ᠰᠢᠨᠬᠤᠸᠠ ᠬᠣᠷᠢᠶᠠᠨ᠎ᠤ ᠪᠡᠭᠡᠵᠢᠩ᠎ᠤᠨ9 ᠰᠠᠷ᠎ᠠ ᠵᠢᠨ3᠎ᠤ ᠴᠠᠬᠢᠯᠭ᠋ᠠᠨ ᠮᠡᠳᠡᠭᠡ ᠤᠶ᠋ᠢᠷ ᠊ᠠ᠋ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠳᠤᠮᠳᠠ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ ᠵᠢ ᠴᠢᠩᠭ᠋ᠠᠳᠬᠠᠬᠤ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠭᠰᠠᠨ ᠪᠥᠭᠡᠳ ᠮᠡᠳᠡᠭᠳᠡᠯ ᠪᠠᠭᠤᠯᠭ᠋ᠠᠵᠤ᠂ ᠡᠯ ᠡ ᠭᠠᠵᠠᠷ ᠣᠷᠣᠨ ᠡᠯ᠎ᠡ ᠰᠠᠯᠠᠭ᠍ ᠊ᠠ᠋ ᠮᠥᠴᠢᠷ᠎ᠤᠨ᠎ᠬᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃
《ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠳᠤᠮᠳᠠ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ ᠵᠢ ᠴᠢᠩᠭ᠋ᠠᠳᠬᠠᠬᠤ ᠲᠤᠬᠠᠢ ᠰᠠᠨᠠᠯ》᠎ᠤᠨ ᠪᠦᠭᠦ ᠠᠭᠤᠯᠭ᠍ ᠊ᠠ᠋ᠨᠢ ᠳᠣᠣᠷᠠᠬᠢ ᠮᠡᠲᠦ᠃
ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠳᠤᠮᠳᠠ ᠲᠡᠦᠬᠡ ᠰᠣᠶᠣᠯ᠎ᠤᠨ ᠥᠪ᠎ᠢ ᠰᠢᠰᠲ᠋ᠧᠮ᠎ᠲᠠᠢ ᠰᠠᠶ᠋ᠢᠲᠤᠷ ᠬᠠᠮᠠᠭ᠋ᠠᠯᠠᠵᠤ᠂ ᠠᠰᠢᠭᠯᠠᠵᠤ᠂ ᠤᠯᠠᠮᠵᠢᠯᠠᠨ ᠵᠠᠯᠭ᠋ᠠᠮᠵᠢᠯᠠᠬᠤ᠎ᠨᠢ ᠲᠡᠦᠬᠡ ᠰᠣᠶᠣᠯ᠎ᠤᠨ ᠰᠤᠳᠠᠰᠤ ᠵᠢ ᠦᠷᠭᠦᠯᠵᠢᠯᠡᠭᠦᠯᠬᠦ᠂ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠂ ᠰᠣᠶᠣᠯ᠎ᠤᠨ ᠢᠲᠡᠭᠡᠯ᠎ᠢ ᠪᠠᠲᠤᠳᠬᠠᠬᠤ᠂ ᠨᠡᠶ᠋ᠢᠭᠡᠮ ᠵᠢᠷᠤᠮ᠎ᠤᠨ ᠰᠣᠶᠣᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠳᠤᠮᠳᠠ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ ᠵᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠤᠰᠠᠳᠠ᠂ ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ᠃
ᠨᠢᠭᠡ᠂ ᠶᠡᠷᠦᠩᠬᠡᠢ ᠱᠠᠭ᠋ᠠᠷᠳᠠᠯᠭ᠍ ᠊ᠠ᠋
(ᠨᠢᠭᠡ) ᠵᠢᠯᠤᠭᠤᠳᠬᠤ ᠦᠵᠡᠯ ᠰᠠᠨᠠᠭ᠍ ᠊ᠠ᠋᠃ ᠰᠢ ᠵᠢᠨ ᠫᠢᠩ᠎ᠤᠨ ᠰᠢᠨ᠎ᠡ ᠴᠠᠭ ᠦᠢ ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠍ ᠊ᠠ᠋ᠪᠠᠷ ᠵᠢᠯᠤᠭᠤᠳᠤᠯᠭ᠍ ᠊ᠠ᠋ ᠪᠤᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠦᠭᠦᠳᠠ ᠬᠤᠷᠠᠯ᠎ᠤᠨ ᠵᠣᠷᠢᠭ ᠰᠠᠨᠠᠭ᠍ ᠊ᠠ᠋ ᠵᠢ ᠭᠦᠨᠵᠡᠭᠡᠢ ᠲᠤᠭᠤᠰᠢᠯᠠᠭᠤᠯᠵᠤ᠂ 《ᠲᠠᠪᠤ ᠵᠢ ᠨᠢᠭᠡ ᠴᠣᠭᠴᠠᠵᠢᠭᠤᠯᠬᠤ》 ᠶᠡᠷᠦᠩᠬᠡᠢ ᠪᠠᠶ᠋ᠢᠷᠢᠰᠢᠭᠤᠯᠤᠯᠲᠠ ᠵᠢ ᠨᠢᠭᠡᠳᠦᠯᠲᠡᠢ ᠲᠥᠯᠥᠪᠯᠡᠨ ᠠᠬᠢᠭᠤᠯᠬᠤ ᠪᠠ 《ᠳᠥᠷᠪᠡᠨ ᠪᠦᠭᠦ ᠲᠠᠯ ᠊ᠠ᠋》 ᠵᠢᠨ ᠪᠠᠶ᠋ᠢᠯᠳᠤᠬᠤ ᠪᠤᠳᠤᠯᠭ᠍ ᠊ᠠ᠋ ᠵᠢᠨ ᠪᠠᠶ᠋ᠢᠷᠢᠰᠢᠭᠤᠯᠤᠯᠲᠠ ᠵᠢ ᠵᠣᠬᠢᠴᠠᠩᠭᠤᠢ ᠠᠬᠢᠭᠤᠯᠬᠤ᠎ᠲᠠᠢ ᠨᠢᠭᠲᠠ ᠤᠶᠠᠯᠳᠤᠭᠤᠯᠤᠨ᠂ ᠬᠠᠮᠠᠭ᠋ᠠᠯᠠᠯᠲᠠ ᠵᠢ ᠢᠮᠠᠭᠲᠠ ᠲᠡᠷᠢᠭᠦᠨ ᠪᠠᠶ᠋ᠢᠷᠢᠨ᠎ᠳᠤ ᠲᠠᠯᠪᠢᠵᠤ᠂ ᠬᠤᠳᠠ ᠬᠥᠳᠡᠭᠡ ᠵᠢᠨ ᠲᠡᠦᠬᠡ ᠰᠣᠶᠣᠯ᠎ᠤᠨ ᠥᠪ᠎ᠢ ᠰᠢᠰᠲ᠋ᠧᠮ᠎ᠲᠠᠢ ᠪᠦᠷᠢᠨ ᠪᠦᠲᠦᠨ ᠬᠠᠮᠠᠭ᠋ᠠᠯᠠᠵᠤ ᠤᠯᠠᠮᠵᠢᠯᠠᠬᠤ ᠪᠠ ᠳᠤᠮᠳᠠᠳᠤ ᠤᠯᠤᠰ᠎ᠤᠨ ᠦᠯᠢᠭᠡᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠯᠢᠭᠡᠷ᠎ᠢ ᠪᠦᠭᠦ ᠲᠠᠯ ᠊ᠠ᠋ᠪᠠᠷ ᠦᠨᠡᠨ ᠪᠣᠳᠠᠲᠠᠢ᠎ᠪᠠᠷ ᠰᠠᠶ᠋ᠢᠲᠤᠷ ᠶᠠᠷᠢᠬᠤ᠎ᠪᠠᠷ ᠬᠠᠷᠠᠯᠲᠠ ᠪᠤᠯᠭ᠋ᠠᠵᠤ᠂ ᠲᠡᠦᠬᠡ᠎ᠳᠤ ᠬᠠᠷᠢᠭᠤᠴᠠᠬᠤ᠂ ᠠᠷᠠᠳ ᠲᠦᠮᠡᠨ᠎ᠳᠤ ᠬᠠᠷᠢᠭᠤᠴᠠᠬᠤ ᠣᠪᠣᠷ ᠵᠶ᠋ᠠᠷ᠂ ᠳᠦᠷᠢᠮ᠎ᠤᠨ ᠦᠵᠦ ᠲᠥᠯᠥᠪᠯᠡᠭᠡ ᠵᠢ ᠴᠢᠩᠭ᠋ᠠᠳᠬᠠᠵᠤ᠂ ᠲᠦᠷᠦᠯ ᠬᠤᠪᠢᠶᠠᠭᠰᠠᠨ᠎ᠨᠢ ᠰᠢᠨᠵᠢᠯᠡᠬᠦ ᠤᠬᠠᠭ᠋ᠠᠨᠴᠢ᠂ ᠬᠠᠮᠠᠭ᠋ᠠᠯᠠᠯᠲᠠ᠎ᠨᠢ ᠬᠦᠴᠦᠨ᠎ᠲᠠᠢ᠂ ᠬᠠᠮᠢᠶᠠᠷᠤᠯᠲᠠ᠎ᠨᠢ ᠦᠷ ᠡ ᠪᠦᠲᠦᠮᠵᠢᠲᠡᠶ ᠬᠤᠲᠠ ᠬᠥᠳᠡᠭᠡ ᠵᠢᠨ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ ᠰᠢᠰᠲ᠋ᠧᠮ᠎ᠢ ᠪᠠᠢ᠌ᠭᠤᠯᠤᠨ᠎ᠠ ; ᠳᠦᠷᠢᠮ ᠲᠣᠭᠲᠠᠴᠠ ᠲᠦᠷᠦ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠬᠠᠮᠠᠭ᠋ᠠᠯᠠᠵᠤ ᠠᠰᠢᠭᠯᠠᠬᠤ ᠵᠢ ᠨᠢᠭᠡᠳᠦᠯᠲᠡᠢ ᠲᠥᠯᠥᠪᠵᠢᠭᠦᠯᠵᠦ᠂ ᠣᠷᠣᠨ ᠵᠠᠢ ᠵᠢ ᠪᠦᠭᠦᠨ᠎ᠢ ᠬᠠᠮᠤᠷᠴᠤ᠂ ᠡᠯᠧᠮᠧᠨ᠋ᠲ᠎ᠢ ᠪᠦᠭᠦᠨ᠎ᠢ ᠪᠠᠭᠲᠠᠭ᠋ᠠᠵᠤ᠂ ᠲᠠᠩ ᠴᠣᠭᠴᠠ ᠵᠢᠨ ᠪᠠᠷᠢᠯᠭ᠍ ᠊ᠠ᠋ ᠵᠢ ᠬᠠᠮᠠᠭ᠋ᠠᠯᠠᠬᠤ᠎ᠪᠠᠷ ᠪᠠᠷᠠᠬᠤ ᠦᠭᠡᠢ ᠪᠠᠰᠠ ᠵᠡᠭᠡᠯᠢ ᠭᠤᠳᠤᠮᠵᠢ ᠵᠡᠭᠡᠯᠢ ᠲᠣᠭᠤᠷᠢᠭ᠂ ᠬᠤᠳᠠ ᠪᠠᠯᠭ᠋ᠠᠰᠤᠨ᠎ᠤ ᠪᠠᠶ᠋ᠢᠷᠢᠰᠢᠯ᠎ᠢ ᠬᠠᠮᠠᠭ᠋ᠠᠯᠠᠵᠤ᠂ ᠲᠡᠦᠬᠡ᠎ᠲᠠᠢ ᠭᠠᠵᠠᠷ ᠬᠡᠰᠡᠭ᠂ ᠪᠠᠶ᠋ᠢᠭ᠋ᠠᠯᠢ ᠵᠢᠨ ᠦᠵᠡᠮᠵᠢ᠂ ᠰᠣᠶᠣᠯ ᠢᠷᠭᠡᠨᠰᠢᠯ᠎ᠤᠨ ᠣᠷᠴᠢᠨ ᠲᠣᠭᠤᠷᠢᠨ ᠪᠣᠯᠣᠨ ᠪᠣᠳᠠᠰ᠎ᠤᠨ ᠪᠤᠰᠤ ᠰᠣᠶᠣᠯ᠎ᠤᠨ ᠥᠪ᠎ᠢ ᠰᠠᠶ᠋ᠢᠲᠤᠷ ᠬᠠᠮᠠᠭ᠋ᠠᠯᠠᠵᠤ᠂ ᠬᠤᠳᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠳᠤᠮᠳᠠ ᠲᠡᠦᠬᠡ ᠰᠣᠶᠣᠯ᠎ᠤᠨ ᠥᠪ ᠲᠠᠰᠤᠷᠠᠯᠳᠠ ᠦᠭᠡᠢ ᠡᠪᠳᠡᠭᠳᠡᠬᠦ᠂ ᠨᠤᠷᠠᠭ᠋ᠠᠭᠳᠠᠬᠤ ᠵᠡᠷᠭᠡ ᠲᠤᠪᠤᠶ᠋ᠢᠮ ᠊ᠠ᠋ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠡᠯ ᠡ ᠴᠠᠭ ᠦᠢ ᠡ ᠵᠢᠨ ᠴᠢᠬᠤᠯᠠ ᠬᠤᠳᠠ ᠬᠥᠳᠡᠭᠡ ᠵᠢᠨ ᠲᠡᠦᠬᠡ ᠰᠣᠶᠣᠯ᠎ᠤᠨ ᠥᠪ᠎ᠢ ᠰᠢᠰᠲ᠋ᠧᠮᠲᠦ ᠴᠢᠨᠠᠷᠲᠠᠢ ᠬᠠᠮᠠᠭ᠋ᠠᠯᠠᠬᠤ ᠵᠢ ᠪᠠᠲᠤᠯᠠᠵᠤ᠂ ᠨᠡᠶ᠋ᠢᠭᠡᠮ ᠵᠢᠷᠤᠮ᠎ᠤᠨ ᠰᠣᠶᠣᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ ᠬᠦᠴᠦᠲᠡᠢ ᠪᠠᠲᠤᠯᠠᠭ᠍ ᠊ᠠ᠋ ᠬᠠᠩᠭ᠋ᠠᠨ᠎ᠠ᠃
(ᠬᠤᠶᠠᠷ) ᠠᠵᠢᠯ᠎ᠤᠨ ᠵᠠᠷᠴᠢᠮ᠃
— ᠨᠢᠭᠡᠳᠦᠯᠲᠡᠢ ᠲᠥᠯᠥᠪᠵᠢᠭᠦᠯᠦᠨ᠂ ᠰᠢᠰᠲ᠋ᠧᠮ᠎ᠲᠠᠢ ᠠᠬᠢᠭᠤᠯᠬᠤ ᠵᠢ ᠪᠠᠷᠢᠮᠲᠠᠯᠠᠨ᠎ᠠ᠃ ᠤᠯᠤᠰ᠎ᠠᠴᠠ ᠨᠢᠭᠡᠳᠦᠯᠲᠡᠢ ᠲᠥᠯᠥᠪᠵᠢᠭᠦᠯᠬᠦ᠂ ᠳᠡᠭᠡᠳᠦ ᠳᠣᠣᠷᠠᠳᠤ ᠱᠠᠲᠤ ᠬᠤᠯᠪᠤᠭ᠋ᠠᠯᠠᠨ ᠬᠥᠳᠡᠯᠦᠯᠴᠡᠬᠦ ᠵᠢ ᠪᠠᠷᠢᠮᠲᠠᠯᠠᠵᠤ᠂ ᠡᠯ ᠡ ᠱᠠᠲᠤᠨ᠎ᠤ ᠨᠠᠮ᠎ᠤᠨ ᠬᠤᠷᠢᠶ ᠊ᠠ᠋ ᠪᠠ ᠵᠠᠰᠠᠭ᠎ᠤᠨ ᠣᠷᠳᠣᠨ᠎ᠤ ᠬᠤᠲᠠ ᠬᠥᠳᠡᠭᠡ ᠵᠢᠨ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ ᠳᠤᠮᠳᠠᠬᠢ ᠵᠣᠬᠢᠶᠠᠨ ᠪᠠᠶ᠋ᠢᠭᠤᠯᠵᠤ ᠤᠳᠤᠷᠢᠳᠬᠤ ᠪᠠ ᠶᠡᠷᠦᠩᠬᠡᠶ᠋ᠢᠯᠡᠨ ᠵᠣᠬᠢᠴᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠲᠥᠯᠦᠪᠵᠢᠭᠦᠯᠭᠡ᠂ ᠪᠦᠲᠦᠭᠡᠨ ᠪᠠᠶ᠋ᠢᠭᠤᠯᠤᠯᠲᠠ᠂ ᠬᠠᠮᠢᠶᠠᠷᠤᠯᠲᠠ ᠵᠢ ᠨᠢᠭᠡᠳᠦᠯᠲᠡᠢ ᠲᠥᠯᠥᠪᠵᠢᠭᠦᠯᠵᠦ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠪᠠ ᠬᠠᠷᠢᠭᠤᠴᠠᠯᠭ᠍ ᠊ᠠ᠋ ᠨᠡᠬᠡᠮᠵᠢᠯᠡᠬᠦ ᠦᠷ ᠡ ᠪᠦᠳᠦᠮᠵᠢ ᠵᠢ ᠪᠠᠶ᠋ᠢᠴᠠᠭ᠋ᠠᠬᠤ ᠵᠢ ᠴᠢᠩᠭ᠋ᠠᠳᠬᠠᠵᠤ᠂ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢ ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠵᠤ᠂ ᠠᠵᠢᠯ᠎ᠤᠨ ᠪᠦᠬᠦᠯᠢ ᠴᠣᠭᠴᠠᠲᠤ ᠴᠢᠨᠠᠷ᠂ ᠰᠢᠰᠲ᠋ᠧᠮᠲᠦ ᠴᠢᠨᠠᠷ᠎ᠢ ᠴᠢᠩᠭ᠋ᠠᠳᠬᠠᠨ᠎ᠠ᠃
— ᠦᠷᠲᠡᠭ᠎ᠤᠨ ᠤᠳᠤᠷᠢᠳᠤᠮᠵᠢ ᠵᠢ ᠪᠠᠷᠢᠮᠲᠠᠯᠠᠵᠤ᠂ ᠬᠠᠮᠠᠭ᠋ᠠᠯᠠᠪᠠᠰᠤ ᠵᠣᠬᠢᠬᠤ ᠵᠢ᠎ᠨᠢ ᠪᠦᠭᠦᠨ᠎ᠢ ᠬᠠᠮᠠᠭ᠋ᠠᠯᠠᠨ᠎ᠠ᠃ ᠲᠡᠦᠬᠡ ᠰᠣᠶᠣᠯ᠎ᠤᠨ ᠦᠨ᠎ᠡ ᠦᠷᠲᠡᠭ ᠵᠶ᠋ᠠᠷ ᠤᠳᠤᠷᠢᠳᠤᠮᠵᠢ ᠪᠤᠯᠭ᠋ᠠᠵᠤ᠂ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠎ᠢ ᠬᠠᠮᠠᠭ᠋ᠠᠯᠠᠬᠤ ᠱᠠᠭ᠋ᠠᠷᠳᠠᠯᠭ᠎ᠠ ᠶᠣᠰᠣᠭ᠋ᠠᠷ᠂ ᠣᠷᠣᠰᠢᠬᠤᠢ ᠪᠦᠬᠦᠢ ᠰᠣᠶᠣᠯ᠎ᠤᠨ ᠥᠪ᠎ᠤᠨ ᠣᠨᠴᠠᠯᠢᠭᠲᠤ ᠵᠣᠬᠢᠴᠠᠭᠤᠯᠵᠤ᠂ ᠡᠷᠲᠡᠨ᠎ᠤ ᠪᠠ ᠣᠷᠴᠢᠨ ᠤᠲᠤ ᠦᠢ ᠡ ᠵᠢᠨ᠂ ᠬᠤᠲᠠ ᠪᠠ ᠬᠥᠳᠡᠭᠡ ᠲᠤᠰᠬᠤᠨ᠂ ᠪᠣᠳᠠᠰ᠎ᠤᠨ ᠪᠠ ᠪᠣᠳᠠᠰ᠎ᠤᠨ ᠪᠤᠰᠤ ᠵᠡᠷᠭᠡ ᠲᠡᠦᠬᠡ ᠰᠣᠶᠣᠯ᠎ᠤᠨ ᠥᠪ᠎ᠢ ᠪᠦᠭᠦ ᠲᠠᠯ ᠊ᠠ᠋ᠪᠠᠷ ᠰᠠᠶ᠋ᠢᠲᠤᠷ ᠬᠠᠮᠠᠭ᠋ᠠᠯᠠᠵᠤ᠂ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠳᠤᠮᠳᠠ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠳ᠋ᠯᠡᠭᠦ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠤᠮᠳᠠᠳᠤ ᠵᠢᠨ ᠦᠨᠳᠦᠰᠦᠲᠡᠨ᠎ᠤ ᠳᠦᠷᠢ ᠲᠥᠷᠬᠦ ᠵᠢ ᠪᠤᠶ ᠪᠤᠯᠭ᠋ᠠᠬᠤ ᠪᠠ ᠳᠤᠪᠤᠶ᠋ᠢᠯᠭ᠋ᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ᠂ ᠨᠡᠶ᠋ᠢᠭᠡᠮ ᠵᠢᠷᠤᠮ᠎ᠤᠨ ᠲᠡᠷᠢᠭᠦᠨ᠎ᠤ ᠰᠣᠶᠣᠯ᠎ᠢ ᠪᠠᠳᠠᠷᠠᠭᠤᠯᠤᠨ ᠬᠥᠭᠵᠢᠭᠦᠯᠦᠨ᠎ᠡ᠃
— ᠵᠦᠢ ᠵᠣᠬᠢᠰᠲᠠᠢ ᠠᠰᠢᠭᠯᠠᠵᠤ᠂ ᠤᠯᠠᠮᠵᠢᠯᠠᠨ ᠬᠥᠭᠵᠢᠭᠦᠯᠬᠦ ᠵᠢ ᠪᠠᠷᠢᠮᠲᠠᠯᠠᠨ᠎ᠠ᠃ ᠠᠷᠠᠳ ᠲᠦᠮᠡᠨ ᠵᠶ᠋ᠠᠷ ᠭᠤᠣᠯ ᠪᠤᠯᠭ᠋ᠠᠬᠤ ᠵᠢ ᠪᠠᠷᠢᠮᠲᠠᠯᠠᠵᠤ᠂ ᠪᠦᠲᠦᠭᠡᠯᠴᠢ ᠴᠢᠨᠠᠷᠲᠠᠢ᠎ᠪᠠᠷ ᠣᠨᠳᠣᠣᠰᠢᠭᠤᠯᠬᠤ᠂ ᠰᠢᠨ᠎ᠡ ᠵᠢ ᠡᠭᠦᠳᠭᠦ ᠴᠢᠨᠠᠷᠲᠠᠢ᠎ᠪᠠᠷ ᠬᠥᠭᠵᠢᠭᠦᠯᠬᠦ ᠵᠢ ᠪᠠᠷᠢᠮᠲᠠᠯᠠᠵᠤ᠂ ᠬᠠᠮᠠᠭ᠋ᠠᠯᠠᠵᠤ ᠤᠯᠠᠮᠵᠢᠯᠠᠬᠤ ᠠᠵᠢᠯ᠎ᠢ ᠠᠵᠤ ᠠᠬᠤᠢ ᠨᠡᠶ᠋ᠢᠭᠡᠮ᠎ᠤᠨ ᠬᠥᠭᠵᠢᠯᠲᠡ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠪᠣᠯᠣᠨ ᠤᠲᠤ ᠦᠢ ᠡ ᠵᠢᠨ ᠠᠮᠢᠳᠤᠷᠠᠯ᠎ᠳᠤ ᠠᠭᠤᠰᠤᠯᠴᠠᠭᠤᠯᠵᠤ᠂ ᠲᠡᠦᠬᠡ ᠰᠣᠶᠣᠯ ᠬᠢᠭᠡᠳ ᠬᠤᠲᠠ ᠬᠥᠳᠡᠭᠡ ᠵᠢᠨ ᠬᠥᠭᠵᠢᠯᠲᠡ ᠵᠢ ᠠᠭᠤᠰᠤᠯᠴᠠᠭᠤᠯᠵᠤ᠂ ᠲᠡᠦᠬᠡ ᠰᠣᠶᠣᠯ᠎ᠤᠨ ᠥᠪ᠎ᠤᠨ ᠨᠡᠶ᠋ᠢᠭᠡᠮ᠎ᠤᠨ ᠰᠤᠷᠭ᠋ᠠᠨ ᠬᠥᠮᠦᠵᠢᠯ᠎ᠤᠨ ᠦᠢ᠍ᠯᠡᠳᠦᠯ ᠪᠣᠯᠣᠨ ᠬᠡᠷᠡᠭᠯᠡᠭᠡᠨ᠎ᠤ ᠦᠷᠲᠡᠭ᠎ᠢ ᠪᠠᠳᠠᠷᠠᠭᠤᠯᠵᠤ᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ ᠵᠢ ᠴᠢᠬᠤᠯᠠᠴᠢᠯᠠᠵᠤ᠂ ᠠᠷᠠᠳ ᠲᠦᠮᠡᠨ᠎ᠤ ᠡᠳᠦᠷ ᠢᠷᠡᠬᠦᠢ ᠡ ᠨᠡᠮᠡᠭᠳᠡᠵᠦ ᠪᠠᠶ᠋ᠢᠭ᠍ ᠊ᠠ᠋ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠵᠢ ᠲᠠᠰᠤᠷᠠᠯᠲᠠ ᠦᠭᠡᠢ ᠬᠠᠩᠭ᠋ᠠᠨ᠎ᠠ᠃
— ᠤᠯᠠᠨ ᠲᠠᠯ ᠊ᠠ᠋ ᠵᠢᠨ᠎ᠬᠢᠨ᠎ᠤ ᠣᠷᠤᠯᠴᠠᠬᠤ ᠵᠢ ᠪᠠᠷᠢᠮᠲᠠᠯᠠᠵᠤ᠂ ᠨᠡᠶ᠋ᠢᠯᠡᠮᠡᠯ ᠬᠦᠴᠦᠨ᠎ᠢ ᠪᠦᠷᠢᠯᠳᠦᠭᠦᠯᠦᠨ᠎ᠡ᠃ ᠨᠡᠶ᠋ᠢᠭᠡᠮ᠎ᠤᠨ ᠬᠦᠴᠦᠨ᠎ᠢ ᠵᠣᠷᠢᠭᠵᠢᠭᠤᠯᠤᠨ ᠬᠥᠲᠥᠯᠥᠨ ᠵᠢᠯᠤᠭᠤᠳᠴᠤ ᠪᠠᠶ᠋ᠢᠭ᠋ᠠᠳ ᠬᠠᠮᠠᠭ᠋ᠠᠯᠠᠵᠤ ᠤᠯᠠᠮᠵᠢᠯᠠᠬᠤ ᠠᠵᠢᠯ᠎ᠳᠤ ᠥᠷᠭᠡᠨ ᠵᠶ᠋ᠠᠷ ᠣᠷᠣᠯᠴᠠᠭᠤᠯᠵᠤ᠂ ᠵᠠᠭ ᠊ᠠ᠋ ᠳᠡᠯᠭᠡᠭᠦᠷ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠠᠷᠠᠳ ᠤᠯᠠᠨ᠎ᠤ ᠣᠷᠤᠯᠴᠠᠬᠤ ᠰᠠᠨᠠᠭ᠋ᠠᠴᠢᠯᠠᠭ᠋ᠠᠲᠤ ᠴᠢᠨᠠᠷ᠂ ᠢᠳᠡᠪᠬᠢ ᠴᠢᠨᠠᠷ᠎ᠢ ᠬᠥᠭᠵᠢᠭᠡᠵᠦ᠂ ᠬᠤᠲᠠ ᠬᠥᠳᠡᠭᠡ ᠵᠢᠨ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ᠎ᠳᠤ ᠠᠰᠢᠭᠲᠠᠢ ᠪᠠᠶ᠋ᠢᠭᠤᠯᠤᠯ ᠲᠣᠭᠲᠠᠴᠠ ᠪᠠ ᠨᠡᠶ᠋ᠢᠭᠡᠮ᠎ᠤᠨ ᠣᠷᠴᠢᠨ ᠲᠣᠭᠤᠷᠢᠨ᠎ᠢ ᠪᠤᠶ ᠪᠣᠯᠭ᠋ᠠᠨ᠎ᠠ᠃
( ᠭᠤᠷᠪᠠ) ᠭᠤᠣᠯ ᠬᠠᠷᠠᠯᠲᠠ᠃ 2025 ᠣᠨ ᠪᠤᠯᠲᠠᠯ ᠊ᠠ᠋᠂ ᠤᠯᠠᠨ ᠲᠠᠰ ᠳᠠᠪᠬᠤᠷᠭ᠍ ᠊ᠠ᠋ ᠤᠯᠠᠨ ᠬᠦᠴᠦᠨ ᠵᠦᠢ᠍ᠯ᠎ᠲᠠᠢ ᠬᠤᠲᠠ ᠬᠥᠳᠡᠭᠡ ᠵᠢᠨ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ ᠰᠢᠰᠲ᠋ᠧᠮ᠎ᠢ ᠠᠩᠭ ᠊ᠠ᠋ ᠠᠯᠬᠤᠮ ᠪᠠᠶ᠋ᠢᠭᠤᠯᠵᠤ᠂ ᠬᠤᠲᠠ ᠬᠥᠳᠡᠭᠡ ᠵᠢᠨ ᠲᠡᠦᠬᠡ ᠰᠣᠶᠣᠯ᠎ᠤᠨ ᠥᠪ᠎ᠢ ᠬᠠᠮᠠᠭ᠋ᠠᠯᠠᠬᠤ ᠶᠣᠰᠣᠲᠠᠢ ᠵᠢ᠎ᠨᠢ ᠴᠢᠳᠠᠬᠤ ᠵᠢᠨ ᠬᠢᠷᠢ᠎ᠪᠠᠷ ᠬᠠᠮᠠᠭ᠋ᠠᠯᠠᠬᠤ ᠵᠢ ᠦᠨᠳᠦᠰᠦᠨ᠎ᠳᠡᠭᠡᠨ ᠪᠡᠶᠡᠯᠡᠭᠦᠯᠵᠦ᠂ ᠨᠢᠭᠡ ᠪᠦᠯᠦᠭ ᠵᠢᠷᠤᠮᠯᠠᠨ ᠳᠠᠭᠤᠷᠢᠶᠠᠵᠤ ᠳᠡᠯᠭᠡᠷᠡᠭᠦᠯᠵᠦ ᠠᠰᠢᠭᠯᠠᠵᠤ ᠪᠣᠯᠬᠤᠶ᠋ᠢᠴᠠ ᠠᠮᠢᠳᠤᠯᠢᠭ ᠲᠤᠷᠰᠢᠯᠭ᠍ ᠊ᠠ᠋ ᠵᠢ ᠪᠦᠷᠢᠯᠳᠦᠭᠦᠯᠵᠦ᠂ ᠪᠦᠲᠦᠭᠡᠨ ᠪᠠᠶ᠋ᠢᠭᠤᠯᠤᠯᠲᠠ ᠵᠢᠨ ᠴᠢᠨᠠᠷᠲᠠᠢ ᠡᠪᠳᠡᠯᠡᠭᠡ ᠵᠢᠨ ᠠᠵᠢᠯᠯᠠᠭ᠍ ᠊ᠠ᠋ ᠵᠢ ᠢᠯᠡᠳᠲᠡ ᠬᠤᠷᠢᠭᠯᠠᠵᠤ᠂ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ ᠠᠵᠢᠯ᠎ᠢ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠎ᠳᠤ ᠠᠭᠤᠰᠤᠯᠴᠠᠭᠤᠯᠬᠤ ᠪᠠᠶ᠋ᠢᠷᠢᠰᠢᠯ᠎ᠢ ᠦᠨᠳᠦᠰᠦᠨ᠎ᠳᠡᠭᠡᠨ ᠪᠦᠷᠢᠯᠳᠦᠭᠦᠯᠦᠨ᠎ᠡ᠃
2035 ᠣᠨ ᠪᠤᠯᠬᠤ᠎ᠳᠤ᠂ ᠪᠦᠷᠢᠨ ᠪᠦᠲᠦᠨ ᠰᠢᠰᠲ᠋ᠧᠮ᠎ᠲᠠᠢ ᠬᠤᠲᠠ ᠬᠥᠳᠡᠭᠡ ᠵᠢᠨ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ ᠰᠢᠰᠲ᠋ᠧᠮ᠎ᠢ ᠪᠦᠭᠦ ᠲᠠᠯ ᠊ᠠ᠋ᠪᠠᠷ ᠪᠠᠶ᠋ᠢᠭᠤᠯᠵᠤ᠂ ᠬᠤᠲᠠ ᠬᠥᠳᠡᠭᠡ ᠵᠢᠨ ᠲᠡᠦᠬᠡ ᠰᠣᠶᠣᠯ᠎ᠤᠨ ᠥᠪ᠎ᠢ ᠪᠦᠲᠦᠮᠵᠢᠲᠡᠶ ᠬᠠᠮᠠᠭ᠋ᠠᠯᠠᠵᠤ᠂ ᠭᠦᠢ᠍ᠴᠡᠳ ᠠᠰᠢᠭᠯᠠᠬᠤ ᠵᠢ ᠪᠡᠶᠡᠯᠡᠭᠦᠯᠦᠨ᠂ ᠡᠪᠳᠡᠭᠦ ᠵᠣᠷᠢᠭ ᠦᠭᠡᠢ᠂ ᠡᠪᠳᠡᠵᠦ ᠪᠤᠯᠬᠤ ᠦᠭᠡᠢ᠂ ᠡᠪᠳᠡᠭᠦ ᠵᠢ ᠪᠤᠳᠤᠬᠤ ᠦᠭᠡᠢ ᠪᠠᠶ᠋ᠢᠭᠤᠯᠤᠯ ᠲᠣᠭᠲᠠᠴᠠ ᠵᠢ ᠪᠦᠭᠦ ᠲᠠᠯ ᠊ᠠ᠋ᠪᠠᠷ ᠪᠠᠶ᠋ᠢᠭᠤᠯᠵᠤ᠂ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ ᠠᠵᠢᠯ᠎ᠢ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠶᠡᠭᠡ ᠲᠠᠯ ᠊ᠠ᠋ᠳᠤ ᠪᠦᠭᠦ ᠲᠠᠯ ᠊ᠠ᠋ᠪᠠᠷ ᠠᠭᠤᠰᠬᠠᠨ ᠣᠷᠣᠭᠤᠯᠵᠤ᠂ ᠠᠷᠠᠳ ᠤᠯᠠᠨ᠎ᠤ ᠰᠣᠶᠣᠯ᠎ᠤᠨ ᠤᠬᠠᠮᠰᠠᠷ ᠪᠠ ᠰᠣᠶᠣᠯ᠎ᠤᠨ ᠢᠲᠡᠭᠡᠯ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
ᠬᠤᠶᠠᠷ᠂ ᠬᠤᠲᠠ ᠬᠥᠳᠡᠭᠡ ᠵᠢᠨ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ ᠰᠢᠰᠲ᠋ᠧᠮ᠎ᠢ ᠪᠠᠢ᠌ᠭᠤᠯᠤᠨ᠎ᠠ
( ᠳᠥᠷᠪᠡ) ᠬᠠᠮᠠᠭ᠋ᠠᠯᠠᠵᠤ ᠤᠯᠠᠮᠵᠢᠯᠠᠬᠤ ᠰᠢᠰᠲ᠋ᠧᠮ᠎ᠤᠨ ᠦᠨᠳᠦᠰᠦᠨ ᠠᠭᠤᠯᠤᠭᠳᠠᠬᠤᠨ᠎ᠢ ᠤᠨᠤᠪᠴᠢᠲᠠᠶ ᠡᠵᠡᠮᠳᠡᠨ᠎ᠡ᠃ ᠬᠤᠲᠠ ᠬᠥᠳᠡᠭᠡ ᠵᠢᠨ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ ᠰᠢᠰᠲ᠋ᠧᠮ ᠪᠣᠯ ᠬᠠᠮᠠᠭ᠋ᠠᠯᠠᠯᠲᠠ ᠵᠢᠨ ᠦᠨ᠎ᠡ ᠦᠷᠡᠳᠡᠭ᠎ᠲᠠᠢ᠂ ᠠᠳᠠᠯᠢ ᠪᠤᠰᠤ ᠲᠡᠦᠬᠡᠨ ᠴᠠᠭ ᠦᠢ ᠡ ᠵᠢᠨ ᠰᠣᠶᠣᠯ᠎ᠤᠨ ᠦᠨ᠎ᠡ ᠦᠷᠲᠡᠭ᠎ᠢ ᠠᠴᠢᠶᠠᠯᠠᠭᠰᠠᠨ ᠬᠤᠲᠠ᠂ ᠲᠤᠰᠬᠤᠨ ᠪᠠᠯᠭ᠋ᠠᠰᠤ ᠵᠡᠷᠭᠡ ᠵᠢᠨ ᠨᠡᠶ᠋ᠢᠯᠡᠮᠡᠯ ᠭᠡᠯᠪᠡᠷᠢ᠂ ᠣᠷᠣᠰᠢᠬᠤᠢ ᠪᠦᠬᠦᠢ ᠰᠣᠶᠣᠯ᠎ᠤᠨ ᠥᠪ ᠵᠶ᠋ᠠᠷ ᠭᠤᠣᠯ ᠴᠣᠭᠴᠠ ᠪᠤᠯᠭ᠋ᠠᠬᠤ ᠪᠠ ᠲᠦᠰᠢᠭ ᠪᠣᠯᠭ᠋ᠠᠪᠠ᠂ ᠬᠠᠮᠠᠭ᠋ᠠᠯᠠᠬᠤ ᠡᠲᠡᠭᠡᠳ᠎ᠨᠢ ᠭᠤᠣᠯᠳᠠᠭᠤ ᠲᠡᠦᠬᠡ ᠰᠣᠶᠣᠯ᠎ᠤᠨ ᠨᠡᠷᠡᠲᠦ ᠬᠤᠲᠠ᠂ ᠨᠡᠷᠡᠲᠦ ᠪᠠᠯᠭ᠋ᠠᠰᠤ᠂ ᠨᠡᠷᠡᠲᠦ ᠲᠤᠰᠬᠤᠨ (ᠤᠯᠠᠮᠵᠢᠯᠠᠯᠲᠤ ᠲᠤᠰᠬᠤᠨ)᠂ ᠵᠡᠭᠡᠯᠢ ᠲᠣᠭᠤᠷᠢᠭ ᠪᠠ ᠰᠢᠯᠵᠢᠭᠦᠯᠵᠦ ᠪᠣᠯᠣᠰᠢ ᠦᠭᠡᠢ ᠲᠡᠦᠬᠡ ᠵᠢᠨ ᠳᠤᠷᠠᠰᠬᠠᠯᠲᠤ ᠵᠦᠢ᠍ᠯᠡᠰ᠂ ᠲᠡᠦᠬᠡ ᠵᠢᠨ ᠪᠠᠷᠢᠯᠭ᠍ ᠊ᠠ᠋᠂ ᠲᠡᠦᠬᠡ᠎ᠲᠠᠢ ᠭᠠᠵᠠᠷ ᠬᠡᠰᠡᠭ ᠪᠠᠶ᠋ᠢᠵᠤ᠂ ᠠᠵᠤ ᠦᠢ᠍ᠯᠡᠳᠪᠦᠷᠢ ᠵᠢᠨ ᠥᠪ᠂ ᠲᠠᠷᠢᠶᠠᠯᠠᠩ᠎ᠤᠨ ᠰᠣᠶᠣᠯ᠎ᠤᠨ ᠥᠪ᠂ ᠤᠰᠤᠯᠠᠯᠲᠠ ᠵᠢᠨ ᠢᠨᠵᠧᠨᠧᠷᠢᠩ᠎ᠤᠨ ᠥᠪ᠂ ᠪᠣᠳᠠᠰ᠎ᠤᠨ ᠪᠤᠰᠤ ᠰᠣᠶᠣᠯ᠎ᠤᠨ ᠥᠪ᠂ ᠭᠠᠵᠠᠷ᠎ᠤᠨ ᠨᠠᠷ ᠡ ᠵᠢᠨ ᠰᠣᠶᠣᠯ᠎ᠤᠨ ᠥᠪ ᠵᠡᠷᠭᠡ ᠵᠢᠨ ᠬᠠᠮᠠᠭ᠋ᠠᠯᠠᠵᠤ ᠤᠯᠠᠮᠵᠢᠯᠠᠬᠤ ᠯᠤᠭ᠍ ᠊ᠠ᠋ ᠬᠠᠮᠲᠤ᠎ᠪᠠᠷ ᠪᠦᠷᠢᠯᠳᠦᠭᠰᠡᠨ ᠣᠷᠭ᠋ᠠᠨᠢᠭ ᠪᠦᠬᠦᠯᠢ ᠴᠣᠭᠴᠠ ᠪᠣᠯᠣᠨ᠎ᠠ᠃ ᠬᠤᠳᠠ ᠬᠥᠳᠡᠭᠡ ᠵᠢᠨ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ ᠰᠢᠰᠲ᠋ᠧᠮ᠎ᠢ ᠪᠠᠶ᠋ᠢᠭᠤᠯᠬᠤ ᠵᠢᠨ ᠵᠤᠷᠢᠯᠭ᠍ ᠊ᠠ᠋ ᠪᠣᠯ ᠬᠤᠳᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠳᠤᠮᠳᠠ ᠳᠤᠮᠳᠠᠳᠤ ᠤᠯᠤᠰ᠎ᠤᠨ ᠡᠷᠲᠡᠨ᠎ᠤ᠂ ᠤᠢ᠍ᠢ᠍ᠷ ᠊ᠠ᠋ ᠤᠳᠤ ᠦᠢ ᠡ ᠵᠢᠨ ᠲᠡᠦᠬᠡ ᠰᠣᠶᠣᠯ᠎ᠤᠨ ᠥᠪ ᠪᠠ ᠤᠳᠤ ᠦᠶ᠎ᠡ ᠵᠢᠨ ᠴᠢᠬᠤᠯᠠ ᠪᠦᠲᠦᠭᠡᠨ ᠪᠠᠶ᠋ᠢᠭᠤᠯᠤᠯᠲᠠ ᠵᠢᠨ ᠦᠷ᠎ᠡ ᠪᠦᠲᠦᠭᠡᠯ᠎ᠢ ᠪᠦᠭᠦ ᠲᠠᠯ ᠊ᠠ᠋ᠪᠠᠷ ᠰᠠᠶ᠋ᠢᠲᠤᠷ ᠬᠠᠮᠠᠭ᠋ᠠᠯᠠᠵᠤ᠂ ᠳᠤᠮᠳᠠᠳᠤ ᠵᠢᠨ ᠦᠨᠳᠦᠰᠦᠲᠡᠨ᠎ᠤ ᠥᠨᠢ ᠤᠳᠠᠭ᠋ᠠᠨ ᠦᠷᠭᠦᠯᠵᠢᠯᠡᠭᠰᠡᠨ ᠪᠣᠯᠪᠠᠰᠤᠨ ᠲᠡᠦᠬᠡ᠂ ᠳᠤᠮᠳᠠᠳᠤ ᠤᠯᠤᠰ᠎ᠤᠨ ᠤᠢ᠍ᠢ᠍ᠷ ᠊ᠠ᠋ ᠤᠳᠤ ᠦᠶ᠎ᠡ ᠵᠢᠨ ᠲᠡᠦᠬᠡᠨ ᠠᠬᠢᠴᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠴᠥᠬᠦᠷᠡᠰᠢ ᠦᠭᠡᠢ ᠲᠡᠮᠡᠴᠡᠭᠰᠡᠨ ᠭᠡᠷᠡᠯ ᠰᠠᠴᠤᠷᠠᠩᠭᠤᠢ ᠥᠩᠭᠡᠷᠡᠯᠲᠡ᠂ ᠪᠦᠭᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠪᠠᠶ᠋ᠢᠭᠤᠯᠤᠭᠳᠠᠭᠰᠠᠨ ᠪᠠ ᠬᠥᠭᠵᠢᠭᠰᠡᠨ ᠥᠩᠭᠡᠷᠡᠯᠲᠡ᠂ ᠥᠭᠡᠷᠡᠴᠢᠯᠡᠯᠲᠡ ᠨᠡᠭᠡᠭᠡᠯᠲᠡ ᠪᠠ ᠨᠡᠶ᠋ᠢᠭᠡᠮ ᠵᠢᠷᠤᠮ᠎ᠤᠨ ᠣᠳᠣᠬᠢᠴᠢᠯᠠᠬᠤ ᠪᠦᠲᠦᠭᠡᠨ ᠪᠠᠶ᠋ᠢᠭᠤᠯᠤᠯᠲᠠ ᠵᠢᠨ ᠠᠭᠤᠤ ᠶᠡᠭᠡ ᠠᠶᠠᠨ᠎ᠢ ᠪᠦᠭᠦ ᠲᠠᠯ ᠊ᠠ᠋ᠪᠠᠷ ᠢᠯᠡᠷᠡᠭᠦᠯᠭᠦ ᠵᠢᠨ ᠲᠥᠯᠥᠭᠡ ᠶᠤᠮ᠃
(ᠲᠠᠪᠤ) ᠬᠠᠮᠠᠭ᠋ᠠᠯᠠᠵᠤ ᠤᠯᠠᠮᠵᠢᠯᠠᠬᠤ ᠰᠢᠰᠲ᠋ᠧᠮ᠎ᠤᠨ ᠭᠤᠤᠯᠳᠠᠯᠭ᠍ ᠊ᠠ᠋ᠲᠠᠢ ᠡᠭᠦᠷᠭᠡ ᠵᠢ ᠱᠠᠲᠤ ᠬᠤᠪᠢᠶᠠᠨ ᠨᠠᠢ᠌ᠳᠠᠪᠤᠷᠢᠵᠢᠭᠤᠯᠤᠨ᠎ᠠ᠃ ᠬᠤᠳᠠ ᠬᠥᠳᠡᠭᠡ ᠵᠢᠨ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ ᠰᠢᠰᠲ᠋ᠧᠮ᠎ᠤᠨ ᠭᠤᠷᠪᠠᠨ ᠱᠠᠲᠤᠨ᠎ᠤ ᠬᠠᠮᠢᠶᠠᠷᠤᠯᠲᠠ ᠵᠢᠨ ᠪᠠᠶ᠋ᠢᠭᠤᠯᠤᠮᠵᠢ ᠵᠢ ᠪᠠᠢ᠌ᠭᠤᠯᠤᠨ᠎ᠠ᠃ ᠤᠯᠤᠰ᠂ ᠮᠤᠵᠢ (ᠦᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ) ᠲᠤᠰ ᠲᠤᠰ ᠪᠦᠭᠦ ᠤᠯᠤᠰ᠎ᠤᠨ ᠬᠤᠲᠠ ᠬᠥᠳᠡᠭᠡ ᠵᠢᠨ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ ᠰᠢᠰᠲ᠋ᠧᠮ᠎ᠤᠨ ᠲᠥᠯᠦᠪᠵᠢᠭᠦᠯᠭᠡ ᠵᠢᠨ ᠬᠥᠲᠥᠯᠪᠦᠷᠢ ᠵᠢᠴᠢ ᠮᠤᠵᠢ ᠵᠢᠨ ᠱᠠᠲᠤᠨ᠎ᠤ ᠲᠥᠯᠦᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ᠂ ᠤᠯᠤᠰ᠎ᠤᠨ ᠲᠠᠰ᠂ ᠮᠤᠵᠢ ᠵᠢᠨ ᠲᠠᠰ᠎ᠤᠨ ᠬᠠᠮᠠᠭ᠋ᠠᠯᠠᠬᠤ ᠡᠲᠡᠭᠡᠳ᠎ᠤᠨ ᠬᠠᠮᠠᠭ᠋ᠠᠯᠠᠯᠲᠠ ᠵᠢᠨ ᠨᠡᠷᠡᠰ ᠪᠠ ᠲᠠᠷᠬᠠᠯᠲᠠ ᠵᠢᠨ ᠵᠢᠷᠤᠭ᠎ᠢ ᠪᠠᠶ᠋ᠢᠭᠤᠯᠵᠤ᠂ ᠬᠠᠮᠠᠭ᠋ᠠᠯᠠᠬᠤ ᠬᠡᠪᠴᠢᠶ᠎ᠡ ᠪᠠ ᠬᠠᠮᠢᠶᠠᠷᠤᠨ ᠡᠵᠡᠮᠳᠡᠬᠦ ᠱᠠᠭ᠋ᠠᠷᠳᠠᠯᠭ᠎ᠠ ᠵᠢ ᠲᠣᠳᠣᠷᠬᠠᠶ᠋ᠢᠯᠠᠨ᠂ ᠬᠠᠮᠢᠶ ᠊ᠠ᠋ ᠪᠦᠬᠦᠢ ᠲᠥᠯᠦᠪᠵᠢᠭᠦᠯᠭᠡ᠎ᠲᠠᠢ ᠰᠠᠶ᠋ᠢᠲᠤᠷ ᠵᠣᠯᠭ᠋ᠠᠭᠤᠯᠤᠨ᠎ᠠ᠃ ᠬᠤᠲᠠ ᠰᠢᠶᠠᠨ᠎ᠨᠢ ᠤᠯᠤᠰ ᠪᠠ ᠮᠤᠵᠢ (ᠦᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ ᠊ᠠ᠋ ᠬᠤᠲᠠ) ᠵᠢᠨ ᠱᠠᠭ᠋ᠠᠷᠳᠠᠯᠭ᠎ᠠ ᠶᠣᠰᠣᠭ᠋ᠠᠷ᠂ ᠬᠠᠮᠠᠭ᠋ᠠᠯᠠᠨ ᠤᠯᠠᠮᠵᠢᠯᠠᠬᠤ ᠠᠵᠢᠯ᠎ᠤᠨ ᠬᠠᠷᠢᠶ᠎ᠠ ᠭᠠᠵᠠᠷ᠎ᠤᠨ ᠬᠠᠷᠢᠭᠤᠴᠠᠯᠭ᠍ ᠊ᠠ᠋ ᠵᠢ ᠨᠠᠶ᠋ᠢᠳᠠᠪᠤᠷᠢᠵᠢᠭᠤᠯᠵᠤ᠂ ᠬᠤᠲᠠ ᠰᠢᠶᠠᠨ᠎ᠤ ᠳᠡᠰ᠎ᠤᠨ ᠬᠠᠮᠠᠭ᠋ᠠᠯᠠᠬᠤ ᠡᠲᠡᠭᠡᠳ᠎ᠢ ᠲᠣᠭᠲᠠᠭ᠋ᠠᠨ ᠨᠡᠶ᠋ᠢᠲᠡᠯᠡᠬᠦ ᠵᠢ ᠲᠦᠷᠭᠡᠳᠬᠡᠨ᠂ ᠡᠯ᠎ᠡ ᠲᠦᠷᠦᠯ᠎ᠤᠨ ᠬᠠᠮᠠᠭ᠋ᠠᠯᠠᠬᠤ ᠡᠲᠡᠭᠡᠳ᠎ᠲᠤ ᠴᠠᠭ ᠲᠤᠬᠠᠢᠳᠤᠨᠢ ᠲᠡᠮᠳᠡᠭ ᠫᠠᠶ᠋ᠢᠰᠠ ᠲᠣᠬᠢᠷᠠᠭᠤᠯᠵᠤ᠂ ᠲᠣᠭ᠋ᠠᠴᠢᠯᠠᠭᠰᠠᠨ ᠮᠡᠳᠡᠭᠡ ᠵᠠᠩᠭᠢ ᠵᠢ ᠴᠤᠭᠯᠠᠭᠤᠯᠬᠤ ᠪᠠ ᠬᠡᠮᠵᠢᠨ ᠵᠢᠷᠤᠭᠯᠠᠵᠤ ᠲᠠᠩᠰᠠ ᠡᠪᠬᠡᠮᠡᠯ ᠪᠠᠶ᠋ᠢᠭᠤᠯᠬᠤ ᠵᠢ ᠥᠷᠨᠢᠭᠦᠯᠦᠨ᠂ ᠲᠤᠰᠬᠠᠢ ᠵᠦᠢ᠍ᠯ᠎ᠤᠨ ᠬᠠᠮᠠᠭ᠋ᠠᠯᠠᠬᠤ ᠲᠥᠰᠥᠯ᠎ᠢ ᠨᠠᠶ᠋ᠢᠷᠠᠭᠤᠯᠤᠨ ᠵᠣᠬᠢᠶᠠᠵᠤ᠂ ᠬᠠᠮᠠᠭ᠋ᠠᠯᠠᠵᠤ ᠤᠯᠠᠮᠵᠢᠯᠠᠬᠤ ᠬᠠᠮᠢᠶᠠᠷᠤᠯᠲᠠ ᠵᠢᠨ ᠠᠷᠭ᠍ ᠊ᠠ᠋ ᠵᠢ ᠲᠣᠭᠲᠠᠭ᠋ᠠᠨ᠂ ᠬᠠᠮᠠᠭ᠋ᠠᠯᠠᠵᠤ ᠤᠯᠠᠮᠵᠢᠯᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠴᠢᠬᠤᠯᠠ ᠬᠠᠮᠠᠭ᠋ᠠᠯᠠᠬᠤ ᠦᠨ᠎ᠡ ᠦᠷᠲᠡᠭ᠎ᠲᠠᠢ᠂ ᠣᠷᠣᠨ ᠨᠤᠲᠤᠭ᠎ᠤᠨ ᠤᠷᠳᠤ ᠬᠤᠭᠤᠴᠠᠭ᠍ ᠊ᠠ᠋ᠪᠠᠷ ᠦᠯᠦ ᠮᠡᠳᠡᠭᠦᠯᠦᠭᠰᠡᠨ ᠲᠡᠦᠬᠡ ᠰᠣᠶᠣᠯ᠎ᠤᠨ ᠡᠬᠢ ᠪᠠᠶᠠᠯᠢᠭ᠎ᠢ ᠬᠠᠮᠢᠶ ᠊ᠠ᠋ ᠪᠦᠬᠦᠢ ᠪᠠᠷᠢᠮᠵᠢᠶ ᠊ᠠ᠋ᠪᠠᠷ ᠬᠠᠮᠠᠭ᠋ᠠᠯᠠᠬᠤ ᠨᠡᠷᠡᠰ᠎ᠲᠤ ᠵᠢᠭᠰᠠᠭ᠋ᠠᠨ ᠣᠷᠣᠭᠤᠯᠵᠤ ᠪᠣᠯᠣᠨ᠎ᠠ᠃
ᠭᠤᠷᠪᠠ᠂ ᠬᠠᠮᠠᠭ᠋ᠠᠯᠠᠵᠤ ᠠᠰᠢᠭᠯᠠᠵᠤ ᠤᠯᠠᠮᠵᠢᠯᠠᠬᠤ ᠵᠢ ᠴᠢᠩᠭ᠋ᠠᠳᠬᠠᠨ᠎ᠠ
( ᠵᠢᠷᠭᠤᠭ᠎ᠠ) ᠬᠠᠮᠠᠭ᠋ᠠᠯᠠᠯᠲᠠ ᠵᠢᠨ ᠭᠤᠤᠯᠳᠠᠯᠭ᠍ ᠊ᠠ᠋ ᠵᠢ ᠲᠣᠳᠣᠷᠬᠠᠢ᠌ᠯᠠᠨ᠎ᠠ᠃ ᠡᠯ᠎ᠡ ᠲᠦᠷᠦᠯ᠎ᠤᠨ ᠬᠠᠮᠠᠭ᠋ᠠᠯᠠᠬᠤ ᠡᠲᠡᠭᠡᠳ᠎ᠤᠨ ᠬᠠᠮᠠᠭ᠋ᠠᠯᠠᠯᠲᠠ ᠵᠢᠨ ᠭᠡᠪᠴᠢᠶ ᠡ ᠪᠣᠯᠣᠨ ᠴᠢᠬᠤᠯᠠ ᠪᠦᠬᠦᠢ ᠪᠦᠲᠦᠭᠡᠨ ᠪᠠᠶ᠋ᠢᠭᠤᠯᠤᠯᠲᠠ ᠬᠢᠬᠦ ᠵᠢ ᠬᠢᠵᠠᠭ᠋ᠠᠷᠯᠠᠬᠤ ᠣᠷᠣᠨ ᠪᠦᠰᠡ ᠵᠢ ᠬᠤᠪᠢᠶᠠᠷᠢᠯᠠᠨ ᠲᠣᠭᠲᠠᠭ᠋ᠠᠵᠤ᠂ ᠭᠠᠵᠠᠷ ᠳᠣᠣᠷᠠᠬᠢ ᠲᠡᠦᠬᠡ ᠵᠢᠨ ᠳᠤᠷᠠᠰᠬᠠᠯᠲᠤ ᠵᠦᠢ᠍ᠯᠡᠰ ᠪᠤᠯᠠᠭᠳᠠᠵᠤ ᠪᠠᠶ᠋ᠢᠭ᠍ ᠊ᠠ᠋ ᠣᠷᠣᠨ᠎ᠢ ᠬᠤᠪᠢᠶᠠᠷᠢᠯᠠᠨ ᠲᠣᠭᠲᠠᠭ᠋ᠠᠵᠤ᠂ ᠬᠠᠮᠠᠭ᠋ᠠᠯᠠᠬᠤ ᠭᠤᠤᠯᠳᠠᠯᠭ᠍ ᠊ᠠ᠋ ᠪᠣᠯᠣᠨ ᠬᠠᠮᠠᠭ᠋ᠠᠯᠠᠬᠤ ᠱᠠᠭ᠋ᠠᠷᠳᠠᠯᠭ᠎ᠠ ᠵᠢ ᠲᠣᠳᠣᠷᠬᠠᠢ᠌ᠯᠠᠨ᠎ᠠ᠃ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠤᠭ ᠴᠣᠭᠴᠠ ᠵᠢᠴᠢ ᠡ᠊ ᠷᠭᠢᠨ ᠲᠣᠭᠤᠷᠢᠨ᠎ᠤ ᠣᠷᠴᠢᠨ ᠲᠣᠭᠤᠷᠢᠨ᠎ᠢ ᠬᠠᠮᠠᠭ᠋ᠠᠯᠠᠵᠤ᠂ ᠤᠭ ᠪᠠᠭᠤᠷᠢ ᠵᠢ ᠬᠠᠮᠠᠭ᠋ᠠᠯᠠᠬᠤ ᠵᠢ ᠶᠡᠭᠡ᠎ᠪᠠᠷ ᠬᠡᠷᠡᠭᠵᠢᠭᠦᠯᠵᠦ᠂ ᠰᠡᠷᠭᠡᠶ᠋ᠢᠯᠡᠬᠦ ᠴᠢᠨᠠᠷᠲᠠᠢ᠎ᠪᠠᠷ ᠬᠠᠮᠠᠭ᠋ᠠᠯᠠᠬᠤ᠂ ᠡᠳᠦᠷ ᠲᠤᠲᠤᠮ ᠠᠷᠠᠴᠢᠯᠠᠨ ᠬᠠᠮᠠᠭ᠋ᠠᠯᠠᠬᠤ ᠪᠠ ᠬᠠᠮᠠᠭ᠋ᠠᠯᠠᠨ ᠰᠡᠯᠪᠢᠨ ᠵᠠᠰᠠᠬᠤ ᠵᠢ ᠴᠢᠩᠭ᠋ᠠᠳᠬᠠᠨ᠎ᠠ᠃ ᠠᠳᠠᠯᠢ ᠪᠤᠰᠤ ᠴᠠᠭ ᠦᠢ ᠡ᠂ ᠠᠳᠠᠯᠢ ᠪᠤᠰᠤ ᠲᠦᠷᠦᠯ ᠭᠡᠯᠪᠡᠷᠢ ᠵᠢᠨ ᠲᠡᠦᠬᠡᠨ ᠪᠠᠷᠢᠯᠭ᠍ ᠊ᠠ᠋ ᠵᠢ ᠬᠠᠮᠠᠭ᠋ᠠᠯᠠᠵᠤ᠂ ᠲᠡᠭᠦᠨ᠎ᠤ ᠭᠤᠣᠯᠯᠠᠬᠤ ᠦᠷᠲᠡᠭ᠎ᠢ ᠢᠯᠡᠷᠡᠭᠦᠯᠦᠭᠰᠡᠨ ᠭᠠᠳᠠᠷ ᠳᠦᠷᠰᠦ᠂ ᠪᠦᠲᠦᠴᠡ ᠪᠠ ᠲᠣᠨᠣᠭᠯᠠᠭ᠋ᠠᠰᠤ ᠵᠡᠷᠭᠡ ᠵᠢ ᠭᠤᠤᠯᠳᠠᠯᠭ᠍ ᠊ᠠ᠋ᠲᠠᠢ ᠬᠠᠮᠠᠭ᠋ᠠᠯᠠᠵᠤ᠂ ᠴᠠᠭ ᠲᠤᠬᠠᠢᠳᠤᠨᠢ ᠪᠠᠬᠢᠵᠢᠭᠦᠯᠦᠨ ᠵᠠᠰᠠᠵᠤ᠂ ᠠᠮᠤᠷ ᠲᠦᠪᠰᠢᠨ᠎ᠤ ᠭᠡᠮ ᠰᠣᠭᠤᠭ᠎ᠢ ᠠᠷᠢᠯᠭ᠋ᠠᠨ᠎ᠠ᠃ ᠵᠣᠬᠢᠬᠤ ᠲᠡᠦᠬᠡᠨ ᠴᠠᠭ ᠦᠶ᠎ᠡ ᠵᠢᠨ ᠤᠯᠠᠮᠵᠢᠯᠠᠯᠲᠤ ᠳᠦᠷᠰᠦ ᠪᠠᠶ᠋ᠢᠳᠠᠯ ᠪᠠ ᠦᠨᠳᠦᠰᠦᠲᠡᠨ᠂ ᠣᠷᠣᠨ ᠨᠤᠲᠤᠭ᠎ᠤᠨ ᠣᠨᠴᠠᠯᠢᠭ᠎ᠢ ᠦᠨᠡᠨ ᠪᠣᠳᠠᠲᠠᠢ᠎ᠪᠠᠷ ᠲᠤᠰᠬᠠᠵᠤ ᠴᠢᠳᠠᠬᠤ ᠲᠡᠦᠬᠡ᠎ᠲᠠᠢ ᠭᠠᠵᠠᠷ ᠬᠡᠰᠡᠭ᠎ᠢ ᠬᠠᠮᠠᠭ᠋ᠠᠯᠠᠨ᠎ᠠ᠃ ᠲᠡᠦᠬᠡ ᠰᠣᠶᠣᠯ᠎ᠤᠨ ᠵᠡᠭᠡᠯᠢ ᠲᠣᠭᠤᠷᠢᠭ᠎ᠤᠨ ᠲᠡᠦᠬᠡ ᠵᠢᠨ ᠤᠯᠠ ᠮᠥᠷ᠂ ᠲᠡᠦᠬᠡ ᠵᠢᠨ ᠵᠡᠭᠡᠯᠢ ᠭᠤᠳᠤᠮᠵᠢ᠂ ᠣᠷᠣᠨ ᠵᠠᠢ ᠵᠢᠨ ᠬᠡᠮᠵᠢᠶ᠎ᠡ ᠪᠣᠯᠣᠨ ᠦᠵᠡᠮᠵᠢ ᠵᠢᠨ ᠣᠷᠴᠢᠨ ᠲᠣᠭᠤᠷᠢᠨ ᠵᠢᠴᠢ ᠡᠷᠲᠡᠨ᠎ᠤ ᠬᠤᠳᠳᠤᠭ᠂ ᠡᠷᠲᠡᠨ᠎ᠤ ᠬᠥᠭᠦᠷᠭᠡ᠂ ᠡᠷᠲᠡᠨ᠎ᠤ ᠮᠣᠳᠣ ᠵᠡᠷᠭᠡ ᠣᠷᠴᠢᠨ ᠲᠣᠭᠤᠷᠢᠨ᠎ᠤ ᠡᠯᠧᠮᠧᠨ᠋ᠲ᠎ᠢ ᠬᠠᠮᠠᠭ᠋ᠠᠯᠠᠵᠤ᠂ ᠵᠣᠬᠢᠴᠠᠩᠭᠤᠢ ᠪᠤᠰᠤ ᠪᠠᠷᠢᠯᠭ᠎ᠠ ᠪᠣᠯᠣᠨ ᠦᠵᠡᠮᠵᠢ ᠵᠢ ᠴᠡᠭᠴᠡᠯᠡᠨ ᠵᠠᠰᠠᠵᠤ᠂ ᠲᠡᠦᠬᠡ ᠵᠢᠨ ᠳᠦᠷᠰᠦ ᠪᠠᠶ᠋ᠢᠳᠠᠯ᠎ᠢ ᠦᠷᠭᠦᠯᠵᠢᠯᠡᠭᠦᠯᠦᠨ᠎ᠡ᠃ ᠲᠡᠦᠬᠡ ᠰᠣᠶᠣᠯ᠎ᠤᠨ ᠨᠡᠷᠡᠲᠦ ᠬᠤᠲᠠ᠂ ᠨᠡᠷᠡᠲᠦ ᠪᠠᠯᠭ᠋ᠠᠰᠤ᠂ ᠨᠡᠷᠡᠲᠦ ᠲᠤᠰᠬᠤᠨ (ᠤᠯᠠᠮᠵᠢᠯᠠᠯᠲᠤ ᠲᠤᠰᠬᠤᠨ)᠎ᠤ ᠤᠯᠠᠮᠵᠢᠯᠠᠯᠲᠤ ᠪᠠᠶ᠋ᠢᠷᠢᠰᠢᠯ᠂ ᠲᠡᠦᠬᠡ ᠵᠢᠨ ᠳᠦᠷᠰᠦ ᠪᠠᠶ᠋ᠢᠳᠠᠯ᠂ ᠰᠣᠶᠣᠯ ᠢᠷᠭᠡᠨᠰᠢᠯ᠎ᠤᠨ ᠣᠷᠴᠢᠨ ᠲᠣᠭᠤᠷᠢᠨ ᠵᠢᠴᠢ ᠲᠦᠰᠢᠭᠯᠡᠨ ᠣᠷᠣᠰᠢᠵᠤ ᠪᠦᠬᠦᠢ ᠭᠠᠵᠠᠷ᠎ᠤᠨ ᠪᠠᠶ᠋ᠢᠴᠠ ᠭᠠᠵᠠᠷ᠎ᠤᠨ ᠭᠠᠳᠠᠷᠭᠤ᠂ ᠭᠤᠣᠯ ᠮᠥᠷᠡᠨ ᠨᠠᠭᠤᠷ ᠴᠦᠭᠦᠷᠦᠮ᠎ᠤᠨ ᠤᠰᠤᠨ ᠰᠢᠰᠲ᠋ᠧᠮ ᠵᠡᠷᠭᠡ ᠪᠠᠶ᠋ᠢᠭ᠋ᠠᠯᠢ ᠵᠢᠨ ᠦᠵᠡᠮᠵᠢ ᠵᠢᠨ ᠣᠷᠴᠢᠨ ᠲᠣᠭᠤᠷᠢᠨ᠎ᠢ ᠬᠠᠮᠠᠭ᠋ᠠᠯᠠᠵᠤ᠂ ᠪᠦᠬᠦᠯᠢ ᠴᠣᠭᠴᠠ᠎ᠪᠠᠷ ᠬᠠᠮᠠᠭ᠋ᠠᠯᠠᠬᠤ ᠵᠢ ᠴᠢᠬᠤᠯᠠᠴᠢᠯᠠᠨ᠂ ᠤᠯᠠᠮᠵᠢᠯᠠᠯᠲᠤ ᠪᠦᠲᠦᠭᠡᠨ ᠪᠠᠶ᠋ᠢᠭᠤᠯᠤᠭᠰᠠᠨ ᠤᠶᠤᠨ ᠤᠬᠠᠭ᠋ᠠᠨ᠎ᠢ ᠤᠯᠠᠮᠵᠢᠯᠠᠨ᠎ᠠ᠃ ᠪᠣᠳᠠᠰ᠎ᠤᠨ ᠪᠤᠰᠤ ᠰᠣᠶᠣᠯ᠎ᠤᠨ ᠥᠪ ᠵᠢᠴᠢ ᠲᠡᠭᠦᠨ᠎ᠤ ᠲᠦᠰᠢᠭᠯᠡᠨ ᠣᠷᠣᠰᠢᠵᠤ ᠪᠠᠶ᠋ᠢᠭ᠍ ᠊ᠠ᠋ ᠰᠣᠶᠣᠯ᠎ᠤᠨ ᠠᠮᠢ ᠠᠬᠤᠢ ᠵᠢ ᠬᠠᠮᠠᠭ᠋ᠠᠯᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠨᠡᠶ᠋ᠢᠭᠡᠮ᠎ᠤᠨ ᠴᠢᠳᠠᠮᠵᠢ ᠪᠣᠯᠣᠨ ᠤᠳᠤ ᠦᠢ ᠡ ᠵᠢᠨ ᠦᠷᠲᠡᠭ᠎ᠢ ᠪᠠᠳᠠᠷᠠᠭᠤᠯᠤᠨ᠎ᠠ᠃
(ᠳᠤᠯᠤᠭ᠍ ᠊ᠠ᠋) ᠨᠤᠷᠠᠭ᠋ᠠᠬᠤ ᠬᠠᠮᠢᠶᠠᠷᠤᠯᠲᠠ ᠵᠢ ᠴᠢᠩᠳᠠᠯᠠᠨ᠎ᠠ᠃ ᠬᠤᠲᠠ ᠵᠢ ᠰᠢᠨᠡᠳᠬᠡᠨ ᠵᠠᠰᠠᠬᠤ ᠳᠤᠮᠳᠠ ᠶᠡᠭᠡ᠎ᠪᠠᠷ ᠨᠤᠷᠠᠭ᠋ᠠᠵᠤ ᠶᠡᠭᠡ᠎ᠪᠠᠷ ᠪᠠᠶ᠋ᠢᠭᠤᠯᠬᠤ᠂ ᠦᠨᠡᠨ᠎ᠢ ᠨᠤᠷᠠᠭ᠋ᠠᠵᠤ ᠬᠠᠭᠤᠷᠮᠠᠭ ᠵᠶ᠋ᠠᠷ ᠪᠠᠶ᠋ᠢᠭᠤᠯᠬᠤ᠂ ᠬᠤᠳᠠᠯ ᠵᠶ᠋ᠠᠷ ᠦᠨᠡᠨ᠎ᠢ ᠰᠠᠮᠠᠭᠤᠷᠠᠭᠤᠯᠬᠤ ᠵᠢ ᠴᠠᠭ᠋ᠠᠵᠠᠯᠠᠵᠤ᠂ ᠭᠠᠵᠠᠷ᠎ᠤᠨ ᠪᠠᠶ᠋ᠢᠴᠠ ᠭᠠᠵᠠᠷ᠎ᠤᠨ ᠭᠠᠳᠠᠷᠭᠤ ᠵᠢ ᠡᠪᠳᠡᠭᠦ ᠦᠭᠡᠢ᠂ ᠬᠠᠭᠤᠴᠢᠨ ᠮᠣᠳᠣ ᠵᠢ ᠣᠭᠲᠣᠯᠬᠤ ᠦᠭᠡᠢ᠂ ᠤᠯᠠᠮᠵᠢᠯᠠᠯᠲᠤ ᠳᠦᠷᠰᠦ ᠪᠠᠶ᠋ᠢᠳᠠᠯ᠎ᠢ ᠡᠪᠳᠡᠭᠦ ᠦᠭᠡᠢ᠂ ᠭᠤᠣᠯ ᠮᠥᠷᠡᠨ ᠨᠠᠭᠤᠷ ᠴᠦᠭᠦᠷᠦᠮ᠎ᠤᠨ ᠤᠰᠤᠨ ᠰᠢᠰᠲ᠋ᠧᠮᠢᠲᠤᠷ ᠊ᠠ᠋ᠪᠠᠷ ᠵᠶ᠋ᠠᠨ ᠬᠤᠪᠢᠷᠠᠭᠤᠯᠬᠤ ᠪᠤᠶᠤ ᠡᠵᠡᠯᠡᠭᠦ ᠦᠭᠡᠢ᠂ ᠬᠠᠭᠤᠴᠢᠨ ᠭᠠᠵᠠᠷ᠎ᠤᠨ ᠨᠡᠷᠡᠶ᠋ᠢᠳᠦᠯᠢᠲᠤᠷ ᠊ᠠ᠋ᠪᠠᠷ ᠵᠶ᠋ᠠᠨ ᠥᠭᠡᠷᠡᠴᠢᠯᠡᠬᠦ ᠦᠭᠡᠢ ᠪᠠᠶ᠋ᠢᠬᠤ ᠬᠡᠷᠡᠭᠲᠡᠢ᠃ ᠬᠤᠲᠠ ᠵᠢᠨ ᠣᠨᠴᠠ ᠲᠣᠭᠲᠠᠭᠰᠠᠨ ᠬᠥᠭᠵᠢᠯᠲᠡ ᠵᠢᠨ ᠱᠠᠲᠤ ᠦᠢ᠎ᠡ ᠵᠢ ᠬᠠᠷᠠᠭᠤᠯᠬᠤ᠂ ᠴᠢᠬᠤᠯᠠ ᠲᠡᠦᠬᠡᠨ ᠬᠡᠷᠡᠭ᠎ᠢ ᠲᠤᠰᠬᠠᠬᠤ᠂ ᠨᠡᠶ᠋ᠢᠭᠡᠮ᠎ᠤᠨ ᠨᠡᠶ᠋ᠢᠲᠡ ᠤᠯᠠᠨ᠎ᠤ ᠬᠠᠶ᠋ᠢᠷ ᠊ᠠ᠋ ᠰᠡᠳᠬᠢᠯᠭᠡ ᠳᠤᠷᠠᠰᠤᠮᠵᠢ ᠵᠢ ᠨᠢᠭᠲᠠᠷᠠᠭᠤᠯᠵᠤ ᠳᠡᠶ᠋ᠢᠯᠭᠦ ᠨᠢᠭᠡᠨᠲᠡ ᠪᠠᠢ᠌ᠭ᠎ᠠ ᠪᠠᠷᠢᠯᠭ᠎ᠠ ᠵᠢ ᠦᠨᠡᠨ ᠬᠦ᠌ ᠬᠠᠮᠠᠭ᠋ᠠᠯᠠᠵᠤ᠂ ᠬᠠᠮᠠᠭ᠋ᠠᠯᠠᠯᠲᠠ ᠵᠢᠨ ᠦᠨ᠎ᠡ ᠦᠷᠲᠡᠭ᠎ᠲᠠᠢ ᠬᠠᠭᠤᠴᠢᠨ ᠪᠠᠷᠢᠯᠭ᠍ ᠊ᠠ᠋᠂ ᠡᠷᠲᠡᠨ᠎ᠤ ᠠᠷᠠᠳ᠎ᠤᠨ ᠣᠷᠣᠨ ᠰᠠᠭᠤᠴᠠ ᠵᠢᠲᠤᠷ ᠊ᠠ᠋ᠪᠠᠷ ᠵᠶ᠋ᠠᠨ ᠨᠤᠷᠠᠭ᠋ᠠᠵᠤ ᠪᠤᠯᠬᠤ ᠦᠭᠡᠢ᠃ ᠤᠯᠠᠨ ᠨᠡᠶ᠋ᠢᠲᠡ ᠵᠢᠨ ᠠᠰᠢᠭ ᠲᠤᠰᠠ ᠵᠢᠨ ᠬᠡᠷᠡᠭᠴᠡᠭᠡ ᠪᠤᠶᠤ ᠠᠮᠤᠷ ᠲᠦᠪᠰᠢᠨ᠎ᠤ ᠭᠡᠮ ᠰᠣᠭᠤᠭ ᠣᠷᠣᠰᠢᠵᠤ ᠪᠠᠶ᠋ᠢᠬᠤ᠎ᠠᠴᠠ ᠪᠣᠯᠵᠤ ᠠᠷᠭ᠎ᠠ ᠪᠤᠰᠤ ᠨᠤᠷᠠᠭ᠋ᠠᠬᠤ ᠴᠢᠬᠤᠯᠠᠲᠠᠢ ᠪᠣᠯ ᠦᠨᠡᠯᠡᠨ ᠵᠢᠱ᠌ᠢᠵᠦ ᠨᠤᠲᠠᠯᠠᠯᠲᠠ ᠬᠢᠵᠦ᠂ ᠬᠠᠮᠢᠶ ᠊ᠠ᠋ ᠪᠦᠬᠦᠢ ᠰᠠᠯᠠᠭ᠍ ᠊ᠠ᠋ ᠮᠥᠴᠢᠷ ᠪᠠ ᠤᠯᠠᠨ ᠨᠡᠶ᠋ᠢᠲᠡ ᠵᠢᠨ ᠰᠠᠨᠠᠯ᠎ᠢ ᠥᠷᠭᠡᠨ ᠵᠶ᠋ᠠᠷ ᠰᠤᠨᠤᠰᠬᠤ ᠬᠡᠷᠡᠭᠲᠡᠢ᠃
(ᠨᠠᠢ᠍ᠮᠠ) ᠠᠮᠢᠳᠤᠯᠢᠭᠵᠢᠭᠤᠯᠤᠨ ᠠᠰᠢᠭᠯᠠᠬᠤ ᠵᠢ ᠠᠬᠢᠭᠤᠯᠤᠨ᠎ᠠ᠃ ᠬᠡᠷᠡᠭᠯᠡᠬᠦ᠎ᠪᠠᠷ ᠳᠠᠮᠵᠢᠨ ᠬᠠᠮᠠᠭ᠋ᠠᠯᠠᠬᠤ ᠵᠢ ᠪᠠᠷᠢᠮᠲᠠᠯᠠᠵᠤ᠂ ᠲᠡᠦᠬᠡ ᠰᠣᠶᠣᠯ᠎ᠤᠨ ᠥᠪ᠎ᠢ ᠪᠦᠲᠦᠮᠵᠢᠲᠡᠶ ᠠᠰᠢᠭᠯᠠᠬᠤ ᠳᠤᠮᠳᠠ ᠬᠤᠲᠠ ᠪᠠ ᠬᠥᠳᠡᠭᠡ ᠲᠤᠰᠬᠤᠨ᠎ᠤ ᠥᠪᠡᠷᠮᠢᠴᠡ ᠣᠨᠴᠠᠯᠢᠭ ᠪᠦᠬᠦᠢ ᠢᠯᠡᠷᠬᠡᠶ᠋ᠢᠯᠡᠯ ᠲᠡᠮᠳᠡᠭ ᠪᠠ ᠤᠯᠠᠨ ᠨᠡᠶ᠋ᠢᠲᠡ ᠵᠢᠨ ᠴᠠᠭ ᠦᠶ᠎ᠡ ᠵᠢᠨ ᠳᠤᠷᠠᠳᠬᠠᠯ ᠪᠤᠯᠭ᠋ᠠᠵᠤ᠂ ᠲᠡᠦᠬᠡ ᠰᠣᠶᠣᠯ ᠪᠠ ᠤᠲᠤ ᠦᠢ ᠡ ᠵᠢᠨ ᠠᠮᠢᠳᠤᠷᠠᠯ᠎ᠢ ᠨᠢᠭᠡ ᠴᠣᠭᠴᠠᠵᠢᠭᠤᠯᠤᠨ᠂ ᠥᠨᠢᠳᠡ ᠤᠯᠠᠮᠵᠢᠯᠠᠨ ᠵᠠᠯᠭ᠋ᠠᠮᠵᠢᠯᠠᠬᠤ ᠵᠢ ᠪᠡᠶᠡᠯᠡᠭᠦᠯᠦᠨ᠎ᠡ᠃ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠴᠢᠯᠦᠭᠡᠲᠡᠢ ᠨᠡᠭᠡᠭᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠨᠥᠬᠦᠴᠡᠯ ᠪᠦᠷᠢᠯᠳᠦᠭᠦᠯᠦᠭᠰᠡᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠪᠠᠷᠢᠯᠭ᠍ ᠊ᠠ᠋ ᠵᠢ ᠮᠦᠽᠧᠶ᠂ ᠳᠡᠯᠭᠡᠨ ᠦᠵᠡᠭᠦᠯᠭᠦ ᠣᠷᠳᠣᠨ ᠵᠡᠷᠭᠡ ᠤᠯᠠᠨ ᠨᠡᠶ᠋ᠢᠲᠡ ᠵᠢᠨ ᠰᠣᠶᠣᠯ᠎ᠤᠨ ᠲᠥᠬᠦᠭᠡᠷᠦᠮᠵᠢ ᠪᠣᠯᠭ᠋ᠠᠨ᠎ᠠ᠃ ᠲᠡᠦᠬᠡ ᠵᠢᠨ ᠪᠠᠷᠢᠯᠭ᠍ ᠊ᠠ᠋᠂ ᠠᠵᠤ ᠦᠢ᠍ᠯᠡᠳᠪᠦᠷᠢ ᠵᠢᠨ ᠥᠪ᠎ᠢ ᠠᠮᠢᠳᠤᠯᠢᠭᠵᠢᠭᠤᠯᠤᠨ ᠠᠰᠢᠭᠯᠠᠵᠤ᠂ ᠤᠤᠯ᠎ᠤᠨ ᠳᠦᠷᠰᠦ ᠪᠠᠶ᠋ᠢᠳᠠᠯ᠂ ᠨᠡᠶ᠋ᠢᠲᠡᠯᠢᠭ ᠲᠣᠨᠣᠭᠯᠠᠭ᠋ᠠᠰᠤ ᠵᠢ ᠪᠠᠲᠤᠯᠠᠭᠰᠠᠨ ᠰᠠᠭᠤᠷᠢᠨ ᠳᠡᠭᠡᠷ ᠡ᠂ ᠨᠡᠮᠡᠵᠦ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ ᠪᠠ ᠲᠥᠬᠦᠭᠡᠷᠦᠮᠵᠢ ᠨᠡᠮᠡᠭᠦ ᠵᠡᠷᠭᠡ ᠠᠷᠭ᠎ᠠ᠎ᠪᠠᠷ ᠳᠠᠮᠵᠢᠭᠤᠯᠤᠨ ᠤᠳᠤ ᠦᠶ᠎ᠡ ᠵᠢᠨ ᠦᠢ᠍ᠯᠡᠳᠪᠦᠷᠢᠯᠡᠯ ᠠᠮᠢᠳᠤᠷᠠᠯ᠎ᠤᠨ ᠬᠡᠷᠡᠭᠴᠡᠭᠡ᠎ᠳᠤ ᠲᠣᠬᠢᠷᠠᠯᠴᠠᠭᠤᠯᠤᠨ᠎ᠠ᠃ ᠲᠠᠷᠢᠶᠠᠯᠠᠩ᠎ᠤᠨ ᠰᠣᠶᠣᠯ᠎ᠤᠨ ᠥᠪ᠂ ᠤᠰᠤᠯᠠᠯᠲᠠ ᠵᠢᠨ ᠢᠨᠵᠧᠨᠧᠷᠢᠩ᠎ᠤᠨ ᠥᠪ᠎ᠤᠨ ᠬᠠᠮᠠᠭ᠋ᠠᠯᠠᠯᠲᠠ ᠪᠠ ᠬᠥᠭᠵᠢᠯᠲᠡ ᠵᠢᠨ ᠠᠷᠭ᠍ ᠊ᠠ᠋ ᠵᠠᠮ᠎ᠢ ᠰᠦᠪᠡᠭᠴᠢᠯᠡᠵᠦ᠂ ᠠᠮᠢ ᠠᠬᠤᠢ ᠵᠢᠨ ᠲᠠᠷᠢᠶᠠᠯᠠᠩ᠂ ᠬᠥᠳᠡᠭᠡ ᠲᠤᠰᠬᠤᠨ᠎ᠤ ᠵᠢᠭᠤᠯᠴᠢᠯᠠᠯ᠎ᠤᠨ ᠬᠥᠭᠵᠢᠯᠲᠡ ᠵᠢ ᠠᠬᠢᠭᠤᠯᠵᠤ᠂ ᠬᠥᠳᠡᠭᠡ ᠲᠤᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠢ ᠵᠦᠢ ᠵᠣᠬᠢᠰᠲᠠᠢ ᠠᠰᠢᠭᠯᠠᠬᠤ ᠵᠢ ᠠᠬᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠳᠤ ᠦᠢ ᠡ ᠵᠢᠨ ᠦᠢ᠍ᠯᠡᠳᠪᠦᠷᠢᠯᠡᠯ ᠠᠮᠢᠳᠤᠷᠠᠯ᠎ᠳᠤ ᠠᠭᠤᠰᠤᠨ ᠣᠷᠣᠬᠤ ᠵᠢ ᠠᠬᠢᠭᠤᠯᠤᠨ᠎ᠠ᠃
(ᠶᠢᠰᠦ) ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠎ᠳᠤ ᠠᠭᠤᠰᠤᠯᠴᠠᠭᠤᠯᠤᠨ᠎ᠠ᠃ ᠬᠤᠲᠠ ᠬᠥᠳᠡᠭᠡ ᠵᠢᠨ ᠣᠷᠣᠨ ᠵᠠᠢ ᠵᠢᠨ ᠪᠠᠶ᠋ᠢᠷᠢᠰᠢᠭᠤᠯᠤᠯᠲᠠ ᠵᠢ ᠨᠢᠭᠡᠳᠦᠯᠲᠡᠢ ᠲᠥᠯᠥᠪᠯᠡᠨ᠂ ᠰᠢᠨ ᠡ ᠬᠤᠲᠠ ᠪᠣᠯᠣᠨ ᠬᠠᠭᠤᠴᠢᠨ ᠬᠤᠲᠠ ᠵᠢᠨ ᠬᠠᠷᠢᠴᠠᠭ᠍ ᠊ᠠ᠋ ᠵᠢ ᠵᠣᠬᠢᠰᠲᠠᠢ ᠰᠢᠢ᠍ᠳᠪᠦᠷᠢᠯᠡᠵᠦ᠂ ᠬᠠᠭᠤᠴᠢᠨ ᠬᠤᠲᠠ ᠵᠢᠨ ᠪᠦᠲᠦᠭᠡᠨ ᠪᠠᠶ᠋ᠢᠭᠤᠯᠤᠯᠲᠠ ᠵᠢᠨ ᠨᠢᠭᠲᠠᠴᠠ ᠪᠣᠯᠣᠨ ᠬᠦᠴᠦᠯᠡᠴᠡ ᠵᠢ ᠵᠦᠢ ᠵᠣᠬᠢᠰᠲᠠᠢ ᠲᠣᠭᠲᠠᠭ᠋ᠠᠨ᠂ ᠰᠢᠨᠵᠢᠯᠡᠬᠦ ᠤᠬᠠᠭ᠋ᠠᠨᠴᠢ᠎ᠪᠠᠷ ᠨᠤᠲᠠᠯᠠᠭᠰᠠᠨ᠎ᠤ ᠳᠠᠷᠠᠭ᠍ ᠊ᠠ᠋᠂ ᠲᠡᠦᠬᠡ ᠰᠣᠶᠣᠯ᠎ᠤᠨ ᠬᠠᠮᠠᠭ᠋ᠠᠯᠠᠵᠤ ᠤᠯᠠᠮᠵᠢᠯᠠᠬᠤ ᠯᠤᠭ᠍ ᠊ᠠ᠋ ᠲᠣᠬᠢᠷᠠᠯᠴᠠᠬᠤ ᠦᠭᠡᠢ ᠠᠵᠤ ᠦᠢ᠍ᠯᠡᠳᠪᠦᠷᠢ᠂ ᠬᠥᠮᠥᠷᠭᠡᠯᠡᠨ ᠬᠠᠳᠠᠭ᠋ᠠᠯᠠᠬᠤ᠂ ᠪᠠᠷᠠᠭ᠍ ᠊ᠠ᠋ ᠵᠢᠨ ᠭᠦᠢ᠍ᠯᠭᠡᠭᠡᠨ᠂ ᠣᠷᠣᠨ ᠪᠦᠰᠡ ᠵᠢᠨ ᠴᠢᠨᠠᠷᠲᠠᠢ ᠪᠥᠭᠡᠮ ᠵᠶ᠋ᠠᠷ ᠬᠤᠳᠠᠯᠳᠤᠬᠤ ᠵᠠᠭ ᠊ᠠ᠋ ᠳᠡᠯᠭᠡᠭᠦᠷ ᠵᠡᠷᠭᠡ ᠬᠤᠲᠠ ᠵᠢᠨ ᠴᠢᠳᠠᠮᠵᠢ ᠵᠢ ᠠᠯᠬᠤᠮ ᠠᠯᠬᠤᠮ ᠵᠶ᠋ᠠᠷ ᠲᠠᠷᠬᠠᠭ᠋ᠠᠨ᠎ᠠ᠃ ᠦᠯᠡᠳᠡᠭᠡᠬᠦ ᠥᠭᠡᠷᠡᠴᠢᠯᠡᠬᠦ ᠨᠤᠷᠠᠭ᠋ᠠᠬᠤ ᠵᠢ ᠵᠡᠷᠭᠡ᠎ᠪᠠᠷ ᠠᠳᠬᠤᠬᠤ᠂ ᠦᠯᠡᠳᠡᠭᠡᠵᠦ ᠬᠠᠮᠠᠭ᠋ᠠᠯᠠᠬᠤ᠎ᠪᠠᠷ ᠭᠤᠣᠯ ᠪᠤᠯᠭ᠋ᠠᠬᠤ ᠵᠠᠷᠴᠢᠮ ᠶᠣᠰᠣᠭ᠋ᠠᠷ᠂ ᠬᠤᠲᠠ ᠵᠢᠨ ᠠᠮᠢ ᠠᠬᠤᠢ ᠵᠢ ᠵᠠᠰᠠᠨ ᠰᠡᠷᠭᠦᠭᠡᠬᠦ ᠪᠠ ᠴᠢᠳᠠᠮᠵᠢ ᠵᠢ ᠲᠡᠭᠦᠯᠳᠡᠷᠵᠢᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠬᠤᠲᠠ ᠵᠢᠨ ᠰᠢᠨᠡᠴᠢᠯᠡᠯᠲᠡ ᠵᠢ ᠯᠠᠪᠳᠠᠭᠤᠨ ᠵᠶ᠋ᠠᠷ ᠠᠬᠢᠭᠤᠯᠤᠨ᠎ᠠ᠃ ᠭᠤᠤᠯᠳᠠᠯᠭ᠍ ᠊ᠠ᠋ᠲᠠᠢ ᠭᠠᠵᠠᠷ ᠬᠡᠰᠡᠭ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯᠯᠠᠭ᠍ ᠊ᠠ᠋ ᠵᠢ ᠬᠠᠮᠢᠶᠠᠷᠤᠨ ᠡᠵᠡᠮᠳᠡᠬᠦ ᠪᠠ ᠪᠠᠷᠢᠯᠭ᠍ ᠊ᠠ᠋᠂ ᠱᠤᠭᠤᠮᠠᠯ᠎ᠢ ᠵᠢᠷᠤᠵᠤ ᠲᠥᠯᠥᠪᠯᠡᠬᠦ ᠵᠢ ᠬᠥᠲᠥᠯᠥᠨ ᠵᠢᠯᠤᠭᠤᠳᠬᠤ ᠵᠢ ᠴᠢᠩᠭ᠋ᠠᠳᠬᠠᠵᠤ᠂ ᠤᠯᠠᠮᠵᠢᠯᠠᠯᠲᠤ ᠰᠣᠶᠣᠯ᠎ᠤᠨ ᠭᠧᠨ᠎ᠢ ᠰᠠᠶ᠋ᠢᠲᠤᠷ ᠬᠠᠮᠠᠭ᠋ᠠᠯᠠᠨ᠂ ᠤᠯᠠᠮᠵᠢᠯᠠᠯ᠎ᠤᠨ ᠰᠢᠨ᠎ᠡ ᠵᠢ ᠡᠭᠦᠳᠭᠦ ᠵᠢ ᠵᠣᠷᠢᠭᠵᠢᠭᠤᠯᠵᠤ᠂ ᠬᠤᠲᠠ ᠵᠢᠨ ᠣᠨᠴᠠᠯᠢᠭ᠎ᠢ ᠢᠯᠡᠷᠡᠭᠦᠯᠦᠨ᠂ 《ᠮᠢᠩᠭ᠋ᠠᠨ ᠬᠤᠲᠠ ᠨᠢᠭᠡ ᠯᠠ ᠠᠳᠠᠯᠢ᠂ ᠲᠦᠮᠡᠨ ᠠᠰᠠᠷ ᠨᠢᠭᠡ ᠯᠡ ᠳᠦᠷᠢ᠎ᠲᠠᠢ ᠪᠠᠶ᠋ᠢᠬᠤ᠎ᠠᠴᠠ ᠵᠠᠢ᠌ᠯᠠᠰᠬᠢᠨ᠎ᠠ᠃ ᠲᠡᠦᠬᠡ ᠰᠣᠶᠣᠯ᠎ᠤᠨ ᠵᠡᠭᠡᠯᠢ ᠲᠣᠭᠤᠷᠢᠭ ᠪᠠ ᠲᠡᠦᠬᠡ ᠵᠢᠨ ᠭᠠᠵᠠᠷ ᠬᠡᠰᠡᠭ᠎ᠲᠤ ᠲᠦᠰᠢᠭᠯᠡᠨ ᠰᠣᠶᠣᠯ᠎ᠤᠨ ᠦᠵᠡᠭᠦᠯᠭᠡ᠂ ᠤᠯᠠᠮᠵᠢᠯᠠᠯᠲᠤ ᠣᠷᠣᠨ ᠰᠠᠭᠤᠴᠠ᠂ ᠣᠨᠴᠠᠯᠢᠭᠲᠤ ᠬᠤᠳᠠᠯᠳᠤᠭ᠍ ᠊ᠠ᠋᠂ ᠰᠡᠯᠡᠭᠦᠴᠡᠨ ᠣᠶ᠋ᠢᠯᠠᠭ᠋ᠠᠬᠤ ᠵᠡᠷᠭᠡ ᠤᠨᠴᠠᠭ᠋ᠠᠢ ᠴᠢᠳᠠᠮᠵᠢᠲᠤ ᠣᠷᠣᠨ᠎ᠢ ᠪᠦᠲᠦᠭᠡᠨ ᠪᠠᠶ᠋ᠢᠭᠤᠯᠵᠤ᠂ ᠬᠤᠲᠠ ᠵᠢᠨ ᠴᠢᠳᠠᠮᠵᠢ ᠵᠢ ᠲᠡᠭᠦᠯᠳᠡᠷᠵᠢᠭᠦᠯᠦᠨ᠂ ᠬᠤᠲᠠ ᠵᠢᠨ ᠠᠮᠢᠵᠢᠷᠠᠯ᠎ᠤᠨ ᠬᠦᠴᠦᠨ᠎ᠢ ᠳᠡᠭᠡᠭᠰᠢᠯᠡᠭᠦᠯᠦᠨ᠎ᠡ᠃ 《ᠬᠤᠸᠠᠷ ᠬᠠᠳᠬᠤᠬᠤ》᠂ 《ᠨᠡᠭᠡᠭᠦ ᠨᠦᠭᠦᠭᠦ》 ᠵᠡᠷᠭᠡ ᠵᠢᠵᠢᠭ ᠥᠭᠡᠷᠡᠴᠢᠯᠡᠯᠲᠡ ᠵᠢᠨ ᠠᠷᠭ᠍ ᠊ᠠ᠋ ᠮᠠᠶᠢᠭ᠎ᠢ ᠬᠡᠷᠡᠭᠯᠡᠨ᠂ ᠲᠡᠦᠬᠡ ᠰᠣᠶᠣᠯ᠎ᠤᠨ ᠨᠠᠷᠠᠲᠤ ᠬᠤᠲᠠ᠂ ᠨᠠᠷᠠᠲᠤ ᠪᠠᠯᠭ᠋ᠠᠰᠤ᠂ ᠨᠠᠷᠠᠲᠤ ᠲᠤᠰᠬᠤᠨ (ᠤᠯᠠᠮᠵᠢᠯᠠᠯᠲᠤ ᠲᠤᠰᠬᠤᠨ)᠂ ᠵᠡᠭᠡᠯᠢ ᠲᠣᠭᠤᠷᠢᠭ ᠪᠠ ᠲᠡᠦᠬᠡ ᠵᠢᠨ ᠭᠠᠵᠠᠷ ᠬᠡᠰᠡᠭ᠎ᠤᠨ ᠤᠯᠠᠨ ᠨᠡᠶ᠋ᠢᠲᠡ ᠵᠢᠨ ᠨᠡᠭᠡᠭᠡᠯᠲᠡ ᠵᠢᠨ ᠣᠷᠣᠨ ᠵᠠᠢ ᠵᠢ ᠨᠡᠮᠡᠭᠳᠡᠭᠦᠯᠵᠦ᠂ ᠢᠵᠢ ᠲᠦᠭᠦᠷᠵᠢᠭᠦᠯᠭᠦ ᠰᠠᠭᠤᠷᠢ ᠲᠥᠬᠦᠭᠡᠷᠦᠮᠵᠢ ᠪᠠ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠳᠤᠲᠠᠭᠤᠳᠠᠯ᠎ᠢ ᠭᠦᠢ᠍ᠴᠡᠳ ᠨᠥᠬᠥᠪᠦᠷᠢᠯᠡᠨ᠎ᠡ᠃ ᠤᠯᠠᠨ ᠵᠦᠢ᠍ᠯ᠎ᠤᠨ ᠭᠡᠯᠪᠡᠷᠢ ᠮᠠᠶᠢᠭ ᠪᠦᠬᠦᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠦᠴᠦᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠲᠥᠰᠥᠯ ᠲᠣᠭᠲᠠᠭ᠋ᠠᠵᠤ᠂ ᠬᠥᠮᠥᠨ ᠵᠶ᠋ᠠᠷ ᠰᠡᠷᠭᠡᠶ᠋ᠢᠯᠡᠬᠦ᠂ ᠪᠣᠳᠠᠰ ᠵᠶ᠋ᠠᠷ ᠰᠡᠷᠭᠡᠶ᠋ᠢᠯᠡᠬᠦ᠂ ᠮᠡᠷᠭᠡᠵᠢᠯ ᠵᠶ᠋ᠠᠷ ᠰᠡᠷᠭᠡᠶ᠋ᠢᠯᠡᠬᠦ ᠵᠡᠷᠭᠡ ᠠᠷᠭ᠍ ᠊ᠠ᠋ ᠪᠠᠷᠢᠯ᠎ᠢ ᠶᠡᠷᠦᠩᠬᠡᠶ᠋ᠢᠯᠡᠨ ᠬᠡᠷᠡᠭᠯᠡᠵᠦ᠂ ᠲᠡᠦᠬᠡ ᠰᠣᠶᠣᠯ᠎ᠤᠨ ᠨᠡᠷᠡᠲᠦ ᠬᠤᠲᠠ᠂ ᠨᠡᠷᠡᠲᠦ ᠪᠠᠯᠭ᠋ᠠᠰᠤ᠂ ᠨᠡᠷᠡᠲᠦ ᠲᠤᠰᠬᠤᠨ (ᠤᠯᠠᠮᠵᠢᠯᠠᠯᠲᠤ ᠲᠤᠰᠬᠤᠨ)᠂ ᠵᠡᠭᠡᠯᠢ ᠲᠣᠭᠤᠷᠢᠭ ᠪᠣᠯᠣᠨ ᠲᠡᠦᠬᠡ ᠵᠢ ᠭᠠᠵᠠᠷ ᠬᠡᠰᠡᠭ᠎ᠤᠨ ᠭᠠᠮᠰᠢᠭ᠎ᠢ ᠰᠡᠷᠭᠡᠶ᠋ᠢᠯᠡᠨ ᠭᠠᠮᠰᠢᠭ᠎ᠢ ᠪᠠᠭ᠋ᠠᠰᠬᠠᠵᠤ ᠭᠠᠮᠰᠢᠭ᠎ᠠᠴᠠ ᠠᠪᠤᠷᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠬᠥᠳᠡᠭᠡ ᠲᠤᠰᠬᠤᠨ᠎ᠤ ᠪᠦᠲᠦᠭᠡᠨ ᠪᠠᠶ᠋ᠢᠭᠤᠯᠤᠯᠲᠠ ᠬᠢᠭᠡᠳ ᠲᠡᠦᠬᠡ ᠰᠣᠶᠣᠯ᠎ᠤᠨ ᠨᠡᠷᠡᠲᠦ ᠪᠠᠯᠭ᠋ᠠᠰᠤ᠂ ᠨᠡᠷᠡᠲᠦ ᠲᠤᠰᠬᠤᠨ (ᠤᠯᠠᠮᠵᠢᠯᠠᠯᠲᠤ ᠲᠤᠰᠬᠤᠨ) ᠵᠢᠴᠢ ᠲᠡᠦᠬᠡ ᠵᠢᠨ ᠭᠠᠵᠠᠷ ᠬᠡᠰᠡᠭ᠂ ᠲᠠᠷᠢᠶᠠᠯᠠᠩ᠎ᠤᠨ ᠰᠣᠶᠣᠯ᠎ᠤᠨ ᠥᠪ᠂ ᠤᠰᠤᠯᠠᠯᠲᠠ ᠵᠢᠨ ᠢᠨᠵᠧᠨᠧᠷᠢᠩ᠎ᠤᠨ ᠥᠪ᠎ᠢ ᠬᠠᠮᠠᠭ᠋ᠠᠯᠠᠨ ᠠᠰᠢᠭᠯᠠᠬᠤ ᠵᠢ ᠨᠢᠭᠡᠳᠦᠯᠲᠡᠢ ᠲᠥᠯᠥᠪᠵᠢᠭᠦᠯᠦᠨ᠎ᠡ᠃
(ᠠᠷᠪᠠ) ᠲᠡᠦᠬᠡ ᠰᠣᠶᠣᠯ᠎ᠢ ᠪᠠᠳᠠᠷᠠᠭᠤᠯᠤᠨ᠎ᠠ᠃ ᠬᠠᠮᠠᠭ᠋ᠠᠯᠠᠬᠤ ᠰᠠᠭᠤᠷᠢᠨ ᠳᠡᠭᠡᠷ ᠡ ᠡᠯ ᠡ ᠲᠦᠷᠦᠯ᠎ᠤᠨ ᠲᠡᠦᠬᠡ ᠰᠣᠶᠣᠯ᠎ᠤᠨ ᠥᠪ᠎ᠢ ᠰᠤᠳᠤᠯᠤᠨ ᠲᠠᠶ᠋ᠢᠯᠪᠤᠷᠢᠯᠠᠬᠤ ᠠᠵᠢᠯ᠎ᠢ ᠴᠢᠩᠭ᠋ᠠᠳᠬᠠᠵᠤ᠂ ᠲᠡᠭᠦᠨ᠎ᠤ ᠲᠡᠦᠬᠡᠨ ᠦᠯᠢᠭᠡᠷ᠂ ᠰᠣᠶᠣᠯ᠎ᠤᠨ ᠦᠨ᠎ᠡ ᠦᠷᠲᠡᠭ᠂ ᠤᠶᠤᠨ ᠰᠠᠨᠠᠭ᠋ᠠᠨ᠎ᠤ ᠠᠭᠤᠯᠤᠭᠳᠠᠬᠤᠨ᠎ᠢ ᠤᠯᠠᠨ ᠲᠠᠰ ᠳᠠᠪᠬᠤᠷᠭ᠍ ᠊ᠠ᠋᠂ ᠪᠦᠭᠦ ᠲᠠᠯ᠎ᠠ᠎ᠪᠠᠷ᠂ ᠦᠷᠭᠦᠯᠵᠢᠯᠡᠨ ᠠᠭᠤᠳᠤᠯᠤᠨᠠ᠃ ᠲᠡᠰ ᠳᠠᠪᠬᠤᠷᠭ᠍ ᠊ᠠ᠋ ᠬᠤᠪᠢᠶᠠᠨ᠂ ᠲᠦᠷᠦᠯ ᠬᠤᠪᠢᠶᠠᠨ ᠡᠯ ᠡ ᠲᠦᠷᠦᠯ᠎ᠤᠨ ᠲᠡᠦᠬᠡ ᠰᠣᠶᠣᠯ᠎ᠤᠨ ᠥᠪ᠎ᠢ ᠬᠤᠯᠪᠣᠵᠤ᠂ ᠦᠢ᠍ᠯᠡᠳᠪᠦᠷᠢᠯᠡᠯ ᠠᠮᠢᠳᠤᠷᠠᠯ᠎ᠳᠤ ᠠᠭᠤᠰᠤᠯᠴᠠᠭᠰᠠᠨ ᠲᠡᠦᠬᠡ ᠰᠣᠶᠣᠯ᠎ᠤᠨ ᠦᠵᠡᠭᠦᠯᠭᠡ ᠵᠢᠨ ᠱᠤᠭᠤᠮ᠂ ᠬᠤᠩᠭᠢᠯ ᠪᠣᠯᠣᠨ ᠲᠣᠣᠷ᠎ᠢ ᠪᠠᠶ᠋ᠢᠭᠤᠯᠵᠤ᠂ ᠭᠠᠵᠠᠷ ᠪᠣᠯᠭ᠋ᠠᠨ᠎ᠳᠤ ᠲᠡᠦᠬᠡ ᠵᠢ ᠢᠯᠡᠷᠡᠭᠦᠯᠵᠦ᠂ ᠭᠠᠵᠠᠷ ᠪᠣᠯᠭ᠋ᠠᠨ᠎ᠳᠤ ᠰᠣᠶᠣᠯ᠎ᠢ ᠢᠯᠡᠷᠡᠭᠦᠯᠵᠦ᠂ ᠬᠤᠳᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠳᠤᠮᠳᠠ ᠬᠤᠳᠠ ᠵᠢᠨ ᠵᠣᠷᠢᠭ ᠰᠠᠨᠠᠭ᠍ ᠊ᠠ᠋ ᠪᠣᠯᠣᠨ ᠬᠥᠳᠡᠭᠡ ᠲᠤᠰᠬᠤᠨ᠎ᠤ ᠪᠣᠯᠪᠠᠰᠤᠨ᠎ᠢ ᠢᠯᠡᠷᠡᠭᠦᠯᠵᠦ᠂ ᠥᠷᠭᠡᠨ ᠤᠯᠠᠨ ᠠᠷᠠᠳ ᠲᠦᠮᠡᠨ᠎ᠢ ᠡᠳᠦᠷ ᠪᠣᠯᠭ᠋ᠠᠨ ᠬᠡᠷᠡᠭᠯᠡᠬᠦ ᠳᠤᠮᠳᠠ ᠦᠯᠦ ᠮᠡᠳᠡᠭᠳᠡᠮ᠎ᠡ᠎ᠪᠠᠷ ᠰᠣᠶᠣᠯ᠎ᠤᠨ ᠨᠥᠯᠥᠭᠡ ᠵᠢ ᠭᠦ᠊ ᠷᠳᠡᠭᠦ ᠪᠣᠯᠭ᠋ᠠᠨ᠎ᠠ᠃ ᠤᠬᠠᠭᠤᠯᠤᠨ ᠳᠡᠯᠭᠡᠷᠡᠭᠦᠯᠬᠦ ᠡᠷᠴᠢᠮ ᠵᠶ᠋ᠠᠨ ᠨᠡᠮᠡᠭᠳᠡᠭᠦᠯᠵᠦ᠂ ᠤᠯᠠᠮᠵᠢᠯᠠᠯᠲᠤ ᠪᠠᠶᠠᠷ ᠳᠤᠷᠠᠰᠬᠠᠯ᠎ᠤᠨ ᠠᠵᠢᠯᠯᠠᠭ᠍ ᠊ᠠ᠋᠂ ᠳᠤᠷᠠᠰᠬᠠᠬᠤ ᠠᠵᠢᠯᠯᠠᠭ᠍ ᠊ᠠ᠋᠂ ᠰᠣᠶᠣᠯ᠎ᠤᠨ ᠣᠨ ᠵᠡᠷᠭᠡ ᠤᠯᠠᠨ ᠶᠠᠩᠵᠤ ᠭᠡᠯᠪᠡᠷᠢ ᠵᠢᠨ ᠰᠣᠶᠣᠯ᠎ᠤᠨ ᠭᠤᠣᠯ ᠰᠡᠳᠦᠪᠲᠦ ᠠᠵᠢᠯᠯᠠᠭ᠍ ᠊ᠠ᠋ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠢᠯᠡᠳᠬᠡᠬᠦ ᠠᠷᠭ᠍ ᠊ᠠ᠋ ᠮᠠᠶᠢᠭ᠎ᠤᠨ ᠰᠢᠨ᠎ᠡ ᠵᠢ ᠡᠭᠦᠳᠴᠦ᠂ ᠰᠣᠨᠢᠨ ᠮᠡᠳᠡᠭᠡ ᠮᠡᠳᠡᠭᠡᠯᠡᠯ᠂ ᠲᠧᠯᠸᠢᠰ ᠵᠦᠴᠦᠭᠡ᠂ ᠲᠧᠯᠸᠢᠰ ᠫᠷᠣᠭ᠌ᠷᠠᠮ᠂ ᠪᠠᠷᠢᠮᠲᠠᠲᠤ ᠹᠢᠯᠢᠮ᠂ ᠺᠠᠷᠲ᠋ᠣᠨ ᠺᠢᠨᠤ᠋᠂ ᠣᠬᠤᠷ ᠸᠢᠳᠢᠤ᠋ ᠵᠡᠷᠭᠡ ᠤᠯᠠᠨ ᠵᠦᠢ᠍ᠯ᠎ᠤᠨ ᠭᠡᠯᠪᠡᠷᠢ᠎ᠪᠠᠷ ᠳᠤᠮᠳᠠᠳᠤ ᠵᠢᠨ ᠪᠣᠯᠪᠠᠰᠤᠨ᠎ᠤ ᠨᠥᠯᠥᠭᠡᠯᠡᠬᠦ ᠬᠦᠴᠦᠨ᠂ ᠨᠢᠭᠲᠠᠷᠠᠭᠤᠯᠬᠤ ᠬᠦᠴᠦᠨ ᠪᠣᠯᠣᠨ ᠤᠷᠢᠶᠠᠯᠠᠬᠤ ᠬᠦᠴᠦᠨ᠎ᠢ ᠭᠦᠢ᠍ᠴᠡᠳ ᠢᠯᠡᠷᠡᠭᠦᠯᠦᠨ᠎ᠡ᠃
ᠳᠥᠷᠪᠡ᠂ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠦᠨ᠎ᠡ
( ᠠᠷᠪᠠᠨ ᠨᠢᠭᠡ) ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠵᠢ ᠴᠢᠩᠭ᠋ᠠᠳᠬᠠᠨ᠎ᠠ᠃ ᠣᠷᠣᠨ ᠰᠠᠭᠤᠴᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠰᠠᠯᠠᠭ᠍ ᠊ᠠ᠋ ᠮᠥᠴᠢᠷ᠎ᠤᠳ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠡᠭᠦᠷᠭᠡ ᠬᠠᠷᠢᠭᠤᠴᠠᠯᠭ᠍ ᠊ᠠ᠋ᠪᠠᠨ ᠰᠠᠶ᠋ᠢᠲᠤᠷ ᠭᠦᠢ᠍ᠴᠡᠳᠬᠡᠵᠦ᠂ ᠤᠬᠠᠭᠤᠯᠭ᠍ ᠊ᠠ᠋᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠠᠷᠠᠳ᠎ᠤᠨ ᠶᠠᠪᠤᠳᠠᠯ᠂ ᠡᠳ᠋᠎ᠤᠨ ᠵᠠᠰᠠᠭ᠂ ᠪᠠᠶ᠋ᠢᠭ᠋ᠠᠯᠢ ᠵᠢᠨ ᠡᠬᠢ ᠪᠠᠶᠠᠯᠢᠭ᠂ ᠤᠰᠤᠨ ᠠᠰᠢᠭᠯᠠᠯᠲᠠ᠂ ᠬᠥᠳᠡᠭᠡ ᠠᠵᠤ ᠠᠬᠤᠢ ᠬᠥᠳᠡᠭᠡ ᠲᠤᠰᠬᠤᠨ᠂ ᠬᠤᠳᠠᠯᠳᠤᠭ᠋ᠠᠨ᠎ᠤ ᠶᠠᠪᠤᠳᠠᠯ᠂ ᠰᠣᠶᠣᠯ ᠪᠠ ᠵᠢᠭᠤᠯᠴᠢᠯᠠᠯ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠂ ᠤᠢ ᠰᠢᠭᠤᠢ ᠨᠤᠲᠤᠭ ᠪᠡᠯᠴᠢᠭᠡᠷ ᠵᠡᠷᠭᠡ ᠰᠠᠯᠠᠭ᠍ ᠊ᠠ᠋ ᠮᠥᠴᠢᠷ᠎ᠯᠦᠭᠡ ᠨᠡᠪᠲᠡᠷᠡᠯᠴᠡᠨ ᠵᠥᠪᠳᠡᠯᠴᠡᠬᠦ᠎ᠪᠠᠨ ᠴᠢᠩᠭ᠋ᠠᠳᠬᠠᠵᠤ᠂ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠬᠢᠭᠡᠳ ᠡᠯ ᠡ ᠲᠦᠷᠦᠯ᠎ᠤᠨ ᠲᠡᠦᠬᠡ ᠰᠣᠶᠣᠯ᠎ᠤᠨ ᠥᠪ᠎ᠢ ᠬᠠᠮᠠᠭ᠋ᠠᠯᠠᠬᠤ ᠠᠵᠢᠯ᠎ᠤᠨ ᠬᠠᠮᠵᠢᠯᠴᠠᠭ᠍ ᠊ᠠ᠋ ᠵᠢ ᠴᠢᠩᠭ᠋ᠠᠳᠬᠠᠵᠤ᠂ ᠳᠦᠷᠢᠮ᠂ ᠲᠦᠷᠦ ᠵᠢᠨ ᠪᠤᠳᠤᠯᠭ᠍ ᠊ᠠ᠋᠂ ᠪᠠᠷᠢᠮᠵᠢᠶ ᠊ᠠ᠋ ᠵᠢᠨ ᠵᠣᠬᠢᠴᠠᠯᠳᠤᠨ ᠵᠣᠯᠭ᠋ᠠᠭᠤᠯᠬᠤ ᠵᠢ ᠴᠢᠩᠭ᠋ᠠᠳᠬᠠᠨ᠎ᠠ᠃ ᠣᠷᠣᠨ ᠪᠦᠰᠡ ᠠᠯᠤᠰᠯᠠᠭᠰᠠᠨ᠂ ᠰᠠᠪᠠ ᠭᠠᠵᠠᠷ ᠠᠯᠤᠰᠯᠠᠭᠰᠠᠨ ᠲᠡᠦᠬᠡ ᠰᠣᠶᠣᠯ᠎ᠤᠨ ᠥᠪ᠎ᠤᠨ ᠪᠦᠬᠦᠯᠢ ᠴᠣᠭᠴᠠ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠤᠯᠤᠰ᠎ᠤᠨ ᠰᠣᠶᠣᠯ᠎ᠤᠨ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠲᠠ ᠬᠠᠮᠠᠭ᠋ᠠᠯᠠᠯᠲᠠ ᠵᠡᠷᠭᠡ ᠭᠤᠤᠯᠳᠠᠯᠭ᠍ ᠊ᠠ᠋ᠲᠠᠢ ᠠᠵᠢᠯ᠎ᠲᠠᠢ ᠤᠶᠠᠯᠳᠤᠭᠤᠯᠤᠨ᠂ ᠤᠯᠤᠰ᠎ᠤᠨ ᠴᠢᠬᠤᠯᠠ ᠶᠡᠭᠡ ᠣᠷᠣᠨ ᠪᠦᠰᠡ ᠵᠢᠨ ᠬᠥᠭᠵᠢᠯᠲᠡ ᠵᠢᠨ ᠪᠠᠶ᠋ᠢᠯᠳᠤᠬᠤ ᠪᠤᠳᠤᠯᠭ᠍ ᠊ᠠ᠋ᠳᠤ ᠢᠳᠡᠪᠬᠢᠲᠡᠢ᠎ᠪᠠᠷ ᠠᠭᠤᠰᠤᠯᠴᠠᠨ᠎ᠠ᠃
( ᠠᠷᠪᠠᠨ ᠬᠤᠶᠠᠷ) ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠭᠦᠯᠦᠨ᠎ᠡ᠃ ᠲᠡᠦᠬᠡ ᠰᠣᠶᠣᠯ᠎ᠤᠨ ᠡᠬᠢ ᠪᠠᠶᠠᠯᠢᠭ᠎ᠢ ᠪᠠᠶ᠋ᠢᠴᠠᠭ᠋ᠠᠨ ᠦᠨᠡᠯᠡᠭᠦ ᠤᠷᠳᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠵᠤ᠂ ᠪᠠᠶ᠋ᠢᠴᠠᠭ᠋ᠠᠬᠤ᠂ ᠦᠨᠡᠯᠡᠨ ᠵᠢᠱ᠌ᠢᠭᠦ ᠪᠠ ᠮᠠᠭ᠋ᠠᠳᠯᠠᠨ ᠲᠣᠭᠲᠠᠭ᠋ᠠᠬᠤ ᠠᠵᠢᠯ᠎ᠢ ᠦ᠊ ᠷᠭᠦ᠍ᠯᠵᠢᠯᠡᠨ ᠥᠷᠨᠢᠭᠦᠯᠵᠦ᠂ ᠬᠠᠮᠠᠭ᠋ᠠᠯᠠᠬᠤ ᠡᠲᠡᠭᠡᠳ᠎ᠢ ᠴᠠᠭ ᠲᠤᠬᠠᠢᠳᠤᠨᠢ ᠥᠷᠭᠡᠳᠬᠡᠨ ᠲᠡᠭᠦᠯᠳᠡᠷᠵᠢᠭᠦᠯᠵᠦ᠂ ᠬᠠᠮᠠᠭ᠋ᠠᠯᠠᠬᠤ ᠨᠡᠷᠡᠰ᠎ᠢ ᠪᠠᠶᠠᠯᠢᠭᠵᠢᠭᠤᠯᠤᠨ᠎ᠠ᠃ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠬᠠᠭᠤᠴᠢ ᠰᠤᠳᠤᠯᠤᠯ᠎ᠤᠨ ᠤᠷᠢᠳᠠᠴᠢ ᠳᠦᠷᠢᠮ᠎ᠢ ᠪᠠᠷᠢᠮᠲᠠᠯᠠᠵᠤ᠂ ᠲᠡᠦᠬᠡ ᠰᠣᠶᠣᠯ᠎ᠤᠨ ᠥᠪ᠎ᠤᠨ ᠬᠠᠮᠠᠭ᠋ᠠᠯᠠᠯᠲᠠ ᠵᠢ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠎ᠳᠤ ᠤᠷᠢᠳᠴᠢᠯᠠᠨ ᠤᠷᠤᠯᠴᠠᠭᠤᠯᠬᠤ ᠠᠵᠢᠯ᠎ᠤᠨ ᠲᠣᠭᠲᠠᠴᠠ ᠵᠢ ᠪᠠᠢ᠌ᠭᠤᠯᠤᠨ᠎ᠠ᠃ ᠬᠠᠮᠠᠭ᠋ᠠᠯᠠᠵᠤ ᠰᠡᠯᠪᠢᠨ ᠵᠠᠰᠠᠬᠤ ᠵᠢᠨ ᠪᠦᠭᠦ ᠶᠠᠪᠤᠴᠠ ᠵᠢᠨ ᠬᠠᠮᠢᠶᠠᠷᠤᠯᠲᠠ ᠵᠢ ᠠᠬᠢᠭᠤᠯᠵᠤ᠂ ᠡᠯ ᠡ ᠲᠦᠷᠦᠯ᠎ᠤᠨ ᠬᠠᠮᠠᠭ᠋ᠠᠯᠠᠬᠤ ᠡᠲᠡᠭᠡᠳ᠎ᠤᠨ ᠬᠠᠮᠠᠭ᠋ᠠᠯᠠᠬᠤ᠂ ᠰᠡᠯᠪᠢᠨ ᠵᠠᠰᠠᠬᠤ᠂ ᠥᠭᠡᠷᠡᠴᠢᠯᠡᠬᠦ᠂ ᠨᠡᠭᠦᠯᠭᠡᠬᠦ᠎ᠳᠤ ᠬᠢᠨᠠᠨ ᠵᠥᠪᠰᠢᠶᠡᠷᠡᠬᠦ ᠬᠠᠮᠢᠶᠠᠷᠤᠯᠲᠠ ᠵᠢ ᠬᠡᠷᠡᠭᠵᠢᠭᠦᠯᠬᠦ ᠵᠢ ᠰᠢᠯᠢᠳᠡᠭᠵᠢᠭᠦᠯᠵᠦ᠂ ᠠᠵᠢᠯ ᠶᠠᠪᠤᠳᠠᠯ᠎ᠤᠨ ᠳᠤᠮᠳᠠᠬᠢ ᠪᠠ ᠠᠵᠢᠯ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠬᠤᠷᠢᠭ᠍ ᠊ᠠ᠋ ᠱᠤᠭᠤᠮ᠎ᠤᠨ ᠬᠠᠮᠢᠶᠠᠷᠤᠯᠲᠠ ᠵᠢᠨ ᠵᠠᠭᠪᠤᠷ᠎ᠢ ᠠᠮᠢᠳᠤᠯᠢᠭ ᠵᠶ᠋ᠠᠷ ᠠᠰᠢᠭᠯᠠᠬᠤ ᠵᠢ ᠰᠦᠪᠡᠭᠴᠢᠯᠡᠵᠦ᠂ ᠲᠦᠷᠦᠯ ᠭᠡᠯᠪᠡᠷᠢ ᠪᠠ ᠣᠷᠣᠨ ᠪᠦᠰᠡ ᠬᠤᠪᠢᠶᠠᠨ ᠲᠦᠷᠦᠯ ᠵᠦᠢ᠍ᠯ᠎ᠳᠤ ᠵᠥᠪᠰᠢᠶᠡᠷᠡᠨ ᠤᠷᠤᠭᠤᠯᠬᠤ ᠨᠠᠵᠠᠭ᠋ᠠᠢ ᠲᠠᠯ ᠊ᠠ᠋ ᠵᠢᠨ ᠨᠠᠷᠢᠨ ᠳᠠᠩᠰᠠ ᠵᠢ ᠪᠠᠶ᠋ᠢᠭᠤᠯᠵᠤ᠂ ᠲᠣᠭᠲᠠᠮᠠᠯ ᠬᠤᠭᠤᠴᠠᠭ᠍ ᠊ᠠ᠋ᠲᠠᠢᠪᠠᠷ ᠦᠨᠡᠯᠡᠨ ᠵᠢᠱ᠌ᠢᠵᠦ᠂ ᠬᠥᠳᠡᠯᠦᠩᠭᠦᠢ᠎ᠪᠠᠷ ᠲᠣᠬᠢᠷᠠᠭᠤᠯᠤᠯᠲᠠ ᠬᠢᠨ᠎ᠡ᠃ ᠪᠦᠭᠦ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠪᠠᠷᠢᠯᠭ᠍ ᠊ᠠ᠋ ᠵᠢᠨ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠵᠤ᠂ ᠪᠠᠷᠢᠯᠭ᠍ ᠊ᠠ᠋ ᠵᠢᠨ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠬᠢᠨᠠᠨ ᠵᠥᠪᠰᠢᠶᠡᠷᠡᠬᠦ ᠳᠦᠷᠢᠮ᠎ᠤᠨ ᠥᠭᠡᠷᠡᠴᠢᠯᠡᠯᠲᠡ᠎ᠲᠠᠢ ᠤᠶᠠᠯᠳᠤᠭᠤᠯᠤᠨ᠂ ᠨᠢᠭᠡᠨᠲᠡ ᠪᠠᠶ᠋ᠢᠭ᠍ ᠊ᠠ᠋ ᠪᠠᠷᠢᠯᠭ᠍ ᠊ᠠ᠋ ᠵᠢ ᠥᠭᠡᠷᠡᠴᠢᠯᠡᠨ ᠪᠠᠶ᠋ᠢᠭᠤᠯᠬᠤ᠂ ᠨᠤᠷᠠᠭ᠋ᠠᠬᠤ ᠬᠠᠮᠢᠶᠠᠷᠤᠯᠲᠠ᠎ᠪᠠᠨ ᠴᠢᠩᠭ᠋ᠠᠳᠬᠠᠨ᠎ᠠ᠃
( ᠠᠷᠪᠠᠨ ᠭᠤᠷᠪᠠ) ᠤᠯᠠᠨ ᠲᠠᠯ ᠊ᠠ᠋ ᠵᠢᠨ ᠣᠷᠤᠯᠴᠠᠬᠤ ᠵᠢ ᠠᠬᠢᠭᠤᠯᠤᠨ᠎ᠠ᠃ ᠡᠯ ᠡ ᠲᠠᠯ ᠊ᠠ᠋ ᠵᠢᠨ ᠭᠤᠣᠯ ᠴᠣᠭᠴᠠ ᠵᠢᠨ᠎ᠬᠢᠨ᠎ᠤ ᠬᠤᠲᠠ ᠬᠥᠳᠡᠭᠡ ᠵᠢᠨ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ ᠲᠥᠯᠥᠪᠵᠢᠭᠦᠯᠪᠡ᠂ ᠪᠦᠲᠦᠭᠡᠨ ᠪᠠᠶ᠋ᠢᠭᠤᠯᠤᠯᠲᠠ᠂ ᠬᠠᠮᠢᠶᠠᠷᠤᠯᠲᠠ ᠵᠢᠨ ᠡᠯ ᠡ ᠭᠤᠭᠴᠤᠭ᠍ ᠊ᠠ᠋ᠳᠤ ᠢᠳᠡᠪᠬᠢ ᠦᠢ᠍ᠯᠡᠳᠦᠯ ᠵᠶ᠋ᠠᠨ ᠪᠠᠳᠠᠷᠠᠭᠤᠯᠬᠤ ᠵᠢ ᠵᠣᠷᠢᠭᠵᠢᠭᠤᠯᠤᠨ᠎ᠠ᠃ ᠦᠮᠴᠢᠯᠡᠯ᠎ᠤᠨ ᠡᠷᠬᠡᠲᠦ ᠬᠥᠮᠥᠨ᠂ ᠬᠡᠷᠡᠭᠯᠡᠭᠴᠢ ᠪᠠ ᠬᠢᠨᠠᠨ ᠬᠠᠮᠢᠶᠠᠷᠤᠭᠴᠢ ᠵᠢᠨ ᠬᠠᠮᠠᠭ᠋ᠠᠯᠠᠬᠤ ᠬᠠᠷᠢᠭᠤᠴᠠᠯᠭ᠍ ᠊ᠠ᠋ ᠵᠢ ᠲᠣᠳᠣᠷᠬᠠᠶ᠋ᠢᠯᠠᠵᠤ᠂ ᠬᠠᠮᠠᠭ᠋ᠠᠯᠠᠵᠤ ᠬᠠᠮᠢᠶᠠᠷᠬᠤ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠨ᠎ᠠ᠃ ᠬᠢᠨᠠᠨ ᠵᠥᠪᠰᠢᠶᠡᠷᠡᠬᠦ ᠭᠠᠷ ᠭᠦᠢ᠍ᠴᠡᠳᠬᠡᠯ᠎ᠢ ᠳᠥᠭᠦᠮᠴᠢᠯᠡᠵᠦ᠂ ᠬᠠᠷᠠᠭ᠋ᠠᠯᠵᠠᠯ᠎ᠤᠨ ᠲᠦᠷᠦ ᠵᠢᠨ ᠪᠤᠳᠤᠯᠭ᠍ ᠊ᠠ᠋ ᠲᠣᠭᠲᠠᠭ᠋ᠠᠨ᠂ ᠵᠠᠬ᠎ᠠ ᠳᠡᠯᠭᠡᠭᠦᠷ᠎ᠤᠨ ᠵᠢᠱ᠌ᠢᠯᠲᠡ ᠵᠢ ᠲᠣᠭᠲᠠᠪᠤᠷᠢᠵᠢᠭᠤᠯᠵᠤ᠂ ᠵᠠᠭ᠎ᠠ ᠳᠡᠯᠭᠡᠭᠦᠷ᠎ᠤᠨ ᠭᠤᠣᠯ ᠴᠣᠭᠴᠠ ᠵᠢᠨ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ ᠠᠵᠢᠯ᠎ᠳᠤ ᠦᠷᠭᠦᠯᠵᠢᠯᠡᠨ ᠣᠷᠤᠯᠴᠠᠬᠤ ᠵᠢ ᠵᠣᠷᠢᠭᠵᠢᠭᠤᠯᠤᠨ᠎ᠠ᠃
( ᠠᠷᠪᠠᠨ ᠳᠥᠷᠪᠡ) ᠱᠠᠩᠨᠠᠵᠤ ᠤᠷᠮᠠᠰᠢᠭᠤᠯᠬᠤ ᠵᠢ ᠴᠢᠩᠭ᠋ᠠᠷᠠᠭᠤᠯᠤᠨ᠎ᠠ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠢ ᠵᠣᠷᠢᠭᠵᠢᠭᠤᠯᠵᠤ ᠪᠠᠶ᠋ᠢᠭ᠋ᠠᠳ ᠱᠠᠩᠨᠠᠵᠤ ᠨᠥᠬᠦᠪᠦᠷᠢᠯᠡᠬᠦ ᠲᠦᠷᠦ ᠵᠢᠨ ᠪᠤᠳᠤᠯᠭ᠍ ᠊ᠠ᠋ ᠵᠢ ᠰᠤᠳᠤᠯᠤᠨ ᠲᠣᠭᠲᠠᠭ᠋ᠠᠵᠤ᠂ ᠱᠠᠩᠨᠠᠬᠤ᠎ᠪᠠᠷ ᠨᠥᠬᠦᠪᠦᠷᠢ ᠥᠭᠬᠦ ᠵᠢ ᠣᠷᠣᠯᠠᠭᠤᠯᠬᠤ᠂ ᠪᠡᠯᠡ ᠮᠥᠩᠭᠦ ᠵᠢᠨ ᠨᠥᠬᠦᠪᠦᠷᠢ ᠥᠭᠬᠦ ᠵᠡᠷᠭᠡ ᠠᠷᠭ᠍ ᠊ᠠ᠋ ᠮᠠᠶᠢᠭ ᠵᠶ᠋ᠠᠷ ᠳᠠᠮᠵᠢᠭᠤᠯᠤᠨ ᠬᠤᠲᠠ ᠬᠥᠳᠡᠭᠡ ᠵᠢᠨ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ ᠠᠵᠢᠯ᠎ᠢ ᠳᠡᠮᠵᠢᠨ᠎ᠡ᠃ ᠠᠵᠢᠯ᠎ᠤᠨ ᠠᠮᠵᠢᠯᠲᠠ ᠪᠦᠲᠦᠮᠵᠢ ᠵᠢ ᠮᠥᠷᠳᠡᠨ ᠦᠨᠡᠯᠡᠭᠦ ᠵᠢ ᠥᠷᠨᠢᠭᠦᠯᠵᠦ᠂ ᠡᠯ ᠡ ᠭᠠᠵᠠᠷ᠎ᠤᠨ ᠬᠠᠮᠠᠭ᠋ᠠᠯᠠᠨ ᠤᠯᠠᠮᠵᠢᠯᠠᠬᠤ ᠠᠵᠢᠯ᠎ᠤᠨ ᠳᠤᠮᠳᠠᠬᠢ ᠰᠠᠶ᠋ᠢᠨ ᠲᠤᠷᠰᠢᠯᠭ᠍ ᠊ᠠ᠋ ᠰᠠᠶ᠋ᠢᠨ ᠠᠷᠭ᠍ ᠊ᠠ᠋ ᠬᠢᠳᠡᠯ᠎ᠢ ᠴᠠᠭ ᠲᠤᠬᠠᠢᠳᠤᠨᠢ ᠳ᠋ᠦᠩᠨᠡᠨ᠂ ᠬᠠᠮᠠᠭ᠋ᠠᠯᠠᠵᠤ ᠤᠯᠠᠮᠵᠢᠯᠠᠬᠤ ᠠᠵᠢᠯ᠎ᠤᠨ ᠦᠷ ᠡ ᠪᠦᠲᠦᠮᠵᠢ ᠢᠯᠡᠷᠬᠡᠢ᠂ ᠤᠯᠠᠨ ᠲᠦᠮᠡᠨ᠎ᠤ ᠨᠡᠶ᠋ᠢᠳᠡᠮ᠎ᠤᠨ ᠲᠤᠰᠬᠠᠯ ᠰᠠᠶ᠋ᠢᠨ ᠪᠠᠶ᠋ᠢᠪᠠᠯ ᠤᠬᠠᠭᠤᠯᠤᠨ ᠳᠡᠯᠭᠡᠷᠡᠭᠦᠯᠦᠨ᠎ᠡ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠠᠶ᠋ᠢᠰᠢᠶᠠᠨ ᠬᠥᠬᠢᠭᠦᠯᠦᠨ᠎ᠡ᠃
( ᠠᠷᠪᠠᠨ ᠲᠠᠪᠤ) ᠬᠢᠨᠠᠯᠲᠠ ᠲᠠᠯᠪᠢᠵᠤ ᠬᠢᠨᠠᠨ ᠪᠠᠶ᠋ᠢᠴᠠᠭ᠋ᠠᠬᠤ᠎ᠪᠠᠨ ᠴᠢᠩᠭ᠋ᠠᠳᠬᠠᠨ᠎ᠠ᠃ ᠬᠤᠲᠠ ᠬᠥᠳᠡᠭᠡ ᠵᠢᠨ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ ᠡᠳᠦᠷ ᠲᠤᠲᠤᠮ᠎ᠤᠨ ᠲᠣᠭᠤᠷᠢᠨ ᠪᠠᠶ᠋ᠢᠴᠠᠭ᠋ᠠᠬᠤ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠵᠤ᠂ ᠬᠤᠲᠠ ᠰᠢᠶᠠᠨ᠎ᠨᠢ ᠲᠤᠬᠠᠢ ᠵᠢᠨ ᠭᠠᠵᠠᠷ᠎ᠤᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠲᠣᠭᠤᠷᠢᠨ ᠪᠠᠶ᠋ᠢᠴᠠᠭ᠋ᠠᠬᠤ ᠠᠵᠢᠯ᠎ᠢ ᠨᠡᠶ᠋ᠢᠭᠡᠮ ᠲᠣᠭᠤᠷᠢᠭ᠎ᠤᠨ ᠲᠤᠤᠷᠵᠢᠭᠰᠠᠨ ᠬᠠᠮᠢᠶᠠᠷᠤᠯᠲᠠ᠂ ᠬᠤᠲᠠ ᠵᠢᠨ ᠬᠠᠮᠢᠶᠠᠷᠤᠯᠲᠠ ᠵᠢᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠦᠯᠲᠡ ᠵᠡᠷᠭᠡ ᠬᠡᠪᠴᠢᠶᠡᠨ᠎ᠳᠤ ᠣᠷᠣᠭᠤᠯᠤᠨ᠎ᠠ᠃ ᠬᠤᠲᠠ ᠬᠥᠳᠡᠭᠡ ᠵᠢᠨ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ ᠵᠢ ᠦᠨᠡᠯᠡᠨ ᠵᠢᠱ᠌ᠢᠭᠦ ᠲᠣᠭᠲᠠᠴᠠ ᠵᠢ ᠪᠠᠶ᠋ᠢᠭᠤᠯᠵᠤ᠂ ᠬᠠᠮᠠᠭ᠋ᠠᠯᠠᠵᠤ ᠤᠯᠠᠮᠵᠢᠯᠠᠬᠤ ᠠᠵᠢᠯ᠎ᠤᠨ ᠪᠠᠶ᠋ᠢᠳᠠᠯ᠂ ᠬᠠᠮᠠᠭ᠋ᠠᠯᠠᠬᠤ ᠡᠲᠡᠭᠡᠳ᠎ᠤᠨ ᠬᠠᠮᠠᠭ᠋ᠠᠯᠠᠯᠲᠠ ᠵᠢᠨ ᠪᠠᠶ᠋ᠢᠳᠠᠯ᠎ᠢ ᠲᠣᠭᠲᠠᠮᠠᠯ ᠬᠤᠭᠤᠴᠠᠭ᠍ ᠊ᠠ᠋ᠲᠠᠢᠪᠠᠷ ᠦᠨᠡᠯᠡᠨ ᠵᠢᠱ᠌ᠢᠨ᠎ᠡ᠃ ᠬᠢᠨᠠᠯᠲᠠ ᠲᠠᠯᠪᠢᠵᠤ ᠬᠢᠨᠠᠨ ᠪᠠᠶ᠋ᠢᠴᠠᠭ᠋ᠠᠬᠤ ᠲᠣᠭᠲᠠᠴᠠ ᠵᠢ ᠪᠦᠷᠢᠨᠰᠢᠭᠦᠯᠵᠦ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠴᠢᠩᠳᠠᠯᠠᠨ᠂ ᠬᠠᠤᠯᠢ ᠬᠡᠷᠡᠭᠵᠢᠭᠦᠯᠬᠦ ᠵᠢ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠬᠠᠤᠯᠢ᠎ᠠᠴᠠ ᠵᠥᠷᠢᠴᠡᠨ ᠡᠪᠳᠡᠭᠦ ᠡᠯ ᠡ ᠲᠦᠷᠦᠯ᠎ᠤᠨ ᠦᠢ᠍ᠯᠡ ᠠᠵᠢᠯᠯᠠᠭ᠍ ᠊ᠠ᠋ ᠵᠢ ᠴᠠᠭ ᠲᠤᠬᠠᠢᠳᠤᠨᠢ ᠣᠯᠵᠤ ᠮᠡᠳᠡᠭᠦ ᠵᠢᠨ ᠬᠠᠮᠲᠤ ᠬᠤᠷᠢᠭᠯᠠᠨ ᠵᠣᠭᠰᠣᠭ᠋ᠠᠨ᠎ᠠ᠃ ᠤᠯᠤᠰ᠎ᠤᠨ ᠬᠠᠮᠢᠶ ᠊ᠠ᠋ ᠪᠦᠬᠦᠢ ᠭᠤᠣᠯᠴᠢᠯᠠᠨ ᠬᠠᠮᠢᠶᠠᠷᠬᠤ ᠰᠠᠯᠠᠭ᠍ ᠊ᠠ᠋ ᠮᠥᠴᠢᠷ᠎ᠨᠢ ᠰᠤᠭᠤᠴᠢᠨ ᠪᠠᠶ᠋ᠢᠴᠠᠭ᠋ᠠᠬᠤ ᠠᠵᠢᠯ᠎ᠢ ᠴᠠᠭ ᠲᠤᠬᠠᠢᠳᠤᠨᠢ ᠥᠷᠨᠢᠭᠦᠯᠦᠨ᠎ᠡ᠃ ᠠᠷᠠᠳ ᠢᠷᠭᠡᠳ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ ᠵᠢᠨ ᠲᠡᠦᠬᠡ ᠰᠣᠶᠣᠯ᠎ᠤᠨ ᠬᠠᠮᠠᠭ᠋ᠠᠯᠠᠵᠤ ᠤᠯᠠᠮᠵᠢᠯᠠᠬᠤ᠎ᠳᠤ ᠬᠤᠯᠪᠣᠭᠳᠠᠭᠰᠠᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠍ ᠊ᠠ᠋ ᠵᠢ ᠢᠯᠡᠴᠢᠯᠡᠨ ᠮᠡᠳᠡᠭᠦᠯᠭᠦ ᠵᠢ ᠵᠣᠷᠢᠭᠵᠢᠭᠤᠯᠤᠨ᠎ᠠ᠃ ᠬᠤᠲᠠ ᠬᠥᠳᠡᠭᠡ ᠵᠢᠨ ᠲᠡᠦᠬᠡ ᠰᠣᠶᠣᠯ᠎ᠤᠨ ᠥᠪ᠎ᠤᠨ ᠲᠤᠭ᠍ ᠊ᠠ᠋ ᠪᠠᠷᠢᠮᠲᠠ ᠵᠢ ᠡᠮᠬᠢᠯᠡᠨ ᠨᠡᠶ᠋ᠢᠯᠡᠭᠦᠯᠵᠦ ᠬᠠᠮᠲᠤ᠎ᠪᠠᠷ ᠡᠳ᠋ᠯᠡᠭᠦ ᠵᠢ ᠴᠢᠩᠭ᠋ᠠᠳᠬᠠᠨ᠂ ᠬᠢᠨᠠᠨ ᠭᠡᠮᠵᠢᠭᠦ ᠬᠠᠮᠢᠶᠠᠷᠤᠯᠲᠠ ᠵᠢᠨ ᠬᠢᠷᠢ ᠭᠡᠮᠵᠢᠶ ᠡ ᠵᠢ ᠳᠡᠭᠡᠭᠰᠢᠯᠡᠭᠦᠯᠵᠦ᠂ ᠤᠯᠤᠰ᠂ ᠮᠤᠵᠢ (ᠦᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ ᠊ᠠ᠋ ᠬᠤᠲᠠ)᠂ ᠬᠤᠲᠠ ᠰᠢᠶᠠᠨ ᠭᠤᠷᠪᠠᠨ ᠱᠠᠲᠤᠨ᠎ᠤ ᠬᠠᠷᠢᠯᠴᠠᠨ ᠬᠤᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠬᠥᠳᠡᠯᠦᠩᠭᠦᠢ ᠬᠢᠨᠠᠯᠲᠠ ᠬᠠᠮᠢᠶᠠᠷᠤᠯᠲᠠ ᠵᠢ ᠠᠯᠬᠤᠮ ᠠᠯᠬᠤᠮ ᠵᠶ᠋ᠠᠷ ᠪᠡᠶᠡᠯᠡᠭᠦᠯᠦᠨ᠎ᠡ᠃
( ᠠᠷᠪᠠᠨ ᠵᠢᠷᠭᠤᠭ᠍ ᠊ᠠ᠋) ᠰᠢᠯᠭ᠋ᠠᠨ ᠬᠢᠨᠠᠵᠤ ᠬᠠᠷᠢᠭᠤᠴᠠᠯᠭ᠍ ᠊ᠠ᠋ ᠨᠡᠬᠡᠮᠵᠢᠯᠡᠬᠦ ᠵᠢ ᠴᠢᠩᠭ᠋ᠠᠷᠠᠭᠤᠯᠤᠨ᠎ᠠ᠃ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ ᠠᠵᠢᠯ᠎ᠢ ᠪᠦᠭᠦ ᠤᠯᠤᠰ᠎ᠤᠨ ᠪᠣᠯᠪᠠᠰᠤᠨ ᠬᠤᠲᠠ ᠵᠢᠨ ᠰᠢᠯᠭ᠋ᠠᠨ ᠦᠨᠡᠯᠡᠭᠦ ᠰᠢᠰᠲ᠋ᠧᠮ᠎ᠳᠤ ᠣᠷᠣᠭᠤᠯᠤᠨ᠎ᠠ᠃ ᠤᠳᠤᠷᠢᠳᠬᠤ ᠺᠠᠳ᠋ᠷ᠎ᠤᠨ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ ᠠᠵᠢᠯ᠎ᠤᠨ ᠳᠤᠮᠳᠠᠬᠢ ᠠᠵᠤ ᠠᠬᠤᠢ ᠵᠢᠨ ᠬᠠᠷᠢᠭᠤᠴᠠᠯᠭ᠍ ᠊ᠠ᠋ᠪᠠᠨ ᠭᠦᠢ᠍ᠴᠡᠳᠬᠡᠭᠰᠡᠨ ᠪᠠᠶ᠋ᠢᠳᠠᠯ᠎ᠢ ᠬᠢᠨᠠᠨ ᠪᠤᠳᠤᠵᠤ ᠬᠢᠨᠠᠯᠲᠠ ᠲᠠᠯᠪᠢᠬᠤ᠂ ᠬᠢᠨᠠᠨ ᠪᠤᠳᠤᠭᠰᠠᠨ ᠦᠷ ᠡ ᠳ᠋ᠦᠩ ᠵᠢᠴᠢ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠢ ᠬᠢᠨᠠᠨ ᠪᠣᠳᠣᠯᠲᠠ ᠬᠢᠯᠭᠡᠭᠰᠡᠨ ᠤᠳᠤᠷᠢᠳᠬᠤ ᠺᠠᠳ᠋ᠷ᠎ᠢ ᠬᠢᠨᠠᠨ ᠰᠢᠯᠭ᠋ᠠᠬᠤ᠂ ᠲᠣᠮᠢᠯᠠᠵᠤ ᠪᠠᠭᠤᠯᠭ᠋ᠠᠬᠤ᠂ ᠱᠠᠩᠨᠠᠵᠤ ᠲᠣᠷᠭᠤᠭ᠋ᠠᠬᠤ ᠴᠢᠬᠤᠯᠠ ᠯᠠᠪᠯᠠᠯᠲᠠ ᠪᠤᠯᠭ᠋ᠠᠬᠤ ᠵᠢ ᠴᠢᠩᠭ᠋ᠠᠳᠬᠠᠨ᠎ᠠ᠃ ᠬᠠᠮᠠᠭ᠋ᠠᠯᠠᠬᠤ ᠨᠡᠷᠡᠰ᠎ᠤᠨ ᠵᠢᠭᠰᠠᠭ᠋ᠠᠯᠲᠠ᠎ᠳᠤ ᠵᠢᠭᠰᠠᠭ᠋ᠠᠭᠳᠠᠭᠰᠠᠨ ᠪᠤᠯᠪᠠᠴᠤ ᠰᠠᠶ᠋ᠢᠲᠤᠷ ᠬᠠᠮᠠᠭ᠋ᠠᠯᠠᠭᠰᠠᠨ ᠦᠭᠡᠢ᠎ᠠᠴᠠ ᠪᠣᠯᠵᠤ ᠲᠡᠦᠬᠡ ᠰᠣᠶᠣᠯ᠎ᠤᠨ ᠦᠨ᠎ᠡ ᠦᠷᠲᠡᠭ᠎ᠢ ᠬᠦᠨᠳᠦ ᠨᠣᠴᠢᠲᠠᠢ ᠨᠥᠯᠥᠭᠡᠯᠡᠭᠰᠡᠨ ᠲᠡᠦᠬᠡ ᠰᠣᠶᠣᠯ᠎ᠤᠨ ᠨᠠᠷᠠᠲᠤ ᠬᠤᠲᠠ᠂ ᠨᠠᠷᠠᠲᠤ ᠪᠠᠯᠭ᠋ᠠᠰᠤ᠂ ᠨᠠᠷᠠᠲᠤ ᠲᠤᠰᠬᠤᠨ (ᠤᠯᠠᠮᠵᠢᠯᠠᠯᠲᠤ ᠠᠶ᠋ᠢᠯ ᠲᠤᠰᠬᠤᠨ)᠂ ᠵᠡᠭᠡᠯᠢ ᠲᠣᠭᠤᠷᠢᠭ ᠪᠠ ᠲᠡᠦᠬᠡ ᠵᠢᠨ ᠪᠠᠷᠢᠯᠭ᠍ ᠊ᠠ᠋᠂ ᠲᠡᠦᠬᠡ ᠵᠢᠨ ᠭᠠᠵᠠᠷ ᠬᠡᠰᠡᠭ᠎ᠢ ᠤᠰᠠᠳᠬᠤ ᠠᠶᠤᠯᠲᠠᠢ ᠨᠡᠷᠡᠰ᠎ᠲᠤ ᠵᠢᠭᠰᠠᠭ᠋ᠠᠨ ᠣᠷᠣᠭᠤᠯᠵᠤ᠂ ᠬᠤᠭᠤᠴᠠᠭ᠍ ᠊ᠠ᠋ ᠬᠢᠵᠠᠭ᠋ᠠᠷᠯᠠᠨ ᠴᠡᠭᠴᠡᠯᠡᠨ ᠰᠠᠶ᠋ᠢᠵᠢᠷᠠᠭᠤᠯᠵᠤ᠂ ᠴᠡᠭᠴᠡᠯᠡᠨ ᠰᠠᠶ᠋ᠢᠵᠢᠷᠠᠭᠤᠯᠤᠭᠰᠠᠨ᠎ᠨᠢ ᠬᠢᠷᠢ ᠲᠡᠩᠴᠡᠭᠰᠡᠨ ᠦᠭᠡᠢ ᠵᠢ᠎ᠨᠢ ᠬᠠᠮᠠᠭ᠋ᠠᠯᠠᠯᠲᠠ᠎ᠠᠴᠠ ᠭᠠᠷᠭ᠋ᠠᠬᠤ ᠨᠡᠷᠡᠰ᠎ᠲᠤ ᠵᠢᠭᠰᠠᠭ᠋ᠠᠨ ᠣᠷᠣᠭᠤᠯᠤᠨ᠎ᠠ᠃ ᠡᠭᠦᠷᠭᠡ ᠬᠠᠷᠢᠭᠤᠴᠠᠯᠭ᠍ ᠊ᠠ᠋ᠪᠠᠨ ᠭᠦᠢ᠍ᠴᠡᠳᠬᠡᠭᠰᠡᠨ ᠦᠭᠡᠢ᠂ ᠬᠠᠮᠠᠭ᠋ᠠᠯᠠᠭᠰᠠᠨ᠎ᠨᠢ ᠬᠦᠴᠦᠨ ᠦᠭᠡᠢ᠂ ᠨᠢᠭᠡᠨᠲᠡ ᠬᠠᠮᠠᠭ᠋ᠠᠯᠠᠬᠤ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠤᠭᠰᠠᠨ ᠬᠠᠮᠠᠭ᠋ᠠᠯᠠᠬᠤ ᠡᠲᠡᠭᠡᠳ ᠪᠤᠶᠤ ᠬᠠᠮᠠᠭ᠋ᠠᠯᠠᠬᠤ ᠨᠡᠷᠡᠰ᠎ᠤᠨ ᠵᠢᠭᠰᠠᠭ᠋ᠠᠯᠲᠠ᠎ᠳᠤ ᠤᠷᠤᠭᠤᠯᠬᠤ ᠶᠣᠰᠣᠲᠠᠢ ᠪᠠᠢ᠌ᠲᠠᠯ᠎ᠠ ᠣᠷᠣᠭᠤᠯᠤᠭᠰᠠᠨ ᠦᠭᠡᠢ ᠲᠡᠦᠬᠡ ᠰᠣᠶᠣᠯ᠎ᠤᠨ ᠡᠬᠢ ᠪᠠᠶᠠᠯᠢᠭ᠎ᠤᠨ ᠲᠡᠦᠬᠡ ᠰᠣᠶᠣᠯ᠎ᠤᠨ ᠦᠨ ᠡ ᠦᠷᠲᠡᠭ᠎ᠢ ᠬᠦᠨᠳᠦ ᠨᠣᠴᠢᠲᠠᠢ ᠡᠪᠳᠡᠭᠰᠡᠨ ᠪᠠᠶ᠋ᠢᠪᠠᠯ᠂ ᠲᠣᠭᠲᠠᠭ᠋ᠠᠯ ᠰᠠᠭᠢᠯᠭ᠍ ᠊ᠠ᠋ ᠬᠠᠤᠯᠢ ᠶᠣᠰᠣᠭ᠋ᠠᠷ ᠬᠠᠮᠢᠶ ᠊ᠠ᠋ ᠪᠦᠬᠦᠢ ᠬᠠᠷᠢᠭᠤᠴᠠᠯᠭ᠋ᠠᠲᠠᠨ ᠪᠠ ᠬᠠᠷᠢᠭᠤᠴᠠᠯᠭ᠋ᠠᠲᠤ ᠨᠢᠭᠡᠴᠢ ᠵᠢ ᠰᠢᠢ᠍ᠳᠪᠦᠷᠢᠯᠡᠨ᠎ᠡ᠃ ᠬᠤᠲᠠ ᠬᠥᠳᠡᠭᠡ ᠵᠢᠨ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ ᠨᠡᠶ᠋ᠢᠲᠡ ᠵᠢᠨ ᠠᠰᠠᠷᠠᠮᠵᠢ ᠵᠢᠨ ᠵᠠᠷᠭᠤ ᠵᠢᠨ ᠡᠷᠴᠢᠮ᠎ᠢ ᠴᠢᠩᠭ᠋ᠠᠷᠠᠭᠤᠯᠤᠨ᠎ᠠ᠃
ᠲᠠᠪᠤ᠂ ᠪᠠᠲᠤᠯᠠᠭ᠍ ᠊ᠠ᠋ ᠵᠢᠨ ᠠᠷᠭ᠍ ᠊ᠠ᠋ ᠭᠡᠮᠵᠢᠶ ᠡ ᠵᠢ ᠲᠡᠭᠦᠯᠳᠡᠷᠵᠢᠭᠦᠯᠦᠨ᠎ᠡ
( ᠠᠷᠪᠠᠨ ᠳᠤᠯᠤᠭ᠍ ᠊ᠠ᠋) ᠨᠠᠮ᠎ᠤᠨ ᠪᠦᠭᠦ ᠲᠠᠯ ᠊ᠠ᠋ ᠵᠢᠨ ᠤᠳᠤᠷᠢᠳᠤᠯᠭ᠍ ᠊ᠠ᠋ ᠵᠢ ᠪᠠᠷᠢᠮᠲᠠᠯᠠᠨ ᠴᠢᠩᠭ᠋ᠠᠳᠬᠠᠨ᠎ᠠ᠃ ᠡᠯ ᠡ ᠱᠠᠲᠤᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠳᠤᠮᠳᠠ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ ᠵᠢ ᠴᠢᠩᠭ᠋ᠠᠳᠬᠠᠬᠤ ᠵᠢᠨ ᠴᠢᠬᠤᠯᠠ ᠠᠴᠢ ᠬᠤᠯᠪᠣᠭᠳᠠᠯ᠎ᠢ ᠭᠦᠨᠵᠡᠭᠡᠢ ᠲᠠᠨᠢᠵᠤ᠂ ᠨᠠᠮ᠎ᠤᠨ ᠤᠳᠤᠷᠢᠳᠤᠯᠭ᠍ ᠊ᠠ᠋ ᠵᠢ ᠢᠮᠠᠭᠲᠠ ᠬᠠᠮᠠᠭ᠋ᠠᠯᠠᠵᠤ ᠤᠯᠠᠮᠵᠢᠯᠠᠬᠤ ᠠᠵᠢᠯ᠎ᠤᠨ ᠡᠯ᠎ᠡ ᠲᠠᠯ᠎ᠠ ᠡᠯ᠎ᠡ ᠭᠤᠭᠴᠤᠭ᠍ ᠊ᠠ᠋ᠳᠤ ᠲᠤᠭᠤᠰᠢᠯᠠᠭᠤᠯᠵᠤ᠂ ᠨᠠᠮ᠎ᠤᠨ ᠲᠥᠪ ᠬᠤᠷᠢᠶ ᠊ᠠ᠋᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠬᠤᠯᠪᠣᠭᠳᠠᠯ ᠪᠦᠬᠦᠢ ᠰᠢᠢ᠍ᠳᠪᠦᠷᠢᠲᠦ ᠪᠤᠳᠤᠯᠭ᠍ ᠊ᠠ᠋ ᠪᠠᠶ᠋ᠢᠷᠢᠯᠠᠭᠤᠯᠤᠯᠲᠠ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ᠃
( ᠠᠷᠪᠠᠨ ᠨᠠᠢ᠍ᠮᠠ) ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠡᠭᠦᠯᠡᠷᠵᠢᠭᠦᠯᠦᠨᠡ᠃ 《ᠲᠡᠦᠬᠡ ᠰᠣᠶᠣᠯ᠎ᠤᠨ ᠨᠠᠷᠠᠲᠤ ᠬᠤᠲᠠ ᠨᠠᠷᠠᠲᠤ ᠪᠠᠯᠭ᠋ᠠᠰᠤ ᠨᠠᠷᠠᠲᠤ ᠲᠤᠰᠬᠤᠨ᠎ᠢ ᠬᠠᠮᠠᠭ᠋ᠠᠯᠠᠬᠤ ᠳᠦᠷᠢᠮ》᠎ᠳᠤ ᠵᠠᠰᠠᠪᠤᠷᠢ ᠣᠷᠣᠭᠤᠯᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠬᠠᠤᠯᠢ ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠯᠤᠭ᠍ ᠊ᠠ᠋ ᠵᠣᠯᠭ᠋ᠠᠭᠤᠯᠬᠤ ᠵᠢ ᠴᠢᠩᠭ᠋ᠠᠳᠬᠠᠵᠤ᠂ ᠬᠠᠮᠢᠶ ᠊ᠠ᠋ ᠪᠦᠬᠦᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠢ ᠲᠣᠭᠲᠠᠭ᠋ᠠᠨ ᠵᠠᠰᠠᠪᠤᠷᠢ ᠣᠷᠣᠭᠤᠯᠵᠤ᠂ ᠬᠤᠲᠠ ᠬᠥᠳᠡᠭᠡ ᠵᠢᠨ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ ᠠᠵᠢᠯ᠎ᠢ ᠰᠠᠶ᠋ᠢᠲᠤᠷ ᠬᠢᠬᠦ᠎ᠳᠤ ᠬᠠᠤᠯᠢᠵᠢᠯ᠎ᠤᠨ ᠪᠠᠲᠤᠯᠠᠭ᠍ ᠊ᠠ᠋ ᠬᠠᠩᠭ᠋ᠠᠨ᠎ᠠ᠃
( ᠠᠷᠪᠠ ᠶᠢᠰᠦ) ᠪᠡᠯᠡ ᠮᠥᠩᠭᠦ ᠵᠢᠨ ᠤᠷᠤᠭᠤᠯᠤᠯᠲᠠ᠎ᠪᠠᠨ ᠨᠡᠮᠡᠭᠳᠡᠭᠦᠯᠦᠨ᠎ᠡ᠃ ᠬᠤᠲᠠ ᠬᠥᠳᠡᠭᠡ ᠵᠢᠨ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ ᠠᠵᠢᠯ᠎ᠤᠨ ᠡᠳ᠋᠎ᠤᠨ ᠵᠠᠰᠠᠭ᠎ᠤᠨ ᠪᠠᠲᠤᠯᠠᠭ᠍ ᠊ᠠ᠋ ᠵᠢᠨ ᠲᠣᠭᠲᠠᠴᠠ ᠵᠢ ᠪᠦᠷᠢᠨᠰᠢᠭᠦᠯᠵᠦ᠂ ᠲᠥᠪ᠎ᠤᠨ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠨᠢ ᠡᠯ ᠡ ᠱᠠᠲᠤᠨ᠎ᠤ ᠠᠵᠢᠯ ᠡᠷᠬᠡ ᠵᠢ ᠦᠨᠳᠦᠰᠦᠯᠡᠨ ᠪᠡᠯᠡ ᠮᠥᠩᠭᠦ ᠵᠢᠨ ᠪᠠᠲᠤᠯᠠᠭ᠍ ᠊ᠠ᠋ ᠵᠢ ᠰᠠᠶ᠋ᠢᠲᠤᠷ ᠬᠢᠬᠦ ᠬᠡᠷᠡᠭᠲᠡᠢ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠨᠢ ᠬᠠᠮᠠᠭ᠋ᠠᠯᠠᠯᠲᠠ ᠵᠢᠨ ᠪᠡᠯᠡ ᠮᠥᠩᠭᠦ ᠵᠢ ᠲᠤᠰ ᠱᠠᠲᠤᠨ᠎ᠤ ᠡᠳ᠋᠎ᠤᠨ ᠵᠠᠰᠠᠭ᠎ᠤᠨ ᠲᠥᠰᠥᠪᠲᠡᠭᠡᠨ ᠣᠷᠣᠭᠤᠯᠵᠤ᠂ ᠤᠯᠤᠰ᠎ᠤᠨ ᠲᠠᠰ᠂ ᠮᠤᠵᠢ ᠵᠢᠨ ᠲᠠᠰ᠎ᠤᠨ ᠴᠢᠬᠤᠯᠠ ᠶᠡᠭᠡ ᠲᠦᠷᠦᠯ ᠵᠦᠶᠯ ᠪᠠ ᠬᠤᠪᠢᠰᠬᠠᠯ᠎ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ᠎ᠤ ᠭᠠᠵᠠᠷ ᠣᠷᠣᠨ᠂ ᠬᠢᠯᠢ ᠬᠢᠵᠠᠭ᠋ᠠᠷ ᠣᠷᠣᠨ᠂ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠎ᠤ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ ᠠᠵᠢᠯ᠎ᠢ ᠭᠤᠤᠯᠳᠠᠯᠭ᠍ ᠊ᠠ᠋ᠲᠠᠢ ᠳᠡᠮᠵᠢᠨ᠎ᠡ᠃ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭ᠋ᠠᠷ ᠮᠥᠩᠭᠦᠨ ᠭᠦᠢ᠍ᠯᠭᠡᠭᠡᠨ᠎ᠤ ᠳᠡᠮᠵᠢᠯᠭᠡ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠪᠡᠯᠡ ᠮᠥᠩᠭᠦ ᠵᠢᠨ ᠠᠷᠭ᠍ ᠊ᠠ᠋ ᠵᠠᠮ᠎ᠢ ᠥᠷᠭᠡᠳᠬᠡᠬᠦ ᠵᠢ ᠵᠣᠷᠢᠭᠵᠢᠭᠤᠯᠤᠨ᠎ᠠ᠃
(ᠬᠤᠷᠢ) ᠬᠥᠮᠦᠵᠢᠯ ᠪᠣᠯᠪᠠᠰᠤᠷᠠᠯ᠎ᠢ ᠴᠢᠩᠭ᠋ᠠᠳᠬᠠᠨ᠎ᠠ᠃ ᠡᠯ᠎ᠡ ᠱᠠᠲᠤᠨ᠎ᠤ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ)᠂ ᠺᠠᠳ᠋ᠷ᠎ᠤᠨ ᠳᠡᠭᠡᠳᠦ ᠰᠤᠷᠭ᠋ᠠᠭᠤᠯᠢ ᠵᠢᠨ ᠬᠠᠮᠢᠶ ᠊ᠠ᠋ ᠪᠦᠬᠦᠢ ᠠᠩᠭᠢ᠎ᠳᠤ ᠪᠣᠯᠪᠠᠰᠤᠷᠠᠯ᠎ᠤᠨ ᠬᠢᠴᠢᠶᠡᠯ ᠨᠡᠮᠡᠵᠦ᠂ ᠤᠳᠤᠷᠢᠳᠬᠤ ᠺᠠᠳ᠋ᠷ᠎ᠤᠨ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠳᠤᠮᠳᠠ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠬᠤ ᠦᠵᠡᠯ ᠤᠬᠠᠮᠰᠠᠷ ᠪᠣᠯᠣᠨ ᠴᠢᠳᠠᠪᠤᠷᠢ ᠵᠢ ᠳᠡᠭᠡᠭᠰᠢᠯᠡᠭᠦᠯᠦᠨ᠎ᠡ᠃ ᠬᠠᠤᠯᠢ ᠵᠢ ᠵᠥᠷᠢᠴᠡᠭᠰᠡᠨ ᠨᠡᠶ᠋ᠢᠲᠡᠯᠢᠭ ᠬᠡᠷᠡᠭ᠎ᠤᠨ ᠵᠢᠱ᠌ᠢᠶ ᠡᠲᠠᠢ ᠤᠶᠠᠯᠳᠤᠭᠤᠯᠤᠨ ᠤᠳᠤᠷᠢᠳᠬᠤ ᠺᠠᠳ᠋ᠷ᠎ᠲᠤ ᠲᠤᠰᠬᠠᠢ ᠰᠡᠷᠡᠮᠵᠢᠯᠡᠭᠦᠯᠭᠦ ᠬᠥᠮᠦᠵᠢᠯ ᠥᠷᠨᠢᠭᠦᠯᠦᠨ᠎ᠡ᠃ ᠶᠡᠭᠡ ᠳᠡᠭᠡᠳᠦ ᠰᠤᠷᠭ᠋ᠠᠭᠤᠯᠢ᠂ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠬᠠᠮᠢᠶ ᠊ᠠ᠋ ᠪᠦᠬᠦᠢ ᠰᠢᠨᠵᠢᠯᠡᠭᠡᠨ᠎ᠤ ᠲᠤᠰᠬᠠᠢ ᠮᠡᠷᠭᠡᠵᠢᠯ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠤᠳᠠ ᠬᠥᠳᠡᠭᠡ ᠵᠢᠨ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠨᠬᠤ ᠤᠯᠤᠰ᠎ᠤᠨ ᠤᠶᠤᠨ᠎ᠤ ᠬᠥᠮᠥᠷᠭᠡ ᠵᠢ ᠪᠠᠢ᠌ᠭᠤᠯᠤᠨ᠎ᠠ᠃ ᠮᠡᠷᠭᠡᠵᠢᠯ᠎ᠤᠨ ᠠᠵᠢᠯᠲᠠᠨ ᠪᠣᠯᠣᠨ ᠦᠨᠳᠦᠰᠦᠨ ᠱᠠᠲᠤᠨ᠎ᠤ ᠬᠠᠮᠢᠶᠠᠷᠤᠯᠲᠠ ᠵᠢᠨ ᠠᠵᠢᠯᠲᠠᠨ᠎ᠤ ᠲᠤᠰᠬᠠᠢ ᠮᠡᠷᠭᠡᠵᠢᠯ᠎ᠤᠨ ᠪᠣᠯᠪᠠᠰᠤᠷᠠᠯ᠎ᠢ ᠥᠷᠨᠢᠭᠦᠯᠵᠦ᠂ ᠰᠡᠯᠪᠢᠨ ᠵᠠᠰᠠᠬᠤ ᠮᠡᠷᠭᠡᠵᠢᠯ᠎ᠤᠨ ᠤᠯᠠᠮᠵᠢᠯᠠᠨ ᠵᠠᠯᠭ᠋ᠠᠮᠵᠢᠯᠠᠭᠴᠢ ᠪᠣᠯᠣᠨ ᠤᠷᠠᠨ ᠳᠠᠷᠬᠠᠨ᠎ᠤ ᠪᠣᠯᠪᠠᠰᠤᠷᠠᠯ᠂ ᠦᠨᠡᠯᠡᠯᠲᠡ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠤᠷᠠᠨ ᠳᠠᠷᠬᠠᠨ᠎ᠤ ᠵᠣᠷᠢᠭ ᠰᠠᠨᠠᠭ᠍ ᠊ᠠ᠋ ᠵᠢ ᠪᠠᠳᠠᠷᠠᠭᠤᠯᠤᠨ᠎ᠠ᠃