ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠤᠯᠤᠰ᠎ᠤᠨ ᠬᠠᠣᠯᠢ ᠴᠠᠭᠠᠵᠠ ᠬᠠᠣᠯᠢ ᠲᠥᠷᠢᠮ
ᠲᠤᠮᠤ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠤᠨ ᠪᠦᠳᠦᠭᠡᠨ ᠪᠠᠶ᠋ᠢᠭᠤᠯᠤᠯᠲᠠ᠎ᠳᠤ ᠲᠠᠲᠠᠪᠤᠷᠢᠯᠠᠭᠰᠠᠨ ᠭᠠᠵᠠᠷ ᠰᠢᠷᠣᠶ ᠵᠢᠨ ᠨᠦᠬᠦᠪᠦᠷᠢ ᠪᠠ ᠨᠡᠬᠦᠳᠡᠯ ᠠᠷᠠᠳ᠎ᠢ ᠲᠦᠪᠬᠢᠨᠡᠬᠦᠯᠬᠦ ᠲᠦᠷᠢᠮ
ᠨᠡᠶ᠋ᠢᠲᠡᠯᠡᠭᠰᠡᠨ ᠴᠠᠭ᠄ 2021-11-29

 
   (2006 ᠣᠨ᠎ᠤ 7 ᠰᠠᠷ᠎ᠠ ᠵᠢᠨ ᠡᠳᠦᠷ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠦᠷᠦ ᠵᠢᠨ ᠶᠠᠪᠤᠳᠠᠯ᠎ᠤᠨ ᠬᠣᠷᠢᠶᠠᠨ᠎ᠤ 471 ᠳ᠋ᠦ᠍ᠭᠡᠷ ᠵᠠᠷᠯᠢᠭ ᠵᠶ᠋ᠠᠷ ᠨᠡᠶ᠋ᠢᠲᠡᠯᠡᠪᠡ᠃ 2013 ᠣᠨ᠎ᠤ 7 ᠰᠠᠷ᠎ᠠ ᠵᠢᠨ 18᠎ᠤ ᠡᠳᠦᠷ᠎ᠤᠨ 《ᠬᠡᠰᠡᠭ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠢ ᠬᠦᠴᠦᠨ ᠦᠭᠡᠢ ᠪᠣᠯᠭ᠋ᠠᠬᠤ ᠪᠠ ᠲᠡᠭᠦᠨ᠎ᠳᠤ ᠵᠠᠰᠠᠪᠤᠷᠢ ᠣᠷᠣᠭᠤᠯᠬᠤ ᠲᠤᠬᠠᠶ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ》᠎ᠢ ᠦᠨᠳᠦᠰᠦᠯᠡᠨ ᠠᠩᠬ᠎ᠠ ᠤᠳᠠᠭ᠎ᠠ ᠵᠠᠰᠠᠪᠠ᠃ 2013 ᠣᠨ᠎ᠤ 12 ᠰᠠᠷ᠎ᠠ ᠵᠢᠨ 7᠎ᠤ ᠡᠳᠦᠷ᠎ᠤᠨ 《ᠬᠡᠰᠡᠭ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠬᠤ ᠲᠤᠬᠠᠶ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ》᠎ᠢ ᠦᠨᠳᠦᠰᠦᠯᠡᠨ ᠬᠣᠶᠠᠳᠠᠬᠢ ᠤᠳᠠᠭ᠎ᠠ ᠵᠠᠰᠠᠪᠠ᠃ 2017 ᠣᠨ᠎ᠤ 4 ᠰᠠᠷ᠎ᠠ ᠵᠢᠨ 14᠎ᠤ ᠡᠳᠦᠷ᠎ᠤᠨ 《〈ᠲᠤᠮᠤ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠤᠨ ᠪᠦᠳᠦᠭᠡᠨ ᠪᠠᠶ᠋ᠢᠭᠤᠯᠤᠯᠲᠠ᠎ᠳᠤ ᠲᠠᠳᠠᠪᠤᠷᠢᠯᠠᠭᠰᠠᠨ ᠭᠠᠵᠠᠷ ᠰᠢᠷᠣᠶ ᠵᠢᠨ ᠨᠦᠬᠦᠪᠦᠷᠢ ᠪᠠ ᠨᠡᠬᠦᠳᠡᠯ ᠠᠷᠠᠳ᠎ᠢ ᠲᠥᠪᠬᠢᠨᠡᠭᠦᠯᠬᠦ ᠲᠦᠷᠢᠮ〉᠎ᠳᠤ ᠵᠠᠰᠠᠪᠤᠷᠢ ᠣᠷᠣᠭᠤᠯᠬᠤ ᠲᠤᠬᠠᠶ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ》᠎ᠢ ᠦᠨᠳᠦᠰᠦᠯᠡᠨ ᠭᠤᠷᠪᠠᠳᠡᠬᠢ ᠤᠳᠠᠭ᠎ᠠ ᠵᠠᠰᠠᠪᠤᠷᠢ ᠤᠷᠤᠭᠤᠯᠪᠠ)
   
    ᠨᠢᠭᠡᠳᠦᠭᠡᠷ ᠪᠦᠯᠦᠭ   ᠶᠡᠷᠦᠩᠬᠡᠢ ᠲᠦᠷᠢᠮ
   
    ᠨᠢᠭᠡᠳᠦᠭᠡᠷ ᠵᠦᠢ᠍ᠯ   ᠲᠤᠮᠤ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠤᠨ ᠪᠦᠳᠦᠭᠡᠨ ᠪᠠᠶ᠋ᠢᠭᠤᠯᠤᠯᠲᠠ᠎ᠳᠤ ᠲᠠᠳᠠᠪᠤᠷᠢᠯᠠᠭᠰᠠᠨ ᠭᠠᠵᠠᠷ ᠰᠢᠷᠣᠶ ᠵᠢᠨ ᠨᠦᠬᠦᠪᠦᠷᠢ ᠪᠠ ᠨᠡᠬᠦᠳᠡᠯ ᠠᠷᠠᠳ᠎ᠢ ᠲᠥᠪᠬᠢᠨᠡᠭᠦᠯᠬᠦ ᠠᠵᠢᠯ᠎ᠢ ᠰᠠᠶ᠋ᠢᠲᠤᠷ ᠬᠢᠵᠦ᠂   ᠨᠡᠬᠦᠳᠡᠯ ᠠᠷᠠᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠂ ᠢᠨᠵᠸᠨ᠋ᠸᠷᠢᠩ᠎ᠤᠨ ᠪᠦᠳᠦᠭᠡᠨ ᠪᠠᠶ᠋ᠢᠭᠤᠯᠤᠯᠲᠠ ᠵᠢᠨ ᠤᠷᠤᠭᠰᠢᠲᠠᠶ ᠶᠠᠪᠤᠭᠳᠠᠬᠤ ᠵᠢ ᠪᠠᠲᠤᠯᠠᠬᠤ ᠵᠢᠨ ᠲᠥᠯᠥᠭᠡ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠠᠤᠯᠢ》 ᠪᠠ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》 ᠵᠢ ᠦᠨᠳᠦᠰᠦᠯᠡᠨ ᠲᠤᠰ ᠲᠦᠷᠢᠮ᠎ᠢ ᠲᠣᠭᠲᠠᠭ᠋ᠠᠪᠠ᠃
   
    ᠬᠣᠶᠠᠳᠤᠭ᠋ᠠᠷ ᠵᠦᠢ᠍ᠯ   ᠲᠤᠮᠤ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠳᠤ ᠲᠠᠳᠠᠪᠤᠷᠢᠯᠠᠭᠰᠠᠨ ᠭᠠᠵᠠᠷ ᠰᠢᠷᠣᠶ ᠵᠢᠨ ᠨᠦᠬᠦᠪᠦᠷᠢ ᠪᠠ ᠠᠷᠠᠳ᠎ᠢ ᠨᠡᠭᠦᠯᠭᠡᠨ ᠲᠥᠪᠬᠢᠨᠡᠭᠦᠯᠬᠦ᠎ᠳᠤ ᠲᠤᠰ ᠲᠦᠷᠢᠮ᠎ᠢ ᠬᠡᠷᠡᠭᠯᠡᠨ᠎ᠡ᠃
   
    ᠭᠤᠷᠪᠠᠳᠤᠭ᠋ᠠᠷ ᠵᠦᠢ᠍ᠯ   ᠤᠯᠤᠰ᠎ᠠᠴᠠ ᠨᠡᠭᠡᠭᠡᠨ ᠬᠥᠭᠵᠢᠭᠦᠯᠬᠦ ᠴᠢᠨᠠᠷᠲᠠᠶ᠎ᠪᠠᠷ ᠠᠷᠠᠳ᠎ᠢ ᠨᠡᠭᠦᠯᠭᠡᠬᠦ ᠴᠢᠭᠯᠡᠯᠲᠡ ᠵᠢ ᠬᠡᠷᠡᠭᠵᠢᠭᠦᠯᠵᠦ᠂ ᠡᠮᠦᠨᠡᠬᠢ ᠬᠤᠭᠤᠴᠠᠭ᠋ᠠᠨ᠎ᠤ ᠨᠥᠬᠥᠪᠥᠷᠢ ᠥᠭᠬᠦ᠂ ᠨᠥᠬᠥᠪᠥᠷᠢ ᠥᠭᠬᠦ ᠪᠠ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠳᠡᠮᠵᠢᠬᠦ ᠵᠢ ᠤᠶᠠᠯᠳᠤᠭᠤᠯᠬᠤ ᠠᠷᠭ᠎ᠠ ᠵᠢ ᠠᠪᠴᠤ᠂ ᠨᠡᠭᠦᠳᠡᠯ ᠠᠷᠠᠳ᠎ᠤᠨ ᠠᠮᠢᠳᠤᠷᠠᠯ᠎ᠢ ᠤᠤᠯ᠎ᠤᠨ ᠬᠢᠷᠢ ᠬᠡᠮᠵᠢᠶᠡᠨ᠎ᠳᠤ ᠬᠦᠷᠭᠡᠬᠦ ᠪᠤᠶᠤ ᠲᠡᠭᠦᠨ᠎ᠠᠴᠠ ᠳᠠᠪᠠᠭᠤᠯᠤᠨ᠎ᠠ᠃
   
    ᠳᠥᠷᠪᠡᠳᠦᠭᠡᠷ ᠵᠦᠢ᠍ᠯ   ᠲᠤᠮᠤ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠤᠨ ᠪᠦᠳᠦᠭᠡᠨ ᠪᠠᠶ᠋ᠢᠭᠤᠯᠤᠯᠲᠠ᠎ᠳᠤ ᠲᠠᠲᠠᠪᠤᠷᠢᠯᠠᠭᠰᠠᠨ ᠭᠠᠵᠠᠷ ᠰᠢᠷᠦᠢ ᠵᠢᠨ ᠨᠦᠬᠦᠪᠦᠷᠢ ᠪᠠ ᠠᠷᠠᠳ᠎ᠢ ᠨᠡᠭᠦᠯᠭᠡᠨ ᠲᠥᠪᠬᠢᠨᠡᠭᠦᠯᠬᠦ᠎ᠳᠤ ᠳᠣᠣᠷ᠎ᠠ ᠵᠢᠭᠰᠠᠭ᠋ᠠᠭᠰᠠᠨ ᠵᠠᠷᠴᠢᠮ᠎ᠢ ᠵᠢᠷᠤᠮᠯᠠᠬᠤ ᠬᠡᠷᠡᠭᠲᠡᠶ᠄
   
    (ᠨᠢᠭᠡ) ᠬᠥᠮᠦᠨ ᠵᠶ᠋ᠠᠷ ᠦᠨᠳᠦᠰᠦ ᠪᠣᠯᠭ᠋ᠠᠵᠤ᠂ ᠨᠡᠭᠦᠳᠡᠯ ᠠᠷᠠᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠵᠤ᠂ ᠨᠡᠭᠦᠳᠡᠯ ᠠᠷᠠᠳ᠎ᠤᠨ ᠣᠷᠣᠰᠢᠨ ᠲᠣᠭᠲᠠᠨᠢᠬᠤ ᠪᠠ ᠬᠥᠭᠵᠢᠬᠦ ᠬᠡᠷᠡᠭᠴᠡᠭᠡ ᠵᠢ ᠬᠠᠩᠭ᠋ᠠᠬᠤ ᠬᠡᠷᠡᠭᠲᠡᠢ;
   
 (ᠬᠣᠶᠠᠷ) ᠪᠦᠬᠦ ᠲᠠᠯ᠎ᠠ ᠵᠢ ᠬᠠᠷᠠᠭ᠋ᠠᠯᠵᠠᠵᠤ᠂ ᠤᠯᠤᠰ᠎ᠤᠨ ᠪᠦᠬᠦ ᠲᠠᠯ᠎ᠠ ᠵᠢᠨ ᠲᠤᠬᠢᠷᠡᠭᠤᠯᠦᠯᠳᠠ ᠵᠢ ᠲᠡᠭ᠋ᠠᠵᠦ᠂ ᠤᠯᠤᠰ ᠣᠷᠣᠨ᠂ ᠬᠠᠮᠲᠤ ᠨᠡᠢ᠍ᠢ᠍ᠳᠠ᠂ ᠬᠤᠪᠢ ᠬᠥᠮᠦᠨ᠎ᠤ ᠠᠰᠢᠭ ᠲᠤᠰᠠ ᠵᠢ ᠬᠠᠮᠲᠤ᠎ᠳᠤᠨᠢ ᠬᠠᠷᠠᠭ᠋ᠠᠯᠵᠠᠬᠤ   ᠬᠡᠷᠡᠭᠲᠡᠢ;
   
    (ᠭᠤᠷᠪᠠ) ᠭᠠᠵᠠᠷ ᠰᠢᠷᠣᠶ ᠵᠢ ᠭᠠᠮᠨᠠᠨ ᠠᠰᠢᠭᠯᠠᠵᠤ᠂ ᠪᠠᠷᠢᠯᠭ᠎ᠠ ᠵᠢᠨ ᠡᠵᠡᠯᠡᠬᠦ ᠭᠠᠵᠠᠷ᠎ᠢ ᠵᠦᠢ ᠵᠣᠬᠢᠰᠲᠠᠶ ᠲᠥᠯᠥᠪᠵᠢᠭᠦᠯᠦᠨ᠂ ᠠᠷᠠᠳ᠎ᠢ ᠨᠡᠭᠦᠯᠭᠡᠬᠦ ᠬᠡᠪᠴᠢᠶ᠎ᠡ ᠵᠢ ᠬᠢᠵᠠᠭ᠋ᠠᠷᠯᠠᠨ᠎ᠠ;
   
   (ᠲᠦᠷᠪᠡ) ᠦᠷᠭᠦᠯᠵᠢᠯᠡᠬᠦ ᠬᠥᠭᠵᠢᠯᠲᠡ᠎ᠨᠢ ᠡᠬᠢ ᠪᠠᠶᠠᠯᠢᠭ᠎ᠢ ᠶᠡᠷᠦᠩᠬᠡᠶ᠋ᠢᠯᠡᠨ ᠨᠡᠭᠡᠭᠡᠨ ᠠᠰᠢᠭᠯᠠᠬᠤ᠂ ᠠᠮᠢ ᠠᠬᠤᠶ ᠣᠷᠴᠢᠨ ᠲᠤᠭᠤᠷᠢᠨ᠎ᠤ ᠬᠠᠮᠠᠭ᠋ᠠᠯᠠᠯᠲᠠ᠎ᠲᠠᠢ ᠵᠣᠬᠢᠴᠠᠯᠳᠤᠬᠤ ᠬᠡᠷᠡᠭᠲᠡᠢ;
   
    (ᠲᠠᠪᠤ) ᠲᠤᠬᠠᠶ ᠵᠢᠨ ᠭᠠᠵᠠᠷ᠎ᠲᠤᠨᠢ ᠲᠣᠬᠢᠷᠠᠭᠤᠯᠵᠤ᠂ ᠨᠢᠭᠡᠳᠦᠯᠲᠡᠶ ᠲᠥᠯᠥᠪᠵᠢᠭᠦᠯᠬᠦ ᠬᠡᠷᠡᠭᠲᠡᠢ᠃
   
    ᠲᠠᠪᠤᠳᠤᠭ᠋ᠠᠷ ᠵᠦᠢ᠍ᠯ   ᠠᠷᠠᠳ᠎ᠢ ᠨᠡᠭᠦᠯᠭᠡᠨ ᠲᠥᠪᠬᠢᠨᠡᠭᠦᠯᠬᠦ ᠠᠵᠢᠯ᠎ᠳᠤ ᠵᠠᠰᠠᠭ᠎ᠤᠨ ᠣᠷᠳᠣᠨ ᠤᠳᠤᠷᠢᠳᠬᠤ᠂ ᠱᠠᠳᠤ ᠬᠤᠪᠢᠶᠠᠨ ᠬᠠᠷᠢᠭᠤᠴᠠᠬᠤ᠂ ᠰᠢᠶᠠᠨ ᠵᠶ᠋ᠡᠷ ᠰᠠᠭᠤᠷᠢ ᠪᠣᠯᠭ᠋ᠠᠬᠤ᠂ ᠲᠦᠷᠦᠯ ᠵᠦᠢ᠍ᠯ᠎ᠤᠨ ᠬᠠᠤᠯᠢ ᠵᠢᠨ ᠡᠷᠬᠡᠲᠡᠨ ᠣᠷᠣᠯᠴᠠᠭᠰᠠᠨ ᠬᠠᠮᠢᠶᠠᠷᠤᠯᠲᠠ ᠵᠢᠨ ᠪᠠᠶ᠋ᠢᠭᠤᠯᠤᠯ᠎ᠢ ᠬᠡᠷᠡᠭᠵᠢᠭᠦᠯᠦᠨ᠎ᠡ᠃
   
    ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠠᠷᠠᠳ᠎ᠢ ᠨᠡᠭᠦᠯᠭᠡᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠪᠠᠶ᠋ᠢᠭᠤᠯᠤᠮᠵᠢ (ᠳᠣᠷᠣᠭᠰᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠷᠠᠳ᠎ᠢ ᠨᠡᠭᠦᠯᠭᠡᠬᠦ ᠬᠠᠮᠢᠶᠠᠷᠤᠯᠲᠠ ᠵᠢᠨ ᠪᠠᠶ᠋ᠢᠭᠤᠯᠤᠮᠵᠢ ᠭᠡᠵᠦ ᠲᠣᠪᠴᠢᠯᠠᠨ᠎ᠠ)᠎ᠠᠴᠠ ᠪᠦᠬᠦ ᠤᠯᠤᠰ᠎ᠤᠨ ᠲᠤᠮᠤ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠤᠨ ᠠᠷᠠᠳ᠎ᠢ ᠨᠡᠬᠦᠯᠭᠡᠨ ᠲᠦᠪᠬᠢᠨᠡᠬᠦᠯᠬᠦ ᠠᠵᠢᠯ᠎ᠳᠤ ᠬᠠᠮᠢᠶᠠᠷᠤᠯᠳᠠ ᠬᠢᠬᠦ ᠪᠠ ᠬᠢᠨᠠᠯᠳᠠ   ᠲᠠᠯᠪᠢᠬᠤ ᠵᠢ ᠬᠠᠷᠢᠭᠤᠴᠠᠨ᠎ᠠ᠃
   
    ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠲᠤᠮᠦ ᠳᠤᠮᠳᠠ ᠬᠡᠯᠪᠡᠷᠢ ᠵᠢᠨ ᠤᠰᠦᠠ ᠠᠰᠢᠭᠯᠠᠯᠲᠠ ᠤᠰᠦᠠ ᠴᠠᠬᠢᠯᠭ᠋ᠠᠨ᠎ᠤ ᠢᠨᠵᠸᠨ᠋ᠸᠷᠢᠩ᠎ᠤᠨ ᠠᠷᠠᠳ᠎ᠢ ᠨᠡᠭᠦᠯᠭᠡᠨ ᠲᠥᠪᠬᠢᠨᠡᠭᠦᠯᠬᠦ ᠠᠵᠢᠯ᠎ᠢ ᠵᠣᠬᠢᠶᠠᠨ ᠪᠠᠢ᠌ᠭᠤᠯᠬᠤ ᠪᠠ ᠵᠢᠯᠤᠭᠤᠳᠬᠤ ᠵᠢ ᠬᠠᠷᠢᠭᠤᠴᠠᠨ᠎ᠠ; ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠲᠣᠭᠲᠠᠭ᠋ᠠᠭᠰᠠᠨ ᠨᠡᠬᠦᠳᠡᠯ ᠠᠷᠠᠳ᠎ᠢ ᠬᠠᠮᠢᠶᠠᠷᠬᠤ ᠪᠠᠶ᠋ᠢᠭᠤᠯᠤᠮᠵᠢ᠎ᠨᠤᠭᠤᠳ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠲᠤᠮᠤ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠤᠨ ᠨᠡᠬᠦᠳᠡᠯ ᠠᠷᠠᠳ᠎ᠢ ᠲᠥᠪᠬᠢᠨᠡᠭᠦᠯᠬᠦ ᠠᠵᠢᠯ᠎ᠢ ᠬᠠᠮᠢᠶᠠᠷᠬᠤ ᠪᠠ ᠲᠡᠭᠦᠨ᠎ᠳᠤ ᠬᠢᠨᠠᠯᠲᠠ ᠲᠠᠯᠪᠢᠬᠤ ᠠᠵᠢᠯ᠎ᠢ ᠬᠠᠷᠢᠭᠤᠴᠠᠨ᠎ᠠ᠃
   
    ᠬᠣᠶᠠᠳᠤᠭ᠋ᠠᠷ ᠪᠦᠯᠦᠭ   ᠨᠡᠬᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ
   
    ᠵᠢᠷᠭᠤᠳᠤᠭ᠋ᠠᠷ ᠵᠦᠢ᠍ᠯ   ᠨᠢᠭᠡᠨᠲᠡ ᠲᠦᠷᠦᠯ ᠵᠤᠢ᠌ᠯ᠎ᠤᠨ ᠬᠠᠤᠯᠢ ᠵᠢᠨ ᠡᠷᠬᠡᠳᠡᠨ ᠪᠠᠢ᠌ᠭᠤᠯᠤᠭᠰᠠᠨ ᠲᠤᠮᠤ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠢ   ᠲᠦᠷᠦᠯ ᠵᠤᠢ᠌ᠯ᠎ᠤᠨ ᠬᠠᠤᠯᠢ ᠵᠢᠨ ᠡᠷᠬᠡᠳᠡᠨ᠎ᠠᠴᠠ ᠨᠡᠬᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢᠨ ᠬᠥᠲᠥᠯᠪᠦᠷᠢ ᠵᠢ ᠨᠠᠶ᠋ᠢᠷᠠᠭᠤᠯᠤᠨ ᠵᠣᠬᠢᠶᠠᠵᠤ᠂ ᠬᠢᠨᠠᠨ ᠵᠥᠪᠰᠢᠶᠡᠷᠡᠬᠦ ᠡᠷᠬᠡ ᠵᠢᠨ ᠬᠡᠪᠴᠢᠶ᠎ᠡ ᠶᠣᠰᠣᠭ᠋ᠠᠷ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠪᠤᠶᠤ ᠲᠦᠷᠦ ᠵᠢᠨ ᠶᠠᠪᠤᠳᠠᠯ᠎ᠤᠨ ᠬᠣᠷᠢᠶᠠᠨ᠎ᠤ ᠨᠡᠬᠦᠳᠡᠯ ᠠᠷᠠᠳ᠎ᠢ ᠬᠠᠮᠢᠶᠠᠷᠬᠤ ᠪᠠᠶ᠋ᠢᠭᠤᠯᠤᠮᠵᠢ᠎ᠳᠤ ᠮᠡᠳᠡᠭᠦᠯᠵᠦ ᠬᠢᠨᠡᠨ ᠵᠦᠪᠰᠢᠶᠡᠷᠡᠬᠦᠯᠦᠨ᠎ᠡ; ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠪᠤᠶᠤ ᠲᠦᠷᠦ ᠵᠢᠨ ᠶᠠᠪᠤᠳᠠᠯ᠎ᠤᠨ ᠬᠣᠷᠢᠶᠠᠨ᠎ᠤ ᠨᠡᠬᠦᠳᠡᠯ ᠠᠷᠠᠳ᠎ᠢ ᠬᠠᠮᠢᠶᠠᠷᠬᠤ ᠪᠠᠶ᠋ᠢᠭᠤᠯᠤᠮᠵᠢ ᠬᠢᠨᠠᠨ ᠵᠥᠪᠰᠢᠶᠡᠷᠡᠬᠦ᠎ᠠᠴᠠ᠎ᠪᠠᠨ ᠡᠮᠦᠨ᠎ᠡ ᠨᠡᠬᠦᠳᠡᠯ ᠠᠷᠠᠳ᠎ᠤᠨ ᠲᠣᠭᠣᠷᠢᠭ ᠪᠠ ᠨᠡᠬᠦᠳᠡᠯ ᠠᠷᠠᠳ᠎ᠢ ᠲᠥᠪᠬᠢᠨᠡᠭᠦᠯᠬᠦ ᠲᠣᠭᠣᠷᠢᠭ᠎ᠤᠨ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ᠎ᠢ ᠬᠤᠷᠢᠶᠠᠬᠤ ᠬᠡᠷᠡᠭᠲᠡᠶ᠃
   
    ᠲᠦᠷᠦᠯ ᠵᠦᠢ᠍ᠯᠡᠰ᠎ᠤᠨ ᠬᠠᠤᠯᠢ ᠵᠢᠨ ᠡᠷᠬᠡᠳᠡᠨ ᠪᠠᠶ᠋ᠢᠭᠤᠯᠤᠭᠰᠠᠨ ᠦᠭᠡᠢ ᠲᠤᠮᠤ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠢ ᠪᠤᠯ   ᠢᠨᠵᠸᠨ᠋ᠸᠷᠢᠩ᠎ᠤᠨ ᠲᠦᠷᠦᠯ ᠵᠦᠢ᠍ᠯᠡᠰ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠨᠡᠭᠦᠳᠡᠯ ᠠᠷᠠᠳ᠎ᠤᠨ ᠲᠣᠭᠣᠷᠢᠭ ᠪᠠ ᠨᠡᠭᠦᠳᠡᠯ ᠠᠷᠠᠳ᠎ᠢ ᠲᠥᠪᠬᠢᠨᠡᠭᠦᠯᠬᠦ ᠣᠷᠣᠨ᠎ᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠲᠠᠢ ᠬᠠᠮᠲᠤᠷᠠᠨ ᠨᠡᠭᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢᠨ ᠬᠥᠲᠥᠯᠪᠦᠷᠢ ᠵᠢ ᠨᠠᠶ᠋ᠢᠷᠠᠭᠤᠯᠤᠨ ᠵᠣᠬᠢᠶᠠᠵᠤ᠂ ᠬᠢᠨᠠᠨ ᠵᠥᠪᠰᠢᠶᠡᠷᠡᠬᠦ ᠡᠷᠬᠡ ᠵᠢᠨ ᠬᠡᠪᠴᠢᠶ᠎ᠡ ᠶᠣᠰᠣᠭ᠋ᠠᠷ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠪᠤᠶᠤ ᠲᠦᠷᠦ ᠵᠢᠨ ᠶᠠᠪᠤᠳᠠᠯ᠎ᠤᠨ ᠬᠣᠷᠢᠶᠠᠨ᠎ᠤ ᠨᠡᠭᠦᠳᠡᠯ ᠠᠷᠠᠳ᠎ᠢ ᠬᠠᠮᠢᠶᠠᠷᠬᠤ ᠪᠠᠢ᠌ᠭᠤᠯᠤᠮᠵᠢ᠎ᠳᠤ ᠮᠡᠳᠡᠬᠦᠯᠵᠦ ᠬᠢᠨᠠᠨ ᠵᠦᠪᠰᠢᠶᠡᠷᠡᠬᠦᠯᠦᠨ᠎ᠡ᠃

  ᠳᠣᠯᠣᠳᠤᠭ᠋ᠠᠷ ᠵᠦᠢ᠍ᠯ   ᠨᠡᠭᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢᠨ ᠬᠥᠲᠥᠯᠪᠦᠷᠢ ᠵᠢ ᠢᠨᠵᠸᠨ᠋ᠸᠷᠢᠩ᠎ᠤᠨ ᠡᠵᠡᠯᠡᠭᠰᠡᠨ ᠭᠠᠵᠠᠷ ᠪᠠ ᠤᠰᠤ ᠪᠦᠷᠬᠦᠭᠰᠡᠨ ᠣᠷᠣᠨ᠎ᠤ ᠪᠣᠳᠠᠲᠤ   ᠪᠤᠳᠠᠰ᠎ᠤᠨ ᠪᠠᠶ᠋ᠢᠴᠠᠭ᠋ᠠᠯᠲᠠ ᠵᠢᠨ ᠦᠷ᠎ᠡ ᠳ᠋ᠦᠩ ᠵᠢᠴᠢ ᠨᠡᠭᠦᠳᠡᠯ ᠠᠷᠠᠳ᠎ᠤᠨ ᠲᠣᠭᠣᠷᠢᠭ᠂ ᠨᠡᠭᠦᠳᠡᠯ ᠠᠷᠠᠳ᠎ᠢ ᠲᠥᠪᠬᠢᠨᠡᠭᠦᠯᠬᠦ ᠣᠷᠣᠨ᠎ᠤ ᠠᠵᠤ ᠠᠬᠤᠶ ᠨᠡᠶ᠋ᠢᠭᠡᠮ᠎ᠤᠨ ᠪᠠᠶ᠋ᠢᠳᠠᠯ ᠪᠣᠯᠤᠨ ᠡᠬᠢ ᠪᠠᠶᠠᠯᠢᠭ ᠣᠷᠴᠢᠨ ᠲᠣᠭᠣᠷᠢᠨ᠎ᠤ ᠳᠠᠭ᠋ᠠᠭ᠋ᠠᠴᠠ ᠵᠢᠨ ᠴᠢᠳᠠᠪᠤᠷᠢ ᠵᠢ ᠦᠨᠳᠦᠰᠦᠯᠡᠨ ᠨᠠᠶ᠋ᠢᠷᠠᠭᠤᠯᠤᠨ ᠵᠣᠬᠢᠶᠠᠬᠤ ᠬᠡᠷᠡᠭᠲᠡᠶ᠃
   
    ᠢᠨᠵᠸᠨ᠋ᠸᠷᠢᠩ᠎ᠤᠨ ᠡᠵᠡᠯᠡᠭᠰᠡᠨ ᠭᠠᠵᠠᠷ ᠪᠠ ᠤᠰᠤ ᠪᠦᠷᠬᠦᠭᠰᠡᠨ ᠣᠷᠣᠨ᠎ᠤ ᠪᠣᠳᠠᠲᠤ   ᠪᠤᠳᠠᠰ᠎ᠤᠨ ᠪᠠᠶ᠋ᠢᠴᠠᠭ᠋ᠠᠯᠲᠠ ᠵᠢ ᠲᠦᠷᠦᠯ ᠵᠦᠢ᠍ᠯᠡᠰ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠦᠷᠦᠯ ᠵᠦᠢ᠍ᠯᠡᠰ᠎ᠤᠨ ᠬᠠᠤᠯᠢ ᠵᠢᠨ ᠡᠷᠬᠡᠳᠡᠨ᠎ᠠᠴᠠ ᠢᠨᠵᠸᠨ᠋ᠸᠷᠢᠩ᠎ᠤᠨ ᠡᠵᠡᠯᠡᠭᠰᠡᠨ ᠭᠠᠵᠠᠷ ᠪᠠ ᠤᠰᠤ ᠪᠦᠷᠬᠦᠭᠰᠡᠨ ᠣᠷᠣᠨ᠎ᠤ ᠪᠠᠶ᠋ᠢᠭ᠎ᠠ ᠭᠠᠵᠠᠷ᠎ᠤᠨ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠲᠠᠢ ᠬᠠᠮᠲᠤᠷᠠᠨ ᠬᠡᠷᠡᠭᠵᠢᠭᠦᠯᠦᠨ᠎ᠡ; ᠪᠣᠳᠠᠲᠤ ᠪᠤᠳᠠᠰ᠎ᠤᠨ ᠪᠠᠶ᠋ᠢᠴᠠᠭ᠋ᠠᠯᠲᠠ ᠬᠢᠬᠦ᠎ᠳᠤ ᠪᠦᠬᠦ ᠲᠠᠯ᠎ᠠ᠎ᠪᠠᠷ ᠵᠥᠪ ᠣᠨᠣᠪᠴᠢᠲᠠᠶ ᠪᠠᠶ᠋ᠢᠬᠤ ᠬᠡᠷᠡᠭᠲᠡᠶ᠂ ᠪᠠᠶ᠋ᠢᠴᠠᠭ᠋ᠠᠯᠲᠠ ᠵᠢᠨ ᠦᠷ᠎ᠡ ᠳ᠋ᠦᠩ᠎ᠳᠤ ᠪᠠᠶ᠋ᠢᠴᠠᠭ᠋ᠠᠭᠴᠢ ᠪᠠ ᠪᠠᠶ᠋ᠢᠴᠠᠭ᠋ᠠᠭᠳᠠᠭᠴᠢ ᠭᠠᠷ᠎ᠤᠨ ᠦᠰᠦᠭ ᠵᠢᠷᠤᠵᠤ ᠮᠡᠳᠡᠷᠡᠨ ᠵᠥᠪᠰᠢᠶᠡᠷᠡᠬᠦ ᠵᠢᠨ ᠬᠠᠮᠲᠤ ᠵᠠᠷᠯᠠᠨ ᠨᠡᠶ᠋ᠢᠲᠡᠯᠡᠭᠰᠡᠨ᠎ᠤ ᠳᠠᠷᠠᠭ᠎ᠠ᠂ ᠬᠣᠯᠪᠣᠭᠳᠠᠯ ᠪᠦᠬᠦᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ ᠰᠠᠨᠠᠯ ᠵᠶ᠋ᠠᠨ ᠪᠢᠴᠢᠬᠦ ᠬᠡᠷᠡᠭᠲᠡᠶ᠃ ᠪᠣᠳᠠᠲᠤ ᠪᠤᠳᠠᠰ᠎ᠢ ᠪᠠᠶ᠋ᠢᠴᠠᠭ᠋ᠠᠬᠤ ᠠᠵᠢᠯ ᠡᠬᠢᠯᠡᠬᠦ᠎ᠠᠴᠠ ᠡᠮᠦᠨ᠎ᠡ᠂ ᠢᠨᠵᠸᠨ᠋ᠸᠷᠢᠩ᠎ᠤᠨ ᠡᠵᠡᠯᠡᠭᠰᠡᠨ ᠭᠠᠵᠠᠷ ᠪᠠ ᠤᠰᠤ ᠪᠦᠷᠬᠦᠭᠰᠡᠨ ᠣᠷᠣᠨ᠎ᠤ ᠪᠠᠶ᠋ᠢᠭ᠎ᠠ ᠭᠠᠵᠠᠷ᠎ᠤᠨ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠮᠡᠳᠡᠭᠳᠡᠯ ᠨᠡᠶ᠋ᠢᠲᠡᠯᠡᠵᠦ᠂ ᠢᠨᠵᠸᠨ᠋ᠸᠷᠢᠩ᠎ᠤᠨ ᠡᠵᠡᠯᠡᠭᠰᠡᠨ ᠭᠠᠵᠠᠷ ᠪᠠ ᠤᠰᠤ ᠪᠦᠷᠬᠦᠭᠰᠡᠨ ᠣᠷᠣᠨ᠎ᠳᠤ ᠪᠦᠳᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯᠡᠰ ᠪᠠ ᠨᠡᠭᠦᠵᠦ ᠣᠷᠣᠬᠤ ᠬᠥᠮᠦᠨ ᠠᠮᠠ ᠵᠢ ᠰᠢᠨ᠎ᠡ᠎ᠪᠠᠷ ᠨᠡᠮᠡᠭᠳᠡᠭᠦᠯᠬᠦ ᠵᠢ ᠴᠠᠭ᠋ᠠᠵᠠᠯᠠᠬᠤ ᠵᠢᠨ ᠬᠠᠮᠲᠤ ᠪᠣᠳᠠᠲᠤ ᠪᠤᠳᠠᠰ᠎ᠢ ᠪᠠᠶ᠋ᠢᠴᠠᠭ᠋ᠠᠬᠤ ᠠᠵᠢᠯ᠎ᠢ ᠲᠣᠬᠢᠷᠠᠭᠤᠯᠬᠤ ᠬᠡᠷᠡᠭᠲᠡᠶ᠃
   
  ᠨᠠᠢ᠍ᠮᠠᠳᠤᠭ᠋ᠠᠷ ᠵᠦᠢ᠍ᠯ   ᠨᠡᠭᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢᠨ ᠬᠥᠲᠥᠯᠪᠦᠷᠢ᠎ᠳᠤ ᠭᠣᠣᠯᠳᠠᠭᠤ ᠨᠡᠭᠦᠳᠡᠯ ᠠᠷᠠᠳ᠎ᠢ ᠲᠥᠪᠬᠢᠨᠡᠭᠦᠯᠬᠦ ᠡᠭᠦᠷᠭᠡ ᠵᠢ ᠪᠠᠭᠲᠠᠭ᠋ᠠᠵᠤ᠂ ᠣᠴᠢᠬᠤ ᠴᠢᠭᠯᠡᠯ᠂ ᠪᠠᠷᠢᠮᠵᠢᠶ᠎ᠠ ᠪᠣᠯᠤᠨ ᠬᠥᠳᠡᠭᠡ ᠲᠣᠰᠬᠣᠨ᠎ᠤ ᠨᠡᠭᠦᠳᠡᠯ ᠠᠷᠠᠳ᠎ᠤᠨ ᠦᠢ᠍ᠯᠡᠳᠪᠦᠷᠢᠯᠡᠯ᠎ᠢ ᠲᠥᠪᠬᠢᠨᠡᠭᠦᠯᠬᠦ ᠠᠷᠭ᠎ᠠ ᠮᠠᠶᠢᠭ ᠵᠢᠴᠢ ᠨᠡᠭᠦᠳᠡᠯ ᠠᠷᠠᠳ᠎ᠤᠨ ᠠᠮᠢᠳᠤᠷᠠᠯ᠎ᠤᠨ ᠬᠢᠷᠢ ᠬᠡᠮᠵᠢᠶ᠎ᠡ ᠵᠢ ᠦᠨᠡᠯᠡᠬᠦ ᠪᠠ ᠨᠡᠭᠦᠯᠭᠡᠭᠰᠡᠨ᠎ᠤ ᠳᠠᠷᠠᠭ᠋ᠠᠬᠢ ᠠᠮᠢᠳᠤᠷᠠᠯ᠎ᠤᠨ ᠬᠢᠷᠢ ᠬᠡᠮᠵᠢᠶ᠎ᠡ ᠵᠢ ᠲᠥᠰᠦᠭᠡᠯᠡᠬᠦ᠂ ᠤᠰᠤᠨ ᠴᠥᠭᠥᠷᠥᠮ᠎ᠤᠨ ᠨᠡᠭᠦᠳᠡᠯ ᠠᠷᠠᠳ᠎ᠤᠨ ᠰᠡᠭᠦᠯᠴᠢ ᠵᠢᠨ ᠬᠤᠭᠤᠴᠠᠭ᠋ᠠᠨ᠎ᠤ ᠲᠡᠳᠬᠦᠬᠦ ᠲᠥᠷᠥ ᠵᠢᠨ ᠪᠤᠳᠤᠯᠭ᠎ᠠ᠂ ᠤᠰᠤ ᠪᠦᠷᠬᠦᠭᠰᠡᠨ ᠱᠤᠭᠤᠮ᠎ᠠᠴᠠ ᠳᠡᠭᠡᠭᠰᠢᠬᠢ ᠨᠥᠯᠥᠭᠡᠯᠡᠭᠳᠡᠬᠦ ᠬᠡᠪᠴᠢᠶ᠎ᠡ ᠵᠢ ᠬᠤᠪᠢᠶᠠᠷᠢᠯᠠᠨ ᠲᠣᠭᠲᠠᠭ᠋ᠠᠬᠤ ᠵᠠᠷᠴᠢᠮ᠂ ᠨᠡᠭᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠵᠠᠷᠴᠢᠮ ᠵᠡᠷᠭᠡ ᠠᠭᠤᠯᠭ᠎ᠠ ᠵᠢ ᠪᠠᠭᠲᠠᠭ᠋ᠠᠨ᠎ᠠ᠃
   
    ᠶᠢᠰᠦᠳᠦᠭᠡᠷ ᠵᠦᠢ᠍ᠯ   ᠨᠡᠬᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢᠨ ᠬᠥᠲᠥᠯᠪᠦᠷᠢ ᠵᠢ ᠨᠠᠶ᠋ᠢᠷᠠᠭᠤᠯᠤᠨ ᠵᠣᠬᠢᠶᠠᠬᠤ᠎ᠳᠤ ᠨᠡᠬᠦᠳᠡᠯ ᠠᠷᠠᠳ ᠪᠠ ᠨᠡᠬᠦᠳᠡᠯ ᠠᠷᠠᠳ᠎ᠢ ᠲᠥᠪᠬᠢᠨᠡᠭᠦᠯᠬᠦ ᠣᠷᠣᠨ᠎ᠤ ᠰᠠᠭᠤᠭ᠋ᠠᠯᠢ ᠠᠷᠠᠳ᠎ᠤᠨ ᠰᠠᠨᠠᠯ᠎ᠢ ᠥᠷᠭᠡᠨ ᠵᠶ᠋ᠠᠷ ᠰᠣᠨᠣᠰᠬᠤ ᠬᠡᠷᠡᠭᠲᠡᠶ; ᠴᠢᠬᠤᠯᠠᠲᠠᠶ ᠦᠶ᠎ᠡ᠎ᠳᠤ ᠭᠡᠷᠡᠴᠢᠯᠡᠭᠡ ᠰᠣᠨᠣᠰᠬᠤ ᠠᠷᠭ᠎ᠠ ᠮᠠᠶᠢᠭ᠎ᠢ ᠠᠪᠬᠤ ᠬᠡᠷᠡᠭᠲᠡᠶ᠃
   
    ᠵᠥᠪᠰᠢᠶᠡᠷᠡᠭᠦᠯᠦᠭᠰᠡᠨ ᠨᠡᠭᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢᠨ ᠬᠥᠲᠥᠯᠪᠦᠷᠢ ᠪᠣᠯ ᠨᠡᠭᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠦᠨᠳᠦᠰᠦᠨ ᠦᠨᠳᠦᠰᠦᠯᠡᠯ ᠪᠣᠯᠬᠤ ᠲᠤᠯᠠ᠂ ᠴᠢᠩᠭ᠎ᠠ ᠬᠡᠷᠡᠭᠵᠢᠭᠦᠯᠬᠦ ᠬᠡᠷᠡᠭᠲᠡᠶ᠂ ᠳᠤᠷ᠎ᠠ᠎ᠪᠠᠷ ᠵᠶ᠋ᠠᠨ ᠲᠤᠬᠢᠷᠠᠭᠤᠯᠤᠯᠳᠠ ᠬᠢᠬᠦ ᠪᠤᠶᠤ ᠵᠠᠰᠠᠪᠤᠷᠢ ᠣᠷᠣᠭᠤᠯᠵᠤ ᠪᠣᠯᠬᠤ ᠥᠭᠡᠢ; ᠦᠨᠡᠨ ᠬᠦ᠌ ᠲᠣᠬᠢᠷᠠᠭᠤᠯᠬᠤ ᠪᠤᠶᠤ ᠵᠠᠰᠠᠪᠤᠷᠢ ᠣᠷᠣᠭᠤᠯᠬᠤ ᠴᠢᠬᠤᠯᠠᠲᠠᠶ ᠪᠠᠶ᠋ᠢᠪᠠᠯ᠂ ᠤᠤᠯ᠎ᠤᠨ ᠵᠥᠪᠰᠢᠶᠡᠷᠡᠭᠰᠡᠨ ᠪᠠᠶ᠋ᠢᠭᠤᠯᠭ᠎ᠠ᠎ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃
   
    ᠠᠷᠪᠠᠳᠤᠭ᠋ᠠᠷ ᠵᠦᠢ᠍ᠯ   ᠲᠦᠷᠦᠯ ᠵᠦᠢ᠍ᠯᠡᠰ᠎ᠲᠤ ᠨᠢᠭᠡᠨᠳᠡ ᠬᠠᠤᠯᠢ ᠵᠢᠨ ᠡᠷᠬᠡᠳᠡᠨ᠎ᠲᠠᠢ ᠪᠠᠶ᠋ᠢᠪᠠᠯ᠂ ᠲᠦᠷᠦᠯ ᠵᠦᠢ᠍ᠯᠡᠰ᠎ᠤᠨ ᠬᠠᠤᠯᠢ ᠵᠢᠨ ᠡᠷᠬᠡᠳᠡᠨ᠎ᠠᠴᠠ ᠵᠥᠪᠰᠢᠶᠡᠷᠡᠭᠦᠯᠦᠭᠰᠡᠨ ᠨᠡᠬᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢᠨ ᠬᠥᠲᠥᠯᠪᠦᠷᠢ ᠵᠢ ᠦᠨᠳᠦᠰᠦᠯᠡᠨ ᠨᠡᠬᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠨ᠎ᠠ; ᠲᠦᠷᠦᠯ ᠵᠦᠢ᠍ᠯᠡᠰ᠎ᠲᠤ ᠬᠠᠤᠯᠢ ᠵᠢᠨ ᠡᠷᠬᠡᠳᠡᠨ ᠪᠠᠢ᠌ᠬᠤ ᠦᠭᠡᠢ ᠪᠠᠶ᠋ᠢᠪᠠᠯ᠂ ᠲᠦᠷᠦᠯ ᠵᠦᠢ᠍ᠯᠡᠰ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠨᠡᠭᠦᠳᠡᠯ ᠠᠷᠠᠳ᠎ᠤᠨ ᠲᠣᠭᠣᠷᠢᠭ ᠪᠠ ᠨᠡᠭᠦᠳᠡᠯ ᠠᠷᠠᠳ᠎ᠢ ᠲᠥᠪᠬᠢᠨᠡᠭᠦᠯᠬᠦ ᠲᠣᠭᠣᠷᠢᠭ᠎ᠤᠨ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠲᠠᠢ ᠬᠠᠮᠲᠤᠷᠠᠵᠤ᠂ ᠵᠥᠪᠰᠢᠶᠡᠷᠡᠭᠦᠯᠦᠭᠰᠡᠨ ᠨᠡᠭᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢᠨ ᠬᠥᠲᠥᠯᠪᠦᠷᠢ ᠵᠢ ᠦᠨᠳᠦᠰᠦᠯᠡᠨ ᠨᠡᠭᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠬᠡᠷᠡᠭᠲᠡᠶ᠃
   
  ᠲᠣᠮᠣ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠠᠷᠠᠳ᠎ᠢ ᠨᠡᠭᠦᠯᠭᠡᠨ ᠲᠥᠪᠬᠢᠨᠡᠭᠦᠯᠬᠦ ᠲᠥᠯᠥᠪᠵᠢᠭᠦᠯᠭᠡ᠂ ᠬᠢᠨᠠᠨ ᠵᠥᠪᠰᠢᠶᠡᠷᠡᠬᠦ ᠡᠷᠬᠡ ᠵᠢᠨ ᠬᠡᠪᠴᠢᠶ᠎ᠡ ᠶᠣᠰᠣᠭ᠋ᠠᠷ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠢ ᠨᠡᠭᠦᠯᠭᠡᠬᠦ ᠬᠠᠮᠢᠶᠠᠷᠤᠯᠲᠠ ᠵᠢᠨ ᠪᠠᠶ᠋ᠢᠭᠤᠯᠤᠮᠵᠢ ᠪᠤᠶᠤ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠷᠠᠳ᠎ᠢ ᠨᠡᠭᠦᠯᠭᠡᠬᠦ ᠬᠠᠮᠢᠶᠠᠷᠤᠯᠲᠠ ᠵᠢᠨ ᠪᠠᠶ᠋ᠢᠭᠤᠯᠤᠮᠵᠢ᠎ᠪᠠᠷ ᠬᠢᠨᠠᠨ ᠬᠠᠷᠭᠤᠭᠤᠯᠤᠭᠰᠠᠨ᠎ᠤ ᠲᠠᠷᠠᠭ᠎ᠠ᠂ ᠲᠦᠷᠦᠯ ᠵᠦᠢ᠍ᠯᠡᠰ᠎ᠤᠨ ᠬᠠᠤᠯᠢ ᠵᠢᠨ ᠡᠷᠬᠡᠳᠡᠨ ᠪᠤᠶᠤ ᠲᠦᠷᠦᠯ ᠵᠦᠢ᠍ᠯᠡᠰ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠦᠷᠦᠯ ᠵᠦᠢ᠍ᠯᠡᠰ᠎ᠢ ᠬᠢᠨᠠᠨ ᠵᠥᠪᠰᠢᠶᠡᠷᠡᠭᠦᠯᠬᠦ ᠪᠤᠶᠤ ᠬᠢᠨᠠᠨ ᠵᠥᠪᠰᠢᠶᠡᠷᠡᠭᠦᠯᠬᠦ ᠰᠠᠯᠠᠭ᠎ᠠ ᠮᠥᠴᠢᠷ᠎ᠲᠤ ᠮᠡᠳᠡᠭᠦᠯᠵᠦ᠂ ᠪᠣᠯᠤᠮᠵᠢ ᠵᠢᠨ ᠲᠤᠬᠠᠶ ᠰᠤᠳᠤᠯᠭ᠋ᠠᠨ᠎ᠤ ᠮᠡᠳᠡᠭᠦᠯᠦᠯᠲᠡ ᠪᠤᠶᠤ ᠲᠦᠷᠦᠯ ᠵᠦᠢ᠍ᠯᠡᠰ᠎ᠤᠨ ᠭᠤᠶᠤᠴᠢᠯᠠᠯ᠎ᠤᠨ ᠮᠡᠳᠡᠭᠦᠯᠦᠯᠲᠡ᠎ᠲᠠᠢ ᠬᠠᠮᠲᠤ᠎ᠳᠤᠨᠢ ᠬᠢᠨᠠᠨ ᠵᠥᠪᠰᠢᠶᠡᠷᠡᠭᠦᠯᠬᠦ ᠪᠤᠶᠤ ᠬᠠᠷᠭᠤᠭᠤᠯᠤᠨ ᠵᠥᠪᠰᠢᠶᠡᠷᠡᠭᠦᠯᠦᠨ᠎ᠡ᠃
   
    ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠨᠡᠬᠦᠳᠡᠯ ᠠᠷᠠᠳ᠎ᠢ ᠬᠠᠮᠢᠶᠠᠷᠬᠤ ᠪᠠᠶ᠋ᠢᠭᠤᠯᠤᠮᠵᠢ ᠪᠤᠶᠤ ᠲᠦᠷᠦ ᠵᠢᠨ ᠶᠠᠪᠤᠳᠠᠯ᠎ᠤᠨ ᠬᠣᠷᠢᠶᠠᠨ᠎ᠤ ᠨᠡᠬᠦᠳᠡᠯ ᠠᠷᠠᠳ᠎ᠢ ᠬᠠᠮᠢᠶᠠᠷᠬᠤ ᠪᠠᠶ᠋ᠢᠭᠤᠯᠤᠮᠵᠢ ᠨᠡᠬᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢ ᠬᠢᠨᠠᠨ ᠬᠠᠷᠭᠤᠭᠤᠯᠬᠤ᠎ᠳᠠᠭᠠᠨ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠵᠢᠴᠢ   ᠨᠡᠬᠦᠳᠡᠯ ᠠᠷᠠᠳ᠎ᠤᠨ ᠲᠣᠭᠣᠷᠢᠭ ᠪᠠ ᠨᠡᠬᠦᠳᠡᠯ ᠠᠷᠠᠳ᠎ᠢ ᠲᠥᠪᠬᠢᠨᠡᠭᠦᠯᠬᠦ ᠲᠣᠭᠣᠷᠢᠭ᠎ᠤᠨ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ᠎ᠢ ᠬᠤᠷᠢᠶᠠᠬᠤ ᠬᠡᠷᠡᠭᠲᠡᠢ᠃
   
    ᠠᠷᠪᠠᠨ ᠨᠢᠭᠡᠳᠦᠭᠡᠷ ᠵᠦᠢ᠍ᠯ   ᠠᠷᠠᠳ᠎ᠢ ᠨᠡᠭᠦᠯᠭᠡᠨ ᠲᠥᠪᠬᠢᠨᠡᠭᠦᠯᠬᠦ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠎ᠳᠤ ᠡᠬᠢ ᠪᠠᠶᠠᠯᠢᠭ ᠣᠷᠴᠢᠨ ᠲᠣᠭᠣᠷᠢᠨ᠎ᠤ ᠳᠠᠭ᠋ᠠᠭ᠋ᠠᠬᠤ ᠴᠢᠳᠠᠪᠤᠷᠢ᠎ᠪᠠᠷ ᠰᠠᠭᠤᠷᠢ ᠪᠣᠯᠭ᠋ᠠᠨ᠂ ᠲᠤᠰ ᠭᠠᠵᠠᠷ ᠣᠷᠣᠨ᠎ᠳᠤ᠎ᠨᠢ ᠲᠥᠪᠬᠢᠨᠡᠭᠦᠯᠬᠦ ᠪᠠ ᠣᠨᠳᠣᠣ ᠭᠠᠵᠠᠷ ᠲᠥᠪᠬᠢᠨᠡᠭᠦᠯᠬᠦ᠂ ᠲᠥᠪᠯᠡᠷᠡᠭᠦᠯᠦᠨ ᠲᠥᠪᠬᠢᠨᠡᠭᠦᠯᠬᠦ ᠪᠠ ᠲᠠᠷᠠᠬᠠᠶ᠎ᠪᠠᠷ ᠲᠥᠪᠬᠢᠨᠡᠭᠦᠯᠬᠦ᠂ ᠵᠠᠰᠠᠭ᠎ᠤᠨ ᠣᠷᠳᠣᠨ᠎ᠠᠴᠠ ᠲᠥᠪᠬᠢᠨᠡᠭᠦᠯᠬᠦ ᠪᠠ ᠨᠡᠭᠦᠳᠡᠯ ᠠᠷᠠᠳ᠎ᠤᠨ ᠥᠪᠡᠷ᠎ᠲᠡᠭᠡᠨ ᠠᠷᠭ᠎ᠠ ᠵᠠᠮ ᠡᠷᠢᠵᠦ ᠲᠥᠪᠬᠢᠨᠡᠭᠦᠯᠬᠦ ᠵᠢ ᠬᠠᠷᠢᠯᠴᠠᠨ ᠤᠶᠠᠯᠳᠤᠭᠤᠯᠬᠤ ᠵᠠᠷᠴᠢᠮ᠎ᠢ ᠵᠢᠷᠤᠮᠯᠠᠬᠤ ᠬᠡᠷᠡᠭᠲᠡᠶ᠃
   
    ᠨᠡᠬᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠎ᠳᠠᠭᠠᠨ ᠴᠥᠭᠡᠨ ᠲᠣᠭ᠋ᠠᠲᠤ ᠦᠨᠳᠦᠰᠦᠲᠡᠨ᠎ᠤ ᠦᠢ᠍ᠯᠡᠳᠪᠦᠷᠢᠯᠡᠯ᠂ ᠠᠮᠢᠳᠤᠷᠠᠯ᠎ᠤᠨ ᠠᠷᠭ᠎ᠠ ᠮᠠᠶᠢᠭ ᠪᠠ ᠵᠠᠩ ᠳᠠᠳᠬᠠᠯ᠎ᠢ ᠬᠦᠨᠳᠦᠳᠬᠡᠬᠦ ᠬᠡᠷᠡᠭᠲᠡᠶ᠃
   
    ᠨᠡᠬᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ ᠵᠢᠴᠢ ᠭᠠᠵᠠᠷ ᠰᠢᠷᠣᠶ ᠵᠢ ᠠᠰᠢᠭᠯᠠᠬᠤ ᠶᠡᠷᠦᠩᠬᠡᠶ ᠲᠥᠯᠥᠪᠵᠢᠭᠦᠯᠭᠡ᠂ ᠬᠤᠳᠠ ᠵᠢᠨ ᠶᠡᠷᠦᠩᠬᠡᠶ ᠲᠥᠯᠥᠪᠵᠢᠭᠦᠯᠭᠡ᠂ ᠠᠶ᠋ᠢᠯ ᠲᠣᠰᠬᠣᠨ ᠪᠠ ᠪᠠᠯᠭ᠋ᠠᠰᠤᠨ᠎ᠤ ᠲᠥᠯᠥᠪᠵᠢᠭᠦᠯᠭᠡ᠎ᠲᠠᠢ ᠠᠪᠴᠠᠯᠳᠤᠭᠤᠯᠬᠤ ᠬᠡᠷᠡᠭᠲᠡᠶ᠃
   
    ᠠᠷᠪᠠᠨ ᠬᠣᠶᠠᠳᠤᠭ᠋ᠠᠷ ᠵᠦᠢ᠍ᠯ   ᠨᠡᠭᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ᠎ᠳᠤ ᠬᠥᠳᠡᠭᠡ ᠲᠣᠰᠬᠣᠨ᠎ᠤ ᠨᠡᠭᠦᠳᠡᠯ ᠠᠷᠠᠳ᠎ᠢ ᠲᠥᠪᠬᠢᠨᠡᠭᠦᠯᠬᠦ᠂ ᠬᠤᠳᠠ (ᠴᠤᠭᠯᠠᠷᠠᠯ) ᠪᠠᠯᠭ᠋ᠠᠰᠤ᠎ᠢ ᠨᠡᠭᠦᠯᠭᠡᠨ ᠪᠠᠶ᠋ᠢᠭᠤᠯᠬᠤ᠂ ᠦᠢ᠍ᠯᠡᠳᠪᠦᠷᠢ ᠠᠭᠤᠷᠬᠠᠶ ᠵᠢᠨ ᠠᠵᠤ ᠠᠬᠤᠶ᠋ᠢᠯᠠᠯ᠎ᠢ ᠨᠡᠭᠦᠯᠭᠡᠨ ᠪᠠᠶ᠋ᠢᠭᠤᠯᠬᠤ᠂ ᠲᠤᠰᠬᠠᠶ ᠵᠦᠢ᠍ᠯ᠎ᠤᠨ ᠪᠡᠯᠡᠳᠬᠡᠮᠵᠢ᠎ᠢ ᠨᠡᠭᠦᠯᠭᠡᠨ ᠪᠠᠶ᠋ᠢᠭᠤᠯᠬᠤ ᠪᠤᠶᠤ ᠳᠠᠬᠢᠨ ᠪᠠᠶ᠋ᠢᠭᠤᠯᠬᠤ᠂ ᠰᠡᠷᠭᠡᠶ᠋ᠢᠯᠡᠨ ᠬᠠᠮᠠᠭ᠋ᠠᠯᠠᠬᠤ ᠪᠠᠷᠢᠯᠭ᠎ᠠ ᠵᠢᠨ ᠪᠦᠳᠦᠬᠡᠨ ᠪᠠᠶ᠋ᠢᠭᠤᠯᠤᠯᠲᠠ᠂ ᠤᠰᠤᠨ ᠴᠥᠭᠥᠷᠥᠮ᠎ᠤᠨ ᠤᠰᠤᠨ ᠣᠷᠣᠨ᠎ᠢ ᠨᠡᠭᠡᠭᠡᠨ ᠠᠰᠢᠭᠯᠠᠬᠤ᠂ ᠤᠰᠤᠨ ᠴᠥᠭᠥᠷᠥᠮ᠎ᠤᠨ ᠠᠷᠠᠳ᠎ᠢ ᠨᠡᠭᠦᠯᠭᠡᠬᠦ ᠰᠡᠭᠦᠯᠴᠢ ᠵᠢᠨ ᠬᠤᠭᠤᠴᠠᠭ᠋ᠠᠨ᠎ᠤ ᠲᠡᠳᠬᠦᠬᠦ ᠠᠷᠭ᠎ᠠ ᠬᠡᠮᠵᠢᠶ᠎ᠡ᠂ ᠭᠠᠵᠠᠷ ᠲᠠᠲᠠᠪᠤᠷᠢᠯᠠᠭᠰᠠᠨ ᠨᠦᠬᠦᠪᠦᠷᠢ ᠪᠣᠯᠤᠨ ᠨᠡᠭᠦᠳᠡᠯ ᠠᠷᠠᠳ᠎ᠢ ᠲᠥᠪᠬᠢᠨᠡᠭᠦᠯᠬᠦ ᠪᠡᠯᠡ ᠮᠥᠩᠭᠥ ᠵᠢᠨ ᠲᠣᠶ᠋ᠢᠮᠣ (ᠵᠢᠱ᠌ᠢᠨ ᠪᠤᠳᠤᠬᠤ) ᠵᠡᠷᠭᠡ᠎ᠳᠤ ᠲᠤᠬᠢᠷᠠᠭᠤᠯᠤᠯᠳᠠ ᠬᠢᠬᠦ ᠬᠡᠷᠡᠭᠲᠡᠶ᠃
   
    ᠤᠰᠤ ᠪᠦᠷᠬᠦᠭᠰᠡᠨ ᠱᠤᠭᠤᠮ᠎ᠠᠴᠠ ᠳᠡᠭᠡᠭᠰᠢᠬᠢ ᠨᠥᠯᠥᠭᠡᠯᠡᠭᠳᠡᠭᠰᠡᠨ ᠬᠡᠪᠴᠢᠶᠡᠨ ᠳᠣᠲᠣᠷᠠᠬᠢ ᠤᠰᠤᠨ ᠴᠥᠭᠥᠷᠥᠮ᠎ᠳᠤ ᠤᠰᠤ ᠬᠠᠳᠠᠭ᠋ᠠᠯᠠᠭᠰᠠᠨ᠎ᠠᠴᠠ ᠪᠣᠯᠤᠭᠰᠠᠨ ᠰᠠᠭᠤᠭ᠋ᠠᠯᠢ ᠠᠷᠠᠳ᠎ᠤᠨ ᠦᠢ᠍ᠯᠡᠳᠪᠦᠷᠢᠯᠡᠯ᠂ ᠠᠮᠢᠳᠤᠷᠠᠯ᠎ᠤᠨ ᠬᠦᠴᠢᠷᠳᠡᠯ᠎ᠤᠨ ᠠᠰᠠᠭᠤᠳᠠᠯ᠎ᠢ ᠨᠡᠬᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ᠎ᠳᠤ ᠣᠷᠣᠭᠤᠯᠵᠤ᠂ ᠠᠷᠪᠢᠲᠠᠶ ᠪᠥᠭᠡᠳ ᠵᠦᠢ ᠵᠣᠬᠢᠰᠲᠠᠶ ᠪᠠᠶ᠋ᠢᠬᠤ ᠵᠠᠷᠴᠢᠮ ᠶᠣᠰᠣᠭ᠋ᠠᠷ ᠲᠣᠬᠢᠲᠠᠶ ᠰᠢᠢ᠍ᠳᠪᠦᠷᠢᠯᠡᠬᠦ ᠬᠡᠷᠡᠭᠲᠡᠶ᠃
   
    ᠠᠷᠪᠠᠨ ᠭᠤᠷᠪᠠᠳᠤᠭ᠋ᠠᠷ ᠵᠦᠢ᠍ᠯ   ᠬᠦᠳᠡᠭᠡ ᠲᠣᠰᠬᠣᠨ᠎ᠤ ᠨᠡᠬᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠬᠢᠬᠦ᠎ᠳᠡᠭᠡᠨ ᠲᠠᠷᠢᠶᠠᠯᠠᠩ᠎ᠤᠨ ᠦᠢ᠍ᠯᠡᠳᠪᠦᠷᠢᠯᠡᠯ᠎ᠢ ᠲᠥᠪᠬᠢᠨᠡᠭᠦᠯᠬᠦ᠎ᠪᠠᠷ ᠭᠣᠣᠯ ᠪᠣᠯᠭ᠋ᠠᠬᠤ ᠵᠢ ᠪᠠᠷᠢᠮᠲᠠᠯᠠᠵᠤ᠂ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠬᠤ᠂ ᠦᠢ᠍ᠯᠡᠳᠪᠦᠷᠢᠯᠡᠯ᠎ᠳᠤ ᠠᠰᠢᠭᠲᠠᠶ᠂ ᠠᠮᠢᠳᠤᠷᠠᠯ᠎ᠳᠤ ᠲᠦᠭᠦᠮ ᠪᠠᠶ᠋ᠢᠬᠤ᠂ ᠠᠮᠢ ᠠᠬᠤᠶ ᠵᠢ ᠬᠠᠮᠠᠭ᠋ᠠᠯᠠᠬᠤ ᠵᠠᠷᠴᠢᠮ᠎ᠢ ᠵᠢᠷᠤᠮᠯᠠᠵᠤ᠂ ᠬᠥᠳᠡᠭᠡ ᠲᠣᠰᠬᠣᠨ᠎ᠤ ᠨᠡᠬᠦᠳᠡᠯ ᠠᠷᠠᠳ᠎ᠢ ᠲᠥᠪᠬᠢᠨᠡᠭᠦᠯᠬᠦ ᠴᠢᠭ᠎ᠢ ᠵᠦᠢ ᠵᠣᠬᠢᠰᠲᠠᠶ ᠲᠥᠯᠥᠪᠵᠢᠭᠦᠯᠬᠦ ᠬᠡᠷᠡᠭᠲᠡᠶ; ᠨᠥᠬᠥᠴᠡᠯ᠎ᠲᠠᠢ ᠭᠠᠵᠠᠷ ᠣᠷᠣᠨ᠎ᠳᠤ ᠵᠢᠵᠢᠭ ᠬᠤᠳᠠ ᠪᠠᠯᠭ᠋ᠠᠰᠤᠨ᠎ᠤ ᠪᠦᠳᠦᠭᠡᠨ ᠪᠠᠶ᠋ᠢᠭᠤᠯᠤᠯᠲᠠ᠎ᠲᠠᠢ ᠤᠶᠠᠯᠳᠤᠭᠤᠯᠤᠨ ᠬᠢᠵᠦ ᠪᠣᠯᠤᠨ᠎ᠠ᠃
   
    ᠬᠥᠳᠡᠭᠡ ᠲᠣᠰᠬᠣᠨ᠎ᠤ ᠨᠡᠬᠦᠳᠡᠯ ᠠᠷᠠᠳ᠎ᠢ ᠲᠥᠪᠬᠢᠨᠡᠭᠦᠯᠦᠭᠰᠡᠨ᠎ᠤ ᠲᠠᠷᠠᠭ᠎ᠠ᠂   ᠨᠡᠬᠦᠳᠡᠯ ᠠᠷᠠᠳ᠎ᠲᠤ ᠲᠦᠪᠬᠢᠨᠡᠬᠦᠯᠦᠭᠰᠡᠨ ᠣᠷᠣᠨ᠎ᠤ ᠰᠠᠭᠤᠭ᠋ᠠᠯᠢ ᠠᠷᠠᠳ᠎ᠲᠠᠢ ᠦᠨᠳᠦᠰᠦᠨ᠎ᠳᠡᠭᠡᠨ ᠲᠡᠩᠴᠡᠭᠦᠦ ᠭᠠᠵᠠᠷ ᠰᠢᠷᠣᠶ ᠵᠡᠷᠭᠡ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠲᠠᠢ ᠪᠣᠯᠭ᠋ᠠᠬᠤ ᠬᠡᠷᠡᠭᠲᠡᠶ᠃
   
    ᠠᠷᠪᠠᠨ ᠳᠥᠷᠪᠡᠳᠦᠭᠡᠷ ᠵᠦᠢ᠍ᠯ   ᠬᠤᠳᠠ ( ᠴᠤᠭᠯᠠᠷᠠᠯ) ᠪᠠᠯᠭ᠋ᠠᠰᠤᠨ᠎ᠤ ᠨᠡᠬᠦᠳᠡᠯ ᠠᠷᠠᠳ᠎ᠢ ᠲᠥᠪᠬᠢᠨᠡᠭᠦᠯᠬᠦ ᠠᠵᠢᠯ᠎ᠢ ᠲᠥᠯᠥᠪᠵᠢᠭᠦᠯᠬᠦ᠎ᠳᠡᠭᠡᠨ ᠬᠤᠳᠠ ( ᠴᠤᠭᠯᠠᠷᠠᠯ) ᠪᠠᠯᠭ᠋ᠠᠰᠤᠨ᠎ᠤ ᠣᠳᠣᠬᠢ ᠪᠠᠶ᠋ᠢᠳᠠᠯ ᠵᠶ᠋ᠠᠷ ᠰᠠᠭᠤᠷᠢ ᠪᠣᠯᠭ᠋ᠠᠵᠤ᠂ ᠭᠠᠵᠠᠷ᠎ᠢ ᠭᠠᠮᠨᠠᠨ ᠬᠡᠷᠡᠭᠯᠡᠵᠦ᠂ ᠵᠦᠢ ᠵᠣᠬᠢᠰᠲᠠᠶ ᠪᠠᠶ᠋ᠢᠷᠢᠯᠠᠭᠤᠯᠬᠤ ᠬᠡᠷᠡᠭᠲᠡᠶ᠃
   
  ᠦᠢ᠍ᠯᠡᠳᠪᠦᠷᠢ ᠠᠭᠤᠷᠬᠠᠶ ᠵᠢᠨ ᠠᠵᠤ ᠠᠬᠤᠶ᠋ᠢᠯᠠᠯ᠎ᠢ ᠨᠡᠭᠦᠯᠭᠡᠨ ᠪᠠᠶ᠋ᠢᠭᠤᠯᠬᠤ᠎ᠳᠠᠭᠠᠨ ᠤᠯᠤᠰ᠎ᠤᠨ ᠠᠵᠤ ᠦᠢ᠍ᠯᠡᠳᠪᠦᠷᠢᠯᠡᠯ᠎ᠤᠨ ᠲᠤᠢ᠍ᠷᠦ ᠵᠢᠨ ᠪᠤᠳᠦᠯᠭ᠎ᠠ᠎ᠳᠤ ᠨᠡᠶ᠋ᠢᠴᠡᠭᠦᠯᠵᠦ᠂ ᠲᠧᠭᠨᠢᠭ ᠮᠡᠷᠭᠡᠵᠢᠯ᠎ᠤᠨ ᠥᠭᠡᠷᠡᠴᠢᠯᠡᠯᠲᠡ ᠪᠠ ᠪᠦᠲᠦᠴᠡ ᠵᠢᠨ ᠲᠤᠬᠢᠷᠡᠭᠤᠯᠦᠯᠳᠠ᠎ᠲᠠᠢ ᠤᠶᠠᠯᠳᠤᠭᠤᠯᠤᠨ ᠬᠢᠬᠦ ᠬᠡᠷᠡᠭᠲᠡᠶ; ᠲᠧᠭᠨᠢᠭ ᠮᠡᠷᠭᠡᠵᠢᠯ ᠵᠶ᠋ᠠᠷ ᠬᠣᠴᠣᠷᠤᠩᠭᠤᠶ᠂ ᠡᠬᠢ ᠪᠠᠶᠠᠯᠢᠭ᠎ᠢ ᠪᠦᠷᠢᠯᠭᠡᠨ ᠰᠦᠢ᠍ᠳᠬᠡᠳᠡᠭ᠂ ᠦᠢ᠍ᠯᠡᠳᠬᠦᠨ᠎ᠤ ᠶᠠᠰᠤ ᠴᠢᠨᠠᠷ᠎ᠨᠢ ᠮᠠᠭᠤ᠂ ᠪᠣᠬᠢᠷᠲᠤᠯ᠎ᠨᠢ ᠬᠦᠨᠳᠦ ᠨᠣᠴᠢᠲᠠᠶ᠂ ᠠᠶᠤᠯᠭᠦᠶ ᠦᠢ᠍ᠯᠡᠳᠪᠦᠷᠢᠯᠡᠯ᠎ᠤᠨ ᠨᠥᠬᠥᠴᠡᠯ᠎ᠢ ᠪᠦᠷᠢᠯᠳᠦᠭᠦᠯᠦᠭᠰᠡᠨ ᠦᠭᠡᠢ ᠠᠵᠤ ᠠᠬᠤᠶ᠋ᠢᠯᠠᠯ᠎ᠢ ᠬᠠᠤᠯᠢ ᠶᠣᠰᠣᠭ᠋ᠠᠷ ᠡᠭᠦᠳᠡ ᠵᠢ᠎ᠨᠢ ᠬᠠᠭ᠋ᠠᠯᠭ᠋ᠠᠬᠤ ᠬᠡᠷᠡᠭᠲᠡᠶ᠃
   
  ᠠᠷᠪᠠᠨ ᠲᠠᠪᠤᠳᠤᠭ᠋ᠠᠷ ᠵᠦᠢ᠍ᠯ   ᠨᠡᠬᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠎ᠳᠠᠭᠠᠨ ᠨᠡᠬᠦᠳᠡᠯ ᠠᠷᠠᠳ ᠪᠠ ᠲᠥᠪᠬᠢᠨᠡᠭᠦᠯᠬᠦ ᠣᠷᠣᠨ᠎ᠤ ᠰᠠᠭᠤᠭ᠋ᠠᠯᠢ ᠠᠷᠠᠳ᠎ᠤᠨ ᠰᠠᠨᠠᠯ᠎ᠢ ᠥᠷᠭᠡᠨ ᠵᠶ᠋ᠠᠷ ᠰᠣᠨᠣᠰᠬᠤ ᠬᠡᠷᠡᠭᠲᠡᠶ; ᠴᠢᠬᠤᠯᠠᠲᠠᠶ ᠦᠶ᠎ᠡ᠎ᠳᠤ ᠭᠡᠷᠡᠴᠢᠯᠡᠭᠡ ᠰᠣᠨᠣᠰᠬᠤ ᠠᠷᠭ᠎ᠠ ᠮᠠᠶᠢᠭ᠎ᠢ ᠠᠪᠬᠤ ᠬᠡᠷᠡᠭᠲᠡᠶ᠃
   
    ᠵᠥᠪᠰᠢᠶᠡᠷᠡᠭᠦᠯᠦᠭᠰᠡᠨ ᠨᠡᠬᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠪᠣᠯ   ᠨᠡᠬᠦᠳᠡᠯ ᠠᠷᠠᠳ᠎ᠢ ᠲᠥᠪᠬᠢᠨᠡᠭᠦᠯᠬᠦ ᠠᠵᠢᠯ᠎ᠢ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠵᠢᠨ ᠦᠨᠳᠦᠰᠦᠨ ᠦᠨᠳᠦᠰᠦᠯᠡᠯ ᠮᠥᠨ᠂ ᠲᠡᠭᠦᠨ᠎ᠢ ᠴᠢᠩᠭ᠎ᠠ ᠬᠡᠷᠡᠭᠵᠢᠭᠦᠯᠬᠦ ᠬᠡᠷᠡᠭᠲᠡᠶ᠂ ᠳᠤᠷ᠎ᠠ᠎ᠪᠠᠷ ᠵᠶ᠋ᠠᠨ ᠲᠣᠬᠢᠷᠠᠭᠤᠯᠬᠤ ᠪᠤᠶᠤ ᠲᠡᠭᠦᠨ᠎ᠳᠤ ᠵᠠᠰᠠᠪᠤᠷᠢ ᠣᠷᠣᠭᠤᠯᠵᠤ ᠪᠣᠯᠬᠤ ᠦᠭᠡᠢ;   ᠦᠨᠡᠨ ᠬᠦ᠌ ᠲᠤᠬᠢᠷᠠᠭᠤᠯᠤᠯᠳᠠ ᠬᠢᠬᠦ ᠪᠤᠶᠤ ᠵᠠᠰᠠᠪᠤᠷᠢ ᠣᠷᠣᠭᠤᠯᠬᠤ ᠴᠢᠬᠤᠯᠠ᠎ᠲᠠᠢ ᠪᠣᠯ ᠲᠤᠰ ᠲᠦᠷᠢᠮ᠎ᠤᠨ ᠠᠷᠪᠠᠳᠤᠭ᠋ᠠᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠲᠠᠬᠢᠵᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃
   
    ᠨᠡᠬᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠭᠰᠠᠨ ᠦᠭᠡᠢ ᠪᠤᠶᠤ ᠨᠡᠬᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢ ᠬᠢᠨᠠᠨ ᠬᠠᠷᠭᠤᠭᠤᠯᠤᠭᠰᠠᠨ ᠦᠭᠡᠢ ᠲᠤᠮᠤ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠤᠨ ᠪᠦᠳᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯᠡᠰ᠎ᠤᠨ ᠪᠦᠳᠦᠭᠡᠨ ᠪᠠᠶ᠋ᠢᠭᠤᠯᠤᠯᠲᠠ ᠵᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠵᠥᠪᠰᠢᠶᠡᠷᠡᠬᠦ ᠪᠤᠶᠤ ᠬᠢᠨᠠᠨ ᠵᠥᠪᠰᠢᠶᠡᠷᠡᠵᠦ ᠪᠣᠯᠬᠤ ᠦᠭᠡᠢ᠂ ᠲᠡᠭᠦᠨ᠎ᠳᠤ ᠭᠠᠵᠠᠷ ᠬᠡᠷᠡᠭᠯᠡᠬᠦ ᠵᠡᠷᠭᠡ ᠬᠣᠯᠪᠣᠭᠳᠠᠯ ᠪᠦᠬᠦᠢ ᠭᠠᠷ ᠭᠦᠢ᠍ᠴᠡᠳᠬᠡᠯ ᠬᠢᠵᠦ ᠥᠭᠴᠦ ᠪᠣᠯᠬᠤ ᠦᠭᠡᠢ᠃
   
    ᠠᠷᠪᠠᠨ ᠵᠢᠷᠭᠤᠳᠤᠭ᠋ᠠᠷ ᠵᠦᠢ᠍ᠯ   ᠭᠠᠵᠠᠷ ᠲᠠᠲᠠᠪᠤᠷᠢᠯᠠᠭᠰᠠᠨ ᠨᠦᠬᠦᠪᠦᠷᠢ ᠪᠠ ᠨᠡᠬᠦᠳᠡᠯ ᠠᠷᠠᠳ᠎ᠢ ᠲᠥᠪᠬᠢᠨᠡᠭᠦᠯᠬᠦ ᠪᠡᠯᠠ ᠮᠥᠩᠭᠥ᠂ ᠬᠠᠤᠯᠢ ᠶᠣᠰᠣᠭ᠋ᠠᠷ ᠲᠤᠰᠢᠶᠠᠬᠤ ᠶᠣᠰᠣᠲᠠᠶ ᠲᠠᠷᠢᠶᠠᠨ ᠭᠠᠵᠠᠷ᠎ᠢ ᠡᠵᠡᠯᠡᠨ ᠬᠡᠷᠡᠭᠯᠡᠭᠰᠡᠨ ᠭᠠᠶ᠋ᠢᠯᠢ ᠪᠠ ᠲᠠᠷᠢᠶᠠᠨ ᠭᠠᠵᠠᠷ᠎ᠢ ᠬᠠᠭ᠋ᠠᠯᠪᠤᠷᠢᠯᠠᠬᠤ ᠰᠦᠢ᠍ᠳᠬᠡᠯ ᠵᠢᠴᠢ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠲᠤᠰᠢᠶᠠᠬᠤ ᠶᠤᠰᠤᠳᠠᠢ ᠤᠢ ᠰᠢᠭᠤᠶ ᠤᠷᠭᠤᠮᠠᠯ᠎ᠤᠨ ᠪᠦᠷᠬᠦᠴᠡ ᠵᠢ ᠰᠡᠷᠭᠦᠭᠡᠬᠦ ᠰᠦᠢ᠍ᠳᠬᠡᠯ ᠵᠡᠷᠭᠡ ᠵᠢ ᠲᠤᠮᠦ ᠳᠤᠮᠳᠠ ᠬᠡᠯᠪᠡᠷᠢ ᠵᠢᠨ ᠤᠰᠦᠠ ᠠᠰᠢᠭᠯᠠᠯᠲᠠ ᠤᠰᠦᠠ ᠴᠠᠬᠢᠯᠭ᠋ᠠᠨ᠎ᠤ   ᠢᠨᠵᠸᠨ᠋ᠸᠷᠢᠩ᠎ᠤᠨ ᠲᠣᠶ᠋ᠢᠮᠣ ᠲᠥᠰᠦᠪ᠎ᠲᠤ ᠣᠷᠣᠭᠤᠯᠬᠤ ᠬᠡᠷᠡᠭᠲᠡᠶ᠃
   
    ᠭᠠᠵᠠᠷ ᠰᠢᠷᠣᠶ ᠵᠢᠨ ᠲᠠᠲᠠᠪᠤᠷᠢᠯᠠᠯᠲᠠ ᠵᠢᠨ ᠨᠦᠬᠦᠪᠦᠷᠢ ᠪᠠ ᠨᠡᠭᠦᠳᠡᠯ ᠠᠷᠠᠳ᠎ᠢ ᠲᠥᠪᠬᠢᠨᠡᠭᠦᠯᠬᠦ ᠪᠡᠯᠡ ᠮᠥᠩᠭᠥ᠎ᠳᠤ ᠭᠠᠵᠠᠷ ᠰᠢᠷᠣᠶ ᠵᠢᠨ ᠲᠥᠯᠥᠪᠦᠷᠢ ᠵᠢᠨ ᠰᠦᠢ᠍ᠳᠬᠡᠯ᠂ ᠲᠥᠪᠬᠢᠨᠡᠭᠦᠯᠬᠦ ᠨᠥᠬᠥᠪᠥᠷᠢ ᠵᠢᠨ ᠰᠦᠢ᠍ᠳᠬᠡᠯ᠂ ᠬᠥᠳᠡᠭᠡ ᠲᠣᠰᠬᠣᠨ᠎ᠤ ᠰᠠᠭᠤᠭ᠋ᠠᠯᠢ ᠠᠷᠠᠳ᠎ᠤᠨ   ᠴᠢᠭ᠎ᠢ ᠨᠡᠭᠦᠯᠭᠡᠨ ᠪᠠᠶ᠋ᠢᠭᠤᠯᠬᠤ᠂ ᠬᠤᠳᠠ (ᠴᠤᠭᠯᠠᠷᠠᠯ) ᠪᠠᠯᠭ᠋ᠠᠰᠤ ᠵᠢ ᠨᠡᠭᠦᠯᠭᠡᠨ ᠪᠠᠶ᠋ᠢᠭᠤᠯᠬᠤ᠂ ᠦᠢ᠍ᠯᠡᠳᠪᠦᠷᠢ ᠠᠭᠤᠷᠬᠠᠶ ᠵᠢᠨ ᠠᠵᠤ ᠠᠬᠤᠶ᠋ᠢᠯᠠᠯ᠎ᠢ ᠨᠡᠭᠦᠯᠭᠡᠨ ᠪᠠᠶ᠋ᠢᠭᠤᠯᠬᠤ ᠵᠢᠴᠢ ᠲᠤᠰᠬᠠᠶ ᠵᠦᠢ᠍ᠯ᠎ᠤᠨ ᠲᠥᠬᠥᠭᠡᠷᠦᠮᠵᠢ ᠵᠢ ᠨᠡᠭᠦᠯᠭᠡᠨ ᠪᠠᠶ᠋ᠢᠭᠤᠯᠬᠤ ᠪᠤᠶᠤ ᠲᠠᠬᠢᠨ ᠪᠠᠶ᠋ᠢᠭᠤᠯᠬᠤ ᠵᠢᠨ ᠨᠥᠬᠥᠪᠥᠷᠢ ᠰᠦᠢ᠍ᠳᠬᠡᠯ (ᠬᠣᠯᠪᠣᠭᠳᠠᠯ ᠪᠦᠬᠦᠢ ᠭᠠᠵᠠᠷ ᠳᠡᠭᠡᠷᠡᠬᠢ ᠲᠠᠭ᠋ᠠᠯᠳᠠ ᠪᠣᠳᠠᠰ᠎ᠤᠨ ᠨᠥᠬᠥᠪᠥᠷᠢ ᠰᠦᠢ᠍ᠳᠬᠡᠯ ᠪᠠᠭᠲᠠᠨ᠎ᠠ)᠂ ᠨᠡᠭᠦᠳᠡᠯ ᠠᠷᠠᠳ᠎ᠤᠨ ᠬᠤᠪᠢ ᠬᠥᠮᠦᠨ᠎ᠤ ᠡᠳ᠋ ᠬᠦᠷᠦᠨᠭᠭᠡ ᠵᠢᠨ ᠨᠥᠬᠥᠪᠥᠷᠢ ᠰᠦᠢ᠍ᠳᠬᠡᠯ (ᠭᠠᠵᠠᠷ ᠳᠡᠭᠡᠷᠡᠬᠢ ᠲᠠᠭ᠋ᠠᠯᠳᠠ ᠪᠣᠳᠠᠰ ᠪᠠ ᠬᠦᠬᠡ ᠴᠢᠬᠢ ᠵᠢᠨ ᠨᠥᠬᠥᠪᠥᠷᠢ ᠰᠦᠢ᠍ᠳᠬᠡᠯ ᠪᠠᠭᠲᠠᠨ᠎ᠠ) ᠪᠠ ᠨᠡᠭᠦᠯᠭᠡᠬᠦ ᠰᠦᠢ᠍ᠳᠬᠡᠯ᠂ ᠴᠦᠬᠦᠷᠦᠮ᠎ᠤᠨ ᠢᠷᠣᠭ᠋ᠠᠷ᠎ᠢ ᠴᠡᠪᠡᠷᠯᠡᠬᠦ ᠰᠦᠢ᠍ᠳᠬᠡᠯ᠂ ᠤᠰᠤ ᠪᠦᠷᠬᠦᠭᠰᠡᠨ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ ᠰᠦᠢ᠍ᠳᠬᠡᠯ ᠪᠠ ᠤᠯᠤᠰ᠎ᠠᠴᠠ ᠲᠣᠭᠲᠠᠭ᠋ᠠᠭᠰᠠᠨ ᠪᠤᠰᠤᠳ ᠰᠦᠢ᠍ᠳᠬᠡᠯ ᠵᠡᠷᠭᠡ ᠪᠠᠭᠳᠠᠨ᠎ᠠ᠃
   
    ᠠᠷᠪᠠᠨ ᠳᠣᠯᠣᠳᠤᠭ᠋ᠠᠷ ᠵᠦᠢ᠍ᠯ   ᠬᠦᠳᠡᠭᠡ ᠲᠣᠰᠬᠣᠨ᠎ᠤ ᠨᠡᠬᠦᠳᠡᠯ ᠠᠷᠠᠳ᠎ᠢ ᠲᠥᠪᠯᠡᠷᠡᠭᠦᠯᠦᠨ ᠲᠥᠪᠬᠢᠨᠡᠭᠦᠯᠬᠦ ᠬᠥᠳᠡᠭᠡ ᠲᠣᠰᠬᠣᠨ᠎ᠤ ᠰᠠᠭᠤᠭ᠋ᠠᠯᠢ ᠠᠷᠠᠳ᠎ᠤᠨ ᠴᠢᠭ᠂ ᠬᠤᠳᠠ (ᠴᠤᠭᠯᠠᠷᠠᠯ) ᠪᠠᠯᠭ᠋ᠠᠰᠤ᠂ ᠦᠢ᠍ᠯᠡᠳᠪᠦᠷᠢ ᠠᠭᠤᠷᠬᠠᠶ ᠵᠢᠨ ᠠᠵᠤ ᠠᠬᠤᠶ᠋ᠢᠯᠠᠯ ᠵᠢᠴᠢ ᠲᠤᠰᠬᠠᠶ ᠵᠦᠢ᠍ᠯ᠎ᠤᠨ ᠲᠥᠬᠥᠭᠡᠷᠦᠮᠵᠢ ᠵᠡᠷᠭᠡ ᠰᠠᠭᠤᠷᠢ ᠲᠥᠬᠥᠭᠡᠷᠦᠮᠵᠢ ᠵᠢ ᠨᠡᠭᠦᠯᠭᠡᠨ ᠪᠠᠶ᠋ᠢᠭᠤᠯᠬᠤ ᠪᠤᠶᠤ ᠲᠠᠬᠢᠨ ᠪᠠᠶ᠋ᠢᠭᠤᠯᠵᠤ ᠭᠠᠵᠠᠷ ᠰᠣᠩᠭᠣᠬᠤ᠎ᠳᠠᠭᠠᠨ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ᠂ ᠤᠰᠤᠨ᠎ᠤ ᠭᠠᠵᠠᠷ ᠰᠢᠨᠵᠢᠯᠡᠭᠡ ᠬᠢᠭᠡᠳ ᠪᠠᠷᠢᠯᠭ᠎ᠠ ᠵᠢᠨ ᠭᠠᠵᠠᠷ ᠰᠢᠨᠵᠢᠯᠡᠭᠡᠨ᠎ᠤ ᠬᠠᠶ᠋ᠢᠨ ᠰᠢᠨᠵᠢᠯᠡᠯᠲᠡ᠂ ᠭ᠋ᠸᠤᠯᠤᠬᠢ ᠵᠢᠨ ᠭᠠᠶ ᠭᠠᠮᠰᠢᠭ᠎ᠢ ᠰᠡᠷᠭᠡᠶ᠋ᠢᠯᠡᠨ ᠵᠠᠰᠠᠬᠤ ᠪᠠ ᠭ᠋ᠸᠤᠯᠤᠬᠢ ᠵᠢᠨ ᠭᠠᠶ ᠭᠠᠮᠰᠢᠭ᠎ᠤᠨ ᠠᠶᠤᠯᠳᠤ ᠴᠢᠨᠠᠷ᠎ᠢ ᠦᠨᠡᠯᠡᠨ ᠵᠢᠱ᠌ᠢᠬᠦ ᠠᠵᠢᠯ᠎ᠢ ᠬᠠᠤᠯᠢ ᠶᠣᠰᠣᠭ᠋ᠠᠷ ᠰᠠᠶ᠋ᠢᠲᠤᠷ ᠬᠢᠬᠦ ᠬᠡᠷᠡᠭᠲᠡᠶ᠃
   
    ᠠᠷᠪᠠᠨ ᠨᠠᠢ᠍ᠮᠠᠳᠤᠭ᠋ᠠᠷ ᠵᠦᠢ᠍ᠯ   ᠤᠰᠤ ᠪᠦᠷᠬᠦᠭᠰᠡᠨ ᠣᠷᠣᠨ᠎ᠤ ᠳᠣᠲᠣᠷᠠᠬᠢ ᠰᠠᠭᠤᠭ᠋ᠠᠯᠢ ᠠᠷᠠᠳ᠎ᠤᠨ ᠴᠢᠭ᠂ ᠲᠠᠷᠢᠶᠠᠨ ᠭᠠᠵᠠᠷ ᠵᠡᠷᠭᠡ᠎ᠳᠤ ᠰᠡᠷᠭᠡᠶ᠋ᠢᠯᠡᠨ ᠬᠠᠮᠠᠭ᠋ᠠᠯᠠᠬᠤ ᠨᠥᠬᠥᠴᠡᠯ᠎ᠢ ᠪᠦᠷᠢᠯᠳᠦᠭᠦᠯᠦᠭᠰᠡᠨ ᠪᠠᠶ᠋ᠢᠪᠠᠯ᠂ ᠬᠢᠮᠳᠠ ᠪᠥᠭᠡᠳ ᠵᠦᠢ ᠵᠣᠬᠢᠰᠲᠠᠢ ᠪᠠᠶ᠋ᠢᠬᠤ ᠤᠷᠢᠲᠠᠯ᠎ᠤᠨ ᠳᠣᠣᠷ᠎ᠠ᠂ ᠰᠡᠷᠭᠡᠶ᠋ᠢᠯᠡᠨ ᠬᠠᠮᠠᠭ᠋ᠠᠯᠠᠬᠤ ᠪᠠᠷᠢᠯᠭ᠎ᠠ ᠪᠠᠶ᠋ᠢᠭᠤᠯᠬᠤ ᠵᠡᠷᠭᠡ ᠰᠡᠷᠭᠡᠶ᠋ᠢᠯᠡᠨ ᠬᠠᠮᠠᠭ᠋ᠠᠯᠠᠬᠤ ᠠᠷᠭ᠎ᠠ ᠬᠡᠮᠵᠢᠶ᠎ᠡ ᠠᠪᠴᠤ᠂ ᠤᠰᠤ ᠪᠦᠷᠬᠦᠨ ᠵᠢᠪᠦᠭᠰᠡᠨ ᠬᠣᠬᠢᠷᠠᠯ᠎ᠢ ᠪᠠᠭ᠋ᠠᠰᠬᠠᠬᠤ ᠬᠡᠷᠡᠭᠲᠡᠢ᠃
   
    ᠰᠡᠷᠭᠡᠶ᠋ᠢᠯᠡᠨ ᠬᠠᠮᠠᠭ᠋ᠠᠯᠠᠬᠤ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ ᠵᠢᠨ ᠵᠠᠷᠤᠳᠠᠯ᠎ᠢ ᠲᠦᠷᠦᠯ ᠵᠦᠢ᠍ᠯ᠎ᠤᠨ ᠬᠠᠤᠯᠢ ᠵᠢᠨ ᠡᠷᠬᠡᠳᠡᠨ ᠡᠭᠦᠷᠭᠡᠯᠡᠵᠦ᠂ ᠠᠵᠢᠯᠯᠠᠭ᠋ᠠᠨ᠎ᠤ ᠬᠠᠮᠢᠶᠠᠷᠤᠯᠲᠠ ᠵᠢᠨ ᠵᠠᠷᠤᠳᠠᠯ᠎ᠢ ᠲᠤᠮᠤ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ   ᠢᠨᠵᠸᠨ᠋ᠸᠷᠢᠩ᠎ᠤᠨ ᠬᠠᠮᠢᠶᠠᠷᠤᠯᠲᠠ ᠵᠢᠨ ᠨᠢᠭᠡᠴᠢ ᠬᠠᠷᠢᠭᠤᠴᠠᠨ᠎ᠠ᠃
   
    ᠠᠷᠪᠠ ᠶᠢᠰᠦᠳᠦᠭᠡᠷ ᠵᠦᠢ᠍ᠯ   ᠪᠠᠷᠢᠯᠭ᠎ᠠ ᠵᠢᠨ ᠡᠵᠡᠯᠡᠭᠰᠡᠨ ᠭᠠᠵᠠᠷ ᠪᠠ ᠤᠰᠤ ᠪᠦᠷᠬᠦᠭᠰᠡᠨ ᠣᠷᠣᠨ᠎ᠤ ᠳᠣᠲᠣᠷᠠᠬᠢ ᠲᠡᠦᠬᠡ ᠵᠢᠨ ᠳᠤᠷᠠᠰᠬᠠᠯᠲᠤ ᠵᠦᠢ᠍ᠯ᠎ᠤᠨ ᠲᠠᠷᠬᠠᠯᠲᠠ ᠵᠢ ᠪᠠᠶ᠋ᠢᠴᠠᠭ᠋ᠠᠨ ᠲᠣᠳᠣᠷᠬᠠᠶ᠋ᠢᠯᠠᠵᠤ᠂ ᠬᠠᠮᠠᠭ᠋ᠠᠯᠠᠯᠲᠠ ᠵᠢᠨ ᠦᠨ᠎ᠡ ᠤᠢ᠍ᠷᠳᠡᠭ᠎ᠢ᠎ᠨᠢ ᠨᠤᠲᠠᠯᠠᠨ ᠲᠣᠭᠲᠠᠭ᠋ᠠᠵᠤ᠂ ᠬᠠᠮᠠᠭ᠋ᠠᠯᠠᠬᠤ᠎ᠪᠠᠷ ᠭᠣᠣᠯ ᠪᠣᠯᠭ᠋ᠠᠬᠤ᠂ ᠲᠦᠷᠭᠡᠨ ᠠᠪᠦᠷᠡᠬᠤ ᠵᠢ ᠲᠡᠷᠢᠭᠦᠨ᠎ᠳᠤ ᠲᠠᠯᠪᠢᠬᠤ ᠴᠢᠭᠯᠡᠯᠲᠡ ᠵᠢ ᠪᠠᠷᠢᠮᠲᠠᠯᠠᠨ᠂ ᠭᠣᠣᠯᠳᠠᠯᠭ᠎ᠠ᠎ᠲᠠᠢ᠎ᠪᠠᠷ ᠬᠠᠮᠠᠭ᠋ᠠᠯᠠᠵᠤ᠂ ᠭᠣᠣᠯᠳᠠᠯᠭ᠎ᠠ᠎ᠲᠠᠢ᠎ᠪᠠᠷ ᠨᠡᠭᠡᠭᠡᠨ ᠮᠠᠯᠲᠠᠬᠤ ᠠᠷᠭ᠎ᠠ ᠵᠢ ᠬᠡᠷᠡᠭᠵᠢᠭᠦᠯᠬᠦ ᠬᠡᠷᠡᠭᠲᠡᠶ᠃
   
    ᠭᠤᠷᠪᠠᠳᠤᠭ᠋ᠠᠷ ᠪᠦᠯᠦᠭ   ᠭᠠᠵᠠᠷ ᠰᠢᠷᠣᠶ ᠵᠢᠨ ᠲᠠᠲᠠᠪᠤᠷᠢᠯᠠᠯᠲᠠ ᠵᠢᠨ ᠨᠦᠬᠦᠪᠦᠷᠢ
   
  ᠬᠣᠷᠢᠳᠤᠭ᠋ᠠᠷ ᠵᠦᠢ᠍ᠯ   ᠬᠠᠤᠯᠢ ᠶᠣᠰᠣᠭ᠋ᠠᠷ ᠵᠥᠪᠰᠢᠶᠡᠷᠡᠭᠰᠡᠨ ᠰᠠᠪᠠ ᠭᠠᠵᠠᠷ᠎ᠤᠨ ᠲᠥᠯᠥᠪᠵᠢᠭᠦᠯᠭᠡ᠎ᠳᠤ ᠲᠣᠭᠲᠠᠭ᠋ᠠᠭᠰᠠᠨ ᠲᠤᠮᠤ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯᠡᠰ᠎ᠲᠤ ᠬᠡᠷᠡᠭᠯᠡᠬᠦ ᠭᠠᠵᠠᠷ᠎ᠢ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯᠡᠰ᠎ᠤᠨ ᠪᠠᠶ᠋ᠢᠭ᠎ᠠ ᠭᠠᠵᠠᠷ᠎ᠤᠨ ᠭᠠᠵᠠᠷ ᠰᠢᠷᠣᠶ ᠵᠢ ᠠᠰᠢᠭᠯᠠᠬᠤ ᠶᠡᠷᠦᠩᠬᠡᠶ ᠲᠥᠯᠥᠪᠵᠢᠭᠦᠯᠭᠡ᠎ᠳᠤ ᠣᠷᠣᠭᠤᠯᠬᠤ ᠬᠡᠷᠡᠭᠲᠡᠶ᠃
   
    ᠲᠤᠮᠦ ᠳᠤᠮᠳᠠ ᠬᠡᠯᠪᠡᠷᠢ ᠵᠢᠨ ᠤᠰᠦᠠ ᠠᠰᠢᠭᠯᠠᠯᠲᠠ ᠤᠰᠦᠠ ᠴᠠᠬᠢᠯᠭ᠋ᠠᠨ᠎ᠤ ᠢᠨᠵᠸᠨ᠋ᠸᠷᠢᠩ᠎ᠤᠨ ᠪᠦᠳᠦᠭᠡᠠ ᠪᠠᠶ᠋ᠢᠭᠤᠯᠤᠯᠲᠠ ᠵᠢᠨ ᠲᠦᠷᠦᠯ ᠵᠦᠢ᠍ᠯᠡᠰ᠎ᠢ ᠬᠢᠨᠠᠨ ᠵᠥᠪᠰᠢᠶᠡᠷᠡᠭᠰᠡᠨ ᠪᠤᠶᠤ ᠪᠣᠯᠤᠮᠵᠢ ᠵᠢᠨ ᠲᠤᠬᠠᠶ ᠰᠤᠳᠤᠯᠭ᠋ᠠᠨ᠎ᠤ ᠮᠡᠳᠡᠭᠦᠯᠦᠯᠲᠡ ᠵᠢ ᠵᠥᠪᠰᠢᠶᠡᠷᠡᠭᠰᠡᠨ᠎ᠤ ᠲᠡᠷᠡᠭ᠎ᠠ᠂ ᠲᠦᠷᠦᠯ ᠵᠦᠢ᠍ᠯᠡᠰ᠎ᠲᠤ ᠬᠡᠷᠡᠭᠯᠡᠬᠦ ᠭᠠᠵᠠᠷ᠎ᠢ ᠭᠠᠵᠠᠷ ᠰᠢᠷᠣᠶ ᠵᠢᠨ ᠠᠰᠢᠭᠯᠠᠯᠲᠠ ᠵᠢᠨ ᠤᠨ᠎ᠤ ᠲᠦᠯᠦᠪᠵᠢᠬᠦᠯᠭᠡ᠎ᠳᠤ ᠤᠷᠤᠭᠤᠯᠬᠤ ᠬᠡᠷᠡᠭᠲᠡᠢ᠃
   
  ᠤᠯᠤᠰ᠎ᠠᠴᠠ ᠭᠣᠣᠯᠳᠠᠯᠭ᠎ᠠ᠎ᠲᠠᠢ᠎ᠪᠠᠷ ᠲᠡᠳᠬᠦᠨ ᠳᠡᠮᠵᠢᠵᠦ ᠪᠠᠶ᠋ᠢᠭ᠎ᠠ ᠤᠰᠤᠨ ᠠᠰᠢᠭᠯᠠᠯᠲᠠ᠂ ᠡᠨᠧᠷᠭᠢ ᠵᠢᠨ ᠰᠤᠷᠪᠤᠯᠵᠢ ᠵᠢᠨ ᠰᠠᠭᠤᠷᠢ ᠲᠥᠬᠥᠭᠡᠷᠦᠮᠵᠢ᠎ᠳᠤ ᠬᠠᠷᠢᠶᠠᠯᠠᠭᠳᠠᠬᠤ ᠲᠤᠮᠤ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠤᠨ ᠪᠦᠳᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯᠡᠰ᠎ᠤᠨ ᠬᠡᠷᠡᠭᠯᠡᠬᠦ ᠭᠠᠵᠠᠷ᠎ᠢ ᠬᠤᠪᠢᠶᠠᠷᠢᠯᠠᠨ ᠥᠭᠬᠦ ᠬᠡᠯᠪᠡᠷᠢ᠎ᠪᠠᠷ ᠣᠯᠵᠤ ᠪᠣᠯᠤᠨ᠎ᠠ᠃
   
    ᠬᠣᠷᠢᠨ ᠨᠢᠭᠡᠳᠦᠭᠡᠷ ᠵᠦᠢ᠍ᠯ   ᠲᠤᠮᠦ ᠳᠤᠮᠳᠠ ᠬᠡᠯᠪᠡᠷᠢ ᠵᠢᠨ ᠤᠰᠦᠠ ᠠᠰᠢᠭᠯᠠᠯᠲᠠ ᠤᠰᠦᠠ ᠴᠠᠬᠢᠯᠭ᠋ᠠᠨ᠎ᠤ ᠢᠨᠵᠸᠨ᠋ᠸᠷᠢᠩ᠎ᠤᠨ ᠪᠦᠳᠦᠭᠡᠠ ᠪᠠᠶ᠋ᠢᠭᠤᠯᠤᠯᠲᠠ ᠵᠢᠨ ᠲᠦᠷᠦᠯ ᠵᠦᠢ᠍ᠯᠡᠰ᠎ᠲᠤ ᠭᠠᠵᠠᠷ ᠬᠡᠷᠡᠭᠯᠡᠬᠦ᠎ᠳᠡᠭᠡᠨ ᠬᠠᠤᠯᠢ ᠶᠣᠰᠣᠭ᠋ᠠᠷ ᠭᠤᠶᠤᠴᠢᠯᠠᠬᠤ ᠵᠢᠨ ᠬᠠᠮᠲᠤ ᠬᠢᠨᠠᠨ ᠵᠥᠪᠰᠢᠶᠡᠷᠡᠭᠦᠯᠬᠦ ᠭᠠᠷ ᠭᠦᠢ᠍ᠴᠡᠳᠬᠡᠯ ᠬᠢᠵᠦ᠂ ᠨᠢᠭᠡ ᠯᠡ ᠤᠳᠠᠭ᠎ᠠ᠎ᠳᠤ ᠮᠡᠳᠡᠭᠦᠯᠦᠨ ᠵᠥᠪᠰᠢᠶᠡᠷᠡᠭᠦᠯᠬᠦ᠂ ᠬᠤᠭᠤᠴᠠᠭ᠎ᠠ ᠬᠤᠪᠢᠶᠠᠨ ᠲᠠᠲᠠᠪᠤᠷᠢᠯᠠᠬᠤ ᠵᠢ ᠬᠡᠷᠡᠭᠵᠢᠭᠦᠯᠵᠦ᠂ ᠭᠠᠵᠠᠷ ᠲᠠᠲᠠᠪᠤᠷᠢᠯᠠᠭᠰᠠᠨ ᠨᠦᠬᠦᠪᠦᠷᠢ ᠵᠢ ᠬᠤᠭᠤᠴᠠᠭ᠎ᠠ ᠶᠣᠰᠣᠭ᠋ᠠᠷ ᠥᠭᠬᠦ ᠬᠡᠷᠡᠭᠲᠡᠶ᠃
   
    ᠪᠠᠴᠢᠮ ᠪᠠᠶ᠋ᠢᠳᠠᠯ᠎ᠢ ᠠᠷᠭ᠋ᠠᠴᠠᠬᠤ ᠦᠶᠡᠷ᠎ᠢ ᠰᠡᠷᠭᠡᠶ᠋ᠢᠯᠡᠬᠦ᠂ ᠤᠰᠤᠲᠤᠯ᠎ᠢ ᠵᠠᠰᠠᠬᠤ ᠵᠡᠷᠭᠡ ᠪᠠᠷᠢᠯᠭ᠎ᠠ ᠵᠢ ᠪᠣᠯ ᠵᠥᠪᠰᠢᠶᠡᠷᠡᠬᠦ ᠡᠷᠬᠡ᠎ᠲᠠᠢ ᠠᠷᠠᠳ᠎ᠤᠨ ᠵᠠᠰᠠᠭ᠎ᠤᠨ ᠣᠷᠳᠣᠨ ᠵᠶ᠋ᠠᠷ ᠲᠣᠭᠲᠠᠭ᠋ᠠᠯᠭ᠋ᠠᠭ᠋ᠠᠳ᠂ ᠤᠷᠢᠳᠠᠪᠠᠷ ᠭᠠᠵᠠᠷ ᠰᠢᠷᠣᠶ ᠵᠢ ᠬᠡᠷᠡᠭᠯᠡᠵᠦ᠂ ᠬᠡᠷᠡᠭ᠎ᠤᠨ ᠲᠡᠷᠡᠭ᠎ᠠ ᠭᠠᠵᠠᠷ ᠰᠢᠷᠦᠢ ᠬᠡᠷᠡᠭᠯᠡᠬᠦ ᠭᠠᠷ ᠭᠦᠢ᠍ᠴᠡᠳᠬᠡᠯ᠎ᠢ ᠨᠥᠬᠥᠵᠦ ᠬᠢᠵᠦ ᠪᠣᠯᠤᠨ᠎ᠠ᠃
   
    ᠬᠣᠷᠢᠨ ᠬᠣᠶᠠᠳᠤᠭ᠋ᠠᠷ ᠵᠦᠢ᠍ᠯ   ᠲᠤᠮᠦ ᠳᠤᠮᠳᠠ ᠬᠡᠯᠪᠡᠷᠢ ᠵᠢᠨ ᠤᠰᠦᠠ ᠠᠰᠢᠭᠯᠠᠯᠲᠠ ᠤᠰᠦᠠ ᠴᠠᠬᠢᠯᠭ᠋ᠠᠨ᠎ᠤ ᠢᠨᠵᠸᠨ᠋ᠸᠷᠢᠩ᠎ᠤᠨ ᠪᠦᠳᠦᠭᠡᠠ ᠪᠠᠶ᠋ᠢᠭᠤᠯᠤᠯᠲᠠ᠎ᠳᠤ ᠲᠠᠲᠠᠪᠤᠷᠢᠯᠠᠭᠰᠠᠨ ᠭᠠᠵᠠᠷ ᠰᠢᠷᠣᠶ ᠵᠢᠨ ᠨᠦᠬᠦᠪᠦᠷᠢ ᠪᠠ ᠲᠥᠪᠬᠢᠨᠡᠭᠦᠯᠬᠦ ᠨᠥᠬᠥᠪᠥᠷᠢ᠎ᠳᠤ ᠲᠡᠮᠦᠷ ᠵᠡᠮ ᠵᠡᠷᠭᠡ ᠰᠠᠭᠤᠷᠢ ᠲᠥᠬᠥᠭᠡᠷᠦᠮᠵᠢ ᠵᠢᠨ ᠵᠦᠢ᠍ᠯᠡᠰ᠎ᠲᠤ ᠬᠡᠷᠡᠭᠯᠡᠬᠦ ᠭᠠᠵᠠᠷ᠎ᠲᠠᠢ ᠠᠳᠠᠯᠢᠬᠠᠨ ᠨᠦᠬᠦᠪᠦᠷᠢ ᠵᠢᠨ ᠪᠠᠷᠢᠮᠵᠢᠶ᠎ᠠ ᠵᠢ ᠬᠡᠷᠡᠭᠵᠢᠭᠦᠯᠵᠦ᠂ ᠲᠠᠲᠠᠪᠤᠷᠢᠯᠠᠭᠳᠠᠭᠰᠠᠨ ᠭᠠᠵᠠᠷ ᠰᠢᠷᠣᠶ ᠵᠢᠨ ᠪᠠᠶ᠋ᠢᠭ᠎ᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠲᠣᠭᠲᠠᠭ᠋ᠠᠭᠰᠠᠨ ᠪᠠᠷᠢᠮᠵᠢᠶ᠎ᠠ᠎ᠪᠠᠷ ᠬᠡᠷᠡᠭᠵᠢᠭᠦᠯᠦᠨ᠎ᠡ᠃
   
    ᠲᠠᠲᠠᠪᠤᠷᠢᠯᠠᠭᠳᠠᠭᠰᠠᠨ ᠭᠠᠵᠠᠷ ᠰᠢᠷᠣᠶ ᠳᠡᠭᠡᠷᠡᠬᠢ ᠬᠡᠰᠡᠭ ᠪᠤᠰᠠᠭ ᠮᠣᠳᠣ᠂ ᠲᠠᠷᠢᠶᠠᠨ ᠴᠢᠬᠢ ᠵᠡᠷᠭᠡ ᠵᠢᠨ ᠨᠦᠬᠦᠪᠦᠷᠢ ᠵᠢᠨ ᠪᠠᠷᠢᠮᠵᠢᠶ᠎ᠠ ᠵᠢ ᠲᠠᠲᠠᠪᠤᠷᠢᠯᠠᠭᠳᠠᠭᠰᠠᠨ ᠭᠠᠵᠠᠷ ᠰᠢᠷᠣᠶ ᠵᠢᠨ ᠪᠠᠶ᠋ᠢᠭ᠎ᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠲᠣᠭᠲᠠᠭ᠋ᠠᠭᠰᠠᠨ ᠪᠠᠷᠢᠮᠵᠢᠶ᠎ᠠ ᠶᠣᠰᠣᠭ᠋ᠠᠷ ᠬᠡᠷᠡᠭᠵᠢᠭᠦᠯᠦᠨ᠎ᠡ᠃
   
    ᠲᠠᠲᠠᠪᠤᠷᠢᠯᠠᠭᠳᠠᠭᠰᠠᠨ ᠭᠠᠵᠠᠷ ᠰᠢᠷᠣᠶ ᠳᠡᠭᠡᠷᠡᠬᠢ ᠲᠠᠭ᠋ᠠᠯᠳᠠ ᠪᠠᠷᠢᠯᠭ᠎ᠠ᠎ᠳᠤ ᠲᠡᠭᠦᠨ᠎ᠤ ᠤᠤᠯ᠎ᠤᠨ ᠬᠡᠪᠴᠢᠶ᠎ᠡ᠂ ᠤᠤᠯ᠎ᠤᠨ ᠪᠠᠷᠢᠮᠵᠢᠶ᠎ᠠ ᠪᠤᠶᠤ ᠤᠤᠯ᠎ᠤᠨ ᠴᠢᠳᠠᠮᠵᠢ ᠵᠢ ᠰᠡᠷᠭᠦᠭᠡᠬᠦ ᠵᠠᠷᠴᠢᠮ ᠵᠶ᠋ᠠᠷ ᠨᠥᠬᠥᠪᠥᠷᠢ ᠥᠭᠭᠦᠨ᠎ᠡ; ᠨᠥᠬᠥᠪᠥᠷᠢ᠎ᠨᠢ ᠦᠨᠳᠦᠰᠦᠨ ᠬᠡᠷᠡᠭᠯᠡᠬᠦ ᠭᠡᠷ ᠪᠠᠶ᠋ᠢᠰᠢᠩ ᠪᠠᠷᠢᠬᠤ᠎ᠳᠤ ᠬᠦᠷᠦᠯᠴᠡᠬᠦ ᠦᠭᠡᠢ ᠶᠠᠳᠠᠭᠤ ᠬᠦᠴᠢᠷᠳᠡᠯ᠎ᠲᠠᠢ ᠨᠡᠭᠦᠳᠡᠯ ᠠᠷᠠᠳ᠎ᠲᠤ ᠵᠣᠬᠢᠰᠲᠠᠶ ᠨᠥᠬᠥᠪᠥᠷᠢ ᠥᠭᠬᠦ ᠬᠡᠷᠡᠭᠲᠡᠶ᠃
   
    ᠪᠤᠰᠤᠳ ᠨᠢᠭᠡᠴᠢ ᠪᠤᠶᠤ ᠬᠤᠪᠢ ᠬᠥᠮᠦᠨ᠎ᠤ ᠬᠠᠤᠯᠢ ᠶᠣᠰᠣᠭ᠋ᠠᠷ ᠬᠡᠷᠡᠭᠯᠡᠵᠦ ᠪᠠᠶ᠋ᠢᠭ᠎ᠠ ᠤᠯᠤᠰ᠎ᠤᠨ ᠥᠮᠴᠢᠯᠡᠯ᠎ᠤᠨ ᠲᠠᠷᠢᠶᠠᠨ ᠭᠠᠵᠠᠷ᠎ᠢ ᠬᠡᠷᠡᠭᠯᠡᠬᠦ᠎ᠳᠤ ᠬᠦᠷᠪᠡᠯ᠂ ᠲᠠᠷᠢᠶᠠᠨ ᠭᠠᠵᠠᠷ᠎ᠢ ᠲᠠᠲᠠᠪᠤᠷᠢᠯᠠᠭᠰᠠᠨ ᠨᠦᠬᠦᠪᠦᠷᠢ ᠵᠢᠨ ᠪᠠᠷᠢᠮᠵᠢᠶ᠎ᠠ᠎ᠪᠠᠷ ᠯᠠᠪᠯᠠᠯᠲᠠ ᠪᠣᠯᠭ᠋ᠠᠵᠤ ᠨᠥᠬᠥᠪᠥᠷᠢ ᠥᠭᠭᠦᠨ᠎ᠡ; ᠨᠢᠭᠡᠴᠢ ᠪᠤᠶᠤ ᠬᠤᠪᠢ ᠬᠥᠮᠦᠨ᠎ᠳᠤ ᠬᠡᠷᠡᠭᠯᠡᠭᠦᠯᠬᠦ᠎ᠪᠠᠷ ᠲᠣᠭᠲᠠᠭ᠋ᠠᠭᠰᠠᠨ ᠦᠭᠡᠢ ᠤᠯᠤᠰ᠎ᠤᠨ ᠥᠮᠴᠢᠯᠡᠯ᠎ᠤᠨ ᠠᠰᠢᠭᠯᠠᠭ᠋ᠠᠳᠤᠶ ᠭᠠᠵᠠᠷ᠎ᠢ ᠬᠡᠷᠡᠭᠯᠡᠭᠰᠡᠨ ᠪᠠᠶ᠋ᠢᠪᠠᠯ ᠨᠦᠬᠦᠪᠦᠷᠢ ᠥᠭᠬᠦ ᠦᠭᠡᠢ᠃
   
    ᠨᠡᠭᠦᠳᠡᠯ ᠠᠷᠠᠳ ᠬᠤᠯᠠ ᠨᠡᠭᠦᠭᠰᠡᠨ᠎ᠤ ᠲᠠᠷᠠᠭ᠎ᠠ᠂ ᠤᠰᠤᠨ ᠴᠥᠭᠥᠷᠥᠮ᠎ᠤᠨ ᠡᠷᠬᠢᠨ ᠲᠣᠭᠣᠷᠢᠨ᠎ᠤ ᠤᠰᠤ ᠪᠦᠷᠬᠦᠭᠰᠡᠨ ᠱᠤᠭᠤᠮ᠎ᠠᠴᠠ ᠳᠡᠭᠡᠭᠰᠢᠬᠢ ᠨᠡᠭᠦᠳᠡᠯ ᠠᠷᠠᠳ᠎ᠤᠨ ᠬᠤᠪᠢ ᠬᠥᠮᠦᠨ᠎ᠳᠤ ᠥᠮᠴᠢᠯᠡᠭᠳᠡᠬᠦ ᠬᠡᠰᠡᠭ ᠪᠤᠰᠠᠭ ᠮᠣᠳᠣ᠂ ᠭᠡᠷ ᠪᠠᠶ᠋ᠢᠰᠢᠩ ᠵᠡᠷᠭᠡ᠎ᠳᠤ ᠲᠤᠰ ᠵᠦᠢ᠍ᠯ᠎ᠤᠨ ᠬᠣᠶᠠᠳᠤᠭ᠋ᠠᠷ ᠪᠠᠳᠠᠭ᠂ ᠭᠤᠷᠪᠠᠳᠤᠭ᠋ᠠᠷ ᠪᠠᠳᠠᠭ᠎ᠲᠤ ᠲᠣᠭᠲᠠᠭ᠋ᠠᠭᠰᠠᠨ ᠪᠠᠷᠢᠮᠵᠢᠶ᠎ᠠ ᠶᠣᠰᠣᠭ᠋ᠠᠷ ᠲᠤᠰ ᠲᠤᠰ ᠨᠥᠬᠥᠪᠥᠷᠢ ᠥᠭᠬᠦ ᠬᠡᠷᠡᠭᠲᠡᠶ᠃

    ᠬᠣᠷᠢᠨ ᠭᠤᠷᠪᠠᠳᠤᠭ᠋ᠠᠷ ᠵᠦᠢ᠍ᠯ   ᠲᠤᠮᠦ ᠳᠤᠮᠳᠠ ᠬᠡᠯᠪᠡᠷᠢ ᠵᠢᠨ ᠤᠰᠦᠠ ᠠᠰᠢᠭᠯᠠᠯᠲᠠ ᠤᠰᠦᠠ ᠴᠠᠬᠢᠯᠭ᠋ᠠᠨ᠎ᠤ ᠢᠨᠵᠸᠨ᠋ᠸᠷᠢᠩ᠎ᠤᠨ ᠪᠦᠳᠦᠭᠡᠠ ᠪᠠᠶ᠋ᠢᠭᠤᠯᠤᠯᠲᠠ᠎ᠳᠤ ᠲᠤᠢ᠍ᠷ ᠭᠠᠵᠠᠷ ᠬᠡᠷᠡᠭᠯᠡᠬᠦ ᠵᠢ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠭᠠᠵᠠᠷ ᠰᠢᠷᠣᠶ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠢᠨᠠᠨ ᠵᠦᠪᠰᠢᠶᠡᠷᠡᠨ᠎ᠡ᠃
   
    ᠬᠣᠷᠢᠨ ᠳᠥᠷᠪᠡᠳᠦᠭᠡᠷ ᠵᠦᠢ᠍ᠯ   ᠦᠢ᠍ᠯᠡᠳᠪᠤᠷᠢ ᠠᠭᠤᠷᠬᠠᠶ ᠵᠢᠨ ᠠᠵᠤ ᠠᠬᠤᠶ᠋ᠢᠯᠠᠯ ᠪᠣᠯᠤᠨ ᠵᠠᠮ ᠬᠠᠷᠢᠯᠴᠠᠭ᠎ᠠ᠂ ᠴᠠᠬᠢᠯᠭ᠋ᠠᠨ ᠬᠦᠴᠦ᠂ ᠴᠠᠬᠢᠯᠭ᠋ᠠᠨ ᠬᠣᠯᠪᠣᠭ᠎ᠠ᠂ ᠷᠠᠳᠢᠣ᠋ ᠨᠡᠪᠲᠡᠷᠡᠭᠦᠯᠭᠡ ᠲᠧᠯᠸᠢᠰ ᠵᠡᠷᠭᠡ ᠲᠤᠰᠬᠠᠶ ᠵᠦᠢ᠍ᠯ᠎ᠤᠨ ᠲᠥᠬᠥᠭᠡᠷᠦᠮᠵᠢ ᠵᠢᠴᠢ ᠳᠤᠮᠳᠠᠳᠤ ᠪᠠᠭ᠎ᠠ ᠰᠤᠷᠭ᠋ᠠᠭᠤᠯᠢ ᠵᠢ ᠨᠡᠭᠦᠯᠭᠡᠨ ᠪᠠᠶ᠋ᠢᠭᠤᠯᠬᠤ ᠪᠤᠶᠤ ᠰᠡᠷᠭᠦᠭᠡᠨ ᠪᠠᠶ᠋ᠢᠭᠤᠯᠬᠤ᠎ᠳᠤ ᠲᠡᠭᠦᠨ᠎ᠤ ᠤᠤᠯ᠎ᠤᠨ ᠬᠡᠪᠴᠢᠶ᠎ᠡ᠂ ᠤᠤᠯ᠎ᠤᠨ ᠪᠠᠷᠢᠮᠵᠢᠶ᠎ᠠ ᠪᠤᠶᠤ ᠤᠤᠯ᠎ᠤᠨ ᠴᠢᠳᠠᠮᠵᠢ ᠵᠢ᠎ᠨᠢ ᠰᠡᠷᠭᠦᠭᠡᠬᠦ ᠵᠠᠷᠴᠢᠮ ᠵᠶ᠋ᠠᠷ ᠨᠥᠬᠥᠪᠥᠷᠢᠯᠡᠬᠦ ᠬᠡᠷᠡᠭᠲᠡᠶ᠃
   
    ᠬᠣᠷᠢᠨ ᠲᠠᠪᠤᠳᠤᠭ᠋ᠠᠷ ᠵᠦᠢ᠍ᠯ   ᠲᠤᠮᠦ ᠳᠤᠮᠳᠠ ᠬᠡᠯᠪᠡᠷᠢ ᠵᠢᠨ ᠤᠰᠦᠠ ᠠᠰᠢᠭᠯᠠᠯᠲᠠ ᠤᠰᠦᠠ ᠴᠠᠬᠢᠯᠭ᠋ᠠᠨ᠎ᠤ ᠢᠨᠵᠸᠨ᠋ᠸᠷᠢᠩ᠎ᠤᠨ ᠪᠦᠳᠦᠭᠡᠠ ᠪᠠᠶ᠋ᠢᠭᠤᠯᠤᠯᠲᠠ᠎ᠳᠤ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ᠎ᠳᠤ ᠬᠦᠷᠪᠡᠯ᠂ ᠡᠵᠡᠯᠡᠬᠦ ᠪᠠ ᠨᠥᠬᠥᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠲᠣᠭᠲᠠᠭ᠋ᠠᠯ᠎ᠢ ᠬᠡᠷᠡᠭᠵᠢᠭᠦᠯᠬᠦ ᠬᠡᠷᠡᠭᠲᠡᠶ᠃ ᠠᠷᠠᠳ᠎ᠢ ᠨᠡᠭᠦᠯᠭᠡᠨ ᠲᠥᠪᠬᠢᠨᠡᠭᠦᠯᠬᠦ ᠵᠢᠨ ᠲᠥᠯᠥᠭᠡ ᠬᠠᠭ᠋ᠠᠯᠪᠤᠷᠢᠯᠠᠭᠰᠠᠨ ᠲᠠᠷᠢᠶᠠᠨ ᠭᠠᠵᠠᠷ᠂ ᠲᠤᠮᠦ ᠳᠤᠮᠳᠠ ᠬᠡᠯᠪᠡᠷᠢ ᠵᠢᠨ ᠤᠰᠦᠠ ᠠᠰᠢᠭᠯᠠᠯᠲᠠ ᠤᠰᠦᠠ ᠴᠠᠬᠢᠯᠭ᠋ᠠᠨ᠎ᠤ ᠢᠨᠵᠸᠨ᠋ᠸᠷᠢᠩ᠎ᠤᠨ ᠪᠦᠳᠦᠭᠡᠠ ᠪᠠᠶ᠋ᠢᠭᠤᠯᠤᠯᠲᠠ᠎ᠠᠴᠠ ᠪᠤᠯᠵᠦ ᠭᠠᠵᠠᠷ ᠰᠢᠷᠣᠶ ᠵᠢ ᠡᠮᠬᠢᠯᠡᠨ ᠴᠡᠭᠴᠡᠯᠡᠭᠡᠳ ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ᠂ ᠢᠨᠵᠸᠨ᠋ᠸᠷᠢᠩ᠎ᠤᠨ ᠠᠵᠢᠯ ᠬᠢᠬᠦ᠎ᠳᠤ ᠰᠢᠨ᠎ᠡ᠎ᠪᠠᠷ ᠭᠠᠷᠭ᠋ᠠᠭᠰᠠᠨ ᠲᠠᠷᠢᠶᠠᠨ ᠭᠠᠵᠠᠷ᠎ᠢ ᠪᠦᠳᠦᠭᠡᠠ ᠪᠠᠶ᠋ᠢᠭᠤᠯᠤᠯᠲᠠ᠎ᠳᠤ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ᠎ᠤᠨ ᠲᠣᠭ᠎ᠠ ᠬᠡᠮᠵᠢᠶ᠎ᠡ᠎ᠪᠠᠷ ᠲᠤᠯᠭ᠋ᠠᠨ ᠬᠠᠰᠤᠬᠤ ᠪᠤᠶᠤ ᠨᠤᠭᠤᠯᠤᠨ ᠪᠤᠳᠦᠵᠦ ᠪᠣᠯᠤᠨ᠎ᠠ᠃
   
    ᠲᠣᠮᠣ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠤᠨ ᠪᠥᠲᠥᠭᠡᠨ ᠪᠠᠶ᠋ᠢᠭᠤᠯᠤᠯᠲᠠ᠎ᠳᠤ 25 ᠭ᠋ᠷᠠᠳᠦ᠋ᠰ᠎ᠠᠴᠠ ᠳᠡᠭᠡᠭᠰᠢᠬᠢ ᠨᠠᠯᠠᠤ ᠲᠠᠷᠢᠶᠠᠨ ᠭᠠᠵᠠᠷ᠎ᠢ ᠡᠵᠡᠯᠡᠨ ᠬᠡᠷᠡᠭᠯᠡᠭᠰᠡᠨ ᠪᠠᠶ᠋ᠢᠪᠠᠯ᠂ ᠨᠥᠬᠥᠪᠥᠷᠢᠯᠡᠬᠦ ᠴᠢᠬᠤᠯᠠᠲᠠᠶ ᠲᠠᠷᠢᠶᠠᠨ ᠭᠠᠵᠠᠷ᠎ᠤᠨ ᠬᠡᠪᠴᠢᠶᠡᠨ᠎ᠳᠤ ᠪᠤᠳᠤᠵᠤ ᠣᠷᠣᠭᠤᠯᠬᠤ ᠥᠬᠡᠶ᠃
   
    ᠳᠥᠷᠪᠡᠳᠦᠭᠡᠷ ᠪᠦᠯᠦᠭ   ᠨᠡᠬᠦᠳᠡᠯ ᠠᠷᠠᠳ᠎ᠢ ᠲᠥᠪᠬᠢᠨᠡᠭᠦᠯᠬᠦ
   
    ᠬᠣᠷᠢᠨ ᠵᠢᠷᠭᠤᠳᠤᠭ᠋ᠠᠷ ᠵᠦᠢ᠍ᠯ   ᠨᠡᠭᠦᠳᠡᠯ ᠠᠷᠠᠳ᠎ᠤᠨ ᠲᠣᠭᠣᠷᠢᠭ ᠪᠠ ᠨᠡᠭᠦᠳᠡᠯ ᠠᠷᠠᠳ᠎ᠢ ᠲᠥᠪᠬᠢᠨᠡᠭᠦᠯᠬᠦ ᠲᠣᠭᠣᠷᠢᠭ᠎ᠤᠨ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠨᠡᠭᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠠᠵᠢᠯ᠎ᠢ ᠬᠠᠷᠢᠭᠤᠴᠠᠨ᠎ᠠ᠃
   
    ᠬᠣᠷᠢᠨ ᠳᠣᠯᠣᠳᠤᠭ᠋ᠠᠷ ᠵᠦᠢ᠍ᠯ   ᠲᠤᠮᠤ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠤᠨ ᠠᠵᠢᠯ ᠡᠬᠢᠯᠡᠬᠦ᠎ᠠᠴᠠ ᠡᠮᠦᠨ᠎ᠡ᠂ ᠢᠨᠵᠸᠨ᠋ᠸᠷᠢᠩ᠎ᠤᠨ ᠲᠦᠷᠦᠯ ᠵᠦᠢ᠍ᠯᠡᠰ᠎ᠤᠨ ᠬᠠᠤᠯᠢ ᠵᠢᠨ ᠡᠷᠬᠡᠳᠡᠨ᠎ᠨᠢ ᠵᠥᠪᠰᠢᠶᠡᠷᠡᠭᠦᠯᠦᠭᠰᠡᠨ ᠨᠡᠬᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢ ᠦᠨᠳᠦᠰᠦᠯᠡᠨ᠂ ᠨᠡᠬᠦᠳᠡᠯ ᠠᠷᠠᠳ᠎ᠤᠨ ᠲᠣᠭᠣᠷᠢᠭ ᠪᠠ ᠨᠡᠬᠦᠳᠡᠯ ᠠᠷᠠᠳ᠎ᠢ ᠲᠥᠪᠬᠢᠨᠡᠭᠦᠯᠬᠦ ᠣᠷᠣᠨ᠎ᠤ ᠪᠠᠶ᠋ᠢᠭ᠎ᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠪᠤᠶᠤ ᠬᠣᠲᠠ᠂ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠲᠠᠢ ᠨᠡᠬᠦᠳᠡᠯ ᠠᠷᠠᠳ᠎ᠢ ᠲᠥᠪᠬᠢᠨᠡᠭᠦᠯᠬᠦ ᠬᠡᠯᠡᠯᠴᠡᠭᠡᠷ ᠲᠣᠭᠲᠠᠭ᠋ᠠᠬᠤ ᠬᠡᠷᠡᠭᠲᠡᠶ; ᠬᠡᠯᠡᠯᠴᠡᠭᠡᠷ ᠲᠣᠭᠲᠠᠭ᠋ᠠᠭᠰᠠᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠪᠤᠶᠤ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠳᠣᠣᠷ᠎ᠠ ᠨᠢᠭᠡ ᠱᠠᠲᠤᠨ᠎ᠤ ᠨᠡᠬᠦᠳᠡᠯ ᠠᠷᠠᠳ ᠪᠤᠶᠤ ᠨᠡᠬᠦᠳᠡᠯ ᠠᠷᠠᠳ᠎ᠢ ᠲᠥᠪᠬᠢᠨᠡᠭᠦᠯᠬᠦ ᠡᠭᠦᠷᠭᠡ᠎ᠲᠠᠢ ᠠᠷᠠᠳ᠎ᠤᠨ ᠵᠠᠰᠠᠭ᠎ᠤᠨ ᠣᠷᠳᠣᠨ᠎ᠲᠠᠢ ᠨᠡᠬᠦᠳᠡᠯ ᠠᠷᠠᠳ᠎ᠢ ᠲᠥᠪᠬᠢᠨᠡᠭᠦᠯᠬᠦ ᠬᠡᠯᠡᠯᠴᠡᠭᠡᠷ ᠲᠣᠭᠲᠠᠭ᠋ᠠᠵᠤ ᠪᠣᠯᠤᠨ᠎ᠠ᠃
   
    ᠬᠣᠷᠢᠨ ᠨᠠᠢ᠍ᠮᠠᠳᠤᠭ᠋ᠠᠷ ᠵᠦᠢ᠍ᠯ   ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠨᠢ ᠲᠤᠮᠤ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠤᠨ ᠪᠥᠳᠥᠭᠡᠨ ᠪᠠᠶ᠋ᠢᠭᠤᠯᠤᠯᠲᠠ ᠵᠢᠨ ᠱᠠᠭ᠋ᠠᠷᠳᠠᠯᠭ᠎ᠠ ᠪᠣᠯᠤᠨ ᠨᠡᠭᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢ ᠦᠨᠳᠦᠰᠦᠯᠡᠨ᠂ ᠵᠢᠯ ᠪᠦᠷᠢ ᠵᠢᠨ ᠦᠶᠡᠷ᠎ᠤᠨ ᠬᠤᠭᠤᠴᠠᠭ᠎ᠠ ᠳᠠᠭᠤᠰᠤᠭᠰᠠᠨ᠎ᠤ ᠲᠠᠷᠠᠭ᠎ᠠ 60 ᠡᠳᠦᠷ᠎ᠤᠨ ᠳᠣᠲᠣᠷ᠎ᠠ᠂ ᠲᠡᠭᠦᠨ᠎ᠯᠦᠭᠡ ᠨᠡᠭᠦᠳᠡᠯ ᠠᠷᠠᠳ᠎ᠢ ᠲᠥᠪᠬᠢᠨᠡᠭᠦᠯᠬᠦ ᠵᠥᠪᠯᠡᠯᠴᠡᠭᠡᠷ ᠲᠣᠭᠲᠠᠭᠰᠠᠨ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠳᠤ ᠲᠠᠷᠠᠭ᠎ᠠ ᠵᠢᠯ᠎ᠤᠨ ᠨᠡᠭᠦᠳᠡᠯ ᠠᠷᠠᠳ᠎ᠢ ᠲᠥᠪᠬᠢᠨᠡᠭᠦᠯᠬᠦ ᠲᠥᠯᠥᠪᠯᠡᠭᠡ ᠵᠢᠨ ᠰᠠᠨᠠᠭᠤᠯᠭ᠎ᠠ᠎ᠪᠠᠨ ᠳᠤᠷᠠᠳᠬᠤ ᠬᠡᠷᠡᠭᠲᠡᠶ᠃ ᠨᠡᠭᠦᠳᠡᠯ ᠠᠷᠠᠳ᠎ᠢ ᠲᠥᠪᠬᠢᠨᠡᠭᠦᠯᠬᠦ ᠬᠡᠯᠡᠯᠴᠡᠭᠡᠷ ᠲᠣᠭᠲᠠᠭᠰᠠᠨ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠨᠡᠭᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠪᠣᠯᠤᠨ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠤ ᠨᠡᠭᠦᠳᠡᠯ ᠠᠷᠠᠳ᠎ᠢ ᠲᠥᠪᠬᠢᠨᠡᠭᠦᠯᠬᠦ ᠣᠨ᠎ᠤ ᠲᠥᠯᠥᠪᠯᠡᠭᠡ ᠵᠢᠨ ᠰᠠᠨᠠᠭᠤᠯᠭ᠎ᠠ ᠵᠢ ᠦᠨᠳᠦᠰᠦᠯᠡᠨ᠂ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠯᠦᠭᠡ ᠭᠦᠢ᠍ᠴᠡᠳ ᠵᠥᠪᠳᠡᠯᠴᠡᠭᠰᠡᠨ ᠰᠠᠭᠤᠷᠢᠨ ᠳᠡᠭᠡᠷ᠎ᠡ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠠᠷᠠᠭ᠎ᠠ ᠵᠢᠯ  ᠎ᠤᠨ ᠨᠡᠭᠦᠳᠡᠯ ᠠᠷᠠᠳ᠎ᠢ ᠲᠥᠪᠬᠢᠨᠡᠭᠦᠯᠬᠦ ᠣᠨ᠎ᠤ ᠲᠥᠯᠥᠪᠯᠡᠭᠡ ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠲᠤᠷᠤᠭᠰᠢ ᠪᠠᠭᠤᠯᠭ᠋ᠠᠬᠤ ᠬᠡᠷᠡᠭᠲᠡᠶ᠃
   
    ᠬᠣᠷᠢ ᠶᠢᠰᠦᠳᠦᠭᠡᠷ ᠵᠦᠢ᠍ᠯ   ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ ᠨᠡᠭᠦᠳᠡᠯ ᠠᠷᠠᠳ᠎ᠢ ᠲᠥᠪᠬᠢᠨᠡᠭᠦᠯᠬᠦ ᠣᠨ᠎ᠤ ᠲᠥᠯᠥᠪᠯᠡᠭᠡ ᠵᠢ ᠦᠨᠳᠦᠰᠦᠯᠡᠨ᠂ ᠨᠡᠭᠦᠳᠡᠯ ᠠᠷᠠᠳ᠎ᠢ ᠲᠥᠪᠬᠢᠨᠡᠭᠦᠯᠬᠦ ᠵᠢ ᠬᠡᠷᠡᠭᠵᠢᠭᠦᠯᠬᠦ ᠠᠬᠢᠴᠠ ᠵᠢᠨ ᠶᠣᠰᠣᠭ᠋ᠠᠷ ᠭᠠᠵᠠᠷ ᠲᠠᠲᠠᠪᠤᠷᠢᠯᠠᠭᠰᠠᠨ ᠨᠦᠬᠦᠪᠦᠷᠢ ᠪᠠ ᠨᠡᠭᠦᠳᠡᠯ ᠠᠷᠠᠳ᠎ᠢ ᠲᠥᠪᠬᠢᠨᠡᠭᠦᠯᠬᠦ ᠪᠡᠯᠡ ᠮᠥᠩᠭᠥ ᠵᠢ ᠲᠡᠭᠦᠨ᠎ᠯᠦᠭᠡ ᠨᠡᠭᠦᠳᠡᠯ ᠠᠷᠠᠳ᠎ᠢ ᠲᠥᠪᠬᠢᠨᠡᠭᠦᠯᠬᠦ ᠬᠡᠯᠡᠯᠴᠡᠭᠡᠷ ᠲᠣᠭᠲᠠᠭᠰᠠᠨ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠳᠤ ᠥᠭᠬᠦ ᠬᠡᠷᠡᠭᠲᠡᠶ᠃
   
    ᠭᠤᠴᠢᠳᠤᠭ᠋ᠠᠷ ᠵᠦᠢ᠍ᠯ   ᠬᠥᠳᠡᠭᠡ ᠲᠣᠰᠬᠣᠨ᠎ᠤ ᠨᠡᠬᠦᠳᠡᠯ ᠠᠷᠠᠳ ᠲᠤᠰ ᠰᠢᠶᠠᠨ᠎ᠳᠤ ᠰᠢᠨ᠎ᠡ᠎ᠪᠠᠷ ᠭᠠᠵᠠᠷ ᠰᠢᠷᠣᠶ ᠨᠡᠭᠡᠭᠡᠨ ᠠᠰᠢᠭᠯᠠᠬᠤ ᠪᠤᠶᠤ ᠭᠠᠵᠠᠷ ᠰᠢᠷᠣᠶ ᠵᠢ ᠲᠤᠬᠢᠷᠠᠭᠤᠯᠬᠤ᠎ᠪᠠᠷ ᠲᠠᠮᠵᠢᠨ ᠲᠥᠪᠯᠡᠷᠡᠭᠦᠯᠦᠨ ᠲᠥᠪᠬᠢᠨᠡᠭᠦᠯᠬᠦ᠎ᠳᠤ ᠬᠦᠷᠪᠡᠯ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠭᠠᠵᠠᠷ ᠰᠢᠷᠣᠶ ᠵᠢᠨ ᠨᠦᠬᠦᠪᠦᠷᠢ ᠵᠢᠨ ᠰᠦᠢ᠍ᠳᠬᠡᠯ᠂ ᠲᠥᠪᠬᠢᠨᠡᠭᠦᠯᠬᠦ ᠨᠥᠬᠥᠪᠥᠷᠢ ᠵᠢᠨ ᠰᠦᠢ᠍ᠳᠬᠡᠯ ᠪᠠ ᠬᠠᠮᠲᠤ ᠵᠢᠨ ᠡᠳ᠋ ᠬᠦᠷᠦᠩᠭᠡ ᠵᠢᠨ ᠨᠦᠬᠦᠪᠦᠷᠢ ᠵᠢᠨ ᠰᠦᠢ᠍ᠳᠬᠡᠯ᠎ᠢ ᠲᠤᠰ ᠭᠠᠴᠠᠭ᠋ᠠᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠪᠤᠶᠤ ᠭᠠᠴᠠᠭ᠋ᠠᠨ᠎ᠤ ᠠᠷᠠᠳ᠎ᠤᠨ ᠵᠥᠪᠯᠡᠯ᠎ᠳᠤ ᠪᠦᠬᠦ ᠲᠣᠭ᠎ᠠ᠎ᠪᠠᠷ᠎ᠨᠢ ᠰᠢᠭᠤᠳ ᠲᠤᠰᠢᠶᠠᠨ ᠥᠭᠬᠦ ᠬᠡᠷᠡᠭᠲᠡᠶ᠃
   
    ᠬᠥᠳᠡᠭᠡ ᠲᠣᠰᠬᠣᠨ᠎ᠤ ᠨᠡᠬᠦᠳᠡᠯ ᠠᠷᠠᠳ᠎ᠢ ᠲᠤᠰ ᠰᠢᠶᠠᠨ᠎ᠤ ᠳᠣᠲᠣᠷᠠᠬᠢ ᠪᠤᠰᠤᠳ ᠭᠠᠴᠠᠭ᠋ᠠᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠪᠤᠶᠤ ᠭᠠᠴᠠᠭ᠋ᠠᠨ᠎ᠤ ᠠᠷᠠᠳ᠎ᠤᠨ ᠵᠥᠪᠯᠡᠯ᠎ᠳᠤ ᠲᠠᠷᠬᠠᠭ᠋ᠠᠨ ᠲᠥᠪᠬᠢᠨᠡᠭᠦᠯᠦᠭᠰᠡᠨ ᠪᠠᠶ᠋ᠢᠪᠠᠯ᠂ ᠨᠡᠬᠦᠳᠡᠯ ᠠᠷᠠᠳ᠎ᠢ ᠲᠥᠪᠬᠢᠨᠡᠭᠦᠯᠦᠭᠰᠡᠨ ᠭᠠᠴᠠᠭ᠋ᠠᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠪᠤᠶᠤ ᠭᠠᠴᠠᠭ᠋ᠠᠨ᠎ᠤ ᠠᠷᠠᠳ᠎ᠤᠨ ᠵᠥᠪᠯᠡᠯ᠎ᠨᠢ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠲᠠᠢ ᠬᠡᠯᠡᠯᠴᠡᠭᠡᠷ ᠲᠣᠭᠲᠠᠭ᠋ᠠᠵᠤ᠂ ᠬᠡᠯᠡᠯᠴᠡᠭᠡᠷ ᠶᠣᠰᠣᠭ᠋ᠠᠷ ᠨᠡᠬᠦᠳᠡᠯ ᠠᠷᠠᠳ᠎ᠤᠨ ᠦᠢ᠍ᠯᠡᠳᠪᠦᠷᠢᠯᠡᠯ ᠪᠠ ᠠᠮᠢᠳᠤᠷᠠᠯ᠎ᠢ ᠲᠣᠬᠢᠷᠠᠭᠤᠯᠬᠤ ᠬᠡᠷᠡᠭᠲᠡᠶ᠃
   
    ᠭᠤᠴᠢᠨ ᠨᠢᠭᠡᠳᠦᠭᠡᠷ ᠵᠦᠢ᠍ᠯ   ᠬᠥ᠋ᠳᠡᠭᠡ ᠲᠣᠰᠬᠣᠨ᠎ᠤ ᠨᠡᠬᠦᠳᠡᠯ ᠠᠷᠠᠳ᠎ᠢ ᠲᠤᠰ ᠮᠤᠵᠢ ᠵᠢᠨ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠪᠤᠰᠤᠳ ᠰᠢᠶᠠᠨ᠎ᠳᠤ ᠲᠥᠪᠬᠢᠨᠡᠭᠦᠯᠬᠦ᠎ᠳᠤ ᠬᠦᠷᠪᠡᠯ᠂ ᠲᠦᠷᠦᠯ ᠵᠦᠢ᠍ᠯᠡᠰ᠎ᠤᠨ ᠬᠠᠤᠯᠢ ᠵᠢᠨ ᠡᠷᠬᠡᠳᠡᠨ᠎ᠯᠦᠭᠡ ᠨᠡᠬᠦᠳᠡᠯ ᠠᠷᠠᠳ᠎ᠢ ᠲᠥᠪᠬᠢᠨᠡᠭᠦᠯᠬᠦ ᠬᠡᠯᠡᠯᠴᠡᠭᠡᠷ ᠲᠣᠭᠲᠠᠭ᠋ᠠᠭᠰᠠᠨ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠢ ᠭᠠᠵᠠᠷ ᠲᠠᠲᠠᠪᠤᠷᠢᠯᠠᠭᠰᠠᠨ ᠨᠦᠬᠦᠪᠦᠷᠢ ᠪᠠ ᠨᠡᠬᠦᠳᠡᠯ ᠠᠷᠠᠳ᠎ᠢ ᠲᠥᠪᠬᠢᠨᠡᠭᠦᠯᠬᠦ ᠵᠣᠬᠢᠴᠠᠩᠭᠤᠶ ᠪᠡᠯᠡ ᠮᠥᠩᠭᠥ ᠵᠢ ᠨᠡᠬᠦᠳᠡᠯ ᠠᠷᠠᠳ᠎ᠢ ᠲᠥᠪᠬᠢᠨᠡᠭᠦᠯᠬᠦ ᠣᠷᠣᠨ᠎ᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠴᠠᠭ ᠲᠤᠬᠠᠶ᠎ᠳᠤᠨᠢ ᠲᠤᠰᠢᠶᠠᠨ ᠥᠭᠴᠦ᠂ ᠨᠡᠬᠦᠳᠡᠯ ᠠᠷᠠᠳ᠎ᠤᠨ ᠦᠢ᠍ᠯᠡᠳᠪᠦᠷᠢᠯᠡᠯ ᠪᠠ ᠠᠮᠢᠳᠤᠷᠠᠯ᠎ᠢ ᠲᠣᠬᠢᠷᠠᠭᠤᠯᠬᠤ᠎ᠳᠤ ᠬᠡᠷᠡᠭᠯᠡᠬᠦ ᠬᠡᠷᠡᠭᠲᠡᠶ᠃
   
    ᠬᠥᠳᠡᠭᠡ ᠲᠣᠰᠬᠣᠨ᠎ᠤ ᠨᠡᠬᠦᠳᠡᠯ ᠠᠷᠠᠳ᠎ᠢ ᠮᠤᠵᠢ ᠠᠯᠤᠰᠯᠠᠨ ᠲᠥᠪᠬᠢᠨᠡᠭᠦᠯᠦᠭᠰᠡᠨ ᠪᠠᠶ᠋ᠢᠪᠠᠯ᠂ ᠲᠦᠷᠦᠯ ᠵᠦᠢ᠍ᠯᠡᠰ᠎ᠤᠨ ᠬᠠᠤᠯᠢ ᠵᠢᠨ ᠡᠷᠬᠡᠳᠡᠨ᠎ᠨᠢ ᠭᠠᠵᠠᠷ ᠲᠠᠲᠠᠪᠤᠷᠢᠯᠠᠭᠰᠠᠨ ᠨᠦᠬᠦᠪᠦᠷᠢ ᠪᠠ ᠨᠡᠬᠦᠳᠡᠯ ᠠᠷᠠᠳ᠎ᠢ ᠲᠥᠪᠬᠢᠨᠡᠭᠦᠯᠬᠦ ᠵᠣᠬᠢᠴᠠᠩᠭᠤᠶ ᠪᠡᠯᠡ ᠮᠥᠩᠭᠥ ᠵᠢ ᠨᠡᠬᠦᠳᠡᠯ ᠠᠷᠠᠳ᠎ᠢ ᠲᠥᠪᠬᠢᠨᠡᠭᠦᠯᠬᠦ ᠣᠷᠣᠨ᠎ᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠴᠠᠭ ᠲᠤᠬᠠᠶ᠎ᠳᠤᠨᠢ ᠲᠤᠰᠢᠶᠠᠨ ᠥᠭᠴᠦ᠂ ᠨᠡᠬᠦᠳᠡᠯ ᠠᠷᠠᠳ᠎ᠤᠨ ᠦᠢ᠍ᠯᠡᠳᠪᠦᠷᠢᠯᠡᠯ ᠪᠠ ᠠᠮᠢᠳᠤᠷᠠᠯ᠎ᠢ ᠲᠣᠬᠢᠷᠠᠭᠤᠯᠬᠤ᠎ᠳᠤ ᠬᠡᠷᠡᠭᠯᠡᠬᠦ ᠬᠡᠷᠡᠭᠲᠡᠶ᠃
   
    ᠭᠤᠴᠢᠨ ᠬᠣᠶᠠᠳᠤᠭ᠋ᠠᠷ ᠵᠦᠢ᠍ᠯ   ᠨᠡᠭᠦᠯᠭᠡᠬᠦ ᠰᠦᠢ᠍ᠳᠬᠡᠯ ᠵᠢᠴᠢ ᠨᠡᠭᠦᠳᠡᠯ ᠠᠷᠠᠳ᠎ᠤᠨ ᠬᠤᠪᠢ ᠬᠥᠮᠦᠨ᠎ᠤ ᠭᠡᠷ ᠪᠠᠶ᠋ᠢᠰᠢᠩ ᠪᠠ ᠳᠠᠭ᠋ᠠᠯᠲᠠ ᠪᠠᠷᠢᠯᠭ᠎ᠠ᠂ ᠬᠤᠪᠢ ᠬᠥᠮᠦᠨ᠎ᠤ ᠥᠮᠴᠢᠯᠡᠯ᠎ᠤᠨ ᠬᠡᠰᠡᠭ ᠪᠤᠰᠠᠭ ᠮᠣᠳᠣ᠂ ᠲᠠᠷᠢᠶᠠᠨ ᠴᠢᠬᠢ᠂ ᠲᠠᠷᠢᠶᠠᠯᠠᠩ ᠲᠤᠰᠠᠯᠠᠬᠤ ᠠᠵᠤ ᠠᠬᠤᠶ ᠵᠢᠨ ᠲᠥᠬᠥᠭᠡᠷᠦᠮᠵᠢ ᠵᠡᠷᠭᠡ ᠬᠤᠪᠢ ᠬᠥᠮᠦᠨ᠎ᠤ ᠡᠳ᠋ ᠬᠦᠷᠦᠩᠭᠡ ᠵᠢᠨ ᠨᠦᠬᠦᠪᠦᠷᠢ ᠵᠢᠨ ᠰᠦᠢ᠍ᠳᠬᠡᠯ᠎ᠢ ᠨᠡᠭᠦᠳᠡᠯ ᠠᠷᠠᠳ᠎ᠤᠨ ᠲᠣᠭᠣᠷᠢᠭ᠎ᠤᠨ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠨᠡᠭᠦᠳᠡᠯ ᠠᠷᠠᠳ᠎ᠲᠤ ᠰᠢᠭᠤᠳ ᠪᠦᠬᠦ ᠲᠣᠭ᠎ᠠ᠎ᠪᠠᠷ᠎ᠨᠢ ᠣᠯᠭᠣᠨ ᠥᠭᠭᠦᠨ᠎ᠡ᠃
   
    ᠭᠤᠴᠢᠨ ᠭᠤᠷᠪᠠᠳᠤᠭ᠋ᠠᠷ ᠵᠦᠢ᠍ᠯ   ᠨᠡᠬᠦᠳᠡᠯ ᠠᠷᠠᠳ ᠰᠠᠢ᠍ᠢ᠍ᠨ ᠳᠤᠷ᠎ᠠ᠎ᠠᠴᠠ᠎ᠪᠠᠨ ᠲᠦᠷᠦᠯ ᠰᠠᠳᠤᠨ ᠨᠠᠶ᠋ᠢᠵᠠ ᠨᠥᠬᠥᠳ ᠵᠶ᠋ᠠᠨ ᠲᠦᠰᠢᠬᠦ ᠭᠡᠪᠡᠯ᠂ ᠲᠤᠰ ᠬᠥᠮᠦᠨ᠎ᠨᠢ ᠨᠡᠬᠦᠳᠡᠯ ᠠᠷᠠᠳ᠎ᠤᠨ ᠲᠣᠭᠣᠷᠢᠭ᠎ᠤᠨ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠭᠤᠶᠤᠴᠢᠯᠠᠯ ᠭᠠᠷᠭ᠋ᠠᠬᠤ ᠵᠢᠨ ᠬᠠᠮᠲᠤ ᠬᠦᠯᠢᠶᠡᠨ ᠠᠪᠬᠤ ᠭᠠᠵᠠᠷ᠎ᠤᠨ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠠᠷᠭ᠋ᠠᠭᠰᠠᠨ ᠬᠦᠯᠢᠶᠡᠨ ᠠᠪᠤᠭᠰᠠᠨ ᠭᠡᠷᠡᠴᠢ ᠵᠢ ᠲᠤᠰᠢᠶᠠᠬᠤ ᠬᠡᠷᠡᠭᠲᠡᠶ; ᠨᠡᠭᠦᠳᠡᠯ ᠠᠷᠠᠳ᠎ᠤᠨ ᠲᠣᠭᠣᠷᠢᠭ᠎ᠤᠨ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠡᠭᠦᠨ᠎ᠳᠤ ᠭᠠᠵᠠᠷ ᠰᠢᠷᠣᠶ ᠵᠡᠷᠭᠡ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠲᠠᠢ ᠪᠠᠶ᠋ᠢᠬᠤ ᠵᠢ ᠨᠤᠲᠠᠯᠠᠭᠰᠠᠨ᠎ᠤ ᠳᠠᠷᠠᠭ᠎ᠠ᠂ ᠬᠦᠯᠢᠶᠡᠨ ᠠᠪᠬᠤ ᠭᠠᠵᠠᠷ᠎ᠤᠨ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠨᠡᠭᠦᠳᠡᠯ ᠠᠷᠠᠳ᠎ᠲᠠᠢ ᠬᠠᠮᠲᠤ᠎ᠪᠠᠷ ᠬᠡᠯᠡᠯᠴᠡᠭᠡᠷ ᠲᠣᠭᠲᠠᠭ᠋ᠠᠵᠤ᠂ ᠭᠠᠵᠠᠷ ᠰᠢᠷᠣᠶ ᠵᠢᠨ ᠨᠦᠬᠦᠪᠦᠷᠢ ᠰᠦᠢ᠍ᠳᠬᠡᠯ᠂ ᠲᠥᠪᠬᠢᠨᠡᠭᠦᠯᠬᠦ ᠨᠥᠬᠥᠪᠥᠷᠢ ᠰᠦᠢ᠍ᠳᠬᠡᠯ᠎ᠢ ᠬᠦᠯᠢᠶᠡᠨ ᠠᠪᠬᠤ ᠭᠠᠵᠠᠷ᠎ᠤᠨ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠲᠤᠰᠢᠶᠠᠵᠤ᠂ ᠨᠡᠭᠦᠳᠡᠯ ᠠᠷᠠᠳ᠎ᠤᠨ ᠦᠢ᠍ᠯᠡᠳᠪᠦᠷᠢᠯᠡᠯ ᠪᠠ ᠠᠮᠢᠳᠤᠷᠠᠯ᠎ᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠬᠤᠪᠢ ᠬᠥᠮᠦᠨ᠎ᠤ ᠡᠳ᠋ ᠬᠦᠷᠦᠨᠭᠭᠡ ᠵᠢᠨ ᠨᠦᠬᠦᠪᠦᠷᠢ ᠰᠦᠢ᠍ᠳᠬᠡᠯ ᠪᠠ ᠨᠡᠭᠦᠯᠭᠡᠬᠦ ᠰᠦᠢ᠍ᠳᠬᠡᠯ᠎ᠢ ᠲᠤᠰ ᠨᠡᠭᠦᠳᠡᠯ ᠠᠷᠠᠳ᠎ᠲᠤ ᠥᠭᠬᠦ ᠬᠡᠷᠡᠭᠲᠡᠶ᠃
   
    ᠭᠤᠴᠢᠨ ᠳᠥᠷᠪᠡᠳᠦᠭᠡᠷ ᠵᠦᠢ᠍ᠯ   ᠬᠤᠳᠠ (ᠴᠤᠭᠯᠠᠷᠠᠯ) ᠪᠠᠯᠭ᠋ᠠᠰᠤ ᠵᠢ ᠨᠡᠭᠦᠯᠭᠡᠨ ᠪᠠᠶ᠋ᠢᠭᠤᠯᠬᠤ᠂ ᠦᠢ᠍ᠯᠡᠳᠪᠦᠷᠢ ᠠᠭᠤᠷᠬᠠᠶ ᠵᠢᠨ ᠠᠵᠤ ᠠᠬᠤᠶ᠋ᠢᠯᠠᠯ᠎ᠢ ᠨᠡᠭᠦᠯᠭᠡᠨ ᠪᠠᠶ᠋ᠢᠭᠤᠯᠬᠤ᠂ ᠲᠤᠰᠬᠠᠶ ᠵᠦᠢ᠍ᠯ᠎ᠤᠨ ᠲᠥᠬᠥᠭᠡᠷᠦᠮᠵᠢ ᠵᠢ ᠨᠡᠭᠦᠯᠭᠡᠨ ᠪᠠᠶ᠋ᠢᠭᠤᠯᠬᠤ ᠪᠤᠶᠤ ᠲᠠᠬᠢᠨ ᠪᠠᠶ᠋ᠢᠭᠤᠯᠬᠤ ᠨᠥᠬᠥᠪᠥᠷᠢ ᠰᠦᠢ᠍ᠳᠬᠡᠯ᠎ᠢ ᠨᠡᠭᠦᠳᠡᠯ ᠠᠷᠠᠳ᠎ᠤᠨ ᠲᠣᠭᠣᠷᠢᠭ᠎ᠤᠨ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ ᠲᠤᠬᠠᠶ ᠵᠢᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ ᠪᠤᠶᠤ ᠬᠣᠯᠪᠣᠭᠳᠠᠯ ᠪᠦᠬᠦᠢ ᠨᠢᠭᠡᠴᠢ᠎ᠳᠤ ᠲᠤᠰᠢᠶᠠᠵᠤ ᠥᠭᠭᠦᠨ᠎ᠡ᠃ ᠬᠡᠪᠴᠢᠶ᠎ᠡ ᠵᠢ ᠥᠷᠭᠡᠳᠬᠡᠵᠦ᠂ ᠪᠠᠷᠢᠮᠵᠢᠶ᠎ᠠ ᠵᠢ ᠳᠡᠭᠡᠭᠰᠢᠯᠡᠭᠦᠯᠦᠭᠰᠡᠨ᠎ᠠᠴᠠ ᠪᠤᠯᠵᠦ ᠨᠡᠮᠡᠭᠳᠡᠭᠰᠡᠨ ᠵᠠᠷᠤᠳᠠᠯ᠎ᠢ ᠬᠣᠯᠪᠣᠭᠳᠠᠯ ᠪᠦᠬᠦᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠪᠤᠶᠤ ᠬᠣᠯᠪᠣᠭᠳᠠᠯ ᠪᠦᠬᠦᠢ ᠨᠢᠭᠡᠴᠢ ᠥᠪᠡᠰᠦᠪᠡᠨ ᠰᠢᠢ᠍ᠳᠪᠤᠷᠢᠯᠡᠨ᠎ᠡ᠃
   
    ᠭᠤᠴᠢᠨ ᠲᠠᠪᠤᠳᠤᠭ᠋ᠠᠷ ᠵᠦᠢ᠍ᠯ   ᠬᠦᠳᠡᠭᠡ ᠲᠣᠰᠬᠣᠨ᠎ᠤ ᠨᠡᠬᠦᠳᠡᠯ ᠠᠷᠠᠳ᠎ᠢ ᠲᠥᠪᠯᠡᠷᠡᠭᠦᠯᠦᠨ ᠲᠥᠪᠬᠢᠨᠡᠭᠦᠯᠦᠭᠰᠡᠨ ᠬᠥᠳᠡᠭᠡ ᠲᠣᠰᠬᠣᠨ᠎ᠤ ᠰᠠᠭᠤᠭ᠋ᠠᠯᠢ ᠠᠷᠠᠳ᠎ᠤᠨ ᠴᠢᠭ᠎ᠢ ᠵᠥᠪᠰᠢᠶᠡᠷᠡᠭᠦᠯᠦᠭᠰᠡᠨ ᠨᠡᠬᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ᠎ᠳᠤ ᠲᠣᠭᠲᠠᠭ᠋ᠠᠭᠰᠠᠨ ᠬᠡᠪᠴᠢᠶ᠎ᠡ ᠪᠠ ᠪᠠᠷᠢᠮᠵᠢᠶ᠎ᠠ ᠶᠣᠰᠣᠭ᠋ᠠᠷ ᠨᠡᠭᠦᠯᠭᠡᠨ ᠪᠠᠶ᠋ᠢᠭᠤᠯᠬᠤ ᠬᠡᠷᠡᠭᠲᠡᠶ᠃
   
  ᠬᠥᠳᠡᠭᠡ ᠲᠣᠰᠬᠣᠨ᠎ᠤ ᠨᠡᠬᠦᠳᠡᠯ ᠠᠷᠠᠳ᠎ᠢ ᠲᠥᠪᠯᠡᠷᠡᠭᠦᠯᠦᠨ ᠲᠥᠪᠬᠢᠨᠡᠭᠦᠯᠦᠭᠰᠡᠨ ᠬᠥᠳᠡᠭᠡ ᠲᠣᠰᠬᠣᠨ᠎ᠤ ᠰᠠᠭᠤᠭ᠋ᠠᠯᠢ ᠠᠷᠠᠳ᠎ᠤᠨ ᠴᠢᠭ᠎ᠤᠨ ᠵᠠᠮ ᠬᠠᠷᠢᠯᠴᠠᠭ᠎ᠠ᠂ ᠤᠰᠤ ᠬᠠᠩᠭ᠋ᠠᠬᠤ᠂ ᠴᠠᠬᠢᠯᠭ᠋ᠠᠨ ᠬᠠᠩᠭ᠋ᠠᠬᠤ ᠵᠡᠷᠭᠡ ᠰᠠᠭᠤᠷᠢ ᠲᠥᠬᠥᠭᠡᠷᠦᠮᠵᠢ ᠵᠢ ᠰᠤᠮᠤ (ᠪᠠᠯᠭ᠋ᠠᠰᠤ)᠂ ᠭᠠᠴᠠᠭ᠎ᠠ᠎ᠠᠴᠠ ᠨᠢᠭᠡᠳᠦᠯᠲᠡᠶ ᠵᠣᠬᠢᠶᠠᠨ ᠪᠠᠶ᠋ᠢᠭᠤᠯᠵᠤ ᠪᠠᠶ᠋ᠢᠭᠤᠯᠤᠨ᠎ᠠ᠃
   
    ᠬᠥᠳᠡᠭᠡ ᠲᠣᠰᠬᠣᠨ᠎ᠤ ᠨᠡᠬᠦᠳᠡᠯ ᠠᠷᠠᠳ᠎ᠤᠨ ᠣᠷᠣᠨ ᠰᠠᠭᠤᠴᠠ ᠵᠢ ᠨᠡᠬᠦᠳᠡᠯ ᠠᠷᠠᠳ ᠪᠡᠶ᠎ᠡ᠎ᠪᠠᠨ ᠳᠠᠭ᠋ᠠᠭ᠋ᠠᠵᠤ ᠪᠠᠷᠢᠬᠤ ᠬᠡᠷᠡᠭᠲᠡᠶ᠃ ᠬᠣᠯᠪᠣᠭᠳᠠᠯ ᠪᠦᠬᠦᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠪᠤᠶᠤ ᠭᠠᠴᠠᠭ᠋ᠠᠨ᠎ᠤ ᠠᠷᠠᠳ᠎ᠤᠨ ᠵᠥᠪᠯᠡᠯ᠎ᠨᠢ ᠣᠷᠣᠨ ᠰᠠᠭᠤᠴᠠ ᠵᠢᠨ ᠭᠠᠵᠠᠷ᠎ᠢ ᠨᠢᠭᠡᠳᠦᠯᠲᠡᠶ ᠲᠥᠯᠥᠪᠵᠢᠭᠦᠯᠬᠦ ᠬᠡᠷᠡᠭᠲᠡᠶ᠂ ᠭᠡᠪᠡᠴᠦ ᠭᠡᠷ ᠪᠠᠢ᠌ᠰᠢᠩ ᠪᠠᠷᠢᠬᠤ ᠪᠠᠷᠢᠮᠵᠢᠶ᠎ᠠ ᠵᠢ ᠠᠯᠪᠠᠳᠠᠯᠭ᠎ᠠ᠎ᠪᠠᠷ ᠲᠣᠭᠲᠠᠭ᠋ᠠᠵᠤ ᠪᠣᠯᠬᠤ ᠦᠭᠡᠢ᠃

  ᠭᠤᠴᠢᠨ ᠵᠢᠷᠭᠤᠳᠤᠭ᠋ᠠᠷ ᠵᠦᠢ᠍ᠯ   ᠬᠥᠳᠡᠭᠡ ᠲᠣᠰᠬᠣᠨ᠎ᠤ ᠨᠡᠬᠦᠳᠡᠯ ᠠᠷᠠᠳ᠎ᠢ ᠲᠥᠪᠬᠢᠨᠡᠭᠦᠯᠬᠦ᠎ᠳᠤ ᠬᠡᠷᠡᠭᠯᠡᠬᠦ ᠭᠠᠵᠠᠷ᠎ᠢ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠠᠤᠯᠢ》 ᠪᠠ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠭᠡ ᠲᠣᠰᠬᠣᠨ᠎ᠤ ᠭᠠᠵᠠᠷ ᠰᠢᠷᠣᠶ ᠵᠢᠨ ᠳᠠᠭ᠋ᠠᠭ᠋ᠠᠴᠢᠯᠠᠯᠲᠠ ᠵᠢᠨ ᠬᠠᠤᠯᠢ》 ᠵᠢᠨ ᠶᠣᠰᠣᠭ᠋ᠠᠷ ᠬᠣᠯᠪᠣᠭᠳᠠᠯ ᠪᠦᠬᠦᠢ ᠭᠠᠷ ᠭᠦᠢ᠍ᠴᠡᠳᠬᠡᠯ ᠬᠢᠬᠦ ᠬᠡᠷᠡᠭᠲᠡᠶ᠃
   
  ᠭᠤᠴᠢᠨ ᠳᠣᠯᠣᠳᠤᠭ᠋ᠠᠷ ᠵᠦᠢ᠍ᠯ   ᠨᠡᠬᠦᠳᠡᠯ ᠠᠷᠠᠳ᠎ᠢ ᠲᠥᠪᠬᠢᠨᠡᠭᠦᠯᠬᠦ ᠠᠵᠢᠯ ᠱᠠᠳᠤᠴᠢ ᠴᠢᠨᠠᠷᠲᠠᠶ ᠬᠠᠷᠠᠯᠲᠠ᠎ᠳᠤ ᠬᠦᠷᠦᠭᠰᠡᠨ ᠪᠠ ᠨᠡᠬᠦᠳᠡᠯ ᠠᠷᠠᠳ᠎ᠢ ᠲᠥᠪᠬᠢᠨᠡᠭᠦᠯᠬᠦ ᠠᠵᠢᠯ ᠳᠠᠭᠤᠰᠤᠭᠰᠠᠨ᠎ᠤ ᠲᠠᠷᠠᠭ᠎ᠠ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠪᠤᠶᠤ ᠲᠦᠷᠦ ᠵᠢᠨ ᠶᠠᠪᠤᠳᠠᠯ᠎ᠤᠨ ᠬᠣᠷᠢᠶᠠᠨ᠎ᠤ ᠨᠡᠬᠦᠳᠡᠯ ᠠᠷᠠᠳ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠬᠣᠯᠪᠣᠭᠳᠠᠯ ᠪᠦᠬᠦᠢ ᠨᠢᠭᠡᠴᠢ ᠵᠢ ᠵᠣᠬᠢᠶᠠᠨ ᠪᠠᠶ᠋ᠢᠭᠤᠯᠵᠤ ᠰᠢᠯᠭ᠋ᠠᠨ ᠠᠪᠬᠤ ᠬᠡᠷᠡᠭᠲᠡᠶ; ᠨᠡᠬᠦᠳᠡᠯ ᠠᠷᠠᠳ᠎ᠢ ᠲᠥᠪᠬᠢᠨᠡᠭᠦᠯᠬᠦ᠎ᠳᠤ ᠰᠢᠯᠭ᠋ᠠᠨ ᠠᠪᠤᠭᠰᠠᠨ ᠦᠭᠡᠢ ᠪᠤᠶᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠦᠭᠡᠢ ᠪᠠᠶ᠋ᠢᠪᠠᠯ᠂ ᠲᠤᠮᠤ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ   ᠢᠨᠵᠸᠨ᠋ᠸᠷᠢᠩ᠎ᠢ ᠱᠠᠳᠤᠴᠢ ᠴᠢᠨᠠᠷᠲᠠᠶ ᠰᠢᠯᠭ᠋ᠠᠨ ᠠᠪᠬᠤ ᠪᠠ ᠪᠠᠷᠢᠯᠭ᠎ᠠ ᠳᠠᠭᠤᠰᠤᠭᠰᠠᠨ ᠪᠠᠷᠢᠯᠭ᠎ᠠ ᠵᠢ ᠰᠢᠯᠭ᠋ᠠᠨ ᠠᠪᠴᠤ ᠪᠣᠯᠬᠤ ᠦᠭᠡᠢ᠃
   
    ᠲᠠᠪᠤᠳᠤᠭ᠋ᠠᠷ ᠪᠦᠯᠦᠭ   ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠲᠡᠮᠵᠢᠯᠭᠡ
   
    ᠭᠤᠴᠢᠨ ᠨᠠᠢ᠍ᠮᠠᠳᠤᠭ᠋ᠠᠷ ᠵᠦᠢ᠍ᠯ   ᠨᠡᠭᠦᠳᠡᠯ ᠠᠷᠠᠳ᠎ᠢ ᠲᠥᠪᠬᠢᠨᠡᠭᠦᠯᠬᠦ ᠣᠷᠣᠨ᠎ᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠰᠤᠨ ᠴᠥᠭᠥᠷᠥᠮ᠎ᠤᠨ ᠨᠡᠭᠦᠳᠡᠯ ᠠᠷᠠᠳ᠎ᠤᠨ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠳᠡᠮᠵᠢᠬᠦ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ᠂ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠨᠡᠭᠦᠳᠡᠯ ᠠᠷᠠᠳ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠮᠡᠳᠡᠬᠦᠯᠦᠨ ᠵᠦᠪᠰᠢᠶᠡᠷᠡᠬᠦᠯᠦᠭᠰᠡᠨ᠎ᠤ ᠲᠠᠷᠠᠭ᠎ᠠ ᠬᠡᠷᠡᠭᠵᠢᠬᠦᠯᠦᠨ᠎ᠡ᠃
   
    ᠤᠰᠤᠨ ᠴᠥᠭᠥᠷᠥᠮ᠎ᠤᠨ ᠠᠷᠠᠳ᠎ᠢ ᠨᠡᠭᠦᠯᠭᠡᠬᠦ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠳᠡᠮᠵᠢᠬᠦ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠎ᠳᠠᠭᠠᠨ ᠨᠡᠬᠦᠳᠡᠯ ᠠᠷᠠᠳ᠎ᠤᠨ ᠰᠠᠨᠠᠯ᠎ᠢ ᠦᠷᠭᠡᠨ ᠵᠶ᠋ᠡᠷ ᠰᠤᠨᠤᠰᠬᠤ ᠬᠡᠷᠡᠭᠳᠡᠢ᠃ ᠴᠢᠬᠤᠯᠠᠲᠠᠶ ᠦᠶ᠎ᠡ᠎ᠳᠤ ᠭᠡᠷᠡᠴᠢᠯᠡᠭᠡ ᠰᠣᠨᠣᠰᠬᠤ ᠠᠷᠭ᠎ᠠ ᠮᠠᠶᠢᠭ᠎ᠢ ᠠᠪᠬᠤ ᠬᠡᠷᠡᠭᠲᠡᠶ᠃
   
    ᠵᠥᠪᠰᠢᠶᠡᠷᠡᠭᠦᠯᠦᠭᠰᠡᠨ ᠤᠰᠤᠨ ᠴᠥᠭᠥᠷᠥᠮ᠎ᠤᠨ ᠠᠷᠠᠳ᠎ᠢ ᠨᠡᠭᠦᠯᠭᠡᠬᠦ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠳᠡᠮᠵᠢᠬᠦ ᠲᠥᠯᠥᠪᠵᠢᠭᠦᠯᠭᠡ ᠪᠣᠯ ᠤᠰᠤᠨ ᠴᠥᠭᠥᠷᠥᠮ᠎ᠤᠨ ᠠᠷᠠᠳ᠎ᠢ ᠨᠡᠭᠦᠯᠭᠡᠬᠦ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠳᠡᠮᠵᠢᠬᠦ ᠠᠵᠢᠯ᠎ᠤᠨ ᠦᠨᠳᠦᠰᠦᠨ ᠦᠨᠳᠦᠰᠦᠯᠡᠯ ᠮᠥᠨ᠂ ᠲᠡᠭᠦᠨ᠎ᠢ ᠴᠢᠩᠭ᠎ᠠ ᠬᠡᠷᠡᠭᠵᠢᠭᠦᠯᠬᠦ ᠬᠡᠷᠡᠭᠲᠡᠶ᠂ ᠳᠤᠷ᠎ᠠ᠎ᠪᠠᠷ ᠵᠶ᠋ᠠᠨ ᠲᠣᠬᠢᠷᠠᠭᠤᠯᠬᠤ ᠪᠤᠶᠤ ᠵᠠᠰᠠᠪᠤᠷᠢ ᠣᠷᠣᠭᠤᠯᠵᠤ ᠪᠣᠯᠬᠤ ᠦᠭᠡᠢ; ᠦᠨᠡᠬᠡᠷ ᠲᠣᠬᠢᠷᠠᠭᠤᠯᠬᠤ ᠪᠤᠶᠤ ᠵᠠᠰᠠᠪᠤᠷᠢ ᠣᠷᠣᠭᠤᠯᠬᠤ ᠴᠢᠬᠤᠯᠠᠲᠠᠶ ᠪᠠᠶ᠋ᠢᠪᠠᠯ᠂ ᠤᠤᠯ᠎ᠤᠨ ᠵᠥᠪᠰᠢᠶᠡᠷᠡᠭᠰᠡᠨ ᠪᠠᠶ᠋ᠢᠭᠤᠯᠭ᠎ᠠ᠎ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃
   
    ᠤᠰᠤᠨ ᠴᠥᠭᠥᠷᠥᠮ᠎ᠤᠨ ᠠᠷᠠᠳ᠎ᠢ ᠨᠡᠭᠦᠯᠭᠡᠬᠦ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠳᠡᠮᠵᠢᠬᠦ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠭᠰᠠᠨ ᠦᠭᠡᠢ ᠪᠤᠶᠤ ᠤᠰᠤᠨ ᠴᠥᠭᠥᠷᠥᠮ᠎ᠤᠨ ᠠᠷᠠᠳ᠎ᠢ ᠨᠡᠭᠦᠯᠭᠡᠬᠦ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠳᠡᠮᠵᠢᠬᠦ ᠲᠥᠯᠥᠪᠵᠢᠭᠦᠯᠭᠡ ᠵᠢ ᠮᠡᠳᠡᠬᠦᠯᠦᠨ ᠵᠥᠪᠰᠢᠶᠡᠷᠡᠭᠦᠯᠦᠭᠰᠡᠨ ᠦᠭᠡᠢ ᠪᠠᠶ᠋ᠢᠪᠠᠯ᠂ ᠬᠣᠯᠪᠣᠭᠳᠠᠯ ᠪᠦᠬᠦᠢ ᠨᠢᠭᠡᠴᠢ᠎ᠠᠴᠠ ᠤᠰᠤᠨ ᠴᠥᠭᠥᠷᠥᠮ᠎ᠤᠨ ᠠᠷᠠᠳ᠎ᠢ ᠨᠡᠭᠦᠯᠭᠡᠬᠦ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠲᠡᠮᠵᠢᠬᠦ ᠪᠡᠯᠡ ᠮᠦᠩᠬᠦ ᠵᠢ ᠪᠠᠭᠤᠯᠭ᠋ᠠᠵᠤ ᠪᠤᠯᠬᠤ ᠦᠭᠡᠢ᠃
   
    ᠭᠤᠴᠢ ᠶᠢᠰᠦᠳᠦᠭᠡᠷ ᠵᠦᠢ᠍ᠯ   ᠤᠰᠤᠨ ᠴᠦᠬᠦᠷᠦᠮ᠎ᠤᠨ ᠠᠷᠠᠳ᠎ᠢ ᠨᠡᠭᠦᠯᠭᠡᠬᠦ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠳᠡᠮᠵᠢᠬᠦ ᠲᠥᠯᠥᠪᠵᠢᠭᠦᠯᠭᠡ᠎ᠳᠤ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠳᠡᠮᠵᠢᠬᠦ ᠬᠦᠷᠢᠶ᠎ᠡ ᠬᠡᠪᠴᠢᠶ᠎ᠡ᠂ ᠴᠠᠭ ᠬᠤᠭᠤᠴᠠᠭ᠎ᠠ᠂ ᠪᠣᠳᠠᠲᠠᠶ ᠠᠷᠭ᠎ᠠ ᠬᠡᠮᠵᠢᠶ᠎ᠡ ᠪᠣᠯᠤᠨ ᠪᠡᠶᠡᠯᠡᠭᠦᠯᠬᠦ᠎ᠪᠠᠷ ᠵᠢᠱ᠌ᠢᠭᠰᠡᠨ ᠬᠠᠷᠠᠯᠲᠠ ᠵᠡᠷᠭᠡ ᠠᠭᠤᠯᠭ᠎ᠠ ᠵᠢ ᠪᠠᠭᠲᠠᠭ᠋ᠠᠭᠰᠠᠨ ᠪᠠᠶ᠋ᠢᠬᠤ ᠬᠡᠷᠡᠭᠲᠡᠶ᠃ ᠤᠰᠤᠨ ᠴᠥᠭᠥᠷᠥᠮ᠎ᠤᠨ ᠨᠡᠬᠦᠳᠡᠯ ᠠᠷᠠᠳ᠎ᠢ ᠲᠥᠪᠬᠢᠨᠡᠭᠦᠯᠬᠦ ᠣᠷᠣᠨ᠎ᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠠᠷᠢᠭᠤᠴᠠᠯᠭ᠎ᠠ ᠵᠢᠨ ᠲᠦᠷᠢᠮ ᠲᠣᠭᠲᠠᠭ᠋ᠠᠬᠤ ᠵᠡᠷᠭᠡ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠳᠡᠮᠵᠢᠬᠦ ᠲᠥᠯᠥᠪᠵᠢᠭᠦᠯᠭᠡ ᠵᠢ ᠨᠠᠶ᠋ᠢᠳᠠᠪᠤᠷᠢᠵᠢᠭᠤᠯᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃
   
    ᠳᠥᠴᠢᠳᠦᠭᠡᠷ ᠵᠦᠢ᠍ᠯ   ᠤᠰᠤᠨ ᠴᠦᠬᠦᠷᠦᠮ᠎ᠤᠨ ᠠᠷᠠᠳ᠎ᠢ ᠨᠡᠭᠦᠯᠭᠡᠬᠦ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠳᠡᠮᠵᠢᠬᠦ ᠪᠡᠯᠡ ᠮᠥᠩᠭᠥ ᠵᠢ ᠴᠥᠭᠥᠷᠥᠮ᠎ᠤᠨ ᠠᠷᠠᠳ᠎ᠢ ᠨᠡᠭᠦᠯᠭᠡᠬᠦ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠳᠡᠮᠵᠢᠬᠦ ᠲᠥᠯᠥᠪᠵᠢᠭᠦᠯᠭᠡ ᠵᠢᠨ ᠶᠣᠰᠣᠭ᠋ᠠᠷ ᠭᠣᠣᠯᠳᠠᠭᠤ ᠦᠢ᠍ᠯᠡᠳᠪᠦᠷᠢᠯᠡᠯ ᠠᠮᠢᠳᠤᠷᠠᠯ᠎ᠤᠨ ᠨᠥᠬᠥᠪᠥᠷᠢ ᠪᠣᠯᠭ᠋ᠠᠵᠤ ᠨᠡᠬᠦᠳᠡᠯ ᠠᠷᠠᠳ ᠬᠤᠪᠢ ᠬᠥᠮᠦᠨ᠎ᠳᠤ ᠣᠯᠭᠣᠬᠤ ᠬᠡᠷᠡᠭᠲᠡᠶ; ᠴᠢᠬᠤᠯᠠ᠎ᠲᠠᠢ ᠦᠶ᠎ᠡ᠎ᠳᠤ ᠲᠦᠷᠦᠯ ᠵᠦᠢ᠍ᠯ ᠵᠶ᠋ᠠᠷ ᠲᠡᠳᠬᠦᠨ ᠳᠡᠮᠵᠢᠬᠦ ᠵᠢ ᠬᠡᠷᠡᠭᠵᠢᠭᠦᠯᠵᠦ᠂ ᠨᠡᠭᠦᠳᠡᠯ ᠠᠷᠠᠳ᠎ᠤᠨ ᠭᠠᠴᠠᠭ᠋ᠠᠨ᠎ᠤ ᠦᠢ᠍ᠯᠡᠳᠪᠦᠷᠢᠯᠡᠯ ᠠᠮᠢᠳᠤᠷᠠᠯ᠎ᠤᠨ ᠳᠤᠮᠳᠠ ᠣᠷᠣᠰᠢᠵᠤ ᠪᠠᠶ᠋ᠢᠭ᠎ᠠ ᠲᠤᠪᠤᠢ᠍ᠢ᠍ᠮ᠎ᠠ ᠠᠰᠠᠭᠤᠳᠠᠯ᠎ᠢ ᠰᠢᠢ᠍ᠳᠪᠤᠷᠢᠯᠡᠬᠦ᠎ᠳᠤ ᠬᠡᠷᠡᠭᠯᠡᠬᠦ ᠪᠤᠶᠤ ᠦᠢ᠍ᠯᠡᠳᠪᠦᠷᠢᠯᠡᠯ ᠠᠮᠢᠳᠤᠷᠠᠯ᠎ᠤᠨ ᠨᠥᠬᠥᠪᠥᠷᠢ ᠥᠭᠬᠦ ᠪᠠ ᠲᠦᠷᠦᠯ ᠵᠦᠢ᠍ᠯ ᠵᠶ᠋ᠠᠷ ᠲᠡᠳᠬᠦᠨ ᠳᠡᠮᠵᠢᠬᠦ ᠵᠢ ᠤᠶᠠᠯᠳᠤᠭᠤᠯᠬᠤ ᠠᠷᠭ᠎ᠠ ᠮᠠᠶᠢᠭ᠎ᠢ ᠠᠪᠴᠤ ᠪᠣᠯᠤᠨ᠎ᠠ᠃ ᠪᠣᠳᠠᠲᠠᠶ ᠲᠡᠳᠬᠦᠨ ᠳᠡᠮᠵᠢᠬᠦ ᠪᠠᠷᠢᠮᠵᠢᠶ᠎ᠠ᠂ ᠴᠠᠭ ᠬᠤᠭᠤᠴᠠᠭ᠎ᠠ ᠪᠠ ᠪᠡᠯᠡ ᠮᠥᠩᠭᠥ ᠴᠤᠭᠯᠠᠭᠤᠯᠬᠤ᠂ ᠬᠡᠷᠡᠭᠯᠡᠬᠦ ᠬᠠᠮᠢᠶᠠᠷᠤᠯᠲᠠ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
   
    ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠯᠤᠰ᠎ᠠᠴᠠ ᠲᠣᠭᠲᠠᠭ᠋ᠠᠭᠰᠠᠨ ᠵᠠᠷᠴᠢᠮ᠎ᠢ ᠦᠨᠳᠦᠰᠦᠯᠡᠨ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠤᠰᠤᠨ ᠴᠥᠭᠥᠷᠥᠮ᠎ᠤᠨ ᠠᠷᠠᠳ᠎ᠢ ᠨᠡᠬᠦᠯᠭᠡᠬᠦ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠳᠡᠮᠵᠢᠬᠦ ᠪᠣᠳᠠᠲᠠᠶ ᠬᠡᠷᠡᠭᠵᠢᠭᠦᠯᠬᠦ ᠠᠷᠭ᠎ᠠ ᠵᠢ ᠲᠣᠭᠲᠠᠭ᠋ᠠᠵᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠳᠤ ᠮᠡᠳᠡᠭᠦᠯᠵᠦ ᠵᠥᠪᠰᠢᠶᠡᠷᠡᠭᠦᠯᠦᠭᠰᠡᠨ᠎ᠤ ᠳᠠᠷᠠᠭ᠎ᠠ ᠬᠡᠷᠡᠭᠵᠢᠭᠦᠯᠦᠨ᠎ᠡ᠃
   
    ᠳᠥᠴᠢᠨ ᠨᠢᠭᠡᠳᠦᠭᠡᠷ ᠵᠦᠢ᠍ᠯ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠨᠡᠭᠦᠳᠡᠯ ᠠᠷᠠᠳ᠎ᠢ ᠲᠥᠪᠬᠢᠨᠡᠭᠦᠯᠬᠦ ᠣᠷᠣᠨ᠎ᠤ ᠵᠠᠮ ᠬᠠᠷᠢᠯᠴᠠᠭ᠎ᠠ᠂ ᠡᠨᠧᠷᠭᠢ᠂ ᠤᠰᠤᠨ ᠠᠰᠢᠭᠯᠠᠯᠲᠠ᠂ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠴᠢᠮᠡᠭᠡ ᠬᠣᠯᠪᠣᠭ᠎ᠠ᠂ ᠰᠣᠶᠣᠯ᠂ ᠰᠤᠷᠭ᠋ᠠᠨ ᠬᠥᠮᠦᠵᠢᠯ᠂ ᠡᠷᠡᠭᠦᠯ ᠬᠠᠮᠠᠭ᠋ᠠᠯᠠᠯ᠂ ᠷᠠᠳᠢᠤ᠋ ᠨᠡᠪᠲᠡᠷᠡᠭᠦᠯᠭᠡ ᠲᠧᠯᠸᠢᠰ ᠵᠡᠷᠭᠡ ᠰᠠᠭᠤᠷᠢ ᠪᠡᠯᠡᠳᠬᠡᠮᠵᠢ ᠵᠢᠨ ᠪᠥᠳᠥᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠡᠭᠦᠳᠡᠯ ᠠᠷᠠᠳ᠎ᠢ ᠲᠥᠪᠬᠢᠨᠡᠭᠦᠯᠬᠦ ᠣᠷᠣᠨ᠎ᠤ ᠬᠥᠭᠵᠢᠯᠲᠡ ᠵᠢ ᠲᠡᠳᠬᠦᠬᠦ ᠬᠡᠷᠡᠭᠲᠡᠶ᠃
   
    ᠨᠡᠭᠦᠳᠡᠯ ᠠᠷᠠᠳ᠎ᠢ ᠲᠥᠪᠬᠢᠨᠡᠭᠦᠯᠬᠦ ᠣᠷᠣᠨ᠎ᠤ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠰᠤᠨ ᠴᠥᠭᠥᠷᠥᠮ᠎ᠤᠨ ᠨᠡᠭᠦᠳᠡᠯ ᠠᠷᠠᠳ᠎ᠤᠨ ᠰᠡᠭᠦᠯᠴᠢ ᠵᠢᠨ ᠬᠤᠭᠤᠴᠠᠭ᠋ᠠᠨ᠎ᠤ ᠲᠡᠳᠬᠦᠮᠵᠢ ᠵᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠯᠤᠰ ᠠᠷᠠᠳ᠎ᠤᠨ ᠠᠵᠤ ᠠᠬᠤᠶ ᠪᠣᠯᠤᠨ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ᠎ᠳᠡᠭᠡᠨ ᠣᠷᠣᠭᠤᠯᠬᠤ ᠬᠡᠷᠡᠭᠲᠡᠶ᠃
   
    ᠳᠥᠴᠢᠨ ᠬᠣᠶᠠᠳᠤᠭ᠋ᠠᠷ ᠵᠦᠢ᠍ᠯ   ᠤᠯᠤᠰ᠎ᠠᠴᠠ ᠨᠡᠬᠦᠳᠡᠯ ᠠᠷᠠᠳ᠎ᠢ ᠲᠥᠪᠬᠢᠨᠡᠭᠦᠯᠬᠦ ᠣᠷᠣᠨ ᠪᠠ ᠲᠤᠮᠤ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠤᠨ ᠠᠰᠢᠭ ᠬᠥᠷᠳᠡᠬᠥ ᠭᠠᠵᠠᠷ ᠣᠷᠣᠨ᠎ᠳᠤ ᠡᠷᠬᠢᠯᠡᠭᠰᠡᠨ ᠦᠢ᠍ᠯᠡᠳᠪᠦᠷᠢᠯᠡᠯ ᠪᠦᠳᠤᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯᠡᠰ᠎ᠲᠤ ᠨᠥᠬᠥᠴᠡᠯ᠎ᠳᠤ ᠨᠡᠶ᠋ᠢᠴᠡᠬᠦ ᠨᠡᠬᠦᠳᠡᠯ ᠠᠷᠠᠳ᠎ᠢ ᠤᠷᠢᠳᠠᠪᠠᠷ ᠡᠯᠰᠡᠨ ᠠᠪᠴᠤ ᠠᠵᠢᠯ ᠣᠯᠭᠣᠬᠤ ᠬᠡᠷᠡᠭᠲᠡᠶ᠃
   
    ᠳᠥᠴᠢᠨ ᠭᠤᠷᠪᠠᠳᠤᠭ᠋ᠠᠷ ᠵᠦᠢ᠍ᠯ   ᠲᠤᠮᠦ ᠳᠤᠮᠳᠠ ᠬᠡᠯᠪᠡᠷᠢ ᠵᠢᠨ ᠤᠰᠦᠠ ᠠᠰᠢᠭᠯᠠᠯᠲᠠ ᠤᠰᠦᠠ ᠴᠠᠬᠢᠯᠭ᠋ᠠᠨ᠎ᠤ ᠢᠨᠵᠸᠨ᠋ᠸᠷᠢᠩ᠎ᠢ ᠪᠠᠶ᠋ᠢᠭᠤᠯᠵᠤ ᠳᠠᠭᠤᠰᠤᠭᠰᠠᠨ᠎ᠤ ᠲᠡᠷᠡᠭ᠎ᠠ ᠪᠤᠢ ᠪᠣᠯᠤᠭᠰᠠᠨ ᠤᠰᠦᠠ᠎ᠤ ᠭᠠᠳᠠᠷᠭᠤ ᠪᠠ ᠤᠰᠦᠠ ᠴᠥᠭᠥᠷᠥᠮ᠎ᠤᠨ ᠤᠰᠠᠳᠤᠭᠰᠠᠨ ᠣᠷᠣᠨ᠎ᠤ ᠭᠠᠵᠠᠷ ᠰᠢᠷᠣᠶ ᠪᠣᠯ ᠤᠯᠤᠰ᠎ᠤᠨ ᠥᠮᠴᠢᠯᠡᠯ᠎ᠳᠤ ᠬᠠᠷᠢᠶᠠᠯᠠᠭᠳᠠᠨ᠎ᠠ᠃ ᠲᠤᠰ ᠢᠨᠵᠸᠨ᠋ᠸᠷᠢᠩ᠎ᠤᠨ ᠬᠠᠮᠢᠶᠠᠷᠤᠯᠲᠠ ᠵᠢᠨ ᠨᠢᠭᠡᠴᠢ᠎ᠠᠴᠠ ᠬᠠᠷᠢᠭᠤᠴᠠᠨ ᠬᠠᠮᠢᠶᠠᠷᠬᠤ ᠵᠢᠨ ᠬᠠᠮᠲᠤ ᠤᠰᠤᠨ ᠴᠥᠭᠥᠷᠥᠮ᠎ᠤᠨ ᠨᠢᠭᠡᠳᠦᠯᠲᠡᠶ ᠲᠣᠬᠢᠷᠠᠭᠤᠯᠤᠯᠲᠠ ᠵᠢ ᠳᠠᠭ᠋ᠠᠬᠤ ᠪᠠ ᠢᠨᠵᠸᠨ᠋ᠸᠷᠢᠩ᠎ᠤᠨ ᠠᠮᠤᠷ ᠲᠦᠪᠰᠢᠨ᠎ᠢ ᠪᠠᠲᠤᠯᠠᠬᠤ᠂ ᠬᠥᠷᠥᠰᠥ ᠰᠢᠷᠣᠶ ᠵᠢ ᠬᠠᠮᠠᠭ᠋ᠠᠯᠠᠬᠤ ᠪᠠ ᠤᠰᠤᠨ᠎ᠤ ᠴᠢᠨᠠᠷ᠎ᠢ ᠬᠠᠮᠠᠭ᠋ᠠᠯᠠᠬᠤ ᠱᠠᠭ᠋ᠠᠷᠳᠠᠯᠭ᠎ᠠ᠎ᠳᠤ ᠨᠡᠶ᠋ᠢᠴᠡᠭᠰᠡᠨ ᠤᠷᠢᠲᠠᠯ ᠳᠣᠣᠷ᠎ᠠ᠂ ᠲᠤᠬᠠᠶ ᠵᠢᠨ ᠭᠠᠵᠠᠷ᠎ᠤᠨ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠳᠠᠮᠵᠢᠭᠤᠯᠤᠨ ᠲᠤᠬᠠᠶ ᠵᠢᠨ ᠭᠠᠵᠠᠷ᠎ᠤᠨ ᠬᠥᠳᠡᠭᠡ ᠲᠣᠰᠬᠣᠨ᠎ᠤ ᠨᠡᠬᠦᠳᠡᠯ ᠠᠷᠠᠳ᠎ᠲᠤ ᠤᠷᠢᠳ ᠵᠶ᠋ᠠᠷ ᠲᠣᠬᠢᠷᠠᠭᠤᠯᠤᠨ ᠥᠭᠴᠦ ᠬᠡᠷᠡᠭᠯᠡᠭᠦᠯᠵᠦ ᠪᠣᠯᠤᠨ᠎ᠠ᠃
   
    ᠳᠥᠴᠢᠨ ᠳᠥᠷᠪᠡᠳᠦᠭᠡᠷ ᠵᠦᠢ᠍ᠯ   ᠤᠯᠤᠰ᠎ᠠᠴᠠ ᠦᠨᠳᠦᠰᠦᠨ ᠲᠠᠷᠢᠶᠠᠨ ᠭᠠᠵᠠᠷ ᠪᠠ ᠤᠰᠤᠨ ᠠᠰᠢᠭᠯᠠᠯᠲᠠ ᠵᠢᠨ ᠪᠦᠳᠦᠭᠡᠨ ᠪᠠᠶ᠋ᠢᠭᠤᠯᠤᠯᠲᠠ ᠵᠢᠨ ᠪᠡᠯᠡ ᠮᠥᠩᠭᠥ ᠵᠢ ᠲᠣᠬᠢᠷᠠᠭᠤᠯᠬᠤ᠎ᠳᠠᠭᠠᠨ ᠨᠡᠬᠦᠳᠡᠯ ᠠᠷᠠᠳ᠎ᠢ ᠲᠥᠪᠬᠢᠨᠡᠭᠦᠯᠬᠦ ᠣᠷᠣᠨ᠎ᠤ ᠪᠠᠶ᠋ᠢᠭ᠎ᠠ ᠰᠢᠶᠠᠨ᠎ᠢ ᠤᠷᠢᠳᠠᠪᠠᠷ ᠲᠡᠳᠬᠦᠨ ᠳᠡᠮᠵᠢᠬᠦ ᠬᠡᠷᠡᠭᠲᠡᠶ᠃
   
    ᠳᠥᠴᠢᠨ ᠲᠠᠪᠤᠳᠤᠭ᠋ᠠᠷ ᠵᠦᠢ᠍ᠯ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠨᠡᠬᠦᠳᠡᠯ ᠠᠷᠠᠳ᠎ᠤᠨ ᠰᠢᠨᠵᠢᠯᠡᠬᠦ ᠤᠬᠠᠭ᠋ᠠᠨ ᠰᠣᠶᠣᠯ᠎ᠤᠨ ᠮᠡᠳᠡᠯᠭᠡ ᠪᠠ ᠬᠡᠷᠡᠭᠯᠡᠭᠡᠨ᠎ᠤ ᠮᠡᠷᠭᠡᠵᠢᠯ᠎ᠤᠨ ᠪᠣᠯᠪᠠᠰᠤᠷᠠᠭᠤᠯᠤᠯ᠎ᠢ ᠴᠢᠩᠭ᠋ᠠᠳᠬᠠᠵᠤ᠂ ᠬᠠᠤᠯᠢ ᠲᠦᠷᠢᠮ᠎ᠤᠨ ᠤᠬᠠᠭᠤᠯᠭ᠎ᠠ ᠬᠥᠮᠦᠵᠢᠯ᠎ᠢ ᠴᠢᠩᠭ᠋ᠠᠳᠬᠠᠨ᠂ ᠨᠡᠬᠦᠳᠡᠯ ᠠᠷᠠᠳ᠎ᠤᠨ ᠬᠡᠪ ᠴᠢᠨᠠᠷ᠎ᠢ ᠳᠡᠭᠡᠭᠰᠢᠯᠡᠭᠦᠯᠵᠦ᠂ ᠨᠡᠬᠦᠳᠡᠯ ᠠᠷᠠᠳ᠎ᠤᠨ ᠠᠵᠢᠯ ᠤᠯᠬᠤ ᠴᠢᠳᠠᠪᠤᠷᠢ ᠵᠢ ᠨᠡᠮᠡᠭᠳᠡᠭᠦᠯᠬᠦ ᠬᠡᠷᠡᠭᠲᠡᠶ᠃
   
    ᠳᠥᠴᠢᠨ ᠵᠢᠷᠭᠤᠳᠤᠭ᠋ᠠᠷ ᠵᠦᠢ᠍ᠯ   ᠲᠤᠮᠤ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠤᠨ ᠠᠰᠢᠭ ᠬᠥᠷᠳᠡᠬᠥ ᠭᠠᠵᠠᠷ ᠣᠷᠣᠨ᠎ᠤ ᠡᠯ᠎ᠡ ᠱᠠᠲᠤᠨ᠎ᠤ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠥᠢ ᠰᠠᠯᠠᠭ᠎ᠠ ᠮᠥᠴᠢᠷ᠎ᠤᠳ ᠳᠠᠪᠠᠭᠤᠯᠢᠭ ᠲᠠᠯ᠎ᠠ᠎ᠪᠠᠷ ᠵᠶ᠋ᠠᠨ ᠬᠠᠷᠢᠯᠴᠠᠨ ᠨᠥᠬᠥᠪᠥᠷᠢᠯᠡᠬᠦ᠂ ᠬᠠᠷᠢᠯᠴᠠᠨ ᠬᠠᠷᠠᠭ᠋ᠠᠯᠵᠠᠯ ᠦᠵᠡᠭᠦᠯᠵᠦ ᠬᠠᠷᠢᠯᠴᠠᠨ ᠠᠰᠢᠭᠲᠠᠶ ᠪᠠᠶ᠋ᠢᠬᠤ᠂ ᠤᠷᠳᠤ ᠬᠤᠭᠤᠴᠠᠭ᠎ᠠ᠎ᠪᠠᠷ ᠬᠠᠮᠲᠤᠷᠠᠯᠴᠠᠬᠤ᠂ ᠬᠠᠮᠲᠤ᠎ᠪᠠᠷ ᠬᠥᠭᠵᠢᠬᠦ ᠵᠠᠷᠴᠢᠮ ᠶᠣᠰᠣᠭ᠋ᠠᠷ᠂ ᠤᠯᠠᠨ ᠵᠦᠢ᠍ᠯ᠎ᠤᠨ ᠬᠡᠯᠪᠡᠷᠢ ᠵᠢ ᠠᠪᠴᠤ ᠪᠠᠶ᠋ᠢᠭ᠋ᠠᠳ ᠨᠡᠭᠦᠳᠡᠯ ᠠᠷᠠᠳ᠎ᠢ ᠲᠥᠪᠬᠢᠨᠡᠭᠦᠯᠬᠦ ᠣᠷᠣᠨ᠎ᠳᠤ ᠳᠡᠮᠵᠢᠯᠭᠡ ᠦᠵᠡᠭᠦᠯᠬᠦ ᠬᠡᠷᠡᠭᠲᠡᠶ᠃
   
    ᠵᠢᠷᠭᠤᠳᠤᠭ᠋ᠠᠷ ᠪᠦᠯᠦᠭ   ᠬᠢᠨᠠᠵᠤ ᠬᠠᠮᠢᠶᠠᠷᠬᠤ
   
    ᠳᠥᠴᠢᠨ ᠳᠣᠯᠣᠳᠤᠭ᠋ᠠᠷ ᠵᠦᠢ᠍ᠯ   ᠤᠯᠤᠰ᠎ᠠᠴᠠ ᠨᠡᠬᠦᠳᠡᠯ ᠠᠷᠠᠳ᠎ᠢ ᠲᠥᠪᠬᠢᠨᠡᠭᠦᠯᠬᠦ ᠪᠠ ᠤᠰᠤᠨ ᠴᠥᠭᠥᠷᠥᠮ᠎ᠤᠨ ᠨᠡᠬᠦᠳᠡᠯ ᠠᠷᠠᠳ᠎ᠤᠨ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠳᠡᠮᠵᠢᠬᠦ ᠶᠠᠪᠤᠳᠠᠯ᠎ᠳᠤ ᠪᠦᠬᠦ ᠶᠠᠪᠤᠴᠠ ᠵᠢᠨ ᠬᠢᠨᠠᠯᠲᠠ ᠲᠠᠯᠪᠢᠨ᠎ᠠ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠪᠣᠯᠤᠨ ᠲᠦᠷᠦ ᠵᠢᠨ ᠶᠠᠪᠤᠳᠠᠯ᠎ᠤᠨ ᠬᠣᠷᠢᠶᠠᠨ᠎ᠤ ᠨᠡᠬᠦᠳᠡᠯ ᠠᠷᠠᠳ᠎ᠢ ᠬᠠᠮᠢᠶᠠᠷᠬᠤ ᠪᠠᠶ᠋ᠢᠭᠤᠯᠤᠮᠵᠢ᠎ᠨᠤᠭᠤᠳ ᠨᠡᠬᠦᠳᠡᠯ ᠠᠷᠠᠳ᠎ᠢ ᠲᠥᠪᠬᠢᠨᠡᠭᠦᠯᠬᠦ ᠪᠠ ᠤᠰᠤᠨ ᠴᠥᠭᠥᠷᠥᠮ᠎ᠤᠨ ᠨᠡᠬᠦᠳᠡᠯ ᠠᠷᠠᠳ᠎ᠤᠨ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠳᠡᠮᠵᠢᠬᠦ ᠶᠠᠪᠤᠳᠠᠯ᠎ᠳᠤ ᠲᠠᠯᠪᠢᠬᠤ ᠬᠢᠨᠠᠯᠲᠠ᠎ᠪᠠᠨ ᠴᠢᠩᠭ᠋ᠠᠳᠬᠠᠵᠤ᠂ ᠠᠰᠠᠭᠤᠳᠠᠯ᠎ᠢ ᠣᠯᠵᠤ ᠮᠡᠳᠡᠪᠡᠯ ᠴᠠᠭ ᠲᠤᠬᠠᠶ᠎ᠳᠤᠨᠢ ᠠᠷᠭ᠎ᠠ ᠬᠡᠮᠵᠢᠶ᠎ᠡ ᠠᠪᠬᠤ ᠬᠡᠷᠡᠭᠲᠡᠶ᠃
   
    ᠳᠥᠴᠢᠨ ᠨᠠᠢ᠍ᠮᠠᠳᠤᠭ᠋ᠠᠷ ᠵᠦᠢ᠍ᠯ   ᠤᠯᠤᠰ᠎ᠠᠴᠠ ᠭᠠᠵᠠᠷ ᠰᠢᠷᠣᠶ ᠵᠢᠨ ᠲᠠᠲᠠᠪᠤᠷᠢᠯᠠᠯᠲᠠ ᠵᠢᠨ ᠨᠦᠬᠦᠪᠦᠷᠢ ᠪᠠ ᠨᠡᠬᠦᠳᠡᠯ ᠠᠷᠠᠳ᠎ᠢ ᠲᠥᠪᠬᠢᠨᠡᠭᠦᠯᠬᠦ ᠪᠡᠯᠡ ᠮᠥᠩᠭᠥ᠂ ᠤᠰᠤᠨ ᠴᠥᠭᠥᠷᠥᠮ᠎ᠤᠨ ᠨᠡᠬᠦᠳᠡᠯ ᠠᠷᠠᠳ᠎ᠤᠨ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠳᠡᠮᠵᠢᠬᠦ ᠪᠡᠯᠡ ᠮᠥᠩᠭᠥ ᠵᠢ ᠰᠠᠯᠭ᠋ᠠᠨ ᠥᠭᠬᠦ᠂ ᠬᠡᠷᠡᠭᠯᠡᠬᠦ ᠪᠠ ᠬᠠᠮᠢᠶᠠᠷᠬᠤ᠎ᠳᠤ ᠬᠢᠨᠠᠨ ᠪᠠᠶ᠋ᠢᠴᠠᠭ᠋ᠠᠬᠤ ᠲᠦᠷᠢᠮ᠎ᠢ ᠬᠡᠷᠡᠭᠵᠢᠭᠦᠯᠦᠨ᠎ᠡ᠃ ᠭᠠᠵᠠᠷ ᠰᠢᠷᠣᠶ ᠵᠢᠨ ᠲᠠᠲᠠᠪᠤᠷᠢᠯᠠᠯᠲᠠ ᠵᠢᠨ ᠨᠦᠬᠦᠪᠦᠷᠢ ᠪᠠ ᠨᠡᠬᠦᠳᠡᠯ ᠠᠷᠠᠳ᠎ᠢ ᠲᠥᠪᠬᠢᠨᠡᠭᠦᠯᠬᠦ ᠪᠡᠯᠡ ᠮᠥᠩᠭᠥ᠂ ᠤᠰᠤᠨ ᠴᠥᠭᠥᠷᠥᠮ᠎ᠤᠨ ᠨᠡᠬᠦᠳᠡᠯ ᠠᠷᠠᠳ᠎ᠤᠨ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠳᠡᠮᠵᠢᠬᠦ ᠪᠡᠯᠡ ᠮᠥᠩᠭᠥ ᠵᠢ ᠰᠠᠯᠭ᠋ᠠᠨ ᠥᠭᠭᠦᠭᠰᠡᠨ᠂ ᠬᠡᠷᠡᠭᠯᠡᠭᠰᠡᠨ ᠪᠠ ᠬᠠᠮᠢᠶᠠᠷᠤᠭᠰᠠᠨ ᠬᠣᠯᠪᠣᠭᠳᠠᠯ ᠪᠦᠬᠦᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠳᠤ ᠲᠤᠰᠢᠶᠠᠯ᠎ᠤᠨ ᠬᠤᠭᠤᠴᠠᠭ᠋ᠠᠨ᠎ᠤ ᠠᠵᠤ ᠠᠬᠤᠶ ᠵᠢᠨ ᠬᠠᠷᠢᠭᠤᠴᠠᠯᠭ᠎ᠠ ᠵᠢᠨ ᠬᠢᠨᠠᠨ ᠪᠤᠳᠤᠯᠳᠠ ᠵᠢ ᠬᠠᠤᠯᠢ ᠶᠣᠰᠣᠭ᠋ᠠᠷ ᠶᠠᠪᠤᠭᠳᠠᠭᠤᠯᠤᠨ᠎ᠠ᠃
   
  ᠳᠥᠴᠢ ᠶᠢᠰᠦᠳᠦᠭᠡᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠤᠤᠷᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠡᠳ᠋᠎ᠤᠨ ᠵᠠᠰᠠᠭ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠠᠷᠠᠳ᠎ᠢ ᠨᠡᠭᠦᠯᠭᠡᠬᠦ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ ᠪᠤᠶᠤ ᠪᠠᠶ᠋ᠢᠭᠤᠯᠤᠮᠵᠢ ᠵᠢᠨ ᠭᠠᠵᠠᠷ ᠰᠢᠷᠣᠶ ᠵᠢᠨ ᠲᠠᠲᠠᠪᠤᠷᠢᠯᠠᠯᠲᠠ ᠵᠢᠨ ᠨᠦᠬᠦᠪᠦᠷᠢ ᠪᠠ ᠠᠷᠠᠳ᠎ᠢ ᠨᠡᠭᠦᠯᠭᠡᠨ ᠲᠥᠪᠬᠢᠨᠡᠭᠦᠯᠬᠦ ᠪᠡᠯᠠ ᠮᠥᠩᠭᠥ᠂ ᠤᠰᠦᠠ ᠴᠥᠭᠥᠷᠥᠮ᠎ᠤᠨ ᠠᠷᠠᠳ᠎ᠢ ᠨᠡᠬᠦᠯᠭᠡᠬᠦ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠳᠡᠮᠵᠢᠬᠦ ᠪᠡᠯᠠ ᠮᠥᠩᠭᠥ ᠵᠢ ᠰᠠᠯᠭ᠋ᠠᠨ ᠥᠭᠬᠦ᠂ ᠬᠡᠷᠡᠭᠯᠡᠬᠦ ᠪᠠ ᠬᠠᠮᠢᠶᠠᠷᠬᠤ᠎ᠳᠤ ᠲᠠᠯᠪᠢᠬᠤ ᠬᠢᠨᠠᠯᠲᠠ᠎ᠪᠠᠨ ᠴᠢᠩᠭ᠋ᠠᠳᠬᠠᠬᠤ ᠬᠡᠷᠡᠭᠲᠡᠶ᠃
   
    ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠨᠡᠬᠦᠳᠡᠯ ᠠᠷᠠᠳ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠭᠠᠵᠠᠷ ᠰᠢᠷᠣᠶ ᠵᠢᠨ ᠲᠠᠲᠠᠪᠤᠷᠢᠯᠠᠯᠲᠠ ᠵᠢᠨ ᠨᠦᠬᠦᠪᠦᠷᠢ ᠪᠠ ᠨᠡᠬᠦᠳᠡᠯ ᠠᠷᠠᠳ᠎ᠢ ᠲᠥᠪᠬᠢᠨᠡᠭᠦᠯᠬᠦ ᠪᠡᠯᠡ ᠮᠥᠩᠭᠥ᠂ ᠤᠰᠤᠨ ᠴᠥᠭᠥᠷᠥᠮ᠎ᠤᠨ ᠨᠡᠬᠦᠳᠡᠯ ᠠᠷᠠᠳ᠎ᠤᠨ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠳᠡᠮᠵᠢᠬᠦ ᠪᠡᠯᠡ ᠮᠥᠩᠭᠥ ᠵᠢᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠨᠡᠬᠦᠳᠡᠯ ᠠᠷᠠᠳ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠮᠡᠳᠡᠭᠦᠯᠬᠦ ᠵᠢᠨ ᠬᠠᠮᠲᠤ ᠬᠣᠯᠪᠣᠭᠳᠠᠯ ᠪᠦᠬᠦᠢ ᠪᠡᠯᠡ ᠮᠥᠩᠭᠥ ᠵᠢ ᠰᠢᠯᠵᠢᠭᠦᠯᠦᠨ ᠥᠭᠭᠦᠭᠰᠡᠨ᠂ ᠬᠡᠷᠡᠭᠯᠡᠭᠰᠡᠨ ᠪᠠ ᠬᠠᠮᠢᠶᠠᠷᠤᠭᠰᠠᠨ ᠪᠠᠶ᠋ᠢᠳᠠᠯ ᠵᠶ᠋ᠠᠨ ᠲᠦᠷᠦᠯ ᠵᠦᠢ᠍ᠯᠡᠰ᠎ᠤᠨ ᠬᠠᠤᠯᠢ ᠵᠢᠨ ᠡᠷᠬᠡᠳᠡᠨ᠎ᠳᠤ ᠮᠡᠳᠡᠭᠳᠡᠬᠦ ᠬᠡᠷᠡᠭᠳᠡᠢ᠃
   
  ᠲᠠᠪᠢᠳᠤᠭ᠋ᠠᠷ ᠵᠦᠢ᠍ᠯ   ᠡᠯ᠎ᠡ ᠱᠠᠲᠤᠨ᠎ᠤ ᠬᠢᠨᠠᠨ ᠪᠤᠳᠤᠬᠤ᠂ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠨᠤᠭᠤᠳ ᠭᠠᠵᠠᠷ ᠰᠢᠷᠣᠶ ᠵᠢᠨ ᠲᠠᠲᠠᠪᠤᠷᠢᠯᠠᠯᠲᠠ ᠵᠢᠨ ᠨᠦᠬᠦᠪᠦᠷᠢ ᠪᠠ ᠨᠡᠬᠦᠳᠡᠯ ᠠᠷᠠᠳ᠎ᠢ ᠲᠥᠪᠬᠢᠨᠡᠭᠦᠯᠬᠦ ᠪᠡᠯᠡ ᠮᠥᠩᠭᠥ᠂ ᠤᠰᠤᠨ ᠴᠥᠭᠥᠷᠥᠮ᠎ᠤᠨ ᠨᠡᠬᠦᠳᠡᠯ ᠠᠷᠠᠳ᠎ᠤᠨ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠳᠡᠮᠵᠢᠬᠦ ᠪᠡᠯᠡ ᠮᠥᠩᠭᠥ ᠵᠢ ᠰᠠᠯᠭ᠋ᠠᠨ ᠥᠭᠭᠦᠭᠰᠡᠨ᠂ ᠬᠡᠷᠡᠭᠯᠡᠭᠰᠡᠨ ᠪᠠ ᠬᠠᠮᠢᠶᠠᠷᠤᠭᠰᠠᠨ ᠪᠠᠶ᠋ᠢᠳᠠᠯ᠎ᠤᠨ ᠲᠤᠬᠠᠶ ᠬᠢᠨᠠᠨ ᠪᠤᠳᠤᠬᠤ ᠪᠠ ᠬᠢᠨᠠᠨ ᠪᠠᠶ᠋ᠢᠴᠠᠭ᠋ᠠᠬᠤ᠎ᠪᠠᠨ ᠬᠠᠤᠯᠢ ᠶᠣᠰᠣᠭ᠋ᠠᠷ ᠴᠢᠩᠭ᠋ᠠᠳᠬᠠᠬᠤ ᠬᠡᠷᠡᠭᠲᠡᠶ᠃
   
    ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠭᠠᠵᠠᠷ ᠰᠢᠷᠣᠶ ᠵᠢᠨ ᠲᠠᠲᠠᠪᠤᠷᠢᠯᠠᠯᠲᠠ ᠵᠢᠨ ᠨᠦᠬᠦᠪᠦᠷᠢ ᠪᠠ ᠨᠡᠬᠦᠳᠡᠯ ᠠᠷᠠᠳ᠎ᠢ ᠲᠥᠪᠬᠢᠨᠡᠭᠦᠯᠬᠦ ᠪᠡᠯᠡ ᠮᠥᠩᠭᠥ᠂ ᠤᠰᠤᠨ ᠴᠥᠭᠥᠷᠥᠮ᠎ᠤᠨ ᠨᠡᠬᠦᠳᠡᠯ ᠠᠷᠠᠳ᠎ᠤᠨ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠳᠡᠮᠵᠢᠬᠦ ᠪᠡᠯᠡ ᠮᠥᠩᠭᠥ ᠵᠢ ᠰᠠᠯᠭ᠋ᠠᠨ ᠥᠭᠭᠦᠭᠰᠡᠨ᠂ ᠬᠡᠷᠡᠭᠯᠡᠭᠰᠡᠨ ᠪᠠ ᠬᠠᠮᠢᠶᠠᠷᠤᠭᠰᠠᠨ ᠪᠠᠶ᠋ᠢᠳᠠᠯ᠎ᠳᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠬᠤ ᠬᠡᠷᠡᠭᠲᠡᠶ᠃
   
    ᠬᠢᠨᠠᠨ ᠪᠤᠳᠤᠬᠤ᠂ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠪᠠ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠬᠢᠨᠠᠨ ᠪᠤᠳᠤᠬᠤ᠂ ᠬᠢᠨᠠᠨ ᠪᠠᠶ᠋ᠢᠴᠠᠭ᠋ᠠᠬᠤ ᠪᠠ ᠬᠢᠨᠠᠯᠲᠠ ᠲᠠᠯᠪᠢᠬᠤ ᠦᠶ᠎ᠡ᠎ᠳᠤ᠂ ᠬᠣᠯᠪᠣᠭᠳᠠᠯ ᠪᠦᠬᠦᠢ ᠨᠢᠭᠡᠴᠢ ᠪᠠ ᠬᠤᠪᠢ ᠬᠥᠮᠦᠨ ᠬᠠᠮᠵᠢᠯᠴᠠᠵᠤ᠂ ᠬᠣᠯᠪᠣᠭᠳᠠᠯ ᠪᠦᠬᠦᠢ ᠮᠠᠲ᠋ᠧᠷᠢᠶᠠᠯ᠎ᠢ ᠴᠠᠭ ᠲᠤᠬᠠᠶ᠎ᠳᠤᠨᠢ ᠬᠠᠩᠭ᠋ᠠᠬᠤ ᠬᠡᠷᠡᠭᠲᠡᠶ᠃
   
    ᠲᠠᠪᠢᠨ ᠨᠢᠭᠡᠳᠦᠭᠡᠷ ᠵᠦᠢ᠍ᠯ   ᠤᠯᠤᠰ᠎ᠠᠴᠠ ᠨᠡᠬᠦᠳᠡᠯ ᠠᠷᠠᠳ᠎ᠢ ᠲᠥᠪᠬᠢᠨᠡᠭᠦᠯᠬᠦ ᠪᠦᠬᠦ ᠶᠠᠪᠤᠴᠠ᠎ᠳᠤ ᠬᠢᠨᠠᠯᠲᠠ ᠲᠠᠯᠪᠢᠵᠤ ᠦᠨᠡᠯᠡᠨ ᠵᠢᠱ᠌ᠢᠬᠦ ᠵᠢ ᠬᠡᠷᠡᠭᠵᠢᠭᠦᠯᠦᠨ᠎ᠡ᠃ ᠨᠡᠭᠦᠳᠡᠯ ᠠᠷᠠᠳ  ᠎ᠢ ᠲᠥᠪᠬᠢᠨᠡᠭᠦᠯᠬᠦ ᠬᠡᠯᠡᠯᠴᠡᠭᠡᠷ ᠲᠣᠭᠲᠠᠭᠰᠠᠨ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠪᠣᠯᠤᠨ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ ᠳᠠᠭ᠋ᠠᠭ᠋ᠠᠴᠢᠯᠠᠯᠲᠠ ᠵᠠᠷᠯᠠᠬᠤ ᠠᠷᠭ᠎ᠠ ᠮᠠᠶᠢᠭ᠎ᠢ ᠠᠪᠴᠤ᠂ ᠨᠡᠭᠦᠳᠡᠯ ᠠᠷᠠᠳ᠎ᠢ ᠲᠥᠪᠬᠢᠨᠡᠭᠦᠯᠬᠦ ᠠᠵᠢᠯ᠎ᠳᠤ ᠬᠢᠨᠠᠯᠲᠠ ᠲᠠᠯᠪᠢᠵᠤ ᠦᠨᠡᠯᠡᠨ ᠵᠢᠱ᠌ᠢᠬᠦ ᠨᠢᠭᠡᠴᠢ᠎ᠳᠤ ᠬᠠᠮᠲᠤᠪᠠᠷ ᠨᠠᠶ᠋ᠢᠳᠠᠵᠤ ᠨᠡᠭᠦᠳᠡᠯ ᠠᠷᠠᠳ᠎ᠢ ᠨᠡᠭᠦᠯᠭᠡᠬᠦ ᠠᠬᠢᠴᠠ᠂ ᠨᠡᠭᠦᠳᠡᠯ ᠠᠷᠠᠳ᠎ᠢ ᠲᠥᠪᠬᠢᠨᠡᠭᠦᠯᠬᠦ ᠶᠠᠰᠤ ᠴᠢᠨᠠᠷ᠂ ᠨᠡᠭᠦᠳᠡᠯ ᠠᠷᠠᠳ᠎ᠤᠨ ᠪᠡᠯᠡ ᠮᠥᠩᠭᠥ ᠵᠢ ᠰᠠᠯᠭ᠋ᠠᠨ ᠥᠭᠭᠦᠭᠰᠡᠨ ᠪᠠ ᠬᠡᠷᠡᠭᠯᠡᠭᠰᠡᠨ ᠪᠠᠶ᠋ᠢᠳᠠᠯ ᠵᠢᠴᠢ ᠨᠡᠭᠦᠳᠡᠯ ᠠᠷᠠᠳ᠎ᠤᠨ ᠠᠮᠢᠳᠤᠷᠠᠯ᠎ᠤᠨ ᠬᠢᠷᠢ ᠬᠡᠮᠵᠢᠶ᠎ᠡ ᠵᠢ ᠰᠡᠷᠭᠦᠭᠡᠭᠰᠡᠨ ᠪᠠᠶ᠋ᠢᠳᠠᠯ᠎ᠳᠤ ᠬᠢᠨᠠᠯᠲᠠ ᠲᠠᠯᠪᠢᠵᠤ ᠦᠨᠡᠯᠡᠨ ᠵᠢᠱ᠌ᠢᠯᠲᠡ ᠬᠢᠯᠭᠡᠬᠦ ᠬᠡᠷᠡᠭᠲᠡᠶ᠃ ᠨᠠᠶ᠋ᠢᠳᠠᠯᠭ᠎ᠠ ᠬᠦᠯᠢᠶᠡᠭᠰᠡᠨ ᠲᠠᠯ᠎ᠠ᠎ᠨᠢ ᠬᠢᠨᠠᠯᠲᠠ ᠲᠠᠯᠪᠢᠵᠤ ᠦᠨᠡᠯᠡᠨ ᠵᠢᠱ᠌ᠢᠭᠰᠡᠨ ᠪᠠᠶ᠋ᠢᠳᠠᠯ ᠵᠶ᠋ᠠᠨ ᠨᠠᠶ᠋ᠢᠳᠠᠭᠰᠠᠨ ᠲᠠᠯ᠎ᠠ᠎ᠳᠤ ᠴᠠᠭ ᠲᠤᠬᠠᠶ᠎ᠳᠤᠨᠢ ᠮᠡᠳᠡᠭᠦᠯᠬᠦ ᠬᠡᠷᠡᠭᠲᠡᠶ᠃
   
    ᠲᠡᠪᠢᠠ ᠬᠣᠶᠠᠳᠤᠭ᠋ᠠᠷ ᠵᠦᠢ᠍ᠯ   ᠭᠠᠵᠠᠷ ᠲᠠᠲᠠᠪᠤᠷᠢᠯᠠᠯᠲᠠ ᠵᠢᠨ ᠨᠦᠬᠦᠪᠦᠷᠢ ᠥᠭᠬᠦ ᠪᠠ ᠨᠡᠬᠦᠳᠡᠯ ᠠᠷᠠᠳ᠎ᠢ ᠲᠥᠪᠬᠢᠨᠡᠭᠦᠯᠬᠦ ᠪᠡᠯᠠ ᠮᠥᠩᠭᠥ ᠵᠢ ᠲᠤᠰᠬᠠᠶ ᠲᠡᠡᠭᠰᠠ᠎ᠪᠠᠷ ᠬᠠᠳᠠᠭ᠋ᠠᠯᠠᠵᠤ᠂ ᠲᠤᠰᠬᠠᠶ ᠲᠡᠡᠭᠰᠠ᠎ᠪᠠᠷ ᠲᠣᠭ᠋ᠠᠴᠠᠭ᠋ᠠᠯᠠᠬᠤ ᠬᠡᠷᠡᠭᠲᠡᠶ᠂ ᠬᠠᠳᠠᠭ᠋ᠠᠯᠠᠬᠤ ᠬᠤᠭᠤᠴᠠᠭ᠋ᠠᠨ᠎ᠳᠠᠬᠢ ᠦᠷᠡᠵᠢᠯ   ᠮᠦᠩᠬᠦ ᠵᠢ ᠭᠠᠵᠠᠷ ᠲᠠᠲᠠᠪᠤᠷᠢᠯᠠᠯᠲᠠ ᠵᠢᠨ ᠨᠦᠬᠦᠪᠦᠷᠢ ᠥᠭᠬᠦ ᠪᠠ ᠨᠡᠬᠦᠳᠡᠯ ᠠᠷᠠᠳ᠎ᠢ ᠲᠥᠪᠬᠢᠨᠡᠭᠦᠯᠬᠦ ᠪᠡᠯᠠ ᠮᠥᠩᠭᠥ᠎ᠳᠤ ᠣᠷᠣᠭᠤᠯᠬᠤ ᠬᠡᠷᠡᠭᠲᠡᠶ᠂ ᠪᠤᠰᠤᠳ ᠵᠦᠢ᠍ᠯ᠎ᠳᠤ ᠨᠡᠭᠦᠯᠭᠡᠨ ᠬᠡᠷᠡᠭᠯᠡᠵᠦ ᠪᠣᠯᠬᠤ ᠤᠢ᠍ᠭᠡᠢ᠃
   
    ᠲᠠᠪᠢᠨ ᠭᠤᠷᠪᠠᠳᠤᠭ᠋ᠠᠷ ᠵᠦᠢ᠍ᠯ   ᠨᠡᠭᠦᠳᠡᠯ ᠠᠷᠠᠳ᠎ᠤᠨ ᠲᠣᠭᠣᠷᠢᠭ ᠪᠠ ᠨᠡᠭᠦᠳᠡᠯ ᠠᠷᠠᠳ᠎ᠢ ᠲᠥᠪᠬᠢᠨᠡᠭᠦᠯᠬᠦ ᠲᠣᠭᠣᠷᠢᠭ᠎ᠤᠨ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠭᠠᠴᠠᠭ᠎ᠠ᠎ᠪᠠᠷ ᠨᠢᠭᠡᠴᠢ ᠪᠣᠯᠭ᠋ᠠᠨ ᠲᠤᠮᠤ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠤᠨ ᠲᠠᠲᠠᠪᠤᠷᠢᠯᠠᠭᠰᠠᠨ ᠭᠠᠵᠠᠷ ᠰᠢᠷᠣᠶ ᠵᠢᠨ ᠲᠣᠭ᠎ᠠ ᠬᠡᠮᠵᠢᠶ᠎ᠡ᠂ ᠭᠠᠵᠠᠷ ᠰᠢᠷᠣᠶ ᠵᠢᠨ ᠲᠦᠷᠦᠯ ᠵᠦᠢ᠍ᠯ ᠪᠠ ᠪᠣᠳᠠᠲᠤ ᠪᠤᠳᠠᠰ᠎ᠤᠨ ᠪᠠᠶ᠋ᠢᠴᠠᠭ᠋ᠠᠯᠲᠠ ᠵᠢᠨ ᠦᠷ᠎ᠡ ᠳ᠋ᠦᠩ᠂ ᠨᠥᠬᠥᠪᠥᠷᠢ ᠥᠭᠬᠦ ᠬᠡᠪᠴᠢᠶ᠎ᠡ᠂ ᠨᠥᠬᠥᠪᠥᠷᠢ ᠥᠭᠬᠦ ᠪᠠᠷᠢᠮᠵᠢᠶ᠎ᠠ ᠪᠠ ᠵᠣᠭᠣᠰ᠎ᠤᠨ ᠲᠣᠭ᠎ᠠ ᠵᠢᠴᠢ ᠲᠥᠪᠬᠢᠨᠡᠭᠦᠯᠬᠦ ᠲᠥᠰᠦᠯ ᠵᠡᠷᠭᠡ ᠵᠢ ᠤᠯᠠᠨ ᠲᠦᠮᠡᠨ᠎ᠳᠤ ᠨᠡᠶ᠋ᠢᠲᠡᠯᠡᠬᠦ ᠬᠡᠷᠡᠭᠲᠡᠶ᠃ ᠤᠯᠠᠨ ᠲᠦᠮᠡᠨ ᠣᠨᠳᠣᠣ ᠰᠠᠨᠠᠯ ᠳᠤᠷᠠᠳᠤᠭᠰᠠᠨ ᠪᠠᠶ᠋ᠢᠪᠠᠯ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠴᠠᠭ ᠲᠤᠬᠠᠶ᠎ᠳᠤᠨᠢ ᠬᠢᠨᠠᠨ ᠪᠠᠶ᠋ᠢᠴᠠᠭ᠋ᠠᠬᠤ ᠵᠢᠨ ᠬᠠᠮᠲᠤ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠦᠷ᠎ᠡ ᠳ᠋ᠦᠩ᠎ᠨᠢ ᠣᠨᠣᠪᠴᠢ ᠦᠭᠡᠢ ᠵᠦᠢ᠍ᠯᠡᠰ᠎ᠢ ᠵᠠᠯᠠᠷᠠᠭᠤᠯᠬᠤ ᠬᠡᠷᠡᠭᠲᠡᠶ; ᠬᠢᠨᠠᠨ ᠪᠠᠶ᠋ᠢᠴᠠᠭ᠋ᠠᠭ᠋ᠠᠳ ᠡ᠊ᠨᠳᠡᠭᠦᠦ ᠪᠤᠷᠤᠭᠤ ᠦᠭᠡᠢ ᠪᠠᠶ᠋ᠢᠪᠠᠯ᠂ ᠴᠠᠭ ᠲᠤᠬᠠᠶ᠎ᠳᠤᠨᠢ ᠤᠯᠠᠨ ᠲᠦᠮᠡᠨ᠎ᠳᠤ ᠲᠠᠶ᠋ᠢᠯᠪᠤᠷᠢᠯᠠᠵᠤ ᠥᠭᠬᠦ ᠬᠡᠷᠡᠭᠲᠡᠶ᠃
   
    ᠨᠡᠬᠦᠳᠡᠯ ᠠᠷᠠᠳ᠎ᠢ ᠲᠥᠪᠬᠢᠨᠡᠭᠦᠯᠬᠦ ᠡᠭᠦᠷᠭᠡ᠎ᠲᠠᠢ ᠰᠢᠶᠠᠩ (ᠪᠠᠯᠭ᠋ᠠᠰᠤ)᠂ ᠭᠠᠴᠠᠭ᠎ᠠ᠎ᠨᠢ ᠭᠠᠵᠠᠷ ᠰᠢᠷᠣᠶ ᠵᠢᠨ ᠲᠠᠲᠠᠪᠤᠷᠢᠯᠠᠯᠲᠠ ᠵᠢᠨ ᠨᠦᠬᠦᠪᠦᠷᠢ ᠪᠠ ᠨᠡᠬᠦᠳᠡᠯ ᠠᠷᠠᠳ᠎ᠢ ᠲᠥᠪᠬᠢᠨᠡᠭᠦᠯᠬᠦ ᠪᠡᠯᠡ ᠮᠥᠩᠭᠥ ᠵᠢᠨ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢᠨ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠬᠦ ᠵᠢᠨ ᠬᠠᠮᠲᠤ ᠭᠠᠵᠠᠷ ᠰᠢᠷᠣᠶ ᠵᠢᠨ ᠲᠠᠲᠠᠪᠤᠷᠢᠯᠠᠯᠲᠠ ᠵᠢᠨ ᠨᠦᠬᠦᠪᠦᠷᠢ ᠪᠠ ᠨᠡᠬᠦᠳᠡᠯ ᠠᠷᠠᠳ᠎ᠢ ᠲᠥᠪᠬᠢᠨᠡᠭᠦᠯᠬᠦ ᠪᠡᠯᠡ ᠮᠥᠩᠭᠥ ᠵᠢᠨ ᠣᠷᠣᠯᠭ᠎ᠠ ᠵᠠᠷᠤᠯᠭ᠎ᠠ ᠵᠢᠨ ᠪᠠᠶ᠋ᠢᠳᠠᠯ᠎ᠢ ᠵᠠᠷᠯᠠᠨ ᠨᠡᠶ᠋ᠢᠲᠡᠯᠡᠵᠦ᠂ ᠤᠯᠠᠨ ᠲᠦᠮᠡᠨ᠎ᠤ ᠬᠢᠨᠠᠯᠲᠠ ᠵᠢ ᠬᠦᠯᠢᠶᠡᠬᠦ ᠬᠡᠷᠡᠭᠲᠡᠶ; ᠭᠠᠵᠠᠷ ᠰᠢᠷᠣᠶ ᠵᠢᠨ ᠨᠦᠬᠦᠪᠦᠷᠢ ᠵᠢᠨ ᠰᠦᠢ᠍ᠳᠬᠡᠯ ᠪᠠ ᠬᠠᠮᠲᠤ ᠵᠢᠨ ᠡᠳ᠋ ᠬᠦᠷᠦᠩᠭᠡ ᠵᠢᠨ ᠨᠦᠬᠦᠪᠦᠷᠢ ᠵᠢᠨ ᠰᠦᠢ᠍ᠳᠬᠡᠯ᠎ᠢ ᠬᠡᠷᠡᠭᠯᠡᠬᠦ ᠲᠥᠰᠦᠯ᠎ᠢ ᠭᠠᠴᠠᠭ᠋ᠠᠨ᠎ᠤ ᠠᠷᠠᠳ᠎ᠤᠨ ᠬᠤᠷᠠᠯ ᠪᠤᠶᠤ ᠭᠠᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠬᠤᠷᠠᠯ ᠵᠶ᠋ᠠᠷ ᠶᠠᠷᠢᠯᠴᠠᠭᠤᠯᠤᠨ ᠪᠠᠲᠤᠯᠠᠭᠤᠯᠬᠤ ᠬᠡᠷᠡᠭᠲᠡᠶ᠃
   
    ᠨᠡᠭᠦᠳᠡᠯ ᠠᠷᠠᠳ᠎ᠢ ᠲᠥᠪᠬᠢᠨᠡᠭᠦᠯᠬᠦ ᠲᠣᠭᠣᠷᠢᠭ ᠰᠢᠶᠠᠩ (ᠪᠠᠯᠭ᠋ᠠᠰᠤ)  ᠎ᠤᠨ ᠠᠷᠠᠳ᠎ᠤᠨ ᠵᠠᠰᠠᠭ᠎ᠤᠨ ᠣᠷᠳᠣᠨ᠂ ᠲᠣᠰᠬᠣᠨ (ᠰᠠᠭᠤᠭ᠋ᠠᠯᠢ)  ᠎ᠤ ᠠᠷᠠᠳ᠎ᠤᠨ ᠵᠥᠪᠯᠡᠯ᠎ᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠨᠡᠭᠦᠳᠡᠯ ᠠᠷᠠᠳ᠎ᠢ ᠬᠠᠪᠰᠤᠷᠤᠨ ᠲᠤᠬᠠᠶ ᠵᠢᠨ ᠭᠠᠵᠠᠷ  ᠎ᠤᠨ ᠦᠢ᠍ᠯᠡᠳᠪᠦᠷᠢᠯᠡᠯ᠂ ᠠᠮᠢᠳᠤᠷᠠᠯ᠎ᠳᠤ ᠵᠣᠬᠢᠴᠠᠭᠤᠯᠵᠤ᠂ ᠵᠥᠷᠢᠴᠡᠯ ᠵᠢᠭᠤᠷᠠᠯᠳᠤᠭ᠋ᠠᠨ᠎ᠢ ᠴᠠᠭ ᠲᠤᠬᠠᠶ᠎ᠳᠤᠨᠢ ᠡᠶᠡᠳᠡᠬᠦᠯᠦᠨ ᠰᠢᠢ᠍ᠳᠪᠤᠷᠢᠯᠡᠬᠦ ᠬᠡᠷᠡᠭᠲᠡᠶ᠃
   
    ᠲᠠᠪᠢᠨ ᠳᠥᠷᠪᠡᠳᠦᠭᠡᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠨᠡᠬᠦᠳᠡᠯ ᠠᠷᠠᠳ᠎ᠢ ᠬᠠᠮᠢᠶᠠᠷᠬᠤ ᠪᠠᠶ᠋ᠢᠭᠤᠯᠤᠮᠵᠢ ᠵᠢᠴᠢ ᠲᠦᠷᠦᠯ ᠵᠦᠢ᠍ᠯᠡᠰ᠎ᠤᠨ ᠬᠠᠤᠯᠢ ᠵᠢᠨ ᠡᠷᠬᠡᠳᠡᠨ ᠨᠡᠬᠦᠳᠡᠯ ᠠᠷᠠᠳ᠎ᠤᠨ ᠠᠵᠢᠯ᠎ᠤᠨ ᠲᠠᠨᠭ᠌ᠰᠠ ᠡᠪᠬᠡᠮᠡᠯ ᠪᠠᠶ᠋ᠢᠭᠤᠯᠬᠤ ᠵᠢᠨ ᠬᠠᠮᠲᠤ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠮᠢᠶᠠᠷᠬᠤ ᠬᠡᠷᠡᠭᠲᠡᠶ᠃
   
    ᠲᠠᠪᠢᠨ ᠲᠠᠪᠤᠳᠤᠭ᠋ᠠᠷ ᠵᠦᠢ᠍ᠯ   ᠤᠯᠤᠰ᠎ᠠᠴᠠ ᠨᠡᠬᠦᠳᠡᠯ ᠠᠷᠠᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠨ᠎ᠠ᠃
   
    ᠭᠠᠵᠠᠷ ᠰᠢᠷᠣᠶ ᠵᠢᠨ ᠲᠠᠲᠠᠪᠤᠷᠢᠯᠠᠯᠲᠠ ᠵᠢᠨ ᠨᠦᠬᠦᠪᠦᠷᠢ ᠥᠭᠬᠦ ᠪᠠ ᠨᠡᠬᠦᠳᠡᠯ ᠠᠷᠠᠳ᠎ᠢ ᠲᠥᠪᠬᠢᠨᠡᠭᠦᠯᠬᠦ ᠶᠠᠪᠤᠴᠠ᠎ᠳᠤ᠂ ᠨᠡᠬᠦᠳᠡᠯ ᠠᠷᠠᠳ ᠦᠪᠡᠷ᠎ᠤᠨ ᠬᠠᠤᠯᠢ ᠶᠣᠰᠣᠨ᠎ᠤ ᠡᠷᠬᠡ ᠠᠰᠢᠭ᠎ᠨᠢ ᠬᠠᠯᠳᠠᠯᠭ᠎ᠠ᠎ᠳᠤ ᠤᠴᠠᠷᠠᠭᠰᠠᠨ ᠭᠡᠵᠦ ᠦᠵᠡᠪᠡᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠨᠡᠬᠦᠳᠡᠯ ᠠᠷᠠᠳ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠬᠠᠤᠯᠢ ᠶᠣᠰᠣᠭ᠋ᠠᠷ ᠲᠤᠰᠬᠠᠵᠤ ᠪᠣᠯᠤᠨ᠎ᠠ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠨᠡᠬᠦᠳᠡᠯ ᠠᠷᠠᠳ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠨᠡᠬᠦᠳᠡᠯ ᠠᠷᠠᠳ᠎ᠤᠨ ᠲᠤᠰᠬᠠᠭᠰᠠᠨ ᠠᠰᠠᠭᠤᠳᠠᠯ᠎ᠢ ᠬᠢᠨᠠᠨ ᠬᠠᠷᠭᠤᠭᠤᠯᠬᠤ ᠵᠢᠨ ᠬᠠᠮᠲᠤ ᠲᠣᠬᠢᠲᠠᠶ ᠰᠢᠢ᠍ᠳᠪᠤᠷᠢᠯᠡᠬᠦ ᠬᠡᠷᠡᠭᠲᠡᠶ᠃ ᠨᠡᠬᠦᠳᠡᠯ ᠠᠷᠠᠳ ᠴᠦ᠍ ᠬᠠᠤᠯᠢ ᠶᠣᠰᠣᠭ᠋ᠠᠷ ᠠᠷᠠᠳ᠎ᠤᠨ ᠰᠢᠭᠦᠬᠦ ᠬᠣᠷᠢᠶᠠᠨ᠎ᠳᠤ ᠵᠠᠭ᠋ᠠᠯᠳᠤᠯᠭ᠎ᠠ ᠭᠠᠷᠭ᠋ᠠᠵᠤ ᠪᠣᠯᠤᠨ᠎ᠠ᠃
   
    ᠨᠡᠬᠦᠳᠡᠯ ᠠᠷᠠᠳ᠎ᠢ ᠲᠥᠪᠬᠢᠨᠡᠭᠦᠯᠦᠭᠰᠡᠨ᠎ᠤ ᠲᠠᠷᠠᠭ᠎ᠠ᠂ ᠨᠡᠬᠦᠳᠡᠯ ᠠᠷᠠᠳ᠎ᠨᠢ ᠨᠡᠬᠦᠳᠡᠯ ᠠᠷᠠᠳ᠎ᠢ ᠲᠥᠪᠬᠢᠨᠡᠭᠦᠯᠦᠭᠰᠡᠨ ᠣᠷᠣᠨ᠎ᠤ ᠲᠤᠬᠠᠶ ᠵᠢᠨ ᠭᠠᠵᠠᠷ᠎ᠤᠨ ᠰᠠᠭᠤᠭ᠋ᠠᠯᠢ ᠠᠷᠠᠳ᠎ᠲᠠᠢ ᠠᠳᠠᠯᠢ ᠲᠡᠭᠰᠢ ᠡᠷᠬᠡ ᠵᠢ ᠡᠳ᠋ᠯᠡᠵᠦ᠂ ᠠᠳᠠᠯᠢ ᠲᠡᠭᠰᠢ ᠡᠭᠦᠷᠭᠡ ᠵᠢ ᠡᠭᠦᠷᠭᠡᠯᠡᠨ᠎ᠡ᠃
   
    ᠲᠠᠪᠢᠨ ᠵᠢᠷᠭᠤᠳᠤᠭ᠋ᠠᠷ ᠵᠦᠢ᠍ᠯ   ᠨᠡᠬᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢᠨ ᠶᠣᠰᠣᠭ᠋ᠠᠷ ᠡᠷᠬᠡᠪᠰᠢ ᠨᠡᠭᠦᠯᠭᠡᠬᠦ ᠬᠡᠷᠡᠭᠲᠡᠶ ᠨᠡᠬᠦᠳᠡᠯ ᠠᠷᠠᠳ ᠵᠦᠢ ᠶᠣᠰᠣᠨ᠎ᠤ ᠤᠴᠢᠷ ᠰᠢᠯᠲᠠᠭ᠋ᠠᠨ ᠦᠭᠡᠢ᠎ᠪᠠᠷ ᠨᠡᠭᠦᠯᠭᠡᠬᠦ ᠵᠢ ᠬᠣᠶ᠋ᠢᠰᠢᠯᠠᠭᠤᠯᠬᠤ ᠪᠤᠶᠤ ᠨᠡᠭᠦᠯᠭᠡᠬᠦ ᠵᠢ ᠲᠡᠪᠴᠢᠵᠦ ᠪᠣᠯᠬᠤ ᠦᠭᠡᠢ᠃ ᠨᠢᠭᠡᠨᠲᠡ ᠲᠥᠪᠬᠢᠨᠡᠭᠦᠯᠦᠭᠰᠡᠨ ᠨᠡᠭᠦᠳᠡᠯ ᠠᠷᠠᠳ᠎ᠢ ᠪᠤᠴᠠᠭ᠋ᠠᠵᠤ ᠨᠡᠭᠦᠯᠭᠡᠵᠦ ᠪᠣᠯᠬᠤ ᠥᠭᠡᠢ᠃
   
    ᠳᠣᠯᠣᠳᠤᠭ᠋ᠠᠷ ᠪᠦᠯᠦᠭ   ᠬᠠᠤᠯᠢ ᠵᠢᠨ ᠬᠠᠷᠢᠭᠤᠴᠠᠯᠭ᠎ᠠ
   
    ᠲᠠᠪᠢᠨ ᠳᠣᠯᠣᠳᠤᠭ᠋ᠠᠷ ᠵᠤᠢ᠌ᠯ   ᠲᠣᠰ ᠲᠦᠷᠢᠮ᠎ᠤᠨ ᠲᠣᠭᠲᠠᠭ᠋ᠠᠯ᠎ᠢ ᠵᠥᠷᠢᠴᠡᠵᠦ᠂ ᠬᠣᠯᠪᠣᠭᠳᠠᠯ ᠪᠥᠬᠥᠶ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠂ ᠨᠡᠭᠦᠳᠡᠯ ᠠᠷᠠᠳ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠂ ᠲᠥᠷᠥᠯ ᠵᠤᠢ᠌ᠯ᠎ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠵᠢᠴᠢ ᠪᠤᠰᠤᠳ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠳ ᠳᠣᠤᠷᠠᠬᠢ ᠮᠡᠲᠦ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠰᠢᠭᠤᠳ ᠬᠠᠷᠢᠭᠤᠴᠠᠵᠤ ᠪᠠᠶ᠋ᠢᠭ᠎ᠠ ᠭᠣᠤᠯᠴᠢᠯᠠᠨ ᠬᠠᠮᠢᠶᠠᠷᠬᠤ ᠠᠵᠢᠯᠲᠠᠨ ᠪᠠ ᠪᠤᠰᠤᠳ ᠰᠢᠭᠤᠳ ᠬᠠᠷᠢᠭᠤᠴᠠᠯᠭ᠎ᠠ᠎ᠲᠠᠢ ᠬᠥᠮᠦᠰ᠎ᠲᠤ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠭᠡᠯ ᠥᠭᠭᠦᠨ᠎ᠡ; ᠬᠦᠨᠳᠦ ᠨᠣᠴᠢᠲᠠᠶ ᠤᠷᠰᠢᠭ ᠲᠠᠲᠠᠵᠤ᠂ ᠬᠣᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠬᠥᠮᠦᠨ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠄
   
   (ᠨᠢᠭᠡ) ᠨᠡᠬᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢᠨ ᠬᠥᠲᠥᠯᠪᠦᠷᠢ᠂ ᠨᠡᠬᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠪᠤᠶᠤ ᠤᠰᠤᠨ ᠴᠥᠭᠥᠷᠥᠮ᠎ᠤᠨ ᠨᠡᠬᠦᠳᠡᠯ ᠠᠷᠠᠳ᠎ᠤᠨ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠳᠡᠮᠵᠢᠬᠦ ᠲᠥᠯᠥᠪᠵᠢᠭᠦᠯᠭᠡ ᠵᠢ ᠲᠣᠭᠲᠠᠭ᠋ᠠᠯ᠎ᠠᠴᠠ ᠵᠥᠷᠢᠴᠡᠨ ᠵᠥᠪᠰᠢᠶᠡᠷᠡᠭᠰᠡᠨ;
   
 (ᠬᠣᠶᠠᠷ) ᠲᠣᠭᠲᠠᠭ᠋ᠠᠯ᠎ᠠᠴᠠ ᠵᠥᠷᠢᠴᠡᠨ ᠨᠡᠬᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠭᠰᠠᠨ ᠦᠭᠡᠢ ᠪᠤᠶᠤ ᠨᠡᠬᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢ ᠬᠢᠨᠠᠨ ᠬᠠᠷᠭᠤᠭᠤᠯᠤᠭᠰᠠᠨ ᠦᠭᠡᠢ ᠲᠤᠮᠤ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠤᠨ ᠪᠦᠳᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯᠡᠰ᠎ᠢ ᠵᠥᠪᠰᠢᠶᠡᠷᠡᠭᠰᠡᠨ ᠪᠤᠶᠤ ᠬᠢᠨᠠᠨ ᠵᠥᠪᠰᠢᠶᠡᠷᠡᠭᠰᠡᠨ;
   
   (ᠭᠤᠷᠪᠠ) ᠠᠷᠠᠳ᠎ᠢ ᠨᠡᠭᠦᠯᠭᠡᠨ ᠲᠥᠪᠬᠢᠨᠡᠭᠦᠯᠬᠦ᠎ᠳᠤ ᠰᠢᠯᠭ᠋ᠠᠨ ᠠᠪᠤᠭᠰᠠᠨ ᠦᠭᠡᠢ ᠪᠤᠶᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠦᠭᠡᠢ ᠪᠠᠶ᠋ᠢᠲᠠᠯ᠎ᠠ ᠲᠤᠮᠤ ᠳᠤᠮᠳᠠ ᠬᠡᠯᠪᠡᠷᠢ ᠵᠢᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠢ ᠱᠠᠳᠤᠴᠢ ᠴᠢᠨᠠᠷᠲᠠᠶ ᠰᠢᠯᠭ᠋ᠠᠨ ᠠᠪᠤᠭᠰᠠᠨ ᠪᠤᠶᠤ ᠪᠠᠷᠢᠯᠭ᠎ᠠ ᠳᠠᠭᠤᠰᠴᠤ ᠰᠢᠯᠭ᠋ᠠᠨ ᠠᠪᠤᠭᠰᠠᠨ;
   
  (ᠳᠦᠷᠪᠡ) ᠤᠰᠤᠨ ᠴᠥᠭᠥᠷᠥᠮ᠎ᠤᠨ ᠠᠷᠠᠳ᠎ᠢ ᠨᠡᠭᠦᠯᠭᠡᠬᠦ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠳᠡᠮᠵᠢᠬᠦ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠭᠰᠠᠨ ᠦᠭᠡᠢ᠂ ᠬᠣᠯᠪᠣᠭᠳᠠᠯ ᠪᠦᠬᠦᠢ ᠨᠢᠭᠡᠴᠢ᠎ᠠᠴᠠ ᠤᠰᠤᠨ ᠴᠥᠭᠥᠷᠥᠮ᠎ᠤᠨ ᠠᠷᠠᠳ᠎ᠢ ᠨᠡᠭᠦᠯᠭᠡᠬᠦ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠳᠡᠮᠵᠢᠬᠦ ᠪᠡᠯᠡ ᠮᠥᠩᠭᠥ ᠵᠢ ᠰᠠᠯᠭ᠋ᠠᠨ ᠥᠭᠭᠦᠭᠰᠡᠨ;
   
   (ᠲᠠᠪᠤ) ᠨᠡᠭᠦᠳᠡᠯ ᠠᠷᠠᠳ᠎ᠢ ᠲᠥᠪᠬᠢᠨᠡᠭᠦᠯᠦᠨ ᠬᠠᠮᠢᠶᠠᠷᠬᠤ᠂ ᠬᠢᠨᠠᠯᠲᠠ ᠲᠠᠯᠪᠢᠬᠤ ᠪᠠ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠶᠠᠪᠤᠴᠠ᠎ᠳᠤ ᠬᠠᠤᠯᠢ᠎ᠠᠴᠠ ᠵᠥᠷᠢᠴᠡᠭᠰᠡᠨ ᠥᠢ᠍ᠯᠡ ᠠᠵᠢᠯᠯᠠᠭ᠎ᠠ ᠵᠢ ᠣᠯᠵᠤ ᠮᠡᠳᠡᠭᠰᠡᠨ ᠪᠠᠢ᠌ᠳᠠᠯ᠎ᠠ ᠪᠠᠶ᠋ᠢᠴᠠᠭ᠋ᠠᠨ ᠰᠢᠢ᠍ᠳᠪᠤᠷᠢᠯᠡᠭᠰᠡᠨ ᠥᠭᠡᠢ; ᡾
   
   (ᠵᠢᠷᠭᠤᠭ᠎ᠠ) ᠠᠷᠠᠳ᠎ᠢ ᠨᠡᠭᠦᠯᠭᠡᠨ ᠲᠥᠪᠬᠢᠨᠡᠭᠦᠯᠬᠦ ᠶᠠᠪᠤᠴᠠ᠎ᠳᠤ ᠠᠰᠠᠭᠤᠳᠠᠯ ᠤᠷᠤᠰᠢᠵᠤ ᠪᠠᠢ᠌ᠭ᠎ᠠ ᠵᠢ ᠣᠯᠵᠤ ᠮᠡᠳᠡᠭᠡᠳ ᠴᠠᠭ ᠲᠤᠬᠠᠶ᠎ᠳᠤᠨᠢ ᠰᠢᠢ᠍ᠳᠪᠤᠷᠢᠯᠡᠭᠰᠡᠨ ᠥᠭᠡᠢ᠎ᠠᠴᠠ ᠪᠣᠯᠣᠭ᠋ᠠᠳ ᠬᠦᠨᠳᠦ ᠨᠣᠴᠢᠲᠠᠶ ᠦᠷ᠎ᠡ ᠳ᠋ᠦᠩ ᠭᠠᠷᠭ᠋ᠠᠭᠰᠠᠨ ᠵᠢᠴᠢ ᠡᠷᠬᠡ ᠲᠤᠰᠢᠶᠠᠯ ᠵᠶ᠋ᠠᠨ ᠳᠤᠷ᠎ᠠ᠎ᠪᠠᠷ ᠬᠡᠷᠡᠭᠯᠡᠭᠰᠡᠨ᠂ ᠡᠭᠦᠷᠭᠡ ᠲᠤᠰᠢᠶᠠᠯ ᠵᠶ᠋ᠠᠨ ᠣᠮᠲᠣᠭ᠋ᠠᠶ᠋ᠢᠯᠠᠵᠤ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠭᠰᠠᠨ ᠵᠡᠷᠭᠡ ᠬᠠᠤᠯᠢ᠎ᠠᠴᠠ ᠵᠥᠷᠢᠴᠡᠭᠰᠡᠨ ᠪᠤᠰᠤᠳ ᠦᠢ᠍ᠯᠡ ᠠᠵᠢᠯᠯᠠᠭ᠎ᠠ᠎ᠲᠠᠢ ᠪᠠᠶ᠋ᠢᠬᠤ᠃
   
    ᠲᠠᠪᠢᠨ ᠨᠠᠢ᠍ᠮᠠᠳᠤᠭ᠋ᠠᠷ ᠵᠦᠢ᠍ᠯ   ᠲᠤᠰ ᠳᠦᠷᠢᠮ᠎ᠤᠨ ᠲᠣᠭᠲᠠᠭ᠋ᠠᠯ᠎ᠢ ᠵᠥᠷᠢᠴᠡᠵᠦ᠂ ᠲᠥᠷᠥᠯ ᠵᠦᠢ᠍ᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠬᠣᠯᠪᠣᠭᠳᠠᠯ ᠪᠦᠬᠦᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠨᠡᠭᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢᠨ ᠬᠥᠲᠥᠯᠪᠦᠷᠢ᠂ ᠨᠡᠭᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠪᠤᠶᠤ ᠤᠰᠤᠨ ᠴᠥᠭᠥᠷᠥᠮ᠎ᠤᠨ ᠨᠡᠭᠦᠳᠡᠯ ᠠᠷᠠᠳ᠎ᠤᠨ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠳᠡᠮᠵᠢᠬᠦ ᠲᠥᠯᠥᠪᠵᠢᠭᠦᠯᠭᠡ᠎ᠳᠤ ᠲᠣᠬᠢᠷᠠᠭᠤᠯᠤᠯᠲᠠ ᠬᠢᠭᠰᠡᠨ ᠪᠤᠶᠤ ᠵᠠᠰᠠᠪᠤᠷᠢ ᠣᠷᠣᠭᠤᠯᠤᠭᠰᠠᠨ ᠪᠠᠶ᠋ᠢᠪᠠᠯ᠂ ᠲᠤᠰ ᠲᠥᠯᠥᠪᠵᠢᠭᠦᠯᠭᠡ ᠵᠢᠨ ᠬᠥᠲᠥᠯᠪᠦᠷᠢ᠂ ᠲᠥᠯᠥᠪᠵᠢᠭᠦᠯᠭᠡ ᠵᠢ ᠵᠥᠪᠰᠢᠶᠡᠷᠡᠭᠰᠡᠨ ᠬᠣᠯᠪᠣᠭᠳᠠᠯ ᠪᠦᠬᠦᠢ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠪᠠᠶ᠋ᠢᠭᠤᠯᠤᠮᠵᠢ᠎ᠠᠴᠠ ᠵᠠᠷᠯᠢᠭᠳᠠᠨ ᠵᠠᠯᠠᠷᠠᠭᠤᠯᠤᠭᠤᠯᠵᠤ᠂ ᠰᠢᠭᠤᠳ ᠬᠠᠷᠢᠭᠤᠴᠠᠵᠤ ᠪᠠᠶ᠋ᠢᠭ᠎ᠠ ᠭᠤᠤᠯᠴᠢᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠭᠡᠯ ᠥᠭᠭᠦᠨ᠎ᠡ; ᠬᠦᠨᠳᠦ ᠶᠡᠬᠡ ᠬᠣᠬᠢᠷᠠᠯ ᠤᠴᠠᠷᠠᠭᠤᠯᠵᠤ᠂ ᠬᠣᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠬᠥᠮᠦᠨ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
   
    ᠲᠣᠰ ᠲᠦᠷᠢᠮ᠎ᠤᠨ ᠲᠣᠭᠲᠠᠭ᠋ᠠᠯ᠎ᠢ ᠵᠥᠷᠢᠴᠡᠵᠦ᠂ ᠲᠥᠷᠥᠯ ᠵᠤᠢ᠌ᠯ᠎ᠤᠨ ᠬᠠᠤᠯᠢ ᠵᠢᠨ ᠡᠷᠬᠡᠲᠡᠨ᠎ᠠᠴᠠ ᠨᠡᠭᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢᠨ ᠬᠥᠲᠥᠯᠪᠦᠷᠢ᠂ ᠨᠡᠭᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ᠎ᠳᠤ ᠲᠣᠬᠢᠷᠠᠭᠤᠯᠤᠯᠲᠠ ᠬᠢᠭᠰᠡᠨ ᠪᠤᠶᠤ ᠵᠠᠰᠠᠪᠤᠷᠢ ᠣᠷᠣᠭᠤᠯᠤᠭᠰᠠᠨ ᠪᠠᠶ᠋ᠢᠪᠠᠯ᠂ ᠲᠣᠰ ᠲᠥᠯᠥᠪᠵᠢᠭᠦᠯᠭᠡ ᠵᠢᠨ ᠬᠥᠲᠥᠯᠪᠦᠷᠢ᠂ ᠲᠥᠯᠥᠪᠵᠢᠭᠦᠯᠭᠡ ᠵᠢ ᠵᠥᠪᠰᠢᠶᠡᠷᠡᠭᠰᠡᠨ ᠬᠣᠯᠪᠣᠭᠳᠠᠯ ᠪᠥᠬᠥᠶ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ᠂ ᠪᠠᠶ᠋ᠢᠭᠤᠯᠤᠮᠵᠢ᠎ᠠᠴᠠ ᠵᠠᠷᠯᠢᠭᠳᠠᠨ ᠵᠠᠯᠠᠷᠠᠭᠤᠯᠤᠭᠤᠯᠵᠤ᠂ 10 ᠲᠦᠮᠡᠨ ᠲᠥᠭᠥᠷᠢᠭ᠎ᠠᠴᠠ ᠳᠡᠭᠡᠭᠰᠢ 50 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ; ᠰᠢᠭᠤᠳ ᠬᠠᠷᠢᠭᠤᠴᠠᠵᠤ ᠪᠠᠶ᠋ᠢᠭ᠎ᠠ ᠭᠤᠤᠯᠴᠢᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠢ 1 ᠲᠦᠮᠡᠨ ᠲᠥᠭᠥᠷᠢᠭ᠎ᠠᠴᠠ ᠳᠡᠭᠡᠭᠰᠢ 5 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ; ᠬᠦᠨᠳᠦ ᠶᠡᠬᠡ ᠬᠣᠬᠢᠷᠠᠯ ᠤᠴᠠᠷᠠᠭᠤᠯᠵᠤ᠂ ᠬᠣᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠬᠥᠮᠦᠨ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
   
    ᠲᠠᠪᠢ ᠶᠢᠰᠦᠳᠦᠭᠡᠷ ᠵᠦᠢ᠍ᠯ   ᠲᠤᠰ ᠳᠦᠷᠢᠮ᠎ᠤᠨ ᠲᠣᠭᠲᠠᠭ᠋ᠠᠯ᠎ᠢ ᠵᠥᠷᠢᠴᠡᠵᠦ᠂ ᠨᠡᠬᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ ᠵᠢᠨ ᠬᠥᠲᠥᠯᠪᠦᠷᠢ᠂ ᠨᠡᠬᠦᠳᠡᠯ ᠠᠷᠠᠳ᠎ᠢ ᠲᠥᠪᠬᠢᠨᠡᠭᠦᠯᠬᠦ ᠲᠥᠯᠥᠪᠵᠢᠭᠦᠯᠭᠡ᠂ ᠤᠰᠤᠨ ᠴᠥᠭᠥᠷᠥᠮ᠎ᠤᠨ ᠨᠡᠬᠦᠳᠡᠯ ᠠᠷᠠᠳ᠎ᠤᠨ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠳᠡᠮᠵᠢᠬᠦ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠪᠤᠶᠤ ᠪᠣᠳᠠᠲᠤ ᠪᠣᠳᠠᠰ᠎ᠤᠨ ᠪᠠᠶ᠋ᠢᠴᠠᠭ᠋ᠠᠯᠲᠠ ᠬᠢᠬᠦ᠂ ᠨᠡᠬᠦᠳᠡᠯ ᠠᠷᠠᠳ᠎ᠢ ᠲᠥᠪᠬᠢᠨᠡᠭᠦᠯᠬᠦ᠎ᠳᠤ ᠬᠢᠨᠠᠯᠲᠠ ᠲᠠᠯᠪᠢᠵᠤ ᠦᠨᠡᠯᠡᠨ ᠵᠢᠱ᠌ᠢᠬᠦ ᠳᠤᠮᠳᠠ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠪᠠᠶ᠋ᠢᠪᠠᠯ᠂ ᠲᠤᠰ ᠲᠥᠯᠥᠪᠵᠢᠭᠦᠯᠭᠡ ᠵᠢᠨ ᠬᠥᠲᠥᠯᠪᠦᠷᠢ᠂ ᠲᠥᠯᠥᠪᠵᠢᠭᠦᠯᠭᠡ ᠵᠢ ᠵᠥᠪᠰᠢᠶᠡᠷᠡᠭᠰᠡᠨ ᠬᠣᠯᠪᠣᠭᠳᠠᠯ ᠪᠦᠬᠦᠢ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠪᠠᠶ᠋ᠢᠭᠤᠯᠤᠮᠵᠢ᠎ᠠᠴᠠ ᠵᠠᠷᠯᠢᠭᠳᠠᠨ ᠵᠠᠯᠠᠷᠠᠭᠤᠯᠤᠭᠤᠯᠵᠤ᠂ ᠬᠣᠯᠪᠣᠭᠳᠠᠯ ᠪᠦᠬᠦᠢ ᠨᠢᠭᠡᠴᠢ ᠵᠢ 10 ᠲᠦᠮᠡᠨ ᠲᠥᠭᠥᠷᠢᠭ᠎ᠠᠴᠠ ᠳᠡᠭᠡᠭᠰᠢ 50 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ; ᠰᠢᠭᠤᠳ ᠬᠠᠷᠢᠭᠤᠴᠠᠵᠤ ᠪᠠᠶ᠋ᠢᠭ᠎ᠠ ᠭᠤᠤᠯᠴᠢᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠢ 1 ᠲᠦᠮᠡᠨ ᠲᠥᠭᠥᠷᠢᠭ᠎ᠠᠴᠠ ᠳᠡᠭᠡᠭᠰᠢ 5 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ; ᠪᠤᠰᠤᠳ ᠬᠥᠮᠦᠨ᠎ᠳᠤ ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠬᠠᠤᠯᠢ ᠶᠣᠰᠣᠭ᠋ᠠᠷ ᠨᠦᠬᠦᠪᠦᠷᠢ ᠵᠢᠨ ᠬᠠᠷᠢᠭᠤᠴᠠᠯᠭ᠎ᠠ ᠡᠭᠦᠷᠭᠡᠯᠡᠭᠦᠯᠦᠨ᠎ᠡ᠃
   
    ᠵᠢᠷᠠᠳᠤᠭ᠋ᠠᠷ ᠵᠦᠢ᠍ᠯ   ᠲᠤᠰ ᠳᠦᠷᠢᠮ᠎ᠤᠨ ᠲᠣᠭᠲᠠᠭ᠋ᠠᠯ᠎ᠢ ᠵᠥᠷᠢᠴᠡᠵᠦ᠂ ᠭᠠᠵᠠᠷ ᠰᠢᠷᠣᠶ ᠵᠢᠨ ᠲᠠᠲᠠᠪᠤᠷᠢᠯᠠᠯᠲᠠ ᠵᠢᠨ ᠨᠦᠬᠦᠪᠦᠷᠢ ᠪᠠ ᠨᠡᠬᠦᠳᠡᠯ ᠠᠷᠠᠳ᠎ᠢ ᠲᠥᠪᠬᠢᠨᠡᠭᠦᠯᠬᠦ ᠪᠡᠯᠡ ᠮᠥᠩᠭᠥ᠂ ᠤᠰᠤᠨ ᠴᠥᠭᠥᠷᠥᠮ᠎ᠤᠨ ᠨᠡᠬᠦᠳᠡᠯ ᠠᠷᠠᠳ᠎ᠤᠨ ᠰᠡᠭᠦᠯᠴᠢ ᠵᠢᠨ ᠬᠤᠭᠤᠴᠠᠭ᠋ᠠᠨ᠎ᠤ ᠲᠡᠳᠬᠦᠨ ᠳᠡᠮᠵᠢᠬᠦ ᠪᠡᠯᠡ ᠮᠥᠩᠭᠥ ᠵᠢ ᠡᠵᠡᠯᠡᠭᠰᠡᠨ᠂ ᠳᠤᠮᠳᠠ᠎ᠠᠴᠠ᠎ᠨᠢ ᠦᠯᠡᠳᠡᠭᠡᠭᠰᠡᠨ᠂ ᠨᠡᠭᠦᠯᠭᠡᠨ ᠬᠡᠷᠡᠭᠯᠡᠭᠰᠡᠨ ᠪᠠᠶ᠋ᠢᠪᠠᠯ᠂ ᠵᠠᠷᠯᠢᠭᠳᠠᠵᠤ ᠪᠠᠶ᠋ᠢᠭ᠋ᠠᠳ ᠪᠤᠴᠠᠭ᠋ᠠᠨ ᠳᠦᠯᠦᠬᠦᠯᠬᠦ ᠵᠢᠨ ᠬᠠᠮᠲᠤ ᠡᠵᠡᠯᠡᠭᠰᠡᠨ᠂ ᠳᠤᠮᠳᠠ᠎ᠠᠴᠠ᠎ᠨᠢ ᠦᠯᠡᠳᠡᠭᠡᠭᠰᠡᠨ᠂ ᠨᠡᠭᠦᠯᠭᠡᠨ ᠬᠡᠷᠡᠭᠯᠡᠭᠰᠡᠨ ᠪᠡᠯᠡ ᠮᠥᠩᠭᠥ ᠵᠢᠨ ᠲᠣᠭ᠋ᠠᠨ᠎ᠤ ᠬᠢᠨᠢ 3 ᠳᠠᠬᠢᠨ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠵᠦ᠂ ᠰᠢᠭᠤᠳ ᠬᠠᠷᠢᠭᠤᠴᠠᠵᠤ ᠪᠠᠶ᠋ᠢᠭ᠎ᠠ ᠭᠤᠤᠯᠴᠢᠯᠠᠨ ᠬᠠᠮᠢᠶᠠᠷᠬᠤ ᠬᠥᠮᠦᠨ ᠪᠠ ᠪᠤᠰᠤᠳ ᠬᠠᠷᠢᠭᠤᠴᠠᠯᠭ᠎ᠠ᠎ᠲᠠᠢ ᠬᠥᠮᠦᠨ᠎ᠳᠤ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠭᠡᠯ ᠥᠭᠭᠦᠨ᠎ᠡ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠣᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠬᠥᠮᠦᠨ᠎ᠠᠴᠠ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
   
    ᠵᠢᠷᠠᠨ ᠨᠢᠭᠡᠳᠦᠭᠡᠷ ᠵᠦᠢ᠍ᠯ   ᠲᠤᠰ ᠲᠦᠷᠢᠮ᠎ᠤᠨ ᠲᠣᠭᠲᠠᠭ᠋ᠠᠯ᠎ᠢ ᠵᠥᠷᠢᠴᠡᠵᠦ᠂ ᠨᠡᠭᠦᠯᠭᠡᠬᠦ ᠵᠢ ᠤᠳᠠᠭ᠋ᠠᠰᠢᠷᠠᠭᠤᠯᠤᠭᠰᠠᠨ ᠪᠤᠶᠤ ᠨᠡᠭᠦᠯᠭᠡᠬᠦ ᠵᠢ ᠲᠡᠪᠴᠢᠭᠰᠡᠨ ᠪᠠᠶ᠋ᠢᠪᠠᠯ᠂ ᠲᠤᠬᠠᠶ ᠵᠢᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠨᠡᠬᠦᠳᠡᠯ ᠠᠷᠠᠳ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠠᠯᠪᠠᠳᠠᠨ ᠭᠦᠢ᠍ᠴᠡᠳᠬᠡᠭᠦᠯᠬᠦ᠎ᠪᠠᠷ ᠠᠷᠠᠳ᠎ᠤᠨ ᠰᠢᠭᠦᠬᠦ ᠬᠣᠷᠢᠶᠠᠨ᠎ᠳᠤ ᠭᠤᠶᠤᠴᠢᠯᠠᠵᠤ ᠪᠣᠯᠤᠨ᠎ᠠ; ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠵᠥᠷᠢᠴᠡᠭᠰᠡᠨ ᠪᠠᠶ᠋ᠢᠪᠠᠯ᠂ ᠬᠠᠤᠯᠢ ᠶᠣᠰᠣᠭ᠋ᠠᠷ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠢ᠍ᠳᠭᠡᠯ ᠥᠭᠭᠦᠨ᠎ᠡ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠣᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠬᠥᠮᠦᠨ᠎ᠠᠴᠠ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
   
    ᠨᠠᠢ᠍ᠮᠠᠳᠤᠭ᠋ᠠᠷ ᠪᠦᠯᠦᠭ   ᠲᠠᠭ᠋ᠠᠯᠳᠤᠭᠤᠯᠤᠯ ᠲᠦᠷᠢᠮ
   
    ᠵᠢᠷᠠᠨ ᠬᠣᠶᠠᠳᠤᠭ᠋ᠠᠷ ᠵᠦᠢ᠍ᠯ   ᠬᠥᠬᠡᠮᠥ᠋ᠷᠡᠨ᠎ᠤ ᠭᠤᠷᠪᠠᠨ ᠬᠠᠪᠴᠢᠯ᠎ᠤᠨ ᠢᠨᠵᠸᠨ᠋ᠸᠷᠢᠩ᠎ᠤᠨ ᠠᠷᠠᠳ᠎ᠢ ᠨᠡᠭᠦᠯᠭᠡᠬᠦ ᠠᠵᠢᠯ᠎ᠢ 《ᠬᠥᠬᠡᠮᠥ᠋ᠷᠡᠨ᠎ᠤ ᠭᠤᠷᠪᠠᠨ ᠬᠠᠪᠴᠢᠯ᠎ᠤᠨ ᠢᠨᠵᠸᠨ᠋ᠸᠷᠢᠩ᠎ᠤᠨ ᠪᠦᠳᠦᠭᠡᠠ ᠪᠠᠶ᠋ᠢᠭᠤᠯᠤᠯᠲᠠ ᠵᠢᠨ ᠠᠷᠠᠳ᠎ᠢ ᠨᠡᠭᠦᠯᠭᠡᠬᠦ ᠲᠤᠢ᠍ᠷᠢᠮ》᠎ᠤᠨ ᠶᠣᠰᠣᠭ᠋ᠠᠷ ᠬᠡᠷᠡᠭᠵᠢᠭᠦᠯᠦᠨ᠎ᠡ᠃
   
    ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠢᠨᠵᠸᠨ᠋ᠸᠷᠢᠩ᠎ᠤᠨ ᠭᠠᠵᠠᠷ ᠰᠢᠷᠣᠶ ᠵᠢᠨ ᠲᠠᠲᠠᠪᠤᠷᠢᠯᠠᠯᠲᠠ ᠵᠢᠨ ᠨᠦᠬᠦᠪᠦᠷᠢ ᠥᠭᠬᠦ ᠪᠠ ᠠᠷᠠᠳ᠎ᠢ ᠨᠡᠭᠦᠯᠭᠡᠨ ᠲᠥᠪᠬᠢᠨᠡᠭᠦᠯᠬᠦ ᠠᠵᠢᠯ᠎ᠢ ᠲᠤᠰ ᠲᠤᠢ᠍ᠷᠢᠮ᠎ᠤᠨ ᠶᠣᠰᠣᠭ᠋ᠠᠷ ᠬᠡᠷᠡᠭᠵᠢᠭᠦᠯᠦᠨ᠎ᠡ᠃ ᠭᠡᠪᠡᠴᠦ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠢᠨᠵᠸᠨ᠋ᠸᠷᠢᠩ᠎ᠤᠨ ᠳᠤᠮᠳᠠ ᠱᠤᠭᠤᠮ᠂ ᠵᠡᠭᠦᠨ ᠱᠤᠭᠤᠮ᠎ᠤᠨ ᠨᠢᠭᠡᠳᠦᠭᠡᠷ ᠬᠤᠭᠤᠴᠠᠭ᠋ᠠᠨ᠎ᠤ ᠢᠨᠵᠸᠨ᠋ᠸᠷᠢᠩ᠎ᠤᠨ ᠠᠷᠠᠳ᠎ᠢ ᠨᠡᠭᠦᠯᠭᠡᠨ ᠲᠥᠪᠬᠢᠨᠡᠭᠦᠯᠬᠦ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ ᠬᠢᠨᠠᠨ ᠵᠥᠪᠰᠢᠶᠡᠷᠡᠬᠦ᠎ᠳᠤ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
   
    ᠵᠢᠷᠠᠨ ᠭᠤᠷᠪᠠᠳᠤᠭ᠋ᠠᠷ ᠵᠦᠢ᠍ᠯ   ᠲᠤᠰ ᠳᠦᠷᠢᠮ᠎ᠢ 2006 ᠣᠨ᠎ᠤ 9 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 1991 ᠣᠨ᠎ᠤ 2 ᠰᠠᠷ᠎ᠠ ᠵᠢᠨ 15᠎ᠤ ᠡᠳᠦᠷ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠠᠴᠠ ᠨᠡᠶ᠋ᠢᠲᠡᠯᠡᠭᠰᠡᠨ 《ᠲᠤᠮᠦ ᠳᠤᠮᠳᠠ ᠬᠡᠯᠪᠡᠷᠢ ᠵᠢᠨ ᠤᠰᠦᠠ ᠠᠰᠢᠭᠯᠠᠯᠲᠠ ᠤᠰᠦᠠ ᠴᠠᠬᠢᠯᠭ᠋ᠠᠨ᠎ᠤ ᠢᠨᠵᠸᠨ᠋ᠸᠷᠢᠩ᠎ᠤᠨ ᠪᠦᠳᠦᠭᠡᠠ ᠪᠠᠶ᠋ᠢᠭᠤᠯᠤᠯᠲᠠ ᠵᠢᠨ ᠭᠠᠵᠠᠷ ᠰᠢᠷᠣᠶ ᠵᠢᠨ ᠲᠠᠲᠠᠪᠤᠷᠢᠯᠠᠯᠲᠠ ᠵᠢᠨ ᠨᠦᠬᠦᠪᠦᠷᠢ ᠥᠭᠬᠦ ᠪᠠ ᠨᠡᠬᠦᠳᠡᠯ ᠠᠷᠠᠳ᠎ᠢ ᠲᠥᠪᠬᠢᠨᠡᠭᠦᠯᠬᠦ ᠲᠦᠷᠢᠮ》᠎ᠢ ᠬᠠᠮᠳᠤ᠎ᠳᠤᠨᠢ ᠬᠦᠴᠦᠨ ᠦᠭᠡᠢ ᠪᠤᠯᠭ᠋ᠠᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
 
            