠢᠨ ᠭᠠᠵᠠᠷ ᠳᠣᠣᠷᠠᠬᠢ ᠤᠰᠤᠨ᠎ᠤ ᠴᠢᠨᠠᠷ ᠪᠠ ᠭᠠᠵᠠᠷ ᠳᠣᠣᠷᠠᠬᠢ ᠤᠰᠤᠨ᠎ᠤ ᠴᠢᠳᠠᠮᠵᠢᠳᠦ ᠣᠷᠣᠨ᠎ᠤ ᠬᠠᠷᠠᠯᠳᠠ ᠪᠣᠯᠬᠤ ᠤᠰᠤᠨ᠎ᠤ ᠴᠢᠨᠠᠷ᠎ᠠᠴᠠ ᠴᠢᠨᠠᠷ ᠰᠠᠶ᠋ᠢᠳᠠᠢ ᠪᠠᠶ᠋ᠢᠯᠭ᠋ᠠᠬᠤ ᠬᠡᠷᠩᠳᠠᠢ᠃

    ᠭᠠᠵᠠᠷ ᠳᠣᠣᠷᠠᠬᠢ ᠤᠰᠤ ᠵᠢ ᠡᠭᠡᠭᠦᠯᠦᠨ ᠴᠢᠳᠬᠤᠬᠤ᠎ᠳᠤ ᠬᠠᠶᠠᠭᠳᠠᠮᠠᠯ ᠪᠣᠬᠢᠷ ᠤᠰᠤ ᠬᠡᠷᠡᠭᠯᠡᠬᠦ ᠵᠢ ᠴᠠᠭ᠋ᠠᠵᠠᠯᠠᠨ᠎ᠠ᠃

    ᠠᠷᠪᠠ ᠶᠢᠰᠦᠳᠦᠭᠡᠷ ᠵᠦᠢ᠍ᠯ   ᠭᠠᠵᠠᠷ ᠳᠣᠣᠷᠠᠬᠢ ᠤᠰᠤᠨ᠎ᠤ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠭᠠᠵᠡᠷ᠎ᠤᠨ ᠬᠠᠮᠠᠭ᠋ᠠᠯᠠᠯᠳᠠ ᠵᠢᠨ ᠣᠷᠣᠨ᠂ ᠭᠠᠵᠠᠷ ᠳᠣᠣᠷᠠᠬᠢ ᠤᠰᠤ ᠵᠢ ᠬᠡᠳᠦ ᠮᠡᠯᠳᠠᠭᠰᠠᠨ ᠭᠠᠵᠠᠷ ᠣᠷᠣᠨ ᠵᠢᠴᠢ ᠭᠦᠨ ᠳᠠᠪᠬᠤᠷᠭ᠎ᠠ ᠵᠢᠨ ᠳᠠᠷᠤᠯᠲᠠᠲᠤ ᠤᠰᠤ ᠠᠭᠤᠯᠵᠤ ᠪᠦᠭᠦᠢ ᠳᠠᠪᠬᠤᠷᠭ᠎ᠠ᠎ᠳᠤ ᠭᠠᠵᠠᠷ᠎ᠤᠨ ᠰᠣᠷᠪᠣᠯᠵᠢ ᠵᠢᠨ ᠢᠯᠴᠢ ᠵᠢᠨ ᠬᠥᠭᠡᠷᠭᠡ ᠵᠢ ᠠᠰᠢᠭᠯᠠᠨ ᠭᠠᠵᠠᠷ ᠳᠣᠣᠷᠠᠬᠢ ᠤᠰᠤ ᠵᠢ ᠲᠠᠲᠠᠵᠤ ᠬᠡᠷᠡᠭᠯᠡᠬᠦ ᠵᠢ ᠴᠠᠭ᠋ᠠᠵᠠᠯᠠᠨ᠎ᠠ᠃

    ᠭᠠᠵᠠᠷ᠎ᠤᠨ ᠰᠣᠷᠪᠣᠯᠵᠢ ᠵᠢᠨ ᠢᠯᠴᠢ ᠵᠢᠨ ᠬᠥᠭᠡᠷᠭᠡ ᠵᠢ ᠰᠢᠨ᠎ᠡ᠎ᠪᠠᠷ ᠪᠠᠶ᠋ᠢᠭᠤᠯᠬᠤ᠎ᠳᠤ ᠪᠢᠲᠡᠭᠦᠦ ᠡᠷᠭᠢᠯᠳᠦᠭᠦᠯᠬᠦ ᠮᠡᠷᠭᠡᠵᠢᠯ ᠵᠢ ᠬᠡᠷᠩᠯᠡᠭᠦ ᠬᠡᠷᠩᠳᠠᠢ᠂ ᠨᠢᠭᠡᠨᠲᠡ ᠪᠠᠶ᠋ᠢᠭᠤᠯᠤᠭᠰᠠᠨ ᠪᠣᠯᠪᠠᠴᠤ ᠬᠡᠷᠩᠯᠡᠭᠡᠳᠣᠢ ᠵᠢ᠎ᠨᠢ ᠬᠤᠭᠤᠴᠠᠭ᠎ᠠ ᠬᠢᠵᠠᠭ᠋ᠠᠷᠯᠠᠨ ᠮᠡᠷᠭᠡᠵᠢᠯ᠎ᠤᠨ ᠥᠭᠡᠷᠡᠴᠢᠯᠡᠯᠲᠡ ᠬᠢᠬᠦ ᠬᠡᠷᠡᠭᠲᠡᠶ᠃

    ᠳᠥᠷᠪᠡᠳᠦᠭᠡᠷ ᠪᠦᠯᠦᠭ     ᠭᠠᠵᠠᠷ ᠳᠣᠣᠷᠠᠬᠢ ᠤᠰᠤ ᠵᠢ ᠠᠰᠢᠭᠯᠠᠬᠤ

    ᠬᠤᠷᠢᠳᠤᠭ᠋ᠠᠷ ᠵᠦᠢ᠍ᠯ     ᠥᠪᠡᠷᠲᠡᠭᠡᠨ ᠵᠠᠰᠠᠬᠤ ᠣᠷᠣᠨ᠎ᠠᠴᠠ ᠭᠠᠵᠠᠷ ᠳᠣᠣᠷᠠᠬᠢ ᠤᠰᠤᠨ᠎ᠳᠤ ᠶᠡᠷᠦᠩᠬᠡᠶ ᠬ᠋ᠡᠮᠵᠢᠶ᠎ᠡ ᠵᠢ ᠬᠢᠵᠠᠭ᠋ᠠᠷᠯᠠᠬᠤ ᠪᠠ ᠤᠰᠤᠨ ᠲᠦᠪᠰᠢᠨ᠎ᠢ ᠡᠵᠡᠮᠳᠡᠬᠦ ᠬᠠᠮᠢᠶᠠᠷᠤᠯᠲᠠ ᠵᠢ ᠬᠡᠷᠩᠵᠢᠭᠦᠯᠣᠨ᠎ᠠ᠃

    ᠡᠯ᠎ᠡ ᠵᠠᠰᠠᠭ ᠵᠠᠬᠢᠷᠭ᠋ᠠᠨ᠎ᠤ ᠣᠷᠣᠨ᠎ᠤ ᠲᠣᠳᠣᠷᠠᠬᠢ ᠣᠨ᠎ᠤ ᠭᠠᠵᠠᠷ ᠳᠣᠣᠷᠠᠬᠢ ᠤᠰᠤ ᠵᠢ ᠨᠡᠭᠡᠭᠡᠨ ᠮᠠᠯᠳᠠᠬᠤ ᠶᠡᠷᠦᠩᠬᠡᠶ ᠬᠡᠮᠵᠢᠶ᠎ᠡ ᠵᠢ ᠪᠣᠯ ᠵᠥᠪᠰᠢᠶᠡᠷᠡᠭᠰᠡᠨ ᠭᠠᠵᠠᠷ ᠳᠣᠣᠷᠠᠬᠢ ᠤᠰᠤ ᠵᠢ ᠨᠡᠭᠡᠭᠡᠨ ᠮᠠᠯᠳᠠᠬᠤ ᠶᠡᠷᠦᠩᠬᠡᠶ ᠬᠡᠮᠵᠢᠶ᠎ᠡ᠎ᠶᠢᠨ ᠬᠢᠵᠠᠭ᠋ᠠᠷᠯᠠᠬᠤ ᠭᠦᠢ᠍ᠴᠡᠳᠬᠡᠯ ᠲᠤᠭ᠎ᠠ᠎ᠠᠴᠠ ᠳᠠᠪᠠᠭᠤᠯᠵᠤ ᠪᠣᠯᠬᠤ ᠦᠭᠡᠢ᠃

    ᠭᠠᠵᠠᠷ ᠳᠣᠣᠷᠠᠬᠢ ᠤᠰᠤ ᠵᠢ ᠬᠡᠳᠦ ᠮᠠᠯᠳᠠᠭᠰᠠᠨ ᠭᠠᠵᠠᠷ ᠣᠷᠣᠨ ᠪᠠ ᠭᠠᠵᠠᠷ ᠳᠣᠣᠷᠠᠬᠢ ᠤᠰᠤᠨ᠎ᠤ ᠴᠢᠬᠤᠯᠠ ᠤᠰᠤᠨ ᠰᠤᠷᠪᠤᠯᠵᠢ ᠵᠢᠨ ᠣᠨ᠎ᠤ ᠭᠠᠵᠠᠷ ᠳᠣᠣᠷᠠᠬᠢ ᠤᠰᠤ ᠵᠢ ᠨᠡᠭᠡᠭᠡᠨ ᠮᠠᠯᠳᠠᠬᠤ ᠶᠡᠷᠦᠩᠬᠡᠶ ᠬᠡᠮᠵᠢᠶ᠎ᠡ ᠵᠢ ᠪᠣᠯ ᠵᠥᠪᠰᠢᠶᠡᠷᠡᠭᠰᠡᠨ ᠭᠠᠵᠠᠷ ᠳᠣᠣᠷᠠᠬᠢ ᠤᠰᠤ ᠵᠢ ᠨᠡᠭᠡᠭᠡᠨ ᠮᠠᠯᠳᠠᠬᠤ ᠶᠡᠷᠦᠩᠬᠡᠶ ᠬᠡᠮᠵᠢᠶ᠎ᠡ ᠵᠢᠨ ᠬᠢᠵᠠᠭ᠋ᠠᠷᠯᠠᠬᠤ ᠭᠦᠢ᠍ᠴᠡᠳᠬᠡᠯ ᠲᠤᠭ᠎ᠠ᠎ᠠᠴᠠ ᠳᠠᠪᠠᠭᠤᠯᠵᠤ ᠪᠣᠯᠬᠤ ᠦᠭᠡᠢ᠂ ᠭᠠᠵᠠᠷ ᠳᠣᠣᠷᠠᠬᠢ ᠤᠰᠤᠨ᠎ᠤ ᠤᠰᠤᠨ ᠲᠦᠪᠰᠢᠨ᠎ᠢ ᠣᠰᠣᠨ ᠲᠦᠪᠰᠢᠨ᠎ᠤ ᠡᠵᠡᠮᠳᠡᠬᠦ ᠭᠦᠢ᠍ᠴᠡᠳᠬᠡᠯ ᠲᠤᠭ᠎ᠠ᠎ᠠᠴᠠ ᠳᠣᠣᠷ᠎ᠠ ᠪᠠᠶ᠋ᠢᠯᠭ᠋ᠠᠵᠤ ᠪᠣᠯᠬᠤ ᠦᠭᠡᠢ᠃

    ᠬᠤᠷᠢᠨ ᠨᠢᠭᠡᠳᠦᠭᠡᠷ ᠵᠦᠢ᠍ᠯ     ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠳᠡᠭᠡᠳᠣ ᠨᠢᠭᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠠᠳᠠᠯᠤᠭᠰᠠᠨ ᠭᠠᠵᠠᠷ ᠳᠣᠣᠷᠠᠬᠢ ᠤᠰᠤ ᠵᠢ ᠨᠡᠭᠡᠭᠡᠨ ᠮᠠᠯᠳᠠᠬᠤ ᠶᠡᠷᠦᠩᠬᠡᠶ ᠬᠡᠮᠵᠢᠶ᠎ᠡ ᠵᠢᠨ ᠬᠢᠵᠠᠭ᠋ᠠᠷᠯᠠᠬᠤ ᠭᠦᠢ᠍ᠴᠡᠳᠬᠡᠯ ᠲᠤᠭ᠎ᠠ ᠵᠢ ᠦᠨᠳᠣᠰᠣᠯᠠᠵᠣ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠲᠣᠳᠣᠷᠠᠬᠢ ᠣᠨ᠎ᠤ ᠭᠠᠵᠠᠷ ᠳᠣᠣᠷᠠᠬᠢ ᠤᠰᠤ ᠵᠢ ᠨᠡᠭᠡᠭᠡᠨ ᠮᠠᠯᠳᠠᠬᠤ ᠶᠡᠷᠦᠩᠬᠡᠶ ᠬᠡᠮᠵᠢᠶ᠎ᠡ ᠵᠢᠨ ᠬᠢᠵᠠᠭ᠋ᠠᠷᠯᠠᠬᠤ ᠭᠦᠢ᠍ᠴᠡᠳᠬᠡᠯ ᠲᠤᠭ᠎ᠠ ᠵᠢ ᠲᠣᠭᠲᠠᠭ᠋ᠠᠬᠤ ᠬᠡᠷᠩᠳᠠᠢ᠃

    ᠭᠠᠵᠠᠷ ᠳᠣᠣᠷᠠᠬᠢ ᠤᠰᠤ ᠵᠢ ᠬᠡᠳᠦ ᠮᠠᠯᠳᠠᠭᠰᠠᠨ ᠭᠠᠵᠠᠷ ᠣᠷᠣᠨ᠎ᠤ ᠨᠡᠭᠡᠭᠡᠨ ᠮᠠᠯᠳᠠᠬᠤ ᠶᠡᠷᠦᠩᠬᠡᠶ ᠬᠡᠮᠵᠢᠶ᠎ᠡ ᠪᠠ ᠤᠰᠤᠨ ᠲᠦᠪᠰᠢᠨ᠎ᠢ ᠡᠵᠡᠮᠳᠡᠬᠦ ᠭᠦᠢ᠍ᠴᠡᠳᠬᠡᠯ ᠲᠤᠭ᠎ᠠ ᠵᠢ ᠠᠶ᠋ᠢᠮᠠᠭ᠎ᠤᠨ ᠵᠠᠬᠢᠷᠭ᠎ᠠ᠂ ᠲᠣᠭᠤᠷᠢᠭ ᠪᠠᠶ᠋ᠢᠭᠤᠯᠣᠭᠰᠠᠨ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠣ ᠵᠥᠪᠰᠢᠶᠡᠷᠡᠭᠦᠯᠬᠦᠬᠡᠷᠡᠭᠲᠡᠶ᠃

    ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠭᠠᠵᠡᠷ ᠵᠢᠴᠢ ᠭᠠᠵᠠᠷ ᠳᠣᠣᠷᠠᠬᠢ ᠤᠰᠤᠨ᠎ᠤ ᠴᠢᠬᠤᠯᠠ ᠤᠰᠤᠨ ᠰᠤᠷᠪᠤᠯᠵᠢ ᠵᠢᠨ ᠭᠠᠵᠠᠷ᠎ᠤᠨ ᠨᠡᠭᠡᠭᠡᠨ ᠮᠠᠯᠳᠠᠬᠤ ᠶᠡᠷᠦᠩᠬᠡᠶ ᠬᠡᠮᠵᠢᠶ᠎ᠡ ᠪᠠ ᠤᠰᠤᠨ ᠲᠦᠪᠰᠢᠨ᠎ᠢ ᠡᠵᠡᠮᠳᠡᠬᠦᠭᠦ᠋ᠢ᠍ᠴᠡᠳᠬᠡᠯ ᠲᠤᠭ᠎ᠠ ᠵᠢ ᠪᠣᠯ ᠤᠰᠤ ᠲᠠᠲᠠᠬᠤ ᠵᠢ ᠵᠥᠪᠰᠢᠶᠡᠷᠡᠬᠦ ᠬᠠᠮᠢᠶᠠᠷᠣᠯᠳᠠ ᠵᠢᠨ ᠡᠷᠬᠡ ᠮᠡᠳᠠᠯ᠎ᠲᠠᠢ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠨ᠎ᠠ᠃

    ᠬᠤᠷᠢᠨ ᠬᠤᠶᠠᠳᠤᠭ᠋ᠠᠷ ᠵᠦᠢ᠍ᠯ     ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠢᠯᠪᠠᠷᠬᠠᠨ ᠳᠠᠪᠤᠰᠤᠵᠢᠵᠤ ᠬᠤᠵᠢᠷᠰᠢᠬᠤ ᠪᠠ ᠣᠰᠣ ᠲᠣᠨᠣᠵᠣ ᠭᠠᠮᠰᠢᠭ ᠭᠠᠷᠬᠤ ᠭᠠᠵᠠᠷ ᠣᠷᠣᠨ᠎ᠳᠤ ᠠᠷᠭ᠎ᠠ ᠬᠡᠮᠵᠢᠶ᠎ᠡ ᠠᠪᠴᠤ᠂ ᠭᠠᠵᠠᠷ ᠳᠣᠣᠷᠠᠬᠢ ᠤᠰᠤᠨ᠎ᠤ ᠲᠦᠪᠰᠢᠨ᠎ᠢ ᠡᠵᠡᠮᠳᠡᠭᠦ ᠪᠠ ᠳᠣᠷᠣᠭᠰᠢᠯᠠᠭᠤᠯᠬᠤ ᠬᠡᠷᠡᠭᠲᠡᠶ᠃

    ᠬᠤᠷᠢᠨ ᠭᠤᠷᠪᠠᠳᠤᠭ᠋ᠠᠷ ᠵᠦᠢ᠍ᠯ   ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠭᠠᠵᠠᠷ ᠳᠣᠣᠷᠠᠬᠢ ᠤᠰᠤ ᠵᠢ ᠬᠡᠳᠦ ᠮᠠᠯᠳᠠᠭᠰᠠᠨ ᠭᠠᠵᠠᠷ ᠣᠷᠣᠨ᠎ᠤ ᠭᠠᠵᠠᠷ ᠳᠣᠣᠷᠠᠬᠢ ᠤᠰᠤ ᠵᠢ ᠨᠡᠭᠡᠭᠡᠨ ᠮᠠᠯᠳᠠᠬᠤ ᠬᠡᠮᠵᠢᠶ᠎ᠡ᠎ᠪᠠᠨ ᠲᠥᠯᠥᠪᠯᠡᠭᠡ᠎ᠲᠠᠢ᠎ᠪᠠᠷ ᠵᠢᠯ ᠳᠠᠷᠠᠭ᠋ᠠᠯᠠᠨ ᠪᠠᠭ᠋ᠠᠰᠬᠠᠵᠤ᠂ ᠮᠠᠯᠳᠠᠬᠤ ᠨᠦᠭᠦᠪᠣᠷᠢᠯᠡᠭᠦ ᠵᠢ ᠠᠯᠬᠤᠮ ᠠᠯᠬᠤᠮ ᠊ᠶᠢᠢ᠍ᠡᠷ ᠲᠡᠩᠴᠡᠭᠦᠷᠢᠰᠢᠭᠦᠯᠭᠦ ᠬᠡᠷᠡᠭᠲᠡᠶ᠃

    ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠠᠮᠢᠳᠤᠷᠠᠯ᠎ᠳᠤ ᠬᠡᠷᠡᠭᠯᠡᠭᠦ ᠤᠰᠣ᠎ᠨᠢ ᠭᠠᠵᠠᠷ ᠳᠣᠣᠷᠠᠬᠢ ᠤᠰᠤ ᠵᠢ ᠦᠨᠡᠨᠬᠦ ᠨᠡᠮᠡᠭᠳᠡᠭᠦᠯᠣᠨ ᠬᠡᠷᠡᠭᠯᠡᠬᠦ ᠴᠢᠬᠤᠯᠠ᠎ᠲᠠᠢ ᠪᠣᠯ ᠠᠶ᠋ᠢᠮᠠᠭ᠎ᠤᠨ ᠵᠠᠬᠢᠷᠭ᠎ᠠ᠂ ᠲᠣᠭᠤᠷᠢᠭ ᠪᠠᠶ᠋ᠢᠭᠤᠯᠣᠭᠰᠠᠨ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠪᠤᠰᠤᠳ ᠤᠰᠤ ᠬᠡᠷᠡᠭᠯᠡᠵᠣ ᠪᠠᠶ᠋ᠢᠭ᠎ᠠ ᠡᠷᠦᠬᠡ ᠵᠢᠨ ᠭᠠᠵᠠᠷ ᠳᠣᠣᠷᠠᠬᠢ ᠤᠰᠤ ᠵᠢ ᠲᠠᠲᠠᠵᠤ ᠬᠡᠷᠡᠭᠯᠡᠬᠦ ᠬᠡᠮᠵᠢᠶ᠎ᠡ ᠵᠢ ᠪᠠᠭ᠋ᠠᠰᠬᠠᠵᠤ᠂ ᠭᠠᠵᠠᠷ ᠳᠣᠣᠷᠠᠬᠢ ᠤᠰᠤ ᠵᠢ ᠬᠡᠳᠦ ᠮᠠᠯᠳᠠᠭᠰᠠᠨ ᠭᠠᠵᠠᠷ ᠣᠷᠣᠨ᠎ᠤ ᠭᠠᠵᠠᠷ ᠳᠣᠣᠷᠠᠬᠢ ᠤᠰᠣ ᠠᠪᠬᠤ ᠶᠡᠷᠦᠩᠬᠡᠶ ᠬᠡᠮᠵᠢᠶ᠎ᠡ ᠵᠢ ᠨᠡᠮᠡᠭᠳᠡᠭᠦᠯᠬᠦ ᠦᠭᠡᠢ ᠪᠠᠶ᠋ᠢᠬᠤ᠎ᠪᠠᠨ ᠦᠨᠡᠡᠭᠦ ᠪᠠᠲᠤᠯᠠᠬᠤ ᠬᠡᠷᠡᠭᠲᠡᠶ᠃

    ᠬᠤᠷᠢᠨ ᠳᠥᠷᠪᠡᠳᠦᠭᠡᠷ ᠵᠦᠢ᠍ᠯ     ᠤᠰᠤ ᠶᠡᠭᠡ ᠬᠤᠷᠣᠭᠳᠠᠭᠤᠯᠬᠤ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠢ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠵᠣ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ᠎ᠳᠤ ᠭᠠᠵᠠᠷ ᠳᠣᠣᠷᠠᠬᠢ ᠤᠰᠤ ᠵᠢ ᠳᠤᠷ᠎ᠠ᠎ᠪᠠᠷ ᠊ᠶᠢᠢ᠍ᠡᠨ ᠬᠡᠷᠡᠭᠯᠡᠬᠦ ᠵᠢ ᠴᠠᠭ᠋ᠠᠵᠠᠯᠠᠨ᠎ᠠ᠃ ᠢᠳᠡᠭᠡᠨ᠂ ᠡᠮ ᠬᠢᠭᠦ ᠵᠡᠷᠭᠡ ᠳᠦᠷᠦᠯ ᠵᠦᠢ᠍ᠯ᠎ᠳᠤ ᠪᠣᠯ ᠬᠠᠮᠢᠶᠠᠷᠣᠯᠳᠠ ᠵᠢᠨ ᠡᠷᠬᠡ ᠮᠡᠳᠠᠯ᠎ᠲᠠᠢ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ ᠭᠠᠵᠠᠷ ᠳᠣᠣᠷᠠᠬᠢ ᠤᠰᠤ ᠵᠢ ᠳᠠᠳᠠᠨ ᠬᠡᠷᠡᠭᠯᠡᠵᠦ ᠪᠣᠯᠤᠨ᠎ᠠ᠃

    ᠲᠠᠷᠢᠶᠠᠯᠠᠩ ᠮᠠᠯ ᠠᠵᠤ ᠠᠬᠤᠶ ᠵᠢᠨ ᠤᠰᠤᠯᠠᠯᠲᠠ᠎ᠳᠤ ᠭᠦᠨ ᠳᠠᠪᠬᠤᠷᠭ᠎ᠠ ᠵᠢᠨ ᠳᠠᠷᠤᠯᠲᠠᠲᠤ ᠭᠠᠵᠠᠷ ᠳᠣᠣᠷᠠᠬᠢ ᠤᠰᠤ ᠵᠢ ᠨᠡᠭᠡᠭᠡᠨ ᠮᠠᠯᠳᠠᠬᠤ ᠵᠢ ᠴᠠᠭ᠋ᠠᠵᠠᠯᠠᠨ᠎ᠠ᠃

    ᠬᠤᠷᠢᠨ ᠲᠠᠪᠤᠳᠤᠭ᠋ᠠᠷ ᠵᠦᠢ᠍ᠯ     ᠭᠠᠵᠠᠷ ᠳᠣᠣᠷᠠᠬᠢ ᠤᠰᠤ ᠵᠢ ᠲᠠᠲᠠᠵᠤ ᠬᠡᠷᠡᠭᠯᠡᠬᠦ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠪᠦᠳᠤᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠤᠰᠤᠨ᠎ᠤ ᠡᠬᠢ ᠰᠣᠷᠪᠣᠯᠵᠢ ᠵᠢᠨ ᠨᠤᠲᠠᠯᠠᠯᠲᠠ ᠬᠢᠬᠦ ᠬᠡᠷᠡᠭᠲᠡᠶ᠃ ᠪᠥᠳᠥᠭᠡᠨ ᠪᠠᠶ᠋ᠢᠭᠤᠯᠤᠯᠲᠠ ᠵᠢᠨ ᠲᠦᠷᠣᠯ ᠵᠦᠢ᠍ᠯ᠎ᠤᠨ ᠣᠰᠣᠨ᠎ᠤ ᠡᠬᠢ ᠰᠣᠷᠪᠣᠯᠵᠢ ᠵᠢᠨ ᠨᠤᠲᠠᠯᠠᠯᠳᠠ ᠵᠢᠨ ᠮᠡᠳᠡᠭᠦᠯᠦᠯᠲᠡ ᠵᠢᠨ ᠪᠢᠴᠢᠭ ᠪᠤᠶᠤ ᠣᠰᠣᠨ᠎ᠤ ᠡᠬᠢ ᠰᠣᠷᠪᠣᠯᠵᠢ ᠵᠢᠨ ᠨᠤᠲᠠᠯᠠᠯᠳᠠ ᠵᠢᠨ ᠮᠡᠳᠡᠭᠦᠯᠦᠯᠲᠡ ᠵᠢᠨ ᠬᠦᠰᠦᠨᠦᠭᠲᠦ ᠵᠢ ᠪᠦᠳᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠤᠰᠤᠨ᠎ᠤ ᠡᠬᠢ ᠰᠣᠷᠪᠣᠯᠵᠢ᠎ᠳᠤ ᠨᠤᠲᠠᠯᠠᠯᠲᠠ ᠬᠢᠬᠦ ᠵᠢᠨ ᠵᠣᠬᠢᠬᠤ ᠬᠢᠷᠢ ᠴᠢᠳᠠᠮᠵᠢ᠎ᠲᠠᠢ ᠨᠢᠭᠡᠴᠡ᠎ᠠᠴᠠ ᠨᠠᠶ᠋ᠢᠷᠠᠭᠤᠯᠤᠨ ᠵᠣᠬᠢᠶᠠᠬᠤ ᠵᠢᠨ ᠬᠠᠮᠳᠣ᠂ ᠬᠠᠮᠢᠶᠠᠷᠣᠯᠳᠠ ᠵᠢᠨ ᠡᠷᠬᠡ ᠮᠡᠳᠠᠯ᠎ᠲᠠᠢ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠬᠢᠨᠠᠨ ᠵᠥᠪᠰᠢᠶᠡᠷᠡᠭᠦᠯᠣᠭᠡᠣᠨ᠂ ᠤᠰᠤ ᠲᠠᠲᠠᠬᠤ ᠵᠦᠪᠰᠢᠶᠡᠷᠡᠯ᠎ᠤᠨ ᠬᠢᠨᠠᠨ ᠵᠥᠪᠰᠢᠶᠡᠷᠡᠭᠦᠯᠭᠦ ᠭᠠᠷᠳᠠᠮ᠎ᠢ ᠬᠠᠤᠯᠢ ᠶᠣᠰᠣᠭ᠋ᠠᠷ ᠭᠦᠢ᠍ᠴᠡᠣᠡᠭᠡᠭᠦ ᠬᠡᠷᠡᠭᠲᠡᠶ᠃

    ᠬᠤᠷᠢᠨ ᠵᠢᠷᠭᠤᠳᠤᠭ᠋ᠠᠷ ᠵᠦᠢ᠍ᠯ     ᠣᠰᠣᠨ ᠬᠤᠣᠡᠳᠤᠭ᠎ᠤᠨ ᠪᠠᠷᠢᠯᠭ᠎ᠠ ᠳᠠᠭᠤᠰᠣᠭᠰᠠᠨ᠎ᠤ ᠳᠠᠷᠠᠭ᠎ᠠ᠂ ᠣᠰᠣ ᠲ᠋ᠠᠳᠠᠬᠤ ᠨᠢᠭᠡᠴᠨ ᠪᠣᠶᠣ ᠬᠤᠪᠢ ᠭᠦᠮᠣᠨ᠎ᠨᠢ ᠣᠰᠣ ᠳᠠᠳᠠᠬᠤ ᠵᠢ ᠵᠦᠪᠰᠢᠶᠡᠷᠡᠭᠦ ᠬᠠᠮᠢᠶᠠᠷᠣᠯᠳᠠ ᠵᠢᠨ ᠡᠷᠭᠡ ᠮᠡᠳᠠᠯ᠎ᠲᠠᠢ ᠣᠰᠣᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠲᠤ ᠣᠰᠣᠨ ᠬᠤᠣᠡᠳᠤᠭ᠎ᠤᠨ ᠪᠠᠷᠢᠯᠭ᠎ᠠ ᠵᠢ ᠰᠢᠯᠭ᠋ᠠᠨ ᠠᠪᠣᠭᠤᠯᠬᠤ ᠭᠤᠶᠣᠴᠢᠯᠠᠯ ᠵᠶ᠋ᠠᠨ ᠲᠣᠰᠢᠶᠠᠬᠤ ᠵᠢᠨ ᠬᠠᠮᠳᠣ᠂ ᠲᠣᠣᠷᠠᠬᠢ ᠮᠠᠲ᠋ᠧᠷᠢᠶᠠᠯ᠎ᠤᠳ᠎ᠢ ᠲᠣᠰᠢᠶᠠᠬᠤ ᠬᠡᠷᠩᠳᠠᠢ᠄

    (ᠨᠢᠭᠡ) ᠣᠰᠣᠨ ᠬᠤᠣᠡᠳᠤᠭ᠎ᠤᠨ ᠪᠠᠷᠢᠯᠭ᠎ᠠ ᠵᠢᠨ ᠪᠠᠶ᠋ᠢᠭ᠎ᠠ ᠪᠠᠶ᠋ᠢᠷᠢ ᠵᠢᠨ ᠭᠠᠵᠡᠷ ᠵᠦᠢ ᠵᠢᠨ ᠪᠠᠶ᠋ᠢᠷᠢᠰᠢᠯ᠂ᠡᠷᠭᠦᠭᠳᠡᠴᠨ ᠪᠠ ᠬᠠᠪᠳᠠᠭ᠋ᠠᠢ ᠪᠠᠶ᠋ᠢᠷᠢ ᠵᠢᠨ ᠵᠢᠷᠤᠭ;

    (ᠬᠤᠶᠠᠷ) ᠳᠠᠩ ᠬᠤᠣᠡᠳᠤᠭ᠎ᠤᠨ ᠪᠣᠳᠠᠳᠠᠢ ᠭᠦᠨ᠂ ᠬᠤᠣᠡᠳᠤᠭ᠎ᠤᠨ ᠳ᠋ᠢᠶᠠᠮᠧᠲᠷ ᠪᠠ ᠣᠰᠣᠨ᠎ᠤ ᠭᠠᠵᠡᠷ ᠰ᠊ ᠵᠨᠵᠢᠯᠡᠭᠡ ᠵᠢᠨ ᠥᠷᠥᠮᠳᠡᠯ᠎ᠤᠨ ᠪᠠᠭ᠋ᠠᠨᠠᠯᠢᠬ ᠵᠢᠷᠤᠭ;

    (ᠭᠤᠷᠪᠠ) ᠣᠰᠣ ᠳᠠᠳᠠᠭᠰᠠᠨ ᠲᠣᠷᠰᠢᠯᠳᠠ ᠵᠢᠨ ᠮᠡᠳᠡᠭᠦᠯᠣᠯᠳᠠ ᠪᠠ ᠣᠰᠣᠨ᠎ᠤ ᠴᠢᠨᠠᠷ᠎ᠢ ᠰᠢᠨᠵᠢᠯᠡᠵᠣ ᠰᠢᠯᠭ᠋ᠠᠭᠰᠠᠨ ᠮᠡᠳᠡᠭᠦᠯᠣᠯᠳᠠ;

    (ᠲᠦᠷᠪᠠ) ᠣᠰᠣᠨ ᠬᠤᠣᠡᠳᠤᠭ᠎ᠤᠨ ᠪᠠᠷᠢᠯᠭ᠎ᠠ ᠵᠢᠨ ᠣᠰᠣ ᠳᠠᠳᠠᠬᠤ ᠲᠦᠭᠦᠭᠡᠷᠣᠮᠵᠢ ᠵᠢᠨ ᠴᠢᠨᠠᠷ ᠴᠢᠳᠠᠯ ᠵᠢᠴᠢ ᠭᠡᠮᠵᠢᠯᠳᠠ ᠵᠢᠨ ᠲᠦᠭᠦᠭᠡᠷᠣᠮᠵᠢ ᠲᠣᠨᠣᠭᠯᠠᠵᠣ ᠣᠭᠰᠠᠷᠠᠭᠰᠠᠨ ᠪᠠᠶ᠋ᠢᠳᠠᠯ;

    (ᠳᠠᠪᠤ) ᠣᠰᠣᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠬᠠᠩᠭ᠋ᠠᠬᠤ᠎ᠪᠠᠷ ᠱᠠᠭ᠋ᠠᠷᠳᠠᠭᠰᠠᠨ ᠪᠣᠰᠣᠣᠨ ᠬᠤᠯᠪᠣᠭᠳᠠᠯ ᠪᠦᠭᠦᠢ ᠮᠠᠲ᠋ᠧᠷᠢᠶᠠᠯ᠃

    ᠣᠰᠣᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠣᠰᠣ ᠳᠠᠳᠠᠬᠤ ᠨᠢᠭᠡᠴᠨ ᠪᠣᠶᠣ ᠬᠤᠪᠢ ᠭᠦᠮᠣᠨ᠎ᠤ ᠲᠣᠰᠢᠶᠠᠭᠰᠠᠨ ᠣᠰᠣᠨ ᠬᠤᠣᠡᠳᠤᠭ᠎ᠤᠨ ᠪᠠᠷᠢᠯᠭ᠎ᠠ ᠵᠢ᠎ᠨᠢ ᠰᠢᠯᠭ᠋ᠠᠨ ᠠᠪᠣᠭᠤᠯᠬᠤ ᠭᠤᠶᠣᠴᠢᠯᠠᠯ᠎ᠢ ᠣᠯᠣᠭᠰᠠᠨ ᠡᠳᠣᠷ᠎ᠠᠴᠠ ᠡᠬᠢᠯᠠᠨ 15 ᠡᠳᠣᠷ᠎ᠤᠨ ᠲᠣᠳᠣᠷ᠎ᠠ᠂ ᠲᠣᠬᠠᠢ ᠵᠢᠨ ᠭᠠᠵᠡᠷ᠎ᠲᠤᠨᠢ ᠭ᠋ᠦᠷᠴᠣ ᠰᠢᠯᠭ᠋ᠠᠨ ᠠᠪᠬᠤ ᠵᠢ ᠵᠣᠬᠢᠶᠠᠨ ᠪᠠᠶ᠋ᠢᠭᠤᠯᠬᠤ ᠬᠡᠷᠩᠳᠠᠢ᠃

    ᠬᠤᠷᠢᠨ ᠳᠣᠯᠣᠳᠤᠭ᠋ᠠᠷ ᠵᠦᠢ᠍ᠯ     ᠠᠭᠤᠷᠬᠠᠢ ᠵᠢᠨ ᠪᠣᠯᠠᠭᠳᠠᠴᠨ ᠵᠢ ᠨᠡᠭᠡᠭᠡᠨ ᠮᠠᠯᠳᠠᠬᠤ ᠪᠣᠶᠣ ᠭᠠᠵᠠᠷ ᠲᠣᠣᠷ᠎ᠠ ᠪᠠᠷᠢᠯᠭ᠎ᠠ ᠪᠦᠳᠣᠭᠡᠨ ᠪᠠᠶ᠋ᠢᠭᠤᠯᠬᠤ᠎ᠳᠤ ᠡᠷᠬᠡᠪᠰᠢ ᠰᠡᠶ᠋ᠢᠷᠡᠭᠦᠯᠭᠦ᠎ᠪᠠᠷ ᠤᠰᠤ ᠵᠠᠯᠠᠬᠤ᠎ᠳᠤ ᠪᠣᠯ᠂ ᠬᠠᠮᠢᠶᠠᠷᠣᠯᠳᠠ᠎ᠶᠢᠨ ᠡᠷᠭᠡ ᠮᠡᠳᠠᠯ᠎ᠲᠠᠢ ᠣᠰᠣᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠲᠤ ᠰᠡᠶ᠋ᠢᠷᠡᠭᠦᠯᠭᠦ᠎ᠪᠠᠷ ᠤᠰᠤ ᠵᠠᠯᠠᠬᠤ ᠲᠦᠰᠣᠯ ᠵᠶ᠋ᠠᠨ ᠮᠡᠳᠡᠭᠦᠯᠣᠨ ᠭᠦᠷᠭᠡᠭᠦ ᠵᠢᠨ ᠬᠠᠮᠳᠣ᠂ ᠵᠦᠪᠰᠢᠶᠡᠷᠡᠭᠰᠡᠨ ᠰᠡᠶ᠋ᠢᠷᠡᠭᠦᠯᠭᠦ᠎ᠪᠠᠷ ᠤᠰᠤ ᠵᠠᠯᠠᠬᠤ ᠲᠦᠰᠣᠯ᠎ᠤᠨ ᠶᠣᠰᠣᠭ᠋ᠠᠷ ᠰᠡᠶ᠋ᠢᠷᠡᠭᠦᠯᠦᠨ ᠬᠠᠳᠠᠭ᠋ᠠᠵᠣ᠂ ᠡᠭᠡᠭᠦᠯᠣᠨ ᠬᠤᠷᠢᠶᠠᠵᠣ ᠠᠰᠢᠭᠯᠠᠬᠤ ᠪᠣᠶᠣ ᠳᠠᠳᠠᠵᠣ ᠭᠠᠳᠠᠭᠰᠢᠯᠠᠭᠤᠯᠬᠤ ᠬᠡᠷᠩᠳᠠᠢ᠂ ᠰᠡᠶ᠋ᠢᠷᠡᠭᠦᠯᠭᠦ ᠣᠷᠣᠨ᠎ᠢ ᠲᠣᠷ᠎ᠠ᠎ᠪᠠᠷ ᠊ᠶᠢᠢ᠍ᠡᠨ ᠦᠷᠭᠡᠣᠡᠭᠡᠭᠦᠪᠠ ᠳᠠᠳᠠᠵᠣ ᠭᠠᠳᠠᠭᠰᠢᠯᠠᠭᠤᠯᠬᠤ ᠭᠠᠵᠡᠷ᠎ᠢ ᠬᠤᠪᠢᠷᠭ᠋ᠠᠵᠣ ᠪᠣᠯᠬᠤ ᠦᠭᠡᠢ᠃

    ᠪᠦᠳᠣᠭᠡᠨ ᠪᠠᠶ᠋ᠢᠭᠤᠯᠬᠤ ᠪᠣᠶᠣ ᠦᠢ᠍ᠯᠡᠣᠡᠪᠣᠷᠢᠯᠡᠭᠦ ᠨᠢᠭᠡᠴᠨ᠎ᠨᠢ ᠡᠭᠡᠭᠦᠯᠦᠨ ᠴᠢᠳᠬᠤᠵᠣ ᠣᠰᠣᠨ   ᠰᠤᠷᠪᠤᠯᠵᠢ ᠵᠢ ᠨᠦᠭᠦᠪᠣᠷᠢᠯᠡᠭᠦ ᠵᠢᠴᠢ ᠡᠭᠡᠭᠦᠯᠣᠨ ᠬᠤᠷᠢᠶᠠᠵᠣ ᠠᠰᠢᠭᠯᠠᠬᠤ ᠠᠷᠭ᠎ᠠ ᠭᠡᠮᠵᠢᠶ᠎ᠠ ᠠᠪᠬᠤ ᠬᠡᠷᠩᠳᠠᠢ᠃ ᠰᠡᠶ᠋ᠢᠷᠡᠭᠦᠯᠭᠦ᠎ᠪᠠᠷ ᠣᠰᠣ ᠵᠠᠯᠠᠭᠰᠠᠨ᠎ᠠᠴᠠ ᠪᠣᠯᠵᠣ ᠭᠠᠵᠡᠷ ᠲᠣᠣᠷᠠᠬᠢ ᠣᠰᠣᠨ ᠲᠦᠪᠰᠢᠨ᠎ᠢ ᠲᠣᠷᠣᠭᠰᠢᠯᠠᠭᠤᠯᠣᠭᠰᠠᠨ᠂ ᠤᠰᠤᠨ ᠰᠤᠷᠪᠤᠯᠵᠢ ᠵᠢ ᠰᠢᠷᠭᠢᠭᠡᠭᠰᠡᠨ ᠪᠤᠶᠤ ᠭᠠᠵᠠᠷ᠎ᠤᠨ ᠭᠠᠳᠠᠷᠭᠤ ᠵᠢ ᠴᠥᠮᠥᠷᠡᠭᠦᠯᠵᠣ᠂ ᠪᠣᠰᠣᠣᠨ᠎ᠤᠨ ᠠᠮᠢᠳᠣᠷᠠᠯ ᠪᠠ ᠦᠢ᠍ᠯᠡᠣᠡᠪᠣᠷᠢᠯᠡᠯ᠎ᠳᠤ ᠬᠤᠬᠢᠷᠠᠯ ᠣᠴᠠᠷᠠᠭᠤᠯᠣᠭᠰᠠᠨ ᠪᠣᠯ ᠪᠦᠳᠣᠭᠡᠨ ᠪᠠᠶ᠋ᠢᠭᠤᠯᠣᠭᠰᠠᠨ ᠪᠣᠶᠣ ᠦᠢ᠍ᠯᠡᠣᠡᠪᠣᠷᠢᠯᠡᠭᠰᠠᠨ ᠨᠢᠭᠡᠴᠨ᠎ᠨᠢ ᠬᠠᠣᠯᠢ ᠶᠣᠰᠣᠭ᠋ᠠᠷ ᠨᠦᠭᠦᠪᠣᠷᠢ ᠦᠭᠭᠦ ᠬᠡᠷᠡᠭᠳᠠᠢ᠃

    ᠬᠤᠷᠢᠨ ᠨᠠᠢ᠍ᠮᠠᠳᠤᠭ᠋ᠠᠷ ᠵᠦᠢ᠍ᠯ   ᠭᠠᠵᠠᠷ ᠳᠣᠣᠷᠠᠬᠢ ᠤᠰᠤᠨ᠎ᠳᠤ ᠤᠰᠤ ᠲᠠᠲᠠᠬᠤ ᠵᠥᠪᠰᠢᠶᠡᠷᠡᠯ ᠪᠠ ᠤᠰᠤᠨ᠎ᠤ ᠡᠬᠢ ᠪᠠᠶᠠᠯᠢᠭ᠎ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠵᠢᠨ ᠳᠦᠷᠢᠮ᠎ᠢ ᠬᠠᠤᠯᠢ ᠶᠣᠰᠣᠭ᠋ᠠᠷ ᠬ᠋ᠡᠷᠡᠭᠵᠢᠭᠦᠯᠬᠦ ᠬᠡᠷᠡᠭᠲᠡᠶ᠃

    ᠭᠠᠵᠠᠷ᠎ᠤᠨ ᠢᠯᠴᠢ ᠵᠢᠨ ᠤᠰᠤ᠂ ᠷᠠᠰᠢᠶᠠᠨ᠎ᠳᠤ ᠠᠭᠤᠷᠬᠠᠢ ᠮᠠᠯᠲᠠᠬᠤ ᠵᠥᠪᠰᠢᠶᠡᠷᠡᠯ᠎ᠤᠨ ᠳᠦᠷᠢᠮ ᠪᠠ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠲᠥᠯᠥᠪᠦᠷᠢ᠎ᠲᠠᠢ ᠬᠡᠷᠡᠭᠯᠡᠬᠦ ᠬᠠᠮᠢᠶᠠᠷᠤᠯᠲᠠ ᠵᠢᠨ ᠳᠦᠷᠢᠮ᠎ᠢ ᠵᠡᠷᠭᠡ᠎ᠳᠤᠨᠢ ᠬᠠᠤᠯᠢ ᠶᠣᠰᠣᠭ᠋ᠠᠷ ᠬᠡᠷᠡᠭᠵᠢᠭᠦᠯᠦᠨ᠎ᠡ᠃

    ᠤᠰᠤ ᠲᠠᠲᠠᠬᠤ ᠵᠥᠪᠰᠢᠶᠡᠷᠡᠯ᠂ ᠠᠭᠤᠷᠬᠠᠶ ᠮᠠᠯᠲᠠᠬᠤ ᠵᠥᠪᠰᠢᠶᠡᠷᠡᠯ᠎ᠤᠨ ᠬᠢᠨᠠᠨ ᠵᠥᠪᠰᠢᠶᠡᠷᠡᠬᠦ ᠡᠷᠬᠡ ᠮᠡᠳᠡᠯ᠂ᠳᠡᠰ ᠳᠠᠷᠠᠭ᠋ᠠᠯᠠᠯ᠂ ᠬᠢᠨᠠᠯᠳᠠ ᠳᠠᠯᠪᠢᠵᠣ ᠬᠠᠮᠢᠶᠠᠷᠬᠤ ᠪᠠ ᠤᠰᠤᠨ᠎ᠤ ᠡᠬᠢ ᠰᠣᠷᠪᠣᠯᠵᠢ ᠵᠢᠨ ᠵᠠᠷᠣᠳᠠᠯ᠂ ᠠᠭᠤᠷᠬᠠᠶ᠎ᠶᠢᠨ ᠭᠠᠷᠤᠯᠲᠠ ᠵᠢᠨ ᠡᠬᠢ ᠪᠠᠶᠠᠯᠢᠭ᠎ᠤᠨ ᠲᠦᠯᠣᠪᠣᠷᠢᠯᠡᠭᠦ ᠵᠠᠷᠣᠳᠠᠯ ᠵᠡᠷᠭᠡ ᠲᠥᠯᠥᠪᠦᠷᠢ᠎ᠲᠠᠢ ᠬᠡᠷᠡᠭᠯᠡᠬᠦ ᠭᠠᠶ᠋ᠢᠯᠢ ᠰᠦᠢ᠍ᠳᠬᠡᠯ᠎ᠤᠨ ᠲᠠᠲᠠᠪᠤᠷᠢᠯᠠᠨ ᠬᠠᠮᠢᠶᠠᠷᠬᠤ ᠶᠠᠪᠣᠳᠠᠯ᠎ᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠩᠵᠢᠭᠦᠯᠣᠨ᠎ᠠ᠃

    ᠬᠤᠷᠢ ᠶᠢᠰᠣᠳᠣᠭᠡᠷ ᠵᠦᠢ᠍ᠯ   ᠭᠠᠵᠡᠷ ᠲᠣᠣᠷᠠᠬᠢ ᠣᠰᠣᠨ᠎ᠤ ᠡᠬᠢ ᠰᠣᠷᠪᠣᠯᠵᠢ ᠵᠢ ᠰᠢᠭᠤᠳ ᠲᠠᠲᠠᠵᠤ ᠬᠡᠷᠩᠯᠡᠨ ᠳᠠᠷᠢᠶᠠᠯᠠᠩ ᠮᠠᠯ ᠠᠵᠤ ᠠᠬᠤᠶ ᠵᠢᠨ ᠦᠢ᠍ᠯᠡᠳᠪᠦᠷᠢᠯᠡᠯ ᠡᠷᠬᠢᠯᠡᠵᠣ ᠪᠠᠶ᠋ᠢᠪᠡᠯ᠂ ᠥᠪᠡᠷᠲᠡᠭᠡᠨ ᠵᠠᠰᠠᠬᠤ ᠣᠷᠣᠨ᠎ᠠᠴᠠ ᠲᠣᠭᠲᠠᠭ᠋ᠠᠭᠰᠠᠨ ᠲᠠᠷᠢᠶᠠᠯᠠᠩ ᠮᠠᠯ ᠠᠵᠤ ᠠᠬᠤᠶ ᠵᠢᠨ ᠦᠢ᠍ᠯᠡᠳᠪᠦᠷᠢᠯᠡᠯ᠎ᠳᠤ ᠬᠡᠷᠡᠭᠯᠡᠬᠦ ᠤᠰᠣᠨ᠎ᠤ ᠬᠢᠵᠠᠭ᠋ᠠᠷᠯᠠᠬᠤ ᠲᠤᠭ᠎ᠠ ᠵᠢᠨ ᠬᠡᠰᠡᠭ᠎ᠠᠴᠠ ᠳᠠᠪᠠᠭᠰᠠᠨ ᠤᠰᠤᠨ᠎ᠤ ᠡᠬᠢ ᠰᠣᠷᠪᠣᠯᠵᠢ᠎ᠳᠤ ᠪᠣᠯ ᠤᠰᠤ ᠲᠠᠲᠠᠵᠣ ᠪᠠᠶ᠋ᠢᠭ᠎ᠠ ᠨᠢᠭᠡᠴᠡ ᠪᠤᠶᠤ ᠬᠤᠪᠢ ᠬᠥᠮᠦᠨ᠎ᠨᠢ ᠣᠰᠣ ᠳᠠᠳᠠᠬᠤ ᠠᠮᠠᠰᠠᠷ ᠪᠠᠶ᠋ᠢᠭ᠎ᠠ ᠭᠠᠵᠠᠷ᠎ᠤᠨ ᠣᠰᠣᠨ᠎ᠤ ᠡᠬᠢ ᠰᠣᠷᠪᠣᠯᠵᠢ ᠵᠢᠨ ᠵᠠᠷᠣᠳᠠᠯ ᠲᠠᠲᠠᠪᠤᠷᠢᠯᠠᠬᠤ ᠪᠠᠷᠢᠮᠵᠢᠶ᠎ᠠ ᠪᠠ ᠪᠣᠳᠠᠲᠠᠶ ᠤᠰᠣ ᠳᠠᠳᠠᠭᠰᠠᠨ ᠬᠡᠮᠵᠢᠶ᠎ᠠ᠎ᠪᠠᠨ ᠦᠨᠳᠣᠰᠣᠯᠡᠨ ᠣᠰᠣᠨ᠎ᠤ ᠡᠬᠢ ᠰᠣᠷᠪᠣᠯᠵᠢ ᠵᠢᠨ ᠵᠠᠷᠣᠳᠠᠯ ᠲᠤᠰᠢᠶᠠᠬᠤ ᠬᠡᠷᠡᠭᠲᠡᠶ; ᠲᠣᠭᠲᠠᠭ᠋ᠠᠯ᠎ᠳᠤ ᠨᠡᠶ᠋ᠢᠴᠡᠭᠦ ᠲᠠᠷᠢᠶᠠᠯᠠᠩ ᠮᠠᠯ ᠠᠵᠤ ᠠᠬᠤᠶ ᠵᠢᠨ ᠦᠢ᠍ᠯᠡᠳᠪᠦᠷᠢᠯᠡᠯ᠎ᠳᠤ ᠬᠡᠷᠡᠭᠯᠡᠬᠦ ᠤᠰᠤᠨ᠎ᠤ ᠬᠢᠵᠠᠭ᠋ᠠᠷᠯᠡᠬᠤ ᠲᠤᠭ᠎ᠠ ᠵᠢᠨ ᠳᠣᠲᠣᠷ᠎ᠠ ᠤᠰᠤ ᠲᠠᠲᠠᠬᠰᠠᠨ ᠪᠣᠯ ᠤᠰᠤᠨ᠎ᠤ ᠡᠬᠢ ᠰᠣᠷᠪᠣᠯᠵᠢ ᠵᠢᠨ ᠵᠠᠷᠣᠳᠠᠯ ᠲᠤᠰᠢᠶᠠᠬᠤ ᠦᠭᠡᠢ᠃

    ᠭᠤᠴᠢᠳᠣᠭ᠋ᠠᠷ ᠵᠦᠢ᠍ᠯ   ᠭᠠᠵᠠᠷ ᠳᠣᠣᠷᠠᠬᠢ ᠤᠰᠤ ᠵᠢ ᠲᠠᠲᠠᠨ ᠬᠡᠷᠡᠭᠯᠡᠵᠣ ᠪᠠᠶ᠋ᠢᠭ᠎ᠠ ᠤᠰᠤ ᠲᠠᠲᠠᠵᠤ ᠬᠡᠷᠡᠭᠯᠡᠬᠦ ᠡᠷᠦᠬᠡ᠎ᠨᠢ ᠬᠠᠤᠯᠢ ᠶᠣᠰᠣᠭ᠋ᠠᠷ ᠬᠢᠨᠠᠨ ᠲᠣᠭᠳᠠᠭ᠋ᠠᠯᠳᠠ ᠬᠢᠯᠭᠡᠵᠣ ᠬᠢᠷᠢ ᠲᠡᠩᠴᠡᠭᠰᠡᠨ ᠤᠰᠤ ᠲᠠᠲᠠᠬᠤ ᠬᠡᠮᠵᠢᠯᠲᠡ ᠵᠢᠨ ᠪᠡᠯᠡᠳᠬᠡᠮᠵᠢ ᠤᠭᠰᠠᠷᠠᠬᠤ ᠵᠢᠨ ᠬᠠᠮᠲᠤ᠂ ᠬᠡᠮᠵᠢᠭᠰᠡᠨ ᠤᠰᠤᠨ᠎ᠤ ᠬᠡᠮᠵᠢᠶ᠎ᠡ ᠶᠣᠰᠣᠭ᠋ᠠᠷ ᠤᠰᠤᠨ᠎ᠤ ᠡᠬᠢ ᠰᠣᠷᠪᠣᠯᠵᠢ ᠵᠢᠨ ᠵᠠᠷᠣᠳᠠᠯ ᠲᠤᠰᠢᠶᠠᠬᠤ ᠬᠡᠷᠡᠭᠲᠡᠶ᠃ ᠲᠥᠯᠥᠪᠯᠡᠭᠡ᠎ᠠᠴᠠ ᠳᠠᠪᠠᠭᠰᠠᠨ ᠪᠣᠶᠣ ᠲᠣᠭᠲᠠᠭᠰᠠᠨ ᠨᠣᠷᠮ᠎ᠠ᠎ᠠᠴᠠ ᠳᠠᠪᠠᠭᠤᠯᠣᠨ ᠤᠰᠤ ᠲᠠᠲᠠᠵᠤ ᠬᠡᠷᠡᠭᠯᠡᠭᠰᠡᠨ ᠪᠣᠯ ᠲᠥᠯᠥᠪᠯᠡᠭᠡ᠎ᠠᠴᠠ ᠳᠠᠪᠠᠭᠤᠯᠤᠭᠰᠠᠨ ᠪᠤᠶᠤ ᠲᠣᠭᠲᠠᠭᠰᠠᠨ ᠬᠡᠮᠵᠢᠶ᠎ᠠ᠎ᠠᠴᠠ ᠳᠠᠪᠠᠭᠤᠯᠤᠭᠰᠠᠨ ᠬᠡᠰᠡᠭ᠎ᠲᠤᠨᠢ ᠤᠰᠤᠨ᠎ᠤ ᠡᠬᠢ ᠰᠣᠷᠪᠣᠯᠵᠢ ᠵᠢᠨ ᠵᠠᠷᠣᠳᠠᠯ᠎ᠢ ᠨᠠᠶ᠋ᠢᠯᠡᠭᠦᠯᠣᠨ ᠪᠣᠳᠣᠵᠣ ᠬᠤᠷᠢᠶᠠᠨ᠎ᠠ᠃

    ᠭᠤᠴᠢᠨ ᠨᠢᠭᠡᠳᠣᠭᠡᠷ ᠵᠦᠢ᠍ᠯ   ᠣᠨᠴᠣᠭᠤᠶ ᠭᠠᠩ᠎ᠲᠠᠢ ᠵᠢᠯ ᠪᠠ ᠭᠡᠨᠡᠳᠲᠡ ᠵᠢᠨ ᠬᠡᠷᠡᠭ ᠵᠡᠷᠭᠡ᠎ᠠᠴᠠ ᠪᠤᠯᠵᠤ ᠭᠠᠵᠠᠷ ᠳᠣᠣᠷᠠᠬᠢ ᠤᠰᠤ ᠵᠢ ᠳᠦᠷ ᠴᠠᠭ ᠲᠠᠲᠠᠵᠤ ᠬᠡᠷᠡᠭᠯᠡᠬᠦ ᠴᠢᠬᠤᠯᠠ᠎ᠲᠠᠢ ᠪᠣᠯ᠂ ᠤᠰᠤ ᠲᠠᠲᠠᠬᠤ ᠨᠢᠭᠡᠴᠡ ᠪᠤᠶᠤ ᠬᠤᠪᠢ ᠬᠥᠮᠦᠨ᠎ᠨᠢ ᠤᠰᠤᠨ ᠬᠤᠳᠳᠤᠭ᠎ᠤᠨ ᠪᠠᠷᠢᠯᠭ᠎ᠠ ᠪᠠᠶ᠋ᠢᠭ᠎ᠠ ᠭᠠᠵᠠᠷ᠎ᠤᠨ ᠠᠶ᠋ᠢᠮᠠᠭ᠎ᠤᠨ ᠵᠠᠬᠢᠷᠭ᠎ᠠ᠂ ᠲᠣᠭᠤᠷᠢᠭ ᠪᠠᠶ᠋ᠢᠭᠤᠯᠣᠭᠰᠠᠨ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠭᠦ ᠴᠢᠨᠠᠷᠲᠠᠶ ᠳᠠᠩᠰᠠᠯᠠᠭᠤᠯᠬᠤ ᠭᠠᠷᠳᠠᠮ ᠭᠦᠢ᠍ᠴᠡᠣᠡᠭᠡᠭᠦ ᠬᠡᠷᠡᠭᠲᠡᠶ᠃ ᠪᠠᠴᠢᠮ ᠪᠠᠶ᠋ᠢᠳᠠᠯ᠎ᠢ ᠠᠷᠭ᠋ᠠᠴᠠᠬᠤ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ ᠤᠰᠤᠨ ᠬᠤᠳᠳᠤᠭ᠎ᠤᠨ ᠪᠠᠷᠢᠯᠭ᠎ᠠ ᠵᠢ ᠬ᠋ᠡᠷᠡᠭᠯᠡᠭᠦᠯᠬᠦ᠎ᠪᠠᠨ ᠵᠣᠭᠰᠣᠭ᠋ᠠᠵᠤ᠂ ᠠᠶ᠋ᠢᠮᠠᠭ᠎ᠤᠨ ᠵᠠᠬᠢᠷᠭ᠎ᠠ᠂ ᠲᠣᠭᠤᠷᠢᠭ ᠪᠠᠶ᠋ᠢᠭᠤᠯᠣᠭᠰᠠᠨ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠨᠢᠭᠡᠳᠦᠯᠲᠡᠶ ᠪᠢᠲᠡᠭᠦᠮᠵᠢᠯᠡᠵᠦ ᠬᠠᠮᠢᠶᠠᠷᠬᠤ ᠬᠡᠷᠡᠭᠲᠡᠶ᠃

    ᠲᠠᠪᠤᠳᠤᠭ᠋ᠠᠷ ᠪᠦᠯᠦᠭ     ᠭᠠᠵᠠᠷ ᠳᠣᠣᠷᠠᠬᠢ ᠤᠰᠤ ᠵᠢ ᠬᠢᠨᠠᠨ ᠬᠡᠮᠵᠢᠬᠦ

    ᠭᠤᠴᠢᠨ ᠬᠤᠶᠠᠳᠣᠭ᠋ᠠᠷ ᠵᠦᠢ᠍ᠯ     ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠭᠠᠵᠠᠷ ᠳᠣᠣᠷᠠᠬᠢ ᠣᠰᠣᠨ᠎ᠤ ᠬᠥᠳᠡᠯᠦᠩᠭᠦᠶ ᠬᠢᠨᠠᠨ ᠬᠡᠮᠵᠢᠬᠦ ᠥᠷᠲᠡᠭᠡ ᠲᠣᠣᠷ᠎ᠤᠨ ᠨᠢᠭᠡᠳᠦᠯᠲᠡᠶ ᠲᠥᠯᠥᠪᠵᠢᠭᠦᠯᠭᠡ ᠪᠠ ᠮᠡᠷᠭᠡᠵᠢᠯ᠎ᠤᠨ ᠪᠠᠷᠢᠮᠵᠢᠶ᠎ᠠ ᠲᠣᠭᠲᠠᠭ᠋ᠠᠬᠤ ᠵᠢ ᠬᠠᠷᠢᠭᠤᠴᠠᠵᠣ ᠵᠣᠬᠢᠶᠠᠨ ᠪᠠᠶ᠋ᠢᠭᠤᠯᠣᠨ᠎ᠠ᠃ ᠭᠠᠵᠠᠷ ᠳᠣᠣᠷᠠᠬᠢ ᠤᠰᠣᠨ᠎ᠤ ᠬᠥᠳᠡᠯᠦᠩᠭᠦᠶ ᠬᠢᠨᠠᠨ ᠬ᠋ᠡᠮᠵᠢᠬᠦ ᠥᠷᠲᠡᠭᠡ ᠲᠣᠣᠷ᠎ᠤᠨ ᠪᠦᠳᠦᠭᠡᠨ ᠪᠠᠶ᠋ᠢᠭᠤᠯᠬᠤ ᠪᠠ ᠬᠢᠨᠠᠨ ᠬᠡᠮᠵᠢᠭᠦ ᠵᠢ ᠱᠠᠳᠤ ᠬᠤᠪᠢᠶᠠᠨ ᠬᠠᠮᠢᠶᠠᠷᠬᠤ ᠵᠠᠷᠴᠢᠮ᠎ᠤᠨ ᠶᠣᠰᠣᠭ᠋ᠠᠷ ᠶᠠᠪᠤᠭᠳᠠᠭᠤᠯᠤᠨ᠎ᠠ᠃

    ᠤᠯᠤᠰ᠎ᠤᠨ ᠱᠠᠲᠤᠨ᠎ᠤ ᠬᠢᠨᠠᠨ ᠬᠡᠮᠵᠢᠬᠦ ᠥᠷᠲᠡᠭᠡ ᠲᠣᠣᠷ᠎ᠤᠨ ᠢᠵᠢ ᠪᠦᠷᠢᠳᠦᠭᠦᠯᠬᠦ ᠪᠡᠯᠡ ᠮᠥᠩᠭᠦ ᠪᠠ ᠠᠵᠢᠯᠯᠠᠭ᠋ᠠᠨ᠎ᠤ ᠵᠠᠷᠤᠳᠠᠯ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠬᠢᠨᠠᠨ ᠬᠡᠮᠵᠢᠬᠦ ᠥᠷᠲᠡᠭᠡ ᠲᠣᠣᠷ᠎ᠤᠨ ᠪᠦᠳᠦᠭᠡᠨ ᠪᠠᠶ᠋ᠢᠭᠤᠯᠤᠯᠲᠠ ᠪᠠ ᠠᠵᠢᠯᠯᠠᠭ᠋ᠠᠨ᠎ᠤ ᠵᠠᠷᠤᠳᠠᠯ᠎ᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠡᠭᠦᠷᠭᠡᠯᠡᠨ᠎ᠡ᠃ ᠠᠶ᠋ᠢᠮᠠᠭ᠎ᠤᠨ ᠵᠠᠬᠢᠷᠭ᠎ᠠ᠂ ᠲᠣᠭᠤᠷᠢᠭ ᠪᠠᠶ᠋ᠢᠭᠤᠯᠣᠭᠰᠠᠨ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠂ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠦᠳᠦᠭᠡᠨ ᠪᠠᠶ᠋ᠢᠭᠤᠯᠤᠭᠰᠠᠨ ᠬᠢᠨᠠᠨ ᠬᠡᠮᠵᠢᠬᠦ ᠥᠷᠲᠡᠭᠡ ᠲᠣᠣᠷ ᠪᠠ ᠳᠡᠳᠡᠭᠡᠷ᠎ᠤᠨ ᠪᠦᠳᠦᠭᠡᠨ ᠪᠠᠶ᠋ᠢᠭᠤᠯᠤᠯᠲᠠ ᠵᠢᠨ ᠪᠡᠯᠡ ᠮᠥᠩᠭᠦ ᠪᠠ ᠠᠵᠢᠯᠯᠠᠭ᠋ᠠᠨ᠎ᠤ ᠵᠠᠷᠤᠳᠠᠯ᠎ᠢ ᠪᠣᠯ ᠠᠳᠠᠯᠢ ᠱᠠᠲᠤᠨ᠎ᠤ ᠡᠳ᠋᠎ᠤᠨ ᠵᠠᠰᠠᠭ᠎ᠠᠴᠠ ᠡᠭᠦᠷᠭᠡᠯᠡᠨ᠎ᠡ᠃

    ᠭᠤᠴᠢᠨ ᠭᠤᠷᠪᠠᠳᠣᠭ᠋ᠠᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠤᠰᠣᠨ ᠰᠢᠨᠵᠢᠯᠡᠭᠡ ᠵᠢᠨ ᠰᠠᠯᠠᠭ᠎ᠠ ᠮᠥᠴᠢᠷ᠎ᠠᠴᠠ ᠤᠯᠤᠰ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠬᠡᠮᠵᠢᠬᠦ ᠥᠷᠲᠡᠭᠡ ᠲᠣᠣᠷ᠎ᠤᠨ ᠤᠷᠳᠤ ᠬᠤᠭᠤᠴᠠᠭ᠋ᠠᠨ᠎ᠤ ᠬᠥᠳᠡᠯᠦᠩᠭᠦᠶ ᠬᠢᠨᠠᠨ ᠬᠡᠮᠵᠢᠭᠦ ᠵᠢ ᠬᠠᠷᠢᠭᠤᠴᠠᠨ᠎ᠠ᠃

    ᠠᠶ᠋ᠢᠮᠠᠭ᠎ᠤᠨ ᠵᠠᠬᠢᠷᠭ᠎ᠠ᠂ ᠲᠣᠭᠤᠷᠢᠭ ᠪᠠᠶ᠋ᠢᠭᠤᠯᠣᠭᠰᠠᠨ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠂ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠠᠮᠢᠶ᠎ᠠ ᠪᠦᠬᠦᠢ ᠲᠥᠯᠥᠪᠵᠢᠭᠦᠯᠭᠡ ᠵᠢᠨ ᠶᠣᠰᠣᠭ᠋ᠠᠷ ᠭᠠᠵᠠᠷ ᠳᠣᠣᠷᠠᠬᠢ ᠤᠰᠤ ᠵᠢ ᠬᠢᠨᠠᠨ ᠬᠡᠮᠵᠢᠬᠦ ᠥᠷᠲᠡᠭᠡ ᠲᠣᠣᠷ᠎ᠢ᠎ᠨᠢ ᠵᠣᠬᠢᠶᠠᠨ ᠪᠠᠶ᠋ᠢᠭᠤᠯᠣᠨ ᠪᠦᠳᠣᠭᠡᠨ ᠪᠠᠶ᠋ᠢᠭᠤᠯᠬᠤ ᠵᠢᠨ ᠬᠠᠮᠳᠣ᠂ ᠤᠷᠳᠤ ᠬᠤᠭᠤᠴᠠᠭ᠋ᠠᠨ᠎ᠤ ᠬᠥᠳᠡᠯᠦᠩᠭᠦᠶ ᠬᠢᠨᠠᠨ ᠬᠡᠮᠵᠢᠬᠦ ᠵᠢ ᠬᠠᠷᠢᠭᠤᠴᠠᠨ᠎ᠠ᠃     ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ᠂ ᠭᠠᠵᠠᠷ ᠳᠣᠣᠷᠠᠬᠢ ᠤᠰᠤ ᠵᠢ ᠬᠢᠨᠠᠨ ᠬᠡᠮᠵᠢᠬᠦ ᠠᠵᠢᠯ᠎ᠢ ᠥᠷᠨᠢᠭᠦᠯᠦᠨ᠎ᠡ᠃

    ᠭᠠᠵᠠᠷ ᠳᠣᠣᠷᠠᠬᠢ ᠤᠰᠤ ᠵᠢ ᠬᠢᠨᠠᠨ ᠬᠡᠮᠵᠢᠬᠦ ᠵᠢᠨ ᠠᠭᠤᠯᠭ᠎ᠠ᠎ᠳᠤ ᠤᠰᠤᠨ᠎ᠤ ᠬᠡᠮᠵᠢᠶ᠎ᠡ᠂ ᠤᠰᠤᠨ ᠲᠦᠪᠰᠢᠨ᠂ ᠤᠰᠤᠨ᠎ᠤ ᠴᠢᠨᠠᠷ ᠪᠠ ᠤᠰᠤᠨ᠎ᠤ ᠳᠤᠯᠠᠭ᠋ᠠᠨ ᠵᠡᠷᠭᠡ ᠪᠠᠭᠲᠠᠨ᠎ᠠ᠃

    ᠭᠤᠴᠢᠨ ᠲᠦᠷᠪᠡᠳᠣᠭᠡᠷ ᠵᠦᠢ᠍ᠯ     ᠠᠭᠤᠷᠬᠠᠶ ᠵᠢᠨ ᠪᠤᠯᠠᠭᠳᠠᠴᠠ ᠨᠡᠭᠡᠭᠡᠨ ᠮᠠᠯᠲᠠᠬᠤ ᠪᠤᠶᠤ ᠭᠠᠵᠠᠷ ᠳᠣᠣᠷᠠᠬᠢ ᠪᠠᠷᠢᠯᠭ᠎ᠠ ᠵᠢ ᠪᠦᠳᠦᠭᠡᠠ ᠪᠠᠶ᠋ᠢᠭᠤᠯᠬᠤ᠎ᠳᠤ ᠡᠷᠬᠡᠪᠰᠢ ᠰᠡᠶ᠋ᠢᠷᠡᠭᠦᠯᠭᠦ᠎ᠪᠠᠷ ᠤᠰᠤ ᠵᠠᠯᠠᠬᠤ ᠵᠢᠴᠢ ᠭᠠᠵᠠᠷ ᠳᠣᠣᠷᠠᠬᠢ ᠤᠰᠤ᠎ᠶᠢ ᠲᠥᠪᠯᠡᠷᠡᠭᠦᠯᠦᠨ ᠨᠡᠭᠡᠭᠡᠨ ᠮᠠᠯᠲᠠᠬᠤ᠎ᠳᠤ᠂ ᠭᠠᠵᠠᠷ ᠳᠣᠣᠷᠠᠬᠢ ᠤᠰᠤ ᠵᠢ ᠬᠢᠨᠠᠨ ᠬᠡᠮᠵᠢᠬᠦ ᠪᠡᠯᠡᠣᠡᠭᠡᠮᠵᠢ ᠣᠭᠰᠠᠷᠠᠬᠤ᠎ᠶᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠣᠷᠠᠬᠢ ᠤᠰᠤ ᠵᠢ ᠬᠢᠨᠠᠨ ᠬᠡᠮᠵᠢᠬᠦ ᠥᠷᠲᠡᠭᠡ ᠲᠣᠣᠷ᠎ᠲᠤ ᠵᠠᠯᠭ᠋ᠠᠵᠣ ᠣᠷᠣᠭᠤᠯᠬᠤ ᠬᠡᠷᠩᠳᠠᠢ᠃

    ᠭᠤᠴᠢᠨ ᠳᠠᠪᠣᠳᠣᠭ᠋ᠠᠷ ᠵᠦᠢ᠍ᠯ   ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠭᠠᠵᠠᠷ ᠳᠣᠣᠷᠠᠬᠢ ᠤᠰᠤᠨ᠎ᠤ ᠴᠢᠨᠠᠷ᠎ᠲᠤ ᠴᠢᠬᠤᠯᠨ ᠶᠡᠭᠡ ᠬᠤᠪᠢᠷᠠᠯᠲᠠ ᠭᠠᠷᠣᠭᠰᠠᠨ᠂ ᠡᠰᠡᠭᠦᠯ᠎ᠠ ᠪᠣᠬᠢᠷᠲᠤᠯ᠎ᠤᠨ ᠡᠬᠢ ᠵᠢᠨ ᠪᠣᠬᠢᠷᠳᠣᠯ᠎ᠤᠨ ᠠᠶᠣᠯᠳᠠᠢ ᠪᠣᠯᠣᠭᠰᠠᠨ ᠵᠢᠴᠢ ᠣᠷᠣᠨ ᠪᠦᠰᠨ ᠵᠢᠨ ᠭᠠᠵᠠᠷ ᠳᠣᠣᠷᠠᠬᠢ ᠤᠰᠤᠨ᠎ᠤ ᠲᠦᠪᠰᠢᠨ ᠢᠯᠡᠷᠬᠡᠶ ᠳᠣᠷᠣᠭᠰᠢᠯᠠᠭᠰᠠᠨ᠎ᠢ ᠣᠯᠵᠤ ᠮᠡᠳᠡᠪᠡᠯ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠣᠯᠣᠨ ᠲ᠋ᠡᠭᠡᠳᠣ ᠨᠢᠭᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠴᠠᠭ ᠲ᠋ᠤᠬᠠᠶ᠎ᠳᠤᠨᠢ ᠮᠡᠳᠡᠭᠦᠯᠬᠦ ᠬᠡᠷᠡᠭᠲᠡᠶ᠃ ᠪᠠᠶ᠋ᠢᠭ᠎ᠠ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠨᠢ ᠴᠠᠭ ᠲ᠋ᠤᠬᠠᠶ᠎ᠳᠤᠨᠢ ᠠᠷᠭ᠋ᠠᠴᠠᠨ ᠨᠥᠬᠦᠪᠥᠷᠢᠯᠡᠬᠦ ᠪᠠ ᠰᠡᠷᠭᠡᠶ᠋ᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃

    ᠭᠤᠴᠢᠨ ᠵᠢᠷᠭᠤᠳᠣᠭ᠋ᠠᠷ ᠵᠦᠢ᠍ᠯ   ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠵᠣ ᠭᠠᠵᠠᠷ ᠳᠣᠣᠷᠠᠬᠢ ᠤᠰᠤᠨ᠎ᠤ ᠬᠠᠮᠢᠶᠠᠷᠤᠯᠲᠠ ᠵᠢᠨ ᠮᠡᠳᠡᠭᠡᠯᠡᠨ ᠨᠡᠪᠲᠡᠷᠡᠭᠦᠯᠬᠦ ᠳᠦᠷᠢᠮ᠎ᠢ ᠪᠠᠶ᠋ᠢᠭᠤᠯᠵᠤ᠂ ᠭᠠᠵᠠᠷ ᠳᠣᠣᠷᠠᠬᠢ ᠤᠰᠣᠨ᠎ᠤ ᠤᠰᠤ ᠳᠠᠳᠠᠬᠤ ᠵᠦᠪᠰᠢᠶᠡᠷᠡᠯ᠎ᠢ ᠬᠢᠨᠠᠨ ᠵᠥᠪᠰᠢᠶᠡᠷᠡᠵᠣ ᠪᠠᠶ᠋ᠢᠭ᠎ᠠ᠂ ᠨᠡᠭᠡᠭᠡᠨ ᠮᠠᠯᠳᠠᠵᠣ ᠪᠠᠶ᠋ᠢᠭ᠎ᠠ ᠭᠡᠮᠵᠢᠶ᠎ᠠ᠂ ᠣᠰᠣᠨ᠎ᠤ ᠴᠢᠨᠠᠷ᠂ ᠤᠰᠤᠨ ᠲᠦᠪᠰᠢᠨ᠎ᠤ ᠬᠥᠳᠡᠯᠦᠩᠭᠦᠶ ᠪᠠᠶ᠋ᠢᠳᠠᠯ ᠵᠢᠴᠢ ᠬᠤᠳᠳᠤᠭ ᠥᠷᠥᠮᠳᠡᠵᠣ ᠪᠠᠶ᠋ᠢᠭ᠎ᠠ ᠵᠡᠷᠭᠡ ᠪᠠᠶ᠋ᠢᠳᠠᠯ᠎ᠢ ᠲ᠋ᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠡᠯᠡᠨ ᠨᠡᠪᠲᠡᠷᠡᠭᠦᠯᠭᠦ ᠬᠡᠷᠩᠳᠠᠢ᠃

    ᠵᠢᠷᠭᠤᠳᠤᠭ᠋ᠠᠷ ᠪᠦᠯᠦᠭ     ᠬᠠᠤᠯᠢ ᠴᠠᠭ᠋ᠠᠵᠠ ᠵᠢᠨ ᠬᠠᠷᠢᠭᠤᠴᠠᠯᠭ᠎ᠠ

    ᠭᠤᠴᠢᠨ ᠲᠣᠯᠣᠳᠣᠭ᠋ᠠᠷ ᠵᠦᠢ᠍ᠯ     ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》᠂ 《ᠤᠰᠤ ᠲᠠᠲᠠᠬᠤ ᠵᠥᠪᠰᠢᠶᠡᠷᠡᠯ ᠪᠠ ᠤᠰᠤᠨ᠎ᠤ ᠡᠬᠢ ᠰᠣᠷᠪᠣᠯᠵᠢ ᠵᠢᠨ ᠵᠠᠷᠣᠳᠠᠯ ᠲᠠᠲᠠᠪᠤᠷᠢᠯᠠᠬᠤ ᠬᠠᠮᠢᠶᠠᠷᠤᠯᠲᠠ ᠵᠢᠨ ᠳᠦᠷᠢᠮ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ〉 ᠵᠢ ᠬᠡᠷᠩᠵᠢᠭᠦᠯᠭᠦ ᠠᠷᠭ᠎ᠠ》 ᠵᠡᠷᠭᠡ ᠬᠤᠯᠪᠣᠭᠳᠠᠯ ᠪᠦᠬᠦᠢ ᠬᠠᠤᠯᠢ ᠴᠠᠭ᠋ᠠᠵᠠ᠂ᠬᠠᠤᠯᠢ ᠲᠣᠭᠲᠠᠭ᠋ᠠᠯ᠎ᠳᠤ ᠪᠣᠳᠠᠳᠠᠢ ᠰᠢᠣᠡᠭᠡᠨ ᠲᠣᠷᠭ᠋ᠠᠬᠤ ᠲᠣᠭᠳᠠᠭ᠋ᠠᠯ ᠭᠠᠷᠭ᠋ᠠᠭᠰᠠᠨ ᠪᠠᠶ᠋ᠢᠪᠠᠯ᠂ ᠲᠡᠷᠡ ᠲ᠋ᠣᠭᠲᠠᠭ᠋ᠠᠯ ᠵᠶ᠋ᠠᠷ᠎ᠨᠢ ᠬᠡᠷᠩᠵᠢᠭᠦᠯᠣᠨ᠎ᠠ᠃     ᠭᠤᠴᠢᠨ ᠨᠠᠢ᠍ᠮᠠᠳᠤᠭ᠋ᠠᠷ ᠵᠦᠢ᠍ᠯ     ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠭᠰᠡᠨ᠂ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠣ ᠪᠠᠶ᠋ᠢᠭ᠋ᠠᠣᠨ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠬᠤ ᠬᠡᠷᠩᠳᠠᠢ; ᠬᠤᠭᠤᠴᠠᠭ᠎ᠠ ᠬᠡᠲᠦᠷᠡᠭᠰᠡᠨ ᠪᠠᠶ᠋ᠢᠲᠠᠯ᠎ᠠ ᠵᠠᠯᠠᠷᠠᠭᠤᠯᠬᠤ ᠦᠭᠡᠢ ᠪᠣᠯ᠂ 1 ᠲᠦᠮᠡᠨ ᠲᠥᠭᠦᠷᠢᠭ᠎ᠠᠴᠠ ᠳᠡᠭᠡᠭᠰᠢ 3 ᠲᠦᠮᠡᠨ ᠲ᠋ᠥᠭᠦᠷᠢᠭ᠎ᠠᠴᠠ ᠳᠣᠭᠤᠭᠰᠢ ᠵᠣᠭᠤᠰ ᠊ᠶᠢᠢ᠍ᠡᠷ ᠲᠣᠷᠭ᠋ᠠᠨ᠎ᠠ᠄

    (ᠨᠢᠭᠡ) ᠬᠠᠮᠢᠶᠠᠷᠤᠯᠲᠠ ᠵᠢᠨ ᠡᠷᠬᠡ ᠮᠡᠳᠠᠯ᠎ᠲᠠᠢ ᠣᠰᠣᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠣᠭᠡᠳᠣᠢ᠎ᠪᠠᠷ ᠤᠰᠤᠨ᠎ᠤ ᠴᠢᠨᠠᠷ᠎ᠲᠤ ᠣᠨᠴᠣᠭᠤᠶ ᠱᠠᠭ᠋ᠠᠷᠳᠠᠯᠭ᠎ᠠ᠎ᠲᠠᠢ ᠠᠵᠤ ᠠᠬᠤᠶ᠋ᠢᠯᠠᠯ᠎ᠤᠳ ᠥᠪᠡᠷ᠎ᠲᠡᠭᠡᠨ ᠪᠡᠯᠡᠳᠬᠡᠭᠰᠡᠨ ᠬᠤᠳᠳᠤᠭ ᠵᠶ᠋ᠠᠨ ᠳᠤᠷ᠎ᠠ᠎ᠪᠠᠷ ᠬᠡᠷᠡᠭᠯᠡᠭᠰᠡᠨ;

    (ᠬᠤᠶᠠᠷ) ᠭᠠᠵᠠᠷ ᠳᠣᠣᠷᠠᠬᠢ ᠤᠰᠤ ᠵᠢ ᠬᠢᠨᠠᠨ ᠬᠡᠮᠵᠢᠬᠦ ᠪᠡᠯᠡᠣᠡᠭᠡᠮᠵᠢ ᠵᠢ ᠱᠠᠭ᠋ᠠᠷᠳᠠᠯᠭ᠎ᠠ ᠶᠣᠰᠣᠭ᠋ᠠᠷ ᠣᠭᠰᠠᠷᠠᠭᠰᠠᠨ ᠦᠭᠡᠢ;

    (ᠭᠤᠷᠪᠠ) ᠣᠨᠴᠣᠭᠤᠶ ᠭᠠᠩ᠎ᠲᠠᠢ ᠵᠢᠯ ᠪᠠ ᠭᠡᠨᠡᠳᠲᠡ ᠵᠢᠨ ᠬᠡᠷᠡᠭ ᠵᠡᠷᠭᠡ᠎ᠠᠴᠠ ᠪᠤᠯᠵᠤ ᠭᠠᠵᠠᠷ ᠳᠣᠣᠷᠠᠬᠢ ᠤᠰᠤ ᠵᠢ ᠳᠦᠷ ᠴᠠᠭ ᠲᠠᠲᠠᠵᠤ ᠬᠡᠷᠡᠭᠯᠡᠭᠡᠣᠨ᠂ ᠪᠠᠴᠢᠮ ᠪᠠᠶ᠋ᠢᠳᠠᠯ᠎ᠢ ᠠᠷᠭ᠋ᠠᠴᠠᠬᠤ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ᠂ ᠤᠰᠤᠨ ᠬᠤᠳᠳᠤᠭ᠎ᠤᠨ ᠪᠠᠷᠢᠯᠭ᠎ᠠ ᠵᠢ ᠦᠷᠭᠦᠯᠵᠢᠯᠡᠨ ᠬᠡᠷᠡᠭᠯᠡᠭᠰᠡᠨ᠃

    ᠳᠣᠯᠣᠳᠤᠭ᠋ᠠᠷ ᠪᠦᠯᠦᠭ     ᠳᠠᠭ᠋ᠠᠯᠳᠤᠭᠤᠯᠤᠯ ᠳᠦᠷᠢᠮ

    ᠭᠤᠴᠢᠨ ᠶᠢᠰᠣᠳᠣᠭᠡᠷ ᠵᠦᠢ᠍ᠯ     ᠲᠤᠰ ᠠᠷᠭ᠎ᠠ᠎ᠳᠤ ᠬᠡᠯᠡᠵᠦ ᠪᠠᠶ᠋ᠢᠭ᠎ᠠ ᠭᠠᠵᠠᠷ ᠳᠣᠣᠷᠠᠬᠢ ᠤᠰᠤᠨ᠎ᠤ ᠴᠢᠬᠤᠯᠠ ᠤᠰᠤᠨ ᠰᠤᠷᠪᠤᠯᠵᠢ ᠵᠢᠨ ᠭᠠᠵᠠᠷ ᠭᠡᠳᠡᠭ ᠪᠣᠯ ᠡᠳᠦᠷ᠎ᠤᠨ ᠤᠰᠤ ᠳᠠᠳᠠᠬᠤ ᠬᠡᠮᠵᠢᠶ᠎ᠡ᠎ᠨᠢ 1 ᠲᠦᠮᠡᠨ ᠳᠡᠭᠰᠢ ᠲᠦᠷᠪᠡᠯᠵᠢᠨ ᠮᠧᠲᠷ᠎ᠠᠴᠠ ᠳᠡᠭᠡᠭᠰᠢ ᠪᠠᠶ᠋ᠢᠳᠠᠭ ᠭᠠᠵᠠᠷ ᠳᠣᠣᠷᠠᠬᠢ ᠤᠰᠤᠨ᠎ᠤ ᠤᠰᠤᠨ ᠰᠤᠷᠪᠤᠯᠵᠢ ᠵᠢᠨ ᠭᠠᠵᠠᠷ᠎ᠢ ᠵᠢᠭ᠋ᠠᠵᠣ ᠪᠣᠢ᠃

    ᠳᠥᠴᠢᠳᠣᠭᠡᠷ ᠵᠦᠢ᠍ᠯ     ᠲᠤᠰ ᠠᠷᠭ᠎ᠠ ᠵᠢ 2013 ᠣᠨ᠎ᠤ 10 ᠳ᠋ᠣᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

ᠢᠷᠡᠯᠲᠡ᠄
          
ᠬᠠᠮᠢᠶ᠎ᠡ ᠪᠦᠬᠦᠢ ᠰᠣᠨᠢᠨ
 
            