ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠤᠯᠤᠰ᠎ᠤᠨ ᠬᠠᠣᠯᠢ ᠴᠠᠭᠠᠵᠠ ᠬᠠᠣᠯᠢ ᠲᠥᠷᠢᠮ
ᠤᠰᠤᠨ ᠴᠥᠭᠥᠷᠥᠮ᠎ᠤᠨ ᠲᠤᠮᠤ ᠬᠠᠰᠢᠯᠭ᠎ᠠ ᠵᠢᠨ ᠠᠶᠤᠯᠭᠦᠶ ᠵᠢᠨ ᠬᠠᠮᠢᠶᠠᠷᠤᠯᠳᠠ ᠵᠢᠨ ᠲᠦᠷᠢᠮ
ᠨᠡᠶ᠋ᠢᠲᠡᠯᠡᠭᠰᠡᠨ ᠴᠠᠭ᠄ 2021-12-01


   
   (1991 ᠣᠨ᠎ᠤ 3 ᠰᠠᠷ᠎ᠠ ᠵᠢᠨ 22᠎ᠤᠨ ᠡᠳᠦᠷ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠦᠷᠦ ᠵᠢᠨ ᠶᠠᠪᠤᠳᠠᠯ᠎ᠤᠨ ᠬᠣᠷᠢᠶᠠᠨ᠎ᠤ 77 ᠳ᠋ᠤᠭ᠋ᠠᠷ ᠵᠠᠷᠯᠢᠭ ᠵᠶ᠋ᠠᠷ ᠨᠡᠶ᠋ᠢᠲᠡᠯᠡᠪᠡ 2011 ᠣᠨ᠎ᠤ 1 ᠰᠠᠷ᠎ᠠ ᠵᠢᠨ 8᠎ᠤ ᠡᠳᠦᠷ᠎ᠤᠨ 《ᠵᠠᠰᠠᠭ ᠵᠠᠬᠢᠷᠭ᠋ᠠᠨ᠎ᠤ ᠬᠡᠰᠡᠭ ᠬᠠᠤᠯᠢ ᠲᠣᠭᠲᠠᠭ᠋ᠠᠯ᠎ᠢ ᠬᠦᠴᠦᠨ ᠦᠭᠡᠢ ᠪᠣᠯᠭ᠋ᠠᠬᠤ ᠪᠠ ᠲᠡᠭᠦᠨ᠎ᠳᠤ ᠵᠠᠰᠠᠪᠤᠷᠢ ᠣᠷᠣᠭᠤᠯᠬᠤ ᠲᠤᠬᠠᠶ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ》᠎ᠢ ᠦᠨᠳᠦᠰᠦᠯᠡᠨ ᠵᠠᠰᠠᠪᠠ᠃ 2018 ᠣᠨ᠎ᠤ 3 ᠰᠠᠷ᠎ᠠ ᠵᠢᠨ 19᠎ᠤ ᠡᠳᠦᠷ᠎ᠤᠨ 《ᠵᠠᠰᠠᠭ ᠵᠠᠬᠢᠷᠭ᠋ᠠᠨ᠎ᠤ ᠬᠡᠰᠡᠭ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠬᠤ ᠪᠠ ᠲᠡᠭᠦᠨ᠎ᠢ ᠬᠦᠴᠦᠨ ᠦᠭᠡᠢ ᠪᠣᠯᠭ᠋ᠠᠬᠤ ᠲᠤᠬᠠᠶ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠤᠭᠳᠠᠭ᠋ᠠᠯ》᠎ᠢ ᠦᠨᠳᠦᠰᠦᠯᠡᠨ ᠬᠤᠶᠠᠳᠤᠭ᠋ᠠᠷ ᠤᠳᠠᠭ᠎ᠠ ᠵᠠᠰᠠᠪᠤᠷᠢ ᠤᠷᠤᠭᠤᠯᠪᠠ)
   
    ᠨᠢᠭᠡᠳᠦᠭᠡᠷ ᠪᠦᠯᠦᠭ   ᠶᠡᠷᠦᠩᠬᠡᠢ ᠲᠦᠷᠢᠮ
   
  ᠨᠢᠭᠡᠳᠦᠭᠡᠷ ᠵᠦᠢ᠍ᠯ   ᠤᠰᠤᠨ ᠴᠥᠭᠥᠷᠥᠮ᠎ᠤᠨ ᠬᠠᠰᠢᠯᠭ᠎ᠠ ᠵᠢᠨ ᠠᠶᠤᠯᠭᠦᠶ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠠᠷᠠᠳ ᠲᠦᠮᠡᠨ᠎ᠤ ᠠᠮᠢ ᠨᠠᠰᠤ ᠡᠳ᠋ ᠬᠦᠷᠦᠨᠭᠭᠡ ᠪᠠ ᠨᠡᠶ᠋ᠢᠭᠡᠮ ᠵᠢᠷᠤᠮ᠎ᠤᠨ ᠪᠦᠳᠦᠭᠡᠨ ᠪᠠᠶ᠋ᠢᠭᠤᠯᠤᠯᠲᠠ ᠵᠢᠨ ᠠᠶᠤᠯᠭᠦᠶ ᠵᠢ ᠪᠠᠲᠤᠯᠠᠬᠤ ᠵᠢᠨ ᠲᠥᠯᠥᠭᠡ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》 ᠵᠢ ᠦᠨᠳᠦᠰᠦᠯᠡᠨ ᠲᠤᠰ ᠲᠦᠷᠢᠮ᠎ᠢ ᠲᠣᠭᠲᠠᠭ᠋ᠠᠪᠠ᠃
   
  ᠬᠣᠶᠠᠳᠤᠭ᠋ᠠᠷ ᠵᠦᠢ᠍ᠯ ᠲᠤᠰ ᠲᠦᠷᠢᠮ᠎ᠢ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ ᠵᠢᠨ ᠳᠣᠲᠣᠷᠠᠬᠢ ᠬᠠᠰᠢᠯᠭ᠎ᠠ ᠵᠢᠨ ᠥᠨᠳᠥᠷ᠎ᠨᠢ 15 ᠮᠧᠲᠷ᠎ᠠᠴᠠ ᠳᠡᠭᠡᠭᠰᠢ ᠪᠤᠶᠤ ᠴᠥᠭᠥᠷᠥᠮ᠎ᠤᠨ ᠪᠠᠭᠲᠠᠭ᠋ᠠᠮᠵᠢ᠎ᠨᠢ 100 ᠲᠦᠮᠡᠨ ᠪᠣᠰᠣᠭ᠎ᠠ ᠳᠥᠷᠪᠡᠯᠵᠢᠨ ᠮᠧᠲᠷ᠎ᠠᠴᠠ ᠳᠡᠭᠡᠭᠰᠢᠬᠢ ᠤᠰᠤᠨ ᠴᠥᠭᠥᠷᠥᠮ᠎ᠤᠨ ᠲᠤᠮᠤ ᠬᠠᠰᠢᠯᠭ᠎ᠠ (ᠳᠣᠷᠣᠭᠰᠢ ᠲᠤᠮᠤ ᠬᠠᠰᠢᠯᠭ᠎ᠠ ᠭᠡᠵᠦ ᠲᠣᠪᠴᠢᠯᠠᠨ᠎ᠠ)᠎ᠳᠤ ᠬᠡᠷᠡᠭᠯᠡᠨ᠎ᠡ᠃ ᠲᠤᠮᠤ ᠬᠠᠰᠢᠯᠭ᠎ᠠ᠎ᠳᠤ ᠥᠨᠢᠳᠡ ᠵᠢᠨ ᠴᠢᠨᠠᠷᠲᠠᠶ ᠤᠰᠤ ᠬᠠᠯᠬᠠᠯᠠᠬᠤ ᠪᠠᠷᠢᠯᠭ᠎ᠠ ᠵᠢᠴᠢ ᠲᠡᠭᠦᠨ᠎ᠲᠠᠢ ᠬᠠᠮᠵᠢᠯᠴᠠᠨ ᠬᠡᠷᠡᠭᠯᠡᠭᠰᠡᠨ ᠦᠶᠡᠷ ᠵᠠᠯᠠᠬᠤ᠂ ᠤᠰᠤ ᠳᠠᠮᠵᠢᠭᠤᠯᠬᠤ ᠪᠠ ᠣᠩᠭᠣᠴᠠ ᠥᠩᠭᠡᠷᠡᠬᠦ ᠪᠠᠷᠢᠯᠭ᠎ᠠ ᠵᠡᠷᠭᠡ ᠪᠠᠭᠲᠠᠨ᠎ᠠ᠃
   
    ᠬᠠᠰᠢᠯᠭ᠎ᠠ ᠵᠢᠨ ᠥᠨᠳᠥᠷ᠎ᠨᠢ 15 ᠮᠧᠲᠷ᠎ᠠᠴᠠ ᠳᠣᠭᠣᠭᠰᠢ᠂ 10 ᠮᠧᠲᠷ᠎ᠠᠴᠠ ᠳᠡᠭᠡᠭᠰᠢ ᠪᠤᠶᠤ ᠴᠥᠭᠥᠷᠥᠮ᠎ᠤᠨ ᠪᠠᠭᠲᠠᠭ᠋ᠠᠮᠵᠢ᠎ᠨᠢ 100 ᠲᠦᠮᠡᠨ ᠪᠣᠰᠣᠭ᠎ᠠ ᠳᠥᠷᠪᠡᠯᠵᠢᠨ ᠮᠧᠲᠷ᠎ᠠᠴᠠ ᠳᠣᠭᠣᠭᠰᠢ᠂ 10 ᠲᠦᠮᠡᠨ ᠪᠣᠰᠣᠭ᠎ᠠ ᠳᠥᠷᠪᠡᠯᠵᠢᠨ ᠮᠧᠲᠷ᠎ᠠᠴᠠ ᠳᠡᠭᠡᠭᠰᠢ ᠪᠠᠢ᠌ᠵᠤ᠂ ᠴᠢᠬᠤᠯᠠ ᠬᠣᠲᠠ ᠪᠠᠯᠭ᠋ᠠᠰᠤ᠂ ᠵᠠᠮ ᠬᠠᠷᠢᠯᠴᠠᠭ᠋ᠠᠨ᠎ᠤ ᠭᠣᠤᠯ ᠱᠤᠭᠤᠮ᠂ ᠴᠢᠬᠤᠯᠠ ᠴᠡᠷᠢᠭ᠎ᠤᠨ ᠶᠠᠪᠤᠳᠠᠯ᠎ᠤᠨ ᠪᠡᠯᠡᠳᠬᠡᠮᠵᠢ᠂ ᠦᠢ᠍ᠯᠡᠳᠪᠤᠷᠢ ᠠᠭᠤᠷᠬᠠᠶ ᠵᠢᠨ ᠣᠷᠣᠨ᠎ᠤ ᠠᠮᠤᠷ ᠲᠦᠪᠰᠢᠨ᠎ᠳᠤ ᠳᠠᠯᠳᠠ ᠠᠶᠤᠯ᠎ᠲᠠᠢ ᠶᠡᠬᠡ ᠬᠠᠰᠢᠯᠭ᠎ᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢ ᠲᠣᠰ ᠲᠦᠷᠢᠮ ᠵᠶ᠋ᠠᠷ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃
   
    ᠭᠤᠷᠪᠠᠳᠤᠭ᠋ᠠᠷ ᠵᠦᠢ᠍ᠯ   ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠮᠲᠤᠷᠠᠵᠤ ᠪᠠᠶ᠋ᠢᠭ᠋ᠠᠳ ᠪᠦᠬᠦ ᠤᠯᠤᠰ᠎ᠤᠨ ᠲᠤᠮᠤ ᠬᠠᠰᠢᠯᠭ᠎ᠠ ᠵᠢᠨ ᠠᠮᠤᠷ ᠲᠦᠪᠰᠢᠨ᠎ᠳᠤ ᠬᠢᠨᠠᠯᠳᠠ ᠲᠠᠯᠪᠢᠨ᠎ᠠ᠃ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠲᠤᠮᠤ ᠬᠠᠰᠢᠯᠭ᠎ᠠ ᠵᠢᠨ ᠠᠮᠤᠷ ᠲᠦᠪᠰᠢᠨ᠎ᠳᠤ ᠬᠢᠨᠠᠯᠳᠠ ᠲᠠᠯᠪᠢᠨ᠎ᠠ᠃
   
    ᠡᠯ᠎ᠡ ᠱᠠᠲᠤᠨ᠎ᠤ ᠤᠰᠤᠨ ᠠᠰᠢᠭᠯᠠᠯᠲᠠ᠂ ᠡᠨᠧᠷᠭᠢ ᠵᠢᠨ ᠰᠤᠷᠪᠤᠯᠵᠢ᠂ ᠪᠦᠳᠦᠭᠡᠨ ᠪᠠᠶ᠋ᠢᠭᠤᠯᠤᠯᠲᠠ᠂ ᠵᠠᠮ ᠬᠠᠷᠢᠯᠴᠠᠭ᠎ᠠ᠂ ᠬᠥᠳᠡᠭᠡ ᠠᠵᠤ ᠠᠬᠤᠶ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠪᠣᠯ ᠲᠡᠭᠦᠨ᠎ᠤ ᠬᠠᠷᠢᠶᠠᠨ᠎ᠳᠠᠬᠢ ᠲᠤᠮᠤ ᠬᠠᠰᠢᠯᠭ᠎ᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠮᠥᠨ᠃
   
    ᠳᠥᠷᠪᠡᠳᠦᠭᠡᠷ ᠵᠦᠢ᠍ᠯ   ᠡᠯ᠎ᠡ ᠱᠠᠳᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠲᠤᠮᠤ ᠬᠠᠰᠢᠯᠭ᠎ᠠ ᠵᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠥᠪᠡᠷ᠎ᠤᠨ ᠬᠠᠷᠢᠶᠠᠨ᠎ᠳᠠᠬᠢ ᠲᠤᠮᠤ ᠬᠠᠰᠢᠯᠭ᠎ᠠ ᠵᠢᠨ ᠠᠮᠤᠷ ᠲᠦᠪᠰᠢᠨ᠎ᠳᠤ ᠵᠠᠰᠠᠭ ᠵᠠᠬᠢᠷᠭ᠋ᠠᠨ᠎ᠤ ᠤᠳᠤᠷᠢᠳᠤᠯᠭ᠎ᠠ ᠵᠢᠨ ᠬᠠᠷᠢᠭᠤᠴᠠᠬᠤ ᠲᠦᠷᠢᠮ᠎ᠢ ᠬᠡᠷᠡᠭᠵᠢᠬᠦᠯᠦᠨ᠎ᠡ᠃
   
    ᠲᠠᠪᠤᠳᠤᠭ᠋ᠠᠷ ᠵᠦᠢ᠍ᠯ   ᠲᠤᠮᠤ ᠬᠠᠰᠢᠯᠭ᠎ᠠ ᠵᠢ ᠪᠥᠳᠥᠭᠡᠨ ᠪᠠᠶ᠋ᠢᠭᠤᠯᠬᠤ ᠪᠠ ᠬᠠᠮᠢᠶᠠᠷᠬᠤ᠎ᠳᠠᠭᠠᠨ ᠠᠶᠤᠯᠭᠦᠶ ᠪᠠᠶ᠋ᠢᠬᠤ ᠵᠢ ᠲᠡᠷᠢᠭᠦᠨ᠎ᠳᠤ ᠲᠠᠯᠪᠢᠬᠤ ᠴᠢᠭᠯᠡᠯᠲᠡ ᠵᠢ ᠨᠠᠢ᠌ᠳᠠᠪᠤᠷᠢᠵᠢᠭᠤᠯᠬᠤ ᠬᠡᠷᠡᠭᠲᠡᠶ᠃
   
    ᠵᠢᠷᠭᠤᠳᠤᠭ᠋ᠠᠷ ᠵᠦᠢ᠍ᠯ   ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠲᠤᠮᠤ ᠬᠠᠰᠢᠯᠭ᠎ᠠ ᠵᠢᠨ ᠠᠮᠤᠷ ᠲᠦᠪᠰᠢᠨ᠎ᠢ ᠬᠠᠮᠠᠭ᠋ᠠᠯᠠᠬᠤ ᠡᠭᠦᠷᠭᠡ᠎ᠲᠠᠢ᠃
   
    ᠬᠣᠶᠠᠳᠤᠭ᠋ᠠᠷ ᠪᠦᠯᠦᠭ   ᠲᠤᠮᠤ ᠬᠠᠰᠢᠯᠭ᠎ᠠ ᠵᠢᠨ ᠪᠦᠳᠦᠭᠡᠨ ᠪᠠᠶ᠋ᠢᠭᠤᠯᠤᠯᠲᠠ
   
  ᠳᠣᠯᠣᠳᠤᠭ᠋ᠠᠷ ᠵᠦᠢ᠍ᠯ   ᠲᠤᠮᠤ ᠬᠠᠰᠢᠯᠭ᠎ᠠ ᠵᠢ ᠪᠠᠶ᠋ᠢᠭᠤᠯᠬᠤ᠎ᠳᠤ ᠡᠷᠬᠡᠪᠰᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠲᠤᠮᠤ ᠬᠠᠰᠢᠯᠭ᠎ᠠ ᠵᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠲᠣᠭᠲᠠᠭ᠋ᠠᠭᠰᠠᠨ ᠲᠤᠮᠤ ᠬᠠᠰᠢᠯᠭ᠎ᠠ ᠵᠢᠨ ᠠᠶᠤᠯᠬᠦᠢ ᠵᠢᠨ ᠮᠡᠷᠭᠡᠵᠢᠯ᠎ᠤᠨ ᠪᠠᠷᠢᠮᠵᠢᠶ᠎ᠠ᠎ᠳᠤ ᠨᠡᠢ᠌ᠴᠡᠬᠦᠯᠬᠦ ᠬᠡᠷᠡᠭᠲᠡᠢ᠃
   
    ᠨᠠᠢ᠍ᠮᠠᠳᠤᠭ᠋ᠠᠷ ᠵᠦᠢ᠍ᠯ   ᠲᠤᠮᠤ ᠬᠠᠰᠢᠯᠭ᠎ᠠ ᠪᠠᠷᠢᠬᠤ᠎ᠳᠤ ᠡᠷᠬᠡᠪᠰᠢ ᠪᠠᠷᠢᠯᠭ᠎ᠠ ᠵᠢᠨ ᠵᠢᠷᠤᠭ ᠲᠥᠯᠥᠪᠯᠡᠭᠡ ᠬᠢᠬᠦ ᠬᠡᠷᠡᠭᠲᠡᠶ᠃ ᠲᠤᠮᠤ ᠬᠠᠰᠢᠯᠭ᠎ᠠ ᠵᠢᠨ ᠪᠠᠷᠢᠯᠭ᠎ᠠ ᠵᠢᠨ ᠵᠢᠷᠤᠭ ᠲᠥᠯᠥᠪᠯᠡᠭᠡ ᠵᠢ ᠡᠷᠬᠡᠪᠰᠢ ᠵᠣᠬᠢᠴᠠᠩᠭᠤᠶ ᠬᠢᠷᠢ ᠬᠡᠮ᠎ᠤᠨ ᠦᠨᠡᠮᠯᠡᠯ᠎ᠲᠠᠢ ᠨᠢᠭᠡᠴᠢ ᠡᠭᠦᠷᠭᠡᠯᠡᠬᠦ ᠬᠡᠷᠡᠭᠲᠡᠶ᠃
   
    ᠲᠤᠮᠤ ᠬᠠᠰᠢᠯᠭ᠎ᠠ ᠵᠢᠨ ᠪᠠᠷᠢᠯᠭ᠎ᠠ ᠵᠢᠨ ᠵᠢᠷᠤᠭ ᠲᠥᠯᠥᠪᠯᠡᠭᠡ᠎ᠳᠤ ᠪᠠᠷᠢᠯᠭ᠎ᠠ ᠵᠢ ᠠᠵᠢᠭᠯᠠᠨ ᠬᠡᠮᠵᠢᠬᠦ᠂ ᠮᠡᠳᠡᠭᠡ ᠬᠣᠯᠪᠣᠭ᠎ᠠ᠂ ᠬᠥᠳᠡᠯᠭᠡᠭᠴᠢ ᠬᠦᠴᠦᠨ᠂ ᠭᠡᠷᠡᠯᠲᠦᠭᠦᠯᠭᠡ᠂ ᠵᠠᠮ ᠬᠠᠷᠢᠯᠴᠠᠭ᠎ᠠ᠂ ᠭᠠᠯ ᠰᠡᠷᠭᠡᠶ᠋ᠢᠯᠡᠨ ᠤᠨᠲᠠᠷᠠᠭ᠋ᠠᠬᠤ ᠵᠡᠷᠭᠡ ᠬᠠᠮᠢᠶᠠᠷᠤᠯᠲᠠ ᠵᠢᠨ ᠲᠥᠬᠥᠭᠡᠷᠦᠮᠵᠢ ᠵᠢᠨ ᠵᠢᠷᠤᠭ ᠲᠥᠯᠥᠪᠯᠡᠭᠡ ᠵᠢ ᠪᠠᠭᠲᠠᠭ᠋ᠠᠭᠰᠠᠨ ᠪᠠᠶ᠋ᠢᠬᠤ ᠬᠡᠷᠡᠭᠲᠡᠶ᠃
   
    ᠶᠢᠰᠦᠳᠦᠭᠡᠷ ᠵᠦᠢ᠍ᠯ   ᠲᠤᠮᠤ ᠬᠠᠰᠢᠯᠭ᠎ᠠ ᠵᠢᠨ ᠪᠠᠷᠢᠯᠭ᠎ᠠ ᠵᠢᠨ ᠠᠵᠢᠯ᠎ᠢ ᠡᠷᠬᠡᠪᠰᠢ ᠵᠣᠬᠢᠴᠠᠩᠭᠤᠶ ᠬᠢᠷᠢ ᠬᠡᠮ᠎ᠤᠨ ᠦᠨᠡᠮᠯᠡᠯ᠎ᠲᠠᠢ ᠨᠢᠭᠡᠴᠢ ᠡᠭᠦᠷᠭᠡᠯᠡᠬᠦ ᠬᠡᠷᠡᠭᠲᠡᠶ᠃ ᠲᠤᠮᠤ ᠬᠠᠰᠢᠯᠭ᠎ᠠ ᠵᠢᠨ ᠪᠠᠷᠢᠯᠭ᠎ᠠ ᠪᠠᠷᠢᠬᠤ ᠨᠢᠭᠡᠴᠢ᠎ᠨᠢ ᠡᠷᠬᠡᠪᠰᠢ ᠪᠠᠷᠢᠯᠭ᠎ᠠ ᠪᠠᠷᠢᠬᠤ ᠵᠢ ᠳᠠᠭ᠋ᠠᠭ᠋ᠠᠴᠢᠯᠠᠬᠤ ᠭᠡᠷ᠎ᠡ᠎ᠳᠤ ᠲᠣᠭᠲᠠᠭ᠋ᠠᠭᠰᠠᠨ ᠵᠢᠷᠤᠭ ᠲᠥᠯᠥᠪᠯᠡᠭᠡᠨ᠎ᠤ ᠪᠢᠴᠢᠭ ᠮᠠᠲ᠋ᠧᠷᠢᠶᠠᠯ᠂ ᠵᠢᠷᠤᠭ ᠲᠦᠰᠦᠯ᠎ᠤᠨ ᠱᠠᠭ᠋ᠠᠷᠳᠠᠯᠭ᠎ᠠ ᠪᠠ ᠬᠣᠯᠪᠣᠭᠳᠠᠯ ᠪᠦᠬᠦᠢ ᠲᠧᠭᠨᠢᠭ ᠮᠡᠷᠭᠡᠵᠢᠯ᠎ᠤᠨ ᠪᠠᠷᠢᠮᠵᠢᠶ᠎ᠠ ᠶᠣᠰᠣᠭ᠋ᠠᠷ ᠪᠠᠷᠢᠯᠭ᠎ᠠ ᠪᠠᠷᠢᠬᠤ ᠬᠡᠷᠡᠭᠲᠡᠶ᠃
   
    ᠪᠦᠳᠦᠭᠡᠠ ᠪᠠᠶ᠋ᠢᠭᠤᠯᠬᠤ ᠨᠢᠭᠡᠴᠢ ᠪᠠ ᠵᠢᠷᠤᠵᠤ ᠲᠥᠯᠥᠪᠯᠡᠬᠦ ᠨᠢᠭᠡᠴᠢ ᠲᠥᠯᠥᠭᠡᠯᠡᠭᠴᠢ ᠲᠣᠮᠢᠯᠠᠨ ᠰᠠᠭᠤᠯᠭ᠋ᠠᠵᠤ᠂ ᠪᠠᠷᠢᠯᠭ᠎ᠠ ᠵᠢᠨ ᠶᠠᠰᠤ ᠴᠢᠨᠠᠷ᠎ᠢ ᠬᠢᠨᠠᠵᠤ ᠪᠠᠶ᠋ᠢᠴᠠᠭ᠋ᠠᠬᠤ ᠬᠡᠷᠡᠭᠲᠡᠶ᠃ ᠶᠠᠰᠤ ᠴᠢᠨᠠᠷ᠎ᠨᠢ ᠵᠢᠷᠤᠭ ᠲᠥᠯᠥᠪᠯᠡᠭᠡᠨ᠎ᠤ ᠱᠠᠭ᠋ᠠᠷᠳᠠᠯᠭ᠎ᠠ᠎ᠳᠤ ᠨᠡᠶ᠋ᠢᠴᠡᠬᠦ ᠤᠢ᠍ᠭᠡᠢ ᠪᠣᠯ ᠡᠷᠬᠡᠪᠰᠢ ᠲᠡᠬᠢᠵᠦ ᠬᠢᠬᠦ ᠪᠤᠶᠤ ᠨᠥᠬᠥᠪᠥᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃
   
    ᠠᠷᠪᠠᠳᠤᠭ᠋ᠠᠷ ᠵᠦᠢ᠍ᠯ   ᠲᠤᠮᠤ ᠬᠠᠰᠢᠯᠭ᠎ᠠ ᠪᠠᠷᠢᠬᠤ᠎ᠳᠠᠭᠠᠨ ᠪᠦᠳᠦᠭᠡᠠ ᠪᠠᠶ᠋ᠢᠭᠤᠯᠬᠤ ᠨᠢᠭᠡᠴᠢ᠎ᠨᠢ ᠵᠥᠪᠰᠢᠶᠡᠷᠡᠭᠦᠯᠦᠭᠰᠡᠨ ᠵᠢᠷᠤᠭ ᠲᠥᠯᠥᠪᠯᠡᠭᠡ ᠵᠢᠨ ᠶᠣᠰᠣᠭ᠋ᠠᠷ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠳᠤ ᠳᠡᠪᠰᠢᠭᠦᠯᠵᠦ ᠤᠯᠤᠰ᠎ᠤᠨ ᠲᠣᠭᠲᠠᠭ᠋ᠠᠯ ᠶᠣᠰᠣᠭ᠋ᠠᠷ ᠬᠠᠮᠢᠶᠠᠷᠬᠤ ᠪᠠ ᠬᠠᠮᠠᠭ᠋ᠠᠯᠠᠬᠤ ᠬᠦᠷᠢᠶ᠎ᠡ ᠬᠡᠪᠴᠢᠶ᠎ᠡ ᠵᠢ᠎ᠨᠢ ᠵᠠᠭ᠋ᠠᠭᠯᠠᠨ ᠲᠣᠭᠲᠠᠭ᠋ᠠᠯᠭ᠋ᠠᠵᠤ᠂ ᠲᠡᠮᠳᠡᠭ ᠲᠠᠯᠪᠢᠭᠤᠯᠬᠤ ᠬᠡᠷᠡᠭᠲᠡᠶ᠃
   
    ᠨᠢᠭᠡᠨᠲᠡ ᠪᠠᠶ᠋ᠢᠭᠤᠯᠤᠭᠰᠠᠨ ᠲᠤᠮᠤ ᠬᠠᠰᠢᠯᠭ᠎ᠠ ᠵᠢ ᠬᠠᠮᠢᠶᠠᠷᠬᠤ ᠪᠠ ᠬᠠᠮᠠᠭ᠋ᠠᠯᠠᠬᠤ ᠬᠦᠷᠢᠶ᠎ᠡ ᠬᠡᠪᠴᠢᠶ᠎ᠡ ᠵᠢ ᠬᠠᠷᠠᠬᠠᠨ ᠵᠠᠭ᠋ᠠᠭᠯᠠᠨ ᠲᠣᠭᠲᠠᠭ᠋ᠠᠭ᠋ᠠᠳᠤᠶ ᠪᠠᠶ᠋ᠢᠪᠠᠯ᠂ ᠲᠤᠮᠤ ᠬᠠᠰᠢᠯᠭ᠎ᠠ ᠵᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠶᠤᠯᠭᠦᠶ ᠵᠢᠨ ᠬᠠᠮᠢᠶᠠᠷᠤᠯᠲᠠ ᠵᠢᠨ ᠬᠡᠷᠡᠭᠴᠡᠭᠡ ᠵᠢ ᠦᠨᠳᠦᠰᠦᠯᠡᠨ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠳᠤ ᠳᠡᠪᠰᠢᠭᠦᠯᠦᠨ ᠮᠡᠳᠡᠬᠦᠯᠵᠦ ᠵᠠᠭ᠋ᠠᠭᠯᠠᠨ ᠲᠣᠭᠲᠠᠭ᠋ᠠᠯᠭ᠋ᠠᠬᠤ ᠬᠡᠷᠡᠭᠲᠡᠶ᠃
   
    ᠠᠷᠪᠠᠨ ᠨᠢᠭᠡᠳᠦᠭᠡᠷ ᠵᠦᠢ᠍ᠯ   ᠲᠤᠮᠤ ᠬᠠᠰᠢᠯᠭ᠎ᠠ ᠵᠢ ᠪᠠᠷᠢᠯᠭ᠎ᠠ ᠡᠬᠢᠯᠡᠭᠦᠯᠦᠭᠰᠡᠨ᠎ᠤ ᠳᠠᠷᠠᠭ᠎ᠠ᠂   ᠲᠤᠮᠤ ᠬᠠᠰᠢᠯᠭ᠎ᠠ ᠵᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠤᠮᠤ ᠬᠠᠰᠢᠯᠭ᠎ᠠ ᠵᠢ ᠬᠠᠮᠢᠶᠠᠷᠬᠤ ᠨᠢᠭᠡᠴᠢ ᠵᠢ ᠵᠣᠬᠢᠶᠠᠨ ᠪᠠᠶ᠋ᠢᠭᠤᠯᠵᠤ᠂ ᠪᠠᠷᠢᠯᠭ᠎ᠠ ᠵᠢᠨ ᠦᠨᠳᠦᠰᠦᠨ ᠪᠦᠲᠦᠭᠡᠨ ᠪᠠᠶ᠋ᠢᠭᠤᠯᠤᠯᠲᠠ ᠵᠢ ᠰᠢᠯᠭ᠋ᠠᠨ ᠠᠪᠬᠤ ᠳᠦᠷᠢᠮ ᠲᠣᠭᠲᠠᠭ᠋ᠠᠯ ᠶᠣᠰᠣᠭ᠋ᠠᠷ ᠶᠠᠰᠤ ᠴᠢᠨᠠᠷ᠎ᠢ ᠪᠠᠶ᠋ᠢᠴᠠᠭ᠋ᠠᠬᠤ ᠵᠢᠴᠢ ᠲᠤᠮᠤ ᠬᠠᠰᠢᠯᠭ᠎ᠠ ᠵᠢ ᠬᠡᠰᠡᠭᠯᠡᠬᠦ᠂ ᠵᠦᠢ᠍ᠯ ᠬᠤᠪᠢᠶᠠᠨ ᠰᠢᠯᠭ᠋ᠠᠨ ᠠᠪᠬᠤ ᠪᠠ ᠤᠰᠤ ᠬᠠᠳᠠᠭ᠋ᠠᠯᠠᠬᠤ ᠵᠢ ᠰᠢᠯᠭ᠋ᠠᠨ ᠠᠪᠬᠤ ᠠᠵᠢᠯ᠎ᠳᠤ ᠣᠷᠣᠯᠴᠠᠭᠤᠯᠬᠤ ᠬᠡᠷᠡᠭᠲᠡᠶ᠃
   
  ᠲᠤᠮᠤ ᠬᠠᠰᠢᠯᠭ᠎ᠠ ᠵᠢ ᠪᠠᠷᠢᠵᠤ ᠳᠠᠭᠤᠰᠤᠭᠰᠠᠨ᠎ᠤ ᠲᠡᠷᠡᠭ᠎ᠠ᠂ ᠪᠦᠳᠦᠭᠡᠠ ᠪᠠᠶ᠋ᠢᠭᠤᠯᠬᠤ ᠨᠢᠭᠡᠴᠢ᠎ᠨᠢ ᠲᠤᠮᠤ ᠬᠠᠰᠢᠯᠭ᠎ᠠ ᠵᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠵᠤ ᠰᠢᠯᠭ᠋ᠠᠨ ᠠᠪᠤᠭᠤᠯᠬᠤ ᠠᠵᠢᠯ᠎ᠢ ᠵᠣᠬᠢᠶᠠᠨ ᠪᠠᠶ᠋ᠢᠭᠤᠯᠬᠤ ᠬᠡᠷᠡᠭᠲᠡᠶ᠃
   
    ᠭᠤᠷᠪᠠᠳᠤᠭ᠋ᠠᠷ ᠪᠦᠯᠦᠭ ᠲᠤᠮᠤ ᠬᠠᠰᠢᠯᠭ᠎ᠠ ᠵᠢᠨ ᠬᠠᠮᠢᠶᠠᠷᠤᠯᠳᠠ
   
    ᠠᠷᠪᠠᠨ ᠬᠣᠶᠠᠳᠤᠭ᠋ᠠᠷ ᠵᠦᠢ᠍ᠯ   ᠲᠤᠮᠤ ᠬᠠᠰᠢᠯᠭ᠎ᠠ ᠵᠢᠴᠢ ᠲᠡᠭᠦᠨ᠎ᠤ ᠲᠥᠬᠥᠭᠡᠷᠦᠮᠵᠢ ᠵᠢ ᠤᠯᠤᠰ᠎ᠠᠴᠠ ᠬᠠᠮᠠᠭ᠋ᠠᠯᠠᠨ᠎ᠠ᠂ ᠶᠠᠮᠠᠷᠪᠠ ᠨᠢᠭᠡᠴᠢ ᠪᠠ ᠬᠤᠪᠢ ᠬᠥᠮᠦᠨ ᠡᠵᠡᠯᠡᠨ ᠠᠪᠴᠤ᠂ ᠡᠪᠳᠡᠨ ᠰᠦᠢ᠍ᠳᠬᠡᠵᠦ ᠪᠣᠯᠬᠤ ᠦᠭᠡᠢ᠃ ᠲᠤᠮᠤ ᠬᠠᠰᠢᠯᠭ᠎ᠠ ᠵᠢ ᠬᠠᠮᠢᠶᠠᠷᠬᠤ ᠨᠢᠭᠡᠴᠢ᠎ᠨᠦᠭᠦᠳ   ᠲᠤᠮᠤ ᠬᠠᠰᠢᠯᠭ᠎ᠠ ᠵᠢᠨ ᠠᠮᠤᠷ ᠲᠦᠪᠰᠢᠨ᠎ᠢ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠬᠡᠷᠡᠭᠲᠡᠶ᠃
   
  ᠠᠷᠪᠠᠨ ᠭᠤᠷᠪᠠᠳᠤᠭ᠋ᠠᠷ ᠵᠦᠢ᠍ᠯ   ᠲᠤᠮᠤ ᠬᠠᠰᠢᠯᠭ᠎ᠠ ᠵᠢᠨ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠬᠡᠪᠴᠢᠶᠡᠨ ᠳᠣᠲᠣᠷ᠎ᠠ ᠳᠡᠯᠪᠡᠴᠢᠬᠦ᠂ ᠬᠤᠳᠳᠤᠭ ᠮᠠᠯᠲᠠᠬᠤ᠂ ᠴᠢᠯᠠᠭᠤ ᠭᠠᠷᠭ᠋ᠠᠬᠤ᠂ ᠠᠭᠤᠷᠬᠠᠶ ᠮᠠᠯᠲᠠᠬᠤ᠂ ᠡᠯᠡᠰᠦ ᠮᠠᠯᠲᠠᠬᠤ᠂ ᠰᠢᠷᠣᠶ ᠠᠪᠬᠤ᠂ ᠪᠤᠯᠠᠰᠢᠨ ᠭᠠᠵᠠᠷ ᠵᠠᠰᠠᠬᠤ ᠵᠡᠷᠭᠡ   ᠲᠤᠮᠤ ᠬᠠᠰᠢᠯᠭ᠎ᠠ ᠵᠢᠨ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠬᠢᠬᠦ ᠵᠢ ᠴᠠᠭ᠋ᠠᠵᠠᠯᠠᠨ᠎ᠠ᠃
   
    ᠠᠷᠪᠠᠨ ᠳᠥᠷᠪᠡᠳᠦᠭᠡᠷ ᠵᠦᠢ᠍ᠯ   ᠲᠤᠮᠤ ᠬᠠᠰᠢᠯᠭ᠎ᠠ ᠵᠢᠨ ᠪᠤᠰᠤ ᠬᠠᠮᠢᠶᠠᠷᠤᠯᠲᠠ ᠵᠢᠨ ᠠᠵᠢᠯᠳᠠᠨ ᠲᠤᠮᠤ ᠬᠠᠰᠢᠯᠭ᠎ᠠ ᠵᠢᠨ ᠦᠶᠡᠷ ᠵᠠᠯᠠᠬᠤ ᠬᠠᠭ᠋ᠠᠯᠲᠠ᠂ ᠤᠰᠤ ᠳᠠᠮᠵᠢᠭᠤᠯᠬᠤ ᠬᠠᠭ᠋ᠠᠯᠲᠠ ᠵᠢᠴᠢ ᠪᠤᠰᠤᠳ ᠲᠥᠬᠥᠭᠡᠷᠦᠮᠵᠢ ᠵᠢ ᠬᠡᠷᠡᠭᠯᠡᠵᠦ ᠪᠣᠯᠬᠤ ᠦᠭᠡᠢ᠂ ᠲᠤᠮᠤ ᠬᠠᠰᠢᠯᠭ᠎ᠠ ᠵᠢᠨ ᠬᠠᠮᠢᠶᠠᠷᠤᠯᠲᠠ ᠵᠢᠨ ᠠᠵᠢᠯᠳᠠᠨ ᠠᠵᠢᠯᠯᠠᠬᠤ᠎ᠳᠠᠭᠠᠨ ᠬᠣᠯᠪᠣᠭᠳᠠᠯ ᠪᠦᠬᠦᠢ ᠲᠦᠷᠢᠮ ᠲᠣᠭᠲᠠᠭ᠋ᠠᠯ᠎ᠢ ᠵᠢᠷᠤᠮᠯᠠᠬᠤ ᠬᠡᠷᠡᠭᠲᠡᠶ᠃ ᠬᠠᠰᠢᠯᠭ᠎ᠠ ᠵᠢᠨ ᠬᠡᠪ᠎ᠤᠨ ᠬᠠᠮᠢᠶᠠᠷᠤᠯᠲᠠ ᠵᠢᠨ ᠠᠵᠢᠯ᠎ᠢ ᠶᠠᠮᠠᠷᠪᠠ ᠨᠢᠭᠡᠴᠢ ᠪᠠ ᠬᠤᠪᠢ ᠬᠥᠮᠦᠨ ᠬᠠᠷᠰᠢᠯᠠᠬᠤ ᠵᠢ ᠴᠠᠭ᠋ᠠᠵᠠᠯᠠᠨ᠎ᠠ᠃
   
    ᠠᠷᠪᠠᠨ ᠲᠠᠪᠤᠳᠤᠭ᠋ᠠᠷ ᠵᠦᠢ᠍ᠯ   ᠲᠤᠮᠤ ᠬᠠᠰᠢᠯᠭ᠎ᠠ ᠵᠢᠨ ᠤᠰᠤ ᠬᠤᠷᠠᠭᠰᠠᠨ ᠣᠷᠣᠨ᠎ᠳᠤ ᠳᠤᠷ᠎ᠠ᠎ᠪᠠᠷ ᠵᠶ᠋ᠠᠨ ᠤᠢ ᠮᠣᠳᠣ ᠣᠭᠲᠣᠯᠬᠤ᠂ ᠡᠭᠴᠡ ᠬᠥᠲᠥᠯ᠎ᠳᠤ ᠠᠳᠠᠷ ᠬᠠᠭ᠋ᠠᠯᠪᠤᠷᠢᠯᠠᠬᠤ ᠵᠡᠷᠭᠡ ᠤᠰᠤᠨ ᠴᠥᠭᠥᠷᠥᠮ᠎ᠢ ᠬᠤᠷᠠᠭᠤᠯᠬᠤ ᠠᠵᠢᠯᠯᠠᠭ᠎ᠠ ᠬᠢᠬᠦ ᠵᠢ ᠴᠠᠭ᠋ᠠᠵᠠᠯᠠᠨ᠎ᠠ᠃ ᠴᠥᠭᠥᠷᠥᠮ᠎ᠤᠨ ᠣᠷᠣᠨ᠎ᠳᠤ ᠬᠦᠷᠢᠶᠡᠯᠡᠨ ᠬᠠᠭ᠋ᠠᠯᠪᠤᠷᠢᠯᠠᠬᠤ ᠪᠠ ᠴᠢᠯᠠᠭᠤ ᠭᠠᠷᠭ᠋ᠠᠬᠤ᠂ ᠰᠢᠷᠣᠶ ᠠᠪᠬᠤ ᠵᠡᠷᠭᠡ ᠠᠭᠤᠯᠠᠨ ᠪᠡᠶ᠎ᠡ᠎ᠳᠤ ᠠᠶᠤᠯ ᠤᠴᠠᠷᠠᠭᠤᠯᠬᠤ ᠠᠵᠢᠯᠯᠠᠭ᠎ᠠ ᠬᠢᠬᠦ ᠵᠢ ᠴᠠᠭ᠋ᠠᠵᠠᠯᠠᠨ᠎ᠠ᠃
   
    ᠠᠷᠪᠠᠨ ᠵᠢᠷᠭᠤᠳᠤᠭ᠋ᠠᠷ ᠵᠦᠢ᠍ᠯ   ᠲᠤᠮᠤ ᠬᠠᠰᠢᠯᠭ᠎ᠠ ᠵᠢᠨ ᠤᠷᠦᠢ᠎ᠳᠤ ᠦᠨᠡᠨ ᠬᠦ᠌ ᠵᠠᠰᠠᠮᠠᠯ ᠵᠡᠮ᠎ᠢ ᠬᠠᠪᠰᠤᠷᠭ᠋ᠠᠨ ᠬᠡᠷᠡᠭᠯᠡᠬᠦ ᠴᠢᠬᠤᠯᠠᠲᠠᠶ ᠪᠠᠶ᠋ᠢᠪᠠᠯ᠂ ᠡᠷᠬᠡᠪᠰᠢ ᠰᠢᠨᠵᠢᠯᠡᠬᠦ ᠤᠬᠠᠭ᠋ᠠᠨᠴᠢ ᠨᠤᠲᠠᠯᠠᠯᠲᠠ ᠪᠠ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠤᠮᠤ ᠬᠠᠰᠢᠯᠭ᠎ᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠬᠦ ᠵᠢᠨ ᠬᠠᠮᠲᠤ ᠠᠶᠤᠯᠭᠦᠶ ᠵᠢ ᠬᠠᠮᠠᠭ᠋ᠠᠯᠠᠬᠤ ᠵᠣᠬᠢᠴᠠᠩᠭᠤᠶ ᠠᠷᠭ᠎ᠠ ᠬᠡᠮᠵᠢᠶ᠎ᠡ ᠠᠪᠬᠤ ᠬᠡᠷᠡᠭᠲᠡᠶ᠃
   
    ᠠᠷᠪᠠᠨ ᠳᠣᠯᠣᠳᠤᠭ᠋ᠠᠷ ᠵᠦᠢ᠍ᠯ   ᠬᠠᠰᠢᠯᠭ᠎ᠠ ᠵᠢᠨ ᠳᠣᠲᠣᠷ᠎ᠠ ᠭᠠᠷᠠᠮ᠂ ᠰᠤᠪᠠᠭ ᠵᠠᠰᠠᠬᠤ᠂ ᠡᠯᠳᠡᠪ ᠶᠠᠭᠤᠮ᠎ᠠ ᠣᠪᠣᠭ᠋ᠠᠯᠠᠬᠤ᠂ ᠠᠮᠤ ᠬᠦᠨᠡᠰᠦ ᠬᠠᠲᠠᠭ᠋ᠠᠬᠤ ᠵᠢ ᠴᠠᠭ᠋ᠠᠵᠠᠯᠠᠨ᠎ᠠ᠃ ᠲᠤᠮᠤ ᠬᠠᠰᠢᠯᠭ᠎ᠠ ᠵᠢᠨ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠬᠡᠪᠴᠢᠶᠡᠨ᠎ᠤ ᠳᠣᠲᠣᠷ᠎ᠠ ᠭᠠᠷᠠᠮ᠂ ᠵᠢᠭ᠋ᠠᠰᠤᠨ ᠴᠥᠭᠥᠷᠥᠮ ᠪᠠᠶ᠋ᠢᠭᠤᠯᠬᠤ᠎ᠳᠤ ᠡᠷᠬᠡᠪᠰᠢ ᠲᠤᠮᠤ ᠬᠠᠰᠢᠯᠭ᠎ᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠬᠦ ᠬᠡᠷᠡᠭᠲᠡᠶ ᠪᠥᠭᠡᠳ ᠬᠠᠰᠢᠯᠭ᠎ᠠ ᠵᠢᠨ ᠬᠣᠷᠮᠣᠶ ᠪᠠ ᠤᠰᠤ ᠭᠣᠭᠣᠵᠢᠬᠤ᠂ ᠤᠰᠤ ᠳᠠᠮᠵᠢᠭᠤᠯᠬᠤ ᠪᠠᠷᠢᠯᠭ᠎ᠠ᠎ᠲᠠᠢ ᠵᠣᠬᠢᠬᠤ ᠵᠠᠶ᠎ᠲᠠᠢ ᠪᠠᠶ᠋ᠢᠯᠭ᠋ᠠᠬᠤ ᠬᠡᠷᠡᠭᠲᠡᠶ᠂   ᠲᠤᠮᠤ ᠬᠠᠰᠢᠯᠭ᠎ᠠ ᠵᠢᠨ ᠠᠶᠤᠯᠭᠦᠶ᠂ ᠪᠠᠷᠢᠯᠭ᠎ᠠ ᠵᠢᠨ ᠬᠠᠮᠢᠶᠠᠷᠤᠯᠲᠠ ᠪᠠ ᠠᠶᠤᠯ᠎ᠠᠴᠠ ᠠᠪᠤᠷᠠᠬᠤ ᠠᠵᠢᠯ᠎ᠢ ᠨᠥᠯᠥᠭᠡᠯᠡᠵᠦ ᠪᠣᠯᠬᠤ ᠦᠭᠡᠢ᠃

    ᠠᠷᠪᠠᠨ ᠨᠠᠢ᠍ᠮᠠᠳᠤᠭ᠋ᠠᠷ ᠵᠦᠢ᠍ᠯ   ᠲᠤᠮᠤ ᠬᠠᠰᠢᠯᠭ᠎ᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠵᠣᠬᠢᠴᠠᠩᠭᠤᠶ ᠲᠤᠬᠠᠶ᠋ᠢᠯᠠᠭᠰᠠᠨ ᠠᠵᠢᠯ᠎ᠤᠨ ᠬᠢᠷᠢ ᠬᠡᠮᠵᠢᠶ᠎ᠡ᠎ᠲᠠᠢ ᠲᠤᠮᠤ ᠬᠠᠰᠢᠯᠭ᠎ᠠ ᠵᠢᠨ ᠠᠶᠤᠯᠭᠦᠶ ᠵᠢᠨ ᠬᠠᠮᠢᠶᠠᠷᠤᠯᠲᠠ ᠵᠢᠨ ᠠᠵᠢᠯᠳᠠᠨ᠎ᠢ ᠲᠣᠬᠢᠷᠠᠭᠤᠯᠬᠤ ᠬᠡᠷᠡᠭᠲᠡᠶ᠃
   
    ᠲᠤᠮᠤ ᠬᠠᠰᠢᠯᠭ᠎ᠠ ᠵᠢᠨ ᠬᠠᠮᠢᠶᠠᠷᠤᠯᠲᠠ ᠵᠢᠨ ᠨᠢᠭᠡᠴᠢ ᠠᠶᠤᠯᠭᠦᠶ ᠵᠢᠨ ᠬᠠᠮᠢᠶᠠᠷᠤᠯᠲᠠ ᠵᠢᠨ ᠲᠦᠷᠢᠮ ᠲᠣᠭᠲᠠᠭ᠋ᠠᠯ᠎ᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠶ᠃
   
    ᠠᠷᠪᠠ ᠶᠢᠰᠦᠳᠦᠭᠡᠷ ᠵᠦᠢ᠍ᠯ   ᠲᠤᠮᠤ ᠬᠠᠰᠢᠯᠭ᠎ᠠ ᠵᠢ ᠬᠠᠮᠢᠶᠠᠷᠬᠤ ᠨᠢᠭᠡᠴᠢ ᠡᠷᠬᠡᠪᠰᠢ ᠬᠣᠯᠪᠣᠭᠳᠠᠯ ᠪᠦᠬᠦᠢ ᠮᠡᠷᠭᠡᠵᠢᠯ᠎ᠤᠨ ᠪᠠᠷᠢᠮᠵᠢᠶ᠎ᠠ ᠶᠣᠰᠣᠭ᠋ᠠᠷ ᠲᠤᠮᠤ ᠬᠠᠰᠢᠯᠭ᠎ᠠ᠎ᠳᠤ ᠠᠶᠤᠯᠭᠦᠶ ᠵᠢᠨ ᠬᠢᠨᠠᠨ ᠬᠡᠮᠵᠢᠯᠲᠡ ᠪᠠ ᠪᠠᠶ᠋ᠢᠴᠠᠭ᠋ᠠᠯᠲᠠ ᠬᠢᠬᠦ ᠬᠡᠷᠡᠭᠲᠡᠶ; ᠬᠢᠨᠠᠨ ᠬᠡᠮᠵᠢᠭᠰᠡᠨ ᠮᠠᠲ᠋ᠧᠷᠢᠶᠠᠯ᠎ᠢ ᠴᠠᠭ ᠲᠤᠬᠠᠶ᠎ᠳᠤᠨᠢ ᠡᠮᠬᠢᠯᠡᠨ ᠵᠠᠳᠠᠯᠵᠤ᠂ ᠬᠠᠰᠢᠯᠭ᠎ᠠ ᠵᠢᠨ ᠲᠡᠭᠡᠭᠡᠪᠦᠷᠢ ᠵᠢᠨ ᠪᠠᠶ᠋ᠢᠳᠠᠯ᠎ᠢ ᠴᠠᠭ ᠲᠤᠬᠠᠶ᠎ᠳᠤᠨᠢ ᠡᠵᠡᠮᠰᠢᠬᠦ ᠬᠡᠷᠡᠭᠲᠡᠶ᠃ ᠶᠡᠷᠦ ᠪᠤᠰᠤ ᠵᠢᠨ ᠦᠵᠡᠭᠳᠡᠯ ᠪᠠ ᠠᠮᠤᠷ ᠲᠦᠪᠰᠢᠨ ᠪᠤᠰᠤ ᠬᠦᠴᠦᠨ ᠵᠦᠢ᠍ᠯ᠎ᠢ ᠣᠯᠵᠤ ᠮᠡᠳᠡᠪᠡᠯ᠂ ᠲᠤᠮᠤ ᠬᠠᠰᠢᠯᠭ᠎ᠠ ᠵᠢ ᠬᠠᠮᠢᠶᠠᠷᠬᠤ ᠨᠢᠭᠡᠴᠢ᠎ᠨᠢ ᠲᠤᠮᠤ ᠬᠠᠰᠢᠯᠭ᠎ᠠ ᠵᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠲᠡᠷᠡ ᠳᠠᠷᠤᠶ᠎ᠳᠤᠨᠢ ᠮᠡᠳᠡᠭᠦᠯᠵᠦ᠂ ᠴᠠᠭ ᠲᠤᠬᠠᠶ᠎ᠳᠤᠨᠢ ᠠᠷᠭ᠎ᠠ ᠬᠡᠮᠵᠢᠶ᠎ᠡ ᠠᠪᠬᠤ ᠬᠡᠷᠡᠭᠲᠡᠶ᠃
   
    ᠬᠣᠷᠢᠳᠤᠭ᠋ᠠᠷ ᠵᠦᠢ᠍ᠯ   ᠲᠤᠮᠤ ᠬᠠᠰᠢᠯᠭ᠎ᠠ ᠵᠢ ᠬᠠᠮᠢᠶᠠᠷᠬᠤ ᠨᠢᠭᠡᠴᠢ ᠡᠷᠬᠡᠪᠰᠢ ᠲᠤᠮᠤ ᠬᠠᠰᠢᠯᠭ᠎ᠠ ᠵᠢ ᠠᠷᠠᠴᠢᠯᠠᠨ ᠬᠠᠮᠠᠭ᠋ᠠᠯᠠᠵᠤ ᠰᠡᠯᠪᠢᠨ ᠵᠠᠰᠠᠬᠤ ᠠᠵᠢᠯ᠎ᠢ ᠰᠠᠶ᠋ᠢᠲᠤᠷ ᠬᠢᠵᠦ᠂ ᠲᠤᠮᠤ ᠬᠠᠰᠢᠯᠭ᠎ᠠ ᠪᠠ ᠬᠠᠭ᠋ᠠᠯᠲᠠ ᠵᠢ ᠨᠡᠭᠡᠭᠡᠵᠦ ᠬᠠᠭ᠋ᠠᠬᠤ ᠲᠥᠬᠥᠭᠡᠷᠦᠮᠵᠢ ᠵᠢᠨ ᠪᠦᠷᠢᠨ ᠪᠦᠲᠦᠨ ᠪᠠᠶ᠋ᠢᠬᠤ ᠵᠢ ᠪᠠᠲᠤᠯᠠᠬᠤ ᠬᠡᠷᠡᠭᠲᠡᠶ᠃
   
    ᠬᠣᠷᠢᠨ ᠨᠢᠭᠡᠳᠦᠭᠡᠷ ᠵᠦᠢ᠍ᠯ   ᠲᠤᠮᠤ ᠬᠠᠰᠢᠯᠭ᠎ᠠ ᠵᠢ ᠠᠵᠢᠯᠯᠠᠭᠤᠯᠬᠤ᠎ᠳᠤ ᠡᠷᠬᠡᠪᠰᠢ ᠠᠶᠤᠯᠭᠦᠶ ᠪᠠᠶ᠋ᠢᠬᠤ ᠵᠢ ᠪᠠᠲᠤᠯᠠᠭᠰᠠᠨ ᠤᠷᠢᠲᠠᠯ᠎ᠤᠨ ᠳᠣᠣᠷ᠎ᠠ ᠶᠡᠷᠦᠩᠬᠡᠶ ᠦᠷ᠎ᠡ ᠠᠰᠢᠭ᠎ᠢ ᠪᠠᠳᠠᠷᠠᠭᠤᠯᠬᠤ ᠬᠡᠷᠡᠭᠲᠡᠶ᠃ ᠲᠤᠮᠤ ᠬᠠᠰᠢᠯᠭ᠎ᠠ ᠵᠢ ᠬᠠᠮᠢᠶᠠᠷᠬᠤ ᠨᠢᠭᠡᠴᠢ᠎ᠨᠢ ᠵᠥᠪᠰᠢᠶᠡᠷᠡᠭᠰᠡᠨ ᠲᠥᠯᠥᠪᠯᠡᠭᠡ ᠪᠠ ᠲᠤᠮᠤ ᠬᠠᠰᠢᠯᠭ᠎ᠠ ᠵᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠢᠭ᠋ᠠᠪᠤᠷᠢ ᠵᠢ ᠦᠨᠳᠦᠰᠦᠯᠡᠨ ᠤᠰᠤᠨ ᠴᠥᠭᠥᠷᠥᠮ᠎ᠢ ᠲᠣᠬᠢᠷᠠᠭᠤᠯᠤᠨ ᠬᠡᠷᠡᠭᠯᠡᠬᠦ ᠬᠡᠷᠡᠭᠲᠡᠶ᠃
   
    ᠦᠶᠡᠷ᠎ᠤᠨ ᠬᠤᠭᠤᠴᠠᠭ᠋ᠠᠨ᠎ᠳᠤ ᠶᠡᠷᠦᠩᠬᠡᠶ᠋ᠢᠯᠡᠨ ᠠᠰᠢᠭᠯᠠᠬᠤ ᠤᠰᠤᠨ ᠴᠥᠭᠥᠷᠥᠮ᠎ᠢ ᠲᠣᠬᠢᠷᠠᠭᠤᠯᠤᠨ ᠬᠡᠷᠡᠭᠯᠡᠬᠦ᠎ᠳᠡᠭᠡᠨ ᠡᠷᠬᠡᠪᠰᠢ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠪᠠᠶ᠋ᠢᠭᠤᠯᠤᠮᠵᠢ ᠵᠢᠨ ᠨᠢᠭᠡᠳᠦᠯᠲᠡᠶ ᠵᠢᠯᠤᠭᠤᠳᠤᠯᠭ᠎ᠠ ᠵᠢ ᠲᠠᠭ᠋ᠠᠬᠤ ᠬᠡᠷᠡᠭᠲᠡᠶ; ᠴᠠᠬᠢᠯᠭ᠋ᠠᠨ ᠭᠠᠷᠭ᠋ᠠᠬᠤ᠎ᠪᠠᠷ ᠭᠣᠣᠯ ᠪᠣᠯᠭ᠋ᠠᠭᠰᠠᠨ ᠤᠰᠤᠨ ᠴᠥᠭᠥᠷᠥᠮ᠎ᠤᠨ ᠦᠶᠡᠷ᠎ᠤᠨ ᠬᠢᠵᠠᠭ᠋ᠠᠷ ᠤᠰᠤᠨ ᠲᠦᠪᠰᠢᠨ᠎ᠠᠴᠠ ᠳᠡᠭᠡᠭᠰᠢᠬᠢ ᠦᠶᠡᠷ᠎ᠢ ᠰᠡᠷᠭᠡᠶ᠋ᠢᠯᠡᠬᠦ ᠴᠥᠭᠥᠷᠥᠮ᠎ᠤᠨ ᠪᠠᠭᠲᠠᠭ᠋ᠠᠮᠵᠢ ᠵᠢᠴᠢ ᠦᠶᠡᠷ᠎ᠤᠨ ᠤᠰᠤ ᠵᠢ ᠲᠣᠬᠢᠷᠠᠭᠤᠯᠤᠨ ᠬᠡᠷᠡᠭᠯᠡᠬᠦ᠎ᠳᠡᠭᠡᠨ ᠡᠷᠬᠡᠪᠰᠢ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠪᠠᠶ᠋ᠢᠭᠤᠯᠤᠮᠵᠢ ᠵᠢᠨ ᠨᠢᠭᠡᠳᠦᠯᠲᠡᠶ ᠵᠢᠯᠤᠭᠤᠳᠤᠯᠭ᠎ᠠ ᠵᠢ ᠲᠠᠭ᠋ᠠᠬᠤ ᠬᠡᠷᠡᠭᠲᠡᠶ᠃
   
      ᠶᠠᠮᠠᠷᠪᠠ ᠨᠢᠭᠡᠴᠢ ᠪᠠ ᠬᠤᠪᠢ ᠬᠥᠮᠦᠨ ᠤᠰᠤᠨ ᠴᠥᠭᠥᠷᠥᠮ᠎ᠢ ᠲᠣᠬᠢᠷᠠᠭᠤᠯᠤᠨ ᠬᠡᠷᠡᠭᠯᠡᠬᠦ ᠶᠠᠪᠤᠳᠠᠯ᠎ᠳᠤ ᠬᠠᠤᠯᠢ ᠪᠤᠰᠤ᠎ᠪᠠᠷ ᠭᠠᠷ ᠲᠦᠷᠦᠵᠦ ᠪᠣᠯᠬᠤ ᠦᠭᠡᠢ᠃
   
    ᠬᠣᠷᠢᠨ ᠬᠣᠶᠠᠳᠤᠭ᠋ᠠᠷ ᠵᠦᠢ᠍ᠯ   ᠲᠤᠮᠤ ᠬᠠᠰᠢᠯᠭ᠎ᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤᠮᠤ ᠬᠠᠰᠢᠯᠭ᠎ᠠ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠠᠶᠤᠯᠭᠦᠶ ᠵᠢᠨ ᠪᠠᠶ᠋ᠢᠴᠠᠭ᠋ᠠᠯᠲᠠ ᠬᠢᠬᠦ᠂ ᠬᠢᠨᠠᠨ ᠲᠣᠭᠲᠠᠭ᠋ᠠᠬᠤ ᠳᠦᠷᠢᠮ᠎ᠢ ᠲᠣᠭᠲᠠᠭ᠋ᠠᠬᠤ ᠬᠡᠷᠡᠭᠲᠡᠶ᠃
   
    ᠦᠶᠡᠷ᠎ᠠᠴᠠ ᠡᠮᠦᠨ᠎ᠡ᠂ ᠦᠶᠡᠷ᠎ᠤᠨ ᠲᠠᠷᠠᠭ᠎ᠠ᠂ ᠵᠢᠴᠢ ᠲᠤᠭᠰᠢᠨ ᠰᠠᠯᠬᠢ᠂ ᠰᠢᠷᠦᠭᠦᠨ ᠪᠣᠷᠣᠭ᠋ᠠᠨ᠂ ᠣᠨᠴᠠ ᠶᠡᠬᠡ ᠦᠶᠡᠷ ᠪᠤᠶᠤ ᠬᠦᠴᠦᠲᠡᠶ ᠭᠠᠵᠠᠷ ᠬᠥᠳᠡᠯᠦᠯᠲᠡ ᠡᠭᠦᠰᠦᠭᠰᠡᠨ᠎ᠤ ᠲᠠᠷᠠᠭ᠎ᠠ᠂ ᠲᠤᠮᠤ ᠬᠠᠰᠢᠯᠭ᠎ᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠣᠬᠢᠶᠠᠨ ᠪᠠᠶ᠋ᠢᠭᠤᠯᠵᠤ ᠪᠠᠶ᠋ᠢᠭ᠋ᠠᠳ ᠥᠪᠡᠷ᠎ᠤᠨ ᠬᠠᠮᠢᠶᠠᠷᠴᠤ ᠪᠠᠶ᠋ᠢᠭ᠎ᠠ ᠲᠤᠮᠤ ᠬᠠᠰᠢᠯᠭ᠎ᠠ ᠵᠢᠨ ᠠᠶᠤᠯᠭᠦᠶ ᠵᠢ ᠪᠠᠶ᠋ᠢᠴᠠᠭ᠋ᠠᠬᠤ ᠬᠡᠷᠡᠭᠲᠡᠶ᠃
   
    ᠬᠣᠷᠢᠨ ᠭᠤᠷᠪᠠᠳᠤᠭ᠋ᠠᠷ ᠵᠦᠢ᠍ᠯ   ᠲᠤᠮᠤ ᠬᠠᠰᠢᠯᠭ᠎ᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠥᠪᠡᠷ᠎ᠤᠨ ᠬᠠᠮᠢᠶᠠᠷᠴᠤ ᠪᠠᠶ᠋ᠢᠭ᠎ᠠ ᠲᠤᠮᠤ ᠬᠠᠰᠢᠯᠭ᠎ᠠ᠎ᠪᠠᠨ ᠲᠣᠭᠲᠠᠭᠰᠠᠨ ᠬᠤᠭᠤᠴᠠᠭ᠋ᠠᠨ᠎ᠳᠤᠨᠢ ᠳᠠᠩᠰᠠᠯᠠᠭᠤᠯᠤᠨ ᠲᠡᠮᠳᠡᠭᠯᠡᠭᠦᠯᠵᠦ᠂ ᠮᠡᠷᠭᠡᠵᠢᠯ᠎ᠤᠨ ᠲᠠᠨᠭ᠌ᠰᠠ ᠡᠪᠬᠡᠮᠡᠯ ᠪᠠᠶ᠋ᠢᠭᠤᠯᠬᠤ ᠬᠡᠷᠡᠭᠲᠡᠶ᠃ ᠲᠤᠮᠤ ᠬᠠᠰᠢᠯᠭ᠎ᠠ ᠵᠢ ᠳᠠᠩᠰᠠᠯᠠᠭᠤᠯᠬᠤ ᠠᠷᠭ᠎ᠠ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠲᠠᠢ ᠬᠠᠮᠳᠤᠷᠠᠨ ᠲᠤᠭᠳᠠᠭ᠋ᠠᠨ᠎ᠠ᠃
   
    ᠬᠣᠷᠢᠨ ᠳᠥᠷᠪᠡᠳᠦᠭᠡᠷ ᠵᠦᠢ᠍ᠯ   ᠲᠤᠮᠤ ᠬᠠᠰᠢᠯᠭ᠎ᠠ ᠵᠢᠨ ᠬᠠᠮᠢᠶᠠᠷᠤᠯᠲᠠ ᠵᠢᠨ ᠨᠢᠭᠡᠴᠢ ᠪᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠦᠶᠡᠷ᠎ᠢ ᠰᠡᠷᠭᠡᠶ᠋ᠢᠯᠡᠵᠦ ᠠᠶᠤᠯ᠎ᠠᠴᠠ ᠠᠪᠤᠷᠠᠬᠤ ᠪᠣᠳᠠᠰ᠎ᠤᠨ ᠮᠠᠲ᠋ᠧᠷᠢᠶᠠᠯ᠎ᠤᠨ ᠪᠡᠯᠡᠳᠬᠡᠯ ᠪᠠ ᠴᠠᠭ ᠠᠭᠤᠷ ᠤᠰᠤᠨ᠎ᠤ ᠪᠠᠶ᠋ᠢᠳᠠᠯ᠎ᠢ ᠤᠷᠢᠳᠴᠢᠯᠠᠨ ᠮᠡᠳᠡᠭᠡᠯᠡᠬᠦ ᠠᠵᠢᠯ᠎ᠢ ᠰᠠᠶ᠋ᠢᠲᠤᠷ ᠬᠢᠬᠦ ᠵᠢᠨ ᠬᠠᠮᠲᠤ ᠤᠰᠤᠨ᠎ᠤ ᠪᠠᠶ᠋ᠢᠳᠠᠯ᠎ᠢ ᠳᠠᠮᠵᠢᠭᠤᠯᠬᠤ᠂ ᠲᠦᠭᠰᠢᠭᠦᠷᠢ ᠮᠡᠳᠡᠭᠦᠯᠬᠦ ᠵᠢᠴᠢ ᠲᠤᠮᠤ ᠬᠠᠰᠢᠯᠭ᠎ᠠ ᠵᠢᠨ ᠬᠠᠮᠢᠶᠠᠷᠤᠯᠲᠠ ᠵᠢᠨ ᠨᠢᠭᠡᠴᠢ ᠬᠢᠭᠡᠳ   ᠲᠤᠮᠤ ᠬᠠᠰᠢᠯᠭ᠎ᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠳᠡᠭᠡᠳᠦ ᠱᠠᠲᠤᠨ᠎ᠤ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠪᠠᠶ᠋ᠢᠭᠤᠯᠤᠮᠵᠢ ᠵᠢᠨ ᠬᠣᠭᠣᠷᠣᠨᠳᠣᠬᠢ ᠬᠠᠷᠢᠯᠴᠠᠭ᠎ᠠ ᠵᠢᠨ ᠰᠠᠭ᠋ᠠᠳ ᠦᠭᠡᠢ ᠨᠡᠪᠲᠡᠷᠡᠬᠦ ᠵᠢ ᠪᠠᠲᠤᠯᠠᠬᠤ ᠬᠡᠷᠡᠭᠲᠡᠶ᠃
   
    ᠬᠣᠷᠢᠨ ᠲᠠᠪᠤᠳᠤᠭ᠋ᠠᠷ ᠵᠦᠢ᠍ᠯ   ᠲᠤᠮᠤ ᠬᠠᠰᠢᠯᠭ᠎ᠠ᠎ᠳᠤ ᠲᠦᠭᠰᠢᠭᠦᠷᠢᠲᠦ ᠪᠠᠶ᠋ᠢᠳᠠᠯ ᠢᠯᠡᠷᠡᠬᠦ ᠦᠶ᠎ᠡ᠎ᠳᠤ᠂ ᠲᠤᠮᠤ ᠬᠠᠰᠢᠯᠭ᠎ᠠ ᠵᠢ ᠬᠠᠮᠢᠶᠠᠷᠬᠤ ᠨᠢᠭᠡᠴᠢ᠎ᠨᠢ ᠲᠤᠮᠤ ᠬᠠᠰᠢᠯᠭ᠎ᠠ ᠵᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠳᠡᠭᠡᠳᠦ ᠱᠠᠲᠤᠨ᠎ᠤ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠪᠠᠶ᠋ᠢᠭᠤᠯᠤᠮᠵᠢ᠎ᠳᠤ ᠲᠡᠷᠡ ᠳᠠᠷᠤᠶ᠎ᠳᠤᠨᠢ ᠮᠡᠳᠡᠭᠦᠯᠬᠦ ᠵᠢᠨ ᠬᠠᠮᠲᠤ ᠵᠠᠪᠳᠤᠨ ᠠᠪᠤᠷᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ; ᠬᠠᠰᠢᠯᠭ᠎ᠠ ᠨᠤᠷᠠᠬᠤ ᠠᠶᠤᠯ᠎ᠲᠠᠢ ᠦᠶ᠎ᠡ᠎ᠳᠤ᠂ ᠠᠯᠢᠪᠠ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠤᠷᠢᠳᠴᠢᠯᠠᠨ ᠵᠢᠱ᠌ᠢᠭᠰᠡᠨ ᠬᠠᠰᠢᠯᠭ᠎ᠠ ᠨᠤᠷᠠᠵᠤ ᠵᠢᠪᠦᠬᠦ ᠭᠠᠵᠠᠷ ᠣᠷᠣᠨ᠎ᠳᠤ ᠰᠡᠷᠡᠮᠵᠢ ᠵᠢᠨ ᠲᠤᠬᠢᠶ᠎ᠠ ᠥᠭᠴᠦ᠂ ᠰᠢᠯᠵᠢᠭᠦᠯᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ᠃
   
    ᠳᠥᠷᠪᠡᠳᠦᠭᠡᠷ ᠪᠦᠯᠦᠭ   ᠠᠶᠤᠯᠲᠠᠶ ᠬᠠᠰᠢᠯᠭ᠎ᠠ ᠵᠢ ᠰᠢᠢ᠍ᠳᠪᠤᠷᠢᠯᠡᠬᠦ
   
    ᠬᠣᠷᠢᠨ ᠵᠢᠷᠭᠤᠳᠤᠭ᠋ᠠᠷ ᠵᠦᠢ᠍ᠯ   ᠵᠢᠷᠤᠭ ᠲᠥᠯᠥᠪᠯᠡᠭᠡᠨ᠎ᠤ ᠦᠶᠡᠷ᠎ᠤᠨ ᠤᠰᠤᠨ᠎ᠤ ᠪᠠᠷᠢᠮᠵᠢᠶ᠎ᠠ᠂ ᠭᠠᠵᠠᠷ ᠬᠥᠳᠡᠯᠦᠯᠲᠡ ᠵᠢ ᠳᠠᠭ᠋ᠠᠭ᠋ᠠᠬᠤ ᠰᠡᠷᠭᠡᠶ᠋ᠢᠯᠡᠯᠲᠡ ᠵᠢᠨ ᠪᠠᠷᠢᠮᠵᠢᠶ᠎ᠠ᠎ᠳᠤ ᠬᠠᠷᠠᠬᠠᠨ ᠬᠦᠷᠦᠭᠡᠳᠦᠢ ᠪᠤᠶᠤ ᠶᠠᠰᠤ ᠴᠢᠨᠠᠷ᠎ᠤᠨ ᠲᠠᠯ᠎ᠠ᠎ᠪᠠᠷ ᠬᠦᠨᠳᠦ ᠨᠣᠴᠢᠲᠠᠶ ᠭᠡᠮ ᠰᠣᠭᠣᠭ᠎ᠲᠠᠢ ᠠᠶᠤᠯᠲᠠᠶ ᠬᠠᠰᠢᠯᠭ᠎ᠠ ᠵᠢ ᠲᠤᠮᠤ ᠬᠠᠰᠢᠯᠭ᠎ᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠨᠢᠭᠡᠴᠢ ᠵᠢ ᠵᠣᠬᠢᠶᠠᠨ ᠪᠠᠶ᠋ᠢᠭᠤᠯᠤᠨ ᠲᠦᠷᠦᠯ ᠬᠤᠪᠢᠶᠠᠵᠤ᠂ ᠠᠶᠤᠯ᠎ᠢ ᠠᠷᠢᠯᠭ᠋ᠠᠨ ᠪᠡᠬᠢᠯᠡᠬᠦ ᠵᠡᠷᠭᠡ ᠠᠷᠭ᠎ᠠ ᠬᠡᠮᠵᠢᠶ᠎ᠡ ᠠᠪᠬᠤ ᠪᠤᠶᠤ ᠬᠠᠶᠠᠭᠳᠠᠯ᠎ᠢ᠎ᠨᠢ ᠬᠠᠶᠠᠵᠤ ᠲᠠᠬᠢᠨ ᠪᠠᠶ᠋ᠢᠭᠤᠯᠬᠤ ᠬᠡᠷᠡᠭᠲᠡᠶ᠃
   
    ᠠᠶᠤᠯᠲᠠᠶ ᠬᠠᠰᠢᠯᠭ᠎ᠠ ᠵᠢ ᠪᠡᠬᠢᠯᠡᠬᠦ᠎ᠠᠴᠠ ᠡᠮᠦᠨ᠎ᠡ᠂ ᠬᠠᠰᠢᠯᠭ᠎ᠠ ᠵᠢ ᠬᠠᠮᠢᠶᠠᠷᠬᠤ ᠨᠢᠭᠡᠴᠢ ᠬᠠᠰᠢᠯᠭ᠎ᠠ ᠵᠢ ᠬᠠᠮᠠᠭ᠋ᠠᠯᠠᠵᠤ ᠪᠠᠴᠢᠮ ᠪᠠᠶ᠋ᠢᠳᠠᠯ᠎ᠢ ᠠᠷᠭ᠋ᠠᠴᠠᠬᠤ ᠠᠷᠭ᠎ᠠ ᠬᠡᠮᠵᠢᠶ᠎ᠡ ᠲᠣᠭᠲᠠᠭ᠋ᠠᠬᠤ ᠬᠡᠷᠡᠭᠲᠡᠶ; ᠨᠤᠲᠠᠯᠠᠯᠲᠠ ᠬᠢᠬᠦ᠎ᠪᠠᠷ ᠳᠠᠮᠵᠢᠭ᠋ᠠᠳ ᠡᠷᠬᠡᠪᠰᠢ ᠤᠤᠯ᠎ᠤᠨ ᠵᠢᠷᠤᠵᠤ ᠲᠥᠯᠥᠪᠯᠡᠭᠰᠡᠨ ᠠᠵᠢᠯᠯᠠᠭ᠋ᠠᠨ᠎ᠤ ᠠᠷᠭ᠎ᠠ ᠮᠠᠶᠢᠭ᠎ᠢ ᠬᠤᠪᠢᠷᠠᠭᠤᠯᠬᠤ ᠴᠢᠬᠤᠯᠠᠲᠠᠶ ᠪᠠᠶ᠋ᠢᠪᠠᠯ᠂ ᠲᠤᠮᠤ ᠬᠠᠰᠢᠯᠭ᠎ᠠ ᠵᠢᠨ   ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠶ᠃
   
    ᠬᠣᠷᠢᠨ ᠳᠣᠯᠣᠳᠤᠭ᠋ᠠᠷ ᠵᠦᠢ᠍ᠯ   ᠲᠤᠮᠤ ᠬᠠᠰᠢᠯᠭ᠎ᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠥᠪᠡᠷ᠎ᠤᠨ ᠬᠠᠷᠢᠶᠠᠨ᠎ᠳᠠᠬᠢ ᠪᠡᠬᠢᠯᠡᠬᠦ ᠴᠢᠬᠤᠯᠠᠲᠠᠶ ᠠᠶᠤᠯᠲᠠᠶ ᠬᠠᠰᠢᠯᠭ᠎ᠠ᠎ᠪᠠᠨ ᠪᠡᠬᠢᠯᠡᠬᠦ ᠲᠥᠯᠥᠪᠯᠡᠭᠡ ᠲᠣᠭᠲᠠᠭ᠋ᠠᠵᠤ᠂ ᠬᠤᠭᠤᠴᠠᠭ᠎ᠠ ᠲᠣᠭᠲᠠᠭ᠋ᠠᠨ ᠠᠶᠤᠯ᠎ᠢ ᠠᠷᠢᠯᠭ᠋ᠠᠭᠤᠯᠬᠤ ᠬᠡᠷᠡᠭᠲᠡᠶ; ᠬᠣᠯᠪᠣᠭᠳᠠᠯ ᠪᠦᠬᠦᠢ ᠠᠷᠠᠳ᠎ᠤᠨ ᠵᠠᠰᠠᠭ᠎ᠤᠨ ᠣᠷᠳᠣᠨ ᠬᠡᠷᠡᠭᠰᠡᠬᠦ ᠪᠡᠯᠡ ᠮᠥᠩᠭᠥ ᠪᠠ ᠪᠣᠳᠠᠰ᠎ᠤᠨ ᠮᠠᠲ᠋ᠧᠷᠢᠶᠠᠯ᠎ᠢ ᠤᠷᠢᠳᠠᠪᠠᠷ ᠲᠣᠬᠢᠷᠠᠭᠤᠯᠬᠤ ᠬᠡᠷᠡᠭᠲᠡᠶ᠃
   
    ᠠᠶᠤᠯᠲᠠᠶ ᠬᠠᠰᠢᠯᠭ᠎ᠠ ᠵᠢ ᠪᠡᠬᠢᠯᠡᠬᠦ᠎ᠳᠤ ᠡᠷᠬᠡᠪᠰᠢ ᠵᠣᠬᠢᠴᠠᠩᠭᠤᠶ ᠵᠢᠷᠤᠭ ᠲᠥᠯᠥᠪᠯᠡᠭᠡᠨ᠎ᠤ ᠬᠢᠷᠢ ᠬᠡᠮ᠎ᠤᠨ ᠦᠨᠡᠮᠯᠡᠯ᠎ᠲᠠᠢ ᠨᠢᠭᠡᠴᠢ᠎ᠠᠴᠠ ᠪᠡᠬᠢᠵᠢᠭᠦᠯᠬᠦ ᠵᠢᠷᠤᠭ ᠲᠥᠯᠥᠪᠯᠡᠭᠡ ᠬᠢᠵᠦ᠂ ᠬᠢᠨᠠᠨ ᠵᠥᠪᠰᠢᠶᠡᠷᠡᠭᠦᠯᠦᠭᠰᠡᠨ᠎ᠤ ᠲᠡᠷᠡᠭ᠎ᠠ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠬᠡᠷᠡᠭᠲᠡᠶ᠃ ᠠᠶᠤᠯᠲᠠᠶ ᠬᠠᠰᠢᠯᠭ᠎ᠠ ᠵᠢ ᠪᠡᠬᠢᠯᠡᠵᠦ ᠳᠠᠭᠤᠰᠤᠭᠰᠠᠨ᠎ᠤ ᠲᠡᠷᠡᠭ᠎ᠠ᠂ ᠬᠠᠰᠢᠯᠭ᠎ᠠ ᠵᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠣᠬᠢᠶᠠᠨ ᠪᠠᠶ᠋ᠢᠭᠤᠯᠵᠤ ᠰᠢᠯᠭ᠋ᠠᠨ ᠠᠪᠬᠤ ᠬᠡᠷᠡᠭᠲᠡᠶ᠃
   
    ᠬᠣᠷᠢᠨ ᠨᠠᠢ᠍ᠮᠠᠳᠤᠭ᠋ᠠᠷ ᠵᠦᠢ᠍ᠯ   ᠲᠤᠮᠤ ᠬᠠᠰᠢᠯᠭ᠎ᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠣᠯᠪᠣᠭᠳᠠᠯ ᠪᠦᠬᠦᠢ ᠨᠢᠭᠡᠴᠢ ᠵᠢ ᠵᠣᠬᠢᠶᠠᠨ ᠪᠠᠶ᠋ᠢᠭᠤᠯᠵᠤ᠂ ᠠᠶᠤᠯᠲᠠᠶ ᠬᠠᠰᠢᠯᠭ᠎ᠠ᠎ᠳᠤ ᠭᠠᠷᠴᠤ ᠮᠡᠳᠡᠬᠦ ᠬᠠᠰᠢᠯᠭ᠎ᠠ ᠵᠢ ᠨᠤᠷᠠᠭ᠋ᠠᠵᠤ ᠮᠡᠳᠡᠬᠦ ᠠᠷᠭ᠎ᠠ ᠮᠠᠶᠢᠭ᠂ ᠤᠰᠤᠨ᠎ᠳᠤ ᠵᠢᠪᠦᠬᠦ ᠬᠡᠪᠴᠢᠶ᠎ᠡ ᠵᠢ ᠤᠷᠢᠳᠴᠢᠯᠠᠨ ᠵᠢᠱ᠌ᠢᠬᠦ ᠵᠢᠨ ᠬᠠᠮᠲᠤ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ ᠲᠣᠭᠲᠠᠭ᠋ᠠᠵᠤ᠂ ᠦᠶᠡᠷ᠎ᠢ ᠰᠡᠷᠭᠡᠶ᠋ᠢᠯᠡᠬᠦ ᠠᠵᠢᠯ᠎ᠤᠨ ᠵᠢᠯᠣᠭᠣᠳᠬᠤ ᠪᠠᠶ᠋ᠢᠭᠤᠯᠤᠮᠵᠢ᠎ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃

    ᠲᠠᠪᠤᠳᠤᠭ᠋ᠠᠷ ᠪᠦᠯᠦᠭ   ᠲᠣᠷᠭ᠋ᠠᠬᠤ ᠳᠦᠷᠢᠮ
   
    ᠬᠣᠷᠢ ᠶᠢᠰᠦᠳᠦᠭᠡᠷ ᠵᠦᠢ᠍ᠯ   ᠲᠤᠰ ᠲᠦᠷᠢᠮ᠎ᠤᠨ ᠲᠣᠭᠲᠠᠭ᠋ᠠᠯ᠎ᠢ ᠵᠥᠷᠢᠴᠡᠵᠦ᠂ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠶᠡᠬᠡ ᠬᠠᠰᠢᠯᠭ᠎ᠠ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠣᠭᠰᠣᠭ᠋ᠠᠵᠤ᠂ ᠬᠣᠬᠢᠷᠠᠯ᠎ᠢ ᠲᠦᠯᠦᠭᠦᠯᠵᠦ᠂ ᠨᠥᠬᠥᠪᠥᠷᠢᠯᠡᠬᠦ ᠠᠷᠭ᠎ᠠ ᠬᠡᠮᠵᠢᠶ᠎ᠡ ᠠᠪᠤᠭᠤᠯᠵᠤ᠂ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠵᠦ ᠪᠣᠯᠤᠨ᠎ᠠ; ᠠᠮᠤᠷ᠎ᠢ ᠬᠠᠮᠠᠭ᠋ᠠᠯᠠᠬᠤ ᠠᠵᠢᠯ᠎ᠤᠨ ᠬᠠᠮᠢᠶᠠᠷᠤᠯᠲᠠ ᠵᠢᠨ   ᠰᠢᠢ᠍ᠳᠭᠡᠯ ᠥᠭᠬᠦ ᠶᠣᠰᠣᠲᠠᠶ ᠪᠠᠶ᠋ᠢᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠤᠷ᠎ᠢ ᠬᠠᠮᠠᠭ᠋ᠠᠯᠠᠬᠤ ᠠᠵᠢᠯ᠎ᠤᠨ ᠬᠠᠮᠢᠶᠠᠷᠤᠯᠲᠠ ᠵᠢᠨ ᠰᠢᠢ᠍ᠳᠭᠡᠯ᠎ᠤᠨ ᠬᠠᠤᠯᠢ》 ᠵᠢᠨ ᠲᠣᠭᠲᠠᠭ᠋ᠠᠯ ᠶᠣᠰᠣᠭ᠋ᠠᠷ ᠰᠢᠢ᠍ᠳᠭᠡᠨ᠎ᠡ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠄
   
     (ᠨᠢᠭᠡ)   ᠲᠤᠮᠤ ᠬᠠᠰᠢᠯᠭ᠎ᠠ ᠪᠤᠶᠤ ᠲᠡᠭᠦᠨ᠎ᠤ ᠠᠵᠢᠭᠯᠠᠨ ᠬᠡᠮᠵᠢᠬᠦ᠂ ᠮᠡᠳᠡᠭᠡ ᠬᠣᠯᠪᠣᠭ᠎ᠠ᠂ ᠬᠥᠳᠡᠯᠭᠡᠭᠴᠢ ᠬᠦᠴᠦᠨ᠂ ᠭᠡᠷᠡᠯᠲᠦᠭᠦᠯᠭᠡ᠂ ᠵᠠᠮ ᠬᠠᠷᠢᠯᠴᠠᠭ᠎ᠠ᠂ ᠭᠠᠯ ᠰᠡᠷᠭᠡᠶ᠋ᠢᠯᠡᠨ ᠤᠨᠲᠠᠷᠠᠭ᠋ᠠᠬᠤ ᠵᠡᠷᠭᠡ ᠬᠠᠮᠢᠶᠠᠷᠤᠯᠲᠠ ᠵᠢᠨ ᠲᠥᠬᠥᠭᠡᠷᠦᠮᠵᠢ ᠵᠢ ᠡᠪᠳᠡᠭᠰᠡᠨ;
   
   (ᠬᠣᠶᠠᠷ)   ᠲᠤᠮᠤ ᠬᠠᠰᠢᠯᠭ᠎ᠠ ᠵᠢᠨ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠬᠡᠪᠴᠢᠶᠡᠨ ᠳᠣᠲᠣᠷ᠎ᠠ ᠳᠡᠯᠪᠡᠴᠢᠬᠦ᠂ ᠬᠤᠳᠳᠤᠭ ᠮᠠᠯᠲᠠᠬᠤ᠂ ᠴᠢᠯᠠᠭᠤ ᠭᠠᠷᠭ᠋ᠠᠬᠤ᠂ ᠠᠭᠤᠷᠬᠠᠶ ᠮᠠᠯᠲᠠᠬᠤ᠂ ᠰᠢᠷᠣᠶ ᠠᠪᠬᠤ᠂ ᠡᠯᠡᠰᠦ ᠮᠠᠯᠲᠠᠬᠤ᠂ ᠪᠤᠯᠠᠰᠢᠨ ᠭᠠᠵᠠᠷ ᠵᠠᠰᠠᠬᠤ ᠵᠡᠷᠭᠡ ᠲᠤᠮᠤ ᠬᠠᠰᠢᠯᠭ᠎ᠠ ᠵᠢᠨ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠬᠢᠭᠰᠡᠨ;
   
   (ᠭᠤᠷᠪᠠ)   ᠲᠤᠮᠤ ᠬᠠᠰᠢᠯᠭ᠎ᠠ ᠵᠢᠨ ᠦᠶᠡᠷ ᠵᠠᠯᠠᠬᠤ ᠬᠠᠭ᠋ᠠᠯᠲᠠ᠂ ᠤᠰᠤ ᠳᠠᠮᠵᠢᠭᠤᠯᠬᠤ ᠬᠠᠭ᠋ᠠᠯᠲᠠ ᠵᠢᠴᠢ ᠪᠤᠰᠤᠳ ᠲᠥᠬᠥᠭᠡᠷᠦᠮᠵᠢ ᠵᠢ ᠳᠤᠷ᠎ᠠ᠎ᠪᠠᠷ ᠵᠶ᠋ᠠᠨ ᠠᠵᠢᠯᠯᠠᠭᠤᠯᠵᠤ ᠲᠤᠮᠤ ᠬᠠᠰᠢᠯᠭ᠎ᠠ ᠵᠢᠨ ᠬᠡᠪ᠎ᠤᠨ ᠠᠵᠢᠯᠯᠠᠭ᠎ᠠ ᠵᠢ ᠡᠪᠳᠡᠭᠰᠡᠨ;
   
     (ᠲᠤᠢ᠍ᠷᠪᠡ) ᠴᠥᠭᠥᠷᠥᠮ᠎ᠤᠨ ᠣᠷᠣᠨ᠎ᠳᠤ ᠬᠦᠷᠢᠶᠡᠯᠡᠨ ᠬᠠᠭ᠋ᠠᠯᠪᠤᠷᠢᠯᠠᠭᠰᠠᠨ;
   
   (ᠲᠠᠪᠤ) ᠬᠠᠰᠢᠯᠭ᠎ᠠ ᠳᠡᠭᠡᠷ᠎ᠡ ᠭᠠᠷᠠᠮ᠂ ᠰᠤᠪᠠᠭ᠎ᠢ ᠵᠠᠰᠠᠭᠰᠠᠨ ᠪᠤᠶᠤ ᠡᠯᠳᠡᠪ ᠶᠠᠭᠤᠮ᠎ᠠ ᠣᠪᠣᠭ᠋ᠠᠯᠠᠨ ᠲᠠᠯᠪᠢᠭᠰᠠᠨ᠂ ᠠᠮᠤ ᠬᠦᠨᠡᠰᠦ ᠬᠠᠳᠡᠭ᠋ᠠᠵᠦ ᠬᠠᠳᠡᠭ᠋ᠠᠬᠰᠡᠠ;
   
 (ᠵᠢᠷᠭᠤᠭ᠎ᠠ) ᠲᠤᠮᠤ ᠬᠠᠰᠢᠯᠭ᠎ᠠ ᠵᠢ ᠬᠠᠮᠢᠶᠠᠷᠴᠤ ᠬᠠᠮᠠᠭ᠋ᠠᠯᠠᠬᠤ ᠬᠡᠪᠴᠢᠶᠡᠨ᠎ᠤ ᠳᠣᠲᠣᠷ᠎ᠠ ᠳᠤᠷ᠎ᠠ᠎ᠪᠠᠷ ᠵᠶ᠋ᠠᠨ ᠭᠠᠷᠠᠮ᠂ ᠵᠢᠭ᠋ᠠᠰᠤᠨ ᠴᠥᠭᠥᠷᠥᠮ ᠪᠠᠶ᠋ᠢᠭᠤᠯᠤᠭᠰᠠᠨ᠃
   
    ᠭᠤᠴᠢᠳᠤᠭ᠋ᠠᠷ ᠵᠦᠢ᠍ᠯ   ᠬᠠᠰᠢᠯᠭ᠎ᠠ ᠵᠢᠨ ᠪᠠᠷᠢᠯᠭ᠎ᠠ ᠵᠢᠨ ᠲᠥᠬᠥᠭᠡᠷᠦᠮᠵᠢ᠂ ᠪᠠᠭ᠋ᠠᠵᠢ ᠬᠡᠷᠡᠭᠰᠡᠯ᠎ᠢ ᠬᠤᠯᠠᠭ᠋ᠠᠶ᠋ᠢᠯᠠᠭᠰᠠᠨ ᠪᠤᠶᠤ ᠪᠤᠯᠢᠶᠠᠭᠰᠠᠨ ᠪᠠᠶ᠋ᠢᠪᠠᠯ ᠡᠷᠡᠭᠦᠦ ᠵᠢᠨ ᠬᠠᠤᠯᠢ ᠵᠢᠨ ᠲᠣᠭᠲᠠᠭ᠋ᠠᠯ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
   
    ᠭᠤᠴᠢᠨ ᠨᠢᠭᠡᠳᠦᠭᠡᠷ ᠵᠦᠢ᠍ᠯ   ᠬᠠᠶ᠋ᠢᠨ ᠬᠡᠮᠵᠢᠵᠦ ᠵᠢᠷᠤᠵᠤ ᠲᠥᠯᠥᠪᠯᠡᠭᠰᠡᠨ ᠲᠠᠯ᠎ᠠ᠎ᠪᠠᠷ ᠠᠯᠳᠠᠰᠢ ᠭᠠᠷᠭ᠋ᠠᠭᠰᠠᠨ᠂ ᠪᠠᠷᠢᠯᠭ᠎ᠠ ᠵᠢᠨ ᠠᠵᠢᠯ᠎ᠤᠨ ᠶᠠᠰᠤ ᠴᠢᠨᠠᠷ᠎ᠨᠢ ᠮᠠᠭᠤ᠂ ᠲᠣᠬᠢᠷᠠᠭᠤᠯᠵᠤ ᠬᠡᠷᠡᠭᠯᠡᠭᠰᠡᠨ᠎ᠨᠢ ᠵᠤᠬᠢᠰ ᠤᠢ᠍ᠭᠡᠢ ᠪᠣᠯᠤᠭᠰᠠᠨ ᠵᠢᠴᠢ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠭᠰᠡᠨ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠭᠰᠠᠨ᠎ᠠᠴᠠ ᠪᠤᠯᠵᠦ ᠬᠠᠰᠢᠯᠭ᠎ᠠ ᠵᠢᠨ ᠡᠨᠳᠡᠯ ᠭᠠᠷᠭ᠋ᠠᠭᠰᠠᠨ ᠪᠠᠶ᠋ᠢᠪᠠᠯ᠂ ᠲᠡᠭᠦᠨ᠎ᠤ ᠪᠠᠶ᠋ᠢᠭ᠎ᠠ ᠨᠢᠭᠡᠴᠢ ᠪᠤᠶᠤ ᠳᠡᠭᠡᠳᠦ ᠱᠠᠲᠤᠨ᠎ᠤ ᠭᠤᠤᠯᠴᠢᠯᠠᠨ ᠬᠠᠮᠢᠶᠠᠷᠬᠤ ᠪᠠᠶ᠋ᠢᠭᠤᠯᠭ᠎ᠠ᠎ᠠᠴᠠ ᠬᠠᠷᠢᠭᠤᠴᠠᠯᠭ᠎ᠠ᠎ᠲᠠᠢ ᠬᠥᠮᠦᠨ᠎ᠳᠤ ᠵᠠᠰᠠᠭ ᠵᠠᠬᠢᠷᠭ᠋ᠠᠨ᠎ᠤ ᠰᠢᠢ᠍ᠳᠭᠡᠯ ᠥᠭᠭᠦᠨ᠎ᠡ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
   
    ᠭᠤᠴᠢᠨ ᠬᠣᠶᠠᠳᠤᠭ᠋ᠠᠷ ᠵᠦᠢ᠍ᠯ   ᠲᠤᠬᠠᠶ ᠵᠢᠨ ᠬᠥᠮᠦᠨ᠎ᠨᠢ ᠵᠠᠰᠠᠭ ᠵᠠᠬᠢᠷᠭ᠋ᠠᠨ᠎ᠤ ᠰᠢᠢ᠍ᠳᠭᠡᠯ᠎ᠤᠨ ᠲᠣᠭᠲᠠᠭ᠋ᠠᠯ᠎ᠢ ᠬᠦᠯᠢᠶᠡᠬᠦ ᠦᠭᠡᠶ ᠪᠣᠯ ᠰᠢᠢ᠍ᠳᠭᠡᠯ᠎ᠤᠨ ᠮᠡᠳᠡᠭᠳᠡᠯ᠎ᠢ ᠣᠯᠤᠭᠰᠠᠨ ᠡᠳᠦᠷ᠎ᠠᠴᠠ ᠡᠬᠢᠯᠡᠨ 15 ᠡᠳᠦᠷ᠎ᠤᠨ ᠳᠣᠲᠣᠷ᠎ᠠ ᠰᠢᠢ᠍ᠳᠭᠡᠯ᠎ᠤᠨ ᠲᠣᠭᠲᠠᠭ᠋ᠠᠯ ᠭᠠᠷᠭ᠋ᠠᠭᠰᠠᠨ ᠪᠠᠶ᠋ᠢᠭᠤᠯᠭ᠎ᠠ ᠵᠢᠨ ᠳᠡᠭᠡᠷ᠎ᠡ ᠨᠢᠭᠡ ᠱᠠᠲᠤᠨ᠎ᠤ ᠪᠠᠶ᠋ᠢᠭᠤᠯᠭ᠎ᠠ᠎ᠳᠤ ᠳᠠᠬᠢᠨ ᠵᠥᠪᠯᠡᠭᠦᠯᠬᠦ᠎ᠪᠠᠷ ᠭᠤᠶᠤᠴᠢᠯᠠᠵᠤ ᠪᠣᠯᠤᠨ᠎ᠠ; ᠲᠡᠬᠢᠠ ᠵᠥᠪᠯᠡᠭᠰᠡᠨ ᠲᠣᠭᠲᠠᠭ᠋ᠠᠯ᠎ᠢ ᠵᠥᠪᠰᠢᠶᠡᠷᠡᠬᠦ ᠤᠢ᠍ᠭᠡᠢ ᠪᠣᠯ ᠲᠡᠬᠢᠠ ᠵᠥᠪᠯᠡᠭᠰᠡᠨ ᠲᠣᠭᠲᠠᠭ᠋ᠠᠯ᠎ᠢ ᠣᠯᠤᠭᠰᠠᠨ ᠡᠳᠦᠷ᠎ᠠᠴᠠ ᠡᠬᠢᠯᠡᠨ 15 ᠡᠳᠦᠷ᠎ᠤᠨ ᠳᠣᠲᠣᠷ᠎ᠠ ᠠᠷᠠᠳ᠎ᠤᠨ ᠰᠢᠭᠦᠬᠦ ᠬᠣᠷᠢᠶᠠᠨ᠎ᠳᠤ ᠵᠡᠭ᠋ᠠᠯᠳᠦᠵᠦ ᠪᠣᠯᠤᠨ᠎ᠠ᠃ ᠲᠤᠬᠠᠶ ᠵᠢᠨ ᠬᠥᠮᠦᠨ᠎ᠨᠢ   ᠰᠢᠢ᠍ᠳᠭᠡᠬᠦ ᠮᠡᠳᠡᠭᠳᠡᠯ᠎ᠢ ᠣᠯᠤᠭᠰᠠᠨ ᠡᠳᠦᠷ᠎ᠠᠴᠠ ᠡᠬᠢᠯᠡᠨ 15 ᠡᠳᠦᠷ᠎ᠤᠨ ᠳᠣᠲᠣᠷ᠎ᠠ ᠠᠷᠠᠳ᠎ᠤᠨ ᠰᠢᠭᠦᠬᠦ ᠬᠣᠷᠢᠶᠠᠨ᠎ᠳᠤ ᠰᠢᠭᠤᠳ ᠵᠡᠭ᠋ᠠᠯᠳᠦᠵᠦ ᠴᠤ᠌ ᠪᠣᠯᠤᠨ᠎ᠠ᠃ ᠲᠤᠬᠠᠶ ᠵᠢᠨ ᠬᠥᠮᠦᠨ᠎ᠨᠢ ᠬᠤᠭᠤᠴᠠᠭ᠎ᠠ ᠬᠡᠲᠦᠷᠡᠲᠡᠯ᠎ᠡ ᠲᠡᠬᠢᠠ ᠵᠥᠪᠯᠡᠭᠦᠯᠬᠦ᠎ᠪᠠᠷ ᠭᠤᠶᠤᠴᠢᠯᠠᠭᠰᠠᠨ ᠤᠢ᠍ᠭᠡᠢ ᠪᠤᠶᠤ ᠠᠷᠠᠳ᠎ᠤᠨ ᠰᠢᠭᠦᠬᠦ ᠬᠣᠷᠢᠶᠠᠨ᠎ᠳᠤ ᠵᠡᠭ᠋ᠠᠯᠳᠦᠭ᠍ᠰᠡᠠ ᠤᠢ᠍ᠭᠡᠢ ᠪᠥᠭᠡᠳ ᠰᠢᠢ᠍ᠳᠭᠡᠬᠦ ᠲᠣᠭᠲᠠᠭ᠋ᠠᠯ᠎ᠢ ᠭᠦᠢ᠍ᠴᠡᠳᠬᠡᠬᠦ ᠤᠢ᠍ᠭᠡᠢ ᠪᠠᠶ᠋ᠢᠪᠠᠯ᠂ ᠰᠢᠢ᠍ᠳᠭᠡᠬᠦ ᠲᠣᠭᠲᠠᠭ᠋ᠠᠯ ᠭᠠᠷᠭ᠋ᠠᠭᠰᠠᠨ ᠪᠠᠶ᠋ᠢᠭᠤᠯᠭ᠎ᠠ᠎ᠠᠴᠠ ᠠᠷᠠᠳ᠎ᠤᠨ ᠰᠢᠭᠦᠬᠦ ᠬᠣᠷᠢᠶᠠᠨ᠎ᠳᠤ ᠡᠷᠭᠦᠳᠡᠯ ᠭᠠᠷᠭ᠋ᠠᠵᠤ ᠠᠯᠪᠡᠳᠡᠠ ᠭᠦᠢ᠍ᠴᠡᠳᠬᠡᠭᠦᠯᠦᠨ᠎ᠡ᠃
   
    ᠠᠮᠤᠷ᠎ᠢ ᠬᠠᠮᠠᠭ᠋ᠠᠯᠠᠬᠤ ᠠᠵᠢᠯ᠎ᠤᠨ ᠬᠠᠮᠢᠶᠠᠷᠤᠯᠲᠠ ᠵᠢᠨ ᠰᠢᠢ᠍ᠳᠭᠡᠯ᠎ᠢ ᠬᠦᠯᠢᠶᠡᠬᠦ ᠦᠭᠡᠢ ᠪᠣᠯ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠤᠷ᠎ᠢ ᠬᠠᠮᠠᠭ᠋ᠠᠯᠠᠬᠤ ᠠᠵᠢᠯ᠎ᠤᠨ ᠬᠠᠮᠢᠶᠠᠷᠤᠯᠲᠠ ᠵᠢᠨ ᠰᠢᠢ᠍ᠳᠭᠡᠯ᠎ᠤᠨ ᠬᠠᠤᠯᠢ》 ᠵᠢᠨ ᠲᠣᠭᠲᠠᠭ᠋ᠠᠯ ᠶᠣᠰᠣᠭ᠋ᠠᠷ ᠰᠢᠢ᠍ᠳᠪᠤᠷᠢᠯᠡᠨ᠎ᠡ᠃
   
    ᠵᠢᠷᠭᠤᠳᠤᠭ᠋ᠠᠷ ᠪᠦᠯᠦᠭ   ᠲᠠᠭ᠋ᠠᠯᠳᠤᠭᠤᠯᠤᠯ ᠲᠦᠷᠢᠮ
   
    ᠭᠤᠴᠢᠨ ᠭᠤᠷᠪᠠᠳᠤᠭ᠋ᠠᠷ ᠵᠦᠢ᠍ᠯ   ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠲᠤᠰ ᠲᠦᠷᠢᠮ᠎ᠢ ᠦᠨᠳᠦᠰᠦᠯᠡᠨ ᠬᠡᠷᠡᠭᠵᠢᠭᠦᠯᠬᠦ ᠨᠠᠷᠢᠨ ᠲᠦᠷᠢᠮ ᠲᠣᠭᠲᠠᠭ᠋ᠠᠵᠤ ᠪᠣᠯᠤᠨ᠎ᠠ᠃
   
    ᠭᠤᠴᠢᠨ ᠳᠥᠷᠪᠡᠳᠦᠭᠡᠷ ᠵᠦᠢ᠍ᠯ   ᠲᠤᠰ ᠲᠦᠷᠢᠮ᠎ᠢ ᠨᠡᠶ᠋ᠢᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

ᠢᠷᠡᠯᠲᠡ᠄
          
ᠬᠠᠮᠢᠶ᠎ᠡ ᠪᠦᠬᠦᠢ ᠰᠣᠨᠢᠨ
 
            