(2017 ᠤᠨ᠎ᠤ 9 ᠰᠠᠷ᠎ᠠ ᠵᠢᠨ 29᠎ᠤ ᠡᠳᠦᠷ ᠦᠪᠦᠷ ᠮᠤᠩᠭᠤᠯ᠎ᠤᠨ ᠦᠪᠡᠷᠲᠡᠭᠡᠨ ᠵᠠᠰᠠᠭ᠍ᠤ ᠤᠷᠤᠨ᠎ᠤ ᠠᠷᠪᠠᠨ ᠬᠤᠶᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠡᠨ᠎ᠤ ᠭᠤᠴᠢᠨ ᠲᠠᠪᠤᠳᠤᠭ᠋ᠠᠷ ᠬᠤᠷᠠᠯᠳᠤᠭ᠋ᠠᠨ ᠵᠶ᠋ᠠᠷ ᠪᠠᠲᠤᠯᠠᠪᠠ)
ᠨᠢᠭᠡᠳᠦᠭᠡᠷ ᠪᠦᠯᠦᠭ ᠶᠡᠷᠦᠩᠬᠡᠢ ᠲᠦᠷᠢᠮ
ᠨᠢᠭᠡᠳᠦᠭᠡᠷ ᠵᠦᠢ᠍ᠯ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢ ᠴᠢᠩᠭ᠋ᠠᠳᠬᠠᠨ᠂ ᠤᠤᠭᠤᠬᠤ ᠤᠰᠤᠨ᠎ᠤ ᠠᠶᠤᠯᠬᠦᠢ ᠵᠢ ᠪᠠᠲᠤᠯᠠᠵᠦ᠂ ᠡᠷᠬᠡᠲᠦ ᠠᠷᠠᠳ᠎ᠤᠨ ᠪᠡᠶ᠎ᠡ ᠵᠢᠨ ᠡᠷᠡᠭᠦᠯ ᠮᠡᠨᠳᠦ ᠵᠢ ᠬᠠᠮᠠᠭ᠋ᠠᠯᠠᠵᠦ᠂ ᠠᠵᠦ ᠠᠬᠤᠢ ᠨᠡᠶ᠋ᠢᠭᠡᠮ᠎ᠤᠨ ᠦᠷᠭᠦᠯᠵᠢᠯᠡᠯ ᠬᠦᠭᠵᠢᠯᠲᠡ ᠵᠢ ᠠᠬᠢᠭᠤᠯᠬᠤ ᠵᠢᠨ ᠲᠦᠯᠦᠭᠡ᠂ 《ᠪᠦᠬᠦᠳᠡ ᠨᠠᠶ᠋ᠢᠷᠠᠮᠳᠠᠭ᠍ᠤ ᠳᠤᠮᠳᠠᠳᠦ ᠠᠷᠠᠳ ᠤᠯᠤᠰ᠎ᠤᠨ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠠᠤᠯᠢ》᠂ 《ᠪᠦᠬᠦᠳᠡ ᠨᠠᠶ᠋ᠢᠷᠠᠮᠳᠠᠭ᠍ᠤ ᠳᠤᠮᠳᠠᠳᠦ ᠠᠷᠠᠳ ᠤᠯᠤᠰ᠎ᠤᠨ ᠤᠰᠤᠨ᠎ᠤ ᠬᠠᠤᠯᠢ》᠂ 《ᠪᠦᠬᠦᠳᠡ ᠨᠠᠶ᠋ᠢᠷᠠᠮᠳᠠᠭ᠍ᠤ ᠳᠤᠮᠳᠠᠳᠦ ᠠᠷᠠᠳ ᠤᠯᠤᠰ᠎ᠤᠨ ᠤᠰᠤᠨ᠎ᠤ ᠪᠤᠬᠢᠷᠳᠤᠯ᠎ᠢ ᠰᠡᠷᠭᠡᠶ᠋ᠢᠯᠡᠨ ᠵᠠᠰᠠᠭ᠍ᠤ ᠬᠠᠤᠯᠢ》 ᠵᠡᠷᠭᠡ ᠤᠯᠤᠰ᠎ᠤᠨ ᠬᠤᠯᠪᠤᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠤᠭᠲᠠᠭ᠋ᠠᠯ᠎ᠢ ᠦᠨᠳᠦᠰᠦᠯᠡᠨ᠂ ᠥᠪᠡᠷᠳᠡᠭᠡᠨ ᠵᠠᠰᠠᠭ᠍ᠤ ᠤᠷᠤᠨ᠎ᠤ ᠪᠤᠳᠠᠲᠦ ᠪᠠᠶ᠋ᠢᠳᠠᠯ᠎ᠲᠠᠢ ᠤᠶᠠᠯᠳᠤᠭᠤᠯᠵᠦ ᠪᠠᠶ᠋ᠢᠭ᠋ᠠᠳ ᠲᠤᠰ ᠲᠦᠷᠢᠮ᠎ᠢ ᠲᠤᠭᠲᠠᠭ᠋ᠠᠪᠠ᠃
ᠬᠤᠶᠠᠳᠤᠭ᠋ᠠᠷ ᠵᠦᠢ᠍ᠯ ᠥᠪᠡᠷᠳᠡᠭᠡᠨ ᠵᠠᠰᠠᠭ᠍ᠤ ᠤᠷᠤᠨ᠎ᠤ ᠵᠠᠰᠠᠭ ᠵᠠᠬᠢᠷᠭ᠋ᠠᠨ᠎ᠤ ᠤᠷᠤᠨ᠎ᠳᠠᠬᠢ ᠤᠤᠭᠤᠬᠤ ᠤᠰᠤᠨ᠎ᠤ ᠰᠤᠷᠪᠤᠯᠵᠢ ᠵᠢ ᠬᠠᠮᠠᠭ᠋ᠠᠯᠠᠭ᠍ᠤ ᠪᠠ ᠬᠠᠮᠢᠶᠠᠷᠬᠤ ᠠᠵᠢᠯᠯᠠᠭ᠎ᠠ᠎ᠳᠤ ᠲᠤᠰ ᠲᠦᠷᠢᠮ᠎ᠢ ᠬᠡᠷᠡᠭᠯᠡᠨ᠎ᠡ᠃
ᠲᠤᠰ ᠲᠦᠷᠢᠮ᠎ᠳᠤ ᠬᠡᠯᠡᠵᠦ ᠪᠠᠶ᠋ᠢᠭ᠎ᠠ ᠤᠤᠭᠤᠬᠤ ᠤᠰᠤᠨ᠎ᠤ ᠰᠤᠷᠪᠤᠯᠵᠢ ᠬᠡᠳᠡᠭ᠎ᠨᠢ ᠬᠤᠲᠠ ᠬᠦᠳᠡᠭᠡ ᠵᠢᠨ ᠲᠦᠪᠯᠡᠷᠡᠭᠰᠡᠨ ᠮᠠᠶᠢᠭ᠎ᠤᠨ ᠤᠰᠤ ᠬᠠᠩᠭ᠋ᠠᠬᠤ ᠭᠤᠤᠯ ᠮᠦᠷᠡᠨ᠂ ᠨᠠᠭᠤᠷ ᠪᠦᠷᠢᠲᠦ᠂ ᠴᠦᠬᠦᠷᠦᠮ᠂ ᠬᠤᠳᠳᠤᠭ ᠵᠡᠷᠭᠡ ᠭᠠᠵᠠᠷ᠎ᠤᠨ ᠭᠠᠳᠠᠷᠭᠤ ᠵᠢᠨ ᠤᠰᠤᠨ᠎ᠤ ᠰᠤᠷᠪᠤᠯᠵᠢ ᠪᠤᠯᠤᠨ ᠭᠠᠵᠠᠷ ᠲᠤᠤᠷᠠᠬᠢ ᠤᠰᠤᠨ᠎ᠤ ᠰᠤᠷᠪᠤᠯᠵᠢ ᠵᠢ ᠵᠢᠭ᠋ᠠᠵᠦ ᠪᠤᠢ᠃
ᠡᠮᠦᠨ᠎ᠡ ᠪᠠᠳᠠᠭ᠎ᠲᠤ ᠬᠡᠯᠡᠵᠦ ᠪᠠᠶ᠋ᠢᠭ᠎ᠠ ᠲᠦᠪᠯᠡᠷᠡᠭᠰᠡᠨ ᠮᠠᠶᠢᠭ᠎ᠤᠨ ᠤᠤᠭᠤᠬᠤ ᠤᠰᠤ ᠬᠠᠩᠭ᠋ᠠᠬᠤ ᠭᠡᠳᠡᠭ᠎ᠨᠢ ᠤᠯᠠᠨ ᠨᠡᠶ᠋ᠢᠲᠡ ᠵᠢᠨ ᠤᠰᠤ ᠬᠠᠩᠭ᠋ᠠᠬᠤ ᠰᠢᠰᠲᠸᠮ᠎ᠠᠴᠠ ᠬᠤᠲᠠ ᠬᠦᠳᠡᠭᠡ ᠵᠢᠨ ᠰᠠᠭᠤᠭ᠋ᠠᠯᠢ ᠠᠷᠠᠳ᠎ᠲᠤ ᠠᠮᠢᠳᠤᠷᠠᠯ᠎ᠤᠨ ᠤᠤᠭᠤᠬᠤ ᠤᠰᠤ ᠬᠠᠩᠭ᠋ᠠᠬᠤ ᠠᠷᠭ᠎ᠠ ᠮᠠᠶᠢᠭ᠎ᠢ ᠵᠢᠭ᠋ᠠᠵᠦ ᠪᠤᠢ᠃
ᠭᠤᠷᠪᠠᠳᠤᠭ᠋ᠠᠷ ᠵᠦᠢ᠍ᠯ ᠤᠤᠭᠤᠬᠤ ᠤᠰᠤᠨ᠎ᠤ ᠰᠤᠷᠪᠤᠯᠵᠢ ᠵᠢ ᠬᠠᠮᠠᠭ᠋ᠠᠯᠠᠭ᠍ᠤ᠎ᠳᠤ ᠰᠡᠷᠭᠡᠶ᠋ᠢᠯᠡᠬᠦ᠎ᠪᠠᠷ ᠭᠤᠤᠯ ᠪᠤᠯᠭ᠋ᠠᠬᠤ᠂ ᠡᠩ ᠲᠡᠷᠢᠭᠦᠨ᠎ᠳᠤ ᠬᠠᠮᠠᠭ᠋ᠠᠯᠠᠭ᠍ᠤ᠂ ᠶᠡᠷᠦᠩᠬᠡᠶ᠋ᠢᠯᠡᠨ ᠵᠠᠰᠠᠭ᠍ᠤ᠂ ᠠᠶᠤᠯᠭᠦᠢ ᠵᠢ ᠦᠨᠡᠨ ᠬᠦ᠌ ᠪᠠᠲᠤᠯᠠᠭ᠍ᠤ ᠵᠠᠷᠴᠢᠮ᠎ᠢ ᠪᠠᠷᠢᠮᠲᠠᠯᠠᠨ᠎ᠠ᠃
ᠲᠦᠷᠪᠡᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠲᠤᠰ ᠵᠠᠰᠠᠭ ᠵᠠᠬᠢᠷᠭ᠋ᠠᠨ᠎ᠤ ᠤᠷᠤᠨ᠎ᠳᠠᠬᠢ ᠤᠤᠭᠤᠬᠤ ᠤᠰᠤᠨ᠎ᠤ ᠰᠤᠷᠪᠤᠯᠵᠢ ᠵᠢ ᠬᠠᠮᠠᠭ᠋ᠠᠯᠠᠭ᠍ᠤ ᠠᠵᠢᠯ᠎ᠢ ᠬᠠᠷᠢᠭᠤᠴᠠᠵᠦ᠂ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢ ᠤᠯᠤᠰ ᠠᠷᠠᠳ᠎ᠤᠨ ᠠᠵᠦ ᠠᠬᠤᠢ ᠪᠠ ᠨᠡᠶ᠋ᠢᠭᠡᠮ᠎ᠤᠨ ᠬᠦᠭᠵᠢᠯᠲᠡ ᠵᠢᠨ ᠲᠦᠯᠦᠪᠵᠢᠬᠦᠯᠭᠡ᠎ᠳᠤ ᠤᠷᠤᠭᠤᠯᠤᠨ᠂ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠤᠷᠤᠨ᠎ᠤ ᠠᠵᠦ ᠦᠢ᠍ᠯᠡᠰ᠎ᠤᠨ ᠪᠦᠲᠦᠴᠡ ᠪᠤᠯᠤᠨ ᠪᠠᠶ᠋ᠢᠷᠢᠰᠢᠭᠤᠯᠤᠯ᠎ᠢ ᠵᠤᠬᠢᠰᠲᠠᠢ ᠲᠤᠬᠢᠷᠠᠭᠤᠯᠵᠦ᠂ ᠠᠵᠦ ᠠᠬᠤᠢ ᠵᠢᠨ ᠪᠦᠲᠦᠭᠡᠨ ᠪᠠᠶ᠋ᠢᠭᠤᠯᠤᠯᠲᠠ ᠪᠤᠯᠤᠨ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠵᠤᠬᠢᠴᠠᠩᠭᠤᠢ ᠬᠦᠭᠵᠢᠬᠦ ᠵᠢ ᠠᠬᠢᠭᠤᠯᠬᠤ ᠬᠡᠷᠡᠭᠲᠠᠢ᠃
ᠲᠠᠪᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ᠎ᠳᠠᠬᠢ ᠡᠳ᠋᠎ᠤᠨ ᠵᠠᠰᠠᠭ᠎ᠤᠨ ᠤᠷᠤᠭᠤᠯᠤᠯᠲᠠ ᠵᠢ ᠨᠡᠮᠡᠭᠳᠡᠭᠦᠯᠵᠦ᠂ ᠤᠤᠭᠤᠬᠤ ᠤᠰᠤᠨ᠎ᠤ ᠰᠤᠷᠪᠤᠯᠵᠢ ᠵᠢᠨ ᠤᠰᠤᠨ᠎ᠤ ᠴᠢᠨᠠᠷ᠎ᠤᠨ ᠠᠶᠤᠯᠭᠦᠢ ᠵᠢᠨ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ᠂ ᠬᠠᠮᠢᠶᠠᠷᠤᠯᠲᠠ ᠵᠢᠨ ᠬᠡᠷᠡᠭᠴᠡᠭᠡ ᠵᠢ ᠪᠠᠲᠤᠯᠠᠭ᠍ᠤ ᠬᠡᠷᠡᠭᠲᠠᠢ᠃
ᠵᠢᠷᠭᠤᠳᠤᠭ᠋ᠠᠷ ᠵᠦᠢ᠍ᠯ ᠥᠪᠡᠷᠳᠡᠭᠡᠨ ᠵᠠᠰᠠᠭ᠍ᠤ ᠤᠷᠤᠨ ᠤᠤᠭᠤᠬᠤ ᠤᠰᠤᠨ᠎ᠤ ᠰᠤᠷᠪᠤᠯᠵᠢ ᠵᠢ ᠬᠠᠮᠠᠭ᠋ᠠᠯᠠᠭ᠍ᠤ ᠠᠵᠢᠯ᠎ᠤᠨ ᠬᠠᠷᠠᠯᠲᠠᠲᠦ ᠬᠠᠷᠢᠭᠤᠴᠠᠯᠭ᠎ᠠ ᠵᠢᠨ ᠲᠦᠷᠢᠮ ᠪᠤᠯᠤᠨ ᠰᠢᠯᠭ᠋ᠠᠨ ᠪᠠᠶ᠋ᠢᠴᠠᠭ᠋ᠠᠵᠦ ᠦᠨᠡᠯᠡᠬᠦ ᠲᠦᠷᠢᠮ᠎ᠢ ᠬᠡᠷᠡᠭᠵᠢᠭᠦᠯᠦᠨ᠎ᠡ᠃
ᠬᠤᠰᠢᠭᠤ ᠰᠢᠶᠠᠨ᠎ᠤ ᠱᠠᠲᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠤᠤᠭᠤᠬᠤ ᠤᠰᠤᠨ᠎ᠤ ᠰᠤᠷᠪᠤᠯᠵᠢ ᠵᠢ ᠬᠠᠮᠠᠭ᠋ᠠᠯᠠᠭ᠍ᠤ ᠠᠵᠢᠯ᠎ᠤᠨ ᠬᠠᠷᠠᠯᠲᠠ ᠵᠢ ᠪᠡᠶᠡᠯᠡᠭᠦᠯᠦᠭᠰᠡᠨ ᠪᠠᠶ᠋ᠢᠳᠠᠯ᠎ᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠬᠢᠨᠠᠯᠲᠠ ᠬᠠᠮᠢᠶᠠᠷᠤᠯᠲᠠ ᠵᠢᠨ ᠲᠤᠰᠢᠶᠠᠯ ᠬᠠᠷᠢᠭᠤᠴᠠᠯᠭ᠎ᠠ᠎ᠲᠠᠢ ᠰᠠᠯᠠᠭ᠎ᠠ ᠮᠦᠴᠢᠷ ᠵᠢᠴᠢ ᠲᠡᠭᠦᠨ᠎ᠤ ᠬᠠᠷᠢᠭᠤᠴᠠᠯᠭ᠋ᠠᠲᠠᠨ ᠪᠤᠯᠤᠨ ᠲᠤᠤᠷ᠎ᠠ ᠱᠠᠲᠤᠨ᠎ᠤ ᠠᠷᠠᠳ᠎ᠤᠨ ᠵᠠᠰᠠᠭ᠎ᠤᠨ ᠤᠷᠳᠤᠨ ᠵᠢᠴᠢ ᠲᠡᠭᠦᠨ᠎ᠤ ᠬᠠᠷᠢᠭᠤᠴᠠᠯᠭ᠋ᠠᠲᠠᠨ᠎ᠤ ᠤᠨ᠎ᠤ ᠰᠢᠯᠭ᠋ᠠᠨ ᠪᠠᠶ᠋ᠢᠴᠠᠭ᠋ᠠᠯᠲᠠ ᠵᠢᠨ ᠠᠭᠤᠯᠭ᠎ᠠ᠎ᠳᠤ ᠤᠷᠤᠭᠤᠯᠵᠦ᠂ ᠲᠡᠭᠦᠨ᠎ᠢ ᠰᠢᠯᠭ᠋ᠠᠨ ᠪᠠᠶ᠋ᠢᠴᠠᠭ᠋ᠠᠵᠦ ᠦᠨᠡᠯᠡᠬᠦ ᠴᠢᠬᠤᠯᠠ ᠡᠰᠢ ᠪᠠᠷᠢᠮᠲᠠ ᠪᠤᠯᠭ᠋ᠠᠬᠤ ᠬᠡᠷᠡᠭᠲᠠᠢ᠃ ᠰᠢᠯᠭ᠋ᠠᠨ ᠪᠠᠶ᠋ᠢᠴᠠᠭ᠋ᠠᠭᠰᠠᠨ ᠦᠷ᠎ᠡ ᠳ᠋ᠦᠩ᠎ᠢ ᠨᠡᠶ᠋ᠢᠭᠡᠮ ᠨᠡᠶ᠋ᠢᠲᠡ᠎ᠳᠤ ᠨᠡᠶ᠋ᠢᠲᠡᠯᠡᠬᠦ ᠬᠡᠷᠡᠭᠲᠠᠢ᠃
ᠲᠤᠯᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠰ ᠵᠠᠰᠠᠭ ᠵᠠᠬᠢᠷᠭ᠋ᠠᠨ᠎ᠤ ᠤᠷᠤᠨ᠎ᠳᠠᠬᠢ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠬᠤᠯᠪᠤᠭᠳᠠᠯ ᠪᠦᠬᠦᠢ ᠤᠷᠴᠢᠨ ᠲᠤᠭᠤᠷᠢᠨ᠎ᠤ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠵᠦ᠂ ᠤᠤᠭᠤᠬᠤ ᠤᠰᠤᠨ᠎ᠤ ᠰᠤᠷᠪᠤᠯᠵᠢ ᠵᠢᠨ ᠪᠤᠬᠢᠷᠳᠤᠯ᠎ᠢ ᠰᠡᠷᠭᠡᠢ᠍ᠢ᠍ᠯᠡᠨ ᠵᠠᠰᠠᠬᠤ᠎ᠳᠤ ᠨᠢᠭᠡᠳᠦᠯᠲᠠᠢ ᠬᠢᠨᠠᠯᠲᠠ ᠬᠠᠮᠢᠶᠠᠷᠤᠯᠲᠠ ᠬᠢᠨ᠎ᠡ᠃
ᠬᠤᠰᠢᠭᠤ ᠰᠢᠶᠠᠨ᠎ᠤ ᠱᠠᠲᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠰ ᠵᠠᠰᠠᠭ ᠵᠠᠬᠢᠷᠭ᠋ᠠᠨ᠎ᠤ ᠤᠷᠤᠨ᠎ᠳᠠᠬᠢ ᠤᠤᠭᠤᠬᠤ ᠤᠰᠤᠨ᠎ᠤ ᠰᠤᠷᠪᠤᠯᠵᠢ ᠵᠢᠨ ᠲᠦᠯᠦᠪᠵᠢᠭᠦᠯᠭᠡ᠂ ᠤᠰᠤᠨ᠎ᠤ ᠬᠡᠮᠵᠢᠶ᠎ᠡ ᠵᠢ ᠲᠤᠬᠢᠷᠠᠭᠤᠯᠬᠤ ᠪᠠ ᠤᠰᠤ ᠠᠪᠬᠤ ᠵᠦᠪᠰᠢᠶᠡᠷᠡᠯ᠎ᠤᠨ ᠬᠠᠮᠢᠶᠠᠷᠤᠯᠲᠠ ᠵᠡᠷᠭᠡ ᠠᠵᠢᠯ᠎ᠢ ᠬᠠᠷᠢᠭᠤᠴᠠᠵᠦ᠂ ᠤᠤᠭᠤᠬᠤ ᠤᠰᠤᠨ᠎ᠤ ᠡᠬᠢ ᠪᠠᠶᠠᠯᠢᠭ᠎ᠲᠤ ᠨᠢᠭᠡᠳᠦᠯᠲᠠᠢ ᠬᠢᠨᠠᠯᠲᠠ ᠬᠠᠮᠢᠶᠠᠷᠤᠯᠲᠠ ᠬᠢᠨ᠎ᠡ᠃
ᠬᠤᠰᠢᠭᠤ ᠰᠢᠶᠠᠨ᠎ᠤ ᠱᠠᠲᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠬᠦᠭᠵᠢᠭᠦᠯᠦᠯᠲᠡ ᠪᠠ ᠦᠭᠡᠷᠡᠴᠢᠯᠡᠯᠲᠡ᠂ ᠡᠳ᠋᠎ᠤᠨ ᠵᠠᠰᠠᠭ᠂ ᠤᠷᠤᠨ ᠰᠠᠭᠤᠴᠡ ᠪᠤᠯᠤᠨ ᠬᠤᠲᠠ ᠬᠦᠳᠡᠭᠡ ᠵᠢᠨ ᠪᠦᠲᠦᠭᠡᠨ ᠪᠠᠶ᠋ᠢᠭᠤᠯᠤᠯᠲᠠ᠂ ᠡᠷᠡᠭᠦᠯ ᠬᠠᠮᠠᠭ᠋ᠠᠯᠠᠯ᠂ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠂ ᠲᠠᠷᠢᠶᠠᠯᠠᠩ ᠮᠠᠯ ᠠᠵᠦ ᠠᠬᠤᠢ᠂ ᠤᠢ ᠰᠢᠭᠤᠢ᠂ ᠵᠠᠮ ᠲᠡᠭᠡᠭᠡᠪᠤᠷᠢ᠂ ᠲᠤᠲᠤᠭ᠋ᠠᠳᠦ ᠵᠢ ᠬᠠᠮᠠᠭ᠋ᠠᠯᠠᠭ᠍ᠤ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠥᠪᠡᠷ ᠥᠪᠡᠷ᠎ᠤᠨ ᠲᠤᠰᠢᠶᠠᠯ ᠬᠠᠷᠢᠭᠤᠴᠠᠯᠭ᠎ᠠ ᠶᠤᠰᠤᠭ᠋ᠠᠷ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠬᠤᠯᠪᠤᠭᠳᠠᠯ ᠪᠦᠬᠦᠢ ᠠᠵᠢᠯ᠎ᠢ ᠰᠠᠶ᠋ᠢᠲᠤᠷ ᠬᠢᠬᠦ ᠬᠡᠷᠡᠭᠲᠠᠢ᠃
ᠨᠠᠢ᠍ᠮᠠᠳᠤᠭ᠋ᠠᠷ ᠵᠦᠢ᠍ᠯ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠤᠷᠳᠤᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠲᠤᠰ ᠬᠠᠷᠢᠶᠠᠨ᠎ᠤ ᠲᠤᠭᠤᠷᠢᠭ᠎ᠲᠠᠬᠢ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠠᠵᠢᠯ᠎ᠢ ᠬᠠᠤᠯᠢ ᠶᠤᠰᠤᠭ᠋ᠠᠷ ᠰᠠᠶ᠋ᠢᠲᠤᠷ ᠬᠢᠬᠦ ᠬᠡᠷᠡᠭᠲᠠᠢ᠃ ᠭᠠᠴᠠᠭ᠎ᠠ ᠲᠤᠰᠬᠤᠨ᠎ᠤ ᠠᠷᠠᠳ᠎ᠤᠨ ᠵᠦᠪᠯᠡᠯ᠂ ᠰᠠᠭᠤᠭ᠋ᠠᠯᠢ ᠠᠷᠠᠳ᠎ᠤᠨ ᠵᠦᠪᠯᠡᠯ ᠬᠤᠯᠪᠤᠭᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠲᠠᠢ ᠬᠠᠮᠵᠢᠯᠴᠠᠨ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠬᠤᠯᠪᠤᠭᠳᠠᠯ ᠪᠦᠬᠦᠢ ᠠᠵᠢᠯ᠎ᠢ ᠬᠠᠤᠯᠢ ᠶᠤᠰᠤᠭ᠋ᠠᠷ ᠰᠠᠶ᠋ᠢᠲᠤᠷ ᠬᠢᠬᠦ ᠬᠡᠷᠡᠭᠲᠠᠢ᠃
ᠶᠢᠰᠦᠳᠦᠭᠡᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠤᠷᠳᠤᠨ ᠵᠢᠴᠢ ᠲᠡᠭᠦᠨ᠎ᠤ ᠤᠷᠴᠢᠨ ᠲᠤᠭᠤᠷᠢᠨ᠎ᠤ ᠬᠠᠮᠠᠭ᠋ᠠᠯᠠᠯᠲᠠ᠂ ᠤᠰᠤᠨ᠎ᠤ ᠵᠠᠰᠠᠭ ᠵᠠᠬᠢᠷᠭ᠎ᠠ ᠵᠡᠷᠭᠡ ᠰᠠᠯᠠᠭ᠎ᠠ ᠮᠦᠴᠢᠷ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠲᠤᠬᠠᠢ ᠤᠬᠠᠭᠤᠯᠭ᠎ᠠ ᠬᠦᠮᠦᠵᠢᠯ᠎ᠢ ᠵᠤᠬᠢᠶᠠᠨ ᠪᠠᠶ᠋ᠢᠭᠤᠯᠵᠦ ᠦᠷᠨᠢᠭᠦᠯᠬᠦ ᠬᠡᠷᠡᠭᠲᠠᠢ᠃ ᠰᠤᠨᠢᠨ ᠰᠡᠳᠭᠦᠯ᠂ ᠷᠠᠳᠢᠤ᠋ ᠨᠡᠪᠲᠡᠷᠡᠭᠦᠯᠭᠡ᠂ ᠲᠸᠯᠸᠢᠰ᠂ ᠰᠦᠯᠵᠢᠶ᠎ᠡ ᠵᠡᠷᠭᠡ ᠵᠠᠭᠤᠴᠢᠯᠠᠭᠤᠷ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠲᠤᠬᠠᠢ ᠤᠬᠠᠭᠤᠯᠭ᠎ᠠ ᠬᠢᠵᠦ᠂ ᠤᠤᠭᠤᠬᠤ ᠤᠰᠤᠨ᠎ᠤ ᠰᠤᠷᠪᠤᠯᠵᠢ ᠵᠢ ᠪᠤᠬᠢᠷᠳᠤᠭᠤᠯᠤᠭᠰᠠᠨ ᠪᠠ ᠤᠤᠭᠤᠬᠤ ᠤᠰᠤᠨ᠎ᠤ ᠰᠤᠷᠪᠤᠯᠵᠢ ᠵᠢ ᠬᠠᠮᠠᠭ᠋ᠠᠯᠠᠭ᠍ᠤ ᠪᠡᠯᠡᠳᠭᠡᠮᠵᠢ ᠵᠢ ᠡᠪᠳᠡᠵᠦ ᠰᠦᠢ᠍ᠳᠭᠡᠭᠰᠡᠨ ᠦᠢ᠍ᠯᠡ ᠠᠵᠢᠯᠯᠠᠭ᠎ᠠ᠎ᠳᠤ ᠶᠠᠷᠢᠶ᠎ᠠ ᠬᠡᠯᠡᠯᠴᠡᠭᠡ ᠵᠢᠨ ᠬᠢᠨᠠᠯᠲᠠ ᠲᠠᠯᠪᠢᠬᠤ ᠬᠡᠷᠡᠭᠲᠠᠢ᠃
ᠠᠷᠪᠠᠳᠤᠭ᠋ᠠᠷ ᠵᠦᠢ᠍ᠯ ᠶᠠᠮᠠᠷᠪᠠ ᠨᠢᠭᠡᠴᠢ ᠪᠠ ᠬᠤᠪᠢ ᠬᠦᠮᠦᠨ ᠪᠦᠷ ᠤᠤᠭᠤᠬᠤ ᠤᠰᠤᠨ᠎ᠤ ᠰᠤᠷᠪᠤᠯᠵᠢ ᠵᠢ ᠬᠠᠮᠠᠭ᠋ᠠᠯᠠᠭ᠍ᠤ ᠡᠭᠦᠷᠭᠡ᠎ᠲᠠᠢ᠂ ᠤᠤᠭᠤᠬᠤ ᠤᠰᠤᠨ᠎ᠤ ᠰᠤᠷᠪᠤᠯᠵᠢ ᠵᠢ ᠪᠤᠬᠢᠷᠳᠤᠭᠤᠯᠤᠭᠰᠠᠨ ᠪᠠ ᠤᠤᠭᠤᠬᠤ ᠤᠰᠤᠨ᠎ᠤ ᠰᠤᠷᠪᠤᠯᠵᠢ ᠵᠢ ᠬᠠᠮᠠᠭ᠋ᠠᠯᠠᠭ᠍ᠤ ᠪᠡᠯᠡᠳᠭᠡᠮᠵᠢ ᠵᠢ ᠡᠪᠳᠡᠵᠦ ᠰᠦᠢ᠍ᠳᠭᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠵᠦ ᠮᠡᠳᠡᠭᠦᠯᠬᠦ ᠡᠷᠬᠡ᠎ᠲᠠᠢ᠃
ᠬᠤᠶᠠᠳᠤᠭ᠋ᠠᠷ ᠪᠦᠯᠦᠭ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠤᠷᠤᠨ᠎ᠢ ᠲᠤᠭᠲᠠᠭ᠋ᠠᠬᠤ
ᠠᠷᠪᠠᠨ ᠨᠢᠭᠡᠳᠦᠭᠡᠷ ᠵᠦᠢ᠍ᠯ ᠥᠪᠡᠷᠳᠡᠭᠡᠨ ᠵᠠᠰᠠᠭ᠍ᠤ ᠤᠷᠤᠨ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠤᠷᠤᠨ᠎ᠤ ᠲᠦᠷᠢᠮ᠎ᠢ ᠲᠤᠭᠲᠠᠭ᠋ᠠᠨ᠎ᠠ᠃ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠤᠷᠤᠨ᠎ᠢ ᠨᠢᠭᠡᠳᠦᠭᠡᠷ ᠲᠡᠰ᠎ᠤᠨ ᠬᠠᠮᠠᠭ᠋ᠠᠯᠠᠯᠲᠠ ᠵᠢᠨ ᠤᠷᠤᠨ ᠪᠠ ᠬᠤᠶᠠᠳᠤᠭ᠋ᠠᠷ ᠲᠡᠰ᠎ᠤᠨ ᠬᠠᠮᠠᠭ᠋ᠠᠯᠠᠯᠲᠠ ᠵᠢᠨ ᠤᠷᠤᠨ ᠭᠡᠵᠦ ᠬᠤᠪᠢᠶᠠᠨ᠎ᠠ; ᠴᠢᠬᠤᠯᠠᠲᠠᠢ ᠦᠶ᠎ᠡ᠎ᠳᠤ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠤᠷᠤᠨ᠎ᠤ ᠭᠠᠳᠠᠭᠤᠷ ᠵᠤᠬᠢᠬᠤ ᠬᠡᠮᠵᠢᠶᠡᠨ᠎ᠤ ᠲᠡᠰᠯᠡᠭᠴᠢ ᠬᠠᠮᠠᠭ᠋ᠠᠯᠠᠯᠲᠠ ᠵᠢᠨ ᠤᠷᠤᠨ ᠪᠠᠶ᠋ᠢᠭᠤᠯᠵᠦ ᠪᠤᠯᠤᠨ᠎ᠠ᠃
ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠤᠷᠤᠨ ᠭᠡᠳᠡᠭ᠎ᠨᠢ ᠲᠦᠪᠯᠡᠷᠡᠭᠦᠯᠦᠨ ᠤᠰᠤ ᠬᠠᠩᠭ᠋ᠠᠬᠤ ᠭᠠᠵᠠᠷ᠎ᠤᠨ ᠭᠠᠳᠠᠷᠭᠤ ᠵᠢᠨ ᠤᠰᠤᠨ᠎ᠤ ᠰᠤᠷᠪᠤᠯᠵᠢ ᠪᠤᠯᠤᠨ ᠭᠠᠵᠠᠷ ᠲᠤᠤᠷᠠᠬᠢ ᠤᠰᠤᠨ᠎ᠤ ᠰᠤᠷᠪᠤᠯᠵᠢ ᠵᠢᠨ ᠠᠶᠤᠯᠭᠦᠢ ᠵᠢ ᠬᠠᠮᠠᠭ᠋ᠠᠯᠠᠭ᠍ᠤ ᠵᠢᠨ ᠲᠦᠯᠦᠭᠡ ᠵᠠᠭ᠋ᠠᠭᠯᠠᠨ ᠲᠤᠭᠲᠠᠭ᠋ᠠᠭᠰᠠᠨ ᠤᠨᠴᠠᠭ᠋ᠠᠶ᠋ᠢᠯᠠᠨ ᠬᠠᠮᠠᠭ᠋ᠠᠯᠠᠭ᠍ᠤ᠂ ᠪᠤᠬᠢᠷᠳᠤᠯ ᠪᠠ ᠡᠪᠳᠡᠯᠡᠭᠡ ᠵᠢ ᠰᠡᠷᠬᠡᠶ᠋ᠢᠯᠡᠨ ᠵᠤᠬᠰᠤᠭ᠋ᠠᠬᠤ ᠤᠰᠤᠨ᠎ᠤ ᠴᠠᠷᠠᠭ᠎ᠠ ᠵᠢᠴᠢ ᠬᠤᠯᠪᠤᠭᠳᠠᠯ ᠪᠦᠬᠦᠢ ᠬᠠᠭᠤᠷᠠᠢ ᠵᠢᠨ ᠴᠠᠷᠠᠭ᠎ᠠ ᠵᠢ ᠵᠢᠭ᠋ᠠᠵᠦ ᠪᠤᠢ᠃
ᠠᠷᠪᠠᠨ ᠬᠤᠶᠠᠳᠤᠭ᠋ᠠᠷ ᠵᠦᠢ᠍ᠯ ᠤᠤᠭᠤᠬᠤ ᠤᠰᠤᠨ᠎ᠤ ᠰᠤᠷᠪᠤᠯᠵᠢ ᠵᠢ ᠲᠤᠭᠲᠠᠭ᠋ᠠᠬᠤ᠎ᠳᠤ ᠤᠰᠤᠨ᠎ᠤ ᠦᠢ᠍ᠯᠡᠳᠦᠯᠲᠦ ᠤᠷᠤᠨ᠎ᠤ ᠬᠤᠪᠢᠶᠠᠷᠢᠯᠠᠯ ᠪᠠ ᠤᠰᠤᠨ᠎ᠤ ᠤᠷᠴᠢᠨ ᠲᠤᠭᠤᠷᠢᠨ᠎ᠤ ᠦᠢ᠍ᠯᠡᠳᠦᠯᠲᠦ ᠤᠷᠤᠨ᠎ᠤ ᠬᠤᠪᠢᠶᠠᠷᠢᠯᠠᠯ᠎ᠲᠠᠢ ᠵᠤᠯᠭ᠋ᠠᠭᠤᠯᠵᠦ᠂ ᠤᠯᠤᠰ ᠪᠤᠯᠤᠨ ᠥᠪᠡᠷᠳᠡᠭᠡᠨ ᠵᠠᠰᠠᠭ᠍ᠤ ᠤᠷᠤᠨ᠎ᠤ ᠤᠰᠤᠨ᠎ᠤ ᠴᠢᠨᠠᠷ᠎ᠤᠨ ᠪᠠᠷᠢᠮᠵᠢᠶ᠎ᠠ ᠵᠡᠷᠭᠡ ᠱᠠᠭ᠋ᠠᠷᠳᠠᠯᠭ᠎ᠠ᠎ᠲᠠᠢ ᠨᠡᠶ᠋ᠢᠴᠡᠭᠦᠯᠬᠦ ᠬᠡᠷᠡᠭᠲᠠᠢ᠃
ᠤᠳᠤ ᠪᠠᠶ᠋ᠢᠬᠤ ᠤᠤᠭᠤᠬᠤ ᠤᠰᠤᠨ᠎ᠤ ᠰᠤᠷᠪᠤᠯᠵᠢ᠎ᠨᠢ ᠤᠯᠤᠰ᠎ᠤᠨ ᠬᠤᠯᠪᠤᠭᠳᠠᠯ ᠪᠦᠬᠦᠢ ᠤᠰᠤᠨ᠎ᠤ ᠴᠢᠨᠠᠷ᠎ᠤᠨ ᠪᠠᠷᠢᠮᠵᠢᠶ᠎ᠠ ᠵᠡᠷᠭᠡ ᠱᠠᠭ᠋ᠠᠷᠳᠠᠯᠭ᠎ᠠ᠎ᠲᠠᠢ ᠨᠡᠶ᠋ᠢᠴᠡᠬᠦ ᠦᠭᠡᠢ ᠪᠦᠭᠡᠳ ᠤᠰᠤ ᠬᠠᠩᠭ᠋ᠠᠬᠤ ᠠᠶᠤᠯᠭᠦᠢ ᠵᠢ ᠪᠠᠲᠤᠯᠠᠵᠦ ᠲᠡᠶ᠋ᠢᠯᠬᠦ ᠦᠭᠡᠢ ᠪᠤᠯ ᠤᠤᠭᠤᠬᠤ ᠤᠰᠤᠨ᠎ᠤ ᠰᠤᠷᠪᠤᠯᠵᠢ ᠵᠢ ᠲᠠᠬᠢᠨ ᠲᠤᠭᠲᠠᠭ᠋ᠠᠬᠤ ᠬᠡᠷᠡᠭᠲᠠᠢ᠃
ᠠᠷᠪᠠᠨ ᠭᠤᠷᠪᠠᠳᠤᠭ᠋ᠠᠷ ᠵᠦᠢ᠍ᠯ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠤᠷᠤᠨ᠎ᠢ ᠲᠤᠭᠲᠠᠭ᠋ᠠᠬᠤ᠎ᠳᠤ᠂ ᠬᠤᠯᠪᠤᠭᠳᠠᠯ ᠪᠦᠬᠦᠢ ᠠᠶ᠋ᠢᠮᠠᠭ᠎ᠤᠨ ᠵᠠᠬᠢᠷᠭ᠎ᠠ᠂ ᠲᠤᠭᠤᠷᠢᠭ᠎ᠲᠠᠢ ᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠂ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠤᠷᠳᠤᠨ ᠵᠠᠭ᠋ᠠᠭᠯᠠᠨ ᠲᠤᠭᠲᠠᠭ᠋ᠠᠬᠤ ᠲᠦᠰᠦᠪ ᠲᠤᠷᠠᠳᠴᠤ᠂ ᠥᠪᠡᠷᠳᠡᠭᠡᠨ ᠵᠠᠰᠠᠭ᠍ᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠳᠤ ᠮᠡᠳᠡᠭᠦᠯᠦᠨ ᠵᠦᠪᠰᠢᠶᠡᠷᠡᠭᠦᠯᠦᠨ᠎ᠡ᠃ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠤᠭᠤᠷᠢᠭ) ᠠᠯᠤᠰᠯᠠᠭᠰᠠᠨ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠤᠷᠤᠨ᠎ᠢ ᠲᠤᠭᠲᠠᠭ᠋ᠠᠬᠤ᠎ᠳᠤ ᠬᠤᠯᠪᠤᠭᠳᠠᠯ ᠪᠦᠬᠦᠢ ᠠᠶ᠋ᠢᠮᠠᠭ᠎ᠤᠨ ᠵᠠᠬᠢᠷᠭ᠎ᠠ᠂ ᠲᠤᠭᠤᠷᠢᠭ᠎ᠲᠠᠢ ᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠂ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠤᠷᠳᠤᠨ ᠵᠠᠭ᠋ᠠᠭᠯᠠᠨ ᠲᠤᠭᠲᠠᠭ᠋ᠠᠬᠤ ᠲᠦᠰᠦᠪ᠎ᠢ ᠵᠦᠪᠳᠡᠯᠴᠡᠨ ᠲᠤᠷᠠᠳᠴᠤ᠂ ᠥᠪᠡᠷᠳᠡᠭᠡᠨ ᠵᠠᠰᠠᠭ᠍ᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠳᠤ ᠮᠡᠳᠡᠭᠦᠯᠦᠨ ᠵᠦᠪᠰᠢᠶᠡᠷᠡᠭᠦᠯᠤᠨᠡ; ᠵᠦᠪᠳᠡᠯᠴᠡᠭᠡᠳ ᠪᠦᠲᠦᠬᠦ ᠦᠭᠡᠢ ᠪᠤᠯ ᠥᠪᠡᠷᠳᠡᠭᠡᠨ ᠵᠠᠰᠠᠭ᠍ᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠳᠠᠯᠢ ᠱᠠᠲᠤᠨ᠎ᠤ ᠤᠰᠤᠨ᠎ᠤ ᠵᠠᠰᠠᠭ ᠵᠠᠬᠢᠷᠭ᠎ᠠ᠂ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠂ ᠤᠷᠤᠨ ᠰᠠᠭᠤᠴᠠ ᠪᠤᠯᠤᠨ ᠬᠤᠲᠠ ᠬᠦᠳᠡᠭᠡ ᠵᠢᠨ ᠪᠦᠲᠦᠭᠡᠨ ᠪᠠᠶ᠋ᠢᠭᠤᠯᠤᠯᠲᠠ᠂ ᠡᠷᠡᠭᠦᠯ ᠬᠠᠮᠠᠭ᠋ᠠᠯᠠᠯ ᠵᠡᠷᠭᠡ ᠰᠠᠯᠠᠭ᠎ᠠ ᠮᠦᠴᠢᠷ᠎ᠲᠠᠢ ᠬᠠᠮᠲᠤᠷᠠᠵᠦ ᠪᠠᠶ᠋ᠢᠭ᠋ᠠᠳ ᠵᠠᠭ᠋ᠠᠭᠯᠠᠨ ᠲᠤᠭᠲᠠᠭ᠋ᠠᠬᠤ ᠲᠦᠰᠦᠪ ᠲᠤᠷᠠᠳᠴᠤ᠂ ᠠᠳᠠᠯᠢ ᠱᠠᠲᠤᠨ᠎ᠤ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ ᠰᠠᠨᠠᠯ᠎ᠢ ᠰᠤᠨᠤᠰᠤᠭ᠋ᠠᠳ ᠥᠪᠡᠷᠳᠡᠭᠡᠨ ᠵᠠᠰᠠᠭ᠍ᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠳᠤ ᠮᠡᠳᠡᠭᠦᠯᠦᠨ ᠵᠦᠪᠰᠢᠶᠡᠷᠡᠭᠦᠯᠦᠨ᠎ᠡ᠃
ᠵᠦᠪᠰᠢᠶᠡᠷᠡᠭᠦᠯᠦᠭᠰᠡᠨ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠤᠷᠤᠨ᠎ᠢ ᠪᠠᠶ᠋ᠢᠭ᠎ᠠ ᠭᠠᠵᠠᠷ᠎ᠤᠨ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠤᠷᠳᠤᠨ ᠨᠡᠶ᠋ᠢᠭᠡᠮ᠎ᠳᠤ ᠵᠠᠷᠯᠠᠨ᠎ᠠ᠃
ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠤᠷᠤᠨ᠎ᠳᠤ ᠲᠤᠬᠢᠷᠠᠭᠤᠯᠤᠯᠲᠠ ᠬᠢᠬᠦ ᠴᠢᠬᠤᠯᠠᠲᠠᠢ ᠪᠤᠯ ᠲᠤᠰ ᠲᠦᠷᠢᠮ᠎ᠳᠤ ᠲᠤᠭᠲᠠᠭ᠋ᠠᠭᠰᠠᠨ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠤᠷᠤᠨ᠎ᠢ ᠵᠠᠭ᠋ᠠᠭᠯᠠᠨ ᠲᠤᠭᠲᠠᠭ᠋ᠠᠬᠤ ᠲᠡᠰ ᠲᠠᠷᠠᠭ᠋ᠠᠯᠠᠯ ᠵᠶ᠋ᠠᠷ ᠭᠦᠢ᠍ᠴᠡᠳᠭᠡᠨ᠎ᠡ᠃
ᠠᠷᠪᠠᠨ ᠲᠦᠷᠪᠡᠳᠦᠭᠡᠷ ᠵᠦᠢ᠍ᠯ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠤᠷᠤᠨ᠎ᠢ ᠵᠠᠭ᠋ᠠᠭᠯᠠᠨ ᠲᠤᠭᠲᠠᠭ᠋ᠠᠬᠤ ᠪᠤᠶᠤ ᠲᠡᠭᠦᠨ᠎ᠳᠤ ᠲᠤᠬᠢᠷᠠᠭᠤᠯᠤᠯᠲᠠ ᠬᠢᠬᠦ᠎ᠠᠴᠠ ᠪᠤᠯᠵᠦ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠤᠷᠤᠨ᠎ᠳᠠᠬᠢ ᠡᠷᠬᠡᠲᠦ ᠠᠷᠠᠳ᠂ ᠬᠠᠤᠯᠢ ᠵᠢᠨ ᠡᠷᠬᠡᠲᠡᠨ ᠪᠤᠶᠤ ᠪᠤᠰᠤᠳ ᠵᠤᠬᠢᠶᠠᠨ ᠪᠠᠶ᠋ᠢᠭᠤᠯᠤᠯᠲᠠ ᠵᠢᠨ ᠬᠠᠤᠯᠢ ᠶᠤᠰᠤᠨ᠎ᠤ ᠡᠷᠬᠡ ᠠᠰᠢᠭ᠎ᠲᠤ ᠬᠤᠬᠢᠷᠠᠯ ᠤᠴᠠᠷᠠᠭᠤᠯᠤᠭᠰᠠᠨ ᠪᠠᠶ᠋ᠢᠪᠠᠯ ᠬᠤᠯᠪᠤᠭᠳᠠᠯ ᠪᠦᠬᠦᠢ ᠠᠶ᠋ᠢᠮᠠᠭ᠎ᠤᠨ ᠵᠠᠬᠢᠷᠭ᠎ᠠ᠂ ᠲᠤᠭᠤᠷᠢᠭ᠎ᠲᠠᠢ ᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠂ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠤᠷᠳᠤᠨ ᠬᠠᠤᠯᠢ ᠶᠤᠰᠤᠭ᠋ᠠᠷ ᠲᠦᠯᠦᠪᠤᠷᠢ ᠦᠭᠬᠦ ᠬᠡᠷᠡᠭᠲᠠᠢ᠃
ᠭᠤᠷᠪᠠᠳᠤᠭ᠋ᠠᠷ ᠪᠦᠯᠦᠭ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ
ᠠᠷᠪᠠᠨ ᠲᠠᠪᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠤᠭᠤᠬᠤ ᠤᠰᠤᠨ᠎ᠤ ᠰᠤᠷᠪᠤᠯᠵᠢ ᠵᠢᠨ ᠪᠦᠲᠦᠭᠡᠨ ᠪᠠᠶ᠋ᠢᠭᠤᠯᠤᠯᠲᠠ ᠵᠢᠨ ᠲᠤᠰᠬᠠᠢ ᠲᠦᠯᠦᠪᠵᠢᠭᠦᠯᠭᠡ ᠲᠤᠭᠲᠠᠭ᠋ᠠᠬᠤ ᠬᠡᠷᠡᠭᠲᠠᠢ; ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠲᠤᠰᠬᠠᠢ ᠲᠦᠯᠦᠪᠵᠢᠭᠦᠯᠭᠡ ᠲᠤᠭᠲᠠᠭ᠋ᠠᠬᠤ ᠬᠡᠷᠡᠭᠲᠠᠢ; ᠤᠰᠤ ᠬᠠᠩᠭ᠋ᠠᠬᠤ ᠠᠵᠢᠯ ᠲᠦᠷᠦᠯ᠎ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠰᠤ ᠬᠠᠩᠭ᠋ᠠᠬᠤ ᠲᠦᠯᠦᠪᠵᠢᠭᠦᠯᠭᠡ ᠪᠠ ᠬᠡᠷᠡᠭᠵᠢᠭᠦᠯᠬᠦ ᠲᠦᠰᠦᠪ᠎ᠢ ᠬᠠᠷᠢᠭᠤᠴᠠᠨ ᠲᠤᠭᠲᠠᠭ᠋ᠠᠨ᠎ᠠ᠃
ᠠᠷᠪᠠᠨ ᠵᠢᠷᠭᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠤᠷᠤᠨ᠎ᠳᠤ ᠭᠠᠵᠠᠷ ᠵᠦᠢ ᠵᠢᠨ ᠲᠤᠲᠤᠷᠬᠠᠢ ᠵᠠᠭ᠋ᠠᠭ ᠲᠡᠮᠳᠡᠭ ᠪᠤᠰᠬᠠᠵᠦ᠂ ᠢᠯᠡᠷᠬᠡᠢ ᠪᠠᠶ᠋ᠢᠷᠢᠨ᠎ᠳᠤ ᠰᠡᠷᠡᠮᠵᠢ ᠵᠢᠨ ᠲᠡᠮᠳᠡᠭ ᠲᠠᠯᠪᠢᠬᠤ ᠬᠡᠷᠡᠭᠲᠠᠢ᠃ ᠬᠡᠷᠡᠭᠴᠡᠭᠡ᠎ᠪᠠᠨ ᠦᠨᠳᠦᠰᠦᠯᠡᠨ ᠨᠢᠭᠡᠳᠦᠭᠡᠷ ᠲᠡᠰ᠎ᠤᠨ ᠬᠠᠮᠠᠭ᠋ᠠᠯᠠᠯᠲᠠ ᠵᠢᠨ ᠤᠷᠤᠨ᠎ᠤ ᠡᠷᠬᠢᠨ ᠲᠤᠭᠤᠷᠢᠨ᠎ᠳᠤ ᠲᠤᠰᠠᠭ᠋ᠠᠷᠯᠠᠵᠦ ᠬᠠᠮᠠᠭ᠋ᠠᠯᠠᠭ᠍ᠤ ᠪᠡᠯᠡᠳᠭᠡᠮᠵᠢ ᠲᠤᠬᠢᠷᠠᠭᠤᠯᠵᠦ᠂ ᠪᠢᠲᠡᠭᠦᠮᠵᠢᠯᠡᠨ ᠬᠠᠮᠢᠶᠠᠷᠬᠤ ᠭᠡᠷᠡᠭᠲᠠᠢ᠃
ᠶᠠᠮᠠᠷᠪᠠ ᠨᠢᠭᠡᠴᠢ ᠪᠤᠯᠤᠨ ᠬᠤᠪᠢ ᠬᠦᠮᠦᠨ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠤᠷᠤᠨ᠎ᠤ ᠭᠠᠵᠠᠷ ᠵᠦᠢ ᠵᠢᠨ ᠵᠠᠭ᠋ᠠᠭ ᠲᠡᠮᠳᠡᠭ᠂ ᠰᠡᠷᠡᠮᠵᠢ ᠵᠢᠨ ᠲᠡᠮᠳᠡᠭ ᠪᠤᠯᠤᠨ ᠲᠤᠰᠠᠭ᠋ᠠᠷᠯᠠᠵᠦ ᠬᠠᠮᠠᠭ᠋ᠠᠯᠠᠭ᠍ᠤ ᠪᠡᠯᠡᠳᠭᠡᠮᠵᠢ ᠵᠢ ᠲᠤᠷ᠎ᠠ᠎ᠪᠠᠷ ᠵᠶ᠋ᠠᠨ ᠬᠤᠪᠢᠷᠠᠭᠤᠯᠵᠦ᠂ ᠡᠪᠳᠡᠯᠡᠵᠦ ᠪᠤᠯᠬᠤ ᠦᠭᠡᠢ᠃
ᠠᠷᠪᠠᠨ ᠲᠤᠯᠤᠳᠤᠭ᠋ᠠᠷ ᠵᠦᠢ᠍ᠯ ᠤᠤᠭᠤᠬᠤ ᠤᠰᠤᠨ᠎ᠤ ᠰᠤᠷᠪᠤᠯᠵᠢ ᠵᠢᠨ ᠲᠡᠰᠯᠡᠭᠴᠢ ᠬᠠᠮᠠᠭ᠋ᠠᠯᠠᠯᠲᠠ ᠵᠢᠨ ᠤᠷᠤᠨ᠎ᠳᠤ ᠲᠤᠤᠷᠠᠬᠢ ᠦᠢ᠍ᠯᠡ ᠠᠵᠢᠯᠯᠠᠭ᠎ᠠ ᠵᠢ ᠬᠢᠵᠦ ᠪᠤᠯᠬᠤ ᠦᠭᠡᠢ᠄
(ᠨᠢᠭᠡ) ᠬᠢᠮᠢ ᠵᠢᠨ ᠠᠵᠦ ᠦᠢ᠍ᠯᠡᠳᠪᠤᠷᠢ᠂ ᠠᠮᠢᠳᠤ ᠪᠤᠳᠠᠰ ᠢᠰᠭᠡᠬᠦ᠂ ᠴᠠᠬᠢᠯᠭ᠋ᠠᠨ ᠵᠶ᠋ᠠᠷ ᠦᠩᠭᠡᠯᠡᠬᠦ᠂ ᠠᠷᠠᠰᠦ ᠰᠢᠷᠢ᠂ ᠲᠡᠮᠦᠷᠯᠢᠭ ᠬᠠᠶ᠋ᠢᠯᠤᠭᠤᠯᠬᠤ᠂ ᠰᠠᠴᠤᠷᠠᠭ ᠴᠢᠨᠠᠷᠲᠠᠢ᠂ ᠲᠤᠰᠤ ᠪᠤᠯᠪᠠᠰᠤᠷᠠᠭᠤᠯᠬᠤ᠂ ᠬᠡᠤᠷᠰᠢᠭᠦᠯᠬᠦ ᠪᠠ ᠤᠰᠤᠨ ᠴᠤᠭᠴᠠ ᠵᠢ ᠬᠦᠨᠳᠦ ᠨᠤᠴᠢᠲᠠᠢ ᠪᠤᠬᠢᠷᠳᠤᠭᠤᠯᠬᠤ ᠪᠤᠰᠤᠳ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠰᠢᠨ᠎ᠡ᠎ᠪᠠᠷ ᠪᠠᠶ᠋ᠢᠭᠤᠯᠵᠦ᠂ ᠦᠷᠭᠡᠳᠭᠡᠨ ᠪᠠᠶ᠋ᠢᠭᠤᠯᠵᠦ᠂ ᠪᠤᠬᠢᠷᠳᠤᠯ ᠭᠠᠳᠠᠭᠰᠢᠯᠠᠭᠤᠯᠬᠤ ᠬᠡᠮᠵᠢᠶ᠎ᠡ ᠵᠢ ᠨᠡᠮᠡᠭᠳᠡᠭᠦᠯᠬᠦ ᠲᠦᠷᠦᠯ ᠵᠦᠢ᠍ᠯ᠎ᠢ ᠦᠭᠡᠷᠡᠴᠢᠯᠡᠨ ᠪᠠᠶ᠋ᠢᠭᠤᠯᠬᠤ;
(ᠬᠤᠶᠠᠷ) ᠤᠤᠭᠤᠬᠤ ᠤᠰᠤᠨ᠎ᠤ ᠰᠤᠷᠪᠤᠯᠵᠢ ᠵᠢᠨ ᠤᠰᠤᠨ᠎ᠤ ᠴᠢᠨᠠᠷ ᠪᠤᠯᠤᠨ ᠤᠰᠤᠨ᠎ᠤ ᠬᠡᠮᠵᠢᠶ᠎ᠡ ᠵᠢ ᠬᠦᠨᠳᠦ ᠨᠤᠴᠢᠲᠠᠢ ᠨᠦᠯᠦᠭᠡᠯᠡᠵᠦ ᠮᠡᠳᠡᠬᠦ ᠠᠭᠤᠷᠬᠠᠢ ᠵᠢᠨ ᠭᠠᠷᠤᠯᠲᠠ ᠬᠠᠶ᠋ᠢᠨ ᠪᠠᠶ᠋ᠢᠴᠠᠭ᠋ᠠᠬᠤ᠂ ᠰᠤᠩᠭᠤᠵᠦ ᠠᠪᠬᠤ ᠵᠡᠷᠭᠡ ᠠᠵᠢᠯᠯᠠᠭ᠎ᠠ ᠬᠢᠬᠦ;
(ᠭᠤᠷᠪᠠ) ᠠᠵᠦ ᠦᠢ᠍ᠯᠡᠳᠪᠤᠷᠢ ᠵᠢᠨ ᠬᠠᠶᠠᠭᠳᠠᠮᠠᠯ ᠰᠢᠭ᠋ᠠᠷᠤ᠂ ᠬᠤᠭ ᠨᠤᠪᠰᠢ᠂ ᠪᠠᠭ᠋ᠠᠰᠦ ᠪᠤᠯᠤᠨ ᠪᠤᠰᠤᠳ ᠬᠠᠶᠠᠭᠳᠠᠮᠠᠯ ᠪᠤᠳᠠᠰ᠎ᠢ ᠴᠢᠳᠬᠤᠬᠤ᠂ ᠤᠪᠤᠭ᠋ᠠᠯᠠᠭ᠍ᠤ;
(ᠲᠦᠷᠪᠡ) ᠤᠰᠤᠨ᠎ᠤ ᠰᠤᠷᠪᠤᠯᠵᠢ ᠵᠢ ᠬᠠᠮᠠᠭ᠋ᠠᠯᠠᠭ᠍ᠤ ᠤᠢ᠂ ᠡᠷᠬᠢ ᠵᠢ ᠬᠠᠮᠠᠭ᠋ᠠᠯᠠᠭ᠍ᠤ ᠤᠢ ᠵᠢᠴᠢ ᠤᠰᠤᠨ᠎ᠤ ᠰᠤᠷᠪᠤᠯᠵᠢ ᠵᠢ ᠬᠠᠮᠠᠭ᠋ᠠᠯᠠᠭ᠍ᠤ ᠬᠤᠯᠪᠤᠭᠳᠠᠯ ᠪᠦᠬᠦᠢ ᠤᠷᠭᠤᠮᠠᠯ᠎ᠤᠨ ᠪᠦᠷᠬᠦᠴᠡ ᠵᠢ ᠡᠪᠳᠡᠯᠡᠬᠦ ᠠᠵᠢᠯᠯᠠᠭ᠎ᠠ;
(ᠲᠠᠪᠤ) ᠬᠠᠤᠯᠢ ᠴᠠᠭ᠋ᠠᠵᠠ᠂ ᠬᠠᠤᠯᠢ ᠲᠤᠭᠲᠠᠭ᠋ᠠᠯ᠎ᠳᠤ ᠲᠤᠭᠲᠠᠭ᠋ᠠᠭᠰᠠᠨ ᠤᠤᠭᠤᠬᠤ ᠤᠰᠤᠨ᠎ᠤ ᠰᠤᠷᠪᠤᠯᠵᠢ ᠵᠢ ᠪᠤᠬᠢᠷᠳᠤᠭᠤᠯᠵᠦ ᠮᠡᠳᠡᠬᠦ ᠪᠤᠰᠤᠳ ᠦᠢ᠍ᠯᠡ ᠠᠵᠢᠯᠯᠠᠭ᠎ᠠ᠃
ᠠᠷᠪᠠᠨ ᠨᠠᠢ᠍ᠮᠠᠳᠤᠭ᠋ᠠᠷ ᠵᠦᠢ᠍ᠯ ᠤᠤᠭᠤᠬᠤ ᠤᠰᠤᠨ᠎ᠤ ᠰᠤᠷᠪᠤᠯᠵᠢ ᠵᠢᠨ ᠬᠤᠶᠠᠳᠤᠭ᠋ᠠᠷ ᠲᠡᠰ᠎ᠤᠨ ᠬᠠᠮᠠᠭ᠋ᠠᠯᠠᠯᠲᠠ ᠵᠢᠨ ᠤᠷᠤᠨ᠎ᠳᠤ ᠤᠤᠭᠤᠬᠤ ᠤᠰᠤᠨ᠎ᠤ ᠰᠤᠷᠪᠤᠯᠵᠢ ᠵᠢᠨ ᠲᠡᠰᠯᠡᠭᠴᠢ ᠬᠠᠮᠠᠭ᠋ᠠᠯᠠᠯᠲᠠ ᠵᠢᠨ ᠤᠷᠤᠨ᠎ᠳᠤ ᠴᠠᠭ᠋ᠠᠵᠠᠯᠠᠭᠰᠠᠨ᠎ᠠᠴᠠ ᠭᠠᠳᠠᠨᠠᠬᠢ ᠲᠤᠤᠷᠠᠬᠢ ᠠᠵᠢᠯᠯᠠᠭ᠎ᠠ᠎ᠨᠤᠭᠤᠳ᠎ᠢ ᠬᠢᠵᠦ ᠪᠤᠯᠬᠤ ᠦᠭᠡᠢ᠄
(ᠨᠢᠭᠡ) ᠪᠤᠬᠢᠷᠳᠤᠯ ᠭᠠᠳᠠᠭᠰᠢᠯᠠᠭᠤᠯᠬᠤ ᠠᠮᠠᠰᠠᠷ ᠭᠠᠷᠭ᠋ᠠᠬᠤ;
(ᠬᠤᠶᠠᠷ) ᠪᠤᠬᠢᠷᠳᠤᠯ ᠭᠠᠳᠠᠭᠰᠢᠯᠠᠭᠤᠯᠬᠤ ᠪᠠᠷᠢᠯᠭ᠎ᠠ ᠵᠢᠨ ᠲᠦᠷᠦᠯ ᠵᠦᠢ᠍ᠯ ᠪᠤᠶᠤ ᠪᠤᠰᠤᠳ ᠪᠡᠯᠡᠳᠭᠡᠮᠵᠢ ᠵᠢ ᠰᠢᠨ᠎ᠡ᠎ᠪᠠᠷ ᠪᠠᠶ᠋ᠢᠭᠤᠯᠬᠤ᠂ ᠦᠭᠡᠷᠡᠴᠢᠯᠡᠨ ᠪᠠᠶ᠋ᠢᠭᠤᠯᠬᠤ ᠪᠠ ᠦᠷᠭᠡᠳᠭᠡᠨ ᠪᠠᠶ᠋ᠢᠭᠤᠯᠬᠤ;
(ᠭᠤᠷᠪᠠ) ᠤᠰᠤᠨ᠎ᠤ ᠰᠤᠷᠪᠤᠯᠵᠢ ᠨᠦᠬᠦᠪᠤᠷᠢᠯᠡᠬᠦ ᠵᠢ ᠨᠦᠯᠦᠭᠡᠯᠡᠬᠦ ᠠᠵᠢᠯᠯᠠᠭ᠎ᠠ ᠵᠢᠴᠢ ᠤᠤᠭᠤᠬᠤ ᠤᠰᠤᠨ᠎ᠤ ᠬᠠᠩᠭ᠋ᠠᠯᠭ᠎ᠠ᠎ᠲᠠᠢ ᠡᠰᠡ ᠬᠤᠯᠪᠤᠭᠳᠠᠭ᠍ᠤ ᠬᠠᠶ᠋ᠢᠨ ᠪᠠᠶ᠋ᠢᠴᠠᠭ᠋ᠠᠬᠤ᠂ ᠮᠠᠯᠲᠠᠵᠦ ᠠᠪᠬᠤ ᠠᠵᠢᠯᠯᠠᠭ᠎ᠠ;
(ᠲᠦᠷᠪᠡ) ᠲᠤᠰ᠎ᠤᠨ ᠬᠦᠮᠦᠷᠭᠡ᠂ ᠲᠤᠰᠦ ᠨᠡᠮᠡᠬᠦ ᠦᠷᠲᠡᠭᠡ ᠵᠢ ᠰᠢᠨ᠎ᠡ᠎ᠪᠠᠷ ᠪᠠᠶ᠋ᠢᠭᠤᠯᠬᠤ᠂ ᠦᠷᠭᠡᠳᠭᠡᠨ ᠪᠠᠶ᠋ᠢᠭᠤᠯᠬᠤ;
(ᠲᠠᠪᠤ) ᠴᠢᠨᠳᠠᠷ ᠬᠠᠢ᠍ᠢ᠍ᠯᠤᠭᠤᠯᠬᠤ ᠭᠠᠵᠠᠷ ᠤᠩᠭᠤᠨ ᠪᠠᠶ᠋ᠢᠭᠤᠯᠬᠤ;
(ᠵᠢᠷᠭᠤᠭ᠎ᠠ) ᠮᠠᠯ ᠵᠢᠭᠦᠷᠲᠡᠨ ᠲᠡᠵᠢᠭᠡᠪᠦᠷᠢ ᠵᠢᠨ ᠲᠠᠯᠠᠪᠠᠢ᠂ ᠲᠡᠵᠢᠭᠡᠪᠦᠷᠢ ᠵᠢᠨ ᠵᠢᠵᠢᠭ ᠲᠤᠭᠤᠷᠢᠬ ᠭᠠᠷᠭ᠋ᠠᠬᠤ;
(ᠲᠤᠯᠤᠭ᠎ᠠ) ᠴᠡᠪᠡᠷᠰᠢᠭᠦᠯᠦᠨ ᠰᠢᠢ᠍ᠳᠪᠤᠷᠢᠯᠡᠵᠦ ᠪᠠᠷᠢᠮᠵᠢᠶ᠎ᠠ᠎ᠳᠤ ᠬᠦᠷᠭᠡᠭᠰᠡᠨ ᠦᠭᠡᠢ ᠪᠤᠬᠢᠷᠳᠤᠯ᠎ᠲᠠᠢ ᠤᠰᠤ᠎ᠪᠠᠷ ᠲᠠᠷᠢᠶ᠎ᠠ ᠤᠰᠤᠯᠠᠭ᠍ᠤ;
(ᠨᠠᠢ᠍ᠮᠠ) ᠲᠠᠷᠢᠶᠠᠨ ᠡᠮ᠂ ᠬᠢᠮᠢ ᠵᠢᠨ ᠪᠤᠷᠳᠤᠭᠤᠷ᠂ ᠹᠤᠰᠹᠤᠷ᠎ᠲᠠᠢ ᠤᠬᠢᠶᠠᠯᠭ᠎ᠠ ᠵᠢᠨ ᠡᠳ᠋᠎ᠢ ᠪᠠᠷᠢᠮᠵᠢᠶ᠎ᠠ᠎ᠠᠴᠠ ᠬᠡᠲᠦᠷᠡᠭᠦᠯᠦᠨ ᠬᠡᠷᠡᠭᠯᠡᠬᠦ;
(ᠶᠢᠰᠦ) ᠠᠮᠢᠲᠠᠨ᠎ᠤ ᠦᠬᠦᠳᠡᠯᠢ ᠭᠠᠵᠠᠷ᠎ᠲᠤ ᠪᠤᠯᠬᠠᠤ ᠪᠤᠶᠤ ᠬᠠᠶᠠᠵᠦ ᠤᠷᠬᠢᠬᠤ;
(ᠠᠷᠪᠠ) ᠬᠠᠤᠯᠢ ᠴᠠᠭ᠋ᠠᠵᠠ᠂ ᠬᠠᠤᠯᠢ ᠲᠤᠭᠲᠠᠭ᠋ᠠᠯ᠎ᠳᠤ ᠲᠤᠭᠲᠠᠭ᠋ᠠᠭᠰᠠᠨ ᠤᠤᠭᠤᠬᠤ ᠤᠰᠤᠨ᠎ᠤ ᠰᠤᠷᠪᠤᠯᠵᠢ ᠵᠢ ᠪᠤᠬᠢᠷᠳᠤᠭᠤᠯᠵᠦ ᠮᠡᠳᠡᠬᠦ ᠪᠤᠰᠤᠳ ᠦᠢ᠍ᠯᠡ ᠠᠵᠢᠯᠯᠠᠭ᠎ᠠ᠃
ᠠᠷᠪᠠ ᠶᠢᠰᠦᠳᠦᠭᠡᠷ ᠵᠦᠢ᠍ᠯ ᠤᠤᠭᠤᠬᠤ ᠤᠰᠤᠨ᠎ᠤ ᠰᠤᠷᠪᠤᠯᠵᠢ ᠵᠢᠨ ᠨᠢᠭᠡᠳᠦᠭᠡᠷ ᠲᠡᠰ᠎ᠤᠨ ᠬᠠᠮᠠᠭ᠋ᠠᠯᠠᠯᠲᠠ ᠵᠢᠨ ᠤᠷᠤᠨ᠎ᠳᠤ ᠤᠤᠭᠤᠬᠤ ᠤᠰᠤᠨ᠎ᠤ ᠰᠤᠷᠪᠤᠯᠵᠢ ᠵᠢᠨ ᠲᠡᠰᠯᠡᠭᠴᠢ ᠬᠠᠮᠠᠭ᠋ᠠᠯᠠᠯᠲᠠ ᠵᠢᠨ ᠤᠷᠤᠨ᠂ ᠬᠤᠶᠠᠳᠤᠭ᠋ᠠᠷ ᠲᠡᠰ᠎ᠤᠨ ᠬᠠᠮᠠᠭ᠋ᠠᠯᠠᠯᠲᠠ ᠵᠢᠨ ᠤᠷᠤᠨ᠎ᠳᠤ ᠴᠠᠭ᠋ᠠᠵᠠᠯᠠᠭᠰᠠᠨ ᠦᠢ᠍ᠯᠡ ᠠᠵᠢᠯᠯᠠᠭ᠎ᠠ᠎ᠠᠴᠠ ᠭᠠᠳᠠᠨ᠎ᠠ᠂ ᠪᠠᠰᠠ ᠲᠤᠤᠷᠠᠬᠢ ᠦᠢ᠍ᠯᠡ ᠠᠵᠢᠯᠯᠠᠭ᠎ᠠ ᠵᠢ ᠬᠢᠵᠦ ᠪᠤᠯᠬᠤ ᠦᠭᠡᠢ᠄
(ᠨᠢᠭᠡ) ᠤᠰᠤ ᠬᠠᠩᠭ᠋ᠠᠬᠤ ᠪᠡᠯᠡᠳᠭᠡᠮᠵᠢ ᠪᠤᠯᠤᠨ ᠤᠰᠤᠨ ᠰᠤᠷᠪᠤᠯᠵᠢ ᠵᠢᠨ ᠬᠠᠮᠠᠭ᠋ᠠᠯᠠᠯᠲᠠ᠎ᠲᠠᠢ ᠡᠰᠡ ᠬᠤᠯᠪᠤᠭᠳᠠᠭ᠍ᠤ ᠪᠠᠷᠢᠯᠭ᠎ᠠ ᠵᠢᠨ ᠲᠦᠷᠦᠯ ᠵᠦᠢ᠍ᠯ᠎ᠤᠳ᠎ᠢ ᠰᠢᠨ᠎ᠡ᠎ᠪᠠᠷ ᠪᠠᠶ᠋ᠢᠭᠤᠯᠬᠤ᠂ ᠦᠭᠡᠷᠡᠴᠢᠯᠡᠨ ᠪᠠᠶ᠋ᠢᠭᠤᠯᠬᠤ ᠪᠠ ᠦᠷᠭᠡᠳᠭᠡᠨ ᠪᠠᠶ᠋ᠢᠭᠤᠯᠬᠤ;
(ᠬᠤᠶᠠᠷ) ᠲᠤᠤᠷᠯᠢᠭ ᠲᠦᠷᠪᠡᠯᠵᠢ᠎ᠳᠤ ᠮᠠᠯ ᠵᠢᠭᠦᠷᠲᠡᠨ ᠲᠡᠵᠢᠭᠡᠵᠦ ᠦᠷᠡᠵᠢᠬᠦᠯᠬᠦ᠂ ᠵᠤᠭ᠋ᠠᠴᠠᠭ᠍ᠤ᠂ ᠤᠮᠪᠠᠭ᠍ᠤ᠂ ᠵᠢᠭ᠋ᠠᠰᠦ ᠭᠦᠬᠢᠳᠡᠬᠦ ᠪᠤᠶᠤ ᠤᠤᠭᠤᠬᠤ ᠤᠰᠤ ᠵᠢ ᠪᠤᠬᠢᠷᠳᠤᠭᠤᠯᠵᠦ ᠮᠡᠳᠡᠬᠦ ᠪᠤᠰᠤᠳ ᠦᠢ᠍ᠯᠡ ᠠᠵᠢᠯᠯᠠᠭ᠎ᠠ;
ᠬᠤᠷᠢᠳᠤᠭ᠋ᠠᠷ ᠵᠦᠢ᠍ᠯ ᠵᠠᠰᠠᠮᠠᠯ ᠵᠠᠮ᠂ ᠲᠡᠮᠦᠷ ᠵᠠᠮ᠂ ᠬᠦᠭᠦᠷᠭᠡ᠂ ᠲᠤᠰᠤ ᠬᠡᠢ ᠲᠡᠮᠵᠢᠭᠤᠯᠬᠤ ᠬᠤᠭᠤᠯᠠᠢ ᠵᠡᠷᠭᠡ ᠰᠠᠭᠤᠷᠢ ᠲᠦᠬᠦᠭᠡᠷᠦᠮᠵᠢ ᠪᠠᠶ᠋ᠢᠭᠤᠯᠬᠤ᠎ᠳᠤ ᠤᠤᠭᠤᠬᠤ ᠤᠰᠤᠨ᠎ᠤ ᠰᠤᠷᠪᠤᠯᠵᠢ ᠵᠢᠨ ᠨᠢᠭᠡᠳᠦᠭᠡᠷ ᠲᠡᠰ᠎ᠤᠨ ᠬᠠᠮᠠᠭ᠋ᠠᠯᠠᠯᠲᠠ ᠵᠢᠨ ᠤᠷᠤᠨ ᠵᠶ᠋ᠠᠷ ᠲᠤᠭᠤᠯᠤᠨ ᠭᠠᠷᠴᠤ ᠪᠤᠯᠬᠤ ᠦᠭᠡᠢ; ᠪᠠᠷᠢᠯᠭ᠎ᠠ ᠵᠢᠨ ᠨᠦᠬᠦᠴᠡᠯ ᠪᠤᠯᠤᠨ ᠪᠠᠶ᠋ᠢᠭ᠋ᠠᠯᠢ ᠵᠢᠨ ᠡᠯᠸᠮᠸᠨ᠋ᠲ᠎ᠤᠨ ᠬᠢᠵᠠᠭ᠋ᠠᠷᠯᠠᠯ᠎ᠠᠴᠠ ᠪᠤᠯᠵᠦ ᠤᠤᠭᠤᠬᠤ ᠤᠰᠤᠨ᠎ᠤ ᠰᠤᠷᠪᠤᠯᠵᠢ ᠵᠢᠨ ᠨᠢᠭᠡᠳᠦᠭᠡᠷ ᠲᠡᠰ᠎ᠤᠨ ᠬᠠᠮᠠᠭ᠋ᠠᠯᠠᠯᠲᠠ ᠵᠢᠨ ᠤᠷᠤᠨ ᠪᠤᠶᠤ ᠲᠡᠰᠯᠡᠭᠴᠢ ᠬᠠᠮᠠᠭ᠋ᠠᠯᠠᠯᠲᠠ ᠵᠢᠨ ᠤᠷᠤᠨ᠎ᠢ ᠦᠨᠡᠨ ᠬᠦ᠌ ᠲᠤᠭᠤᠯᠤᠨ ᠭᠠᠷᠬᠤ ᠴᠢᠬᠤᠯᠠᠲᠠᠢ ᠪᠤᠯ ᠲᠦᠷᠦᠯ ᠵᠦᠢ᠍ᠯ᠎ᠢ ᠬᠡᠷᠡᠭᠵᠢᠭᠦᠯᠦᠭᠰᠡᠨ᠎ᠠᠴᠠ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠤᠷᠤᠨ᠎ᠤ ᠤᠷᠴᠢᠨ ᠲᠤᠭᠤᠷᠢᠨ᠎ᠳᠤ ᠦᠵᠡᠭᠦᠯᠬᠦ ᠨᠦᠯᠦᠭᠡ᠎ᠳᠤ ᠲᠤᠰᠬᠠᠢ ᠦᠨᠡᠯᠡᠯᠲᠡ ᠬᠢᠬᠦ ᠬᠡᠷᠡᠭᠲᠠᠢ᠃
ᠬᠤᠷᠢᠨ ᠨᠢᠭᠡᠳᠦᠭᠡᠷ ᠵᠦᠢ᠍ᠯ ᠤᠤᠭᠤᠬᠤ ᠤᠰᠤᠨ᠎ᠤ ᠰᠤᠷᠪᠤᠯᠵᠢ ᠵᠢᠨ ᠨᠢᠭᠡᠳᠦᠭᠡᠷ ᠲᠡᠰ᠎ᠤᠨ ᠬᠠᠮᠠᠭ᠋ᠠᠯᠠᠯᠲᠠ ᠵᠢᠨ ᠤᠷᠤᠨ᠎ᠳᠤ ᠨᠢᠭᠡᠨᠲᠡ ᠪᠠᠶ᠋ᠢᠭᠤᠯᠤᠭᠰᠠᠨ ᠤᠰᠤ ᠬᠠᠩᠭ᠋ᠠᠬᠤ ᠪᠡᠯᠡᠳᠭᠡᠮᠵᠢ ᠪᠤᠯᠤᠨ ᠤᠰᠤᠨ᠎ᠤ ᠰᠤᠷᠪᠤᠯᠵᠢ ᠵᠢ ᠬᠠᠮᠠᠭ᠋ᠠᠯᠠᠭ᠍ᠤ᠎ᠲᠠᠢ ᠡᠰᠡ ᠬᠤᠯᠪᠤᠭᠳᠠᠭ᠍ᠤ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠬᠤᠰᠢᠭᠤ ᠰᠢᠶᠠᠨ᠎ᠤ ᠱᠠᠲᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠵᠠᠷᠯᠢᠬᠳᠠᠵᠦ ᠪᠠᠶ᠋ᠢᠭ᠋ᠠᠳ ᠨᠤᠷᠠᠭ᠋ᠠᠯᠭ᠋ᠠᠬᠤ ᠪᠤᠶᠤ ᠬᠠᠭ᠋ᠠᠯᠭ᠋ᠠᠨ᠎ᠠ᠃
ᠤᠤᠭᠤᠬᠤ ᠤᠰᠤᠨ᠎ᠤ ᠰᠤᠷᠪᠤᠯᠵᠢ ᠵᠢᠨ ᠬᠤᠶᠠᠳᠤᠭ᠋ᠠᠷ ᠲᠡᠰ᠎ᠤᠨ ᠬᠠᠮᠠᠭ᠋ᠠᠯᠠᠯᠲᠠ ᠵᠢᠨ ᠤᠷᠤᠨ᠎ᠳᠤ ᠨᠢᠭᠡᠨᠲᠡ ᠪᠠᠶ᠋ᠢᠭᠤᠯᠤᠭᠰᠠᠨ ᠪᠤᠬᠢᠷᠳᠤᠯ ᠭᠠᠳᠠᠭᠰᠢᠯᠠᠭᠤᠯᠬᠤ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠬᠤᠰᠢᠭᠤ ᠰᠢᠶᠠᠨ᠎ᠤ ᠱᠠᠲᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠵᠠᠷᠯᠢᠬᠳᠠᠵᠦ ᠪᠠᠶ᠋ᠢᠭ᠋ᠠᠳ ᠨᠤᠷᠠᠭ᠋ᠠᠯᠭ᠋ᠠᠬᠤ ᠪᠤᠶᠤ ᠬᠠᠭ᠋ᠠᠯᠭ᠋ᠠᠨ᠎ᠠ᠃
ᠬᠤᠷᠢᠨ ᠬᠤᠶᠠᠳᠤᠭ᠋ᠠᠷ ᠵᠦᠢ᠍ᠯ ᠥᠪᠡᠷᠳᠡᠭᠡᠨ ᠵᠠᠰᠠᠭ᠍ᠤ ᠤᠷᠤᠨ᠎ᠠᠴᠠ ᠤᠰᠤᠨ᠎ᠤ ᠡᠬᠢ ᠪᠠᠶᠠᠯᠢᠭ᠎ᠢ ᠬᠠᠮᠢᠶᠠᠷᠬᠤ ᠬᠠᠮᠤᠭ᠎ᠤᠨ ᠴᠢᠩᠭ᠎ᠠ ᠲᠦᠷᠢᠮ᠎ᠢ ᠬᠡᠷᠡᠭᠵᠢᠭᠦᠯᠵᠦ᠂ ᠤᠰᠤ ᠠᠪᠬᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠵᠢ ᠡᠵᠡᠮᠰᠢᠬᠦ ᠬᠦᠢ᠍ᠴᠡᠳᠭᠡᠯ ᠲᠤᠭ᠎ᠠ ᠵᠢᠨ ᠲᠤᠭᠲᠠᠯᠴᠠᠭ᠎ᠠ ᠵᠢ ᠲᠡᠭᠦᠯᠳᠡᠷᠵᠢᠭᠦᠯᠦᠨ᠎ᠡ᠃
ᠬᠤᠰᠢᠭᠤ ᠰᠢᠶᠠᠨ᠎ᠤ ᠱᠠᠲᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠰᠤᠨ᠎ᠤ ᠵᠠᠰᠠᠭ ᠵᠠᠬᠢᠷᠭ᠎ᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠵᠦᠪᠰᠢᠶᠡᠷᠡᠭᠰᠡᠨ ᠤᠰᠤᠨ᠎ᠤ ᠬᠡᠮᠵᠢᠶ᠎ᠡ᠎ᠪᠠᠷ ᠬᠤᠪᠢᠶᠠᠷᠢᠯᠠᠭ᠍ᠤ ᠲᠦᠰᠦᠪ᠎ᠢ ᠦᠨᠳᠦᠰᠦᠯᠡᠨ᠂ ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠭ᠍ᠤ ᠪᠠ ᠬᠡᠮᠵᠢᠶ᠎ᠡ ᠲᠤᠭᠲᠠᠭ᠋ᠠᠨ ᠬᠠᠮᠢᠶᠠᠷᠬᠤ ᠵᠠᠷᠴᠢᠮ ᠵᠶ᠋ᠠᠷ ᠤᠤᠭᠤᠬᠤ ᠤᠰᠤᠨ᠎ᠤ ᠰᠤᠷᠪᠤᠯᠵᠢ᠎ᠠᠴᠠ ᠤᠰᠤ ᠠᠪᠬᠤ ᠲᠦᠯᠦᠪᠯᠡᠭᠡ ᠲᠤᠭᠲᠠᠭ᠋ᠠᠬᠤ ᠬᠡᠷᠡᠭᠲᠠᠢ᠃
ᠬᠤᠷᠢᠨ ᠭᠤᠷᠪᠠᠳᠤᠭ᠋ᠠᠷ ᠵᠦᠢ᠍ᠯ ᠤᠤᠭᠤᠬᠤ ᠤᠰᠤ ᠠᠪᠬᠤ᠎ᠳᠤ ᠭᠠᠵᠠᠷ᠎ᠤᠨ ᠭᠠᠳᠠᠷᠭᠤ ᠵᠢᠨ ᠤᠰᠤ ᠪᠤᠯᠤᠨ ᠭᠠᠵᠠᠷ ᠲᠤᠤᠷᠠᠬᠢ ᠤᠰᠤ ᠵᠢ ᠨᠢᠭᠡᠳᠦᠯᠲᠠᠢ ᠲᠦᠯᠦᠪᠯᠡᠨ ᠲᠤᠬᠢᠷᠠᠭᠤᠯᠵᠦ᠂ ᠴᠢᠨᠠᠷ ᠰᠠᠶ᠋ᠢᠲᠠᠢ ᠤᠰᠤ ᠵᠢ ᠡᠩ ᠲᠡᠷᠢᠭᠦᠨ᠎ᠳᠤ ᠬᠤᠲᠠ ᠬᠦᠳᠡᠭᠡ ᠵᠢᠨ ᠰᠠᠭᠤᠭ᠋ᠠᠯᠢ ᠠᠷᠠᠳ᠎ᠲᠤ ᠬᠡᠷᠡᠭᠯᠡᠭᠦᠯᠬᠦ ᠵᠢ ᠪᠠᠲᠤᠯᠠᠭ᠍ᠤ ᠬᠡᠷᠡᠭᠲᠠᠢ᠃ ᠬᠠᠤᠯᠢ ᠶᠤᠰᠤᠭ᠋ᠠᠷ ᠭᠤᠶᠤᠴᠢᠯᠠᠨ ᠵᠦᠪᠰᠢᠶᠡᠷᠡᠭᠦᠯᠬᠦ ᠶᠤᠰᠤᠲᠠᠢ ᠡᠨᠳᠡᠯ᠎ᠡ ᠵᠦᠪᠰᠢᠶᠡᠷᠡᠭᠦᠯᠦᠭᠰᠡᠨ ᠦᠭᠡᠢ ᠪᠠ ᠤᠯᠠᠨ ᠨᠡᠶ᠋ᠢᠲᠡ ᠵᠢᠨ ᠤᠰᠤ ᠬᠠᠩᠭ᠋ᠠᠬᠤ ᠬᠤᠭᠤᠯᠠᠢ ᠵᠢᠨ ᠲᠤᠤᠷ᠎ᠤᠨ ᠬᠡᠪᠴᠢᠶᠡᠨ ᠲᠤᠲᠤᠷᠠᠬᠢ ᠥᠪᠡᠷ ᠵᠶ᠋ᠠᠨ ᠪᠡᠯᠡᠳᠭᠡᠭᠰᠡᠨ ᠬᠤᠳᠳᠤᠭ᠎ᠢ ᠪᠦᠷ ᠬᠠᠭ᠋ᠠᠯᠭ᠋ᠠᠬᠤ ᠬᠡᠷᠡᠭᠲᠠᠢ᠃
ᠬᠤᠷᠢᠨ ᠲᠦᠷᠪᠡᠳᠦᠭᠡᠷ ᠵᠦᠢ᠍ᠯ ᠤᠤᠭᠤᠬᠤ ᠤᠰᠤᠨ᠎ᠤ ᠰᠤᠷᠪᠤᠯᠵᠢ ᠵᠢᠨ ᠪᠠᠷᠢᠯᠭ᠎ᠠ ᠵᠢ ᠰᠢᠨ᠎ᠡ᠎ᠪᠠᠷ ᠪᠠᠶ᠋ᠢᠭᠤᠯᠬᠤ᠂ ᠦᠭᠡᠷᠡᠴᠢᠯᠡᠨ ᠪᠠᠶ᠋ᠢᠭᠤᠯᠬᠤ᠂ ᠦᠷᠭᠡᠳᠭᠡᠨ ᠪᠠᠶ᠋ᠢᠭᠤᠯᠬᠤ᠎ᠳᠤ ᠤᠰᠤᠨ᠎ᠤ ᠡᠬᠢ ᠪᠠᠶᠠᠯᠢᠭ᠎ᠤᠨ ᠶᠡᠷᠦᠩᠬᠡᠢ ᠲᠦᠯᠦᠪᠵᠢᠭᠦᠯᠬᠡ᠂ ᠤᠰᠤᠨ᠎ᠤ ᠦᠢ᠍ᠯᠡᠳᠦᠯ᠎ᠤᠨ ᠬᠤᠪᠢᠶᠠᠷᠢᠯᠠᠯ᠂ ᠤᠰᠤ ᠬᠠᠩᠭ᠋ᠠᠬᠤ ᠲᠤᠰᠬᠠᠢ ᠲᠦᠯᠦᠪᠵᠢᠭᠦᠯᠭᠡ᠎ᠲᠠᠢ ᠨᠡᠶ᠋ᠢᠴᠡᠬᠦ ᠬᠡᠷᠡᠭᠲᠠᠢ᠂ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠤᠨ ᠤᠰᠤᠨ᠎ᠤ ᠡᠬᠢ ᠪᠠᠶᠠᠯᠢᠭ᠎ᠤᠨ ᠭᠡᠷᠡᠴᠢᠯᠡᠯᠲᠡ ᠬᠢᠬᠦ ᠪᠦᠭᠡᠳ ᠤᠰᠤ ᠠᠪᠬᠤ ᠵᠦᠪᠰᠢᠶᠡᠷᠡᠯ᠎ᠤᠨ ᠬᠢᠨᠠᠨ ᠵᠦᠪᠰᠢᠶᠡᠷᠡᠭᠦᠯᠬᠦ ᠭᠠᠷᠳᠠᠮ᠎ᠢ ᠬᠠᠤᠯᠢ ᠶᠤᠰᠤᠭ᠋ᠠᠷ ᠭᠦᠢ᠍ᠴᠡᠳᠭᠡᠬᠦ ᠬᠡᠷᠡᠭᠲᠠᠢ᠃
ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠪᠠᠷᠢᠯᠭ᠎ᠠ ᠵᠢ ᠤᠤᠭᠤᠬᠤ ᠤᠰᠤᠨ᠎ᠤ ᠰᠤᠷᠪᠤᠯᠵᠢ ᠵᠢᠨ ᠪᠠᠷᠢᠯᠭ᠎ᠠ᠎ᠲᠠᠢ ᠵᠡᠷᠭᠡ᠎ᠪᠡᠷ ᠲᠦᠯᠦᠪᠯᠡᠵᠦ᠂ ᠵᠡᠷᠭᠡ᠎ᠪᠡᠷ ᠪᠠᠶ᠋ᠢᠭᠤᠯᠵᠦ᠂ ᠵᠡᠷᠭᠡ᠎ᠪᠡᠷ ᠬᠡᠷᠡᠭᠯᠡᠯᠲᠡ᠎ᠳᠤ ᠤᠷᠤᠭᠤᠯᠬᠤ ᠬᠡᠷᠡᠭᠲᠠᠢ᠃
ᠬᠤᠷᠢᠨ ᠲᠠᠪᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠤᠤᠭᠤᠬᠤ ᠤᠰᠤᠨ᠎ᠤ ᠰᠤᠷᠪᠤᠯᠵᠢ ᠵᠢ ᠬᠠᠮᠠᠭ᠋ᠠᠯᠠᠭ᠍ᠤ ᠪᠤᠳᠠᠲᠦ ᠬᠡᠷᠡᠭᠴᠡᠭᠡ ᠵᠢ ᠦᠨᠳᠦᠰᠦᠯᠡᠨ᠂ ᠤᠤᠭᠤᠬᠤ ᠤᠰᠤᠨ᠎ᠤ ᠰᠤᠷᠪᠤᠯᠵᠢ ᠵᠢᠨ ᠲᠡᠰᠯᠡᠭᠴᠢ ᠬᠠᠮᠠᠭ᠋ᠠᠯᠠᠯᠲᠠ ᠵᠢᠨ ᠤᠷᠤᠨ᠎ᠤ ᠲᠤᠲᠤᠷ᠎ᠠ ᠤᠰᠤᠨ᠎ᠤ ᠰᠤᠷᠪᠤᠯᠵᠢ ᠵᠢ ᠬᠠᠮᠠᠭ᠋ᠠᠯᠠᠭ᠍ᠤ ᠤᠢ᠂ ᠡᠷᠬᠢ ᠵᠢ ᠬᠠᠮᠠᠭ᠋ᠠᠯᠠᠭ᠍ᠤ ᠤᠢ ᠵᠡᠷᠭᠡ ᠠᠮᠢ ᠠᠬᠤᠢ ᠵᠢᠨ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ ᠤᠰᠤᠨ ᠴᠤᠭᠴᠠ ᠵᠢᠨ ᠦᠪᠡᠰᠦᠪᠡᠨ ᠴᠡᠪᠡᠷᠰᠢᠬᠦ ᠴᠢᠳᠠᠪᠤᠷᠢ ᠵᠢ ᠬᠠᠮᠠᠭ᠋ᠠᠯᠠᠭ᠍ᠤ ᠬᠡᠷᠡᠭᠲᠠᠢ᠃
ᠬᠤᠷᠢᠨ ᠵᠢᠷᠭᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠤᠤᠭᠤᠬᠤ ᠤᠰᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠍ᠤ ᠤᠰᠤᠨ᠎ᠤ ᠰᠤᠷᠪᠤᠯᠵᠢ ᠪᠤᠶᠤ ᠪᠡᠯᠡᠳᠭᠡᠯ ᠤᠰᠤᠨ᠎ᠤ ᠰᠤᠷᠪᠤᠯᠵᠢ ᠵᠢᠨ ᠪᠦᠲᠦᠭᠡᠨ ᠪᠠᠶ᠋ᠢᠭᠤᠯᠤᠯᠲᠠ ᠪᠤᠯᠤᠨ ᠬᠠᠮᠠᠭ᠋ᠠᠯᠠᠯᠲᠠ ᠵᠢ ᠴᠢᠩᠭ᠋ᠠᠳᠬᠠᠵᠦ᠂ ᠤᠰᠤᠨ᠎ᠤ ᠰᠤᠷᠪᠤᠯᠵᠢ ᠪᠤᠬᠢᠷᠳᠤᠭᠰᠠᠨ ᠵᠡᠷᠭᠡ ᠬᠡᠷᠡᠭ ᠭᠠᠷᠴᠤ ᠤᠤᠭᠤᠬᠤ ᠤᠰᠤᠨ᠎ᠤ ᠬᠠᠩᠭ᠋ᠠᠯᠭ᠎ᠠ ᠲᠠᠰᠤᠯᠳᠠᠭᠰᠠᠨ ᠦᠶᠡᠰ᠂ ᠤᠤᠭᠤᠬᠤ ᠤᠰᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠍ᠤ ᠤᠰᠤᠨ᠎ᠤ ᠰᠤᠷᠪᠤᠯᠵᠢ ᠪᠤᠶᠤ ᠪᠡᠯᠡᠳᠭᠡᠯ ᠤᠰᠤᠨ᠎ᠤ ᠰᠤᠷᠪᠤᠯᠵᠢ ᠵᠢ ᠴᠠᠭ ᠲᠤᠬᠠᠢᠳᠤᠨᠢ ᠬᠡᠷᠡᠭᠯᠡᠵᠦ᠂ ᠬᠤᠲᠠ ᠬᠦᠳᠡᠭᠡ ᠵᠢᠨ ᠰᠠᠭᠤᠭ᠋ᠠᠯᠢ ᠠᠷᠠᠳ᠎ᠤᠨ ᠤᠤᠭᠤᠬᠤ ᠤᠰᠤᠨ᠎ᠤ ᠬᠠᠩᠭ᠋ᠠᠯᠭ᠎ᠠ ᠵᠢ ᠪᠠᠲᠤᠯᠠᠭ᠍ᠤ ᠬᠡᠷᠡᠭᠲᠠᠢ᠃
ᠤᠤᠭᠤᠬᠤ ᠤᠰᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠍ᠤ ᠤᠰᠤᠨ᠎ᠤ ᠰᠤᠷᠪᠤᠯᠵᠢ ᠪᠤᠶᠤ ᠪᠡᠯᠡᠳᠭᠡᠯ ᠤᠰᠤᠨ᠎ᠤ ᠰᠤᠷᠪᠤᠯᠵᠢ ᠵᠢ ᠬᠠᠮᠢᠶᠠᠷᠴᠤ ᠪᠠᠶ᠋ᠢᠬᠤ ᠨᠢᠭᠡᠴᠢ ᠤᠰᠤ ᠬᠠᠩᠭ᠋ᠠᠬᠤ ᠪᠡᠯᠡᠳᠭᠡᠮᠵᠢ ᠵᠢ ᠬᠠᠮᠠᠭ᠋ᠠᠯᠠᠵᠦ᠂ ᠬᠡᠨᠡᠳᠳᠡ ᠵᠢᠨ ᠬᠡᠷᠡᠭ ᠭᠠᠷᠤᠭᠰᠠᠨ ᠦᠶ᠎ᠡ᠎ᠳᠤ᠂ ᠤᠤᠭᠤᠬᠤ ᠤᠰᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠍ᠤ ᠤᠰᠤᠨ᠎ᠤ ᠰᠤᠷᠪᠤᠯᠵᠢ ᠪᠤᠶᠤ ᠪᠡᠯᠡᠳᠭᠡᠯ ᠤᠰᠤᠨ᠎ᠤ ᠰᠤᠷᠪᠤᠯᠵᠢ ᠵᠢ ᠬᠡᠪ᠎ᠤᠨ ᠶᠤᠰᠤᠭ᠋ᠠᠷ ᠬᠡᠷᠡᠭᠯᠡᠬᠦ ᠵᠢ ᠪᠠᠲᠤᠯᠠᠭ᠍ᠤ ᠬᠡᠷᠡᠭᠲᠠᠢ᠃
ᠬᠤᠷᠢᠨ ᠲᠤᠯᠤᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠤᠷᠤᠨ ᠠᠯᠤᠰᠯᠠᠭᠰᠠᠨ ᠤᠤᠭᠤᠬᠤ ᠤᠰᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠍ᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠬᠠᠮᠢᠶᠠᠷᠤᠯᠲᠠ ᠵᠢ ᠵᠠᠰᠠᠭ ᠵᠠᠬᠢᠷᠭ᠋ᠠᠨ᠎ᠤ ᠬᠠᠷᠢᠶᠠᠯᠠᠯ᠎ᠤᠨ ᠵᠠᠷᠴᠢᠮ ᠶᠤᠰᠤᠭ᠋ᠠᠷ ᠰᠠᠭᠤᠭ᠎ᠠ ᠭᠠᠵᠠᠷ᠎ᠤᠨ ᠠᠷᠠᠳ᠎ᠤᠨ ᠵᠠᠰᠠᠭ᠎ᠤᠨ ᠤᠷᠳᠤᠨ ᠲᠤᠰᠪᠤᠷᠢ ᠬᠠᠷᠢᠭᠤᠴᠠᠨ᠎ᠠ᠃
ᠲᠦᠷᠪᠡᠳᠦᠭᠡᠷ ᠪᠦᠯᠦᠭ ᠬᠢᠨᠠᠯᠲᠠ ᠬᠠᠮᠢᠶᠠᠷᠤᠯᠲᠠ
ᠬᠤᠷᠢᠨ ᠨᠠᠢ᠍ᠮᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ᠎ᠳᠤ ᠨᠦᠬᠦᠪᠤᠷᠢ ᠦᠭᠬᠦ ᠲᠦᠷᠢᠮ ᠲᠤᠭᠲᠠᠭ᠋ᠠᠵᠦ᠂ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ᠎ᠳᠤ ᠨᠦᠬᠦᠪᠤᠷᠢ ᠦᠭᠬᠦ ᠪᠡᠯᠡ ᠮᠦᠩᠭᠦ ᠵᠢ ᠨᠠᠶ᠋ᠢᠳᠠᠪᠤᠷᠢᠵᠢᠭᠤᠯᠤᠨ᠂ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠨᠦᠬᠦᠪᠤᠷᠢ᠎ᠳᠤ ᠬᠡᠷᠡᠭᠯᠡᠬᠦ ᠵᠢ᠎ᠨᠢ ᠦᠨᠡᠨ ᠬᠦ᠌ ᠪᠠᠲᠤᠯᠠᠭ᠍ᠤ ᠬᠡᠷᠡᠭᠲᠠᠢ᠃
ᠬᠤᠷᠢ ᠶᠢᠰᠦᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠬᠦᠭᠵᠢᠬᠦᠯᠦᠯᠲᠡ ᠪᠠ ᠦᠭᠡᠷᠡᠴᠢᠯᠡᠯᠲᠡ᠂ ᠤᠷᠴᠢᠨ ᠲᠤᠭᠤᠷᠢᠨ᠎ᠤ ᠬᠠᠮᠠᠭ᠋ᠠᠯᠠᠯᠲᠠ᠂ ᠤᠰᠤᠨ᠎ᠤ ᠵᠠᠰᠠᠭ ᠵᠠᠬᠢᠷᠭ᠎ᠠ᠂ ᠤᠷᠤᠨ ᠰᠠᠭᠤᠴᠠ ᠪᠤᠯᠤᠨ ᠬᠤᠲᠠ ᠬᠦᠳᠡᠭᠡ ᠵᠢᠨ ᠪᠦᠲᠦᠭᠡᠨ ᠪᠠᠶ᠋ᠢᠭᠤᠯᠤᠯᠲᠠ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠤᠷᠤᠨ᠎ᠤ ᠤᠷᠴᠢᠨ ᠲᠤᠭᠤᠷᠢᠨ᠎ᠢ ᠵᠠᠰᠠᠭ᠍ᠤ ᠲᠦᠷᠦᠯ ᠵᠦᠢ᠍ᠯ᠎ᠢ ᠡᠩ ᠲᠡᠷᠢᠭᠦᠨ᠎ᠳᠤ ᠲᠤᠬᠢᠷᠠᠭᠤᠯᠬᠤ ᠬᠡᠷᠡᠭᠲᠠᠢ᠃
ᠭᠤᠴᠢᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠤᠷᠴᠢᠨ ᠲᠤᠭᠤᠷᠢᠨ᠎ᠤ ᠬᠠᠮᠠᠭ᠋ᠠᠯᠠᠯᠲᠠ᠂ ᠤᠰᠤᠨ᠎ᠤ ᠵᠠᠰᠠᠭ ᠵᠠᠬᠢᠷᠭ᠎ᠠ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ᠎ᠢ ᠵᠤᠬᠢᠶᠠᠨ ᠪᠠᠶ᠋ᠢᠭᠤᠯᠵᠦ ᠵᠤᠬᠢᠴᠠᠭᠤᠯᠤᠨ᠂ ᠤᠤᠭᠤᠬᠤ ᠤᠰᠤᠨ᠎ᠤ ᠰᠤᠷᠪᠤᠯᠵᠢ ᠵᠢᠨ ᠤᠰᠤᠨ᠎ᠤ ᠴᠢᠨᠠᠷ᠎ᠤᠨ ᠬᠢᠨᠠᠨ ᠰᠢᠯᠭ᠋ᠠᠲᠠ ᠵᠢᠨ ᠡᠬᠢ ᠪᠠᠶᠠᠯᠢᠭ᠎ᠢ ᠨᠡᠶ᠋ᠢᠳᠭᠡᠵᠦ᠂ ᠬᠢᠨᠠᠨ ᠰᠢᠯᠭ᠋ᠠᠬᠤ ᠬᠦᠷᠢᠶ᠎ᠡ ᠬᠡᠪᠴᠢᠶ᠎ᠡ᠂ ᠴᠢᠭ ᠪᠠᠶ᠋ᠢᠷᠢ ᠪᠤᠯᠤᠨ ᠲᠦᠷᠦᠯ ᠵᠦᠢ᠍ᠯ᠎ᠢ ᠰᠢᠨᠵᠢᠯᠡᠬᠦ ᠤᠬᠠᠭ᠋ᠠᠨᠴᠢ᠎ᠪᠠᠷ ᠬᠤᠪᠢᠶᠠᠷᠢᠯᠠᠨ ᠲᠤᠭᠲᠠᠭ᠋ᠠᠵᠦ᠂ ᠤᠰᠤᠨ᠎ᠤ ᠴᠢᠨᠠᠷ᠎ᠤᠨ ᠠᠦ᠋ᠲ᠋ᠤ᠋ ᠬᠢᠨᠠᠨ ᠰᠢᠯᠭ᠋ᠠᠯᠲᠠ ᠬᠢᠨᠠᠨ ᠡᠵᠡᠮᠰᠢᠯᠲᠡ ᠪᠠ ᠰᠡᠷᠡᠮᠵᠢᠯᠡᠭᠦᠯᠬᠦ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠦ᠂ ᠬᠢᠨᠠᠨ ᠰᠢᠯᠭ᠋ᠠᠯᠲᠠ ᠵᠢᠨ ᠮᠡᠳᠡᠭᠡ ᠵᠠᠩᠭᠢ ᠵᠢᠨ ᠰᠢᠰᠲᠸᠮ ᠪᠤᠯᠤᠨ ᠬᠠᠮᠲᠦ᠎ᠪᠠᠷ ᠡᠳ᠋ᠯᠡᠬᠦ ᠲᠤᠭᠲᠠᠴᠠ ᠵᠢ ᠲᠡᠭᠦᠯᠳᠡᠷᠵᠢᠭᠦᠯᠬᠦ ᠬᠡᠷᠡᠭᠲᠠᠢ᠃
ᠭᠤᠴᠢᠨ ᠨᠢᠭᠡᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠯᠤᠰ ᠪᠤᠯᠤᠨ ᠥᠪᠡᠷᠳᠡᠭᠡᠨ ᠵᠠᠰᠠᠭ᠍ᠤ ᠤᠷᠤᠨ᠎ᠤ ᠤᠰᠤᠨ᠎ᠤ ᠪᠠᠷᠢᠮᠵᠢᠶ᠎ᠠ ᠵᠢᠨ ᠱᠠᠭ᠋ᠠᠷᠳᠠᠯᠭ᠎ᠠ ᠶᠤᠰᠤᠭ᠋ᠠᠷ ᠠᠳᠠᠭ ᠪᠠᠭ᠎ᠠ᠎ᠳᠠᠭᠠᠨ ᠤᠯᠠᠷᠢᠯ ᠪᠦᠷᠢ ᠨᠡᠶ᠋ᠢᠭᠡᠮ᠎ᠳᠤ ᠨᠢᠭᠡ ᠤᠳᠠᠭ᠎ᠠ ᠲᠤᠰ ᠵᠠᠰᠠᠭ ᠵᠠᠬᠢᠷᠭ᠋ᠠᠨ᠎ᠤ ᠤᠷᠤᠨ᠎ᠤ ᠤᠤᠭᠤᠬᠤ ᠤᠰᠤᠨ᠎ᠤ ᠠᠶᠤᠯᠭᠦᠢ ᠵᠢᠨ ᠪᠠᠶ᠋ᠢᠳᠠᠯ᠎ᠤᠨ ᠮᠡᠳᠡᠭᠡ ᠵᠠᠩᠭᠢ ᠵᠢ ᠨᠡᠶ᠋ᠢᠲᠡᠯᠡᠬᠦ ᠬᠡᠷᠡᠭᠲᠠᠢ᠃
ᠭᠤᠴᠢᠨ ᠬᠤᠶᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ ᠤᠤᠭᠤᠬᠤ ᠤᠰᠤᠨ᠎ᠤ ᠰᠤᠷᠪᠤᠯᠵᠢ ᠵᠢᠨ ᠠᠶᠤᠯᠭᠦᠢ ᠵᠢ ᠦᠨᠡᠯᠡᠬᠦ ᠲᠤᠭᠲᠠᠴᠠ ᠵᠢ ᠪᠠᠶ᠋ᠢᠭᠤᠯᠵᠦ᠂ ᠤᠤᠭᠤᠬᠤ ᠤᠰᠤᠨ᠎ᠤ ᠰᠤᠷᠪᠤᠯᠵᠢ ᠵᠢᠨ ᠠᠶᠤᠯᠭᠦᠢ ᠵᠢ ᠪᠠᠲᠤᠯᠠᠭ᠍ᠤ ᠪᠠᠶ᠋ᠢᠭᠤᠯᠤᠯᠲᠠ ᠵᠢ ᠬᠢᠬᠦ ᠬᠡᠷᠡᠭᠲᠠᠢ᠃
ᠬᠤᠰᠢᠭᠤ ᠰᠢᠶᠠᠨ᠎ᠤ ᠱᠠᠲᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠷᠴᠢᠨ ᠲᠤᠭᠤᠷᠢᠨ᠎ᠤ ᠬᠠᠮᠠᠭ᠋ᠠᠯᠠᠯᠲᠠ᠂ ᠤᠰᠤᠨ᠎ᠤ ᠵᠠᠰᠠᠭ ᠵᠠᠬᠢᠷᠭ᠎ᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠥᠪᠡᠷ ᠥᠪᠡᠷ᠎ᠤᠨ ᠲᠤᠰᠢᠶᠠᠯ ᠬᠠᠷᠢᠭᠤᠴᠠᠯᠭ᠎ᠠ᠎ᠪᠠᠷ ᠵᠶ᠋ᠠᠨ ᠤᠤᠭᠤᠬᠤ ᠤᠰᠤᠨ᠎ᠤ ᠰᠤᠷᠪᠤᠯᠵᠢ ᠵᠢᠨ ᠤᠰᠤᠨ᠎ᠤ ᠴᠢᠨᠠᠷ᠂ ᠤᠰᠤᠨ᠎ᠤ ᠬᠡᠮᠵᠢᠶ᠎ᠡ ᠪᠤᠯᠤᠨ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠪᠠᠶ᠋ᠢᠳᠠᠯ᠎ᠳᠤ ᠲᠤᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠯᠲᠡ ᠬᠢᠬᠦ ᠪᠦᠭᠡᠳ ᠦᠨᠡᠯᠡᠭᠰᠡᠨ ᠦᠷ᠎ᠡ ᠳ᠋ᠦᠩ ᠵᠶ᠋ᠠᠨ ᠲᠤᠰ ᠱᠠᠲᠤᠨ᠎ᠤ ᠠᠷᠠᠳ᠎ᠤᠨ ᠵᠠᠰᠠᠭ᠎ᠤᠨ ᠤᠷᠳᠤᠨ᠎ᠳᠤ ᠬᠦᠷᠭᠡᠨ ᠮᠡᠳᠡᠭᠦᠯᠬᠦ ᠬᠡᠷᠡᠭᠲᠠᠢ᠃
ᠭᠤᠴᠢᠨ ᠭᠤᠷᠪᠠᠳᠤᠭ᠋ᠠᠷ ᠵᠦᠢ᠍ᠯ ᠠᠶ᠋ᠢᠮᠠᠭ᠎ᠤᠨ ᠵᠠᠬᠢᠷᠭ᠎ᠠ᠂ ᠲᠤᠭᠤᠷᠢᠭ᠎ᠲᠠᠢ ᠬᠤᠲᠠ ᠪᠠ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠤᠷᠳᠤᠨ ᠤᠤᠭᠤᠬᠤ ᠤᠰᠤᠨ᠎ᠤ ᠠᠶᠤᠯᠭᠦᠢ ᠵᠢᠨ ᠭᠡᠨᠡᠳᠳᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠍ᠤ ᠲᠦᠰᠦᠯ᠎ᠢ ᠲᠤᠭᠲᠠᠭ᠋ᠠᠬᠤ ᠬᠡᠷᠡᠭᠲᠠᠢ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠥᠪᠡᠷ ᠥᠪᠡᠷ᠎ᠤᠨ ᠲᠤᠰᠢᠶᠠᠯ ᠬᠠᠷᠢᠭᠤᠴᠠᠯᠭ᠎ᠠ ᠪᠤᠯᠤᠨ ᠪᠠᠴᠢᠮ ᠪᠠᠶ᠋ᠢᠳᠠᠯ᠎ᠢ ᠠᠷᠭ᠋ᠠᠴᠠᠭ᠍ᠤ ᠲᠦᠰᠦᠯ ᠶᠤᠰᠤᠭ᠋ᠠᠷ ᠤᠤᠭᠤᠬᠤ ᠤᠰᠤᠨ᠎ᠤ ᠠᠶᠤᠯᠭᠦᠢ ᠵᠢᠨ ᠭᠡᠨᠡᠳᠳᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠍ᠤ ᠲᠤᠰᠬᠠᠢ ᠲᠦᠰᠦᠯ᠎ᠢ ᠲᠤᠭᠲᠠᠭ᠋ᠠᠬᠤ ᠬᠡᠷᠡᠭᠲᠠᠢ᠃
ᠭᠤᠴᠢᠨ ᠲᠦᠷᠪᠡᠳᠦᠭᠡᠷ ᠵᠦᠢ᠍᠊᠊ᠯ ᠤᠤᠭᠤᠬᠤ ᠤᠰᠤ ᠬᠠᠩᠭ᠋ᠠᠬᠤ ᠨᠢᠭᠡᠴᠢ᠎ᠨᠢ ᠰᠠᠭᠤᠭ᠎ᠠ ᠭᠠᠵᠠᠷ᠎ᠤᠨ ᠤᠤᠭᠤᠬᠤ ᠤᠰᠤᠨ᠎ᠤ ᠠᠶᠤᠯᠭᠦᠢ ᠵᠢᠨ ᠭᠡᠨᠡᠳᠳᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠍ᠤ ᠲᠤᠰᠬᠠᠢ ᠲᠦᠰᠦᠯ᠎ᠢ ᠦᠨᠳᠦᠰᠦᠯᠡᠨ ᠲᠤᠰ ᠨᠢᠭᠡᠴᠢ ᠵᠢᠨ ᠪᠤᠳᠠᠲᠠᠢ ᠬᠡᠷᠡᠭᠵᠢᠭᠦᠯᠬᠦ ᠲᠦᠰᠦᠪ᠎ᠢ ᠲᠤᠭᠲᠠᠭ᠋ᠠᠵᠦ᠂ ᠰᠠᠭᠤᠭ᠎ᠠ ᠭᠠᠵᠠᠷ᠎ᠤᠨ ᠵᠶ᠋ᠠᠨ ᠠᠶ᠋ᠢᠮᠠᠭ᠎ᠤᠨ ᠵᠠᠬᠢᠷᠭ᠎ᠠ᠂ ᠲᠤᠭᠤᠷᠢᠭ᠎ᠲᠠᠢ ᠬᠤᠲᠠ ᠪᠤᠯᠤᠨ ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠤᠷᠳᠤᠨ᠎ᠳᠤ ᠮᠡᠳᠡᠭᠦᠯᠦᠨ ᠲᠠᠩᠰᠠᠯᠠᠭᠤᠯᠬᠤ ᠪᠦᠭᠡᠳ ᠱᠠᠭ᠋ᠠᠷᠳᠠᠯᠭ᠎ᠠ ᠶᠤᠰᠤᠭ᠋ᠠᠷ ᠪᠠᠴᠢᠮ ᠪᠠᠶ᠋ᠢᠳᠠᠯ᠎ᠢ ᠠᠷᠭ᠋ᠠᠴᠠᠭ᠍ᠤᠳᠤ ᠵᠠᠪᠠᠯ ᠬᠡᠷᠡᠭᠰᠡᠬᠦ ᠡᠳ᠋ ᠪᠤᠳᠠᠰ᠎ᠢ ᠨᠦᠭᠡᠴᠡᠯᠡᠵᠦ᠂ ᠪᠠᠴᠢᠮ ᠪᠠᠶ᠋ᠢᠳᠠᠯ᠎ᠢ ᠠᠷᠭ᠋ᠠᠴᠠᠭ᠍ᠤ ᠰᠤᠷᠢᠯᠲᠠ ᠵᠢ ᠲᠤᠭᠲᠠᠮᠠᠯ ᠬᠤᠭᠤᠴᠠᠭ᠎ᠠ᠎ᠲᠠᠢ ᠬᠢᠬᠦ ᠬᠡᠷᠡᠭᠲᠠᠢ᠃
ᠭᠤᠴᠢᠨ ᠲᠠᠪᠤᠳᠤᠭ᠋ᠠᠷ ᠵᠦᠢ᠍ᠯ ᠤᠤᠭᠤᠬᠤ ᠤᠰᠤᠨ᠎ᠤ ᠰᠤᠷᠪᠤᠯᠵᠢ᠎ᠳᠤ ᠪᠤᠬᠢᠷᠳᠤᠭᠰᠠᠨ ᠠᠳᠡᠯ ᠭᠠᠷᠬᠤ ᠪᠤᠶᠤ ᠤᠤᠭᠤᠬᠤ ᠤᠰᠤᠨ᠎ᠤ ᠠᠶᠤᠯᠭᠦᠢ ᠵᠢ ᠨᠦᠯᠦᠭᠡᠯᠡᠵᠦ ᠮᠡᠳᠡᠬᠦ ᠪᠤᠰᠤᠳ ᠬᠡᠨᠡᠳᠳᠡ ᠵᠢᠨ ᠬᠡᠷᠡᠭ ᠭᠠᠷᠪᠠᠯ ᠤᠤᠭᠤᠬᠤ ᠤᠰᠤ ᠬᠠᠩᠭ᠋ᠠᠵᠦ ᠪᠠᠶ᠋ᠢᠬᠤ ᠨᠢᠭᠡᠴᠢ ᠲᠠᠷᠤᠢ ᠲᠦᠷᠭᠡᠨ ᠪᠠᠴᠢᠮ ᠪᠠᠶ᠋ᠢᠳᠠᠯ᠎ᠢ ᠠᠷᠭ᠋ᠠᠴᠠᠭ᠍ᠤ ᠠᠷᠭ᠎ᠠ ᠬᠡᠮᠵᠢᠶ᠎ᠡ ᠠᠪᠬᠤ ᠪᠦᠭᠡᠳ ᠰᠠᠭᠤᠭ᠎ᠠ ᠭᠠᠵᠠᠷ᠎ᠤᠨ ᠵᠶ᠋ᠠᠨ ᠠᠶ᠋ᠢᠮᠠᠭ᠎ᠤᠨ ᠵᠠᠬᠢᠷᠭ᠎ᠠ᠂ ᠲᠤᠭᠤᠷᠢᠭ᠎ᠲᠠᠢ ᠬᠤᠲᠠ ᠪᠤᠯᠤᠨ ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠤᠷᠳᠤᠨ᠎ᠳᠤ ᠮᠡᠳᠡᠭᠦᠯᠬᠦ ᠵᠢᠨ ᠬᠠᠮᠲᠦ ᠨᠡᠶ᠋ᠢᠭᠡᠮ᠎ᠳᠤ ᠨᠡᠶ᠋ᠢᠲᠡᠯᠡᠬᠦ ᠬᠡᠷᠡᠭᠲᠠᠢ; ᠬᠤᠯᠪᠤᠭᠳᠠᠯ ᠪᠦᠬᠦᠢ ᠠᠵᠦ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠪᠤᠯᠤᠨ ᠪᠤᠰᠤᠳ ᠡᠵᠡᠩᠨᠡᠭᠴᠢ ᠲᠠᠷᠤᠢ ᠲᠦᠷᠭᠡᠨ ᠪᠠᠴᠢᠮ ᠪᠠᠶ᠋ᠢᠳᠠᠯ᠎ᠢ ᠠᠷᠭ᠋ᠠᠴᠠᠭ᠍ᠤ ᠠᠷᠭ᠎ᠠ ᠬᠡᠮᠵᠢᠶ᠎ᠡ ᠠᠪᠬᠤ ᠪᠦᠭᠡᠳ ᠰᠠᠭᠤᠭ᠎ᠠ ᠭᠠᠵᠠᠷ᠎ᠤᠨ ᠵᠶ᠋ᠠᠨ ᠠᠷᠠᠳ᠎ᠤᠨ ᠵᠠᠰᠠᠭ᠎ᠤᠨ ᠤᠷᠳᠤᠨ ᠵᠢᠴᠢ ᠤᠷᠴᠢᠨ ᠲᠤᠭᠤᠷᠢᠨ᠎ᠤ ᠬᠠᠮᠠᠭ᠋ᠠᠯᠠᠯᠲᠠ ᠪᠤᠯᠤᠨ ᠤᠤᠭᠤᠬᠤ ᠤᠰᠤ ᠬᠠᠩᠭ᠋ᠠᠬᠤ ᠠᠵᠢᠯ᠎ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠴᠠᠭ ᠲᠤᠬᠠᠢᠳᠤᠨᠢ ᠮᠡᠳᠡᠭᠳᠡᠬᠦ ᠬᠡᠷᠡᠭᠲᠠᠢ; ᠤᠤᠭᠤᠬᠤ ᠤᠰᠤ ᠬᠠᠩᠭ᠋ᠠᠬᠤ ᠠᠵᠢᠯ᠎ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠤᠯᠪᠤᠭᠳᠠᠯ ᠪᠦᠬᠦᠢ ᠤᠰᠤ ᠠᠪᠬᠤ ᠨᠢᠭᠡᠴᠢ ᠪᠤᠯᠤᠨ ᠲᠤᠬᠠᠢ ᠵᠢᠨ ᠭᠠᠵᠠᠷ᠎ᠤᠨ ᠰᠠᠭᠤᠭ᠋ᠠᠯᠢ ᠠᠷᠠᠳ᠎ᠲᠤ ᠮᠡᠳᠡᠭᠳᠡᠵᠦ᠂ ᠪᠤᠬᠢᠷᠳᠤᠯ᠎ᠲᠠᠢ ᠤᠰᠤ ᠵᠢ ᠤᠰᠤ ᠬᠡᠷᠡᠭᠯᠡᠭᠴᠢ ᠡᠷᠦᠬᠡ ᠵᠢᠨ᠎ᠳᠤ ᠤᠷᠤᠬᠤ᠎ᠠᠴᠠ ᠵᠠᠶ᠋ᠢᠯᠠᠰᠬᠢᠬᠦ ᠬᠡᠷᠡᠭᠲᠠᠢ; ᠬᠤᠯᠪᠤᠭᠳᠠᠯ ᠪᠦᠬᠦᠢ ᠠᠷᠠᠳ᠎ᠤᠨ ᠵᠠᠰᠠᠭ᠎ᠤᠨ ᠤᠷᠳᠤᠨ ᠪᠠᠶ᠋ᠢᠳᠠᠯ᠎ᠢ ᠦᠨᠳᠦᠰᠦᠯᠡᠨ ᠪᠠᠴᠢᠮ ᠪᠠᠶ᠋ᠢᠳᠠᠯ᠎ᠢ ᠠᠷᠭ᠋ᠠᠴᠠᠭ᠍ᠤ ᠲᠦᠰᠦᠯ᠎ᠢ ᠴᠠᠭ ᠲᠤᠬᠠᠢᠳᠤᠨᠢ ᠡᠬᠢᠯᠡᠨ ᠬᠡᠷᠡᠭᠵᠢᠬᠦᠯᠵᠦ᠂ ᠪᠦᠲᠦᠮᠵᠢ᠎ᠲᠠᠢ ᠠᠷᠭ᠎ᠠ ᠬᠡᠮᠵᠢᠶ᠎ᠡ ᠠᠪᠴᠤ᠂ ᠤᠰᠤᠨ᠎ᠤ ᠬᠠᠩᠭ᠋ᠠᠯᠭ᠎ᠠ ᠵᠢᠨ ᠠᠶᠤᠯᠭᠦᠢ ᠵᠢ ᠪᠠᠲᠤᠯᠠᠭ᠍ᠤ ᠬᠡᠷᠡᠭᠲᠠᠢ᠃
ᠭᠤᠴᠢᠨ ᠵᠢᠷᠭᠤᠳᠤᠭ᠋ᠠᠷ ᠵᠦᠢ᠍ᠯ ᠤᠤᠭᠤᠬᠤ ᠤᠰᠤᠨ᠎ᠤ ᠰᠤᠷᠪᠤᠯᠵᠢ ᠵᠢᠨ ᠬᠠᠮᠢᠶᠠᠷᠤᠯᠲᠠ ᠵᠢᠨ ᠨᠢᠭᠡᠴᠢ ᠵᠢᠵᠢᠭᠦᠷᠯᠡᠵᠦ ᠲᠤᠭᠤᠷᠢᠨ ᠪᠠᠶ᠋ᠢᠴᠠᠭ᠋ᠠᠬᠤ ᠲᠦᠷᠢᠮ ᠲᠤᠭᠲᠠᠭ᠋ᠠᠵᠦ᠂ ᠬᠦᠮᠦᠨ ᠵᠤᠬᠢᠶᠠᠨ ᠪᠠᠶ᠋ᠢᠭᠤᠯᠵᠦ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠤᠷᠤᠨ᠎ᠤ ᠬᠤᠯᠪᠤᠭᠳᠠᠯ ᠪᠦᠬᠦᠢ ᠪᠡᠯᠡᠳᠭᠡᠮᠵᠢ ᠵᠢ ᠲᠤᠭᠤᠷᠢᠨ ᠪᠠᠶ᠋ᠢᠴᠠᠭ᠋ᠠᠬᠤ ᠪᠦᠭᠡᠳ ᠲᠤᠭᠤᠷᠢᠨ ᠪᠠᠶ᠋ᠢᠴᠠᠭ᠋ᠠᠭᠰᠠᠨ ᠲᠡᠮᠳᠡᠭᠯᠡᠯ᠎ᠢ ᠰᠠᠶ᠋ᠢᠲᠤᠷ ᠬᠢᠬᠦ ᠬᠡᠷᠡᠭᠲᠠᠢ᠃ ᠲᠤᠭᠤᠷᠢᠨ ᠪᠠᠶ᠋ᠢᠴᠠᠭ᠋ᠠᠬᠤ ᠶᠠᠪᠤᠴᠠ᠎ᠳᠤ ᠤᠤᠭᠤᠬᠤ ᠤᠰᠤᠨ᠎ᠤ ᠰᠤᠷᠪᠤᠯᠵᠢ ᠵᠢ ᠪᠤᠬᠢᠷᠳᠤᠭᠤᠯᠵᠦ ᠮᠡᠳᠡᠬᠦ ᠦᠢ᠍ᠯᠡ ᠠᠵᠢᠯᠯᠠᠭ᠎ᠠ ᠵᠢ ᠤᠯᠵᠦ ᠮᠡᠳᠡᠪᠡᠯ ᠴᠠᠭ ᠲᠤᠬᠠᠢᠳᠤᠨᠢ ᠬᠤᠷᠢᠬᠯᠠᠨ ᠵᠤᠬᠰᠤᠭ᠋ᠠᠬᠤ ᠪᠦᠭᠡᠳ ᠰᠠᠭᠤᠭ᠎ᠠ ᠭᠠᠵᠠᠷ᠎ᠤᠨ ᠵᠶ᠋ᠠᠨ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠎ᠲᠤ ᠮᠡᠳᠡᠭᠦᠯᠬᠦ ᠬᠡᠷᠡᠭᠲᠠᠢ᠃
ᠭᠤᠴᠢᠨ ᠲᠤᠯᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠷᠴᠢᠨ ᠲᠤᠭᠤᠷᠢᠨ᠎ᠤ ᠬᠠᠮᠠᠭ᠋ᠠᠯᠠᠯᠲᠠ᠂ ᠤᠰᠤᠨ᠎ᠤ ᠵᠠᠰᠠᠭ ᠵᠠᠬᠢᠷᠭ᠎ᠠ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠨᠡᠶ᠋ᠢᠲᠡᠯᠡᠵᠦ᠂ ᠡᠷᠬᠡᠲᠦ ᠠᠷᠠᠳ᠂ ᠬᠠᠤᠯᠢ ᠵᠢᠨ ᠡᠷᠬᠡᠲᠡᠨ ᠪᠤᠯᠤᠨ ᠪᠤᠰᠤᠳ ᠵᠤᠬᠢᠶᠠᠨ ᠪᠠᠶ᠋ᠢᠭᠤᠯᠤᠯᠲᠠ᠎ᠠᠴᠠ ᠤᠤᠭᠤᠬᠤ ᠤᠰᠤᠨ᠎ᠤ ᠰᠤᠷᠪᠤᠯᠵᠢ ᠵᠢ ᠪᠤᠬᠢᠷᠳᠤᠭᠤᠯᠤᠭᠰᠠᠨ᠂ ᠤᠤᠭᠤᠬᠤ ᠤᠰᠤᠨ᠎ᠤ ᠰᠤᠷᠪᠤᠯᠵᠢ ᠵᠢ ᠬᠠᠮᠠᠭ᠋ᠠᠯᠠᠭ᠍ᠤ ᠪᠡᠯᠡᠳᠭᠡᠮᠵᠢ ᠵᠢ ᠡᠪᠳᠡᠯᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠦᠭᠰᠡᠨ ᠶᠠᠪᠤᠳᠠᠯ᠎ᠢ ᠰᠢᠢ᠍ᠳᠪᠤᠷᠢᠯᠡᠬᠦ᠎ᠪᠠᠷ ᠬᠦᠯᠢᠶᠡᠨ ᠠᠪᠬᠤ ᠪᠦᠭᠡᠳ ᠬᠠᠤᠯᠢ ᠵᠢ ᠵᠦᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠤᠰᠤᠭ᠋ᠠᠷ ᠪᠠᠶ᠋ᠢᠴᠠᠭ᠋ᠠᠨ ᠰᠢᠢ᠍ᠳᠭᠡᠬᠦ ᠬᠡᠷᠡᠭᠲᠠᠢ; ᠲᠤᠰ ᠰᠠᠯᠠᠭ᠎ᠠ ᠮᠦᠴᠢᠷ᠎ᠤᠨ ᠲᠤᠰᠢᠶᠠᠯ ᠬᠠᠷᠢᠭᠤᠴᠠᠯᠭ᠎ᠠ ᠵᠢᠨ ᠬᠡᠪᠴᠢᠶᠡᠨ᠎ᠳᠤ ᠬᠠᠷᠢᠶᠠᠯᠠᠭᠳᠠᠭ᠍ᠤ ᠦᠭᠡᠢ ᠪᠤᠯ ᠴᠠᠭ ᠲᠤᠬᠠᠢᠳᠤᠨᠢ ᠬᠤᠯᠪᠤᠭᠳᠠᠯ ᠪᠦᠬᠦᠢ ᠰᠠᠯᠠᠭ᠎ᠠ ᠮᠦᠴᠢᠷ᠎ᠲᠤ ᠰᠢᠯᠵᠢᠭᠦᠯᠦᠨ ᠦᠭᠴᠤ ᠬᠠᠤᠯᠢ ᠶᠤᠰᠤᠭ᠋ᠠᠷ ᠪᠠᠶ᠋ᠢᠴᠠᠭ᠋ᠠᠨ ᠰᠢᠢ᠍ᠳᠭᠡᠭᠦᠯᠬᠦ ᠬᠡᠷᠡᠭᠲᠠᠢ᠃
ᠲᠠᠪᠤᠳᠤᠭ᠋ᠠᠷ ᠪᠦᠯᠦᠭ ᠬᠠᠤᠯᠢ ᠴᠠᠭ᠋ᠠᠵᠠ ᠵᠢᠨ ᠬᠠᠷᠢᠭᠤᠴᠠᠯᠭ᠎ᠠ
ᠭᠤᠴᠢᠨ ᠨᠠᠢ᠍ᠮᠠᠳᠤᠭ᠋ᠠᠷ ᠵᠦᠢ᠍ᠯ ᠲᠤᠰ ᠲᠦᠷᠢᠮ᠎ᠤᠨ ᠲᠤᠭᠲᠠᠭ᠋ᠠᠯ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ ᠵᠢᠨ ᠲᠤᠬᠠᠢ 《ᠪᠦᠭᠦᠳᠡ ᠨᠠᠶ᠋ᠢᠷᠠᠮᠳᠠᠭ᠍ᠤ ᠳᠤᠮᠳᠠᠳᠦ ᠠᠷᠠᠳ ᠤᠯᠤᠰ᠎ᠤᠨ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠠᠤᠯᠢ》᠂ 《ᠪᠦᠭᠦᠳᠡ ᠨᠠᠶ᠋ᠢᠷᠠᠮᠳᠠᠭ᠍ᠤ ᠳᠤᠮᠳᠠᠳᠦ ᠠᠷᠠᠳ ᠤᠯᠤᠰ᠎ᠤᠨ ᠤᠰᠤᠨ᠎ᠤ ᠬᠠᠤᠯᠢ》᠂ 《ᠪᠦᠭᠦᠳᠡ ᠨᠠᠶ᠋ᠢᠷᠠᠮᠳᠠᠭ᠍ᠤ ᠳᠤᠮᠳᠠᠳᠦ ᠠᠷᠠᠳ ᠤᠯᠤᠰ᠎ᠤᠨ ᠤᠰᠤᠨ᠎ᠤ ᠪᠤᠬᠢᠷᠳᠤᠯ᠎ᠢ ᠰᠡᠷᠬᠡᠶ᠋ᠢᠯᠡᠨ ᠵᠠᠰᠠᠭ᠍ᠤ ᠬᠠᠤᠯᠢ》 ᠵᠡᠷᠭᠡ ᠤᠯᠤᠰ᠎ᠤᠨ ᠬᠤᠯᠪᠤᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠤᠭᠲᠠᠭ᠋ᠠᠯ᠎ᠳᠤ ᠪᠤᠲᠠᠲᠠᠢ ᠰᠢᠢ᠍ᠳᠭᠡᠵᠦ ᠲᠤᠷᠭ᠋ᠠᠬᠤ ᠲᠤᠭᠲᠠᠭ᠋ᠠᠯ ᠪᠠᠶ᠋ᠢᠪᠠᠯ ᠲᠡᠷᠡ ᠬᠦ᠌ ᠲᠤᠭᠲᠠᠭ᠋ᠠᠯ᠎ᠢ ᠲᠠᠭ᠋ᠠᠨ᠎ᠠ᠃
ᠭᠤᠴᠢ ᠶᠢᠰᠦᠳᠦᠭᠡᠷ ᠵᠦᠢ᠍ᠯ ᠲᠤᠰ ᠲᠦᠷᠢᠮ᠎ᠤᠨ ᠲᠤᠭᠲᠠᠭ᠋ᠠᠯ᠎ᠠᠴᠠ ᠵᠦᠷᠢᠴᠡᠵᠦ᠂ ᠤᠤᠭᠤᠬᠤ ᠤᠰᠤᠨ᠎ᠤ ᠰᠤᠷᠪᠤᠯᠵᠢ ᠵᠢᠨ ᠨᠢᠭᠡᠳᠦᠭᠡᠷ ᠲᠡᠰ᠂ ᠬᠤᠶᠠᠳᠤᠭ᠋ᠠᠷ ᠲᠡᠰ᠎ᠤᠨ ᠬᠠᠮᠠᠭ᠋ᠠᠯᠠᠯᠲᠠ ᠵᠢᠨ ᠤᠷᠤᠨ ᠵᠢᠴᠢ ᠲᠡᠰᠯᠡᠭᠴᠢ ᠤᠷᠤᠨ᠎ᠳᠤ ᠲᠤᠤᠷᠠᠬᠢ ᠦᠢ᠍ᠯᠡ ᠠᠵᠢᠯᠯᠠᠭ᠎ᠠ᠎ᠨᠤᠭᠤᠳ᠎ᠤᠨ ᠨᠢᠭᠡ ᠵᠢ ᠬᠢᠭᠰᠡᠨ ᠪᠠᠶ᠋ᠢᠪᠠᠯ ᠬᠤᠰᠢᠭᠤ ᠰᠢᠶᠠᠨ᠎ᠤ ᠱᠠᠲᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠤᠯᠪᠤᠭᠳᠠᠯ ᠪᠦᠬᠦᠢ ᠰᠠᠯᠠᠭ᠎ᠠ ᠮᠦᠴᠢᠷ᠎ᠲᠠᠢ ᠬᠠᠮᠲᠤᠷᠠᠨ ᠵᠠᠷᠯᠢᠬᠳᠠᠵᠦ ᠪᠠᠶ᠋ᠢᠭ᠋ᠠᠳ ᠵᠠᠯᠠᠷᠠᠭᠤᠯᠵᠦ᠂ ᠬᠠᠤᠯᠢ᠎ᠠᠴᠠ ᠵᠦᠷᠢᠴᠡᠭᠰᠡᠨ ᠤᠯᠵᠠ ᠵᠢ᠎ᠨᠢ ᠬᠤᠷᠢᠶᠠᠨ ᠠᠪᠬᠤ ᠪᠦᠭᠡᠳ ᠵᠤᠭᠤᠰ ᠵᠶ᠋ᠠᠷ ᠲᠤᠷᠭ᠋ᠠᠨ᠎ᠠ; ᠶᠠᠯᠠᠳᠤ ᠬᠦᠷᠦᠭᠰᠡᠨ ᠪᠠᠶ᠋ᠢᠪᠠᠯ ᠬᠠᠤᠯᠢ ᠶᠤᠰᠤᠭ᠋ᠠᠷ ᠡᠷᠡᠭᠦᠦ ᠵᠢᠨ ᠬᠡᠷᠡᠭ᠎ᠤᠨ ᠬᠠᠷᠢᠭᠤᠴᠠᠯᠭ᠎ᠠ ᠨᠡᠬᠡᠮᠵᠢᠯᠡᠨ᠎ᠡ᠄
(ᠨᠢᠭᠡ) ᠤᠤᠭᠤᠬᠤ ᠤᠰᠤᠨ᠎ᠤ ᠰᠤᠷᠪᠤᠯᠵᠢ ᠵᠢᠨ ᠤᠰᠤᠨ᠎ᠤ ᠴᠢᠨᠠᠷ ᠪᠤᠯᠤᠨ ᠤᠰᠤᠨ᠎ᠤ ᠬᠡᠮᠵᠢᠶ᠎ᠡ ᠵᠢ ᠰᠦᠷᠡᠬᠡᠢ ᠨᠦᠯᠦᠭᠡᠯᠡᠵᠦ ᠮᠡᠳᠡᠬᠦ ᠠᠭᠤᠷᠬᠠᠢ ᠵᠢᠨ ᠭᠠᠷᠤᠯᠲᠠ ᠬᠠᠶ᠋ᠢᠨ ᠪᠠᠶ᠋ᠢᠴᠠᠭ᠋ᠠᠬᠤ᠂ ᠰᠤᠩᠭᠤᠨ ᠠᠪᠬᠤ ᠵᠡᠷᠭᠡ ᠠᠵᠢᠯᠯᠠᠭ᠎ᠠ ᠬᠢᠭᠰᠡᠨ ᠪᠠᠶ᠋ᠢᠪᠠᠯ 10 ᠲᠦᠮᠡᠨ ᠲᠦᠭᠦᠷᠢᠭ᠎ᠠᠴᠠ ᠲᠡᠭᠡᠭᠰᠢ 50 ᠲᠦᠮᠡᠨ ᠲᠦᠭᠦᠷᠢᠭ᠎ᠠᠴᠠ ᠲᠤᠷᠤᠭᠰᠢ ᠵᠤᠭᠤᠰ ᠵᠶ᠋ᠠᠷ ᠲᠤᠷᠭ᠋ᠠᠨ᠎ᠠ;
(ᠬᠤᠶᠠᠷ) ᠠᠵᠦ ᠦᠢ᠍ᠯᠡᠳᠪᠤᠷᠢ ᠵᠢᠨ ᠬᠠᠶᠠᠭᠳᠠᠮᠠᠯ ᠰᠢᠭ᠋ᠠᠷᠤ᠂ ᠬᠤᠭ ᠨᠤᠪᠰᠢ ᠴᠢᠳᠬᠤᠵᠦ᠂ ᠤᠪᠤᠭ᠋ᠠᠯᠠᠭᠰᠠᠨ ᠪᠠᠶ᠋ᠢᠪᠠᠯ 5 ᠲᠦᠮᠡᠨ ᠲᠦᠭᠦᠷᠢᠭ᠎ᠠᠴᠠ ᠲᠡᠭᠡᠭᠰᠢ 20 ᠲᠦᠮᠡᠨ ᠲᠦᠭᠦᠷᠢᠭ᠎ᠠᠴᠠ ᠲᠤᠷᠤᠭᠰᠢ ᠵᠤᠭᠤᠰ ᠵᠶ᠋ᠠᠷ ᠲᠤᠷᠭ᠋ᠠᠨ᠎ᠠ; ᠪᠠᠭ᠋ᠠᠰᠦ ᠴᠢᠳᠬᠤᠵᠦ᠂ ᠤᠪᠤᠭ᠋ᠠᠯᠠᠭᠰᠠᠨ ᠪᠠᠶ᠋ᠢᠪᠠᠯ 500 ᠲᠦᠭᠦᠷᠢᠭ᠎ᠠᠴᠠ ᠲᠡᠭᠡᠭᠰᠢ 5000 ᠲᠦᠮᠡᠨ ᠲᠦᠭᠦᠷᠢᠭ᠎ᠠᠴᠠ ᠲᠤᠷᠤᠭᠰᠢ ᠵᠤᠭᠤᠰ ᠵᠶ᠋ᠠᠷ ᠲᠤᠷᠭ᠋ᠠᠨ᠎ᠠ;
(ᠭᠤᠷᠪᠠ) ᠤᠰᠤᠨ᠎ᠤ ᠰᠤᠷᠪᠤᠯᠵᠢ ᠵᠢ ᠬᠠᠮᠠᠭ᠋ᠠᠯᠠᠭ᠍ᠤ ᠤᠢ᠂ ᠡᠷᠬᠢ ᠵᠢ ᠬᠠᠮᠠᠭ᠋ᠠᠯᠠᠭ᠍ᠤ ᠤᠢ ᠵᠢᠴᠢ ᠤᠰᠤᠨ᠎ᠤ ᠰᠤᠷᠪᠤᠯᠵᠢ ᠵᠢ ᠬᠠᠮᠠᠭ᠋ᠠᠯᠠᠭ᠍ᠤ ᠬᠤᠯᠪᠤᠭᠳᠠᠯ ᠪᠦᠬᠦᠢ ᠤᠷᠭᠤᠮᠠᠯ᠎ᠤᠨ ᠪᠦᠷᠬᠦᠴᠡ ᠵᠢ ᠡᠪᠳᠡᠯᠡᠭᠰᠡᠨ ᠪᠠᠶ᠋ᠢᠪᠠᠯ 1 ᠲᠦᠮᠡᠨ ᠲᠦᠭᠦᠷᠢᠭ᠎ᠠᠴᠠ ᠲᠡᠭᠡᠭᠰᠢ 5 ᠲᠦᠮᠡᠨ ᠲᠦᠭᠦᠷᠢᠭ᠎ᠠᠴᠠ ᠲᠤᠷᠤᠭᠰᠢ ᠵᠤᠭᠤᠰ ᠵᠶ᠋ᠠᠷ ᠲᠤᠷᠭ᠋ᠠᠨ᠎ᠠ;
(ᠲᠦᠷᠪᠡ) ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠤᠷᠤᠨ᠎ᠤ ᠭᠠᠵᠠᠷ ᠵᠦᠢ ᠵᠢᠨ ᠵᠠᠭ᠋ᠠᠭ ᠲᠡᠮᠳᠡᠭ᠂ ᠰᠡᠷᠡᠮᠵᠢ ᠵᠢᠨ ᠲᠡᠮᠳᠡᠭ ᠪᠤᠯᠤᠨ ᠲᠤᠰᠠᠭ᠋ᠠᠷᠯᠠᠵᠦ ᠬᠠᠮᠠᠭ᠋ᠠᠯᠠᠭ᠍ᠤ ᠪᠡᠯᠡᠳᠭᠡᠮᠵᠢ ᠵᠢ ᠲᠤᠷ᠎ᠠ᠎ᠪᠠᠷ ᠵᠶ᠋ᠠᠨ ᠬᠤᠪᠢᠷᠠᠭᠤᠯᠤᠭᠰᠠᠨ᠂ ᠡᠪᠳᠡᠭᠰᠡᠨ ᠪᠠᠶ᠋ᠢᠪᠠᠯ 1000 ᠲᠦᠭᠦᠷᠢᠭ᠎ᠠᠴᠠ ᠲᠡᠭᠡᠭᠰᠢ 5000 ᠲᠦᠮᠡᠨ ᠲᠦᠭᠦᠷᠢᠭ᠎ᠠᠴᠠ ᠲᠤᠷᠤᠭᠰᠢ ᠵᠤᠭᠤᠰ ᠵᠶ᠋ᠠᠷ ᠲᠤᠷᠭ᠋ᠠᠨ᠎ᠠ᠃
ᠲᠦᠴᠢᠳᠦᠭᠡᠷ ᠵᠦᠢ᠍ᠯ ᠲᠤᠰ ᠲᠦᠷᠢᠮ᠎ᠤᠨ ᠲᠤᠭᠲᠠᠭ᠋ᠠᠯ᠎ᠠᠴᠠ ᠵᠦᠷᠢᠴᠡᠵᠦ᠂ ᠤᠤᠭᠤᠬᠤ ᠤᠰᠤᠨ᠎ᠤ ᠰᠤᠷᠪᠤᠯᠵᠢ ᠵᠢᠨ ᠨᠢᠭᠡᠳᠦᠭᠡᠷ ᠲᠡᠰ᠂ ᠬᠤᠶᠠᠳᠤᠭ᠋ᠠᠷ ᠲᠡᠰ᠎ᠤᠨ ᠬᠠᠮᠠᠭ᠋ᠠᠯᠠᠯᠲᠠ ᠵᠢᠨ ᠤᠷᠤᠨ᠎ᠳᠤ ᠲᠤᠤᠷᠠᠬᠢ ᠦᠢ᠍ᠯᠡ ᠠᠵᠢᠯᠯᠠᠭ᠎ᠠ᠎ᠨᠤᠭᠤᠳ᠎ᠤᠨ ᠨᠢᠭᠡ ᠵᠢ ᠬᠢᠭᠰᠡᠨ ᠪᠠᠶ᠋ᠢᠪᠠᠯ ᠬᠤᠰᠢᠭᠤ ᠰᠢᠶᠠᠨ᠎ᠤ ᠱᠠᠲᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠤᠯᠪᠤᠭᠳᠠᠯ ᠪᠦᠬᠦᠢ ᠰᠠᠯᠠᠭ᠎ᠠ ᠮᠦᠴᠢᠷ᠎ᠲᠠᠢ ᠬᠠᠮᠲᠤᠷᠠᠨ ᠵᠠᠷᠯᠢᠬᠳᠠᠵᠦ ᠪᠠᠶ᠋ᠢᠭ᠋ᠠᠳ ᠵᠠᠯᠠᠷᠠᠭᠤᠯᠵᠦ᠂ ᠬᠠᠤᠯᠢ᠎ᠠᠴᠠ ᠵᠦᠷᠢᠴᠡᠭᠰᠡᠨ ᠤᠯᠵᠠ ᠵᠢ᠎ᠨᠢ ᠬᠤᠷᠢᠶᠠᠨ ᠠᠪᠬᠤ ᠪᠦᠭᠡᠳ ᠵᠤᠭᠤᠰ ᠵᠶ᠋ᠠᠷ ᠲᠤᠷᠭ᠋ᠠᠨ᠎ᠠ; ᠶᠠᠯᠠᠳᠤ ᠬᠦᠷᠦᠭᠰᠡᠨ ᠪᠠᠶ᠋ᠢᠪᠠᠯ ᠬᠠᠤᠯᠢ ᠶᠤᠰᠤᠭ᠋ᠠᠷ ᠡᠷᠡᠭᠦᠦ ᠵᠢᠨ ᠬᠡᠷᠡᠭ᠎ᠤᠨ ᠬᠠᠷᠢᠭᠤᠴᠠᠯᠭ᠎ᠠ ᠨᠡᠬᠡᠮᠵᠢᠯᠡᠨ᠎ᠡ᠄
(ᠨᠢᠭᠡ) ᠤᠰᠤᠨ᠎ᠤ ᠰᠤᠷᠪᠤᠯᠵᠢ ᠵᠢ ᠨᠦᠬᠦᠪᠤᠷᠢᠯᠡᠬᠦ ᠵᠢ ᠨᠦᠯᠦᠭᠡᠯᠡᠬᠦ ᠠᠵᠢᠯᠯᠠᠭ᠎ᠠ ᠪᠠ ᠤᠤᠭᠤᠬᠤ ᠤᠰᠤ ᠬᠠᠩᠭ᠋ᠠᠬᠤ᠎ᠲᠠᠢ ᠡᠰᠡ ᠬᠤᠯᠪᠤᠭᠳᠠᠭ᠍ᠤ ᠠᠵᠢᠯᠯᠠᠭ᠎ᠠ ᠬᠢᠭᠰᠡᠨ ᠪᠠᠶ᠋ᠢᠪᠠᠯ 10 ᠲᠦᠮᠡᠨ ᠲᠦᠭᠦᠷᠢᠭ᠎ᠠᠴᠠ ᠲᠡᠭᠡᠭᠰᠢ 50 ᠲᠦᠮᠡᠨ ᠲᠦᠭᠦᠷᠢᠭ᠎ᠠᠴᠠ ᠲᠤᠷᠤᠭᠰᠢ ᠵᠤᠭᠤᠰ ᠵᠶ᠋ᠠᠷ ᠲᠤᠷᠭ᠋ᠠᠨ᠎ᠠ;
(ᠬᠤᠶᠠᠷ) ᠲᠤᠰᠤᠨ᠎ᠤ ᠬᠦᠮᠦᠷᠭᠡ᠂ ᠲᠤᠰᠤ ᠨᠡᠮᠡᠬᠦ ᠦᠷᠲᠡᠭᠡ ᠰᠢᠨ᠎ᠡ᠎ᠪᠠᠷ ᠪᠠᠶ᠋ᠢᠭᠤᠯᠬᠤ᠂ ᠦᠷᠭᠡᠳᠭᠡᠨ ᠪᠠᠶ᠋ᠢᠭᠤᠯᠬᠤ ᠪᠤᠶᠤ ᠴᠢᠨᠳᠠᠷ ᠬᠠᠢ᠍ᠢ᠍ᠯᠤᠭᠤᠯᠬᠤ ᠭᠠᠵᠠᠷ᠂ ᠬᠡᠭᠦᠷ ᠤᠩᠭᠤᠨ ᠪᠠᠶ᠋ᠢᠭᠤᠯᠤᠭᠰᠠᠨ ᠪᠠᠶ᠋ᠢᠪᠠᠯ 5 ᠲᠦᠮᠡᠨ ᠲᠦᠭᠦᠷᠢᠭ᠎ᠠᠴᠠ ᠲᠡᠭᠡᠭᠰᠢ 20 ᠲᠦᠮᠡᠨ ᠲᠦᠭᠦᠷᠢᠭ᠎ᠠᠴᠠ ᠲᠤᠷᠤᠭᠰᠢ ᠵᠤᠭᠤᠰ ᠵᠶ᠋ᠠᠷ ᠲᠤᠷᠭ᠋ᠠᠨ᠎ᠠ;
(ᠭᠤᠷᠪᠠ) ᠮᠠᠯ ᠵᠢᠭᠦᠷᠲᠡᠨ᠎ᠤ ᠲᠡᠵᠢᠭᠡᠪᠦᠷᠢ ᠵᠢᠨ ᠲᠠᠯᠠᠪᠦᠷ᠂ ᠲᠡᠵᠢᠭᠡᠪᠦᠷᠢ ᠵᠢᠨ ᠵᠢᠵᠢᠭ ᠲᠤᠭᠤᠷᠢᠭ ᠭᠠᠷᠭ᠋ᠠᠭᠰᠠᠨ ᠪᠠᠶ᠋ᠢᠪᠠᠯ 10 ᠲᠦᠮᠡᠨ ᠲᠦᠭᠦᠷᠢᠭ᠎ᠠᠴᠠ ᠲᠡᠭᠡᠭᠰᠢ 50 ᠲᠦᠮᠡᠨ ᠲᠦᠭᠦᠷᠢᠭ᠎ᠠᠴᠠ ᠲᠤᠷᠤᠭᠰᠢ ᠵᠤᠭᠤᠰ ᠵᠶ᠋ᠠᠷ ᠲᠤᠷᠭ᠋ᠠᠨ᠎ᠠ;
(ᠲᠦᠷᠪᠡ) ᠴᠡᠪᠡᠷᠰᠢᠭᠦᠯᠦᠨ ᠰᠢᠢ᠍ᠳᠪᠤᠷᠢᠯᠡᠵᠦ ᠪᠠᠷᠢᠮᠵᠢᠶ᠎ᠠ᠎ᠳᠤ ᠬᠦᠷᠭᠡᠭᠰᠡᠨ ᠦᠭᠡᠢ ᠪᠤᠬᠢᠷᠳᠤᠯ᠎ᠲᠠᠢ ᠤᠰᠤ᠎ᠪᠠᠷ ᠲᠠᠷᠢᠶ᠎ᠠ ᠤᠰᠤᠯᠠᠭᠰᠠᠨ ᠪᠤᠶᠤ ᠲᠠᠷᠢᠶᠠᠨ ᠡᠮ᠂ ᠬᠢᠮᠢ ᠵᠢᠨ ᠪᠤᠷᠳᠤᠭᠤᠷ᠂ ᠹᠤᠰᠹᠤᠷ ᠠᠭᠤᠯᠤᠭᠰᠠᠨ ᠤᠬᠢᠶᠠᠭ᠍ᠤ ᠡᠳ᠋᠎ᠢ ᠪᠠᠷᠢᠮᠵᠢᠶ᠎ᠠ᠎ᠠᠴᠠ ᠬᠡᠲᠦᠷᠡᠭᠦᠯᠦᠨ ᠬᠡᠷᠡᠭᠯᠡᠭᠰᠡᠨ ᠪᠠᠶ᠋ᠢᠪᠠᠯ 2 ᠲᠦᠮᠡᠨ ᠲᠦᠭᠦᠷᠢᠭ᠎ᠠᠴᠠ ᠲᠡᠭᠡᠭᠰᠢ 10 ᠲᠦᠮᠡᠨ ᠲᠦᠭᠦᠷᠢᠭ᠎ᠠᠴᠠ ᠲᠤᠷᠤᠭᠰᠢ ᠵᠤᠭᠤᠰ ᠵᠶ᠋ᠠᠷ ᠲᠤᠷᠭ᠋ᠠᠨ᠎ᠠ;
(ᠲᠠᠪᠤ) ᠠᠮᠢᠲᠠᠨ᠎ᠤ ᠦᠬᠦᠳᠡᠯᠢ ᠭᠠᠵᠠᠷ ᠪᠤᠯᠠᠭᠰᠠᠨ᠂ ᠤᠷᠬᠢᠵᠦ ᠬᠠᠶᠠᠭᠰᠠᠨ ᠪᠠᠶ᠋ᠢᠪᠠᠯ 1000 ᠲᠦᠭᠦᠷᠢᠭ᠎ᠠᠴᠠ ᠲᠡᠭᠡᠭᠰᠢ 1 ᠲᠦᠮᠡᠨ ᠲᠦᠭᠦᠷᠢᠭ᠎ᠠᠴᠠ ᠲᠤᠷᠤᠭᠰᠢ ᠵᠤᠭᠤᠰ ᠵᠶ᠋ᠠᠷ ᠲᠤᠷᠭ᠋ᠠᠨ᠎ᠠ;
ᠲᠦᠴᠢᠨ ᠨᠢᠭᠡᠳᠦᠭᠡᠷ ᠵᠦᠢ᠍ᠯ ᠠᠵᠦ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠪᠤᠯᠤᠨ ᠪᠤᠰᠤᠳ ᠦᠢ᠍ᠯᠡᠳᠪᠤᠷᠢᠯᠡᠯ ᠡᠵᠡᠩᠨᠡᠯᠲᠡ ᠬᠢᠭᠰᠡᠳ ᠤᠤᠭᠤᠬᠤ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ ᠵᠢᠨ ᠤᠷᠤᠨ᠎ᠳᠤ ᠬᠠᠤᠯᠢ᠎ᠠᠴᠠ ᠵᠦᠷᠢᠴᠡᠨ ᠤᠰᠤ ᠪᠤᠬᠢᠷᠳᠤᠭᠤᠯᠬᠤ ᠪᠤᠳᠠᠰ ᠭᠠᠳᠠᠭᠰᠢᠯᠠᠭᠤᠯᠵᠦ᠂ ᠵᠤᠭᠤᠰ ᠵᠶ᠋ᠠᠷ ᠲᠤᠷᠭ᠋ᠠᠭᠳᠠᠭ᠍ᠤ ᠰᠢᠢ᠍ᠳᠭᠡᠯ ᠤᠯᠵᠦ᠂ ᠵᠠᠷᠯᠢᠬᠳᠠᠭᠤᠯᠤᠨ ᠵᠠᠯᠠᠷᠠᠭᠤᠯᠬᠤ᠎ᠪᠠᠷ ᠪᠤᠯᠤᠭᠰᠠᠨ ᠪᠠᠶ᠋ᠢᠪᠠᠯ ᠬᠠᠤᠯᠢ ᠶᠤᠰᠤᠭ᠋ᠠᠷ ᠰᠢᠢ᠍ᠳᠭᠡᠵᠦ ᠲᠤᠷᠭ᠋ᠠᠬᠤ ᠲᠤᠭᠲᠠᠭ᠋ᠠᠯ ᠭᠠᠷᠭ᠋ᠠᠭᠰᠠᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠲᠠᠬᠢᠨ ᠪᠠᠶ᠋ᠢᠴᠠᠭ᠋ᠠᠬᠤ ᠠᠵᠢᠯ᠎ᠢ ᠵᠤᠬᠢᠶᠠᠨ ᠪᠠᠶ᠋ᠢᠭᠤᠯᠵᠦ᠂ ᠦᠷᠭᠦᠯᠵᠢᠯᠡᠨ ᠬᠠᠤᠯᠢ᠎ᠠᠴᠠ ᠵᠦᠷᠢᠴᠡᠨ ᠤᠰᠤ ᠪᠤᠬᠢᠷᠳᠤᠭᠤᠯᠬᠤ ᠪᠤᠳᠠᠰ ᠭᠠᠳᠠᠭᠰᠢᠯᠠᠭᠤᠯᠬᠤ ᠪᠤᠶᠤ ᠲᠠᠬᠢᠨ ᠪᠠᠶ᠋ᠢᠴᠠᠭ᠋ᠠᠬᠤ ᠵᠢ ᠲᠡᠪᠴᠢᠵᠦ᠂ ᠬᠠᠷᠰᠢᠯᠠᠭᠰᠠᠨ ᠪᠠᠶ᠋ᠢᠪᠠᠯ 《ᠪᠦᠭᠦᠳᠡ ᠨᠠᠶ᠋ᠢᠷᠠᠮᠳᠠᠭ᠍ᠤ ᠳᠤᠮᠳᠠᠳᠦ ᠠᠷᠠᠳ ᠤᠯᠤᠰ᠎ᠤᠨ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠠᠤᠯᠢ》 ᠵᠢᠨ ᠲᠤᠭᠲᠠᠭ᠋ᠠᠯ ᠵᠶ᠋ᠠᠷ ᠡᠳᠦᠷ ᠵᠶ᠋ᠠᠷ ᠪᠤᠳᠤᠵᠦ ᠵᠠᠯᠭ᠋ᠠᠪᠡᠷ ᠰᠢᠢ᠍ᠳᠭᠡᠵᠦ ᠲᠤᠷᠭ᠋ᠠᠨ᠎ᠠ᠃
ᠲᠦᠴᠢᠨ ᠬᠤᠶᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠲᠡᠭᠡᠭᠰᠢᠬᠢ ᠠᠷᠠᠳ᠎ᠤᠨ ᠵᠠᠰᠠᠭ᠎ᠤᠨ ᠤᠷᠳᠤᠨ᠎ᠤ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ ᠵᠢᠴᠢ ᠲᠡᠭᠦᠨ᠎ᠤ ᠠᠵᠢᠯᠲᠠᠨ ᠲᠤᠰ ᠲᠦᠷᠢᠮ᠎ᠤᠨ ᠲᠤᠭᠲᠠᠭ᠋ᠠᠯ᠎ᠠᠴᠠ ᠵᠦᠷᠢᠴᠡᠵᠦ᠂ ᠲᠤᠤᠷᠠᠬᠢ ᠦᠢ᠍ᠯᠡ ᠠᠵᠢᠯᠯᠠᠭ᠎ᠠ᠎ᠨᠤᠭᠤᠳ᠎ᠤᠨ ᠨᠢᠭᠡ ᠵᠢ ᠬᠢᠭᠰᠡᠨ ᠪᠠᠶ᠋ᠢᠪᠠᠯ ᠰᠢᠭᠤᠳ ᠬᠠᠷᠢᠭᠤᠴᠠᠯᠭ᠎ᠠ᠎ᠲᠠᠢ ᠭᠤᠤᠯᠯᠠᠨ ᠬᠠᠮᠢᠶᠠᠷᠬᠤ ᠬᠦᠮᠦᠨ ᠪᠤᠯᠤᠨ ᠪᠤᠰᠤᠳ ᠰᠢᠭᠤᠳ ᠬᠠᠷᠢᠭᠤᠴᠠᠯᠭ᠎ᠠ᠎ᠲᠠᠢ ᠬᠦᠮᠦᠨ᠎ᠳᠤ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠰᠢᠢ᠍ᠳᠭᠡᠯ ᠦᠭᠭᠦᠨ᠎ᠡ; ᠶᠠᠯ᠎ᠠ ᠬᠢᠭᠰᠡᠨ ᠬᠡᠮᠵᠢᠶᠡᠨ᠎ᠳᠤ ᠬᠦᠷᠦᠭᠰᠡᠨ ᠪᠠᠶ᠋ᠢᠪᠠᠯ ᠬᠠᠤᠯᠢ ᠶᠤᠰᠤᠭ᠋ᠠᠷ ᠡᠷᠡᠭᠦᠦ ᠵᠢᠨ ᠬᠡᠷᠡᠭ᠎ᠤᠨ ᠬᠠᠷᠢᠭᠤᠴᠠᠯᠭ᠎ᠠ ᠨᠡᠬᠡᠮᠵᠢᠯᠡᠨ᠎ᠡ᠄
(ᠨᠢᠭᠡ) ᠤᠤᠭᠤᠬᠤ ᠤᠰᠤᠨ᠎ᠤ ᠰᠤᠷᠪᠤᠯᠵᠢ᠎ᠳᠤ ᠬᠠᠤᠯᠢ ᠶᠤᠰᠤᠭ᠋ᠠᠷ ᠤᠰᠤᠨ᠎ᠤ ᠴᠢᠨᠠᠷ᠂ ᠤᠰᠤᠨ᠎ᠤ ᠬᠡᠮᠵᠢᠶ᠎ᠡ ᠵᠢᠨ ᠬᠢᠨᠠᠨ ᠰᠢᠯᠭ᠋ᠠᠯᠲᠠ ᠬᠢᠭᠰᠡᠨ ᠦᠭᠡᠢ;
(ᠬᠤᠶᠠᠷ) ᠤᠤᠭᠤᠬᠤ ᠤᠰᠤᠨ᠎ᠤ ᠰᠤᠷᠪᠤᠯᠵᠢ ᠵᠢ ᠪᠤᠬᠢᠷᠳᠤᠭᠤᠯᠤᠭᠰᠠᠨ᠂ ᠤᠤᠭᠤᠬᠤ ᠤᠰᠤᠨ᠎ᠤ ᠰᠤᠷᠪᠤᠯᠵᠢ ᠵᠢ ᠬᠠᠮᠠᠭ᠋ᠠᠯᠠᠭ᠍ᠤ ᠪᠡᠯᠡᠳᠭᠡᠮᠵᠢ ᠵᠢ ᠡᠪᠳᠡᠯᠡᠭᠰᠡᠨ ᠬᠠᠤᠯᠢ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ ᠵᠢ ᠤᠯᠵᠦ ᠮᠡᠳᠡᠭᠰᠡᠨ ᠪᠤᠶᠤ ᠬᠠᠤᠯᠢ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ ᠵᠢᠨ ᠲᠤᠬᠠᠢ ᠵᠠᠭ᠋ᠠᠯᠳᠤᠯᠭ᠎ᠠ ᠵᠢ ᠬᠦᠯᠢᠶᠡᠨ ᠠᠪᠤᠭᠰᠠᠨ᠎ᠤ ᠳᠠᠷᠠᠭ᠎ᠠ ᠴᠠᠭ ᠲᠤᠬᠠᠢᠳᠤᠨᠢ ᠪᠠᠶ᠋ᠢᠴᠠᠭ᠋ᠠᠨ ᠰᠢᠢ᠍ᠳᠪᠤᠷᠢᠯᠡᠭᠰᠡᠨ ᠦᠭᠡᠢ;
(ᠭᠤᠷᠪᠠ) ᠤᠤᠭᠤᠬᠤ ᠤᠰᠤᠨ᠎ᠤ ᠰᠤᠷᠪᠤᠯᠵᠢ ᠵᠢ ᠪᠤᠬᠢᠷᠳᠤᠭᠤᠯᠤᠭᠰᠠᠨ ᠡᠨᠳᠡᠯ ᠪᠤᠶᠤ ᠲᠡᠯᠳᠠ ᠭᠡᠮ᠎ᠤᠨ ᠲᠤᠬᠠᠢ ᠮᠡᠳᠡᠭᠦᠯᠦᠯᠲᠡ ᠲᠤᠰᠴᠤ ᠠᠪᠤᠭ᠋ᠠᠳ ᠴᠠᠭ ᠲᠤᠬᠠᠢᠳᠤᠨᠢ ᠠᠷᠭ᠋ᠠᠴᠠᠭ᠍ᠤ ᠠᠷᠭ᠎ᠠ ᠬᠡᠮᠵᠢᠶ᠎ᠡ ᠠᠪᠤᠭᠰᠠᠨ ᠦᠭᠡᠢ;
(ᠲᠦᠷᠪᠡ) ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠵᠦᠪᠰᠢᠶᠡᠷᠡᠯ ᠭᠠᠷᠭ᠋ᠠᠭᠰᠠᠨ ᠦᠭᠡᠢ ᠪᠤᠶᠤ ᠵᠦᠪᠰᠢᠶᠡᠷᠡᠭᠰᠡᠨ ᠪᠢᠴᠢᠭ ᠮᠠᠲᠸᠷᠢᠶᠠᠯ ᠭᠠᠷᠭ᠋ᠠᠭᠰᠠᠨ ᠦᠭᠡᠢ;
(ᠲᠠᠪᠤ) ᠡᠷᠬᠡ ᠲᠤᠰᠢᠶᠡᠯ ᠵᠶ᠋ᠠᠨ ᠲᠤᠷ᠎ᠠ᠎ᠪᠠᠷ ᠵᠶ᠋ᠠᠨ ᠬᠡᠷᠡᠭᠯᠡᠭᠰᠡᠨ᠂ ᠠᠯᠪᠠᠨ ᠲᠤᠰᠢᠶᠠᠯ᠎ᠳᠠᠭᠠᠨ ᠠᠯᠮᠠᠶ᠋ᠢᠷᠠᠨ ᠤᠰᠤᠯᠳᠠᠭᠰᠠᠨ᠂ ᠬᠤᠪᠢ᠎ᠪᠠᠨ ᠪᠤᠳᠤᠵᠦ ᠬᠠᠤᠯᠢ ᠵᠦᠷᠢᠴᠡᠭᠰᠡᠨ ᠪᠤᠰᠤᠳ ᠦᠢ᠍ᠯᠡ ᠠᠵᠢᠯᠯᠠᠭ᠎ᠠ᠃
ᠵᠢᠷᠭᠤᠳᠤᠭ᠋ᠠᠷ ᠪᠦᠯᠦᠭ ᠲᠠᠭ᠋ᠠᠯᠳᠤᠭᠤᠯᠤᠭᠰᠠᠨ ᠲᠦᠷᠢᠮ
ᠲᠦᠴᠢᠨ ᠭᠤᠷᠪᠠᠳᠤᠭ᠋ᠠᠷ ᠵᠦᠢ᠍ᠯ ᠲᠤᠰ ᠲᠦᠷᠢᠮ᠎ᠢ 2018 ᠤᠨ᠎ᠤ 1 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃