ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠤᠯᠤᠰ᠎ᠤᠨ ᠬᠠᠣᠯᠢ ᠴᠠᠭᠠᠵᠠ ᠬᠠᠣᠯᠢ ᠲᠥᠷᠢᠮ
ᠰᠣᠨᠢᠨ ᠮᠡᠳᠡᠭᠡ ᠨᠡᠢ᠍ᠲᠡᠯᠡᠬᠦ ᠬᠤᠷᠠᠯ
ᠨᠡᠶ᠋ᠢᠲᠡᠯᠡᠭᠰᠡᠨ ᠴᠠᠭ᠄ 2021-10-11


      ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠤ ᠠᠯᠪᠠᠨ ᠬᠡᠷ ᠳᠤᠮᠳᠠ ᠵᠢᠵᠢᠭ ᠬᠡᠯᠪᠡᠷᠢ ᠵᠢᠨ   ᠠᠶᠤᠯᠲᠠᠶ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠵᠢᠭᠦᠯᠬᠦ ᠠᠵᠢᠯ᠎ᠤᠨ ᠲᠦᠷᠤ ᠵᠢᠨ ᠶᠠᠪᠤᠳᠠᠯ᠎ᠤᠨ ᠬᠤᠷᠢᠶ᠎ᠠ ᠲᠥᠷᠥ ᠵᠢᠨ ᠪᠣᠳᠣᠯᠭ᠎ᠠ ᠵᠢᠨ ᠲᠣᠭᠲᠠᠮᠠᠯ ᠬᠤᠭᠤᠴᠠᠭ᠋ᠠᠲᠤ ᠰᠣᠨᠢᠨ ᠮᠡᠳᠡᠭᠡ
      ᠲᠦᠷᠤ ᠵᠢᠨ ᠶᠠᠪᠤᠳᠠᠯ᠎ᠤᠨ   ᠬᠣᠷᠢᠶᠠᠨ᠎ᠤ   ᠰᠤᠨᠢᠨ ᠮᠡᠳᠡᠬᠡᠨ᠎ᠤ ᠠᠯᠪᠠᠨ ᠭᠡᠷ 2021 ᠣᠨ᠎ᠤ 9 ᠰᠠᠷ᠎ᠠ ᠵᠢᠨ 30᠎ᠤ ᠡᠳᠦᠷ (ᠭᠠᠷᠠᠭ᠎ᠤᠨ ᠳᠥᠷᠪᠡᠨ)᠎ᠤᠨ ᠦᠳᠡ ᠵᠢᠨ ᠬᠣᠶ᠋ᠢᠨᠠᠬᠢ 3 ᠴᠠᠭ᠎ᠲᠤ ᠲᠦᠷᠤ ᠵᠢᠨ ᠶᠠᠪᠤᠳᠠᠯ᠎ᠤᠨ ᠬᠤᠷᠢᠶ᠎ᠠ ᠲᠥᠷᠥ ᠵᠢᠨ ᠪᠣᠳᠣᠯᠭ᠎ᠠ ᠵᠢᠨ ᠲᠣᠭᠲᠠᠮᠠᠯ ᠬᠤᠭᠤᠴᠠᠭ᠋ᠠᠲᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠵᠦ᠂ ᠤᠰᠤᠨ ᠠᠰᠢᠭᠯᠠᠯᠳᠠ ᠵᠢᠨ ᠶᠠᠮᠤᠨ᠎ᠤ ᠳᠡᠳ᠋ ᠰᠠᠶ᠋ᠢᠳ ᠯᠢᠦ ᠸᠧᠶ ᠫᠢᠩ᠂ ᠠᠵᠢᠯᠯᠠᠭ᠋ᠠᠨ᠎ᠤ ᠬᠠᠮᠢᠶᠠᠷᠤᠯᠲᠠ ᠵᠢᠨ ᠵᠤᠷᠭ᠋ᠠᠨ᠎ᠤ ᠳᠠᠷᠤᠭ᠎ᠠ ᠷᠤᠸᠠᠨ ᠯᠢ ᠮᠢᠨ᠂ ᠲᠥᠯᠥᠪᠵᠢᠭᠦᠯᠭᠡ ᠲᠥᠯᠥᠪᠯᠡᠭᠡ ᠵᠢᠨ ᠵᠤᠷᠭ᠋ᠠᠨ᠎ᠤ ᠳᠠᠷᠤᠭ᠎ᠠ ᠱ᠌ᠢ ᠴᠦᠨ ᠰᠢᠶᠠᠨ᠂ ᠡᠳ᠋᠎ᠤᠨ ᠶᠠᠪᠤᠳᠠᠯ ᠎ᠤᠨ ᠵᠤᠷᠭ᠋ᠠᠨ᠎ᠤ ᠳᠠᠷᠤᠭ᠎ᠠ ᠶᠠᠩ ᠰᠢᠨ ᠢᠦᠶ ᠵᠢ ᠤᠷᠢᠵᠤ ᠳᠤᠮᠳᠠ ᠵᠢᠵᠢᠭ ᠬᠡᠯᠪᠡᠷᠢ ᠵᠢᠨ ᠠᠶᠤᠯᠲᠠᠶ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ   ᠪᠡᠬᠢᠵᠢᠭᠦᠯᠬᠦ ᠠᠵᠢᠯ᠎ᠤᠨ ᠬᠣᠯᠪᠣᠭᠳᠠᠯ ᠪᠥᠬᠥᠶ ᠪᠠᠶ᠋ᠢᠳᠠᠯ᠎ᠢ ᠲᠠᠨᠢᠯᠴᠠᠭᠤᠯᠬᠤ ᠵᠢᠨ ᠬᠠᠮᠲᠤ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
      ᠦᠰᠦᠭ ᠪᠢᠴᠢᠭ᠎ᠤᠨ ᠰᠢᠭᠤᠳ ᠨᠡᠪᠲᠡᠷᠡᠭᠦᠯᠭᠡ
      ᠲᠦᠷᠤ ᠵᠢᠨ ᠶᠠᠪᠤᠳᠠᠯ᠎ᠤᠨ   ᠬᠣᠷᠢᠶᠠᠨ ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ ᠰᠣᠨᠢᠨ ᠮᠡᠳᠡᠭᠡᠨ᠎ᠤ ᠲᠤᠪᠴᠢᠶ᠎ᠡ ᠵᠢᠨ ᠳᠡᠳ᠋ ᠳᠠᠷᠤᠭ᠎ᠠ᠂ ᠰᠣᠨᠢᠨ ᠮᠡᠳᠡᠭᠡᠨ᠎ᠤ ᠥᠭᠦᠯᠡᠭᠴᠢ ᠰᠢᠩ ᠬᠤᠢ ᠨᠠ᠄
      ᠵᠠᠭᠤᠴᠢᠯᠠᠭᠤᠷ᠎ᠤᠨ ᠡᠷᠬᠢᠮ ᠨᠠᠶ᠋ᠢᠵᠠ ᠨᠠᠷ   ᠡ᠂ ᠤᠯᠠᠨ ᠵᠶ᠋ᠠᠷ ᠵᠶ᠋ᠠᠨ ᠰᠠᠢ᠌ᠢ᠍ᠨ ᠪᠠᠶ᠋ᠢᠵᠠᠭ᠋ᠠᠨ᠎ᠠ   ᠤᠤ! ᠲᠦᠷᠤ ᠵᠢᠨ ᠶᠠᠪᠤᠳᠠᠯ᠎ᠤᠨ   ᠬᠣᠷᠢᠶᠠᠨ᠎ᠤ ᠲᠦᠷᠦ ᠵᠢᠨ ᠪᠤᠳᠤᠯᠭ᠎ᠠ ᠵᠢᠨ   ᠲᠣᠭᠲᠠᠮᠠᠯ ᠬᠤᠭᠤᠴᠠᠭ᠋ᠠᠲᠤ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠬᠤ ᠵᠢ ᠪᠠᠶᠠᠷᠯᠠᠨ ᠤᠭᠲᠤᠶ᠎ᠠ᠃ ᠤᠢ᠌ᠢ᠍ᠷ᠎ᠠ᠎ᠳᠤ ᠲᠦᠷᠤ ᠵᠢᠨ ᠶᠠᠪᠤᠳᠠᠯ᠎ᠤᠨ   ᠬᠣᠷᠢᠶᠠᠨ᠎ᠤ ᠪᠠᠶ᠋ᠢᠩᠭᠤ ᠵᠢᠨ ᠬᠤᠷᠠᠯ᠎ᠠᠴᠠ ᠳᠤᠮᠳᠠ   ᠵᠢᠵᠢᠭ ᠬᠡᠯᠪᠡᠷᠢ ᠵᠢᠨ   ᠠᠶᠤᠯᠲᠠᠶ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ   ᠪᠡᠬᠢᠵᠢᠭᠦᠯᠬᠦ᠂ ᠤᠰᠤ ᠬᠠᠩᠭ᠋ᠠᠬᠤ ᠪᠠ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠴᠢᠳᠠᠪᠤᠷᠢ ᠵᠢ ᠳᠡᠭᠡᠭᠰᠢᠯᠡᠭᠦᠯᠬᠦ ᠲᠤᠬᠠᠢ ᠪᠠᠶ᠋ᠢᠷᠢᠯᠠᠭᠤᠯᠤᠯᠲᠠ ᠬᠢᠪᠡ᠂ ᠥᠨᠥᠳᠦᠷ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠨᠢ ᠭᠣᠣᠯᠳᠠᠭᠤ ᠤᠯᠠᠨ᠎ᠳᠤ ᠡᠨᠡ ᠲᠠᠯ᠎ᠠ ᠵᠢᠨ ᠪᠠᠶ᠋ᠢᠳᠠᠯ᠎ᠢ ᠲᠠᠨᠢᠯᠴᠠᠭᠤᠯᠬᠤ ᠵᠢᠨ ᠬᠠᠮᠲᠤ ᠤᠯᠠᠨ᠎ᠤ ᠰᠣᠨᠢᠷᠬᠠᠯ᠎ᠲᠠᠢ ᠠᠰᠠᠭᠤᠯᠲᠠ᠎ᠳᠤ ᠬᠠᠷᠢᠭᠤᠯᠲᠠ ᠥᠭᠴᠡᠢ᠃   ᠥᠨᠥᠳᠦᠷ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠤᠰᠤᠨ ᠠᠰᠢᠭᠯᠠᠯᠳᠠ ᠵᠢᠨ ᠶᠠᠮᠤᠨ᠎ᠤ ᠳᠡᠳ᠋ ᠰᠠᠶ᠋ᠢᠳ ᠯᠢᠦ ᠸᠧᠶ ᠫᠢᠩ ᠠᠪᠤᠭ᠋ᠠᠶ᠂ ᠠᠵᠢᠯᠯᠠᠭ᠋ᠠᠨ᠎ᠤ ᠬᠠᠮᠢᠶᠠᠷᠤᠯᠲᠠ ᠵᠢᠨ ᠵᠤᠷᠭ᠋ᠠᠨ᠎ᠤ ᠳᠠᠷᠤᠭ᠎ᠠ ᠷᠤᠸᠠᠨ ᠯᠢ ᠮᠢᠨ ᠠᠪᠤᠭ᠋ᠠᠶ᠂ ᠲᠥᠯᠥᠪᠵᠢᠭᠦᠯᠭᠡ ᠲᠥᠯᠥᠪᠯᠡᠭᠡ ᠵᠢᠨ ᠵᠤᠷᠭ᠋ᠠᠨ᠎ᠤ ᠳᠠᠷᠤᠭ᠎ᠠ ᠱ᠌ᠢ ᠴᠦᠨ ᠰᠢᠶᠠᠨ ᠠᠪᠤᠭ᠋ᠠᠶ᠂ ᠡᠳ᠋᠎ᠤᠨ ᠶᠠᠪᠤᠳᠠᠯ ᠎ᠤᠨ ᠵᠤᠷᠭ᠋ᠠᠨ᠎ᠤ ᠳᠠᠷᠤᠭ᠎ᠠ ᠶᠠᠩ ᠰᠢᠨ ᠢᠦᠶ ᠠᠪᠤᠭ᠋ᠠᠶ ᠣᠷᠣᠯᠴᠠᠪᠠ᠃
      ᠶᠠᠭᠤᠨ᠎ᠤ   ᠤᠷᠢᠲᠠ᠂ ᠪᠢᠳᠡ ᠯᠢᠦ ᠸᠧᠶ ᠫᠢᠩ ᠠᠪᠤᠭ᠋ᠠᠶ ᠵᠢ ᠤᠷᠢᠵᠤ ᠪᠠᠶ᠋ᠢᠳᠠᠯ᠎ᠢ ᠲᠠᠨᠢᠯᠴᠠᠭᠤᠯᠤᠶ᠎ᠠ᠃ 2021-09-30᠂ 15: 00: 54
      ᠤᠰᠤᠨ ᠠᠰᠢᠭᠯᠠᠯᠳᠠ ᠵᠢᠨ ᠶᠠᠮᠤᠨ ᠎ᠤ ᠳᠡᠳ᠋ ᠰᠠᠶ᠋ᠢᠳ ᠯᠢᠦ ᠸᠧᠶ ᠫᠢᠩ᠄
      ᠠᠪᠠᠬᠠᠢ ᠨᠠᠷ᠂ ᠠᠪᠤᠭ᠋ᠠᠢ ᠨᠠᠷ᠂ ᠰᠤᠷᠪᠤᠯᠵᠢᠯᠠᠭᠴᠢ ᠨᠠᠶ᠋ᠢᠵᠠ ᠨᠠᠷ   ᠡ᠂ ᠰᠠᠢ᠌ᠢ᠍ᠨ ᠪᠠᠶ᠋ᠢᠵᠠᠭ᠋ᠠᠨ᠎ᠠ   ᠤᠤ! ᠶᠠᠭᠤᠨ᠎ᠤ ᠡᠮᠦᠨ᠎ᠡ᠂ ᠪᠢ   ᠤᠰᠤᠨ ᠠᠰᠢᠭᠯᠠᠯᠳᠠ ᠵᠢᠨ ᠶᠠᠮᠤᠨ᠎ᠢ ᠲᠥᠯᠥᠭᠡᠯᠡᠵᠦ ᠲᠠ ᠪᠦᠬᠦᠨ᠎ᠤ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ᠂ ᠤᠰᠤᠨ ᠠᠰᠢᠭᠯᠠᠯᠲᠠ ᠵᠢᠨ ᠠᠵᠢᠯ᠎ᠢ ᠬᠠᠯᠠᠮᠵᠢᠯᠠᠨ ᠳᠡᠮᠵᠢᠭᠰᠡᠨ᠎ᠳᠤ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠶ᠋ᠢᠬᠤ᠎ᠪᠠᠨ ᠢᠯᠡᠳᠬᠡᠶ᠎ᠡ
      ᠤᠰᠤᠨ ᠴᠥᠭᠥᠷᠥᠮ ᠪᠣᠯ ᠴᠢᠬᠤᠯᠠ ᠰᠠᠭᠤᠷᠢ ᠲᠥᠬᠦᠭᠡᠷᠦᠮᠵᠢ ᠮᠥᠨ᠃ ᠤᠰᠤᠨ ᠴᠥᠭᠥᠷᠥᠮ᠎ᠨᠢ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠬᠣᠯᠪᠣᠭᠳᠠᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠳᠤ   ᠬᠣᠯᠪᠣᠭᠳᠠᠨ᠎ᠠ᠂ ᠦᠶᠡᠷ᠎ᠢ ᠰᠡᠷᠭᠡᠶ᠋ᠢᠯᠡᠬᠦ᠂ ᠤᠰᠤ ᠬᠠᠩᠭ᠋ᠠᠬᠤ᠂ ᠴᠠᠬᠢᠯᠭ᠋ᠠᠨ ᠭᠠᠷᠭ᠋ᠠᠬᠤ᠂ ᠠᠮᠢ ᠠᠬᠤᠶ ᠵᠡᠷᠭᠡ᠎ᠳᠤ ᠴᠢᠬᠤᠯᠠ ᠲᠤᠯᠭ᠋ᠠᠭᠤᠷᠢᠯᠠᠬᠤ ᠴᠢᠨᠠᠷᠲᠠᠶ ᠦᠢ᠍ᠯᠡᠳᠦᠯ᠎ᠲᠠᠢ ᠪᠠᠶ᠋ᠢᠳᠠᠭ᠃ ᠤᠰᠤᠨ ᠴᠥᠭᠥᠷᠥᠮ᠎ᠤᠨ ᠠᠮᠤᠷ ᠲᠦᠪᠰᠢᠨ᠎ᠤ ᠠᠰᠠᠭᠤᠳᠠᠯ᠎ᠨᠢ ᠠᠷᠠᠳ ᠣᠯᠠᠨ᠎ᠤ ᠠᠮᠢ   ᠨᠠᠰᠤ ᠡᠳ᠋ ᠬᠥᠷᠦᠩᠭᠡ ᠵᠢᠨ ᠠᠮᠤᠷ ᠲᠦᠪᠰᠢᠨ᠎ᠳᠤ ᠬᠣᠯᠪᠣᠭᠳᠠᠵᠤ᠂ ᠣᠯᠠᠨ ᠨᠡᠶ᠋ᠢᠲᠡ ᠵᠢᠨ ᠠᠮᠤᠷ ᠲᠦᠪᠰᠢᠨ᠎ᠳᠤ ᠬᠣᠯᠪᠣᠭᠳᠠᠵᠤ ᠪᠠᠶ᠋ᠢᠳᠠᠭ᠂ ᠡᠶ᠋ᠢᠮᠦ᠎ᠠᠴᠠ ᠡᠨᠡ ᠬᠦ᠌ ᠠᠰᠠᠭᠤᠳᠠᠯ᠎ᠨᠢ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠠᠩᠬᠠᠷᠤᠯ᠎ᠢ ᠶᠡᠬᠡᠳᠡ ᠲᠠᠲᠠᠵᠤ ᠪᠠᠶ᠋ᠢᠨ᠎ᠠ᠃ ᠨᠠᠮ᠎ᠤᠨ ᠲᠥᠪ ᠬᠣᠷᠢᠶ᠎ᠠ᠂ ᠲᠦᠷᠤ ᠵᠢᠨ ᠶᠠᠪᠤᠳᠠᠯ᠎ᠤᠨ ᠬᠤᠷᠢᠶ᠎ᠠ ᠤᠰᠤᠨ ᠴᠥᠭᠥᠷᠥᠮ᠎ᠤᠨ ᠠᠮᠤᠷ ᠲᠦᠪᠰᠢᠨ᠎ᠤ ᠠᠰᠠᠭᠤᠳᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠨ᠎ᠠ᠃ ᠶᠡᠷᠦᠩᠬᠡᠢ ᠱᠦᠵᠢ ᠰᠢ ᠵᠢᠨ ᠫᠢᠩ ᠤᠯᠠᠨ ᠤᠳᠠᠭ᠎ᠠ ᠴᠢᠬᠤᠯᠠ ᠵᠢᠭ᠋ᠠᠪᠤᠷᠢ ᠴᠣᠬᠣᠯᠠᠪᠤᠷᠢ ᠥᠭᠴᠦ᠂ ᠮᠠᠨ᠎ᠤ ᠤᠯᠤᠰ᠎ᠤᠨ ᠤᠳᠤ ᠵᠢᠨ ᠪᠠᠶ᠋ᠢᠭ᠎ᠠ ᠤᠰᠤᠨ ᠴᠥᠭᠥᠷᠥᠮ᠎ᠤᠨ ᠲᠣᠭ᠎ᠠ ᠬᠡᠮᠵᠢ᠊ ᠢ᠎ᠡ ᠤᠯᠠᠨ᠂ ᠥᠨᠳᠥᠷ ᠬᠠᠰᠢᠯᠭ᠎ᠠ ᠤᠯᠠᠨ᠂ ᠠᠶᠤᠯᠲᠡᠶ ᠬᠥᠮᠥᠷᠭᠡ ᠤᠯᠠᠨ᠂ ᠠᠮᠤᠷ ᠲᠦᠪᠰᠢᠨ᠎ᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ ᠤᠳᠤ ᠵᠢᠨ ᠪᠠᠶ᠋ᠢᠭ᠎ᠠ ᠤᠰᠤᠨ ᠴᠥᠭᠥᠷᠥᠮ᠎ᠤᠨ ᠠᠮᠤᠷ ᠲᠦᠪᠰᠢᠨ ᠪᠠᠶ᠋ᠢᠬᠤ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠦᠬᠦᠳᠠ ᠬᠤᠷᠠᠯ᠎ᠠᠴᠠ᠂ ᠬᠥᠭᠵᠢᠯᠲᠡ ᠪᠣᠯᠤᠨ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠨᠡᠩ   ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ᠎ᠢ ᠪᠦᠳᠦᠭᠡᠨ   ᠪᠠᠢ᠌ᠭᠤᠯᠤᠨ᠂ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠰᠢᠨ᠎ᠢ ᠬᠠᠮᠠᠭ᠋ᠠᠯᠠᠬᠤ ᠵᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠡᠠᠶᠤᠯᠲᠠᠶ   ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ   ᠪᠡᠬᠢᠵᠢᠭᠦᠯᠬᠦᠶ᠋ᠢ ᠲᠦᠷᠭᠡᠳᠬᠡᠵᠦ᠂ ᠤᠳᠤ ᠵᠢᠨ ᠪᠠᠶ᠋ᠢᠭ᠎ᠠ ᠤᠰᠤᠨ ᠠᠰᠢᠭᠯᠠᠯᠲᠠ ᠵᠢᠨ ᠴᠢᠬᠤᠯᠠ ᠶᠡᠬᠡ ᠰᠠᠭᠤᠷᠢ ᠲᠥᠬᠦᠭᠡᠷᠦᠮᠵᠢ ᠵᠢᠨ ᠠᠮᠤᠷ ᠲᠦᠪᠰᠢᠨ᠎ᠢ ᠬᠠᠮᠠᠭ᠋ᠠᠯᠠᠬᠤ ᠬᠡᠷᠡᠭᠲᠡᠢ ᠭᠡᠵᠦ ᠲᠣᠳᠣᠷᠬᠠᠶ᠋ᠢᠯᠠᠪᠠ᠃ 2020 ᠣᠨ᠎ᠤ 11 ᠰᠠᠷ᠎ᠠ ᠵᠢᠨ 18᠎ᠤ ᠡᠳᠦᠷ ᠶᠡᠷᠦᠩᠬᠡᠶ ᠰᠠᠶ᠋ᠢᠳ ᠯᠢ ᠺᠤ ᠴᠢᠶᠠᠩ ᠲᠦᠷᠤ ᠵᠢᠨ ᠶᠠᠪᠤᠳᠠᠯ᠎ᠤᠨ ᠬᠤᠷᠢᠶ᠎ᠠ ᠵᠢᠨ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠠᠶᠤᠯᠲᠠᠶ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ   ᠪᠡᠬᠢᠵᠢᠭᠦᠯᠬᠦ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠵᠤ᠂ 2025 ᠣᠨ᠎ᠤ ᠵᠢᠯ᠎ᠤᠨ ᠡᠴᠦᠰ ᠪᠣᠯᠬᠤ᠎ᠳᠤ᠂ ᠣᠲᠣ ᠵᠢᠨ ᠪᠠᠶ᠋ᠢᠭ᠎ᠠ   ᠠᠶᠤᠯᠲᠠᠶ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ   ᠪᠡᠬᠢᠵᠢᠭᠦᠯᠬᠦ ᠠᠵᠢᠯ᠎ᠢ ᠪᠦᠬᠦᠨ᠎ᠢ ᠪᠡᠶᠡᠯᠡᠭᠦᠯᠵᠦ᠂ ᠰᠢᠨ᠎ᠡ᠎ᠪᠠᠷ ᠨᠡᠮᠡᠭᠳᠡᠭᠰᠡᠨ   ᠠᠶᠤᠯᠲᠠᠶ ᠤᠰᠤᠨ ᠴᠥᠭᠥᠷᠥᠮ᠎ᠤᠨ ᠠᠶᠤᠯ᠎ᠢ ᠴᠠᠭ ᠲᠤᠬᠠᠶ᠎ᠳᠤᠨᠢ ᠠᠷᠢᠯᠭ᠋ᠠᠨ   ᠪᠡᠬᠢᠵᠢᠭᠦᠯᠬᠦ ᠬᠡᠷᠡᠭᠲᠡᠶ ᠭᠡᠵᠦ ᠱᠠᠭ᠋ᠠᠷᠳᠠᠪᠠ᠃ ᠡᠨᠡ ᠵᠢᠯ᠎ᠤᠨ 3 ᠰᠠᠷ᠎ᠠ ᠵᠢᠨ 24᠎ᠤ ᠡᠳᠦᠷ᠂ ᠲᠦᠷᠤ ᠵᠢᠨ ᠶᠠᠪᠤᠳᠠᠯ᠎ᠤᠨ ᠬᠤᠷᠢᠶᠡᠨ᠎ᠤ ᠠᠯᠪᠠᠨ ᠲᠢᠨᠭᠬᠢᠮ 《ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ   ᠪᠡᠬᠢᠵᠢᠭᠦᠯᠬᠦ ᠪᠠ ᠠ ᠠᠵᠢᠯᠯᠠᠭ᠎ᠠ ᠵᠢ ᠬᠠᠮᠢᠶᠠᠷᠤᠨ ᠬᠠᠮᠠᠭ᠋ᠠᠯᠠᠬᠤ ᠠᠵᠢᠯ᠎ᠢ ᠦᠨᠡᠨ ᠬᠦ᠌ ᠴᠢᠩᠭ᠋ᠠᠳᠬᠠᠬᠤ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠃ ᠡᠨᠡ ᠵᠢᠯ᠎ᠤᠨ 9 ᠰᠠᠷ᠎ᠠ ᠵᠢᠨ 22᠎ᠤᠨ ᠡᠳᠦᠷ ᠶᠡᠷᠦᠩᠬᠡᠶ ᠰᠠᠶ᠋ᠢᠳ ᠯᠢ ᠺᠤ ᠴᠢᠶᠠᠩ ᠲᠦᠷᠤ ᠵᠢᠨ ᠶᠠᠪᠤᠳᠠᠯ᠎ᠤᠨ   ᠬᠣᠷᠢᠶᠠᠨ᠎ᠤ᠎ᠤ ᠪᠠᠶ᠋ᠢᠩᠭᠤ ᠵᠢᠨ ᠬᠤᠷᠠᠯ ᠎ᠢ ᠡᠷᠬᠢᠯᠡᠨ ᠬᠤᠷᠠᠯᠳᠤᠭᠤᠯᠵᠤ᠂ ᠳᠤᠮᠳᠠ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠶᠤᠯ ᠎ᠢ ᠠᠷᠢᠯᠭ᠋ᠠᠨ   ᠪᠡᠬᠢᠵᠢᠭᠦᠯᠬᠦ ᠠᠵᠢᠯ ᠎ᠢ ᠪᠠᠶ᠋ᠢᠷᠢᠯᠠᠭᠤᠯᠵᠠᠶ᠃
      ᠮᠠᠨ᠎ᠤ ᠤᠯᠤᠰ᠎ᠤᠨ ᠤᠰᠤᠨ ᠴᠥᠭᠥᠷᠥᠮ᠎ᠤᠨ ᠶᠡᠬᠡ ᠬᠠᠰᠢᠯᠭ᠎ᠠ᠎ᠳᠤ 《ᠵᠢᠷᠭᠤᠭ᠋ᠠᠨ ᠠᠷᠪᠢᠨ》᠎ᠤ ᠣᠨᠴᠠᠯᠢᠭ᠎ᠲᠠᠢ᠃ ᠨᠢᠭᠡᠳᠦᠭᠡᠷ᠎ᠲᠤ᠂ ᠶᠡᠷᠦᠩᠬᠡᠶ ᠬᠡᠮᠵᠢᠶ᠎ᠡ᠎ᠨᠢ ᠠᠷᠪᠢᠨ᠃ ᠮᠠᠨ᠎ᠤ ᠤᠯᠤᠰ᠎ᠲᠤ ᠣᠳᠣ 9.8 ᠲᠦᠮᠡᠨ ᠤᠰᠤᠨ ᠴᠥᠭᠥᠷᠥᠮ ᠪᠠᠶ᠋ᠢᠵᠤ᠂ ᠳᠡᠯᠡᠬᠡᠶ ᠳᠡᠭᠡᠷᠡᠬᠢ ᠤᠰᠤᠨ ᠴᠥᠭᠥᠷᠥᠮ᠎ᠤᠨ ᠶᠡᠬᠡ ᠬᠠᠰᠢᠯᠭ᠎ᠠ᠎ᠪᠠᠷ ᠬᠠᠮᠤᠭ᠎ᠤᠨ ᠣᠯᠠᠨ ᠤᠯᠤᠰ ᠪᠣᠯᠤᠨ᠎ᠠ᠃ ᠬᠣᠶᠠᠳᠤᠭ᠋ᠠᠷ᠎ᠲᠤ᠂ ᠵᠢᠵᠢᠭ ᠤᠰᠤᠨ ᠴᠥᠭᠥᠷᠥᠮ ᠠᠷᠪᠢᠨ᠃ ᠮᠠᠨ᠎ᠤ ᠤᠯᠤᠰ᠎ᠤᠨ ᠣᠲᠣ ᠵᠢᠨ ᠪᠠᠶ᠋ᠢᠭ᠎ᠠ ᠤᠰᠤᠨ ᠴᠥᠭᠥᠷᠥᠮ᠎ᠤᠨ 95% ᠵᠢᠨ ᠤᠰᠤᠨ ᠴᠥᠭᠥᠷᠥᠮ ᠪᠣᠯ ᠵᠢᠵᠢᠭ ᠬᠡᠯᠪᠡᠷᠢ ᠵᠢᠨ ᠤᠰᠤᠨ ᠴᠥᠭᠥᠷᠥᠮ ᠪᠣᠯᠤᠨ᠎ᠠ᠃ ᠭᠤᠷᠪᠠᠳᠤᠭ᠋ᠠᠷ᠎ᠲᠤ᠂ ᠡ ᠠᠶᠤᠯᠲᠠᠶ ᠤᠰᠤᠨ ᠴᠥᠭᠥᠷᠥᠮ ᠤᠯᠠᠨ ᠪᠠᠶ᠋ᠢᠳᠠᠭ᠃ ᠲᠤᠰ ᠵᠠᠭᠤᠨ᠎ᠤ ᠡᠬᠢᠨ᠎ᠤ ᠦᠶ᠎ᠡ᠎ᠠᠴᠠ ᠡᠬᠢᠯᠡᠨ᠂ ᠪᠢᠳᠡ ᠶᠡᠬᠡ ᠬᠡᠪᠴᠢᠶᠡᠨ᠎ᠤ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠵᠢᠭᠦᠯᠬᠦ ᠠᠵᠢᠯ᠎ᠢ ᠥᠷᠨᠢᠭᠦᠯᠵᠦ᠂ ᠤᠰᠤᠨ ᠴᠥᠭᠥᠷᠥᠮ᠎ᠤᠨ ᠠᠮᠤᠷ ᠲᠦᠪᠰᠢᠨ᠎ᠢ ᠬᠦᠴᠦᠲᠡᠶ ᠪᠥᠭᠡᠳ ᠪᠦᠲᠦᠮᠵᠢᠲᠡᠶ᠎ᠪᠠᠷ ᠪᠠᠲᠤᠯᠠᠪᠠ᠃ ᠭᠡᠪᠡᠴᠦ ᠣᠲᠣ ᠪᠣᠯᠲᠠᠯ᠎ᠠ ᠪᠠᠰᠠ ᠶᠡᠬᠡ ᠬᠡᠮᠵᠢᠶᠡᠨ᠎ᠤ   ᠠᠶᠤᠯᠲᠠᠶ ᠤᠰᠤᠨ ᠴᠥᠭᠥᠷᠥᠮ ᠪᠠᠶ᠋ᠢᠭᠰᠠᠭ᠋ᠠᠷ᠃ ᠳᠥᠷᠪᠡᠳᠦᠭᠡᠷ᠎ᠲᠤ᠂ ᠰᠢᠷᠣᠶ ᠴᠢᠯᠠᠭᠤᠨ ᠬᠠᠰᠢᠯᠭ᠎ᠠ ᠠᠷᠪᠢᠨ᠃ ᠮᠠᠨ᠎ᠤ ᠤᠯᠤᠰ᠎ᠤᠨ ᠶᠡᠬᠡ ᠬᠠᠰᠢᠯᠭ᠎ᠠ ᠵᠢᠨ   ᠲᠥᠷᠥᠯ᠎ᠳᠤ 92%᠎ᠨᠢ ᠰᠢᠷᠣᠶ ᠴᠢᠯᠠᠭᠤᠨ ᠬᠠᠰᠢᠯᠭ᠎ᠠ ᠪᠣᠯᠤᠨ᠎ᠠ᠃ ᠮᠠᠨ᠎ᠤ ᠤᠯᠤᠰ᠎ᠤᠨ ᠥᠩᠭᠡᠷᠡᠭᠰᠡᠨ᠎ᠳᠤ ᠬᠠᠰᠢᠯᠭ᠎ᠠ ᠵᠢ ᠰᠡᠲᠡᠯᠦᠭᠰᠡᠨ ᠬᠠᠰᠢᠯᠭ᠎ᠠ ᠵᠢᠨ ᠬᠡᠯᠪᠡᠷᠢ ᠪᠠ ᠠᠶᠤᠯ᠎ᠳᠤ ᠤᠴᠠᠷᠠᠭᠰᠠᠨ ᠬᠠᠰᠢᠯᠭ᠎ᠠ ᠵᠢᠨ ᠬᠡᠯᠪᠡᠷᠢ ᠵᠢᠨ ᠵᠣᠩᠬᠢᠯᠠᠬᠤ ᠣᠯᠠᠩᠬᠢ᠎ᠨᠢ ᠰᠢᠷᠣᠶ ᠴᠢᠯᠠᠭᠤᠨ ᠬᠠᠰᠢᠯᠭ᠎ᠠ ᠵᠢᠨ   ᠲᠥᠷᠥᠯ ᠪᠣᠯᠤᠨ᠎ᠠ᠃ ᠲᠠᠪᠤᠳᠤᠭ᠋ᠠᠷ᠎ᠲᠤ᠂ ᠬᠠᠭᠤᠴᠢᠨ ᠬᠠᠰᠢᠯᠭ᠎ᠠ ᠠᠷᠪᠢᠨ᠃ ᠮᠠᠨ᠎ᠤ ᠤᠯᠤᠰ᠎ᠤᠨ ᠤᠳᠤ ᠵᠢᠨ ᠪᠠᠶ᠋ᠢᠭ᠎ᠠ ᠤᠰᠤᠨ ᠴᠥᠭᠥᠷᠥᠮ᠎ᠤᠨ ᠬᠠᠰᠢᠯᠭ᠎ᠠ ᠵᠢᠨ 80% ᠵᠢ ᠳᠡᠭᠡᠷ᠎ᠡ ᠵᠠᠭᠤᠨ᠎ᠤ ᠲᠠᠪᠢᠭ᠋ᠠᠳ ᠣᠨ᠎ᠠᠴᠠ ᠳᠠᠯᠠᠭ᠋ᠠᠳ ᠣᠨ᠎ᠤ ᠦᠶ᠎ᠡ᠎ᠳᠤ ᠪᠠᠶ᠋ᠢᠭᠤᠯᠤᠭᠰᠠᠨ ᠶᠤᠮ᠃ ᠵᠢᠷᠭᠤᠳᠤᠭ᠋ᠠᠷ᠎ᠲᠤ᠂ ᠥᠨᠳᠥᠷ ᠬᠠᠰᠢᠯᠭ᠎ᠠ ᠠᠷᠪᠢᠨ᠃ ᠪᠦᠬᠦ ᠲᠡᠯᠡᠭᠡᠢ ᠨᠢᠭᠡᠨᠲᠡ 200 ᠮᠧᠲᠷ᠎ᠠᠴᠠ ᠳᠡᠭᠡᠭᠰᠢᠬᠢ ᠥᠨᠳᠥᠷ ᠬᠠᠰᠢᠯᠭ᠎ᠠ 77 ᠪᠠᠶ᠋ᠢᠵᠤ᠂ ᠳᠤᠮᠳᠠᠳᠤ ᠤᠯᠤᠰ᠎ᠲᠤ 20 ᠪᠠᠶ᠋ᠢᠵᠤ᠂ 26% ᠵᠢ ᠡᠵᠡᠯᠡᠵᠦ᠂ ᠨᠢᠭᠡᠳᠦᠭᠡᠷ᠎ᠲᠤ ᠵᠢᠭᠰᠠᠭ᠋ᠠᠭᠳᠠᠵᠠᠶ; ᠪᠠᠶ᠋ᠢᠭᠤᠯᠵᠤ ᠪᠠᠶ᠋ᠢᠭ᠎ᠠ 200 ᠮᠧᠲᠷ᠎ᠠᠴᠠ ᠳᠡᠭᠡᠭᠰᠢᠬᠢ ᠥᠨᠳᠥᠷ ᠬᠠᠰᠢᠯᠭ᠎ᠠ᠎ᠳᠤ ᠪᠦᠬᠦ ᠲᠡᠯᠡᠭᠡᠢ 22 ᠰᠠᠭᠤᠷᠢ ᠬᠠᠰᠢᠯᠭ᠎ᠠ ᠵᠢ ᠪᠠᠶ᠋ᠢᠭᠤᠯᠵᠤ ᠪᠠᠶ᠋ᠢᠨ᠎ᠠ᠂ ᠳᠤᠮᠳᠠᠳᠤ ᠤᠯᠤᠰ᠎ᠲᠤ 15 ᠰᠠᠭᠤᠷᠢ ᠬᠠᠰᠢᠯᠭ᠎ᠠ ᠵᠢ ᠪᠠᠶ᠋ᠢᠭᠤᠯᠵᠤ᠂ 68% ᠵᠢ ᠡᠵᠡᠯᠡᠨ᠎ᠡ᠂ ᠮᠥᠨ ᠴᠦ᠍ ᠨᠢᠭᠡᠳᠦᠭᠡᠷ᠎ᠲᠤ ᠵᠢᠭᠰᠠᠭ᠋ᠠᠭᠳᠠᠵᠤ ᠪᠠᠶ᠋ᠢᠨ᠎ᠠ᠃
      ᠵᠢᠵᠢᠭ ᠤᠰᠤᠨ ᠴᠥᠭᠥᠷᠥᠮ᠂   ᠠᠶᠤᠯᠲᠠᠶ ᠤᠰᠤᠨ ᠴᠥᠭᠥᠷᠥᠮ᠂ ᠰᠢᠷᠣᠶ ᠴᠢᠯᠠᠭᠤᠨ ᠬᠠᠰᠢᠯᠭ᠎ᠠ ᠪᠠ ᠬᠠᠭᠤᠴᠢᠨ ᠬᠠᠰᠢᠯᠭ᠎ᠠ ᠳᠠᠪᠬᠤᠴᠠᠭᠰᠠᠨ᠎ᠤ ᠳᠡᠭᠡᠷ᠎ᠡ ᠮᠠᠨ᠎ᠤ ᠤᠯᠤᠰ᠎ᠤᠨ ᠦᠢ᠍ᠷ᠎ᠠ ᠵᠢᠨ ᠵᠢᠯ᠎ᠤᠳ᠎ᠲᠤ ᠰᠢᠷᠦᠭᠦᠨ ᠪᠣᠷᠣᠭ᠋ᠠᠨ ᠤᠷᠤᠭᠰᠠᠨ ᠵᠡᠷᠭᠡ   ᠣᠨᠴᠠᠭ᠋ᠠᠢ ᠴᠠᠭ ᠠᠭᠤᠷ᠎ᠤᠨ ᠨᠡᠮᠡᠭᠳᠡᠯ᠎ᠠᠴᠠ ᠪᠤᠯᠵᠤ᠂ ᠤᠰᠤᠨ ᠴᠥᠭᠥᠷᠥᠮ᠎ᠤᠨ ᠠᠶᠤᠯᠭᠦᠶ ᠵᠢᠨ ᠠᠰᠠᠭᠤᠳᠠᠯ ᠬᠦᠨᠳᠦ ᠨᠣᠴᠢᠲᠠᠶ ᠠᠶᠤᠯ ᠲᠦᠭᠰᠢᠭᠦᠷᠢ ᠪᠠ ᠥᠷᠢᠰᠥᠯᠳᠦᠭᠡᠨ᠎ᠳᠤ ᠲᠤᠯᠭ᠋ᠠᠷᠠᠵᠤ ᠪᠠᠶ᠋ᠢᠨ᠎ᠠ᠃ ᠤᠰᠤᠨ ᠠᠰᠢᠭᠯᠠᠯᠳᠠ ᠵᠢᠨ ᠶᠠᠮᠤᠨ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ   ᠵᠥᠪᠯᠡᠯ᠂ ᠡᠳ᠋᠎ᠤᠨ ᠵᠠᠰᠠᠭ᠎ᠤᠨ ᠶᠠᠮᠤᠨ ᠵᠡᠷᠭᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠳ ᠨᠠᠮ᠎ᠤᠨ ᠲᠥᠪ ᠬᠣᠷᠢᠶ᠎ᠠ᠂ ᠲᠦᠷᠤ ᠵᠢᠨ ᠶᠠᠪᠤᠳᠠᠯ᠎ᠤᠨ ᠬᠤᠷᠢᠶ᠎ᠠ ᠵᠢᠨ ᠰᠢᠢᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠡᠷᠡᠰ   ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠦᠷᠤ ᠵᠢᠨ ᠶᠠᠪᠤᠳᠠᠯ᠎ᠤᠨ ᠬᠤᠷᠢᠶᠡᠨ᠎ᠤ ᠠᠯᠪᠠᠨ ᠲᠢᠨᠭᠬᠢᠮ ᠵᠢᠨ 《ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠬᠠᠷᠠᠯᠲᠠ ᠵᠢᠨ ᠡᠭᠦᠷᠭᠡ᠎ᠪᠠᠨ ᠨᠠᠷᠢᠯᠢᠬ᠍ᠵᠢᠭᠤᠯᠤᠨ᠂ ᠪᠠᠯᠠ ᠮᠥᠩᠭᠥ ᠵᠢᠨ ᠳᠡᠮᠵᠢᠯᠭᠡ᠎ᠪᠠᠨ ᠨᠡᠮᠡᠭᠳᠡᠭᠦᠯᠵᠦ᠂ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠨ᠂ ᠡᠯ᠎ᠡ ᠭᠠᠵᠠᠷ᠎ᠤᠨ   ᠠᠶᠤᠯᠲᠠᠶ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠵᠢᠭᠦᠯᠬᠦ ᠠᠵᠢᠯ᠎ᠢ ᠬᠦᠴᠦᠲᠡᠶ ᠪᠥᠭᠡᠳ ᠡᠮᠬᠢ ᠵᠢᠷᠤᠮ᠎ᠲᠠᠢ ᠥᠷᠨᠢᠭᠦᠯᠬᠦ ᠵᠢ ᠰᠢᠪᠠᠳᠠᠵᠤ᠂ ᠢᠳᠡᠪᠬᠢᠲᠡᠶ ᠠᠬᠢᠴᠠ᠎ᠲᠠᠢ ᠪᠣᠯᠪᠠ᠃ ᠨᠢᠭᠡ᠎ᠳᠤ ᠬᠠᠷᠢᠶᠠᠯᠠᠭᠳᠠᠬᠤ ᠭᠠᠵᠠᠷ᠎ᠤᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠎ᠠ᠃ ᠲᠦᠷᠤ ᠵᠢᠨ ᠶᠠᠪᠤᠳᠠᠯ᠎ᠤᠨ ᠬᠤᠷᠢᠶᠡᠨ᠎ᠤ ᠠᠯᠪᠠᠨ ᠲᠢᠨᠭᠬᠢᠮ ᠎ᠤᠨ 《ᠮᠡᠳᠡᠭᠳᠡᠯ》᠎ᠳᠤ᠂ 《ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠲᠣᠰ ᠬᠠᠷᠢᠶ᠎ᠠ ᠣᠷᠣᠨ᠎ᠤ   ᠠᠶᠤᠯᠲᠠᠶ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠶᠡᠷᠦᠩᠬᠡᠶ ᠬᠠᠷᠢᠭᠤᠴᠠᠯᠭ᠎ᠠ ᠵᠢ ᠡᠭᠦᠷᠭᠡᠯᠡᠨ᠎ᠡ》 ᠭᠡᠵᠦ ᠱᠠᠭ᠋ᠠᠷᠳᠠᠭᠰᠠᠨ ᠪᠥᠭᠡᠳ ᠡᠯ᠎ᠡ ᠭᠠᠵᠠᠷ᠎ᠤᠨ᠎ᠬᠢᠨ ᠴᠥᠮ 《ᠮᠤᠵᠢ ᠶᠡᠷᠦᠩᠬᠡᠶ ᠬᠠᠷᠢᠭᠤᠴᠠᠯᠭ᠎ᠠ ᠵᠢ ᠡᠭᠦᠷᠭᠡᠯᠡᠵᠦ᠂ ᠬᠣᠲᠠ ᠰᠢᠶᠠᠨ ᠨᠠᠶ᠋ᠢᠳᠠᠪᠤᠷᠢᠵᠢᠭᠤᠯᠤᠯᠲᠠ ᠵᠢ ᠠᠳᠬᠤᠬᠤ》 ᠠᠵᠢᠯ᠎ᠤᠨ ᠲᠣᠭᠲᠠᠴᠠ ᠵᠢ ᠪᠠᠶ᠋ᠢᠭᠤᠯᠤᠭᠰᠠᠨ ᠪᠠᠶ᠋ᠢᠨ᠎ᠠ᠃ ᠬᠣᠶᠠᠷ᠎ᠲᠤ ᠬᠡᠷᠡᠭᠵᠢᠭᠦᠯᠬᠦ ᠲᠥᠰᠦᠯ᠎ᠢ ᠲᠣᠭᠲᠠᠭ᠋ᠠᠨ᠎ᠠ᠃ 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ   ᠪᠢᠬᠢᠵᠢᠭᠦᠯᠬᠦ ᠠᠵᠢᠯ᠎ᠤᠨ ᠬᠡᠷᠡᠭᠵᠢᠭᠦᠯᠬᠦ ᠲᠥᠰᠦᠯ》᠎ᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠵᠤ᠂ ᠬᠠᠷᠠᠯᠲᠠ ᠵᠢᠨ ᠡᠭᠦᠷᠭᠡ ᠪᠠ ᠵᠢᠯ᠎ᠤᠨ ᠲᠥᠯᠦᠪᠯᠡᠯᠭᠡ ᠵᠢ ᠵᠠᠳᠠᠯᠤᠨ ᠨᠠᠶ᠋ᠢᠳᠠᠪᠤᠷᠢᠵᠢᠭᠤᠯᠪᠠ᠃ ᠭᠤᠷᠪᠠ᠎ᠳᠤ ᠬᠡᠷᠡᠭᠵᠢᠭᠦᠯᠦᠯᠲᠡ ᠵᠢ ᠲᠦᠷᠭᠡᠪᠴᠢᠯᠡᠨ ᠲᠦᠯᠬᠢᠨ ᠠᠬᠢᠭᠤᠯᠤᠨ᠎ᠠ᠃ ᠡᠯ᠎ᠡ ᠭᠠᠵᠠᠷ ᠎ᠤᠨ᠎ᠬᠢᠨ ᠠᠵᠢᠯ ᠡᠬᠢᠯᠡᠭᠦᠯᠦᠭᠰᠡᠨ ᠨᠤᠷᠮ᠎ᠠ᠂ ᠠᠵᠢᠯ ᠳᠠᠭᠤᠰᠬᠠᠭᠰᠠᠨ ᠨᠤᠷᠮ᠎ᠠ ᠵᠢ ᠴᠢᠩᠭ᠎ᠠ ᠠᠳᠬᠤᠵᠤ᠂ ᠡ ᠠᠶᠤᠯᠲᠠᠶ ᠤᠰᠤᠨ ᠴᠥᠭᠥᠷᠥᠮ ᠎ᠤᠨ ᠠᠶᠤᠯ ᠎ᠢ ᠠᠷᠢᠯᠭ᠋ᠠᠬᠤ ᠪᠡᠬᠢᠵᠢᠭᠦᠯᠬᠦ   ᠢᠨᠵᠧᠨᠧᠷᠢᠩ᠎ᠤᠨ ᠪᠥᠳᠥᠭᠡᠨ ᠪᠠᠶ᠋ᠢᠭᠤᠯᠤᠯᠲᠠ ᠵᠢ ᠲᠦᠷᠭᠡᠳᠬᠡᠪᠡ᠃ ᠲᠦᠷᠪᠡ᠎ᠳᠤ   ᠠᠶᠤᠯᠭᠦᠢ ᠠᠷᠭ᠎ᠠ ᠬᠡᠮᠵᠢᠶ᠎ᠡ ᠶᠠᠪᠤᠳᠠᠯ᠎ᠢ ᠨᠠᠶ᠋ᠢᠳᠠᠪᠤᠷᠢᠵᠢᠭᠤᠯᠤᠨ᠎ᠠ᠃   ᠠᠶᠤᠯᠲᠠᠶ ᠤᠰᠤᠨ ᠴᠥᠭᠥᠷᠥᠮ᠎ᠤᠨ ᠦᠶᠡᠷ᠎ᠢ ᠥᠩᠭᠡᠷᠡᠭᠦᠯᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠤᠰᠤᠨ ᠴᠥᠭᠥᠷᠥᠮ᠎ᠤᠨ ᠲᠦᠭᠰᠢᠭᠦᠷᠢᠲᠦ ᠪᠠᠶ᠋ᠢᠳᠠᠯ᠎ᠤᠨ ᠪᠠᠴᠢᠮ ᠵᠦᠢ᠍ᠯ᠎ᠢ ᠠᠷᠭ᠋ᠠᠴᠠᠨ ᠰᠢᠢᠳᠪᠦᠷᠢᠯᠡᠬᠦ ᠲᠣᠭᠲᠠᠴᠠ ᠵᠢ ᠲᠡᠭᠦᠯᠳᠡᠷᠵᠢᠭᠦᠯᠦᠨ᠂ ᠤᠰᠤᠨ ᠴᠥᠭᠥᠷᠥᠮ᠎ᠤᠨ ᠦᠶᠡᠷ᠎ᠢ ᠠᠮᠤᠷ ᠲᠦᠪᠰᠢᠨ ᠵᠶ᠋ᠡᠷ ᠥᠩᠭᠡᠷᠡᠭᠦᠯᠬᠦ ᠵᠢ ᠪᠠᠲᠤᠯᠠᠨ᠎ᠠ᠃ ᠣᠳᠣᠬᠠᠨ ᠪᠣᠯᠲᠠᠯ᠎ᠠ᠂ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ   ᠪᠡᠬᠢᠵᠢᠭᠦᠯᠬᠦ ᠠᠵᠢᠯ ᠶᠡᠷᠦᠩᠬᠡᠶ᠎ᠳᠡᠭᠡᠨ ᠤᠷᠤᠭᠰᠢᠲᠠᠶ ᠶᠠᠪᠤᠭᠳᠠᠵᠤ ᠪᠠᠶ᠋ᠢᠨ᠎ᠠ᠃
      ᠲᠠᠷᠠᠭ᠋ᠠᠴᠢ ᠵᠢᠨ ᠠᠯᠬᠤᠮ᠎ᠳᠤ᠂ ᠤᠰᠤᠨ ᠠᠰᠢᠭᠯᠠᠯᠳᠠ ᠵᠢᠨ ᠶᠠᠮᠤᠨ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ ᠦᠷᠭᠦᠯᠵᠢᠯᠡᠨ ᠡᠯ᠎ᠡ ᠭᠠᠵᠠᠷ᠎ᠤᠨ ᠪᠠᠯᠠ ᠮᠥᠩᠭᠥ ᠵᠢᠨ ᠣᠷᠣᠭᠤᠯᠤᠯᠲᠠ᠎ᠪᠠᠨ ᠨᠡᠮᠡᠭᠳᠡᠭᠦᠯᠬᠦ ᠵᠢ ᠰᠢᠪᠠᠳᠠᠨ ᠵᠢᠯᠣᠭᠣᠳᠴᠤ᠂ ᠲᠥᠷᠥᠯ ᠵᠦᠢᠯ᠎ᠤᠨ ᠬᠠᠮᠢᠶᠠᠷᠤᠯᠲᠠ ᠵᠢ ᠴᠢᠩᠳᠠᠯᠠᠵᠤ᠂ ᠬᠢᠨᠠᠯᠲᠠ ᠵᠢᠯᠣᠭᠣᠳᠣᠯᠭ᠎ᠠ᠎ᠪᠠᠨ ᠴᠢᠩᠭ᠋ᠠᠳᠬᠠᠨ᠂ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠵᠢᠭᠦᠯᠬᠦ ᠠᠵᠢᠯ᠎ᠢ ᠲᠣᠭᠲᠠᠭᠰᠠᠨ ᠬᠤᠭᠤᠴᠠᠭ᠋ᠠᠨ᠎ᠳᠤ ᠴᠢᠨᠠᠷ ᠰᠠᠶ᠋ᠢᠲᠠᠶ ᠪᠡᠶᠡᠯᠡᠭᠦᠯᠬᠦ ᠵᠢ ᠦᠨᠡᠨ ᠬᠦ᠌ ᠪᠠᠲᠤᠯᠠᠵᠤ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ᠃
      ᠪᠢ   ᠡᠳᠡᠭᠡᠷ᠎ᠢ ᠳᠥᠭᠥᠮᠬᠡᠨ ᠲᠠᠨᠢᠯᠴᠠᠭᠤᠯᠤᠶ᠎ᠠ᠂ ᠵᠠᠯᠭ᠋ᠠᠭ᠋ᠠᠳ ᠪᠢᠳᠡ ᠬᠡᠳᠦᠭᠦᠯᠡ ᠣᠯᠠᠨ᠎ᠤ ᠠᠰᠠᠭᠤᠯᠲᠠ ᠵᠢ ᠬᠠᠷᠢᠭᠤᠯᠬᠤ᠎ᠳᠤ   ᠪᠡᠯᠡᠬᠡᠨ ᠪᠠᠢ᠍ᠨ᠎ᠠ᠂ ᠪᠠᠶᠠᠷᠯᠠᠯ᠎ᠠ᠃ 2021-09-3015: 11: 21
      ᠰᠢᠩ ᠬᠤᠢ ᠨᠠ᠄
      ᠳᠡᠳ᠋ ᠰᠠᠶ᠋ᠢᠳ ᠯᠢᠦ ᠸᠧᠶ ᠫᠢᠩ᠎ᠤᠨ ᠣᠯᠠᠨ᠎ᠳᠤ ᠲᠠᠨᠢᠯᠴᠠᠭᠤᠯᠤᠭᠰᠠᠨ᠎ᠳᠤ ᠲᠠᠯᠠᠷᠬᠠᠵᠤ ᠪᠠᠶ᠋ᠢᠨ᠎ᠠ᠂ ᠳᠣᠤᠷ᠎ᠠ ᠣᠯᠠᠨ ᠵᠶ᠋ᠠᠷ ᠵᠶ᠋ᠠᠨ ᠡᠬᠢᠯᠡᠨ ᠠᠰᠠᠭᠤᠯᠲᠠ ᠠᠰᠠᠭᠤᠵᠤ ᠪᠣᠯᠤᠨ᠎ᠠ᠂ ᠠᠰᠠᠭᠤᠯᠲᠠ ᠳᠤᠷᠠᠳᠬᠤ ᠎ᠠᠴᠠ᠎ᠪᠠᠨ ᠡᠮᠦᠨ᠎ᠡ ᠪᠠᠶ᠋ᠢᠭ᠎ᠠ ᠰᠣᠨᠢᠨ ᠮᠡᠳᠡᠭᠡᠨ᠎ᠤ ᠪᠠᠶ᠋ᠢᠭᠤᠯᠤᠮᠵᠢ ᠎ᠪᠠᠨ ᠮᠡᠳᠡᠭᠦᠯᠦᠭᠡᠷᠡᠶ᠃ 2021-09-30   15: 11: 50
      ᠲᠥᠪ᠎ᠤᠨ ᠷᠠᠳᠢᠣ᠋ ᠲᠧᠯᠸᠢᠰ ᠶᠡᠷᠦᠩᠬᠡᠶ ᠬᠣᠷᠢᠶᠠᠨ᠎ᠤ ᠲᠥᠪ ᠲᠧᠯᠸᠢᠰ᠎ᠤᠨ ᠰᠤᠷᠪᠤᠯᠵᠢᠯᠠᠭᠴᠢ ᠄
      ᠤᠰᠤᠨ ᠴᠥᠭᠥᠷᠥᠮ᠎ᠤᠨ ᠠᠮᠤᠷ ᠲᠦᠪᠰᠢᠨ᠎ᠨᠢ ᠠᠷᠠᠳ ᠤᠯᠠᠨ᠎ᠤ ᠦᠢ᠍ᠯᠡᠳᠪᠦᠷᠢᠯᠡᠯ ᠠᠮᠢᠳᠤᠷᠠᠯ ᠪᠠ ᠠᠮᠢ   ᠨᠠᠰᠤ ᠡᠳ᠋ ᠬᠥᠷᠦᠩᠭᠡ ᠵᠢᠨ ᠠᠮᠤᠷ ᠲᠦᠪᠰᠢᠨ᠎ᠳᠤ ᠬᠣᠯᠪᠣᠭᠳᠠᠵᠤ ᠪᠠᠶ᠋ᠢᠳᠠᠭ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠮᠠᠨ᠎ᠤ ᠤᠯᠤᠰ᠎ᠤᠨ ᠠᠶᠤᠯᠲᠠᠶ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ   ᠪᠡᠬᠢᠵᠢᠭᠦᠯᠬᠦ ᠠᠵᠢᠯ᠎ᠤᠨ ᠭᠣᠣᠯ ᠬᠠᠷᠠᠯᠲᠠ ᠪᠠ ᠡᠭᠦᠷᠭᠡ᠎ᠨᠢ ᠶᠠᠭᠤ ᠪᠤᠢ? ᠪᠠᠶᠠᠷᠯᠠᠯ᠎ᠠ᠃ 2021-09-30   15: 20: 19
      ᠯᠢᠦ ᠸᠧᠶ ᠫᠢᠩ᠄
      ᠵᠠ᠂ ᠡᠨᠡ ᠠᠰᠠᠭᠤᠯᠲᠠ ᠵᠢ ᠪᠢ ᠬᠠᠷᠢᠭᠤᠯᠤᠶ᠎ᠠ᠃ ᠲᠦᠷᠤ ᠵᠢᠨ ᠶᠠᠪᠤᠳᠠᠯ᠎ᠤᠨ   ᠬᠣᠷᠢᠶᠠᠨ᠎ᠤ ᠪᠠᠶ᠋ᠢᠩᠭᠤ ᠵᠢᠨ ᠬᠤᠷᠠᠯ ᠎ᠤᠨ ᠵᠣᠷᠢᠭ ᠰᠠᠨᠠᠭ᠎ᠠ ᠪᠣᠯᠤᠨ ᠲᠦᠷᠤ ᠵᠢᠨ ᠶᠠᠪᠤᠳᠠᠯ᠎ᠤᠨ ᠬᠤᠷᠢᠶᠡᠨ᠎ᠤ ᠠᠯᠪᠠᠨ ᠲᠢᠨᠭᠬᠢᠮ᠎ᠤᠨ《ᠮᠡᠳᠡᠭᠳᠡᠯ》 ᠎ᠤᠨ ᠱᠠᠭ᠋ᠠᠷᠳᠠᠯᠭ᠎ᠠ ᠵᠢ ᠦᠨᠳᠦᠰᠦᠯᠡᠪᠡᠯ᠂《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠤᠰᠤᠨ ᠴᠥᠭᠥᠷᠥᠮ ᠎ᠤᠨ ᠠᠶᠤᠯ᠎ᠢ ᠠᠷᠢᠯᠭ᠋ᠠᠨ ᠪᠡᠬᠢᠯᠡᠬᠦ ᠭᠣᠣᠯ ᠬᠠᠷᠠᠯᠲᠠ ᠵᠢᠨ ᠡᠭᠦᠷᠭᠡ ᠪᠣᠯ 2025 ᠣᠨ᠎ᠤ ᠡᠴᠦᠰ ᠪᠣᠯᠬᠤ ᠎ᠳᠤ᠂ ᠤᠳᠤ ᠪᠠᠶ᠋ᠢᠭ᠎ᠠ ᠠᠶᠤᠯᠲᠠᠶ ᠤᠰᠤᠨ ᠴᠥᠭᠥᠷᠥᠮ ᠎ᠤᠨ ᠠᠶᠤᠯ᠎ᠢ ᠠᠷᠢᠯᠭ᠋ᠠᠨ   ᠪᠡᠬᠢᠵᠢᠭᠦᠯᠬᠦ ᠡᠭᠦᠷᠭᠡ ᠵᠢ ᠪᠥᠬᠥᠨ᠎ᠢ ᠪᠡᠶᠡᠯᠡᠭᠦᠯᠬᠦ ᠶᠠᠪᠤᠳᠠᠯ ᠪᠣᠯᠤᠨ᠎ᠠ᠃ ᠶᠡᠷᠦᠩᠬᠡᠶ ᠬᠡᠮᠵᠢᠶ᠎ᠡ᠎ᠨᠢ ᠵᠢᠱ᠌ᠢᠯᠲᠡ᠎ᠪᠠᠷ 1.94   ᠲᠦᠮᠡᠨ ᠰᠠᠤᠷᠢ ᠪᠠᠶ᠋ᠢᠵᠤ᠂ ᠡᠭᠦᠨ᠎ᠳᠤ ᠲᠣᠮᠣ ᠬᠡᠯᠪᠡᠷᠢ ᠵᠢᠨ ᠠᠶᠤᠯᠲᠠᠶ ᠤᠰᠤᠨ ᠴᠥᠭᠥᠷᠥᠮ ᠪᠠᠷᠤᠭ 80   ᠰᠠᠤᠷᠢ᠂ ᠳᠤᠮᠳᠠ ᠬᠡᠯᠪᠡᠷᠢ ᠵᠢᠨ   ᠠᠶᠤᠯᠲᠠᠶ ᠤᠰᠤᠨ ᠴᠥᠭᠥᠷᠥᠮ ᠪᠠᠷᠤᠭ 470   ᠰᠠᠤᠷᠢ᠂ ᠵᠢᠵᠢᠭ ᠬᠡᠯᠪᠡᠷᠢ ᠵᠢᠨ   ᠠᠶᠤᠯᠲᠠᠶ ᠤᠰᠤᠨ ᠴᠥᠭᠥᠷᠥᠮ ᠪᠠᠷᠤᠭ 1.88   ᠲᠦᠮᠡᠨ ᠰᠠᠤᠷᠢ   ᠪᠠᠶ᠋ᠢᠨ᠎ᠠ᠃ ᠪᠣᠳᠠᠲᠠᠶ ᠠᠵᠢᠯ᠎ᠤᠨ ᠡᠭᠦᠷᠭᠡ ᠵᠢ ᠳᠣᠣᠷᠠᠬᠢ ᠮᠡᠲᠦ ᠬᠡᠳᠦᠨ ᠲᠠᠯ᠎ᠠ᠎ᠪᠠᠷ   ᠶᠠᠷᠢᠶ᠎ᠠ᠄
      ᠨᠢᠭᠡ᠎ᠳᠤ   ᠤᠭ᠎ᠤᠨ ᠪᠠᠢ᠌ᠭᠰᠠᠨ ᠭᠡᠮ ᠰᠣᠭᠣᠭ᠎ᠢ ᠠᠷᠢᠯᠭ᠋ᠠᠨ᠎ᠠ᠃ 2020 ᠣᠨ ᠎ᠠᠴᠠ ᠡᠮᠦᠨ᠎ᠡ ᠠᠮᠤᠷ ᠲᠦᠪᠰᠢᠨ᠎ᠤ ᠬᠢᠨᠠᠨ ᠲᠣᠭᠲᠠᠭ᠋ᠠᠯᠲᠠ ᠵᠢ ᠨᠢᠭᠡᠨᠲᠡ ᠪᠡᠶᠡᠯᠡᠭᠦᠯᠦᠭᠰᠡᠨ ᠤᠰᠤᠨ ᠴᠥᠭᠥᠷᠥᠮ ᠎ᠢ 2025 ᠣᠨ᠎ᠤ ᠵᠢᠯ᠎ᠤᠨ ᠡᠴᠦᠰ᠎ᠠᠴᠠ ᠡᠮᠦᠨ᠎ᠡ   ᠭᠡᠮ ᠰᠣᠭᠣᠭ᠎ᠢ ᠠᠷᠢᠯᠭ᠋ᠠᠨ   ᠪᠡᠬᠢᠵᠢᠭᠦᠯᠬᠦ ᠡᠭᠦᠷᠭᠡ ᠵᠢ ᠪᠦᠬᠦᠨ᠎ᠢ ᠪᠡᠶᠡᠯᠡᠭᠦᠯᠦᠨ᠎ᠡ᠃ ᠡᠨᠡ ᠬᠡᠰᠡᠭ᠎ᠨᠢ 50   ᠰᠠᠤᠷᠢ ᠲᠣᠮᠣ ᠬᠡᠯᠪᠡᠷᠢ ᠵᠢᠨ   ᠠᠶᠤᠯᠲᠠᠶ ᠤᠰᠤᠨ ᠴᠥᠭᠥᠷᠥᠮ᠂ 206   ᠰᠠᠤᠷᠢ ᠳᠤᠮᠳᠠ ᠬᠡᠯᠪᠡᠷᠢ ᠵᠢᠨ ᠤᠰᠤᠨ ᠴᠥᠭᠥᠷᠥᠮ᠂ 1.3 ᠲᠦᠮᠡᠨ   ᠰᠠᠤᠷᠢ ᠵᠢᠵᠢᠭ ᠬᠡᠯᠪᠡᠷᠢ ᠵᠢᠨ ᠤᠰᠤᠨ ᠴᠥᠭᠥᠷᠥᠮ᠎ᠲᠠᠢ ᠬᠣᠯᠪᠣᠭᠳᠠᠨ᠎ᠠ᠃ ᠡᠳᠡᠭᠡᠷ ᠤᠰᠤᠨ ᠴᠥᠭᠥᠷᠥᠮ᠎ᠳᠤ ᠪᠣᠯ ᠬᠦᠨᠳᠦ ᠬᠦᠨᠭᠭᠡᠨ ᠠᠯᠭᠤᠷ ᠪᠠᠴᠢᠮ᠎ᠢ ᠢᠯᠭ᠋ᠠᠬᠤ᠎ᠪᠠᠷ ᠲᠥᠯᠥᠪᠯᠡᠵᠦ᠂ ᠠᠶᠤᠯ ᠭᠡᠮ᠎ᠤᠨ ᠬᠡᠮᠵᠢᠶ᠎ᠡ᠎ᠪᠠᠷ ᠥᠨᠳᠥᠷ᠂ ᠦᠶᠡᠷ᠎ᠢ ᠰᠡᠷᠭᠡᠶ᠋ᠢᠯᠡᠬᠦ ᠡᠭᠦᠷᠭᠡ᠎ᠪᠠᠷ ᠬᠦᠨᠳᠦ ᠤᠰᠤᠨ ᠴᠥᠭᠥᠷᠥᠮ᠎ᠢ ᠤᠷᠢᠳᠠᠪᠠᠷ ᠲᠣᠬᠢᠷᠠᠭᠤᠯᠵᠤ᠂ ᠠᠶᠤᠯ᠎ᠢ ᠠᠷᠢᠯᠭ᠋ᠠᠨ ᠪᠡᠬᠢᠵᠢᠭᠦᠯᠬᠦ ᠠᠵᠢᠯ᠎ᠢ ᠱᠠᠯᠠᠪᠳᠠᠨ ᠬᠢᠬᠦ ᠬᠡᠷᠡᠭᠲᠡᠶ᠃
      ᠬᠣᠶᠠᠷ᠎ᠲᠤ ᠰᠢᠨ᠎ᠡ᠎ᠪᠠᠷ   ᠨᠡᠮᠡᠭᠳᠡᠬᠦ ᠡᠭᠦᠷᠭᠡ ᠵᠢ   ᠪᠡᠶᠡᠯᠡᠭᠦᠯᠦᠨ᠎ᠡ ᠊ᠡ᠃ 2025 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ᠂ 2020 ᠣᠨ ᠎ᠠᠴᠠ ᠡᠮᠦᠨ᠎ᠡ ᠠᠮᠤᠷ ᠲᠦᠪᠰᠢᠨ᠎ᠤ ᠬᠢᠨᠠᠨ ᠲᠣᠭᠲᠠᠭ᠋ᠠᠯᠲᠠ ᠵᠢᠨ ᠬᠤᠭᠤᠴᠠᠭ᠋ᠠᠨ᠎ᠳᠤ ᠬᠢᠨᠠᠨ ᠲᠣᠭᠲᠠᠭ᠋ᠠᠭᠰᠠᠨ ᠰᠢᠨ᠎ᠡ᠎ᠪᠠᠷ ᠨᠡᠮᠡᠭᠳᠡᠭᠰᠡᠨ ᠡᠮ ᠠᠶᠤᠯᠲᠠᠶ ᠤᠰᠤᠨ ᠴᠥᠭᠥᠷᠥᠮ᠎ᠳᠤ ᠴᠦ᠍ ᠠᠶᠤᠯ᠎ᠢ ᠠᠷᠢᠯᠭ᠋ᠠᠨ ᠪᠡᠬᠢᠵᠢᠭᠦᠯᠬᠦ ᠡᠭᠦᠷᠭᠡ ᠵᠢ ᠪᠦᠬᠦᠨ᠎ᠢ ᠪᠡᠶᠡᠯᠡᠭᠦᠯᠬᠦ ᠬᠡᠷᠡᠭᠲᠡᠶ᠃ ᠵᠢᠱ᠌ᠢᠯᠲᠡ᠎ᠪᠠᠷ ᠡᠨᠡ ᠬᠡᠰᠡᠭ᠎ᠲᠤ ᠲᠤᠮᠤ ᠬᠡᠯᠪᠡᠷᠢ ᠵᠢᠨ ᠤᠰᠤᠨ ᠴᠥᠭᠥᠷᠥᠮ ᠪᠠᠷᠤᠭ 30 ᠰᠠᠤᠷᠢ᠂ ᠳᠤᠮᠳᠠ ᠬᠡᠯᠪᠡᠷᠢ ᠵᠢᠨ ᠤᠰᠤᠨ ᠴᠥᠭᠥᠷᠥᠮ ᠪᠠᠷᠤᠭ 270 ᠰᠠᠤᠷᠢ᠂ ᠵᠢᠵᠢᠭ ᠬᠡᠯᠪᠡᠷᠢ ᠵᠢᠨ ᠤᠰᠤᠨ ᠴᠥᠭᠥᠷᠥᠮ ᠪᠠᠷᠤᠭ 6100 ᠰᠠᠤᠷᠢ᠂ ᠶᠡᠷᠦᠩᠬᠡᠶ ᠬᠡᠮᠵᠢᠶ᠎ᠡ᠎ᠨᠢ ᠪᠠᠷᠤᠭ 6400 ᠪᠠᠶ᠋ᠢᠨ᠎ᠠ᠃ ᠡᠨᠡ ᠪᠣᠯ ᠪᠢᠳᠡᠨ᠎ᠤ ᠥᠩᠭᠡᠷᠡᠭᠰᠡᠨ᠎ᠳᠤ ᠰᠢᠯᠭ᠋ᠠᠨ ᠲᠣᠭᠲᠠᠭ᠋ᠠᠭᠰᠠᠨ ᠠᠶᠤᠯᠲᠡᠶ ᠤᠰᠤᠨ ᠴᠥᠭᠥᠷᠥᠮ᠎ᠤᠨ ᠬᠠᠷᠢᠴᠠᠯ᠎ᠤᠨ ᠨᠤᠷᠮ᠎ᠠ ᠬᠡᠮᠵᠢᠶ᠎ᠡ᠎ᠪᠠᠷ ᠪᠤᠳᠤᠭᠰᠠᠨ ᠶᠡᠬᠡ ᠲᠥᠯᠥᠪ ᠲᠣᠭ᠎ᠠ ᠪᠣᠯᠤᠨ᠎ᠠ᠃
      ᠭᠤᠷᠪᠠ᠎ᠳᠤ ᠤᠷᠳᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠤᠨ᠎ᠠ᠃ ᠬᠣᠶ᠋ᠢᠰᠢᠳᠠ ᠵᠢᠯ ᠪᠦᠷᠢ ᠠᠶᠤᠯᠭᠦᠢ ᠵᠢᠨ ᠬᠢᠨᠠᠨ ᠲᠣᠭᠲᠠᠭ᠋ᠠᠯᠲᠠ ᠬᠢᠬᠦ ᠬᠤᠭᠤᠴᠠᠭ᠋ᠠᠨ᠎ᠳᠤ ᠬᠥᠷᠥᠭᠰᠡᠨ ᠤᠰᠤᠨ ᠴᠥᠭᠥᠷᠥᠮ᠎ᠳᠤ   ᠠᠶᠤᠯᠭᠦᠢ ᠵᠢᠨ ᠬᠢᠨᠠᠨ ᠲᠣᠭᠲᠠᠭ᠋ᠠᠯᠲᠠ ᠵᠢ ᠴᠠᠭ ᠲᠤᠬᠠᠶ᠎ᠳᠤᠨᠢ ᠬᠢᠬᠦ ᠬᠡᠷᠡᠭᠲᠡᠶ᠃ ᠬᠢᠨᠠᠨ ᠲᠣᠭᠲᠠᠭ᠋ᠠᠭᠰᠠᠨ ᠠᠶᠤᠯᠲᠠᠶ ᠤᠰᠤᠨ ᠴᠥᠭᠥᠷᠥᠮ᠎ᠳᠤ ᠠᠶᠤᠯ᠎ᠢ ᠠᠷᠢᠯᠭ᠋ᠠᠨ ᠪᠡᠬᠢᠵᠢᠭᠦᠯᠬᠦ ᠠᠵᠢᠯ᠎ᠢ ᠴᠠᠭ ᠲᠤᠬᠠᠶ᠎ᠳᠤᠨᠢ ᠲᠣᠬᠢᠷᠠᠭᠤᠯᠵᠤ᠂ ᠤᠷᠳᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠬᠤ ᠬᠡᠷᠡᠭᠲᠡᠶ᠃
      ᠡᠭᠦᠨ᠎ᠠᠴᠠ ᠭᠠᠳᠠᠨ᠎ᠠ᠂ ᠭᠤᠷᠪᠠᠨ ᠵᠦᠢᠯ᠎ᠤᠨ ᠠᠶᠤᠯ᠎ᠢ ᠠᠷᠢᠯᠭ᠋ᠠᠨ ᠪᠡᠬᠢᠵᠢᠭᠦᠯᠬᠦ ᠡᠭᠦᠷᠭᠡ᠎ᠠᠴᠠ ᠭᠠᠳᠠᠨ᠎ᠠ᠂ ᠪᠢᠳᠡ ᠪᠠᠰᠠ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠪᠣᠷᠣᠭ᠋ᠠᠨ᠎ᠤ ᠪᠠᠢ᠌ᠳᠠᠯ ᠤᠰᠤᠨ᠎ᠤ ᠪᠠᠶ᠋ᠢᠳᠠᠯ᠎ᠢ ᠬᠡᠮᠵᠢᠨ ᠮᠡᠳᠡᠭᠦᠯᠬᠦ ᠲᠥᠬᠥᠭᠡᠷᠦᠮᠵᠢ ᠪᠠ ᠬᠠᠰᠢᠯᠭ᠎ᠠ ᠵᠢᠨ ᠠᠮᠤᠷ ᠲᠦᠪᠰᠢᠨ᠎ᠢ ᠬᠢᠨᠠᠨ ᠬᠡᠮᠵᠢᠬᠦ ᠲᠥᠬᠥᠭᠡᠷᠦᠮᠵᠢ ᠵᠢ ᠲᠡᠭᠦᠯᠳᠡᠷᠵᠢᠭᠦᠯᠬᠦ ᠬᠡᠷᠡᠭᠲᠡᠶ; ᠠᠵᠢᠯᠯᠠᠭ᠋ᠠᠨ᠎ᠤ ᠬᠠᠮᠢᠶᠠᠷᠤᠯᠲᠠ ᠬᠠᠮᠠᠭ᠋ᠠᠯᠠᠯᠲᠠ ᠵᠢᠨ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠵᠤ᠂ ᠠᠵᠢᠯᠯᠠᠭ᠋ᠠᠨ᠎ᠤ ᠬᠠᠮᠢᠶᠠᠷᠤᠯᠲᠠ ᠬᠠᠮᠠᠭ᠋ᠠᠯᠠᠯᠲᠠ ᠵᠢᠨ ᠠᠵᠢᠯ᠎ᠢ ᠴᠢᠩᠭ᠋ᠠᠳᠬᠠᠬᠤ ᠬᠡᠷᠡᠭᠲᠡᠶ᠃ ᠲᠠᠷᠠᠬᠠᠶ ᠪᠤᠲᠠᠷᠬᠠᠶ ᠬᠠᠮᠢᠶᠠᠷᠴᠤ ᠪᠠᠶ᠋ᠢᠭ᠎ᠠ ᠤᠰᠤᠨ ᠴᠥᠭᠥᠷᠥᠮ ᠎ᠢ ᠲᠤᠬᠠᠶ ᠵᠢᠨ ᠭᠠᠵᠠᠷ ᠣᠷᠣᠨ ᠎ᠤ ᠪᠠᠶ᠋ᠢᠳᠠᠯ᠎ᠳᠤ᠎ᠨᠢ ᠲᠣᠬᠢᠷᠠᠭᠤᠯᠤᠨ᠂ ᠲᠤᠰᠬᠠᠢ   ᠬᠠᠮᠢᠶᠠᠷᠤᠯᠲᠠ ᠬᠠᠮᠠᠭ᠋ᠠᠯᠠᠯᠲᠠ ᠵᠢ ᠬᠡᠷᠡᠭᠵᠢᠭᠦᠯᠬᠦ ᠬᠡᠷᠡᠭᠲᠡᠶ᠃ ᠵᠢᠱ᠌ᠢᠶᠡᠯᠡᠪᠡᠯ 《ᠶᠡᠬᠡ᠎ᠪᠠᠷ ᠪᠠᠭ᠎ᠠ ᠵᠢ ᠳᠠᠶ᠋ᠢᠴᠢᠯᠠᠬᠤ》᠂ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ᠂ ᠣᠷᠣᠨ ᠪᠦᠰᠡ᠎ᠳᠤ ᠲᠥᠪᠯᠡᠷᠡᠭᠦᠯᠦᠨ ᠬᠠᠮᠢᠶᠠᠷᠴᠤ ᠬᠠᠮᠠᠭ᠋ᠠᠯᠠᠬᠤ ᠵᠡᠷᠭᠡ ᠪᠣᠯᠤᠨ᠎ᠠ᠃ ᠳᠦᠷᠰᠦᠯᠢᠭ ᠵᠶ᠋ᠡᠷ ᠬᠡᠯᠡᠪᠡᠯ᠂ ᠪᠢᠳᠡ ᠡᠩ᠎ᠤᠨ ᠴᠠᠭ᠎ᠲᠠᠭᠠᠨ ᠪᠡᠶ᠎ᠡ ᠵᠢᠨ ᠪᠠᠶ᠋ᠢᠴᠠᠭ᠋ᠠᠯᠲᠠ ᠬᠢᠵᠦ᠂ ᠠᠰᠠᠭᠤᠳᠠᠯ᠎ᠢ ᠪᠠᠶ᠋ᠢᠴᠠᠭ᠋ᠠᠨ ᠭᠠᠷᠭ᠋ᠠᠵᠤ᠂ ᠴᠠᠭ ᠲᠤᠬᠠᠶ᠎ᠳᠤᠨᠢ ᠡᠪᠡᠳᠴᠢᠨ ᠵᠶ᠋ᠡᠨ ᠵᠠᠰᠠᠵᠤ᠂ ᠡᠪᠡᠳᠴᠢᠨ ᠥᠬᠡᠶ ᠵᠢ᠎ᠨᠢ ᠰᠠᠶ᠋ᠢᠲᠤᠷ ᠰᠤᠪᠢᠯᠠᠬᠤ ᠬᠡᠷᠡᠭᠲᠡᠶ᠃ ᠠᠶᠤᠯᠭᠦᠶ ᠵᠢᠨ ᠬᠢᠨᠠᠨ ᠲᠣᠭᠲᠠᠭ᠋ᠠᠯᠲᠠ᠎ᠨᠢ ᠪᠡᠶ᠎ᠡ ᠵᠢᠨ ᠪᠠᠶ᠋ᠢᠴᠠᠭ᠋ᠠᠯᠲᠠ᠂ ᠠᠶᠤᠯᠲᠠᠶ ᠴᠥᠭᠥᠷᠥᠮ᠎ᠤᠨ ᠠᠶᠤᠯ᠎ᠢ ᠠᠷᠢᠯᠭ᠋ᠠᠨ   ᠪᠡᠬᠢᠵᠢᠭᠦᠯᠬᠦ᠎ᠲᠠᠢ ᠠᠳᠠᠯᠢᠪᠲᠤᠷ ᠪᠠᠶ᠋ᠢᠵᠤ᠂ ᠴᠠᠭ ᠲᠤᠬᠠᠶ᠎ᠳᠤᠨᠢ ᠡᠪᠡᠳᠴᠢᠨ᠎ᠢ ᠵᠠᠰᠠᠬᠤ᠂ ᠠᠵᠢᠯᠯᠠᠭ᠋ᠠᠨ᠎ᠤ ᠬᠠᠮᠢᠶᠠᠷᠤᠯᠲᠠ ᠬᠠᠮᠠᠭ᠋ᠠᠯᠠᠯᠲᠠ ᠵᠢ ᠴᠢᠩᠭ᠋ᠠᠳᠬᠠᠬᠤ᠎ᠲᠠᠢ ᠠᠳᠠᠯᠢᠪᠲᠤᠷ ᠪᠠᠶ᠋ᠢᠵᠤ᠂ ᠡᠷᠡᠭᠦᠯ ᠲᠡᠩᠬᠡᠯᠡᠭᠦᠨ ᠰᠤᠪᠢᠯᠠᠯᠲᠠ᠎ᠲᠠᠢ ᠠᠳᠠᠯᠢ ᠪᠠᠶ᠋ᠢᠳᠠᠭ᠃
      ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠵᠢᠭᠦᠯᠬᠦ ᠡᠭᠦᠷᠭᠡ ᠬᠦᠨᠳᠦ ᠨᠦᠰᠡᠷ ᠪᠠᠶ᠋ᠢᠵᠤ᠂ ᠤᠰᠤᠨ ᠠᠰᠢᠭᠯᠠᠯᠳᠠ ᠵᠢᠨ ᠶᠠᠮᠤᠨ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠣᠤᠯ ᠴᠣᠭᠴᠠ ᠵᠢᠨ ᠬᠠᠷᠢᠭᠤᠴᠠᠯᠭ᠎ᠠ ᠵᠢ ᠰᠢᠮᠳᠠᠭᠤᠯᠤᠨ ᠨᠠᠶ᠋ᠢᠳᠠᠪᠤᠷᠢᠵᠢᠭᠤᠯᠵᠤ᠂ ᠰᠠᠯᠠᠭ᠎ᠠ ᠮᠥᠴᠢᠷ᠎ᠤᠨ ᠬᠢᠨᠠᠯᠲᠠ ᠲᠠᠯᠪᠢᠵᠤ ᠵᠢᠯᠣᠭᠣᠳᠬᠤ ᠬᠠᠷᠢᠭᠤᠴᠠᠯᠭ᠎ᠠ ᠵᠢ ᠴᠢᠩᠭ᠋ᠠᠷᠠᠭᠤᠯᠤᠨ᠂ ᠤᠰᠤᠨ ᠴᠥᠭᠥᠷᠥᠮ᠎ᠤᠨ ᠳᠠᠯᠳᠠ ᠬᠡᠮ᠎ᠢ ᠡᠷᠲᠡ ᠢᠯᠡᠷᠡᠭᠦᠯᠵᠦ ᠡᠷᠲᠡ ᠠᠷᠢᠯᠭ᠋ᠠᠬᠤ ᠵᠢ ᠦᠨᠡᠨᠬᠦ ᠪᠠᠲᠤᠯᠠᠵᠤ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠠᠶᠤᠯ᠎ᠢ ᠠᠷᠢᠯᠭ᠋ᠠᠨ ᠪᠡᠬᠢᠵᠢᠭᠦᠯᠬᠦ ᠠᠵᠢᠯ᠎ᠤᠨ ᠡᠭᠦᠷᠭᠡ ᠵᠢ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠬᠦ ᠵᠢ ᠦᠨᠡᠨᠬᠦ ᠪᠠᠲᠤᠯᠠᠵᠤ᠂ ᠤᠰᠤᠨ ᠴᠥᠭᠥᠷᠥᠮ᠎ᠤᠨ ᠶᠡᠷᠦᠩᠬᠡᠶ᠋ᠢᠯᠡᠭᠰᠡᠨ ᠦᠷ᠎ᠡ ᠠᠰᠢᠭ᠎ᠢ ᠭᠦᠢᠴᠡᠳ ᠪᠠᠳᠠᠷᠠᠭᠤᠯᠬᠤ ᠵᠢ ᠪᠠᠲᠤᠯᠠᠬᠤ ᠬᠡᠷᠡᠭᠲᠡᠶ᠃ ᠪᠠᠶᠠᠷᠯᠠᠯ᠎ᠠ᠃ 2021-09-30   15: 20: 36
      ᠬᠣᠩ ᠰᠢᠩ ᠰᠣᠨᠢᠨ ᠮᠡᠳᠡᠭᠡᠨ᠎ᠤ ᠰᠤᠷᠪᠤᠯᠵᠢᠯᠠᠭᠴᠢ᠄
      ᠪᠢᠳᠡᠨ᠎ᠤ ᠮᠡᠳᠡᠭᠡᠵᠢ᠎ᠪᠠᠷ᠂   ᠠᠶᠤᠯᠲᠠᠶ ᠤᠰᠤᠨ ᠴᠥᠭᠥᠷᠥᠮ᠎ᠤᠨ ᠳᠣᠲᠣᠷᠠᠬᠢ ᠵᠣᠩᠬᠢᠯᠠᠬᠤ ᠣᠯᠠᠩᠬᠢ᠎ᠨᠢ ᠴᠥᠮ ᠵᠢᠵᠢᠭ ᠬᠡᠯᠪᠡᠷᠢ ᠵᠢᠨ ᠤᠰᠤᠨ ᠴᠥᠭᠥᠷᠥᠮ ᠪᠣᠯᠤᠨ᠎ᠠ᠂ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠶᠤᠯᠭᠦᠶ ᠠᠵᠢᠯᠯᠠᠭ᠋ᠠᠨ᠎ᠤ ᠪᠠᠯᠠ ᠮᠥᠩᠭᠥ ᠵᠢᠨ ᠪᠠᠲᠤᠯᠠᠭ᠎ᠠ ᠵᠢᠨ ᠲᠠᠯ᠎ᠠ ᠵᠢᠨ ᠠᠵᠢᠯ᠎ᠢ ᠬᠡᠷᠬᠢᠨ ᠰᠠᠶ᠋ᠢᠲᠤᠷ ᠬᠢᠬᠦ ᠪᠣᠶ? ᠡᠭᠦᠨ᠎ᠠᠴᠠ ᠭᠠᠳᠠᠨ᠎ᠠ᠂ ᠡᠨᠡ ᠵᠢᠯ᠎ᠤᠨ ᠲᠥᠪ᠎ᠤᠨ ᠡᠳ᠋᠎ᠤᠨ ᠵᠠᠰᠠᠭ᠎ᠤᠨ ᠪᠡᠯᠡ ᠮᠥᠩᠭᠥ ᠵᠢ ᠡᠨᠡ ᠲᠠᠯ᠎ᠠ᠎ᠪᠠᠷ ᠲᠣᠬᠢᠷᠠᠭᠤᠯᠤᠭᠰᠠᠨ ᠪᠠᠶ᠋ᠢᠳᠠᠯ ᠶᠠᠮᠠᠷ ᠪᠤᠢ? ᠪᠠᠶᠠᠷᠯᠠᠯ᠎ᠠ᠃ 2021-09-30   15: 24: 45
      ᠯᠢᠦ ᠸᠧᠶ ᠫᠢᠩ᠄
      ᠡᠨᠡ ᠠᠰᠠᠭᠤᠳᠠᠯ᠎ᠢ ᠡᠳ᠋᠎ᠤᠨ ᠶᠠᠪᠤᠳᠠᠯ ᠵᠢᠨ ᠵᠤᠷᠭ᠋ᠠᠨ᠎ᠤ ᠶᠠᠩ ᠰᠢᠨ ᠢᠦᠢ ᠵᠤᠷᠭ᠋ᠠᠨ᠎ᠤ ᠳᠠᠷᠤᠭ᠎ᠠ ᠬᠠᠷᠢᠭᠤᠯᠤᠭ᠋ᠠᠷᠠᠶ᠃ 2021-09-30 15: 25: 37
      ᠤᠰᠤᠨ ᠠᠰᠢᠭᠯᠠᠯᠳᠠ ᠵᠢᠨ ᠶᠠᠮᠤᠨ ᠎ᠤ ᠡᠳ᠋᠎ᠤᠨ ᠶᠠᠪᠤᠳᠠᠯ ᠎ᠤᠨ ᠵᠤᠷᠭ᠋ᠠᠨ᠎ᠤ ᠳᠠᠷᠤᠭ᠎ᠠ ᠶᠠᠩ ᠰᠢᠨ ᠢᠦᠢ᠄
      ᠰᠤᠷᠪᠤᠯᠵᠢᠯᠠᠭᠴᠢ ᠵᠢᠨ ᠠᠰᠠᠭᠤᠭᠰᠠᠨ᠎ᠳᠤ ᠲᠠᠯᠠᠷᠬᠠᠵᠤ ᠪᠠᠢ᠍ᠨ᠎ᠠ᠂ ᠪᠢ ᠡᠨᠡ ᠠᠰᠠᠭᠤᠯᠲᠠ ᠵᠢ ᠬᠠᠷᠢᠭᠤᠯᠤᠶ᠎ᠠ᠃ ᠡᠳ᠋᠎ᠤᠨ ᠵᠠᠰᠠᠭ᠎ᠤᠨ ᠶᠠᠮᠤᠨ᠂ ᠤᠰᠤᠨ ᠠᠰᠢᠭᠯᠠᠯᠳᠠ ᠵᠢᠨ ᠶᠠᠮᠤᠨ ᠴᠥᠮ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠮᠤᠷ ᠲᠦᠪᠰᠢᠨ ᠠᠵᠢᠯᠯᠠᠭ᠋ᠠᠨ᠎ᠤ ᠪᠠᠯᠠ ᠮᠥᠩᠭᠥ ᠵᠢᠨ ᠪᠠᠲᠤᠯᠠᠭ᠎ᠠ ᠵᠢᠨ ᠠᠵᠢᠯ᠎ᠢ ᠮᠠᠰᠢ ᠴᠢᠬᠤᠯᠠᠴᠢᠯᠠᠳᠠᠭ᠃ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠲᠥᠪ᠎ᠤᠨ ᠤᠰᠤᠨ ᠠᠰᠢᠭᠯᠠᠯᠲᠠ ᠵᠢᠨ ᠬᠥᠭᠵᠢᠯᠲᠡ ᠵᠢᠨ ᠪᠡᠯᠡ ᠮᠥᠩᠭᠥ ᠵᠢ 245.2 ᠳ᠋ᠦᠩᠰᠢᠭᠤᠷ ᠲᠥᠭᠥᠷᠢᠭ ᠲᠣᠬᠢᠷᠠᠭᠤᠯᠬᠤ᠎ᠪᠠᠷ ᠲᠥᠯᠥᠪᠯᠡᠵᠦ ᠪᠠᠶ᠋ᠢᠨ᠎ᠠ᠂ ᠡᠭᠦᠨ᠎ᠤ ᠳᠣᠲᠣᠷ᠎ᠠ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠵᠢᠭᠦᠯᠬᠦ᠎ᠳᠤ ᠬᠡᠷᠡᠭᠯᠡᠬᠦ ᠪᠡᠯᠡ ᠮᠥᠩᠭᠥ 125.2 ᠳ᠋ᠦᠩᠰᠢᠭᠤᠷ ᠲᠥᠭᠥᠷᠢᠭ᠂ ᠵᠢᠵᠢᠭ ᠬᠡᠯᠪᠡᠷᠢ ᠵᠢᠨ ᠤᠰᠤᠨ ᠴᠥᠭᠥᠷᠥᠮ᠎ᠢ ᠰᠡᠯᠪᠢᠨ ᠵᠠᠰᠠᠵᠤ ᠠᠷᠠᠴᠢᠯᠠᠬᠤ᠎ᠳᠤ ᠬᠡᠷᠡᠭᠯᠡᠬᠦ ᠪᠡᠯᠡ ᠮᠥᠩᠭᠥ 120 ᠳ᠋ᠦᠩᠰᠢᠭᠤᠷ ᠲᠥᠭᠥᠷᠢᠭ ᠪᠣᠯᠤᠨ᠎ᠠ᠃ ᠡᠭᠦᠨ᠎ᠠᠴᠠ ᠭᠠᠳᠠᠨ᠎ᠠ᠂ ᠪᠠᠰᠠ ᠡᠯ᠎ᠡ ᠭᠠᠵᠠᠷ᠎ᠤᠨ ᠡᠳ᠋᠎ᠤᠨ ᠵᠠᠰᠠᠭ᠎ᠤᠨ ᠲᠥᠰᠦᠪ ᠪᠡᠯᠡ ᠮᠥᠩᠭᠥ ᠪᠣᠯᠤᠨ ᠣᠷᠤᠨ ᠨᠤᠲᠤᠭ᠎ᠤᠨ ᠵᠠᠰᠠᠭ᠎ᠤᠨ ᠣᠷᠳᠤᠨ ᠎ᠤ ᠡᠩ᠎ᠤᠨ ᠵᠢᠭᠡᠯᠡᠯᠭᠡ ᠵᠢᠨ ᠲᠡᠮᠳᠡᠭᠲᠦ ᠵᠢᠨ ᠲᠣᠭ᠎ᠠ ᠬᠡᠮᠵᠢ᠊ ᠢ᠎ᠡ ᠵᠢ ᠨᠢᠭᠡᠳᠦᠯᠲᠡᠢ ᠲᠥᠯᠥᠪᠵᠢᠭᠦᠯᠬᠦ ᠵᠢ ᠲᠡᠮᠵᠢᠵᠤ᠂ ᠭᠣᠣᠯᠳᠠᠭᠤ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ   ᠪᠡᠬᠢᠵᠢᠭᠦᠯᠬᠦ᠂ ᠤᠰᠤ ᠪᠣᠷᠣᠭ᠋ᠠᠨ᠎ᠤ ᠪᠠᠶ᠋ᠢᠳᠠᠯ᠎ᠢ ᠬᠡᠮᠵᠢᠨ ᠮᠡᠳᠡᠭᠦᠯᠬᠦ᠂ ᠠᠮᠤᠷ ᠲᠦᠪᠰᠢᠨ᠎ᠢ ᠬᠢᠨᠠᠨ ᠬᠡᠮᠵᠢᠬᠦ ᠲᠥᠬᠥᠭᠡᠷᠦᠮᠵᠢ ᠵᠢ ᠲᠡᠭᠦᠯᠳᠡᠷᠵᠢᠭᠦᠯᠬᠦ ᠵᠡᠷᠭᠡ ᠠᠵᠢᠯ᠎ᠳᠤ ᠬᠡᠷᠡᠭᠯᠡᠵᠦ᠂ ᠤᠰᠤᠨ ᠴᠥᠭᠥᠷᠥᠮ᠎ᠤᠨ ᠠᠶᠤᠯ᠎ᠢ ᠰᠡᠷᠭᠡᠶ᠋ᠢᠯᠡᠬᠦ ᠲᠦᠷᠭᠡᠨ ᠰᠢᠢ᠍ᠳᠪᠦᠷᠢᠯᠡᠬᠦ ᠲᠣᠭᠲᠠᠴᠠ ᠵᠢ ᠪᠦᠷᠢᠨᠰᠢᠬᠦᠯᠬᠦ ᠵᠢ ᠲᠡᠮᠵᠢᠵᠤ᠂ ᠤᠰᠤᠨ ᠴᠥᠭᠥᠷᠥᠮ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠴᠢᠳᠠᠪᠤᠷᠢ ᠪᠣᠯᠤᠨ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠴᠢᠳᠠᠪᠤᠷᠢ ᠵᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃
     2021 ᠣᠨ᠎ᠳᠤ᠂ ᠡᠳ᠋᠎ᠤᠨ ᠵᠠᠰᠠᠭ᠎ᠤᠨ ᠶᠠᠮᠤᠨ᠂ ᠤᠰᠤᠨ ᠠᠰᠢᠭᠯᠠᠯᠳᠠ ᠵᠢᠨ ᠶᠠᠮᠤᠨ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠮᠤᠷ ᠲᠦᠪᠰᠢᠨ᠎ᠢ ᠡᠩ ᠲᠡᠷᠢᠭᠦᠨ᠎ᠳᠤ ᠳᠣᠭᠢᠷᠠᠭᠤᠯᠬᠤ ᠭᠣᠤᠯᠳᠠᠯᠭ᠎ᠠ᠎ᠲᠠᠢ ᠪᠠᠲᠤᠯᠠᠭ᠎ᠠ ᠵᠢᠨ ᠬᠦᠷᠢᠶ᠎ᠡ ᠪᠣᠯᠭ᠋ᠠᠵᠤ᠂ ᠲᠥᠪ᠎ᠤᠨ ᠡᠳ᠋᠎ᠤᠨ ᠵᠠᠰᠠᠭ ᠪᠠᠯᠠ ᠣᠷᠣᠭᠤᠯᠤᠯᠲᠠ ᠵᠢᠨ ᠡᠷᠴᠢᠮ ᠵᠶ᠋ᠡᠨ ᠴᠢᠩᠭ᠋ᠠᠷᠠᠭᠤᠯᠵᠤ᠂ 39.2 ᠳ᠋ᠦᠩᠰᠢᠭᠤᠷ ᠲᠥᠭᠥᠷᠢᠭ ᠳᠣᠭᠢᠷᠠᠭᠤᠯᠤᠨ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠠᠵᠢᠯ᠎ᠢ ᠥᠷᠨᠢᠭᠦᠯᠬᠦ ᠵᠢ ᠳᠡᠮᠵᠢᠵᠦ᠂ 20 ᠳ᠋ᠦᠩᠰᠢᠭᠤᠷ ᠲᠥᠭᠥᠷᠢᠭ ᠳᠣᠭᠢᠷᠠᠭᠤᠯᠤᠨ ᠵᠢᠵᠢᠭ ᠬᠡᠯᠪᠡᠷᠢ ᠵᠢᠨ ᠤᠰᠤᠨ ᠴᠥᠭᠥᠷᠥᠮ᠎ᠢ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠵᠢ ᠲᠠᠰᠤᠷᠠᠯᠲᠠ ᠥᠬᠡᠶ ᠴᠢᠩᠭ᠋ᠠᠳᠬᠠᠬᠤ ᠵᠢ ᠳᠡᠮᠵᠢᠪᠡ᠃ 2021 ᠣᠨ᠎ᠳᠤ᠂ ᠨᠢᠭᠡᠨᠲᠡ ᠲᠥᠯᠥᠪᠯᠡᠭᠡ ᠶᠣᠰᠣᠭ᠋ᠠᠷ ᠪᠠᠭ᠎ᠠ ᠬᠡᠯᠪᠡᠷᠢ ᠵᠢᠨ ᠤᠰᠤᠨ ᠴᠥᠭᠥᠷᠥᠮ᠎ᠤᠨ ᠠᠮᠤᠷ ᠲᠦᠪᠰᠢᠨ ᠵᠶ᠋ᠡᠷ ᠠᠵᠢᠯᠯᠠᠬᠤ ᠪᠡᠯᠡ ᠮᠥᠩᠭᠥ ᠵᠢ ᠭᠦᠢ᠍ᠴᠡᠳ ᠲᠣᠭ᠎ᠠ᠎ᠪᠠᠷ ᠨᠠᠶ᠋ᠢᠳᠠᠪᠤᠷᠢᠵᠢᠭᠤᠯᠵᠤ᠂ ᠪᠡᠯᠡ ᠮᠥᠩᠭᠥ ᠵᠢᠨ ᠬᠡᠪᠴᠢ᠊ ᠢ᠎ᠡ᠎ᠨᠢ 2020 ᠣᠨ᠎ᠤ᠎ᠬᠢ᠎ᠠᠴᠠ 25.4% ᠨᠡᠮᠡᠭᠳᠡᠵᠦ᠂ ᠪᠠᠭ᠎ᠠ ᠬᠡᠯᠪᠡᠷᠢ ᠵᠢᠨ ᠤᠰᠤᠨ ᠴᠥᠭᠥᠷᠥᠮ᠎ᠤᠨ ᠠᠮᠤᠷ ᠲᠦᠪᠰᠢᠨ ᠵᠶ᠋ᠡᠷ ᠠᠵᠢᠯᠯᠠᠬᠤ ᠵᠢ ᠠᠬᠢᠭᠤᠯᠬᠤ᠂ ᠠᠷᠠᠳ ᠤᠯᠠᠨ᠎ᠤ ᠠᠮᠢ   ᠨᠠᠰᠤ ᠡᠳ᠋ ᠬᠥᠷᠦᠩᠭᠡ ᠵᠢᠨ ᠠᠮᠤᠷ ᠲᠦᠪᠰᠢᠨ᠎ᠢ ᠪᠠᠲᠤᠯᠠᠬᠤ᠎ᠳᠤ ᠲᠤᠯᠭ᠋ᠠᠭᠤᠷᠢᠯᠠᠯ ᠬᠠᠩᠭ᠋ᠠᠪᠠ᠃ ᠪᠠᠶᠠᠷᠯᠠᠯ᠎ᠠ᠃ 2021-09-30   15: 26: 25
      ᠰᠠᠢ᠌ᠨ ᠵᠢᠩ ᠰᠣᠨᠢᠨ᠎ᠤ ᠰᠤᠷᠪᠤᠯᠵᠢᠯᠠᠭᠴᠢ᠄
      ᠣᠶ᠋ᠢᠷ᠎ᠠ᠎ᠳᠤ᠂ ᠬᠠᠲᠤᠨ ᠭᠣᠤᠯ᠎ᠳᠤ ᠵᠠᠯᠭ᠋ᠠᠭ᠎ᠠ᠎ᠪᠠᠷ ᠳ᠋ᠤᠭ᠋ᠠᠷᠯᠠᠭᠰᠠᠨ ᠦᠶᠡᠷ᠎ᠤᠨ ᠡᠭᠦᠰᠴᠡᠢ᠂ ᠲᠡᠭᠡᠪᠡᠯ ᠬᠠᠲᠤᠨ ᠭᠣᠤᠯ᠎ᠤᠨ ᠳ᠋ᠤᠭ᠋ᠠᠷᠯᠠᠭᠰᠠᠨ ᠦᠶᠡᠷ ᠎ᠢ ᠨᠡᠶ᠋ᠢᠲᠡᠯᠡᠭᠰᠡᠨ᠎ᠨᠢ ᠶᠠᠭᠤ ᠵᠢ ᠬᠠᠷᠠᠭᠤᠯᠵᠤ ᠪᠠᠶ᠋ᠢᠬᠤ ᠪᠣᠶ? ᠬᠠᠲᠤᠨ ᠭᠣᠤᠯ᠎ᠤᠨ ᠦᠶᠡᠷ᠎ᠢ ᠰᠡᠷᠭᠡᠶ᠋ᠢᠯᠡᠬᠦ   ᠪᠠᠶ᠋ᠢᠳᠠᠯ ᠶᠠᠮᠠᠷ ᠪᠣᠶ? ᠬᠠᠲᠤᠨ ᠭᠣᠤᠯ᠎ᠤᠨ ᠳᠣᠤᠷᠠᠳᠤ ᠤᠷᠤᠰᠬᠠᠯ᠎ᠳᠤ ᠶᠠᠮᠠᠷ ᠶᠠᠮᠠᠷ ᠨᠥᠯᠥᠭᠡ   ᠦᠵᠡᠭᠦᠯᠬᠦ ᠪᠣᠶ? 2021-09-30    15: 36: 45
      ᠯᠢᠦ ᠸᠧᠶ ᠫᠢᠩ᠄
      ᠵᠠ᠂ ᠡᠨᠡ   ᠠᠰᠠᠭᠤᠯᠲᠠ ᠵᠢ ᠪᠢ ᠬᠠᠷᠢᠭᠤᠯᠤᠶ᠎ᠠ᠃ ᠣᠶ᠋ᠢᠷ᠎ᠠ ᠵᠢᠨ ᠬᠤᠭᠤᠴᠠᠭ᠋ᠠᠨ᠎ᠳᠤ᠂ ᠰᠢᠷᠦᠭᠦᠨ ᠪᠣᠷᠣᠭ᠋ᠠᠨ᠎ᠤ ᠨᠥᠯᠥᠭᠡ᠎ᠪᠠᠷ᠂ ᠬᠠᠲᠤᠨ ᠭᠣᠤᠯ᠎ᠤᠨ ᠰᠠᠯᠪᠤᠷᠢ ᠤᠷᠤᠰᠬᠠᠯ᠎ᠤᠨ ᠸᠧᠶ ᠾᠧ ᠭᠣᠤᠯ᠎ᠳᠤ 1935 ᠣᠨ᠎ᠳᠤ ᠪᠣᠳᠠᠲᠠᠶ ᠬᠡᠮᠵᠢᠯᠲᠡ ᠵᠢᠨ ᠮᠠᠲ᠋ᠧᠷᠢᠶᠠᠯ᠎ᠲᠠᠢ ᠪᠣᠯᠤᠭᠰᠠᠨ᠎ᠠᠴᠠ ᠨᠠᠰᠢᠬᠢ ᠠᠳᠠᠯᠢ ᠬᠤᠭᠤᠴᠠᠭ᠋ᠠᠨ᠎ᠤ ᠬᠠᠮᠤᠭ᠎ᠤᠨ ᠶᠡᠬᠡ ᠦᠶᠡᠷ ᠪᠣᠯᠵᠠᠶ᠃ ᠡᠭᠦᠨ᠎ᠤ ᠬᠠᠮᠲᠤ᠂ ᠬᠠᠲᠤᠨ ᠭᠣᠤᠯ᠎ᠤᠨ ᠴᠢᠳᠬᠤᠯᠠᠩ ᠪᠣᠯᠬᠤ ᠢ   ᠯᠥᠸᠧ ᠭᠣᠤᠯ ᠪᠣᠯᠤᠨ ᠴᠢᠨ ᠾᠧ ᠭᠣᠤᠯ᠎ᠳᠤ 1950 ᠣᠨ᠎ᠳᠤ ᠪᠣᠳᠠᠲᠠᠶ ᠬᠡᠮᠵᠢᠯᠲᠡ ᠵᠢᠨ ᠮᠠᠲ᠋ᠧᠷᠢᠶᠠᠯ᠎ᠲᠠᠢ ᠪᠣᠯᠤᠭᠰᠠᠨ᠎ᠠᠴᠠ ᠨᠠᠰᠢᠬᠢ ᠠᠳᠠᠯᠢ ᠬᠤᠭᠤᠴᠠᠭ᠋ᠠᠨ᠎ᠤ ᠬᠠᠮᠤᠭ᠎ᠤᠨ ᠶᠡᠬᠡ ᠦᠶᠡᠷ ᠪᠣᠯᠵᠠᠶ᠃ ᠡᠲᠡᠭᠡᠷ ᠦᠶᠡᠷ᠎ᠤᠨ ᠨᠥᠯᠥᠭᠡ᠎ᠠᠴᠠ ᠪᠣᠯᠵᠣ᠂ ᠬᠠᠲᠤᠨ ᠭᠣᠤᠯ᠎ᠳᠤ 1 ᠳ᠋ᠦ᠍ᠭᠡᠷ ᠪᠠ 2 ᠳ᠋ᠤᠭ᠋ᠠᠷ ᠨᠣᠮᠧᠷᠲᠤ ᠦᠶᠡᠷ᠎ᠤᠨ ᠭᠠᠮᠰᠢᠭ ᠭᠠᠷᠴᠠᠶ᠃ ᠪᠢ ᠤᠷᠢᠳᠠᠪᠠᠷ ᠨᠣᠮᠧᠷᠯᠠᠭᠰᠠᠨ ᠦᠶᠡᠷ᠎ᠤᠨ ᠤᠰᠤ ᠵᠢ ᠬᠡᠷᠬᠢᠨ ᠲᠣᠭᠲᠠᠭ᠋ᠠᠭᠰᠠᠨ᠎ᠢ ᠶᠠᠷᠢᠶ᠎ᠠ᠃
      ᠬᠠᠲᠤᠨ ᠭᠣᠣᠯ᠎ᠤᠨ   ᠳ᠋ᠤᠭ᠋ᠠᠷᠯᠠᠭᠰᠠᠨ ᠦᠶᠡᠷ᠎ᠤᠨ ᠤᠰᠤ ᠵᠢ   ᠲᠥᠯᠥᠭᠡᠯᠡᠭᠴᠢ ᠤᠰᠤᠨ   ᠵᠦᠢ ᠵᠢᠨ ᠥᠷᠲᠡᠭᠡᠨ᠎ᠤ ᠤᠷᠤᠰᠬᠠᠯ᠎ᠤᠨ ᠬᠡᠮᠵᠢᠶ᠎ᠡ᠎ᠪᠠᠷ ᠲᠣᠭᠲᠠᠭ᠋ᠠᠭᠰᠠᠨ ᠶᠤᠮ᠃ 1   ᠳ᠋ᠦ᠍ᠭᠡᠷ ᠨᠣᠮᠧᠷᠲᠤ ᠦᠶᠡᠷ ᠪᠣᠯ ᠬᠠᠲᠤᠨ ᠭᠣᠤᠯ᠎ᠤᠨ ᠳᠤᠮᠳᠠᠳᠤ ᠤᠷᠤᠰᠬᠠᠯ᠎ᠤᠨ ᠦᠶᠡᠷ᠎ᠲᠤ ᠬᠠᠷᠢᠶᠠᠯᠠᠭᠳᠠᠨ᠎ᠠ᠂   ᠲᠥᠯᠥᠭᠡᠯᠡᠭᠴᠢ ᠥᠷᠲᠡᠭᠡ  ᠎ᠨᠢ ᠬᠠᠲᠤᠨ ᠭᠣᠤᠯ᠎ᠤᠨ ᠳᠤᠮᠳᠠᠳᠤ ᠤᠷᠤᠰᠬᠠᠯ᠎ᠤᠨ ᠲᠦᠩᠭᠤᠸᠠᠨ ᠥᠷᠲᠡᠭᠡ ᠪᠣᠯᠤᠨ᠎ᠠ᠂ ᠲᠦᠩᠭᠤᠸᠠᠨ ᠥᠷᠲᠡᠭᠡ ᠵᠢᠨ ᠰᠡᠷᠡᠮᠵᠢ ᠵᠢᠨ ᠤᠷᠤᠰᠬᠠᠯ᠎ᠤᠨ ᠬᠡᠮᠵᠢᠶ᠎ᠡ᠎ᠨᠢ ᠰᠧᠺᠦ᠋ᠨ᠋ᠳ᠋ ᠪᠦᠷᠢ 5000 ᠪᠣᠰᠣᠭ᠎ᠠ ᠳᠥᠷᠪᠡᠯᠵᠢᠨ ᠮᠧᠲᠷ ᠪᠠᠶ᠋ᠢᠵᠤ᠂ ᠰᠧᠺᠦ᠋ᠨ᠋ᠳ᠋ ᠪᠦᠷᠢ 5000 ᠪᠣᠰᠣᠭ᠎ᠠ ᠳᠥᠷᠪᠡᠯᠵᠢᠨ ᠮᠧᠲᠷ᠎ᠠᠴᠠ ᠬᠡᠲᠦᠷᠡᠪᠡᠯ ᠳ᠋ᠤᠭ᠋ᠠᠷᠯᠠᠯ᠎ᠳᠤ ᠣᠷᠣᠳᠠᠭ᠃ ᠬᠠᠲᠤᠨ ᠭᠣᠤᠯ᠎ᠤᠨ ᠳᠤᠮᠳᠠᠳᠤ ᠤᠷᠤᠰᠬᠠᠯ᠎ᠤᠨ ᠲᠦᠩᠭᠤᠸᠠᠨ ᠥᠷᠲᠡᠭᠡ 9 ᠰᠠᠷ᠎ᠠ ᠵᠢᠨ 27᠎ᠤ ᠡᠳᠦᠷ᠎ᠤᠨ 15 ᠴᠠᠭ᠎ᠲᠤ᠂ ᠤᠷᠤᠰᠬᠠᠯ᠎ᠤᠨ ᠬᠡᠮᠵᠢᠶ᠎ᠡ᠎ᠨᠢ ᠰᠧᠺᠦ᠋ᠨ᠋ᠳ᠋ ᠪᠦᠷᠢ 5000 ᠪᠣᠰᠣᠭ᠎ᠠ ᠳᠥᠷᠪᠡᠯᠵᠢᠨ ᠮᠧᠲᠷ᠎ᠠᠴᠠ ᠳᠠᠪᠠᠵᠤ᠂ ᠳᠠᠷᠤᠶ ᠰᠡᠷᠭᠡᠶ᠋ᠢᠯᠡᠯᠲᠡ ᠵᠢᠨ ᠤᠷᠤᠰᠬᠠᠯ᠎ᠤᠨ ᠬᠡᠮᠵᠢᠶ᠎ᠡ᠎ᠠᠴᠠ ᠳᠠᠪᠠᠭᠰᠠᠨ ᠪᠠᠶ᠋ᠢᠨ᠎ᠠ᠂ ᠡᠶ᠋ᠢᠮᠦ᠎ᠠᠴᠠ ᠪᠢᠳᠡ 1   ᠳ᠋ᠦ᠍ᠭᠡᠷ ᠨᠣᠮᠧᠷᠲᠤ ᠦᠶᠡᠷ᠎ᠤᠨ ᠤᠰᠤ ᠭᠡᠵᠦ ᠳ᠋ᠤᠭ᠋ᠠᠷᠯᠠᠪᠠ᠃ ᠲᠡᠭᠦᠨ᠎ᠤ ᠳᠣᠤᠷᠠᠳᠤ ᠤᠷᠤᠰᠬᠠᠯ᠎ᠤᠨ ᠡᠵᠡᠮᠰᠢᠯ᠎ᠤᠨ ᠥᠷᠲᠡᠭᠡ᠎ᠨᠢ ᠬᠤᠸᠠ ᠶᠤᠸᠠᠨ ᠺᠸᠦ ᠥᠷᠲᠡᠭᠡ ᠪᠠᠶ᠋ᠢᠵᠤ᠂ ᠬᠤᠸᠠ ᠶᠤᠸᠠᠨ ᠺᠸᠦ ᠥᠷᠲᠡᠭᠡ ᠵᠢᠨ ᠦᠶᠡᠷ᠎ᠤᠨ ᠤᠰᠤᠨ᠎ᠤ ᠳ᠋ᠤᠭ᠋ᠠᠷᠯᠠᠯ᠎ᠤᠨ ᠪᠠᠷᠢᠮᠵᠢᠶ᠎ᠠ᠎ᠨᠢ 4000 ᠪᠣᠰᠣᠭ᠎ᠠ ᠳᠥᠷᠪᠡᠯᠵᠢᠨ ᠮᠧᠲᠷ\ ᠰᠧᠺᠦ᠋ᠨ᠋ᠳ᠋ ᠪᠠᠶ᠋ᠢᠳᠠᠭ᠃ 27᠎ᠤ ᠡᠳᠦᠷ᠎ᠤᠨ 21 ᠴᠠᠭ᠎ᠲᠤ᠂ ᠬᠤᠸᠠ ᠶᠤᠸᠠᠨ ᠺᠸᠦ ᠥᠷᠲᠡᠭᠡᠨ᠎ᠤ ᠤᠷᠤᠰᠬᠠᠯ᠎ᠤᠨ ᠬᠡᠮᠵᠢᠶ᠎ᠡ 4000 ᠵᠢ ᠳᠠᠪᠠᠵᠤ᠂ ᠳᠣᠤᠷᠠᠳᠤ ᠤᠷᠤᠰᠬᠠᠯ᠎ᠤᠨ ᠳ᠋ᠤᠭ᠋ᠠᠷᠯᠠᠭᠰᠠᠨ ᠦᠶᠡᠷ᠎ᠤᠨ ᠤᠰᠤ ᠭᠠᠷᠴᠠᠶ᠂ ᠡᠨᠡ ᠪᠣᠯ ᠳᠠᠷᠤᠶ 2 ᠳ᠋ᠤᠭ᠋ᠠᠷ ᠨᠣᠮᠧᠷᠲᠤ ᠦᠶᠡᠷ ᠪᠣᠯᠤᠨ᠎ᠠ᠃ ᠡᠨᠡ ᠵᠢᠯ᠎ᠤᠨ 1   ᠳ᠋ᠦ᠍ᠭᠡᠷ ᠨᠣᠮᠧᠷᠲᠤ ᠦᠶᠡᠷ᠎ᠤᠨ ᠤᠰᠤ ᠪᠣᠯᠤᠨ 2 ᠳ᠋ᠤᠭ᠋ᠠᠷ ᠨᠣᠮᠧᠷᠲᠤ ᠦᠶᠡᠷ᠎ᠤᠨ ᠤᠰᠤ ᠬᠡᠳᠦᠶ᠋ᠢᠪᠡᠷ 6 ᠴᠠᠭ ᠠᠯᠤᠰᠯᠠᠵᠤ ᠪᠠᠶ᠋ᠢᠭ᠎ᠠ ᠪᠣᠯᠪᠠᠴᠤ ᠲᠡᠳᠡᠨ᠎ᠤ ᠢᠷᠡᠬᠦ ᠤᠰᠤᠨ᠎ᠤ ᠣᠷᠣᠨ ᠵᠠᠶ᠎ᠨᠢ ᠠᠳᠠᠯᠢ ᠥᠬᠡᠶ᠂ ᠳᠤᠮᠳᠠ ᠤᠷᠤᠰᠬᠠᠯ ᠪᠣᠯᠤᠨ ᠳᠣᠤᠷᠠᠳᠤ ᠤᠷᠤᠰᠬᠠᠯ᠎ᠤᠨ ᠭᠣᠤᠯ᠎ᠤᠨ ᠬᠡᠰᠡᠭ᠎ᠨᠢ ᠠᠳᠠᠯᠢ ᠥᠬᠡᠶ ᠪᠠᠶ᠋ᠢᠳᠠᠭ᠂ ᠡᠶ᠋ᠢᠮᠦ᠎ᠠᠴᠠ ᠪᠢᠳᠡ ᠲᠣᠭᠲᠠᠭ᠋ᠠᠯ ᠶᠣᠰᠣᠭ᠋ᠠᠷ ᠬᠣᠶᠠᠷ ᠤᠳᠠᠭ᠎ᠠ ᠦᠶᠡᠷ᠎ᠤᠨ ᠤᠰᠤ ᠵᠢ ᠳ᠋ᠤᠭ᠋ᠠᠷᠯᠠᠭᠰᠠᠨ ᠪᠠᠶ᠋ᠢᠨ᠎ᠠ᠃ ᠡᠨᠡ ᠪᠣᠯ ᠦᠶᠡᠷ᠎ᠤᠨ ᠤᠰᠤᠨ᠎ᠤ ᠳ᠋ᠤᠭ᠋ᠠᠷᠯᠠᠯ᠎ᠤᠨ ᠲᠤᠬᠠᠶ ᠨᠢᠭᠡᠨ ᠲᠣᠪᠴᠢ ᠲᠠᠶ᠋ᠢᠯᠪᠤᠷᠢᠯᠠᠯᠲᠠ ᠪᠣᠯᠤᠨ᠎ᠠ᠃
      ᠣᠲᠣ ᠵᠢᠨ ᠤᠰᠤᠨ᠎ᠤ ᠪᠠᠶ᠋ᠢᠳᠠᠯ ᠶᠠᠮᠠᠷ ᠪᠠᠶ᠋ᠢᠳᠠᠭ ᠪᠣᠶ? ᠣᠳᠣᠬᠠᠨ᠎ᠳᠤ ᠸᠧᠶ ᠾᠧ᠎ᠠᠴᠠ ᠲᠦᠩᠭᠤᠸᠠᠨ ᠬᠦᠷᠲᠡᠯᠡᠬᠢ ᠱᠤᠭᠤᠮ ᠨᠢᠭᠡᠨᠲᠡ ᠣᠷᠭᠢᠯ᠎ᠠᠴᠠ᠎ᠪᠠᠨ ᠭᠠᠷᠴᠤ᠂ ᠦᠶᠡᠷ᠎ᠤᠨ ᠣᠷᠭᠢᠯ᠎ᠤᠨ ᠤᠷᠤᠰᠬᠠᠯ᠎ᠤᠨ ᠬᠡᠮᠵᠢᠶ᠎ᠡ᠎ᠨᠢ ᠰᠧᠺᠦ᠋ᠨ᠋ᠳ᠋ ᠪᠦᠷᠢ 7480 ᠪᠣᠰᠣᠭ᠎ᠠ ᠳᠥᠷᠪᠡᠯᠵᠢᠨ ᠮᠧᠲᠷ ᠪᠠᠶ᠋ᠢᠳᠠᠭ᠂ ᠡᠨᠡ ᠪᠣᠯ 29᠎ᠤ ᠡᠳᠦᠷ᠎ᠤᠨ 23 ᠴᠠᠭ᠎ᠲᠤ ᠢᠯᠡᠷᠡᠭᠰᠡᠨ ᠦᠶᠡᠷ᠎ᠤᠨ ᠣᠷᠭᠢᠯ ᠪᠣᠯᠤᠨ᠎ᠠ᠃ ᠳᠣᠤᠷᠠᠳᠤ ᠤᠷᠤᠰᠬᠠᠯ᠎ᠤᠨ ᠬᠤᠸᠠ ᠶᠤᠸᠠᠨ ᠺᠸᠦ ᠥᠷᠲᠡᠭᠡ ᠤᠷᠵᠢᠳᠤᠷ ᠰᠥᠨᠢ ᠪᠣᠯᠬᠤ᠎ᠳᠤ 4800 ᠪᠣᠰᠣᠭ᠎ᠠ ᠳᠥᠷᠪᠡᠯᠵᠢᠨ ᠮᠧᠲᠷ\ ᠰᠧᠺᠦ᠋ᠨ᠋ᠳ᠋᠎ᠠᠴᠠ ᠭᠠᠷᠴᠤ᠂ ᠡᠨᠡ ᠪᠣᠯ ᠬᠠᠮᠤᠭ᠎ᠤᠨ ᠶᠡᠬᠡ ᠦᠶᠡᠷ᠎ᠤᠨ ᠣᠷᠭᠢᠯ᠎ᠤᠨ ᠪᠠᠶ᠋ᠢᠳᠠᠯ ᠪᠣᠯᠤᠨ᠎ᠠ᠃ ᠰᠤᠷᠪᠤᠯᠵᠢᠯᠠᠭᠴᠢ ᠡᠨᠡ ᠤᠳᠠᠭ᠎ᠠ ᠵᠢᠨ ᠦᠶᠡᠷ᠎ᠤᠨ ᠳᠤᠤᠷᠠᠳᠤ ᠤᠷᠤᠰᠬᠠᠯ᠎ᠳᠤ ᠦᠵᠡᠭᠦᠯᠬᠦ ᠨᠥᠯᠥᠭᠡ ᠵᠢ ᠨᠡᠯᠢᠶᠡᠳ ᠠᠩᠬᠠᠷᠴᠤ ᠪᠠᠶ᠋ᠢᠨ᠎ᠠ᠂ ᠪᠢ ᠭᠣᠣᠯᠳᠠᠭᠤ ᠡᠨᠡ ᠲᠠᠯ᠎ᠠ ᠵᠢᠨ ᠪᠠᠶ᠋ᠢᠳᠠᠯ᠎ᠢ ᠶᠠᠷᠢᠶ᠎ᠠ᠃ ᠨᠢᠭᠡᠳᠦᠭᠡᠷ᠎ᠲᠤ᠂ ᠬᠠᠲᠤᠨ ᠭᠣᠤᠯ᠎ᠤᠨ ᠳᠣᠤᠷᠠᠳᠤ ᠤᠷᠤᠰᠬᠠᠯ᠎ᠤᠨ ᠭᠣᠤᠯ ᠤᠷᠤᠰᠬᠠᠯ᠎ᠤᠨ ᠪᠠᠶ᠋ᠢᠳᠠᠯ᠎ᠢ ᠡᠵᠡᠮᠳᠡᠬᠦ ᠢᠨᠵᠧᠨᠧᠷᠢᠩ᠎ᠤᠨ ᠰᠡᠷᠭᠡᠶ᠋ᠢᠯᠡᠯᠲᠡ ᠵᠢᠨ ᠪᠠᠷᠢᠮᠵᠢᠶ᠎ᠠ᠎ᠨᠢ 4000 ᠪᠣᠰᠣᠭ᠎ᠠ ᠳᠥᠷᠪᠡᠯᠵᠢᠨ ᠮᠧᠲᠷ\ ᠰᠧᠺᠦ᠋ᠨ᠋ᠳ᠋᠎ᠲᠤ ᠪᠠᠶ᠋ᠢᠳᠠᠭ᠂ ᠥᠭᠡᠷ᠎ᠡ᠎ᠪᠠᠷ ᠬᠡᠯᠡᠪᠡᠯ ᠴᠡᠴᠡᠷᠯᠢᠭ᠎ᠤᠨ ᠠᠮᠠᠰᠠᠷ᠎ᠤᠨ ᠤᠷᠤᠰᠬᠠᠯ᠎ᠤᠨ ᠬᠡᠮᠵᠢᠶ᠎ᠡ᠎ᠨᠢ ᠬᠡᠷᠪᠡ 4000 ᠪᠣᠰᠣᠭ᠎ᠠ ᠳᠥᠷᠪᠡᠯᠵᠢᠨ ᠮᠧᠲᠷ\ ᠰᠧᠺᠦ᠋ᠨ᠋ᠳ᠋᠎ᠠᠴᠠ ᠳᠠᠪᠠᠪᠠᠯ᠂ ᠡᠲᠡᠭᠡᠷ ᠡᠵᠡᠮᠳᠡᠬᠦ ᠢᠨᠵᠧᠨᠧᠷᠢᠩ᠎ᠨᠢ ᠰᠦᠷᠳᠡᠭᠦᠯᠦᠯ᠎ᠳᠤ ᠤᠴᠠᠷᠠᠬᠤ ᠪᠣᠯᠤᠨ᠎ᠠ᠃ ᠬᠣᠶᠠᠳᠠᠬᠢ ᠨᠥᠯᠥᠭᠡ ᠂ ᠬᠠᠲᠤᠨ ᠭᠣᠤᠯ᠎ᠤᠨ ᠳᠣᠤᠷᠠᠳᠤ ᠤᠷᠤᠰᠬᠠᠯ᠎ᠤᠨ ᠰᠠᠶ᠋ᠢᠷᠭ᠋ᠠᠯ᠎ᠤᠨ ᠣᠷᠣᠨ᠎ᠳᠤ ᠪᠠᠰᠠ ᠣᠯᠠᠨ ᠲᠦᠮᠡᠨ᠎ᠤ ᠦᠢᠯᠡᠳᠪᠦᠷᠢᠯᠡᠯ ᠠᠮᠢᠳᠤᠷᠠᠯ ᠪᠠᠶ᠋ᠢᠵᠤ᠂ ᠳᠣᠤᠷᠠᠳᠤ ᠤᠷᠤᠰᠬᠠᠯ᠎ᠤᠨ ᠰᠠᠶ᠋ᠢᠷᠭ᠋ᠠᠯ᠎ᠤᠨ ᠤᠷᠤᠰᠬᠠᠯ᠎ᠤᠨ ᠬᠡᠮᠵᠢᠶ᠎ᠡ᠎ᠨᠢ ᠪᠠᠷᠤᠭ 5000 ᠪᠣᠰᠣᠭ᠎ᠠ ᠳᠥᠷᠪᠡᠯᠵᠢᠨ ᠮᠧᠲᠷ\ ᠰᠧᠺᠦ᠋ᠨ᠋ᠳ᠋᠎ᠲᠤ ᠬᠦᠷᠴᠦ᠂ ᠬᠡᠷᠪᠡ ᠴᠡᠴᠡᠷᠯᠢᠭ᠎ᠤᠨ ᠠᠮᠠᠰᠠᠷ᠎ᠨᠢ 4000 ᠪᠣᠰᠣᠭ᠎ᠠ ᠳᠥᠷᠪᠡᠯᠵᠢᠨ ᠮᠧᠲᠷ\ ᠰᠧᠺᠦ᠋ᠨ᠋ᠳ᠋᠎ᠲᠤ ᠬᠦᠷᠴᠦ᠂ 5000 ᠪᠣᠰᠣᠭ᠎ᠠ ᠳᠥᠷᠪᠡᠯᠵᠢᠨ ᠮᠧᠲᠷ\ ᠰᠧᠺᠦ᠋ᠨ᠋ᠳ᠋᠎ᠲᠤ ᠬᠦᠷᠲᠡᠯ᠎ᠡ ᠳᠡᠭᠡᠭᠰᠢᠯᠡᠬᠦ᠎ᠳᠤ ᠭᠦᠷᠪᠡᠯ ᠰᠠᠶ᠋ᠢᠷᠭ᠋ᠠᠯ᠎ᠤᠨ ᠣᠷᠣᠨ᠎ᠤ ᠦᠢᠯᠡᠳᠪᠦᠷᠢᠯᠡᠯ ᠠᠮᠢᠳᠤᠷᠠᠯ᠎ᠨᠢ ᠰᠦᠷᠳᠡᠭᠦᠯᠦᠯ᠎ᠳᠤ ᠤᠴᠠᠷᠠᠬᠤ ᠪᠣᠯᠤᠨ᠎ᠠ᠃
      ᠣᠳᠣᠬᠠᠨ᠎ᠤ ᠪᠠᠶ᠋ᠢᠳᠠᠯ᠎ᠠᠴᠠ ᠦᠵᠡᠪᠡᠯ᠂ ᠦᠶᠡᠷ᠎ᠢ ᠰᠡᠷᠭᠡᠶ᠋ᠢᠯᠡᠬᠦ᠎ᠳᠤ ᠭᠣᠤᠯᠳᠠᠭᠤ ᠤᠰᠤᠨ ᠴᠥᠭᠥᠷᠥᠮ᠎ᠢ ᠰᠢᠨᠵᠢᠯᠡᠬᠦ ᠤᠬᠠᠭ᠋ᠠᠨᠴᠢ᠎ᠪᠠᠷ ᠳᠣᠭᠢᠷᠠᠭᠤᠯᠬᠤ᠂ ᠳᠣᠤᠷᠠᠳᠤ ᠤᠷᠤᠰᠬᠠᠯ᠎ᠤᠨ ᠤᠷᠤᠰᠬᠠᠯ᠎ᠤᠨ ᠬᠡᠮᠵᠢᠶ᠎ᠡ ᠵᠢ ᠳᠣᠭᠢᠷᠠᠭᠤᠯᠬᠤ᠂ ᠳᠣᠤᠷᠠᠳᠤ ᠤᠷᠤᠰᠬᠠᠯ᠎ᠤᠨ ᠦᠶᠡᠷ᠎ᠢ ᠣᠶ᠋ᠢᠷ᠎ᠠ ᠵᠢᠨ ᠬᠤᠭᠤᠴᠠᠭ᠋ᠠᠨ᠎ᠤ 8 ᠰᠠᠷ᠎ᠠ ᠵᠢᠨ ᠬᠣᠷᠢᠳ᠎ᠠᠴᠠ ᠨᠠᠭ᠋ᠠᠰᠢ ᠦᠷᠭᠦᠯᠵᠢᠯᠡᠭᠰᠡᠨ ᠰᠢᠷᠦᠭᠦᠨ ᠪᠣᠷᠣᠭ᠋ᠠᠨ᠎ᠤ ᠨᠥᠯᠥᠭᠡ᠎ᠠᠴᠠ ᠪᠣᠯᠵᠣ᠂ ᠬᠠᠲᠤᠨ ᠭᠣᠤᠯ᠎ᠤᠨ ᠬᠡᠪᠴᠢᠶᠡᠨ᠎ᠳᠤ ᠨᠠᠮᠤᠷ᠎ᠤᠨ ᠦᠶᠡᠷ ᠲᠠᠰᠤᠷᠠᠯ ᠥᠬᠡᠶ ᠦᠷᠭᠦᠯᠵᠢᠯᠡᠵᠦ᠂ ᠣᠲᠣ ᠵᠢᠨ ᠤᠰᠤᠨ ᠴᠥᠭᠥᠷᠥᠮ᠎ᠤᠨ ᠤᠰᠤᠨ ᠲᠦᠪᠰᠢᠨ ᠬᠠᠷᠢᠴᠠᠩᠭᠤᠶ᠎ᠪᠠᠷ ᠨᠡᠯᠢᠶᠡᠳ ᠥᠨᠳᠥᠷ ᠪᠠᠶ᠋ᠢᠵᠤ᠂ ᠦᠶᠡᠷ᠎ᠢ ᠳᠣᠭᠢᠷᠠᠭᠤᠯᠬᠤ ᠴᠢᠳᠠᠪᠤᠷᠢ ᠬᠢᠵᠠᠭ᠋ᠠᠷ᠎ᠲᠠᠢ ᠪᠠᠶ᠋ᠢᠨ᠎ᠠ᠃ ᠲᠣᠰ ᠤᠳᠠᠭ᠋ᠠᠨ᠎ᠤ ᠲᠣᠬᠢᠷᠠᠭᠤᠯᠤᠯᠲᠠ᠎ᠳᠤ ᠲᠣᠭᠲᠠᠭ᠋ᠠᠭᠰᠠᠨ ᠬᠠᠷᠠᠯᠲᠠ ᠪᠣᠯ᠂ ᠴᠡᠴᠡᠷᠯᠢᠭ᠎ᠤᠨ ᠠᠮᠠᠰᠠᠷ᠎ᠤᠨ ᠤᠷᠤᠰᠴᠠ ᠵᠢ ᠰᠧᠺᠦ᠋ᠨ᠋ᠳ᠋ ᠪᠦᠷᠢ 4900 ᠪᠣᠰᠣᠭ᠎ᠠ ᠳᠥᠷᠪᠡᠯᠵᠢᠨ ᠮᠧᠲᠷ᠎ᠠᠴᠠ ᠬᠡᠲᠦᠷᠡᠭᠦᠯᠬᠦ ᠥᠬᠡᠶ᠂ ᠡᠨᠡ ᠬᠦ᠌ ᠤᠷᠤᠰᠴᠠ ᠵᠢᠨ ᠲᠣᠬᠢᠷᠠᠭᠤᠯᠤᠯᠲᠠ᠎ᠨᠢ ᠰᠠᠶ᠋ᠢᠷᠭ᠋ᠠᠯ ᠣᠷᠣᠨ᠎ᠤ ᠠᠮᠤᠷ ᠲᠦᠪᠰᠢᠨ᠎ᠢ ᠪᠠᠲᠤᠯᠠᠬᠤ ᠵᠢᠨ ᠬᠠᠮᠲᠤ ᠡᠵᠡᠮᠳᠡᠬᠦ ᠢᠨᠵᠧᠨᠧᠷᠢᠩ᠎ᠤᠨ ᠠᠮᠤᠷ ᠲᠦᠪᠰᠢᠨ᠎ᠢ ᠪᠠᠲᠤᠯᠠᠬᠤ᠎ᠪᠠᠷ ᠴᠢᠷᠮᠠᠶ᠋ᠢᠵᠤ᠂ ᠢᠯᠠᠩᠭᠤᠶ᠎ᠠ ᠰᠠᠶ᠋ᠢᠷᠭ᠋ᠠᠯ ᠣᠷᠣᠨ᠎ᠤ ᠠᠷᠠᠳ ᠣᠯᠠᠨ᠎ᠤ ᠠᠮᠤᠷ ᠲᠦᠪᠰᠢᠨ᠎ᠢ ᠪᠠᠲᠤᠯᠠᠬᠤ ᠶᠠᠪᠤᠳᠠᠯ ᠪᠣᠯᠤᠨ᠎ᠠ᠂ ᠡᠨᠡ ᠪᠣᠯ ᠮᠠᠨ᠎ᠤ ᠦᠶᠡᠷ᠎ᠢ ᠰᠡᠷᠭᠡᠶ᠋ᠢᠯᠡᠬᠦ ᠬᠠᠮᠤᠭ᠎ᠤᠨ ᠴᠢᠬᠤᠯᠠ ᠬᠠᠷᠠᠯᠲᠠ ᠮᠥᠨ᠃
      ᠡᠨᠡ ᠵᠢᠯ᠎ᠤᠨ ᠬᠠᠲᠤᠨ ᠭᠣᠣᠯ᠎ᠤᠨ ᠨᠠᠮᠤᠷ᠎ᠤᠨ ᠦᠶᠡᠷ᠎ᠤᠨ   ᠰᠡᠷᠭᠡᠢ᠌ᠯᠡᠯᠲᠡ᠎ᠳᠤ ᠴᠢᠭᠯᠡᠭᠦᠯᠦᠨ᠂ ᠪᠢᠳᠡ ᠭᠣᠣᠯᠳᠠᠭᠤ ᠳᠣᠣᠷᠠᠬᠢ ᠬᠡᠳᠦᠨ ᠵᠦᠢ᠍ᠯ᠎ᠤᠨ ᠠᠷᠭ᠎ᠠ ᠬᠡᠮᠵᠢᠶ᠎ᠡ ᠵᠢ ᠠᠪᠤᠪᠠ᠃ ᠨᠢᠭᠡ᠎ᠳᠤ᠂ 9 ᠰᠠᠷ᠎ᠠ ᠵᠢᠨ 27᠎ᠤ ᠡᠳᠦᠷ᠂ ᠤᠰᠤᠨ ᠠᠰᠢᠭᠯᠠᠯᠳᠠ ᠵᠢᠨ ᠶᠠᠮᠤᠨ ᠤᠰᠤ ᠭᠠᠩ᠎ᠤᠨ ᠭᠠᠮᠰᠢᠭ᠎ᠤᠨ ᠲᠤᠬᠠᠶ   ᠰᠡᠷᠭᠡᠢ᠌ᠯᠡᠯᠲᠡ ᠵᠢᠨ ᠭᠤᠷᠪᠠᠨ ᠱᠠᠲᠤᠨ᠎ᠤ ᠤᠷᠢᠶᠠᠯᠠᠭ᠎ᠠ ᠵᠢ ᠡᠬᠢᠯᠡᠭᠦᠯᠪᠡ᠃ ᠬᠣᠶᠠᠷ᠎ᠲᠤ ᠤᠷᠢᠳᠴᠢᠯᠠᠨ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠵᠢ ᠴᠢᠩᠭ᠋ᠠᠳᠬᠠᠵᠤ᠂ ᠬᠡᠳᠦᠨ ᠡᠳᠦᠷ᠎ᠤᠨ ᠲᠤᠷᠰᠢ ᠤᠰᠤᠨ᠎ᠤ ᠪᠠᠶ᠋ᠢᠳᠠᠯ᠎ᠢ ᠬᠢᠨᠠᠨ ᠬᠡᠮᠵᠢᠬᠦ᠂ ᠦᠷᠭᠦᠯᠵᠢᠯᠡᠨ ᠵᠠᠳᠠᠯᠵᠤ ᠤᠷᠢᠳᠴᠢᠯᠠᠨ ᠮᠡᠳᠡᠭᠡᠯᠡᠬᠦ ᠵᠢ   ᠺᠣᠳ᠋ᠯᠠᠨ᠎ᠠ᠃ ᠭᠤᠷᠪᠠ᠎ᠳᠤ᠂ ᠤᠰᠤᠨ ᠴᠥᠭᠥᠷᠥᠮ᠎ᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠵᠤ᠂ ᠨᠢᠭᠲᠠ ᠵᠥᠪᠳᠡᠯᠴᠡᠬᠦ᠎ᠪᠠᠷ ᠳᠡᠮᠵᠢᠨ᠂ ᠭᠣᠤᠯ ᠰᠠᠯᠪᠤᠷᠢ ᠤᠷᠤᠰᠬᠠᠯ᠎ᠤᠨ ᠰᠢᠶᠤᠤ ᠯᠠᠩ ᠳ᠋ᠢ᠂ ᠸᠠᠨ ᠵᠢᠶᠠ ᠵᠠᠶ᠂ ᠯᠦ᠍ ᠾᠦᠨ᠂   ᠭᠦ᠋ ᠰᠢᠶᠠᠨ᠂ ᠾᠧ ᠺᠸᠦ ᠲᠣᠰᠬᠣᠨ ᠵᠡᠷᠭᠡ ᠤᠰᠤᠨ ᠴᠥᠭᠥᠷᠥᠮ᠎ᠢ ᠴᠠᠭ ᠲᠤᠬᠠᠶ᠎ᠳᠤᠨᠢ ᠨᠠᠷᠢᠯᠢᠭ ᠲᠣᠬᠢᠷᠠᠭᠤᠯᠵᠤ᠂ ᠤᠰᠤᠨ ᠴᠥᠭᠥᠷᠥᠮ᠎ᠤᠨ ᠪᠥᠭᠡᠮᠨᠡᠷᠡᠯ᠎ᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠵᠤ᠂ ᠦᠶᠡᠷ᠎ᠢ ᠬᠠᠰᠢᠵᠤ ᠣᠷᠭᠢᠯ᠎ᠢ   ᠬᠠᠰᠤᠨ ᠣᠷᠭᠢᠯ᠎ᠢ ᠵᠥᠷᠢᠭᠦᠯᠦᠨ᠎ᠡ᠃ ᠲᠦᠷᠪᠡ᠎ᠳᠤ ᠬᠠᠳᠤᠨ ᠭᠣᠣᠯ᠎ᠤᠨ ᠭᠣᠣᠯ ᠤᠷᠤᠰᠬᠠᠯ᠂ ᠰᠠᠯᠪᠤᠷᠢ ᠤᠷᠤᠰᠬᠠᠯ᠎ᠤᠨ ᠭᠣᠣᠯ᠎ᠤᠨ   ᠭᠤᠯᠳᠤᠷᠢᠯ ᠵᠢᠴᠢ ᠡᠵᠡᠮᠳᠡᠯ᠎ᠤᠨ ᠴᠢᠨᠠᠷᠲᠠᠶ ᠪᠠᠷᠢᠯᠭ᠎ᠠ ᠵᠢᠨ ᠬᠣᠷᠢᠭᠯᠠᠯᠲᠠ ᠵᠢ ᠰᠠᠶ᠋ᠢᠲᠤᠷ ᠬᠢᠬᠦ ᠵᠢ ᠵᠢᠯᠣᠭᠣᠳᠤᠨ ᠰᠢᠪᠠᠳᠠᠨ᠎ᠠ᠃ ᠲᠠᠪᠤ᠎ᠳᠤ ᠠᠶᠤᠯ᠎ᠲᠠᠢ ᠣᠷᠣᠨ᠎ᠤ ᠬᠥᠮᠦᠰ᠎ᠢ ᠰᠢᠯᠵᠢᠭᠦᠯᠵᠦ ᠵᠠᠶ᠋ᠢᠯᠠᠭᠤᠯᠬᠤ ᠪᠡᠯᠡᠳᠬᠡᠯ ᠲᠥᠰᠦᠯ᠎ᠢ ᠰᠠᠶ᠋ᠢᠲᠤᠷ ᠬᠢᠵᠦ᠂ ᠠᠶᠤᠯ᠎ᠲᠠᠢ ᠪᠠᠶ᠋ᠢᠳᠠᠯ ᠭᠠᠷᠤᠮᠠᠭᠴᠠ ᠤᠯᠠᠨ ᠲᠦᠮᠡᠨ᠎ᠢ ᠡᠷᠡᠰ ᠵᠶ᠋ᠡᠷ ᠰᠢᠯᠵᠢᠭᠦᠯᠦᠨ ᠠᠶᠤᠯ᠎ᠠᠴᠠ ᠵᠠᠶ᠋ᠢᠯᠠᠭᠤᠯᠵᠤ᠂ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ᠃
      ᠣᠳᠣᠬᠠᠨ᠎ᠳᠤ ᠤᠰᠤᠨ ᠠᠰᠢᠭᠯᠠᠯᠳᠠ ᠵᠢᠨ ᠶᠠᠮᠤᠨ ᠨᠢᠭᠡᠨᠲᠡ ᠲᠦᠷᠪᠡᠨ ᠠᠵᠢᠯᠯᠠᠬᠤ ᠳᠤᠭᠤᠶ᠋ᠢᠯᠠᠩ ᠲᠣᠮᠢᠯᠠᠵᠤ᠂ ᠬᠠᠳᠤᠨ ᠭᠣᠣᠯ᠎ᠤᠨ ᠳᠤᠮᠳᠠ᠂ ᠳᠤᠤᠷᠠᠳᠤ ᠤᠷᠤᠰᠬᠠᠯ ᠪᠠ ᠸᠧᠶ ᠾᠧ ᠭᠣᠣᠯ᠎ᠤᠨ ᠱᠤᠭᠤᠮ ᠵᠶ᠋ᠠᠷ ᠣᠷᠣᠨ ᠨᠤᠲᠤᠭ ᠪᠠ ᠰᠠᠪᠠ ᠭᠠᠵᠠᠷ᠎ᠤᠨ   ᠰᠡᠷᠭᠡᠢ᠌ᠯᠡᠯᠲᠡ ᠵᠢᠨ ᠠᠵᠢᠯ᠎ᠢ ᠵᠢᠯᠣᠭᠣᠳᠴᠤ ᠪᠠᠶ᠋ᠢᠨ᠎ᠠ᠃ ᠦᠶᠡᠷ᠎ᠤᠨ ᠪᠠᠶ᠋ᠢᠳᠠᠯ ᠣᠳᠣᠬᠠᠨ᠎ᠳᠤ ᠪᠠᠰᠠ ᠮᠠᠰᠢ ᠬᠦᠨᠳᠦ ᠬᠡᠴᠡᠭᠦᠦ ᠪᠠᠶ᠋ᠢᠵᠤ᠂ ᠮᠥᠨ ᠯᠡ ᠦᠷᠭᠦᠯᠵᠢᠯᠡᠭᠰᠡᠨ ᠰᠢᠷᠦᠭᠦᠨ ᠪᠣᠷᠣᠭ᠋ᠠᠨ᠎ᠤ ᠨᠥᠯᠥᠭᠡ ᠵᠢ ᠬᠦᠷᠳᠡᠵᠦ ᠪᠠᠶ᠋ᠢᠨ᠎ᠠ᠂   ᠵᠢᠱ᠌ᠢᠯᠲᠡ᠎ᠪᠠᠷ 10 ᠰᠠᠷ᠎ᠠ ᠵᠢᠨ ᠳᠤᠮᠳᠠᠴᠢ ᠪᠣᠯᠲᠠᠯ᠎ᠠ ᠦᠷᠭᠦᠯᠵᠢᠯᠡᠬᠦ ᠪᠣᠯᠤᠨ᠎ᠠ᠂ ᠡᠨᠡ᠎ᠨᠢ ᠲᠡᠦᠬᠡᠨ ᠳᠡᠭᠡᠷ᠎ᠡ ᠴᠦ᠍ ᠮᠠᠰᠢ ᠬᠣᠪᠣᠷ ᠶᠤᠮ᠃ ᠡᠨᠡ ᠤᠳᠠᠭ᠋ᠠᠨ᠎ᠤ   ᠰᠡᠷᠭᠡᠢ᠌ᠯᠡᠯᠲᠡ ᠵᠢ ᠰᠠᠶ᠋ᠢᠲᠤᠷ ᠬᠢᠬᠦ ᠵᠢᠨ       ᠲᠥᠯᠥᠭᠡ᠂ ᠤᠰᠤᠨ ᠠᠰᠢᠭᠯᠠᠯᠳᠠ ᠵᠢᠨ ᠶᠠᠮᠤᠨ ᠨᠢᠭᠡᠨᠲᠡ ᠪᠠᠶ᠋ᠢᠭᠤᠯᠭ᠎ᠠ ᠵᠢᠨ ᠦᠶᠡᠷ᠎ᠢ ᠰᠡᠷᠭᠡᠶ᠋ᠢᠯᠡᠬᠦ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠬᠣᠯᠪᠣᠭᠳᠠᠯ ᠪᠦᠬᠦᠢ ᠨᠢᠭᠡᠴᠢ ᠵᠢᠴᠢ ᠬᠠᠲᠤᠨ ᠭᠣᠣᠯ᠎ᠤᠨ ᠤᠰᠤᠨ ᠠᠰᠢᠭᠯᠠᠯᠲᠠ ᠵᠢᠨ ᠵᠥᠪᠯᠡᠯ᠎ᠤᠨ ᠬᠣᠯᠪᠣᠭᠳᠠᠯ ᠪᠦᠬᠦᠢ ᠬᠥᠮᠦᠰ᠎ᠢ ᠠᠷᠪᠠᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠴᠢᠯᠥᠭᠡ ᠵᠢ ᠪᠦᠬᠦᠨ᠎ᠢ ᠬᠦᠴᠦᠨ ᠦᠭᠡᠶ ᠪᠣᠯᠭ᠋ᠠᠵᠤ᠂ ᠣᠶᠤᠨ ᠴᠢᠳᠠᠯ ᠵᠶ᠋ᠠᠨ ᠲᠥᠪᠯᠡᠷᠡᠭᠦᠯᠦᠨ ᠬᠠᠲᠤᠨ ᠭᠣᠣᠯ᠎ᠤᠨ ᠦᠶᠡᠷ᠎ᠢ ᠰᠡᠷᠭᠡᠶ᠋ᠢᠯᠡᠬᠦ   ᠶᠡᠬᠡ ᠰᠢᠯᠭ᠋ᠠᠯᠲᠠ᠎ᠳᠤ ᠣᠷᠣᠯᠴᠠᠭᠤᠯᠬᠤ ᠬᠡᠷᠡᠭᠲᠡᠶ ᠭᠡᠵᠦ ᠱᠠᠭ᠋ᠠᠷᠳᠠᠭᠰᠠᠨ ᠪᠠᠶ᠋ᠢᠨ᠎ᠠ᠃ ᠪᠢᠳᠡ ᠪᠠᠰᠠ ᠵᠢᠵᠢᠭᠦᠷᠯᠡᠵᠦ   ᠰᠠᠬᠢᠬᠤ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ᠂ ᠤᠰᠤᠨ᠎ᠤ ᠴᠢᠳᠠᠮᠵᠢ ᠵᠢ ᠳᠣᠭᠢᠷᠠᠭᠤᠯᠬᠤ ᠵᠢᠴᠢ ᠠᠶᠤᠯ ᠎ᠠᠴᠠ ᠠᠪᠤᠷᠠᠬᠤ ᠮᠡᠷᠭᠡᠵᠢᠯ᠎ᠤᠨ ᠲᠤᠯᠭ᠋ᠠᠭᠤᠷᠢᠯᠠᠯ ᠵᠡᠷᠭᠡ ᠡᠯ᠎ᠡ ᠵᠦᠢᠯ᠎ᠤᠨ ᠰᠡᠷᠭᠡᠢ᠌ᠯᠡᠯᠲᠡ ᠵᠢᠨ ᠠᠵᠢᠯ᠎ᠢ ᠰᠠᠶ᠋ᠢᠲᠤᠷ ᠬᠢᠵᠦ᠂ ᠠᠷᠠᠳ ᠣᠯᠠᠨ᠎ᠤ ᠠᠮᠢ   ᠨᠠᠰᠤ ᠡᠳ᠋ ᠬᠥᠷᠦᠩᠭᠡ ᠵᠢᠨ ᠠᠮᠤᠷ ᠲᠦᠪᠰᠢᠨ᠎ᠢ ᠪᠥᠬᠥ ᠬᠦᠴᠦᠨ ᠵᠶ᠋ᠡᠷ ᠵᠶ᠋ᠡᠨ ᠪᠠᠲᠤᠯᠠᠨ᠎ᠠ᠃ ᠪᠠᠶᠠᠷᠯᠠᠯ᠎ᠠ᠃ 2021-09-30    15: 36: 56
      ᠳᠤᠮᠳᠠᠳᠤ ᠤᠯᠤᠰ᠎ᠤᠨ ᠰᠢᠶᠠᠨ᠎ᠤ ᠬᠡᠪᠴᠢᠶᠡᠨ᠎ᠤ ᠠᠵᠤ ᠠᠬᠤᠶ ᠰᠣᠨᠢᠨ᠎ᠤ ᠰᠤᠷᠪᠤᠯᠵᠢᠯᠠᠭᠴᠢ᠄
      ᠳᠤᠮᠳᠠ ᠵᠢᠵᠢᠭ ᠬᠡᠯᠪᠡᠷᠢ ᠵᠢᠨ   ᠠᠶᠤᠯᠲᠠᠶ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠵᠦ᠂ ᠢᠨᠵᠧᠨᠧᠷᠢᠩ᠎ᠤᠨ ᠠᠷᠭ᠎ᠠ ᠬᠡᠮᠵᠢᠶ᠎ᠡ ᠪᠠ ᠢᠨᠵᠧᠨᠧᠷᠢᠩ᠎ᠤᠨ ᠪᠤᠰᠤ ᠠᠷᠭ᠎ᠠ ᠬᠡᠮᠵᠢᠶ᠎ᠡ ᠵᠢ ᠬᠠᠷᠢᠯᠴᠠᠨ ᠤᠶᠠᠯᠳᠤᠭᠤᠯᠬᠤ ᠴᠢᠬᠤᠯᠠᠲᠠᠶ᠂ ᠭᠡᠲᠡᠯ᠎ᠡ ᠵᠠᠷᠢᠮ ᠳᠤᠮᠳᠠ ᠵᠢᠵᠢᠭ ᠬᠡᠯᠪᠡᠷᠢ ᠵᠢᠨ ᠤᠰᠤᠨ ᠴᠥᠭᠥᠷᠥᠮ᠎ᠳᠤ ᠲᠡᠦᠬᠡ ᠵᠢᠨ ᠰᠢᠯᠲᠠᠭ᠋ᠠᠨ᠎ᠠᠴᠠ ᠪᠤᠯᠵᠤ ᠡᠷᠬᠡ ᠬᠠᠷᠢᠭᠤᠴᠠᠯᠭ᠎ᠠ᠎ᠨᠢ ᠲᠣᠳᠣᠷᠬᠠᠢ ᠦᠭᠡᠢ᠂ ᠳᠠᠩᠰᠠ ᠳᠤᠲᠠᠭᠳᠠᠵᠤ ᠪᠠᠶ᠋ᠢᠬᠤ ᠵᠡᠷᠭᠡ ᠠᠰᠠᠭᠤᠳᠠᠯ ᠣᠷᠣᠰᠢᠵᠤ᠂ ᠵᠠᠰᠠᠬᠤ᠎ᠳᠤ ᠤᠯᠠᠮ ᠬᠦᠴᠢᠷᠲᠡᠢ ᠪᠣᠯᠤᠭᠰᠠᠨ ᠪᠠᠶ᠋ᠢᠨ᠎ᠠ᠂ ᠡᠯ᠎ᠡ ᠭᠠᠵᠠᠷ᠎ᠤᠨ᠎ᠬᠢᠨ ᠳᠤᠮᠳᠠ ᠵᠢᠵᠢᠭ ᠬᠡᠯᠪᠡᠷᠢ ᠵᠢᠨᠠᠶᠤᠯ᠎ᠲᠠᠢ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠲᠦᠷᠦᠯ ᠵᠦᠢ᠍ᠯ᠎ᠢ ᠬᠡᠷᠡᠭᠵᠢᠭᠦᠯᠬᠦ᠎ᠳᠡᠭᠡᠨ ᠪᠦᠲᠦᠮᠵᠢᠲᠡᠢ ᠤᠷᠳᠤ ᠬᠤᠭᠤᠴᠠᠭ᠋ᠠᠨ᠎ᠤ   ᠬᠠᠮᠢᠶᠠᠷᠤᠨ ᠬᠠᠮᠠᠭ᠋ᠠᠯᠠᠬᠤ ᠲᠣᠭᠲᠠᠴᠠ ᠵᠢ ᠬᠡᠷᠬᠢᠨ ᠪᠠᠶ᠋ᠢᠭᠤᠯᠵᠤ᠂ ᠠᠶᠤᠯ᠎ᠢ ᠠᠷᠢᠯᠭ᠋ᠠᠬᠤ ᠪᠡᠬᠢᠯᠡᠬᠦ   ᠢᠨᠵᠧᠨᠧᠷᠢᠩ᠎ᠤᠨ ᠠᠵᠢᠯ᠎ᠤᠨ ᠪᠣᠳᠠᠲᠤ ᠦᠷ᠎ᠡ ᠪᠦᠲᠦᠮᠵᠢ ᠵᠢ ᠪᠠᠳᠠᠷᠠᠭᠤᠯᠵᠤ᠂ ᠨᠢᠭᠡ ᠲᠠᠯ᠎ᠠ᠎ᠪᠠᠷ ᠰᠡᠷᠭᠡᠶ᠋ᠢᠯᠡᠨ ᠬᠠᠮᠠᠭ᠋ᠠᠯᠠᠵᠤ ᠨᠢᠭᠡ ᠲᠠᠯ᠎ᠠ᠎ᠪᠠᠷ ᠠᠶᠤᠯ᠎ᠲᠠᠢ ᠪᠠᠶ᠋ᠢᠳᠠᠯ ᠭᠠᠷᠬᠤ ᠵᠢ ᠡᠷᠡᠰ ᠬᠣᠷᠢᠭᠯᠠᠬᠤ ᠪᠤᠢ  ?᠃ ᠪᠠᠶᠠᠷᠯᠠᠯ᠎ᠠ᠃ 2021—09—30    15᠄ 46᠄ 35
      ᠯᠢᠦ ᠸᠧᠶ ᠫᠢᠩ᠄
      ᠡᠨᠡ ᠠᠰᠠᠭᠤᠳᠠᠯ᠎ᠢ ᠮᠠᠨ᠎ᠤ ᠲᠤᠰᠬᠠᠶ ᠮᠡᠷᠭᠡᠵᠢᠯ᠎ᠤᠨ ᠬᠠᠮᠢᠶᠠᠷᠤᠯᠲᠠ ᠵᠢᠨ ᠠᠵᠢᠯᠯᠠᠭ᠋ᠠᠨ᠎ᠤ ᠬᠠᠮᠢᠶᠠᠷᠤᠯᠲᠠ ᠵᠢᠨ ᠵᠤᠷᠭ᠋ᠠᠨ᠎ᠤ ᠷᠤᠸᠠᠨ ᠯᠢ ᠮᠢᠨ ᠵᠤᠷᠭ᠋ᠠᠨ᠎ᠤ ᠳᠠᠷᠤᠭ᠎ᠠ᠎ᠪᠠᠷ ᠬᠠᠷᠢᠭᠤᠯᠤᠭ᠋ᠠᠷᠠᠶ᠃ 2021—09—30   15᠄ 46᠄ 49
      ᠤᠰᠤᠨ ᠠᠰᠢᠭᠯᠠᠯᠳᠠ ᠵᠢᠨ ᠶᠠᠮᠤᠨ ᠎ᠤ ᠠᠵᠢᠯᠯᠠᠭ᠋ᠠᠨ ᠎ᠤ ᠬᠠᠮᠢᠶᠠᠷᠤᠯᠲᠠ ᠵᠢᠨ ᠵᠤᠷᠭ᠋ᠠᠨ᠎ᠤ ᠳᠠᠷᠤᠭ᠎ᠠ ᠷᠤᠸᠠᠨ ᠯᠢ ᠮᠢᠨ᠄
      ᠲᠠᠨ᠎ᠤ ᠠᠰᠠᠭᠤᠭᠰᠠᠨ᠎ᠳᠤ ᠲᠠᠯᠠᠷᠬᠠᠵᠤ ᠪᠠᠢ᠍ᠨ᠎ᠠ᠃ ᠮᠠᠨ᠎ᠤ ᠤᠯᠤᠰ᠎ᠤᠨ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠬᠡᠮᠵᠢᠶ᠎ᠡ᠎ᠨᠢ ᠶᠡᠬᠡ ᠬᠡᠪᠴᠢᠶ᠎ᠡ᠎ᠨᠢ ᠥᠷᠭᠡᠨ᠂ ᠪᠦᠳᠦᠭᠡᠨ ᠪᠠᠶ᠋ᠢᠭᠤᠯᠤᠯᠲᠠ ᠵᠢᠨ ᠪᠠᠷᠢᠮᠵᠢᠶ᠎ᠠ᠎ᠨᠢ ᠶᠡᠷᠦᠩᠬᠡᠶ᠎ᠳᠡᠭᠡᠨ ᠳᠣᠣᠷ᠎ᠠ ᠰᠢᠭ᠋᠂ ᠠᠵᠢᠯᠯᠠᠬᠤ ᠴᠠᠭ᠎ᠨᠢ ᠨᠡᠯᠢᠶᠡᠳ ᠤᠷᠳᠤ᠂ ᠲᠥᠬᠥᠭᠡᠷᠦᠮᠵᠢ᠎ᠨᠢ ᠬᠦᠨᠳᠦ ᠨᠣᠴᠢᠲᠠᠶ ᠬᠠᠭᠤᠴᠢᠷᠠᠵᠤ᠂ ᠬᠠᠮᠢᠶᠠᠷᠴᠤ ᠬᠠᠮᠠᠭ᠋ᠠᠯᠠᠬᠤ ᠴᠢᠳᠠᠪᠤᠷᠢ᠎ᠨᠢ ᠬᠦᠷᠦᠯᠴᠡᠬᠦ ᠦᠭᠡᠢ ᠪᠠᠶ᠋ᠢᠨ᠎ᠠ᠃ ᠲᠥᠷᠥᠯᠬᠢ ᠳᠤᠲᠠᠮᠠᠭ᠂   ᠳᠡᠭᠡᠷ᠎ᠡ᠎ᠨᠢ ᠲᠡᠵᠢᠭᠡᠯ ᠠᠯᠳᠠᠬᠤ᠎ᠠᠴᠠ ᠪᠤᠯᠵᠤ᠂ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠮᠤᠷ ᠲᠦᠪᠰᠢᠨ᠎ᠤ ᠲᠠᠯᠳᠠ ᠭᠡᠮ ᠮᠥᠨ ᠯᠡ ᠲᠤᠪᠤᠢ᠌ᠢ᠍ᠮ᠎ᠠ ᠪᠠᠶ᠋ᠢᠵᠤ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠦᠶᠡᠷ᠎ᠢ ᠰᠡᠷᠭᠡᠶ᠋ᠢᠯᠡᠬᠦ ᠪᠠᠭᠤᠷᠠᠶ ᠭᠣᠭᠴᠣᠭ᠎ᠠ ᠪᠤᠯᠵᠤ ᠪᠠᠶ᠋ᠢᠨ᠎ᠠ᠃ ᠤᠰᠤᠨ ᠠᠰᠢᠭᠯᠠᠯᠳᠠ ᠵᠢᠨ ᠶᠠᠮᠤᠨ 《ᠮᠡᠳᠡᠭᠳᠡᠯ》᠎ᠤᠨ ᠵᠣᠷᠢᠭ ᠰᠠᠨᠠᠭ᠎ᠠ ᠵᠢ ᠡᠷᠡᠰ   ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠣᠶ᠋ᠢᠷ᠎ᠠ᠎ᠳᠤ᠂ ᠪᠢᠳᠡ 《ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠪᠠ ᠠᠵᠢᠯᠯᠠᠭ᠋ᠠᠨ᠎ᠢ ᠬᠠᠮᠢᠶᠠᠷᠤᠨ ᠬᠠᠮᠠᠭ᠋ᠠᠯᠠᠬᠤ ᠲᠣᠭᠲᠠᠴᠠ ᠵᠢ ᠪᠦᠷᠢᠨᠰᠢᠬᠦᠯᠬᠦ ᠲᠤᠬᠠᠶ ᠰᠠᠨᠠᠯ》᠎ᠢ ᠢᠵᠢ ᠪᠥᠷᠢᠳᠦᠭᠦᠯᠦᠭᠰᠡᠨ ᠪᠢᠴᠢᠭ ᠮᠠᠲ᠋ᠧᠷᠢᠶᠠᠯ ᠳᠠᠷᠤᠮᠠᠯᠯᠠᠨ ᠲᠠᠷᠬᠠᠭ᠋ᠠᠵᠤ᠂ ᠡᠯ᠎ᠡ ᠭᠠᠵᠠᠷ᠎ᠤᠨ᠎ᠬᠢᠨ᠎ᠢ ᠵᠢᠯᠣᠭᠣᠳᠤᠨ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠪᠠ ᠠᠵᠢᠯᠯᠠᠭ᠋ᠠᠨ᠎ᠢ ᠬᠠᠮᠢᠶᠠᠷᠤᠨ ᠬᠠᠮᠠᠭ᠋ᠠᠯᠠᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠪᠡ᠃
      ᠨᠢᠭᠡ᠎ᠳᠤ᠂ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠦᠨᠡᠨᠬᠦ ᠲᠣᠳᠣᠷᠬᠠᠶ᠋ᠢᠯᠠᠨ᠎ᠠ᠃ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠣᠯ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠪᠠ ᠠᠵᠢᠯᠯᠠᠭ᠋ᠠᠨ᠎ᠢ ᠬᠠᠮᠢᠶᠠᠷᠤᠨ ᠬᠠᠮᠠᠭ᠋ᠠᠯᠠᠬᠤ ᠬᠠᠷᠢᠭᠤᠴᠠᠯᠭ᠎ᠠ ᠵᠢᠨ ᠭᠣᠣᠯ ᠴᠣᠭᠴᠠ ᠪᠣᠯᠬᠤ ᠵᠢ ᠲᠣᠳᠣᠷᠬᠠᠶ᠋ᠢᠯᠠᠵᠤ᠂ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ ᠬᠠᠷᠢᠶ᠎ᠠ ᠣᠷᠣᠨ᠎ᠤ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠨᠢᠭᠡᠳᠦᠯᠲᠡᠶ ᠲᠥᠯᠥᠪᠯᠡᠬᠦ ᠪᠠ ᠲᠦᠷᠦ ᠵᠢᠨ ᠪᠤᠳᠤᠯᠭ᠎ᠠ᠎ᠪᠠᠷ ᠬᠥᠲᠥᠯᠥᠨ ᠵᠢᠯᠣᠭᠣᠳᠬᠤ᠎ᠪᠠᠨ ᠴᠢᠩᠭ᠋ᠠᠳᠬᠠᠵᠤ᠂ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠪᠠ ᠠᠵᠢᠯᠯᠠᠭ᠋ᠠᠨ᠎ᠢ ᠬᠠᠮᠢᠶᠠᠷᠤᠨ ᠬᠠᠮᠠᠭ᠋ᠠᠯᠠᠬᠤ ᠠᠵᠢᠯ᠎ᠢ ᠭᠣᠣᠯ   ᠨᠠᠭᠤᠷ ᠎ᠤᠨ ᠳᠠᠷᠤᠭ᠎ᠠ ᠵᠢᠨ ᠳᠦᠷᠢᠮ᠎ᠤᠨ ᠰᠢᠰᠲ᠋ᠧᠮ᠎ᠳᠤ ᠣᠷᠣᠭᠤᠯᠵᠤ᠂ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠪᠠ ᠠᠵᠢᠯᠯᠠᠭ᠋ᠠᠨ᠎ᠢ ᠬᠠᠮᠢᠶᠠᠷᠤᠨ ᠬᠠᠮᠠᠭ᠋ᠠᠯᠠᠬᠤ ᠮᠤᠵᠢ ᠵᠢᠨ ᠱᠠᠲᠤᠨ᠎ᠤ ᠨᠥᠬᠥᠪᠥᠷᠢ ᠵᠢᠨ ᠪᠡᠯᠡ ᠮᠥᠩᠭᠥ ᠵᠢ ᠨᠠᠶ᠋ᠢᠳᠠᠪᠤᠷᠢᠵᠢᠭᠤᠯᠵᠤ᠂ ᠳᠡᠮᠵᠢᠬᠦ ᠲᠦᠷᠦ ᠵᠢᠨ ᠪᠤᠳᠤᠯᠭ᠎ᠠ ᠪᠠ ᠪᠡᠯᠡ ᠮᠥᠩᠭᠥ ᠵᠢᠨ ᠨᠥᠬᠥᠪᠥᠷᠢ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠪᠠ ᠠᠵᠢᠯᠯᠠᠭ᠋ᠠᠨ᠎ᠢ ᠬᠠᠮᠢᠶᠠᠷᠤᠨ ᠬᠠᠮᠠᠭ᠋ᠠᠯᠠᠬᠤ ᠵᠢᠨ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠴᠢᠩᠭ᠋ᠠᠳᠬᠠᠨ᠎ᠠ᠃
      ᠬᠣᠶᠠᠷ᠎ᠲᠤ ᠠᠶᠤᠯ᠎ᠢ ᠠᠷᠢᠯᠭ᠋ᠠᠨ ᠪᠡᠬᠢᠵᠢᠭᠦᠯᠬᠦ ᠲᠥᠷᠥᠯ ᠵᠦᠢᠯ᠎ᠤᠨ ᠬᠠᠮᠢᠶᠠᠷᠤᠯᠲᠠ ᠵᠢᠨ ᠬᠦᠴᠦᠨ ᠴᠢᠳᠠᠪᠤᠷᠢ ᠵᠢ ᠳᠡᠭᠡᠭᠰᠢᠯᠡᠭᠦᠯᠦᠨ᠎ᠡ᠃ ᠳᠤᠮᠳᠠ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠦᠶᠡᠷ᠎ᠢ ᠰᠡᠷᠭᠡᠶ᠋ᠢᠯᠡᠬᠦ ᠪᠠᠷᠢᠮᠵᠢᠶ᠎ᠠ ᠳᠣᠣᠷ᠎ᠠ᠂ ᠦᠶᠡᠷ ᠵᠠᠯᠠᠬᠤ ᠬᠣᠭᠣᠰᠣᠨ ᠲᠠᠯᠪᠢᠬᠤ ᠴᠢᠳᠠᠪᠤᠷᠢ ᠬᠦᠷᠦᠯᠴᠡᠬᠦ ᠦᠭᠡᠢ ᠵᠡᠷᠭᠡ ᠠᠰᠠᠭᠤᠳᠠᠯ᠎ᠳᠤ ᠴᠢᠭᠯᠡᠭᠦᠯᠦᠨ᠂ 《ᠤᠰᠤᠨ ᠴᠥᠭᠥᠷᠥᠮ᠎ᠤᠨ ᠬᠠᠰᠢᠯᠭ᠎ᠠ ᠵᠢ ᠨᠤᠷᠠᠭ᠋ᠠᠬᠤ ᠦᠭᠡᠢ》᠎ᠪᠠᠷ ᠵᠠᠷᠴᠢᠮ ᠪᠣᠯᠭ᠋ᠠᠨ᠂ ᠦᠶᠡᠷ᠎ᠢ ᠰᠡᠷᠭᠡᠶ᠋ᠢᠯᠡᠬᠦ ᠪᠠᠷᠢᠮᠵᠢᠶ᠎ᠠ ᠳᠣᠣᠷ᠎ᠠ᠂ ᠦᠶᠡᠷ ᠵᠠᠯᠠᠬᠤ ᠴᠢᠳᠠᠪᠤᠷᠢ ᠬᠦᠷᠦᠯᠴᠡᠬᠦ ᠦᠭᠡᠢ ᠪᠠᠶ᠋ᠢᠬᠤ ᠠᠰᠠᠭᠤᠳᠠᠯ᠎ᠢ ᠬᠥᠮᠥᠷᠭᠡ ᠳᠠᠷᠠᠭ᠋ᠠᠯᠠᠨ ᠲᠠᠬᠢᠨ ᠬᠢᠨᠠᠵᠤ ᠰᠢᠢᠳᠪᠦᠷᠢᠯᠡᠨ᠂ ᠬᠠᠰᠢᠯᠭ᠎ᠠ ᠵᠢ ᠬᠠᠮᠠᠭ᠋ᠠᠯᠠᠬᠤ ᠴᠢᠳᠠᠪᠤᠷᠢ᠎ᠪᠠᠨ ᠨᠡᠮᠡᠭᠳᠡᠭᠦᠯᠦᠨ᠎ᠡ᠃ ᠬᠢᠨᠠᠨ ᠬᠡᠮᠵᠢᠬᠦ ᠪᠡᠯᠡᠳᠬᠡᠮᠵᠢ᠂ ᠦᠶᠡᠷ ᠰᠡᠷᠭᠡᠶ᠋ᠢᠯᠡᠬᠦ ᠵᠠᠮ᠂ ᠴᠢᠮᠡᠭᠡ ᠬᠣᠯᠪᠣᠭ᠋ᠠᠨ ᠎ᠤ ᠲᠥᠬᠥᠭᠡᠷᠦᠮᠵᠢ᠂ ᠬᠠᠮᠢᠶᠠᠷᠤᠯᠲᠠ᠎ᠳᠤ ᠬᠡᠷᠡᠭᠯᠡᠬᠦ ᠭᠡᠷ ᠪᠠᠶ᠋ᠢᠰᠢᠩ ᠵᠡᠷᠭᠡ ᠢᠵᠢ ᠪᠦᠷᠢᠳᠦᠭᠦᠯᠬᠦ ᠪᠡᠯᠡᠳᠬᠡᠮᠵᠢ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠰᠢᠨ᠎ᠡ ᠨᠢᠭᠡ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ ᠪᠣᠯᠤᠨ ᠤᠯᠠᠮᠵᠢᠯᠠᠯᠲᠤ ᠠᠷᠭ᠎ᠠ ᠵᠢ ᠪᠦᠲᠦᠮᠵᠢᠲᠡᠶ ᠤᠶᠠᠯᠳᠤᠭᠤᠯᠵᠤ᠂   ᠣᠨᠴᠠᠭ᠋ᠠᠢ ᠴᠠᠭ ᠠᠭᠤᠷ ᠵᠡᠷᠭᠡ ᠪᠠᠶ᠋ᠢᠳᠠᠯ ᠳᠣᠣᠷᠠᠬᠢ   ᠢᠨᠵᠧᠨᠧᠷᠢᠩ᠎ᠤᠨ ᠠᠶᠤᠯ ᠥᠭᠡᠢ ᠵᠢ ᠪᠠᠲᠤᠯᠠᠬᠤ ᠬᠢᠷᠢ ᠬᠡᠮᠵᠢᠶ᠎ᠡ ᠵᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃
      ᠭᠤᠷᠪᠠ᠎ᠳᠤ᠂   ᠲᠤᠰᠬᠠᠢ   ᠬᠠᠮᠢᠶᠠᠷᠤᠯᠲᠠ ᠵᠢᠨ ᠵᠠᠭᠪᠤᠷ᠎ᠢ ᠬᠡᠷᠡᠭᠵᠢᠭᠦᠯᠦᠨ᠎ᠡ᠃ ᠲᠠᠷᠠᠬᠠᠶ ᠪᠤᠲᠠᠷᠬᠠᠶ ᠬᠠᠮᠢᠶᠠᠷᠴᠤ ᠪᠠᠶ᠋ᠢᠭ᠎ᠠ ᠵᠢᠵᠢᠭ ᠬᠡᠯᠪᠡᠷᠢ ᠵᠢᠨ ᠤᠰᠤᠨ ᠴᠥᠭᠥᠷᠥᠮ᠎ᠳᠤ ᠣᠷᠣᠨ ᠪᠦᠰᠡ᠎ᠪᠠᠷ ᠲᠥᠪᠯᠡᠷᠡᠭᠦᠯᠦᠨ ᠬᠠᠮᠢᠶᠠᠷᠴᠤ ᠬᠠᠮᠠᠭ᠋ᠠᠯᠠᠬᠤ᠂ ᠵᠠᠰᠠᠭ᠎ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ᠂ 《ᠶᠡᠬᠡ᠎ᠪᠠᠷ ᠪᠠᠭ᠎ᠠ ᠵᠢ ᠳᠠᠶ᠋ᠢᠴᠢᠯᠠᠬᠤ》 ᠵᠡᠷᠭᠡ   ᠲᠤᠰᠬᠠᠢ   ᠬᠠᠮᠢᠶᠠᠷᠤᠯᠲᠠ ᠵᠢᠨ ᠵᠠᠭᠪᠤᠷ ᠎ᠢ ᠬᠡᠷᠡᠭᠵᠢᠭᠦᠯᠵᠦ᠂ ᠬᠠᠮᠢᠶᠠᠷᠴᠤ ᠬᠠᠮᠠᠭ᠋ᠠᠯᠠᠬᠤ ᠭᠣᠤᠯ ᠴᠣᠭᠴᠠ᠂ ᠠᠵᠢᠯᠲᠠᠨ ᠪᠠ ᠵᠠᠷᠤᠳᠠᠯ᠎ᠢ ᠨᠠᠶ᠋ᠢᠳᠠᠪᠤᠷᠢᠵᠢᠭᠤᠯᠤᠨ᠎ᠠ᠃ 《ᠵᠢᠵᠢᠭᠬᠡᠨ ᠬᠣᠯᠪᠣᠭ᠋ᠠᠯᠠᠯ》 《ᠢᠨᠵᠧᠨᠧᠷᠢᠩ᠎ᠤᠨ ᠳᠠᠭ᠋ᠠᠳᠭ᠋ᠠᠯ》 ᠵᠡᠷᠭᠡ ᠪᠤᠰᠤᠳ ᠪᠦᠲᠦᠮᠵᠢᠲᠡᠶ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠬᠠᠮᠢᠶᠠᠷᠴᠤ ᠬᠠᠮᠠᠭ᠋ᠠᠯᠠᠬᠤ ᠵᠠᠭᠪᠤᠷ᠎ᠢ ᠬᠠᠶ᠋ᠢᠨ ᠰᠦᠪᠡᠭᠴᠢᠯᠡᠬᠦ ᠵᠢ ᠵᠣᠷᠢᠭᠵᠢᠭᠤᠯᠵᠤ᠂ ᠨᠡᠢ᠌ᠭᠡᠮ ᠎ᠤᠨ ᠬᠥᠷᠦᠩᠭᠡ ᠵᠢ ᠬᠣᠲᠠ᠎ᠳᠤ ᠲᠡᠳᠡᠨ ᠣᠷᠣᠭᠤᠯᠵᠤ ᠳᠤᠮᠳᠠ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠡᠵᠡᠩᠨᠡᠯᠲᠡ ᠬᠠᠮᠢᠶᠠᠷᠤᠯᠲᠠ ᠵᠢᠨ ᠠᠵᠢᠯ᠎ᠳᠤ ᠣᠷᠣᠯᠴᠠᠭᠤᠯᠬᠤ ᠵᠢ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠵᠦ᠂ ᠡᠵᠡᠩᠨᠡᠭᠴᠢᠳ᠎ᠢ ᠰᠢᠮᠳᠠᠭᠤᠯᠵᠤ ᠪᠠᠶ᠋ᠢᠭ᠋ᠠᠳ ᠢᠨᠵᠧᠨᠧᠷᠢᠩ᠎ᠤᠨ ᠬᠠᠮᠢᠶᠠᠷᠴᠤ ᠬᠠᠮᠠᠭ᠋ᠠᠯᠠᠬᠤ ᠵᠢ ᠴᠢᠩᠭ᠋ᠠᠷᠠᠭᠤᠯᠤᠨ᠎ᠠ᠃ ᠬᠠᠮᠢᠶᠠᠷᠴᠤ ᠬᠠᠮᠠᠭ᠋ᠠᠯᠠᠬᠤ ᠵᠠᠬ᠎ᠠ ᠳᠡᠯᠭᠡᠭᠦᠷ᠎ᠢ ᠢᠳᠡᠪᠬᠢᠲᠡᠶ᠎ᠪᠠᠷ ᠪᠣᠶ᠋ᠢᠵᠢᠭᠤᠯᠵᠤ᠂ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠬᠠᠮᠢᠶᠠᠷᠤᠯᠲᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠦᠯᠢᠭᠡᠷ ᠳᠠᠭᠤᠷᠢᠶᠠᠯ ᠎ᠤᠨ ᠰᠢᠶᠠᠨ᠎ᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠡᠷᠢᠮᠵᠢᠶᠡᠵᠢᠭᠤᠯᠬᠤ ᠬᠠᠮᠢᠶᠠᠷᠤᠯᠲᠠ ᠵᠢ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠨ᠎ᠡ᠃
ᠳᠦᠷᠪᠡ᠎ᠳᠤ ᠮᠡᠳᠡᠭᠡ ᠵᠠᠩᠭᠢᠵᠢᠯᠲᠠ ᠵᠢᠨ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠤᠨ᠎ᠠ᠃ ᠬᠣᠯᠪᠣᠭᠳᠠᠯ ᠪᠦᠬᠦᠢ ᠮᠡᠷᠭᠡᠵᠢᠯ ᠎ᠤᠨ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠵᠦ᠂ ᠳᠤᠮᠳᠠ ᠪᠠᠭ᠎ᠠ ᠬᠡᠯᠪᠡᠷᠢ ᠵᠢᠨ ᠤᠰᠤᠨ ᠴᠥᠭᠥᠷᠥᠮ᠎ᠤᠨ ᠪᠣᠷᠣᠭ᠋ᠠᠨ᠎ᠤ ᠪᠠᠶ᠋ᠢᠳᠠᠯ ᠪᠠ ᠶᠡᠬᠡ ᠬᠠᠰᠢᠯᠭ᠎ᠠ ᠵᠢᠨ ᠠᠮᠤᠷ ᠲᠦᠪᠰᠢᠨ᠎ᠢ ᠬᠢᠨᠠᠨ ᠬᠡᠮᠵᠢᠬᠦ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠲᠣᠭ᠎ᠠ ᠪᠠᠷᠢᠮᠲᠠ᠂ ᠵᠢᠷᠤᠭ ᠳᠦᠷᠰᠦ ᠪᠤᠶᠤ ᠬᠠᠷᠠᠭ᠋ᠠᠨ ᠳᠠᠪᠲᠠᠮᠵᠢ ᠵᠢ   ᠠᠶᠠᠨᠳᠠᠭ᠋ᠠᠨ ᠴᠤᠭᠯᠠᠭᠤᠯᠵᠤ ᠮᠡᠳᠡᠭᠦᠯᠦᠨ ᠬᠦᠷᠭᠡᠬᠦ᠂ ᠵᠠᠳᠠᠯᠤᠨ ᠰᠤᠳᠤᠯᠵᠤ ᠮᠠᠭ᠋ᠠᠳᠯᠠᠬᠤ᠂ ᠤᠷᠢᠳᠴᠢᠯᠠᠨ ᠰᠡᠷᠡᠮᠵᠢᠯᠡᠭᠦᠯᠵᠦ ᠨᠡᠶ᠋ᠢᠲᠡᠯᠡᠬᠦ ᠵᠢ ᠪᠡᠶᠡᠯᠡᠭᠦᠯᠵᠦ᠂ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠲᠣᠭ᠎ᠠ ᠪᠠᠷᠢᠮᠲᠠ ᠵᠢᠨ ᠮᠡᠳᠡᠭᠡ ᠵᠠᠩᠭᠢ ᠵᠢ ᠣᠨᠣᠪᠴᠢᠲᠠᠶ ᠡᠵᠡᠮᠰᠢᠨ᠂ ᠴᠠᠭ ᠲᠤᠬᠠᠶ᠎ᠳᠤᠨᠢ ᠬᠥᠳᠡᠯᠦᠩᠭᠦᠶ᠎ᠪᠠᠷ ᠰᠢᠨᠡᠳᠬᠡᠵᠦ᠂ ᠡᠬᠢ ᠪᠠᠶᠠᠯᠢᠭ᠎ᠢ ᠠᠭᠤᠰᠤᠯᠴᠠᠭᠤᠯᠬᠤ᠂ ᠮᠡᠳᠡᠭᠡ ᠵᠠᠩᠭᠢ ᠵᠢ ᠬᠠᠮᠲᠤᠪᠠᠷ ᠡᠳ᠋ᠯᠡᠬᠦ ᠵᠢ ᠲᠦᠷᠭᠡᠳᠬᠡᠨ᠂ ᠬᠠᠮᠢᠶᠠᠷᠤᠯᠲᠠ ᠵᠢ ᠬᠠᠪᠲᠠᠭ᠋ᠠᠶ᠋ᠢᠷᠠᠭᠤᠯᠬᠤ᠂ ᠰᠢᠢᠳᠪᠦᠷᠢᠲᠦ ᠪᠣᠳᠣᠯᠭ᠎ᠠ ᠵᠢ ᠨᠠᠷᠢᠯᠢᠭ ᠣᠨᠣᠴᠠᠲᠠᠶ ᠪᠣᠯᠭ᠋ᠠᠬᠤ ᠵᠢ ᠠᠬᠢᠭᠤᠯᠵᠤ᠂ ᠤᠰᠤᠨ ᠴᠥᠭᠥᠷᠥᠮ᠎ᠤᠨ ᠠᠵᠢᠯᠯᠠᠭ᠋ᠠᠨ᠎ᠢ ᠬᠠᠮᠢᠶᠠᠷᠴᠤ ᠬᠠᠮᠠᠭ᠋ᠠᠯᠠᠬᠤ ᠵᠢᠨ ᠮᠡᠳᠡᠭᠡ ᠵᠠᠩᠭᠢᠵᠢᠭᠤᠯᠬᠤ ᠪᠠ ᠤᠶᠤᠨᠴᠢᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠪᠠᠶᠠᠷᠯᠠᠯ᠎ᠠ! 2021—09—30    15᠄ 47᠄ 07
      ᠳᠤᠮᠳᠠᠳᠤ ᠤᠯᠤᠰ᠎ᠤᠨ ᠠᠵᠤ ᠠᠬᠤᠶ ᠵᠢᠨ ᠮᠡᠳᠡᠭᠡ ᠵᠠᠩᠭᠢ ᠵᠢᠨ ᠬᠣᠷᠢᠶᠠᠨ᠎ᠤ ᠰᠤᠷᠪᠤᠯᠵᠢᠯᠠᠭᠴᠢ᠄
      ᠪᠢᠳᠡᠨ ᠎ᠤ   ᠣᠢ᠌ᠯᠠᠭ᠋ᠠᠭᠰᠠᠨ ᠵᠶ᠋ᠠᠷ ᠲᠤᠮᠤ ᠳᠤᠮᠳᠠ ᠬᠡᠯᠪᠡᠷᠢ ᠵᠢᠨ ᠤᠰᠤᠨ ᠴᠥᠭᠥᠷᠥᠮ᠎ᠨᠢ ᠦᠶᠡᠷ᠎ᠢ ᠰᠡᠷᠭᠡᠶ᠋ᠢᠯᠡᠵᠦ ᠤᠰᠤᠲᠤᠯ᠎ᠤᠨ ᠭᠠᠮᠰᠢᠭ᠎ᠢ ᠰᠡᠷᠭᠡᠶ᠋ᠢᠯᠡᠬᠦ᠂ ᠬᠤᠳᠠ ᠬᠥᠳᠡᠭᠡ ᠵᠢᠨ ᠤᠰᠤᠨ᠎ᠤ ᠬᠠᠩᠭ᠋ᠠᠯᠭ᠎ᠠ᠂ ᠲᠠᠷᠢᠶᠠᠯᠠᠩ᠎ᠤᠨ ᠤᠰᠤᠯᠠᠯᠲᠠ ᠵᠢ ᠪᠠᠲᠤᠯᠠᠬᠤ ᠵᠡᠷᠭᠡ ᠲᠠᠯ᠎ᠠ᠎ᠪᠠᠷ ᠯᠤᠲᠤ ᠶᠡᠬᠡ ᠦᠢ᠍ᠯᠡᠳᠦᠯ ᠦᠵᠡᠭᠦᠯᠵᠦ   ᠪᠠᠢ᠌ᠳᠠᠭ᠃ ᠲᠡᠭᠡᠪᠡᠯ ᠲᠣᠮᠣ ᠳᠤᠮᠳᠠ ᠬᠡᠯᠪᠡᠷᠢ ᠵᠢᠨ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠪᠠᠯᠠ ᠮᠥᠩᠭᠥ ᠵᠢᠨ ᠳᠡᠮᠵᠢᠯᠭᠡ ᠵᠢ ᠬᠡᠷᠬᠢᠨ ᠴᠢᠩᠭ᠋ᠠᠳᠬᠠᠬᠤ ᠪᠣᠶ? ᠡᠨᠡ ᠵᠢᠯ᠎ᠤᠨ ᠪᠠᠯᠠ ᠮᠥᠩᠭᠥ ᠵᠢᠨ ᠲᠣᠬᠢᠷᠠᠭᠤᠯᠤᠯᠲᠠ᠎ᠨᠢ ᠶᠠᠮᠠᠷ       ᠪᠣᠶ? ᠪᠠᠶᠠᠷᠯᠠᠯ᠎ᠠ᠃ 2021—09—30    15᠄ 48᠄ 05
      ᠯᠢᠦ ᠸᠧᠶ ᠫᠢᠩ᠄
      ᠡᠨᠡ ᠠᠰᠠᠭᠤᠳᠠᠯ᠎ᠢ ᠲᠥᠯᠥᠪᠵᠢᠭᠦᠯᠭᠡ ᠲᠥᠯᠥᠪᠯᠡᠭᠡ ᠵᠢᠨ ᠵᠤᠷᠭ᠋ᠠᠨ᠎ᠤ   ᠳᠠᠷᠤᠭ᠎ᠠ ᠱ᠌ᠢ ᠴᠦᠨ   ᠬᠠᠷᠢᠭᠤᠯᠤᠨ᠎ᠠ᠃ 2021—09—30   15᠄ 49᠄ 37
      ᠤᠰᠤᠨ ᠠᠰᠢᠭᠯᠠᠯᠳᠠ ᠵᠢᠨ ᠶᠠᠮᠤᠨ ᠎ᠤ ᠲᠥᠯᠥᠪᠵᠢᠭᠦᠯᠭᠡ ᠲᠥᠯᠥᠪᠯᠡᠭᠡ ᠵᠢᠨ ᠵᠤᠷᠭ᠋ᠠᠨ᠎ᠤ ᠳᠠᠷᠤᠭ᠎ᠠ ᠱ᠌ᠢ ᠴᠦᠨ ᠰᠢᠶᠠᠨ᠄
      ᠲᠠᠨ᠎ᠤ ᠠᠰᠠᠭᠤᠭᠰᠠᠨ᠎ᠳᠤ ᠲᠠᠯᠠᠷᠬᠠᠵᠤ ᠪᠠᠢ᠍ᠨ᠎ᠠ᠃ ᠣᠳᠣᠬᠠᠨ᠎ᠳᠤ᠂ ᠮᠠᠨ᠎ᠤ ᠤᠯᠤᠰ᠎ᠤᠨ ᠲᠤᠮᠤ ᠳᠤᠮᠳᠠ ᠬᠡᠯᠪᠡᠷᠢ ᠵᠢᠨ ᠤᠰᠤᠨ ᠴᠥᠭᠥᠷᠥᠮ᠎ᠨᠢ ᠪᠦᠬᠦ ᠤᠰᠤᠨ ᠴᠥᠭᠥᠷᠥᠮ᠎ᠤᠨ ᠲᠣᠭ᠋ᠠᠨ᠎ᠤ 5% ᠵᠢ ᠯᠡ ᠡᠵᠡᠯᠡᠵᠦ ᠪᠠᠶ᠋ᠢᠨ᠎ᠠ᠂ ᠭᠡᠪᠡᠴᠦ ᠴᠥᠭᠥᠷᠥᠮ᠎ᠤᠨ ᠪᠠᠭᠲᠠᠭ᠋ᠠᠮᠵᠢ᠎ᠨᠢ ᠪᠦᠬᠦ ᠤᠰᠤᠨ ᠴᠥᠭᠥᠷᠥᠮ᠎ᠤᠨ ᠪᠠᠭᠲᠠᠭ᠋ᠠᠮᠵᠢ ᠵᠢᠨ 90%᠎ᠠᠴᠠ ᠳᠡᠭᠡᠭᠰᠢᠬᠢ ᠵᠢ ᠡᠵᠡᠯᠡᠵᠦ ᠪᠠᠶ᠋ᠢᠨ᠎ᠠ᠃ ᠡᠶ᠋ᠢᠮᠦ᠎ᠠᠴᠠ ᠲᠤᠮᠤ ᠳᠤᠮᠳᠠ ᠬᠡᠯᠪᠡᠷᠢ ᠵᠢᠨ ᠤᠰᠤᠨ ᠴᠥᠭᠥᠷᠥᠮ᠎ᠨᠢ ᠦᠶᠡᠷ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ᠂ ᠬᠤᠳᠠ ᠬᠥᠳᠡᠭᠡ᠎ᠳᠤ ᠤᠰᠤ ᠬᠠᠩᠭ᠋ᠠᠬᠤ᠂ ᠲᠠᠷᠢᠶᠠᠯᠠᠩ᠎ᠤᠨ ᠤᠰᠤᠯᠠᠯᠲᠠ᠂ ᠤᠰᠤᠨ ᠬᠦᠴᠦᠨ ᠵᠶ᠋ᠡᠷ ᠴᠠᠬᠢᠯᠭ᠋ᠠᠨ ᠭᠠᠷᠭ᠋ᠠᠬᠤ ᠵᠢᠴᠢ ᠤᠰᠤᠨ᠎ᠤ ᠠᠮᠢ ᠠᠬᠤᠶ ᠵᠢ ᠬᠠᠮᠠᠭ᠋ᠠᠯᠠᠬᠤ ᠵᠡᠷᠭᠡ ᠲᠠᠯ᠎ᠠ᠎ᠪᠠᠷ ᠴᠥᠮ ᠮᠠᠰᠢ ᠶᠡᠬᠡ ᠦᠢ᠍ᠯᠡᠳᠦᠯ   ᠦᠵᠡᠭᠦᠯᠵᠦ ᠪᠠᠶ᠋ᠢᠨ᠎ᠠ᠃
      ᠤᠰᠤᠨ ᠠᠰᠢᠭᠯᠠᠯᠳᠠ ᠵᠢᠨ ᠶᠠᠮᠤᠨ ᠲᠤᠮᠤ ᠳᠤᠮᠳᠠ ᠬᠡᠯᠪᠡᠷᠢ ᠵᠢᠨ ᠤᠰᠤᠨ ᠴᠥᠭᠥᠷᠥᠮ᠎ᠤᠨ ᠠᠶᠤᠯᠭᠦᠶ ᠵᠢᠨ ᠠᠰᠠᠭᠤᠳᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ   ᠵᠥᠪᠯᠡᠯ ᠴᠤ᠌ ᠲᠤᠮᠤ ᠳᠤᠮᠳᠠ ᠬᠡᠯᠪᠡᠷᠢ ᠵᠢᠨ ᠠᠶᠤᠯᠲᠠᠶ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠶᠠᠪᠤᠳᠠᠯ᠎ᠢ ᠢᠮᠠᠭᠲᠠ ᠲᠥᠪ᠎ᠤᠨ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ ᠵᠢᠨ ᠲᠤᠬᠢᠷᠠᠭᠤᠯᠤᠯᠳᠠ ᠵᠢᠨ ᠭᠣᠣᠯᠳᠠᠯᠭ᠎ᠠ᠎ᠲᠠᠢ ᠬᠦᠷᠢᠶ᠎ᠡ ᠪᠣᠯᠭ᠋ᠠᠵᠤ᠂ ᠶᠡᠬᠡ᠎ᠪᠠᠷ ᠲᠡᠮᠵᠢᠪᠡ᠃ ᠬᠠᠳᠠᠭ᠋ᠠᠯᠠᠯᠲᠠ ᠵᠢᠨ ᠬᠡᠮᠵᠢᠶ᠎ᠡ ᠵᠢ ᠠᠷᠢᠯᠭ᠋ᠠᠬᠤ ᠲᠠᠯ᠎ᠠ᠎ᠪᠠᠷ᠂ 2025 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ 2020 ᠣᠨ᠎ᠠᠴᠠ ᠡᠮᠦᠨ᠎ᠡ ᠨᠢᠭᠡᠨᠲᠡ ᠬᠢᠨᠠᠨ ᠲᠣᠭᠲᠠᠭ᠋ᠠᠭᠰᠠᠨ ᠠᠶᠤᠯᠲᠠᠶ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠡᠭᠦᠷᠭᠡ ᠵᠢ ᠪᠦᠬᠦᠨ᠎ᠢ ᠪᠡᠶᠡᠯᠡᠭᠦᠯᠬᠦ ᠵᠢ ᠪᠠᠲᠤᠯᠠᠬᠤ ᠵᠢᠨ ᠲᠥᠯᠥᠭᠡ᠂ ᠪᠢᠳᠡ ᠭᠤᠷᠪᠠ ᠵᠢ ᠤᠷᠢᠳ ᠵᠶ᠋ᠠᠷ ᠪᠡᠶᠡᠯᠡᠭᠦᠯᠬᠦ᠎ᠪᠠᠷ ᠴᠢᠷᠮᠠᠶ᠋ᠢᠨ᠎ᠠ᠄
      ᠨᠢᠭᠡ᠎ᠳᠤ ᠲᠥᠯᠥᠪᠵᠢᠭᠦᠯᠭᠡ ᠵᠢᠨ ᠲᠥᠰᠦᠯ᠎ᠳᠤ ᠤᠷᠢᠳᠠᠪᠠᠷ ᠣᠷᠣᠭᠤᠯᠤᠨ᠎ᠠ᠃ ᠤᠰᠤᠨ ᠠᠰᠢᠭᠯᠠᠯᠳᠠ ᠵᠢᠨ ᠶᠠᠮᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ᠂ ᠲᠥᠪ᠎ᠤᠨ ᠪᠡᠯᠡ ᠣᠷᠣᠭᠤᠯᠤᠯᠲᠠ ᠵᠢᠨ ᠲᠦᠷᠦ ᠵᠢᠨ ᠪᠤᠳᠤᠯᠭ᠎ᠠ ᠵᠢᠨ ᠱᠠᠭ᠋ᠠᠷᠳᠠᠯᠭ᠎ᠠ᠎ᠳᠤ ᠨᠡᠶ᠋ᠢᠴᠡᠬᠦ ᠲᠤᠮᠤ ᠳᠤᠮᠳᠠ ᠬᠡᠯᠪᠡᠷᠢ ᠵᠢᠨ ᠠᠶᠤᠯᠲᠠᠶ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠵᠦᠢ᠍ᠯᠡᠰ᠎ᠢ ᠨᠢᠭᠡᠨᠲᠡ ᠭᠣᠣᠯᠳᠠᠯᠭ᠎ᠠ᠎ᠲᠠᠢ ᠡᠭᠦᠷᠭᠡ ᠪᠣᠯᠭ᠋ᠠᠵᠤ᠂ 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠤᠰᠤᠨ ᠠᠰᠢᠭᠯᠠᠯᠲᠠ ᠵᠢᠨ ᠦᠶᠡᠷ᠎ᠢ ᠰᠡᠷᠭᠡᠶ᠋ᠢᠯᠡᠵᠦ ᠤᠰᠤᠲᠤᠯ᠎ᠢ ᠵᠠᠯᠠᠬᠤ ᠪᠠᠭᠤᠷᠠᠶ ᠵᠠᠩᠭᠢᠯᠠᠭ᠎ᠠ ᠵᠢ   ᠰᠢᠢ᠍ᠳᠪᠦᠷᠢᠯᠡᠨ ᠬᠡᠷᠡᠭᠵᠢᠭᠦᠯᠬᠦ ᠲᠥᠰᠦᠯ》᠎ᠳᠤ ᠣᠷᠣᠭᠤᠯᠤᠨ ᠨᠢᠭᠡᠳᠦᠯᠲᠡᠶ ᠲᠥᠯᠥᠪᠯᠡᠨ ᠲᠣᠬᠢᠷᠠᠭᠤᠯᠪᠠ᠃ ᠡᠭᠦᠨ᠎ᠤ ᠬᠠᠮᠲᠤ᠂ ᠤᠰᠤᠨ ᠠᠰᠢᠭᠯᠠᠯᠳᠠ ᠵᠢᠨ ᠶᠠᠮᠤᠨ 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠠᠵᠢᠯ᠎ᠤᠨ ᠬᠡᠷᠡᠭᠵᠢᠭᠦᠯᠬᠦ ᠲᠥᠰᠦᠯ》᠎ᠢ ᠨᠠᠶ᠋ᠢᠷᠠᠭᠤᠯᠤᠨ ᠵᠣᠬᠢᠶᠠᠵᠤ᠂ ᠠᠵᠢᠯ᠎ᠤᠨ ᠬᠠᠷᠠᠯᠲᠠ᠎ᠪᠠᠨ ᠨᠠᠷᠢᠯᠢᠬ᠍ᠵᠢᠭᠤᠯᠤᠨ᠂ ᠣᠨ᠎ᠤ ᠠᠵᠢᠯ᠎ᠤᠨ ᠲᠣᠬᠢᠷᠠᠭᠤᠯᠤᠯᠲᠠ᠎ᠪᠠᠨ ᠲᠣᠳᠣᠷᠬᠠᠶ ᠲᠣᠭᠲᠠᠭ᠋ᠠᠪᠠ᠃
      ᠬᠣᠶᠠᠷ᠎ᠲᠤ ᠪᠡᠯᠡ ᠣᠷᠤᠭᠤᠯᠤᠯᠲᠠ ᠵᠢᠨ ᠱᠠᠭ᠋ᠠᠷᠳᠠᠯᠭ᠎ᠠ ᠵᠢ ᠤᠷᠢᠳᠠᠪᠠᠷ ᠪᠠᠲᠤᠯᠠᠨ᠎ᠠ᠃ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠲᠤᠮᠤ ᠳᠤᠮᠳᠠ ᠬᠡᠯᠪᠡᠷᠢ ᠵᠢᠨ ᠠᠶᠤᠯᠲᠠᠶ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠵᠦᠢ᠍ᠯᠡᠰ᠎ᠢ ᠡᠩ ᠲᠡᠷᠢᠭᠦᠨ᠎ᠳᠤ ᠪᠠᠲᠤᠯᠠᠭᠰᠠᠨ ᠪᠡᠯᠡ ᠣᠷᠤᠭᠤᠯᠤᠯᠲᠠ ᠵᠢᠨ ᠱᠠᠭ᠋ᠠᠷᠳᠠᠯᠭ᠎ᠠ ᠵᠢ ᠪᠠᠲᠤᠯᠠᠬᠤ ᠵᠢᠨ ᠲᠥᠯᠥᠭᠡ᠂ ᠪᠢᠳᠡ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ   ᠵᠥᠪᠯᠡᠯᠠ᠎ᠲᠠᠢ ᠬᠠᠮᠲᠤᠷᠠᠨ᠂ ᠪᠡᠯᠡ ᠣᠷᠣᠭᠤᠯᠤᠯᠲᠠ ᠵᠢᠨ ᠪᠦᠲᠦᠴᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠥᠰᠦᠭᠡᠯᠡᠨ ᠪᠤᠳᠤᠬᠤ᠎ᠪᠠᠷ ᠳᠠᠮᠵᠢᠭᠤᠯᠤᠨ᠂ ᠲᠥᠪ᠎ᠤᠨ ᠪᠡᠯᠡ ᠣᠷᠣᠭᠤᠯᠤᠯᠲᠠ ᠵᠢᠨ ᠳᠡᠮᠵᠢᠯᠭᠡ ᠵᠢᠨ ᠣᠷᠣᠨ ᠵᠠᠶ ᠵᠢ ᠤᠷᠢᠳᠴᠢᠯᠠᠨ ᠦᠯᠡᠳᠡᠭᠡᠭᠰᠡᠨ ᠪᠠᠶ᠋ᠢᠨ᠎ᠠ᠃ ᠡᠨᠡ ᠵᠢᠯ ᠲᠥᠪ᠎ᠤᠨ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ ᠵᠢ ᠨᠡᠢ᠌ᠢ᠍ᠳᠡ 46.7 ᠳ᠋ᠦᠩᠰᠢᠭᠤᠷ ᠲᠥᠭᠥᠷᠢᠭ ᠪᠠᠭᠤᠯᠭ᠋ᠠᠵᠤ᠂ ᠣᠷᠣᠨ ᠨᠤᠲᠤᠭ᠎ᠤᠨ 129 ᠲᠤᠮᠤ ᠳᠤᠮᠳᠠ ᠬᠡᠯᠪᠡᠷᠢ ᠵᠢᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠵᠢ ᠲᠡᠮᠵᠢᠪᠡ᠃
      ᠭᠤᠷᠪᠠ᠎ᠳᠤ ᠲᠥᠷᠥᠯ ᠵᠦᠢᠯ᠎ᠤᠨ ᠬᠡᠷᠡᠭᠵᠢᠭᠦᠯᠦᠯᠲᠡ ᠵᠢ ᠤᠷᠢᠳᠠᠪᠠᠷ ᠠᠬᠢᠭᠤᠯᠤᠨ᠎ᠠ᠃ ᠣᠳᠣᠬᠠᠨ᠎ᠳᠤ ᠪᠢᠳᠡ ᠶᠠᠭ ᠣᠷᠣᠨ ᠨᠤᠲᠤᠭ᠎ᠢ ᠵᠣᠬᠢᠶᠠᠨ ᠪᠠᠶ᠋ᠢᠭᠤᠯᠵᠤ ᠢᠷᠡᠬᠦ ᠵᠢᠯ᠎ᠤᠨ ᠲᠥᠪ᠎ᠤᠨ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ ᠵᠢᠨ ᠰᠠᠨᠠᠭᠤᠯᠭ᠎ᠠ ᠵᠢᠨ ᠲᠥᠯᠥᠪᠯᠡᠭᠡ ᠵᠢ ᠱᠠᠯᠠᠪᠳᠠᠨ ᠨᠠᠶ᠋ᠢᠷᠠᠭᠤᠯᠤᠨ ᠵᠣᠬᠢᠶᠠᠵᠤ ᠪᠠᠶ᠋ᠢᠨ᠎ᠠ᠂ ᠲᠤᠮᠤ ᠳᠤᠮᠳᠠ ᠬᠡᠯᠪᠡᠷᠢ ᠵᠢᠨ   ᠠᠶᠤᠯᠲᠠᠶ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠵᠦᠢ᠍ᠯᠡᠰ ᠪᠣᠯ ᠮᠥᠨ ᠯᠡ ᠲᠥᠪ᠎ᠤᠨ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ ᠵᠢᠨ ᠳᠡᠮᠵᠢᠯᠭᠡ ᠵᠢᠨ ᠭᠣᠣᠯᠳᠠᠯᠭ᠎ᠠ ᠪᠣᠯᠤᠨ᠎ᠠ᠃ ᠡᠭᠦᠨ᠎ᠤ ᠬᠠᠮᠲᠤ ᠪᠠᠰᠠ ᠣᠷᠣᠨ ᠨᠤᠲᠤᠭ᠎ᠤᠨ᠎ᠬᠢᠨ᠎ᠢ ᠰᠢᠪᠠᠳᠠᠵᠤ ᠪᠠᠶ᠋ᠢᠭ᠋ᠠᠳ ᠮᠡᠷᠭᠡᠵᠢᠯ᠎ᠤᠨ ᠬᠦᠴᠦᠨ᠎ᠢ ᠬᠤᠷᠴᠠ ᠴᠢᠳᠠᠮᠠᠭ᠋ᠠᠶ ᠵᠣᠬᠢᠶᠠᠨ ᠪᠠᠶ᠋ᠢᠭᠤᠯᠵᠤ᠂ ᠪᠠᠷᠢᠯᠭ᠎ᠠ ᠵᠢᠨ ᠬᠤᠭᠤᠴᠠᠭ᠎ᠠ ᠵᠢ ᠲᠣᠩᠭᠣᠷᠤᠭᠤᠯᠤᠨ ᠲᠣᠬᠢᠷᠠᠭᠤᠯᠵᠤ᠂ ᠴᠠᠭ ᠬᠤᠭᠤᠴᠠᠭ᠎ᠠ ᠵᠢᠨ ᠵᠠᠩᠭᠢᠯᠠᠭ᠎ᠠ ᠵᠢᠨ ᠴᠡᠭ᠎ᠢ ᠲᠣᠳᠣᠷᠬᠠᠶ ᠪᠣᠯᠭ᠋ᠠᠵᠤ᠂ ᠲᠥᠯᠥᠪᠵᠢᠭᠦᠯᠭᠡ ᠵᠢᠨ ᠳᠣᠲᠣᠷᠠᠬᠢ ᠦᠯᠡᠳᠡᠭᠰᠡᠨ ᠵᠦᠢ᠍ᠯᠡᠰ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠲᠦᠷᠭᠡᠬᠡᠨ ᠪᠡᠶᠡᠯᠡᠭᠦᠯᠵᠦ᠂ ᠪᠠᠷᠢᠯᠭ᠎ᠠ ᠵᠢᠨ ᠪᠡᠯᠡᠳᠬᠡᠯ ᠪᠠ ᠣᠷᠣᠨ ᠨᠤᠲᠤᠭ᠎ᠤᠨ ᠪᠡᠯᠡ ᠣᠷᠣᠭᠤᠯᠤᠯᠲᠠ ᠵᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠬᠢᠵᠦ᠂ ᠲᠣᠬᠢᠷᠠᠭᠤᠯᠬᠤ ᠶᠣᠰᠣᠲᠠᠶ ᠵᠢ᠎ᠨᠢ ᠭᠦᠢ᠍ᠴᠡᠳ ᠲᠣᠬᠢᠷᠠᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
      ᠨᠡᠮᠡᠭᠳᠡᠯ᠎ᠤᠨ ᠬᠡᠮᠵᠢᠶ᠎ᠡ ᠵᠢ ᠰᠢᠢᠳᠪᠦᠷᠢᠯᠡᠬᠦ ᠲᠠᠯ᠎ᠠ᠎ᠪᠠᠷ᠂ ᠤᠰᠤᠨ ᠠᠰᠢᠭᠯᠠᠯᠳᠠ ᠵᠢᠨ ᠶᠠᠮᠤᠨ ᠪᠣᠯᠤᠨ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ   ᠵᠥᠪᠯᠡᠯᠡᠯ᠎ᠡ ᠭᠠᠵᠠᠷ᠎ᠤᠨ ᠰᠢᠨ᠎ᠡ᠎ᠪᠠᠷ ᠬᠢᠨᠠᠨ ᠲᠣᠭᠲᠠᠭ᠋ᠠᠭᠰᠠᠨ ᠲᠤᠮᠤ ᠳᠤᠮᠳᠠ ᠬᠡᠯᠪᠡᠷᠢ ᠵᠢᠨ   ᠭᠡᠮ ᠰᠣᠭᠣᠭ᠎ᠲᠠᠢ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠡᠯ᠎ᠡ ᠭᠠᠵᠠᠷ᠎ᠤᠨ᠎ᠬᠢᠨ᠎ᠢ ᠰᠢᠪᠠᠳᠠᠨ ᠵᠢᠯᠣᠭᠣᠳᠴᠤ ᠪᠠᠶ᠋ᠢᠭ᠋ᠠᠳ ᠴᠥᠭᠥᠷᠥᠮ᠎ᠤᠨ ᠠᠶᠤᠯᠭᠦᠶ ᠵᠢᠨ ᠪᠠᠶ᠋ᠢᠳᠠᠯ᠎ᠢ ᠬᠢᠨᠠᠨ ᠲᠣᠭᠲᠠᠭ᠋ᠠᠬᠤ ᠪᠠ ᠠᠶᠤᠯ᠎ᠢ ᠠᠷᠢᠯᠭ᠋ᠠᠨ ᠪᠡᠬᠢᠯᠡᠬᠦ ᠲᠣᠭᠲᠠᠴᠠ ᠵᠢ   ᠲᠦᠷᠭᠡᠨ ᠪᠠᠶ᠋ᠢᠭᠤᠯᠵᠤ ᠪᠠᠶ᠋ᠢᠨ᠎ᠠ᠃ ᠡᠭᠦᠨ᠎ᠤ ᠬᠠᠮᠲᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ       ᠲᠢᠩᠬᠢᠮ᠎ᠤᠨ 《ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠲᠥᠪ᠎ᠤᠨ ᠪᠠᠯᠠ ᠣᠷᠣᠭᠤᠯᠤᠯᠲᠠ᠎ᠪᠠᠷ ᠳᠡᠮᠵᠢᠬᠦ ᠲᠥᠷᠥ ᠵᠢᠨ ᠪᠣᠳᠣᠯᠭ᠎ᠠ ᠵᠢ ᠨᠢᠭᠡᠨᠲᠡ ᠲᠣᠳᠣᠷᠬᠠᠶ᠋ᠢᠯᠠᠭᠰᠠᠨ ᠲᠣᠮᠣ ᠳᠤᠮᠳᠠ ᠬᠡᠯᠪᠡᠷᠢ ᠵᠢᠨ   ᠭᠡᠮ ᠰᠣᠭᠣᠭ᠎ᠲᠠᠢ ᠤᠰᠤᠨ ᠴᠥᠭᠥᠷᠥᠮ᠎ᠠᠴᠠ ᠭᠠᠳᠠᠨᠠᠬᠢ᠂ ᠲᠥᠪ᠎ᠤᠨ ᠪᠠᠯᠠ ᠣᠷᠣᠭᠤᠯᠤᠯᠲᠠ ᠵᠢᠨ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠲᠥᠷᠥᠯ ᠵᠦᠢᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠤᠨ ᠨᠥᠬᠥᠴᠡᠯ ᠪᠦᠷᠢᠳᠦᠭᠰᠡᠨ ᠪᠠᠶ᠋ᠢᠪᠠᠯ᠂ ᠲᠥᠪ᠎ᠤᠨ ᠲᠥᠰᠦᠪ᠎ᠤᠨ ᠳᠣᠲᠣᠷᠠᠬᠢ ᠪᠠᠯᠠ ᠣᠷᠣᠭᠤᠯᠤᠯᠲᠠ᠎ᠳᠤ ᠴᠥᠮ ᠤᠷᠢᠳᠠᠪᠠᠷ ᠳᠡᠮᠵᠢᠯᠭᠡ ᠦᠵᠡᠭᠦᠯᠦᠨ᠎ᠡ᠃ ᠲᠥᠪ ᠎ᠤᠨ ᠪᠡᠯᠡ ᠣᠷᠣᠭᠤᠯᠤᠯᠲᠠ ᠵᠢᠨ ᠲᠥᠷᠥ ᠵᠢᠨ ᠪᠤᠳᠤᠯᠭ᠎ᠠ ᠵᠢᠨ ᠱᠠᠭ᠋ᠠᠷᠳᠠᠯᠭ᠎ᠠ ᠎ᠳᠤ ᠨᠡᠶ᠋ᠢᠴᠡᠬᠦ ᠥᠭᠡᠢ ᠲᠤᠮᠤ ᠳᠤᠮᠳᠠ ᠬᠡᠯᠪᠡᠷᠢ ᠵᠢᠨ ᠭᠡᠮ ᠰᠣᠭᠣᠭ᠎ᠲᠠᠢ ᠤᠰᠤᠨ ᠴᠥᠭᠥᠷᠥᠮ᠎ᠤᠨ ᠠᠶᠤᠯ ᠎ᠢ ᠠᠷᠢᠯᠭ᠋ᠠᠨ ᠪᠡᠬᠢᠵᠢᠭᠦᠯᠬᠦ ᠲᠥᠷᠥᠯ ᠵᠦᠢ᠍ᠯ᠎ᠳᠤ   ᠵᠠᠷᠴᠢᠮ ᠳᠡᠭᠡᠷ᠎ᠡ᠎ᠪᠠᠨ ᠣᠷᠣᠨ ᠨᠤᠲᠤᠭ᠎ᠠᠴᠠ ᠪᠥᠳᠥᠭᠡᠨ ᠪᠠᠶ᠋ᠢᠭᠤᠯᠤᠯᠲᠠ ᠵᠢᠨ ᠪᠡᠯᠡ ᠮᠥᠩᠭᠥ ᠵᠢ ᠬᠠᠷᠢᠭᠤᠴᠠᠨ ᠨᠠᠶ᠋ᠢᠳᠠᠪᠤᠷᠢᠵᠢᠭᠤᠯᠤᠨ᠎ᠠ᠃ ᠤᠰᠤᠨ ᠠᠰᠢᠭᠯᠠᠯᠳᠠ ᠵᠢᠨ ᠶᠠᠮᠤᠨ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ   ᠵᠥᠪᠯᠡᠯᠠ ᠵᠡᠷᠭᠡ ᠰᠠᠯᠠᠭ᠎ᠠ ᠮᠥᠴᠢᠷ᠎ᠲᠠᠢ ᠬᠠᠮᠲᠤ᠂ ᠡᠯ᠎ᠡ ᠭᠠᠵᠠᠷ᠎ᠤᠨ᠎ᠬᠢᠨ᠎ᠢ ᠰᠢᠪᠠᠳᠠᠨ ᠵᠢᠯᠣᠭᠣᠳᠴᠤ ᠪᠠᠶ᠋ᠢᠭ᠋ᠠᠳ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ 《ᠮᠡᠳᠡᠭᠳᠡᠯ》᠎ᠤᠨ ᠵᠣᠷᠢᠭ ᠰᠠᠨᠠᠭ᠎ᠠ ᠵᠢ ᠲᠥᠪ ᠪᠠ ᠣᠷᠣᠨ ᠨᠤᠲᠤᠭ ᠎ᠤᠨ ᠠᠵᠢᠯ ᠶᠠᠪᠤᠳᠠᠯ ᠎ᠤᠨ ᠡᠷᠬᠡ ᠪᠣᠯᠤᠨ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ ᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ ᠣᠷᠤᠨ ᠨᠤᠲᠤᠭ᠎ᠤᠨ ᠵᠠᠰᠠᠭ᠎ᠤᠨ ᠣᠷᠳᠤᠨ ᠎ᠤ ᠲᠤᠮᠤ ᠳᠤᠮᠳᠠ ᠬᠡᠯᠪᠡᠷᠢ ᠵᠢᠨ ᠭᠡᠮ ᠰᠣᠭᠣᠭ᠎ᠲᠠᠢ᠎ᠲᠠᠢ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠲᠠᠯ᠎ᠠ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠠᠷᠭ᠎ᠠ ᠬᠡᠮᠵᠢᠶ᠎ᠡ ᠠᠪᠬᠤ ᠵᠢ ᠦᠨᠡᠨᠬᠦ ᠪᠠᠲᠤᠯᠠᠵᠤ᠂ ᠪᠡᠯᠡ ᠣᠷᠣᠭᠤᠯᠤᠯᠲᠠ ᠵᠢ ᠤᠯᠠᠨ ᠠᠷᠭ᠎ᠠ ᠵᠠᠮ ᠵᠶ᠋ᠠᠷ ᠨᠠᠶ᠋ᠢᠳᠠᠪᠤᠷᠢᠵᠢᠭᠤᠯᠤᠨ᠂ ᠲᠤᠮᠤ ᠳᠤᠮᠳᠠ ᠬᠡᠯᠪᠡᠷᠢ ᠵᠢᠨ   ᠭᠡᠮ ᠰᠣᠭᠣᠭ᠎ᠲᠠᠢ ᠤᠰᠤᠨ ᠴᠥᠭᠥᠷᠥᠮ ᠎ᠤᠨ ᠠᠶᠤᠯ ᠎ᠢ ᠠᠷᠢᠯᠭ᠋ᠠᠨ ᠪᠡᠬᠢᠯᠡᠬᠦ ᠵᠢ   ᠲᠦᠷᠭᠡᠨ ᠪᠡᠶᠡᠯᠡᠭᠦᠯᠬᠦ ᠵᠢ ᠲᠦᠯᠬᠢᠨ ᠠᠬᠢᠭᠤᠯᠵᠤ᠂   ᠠᠶᠤᠯᠭᠦᠢ ᠵᠢᠨ ᠶᠡᠷᠦᠩᠬᠡᠶ᠋ᠢᠯᠡᠭᠰᠡᠨ ᠦᠷ᠎ᠡ ᠠᠰᠢᠭ ᠎ᠢ᠎ᠨᠢ ᠦᠨᠡᠨᠬᠦ ᠪᠠᠳᠠᠷᠠᠭᠤᠯᠬᠤ ᠵᠢ ᠪᠠᠲᠤᠯᠠᠨ᠎ᠠ᠃ ᠪᠠᠶᠠᠷᠯᠠᠯ᠎ᠠ᠃ 2021—09—30    15᠄ 49᠄ 56
      ᠰᠢᠶᠠᠩᠭ᠋ᠠᠩ᠎ᠤᠨ ᠠᠵᠤ ᠠᠬᠤᠶ ᠵᠢᠨ ᠬᠥᠲᠥᠴᠢ ᠰᠣᠨᠢᠨ᠎ᠤ ᠰᠤᠷᠪᠤᠯᠵᠢᠯᠠᠭᠴᠢ᠄
      ᠰᠠᠶᠢᠬᠠᠨ ᠨᠡᠶ᠋ᠢᠲᠡᠯᠡᠭᠴᠢ᠎ᠠᠴᠠ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠬᠠᠷᠠᠯᠲᠠ ᠡᠭᠦᠷᠭᠡ ᠵᠢ ᠲᠠᠨᠢᠯᠴᠠᠭᠤᠯᠪᠠ᠂ ᠡᠭᠦᠨ᠎ᠢ ᠲᠤᠶ᠋ᠢᠯ᠎ᠤᠨ ᠨᠦᠰᠡᠷ ᠬᠦᠨᠳᠦ ᠭᠡᠵᠦ ᠬᠡᠯᠡᠵᠦ ᠪᠣᠯᠤᠨ᠎ᠠ᠂   ᠲᠡᠭᠡᠪᠡᠯ ᠣᠳᠣᠬᠠᠨ᠎ᠤ ᠠᠬᠢᠴᠠ ᠶᠠᠮᠠᠷ ᠵᠡᠷᠭᠡ       ᠪᠤᠢ? 《2025 ᠣᠨ᠎ᠤ ᠵᠢᠯ᠎ᠤᠨ ᠡᠴᠦᠰ᠎ᠠᠴᠠ ᠡᠮᠦᠨ᠎ᠡ ᠣᠲᠣ ᠵᠢᠨ ᠪᠠᠶ᠋ᠢᠭ᠎ᠠ   ᠭᠡᠮ ᠰᠣᠭᠣᠭ᠎ᠲᠠᠢ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ》 ᠬᠠᠷᠠᠯᠲᠠ ᠵᠢ ᠪᠡᠶᠡᠯᠡᠭᠦᠯᠬᠦ ᠵᠢ ᠬᠡᠷᠬᠢᠨ ᠪᠠᠲᠤᠯᠠᠬᠤ ᠪᠣᠶ? ᠪᠠᠶᠠᠷᠯᠠᠯ᠎ᠠ᠃ 2021-09-30  15: 50: 46
      ᠯᠢᠦ ᠸᠧᠶ ᠫᠢᠩ᠄
      ᠡᠨᠡ ᠠᠰᠠᠭᠤᠳᠠᠯ᠎ᠢ ᠬᠠᠰᠢᠯᠠ ᠷᠤᠸᠠᠨ ᠯᠢ ᠮᠢᠨ ᠵᠤᠷᠭ᠋ᠠᠨ᠎ᠤ ᠳᠠᠷᠤᠭ᠎ᠠ᠎ᠪᠠᠷ ᠬᠠᠷᠢᠭᠤᠯᠤᠭ᠋ᠠᠷᠠᠶ᠃ 2021—09—30   15᠄ 51᠄ 07
      ᠷᠤᠸᠠᠨ ᠯᠢ ᠮᠢᠨ᠄
      ᠪᠠᠶᠠᠷᠯᠠᠯ᠎ᠠ᠃ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠳᠤᠮᠳᠠ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠬᠠᠷᠠᠯᠲᠠ ᠵᠢᠨ ᠡᠭᠦᠷᠭᠡ ᠵᠢ ᠤᠷᠤᠭᠰᠢᠲᠠᠶ ᠪᠡᠶᠡᠯᠡᠭᠦᠯᠬᠦ ᠵᠢᠨ ᠲᠥᠯᠥᠭᠡ᠂ ᠡᠨᠡ ᠵᠢᠯ᠎ᠠᠴᠠ ᠨᠠᠰᠢ᠂ ᠤᠰᠤᠨ ᠠᠰᠢᠭᠯᠠᠯᠳᠠ ᠵᠢᠨ ᠶᠠᠮᠤᠨ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ   ᠵᠥᠪᠯᠡᠯ᠂ ᠡᠳ᠋᠎ᠤᠨ ᠵᠠᠰᠠᠭ᠎ᠤᠨ ᠶᠠᠮᠤᠨ ᠡᠯ᠎ᠡ ᠭᠠᠵᠠᠷ᠎ᠤᠨ 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠡᠷᠡᠭᠵᠢᠭᠦᠯᠬᠦ ᠲᠥᠰᠦᠯ ᠪᠠ ᠵᠢᠯ᠎ᠤᠨ ᠲᠥᠯᠦᠪᠯᠡᠯᠭᠡ ᠨᠠᠶ᠋ᠢᠷᠠᠭᠤᠯᠤᠨ ᠵᠣᠬᠢᠶᠠᠬᠤ ᠵᠢ   ᠱᠠᠯᠠᠪᠳᠠᠨ ᠵᠢᠯᠣᠭᠣᠳᠴᠤ᠂ 2021 ᠣᠨ᠎ᠤ   ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢ ᠲᠦᠷᠭᠡᠳᠬᠡᠨ ᠠᠬᠢᠭᠤᠯᠵᠤ᠂ ᠬᠣᠯᠪᠣᠭᠳᠠᠯ ᠪᠥᠬᠥᠶ ᠠᠵᠢᠯ ᠶᠡᠷᠦᠩᠬᠡᠶ᠎ᠳᠡᠭᠡᠨ ᠤᠷᠤᠭᠰᠢᠲᠠᠶ ᠶᠠᠪᠤᠭᠳᠠᠵᠤ ᠪᠠᠶ᠋ᠢᠨ᠎ᠠ᠃
     2021 ᠣᠨ᠎ᠤ 8 ᠰᠠᠷ᠎ᠠ ᠵᠢᠨ ᠰᠡᠭᠦᠯᠴᠢ ᠪᠣᠯᠲᠠᠯ᠎ᠠ᠂ ᠲᠥᠪ᠎ᠤᠨ ᠲᠥᠰᠦᠪ᠎ᠤᠨ ᠳᠣᠲᠣᠷᠠᠬᠢ ᠪᠠᠯᠠ ᠣᠷᠣᠭᠤᠯᠤᠯᠲᠠ᠎ᠪᠠᠷ ᠠᠶᠤᠯ᠎ᠢ ᠠᠷᠢᠯᠭ᠋ᠠᠨ ᠪᠡᠬᠢᠵᠢᠭᠦᠯᠬᠦ ᠵᠢ ᠳᠡᠮᠵᠢᠭᠰᠡᠨ 256 ᠲᠣᠮᠣ ᠳᠤᠮᠳᠠ ᠬᠡᠯᠪᠡᠷᠢ ᠵᠢᠨ ᠤᠰᠤᠨ ᠴᠥᠭᠥᠷᠥᠮ᠎ᠤᠨ ᠳᠣᠲᠣᠷ᠎ᠠ᠂ ᠠᠩᠬ᠎ᠠ ᠠᠯᠬᠤᠮ᠎ᠤᠨ ᠵ᠊ ᠲᠥᠯᠥᠪᠯᠡᠭᠡ᠎ᠳᠤ 187 ᠤᠰᠤᠨ ᠴᠥᠭᠥᠷᠥᠮ᠎ᠢ ᠴᠤᠬᠤᠯᠠᠪᠤᠷᠢᠯᠠᠨ ᠬᠠᠷᠢᠭᠤᠯᠵᠤ᠂ ᠡᠭᠦᠨ᠎ᠳᠤ 78 ᠤᠰᠤᠨ ᠴᠥᠭᠥᠷᠥᠮ ᠎ᠤᠨ ᠪᠠᠷᠢᠯᠭ᠎ᠠ ᠵᠢ ᠡᠬᠢᠯᠡᠭᠦᠯᠵᠦ᠂ 34 ᠤᠰᠤᠨ ᠴᠥᠭᠥᠷᠥᠮ᠎ᠢ ᠪᠠᠷᠢᠯᠭ᠎ᠠ ᠵᠢ ᠳᠠᠭᠤᠰᠬᠠᠪᠠ; ᠨᠢᠳᠤᠨᠤᠨ᠎ᠤ 10 ᠰᠠᠷ᠎ᠠ᠎ᠳᠤ ᠪᠡᠯᠡ ᠮᠥᠩᠭᠥ ᠪᠠᠭᠤᠯᠭ᠋ᠠᠭᠰᠠᠨ 1389 ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠳᠣᠲᠣᠷ᠎ᠠ᠎ᠠᠴᠠ 945 ᠤᠰᠤᠨ ᠴᠥᠭᠥᠷᠥᠮ᠎ᠤᠨ ᠠᠵᠢᠯ᠎ᠢ ᠨᠢᠭᠡᠨᠲᠡ ᠡᠬᠢᠯᠡᠭᠦᠯᠵᠦ᠂ 280 ᠤᠰᠤᠨ ᠴᠥᠭᠥᠷᠥᠮ᠎ᠤᠨ ᠠᠵᠢᠯ᠎ᠢ ᠳᠠᠭᠤᠰᠬᠠᠪᠠ; ᠡᠨᠡ ᠵᠢᠯ   ᠪᠡᠯᠡ ᠮᠥᠩᠭᠥ ᠪᠠᠭᠤᠯᠭ᠋ᠠᠭᠰᠠᠨ 2906   ᠰᠠᠤᠷᠢ᠂ ᠤᠳᠤ ᠶᠠᠭ ᠠᠩᠬ᠎ᠠ ᠠᠯᠬᠤᠮ᠎ᠤᠨ   ᠲᠥᠯᠥᠪᠯᠡᠭᠡ ᠵᠢᠨ ᠴᠣᠬᠣᠯᠠᠪᠤᠷᠢ ᠪᠠ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠵᠡᠷᠭᠡ ᠡᠮᠦᠨᠡᠬᠢ ᠬᠤᠭᠤᠴᠠᠭ᠋ᠠᠨ᠎ᠤ ᠠᠵᠢᠯ᠎ᠢ ᠥᠷᠨᠢᠭᠦᠯᠵᠦ᠂ ᠪᠠᠷᠢᠯᠭ᠎ᠠ ᠵᠢᠨ ᠠᠵᠢᠯ᠎ᠢ ᠱᠠᠯᠠᠪᠳᠠᠨ ᠡᠬᠢᠯᠡᠭᠦᠯᠦᠨ᠎ᠡ; ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠵᠦᠢ᠍ᠯᠡᠰ᠎ᠤᠨ ᠦᠯᠡᠳᠡᠭᠳᠡᠯ ᠠᠰᠠᠭᠤᠳᠠᠯ᠎ᠢ ᠨᠢᠭᠡᠨᠲᠡ 66%᠎ᠪᠠᠷ ᠰᠢᠢᠳᠪᠦᠷᠢᠯᠡᠪᠡ᠃ ᠳᠤᠮᠳᠠ ᠵᠢᠵᠢᠭ ᠬᠡᠯᠪᠡᠷᠢ ᠵᠢᠨ   ᠭᠡᠮ ᠰᠣᠭᠣᠭ  ᠎ᠲᠠᠢ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠠᠵᠢᠯ᠎ᠢ ᠤᠷᠤᠭᠰᠢᠲᠠᠶ ᠡᠬᠢᠯᠡᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠡᠬᠢᠯᠡᠭᠦᠯᠵᠦ᠂ ᠰᠠᠢ᠌ᠢ᠍ᠨ ᠡᠬᠢᠯᠡᠯᠲᠡ᠎ᠲᠠᠢ ᠪᠣᠯᠭ᠋ᠠᠪᠠ᠃
      ᠲᠠᠷᠠᠭ᠋ᠠᠴᠢ ᠵᠢᠨ ᠠᠯᠬᠤᠮ᠎ᠳᠤ᠂ ᠤᠰᠤᠨ ᠠᠰᠢᠭᠯᠠᠯᠳᠠ ᠵᠢᠨ ᠶᠠᠮᠤᠨ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ   ᠵᠥᠪᠯᠡᠯ᠂ ᠡᠳ᠋᠎ᠤᠨ ᠵᠠᠰᠠᠭ᠎ᠤᠨ ᠶᠠᠮᠤᠨ᠎ᠲᠠᠢ ᠬᠠᠮᠲᠤᠷᠠᠨ ᠡᠯ᠎ᠡ ᠭᠠᠵᠠᠷ᠎ᠤᠨ ᠪᠠᠯᠠ ᠮᠥᠩᠭᠥᠨ᠎ᠤ ᠪᠠᠲᠤᠯᠠᠭ᠎ᠠ ᠵᠢ ᠴᠢᠩᠭ᠋ᠠᠳᠬᠠᠵᠤ᠂ ᠲᠥᠷᠥᠯ ᠵᠦᠢᠯ᠎ᠤᠨ ᠬᠡᠷᠡᠭᠵᠢᠭᠦᠯᠦᠯᠲᠡ ᠵᠢ ᠲᠦᠷᠭᠡᠳᠬᠡᠨ᠂ ᠬᠢᠨᠠᠯᠲᠠ ᠵᠢᠯᠣᠭᠣᠳᠣᠯᠭ᠎ᠠ᠎ᠪᠠᠨ ᠴᠢᠩᠭ᠋ᠠᠳᠬᠠᠵᠤ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠵᠢᠭᠦᠯᠬᠦ ᠬᠠᠷᠠᠯᠲᠠ ᠵᠢᠨ ᠡᠭᠦᠷᠭᠡ ᠵᠢ ᠪᠡᠶᠡᠯᠡᠭᠦᠯᠬᠦ ᠵᠢ ᠦᠨᠡᠨ ᠬᠦ᠌ ᠪᠠᠲᠤᠯᠠᠵᠤ᠂ ᠤᠰᠤᠨ ᠴᠥᠭᠥᠷᠥᠮ᠎ᠤᠨ ᠠᠶᠤᠯᠭᠦᠶ   ᠠᠵᠢᠯᠯᠠᠭ᠎ᠠ ᠪᠠ ᠦᠷ᠎ᠡ ᠠᠰᠢᠭ᠎ᠢ ᠭᠦᠢᠴᠡᠳ ᠪᠠᠳᠠᠷᠠᠭᠤᠯᠬᠤ ᠵᠢ ᠪᠠᠲᠤᠯᠠᠬᠤ ᠬᠡᠷᠡᠭᠲᠡᠶ ᠭᠡᠵᠦ ᠦᠷᠭᠦᠯᠵᠢᠯᠡᠨ   ᠱᠠᠯᠠᠪᠳᠠᠭᠤᠯᠤᠨ᠎ᠠ᠃
      ᠨᠢᠭᠡ᠎ᠳᠤ ᠣᠷᠣᠨ ᠨᠤᠲᠤᠭ᠎ᠤᠨ ᠬᠠᠷᠢᠭᠤᠴᠠᠯᠭ᠎ᠠ ᠵᠢ   ᠪᠣᠳᠠᠲᠠᠢ᠌ᠵᠢᠭᠤᠯᠤᠨ᠎ᠠ᠃ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠲᠤᠰ ᠬᠠᠷᠢᠶ᠎ᠠ ᠣᠷᠣᠨ᠎ᠤ ᠬᠠᠷᠢᠶ᠎ᠠ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠶᠡᠷᠦᠩᠬᠡᠶ ᠬᠠᠷᠢᠭᠤᠴᠠᠯᠭ᠎ᠠ ᠵᠢ ᠡᠭᠦᠷᠭᠡᠯᠡᠵᠦ᠂ ᠨᠢᠭᠡᠳᠦᠯᠲᠡᠶ ᠲᠥᠯᠥᠪᠯᠡᠬᠦ ᠪᠠ ᠲᠥᠷᠥ ᠵᠢᠨ ᠪᠣᠳᠣᠯᠭ᠎ᠠ᠎ᠪᠠᠷ ᠬᠥᠲᠥᠯᠦᠨ ᠵᠢᠯᠣᠭᠣᠳᠬᠤ ᠵᠢ ᠴᠢᠩᠭ᠋ᠠᠷᠠᠭᠤᠯᠤᠨ᠂ ᠠᠶᠤᠯ᠎ᠢ ᠠᠷᠢᠯᠭ᠋ᠠᠨ ᠪᠡᠬᠢᠵᠢᠭᠦᠯᠬᠦ ᠠᠵᠢᠯ᠎ᠢ ᠭᠣᠤᠯ᠎ᠤᠨ ᠳᠠᠷᠤᠭ᠎ᠠ ᠨᠠᠭᠤᠷ   ᠳᠠᠷᠤᠭ᠎ᠠ ᠵᠢᠨ ᠲᠦᠷᠢᠮ᠎ᠤᠨ ᠠᠵᠢᠯ᠎ᠤᠨ   ᠰᠢᠰᠲ᠋ᠧᠮ ᠪᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠳᠤ ᠣᠷᠣᠭᠤᠯᠵᠤ᠂ ᠪᠠᠯᠠ ᠮᠥᠩᠭᠥ ᠵᠢᠨ ᠣᠷᠣᠭᠤᠯᠤᠯᠲᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠤᠰᠤᠨ ᠴᠥᠭᠥᠷᠥᠮ᠎ᠤᠨ ᠠᠵᠢᠯᠯᠠᠭ᠋ᠠᠨ᠎ᠤ ᠬᠠᠮᠢᠶᠠᠷᠴᠤ ᠬᠠᠮᠠᠭ᠋ᠠᠯᠠᠬᠤ ᠲᠣᠭᠲᠠᠭᠰᠠᠨ ᠨᠣᠷᠮ᠎ᠠ ᠵᠢᠨ ᠪᠠᠷᠢᠮᠵᠢᠶ᠎ᠠ ᠵᠢ ᠲᠣᠭᠲᠠᠭ᠋ᠠᠵᠤ᠂ ᠡᠳ᠋᠎ᠤᠨ ᠬᠦᠴᠦᠨ ᠪᠠᠭᠤᠷᠠᠶ ᠬᠣᠲᠠ ᠰᠢᠶᠠᠨ᠎ᠳᠤ ᠨᠥᠬᠥᠪᠥᠷᠢ ᠳᠡᠮᠵᠢᠯᠭᠡ ᠦᠵᠡᠭᠦᠯᠬᠦ ᠡᠷᠴᠢᠮ ᠵᠶ᠋ᠡᠨ ᠴᠢᠩᠭ᠋ᠠᠷᠠᠭᠤᠯᠵᠤ᠂ ᠣᠷᠣᠨ ᠨᠤᠲᠤᠭ᠎ᠤᠨ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠵᠢᠭᠦᠯᠬᠦ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠎ᠠ᠃
      ᠬᠣᠶᠠᠷ᠎ᠲᠤ ᠪᠡᠯᠡ ᠮᠥᠩᠭᠥᠨ᠎ᠤ ᠪᠠᠲᠤᠯᠠᠭ᠎ᠠ ᠵᠢ ᠴᠢᠩᠭ᠋ᠠᠳᠬᠠᠨ᠎ᠠ᠃ ᠳᠡᠮᠵᠢᠬᠦ ᠲᠦᠷᠦ ᠵᠢᠨ ᠪᠤᠳᠤᠯᠭ᠎ᠠ᠎ᠳᠤ ᠨᠡᠶ᠋ᠢᠴᠡᠭᠰᠡᠨ᠂ ᠡᠮᠦᠨᠡᠬᠢ ᠬᠤᠭᠤᠴᠠᠭ᠋ᠠᠨ᠎ᠤ ᠠᠵᠢᠯ᠎ᠤᠨ ᠨᠥᠬᠥᠴᠡᠯ᠎ᠳᠤ ᠨᠡᠶ᠋ᠢᠴᠡᠭᠰᠡᠨ ᠲᠤᠮᠤ ᠳᠤᠮᠳᠠ ᠬᠡᠯᠪᠡᠷᠢ ᠵᠢᠨ ᠭᠡᠮ ᠰᠣᠭᠣᠭ  ᠎ᠲᠠᠢ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠵᠦᠢ᠍ᠯᠡᠰ᠎ᠲᠤ ᠲᠥᠪ᠎ᠤᠨ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ ᠵᠢ ᠤᠷᠢᠳᠠᠪᠠᠷ ᠳᠡᠮᠵᠢᠨ᠎ᠡ; ᠲᠥᠪ᠎ᠤᠨ ᠡᠳ᠋᠎ᠤᠨ ᠵᠠᠰᠠᠭ ᠤᠰᠤᠨ ᠠᠰᠢᠭᠯᠠᠯᠲᠠ ᠵᠢᠨ ᠬᠥᠭᠵᠢᠯᠲᠡ ᠵᠢᠨ ᠪᠡᠯᠡ ᠮᠥᠩᠭᠥ ᠵᠢ ᠦᠷᠭᠦᠯᠵᠢᠯᠡᠨ ᠲᠣᠬᠢᠷᠠᠭᠤᠯᠵᠤ᠂ ᠣᠷᠣᠨ ᠨᠤᠲᠤᠭ᠎ᠤᠨ ᠡᠳ᠋ ᠎ᠤᠨ ᠵᠠᠰᠠᠭ᠎ᠤᠨ ᠲᠥᠰᠦᠪ ᠪᠣᠯᠤᠨ ᠣᠷᠤᠨ ᠨᠤᠲᠤᠭ᠎ᠤᠨ ᠵᠠᠰᠠᠭ᠎ᠤᠨ ᠣᠷᠳᠤᠨ ᠎ᠤ ᠡᠩ᠎ᠤᠨ ᠵᠢᠭᠡᠯᠡᠯᠭᠡ ᠵᠢᠨ ᠲᠡᠮᠳᠡᠭᠲᠦ ᠵᠢᠨ ᠲᠣᠭ᠎ᠠ ᠬᠡᠮᠵᠢᠶ᠎ᠡ ᠵᠢ ᠨᠢᠭᠡᠳᠦᠯᠲᠡᠶ ᠲᠥᠯᠥᠪᠯᠡᠬᠦ ᠵᠢ ᠲᠡᠮᠵᠢᠵᠤ᠂ ᠡᠭᠦᠷᠭᠡ᠎ᠪᠠᠨ ᠪᠡᠶᠡᠯᠡᠭᠦᠯᠦᠭᠰᠡᠨ ᠪᠠᠶ᠋ᠢᠳᠠᠯ ᠪᠣᠯᠤᠨ ᠪᠡᠯᠡ ᠮᠥᠩᠭᠥ ᠵᠢ   ᠬᠤᠪᠢᠶᠠᠷᠢᠯᠠᠬᠤ ᠵᠥᠪ ᠴᠢᠭᠯᠡᠯ᠎ᠤᠨ   ᠤᠷᠮᠠᠰᠢᠭᠤᠯᠬᠤ ᠵᠣᠬᠢᠴᠠᠮᠵᠢ ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠵᠢᠵᠢᠭ ᠬᠡᠯᠪᠡᠷᠢ ᠵᠢᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠵᠢᠭᠦᠯᠬᠦ ᠵᠢ ᠲᠡᠮᠵᠢᠨ᠎ᠠ᠃
      ᠭᠤᠷᠪᠠ᠎ᠳᠤ ᠲᠥᠷᠥᠯ ᠵᠦᠢᠯ᠎ᠤᠨ ᠬᠡᠷᠡᠭᠵᠢᠭᠦᠯᠦᠯᠲᠡ ᠵᠢ ᠲᠦᠷᠭᠡᠳᠬᠡᠨ᠎ᠡ᠃ ᠡᠯ᠎ᠡ ᠭᠠᠵᠠᠷ᠎ᠤᠨ᠎ᠬᠢᠨ᠎ᠤ ᠠᠵᠢᠯ᠎ᠤᠨ ᠬᠤᠭᠤᠴᠠᠭ᠎ᠠ᠎ᠪᠠᠨ ᠲᠣᠩᠭᠣᠷᠠᠭᠤᠯᠤᠨ ᠲᠣᠬᠢᠷᠠᠭᠤᠯᠬᠤ ᠵᠢ ᠰᠢᠮᠳᠠᠭᠤᠯᠵᠤ᠂ ᠠᠵᠢᠯ ᠡᠬᠢᠯᠡᠭᠦᠯᠦᠨ ᠪᠡᠬᠢᠵᠢᠭᠦᠯᠬᠦ ᠲᠥᠷᠥᠯ ᠵᠦᠢᠯ᠎ᠤᠨ ᠪᠥᠲᠥᠭᠡᠨ ᠪᠠᠶ᠋ᠢᠭᠤᠯᠤᠯᠲᠠ ᠵᠢᠨ ᠠᠬᠢᠴᠠ ᠵᠢ ᠪᠥᠬᠥ ᠬᠦᠴᠦᠨ ᠵᠶ᠋ᠡᠷ ᠵᠶ᠋ᠡᠨ ᠲᠦᠷᠭᠡᠳᠬᠡᠬᠦ ᠬᠡᠷᠡᠭᠲᠡᠶ᠃ ᠡᠨᠡ ᠵᠢᠯ᠎ᠤᠨ ᠵᠢᠯ᠎ᠤᠨ ᠡᠴᠦᠰ᠎ᠠᠴᠠ ᠡᠮᠦᠨ᠎ᠡ᠂ 72 ᠲᠤᠮᠤ ᠳᠤᠮᠳᠠ ᠬᠡᠯᠪᠡᠷᠢ ᠵᠢᠨ ᠴᠥᠭᠥᠷᠥᠮ᠂ 1389 ᠵᠢᠵᠢᠭ ᠬᠡᠯᠪᠡᠷᠢ ᠵᠢᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠡᠭᠦᠷᠭᠡ ᠵᠢ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ; ᠢᠷᠡᠬᠦ ᠵᠢᠯ᠎ᠤᠨ ᠦᠶᠡᠷ᠎ᠠᠴᠠ ᠡᠮᠦᠨ᠎ᠡ᠂ ᠨᠢᠭᠡᠨᠲᠡ ᠪᠠᠯᠠ ᠮᠥᠩᠭᠥ ᠪᠠᠭᠤᠯᠭ᠋ᠠᠭᠰᠠᠨ ᠪᠤᠰᠤᠳ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠡᠭᠦᠷᠭᠡ ᠵᠢ ᠦᠨᠳᠦᠰᠦᠨ᠎ᠳᠡᠭᠡᠨ ᠪᠡᠶᠡᠯᠡᠭᠦᠯᠦᠨ᠎ᠡ᠃
      ᠲᠦᠷᠪᠡ᠎ᠳᠤ᠂ ᠬᠢᠨᠠᠯᠲᠠ ᠲᠠᠯᠪᠢᠵᠤ ᠬᠢᠨᠠᠨ ᠰᠢᠯᠭ᠋ᠠᠬᠤ ᠵᠢ ᠴᠢᠩᠭ᠋ᠠᠳᠬᠠᠨ᠎ᠠ᠃   ᠭᠡᠮ ᠰᠣᠭᠣᠭ᠎ᠲᠠᠢ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠵᠢᠭᠦᠯᠬᠦ ᠠᠵᠢᠯ᠎ᠳᠤ ᠲᠤᠬᠠᠶ᠋ᠢᠯᠠᠭᠰᠠᠨ ᠠᠵᠢᠯ᠎ᠤᠨ ᠵᠢᠯᠣᠭᠣᠳᠣᠯᠭ᠎ᠠ᠎ᠪᠠᠨ ᠴᠢᠩᠭ᠋ᠠᠳᠬᠠᠵᠤ᠂ ᠪᠠᠶ᠋ᠢᠴᠠᠭ᠋ᠠᠬᠤ   ᠵᠢ ᠦᠷᠭᠦᠯᠵᠢᠯᠡᠨ ᠥᠷᠨᠢᠭᠦᠯᠵᠦ᠂ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠪᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠵᠢ ᠴᠢᠩᠭ᠋ᠠᠷᠠᠭᠤᠯᠤᠨ᠂ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠵᠢᠭᠦᠯᠬᠦ ᠪᠠ ᠠᠵᠢᠯᠯᠠᠭ᠋ᠠᠨ᠎ᠢ ᠬᠠᠮᠢᠶᠠᠷᠤᠨ ᠬᠠᠮᠠᠭ᠋ᠠᠯᠠᠬᠤ ᠠᠵᠢᠯ᠎ᠤᠨ ᠬᠢᠨᠠᠨ ᠰᠢᠯᠭ᠋ᠠᠬᠤ ᠲᠥᠰᠦᠯ᠎ᠢ ᠲᠣᠭᠲᠠᠭ᠋ᠠᠵᠤ᠂ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ)᠎ᠳᠤ ᠬᠢᠨᠠᠨ ᠰᠢᠯᠭ᠋ᠠᠯᠲᠠ ᠬᠢᠬᠦ ᠵᠢᠨ ᠬᠠᠮᠲᠤ ᠬᠠᠮᠢᠶ᠎ᠠ ᠪᠥᠬᠥᠶ   ᠤᠷᠮᠠᠰᠢᠭᠤᠯᠬᠤ   ᠲᠣᠭᠲᠠᠴᠠ᠎ᠳᠤ ᠣᠷᠣᠭᠤᠯᠵᠤ᠂ ᠰᠢᠯᠢᠳᠡᠭ᠎ᠢ᠎ᠨᠢ ᠱᠠᠩᠨᠠᠵᠤ ᠮᠠᠭᠤ ᠵᠢ᠎ᠨᠢ ᠲᠣᠷᠭ᠋ᠠᠨ᠎ᠠ᠃ ᠪᠠᠶᠠᠷᠯᠠᠯ᠎ᠠ᠃ 2021-09-30   15: 51: 27
      ᠠᠵᠤ ᠠᠬᠤᠶ ᠵᠢᠨ ᠡᠳᠦᠷ᠎ᠤᠨ ᠰᠣᠨᠢᠨ᠎ᠤ ᠰᠤᠷᠪᠤᠯᠵᠢᠯᠠᠭᠴᠢ᠄
      ᠡᠨᠡ ᠵᠢᠯ᠎ᠠᠴᠠ ᠨᠠᠰᠢ᠂ ᠮᠠᠨ᠎ᠤ ᠤᠯᠤᠰ᠎ᠤᠨ ᠣᠨᠴᠠᠭ᠋ᠠᠶ ᠠᠭᠤᠷ ᠠᠮᠢᠰᠬᠤᠯ ᠪᠠᠶ᠋ᠢᠨ ᠳᠠᠬᠢᠨ ᠡᠭᠦᠰᠴᠦ᠂ ᠦᠶᠡᠷ᠎ᠢ ᠰᠡᠷᠭᠡᠶ᠋ᠢᠯᠡᠬᠦ ᠪᠠᠶ᠋ᠢᠳᠠᠯ ᠲᠤᠶ᠋ᠢᠯ᠎ᠤᠨ ᠬᠦᠨᠳᠦ ᠨᠣᠴᠢᠲᠠᠶ ᠪᠠᠶ᠋ᠢᠨ᠎ᠠ᠃ ᠡᠶ᠋ᠢᠮᠦᠷᠬᠦᠦ ᠬᠦᠨᠳᠦ ᠬᠡᠴᠡᠭᠦᠦ ᠪᠠᠶ᠋ᠢᠳᠠᠯ᠎ᠤᠨ ᠡᠮᠦᠨ᠎ᠡ᠂ ᠤᠰᠤᠨ ᠴᠥᠭᠥᠷᠥᠮ᠎ᠨᠢ ᠶᠠᠮᠠᠷ ᠶᠠᠮᠠᠷ ᠦᠢ᠍ᠯᠡᠳᠦᠯ ᠭᠠᠷᠭ᠋ᠠᠭᠰᠠᠨ ᠪᠤᠶ  ? ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ ᠤᠰᠤᠨ ᠴᠥᠭᠥᠷᠥᠮ᠎ᠤᠨ ᠠᠮᠤᠷ ᠲᠦᠪᠰᠢᠨ᠎ᠢ ᠬᠡᠷᠬᠢᠨ ᠪᠠᠲᠤᠯᠠᠬᠤ ᠪᠣᠶ? ᠪᠠᠶᠠᠷᠯᠠᠯ᠎ᠠ᠃ 2021-09-30    16: 26: 16
      ᠯᠢᠦ ᠸᠧᠶ ᠫᠢᠩ᠄
      ᠵᠠ᠂ ᠡᠨᠡ ᠠᠰᠠᠭᠤᠳᠠᠯ᠎ᠢ ᠪᠢ ᠬᠠᠷᠢᠭᠤᠯᠤᠶ᠎ᠠ᠃ ᠡᠨᠡ ᠵᠢᠯ᠎ᠤᠨ ᠦᠶᠡᠷ᠎ᠤᠨ ᠬᠤᠭᠤᠴᠠᠭ᠋ᠠᠨ᠎ᠳᠤ ᠤᠷᠤᠭᠰᠠᠨ ᠎ᠠᠴᠠ ᠨᠠᠰᠢ᠂ ᠴᠠᠭ ᠠᠭᠤᠷ᠎ᠤᠨ ᠪᠠᠶ᠋ᠢᠳᠠᠯ ᠲᠤᠶ᠋ᠢᠯ᠎ᠤᠨ ᠬᠡᠪ᠎ᠤᠨ ᠪᠤᠰᠤ ᠪᠣᠯᠵᠠᠶ᠂ ᠠᠩᠬᠠᠷᠤᠭᠤᠰᠢᠲᠠᠶ᠎ᠨᠢ᠂ ᠪᠢ 《ᠲᠤᠶ᠋ᠢᠯ᠎ᠤᠨ ᠬᠡᠪ᠎ᠤᠨ ᠪᠤᠰᠤ》 ᠪᠠᠶ᠋ᠢᠳᠠᠯ ᠎ᠢ   ᠬᠡᠷᠡᠭᠯᠡᠪᠡ᠂ ᠬᠡᠰᠡᠭ ᠭᠠᠵᠠᠷ᠎ᠲᠤ ᠰᠢᠷᠦᠭᠦᠨ ᠪᠣᠷᠣᠭ᠋ᠠᠨ ᠪᠠᠶ᠋ᠢᠨ ᠳᠠᠬᠢᠨ ᠣᠷᠣᠵᠤ᠂ ᠦᠶᠡᠷ ᠎ᠢ ᠰᠡᠷᠭᠡᠶ᠋ᠢᠯᠡᠬᠦ ᠪᠠᠶ᠋ᠢᠳᠠᠯ ᠴᠤ᠌ ᠲᠤᠶ᠋ᠢᠯ᠎ᠤᠨ ᠬᠦᠨᠳᠦ   ᠬᠡᠴᠡᠭᠦᠦ ᠪᠠᠶ᠋ᠢᠨ᠎ᠠ᠃ ᠡᠨᠡ ᠬᠦ᠌ ᠪᠠᠶ᠋ᠢᠳᠠᠯ᠎ᠨᠢ ᠦᠶᠡᠷ᠎ᠤᠨ ᠬᠤᠭᠤᠴᠠᠭ᠋ᠠᠨ᠎ᠳᠤ ᠤᠷᠤᠭᠰᠠᠨ᠎ᠤ ᠡᠬᠢᠨ᠎ᠤ ᠦᠶ᠎ᠡ᠎ᠠᠴᠠ ᠠᠪᠤᠭ᠋ᠠᠳ ᠤᠳᠤ ᠪᠣᠯᠲᠠᠯ᠎ᠠ ᠪᠠᠰᠠ   ᠳᠠᠭᠤᠰᠤᠭ᠎ᠠ ᠦᠭᠡᠢ ᠪᠠᠶ᠋ᠢᠭᠰᠠᠭ᠋ᠠᠷ᠃ ᠡᠨᠡ ᠵᠢᠯ᠎ᠤᠨ 《ᠲᠤᠶ᠋ᠢᠯ᠎ᠤᠨ ᠶᠡᠷᠦ ᠪᠤᠰᠤ》 ᠵᠢᠨ ᠣᠨᠴᠠᠯᠢᠭ᠎ᠢ ᠪᠢ ᠳᠣᠣᠷᠠᠬᠢ ᠮᠡᠲᠦ ᠬᠡᠳᠦᠨ ᠲᠠᠯ᠎ᠠ᠎ᠪᠠᠷ ᠲᠣᠳᠣᠷᠬᠠᠶ᠋ᠢᠯᠠᠶ᠎ᠠ ᠭᠡᠵᠦ ᠪᠤᠳᠤᠵᠤ ᠪᠠᠶ᠋ᠢᠨ᠎ᠠ᠃
      ᠨᠢᠭᠡᠳᠦᠭᠡᠷ᠎ᠲᠤ᠂   ᠪᠣᠷᠣᠭ᠋ᠠᠨ ᠤᠮᠠᠷᠠᠲᠤ ᠣᠷᠣᠨ᠎ᠳᠤ ᠣᠯᠠᠨ ᠡᠮᠦᠨᠡᠲᠦ ᠣᠷᠣᠨ᠎ᠳᠤ ᠴᠥᠭᠡᠨ ᠣᠷᠣᠵᠤ᠂ ᠲᠤᠶ᠋ᠢᠯ᠎ᠤᠨ ᠰᠢᠷᠦᠭᠦᠨ ᠪᠣᠷᠣᠭ᠋ᠠᠨ ᠣᠷᠣᠨ᠎ᠠ᠃ ᠡᠨᠡ ᠵᠢᠯ᠎ᠤᠨ ᠪᠣᠷᠣᠭ᠋ᠠᠨ ᠣᠷᠣᠬᠤ᠂ ᠵᠡᠭᠦᠨ ᠬᠣᠶ᠋ᠢᠲᠤ ᠣᠷᠣᠨ᠂ ᠤᠮᠠᠷᠠᠲᠤ ᠣᠷᠣᠨ᠂ ᠬᠠᠳᠤᠨ ᠭᠣᠣᠯ᠂ ᠬᠤᠸᠠᠢ ᠾᠧ ᠭᠣᠣᠯ ᠵᠡᠷᠭᠡ ᠤᠮᠠᠷᠠᠲᠤ ᠣᠷᠣᠨ᠎ᠳᠤ ᠪᠣᠷᠣᠭ᠋ᠠᠨ ᠣᠷᠣᠬᠤ᠎ᠨᠢ   ᠥᠩᠭᠡᠷᠡᠭᠰᠡᠨ ᠵᠢᠯ ᠎ᠤᠳ᠎ᠠᠴᠠ ᠮᠡᠳᠡᠭᠳᠡᠬᠦᠶ᠋ᠢᠴᠡ ᠠᠷᠪᠢᠨ ᠪᠤᠯᠵᠤ᠂ ᠶᠡᠷᠦᠩᠬᠡᠶ᠎ᠳᠡᠭᠡᠨ ᠤᠮᠠᠷᠠᠲᠤ ᠣᠷᠣᠨ᠎ᠨᠢ ᠤᠯᠠᠨ ᠡᠮᠦᠨᠡᠲᠦ ᠣᠷᠣᠨ᠎ᠨᠢ ᠴᠥᠭᠡᠨ ᠪᠠᠶ᠋ᠢᠬᠤ ᠪᠠᠶ᠋ᠢᠳᠠᠯ᠎ᠲᠠᠢ ᠪᠣᠯᠵᠠᠶ᠃ ᠬᠡᠰᠡᠭ ᠭᠠᠵᠠᠷ ᠣᠷᠣᠨ᠎ᠤ   ᠣᠨᠴᠠᠭ᠋ᠠᠢ ᠰᠢᠷᠦᠭᠦᠨ ᠪᠣᠷᠣᠭ᠋ᠠᠨ ᠲᠡᠤᠬᠡᠨ᠎ᠳᠤ ᠬᠣᠪᠣᠷ ᠲᠣᠬᠢᠶᠠᠯᠳᠤᠳᠠᠭ ᠶᠤᠮ᠂ ᠵᠢᠱ᠌ᠢᠶᠡᠯᠡᠪᠡᠯ ᠵᠧᠩᠵᠧᠤ ᠵᠢᠨ 《7.20》᠎ᠤ ᠰᠢᠷᠦᠭᠦᠨ ᠪᠣᠷᠣᠭ᠋ᠠᠨ᠎ᠤ ᠬᠠᠮᠤᠭ᠎ᠤᠨ ᠶᠡᠬᠡ ᠴᠠᠭ᠎ᠤᠨ ᠪᠣᠷᠣᠭ᠋ᠠᠨ᠎ᠤ ᠬᠡᠮᠵᠢᠶ᠎ᠡ᠎ᠨᠢ 201.9 ᠮᠢᠯᠢᠮᠧᠲᠷ᠎ᠲᠤ ᠬᠦᠷᠴᠦ᠂ ᠮᠠᠨ᠎ᠤ ᠤᠯᠤᠰ᠎ᠤᠨ ᠡᠬᠡ ᠬᠠᠭᠤᠷᠠᠶ ᠵᠢᠨ ᠴᠠᠭ᠎ᠤᠨ ᠪᠣᠷᠣᠭ᠋ᠠᠨ᠎ᠤ ᠬᠡᠮᠵᠢᠶ᠎ᠡ ᠵᠢᠨ ᠲᠤᠶ᠋ᠢᠯ᠎ᠤᠨ ᠬᠡᠮᠵᠢᠭᠳᠡᠯ᠎ᠠᠴᠠ ᠳᠠᠪᠠᠵᠤ᠂ ᠰᠢᠨ᠎ᠡ ᠲᠡᠮᠳᠡᠭᠯᠡᠯ᠎ᠢ ᠡᠭᠦᠳᠪᠡ᠃ ᠪᠠᠰᠠ ᠵᠢᠱ᠌ᠢᠶᠡᠯᠡᠪᠡᠯ᠂ ᠬᠤᠪᠧᠶ ᠵᠢᠨ ᠢ ᠴᠤᠩ᠎ᠤᠨ 24 ᠴᠠᠭ᠎ᠤᠨ ᠪᠣᠷᠣᠭ᠋ᠠᠨ᠎ᠤ ᠬᠡᠮᠵᠢᠶ᠎ᠡ 305.9 ᠮᠢᠯᠢᠮᠧᠲᠷ᠎ᠲᠤ ᠬᠦᠷᠴᠦ᠂ ᠲᠤᠬᠠᠶ ᠵᠢᠨ ᠭᠠᠵᠠᠷ᠎ᠤᠨ ᠪᠣᠳᠠᠲᠠᠶ ᠬᠡᠮᠵᠢᠯᠲᠡ ᠵᠢᠨ ᠮᠠᠲ᠋ᠧᠷᠢᠶᠠᠯ᠎ᠲᠠᠢ ᠪᠣᠯᠤᠭᠰᠠᠨ᠎ᠠᠴᠠ ᠨᠠᠰᠢᠬᠢ ᠬᠠᠮᠤᠭ᠎ᠤᠨ ᠶᠡᠬᠡ ᠬᠡᠮᠵᠢᠶᠡᠨ᠎ᠳᠤ ᠬᠦᠷᠴᠡᠶ᠃ ᠡᠨᠡ ᠵᠢᠯ᠎ᠤᠨ ᠪᠣᠷᠣᠭ᠋ᠠᠨ᠎ᠤ ᠪᠠᠶ᠋ᠢᠳᠠᠯ ᠪᠣᠯ ᠲᠡᠦᠬᠡᠨ᠎ᠳᠤ ᠬᠣᠪᠣᠷ ᠪᠠᠶ᠋ᠢᠳᠠᠭ ᠭᠡᠳᠡᠭ᠎ᠢ ᠡᠨᠳᠡ ᠤᠷᠢᠳᠠᠪᠠᠷ ᠡᠨᠡ ᠬᠣᠶᠠᠷ ᠵᠢᠱ᠌ᠢᠶ᠎ᠡ᠎ᠪᠠᠷ ᠲᠣᠳᠣᠷᠬᠠᠶ᠋ᠢᠯᠠᠶ᠎ᠠ᠃
      ᠬᠣᠶᠠᠳᠤᠭ᠋ᠠᠷ᠎ᠲᠤ᠂ ᠰᠢᠷᠦᠭᠦᠨ ᠪᠣᠷᠣᠭ᠋ᠠᠨ ᠦᠶᠡᠷ᠎ᠤᠨ ᠤᠰᠤ ᠪᠠᠶ᠋ᠢᠨ ᠳᠠᠬᠢᠨ ᠡᠭᠦᠰᠴᠦ᠂ ᠤᠮᠠᠷᠠᠲᠤ ᠣᠷᠣᠨ᠎ᠤ ᠭᠣᠤᠯ ᠮᠥᠷᠡᠨ᠎ᠤ ᠦᠶᠡᠷ᠎ᠤᠨ ᠬᠡᠮᠵᠢᠶ᠎ᠡ ᠵᠢᠨ ᠲᠠᠰ ᠶᠡᠬᠡ ᠪᠠᠶ᠋ᠢᠨ᠎ᠠ᠃ ᠪᠦᠬᠦ ᠤᠯᠤᠰ᠎ᠲᠤ ᠨᠡᠶ᠋ᠢᠲᠡ 534 ᠭᠣᠣᠯ ᠮᠥᠷᠡᠨ ᠰᠡᠷᠡᠮᠵᠢᠯᠡᠭᠦᠯᠬᠦ ᠤᠰᠦᠠ   ᠲᠠᠪᠰᠢᠨ᠎ᠢ ᠳᠠᠪᠠᠵᠤ᠂ 《  ᠰᠡᠷᠡᠮᠵᠢ᠎ᠠᠴᠠ ᠳᠠᠪᠠᠭᠰᠠᠨ》 ᠦᠶᠡᠷ ᠡᠭᠦᠰᠴᠡᠢ᠃ ᠡᠭᠦᠨ᠎ᠳᠤ 142 ᠵᠤᠷᠪᠤᠰ᠎ᠨᠢ ᠪᠠᠲᠤᠯᠠᠭ᠎ᠠ ᠵᠢᠨ ᠤᠰᠤᠨ ᠲᠦᠪᠰᠢᠨ᠎ᠠᠴᠠ ᠳᠠᠪᠠᠵᠤ᠂ 《ᠪᠠᠲᠤᠯᠠᠭ᠎ᠠ ᠎ᠠᠴᠠ ᠳᠠᠪᠠᠭᠰᠠᠨ》 ᠦᠶᠡᠷ᠎ᠤᠨ ᠤᠰᠤ ᠭᠠᠷᠴᠠᠶ᠃ ᠬᠤᠸᠠᠶ᠋ᠢᠾᠧ ᠭᠣᠣᠯ᠎ᠤᠨ ᠰᠠᠪᠠ ᠭᠠᠵᠠᠷ᠎ᠤᠨ ᠵᠢᠶᠠ ᠯᠦ᠍ ᠾᠧ ᠭᠣᠣᠯ᠂ ᠬᠠᠲᠤᠨ ᠭᠣᠣᠯ᠎ᠤᠨ ᠰᠠᠪᠠ ᠭᠠᠵᠠᠷ᠎ᠤᠨ ᠯᠦᠸᠧ ᠾᠧ ᠭᠣᠣᠯ᠂ ᠬᠠᠶ᠋ᠢᠾᠤ ᠭᠣᠣᠯ᠎ᠤᠨ ᠰᠠᠪᠠ ᠭᠠᠵᠠᠷ᠎ᠤᠨ ᠸᠧᠶ ᠾᠧ ᠭᠣᠣᠯ᠂ ᠡᠪ ᠬᠠᠮᠲᠦ ᠶᠤᠰᠤ ᠰᠤᠪᠠᠭ᠂ ᠰᠤᠩᠭ᠋ᠠᠷᠢ ᠮᠥᠷᠡᠨ᠎ᠤ ᠰᠠᠪᠠ ᠭᠠᠵᠠᠷ᠎ᠤᠨ   ᠬᠤ᠌ ᠮᠠ ᠭᠣᠣᠯ ᠵᠡᠷᠭᠡ 43 ᠭᠣᠣᠯ ᠮᠥᠷᠡᠨ᠎ᠤ ᠤᠰᠤᠨ ᠲᠦᠪᠰᠢᠨ ᠪᠤᠶᠤ ᠤᠷᠤᠰᠬᠠᠯ᠎ᠤᠨ ᠬᠡᠮᠵᠢᠶ᠎ᠡ ᠲᠡᠦᠬᠡᠨ ᠲᠡᠮᠳᠡᠭᠯᠡᠯ᠎ᠢ ᠡᠭᠦᠳᠪᠡ᠃ ᠭᠣᠣᠯ ᠪᠣᠯᠬᠤ ᠭᠣᠣᠯ ᠮᠥᠷᠡᠨ᠎ᠳᠤ 10 ᠤᠳᠠᠭ᠎ᠠ ᠳ᠋ᠤᠭ᠋ᠠᠷᠯᠠᠭᠰᠠᠨ ᠦᠶᠡᠷ᠎ᠤᠨ ᠭᠠᠮᠰᠢᠭ ᠭᠠᠷᠴᠤ᠂ ᠬᠠᠷᠠᠮᠥ᠋ᠷᠡᠨ᠎ᠤ ᠳᠡᠭᠡᠳᠦ ᠤᠷᠤᠰᠬᠠᠯ᠂ ᠸᠧᠶ   ᠾᠧ ᠭᠣᠣᠯ᠎ᠤᠨ ᠳᠡᠭᠡᠳᠦ ᠲᠠᠯ᠎ᠠ ᠵᠢᠨ ᠬᠤᠳᠠ᠎ᠳᠤ ᠣᠨᠴᠠ ᠶᠡᠬᠡ ᠦᠶᠡᠷ᠎ᠤᠨ ᠭᠠᠮᠰᠢᠭ ᠭᠠᠷᠴᠤ᠂ ᠰᠤᠩᠭ᠋ᠠᠷᠢ ᠮᠥᠷᠡᠨ᠎ᠳᠤ ᠰᠠᠪᠠ ᠭᠠᠵᠠᠷ᠎ᠤᠨ ᠴᠢᠨᠠᠷᠲᠠᠶ ᠨᠡᠯᠢᠶᠡᠳ ᠶᠡᠬᠡ ᠦᠶᠡᠷ᠎ᠤᠨ ᠭᠠᠮᠰᠢᠭ ᠭᠠᠷᠴᠠᠶ᠃ 6 ᠰᠠᠷ᠎ᠠ ᠵᠢᠨ ᠦᠶ᠎ᠡ᠎ᠪᠠᠷ᠂ ᠡᠮᠦᠨᠡᠲᠦ ᠣᠷᠣᠨ᠎ᠤ ᠭᠣᠤᠯ ᠪᠣᠯᠬᠤ ᠭᠣᠤᠯ ᠮᠥᠷᠡᠨ᠎ᠳᠤ   ᠰᠡᠷᠡᠮᠵᠢ ᠵᠢᠨ ᠬᠡᠮᠵᠢᠶ᠎ᠡ᠎ᠠᠴᠠ ᠳᠠᠪᠠᠭᠰᠠᠨ ᠪᠠᠶ᠋ᠢᠳᠠᠯ ᠭᠠᠷᠤᠭᠰᠠᠨ ᠥᠬᠡᠶ᠂ ᠬᠠᠷᠢᠨ ᠤᠮᠠᠷᠠᠲᠤ ᠣᠷᠣᠨ᠎ᠤ ᠬᠠᠷᠠᠮᠥ᠋ᠷᠡᠨ᠎ᠤ ᠳᠡᠭᠡᠳᠦ ᠤᠷᠤᠰᠬᠠᠯ᠎ᠳᠤ ᠣᠨᠴᠠ ᠶᠡᠬᠡ ᠦᠶᠡᠷ ᠭᠠᠷᠴᠤ᠂ ᠨᠤᠨ ᠮᠥᠷᠡᠨ᠎ᠳᠤ ᠳ᠋ᠤᠭ᠋ᠠᠷᠯᠠᠭᠰᠠᠨ ᠦᠶᠡᠷ ᠭᠠᠷᠴᠠᠶ᠃ ᠡᠳᠡᠭᠡᠷ ᠪᠠᠶ᠋ᠢᠳᠠᠯ ᠪᠣᠯ ᠴᠥᠮ 《ᠲᠤᠶ᠋ᠢᠯ᠎ᠤᠨ ᠶᠡᠷᠦ ᠪᠤᠰᠤ ᠵᠢᠨ ᠪᠠᠶ᠋ᠢᠳᠠᠯ》 ᠮᠥᠨ᠂ ᠲᠡᠦᠬᠡᠨ᠎ᠳᠤ ᠬᠣᠪᠣᠷ ᠲᠣᠬᠢᠶᠠᠯᠳᠤᠬᠤ ᠶᠤᠮ᠃ ᠥᠭᠡᠷ᠎ᠡ᠎ᠪᠠᠷ ᠬᠡᠯᠡᠪᠡᠯ᠂ ᠪᠣᠷᠣᠭ᠋ᠠᠨ ᠪᠣᠯ ᠲᠡᠤᠬᠡᠨ᠎ᠳᠤ ᠬᠣᠪᠣᠷ ᠪᠠᠶ᠋ᠢᠳᠠᠭ᠂ ᠤᠰᠤᠨ᠎ᠤ ᠪᠠᠶ᠋ᠢᠳᠠᠯ᠂ ᠦᠶᠡᠷ᠎ᠤᠨ ᠤᠰᠤ ᠢᠯᠠᠩᠭᠤᠶ᠎ᠠ ᠤᠮᠠᠷᠠᠲᠤ ᠣᠷᠣᠨ᠎ᠤ ᠦᠶᠡᠷ᠎ᠤᠨ ᠤᠰᠤ ᠪᠣᠯ ᠲᠡᠤᠬᠡᠨ᠎ᠳᠤ ᠬᠣᠪᠣᠷ ᠪᠠᠶ᠋ᠢᠳᠠᠭ ᠶᠤᠮ᠃
      ᠭᠤᠷᠪᠠᠳᠤᠭ᠋ᠠᠷ᠎ᠲᠤ᠂ ᠨᠠᠮᠤᠷ᠎ᠤᠨ ᠦᠶᠡᠷ᠎ᠤᠨ ᠪᠠᠶ᠋ᠢᠳᠠᠯ ᠬᠦᠨᠳᠦ ᠬᠡᠴᠡᠭᠦᠦ ᠪᠠᠶ᠋ᠢᠨ᠎ᠠ᠃ 8 ᠰᠠᠷ᠎ᠠ ᠵᠢᠨ ᠰᠡᠭᠦᠯᠴᠢ᠎ᠠᠴᠠ ᠨᠠᠰᠢ᠂ ᠬᠥᠬᠡᠮᠥ᠋ᠷᠡᠨ᠎ᠳᠤ 1   ᠳ᠋ᠦ᠍ᠭᠡᠷ ᠨᠣᠮᠧᠷᠲᠤ ᠦᠶᠡᠷ᠎ᠤᠨ ᠭᠠᠮᠰᠢᠭ ᠡᠭᠦᠰᠴᠦ᠂ ᠬᠠᠲᠤᠨ ᠭᠣᠤᠯ᠎ᠳᠤ 1   ᠳᠦᠩᠭᠡᠷ ᠨᠣᠮᠧᠷᠲᠤ᠂ 2 ᠳ᠋ᠤᠭ᠋ᠠᠷ ᠨᠣᠮᠧᠷᠲᠤ ᠦᠶᠡᠷ᠎ᠤᠨ ᠭᠠᠮᠰᠢᠭ ᠡᠭᠦᠰᠴᠦ᠂ ᠪᠦᠬᠦᠶ᠋ᠢᠯᠡ ᠦᠶᠡᠷ᠎ᠤᠨ ᠬᠤᠭᠤᠴᠠᠭ᠋ᠠᠨ᠎ᠤ ᠵᠠᠩᠭᠢᠯᠠᠭ᠎ᠠ ᠵᠢᠨ ᠬᠤᠭᠤᠴᠠᠭ᠋ᠠᠨ᠎ᠳᠤ ᠴᠥᠮ ᠡᠶ᠋ᠢᠮᠦ ᠬᠦᠨᠳᠦ ᠨᠣᠴᠢᠲᠠᠶ ᠦᠶᠡᠷ᠎ᠤᠨ ᠪᠠᠶ᠋ᠢᠳᠠᠯ ᠭᠠᠷᠤᠭᠰᠠᠨ ᠥᠬᠡᠶ᠂ ᠭᠡᠳᠡᠷᠭᠦ᠎ᠪᠠᠨ ᠨᠠᠮᠤᠷ   ᠪᠣᠯᠬᠤ᠎ᠳᠤ᠂ ᠬᠠᠮᠤᠭ᠎ᠤᠨ ᠴᠢᠬᠤᠯᠠ ᠬᠣᠶᠠᠷ ᠶᠡᠬᠡ ᠭᠣᠤᠯ ᠮᠥᠷᠡᠨ᠎ᠳᠤ ᠴᠥᠮ ᠦᠶᠡᠷ᠎ᠤᠨ ᠭᠠᠮᠰᠢᠭ ᠡᠭᠦᠰᠦᠭᠰᠡᠨ ᠪᠠᠶ᠋ᠢᠨ᠎ᠠ᠃ ᠡᠭᠦᠨ᠎ᠳᠤ᠂ ᠬᠥᠬᠡᠮᠥ᠋ᠷᠡᠨ᠎ᠤ ᠴᠢᠳᠬᠤᠯᠠᠩ ᠬᠠᠨᠵᠢᠶᠠᠩ ᠮᠥᠷᠡᠨ᠎ᠳᠤ 10 ᠵᠢᠯ᠎ᠤᠨ ᠲᠤᠷᠰᠢᠬᠢ ᠠᠳᠠᠯᠢ ᠬᠤᠭᠤᠴᠠᠭ᠋ᠠᠨ᠎ᠤ ᠬᠠᠮᠤᠭ᠎ᠤᠨ ᠶᠡᠬᠡ ᠦᠶᠡᠷ ᠪᠣᠯᠵᠠᠶ᠂ ᠡᠨᠡ᠎ᠨᠢ ᠳᠠᠷᠤᠶ 2011 ᠣᠨ ᠎ᠠᠴᠠ ᠨᠠᠰᠢᠬᠢ ᠠᠳᠠᠯᠢ ᠬᠤᠭᠤᠴᠠᠭ᠋ᠠᠨ᠎ᠤ ᠬᠠᠮᠤᠭ᠎ᠤᠨ ᠶᠡᠬᠡ ᠦᠶᠡᠷ ᠪᠣᠯᠤᠨ᠎ᠠ᠂ 8 ᠰᠠᠷ᠎ᠠ ᠵᠢᠨ ᠬᠣᠷᠢᠳ ᠎ᠠᠴᠠ ᠨᠠᠰᠢ ᠬᠠᠨᠵᠢᠶᠠᠩ ᠮᠥᠷᠡᠨ᠎ᠳᠤ ᠳ᠋ᠠᠨᠵᠢᠶᠠᠡᠭᠺᠸᠤ ᠤᠰᠤᠨ ᠴᠥᠭᠥᠷᠥᠮ᠎ᠤᠨ ᠬᠥᠮᠥᠷᠭᠡ᠎ᠳᠤ ᠣᠷᠣᠭᠤᠯᠬᠤ ᠦᠶᠡᠷ᠎ᠤᠨ ᠣᠷᠭᠢᠯ᠎ᠨᠢ ᠰᠧᠺᠦ᠋ᠨ᠋ᠳ᠋ ᠪᠦᠷᠢ᠎ᠳᠤ 15000 ᠪᠣᠰᠣᠭ᠎ᠠ ᠳᠥᠷᠪᠡᠯᠵᠢᠨ ᠮᠧᠲᠷ ᠎ᠢ ᠳᠠᠪᠠᠭᠰᠠᠨ ᠦᠶᠡᠷ᠎ᠤᠨ ᠣᠷᠭᠢᠯ 6 ᠤᠳᠠᠭ᠎ᠠ ᠭᠠᠷᠴᠠᠶ᠃ ᠬᠠᠶ᠋ᠢᠾᠤ ᠭᠣᠤᠯ᠎ᠤᠨ ᠡᠮᠦᠨ᠎ᠡ ᠠᠶ᠋ᠢᠮᠠᠭ᠎ᠤᠨ ᠸᠧᠶ ᠾᠧ᠎ᠳᠤ 1951 ᠣᠨ ᠎ᠠᠴᠠ ᠨᠠᠰᠢᠬᠢ ᠠᠳᠠᠯᠢ ᠬᠤᠭᠤᠴᠠᠭ᠋ᠠᠨ᠎ᠤ ᠬᠠᠮᠤᠭ᠎ᠤᠨ ᠶᠡᠬᠡ ᠦᠶᠡᠷ ᠪᠣᠯᠵᠠᠶ᠂ ᠣᠲᠣ ᠪᠣᠯᠲᠠᠯ᠎ᠠ᠂ ᠸᠧᠶ ᠾᠧ ᠵᠢᠨ ᠡᠪ ᠬᠠᠮᠲᠦ   ᠶᠣᠰᠣᠨ᠎ᠤ ᠰᠤᠪᠠᠭ ᠵᠡᠷᠭᠡ ᠬᠡᠳᠦᠨ ᠭᠣᠤᠯ ᠥᠷᠲᠡᠭᠡ᠎ᠨᠢ ᠴᠥᠮ ᠰᠡᠷᠡᠮᠵᠢ᠎ᠠᠴᠠ ᠳᠠᠪᠠᠭᠰᠠᠨ ᠪᠠᠶ᠋ᠢᠳᠠᠯ᠎ᠳᠤ ᠣᠷᠣᠰᠢᠵᠤ ᠪᠠᠶ᠋ᠢᠨ᠎ᠠ᠂ ᠡᠭᠦᠨ᠎ᠳᠤ ᠵᠠᠩ ᠾᠧ ᠭᠣᠤᠯ᠂ ᠸᠧᠶ ᠾᠧ ᠵᠢᠨ ᠳᠠᠷᠠᠭ᠎ᠠ᠂   ᠨᠢᠭᠡᠳᠦᠭᠡᠷ ᠥᠷᠳᠡᠭᠡ   ᠭᠤᠸᠠᠨ ᠲᠤᠤ ᠭᠡᠳᠡᠭ ᠡᠨᠡ ᠭᠠᠵᠠᠷ᠎ᠲᠤ   ᠨᠠᠨ ᠲᠤᠤ ᠥᠷᠲᠡᠭᠡ ᠪᠠᠶ᠋ᠢᠳᠠᠭ᠂ ᠣᠲᠣ ᠵᠢᠨ ᠦᠶᠡᠷ᠎ᠤᠨ ᠬᠡᠮᠵᠢᠶ᠎ᠡ ᠵᠢᠨ ᠲᠠᠰ᠎ᠨᠢ 《7.20》 ᠵᠢᠨ ᠰᠢᠷᠦᠭᠦᠨ ᠪᠣᠷᠣᠭ᠋ᠠᠨ᠎ᠤ ᠦᠶᠡᠷ᠎ᠤᠨ ᠬᠡᠮᠵᠢᠶ᠎ᠡ ᠵᠢᠨ ᠲᠠᠰ᠎ᠲᠠᠢ ᠠᠳᠠᠯᠢᠬᠠᠨ ᠪᠠᠶ᠋ᠢᠵᠤ᠂ ᠰᠧᠺᠦ᠋ᠨ᠋ᠳ᠋ ᠪᠦᠷᠢ 1040 ᠪᠣᠰᠣᠭ᠎ᠠ ᠳᠥᠷᠪᠡᠯᠵᠢᠨ ᠮᠧᠲᠷ᠎ᠤᠨ ᠬᠡᠮᠵᠢᠶ᠎ᠡ ᠵᠢᠨ ᠲᠠᠰ ᠪᠣᠯᠤᠨ᠎ᠠ᠃ ᠬᠠᠲᠤᠨ ᠭᠣᠣᠯ᠎ᠤᠨ ᠴᠢᠳᠬᠤᠯᠠᠩ᠎ᠤᠨ ᠸᠧᠶ ᠾᠧ ᠭᠣᠣᠯ᠎ᠳᠤ 1935 ᠣᠨ᠎ᠠᠴᠠ ᠨᠠᠰᠢᠬᠢ ᠠᠳᠠᠯᠢ ᠬᠤᠭᠤᠴᠠᠭ᠋ᠠᠨ᠎ᠤ ᠬᠠᠮᠤᠭ᠎ᠤᠨ ᠶᠡᠬᠡ ᠦᠶᠡᠷ ᠪᠣᠯᠵᠠᠶ᠃ ᠮᠢᠨᠦ ᠰᠠᠶᠢ ᠵᠢᠨ ᠬᠡᠯᠡᠵᠦ ᠥᠩᠭᠡᠷᠡᠭᠰᠡᠨ   ᠢ ᠯᠥᠸᠧ ᠾᠧ ᠭᠣᠣᠯ ᠪᠣᠯᠤᠨ ᠴᠢᠨ ᠾᠧ ᠭᠣᠣᠯ᠎ᠳᠤ ᠪᠦᠷ 1950 ᠣᠨ᠎ᠳᠤ ᠪᠣᠳᠠᠲᠠᠶ ᠬᠡᠮᠵᠢᠯᠲᠡ ᠵᠢᠨ ᠮᠠᠲ᠋ᠧᠷᠢᠶᠠᠯ᠎ᠲᠠᠢ ᠪᠣᠯᠤᠭᠰᠠᠨ᠎ᠠᠴᠠ ᠨᠠᠰᠢᠬᠢ ᠠᠳᠠᠯᠢ ᠬᠤᠭᠤᠴᠠᠭ᠋ᠠᠨ᠎ᠤ ᠬᠠᠮᠤᠭ᠎ᠤᠨ ᠶᠡᠬᠡ ᠦᠶᠡᠷ ᠭᠠᠷᠴᠠᠶ᠂ ᠳᠡᠭᠡᠷᠡᠬᠢ ᠦᠶᠡᠷ᠎ᠤᠨ ᠳᠡᠭᠡᠷ᠎ᠡ ᠬᠠᠳᠤᠨ ᠭᠣᠣᠯ᠎ᠤᠨ ᠬᠣᠶ᠋ᠢᠲᠤ ᠬᠡᠰᠡᠭ᠎ᠤᠨ ᠭᠣᠣᠯ ᠤᠷᠤᠰᠬᠠᠯ᠎ᠤᠨ ᠢᠷᠡᠭᠰᠡᠨ ᠤᠰᠤ ᠵᠢ ᠨᠡᠮᠡᠭᠡᠳ ᠡᠨᠡ ᠤᠳᠠᠭ᠋ᠠᠨ᠎ᠤ ᠬᠠᠳᠤᠨ ᠭᠣᠣᠯ᠎ᠤᠨ ᠬᠦᠨᠳᠦ ᠨᠣᠴᠢᠲᠠᠶ ᠨᠠᠮᠤᠷ᠎ᠤᠨ ᠦᠶᠡᠷ᠎ᠢ ᠪᠤᠢ ᠪᠣᠯᠭ᠋ᠠᠭᠰᠠᠨ ᠪᠠᠶ᠋ᠢᠨ᠎ᠠ᠃ ᠣᠳᠣᠬᠠᠨ᠎ᠳᠤ ᠡᠨᠡ ᠬᠦ᠌ ᠨᠠᠮᠤᠷ᠎ᠤᠨ ᠦᠶᠡᠷ ᠮᠥᠨ ᠬᠦ᠌ ᠦᠷᠭᠦᠯᠵᠢᠯᠡᠵᠦ ᠪᠠᠶ᠋ᠢᠨ᠎ᠠ᠃
      ᠤᠳᠤ ᠬᠠᠨᠵᠢᠶᠠᠩ ᠮᠥᠷᠡᠨ᠎ᠤ ᠤᠰᠤᠨ ᠰᠢᠰᠲ᠋ᠧᠮ᠂ ᠮᠠᠨ᠎ᠤ ᠬᠠᠳᠤᠨ ᠭᠣᠣᠯ᠎ᠤᠨ ᠳᠤᠮᠳᠠᠳᠤ ᠳᠤᠤᠷᠠᠳᠤ ᠤᠷᠤᠰᠬᠠᠯ᠎ᠤᠨ ᠤᠰᠤᠨ ᠰᠢᠰᠲ᠋ᠧᠮ᠂ ᠬᠠᠢ᠌ᠢ᠍ᠾᠤ ᠭᠣᠣᠯ᠎ᠤᠨ ᠰᠠᠪᠠ ᠭᠠᠵᠠᠷ᠎ᠤᠨ ᠡᠮᠦᠨᠡᠲᠦ ᠰᠢᠰᠲ᠋ᠧᠮ᠂ ᠵᠠᠩ ᠸᠸᠢ ᠭᠣᠣᠯ᠎ᠤᠨ ᠤᠰᠤᠨ ᠰᠢᠰᠲ᠋ᠧᠮ᠎ᠢ ᠪᠠᠭᠲᠠᠭ᠋ᠠᠭᠰᠠᠨ ᠮᠠᠨ᠎ᠤ ᠬᠠᠳᠤᠨ ᠭᠣᠣᠯ᠎ᠤᠨ ᠳᠤᠮᠳᠠᠳᠤ ᠳᠤᠤᠷᠠᠳᠤ ᠤᠷᠤᠰᠬᠠᠯ᠎ᠤᠨ ᠤᠰᠤᠨ ᠰᠢᠰᠲ᠋ᠧᠮ ᠴᠥᠮ ᠰᠡᠷᠭᠡᠶ᠋ᠢᠯᠡᠯᠲᠡ᠎ᠠᠴᠠ ᠳᠠᠪᠠᠭᠰᠠᠨ ᠪᠠᠶ᠋ᠢᠳᠠᠯ᠎ᠳᠤ ᠣᠷᠣᠰᠢᠵᠤ ᠪᠠᠶ᠋ᠢᠨ᠎ᠠ᠂ ᠡᠨᠡ᠎ᠨᠢ ᠲᠡᠦᠬᠡᠨ ᠳᠡᠭᠡᠷ᠎ᠡ ᠲᠤᠩ ᠴᠥᠭᠡᠨ ᠪᠠᠶ᠋ᠢᠭᠰᠠᠨ ᠶᠤᠮ᠃ ᠨᠠᠮᠤᠷ᠎ᠤᠨ ᠦᠶᠡᠷ᠎ᠤᠨ ᠬᠦᠨᠳᠦ ᠨᠣᠴᠢᠲᠠᠶ ᠬᠡᠮᠵᠢᠶ᠎ᠡ᠂ ᠦᠷᠭᠦᠯᠵᠢᠯᠡᠭᠰᠡᠨ ᠴᠠᠭ᠎ᠤᠨ ᠣᠷᠳᠣ᠎ᠨᠢ ᠲᠡᠤᠬᠡᠨ᠎ᠳᠤ ᠬᠣᠪᠣᠷ ᠪᠠᠶ᠋ᠢᠳᠠᠭ᠃ ᠳᠥᠭᠥᠮᠬᠡᠨ ᠵᠶ᠋ᠡᠷ ᠦᠯᠢᠳᠬᠡᠪᠡᠯ᠂ ᠥᠩᠭᠡᠷᠡᠭᠰᠡᠨ᠎ᠳᠤ ᠮᠠᠨ᠎ᠤ   ᠶᠠᠮᠤᠨ᠎ᠤ ᠰᠡᠷᠭᠡᠢ᠌ᠯᠡᠯᠲᠡ ᠵᠤᠷᠭ᠋ᠠᠨ ᠡᠨᠡ ᠬᠤᠭᠤᠴᠠᠭ᠋ᠠᠨ᠎ᠳᠤ ᠬᠦᠷᠴᠦ ᠢᠷᠡᠵᠡᠶ᠂ ᠬᠡᠷᠪᠡ ᠲᠠᠶ᠋ᠢᠹᠤᠩ ᠰᠠᠯᠬᠢ ᠪᠠᠶ᠋ᠢᠬᠤ ᠦᠭᠡᠶ ᠪᠣᠯ ᠡᠳᠦᠷ ᠪᠣᠯᠭ᠋ᠠᠨ ᠵᠢᠵᠢᠭᠦᠷᠯᠡᠬᠦ ᠬᠡᠷᠡᠭ ᠦᠭᠡᠶ᠂ ᠣᠳᠣ ᠤᠰᠤᠨ ᠠᠰᠢᠭᠯᠠᠯᠳᠠ ᠵᠢᠨ ᠶᠠᠮᠤᠨ ᠭᠤᠷᠪᠠᠨ ᠳᠡᠰ᠎ᠤᠨ ᠴᠤᠤᠷᠢᠶᠠᠲᠤᠯ ᠵᠶ᠋ᠠᠨ ᠡᠬᠢᠯᠡᠭᠦᠯᠵᠦ᠂ ᠠᠷᠪᠠᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠬᠤᠭᠤᠴᠠᠭ᠎ᠠ᠎ᠪᠠᠨ ᠬᠦᠴᠦᠨ ᠦᠭᠡᠶ ᠪᠣᠯᠭ᠋ᠠᠵᠤ᠂ ᠪᠢ ᠪᠠᠰᠠ ᠡᠳᠦᠷ ᠪᠦᠷᠢ ᠬᠤᠷᠠᠯ ᠡᠷᠭᠢᠯᠡᠨ ᠵᠥᠪᠳᠡᠯᠴᠡᠨ᠎ᠡ᠃ ᠡᠶ᠋ᠢᠮᠦᠷᠬᠦᠦ ᠬᠦᠨᠳᠦ ᠨᠣᠴᠢᠲᠠᠶ ᠨᠠᠮᠤᠷ᠎ᠤᠨ ᠦᠶᠡᠷ᠎ᠤᠨ ᠪᠠᠶ᠋ᠢᠳᠠᠯ ᠳᠣᠣᠷ᠎ᠠ᠂ ᠤᠰᠤᠨ ᠠᠰᠢᠭᠯᠠᠯᠳᠠ ᠵᠢᠨ ᠶᠠᠮᠤᠨ᠎ᠤ ᠶᠡᠷᠦᠩᠬᠡᠶ ᠱᠦᠵᠢ ᠰᠢ ᠵᠢᠨ ᠫᠢᠩ   ᠦᠶᠡᠷ ᠎ᠢ ᠰᠡᠷᠭᠡᠶ᠋ᠢᠯᠡᠵᠦ ᠭᠠᠮᠰᠢᠭ ᠎ᠠᠴᠠ ᠠᠪᠤᠷᠠᠬᠤ ᠠᠵᠢᠯ᠎ᠤᠨ ᠲᠤᠬᠠᠶ ᠴᠢᠬᠤᠯᠠ ᠵᠢᠭ᠋ᠠᠪᠤᠷᠢ ᠵᠢ ᠡᠷᠡᠰ   ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ᠂ ᠲᠦᠷᠤ ᠵᠢᠨ ᠶᠠᠪᠤᠳᠠᠯ᠎ᠤᠨ ᠬᠤᠷᠢᠶ᠎ᠠ ᠵᠢᠨ ᠰᠢᠢᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠶᠣᠰᠣᠭ᠋ᠠᠷ᠂ ᠠᠷᠠᠳ ᠲᠦᠮᠡᠨ ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ᠂ ᠵᠣᠭᠰᠣᠭ᠋ᠠᠬᠤ ᠵᠢ ᠲᠣᠭᠲᠠᠭ᠋ᠠᠬᠤ ᠳᠥᠷᠪᠡᠨ ᠬᠠᠷᠠᠯᠲᠠ ᠵᠢ ᠪᠠᠷᠢᠮᠲᠠᠯᠠᠨ᠂ 《ᠬᠥᠮᠦᠨ ᠥᠭᠦᠵᠦ ᠰᠢᠷᠬᠠᠲᠤᠬᠤ ᠦᠭᠡᠶ᠂ ᠤᠰᠤᠨ ᠴᠥᠭᠥᠷᠥᠮ ᠬᠠᠰᠢᠯᠭ᠎ᠠ ᠵᠢ ᠰᠦᠢ᠍ᠷᠡᠭᠦᠯᠬᠦ ᠦᠭᠡᠶ᠂ ᠴᠢᠬᠤᠯᠠ ᠳᠠᠯᠠᠩ ᠬᠠᠰᠢᠯᠭ᠎ᠠ ᠵᠢ ᠰᠡᠲᠡᠯᠬᠦ ᠦᠭᠡᠶ᠂ ᠴᠢᠬᠤᠯᠠ ᠰᠠᠭᠤᠷᠢ ᠲᠥᠬᠦᠭᠡᠷᠦᠮᠵᠢ ᠳᠠᠭ᠋ᠠᠷᠢᠯᠲᠠ᠎ᠳᠤ ᠤᠴᠠᠷᠠᠬᠤ ᠦᠭᠡᠶ》 ᠪᠠᠶ᠋ᠢᠵᠤ᠂   ᠰᠡᠷᠭᠡᠢ᠌ᠯᠡᠯᠲᠡ ᠵᠢᠨ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠤᠨ ᠪᠣᠳᠠᠲᠠᠶ᠋ᠢᠵᠢᠭᠤᠯᠵᠠᠶ᠃ ᠮᠢᠨᠦ ᠰᠠᠶᠢ ᠵᠢᠨ ᠬᠡᠯᠡᠭᠰᠡᠨ ᠵᠶ᠋ᠡᠷ᠂ ᠶᠠᠮᠤᠨ᠎ᠤ ᠪᠠᠶ᠋ᠢᠭᠤᠯᠤᠯᠭ᠎ᠠ ᠵᠢᠨ ᠰᠢᠭᠤᠳ ᠬᠠᠷᠢᠶ᠎ᠠ ᠪᠠᠶ᠋ᠢᠭᠤᠯᠤᠯᠭ᠎ᠠ ᠵᠢᠨ ᠬᠣᠯᠪᠣᠭᠳᠠᠯ ᠪᠦᠬᠦᠢ ᠬᠥᠮᠦᠰ ᠴᠥᠮ ᠠᠷᠪᠠᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠴᠢᠯᠥᠭᠡ ᠵᠢ ᠬᠦᠴᠦᠨ ᠦᠭᠡᠶ ᠪᠣᠯᠭ᠋ᠠᠵᠤ᠂ ᠦᠶᠡᠷ᠎ᠲᠠᠢ ᠲᠡᠮᠡᠴᠡᠨ ᠭᠠᠮᠰᠢᠭ ᠎ᠠᠴᠠ ᠠᠪᠤᠷᠠᠬᠤ ᠠᠵᠢᠯ᠎ᠳᠤ ᠪᠦᠬᠦ   ᠬᠦᠴᠦ᠎ᠪᠠᠷ ᠵᠢᠳᠬᠦᠬᠦ᠎ᠠᠴᠠ ᠭᠠᠳᠠᠨ᠎ᠠ᠂ ᠰᠠᠶᠢ ᠵᠢᠨ ᠳᠤᠷᠠᠳᠤᠭᠰᠠᠨ ᠠᠰᠠᠭᠤᠯᠲᠠ᠎ᠲᠠᠢ ᠤᠶᠠᠯᠳᠤᠭᠤᠯᠤᠨ᠂ ᠮᠠᠨ᠎ᠤ ᠭᠣᠣᠯ ᠠᠪᠤᠭᠰᠠᠨ ᠠᠷᠭ᠎ᠠ ᠬᠡᠮᠵᠢᠶ᠎ᠡ᠎ᠪᠠᠨ ᠪᠢ ᠳᠥᠭᠥᠮᠬᠡᠨ ᠲᠠᠨᠢᠯᠴᠠᠭᠤᠯᠤᠶ᠎ᠠ᠃
      ᠨᠢᠭᠡᠳᠦᠭᠡᠷ᠎ᠲᠤ᠂ 《ᠤᠷᠢᠳᠴᠢᠯᠠᠬᠤ》 ᠵᠢ ᠲᠡᠷᠢᠭᠦᠨ᠎ᠳᠤ ᠲᠠᠯᠪᠢᠵᠤ᠂ ᠤᠷᠢᠳᠴᠢᠯᠠᠨ ᠪᠡᠯᠡᠳᠬᠡᠬᠦ ᠬᠡᠷᠡᠭᠲᠡᠶ᠃ ᠪᠣᠷᠣᠭ᠋ᠠᠨ ᠣᠷᠣᠬᠤ᠂ ᠤᠷᠤᠰᠬᠠᠯ ᠡᠭᠦᠰᠬᠦ᠂ ᠤᠷᠤᠰᠬᠠᠯ ᠬᠤᠷᠠᠬᠤ᠂ ᠤᠯᠠᠷᠢᠨ ᠬᠤᠪᠢᠰᠬᠤ ᠭᠡᠬᠦ ᠡᠨᠡ ᠬᠦ᠌ ᠪᠠᠶ᠋ᠢᠭ᠋ᠠᠯᠢ ᠵᠢᠨ ᠵᠢᠮ᠎ᠡ ᠶᠣᠰᠣ ᠵᠢ ᠵᠢᠷᠤᠮᠯᠠᠨ᠂ 《ᠲᠦᠷᠪᠡ ᠵᠢ ᠤᠷᠢᠳᠴᠢᠯᠠᠬᠤ》᠂ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠤᠷᠢᠳᠴᠢᠯᠠᠨ ᠰᠣᠷᠢᠯᠲᠠ ᠬᠢᠬᠦ᠂ ᠪᠡᠯᠡᠳᠬᠡᠯ ᠲᠥᠰᠦᠯ᠎ᠢ ᠲᠤᠪᠤᠢ᠌ᠢ᠍ᠯᠭ᠋ᠠᠨ ᠰᠠᠶ᠋ᠢᠲᠤᠷ ᠠᠳᠬᠤᠵᠤ᠂ ᠬᠢᠨᠠᠨ ᠬᠡᠮᠵᠢᠬᠦ ᠤᠳᠠᠭ᠎ᠠ ᠵᠢ ᠨᠢᠭᠲᠠ ᠪᠣᠯᠭ᠋ᠠᠵᠤ᠂ ᠤᠷᠢᠳᠴᠢᠯᠠᠨ ᠮᠡᠳᠡᠭᠡᠯᠡᠬᠦ ᠵᠠᠭᠪᠤᠷ᠎ᠢ ᠰᠢᠯᠢᠳᠡᠭᠵᠢᠭᠦᠯᠦᠨ᠂ ᠤᠷᠢᠳᠴᠢᠯᠠᠨ ᠮᠡᠳᠡᠬᠦ ᠬᠤᠭᠤᠴᠠᠭ᠎ᠠ ᠵᠢ ᠠᠯᠢ ᠴᠢᠳᠠᠬᠤ᠎ᠪᠠᠷ ᠤᠷᠲᠤᠳᠬᠠᠵᠤ᠂ ᠨᠠᠷᠢᠯᠢᠭ ᠣᠨᠣᠴᠠ ᠵᠢᠨ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠪᠢᠳᠡ ᠤᠷᠢᠳᠴᠢᠯᠠᠨ ᠮᠡᠳᠡᠭᠡᠯᠡᠭᠰᠡᠨ ᠦᠷ᠎ᠡ ᠳ᠋ᠦᠩ᠂ ᠵᠥᠪᠳᠡᠯᠴᠡᠭᠰᠡᠨ ᠰᠠᠨᠠᠯ᠂ ᠠᠷᠭ᠋ᠠᠴᠠᠭᠰᠠᠨ ᠠᠷᠭ᠎ᠠ ᠬᠡᠮᠵᠢᠶ᠎ᠡ᠂ ᠴᠠᠬᠢᠯᠭ᠋ᠠᠨ ᠮᠡᠳᠡᠭᠡ ᠵᠢ ᠰᠢᠭᠤᠳ ᠬᠣᠯᠪᠣᠭᠳᠠᠯ ᠪᠦᠬᠦᠢ ᠰᠠᠪᠠ ᠭᠠᠵᠠᠷ᠎ᠤᠨ ᠬᠣᠯᠪᠣᠭᠳᠠᠯ ᠪᠦᠬᠦᠢ ᠣᠷᠣᠨ ᠪᠦᠰᠡ᠎ᠳᠤ ᠬᠦᠷᠭᠡᠵᠦ᠂ ᠰᠢᠭᠤᠳ ᠨᠢᠭᠡᠳᠦᠭᠡᠷ ᠹᠷᠣᠨᠲ᠎ᠲᠤ ᠬᠦᠷᠭᠡᠵᠦ᠂   ᠰᠡᠷᠭᠡᠢ᠌ᠯᠡᠯᠲᠡ ᠵᠢᠨ ᠠᠵᠢᠯ᠎ᠢ ᠵᠢᠯᠣᠭᠣᠳᠤᠨ᠎ᠠ᠃
      ᠬᠣᠶᠠᠳᠤᠭ᠋ᠠᠷ᠎ᠲᠤ᠂ ᠬᠠᠳᠠᠭ᠋ᠠᠯᠠᠬᠤ ᠭᠠᠷᠭ᠋ᠠᠬᠤ ᠵᠢ ᠬᠣᠣᠰᠯᠠᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠬᠤ ᠬᠡᠷᠡᠭᠲᠡᠶ᠃ ᠤᠰᠤᠨ ᠴᠥᠭᠥᠷᠥᠮ᠂ ᠬᠠᠰᠢᠯᠭ᠎ᠠ᠂ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠤ ᠰᠠᠪᠠ ᠭᠠᠵᠠᠷ᠎ᠤᠨ ᠦᠶᠡᠷ᠎ᠢ ᠰᠡᠷᠭᠡᠶ᠋ᠢᠯᠡᠬᠦ ᠪᠠᠷᠢᠯᠭ᠎ᠠ ᠵᠢᠨ ᠰᠢᠰᠲ᠋ᠧᠮ᠎ᠢ ᠬᠠᠮᠲᠤᠷᠠᠨ ᠲᠣᠬᠢᠷᠠᠭᠤᠯᠤᠨ ᠬᠡᠷᠡᠭᠯᠡᠵᠦ᠂ ᠦᠶᠡᠷ᠎ᠤᠨ ᠨᠥᠯᠥᠭᠡ ᠪᠠ ᠬᠣᠬᠢᠷᠠᠯ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠨ᠎ᠠ᠃ ᠰᠠᠶᠢᠬᠠᠨ ᠤᠰᠤᠨ ᠴᠥᠭᠥᠷᠥᠮ ᠡᠨᠳᠡ ᠶᠠᠮᠠᠷ ᠦᠢ᠍ᠯᠡᠳᠦᠯ ᠭᠠᠷᠭ᠋ᠠᠵᠤ ᠪᠠᠶ᠋ᠢᠬᠤ ᠪᠤᠢ   ᠭᠡᠵᠦ ᠤᠯᠠᠨ ᠵᠶ᠋ᠠᠷ ᠵᠶ᠋ᠠᠨ ᠠᠰᠠᠭᠤᠪᠠ᠃ ᠤᠰᠤᠨ ᠴᠥᠭᠥᠷᠥᠮ᠎ᠨᠢ ᠡᠨᠡ ᠵᠢᠯ᠎ᠤᠨ ᠦᠶᠡᠷ᠎ᠢ ᠰᠡᠷᠭᠡᠶ᠋ᠢᠯᠡᠬᠦ ᠶᠠᠪᠤᠴᠠ᠎ᠳᠤ ᠭᠣᠣᠯᠯᠠᠬᠤ ᠦᠢ᠍ᠯᠡᠳᠦᠯ᠂ ᠵᠠᠩᠭᠢᠯᠠᠭ᠎ᠠ ᠵᠢᠨ ᠦᠢ᠍ᠯᠡᠳᠦᠯ ᠵᠶ᠋ᠡᠨ ᠪᠠᠳᠠᠷᠠᠭᠤᠯᠪᠠ᠃ ᠶᠠᠭᠤᠨ᠎ᠳᠤ ᠢᠩᠭᠢᠵᠦ ᠬᠡᠯᠡᠵᠦ ᠪᠠᠶ᠋ᠢᠬᠤ ᠪᠤᠢ ᠪᠢᠳᠡ ᠡᠳᠦᠶ ᠲᠡᠳᠦᠶ ᠲᠣᠭ᠎ᠠ ᠪᠠᠷᠢᠮᠲᠠ ᠵᠢ ᠠᠪᠴᠤ ᠦᠵᠡᠪᠡᠯ᠂ ᠰᠠᠶᠢᠬᠠᠨ ᠬᠠᠮᠲᠤᠷᠠᠨ ᠲᠣᠬᠢᠷᠠᠭᠤᠯᠵᠤ᠂ 11 ᠤᠯᠤᠰ᠎ᠤᠨ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠳᠤ ᠣᠷᠣᠭᠤᠯᠤᠭᠰᠠᠨ᠎ᠠᠴᠠ ᠭᠠᠳᠠᠨ᠎ᠠ᠂ ᠤᠰᠤᠨ ᠴᠥᠭᠥᠷᠥᠮ᠎ᠢ ᠲᠣᠬᠢᠷᠠᠭᠤᠯᠬᠤ ᠲᠠᠯ᠎ᠠ᠎ᠪᠠᠷ 3757   ᠰᠠᠤᠷᠢ(ᠤᠳᠠᠭ᠎ᠠ) ᠲᠤᠮᠤ ᠳᠤᠮᠳᠠ ᠬᠡᠯᠪᠡᠷᠢ ᠵᠢᠨ ᠤᠰᠤᠨ ᠴᠥᠭᠥᠷᠥᠮ᠎ᠢ ᠲᠣᠬᠢᠷᠠᠭᠤᠯᠤᠨ ᠬᠡᠷᠡᠭᠯᠡᠵᠦ᠂ 1146 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠦᠶᠡᠷ᠎ᠢ ᠬᠠᠰᠢᠵᠤ᠂ 1149 ᠬᠣᠲᠠ ᠪᠠᠯᠭ᠋ᠠᠰᠤᠨ ᠵᠢᠪᠬᠦ ᠵᠢ ᠪᠠᠭ᠋ᠠᠰᠬᠠᠨ᠂ 1371 ᠲᠦᠮᠡᠨ   ᠮᠦ᠍ ᠲᠠᠷᠢᠶᠠᠨ ᠭᠠᠵᠠᠷ᠎ᠲᠤ   ᠵᠢᠪᠬᠦ ᠵᠢ ᠬᠣᠷᠣᠭᠳᠠᠭᠤᠯᠵᠤ᠂ 721 ᠲᠦᠮᠡᠨ ᠬᠥᠮᠦᠨ᠎ᠢ ᠰᠢᠯᠵᠢᠭᠦᠯᠬᠦ᠎ᠠᠴᠠ ᠵᠠᠶ᠋ᠢᠯᠠᠰᠬᠢᠵᠦ᠂ ᠠᠷᠠᠳ ᠤᠯᠠᠨ᠎ᠤ ᠠᠮᠢ   ᠨᠠᠰᠤ ᠡᠳ᠋ ᠬᠥᠷᠦᠩᠭᠡ ᠵᠢᠨ ᠠᠮᠤᠷ ᠲᠦᠪᠰᠢᠨ᠎ᠢ ᠪᠦᠲᠦᠮᠵᠢᠲᠡᠶ ᠪᠠᠲᠤᠯᠠᠪᠠ᠃
      ᠣᠶ᠋ᠢᠷ᠎ᠠ᠎ᠳᠤ ᠮᠠᠨ᠎ᠤ ᠨᠠᠮᠤᠷ᠎ᠤᠨ ᠤᠯᠠᠷᠢᠯ᠎ᠤᠨ   ᠰᠡᠷᠭᠡᠢ᠌ᠯᠡᠯᠲᠡ ᠬᠠᠮᠲᠤᠷᠠᠨ ᠰᠢᠶᠤᠤ ᠯᠠᠩ ᠳ᠋ᠢ᠂ ᠯᠦ᠍ ᠾᠦᠨ᠂   ᠭᠦ᠋ ᠰᠢᠶᠠᠨ᠂ ᠾᠧ ᠺᠸᠦ ᠲᠣᠰᠬᠣᠨ᠂ ᠸᠠᠨ ᠵᠢᠶᠠ ᠵᠠᠶ ᠤᠰᠤᠨ ᠴᠥᠭᠥᠷᠥᠮ᠎ᠤᠨ ᠰᠦᠷᠦᠭᠵᠢᠯ᠎ᠢ ᠲᠣᠬᠢᠷᠠᠭᠤᠯᠵᠤ᠂ ᠬᠠᠲᠤᠨ ᠭᠣᠤᠯ᠎ᠤᠨ ᠭᠣᠤᠯ ᠰᠠᠯᠪᠤᠷᠢ ᠤᠷᠤᠰᠬᠠᠯ᠎ᠤᠨ ᠦᠶᠡᠷ᠎ᠤᠨ ᠤᠰᠤ ᠵᠢ ᠪᠥᠬᠥ ᠬᠦᠴᠦᠨ ᠵᠶ᠋ᠡᠷ ᠵᠶ᠋ᠡᠨ ᠬᠠᠰᠢᠨ ᠬᠠᠳᠠᠭ᠋ᠠᠯᠠᠵᠤ᠂ ᠪᠢᠳᠡ ᠰᠧᠺᠦ᠋ᠨ᠋ᠳ᠋ ᠪᠦᠷᠢ ᠵᠢᠨ 7400 ᠪᠣᠰᠣᠭ᠎ᠠ ᠳᠥᠷᠪᠡᠯᠵᠢᠨ ᠮᠧᠲᠷ᠎ᠤᠨ ᠦᠶᠡᠷ᠎ᠤᠨ ᠣᠷᠭᠢᠯ᠎ᠢ 4900᠎ᠠᠴᠠ ᠳᠣᠷᠣᠭᠰᠢ ᠪᠣᠯᠲᠠᠯ᠎ᠠ ᠪᠠᠭ᠋ᠠᠰᠬᠠᠪᠠ᠂ ᠣᠲᠣ ᠦᠨᠳᠦᠰᠦᠨ᠎ᠳᠡᠭᠡᠨ 4600 — 4700 ᠵᠢᠨ ᠬᠣᠭᠣᠷᠣᠨᠳᠣ ᠪᠠᠶ᠋ᠢᠵᠤ᠂ ᠬᠠᠲᠤᠨ ᠭᠣᠤᠯ᠎ᠤᠨ ᠳᠣᠤᠷᠠᠳᠤ ᠤᠷᠤᠰᠬᠠᠯ᠎ᠤᠨ ᠰᠠᠶ᠋ᠢᠷᠭ᠋ᠠᠯ᠎ᠤᠨ ᠣᠷᠣᠨ᠎ᠤ ᠠᠮᠤᠷ ᠲᠦᠪᠰᠢᠨ᠎ᠢ ᠪᠦᠲᠦᠮᠵᠢᠲᠡᠶ ᠪᠠᠲᠤᠯᠠᠭᠰᠠᠨ ᠪᠠᠶ᠋ᠢᠨ᠎ᠠ᠃ ᠬᠡᠷᠪᠡ ᠡᠨᠡ 7000 ᠭᠠᠷᠤᠶ ᠤᠷᠤᠰᠬᠠᠯ᠎ᠤᠨ ᠬᠡᠮᠵᠢᠶ᠎ᠡ ᠵᠢ ᠳᠣᠷᠣᠭᠰᠢ ᠪᠠᠭᠤᠯᠭ᠋ᠠᠬᠤ᠎ᠳᠤ ᠭᠦᠷᠪᠡᠯ᠂ ᠰᠠᠶ᠋ᠢᠷᠭ᠋ᠠᠯ ᠣᠷᠣᠨ᠎ᠤ ᠣᠯᠠᠨ ᠲᠦᠮᠡᠨ ᠶᠡᠬᠡ ᠬᠡᠮᠵᠢᠶ᠎ᠡ᠎ᠪᠠᠷ ᠰᠢᠯᠵᠢᠵᠦ᠂ ᠬᠦᠨᠳᠦ ᠨᠣᠴᠢᠲᠠᠶ ᠬᠣᠬᠢᠷᠠᠯ᠎ᠳᠤ ᠤᠴᠠᠷᠠᠬᠤ ᠪᠣᠯᠤᠨ᠎ᠠ᠃ ᠡᠨᠡ ᠤᠳᠠᠭ᠋ᠠᠨ᠎ᠤ ᠨᠠᠮᠤᠷ᠎ᠤᠨ ᠦᠶᠡᠷ᠎ᠤᠨ ᠬᠤᠭᠤᠴᠠᠭ᠋ᠠᠨ᠎ᠳᠤ ᠪᠢᠳᠡ ᠪᠠᠰᠠ ᠳ᠋ᠠᠨ ᠵᠢᠶᠠᠩ ᠺᠸᠤ ᠤᠰᠤᠨ ᠴᠥᠭᠥᠷᠥᠮ᠂ ᠠᠨ ᠺᠠᠩ ᠤᠰᠤᠨ ᠴᠥᠭᠥᠷᠥᠮ᠎ᠢ ᠲᠣᠬᠢᠷᠠᠭᠤᠯᠵᠤ᠂ ᠬᠠᠨᠵᠢᠶᠠᠩ ᠮᠥᠷᠡᠨ᠎ᠤ ᠳᠤᠮᠳᠠ ᠳᠣᠣᠷ᠎ᠠ ᠤᠷᠤᠰᠬᠠᠯ᠎ᠤᠨ ᠭᠣᠣᠯ ᠤᠷᠤᠰᠬᠠᠯ᠎ᠤᠨ ᠤᠰᠤᠨ ᠲᠦᠪᠰᠢᠨ᠎ᠢ ᠪᠠᠲᠤᠯᠠᠭ᠋ᠠᠲᠤ ᠤᠰᠤᠨ ᠲᠦᠪᠰᠢᠨ᠎ᠠᠴᠠ ᠬᠡᠲᠦᠷᠡᠭᠦᠯᠬᠦ᠎ᠠᠴᠠ ᠵᠠᠶ᠋ᠢᠯᠠᠰᠬᠢᠪᠡ᠃ 2021-09-30    16: 26: 42
      ᠯᠢᠦ ᠸᠧᠶ ᠫᠢᠩ᠄
      ᠪᠠᠰᠠ ᠨᠢᠭᠡ ᠨᠡᠯᠢᠶᠡᠳ ᠲᠤᠶ᠋ᠢᠯᠰᠢᠷᠠᠭᠰᠠᠨ ᠵᠢᠱ᠌ᠢᠶ᠎ᠡ ᠭᠡᠪᠡᠯ᠂ ᠮᠠᠨ᠎ᠤ ᠲᠠᠩ ᠪᠠᠶ ᠾᠧ ᠭᠣᠤᠯ᠎ᠤᠨ ᠰᠠᠪᠠ ᠭᠠᠵᠠᠷ᠎ᠤᠨ ᠪᠠᠶ ᠾᠧ ᠭᠣᠤᠯ᠎ᠳᠤ᠂ ᠪᠠᠶ ᠾᠧ ᠭᠣᠤᠯ᠎ᠤᠨ ᠳᠡᠭᠡᠷ᠎ᠡ ᠨᠢᠭᠡ ᠶᠠ ᠾᠧ ᠺᠸᠤ ᠤᠰᠤᠨ ᠴᠥᠭᠥᠷᠥᠮ ᠪᠠᠶ᠋ᠢᠳᠠᠭ᠂ ᠪᠠᠶ ᠾᠧ ᠭᠣᠤᠯ ᠡᠮᠦᠨ᠎ᠡ ᠨᠢᠭᠡ ᠬᠤᠭᠤᠴᠠᠭ᠋ᠠᠨ᠎ᠳᠤ ᠰᠢᠷᠦᠭᠦᠨ ᠪᠣᠷᠣᠭ᠋ᠠᠨ᠎ᠠᠴᠠ ᠪᠣᠯᠵᠣ ᠦᠶᠡᠷᠯᠡᠵᠦ᠂ ᠤᠷᠤᠰᠬᠠᠯ᠎ᠤᠨ ᠬᠡᠮᠵᠢᠶ᠎ᠡ᠎ᠨᠢ 18200 ᠪᠣᠰᠣᠭ᠎ᠠ ᠳᠥᠷᠪᠡᠯᠵᠢᠨ ᠮᠧᠲᠷ\ ᠰᠧᠺᠦ᠋ᠨ᠋ᠳ᠋᠎ᠲᠤ ᠬᠦᠷᠴᠦ᠂ ᠦᠶᠡᠷ᠎ᠢ ᠬᠠᠰᠢᠬᠤ ᠥᠬᠡᠶ ᠪᠣᠯ ᠨᠠᠨᠶᠠᠩ ᠬᠣᠲᠠ᠎ᠳᠤ ᠮᠥᠬᠥᠯ᠎ᠤᠨ ᠭᠠᠮᠰᠢᠭ ᠪᠣᠯᠵᠣ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠳᠤᠮᠳᠠ ᠱᠤᠭᠤᠮ᠎ᠤᠨ ᠪᠠᠷᠢᠯᠭ᠎ᠠ᠎ᠳᠤ ᠴᠤ᠌ ᠯᠤᠲᠤ ᠶᠡᠬᠡ ᠰᠦᠷᠳᠡᠭᠦᠯᠦᠯ ᠪᠣᠯᠤᠨ᠎ᠠ᠃ ᠶᠠ ᠾᠧ ᠺᠸᠦ ᠤᠰᠤᠨ ᠴᠥᠭᠥᠷᠥᠮ᠎ᠤᠨ ᠲᠣᠬᠢᠷᠠᠭᠤᠯᠤᠯᠲᠠ᠎ᠪᠠᠷ ᠳᠡᠮᠵᠢᠨ᠂ ᠰᠧᠺᠦ᠋ᠨ᠋ᠳ᠋ ᠪᠦᠷᠢ 5000 ᠪᠣᠰᠣᠭ᠎ᠠ ᠳᠥᠷᠪᠡᠯᠵᠢᠨ ᠮᠧᠲᠷ᠎ᠤᠨ ᠤᠷᠤᠰᠬᠠᠯ᠎ᠤᠨ ᠬᠡᠮᠵᠢᠶ᠎ᠡ᠎ᠪᠠᠷ ᠳᠣᠷᠣᠭᠰᠢ ᠤᠷᠤᠰᠬᠠᠨ᠂ ᠴᠢᠬᠤᠯᠠ ᠦᠢᠯᠡᠳᠦᠯ ᠦᠵᠡᠭᠦᠯᠦᠭᠰᠡᠨ ᠪᠠᠶ᠋ᠢᠨ᠎ᠠ᠃ ᠬᠠᠶ᠋ᠢᠾᠤ ᠭᠣᠣᠯ᠎ᠤᠨ ᠡᠮᠦᠨᠡᠲᠦ ᠬᠡᠰᠡᠭ᠎ᠤᠨ ᠵᠠᠩ ᠸᠧᠶ ᠾᠧ ᠭᠣᠣᠯ᠎ᠤᠨ ᠤᠰᠤᠨ ᠰᠢᠰᠲ᠋ᠧᠮ᠎ᠳᠤ ᠪᠠᠰᠠ ᠦᠶᠡᠷ ᠭᠠᠷᠴᠠᠶ᠂ ᠪᠢᠳᠡ ᠫᠠᠨ ᠱ᠌ᠢ ᠽᠢ ᠤᠰᠤᠨ ᠴᠥᠭᠥᠷᠥᠮ᠎ᠢ ᠲᠣᠬᠢᠷᠠᠭᠤᠯᠤᠨ ᠦᠶᠡᠷ᠎ᠤᠨ ᠤᠰᠤ ᠵᠢ ᠬᠠᠰᠢᠨ ᠬᠠᠳᠠᠭ᠋ᠠᠯᠠᠵᠤ᠂ ᠬᠠᠭ᠋ᠠᠯᠲᠠ ᠵᠢ ᠬᠠᠭ᠋ᠠᠵᠤ᠂ ᠳᠤᠤᠷᠠᠳᠤ ᠤᠷᠤᠰᠬᠠᠯ᠎ᠤᠨ ᠸᠧᠶ ᠾᠧ ᠭᠣᠣᠯ᠎ᠤᠨ ᠰᠠᠪᠠ ᠭᠠᠵᠠᠷ᠎ᠤᠨ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠢ ᠬᠡᠷᠡᠭᠯᠡᠬᠦ᠎ᠠᠴᠠ ᠵᠠᠶ᠋ᠢᠯᠠᠰᠬᠢᠪᠡ᠃ ᠸᠧᠶ ᠾᠧ ᠭᠣᠣᠯ᠎ᠤᠨ ᠰᠠᠪᠠ ᠭᠠᠵᠠᠷ᠎ᠲᠤ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ 9 ᠪᠠᠶ᠋ᠢᠵᠤ᠂ 《7·20》᠎ᠤ ᠰᠢᠷᠦᠭᠦᠨ ᠪᠣᠷᠣᠭ᠋ᠠᠨ᠎ᠤ ᠦᠶ᠎ᠡ᠎ᠳᠤ 8 ᠵᠢ ᠡᠬᠢᠯᠡᠨ ᠬᠡᠷᠡᠭᠯᠡᠭᠰᠡᠨ ᠪᠠᠶ᠋ᠢᠨ᠎ᠠ᠃ ᠤᠰᠤᠨ ᠴᠥᠭᠥᠷᠥᠮ᠎ᠢ ᠲᠣᠬᠢᠷᠠᠭᠤᠯᠤᠨ ᠬᠠᠳᠠᠭ᠋ᠠᠯᠠᠭᠰᠠᠨ ᠵᠶ᠋ᠠᠷ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠢ ᠳᠠᠬᠢᠨᠲᠠ ᠡᠬᠢᠯᠡᠵᠦ ᠬᠡᠷᠡᠭᠯᠡᠬᠦ ᠪᠠ 10 ᠲᠦᠮᠡᠨ ᠬᠥᠮᠦᠨ᠎ᠢ ᠰᠢᠯᠵᠢᠭᠦᠯᠬᠦ᠎ᠠᠴᠠ ᠵᠠᠶ᠋ᠢᠯᠠᠰᠬᠢᠪᠡ᠃ ᠡᠶ᠋ᠢᠮᠦ᠎ᠠᠴᠠ ᠦᠶᠡᠷ᠎ᠢ ᠰᠡᠷᠭᠡᠶ᠋ᠢᠯᠡᠬᠦ ᠪᠠᠷᠢᠯᠭ᠎ᠠ ᠵᠢᠨ ᠳᠤᠮᠳᠠ ᠤᠰᠤᠨ ᠴᠥᠭᠥᠷᠥᠮ᠎ᠨᠢ ᠲᠤᠶ᠋ᠢᠯ᠎ᠤᠨ ᠴᠢᠬᠤᠯᠠ ᠭᠣᠣᠯᠯᠠᠭᠴᠢ ᠦᠢ᠍ᠯᠡᠳᠦᠯ ᠵᠶ᠋ᠡᠨ ᠪᠠᠳᠠᠷᠠᠭᠤᠯᠤᠭᠰᠠᠨ ᠪᠠᠶ᠋ᠢᠨ᠎ᠠ᠃
      ᠡᠭᠦᠨ᠎ᠤ ᠬᠠᠮᠲᠤ᠂ ᠤᠯᠠᠨ ᠵᠶ᠋ᠠᠷ ᠵᠶ᠋ᠠᠨ ᠪᠠᠰᠠ ᠤᠰᠤᠨ ᠴᠥᠭᠥᠷᠥᠮ᠎ᠤᠨ ᠠᠮᠤᠷ ᠲᠦᠪᠰᠢᠨ᠎ᠤ ᠠᠰᠠᠭᠤᠳᠠᠯ᠎ᠢ ᠠᠩᠬᠠᠷᠴᠤ ᠪᠠᠢ᠌ᠨ᠎ᠠ᠃ ᠡᠨᠡ ᠵᠢᠯ᠎ᠤᠨ ᠦᠶᠡᠷ᠎ᠤᠨ ᠬᠤᠭᠤᠴᠠᠭ᠋ᠠᠨ᠎ᠳᠤ᠂   ᠣᠨᠴᠠᠭ᠋ᠠᠢ ᠴᠠᠭ ᠠᠭᠤᠷ᠎ᠤᠨ ᠨᠥᠯᠥᠭᠡ᠎ᠠᠴᠠ ᠪᠣᠯᠵᠣ᠂ ᠤᠰᠤᠨ ᠴᠥᠭᠥᠷᠥᠮ᠎ᠤᠨ ᠠᠮᠤᠷ ᠲᠦᠪᠰᠢᠨ᠎ᠤ ᠠᠰᠠᠭᠤᠳᠠᠯ ᠴᠤ᠌ ᠬᠠᠲᠠᠭᠤ ᠴᠢᠩᠭ᠎ᠠ ᠰᠢᠯᠭ᠋ᠠᠯᠲᠠ᠎ᠳᠤ ᠲᠤᠯᠭ᠋ᠠᠷᠠᠵᠤ᠂ ᠤᠰᠤᠨ ᠴᠥᠭᠥᠷᠥᠮ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠵᠢᠨ       ᠲᠥᠯᠥᠭᠡ᠂ ᠤᠰᠤᠨ ᠠᠰᠢᠭᠯᠠᠯᠳᠠ ᠵᠢᠨ ᠶᠠᠮᠤᠨ ᠳᠣᠤᠷᠠᠬᠢ ᠬᠡᠳᠦᠨ ᠵᠦᠢᠯ᠎ᠤᠨ ᠠᠵᠢᠯ᠎ᠢ ᠬᠢᠭᠰᠡᠨ ᠪᠠᠶ᠋ᠢᠨ᠎ᠠ᠃ ᠨᠢᠭᠡᠳᠦᠭᠡᠷ᠎ᠲᠤ᠂ ᠠᠵᠢᠯ᠎ᠤᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠎ᠠ᠃ 9.8 ᠲᠦᠮᠡᠨ ᠤᠰᠤᠨ ᠴᠥᠭᠥᠷᠥᠮ᠎ᠤᠨ ᠠᠶᠤᠯᠭᠦᠶ ᠵᠢᠨ ᠬᠠᠷᠢᠭᠤᠴᠠᠯᠭ᠋ᠠᠲᠠᠨ᠎ᠢ ᠨᠠᠶ᠋ᠢᠳᠠᠪᠤᠷᠢᠵᠢᠭᠤᠯᠤᠭᠰᠠᠨ ᠪᠥᠭᠡᠳ ᠨᠡᠶ᠋ᠢᠭᠡᠮ ᠨᠡᠶ᠋ᠢᠲᠡ᠎ᠳᠤ ᠨᠡᠶ᠋ᠢᠲᠡᠯᠡᠪᠡ᠃ ᠵᠢᠵᠢᠭ ᠴᠥᠭᠥᠷᠥᠮ ᠨᠢᠭᠡᠪᠦᠷᠢ᠎ᠳᠤ 《ᠭᠤᠷᠪᠠᠨ ᠬᠠᠷᠢᠭᠤᠴᠠᠯᠭ᠎ᠠ᠎ᠲᠠᠢ ᠬᠥᠮᠦᠨ》᠎ᠲᠠᠢ ᠪᠠᠶ᠋ᠢᠬᠤ ᠬᠡᠷᠡᠭᠲᠡᠶ᠂ ᠪᠢᠳᠡ ᠨᠡᠶ᠋ᠢᠭᠡᠮ ᠨᠡᠶ᠋ᠢᠲᠡ᠎ᠳᠤ ᠨᠡᠢ᠌ᠢ᠍ᠳᠡ 16.5 ᠲᠦᠮᠡᠨ ᠬᠥᠮᠦᠨ᠎ᠢ ᠨᠡᠶ᠋ᠢᠲᠡᠯᠡᠪᠡ᠃ ᠡᠭᠦᠨ᠎ᠤ ᠬᠠᠮᠲᠤ᠂ ᠲᠤᠰᠢᠶᠠᠯ ᠬᠠᠷᠢᠭᠤᠴᠠᠯᠭ᠎ᠠ ᠵᠢᠨ ᠱᠠᠭ᠋ᠠᠷᠳᠠᠯᠭ᠎ᠠ ᠵᠢ ᠲᠣᠳᠣᠷᠬᠠᠶ᠋ᠢᠯᠠᠵᠤ᠂ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠨ᠎ᠠ᠃ ᠦᠶᠡᠷ᠎ᠤᠨ ᠬᠤᠭᠤᠴᠠᠭ᠋ᠠᠨ᠎ᠳᠤ ᠪᠢᠳᠡ ᠡᠳᠦᠷ ᠪᠦᠷᠢ ᠰᠢᠷᠦᠭᠦᠨ ᠪᠣᠷᠣᠭ᠋ᠠᠨ᠎ᠤ ᠰᠦᠷᠳᠡᠭᠦᠯᠦᠯ᠎ᠳᠤ ᠤᠴᠠᠷᠠᠭᠰᠠᠨ ᠭᠠᠵᠠᠷ ᠣᠷᠣᠨ᠎ᠠᠴᠠ 100᠎ᠠᠴᠠ ᠳᠤᠲᠠᠭᠤ ᠦᠭᠡᠢ ᠤᠰᠤᠨ ᠴᠥᠭᠥᠷᠥᠮ᠂ ᠣᠨᠴᠠᠭ᠋ᠠᠶ᠋ᠢᠯᠠᠨ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ《ᠭᠤᠷᠪᠠᠨ ᠬᠠᠷᠢᠭᠤᠴᠠᠯᠭ᠋ᠠᠲᠠᠨ》᠎ᠤ ᠲᠤᠰᠢᠶᠠᠯ ᠵᠶ᠋ᠠᠨ ᠭᠦᠢ᠍ᠴᠡᠳᠬᠡᠭᠰᠡᠨ ᠪᠠᠶ᠋ᠢᠳᠠᠯ᠎ᠢ ᠲᠣᠬᠢᠶᠠᠯᠳᠤᠯ ᠵᠶ᠋ᠠᠷ ᠰᠣᠩᠭᠣᠨ ᠪᠠᠶ᠋ᠢᠴᠠᠭ᠋ᠠᠨ᠎ᠠ᠃   ᠶᠠᠮᠤᠨ᠎ᠤ ᠰᠠᠶ᠋ᠢᠳ ᠯᠢ ᠭᠦᠸᠧ ᠢᠩ ᠵᠥᠪᠳᠡᠯᠴᠡᠭᠡ ᠵᠢ ᠡᠷᠭᠢᠯᠡᠬᠦ᠎ᠳᠡᠭᠡᠨ ᠪᠠᠰᠠ ᠥᠪᠡᠷ᠎ᠤᠨ ᠪᠡᠶ᠎ᠡ᠎ᠪᠠᠷ ᠵᠶ᠋ᠡᠨ ᠠᠵᠢᠯ᠎ᠤᠨ ᠪᠠᠶ᠋ᠢᠷᠢ ᠵᠢ ᠪᠠᠶ᠋ᠢᠴᠠᠭ᠋ᠠᠵᠤ᠂ ᠤᠰᠤᠨ ᠴᠥᠭᠥᠷᠥᠮ᠎ᠤᠨ 《ᠭᠤᠷᠪᠠᠨ ᠬᠠᠷᠢᠭᠤᠴᠠᠯᠭ᠋ᠠᠲᠠᠨ》᠎ᠤ ᠨᠡᠷᠡᠰ ᠎ᠢ ᠲᠤᠬᠠᠶ ᠵᠢᠨ ᠭᠠᠵᠠᠷ᠎ᠲᠤᠨᠢ ᠰᠢᠯᠵᠢᠭᠦᠯᠦᠨ ᠭᠠᠷᠭ᠋ᠠᠵᠤ᠂ ᠲᠣᠭᠣᠷᠢᠨ ᠪᠠᠶ᠋ᠢᠴᠠᠭ᠋ᠠᠬᠤ ᠬᠠᠷᠢᠭᠤᠴᠠᠯᠭ᠋ᠠᠲᠠᠨ᠎ᠳᠤ ᠤᠲᠠᠰᠤ᠎ᠪᠠᠷ ᠶᠠᠷᠢᠪᠠ᠂ ᠡᠨᠡ ᠤᠴᠢᠷ ᠎ᠢ ᠰᠣᠨᠢᠨ ᠮᠡᠳᠡᠭᠡᠨ᠎ᠤ ᠵᠠᠭᠤᠴᠢᠯᠠᠭᠤᠷ᠎ᠤᠨ ᠨᠠᠶ᠋ᠢᠵᠠ ᠨᠠᠷ ᠪᠠᠰᠠ ᠮᠡᠳᠡᠭᠡᠯᠡᠵᠦ ᠥᠩᠭᠡᠷᠡᠵᠡᠶ᠂ ᠡᠭᠦᠨ᠎ᠤ ᠭᠣᠣᠯ ᠵᠣᠷᠢᠯᠭ᠎ᠠ᠎ᠨᠢ ᠬᠠᠷᠢᠭᠤᠴᠠᠯᠭ᠋ᠠᠲᠠᠨ ᠎ᠢ ᠱᠠᠭ᠋ᠠᠷᠳᠠᠨ ᠠᠵᠢᠯ᠎ᠤᠨ ᠪᠠᠶ᠋ᠢᠷᠢᠨ᠎ᠳᠤ ᠭᠠᠷᠭ᠋ᠠᠵᠤ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢᠨ ᠲᠥᠯᠥᠭᠡ ᠶᠤᠮ᠃
      ᠬᠣᠶᠠᠳᠤᠭ᠋ᠠᠷ᠎ᠲᠤ᠂ ᠠᠵᠢᠯᠯᠠᠭ᠋ᠠᠨ᠎ᠤ ᠬᠠᠮᠢᠶᠠᠷᠤᠯᠲᠠ ᠵᠢ ᠵᠢᠷᠤᠮᠵᠢᠭᠤᠯᠤᠨ᠎ᠠ᠃ ᠤᠰᠤᠨ ᠴᠥᠭᠥᠷᠥᠮ᠎ᠢ ᠲᠣᠬᠢᠷᠠᠭᠤᠯᠤᠨ ᠬᠡᠷᠡᠭᠯᠡᠬᠦ ᠲᠦᠷᠢᠮ᠂ ᠲᠣᠬᠢᠷᠠᠭᠤᠯᠤᠨ ᠬᠡᠷᠡᠭᠯᠡᠬᠦ ᠲᠥᠯᠥᠪᠯᠡᠭᠡ ᠪᠠ ᠦᠶᠡᠷ᠎ᠢ ᠰᠡᠷᠭᠡᠶ᠋ᠢᠯᠡᠬᠦ ᠲᠤᠬᠢᠷᠠᠭᠤᠯᠤᠯᠳᠠ ᠵᠢᠨ ᠲᠥᠰᠦᠯ᠎ᠢ ᠲᠣᠭᠲᠠᠭ᠋ᠠᠵᠤ᠂ ᠤᠰᠤᠨ ᠴᠥᠭᠥᠷᠥᠮ᠎ᠤᠨ ᠦᠶᠡᠷ᠎ᠤᠨ ᠬᠤᠭᠤᠴᠠᠭ᠋ᠠᠨ᠎ᠤ ᠲᠣᠬᠢᠷᠠᠭᠤᠯᠤᠨ ᠬᠡᠷᠡᠭᠯᠡᠬᠦ ᠬᠢᠨᠠᠯᠲᠠ ᠬᠠᠮᠢᠶᠠᠷᠤᠯᠲᠠ ᠵᠢ ᠴᠢᠩᠳᠠᠯᠠᠬᠤ ᠵᠢᠨ ᠵᠠᠩᠭᠢᠯᠠᠭ᠎ᠠ᠎ᠨᠢ ᠤᠰᠤᠨ ᠴᠥᠭᠥᠷᠥᠮ᠎ᠤᠨ ᠲᠣᠭᠲᠠᠭ᠋ᠠᠯ᠎ᠢ ᠵᠥᠷᠢᠴᠡᠨ ᠦᠶᠡᠷ᠎ᠤᠨ ᠬᠢᠵᠠᠭ᠋ᠠᠷ᠎ᠠᠴᠠ ᠬᠡᠲᠦᠷᠡᠭᠦᠯᠦᠨ ᠠᠵᠢᠯᠯᠠᠬᠤ ᠵᠢ ᠴᠢᠩᠭ᠎ᠠ ᠴᠠᠭ᠋ᠠᠵᠠᠯᠠᠬᠤ᠎ᠳᠤ ᠪᠠᠶ᠋ᠢᠨ᠎ᠠ᠃   ᠭᠡᠮ ᠰᠣᠭᠣᠭ᠎ᠲᠠᠢ ᠤᠰᠤᠨ ᠴᠥᠭᠥᠷᠥᠮ᠎ᠤᠨ ᠬᠢᠨᠠᠯᠲᠠ ᠬᠠᠮᠢᠶᠠᠷᠤᠯᠲᠠ ᠨᠡᠩ ᠴᠢᠩᠭ᠎ᠠ ᠪᠣᠯᠵᠠᠶ᠂ ᠣᠳᠣᠬᠠᠨ᠎ᠳᠤ ᠵᠠᠷᠢᠮ ᠡᠮᠵᠡᠭ ᠠᠶᠤᠯ᠎ᠲᠠᠢ ᠤᠰᠤᠨ ᠴᠥᠭᠥᠷᠥᠮ᠎ᠤᠨ   ᠭᠡᠮ ᠰᠣᠭᠣᠭ᠎ᠢ ᠠᠷᠢᠯᠭ᠋ᠠᠭ᠋ᠠᠳᠤᠶ᠂ ᠦᠶᠡᠷ᠎ᠤᠨ ᠬᠤᠭᠤᠴᠠᠭ᠋ᠠᠨ᠎ᠤ ᠤᠰᠤᠨ ᠴᠥᠭᠥᠷᠥᠮ᠎ᠤᠨ ᠦᠶᠡᠷ᠎ᠤᠨ ᠬᠤᠭᠤᠴᠠᠭ᠎ᠠ ᠵᠢ ᠥᠩᠭᠡᠷᠡᠭᠡᠬᠦ ᠠᠮᠤᠷ ᠲᠦᠪᠰᠢᠨ᠎ᠳᠤ ᠮᠠᠰᠢ ᠶᠡᠬᠡ ᠰᠦᠷᠳᠡᠭᠦᠯᠦᠯ ᠪᠤᠯᠵᠤ ᠪᠠᠶ᠋ᠢᠨ᠎ᠠ᠃ ᠶᠠᠭ᠋ᠠᠬᠢᠪᠠᠯ ᠵᠣᠬᠢᠬᠤ ᠪᠤᠢ᠂ ᠪᠢᠳᠡ ᠡᠳᠡᠭᠡᠷ   ᠭᠡᠮ ᠰᠣᠭᠣᠭ᠎ᠲᠠᠢ ᠤᠰᠤᠨ ᠴᠥᠭᠥᠷᠥᠮ᠎ᠤᠨ ᠭᠣᠣᠯ ᠦᠶᠡᠷ᠎ᠤᠨ ᠬᠤᠭᠤᠴᠠᠭ᠎ᠠ ᠵᠢ ᠵᠠᠷᠴᠢᠮ ᠳᠡᠭᠡᠷ᠎ᠡ᠎ᠪᠠᠨ ᠴᠥᠮ ᠬᠣᠭᠣᠰᠣᠨ ᠬᠥᠮᠥᠷᠭᠡ᠎ᠪᠠᠷ ᠠᠵᠢᠯᠯᠠᠭᠤᠯᠬᠤ ᠵᠢ ᠱᠠᠭ᠋ᠠᠷᠳᠠᠨ᠎ᠠ᠃ ᠣᠳᠣᠬᠠᠨ᠎ᠳᠤ ᠨᠠᠮᠤᠷ᠎ᠤᠨ ᠦᠶᠡᠷ ᠪᠠᠶ᠋ᠢᠨ ᠳᠠᠬᠢᠨ ᠡᠭᠦᠰᠴᠦ ᠪᠠᠶ᠋ᠢᠭ᠎ᠠ ᠪᠣᠯᠬᠣᠷ ᠠᠭ᠋ᠠᠳᠠᠷ ᠪᠣᠷᠣᠭ᠋ᠠᠨ ᠦᠶᠡᠷ᠎ᠤᠨ ᠰᠦᠷᠳᠡᠭᠦᠯᠦᠯ᠎ᠳᠤ ᠤᠴᠠᠷᠠᠭᠰᠠᠨ   ᠭᠡᠮ ᠰᠣᠭᠣᠭ᠎ᠲᠠᠢ ᠤᠰᠤᠨ ᠴᠥᠭᠥᠷᠥᠮ᠎ᠳᠤ ᠴᠦ᠍ ᠦᠷᠭᠦᠯᠵᠢᠯᠡᠨ ᠬᠣᠭᠣᠰᠣᠨ ᠴᠥᠭᠥᠷᠥᠮ᠎ᠤᠨ ᠠᠵᠢᠯᠯᠠᠭ᠎ᠠ ᠵᠢ ᠬᠡᠷᠡᠭᠵᠢᠭᠦᠯᠬᠦ ᠬᠡᠷᠡᠭᠲᠡᠶ᠃ ᠥᠭᠡᠷ᠎ᠡ᠎ᠪᠠᠷ ᠬᠡᠯᠡᠪᠡᠯ ᠤᠰᠤᠨ ᠴᠥᠭᠥᠷᠥᠮ᠎ᠢ ᠬᠣᠭᠣᠰᠣᠯᠠᠵᠤ᠂ ᠤᠰᠤ ᠬᠠᠳᠠᠭ᠋ᠠᠯᠠᠬᠤ ᠬᠡᠷᠡᠭ ᠥᠬᠡᠶ᠃
      ᠭᠤᠷᠪᠠᠳᠤᠭ᠋ᠠᠷ᠎ᠲᠤ᠂ ᠲᠦᠭᠰᠢᠭᠦᠷᠢᠲᠦ ᠪᠠᠶ᠋ᠢᠳᠠᠯ᠎ᠢ ᠰᠢᠢ᠍ᠳᠪᠦᠷᠢᠯᠡᠬᠦ ᠵᠢ ᠴᠢᠩᠭ᠋ᠠᠳᠬᠠᠨ᠎ᠠ᠃ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠦᠬᠦᠳᠠ ᠬᠤᠷᠠᠯ᠎ᠠᠴᠠ᠂ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠰᠢᠨ᠎ᠢ ᠪᠠᠲᠤᠯᠠᠬᠤ ᠵᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ ᠵᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠨᠡᠩ ᠠᠮᠤᠷ ᠲᠦᠪᠰᠢᠨ᠎ᠤ ᠪᠠᠲᠤᠯᠠᠭ᠎ᠠ᠎ᠲᠠᠢ ᠪᠠᠶ᠋ᠢᠪᠠᠯ ᠰᠠᠶᠢ ᠤᠯᠠᠨ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ᠎ᠢ ᠪᠠᠲᠤᠯᠠᠵᠤ ᠴᠢᠳᠠᠨ᠎ᠠ᠃ ᠪᠢᠳᠡ ᠬᠡᠷᠡᠭᠯᠡᠬᠦ᠎ᠳᠤ ᠬᠢᠯᠪᠠᠷ ᠳᠥᠭᠥᠮ ᠤᠰᠤᠨ ᠴᠥᠭᠥᠷᠥᠮ᠎ᠤᠨ ᠦᠶᠡᠷ᠎ᠢ ᠰᠡᠷᠭᠡᠶ᠋ᠢᠯᠡᠬᠦ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠲᠣᠭᠲᠠᠭ᠋ᠠᠵᠤ᠂ ᠣᠷᠣᠨ ᠨᠤᠲᠤᠭ᠎ᠤᠨ᠎ᠬᠢᠨ᠎ᠢ ᠵᠢᠯᠣᠭᠣᠳᠤᠨ ᠰᠣᠷᠢᠯᠲᠠ ᠬᠢᠬᠦ ᠵᠢ ᠴᠢᠩᠭ᠋ᠠᠳᠬᠠᠪᠠ; ᠦᠶᠡᠷ᠎ᠤᠨ ᠬᠤᠭᠤᠴᠠᠭ᠋ᠠᠨ᠎ᠤ ᠲᠣᠭᠣᠷᠢᠨ ᠪᠠᠶ᠋ᠢᠴᠠᠭ᠋ᠠᠵᠤ ᠬᠣᠷᠢᠭᠯᠠᠬᠤ ᠠᠵᠢᠯ᠎ᠢ ᠰᠠᠶ᠋ᠢᠲᠤᠷ ᠬᠢᠵᠦ᠂ ᠤᠰᠤᠨ ᠴᠥᠭᠥᠷᠥᠮ᠎ᠤᠨ ᠲᠦᠭᠰᠢᠭᠦᠷᠢᠲᠦ ᠪᠠᠶ᠋ᠢᠳᠠᠯ᠎ᠢ ᠣᠯᠵᠤ ᠮᠡᠳᠡᠮᠡᠭᠴᠡ ᠠᠶᠤᠯ᠎ᠲᠠᠢ ᠤᠰᠤᠨ ᠴᠥᠭᠥᠷᠥᠮ᠎ᠤᠨ ᠰᠦᠷᠳᠡᠭᠦᠯᠦᠯ᠎ᠳᠤ ᠤᠴᠠᠷᠠᠭᠰᠠᠨ ᠳᠤᠤᠷᠠᠳᠤ ᠤᠷᠤᠰᠬᠠᠯ᠎ᠤᠨ ᠣᠷᠣᠨ᠎ᠤ ᠤᠯᠠᠨ ᠲᠦᠮᠡᠨ᠎ᠢ ᠡᠷᠡᠰ ᠵᠶ᠋ᠡᠷ ᠰᠢᠯᠵᠢᠭᠦᠯᠵᠦ᠂ ᠠᠶᠤᠯ᠎ᠲᠠᠢ ᠣᠷᠣᠨ᠎ᠠᠴᠠ ᠵᠠᠶ᠋ᠢᠯᠠᠭᠤᠯᠵᠤ᠂ ᠬᠠᠰᠤᠬᠤ ᠶᠣᠰᠣᠲᠠᠶ ᠵᠢ᠎ᠨᠢ ᠪᠦᠬᠦᠨ᠎ᠢ ᠬᠠᠰᠤᠬᠤ᠂ ᠬᠠᠰᠤᠬᠤ ᠶᠣᠰᠣᠲᠠᠶ ᠵᠢ᠎ᠨᠢ ᠵᠠᠪᠠᠯ ᠬᠠᠰᠤᠬᠤ᠂ ᠬᠠᠰᠤᠬᠤ ᠶᠣᠰᠣᠲᠠᠶ ᠵᠢ᠎ᠨᠢ ᠡᠷᠲᠡ ᠬᠠᠰᠤᠬᠤ ᠵᠢ ᠪᠡᠶᠡᠯᠡᠭᠦᠯᠵᠦ᠂ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ; ᠡᠭᠦᠨ᠎ᠤ ᠵᠡᠷᠭᠡ᠎ᠳᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠪᠦᠬᠦ ᠬᠦᠴᠦᠨ ᠵᠶ᠋ᠡᠷ ᠵᠶ᠋ᠡᠨ ᠠᠶᠤᠯ ᠎ᠠᠴᠠ ᠠᠪᠤᠷᠠᠵᠤ᠂ ᠤᠰᠤᠨ ᠴᠥᠭᠥᠷᠥᠮ᠎ᠤᠨ ᠬᠠᠰᠢᠯᠭ᠎ᠠ ᠵᠢᠨ ᠠᠮᠤᠷ ᠲᠦᠪᠰᠢᠨ ᠎ᠢ ᠪᠠᠲᠤᠯᠠᠬᠤ ᠬᠡᠷᠡᠭᠲᠡᠶ᠃ ᠲᠠ ᠪᠦᠬᠦᠨ᠎ᠳᠤ ᠪᠠᠶᠠᠷᠯᠠᠯ᠎ᠠ᠃ 2021-09-30     16: 35: 35
      ᠰᠢᠩ ᠬᠤᠢ ᠨᠠ᠄
      ᠵᠠ᠂ ᠥᠨᠥᠳᠦᠷ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠡᠨᠳᠡ ᠬᠦᠷᠦᠭᠡᠳ ᠥᠨᠳᠥᠷᠯᠡᠶ᠎ᠡ᠂ ᠳᠡᠳ᠋ ᠰᠠᠶ᠋ᠢᠳ ᠯᠢᠦ ᠸᠧᠶ ᠫᠢᠩ ᠪᠣᠯᠤᠨ ᠭᠤᠷᠪᠠᠨ ᠵᠤᠷᠭ᠋ᠠᠨ᠎ᠤ ᠳᠠᠷᠤᠭ᠎ᠠ᠎ᠳᠤ ᠲᠠᠯᠠᠷᠬᠠᠵᠤ ᠪᠠᠶ᠋ᠢᠨ᠎ᠠ᠂ ᠵᠠᠭᠤᠴᠢᠯᠠᠭᠤᠷ᠎ᠤᠨ ᠨᠠᠶ᠋ᠢᠵᠠ ᠨᠠᠷ᠎ᠲᠤ ᠴᠤ᠌ ᠲᠠᠯᠠᠷᠬᠠᠵᠤ ᠪᠠᠶ᠋ᠢᠨ᠎ᠠ᠂ ᠪᠠᠶᠠᠷᠲᠠᠶ᠃ 2021-09-30    16: 35: 45

ᠢᠷᠡᠯᠲᠡ᠄
          
ᠬᠠᠮᠢᠶ᠎ᠡ ᠪᠦᠬᠦᠢ ᠰᠣᠨᠢᠨ
 
            