ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠤᠯᠤᠰ᠎ᠤᠨ ᠬᠠᠣᠯᠢ ᠴᠠᠭᠠᠵᠠ ᠬᠠᠣᠯᠢ ᠲᠥᠷᠢᠮ
ᠤᠰᠤᠨ ᠠᠰᠢᠭᠯᠠᠯᠲᠠ ᠵᠢᠨ ᠶᠠᠮᠤᠨ᠎ᠤ ᠤᠰᠤᠨ ᠠᠰᠢᠭᠯᠠᠯᠲᠠ ᠵᠢᠨ ᠠᠵᠢᠯ ᠲᠥᠷᠥᠯ᠎ᠳᠤ ᠬᠢᠨᠠᠯᠲᠠ ᠲᠠᠯᠪᠢᠬᠤ ᠠᠵᠢᠯ᠎ᠢ ᠴᠢᠩᠭ᠋ᠠᠳᠬᠠᠬᠤ ᠲᠤᠬᠠᠢ ᠵᠢᠯᠣᠭᠣᠳᠬᠤ ᠰᠠᠨᠠᠯ᠎ᠢ ᠳᠠᠷᠤᠮᠠᠯᠯᠠᠨ ᠶᠠᠪᠤᠭᠤᠯᠬᠤ ᠮᠡᠳᠡᠭᠳᠡᠯ
ᠨᠡᠶ᠋ᠢᠲᠡᠯᠡᠭᠰᠡᠨ ᠴᠠᠭ᠄ 2021-12-07

   
    ᠶᠠᠮᠤᠨ᠎ᠤ ᠪᠠᠶ᠋ᠢᠭᠤᠯᠭ᠎ᠠ ᠵᠢᠨ ᠡᠯ᠎ᠡ ᠵᠤᠷᠭ᠋ᠠᠨ ᠲᠣᠪᠴᠢᠶ᠎ᠠ᠂ ᠶᠠᠮᠤᠨ᠎ᠤ ᠰᠢᠭᠤᠳ ᠬᠠᠷᠢᠶ᠎ᠠ ᠡᠯ᠎ᠡ ᠨᠢᠭᠡᠴᠢ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠤᠰᠤᠨ ᠠᠰᠢᠭᠯᠠᠯᠲᠠ (ᠤᠰᠤᠨ᠎ᠤ ᠶᠠᠪᠤᠳᠠᠯ) ᠵᠢᠨ ᠲᠢᠩᠬᠢᠮ (ᠲᠣᠪᠴᠢᠶ᠎ᠠ)᠂ ᠡᠯ᠎ᠡ ᠲᠤᠰᠠᠭ᠋ᠠᠷ ᠲᠥᠯᠥᠪᠯᠡᠭᠡ ᠬᠢᠬᠦ ᠬᠤᠳᠠ ᠵᠢᠨ ᠤᠰᠤᠨ ᠠᠰᠢᠭᠯᠠᠯᠲᠠ (ᠤᠰᠤᠨ᠎ᠤ ᠶᠠᠪᠤᠳᠠᠯ) ᠵᠢᠨ ᠲᠣᠪᠴᠢᠶ᠎ᠠ᠂ ᠰᠢᠨᠵᠢᠶᠠᠩ᠎ᠤᠨ ᠦᠢ᠍ᠯᠡᠳᠪᠦᠷᠢᠯᠡᠯ ᠪᠦᠳᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠤᠰᠤᠨ ᠠᠰᠢᠭᠯᠠᠯᠲᠠ ᠵᠢᠨ ᠲᠣᠪᠴᠢᠶ᠎ᠠ᠎ᠳᠤ᠄
   
   《ᠤᠰᠤᠨ ᠠᠰᠢᠭᠯᠠᠯᠲᠠ ᠵᠢᠨ ᠠᠵᠢᠯ ᠲᠦᠷᠦᠯ᠎ᠤᠨ ᠬᠢᠨᠠᠯᠲᠠ ᠲᠠᠯᠪᠢᠬᠤ ᠠᠵᠢᠯ᠎ᠢ ᠴᠢᠩᠭ᠋ᠠᠳᠬᠠᠬᠤ ᠲᠤᠬᠠᠶ ᠵᠢᠯᠣᠭᠣᠳᠬᠤ ᠰᠠᠨᠠᠯ》᠎ᠢ ᠶᠠᠮᠤᠨ᠎ᠤ ᠶᠠᠪᠤᠳᠠᠯ᠎ᠤᠨ ᠬᠤᠷᠠᠯᠳᠤᠭ᠋ᠠᠨ᠎ᠠᠴᠠ ᠨᠢᠭᠡᠨᠲᠡ ᠬᠢᠨᠠᠨ ᠶᠠᠷᠢᠯᠴᠠᠵᠤ ᠪᠠᠲᠤᠯᠠᠪᠠ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭ᠋ᠠᠶ ᠵᠢᠷᠤᠮᠯᠠᠨ ᠬᠡᠷᠡᠭᠵᠢᠭᠦᠯᠲᠦᠭᠡᠶ᠃
   
                                      ᠤᠰᠤᠨ ᠠᠰᠢᠭᠯᠠᠯᠲᠠ ᠵᠢᠨ ᠶᠠᠮᠤᠨ
   
                                     2021 ᠣᠨ᠎ᠤ 7 ᠰᠠᠷ᠎ᠠ ᠵᠢᠨ 21᠎ᠤ ᠡᠳᠦᠷ
   
   
   
    ᠤᠰᠤᠨ ᠠᠰᠢᠭᠯᠠᠯᠲᠠ ᠵᠢᠨ ᠠᠵᠢᠯ ᠲᠥᠷᠥᠯ᠎ᠳᠤ ᠬᠢᠨᠠᠯᠲᠠ ᠲᠠᠯᠪᠢᠬᠤ ᠠᠵᠢᠯ᠎ᠢ ᠴᠢᠩᠭ᠋ᠠᠳᠬᠠᠬᠤ ᠲᠤᠬᠠᠶ ᠵᠢᠯᠣᠭᠣᠳᠬᠤ ᠰᠠᠨᠠᠯ
   
    ᠰᠢ ᠵᠢᠨ ᠫᠢᠩ ᠶᠡᠷᠦᠩᠬᠡᠶ ᠱᠦᠵᠢ ᠵᠢᠨ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠣᠷᠣᠨ ᠵᠠᠶ ᠵᠢ ᠲᠡᠩᠴᠡᠭᠦᠷᠢᠲᠡᠶ ᠪᠠᠶ᠋ᠢᠯᠭ᠋ᠠᠬᠤ᠂ ᠰᠢᠰᠲ᠋ᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ》 ᠤᠰᠤ ᠵᠠᠰᠠᠬᠤ ᠰᠡᠳᠬᠢᠴᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠤᠰᠤ ᠵᠠᠰᠠᠬᠤ ᠠᠵᠢᠯ᠎ᠤᠨ ᠴᠢᠬᠤᠯᠠ ᠶᠡᠬᠡ ᠰᠢᠢ᠍ᠳᠪᠤᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ 《ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ ᠵᠢᠷᠤᠮᠵᠢᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠢᠯᠣᠭᠣᠳᠬᠤ ᠰᠠᠨᠠᠯ》 (ᠲᠥᠷᠥ ᠲᠠᠷᠬᠠᠭ᠋ᠠᠭᠰᠠᠨ [2019] 18 ᠳ᠋ᠤᠭ᠋ᠠᠷ ᠲᠣᠭ᠋ᠠᠲᠤ)  ᠎ᠤᠨ ᠱᠠᠭ᠋ᠠᠷᠳᠠᠯᠭ᠎ᠠ ᠶᠣᠰᠣᠭ᠋ᠠᠷ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠳᠤ ᠬᠢᠨᠠᠯᠲᠠ ᠲᠠᠯᠪᠢᠬᠤ ᠠᠵᠢᠯ᠎ᠢ ᠦᠨᠡᠨ ᠬᠦ᠌ ᠰᠠᠶ᠋ᠢᠲᠤᠷ ᠬᠢᠵᠦ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠳᠤ ᠬᠢᠨᠠᠯᠲᠠ ᠲᠠᠯᠪᠢᠬᠤ ᠴᠢᠳᠠᠪᠤᠷᠢ ᠵᠢᠨ ᠪᠠᠶ᠋ᠢᠭᠤᠯᠤᠯᠲᠠ ᠵᠢ ᠳᠡᠭᠡᠭᠰᠢᠯᠡᠭᠦᠯᠦᠨ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠳᠤ ᠬᠢᠨᠠᠯᠲᠠ ᠲᠠᠯᠪᠢᠬᠤ ᠪᠦᠷᠢᠨ ᠲᠡᠭᠦᠯᠳᠡᠷ ᠰᠢᠰᠲᠸᠮᠵᠢ ᠵᠢ ᠪᠠᠶ᠋ᠢᠭᠤᠯᠵᠤ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠳᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠵᠢ ᠬᠦᠢ᠍ᠴᠡᠳᠭᠡᠬᠦ ᠵᠢᠨ ᠲᠦᠯᠦᠭᠡ᠂ ᠳᠣᠣᠷᠠᠬᠢ ᠮᠡᠲᠦ ᠰᠠᠨᠠᠯ᠎ᠢ ᠳᠤᠷᠠᠳᠪᠠ᠃
   
    ᠨᠢᠭᠡ᠂ ᠶᠡᠷᠦᠩᠬᠡᠶ ᠱᠠᠭ᠋ᠠᠷᠳᠠᠯᠭ᠎ᠠ
   
   (ᠨᠢᠭᠡ) ᠵᠢᠯᠣᠭᠣᠳᠬᠤ ᠦᠵᠡᠯ ᠰᠠᠨᠠᠭ᠎ᠠ
   
    ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠰᠢ ᠵᠢᠨ ᠫᠢᠩ ᠶᠡᠷᠦᠩᠬᠡᠶ ᠱᠦᠵᠢ ᠵᠢᠨ ᠤᠰᠤ ᠵᠠᠰᠠᠬᠤ ᠠᠵᠢᠯ᠎ᠤᠨ ᠲᠤᠬᠠᠶ ᠴᠢᠬᠤᠯᠠ ᠥᠭᠦᠯᠡᠯᠲᠡ ᠪᠣᠯᠤᠨ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠯᠤᠰ ᠠᠷᠠᠳ᠎ᠤᠨ ᠠᠵᠤ ᠠᠬᠤᠶ ᠪᠣᠯᠤᠨ ᠨᠡᠶ᠋ᠢᠭᠡᠮ᠎ᠤᠨ ᠬᠥᠭᠵᠢᠯᠲᠡ ᠵᠢᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠪᠣᠯᠤᠨ 2035 ᠣᠨ᠎ᠤ ᠠᠯᠤᠰ᠎ᠤᠨ ᠬᠠᠷᠠᠯᠲᠠ᠎ᠠᠴᠠ ᠪᠣᠳᠣᠯᠬᠢᠯᠠᠨ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠬᠦ ᠰᠢᠢ᠍ᠳᠪᠤᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠢᠳᠡᠪᠬᠢᠲᠡᠶ ᠦᠢ᠍ᠯᠡᠳᠦᠯᠭᠡᠵᠢᠬᠦᠯᠵᠦ᠂ ᠤᠰᠤᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠨ ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ᠎ᠪᠠᠨ   ᠬᠦᠢ᠍ᠴᠡᠳᠭᠡᠭᠰᠡᠨ ᠪᠠᠶ᠋ᠢᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠬᠢᠨᠠᠯᠲᠠ ᠲᠠᠯᠪᠢᠬᠤ ᠠᠵᠢᠯ᠎ᠤᠨ ᠬᠠᠷᠠᠯᠲᠠ᠎ᠪᠠᠨ ᠲᠣᠳᠣᠷᠬᠠᠶ᠋ᠢᠯᠠᠵᠤ᠂ ᠬᠢᠨᠠᠯᠲᠠ ᠲᠠᠯᠪᠢᠬᠤ ᠠᠵᠢᠯ᠎ᠤᠨ ᠰᠡᠳᠬᠢᠮᠵᠢ᠎ᠪᠠᠨ ᠰᠢᠨ᠎ᠡ᠎ᠪᠠᠷ ᠡᠭᠦᠳᠴᠦ᠂ ᠬᠢᠨᠠᠯᠲᠠ ᠲᠠᠯᠪᠢᠬᠤ ᠠᠵᠢᠯ᠎ᠤᠨ ᠬᠦᠴᠦᠨ ᠴᠢᠳᠠᠪᠤᠷᠢ᠎ᠪᠠᠨ ᠳᠡᠭᠡᠭᠰᠢᠯᠡᠭᠦᠯᠦᠨ᠂ ᠰᠢᠨ᠎ᠡ ᠱᠠᠲᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠲᠦᠷᠭᠡᠳᠬᠡᠨ ᠠᠬᠢᠭᠤᠯᠤᠨ᠎ᠠ᠃
   
   (ᠬᠣᠶᠠᠷ) ᠦᠨᠳᠦᠰᠦᠨ ᠵᠠᠷᠴᠢᠮ
   
   — ᠬᠠᠤᠯᠢ ᠶᠣᠰᠣᠭ᠋ᠠᠷ ᠬᠢᠨᠠᠯᠲᠠ ᠲᠠᠯᠪᠢᠬᠤ ᠵᠢ ᠪᠠᠷᠢᠮᠲᠠᠯᠠᠨ᠎ᠠ᠃ ᠬᠢᠨᠠᠯᠲᠠ ᠲᠠᠯᠪᠢᠬᠤ ᠠᠵᠢᠯ᠎ᠨᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠡᠷᠬᠡ ᠣᠯᠭᠣᠯᠲᠠ ᠪᠠ ᠰᠠᠯᠠᠭ᠎ᠠ ᠮᠥᠴᠢᠷ᠎ᠤᠨ 《ᠭᠤᠷᠪᠠ ᠵᠢ ᠲᠣᠭᠲᠠᠭ᠋ᠠᠬᠤ》 ᠲᠣᠭᠲᠠᠭ᠋ᠠᠯ ᠶᠣᠰᠣᠭ᠋ᠠᠷ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠨ᠎ᠡ᠃
   
  — ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠵᠢ ᠪᠠᠷᠢᠮᠲᠠᠯᠠᠨ᠎ᠠ᠃ ᠬᠢᠨᠠᠯᠲᠠ ᠲᠠᠯᠪᠢᠬᠤ ᠠᠵᠢᠯ᠎ᠢ ᠥᠷᠨᠢᠭᠦᠯᠬᠦ᠎ᠳᠤ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠱᠠᠳᠤ ᠬᠤᠪᠢᠶᠠᠨ ᠬᠠᠷᠢᠭᠤᠴᠠᠬᠤ᠂ ᠱᠠᠳᠤ ᠱᠠᠳᠤ᠎ᠪᠠᠷ ᠬᠠᠷᠢᠭᠤᠴᠠᠯᠭ᠎ᠠ᠎ᠲᠠᠢ ᠪᠠᠶ᠋ᠢᠬᠤ᠂ ᠲᠤᠰ ᠲᠤᠰ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠪᠠᠷᠢᠮᠲᠠᠯᠠᠨ᠎ᠠ᠃
   
   — ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠎ᠠ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠴᠡᠭᠴᠡᠯᠡᠨ ᠰᠠᠶ᠋ᠢᠵᠢᠷᠠᠭᠤᠯᠬᠤ᠎ᠪᠠᠷ ᠬᠠᠷᠠᠯᠲᠠ ᠪᠣᠯᠭ᠋ᠠᠬᠤ᠂ ᠬᠠᠷᠢᠭᠤᠴᠠᠯᠭ᠎ᠠ ᠨᠡᠬᠡᠮᠵᠢᠯᠡᠬᠦ᠎ᠪᠠᠷ ᠭᠠᠷᠳᠠᠴᠠ ᠪᠣᠯᠭ᠋ᠠᠬᠤ ᠵᠢ ᠪᠠᠷᠢᠮᠲᠠᠯᠠᠵᠤ᠂ ᠲᠣᠳᠣᠷᠬᠠᠢ ᠬᠠᠭᠤᠳᠠᠰᠤ ᠵᠢᠨ ᠮᠠᠶᠢᠭ᠎ᠤᠨ ᠬᠠᠮᠢᠶᠠᠷᠤᠯᠲᠠ ᠵᠢ ᠬᠡᠷᠡᠭᠵᠢᠭᠦᠯᠦᠨ᠎ᠡ᠃
   
   — ᠰᠢᠨ᠎ᠡ ᠵᠢ ᠡᠭᠦᠳᠬᠦ᠎ᠪᠠᠷ ᠬᠥᠲᠥᠯᠥᠨ ᠳᠠᠭ᠋ᠠᠭᠤᠯᠬᠤ ᠵᠢ ᠪᠠᠷᠢᠮᠲᠠᠯᠠᠨ᠎ᠠ᠃ ᠤᠳᠤ ᠦᠶ᠎ᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠷᠭ᠎ᠠ ᠪᠠᠷᠢᠯ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠢᠨᠠᠯᠲᠠ ᠲᠠᠯᠪᠢᠬᠤ ᠠᠷᠭ᠎ᠠ ᠮᠠᠶᠢᠭ ᠪᠠ ᠠᠷᠭ᠎ᠠ ᠪᠠᠷᠢᠯ᠎ᠤᠨ ᠲᠠᠯ᠎ᠠ᠎ᠪᠠᠷ ᠰᠢᠨ᠎ᠡ ᠵᠢ ᠡᠭᠦᠳᠬᠦ ᠵᠢ ᠲᠦᠯᠬᠢᠨ ᠠᠬᠢᠭᠤᠯᠵᠤ᠂ ᠬᠢᠨᠠᠯᠲᠠ ᠲᠠᠯᠪᠢᠬᠤ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠦᠨ᠎ᠡ᠃

   (ᠭᠤᠷᠪᠠ) ᠭᠣᠣᠯ ᠬᠠᠷᠠᠯᠲᠠ
   
   2022 ᠣᠨ᠎ᠳᠤ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠬᠢᠨᠠᠯᠲᠠ ᠲᠠᠯᠪᠢᠬᠤ ᠠᠵᠢᠯ᠎ᠤᠨ ᠪᠠᠶ᠋ᠢᠭᠤᠯᠤᠯ ᠲᠣᠭᠲᠠᠴᠠ ᠪᠠ ᠲᠦᠷᠢᠮ ᠠᠷᠭ᠎ᠠ ᠬᠡᠮᠵᠢᠶ᠎ᠡ ᠵᠢ ᠠᠩᠬ᠎ᠠ ᠠᠯᠬᠤᠮ ᠲᠡᠭᠦᠯᠳᠡᠷᠵᠢᠭᠦᠯᠵᠦ᠂ ᠪᠥᠬᠥ ᠲᠠᠯ᠎ᠠ ᠵᠢ ᠬᠠᠮᠤᠷᠤᠭᠰᠠᠨ᠂ ᠳᠡᠭᠡᠭᠰᠢ ᠳᠣᠷᠣᠭᠰᠢ ᠨᠡᠪᠲᠡᠷᠡᠭᠰᠡᠨ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠬᠢᠨᠠᠯᠲᠠ ᠲᠠᠯᠪᠢᠬᠤ ᠰᠢᠰᠲ᠋ᠧᠮᠵᠢ ᠵᠢ ᠦᠨᠳᠦᠰᠦᠨ᠎ᠳᠡᠭᠡᠨ ᠪᠠᠶ᠋ᠢᠭᠤᠯᠤᠨ᠎ᠠ᠃
   
   2025 ᠣᠨ᠎ᠳᠤ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠬᠢᠨᠠᠯᠲᠠ ᠲᠠᠯᠪᠢᠯᠲᠠ ᠵᠢ ᠪᠠᠶ᠋ᠢᠩᠭᠤᠵᠢᠭᠤᠯᠬᠤ᠂ ᠵᠢᠷᠤᠮᠵᠢᠭᠤᠯᠬᠤ ᠪᠠ ᠲᠤᠰᠬᠠᠶ᠋ᠢᠵᠢᠭᠤᠯᠬᠤ ᠵᠢ ᠦᠨᠳᠦᠰᠦᠨ᠎ᠳᠡᠭᠡᠨ ᠪᠡᠶᠡᠯᠡᠭᠦᠯᠦᠨ᠎ᠡ᠃
   
  2035 ᠣᠨ᠎ᠳᠤ᠂ ᠤᠰᠤᠨ ᠠᠰᠢᠭᠯᠠᠯᠲᠠ ᠵᠢᠨ ᠠᠵᠢᠯ ᠲᠦᠷᠦᠯ᠎ᠤᠨ ᠬᠢᠨᠠᠯᠲᠠ ᠲᠠᠯᠪᠢᠬᠤ ᠰᠢᠰᠲ᠋ᠧᠮ ᠪᠣᠯᠤᠨ ᠬᠢᠨᠠᠯᠲᠠ ᠲᠠᠯᠪᠢᠬᠤ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠣᠳᠣᠬᠢᠴᠢᠯᠠᠭᠰᠠᠨ ᠬᠢᠨᠠᠯᠲᠠ ᠲᠠᠯᠪᠢᠬᠤ ᠠᠷᠭ᠎ᠠ ᠪᠠᠷᠢᠯ᠎ᠢ ᠪᠦᠬᠦ ᠲᠠᠯ᠎ᠠ᠎ᠪᠠᠷ ᠬᠡᠷᠡᠭᠯᠡᠭᠡᠨ᠎ᠳᠤ ᠤᠷᠤᠭᠤᠯᠤᠨ᠎ᠠ᠃
   
    ᠬᠣᠶᠠᠷ᠂ ᠬᠢᠨᠠᠯᠲᠠ ᠲᠠᠯᠪᠢᠬᠤ ᠲᠦᠷᠢᠮ᠎ᠤᠨ ᠰᠢᠰᠲ᠋ᠧᠮ᠎ᠢ ᠪᠠᠶ᠋ᠢᠭᠤᠯᠤᠨ᠎ᠠ
   
   (ᠲᠦᠷᠪᠡ) ᠬᠢᠨᠠᠯᠲᠠ ᠲᠠᠯᠪᠢᠬᠤ ᠠᠵᠢᠯ᠎ᠤᠨ ᠲᠣᠭᠲᠠᠭ᠋ᠠᠯ᠎ᠢ ᠲᠣᠭᠲᠠᠭ᠋ᠠᠨ᠎ᠠ
   
    ᠬᠢᠨᠠᠯᠲᠠ ᠲᠠᠯᠪᠢᠬᠤ ᠠᠵᠢᠯ᠎ᠤᠨ ᠲᠣᠭᠲᠠᠭ᠋ᠠᠯ᠎ᠳᠤ ᠬᠢᠨᠠᠯᠲᠠ ᠲᠠᠯᠪᠢᠬᠤ ᠬᠦᠷᠢᠶ᠎ᠡ ᠬᠡᠪᠴᠢᠶ᠎ᠡ᠂ ᠬᠢᠨᠠᠯᠲᠠ ᠲᠠᠯᠪᠢᠬᠤ ᠵᠤᠢ᠌ᠯᠡᠰ᠂ ᠵᠢᠷᠤᠮ᠎ᠤᠨ ᠲᠦᠷᠢᠮ᠂ ᠡᠷᠬᠡ ᠮᠡᠳᠡᠯ᠎ᠤᠨ ᠬᠠᠷᠢᠭᠤᠴᠠᠯᠭ᠎ᠠ᠂ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠱᠠᠭ᠋ᠠᠷᠳᠠᠯᠭ᠎ᠠ ᠵᠢᠴᠢ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠵᠢ ᠲᠣᠳᠣᠷᠬᠠᠶ᠋ᠢᠯᠠᠵᠤ᠂ ᠵᠠᠩᠭᠢᠯᠠᠭ᠎ᠠ ᠵᠢᠨ ᠭᠣᠭᠴᠣᠭ᠎ᠠ ᠵᠢ ᠲᠣᠪᠣᠶ᠋ᠢᠮ᠎ᠠ ᠰᠠᠶ᠋ᠢᠲᠤᠷ ᠠᠳᠬᠤᠵᠤ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠬᠢᠨᠠᠯᠲᠠ ᠲᠠᠯᠪᠢᠬᠤ ᠠᠵᠢᠯᠯᠠᠭ᠎ᠠ ᠵᠢ ᠵᠢᠷᠤᠮᠵᠢᠭᠤᠯᠬᠤ ᠬᠡᠷᠡᠭᠲᠡᠶ᠃
   
   (ᠲᠠᠪᠤ) ᠲᠤᠰᠬᠠᠶ ᠮᠡᠷᠭᠡᠵᠢᠯ᠎ᠤᠨ ᠬᠢᠨᠠᠯᠲᠠ ᠲᠠᠯᠪᠢᠵᠤ ᠪᠠᠶ᠋ᠢᠴᠠᠭ᠋ᠠᠬᠤ ᠠᠷᠭ᠎ᠠ ᠵᠢ ᠲᠤᠭᠳᠠᠭ᠋ᠠᠨ᠎ᠠ
   
    ᠲᠤᠰᠬᠠᠶ ᠮᠡᠷᠭᠡᠵᠢᠯ᠎ᠤᠨ ᠬᠢᠨᠠᠯᠲᠠ ᠲᠠᠯᠪᠢᠵᠤ ᠪᠠᠶ᠋ᠢᠴᠠᠭ᠋ᠠᠬᠤ ᠠᠷᠭ᠎ᠠ᠎ᠳᠤ ᠪᠠᠶ᠋ᠢᠴᠠᠭ᠋ᠠᠬᠤ ᠬᠠᠷᠢᠭᠤᠴᠠᠯᠭ᠎ᠠ ᠵᠢᠨ ᠭᠣᠤᠯ ᠴᠣᠭᠴᠠ᠂ ᠡᠭᠦᠷᠭᠡ ᠬᠠᠷᠢᠭᠤᠴᠠᠯᠭ᠎ᠠ ᠵᠢᠨ ᠬᠡᠪᠴᠢᠶ᠎ᠡ᠂ ᠠᠰᠠᠭᠤᠳᠠᠯ᠎ᠢ ᠲᠥᠷᠥᠯ ᠬᠤᠪᠢᠶᠠᠬᠤ᠂ ᠠᠰᠠᠭᠤᠳᠠᠯ᠎ᠢ ᠮᠠᠭ᠋ᠠᠳᠯᠠᠨ ᠲᠣᠭᠲᠠᠭ᠋ᠠᠬᠤ ᠵᠢᠴᠢ ᠬᠠᠷᠢᠭᠤᠴᠠᠯᠭ᠎ᠠ ᠨᠡᠬᠡᠮᠵᠢᠯᠡᠬᠦ ᠪᠠᠷᠢᠮᠵᠢᠶ᠎ᠠ᠂ ᠲᠠᠰ ᠳᠠᠪᠬᠤᠷᠭ᠎ᠠ᠂ ᠠᠷᠭ᠎ᠠ ᠮᠠᠶᠢᠭ᠂ ᠵᠢᠷᠤᠮ ᠵᠡᠷᠭᠡ ᠵᠢ ᠲᠣᠳᠣᠷᠬᠠᠶ᠋ᠢᠯᠠᠵᠤ᠂ ᠡᠯ᠎ᠡ ᠲᠤᠰᠬᠠᠶ ᠮᠡᠷᠭᠡᠵᠢᠯ᠎ᠤᠨ ᠬᠦᠷᠢᠶ᠎ᠡ ᠴᠠᠷᠠᠭ᠎ᠠ ᠵᠢᠨ ᠠᠰᠠᠭᠤᠳᠠᠯ᠎ᠢ ᠲᠥᠷᠥᠯ ᠬᠤᠪᠢᠶᠠᠬᠤ ᠪᠠᠷᠢᠮᠵᠢᠶ᠎ᠠ ᠵᠢ ᠪᠣᠶ ᠪᠣᠯᠭ᠋ᠠᠵᠤ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠡᠯ᠎ᠡ ᠭᠣᠭᠴᠣᠭ᠎ᠠ ᠵᠢ ᠪᠦᠲᠦᠮᠵᠢᠲᠡᠶ ᠵᠣᠯᠭ᠋ᠠᠭᠤᠯᠬᠤ ᠪᠠ ᠪᠢᠲᠡᠭᠦᠦ ᠴᠠᠭ᠋ᠠᠷᠢᠭ ᠵᠶ᠋ᠠᠷ ᠬᠠᠮᠢᠶᠠᠷᠬᠤ ᠵᠢ ᠪᠡᠶᠡᠯᠡᠭᠦᠯᠬᠦ ᠬᠡᠷᠡᠭᠲᠡᠶ᠃
   
   (ᠵᠢᠷᠭᠤᠭ᠎ᠠ) ᠬᠢᠨᠠᠯᠲᠠ ᠲᠠᠯᠪᠢᠬᠤ ᠡᠩᠨᠡᠭᠡ ᠵᠢᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠨ᠎ᠠ
   
    ᠬᠢᠨᠠᠯᠲᠠ ᠲᠠᠯᠪᠢᠬᠤ ᠡᠩᠨᠡᠭᠡᠨ᠎ᠤ ᠬᠠᠮᠢᠶᠠᠷᠤᠯᠲᠠ ᠵᠢᠨ ᠠᠷᠭ᠎ᠠ᠎ᠳᠤ ᠬᠢᠨᠠᠯᠲᠠ ᠲᠠᠯᠪᠢᠬᠤ ᠡᠩᠨᠡᠭᠡᠨ᠎ᠤ ᠠᠵᠢᠯ᠎ᠤᠨ ᠡᠭᠦᠷᠭᠡ ᠬᠠᠷᠢᠭᠤᠴᠠᠯᠭ᠎ᠠ᠂ ᠠᠵᠢᠯ᠎ᠤᠨ ᠱᠠᠭ᠋ᠠᠷᠳᠠᠯᠭ᠎ᠠ ᠪᠣᠯᠤᠨ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠵᠤ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠬᠢᠨᠠᠯᠲᠠ ᠲᠠᠯᠪᠢᠬᠤ ᠠᠵᠢᠯᠲᠠᠳ᠎ᠤᠨ ᠰᠠᠬᠢᠯᠭ᠎ᠠ ᠪᠠᠲᠤ ᠵᠢᠨ ᠱᠠᠭ᠋ᠠᠷᠳᠠᠯᠭ᠎ᠠ ᠵᠢ ᠳᠤᠷᠠᠳᠴᠤ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠬᠢᠨᠠᠯᠲᠠ ᠲᠠᠯᠪᠢᠬᠤ᠎ᠳᠠᠭᠠᠨ ᠦᠨᠡᠨᠴᠢ ᠰᠢᠳᠤᠷᠭᠤ᠂ ᠲᠤᠰᠬᠠᠶ ᠮᠡᠷᠭᠡᠵᠢᠯ᠎ᠲᠠᠢ᠂ ᠲᠥᠪ ᠭᠣᠣᠯᠴᠢ᠂ ᠥᠨᠳᠥᠷ ᠦᠷ᠎ᠡ ᠠᠰᠢᠭ᠎ᠲᠠᠢ᠂ ᠠᠷᠢᠭᠤᠨ ᠴᠢᠬᠡᠴᠢ ᠡᠩᠨᠡᠭᠡ ᠵᠢ ᠪᠠᠶ᠋ᠢᠭᠤᠯᠬᠤ ᠬᠡᠷᠡᠭᠲᠡᠶ᠃
   
    ᠭᠤᠷᠪᠠ᠂ ᠬᠢᠨᠠᠯᠲᠠ ᠲᠠᠯᠪᠢᠬᠤ ᠠᠵᠢᠯ᠎ᠤᠨ ᠪᠠᠶ᠋ᠢᠭᠤᠯᠤᠯ᠎ᠢ ᠲᠡᠭᠦᠯᠳᠡᠷᠵᠢᠭᠦᠯᠦᠨ᠎ᠡ
   
   (ᠲᠤᠯᠤᠭ᠎ᠠ) ᠶᠡᠷᠦᠩᠬᠡᠶ᠋ᠢᠯᠡᠭᠰᠡᠨ ᠬᠢᠨᠠᠯᠲᠠ ᠲᠠᠯᠪᠢᠯᠲᠠ ᠵᠢ ᠪᠥᠷᠢᠨᠰᠢᠬᠥᠯᠥᠨ᠎ᠡ
   
    ᠶᠡᠷᠦᠩᠬᠡᠶ᠋ᠢᠯᠡᠨ ᠬᠢᠨᠠᠯᠲᠠ ᠲᠠᠯᠪᠢᠬᠤ᠎ᠨᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ᠎ᠢ ᠬᠠᠷᠢᠭᠤᠴᠠᠨ᠎ᠠ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠣᠨ᠎ᠤ ᠭᠣᠣᠯ ᠠᠵᠢᠯ ᠵᠶ᠋ᠠᠷ ᠭᠣᠣᠯᠯᠠᠭᠤᠯᠤᠨ᠂ ᠬᠢᠨᠠᠯᠲᠠ ᠲᠠᠯᠪᠢᠬᠤ ᠬᠡᠷᠡᠭᠴᠡᠭᠡ ᠵᠢ ᠲᠣᠭᠲᠠᠭ᠋ᠠᠵᠤ᠂ ᠣᠨ᠎ᠤ ᠬᠢᠨᠠᠯᠲᠠ ᠲᠠᠯᠪᠢᠬᠤ ᠠᠵᠢᠯ᠎ᠤᠨ ᠲᠥᠯᠥᠪᠯᠡᠭᠡ ᠵᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠬᠢᠨᠠᠯᠲᠠ ᠲᠠᠯᠪᠢᠬᠤ ᠲᠠᠪᠴᠠᠩ᠎ᠢ ᠨᠢᠭᠡᠳᠦᠯᠲᠡᠶ ᠲᠥᠯᠥᠪᠯᠡᠨ ᠬᠡᠷᠡᠭᠯᠡᠵᠦ᠂ ᠡᠯ᠎ᠡ ᠲᠥᠷᠥᠯ᠎ᠤᠨ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠵᠣᠬᠢᠴᠠᠭᠤᠯᠤᠨ ᠬᠠᠷᠢᠯᠴᠠᠨ ᠬᠠᠮᠵᠢᠯᠴᠠᠨ ᠠᠵᠢᠯ ᠵᠶ᠋ᠠᠨ ᠥᠷᠨᠢᠭᠦᠯᠦᠨ᠎ᠡ᠃ ᠡᠯ᠎ᠡ ᠵᠤᠢ᠌ᠯ᠎ᠤᠨ ᠬᠢᠨᠠᠯᠲᠠ ᠲᠠᠯᠪᠢᠵᠤ ᠪᠠᠶ᠋ᠢᠴᠠᠭ᠋ᠠᠭᠰᠠᠨ ᠦᠷ᠎ᠡ ᠪᠦᠲᠦᠭᠡᠯ᠎ᠢ ᠶᠡᠷᠦᠩᠬᠡᠶ᠋ᠢᠯᠡᠨ ᠬᠤᠷᠢᠶᠠᠩᠭᠤᠶ᠋ᠢᠯᠠᠵᠤ᠂ ᠬᠠᠷᠢᠭᠤᠴᠠᠯᠭ᠎ᠠ ᠨᠡᠬᠡᠮᠵᠢᠯᠡᠬᠦ ᠪᠠ ᠣᠨ᠎ᠤ ᠬᠢᠨᠠᠯᠲᠠ ᠲᠠᠯᠪᠢᠬᠤ ᠠᠵᠢᠯ᠎ᠤᠨ ᠠᠮᠵᠢᠯᠲᠠ ᠪᠦᠲᠦᠮᠵᠢ ᠵᠢᠨ ᠦᠨᠡᠯᠡᠯᠲᠡ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃
   
   (ᠨᠠᠢ᠍ᠮᠠ) ᠲᠤᠰᠬᠠᠶ ᠮᠡᠷᠭᠡᠵᠢᠯ᠎ᠤᠨ ᠬᠢᠨᠠᠯᠲᠠ ᠲᠠᠯᠪᠢᠯᠲᠠ ᠵᠢ ᠲᠡᠬᠦᠯᠳᠡᠷᠵᠢᠬᠦᠯᠦᠨ᠎ᠡ
   
    ᠲᠤᠰᠬᠠᠶ ᠮᠡᠷᠭᠡᠵᠢᠯ᠎ᠤᠨ ᠬᠢᠨᠠᠯᠲᠠ᠎ᠨᠢ ᠲᠤᠰᠢᠶᠠᠯ ᠬᠠᠷᠢᠭᠤᠴᠠᠯᠭ᠎ᠠ ᠵᠢᠨ ᠬᠡᠪᠴᠢᠶᠡᠨ᠎ᠳᠠᠬᠢ ᠬᠢᠨᠠᠯᠲᠠ ᠲᠠᠯᠪᠢᠬᠤ ᠠᠵᠢᠯ᠎ᠢ ᠬᠠᠷᠢᠭᠤᠴᠠᠨ᠎ᠠ᠃ ᠲᠤᠰᠬᠠᠶ ᠮᠡᠷᠭᠡᠵᠢᠯ᠎ᠤᠨ ᠬᠠᠮᠢᠶᠠᠷᠤᠯᠲᠠ ᠵᠢᠨ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠲᠤᠰᠬᠠᠶ ᠮᠡᠷᠭᠡᠵᠢᠯ᠎ᠤᠨ ᠬᠢᠨᠠᠯᠲᠠ ᠪᠠᠶ᠋ᠢᠴᠠᠭ᠋ᠠᠯᠲᠠ ᠵᠢᠨ ᠠᠷᠭ᠎ᠠ ᠵᠢ ᠲᠣᠭᠲᠠᠭ᠋ᠠᠵᠤ᠂ ᠲᠤᠰᠬᠠᠶ ᠮᠡᠷᠭᠡᠵᠢᠯ᠎ᠤᠨ ᠬᠢᠨᠠᠯᠲᠠ ᠪᠠᠶ᠋ᠢᠴᠠᠭ᠋ᠠᠯᠲᠠ ᠵᠢ ᠥᠷᠨᠢᠭᠦᠯᠦᠨ᠂ ᠬᠠᠷᠢᠭᠤᠴᠠᠯᠭ᠋ᠠᠲᠤ ᠨᠢᠭᠡᠴᠢ ᠵᠢ ᠰᠢᠮᠳᠠᠭᠤᠯᠵᠤ ᠪᠠᠶ᠋ᠢᠭ᠋ᠠᠳ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠨᠠᠶ᠋ᠢᠳᠠᠪᠤᠷᠢᠵᠢᠭᠤᠯᠵᠤ᠂ ᠰᠤᠳᠤᠯᠤᠨ ᠮᠠᠭ᠋ᠠᠳᠯᠠᠬᠤ ᠪᠠᠶ᠋ᠢᠴᠠᠭ᠋ᠠᠯᠲᠠ᠎ᠳᠤ ᠢᠯᠡᠷᠡᠭᠦᠯᠦᠭᠰᠡᠨ ᠲᠦᠭᠡᠮᠡᠯ ᠴᠢᠨᠠᠷᠲᠠᠶ ᠪᠠ ᠵᠢᠮ᠎ᠡ ᠶᠣᠰᠣᠴᠢ ᠴᠢᠨᠠᠷᠲᠠᠶ ᠠᠰᠠᠭᠤᠳᠠᠯ᠎ᠳᠤ ᠰᠢᠰᠲ᠋ᠧᠮ᠎ᠲᠠᠢ ᠵᠠᠳᠠᠯᠤᠯᠲᠠ ᠬᠢᠵᠦ ᠰᠤᠳᠤᠯᠤᠨ ᠮᠠᠭ᠋ᠠᠳᠯᠠᠵᠤ᠂ ᠵᠣᠬᠢᠬᠤ ᠠᠷᠭ᠎ᠠ ᠬᠡᠮᠵᠢᠶ᠎ᠡ ᠲᠣᠭᠲᠠᠭ᠋ᠠᠨ᠂ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃
   
   (ᠶᠢᠰᠦ) ᠲᠤᠰᠬᠠᠶ ᠵᠦᠢ᠍ᠯ ᠵᠶ᠋ᠠᠷ ᠬᠢᠨᠠᠯᠲᠠ ᠲᠠᠯᠪᠢᠬᠤ ᠵᠢ ᠬᠡᠷᠡᠭᠵᠢᠭᠦᠯᠦᠨ᠎ᠡ
   
    ᠲᠤᠰᠬᠠᠶ ᠬᠢᠨᠠᠯᠲᠠ ᠲᠠᠯᠪᠢᠯᠲᠠ᠎ᠨᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠤᠳᠤᠷᠢᠳᠬᠤ ᠨᠥᠬᠥᠳ᠎ᠤᠨ ᠵᠢᠭ᠋ᠠᠪᠤᠷᠢ ᠴᠣᠬᠣᠯᠠᠪᠤᠷᠢ ᠵᠢ   ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠂ 《ᠪᠠᠴᠢᠮ ᠪᠡᠷᠬᠡ ᠠᠶᠤᠯᠲᠠᠶ ᠬᠦᠨᠳᠦ》   ᠵᠤᠢ᠌ᠯᠡᠰ᠎ᠲᠤ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢᠴᠢ ᠴᠢᠬᠤᠯᠠ ᠢᠯᠡᠴᠢᠯᠡᠨ ᠮᠡᠳᠡᠭᠦᠯᠦᠯᠲᠡ ᠵᠢ ᠪᠠᠶ᠋ᠢᠴᠠᠭ᠋ᠠᠬᠤ ᠪᠠ ᠡᠳᠦᠷ ᠲᠤᠲᠤᠮ᠎ᠤᠨ ᠬᠢᠨᠠᠯᠲᠠ ᠲᠠᠯᠪᠢᠯᠲᠠ᠎ᠳᠤ ᠳᠠᠬᠢᠨ ᠬᠢᠨᠠᠯᠲᠠ ᠲᠠᠯᠪᠢᠬᠤ ᠵᠢ ᠬᠠᠷᠢᠭᠤᠴᠠᠨ ᠥᠷᠨᠢᠭᠦᠯᠦᠨ᠎ᠡ᠃ ᠶᠠᠮᠤᠨ ᠲᠣᠰ ᠱᠠᠲᠤᠨ᠎ᠤ᠎ᠬᠢᠨ ᠲᠤᠰᠬᠠᠶ ᠲᠤᠰᠢᠶᠠᠯ᠎ᠤᠨ ᠬᠢᠨᠠᠯᠲᠠ ᠲᠠᠯᠪᠢᠬᠤ ᠡᠩᠨᠡᠭᠡ ᠵᠢ ᠪᠠᠶ᠋ᠢᠭᠤᠯᠤᠨ ᠲᠤᠰᠬᠠᠶ ᠵᠤᠢ᠌ᠯ᠎ᠤᠨ ᠬᠢᠨᠠᠯᠲᠠ ᠲᠠᠯᠪᠢᠬᠤ ᠵᠢ ᠥᠷᠨᠢᠭᠦᠯᠵᠦ᠂ ᠲᠤᠰᠬᠠᠶ ᠵᠤᠢ᠌ᠯ᠎ᠤᠨ ᠬᠢᠨᠠᠯᠲᠠ ᠲᠠᠯᠪᠢᠬᠤ᠎ᠳᠤ ᠨᠡᠶ᠋ᠢᠭᠡᠮ᠎ᠠᠴᠠ ᠦᠢ᠍ᠯᠡᠴᠢᠯᠡᠭᠡ ᠬᠤᠳᠠᠯᠳᠤᠨ ᠠᠪᠬᠤ ᠠᠷᠭ᠎ᠠ ᠮᠠᠶᠢᠭ ᠵᠶ᠋ᠠᠷ ᠳᠠᠮᠵᠢᠭᠤᠯᠤᠨ᠂ ᠬᠠᠤᠯᠢ ᠶᠣᠰᠣᠭ᠋ᠠᠷ ᠡᠭᠦᠷᠭᠡ ᠡᠭᠦᠷᠭᠡᠯᠡᠵᠦ ᠪᠣᠯᠤᠨ᠎ᠠ᠃
   
   (ᠠᠷᠪᠠ) ᠡᠳᠦᠷ ᠲᠤᠲᠤᠮ᠎ᠤᠨ ᠬᠢᠨᠠᠯᠲᠠ ᠲᠠᠯᠪᠢᠯᠲᠠ ᠵᠢ ᠨᠠᠶ᠋ᠢᠳᠠᠪᠤᠷᠢᠵᠢᠭᠤᠯᠤᠨ᠎ᠠ
   
    ᠡᠳᠦᠷ ᠲᠤᠲᠤᠮ᠎ᠤᠨ ᠬᠢᠨᠠᠯᠲᠠ ᠲᠠᠯᠪᠢᠯᠲᠠ᠎ᠨᠢ ᠣᠨ᠎ᠤ ᠬᠢᠨᠠᠯᠲᠠ ᠪᠠᠶ᠋ᠢᠴᠠᠭ᠋ᠠᠯᠲᠠ ᠵᠢᠨ ᠠᠵᠢᠯ᠎ᠤᠨ ᠲᠥᠯᠥᠪᠯᠡᠭᠡ ᠵᠢ ᠬᠡᠷᠡᠭᠵᠢᠭᠦᠯᠬᠦ ᠪᠠ ᠥᠷᠨᠢᠭᠦᠯᠬᠦ ᠵᠢ ᠬᠠᠷᠢᠭᠤᠴᠠᠨ᠎ᠠ᠃ ᠪᠠᠶ᠋ᠢᠴᠠᠭ᠋ᠠᠭᠰᠠᠨ ᠪᠠᠶ᠋ᠢᠳᠠᠯ᠎ᠢ ᠦᠨᠳᠦᠰᠦᠯᠡᠨ᠂ ᠪᠠᠶ᠋ᠢᠴᠠᠭ᠋ᠠᠯᠲᠠ ᠵᠢᠨ ᠮᠡᠳᠡᠭᠦᠯᠦᠯᠲᠡ ᠵᠣᠬᠢᠶᠠᠵᠤ᠂ ᠣᠷᠣᠰᠢᠵᠤ ᠪᠠᠶ᠋ᠢᠭ᠎ᠠ ᠠᠰᠠᠭᠤᠳᠠᠯ᠎ᠢ ᠵᠢᠭ᠋ᠠᠨ ᠭᠠᠷᠭ᠋ᠠᠬᠤ ᠵᠢᠨ ᠬᠠᠮᠲᠤ ᠠᠰᠠᠭᠤᠳᠠᠯ᠎ᠢ ᠬᠣᠯᠪᠣᠭᠳᠠᠯ ᠪᠦᠬᠦᠢ ᠨᠢᠭᠡᠴᠢ᠎ᠳᠤ ᠬᠠᠷᠢᠭᠤ ᠲᠤᠰᠬᠠᠵᠤ᠂ ᠲᠡᠭᠦᠨ᠎ᠢ ᠰᠢᠪᠠᠳᠠᠵᠤ ᠪᠠᠶ᠋ᠢᠭ᠋ᠠᠳ ᠠᠰᠠᠭᠤᠳᠠᠯ᠎ᠢ ᠴᠠᠭ ᠲᠤᠬᠠᠶ᠎ᠳᠤᠨᠢ ᠰᠢᠢ᠍ᠳᠪᠤᠷᠢᠯᠡᠬᠦᠯᠵᠦ᠂ ᠳᠠᠯᠳᠠ ᠭᠡᠮ᠎ᠢ ᠠᠷᠢᠯᠭ᠋ᠠᠨ᠂ ᠠᠶᠤᠯ ᠲᠦᠭᠰᠢᠭᠦᠷᠢ ᠵᠢ ᠰᠡᠷᠭᠡᠶ᠋ᠢᠯᠡᠭᠦᠯᠦᠨ᠎ᠡ᠃ ᠡᠯ᠎ᠡ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠪᠣᠯᠤᠨ ᠬᠣᠲᠠ᠂ ᠰᠢᠶᠠᠨ᠎ᠤ ᠡᠯ᠎ᠡ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠤᠰᠤᠨ ᠠᠰᠢᠭᠯᠠᠯᠲᠠ ᠵᠢᠨ ᠶᠠᠮᠤᠨ ᠪᠣᠯᠤᠨ ᠮᠤᠵᠢ ᠵᠢᠨ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠣᠨ᠎ᠤ ᠬᠢᠨᠠᠯᠲᠠ ᠲᠠᠯᠪᠢᠬᠤ ᠠᠵᠢᠯ᠎ᠤᠨ ᠲᠥᠯᠥᠪᠯᠡᠭᠡ ᠶᠣᠰᠣᠭ᠋ᠠᠷ᠂ ᠡᠳᠦᠷ ᠲᠤᠳᠤᠮ᠎ᠤᠨ ᠬᠢᠨᠠᠯᠲᠠ ᠲᠠᠯᠪᠢᠬᠤ ᠠᠵᠢᠯ᠎ᠢ ᠲᠤᠰ ᠲᠤᠰ ᠥᠷᠨᠢᠭᠦᠯᠦᠨ᠎ᠡ᠃

    ᠲᠦᠷᠪᠡ᠂ ᠬᠢᠨᠠᠯᠲᠠ ᠲᠠᠯᠪᠢᠬᠤ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠦᠨ᠎ᠡ
   
   (ᠠᠷᠪᠠᠨ ᠨᠢᠭᠡ) ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠬᠢᠨᠠᠯᠲᠠ ᠲᠠᠯᠪᠢᠵᠤ ᠪᠠᠢ᠌ᠴᠠᠭ᠋ᠠᠨ᠎ᠠ
   
    ᠶᠡᠷᠦᠩᠬᠡᠶ᠋ᠢᠯᠡᠨ ᠬᠢᠨᠠᠯᠲᠠ ᠲᠠᠯᠪᠢᠬᠤ ᠰᠠᠯᠠᠭ᠎ᠠ ᠮᠥᠴᠢᠷ᠎ᠤᠳ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢ᠍ᠯᠡᠳᠦᠯ ᠵᠶ᠋ᠠᠨ ᠪᠠᠳᠠᠷᠠᠭᠤᠯᠵᠤ᠂ ᠲᠤᠬᠠᠶ᠋ᠢᠯᠠᠭᠰᠠᠨ ᠠᠵᠢᠯ᠎ᠤᠨ ᠱᠠᠭ᠋ᠠᠷᠳᠠᠯᠭ᠎ᠠ ᠪᠠ ᠪᠣᠳᠠᠲᠠᠶ ᠪᠠᠶ᠋ᠢᠳᠠᠯ᠎ᠢ ᠬᠦᠢ᠍ᠴᠡᠳ ᠪᠣᠳᠣᠯᠬᠢᠯᠠᠨ᠂ ᠨᠢᠭᠡᠳᠦᠯᠲᠡᠶ ᠲᠥᠯᠥᠪᠯᠡᠨ ᠵᠢᠷᠤᠮᠵᠢᠭᠤᠯᠵᠤ ᠰᠢᠮᠳᠠᠭᠤᠯᠤᠨ ᠪᠠᠶ᠋ᠢᠴᠠᠭ᠋ᠠᠵᠤ ᠰᠢᠯᠭ᠋ᠠᠨ ᠬᠢᠨᠠᠬᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠬᠢᠨᠠᠯᠲᠠ ᠲᠠᠯᠪᠢᠬᠤ ᠲᠥᠰᠦᠯ ᠪᠠ ᠬᠢᠨᠠᠯᠲᠠ ᠲᠠᠯᠪᠢᠬᠤ ᠡᠭᠦᠷᠭᠡ ᠵᠢ ᠡᠮᠬᠢᠯᠡᠨ ᠨᠡᠶ᠋ᠢᠯᠡᠭᠦᠯᠵᠦ ᠰᠢᠯᠢᠳᠡᠭᠵᠢᠭᠦᠯᠦᠨ᠂ ᠬᠢᠨᠠᠯᠲᠠ ᠲᠠᠯᠪᠢᠬᠤ ᠬᠡᠪᠴᠢᠶ᠎ᠡ᠂ ᠬᠦᠷᠢᠶ᠎ᠡ᠂ ᠳᠠᠪᠲᠠᠮᠵᠢ ᠪᠠ ᠴᠠᠭ᠎ᠤᠨ ᠬᠢᠵᠠᠭ᠋ᠠᠷ᠎ᠢ ᠴᠢᠩᠭ᠎ᠠ ᠡᠵᠡᠮᠳᠡᠵᠦ᠂ ᠦᠨᠳᠦᠰᠦᠨ ᠱᠠᠲᠤᠨ᠎ᠤ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠬᠦ ᠬᠡᠷᠡᠭᠲᠡᠶ᠃ ᠡᠯ᠎ᠡ ᠵᠦᠢ᠍ᠯ᠎ᠤᠨ ᠬᠢᠨᠠᠯᠲᠠ ᠲᠠᠯᠪᠢᠬᠤ ᠠᠵᠢᠯ᠎ᠢ ᠵᠣᠬᠢᠴᠠᠭᠤᠯᠤᠨ ᠵᠣᠬᠢᠶᠠᠨ ᠪᠠᠶ᠋ᠢᠭᠤᠯᠵᠤ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠢᠨ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠵᠦ᠂ ᠬᠠᠷᠢᠯᠴᠠᠨ ᠨᠥᠬᠥᠪᠥᠷᠢᠯᠡᠬᠦ ᠵᠢ ᠦᠨᠡᠨ ᠬᠦ᠌ ᠪᠠᠲᠤᠯᠠᠵᠤ᠂ ᠨᠡᠶ᠋ᠢᠯᠡᠮᠡᠯ ᠬᠦᠴᠦᠨ᠎ᠢ ᠪᠦᠷᠢᠯᠳᠦᠭᠦᠯᠦᠨ᠎ᠡ᠃
   
  (ᠠᠷᠪᠠᠨ ᠬᠣᠶᠠᠷ) ᠠᠵᠢᠯ᠎ᠤᠨ ᠲᠥᠯᠥᠪᠯᠡᠭᠡ᠎ᠪᠠᠷ ᠬᠥᠲᠥᠯᠦᠨ ᠳᠠᠭ᠋ᠠᠭᠤᠯᠬᠤ ᠵᠢ ᠪᠠᠷᠢᠮᠲᠠᠯᠠᠨ᠎ᠠ
   
    ᠶᠡᠷᠦᠩᠬᠡᠶ᠋ᠢᠯᠡᠨ ᠬᠢᠨᠠᠯᠲᠠ ᠲᠠᠯᠪᠢᠬᠤ ᠰᠠᠯᠠᠭ᠎ᠠ ᠮᠥᠴᠢᠷ᠎ᠤᠳ ᠬᠢᠨᠠᠯᠲᠠ ᠲᠠᠯᠪᠢᠬᠤ ᠬᠡᠷᠡᠭᠴᠡᠭᠡ ᠱᠠᠭ᠋ᠠᠷᠳᠠᠯᠭ᠎ᠠ ᠵᠢ ᠬᠤᠷᠢᠶᠠᠩᠭᠤᠶ᠋ᠢᠯᠠᠨ ᠡᠮᠬᠢᠯᠡᠵᠦ᠂ ᠣᠨ᠎ᠤ ᠬᠢᠨᠠᠯᠲᠠ ᠲᠠᠯᠪᠢᠬᠤ ᠭᠣᠤᠯᠳᠠᠯᠭ᠎ᠠ ᠵᠢ ᠦᠨᠳᠦᠰᠦᠯᠡᠨ᠂ ᠬᠢᠨᠠᠯᠲᠠ ᠲᠠᠯᠪᠢᠬᠤ ᠠᠵᠢᠯ᠎ᠤᠨ ᠲᠥᠯᠥᠪᠯᠡᠭᠡ ᠲᠣᠭᠲᠠᠭ᠋ᠠᠵᠤ᠂ ᠱᠠᠭ᠋ᠠᠷᠳᠠᠯᠭ᠎ᠠ ᠶᠣᠰᠣᠭ᠋ᠠᠷ ᠴᠢᠬᠤᠯᠠ ᠪᠥᠬᠥᠶ ᠬᠢᠨᠠᠨ ᠵᠥᠪᠰᠢᠶᠡᠷᠡᠬᠦ᠂ ᠮᠡᠳᠡᠭᠦᠯᠦᠨ ᠳᠠᠩᠰᠠᠯᠠᠭᠤᠯᠬᠤ ᠵᠢᠷᠤᠮ᠎ᠢ ᠬᠦᠢ᠍ᠴᠡᠳᠭᠡᠵᠦ᠂ ᠬᠢᠨᠠᠯᠲᠠ ᠲᠠᠯᠪᠢᠬᠤ ᠠᠵᠢᠯ᠎ᠤᠨ ᠲᠣᠭᠲᠠᠭ᠋ᠠᠯ᠎ᠳᠤ ᠨᠡᠢ᠌ᠴᠡᠬᠦ ᠪᠦᠭᠡᠳ ᠡᠮᠬᠢ ᠵᠢᠷᠤᠮ᠎ᠲᠠᠢ᠂ ᠥᠨᠳᠥᠷ ᠦᠷ᠎ᠡ ᠪᠦᠲᠦᠮᠵᠢᠲᠡᠶ᠎ᠪᠠᠷ ᠥᠷᠨᠢᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃
   
   (ᠠᠷᠪᠠᠨ ᠭᠤᠷᠪᠠ) ᠬᠢᠨᠠᠯᠲᠠ ᠲᠠᠯᠪᠢᠵᠤ ᠪᠠᠶ᠋ᠢᠴᠠᠭ᠋ᠠᠬᠤ ᠱᠠᠭ᠋ᠠᠷᠳᠠᠯᠭ᠎ᠠ ᠵᠢ ᠴᠢᠩᠳᠠᠯᠠᠨ᠎ᠠ
   
    ᠬᠢᠨᠠᠯᠲᠠ ᠲᠠᠯᠪᠢᠵᠤ ᠪᠠᠶ᠋ᠢᠴᠠᠭ᠋ᠠᠬᠤ᠎ᠳᠠᠭᠠᠨ ᠬᠠᠤᠯᠢ ᠲᠣᠭᠲᠠᠭ᠋ᠠᠯ᠎ᠢ ᠴᠢᠩᠭ᠎ᠠ ᠵᠢᠷᠤᠮᠯᠠᠨ ᠠᠵᠢᠯ ᠵᠶ᠋ᠠᠨ ᠥᠷᠨᠢᠭᠦᠯᠵᠦ᠂ 《ᠴᠢᠩᠭ᠎ᠠ᠂ ᠪᠣᠳᠠᠲᠠᠶ᠂ ᠨᠠᠷᠢᠯᠢᠭ᠂ ᠬᠠᠲᠠᠭᠤ》 ᠠᠵᠢᠯ᠎ᠤᠨ ᠰᠤᠷᠲᠠᠯ᠎ᠢ ᠪᠠᠳᠠᠷᠠᠭᠤᠯᠬᠤ ᠵᠢ ᠪᠠᠷᠢᠮᠲᠠᠯᠠᠨ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠠᠷᠭ᠎ᠠ ᠮᠠᠶᠢᠭ᠎ᠢ ᠰᠢᠨᠵᠢᠯᠡᠬᠦ ᠤᠬᠠᠭ᠋ᠠᠨᠴᠢ᠎ᠪᠠᠷ ᠬᠡᠷᠡᠭᠯᠡᠵᠦ᠂ 《ᠰᠦᠪᠡᠭᠴᠢ ᠵᠢ ᠬᠠᠷᠭᠤᠭᠤᠯᠤᠨ ᠪᠠᠶ᠋ᠢᠴᠠᠭ᠋ᠠᠬᠤ ᠬᠠᠤᠯᠢ》 ᠪᠠ 《ᠳᠥᠷᠪᠡᠨ ᠥᠬᠡᠶ ᠬᠣᠶᠠᠷ ᠰᠢᠯᠤᠭᠤᠨ》 ᠳᠠᠯᠳᠠᠭᠤᠷ ᠪᠠᠶ᠋ᠢᠴᠠᠭ᠋ᠠᠵᠤ ᠳᠠᠯᠳᠠᠭᠤᠷ ᠰᠤᠷᠪᠤᠯᠵᠢᠯᠠᠬᠤ ᠠᠵᠢᠯ᠎ᠤᠨ ᠠᠷᠭ᠎ᠠ ᠮᠠᠶᠢᠭ᠎ᠢ ᠶᠡᠬᠡᠪᠡᠷ ᠬᠡᠷᠡᠭᠵᠢᠭᠦᠯᠵᠦ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ᠎ᠤᠨ ᠦᠷ᠎ᠡ ᠪᠦᠲᠦᠭᠡᠯ᠎ᠤᠨ ᠨᠠᠶ᠋ᠢᠳᠠᠪᠤᠷᠢᠲᠠᠶ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
   
   (ᠠᠷᠪᠠᠨ ᠲᠥᠷᠪᠡ) ᠬᠢᠨᠠᠯᠲᠠ ᠲᠠᠯᠪᠢᠵᠤ ᠪᠠᠶ᠋ᠢᠴᠠᠭ᠋ᠠᠬᠤ ᠴᠤᠪᠤᠷᠠᠯ᠎ᠢ ᠵᠢᠷᠤᠮᠵᠢᠭᠤᠯᠤᠨ᠎ᠠ
   
    ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ᠎ᠢ 《ᠪᠠᠶ᠋ᠢᠴᠠᠭ᠋ᠠᠬᠤ᠂ ᠮᠡᠳᠡᠷᠡᠬᠦ᠂ ᠥᠭᠡᠷᠡᠴᠢᠯᠡᠬᠦ᠂ ᠲᠣᠷᠭ᠋ᠠᠬᠤ》 ᠠᠵᠢᠯ᠎ᠤᠨ ᠴᠤᠪᠤᠷᠠᠯ ᠪᠠ ᠠᠰᠠᠭᠤᠳᠠᠯ᠎ᠤᠨ ᠨᠠᠷᠢᠨ ᠬᠠᠭᠤᠳᠠᠰᠤ ᠵᠢ ᠴᠢᠩᠭ᠎ᠠ ᠵᠢᠷᠤᠮᠯᠠᠨ ᠥᠷᠨᠢᠭᠦᠯᠵᠦ᠂ ᠢᠯᠡᠷᠡᠭᠦᠯᠦᠭᠰᠡᠨ ᠠᠰᠠᠭᠤᠳᠠᠯ᠎ᠢ ᠬᠠᠷᠭᠤᠭᠤᠯᠤᠨ ᠪᠠᠶ᠋ᠢᠴᠠᠭ᠋ᠠᠵᠤ ᠨᠤᠲᠠᠯᠠᠨ ᠲᠣᠭᠲᠠᠭ᠋ᠠᠵᠤ᠂ ᠬᠠᠷᠢᠭᠤᠴᠠᠯᠭ᠎ᠠ᠎ᠲᠠᠢ ᠨᠢᠭᠡᠴᠢ ᠵᠢ ᠰᠢᠮᠳᠠᠭᠤᠯᠵᠤ ᠪᠠᠶ᠋ᠢᠭ᠋ᠠᠳ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠵᠢ ᠴᠠᠭ ᠲᠤᠬᠠᠶ᠎ᠳᠤᠨᠢ ᠨᠠᠶ᠋ᠢᠳᠠᠪᠤᠷᠢᠵᠢᠭᠤᠯᠬᠤ ᠵᠢᠨ ᠬᠠᠮᠲᠤ ᠬᠠᠤᠯᠢ ᠲᠣᠭᠲᠠᠭ᠋ᠠᠯ ᠶᠣᠰᠣᠭ᠋ᠠᠷ ᠬᠠᠷᠢᠭᠤᠴᠠᠯᠭ᠎ᠠ ᠨᠡᠬᠡᠮᠵᠢᠯᠡᠬᠦ ᠰᠠᠨᠠᠯ ᠰᠠᠨᠠᠭᠤᠯᠭ᠎ᠠ ᠳᠤᠷᠠᠳᠤᠨ᠂ ᠬᠠᠷᠢᠭᠤᠴᠠᠯᠭ᠎ᠠ᠎ᠲᠠᠢ ᠨᠢᠭᠡᠴᠢ᠎ᠠᠴᠠ ᠬᠠᠷᠢᠭᠤᠴᠠᠯᠭ᠎ᠠ ᠨᠡᠬᠡᠮᠵᠢᠯᠡᠬᠦ ᠵᠢ ᠬᠡᠷᠡᠭᠵᠢᠭᠦᠯᠬᠦ ᠬᠡᠷᠡᠭᠲᠡᠶ᠃
   
   (ᠠᠷᠪᠠᠨ ᠲᠠᠪᠤ) ᠬᠢᠨᠠᠯᠲᠠ ᠲᠠᠯᠪᠢᠬᠤ ᠮᠡᠳᠡᠭᠡ ᠵᠠᠩᠭᠢ ᠵᠢᠨ ᠲᠠᠪᠴᠠᠩ᠎ᠢ ᠪᠠᠶ᠋ᠢᠭᠤᠯᠤᠨ᠎ᠠ
   
    ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ᠎ᠢ ᠬᠢᠨᠠᠯᠲᠠ ᠲᠠᠯᠪᠢᠬᠤ ᠮᠡᠳᠡᠭᠡ ᠵᠠᠩᠭᠢ ᠵᠢᠨ ᠲᠠᠪᠴᠠᠩ᠎ᠢ ᠠᠰᠢᠭᠯᠠᠬᠤ ᠪᠠ ᠲᠡᠭᠦᠨ᠎ᠳᠤ ᠲᠦᠰᠢᠭᠯᠡᠨ ᠥᠷᠨᠢᠭᠦᠯᠬᠦ ᠬᠡᠷᠡᠭᠲᠡᠶ᠃ ᠤᠰᠤᠨ ᠠᠰᠢᠭᠯᠠᠯᠲᠠ ᠵᠢᠨ ᠶᠠᠮᠤᠨ ᠪᠦᠬᠦ ᠤᠯᠤᠰ᠎ᠤᠨ ᠬᠣᠯᠪᠣᠯᠳᠤᠨ ᠨᠡᠪᠲᠡᠷᠡᠯᠴᠡᠭᠰᠡᠨ ᠤᠶᠤᠨᠴᠢᠯᠠᠭᠰᠠᠨ ᠶᠡᠷᠦᠩᠬᠡᠶ᠋ᠢᠯᠡᠭᠰᠡᠨ ᠬᠢᠨᠠᠯᠲᠠ ᠵᠢᠨ ᠲᠠᠪᠴᠠᠩ᠎ᠢ ᠪᠠᠶ᠋ᠢᠭᠤᠯᠵᠤ᠂ ᠲᠠᠪᠴᠠᠩ᠎ᠤᠨ ᠠᠭᠤᠯᠵᠠᠷ᠎ᠢ ᠨᠡᠭᠡᠭᠡᠵᠦ᠂ ᠶᠠᠮᠤᠨ ᠮᠤᠵᠢ ᠵᠢᠨ ᠬᠢᠨᠠᠯᠲᠠ ᠵᠢᠨ ᠲᠣᠭ᠎ᠠ ᠪᠠᠷᠢᠮᠲᠠ ᠵᠢ ᠪᠦᠲᠦᠮᠵᠢᠲᠡᠢ ᠵᠣᠯᠭ᠋ᠠᠭᠤᠯᠬᠤ ᠪᠠ ᠮᠡᠳᠡᠭᠡ ᠵᠠᠩᠭᠢ ᠵᠢ ᠬᠠᠮᠲᠤᠪᠠᠷ ᠡᠳ᠋ᠯᠡᠬᠦ ᠵᠢ ᠪᠡᠶᠡᠯᠡᠭᠦᠯᠦᠨ᠎ᠡ᠃
   
    ᠲᠠᠪᠤ᠂ ᠬᠢᠨᠠᠯᠲᠠ ᠲᠠᠯᠪᠢᠭᠰᠠᠨ ᠦᠷ᠎ᠡ ᠪᠦᠲᠦᠭᠡᠯ᠎ᠤᠨ ᠬᠡᠷᠡᠭᠯᠡᠯᠲᠡ ᠵᠢ ᠴᠢᠩᠭ᠋ᠠᠳᠬᠠᠨ᠎ᠠ
   
   (ᠠᠷᠪᠠᠨ ᠵᠢᠷᠭᠤᠭ᠎ᠠ) ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠨᠠᠢ᠌ᠳᠠᠪᠤᠷᠢᠵᠢᠭᠤᠯᠤᠨ᠎ᠠ
   
  ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠠᠵᠢᠯ᠎ᠳᠤ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠨᠠᠷᠢᠨ ᠲᠠᠩᠰᠠ ᠵᠢᠨ ᠬᠡᠯᠪᠡᠷᠢ ᠵᠢᠨ ᠬᠠᠮᠢᠶᠠᠷᠤᠯᠲᠠ ᠵᠢ ᠬᠡᠷᠡᠭᠵᠢᠭᠦᠯᠦᠨ᠎ᠡ᠃ ᠠᠳᠠᠯᠢ ᠪᠤᠰᠤ ᠠᠰᠠᠭᠤᠳᠠᠯ᠎ᠳᠤ ᠴᠢᠭᠯᠡᠭᠦᠯᠦᠨ᠂ ᠬᠠᠷᠢᠭᠤᠴᠠᠯᠭ᠎ᠠ ᠵᠢᠨ ᠭᠣᠤᠯ ᠴᠣᠭᠴᠠ ᠵᠢ ᠲᠣᠳᠣᠷᠬᠠᠶ᠋ᠢᠯᠠᠵᠤ᠂ ᠠᠰᠠᠭᠤᠳᠠᠯ᠎ᠤᠨ ᠨᠠᠷᠢᠨ ᠲᠠᠩᠰᠠ ᠵᠢ ᠴᠠᠭ ᠲᠤᠬᠠᠶ᠎ᠳᠤᠨᠢ ᠪᠠᠭᠤᠯᠭ᠋ᠠᠵᠤ᠂ ᠴᠡᠭᠴᠡᠯᠡᠨ ᠰᠠᠶ᠋ᠢᠵᠢᠷᠠᠭᠤᠯᠬᠤ ᠪᠣᠳᠠᠲᠠᠶ ᠱᠠᠭ᠋ᠠᠷᠳᠠᠯᠭ᠎ᠠ ᠵᠢ ᠲᠣᠳᠣᠷᠬᠠᠶ᠋ᠢᠯᠠᠨ᠂ ᠬᠠᠷᠢᠭᠤᠴᠠᠯᠭ᠎ᠠ᠎ᠲᠠᠢ   ᠨᠢᠭᠡᠴᠢ ᠵᠢ ᠰᠢᠮᠳᠠᠭᠤᠯᠤᠨ ᠴᠠᠭ ᠲᠤᠬᠠᠶ᠎ᠳᠤᠨᠢ ᠴᠡᠭᠴᠡᠯᠡᠨ ᠰᠠᠶ᠋ᠢᠵᠢᠷᠠᠭᠤᠯᠵᠤ᠂ ᠴᠡᠭᠴᠡᠯᠡᠨ ᠰᠠᠶ᠋ᠢᠵᠢᠷᠠᠭᠤᠯᠬᠤ ᠪᠢᠲᠡᠭᠦᠦ ᠴᠠᠭ᠋ᠠᠷᠢᠭ᠎ᠤᠨ ᠬᠠᠮᠢᠶᠠᠷᠤᠯᠲᠠ ᠵᠢ ᠬᠡᠷᠡᠭᠵᠢᠭᠦᠯᠬᠦ ᠬᠡᠷᠡᠭᠲᠡᠶ᠃ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠳᠤ ᠴᠠᠭ᠎ᠲᠤᠨᠢ ᠲᠣᠬᠢᠷᠠᠭᠤᠯᠤᠨ ᠳᠠᠬᠢᠨ ᠪᠠᠶ᠋ᠢᠴᠠᠭ᠋ᠠᠯᠲᠠ ᠬᠢᠵᠦ᠂ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
   
   (ᠠᠷᠪᠠᠨ ᠳᠣᠯᠣᠭ᠎ᠠ) ᠬᠠᠷᠢᠭᠤᠴᠠᠯᠭ᠎ᠠ ᠨᠡᠬᠡᠮᠵᠢᠯᠡᠬᠦ ᠵᠢ ᠴᠢᠩᠳᠠᠯᠠᠨ᠎ᠠ
   
    ᠬᠠᠤᠯᠢ ᠲᠣᠭᠲᠠᠭ᠋ᠠᠯ᠎ᠢ ᠴᠢᠩᠭ᠎ᠠ ᠵᠢᠷᠤᠮᠯᠠᠨ ᠬᠢᠨᠠᠯᠲᠠ ᠲᠠᠯᠪᠢᠵᠤ ᠪᠠᠶ᠋ᠢᠴᠠᠭ᠋ᠠᠬᠤ ᠶᠠᠪᠤᠴᠠ᠎ᠳᠤ ᠣᠯᠵᠤ ᠮᠡᠳᠡᠭᠰᠡᠨ ᠠᠰᠠᠭᠤᠳᠠᠯ᠎ᠢ ᠬᠠᠮᠢᠶᠠᠷᠤᠯᠲᠠ ᠵᠢᠨ ᠡᠷᠬᠡ ᠮᠡᠳᠡᠯ᠎ᠤᠨ ᠬᠡᠪᠴᠢᠶ᠎ᠡ ᠶᠣᠰᠣᠭ᠋ᠠᠷ ᠬᠠᠷᠢᠭᠤᠴᠠᠯᠭ᠎ᠠ ᠨᠡᠬᠡᠮᠵᠢᠯᠡᠨ᠎ᠡ᠃ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠡᠯ᠎ᠡ ᠵᠤᠢ᠌ᠯ᠎ᠤᠨ ᠬᠢᠨᠠᠯᠲᠠ ᠲᠠᠯᠪᠢᠵᠤ ᠪᠠᠶ᠋ᠢᠴᠠᠭ᠋ᠠᠬᠤ ᠠᠷᠭ᠎ᠠ ᠵᠢ ᠴᠢᠩᠭ᠎ᠠ ᠵᠢᠷᠤᠮᠯᠠᠨ ᠬᠠᠷᠢᠭᠤᠴᠠᠯᠭ᠎ᠠ ᠨᠡᠬᠡᠮᠵᠢᠯᠡᠨ᠎ᠡ; ᠨᠠᠮ᠎ᠤᠨ ᠰᠠᠬᠢᠯᠭ᠎ᠠ ᠵᠠᠰᠠᠭ᠎ᠤᠨ ᠰᠠᠬᠢᠯᠭ᠎ᠠ ᠵᠢ ᠵᠥᠷᠢᠴᠡᠭᠰᠡᠨ ᠰᠡᠵᠢᠭᠯᠡᠯᠲᠡᠶ ᠠᠵᠢᠯᠯᠠᠭ᠎ᠠ ᠵᠢ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠳᠤ ᠠᠰᠠᠭᠤᠳᠠᠯ᠎ᠤᠨ ᠰᠦᠪᠡᠭᠴᠢ ᠵᠢ ᠴᠠᠭ ᠲᠤᠬᠠᠶ᠎ᠳᠤᠨᠢ ᠰᠢᠯᠵᠢᠭᠦᠯᠦᠨ ᠬᠦᠷᠭᠡᠬᠦ ᠬᠡᠷᠡᠭᠲᠡᠶ; ᠬᠠᠤᠯᠢ ᠵᠢ ᠵᠥᠷᠢᠴᠡᠭᠰᠡᠨ ᠰᠡᠵᠢᠭᠯᠡᠯᠲᠡᠶ ᠶᠠᠯᠠᠲᠤ ᠠᠵᠢᠯᠯᠠᠭ᠎ᠠ ᠵᠢ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭ᠋ᠠᠷ   ᠰᠢᠢ᠍ᠳᠪᠤᠷᠢᠯᠡᠬᠦᠯᠦᠨ᠎ᠡ᠃
   
   (ᠠᠷᠪᠠᠨ ᠨᠠᠢ᠍ᠮᠠ) ᠰᠢᠯᠭ᠋ᠠᠨ ᠦᠨᠡᠯᠡᠬᠦ ᠰᠢᠰᠲᠸᠮᠵᠢ᠎ᠳᠤ ᠤᠷᠤᠭᠤᠯᠤᠨ᠎ᠠ
   
    ᠬᠢᠨᠠᠯᠲᠠ ᠲᠠᠯᠪᠢᠭᠰᠠᠨ ᠠᠵᠢᠯ᠎ᠤᠨ ᠦᠷ᠎ᠡ ᠪᠦᠲᠦᠭᠡᠯ᠎ᠢ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ᠎ᠤᠨ ᠣᠨ᠎ᠤ ᠰᠢᠯᠭ᠋ᠠᠨ ᠦᠨᠡᠯᠡᠬᠦ᠂ ᠰᠢᠯᠢᠳᠡᠭ᠎ᠢ ᠰᠢᠯᠭ᠋ᠠᠷᠠᠭᠤᠯᠵᠤ ᠲᠡᠷᠢᠭᠦᠨ᠎ᠢ ᠰᠢᠯᠭ᠋ᠠᠷᠠᠭᠤᠯᠬᠤ᠂ ᠵᠡᠷᠭᠡ ᠳᠡᠰ᠎ᠢ ᠦᠨᠡᠯᠡᠨ ᠲᠣᠭᠲᠠᠭ᠋ᠠᠬᠤ᠂ ᠲᠥᠰᠦᠪ᠎ᠤᠨ ᠲᠣᠬᠢᠷᠠᠭᠤᠯᠤᠯᠲᠠ ᠵᠡᠷᠭᠡ ᠯᠠᠪᠯᠠᠯᠲᠠ ᠵᠢᠨ ᠠᠭᠤᠯᠭ᠎ᠠ ᠪᠣᠯᠭ᠋ᠠᠵᠤ᠂ ᠬᠤᠪᠢ ᠬᠥᠮᠦᠨ᠎ᠤ ᠰᠢᠯᠢᠳᠡᠭ᠎ᠢ ᠰᠢᠯᠭ᠋ᠠᠷᠠᠭᠤᠯᠵᠤ ᠲᠡᠷᠢᠭᠦᠨ᠎ᠢ ᠰᠢᠯᠭ᠋ᠠᠷᠠᠭᠤᠯᠬᠤ ᠵᠢᠨ ᠴᠢᠬᠤᠯᠠ ᠯᠠᠪᠯᠠᠯᠲᠠ ᠪᠣᠯᠭ᠋ᠠᠬᠤ ᠬᠡᠷᠡᠭᠲᠡᠶ᠃ ᠠᠵᠤ ᠠᠬᠤᠶ᠋ᠢᠯᠠᠯ ᠪᠣᠯᠤᠨ ᠠᠵᠢᠯᠯᠠᠵᠤ ᠪᠠᠶ᠋ᠢᠭ᠎ᠠ ᠬᠥᠮᠦᠰ᠎ᠤᠨ ᠬᠠᠷᠢᠭᠤᠴᠠᠯᠭ᠎ᠠ ᠨᠡᠬᠡᠮᠵᠢᠯᠡᠭᠰᠡᠨ ᠪᠠᠶ᠋ᠢᠳᠠᠯ᠎ᠢ ᠬᠥᠳᠡᠯᠦᠩᠭᠦᠶ ᠦᠨᠡᠯᠡᠯᠲᠡ ᠵᠢᠨ ᠬᠠᠮᠢᠶᠠᠷᠤᠯᠲᠠ᠎ᠳᠤ ᠣᠷᠣᠭᠤᠯᠤᠨ᠎ᠠ᠃
   
   (ᠠᠷᠪᠠ ᠶᠢᠰᠦ) ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠎ᠡ
   
    ᠬᠠᠮᠢᠶ᠎ᠠ ᠪᠥᠬᠥᠶ ᠲᠤᠬᠠᠶ᠋ᠢᠯᠠᠭᠰᠠᠨ ᠠᠵᠢᠯ᠎ᠤᠨ ᠰᠠᠯᠠᠭ᠎ᠠ ᠮᠥᠴᠢᠷ᠎ᠤᠳ ᠬᠢᠨᠠᠯᠲᠠ ᠲᠠᠯᠪᠢᠵᠤ ᠪᠠᠶ᠋ᠢᠴᠠᠭ᠋ᠠᠭ᠋ᠠᠳ ᠢᠯᠡᠷᠡᠭᠦᠯᠦᠭᠰᠡᠨ ᠠᠰᠠᠭᠤᠳᠠᠯ᠎ᠳᠤ ᠰᠢᠰᠲ᠋ᠧᠮ᠎ᠲᠠᠢ ᠵᠠᠳᠠᠯᠤᠯᠲᠠ ᠬᠢᠵᠦ᠂ ᠳ᠋ᠦᠩᠨᠡᠨ ᠪᠣᠯᠪᠠᠰᠤᠷᠠᠭᠤᠯᠵᠤ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢᠴᠢ ᠲᠦᠷᠢᠮ ᠲᠣᠭᠲᠠᠭ᠋ᠠᠯ᠎ᠢ ᠲᠡᠭᠦᠯᠳᠡᠷᠵᠢᠭᠦᠯᠦᠨ᠂ ᠠᠵᠢᠯ ᠲᠥᠷᠥᠯ᠎ᠤᠨ ᠬᠠᠮᠢᠶᠠᠷᠤᠯᠲᠠ ᠵᠢ ᠵᠢᠯᠣᠭᠣᠳᠤᠨ ᠰᠠᠶ᠋ᠢᠵᠢᠷᠠᠭᠤᠯᠵᠤ᠂ ᠠᠵᠢᠯ ᠲᠥᠷᠥᠯ᠎ᠤᠨ ᠵᠠᠰᠠᠯᠲᠠ ᠵᠢᠨ ᠬᠦᠴᠦᠨ ᠴᠢᠳᠠᠪᠤᠷᠢ ᠵᠢ ᠳᠡᠭᠡᠭᠰᠢᠯᠡᠭᠦᠯᠦᠨ᠂ ᠠᠵᠢᠯ ᠲᠥᠷᠥᠯ᠎ᠤᠨ ᠲᠦᠭᠰᠢᠭᠦᠷᠢ ᠵᠢ ᠠᠷᠢᠯᠭ᠋ᠠᠨ ᠰᠡᠷᠭᠡᠶ᠋ᠢᠯᠡᠬᠦ ᠬᠡᠷᠡᠭᠲᠡᠶ᠃

  ᠵᠢᠷᠭᠤᠭ᠎ᠠ᠂ ᠬᠢᠨᠠᠯᠲᠠ ᠲᠠᠯᠪᠢᠬᠤ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠵᠢ   ᠨᠠᠢ᠌ᠳᠠᠪᠤᠷᠢᠵᠢᠭᠤᠯᠤᠨ᠎ᠠ
   
   (ᠬᠣᠷᠢ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ
   
    ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠤᠰᠤᠨ ᠠᠰᠢᠭᠯᠠᠯᠲᠠ ᠵᠢᠨ ᠠᠵᠢᠯ ᠲᠥᠷᠥᠯ᠎ᠳᠤ ᠬᠢᠨᠠᠯᠲᠠ ᠲᠠᠯᠪᠢᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ᠂ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠦᠨ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠦᠨᠡᠨ ᠬᠦ᠌ ᠴᠢᠩᠭ᠋ᠠᠳᠬᠠᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠤᠨ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠳᠤ ᠬᠢᠨᠠᠯᠲᠠ ᠲᠠᠯᠪᠢᠬᠤ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠳᠤ ᠬᠢᠨᠠᠯᠲᠠ ᠲᠠᠯᠪᠢᠬᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠂ ᠬᠢᠨᠠᠯᠲᠠ ᠲᠠᠯᠪᠢᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃ ᠵᠠᠰᠠᠭ᠎ᠤᠨ ᠣᠷᠳᠣᠨ᠎ᠤ ᠬᠠᠮᠢᠶ᠎ᠠ ᠪᠥᠬᠥᠶ ᠰᠠᠯᠠᠭ᠎ᠠ ᠮᠥᠴᠢᠷ᠎ᠯᠦᠭᠡ ᠵᠢᠨ ᠨᠡᠪᠲᠡᠷᠡᠯᠴᠡᠭᠡ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠤᠰᠤᠨ᠎ᠳᠤ ᠬᠣᠯᠪᠣᠭᠳᠠᠬᠤ ᠴᠢᠬᠤᠯᠠ ᠶᠡᠬᠡ ᠠᠰᠠᠭᠤᠳᠠᠯ᠎ᠳᠤ ᠬᠢᠨᠠᠯᠲᠠ ᠲᠠᠯᠪᠢᠬᠤ ᠵᠢ ᠬᠡᠷᠡᠭᠵᠢᠭᠦᠯᠦᠨ᠂ ᠬᠠᠮᠵᠢᠯᠴᠠᠨ ᠬᠠᠮᠲᠤᠷᠠᠯᠴᠠᠬᠤ᠂ ᠵᠡᠷᠭᠡᠪᠡᠷ ᠤᠷᠤᠭᠰᠢᠯᠠᠭᠰᠠᠨ ᠬᠢᠨᠠᠯᠲᠠ ᠲᠠᠯᠪᠢᠬᠤ ᠪᠠᠶ᠋ᠢᠷᠢᠰᠢᠯ᠎ᠢ ᠪᠣᠶ ᠪᠣᠯᠭ᠋ᠠᠨ᠎ᠠ᠃
   
   (ᠬᠣᠷᠢᠨ ᠨᠢᠭᠡ) ᠵᠠᠷᠤᠳᠠᠯ᠎ᠤᠨ ᠪᠠᠲᠤᠯᠠᠭ᠎ᠠ ᠵᠢ ᠨᠠᠶ᠋ᠢᠳᠠᠪᠤᠷᠢᠵᠢᠭᠤᠯᠤᠨ᠎ᠠ
   
    ᠡᠯ᠎ᠡ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠢᠨᠠᠯᠲᠠ ᠲᠠᠯᠪᠢᠬᠤ ᠠᠵᠢᠯ᠎ᠤᠨ ᠵᠠᠷᠤᠳᠠᠯ᠎ᠢ ᠬᠠᠤᠯᠢ ᠲᠣᠭᠲᠠᠭ᠋ᠠᠯ ᠶᠣᠰᠣᠭ᠋ᠠᠷ ᠨᠠᠶ᠋ᠢᠳᠠᠪᠤᠷᠢᠵᠢᠭᠤᠯᠵᠤ᠂ ᠬᠢᠨᠠᠯᠲᠠ ᠲᠠᠯᠪᠢᠬᠤ ᠠᠵᠢᠯ᠎ᠤᠨ ᠵᠠᠷᠤᠳᠠᠯ᠎ᠢ ᠲᠥᠰᠦᠪ᠎ᠤᠨ ᠬᠠᠮᠢᠶᠠᠷᠤᠯᠲᠠ᠎ᠳᠤ ᠣᠷᠣᠭᠤᠯᠬᠤ ᠬᠡᠷᠡᠭᠲᠡᠶ᠃ ᠬᠢᠨᠠᠯᠲᠠ ᠲᠠᠯᠪᠢᠬᠤ ᠠᠵᠢᠯ ᠥᠷᠨᠢᠭᠦᠯᠬᠦ ᠴᠢᠬᠤᠯᠠ ᠪᠥᠬᠥᠢ ᠲᠤᠨᠤᠭ ᠲᠥᠬᠥᠭᠡᠷᠦᠮᠵᠢ ᠲᠣᠬᠢᠷᠠᠭᠤᠯᠵᠤ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠬᠢᠨᠠᠯᠲᠠ ᠲᠠᠯᠪᠢᠬᠤ ᠠᠵᠢᠯ᠎ᠤᠨ ᠤᠷᠤᠭᠰᠢᠲᠠᠶ ᠶᠠᠪᠤᠭᠳᠠᠬᠤ ᠵᠢ ᠪᠠᠲᠤᠯᠠᠬᠤ ᠬᠡᠷᠡᠭᠲᠡᠶ᠃
   
   (ᠬᠣᠷᠢᠨ ᠬᠣᠶᠠᠳᠤᠭ᠋ᠠᠷ ᠵᠤᠢ᠌ᠯ) ᠬᠢᠨᠠᠯᠲᠠ ᠲᠠᠯᠪᠢᠬᠤ ᠠᠷᠭ᠎ᠠ ᠪᠠᠷᠢᠯ᠎ᠢ ᠳᠡᠭᠡᠭᠰᠢᠯᠡᠭᠦᠯᠦᠨ᠎ᠡ
   
    ᠡᠯ᠎ᠡ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠢᠨᠠᠯᠲᠠ ᠲᠠᠯᠪᠢᠬᠤ ᠠᠷᠭ᠎ᠠ ᠪᠠᠷᠢᠯ᠎ᠳᠤ ᠲᠠᠰᠤᠷᠠᠯᠲᠠ ᠥᠬᠡᠶ ᠰᠢᠨ᠎ᠡ ᠵᠢ ᠡᠭᠦᠳᠴᠦ᠂ ᠮᠡᠳᠡᠭᠡ ᠵᠠᠩᠭᠢᠵᠢᠯᠲᠠ ᠵᠢᠨ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠦᠨ᠂ ᠳᠠᠭ᠋ᠠᠭᠤᠯᠢ ᠣᠳᠣᠨ᠎ᠤ ᠠᠯᠤᠰ ᠰᠡᠷᠡᠯ᠂ ᠵᠢᠯᠣᠭᠣᠴᠢ ᠥᠬᠡᠶ ᠨᠢᠰᠬᠡᠯ᠂ ᠲᠣᠮᠣ ᠳ᠋ᠠᠶ᠋ᠢᠲ᠋ᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠮᠡᠷᠭᠡᠵᠢᠯ᠎ᠢ ᠢᠳᠡᠪᠬᠢᠲᠡᠶ ᠬᠡᠷᠡᠭᠯᠡᠵᠦ᠂ ᠠᠰᠠᠭᠤᠳᠠᠯ᠎ᠢ ᠢᠯᠡᠷᠡᠭᠦᠯᠬᠦ ᠴᠢᠳᠠᠪᠤᠷᠢ᠎ᠪᠠᠨ ᠨᠡᠮᠡᠭᠳᠡᠭᠦᠯᠦᠨ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ᠎ᠤᠨ ᠴᠢᠳᠠᠪᠤᠷᠢ᠎ᠪᠠᠨ ᠳᠡᠭᠡᠭᠰᠢᠯᠡᠭᠦᠯᠬᠦ ᠵᠢ ᠠᠬᠢᠭᠤᠯᠬᠤ ᠬᠡᠷᠡᠭᠲᠡᠶ᠃
   
   (ᠬᠣᠷᠢᠨ ᠭᠤᠷᠪᠠ) ᠴᠢᠳᠠᠪᠤᠷᠢᠲᠠᠨ ᠬᠥᠮᠦᠵᠢᠭᠦᠯᠬᠦ ᠵᠢ ᠴᠢᠬᠤᠯᠠᠴᠢᠯᠠᠨ᠎ᠠ
   
    ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠢᠨᠠᠯᠲᠠ ᠲᠠᠯᠪᠢᠬᠤ ᠠᠵᠢᠯᠲᠠᠳ᠎ᠤᠨ ᠲᠤᠰᠬᠠᠶ ᠮᠡᠷᠭᠡᠵᠢᠯ᠎ᠤᠨ ᠮᠡᠳᠡᠯᠭᠡ ᠪᠣᠯᠤᠨ ᠦᠢ᠍ᠯᠡᠳᠦᠯᠭᠡ ᠵᠢᠨ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠭᠤᠯᠤᠯ᠎ᠢ ᠴᠢᠩᠭ᠋ᠠᠳᠬᠠᠨ᠂ ᠴᠢᠳᠠᠪᠤᠷᠢᠲᠠᠨ ᠬᠥᠮᠦᠵᠢᠭᠦᠯᠬᠦ ᠪᠠ ᠬᠡᠷᠡᠭᠯᠡᠬᠦ ᠲᠣᠭᠲᠠᠴᠠ ᠵᠢ ᠪᠠᠶ᠋ᠢᠭᠤᠯᠬᠤ ᠬᠡᠷᠡᠭᠲᠡᠶ᠃ ᠬᠢᠨᠠᠯᠲᠠ ᠲᠠᠯᠪᠢᠬᠤ ᠠᠵᠢᠯᠳᠠᠨ᠎ᠤ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠂ ᠲᠡᠮᠡᠴᠡᠯ᠎ᠤᠨ ᠵᠣᠷᠢᠭ ᠰᠠᠨᠠᠭ᠎ᠠ᠂ ᠠᠵᠢᠯ ᠦᠢ᠍ᠯᠡᠰ ᠵᠶ᠋ᠠᠨ ᠳᠡᠭᠡᠳᠦᠯᠡᠬᠦ ᠵᠣᠷᠢᠭ ᠰᠠᠨᠠᠭ᠎ᠠ ᠪᠠ ᠰᠢᠨ᠎ᠡ ᠵᠢ ᠡᠭᠦᠳᠬᠦ ᠵᠣᠷᠢᠭ ᠰᠠᠨᠠᠭ᠎ᠠ ᠵᠢ ᠴᠢᠬᠤᠯᠠᠴᠢᠯᠠᠨ ᠬᠥᠮᠦᠵᠢᠭᠦᠯᠵᠦ᠂ ᠬᠢᠨᠠᠯᠲᠠ ᠲᠠᠯᠪᠢᠬᠤ ᠠᠵᠢᠯ᠎ᠤᠨ ᠬᠢᠷᠢ ᠲᠦᠪᠰᠢᠨ ᠵᠶ᠋ᠠᠨ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃
   
   (ᠬᠣᠷᠢᠨ ᠳᠥᠷᠪᠡ) ᠬᠢᠨᠠᠯᠲᠠ ᠲᠠᠯᠪᠢᠬᠤ ᠠᠭᠤᠷ ᠠᠮᠢᠰᠬᠤᠯ᠎ᠢ ᠪᠣᠶ ᠪᠣᠯᠭ᠋ᠠᠨ᠎ᠠ
   
    ᠡᠯ᠎ᠡ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠠᠤᠯᠢ ᠶᠣᠰᠣᠭ᠋ᠠᠷ ᠬᠢᠨᠠᠯᠲᠠ ᠲᠠᠯᠪᠢᠬᠤ᠂ ᠰᠢᠨᠵᠢᠯᠡᠬᠦ ᠤᠬᠠᠭ᠋ᠠᠨᠴᠢ᠎ᠪᠠᠷ ᠬᠢᠨᠠᠯᠲᠠ ᠲᠠᠯᠪᠢᠬᠤ᠂ ᠠᠷᠠᠳ᠎ᠤᠨ ᠲᠥᠯᠥᠭᠡ ᠬᠢᠨᠠᠯᠲᠠ ᠲᠠᠯᠪᠢᠬᠤ᠂ ᠢᠯᠡ᠎ᠪᠠᠷ ᠬᠢᠨᠠᠯᠲᠠ ᠲᠠᠯᠪᠢᠬᠤ ᠤᠬᠠᠭᠤᠯᠭ᠎ᠠ ᠵᠢᠨ ᠤᠳᠤᠷᠢᠳᠤᠮᠵᠢ ᠵᠢ ᠪᠣᠶ ᠪᠣᠯᠭ᠋ᠠᠬᠤ ᠬᠡᠷᠡᠭᠲᠡᠶ᠃ ᠶᠠᠷᠢᠶ᠎ᠠ ᠬᠡᠯᠡᠯᠴᠡᠭᠡᠨ᠎ᠤ ᠵᠢᠯᠣᠭᠣᠳᠤᠮᠵᠢ ᠵᠢ ᠴᠢᠩᠭ᠋ᠠᠳᠬᠠᠵᠤ᠂ ᠤᠰᠤᠨ᠎ᠳᠤ ᠬᠣᠯᠪᠣᠭᠳᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠲᠠᠶ᠋ᠢᠯᠤᠮᠵᠢ ᠵᠢ ᠴᠢᠬᠤᠯᠠᠴᠢᠯᠠᠵᠤ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠬᠢᠨᠠᠯᠲᠠ ᠲᠠᠯᠪᠢᠬᠤ ᠠᠵᠢᠯ᠎ᠤᠨ ᠳᠤᠮᠳᠠᠬᠢ ᠰᠠᠢ᠍ᠢ᠍ᠨ ᠲᠤᠷᠰᠢᠯᠭ᠎ᠠ ᠵᠢ ᠢᠳᠡᠪᠬᠢᠲᠡᠶ᠎ᠪᠠᠷ ᠤᠬᠠᠭᠤᠯᠵᠤ᠂ ᠤᠰᠤᠨ ᠠᠰᠢᠭᠯᠠᠯᠲᠠ ᠵᠢᠨ ᠠᠵᠢᠯ ᠲᠥᠷᠥᠯ  ᠎ᠤᠨ ᠬᠢᠨᠠᠯᠲᠠ ᠲᠠᠯᠪᠢᠬᠤ ᠠᠵᠢᠯ᠎ᠤᠨ ᠠᠷᠠᠳ ᠤᠯᠠᠨ᠎ᠳᠤ ᠣᠯᠭᠣᠭᠰᠠᠨ ᠪᠣᠳᠠᠲᠤ ᠠᠰᠢᠭ ᠪᠣᠯᠤᠨ ᠬᠤᠪᠢᠷᠠᠯᠲᠠ ᠵᠢ ᠲᠤᠪᠤᠢ᠍ᠢ᠍ᠯᠭ᠋ᠠᠨ ᠤᠬᠠᠭᠤᠯᠵᠤ᠂ 12314 ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ᠎ᠢ ᠭᠦᠢ᠍ᠴᠡᠳ ᠬᠡᠷᠡᠭᠯᠡᠨ᠂ ᠤᠯᠠᠨ ᠨᠡᠶ᠋ᠢᠲᠡ ᠵᠢ ᠬᠥᠲᠥᠯᠥᠨ ᠵᠢᠯᠣᠭᠣᠳᠴᠤ ᠪᠠᠶ᠋ᠢᠭ᠋ᠠᠳ ᠠᠵᠢᠯ ᠲᠥᠷᠥᠯ᠎ᠤᠨ ᠬᠢᠨᠠᠯᠲᠠ ᠲᠠᠯᠪᠢᠬᠤ ᠵᠢ ᠲᠤᠰᠠᠯᠠᠭᠤᠯᠵᠤ᠂ ᠪᠥᠬᠥ ᠨᠡᠶ᠋ᠢᠭᠡᠮ ᠵᠶ᠋ᠠᠷ ᠵᠶ᠋ᠠᠨ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠬᠢᠨᠠᠯᠲᠠ ᠲᠠᠯᠪᠢᠬᠤ ᠵᠢ ᠣᠶ᠋ᠢᠯᠠᠭ᠋ᠠᠬᠤ ᠪᠠ ᠳᠡᠮᠵᠢᠬᠦ ᠰᠠᠢ᠍ᠢ᠍ᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
 
            