ᠨᠢᠭᠡᠳᠦᠭᠡᠷ ᠪᠦᠯᠦᠭ ᠶᠡᠷᠦᠩᠬᠡᠢ ᠲᠦᠷᠢᠮ
ᠨᠢᠭᠡᠳᠦᠭᠡᠷ ᠵᠦᠢ᠍ᠯ ᠤᠰᠤ ᠠᠷᠪᠢᠯᠠᠨ ᠬᠡᠷᠡᠭᠯᠡᠬᠦ ᠬᠠᠮᠢᠶᠠᠷᠤᠯᠳᠠ ᠵᠢ ᠴᠢᠨᠭ᠌ᠭ᠋ᠠᠳᠬᠠᠵᠤ᠂ ᠤᠰᠤᠨ᠎ᠤ ᠡᠬᠢ ᠪᠠᠶᠠᠯᠢᠬ᠎ᠢ ᠰᠢᠨᠵᠢᠯᠡᠬᠦ ᠤᠬᠠᠭ᠋ᠠᠨᠴᠢ ᠵᠤᠬᠢᠰᠳᠠᠢ᠎ᠪᠠᠷ ᠠᠰᠢᠭᠯᠠᠵᠤ᠂ ᠠᠵᠤ ᠠᠬᠤᠢ ᠨᠡᠢ᠍ᠢ᠍ᠭᠡᠮ᠎ᠤᠨ ᠦᠷᠭᠦᠯᠵᠢᠯᠡᠨ ᠬᠦᠭᠵᠢᠬᠦ ᠵᠢ ᠪᠠᠳᠤᠯᠠᠨ ᠠᠬᠢᠭᠤᠯᠬᠤ ᠵᠢᠨ ᠲᠦᠯᠦᠭᠡ᠂ 《ᠪᠦᠭᠦᠳᠡ ᠨᠠᠢ᠍ᠢ᠍ᠷᠠᠮᠳᠠᠬᠤ ᠲᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》 ᠪᠠ ᠤᠯᠤᠰ᠎ᠤᠨ ᠬᠤᠯᠪᠤᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠤᠭᠳᠠᠭ᠋ᠠᠯ᠎ᠢ ᠦᠨᠳᠦᠰᠦᠯᠡᠨ᠂ ᠦᠪᠡᠷᠳᠡᠭᠡᠨ ᠵᠠᠰᠠᠬᠤ ᠤᠷᠤᠨ᠎ᠤ ᠪᠤᠳᠠᠳᠠᠢ᠎ᠲᠠᠢ ᠤᠶᠠᠯᠳᠤᠭᠤᠯᠵᠤ᠂ ᠲᠤᠰ ᠲᠦᠷᠢᠮ᠎ᠢ ᠲᠤᠭᠳᠠᠭ᠋ᠠᠪᠠ᠃
ᠬᠤᠶᠠᠳᠤᠭ᠋ᠠᠷ ᠵᠦᠢ᠍ᠯ ᠦᠪᠡᠷᠳᠡᠭᠡᠨ ᠵᠠᠰᠠᠬᠤ ᠤᠷᠤᠨ᠎ᠤ ᠵᠠᠰᠠᠭ ᠵᠠᠬᠢᠷᠭ᠋ᠠᠨ᠎ᠤ ᠤᠷᠤᠨ ᠲᠤᠳᠤᠷᠠᠬᠢ ᠤᠰᠤ ᠠᠷᠪᠢᠯᠠᠨ ᠬᠡᠷᠡᠭᠯᠡᠬᠦ ᠵᠢᠴᠢ ᠬᠢᠨᠠᠯᠳᠠ ᠲᠠᠯᠪᠢᠵᠤ ᠬᠠᠮᠢᠶᠠᠷᠬᠤ ᠠᠵᠢᠯᠯᠠᠭ᠎ᠠ᠎ᠳᠤ ᠲᠤᠰ ᠲᠦᠷᠢᠮ᠎ᠢ ᠬᠡᠷᠡᠭᠯᠡᠨ᠎ᠡ᠃
ᠭᠤᠷᠪᠠᠳᠤᠭ᠋ᠠᠷ ᠵᠦᠢ᠍ᠯ ᠤᠰᠤ ᠠᠷᠪᠢᠯᠠᠨ ᠬᠡᠷᠡᠭᠯᠡᠬᠦ᠎ᠳᠤ ᠨᠢᠭᠡᠳᠦᠯᠳᠠᠢ ᠲᠦᠯᠦᠪᠵᠢᠭᠦᠯᠬᠦ᠂ ᠨᠢᠭᠡᠳᠦᠯᠲᠠᠢ ᠲᠥᠯᠦᠪᠯᠡᠵᠦ ᠨᠡᠢ᠍ᠢ᠍ᠳᠡ᠎ᠳᠤᠨᠢ ᠬᠠᠷᠠᠭ᠋ᠠᠯᠵᠠᠬᠤ᠂ ᠵᠤᠬᠢᠰᠳᠠᠢ ᠲᠤᠬᠢᠷᠠᠭᠤᠯᠬᠤ᠂ ᠦᠨᠳᠦᠷ ᠪᠦᠳᠦᠮᠵᠢᠳᠠᠢ᠎ᠪᠠᠷ ᠠᠰᠢᠭᠯᠠᠬᠤ ᠵᠠᠷᠴᠢᠮ᠎ᠢ ᠪᠠᠷᠢᠮᠳᠠᠯᠠᠵᠤ᠂ ᠶᠡᠷᠦᠨᠭᠬᠡᠢ ᠬᠡᠮᠵᠢᠶ᠎ᠡ ᠵᠢ ᠡᠵᠡᠮᠰᠢᠬᠦ ᠪᠠ ᠤᠷᠮᠠᠴᠢᠯᠠᠨ ᠬᠠᠮᠢᠶᠠᠷᠬᠤ ᠵᠢ ᠤᠶᠠᠯᠳᠤᠭᠤᠯᠬᠤ ᠲᠦᠷᠢᠮ᠎ᠢ ᠬᠡᠷᠡᠭᠵᠢᠭᠦᠯᠦᠨ᠎ᠡ᠃
ᠲᠦᠷᠪᠡᠳᠦᠭᠡᠷ ᠵᠦᠢ᠍ᠯ ᠬᠤᠰᠢᠭᠤ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠨᠢ ᠤᠰᠤ ᠠᠷᠪᠢᠯᠠᠨ ᠬᠡᠷᠡᠭᠯᠡᠬᠦ ᠠᠵᠢᠯ᠎ᠢ ᠤᠯᠤᠰ ᠠᠷᠠᠳ᠎ᠤᠨ ᠠᠵᠤ ᠠᠬᠤᠢ ᠪᠠ ᠨᠡᠢ᠍ᠢ᠍ᠭᠡᠮ᠎ᠤᠨ ᠬᠦᠭᠵᠢᠯᠳᠡ ᠵᠢᠨ ᠲᠦᠯᠦᠪᠵᠢᠭᠦᠯᠭᠡ᠎ᠳᠡᠭᠡᠨ ᠤᠷᠤᠭᠤᠯᠵᠤ᠂ ᠤᠰᠤ ᠠᠷᠪᠢᠯᠠᠨ ᠬᠡᠷᠡᠭᠯᠡᠬᠦ ᠨᠡᠢ᠍ᠢ᠍ᠭᠡᠮᠴᠢᠯᠡᠭᠰᠡᠨ ᠦᠢ᠍ᠯᠡᠴᠢᠯᠡᠭᠡᠨ᠎ᠤ ᠰᠢᠰᠲ᠋ᠧᠮ᠎ᠢ ᠪᠠᠢ᠍ᠢ᠍ᠭᠤᠯᠤᠨ ᠲᠡᠭᠦᠯᠳᠡᠷᠵᠢᠭᠦᠯᠵᠦ᠂ ᠤᠰᠤ ᠠᠷᠪᠢᠯᠠᠨ ᠬᠡᠷᠡᠭᠯᠡᠬᠦ ᠮᠡᠷᠭᠡᠵᠢᠯ᠎ᠢ ᠰᠤᠳᠤᠯᠵᠤ ᠲᠡᠯᠭᠡᠷᠡᠭᠦᠯᠬᠦ ᠵᠢ ᠲᠡᠮᠵᠢᠵᠤ᠂ ᠤᠰᠤ ᠠᠷᠪᠢᠯᠠᠬᠤ ᠠᠵᠤ ᠦᠢ᠍ᠯᠡᠰ᠎ᠢ ᠪᠤᠢ᠍ᠢ᠍ᠵᠢᠭᠤᠯᠤᠨ ᠬᠦᠭᠵᠢᠭᠦᠯᠵᠦ᠂ ᠳᠠᠬᠢᠯᠲᠠ ᠤᠰᠤ᠂ ᠪᠤᠷᠤᠭ᠋ᠠᠨ ᠪᠠ ᠦᠶᠡᠷ᠎ᠤᠨ ᠤᠰᠤ᠂ ᠠᠭᠤᠷᠬᠠᠢ ᠵᠢᠨ ᠤᠷᠤᠨ᠎ᠤ ᠬᠠᠭᠤᠷᠠᠢ᠍ᠢ᠍ᠳᠠᠭᠤᠯᠬᠤᠪᠠᠷ ᠳᠠᠷᠬᠠᠭ᠋ᠠᠭᠰᠠᠨ ᠤᠰᠤ᠂ ᠪᠠᠷᠢᠯᠭ᠎ᠠ ᠵᠢᠨ ᠲᠠᠳᠠᠵᠤ ᠭᠠᠳᠠᠭᠰᠢᠯᠠᠭᠤᠯᠬᠤ ᠤᠰᠤ ᠵᠡᠷᠭᠡ ᠬᠡᠪ᠎ᠤᠨ ᠪᠤᠰᠤ ᠤᠰᠤᠨ ᠰᠤᠷᠪᠤᠯᠵᠢ ᠵᠢ ᠨᠡᠭᠡᠭᠡᠨ ᠠᠰᠢᠭᠯᠠᠬᠤ ᠵᠢ ᠵᠤᠷᠢᠬ᠍ᠵᠢᠭᠤᠯᠵᠤ᠂ ᠤᠰᠤᠨ ᠬᠤᠷᠤᠭᠳᠠᠯ ᠵᠶ᠋ᠠᠷ ᠦᠨᠳᠦᠷ ᠲᠦᠷᠦᠯ ᠵᠦᠢ᠍ᠯ᠎ᠢ ᠬᠢᠵᠠᠭ᠋ᠠᠷᠯᠠᠨ᠂ ᠤᠰᠤ ᠠᠷᠪᠢᠯᠠᠬᠤ ᠬᠡᠯᠪᠡᠷᠢ ᠵᠢᠨ ᠨᠡᠢ᠍ᠢ᠍ᠭᠡᠮ᠎ᠢ ᠪᠠᠢ᠍ᠢ᠍ᠭᠤᠯᠬᠤ ᠬᠡᠷᠡᠭᠳᠠᠢ᠃
ᠤᠯᠤᠰ ᠠᠷᠠᠳ᠎ᠤᠨ ᠠᠵᠤ ᠠᠬᠤᠢ ᠪᠤᠯᠤᠨ ᠨᠡᠢ᠍ᠢ᠍ᠭᠡᠮ᠎ᠤᠨ ᠬᠦᠭᠵᠢᠯᠳᠡ ᠵᠢᠨ ᠲᠦᠯᠦᠪᠵᠢᠭᠦᠯᠭᠡ᠂ ᠬᠤᠳᠠ ᠵᠢᠨ ᠶᠡᠷᠦᠨᠭᠬᠡᠢ ᠲᠦᠯᠦᠪᠵᠢᠭᠦᠯᠭᠡ᠂ ᠴᠢᠬᠤᠯᠠ ᠶᠡᠬᠡ ᠪᠦᠳᠦᠭᠡᠨ ᠪᠠᠢ᠍ᠢ᠍ᠭᠤᠯᠤᠯᠳᠠ ᠵᠢᠨ ᠲᠦᠷᠦᠯ ᠵᠦᠢ᠍ᠯ᠎ᠤᠨ ᠪᠠᠢ᠍ᠢ᠍ᠷᠢᠯᠠᠭᠤᠯᠤᠯᠳᠠ᠎ᠨᠢ ᠲᠤᠬᠠᠢ ᠵᠢᠨ ᠭᠠᠵᠠᠷ᠎ᠤᠨ ᠵᠶ᠋ᠠᠨ ᠤᠰᠤᠨ᠎ᠤ ᠡᠬᠢ ᠪᠠᠶᠠᠯᠢᠬ᠎ᠤᠨ ᠪᠠᠢ᠍ᠢ᠍ᠳᠠᠯ᠎ᠠᠴᠠ ᠭᠠᠷᠳᠠᠵᠤ᠂ ᠲᠤᠬᠠᠢ ᠵᠢᠨ ᠭᠠᠵᠠᠷ᠎ᠤᠨ ᠵᠶ᠋ᠠᠨ ᠤᠰᠤᠨ᠎ᠤ ᠡᠬᠢ ᠪᠠᠶᠠᠯᠢᠬ᠎ᠤᠨ ᠨᠦᠭᠦᠴᠡᠯ᠎ᠲᠠᠢ᠎ᠪᠠᠨ ᠵᠤᠬᠢᠴᠠᠬᠤ ᠬᠡᠷᠡᠭᠳᠠᠢ᠃
ᠲᠠᠪᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠨᠢ ᠲᠤᠰ ᠵᠠᠰᠠᠭ ᠵᠠᠬᠢᠷᠭ᠋ᠠᠨ᠎ᠤ ᠤᠷᠤᠨ ᠲᠤᠳᠤᠷᠠᠬᠢ ᠤᠰᠤ ᠠᠷᠪᠢᠯᠠᠨ ᠬᠡᠷᠡᠭᠯᠡᠬᠦ᠎ᠳᠤ ᠬᠢᠨᠠᠯᠳᠠ ᠲᠠᠯᠪᠢᠵᠤ ᠬᠠᠮᠢᠶᠠᠷᠬᠤ ᠠᠵᠢᠯ᠎ᠢ ᠬᠠᠷᠢᠭᠤᠴᠠᠨ᠎ᠠ᠃
ᠤᠷᠤᠨ ᠰᠠᠭᠤᠴᠠ ᠪᠠ ᠬᠤᠳᠠ ᠬᠦᠳᠡᠭᠡ ᠵᠢᠨ ᠪᠦᠳᠦᠭᠡᠨ ᠪᠠᠢ᠍ᠢ᠍ᠭᠤᠯᠤᠯᠳᠠ᠂ ᠬᠦᠭᠵᠢᠭᠦᠯᠦᠯᠳᠡ ᠪᠠ ᠦᠭᠡᠷᠡᠴᠢᠯᠡᠯᠳᠡ᠂ ᠶᠠᠰᠤ ᠴᠢᠨᠠᠷ ᠮᠡᠷᠭᠡᠵᠢᠯ᠎ᠳᠤ ᠬᠢᠨᠠᠯᠳᠠ ᠲᠠᠯᠪᠢᠬᠤ᠂ ᠠᠵᠤ ᠠᠬᠤᠢ ᠪᠠ ᠰᠤᠷᠠᠭ ᠵᠠᠨᠭ᠌ᠭᠢᠴᠢᠯᠠᠯᠳᠠ᠂ ᠤᠷᠴᠢᠨ ᠲᠤᠭᠤᠷᠢᠨ᠎ᠤ ᠬᠠᠮᠠᠭ᠋ᠠᠯᠠᠯᠳᠠ ᠵᠡᠷᠭᠡ ᠰᠠᠯᠠᠭ᠎ᠠ ᠮᠦᠴᠢᠷ᠎ᠨᠢ ᠲᠤᠰ ᠲᠤᠰ᠎ᠤᠨ ᠲᠤᠰᠢᠶᠠᠯ ᠬᠠᠷᠢᠭᠤᠴᠠᠯᠭ᠎ᠠ ᠶᠤᠰᠤᠭ᠋ᠠᠷ ᠤᠰᠤ ᠠᠷᠪᠢᠯᠠᠨ ᠬᠡᠷᠡᠭᠯᠡᠬᠦ ᠬᠠᠮᠢᠶ᠎ᠠ ᠪᠦᠬᠦᠢ ᠠᠵᠢᠯ᠎ᠢ ᠬᠠᠷᠢᠭᠤᠴᠠᠨ᠎ᠠ᠃
ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠤᠷᠳᠤᠨ ᠪᠠ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠨᠢ ᠲᠤᠰ ᠬᠠᠷᠢᠶ᠎ᠠ ᠤᠷᠤᠨ᠎ᠤ᠎ᠪᠠᠨ ᠤᠰᠤ ᠠᠷᠪᠢᠯᠠᠨ ᠬᠡᠷᠡᠭᠯᠡᠬᠦ ᠠᠵᠢᠯ᠎ᠢ ᠰᠠᠢ᠍ᠢ᠍ᠳᠤᠷ ᠬᠢᠬᠦ ᠬᠡᠷᠡᠭᠳᠠᠢ᠃
ᠵᠢᠷᠭᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠵᠢᠴᠢ ᠲᠡᠭᠦᠨ᠎ᠤ ᠬᠤᠯᠪᠤᠭᠳᠠᠯ ᠪᠦᠬᠦᠢ ᠰᠠᠯᠠᠭ᠎ᠠ ᠮᠦᠴᠢᠷ᠎ᠨᠢ ᠤᠰᠤ ᠠᠷᠪᠢᠯᠠᠬᠤ ᠤᠬᠠᠭᠤᠯᠭ᠎ᠠ ᠬᠦᠮᠦᠵᠢᠯ ᠵᠶ᠋ᠠᠨ ᠴᠢᠨᠭ᠌ᠭ᠋ᠠᠳᠬᠠᠵᠤ᠂ ᠤᠰᠤ ᠠᠷᠪᠢᠯᠠᠬᠤ ᠬᠦᠮᠦᠵᠢᠯ᠎ᠢ ᠤᠯᠤᠰ ᠠᠷᠠᠳ᠎ᠤᠨ ᠬᠡᠪ ᠪᠤᠯᠪᠠᠰᠤᠷᠠᠯ᠎ᠤᠨ ᠬᠦᠮᠦᠵᠢᠯ᠎ᠤᠨ ᠰᠢᠰᠲ᠋ᠧᠮ᠎ᠳᠤ ᠤᠷᠤᠭᠤᠯᠤᠨ᠂ ᠤᠰᠤ ᠠᠷᠪᠢᠯᠠᠨ ᠬᠡᠷᠡᠭᠯᠡᠬᠦ ᠨᠡᠢ᠍ᠢ᠍ᠳᠡ ᠵᠢᠨ ᠠᠰᠠᠷᠠᠮᠵᠢ ᠵᠢᠨ ᠴᠢᠨᠠᠷᠳᠠᠢ ᠤᠬᠠᠭᠤᠯᠭ᠎ᠠ ᠵᠢᠨ ᠲᠦᠯᠦᠪᠯᠡᠭᠡ ᠵᠢ ᠲᠤᠭᠳᠠᠭ᠋ᠠᠵᠤ᠂ ᠲᠤᠭᠳᠠᠮᠠᠯ ᠬᠤᠭᠤᠴᠠᠭ᠎ᠠ᠎ᠲᠠᠢ᠎ᠪᠠᠷ ᠤᠬᠠᠭᠤᠯᠭ᠎ᠠ ᠵᠢᠨ ᠠᠵᠢᠯᠯᠠᠭ᠎ᠠ ᠵᠢ ᠦᠷᠨᠢᠭᠦᠯᠦᠨ᠂ ᠪᠦᠬᠦ ᠠᠷᠠᠳ᠎ᠤᠨ ᠤᠰᠤ ᠠᠷᠪᠢᠯᠠᠬᠤ ᠤᠬᠠᠮᠰᠠᠷ᠎ᠢ ᠲᠡᠭᠡᠭᠰᠢᠯᠡᠭᠦᠯᠬᠦ ᠬᠡᠷᠡᠭᠳᠠᠢ᠃
ᠰᠤᠨᠢᠨ ᠮᠡᠳᠡᠭᠡᠨ᠎ᠤ ᠵᠠᠭᠤᠴᠢᠯᠠᠭᠤᠷ᠎ᠨᠢ ᠤᠰᠤ ᠠᠷᠪᠢᠯᠠᠨ ᠬᠡᠷᠡᠭᠯᠡᠬᠦ ᠤᠬᠠᠭᠤᠯᠭ᠎ᠠ ᠵᠢ ᠨᠡᠢ᠍ᠢ᠍ᠳᠡ ᠵᠢᠨ ᠠᠰᠠᠷᠠᠮᠵᠢ ᠵᠢᠨ ᠴᠢᠨᠠᠷᠳᠠᠢ ᠤᠬᠠᠭᠤᠯᠭ᠎ᠠ ᠵᠢᠨ ᠬᠡᠪᠴᠢᠶᠡᠨ᠎ᠳᠤ ᠤᠷᠤᠭᠤᠯᠤᠨ᠂ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠲᠠᠢ ᠬᠠᠮᠵᠢᠯᠴᠠᠨ᠂ ᠤᠰᠤ ᠠᠷᠪᠢᠯᠠᠨ ᠬᠡᠷᠡᠭᠯᠡᠬᠦ ᠨᠡᠢ᠍ᠢ᠍ᠳᠡ ᠵᠢᠨ ᠠᠰᠠᠷᠠᠮᠵᠢ ᠵᠢᠨ ᠤᠬᠠᠭᠤᠯᠭ᠎ᠠ ᠵᠢ ᠦᠷᠨᠢᠭᠦᠯᠵᠦ᠂ ᠤᠰᠤ ᠪᠦᠷᠢᠯᠭᠡᠨ ᠬᠡᠷᠡᠭᠯᠡᠬᠦ ᠠᠵᠢᠯᠯᠠᠭ᠎ᠠ᠎ᠳᠤ ᠶᠠᠷᠢᠶ᠎ᠠ ᠬᠡᠯᠡᠯᠴᠡᠭᠡᠨ᠎ᠤ ᠬᠢᠨᠠᠯᠳᠠ ᠬᠢᠬᠦ ᠬᠡᠷᠡᠭᠳᠠᠢ᠃
ᠲᠤᠯᠤᠳᠤᠭ᠋ᠠᠷ ᠵᠦᠢ᠍ᠯ ᠶᠠᠮᠠᠷᠪᠠ ᠨᠢᠭᠡᠴᠢ ᠪᠠ ᠬᠤᠪᠢ ᠬᠦᠮᠦᠨ ᠭᠡᠳ ᠪᠦᠷ ᠤᠰᠤ ᠠᠷᠪᠢᠯᠠᠨ ᠬᠡᠷᠡᠭᠯᠡᠬᠦ ᠡᠭᠦᠷᠭᠡ᠎ᠲᠠᠢ᠂ ᠤᠰᠤ ᠪᠦᠷᠢᠯᠭᠡᠨ ᠬᠡᠷᠡᠭᠯᠡᠬᠦ ᠠᠵᠢᠯᠯᠠᠭ᠎ᠠ ᠵᠢ ᠵᠤᠭᠰᠤᠭ᠋ᠠᠬᠤ ᠪᠤᠶᠤ ᠢᠯᠡᠴᠢᠯᠡᠨ ᠵᠠᠭ᠋ᠠᠯᠳᠤᠬᠤ ᠡᠷᠬᠡ᠎ᠲᠠᠢ᠃
ᠨᠠᠢ᠍ᠮᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠨᠢ ᠤᠰᠤ ᠠᠷᠪᠢᠯᠠᠨ ᠬᠡᠷᠡᠭᠯᠡᠬᠦ᠎ᠳᠤ ᠲᠤᠪᠤᠢ᠍ᠢ᠍ᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠠ ᠬᠤᠪᠢ ᠬᠦᠮᠦᠨ᠎ᠢ ᠵᠤᠷᠢᠬ᠍ᠵᠢᠭᠤᠯᠤᠨ ᠬᠦᠬᠢᠭᠦᠯᠬᠦ ᠬᠡᠷᠡᠭᠳᠠᠢ᠃
ᠬᠤᠶᠠᠳᠤᠭ᠋ᠠᠷ ᠪᠦᠯᠦᠭ ᠲᠦᠯᠦᠪᠯᠡᠭᠡ᠎ᠲᠠᠢ᠎ᠪᠠᠷ ᠤᠰᠤ ᠬᠡᠷᠡᠭᠯᠡᠬᠦ
ᠶᠢᠰᠦᠳᠦᠭᠡᠷ ᠵᠦᠢ᠍ᠯ ᠬᠤᠰᠢᠭᠤ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠨᠢ ᠲᠡᠭᠡᠷ᠎ᠡ ᠨᠢᠭᠡ ᠱᠠᠳᠤᠨ᠎ᠤ ᠤᠰᠤ ᠠᠷᠪᠢᠯᠠᠨ ᠬᠡᠷᠡᠭᠯᠡᠬᠦ ᠲᠦᠯᠦᠪᠵᠢᠭᠦᠯᠭᠡ ᠪᠠ ᠲᠤᠰ ᠵᠠᠰᠠᠭ ᠵᠠᠬᠢᠷᠭ᠋ᠠᠨ᠎ᠤ ᠤᠷᠤᠨ᠎ᠤ ᠤᠰᠤᠨ᠎ᠤ ᠡᠬᠢ ᠪᠠᠶᠠᠯᠢᠬ᠎ᠤᠨ ᠪᠠᠢ᠍ᠢ᠍ᠳᠠᠯ᠎ᠢ ᠦᠨᠳᠦᠰᠦᠯᠡᠵᠤ᠂ ᠲᠤᠰ ᠵᠠᠰᠠᠭ ᠵᠠᠬᠢᠷᠭ᠋ᠠᠨ᠎ᠤ ᠤᠷᠤᠨ᠎ᠤ ᠤᠰᠤ ᠠᠷᠪᠢᠯᠠᠨ ᠬᠡᠷᠡᠭᠯᠡᠬᠦ ᠲᠦᠯᠦᠪᠵᠢᠭᠦᠯᠭᠡ ᠵᠢ ᠨᠠᠢ᠍ᠢ᠍ᠷᠠᠭᠤᠯᠵᠤ᠂ ᠠᠳᠠᠯᠢ ᠱᠠᠳᠤᠨ᠎ᠤ ᠬᠦᠭᠵᠢᠭᠦᠯᠦᠯᠳᠡ ᠪᠠ ᠦᠭᠡᠷᠡᠴᠢᠯᠡᠯᠳᠡ᠂ ᠤᠷᠤᠨ ᠰᠠᠭᠤᠴᠠ ᠪᠠ ᠬᠤᠳᠠ ᠬᠦᠳᠡᠭᠡ ᠵᠢᠨ ᠪᠦᠳᠦᠭᠡᠨ ᠪᠠᠢ᠍ᠢ᠍ᠭᠤᠯᠤᠯᠳᠠ᠂ ᠠᠵᠤ ᠠᠬᠤᠢ ᠪᠠ ᠰᠤᠷᠠᠭ ᠵᠠᠨᠭ᠌ᠭᠢᠴᠢᠯᠠᠯᠳᠠ ᠵᠡᠷᠭᠡ ᠰᠠᠯᠠᠭ᠎ᠠ ᠮᠦᠴᠢᠷ᠎ᠤᠨ ᠰᠠᠨᠠᠯ᠎ᠢ ᠬᠤᠷᠢᠶᠠᠭᠰᠠᠨ᠎ᠤ ᠲᠠᠷᠠᠭ᠎ᠠ ᠲᠤᠰ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠳᠤ ᠮᠡᠳᠡᠭᠦᠯᠦᠨ ᠵᠦᠪᠰᠢᠶᠡᠷᠡᠭᠦᠯᠦᠭᠡᠳ ᠨᠠᠢ᠍ᠢ᠍ᠳᠡᠯᠡᠨ ᠬᠡᠷᠡᠭᠵᠢᠭᠦᠯᠬᠦ ᠬᠡᠷᠡᠭᠳᠠᠢ᠃
ᠠᠷᠪᠠᠳᠤᠭ᠋ᠠᠷ ᠵᠦᠢ᠍ᠯ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠠᠢ᠍ᠢ᠍ᠮᠠᠭ᠎ᠤᠨ ᠵᠠᠬᠢᠷᠭ᠎ᠠ᠂ ᠲᠤᠭᠤᠷᠢᠭ᠎ᠲᠠᠢ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠨᠢ ᠲᠡᠭᠡᠷ᠎ᠡ ᠨᠢᠭᠡ ᠱᠠᠳᠤᠨ᠎ᠤ ᠤᠰᠤᠨ ᠬᠡᠮᠵᠢᠶᠡᠨ᠎ᠤ ᠬᠤᠪᠢᠶᠠᠷᠢᠯᠠᠯᠳᠠ ᠵᠢᠨ ᠲᠦᠰᠦᠯ᠎ᠢ ᠦᠨᠳᠦᠰᠦᠯᠡᠵᠤ᠂ ᠲᠤᠰ ᠵᠠᠰᠠᠭ ᠵᠠᠬᠢᠷᠭ᠋ᠠᠨ᠎ᠤ ᠤᠷᠤᠨ᠎ᠤ ᠤᠰᠤᠨ ᠬᠡᠮᠵᠢᠶ᠎ᠡ ᠵᠢᠨ ᠬᠤᠪᠢᠶᠠᠷᠢᠯᠠᠯᠳᠠ ᠵᠢᠨ ᠲᠦᠰᠦᠯ᠎ᠢ ᠲᠤᠭᠳᠠᠭ᠋ᠠᠵᠤ᠂ ᠲᠤᠰ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠳᠤ ᠮᠡᠳᠡᠭᠦᠯᠦᠨ ᠵᠦᠪᠰᠢᠶᠡᠷᠡᠭᠦᠯᠦᠰᠡᠨᠤ ᠲᠠᠷᠠᠭ᠎ᠠ ᠬᠡᠷᠡᠭᠵᠢᠭᠦᠯᠬᠦ ᠬᠡᠷᠡᠭᠳᠠᠢ᠃
ᠠᠷᠪᠠᠨ ᠨᠢᠭᠡᠳᠦᠭᠡᠷ ᠵᠦᠢ᠍ᠯ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠬᠤᠯᠪᠤᠭᠳᠠᠯ ᠪᠦᠬᠦᠢ ᠠᠵᠢᠯ ᠲᠦᠷᠦᠯ᠎ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠨᠢ ᠲᠤᠰ ᠠᠵᠢᠯ ᠲᠦᠷᠦᠯ᠎ᠤᠨ ᠵᠶ᠋ᠠᠨ ᠤᠰᠤ ᠬᠡᠷᠡᠭᠯᠡᠬᠦ ᠲᠤᠭᠳᠠᠭᠰᠠᠨ ᠨᠤᠷᠮ᠎ᠠ ᠵᠢ ᠲᠤᠭᠳᠠᠭ᠋ᠠᠵᠤ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠶᠠᠰᠤ ᠴᠢᠨᠠᠷ ᠮᠡᠷᠭᠡᠵᠢᠯ᠎ᠳᠤ ᠬᠢᠨᠠᠯᠳᠠ ᠲᠠᠯᠪᠢᠬᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠵᠶ᠋ᠠᠷ ᠬᠢᠨᠠᠨ ᠬᠠᠷᠭᠤᠭᠤᠯᠵᠤ ᠵᠦᠪᠰᠢᠶᠡᠷᠡᠭᠦᠯᠦᠭᠰᠡᠨ᠎ᠤ ᠲᠠᠷᠠᠭ᠎ᠠ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠨᠡᠢ᠍ᠢ᠍ᠳᠡᠯᠡᠨ ᠬᠡᠷᠡᠭᠵᠢᠭᠦᠯᠬᠦ ᠵᠢᠨ ᠬᠠᠮᠳᠤ ᠲᠦᠷᠦ ᠵᠢᠨ ᠶᠠᠪᠤᠳᠠᠯ᠎ᠤᠨ ᠬᠤᠷᠢᠶᠠᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠲᠦᠷᠦ ᠵᠢᠨ ᠶᠠᠪᠤᠳᠠᠯ᠎ᠤᠨ ᠬᠤᠷᠢᠶᠠᠨ᠎ᠤ ᠶᠠᠰᠤ ᠴᠢᠨᠠᠷ᠎ᠲᠤ ᠬᠢᠨᠠᠯᠳᠠ ᠲᠠᠯᠪᠢᠵᠤ ᠬᠢᠨᠠᠨ ᠪᠠᠢ᠍ᠢ᠍ᠴᠠᠭ᠋ᠠᠬᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠭᠦᠯᠵᠦ ᠲᠠᠨᠭ᠌ᠰᠠᠯᠠᠭᠤᠯᠬᠤ ᠬᠡᠷᠡᠭᠳᠠᠢ᠃
ᠠᠵᠢᠯ ᠲᠦᠷᠦᠯ᠎ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠᠢ᠍ᠢ᠍ᠬᠤ ᠦᠭᠡᠢ ᠭᠠᠵᠠᠷ᠎ᠤᠨ ᠤᠰᠤ ᠬᠡᠷᠡᠭᠯᠡᠬᠦ ᠲᠤᠭᠳᠠᠭᠰᠠᠨ ᠨᠤᠷᠮ᠎ᠠ ᠵᠢ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠨᠢ ᠬᠤᠯᠪᠤᠭᠳᠠᠯ ᠪᠦᠬᠦᠢ ᠰᠠᠯᠠᠭ᠎ᠠ ᠮᠦᠴᠢᠷ᠎ᠲᠠᠢ ᠬᠠᠮᠳᠤᠪᠡᠷ ᠲᠤᠭᠳᠠᠭ᠋ᠠᠵᠤ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠠᠴᠠ ᠨᠡᠢ᠍ᠢ᠍ᠳᠡᠯᠡᠨ ᠬᠡᠷᠡᠭᠵᠢᠭᠦᠯᠬᠦ ᠵᠢᠨ ᠬᠠᠮᠳᠤ ᠲᠦᠷᠦ ᠵᠢᠨ ᠶᠠᠪᠤᠳᠠᠯ᠎ᠤᠨ ᠬᠤᠷᠢᠶᠠᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠲᠦᠷᠦ ᠵᠢᠨ ᠶᠠᠪᠤᠳᠠᠯ᠎ᠤᠨ ᠬᠤᠷᠢᠶᠠᠨ᠎ᠤ ᠶᠠᠰᠤ ᠴᠢᠨᠠᠷ᠎ᠲᠤ ᠬᠢᠨᠠᠯᠳᠠ ᠲᠠᠯᠪᠢᠵᠤ ᠬᠢᠨᠠᠨ ᠪᠠᠢ᠍ᠢ᠍ᠴᠠᠭ᠋ᠠᠬᠤ ᠵᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠭᠦᠯᠵᠦ ᠲᠠᠨᠭ᠌ᠰᠠᠯᠠᠭᠤᠯᠤᠨᠠ᠃
ᠠᠵᠢᠯ ᠲᠦᠷᠦᠯ᠎ᠤᠨ ᠤᠰᠤ ᠬᠡᠷᠡᠭᠯᠡᠬᠦ ᠲᠤᠭᠳᠠᠭᠰᠠᠨ ᠨᠤᠷᠮ᠎ᠠ ᠵᠢ ᠤᠰᠤᠨ᠎ᠤ ᠡᠬᠢ ᠪᠠᠶᠠᠯᠢᠬ᠎ᠤᠨ ᠪᠠᠢ᠍ᠢ᠍ᠳᠠᠯ ᠪᠠ ᠠᠵᠤ ᠠᠬᠤᠢ ᠨᠡᠢ᠍ᠢ᠍ᠭᠡᠮ᠎ᠤᠨ ᠬᠦᠭᠵᠢᠯᠳᠡ ᠵᠢᠨ ᠬᠢᠷᠢ ᠬᠡᠮᠵᠢᠶ᠎ᠡ ᠵᠢ ᠦᠨᠳᠦᠰᠦᠯᠡᠵᠤ᠂ ᠴᠠᠭ ᠲᠤᠬᠠᠢᠳᠤᠨᠢ ᠵᠠᠰᠠᠨ ᠲᠤᠭᠳᠠᠭ᠋ᠠᠬᠤ ᠬᠡᠷᠡᠭᠳᠠᠢ᠃
ᠠᠷᠪᠠᠨ ᠬᠤᠶᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠬᠦᠭᠵᠢᠭᠦᠯᠦᠯᠳᠡ ᠪᠠ ᠦᠭᠡᠷᠡᠴᠢᠯᠡᠯᠳᠡ ᠵᠢᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠨᠢ ᠠᠳᠠᠯᠢ ᠱᠠᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠲᠠᠢ ᠬᠠᠮᠳᠤᠪᠡᠷ ᠠᠵᠢᠯ ᠲᠦᠷᠦᠯ᠎ᠤᠨ ᠤᠰᠤ ᠬᠡᠷᠡᠭᠯᠡᠬᠦ ᠲᠤᠭᠳᠠᠭᠰᠠᠨ ᠨᠤᠷᠮ᠎ᠠ᠂ ᠠᠵᠤ ᠠᠬᠤᠢ ᠮᠡᠷᠭᠡᠵᠢᠯ᠎ᠤᠨ ᠨᠦᠭᠦᠴᠡᠯ ᠵᠢᠴᠢ ᠤᠰᠤᠨ ᠬᠡᠮᠵᠢᠶ᠎ᠡ ᠵᠢᠨ ᠬᠤᠪᠢᠶᠠᠷᠢᠯᠠᠯᠳᠠ ᠵᠢᠨ ᠲᠦᠰᠦᠯ᠎ᠳᠤ ᠲᠤᠭᠳᠠᠭ᠋ᠠᠭᠰᠠᠨ ᠲᠤᠰ ᠵᠠᠰᠠᠭ ᠵᠠᠬᠢᠷᠭ᠋ᠠᠨ᠎ᠤ ᠤᠷᠤᠨ᠎ᠳᠤ ᠬᠡᠷᠡᠭᠯᠡᠬᠦ ᠤᠰᠤᠨ ᠬᠡᠮᠵᠢᠶ᠎ᠡ ᠵᠢ ᠦᠨᠳᠦᠰᠦᠯᠡᠵᠤ᠂ ᠤᠨ᠎ᠤ ᠤᠰᠤ ᠬᠡᠷᠡᠭᠯᠡᠬᠦ ᠲᠦᠯᠦᠪᠯᠡᠭᠡ ᠵᠢ ᠲᠤᠭᠳᠠᠭ᠋ᠠᠬᠤ᠂ ᠲᠤᠰ ᠵᠠᠰᠠᠭ ᠵᠠᠬᠢᠷᠭ᠋ᠠᠨ᠎ᠤ ᠤᠷᠤᠨ ᠲᠤᠳᠤᠷᠠᠬᠢ ᠤᠨ᠎ᠤ ᠤᠰᠤ ᠬᠡᠷᠡᠭᠯᠡᠬᠦ ᠶᠡᠷᠦᠨᠭᠬᠡᠢ ᠬᠡᠮᠵᠢᠶ᠎ᠡ ᠵᠢ ᠡᠵᠡᠮᠳᠡᠨ᠎ᠡ᠃
ᠠᠷᠪᠠᠨ ᠭᠤᠷᠪᠠᠳᠤᠭ᠋ᠠᠷ ᠵᠦᠢ᠍᠊᠊ᠯ ᠤᠰᠤ ᠠᠪᠬᠤ ᠵᠦᠪᠰᠢᠶᠡᠷᠡᠯ᠎ᠢ ᠤᠯᠤᠭᠰᠠᠨ ᠨᠢᠭᠡᠴᠢ ᠪᠠ ᠬᠤᠪᠢ ᠬᠦᠮᠦᠨ᠎ᠨᠢ ᠵᠢᠯ ᠪᠦᠷᠢ ᠵᠢᠨ 12 ᠰᠠᠷ᠎ᠠ ᠵᠢᠨ 31᠎ᠤ ᠡᠳᠦᠷ᠎ᠠᠴᠠ ᠡᠮᠤᠨ᠎ᠡ ᠬᠠᠮᠢᠶᠠᠷᠬᠤ ᠡᠷᠬᠡ᠎ᠲᠠᠢ ᠬᠤᠰᠢᠭᠤ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠲᠤ ᠤᠨ᠎ᠤ ᠤᠰᠤ ᠠᠪᠤᠭᠰᠠᠨ ᠪᠠᠢ᠍ᠢ᠍ᠳᠠᠯ ᠪᠠ ᠳᠠᠷᠠᠭ᠎ᠠ ᠨᠢᠭᠡ ᠵᠢᠯ᠎ᠤᠨ ᠵᠶ᠋ᠠᠨ ᠤᠰᠤ ᠠᠪᠬᠤ ᠲᠦᠯᠦᠪᠯᠡᠭᠡ ᠵᠢᠨ ᠰᠠᠨᠠᠭᠤᠯᠭ᠎ᠠ᠎ᠪᠠᠨ ᠮᠡᠳᠡᠭᠦᠯᠬᠦ ᠬᠡᠷᠡᠭᠳᠠᠢ᠃
ᠬᠠᠮᠢᠶᠠᠷᠬᠤ ᠡᠷᠬᠡ᠎ᠲᠠᠢ ᠬᠤᠰᠢᠭᠤ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠨᠢ ᠤᠰᠤ ᠠᠪᠬᠤ ᠵᠦᠪᠰᠢᠶᠡᠷᠡᠯ᠎ᠤᠨ ᠬᠡᠮᠵᠢᠶ᠎ᠡ᠂ ᠠᠵᠢᠯ ᠲᠦᠷᠦᠯ᠎ᠤᠨ ᠤᠰᠤ ᠬᠡᠷᠡᠭᠯᠡᠬᠦ ᠲᠤᠭᠳᠠᠭᠰᠠᠨ ᠨᠤᠷᠮ᠎ᠠ᠂ ᠤᠰᠤ ᠠᠪᠬᠤ ᠨᠢᠭᠡᠴᠢ ᠪᠤᠶᠤ ᠬᠤᠪᠢ ᠬᠦᠮᠦᠨ᠎ᠤ ᠭᠤᠶᠤᠴᠢᠯᠠᠯ ᠪᠠ ᠲᠤᠰ ᠵᠠᠰᠠᠭ ᠵᠠᠬᠢᠷᠭ᠋ᠠᠨ᠎ᠤ ᠤᠷᠤᠨ᠎ᠤ ᠤᠨ᠎ᠤ ᠤᠰᠤ ᠬᠡᠷᠡᠭᠯᠡᠬᠦ ᠲᠦᠯᠦᠪᠯᠡᠭᠡ ᠵᠡᠷᠭᠡ ᠡᠯᠧᠮᠧᠨ᠋ᠲ᠎ᠢ ᠦᠨᠳᠦᠰᠦᠯᠡᠵᠤ᠂ ᠤᠰᠤ ᠠᠪᠬᠤ ᠨᠢᠭᠡᠴᠢ ᠪᠤᠶᠤ ᠬᠤᠪᠢ ᠬᠦᠮᠦᠨ᠎ᠤ ᠤᠨ᠎ᠤ ᠤᠰᠤ ᠠᠪᠬᠤ ᠲᠦᠯᠦᠪᠯᠡᠭᠡ ᠵᠢ ᠬᠢᠨᠠᠨ ᠲᠤᠭᠳᠠᠭ᠋ᠠᠬᠤ ᠵᠢᠨ ᠬᠠᠮᠳᠤ ᠵᠢᠯ ᠪᠦᠷᠢ ᠵᠢᠨ 1 ᠰᠠᠷ᠎ᠠ ᠵᠢᠨ 31᠎ᠤ ᠡᠳᠦᠷ᠎ᠠᠴᠠ ᠡᠮᠤᠨ᠎ᠡ ᠲᠤᠰ ᠵᠢᠯ᠎ᠤᠨ ᠵᠶ᠋ᠠᠨ ᠤᠰᠤ ᠠᠪᠬᠤ ᠲᠦᠯᠦᠪᠯᠡᠭᠡ᠎ᠪᠠᠨ ᠲᠤᠷᠤᠭᠰᠢ ᠪᠠᠭᠤᠯᠭ᠋ᠠᠬᠤ ᠬᠡᠷᠡᠭᠳᠠᠢ᠃
ᠠᠷᠪᠠᠨ ᠲᠦᠷᠪᠡᠳᠦᠭᠡᠷ ᠵᠦᠢ᠍ᠯ ᠤᠰᠤ ᠠᠪᠬᠤ ᠨᠢᠭᠡᠴᠢ ᠪᠤᠶᠤ ᠬᠤᠪᠢ ᠬᠦᠮᠦᠨ᠎ᠨᠢ ᠬᠢᠨᠠᠨ ᠲᠤᠭᠳᠠᠭ᠋ᠠᠭᠰᠠᠨ ᠤᠨ᠎ᠤ ᠤᠰᠤ ᠠᠪᠬᠤ ᠲᠦᠯᠦᠪᠯᠡᠭᠡ ᠶᠤᠰᠤᠭ᠋ᠠᠷ ᠤᠰᠤ ᠠᠪᠴᠤ ᠬᠡᠷᠡᠭᠯᠡᠬᠦ ᠬᠡᠷᠡᠭᠳᠠᠢ᠃
ᠤᠨᠴᠠᠭ᠋ᠠᠢ ᠰᠢᠯᠳᠠᠭ᠋ᠠᠨ᠎ᠠᠴᠠ ᠪᠤᠯᠵᠤ ᠤᠨ᠎ᠤ ᠤᠰᠤ ᠬᠡᠷᠡᠭᠯᠡᠬᠦ ᠲᠦᠯᠦᠪᠯᠡᠭᠡ᠎ᠳᠤ ᠲᠤᠬᠢᠷᠠᠭᠤᠯᠤᠯᠳᠠ ᠬᠢᠬᠦ ᠴᠢᠬᠤᠯᠠᠳᠠᠢ ᠪᠤᠯ ᠤᠰᠤ ᠠᠪᠬᠤ ᠨᠢᠭᠡᠴᠢ ᠪᠤᠶᠤ ᠬᠤᠪᠢ ᠬᠦᠮᠦᠨ᠎ᠨᠢ ᠤᠤᠯ᠎ᠤᠨ ᠬᠢᠨᠠᠨ ᠵᠦᠪᠰᠢᠶᠡᠷᠡᠭᠦᠯᠦᠭᠰᠡᠨ ᠪᠠᠢ᠍ᠢ᠍ᠭᠤᠯᠭ᠎ᠠ᠎ᠪᠠᠷ ᠵᠦᠪᠰᠢᠶᠡᠷᠡᠭᠦᠯᠬᠦ ᠬᠡᠷᠡᠭᠳᠠᠢ᠃
ᠠᠷᠪᠠᠨ ᠲᠠᠪᠤᠳᠤᠭ᠋ᠠᠷ ᠵᠦᠢ᠍᠊᠊ᠯ ᠪᠠᠷᠢᠯᠭ᠎ᠠ ᠪᠠᠷᠢᠬᠤ ᠵᠡᠷᠭᠡ᠎ᠠᠴᠠ ᠪᠤᠯᠵᠤ ᠠᠮᠢᠳᠤᠷᠠᠯ᠎ᠳᠤ ᠬᠡᠷᠡᠭᠯᠡᠬᠦ ᠪᠤᠰᠤ ᠤᠰᠤ ᠵᠢ ᠲᠦᠷ ᠴᠠᠭ ᠠᠪᠬᠤ᠎ᠳᠤ᠂ ᠪᠦᠳᠦᠭᠡᠨ ᠪᠠᠢ᠍ᠢ᠍ᠭᠤᠯᠤᠯᠳᠠ ᠵᠢᠨ ᠨᠢᠭᠡᠴᠢ᠎ᠨᠢ ᠭᠤᠴᠢᠨ ᠡᠳᠦᠷ᠎ᠤᠨ ᠡᠮᠤᠨ᠎ᠡ ᠬᠠᠮᠢᠶᠠᠷᠬᠤ ᠡᠷᠬᠡ᠎ᠲᠠᠢ ᠬᠤᠰᠢᠭᠤ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠲᠤ ᠲᠦᠷ ᠴᠠᠭ ᠤᠰᠤ ᠠᠪᠬᠤ ᠭᠤᠶᠤᠴᠢᠯᠠᠯ ᠲᠡᠪᠰᠢᠭᠦᠯᠦᠨ᠎ᠡ᠂ ᠪᠠᠷᠢᠯᠭ᠎ᠠ ᠪᠠᠷᠢᠬᠤ᠎ᠠᠴᠠ ᠪᠤᠯᠵᠤ ᠦᠨᠡᠨ ᠭᠦ᠌ ᠤᠰᠤ ᠲᠠᠳᠠᠵᠤ ᠭᠠᠳᠠᠭᠰᠢᠯᠠᠭᠤᠯᠬᠤ ᠴᠢᠬᠤᠯᠠᠳᠠᠢ ᠪᠤᠯ ᠪᠠᠷᠢᠯᠭ᠎ᠠ ᠵᠢᠨ ᠤᠰᠤ ᠲᠠᠳᠠᠵᠤ ᠭᠠᠳᠠᠭᠰᠢᠯᠠᠭᠤᠯᠬᠤ ᠲᠦᠰᠦᠯ ᠨᠠᠢ᠍ᠢ᠍ᠷᠠᠭᠤᠯᠤᠨ᠂ ᠵᠦᠪᠰᠢᠶᠡᠷᠡᠭᠦᠯᠦᠭᠰᠡᠨ ᠲᠦᠰᠦᠯ ᠪᠠ ᠲᠦᠯᠦᠪᠯᠡᠭᠡ ᠶᠤᠰᠤᠭ᠋ᠠᠷ ᠤᠰᠤ ᠠᠪᠬᠤ ᠬᠡᠷᠡᠭᠳᠠᠢ ᠪᠦᠭᠡᠳ ᠤᠰᠤᠨ᠎ᠤ ᠡᠬᠢ ᠪᠠᠶᠠᠯᠢᠬ᠎ᠤᠨ ᠰᠦᠢ᠍ᠳᠭᠡᠯ ᠲᠤᠰᠢᠶᠠᠬᠤ ᠬᠡᠷᠡᠭᠳᠠᠢ᠃
ᠠᠷᠪᠠᠨ ᠵᠢᠷᠭᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠨᠢ ᠬᠡᠪ᠎ᠤᠨ ᠪᠤᠰᠤ ᠤᠰᠤᠨ ᠰᠤᠷᠪᠤᠯᠵᠢ ᠵᠢ ᠨᠡᠬᠡᠬᠡᠨ ᠠᠰᠢᠭᠯᠠᠬᠤ ᠵᠢ ᠤᠰᠤ ᠠᠷᠪᠢᠯᠠᠨ ᠬᠡᠷᠡᠭᠯᠡᠬᠦ ᠲᠦᠯᠦᠪᠵᠢᠭᠦᠯᠭᠡ᠎ᠳᠡᠭᠡᠨ ᠤᠷᠤᠭᠤᠯᠵᠤ᠂ ᠤᠰᠤᠨ᠎ᠤ ᠡᠬᠢ ᠪᠠᠶᠠᠯᠢᠬ᠎ᠢ ᠨᠢᠭᠡᠳᠦᠯᠳᠠᠢ ᠲᠤᠬᠢᠷᠠᠭᠤᠯᠬᠤ ᠬᠡᠷᠡᠭᠳᠠᠢ᠃
ᠠᠷᠪᠠᠨ ᠲᠤᠯᠤᠳᠤᠭ᠋ᠠᠷ ᠵᠦᠢ᠍ᠯ ᠤᠰᠤ ᠠᠪᠬᠤ ᠨᠢᠭᠡᠴᠢ ᠪᠤᠶᠤ ᠬᠤᠪᠢ ᠬᠦᠮᠦᠨ᠎ᠨᠢ ᠤᠰᠤᠨ᠎ᠤ ᠡᠬᠢ ᠪᠠᠶᠠᠯᠢᠬ᠎ᠤᠨ ᠰᠦᠢ᠍ᠳᠭᠡᠯ ᠲᠤᠰᠢᠶᠠᠬᠤ ᠬᠡᠷᠡᠭᠳᠠᠢ᠃ ᠲᠦᠯᠦᠪᠯᠡᠭᠡ ᠪᠤᠶᠤ ᠲᠤᠭᠳᠠᠭᠰᠠᠨ ᠨᠤᠷᠮ᠎ᠠ᠎ᠠᠴᠠ ᠬᠡᠳᠦᠷᠡᠭᠦᠯᠦᠨ ᠤᠰᠤ ᠠᠪᠤᠭᠰᠠᠨ ᠪᠤᠯ ᠲᠦᠯᠦᠪᠯᠡᠭᠡ ᠪᠤᠶᠤ ᠲᠤᠭᠳᠠᠭᠰᠠᠨ ᠨᠤᠷᠮ᠎ᠠ᠎ᠠᠴᠠ ᠬᠡᠳᠦᠷᠡᠭᠦᠯᠦᠭᠰᠡᠨ ᠬᠡᠰᠡᠭ᠎ᠤᠨ ᠤᠰᠤᠨ᠎ᠤ ᠡᠬᠢ ᠪᠠᠶᠠᠯᠢᠬ᠎ᠤᠨ ᠰᠦᠢ᠍ᠳᠭᠡᠯ᠎ᠢ ᠠᠬᠢᠭᠤᠯᠤᠨ ᠪᠤᠳᠤᠨ᠎ᠠ᠃
ᠶᠠᠮᠠᠷᠪᠠ ᠨᠢᠭᠡᠴᠢ ᠪᠠ ᠬᠤᠪᠢ ᠬᠦᠮᠦᠨ ᠭᠡᠳ ᠲᠤᠷ᠎ᠠ᠎ᠪᠠᠷ ᠤᠰᠤᠨ᠎ᠤ ᠡᠬᠢ ᠪᠠᠶᠠᠯᠢᠬ᠎ᠤᠨ ᠰᠦᠢ᠍ᠳᠭᠡᠯ᠎ᠢ ᠬᠠᠰᠤᠨ ᠬᠡᠯᠳᠦᠷᠢᠭᠦᠯᠬᠦ᠂ ᠠᠯᠭᠤᠷᠯᠠᠨ ᠲᠠᠳᠠᠪᠦᠷᠢᠯᠠᠬᠤ ᠪᠤᠶᠤ ᠲᠠᠳᠠᠪᠦᠷᠢᠯᠠᠬᠤ᠎ᠪᠠᠨ ᠵᠤᠭᠰᠤᠭ᠋ᠠᠵᠤ ᠪᠤᠯᠬᠤ ᠦᠭᠡᠢ᠃
ᠤᠰᠤᠨ᠎ᠤ ᠡᠬᠢ ᠪᠠᠶᠠᠯᠢᠬ᠎ᠤᠨ ᠰᠦᠢ᠍ᠳᠭᠡᠯ᠎ᠢ ᠬᠤᠷᠢᠶᠠᠬᠤ ᠪᠠᠷᠢᠮᠵᠢᠶ᠎ᠠ ᠵᠢ ᠤᠯᠤᠰ ᠪᠠ ᠦᠪᠡᠷᠳᠡᠭᠡᠨ ᠵᠠᠰᠠᠬᠤ ᠤᠷᠤᠨ᠎ᠤ ᠬᠤᠯᠪᠤᠭᠳᠠᠯ ᠪᠦᠬᠦᠢ ᠲᠤᠭᠳᠠᠭ᠋ᠠᠯ ᠶᠤᠰᠤᠭ᠋ᠠᠷ ᠬᠡᠷᠡᠭᠵᠢᠭᠦᠯᠦᠨ᠎ᠡ᠃
ᠠᠷᠪᠠᠨ ᠨᠠᠢ᠍ᠮᠠᠳᠤᠭ᠋ᠠᠷ ᠵᠦᠢ᠍ᠯ ᠤᠰᠤ ᠬᠡᠷᠡᠭᠯᠡᠬᠦ᠎ᠳᠤ ᠬᠡᠮᠵᠢᠯᠳᠡ᠎ᠪᠠᠷ ᠰᠦᠢ᠍ᠳᠭᠡᠯ ᠬᠤᠷᠢᠶᠠᠬᠤ ᠵᠢ ᠬᠡᠷᠡᠭᠵᠢᠭᠦᠯᠵᠦ᠂ ᠰᠦᠢ᠍ᠳᠭᠡᠯ ᠲᠠᠭ᠋ᠠᠭ᠋ᠠᠴᠢᠯᠠᠬᠤ ᠲᠦᠷᠢᠮ ᠬᠡᠷᠡᠭᠵᠢᠭᠦᠯᠬᠦ ᠵᠢ ᠴᠠᠭ᠋ᠠᠵᠠᠯᠠᠨ᠎ᠠ᠃ ᠰᠠᠭᠤᠭ᠋ᠠᠯᠢ ᠠᠷᠠᠳ᠎ᠤᠨ ᠠᠮᠢᠳᠤᠷᠠᠯ᠎ᠳᠤ ᠬᠡᠷᠡᠭᠯᠡᠬᠦ ᠤᠰᠤᠨ᠎ᠳᠤ ᠱᠠᠳᠤᠯᠢᠬ ᠬᠡᠯᠪᠡᠷᠢ ᠵᠢᠨ ᠤᠰᠤᠨ᠎ᠤ ᠦᠨ᠎ᠡ ᠬᠠᠩᠰᠢ ᠵᠢᠨ ᠲᠦᠷᠢᠮ᠎ᠢ ᠬᠡᠷᠡᠭᠵᠢᠭᠦᠯᠵᠦ᠂ ᠰᠠᠭᠤᠭ᠋ᠠᠯᠢ ᠠᠷᠠᠳ᠎ᠤᠨ ᠠᠮᠢᠳᠤᠷᠠᠯ᠎ᠳᠤ ᠬᠡᠷᠡᠭᠯᠡᠬᠦ ᠪᠤᠰᠤ ᠤᠰᠤ᠎ᠨᠢ ᠲᠦᠯᠦᠪᠯᠡᠭᠡ᠂ ᠲᠤᠭᠳᠠᠭ᠋ᠠᠭᠰᠠᠨ ᠨᠤᠷᠮ᠎ᠠ᠎ᠠᠴᠠ ᠬᠡᠳᠦᠷᠡᠭᠰᠡᠨ ᠪᠤᠯ ᠠᠬᠢᠭᠤᠯᠤᠨ ᠪᠤᠳᠤᠵᠤ ᠦᠨ᠎ᠡ ᠨᠡᠮᠡᠬᠦ ᠲᠦᠷᠢᠮ᠎ᠢ ᠬᠡᠷᠡᠭᠵᠢᠭᠦᠯᠦᠨ᠎ᠡ᠃
ᠰᠠᠭᠤᠭ᠋ᠠᠯᠢ ᠠᠷᠠᠳ᠎ᠤᠨ ᠠᠮᠢᠳᠤᠷᠠᠯ᠎ᠳᠤ ᠬᠡᠷᠡᠭᠯᠡᠬᠦ ᠤᠰᠤ ᠵᠢᠨ ᠱᠠᠳᠤᠯᠢᠬ ᠬᠡᠯᠪᠡᠷᠢ ᠵᠢᠨ ᠤᠰᠤᠨ᠎ᠤ ᠦᠨ᠎ᠡ ᠬᠠᠩᠰᠢ ᠵᠢᠨ ᠪᠠᠷᠢᠮᠵᠢᠶ᠎ᠠ ᠵᠢ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠦᠨ᠎ᠡ ᠬᠠᠨᠭ᠌ᠰᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠠᠢ᠍ᠢ᠍ᠮᠠᠭ᠎ᠤᠨ ᠵᠠᠬᠢᠷᠭ᠎ᠠ᠂ ᠲᠤᠭᠤᠷᠢᠭ᠎ᠲᠠᠢ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠦᠨ᠎ᠡ ᠬᠠᠨᠭ᠌ᠰᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠭᠳᠠᠭᠰᠠᠨ ᠡᠷᠬᠡ ᠵᠢᠨ ᠬᠢᠵᠠᠭ᠋ᠠᠷ ᠪᠠ ᠲᠠᠷᠠᠭ᠋ᠠᠯᠠᠯ ᠶᠤᠰᠤᠭ᠋ᠠᠷ ᠲᠤᠭᠳᠠᠭ᠋ᠠᠨ᠎ᠠ; ᠰᠠᠭᠤᠭ᠋ᠠᠯᠢ ᠠᠷᠠᠳ᠎ᠤᠨ ᠠᠮᠢᠳᠤᠷᠠᠯ᠎ᠳᠤ ᠬᠡᠷᠡᠭᠯᠡᠬᠦ ᠪᠤᠰᠤ ᠤᠰᠤ᠎ᠨᠢ ᠲᠦᠯᠦᠪᠯᠡᠭᠡ ᠪᠠ ᠲᠤᠭᠳᠠᠭᠰᠠᠨ ᠨᠤᠷᠮ᠎ᠠ᠎ᠠᠴᠠ ᠬᠡᠳᠦᠷᠡᠭᠰᠡᠨ ᠪᠤᠯ ᠠᠬᠢᠭᠤᠯᠤᠨ ᠪᠤᠳᠤᠵᠤ ᠦᠨ᠎ᠡ ᠨᠡᠮᠡᠬᠦ ᠪᠠᠷᠢᠮᠵᠢᠶ᠎ᠠ ᠵᠢ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠦᠨ᠎ᠡ ᠬᠠᠨᠭ᠌ᠰᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠭᠳᠠᠭᠰᠠᠨ ᠡᠷᠬᠡ ᠵᠢᠨ ᠬᠢᠵᠠᠭ᠋ᠠᠷ ᠪᠠ ᠲᠠᠷᠠᠭ᠋ᠠᠯᠠᠯ ᠶᠤᠰᠤᠭ᠋ᠠᠷ ᠲᠤᠭᠳᠠᠭ᠋ᠠᠨ᠎ᠠ᠃
ᠠᠷᠪᠠ ᠶᠢᠰᠦᠳᠦᠭᠡᠷ ᠵᠦᠢ᠍ᠯ ᠦᠪᠡᠷᠳᠡᠭᠡᠨ ᠵᠠᠰᠠᠬᠤ ᠤᠷᠤᠨ ᠬᠡᠪ᠎ᠤᠨ ᠪᠤᠰᠤ ᠤᠰᠤᠨ ᠰᠤᠷᠪᠤᠯᠵᠢ ᠵᠢ ᠠᠰᠢᠭᠯᠠᠬᠤ ᠲᠦᠷᠦᠯ ᠵᠦᠢ᠍ᠯ᠎ᠳᠤ ᠤᠰᠤᠨ᠎ᠤ ᠡᠬᠢ ᠪᠠᠶᠠᠯᠢᠬ᠎ᠤᠨ ᠰᠦᠢ᠍ᠳᠭᠡᠯ ᠪᠠ ᠤᠰᠤᠨ᠎ᠤ ᠦᠨ᠎ᠡ ᠬᠠᠩᠰᠢ᠎ᠳᠤ ᠬᠠᠷᠠᠭ᠋ᠠᠯᠵᠠᠯ ᠦᠵᠡᠭᠦᠯᠬᠦ ᠲᠦᠷᠦ ᠵᠢᠨ ᠪᠤᠳᠤᠯᠭ᠎ᠠ ᠵᠢ ᠬᠡᠷᠡᠭᠵᠢᠭᠦᠯᠦᠨ᠎ᠡ᠃
ᠬᠤᠷᠢᠳᠤᠭ᠋ᠠᠷ ᠵᠦᠢ᠍ᠯ ᠬᠤᠰᠢᠭᠤ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠨᠢ ᠤᠰᠤ ᠬᠡᠷᠡᠭᠯᠡᠭᠰᠡᠨ ᠪᠠᠢ᠍ᠢ᠍ᠳᠠᠯ᠎ᠢ ᠵᠠᠷᠯᠠᠬᠤ ᠲᠦᠷᠢᠮ᠎ᠢ ᠪᠠᠢ᠍ᠢ᠍ᠭᠤᠯᠵᠤ᠂ ᠤᠷᠤᠨ ᠲᠤᠭᠤᠷᠢᠭ ᠪᠠ ᠠᠵᠢᠯ ᠲᠦᠷᠦᠯ᠎ᠤᠨ ᠤᠰᠤ ᠬᠡᠷᠡᠭᠯᠡᠭᠰᠡᠨ ᠪᠠᠢ᠍ᠢ᠍ᠳᠠᠯ᠎ᠢ ᠲᠤᠭᠳᠠᠮᠠᠯ ᠬᠤᠭᠤᠴᠠᠭ᠎ᠠ᠎ᠲᠠᠢ᠎ᠪᠠᠷ ᠨᠡᠢ᠍ᠢ᠍ᠳᠡᠯᠡᠵᠤ᠂ ᠠᠵᠤ ᠠᠬᠤᠢ᠍ᠢ᠍ᠯᠠᠯ ᠠᠵᠤ ᠦᠢ᠍ᠯᠡᠰ᠎ᠤᠨ ᠨᠢᠭᠡᠴᠢ ᠪᠠ ᠨᠡᠢ᠍ᠢ᠍ᠭᠡᠮ᠎ᠤᠨ ᠤᠰᠤ ᠠᠷᠪᠢᠯᠠᠨ ᠬᠡᠷᠡᠭᠯᠡᠬᠦ ᠵᠢ ᠵᠢᠯᠤᠭᠤᠳᠤᠨ ᠲᠠᠭ᠋ᠠᠭᠤᠯᠬᠤ ᠬᠡᠷᠡᠭᠳᠠᠢ᠃
ᠭᠤᠷᠪᠠᠳᠤᠭ᠋ᠠᠷ ᠪᠦᠯᠦᠭ ᠤᠰᠤ ᠠᠷᠪᠢᠯᠠᠨ ᠬᠡᠷᠡᠭᠯᠡᠬᠦ
ᠬᠤᠷᠢᠨ ᠨᠢᠭᠡᠳᠦᠭᠡᠷ ᠵᠦᠢ᠍ᠯ ᠡᠯ᠎ᠡ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠨᠢ ᠰᠡᠪᠡᠷᠡᠭᠦᠨ ᠤᠰᠤᠯᠠᠬᠤ᠂ ᠰᠦᠷᠴᠢᠨ ᠤᠰᠤᠯᠠᠬᠤ᠂ ᠬᠤᠭᠤᠯᠠᠢ᠎ᠪᠠᠷ ᠤᠰᠤ ᠲᠠᠮᠵᠢᠭᠤᠯᠬᠤ᠂ ᠤᠰᠤᠨ ᠰᠤᠪᠠᠭ ᠵᠶ᠋ᠠᠷ ᠨᠡᠪᠴᠢᠬᠦ ᠵᠢ ᠰᠡᠷᠭᠡᠢ᠍ᠢ᠍ᠯᠡᠬᠦ ᠵᠡᠷᠭᠡ ᠲᠠᠷᠢᠶᠠᠯᠠᠩ᠎ᠤᠨ ᠤᠰᠤ ᠠᠷᠪᠢᠯᠠᠵᠤ ᠤᠰᠤᠯᠠᠬᠤ ᠮᠡᠷᠭᠡᠵᠢᠯ᠎ᠢ ᠲᠡᠯᠭᠡᠷᠡᠭᠦᠯᠦᠨ ᠬᠡᠷᠡᠭᠵᠢᠭᠦᠯᠵᠦ᠂ ᠤᠰᠤ ᠬᠡᠷᠡᠭᠯᠡᠬᠦ ᠠᠰᠢᠭᠯᠠᠮᠵᠢ᠎ᠪᠠᠨ ᠲᠡᠭᠡᠭᠰᠢᠯᠡᠭᠦᠯᠬᠦ ᠬᠡᠷᠡᠭᠳᠠᠢ᠃
ᠲᠠᠷᠢᠶᠠᠯᠠᠩ᠎ᠤᠨ ᠤᠰᠤ ᠬᠡᠷᠡᠭᠯᠡᠬᠦ ᠬᠠᠮᠢᠶᠠᠷᠤᠯᠳᠠ ᠪᠠ ᠪᠤᠳᠠᠳᠠᠢ ᠤᠰᠤ ᠠᠷᠪᠢᠯᠠᠬᠤ ᠠᠷᠭ᠎ᠠ ᠬᠡᠮᠵᠢᠶ᠎ᠡ ᠵᠢ 《ᠦᠪᠦᠷ ᠮᠤᠨᠭ᠌ᠭᠤᠯ᠎ᠤᠨ ᠦᠪᠡᠷᠳᠡᠭᠡᠨ ᠵᠠᠰᠠᠬᠤ ᠤᠷᠤᠨ᠎ᠤ ᠲᠠᠷᠢᠶᠠᠯᠠᠩ᠎ᠤᠨ ᠤᠰᠤ ᠠᠷᠪᠢᠯᠠᠵᠤ ᠤᠰᠤᠯᠠᠬᠤ ᠲᠦᠷᠢᠮ》᠎ᠤᠨ ᠬᠤᠯᠪᠤᠭᠳᠠᠯ ᠪᠦᠬᠦᠢ ᠲᠤᠭᠳᠠᠭ᠋ᠠᠯ ᠶᠤᠰᠤᠭ᠋ᠠᠷ ᠬᠡᠷᠡᠭᠵᠢᠭᠦᠯᠦᠨ᠎ᠡ᠃
ᠬᠤᠷᠢᠨ ᠬᠤᠶᠠᠳᠤᠭ᠋ᠠᠷ ᠵᠦᠢ᠍ᠯ ᠪᠦᠳᠦᠭᠡᠨ ᠪᠠᠢ᠍ᠢ᠍ᠭᠤᠯᠤᠯᠳᠠ ᠵᠢᠨ ᠲᠦᠷᠦᠯ ᠵᠦᠢ᠍ᠯ᠎ᠢ ᠰᠢᠨ᠎ᠡ᠎ᠪᠠᠷ ᠪᠠᠢ᠍ᠢ᠍ᠭᠤᠯᠬᠤ᠂ ᠦᠭᠡᠷᠡᠴᠢᠯᠡᠨ ᠪᠠᠢ᠍ᠢ᠍ᠭᠤᠯᠬᠤ᠂ ᠦᠷᠭᠡᠳᠭᠡᠨ ᠪᠠᠢ᠍ᠢ᠍ᠭᠤᠯᠬᠤ᠎ᠳᠤ ᠤᠰᠤ ᠠᠷᠪᠢᠯᠠᠬᠤ ᠠᠷᠭ᠎ᠠ ᠬᠡᠮᠵᠢᠶ᠎ᠡ ᠵᠢᠨ ᠲᠦᠰᠦᠯ᠎ᠢ ᠲᠤᠭᠳᠠᠭ᠋ᠠᠵᠤ᠂ ᠤᠰᠤ ᠠᠷᠪᠢᠯᠠᠬᠤ ᠪᠡᠯᠡᠳᠭᠡᠮᠵᠢ ᠵᠢ ᠲᠦᠭᠦᠷᠵᠢᠭᠦᠯᠦᠨ ᠪᠠᠢ᠍ᠢ᠍ᠭᠤᠯᠬᠤ ᠬᠡᠷᠡᠭᠳᠠᠢ᠃ ᠤᠰᠤ ᠠᠷᠪᠢᠯᠠᠬᠤ ᠪᠡᠯᠡᠳᠭᠡᠮᠵᠢ ᠵᠢ ᠭᠤᠤᠯ ᠴᠤᠭᠴᠠᠳᠤ ᠪᠠᠷᠢᠯᠭ᠎ᠠ᠎ᠲᠠᠢ ᠴᠤᠭ᠎ᠲᠤᠨᠢ ᠵᠢᠷᠤᠵᠤ ᠲᠦᠯᠦᠪᠯᠡᠨ᠂ ᠴᠤᠭ᠎ᠲᠤᠨᠢ ᠪᠠᠷᠢᠯᠭ᠎ᠠ ᠡᠬᠢᠯᠡᠭᠦᠯᠵᠦ᠂ ᠴᠤᠭ᠎ᠲᠤᠨᠢ ᠬᠡᠷᠡᠭᠯᠡᠯᠳᠡ᠎ᠳᠤ ᠤᠷᠤᠭᠤᠯᠬᠤ ᠬᠡᠷᠡᠭᠳᠠᠢ᠃
ᠪᠦᠳᠦᠭᠡᠨ ᠪᠠᠢ᠍ᠢ᠍ᠭᠤᠯᠤᠯᠳᠠ ᠵᠢᠨ ᠲᠦᠷᠦᠯ ᠵᠦᠢ᠍ᠯ᠎ᠤᠨ ᠪᠠᠷᠢᠯᠭ᠎ᠠ ᠲᠡᠭᠦᠰᠴᠤ᠂ ᠪᠦᠳᠦᠭᠡᠨ ᠪᠠᠢ᠍ᠢ᠍ᠭᠤᠯᠤᠯᠳᠠ ᠵᠢᠨ ᠨᠢᠭᠡᠴᠢ᠎ᠠᠴᠠ ᠰᠢᠯᠭ᠋ᠠᠨ ᠬᠤᠷᠢᠶᠠᠬᠤ᠎ᠳᠤ ᠤᠰᠤ ᠠᠷᠪᠢᠯᠠᠬᠤ ᠪᠡᠯᠡᠳᠭᠡᠮᠵᠢ ᠵᠢ᠎ᠨᠢ ᠰᠢᠯᠭ᠋ᠠᠨ ᠬᠤᠷᠢᠶᠠᠬᠤ ᠬᠡᠷᠡᠭᠳᠠᠢ; ᠰᠢᠯᠭ᠋ᠠᠨ ᠬᠤᠷᠢᠶᠠᠬᠤ ᠵᠢ ᠲᠡᠮᠵᠢᠭ᠍ᠰᠠᠨ ᠦᠭᠡᠢ ᠪᠤᠶᠤ ᠰᠢᠯᠭ᠋ᠠᠨ ᠬᠤᠷᠢᠶᠠᠬᠤ᠎ᠳᠤ ᠬᠢᠷᠢ ᠲᠡᠨᠭᠴᠡᠭᠰᠡᠨ ᠦᠭᠡᠢ ᠤᠰᠤ ᠠᠷᠪᠢᠯᠠᠬᠤ ᠪᠡᠯᠡᠳᠭᠡᠮᠵᠢ ᠵᠢ ᠬᠡᠷᠡᠭᠯᠡᠯᠳᠡ᠎ᠳᠤ ᠤᠷᠤᠭᠤᠯᠵᠤ ᠪᠤᠯᠬᠤ ᠦᠭᠡᠢ᠃
ᠤᠰᠤ ᠠᠷᠪᠢᠯᠠᠬᠤ ᠪᠡᠯᠡᠳᠭᠡᠮᠵᠢᠳᠤ ᠤᠰᠤ ᠠᠷᠪᠢᠯᠠᠬᠤ ᠰᠠᠪᠠ᠂ ᠤᠷᠠᠨ ᠮᠡᠷᠭᠡᠰᠢᠯ᠂ ᠲᠦᠭᠦᠭᠡᠷᠤᠮᠵᠢ᠂ ᠬᠡᠮᠵᠢᠯᠳᠡ ᠵᠢᠨ ᠪᠡᠯᠡᠳᠭᠡᠮᠵᠢ᠂ ᠲᠠᠬᠢᠯᠳᠠ ᠤᠰᠤ ᠵᠢ ᠪᠤᠴᠠᠭ᠋ᠠᠨ ᠠᠰᠢᠭᠯᠠᠬᠤ ᠰᠢᠰᠲ᠋ᠧᠮ ᠪᠠ ᠪᠤᠷᠤᠭ᠋ᠠᠨ᠎ᠤ ᠤᠰᠤ ᠵᠢ ᠬᠤᠷᠢᠶᠠᠨ ᠠᠪᠴᠤ ᠠᠰᠢᠭᠯᠠᠬᠤ ᠰᠢᠰᠲ᠋ᠧᠮ ᠪᠠᠭᠳᠠᠨ᠎ᠠ᠃
ᠬᠤᠷᠢᠨ ᠭᠤᠷᠪᠠᠳᠤᠭ᠋ᠠᠷ ᠵᠦᠢ᠍ᠯ ᠤᠰᠤ ᠠᠪᠬᠤ ᠨᠢᠭᠡᠴᠢ ᠪᠤᠶᠤ ᠬᠤᠪᠢ ᠬᠦᠮᠦᠨ᠎ᠨᠢ ᠤᠰᠤ ᠠᠷᠪᠢᠯᠠᠬᠤ ᠬᠡᠯᠪᠡᠷᠢ ᠵᠢᠨ ᠤᠷᠠᠨ ᠮᠡᠷᠭᠡᠰᠢᠯ᠂ ᠲᠦᠭᠦᠭᠡᠷᠤᠮᠵᠢ ᠪᠠ ᠪᠦᠳᠦᠭᠡᠭᠳᠡᠭᠦᠨ᠎ᠢ ᠬᠡᠷᠡᠭᠯᠡᠬᠦ ᠬᠡᠷᠡᠭᠳᠠᠢ᠃ ᠤᠯᠤᠰ᠎ᠠᠴᠠ ᠨᠢᠭᠡᠨᠳᠡ ᠵᠠᠷ ᠵᠠᠷᠯᠢᠬ ᠵᠶ᠋ᠠᠷ ᠰᠢᠭᠰᠢᠭᠰᠡᠨ ᠤᠰᠤᠨ ᠬᠤᠷᠤᠭᠳᠠᠯ ᠶᠡᠭᠡ᠎ᠲᠠᠢ ᠤᠷᠠᠨ ᠮᠡᠷᠭᠡᠰᠢᠯ᠂ ᠲᠦᠭᠦᠭᠡᠷᠤᠮᠵᠢ ᠪᠠ ᠪᠦᠳᠦᠭᠡᠭᠳᠡᠭᠦᠨ᠎ᠢ ᠨᠢᠭᠡᠨᠳᠡ ᠤᠭᠰᠠᠷᠠᠭᠤᠯᠤᠭᠰᠠᠨ ᠪᠤᠯ ᠴᠠᠭ ᠲᠤᠬᠠᠢᠳᠤᠨᠢ ᠰᠤᠯᠢᠬᠤ ᠪᠤᠶᠤ ᠲᠡᠭᠦᠨ᠎ᠳᠤ ᠤᠰᠤ ᠠᠷᠪᠢᠯᠠᠬᠤ ᠦᠭᠡᠷᠡᠴᠢᠯᠡᠯᠳᠡ ᠬᠢᠬᠦ ᠬᠡᠷᠡᠭᠳᠠᠢ᠃
ᠬᠤᠷᠢᠨ ᠲᠦᠷᠪᠡᠳᠦᠭᠡᠷ ᠵᠦᠢ᠍ᠯ ᠬᠤᠰᠢᠭᠤ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠨᠢ ᠲᠤᠰ ᠵᠠᠰᠠᠭ ᠵᠠᠬᠢᠷᠭ᠋ᠠᠨ᠎ᠤ ᠤᠷᠤᠨ᠎ᠤ ᠠᠵᠤ ᠦᠢ᠍ᠯᠡᠳᠪᠦᠷᠢ ᠵᠢᠨ ᠪᠠᠢ᠍ᠢ᠍ᠷᠢᠯᠠᠭᠤᠯᠤᠯᠳᠠ ᠪᠠ ᠠᠵᠤ ᠦᠢ᠍ᠯᠡᠰ᠎ᠤᠨ ᠪᠦᠲᠦᠴᠡ ᠵᠢ ᠲᠤᠬᠠᠢ ᠵᠢᠨ ᠭᠠᠵᠠᠷ᠎ᠤᠨ ᠵᠶ᠋ᠠᠨ ᠤᠰᠤᠨ᠎ᠤ ᠡᠬᠢ ᠪᠠᠶᠠᠯᠢᠬ᠎ᠤᠨ ᠨᠦᠭᠦᠴᠡᠯ᠂ ᠤᠰᠤᠨ᠎ᠤ ᠤᠷᠴᠢᠨ ᠲᠤᠭᠤᠷᠢᠨ᠎ᠤ ᠪᠠᠭᠳᠠᠭ᠋ᠠᠮᠵᠢ᠎ᠲᠠᠢ ᠵᠤᠬᠢᠴᠠᠭᠤᠯᠬᠤ ᠬᠡᠷᠡᠭᠳᠠᠢ᠃
ᠤᠰᠤᠨ ᠬᠤᠷᠤᠭᠳᠠᠯ ᠶᠡᠭᠡ᠎ᠲᠠᠢ ᠠᠵᠤ ᠦᠢ᠍ᠯᠡᠳᠪᠦᠷᠢ ᠵᠢᠨ ᠲᠦᠷᠦᠯ ᠵᠦᠢ᠍ᠯ᠎ᠢ ᠰᠢᠨ᠎ᠡ᠎ᠪᠠᠷ ᠪᠠᠢ᠍ᠢ᠍ᠭᠤᠯᠬᠤ᠂ ᠦᠭᠡᠷᠡᠴᠢᠯᠡᠨ ᠪᠠᠢ᠍ᠢ᠍ᠭᠤᠯᠬᠤ᠂ ᠦᠷᠭᠡᠳᠭᠡᠨ ᠪᠠᠢ᠍ᠢ᠍ᠭᠤᠯᠬᠤ᠎ᠳᠤ ᠭᠠᠵᠠᠷ ᠲᠤᠤᠷᠠᠬᠢ ᠤᠰᠤ ᠵᠢ ᠲᠤᠷ᠎ᠠ᠎ᠪᠠᠷ ᠬᠡᠷᠡᠭᠯᠡᠬᠦ ᠵᠢ ᠴᠠᠭ᠋ᠠᠵᠠᠯᠠᠨ᠎ᠠ᠃
ᠨᠢᠭᠡᠨᠳᠡ ᠪᠠᠢ᠍ᠢ᠍ᠭᠤᠯᠤᠭᠰᠠᠨ ᠤᠰᠤᠨ ᠬᠤᠷᠤᠭᠳᠠᠯ ᠶᠡᠭᠡ᠎ᠲᠠᠢ ᠠᠵᠤ ᠦᠢ᠍ᠯᠡᠳᠪᠦᠷᠢ ᠵᠢᠨ ᠲᠦᠷᠦᠯ ᠵᠦᠢ᠍ᠯ᠎ᠳᠤ ᠬᠡᠷᠪᠡ ᠭᠠᠵᠠᠷ ᠲᠤᠤᠷᠠᠬᠢ ᠤᠰᠤ ᠵᠢ ᠬᠡᠷᠡᠭᠯᠡᠭᠰᠡᠨ ᠪᠤᠯ ᠤᠰᠤ ᠠᠷᠪᠢᠯᠠᠬᠤ ᠠᠷᠭ᠎ᠠ ᠬᠡᠮᠵᠢᠶ᠎ᠡ ᠠᠪᠴᠤ᠂ ᠭᠠᠵᠠᠷ ᠲᠤᠤᠷᠠᠬᠢ ᠤᠰᠤ ᠵᠢ ᠨᠡᠭᠡᠭᠡᠨ ᠠᠰᠢᠭᠯᠠᠬᠤ ᠵᠢ ᠠᠯᠬᠤᠮ ᠠᠯᠬᠤᠮ ᠵᠶ᠋ᠠᠷ ᠪᠠᠭ᠋ᠠᠰᠬᠠᠬᠤ ᠬᠡᠷᠡᠭᠳᠠᠢ᠃ ᠨᠦᠭᠦᠴᠡᠯ᠎ᠲᠠᠢ ᠪᠤᠯ ᠭᠠᠵᠠᠷ ᠲᠤᠤᠷᠠᠬᠢ ᠤᠰᠤᠨ᠎ᠤ ᠰᠤᠷᠪᠤᠯᠵᠢ ᠵᠢ ᠬᠡᠪ᠎ᠤᠨ ᠪᠤᠰᠤ ᠤᠰᠤᠨ ᠰᠤᠷᠪᠤᠯᠵᠢ ᠪᠤᠶᠤ ᠭᠠᠵᠠᠷ ᠲᠡᠭᠡᠷᠡᠬᠢ ᠤᠰᠤᠨ ᠰᠤᠷᠪᠤᠯᠵᠢ᠎ᠪᠠᠷ ᠤᠷᠤᠯᠠᠭᠤᠯᠬᠤ ᠬᠡᠷᠡᠭᠳᠠᠢ᠃
ᠬᠤᠷᠢᠨ ᠲᠠᠪᠤᠳᠤᠭ᠋ᠠᠷ ᠵᠦᠢ᠍ᠯ ᠠᠵᠤ ᠦᠢ᠍ᠯᠡᠰ ᠦᠢ᠍ᠯᠡᠳᠪᠤᠷᠢ ᠵᠢᠨ ᠠᠵᠤ ᠠᠬᠤᠢ᠍ᠢ᠍ᠯᠠᠯ᠎ᠨᠢ ᠤᠷᠴᠢᠯ ᠤᠰᠤ ᠬᠡᠷᠡᠭᠯᠡᠬᠦ᠂ ᠴᠢᠨᠠᠷ ᠢᠯᠭ᠋ᠠᠵᠤ ᠤᠰᠤ ᠬᠡᠷᠡᠭᠯᠡᠬᠦ ᠵᠢᠴᠢ ᠬᠠᠶᠠᠭᠳᠠᠮᠠᠯ ᠪᠤᠬᠢᠷᠳᠤᠯ ᠤᠰᠤ ᠵᠢ ᠪᠤᠴᠠᠭ᠋ᠠᠨ ᠠᠰᠢᠭᠯᠠᠬᠤ ᠵᠡᠷᠭᠡ ᠠᠷᠭ᠎ᠠ ᠬᠡᠮᠵᠢᠶ᠎ᠡ᠎ᠪᠠᠷ ᠤᠰᠤ ᠬᠡᠷᠡᠭᠯᠡᠬᠦ ᠲᠠᠩ ᠬᠤᠷᠤᠭᠳᠠᠯ᠎ᠢ ᠲᠤᠷᠤᠭᠰᠢᠯᠠᠭᠤᠯᠵᠤ᠂ ᠤᠰᠤ ᠵᠢ ᠲᠠᠬᠢᠨ ᠠᠰᠢᠭᠯᠠᠬᠤ ᠨᠤᠷᠮ᠎ᠠ ᠵᠢ ᠲᠡᠭᠡᠭᠰᠢᠯᠡᠭᠦᠯᠵᠦ᠂ ᠬᠠᠶᠠᠭᠳᠠᠮᠠᠯ ᠪᠤᠬᠢᠷᠳᠤᠯ ᠤᠰᠤᠨ᠎ᠤ ᠭᠠᠳᠠᠭᠰᠢᠯᠠᠯᠢ ᠪᠠᠭ᠋ᠠᠰᠬᠠᠬᠤ ᠬᠡᠷᠡᠭᠳᠠᠢ᠃
ᠠᠵᠤ ᠦᠢ᠍ᠯᠡᠳᠪᠦᠷᠢ ᠵᠢᠨ ᠠᠵᠤ ᠠᠬᠤᠢ᠍ᠢ᠍ᠯᠠᠯ᠎ᠤᠨ ᠲᠦᠭᠦᠭᠡᠷᠤᠮᠵᠢ ᠵᠢᠨ ᠬᠦᠷᠦᠭᠡᠯ ᠤᠰᠤ᠂ ᠠᠭ᠋ᠠᠷ ᠲᠤᠬᠢᠷᠠᠭᠤᠯᠤᠭᠴᠢ ᠵᠢᠨ ᠬᠦᠷᠦᠭᠡᠯ ᠤᠰᠤ᠂ ᠵᠤᠤᠬ᠎ᠠ ᠵᠢᠨ ᠴᠠᠷᠴᠠᠭ᠋ᠠᠬᠤ ᠤᠰᠤ ᠵᠢ ᠤᠷᠴᠢᠨ ᠬᠡᠷᠡᠭᠯᠡᠬᠦ ᠪᠤᠶᠤ ᠬᠤᠷᠢᠶᠠᠨ ᠠᠪᠴᠤ ᠠᠰᠢᠭᠯᠠᠬᠤ ᠬᠡᠷᠡᠭᠳᠠᠢ᠂ ᠰᠢᠭᠤᠳ ᠭᠠᠳᠠᠭᠰᠢᠯᠠᠭᠤᠯᠵᠤ ᠪᠤᠯᠬᠤ ᠦᠭᠡᠢ᠃
ᠬᠤᠷᠢᠨ ᠵᠢᠷᠭᠤᠳᠤᠭ᠋ᠠᠷ ᠵᠦᠢ᠍ᠯ ᠴᠡᠪᠡᠷ ᠤᠰᠤ᠂ ᠷᠠᠰᠢᠶᠠᠨ ᠤᠰᠤ᠂ ᠤᠮᠳᠠᠭ᠋ᠠᠨ᠂ ᠠᠷᠢᠭᠢ ᠵᠢᠨ ᠲᠦᠷᠦᠯ ᠵᠡᠷᠭᠡ ᠦᠢ᠍ᠯᠡᠳᠭᠦᠨ᠎ᠢ ᠦᠢ᠍ᠯᠡᠳᠪᠦᠷᠢᠯᠡᠬᠦ ᠠᠵᠤ ᠠᠬᠤᠢ᠍ᠢ᠍ᠯᠠᠯ᠎ᠨᠢ ᠤᠰᠤ ᠠᠷᠪᠢᠯᠠᠬᠤ ᠠᠷᠭ᠎ᠠ ᠬᠡᠮᠵᠢᠶ᠎ᠡ ᠵᠢ ᠬᠡᠷᠡᠭᠯᠡᠵᠤ᠂ ᠤᠰᠤᠨ ᠬᠤᠷᠤᠭᠳᠠᠯ᠎ᠢ ᠪᠠᠭ᠋ᠠᠰᠬᠠᠨ᠂ ᠤᠰᠤᠨ᠎ᠤ ᠭᠠᠷᠭ᠋ᠠᠮᠵᠢ ᠵᠢ ᠤᠯᠤᠰ᠎ᠤᠨ ᠪᠠᠷᠢᠮᠵᠢᠶ᠎ᠠ᠎ᠠᠴᠠ ᠲᠤᠤᠷ᠎ᠠ ᠪᠠᠢ᠍ᠢ᠍ᠯᠭ᠋ᠠᠵᠤ ᠪᠤᠯᠬᠤ ᠦᠭᠡᠢ; ᠰᠡᠭᠦᠯ᠎ᠤᠨ ᠤᠰᠤ ᠵᠢ ᠬᠤᠷᠢᠶᠠᠨ ᠠᠪᠴᠤ ᠲᠠᠬᠢᠨ ᠠᠰᠢᠭᠯᠠᠬᠤ ᠬᠡᠷᠡᠭᠲᠠᠢ᠂ ᠰᠢᠭᠤᠳ ᠭᠠᠳᠠᠭᠰᠢᠯᠠᠭᠤᠯᠵᠤ ᠪᠤᠯᠬᠤ ᠦᠭᠡᠢ᠃
ᠬᠤᠷᠢᠨ ᠲᠤᠯᠤᠳᠤᠭ᠋ᠠᠷ ᠵᠦᠢ᠍ᠯ ᠠᠭᠤᠷᠬᠠᠢ ᠮᠠᠯᠳᠠᠬᠤ ᠠᠵᠤ ᠠᠬᠤᠢ᠍ᠢ᠍ᠯᠠᠯ᠎ᠨᠢ ᠤᠰᠤ ᠠᠷᠪᠢᠯᠠᠬᠤ ᠲᠦᠰᠦᠯ ᠲᠤᠭᠳᠠᠭ᠋ᠠᠵᠤ᠂ ᠬᠡᠮᠵᠢᠯᠳᠡ ᠵᠢᠨ ᠪᠡᠯᠡᠳᠭᠡᠮᠵᠢ ᠤᠭᠰᠠᠷᠠᠭᠤᠯᠬᠤ ᠬᠡᠷᠡᠭᠳᠠᠢ᠃ ᠨᠦᠭᠦᠴᠡᠯ᠎ᠲᠠᠢ ᠭᠠᠵᠠᠷ ᠤᠷᠤᠨ᠎ᠨᠢ ᠬᠠᠭᠤᠷᠠᠢ᠍ᠢ᠍ᠳᠠᠭᠤᠯᠬᠤᠪᠠᠷ ᠳᠠᠷᠬᠠᠭ᠋ᠠᠭᠰᠠᠨ ᠤᠰᠤ ᠵᠢ ᠬᠤᠷᠢᠶᠠᠨ ᠠᠪᠴᠤ ᠲᠠᠬᠢᠨ ᠠᠰᠢᠭᠯᠠᠬᠤ ᠬᠡᠷᠡᠭᠳᠠᠢ᠃
ᠠᠭᠤᠷᠬᠠᠢ ᠮᠠᠯᠳᠠᠬᠤ ᠠᠵᠤ ᠠᠬᠤᠢ᠍ᠢ᠍ᠯᠠᠯ᠎ᠨᠢ ᠬᠠᠭᠤᠷᠠᠢ᠍ᠢ᠍ᠳᠠᠭᠤᠯᠬᠤᠪᠠᠷ ᠤᠰᠤ ᠭᠠᠳᠠᠭᠰᠢᠯᠠᠭᠤᠯᠬᠤ᠎ᠠᠴᠠ ᠪᠤᠯᠵᠤ ᠭᠠᠵᠠᠷ ᠲᠤᠤᠷᠠᠬᠢ ᠤᠰᠤᠨ᠎ᠤ ᠲᠦᠪᠰᠢᠨ᠎ᠢ ᠲᠤᠷᠤᠭᠰᠢᠯᠠᠭᠤᠯᠤᠭᠰᠠᠨ᠂ ᠤᠰᠤᠨ ᠰᠤᠷᠪᠤᠯᠵᠢ ᠰᠢᠷᠭᠢᠭᠰᠡᠨ ᠪᠤᠶᠤ ᠭᠠᠵᠠᠷ᠎ᠤᠨ ᠭᠠᠳᠠᠷᠭᠤ ᠨᠤᠷᠠᠭᠰᠠᠨ ᠪᠤᠯ ᠨᠦᠬᠦᠵᠤ ᠵᠠᠰᠠᠬᠤ ᠠᠷᠭ᠎ᠠ ᠬᠡᠮᠵᠢᠶ᠎ᠡ ᠠᠪᠬᠤ ᠬᠡᠷᠡᠭᠳᠠᠢ; ᠪᠤᠰᠤᠳ ᠬᠦᠮᠦᠨ᠎ᠤ ᠠᠮᠢᠳᠤᠷᠠᠯ ᠪᠠ ᠦᠢ᠍ᠯᠡᠳᠪᠦᠷᠢᠯᠡᠯ᠎ᠳᠤ ᠬᠤᠬᠢᠷᠠᠯ ᠤᠴᠠᠷᠠᠭᠤᠯᠤᠭᠰᠠᠨ ᠪᠤᠯ ᠬᠠᠤᠯᠢ ᠶᠤᠰᠤᠭ᠋ᠠᠷ ᠲᠦᠯᠦᠪᠦᠷᠢ ᠦᠭᠬᠦ ᠬᠡᠷᠡᠭᠳᠠᠢ᠃
ᠬᠤᠷᠢᠨ ᠨᠠᠢ᠍ᠮᠠᠳᠤᠭ᠋ᠠᠷ ᠵᠦᠢ᠍ᠯ ᠪᠦᠳᠦᠭᠡᠨ ᠪᠠᠢ᠍ᠢ᠍ᠭᠤᠯᠤᠯᠳᠠ ᠵᠢᠨ ᠪᠠᠷᠢᠯᠭ᠎ᠠ ᠵᠢᠨ ᠨᠢᠭᠡᠴᠢ᠎ᠨᠢ ᠢᠨᠵᠧᠨᠧᠷᠢᠩ ᠪᠠ ᠮᠡᠷᠭᠡᠵᠢᠯ᠎ᠤᠨ ᠠᠷᠭ᠎ᠠ ᠬᠡᠮᠵᠢᠶ᠎ᠡ ᠠᠪᠴᠤ᠂ ᠪᠠᠷᠢᠯᠭ᠎ᠠ ᠵᠢᠨ ᠤᠰᠤᠨ ᠭᠠᠳᠠᠭᠰᠢᠯᠠᠯᠢ ᠪᠠᠭ᠋ᠠᠰᠬᠠᠬᠤ ᠬᠡᠷᠡᠭᠳᠠᠢ᠃ ᠨᠦᠭᠦᠴᠡᠯ᠎ᠲᠠᠢ ᠪᠤᠯ ᠪᠠᠷᠢᠯᠭ᠎ᠠ ᠵᠢᠨ ᠤᠰᠤᠨ ᠭᠠᠳᠠᠭᠰᠢᠯᠠᠯᠢ ᠬᠤᠷᠢᠶᠠᠨ ᠠᠪᠴᠤ ᠲᠠᠬᠢᠨ ᠠᠰᠢᠭᠯᠠᠬᠤ ᠬᠡᠷᠡᠭᠳᠠᠢ᠃
ᠬᠤᠷᠢ ᠶᠢᠰᠦᠳᠦᠭᠡᠷ ᠵᠦᠢ᠍ᠯ ᠤᠰᠤ ᠬᠡᠷᠡᠭᠯᠡᠬᠦ ᠠᠵᠤ ᠠᠬᠤᠢ᠍ᠢ᠍ᠯᠠᠯ᠎ᠨᠢ ᠭᠤᠷᠪᠠ᠎ᠠᠴᠠ ᠲᠠᠪᠤᠨ ᠵᠢᠯ ᠪᠦᠷᠢ ᠨᠢᠭᠡ ᠤᠳᠠᠭ᠎ᠠ ᠤᠰᠤᠨ ᠲᠡᠨᠭᠴᠡᠭᠦᠷᠢ ᠵᠢᠨ ᠰᠤᠷᠢᠯᠳᠠ ᠬᠢᠬᠦ ᠬᠡᠷᠡᠭᠳᠠᠢ᠃ ᠪᠦᠳᠦᠭᠡᠭᠳᠡᠭᠦᠨ᠎ᠤ ᠪᠦᠳᠦᠴᠡ ᠪᠤᠶᠤ ᠦᠢ᠍ᠯᠡᠳᠪᠦᠷᠢᠯᠡᠬᠦ᠂ ᠤᠰᠤ ᠬᠡᠷᠡᠭᠯᠡᠬᠦ ᠤᠷᠠᠨ ᠮᠡᠷᠭᠡᠰᠢᠯ᠎ᠨᠢ ᠬᠤᠪᠢᠷᠠᠯᠳᠠ ᠭᠠᠷᠪᠠᠯ᠂ ᠤᠰᠤ ᠬᠡᠷᠡᠭᠯᠡᠬᠦ ᠨᠢᠭᠡᠴᠢ᠎ᠨᠢ ᠬᠠᠭ᠋ᠠᠰ ᠵᠢᠯ᠎ᠤᠨ ᠲᠤᠳᠤᠷ᠎ᠠ ᠲᠠᠬᠢᠨ ᠰᠤᠷᠢᠯᠳᠠ ᠬᠢᠬᠦ ᠬᠡᠷᠡᠭᠳᠠᠢ᠃ ᠰᠤᠷᠢᠯᠳᠠ ᠬᠢᠭᠰᠡᠨ ᠦᠷ᠎ᠡ ᠳ᠋ᠦ᠍ᠢ᠍ᠩ ᠵᠶ᠋ᠠᠨ ᠬᠠᠮᠢᠶᠠᠷᠬᠤ ᠡᠷᠬᠡ᠎ᠲᠠᠢ ᠬᠤᠰᠢᠭᠤ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠭᠦᠯᠬᠦ ᠬᠡᠷᠡᠭᠳᠠᠢ᠃
ᠭᠤᠴᠢᠳᠤᠭ᠋ᠠᠷ ᠵᠦᠢ᠍ᠯ ᠠᠵᠤ ᠦᠢ᠍ᠯᠡᠳᠪᠦᠷᠢ ᠵᠢᠨ ᠬᠦᠷᠢᠶᠡᠯᠡᠩ ᠲᠤᠭᠤᠷᠢᠭ᠂ ᠠᠵᠤ ᠠᠬᠤᠢ ᠮᠡᠷᠭᠡᠵᠢᠯ᠎ᠤᠨ ᠨᠡᠬᠡᠬᠡᠯᠳᠡ ᠵᠢᠨ ᠤᠷᠤᠨ᠂ ᠲᠡᠭᠡᠳᠦ ᠰᠢᠨ᠎ᠡ ᠮᠡᠷᠭᠡᠵᠢᠯ᠎ᠤᠨ ᠨᠡᠬᠡᠬᠡᠯᠳᠡ ᠵᠢᠨ ᠤᠷᠤᠨ ᠵᠡᠷᠭᠡ ᠡᠯ᠎ᠡ ᠲᠦᠷᠦᠯ᠎ᠤᠨ ᠨᠡᠬᠡᠬᠡᠯᠳᠡ ᠵᠢᠨ ᠤᠷᠤᠨ᠎ᠨᠢ ᠤᠰᠤᠨ᠎ᠤ ᠡᠬᠢ ᠪᠠᠶᠠᠯᠢᠬ᠎ᠢ ᠲᠦᠯᠦᠪᠵᠢᠭᠦᠯᠬᠦ ᠨᠤᠳᠠᠯᠠᠯᠳᠠ ᠵᠢᠨ ᠮᠡᠳᠡᠭᠦᠯᠦᠯᠳᠡ ᠵᠢᠨ ᠪᠢᠴᠢᠭ ᠪᠢᠴᠢᠵᠤ᠂ ᠤᠰᠤ ᠬᠠᠨᠭ᠌ᠭ᠋ᠠᠬᠤ᠂ ᠤᠰᠤ ᠬᠡᠷᠡᠭᠯᠡᠬᠦ᠂ ᠤᠰᠤ ᠭᠠᠳᠠᠭᠰᠢᠯᠠᠭᠤᠯᠬᠤ ᠵᠢ ᠨᠢᠭᠡᠳᠦᠯᠳᠠᠢ ᠬᠠᠮᠢᠶᠠᠷᠬᠤ ᠬᠡᠷᠡᠭᠳᠠᠢ᠃
ᠭᠤᠴᠢᠨ ᠨᠢᠭᠡᠳᠦᠭᠡᠷ ᠵᠦᠢ᠍ᠯ ᠦᠢ᠍ᠯᠡᠴᠢᠯᠡᠭᠡᠨ᠎ᠤ ᠦᠢ᠍ᠯᠡᠰ᠎ᠨᠢ ᠨᠢᠭᠡ ᠤᠰᠤ ᠵᠢ ᠤᠯᠠᠨ ᠬᠡᠷᠡᠭᠯᠡᠭᠡᠨ᠎ᠳᠤ ᠬᠡᠷᠡᠭᠯᠡᠬᠦ᠂ ᠤᠰᠤ ᠵᠢ ᠤᠷᠴᠢᠨ ᠬᠡᠷᠡᠭᠯᠡᠬᠦ ᠵᠡᠷᠭᠡ ᠤᠰᠤ ᠵᠢ ᠠᠷᠪᠢᠯᠠᠨ ᠬᠡᠷᠡᠭᠯᠡᠬᠦ ᠠᠷᠭ᠎ᠠ ᠬᠡᠮᠵᠢᠶ᠎ᠡ ᠵᠢ ᠠᠪᠬᠤ ᠬᠡᠷᠡᠭᠳᠠᠢ᠃
ᠤᠰᠤᠨ᠎ᠤ ᠡᠬᠢ ᠪᠠᠶᠠᠯᠢᠬ ᠵᠶ᠋ᠠᠷ ᠲᠤᠳᠠᠮᠠᠬ ᠪᠤᠶᠤ ᠭᠠᠵᠠᠷ ᠲᠤᠤᠷᠠᠬᠢ ᠤᠰᠤ ᠵᠢ ᠬᠡᠳᠦᠷᠡᠭᠦᠯᠦᠨ ᠠᠰᠢᠭᠯᠠᠭᠰᠠᠨ ᠤᠷᠤᠨ᠎ᠳᠤ ᠤᠰᠤᠨ ᠬᠤᠷᠤᠭᠳᠠᠯ ᠶᠡᠭᠡ᠎ᠲᠠᠢ ᠦᠢ᠍ᠯᠡᠴᠢᠯᠡᠭᠡᠨ᠎ᠤ ᠦᠢ᠍ᠯᠡᠰ᠎ᠤᠨ ᠲᠦᠷᠦᠯ ᠵᠦᠢ᠍ᠯ᠎ᠢ ᠬᠢᠵᠠᠭ᠋ᠠᠷᠯᠠᠨ᠎ᠠ᠃
ᠤᠬᠢᠶᠠᠯ᠂ ᠲᠡᠷᠬᠡ ᠤᠬᠢᠶᠠᠬᠤ᠂ ᠤᠰᠤᠨ ᠲᠡᠭᠡᠷᠡᠬᠢ ᠲᠤᠭᠯᠠᠭ᠋ᠠᠮ᠂ ᠤᠮᠪᠠᠯᠳᠠ ᠵᠢᠨ ᠲᠠᠯᠠᠪᠦᠷ᠂ ᠭᠤᠯᠹ ᠪᠦᠮᠪᠦᠭᠡᠨ ᠲᠠᠯᠠᠪᠦᠷ ᠪᠠ ᠬᠦᠮᠦᠨ᠎ᠤ ᠬᠦᠴᠦᠨ᠎ᠤ ᠴᠠᠰᠤᠨ᠎ᠳᠤ ᠭᠤᠯᠭᠤᠬᠤ ᠲᠠᠯᠠᠪᠦᠷ ᠵᠡᠷᠭᠡ ᠡᠵᠡᠨᠭᠨᠡᠯᠳᠡ ᠵᠢᠨ ᠲᠠᠯᠠᠪᠦᠷ᠎ᠨᠢ ᠤᠰᠤ ᠠᠷᠪᠢᠯᠠᠬᠤ ᠮᠡᠷᠭᠡᠵᠢᠯ᠎ᠢ ᠬᠡᠷᠡᠭᠯᠡᠵᠤ᠂ ᠤᠰᠤ ᠠᠷᠪᠢᠯᠠᠬᠤ ᠪᠡᠯᠡᠳᠭᠡᠮᠵᠢ ᠵᠢ ᠤᠭᠰᠠᠷᠠᠭᠤᠯᠬᠤ ᠬᠡᠷᠡᠭᠳᠠᠢ᠃
ᠭᠤᠴᠢᠨ ᠬᠤᠶᠠᠳᠤᠭ᠋ᠠᠷ ᠵᠦᠢ᠍ᠯ ᠲᠦᠭᠡᠭᠡᠭᠦᠷ ᠤᠰᠤ ᠬᠠᠨᠭ᠌ᠭ᠋ᠠᠬᠤ ᠠᠵᠤ ᠠᠬᠤᠢ᠍ᠢ᠍ᠯᠠᠯ ᠪᠠ ᠤᠰᠤ ᠬᠠᠨᠭ᠌ᠭ᠋ᠠᠬᠤ ᠪᠡᠯᠡᠳᠭᠡᠮᠵᠢ ᠵᠢ ᠦᠪᠡᠷᠳᠡᠭᠡᠨ ᠪᠠᠢ᠍ᠢ᠍ᠭᠤᠯᠤᠭᠰᠠᠨ ᠠᠵᠤ ᠠᠬᠤᠢ᠍ᠢ᠍ᠯᠠᠯ᠎ᠨᠢ ᠲᠡᠭᠦᠨ᠎ᠤ ᠬᠠᠮᠢᠶᠠᠷᠴᠤ ᠪᠠᠢ᠍ᠢ᠍ᠭ᠎ᠠ ᠤᠰᠤ ᠬᠠᠨᠭ᠌ᠭ᠋ᠠᠯᠳᠠᠳᠤ ᠲᠤᠰᠬᠠᠢ᠍ᠢ᠍ᠯᠠᠨ ᠬᠡᠷᠡᠭᠯᠡᠬᠦ ᠤᠰᠤᠨ ᠴᠦᠬᠦᠷᠤᠮ᠂ ᠤᠰᠤ ᠲᠠᠳᠠᠬᠤ ᠰᠤᠪᠠᠭ᠂ ᠤᠰᠤ ᠠᠪᠬᠤ ᠠᠮᠠᠰᠠᠷ᠂ ᠬᠦᠭᠡᠷᠭᠡ ᠵᠢᠨ ᠦᠷᠳᠡᠭᠡ᠂ ᠬᠤᠳᠳᠤᠭ᠂ ᠤᠰᠤ ᠲᠠᠮᠵᠢᠭᠤᠯᠬᠤ (ᠲᠤᠬᠢᠷᠠᠭᠤᠯᠬᠤ) ᠬᠤᠭᠤᠯᠠᠢ᠂ ᠡᠷᠦᠬᠡᠨ᠎ᠳᠤ ᠤᠷᠤᠬᠤ ᠤᠰᠤᠨ ᠴᠠᠭ᠂ ᠤᠰᠤ ᠴᠡᠪᠡᠷᠰᠢᠭᠦᠯᠬᠦ (ᠲᠤᠬᠢᠷᠠᠭᠤᠯᠬᠤ) ᠦᠢ᠍ᠯᠡᠳᠪᠦᠷᠢ᠂ ᠨᠡᠢ᠍ᠢ᠍ᠳᠡ ᠬᠡᠷᠡᠭᠯᠡᠭᠡᠨ᠎ᠤ ᠤᠰᠤᠨ ᠦᠷᠳᠡᠭᠡ ᠵᠡᠷᠭᠡ ᠪᠡᠯᠡᠳᠭᠡᠮᠵᠢ᠎ᠪᠠᠨ ᠲᠤᠭᠳᠠᠮᠠᠯ ᠬᠤᠭᠤᠴᠠᠭ᠎ᠠ᠎ᠲᠠᠢ᠎ᠪᠠᠷ ᠪᠠᠢ᠍ᠢ᠍ᠴᠠᠭ᠋ᠠᠨ ᠰᠠᠯᠪᠢᠵᠤ᠂ ᠤᠰᠤ ᠬᠠᠨᠭ᠌ᠭ᠋ᠠᠬᠤ ᠪᠡᠯᠡᠳᠭᠡᠮᠵᠢ ᠵᠢᠨ ᠭᠤᠭᠤᠵᠢᠵᠤ ᠤᠷᠤᠰᠬᠤ ᠨᠤᠷᠮ᠎ᠠ ᠵᠢ ᠲᠤᠷᠤᠭᠰᠢᠯᠠᠭᠤᠯᠬᠤ ᠬᠡᠷᠡᠭᠳᠠᠢ᠃
ᠭᠤᠴᠢᠨ ᠭᠤᠷᠪᠠᠳᠤᠭ᠋ᠠᠷ ᠵᠦᠢ᠍ᠯ ᠴᠡᠴᠡᠷᠯᠢᠭ᠎ᠤᠨ ᠨᠤᠭᠤᠭ᠋ᠠᠷᠠᠭᠤᠯᠤᠯᠳᠠ᠂ ᠤᠷᠴᠢᠨ ᠲᠤᠭᠤᠷᠢᠨ᠎ᠤ ᠠᠷᠢᠭᠤᠨ ᠴᠡᠪᠡᠷ᠂ ᠭᠠᠯ ᠰᠡᠷᠭᠡᠢ᠍ᠢ᠍ᠯᠡᠵᠤ ᠭᠠᠯ ᠤᠨᠳᠠᠷᠠᠭ᠋ᠠᠵᠤ᠂ ᠪᠦᠳᠦᠭᠡᠨ ᠪᠠᠢ᠍ᠢ᠍ᠭᠤᠯᠬᠤ ᠪᠠᠷᠢᠯᠭ᠎ᠠ ᠵᠢᠨ ᠤᠰᠤ ᠬᠡᠷᠡᠭᠯᠡᠬᠦ᠎ᠳᠤ ᠲᠠᠬᠢᠯᠳᠠ ᠤᠰᠤ ᠬᠢᠭᠡᠳ ᠪᠤᠷᠤᠭ᠋ᠠᠨ ᠪᠠ ᠦᠶᠡᠷ᠎ᠤᠨ ᠤᠰᠤ ᠵᠢ ᠤᠷᠢᠳ ᠵᠶ᠋ᠠᠷ ᠬᠡᠷᠡᠭᠯᠡᠬᠦ ᠬᠡᠷᠡᠭᠳᠠᠢ᠃
ᠴᠡᠴᠡᠷᠯᠢᠭ᠎ᠤᠨ ᠨᠤᠭᠤᠭ᠋ᠠᠷᠠᠭᠤᠯᠤᠯᠳᠠ᠎ᠳᠤ ᠲᠤᠬᠠᠢ ᠵᠢᠨ ᠭᠠᠵᠠᠷ᠎ᠤᠨ ᠵᠶ᠋ᠠᠨ ᠴᠠᠭ ᠠᠭᠤᠷ᠎ᠤᠨ ᠨᠦᠭᠦᠴᠡᠯ᠎ᠳᠤ ᠵᠤᠬᠢᠴᠠᠭᠰᠠᠨ ᠭᠠᠨᠭ᠌ᠰᠠᠭ ᠮᠤᠳᠤ᠂ ᠴᠡᠴᠡᠭ ᠡᠪᠡᠰᠤ ᠵᠢ ᠰᠤᠩᠭᠤᠵᠦ᠂ ᠰᠦᠷᠴᠢᠨ ᠤᠰᠤᠯᠠᠬᠤ᠂ ᠰᠡᠪᠡᠷᠡᠭᠦᠨ ᠤᠰᠤᠯᠠᠬᠤ ᠵᠡᠷᠭᠡ ᠤᠰᠤ ᠠᠷᠪᠢᠯᠠᠵᠤ ᠤᠰᠤᠯᠠᠬᠤ ᠬᠡᠯᠪᠡᠷᠢ ᠵᠢ ᠲᠡᠯᠭᠡᠷᠡᠭᠦᠯᠦᠨ ᠬᠡᠷᠡᠭᠯᠡᠬᠦ ᠬᠡᠷᠡᠭᠳᠠᠢ᠂ ᠦᠶᠡᠷᠯᠡᠭᠦᠯᠦᠨ ᠤᠰᠤᠯᠠᠬᠤ ᠵᠡᠷᠭᠡ ᠤᠰᠤᠨ ᠬᠤᠷᠤᠭᠳᠠᠯ ᠶᠡᠬᠡᠲᠠᠢ ᠤᠰᠤᠯᠠᠯᠳᠠ ᠵᠢᠨ ᠬᠡᠯᠪᠡᠷᠢ ᠵᠢ ᠬᠡᠷᠡᠭᠯᠡᠵᠤ ᠪᠤᠯᠬᠤ ᠦᠭᠡᠢ᠃
ᠭᠠᠵᠠᠷ ᠲᠤᠤᠷᠠᠬᠢ ᠤᠰᠤ᠂ ᠲᠦᠭᠡᠭᠡᠭᠦᠷ ᠤᠰᠤ ᠵᠢ ᠦᠵᠡᠮᠵᠢᠳᠤ ᠭᠤᠤᠯ᠂ ᠬᠦᠮᠦᠨ᠎ᠤ ᠬᠦᠴᠦᠨ᠎ᠤ ᠨᠠᠭᠤᠷ᠎ᠤᠨ ᠬᠡᠷᠡᠭᠯᠡᠬᠦ ᠤᠰᠤ ᠪᠤᠯᠭ᠋ᠠᠬᠤ ᠵᠢ ᠴᠠᠭ᠋ᠠᠵᠠᠯᠠᠨ᠎ᠠ᠃
ᠭᠤᠴᠢᠨ ᠲᠦᠷᠪᠡᠳᠦᠭᠡᠷ ᠵᠦᠢ᠍ᠯ ᠵᠤᠴᠢᠳ᠎ᠤᠨ ᠪᠠᠭᠤᠳᠠᠯ᠂ ᠬᠤᠭᠤᠯᠠᠨ ᠭᠡᠷ᠂ ᠰᠠᠭᠤᠭ᠋ᠠᠯᠢ ᠠᠷᠠᠳ᠎ᠤᠨ ᠲᠤᠭᠤᠷᠢᠭ᠂ ᠰᠤᠷᠭ᠋ᠠᠭᠤᠯᠢ᠂ ᠠᠵᠤ ᠠᠬᠤᠢ᠍ᠢ᠍ᠯᠠᠯ ᠠᠵᠤ ᠦᠢ᠍ᠯᠡᠰ᠎ᠤᠨ ᠨᠢᠭᠡᠴᠢ ᠪᠠ ᠲᠦᠷᠦ ᠵᠢᠨ ᠪᠠᠢ᠍ᠢ᠍ᠭᠤᠯᠭᠠᠨᠤᠭᠤᠳᠨᠢ ᠲᠤᠮᠳᠠ ᠵᠡᠷᠭᠡ ᠵᠢᠨ ᠤᠰᠤ ᠵᠢ ᠪᠤᠴᠠᠭ᠋ᠠᠨ ᠠᠰᠢᠭᠯᠠᠬᠤ ᠰᠢᠰᠲ᠋ᠧᠮ ᠪᠠ ᠪᠤᠷᠤᠭ᠋ᠠᠨ᠎ᠤ ᠤᠰᠤ ᠵᠢ ᠬᠤᠷᠢᠶᠠᠨ ᠬᠠᠳᠠᠭ᠋ᠠᠯᠠᠵᠤ ᠠᠰᠢᠭᠯᠠᠬᠤ ᠪᠡᠯᠡᠳᠭᠡᠮᠵᠢ ᠵᠢ ᠠᠯᠬᠤᠮ ᠠᠯᠬᠤᠮ ᠵᠶ᠋ᠠᠷ ᠪᠠᠢ᠍ᠢ᠍ᠭᠤᠯᠬᠤ ᠬᠡᠷᠡᠭᠳᠠᠢ᠃
ᠤᠰᠤ ᠬᠡᠷᠡᠭᠯᠡᠬᠦ ᠨᠢᠭᠡᠴᠢ ᠪᠠ ᠬᠤᠪᠢ ᠬᠦᠮᠦᠨ᠎ᠨᠢ ᠤᠰᠤ ᠬᠡᠷᠡᠭᠯᠡᠬᠦ ᠲᠦᠭᠦᠭᠡᠷᠤᠮᠵᠢ ᠵᠢ ᠰᠡᠯᠪᠢᠨ ᠵᠠᠰᠠᠵᠤ ᠠᠷᠠᠴᠢᠯᠠᠬᠤ᠎ᠪᠠᠨ ᠴᠢᠨᠭ᠌ᠭ᠋ᠠᠳᠬᠠᠵᠤ᠂ ᠤᠰᠤ ᠭᠤᠭᠤᠵᠢᠵᠤ ᠤᠷᠤᠰᠬᠤ ᠵᠢ ᠰᠡᠷᠭᠡᠢ᠍ᠢ᠍ᠯᠡᠬᠦ ᠬᠡᠷᠡᠭᠳᠠᠢ᠃
ᠭᠤᠴᠢᠨ ᠲᠠᠪᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠨᠢ ᠬᠤᠳᠠ ᠪᠠᠯᠭ᠋ᠠᠰᠤᠨ᠎ᠤ ᠪᠤᠬᠢᠷᠳᠤᠯ ᠤᠰᠤ ᠵᠢ ᠰᠢᠢ᠍ᠳᠪᠦᠷᠢᠯᠡᠬᠦ ᠪᠠ ᠲᠠᠬᠢᠯᠳᠠ ᠤᠰᠤ ᠵᠢ ᠠᠰᠢᠭᠯᠠᠬᠤ ᠪᠡᠯᠡᠳᠭᠡᠮᠵᠢ ᠵᠢᠨ ᠪᠠᠢ᠍ᠢ᠍ᠭᠤᠯᠤᠯᠳᠠ᠎ᠪᠠᠨ ᠴᠢᠨᠭ᠌ᠭ᠋ᠠᠳᠬᠠᠵᠤ᠂ ᠤᠯᠠᠨ ᠨᠡᠢ᠍ᠢ᠍ᠳᠡ ᠵᠢᠨ ᠲᠠᠬᠢᠯᠳᠠ ᠤᠰᠤ ᠵᠢ ᠪᠤᠴᠠᠭ᠋ᠠᠨ ᠠᠰᠢᠭᠯᠠᠬᠤ ᠬᠤᠭᠤᠯᠠᠢ ᠲᠤᠤᠷ᠎ᠤᠨ ᠪᠠᠢ᠍ᠢ᠍ᠭᠤᠯᠤᠯᠳᠠ᠎ᠪᠠᠨ ᠲᠡᠭᠦᠯᠳᠡᠷᠵᠢᠭᠦᠯᠵᠦ᠂ ᠠᠳᠠᠯᠢ ᠪᠤᠰᠤ ᠤᠰᠤ ᠬᠡᠷᠡᠭᠯᠡᠬᠦ ᠬᠡᠷᠡᠭᠴᠡᠭᠡ ᠵᠢ ᠦᠨᠳᠦᠰᠦᠯᠡᠨ᠂ ᠴᠢᠨᠠᠷ ᠢᠯᠭ᠋ᠠᠵᠤ ᠤᠰᠤ ᠬᠠᠨᠭ᠌ᠭ᠋ᠠᠬᠤ ᠵᠢ ᠠᠯᠬᠤᠮ ᠠᠯᠬᠤᠮ ᠵᠶ᠋ᠠᠷ ᠬᠡᠷᠡᠭᠵᠢᠭᠦᠯᠬᠦ ᠬᠡᠷᠡᠭᠳᠠᠢ᠃
ᠬᠤᠳᠠ ᠪᠠᠯᠭ᠋ᠠᠰᠤᠨ᠎ᠤ ᠰᠢᠨ᠎ᠡ ᠲᠤᠭᠤᠷᠢᠭ᠎ᠢ ᠪᠠᠢ᠍ᠢ᠍ᠭᠤᠯᠬᠤ᠂ ᠬᠠᠭᠤᠴᠢᠨ ᠬᠤᠳᠠ ᠵᠢ ᠦᠭᠡᠷᠡᠴᠢᠯᠡᠨ ᠪᠠᠢ᠍ᠢ᠍ᠭᠤᠯᠬᠤ᠂ ᠬᠤᠳᠠ ᠵᠢᠨ ᠶᠠᠪᠤᠳᠠᠯ᠎ᠤᠨ ᠰᠠᠭᠤᠷᠢ ᠪᠡᠯᠡᠳᠭᠡᠮᠵᠢ ᠵᠢ ᠪᠦᠳᠦᠭᠡᠨ ᠪᠠᠢ᠍ᠢ᠍ᠭᠤᠯᠬᠤ᠎ᠳᠤ᠂ ᠤᠰᠤ ᠨᠠᠪᠴᠢᠭᠦ ᠭᠠᠵᠠᠷ᠎ᠤᠨ ᠭᠠᠳᠠᠷᠭᠤ ᠪᠠ ᠪᠤᠷᠤᠭ᠋ᠠᠨ᠎ᠤ ᠤᠰᠤ ᠵᠢ ᠬᠤᠷᠢᠶᠠᠨ ᠬᠠᠳᠠᠭ᠋ᠠᠯᠠᠵᠤ ᠠᠰᠢᠭᠯᠠᠬᠤ ᠪᠡᠯᠡᠳᠭᠡᠮᠵᠢ ᠵᠢ ᠪᠠᠢ᠍ᠢ᠍ᠭᠤᠯᠬᠤ ᠬᠡᠷᠡᠭᠳᠠᠢ᠃
ᠭᠤᠴᠢᠨ ᠵᠢᠷᠭᠤᠳᠤᠭ᠋ᠠᠷ ᠵᠦᠢ᠍ᠯ ᠦᠪᠡᠷᠳᠡᠭᠡᠨ ᠵᠠᠰᠠᠬᠤ ᠤᠷᠤᠨ᠎ᠠᠴᠠ ᠠᠵᠤ ᠠᠬᠤᠢ᠍ᠢ᠍ᠯᠠᠯ ᠠᠵᠢᠯ ᠦᠢ᠍ᠯᠡᠰ᠎ᠤᠨ ᠨᠢᠭᠡᠴᠢ ᠪᠠ ᠬᠤᠪᠢ ᠬᠦᠮᠦᠨ᠎ᠤ ᠪᠡᠯᠡ ᠤᠷᠤᠭᠤᠯᠵᠤ ᠪᠤᠬᠢᠷᠳᠤᠯ ᠤᠰᠤ ᠵᠢ ᠰᠢᠢ᠍ᠳᠪᠦᠷᠢᠯᠡᠬᠦ᠂ ᠲᠠᠬᠢᠯᠳᠠ ᠤᠰᠤ ᠵᠢ ᠠᠰᠢᠭᠯᠠᠬᠤ᠂ ᠠᠭᠤᠷᠬᠠᠢ ᠵᠢᠨ ᠤᠷᠤᠨ᠎ᠤ ᠬᠠᠭᠤᠷᠠᠢ᠍ᠢ᠍ᠳᠠᠭᠤᠯᠬᠤᠪᠠᠷ ᠲᠠᠷᠬᠠᠭ᠋ᠠᠭᠰᠠᠨ ᠤᠰᠤ ᠵᠢ ᠠᠰᠢᠭᠯᠠᠬᠤ᠂ ᠪᠠᠷᠢᠯᠭ᠎ᠠ ᠵᠢᠨ ᠭᠠᠳᠠᠭᠰᠢᠯᠠᠯ ᠤᠰᠤ ᠵᠢ ᠠᠰᠢᠭᠯᠠᠬᠤ ᠪᠠ ᠪᠤᠷᠤᠭ᠋ᠠᠨ᠎ᠤ ᠤᠰᠤ ᠵᠢ ᠬᠤᠷᠢᠶᠠᠨ ᠬᠠᠳᠠᠭ᠋ᠠᠯᠠᠵᠤ ᠠᠰᠢᠭᠯᠠᠬᠤ ᠢᠨᠵᠧᠨᠧᠷᠢᠩ᠎ᠳᠤ ᠪᠡᠯᠡ ᠤᠷᠤᠭᠤᠯᠵᠦ ᠪᠠᠢ᠍ᠢ᠍ᠭᠤᠯᠬᠤ ᠵᠢ ᠵᠤᠷᠢᠬ᠍ᠵᠢᠭᠤᠯᠤᠨ ᠲᠡᠮᠵᠢᠵᠦ᠂ ᠬᠡᠪ᠎ᠤᠨ ᠪᠤᠰᠤ ᠤᠰᠤᠨ ᠰᠤᠷᠪᠤᠯᠵᠢ ᠵᠢ ᠠᠰᠢᠭᠯᠠᠬᠤ ᠨᠤᠷᠮ᠎ᠠ ᠵᠢ ᠲᠡᠭᠡᠭᠰᠢᠯᠡᠭᠦᠯᠦᠨ᠎ᠡ᠃
ᠭᠤᠴᠢᠨ ᠲᠤᠯᠤᠳᠤᠭ᠋ᠠᠷ ᠵᠦᠢ᠍ᠯ ᠦᠪᠡᠷᠳᠡᠭᠡᠨ ᠵᠠᠰᠠᠬᠤ ᠤᠷᠤᠨ᠎ᠠᠴᠠ ᠤᠰᠤ ᠠᠪᠬᠤ ᠡᠷᠬᠡ ᠵᠢ ᠬᠠᠤᠯᠢ ᠶᠤᠰᠤᠭ᠋ᠠᠷ ᠤᠯᠤᠭᠰᠠᠨ ᠨᠢᠭᠡᠴᠢ ᠪᠠ ᠬᠤᠪᠢ ᠬᠦᠮᠦᠨ᠎ᠤ ᠠᠵᠤ ᠦᠢ᠍ᠯᠡᠰ᠂ ᠪᠦᠳᠦᠭᠡᠭᠳᠡᠭᠦᠨ᠎ᠤ ᠪᠦᠳᠦᠴᠡ᠎ᠪᠠᠨ ᠲᠤᠬᠢᠷᠠᠭᠤᠯᠬᠤ ᠪᠠ ᠤᠷᠠᠨ ᠮᠡᠷᠭᠡᠰᠢᠯ ᠵᠶ᠋ᠠᠨ ᠦᠭᠡᠷᠡᠴᠢᠯᠡᠬᠦ ᠵᠡᠷᠭᠡ ᠤᠰᠤ ᠠᠷᠪᠢᠯᠠᠬᠤ ᠠᠷᠭ᠎ᠠ ᠬᠡᠮᠵᠢᠶ᠎ᠡ᠎ᠪᠠᠷ ᠳᠠᠮᠵᠢᠭᠤᠯᠤᠨ ᠤᠰᠤᠨ᠎ᠤ ᠡᠬᠢ ᠪᠠᠶᠠᠯᠢᠬ᠎ᠢ ᠠᠷᠪᠢᠯᠠᠬᠤ ᠵᠢ ᠵᠤᠷᠢᠬ᠍ᠵᠢᠭᠤᠯᠬᠤ ᠵᠢᠨ ᠬᠠᠮᠳᠤ ᠤᠰᠤ ᠬᠡᠷᠡᠭᠯᠡᠬᠦ ᠡᠷᠬᠡ ᠵᠢ ᠬᠠᠤᠯᠢ ᠶᠤᠰᠤᠭ᠋ᠠᠷ ᠲᠦᠯᠦᠪᠦᠷᠢ᠎ᠲᠠᠢ᠎ᠪᠠᠷ ᠰᠢᠯᠵᠢᠭᠦᠯᠬᠦ ᠵᠢ ᠬᠡᠷᠡᠭᠵᠢᠭᠦᠯᠦᠨ᠎ᠡ᠃
ᠲᠦᠷᠪᠡᠳᠦᠭᠡᠷ ᠪᠦᠯᠦᠭ ᠪᠠᠳᠤᠯᠠᠭ᠎ᠠ ᠵᠢᠨ ᠠᠷᠭ᠎ᠠ ᠬᠡᠮᠵᠢᠶ᠎ᠡ
ᠭᠤᠴᠢᠨ ᠨᠠᠢ᠍ᠮᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠨᠢ ᠤᠰᠤ ᠠᠷᠪᠢᠯᠠᠨ ᠬᠡᠷᠡᠭᠯᠡᠬᠦ ᠠᠵᠢᠯ᠎ᠢ ᠵᠠᠰᠠᠭ᠎ᠤᠨ ᠤᠷᠳᠤᠨ᠎ᠤ ᠠᠵᠢᠯ᠎ᠤᠨ ᠬᠠᠷᠠᠯᠳᠠᠳᠤ ᠬᠠᠷᠢᠭᠤᠴᠠᠯᠭ᠎ᠠ ᠵᠢᠨ ᠲᠦᠷᠢᠮ᠎ᠳᠤ ᠤᠷᠤᠭᠤᠯᠤᠨ᠂ ᠠᠵᠢᠯ᠎ᠤᠨ ᠬᠠᠷᠢᠭᠤᠴᠠᠯᠭ᠎ᠠ ᠵᠢ ᠱᠠᠳᠤ ᠪᠠ ᠰᠠᠯᠠᠭ᠎ᠠ ᠮᠦᠴᠢᠷ ᠲᠠᠷᠠᠭ᠋ᠠᠯᠠᠨ ᠨᠠᠢ᠍ᠢ᠍ᠳᠠᠪᠦᠷᠢᠵᠢᠭᠤᠯᠬᠤ ᠬᠡᠷᠡᠭᠳᠠᠢ᠃
ᠭᠤᠴᠢ ᠶᠢᠰᠦᠳᠦᠭᠡᠷ ᠵᠦᠢ᠍ᠯ ᠬᠤᠰᠢᠭᠤ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠨᠢ ᠤᠰᠤ ᠠᠷᠪᠢᠯᠠᠵᠤ ᠬᠡᠷᠡᠭᠯᠡᠬᠦ᠎ᠳᠠᠬᠢ ᠤᠷᠤᠭᠤᠯᠤᠯᠳᠠ ᠵᠢᠨ ᠬᠦᠴᠦᠯᠡᠴᠡ᠎ᠪᠠᠨ ᠨᠡᠮᠡᠭᠳᠡᠭᠦᠯᠵᠦ᠂ ᠤᠰᠤ ᠠᠷᠪᠢᠯᠠᠵᠤ ᠬᠡᠷᠡᠭᠯᠡᠬᠦ᠎ᠳᠠᠬᠢ ᠤᠷᠤᠭᠤᠯᠤᠯᠳᠠ ᠵᠢᠨ ᠲᠤᠭᠳᠠᠴᠠ ᠵᠢ ᠪᠠᠢ᠍ᠢ᠍ᠭᠤᠯᠤᠨ ᠲᠡᠭᠦᠯᠳᠡᠷᠵᠢᠭᠦᠯᠵᠦ᠂ ᠵᠠᠰᠠᠭ᠎ᠤᠨ ᠤᠷᠳᠤᠨ᠂ ᠠᠵᠤ ᠠᠬᠤᠢ᠍ᠢ᠍ᠯᠠᠯ᠂ ᠨᠡᠢ᠍ᠢ᠍ᠭᠡᠮ᠎ᠤᠨ ᠤᠯᠠᠨ ᠡᠰᠢᠵᠢᠭᠰᠡᠨ ᠪᠡᠯᠡ ᠤᠷᠤᠭᠤᠯᠵᠤ ᠪᠡᠯᠡ ᠨᠡᠢ᠍ᠢ᠍ᠯᠡᠭᠦᠯᠬᠦ ᠠᠷᠭ᠎ᠠ ᠵᠠᠮ᠎ᠢ ᠲᠡᠭᠦᠯᠳᠡᠷᠵᠢᠭᠦᠯᠵᠦ᠂ ᠨᠡᠢ᠍ᠢ᠍ᠭᠡᠮ᠎ᠤᠨ ᠪᠡᠯᠡ ᠮᠦᠨᠭᠬᠦ᠂ ᠠᠷᠠᠳ᠎ᠤᠨ ᠬᠦᠷᠦᠨᠭᠭᠡ ᠵᠢ ᠤᠰᠤ ᠠᠷᠪᠢᠯᠠᠬᠤ ᠠᠵᠤ ᠦᠢ᠍ᠯᠡᠰ᠎ᠲᠤ ᠤᠷᠤᠭᠤᠯᠬᠤ ᠵᠢ ᠵᠢᠯᠤᠭᠤᠳᠤᠨ ᠵᠤᠷᠢᠬ᠍ᠵᠢᠭᠤᠯᠬᠤ ᠬᠡᠷᠡᠭᠳᠠᠢ᠃
ᠬᠤᠰᠢᠭᠤ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠨᠢ ᠤᠰᠤ ᠠᠷᠪᠢᠯᠠᠬᠤ ᠮᠡᠷᠭᠡᠵᠢᠯ᠎ᠢ ᠰᠤᠳᠤᠯᠤᠨ ᠨᠡᠭᠡᠭᠡᠬᠦ᠂ ᠤᠰᠤ ᠠᠷᠪᠢᠯᠠᠬᠤ ᠮᠡᠷᠭᠡᠵᠢᠯ ᠪᠠ ᠪᠦᠳᠦᠭᠡᠭᠳᠡᠭᠦᠨ᠎ᠢ ᠲᠡᠯᠭᠡᠷᠡᠭᠦᠯᠦᠨ ᠬᠡᠷᠡᠭᠯᠡᠬᠦ ᠵᠢ ᠵᠤᠷᠢᠬ᠍ᠵᠢᠭᠤᠯᠤᠨ ᠲᠡᠮᠵᠢᠬᠦ ᠬᠡᠷᠡᠭᠳᠠᠢ᠃
ᠲᠦᠴᠢᠳᠦᠭᠡᠷ ᠵᠦᠢ᠍ᠯ ᠬᠤᠰᠢᠭᠤ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠨᠢ ᠬᠡᠪ᠎ᠤᠨ ᠪᠤᠰᠤ ᠤᠰᠤᠨ ᠰᠤᠷᠪᠤᠯᠵᠢ ᠵᠢ ᠠᠰᠢᠭᠯᠠᠬᠤ ᠲᠦᠷᠦᠯ ᠵᠦᠢ᠍ᠯ᠎ᠢ ᠤᠷᠢᠳ ᠵᠶ᠋ᠠᠷ ᠰᠡᠳᠦᠪ ᠲᠤᠭᠳᠠᠭ᠋ᠠᠬᠤ ᠬᠡᠷᠡᠭᠳᠠᠢ᠃
ᠲᠠᠬᠢᠯᠳᠠ ᠤᠰᠤ ᠵᠡᠷᠭᠡ ᠡᠬᠢ ᠪᠠᠶᠠᠯᠢᠬ᠎ᠢ ᠶᠡᠷᠦᠨᠭᠬᠡᠢ᠍ᠢ᠍ᠯᠡᠨ ᠠᠰᠢᠭᠯᠠᠭᠰᠠᠨ ᠦᠢ᠍ᠯᠡᠳᠭᠦᠨ᠎ᠢ ᠪᠤᠷᠤᠯᠠᠭᠤᠯᠬᠤ᠎ᠳᠤ ᠤᠯᠤᠰ᠎ᠤᠨ ᠲᠤᠭᠳᠠᠭ᠋ᠠᠯ ᠶᠤᠰᠤᠭ᠋ᠠᠷ ᠦᠷᠳᠡᠭ᠎ᠤᠨ ᠨᠡᠮᠡᠭᠳᠡᠯ ᠭᠠᠢ᠍ᠢ᠍ᠯᠢ ᠵᠢᠨ ᠬᠠᠷᠠᠭ᠋ᠠᠯᠵᠠᠯ᠎ᠤᠨ ᠲᠦᠷᠦ ᠵᠢᠨ ᠪᠤᠳᠤᠯᠭ᠎ᠠ ᠵᠢ ᠬᠦᠷᠳᠡᠨ᠎ᠡ; ᠠᠵᠤ ᠠᠬᠤᠢ᠍ᠢ᠍ᠯᠠᠯ᠎ᠤᠨ ᠨᠦᠭᠦᠴᠡᠯ᠎ᠳᠤ ᠨᠡᠢ᠍ᠢ᠍ᠴᠡᠭᠰᠡᠨ ᠤᠰᠤ ᠠᠷᠪᠢᠯᠠᠬᠤ ᠲᠦᠷᠦᠯ ᠵᠦᠢ᠍ᠯ᠎ᠢ ᠡᠵᠡᠨᠭᠨᠡᠭᠰᠡᠨ ᠤᠷᠤᠯᠭ᠎ᠠ ᠵᠢᠴᠢ ᠤᠰᠤ ᠠᠷᠪᠢᠯᠠᠬᠤ᠎ᠳᠤ ᠲᠤᠰᠬᠠᠢ᠍ᠢ᠍ᠯᠠᠨ ᠬᠡᠷᠡᠭᠯᠡᠬᠦ ᠲᠦᠭᠦᠭᠡᠷᠤᠮᠵᠢᠳᠤ ᠤᠷᠤᠭᠤᠯᠤᠭᠰᠠᠨ ᠪᠡᠯᠡ ᠤᠷᠤᠭᠤᠯᠤᠯᠳᠠ᠎ᠨᠢ ᠠᠵᠤ ᠠᠬᠤᠢ᠍ᠢ᠍ᠯᠠᠯ᠎ᠤᠨ ᠤᠯᠵᠠᠪᠦᠷᠢ ᠵᠢᠨ ᠭᠠᠢ᠍ᠢ᠍ᠯᠢ ᠵᠢᠨ ᠬᠠᠷᠠᠭ᠋ᠠᠯᠵᠠᠯ᠎ᠤᠨ ᠲᠦᠷᠦ ᠵᠢᠨ ᠪᠤᠳᠤᠯᠭ᠎ᠠ ᠵᠢ ᠬᠠᠤᠯᠢ ᠶᠤᠰᠤᠭ᠋ᠠᠷ ᠬᠦᠷᠳᠡᠨ᠎ᠡ᠃
ᠲᠦᠴᠢᠨ ᠨᠢᠭᠡᠳᠦᠭᠡᠷ ᠵᠦᠢ᠍ᠯ ᠬᠤᠰᠢᠭᠤ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠨᠢ ᠲᠤᠰ ᠵᠠᠰᠠᠭ ᠵᠠᠬᠢᠷᠭ᠋ᠠᠨ᠎ᠤ ᠤᠷᠤᠨ᠎ᠤ ᠪᠤᠳᠠᠳᠠᠢ ᠪᠠᠢ᠍ᠢ᠍ᠳᠠᠯ᠎ᠢ ᠦᠨᠳᠦᠰᠦᠯᠡᠵᠤ᠂ ᠲᠠᠷᠢᠶᠠᠯᠠᠩ ᠮᠠᠯ ᠠᠵᠤ ᠠᠬᠤᠢ ᠵᠢᠨ ᠤᠰᠤ ᠠᠷᠪᠢᠯᠠᠬᠤ ᠲᠦᠷᠦᠯ ᠵᠦᠢ᠍ᠯ ᠪᠠ ᠠᠵᠤ ᠦᠢ᠍ᠯᠡᠳᠪᠦᠷᠢ ᠵᠢᠨ ᠤᠰᠤ ᠠᠷᠪᠢᠯᠠᠬᠤ ᠲᠦᠷᠦᠯ ᠵᠦᠢ᠍ᠯ᠎ᠤᠨ ᠵᠢᠭᠡᠯᠡᠯᠭᠡ᠎ᠳᠤ ᠡᠳ᠋᠎ᠤᠨ ᠵᠠᠰᠠᠭ᠎ᠠᠴᠠ ᠲᠡᠮ ᠬᠦᠤ ᠮᠦᠨᠭᠬᠦ ᠦᠭᠬᠦ ᠬᠡᠷᠡᠭᠳᠠᠢ᠃
ᠮᠦᠨᠭᠭᠦᠨ ᠭᠦᠢ᠍ᠯᠭᠡᠭᠡᠨ᠎ᠤ ᠪᠠᠢ᠍ᠢ᠍ᠭᠤᠯᠤᠮᠵᠢ᠎ᠨᠢ ᠵᠢᠭᠡᠯᠡᠯᠭᠡ ᠠᠪᠬᠤ ᠨᠦᠭᠦᠴᠡᠯ᠎ᠳᠤ ᠨᠡᠢ᠍ᠢ᠍ᠴᠡᠵᠤ᠂ ᠵᠢᠭᠡᠯᠡᠯᠭᠡ ᠲᠦᠯᠦᠬᠦ ᠴᠢᠳᠠᠪᠦᠷᠢ᠎ᠲᠠᠢ ᠤᠰᠤ ᠠᠷᠪᠢᠯᠠᠬᠤ ᠲᠦᠷᠦᠯ ᠵᠦᠢ᠍ᠯ᠎ᠳᠤ ᠤᠯᠤᠰ ᠪᠠ ᠦᠪᠡᠷᠳᠡᠭᠡᠨ ᠵᠠᠰᠠᠬᠤ ᠤᠷᠤᠨ᠎ᠤ ᠬᠠᠮᠢᠶ᠎ᠠ ᠪᠦᠬᠦᠢ ᠲᠤᠭᠳᠠᠭ᠋ᠠᠯ ᠶᠤᠰᠤᠭ᠋ᠠᠷ ᠵᠢᠭᠡᠯᠡᠯᠭᠡ ᠵᠢ ᠤᠷᠢᠳ ᠵᠶ᠋ᠠᠷ ᠦᠭᠬᠦ ᠬᠡᠷᠡᠭᠳᠠᠢ᠃
ᠲᠦᠴᠢᠨ ᠬᠤᠶᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠨᠢ ᠲᠠᠷᠢᠶᠠᠴᠢᠨ᠎ᠤ ᠤᠰᠤᠯᠠᠯᠳᠠ ᠵᠢᠨ ᠤᠷᠤᠨ᠎ᠤ ᠬᠠᠮᠢᠶᠠᠷᠤᠯᠳᠠ᠎ᠳᠤ ᠤᠷᠤᠯᠴᠠᠬᠤ᠎ᠳᠤ ᠵᠤᠷᠢᠬ᠍ᠵᠢᠭᠤᠯᠵᠤ᠂ ᠲᠠᠷᠢᠶᠠᠴᠢᠨ ᠤᠰᠤ ᠬᠡᠷᠡᠭᠯᠡᠭᠴᠢᠳ᠎ᠤᠨ ᠨᠡᠢ᠍ᠢ᠍ᠭᠡᠮᠯᠢᠭᠢ ᠪᠠᠢ᠍ᠢ᠍ᠭᠤᠯᠵᠤ᠂ ᠵᠠᠰᠠᠭ᠎ᠤᠨ ᠤᠷᠳᠤᠨ᠎ᠠᠴᠠ ᠲᠡᠮᠵᠢᠭᠰᠡᠨ᠂ ᠲᠠᠷᠢᠶᠠᠴᠢᠨ ᠤᠷᠤᠯᠴᠠᠭᠰᠠᠨ ᠲᠠᠷᠢᠶᠠᠯᠠᠩ᠎ᠤᠨ ᠤᠰᠤ ᠬᠠᠨᠭ᠌ᠭ᠋ᠠᠵᠤ ᠤᠰᠤ ᠬᠡᠷᠡᠭᠯᠡᠬᠦ ᠬᠠᠮᠢᠶᠠᠷᠤᠯᠳᠠ ᠵᠢᠨ ᠪᠠᠢ᠍ᠢ᠍ᠭᠤᠯᠤᠯ᠎ᠢ ᠪᠤᠢ ᠪᠤᠯᠭ᠋ᠠᠨ᠎ᠠ᠃
ᠲᠦᠴᠢᠨ ᠭᠤᠷᠪᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠨᠢ ᠲᠠᠷᠢᠶᠠᠯᠠᠩ ᠮᠠᠯ ᠠᠵᠤ ᠠᠬᠤᠢ ᠵᠨ ᠤᠰᠤ ᠠᠷᠪᠢᠯᠠᠬᠤ ᠲᠦᠷᠦᠯ ᠵᠦᠢ᠍ᠯ᠎ᠢ ᠤᠷᠢᠳ ᠵᠶ᠋ᠠᠷ ᠰᠡᠳᠦᠪ ᠲᠤᠭᠳᠠᠭ᠋ᠠᠵᠤ᠂ ᠲᠠᠷᠢᠶᠠᠯᠠᠩ ᠮᠠᠯ ᠠᠵᠤ ᠠᠬᠤᠢ ᠵᠢᠨ ᠤᠰᠤ ᠠᠷᠪᠢᠯᠠᠬᠤ ᠤᠰᠤᠯᠠᠯᠳᠠ᠎ᠳᠠᠬᠢ ᠤᠷᠤᠭᠤᠯᠤᠯᠳᠠ᠎ᠪᠠᠨ ᠵᠢᠯ ᠲᠠᠷᠠᠭ᠋ᠠᠯᠠᠨ ᠨᠡᠮᠡᠭᠳᠡᠭᠦᠯᠵᠦ᠂ ᠤᠰᠤ ᠠᠷᠪᠢᠯᠠᠬᠤ ᠤᠰᠤᠯᠠᠯᠳᠠ ᠵᠢᠨ ᠢᠨᠵᠧᠨᠧᠷᠢᠩ᠎ᠢ ᠨᠢᠭᠡᠳᠦᠯᠳᠠᠢ ᠲᠦᠯᠦᠪᠵᠢᠭᠦᠯᠦᠨ ᠪᠠᠢ᠍ᠢ᠍ᠭᠤᠯᠬᠤ ᠬᠡᠷᠡᠭᠳᠠᠢ᠃
ᠬᠤᠰᠢᠭᠤ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠨᠢ ᠭᠠᠵᠠᠷ ᠰᠢᠷᠤᠢ ᠬᠤᠳᠠᠯᠳᠤᠭᠰᠠᠨ ᠤᠷᠤᠯᠭ᠎ᠠ᠎ᠪᠠᠨ ᠤᠯᠤᠰ᠎ᠠᠴᠠ ᠲᠤᠭᠳᠠᠭ᠋ᠠᠭᠰᠠᠨ ᠬᠠᠷᠢᠴᠠᠯ ᠶᠤᠰᠤᠭ᠋ᠠᠷ ᠲᠠᠷᠢᠶᠠᠨ ᠭᠠᠵᠠᠷ ᠨᠤᠳᠤᠭ ᠪᠡᠯᠴᠢᠭᠡᠷ᠎ᠤᠨ ᠤᠰᠤᠨ ᠠᠰᠢᠭᠯᠠᠯᠳᠠ ᠵᠢᠨ ᠪᠠᠢ᠍ᠢ᠍ᠭᠤᠯᠤᠯᠳᠠ᠎ᠳᠤ ᠤᠷᠤᠭᠤᠯᠬᠤ ᠬᠡᠷᠡᠭᠳᠠᠢ᠃
ᠲᠦᠴᠢᠨ ᠲᠦᠷᠪᠡᠳᠦᠭᠡᠷ ᠵᠦᠢ᠍ᠯ ᠬᠤᠰᠢᠭᠤ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠨᠢ ᠤᠰᠤ ᠠᠪᠬᠤ ᠨᠢᠭᠡᠴᠢ ᠪᠤᠶᠤ ᠬᠤᠪᠢ ᠬᠦᠮᠦᠨ᠎ᠤ ᠤᠰᠤ ᠬᠡᠷᠡᠭᠯᠡᠭᠰᠡᠨ ᠪᠠᠢ᠍ᠢ᠍ᠳᠠᠯ᠎ᠳᠤ ᠬᠢᠨᠠᠯᠳᠠ ᠲᠠᠯᠪᠢᠵᠤ ᠪᠠᠢ᠍ᠢ᠍ᠴᠠᠭ᠋ᠠᠬᠤ ᠬᠡᠷᠡᠭᠳᠠᠢ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠶᠤ ᠬᠤᠪᠢ ᠬᠦᠮᠦᠨ᠎ᠨᠢ ᠡᠭᠦᠨ᠎ᠢ ᠬᠠᠮᠵᠢᠯᠴᠠᠬᠤ ᠬᠡᠷᠡᠭᠳᠠᠢ᠂ ᠲᠡᠪᠴᠢᠬᠦ ᠪᠤᠶᠤ ᠬᠠᠷᠰᠢᠯᠠᠵᠤ ᠪᠤᠯᠬᠤ ᠦᠭᠡᠢ᠃
ᠲᠠᠪᠤᠳᠤᠭ᠋ᠠᠷ ᠪᠦᠯᠦᠭ ᠬᠠᠤᠯᠢ ᠴᠠᠭ᠋ᠠᠵᠠ ᠵᠢᠨ ᠬᠠᠷᠢᠭᠤᠴᠠᠯᠭ᠎ᠠ
ᠲᠦᠴᠢᠨ ᠲᠠᠪᠤᠳᠤᠭ᠋ᠠᠷ ᠵᠦᠢ᠍ᠯ ᠲᠤᠰ ᠲᠦᠷᠢᠮ᠎ᠤᠨ ᠲᠤᠭᠳᠠᠭ᠋ᠠᠯ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ ᠵᠢᠨ ᠲᠤᠬᠠᠢ 《ᠪᠦᠭᠦᠳᠡ ᠨᠠᠢ᠍ᠢ᠍ᠷᠠᠮᠳᠠᠬᠤ ᠲᠤᠮᠳᠠᠳᠤ ᠠᠷᠠᠳ ᠤᠯᠤᠰ᠎ᠤᠨ ᠤᠰᠤᠨ ᠬᠠᠤᠯᠢ》 ᠪᠠ ᠤᠯᠤᠰ᠎ᠤᠨ ᠬᠤᠯᠪᠤᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠤᠭᠳᠠᠭ᠋ᠠᠯ᠎ᠳᠤ ᠨᠢᠭᠡᠨᠳᠡ ᠰᠢᠢ᠍ᠳᠭᠡᠨ ᠲᠤᠷᠭ᠋ᠠᠬᠤ ᠲᠤᠭᠳᠠᠭ᠋ᠠᠯ᠎ᠲᠠᠢ ᠪᠤᠯ ᠲᠡᠷᠡ ᠲᠤᠭᠳᠠᠭ᠋ᠠᠯ᠎ᠢ᠎ᠨᠢ ᠲᠠᠭ᠋ᠠᠨ᠎ᠠ᠃
ᠲᠦᠴᠢᠨ ᠵᠢᠷᠭᠤᠳᠤᠭ᠋ᠠᠷ ᠵᠦᠢ᠍ᠯ ᠲᠤᠰ ᠲᠦᠷᠢᠮ᠎ᠤᠨ ᠲᠤᠭᠳᠠᠭ᠋ᠠᠯ᠎ᠠᠴᠠ ᠵᠦᠷᠢᠴᠡᠵᠤ᠂ ᠲᠤᠤᠷᠠᠬᠢ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠢ᠍ᠢ᠍ᠪᠠᠯ᠂ ᠬᠤᠰᠢᠭᠤ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠵᠠᠷᠯᠢᠭᠳᠠᠵᠤ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠬᠤ ᠵᠢᠨ ᠬᠠᠮᠳᠤ 5 ᠲᠦᠮᠡᠨ ᠲᠦᠭᠦᠷᠢᠭ᠎ᠠᠴᠠ ᠲᠡᠭᠡᠭᠰᠢ 10 ᠲᠦᠮᠡᠨ ᠲᠦᠭᠦᠷᠢᠭ᠎ᠠᠴᠠ ᠲᠤᠷᠤᠭᠰᠢ ᠵᠤᠭᠤᠰ ᠵᠶ᠋ᠠᠷ ᠲᠤᠷᠭ᠋ᠠᠨ᠎ᠠ᠄
(ᠨᠢᠭᠡ) ᠪᠦᠳᠦᠭᠡᠨ ᠪᠠᠢ᠍ᠢ᠍ᠭᠤᠯᠤᠯᠳᠠ ᠵᠢᠨ ᠲᠦᠷᠦᠯ ᠵᠦᠢ᠍ᠯ᠎ᠤᠨ ᠤᠰᠤ ᠠᠷᠪᠢᠯᠠᠬᠤ ᠪᠡᠯᠡᠳᠭᠡᠮᠵᠢ᠎ᠨᠢ ᠰᠢᠯᠭ᠋ᠠᠨ ᠬᠤᠷᠢᠶᠠᠬᠤ ᠵᠢ ᠲᠡᠮᠵᠢᠭ᠍ᠰᠡᠨ ᠦᠭᠡᠢ ᠪᠤᠶᠤ ᠰᠢᠯᠭ᠋ᠠᠨ ᠬᠤᠷᠢᠶᠠᠬᠤ᠎ᠳᠤ ᠬᠢᠷᠢ ᠲᠡᠨᠭᠴᠡᠭᠰᠡᠨ ᠦᠭᠡᠢ᠎ᠪᠠᠷ ᠲᠤᠷ᠎ᠠ᠎ᠪᠠᠷ ᠬᠡᠷᠡᠭᠯᠡᠯᠳᠡ᠎ᠳᠤ ᠤᠷᠤᠭᠤᠯᠤᠭᠰᠠᠨ;
(ᠬᠤᠶᠠᠷ) ᠤᠰᠤᠨ ᠬᠤᠷᠤᠭᠳᠠᠯ ᠶᠡᠭᠡ᠎ᠲᠠᠢ ᠠᠵᠤ ᠦᠢ᠍ᠯᠡᠳᠪᠦᠷᠢ ᠵᠢᠨ ᠲᠦᠷᠦᠯ ᠵᠦᠢ᠍ᠯ᠎ᠢ ᠰᠢᠨ᠎ᠡ᠎ᠪᠠᠷ ᠪᠠᠢ᠍ᠢ᠍ᠭᠤᠯᠬᠤ᠂ ᠦᠭᠡᠷᠡᠴᠢᠯᠡᠨ ᠪᠠᠢ᠍ᠢ᠍ᠭᠤᠯᠬᠤ᠂ ᠦᠷᠭᠡᠳᠭᠡᠨ ᠪᠠᠢ᠍ᠢ᠍ᠭᠤᠯᠬᠤ᠎ᠳᠤ ᠭᠠᠵᠠᠷ ᠲᠤᠤᠷᠠᠬᠢ ᠤᠰᠤ ᠵᠢ ᠲᠤᠷ᠎ᠠ᠎ᠪᠠᠷ ᠬᠡᠷᠡᠭᠯᠡᠭᠰᠡᠨ;
(ᠭᠤᠷᠪᠠ) ᠠᠵᠤ ᠦᠢ᠍ᠯᠡᠳᠪᠦᠷᠢ ᠵᠢᠨ ᠠᠵᠤ ᠠᠬᠤᠢ᠍ᠢ᠍ᠯᠠᠯ᠎ᠤᠨ ᠲᠦᠭᠦᠭᠡᠷᠤᠮᠵᠢ ᠵᠢᠨ ᠬᠦᠷᠦᠭᠡᠯ ᠤᠰᠤ᠂ ᠠᠭ᠋ᠠᠷ ᠲᠤᠬᠢᠷᠠᠭᠤᠯᠤᠭᠴᠢ ᠵᠢᠨ ᠬᠦᠷᠦᠭᠡᠯ ᠤᠰᠤ᠂ ᠵᠤᠤᠬ᠎ᠠ ᠵᠢᠨ ᠴᠠᠷᠴᠠᠭ᠋ᠠᠬᠤ ᠤᠰᠤ ᠵᠢ ᠤᠷᠴᠢᠨ ᠬᠡᠷᠡᠭᠯᠡᠭᠰᠡᠨ ᠦᠭᠡᠢ ᠪᠤᠶᠤ ᠬᠤᠷᠢᠶᠠᠨ ᠠᠪᠴᠤ ᠲᠠᠬᠢᠨ ᠠᠰᠢᠭᠯᠠᠭᠰᠠᠨ ᠦᠭᠡᠢ᠎ᠪᠠᠷ ᠰᠢᠭᠤᠳ ᠭᠠᠳᠠᠭᠰᠢᠯᠠᠭᠤᠯᠤᠭᠰᠠᠨ;
(ᠲᠦᠷᠪᠡ) ᠴᠡᠪᠡᠷ ᠤᠰᠤ᠂ ᠷᠠᠰᠢᠶᠠᠨ ᠤᠰᠤ᠂ ᠤᠮᠳᠠᠭ᠋ᠠᠨ᠂ ᠠᠷᠢᠬᠢᠨ ᠲᠦᠷᠦᠯ ᠵᠡᠷᠭᠡ ᠦᠢ᠍ᠯᠡᠳᠭᠦᠨ᠎ᠢ ᠦᠢ᠍ᠯᠡᠳᠪᠦᠷᠢᠯᠡᠬᠦ ᠠᠵᠤ ᠠᠬᠤᠢ᠍ᠢ᠍ᠯᠠᠯ᠎ᠨᠢ ᠤᠰᠤ ᠠᠷᠪᠢᠯᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠤᠶᠤ ᠰᠡᠭᠦᠯ᠎ᠤᠨ ᠤᠰᠤ ᠵᠢ ᠬᠤᠷᠢᠶᠠᠨ ᠠᠪᠴᠤ ᠲᠠᠬᠢᠨ ᠠᠰᠢᠭᠯᠠᠭᠰᠠᠨ ᠦᠭᠡᠢ;
(ᠲᠠᠪᠤ) ᠤᠰᠤᠨ ᠲᠡᠭᠡᠷᠡᠬᠢ ᠲᠤᠭᠯᠠᠭ᠋ᠠᠮ᠂ ᠤᠮᠪᠠᠯᠳᠠ ᠵᠢᠨ ᠲᠠᠯᠠᠪᠦᠷ᠂ ᠭᠤᠯᠹ ᠪᠦᠮᠪᠦᠭᠡᠨ ᠲᠠᠯᠠᠪᠦᠷ ᠪᠠ ᠬᠦᠮᠦᠨ᠎ᠤ ᠬᠦᠴᠦᠨ᠎ᠤ ᠴᠠᠰᠤ ᠭᠤᠯᠭᠤᠬᠤ ᠲᠠᠯᠠᠪᠦᠷ ᠵᠡᠷᠭᠡ ᠡᠵᠡᠨᠭᠨᠡᠯᠳᠡ ᠵᠢᠨ ᠲᠠᠯᠠᠪᠦᠷ᠎ᠲᠤ ᠤᠰᠤ ᠠᠷᠪᠢᠯᠠᠬᠤ ᠪᠡᠯᠡᠳᠭᠡᠮᠵᠢ ᠵᠢ ᠦᠯᠦ ᠤᠭᠰᠠᠷᠠᠭᠤᠯᠤᠭᠰᠠᠨ;
(ᠵᠢᠷᠭᠤᠭ᠎ᠠ) ᠦᠵᠡᠮᠵᠢᠳᠦ ᠭᠤᠤᠯ᠂ ᠬᠦᠮᠦᠨ᠎ᠤ ᠬᠦᠴᠦᠨ᠎ᠤ ᠨᠠᠭᠤᠷ᠎ᠲᠤ ᠭᠠᠵᠠᠷ ᠲᠤᠤᠷᠠᠬᠢ ᠤᠰᠤ᠂ ᠲᠦᠭᠡᠭᠡᠭᠦᠷ ᠤᠰᠤ ᠵᠢ ᠬᠡᠷᠡᠭᠯᠡᠭᠰᠡᠨ᠃
ᠲᠦᠴᠢᠨ ᠲᠤᠯᠤᠳᠤᠭ᠋ᠠᠷ ᠵᠦᠢ᠍ᠯ ᠤᠬᠢᠶᠠᠯ᠂ ᠲᠡᠷᠬᠡ ᠤᠬᠢᠶᠠᠬᠤ ᠵᠡᠷᠭᠡ ᠡᠵᠡᠨᠭᠨᠡᠯᠳᠡ ᠵᠢᠨ ᠲᠠᠯᠠᠪᠦᠷ᠎ᠨᠢ ᠤᠰᠤ ᠠᠷᠪᠢᠯᠠᠬᠤ ᠮᠡᠷᠭᠡᠵᠢᠯ᠎ᠢ ᠬᠡᠷᠡᠭᠯᠡᠭᠰᠡᠨ ᠦᠭᠡᠢ ᠪᠤᠶᠤ ᠤᠰᠤ ᠠᠷᠪᠢᠯᠠᠬᠤ ᠪᠡᠯᠡᠳᠭᠡᠮᠵᠢ ᠵᠢ ᠤᠭᠰᠠᠷᠠᠭᠤᠯᠤᠭᠰᠠᠨ ᠦᠭᠡᠢ ᠪᠤᠯ ᠬᠤᠰᠢᠭᠤ ᠰᠢᠶᠠᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠵᠠᠷᠯᠢᠭᠳᠠᠨ ᠵᠠᠯᠠᠷᠠᠭᠤᠯᠬᠤ ᠵᠢᠨ ᠬᠠᠮᠳᠤ 5000 ᠲᠦᠭᠦᠷᠢᠭ᠎ᠠᠴᠠ ᠲᠡᠭᠡᠭᠰᠢ 2 ᠲᠦᠮᠡᠨ ᠲᠦᠭᠦᠷᠢᠭ᠎ᠠᠴᠠ ᠲᠤᠷᠤᠭᠰᠢ ᠵᠤᠭᠤᠰ ᠵᠶ᠋ᠠᠷ ᠲᠤᠷᠭ᠋ᠠᠨ᠎ᠠ᠃
ᠲᠦᠴᠢᠨ ᠨᠠᠢ᠍ᠮᠠᠳᠤᠭ᠋ᠠᠷ ᠵᠦᠢ᠍ᠯ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ ᠠᠵᠢᠯᠳᠠᠨ ᠲᠤᠤᠷᠠᠬᠢ ᠪᠠᠢ᠍ᠢ᠍ᠳᠠᠯ᠎ᠤᠨ ᠨᠢᠭᠡ᠎ᠨᠢ ᠪᠠᠢ᠍ᠢ᠍ᠪᠠᠯ᠂ ᠲᠡᠭᠦᠨ᠎ᠤ ᠪᠠᠢ᠍ᠢ᠍ᠭ᠎ᠠ ᠨᠢᠭᠡᠴᠢ ᠪᠤᠶᠤ ᠲᠡᠭᠡᠳᠦ ᠱᠠᠳᠤᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠰᠢᠭᠤᠳ ᠬᠠᠷᠢᠭᠤᠴᠠᠯᠭ᠎ᠠ᠎ᠲᠠᠢ ᠭᠤᠤᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ᠎ᠲᠠᠢ ᠬᠦᠮᠦᠨ᠎ᠳᠤ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠰᠢᠢ᠍ᠳᠭᠡᠯ ᠥᠭᠭᠦᠨ᠎ᠡ; ᠶᠠᠯᠠᠳᠤ ᠬᠦᠷᠦᠭᠰᠡᠨ ᠪᠤᠯ ᠬᠠᠤᠯᠢ ᠶᠤᠰᠤᠭ᠋ᠠᠷ ᠡᠷᠡᠭᠦᠦ ᠵᠢᠨ ᠬᠡᠷᠡᠭ᠎ᠤᠨ ᠬᠠᠷᠢᠭᠤᠴᠠᠯᠭ᠎ᠠ ᠨᠡᠬᠡᠮᠵᠢᠯᠡᠨ᠎ᠡ᠄
(ᠨᠢᠭᠡ) ᠤᠰᠤᠨ ᠬᠡᠮᠵᠢᠶᠡᠨ᠎ᠤ ᠬᠤᠪᠢᠶᠠᠷᠢᠯᠠᠯᠳᠠ ᠵᠢᠨ ᠲᠦᠰᠦᠯ ᠶᠤᠰᠤᠭ᠋ᠠᠷ ᠤᠰᠤᠨ ᠬᠡᠮᠵᠢᠶ᠎ᠡ ᠵᠢ ᠬᠤᠪᠢᠶᠠᠷᠢᠯᠠᠭᠰᠠᠨ ᠦᠭᠡᠢ;
(ᠬᠤᠶᠠᠷ) ᠤᠨ᠎ᠤ ᠤᠰᠤ ᠠᠪᠴᠤ ᠬᠡᠷᠡᠭᠯᠡᠬᠦ ᠲᠦᠯᠦᠪᠯᠡᠭᠡ ᠵᠢ ᠬᠠᠤᠯᠢ ᠶᠤᠰᠤᠭ᠋ᠠᠷ ᠬᠢᠨᠠᠨ ᠲᠤᠭᠳᠠᠭ᠋ᠠᠵᠤ ᠲᠤᠷᠤᠭᠰᠢ ᠪᠠᠭᠤᠯᠭ᠋ᠠᠭᠰᠠᠨ ᠦᠭᠡᠢ;
(ᠭᠤᠷᠪᠠ) ᠬᠢᠨᠠᠯᠳᠠ ᠲᠠᠯᠪᠢᠵᠤ ᠪᠠᠢ᠍ᠢ᠍ᠴᠠᠭ᠋ᠠᠬᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠭᠡᠭᠰᠡᠨ ᠦᠭᠡᠢ ᠪᠤᠶᠤ ᠬᠠᠤᠯᠢ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ ᠵᠢ ᠤᠯᠵᠤ ᠮᠡᠳᠡᠭᠡᠳ ᠰᠢᠢ᠍ᠳᠪᠦᠷᠢᠯᠡᠭᠰᠡᠨ ᠦᠭᠡᠢ᠎ᠠᠴᠠ ᠪᠤᠯᠵᠤ ᠬᠦᠨᠳᠦ ᠨᠤᠴᠢᠳᠠᠢ ᠦᠷ᠎ᠡ ᠳ᠋ᠦ᠍ᠢ᠍ᠩ ᠭᠠᠷᠭ᠋ᠠᠭᠰᠠᠨ;
(ᠲᠦᠷᠪᠡ) ᠠᠯᠪᠠᠨ ᠲᠤᠰᠢᠶᠠᠯ᠎ᠳᠤ ᠠᠯᠮᠠᠢ᠍ᠢ᠍ᠷᠠᠨ ᠤᠰᠤᠯᠳᠠᠬᠤ᠂ ᠡᠷᠬᠡ ᠲᠤᠰᠢᠶᠠᠯ ᠵᠶ᠋ᠠᠨ ᠲᠤᠷ᠎ᠠ᠎ᠪᠠᠷ ᠬᠡᠷᠡᠭᠯᠡᠬᠦ᠂ ᠭᠤᠶᠠᠴᠢᠯᠠᠨ ᠬᠠᠤᠯᠢ ᠶᠤᠰᠤ ᠵᠢ ᠵᠦᠷᠢᠴᠡᠭᠰᠡᠨ ᠪᠤᠰᠤᠳ ᠠᠵᠢᠯᠯᠠᠭ᠎ᠠ᠃
ᠵᠢᠷᠭᠤᠳᠤᠭ᠋ᠠᠷ ᠪᠦᠯᠦᠭ ᠲᠠᠭ᠋ᠠᠯᠳᠤᠭᠤᠯᠤᠭᠰᠠᠨ ᠲᠦᠷᠢᠮ
ᠲᠦᠴᠢ ᠶᠢᠰᠦᠳᠦᠭᠡᠷ ᠵᠦᠢ᠍ᠯ ᠲᠤᠰ ᠲᠦᠷᠢᠮ᠎ᠢ 2012 ᠤᠨ᠎ᠤ 12 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃