ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠤᠯᠤᠰ᠎ᠤᠨ ᠬᠠᠣᠯᠢ ᠴᠠᠭᠠᠵᠠ ᠬᠠᠣᠯᠢ ᠲᠥᠷᠢᠮ
ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠦᠳᠡᠭᠡ ᠲᠤᠰᠬᠤᠨ᠎ᠤ ᠤᠤᠭᠤᠬᠤ ᠤᠰᠤ ᠵᠢ ᠬᠠᠩᠭ᠋ᠠᠬᠤ ᠲᠦᠷᠢᠮ
ᠨᠡᠶ᠋ᠢᠲᠡᠯᠡᠭᠰᠡᠨ ᠴᠠᠭ᠄ 2021-06-16

      ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠍ᠢ᠍ᠩᠭᠤ ᠵᠢᠨ ᠬᠤᠷᠢᠶᠠᠨ᠎ᠤ ᠠᠯᠪᠠᠨ ᠵᠠᠷ

      ᠬᠤᠷᠢᠨ ᠨᠢᠭᠡᠳᠦᠭᠡᠷ ᠲᠤᠭ᠋ᠠᠳᠤ

     2010 ᠤᠨ᠎ᠤ 12 ᠰᠠᠷ᠎ᠠ ᠵᠢᠨ 2᠎ᠤᠨ ᠡᠳᠤᠷ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠍ᠢ᠍ᠩᠭᠤ ᠵᠢᠨ ᠬᠤᠷᠢᠶᠠᠨ᠎ᠤ ᠠᠷᠪᠠ ᠶᠢᠰᠦᠳᠦᠭᠡᠷ ᠬᠤᠷᠠᠯᠳᠤᠭ᠋ᠠᠨ ᠵᠶ᠋ᠠᠷ 《ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠦᠳᠡᠭᠡ ᠲᠤᠰᠬᠤᠨ᠎ᠤ ᠤᠤᠭᠤᠬᠤ ᠤᠰᠤ ᠵᠢ ᠬᠠᠩᠭ᠋ᠠᠬᠤ ᠲᠦᠷᠢᠮ》᠎ᠢ ᠪᠠᠳᠤᠯᠠᠪᠠ᠂ ᠤᠳᠤ ᠨᠡᠢ᠍ᠢ᠍ᠳᠡᠯᠡᠶ᠎ᠡ᠂ 2011 ᠤᠨ᠎ᠤ 1 ᠰᠠᠷ᠎ᠠ ᠵᠢᠨ 1᠎ᠤ ᠡᠳᠤᠷ ᠊ᠠᠴᠠ ᠡᠬᠢᠯᠡᠨ ᠬᠡᠷᠡᠭᠵᠢᠭᠦᠯᠦᠨ᠎ᠡ᠃
     2010 ᠤᠨ᠎ᠤ 12 ᠰᠠᠷ᠎ᠠ ᠵᠢᠨ 3᠎ᠤ ᠡᠳᠤᠷ

      ᠨᠢᠭᠡᠳᠦᠭᠡᠷ ᠪᠦᠯᠦᠭ ᠶᠡᠷᠦᠩᠬᠡᠢ ᠲᠦᠷᠢᠮ
      ᠨᠢᠭᠡᠳᠦᠭᠡᠷ ᠵᠦᠢ᠍ᠯ

      ᠬᠦᠳᠡᠭᠡ ᠲᠤᠰᠬᠤᠨ᠎ᠤ ᠤᠤᠭᠤᠬᠤ ᠤᠰᠤ ᠵᠢ ᠬᠠᠩᠭ᠋ᠠᠬᠤ ᠬᠠᠮᠢᠶᠠᠷᠤᠯᠳᠠ ᠵᠢ ᠴᠢᠩᠭ᠋ᠠᠳᠬᠠᠵᠤ᠂ ᠬᠦᠳᠡᠭᠡ ᠲᠤᠰᠬᠤᠨ᠎ᠤ ᠤᠤᠭᠤᠬᠤ ᠤᠰᠤᠨ᠎ᠤ ᠠᠮᠤᠷ ᠲᠦᠪᠰᠢᠨ᠎ᠢ ᠪᠠᠳᠤᠯᠠᠵᠤ᠂ ᠤᠰᠤ ᠬᠡᠷᠡᠭᠯᠡᠬᠦ ᠡᠷᠦᠭᠡ ᠪᠤᠯᠤᠨ ᠤᠰᠤ ᠬᠠᠩᠭ᠋ᠠᠬᠤ ᠨᠢᠭᠡᠴᠢ ᠵᠢᠨ ᠬᠠᠤᠯᠢ ᠶᠤᠰᠤᠨ᠎ᠤ ᠡᠷᠭᠡ ᠠᠰᠢᠭ᠎ᠢ ᠬᠠᠮᠠᠭ᠋ᠠᠯᠠᠵᠤ᠂ ᠬᠦᠳᠡᠭᠡ ᠲᠤᠰᠬᠤᠨ᠎ᠤ ᠠᠵᠤ ᠠᠬᠤᠢ ᠨᠡᠢ᠍ᠢ᠍ᠬᠡᠮ᠎ᠤᠨ ᠬᠦᠭᠵᠢᠯᠳᠡ ᠵᠢ ᠠᠬᠢᠭᠤᠯᠬᠤ ᠵᠢᠨ ᠲᠦᠯᠦᠭᠡ᠂ 《ᠪᠦᠬᠦᠳᠡ ᠨᠠᠢ᠍ᠢ᠍ᠷᠠᠮᠳᠠᠬᠤ ᠲᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》᠂ 《ᠪᠦᠬᠦᠳᠡ ᠨᠠᠢ᠍ᠢ᠍ᠷᠠᠮᠳᠠᠬᠤ ᠲᠤᠮᠳᠠᠳᠤ ᠠᠷᠠᠳ ᠤᠯᠤᠰ᠎ᠤᠨ ᠤᠰᠤᠨ᠎ᠤ ᠪᠤᠬᠢᠷᠳᠦᠯ᠎ᠢ ᠰᠡᠷᠭᠡᠢ᠍ᠢ᠍ᠯᠡᠨ ᠵᠠᠰᠠᠬᠤ ᠬᠠᠤᠯᠢ》 ᠵᠡᠷᠭᠡ ᠤᠯᠤᠰ᠎ᠤᠨ ᠬᠤᠯᠪᠤᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠤᠭᠳᠠᠭ᠋ᠠᠯ᠎ᠢ ᠦᠨᠳᠦᠰᠦᠯᠡᠵᠦ᠂ ᠦᠪᠡᠷᠳᠡᠭᠡᠨ ᠵᠠᠰᠠᠬᠤ ᠤᠷᠤᠨ᠎ᠤ ᠪᠤᠳᠠᠳᠠᠢ᠎ᠲᠠᠢ ᠤᠶᠠᠯᠳᠤᠭᠤᠯᠤᠨ᠂ ᠲᠤᠰ ᠲᠦᠷᠢᠮ᠎ᠢ ᠲᠤᠭᠳᠠᠭ᠋ᠠᠪᠠ᠃
    ᠬᠤᠶᠠᠳᠤᠭ᠋ᠠᠷ ᠵᠦᠢ᠍ᠯ ᠦᠪᠡᠷᠳᠡᠭᠡᠨ ᠵᠠᠰᠠᠬᠤ ᠤᠷᠤᠨ᠎ᠤ ᠵᠠᠰᠠᠭ ᠵᠠᠬᠢᠷᠭ᠋ᠠᠨ᠎ᠤ ᠤᠷᠤᠨ ᠲᠤᠳᠤᠷᠠᠬᠢ ᠬᠦᠳᠡᠭᠡ ᠲᠤᠰᠬᠤᠨ᠎ᠤ ᠤᠤᠭᠤᠬᠤ ᠤᠰᠤ ᠵᠢ ᠬᠠᠩᠭ᠋ᠠᠬᠤ ᠢᠨᠵᠸᠨ᠋ᠸᠷᠢᠩ᠎ᠤᠨ ᠲᠦᠯᠦᠪᠵᠢᠭᠦᠯᠭᠡ᠂ ᠪᠦᠳᠦᠭᠡᠨ ᠪᠠᠢ᠍ᠢ᠍ᠭᠤᠯᠤᠯᠳᠠ᠂ ᠠᠵᠢᠯᠯᠠᠭ᠎ᠠ᠂ ᠤᠰᠤᠨ᠎ᠤ ᠰᠤᠷᠪᠤᠯᠵᠢ ᠪᠠ ᠤᠰᠤᠨ᠎ᠤ ᠴᠢᠨᠡᠷ᠎ᠤᠨ ᠬᠠᠮᠠᠭ᠋ᠠᠯᠠᠯᠳᠠ᠂ ᠤᠰᠤ ᠬᠠᠩᠭ᠋ᠠᠬᠤ ᠪᠠ ᠤᠰᠤ ᠬᠡᠷᠡᠭᠯᠡᠬᠦ ᠵᠢᠴᠢ ᠬᠠᠮᠢᠶ᠎ᠠ ᠪᠦᠬᠦᠢ ᠬᠠᠮᠢᠶᠠᠷᠤᠯᠳᠠ ᠵᠢᠨ ᠠᠵᠢᠯᠯᠠᠭ᠎ᠠ ᠵᠢ ᠡᠷᠬᠢᠯᠡᠬᠦ᠎ᠳᠤ ᠲᠤᠰ ᠲᠦᠷᠢᠮ᠎ᠢ ᠵᠢᠷᠤᠮᠯᠠᠬᠤ ᠬᠡᠷᠡᠭᠳᠡᠢ᠃
    ᠭᠤᠷᠪᠠᠳᠤᠭ᠋ᠠᠷ ᠵᠦᠢ᠍ᠯ ᠲᠤᠰ ᠲᠦᠷᠢᠮ᠎ᠳᠤ ᠬᠡᠯᠡᠵᠦ ᠪᠠᠢ᠍ᠢ᠍ᠭ᠎ᠠ ᠬᠦᠳᠡᠭᠡ ᠲᠤᠰᠬᠤᠨ᠎ᠤ ᠤᠤᠭᠤᠬᠤ ᠤᠰᠤ ᠭᠡᠳᠡᠭ᠎ᠨᠢ ᠦᠪᠡᠷᠳᠡᠭᠡᠨ ᠵᠠᠰᠠᠬᠤ ᠤᠷᠤᠨ᠎ᠤ ᠵᠠᠰᠠᠭ ᠵᠠᠬᠢᠷᠭ᠋ᠠᠨ᠎ᠤ ᠤᠷᠤᠨ ᠲᠤᠳᠤᠷᠠᠬᠢ ᠰᠤᠮᠤ ᠰᠢᠶᠠᠩ ᠪᠠᠯᠭ᠋ᠠᠰᠤ (ᠬᠤᠰᠢᠭᠤ ᠰᠢᠶᠡᠨ᠎ᠤ ᠪᠠᠢ᠍ᠢ᠍ᠭ᠎ᠠ ᠭᠠᠵᠠᠷ ᠬᠤᠳᠠ ᠲᠤᠭᠤᠷᠢᠭ᠎ᠢ ᠪᠠᠭᠳᠠᠭ᠋ᠠᠬᠤ ᠦᠭᠡᠢ)᠂ ᠭᠠᠴᠠᠭ᠎ᠠ ᠲᠤᠰᠬᠤᠨ ᠵᠢᠴᠢ ᠤᠯᠤᠰ᠎ᠤᠨ ᠦᠮᠴᠢᠯᠡᠯᠳᠦ ᠲᠠᠷᠢᠶᠠᠯᠠᠩ ᠮᠠᠯᠵᠢᠯ ᠤᠢ ᠰᠢᠭᠤᠢ ᠵᠢᠨ ᠲᠠᠯᠠᠪᠤᠷ᠎ᠤᠨ ᠠᠮᠢᠳᠤᠷᠠᠯ᠎ᠤᠨ ᠤᠤᠭᠤᠬᠤ ᠤᠰᠤ ᠵᠢ ᠵᠢᠭ᠋ᠠᠵᠤ ᠪᠤᠢ᠃
      ᠲᠦᠷᠪᠡᠳᠦᠭᠡᠷ ᠵᠦᠢ᠍ᠯ ᠬᠤᠰᠢᠭᠤ ᠰᠢᠶᠡᠨ᠎ᠤ ᠱᠠᠳᠤᠨ ᠊ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠬᠦᠳᠡᠭᠡ ᠲᠤᠰᠬᠤᠨ᠎ᠤ ᠤᠤᠭᠤᠬᠤ ᠤᠰᠤ ᠵᠢ ᠬᠠᠩᠭ᠋ᠠᠬᠤ ᠦᠢ᠍ᠯᠡᠰ᠎ᠢ ᠲᠤᠬᠠᠢ ᠵᠢᠨ ᠭᠠᠵᠠᠷ᠎ᠤᠨ ᠤᠯᠤᠰ ᠠᠷᠠᠳ᠎ᠤᠨ ᠠᠵᠤ ᠠᠬᠤᠢ ᠪᠠ ᠨᠡᠢ᠍ᠢ᠍ᠬᠡᠮ᠎ᠤᠨ ᠬᠦᠭᠵᠢᠯᠳᠡ ᠵᠢᠨ ᠲᠦᠯᠦᠪᠵᠢᠭᠦᠯᠭᠡ᠎ᠳᠡᠭᠡᠨ ᠤᠷᠤᠭᠤᠯᠵᠤ᠂ ᠬᠦᠳᠡᠭᠡ ᠲᠤᠰᠬᠤᠨ᠎ᠤ ᠤᠤᠭᠤᠬᠤ ᠤᠰᠤ ᠵᠢ ᠬᠠᠩᠭ᠋ᠠᠬᠤ ᠦᠢ᠍ᠯᠡᠰ᠎ᠤᠨ ᠦᠷᠭᠦᠯᠵᠢᠯᠡᠯ ᠬᠦᠭᠵᠢᠯᠳᠡ ᠵᠢ ᠪᠠᠳᠤᠯᠠᠬᠤ ᠬᠡᠷᠡᠭᠳᠡᠢ᠃
      ᠨᠢᠭᠡᠴᠢ ᠪᠠ ᠬᠤᠪᠢ ᠬᠦᠮᠦᠨ ᠬᠦᠳᠡᠭᠡ ᠲᠤᠰᠬᠤᠨ᠎ᠤ ᠤᠤᠭᠤᠬᠤ ᠤᠰᠤ ᠵᠢ ᠬᠠᠩᠭ᠋ᠠᠬᠤ ᠢᠨᠵᠸᠨ᠋ᠸᠷᠢᠩ᠎ᠤᠨ ᠪᠦᠳᠦᠭᠡᠨ ᠪᠠᠢ᠍ᠢ᠍ᠭᠤᠯᠤᠯᠳᠠ᠎ᠳᠤ ᠲᠡᠮᠵᠢᠯᠭᠡ ᠦᠵᠡᠭᠦᠯᠬᠦ ᠪᠤᠶᠤ ᠪᠡᠯᠡ ᠤᠷᠤᠭᠤᠯᠬᠤ ᠵᠢ ᠵᠤᠷᠢᠭᠵᠢᠭᠤᠯᠤᠨ ᠲᠡᠮᠵᠢᠨ᠎ᠡ᠃
      ᠲᠠᠪᠤᠳᠤᠭ᠋ᠠᠷ ᠵᠦᠢ᠍ᠯ ᠬᠦᠳᠡᠭᠡ ᠲᠤᠰᠬᠤᠨ᠎ᠤ ᠤᠤᠭᠤᠬᠤ ᠤᠰᠤ ᠵᠢ ᠬᠠᠩᠭ᠋ᠠᠬᠤ ᠦᠢ᠍ᠯᠡᠰ᠎ᠨᠢ ᠨᠢᠭᠡᠳᠦᠯᠳᠡᠢ ᠲᠦᠯᠦᠪᠵᠢᠭᠦᠯᠬᠦ᠂ ᠠᠮᠤᠷ ᠲᠦᠪᠰᠢᠨ ᠠᠷᠢᠭᠤᠨ ᠴᠡᠪᠡᠷ ᠪᠠᠢ᠍ᠢ᠍ᠬᠤ᠂ ᠠᠷᠪᠢᠴᠢ ᠭᠠᠮᠳᠠᠢ᠎ᠪᠠᠷ ᠬᠡᠷᠡᠭᠯᠡᠬᠦ ᠪᠠ ᠨᠢᠭᠡᠳᠦᠯᠳᠡᠢ ᠲᠦᠯᠦᠪᠵᠢᠭᠦᠯᠦᠨ ᠨᠡᠢ᠍ᠢ᠍ᠳᠡ᠎ᠳᠤᠨᠢ ᠬᠠᠷᠠᠭ᠋ᠠᠯᠵᠠᠬᠤ ᠵᠠᠷᠴᠢᠮ᠎ᠢ ᠪᠠᠷᠢᠮᠳᠠᠯᠬᠠᠤ ᠬᠡᠷᠡᠭᠳᠡᠢ᠃
      ᠵᠢᠷᠭᠤᠳᠤᠭ᠋ᠠᠷ ᠵᠦᠢ᠍ᠯ ᠬᠤᠰᠢᠭᠤ ᠰᠢᠶᠡᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠰ ᠵᠠᠰᠠᠭ ᠵᠠᠬᠢᠷᠭ᠋ᠠᠨ᠎ᠤ ᠤᠷᠤᠨ ᠲᠤᠳᠤᠷᠠᠬᠢ ᠬᠦᠳᠡᠭᠡ ᠲᠤᠰᠬᠤᠨ᠎ᠤ ᠤᠤᠭᠤᠬᠤ ᠤᠰᠤᠨ᠎ᠤ ᠬᠠᠩᠭ᠋ᠠᠯᠳᠠ ᠵᠢ ᠬᠢᠨᠡᠨ ᠬᠠᠮᠢᠶᠠᠷᠬᠤ ᠠᠵᠢᠯ᠎ᠢ ᠬᠠᠷᠢᠭᠤᠴᠠᠨ᠎ᠠ᠃
      ᠬᠦᠭᠵᠢᠭᠦᠯᠦᠯᠳᠡ ᠪᠠ ᠦᠭᠡᠷᠡᠴᠢᠯᠡᠯᠳᠡ᠂ ᠡᠳ᠋᠎ᠤᠨ ᠵᠠᠰᠠᠭ᠂ ᠡᠷᠡᠭᠦᠯ ᠬᠠᠮᠠᠭ᠋ᠠᠯᠠᠯ᠂ ᠤᠷᠴᠢᠨ ᠲᠤᠭᠤᠷᠢᠨ᠎ᠤ ᠬᠠᠮᠠᠭ᠋ᠠᠯᠠᠯᠳᠠ᠂ ᠪᠦᠳᠦᠭᠡᠨ ᠪᠠᠢ᠍ᠢ᠍ᠭᠤᠯᠤᠯᠳᠠ᠂ ᠤᠯᠤᠰ᠎ᠤᠨ ᠭᠠᠵᠠᠷ ᠰᠢᠷᠦᠢ ᠡᠬᠢ ᠪᠠᠶᠠᠯᠢᠭ᠂ ᠬᠢᠨᠡᠨ ᠪᠤᠳᠤᠯᠳᠠ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠦᠪᠡᠷ᠎ᠤᠨ ᠲᠤᠰᠢᠶᠠᠯ ᠬᠠᠷᠢᠭᠤᠴᠠᠯᠭ᠎ᠠ ᠶᠤᠰᠤᠭ᠋ᠠᠷ ᠬᠦᠳᠡᠭᠡ ᠲᠤᠰᠬᠤᠨ᠎ᠤ ᠤᠤᠭᠤᠬᠤ ᠤᠰᠤ ᠵᠢ ᠬᠠᠩᠭ᠋ᠠᠬᠤ ᠬᠠᠮᠢᠶ᠎ᠠ ᠪᠦᠬᠦᠢ ᠠᠵᠢᠯ᠎ᠢ ᠰᠠᠢ᠍ᠢ᠍ᠳᠤᠷ ᠬᠢᠬᠦ ᠬᠡᠷᠡᠭᠳᠡᠢ᠃
      ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠤᠷᠳᠤᠨ ᠲᠤᠰ ᠵᠠᠰᠠᠭ ᠵᠠᠬᠢᠷᠭ᠋ᠠᠨ᠎ᠤ ᠤᠷᠤᠨ ᠲᠤᠳᠤᠷᠠᠬᠢ ᠬᠦᠳᠡᠭᠡ ᠲᠤᠰᠬᠤᠨ᠎ᠤ ᠤᠤᠭᠤᠬᠤ ᠤᠰᠤᠨ᠎ᠤ ᠬᠠᠩᠭ᠋ᠠᠯᠳᠠ ᠵᠢᠨ ᠠᠵᠢᠯ᠎ᠢ ᠵᠤᠬᠢᠶᠠᠨ ᠪᠠᠢ᠍ᠢ᠍ᠭᠤᠯᠬᠤ ᠪᠠ ᠵᠤᠬᠢᠴᠠᠭᠤᠯᠬᠤ ᠵᠢ ᠬᠠᠷᠢᠭᠤᠴᠠᠨ᠎ᠠ᠃
      ᠲᠤᠯᠤᠳᠤᠭ᠋ᠠᠷ ᠵᠦᠢ᠍ᠯ ᠬᠦᠳᠡᠭᠡ ᠲᠤᠰᠬᠤᠨ᠎ᠤ ᠤᠤᠭᠤᠬᠤ ᠤᠰᠤ ᠵᠢ ᠬᠠᠩᠭ᠋ᠠᠬᠤ ᠲᠤᠬᠠᠢ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠮᠠᠲᠸᠷᠢᠶᠠᠯ᠂ ᠰᠢᠨ᠎ᠡ ᠲᠦᠬᠦᠭᠡᠷᠦᠮᠵᠢ ᠵᠢ ᠰᠤᠳᠤᠯᠬᠤ᠂ ᠨᠡᠭᠡᠭᠡᠨ ᠬᠦᠭᠵᠢᠭᠦᠯᠬᠦ᠂ ᠬᠡᠷᠡᠭᠯᠡᠬᠦ ᠪᠠ ᠲᠦᠭᠡᠮᠡᠯᠵᠢᠭᠦᠯᠬᠦ ᠵᠢ ᠵᠤᠷᠢᠭᠵᠢᠭᠤᠯᠤᠨ᠎ᠠ᠃
      ᠨᠠᠢ᠍ᠮᠠᠳᠤᠭ᠋ᠠᠷ ᠵᠦᠢ᠍ᠯ ᠶᠠᠮᠠᠷᠪᠠ ᠨᠢᠭᠡᠴᠢ ᠪᠠ ᠬᠤᠪᠢ ᠬᠦᠮᠦᠨ ᠬᠦᠳᠡᠭᠡ ᠲᠤᠰᠬᠤᠨ᠎ᠤ ᠤᠤᠭᠤᠬᠤ ᠤᠰᠤᠨ᠎ᠤ ᠰᠤᠷᠪᠤᠯᠵᠢ ᠪᠠ ᠤᠰᠤ ᠬᠠᠩᠭ᠋ᠠᠬᠤ ᠲᠦᠭᠦᠭᠡᠷᠦᠮᠵᠢ ᠵᠢ ᠬᠠᠮᠠᠭ᠋ᠠᠯᠠᠬᠤ ᠡᠭᠦᠷᠭᠡ᠎ᠲᠠᠢ ᠪᠠᠢ᠍ᠢ᠍ᠵᠤ᠂ ᠤᠤᠭᠤᠬᠤ ᠤᠰᠤᠨ᠎ᠤ ᠰᠤᠷᠪᠤᠯᠵᠢ ᠪᠠ ᠤᠰᠤ ᠬᠠᠩᠭ᠋ᠠᠬᠤ ᠲᠦᠭᠦᠭᠡᠷᠦᠮᠵᠢ ᠵᠢ ᠡᠪᠳᠡᠨ ᠰᠦᠢ᠍ᠳᠭᠡᠭᠰᠡᠨ ᠬᠠᠤᠯᠢ ᠎ᠠᠴᠠ ᠵᠦᠷᠢᠴᠡᠭᠰᠡᠨ ᠠᠵᠢᠯᠯᠠᠭ᠎ᠠ ᠵᠢ ᠬᠤᠷᠢᠭᠯᠠᠨ ᠵᠤᠭᠰᠤᠭ᠋ᠠᠬᠤ᠂ ᠢᠯᠡᠴᠢᠯᠡᠨ ᠮᠡᠳᠡᠭᠦᠯᠬᠦ ᠪᠠ ᠵᠠᠭ᠋ᠠᠯᠳᠤᠬᠤ ᠡᠷᠭᠡ᠎ᠲᠠᠢ᠃ ᠬᠤᠶᠠᠳᠤᠭ᠋ᠠᠷ ᠪᠦᠯᠦᠭ ᠲᠦᠯᠦᠪᠵᠢᠭᠦᠯᠬᠦ ᠪᠠ ᠪᠦᠳᠦᠭᠡᠨ ᠪᠠᠢ᠍ᠢ᠍ᠭᠤᠯᠬᠤ
      ᠶᠢᠰᠦᠳᠦᠭᠡᠷ ᠵᠦᠢ᠍ᠯ ᠬᠤᠰᠢᠭᠤ ᠰᠢᠶᠡᠨ᠎ᠤ ᠱᠠᠳᠤᠨ ᠊ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠰᠤᠨ᠎ᠤ ᠰᠤᠷᠪᠤᠯᠵᠢ ᠵᠢᠨ ᠶᠡᠷᠦᠩᠭᠡᠢ ᠲᠦᠯᠦᠪᠵᠢᠭᠦᠯᠭᠡ ᠵᠢ ᠦᠨᠳᠦᠰᠦᠯᠡᠨ᠂ ᠬᠤᠯᠪᠤᠭᠳᠠᠯ ᠪᠦᠬᠦᠢ ᠰᠠᠯᠠᠭ᠎ᠠ ᠮᠦᠴᠢᠷ᠎ᠲᠠᠢ ᠬᠠᠮᠳᠤᠷᠠᠨ ᠬᠦᠳᠡᠭᠡ ᠲᠤᠰᠬᠤᠨ᠎ᠤ ᠤᠤᠭᠤᠬᠤ ᠤᠰᠤ ᠵᠢ ᠬᠠᠩᠭ᠋ᠠᠬᠤ ᠬᠦᠭᠵᠢᠯᠳᠡ ᠵᠢᠨ ᠲᠦᠯᠦᠪᠵᠢᠭᠦᠯᠭᠡ ᠵᠢ ᠨᠠᠢ᠍ᠢ᠍ᠷᠠᠭᠤᠯᠵᠤ᠂ ᠲᠡᠭᠡᠳᠦ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠵᠶ᠋ᠠᠷ ᠬᠢᠨᠡᠨ ᠬᠠᠷᠭᠤᠭᠤᠯᠤᠭᠰᠠᠨ᠎ᠤ ᠲᠠᠷᠠᠭ᠎ᠠ᠂ ᠲᠤᠰ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠳᠤ ᠮᠡᠳᠡᠭᠦᠯᠦᠨ ᠵᠦᠪᠰᠢᠶᠡᠷᠡᠭᠦᠯᠦᠭᠰᠡᠨ ᠬᠤᠢ᠍ᠢ᠍ᠨ᠎ᠠ ᠬᠡᠷᠡᠭᠵᠢᠭᠦᠯᠬᠦ ᠬᠡᠷᠡᠭᠳᠡᠢ᠃
      ᠬᠦᠳᠡᠭᠡ ᠲᠤᠰᠬᠤᠨ᠎ᠤ ᠤᠤᠭᠤᠬᠤ ᠤᠰᠤ ᠵᠢ ᠬᠠᠩᠭ᠋ᠠᠬᠤ ᠬᠦᠭᠵᠢᠯᠳᠡ ᠵᠢᠨ ᠲᠦᠯᠦᠪᠵᠢᠭᠦᠯᠭᠡ ᠵᠢ ᠨᠠᠢ᠍ᠢ᠍ᠷᠠᠭᠤᠯᠬᠤ᠎ᠳᠤ᠂ ᠬᠤᠳᠠ ᠬᠦᠳᠡᠭᠡ ᠵᠢᠨ ᠠᠵᠤ ᠠᠬᠤᠢ ᠨᠡᠢ᠍ᠢ᠍ᠬᠡᠮ᠎ᠤᠨ ᠬᠦᠭᠵᠢᠯᠳᠡ ᠵᠢ ᠨᠢᠭᠡᠳᠦᠯᠳᠡᠢ ᠲᠦᠯᠦᠪᠵᠢᠭᠦᠯᠦᠨ ᠨᠡᠢ᠍ᠢ᠍ᠳᠡ᠎ᠳᠤᠨᠢ ᠬᠠᠷᠠᠭ᠋ᠠᠯᠵᠠᠵᠤ᠂ ᠬᠦᠳᠡᠭᠡ ᠲᠤᠰᠬᠤᠨ᠎ᠤ ᠤᠤᠭᠤᠬᠤ ᠤᠰᠤᠨ᠎ᠤ ᠰᠤᠷᠪᠤᠯᠵᠢ ᠵᠢ ᠬᠠᠮᠠᠭ᠋ᠠᠯᠠᠵᠤ᠂ ᠬᠡᠪᠴᠢᠶᠡᠵᠢᠭᠰᠡᠨ ᠲᠦᠪᠯᠡᠷᠡᠭᠦᠯᠦᠨ ᠤᠰᠤ ᠬᠠᠩᠭ᠋ᠠᠬᠤ ᠢᠨᠵᠸᠨ᠋ᠸᠷᠢᠩ᠎ᠢ ᠲᠡᠷᠢᠭᠦᠯᠡᠨ ᠪᠦᠳᠦᠭᠡᠨ ᠪᠠᠢ᠍ᠢ᠍ᠭᠤᠯᠵᠤ᠂ ᠤᠰᠤ ᠬᠠᠩᠭ᠋ᠠᠬᠤ ᠢᠨᠵᠸᠨ᠋ᠸᠷᠢᠩ᠎ᠤᠨ ᠬᠡᠪᠴᠢᠶᠡᠵᠢᠭᠰᠡᠨ ᠦᠷ᠎ᠡ ᠠᠰᠢᠭ᠎ᠢ ᠲᠡᠭᠡᠭᠰᠢᠯᠡᠭᠦᠯᠬᠦ ᠬᠡᠷᠡᠭᠳᠡᠢ᠃
      ᠵᠦᠪᠰᠢᠶᠡᠷᠡᠭᠦᠯᠦᠭᠰᠡᠨ ᠬᠦᠳᠡᠭᠡ ᠲᠤᠰᠬᠤᠨ᠎ᠤ ᠤᠤᠭᠤᠬᠤ ᠤᠰᠤ ᠵᠢ ᠬᠠᠩᠭ᠋ᠠᠬᠤ ᠲᠦᠯᠦᠪᠵᠢᠭᠦᠯᠭᠡ᠎ᠳᠤ ᠵᠠᠰᠠᠪᠤᠷᠢ ᠤᠷᠤᠭᠤᠯᠬᠤ ᠴᠢᠬᠤᠯᠠ᠎ᠲᠠᠢ ᠪᠤᠯ ᠤᠭ᠎ᠤᠨ ᠵᠦᠪᠰᠢᠶᠡᠷᠡᠭᠦᠯᠦᠭᠰᠡᠨ ᠲᠠᠷᠠᠭ᠋ᠠᠯᠠᠯ ᠶᠤᠰᠤᠭ᠋ᠠᠷ ᠮᠡᠳᠡᠭᠦᠯᠦᠨ ᠵᠦᠪᠰᠢᠶᠡᠷᠡᠭᠦᠯᠬᠦ ᠬᠡᠷᠡᠭᠳᠡᠢ᠃
      ᠠᠷᠪᠠᠳᠤᠭ᠋ᠠᠷ ᠵᠦᠢ᠍ᠯ ᠰᠢᠨ᠎ᠡ᠎ᠪᠠᠷ ᠪᠠᠢ᠍ᠢ᠍ᠭᠤᠯᠤᠭᠰᠠᠨ᠂ ᠦᠭᠡᠷᠡᠴᠢᠯᠡᠨ ᠪᠠᠢ᠍ᠢ᠍ᠭᠤᠯᠤᠭᠰᠠᠨ᠂ ᠦᠷᠭᠡᠳᠭᠡᠨ ᠪᠠᠢ᠍ᠢ᠍ᠭᠤᠯᠤᠭᠰᠠᠨ ᠬᠦᠳᠡᠭᠡ ᠲᠤᠰᠬᠤᠨ᠎ᠤ ᠤᠤᠭᠤᠬᠤ ᠤᠰᠤ ᠵᠢ ᠬᠠᠩᠭ᠋ᠠᠬᠤ ᠢᠨᠵᠸᠨ᠋ᠸᠷᠢᠩ᠎ᠨᠢ ᠬᠦᠳᠡᠭᠡ ᠲᠤᠰᠬᠤᠨ᠎ᠤ ᠤᠤᠭᠤᠬᠤ ᠤᠰᠤ ᠵᠢ ᠬᠠᠩᠭ᠋ᠠᠬᠤ ᠬᠦᠭᠵᠢᠯᠳᠡ ᠵᠢᠨ ᠲᠦᠯᠦᠪᠵᠢᠭᠦᠯᠭᠡ᠎ᠲᠠᠢ ᠨᠡᠢ᠍ᠢ᠍ᠴᠡᠵᠦ᠂ ᠬᠤᠰᠢᠭᠤ ᠰᠢᠶᠡᠨ᠎ᠤ ᠱᠠᠳᠤᠨ ᠊ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠵᠶ᠋ᠠᠷ ᠬᠢᠨᠡᠨ ᠪᠠᠢ᠍ᠢ᠍ᠴᠠᠭ᠋ᠠᠵᠤ ᠵᠦᠪᠰᠢᠶᠡᠷᠡᠭᠦᠯᠬᠦ ᠵᠢᠨ ᠬᠠᠮᠳᠤ ᠤᠯᠤᠰ ᠪᠠ ᠦᠪᠡᠷᠳᠡᠭᠡᠨ ᠵᠠᠰᠠᠬᠤ ᠤᠷᠤᠨ᠎ᠤ ᠬᠤᠯᠪᠤᠭᠳᠠᠯ ᠪᠦᠬᠦᠢ ᠲᠤᠭᠳᠠᠭ᠋ᠠᠯ ᠶᠤᠰᠤᠭ᠋ᠠᠷ ᠬᠠᠮᠢᠶ᠎ᠠ ᠪᠦᠬᠦᠢ ᠵᠦᠪᠰᠢᠶᠡᠷᠡᠭᠦᠯᠬᠦ ᠭᠠᠷᠳᠠᠮ᠎ᠢ ᠬᠦᠢ᠍ᠴᠡᠳᠭᠡᠭᠰᠡᠨ ᠬᠤᠢ᠍ᠢ᠍ᠨ᠎ᠠ ᠰᠠᠶᠢ ᠪᠦᠳᠦᠭᠡᠨ ᠪᠠᠢ᠍ᠢ᠍ᠭᠤᠯᠵᠤ ᠪᠤᠯᠤᠨ᠎ᠠ᠃
      ᠠᠷᠪᠠᠨ ᠨᠢᠭᠡᠳᠦᠭᠡᠷ ᠵᠦᠢ᠍ᠯ ᠬᠦᠳᠡᠭᠡ ᠲᠤᠰᠬᠤᠨ᠎ᠤ ᠤᠤᠭᠤᠬᠤ ᠤᠰᠤ ᠵᠢ ᠬᠠᠩᠭ᠋ᠠᠬᠤ ᠢᠨᠵᠸᠨ᠋ᠸᠷᠢᠩ᠎ᠨᠢ ᠲᠡᠮᠤᠷ ᠵᠠᠮ᠂ ᠵᠠᠰᠠᠮᠠᠯ ᠵᠠᠮ᠂ ᠴᠠᠬᠢᠯᠭ᠋ᠠᠨ ᠬᠦᠴᠦᠨ ᠪᠠ ᠴᠠᠬᠢᠯᠭ᠋ᠠᠨ ᠬᠤᠯᠪᠤᠭ᠎ᠠ ᠵᠡᠷᠭᠡ ᠲᠦᠭᠦᠭᠡᠷᠦᠮᠵᠢ᠎ᠲᠠᠢ ᠵᠦᠷᠢᠯᠳᠦᠬᠦ ᠦᠶᠡᠰ ᠬᠠᠮᠢᠶ᠎ᠠ ᠪᠦᠬᠦᠢ ᠰᠠᠯᠠᠭ᠎ᠠ ᠮᠦᠴᠢᠷ ᠡᠷᠭᠡᠪᠰᠢ ᠴᠢᠬᠤᠯᠠ ᠪᠦᠬᠦᠢ ᠲᠡᠮᠵᠢᠯᠭᠡ ᠦᠵᠡᠭᠦᠯᠬᠦ ᠬᠡᠷᠡᠭᠳᠡᠢ᠃
      ᠲᠡᠮᠤᠷ ᠵᠠᠮ᠂ ᠵᠠᠰᠠᠮᠠᠯ ᠵᠠᠮ᠂ ᠴᠠᠬᠢᠯᠭ᠋ᠠᠨ ᠬᠦᠴᠦᠨ᠂ ᠴᠠᠬᠢᠯᠭ᠋ᠠᠨ ᠬᠤᠯᠪᠤᠭ᠎ᠠ ᠵᠡᠷᠭᠡ ᠲᠦᠭᠦᠭᠡᠷᠦᠮᠵᠢ ᠵᠢ ᠰᠢᠨ᠎ᠡ᠎ᠪᠠᠷ ᠪᠠᠢ᠍ᠢ᠍ᠭᠤᠯᠬᠤ᠂ ᠦᠭᠡᠷᠡᠴᠢᠯᠡᠨ ᠪᠠᠢ᠍ᠢ᠍ᠭᠤᠯᠬᠤ᠂ ᠦᠷᠭᠡᠳᠭᠡᠨ ᠪᠠᠢ᠍ᠢ᠍ᠭᠤᠯᠬᠤ᠎ᠳᠤ ᠬᠦᠳᠡᠭᠡ ᠲᠤᠰᠬᠤᠨ᠎ᠤ ᠤᠤᠭᠤᠬᠤ ᠤᠰᠤᠨ᠎ᠤ ᠰᠤᠷᠪᠤᠯᠵᠢ ᠪᠤᠶᠤ ᠤᠰᠤ ᠬᠠᠩᠭ᠋ᠠᠬᠤ ᠲᠦᠭᠦᠭᠡᠷᠦᠮᠵᠢ ᠵᠢ ᠡᠪᠳᠡᠨ ᠬᠤᠬᠢᠷᠠᠭᠤᠯᠤᠭᠰᠠᠨ ᠪᠤᠯ ᠨᠦᠬᠦᠨ ᠵᠠᠰᠠᠬᠤ ᠠᠷᠭ᠎ᠠ ᠬᠡᠮᠵᠢᠶ᠎ᠡ ᠠᠪᠬᠤ ᠵᠢᠨ ᠬᠠᠮᠳᠤ ᠨᠦᠬᠦᠪᠦᠷᠢᠯᠡᠬᠦ ᠬᠡᠷᠡᠭᠳᠡᠢ᠃
    ᠠᠷᠪᠠᠨ ᠬᠤᠶᠠᠳᠤᠭ᠋ᠠᠷ ᠵᠦᠢ᠍ᠯ ᠬᠦᠳᠡᠭᠡ ᠲᠤᠰᠬᠤᠨ᠎ᠤ ᠤᠤᠭᠤᠬᠤ ᠤᠰᠤ ᠵᠢ ᠬᠠᠩᠭ᠋ᠠᠬᠤ ᠢᠨᠵᠸᠨ᠋ᠸᠷᠢᠩ᠎ᠤᠨ ᠵᠢᠷᠤᠭ ᠲᠦᠯᠦᠪᠯᠡᠭᠡ ᠪᠠ ᠪᠠᠷᠢᠯᠭ᠎ᠠ᠎ᠨᠢ ᠬᠠᠤᠯᠢ ᠴᠠᠭ᠋ᠠᠵᠠ ᠪᠠ ᠬᠠᠤᠯᠢ ᠲᠤᠭᠳᠠᠭ᠋ᠠᠯ᠎ᠤᠨ ᠲᠤᠭᠳᠠᠭ᠋ᠠᠯ ᠪᠠ ᠪᠠᠷᠢᠯᠭ᠎ᠠ ᠵᠢᠨ ᠪᠦᠳᠦᠭᠡᠨ ᠪᠠᠢ᠍ᠢ᠍ᠭᠤᠯᠤᠯᠳᠠ ᠵᠢᠨ ᠪᠠᠷᠢᠮᠵᠢᠶ᠎ᠠ᠎ᠲᠠᠢ ᠨᠡᠢ᠍ᠢ᠍ᠴᠡᠬᠦ ᠬᠡᠷᠡᠭᠳᠡᠢ; ᠤᠤᠭᠤᠬᠤ ᠤᠰᠤ ᠵᠢ ᠬᠠᠩᠭ᠋ᠠᠬᠤ ᠢᠨᠵᠸᠨ᠋ᠸᠷᠢᠩ᠎ᠳᠤ ᠬᠡᠷᠡᠭᠯᠡᠬᠦ ᠮᠠᠲᠸᠷᠢᠶᠠᠯ ᠪᠠ ᠲᠦᠭᠦᠭᠡᠷᠦᠮᠵᠢ᠎ᠨᠢ ᠤᠯᠤᠰ᠎ᠤᠨ ᠦᠢ᠍ᠯᠡᠳᠭᠦᠨ᠎ᠤ ᠴᠢᠨᠡᠷ ᠴᠢᠨᠰᠠᠭ᠋ᠠᠨ᠎ᠤ ᠪᠠᠷᠢᠮᠵᠢᠶ᠎ᠠ᠎ᠲᠠᠢ ᠨᠡᠢ᠍ᠢ᠍ᠴᠡᠬᠦ ᠬᠡᠷᠡᠭᠳᠡᠢ᠃
      ᠬᠦᠳᠡᠭᠡ ᠲᠤᠰᠬᠤᠨ᠎ᠤ ᠤᠤᠭᠤᠬᠤ ᠤᠰᠤ ᠵᠢ ᠬᠠᠩᠭ᠋ᠠᠬᠤ ᠢᠨᠵᠸᠨ᠋ᠸᠷᠢᠩ᠎ᠢ ᠵᠢᠷᠤᠭᠯᠠᠨ ᠲᠦᠯᠦᠪᠯᠡᠬᠦ᠂ ᠪᠠᠷᠢᠯᠭ᠎ᠠ ᠪᠠᠷᠢᠬᠤ᠂ ᠬᠢᠨᠡᠨ ᠬᠠᠮᠢᠶᠠᠷᠬᠤ ᠵᠢ ᠡᠷᠬᠢᠯᠡᠬᠦ ᠨᠢᠭᠡᠴᠢ ᠵᠤᠬᠢᠴᠠᠩᠭᠤᠢ ᠬᠢᠷᠢ ᠬᠡᠮ᠎ᠲᠠᠢ ᠪᠠᠢ᠍ᠢ᠍ᠬᠤ ᠬᠡᠷᠡᠭᠳᠡᠢ᠃
    ᠠᠷᠪᠠᠨ ᠭᠤᠷᠪᠠᠳᠤᠭ᠋ᠠᠷ ᠵᠦᠢ᠍ᠯ ᠬᠤᠰᠢᠭᠤ ᠰᠢᠶᠡᠨ᠎ᠤ ᠱᠠᠳᠤᠨ ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠊ᠠᠴᠠ ᠬᠠᠢ᠍ᠢ᠍ᠨ ᠪᠠᠢ᠍ᠢ᠍ᠴᠠᠭ᠋ᠠᠨ ᠵᠢᠷᠤᠭᠯᠠᠨ ᠲᠦᠯᠦᠪᠯᠡᠬᠦ ᠨᠢᠭᠡᠴᠢ᠂ ᠬᠢᠨᠠᠨ ᠬᠠᠮᠢᠶᠠᠷᠬᠤ ᠨᠢᠭᠡᠴᠢ᠂ ᠪᠠᠷᠢᠯᠭ᠎ᠠ ᠵᠢᠨ ᠨᠢᠭᠡᠴᠢ ᠪᠠ ᠲᠦᠭᠦᠭᠡᠷᠦᠮᠵᠢ ᠮᠠᠲᠸᠷᠢᠶᠠᠯ ᠬᠠᠩᠭ᠋ᠠᠬᠤ ᠦᠢ᠍ᠯᠡᠳᠪᠦᠷᠢ ᠬᠤᠳᠠᠯᠳᠤᠭ᠋ᠠᠴᠢᠨ᠎ᠳᠤ ᠢᠳᠡᠭᠡᠮᠵᠢ ᠵᠢᠨ ᠲᠠᠩᠰᠠ ᠪᠠᠢ᠍ᠢ᠍ᠭᠤᠯᠬᠤ ᠵᠢᠨ ᠬᠠᠮᠳᠤ ᠨᠡᠢ᠍ᠢ᠍ᠬᠡᠮ ᠲᠠᠶᠠᠭ᠋ᠠᠷ᠎ᠲᠤ ᠨᠡᠢ᠍ᠢ᠍ᠳᠡᠯᠡᠬᠦ ᠬᠡᠷᠡᠭᠳᠡᠢ᠃
      ᠠᠷᠪᠠᠨ ᠲᠦᠷᠪᠡᠳᠦᠭᠡᠷ ᠵᠦᠢ᠍ᠯ ᠬᠦᠳᠡᠭᠡ ᠲᠤᠰᠬᠤᠨ᠎ᠤ ᠤᠤᠭᠤᠬᠤ ᠤᠰᠤ ᠵᠢ ᠬᠠᠩᠭ᠋ᠠᠬᠤ ᠢᠨᠵᠸᠨ᠋ᠸᠷᠢᠩ᠎ᠤᠨ ᠪᠠᠷᠢᠯᠭ᠎ᠠ ᠲᠠᠭᠤᠰᠤᠭᠰᠠᠨ ᠬᠤᠢ᠍ᠢ᠍ᠨ᠎ᠠ᠂ ᠬᠤᠰᠢᠭᠤ ᠰᠢᠶᠡᠨ᠎ᠤ ᠱᠠᠳᠤᠨ ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠠᠤᠯᠢ ᠶᠤᠰᠤᠭ᠋ᠠᠷ ᠪᠠᠷᠢᠯᠭ᠎ᠠ ᠲᠠᠭᠤᠰᠤᠭᠰᠠᠨ᠎ᠢ ᠰᠢᠯᠭ᠋ᠠᠨ ᠬᠤᠷᠢᠶᠠᠬᠤ ᠬᠡᠷᠡᠭᠳᠡᠢ᠃ ᠰᠢᠯᠭ᠋ᠠᠨ ᠬᠤᠷᠢᠶᠠᠭᠰᠠᠨ ᠦᠭᠡᠢ ᠪᠤᠶᠤ ᠰᠢᠯᠭ᠋ᠠᠨ ᠬᠤᠷᠢᠶᠠᠬᠤ᠎ᠳᠤ ᠬᠢᠷᠢ ᠲᠡᠩᠴᠡᠭᠰᠡᠨ ᠦᠭᠡᠢ ᠪᠤᠯ ᠲᠤᠰᠢᠶᠠᠨ ᠬᠡᠷᠡᠭᠯᠡᠭᠦᠯᠵᠦ ᠪᠤᠯᠬᠤ ᠦᠭᠡᠢ᠃
      ᠠᠷᠪᠠᠨ ᠲᠠᠪᠤᠳᠤᠭ᠋ᠠᠷ ᠵᠦᠢ᠍ᠯ ᠬᠦᠳᠡᠭᠡ ᠲᠤᠰᠬᠤᠨ᠎ᠤ ᠤᠤᠭᠤᠬᠤ ᠤᠰᠤ ᠵᠢ ᠬᠠᠩᠭ᠋ᠠᠬᠤ ᠢᠨᠵᠸᠨ᠋ᠸᠷᠢᠩ᠎ᠤᠨ ᠪᠠᠷᠢᠯᠭ᠎ᠠ ᠲᠠᠭᠤᠰᠴᠦ ᠰᠢᠯᠭ᠋ᠠᠨ ᠬᠤᠷᠢᠶᠠᠬᠤ᠎ᠳᠤ ᠬᠢᠷᠢ ᠲᠡᠩᠴᠡᠭᠰᠡᠨ᠎ᠤ ᠲᠠᠷᠠᠭ᠎ᠠ᠂ ᠪᠦᠳᠦᠭᠡᠨ ᠪᠠᠢ᠍ᠢ᠍ᠭᠤᠯᠤᠭᠰᠠᠨ ᠨᠢᠭᠡᠴᠢ᠎ᠨᠢ ᠢᠨᠵᠸᠨ᠋ᠸᠷᠢᠩ᠎ᠤᠨ ᠲᠠᠩᠰᠠ ᠡᠪᠬᠡᠮᠡᠯ ᠵᠶ᠋ᠠᠨ ᠭᠤᠴᠢᠨ ᠡᠳᠤᠷ᠎ᠤᠨ ᠲᠤᠳᠤᠷ᠎ᠠ ᠪᠠᠢ᠍ᠢ᠍ᠭ᠎ᠠ ᠭᠠᠵᠠᠷ᠎ᠤᠨ ᠬᠤᠰᠢᠭᠤ ᠰᠢᠶᠡᠨ᠎ᠤ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠲᠤ ᠲᠠᠩᠰᠠᠯᠠᠭᠤᠯᠬᠤ ᠬᠡᠷᠡᠭᠳᠡᠢ᠃
    ᠠᠷᠪᠠᠨ ᠵᠢᠷᠭᠤᠳᠤᠭ᠋ᠠᠷ ᠵᠦᠢ᠍ᠯ ᠬᠤᠰᠢᠭᠤ ᠰᠢᠶᠡᠨ᠎ᠤ ᠱᠠᠳᠤᠨ ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠲᠠᠷᠠᠬᠠᠢ ᠰᠠᠭᠤᠷᠢᠰᠢᠵᠦ ᠲᠦᠪᠯᠡᠷᠡᠭᠦᠯᠦᠨ ᠤᠰᠤ ᠬᠠᠩᠭ᠋ᠠᠬᠤ᠎ᠳᠤ ᠵᠤᠬᠢᠬᠤ ᠦᠭᠡᠢ ᠪᠦᠭᠡᠳ ᠦᠪᠡᠷᠳᠡᠭᠡᠨ ᠬᠡᠷᠡᠭᠯᠡᠬᠦ ᠤᠰᠤᠨ᠎ᠤ ᠴᠢᠨᠡᠷ᠎ᠨᠢ ᠠᠮᠢᠳᠤᠷᠠᠯ᠎ᠳᠤ ᠬᠡᠷᠡᠭᠯᠡᠬᠦ ᠤᠤᠭᠤᠬᠤ ᠤᠰᠤᠨ᠎ᠤ ᠡᠷᠡᠭᠦᠯ ᠬᠠᠮᠠᠭ᠋ᠠᠯᠠᠯ᠎ᠤᠨ ᠪᠠᠷᠢᠮᠵᠢᠶ᠎ᠠ᠎ᠳᠤ ᠨᠡᠢ᠍ᠢ᠍ᠴᠡᠬᠦ ᠦᠭᠡᠢ ᠡᠷᠦᠭᠡ᠎ᠳᠤ᠂ ᠡᠷᠦᠭᠡ᠎ᠳᠤ ᠬᠡᠷᠡᠭᠯᠡᠬᠦ ᠤᠰᠤ ᠴᠡᠪᠡᠷᠰᠢᠭᠦᠯᠬᠦ ᠲᠦᠭᠦᠭᠡᠷᠦᠮᠵᠢ ᠲᠦᠭᠡᠮᠡᠯᠵᠢᠯᠡᠭᠦᠯᠬᠦ ᠵᠢᠨ ᠬᠠᠮᠳᠤ ᠨᠦᠬᠦᠪᠦᠷᠢ ᠦᠭᠬᠦ ᠬᠡᠷᠡᠭᠳᠡᠢ᠃ ᠭᠤᠷᠪᠠᠳᠤᠭ᠋ᠠᠷ ᠪᠦᠯᠦᠭ ᠤᠰᠤᠨ᠎ᠤ ᠰᠤᠷᠪᠤᠯᠵᠢ ᠪᠠ ᠤᠰᠤᠨ᠎ᠤ ᠴᠢᠨᠡᠷ
      ᠠᠷᠪᠠᠨ ᠲᠤᠯᠤᠳᠤᠭ᠋ᠠᠷ ᠵᠦᠢ᠍ᠯ ᠬᠤᠰᠢᠭᠤ ᠰᠢᠶᠡᠨ᠎ᠤ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ ᠬᠦᠳᠡᠭᠡ ᠲᠤᠰᠬᠤᠨ᠎ᠤ ᠤᠤᠭᠤᠬᠤ ᠤᠰᠤ ᠬᠠᠩᠭ᠋ᠠᠬᠤ ᠬᠦᠭᠵᠢᠯᠳᠡ ᠵᠢᠨ ᠲᠦᠯᠦᠪᠵᠢᠭᠦᠯᠭᠡ ᠵᠢ ᠦᠨᠳᠦᠰᠦᠯᠡᠨ᠂ ᠭᠠᠵᠠᠷ ᠲᠡᠭᠡᠷᠡᠬᠢ ᠤᠰᠤ ᠪᠠ ᠭᠠᠵᠠᠷ ᠲᠤᠤᠷᠠᠬᠢ ᠤᠰᠤ ᠵᠢ ᠵᠤᠬᠢᠰᠳᠠᠢ᠎ᠪᠠᠷ ᠲᠤᠬᠢᠷᠠᠭᠤᠯᠤᠨ ᠬᠡᠷᠡᠭᠯᠡᠵᠦ᠂ ᠰᠢᠨ᠎ᠡ ᠤᠰᠤᠨ᠎ᠤ ᠰᠤᠷᠪᠤᠯᠵᠢ ᠵᠢ ᠲᠦᠯᠦᠪᠯᠡᠭᠡ᠎ᠲᠠᠢ᠎ᠪᠠᠷ ᠨᠡᠬᠡᠭᠡᠨ ᠠᠰᠢᠭᠯᠠᠵᠤ᠂ ᠤᠰᠤᠨ᠎ᠤ ᠰᠤᠷᠪᠤᠯᠵᠢ ᠬᠠᠳᠠᠵᠤ ᠰᠢᠷᠬᠢᠬᠦ ᠪᠠ ᠤᠰᠤ ᠪᠤᠬᠢᠷᠳᠤᠬᠤ ᠵᠢ ᠰᠡᠷᠭᠡᠢ᠍ᠢ᠍ᠯᠡᠨ ᠬᠤᠷᠢᠭᠯᠠᠵᠤ᠂ ᠮᠠᠯᠴᠢᠨ ᠲᠠᠷᠢᠶᠠᠴᠢᠨ᠎ᠤ ᠤᠤᠭᠤᠬᠤ ᠤᠰᠤᠨ᠎ᠤ ᠠᠮᠤᠷ ᠲᠦᠪᠰᠢᠨ᠎ᠢ ᠪᠠᠳᠤᠯᠠᠬᠤ ᠬᠡᠷᠡᠭᠳᠡᠢ᠃
    ᠠᠷᠪᠠᠨ ᠨᠠᠢ᠍ᠮᠠᠳᠤᠭ᠋ᠠᠷ ᠵᠦᠢ᠍ᠯ ᠤᠰᠤ ᠬᠠᠩᠭ᠋ᠠᠬᠤ ᠨᠢᠭᠡᠴᠢ ᠪᠠᠢ᠍ᠢ᠍ᠴᠠᠭ᠋ᠠᠨ ᠬᠡᠮᠵᠢᠬᠦ ᠲᠦᠷᠢᠮ᠎ᠢ ᠪᠠᠢ᠍ᠢ᠍ᠭᠤᠯᠤᠨ ᠲᠡᠭᠦᠯᠳᠡᠷᠵᠢᠭᠦᠯᠵᠦ᠂ ᠲᠤᠰᠬᠠᠢ ᠬᠢᠨᠡᠨ ᠬᠡᠮᠵᠢᠬᠦ ᠠᠵᠢᠯᠳᠠᠨ ᠪᠠ ᠴᠢᠬᠤᠯᠠ ᠪᠦᠬᠦᠢ ᠬᠡᠮᠵᠢᠭᠦᠷ᠂ ᠲᠦᠬᠦᠭᠡᠷᠦᠮᠵᠢ ᠵᠢ ᠲᠦᠭᠦᠷᠵᠢᠭᠦᠯᠵᠦ᠂ ᠤᠰᠤ ᠬᠠᠩᠭ᠋ᠠᠬᠤ ᠡᠳᠤᠷ ᠲᠤᠳᠤᠮ᠎ᠤᠨ ᠪᠠᠢ᠍ᠢ᠍ᠴᠠᠭ᠋ᠠᠨ ᠬᠡᠮᠵᠢᠬᠦ ᠠᠵᠢᠯ᠎ᠢ ᠬᠠᠷᠢᠭᠤᠴᠠᠬᠤ ᠵᠢᠨ ᠬᠠᠮᠳᠤ ᠬᠤᠰᠢᠭᠤ ᠰᠢᠶᠡᠨ᠎ᠤ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠂ ᠡᠷᠡᠭᠦᠯ ᠬᠠᠮᠠᠭ᠋ᠠᠯᠠᠯ᠎ᠤᠨ ᠰᠠᠯᠠᠭ᠎ᠠ ᠮᠦᠴᠢᠷ᠎ᠲᠤ ᠲᠤᠭᠳᠠᠭᠰᠠᠨ ᠬᠤᠭᠤᠴᠠᠭ᠎ᠠ᠎ᠲᠠᠢ᠎ᠪᠠᠷ ᠮᠡᠳᠡᠭᠦᠯᠬᠦ ᠬᠡᠷᠡᠭᠳᠡᠢ᠃
      ᠠᠷᠪᠠ ᠶᠢᠰᠦᠳᠦᠭᠡᠷ ᠵᠦᠢ᠍ᠯ ᠬᠤᠰᠢᠭᠤ ᠰᠢᠶᠡᠨ᠎ᠤ ᠱᠠᠳᠤᠨ ᠊ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠡᠷᠡᠭᠦᠯ ᠬᠠᠮᠠᠭ᠋ᠠᠯᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠨᠢ ᠲᠤᠰ ᠵᠠᠰᠠᠭ ᠵᠠᠬᠢᠷᠭ᠋ᠠᠨ᠎ᠤ ᠤᠷᠤᠨ ᠲᠤᠳᠤᠷᠠᠬᠢ ᠬᠦᠳᠡᠭᠡ ᠲᠤᠰᠬᠤᠨ᠎ᠤ ᠠᠮᠢᠳᠤᠷᠠᠯ᠎ᠤᠨ ᠤᠤᠭᠤᠬᠤ ᠤᠰᠤᠨ᠎ᠤ ᠠᠷᠢᠭᠤᠨ ᠴᠡᠪᠡᠷ᠎ᠢ ᠪᠠᠢ᠍ᠢ᠍ᠴᠠᠭ᠋ᠠᠨ ᠬᠡᠮᠵᠢᠬᠦ᠂ ᠬᠢᠨᠡᠯᠳᠡ ᠲᠠᠯᠪᠢᠬᠤ ᠠᠵᠢᠯ᠎ᠢ ᠬᠠᠷᠢᠭᠤᠴᠠᠵᠤ᠂ ᠪᠠᠢ᠍ᠢ᠍ᠴᠠᠭ᠋ᠠᠨ ᠬᠡᠮᠵᠢᠭᠰᠡᠨ ᠦᠷ᠎ᠡ ᠳ᠋ᠦᠩ᠎ᠢ ᠨᠡᠢ᠍ᠢ᠍ᠬᠡᠮ ᠲᠠᠶᠠᠭ᠋ᠠᠷ᠎ᠲᠤ ᠲᠤᠭᠳᠠᠭᠰᠠᠨ ᠬᠤᠭᠤᠴᠠᠭ᠋ᠠᠨ᠎ᠳᠤ ᠨᠡᠢ᠍ᠢ᠍ᠳᠡᠯᠡᠬᠦ ᠬᠡᠷᠡᠭᠳᠡᠢ᠃ ᠪᠠᠢ᠍ᠢ᠍ᠴᠠᠭ᠋ᠠᠨ ᠬᠡᠮᠵᠢᠬᠦ᠎ᠳᠤ ᠬᠡᠷᠡᠭᠰᠡᠬᠦ ᠵᠠᠷᠤᠳᠠᠯ᠎ᠢ ᠤᠰᠤ ᠬᠠᠩᠭ᠋ᠠᠬᠤ ᠨᠢᠭᠡᠴᠢ ᠪᠠ ᠤᠰᠤ ᠬᠡᠷᠡᠭᠯᠡᠬᠦ ᠡᠷᠦᠭᠡ ᠊ᠠᠴᠠ ᠬᠤᠷᠢᠶᠠᠵᠤ ᠪᠤᠯᠬᠤ ᠦᠭᠡᠢ᠃ ᠲᠦᠷᠪᠡᠳᠦᠭᠡᠷ ᠪᠦᠯᠦᠭ ᠤᠰᠤ ᠬᠠᠩᠭ᠋ᠠᠬᠤ ᠪᠤᠯᠤᠨ ᠤᠰᠤ ᠬᠡᠷᠡᠭᠯᠡᠬᠦ
      ᠬᠤᠷᠢᠳᠤᠭ᠋ᠠᠷ ᠵᠦᠢ᠍ᠯ ᠤᠰᠤ ᠬᠠᠩᠭ᠋ᠠᠬᠤ ᠨᠢᠭᠡᠴᠢ ᠲᠤᠤᠷᠠᠬᠢ ᠨᠦᠬᠦᠴᠡᠯ᠎ᠳᠤ ᠨᠡᠢ᠍ᠢ᠍ᠴᠡᠬᠦ ᠬᠡᠷᠡᠭᠳᠡᠢ᠄
     (ᠨᠢᠭᠡ) ᠲᠤᠭᠳᠠᠭᠤᠨ ᠤᠰᠤᠨ᠎ᠤ ᠰᠤᠷᠪᠤᠯᠵᠢ ᠪᠠ ᠵᠢᠷᠤᠭ ᠲᠦᠯᠦᠪᠯᠡᠭᠡ ᠵᠢᠨ ᠱᠠᠭ᠋ᠠᠷᠳᠠᠯᠭ᠎ᠠ᠎ᠳᠤ ᠨᠡᠢ᠍ᠢ᠍ᠴᠡᠭᠰᠡᠨ ᠤᠰᠤ ᠬᠠᠩᠭ᠋ᠠᠬᠤ ᠲᠦᠭᠦᠭᠡᠷᠦᠮᠵᠢ᠎ᠲᠠᠢ ᠪᠠᠢ᠍ᠢ᠍ᠬᠤ;
     (ᠬᠤᠶᠠᠷ) ᠬᠠᠩᠭ᠋ᠠᠭᠰᠠᠨ ᠤᠰᠤᠨ᠎ᠤ ᠴᠢᠨᠡᠷ᠎ᠨᠢ ᠤᠯᠤᠰ᠎ᠤᠨ ᠠᠮᠢᠳᠤᠷᠠᠯ᠎ᠳᠤ ᠬᠡᠷᠡᠭᠯᠡᠬᠦ ᠤᠤᠭᠤᠬᠤ ᠤᠰᠤᠨ᠎ᠤ ᠠᠷᠢᠭᠤᠨ ᠴᠡᠪᠡᠷ᠎ᠤᠨ ᠪᠠᠷᠢᠮᠵᠢᠶ᠎ᠠ᠎ᠲᠠᠢ ᠨᠡᠢ᠍ᠢ᠍ᠴᠡᠬᠦ;
     (ᠭᠤᠷᠪᠠ) ᠡᠷᠡᠭᠦᠯ ᠬᠠᠮᠠᠭ᠋ᠠᠯᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠎ᠠᠴᠠ   ᠬᠢᠨᠠᠨ ᠲᠠᠷᠬᠠᠭ᠋ᠠᠭᠰᠠᠨ ᠡᠷᠡᠭᠦᠯ ᠬᠠᠮᠠᠭ᠋ᠠᠯᠠᠯ᠎ᠤᠨ ᠵᠦᠪᠰᠢᠶᠡᠷᠡᠯ᠎ᠤᠨ ᠦᠨᠡᠮᠯᠡᠯ᠎ᠲᠠᠢ ᠪᠠᠢ᠍ᠢ᠍ᠬᠤ;
     (ᠲᠦᠷᠪᠡ) ᠬᠢᠷᠢ ᠲᠡᠩᠴᠡᠭᠰᠡᠨ ᠠᠵᠢᠯᠳᠠᠨ᠎ᠲᠠᠢ ᠪᠠᠢ᠍ᠢ᠍ᠬᠤ ᠪᠠ ᠠᠶᠤᠯᠭᠦᠢ ᠪᠦᠭᠡᠳ ᠲᠤᠭᠳᠠᠭᠤᠨ ᠵᠶ᠋ᠠᠷ ᠤᠰᠤ ᠬᠠᠩᠭ᠋ᠠᠬᠤ ᠲᠦᠷᠢᠮ ᠲᠤᠭᠳᠠᠭ᠋ᠠᠯ᠎ᠲᠠᠢ ᠪᠠᠢ᠍ᠢ᠍ᠬᠤ;
     (ᠲᠠᠪᠤ) ᠬᠠᠤᠯᠢ ᠴᠠᠭ᠋ᠠᠵᠠ᠂ ᠬᠠᠤᠯᠢ ᠲᠤᠭᠳᠠᠭ᠋ᠠᠯ᠎ᠳᠤ ᠲᠤᠭᠳᠠᠭ᠋ᠠᠭᠰᠠᠨ ᠪᠤᠰᠤᠳ ᠨᠦᠬᠦᠴᠡᠯ᠃
      ᠬᠤᠷᠢᠨ ᠨᠢᠭᠡᠳᠦᠭᠡᠷ ᠵᠦᠢ᠍ᠯ ᠤᠰᠤ ᠬᠠᠩᠭ᠋ᠠᠬᠤ ᠨᠢᠭᠡᠴᠢ ᠤᠰᠤ ᠬᠠᠩᠭ᠋ᠠᠬᠤ ᠊ᠠᠴᠠ ᠡᠮᠦᠨ᠎ᠡ ᠭᠤᠴᠢᠨ ᠡᠳᠤᠷ᠎ᠤᠨ ᠲᠤᠳᠤᠷ᠎ᠠ ᠪᠠᠢ᠍ᠢ᠍ᠭ᠎ᠠ ᠭᠠᠵᠠᠷ᠎ᠤᠨ ᠬᠤᠰᠢᠭᠤ ᠰᠢᠶᠡᠨ᠎ᠤ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠲᠤ ᠲᠠᠩᠰᠠᠯᠠᠭᠤᠯᠬᠤ ᠬᠡᠷᠡᠭᠳᠡᠢ᠃
    ᠬᠤᠷᠢᠨ ᠬᠤᠶᠠᠳᠤᠭ᠋ᠠᠷ ᠵᠦᠢ᠍ᠯ ᠤᠰᠤ ᠬᠠᠩᠭ᠋ᠠᠬᠤ ᠨᠢᠭᠡᠴᠢ ᠬᠦᠳᠡᠭᠡ ᠲᠤᠰᠬᠤᠨ᠎ᠤ ᠤᠤᠭᠤᠬᠤ ᠤᠰᠤᠨ᠎ᠤ ᠬᠡᠪ᠎ᠤᠨ ᠬᠡᠷᠡᠭᠯᠡᠯᠳᠡ ᠵᠢ ᠪᠠᠳᠤᠯᠠᠬᠤ ᠬᠡᠷᠡᠭᠳᠡᠢ ᠪᠠᠢ᠍ᠢ᠍ᠵᠤ᠂ ᠲᠤᠷ᠎ᠠ᠎ᠪᠠᠷ ᠠᠵᠢᠯ ᠵᠶ᠋ᠠᠨ ᠵᠤᠭᠰᠤᠭ᠋ᠠᠵᠤ ᠪᠤᠯᠬᠤ ᠦᠭᠡᠢ᠃ ᠦᠨᠡᠨ ᠬᠦ᠌ ᠠᠵᠢᠯ ᠵᠤᠭᠰᠤᠬᠤ ᠴᠢᠬᠤᠯᠠ᠎ᠲᠠᠢ ᠪᠤᠯ ᠤᠷᠢᠳᠴᠢᠯᠠᠨ ᠭᠤᠴᠢᠨ ᠡᠳᠤᠷ᠎ᠤᠨ ᠲᠤᠳᠤᠷ᠎ᠠ ᠪᠠᠢ᠍ᠢ᠍ᠭ᠎ᠠ ᠭᠠᠵᠠᠷ᠎ᠤᠨ ᠬᠤᠰᠢᠭᠤ ᠰᠢᠶᠡᠨ᠎ᠤ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠭᠳᠡᠬᠦ ᠬᠡᠷᠡᠭᠳᠡᠢ᠃
      ᠤᠰᠤ ᠬᠠᠩᠭ᠋ᠠᠬᠤ ᠨᠢᠭᠡᠴᠢ ᠠᠵᠢᠯ ᠵᠤᠭᠰᠤᠭᠰᠠᠨ᠎ᠤ ᠲᠠᠷᠠᠭ᠎ᠠ ᠬᠤᠰᠢᠭᠤ ᠰᠢᠶᠡᠨ᠎ᠤ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠᠴᠢᠮ ᠪᠠᠢ᠍ᠢ᠍ᠳᠠᠯ᠎ᠢ ᠠᠷᠭ᠋ᠠᠴᠠᠭ᠋ᠠᠬᠤ ᠪᠠᠳᠤᠯᠠᠭ᠎ᠠ ᠵᠢᠨ ᠠᠷᠭ᠎ᠠ ᠬᠡᠮᠵᠢᠶ᠎ᠡ ᠠᠪᠬᠤ ᠬᠡᠷᠡᠭᠳᠡᠢ᠃
      ᠬᠤᠷᠢᠨ ᠭᠤᠷᠪᠠᠳᠤᠭ᠋ᠠᠷ ᠵᠦᠢ᠍ᠯ ᠤᠰᠤ ᠬᠠᠩᠭ᠋ᠠᠬᠤ ᠨᠢᠭᠡᠴᠢ ᠤᠰᠤ ᠬᠡᠷᠡᠭᠯᠡᠬᠦ ᠡᠷᠦᠭᠡ᠎ᠲᠠᠢ ᠤᠰᠤ ᠬᠠᠩᠭ᠋ᠠᠬᠤ ᠪᠠ ᠤᠰᠤ ᠬᠡᠷᠡᠭᠯᠡᠬᠦ ᠭᠡᠷ᠎ᠡ ᠲᠤᠭᠳᠠᠵᠤ᠂ ᠬᠤᠶᠠᠷ ᠡᠳᠡᠭᠡᠳ᠎ᠤᠨ ᠡᠷᠭᠡ ᠡᠭᠦᠷᠭᠡ ᠵᠢ ᠲᠤᠳᠤᠳᠬᠠᠵᠤ᠂ ᠤᠰᠤ ᠬᠠᠩᠭ᠋ᠠᠬᠤ ᠪᠠ ᠤᠰᠤ ᠬᠡᠷᠡᠭᠯᠡᠬᠦ ᠠᠵᠢᠯᠯᠠᠭ᠎ᠠ ᠵᠢ ᠵᠢᠷᠤᠮᠵᠢᠭᠤᠯᠬᠤ ᠬᠡᠷᠡᠭᠳᠡᠢ᠃
      ᠬᠤᠷᠢᠨ ᠲᠦᠷᠪᠡᠳᠦᠭᠡᠷ ᠵᠦᠢ᠍ᠯ ᠤᠰᠤ ᠬᠠᠩᠭ᠋ᠠᠬᠤ ᠨᠢᠭᠡᠴᠢ᠎ᠨᠢ ᠤᠰᠤ ᠬᠠᠩᠭ᠋ᠠᠬᠤ ᠲᠦᠭᠦᠭᠡᠷᠦᠮᠵᠢ᠎ᠪᠠᠨ ᠲᠤᠭᠳᠠᠭᠰᠠᠨ ᠬᠤᠭᠤᠴᠠᠭ᠎ᠠ᠎ᠲᠠᠢ᠎ᠪᠠᠷ ᠪᠠᠢ᠍ᠢ᠍ᠴᠠᠭ᠋ᠠᠨ ᠰᠢᠯᠭ᠋ᠠᠵᠤ᠂ ᠤᠰᠤ ᠬᠠᠩᠭ᠋ᠠᠬᠤ ᠲᠦᠭᠦᠭᠡᠷᠦᠮᠵᠢ ᠵᠢᠨ ᠬᠡᠪ᠎ᠤᠨ ᠠᠵᠢᠯᠯᠠᠭ᠎ᠠ ᠵᠢ ᠪᠠᠳᠤᠯᠠᠬᠤ ᠬᠡᠷᠡᠭᠳᠡᠢ᠃
      ᠤᠰᠤ ᠬᠠᠩᠭ᠋ᠠᠬᠤ ᠨᠢᠭᠡᠴᠢ᠎ᠨᠢ ᠢᠨᠵᠸᠨ᠋ᠸᠷᠢᠩ᠎ᠤᠨ ᠪᠠᠷᠢᠯᠭ᠎ᠠ ᠪᠠ ᠵᠠᠰᠠᠨ ᠰᠡᠯᠪᠢᠬᠦ ᠵᠡᠷᠭᠡ ᠰᠢᠯᠳᠠᠭ᠋ᠠᠨ ᠊ᠠᠴᠠ ᠪᠤᠯᠵᠤ ᠤᠰᠤ ᠬᠠᠩᠭ᠋ᠠᠬᠤ᠎ᠪᠠᠨ ᠵᠤᠭᠰᠤᠭ᠋ᠠᠬᠤ ᠴᠢᠬᠤᠯᠠ᠎ᠲᠠᠢ ᠪᠤᠯ᠂ ᠤᠷᠢᠳᠴᠢᠯᠠᠨ ᠲᠦᠴᠢᠨ ᠨᠠᠢ᠍ᠮᠠᠨ ᠴᠠᠭ᠎ᠤᠨ ᠡᠮᠦᠨ᠎ᠡ ᠤᠰᠤ ᠬᠡᠷᠡᠭᠯᠡᠬᠦ ᠡᠷᠦᠭᠡ᠎ᠳᠤ ᠮᠡᠳᠡᠭᠳᠡᠬᠦ ᠬᠡᠷᠡᠭᠳᠡᠢ; ᠡᠰᠡᠷᠭᠦᠴᠡᠵᠦ ᠪᠤᠯᠤᠰᠢ ᠦᠭᠡᠢ ᠬᠦᠴᠦ ᠪᠤᠶᠤ ᠪᠤᠰᠤᠳ ᠬᠡᠨᠡᠳᠳᠡ ᠵᠢᠨ ᠴᠢᠨᠡᠷ᠎ᠲᠠᠢ ᠬᠡᠷᠡᠭ ᠊ᠠᠴᠠ ᠪᠤᠯᠵᠤ ᠤᠷᠢᠳᠴᠢᠯᠠᠨ ᠮᠡᠳᠡᠭᠳᠡᠵᠦ ᠲᠡᠢ᠍ᠢ᠍ᠯᠬᠦ ᠦᠭᠡᠢ ᠪᠤᠯ ᠵᠠᠰᠠᠨ ᠰᠡᠯᠪᠢᠬᠦ ᠵᠢᠨ ᠬᠠᠮᠳᠤ ᠬᠤᠰᠢᠭᠤ ᠰᠢᠶᠡᠨ᠎ᠤ ᠱᠠᠳᠤᠨ ᠊ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠭᠦᠯᠬᠦ ᠵᠢᠨ ᠬᠠᠮᠳᠤ ᠴᠠᠭ ᠲᠤᠬᠠᠢ᠎ᠳᠤᠨᠢ ᠤᠰᠤ ᠬᠡᠷᠡᠭᠯᠡᠬᠦ ᠡᠷᠦᠭᠡ᠎ᠳᠤ ᠮᠡᠳᠡᠭᠳᠡᠬᠦ ᠬᠡᠷᠡᠭᠳᠡᠢ᠃
    ᠬᠤᠷᠢᠨ ᠲᠠᠪᠤᠳᠤᠭ᠋ᠠᠷ ᠵᠦᠢ᠍ᠯ ᠪᠠᠴᠢᠮ ᠪᠠᠢ᠍ᠢ᠍ᠳᠠᠯ ᠲᠤᠤᠷ᠎ᠠ᠂ ᠤᠰᠤ ᠬᠠᠩᠭ᠋ᠠᠬᠤ ᠨᠢᠭᠡᠴᠢ᠎ᠨᠢ ᠲᠦᠷᠭᠡᠨ ᠵᠠᠰᠠᠬᠤ ᠠᠵᠢᠯ᠎ᠢ ᠨᠦᠯᠦᠭᠡᠯᠡᠬᠦ ᠲᠦᠭᠦᠭᠡᠷᠦᠮᠵᠢ᠎ᠳᠤ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠦ ᠪᠤᠯᠤᠨ᠎ᠠ᠂ ᠬᠤᠰᠢᠭᠤ ᠰᠢᠶᠡᠨ᠎ᠤ ᠱᠠᠳᠤᠨ ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠨᠢ ᠵᠤᠬᠢᠴᠠᠭᠤᠯᠬᠤ ᠠᠵᠢᠯ᠎ᠢ ᠰᠠᠢ᠍ᠢ᠍ᠳᠤᠷ ᠬᠢᠬᠦ ᠬᠡᠷᠡᠭᠳᠡᠢ᠃ ᠲᠦᠷᠭᠡᠨ ᠵᠠᠰᠠᠬᠤ ᠠᠵᠢᠯ ᠲᠠᠭᠤᠰᠤᠭᠰᠠᠨ ᠬᠤᠢ᠍ᠢ᠍ᠨ᠎ᠠ᠂ ᠤᠰᠤ ᠬᠠᠩᠭ᠋ᠠᠬᠤ ᠨᠢᠭᠡᠴᠢ᠎ᠨᠢ ᠴᠠᠭ ᠲᠤᠬᠠᠢ᠎ᠳᠤᠨᠢ ᠤᠭ᠎ᠤᠨ ᠪᠠᠢ᠍ᠢ᠍ᠳᠠᠯ᠎ᠢ᠎ᠨᠢ ᠰᠡᠷᠭᠦᠭᠡᠵᠦ᠂ ᠬᠤᠬᠢᠷᠠᠯ ᠤᠴᠠᠷᠠᠭᠤᠯᠤᠭᠰᠠᠨ ᠪᠤᠯ ᠲᠦᠯᠦᠪᠦᠷᠢᠯᠡᠬᠦ ᠬᠡᠷᠡᠭᠳᠡᠢ᠃
      ᠶᠠᠮᠠᠷᠪᠠ ᠨᠢᠭᠡᠴᠢ ᠪᠠ ᠬᠤᠪᠢ ᠬᠦᠮᠦᠨ ᠤᠰᠤ ᠬᠠᠩᠭ᠋ᠠᠬᠤ ᠲᠦᠭᠦᠭᠡᠷᠦᠮᠵᠢ ᠵᠢ ᠲᠦᠷᠭᠡᠨ ᠵᠠᠰᠠᠬᠤ ᠵᠢ ᠬᠤᠷᠢᠭᠯᠠᠨ ᠰᠠᠭ᠋ᠠᠳᠠᠭ᠋ᠠᠵᠤ ᠨᠦᠯᠦᠭᠡᠯᠡᠵᠦ ᠪᠤᠯᠬᠤ ᠦᠭᠡᠢ᠃
      ᠬᠤᠷᠢᠨ ᠵᠢᠷᠭᠤᠳᠤᠭ᠋ᠠᠷ ᠵᠦᠢ᠍ᠯ ᠤᠰᠤ ᠬᠡᠷᠡᠭᠯᠡᠬᠦ ᠡᠷᠦᠭᠡ ᠲᠤᠤᠷᠠᠬᠢ ᠡᠭᠦᠷᠭᠡ ᠵᠢ ᠬᠦᠢ᠍ᠴᠡᠳᠭᠡᠬᠦ ᠬᠡᠷᠡᠭᠳᠡᠢ᠄
     (ᠨᠢᠭᠡ) ᠤᠰᠤ ᠬᠡᠷᠡᠭᠯᠡᠬᠦ ᠬᠡᠮᠵᠢᠬᠦᠷ᠎ᠤᠨ ᠲᠦᠭᠦᠭᠡᠷᠦᠮᠵᠢ ᠵᠢ ᠤᠭᠰᠠᠷᠠᠬᠤ;
     (ᠬᠤᠶᠠᠷ) ᠤᠰᠤ ᠵᠢ ᠠᠷᠪᠢᠴᠢ ᠭᠠᠮᠳᠠᠢ᠎ᠪᠠᠷ ᠬᠡᠷᠡᠭᠯᠡᠵᠦ᠂ ᠤᠰᠤᠨ᠎ᠤ ᠰᠦᠢ᠍ᠳᠭᠡᠯ᠎ᠢ ᠴᠠᠭ ᠲᠤᠬᠠᠢ᠎ᠳᠤᠨᠢ ᠲᠤᠰᠢᠶᠠᠬᠤ;
     (ᠭᠤᠷᠪᠠ) ᠤᠰᠤᠨ᠎ᠤ ᠬᠡᠷᠡᠭᠴᠡᠭᠡ ᠵᠢ ᠲᠤᠷ᠎ᠠ᠎ᠪᠠᠷ ᠦᠭᠡᠷᠡᠴᠢᠯᠡᠵᠦ ᠪᠤᠯᠬᠤ ᠦᠭᠡᠢ;
     (ᠲᠦᠷᠪᠡ) ᠤᠰᠤ ᠬᠠᠩᠭ᠋ᠠᠬᠤ ᠲᠦᠭᠦᠭᠡᠷᠤᠮᠵᠢ ᠵᠢ ᠲᠤᠷ᠎ᠠ᠎ᠪᠠᠷ ᠦᠭᠡᠷᠡᠴᠢᠯᠡᠵᠦ᠂ ᠨᠤᠷᠠᠭ᠋ᠠᠵᠤ ᠪᠤᠯᠬᠤ ᠦᠭᠡᠢ;
     (ᠲᠠᠪᠤ) ᠶᠠᠮᠠᠷᠪᠠ ᠬᠡᠯᠪᠡᠷᠢ᠎ᠪᠠᠷ ᠤᠯᠠᠨ ᠨᠡᠢ᠍ᠢ᠍ᠳᠡ ᠵᠢᠨ ᠤᠤᠭᠤᠬᠤ ᠤᠰᠤ ᠵᠢ ᠬᠤᠯᠠᠭ᠋ᠠᠢ᠍ᠢ᠍ᠯᠠᠨ ᠬᠡᠷᠡᠭᠯᠡᠵᠦ ᠪᠤᠯᠬᠤ ᠦᠭᠡᠢ;
     (ᠵᠢᠷᠭᠤᠭ᠎ᠠ) ᠤᠰᠤ ᠬᠡᠷᠡᠭᠯᠡᠬᠦ᠎ᠪᠠᠨ ᠬᠤᠪᠢᠷᠠᠭᠤᠯᠬᠤ ᠪᠤᠶᠤ ᠤᠰᠤ ᠬᠡᠷᠡᠭᠯᠡᠬᠦ᠎ᠪᠠᠨ ᠵᠤᠭᠰᠤᠬᠤ ᠪᠤᠯ᠂ ᠤᠰᠤ ᠬᠠᠩᠭ᠋ᠠᠬᠤ ᠨᠢᠭᠡᠴᠢ᠎ᠳᠤ ᠤᠴᠢᠨ ᠬᠠᠮᠢᠶ᠎ᠠ ᠪᠦᠬᠦᠢ ᠭᠠᠷᠳᠠᠮ᠎ᠢ ᠬᠦᠢ᠍ᠴᠡᠳᠭᠡᠬᠦ ᠬᠡᠷᠡᠭᠳᠡᠢ᠃ ᠲᠠᠪᠤᠳᠤᠭ᠋ᠠᠷ ᠪᠦᠯᠦᠭ ᠠᠵᠢᠯᠯᠠᠭ᠎ᠠ ᠪᠤᠯᠤᠨ ᠬᠠᠮᠢᠶᠠᠷᠤᠯᠳᠠ
    ᠬᠤᠷᠢᠨ ᠲᠤᠯᠤᠳᠤᠭ᠋ᠠᠷ ᠵᠦᠢ᠍ᠯ ᠤᠯᠤᠰ ᠊ᠠᠴᠠ ᠪᠡᠯᠡ ᠤᠷᠤᠭᠤᠯᠤᠨ ᠪᠦᠳᠦᠭᠡᠨ ᠪᠠᠢ᠍ᠢ᠍ᠭᠤᠯᠤᠭᠰᠠᠨ ᠲᠤᠰᠬᠤᠨ ᠊ᠠᠴᠠ ᠲᠡᠭᠡᠭᠰᠢᠬᠢ ᠲᠦᠪᠯᠡᠷᠡᠭᠦᠯᠦᠨ ᠤᠰᠤ ᠬᠠᠩᠭ᠋ᠠᠬᠤ ᠲᠦᠭᠦᠭᠡᠷᠦᠮᠵᠢ ᠵᠢ ᠬᠤᠰᠢᠭᠤ ᠰᠢᠶᠡᠨ᠎ᠤ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠤᠷᠳᠤᠨ ᠎ᠠᠴᠠ ᠬᠠᠮᠢᠶᠠᠷᠤᠨ᠎ᠠ; ᠪᠤᠰᠤᠳ ᠲᠦᠪᠯᠡᠷᠡᠭᠦᠯᠦᠨ ᠤᠰᠤ ᠬᠠᠩᠭ᠋ᠠᠬᠤ ᠲᠦᠭᠦᠭᠡᠷᠦᠮᠵᠢ ᠪᠠ ᠭᠠᠭᠴᠠ ᠲᠤᠰᠬᠤᠨ᠎ᠤ ᠤᠰᠤ ᠬᠠᠩᠭ᠋ᠠᠬᠤ ᠲᠦᠭᠦᠭᠡᠷᠦᠮᠵᠢ ᠵᠢ ᠲᠤᠰᠬᠤᠨ᠎ᠤ ᠬᠠᠮᠳᠤ ᠨᠡᠢ᠍ᠢ᠍ᠳᠡ ᠪᠤᠶᠤ ᠤᠰᠤ ᠬᠡᠷᠡᠭᠯᠡᠬᠦ ᠬᠤᠷᠰᠢᠭᠰᠠᠨ ᠵᠤᠬᠢᠶᠠᠨ ᠪᠠᠢ᠍ᠢ᠍ᠭᠤᠯᠤᠯᠳᠠ ᠊ᠠᠴᠠ ᠬᠠᠮᠢᠶᠠᠷᠤᠨ᠎ᠠ; ᠤᠰᠤ ᠬᠠᠩᠭ᠋ᠠᠬᠤ ᠲᠦᠭᠦᠭᠡᠷᠦᠮᠵᠢ ᠵᠢᠨ ᠡᠷᠦᠭᠡ᠎ᠳᠤ ᠤᠷᠤᠬᠤ ᠬᠡᠰᠡᠭ ᠪᠠ ᠡᠷᠦᠭᠡ᠎ᠪᠠᠷ ᠨᠢᠭᠡᠴᠢ ᠪᠤᠯᠭ᠋ᠠᠨ ᠪᠠᠢ᠍ᠢ᠍ᠭᠤᠯᠤᠭᠰᠠᠨ ᠲᠠᠷᠠᠬᠠᠢ ᠬᠡᠯᠪᠡᠷᠢ ᠵᠢᠨ ᠤᠰᠤ ᠬᠠᠩᠭ᠋ᠠᠬᠤ ᠲᠦᠭᠦᠭᠡᠷᠦᠮᠵᠢ ᠵᠢ ᠤᠰᠤ ᠬᠡᠷᠡᠭᠯᠡᠬᠦ ᠡᠷᠦᠭᠡ ᠊ᠠᠴᠠ ᠬᠠᠮᠢᠶᠠᠷᠤᠨ᠎ᠠ᠃
      ᠬᠠᠮᠳᠤ᠎ᠪᠠᠷ ᠪᠡᠯᠡ ᠤᠷᠤᠭᠤᠯᠬᠤ ᠪᠠ ᠨᠢᠭᠡᠴᠢ᠂ ᠬᠤᠪᠢ ᠬᠦᠮᠦᠨ ᠪᠡᠯᠡ ᠤᠷᠤᠭᠤᠯᠤᠨ ᠪᠠᠢ᠍ᠢ᠍ᠭᠤᠯᠤᠭᠰᠠᠨ ᠲᠦᠪᠯᠡᠷᠡᠭᠦᠯᠦᠨ ᠤᠰᠤ ᠬᠠᠩᠭ᠋ᠠᠬᠤ ᠢᠨᠵᠸᠨ᠋ᠸᠷᠢᠩ᠎ᠢ ᠪᠡᠯᠡ ᠤᠷᠤᠭᠤᠯᠤᠭᠰᠠᠨ ᠭᠤᠤᠯ ᠴᠤᠭᠴᠠ ᠊ᠠᠴᠠ ᠦᠪᠡᠰᠦᠪᠡᠨ ᠬᠠᠮᠢᠶᠠᠷᠤᠨ᠎ᠠ᠃
    ᠬᠤᠷᠢᠨ ᠨᠠᠢ᠍ᠮᠠᠳᠤᠭ᠋ᠠᠷ ᠵᠦᠢ᠍ᠯ ᠲᠦᠪᠯᠡᠷᠡᠭᠦᠯᠤᠨ ᠤᠰᠤ ᠬᠠᠩᠭ᠋ᠠᠬᠤ ᠢᠨᠵᠸᠨ᠋ᠸᠷᠢᠩ᠎ᠤᠨ ᠬᠠᠮᠢᠶᠠᠷᠤᠯᠳᠠ ᠵᠢᠨ ᠡᠷᠭᠡ᠎ᠨᠢ ᠦᠭᠡᠷᠡᠴᠢᠯᠡᠭᠳᠡᠪᠡᠯ ᠤᠰᠤ ᠬᠠᠩᠭ᠋ᠠᠬᠤ ᠨᠢᠭᠡᠴᠢ ᠊ᠠᠴᠠ ᠬᠤᠰᠢᠭᠤ ᠰᠢᠶᠡᠨ᠎ᠤ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠲᠤ ᠲᠠᠩᠰᠠᠯᠠᠭᠤᠯᠬᠤ ᠬᠡᠷᠡᠭᠳᠡᠢ᠃
    ᠬᠤᠷᠢ ᠶᠢᠰᠦᠳᠦᠭᠡᠷ ᠵᠦᠢ᠍ᠯ ᠬᠦᠳᠡᠭᠡ ᠲᠤᠰᠬᠤᠨ᠎ᠤ ᠤᠤᠭᠤᠬᠤ ᠤᠰᠤ ᠵᠢ ᠬᠠᠩᠭ᠋ᠠᠬᠤ᠎ᠳᠤ ᠲᠦᠯᠦᠪᠦᠷᠢ᠎ᠲᠠᠢ᠎ᠪᠠᠷ ᠬᠡᠷᠡᠭᠯᠡᠬᠦ ᠲᠦᠷᠢᠮ᠎ᠢ ᠬᠡᠷᠡᠭᠵᠢᠭᠦᠯᠦᠨ᠎ᠡ᠃
      ᠤᠰᠤ ᠬᠠᠩᠭ᠋ᠠᠬᠤ ᠦᠨ᠎ᠡ ᠵᠢ ᠦᠪᠡᠷ᠎ᠤᠨ ᠦᠷᠳᠡᠭ᠎ᠢ ᠨᠦᠬᠦᠪᠦᠷᠢᠯᠡᠬᠦ᠂ ᠵᠤᠬᠢᠰᠳᠠᠢ᠎ᠪᠠᠷ ᠦᠷ᠎ᠡ ᠠᠰᠢᠭ ᠤᠯᠬᠤ᠂ ᠴᠢᠨᠡᠷ ᠰᠠᠢ᠍ᠢ᠍ᠨ ᠪᠤᠯ ᠦᠨ᠎ᠡ ᠦᠨᠳᠤᠷ᠂ ᠡᠷᠭᠡ ᠲᠡᠭᠰᠢ᠎ᠪᠠᠷ ᠡᠭᠦᠷᠭᠡᠯᠡᠬᠦ ᠵᠠᠷᠴᠢᠮ ᠶᠤᠰᠤᠭ᠋ᠠᠷ ᠵᠤᠬᠢᠰᠳᠠᠢ᠎ᠪᠠᠷ ᠲᠤᠭᠳᠠᠭ᠋ᠠᠨ᠎ᠠ᠃ ᠪᠤᠳᠠᠳᠠᠢ ᠠᠷᠭ᠎ᠠ ᠵᠢ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠦᠨ᠎ᠡ ᠬᠠᠩᠰᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠊ᠠᠴᠠ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠲᠠᠢ ᠬᠠᠮᠳᠤᠷᠠᠨ ᠡᠷᠭᠡ ᠲᠤᠰᠢᠶᠠᠯ ᠵᠶ᠋ᠠᠨ ᠦᠨᠳᠦᠰᠦᠯᠡᠨ ᠲᠤᠭᠳᠠᠭ᠋ᠠᠨ᠎ᠠ᠃
      ᠭᠤᠴᠢᠳᠤᠭ᠋ᠠᠷ ᠵᠦᠢ᠍ᠯ ᠬᠦᠳᠡᠭᠡ ᠲᠤᠰᠬᠤᠨ᠎ᠤ ᠤᠤᠭᠤᠬᠤ ᠤᠰᠤ ᠵᠢ ᠬᠠᠩᠭ᠋ᠠᠬᠤ ᠦᠨ᠎ᠡ᠎ᠨᠢ ᠦᠪᠡᠷ᠎ᠤᠨ ᠦᠷᠳᠡᠭ᠎ᠲᠤ ᠬᠦᠷᠦᠭᠰᠡᠨ ᠦᠭᠡᠢ ᠭᠠᠵᠠᠷ ᠤᠷᠤᠨ ᠪᠤᠯ᠂ ᠬᠤᠰᠢᠭᠤ ᠰᠢᠶᠡᠨ᠎ᠤ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ ᠎ᠠᠴᠠ ᠲ᠋ᠦᠪᠯᠡᠷᠡᠭᠦᠯᠦᠨ ᠤᠰᠤ ᠬᠠᠩᠭ᠋ᠠᠬᠤ ᠢᠨᠵᠸᠨ᠋ᠸᠷᠢᠩ᠎ᠢ ᠶᠡᠭᠡ᠎ᠪᠠᠷ ᠵᠠᠰᠠᠬᠤ᠂ ᠡᠯᠡᠭᠳᠡᠯ ᠪᠠ ᠵᠠᠰᠠᠨ ᠬᠠᠮᠠᠭ᠋ᠠᠯᠠᠬᠤ ᠲᠤᠰᠬᠠᠢ ᠪᠡᠯᠡ ᠮᠦᠩᠬᠦ ᠵᠢ ᠲᠤᠭᠳᠠᠭ᠋ᠠᠬᠤ ᠬᠡᠷᠡᠭᠳᠡᠢ᠂ ᠪᠤᠳᠠᠳᠠᠢ ᠠᠷᠭ᠎ᠠ ᠵᠢ ᠬᠤᠰᠢᠭᠤ ᠰᠢᠶᠡᠨ᠎ᠤ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ ᠊ᠠᠴᠠ ᠲᠤᠭᠳᠠᠭ᠋ᠠᠨ᠎ᠠ᠃
      ᠭᠤᠴᠢᠨ ᠨᠢᠭᠡᠳᠦᠭᠡᠷ ᠵᠦᠢ᠍ᠯ ᠬᠦᠳᠡᠭᠡ ᠲᠤᠰᠬᠤᠨ᠎ᠤ ᠤᠤᠭᠤᠬᠤ ᠤᠰᠤᠨ ᠊ᠠᠴᠠ ᠤᠰᠤᠨ᠎ᠤ ᠰᠤᠷᠪᠤᠯᠵᠢ ᠵᠢᠨ ᠰᠦᠢ᠍ᠳᠭᠡᠯ ᠪᠠ ᠪᠤᠬᠢᠷ ᠤᠰᠤ ᠵᠢ ᠴᠡᠪᠡᠷᠰᠢᠭᠦᠯᠬᠦ ᠰᠦᠢ᠍ᠳᠭᠡᠯ ᠬᠤᠷᠢᠶᠠᠬᠤ ᠦᠭᠡᠢ᠃
      ᠬᠦᠳᠡᠭᠡ ᠲᠤᠰᠬᠤᠨ᠎ᠤ ᠤᠤᠭᠤᠬᠤ ᠤᠰᠤ ᠵᠢ ᠬᠠᠩᠭ᠋ᠠᠬᠤ ᠢᠨᠵᠸᠨ᠋ᠸᠷᠢᠩ᠎ᠤᠨ ᠪᠤᠢ ᠪᠤᠯᠤᠭᠰᠠᠨ ᠭᠠᠢ᠍ᠢ᠍ᠯᠢ᠂ ᠬᠡᠷᠡᠭᠯᠡᠭᠰᠡᠨ ᠴᠠᠬᠢᠯᠭ᠋ᠠᠨ ᠵᠡᠷᠭᠡ ᠰᠦᠢ᠍ᠳᠭᠡᠯ᠎ᠢ ᠬᠤᠷᠢᠶᠠᠬᠤ᠎ᠳᠤ ᠬᠤᠯᠪᠤᠭᠳᠠᠯ ᠪᠦᠬᠦᠢ ᠰᠠᠯᠠᠭ᠎ᠠ ᠮᠦᠴᠢᠷ ᠊ᠠᠴᠠ ᠬᠠᠷᠠᠭ᠋ᠠᠯᠵᠠᠯᠠᠯ ᠦᠵᠡᠭᠦᠯᠬᠦ ᠬᠡᠷᠡᠭᠳᠡᠢ᠃ ᠵᠢᠷᠭᠤᠳᠤᠭ᠋ᠠᠷ ᠪᠦᠯᠦᠭ ᠠᠮᠤᠷ ᠲᠦᠪᠰᠢᠨ᠎ᠤ ᠬᠠᠮᠢᠶᠠᠷᠤᠯᠳᠠ
      ᠭᠤᠴᠢᠨ ᠬᠤᠶᠠᠳᠤᠭ᠋ᠠᠷ ᠵᠦᠢ᠍ᠯ ᠬᠦᠳᠡᠭᠡ ᠲᠤᠰᠬᠤᠨ᠎ᠤ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠳᠠ ᠵᠢᠨ ᠤᠷᠤᠨ᠎ᠢ ᠬᠤᠰᠢᠭᠤ ᠰᠢᠶᠡᠨ᠎ᠤ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ ᠎ᠠᠴᠠ ᠵᠢᠷᠤᠨ ᠲᠤᠭᠳᠠᠭ᠋ᠠᠬᠤ ᠲᠦᠰᠦᠯ ᠲᠤᠷᠠᠳᠴᠦ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠳᠤ ᠮᠡᠳᠡᠭᠦᠯᠦᠨ ᠵᠦᠪᠰᠢᠶᠡᠷᠡᠭᠦᠯᠦᠭᠰᠡᠨ ᠬᠤᠢ᠍ᠢ᠍ᠨ᠎ᠠ ᠨᠡᠢ᠍ᠢ᠍ᠳᠡᠯᠡᠨ᠎ᠡ; ᠬᠤᠰᠢᠭᠤ ᠰᠢᠶᠡᠨ᠎ᠤ ᠱᠠᠳᠤᠨ᠎ᠤ ᠵᠠᠰᠠᠭ ᠵᠠᠬᠢᠷᠭ᠋ᠠᠨ᠎ᠤ ᠤᠷᠤᠨ ᠠᠯᠤᠰᠯᠠᠭᠰᠠᠨ ᠤᠰᠤᠨ᠎ᠤ ᠰᠤᠷᠪᠤᠯᠵᠢ ᠵᠢᠨ ᠬᠠᠮᠠᠭ᠋ᠠᠯᠠᠯᠳᠠ ᠵᠢᠨ ᠤᠷᠤᠨ ᠪᠤᠯ᠂ ᠬᠤᠯᠪᠤᠭᠳᠠᠯ ᠪᠦᠬᠦᠢ ᠬᠤᠰᠢᠭᠤ ᠰᠢᠶᠡᠨ᠎ᠤ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ ᠊ᠠᠴᠠ ᠵᠢᠷᠤᠨ ᠲᠤᠭᠳᠠᠭ᠋ᠠᠬᠤ ᠲᠦᠰᠦᠯ᠎ᠢ ᠵᠦᠪᠯᠡᠨ ᠲᠤᠷᠠᠳᠴᠦ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠳᠤ ᠮᠡᠳᠡᠭᠦᠯᠦᠨ ᠵᠦᠪᠰᠢᠶᠡᠷᠡᠭᠦᠯᠦᠭᠰᠡᠨ ᠬᠤᠢ᠍ᠢ᠍ᠨ᠎ᠠ ᠨᠡᠢ᠍ᠢ᠍ᠳᠡᠯᠡᠨ᠎ᠡ᠃
      ᠬᠤᠰᠢᠭᠤ ᠰᠢᠶᠡᠨ᠎ᠤ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ ᠤᠰᠤᠨ᠎ᠤ ᠰᠤᠷᠪᠤᠯᠵᠢ ᠵᠢᠨ ᠬᠠᠮᠠᠭ᠋ᠠᠯᠠᠯᠳᠠ ᠵᠢᠨ ᠤᠷᠤᠨ᠎ᠳᠤ ᠢᠯᠡ ᠲᠤᠳᠤᠷᠬᠠᠢ ᠭᠠᠵᠠᠷ ᠵᠦᠢ ᠵᠢᠨ ᠵᠠᠭ᠋ᠠᠭ ᠲᠡᠮᠳᠡᠭ ᠪᠠ ᠢᠯᠡ ᠲᠤᠳᠤ ᠰᠡᠷᠡᠮᠵᠢ ᠵᠢᠨ ᠲᠡᠮᠳᠡᠭ ᠪᠠᠢ᠍ᠢ᠍ᠷᠢᠯᠠᠭᠤᠯᠬᠤ ᠬᠡᠷᠡᠭᠳᠡᠢ᠃
    ᠭᠤᠴᠢᠨ ᠭᠤᠷᠪᠠᠳᠤᠭ᠋ᠠᠷ ᠵᠦᠢ᠍ᠯ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠳᠠ ᠵᠢᠨ ᠤᠷᠤᠨ ᠲᠤᠳᠤᠷ᠎ᠠ ᠲᠤᠤᠷᠠᠬᠢ ᠪᠠᠢ᠍ᠢ᠍ᠳᠠᠯ᠎ᠲᠠᠢ ᠪᠤᠯ᠂ ᠰᠢᠨ᠎ᠡ ᠤᠰᠤ ᠠᠪᠬᠤ ᠲᠦᠷᠦᠯ ᠵᠦᠢ᠍ᠯ᠎ᠢ ᠬᠢᠨᠡᠨ ᠵᠦᠪᠰᠢᠶᠡᠷᠡᠵᠦ ᠪᠤᠯᠬᠤ ᠦᠭᠡᠢ᠄
     (ᠨᠢᠭᠡ) ᠭᠠᠵᠠᠷ ᠲᠤᠤᠷᠠᠬᠢ ᠤᠰᠤ ᠠᠪᠬᠤ ᠵᠢ ᠴᠠᠭ᠋ᠠᠵᠠᠯᠠᠭᠰᠠᠨ ᠤᠷᠤᠨ ᠲᠤᠳᠤᠷ᠎ᠠ ᠭᠠᠵᠠᠷ ᠲᠤᠤᠷᠠᠬᠢ ᠤᠰᠤ ᠵᠢ ᠠᠪᠬᠤ;
     (ᠬᠤᠶᠠᠷ) ᠤᠰᠤ ᠠᠪᠬᠤ ᠵᠢ ᠵᠦᠪᠰᠢᠶᠡᠷᠡᠭᠰᠡᠨ ᠶᠡᠷᠦᠩᠭᠡᠢ ᠬᠡᠮᠵᠢᠶ᠎ᠡ᠎ᠨᠢ ᠤᠰᠤ ᠠᠪᠬᠤ ᠵᠢ ᠵᠦᠪᠰᠢᠶᠡᠷᠡᠭᠰᠡᠨ ᠬᠢᠵᠠᠭ᠋ᠠᠷᠯᠠᠭᠰᠠᠨ ᠶᠡᠷᠦᠩᠭᠡᠢ ᠬᠡᠮᠵᠢᠶ᠎ᠡ᠎ᠳᠤ ᠬᠦᠷᠦᠭᠰᠡᠨ ᠭᠠᠵᠠᠷ ᠤᠷᠤᠨ᠎ᠳᠤ ᠤᠰᠤ ᠠᠪᠬᠤ ᠬᠡᠮᠵᠢᠶ᠎ᠡ ᠵᠢ ᠨᠡᠮᠡᠭᠳᠡᠭᠦᠯᠬᠦ;
     (ᠭᠤᠷᠪᠠ) ᠤᠰᠤᠨ᠎ᠤ ᠴᠢᠳᠠᠪᠬᠢ ᠵᠢᠨ ᠤᠷᠤᠨ᠎ᠤ ᠤᠰᠤᠨ᠎ᠤ ᠬᠡᠷᠡᠭᠯᠡᠭᠡᠨ᠎ᠤ ᠴᠢᠳᠠᠪᠬᠢ ᠵᠢ ᠬᠦᠨᠳᠤ ᠶᠡᠭᠡ᠎ᠪᠠᠷ ᠬᠤᠬᠢᠷᠠᠭᠤᠯᠬᠤ ᠪᠤᠯᠤᠮᠵᠢ᠎ᠲᠠᠢ;
     (ᠲᠦᠷᠪᠡ) ᠤᠰᠤ ᠠᠪᠬᠤ᠂ ᠤᠰᠤ ᠲᠠᠳᠠᠷᠠᠭᠤᠯᠬᠤ ᠪᠠᠢ᠍ᠢ᠍ᠷᠢᠰᠢᠯ᠎ᠨᠢ ᠵᠤᠬᠢᠰᠳᠠᠢ ᠪᠤᠰᠤ᠃
    ᠭᠤᠴᠢᠨ ᠲᠦᠷᠪᠡᠳᠦᠭᠡᠷ ᠵᠦᠢ᠍ᠯ ᠤᠰᠤᠨ᠎ᠤ ᠰᠤᠷᠪᠤᠯᠵᠢ ᠲᠤᠳᠠᠮᠠᠭ ᠲᠤᠪᠤᠴᠠᠭ ᠠᠭᠤᠯᠠᠷᠬᠠᠭ ᠤᠷᠤᠨ᠎ᠳᠤ᠂ ᠤᠰᠤᠨ ᠬᠤᠳᠳᠤᠭ᠎ᠤᠨ ᠬᠠᠪᠢ᠎ᠪᠠᠷ ᠠᠮᠢᠳᠤᠷᠠᠯ᠎ᠳᠤ ᠬᠡᠷᠡᠭᠯᠡᠬᠦ ᠦᠭᠡᠢ ᠬᠤᠳᠳᠤᠭ ᠮᠠᠯᠳᠠᠬᠤ ᠪᠤᠶᠤ ᠤᠰᠤᠨ ᠰᠤᠷᠪᠤᠯᠵᠢ ᠵᠢᠨ ᠢᠨᠵᠸᠨ᠋ᠸᠷᠢᠩ᠎ᠢ ᠵᠠᠰᠠᠨ ᠪᠠᠢ᠍ᠢ᠍ᠭᠤᠯᠬᠤ ᠵᠢ ᠴᠠᠭ᠋ᠠᠵᠠᠯᠠᠬᠤ ᠪᠦᠭᠡᠳ ᠤᠤᠭᠤᠬᠤ ᠤᠰᠤ ᠵᠢ ᠬᠠᠩᠭ᠋ᠠᠬᠤ ᠢᠨᠵᠸᠨ᠋ᠸᠷᠢᠩ ᠵᠶ᠋ᠠᠷ ᠲᠠᠷᠢᠶ᠎ᠠ ᠤᠰᠤᠯᠠᠬᠤ ᠵᠢ ᠴᠠᠭ᠋ᠠᠵᠠᠯᠠᠨ᠎ᠠ᠃
      ᠭᠤᠴᠢᠨ ᠲᠠᠪᠤᠳᠤᠭ᠋ᠠᠷ ᠵᠦᠢ᠍ᠯ ᠬᠦᠳᠡᠭᠡ ᠲᠤᠰᠬᠤᠨ᠎ᠤ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠳᠠ ᠵᠢᠨ ᠤᠷᠤᠨ᠎ᠳᠤ ᠪᠤᠬᠢᠷᠳᠤᠯ ᠪᠤᠳᠠᠰ᠎ᠢ ᠭᠠᠳᠠᠭᠰᠢᠯᠠᠭᠤᠯᠬᠤ ᠪᠦᠳᠦᠭᠡᠨ ᠪᠠᠢ᠍ᠢ᠍ᠭᠤᠯᠤᠯᠳᠠ ᠵᠢᠨ ᠲᠦᠷᠦᠯ ᠵᠦᠢ᠍ᠯ᠎ᠢ ᠰᠢᠨ᠎ᠡ᠎ᠪᠠᠷ ᠪᠠᠢ᠍ᠢ᠍ᠭᠤᠯᠬᠤ᠂ ᠦᠭᠡᠷᠡᠴᠢᠯᠡᠨ ᠪᠠᠢ᠍ᠢ᠍ᠭᠤᠯᠬᠤ᠂ ᠦᠷᠭᠡᠳᠭᠡᠨ ᠪᠠᠢ᠍ᠢ᠍ᠭᠤᠯᠬᠤ ᠵᠢ ᠴᠠᠭ᠋ᠠᠵᠠᠯᠠᠨ᠎ᠠ; ᠨᠢᠭᠡᠨᠳᠡ ᠪᠠᠢ᠍ᠢ᠍ᠭᠤᠯᠤᠭᠰᠠᠨ ᠪᠤᠯ ᠬᠤᠰᠢᠭᠤ ᠰᠢᠶᠡᠨ᠎ᠤ ᠱᠠᠳᠤᠨ  ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠎ᠠᠴᠠ ᠵᠠᠷᠯᠢᠭᠳᠠᠨ ᠨᠤᠷᠠᠭ᠋ᠠᠬᠤ ᠪᠤᠶᠤ ᠬᠠᠭ᠋ᠠᠬᠤ ᠬᠡᠷᠡᠭᠳᠡᠢ᠃
    ᠭᠤᠴᠢᠨ ᠵᠢᠷᠭᠤᠳᠤᠭ᠋ᠠᠷ ᠵᠦᠢ᠍ᠯ ᠶᠠᠮᠠᠷᠪᠠ ᠨᠢᠭᠡᠴᠢ ᠪᠤᠶᠤ ᠬᠤᠪᠢ ᠬᠦᠮᠦᠨ ᠬᠦᠳᠡᠭᠡ ᠲᠤᠰᠬᠤᠨ᠎ᠤ ᠤᠤᠭᠤᠬᠤ ᠤᠰᠤᠨ᠎ᠤ ᠰᠤᠷᠪᠤᠯᠵᠢ ᠵᠢᠨ ᠤᠷᠤᠨ᠎ᠳᠤ ᠲᠤᠤᠷᠠᠬᠢ ᠠᠵᠢᠯᠯᠠᠭ᠎ᠠ ᠵᠢ ᠡᠷᠬᠢᠯᠡᠵᠦ ᠪᠤᠯᠬᠤ ᠦᠭᠡᠢ᠄
     (ᠨᠢᠭᠡ) ᠭᠠᠵᠠᠷ ᠲᠡᠭᠡᠷᠡᠬᠢ ᠤᠰᠤ᠎ᠪᠠᠷ ᠬᠠᠩᠭ᠋ᠠᠬᠤ ᠤᠰᠤᠨ᠎ᠤ ᠰᠤᠷᠪᠤᠯᠵᠢ᠎ᠪᠠᠨ ᠪᠤᠯᠭ᠋ᠠᠪᠠᠯ᠂ ᠤᠰᠤᠨ ᠰᠤᠷᠪᠤᠯᠵᠢ ᠵᠢᠨ ᠲᠤᠭᠤᠷᠢᠨ᠎ᠤ 100 ᠮᠸᠲᠷ᠎ᠤᠨ ᠤᠰᠤᠨ᠎ᠤ ᠴᠠᠷᠠᠭ᠎ᠠ ᠲᠤᠳᠤᠷ᠎ᠠ ᠲᠡᠵᠢᠭᠡᠨ ᠦᠷᠡᠵᠢᠭᠦᠯᠬᠦ᠂ ᠠᠩᠨᠠᠵᠦ ᠰᠢᠬᠦᠬᠦ ᠵᠢ ᠡᠷᠬᠢᠯᠡᠬᠦ ᠪᠤᠶᠤ ᠬᠠᠳᠠᠭᠤ ᠪᠡᠶᠡᠳᠦ᠂ ᠰᠢᠩᠭᠡᠨ ᠪᠡᠶᠡᠳᠦ᠂ ᠬᠡᠢ ᠪᠡᠶᠡᠳᠦ ᠪᠤᠬᠢᠷ ᠪᠤᠳᠠᠰ ᠪᠠ ᠠᠮᠢᠳᠤᠷᠠᠯ᠎ᠤᠨ ᠬᠤᠭ ᠬᠠᠶᠠᠬᠤ;
     (ᠬᠤᠶᠠᠷ) ᠭᠠᠵᠠᠷ ᠲᠤᠤᠷᠠᠬᠢ ᠤᠰᠤ᠎ᠪᠠᠷ ᠬᠠᠩᠭ᠋ᠠᠬᠤ ᠤᠰᠤᠨ ᠰᠤᠷᠪᠤᠯᠵᠢ᠎ᠪᠠᠨ ᠪᠤᠯᠭ᠋ᠠᠪᠠᠯ᠂ ᠤᠰᠤᠨ ᠰᠤᠷᠪᠤᠯᠵᠢ ᠵᠢᠨ ᠲᠤᠭᠤᠷᠢᠨ᠎ᠤ 100 ᠮᠸᠲᠷ᠎ᠤᠨ ᠬᠡᠪᠴᠢᠶᠡᠨ ᠲᠤᠳᠤᠷ᠎ᠠ᠂ ᠨᠡᠪᠴᠢᠮᠡᠳᠡᠬᠡᠢ ᠵᠤᠷᠯᠤᠩ᠂ ᠨᠡᠪᠴᠢᠮᠡᠳᠡᠭᠡᠢ ᠨᠦᠬᠡ᠂ ᠪᠠᠭ᠋ᠠᠰᠤᠨ᠎ᠤ ᠨᠦᠬᠡ᠂ ᠬᠤᠭ᠎ᠤᠨ ᠲᠠᠯᠠᠪᠠᠢ (ᠦᠷᠳᠡᠭᠡ) ᠪᠠᠢ᠍ᠢ᠍ᠭᠤᠯᠬᠤ;
     (ᠭᠤᠷᠪᠠ) ᠤᠰᠤᠨ ᠰᠤᠷᠪᠤᠯᠵᠢ ᠵᠢ ᠡᠪᠳᠡᠬᠦ ᠪᠤᠶᠤ ᠤᠰᠤᠨ ᠰᠤᠷᠪᠤᠯᠵᠢ ᠵᠢᠨ ᠤᠰᠤᠨ᠎ᠤ ᠴᠢᠨᠡᠷ᠎ᠢ ᠨᠦᠯᠦᠭᠡᠯᠡᠬᠦ ᠪᠤᠰᠤᠳ ᠠᠵᠢᠯᠯᠠᠭ᠎ᠠ᠃
    ᠭᠤᠴᠢᠨ ᠲᠤᠯᠤᠳᠤᠭ᠋ᠠᠷ ᠵᠦᠢ᠍ᠯ ᠶᠠᠮᠠᠷᠪᠠ ᠨᠢᠭᠡᠴᠢ ᠪᠠ ᠬᠤᠪᠢ ᠬᠦᠮᠦᠨ ᠤᠰᠤ ᠬᠠᠩᠭ᠋ᠠᠬᠤ ᠢᠨᠵᠸᠨ᠋ᠸᠷᠢᠩ᠎ᠤᠨ ᠲᠤᠩᠭ᠋ᠠᠬᠤ ᠴᠦᠬᠦᠷᠦᠮ᠂ ᠤᠰᠤ ᠬᠠᠳᠠᠭ᠋ᠠᠠᠯᠬᠤ ᠴᠦᠬᠦᠷᠦᠮ᠂ ᠬᠦᠭᠡᠷᠭᠡ ᠵᠢᠨ ᠦᠷᠳᠡᠭᠡ ᠵᠢᠨ 100 ᠮᠸᠲᠷ᠎ᠤᠨ ᠲᠤᠭᠤᠷᠢᠨ ᠲᠤᠳᠤᠷ᠎ᠠ᠂ ᠮᠠᠯ ᠵᠢᠭᠦᠷᠳᠡᠨ᠎ᠢ ᠲᠡᠵᠢᠭᠡᠨ ᠠᠷᠠᠴᠢᠯᠠᠬᠤ ᠲᠠᠯᠠᠪᠤᠷ᠂ ᠨᠡᠪᠴᠢᠮᠡᠳᠡᠭᠡᠢ ᠵᠤᠷᠯᠤᠩ᠂ ᠨᠡᠪᠴᠢᠮᠡᠳᠡᠭᠡᠢ ᠨᠦᠬᠡ᠂ ᠪᠤᠬᠢᠷ ᠤᠰᠤ ᠵᠢ ᠵᠠᠯᠠᠬᠤ ᠰᠤᠪᠠᠭ ᠵᠢᠴᠢ ᠪᠤᠰᠤᠳ ᠪᠤᠬᠢᠷᠳᠤᠭᠤᠯᠬᠤ ᠪᠤᠯᠤᠮᠵᠢ᠎ᠲᠠᠢ ᠦᠢ᠍ᠯᠡᠳᠪᠦᠷᠢᠯᠡᠯ ᠠᠮᠢᠳᠤᠷᠠᠯ᠎ᠤᠨ ᠲᠦᠭᠦᠭᠡᠷᠦᠮᠵᠢ ᠵᠢ ᠵᠠᠰᠠᠨ ᠪᠠᠢ᠍ᠢ᠍ᠭᠤᠯᠵᠤ ᠪᠤᠯᠬᠤ ᠦᠭᠡᠢ᠂ ᠬᠤᠭ ᠨᠤᠪᠰᠢ ᠵᠢ ᠤᠪᠤᠭ᠋ᠠᠯᠠᠨ ᠲᠠᠯᠪᠢᠵᠤ ᠪᠤᠯᠬᠤ ᠦᠭᠡᠢ᠃
      ᠭᠤᠴᠢᠨ ᠨᠠᠢ᠍ᠮᠠᠳᠤᠭ᠋ᠠᠷ ᠵᠦᠢ᠍ᠯ ᠤᠰᠤ ᠬᠠᠩᠭ᠋ᠠᠬᠤ ᠨᠢᠭᠡᠴᠢ ᠊ᠠᠴᠠ ᠰᠢᠭᠤᠳ ᠤᠰᠤ ᠬᠠᠩᠭ᠋ᠠᠬᠤ ᠠᠵᠢᠯᠳᠠᠨ᠎ᠳᠤ ᠡᠷᠡᠭᠦᠯ ᠮᠡᠨᠳᠦ ᠵᠢᠨ ᠲᠠᠩᠰᠠ ᠪᠠᠢ᠍ᠢ᠍ᠭᠤᠯᠵᠤ᠂ ᠲᠤᠭᠳᠠᠭᠰᠠᠨ ᠬᠤᠭᠤᠴᠠᠭ᠎ᠠ᠎ᠲᠠᠢ᠎ᠪᠠᠷ ᠡᠷᠡᠭᠦᠯ ᠮᠡᠨᠳᠦ ᠵᠢᠨ ᠪᠠᠢ᠍ᠢ᠍ᠴᠠᠭ᠋ᠠᠯᠳᠠ ᠬᠢᠵᠦ᠂ ᠡᠷᠡᠭᠦᠯ ᠮᠡᠨᠳᠦ ᠵᠢᠨ ᠪᠠᠷᠢᠮᠵᠢᠶ᠎ᠠ᠎ᠳᠤ ᠨᠡᠢ᠍ᠢ᠍ᠴᠡᠪᠡᠯ ᠰᠠᠶᠢ ᠠᠵᠢᠯ᠎ᠤᠨ ᠪᠠᠢ᠍ᠢ᠍ᠷᠢ᠎ᠳᠤ ᠭᠠᠷᠴᠦ ᠪᠤᠯᠤᠨ᠎ᠠ᠃
    ᠭᠤᠴᠢ ᠶᠢᠰᠦᠳᠦᠭᠡᠷ ᠵᠦᠢ᠍ᠯ ᠬᠤᠰᠢᠭᠤ ᠰᠢᠶᠡᠨ᠎ᠤ ᠱᠠᠳᠤᠨ ᠎ᠠᠴᠠ ᠲ᠋ᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠷᠴᠢᠨ ᠲᠤᠭᠤᠷᠢᠨ᠎ᠢ ᠬᠠᠮᠠᠭ᠋ᠠᠯᠠᠬᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠤᠯᠪᠤᠭᠳᠠᠯ ᠪᠦᠬᠦᠢ ᠰᠠᠯᠠᠭ᠎ᠠ ᠮᠦᠴᠢᠷ᠎ᠲᠠᠢ ᠬᠠᠮᠳᠤᠷᠠᠨ ᠬᠦᠳᠡᠭᠡ ᠲᠤᠰᠬᠤᠨ᠎ᠤ ᠤᠤᠭᠤᠬᠤ ᠤᠰᠤᠨ᠎ᠤ ᠰᠤᠷᠪᠤᠯᠵᠢ ᠪᠤᠬᠢᠷᠳᠤᠭᠰᠠᠨ ᠡᠨᠳᠡᠯ᠎ᠳᠤ ᠲᠤᠰᠬᠠᠢ ᠲᠦᠷᠦᠯ᠎ᠤᠨ ᠪᠠᠴᠢᠮ ᠪᠠᠢ᠍ᠢ᠍ᠳᠠᠯ᠎ᠢ ᠠᠷᠭ᠋ᠠᠴᠠᠭ᠋ᠠᠬᠤ ᠲᠦᠰᠦᠪ᠎ᠢ ᠨᠠᠢ᠍ᠢ᠍ᠷᠠᠭᠤᠯᠤᠨ ᠲᠤᠭᠳᠠᠭ᠋ᠠᠵᠤ᠂ ᠲᠤᠰ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠳᠤ ᠮᠡᠳᠡᠭᠦᠯᠦᠨ ᠵᠦᠪᠰᠢᠶᠡᠷᠡᠭᠦᠯᠦᠭᠰᠡᠨ ᠬᠤᠢ᠍ᠢ᠍ᠨ᠎ᠠ ᠨᠡᠢ᠍ᠢ᠍ᠳᠡᠯᠡᠬᠦ ᠬᠡᠷᠡᠭᠳᠡᠢ᠃
    ᠲᠦᠴᠢᠳᠦᠭᠡᠷ ᠵᠦᠢ᠍ᠯ ᠬᠦᠳᠡᠭᠡ ᠲᠤᠰᠬᠤᠨ᠎ᠤ ᠤᠤᠭᠤᠬᠤ ᠤᠰᠤᠨ ᠰᠤᠷᠪᠤᠯᠵᠢ ᠪᠤᠬᠢᠷᠳᠤᠭᠰᠠᠨ ᠡᠨᠳᠡᠯ ᠡᠭᠦᠰᠦᠭᠰᠡᠨ ᠬᠤᠢ᠍ᠢ᠍ᠨ᠎ᠠ᠂ ᠬᠤᠰᠢᠭᠤ ᠰᠢᠶᠡᠨ᠎ᠤ ᠱᠠᠳᠤᠨ ᠊ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠤᠤᠭᠤᠬᠤ ᠤᠰᠤᠨ᠎ᠤ ᠰᠤᠷᠪᠤᠯᠵᠢ ᠪᠤᠬᠢᠷᠳᠤᠭᠰᠠᠨ ᠡᠨᠳᠡᠯ᠎ᠤᠨ ᠪᠠᠴᠢᠮ ᠪᠠᠢ᠍ᠢ᠍ᠳᠠᠯ᠎ᠢ ᠠᠷᠭ᠋ᠠᠴᠠᠭ᠋ᠠᠬᠤ ᠵᠤᠬᠢᠴᠠᠩᠭᠤᠢ ᠲᠦᠰᠦᠪ᠎ᠢ ᠵᠤᠬᠢᠶᠠᠨ ᠪᠠᠢ᠍ᠢ᠍ᠭᠤᠯᠤᠨ ᠬᠡᠷᠡᠭᠵᠢᠭᠦᠯᠬᠦ ᠵᠢᠨ ᠬᠠᠮᠳᠤ ᠨᠦᠯᠦᠭᠡᠯᠡᠭᠳᠡᠭᠰᠡᠨ ᠭᠠᠵᠠᠷ ᠤᠷᠤᠨ᠎ᠤ ᠰᠠᠭᠤᠭ᠋ᠠᠯᠢ ᠠᠷᠠᠳ᠎ᠲᠤ ᠴᠠᠭ ᠲᠤᠬᠠᠢ᠎ᠳᠤᠨᠢ ᠤᠤᠭᠤᠬᠤ ᠤᠰᠤᠨ ᠰᠤᠷᠪᠤᠯᠵᠢ ᠪᠤᠬᠢᠷᠳᠤᠭᠰᠠᠨ ᠡᠨᠳᠡᠯ᠎ᠤᠨ ᠰᠡᠷᠡᠮᠵᠢ ᠵᠢᠨ ᠮᠡᠳᠡᠭᠡ ᠨᠡᠢ᠍ᠢ᠍ᠳᠡᠯᠡᠬᠦ ᠬᠡᠷᠡᠭᠳᠡᠢ᠃
      ᠬᠦᠳᠡᠭᠡ ᠲᠤᠰᠬᠤᠨ᠎ᠤ ᠤᠤᠭᠤᠬᠤ ᠤᠰᠤᠨ ᠰᠤᠷᠪᠤᠯᠵᠢ ᠪᠤᠬᠢᠷᠳᠤᠭᠰᠠᠨ ᠡᠨᠳᠡᠯ ᠊ᠠᠴᠠ ᠪᠤᠯᠵᠤ ᠤᠤᠭᠤᠬᠤ ᠤᠰᠤᠨ᠎ᠤ ᠬᠠᠩᠭ᠋ᠠᠯᠭ᠎ᠠ ᠵᠤᠭᠰᠤᠪᠠᠯ᠂ ᠬᠤᠰᠢᠭᠤ ᠰᠢᠶᠡᠨ᠎ᠤ ᠱᠠᠳᠤᠨ ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠪᠡᠯᠡᠳᠭᠡᠯ ᠤᠰᠤᠨ ᠰᠤᠷᠪᠤᠯᠵᠢ᠎ᠪᠠᠷ ᠤᠰᠤ ᠬᠠᠩᠭ᠋ᠠᠬᠤ ᠪᠤᠶᠤ ᠪᠤᠰᠤᠳ ᠤᠤᠭᠤᠬᠤ ᠤᠰᠤ᠎ᠪᠠᠷ ᠬᠠᠩᠭ᠋ᠠᠬᠤ ᠪᠠᠴᠢᠮ ᠪᠠᠢ᠍ᠢ᠍ᠳᠠᠯ᠎ᠢ ᠠᠷᠭ᠋ᠠᠴᠠᠭ᠋ᠠᠬᠤ ᠠᠷᠭ᠎ᠠ ᠵᠢ ᠬᠡᠷᠡᠭᠯᠡᠬᠦ ᠬᠡᠷᠡᠭᠳᠡᠢ᠃
      ᠲᠦᠴᠢᠨ ᠨᠢᠭᠡᠳᠦᠭᠡᠷ ᠵᠦᠢ᠍ᠯ ᠤᠰᠤ ᠬᠠᠩᠭ᠋ᠠᠬᠤ ᠨᠢᠭᠡᠴᠢ ᠤᠰᠤ ᠬᠠᠩᠭ᠋ᠠᠬᠤ ᠠᠮᠤᠷ ᠲᠦᠪᠰᠢᠨ᠎ᠤ ᠪᠠᠴᠢᠮ ᠪᠠᠢ᠍ᠢ᠍ᠳᠠᠯ᠎ᠢ ᠠᠷᠭ᠋ᠠᠴᠠᠭ᠋ᠠᠬᠤ ᠲᠦᠰᠦᠪ ᠲᠤᠭᠳᠠᠭ᠋ᠠᠬᠤ ᠵᠢᠨ ᠬᠠᠮᠳᠤ ᠬᠤᠰᠢᠭᠤ ᠰᠢᠶᠡᠨ᠎ᠤ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠲᠤ ᠲᠠᠩᠰᠠᠯᠠᠭᠤᠯᠬᠤ ᠬᠡᠷᠡᠭᠳᠡᠢ᠃
      ᠤᠷᠴᠢᠨ ᠲᠤᠭᠤᠷᠢᠨ ᠪᠤᠬᠢᠷᠳᠤᠭᠰᠠᠨ ᠪᠤᠶᠤ ᠪᠤᠰᠤᠳ ᠬᠡᠨᠡᠳᠳᠡ ᠵᠢᠨ ᠴᠢᠨᠡᠷᠳᠡᠢ ᠬᠡᠷᠡᠭ ᠊ᠠᠴᠠ ᠪᠤᠯᠵᠤ ᠤᠰᠤᠨ᠎ᠤ ᠴᠢᠨᠡᠷ ᠪᠤᠬᠢᠷᠳᠤᠭᠰᠠᠨ ᠪᠤᠯ᠂ ᠤᠰᠤ ᠬᠠᠩᠭ᠋ᠠᠬᠤ ᠨᠢᠭᠡᠴᠢ ᠲᠡᠷᠡ ᠲᠤᠤᠷ᠎ᠠ᠎ᠨᠢ ᠤᠰᠤ ᠬᠠᠩᠭ᠋ᠠᠬᠤ᠎ᠪᠠᠨ ᠵᠤᠭᠰᠤᠭ᠋ᠠᠵᠤ᠂ ᠬᠤᠷᠢᠨ ᠲᠦᠷᠪᠡᠨ ᠴᠠᠭ᠎ᠤᠨ ᠲᠤᠳᠤᠷ᠎ᠠ ᠪᠠᠢ᠍ᠢ᠍ᠭ᠎ᠠ ᠭᠠᠵᠠᠷ᠎ᠤᠨ ᠤᠷᠴᠢᠨ ᠲᠤᠭᠤᠷᠢᠨ᠎ᠢ ᠬᠠᠮᠠᠭ᠋ᠠᠯᠠᠬᠤ᠂ ᠡᠷᠡᠭᠦᠯ ᠬᠠᠮᠠᠭ᠋ᠠᠯᠠᠯ ᠪᠠ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠭᠦᠯᠬᠦ ᠵᠢᠨ ᠬᠠᠮᠳᠤ ᠤᠰᠤ ᠬᠠᠩᠭ᠋ᠠᠬᠤ ᠠᠮᠤᠷ ᠲᠦᠪᠰᠢᠨ᠎ᠤ ᠬᠡᠨᠡᠳᠳᠡ ᠵᠢᠨ ᠪᠠᠢ᠍ᠢ᠍ᠳᠠᠯ᠎ᠢ ᠠᠷᠭ᠋ᠠᠴᠠᠭ᠋ᠠᠬᠤ ᠲᠦᠰᠦᠪ᠎ᠢ ᠴᠠᠭ ᠲᠤᠬᠠᠢ᠎ᠳᠤᠨᠢ ᠬᠡᠷᠡᠭᠵᠢᠭᠦᠯᠬᠦ ᠬᠡᠷᠡᠭᠳᠡᠢ᠃
      ᠲᠦᠴᠢᠨ ᠬᠤᠶᠠᠳᠤᠭ᠋ᠠᠷ ᠵᠦᠢ᠍ᠯ ᠬᠦᠳᠡᠭᠡ ᠲᠤᠰᠬᠤᠨ᠎ᠤ ᠤᠤᠭᠤᠬᠤ ᠤᠰᠤᠨ᠎ᠤ ᠰᠤᠷᠪᠤᠯᠵᠢ ᠡᠪᠳᠡᠭᠳᠡᠭᠰᠡᠨ ᠪᠤᠶᠤ ᠤᠰᠤᠨ᠎ᠤ ᠴᠢᠨᠡᠷ ᠪᠤᠬᠢᠷᠳᠤᠭᠰᠠᠨ ᠪᠤᠯ ᠬᠡᠨ ᠡᠪᠳᠡᠭᠰᠡᠨ ᠪᠤᠯ ᠬᠡᠨ ᠰᠡᠷᠭᠦᠭᠡᠵᠦ᠂ ᠬᠡᠨ ᠪᠤᠬᠢᠷᠳᠤᠭᠤᠯᠤᠭᠰᠠᠨ ᠪᠤᠯ ᠬᠡᠨ ᠵᠠᠰᠠᠬᠤ ᠵᠠᠷᠴᠢᠮ ᠵᠶ᠋ᠠᠷ ᠬᠠᠷᠢᠭᠤᠴᠠᠯᠭ᠎ᠠ᠎ᠲᠠᠢ ᠡᠳᠡᠭᠡᠳ ᠊ᠠᠴᠠ ᠰᠡᠷᠭᠦᠭᠡᠨ ᠵᠠᠰᠠᠬᠤ ᠬᠡᠷᠡᠭᠳᠡᠢ; ᠪᠤᠰᠤᠳ᠎ᠲᠤ ᠬᠤᠬᠢᠷᠠᠯ ᠤᠴᠠᠷᠠᠭᠤᠯᠤᠭᠰᠠᠨ ᠪᠤᠯ ᠲᠦᠯᠦᠪᠦᠷᠢᠯᠡᠬᠦ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠳᠡᠢ᠃ ᠲᠤᠯᠤᠳᠤᠭ᠋ᠠᠷ ᠪᠦᠯᠦᠭ ᠬᠠᠤᠯᠢ ᠴᠠᠭ᠋ᠠᠵᠠ ᠵᠢᠨ ᠬᠠᠷᠢᠭᠤᠴᠠᠯᠭ᠎ᠠ
      ᠲᠦᠴᠢᠨ ᠭᠤᠷᠪᠠᠳᠤᠭ᠋ᠠᠷ ᠵᠦᠢ᠍ᠯ ᠲᠤᠰ ᠲᠦᠷᠢᠮ᠎ᠤᠨ ᠲᠤᠭᠳᠠᠭ᠋ᠠᠯ ᠊ᠠᠴᠠ ᠵᠦᠷᠢᠴᠡᠵᠦ᠂ 《ᠪᠦᠬᠦᠳᠡ ᠨᠠᠢ᠍ᠢ᠍ᠷᠠᠮᠳᠠᠬᠤ ᠲᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》᠂ 《ᠪᠦᠬᠦᠳᠡ ᠨᠠᠢ᠍ᠢ᠍ᠷᠠᠮᠳᠠᠬᠤ ᠲᠤᠮᠳᠠᠳᠤ ᠠᠷᠠᠳ ᠤᠯᠤᠰ᠎ᠤᠨ ᠤᠰᠤᠨ᠎ᠤ ᠪᠤᠬᠢᠷᠳᠤᠯ᠎ᠢ ᠰᠡᠷᠭᠡᠢ᠍ᠢ᠍ᠯᠡᠨ ᠵᠠᠰᠠᠬᠤ ᠬᠠᠤᠯᠢ》 ᠪᠠ ᠤᠯᠤᠰ᠎ᠤᠨ ᠬᠤᠯᠪᠤᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠤᠭᠳᠠᠭ᠋ᠠᠯ᠎ᠳᠤ ᠪᠤᠳᠠᠳᠠᠢ ᠰᠢᠢ᠍ᠳᠭᠡᠨ ᠲᠤᠷᠭ᠋ᠠᠬᠤ ᠲᠤᠭᠳᠠᠭ᠋ᠠᠯ᠎ᠲᠠᠢ ᠪᠤᠯ ᠲᠡᠷᠡ ᠲᠤᠭᠳᠠᠭ᠋ᠠᠯ᠎ᠢ ᠵᠢᠷᠤᠮᠯᠠᠨ᠎ᠠ᠃
      ᠲᠦᠴᠢᠨ ᠲᠦᠷᠪᠡᠳᠦᠭᠡᠷ ᠵᠦᠢ᠍ᠯ ᠲᠤᠰ ᠲᠦᠷᠢᠮ᠎ᠤᠨ ᠠᠷᠪᠠᠳᠤᠭ᠋ᠠᠷ ᠵᠦᠢ᠍ᠯ᠎ᠤᠨ ᠲᠤᠭᠳᠠᠭ᠋ᠠᠯ ᠊ᠠᠴᠠ       ᠵᠦᠷᠢᠴᠡᠵᠦ᠂ ᠵᠦᠪᠰᠢᠶᠡᠷᠡᠭᠦᠯᠦᠭᠰᠡᠨ ᠦᠭᠡᠢ᠎ᠪᠠᠷ ᠬᠦᠳᠡᠭᠡ ᠲᠤᠰᠬᠤᠨ᠎ᠤ ᠤᠤᠭᠤᠬᠤ ᠤᠰᠤ ᠵᠢ ᠬᠠᠩᠭ᠋ᠠᠬᠤ ᠢᠨᠵᠸᠨ᠋ᠸᠷᠢᠩ᠎ᠢ ᠲᠤᠷ᠎ᠠ᠎ᠪᠠᠷ ᠪᠠᠢ᠍ᠢ᠍ᠭᠤᠯᠤᠭᠰᠠᠨ ᠪᠤᠯ ᠬᠤᠰᠢᠭᠤ ᠰᠢᠶᠡᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠊ᠠᠴᠠ ᠪᠦᠳᠦᠭᠡᠨ ᠪᠠᠢ᠍ᠢ᠍ᠭᠤᠯᠬᠤ ᠵᠢ ᠵᠠᠷᠯᠢᠭᠳᠠᠨ ᠵᠤᠭᠰᠤᠭ᠋ᠠᠵᠤ᠂ ᠤᠤᠭᠤᠬᠤ ᠤᠰᠤ ᠵᠢ ᠬᠠᠩᠭ᠋ᠠᠬᠤ ᠬᠦᠭᠵᠢᠯᠳᠡ ᠵᠢᠨ ᠲᠦᠯᠦᠪᠵᠢᠭᠦᠯᠭᠡ᠎ᠲᠠᠢ ᠨᠡᠢ᠍ᠢ᠍ᠴᠡᠭᠰᠡᠨ᠎ᠢ᠎ᠨᠢ ᠬᠤᠯᠪᠤᠭᠳᠠᠯ ᠪᠦᠬᠦᠢ ᠭᠠᠷᠳᠠᠮ᠎ᠢ ᠵᠠᠷᠯᠢᠭᠳᠠᠨ ᠨᠦᠬᠦᠨ ᠬᠦᠢ᠍ᠴᠡᠳᠭᠡᠯᠭᠡᠨ᠎ᠡ; ᠤᠤᠭᠤᠬᠤ ᠤᠰᠤ ᠵᠢ ᠬᠠᠩᠭ᠋ᠠᠬᠤ ᠬᠦᠭᠵᠢᠯᠳᠡ ᠵᠢᠨ ᠲᠦᠯᠦᠪᠵᠢᠭᠦᠯᠭᠡ᠎ᠲᠠᠢ ᠨᠡᠢ᠍ᠢ᠍ᠴᠡᠬᠦ ᠦᠭᠡᠢ ᠪᠤᠯ ᠵᠠᠷᠯᠢᠭᠳᠠᠨ ᠬᠤᠭᠤᠴᠠᠭ᠎ᠠ ᠬᠢᠵᠠᠭ᠋ᠠᠷᠯᠠᠨ ᠨᠤᠷᠠᠭ᠋ᠠᠯᠭ᠋ᠠᠨ᠎ᠠ; ᠬᠢᠵᠠᠭ᠋ᠠᠷᠯᠠᠭᠰᠠᠨ ᠬᠤᠭᠤᠴᠠᠭ᠎ᠠ ᠊ᠠᠴᠠ ᠬᠡᠳᠦᠷᠡᠨ ᠨᠤᠷᠠᠭ᠋ᠠᠬᠤ ᠦᠭᠡᠢ ᠪᠤᠯ ᠬᠤᠰᠢᠭᠤ ᠰᠢᠶᠡᠨ᠎ᠤ ᠱᠠᠳᠤᠨ ᠊ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠊ᠠᠴᠠ ᠨᠤᠷᠠᠭ᠋ᠠᠵᠤ᠂ ᠵᠠᠷᠤᠳᠠᠯ᠎ᠢ ᠬᠠᠷᠢᠭᠤᠴᠠᠯᠭ᠎ᠠ᠎ᠲᠠᠢ ᠡᠳᠡᠭᠡᠳ ᠪᠤᠶᠤ ᠬᠤᠪᠢ ᠬᠦᠮᠤᠨ ᠊ᠠᠴᠠ ᠡᠭᠦᠷᠭᠡᠯᠡᠬᠦ ᠵᠢᠨ ᠬᠠᠮᠳᠤ᠂ 2 ᠲᠦᠮᠡᠨ ᠲᠦᠭᠦᠷᠢᠭ ᠎ᠠᠴᠠ ᠲᠤᠷᠤᠭᠰᠢ ᠵᠤᠭᠤᠰ ᠵᠶ᠋ᠠᠷ ᠲᠤᠷᠭ᠋ᠠᠵᠤ ᠪᠤᠯᠤᠨ᠎ᠠ᠃
      ᠲᠦᠴᠢᠨ ᠲᠠᠪᠤᠳᠤᠭ᠋ᠠᠷ ᠵᠦᠢ᠍ᠯ ᠲᠤᠰ ᠲᠦᠷᠢᠮ᠎ᠤᠨ ᠲᠤᠭᠳᠠᠭ᠋ᠠᠯ ᠊ᠠᠴᠠ ᠵᠦᠷᠢᠴᠡᠵᠦ᠂ ᠤᠰᠤ ᠬᠠᠩᠭ᠋ᠠᠬᠤ ᠨᠢᠭᠡᠴᠢ ᠲᠤᠤᠷᠠᠬᠢ ᠠᠵᠢᠯᠯᠠᠭ᠎ᠠ᠎ᠲᠠᠢ ᠪᠤᠯ ᠬᠤᠰᠢᠭᠤ ᠰᠢᠶᠡᠨ᠎ᠤ ᠱᠠᠳᠤᠨ ᠊ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠎ᠠᠴᠠ ᠵᠠᠷᠯᠢᠭᠳᠠᠨ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠬᠤ ᠵᠢᠨ ᠬᠠᠮᠳᠤ 5000 ᠲᠦᠭᠦᠷᠢᠭ ᠊ᠠᠴᠠ ᠲᠡᠭᠡᠭᠰᠢ 2 ᠲᠦᠮᠡᠨ ᠲᠦᠭᠦᠷᠢᠭ ᠊ᠠᠴᠠ ᠲᠤᠷᠤᠭᠰᠢ ᠵᠤᠭᠤᠰ ᠵᠶ᠋ᠠᠷ ᠲᠤᠷᠭ᠋ᠠᠵᠤ ᠪᠤᠯᠤᠨ᠎ᠠ; ᠬᠤᠬᠢᠷᠠᠯ ᠤᠴᠠᠷᠠᠭᠤᠯᠤᠭᠰᠠᠨ ᠪᠤᠯ ᠲᠦᠯᠦᠪᠦᠷᠢᠯᠡᠬᠦ ᠬᠠᠷᠢᠭᠤᠴᠠᠯᠭ᠎ᠠ ᠵᠢ ᠡᠭᠦᠷᠭᠡᠯᠡᠨ᠎ᠡ᠄
     (ᠨᠢᠭᠡ) ᠬᠠᠩᠭ᠋ᠠᠬᠤ ᠤᠰᠤᠨ᠎ᠤ ᠴᠢᠨᠡᠷ᠎ᠨᠢ ᠤᠯᠤᠰ᠎ᠤᠨ ᠠᠮᠢᠳᠤᠷᠠᠯ᠎ᠳᠤ ᠬᠡᠷᠡᠭᠯᠡᠬᠦ ᠤᠤᠭᠤᠬᠤ ᠤᠰᠤᠨ᠎ᠤ ᠠᠷᠢᠭᠤᠨ ᠴᠡᠪᠡᠷ᠎ᠤᠨ ᠪᠠᠷᠢᠮᠵᠢᠶ᠎ᠠ᠎ᠲᠠᠢ ᠨᠡᠢ᠍ᠢ᠍ᠴᠡᠬᠦ ᠦᠭᠡᠢ;
     (ᠬᠤᠶᠠᠷ) ᠲᠤᠷ᠎ᠠ᠎ᠪᠠᠷ ᠤᠰᠤ ᠬᠠᠩᠭ᠋ᠠᠬᠤ ᠵᠢ ᠵᠤᠭᠰᠤᠭ᠋ᠠᠭᠰᠠᠨ ᠪᠤᠶᠤ ᠤᠰᠤ ᠵᠤᠭᠰᠤᠬᠤ ᠵᠢ ᠮᠡᠳᠡᠭᠳᠡᠬᠦ ᠡᠭᠦᠷᠭᠡ᠎ᠪᠠᠨ ᠬᠦᠢ᠍ᠴᠡᠳᠭᠡᠭᠰᠡᠨ ᠦᠭᠡᠢ;
     (ᠭᠤᠷᠪᠠ) ᠤᠰᠤ ᠬᠠᠩᠭ᠋ᠠᠬᠤ ᠲᠦᠭᠦᠭᠡᠷᠦᠮᠵᠢ᠎ᠨᠢ ᠭᠡᠮ ᠡᠨᠳᠡᠯ ᠡᠭᠦᠰᠴᠦ ᠴᠠᠭ ᠲᠤᠬᠠᠢ᠎ᠳᠤᠨᠢ ᠵᠤᠬᠢᠶᠠᠨ ᠪᠠᠢ᠍ᠢ᠍ᠭᠤᠯᠤᠨ ᠲᠦᠷᠭᠡᠨ ᠵᠠᠰᠠᠭᠰᠠᠨ ᠦᠭᠡᠢ;
     (ᠲᠦᠷᠪᠡ) ᠤᠰᠤᠨ᠎ᠤ ᠴᠢᠨᠡᠷ᠎ᠤᠨ ᠪᠤᠬᠢᠷᠳᠤᠯ ᠡᠭᠦᠰᠦᠭᠰᠡᠨ ᠪᠠᠢ᠍ᠢ᠍ᠳᠠᠯ᠎ᠠ ᠴᠠᠭ ᠲᠤᠬᠠᠢ᠎ᠳᠤᠨᠢ ᠲᠡᠭᠡᠭᠰᠢ ᠮᠡᠳᠡᠭᠦᠯᠦᠭᠰᠡᠨ ᠦᠭᠡᠢ᠃
      ᠤᠰᠤ ᠬᠠᠩᠭ᠋ᠠᠬᠤ ᠨᠢᠭᠡᠴᠢ ᠲᠤᠷ᠎ᠠ᠎ᠪᠠᠷ ᠤᠰᠤ ᠬᠡᠷᠡᠭᠯᠡᠬᠦ ᠡᠷᠦᠭᠡ ᠊ᠠᠴᠠ ᠤᠰᠤᠨ᠎ᠤ ᠰᠦᠢ᠍ᠳᠭᠡᠯ᠎ᠢ ᠨᠡᠮᠡᠨ ᠬᠤᠷᠢᠶᠠᠪᠠᠯ᠂ ᠤᠰᠤ ᠬᠡᠷᠡᠭᠯᠡᠬᠦ ᠡᠷᠦᠭᠡ᠎ᠨᠢ ᠤᠰᠤᠨ᠎ᠤ ᠰᠦᠢ᠍ᠳᠭᠡᠯ᠎ᠢ ᠲᠤᠰᠢᠶᠠᠬᠤ ᠵᠢ ᠲᠡᠪᠴᠢᠬᠦ ᠡᠷᠭᠡ᠎ᠲᠠᠢ᠂ ᠨᠢᠭᠡᠨᠳᠡ ᠬᠤᠷᠢᠶᠠᠭᠰᠠᠨ ᠪᠤᠯ ᠪᠤᠴᠠᠭ᠋ᠠᠬᠤ ᠬᠡᠷᠡᠭᠳᠡᠢ; ᠪᠠᠢ᠍ᠢ᠍ᠳᠠᠯ᠎ᠨᠢ ᠬᠦᠨᠳᠦ ᠨᠤᠴᠢᠳᠠᠢ ᠪᠤᠯ ᠦᠨ᠎ᠡ ᠬᠠᠩᠰᠢ ᠵᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠎ᠠᠴᠠ ᠬᠠᠤᠯᠢ ᠶᠤᠰᠤᠭ᠋ᠠᠷ ᠰᠢᠢ᠍ᠳᠭᠡᠨ ᠲᠤᠷᠭ᠋ᠠᠨ᠎ᠠ᠃
      ᠲᠦᠴᠢᠨ ᠵᠢᠷᠭᠤᠳᠤᠭ᠋ᠠᠷ ᠵᠦᠢ᠍ᠯ ᠲᠤᠰ ᠲᠦᠷᠢᠮ᠎ᠤᠨ ᠬᠤᠷᠢᠨ ᠵᠢᠷᠭᠤᠳᠤᠭ᠋ᠠᠷ ᠵᠦᠢ᠍ᠯ᠎ᠤᠨ ᠲᠤᠭᠳᠠᠭ᠋ᠠᠯ ᠊ᠠᠴᠠ ᠵᠦᠷᠢᠴᠡᠵᠦ᠂ ᠤᠰᠤ ᠬᠡᠷᠡᠭᠯᠡᠬᠦ ᠡᠷᠦᠭᠡ᠎ᠨᠢ ᠲᠤᠤᠷᠠᠬᠢ ᠠᠵᠢᠯᠯᠠᠭ᠎ᠠ᠎ᠲᠠᠢ ᠪᠤᠯ᠂ ᠬᠤᠰᠢᠭᠤ ᠰᠢᠶᠡᠨ᠎ᠤ ᠱᠠᠳᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠵᠠᠷᠯᠢᠭᠳᠠᠨ ᠵᠠᠯᠠᠷᠠᠭᠤᠯᠬᠤ ᠵᠢᠨ ᠬᠠᠮᠳᠤ 200 ᠲᠦᠭᠦᠷᠢᠭ ᠊ᠠᠴᠠ ᠲᠡᠭᠡᠭᠰᠢ 1000 ᠲᠦᠭᠦᠷᠢᠭ ᠎ᠠᠴᠠ ᠲᠤᠷᠤᠭᠰᠢ ᠵᠤᠭᠤᠰ ᠵᠶ᠋ᠠᠷ ᠲᠤᠷᠭ᠋ᠠᠵᠤ ᠪᠤᠯᠤᠨ᠎ᠠ; ᠬᠤᠬᠢᠷᠠᠯ ᠤᠴᠠᠷᠠᠭᠤᠯᠤᠭᠰᠠᠨ ᠪᠤᠯ ᠲᠦᠯᠦᠪᠦᠷᠢᠯᠡᠬᠦ ᠬᠠᠷᠢᠭᠤᠴᠠᠯᠭ᠎ᠠ ᠵᠢ ᠡᠭᠦᠷᠭᠡᠯᠡᠨ᠎ᠡ᠄
     (ᠨᠢᠭᠡ) ᠤᠰᠤᠨ᠎ᠤ ᠬᠡᠷᠡᠭᠴᠡᠭᠡ ᠵᠢ ᠲᠤᠷ᠎ᠠ᠎ᠪᠠᠷ ᠦᠭᠡᠷᠡᠴᠢᠯᠡᠭᠰᠡᠨ;
     (ᠬᠤᠶᠠᠷ) ᠤᠰᠤ ᠬᠠᠩᠭ᠋ᠠᠬᠤ ᠲᠦᠭᠦᠭᠡᠷᠦᠮᠵᠢ ᠵᠢ ᠲᠤᠷ᠎ᠠ᠎ᠪᠠᠷ ᠦᠭᠡᠷᠡᠴᠢᠯᠡᠨ ᠪᠠᠢ᠍ᠢ᠍ᠭᠤᠯᠵᠤ᠂ ᠨᠤᠷᠠᠭ᠋ᠠᠭᠰᠠᠨ;
     (ᠭᠤᠷᠪᠠ) ᠤᠯᠠᠨ ᠨᠡᠢ᠍ᠢ᠍ᠳᠡ ᠵᠢᠨ ᠤᠤᠭᠤᠬᠤ ᠤᠰᠤ ᠵᠢ ᠬᠤᠯᠠᠭ᠋ᠠᠢ᠍ᠢ᠍ᠯᠠᠨ ᠬᠡᠷᠡᠭᠯᠡᠭᠰᠡᠨ᠃
    ᠲᠦᠴᠢᠨ ᠲᠤᠯᠤᠳᠤᠭ᠋ᠠᠷ ᠵᠦᠢ᠍ᠯ ᠲᠤᠰ ᠲᠦᠷᠢᠮ᠎ᠤᠨ ᠭᠤᠴᠢᠨ ᠲᠦᠷᠪᠡᠳᠦᠭᠡᠷ ᠵᠦᠢ᠍ᠯ᠎ᠤᠨ ᠲᠤᠭᠳᠠᠭ᠋ᠠᠯ ᠊ᠠᠴᠠ ᠵᠦᠷᠢᠴᠡᠪᠡᠯ᠂ ᠬᠤᠰᠢᠭᠤ ᠰᠢᠶᠡᠨ᠎ᠤ ᠱᠠᠳᠤᠨ ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠎ᠠᠴᠠ ᠵᠠᠷᠯᠢᠭᠳᠠᠨ ᠬᠠᠤᠯᠢ ᠪᠤᠰᠤ ᠠᠵᠢᠯᠯᠠᠭ᠎ᠠ ᠵᠢ ᠵᠤᠭᠰᠤᠯᠭ᠋ᠠᠬᠤ ᠵᠢᠨ ᠬᠠᠮᠳᠤ 2000 ᠲᠦᠭᠦᠷᠢᠭ ᠊ᠠᠴᠠ ᠲᠡᠭᠡᠭᠰᠢ 2 ᠲᠦᠮᠡᠨ ᠲᠦᠭᠦᠷᠢᠭ ᠎ᠠᠴᠠ ᠲᠤᠷᠤᠭᠰᠢ ᠵᠤᠭᠤᠰ ᠵᠶ᠋ᠠᠷ ᠲᠤᠷᠭ᠋ᠠᠬᠤ ᠵᠢᠨ ᠬᠠᠮᠳᠤ ᠵᠤᠬᠢᠴᠠᠭᠰᠠᠨ ᠠᠷᠭ᠎ᠠ ᠬᠡᠮᠵᠢᠶ᠎ᠡ ᠠᠪᠴᠦ ᠨᠦᠬᠦᠨ ᠵᠠᠰᠠᠬᠤ ᠬᠡᠷᠡᠭᠳᠡᠢ᠂ ᠠᠷᠭ᠎ᠠ ᠬᠡᠮᠵᠢᠶ᠎ᠡ ᠠᠪᠬᠤ᠎ᠳᠤ ᠬᠡᠷᠡᠭᠰᠡᠬᠦ ᠵᠠᠷᠤᠳᠠᠯ᠎ᠢ ᠬᠠᠷᠢᠭᠤᠴᠠᠯᠭ᠎ᠠ᠎ᠲᠠᠢ ᠡᠳᠡᠭᠡᠳ᠎ᠠᠴᠠ ᠡᠭᠦᠷᠭᠡᠯᠡᠨ᠎ᠡ᠃
      ᠲᠦᠴᠢᠨ ᠨᠠᠢ᠍ᠮᠠᠳᠤᠭ᠋ᠠᠷ ᠵᠦᠢ᠍ᠯ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ ᠠᠵᠢᠯᠳᠠᠨ ᠲᠤᠤᠷᠠᠬᠢ ᠠᠵᠢᠯᠯᠠᠭ᠎ᠠ᠎ᠲᠠᠢ ᠪᠤᠯ᠂ ᠲᠡᠭᠦᠨ᠎ᠤ ᠪᠠᠢ᠍ᠢ᠍ᠭ᠎ᠠ ᠨᠢᠭᠡᠴᠢ ᠪᠤᠶᠤ ᠲᠡᠭᠡᠳᠦ ᠱᠠᠳᠤᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠊ᠠᠴᠠ ᠰᠢᠭᠤᠳ ᠬᠠᠷᠢᠭᠤᠴᠠᠯᠭ᠎ᠠ᠎ᠲᠠᠢ ᠭᠤᠤᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ᠎ᠲᠠᠢ ᠬᠦᠮᠦᠨ᠎ᠳᠤ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠰᠢᠢ᠍ᠳᠭᠡᠯ ᠦᠭᠭᠦᠨ᠎ᠡ; ᠶᠠᠯ᠎ᠠ᠎ᠳᠤ ᠬᠦᠷᠦᠭᠰᠡᠨ ᠪᠤᠯ ᠬᠠᠤᠯᠢ ᠶᠤᠰᠤᠭ᠋ᠠᠷ ᠡᠷᠡᠭᠦᠦ ᠵᠢᠨ ᠬᠡᠷᠡᠭ᠎ᠤᠨ ᠬᠠᠷᠢᠭᠤᠴᠠᠯᠭ᠎ᠠ ᠨᠡᠬᠡᠮᠵᠢᠯᠡᠨ᠎ᠡ᠄
     (ᠨᠢᠭᠡ) ᠬᠦᠳᠡᠭᠡ ᠲᠤᠰᠬᠤᠨ᠎ᠤ ᠤᠤᠭᠤᠬᠤ ᠤᠰᠤ ᠵᠢ ᠬᠠᠩᠭ᠋ᠠᠬᠤ ᠢᠨᠵᠸᠨ᠋ᠸᠷᠢᠩ᠎ᠤᠨ ᠪᠦᠳᠦᠭᠡᠨ ᠪᠠᠢ᠍ᠢ᠍ᠭᠤᠯᠤᠯᠳᠠ ᠵᠢᠨ ᠲᠦᠷᠦᠯ ᠵᠦᠢ᠍ᠯ ᠪᠠ ᠤᠰᠤ ᠠᠪᠬᠤ ᠲᠦᠷᠦᠯ ᠵᠦᠢ᠍ᠯ᠎ᠢ ᠬᠠᠤᠯᠢ ᠶᠤᠰᠤᠭ᠋ᠠᠷ ᠬᠢᠨᠡᠨ ᠵᠦᠪᠰᠢᠶᠡᠷᠡᠭᠰᠡᠨ ᠦᠭᠡᠢ;
     (ᠬᠤᠶᠠᠷ) ᠬᠦᠳᠡᠭᠡ ᠲᠤᠰᠬᠤᠨ᠎ᠤ ᠤᠤᠭᠤᠬᠤ ᠤᠰᠤᠨ᠎ᠤ ᠴᠢᠨᠡᠷ᠎ᠢ ᠪᠠᠢ᠍ᠢ᠍ᠴᠠᠭ᠋ᠠᠨ ᠬᠡᠮᠵᠢᠬᠦ ᠲᠤᠰᠢᠶᠠᠯ ᠬᠠᠷᠢᠭᠤᠴᠠᠯᠭ᠎ᠠ ᠵᠢ ᠬᠠᠤᠯᠢ ᠶᠤᠰᠤᠭ᠋ᠠᠷ ᠬᠦᠢ᠍ᠴᠡᠳᠭᠡᠭᠰᠡᠨ ᠦᠭᠡᠢ;
     (ᠭᠤᠷᠪᠠ) ᠬᠦᠳᠡᠭᠡ ᠲᠤᠰᠬᠤᠨ᠎ᠤ ᠤᠤᠭᠤᠬᠤ ᠤᠰᠤ ᠵᠢ ᠬᠠᠩᠭ᠋ᠠᠬᠤ ᠢᠨᠵᠸᠨ᠋ᠸᠷᠢᠩ᠎ᠤᠨ ᠠᠵᠢᠯᠯᠠᠭ᠎ᠠ ᠵᠢ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ᠎ᠪᠠᠨ ᠬᠠᠤᠯᠢ ᠶᠤᠰᠤᠭ᠋ᠠᠷ ᠬᠦᠢ᠍ᠴᠡᠳᠭᠡᠭᠰᠡᠨ ᠦᠭᠡᠢ;
     (ᠲᠦᠷᠪᠡ) ᠬᠠᠤᠯᠢ ᠪᠤᠰᠤ ᠠᠵᠢᠯᠯᠠᠭ᠎ᠠ ᠵᠢ ᠢᠯᠡᠷᠡᠭᠦᠯᠦᠭᠡᠳ ᠪᠠᠢ᠍ᠢ᠍ᠴᠠᠭ᠋ᠠᠨ ᠰᠢᠢ᠍ᠳᠭᠡᠭᠰᠡᠨ ᠦᠭᠡᠢ ᠎ᠠᠴᠠ ᠪᠤᠯᠵᠤ ᠬᠦᠨᠳᠤ ᠨᠤᠴᠢᠳᠠᠢ ᠦᠷ᠎ᠡ ᠳ᠋ᠦᠩ᠎ᠲᠠᠢ ᠪᠤᠯᠤᠭᠰᠠᠨ;
     (ᠲᠠᠪᠤ) ᠠᠯᠪᠠᠨ ᠲᠤᠰᠢᠶᠠᠯ᠎ᠳᠠᠭᠠᠨ ᠠᠯᠮᠠᠢ᠍ᠢ᠍ᠷᠠᠨ ᠤᠰᠤᠯᠳᠠᠵᠤ᠂ ᠡᠷᠭᠡ ᠲᠤᠰᠢᠶᠠᠯ ᠵᠶ᠋ᠠᠨ ᠲᠤᠷ᠎ᠠ᠎ᠪᠠᠷ ᠬᠡᠷᠡᠭᠯᠡᠭᠰᠡᠨ᠂ ᠭᠤᠶᠠᠴᠢᠯᠠᠨ ᠬᠠᠤᠯᠢ ᠶᠤᠰᠤ ᠵᠢ ᠵᠦᠷᠢᠴᠡᠭᠰᠡᠨ ᠪᠤᠰᠤᠳ ᠠᠵᠢᠯᠯᠠᠭ᠎ᠠ᠃ ᠨᠠᠢ᠍ᠮᠠᠳᠤᠭ᠋ᠠᠷ ᠪᠦᠯᠦᠭ ᠲᠠᠭ᠋ᠠᠯᠳᠤᠭᠤᠯᠤᠭᠰᠠᠨ ᠲᠦᠷᠢᠮ
      ᠲᠦᠴᠢ ᠶᠢᠰᠦᠳᠦᠭᠡᠷ ᠵᠦᠢ᠍ᠯ ᠲᠤᠰ ᠲᠦᠷᠢᠮ᠎ᠢ 2011 ᠤᠨ᠎ᠤ 1 ᠰᠠᠷ᠎ᠠ ᠵᠢᠨ 1᠎ᠤ ᠡᠳᠤᠷ ᠎ᠠᠴᠠ ᠡᠬᠢᠯᠡᠨ ᠬᠡᠷᠡᠭᠵᠢᠭᠦᠯᠦᠨ᠎ᠡ᠃

ᠢᠷᠡᠯᠲᠡ᠄
          
ᠬᠠᠮᠢᠶ᠎ᠡ ᠪᠦᠬᠦᠢ ᠰᠣᠨᠢᠨ
 
            