ᠤᠰᠤ ᠲᠠᠳᠠᠬᠤ ᠵᠥᠪᠰᠢᠶᠡᠷᠡᠯ ᠪᠠ ᠤᠰᠤᠨ᠎ᠤ ᠡᠬᠢ ᠪᠠᠶᠠᠯᠢᠭ᠎ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠵᠢᠨ ᠲᠦᠷᠢᠮ
(2006 ᠣᠨ᠎ᠤ 2 ᠰᠠᠷ᠎ᠠ ᠵᠢᠨ 21᠎ᠤ ᠡᠳᠦᠷ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠦᠷᠦ ᠵᠢᠨ ᠶᠠᠪᠤᠳᠠᠯ᠎ᠤᠨ ᠬᠣᠷᠢᠶᠠᠨ᠎ᠤ 460 ᠳ᠋ᠤᠭ᠋ᠠᠷ ᠵᠠᠷᠯᠢᠭ ᠵᠶ᠋ᠠᠷ ᠨᠡᠶ᠋ᠢᠲᠡᠯᠡᠪᠡ 2017 ᠣᠨ᠎ᠤ 3 ᠰᠠᠷ᠎ᠠ ᠵᠢᠨ 1᠎ᠤ ᠡᠳᠦᠷ᠎ᠤᠨ 《ᠵᠠᠰᠠᠭ ᠵᠠᠬᠢᠷᠭ᠋ᠠᠨ᠎ᠤ ᠬᠡᠰᠡᠭ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠬᠤ ᠪᠠ ᠲᠡᠭᠦᠨ᠎ᠢ ᠬᠦᠴᠦᠨ ᠦᠭᠡᠢ ᠪᠣᠯᠭ᠋ᠠᠬᠤ ᠲᠤᠬᠠᠶ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ》᠎ᠢ ᠦᠨᠳᠦᠰᠦᠯᠡᠨ ᠵᠠᠰᠠᠪᠤᠷᠢ ᠤᠷᠤᠭᠤᠯᠪᠠ)
ᠨᠢᠭᠡᠳᠦᠭᠡᠷ ᠪᠦᠯᠦᠭ ᠶᠡᠷᠦᠩᠬᠡᠢ ᠲᠦᠷᠢᠮ
ᠨᠢᠭᠡᠳᠦᠭᠡᠷ ᠵᠦᠢ᠍ᠯ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠪᠠ ᠬᠠᠮᠠᠭ᠋ᠠᠯᠠᠯᠲᠠ ᠵᠢ ᠴᠢᠩᠭ᠋ᠠᠳᠬᠠᠵᠤ᠂ ᠤᠰᠤᠨ᠎ᠤ ᠡᠬᠢ ᠪᠠᠶᠠᠯᠢᠭ᠎ᠢ ᠠᠷᠪᠢᠯᠠᠬᠤ ᠪᠠ ᠵᠦᠢ ᠵᠣᠬᠢᠰᠲᠠᠶ᠎ᠪᠠᠷ ᠨᠡᠭᠡᠭᠡᠨ ᠠᠰᠢᠭᠯᠠᠬᠤ ᠵᠢ ᠠᠬᠢᠭᠤᠯᠬᠤ ᠵᠢᠨ ᠲᠥᠯᠥᠭᠡ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》 ᠵᠢ ᠦᠨᠳᠦᠰᠦᠯᠡᠨ ᠲᠤᠰ ᠲᠦᠷᠢᠮ᠎ᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠲᠤᠰ ᠳᠦᠷᠢᠮ᠎ᠳᠤ ᠬᠡᠯᠡᠵᠦ ᠪᠠᠶ᠋ᠢᠭ᠎ᠠ ᠤᠰᠤ ᠲᠠᠲᠠᠬᠤ ᠭᠡᠳᠡᠭ᠎ᠨᠢ ᠤᠰᠤ ᠲᠠᠲᠠᠬᠤ ᠪᠠᠷᠢᠯᠭ᠎ᠠ ᠪᠤᠶᠤ ᠲᠥᠬᠥᠭᠡᠷᠦᠮᠵᠢ ᠵᠢ ᠠᠰᠢᠭᠯᠠᠨ ᠭᠣᠣᠯ ᠮᠥᠷᠡᠨ᠂ ᠨᠠᠭᠤᠷ ᠴᠥᠭᠥᠷᠥᠮ ᠪᠤᠶᠤ ᠭᠠᠵᠠᠷ ᠳᠣᠣᠷ᠎ᠠ᠎ᠠᠴᠠ ᠤᠰᠤᠨ᠎ᠤ ᠡᠬᠢ ᠪᠠᠶᠠᠯᠢᠭ᠎ᠢ ᠰᠢᠭᠤᠳ ᠲᠠᠲᠠᠵᠤ ᠬᠡᠷᠡᠭᠯᠡᠬᠦ ᠵᠢ ᠵᠢᠭ᠋ᠠᠵᠤ ᠪᠠᠶ᠋ᠢᠨ᠎ᠠ᠃
ᠤᠰᠤᠨ᠎ᠤ ᠡᠬᠢ ᠪᠠᠶᠠᠯᠢᠭ᠎ᠢ ᠲᠠᠲᠠᠵᠤ ᠬᠡᠷᠡᠭᠯᠡᠬᠦ ᠨᠢᠭᠡᠴᠢ ᠪᠣᠯᠤᠨ ᠬᠤᠪᠢ ᠬᠥᠮᠦᠨ ᠲᠤᠰ ᠲᠥᠷᠢᠮ᠎ᠤᠨ ᠳᠥᠷᠪᠡᠳᠦᠭᠡᠷ ᠵᠦᠢ᠍ᠯ᠎ᠳᠤ ᠲᠣᠭᠲᠠᠭ᠋ᠠᠭᠰᠠᠨ ᠪᠠᠶ᠋ᠢᠳᠠᠯ᠎ᠢ ᠭᠠᠷᠭ᠋ᠠᠪᠠᠯ᠂ ᠴᠥᠮ ᠤᠰᠤ ᠲᠠᠲᠠᠬᠤ ᠵᠥᠪᠰᠢᠶᠡᠷᠡᠯ᠎ᠤᠨ ᠦᠨᠡᠮᠯᠡᠯ ᠭᠤᠶᠤᠴᠢᠯᠠᠨ ᠠᠪᠬᠤ ᠵᠢᠨ ᠬᠠᠮᠲᠤ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ ᠲᠤᠰᠢᠶᠠᠬᠤ ᠬᠡᠷᠡᠭᠲᠡᠶ᠃
ᠲᠤᠰ ᠲᠦᠷᠢᠮ᠎ᠳᠤ ᠬᠡᠯᠡᠵᠦ ᠪᠠᠶ᠋ᠢᠭ᠎ᠠ ᠤᠰᠤ ᠲᠠᠲᠠᠬᠤ ᠪᠠᠷᠢᠯᠭ᠎ᠠ ᠪᠤᠶᠤ ᠲᠥᠬᠥᠭᠡᠷᠦᠮᠵᠢ ᠭᠡᠳᠡᠭ᠎ᠨᠢ ᠬᠠᠭ᠋ᠠᠯᠲᠠ᠂ ᠬᠠᠰᠢᠯᠭ᠎ᠠ᠂ ᠰᠤᠪᠠᠭ᠂ ᠵᠤᠬᠢᠶᠠᠮᠠᠯ ᠭᠣᠣᠯ᠎ᠤᠨ ᠵᠠᠮ᠂ ᠭᠤᠤᠷᠰᠤᠨ ᠰᠣᠷᠣᠭᠤᠯ᠂ ᠤᠰᠤᠨ ᠬᠥᠭᠡᠷᠭᠡ᠂ ᠬᠤᠳᠳᠤᠭ ᠵᠢᠴᠢ ᠤᠰᠤᠨ ᠴᠠᠬᠢᠯᠭ᠋ᠠᠨ ᠦᠷᠳᠡᠭᠡ ᠵᠡᠷᠭᠡ ᠵᠢ ᠵᠢᠭ᠋ᠠᠵᠤ ᠪᠠᠶ᠋ᠢᠨ᠎ᠠ᠃
ᠭᠤᠷᠪᠠᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠱᠠᠳᠤ ᠬᠤᠪᠢᠶᠠᠨ ᠬᠠᠮᠢᠶᠠᠷᠬᠤ ᠡᠷᠬᠡ ᠵᠢᠨ ᠬᠡᠪᠴᠢᠶ᠎ᠡ ᠶᠣᠰᠣᠭ᠋ᠠᠷ ᠤᠰᠤ ᠲᠠᠲᠠᠬᠤ ᠵᠥᠪᠰᠢᠶᠡᠷᠡᠯ᠎ᠤᠨ ᠲᠦᠷᠢᠮ᠎ᠢ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠪᠠ ᠬᠢᠨᠠᠵᠤ ᠬᠠᠮᠢᠶᠠᠷᠬᠤ ᠠᠵᠢᠯ᠎ᠢ ᠬᠠᠷᠢᠭᠤᠴᠠᠨ᠎ᠠ᠃
ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠤᠯᠤᠰ᠎ᠠᠴᠠ ᠲᠣᠭᠲᠠᠭ᠋ᠠᠭᠰᠠᠨ ᠴᠢᠬᠤᠯᠠ ᠭᠣᠣᠯ ᠮᠥᠷᠡᠨ᠂ ᠨᠠᠭᠤᠷ ᠴᠦᠬᠦᠷᠦᠮ᠎ᠳᠤ ᠪᠠᠶ᠋ᠢᠭᠤᠯᠤᠭᠰᠠᠨ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ (ᠳᠣᠷᠣᠭᠰᠢ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠭᠡᠵᠦ ᠲᠣᠪᠴᠢᠯᠠᠨ᠎ᠠ)᠎ᠨᠢ ᠲᠤᠰ ᠳᠦᠷᠢᠮ᠎ᠤᠨ ᠲᠣᠭᠲᠠᠭ᠋ᠠᠯ ᠪᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠣᠯᠭᠣᠭᠰᠠᠨ ᠡᠷᠬᠡ ᠶᠣᠰᠣᠭ᠋ᠠᠷ᠂ ᠬᠠᠷᠢᠶᠠᠯᠠᠬᠤ ᠬᠡᠪᠴᠢᠶᠡᠨ ᠳᠣᠲᠣᠷᠠᠬᠢ ᠤᠰᠤ ᠲᠠᠲᠠᠬᠤ ᠵᠥᠪᠰᠢᠶᠡᠷᠡᠯ᠎ᠤᠨ ᠳᠦᠷᠢᠮ᠎ᠢ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠪᠠ ᠬᠢᠨᠠᠵᠤ ᠬᠠᠮᠢᠶᠠᠷᠬᠤ ᠠᠵᠢᠯ᠎ᠢ ᠬᠠᠷᠢᠭᠤᠴᠠᠨ᠎ᠠ᠃
ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠪᠠ ᠦᠨ᠎ᠡ ᠬᠠᠩᠰᠢ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠤᠰ ᠳᠦᠷᠢᠮ᠎ᠤᠨ ᠲᠣᠭᠲᠠᠭ᠋ᠠᠯ ᠪᠠ ᠬᠠᠮᠢᠶᠠᠷᠤᠯᠲᠠ ᠵᠢᠨ ᠡᠷᠬᠡ ᠮᠡᠳᠡᠯ᠎ᠤᠨ ᠬᠡᠪᠴᠢᠶ᠎ᠡ ᠶᠣᠰᠣᠭ᠋ᠠᠷ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠲᠠᠲᠠᠪᠤᠷᠢᠯᠠᠬᠤ᠂ ᠬᠠᠮᠢᠶᠠᠷᠬᠤ ᠪᠠ ᠬᠢᠨᠠᠯᠳᠠ ᠲᠠᠯᠪᠢᠬᠤ ᠵᠢ ᠬᠠᠷᠢᠭᠤᠴᠠᠨ᠎ᠠ
ᠳᠥᠷᠪᠡᠳᠦᠭᠡᠷ ᠵᠦᠢ᠍ᠯ ᠲᠤᠤᠷ᠎ᠠ ᠵᠢᠭᠰᠠᠭ᠋ᠠᠭᠰᠠᠨ ᠪᠠᠶ᠋ᠢᠳᠠᠯ᠎ᠳᠤ ᠤᠰᠤ ᠲᠠᠲᠠᠬᠤ ᠵᠥᠪᠰᠢᠶᠡᠷᠡᠯ᠎ᠤᠨ ᠦᠨᠡᠮᠯᠡᠯ᠎ᠢ ᠭᠤᠶᠤᠴᠢᠯᠠᠨ ᠠᠪᠬᠤ ᠴᠢᠬᠤᠯᠠ ᠦᠭᠡᠢ᠄
(ᠨᠢᠭᠡ) ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠬᠢᠭᠡᠳ ᠲᠡᠭᠦᠨ᠎ᠤ ᠪᠦᠷᠢᠯᠳᠦᠬᠦᠨ᠎ᠨᠢ ᠲᠤᠰ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠵᠢᠨ ᠤᠰᠦᠠ ᠴᠥᠭᠥᠷᠥᠮ᠎ᠳᠠᠬᠢ ᠤᠰᠤ ᠵᠢ ᠬᠡᠷᠡᠭᠯᠡᠬᠦ;
(ᠬᠣᠶᠠᠷ) ᠭᠡᠷ ᠪᠦᠯᠢ ᠵᠢᠨ ᠠᠮᠢᠳᠤᠷᠠᠯ ᠪᠠ ᠲᠠᠷᠠᠬᠠᠶ ᠪᠤᠲᠠᠷᠬᠠᠶ ᠪᠤᠶᠤ ᠬᠠᠰᠢᠶᠠᠯᠠᠨ ᠲᠡᠵᠢᠭᠡᠵᠦ ᠪᠠᠢ᠌ᠭ᠎ᠠ ᠮᠠᠯ ᠵᠢᠭᠦᠷᠲᠡᠨ᠎ᠤ ᠤᠤᠭᠤᠬᠤ ᠤᠰᠤ ᠵᠢ ᠬᠠᠩᠭ᠋ᠠᠬᠤ᠎ᠪᠠᠷ ᠪᠠᠭ᠎ᠠ ᠬᠡᠮᠵᠢᠶᠡᠨ᠎ᠤ ᠤᠰᠤ ᠲᠠᠳᠠᠬᠤ;
(ᠭᠤᠷᠪᠠ) ᠠᠭᠤᠷᠬᠠᠶ ᠵᠢᠨ ᠬᠤᠳᠳᠤᠭ ᠵᠡᠷᠭᠡ ᠭᠠᠵᠠᠷ ᠳᠣᠣᠷᠠᠬᠢ ᠪᠠᠷᠢᠯᠭ᠎ᠠ ᠵᠢᠨ ᠠᠵᠢᠯ᠎ᠤᠨ ᠠᠶᠤᠯᠭᠦᠶ ᠪᠠᠶ᠋ᠢᠬᠤ ᠪᠠ ᠦᠢ᠍ᠯᠡᠳᠪᠦᠷᠢᠯᠡᠯ᠎ᠤᠨ ᠠᠶᠤᠯᠭᠦᠶ ᠪᠠᠶ᠋ᠢᠬᠤ ᠵᠢ ᠪᠠᠲᠤᠯᠠᠬᠤ ᠵᠢᠨ ᠲᠥᠯᠥᠭᠡ ᠡᠷᠬᠡᠪᠰᠢ ᠲᠦᠷ ᠴᠠᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ᠎ᠪᠠᠷ ᠤᠰᠤ ᠠᠪᠬᠤ (ᠭᠠᠷᠭ᠋ᠠᠬᠤ) ᠴᠢᠬᠤᠯᠠᠲᠠᠶ ᠪᠠᠶ᠋ᠢᠬᠤ;
(ᠲᠦᠷᠪᠡ) ᠤᠯᠠᠨ ᠨᠡᠶ᠋ᠢᠲᠡ ᠵᠢᠨ ᠠᠮᠤᠷ ᠲᠦᠪᠰᠢᠨ ᠪᠤᠶᠤ ᠤᠯᠠᠨ ᠨᠡᠶ᠋ᠢᠲᠡ ᠵᠢᠨ ᠠᠰᠢᠭ ᠲᠤᠰᠠ᠎ᠳᠤ ᠤᠴᠠᠷᠠᠭᠤᠯᠬᠤ ᠬᠣᠣᠷ ᠬᠥᠨᠥᠭᠡᠯ᠎ᠢ ᠠᠷᠢᠯᠭ᠋ᠠᠬᠤ ᠵᠢᠨ ᠲᠥᠯᠥᠭᠡ ᠪᠠᠴᠢᠮ ᠪᠠᠶ᠋ᠢᠳᠠᠯ᠎ᠢ ᠠᠷᠭ᠋ᠠᠴᠠᠬᠤ᠎ᠪᠠᠷ ᠲᠦᠷ ᠴᠠᠭ᠎ᠤᠨ ᠤᠰᠤ ᠲᠠᠲᠠᠭᠰᠠᠨ;
(ᠲᠠᠪᠤ) ᠲᠠᠷᠢᠶᠠᠯᠠᠩ᠎ᠤᠨ ᠭᠠᠩ ᠬᠠᠭᠰᠠᠷᠠᠭ᠋ᠠᠨ᠎ᠲᠠᠢ ᠲᠡᠮᠡᠴᠡᠬᠦ ᠪᠠ ᠠᠮᠢ ᠠᠬᠤᠶ ᠬᠢᠭᠡᠳ ᠣᠷᠴᠢᠨ ᠲᠤᠭᠤᠷᠢᠨ᠎ᠢ ᠬᠠᠮᠠᠭ᠋ᠠᠯᠠᠬᠤ ᠵᠢᠨ ᠲᠥᠯᠥᠭᠡ ᠡᠷᠬᠡᠪᠰᠢ ᠪᠠᠴᠢᠮ ᠪᠠᠶ᠋ᠢᠳᠠᠯ᠎ᠢ ᠠᠷᠭ᠋ᠠᠴᠠᠬᠤ᠎ᠳᠤ ᠲᠦᠷ ᠴᠠᠭ ᠤᠰᠤ ᠠᠪᠬᠤ ᠴᠢᠬᠤᠯᠠᠲᠠᠶ ᠪᠠᠶ᠋ᠢᠬᠤ᠃
ᠡᠮᠦᠨᠡᠬᠢ ᠪᠠᠳᠠᠭ᠎ᠤᠨ (ᠬᠣᠶᠠᠷ) ᠳ᠋ᠤᠭ᠋ᠠᠷ ᠵᠤᠷᠪᠤᠰ᠎ᠲᠤ ᠲᠣᠭᠲᠠᠭ᠋ᠠᠭᠰᠠᠨ ᠪᠠᠭ᠎ᠠ ᠬᠡᠮᠵᠢᠶᠡᠨ᠎ᠤ ᠤᠰᠤ ᠲᠠᠲᠠᠬᠤ ᠬᠢᠵᠠᠭ᠋ᠠᠷ ᠲᠣᠭ᠎ᠠ ᠵᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠲᠣᠭᠲᠠᠭ᠋ᠠᠨ᠎ᠠ; (ᠭᠤᠷᠪᠠ) ᠳ᠋ᠤᠭ᠋ᠠᠷ ᠵᠤᠷᠪᠤᠰ᠂ (ᠲᠦᠷᠪᠡ) ᠳ᠋ᠤᠭᠡᠷ ᠵᠤᠷᠪᠤᠰ᠎ᠲᠤ ᠲᠣᠭᠲᠠᠭ᠋ᠠᠭᠰᠠᠨ ᠤᠰᠤ ᠲᠠᠲᠠᠬᠤ᠎ᠳᠠᠭᠠᠨ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠴᠠᠭ ᠲᠤᠬᠠᠶ᠎ᠳᠤᠨᠢ ᠮᠡᠳᠡᠭᠦᠯᠵᠦ ᠳᠠᠩᠰᠠᠯᠠᠭᠤᠯᠬᠤ ᠬᠡᠷᠡᠭᠲᠡᠶ; (ᠲᠠᠪᠤ) ᠳ᠋ᠤᠭ᠋ᠠᠷ ᠵᠤᠷᠪᠤᠰ᠎ᠲᠤ ᠲᠣᠭᠲᠠᠭ᠋ᠠᠭᠰᠠᠨ ᠤᠰᠤ ᠲᠠᠲᠠᠬᠤ᠎ᠳᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠪᠠᠷ ᠵᠥᠪᠰᠢᠶᠡᠷᠡᠭᠦᠯᠬᠦ ᠬᠡᠷᠡᠭᠲᠡᠶ᠃
ᠲᠠᠪᠤᠳᠤᠭ᠋ᠠᠷ ᠵᠦᠢ᠍ᠯ ᠤᠰᠤ ᠲᠠᠲᠠᠬᠤ ᠵᠥᠪᠰᠢᠶᠡᠷᠡᠯ᠎ᠨᠢ ᠡ᠊ᠩ ᠲᠡᠷᠢᠭᠦᠨ᠎ᠳᠤ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠠᠮᠢᠳᠤᠷᠠᠯ᠎ᠳᠤ ᠬᠡᠷᠡᠭᠯᠡᠬᠦ ᠤᠰᠤ ᠵᠢ ᠬᠠᠩᠭ᠋ᠠᠬᠤ ᠵᠢᠨ ᠬᠠᠮᠲᠤ ᠲᠠᠷᠢᠶᠠᠯᠠᠩ᠂ ᠠᠵᠤ ᠦᠢ᠍ᠯᠡᠳᠪᠦᠷᠢ᠂ ᠠᠮᠢ ᠠᠬᠤᠶ ᠬᠢᠭᠡᠳ ᠣᠷᠴᠢᠨ ᠲᠤᠭᠤᠷᠢᠨ᠎ᠳᠤ ᠬᠡᠷᠡᠭᠯᠡᠬᠦ ᠤᠰᠤ ᠵᠢᠴᠢ ᠤᠰᠤᠨ ᠵᠠᠮ᠎ᠤᠨ ᠲᠡᠭᠡᠭᠡᠪᠦᠷᠢ ᠵᠡᠷᠭᠡ ᠵᠢᠨ ᠬᠡᠷᠡᠭᠴᠡᠭᠡ ᠵᠢ ᠬᠠᠮᠲᠤᠳᠤᠨᠢ ᠬᠠᠷᠠᠭ᠋ᠠᠯᠵᠠᠬᠤ ᠬᠡᠷᠡᠭᠲᠡᠶ᠃
ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠤᠰ ᠲᠦᠷᠢᠮ᠎ᠳᠤ ᠲᠣᠭᠲᠠᠭ᠋ᠠᠭᠰᠠᠨ ᠲᠤᠰᠢᠶᠠᠯ ᠬᠠᠷᠢᠭᠤᠴᠠᠯᠭ᠎ᠠ ᠵᠢᠨ ᠡᠷᠬᠡ ᠵᠢᠨ ᠬᠡᠪᠴᠢᠶ᠎ᠡ ᠶᠣᠰᠣᠭ᠋ᠠᠷ᠂ ᠠᠳᠠᠯᠢ ᠨᠢᠭᠡᠨ ᠰᠠᠪᠠ ᠭᠠᠵᠠᠷ ᠪᠤᠶᠤ ᠣᠷᠣᠨ ᠪᠦᠰᠡ ᠵᠢᠨ ᠳᠣᠲᠣᠷ᠎ᠠ᠂ ᠪᠣᠳᠠᠲᠠᠶ ᠪᠠᠶ᠋ᠢᠳᠠᠯ ᠵᠶ᠋ᠠᠨ ᠦᠨᠳᠦᠰᠦᠯᠡᠨ ᠡᠮᠦᠨᠡᠬᠢ ᠪᠠᠳᠠᠭ᠎ᠤᠨ ᠡᠯ᠎ᠡ ᠵᠦᠢ᠍ᠯ᠎ᠤᠨ ᠤᠰᠤ ᠬᠡᠷᠡᠭᠯᠡᠬᠦ ᠲᠠᠯ᠎ᠠ᠎ᠪᠠᠷ᠎ᠬᠢ ᠲᠤᠭᠳᠠᠭ᠋ᠠᠯ᠎ᠤᠨ ᠪᠣᠳᠠᠲᠠᠶ ᠤᠷᠢᠳ ᠬᠣᠵᠢᠳ᠎ᠤᠨ ᠲᠡᠰ ᠳᠠᠷᠠᠭ᠋ᠠᠯᠠᠯ᠎ᠢ ᠲᠣᠭᠲᠠᠭ᠋ᠠᠵᠤ ᠪᠣᠯᠤᠨ᠎ᠠ᠃
ᠵᠢᠷᠭᠤᠳᠤᠭ᠋ᠠᠷ ᠵᠦᠢ᠍ᠯ ᠤᠰᠤ ᠲᠠᠲᠠᠬᠤ ᠵᠥᠪᠰᠢᠶᠡᠷᠡᠯ᠎ᠢ ᠬᠡᠷᠡᠭᠵᠢᠭᠦᠯᠬᠦ᠎ᠳᠤ ᠡᠷᠬᠡᠪᠰᠢ ᠤᠰᠤᠨ᠎ᠤ ᠡᠬᠢ ᠪᠠᠶᠠᠯᠢᠭ᠎ᠤᠨ ᠶᠡᠷᠦᠩᠬᠡᠶ ᠲᠥᠯᠥᠪᠵᠢᠭᠦᠯᠭᠡ᠂ ᠰᠠᠪᠠ ᠭᠠᠵᠠᠷ᠎ᠤᠨ ᠶᠡᠷᠦᠩᠬᠡᠶ ᠲᠥᠯᠥᠪᠵᠢᠭᠦᠯᠭᠡ᠂ ᠤᠰᠤᠨ᠎ᠤ ᠤᠷᠲᠤᠪᠲᠤᠷ ᠪᠠ ᠤᠷᠳᠤ ᠬᠤᠭᠤᠴᠠᠭ᠋ᠠᠨ᠎ᠤ ᠬᠠᠩᠭ᠋ᠠᠯᠭ᠎ᠠ ᠬᠡᠷᠡᠭᠴᠡᠭᠡ ᠵᠢᠨ ᠲᠥᠯᠥᠪᠵᠢᠭᠦᠯᠭᠡ ᠪᠠ ᠤᠰᠤᠨ᠎ᠤ ᠴᠢᠳᠠᠮᠵᠢᠳᠤ ᠣᠷᠣᠨ᠎ᠤ ᠬᠤᠪᠢᠶᠠᠷᠢᠯᠠᠯ᠎ᠳᠤ ᠨᠡᠶ᠋ᠢᠴᠡᠭᠦᠯᠵᠦ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》 ᠵᠢᠨ ᠲᠣᠭᠲᠠᠭ᠋ᠠᠯ ᠶᠣᠰᠣᠭ᠋ᠠᠷ ᠵᠥᠪᠰᠢᠶᠡᠷᠡᠭᠰᠡᠨ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ᠎ᠢ ᠵᠢᠷᠤᠮᠯᠠᠬᠤ ᠬᠡᠷᠡᠭᠲᠡᠶ; ᠤᠰᠦᠠ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ᠎ᠢ ᠬᠠᠷᠠᠬᠠᠨ ᠲᠣᠭᠲᠠᠭ᠋ᠠᠭ᠋ᠠᠳᠤᠶ ᠪᠠᠶ᠋ᠢᠪᠠᠯ᠂ ᠬᠣᠯᠪᠣᠭᠳᠠᠯ ᠪᠦᠬᠦᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠣᠭᠣᠷᠣᠨᠳᠣ᠎ᠪᠠᠨ ᠲᠣᠭᠲᠠᠭ᠋ᠠᠭᠰᠠᠨ ᠬᠡᠯᠡᠯᠴᠡᠭᠡᠷ᠎ᠢ ᠵᠢᠷᠤᠮᠯᠠᠬᠤ ᠬᠡᠷᠡᠭᠲᠡᠶ᠃
ᠳᠣᠯᠣᠳᠤᠭ᠋ᠠᠷ ᠵᠦᠢ᠍ᠯ ᠤᠰᠤ ᠲᠠᠲᠠᠬᠤ ᠵᠥᠪᠰᠢᠶᠡᠷᠡᠯ᠎ᠢ ᠬᠡᠷᠡᠭᠵᠢᠭᠦᠯᠬᠦ᠎ᠳᠤ ᠭᠠᠵᠠᠷ ᠳᠡᠭᠡᠷᠡᠬᠢ ᠤᠰᠤ ᠪᠣᠯᠤᠨ ᠭᠠᠵᠠᠷ ᠳᠣᠣᠷᠠᠬᠢ ᠤᠰᠤ ᠵᠢ ᠨᠢᠭᠡᠳᠦᠯᠲᠡᠶ ᠲᠥᠯᠥᠪᠯᠡᠨ ᠪᠣᠳᠣᠯᠬᠢᠯᠠᠬᠤ᠂ ᠡᠬᠢ ᠰᠤᠷᠪᠤᠯᠵᠢ ᠵᠢ ᠨᠡᠭᠡᠭᠡᠬᠦ ᠪᠠ ᠤᠷᠤᠰᠬᠠᠯ᠎ᠢ ᠠᠷᠪᠢᠯᠠᠬᠤ ᠵᠢ ᠤᠶᠠᠯᠳᠤᠭᠤᠯᠬᠤ᠂ ᠤᠷᠤᠰᠬᠠᠯ᠎ᠢ ᠠᠷᠪᠢᠯᠠᠬᠤ ᠵᠢ ᠲᠡᠷᠢᠭᠦᠨ᠎ᠳᠤ ᠲᠠᠯᠪᠢᠬᠤ ᠵᠠᠷᠴᠢᠮ᠎ᠢ ᠪᠠᠷᠢᠮᠲᠠᠯᠠᠵᠤ᠂ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠪᠠ ᠨᠤᠷᠮ᠎ᠠ ᠲᠣᠭᠲᠠᠭ᠋ᠠᠨ ᠬᠠᠮᠢᠶᠠᠷᠬᠤ ᠵᠢ ᠤᠶᠠᠯᠳᠤᠭᠤᠯᠬᠤ ᠵᠢ ᠬᠡᠷᠡᠭᠵᠢᠭᠦᠯᠬᠦ ᠬᠡᠷᠡᠭᠲᠡᠶ᠃
ᠰᠠᠪᠠ ᠭᠠᠵᠠᠷ᠎ᠠᠴᠠ ᠤᠰᠤ ᠲᠠᠲᠠᠬᠤ ᠵᠢ ᠵᠥᠪᠰᠢᠶᠡᠷᠡᠭᠰᠡᠨ ᠶᠡᠷᠦᠩᠬᠡᠶ ᠬᠣᠷᠣᠭᠳᠠᠯ᠎ᠤᠨ ᠬᠡᠮᠵᠢᠶ᠎ᠡ᠎ᠨᠢ ᠲᠣᠰ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠠᠰᠢᠭᠯᠠᠵᠤ ᠪᠣᠯᠬᠤ ᠬᠡᠮᠵᠢᠶ᠎ᠡ᠎ᠠᠴᠠ ᠬᠡᠲᠦᠷᠡᠵᠦ ᠪᠣᠯᠬᠤ ᠥᠬᠡᠶ᠃
ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠤᠰᠤ ᠲᠠᠲᠠᠬᠤ ᠵᠢ ᠵᠥᠪᠰᠢᠶᠡᠷᠡᠭᠰᠡᠨ ᠶᠡᠷᠦᠩᠬᠡᠶ ᠤᠰᠤᠨ᠎ᠤ ᠬᠡᠮᠵᠢᠶ᠎ᠡ ᠵᠢ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠪᠤᠶᠤ ᠳᠡᠭᠡᠷ᠎ᠡ ᠨᠢᠭᠡ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠪᠠᠭᠤᠯᠭ᠋ᠠᠭᠰᠠᠨ ᠲᠤᠰ ᠵᠠᠰᠠᠭ ᠵᠠᠬᠢᠷᠭ᠋ᠠᠨ᠎ᠤ ᠣᠷᠣᠨ᠎ᠤ ᠲᠠᠲᠠᠵᠤ ᠬᠡᠷᠡᠭᠯᠡᠬᠦ᠎ᠳᠤ ᠬᠠᠩᠭ᠋ᠠᠵᠤ ᠪᠣᠯᠬᠤ ᠤᠰᠤᠨ᠎ᠤ ᠬᠡᠮᠵᠢᠶ᠎ᠡ᠎ᠠᠴᠠ ᠬᠡᠲᠦᠷᠡᠭᠦᠯᠵᠦ ᠪᠣᠯᠬᠤ ᠦᠭᠡᠢ; ᠡᠭᠦᠨ᠎ᠳᠤ᠂ ᠭᠠᠵᠠᠷ ᠳᠣᠣᠷᠠᠬᠢ ᠤᠰᠤ ᠵᠢ ᠲᠠᠲᠠᠵᠤ ᠬᠡᠷᠡᠭᠯᠡᠬᠦ ᠵᠢ ᠵᠥᠪᠰᠢᠶᠡᠷᠡᠭᠰᠡᠨ ᠶᠡᠷᠦᠩᠬᠡᠶ ᠤᠰᠤᠨ᠎ᠤ ᠬᠡᠮᠵᠢᠶ᠎ᠡ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠭᠠᠵᠠᠷ ᠳᠣᠣᠷᠠᠬᠢ ᠤᠰᠤ ᠵᠢ ᠮᠠᠯᠲᠠᠵᠤ ᠪᠣᠯᠬᠤ ᠬᠡᠮᠵᠢᠶ᠎ᠡ᠎ᠠᠴᠠ ᠬᠡᠲᠦᠷᠡᠵᠦ ᠪᠣᠯᠬᠤ ᠦᠭᠡᠢ ᠵᠢᠨ ᠬᠠᠮᠲᠤ ᠭᠠᠵᠠᠷ ᠳᠣᠣᠷᠠᠬᠢ ᠤᠰᠤ ᠵᠢ ᠨᠡᠭᠡᠭᠡᠨ ᠠᠰᠢᠭᠯᠠᠬᠤ ᠲᠥᠯᠥᠪᠵᠢᠭᠦᠯᠭᠡ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃ ᠭᠠᠵᠠᠷ ᠳᠣᠣᠷᠠᠬᠢ ᠤᠰᠤ ᠵᠢ ᠨᠡᠭᠡᠭᠡᠨ ᠠᠰᠢᠭᠯᠠᠬᠤ ᠲᠥᠯᠥᠪᠵᠢᠭᠦᠯᠭᠡ ᠵᠢ ᠲᠣᠭᠲᠠᠭ᠋ᠠᠬᠤ᠎ᠳᠠᠭᠠᠨ ᠤᠯᠤᠰ᠎ᠤᠨ ᠭᠠᠵᠠᠷ ᠰᠢᠷᠣᠶ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠬᠤ ᠬᠡᠷᠡᠭᠲᠡᠶ᠃
ᠨᠠᠢ᠍ᠮᠠᠳᠤᠭ᠋ᠠᠷ ᠵᠦᠢ᠍ᠯ ᠤᠰᠤ ᠲᠠᠲᠠᠬᠤ ᠵᠥᠪᠰᠢᠶᠡᠷᠡᠯ ᠪᠠ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ ᠲᠠᠲᠠᠪᠤᠷᠢᠯᠠᠬᠤ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ᠎ᠳᠤ᠎ᠪᠠᠨ ᠢᠯᠡ ᠲᠣᠳᠣ᠂ ᠡᠷᠬᠡ ᠲᠡᠭᠰᠢ᠂ ᠲᠥᠪ ᠭᠣᠣᠯᠴᠢ᠂ ᠥᠨᠳᠥᠷ ᠦᠷ᠎ᠡ ᠪᠦᠲᠦᠮᠵᠢᠲᠡᠶ ᠪᠠᠶ᠋ᠢᠬᠤ ᠪᠠ ᠠᠷᠠᠳ ᠤᠯᠠᠨ᠎ᠳᠤ ᠳᠦᠭᠦᠮ ᠦᠵᠡᠭᠦᠯᠬᠦ ᠵᠠᠷᠴᠢᠮ᠎ᠢ ᠵᠢᠷᠤᠮᠯᠠᠬᠤ ᠬᠡᠷᠡᠭᠲᠡᠶ᠃
ᠶᠢᠰᠦᠳᠦᠭᠡᠷ ᠵᠦᠢ᠍ᠯ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠤᠰᠤᠨ᠎ᠤ ᠡᠬᠢ ᠪᠠᠶᠠᠯᠢᠭ᠎ᠢ ᠠᠷᠪᠢᠯᠠᠬᠤ ᠪᠠ ᠬᠠᠮᠠᠭ᠋ᠠᠯᠠᠬᠤ ᠡᠭᠦᠷᠭᠡ᠎ᠲᠠᠢ᠃
ᠤᠰᠤᠨ᠎ᠤ ᠡᠬᠢ ᠪᠠᠶᠠᠯᠢᠭ᠎ᠢ ᠠᠷᠪᠢᠯᠠᠬᠤ ᠪᠠ ᠬᠠᠮᠠᠭ᠋ᠠᠯᠠᠬᠤ᠎ᠳᠤ ᠲᠤᠪᠦ᠋ᠢ᠍ᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠠ ᠬᠤᠪᠢ ᠬᠥᠮᠦᠨ᠎ᠢ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠰᠠᠶ᠋ᠢᠰᠢᠶᠠᠨ ᠬᠥᠬᠢᠭᠦᠯᠦᠨ᠎ᠡ᠃
ᠬᠣᠶᠠᠳᠤᠭ᠋ᠠᠷ ᠪᠦᠯᠦᠭ ᠤᠰᠤ ᠲᠠᠳᠠᠬᠤ ᠭᠤᠶᠤᠴᠢᠯᠠᠯᠳᠠ ᠪᠠ ᠬᠦᠯᠢᠶᠡᠨ ᠠᠪᠴᠤ ᠰᠢᠢ᠍ᠳᠪᠤᠷᠢᠯᠡᠬᠦ
ᠠᠷᠪᠠᠳᠤᠭ᠋ᠠᠷ ᠵᠦᠢ᠍ᠯ ᠤᠰᠤ ᠲᠠᠳᠠᠬᠤ᠎ᠪᠠᠷ ᠭᠤᠶᠤᠴᠢᠯᠠᠬᠤ ᠨᠢᠭᠡᠴᠢ ᠪᠤᠶᠤ ᠬᠤᠪᠢ ᠬᠥᠮᠦᠨ (ᠳᠣᠷᠣᠭᠰᠢ ᠭᠤᠶᠤᠴᠢᠯᠠᠭᠴᠢ ᠭᠡᠵᠦ ᠲᠣᠪᠴᠢᠯᠠᠨ᠎ᠠ)᠎ᠨᠢ ᠬᠢᠨᠠᠨ ᠵᠥᠪᠰᠢᠶᠡᠷᠡᠬᠦ ᠡᠷᠬᠡ ᠮᠡᠳᠡᠯ᠎ᠲᠠᠢ ᠬᠢᠨᠠᠨ ᠵᠥᠪᠰᠢᠶᠡᠷᠡᠬᠦ ᠪᠠᠢ᠌ᠭᠤᠯᠭ᠎ᠠ᠎ᠳᠤ ᠭᠤᠶᠤᠴᠢᠯᠠᠯ ᠭᠠᠷᠭ᠋ᠠᠬᠤ ᠬᠡᠷᠡᠭᠲᠡᠶ᠃ ᠤᠯᠠᠨ ᠵᠦᠢ᠍ᠯ᠎ᠤᠨ ᠤᠰᠤᠨ᠎ᠤ ᠰᠤᠷᠪᠤᠯᠵᠢ ᠵᠢ ᠠᠰᠢᠭᠯᠠᠬᠤ᠎ᠪᠠᠷ ᠭᠤᠶᠤᠴᠢᠯᠠᠭᠰᠠᠨ ᠪᠥᠭᠡᠳ ᠡᠯ᠎ᠡ ᠵᠦᠢ᠍ᠯ᠎ᠤᠨ ᠤᠰᠤᠨ᠎ᠤ ᠰᠤᠷᠪᠤᠯᠵᠢ ᠵᠢᠨ ᠤᠰᠤ ᠲᠠᠳᠠᠬᠤ ᠵᠢ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠨᠢ ᠠᠳᠠᠯᠢ ᠦᠭᠡᠢ ᠪᠠᠶ᠋ᠢᠪᠠᠯ᠂ ᠲᠡᠭᠦᠨ᠎ᠤ ᠳᠣᠲᠣᠷᠠᠬᠢ ᠬᠠᠮᠤᠭ᠎ᠤᠨ ᠳᠡᠭᠡᠳᠦ ᠨᠢᠭᠡ ᠱᠠᠲᠤᠨ᠎ᠤ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠳᠤ ᠭᠤᠶᠤᠴᠢᠯᠠᠯ ᠭᠠᠷᠭ᠋ᠠᠬᠤ ᠬᠡᠷᠡᠭᠲᠡᠶ᠃
ᠤᠰᠤ ᠲᠠᠲᠠᠬᠤ ᠵᠥᠪᠰᠢᠶᠡᠷᠡᠯ᠎ᠤᠨ ᠡᠷᠬᠡ ᠵᠢᠨ ᠬᠡᠪᠴᠢᠶ᠎ᠡ᠎ᠨᠢ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠬᠠᠷᠢᠶᠠᠯᠠᠭᠳᠠᠬᠤ᠎ᠳᠤ ᠬᠦᠷᠪᠡᠯ᠂ ᠤᠰᠤ ᠲᠠᠲᠠᠬᠤ ᠠᠮᠠ ᠵᠢᠨ ᠪᠠᠶ᠋ᠢᠭ᠎ᠠ ᠭᠠᠵᠠᠷ᠎ᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠯ ᠭᠠᠷᠭ᠋ᠠᠬᠤ ᠬᠡᠷᠡᠭᠲᠡᠶ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠭᠤᠶᠤᠴᠢᠯᠠᠯ᠎ᠢ ᠣᠯᠤᠭᠰᠠᠨ ᠡᠳᠦᠷ᠎ᠠᠴᠠ ᠡᠬᠢᠯᠡᠨ 20 ᠠᠵᠢᠯᠯᠠᠬᠤ ᠡᠳᠦᠷ᠎ᠤᠨ ᠳᠣᠲᠣᠷ᠎ᠠ ᠰᠠᠨᠠᠯ ᠵᠶ᠋ᠠᠨ ᠳᠤᠷᠠᠳᠬᠤ ᠵᠢᠨ ᠬᠠᠮᠲᠤ ᠭᠤᠶᠤᠴᠢᠯᠠᠭᠰᠠᠨ ᠪᠦᠬᠦ ᠮᠠᠲ᠋ᠧᠷᠢᠶᠠᠯ᠎ᠲᠠᠢ᠎ᠨᠢ ᠬᠠᠮᠲᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠰᠢᠯᠵᠢᠭᠦᠯᠦᠨ ᠮᠡᠳᠡᠭᠦᠯᠬᠦ ᠬᠡᠷᠡᠭᠲᠡᠶ; ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠲᠤᠰ᠎ᠤᠨ ᠤᠯᠤᠭᠰᠠᠨ᠎ᠤ ᠲᠠᠷᠠᠭ᠎ᠠ᠂ ᠲᠤᠰ ᠲᠦᠷᠢᠮ᠎ᠤᠨ ᠠᠷᠪᠠᠨ ᠭᠤᠷᠪᠠᠳᠤᠭ᠋ᠠᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠰᠢᠢ᠍ᠳᠪᠤᠷᠢᠯᠡᠬᠦ ᠬᠡᠷᠡᠭᠲᠡᠶ᠃
ᠠᠷᠪᠠᠨ ᠨᠢᠭᠡᠳᠦᠭᠡᠷ ᠵᠦᠢ᠍ᠯ ᠤᠰᠤ ᠲᠠᠳᠠᠬᠤ᠎ᠪᠠᠷ ᠭᠤᠶᠤᠴᠢᠯᠠᠬᠤ᠎ᠳᠤ ᠳᠣᠣᠷ᠎ᠠ ᠵᠢᠭᠰᠠᠭ᠋ᠠᠭᠰᠠᠨ ᠮᠠᠲ᠋ᠧᠷᠢᠶᠠᠯ᠎ᠤᠳ᠎ᠢ ᠲᠤᠰᠢᠶᠠᠬᠤ ᠬᠡᠷᠡᠭᠲᠡᠶ᠄
(ᠨᠢᠭᠡ) ᠭᠤᠶᠤᠴᠢᠯᠠᠯ᠎ᠤᠨ ᠪᠢᠴᠢᠭ;
(ᠬᠣᠶᠠᠷ) ᠭᠤᠷᠪᠠᠳᠠᠬᠢ ᠡᠲᠡᠭᠡᠳ᠎ᠯᠦᠭᠡ ᠵᠢᠨ ᠠᠰᠢᠭ ᠬᠣᠣᠷ᠎ᠤᠨ ᠬᠠᠷᠢᠴᠠᠭ᠎ᠠ ᠵᠢᠨ ᠲᠤᠬᠠᠶ ᠬᠣᠯᠪᠣᠭᠳᠠᠯ ᠪᠦᠬᠦᠢ ᠲᠣᠳᠣᠷᠬᠠᠶ᠋ᠢᠯᠠᠯᠲᠠ;
(ᠭᠤᠷᠪᠠ) ᠳᠠᠩᠰᠠᠯᠠᠭᠤᠯᠬᠤ ᠵᠦᠢ᠍ᠯᠡᠰ᠎ᠲᠤ ᠲᠣᠭ᠋ᠠᠴᠠᠭᠳᠠᠪᠠᠯ᠂ ᠬᠣᠯᠪᠣᠭᠳᠠᠯ ᠪᠦᠬᠦᠢ ᠳᠠᠩᠰᠠᠯᠠᠭᠤᠯᠬᠤ ᠮᠠᠲ᠋ᠧᠷᠢᠶᠠᠯ᠎ᠢ ᠬᠠᠩᠭ᠋ᠠᠨ᠎ᠠ;
(ᠲᠦᠷᠪᠡ) ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠭᠰᠠᠨ ᠪᠤᠰᠤᠳ ᠮᠠᠲ᠋ᠧᠷᠢᠶᠠᠯ᠃
ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯᠡᠰ᠎ᠲᠤ ᠤᠰᠤ ᠲᠠᠲᠠᠬᠤ ᠴᠢᠬᠤᠯᠠᠲᠠᠶ ᠪᠠᠶ᠋ᠢᠪᠠᠯ᠂ ᠭᠤᠶᠤᠴᠢᠯᠠᠭᠴᠢ᠎ᠨᠢ ᠪᠠᠰᠠ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯᠡᠰ᠎ᠤᠨ ᠤᠰᠤᠨ᠎ᠤ ᠡᠬᠢ ᠪᠠᠶᠠᠯᠢᠭ᠎ᠢ ᠨᠤᠲᠠᠯᠠᠬᠤ ᠮᠡᠳᠡᠭᠦᠯᠦᠯᠲᠡ ᠵᠢᠨ ᠪᠢᠴᠢᠭ ᠵᠶ᠋ᠠᠨ ᠲᠤᠰᠢᠶᠠᠬᠤ ᠬᠡᠷᠡᠭᠲᠡᠶ᠃ ᠨᠤᠲᠠᠯᠠᠯᠲᠠ ᠵᠢᠨ ᠮᠡᠳᠡᠭᠦᠯᠦᠯᠲᠡ ᠵᠢᠨ ᠪᠢᠴᠢᠭ᠎ᠲᠤ ᠤᠰᠤ ᠲᠠᠲᠠᠬᠤ ᠤᠰᠤᠨ᠎ᠤ ᠡᠬᠢ ᠰᠤᠷᠪᠤᠯᠵᠢ᠂ ᠤᠰᠤ ᠬᠡᠷᠡᠭᠯᠡᠬᠦ ᠵᠦᠢ ᠵᠣᠬᠢᠰᠲᠠᠶ ᠴᠢᠨᠠᠷ ᠵᠢᠴᠢ ᠠᠮᠢ ᠠᠬᠤᠶ ᠬᠢᠭᠡᠳ ᠣᠷᠴᠢᠨ ᠲᠤᠭᠤᠷᠢᠨ᠎ᠢ ᠨᠥᠯᠥᠭᠡᠯᠡᠬᠦ ᠵᠡᠷᠭᠡ ᠠᠭᠤᠯᠭ᠎ᠠ ᠵᠢ ᠪᠠᠭᠲᠠᠭ᠋ᠠᠭᠰᠠᠨ ᠪᠠᠶ᠋ᠢᠬᠤ ᠬᠡᠷᠡᠭᠲᠡᠶ᠃
ᠠᠷᠪᠠᠨ ᠬᠣᠶᠠᠳᠤᠭ᠋ᠠᠷ ᠵᠦᠢ᠍ᠯ ᠭᠤᠶᠤᠴᠢᠯᠠᠯ᠎ᠤᠨ ᠪᠢᠴᠢᠭ᠎ᠲᠤ ᠳᠣᠣᠷ᠎ᠠ ᠵᠢᠭᠰᠠᠭ᠋ᠠᠭᠰᠠᠨ ᠵᠦᠢ᠍ᠯ᠎ᠤᠳ᠎ᠢ ᠪᠠᠭᠲᠠᠭ᠋ᠠᠭᠰᠠᠨ ᠪᠠᠶ᠋ᠢᠬᠤ ᠬᠡᠷᠡᠭᠲᠡᠶ᠄
(ᠨᠢᠭᠡ) ᠭᠤᠶᠤᠴᠢᠯᠠᠭᠴᠢ ᠵᠢᠨ ᠨᠡᠷᠡᠶ᠋ᠢᠳᠦᠯ (ᠤᠪᠤᠭ ᠨᠡᠷ᠎ᠡ)᠂ ᠬᠠᠶᠢᠭ;
(ᠬᠣᠶᠠᠷ) ᠭᠤᠶᠤᠴᠢᠯᠠᠬᠤ ᠤᠴᠢᠷ ᠰᠢᠯᠲᠠᠭ᠋ᠠᠨ;
(ᠭᠤᠷᠪᠠ) ᠤᠰᠤ ᠲᠠᠳᠠᠬᠤ ᠡᠬᠢᠯᠡᠬᠦ ᠴᠠᠭ ᠪᠠ ᠬᠤᠭᠤᠴᠠᠭ᠎ᠠ;
(ᠲᠦᠷᠪᠡ) ᠤᠰᠤ ᠲᠠᠲᠠᠬᠤ ᠵᠣᠷᠢᠯᠭ᠎ᠠ᠂ ᠤᠰᠤ ᠲᠠᠲᠠᠬᠤ ᠬᠡᠮᠵᠢᠶ᠎ᠡ᠂ ᠵᠢᠯ᠎ᠤᠨ ᠳᠣᠲᠣᠷᠠᠬᠢ ᠡᠯ᠎ᠡ ᠰᠠᠷ᠎ᠠ ᠵᠢᠨ ᠤᠰᠤ ᠬᠡᠷᠡᠭᠯᠡᠬᠦ ᠬᠡᠮᠵᠢᠶ᠎ᠡ ᠵᠡᠷᠭᠡ;
(ᠲᠠᠪᠤ) ᠤᠰᠦᠠ᠎ᠤ ᠰᠤᠷᠪᠤᠯᠵᠢ ᠬᠢᠭᠡᠳ ᠤᠰᠤ ᠲᠠᠲᠠᠬᠤ ᠭᠠᠵᠠᠷ;
(ᠵᠢᠷᠭᠤᠭ᠎ᠠ) ᠤᠰᠤ ᠲᠠᠲᠠᠬᠤ ᠠᠷᠭ᠎ᠠ ᠮᠠᠶᠢᠭ᠂ ᠬᠡᠮᠵᠢᠬᠦ ᠠᠷᠭ᠎ᠠ ᠮᠠᠶᠢᠭ ᠪᠣᠯᠤᠨ ᠤᠰᠤ ᠠᠷᠪᠢᠯᠠᠬᠤ ᠠᠷᠭ᠎ᠠ ᠬᠡᠮᠵᠢᠶ᠎ᠡ;
(ᠲᠤᠯᠤᠭ᠎ᠠ) ᠤᠰᠤ ᠲᠠᠲᠠᠬᠤ ᠭᠠᠵᠠᠷ ᠪᠠ ᠤᠰᠤ ᠲᠠᠲᠠᠬᠤ ᠶᠠᠪᠤᠴᠠ᠎ᠳᠤ ᠠᠭᠤᠯᠤᠭᠳᠠᠵᠤ ᠪᠠᠶ᠋ᠢᠭ᠎ᠠ ᠭᠣᠣᠯ ᠪᠣᠬᠢᠷᠲᠤᠯ ᠪᠣᠳᠠᠰ ᠵᠢᠴᠢ ᠪᠣᠬᠢᠷ ᠤᠰᠤ ᠵᠢ ᠰᠢᠢ᠍ᠳᠪᠤᠷᠢᠯᠡᠬᠦ ᠠᠷᠭ᠎ᠠ ᠬᠡᠮᠵᠢᠶ᠎ᠡ;
(ᠨᠠᠢ᠍ᠮᠠ) ᠲᠥᠷᠥ ᠵᠢᠨ ᠶᠠᠪᠤᠳᠠᠯ᠎ᠤᠨ ᠬᠤᠷᠢᠶᠠᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠭᠰᠠᠨ ᠪᠤᠰᠤᠳ ᠵᠦᠢ᠍ᠯ᠃
ᠠᠷᠪᠠᠨ ᠭᠤᠷᠪᠠᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠤᠰᠤ ᠲᠠᠲᠠᠬᠤ ᠭᠤᠶᠤᠴᠢᠯᠠᠯ᠎ᠢ ᠣᠯᠤᠭᠰᠠᠨ ᠡᠳᠦᠷ᠎ᠠᠴᠠ ᠡᠬᠢᠯᠡᠨ 5 ᠠᠵᠢᠯ᠎ᠤᠨ ᠡᠳᠦᠷ᠎ᠤᠨ ᠳᠣᠲᠣᠷ᠎ᠠ ᠭᠤᠶᠤᠴᠢᠯᠠᠭᠰᠠᠨ ᠮᠠᠲ᠋ᠧᠷᠢᠶᠠᠯ᠎ᠢ ᠬᠢᠨᠠᠨ ᠪᠠᠶ᠋ᠢᠴᠠᠭ᠋ᠠᠬᠤ ᠵᠢᠨ ᠬᠠᠮᠲᠤ ᠳᠣᠣᠷ᠎ᠠ ᠵᠢᠭᠰᠠᠭ᠋ᠠᠭᠰᠠᠨ ᠠᠳᠠᠯᠢ ᠪᠤᠰᠤ ᠪᠠᠶ᠋ᠢᠳᠠᠯ᠎ᠢ ᠦᠨᠳᠦᠰᠦᠯᠡᠨ ᠲᠤᠰ ᠲᠤᠰ ᠰᠢᠢ᠍ᠳᠪᠤᠷᠢᠯᠡᠬᠦ ᠬᠡᠷᠡᠭᠲᠡᠶ᠄
(ᠨᠢᠭᠡ) ᠭᠤᠶᠤᠴᠢᠯᠠᠯ᠎ᠤᠨ ᠮᠠᠲ᠋ᠧᠷᠢᠶᠠᠯ᠎ᠨᠢ ᠪᠦᠷᠢᠨ ᠭᠦᠢ᠍ᠴᠡᠳ᠂ ᠬᠠᠤᠯᠢ᠎ᠳᠤ ᠲᠣᠭᠲᠠᠭ᠋ᠠᠭᠰᠠᠨ ᠬᠡᠯᠪᠡᠷᠢ᠎ᠳᠤ ᠨᠡᠶ᠋ᠢᠴᠡᠵᠦ᠂ ᠲᠤᠰ ᠪᠠᠶ᠋ᠢᠭᠤᠯᠭ᠎ᠠ ᠵᠢᠨ ᠬᠦᠯᠢᠶᠡᠨ ᠠᠪᠴᠤ ᠰᠢᠢ᠍ᠳᠪᠤᠷᠢᠯᠡᠬᠦ ᠬᠡᠪᠴᠢᠶᠡᠨ᠎ᠳᠤ ᠬᠠᠷᠢᠶᠠᠯᠠᠭᠳᠠᠪᠠᠯ ᠬᠦᠯᠢᠶᠡᠨ ᠠᠪᠴᠤ ᠰᠢᠢ᠍ᠳᠪᠤᠷᠢᠯᠡᠨ᠎ᠡ;
(ᠬᠣᠶᠠᠷ) ᠳᠡᠪᠰᠢᠭᠦᠯᠦᠨ ᠲᠤᠰᠢᠶᠠᠭᠰᠠᠨ ᠮᠠᠲ᠋ᠧᠷᠢᠶᠠᠯ᠎ᠨᠢ ᠪᠦᠷᠢᠨ ᠪᠤᠰᠤ ᠪᠤᠶᠤ ᠭᠤᠶᠤᠴᠢᠯᠠᠯ᠎ᠤᠨ ᠪᠢᠴᠢᠭ᠎ᠤᠨ ᠠᠭᠤᠯᠭ᠎ᠠ ᠵᠢᠨ ᠲᠠᠶ᠋ᠢᠯᠪᠤᠷᠢ᠎ᠨᠢ ᠲᠣᠳᠣᠷᠬᠠᠶ ᠦᠭᠡᠢ ᠪᠠᠶ᠋ᠢᠪᠠᠯ᠂ ᠨᠥᠬᠥᠪᠥᠷᠢᠯᠡᠨ ᠵᠠᠯᠠᠷᠠᠭᠤᠯᠬᠤ ᠵᠢ ᠭᠤᠶᠤᠴᠢᠯᠠᠭᠴᠢ᠎ᠳᠤ ᠮᠡᠳᠡᠭᠳᠡᠨ᠎ᠡ;
(ᠭᠤᠷᠪᠠ) ᠲᠤᠰ ᠪᠠᠶ᠋ᠢᠭᠤᠯᠭ᠎ᠠ ᠵᠢᠨ ᠬᠦᠯᠢᠶᠡᠨ ᠠᠪᠴᠤ ᠰᠢᠢ᠍ᠳᠪᠤᠷᠢᠯᠡᠬᠦ ᠬᠡᠪᠴᠢᠶᠡᠨ᠎ᠳᠤ ᠪᠠᠭᠲᠠᠬᠤ ᠦᠭᠡᠢ ᠪᠠᠶ᠋ᠢᠪᠠᠯ᠂ ᠬᠦᠯᠢᠶᠡᠨ ᠠᠪᠴᠤ ᠰᠢᠢ᠍ᠳᠪᠤᠷᠢᠯᠡᠬᠦ ᠡᠷᠬᠡ ᠮᠡᠳᠡᠯ᠎ᠲᠠᠢ ᠪᠠᠶ᠋ᠢᠭᠤᠯᠭ᠎ᠠ᠎ᠳᠤ ᠭᠤᠶᠤᠴᠢᠯᠠᠯ ᠭᠠᠷᠭ᠋ᠠᠬᠤ ᠵᠢ ᠭᠤᠶᠤᠴᠢᠯᠠᠭᠴᠢ᠎ᠳᠤ ᠮᠡᠳᠡᠭᠳᠡᠨ᠎ᠡ᠃
ᠭᠤᠷᠪᠠᠳᠤᠭ᠋ᠠᠷ ᠪᠦᠯᠦᠭ ᠤᠰᠤ ᠲᠠᠳᠠᠬᠤ ᠵᠥᠪᠰᠢᠶᠡᠷᠡᠯ᠎ᠢ ᠬᠢᠨᠠᠨ ᠪᠠᠶ᠋ᠢᠴᠠᠭ᠋ᠠᠬᠤ ᠪᠠ ᠲᠣᠭᠲᠠᠭ᠋ᠠᠬᠤ
ᠠᠷᠪᠠᠨ ᠳᠥᠷᠪᠡᠳᠦᠭᠡᠷ ᠵᠦᠢ᠍ᠯ ᠤᠰᠤ ᠲᠠᠲᠠᠬᠤ ᠵᠥᠪᠰᠢᠶᠡᠷᠡᠯ᠎ᠢ ᠱᠠᠳᠤ ᠬᠤᠪᠢᠶᠠᠨ ᠬᠢᠨᠠᠨ ᠵᠥᠪᠰᠢᠶᠡᠷᠡᠬᠦ ᠵᠢ ᠬᠡᠷᠡᠭᠵᠢᠭᠦᠯᠦᠨ᠎ᠡ᠃
ᠳᠣᠣᠷ᠎ᠠ ᠵᠢᠭᠰᠠᠭ᠋ᠠᠭᠰᠠᠨ ᠤᠰᠤ ᠲᠠᠲᠠᠬᠤ ᠭᠤᠶᠤᠴᠢᠯᠠᠯ᠎ᠢ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠬᠢᠨᠠᠨ ᠵᠥᠪᠰᠢᠶᠡᠷᠡᠨ᠎ᠡ᠄
(ᠨᠢᠭᠡ) ᠬᠥᠬᠡᠮᠥ᠋ᠷᠡᠨ᠂ ᠬᠠᠳᠤᠨ ᠭᠣᠣᠯ᠂ ᠬᠤᠸᠠᠢ ᠾᠧ ᠭᠣᠣᠯ᠂ ᠬᠠᠶ ᠾᠧ ᠭᠣᠣᠯ᠂ ᠯᠤᠸᠠᠨ ᠾᠧ ᠭᠣᠣᠯ᠂ ᠵᠦᠵᠢᠶᠠᠩ ᠮᠥᠷᠡᠨ᠂ ᠰᠤᠩᠭ᠋ᠠᠷᠢ ᠮᠥᠷᠡᠨ᠂ ᠯᠢᠶᠣᠤ ᠾᠧ ᠭᠣᠣᠯ᠂ ᠵᠢᠨ ᠱᠠ ᠵᠢᠶᠠᠩ ᠮᠥᠷᠡᠨ᠂ ᠬᠠᠨᠵᠢᠶᠠᠩ ᠮᠥᠷᠡᠨ᠎ᠤ ᠭᠣᠣᠯ ᠤᠷᠤᠰᠬᠠᠯ ᠪᠠ᠎ᠲᠠᠢ ᠬᠤ᠌ ᠨᠠᠭᠤᠷ ᠵᠢᠴᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢ ᠠᠯᠤᠰᠯᠠᠭᠰᠠᠨ ᠪᠤᠰᠤᠳ ᠭᠣᠣᠯ ᠮᠥᠷᠡᠨ᠂ ᠨᠠᠭᠤᠷ ᠴᠦᠬᠦᠷᠦᠮ᠎ᠤᠨ ᠲᠣᠭᠲᠠᠭ᠋ᠠᠭᠰᠠᠨ ᠬᠡᠰᠡᠭ᠎ᠤᠨ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠤᠰᠤ ᠲᠠᠲᠠᠬᠤ ;
(ᠬᠣᠶᠠᠷ) ᠤᠯᠠᠨ ᠤᠯᠤᠰ᠎ᠤᠨ ᠬᠢᠯᠢ ᠠᠯᠤᠰᠯᠠᠭᠰᠠᠨ ᠭᠣᠣᠯ ᠮᠥᠷᠡᠨ᠎ᠤ ᠲᠣᠭᠲᠠᠭ᠋ᠠᠭᠰᠠᠨ ᠭᠣᠣᠯ᠎ᠤᠨ ᠬᠡᠰᠡᠭ ᠪᠠ ᠤᠯᠠᠨ ᠤᠯᠤᠰ᠎ᠤᠨ ᠬᠢᠯᠢ ᠵᠢᠨ ᠵᠠᠭ᠋ᠠᠭ᠎ᠲᠠᠬᠢ ᠭᠣᠣᠯ ᠮᠥᠷᠡᠨ᠎ᠤ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠤᠰᠤ ᠲᠠᠲᠠᠬᠤ;
(ᠭᠤᠷᠪᠠ) ᠮᠤᠵᠢ ᠵᠢᠨ ᠬᠣᠭᠣᠷᠣᠨᠳᠣᠬᠢ ᠬᠢᠯᠢ ᠵᠢᠨ ᠵᠠᠭ᠋ᠠᠭ᠎ᠤᠨ ᠭᠣᠣᠯ ᠮᠥᠷᠡᠨ᠂ ᠨᠠᠭᠤᠷ ᠴᠦᠬᠦᠷᠦᠮ᠎ᠤᠨ ᠬᠢᠵᠠᠭ᠋ᠠᠷᠯᠠᠭᠰᠠᠨ ᠲᠣᠭ᠋ᠠᠨ᠎ᠠᠴᠠ ᠳᠡᠭᠡᠭᠰᠢᠬᠢ ᠤᠰᠤ ᠲᠠᠲᠠᠬᠤ;
(ᠲᠦᠷᠪᠡ) ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠵᠠᠰᠠᠭ ᠵᠠᠬᠢᠷᠭ᠋ᠠᠨ᠎ᠤ ᠣᠷᠣᠨ᠎ᠢ ᠠᠯᠤᠰᠯᠠᠨ ᠤᠰᠤ ᠲᠠᠲᠠᠬᠤ;
(ᠲᠠᠪᠤ) ᠲᠦᠷᠦ ᠵᠢᠨ ᠶᠠᠪᠤᠳᠠᠯ᠎ᠤᠨ ᠬᠣᠷᠢᠶ᠎ᠠ ᠪᠤᠶᠤ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠡᠯᠡ ᠣᠷᠣᠭᠤᠯᠤᠯᠲᠠ ᠵᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠢᠨᠠᠨ ᠵᠥᠪᠰᠢᠶᠡᠷᠡᠵᠦ᠂ ᠬᠢᠨᠠᠨ ᠬᠠᠷᠭᠤᠭᠤᠯᠤᠭᠰᠠᠨ ᠲᠤᠮᠤ ᠬᠡᠯᠪᠡᠷᠢ ᠵᠢᠨ ᠪᠦᠳᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯᠡᠰ᠎ᠲᠤ ᠤᠰᠤ ᠲᠠᠲᠠᠬᠤ;
(ᠵᠢᠷᠭᠤᠭ᠎ᠠ) ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠰᠢᠭᠤᠳ ᠬᠠᠮᠢᠶᠠᠷᠴᠤ ᠪᠠᠶ᠋ᠢᠭ᠎ᠠ ᠭᠣᠣᠯ᠎ᠤᠨ ᠵᠠᠮ (ᠭᠣᠣᠯ᠎ᠤᠨ ᠬᠡᠰᠡᠭ)᠂ ᠨᠠᠭᠤᠷ ᠴᠦᠬᠦᠷᠦᠮ᠎ᠠᠴᠠ ᠤᠰᠤ ᠲᠠᠳᠠᠬᠤ᠃
ᠡᠮᠦᠨᠡᠬᠢ ᠪᠠᠳᠠᠭ᠎ᠲᠤ ᠬᠡᠯᠡᠵᠦ ᠪᠠᠶ᠋ᠢᠭ᠎ᠠ ᠵᠢᠭ᠋ᠠᠨ ᠲᠣᠭᠲᠠᠭ᠋ᠠᠭᠰᠠᠨ ᠭᠣᠣᠯ᠎ᠤᠨ ᠬᠡᠰᠡᠭ ᠪᠠ ᠬᠢᠵᠠᠭ᠋ᠠᠷᠯᠠᠭᠰᠠᠨ ᠲᠣᠭ᠎ᠠ ᠵᠢᠴᠢ ᠰᠡᠪᠡ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠰᠢᠭᠤᠳ ᠬᠠᠮᠢᠶᠠᠷᠬᠤ ᠭᠣᠣᠯ᠎ᠤᠨ ᠵᠡᠮ (ᠭᠣᠣᠯ᠎ᠤᠨ ᠬᠡᠰᠡᠭ)᠂ ᠨᠠᠭᠤᠷ ᠴᠦᠬᠦᠷᠦᠮ᠎ᠢ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠤᠰᠦᠠ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠨ᠎ᠠ᠃
ᠪᠤᠰᠤᠳ ᠤᠰᠤ ᠲᠠᠲᠠᠬᠤ ᠵᠢ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠬᠢᠨᠠᠨ ᠵᠥᠪᠰᠢᠶᠡᠷᠡᠬᠦ ᠡᠷᠬᠡ ᠵᠢᠨ ᠬᠡᠪᠴᠢᠶ᠎ᠡ ᠶᠤᠰᠤᠭ᠋ᠠᠷ ᠬᠢᠨᠡᠨ ᠵᠦᠪᠰᠢᠶᠡᠷᠡᠨ᠎ᠡ᠃
ᠠᠷᠪᠠᠨ ᠲᠠᠪᠤᠳᠤᠭ᠋ᠠᠷ ᠵᠦᠢ᠍ᠯ ᠵᠦᠪᠰᠢᠶᠡᠷᠡᠭᠰᠡᠨ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ ᠪᠤᠶᠤ ᠲᠣᠭᠲᠠᠭ᠋ᠠᠭᠰᠠᠨ ᠬᠡᠯᠡᠯᠴᠡᠭᠡᠷ ᠪᠣᠯ ᠰᠠᠪᠠ ᠭᠠᠵᠠᠷ ᠬᠢᠭᠡᠳ ᠵᠠᠰᠠᠭ ᠵᠠᠬᠢᠷᠭ᠋ᠠᠨ᠎ᠤ ᠣᠷᠣᠨ᠎ᠤ ᠤᠰᠤ ᠲᠠᠲᠠᠬᠤ ᠵᠥᠪᠰᠢᠶᠡᠷᠡᠯ᠎ᠤᠨ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠵᠢᠨ ᠦᠨᠳᠦᠰᠦᠯᠡᠯ ᠮᠥᠨ᠃
ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠠᠯᠤᠰᠯᠠᠭᠰᠠᠨ ᠭᠣᠣᠯ ᠮᠥᠷᠡᠨ᠂ ᠨᠠᠭᠤᠷ ᠴᠥᠭᠥᠷᠥᠮ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ᠎ᠢ ᠬᠠᠷᠠᠬᠠᠨ ᠲᠣᠭᠲᠠᠭ᠋ᠠᠭ᠋ᠠᠳᠤᠶ ᠪᠤᠶᠤ ᠬᠡᠯᠡᠯᠴᠡᠭᠡᠷ ᠲᠣᠭᠲᠠᠭ᠋ᠠᠭ᠋ᠠᠳᠤᠶ ᠪᠠᠶ᠋ᠢᠪᠠᠯ᠂ ᠬᠣᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠤᠰᠤ ᠲᠠᠲᠠᠬᠤ ᠵᠥᠪᠰᠢᠶᠡᠷᠡᠯ᠎ᠤᠨ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠭᠦᠢ᠍ᠴᠡᠳᠬᠡᠯ ᠲᠣᠭ᠎ᠠ ᠵᠢ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠨᠥᠬᠥᠴᠡᠯ᠎ᠢ ᠦᠨᠳᠦᠰᠦᠯᠡᠨ᠂ ᠤᠰᠤᠨ᠎ᠤ ᠡᠬᠢ ᠪᠠᠶᠠᠯᠢᠭ᠎ᠤᠨ ᠶᠡᠷᠦᠩᠬᠡᠶ ᠲᠥᠯᠥᠪᠵᠢᠭᠦᠯᠭᠡ᠂ ᠰᠠᠪᠠ ᠭᠠᠵᠠᠷ᠎ᠤᠨ ᠶᠡᠷᠦᠩᠬᠡᠶ ᠲᠥᠯᠥᠪᠵᠢᠭᠦᠯᠭᠡ ᠪᠠ ᠤᠰᠤᠨ᠎ᠤ ᠤᠷᠲᠤᠪᠲᠤᠷ ᠪᠠ ᠤᠷᠲᠤ ᠬᠤᠭᠤᠴᠠᠭ᠋ᠠᠨ᠎ᠤ ᠬᠠᠩᠭ᠋ᠠᠯᠭ᠎ᠠ ᠬᠡᠷᠡᠭᠴᠡᠭᠡᠨ᠎ᠤ ᠲᠥᠯᠥᠪᠵᠢᠭᠦᠯᠭᠡ ᠵᠢ ᠦᠨᠳᠦᠰᠦᠯᠡᠨ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠤᠰᠤ ᠲᠠᠲᠠᠵᠤ ᠪᠠᠶ᠋ᠢᠭ᠎ᠠ ᠪᠠᠶ᠋ᠢᠳᠠᠯ ᠵᠢᠴᠢ ᠬᠠᠩᠭ᠋ᠠᠯᠭ᠎ᠠ ᠬᠡᠷᠡᠭᠴᠡᠭᠡᠨ᠎ᠤ ᠪᠠᠶ᠋ᠢᠳᠠᠯ᠎ᠲᠠᠢ ᠤᠶᠠᠯᠳᠤᠭᠤᠯᠤᠨ᠂ ᠬᠣᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠵᠥᠪᠳᠡᠯᠴᠡᠨ ᠳᠤᠷᠠᠳᠴᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠵᠥᠪᠰᠢᠶᠡᠷᠡᠭᠦᠯᠦᠨ᠎ᠡ; ᠲᠣᠭᠣᠷᠢᠭ ᠪᠠᠶ᠋ᠢᠭᠤᠯᠤᠭᠰᠠᠨ ᠬᠣᠲᠠ᠂ ᠰᠢᠶᠠᠨ (ᠬᠤᠳᠠ)᠎ᠤ ᠵᠠᠰᠠᠭ ᠵᠠᠬᠢᠷᠭ᠋ᠠᠨ᠎ᠤ ᠣᠷᠣᠨ᠎ᠤ ᠤᠰᠤ ᠲᠠᠲᠠᠬᠤ ᠵᠥᠪᠰᠢᠶᠡᠷᠡᠯ᠎ᠤᠨ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠬᠦᠢ᠍ᠴᠡᠳᠭᠡᠯ ᠲᠣᠭ᠎ᠠ ᠵᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠤᠰ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠤᠰᠤ ᠲᠠᠲᠠᠬᠤ ᠵᠥᠪᠰᠢᠶᠡᠷᠡᠯ᠎ᠤᠨ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠬᠦᠢ᠍ᠴᠡᠳᠭᠡᠯ ᠲᠣᠭ᠎ᠠ ᠵᠢ ᠦᠨᠳᠦᠰᠦᠯᠡᠨ᠂ ᠡᠯ᠎ᠡ ᠭᠠᠵᠠᠷ᠎ᠤᠨ ᠤᠰᠤ ᠲᠠᠲᠠᠵᠤ ᠪᠠᠶ᠋ᠢᠭ᠎ᠠ ᠣᠳᠣᠬᠢ ᠪᠠᠶ᠋ᠢᠳᠠᠯ ᠵᠢᠴᠢ ᠬᠠᠩᠭ᠋ᠠᠯᠭ᠎ᠠ ᠬᠡᠷᠡᠭᠴᠡᠭᠡ ᠵᠢᠨ ᠪᠠᠶ᠋ᠢᠳᠠᠯ᠎ᠲᠠᠢ ᠤᠶᠠᠯᠳᠤᠭᠤᠯᠤᠨ ᠲᠣᠭᠲᠠᠭ᠋ᠠᠬᠤ ᠵᠢᠨ ᠬᠠᠮᠲᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠮᠡᠳᠡᠭᠦᠯᠵᠦ ᠳᠠᠩᠰᠠᠯᠠᠭᠤᠯᠤᠨ᠎ᠠ᠃
ᠠᠷᠪᠠᠨ ᠵᠢᠷᠭᠤᠳᠤᠭ᠋ᠠᠷ ᠵᠦᠢ᠍ᠯ ᠠᠵᠢᠯ ᠲᠥᠷᠥᠯ᠎ᠤᠨ ᠬᠡᠷᠡᠭᠯᠡᠬᠦ ᠤᠰᠤᠨ᠎ᠤ ᠲᠣᠭᠲᠠᠭᠰᠠᠨ ᠨᠤᠷᠮ᠎ᠠ᠎ᠪᠠᠷ ᠬᠢᠨᠠᠨ ᠲᠣᠭᠲᠠᠭ᠋ᠠᠭᠰᠠᠨ ᠤᠰᠤ ᠬᠡᠷᠡᠭᠯᠡᠬᠦ ᠬᠡᠮᠵᠢᠶ᠎ᠡ ᠪᠣᠯ ᠤᠰᠤ ᠠᠪᠬᠤ ᠬᠡᠮᠵᠢᠶ᠎ᠡ ᠵᠢ ᠬᠢᠨᠠᠨ ᠵᠥᠪᠰᠢᠶᠡᠷᠡᠬᠦ ᠵᠢᠨ ᠭᠣᠣᠯ ᠦᠨᠳᠦᠰᠦᠯᠡᠯ ᠪᠣᠯᠤᠨ᠎ᠠ᠃
ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠶᠠᠰᠤ ᠴᠢᠨᠠᠷ᠎ᠲᠤ ᠬᠢᠨᠠᠯᠲᠠ ᠲᠠᠯᠪᠢᠵᠤ ᠰᠢᠯᠭ᠋ᠠᠨ ᠪᠠᠶ᠋ᠢᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠲᠤᠰ ᠵᠠᠰᠠᠭ ᠵᠠᠬᠢᠷᠭ᠋ᠠᠨ᠎ᠤ ᠣᠷᠣᠨ᠎ᠤ ᠠᠵᠢᠯ ᠲᠦᠷᠦᠯ᠎ᠤᠨ ᠤᠰᠤ ᠬᠡᠷᠡᠭᠯᠡᠬᠦ ᠨᠤᠷᠮ᠎ᠠ ᠵᠢ ᠲᠣᠭᠲᠠᠭ᠋ᠠᠬᠤ ᠠᠵᠢᠯ᠎ᠢ ᠬᠠᠷᠢᠭᠤᠴᠠᠨ ᠵᠢᠯᠣᠭᠣᠳᠬᠤ ᠵᠢᠨ ᠬᠠᠮᠲᠤ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃
ᠲᠣᠰ ᠵᠠᠰᠠᠭ ᠵᠠᠬᠢᠷᠭ᠋ᠠᠨ᠎ᠤ ᠣᠷᠣᠨ᠎ᠤ ᠠᠵᠢᠯ ᠲᠥᠷᠥᠯ᠎ᠤᠨ ᠤᠰᠤ ᠬᠡᠷᠡᠭᠯᠡᠬᠦ ᠨᠣᠷᠮ᠎ᠠ ᠵᠢ ᠬᠠᠷᠠᠬᠠᠨ ᠲᠣᠭᠲᠠᠭ᠋ᠠᠭ᠋ᠠᠳᠤᠶ ᠪᠠᠶ᠋ᠢᠪᠠᠯ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠬᠣᠯᠪᠣᠭᠳᠠᠯ ᠪᠥᠬᠥᠶ ᠠᠵᠢᠯ ᠲᠥᠷᠥᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠠᠵᠢᠯ ᠲᠥᠷᠥᠯ᠎ᠤᠨ ᠤᠰᠤ ᠬᠡᠷᠡᠭᠯᠡᠬᠦ ᠨᠣᠷᠮ᠎ᠠ᠎ᠪᠠᠷ ᠯᠠᠪᠯᠠᠯᠲᠠ ᠪᠣᠯᠭ᠋ᠠᠨ ᠬᠡᠷᠡᠭᠵᠢᠭᠦᠯᠵᠦ ᠪᠣᠯᠤᠨ᠎ᠠ᠃
ᠠᠷᠪᠠᠨ ᠳᠣᠯᠣᠳᠤᠭ᠋ᠠᠷ ᠵᠦᠢ᠍ᠯ ᠬᠢᠨᠠᠨ ᠵᠥᠪᠰᠢᠶᠡᠷᠡᠬᠦ ᠪᠠᠶ᠋ᠢᠭᠤᠯᠭ᠎ᠠ ᠤᠰᠤ ᠲᠠᠲᠠᠬᠤ ᠭᠤᠶᠤᠴᠢᠯᠠᠯ᠎ᠢ ᠬᠦᠯᠢᠶᠡᠨ ᠠᠪᠤᠭᠰᠠᠨ᠎ᠤ ᠳᠠᠷᠠᠭ᠎ᠠ᠂ ᠤᠰᠤ ᠲᠠᠲᠠᠬᠤ ᠭᠤᠶᠤᠴᠢᠯᠠᠯ᠎ᠤᠨ ᠮᠠᠲᠸᠷᠢᠶᠠᠯ᠎ᠢ ᠪᠦᠬᠦ ᠲᠠᠯ᠎ᠠ᠎ᠪᠠᠷ ᠬᠢᠨᠠᠨ ᠪᠠᠶ᠋ᠢᠴᠠᠭ᠋ᠠᠬᠤ ᠵᠢᠨ ᠬᠠᠮᠲᠤ ᠤᠰᠤ ᠲᠠᠲᠠᠬᠤ᠎ᠨᠢ ᠤᠰᠤᠨ᠎ᠤ ᠡᠬᠢ ᠪᠠᠶᠠᠯᠢᠭ᠎ᠢ ᠠᠷᠪᠢᠯᠠᠨ ᠬᠠᠮᠠᠭ᠋ᠠᠯᠠᠬᠤ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠤᠴᠠᠷᠠᠭᠤᠯᠵᠤ ᠮᠡᠳᠡᠬᠦ ᠨᠥᠯᠥᠭᠡ ᠵᠢ ᠶᠡᠷᠦᠩᠬᠡᠶ᠋ᠢᠯᠡᠨ ᠪᠣᠳᠣᠯᠬᠢᠯᠠᠵᠤ᠂ ᠤᠰᠤ ᠲᠠᠲᠠᠬᠤ ᠭᠤᠶᠤᠴᠢᠯᠠᠯ ᠢ ᠵᠥᠪᠰᠢᠶᠡᠷᠡᠬᠦ ᠡᠰᠡᠬᠦ ᠵᠢ ᠲᠣᠭᠲᠠᠭ᠋ᠠᠬᠤ ᠬᠡᠷᠡᠭᠲᠡᠶ᠃
ᠠᠷᠪᠠᠨ ᠨᠠᠢ᠍ᠮᠠᠳᠤᠭ᠋ᠠᠷ ᠵᠦᠢ᠍ᠯ ᠬᠢᠨᠠᠨ ᠵᠥᠪᠰᠢᠶᠡᠷᠡᠬᠦ ᠪᠠᠶ᠋ᠢᠭᠤᠯᠭ᠎ᠠ ᠤᠰᠤ ᠲᠠᠲᠠᠬᠤ᠎ᠨᠢ ᠨᠡᠶ᠋ᠢᠭᠡᠮ ᠨᠡᠢ᠍ᠢ᠍ᠳᠡ ᠵᠢᠨ ᠠᠰᠢᠭ ᠲᠤᠰᠠ᠎ᠳᠤ ᠬᠤᠯᠪᠤᠭᠳᠠᠵᠤ ᠭᠡᠷᠡᠴᠢᠯᠡᠭᠡ ᠰᠣᠨᠣᠰᠬᠤ ᠴᠢᠬᠤᠯᠠᠲᠠᠢ ᠭᠡᠵᠦ ᠦᠵᠡᠪᠡᠯ᠂ ᠨᠡᠶ᠋ᠢᠭᠡᠮ᠎ᠳᠤ ᠵᠠᠷᠯᠠᠨ ᠨᠡᠶ᠋ᠢᠲᠡᠯᠡᠬᠦ ᠵᠢᠨ ᠬᠠᠮᠲᠤ ᠭᠡᠷᠡᠴᠢᠯᠡᠭᠡ ᠰᠣᠨᠣᠰᠬᠤ ᠬᠡᠷᠡᠭᠲᠡᠶ᠃
ᠤᠰᠤ ᠲᠠᠲᠠᠬᠤ᠎ᠨᠢ ᠭᠤᠶᠤᠴᠢᠯᠠᠭᠴᠢ ᠬᠢᠭᠡᠳ ᠪᠤᠰᠤᠳ ᠬᠥᠮᠦᠨ᠎ᠤ ᠬᠣᠭᠣᠷᠣᠨᠳᠣᠬᠢ ᠴᠢᠬᠤᠯᠠ ᠶᠡᠬᠡ ᠠᠰᠢᠭ ᠬᠣᠣᠷ᠎ᠤᠨ ᠬᠠᠷᠢᠴᠠᠭ᠎ᠠ᠎ᠳᠤ ᠬᠣᠯᠪᠣᠭᠳᠠᠭᠰᠠᠨ ᠪᠠᠶ᠋ᠢᠪᠠᠯ᠂ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠠᠴᠠ ᠤᠰᠤ ᠲᠠᠲᠠᠬᠤ ᠭᠤᠶᠤᠴᠢᠯᠠᠯ᠎ᠢ ᠵᠥᠪᠰᠢᠶᠡᠷᠡᠬᠦ ᠡᠰᠡᠬᠦ ᠲᠤᠬᠠᠶ ᠲᠣᠭᠲᠠᠭ᠋ᠠᠯ ᠭᠠᠷᠭ᠋ᠠᠬᠤ᠎ᠠᠴᠠ᠎ᠪᠠᠨ ᠡᠮᠦᠨ᠎ᠡ᠂ ᠭᠤᠶᠤᠴᠢᠯᠠᠭᠴᠢ᠂ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠦᠨ᠎ᠳᠤ ᠮᠡᠳᠡᠭᠳᠡᠬᠦ ᠬᠡᠷᠡᠭᠲᠡᠶ᠃ ᠭᠤᠶᠤᠴᠢᠯᠠᠭᠴᠢ᠂ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠦᠨ ᠭᠡᠷᠡᠴᠢᠯᠡᠭᠡ ᠰᠣᠨᠣᠰᠬᠤ᠎ᠪᠠᠷ ᠱᠠᠭ᠋ᠠᠷᠳᠠᠭᠰᠠᠨ ᠪᠠᠶ᠋ᠢᠪᠠᠯ᠂ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠠᠴᠠ ᠭᠡᠷᠡᠴᠢᠯᠡᠭᠡ ᠰᠣᠨᠣᠰᠬᠤ ᠵᠢ ᠵᠣᠬᠢᠶᠠᠨ ᠪᠠᠶ᠋ᠢᠭᠤᠯᠬᠤ ᠬᠡᠷᠡᠭᠲᠡᠶ᠃
ᠤᠰᠤ ᠲᠠᠲᠠᠬᠤ ᠭᠤᠶᠤᠴᠢᠯᠠᠯ᠎ᠠᠴᠠ ᠪᠤᠯᠵᠤ ᠮᠠᠷᠭᠤᠯᠳᠤᠭ᠋ᠠᠨ ᠪᠤᠶᠤ ᠵᠠᠷᠭᠤ ᠡᠭᠦᠰᠦᠭᠰᠡᠨ ᠪᠠᠶ᠋ᠢᠪᠠᠯ᠂ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠠᠴᠠ ᠬᠢᠨᠠᠨ ᠵᠥᠪᠰᠢᠶᠡᠷᠡᠬᠦ ᠵᠢᠷᠤᠮ᠎ᠢ ᠲᠤᠷᠭᠤᠨ ᠵᠣᠭᠰᠣᠭ᠋ᠠᠬᠤ᠎ᠪᠠᠷ ᠭᠤᠶᠤᠴᠢᠯᠠᠭᠴᠢ᠎ᠳᠤ ᠪᠢᠴᠢᠭ ᠵᠶ᠋ᠠᠷ ᠮᠡᠳᠡᠭᠳᠡᠬᠦ ᠬᠡᠷᠡᠭᠲᠡᠶ; ᠮᠠᠷᠭᠤᠯᠳᠤᠭ᠋ᠠᠨ᠎ᠢ ᠰᠢᠢ᠍ᠳᠪᠤᠷᠢᠯᠡᠭᠰᠡᠨ ᠪᠤᠶᠤ ᠵᠠᠷᠭᠤ ᠳᠠᠭᠤᠰᠤᠭᠰᠠᠨ᠎ᠤ ᠲᠡᠷᠡᠭ᠎ᠠ ᠬᠢᠨᠠᠨ ᠵᠥᠪᠰᠢᠶᠡᠷᠡᠬᠦ ᠵᠢᠷᠤᠮ᠎ᠢ ᠰᠡᠷᠭᠦᠭᠡᠨ᠎ᠡ᠃
ᠠᠷᠪᠠ ᠶᠢᠰᠦᠳᠦᠭᠡᠷ ᠵᠦᠢ᠍ᠯ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠨᠤᠭᠤᠳ ᠤᠰᠤ ᠲᠠᠲᠠᠬᠤ ᠭᠤᠶᠤᠴᠢᠯᠠᠯ᠎ᠢ ᠬᠥᠯᠢᠶᠡᠨ ᠠᠪᠤᠭᠰᠠᠨ ᠡᠳᠦᠷ᠎ᠠᠴᠠ ᠡᠬᠢᠯᠡᠨ 45 ᠠᠵᠢᠯᠯᠠᠬᠤ ᠡᠳᠦᠷ᠎ᠤᠨ ᠳᠣᠲᠣᠷ᠎ᠠ ᠵᠥᠪᠰᠢᠶᠡᠷᠡᠬᠦ ᠪᠤᠶᠤ ᠥᠯᠥ ᠵᠥᠪᠰᠢᠶᠡᠷᠡᠬᠦ᠎ᠪᠠᠨ ᠲᠣᠭᠲᠠᠭ᠋ᠠᠬᠤ ᠬᠡᠷᠡᠭᠲᠡᠶ᠃ ᠵᠥᠪᠰᠢᠶᠡᠷᠡᠬᠦ᠎ᠪᠠᠷ ᠲᠣᠭᠲᠠᠭᠰᠠᠨ ᠪᠠᠶ᠋ᠢᠪᠠᠯ᠂ ᠤᠰᠤ ᠲᠠᠳᠠᠬᠤ ᠭᠤᠶᠤᠴᠢᠯᠠᠯ᠎ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠳᠤ ᠭᠠᠷᠤᠨ ᠦᠰᠦᠭ ᠵᠢᠷᠤᠵᠤ ᠶᠠᠪᠤᠭᠤᠯᠬᠤ ᠬᠡᠷᠡᠭᠲᠡᠶ᠃
ᠬᠣᠲᠠ ᠵᠢᠨ ᠲᠥᠯᠥᠪᠵᠢᠭᠦᠯᠭᠡ ᠵᠢᠨ ᠲᠣᠭᠣᠷᠢᠭ᠎ᠤᠨ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ᠎ᠪᠠᠷ ᠭᠤᠶᠤᠴᠢᠯᠠᠬᠤ᠎ᠳᠤ᠂ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠨᠢ ᠬᠣᠲᠠ ᠵᠢᠨ ᠪᠥᠲᠥᠭᠡᠨ ᠪᠠᠶ᠋ᠢᠭᠤᠯᠤᠯᠲᠠ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠵᠤ᠂ ᠬᠣᠲᠠ ᠵᠢᠨ ᠪᠥᠲᠥᠭᠡᠨ ᠪᠠᠶ᠋ᠢᠭᠤᠯᠤᠯᠲᠠ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠰᠠᠨᠠᠯ ᠬᠤᠷᠢᠶᠠᠬᠤ ᠮᠠᠲ᠋ᠧᠷᠢᠶᠠᠯ᠎ᠢ ᠣᠯᠤᠭᠰᠠᠨ ᠡᠳᠦᠷ᠎ᠠᠴᠠ ᠡᠬᠢᠯᠡᠨ 5 ᠠᠵᠢᠯᠯᠠᠬᠤ ᠡᠳᠦᠷ᠎ᠤᠨ ᠳᠣᠲᠣᠷ᠎ᠠ ᠰᠠᠨᠠᠯ ᠵᠶ᠋ᠠᠨ ᠳᠤᠷᠠᠳᠬᠤ ᠵᠢᠨ ᠬᠠᠮᠲᠤ ᠤᠰᠤ ᠲᠠᠲᠠᠬᠤ ᠵᠢ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠳᠤ ᠰᠢᠯᠵᠢᠭᠦᠯᠦᠨ ᠬᠦᠷᠭᠡᠬᠦ ᠬᠡᠷᠡᠭᠲᠡᠶ᠃
ᠲᠤᠰ ᠵᠦᠢ᠍ᠯ᠎ᠤᠨ ᠨᠢᠭᠡᠳᠦᠭᠡᠷ ᠪᠠᠳᠠᠭ᠎ᠲᠤ ᠲᠣᠭᠲᠠᠭ᠋ᠠᠭᠰᠠᠨ ᠬᠢᠨᠠᠨ ᠵᠥᠪᠰᠢᠶᠡᠷᠡᠬᠦ ᠬᠤᠭᠤᠴᠠᠭ᠎ᠠ᠎ᠳᠤ ᠭᠡᠷᠡᠴᠢᠯᠡᠭᠡ ᠰᠣᠨᠣᠰᠬᠤ ᠪᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠬᠤ᠎ᠳᠤ ᠬᠡᠷᠡᠭᠰᠡᠬᠦ ᠴᠠᠭ᠎ᠢ ᠪᠠᠭᠲᠠᠭ᠋ᠠᠬᠤ ᠦᠭᠡᠢ᠃
ᠬᠣᠷᠢᠳᠤᠭ᠋ᠠᠷ ᠵᠦᠢ᠍ᠯ ᠲᠤᠤᠷ᠎ᠠ ᠵᠢᠭᠰᠠᠭ᠋ᠠᠭᠰᠠᠨ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠬᠢᠨᠠᠨ ᠵᠥᠪᠰᠢᠶᠡᠷᠡᠬᠦ ᠪᠠᠶ᠋ᠢᠭᠤᠯᠭ᠎ᠠ ᠵᠥᠪᠰᠢᠶᠡᠷᠡᠬᠦ ᠦᠭᠡᠢ ᠪᠥᠭᠡᠳ ᠦᠯᠦ ᠵᠥᠪᠰᠢᠶᠡᠷᠡᠬᠦ ᠲᠣᠭᠲᠠᠭ᠋ᠠᠯ ᠭᠠᠷᠭ᠋ᠠᠬᠤ᠎ᠳᠠᠭᠠᠨ ᠦᠯᠦ ᠵᠥᠪᠰᠢᠶᠡᠷᠡᠬᠦ ᠤᠴᠢᠷ ᠰᠢᠯᠲᠠᠭ᠋ᠠᠨ ᠪᠠ ᠦᠨᠳᠦᠰᠦ ᠪᠠᠷᠢᠮᠲᠠ ᠵᠢ ᠭᠤᠶᠤᠴᠢᠯᠠᠭᠴᠢ᠎ᠳᠤ ᠪᠢᠴᠢᠭ ᠵᠶ᠋ᠠᠷ ᠮᠡᠳᠡᠭᠳᠡᠨ᠎ᠡ᠄
(ᠨᠢᠭᠡ) ᠭᠠᠵᠠᠷ ᠳᠣᠣᠷᠠᠬᠢ ᠤᠰᠤ ᠵᠢ ᠲᠠᠲᠠᠬᠤ ᠵᠢ ᠴᠠᠭ᠋ᠠᠵᠠᠯᠠᠬᠤ ᠣᠷᠣᠨ᠎ᠳᠤ ᠭᠠᠵᠠᠷ ᠳᠣᠣᠷᠠᠬᠢ ᠤᠰᠤ ᠵᠢ ᠲᠠᠲᠠᠵᠤ ᠬᠡᠷᠡᠭᠯᠡᠭᠰᠡᠨ;
(ᠬᠣᠶᠠᠷ) ᠤᠰᠤ ᠲᠠᠲᠠᠬᠤ ᠵᠥᠪᠰᠢᠶᠡᠷᠡᠯ᠎ᠤᠨ ᠶᠡᠷᠦᠩᠬᠡᠶ ᠬᠡᠮᠵᠢᠶ᠎ᠡ᠎ᠨᠢ ᠨᠢᠭᠡᠨᠲᠡ ᠤᠰᠤ ᠲᠠᠲᠠᠬᠤ ᠵᠥᠪᠰᠢᠶᠡᠷᠡᠯ᠎ᠤᠨ ᠬᠢᠵᠠᠭ᠋ᠠᠷᠯᠠᠬᠤ ᠶᠡᠷᠦᠩᠬᠡᠶ ᠬᠡᠮᠵᠢᠶ᠎ᠡ᠎ᠳᠤ ᠬᠦᠷᠦᠭᠰᠡᠨ ᠭᠠᠵᠠᠷ ᠣᠷᠣᠨ᠎ᠳᠤ ᠤᠰᠤ ᠲᠠᠲᠠᠬᠤ ᠬᠡᠮᠵᠢᠶ᠎ᠡ ᠵᠢ ᠨᠡᠮᠡᠭᠳᠡᠭᠦᠯᠦᠭᠰᠡᠨ;
(ᠭᠤᠷᠪᠠ) ᠤᠰᠤᠨ᠎ᠤ ᠴᠢᠳᠠᠮᠵᠢᠳᠣ ᠣᠷᠣᠨ᠎ᠤ ᠤᠰᠤᠨ ᠣᠷᠣᠨ᠎ᠤ ᠬᠡᠷᠡᠭᠯᠡᠭᠡᠨ᠎ᠤ ᠴᠢᠳᠠᠮᠵᠢᠳᠤ ᠬᠦᠨᠳᠦ ᠶᠡᠬᠡ ᠬᠣᠬᠢᠷᠠᠯ ᠤᠴᠠᠷᠠᠭᠤᠯᠵᠤ ᠮᠡᠳᠡᠬᠦ;
(ᠲᠥᠷᠪᠡ) ᠤᠰᠤ ᠲᠠᠲᠠᠬᠤ᠂ ᠤᠰᠤ ᠲᠠᠲᠠᠬᠤ ᠪᠠᠶ᠋ᠢᠷᠢᠰᠢᠭᠤᠯᠤᠯ᠎ᠨᠢ ᠵᠦᠢ ᠵᠤᠬᠢᠰ ᠥᠭᠡᠢ ᠪᠠᠶ᠋ᠢᠬᠤ ;
(ᠲᠠᠪᠤ) ᠬᠤᠳᠠ ᠵᠢᠨ ᠤᠯᠠᠨ ᠨᠡᠶ᠋ᠢᠲᠡ ᠵᠢᠨ ᠤᠰᠤ ᠬᠠᠩᠭ᠋ᠠᠬᠤ ᠬᠣᠭᠣᠯᠠᠶ ᠵᠢᠨ ᠲᠣᠣᠷ᠎ᠨᠢ ᠤᠰᠤ ᠬᠡᠷᠡᠭᠯᠡᠬᠦ ᠬᠡᠷᠡᠭᠴᠡᠭᠡ ᠵᠢ ᠬᠠᠩᠭ᠋ᠠᠵᠤ ᠳᠡᠶ᠋ᠢᠯᠬᠦ ᠦᠶ᠎ᠡ᠎ᠳᠤ᠂ ᠪᠥᠳᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠥᠪᠡᠷᠲᠡᠭᠡᠨ ᠪᠡᠯᠡᠳᠬᠡᠭᠰᠡᠨ ᠤᠰᠤ ᠲᠠᠲᠠᠬᠤ ᠪᠡᠯᠡᠳᠬᠡᠮᠵᠢ᠎ᠪᠠᠷ ᠭᠠᠵᠠᠷ ᠳᠣᠣᠷᠠᠬᠢ ᠤᠰᠤ ᠵᠢ ᠲᠠᠲᠠᠵᠤ ᠬᠡᠷᠡᠭᠯᠡᠭᠰᠡᠨ;
(ᠵᠢᠷᠭᠤᠭ᠎ᠠ) ᠭᠤᠷᠪᠠᠳᠠᠬᠢ ᠡᠲᠡᠭᠡᠳ ᠪᠤᠶᠤ ᠨᠡᠶ᠋ᠢᠭᠡᠮ ᠨᠡᠶ᠋ᠢᠲᠡ ᠵᠢᠨ ᠠᠰᠢᠭ ᠲᠤᠰᠠ᠎ᠳᠤ ᠬᠦᠨᠳᠦ ᠶᠡᠬᠡ ᠬᠣᠬᠢᠷᠠᠯ ᠤᠴᠠᠷᠠᠭᠤᠯᠵᠤ ᠮᠡᠳᠡᠬᠦ;
(ᠲᠤᠯᠦᠭ᠎ᠠ) ᠳᠠᠩᠰᠠᠯᠠᠭᠤᠯᠬᠤ ᠵᠦᠢ᠍ᠯ᠎ᠳᠤ ᠲᠣᠭ᠋ᠠᠴᠠᠭᠳᠠᠬᠤ ᠪᠣᠯᠪᠠᠴᠤ ᠮᠡᠳᠡᠭᠦᠯᠵᠦ ᠳᠠᠩᠰᠠᠯᠠᠭᠤᠯᠤᠭᠰᠠᠨ ᠤᠢ᠍ᠭᠡᠢ;
(ᠨᠠᠢ᠍ᠮᠠ) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠪᠠᠶ᠋ᠢᠳᠠᠯ᠎ᠤᠳ᠃
ᠬᠢᠨᠠᠨ ᠵᠥᠪᠰᠢᠶᠡᠷᠡᠭᠰᠡᠨ ᠤᠰᠤ ᠲᠠᠲᠠᠬᠤ ᠬᠡᠮᠵᠢᠶ᠎ᠡ ᠵᠢ ᠤᠰᠤ ᠲᠠᠲᠠᠬᠤ ᠪᠠᠷᠢᠯᠭ᠎ᠠ ᠪᠤᠶᠤ ᠲᠥᠬᠥᠭᠡᠷᠦᠮᠵᠢ ᠵᠢᠨ ᠵᠢᠷᠤᠵᠤ ᠲᠥᠯᠥᠪᠯᠡᠭᠰᠡᠨ ᠤᠰᠤ ᠲᠠᠲᠠᠬᠤ ᠬᠡᠮᠵᠢᠶ᠎ᠡ᠎ᠠᠴᠠ ᠬᠡᠲᠦᠷᠡᠭᠦᠯᠵᠦ ᠪᠣᠯᠬᠤ ᠦᠭᠡᠢ᠃
ᠬᠣᠷᠢᠨ ᠨᠢᠭᠡᠳᠦᠭᠡᠷ ᠵᠦᠢ᠍ᠯ ᠤᠰᠤ ᠲᠠᠲᠠᠬᠤ ᠭᠤᠶᠤᠴᠢᠯᠠᠯ᠎ᠢ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠪᠠᠷ ᠵᠥᠪᠰᠢᠶᠡᠷᠡᠭᠦᠯᠪᠡᠯ᠂ ᠭᠤᠶᠤᠴᠢᠯᠠᠭᠴᠢ᠎ᠨᠢ ᠰᠠᠶᠢ ᠤᠰᠤ ᠲᠠᠲᠠᠬᠤ ᠪᠠᠷᠢᠯᠭ᠎ᠠ ᠪᠤᠶᠤ ᠲᠥᠬᠥᠭᠡᠷᠦᠮᠵᠢ ᠵᠢ ᠪᠠᠶ᠋ᠢᠭᠤᠯᠵᠤ ᠪᠣᠯᠤᠨ᠎ᠠ᠃
ᠬᠣᠷᠢᠨ ᠬᠣᠶᠠᠳᠤᠭ᠋ᠠᠷ ᠵᠦᠢ᠍ᠯ ᠤᠰᠤ ᠲᠠᠲᠠᠬᠤ ᠭᠤᠶᠤᠴᠢᠯᠠᠯ᠎ᠢ ᠵᠥᠪᠰᠢᠶᠡᠷᠡᠭᠦᠯᠦᠭᠰᠡᠨ᠎ᠤ ᠳᠠᠷᠠᠭ᠎ᠠ 3 ᠵᠢᠯ᠎ᠤᠨ ᠳᠣᠲᠣᠷ᠎ᠠ᠂ ᠤᠰᠤ ᠲᠠᠲᠠᠬᠤ ᠪᠠᠷᠢᠯᠭ᠎ᠠ ᠪᠤᠶᠤ ᠪᠡᠯᠡᠳᠬᠡᠮᠵᠢ ᠵᠢ ᠠᠵᠢᠯ ᠡᠬᠢᠯᠡᠭᠦᠯᠦᠨ ᠪᠦᠳᠦᠭᠡᠨ ᠪᠠᠶ᠋ᠢᠭᠤᠯᠤᠭᠰᠠᠨ ᠦᠭᠡᠢ᠂ ᠡᠰᠡᠬᠦᠯ᠎ᠡ ᠤᠯᠤᠰ ᠵᠶ᠋ᠡᠷ ᠬᠢᠨᠠᠨ ᠵᠥᠪᠰᠢᠶᠡᠷᠡᠭᠦᠯᠬᠦ᠂ ᠬᠢᠨᠠᠨ ᠵᠥᠪᠰᠢᠶᠡᠷᠡᠭᠦᠯᠬᠦ ᠴᠢᠬᠤᠯᠠᠲᠠᠢ ᠪᠦᠳᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠨᠢ ᠤᠯᠤᠰ᠎ᠤᠨ ᠬᠢᠨᠠᠨ ᠵᠥᠪᠰᠢᠶᠡᠷᠡᠯ᠂ ᠬᠢᠨᠠᠨ ᠬᠠᠷᠭᠤᠭᠤᠯᠤᠯᠳᠠ ᠵᠢ ᠣᠯᠤᠭᠰᠠᠨ ᠦᠭᠡᠢ ᠪᠣᠯ ᠤᠰᠤ ᠲᠠᠲᠠᠬᠤ ᠭᠤᠶᠤᠴᠢᠯᠠᠯ᠎ᠢ ᠵᠥᠪᠰᠢᠶᠡᠷᠡᠭᠦᠯᠦᠭᠰᠡᠨ ᠪᠢᠴᠢᠭ ᠮᠠᠲᠸᠷᠢᠶᠠᠯ᠎ᠨᠢ ᠠᠶᠠᠨᠳᠠᠭ᠋ᠠᠨ ᠬᠦᠴᠦᠨ ᠦᠭᠡᠢ ᠪᠣᠯᠤᠨ᠎ᠠ᠃
ᠪᠦᠳᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯᠡᠰ᠎ᠤᠨ ᠳᠣᠲᠣᠷᠠᠬᠢ ᠤᠰᠤ ᠲᠠᠲᠠᠬᠤ ᠵᠦᠢ᠍ᠯᠡᠰ᠎ᠲᠤ ᠨᠡᠯᠢᠶᠡᠳ ᠶᠡᠬᠡ ᠬᠤᠪᠢᠷᠠᠯᠲᠠ ᠭᠠᠷᠤᠭᠰᠠᠨ ᠪᠠᠶ᠋ᠢᠪᠠᠯ᠂ ᠪᠦᠳᠦᠭᠡᠨ ᠪᠠᠶ᠋ᠢᠭᠤᠯᠬᠤ ᠨᠢᠭᠡᠴᠢ᠎ᠨᠢ ᠪᠦᠳᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯᠡᠰ᠎ᠤᠨ ᠤᠰᠤᠨ᠎ᠤ ᠡᠬᠢ ᠪᠠᠶᠠᠯᠢᠭ᠎ᠤᠨ ᠨᠤᠲᠠᠯᠠᠯᠲᠠ ᠵᠢ ᠲᠠᠬᠢᠵᠤ ᠬᠢᠬᠦ ᠵᠢᠨ ᠬᠠᠮᠲᠤ ᠤᠰᠤ ᠲᠠᠳᠠᠬᠤ᠎ᠪᠠᠷ ᠲᠠᠬᠢᠵᠤ ᠭᠤᠶᠤᠴᠢᠯᠠᠬᠤ ᠬᠡᠷᠡᠭᠲᠡᠶ᠃
ᠬᠣᠷᠢᠨ ᠭᠤᠷᠪᠠᠳᠤᠭ᠋ᠠᠷ ᠵᠦᠢ᠍ᠯ ᠤᠰᠤ ᠲᠠᠲᠠᠬᠤ ᠪᠠᠷᠢᠯᠭ᠎ᠠ ᠪᠤᠶᠤ ᠲᠥᠬᠥᠭᠡᠷᠦᠮᠵᠢ ᠵᠢ ᠪᠠᠷᠢᠵᠤ ᠳᠠᠭᠤᠰᠬᠠᠭᠰᠠᠨ᠎ᠤ ᠲᠠᠷᠠᠭ᠎ᠠ᠂ ᠭᠤᠶᠤᠴᠢᠯᠠᠭᠴᠢ᠎ᠨᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠯ ᠶᠣᠰᠣᠭ᠋ᠠᠷ᠂ ᠤᠰᠤ ᠲᠠᠲᠠᠬᠤ ᠵᠢ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠳᠤ ᠤᠰᠤ ᠲᠠᠲᠠᠬᠤ ᠪᠠᠷᠢᠯᠭ᠎ᠠ ᠪᠤᠶᠤ ᠲᠥᠬᠥᠭᠡᠷᠦᠮᠵᠢ ᠵᠢ ᠲᠤᠷᠰᠢᠨ ᠠᠵᠢᠯᠯᠠᠭᠤᠯᠤᠭᠰᠠᠨ ᠪᠠᠶ᠋ᠢᠳᠠᠯ ᠵᠡᠷᠭᠡ ᠬᠣᠯᠪᠣᠭᠳᠠᠯ ᠪᠦᠬᠦᠢ ᠮᠠᠲ᠋ᠧᠷᠢᠶᠠᠯ ᠵᠶ᠋ᠠᠨ ᠮᠡᠳᠡᠭᠦᠯᠦᠨ ᠬᠦᠷᠭᠡᠬᠦ ᠬᠡᠷᠡᠭᠲᠡᠶ; ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠪᠠᠶ᠋ᠢᠪᠠᠯ᠂ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠠᠴᠠ ᠤᠰᠤ ᠠᠪᠬᠤ ᠵᠥᠪᠰᠢᠶᠡᠷᠡᠯ᠎ᠤᠨ ᠦᠨᠡᠮᠯᠡᠯ᠎ᠢ ᠬᠢᠨᠠᠨ ᠣᠯᠭᠣᠨ᠎ᠠ᠃
ᠨᠢᠭᠡᠨᠲᠡ ᠪᠠᠶ᠋ᠢᠭ᠎ᠠ ᠤᠰᠤ ᠲᠠᠲᠠᠬᠤ ᠪᠠᠷᠢᠯᠭ᠎ᠠ ᠪᠤᠶᠤ ᠲᠥᠬᠥᠭᠡᠷᠦᠮᠵᠢ ᠵᠢ ᠰᠢᠭᠤᠳ ᠠᠰᠢᠭᠯᠠᠨ ᠤᠰᠤ ᠲᠠᠲᠠᠬᠤ᠎ᠳᠤ ᠬᠦᠷᠪᠡᠯ᠂ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠪᠠᠷ ᠬᠢᠨᠠᠨ ᠪᠠᠶ᠋ᠢᠴᠠᠭ᠋ᠠᠯᠭ᠋ᠠᠭ᠋ᠠᠳ ᠬᠢᠷᠢ ᠲᠡᠩᠴᠡᠪᠡᠯ᠂ ᠤᠰᠤ ᠲᠠᠲᠠᠬᠤ ᠵᠥᠪᠰᠢᠶᠡᠷᠡᠯ᠎ᠤᠨ ᠦᠨᠡᠮᠯᠡᠯ ᠣᠯᠭᠣᠨ᠎ᠠ᠃
ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠠᠴᠠ ᠤᠰᠤ ᠲᠠᠲᠠᠬᠤ ᠵᠥᠪᠰᠢᠶᠡᠷᠡᠯ᠎ᠤᠨ ᠦᠨᠡᠮᠯᠡᠯ᠎ᠢ ᠣᠯᠭᠣᠭᠰᠠᠨ ᠪᠠᠶ᠋ᠢᠳᠠᠯ ᠵᠶ᠋ᠠᠨ ᠤᠰᠤ ᠲᠠᠲᠠᠬᠤ ᠠᠮᠠ ᠵᠢᠨ ᠪᠠᠶ᠋ᠢᠭ᠎ᠠ ᠭᠠᠵᠠᠷ᠎ᠤᠨ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠴᠠᠭ ᠲᠤᠬᠠᠶ᠎ᠳᠤᠨᠢ ᠮᠡᠳᠡᠭᠳᠡᠬᠦ ᠬᠡᠷᠡᠭᠲᠡᠶ ᠪᠥᠭᠡᠳ ᠤᠰᠤ ᠲᠠᠲᠠᠬᠤ ᠵᠥᠪᠰᠢᠶᠡᠷᠡᠯ᠎ᠤᠨ ᠦᠨᠡᠮᠯᠡᠯ᠎ᠢ ᠣᠯᠭᠣᠭᠰᠠᠨ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠠᠷᠯᠠᠨ ᠨᠡᠶ᠋ᠢᠲᠡᠯᠡᠬᠦ ᠬᠡᠷᠡᠭᠲᠡᠶ᠃
ᠬᠣᠷᠢᠨ ᠳᠥᠷᠪᠡᠳᠦᠭᠡᠷ ᠵᠦᠢ᠍ᠯ ᠤᠰᠤ ᠲᠠᠲᠠᠬᠤ ᠵᠥᠪᠰᠢᠶᠡᠷᠡᠯ᠎ᠤᠨ ᠦᠨᠡᠮᠯᠡᠯ᠎ᠳᠤ ᠳᠣᠣᠷ᠎ᠠ ᠵᠢᠭᠰᠠᠭ᠋ᠠᠭᠰᠠᠨ ᠠᠭᠤᠯᠭ᠎ᠠ ᠵᠢ ᠪᠠᠭᠲᠠᠭ᠋ᠠᠭᠰᠠᠨ ᠪᠠᠶ᠋ᠢᠬᠤ ᠬᠡᠷᠡᠭᠲᠡᠶ᠄
(ᠨᠢᠭᠡ) ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ᠎ᠤ ᠨᠡᠷᠡᠶ᠋ᠢᠳᠦᠯ (ᠤᠪᠤᠭ ᠨᠡᠷ᠎ᠡ);
(ᠬᠣᠶᠠᠷ) ᠤᠰᠤ ᠠᠪᠬᠤ ᠬᠤᠭᠤᠴᠠᠭ᠎ᠠ;
(ᠭᠤᠷᠪᠠ) ᠤᠰᠤ ᠠᠪᠬᠤ ᠬᠡᠮᠵᠢᠶ᠎ᠡ ᠪᠠ ᠤᠰᠤ ᠠᠪᠬᠤ ᠬᠡᠷᠡᠭᠴᠡᠭᠡ;
(ᠲᠤᠢ᠍ᠷᠪᠡ) ᠤᠰᠦᠠ᠎ᠤ ᠰᠤᠷᠪᠤᠯᠵᠢ ᠵᠢᠨ ᠲᠤᠢ᠍ᠷᠦᠯ ᠵᠦᠢ᠍ᠯ;
(ᠲᠠᠪᠤ) ᠤᠰᠤ ᠲᠠᠲᠠᠬᠤ᠂ ᠤᠰᠤ ᠪᠤᠴᠠᠭ᠋ᠠᠬᠤ ᠭᠠᠵᠠᠷ ᠬᠢᠭᠡᠳ ᠤᠰᠤ ᠲᠠᠲᠠᠬᠤ ᠠᠷᠭ᠎ᠠ ᠮᠠᠶᠢᠭ᠂ ᠤᠰᠤ ᠪᠤᠴᠠᠭ᠋ᠠᠬᠤ ᠬᠡᠮᠵᠢᠶ᠎ᠡ᠃
ᠡᠮᠦᠨᠡᠬᠢ ᠪᠠᠳᠠᠭ᠎ᠤᠨ (ᠭᠤᠷᠪᠠ) ᠳ᠋ᠤᠭ᠋ᠠᠷ ᠵᠤᠷᠪᠤᠰ᠎ᠲᠤ ᠲᠣᠭᠲᠠᠭ᠋ᠠᠭᠰᠠᠨ ᠤᠰᠤ ᠲᠠᠲᠠᠬᠤ ᠬᠡᠮᠵᠢᠶ᠎ᠡ ᠪᠣᠯ ᠭᠣᠣᠯ ᠮᠥᠷᠡᠨ᠂ ᠨᠠᠭᠤᠷ ᠴᠦᠬᠦᠷᠦᠮ᠂ ᠭᠠᠵᠠᠷ ᠳᠣᠣᠷᠠᠬᠢ ᠤᠰᠤᠨ᠎ᠤ ᠤᠯᠡᠠ ᠵᠢᠯ᠎ᠤᠨ ᠳᠤᠮᠳᠠᠴᠢ ᠤᠰᠦᠠ᠎ᠤ ᠬᠡᠮᠵᠢᠶ᠎ᠡ ᠵᠢᠨ ᠪᠠᠶ᠋ᠢᠳᠠᠯ ᠳᠣᠣᠷ᠎ᠠ ᠵᠥᠪᠰᠢᠶᠡᠷᠡᠳᠡᠭ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ᠎ᠤ ᠬᠠᠮᠤᠭ᠎ᠤᠨ ᠶᠡᠬᠡ ᠤᠰᠤ ᠲᠠᠲᠠᠬᠤ ᠬᠡᠮᠵᠢᠶ᠎ᠡ ᠪᠣᠯᠤᠨ᠎ᠠ᠃
ᠤᠰᠤ ᠲᠠᠲᠠᠬᠤ ᠵᠥᠪᠰᠢᠶᠡᠷᠡᠯ᠎ᠤᠨ ᠦᠨᠡᠮᠯᠡᠯ᠎ᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠨᠢᠭᠡᠳᠦᠯᠲᠡᠶ ᠵᠣᠬᠢᠶᠠᠨ᠎ᠠ᠂ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠠᠴᠠ ᠤᠰᠤ ᠲᠠᠲᠠᠬᠤ ᠵᠥᠪᠰᠢᠶᠡᠷᠡᠯ᠎ᠤᠨ ᠦᠨᠡᠮᠯᠡᠯ᠎ᠢ ᠬᠢᠨᠠᠨ ᠣᠯᠭᠣᠬᠤ᠎ᠳᠤ ᠵᠥᠪᠬᠡᠨ ᠬᠥᠯᠥᠰᠥ ᠦᠷᠲᠡᠭ᠎ᠤᠨ ᠵᠠᠷᠤᠳᠠᠯ ᠬᠤᠷᠢᠶᠠᠨ᠎ᠠ᠃
ᠬᠣᠷᠢᠨ ᠲᠠᠪᠤᠳᠤᠭ᠋ᠠᠷ ᠵᠦᠢ᠍ᠯ ᠤᠰᠤ ᠲᠠᠲᠠᠬᠤ ᠵᠥᠪᠰᠢᠶᠡᠷᠡᠯ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ ᠶᠡᠷᠦ᠎ᠳᠡᠭᠡᠨ 5 ᠵᠢᠯ᠂ ᠬᠠᠮᠤᠭ ᠤᠷᠲᠤ᠎ᠳᠠᠭᠠᠨ 10 ᠵᠢᠯ᠎ᠠᠴᠠ ᠬᠡᠲᠦᠷᠡᠵᠦ ᠪᠣᠯᠬᠤ ᠦᠭᠡᠢ᠃ ᠬᠦᠴᠦᠨ᠎ᠲᠠᠢ ᠬᠤᠭᠤᠴᠠᠭ᠎ᠠ᠎ᠨᠢ ᠲᠠᠭᠤᠰᠤᠭ᠋ᠠᠳ ᠤᠷᠳᠤᠳᠬᠠᠬᠤ ᠴᠢᠬᠤᠯᠠᠲᠠᠶ ᠪᠠᠶ᠋ᠢᠪᠠᠯ᠂ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ ᠬᠦᠴᠦᠨ᠎ᠲᠠᠢ ᠬᠤᠭᠤᠴᠠᠭ᠎ᠠ ᠲᠠᠭᠤᠰᠬᠤ᠎ᠠᠴᠠ 45 ᠡᠳᠦᠷ᠎ᠤᠨ ᠡᠮᠦᠨ᠎ᠡ ᠤᠤᠯ᠎ᠤᠨ ᠬᠢᠨᠠᠨ ᠵᠥᠪᠰᠢᠶᠡᠷᠡᠭᠰᠡᠨ ᠪᠠᠶ᠋ᠢᠭᠤᠯᠭ᠎ᠠ᠎ᠳᠤ ᠭᠤᠶᠤᠴᠢᠯᠠᠯ ᠭᠠᠷᠭ᠋ᠠᠵᠤ᠂ ᠤᠤᠯ᠎ᠤᠨ ᠬᠢᠨᠠᠨ ᠵᠥᠪᠰᠢᠶᠡᠷᠡᠭᠰᠡᠨ ᠪᠠᠶ᠋ᠢᠭᠤᠯᠭ᠎ᠠ᠎ᠨᠢ ᠬᠦᠴᠦᠨ᠎ᠲᠠᠢ ᠬᠤᠭᠤᠴᠠᠭ᠎ᠠ ᠲᠠᠭᠤᠰᠬᠤ᠎ᠠᠴᠠ ᠡᠮᠦᠨ᠎ᠡ ᠤᠷᠳᠤᠳᠬᠠᠬᠤ ᠡᠰᠡᠬᠦ ᠲᠤᠬᠠᠶ ᠲᠣᠭᠲᠠᠭ᠋ᠠᠯ ᠭᠠᠷᠭ᠋ᠠᠬᠤ ᠬᠡᠷᠡᠭᠲᠡᠶ᠃
ᠬᠣᠷᠢᠨ ᠵᠢᠷᠭᠤᠳᠤᠭ᠋ᠠᠷ ᠵᠦᠢ᠍ᠯ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ ᠤᠰᠤ ᠲᠠᠲᠠᠬᠤ ᠵᠥᠪᠰᠢᠶᠡᠷᠡᠯ᠎ᠤᠨ ᠦᠨᠡᠮᠯᠡᠯ᠎ᠳᠤ ᠲᠣᠳᠣᠷᠬᠠᠶ ᠲᠡᠮᠳᠡᠭᠯᠡᠭᠰᠡᠨ ᠵᠦᠢ᠍ᠯᠡᠰ᠎ᠢ ᠬᠤᠪᠢᠷᠠᠭᠤᠯᠬᠤ᠎ᠪᠠᠷ ᠱᠠᠭ᠋ᠠᠷᠳᠠᠪᠠᠯ᠂ ᠲᠤᠰ ᠲᠦᠷᠢᠮ᠎ᠤᠨ ᠲᠣᠭᠲᠠᠭ᠋ᠠᠯ ᠶᠣᠰᠣᠭ᠋ᠠᠷ ᠤᠤᠯ᠎ᠤᠨ ᠬᠢᠨᠠᠨ ᠵᠥᠪᠰᠢᠶᠡᠷᠡᠭᠰᠡᠨ ᠪᠠᠶ᠋ᠢᠭᠤᠯᠭ᠎ᠠ᠎ᠳᠤ ᠭᠤᠶᠤᠴᠢᠯᠠᠯ ᠭᠠᠷᠭ᠋ᠠᠵᠤ᠂ ᠤᠤᠯ᠎ᠤᠨ ᠬᠢᠨᠠᠨ ᠵᠥᠪᠰᠢᠶᠡᠷᠡᠭᠰᠡᠨ ᠪᠠᠶ᠋ᠢᠭᠤᠯᠭ᠎ᠠ᠎ᠪᠠᠷ ᠵᠥᠪᠰᠢᠶᠡᠷᠡᠭᠦᠯᠦᠭᠡᠳ ᠬᠣᠯᠪᠣᠭᠳᠠᠯ ᠪᠦᠬᠦᠢ ᠬᠤᠪᠢᠷᠠᠭᠤᠯᠬᠤ ᠭᠠᠷ ᠭᠦᠢ᠍ᠴᠡᠳᠬᠡᠯ ᠬᠢᠬᠦ ᠬᠡᠷᠡᠭᠲᠡᠶ᠃
ᠬᠣᠷᠢᠨ ᠳᠣᠯᠣᠳᠤᠭ᠋ᠠᠷ ᠵᠦᠢ᠍ᠯ ᠤᠰᠤ ᠲᠠᠲᠠᠬᠤ ᠡᠷᠬᠡ ᠵᠢ ᠬᠠᠤᠯᠢ ᠶᠣᠰᠣᠭ᠋ᠠᠷ ᠣᠯᠤᠭᠰᠠᠨ ᠨᠢᠭᠡᠴᠢ ᠪᠤᠶᠤ ᠬᠤᠪᠢ ᠬᠥᠮᠦᠨ ᠦᠢ᠍ᠯᠡᠳᠬᠦᠨ ᠪᠣᠯᠤᠨ ᠠᠵᠤ ᠦᠢ᠍ᠯᠡᠰ᠎ᠤᠨ ᠪᠦᠲᠦᠴᠡ ᠵᠢ ᠲᠣᠬᠢᠷᠠᠭᠤᠯᠬᠤ᠂ ᠤᠷ᠎ᠠ ᠮᠡᠷᠭᠡᠰᠢᠯ᠎ᠢ ᠥᠭᠡᠷᠡᠴᠢᠯᠡᠬᠦ᠂ ᠤᠰᠤ ᠠᠷᠪᠢᠯᠠᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ ᠤᠰᠤᠨ᠎ᠤ ᠡᠬᠢ ᠪᠠᠶᠠᠯᠢᠭ᠎ᠢ ᠠᠷᠪᠢᠯᠠᠭᠰᠠᠨ ᠪᠣᠯ ᠤᠰᠤ ᠲᠠᠲᠠᠬᠤ ᠵᠥᠪᠰᠢᠶᠡᠷᠡᠯ᠎ᠤᠨ ᠬᠦᠴᠦᠨ᠎ᠲᠠᠢ ᠬᠤᠭᠤᠴᠠᠭ᠎ᠠ ᠪᠣᠯᠤᠨ ᠤᠰᠤ ᠲᠠᠲᠠᠬᠤ ᠬᠢᠵᠠᠭ᠋ᠠᠷ ᠲᠣᠭ᠎ᠠ ᠵᠢᠨ ᠳᠣᠲᠣᠷ᠎ᠠ᠂ ᠤᠤᠯ᠎ᠤᠨ ᠬᠢᠨᠠᠨ ᠵᠥᠪᠰᠢᠶᠡᠷᠡᠭᠰᠡᠨ ᠪᠠᠶ᠋ᠢᠭᠤᠯᠭ᠎ᠠ᠎ᠪᠠᠷ ᠵᠥᠪᠰᠢᠶᠡᠷᠡᠭᠦᠯᠦᠭᠡᠳ᠂ ᠠᠷᠪᠢᠯᠠᠭᠰᠠᠨ ᠤᠰᠤᠨ᠎ᠤ ᠡᠬᠢ ᠪᠠᠶᠠᠯᠢᠭ᠎ᠢ᠎ᠨᠢ ᠬᠠᠤᠯᠢ ᠶᠣᠰᠣᠭ᠋ᠠᠷ ᠲᠥᠯᠥᠪᠦᠷᠢ᠎ᠲᠠᠢ᠎ᠪᠠᠷ ᠰᠢᠯᠵᠢᠭᠦᠯᠦᠨ ᠥᠭᠴᠦ ᠪᠣᠯᠬᠤ ᠵᠢᠨ ᠬᠠᠮᠲᠤ ᠤᠤᠯ᠎ᠤᠨ ᠬᠢᠨᠠᠨ ᠵᠥᠪᠰᠢᠶᠡᠷᠡᠭᠰᠡᠨ ᠪᠠᠶ᠋ᠢᠭᠤᠯᠭ᠎ᠠ ᠳᠤ ᠬᠦᠷᠴᠦ ᠤᠰᠤ ᠲᠠᠲᠠᠬᠤ ᠡᠷᠬᠡ᠎ᠪᠠᠨ ᠬᠤᠪᠢᠷᠠᠭᠤᠯᠬᠤ ᠭᠠᠷᠳᠠᠮ᠎ᠢ ᠭᠦᠢ᠍ᠴᠡᠳᠬᠡᠬᠦ ᠬᠡᠷᠡᠭᠲᠡᠶ᠃ ᠪᠣᠳᠠᠲᠠᠶ ᠠᠷᠭ᠎ᠠ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠲᠤᠭᠳᠠᠭ᠋ᠠᠨ᠎ᠠ᠃
ᠳᠥᠷᠪᠡᠳᠦᠭᠡᠷ ᠪᠦᠯᠦᠭ ᠤᠰᠤᠨ᠎ᠤ ᠡᠬᠢ ᠪᠠᠶᠠᠯᠢᠭ᠎ᠤᠨ ᠵᠠᠷᠤᠳᠠᠯ᠎ᠢ ᠲᠠᠲᠠᠪᠤᠷᠢᠯᠠᠬᠤ ᠪᠠ ᠬᠡᠷᠡᠭᠯᠡᠬᠦ ᠵᠢ ᠬᠠᠮᠢᠶᠠᠷᠬᠤ
ᠬᠣᠷᠢᠨ ᠨᠠᠢ᠍ᠮᠠᠳᠤᠭ᠋ᠠᠷ ᠵᠦᠢ᠍ᠯ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ ᠲᠤᠰᠢᠶᠠᠬᠤ ᠬᠡᠷᠡᠭᠲᠡᠶ᠃
ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ ᠵᠥᠪᠰᠢᠶᠡᠷᠡᠭᠦᠯᠦᠭᠰᠡᠨ ᠣᠨ᠎ᠤ ᠤᠰᠤ ᠲᠠᠲᠠᠬᠤ ᠲᠥᠯᠥᠪᠯᠡᠭᠡ ᠵᠢᠨ ᠶᠣᠰᠣᠭ᠋ᠠᠷ ᠤᠰᠤ ᠲᠠᠲᠠᠬᠤ ᠬᠡᠷᠡᠭᠲᠡᠶ᠃ ᠲᠥᠯᠥᠪᠯᠡᠭᠡ᠎ᠠᠴᠠ ᠳᠠᠪᠠᠭᠤᠯᠤᠭᠰᠠᠨ ᠪᠤᠶᠤ ᠲᠣᠭᠲᠠᠭᠰᠠᠨ ᠨᠤᠷᠮ᠎ᠠ᠎ᠠᠴᠠ ᠳᠠᠪᠠᠭᠤᠯᠤᠨ ᠤᠰᠤ ᠲᠠᠲᠠᠭᠰᠠᠨ ᠪᠠᠶ᠋ᠢᠪᠠᠯ᠂ ᠲᠥᠯᠥᠪᠯᠡᠭᠡ᠎ᠠᠴᠠ ᠳᠠᠪᠠᠭᠤᠯᠤᠭᠰᠠᠨ ᠪᠤᠶᠤ ᠲᠣᠭᠲᠠᠭᠰᠠᠨ ᠨᠤᠷᠮ᠎ᠠ᠎ᠠᠴᠠ ᠳᠠᠪᠠᠭᠤᠯᠤᠭᠰᠠᠨ ᠬᠡᠰᠡᠭ᠎ᠠᠴᠠ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠠᠬᠢᠭᠤᠯᠤᠨ ᠪᠤᠳᠤᠵᠤ ᠬᠤᠷᠢᠶᠠᠨ᠎ᠠ᠃
ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠲᠠᠲᠠᠪᠤᠷᠢᠯᠠᠬᠤ ᠪᠠᠷᠢᠮᠵᠢᠶ᠎ᠠ ᠵᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠦᠨ᠎ᠡ ᠬᠠᠩᠰᠢ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠳᠠᠯᠢ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠂ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠲᠣᠭᠲᠠᠭ᠋ᠠᠵᠤ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠬᠦ ᠵᠢᠨ ᠬᠠᠮᠲᠤ ᠲᠦᠷᠦ ᠵᠢᠨ ᠶᠠᠪᠤᠳᠠᠯ᠎ᠤᠨ ᠬᠣᠷᠢᠶᠠᠨ᠎ᠤ ᠦᠨ᠎ᠡ ᠬᠠᠩᠰᠢ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠪᠣᠯᠤᠨ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠬᠦᠯᠵᠦ ᠲᠠᠩᠰᠠᠯᠠᠭᠤᠯᠤᠨ᠎ᠠ; ᠡᠭᠦᠨ᠎ᠤ ᠳᠣᠲᠣᠷ᠎ᠠ᠂ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠤᠰᠤ ᠲᠠᠲᠠᠬᠤ ᠵᠢ ᠬᠢᠨᠠᠨ ᠵᠥᠪᠰᠢᠶᠡᠷᠡᠭᠰᠡᠨ ᠲᠥᠪ᠎ᠤᠨ ᠰᠢᠭᠤᠳ ᠬᠠᠷᠢᠶ᠎ᠠ ᠪᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠠᠯᠤᠰᠯᠠᠭᠰᠠᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ ᠲᠠᠲᠠᠪᠤᠷᠢᠯᠠᠬᠤ ᠪᠠᠷᠢᠮᠵᠢᠶ᠎ᠠ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠦᠨ᠎ᠡ ᠬᠠᠩᠰᠢ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠂ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠲᠣᠭᠲᠠᠭ᠋ᠠᠨ᠎ᠠ᠃
ᠬᠣᠷᠢ ᠶᠢᠰᠦᠳᠦᠭᠡᠷ ᠵᠦᠢ᠍ᠯ ᠤᠰᠤᠨ᠎ᠤ ᠡᠬᠢ ᠪᠠᠶᠠᠯᠢᠭ᠎ᠤᠨ ᠵᠠᠷᠤᠳᠠᠯ ᠲᠠᠲᠠᠪᠤᠷᠢᠯᠠᠬᠤ ᠪᠠᠷᠢᠮᠵᠢᠶ᠎ᠠ ᠵᠢ ᠲᠣᠭᠲᠠᠭ᠋ᠠᠬᠤ᠎ᠳᠤ᠂ ᠳᠣᠣᠷ᠎ᠠ ᠵᠢᠭᠰᠠᠭ᠋ᠠᠭᠰᠠᠨ ᠵᠠᠷᠴᠢᠮ᠎ᠢ ᠵᠢᠷᠤᠮᠯᠠᠬᠤ ᠬᠡᠷᠡᠭᠲᠡᠶ᠄
(ᠨᠢᠭᠡ) ᠤᠰᠤᠨ᠎ᠤ ᠡᠬᠢ ᠪᠠᠶᠠᠯᠢᠭ᠎ᠢ ᠵᠦᠢ ᠵᠣᠬᠢᠰᠲᠠᠶ᠎ᠪᠠᠷ ᠨᠡᠭᠡᠭᠡᠬᠦ᠂ ᠠᠰᠢᠭᠯᠠᠬᠤ᠂ ᠠᠷᠪᠢᠯᠠᠬᠤ ᠪᠠ ᠬᠠᠮᠠᠭ᠋ᠠᠯᠠᠬᠤ ᠵᠢ ᠠᠬᠢᠭᠤᠯᠤᠨ᠎ᠠ;
(ᠬᠣᠶᠠᠷ) ᠲᠤᠬᠠᠶ ᠵᠢᠨ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠨᠥᠬᠥᠴᠡᠯ ᠪᠣᠯᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠢᠷᠢ ᠬᠡᠮᠵᠢᠶ᠎ᠡ᠎ᠯᠦᠭᠡ ᠲᠣᠬᠢᠷᠠᠯᠴᠠᠭᠤᠯᠬᠤ ᠬᠡᠷᠡᠭᠲᠡᠢ;
(ᠭᠤᠷᠪᠠ) ᠭᠠᠵᠠᠷ ᠳᠡᠭᠡᠷᠡᠬᠢ ᠤᠰᠤ ᠪᠠ ᠭᠠᠵᠠᠷ ᠳᠣᠣᠷᠠᠬᠢ ᠤᠰᠤ ᠵᠢ ᠵᠦᠢ ᠵᠣᠬᠢᠰᠲᠠᠶ᠎ᠪᠠᠷ ᠨᠡᠭᠡᠭᠡᠨ ᠠᠰᠢᠭᠯᠠᠬᠤ ᠵᠢ ᠨᠢᠭᠡᠳᠦᠯᠲᠡᠶ ᠲᠥᠯᠥᠪᠯᠡᠵᠦ᠂ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠨᠡᠭᠡᠭᠡᠨ ᠠᠰᠢᠭᠯᠠᠬᠤ᠎ᠠᠴᠠ ᠰᠡᠷᠭᠡᠶ᠋ᠢᠯᠡᠨ᠎ᠡ;
(ᠲᠥᠷᠪᠡ) ᠠᠳᠠᠯᠢ ᠪᠤᠰᠤ ᠠᠵᠤ ᠦᠢ᠍ᠯᠡᠰ ᠪᠣᠯᠤᠨ ᠠᠵᠢᠯ ᠲᠥᠷᠥᠯ᠎ᠤᠨ ᠵᠥᠷᠢᠶ᠎ᠡ ᠵᠢ ᠭᠦᠢ᠍ᠴᠡᠳ ᠪᠣᠳᠣᠯᠬᠢᠯᠠᠬᠤ ᠬᠡᠷᠡᠭᠲᠡᠶ᠃
ᠭᠤᠴᠢᠳᠤᠭ᠋ᠠᠷ ᠵᠦᠢ᠍ᠯ ᠡᠯ᠎ᠡ ᠱᠠᠲᠤᠨ᠎ᠤ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠲᠠᠷᠢᠶᠠᠯᠠᠩ᠎ᠤᠨ ᠤᠰᠤ ᠬᠡᠷᠡᠭᠯᠡᠬᠦ ᠠᠰᠢᠭᠯᠠᠮᠵᠢ ᠵᠢ ᠳᠡᠭᠡᠭᠰᠢᠯᠡᠭᠦᠯᠵᠦ᠂ ᠤᠰᠤ ᠠᠷᠪᠢᠯᠠᠬᠤ ᠬᠡᠯᠪᠡᠷᠢ ᠵᠢᠨ ᠲᠠᠷᠢᠶᠠᠯᠠᠩ᠎ᠢ ᠬᠥᠭᠵᠢᠭᠦᠯᠬᠦ ᠬᠡᠷᠡᠭᠲᠡᠶ᠃
ᠲᠠᠷᠢᠶᠠᠯᠠᠩ᠎ᠤᠨ ᠦᠢ᠍ᠯᠡᠳᠪᠦᠷᠢᠯᠡᠯ᠎ᠳᠤ ᠲᠠᠲᠠᠬᠤ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ ᠲᠠᠲᠠᠪᠤᠷᠢᠯᠠᠬᠤ ᠪᠠᠷᠢᠮᠵᠢᠶ᠎ᠠ ᠵᠢ ᠲᠤᠬᠠᠶ ᠵᠢᠨ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠨᠥᠬᠥᠴᠡᠯ᠂ ᠬᠥᠳᠡᠭᠡ ᠲᠣᠰᠬᠣᠨ᠎ᠤ ᠠᠵᠤ ᠠᠬᠤᠶ ᠵᠢᠨ ᠬᠥᠭᠵᠢᠯᠲᠡ ᠵᠢᠨ ᠪᠠᠶ᠋ᠢᠳᠠᠯ ᠪᠠ ᠲᠠᠷᠢᠶᠠᠯᠠᠩ᠎ᠤᠨ ᠤᠰᠤ ᠵᠢ ᠠᠷᠪᠢᠯᠠᠵᠤ ᠬᠡᠷᠡᠭᠯᠡᠬᠦ ᠵᠢ ᠠᠬᠢᠭᠤᠯᠬᠤ ᠬᠡᠷᠡᠭᠴᠡᠭᠡ ᠵᠢ ᠦᠨᠳᠦᠰᠦᠯᠡᠨ ᠲᠤᠭᠳᠠᠭ᠋ᠠᠨ᠎ᠠ᠃ ᠲᠠᠷᠢᠶᠠᠯᠠᠩ᠎ᠤᠨ ᠦᠢ᠍ᠯᠡᠳᠪᠦᠷᠢᠯᠡᠯ᠎ᠳᠤ ᠲᠠᠲᠠᠬᠤ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠲᠠᠲᠠᠪᠤᠷᠢᠯᠠᠬᠤ ᠪᠠᠷᠢᠮᠵᠢᠶ᠎ᠠ᠎ᠨᠢ ᠪᠤᠰᠤᠳ ᠤᠰᠤ ᠬᠡᠷᠡᠭᠯᠡᠬᠦ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠲᠠᠲᠠᠪᠤᠷᠢᠯᠠᠬᠤ ᠪᠠᠷᠢᠮᠵᠢᠶ᠎ᠠ᠎ᠠᠴᠠ ᠳᠣᠣᠷ᠎ᠠ ᠪᠠᠶ᠋ᠢᠬᠤ ᠬᠡᠷᠡᠭᠲᠡᠶ᠂ ᠠᠮᠤ ᠪᠤᠳᠠᠭ᠋ᠠᠨ᠎ᠤ ᠲᠠᠷᠢᠮᠠᠯ᠎ᠤᠨ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠲᠠᠲᠠᠪᠤᠷᠢᠯᠠᠬᠤ ᠪᠠᠷᠢᠮᠵᠢᠶ᠎ᠠ᠎ᠨᠢ ᠠᠵᠤ ᠠᠬᠤᠶ ᠵᠢᠨ ᠲᠠᠷᠢᠮᠠᠯ᠎ᠤᠨ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠲᠠᠲᠠᠪᠤᠷᠢᠯᠠᠬᠤ ᠪᠠᠷᠢᠮᠵᠢᠶ᠎ᠠ᠎ᠠᠴᠠ ᠳᠣᠣᠷ᠎ᠠ ᠪᠠᠶ᠋ᠢᠬᠤ ᠬᠡᠷᠡᠭᠲᠡᠶ᠃ ᠲᠠᠷᠢᠶᠠᠯᠠᠩ᠎ᠤᠨ ᠦᠢ᠍ᠯᠡᠳᠪᠦᠷᠢᠯᠡᠯ᠎ᠳᠤ ᠲᠠᠲᠠᠬᠤ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠲᠠᠲᠠᠪᠤᠷᠢᠯᠠᠬᠤ ᠠᠯᠬᠤᠮ ᠳᠠᠷᠠᠭ᠎ᠠ ᠪᠠ ᠬᠦᠷᠢᠶ᠎ᠡ ᠬᠡᠪᠴᠢᠶ᠎ᠡ ᠵᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠲᠣᠭᠲᠠᠭ᠋ᠠᠨ᠎ᠠ᠃
ᠭᠤᠴᠢᠨ ᠨᠢᠭᠡᠳᠦᠭᠡᠷ ᠵᠦᠢ᠍ᠯ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠤᠰᠤ ᠲᠠᠲᠠᠬᠤ ᠵᠢ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠠᠴᠠ ᠬᠠᠷᠢᠭᠤᠴᠠᠨ ᠲᠠᠲᠠᠪᠤᠷᠢᠯᠠᠨ᠎ᠠ; ᠡᠭᠦᠨ᠎ᠳᠤ᠂ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠬᠢᠨᠠᠨ ᠵᠥᠪᠰᠢᠶᠡᠷᠡᠭᠰᠡᠨ ᠪᠠᠶ᠋ᠢᠪᠠᠯ᠂ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠤᠰᠤ ᠲᠠᠲᠠᠬᠤ ᠠᠮᠠ ᠵᠢᠨ ᠪᠠᠶ᠋ᠢᠭ᠎ᠠ ᠭᠠᠵᠠᠷ᠎ᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠣᠷᠣᠯᠠᠨ ᠲᠠᠲᠠᠪᠤᠷᠢᠯᠠᠨ᠎ᠠ᠃
ᠭᠤᠴᠢᠨ ᠬᠣᠶᠠᠳᠤᠭ᠋ᠠᠷ ᠵᠦᠢ᠍ᠯ ᠤᠰᠤᠨ᠎ᠤ ᠡᠬᠢ ᠪᠠᠶᠠᠯᠢᠭ᠎ᠤᠨ ᠵᠠᠷᠤᠳᠠᠯ ᠲᠤᠰᠢᠶᠠᠬᠤ ᠲᠣᠭ᠎ᠠ ᠵᠢ ᠤᠰᠤ ᠲᠠᠲᠠᠬᠤ ᠠᠮᠠ ᠵᠢᠨ ᠪᠠᠶ᠋ᠢᠭ᠎ᠠ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠵᠠᠷᠤᠳᠠᠯ ᠲᠠᠲᠠᠪᠤᠷᠢᠯᠠᠬᠤ ᠪᠠᠷᠢᠮᠵᠢᠶ᠎ᠠ ᠪᠣᠯᠤᠨ ᠪᠣᠳᠠᠲᠠᠶ ᠤᠰᠤ ᠲᠠᠲᠠᠬᠤ ᠬᠡᠮᠵᠢᠶ᠎ᠡ ᠵᠢ ᠦᠨᠳᠦᠰᠦᠯᠡᠨ ᠲᠣᠭᠲᠠᠭ᠋ᠠᠨ᠎ᠠ᠃
ᠤᠰᠤᠨ ᠬᠦᠴᠦᠨ ᠵᠶ᠋ᠠᠷ ᠴᠠᠬᠢᠯᠭ᠋ᠠᠨ ᠭᠠᠷᠭ᠋ᠠᠬᠤ᠎ᠳᠤ ᠬᠡᠷᠡᠭᠯᠡᠬᠦ ᠤᠰᠤ ᠪᠣᠯᠤᠨ ᠭᠠᠯ᠎ᠤᠨ ᠬᠦᠴᠦᠨ ᠵᠶ᠋ᠠᠷ ᠴᠠᠬᠢᠯᠭ᠋ᠠᠨ ᠭᠠᠷᠭ᠋ᠠᠬᠤ᠎ᠳᠤ ᠨᠡᠪᠲᠡᠷᠡᠭᠦᠯᠬᠦ ᠬᠡᠯᠪᠡᠷᠢ ᠵᠢᠨ ᠬᠥᠷᠥᠭᠡᠬᠦ ᠤᠰᠤ ᠵᠢ ᠤᠰᠤ ᠲᠠᠲᠠᠬᠤ ᠠᠮᠠ ᠵᠢᠨ ᠪᠠᠶ᠋ᠢᠭ᠎ᠠ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠰᠦᠢ᠍ᠳᠭᠡᠯ᠎ᠢ ᠲᠠᠲᠠᠪᠤᠷᠢᠯᠠᠬᠤ ᠪᠠᠷᠢᠮᠵᠢᠶ᠎ᠠ ᠪᠣᠯᠤᠨ ᠪᠣᠳᠠᠲᠠᠶ ᠴᠠᠬᠢᠯᠭ᠋ᠠᠨ ᠭᠠᠷᠭ᠋ᠠᠬᠤ ᠬᠡᠮᠵᠢᠶ᠎ᠡ ᠵᠢ ᠦᠨᠳᠦᠰᠦᠯᠡᠨ ᠲᠤᠰᠢᠶᠠᠬᠤ ᠲᠣᠭ᠎ᠠ ᠬᠡᠮᠵᠢᠶ᠎ᠡ ᠵᠢ ᠲᠣᠭᠲᠠᠭ᠋ᠠᠵᠤ ᠪᠣᠯᠤᠨ᠎ᠠ᠃
ᠭᠤᠴᠢᠨ ᠭᠤᠷᠪᠠᠳᠤᠭ᠋ᠠᠷ ᠵᠦᠢ᠍ᠯ ᠤᠰᠤ ᠲᠠᠲᠠᠬᠤ ᠵᠢ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠨᠤᠭᠤᠳ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ ᠲᠤᠰᠢᠶᠠᠬᠤ ᠲᠣᠭ᠎ᠠ ᠵᠢ ᠲᠣᠭᠲᠠᠭ᠋ᠠᠭᠰᠠᠨ᠎ᠤ ᠳᠠᠷᠠᠭ᠎ᠠ᠂ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ᠎ᠳᠤ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ ᠲᠤᠰᠢᠶᠠᠬᠤ ᠮᠡᠳᠡᠭᠳᠡᠯ᠎ᠤᠨ ᠬᠠᠭᠤᠳᠠᠰᠤ ᠵᠢ ᠬᠦᠷᠭᠡᠵᠦ᠂ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ᠎ᠨᠢ ᠲᠤᠰᠢᠶᠠᠬᠤ ᠮᠡᠳᠡᠭᠳᠡᠯ᠎ᠤᠨ ᠬᠠᠭᠤᠳᠠᠰᠤ ᠵᠢ ᠣᠯᠤᠭᠰᠠᠨ ᠡᠳᠦᠷ᠎ᠠᠴᠠ ᠡᠬᠢᠯᠡᠨ 7 ᠡᠳᠦᠷ᠎ᠤᠨ ᠳᠣᠲᠣᠷ᠎ᠠ ᠲᠤᠰᠢᠶᠠᠬᠤ ᠭᠠᠷᠳᠠᠮ ᠭᠦᠢ᠍ᠴᠡᠳᠬᠡᠬᠦ ᠬᠡᠷᠡᠭᠲᠡᠶ᠃
ᠭᠣᠣᠯ ᠮᠥᠷᠡᠨ᠂ ᠨᠠᠭᠤᠷ ᠴᠥᠭᠥᠷᠥᠮ ᠪᠤᠶᠤ ᠭᠠᠵᠠᠷ ᠳᠣᠣᠷ᠎ᠠ᠎ᠠᠴᠠ ᠤᠰᠤᠨ᠎ᠤ ᠡᠬᠢ ᠪᠠᠶᠠᠯᠢᠭ᠎ᠢ ᠰᠢᠭᠤᠳ ᠲᠠᠲᠠᠵᠤ ᠬᠡᠷᠡᠭᠯᠡᠭᠡᠳ ᠲᠠᠷᠢᠶᠠᠯᠠᠩ᠎ᠤᠨ ᠦᠢ᠍ᠯᠡᠳᠪᠦᠷᠢᠯᠡᠯ ᠡᠷᠬᠢᠯᠡᠬᠦ᠎ᠳᠤ ᠬᠦᠷᠪᠡᠯ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠲᠣᠭᠲᠠᠭ᠋ᠠᠭᠰᠠᠨ ᠲᠠᠷᠢᠶᠠᠯᠠᠩ᠎ᠤᠨ ᠦᠢ᠍ᠯᠡᠳᠪᠦᠷᠢᠯᠡᠯ᠎ᠳᠤ ᠬᠡᠷᠡᠭᠯᠡᠬᠦ ᠤᠰᠤᠨ᠎ᠤ ᠬᠢᠵᠠᠭ᠋ᠠᠷ ᠲᠣᠭ᠎ᠠ᠎ᠠᠴᠠ ᠬᠡᠲᠦᠷᠡᠭᠰᠡᠨ ᠬᠡᠰᠡᠭ᠎ᠤᠨ ᠤᠰᠤᠨ᠎ᠤ ᠡᠬᠢ ᠪᠠᠶᠠᠯᠢᠭ᠎ᠠᠴᠠ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ᠎ᠨᠢ ᠤᠰᠤ ᠲᠠᠲᠠᠬᠤ ᠠᠮᠠ ᠵᠢᠨ ᠪᠠᠶ᠋ᠢᠭ᠎ᠠ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ ᠲᠠᠲᠠᠪᠤᠷᠢᠯᠠᠬᠤ ᠪᠠᠷᠢᠮᠵᠢᠶ᠎ᠠ ᠪᠠ ᠪᠣᠳᠠᠲᠠᠶ ᠤᠰᠤ ᠲᠠᠲᠠᠬᠤ ᠬᠡᠮᠵᠢᠶ᠎ᠡ ᠵᠢ ᠦᠨᠳᠦᠰᠦᠯᠡᠨ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ ᠲᠤᠰᠢᠶᠠᠨ᠎ᠠ; ᠲᠣᠭᠲᠠᠭ᠋ᠠᠭᠰᠠᠨ ᠲᠠᠷᠢᠶᠠᠯᠠᠩ᠎ᠤᠨ ᠦᠢ᠍ᠯᠡᠳᠪᠦᠷᠢᠯᠡᠯ᠎ᠳᠤ ᠬᠡᠷᠡᠭᠯᠡᠬᠦ ᠤᠰᠤᠨ᠎ᠤ ᠬᠢᠵᠠᠭ᠋ᠠᠷ ᠲᠣᠭ᠎ᠠ᠎ᠳᠤ ᠨᠡᠶ᠋ᠢᠴᠡᠭᠰᠡᠨ ᠤᠰᠤ ᠲᠠᠲᠠᠬᠤ᠎ᠳᠤ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ ᠲᠤᠰᠢᠶᠠᠬᠤ ᠦᠭᠡᠢ᠃ ᠤᠰᠤ ᠬᠠᠩᠭ᠋ᠠᠬᠤ ᠪᠠᠷᠢᠯᠭ᠎ᠠ ᠵᠢᠨ ᠤᠰᠤ ᠵᠢ ᠠᠪᠴᠤ ᠬᠡᠷᠡᠭᠯᠡᠭᠡᠳ ᠲᠠᠷᠢᠶᠠᠯᠠᠩ᠎ᠤᠨ ᠦᠢ᠍ᠯᠡᠳᠪᠦᠷᠢᠯᠡᠯ ᠡᠷᠬᠢᠯᠡᠬᠦ᠎ᠳᠤ ᠬᠦᠷᠪᠡᠯ᠂ ᠤᠰᠤ ᠬᠡᠷᠡᠭᠯᠡᠬᠦ ᠨᠢᠭᠡᠴᠢ ᠪᠤᠶᠤ ᠬᠤᠪᠢ ᠬᠥᠮᠦᠨ ᠪᠣᠳᠠᠲᠠᠶ ᠤᠰᠤ ᠬᠡᠷᠡᠭᠯᠡᠭᠰᠡᠨ ᠬᠡᠮᠵᠢᠶ᠎ᠡ᠎ᠪᠠᠷ ᠵᠶ᠋ᠠᠨ ᠤᠰᠤ ᠬᠠᠩᠭ᠋ᠠᠬᠤ ᠪᠠᠷᠢᠯᠭ᠎ᠠ ᠵᠢᠨ ᠨᠢᠭᠡᠴᠢ᠎ᠳᠤ ᠤᠰᠤᠨ᠎ᠤ ᠰᠦᠢ᠍ᠳᠬᠡᠯ ᠲᠤᠰᠢᠶᠠᠵᠤ᠂ ᠤᠰᠤ ᠬᠠᠩᠭ᠋ᠠᠬᠤ ᠪᠠᠷᠢᠯᠭ᠎ᠠ ᠵᠢᠨ ᠨᠢᠭᠡᠴᠢ᠎ᠠᠴᠠ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠨᠢᠭᠡᠳᠦᠯᠲᠡᠶ ᠲᠤᠰᠢᠶᠠᠨ᠎ᠠ; ᠤᠰᠤᠨ᠎ᠤ ᠡᠬᠢ ᠪᠠᠶᠠᠯᠢᠭ᠎ᠤᠨ ᠵᠠᠷᠤᠳᠠᠯ᠎ᠢ ᠤᠰᠤ ᠬᠠᠩᠭ᠋ᠠᠬᠤ ᠥᠪᠡᠷ᠎ᠤᠨ ᠥᠷᠳᠡᠭ᠎ᠲᠤ ᠪᠤᠳᠤᠵᠤ ᠣᠷᠣᠭᠤᠯᠤᠨ᠎ᠠ᠃
ᠣᠯᠠᠨ ᠨᠡᠶ᠋ᠢᠲᠡ ᠵᠢᠨ ᠠᠰᠢᠭ ᠲᠤᠰᠠ ᠵᠢᠨ ᠬᠡᠷᠡᠭᠴᠡᠭᠡ ᠵᠢᠨ ᠲᠤᠰᠠᠳᠠ᠂ ᠤᠯᠤᠰ᠎ᠠᠴᠠ ᠵᠥᠪᠰᠢᠶᠡᠷᠡᠭᠰᠡᠨ ᠵᠠᠰᠠᠭ ᠵᠠᠬᠢᠷᠭ᠋ᠠᠨ᠎ᠤ ᠣᠷᠣᠨ ᠠᠯᠤᠰᠯᠠᠭᠰᠠᠨ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ᠎ᠤᠨ ᠶᠣᠰᠣᠭ᠋ᠠᠷ ᠬᠡᠷᠡᠭᠵᠢᠭᠦᠯᠦᠭᠰᠡᠨ ᠲᠦᠷ ᠴᠠᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ᠎ᠪᠠᠷ ᠤᠰᠤ ᠲᠠᠲᠠᠬᠤ᠎ᠳᠤ᠂ ᠰᠢᠯᠵᠢᠭᠦᠯᠦᠨ ᠣᠷᠣᠭᠤᠯᠤᠭᠰᠠᠨ ᠣᠷᠣᠨ ᠪᠦᠰᠡ ᠵᠢᠨ ᠤᠰᠤ ᠲᠠᠲᠠᠵᠤ ᠬᠡᠷᠡᠭᠯᠡᠬᠦ ᠨᠢᠭᠡᠴᠢ ᠪᠤᠶᠤ ᠬᠤᠪᠢ ᠬᠥᠮᠦᠨ᠎ᠠᠴᠠ ᠪᠠᠶ᠋ᠢᠭ᠎ᠠ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠰᠦᠢ᠍ᠳᠭᠡᠯ᠎ᠢ ᠲᠠᠲᠠᠪᠤᠷᠢᠯᠠᠬᠤ ᠪᠠᠷᠢᠮᠵᠢᠶ᠎ᠠ ᠪᠣᠯᠤᠨ ᠪᠣᠳᠠᠲᠠᠶ ᠤᠰᠤ ᠲᠠᠲᠠᠵᠤ ᠠᠪᠤᠭᠰᠠᠨ ᠬᠡᠮᠵᠢᠶ᠎ᠡ ᠵᠢ ᠦᠨᠳᠦᠰᠦᠯᠡᠨ ᠤᠰᠤᠨ᠎ᠤ ᠡᠬᠢ ᠪᠠᠶᠠᠯᠢᠭ᠎ᠤᠨ ᠰᠦᠢ᠍ᠳᠭᠡᠯ᠎ᠢ ᠲᠤᠰᠢᠶᠠᠨ᠎ᠠ᠃
ᠭᠤᠴᠢᠨ ᠳᠥᠷᠪᠡᠳᠦᠭᠡᠷ ᠵᠦᠢ᠍ᠯ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ ᠤᠨᠴᠠᠭ᠋ᠠᠢ ᠬᠦᠴᠢᠷᠳᠡᠯ᠎ᠠᠴᠠ ᠪᠣᠯᠣᠭ᠋ᠠᠳ ᠤᠰᠤᠨ᠎ᠤ ᠡᠬᠢ ᠪᠠᠶᠠᠯᠢᠭ᠎ᠤᠨ ᠵᠠᠷᠤᠳᠠᠯ᠎ᠢ ᠲᠣᠭᠲᠠᠭᠰᠠᠨ ᠬᠤᠭᠤᠴᠠᠭ᠋ᠠᠨ᠎ᠳᠠᠭᠠᠨ ᠲᠤᠰᠢᠶᠠᠵᠤ ᠳᠡᠶ᠋ᠢᠯᠬᠦ ᠦᠭᠡᠢ ᠪᠣᠯ ᠤᠰᠤᠨ᠎ᠤ ᠡᠬᠢ ᠪᠠᠶᠠᠯᠢᠭ᠎ᠤᠨ ᠵᠠᠷᠤᠳᠠᠯ ᠲᠤᠰᠢᠶᠠᠭᠰᠠᠨ ᠮᠡᠳᠡᠭᠳᠡᠯ᠎ᠤᠨ ᠬᠠᠭᠤᠳᠠᠰᠤ ᠵᠢ ᠣᠯᠤᠭᠰᠠᠨ ᠡᠳᠦᠷ᠎ᠠᠴᠠ ᠡᠬᠢᠯᠡᠨ 7 ᠡᠳᠦᠷ᠎ᠤᠨ ᠳᠣᠲᠣᠷ᠎ᠠ ᠲᠤᠰᠢᠶᠠᠬᠤ ᠮᠡᠳᠡᠭᠳᠡᠯ᠎ᠤᠨ ᠬᠠᠭᠤᠳᠠᠰᠤ ᠶᠠᠪᠤᠭᠤᠯᠤᠭᠰᠠᠨ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠣᠶ᠋ᠢᠰᠢᠯᠠᠭᠤᠯᠤᠨ ᠲᠤᠰᠢᠶᠠᠯᠭ᠋ᠠᠬᠤ᠎ᠪᠠᠷ ᠭᠤᠶᠤᠴᠢᠯᠠᠵᠤ ᠪᠣᠯᠤᠨ᠎ᠠ; ᠲᠤᠰᠢᠶᠠᠬᠤ ᠮᠡᠳᠡᠭᠳᠡᠯ᠎ᠤᠨ ᠬᠠᠭᠤᠳᠠᠰᠤ ᠶᠠᠪᠤᠭᠤᠯᠤᠭᠰᠠᠨ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠣᠶ᠋ᠢᠰᠢᠯᠠᠭᠤᠯᠤᠨ ᠲᠤᠰᠢᠶᠠᠯᠭ᠋ᠠᠬᠤ ᠭᠤᠶᠤᠴᠢᠯᠠᠯ᠎ᠢ ᠣᠯᠤᠭᠰᠠᠨ ᠡᠳᠦᠷ᠎ᠠᠴᠠ ᠡᠬᠢᠯᠡᠨ 5 ᠠᠵᠢᠯᠯᠠᠬᠤ ᠡᠳᠦᠷ᠎ᠤᠨ ᠳᠣᠲᠣᠷ᠎ᠠ ᠪᠢᠴᠢᠭ᠎ᠤᠨ ᠲᠣᠭᠲᠠᠭ᠋ᠠᠯ ᠭᠠᠷᠭ᠋ᠠᠬᠤ ᠵᠢᠨ ᠬᠠᠮᠲᠤ ᠭᠤᠶᠤᠴᠢᠯᠠᠭᠴᠢ᠎ᠳᠤ ᠮᠡᠳᠡᠭᠳᠡᠬᠦ ᠬᠡᠷᠡᠭᠲᠡᠶ; ᠬᠤᠭᠤᠴᠠᠭ᠎ᠠ᠎ᠨᠢ ᠲᠠᠭᠤᠰᠤᠭᠰᠠᠨ ᠪᠠᠶ᠋ᠢᠲᠠᠯ᠎ᠠ ᠲᠣᠭᠲᠠᠭ᠋ᠠᠯ ᠭᠠᠷᠭ᠋ᠠᠭᠰᠠᠨ ᠤᠢ᠍ᠭᠡᠢ ᠪᠠᠶ᠋ᠢᠪᠠᠯ ᠵᠥᠪᠰᠢᠶᠡᠷᠡᠭᠰᠡᠨ ᠵᠶ᠋ᠠᠷ ᠪᠤᠳᠦᠨ᠎ᠡ᠃ ᠤᠰᠤᠨ᠎ᠤ ᠡᠬᠢ ᠪᠠᠶᠠᠯᠢᠭ᠎ᠤᠨ ᠰᠦᠢ᠍ᠳᠭᠡᠯ᠎ᠢ ᠬᠣᠶ᠋ᠢᠰᠢᠯᠠᠭᠤᠯᠤᠨ ᠲᠤᠰᠢᠶᠠᠬᠤ ᠬᠤᠭᠤᠴᠠᠭ᠎ᠠ ᠵᠢ ᠬᠠᠮᠤᠭ᠎ᠤᠨ ᠣᠷᠳᠣ᠎ᠳᠠᠭᠠᠨ 90 ᠡᠳᠦᠷ᠎ᠠᠴᠠ ᠬᠡᠲᠦᠷᠡᠭᠦᠯᠵᠦ ᠪᠣᠯᠬᠤ ᠥᠬᠡᠶ᠃
ᠭᠤᠴᠢᠨ ᠲᠠᠪᠤᠳᠤᠭ᠋ᠠᠷ ᠵᠦᠢ᠍ᠯ ᠲᠠᠲᠠᠪᠤᠷᠢᠯᠠᠭᠰᠠᠨ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠲᠣᠭᠲᠠᠭ᠋ᠠᠯ ᠶᠣᠰᠣᠭ᠋ᠠᠷ ᠲᠥᠪ᠎ᠤᠨ ᠪᠠ ᠣᠷᠣᠨ ᠨᠤᠲᠤᠭ᠎ᠤᠨ ᠤᠯᠤᠰ᠎ᠤᠨ ᠬᠥᠮᠥᠷᠭᠡ᠎ᠳᠤ ᠲᠤᠰ ᠲᠤᠰ ᠲᠤᠰᠢᠶᠠᠬᠤ ᠬᠡᠷᠡᠭᠲᠡᠢ᠃ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠰᠠᠭᠤᠷᠢ ᠮᠥᠩᠭᠥ ᠵᠢ ᠴᠤᠭᠯᠠᠭᠤᠯᠬᠤ᠎ᠠᠴᠠ ᠪᠤᠯᠵᠤ᠂ ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠭᠠᠷᠭ᠋ᠠᠨ ᠠᠪᠬᠤ᠂ ᠳᠡᠭᠡᠭᠰᠢ ᠲᠤᠰᠢᠶᠠᠬᠤ ᠲᠤᠬᠠᠶ ᠠᠰᠲᠠᠭ᠋ᠠᠨ ᠲᠣᠭᠲᠠᠭ᠋ᠠᠯ᠎ᠲᠠᠢ ᠪᠠᠶ᠋ᠢᠪᠠᠯ᠂ ᠲᠡᠷᠡ ᠲᠣᠭᠲᠠᠭ᠋ᠠᠯ᠎ᠢ ᠵᠢᠷᠤᠮᠯᠠᠨ᠎ᠠ᠃
ᠭᠤᠴᠢᠨ ᠵᠢᠷᠭᠤᠳᠤᠭ᠋ᠠᠷ ᠵᠦᠢ᠍ᠯ ᠲᠠᠲᠠᠪᠤᠷᠢᠯᠠᠭᠰᠠᠨ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠪᠦᠬᠦ ᠲᠣᠭ᠎ᠠ᠎ᠪᠠᠷ᠎ᠨᠢ ᠡᠳ᠋᠎ᠤᠨ ᠵᠠᠰᠠᠭ᠎ᠤᠨ ᠲᠥᠰᠦᠪ᠎ᠲᠤ ᠣᠷᠣᠭᠤᠯᠵᠤ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠵᠥᠪᠰᠢᠶᠡᠷᠡᠭᠰᠡᠨ ᠰᠠᠯᠠᠭ᠎ᠠ ᠮᠥᠴᠢᠷ᠎ᠤᠨ ᠡᠳ᠋᠎ᠤᠨ ᠵᠠᠰᠠᠭ᠎ᠤᠨ ᠲᠥᠰᠦᠪ᠎ᠤᠨ ᠶᠣᠰᠣᠭ᠋ᠠᠷ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠭᠣᠣᠯᠳᠠᠭᠤ ᠤᠰᠤᠨ᠎ᠤ ᠡᠬᠢ ᠪᠠᠶᠠᠯᠢᠭ᠎ᠢ ᠠᠷᠪᠢᠯᠠᠬᠤ᠂ ᠬᠠᠮᠠᠭ᠋ᠠᠯᠠᠬᠤ ᠪᠠ ᠬᠠᠮᠢᠶᠠᠷᠬᠤ᠎ᠳᠤ ᠬᠡᠷᠡᠭᠯᠡᠬᠦ ᠬᠡᠷᠡᠭᠲᠡᠶ᠂ ᠤᠰᠤᠨ᠎ᠤ ᠡᠬᠢ ᠪᠠᠶᠠᠯᠢᠭ᠎ᠢ ᠵᠦᠢ ᠵᠣᠬᠢᠰᠲᠠᠶ ᠨᠡᠭᠡᠭᠡᠨ ᠠᠰᠢᠭᠯᠠᠬᠤ᠎ᠳᠤ ᠬᠡᠷᠡᠭᠯᠡᠭᠰᠡᠨ ᠴᠦ᠍ ᠪᠣᠯᠤᠨ᠎ᠠ᠃
ᠭᠤᠴᠢᠨ ᠳᠣᠯᠣᠳᠤᠭ᠋ᠠᠷ ᠵᠦᠢ᠍ᠯ ᠶᠠᠮᠠᠷᠪᠠ ᠨᠢᠭᠡᠴᠢ ᠪᠠ ᠬᠤᠪᠢ ᠬᠥᠮᠦᠨ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠦᠯᠡᠳᠡᠭᠡᠨ ᠠᠪᠬᠤ᠂ ᠡᠵᠡᠯᠡᠨ ᠠᠪᠬᠤ ᠪᠤᠶᠤ ᠨᠡᠭᠦᠯᠭᠡᠨ ᠬᠡᠷᠡᠭᠯᠡᠵᠦ ᠪᠣᠯᠬᠤ ᠦᠭᠡᠢ᠃
ᠬᠢᠨᠠᠨ ᠪᠤᠳᠤᠬᠤ ᠪᠠᠶ᠋ᠢᠭᠤᠯᠭ᠎ᠠ᠎ᠨᠢ ᠤᠰᠤᠨ᠎ᠤ ᠡᠬᠢ ᠪᠠᠶᠠᠯᠢᠭ᠎ᠤᠨ ᠵᠠᠷᠤᠳᠠᠯ᠎ᠤᠨ ᠬᠡᠷᠡᠭᠯᠡᠯᠲᠡ ᠪᠠ ᠬᠠᠮᠢᠶᠠᠷᠤᠯᠲᠠ ᠵᠢ ᠬᠢᠨᠠᠨ ᠪᠤᠳᠤᠵᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠬᠤ ᠬᠡᠷᠡᠭᠲᠡᠶ᠃
ᠲᠠᠪᠤᠳᠤᠭ᠋ᠠᠷ ᠪᠦᠯᠦᠭ ᠬᠢᠨᠠᠵᠤ ᠬᠠᠮᠢᠶᠠᠷᠬᠤ
ᠭᠤᠴᠢᠨ ᠨᠠᠢ᠍ᠮᠠᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠲᠤᠰ ᠲᠦᠷᠢᠮ᠎ᠤᠨ ᠲᠣᠭᠲᠠᠭ᠋ᠠᠯ ᠶᠣᠰᠣᠭ᠋ᠠᠷ᠂ ᠤᠰᠤ ᠲᠠᠲᠠᠬᠤ ᠵᠥᠪᠰᠢᠶᠡᠷᠡᠯ᠎ᠤᠨ ᠲᠦᠷᠢᠮ᠎ᠤᠨ ᠬᠡᠷᠡᠭᠵᠢᠭᠦᠯᠦᠯᠲᠡ᠎ᠳᠤ ᠲᠠᠯᠪᠢᠬᠤ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠶ᠃
ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠪᠣᠯᠤᠨ ᠦᠨ᠎ᠡ ᠬᠠᠩᠰᠢ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠲᠠᠲᠠᠪᠤᠷᠢᠯᠠᠭᠰᠠᠨ᠂ ᠬᠡᠷᠡᠭᠯᠡᠭᠰᠡᠨ ᠪᠠᠶ᠋ᠢᠳᠠᠯ᠎ᠳᠤ ᠲᠠᠯᠪᠢᠬᠤ ᠬᠢᠨᠠᠯᠲᠠ᠎ᠪᠠᠨ ᠴᠢᠩᠭ᠋ᠠᠳᠬᠠᠬᠤ ᠬᠡᠷᠡᠭᠲᠡᠢ᠃
ᠭᠤᠴᠢ ᠶᠢᠰᠦᠳᠦᠭᠡᠷ ᠵᠦᠢ᠍ᠯ ᠤᠨ᠎ᠤ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ ᠪᠠ ᠣᠨ᠎ᠤ ᠤᠰᠤ ᠲᠠᠲᠠᠬᠤ ᠲᠥᠯᠥᠪᠯᠡᠭᠡ ᠪᠣᠯ ᠣᠨ᠎ᠤ ᠤᠰᠤ ᠲᠠᠲᠠᠬᠤ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠵᠢᠨ ᠦᠨᠳᠦᠰᠦᠯᠡᠯ ᠮᠥᠨ᠂ ᠵᠥᠪᠰᠢᠶᠡᠷᠡᠭᠰᠡᠨ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ ᠪᠤᠶᠤ ᠲᠣᠭᠲᠠᠭ᠋ᠠᠭᠰᠠᠨ ᠬᠡᠯᠡᠯᠴᠡᠭᠡᠷ᠎ᠢ ᠦᠨᠳᠦᠰᠦᠯᠡᠨ᠂ ᠪᠣᠳᠠᠲᠠᠶ ᠪᠠᠶ᠋ᠢᠳᠠᠯ᠎ᠲᠠᠢ᠎ᠪᠠᠨ ᠤᠶᠠᠯᠳᠤᠭᠤᠯᠤᠨ ᠤᠰᠤ ᠬᠡᠷᠡᠭᠯᠡᠭᠰᠡᠨ ᠪᠠᠶ᠋ᠢᠳᠠᠯ᠂ ᠠᠵᠢᠯ ᠲᠦᠷᠦᠯ᠎ᠤᠨ ᠤᠰᠤ ᠬᠡᠷᠡᠭᠯᠡᠬᠦ ᠲᠣᠭᠲᠠᠭᠰᠠᠨ ᠨᠤᠷᠮ᠎ᠠ᠂ ᠲᠠᠷᠠᠭ᠎ᠠ ᠵᠢᠯ᠎ᠤᠨ ᠤᠰᠤ ᠢᠷᠡᠬᠦ ᠬᠡᠮᠵᠢᠶ᠎ᠡ ᠵᠢᠨ ᠤᠷᠢᠳᠴᠢᠯᠠᠭᠰᠠᠨ ᠵᠢᠱ᠌ᠢᠯᠳᠡ ᠵᠡᠷᠭᠡ ᠵᠢ ᠲᠣᠭᠲᠠᠭ᠋ᠠᠬᠤ ᠬᠡᠷᠡᠭᠲᠡᠶ᠃
ᠤᠯᠤᠰ᠎ᠠᠴᠠ ᠲᠣᠭᠲᠠᠭ᠋ᠠᠭᠰᠠᠨ ᠴᠢᠬᠤᠯᠠ ᠭᠣᠣᠯ ᠮᠥᠷᠡᠨ᠂ ᠨᠠᠭᠤᠷ ᠴᠦᠬᠦᠷᠦᠮ᠎ᠤᠨ ᠰᠠᠪᠠ ᠭᠠᠵᠠᠷ᠎ᠤᠨ ᠣᠨ᠎ᠤ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ ᠪᠠ ᠣᠨ᠎ᠤ ᠤᠰᠤ ᠲᠠᠲᠠᠬᠤ ᠲᠥᠯᠥᠪᠯᠡᠭᠡ ᠵᠢ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠬᠣᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠲᠣᠭᠲᠠᠭ᠋ᠠᠨ᠎ᠠ᠃
ᠰᠢᠶᠠᠨ᠎ᠤ ᠱᠠᠲᠤᠨ᠎ᠠᠴᠠ ᠳᠡᠭᠡᠭᠰᠢᠬᠢ ᠡᠯ᠎ᠡ ᠣᠷᠣᠨ ᠨᠤᠲᠤᠭ᠎ᠤᠨ ᠵᠠᠰᠠᠭ ᠵᠠᠬᠢᠷᠭ᠋ᠠᠨ᠎ᠤ ᠣᠷᠣᠨ᠎ᠤ ᠣᠨ᠎ᠤ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ ᠪᠠ ᠣᠨ᠎ᠤ ᠤᠰᠤ ᠲᠠᠲᠠᠬᠤ ᠲᠥᠯᠥᠪᠯᠡᠭᠡ ᠵᠢ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠳᠡᠭᠡᠷ᠎ᠡ ᠨᠢᠭᠡ ᠱᠠᠲᠤᠨ᠎ᠤ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠪᠠᠭᠤᠯᠭ᠋ᠠᠭᠰᠠᠨ ᠣᠨ᠎ᠤ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ ᠪᠠ ᠤᠨ᠎ᠤ ᠤᠰᠤ ᠲᠠᠳᠠᠬᠤ ᠲᠦᠯᠦᠪᠯᠡᠭᠡ ᠵᠢ ᠦᠨᠳᠦᠰᠦᠯᠡᠨ ᠲᠤᠭᠳᠠᠭ᠋ᠠᠨ᠎ᠠ᠃
ᠳᠥᠴᠢᠳᠦᠭᠡᠷ ᠵᠦᠢ᠍ᠯ ᠤᠰᠤ ᠲᠠᠲᠠᠬᠤ ᠵᠢ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠨᠢ ᠲᠤᠰ ᠭᠠᠵᠠᠷ ᠣᠷᠣᠨ᠎ᠤ᠎ᠪᠠᠨ ᠳᠠᠷᠠᠭ᠎ᠠ ᠨᠢᠭᠡ ᠵᠢᠯ᠎ᠤᠨ ᠤᠰᠤ ᠲᠠᠲᠠᠬᠤ ᠲᠥᠯᠥᠪᠯᠡᠭᠡ᠂ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ᠎ᠤ ᠳᠤᠷᠠᠳᠤᠭᠰᠠᠨ ᠳᠠᠷᠠᠭ᠎ᠠ ᠨᠢᠭᠡ ᠵᠢᠯ᠎ᠤᠨ ᠤᠰᠤ ᠲᠠᠲᠠᠬᠤ ᠲᠥᠯᠥᠪᠯᠡᠭᠡ ᠵᠢᠨ ᠰᠠᠨᠠᠭᠤᠯᠭ᠎ᠠ ᠶᠣᠰᠣᠭ᠋ᠠᠷ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠶᠡᠷᠦᠩᠬᠡᠶ᠋ᠢᠯᠡᠨ ᠲᠡᠩᠴᠡᠭᠦᠯᠬᠦ᠂ ᠵᠠᠶ ᠦᠯᠡᠳᠡᠭᠡᠬᠦ ᠵᠠᠷᠴᠢᠮ᠎ᠤᠨ ᠶᠣᠰᠣᠭ᠋ᠠᠷ᠂ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ᠎ᠳᠤ ᠳᠠᠷᠠᠭ᠎ᠠ ᠨᠢᠭᠡ ᠵᠢᠯ᠎ᠤᠨ ᠤᠰᠤ ᠲᠠᠲᠠᠬᠤ ᠲᠥᠯᠥᠪᠯᠡᠭᠡ ᠵᠢ ᠪᠠᠭᠤᠯᠭ᠋ᠠᠬᠤ ᠬᠡᠷᠡᠭᠲᠡᠶ᠃
ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ ᠤᠨᠴᠠᠭ᠋ᠠᠢ ᠰᠢᠯᠲᠠᠭ᠋ᠠᠨ᠎ᠠᠴᠠ ᠪᠣᠯᠣᠭ᠋ᠠᠳ ᠣᠨ ᠤ ᠤᠰᠤ ᠲᠠᠲᠠᠬᠤ ᠲᠥᠯᠥᠪᠯᠡᠭᠡ᠎ᠪᠠᠨ ᠲᠣᠬᠢᠷᠠᠭᠤᠯᠬᠤ ᠴᠢᠬᠤᠯᠠᠲᠠᠢ ᠪᠣᠯ ᠤᠤᠯ᠎ᠤᠨ ᠬᠢᠨᠠᠨ ᠵᠥᠪᠰᠢᠶᠡᠷᠡᠭᠰᠡᠨ ᠪᠠᠶ᠋ᠢᠭᠤᠯᠭ᠎ᠠ᠎ᠪᠠᠷ ᠵᠥᠪᠰᠢᠶᠡᠷᠡᠭᠦᠯᠬᠦ ᠬᠡᠷᠡᠭᠲᠡᠶ᠃
ᠳᠥᠴᠢᠨ ᠨᠢᠭᠡᠳᠦᠭᠡᠷ ᠵᠦᠢ᠍ᠯ ᠲᠤᠤᠷ᠎ᠠ ᠵᠢᠭᠰᠠᠭ᠋ᠠᠭᠰᠠᠨ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠠᠴᠠ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ᠎ᠤ ᠣᠨ᠎ᠤ ᠤᠰᠤ ᠲᠠᠲᠠᠬᠤ ᠬᠡᠮᠵᠢᠶ᠎ᠡ ᠵᠢ ᠬᠢᠵᠠᠭ᠋ᠠᠷᠯᠠᠵᠤ ᠪᠣᠯᠤᠨ᠎ᠠ᠄
(ᠨᠢᠭᠡ) ᠪᠠᠶ᠋ᠢᠭ᠋ᠠᠯᠢ ᠵᠢᠨ ᠰᠢᠯᠲᠠᠭ᠋ᠠᠨ᠎ᠠᠴᠠ ᠪᠣᠯᠵᠣ᠂ ᠤᠰᠤᠨ᠎ᠤ ᠡᠬᠢ ᠪᠠᠶᠠᠯᠢᠭ᠎ᠨᠢ ᠲᠣᠰ ᠭᠠᠵᠠᠷ ᠣᠷᠣᠨ᠎ᠤ ᠬᠡᠪ᠎ᠤᠨ ᠤᠰᠤᠨ᠎ᠤ ᠬᠠᠩᠭ᠋ᠠᠯᠲᠠ ᠵᠢ ᠬᠠᠩᠭ᠋ᠠᠵᠤ ᠳᠡᠶ᠋ᠢᠯᠬᠦ ᠥᠬᠡᠶ ᠪᠣᠯᠤᠭᠰᠠᠨ;
(ᠬᠣᠶᠠᠷ) ᠤᠰᠤ ᠲᠠᠲᠠᠬᠤ᠂ ᠤᠰᠤ ᠪᠤᠴᠠᠭ᠋ᠠᠬᠤ᠎ᠨᠢ ᠤᠰᠤᠨ᠎ᠤ ᠴᠢᠳᠠᠮᠵᠢᠳᠣ ᠣᠷᠣᠨ᠎ᠤ ᠤᠰᠤᠨ ᠣᠷᠣᠨ᠎ᠤ ᠬᠡᠷᠡᠭᠯᠡᠯᠲᠡ ᠵᠢᠨ ᠴᠢᠳᠠᠮᠵᠢ᠂ ᠠᠮᠢ ᠠᠬᠤᠶ ᠬᠢᠭᠡᠳ ᠣᠷᠴᠢᠨ ᠲᠣᠭᠣᠷᠢᠨ᠎ᠳᠤ ᠬᠦᠨᠳᠦ ᠨᠣᠴᠢᠲᠠᠶ ᠨᠥᠯᠥᠭᠡ ᠦᠵᠡᠭᠦᠯᠦᠭᠰᠡᠨ;
(ᠭᠤᠷᠪᠠ) ᠭᠠᠵᠠᠷ ᠳᠣᠣᠷᠠᠬᠢ ᠤᠰᠤ ᠵᠢ ᠬᠦᠨᠳᠦ ᠨᠣᠴᠢᠲᠠᠶ ᠬᠡᠲᠦᠷᠡᠲᠡᠯ᠎ᠡ ᠮᠠᠯᠲᠠᠭᠰᠠᠨ ᠪᠤᠶᠤ ᠭᠠᠵᠠᠷ ᠳᠣᠣᠷᠠᠬᠢ ᠤᠰᠤ ᠵᠢ ᠨᠡᠭᠡᠭᠡᠨ ᠮᠠᠯᠲᠠᠭᠰᠠᠨ᠎ᠠᠴᠠ ᠪᠤᠯᠵᠤ ᠭᠠᠵᠠᠷ᠎ᠤᠨ ᠭᠠᠳᠠᠷᠭᠤ ᠳᠣᠷᠣᠭᠰᠢ ᠰᠠᠭᠤᠭᠰᠠᠨ ᠵᠡᠷᠭᠡ ᠭ᠋ᠸᠤᠯᠤᠬᠢ ᠵᠢᠨ ᠭᠠᠮᠰᠢᠭ ᠭᠠᠷᠤᠭᠰᠠᠨ;
(ᠲᠤᠢ᠍ᠷᠪᠡ) ᠤᠰᠦᠠ᠎ᠤ ᠬᠡᠮᠵᠢᠶ᠎ᠡ ᠵᠢ ᠬᠢᠵᠠᠭ᠋ᠠᠷᠯᠠᠬᠤ ᠴᠢᠬᠤᠯᠠᠲᠠᠢ ᠪᠤᠰᠤᠳ ᠣᠨᠴᠠᠭ᠋ᠠᠶ ᠪᠠᠶ᠋ᠢᠳᠠᠯ ᠭᠠᠷᠤᠭᠰᠠᠨ᠃
ᠬᠦᠨᠳᠦ ᠶᠡᠬᠡ ᠭᠠᠩ᠎ᠤᠨ ᠪᠠᠶ᠋ᠢᠳᠠᠯ ᠭᠠᠷᠤᠭᠰᠠᠨ ᠦᠶ᠎ᠡ᠎ᠳᠤ᠂ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠠᠴᠠ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ᠎ᠤ ᠤᠰᠤ ᠠᠪᠬᠤ ᠬᠡᠮᠵᠢᠶ᠎ᠡ ᠵᠢ ᠪᠠᠴᠢᠮ ᠬᠢᠵᠠᠭ᠋ᠠᠷᠯᠠᠵᠤ ᠪᠣᠯᠤᠨ᠎ᠠ᠃
ᠳᠥᠴᠢᠨ ᠬᠣᠶᠠᠳᠤᠭ᠋ᠠᠷ ᠵᠦᠢ᠍ᠯ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ ᠵᠢᠯ ᠪᠦᠷᠢ ᠵᠢᠨ 12 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ ᠬᠢᠨᠠᠨ ᠵᠥᠪᠰᠢᠶᠡᠷᠡᠬᠦ ᠪᠠᠶ᠋ᠢᠭᠤᠯᠭ᠎ᠠ ᠳᠤ ᠲᠤᠰ ᠵᠢᠯ᠎ᠤᠨ ᠤᠰᠤ ᠲᠠᠲᠠᠭᠰᠠᠨ ᠪᠠᠶ᠋ᠢᠳᠠᠯ ᠪᠣᠯᠤᠨ ᠲᠠᠷᠠᠭ᠎ᠠ ᠨᠢᠭᠡ ᠵᠢᠯ᠎ᠤᠨ ᠤᠰᠤ ᠲᠠᠲᠠᠬᠤ ᠲᠥᠯᠥᠪᠯᠡᠭᠡ ᠵᠢᠨ ᠰᠠᠨᠠᠭᠤᠯᠭ᠎ᠠ᠎ᠪᠠᠨ ᠮᠡᠳᠡᠭᠦᠯᠦᠨ ᠬᠦᠷᠭᠡᠬᠦ ᠬᠡᠷᠡᠭᠲᠡᠶ᠃
ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠨᠢ ᠭᠠᠵᠠᠷ ᠳᠣᠣᠷᠠᠬᠢ ᠤᠰᠤ ᠵᠢ ᠲᠠᠲᠠᠵᠤ ᠬᠡᠷᠡᠭᠯᠡᠭᠰᠡᠨ ᠪᠠᠶ᠋ᠢᠳᠠᠯ ᠵᠶ᠋ᠠᠨ ᠠᠳᠠᠯᠢ ᠱᠠᠲᠤᠨ᠎ᠤ ᠤᠯᠤᠰ᠎ᠤᠨ ᠨᠤᠲᠤᠭ ᠳᠡᠪᠢᠰᠬᠡᠷ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠣᠨ ᠵᠢᠯ ᠵᠶ᠋ᠠᠷ ᠬᠠᠭᠤᠯᠤᠨ ᠬᠦᠷᠭᠡᠵᠦ᠂ ᠬᠤᠲᠠ ᠵᠢᠨ ᠲᠥᠯᠥᠪᠵᠢᠭᠦᠯᠭᠡ ᠵᠢᠨ ᠲᠣᠭᠣᠷᠢᠭ᠎ᠤᠨ ᠭᠠᠵᠠᠷ ᠳᠣᠣᠷᠠᠬᠢ ᠤᠰᠤ ᠵᠢ ᠲᠠᠲᠠᠵᠤ ᠬᠡᠷᠡᠭᠯᠡᠭᠰᠡᠨ ᠪᠠᠶ᠋ᠢᠳᠠᠯ ᠵᠶ᠋ᠠᠨ ᠠᠳᠠᠯᠢ ᠱᠠᠲᠤᠨ᠎ᠤ ᠬᠤᠲᠠ ᠵᠢᠨ ᠪᠦᠲᠦᠭᠡᠨ ᠪᠠᠶ᠋ᠢᠭᠤᠯᠤᠯᠲᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠠᠭᠤᠯᠤᠨ ᠬᠦᠷᠭᠡᠬᠦ ᠬᠡᠷᠡᠭᠲᠡᠶ᠃
ᠬᠢᠨᠠᠨ ᠵᠥᠪᠰᠢᠶᠡᠷᠡᠬᠦ ᠪᠠᠶ᠋ᠢᠭᠤᠯᠭ᠎ᠠ ᠲᠤᠰ ᠲᠥᠷᠢᠮ᠎ᠤᠨ ᠳᠥᠴᠢᠨ ᠨᠢᠭᠡᠳᠦᠭᠡᠷ ᠵᠦᠢ᠍ᠯ ᠤᠨ ᠨᠢᠭᠡᠳᠦᠭᠡᠷ ᠵᠤᠷᠪᠤᠰ᠎ᠤᠨ ᠲᠣᠭᠲᠠᠭ᠋ᠠᠯ ᠶᠣᠰᠣᠭ᠋ᠠᠷ᠂ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ᠎ᠤ ᠣᠨ᠎ᠤ ᠤᠰᠤ ᠲᠠᠲᠠᠬᠤ ᠬᠡᠮᠵᠢᠶ᠎ᠡ ᠵᠢ ᠬᠢᠵᠠᠭ᠋ᠠᠷᠯᠠᠬᠤ ᠴᠢᠬᠤᠯᠠᠲᠠᠢ ᠪᠣᠯ ᠬᠢᠵᠠᠭ᠋ᠠᠷᠯᠠᠬᠤ ᠠᠷᠭ᠎ᠠ ᠬᠡᠮᠵᠢᠶ᠎ᠡ ᠠᠪᠬᠤ᠎ᠠᠴᠠ᠎ᠪᠠᠨ ᠡᠮᠦᠨ᠎ᠡ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ᠎ᠳᠤ ᠴᠠᠭ ᠲᠤᠬᠠᠶ᠎ᠳᠤᠨᠢ ᠪᠢᠴᠢᠭ ᠵᠶ᠋ᠠᠷ ᠮᠡᠳᠡᠭᠳᠡᠬᠦ ᠬᠡᠷᠡᠭᠲᠡᠶ᠃
ᠳᠥᠴᠢᠨ ᠭᠤᠷᠪᠠᠳᠤᠭ᠋ᠠᠷ ᠵᠦᠢ᠍ᠯ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ ᠤᠯᠤᠰ᠎ᠤᠨ ᠮᠡᠷᠭᠡᠵᠢᠯ᠎ᠤᠨ ᠪᠠᠷᠢᠮᠵᠢᠶ᠎ᠠ ᠶᠣᠰᠣᠭ᠋ᠠᠷ ᠬᠡᠮᠵᠢᠯᠲᠡ ᠵᠢᠨ ᠲᠥᠬᠥᠭᠡᠷᠦᠮᠵᠢ ᠤᠭᠰᠠᠷᠠᠵᠤ᠂ ᠬᠡᠮᠵᠢᠯᠲᠡ ᠵᠢᠨ ᠲᠥᠬᠥᠭᠡᠷᠦᠮᠵᠢ ᠵᠢᠨ ᠬᠡᠪ᠎ᠤᠨ ᠠᠵᠢᠯᠯᠠᠭ᠎ᠠ ᠵᠢ ᠪᠠᠲᠤᠯᠠᠬᠤ ᠵᠢᠨ ᠬᠠᠮᠲᠤ ᠲᠣᠭᠲᠠᠭ᠋ᠠᠯ ᠶᠣᠰᠣᠭ᠋ᠠᠷ ᠤᠰᠤ ᠲᠠᠲᠠᠭᠰᠠᠨ ᠲᠣᠭ᠎ᠠ ᠪᠦᠷᠢᠳᠬᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢ ᠲᠠᠭᠯᠠᠨ ᠮᠡᠳᠡᠭᠦᠯᠬᠦ ᠬᠡᠷᠡᠭᠲᠡᠶ᠃
ᠳᠥᠴᠢᠨ ᠳᠥᠷᠪᠡᠳᠦᠭᠡᠷ ᠵᠦᠢ᠍ᠯ ᠤᠰᠤ ᠲᠠᠲᠠᠬᠤ᠎ᠪᠠᠨ ᠵᠠᠯᠭ᠋ᠠᠭ᠎ᠠ᠎ᠪᠠᠷ ᠵᠣᠭᠰᠣᠭ᠋ᠠᠭ᠋ᠠᠳ ᠪᠦᠬᠦᠯᠢ 2 ᠵᠢᠯ ᠪᠣᠯᠤᠭᠰᠠᠨ ᠪᠣᠯ ᠤᠤᠯ᠎ᠤᠨ ᠬᠢᠨᠠᠨ ᠵᠥᠪᠰᠢᠶᠡᠷᠡᠭᠰᠡᠨ ᠪᠠᠶ᠋ᠢᠭᠤᠯᠭ᠎ᠠ᠎ᠠᠴᠠ ᠤᠰᠤ ᠲᠠᠲᠠᠬᠤ ᠵᠥᠪᠰᠢᠶᠡᠷᠡᠯ᠎ᠤᠨ ᠦᠨᠡᠮᠯᠡᠯ᠎ᠢ᠎ᠨᠢ ᠬᠦᠴᠦᠨ ᠥᠭᠡᠢ ᠪᠣᠯᠭ᠋ᠠᠨ᠎ᠠ᠃ ᠡᠰᠡᠷᠭᠦᠴᠡᠰᠢ ᠦᠭᠡᠢ ᠬᠦᠴᠦᠨ ᠪᠤᠶᠤ ᠴᠢᠬᠤᠯᠠ ᠶᠡᠬᠡ ᠮᠡᠷᠭᠡᠵᠢᠯ᠎ᠤᠨ ᠥᠭᠡᠷᠡᠴᠢᠯᠡᠯᠲᠡ ᠬᠢᠭᠰᠡᠨ ᠵᠡᠷᠭᠡ ᠰᠢᠯᠲᠠᠭ᠋ᠠᠨ᠎ᠠᠴᠠ ᠪᠤᠯᠵᠤ ᠤᠰᠤ ᠲᠠᠲᠠᠬᠤ᠎ᠪᠠᠨ ᠵᠣᠭᠰᠣᠭ᠋ᠠᠭ᠋ᠠᠳ ᠪᠦᠬᠦᠯᠢ 2 ᠵᠢᠯ ᠪᠣᠯᠤᠭᠰᠠᠨ ᠪᠠᠶ᠋ᠢᠪᠠᠯ᠂ ᠤᠤᠯ᠎ᠤᠨ ᠬᠢᠨᠠᠨ ᠵᠥᠪᠰᠢᠶᠡᠷᠡᠭᠰᠡᠨ ᠪᠠᠶ᠋ᠢᠭᠤᠯᠭ᠎ᠠ᠎ᠪᠠᠷ ᠵᠥᠪᠰᠢᠶᠡᠷᠡᠭᠦᠯᠦᠭᠡᠳ᠂ ᠤᠰᠤ ᠲᠠᠲᠠᠬᠤ ᠵᠥᠪᠰᠢᠶᠡᠷᠡᠯ᠎ᠤᠨ ᠦᠨᠡᠮᠯᠡᠯ᠎ᠢ᠎ᠨᠢ ᠦᠯᠡᠳᠡᠭᠡᠵᠦ ᠪᠣᠯᠤᠨ᠎ᠠ᠃
ᠳᠥᠴᠢᠨ ᠲᠠᠪᠤᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠬᠢᠨᠠᠯᠲᠠ ᠲᠠᠯᠪᠢᠵᠤ ᠪᠠᠶ᠋ᠢᠴᠠᠭ᠋ᠠᠬᠤ᠎ᠳᠠᠭᠠᠨ ᠳᠣᠣᠷ᠎ᠠ ᠵᠢᠭᠰᠠᠭ᠋ᠠᠭᠰᠠᠨ ᠠᠷᠭ᠎ᠠ ᠬᠡᠮᠵᠢᠶ᠎ᠡ᠎ᠨᠦᠭᠦᠳ᠎ᠢ ᠠᠪᠬᠤ ᠡᠷᠬᠡ᠎ᠲᠠᠢ᠄
(ᠨᠢᠭᠡ) ᠪᠠᠶ᠋ᠢᠴᠠᠭ᠋ᠠᠭᠳᠠᠬᠤ ᠨᠢᠭᠡᠴᠢ ᠪᠤᠶᠤ ᠬᠤᠪᠢ ᠬᠥᠮᠦᠨ᠎ᠢ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠭᠡᠷᠡᠴᠢ ᠦᠨᠡᠮᠯᠡᠯ᠂ ᠮᠠᠲ᠋ᠧᠷᠢᠶᠠᠯ ᠬᠠᠩᠭ᠋ᠠᠯᠭ᠋ᠠᠬᠤ᠎ᠪᠠᠷ ᠱᠠᠭ᠋ᠠᠷᠳᠠᠬᠤ;
(ᠬᠣᠶᠠᠷ) ᠪᠠᠶ᠋ᠢᠴᠠᠭ᠋ᠠᠭᠳᠠᠬᠤ ᠨᠢᠭᠡᠴᠢ ᠪᠤᠶᠤ ᠬᠤᠪᠢ ᠬᠥᠮᠦᠨ᠎ᠢ ᠲᠤᠰ ᠲᠦᠷᠢᠮ᠎ᠢ ᠬᠡᠷᠡᠭᠵᠢᠭᠦᠯᠬᠦ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠶ ᠲᠣᠳᠣᠷᠬᠠᠶ᠋ᠢᠯᠠᠯᠲᠠ ᠬᠢᠯᠭᠡᠬᠦ᠎ᠪᠠᠷ ᠱᠠᠭ᠋ᠠᠷᠳᠠᠬᠤ;
(ᠭᠤᠷᠪᠠ) ᠪᠠᠶ᠋ᠢᠴᠠᠭ᠋ᠠᠭᠳᠠᠬᠤ ᠨᠢᠭᠡᠴᠢ ᠪᠤᠶᠤ ᠬᠤᠪᠢ ᠬᠥᠮᠦᠨ᠎ᠤ ᠦᠢ᠍ᠯᠡᠳᠪᠦᠷᠢᠯᠡᠯ᠎ᠤᠨ ᠲᠠᠯᠠᠪᠤᠷ᠎ᠲᠤ ᠣᠴᠢᠵᠤ ᠪᠠᠶ᠋ᠢᠴᠠᠭ᠋ᠠᠯᠲᠠ ᠬᠢᠬᠦ;
(ᠲᠦᠷᠪᠡ) ᠪᠠᠶ᠋ᠢᠴᠠᠭ᠋ᠠᠭᠳᠠᠬᠤ ᠨᠢᠭᠡᠴᠢ ᠪᠤᠶᠤ ᠬᠤᠪᠢ ᠬᠥᠮᠦᠨ᠎ᠢ ᠵᠠᠷᠯᠢᠭᠳᠠᠵᠤ ᠪᠠᠶ᠋ᠢᠭ᠋ᠠᠳ ᠲᠤᠰ ᠲᠦᠷᠢᠮ᠎ᠢ ᠵᠥᠷᠢᠴᠡᠭᠰᠡᠨ ᠠᠵᠢᠯᠯᠠᠭ᠎ᠠ ᠵᠢ᠎ᠨᠢ ᠵᠣᠭᠰᠣᠭ᠋ᠠᠵᠤ᠂ ᠬᠠᠤᠯᠢ᠎ᠳᠤ ᠲᠣᠭᠲᠠᠭ᠋ᠠᠭᠰᠠᠨ ᠡᠭᠦᠷᠭᠡ ᠵᠢ ᠭᠦᠢ᠍ᠴᠡᠳᠬᠡᠭᠦᠯᠬᠦ᠃
ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯᠲᠠᠨ ᠬᠢᠨᠠᠯᠲᠠ ᠲᠠᠯᠪᠢᠵᠤ ᠪᠠᠶ᠋ᠢᠴᠠᠭ᠋ᠠᠬᠤ᠎ᠳᠠᠭᠠᠨ ᠬᠠᠤᠯᠢ ᠶᠣᠰᠣᠨ᠎ᠤ ᠬᠦᠴᠦᠨ ᠪᠥᠬᠥᠶ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ ᠵᠶ᠋ᠠᠨ ᠭᠠᠷᠭ᠋ᠠᠵᠤ ᠦᠵᠡᠭᠦᠯᠬᠦ ᠬᠡᠷᠡᠭᠲᠡᠶ᠃ ᠬᠣᠯᠪᠣᠭᠳᠠᠯ ᠪᠦᠬᠦᠢ ᠨᠢᠭᠡᠴᠢ ᠪᠠ ᠬᠤᠪᠢ ᠬᠥᠮᠦᠨ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ᠎ᠳᠤ ᠬᠠᠮᠵᠢᠯᠴᠠᠬᠤ ᠬᠡᠷᠡᠭᠲᠡᠶ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯᠳᠡᠠᠤ ᠬᠠᠤᠯᠢ ᠶᠣᠰᠣᠭ᠋ᠠᠷ ᠠᠯᠪᠠᠨ ᠠᠵᠢᠯ ᠵᠶ᠋ᠠᠨ ᠭᠦᠢ᠍ᠴᠡᠳᠬᠡᠬᠦ ᠵᠢ ᠲᠡᠪᠴᠢᠬᠦ ᠪᠤᠶᠤ ᠬᠠᠷᠰᠢᠯᠠᠵᠤ ᠪᠣᠯᠬᠤ ᠤᠢ᠍ᠭᠡᠢ᠃
ᠳᠥᠴᠢᠨ ᠵᠢᠷᠭᠤᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠯ ᠶᠣᠰᠣᠭ᠋ᠠᠷ᠂ ᠳᠡᠭᠡᠷ᠎ᠡ ᠨᠢᠭᠡ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠶ᠋ᠢᠭ᠎ᠠ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠡᠭᠡᠷ᠎ᠡ ᠨᠢᠭᠡ ᠵᠢᠯ᠎ᠤᠨ ᠤᠰᠤ ᠲᠠᠲᠠᠬᠤ ᠵᠥᠪᠰᠢᠶᠡᠷᠡᠯ᠎ᠤᠨ ᠦᠨᠡᠮᠯᠡᠯ᠎ᠢ ᠣᠯᠭᠣᠭᠰᠠᠨ ᠪᠠᠶ᠋ᠢᠳᠠᠯ ᠵᠶ᠋ᠠᠨ ᠮᠡᠳᠡᠬᠦᠯᠦᠨ ᠬᠦᠷᠭᠡᠬᠦ ᠬᠡᠷᠡᠭᠲᠡᠢ᠃
ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠭᠲᠠᠭ᠋ᠠᠯ ᠶᠣᠰᠣᠭ᠋ᠠᠷ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠳᠡᠭᠡᠷ᠎ᠡ ᠨᠢᠭᠡ ᠵᠢᠯ᠎ᠤᠨ ᠤᠰᠤ ᠲᠠᠲᠠᠬᠤ ᠵᠥᠪᠰᠢᠶᠡᠷᠡᠯ᠎ᠤᠨ ᠦᠨᠡᠮᠯᠡᠯ ᠣᠯᠭᠣᠭᠰᠠᠨ ᠪᠠᠶ᠋ᠢᠳᠠᠯ ᠵᠶ᠋ᠠᠨ ᠴᠠᠭ ᠲᠤᠬᠠᠶ᠎ᠳᠤᠨᠢ ᠮᠡᠳᠡᠭᠦᠯᠦᠨ ᠬᠦᠷᠭᠡᠬᠦ ᠵᠢᠨ ᠬᠠᠮᠲᠤ ᠤᠰᠤ ᠲᠠᠲᠠᠬᠤ ᠠᠮᠠ ᠵᠢᠨ ᠪᠠᠶ᠋ᠢᠭ᠎ᠠ ᠭᠠᠵᠠᠷ᠎ᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠠᠭᠤᠯᠤᠨ ᠬᠦᠷᠭᠡᠬᠦ ᠬᠡᠷᠡᠭᠲᠡᠢ᠃
ᠳᠡᠭᠡᠷ᠎ᠡ ᠨᠢᠭᠡ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠡᠷᠬᠡ᠎ᠠᠴᠠ᠎ᠪᠠᠨ ᠳᠠᠪᠠᠭᠤᠯᠤᠨ ᠬᠢᠨᠠᠨ ᠵᠥᠪᠰᠢᠶᠡᠷᠡᠬᠦ᠂ ᠤᠰᠤ ᠲᠠᠲᠠᠬᠤ ᠵᠥᠪᠰᠢᠶᠡᠷᠡᠯ᠎ᠤᠨ ᠦᠨᠡᠮᠯᠡᠯ ᠵᠶ᠋ᠠᠷ ᠬᠢᠨᠠᠨ ᠵᠥᠪᠰᠢᠶᠡᠷᠡᠭᠰᠡᠨ ᠶᠡᠷᠦᠩᠬᠡᠶ ᠤᠰᠤ ᠲᠠᠲᠠᠬᠤ ᠬᠡᠮᠵᠢᠶ᠎ᠡ᠎ᠨᠢ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ ᠪᠤᠶᠤ ᠬᠡᠯᠡᠯᠴᠡᠭᠡᠷ᠎ᠲᠤ ᠲᠣᠭᠲᠠᠭ᠋ᠠᠭᠰᠠᠨ ᠲᠣᠭ᠎ᠠ ᠬᠡᠮᠵᠢᠶ᠎ᠡ᠎ᠠᠴᠠ ᠳᠠᠪᠠᠵᠤ᠂ ᠣᠨ᠎ᠤ ᠪᠣᠳᠠᠲᠠᠶ ᠤᠰᠤ ᠲᠠᠲᠠᠬᠤ ᠶᠡᠷᠦᠩᠬᠡᠶ ᠬᠡᠮᠵᠢᠶ᠎ᠡ᠎ᠨᠢ ᠪᠠᠭᠤᠯᠭ᠋ᠠᠭᠰᠠᠨ ᠣᠨ᠎ᠤ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ ᠪᠠ ᠣᠨ᠎ᠤ ᠤᠰᠤ ᠲᠠᠲᠠᠬᠤ ᠲᠥᠯᠥᠪᠯᠡᠭᠡ᠎ᠠᠴᠠ ᠳᠠᠪᠠᠭᠰᠠᠨᠢ ᠣᠯᠵᠤ ᠮᠡᠳᠡᠪᠡᠯ᠂ ᠬᠣᠯᠪᠣᠭᠳᠠᠯ ᠪᠦᠬᠦᠢ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢ ᠴᠠᠭ ᠲᠤᠬᠠᠶ᠎ᠳᠤᠨᠢ ᠱᠠᠭ᠋ᠠᠷᠳᠠᠵᠤ ᠵᠠᠯᠠᠷᠠᠭᠤᠯᠬᠤ ᠬᠡᠷᠡᠭᠲᠡᠶ᠃
ᠵᠢᠷᠭᠤᠳᠤᠭ᠋ᠠᠷ ᠪᠦᠯᠦᠭ ᠬᠠᠤᠯᠢ ᠵᠢᠨ ᠬᠠᠷᠢᠭᠤᠴᠠᠯᠭ᠎ᠠ
ᠳᠥᠴᠢᠨ ᠳᠣᠯᠣᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠪᠤᠶᠤ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠲᠡᠭᠦᠨ᠎ᠤ ᠠᠵᠢᠯᠳᠠᠨ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠲᠡᠭᠦᠨ᠎ᠤ ᠳᠡᠭᠡᠳᠦ ᠱᠠᠲᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠪᠤᠶᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠠᠴᠠ ᠵᠠᠷᠯᠢᠭᠳᠠᠨ ᠵᠠᠯᠠᠷᠠᠭᠤᠯᠤᠭᠤᠯᠤᠨ᠎ᠠ; ᠤᠢ᠍ᠢ᠍ᠯᠠ ᠪᠠᠶ᠋ᠢᠳᠠᠯ᠎ᠨᠢ ᠬᠦᠨᠳᠦ ᠨᠣᠴᠢᠲᠠᠶ ᠪᠠᠶ᠋ᠢᠪᠠᠯ᠂ ᠰᠢᠭᠤᠳ ᠬᠠᠷᠢᠭᠤᠴᠠᠵᠤ ᠪᠠᠶ᠋ᠢᠭ᠎ᠠ ᠭᠤᠤᠯᠴᠢᠯᠠᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠤ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠭᠡᠯ ᠥᠭᠭᠦᠨ᠎ᠡ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠄
(ᠨᠢᠭᠡ) ᠬᠠᠤᠯᠢ᠎ᠳᠤ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠭᠰᠡᠨ ᠤᠰᠤ ᠲᠠᠲᠠᠬᠤ ᠭᠤᠶᠤᠴᠢᠯᠠᠯ᠎ᠢ ᠬᠦᠯᠢᠶᠡᠨ ᠠᠪᠴᠤ ᠰᠢᠢ᠍ᠳᠪᠤᠷᠢᠯᠡᠬᠦ ᠦᠭᠡᠢ ᠪᠤᠶᠤ ᠬᠠᠤᠯᠢ᠎ᠳᠤ ᠲᠣᠭᠲᠠᠭ᠋ᠠᠭᠰᠠᠨ ᠬᠤᠭᠤᠴᠠᠭ᠋ᠠᠨ᠎ᠳᠤ ᠦᠯᠦ ᠵᠥᠪᠰᠢᠶᠡᠷᠡᠭᠰᠡᠨ;
(ᠬᠣᠶᠠᠷ) ᠬᠠᠤᠯᠢ᠎ᠳᠤ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠬᠦ ᠦᠭᠡᠢ ᠭᠤᠶᠤᠴᠢᠯᠠᠭᠴᠢ᠎ᠳᠤ ᠤᠰᠤ ᠲᠠᠲᠠᠬᠤ ᠭᠤᠶᠤᠴᠢᠯᠠᠯ᠎ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠳᠤ ᠭᠠᠷᠤᠨ ᠦᠰᠦᠭ ᠵᠢᠷᠤᠵᠤ ᠶᠠᠪᠤᠭᠤᠯᠤᠭᠰᠠᠨ ᠪᠤᠶᠤ ᠤᠰᠤ ᠲᠠᠲᠠᠬᠤ ᠵᠥᠪᠰᠢᠶᠡᠷᠡᠯ᠎ᠤᠨ ᠦᠨᠡᠮᠯᠡᠯ ᠣᠯᠭᠣᠭᠰᠠᠨ;
(ᠭᠤᠷᠪᠠ) ᠬᠢᠨᠠᠨ ᠵᠥᠪᠰᠢᠶᠡᠷᠡᠬᠦ ᠡᠷᠬᠡ ᠮᠡᠳᠡᠯ᠎ᠤᠨ ᠬᠡᠪᠴᠢᠶ᠎ᠡ᠎ᠠᠴᠠ ᠵᠥᠷᠢᠴᠡᠨ ᠤᠰᠤ ᠲᠠᠲᠠᠬᠤ ᠭᠤᠶᠤᠴᠢᠯᠠᠯ᠎ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠳᠤ ᠭᠠᠷᠤᠨ ᠦᠰᠦᠭ ᠵᠢᠷᠤᠵᠤ ᠶᠠᠪᠤᠭᠤᠯᠤᠭᠰᠠᠨ ᠪᠤᠶᠤ ᠤᠰᠤ ᠲᠠᠲᠠᠬᠤ ᠵᠥᠪᠰᠢᠶᠡᠷᠡᠯ᠎ᠤᠨ ᠦᠨᠡᠮᠯᠡᠯ ᠣᠯᠭᠣᠭᠰᠠᠨ;
(ᠲᠦᠷᠪᠡ) ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠲᠣᠭᠲᠠᠭ᠋ᠠᠯ ᠶᠣᠰᠣᠭ᠋ᠠᠷ ᠦᠯᠦ ᠲᠠᠲᠠᠪᠤᠷᠢᠯᠠᠭᠰᠠᠨ᠂ ᠡᠰᠡᠬᠦᠯ᠎ᠡ ᠬᠣᠶ᠋ᠢᠰᠢᠯᠠᠭᠤᠯᠤᠨ ᠲᠤᠰᠢᠶᠠᠬᠤ ᠨᠥᠬᠥᠴᠡᠯ᠎ᠳᠤ ᠨᠡᠶ᠋ᠢᠴᠡᠬᠦ ᠦᠭᠡᠢ᠎ᠠᠴᠠ ᠪᠤᠯᠵᠤ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠬᠣᠶ᠋ᠢᠰᠢᠯᠠᠭᠤᠯᠤᠨ ᠲᠤᠰᠢᠶᠠᠬᠤ ᠵᠢ ᠵᠥᠪᠰᠢᠶᠡᠷᠡᠭᠰᠡᠨ;
(ᠲᠠᠪᠤ) ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠡᠵᠡᠯᠡᠨ ᠠᠪᠤᠭᠰᠠᠨ᠂ ᠳᠤᠮᠳᠠ᠎ᠠᠴᠠ᠎ᠨᠢ ᠦᠯᠡᠳᠡᠭᠡᠭᠰᠡᠨ᠂ ᠨᠡᠭᠦᠯᠭᠡᠨ ᠬᠡᠷᠡᠭᠯᠡᠭᠰᠡᠨ;
(ᠵᠢᠷᠭᠤᠭ᠎ᠠ) ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠥᠭᠡᠢ᠂ ᠬᠠᠤᠯᠢ᠎ᠠᠴᠠ ᠵᠥᠷᠢᠴᠡᠭᠰᠡᠨ ᠥᠢ᠍ᠯᠡ ᠠᠵᠢᠯᠯᠠᠭ᠎ᠠ ᠵᠢ ᠣᠯᠵᠤ ᠮᠡᠳᠡᠭᠡᠳ ᠪᠠᠶ᠋ᠢᠴᠠᠭ᠋ᠠᠨ ᠰᠢᠢ᠍ᠳᠪᠤᠷᠢᠯᠡᠭᠰᠡᠨ ᠥᠭᠡᠢ;
(ᠲᠤᠯᠤᠭ᠎ᠠ) ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠭᠰᠡᠨ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠭᠰᠠᠨ᠂ ᠬᠤᠪᠢ ᠵᠢᠨ ᠨᠠᠶ᠋ᠢᠷ ᠵᠶ᠋ᠠᠷ ᠬᠠᠤᠯᠢ ᠶᠣᠰᠣ ᠵᠢ ᠵᠥᠷᠢᠴᠡᠭᠰᠡᠨ ᠪᠤᠰᠤᠳ ᠦᠢ᠍ᠯᠡ ᠠᠵᠢᠯᠯᠠᠭ᠎ᠠ᠃
ᠡᠮᠦᠨᠡᠬᠢ ᠪᠠᠳᠠᠭ᠎ᠤᠨ (ᠲᠠᠪᠤ) ᠳ᠋ᠤᠭ᠋ᠠᠷ ᠵᠤᠷᠪᠤᠰ᠎ᠲᠤ ᠲᠣᠭᠲᠠᠭ᠋ᠠᠭᠰᠠᠨ ᠤᠰᠤᠨ᠎ᠤ ᠡᠬᠢ ᠪᠠᠶᠠᠯᠢᠭ᠎ᠢ ᠡᠵᠡᠯᠡᠭᠰᠡᠨ᠂ ᠳᠤᠮᠳᠠ᠎ᠠᠴᠠ᠎ᠨᠢ ᠦᠯᠡᠳᠡᠭᠡᠭᠰᠡᠨ᠂ ᠨᠡᠭᠦᠯᠭᠡᠨ ᠬᠡᠷᠡᠭᠯᠡᠭᠰᠡᠨ ᠵᠠᠷᠤᠳᠠᠯ᠎ᠢ ᠬᠠᠤᠯᠢ ᠶᠣᠰᠣᠭ᠋ᠠᠷ ᠨᠡᠬᠡᠮᠵᠢᠯᠡᠨ ᠲᠤᠰᠢᠶᠠᠯᠭ᠋ᠠᠬᠤ ᠬᠡᠷᠡᠭᠲᠡᠶ᠃
ᠳᠥᠴᠢᠨ ᠨᠠᠢ᠍ᠮᠠᠳᠤᠭ᠋ᠠᠷ ᠵᠦᠢ᠍ᠯ ᠵᠦᠪᠰᠢᠶᠡᠷᠡᠬᠦᠯᠦᠭᠰᠡᠨ ᠦᠭᠡᠢ᠎ᠪᠠᠷ ᠳᠤᠷ᠎ᠠ᠎ᠪᠠᠷ ᠵᠶ᠋ᠠᠨ ᠤᠰᠤ ᠲᠠᠲᠠᠭᠰᠠᠨ ᠪᠤᠶᠤ ᠵᠥᠪᠰᠢᠶᠡᠷᠡᠭᠦᠯᠦᠭᠰᠡᠨ ᠤᠰᠤ ᠲᠠᠲᠠᠬᠤ ᠵᠥᠪᠰᠢᠶᠡᠷᠡᠯ᠎ᠤᠨ ᠲᠣᠭᠲᠠᠭ᠋ᠠᠯ᠎ᠤᠨ ᠨᠥᠬᠥᠴᠡᠯ ᠶᠣᠰᠣᠭ᠋ᠠᠷ ᠤᠰᠤ ᠲᠠᠲᠠᠭᠰᠠᠨ ᠦᠭᠡᠢ ᠪᠠᠶ᠋ᠢᠪᠠᠯ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》 ᠵᠢᠨ ᠵᠢᠷᠠ ᠶᠢᠰᠦᠳᠦᠭᠡᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠰᠢᠢ᠍ᠳᠭᠡᠨ᠎ᠡ; ᠪᠤᠰᠤᠳ᠎ᠲᠤ ᠬᠠᠷᠰᠢ ᠰᠠᠭ᠋ᠠᠳ ᠪᠤᠶᠤ ᠬᠣᠬᠢᠷᠠᠯ ᠤᠴᠠᠷᠠᠭᠤᠯᠤᠭᠰᠠᠨ ᠪᠠᠶ᠋ᠢᠪᠠᠯ ᠬᠠᠷᠰᠢ ᠰᠠᠭ᠋ᠠᠳ᠎ᠢ ᠠᠷᠢᠯᠭ᠋ᠠᠵᠤ᠂ ᠬᠣᠬᠢᠷᠠᠯ᠎ᠢ ᠲᠤᠢ᠍ᠯᠦᠬᠦ ᠬᠡᠷᠡᠭᠲᠡᠶ᠃
ᠳᠥᠴᠢ ᠶᠢᠰᠦᠳᠦᠭᠡᠷ ᠵᠦᠢ᠍ᠯ ᠤᠰᠤ ᠲᠠᠲᠠᠬᠤ ᠭᠤᠶᠤᠴᠢᠯᠠᠯ᠎ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠢ ᠣᠯᠤᠭᠰᠠᠨ ᠦᠭᠡᠢ᠎ᠪᠠᠷ ᠳᠤᠷ᠎ᠠ᠎ᠪᠠᠷ ᠵᠶ᠋ᠠᠨ ᠤᠰᠤ ᠲᠠᠲᠠᠬᠤ ᠪᠠᠷᠢᠯᠭ᠎ᠠ ᠪᠤᠶᠤ ᠲᠥᠬᠥᠭᠡᠷᠦᠮᠵᠢ ᠵᠢ ᠪᠠᠶ᠋ᠢᠭᠤᠯᠤᠭᠰᠠᠨ ᠪᠠᠶ᠋ᠢᠪᠠᠯ᠂ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ ᠬᠤᠭᠤᠴᠠᠭ᠎ᠠ ᠲᠣᠭᠲᠠᠭ᠋ᠠᠨ ᠬᠣᠯᠪᠣᠭᠳᠠᠯ ᠪᠦᠬᠦᠢ ᠭᠠᠷ ᠭᠦᠢ᠍ᠴᠡᠳᠬᠡᠯ᠎ᠢ ᠨᠥᠬᠥᠵᠦ ᠬᠢᠯᠭᠡᠨ᠎ᠡ; ᠬᠤᠭᠤᠴᠠᠭ᠎ᠠ ᠬᠡᠲᠦᠷᠡᠲᠡᠯ᠎ᠡ ᠨᠥᠬᠥᠵᠦ ᠭᠦᠢ᠍ᠴᠡᠳᠬᠡᠭᠰᠡᠨ ᠤᠢ᠍ᠭᠡᠢ ᠪᠤᠶᠤ ᠨᠥᠬᠥᠵᠦ ᠭᠦᠢ᠍ᠴᠡᠳᠬᠡᠭᠡᠳ ᠵᠥᠪᠰᠢᠶᠡᠷᠡᠭᠳᠡᠭᠰᠡᠨ ᠤᠢ᠍ᠭᠡᠢ ᠪᠠᠶ᠋ᠢᠪᠠᠯ᠂ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠨᠤᠷᠠᠭ᠋ᠠᠯᠭ᠋ᠠᠬᠤ ᠪᠤᠶᠤ ᠲᠡᠭᠦᠨ᠎ᠤ ᠤᠰᠤ ᠲᠠᠲᠠᠬᠤ ᠪᠠᠷᠢᠯᠭ᠎ᠠ ᠪᠤᠶᠤ ᠲᠥᠬᠥᠭᠡᠷᠦᠮᠵᠢ ᠵᠢ᠎ᠨᠢ ᠪᠢᠲᠡᠭᠦᠮᠵᠢᠯᠡᠭᠦᠯᠦᠨ᠎ᠡ; ᠬᠤᠭᠤᠴᠠᠭ᠎ᠠ ᠬᠡᠲᠦᠷᠡᠲᠡᠯ᠎ᠡ ᠲᠡᠭᠦᠨ᠎ᠤ ᠤᠰᠤ ᠲᠠᠲᠠᠬᠤ ᠪᠠᠷᠢᠯᠭ᠎ᠠ ᠪᠤᠶᠤ ᠲᠥᠬᠥᠭᠡᠷᠦᠮᠵᠢ ᠵᠢ ᠨᠤᠷᠠᠭ᠋ᠠᠬᠤ ᠦᠭᠡᠢ ᠪᠤᠶᠤ ᠪᠢᠲᠡᠭᠦᠮᠵᠢᠯᠡᠬᠦ ᠦᠭᠡᠢ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠵᠣᠬᠢᠶᠠᠨ ᠪᠠᠶ᠋ᠢᠭᠤᠯᠵᠤ ᠪᠠᠶ᠋ᠢᠭ᠋ᠠᠳ ᠨᠤᠷᠠᠭ᠋ᠠᠬᠤ ᠪᠤᠶᠤ ᠪᠢᠲᠡᠭᠦᠮᠵᠢᠯᠡᠨ᠎ᠡ᠂ ᠬᠡᠷᠡᠭᠰᠡᠬᠦ ᠵᠠᠷᠤᠳᠠᠯ᠎ᠢ ᠬᠠᠤᠯᠢ ᠵᠢ ᠵᠥᠷᠢᠴᠡᠭᠰᠡᠨ ᠠᠵᠢᠯᠯᠠᠭ᠋ᠠᠲᠤ ᠬᠥᠮᠦᠨ ᠡᠭᠦᠷᠭᠡᠯᠡᠨ᠎ᠡ᠂ 5 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠵᠦ ᠪᠣᠯᠤᠨ᠎ᠠ᠃
ᠲᠠᠪᠢᠳᠤᠭ᠋ᠠᠷ ᠵᠦᠢ᠍ᠯ ᠭᠤᠶᠤᠴᠢᠯᠠᠭᠴᠢ ᠬᠣᠯᠪᠣᠭᠳᠠᠯ ᠪᠦᠬᠦᠢ ᠪᠠᠶ᠋ᠢᠳᠠᠯ᠎ᠢ ᠨᠢᠭᠤᠨ ᠳᠠᠯᠳᠠᠯᠠᠭᠰᠠᠨ ᠪᠤᠶᠤ ᠬᠤᠳᠠᠯ ᠬᠠᠭᠤᠷᠮᠠᠭ ᠮᠠᠲ᠋ᠧᠷᠢᠶᠠᠯ ᠬᠠᠩᠭ᠋ᠠᠵᠤ ᠤᠰᠤ ᠲᠠᠲᠠᠬᠤ ᠵᠢ ᠵᠥᠪᠰᠢᠶᠡᠷᠡᠭᠦᠯᠬᠦ ᠪᠢᠴᠢᠭ ᠮᠠᠲ᠋ᠧᠷᠢᠶᠠᠯ ᠪᠤᠶᠤ ᠤᠰᠤ ᠲᠠᠲᠠᠬᠤ ᠵᠥᠪᠰᠢᠶᠡᠷᠡᠯ᠎ᠤᠨ ᠦᠨᠡᠮᠯᠡᠯ᠎ᠢ ᠮᠡᠬᠡᠯᠡᠨ ᠠᠪᠤᠭᠰᠠᠨ ᠪᠠᠶ᠋ᠢᠪᠠᠯ᠂ ᠤᠰᠤ ᠲᠠᠲᠠᠬᠤ ᠵᠢ ᠵᠥᠪᠰᠢᠶᠡᠷᠡᠭᠦᠯᠬᠦ ᠪᠢᠴᠢᠭ ᠮᠠᠲ᠋ᠧᠷᠢᠶᠠᠯ ᠪᠤᠶᠤ ᠤᠰᠤ ᠲᠠᠲᠠᠬᠤ ᠵᠥᠪᠰᠢᠶᠡᠷᠡᠯ᠎ᠤᠨ ᠦᠨᠡᠮᠯᠡᠯ᠎ᠢ ᠬᠦᠴᠦᠨ ᠦᠭᠡᠢ ᠪᠣᠯᠭ᠋ᠠᠵᠤ᠂ ᠭᠤᠶᠤᠴᠢᠯᠠᠭᠴᠢ ᠵᠢ ᠳᠣᠩᠭᠣᠳᠴᠤ᠂ ᠲᠤᠰᠢᠶᠠᠬᠤ ᠶᠣᠰᠣᠲᠠᠶ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠬᠤᠭᠤᠴᠠᠭ᠎ᠠ ᠲᠣᠭᠲᠠᠭ᠋ᠠᠨ ᠨᠥᠬᠥᠵᠦ ᠲᠤᠰᠢᠶᠠᠯᠭ᠋ᠠᠬᠤ᠎ᠪᠠᠷ ᠵᠠᠷᠯᠢᠭᠳᠠᠵᠤ᠂ 2 ᠲᠦᠮᠡᠨ ᠲᠥᠭᠥᠷᠢᠭ᠎ᠠᠴᠠ ᠳᠡᠭᠡᠭᠰᠢ 10 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠲᠠᠪᠢᠨ ᠨᠢᠭᠡᠳᠦᠭᠡᠷ ᠵᠦᠢ᠍ᠯ ᠬᠢᠨᠠᠨ ᠵᠥᠪᠰᠢᠶᠡᠷᠡᠬᠦ ᠪᠠᠶ᠋ᠢᠭᠤᠯᠭ᠎ᠠ ᠵᠢᠨ ᠭᠠᠷᠭ᠋ᠠᠭᠰᠠᠨ ᠤᠰᠤ ᠳᠠᠳᠠᠬᠤ ᠬᠡᠮᠵᠢᠶ᠎ᠡ ᠵᠢ ᠬᠢᠵᠠᠭ᠋ᠠᠷᠯᠠᠬᠤ ᠲᠣᠭᠲᠠᠭ᠋ᠠᠯ᠎ᠢ ᠬᠡᠷᠡᠭᠵᠢᠭᠦᠯᠬᠦ ᠵᠢ ᠲᠡᠪᠴᠢᠭᠰᠡᠨ᠂ ᠡᠰᠡᠬᠦᠯ᠎ᠡ ᠵᠥᠪᠰᠢᠶᠡᠷᠡᠭᠦᠯᠦᠭᠰᠡᠨ ᠦᠭᠡᠢ᠎ᠪᠠᠷ ᠳᠤᠷ᠎ᠠ᠎ᠪᠠᠷ ᠵᠶ᠋ᠠᠨ ᠤᠰᠤ ᠲᠠᠳᠠᠬᠤ ᠡᠷᠬᠡ᠎ᠪᠠᠨ ᠰᠢᠯᠵᠢᠭᠦᠯᠦᠨ ᠥᠭᠭᠦᠭᠰᠡᠨ ᠪᠠᠶ᠋ᠢᠪᠠᠯ᠂ ᠵᠠᠷᠯᠢᠭᠳᠠᠵᠤ ᠪᠠᠶ᠋ᠢᠭ᠋ᠠᠳ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ᠎ᠨᠢ ᠵᠣᠭᠰᠣᠭ᠋ᠠᠵᠤ᠂ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠵᠤ᠂ 2 ᠲᠦᠮᠡᠨ ᠲᠥᠭᠥᠷᠢᠭ᠎ᠠᠴᠠ ᠳᠡᠭᠡᠭᠰᠢ 10 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ; ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠬᠤ ᠵᠢ ᠲᠡᠪᠴᠢᠭᠰᠡᠨ ᠪᠤᠶᠤ ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ ᠪᠠᠶ᠋ᠢᠪᠠᠯ᠂ ᠤᠰᠤ ᠲᠠᠲᠠᠬᠤ ᠵᠥᠪᠰᠢᠶᠡᠷᠡᠯ᠎ᠤᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠢ ᠪᠣᠯᠭ᠋ᠠᠨ᠎ᠠ᠃
ᠲᠠᠪᠢᠨ ᠬᠣᠶᠠᠳᠤᠭ᠋ᠠᠷ ᠵᠦᠢ᠍ᠯ ᠲᠤᠤᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠵᠠᠷᠯᠢᠭᠳᠠᠵᠤ ᠪᠠᠶ᠋ᠢᠭ᠋ᠠᠳ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠣᠭᠰᠣᠭ᠋ᠠᠵᠤ᠂ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠵᠤ᠂ 5000 ᠲᠥᠭᠥᠷᠢᠭ᠎ᠠᠴᠠ ᠳᠡᠭᠡᠭᠰᠢ 2 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ; ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ ᠪᠠᠶ᠋ᠢᠪᠠᠯ᠂ ᠤᠰᠤ ᠲᠠᠲᠠᠬᠤ ᠵᠥᠪᠰᠢᠶᠡᠷᠡᠯ᠎ᠤᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠢ ᠪᠣᠯᠭ᠋ᠠᠨ᠎ᠠ᠄
(ᠨᠢᠭᠡ) ᠣᠨ᠎ᠤ ᠤᠰᠤ ᠲᠠᠲᠠᠭᠰᠠᠨ ᠪᠠᠶ᠋ᠢᠳᠠᠯ ᠵᠶ᠋ᠠᠨ ᠲᠣᠭᠲᠠᠭ᠋ᠠᠯ ᠶᠣᠰᠣᠭ᠋ᠠᠷ ᠮᠡᠳᠡᠭᠦᠯᠦᠭᠰᠡᠨ ᠥᠭᠡᠢ;
(ᠬᠣᠶᠠᠷ) ᠬᠢᠨᠠᠯᠲᠠ ᠪᠠᠶ᠋ᠢᠴᠠᠭ᠋ᠠᠯᠲᠠ ᠵᠢ ᠬᠦᠯᠢᠶᠡᠬᠦ ᠦᠭᠡᠢ ᠪᠤᠶᠤ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠭᠰᠠᠨ;
(ᠭᠤᠷᠪᠠ) ᠪᠤᠴᠠᠭ᠋ᠠᠭᠰᠠᠨ ᠤᠰᠤᠨ᠎ᠤ ᠴᠢᠨᠠᠷ᠎ᠨᠢ ᠲᠣᠭᠲᠠᠭ᠋ᠠᠭᠰᠠᠨ ᠱᠠᠭ᠋ᠠᠷᠳᠠᠯᠭ᠎ᠠ ᠳᠤ ᠬᠥᠷᠥᠭᠰᠡᠨ ᠥᠭᠡᠢ᠃
ᠲᠠᠪᠢᠨ ᠭᠤᠷᠪᠠᠳᠤᠭ᠋ᠠᠷ ᠵᠦᠢ᠍ᠯ ᠬᠡᠮᠵᠢᠯᠲᠡ ᠵᠢᠨ ᠲᠥᠬᠥᠭᠡᠷᠦᠮᠵᠢ ᠤᠭᠰᠠᠷᠠᠭᠰᠠᠨ ᠦᠭᠡᠢ ᠪᠠᠶ᠋ᠢᠪᠠᠯ᠂ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠤᠭᠰᠠᠷᠠᠭᠤᠯᠬᠤ ᠵᠢᠨ ᠬᠠᠮᠲᠤ ᠡᠳᠦᠷ᠎ᠤᠨ ᠬᠠᠮᠤᠭ᠎ᠤᠨ ᠶᠡᠬᠡ ᠤᠰᠤ ᠲᠠᠲᠠᠬᠤ ᠴᠢᠳᠠᠪᠤᠷᠢ᠎ᠪᠠᠷ ᠪᠤᠳᠤᠭᠰᠠᠨ ᠤᠰᠤ ᠲᠠᠲᠠᠬᠤ ᠬᠡᠮᠵᠢᠶ᠎ᠡ ᠪᠠ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠲᠠᠲᠠᠪᠤᠷᠢᠯᠠᠬᠤ ᠪᠠᠷᠢᠮᠵᠢᠶ᠎ᠠ᠎ᠪᠠᠷ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠪᠤᠳᠤᠨ ᠲᠠᠲᠠᠪᠤᠷᠢᠯᠠᠵᠤ᠂ 5000 ᠲᠥᠭᠥᠷᠢᠭ᠎ᠠᠴᠠ ᠳᠡᠭᠡᠭᠰᠢ 2 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ; ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ ᠪᠠᠶ᠋ᠢᠪᠠᠯ᠂ ᠤᠰᠤ ᠲᠠᠲᠠᠬᠤ ᠵᠥᠪᠰᠢᠶᠡᠷᠡᠯ᠎ᠤᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠢ ᠪᠣᠯᠭ᠋ᠠᠨ᠎ᠠ᠃
ᠬᠡᠮᠵᠢᠯᠲᠡ ᠵᠢᠨ ᠲᠥᠬᠥᠭᠡᠷᠦᠮᠵᠢ᠎ᠨᠢ ᠬᠢᠷᠢ ᠲᠡᠩᠴᠡᠭᠰᠡᠨ ᠦᠭᠡᠢ ᠪᠤᠶᠤ ᠠᠵᠢᠯᠯᠠᠭ᠎ᠠ᠎ᠨᠢ ᠬᠡᠪ᠎ᠤᠨ ᠪᠤᠰᠤ ᠪᠠᠶ᠋ᠢᠪᠠᠯ᠂ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠰᠣᠯᠢᠭᠤᠯᠬᠤ ᠪᠤᠶᠤ ᠵᠠᠰᠠᠨ ᠰᠡᠷᠭᠦᠭᠡᠯᠭᠡᠨ᠎ᠡ; ᠬᠤᠭᠤᠴᠠᠭ᠎ᠠ ᠬᠡᠲᠦᠷᠡᠲᠡᠯ᠎ᠡ ᠰᠣᠯᠢᠬᠤ ᠥᠬᠡᠶ ᠪᠤᠶᠤ ᠵᠠᠰᠠᠵᠤ ᠰᠡᠷᠭᠦᠭᠡᠬᠦ ᠥᠬᠡᠶ ᠪᠣᠯ᠂ ᠡᠳᠦᠷ᠎ᠤᠨ ᠬᠠᠮᠤᠭ᠎ᠤᠨ ᠶᠡᠬᠡ ᠤᠰᠤ ᠲᠠᠲᠠᠬᠤ ᠴᠢᠳᠠᠪᠤᠷᠢ᠎ᠪᠠᠷ ᠪᠤᠳᠤᠭᠰᠠᠨ ᠤᠰᠤ ᠲᠠᠲᠠᠬᠤ ᠬᠡᠮᠵᠢᠶ᠎ᠡ ᠪᠠ ᠤᠰᠤᠨ᠎ᠤ ᠡᠬᠢ ᠪᠠᠶᠠᠯᠢᠭ᠎ᠤᠨ ᠰᠦᠢ᠍ᠳᠭᠡᠯ᠎ᠢ ᠲᠠᠲᠠᠪᠤᠷᠢᠯᠠᠬᠤ ᠪᠠᠷᠢᠮᠵᠢᠶ᠎ᠠ᠎ᠪᠠᠷ ᠤᠰᠤᠨ᠎ᠤ ᠡᠬᠢ ᠪᠠᠶᠠᠯᠢᠭ᠎ᠤᠨ ᠰᠦᠢ᠍ᠳᠭᠡᠯ᠎ᠢ ᠪᠤᠳᠤᠵᠤ ᠲᠠᠳᠠᠪᠤᠷᠢᠯᠠᠵᠤ᠂ 1 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠵᠦ ᠪᠣᠯᠤᠨ᠎ᠠ; ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ ᠪᠠᠶ᠋ᠢᠪᠠᠯ᠂ ᠤᠰᠤ ᠲᠠᠲᠠᠬᠤ ᠵᠥᠪᠰᠢᠶᠡᠷᠡᠯ᠎ᠤᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠢ ᠪᠣᠯᠭ᠋ᠠᠨ᠎ᠠ᠃
ᠲᠠᠪᠢᠨ ᠳᠥᠷᠪᠡᠳᠦᠭᠡᠷ ᠵᠦᠢ᠍ᠯ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠲᠤᠰᠢᠶᠠᠬᠤ ᠵᠢ ᠲᠡᠪᠴᠢᠭᠰᠡᠨ᠂ ᠲᠤᠰᠢᠶᠠᠬᠤ ᠵᠢ ᠤᠳᠠᠭ᠋ᠠᠰᠢᠷᠠᠭᠤᠯᠤᠭᠰᠠᠨ ᠪᠤᠶᠤ ᠤᠳᠠᠭ᠋ᠠᠰᠢᠷᠠᠭᠤᠯᠤᠨ ᠥᠷᠢᠲᠦᠭᠰᠡᠨ ᠪᠠᠶ᠋ᠢᠪᠠᠯ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》 ᠵᠢᠨ ᠳᠠᠯᠠᠳᠤᠭ᠋ᠠᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠰᠢᠢ᠍ᠳᠭᠡᠨ᠎ᠡ᠃
ᠲᠠᠪᠢᠨ ᠲᠠᠪᠤᠳᠤᠭ᠋ᠠᠷ ᠵᠦᠢ᠍ᠯ ᠲᠣᠭᠲᠠᠭ᠋ᠠᠯ᠎ᠢ ᠵᠥᠷᠢᠴᠡᠨ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠂ ᠤᠰᠤ ᠲᠠᠲᠠᠬᠤ ᠵᠥᠪᠰᠢᠶᠡᠷᠡᠯ᠎ᠤᠨ ᠦᠨᠡᠮᠯᠡᠯ᠎ᠤᠨ ᠰᠦᠢ᠍ᠳᠬᠡᠯ ᠲᠠᠲᠠᠪᠤᠷᠢᠯᠠᠭᠰᠠᠨ ᠪᠠᠶ᠋ᠢᠪᠠᠯ᠂ ᠦᠨ᠎ᠡ ᠬᠠᠩᠰᠢ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠭᠡᠯ ᠥᠭᠭᠦᠨ᠎ᠡ᠃
ᠲᠠᠪᠢᠨ ᠵᠢᠷᠭᠤᠳᠤᠭ᠋ᠠᠷ ᠵᠦᠢ᠍ᠯ ᠤᠰᠤ ᠲᠠᠲᠠᠬᠤ ᠭᠤᠶᠤᠴᠢᠯᠠᠯ᠎ᠢ ᠵᠥᠪᠰᠢᠶᠡᠷᠡᠭᠦᠯᠦᠭᠰᠡᠨ ᠪᠢᠴᠢᠭ ᠮᠠᠲ᠋ᠧᠷᠢᠶᠠᠯ᠂ ᠤᠰᠤ ᠲᠠᠲᠠᠬᠤ ᠵᠥᠪᠰᠢᠶᠡᠷᠡᠯ᠎ᠤᠨ ᠦᠨᠡᠮᠯᠡᠯ᠎ᠢ ᠬᠠᠭᠤᠷᠮᠠᠭᠯᠠᠨ ᠵᠣᠬᠢᠶᠠᠭᠰᠠᠨ᠂ ᠪᠠᠯᠠᠯᠤᠨ ᠵᠠᠰᠠᠭᠰᠠᠨ᠂ ᠬᠠᠭᠤᠷᠮᠠᠭᠯᠠᠨ ᠬᠡᠷᠡᠭᠯᠡᠭᠰᠡᠨ ᠪᠠᠶ᠋ᠢᠪᠠᠯ᠂ ᠵᠠᠷᠯᠢᠭᠳᠠᠨ ᠵᠠᠯᠠᠷᠠᠭᠤᠯᠤᠭᠤᠯᠵᠤ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ ᠪᠠ ᠬᠠᠤᠯᠢ ᠪᠤᠰᠤ ᠵᠣᠭᠣᠰ ᠮᠥᠩᠭᠥ ᠡᠳ᠋ ᠪᠣᠳᠠᠰ᠎ᠢ᠎ᠨᠢ ᠬᠤᠷᠢᠶᠠᠨ ᠠᠪᠴᠤ᠂ 2 ᠲᠦᠮᠡᠨ ᠲᠥᠭᠥᠷᠢᠭ᠎ᠠᠴᠠ ᠳᠡᠭᠡᠭᠰᠢ 10 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠨ᠎ᠡ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠲᠠᠪᠢᠨ ᠳᠣᠯᠣᠳᠤᠭ᠋ᠠᠷ ᠵᠦᠢ᠍ᠯ ᠲᠤᠰ ᠲᠦᠷᠢᠮ᠎ᠳᠤ ᠲᠣᠭᠲᠠᠭ᠋ᠠᠭᠰᠠᠨ ᠵᠠᠰᠠᠭ ᠵᠠᠬᠢᠷᠭ᠋ᠠᠨ᠎ᠤ ᠰᠢᠢ᠍ᠳᠭᠡᠯ᠎ᠢ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠲᠣᠭᠲᠠᠭ᠋ᠠᠭᠰᠠᠨ ᠡᠷᠬᠡ ᠵᠢᠨ ᠬᠡᠪᠴᠢᠶ᠎ᠡ ᠶᠣᠰᠣᠭ᠋ᠠᠷ ᠲᠣᠭᠲᠠᠭ᠋ᠠᠨ᠎ᠠ᠃
ᠳᠣᠯᠣᠳᠤᠭ᠋ᠠᠷ ᠪᠦᠯᠦᠭ ᠲᠠᠭ᠋ᠠᠯᠳᠤᠭᠤᠯᠤᠯ ᠲᠦᠷᠢᠮ
ᠲᠠᠪᠢᠨ ᠨᠠᠢ᠍ᠮᠠᠳᠤᠭ᠋ᠠᠷ ᠵᠦᠢ᠍ᠯ ᠲᠤᠰ ᠳᠦᠷᠢᠮ᠎ᠢ 2006 ᠣᠨ᠎ᠤ 4 ᠰᠠᠷ᠎ᠠ ᠵᠢᠨ 15᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 1993 ᠣᠨ᠎ᠤ 8 ᠰᠠᠷ᠎ᠠ ᠵᠢᠨ 1᠎ᠤ ᠡᠳᠦᠷ ᠲᠦᠷᠦ ᠵᠢᠨ ᠶᠠᠪᠤᠳᠠᠯ᠎ᠤᠨ ᠬᠣᠷᠢᠶᠠᠨ᠎ᠠᠴᠠ ᠨᠡᠶ᠋ᠢᠲᠡᠯᠡᠭᠰᠡᠨ 《ᠤᠰᠤ ᠲᠠᠲᠠᠬᠤ ᠵᠥᠪᠰᠢᠶᠡᠷᠡᠯ᠎ᠤᠨ ᠲᠦᠷᠢᠮ᠎ᠢ ᠬᠡᠷᠡᠭᠵᠢᠭᠦᠯᠬᠦ ᠠᠷᠭ᠎ᠠ》 ᠵᠢ ᠳᠠᠭ᠋ᠠᠤ᠎ᠳᠤ᠎ᠨᠢ ᠬᠦᠴᠦᠨ ᠦᠭᠡᠢ ᠪᠣᠯᠭ᠋ᠠᠨ᠎ᠠ᠃